ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠦᠴᠦ ᠲᠠᠯᠪᠢᠨ ᠬᠥᠮᠦᠵᠢᠭᠦᠯᠵᠦ ᠪᠤᠢ ᠪᠣᠯᠭᠠᠬᠤ ᠪᠣᠯ ᠪᠠᠶᠢᠯᠳᠤᠬᠤ ᠪᠤᠳᠤᠯᠭ᠎ᠠ ᠢᠢᠨ ᠠᠴᠢ ᠬᠣᠯᠪᠣᠭᠳᠠᠯ ᠲᠠᠶ ᠶᠡᠬᠡ ᠶᠠᠪᠤᠳᠠᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠢ 1947 ᠤᠨ ᠦ 5 ᠰᠠᠷ ᠠ ᠶᠢᠨ1 ᠦ ᠡᠳᠦᠷ ᠳᠤ ᠪᠠᠶᠢᠭᠤᠯᠤᠭᠳᠠᠵᠤ ᠂ ᠮᠠᠨ ᠦ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠮᠣᠩᠭᠣᠯ ᠣᠷᠣᠨ ᠳᠤ ᠥᠪᠡᠷᠲᠡᠭᠡᠨ ᠵᠠᠰᠠᠬᠤ ᠵᠢ ᠬᠡᠷᠡᠭᠵᠢᠭᠦᠯᠵᠦ ᠪᠠᠢᠭ᠎ᠠ ᠴᠥᠭᠡᠨ ᠲᠣᠭᠠᠲᠤ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠥᠴᠢᠨ ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠤᠯᠤᠰ ᠤᠨ ᠬᠦᠴᠦᠲᠡᠶ ᠬᠠᠪᠰᠤᠷᠤᠯᠭ᠎ᠠ ᠳᠣᠣᠷ᠎ᠠ ᠂ ᠦᠨᠳᠦᠰᠦᠲᠡᠨ ᠨᠤᠭᠦᠳ ᠠᠷᠠᠳᠴᠢᠯᠠᠭᠰᠠᠨ ᠥᠭᠡᠷᠡᠴᠢᠯᠡᠯᠲᠡ ᠪᠠ ᠨᠡᠶᠢᠭᠡᠮ ᠵᠢᠷᠤᠮᠲᠤ ᠥᠭᠡᠷᠡᠴᠢᠯᠡᠯᠲᠡ ᠵᠢ ᠪᠡᠶᠡᠯᠡᠭᠦᠯᠵᠦ ᠶᠠᠪᠤᠵᠤ ᠂ ᠨᠡᠶᠢᠭᠡᠮ ᠵᠢᠷᠤᠮ ᠤᠨ ᠳᠠᠷᠳᠠᠩ ᠵᠠᠮ ᠂ ᠪᠠᠶᠢᠭᠤᠯᠤᠭᠰᠠᠨ ᠪᠥᠭᠡᠳ ᠡᠷᠬᠡ ᠲᠡᠭᠰᠢ ᠂ ᠪᠦᠯᠬᠦᠮᠳᠡᠯ ᠂ ᠬᠠᠪᠰᠤᠷᠤᠯᠴᠠᠬᠤ ᠨᠡᠶᠢᠭᠡᠮ ᠵᠢᠷᠤᠮ ᠤᠨ ᠰᠢᠨ᠎ᠡ ᠮᠠᠶ᠋ᠢᠭ ᠤᠨ ᠦᠨᠳᠦᠰᠦᠲᠡᠨ ᠦ ᠪᠣᠭᠣᠮᠲᠠ ᠺᠤᠷᠤᠯᠠᠷᠢ;ᠮᠣᠩᠭᠣᠯ ᠬᠢᠲᠠᠳ ᠡᠯ᠎ᠡ ᠦᠨᠳᠦᠰᠦᠲᠡᠨ ᠦ ᠠᠷᠠᠳ ᠲᠦᠮᠡᠨ ᠪᠦᠯᠬᠦᠮᠳᠡᠨ ᠨᠢᠭᠡᠳᠴᠦ ᠂ ᠰᠢᠷᠭᠠᠭᠤ ᠲᠡᠮᠡᠴᠡᠵᠦ᠂ ᠠᠵᠤ ᠠᠬᠤᠶ ᠂ ᠰᠣᠶᠣᠯ ᠤᠨ ᠪᠦᠳᠦᠭᠡᠨ ᠪᠠᠶᠢᠭᠤᠯᠤᠯᠲᠠ ᠪᠠ ᠪᠤᠰᠤᠳ ᠠᠵᠢᠯ ᠤᠨ ᠠᠭᠤᠤ ᠶᠡᠬᠡ ᠠᠮᠵᠢᠯᠲᠠ ᠵᠢ ᠣᠯᠵᠠᠶ ᠃ ᠡᠳᠡᠭᠡᠷ ᠠᠮᠵᠢᠯᠲᠠ ᠵᠢ ᠣᠯᠤᠭᠰᠠᠨ ᠨᠢ᠂ ᠨᠠᠮ ᠤᠨ ᠦᠨᠳᠦᠰᠦᠲᠡᠨ ᠦ ᠲᠦᠷᠦ ᠢᠢᠨ ᠪᠤᠳᠤᠯᠭ᠎ᠠ ᠢᠢᠨ ᠥᠪᠥᠷ ᠮᠣᠩᠭᠣᠯ ᠳᠠᠬᠢ ᠠᠭᠤᠤ ᠶᠡᠬᠡ ᠢᠯᠠᠯᠲᠠ ᠵᠢ ᠲᠡᠮᠡᠴᠡᠨ ᠤᠯᠬᠤ ᠂ ᠮᠠᠰᠢ ᠠᠷᠪᠢᠨ ᠨᠠᠨᠳᠢᠨ ᠲᠤᠷᠰᠢᠯᠭ᠎ᠠ ᠰᠤᠷᠭᠠᠮᠵᠢ ᠵᠢ ᠬᠤᠷᠠᠮᠳᠤᠭᠤᠯᠤᠭᠰᠠᠨ ᠰᠢᠯᠲᠠᠭᠠᠨ ᠪᠤᠯᠤᠨ᠌ ᠠ ᠃ ᠮᠣᠩᠭᠣᠯ ᠦᠨᠳᠦᠰᠦᠲᠡᠨ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠢ ᠶᠡᠬᠡᠪᠡᠷ ᠬᠥᠮᠦᠵᠢᠭᠦᠯᠦᠨ ᠪᠣᠶᠢᠵᠢᠭᠤᠯᠵᠤ ᠪᠣᠯ ᠲᠡᠭᠦᠨ ᠦ ᠳᠣᠲᠣᠷᠠᠬᠢ ᠨᠢᠭᠡᠨ ᠴᠢᠬᠤᠯᠠ ᠲᠠᠯ᠎ᠠ ᠮᠥᠨ ᠃
ᠳᠥᠴᠢᠨ ᠵᠢᠯ ᠤᠨ ᠲᠤᠷᠰᠢᠬᠢ ᠠᠵᠢᠯ ᠡᠴᠡ᠂ ᠨᠢᠭᠡᠨ ᠮᠣᠩᠭᠣᠯ ᠂ ᠳᠠᠭᠤᠷ ᠂ ᠡᠸᠡᠩᠬᠢ ᠂ ᠣᠷᠴᠣᠨ ᠪᠠ ᠬᠣᠲᠣᠩ ᠂ ᠮᠠᠨᠵᠤ᠂ ᠰᠣᠯᠣᠩᠭᠣᠰ ᠵᠡᠷᠭᠡ ᠦᠨᠳᠦᠰᠦᠲᠡᠨ ᠦ ᠪᠦᠷᠢᠯᠳᠦᠭᠰᠡᠨ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠂ ᠨᠢᠭᠡᠨᠲᠡ ᠢᠳᠡᠷᠡᠭᠦᠨ ᠢᠶᠡᠷ ᠦᠰᠦᠨ ᠪᠣᠶᠢᠵᠢᠵᠤ ᠪᠠᠶᠢᠨ᠎ᠠ ᠃ᠥᠨᠥ 《 ᠮᠠᠨ ᠦ ᠣᠷᠣᠨ ᠦ ᠤᠯᠤᠰ ᠲᠦᠷᠦ ᠂ ᠭᠠᠮᠲᠠᠶ᠂ ᠰᠢᠨᠵᠢᠯᠡᠬᠦ ᠤᠬᠠᠭᠠᠨ ᠮᠡᠷᠭᠡᠵᠢᠯ ᠂ ᠰᠣᠶᠣᠯ ᠬᠥᠮᠦᠵᠢᠯ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠡᠯ᠎ᠡ ᠹᠷᠣᠨᠲ᠋ ᠳᠡᠭᠡᠷ᠎ᠡ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠂ ᠨᠢᠭᠡᠨᠲᠡ ᠠᠷᠪᠠᠨ ᠬᠤᠶᠠᠷ ᠲᠦᠮᠡ ᠲᠠᠪᠤᠨ ᠮᠢᠩᠭ᠎ᠠ ᠠ ᠲᠠᠪᠤᠨ ᠵᠠᠭᠤ ᠠᠷᠪᠠᠨ ᠲᠠᠪᠤᠨ 5 ᠬᠥᠮᠦᠨ ᠲᠡᠶ ( ᠡᠭᠦᠨ ᠳ᠋ᠤ᠌ ᠮᠣᠩᠭᠣᠯ ᠦᠨᠳᠦᠰᠦᠲᠡᠨ ᠨᠢ ᠠᠷᠪᠠᠨ ᠲᠦᠮᠡ ᠨᠢᠭᠡ ᠮᠢᠩᠭ᠋ ᠠ ᠵᠢᠷᠭᠤᠭᠠᠨ ᠵᠠᠭᠤ ᠶᠡᠷᠡᠨ ᠬᠤᠶᠠᠷ ᠬᠥᠮᠦᠨ )᠂ 1979ᠣᠨ ᠡᠴᠡ ᠵᠠᠭᠤᠨ ᠦ ᠲᠠᠯᠠᠨ ᠬᠤᠶᠠᠷ ᠦᠰᠪᠡ ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠨᠢ ᠪᠥᠬᠥ ᠣᠷᠣᠨ ᠦ ᠺᠠᠳ᠋ᠷ ᠤᠨ ᠶᠡᠷᠦᠩᠬᠡᠶ ᠲᠣᠭᠠᠨ ᠦ 21.8% ᠵᠢ ᠡᠵᠡᠯᠡᠵᠦ ᠂ 1979 ᠤᠨ ᠡᠴᠡ3.1% ᠳᠡᠭᠡᠭᠰᠢᠯᠡᠪᠡ ᠃
ᠳᠥᠴᠢᠨ ᠵᠢᠯ ᠤᠨ ᠴᠢᠷᠮᠠᠶᠢᠯᠭ᠎ᠠ ᠪᠠᠷ ᠂ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠤᠨ ᠤᠯᠤᠰ ᠲᠦᠷᠦ ᠢᠢᠨ ᠬᠡᠪ ᠴᠢᠨᠠᠷ ᠂ ᠠᠵᠢᠯ ᠤᠨ ᠴᠢᠳᠠᠪᠤᠷᠢ᠂ ᠰᠣᠶᠣᠯ ᠤᠨ ᠬᠢᠷᠢ ᠬᠡᠮᠵᠢᠶ᠎ᠡ ᠨᠢ ᠪᠦᠷ ᠶᠡᠬᠡ ᠳᠡᠭᠡᠭᠰᠢᠯᠡᠯᠲᠡ ᠲᠡᠶ ᠪᠣᠯᠵᠠᠶ ᠃ ᠡᠭᠦᠨ ᠳᠦ ᠦᠯᠡᠮᠵᠢ ᠣᠯᠠᠨ ᠰᠢᠯᠢᠳᠡᠭ ᠬᠥᠮᠦᠰ ᠂ ᠡᠯ᠎ᠡ ᠱᠠᠲᠤᠨ ᠦ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠨ᠎ᠠ ᠃ ᠤᠳᠤ ᠥᠪᠡᠷᠲᠡᠭᠡᠨ ᠵᠠᠰᠠᠬᠤ ᠣᠷᠣᠨ ᠦ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠦ ᠬᠤᠷᠠᠯ ᠤᠨ ᠡᠷᠬᠢᠯᠡᠭᠴᠢ ᠂ ᠥᠪᠡᠷᠲᠡᠭᠡᠨ ᠵᠠᠰᠠᠬᠤ ᠣᠷᠣᠨ ᠦ ᠠᠷᠠᠳ ᠤᠨ ᠵᠠᠰᠠᠭ ᠤᠨ ᠣᠷᠳᠣᠨ ᠦ ᠲᠡᠷᠢᠭᠦᠯᠡᠭᠴᠢ ᠴᠥᠮ ᠮᠣᠩᠭᠣᠯ ᠦᠨᠳᠦᠰᠦᠲᠡᠨ ᠦ ᠠᠷᠠᠳ ᠢᠷᠭᠡᠨ ᠳᠤ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠦ ᠨᠠᠮ ᠤᠨ ᠬᠣᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠂ ᠵᠠᠰᠠᠭ ᠤᠨ ᠤᠷᠳᠤᠨ᠂ ᠰᠠᠬᠢᠯᠭ᠎ᠠ ᠪᠠᠲᠤ ᠵᠢ ᠪᠠᠶᠢᠴᠠᠭᠠᠬᠤ ᠬᠣᠷᠢᠶ᠎ᠠ ᠂ ᠵᠥᠪᠯᠡᠭᠴᠢᠳ ᠤᠨ ᠬᠣᠷᠢᠶ᠎ᠠ ᠂ ᠤᠯᠤᠰ ᠲᠦᠷᠦ ᠶᠢᠨ ᠵᠥᠪᠯᠡᠯᠭᠡᠨ ᠦ ᠤᠳᠤᠷᠢᠳᠬᠤ ᠪᠠᠢᠢᠭᠤᠯᠭ᠋ ᠠ ᠳ᠋ᠤ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠵᠠᠭᠤᠨ ᠦ ᠳᠦᠴᠢᠨ ᠲᠠᠪᠦ ᠡᠴᠡ ᠳᠡᠭᠡᠭᠰᠢ ᠡᠵᠡᠯᠡᠵᠦ ᠪᠠᠶᠢᠨ᠌ ᠠ᠃ ᠠᠶᠢᠮᠠᠭ ᠬᠣᠲᠠ ᠂ ᠵᠥᠪᠯᠡᠯᠭᠡᠨ ᠦ ᠠᠯᠪᠠᠨ ᠭᠡᠷ ᠂ ᠲᠢᠩᠬᠢᠮ ᠲᠣᠪᠴᠢᠶ᠎ᠠ ᠪᠠ ᠬᠣᠰᠢᠭᠤ ᠰᠢᠶᠠᠨ ᠦ ᠨᠠᠮ ᠵᠠᠰᠠᠭ ᠤᠨ ᠤᠳᠤᠷᠢᠳᠬᠤ ᠪᠠᠢᠢᠭᠤᠯᠭ᠋ ᠠ ᠢᠢᠨ ᠳᠣᠲᠣᠷ᠎ᠠ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠨᠢ ᠵᠠᠭᠤᠨ ᠦ ᠳᠥᠴᠢ ᠡᠴᠡ ᠳᠡᠭᠡᠭᠰᠢ ᠪᠠᠶᠢᠨ᠎ᠠ ᠃
ᠳᠦᠴᠢᠨ ᠵᠢᠯ ᠤᠨ ᠲᠤᠷᠰᠢ ᠂ ᠴᠥᠭᠡᠨ ᠲᠣᠭᠠᠲᠤ ᠦᠨᠳᠦᠰᠦᠲᠡᠨ ᠦ ᠡᠯ᠎ᠡ ᠵᠦᠢᠯ ᠤᠨ ᠲᠤᠰᠬᠠᠶ ᠮᠡᠷᠭᠡᠵᠢᠯ ᠤᠨ ᠠᠵᠢᠯᠲᠠᠨ ᠦᠬᠡᠢ ᠠᠴᠠ ᠪᠠᠨ ᠪᠠᠶᠢᠬᠤ ᠪᠣᠯᠵᠤ ᠂ ᠴᠥᠭᠡᠨ ᠪᠠᠶᠢᠭᠰᠠᠨ ᠡᠴᠡ ᠨᠢ ᠣᠯᠠᠰᠢᠷᠠᠵᠤ ᠂ ᠴᠥᠭᠡᠨ ᠲᠣᠭᠠᠲᠤ ᠦᠨᠳᠦᠰᠦᠲᠡᠨ ᠺᠠᠳ᠋ᠷ ᠤᠨ ᠡᠩᠨᠡᠭᠡᠨ ᠦ ᠪᠦᠲᠦᠴᠡ ᠨᠡᠯᠢᠶᠡᠳ ᠰᠠᠶᠢᠵᠢᠷᠠᠭᠰᠠᠨ ᠪᠠᠶᠢᠨ᠎ᠠ ᠃ 1986 ᠤᠨ ᠦ ᠰᠡᠭᠦᠯᠴᠢ ᠂ ᠴᠥᠭᠡᠨ ᠲᠣᠭᠠᠲᠤ ᠦᠨᠳᠦᠰᠦᠲᠡᠨ ᠦ ᠡᠯ᠎ᠡ ᠵᠦᠢᠯ ᠤᠨ ᠲᠤᠰᠬᠠᠶ ᠮᠡᠷᠭᠡᠵᠢᠯ ᠤᠨ ᠬᠥᠮᠦᠰ᠂ ᠡᠭᠦᠨ ᠳᠦ ᠢᠨᠵᠧᠨᠧᠭᠴᠢ ᠂ ᠠᠵᠤ ᠠᠬᠤᠶᠢᠴᠢ ᠂ ᠨᠢᠷᠢᠨ ᠪᠤᠳᠤᠭᠠᠴᠢ ᠂ ᠲᠠᠷᠢᠶᠠᠯᠠᠩ ᠤᠨ ᠲᠧᠭᠨᠢᠭᠴᠢ ᠂ ᠡᠮᠴᠢ ᠂ ᠪᠠᠭᠰᠢ ᠂ ᠣᠷᠴᠢᠭᠤᠯᠤᠭᠴᠢ ᠂ ᠰᠤᠷᠪᠤᠯᠵᠢᠯᠠᠭᠴᠢ ᠂ ᠨᠠᠶᠢᠷᠠᠭᠤᠯᠤᠭᠴᠢ᠂ ᠵᠤᠬᠢᠶᠠᠯᠴᠢ ᠂ ᠤᠷᠠᠯᠢᠭᠴᠢᠨ ᠵᠡᠷᠭᠡ ᠡᠯ᠎ᠡ ᠵᠦᠢᠯ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠦ ᠲᠤᠰᠬᠠᠶ ᠮᠡᠷᠭᠡᠵᠢᠯ ᠦᠨ ᠠᠵᠢᠯᠲᠠᠨᠳ ᠨᠢ ᠨᠢᠬᠡ ᠲᠦᠮᠡ ᠵᠢᠷᠭᠤᠭᠠᠨ ᠮᠢᠨᠭᠭ᠋ ᠠ ᠲᠠᠪᠤᠨ ᠵᠠᠭᠤ ᠨᠠᠶᠠᠨ ᠬᠥᠮᠦᠨ ᠳ᠋ᠤ᠌ ᠬᠦᠷᠪᠡ ᠃ ᠡᠳᠡᠭᠡᠷ ᠨᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠡᠩᠨᠡᠭᠡ ᠢᠢᠨ ᠵᠠᠭᠤᠨ ᠦ ᠠᠷᠪᠠᠨ ᠭᠤᠷᠪᠠ ᠴᠡᠭ ᠬᠤᠶᠠᠷ ᠢ ᠡᠵᠡᠯᠡᠪᠡ ᠃ ᠲᠡᠭᠦᠨ ᠳᠤ ᠂ ᠳᠤᠮᠳᠠ ᠵᠡᠷᠭᠡ ᠢᠢᠨ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠭᠰᠡᠳ ᠪᠣᠯ ᠭᠤᠷᠪᠠᠨ ᠮᠢᠩᠭ᠎ᠠ ᠨᠢᠭᠡ ᠵᠠᠭᠤ ᠲᠠᠪᠢᠨ ᠬᠥᠮᠦᠨ ᠪᠠᠶᠢᠵᠤ ᠂ ᠪᠥᠬᠥ ᠣᠷᠣᠨ ᠦ ᠠᠳᠠᠯᠢ ᠱᠠᠲᠤᠨ ᠦ ᠮᠡᠷᠭᠡᠵᠢᠯ ᠤᠨ ᠴᠣᠯᠠ ᠲᠠᠶ ᠬᠦᠮᠦᠰ ᠤᠨ ᠵᠠᠭᠤᠨ ᠦ ᠠᠷᠪᠠᠨ ᠲᠠᠪᠤ ᠴᠡᠭ ᠶᠢᠰᠦ ᠵᠢ ᠡᠵᠡᠯᠡᠪᠡ ; ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠲᠠᠢ ᠨᠢ ᠵᠠᠭᠤ ᠨᠠᠶᠠ ᠶᠢᠰᠦᠨ ᠬᠥᠮᠦᠨ ᠲᠠᠢ ᠂ ᠪᠦᠬᠦ ᠣᠷᠣᠨ ᠦ ᠠᠳᠠᠯᠢ ᠱᠠᠲᠤᠨ ᠦ ᠮᠡᠷᠭᠡᠵᠢᠯ ᠤᠨ ᠴᠣᠯᠠ ᠲᠠᠶ ᠬᠦᠮᠦᠰ ᠤᠨ ᠵᠠᠭᠤᠨ ᠦ ᠠᠷᠪᠠ ᠶᠢᠰᠦ ᠵᠢ ᠡᠵᠡᠯᠡᠵᠦ ᠪᠠᠶᠢᠨ᠎ᠠ ᠃ ᠡᠳᠡᠭᠡᠷ ᠲᠤᠰᠬᠠᠶ ᠮᠡᠷᠭᠡᠵᠢᠯ ᠤᠨ ᠬᠥᠮᠦᠨ ᠤᠨ ᠳᠣᠲᠣᠷ᠎ᠠ ᠂ ᠴᠥᠭᠡᠨ ᠪᠤᠰᠤ ᠤᠨ ᠠᠮᠵᠢᠯᠲᠠ ᠪᠦᠲᠦᠮᠵᠢ ᠭᠠᠷᠭᠠᠵᠠᠶ ᠂ ᠥᠪᠡᠷᠲᠡᠭᠡᠨ ᠵᠠᠰᠠᠬᠤ ᠣᠷᠣᠨ ᠦ ᠨᠡᠶᠢᠭᠡᠮ ᠵᠢᠷᠤᠮ ᠤᠨ ᠪᠣᠳᠠᠰ ᠤᠨ ᠪᠣᠯᠪᠠᠰᠤᠨ ᠪᠠ ᠤᠶᠤᠨ ᠦ ᠪᠣᠯᠪᠠᠰᠤᠨ ᠢ ᠪᠠᠶᠢᠭᠤᠯᠬᠤ ᠭᠤᠤᠯ ᠬᠦᠴᠦᠨ ᠪᠣᠯᠤᠭᠰᠠᠨ ᠪᠠᠶᠢᠨ᠎ᠠ ᠃
ᠳᠦᠴᠢᠨ ᠵᠢᠯ ᠤᠨ ᠲᠤᠷᠰᠢ ᠂ ᠴᠦᠬᠡᠨ ᠲᠤᠭᠠᠲᠤ ᠦᠨᠳᠦᠰᠦᠲᠡᠨ ᠦ ᠡᠮᠡᠭᠲᠡᠢ ᠺᠠᠳ᠋ᠷ ᠶᠡᠬᠡ ᠬᠡᠮᠵᠢᠶ᠎ᠡ ᠪᠡᠷ ᠦᠰᠦᠨ ᠪᠤᠢᠢᠵᠢᠪᠠ ᠃ ᠳᠡᠳᠡᠨ ᠦ ᠳᠤᠲᠤᠷ ᠠ ᠂ ᠡᠯ ᠡ ᠱᠠᠲᠤᠨ ᠦ ᠨᠠᠮ ᠵᠠᠰᠠᠭ ᠤᠨ ᠤᠳᠤᠷᠢᠳᠤᠭᠴᠢ ᠪᠠᠢᠢᠬᠤ ᠮᠦᠷᠲᠡᠭᠡᠨ ᠡᠮᠴᠢ ᠂ ᠪᠠᠭᠰᠢ᠂ ᠢᠨᠵᠢᠨᠧᠭᠴᠢ ᠂ ᠵᠠᠰᠠᠭᠴᠢ ᠂ ᠤᠷᠠᠯᠢᠭᠴᠢ ᠵᠡᠷᠭᠡ ᠪᠠᠢᠢᠳᠠᠭ᠃ ᠶᠡᠬᠡ ᠬᠡᠮᠵᠢᠶᠡᠨ ᠦ ᠴᠥᠭᠡᠨ ᠲᠣᠭᠠᠲᠤ ᠦᠨᠳᠦᠰᠦᠲᠡᠨ ᠦ ᠡᠮᠡᠭᠲᠡᠶ ᠺᠠᠳ᠋ᠷ ᠤᠨ ᠦᠰᠦᠨ ᠪᠤᠢᠢᠵᠢᠯᠲᠠ ᠨᠢ ᠶᠠᠭ ᠮᠠᠨ ᠦ ᠤᠯᠤᠰ ᠤᠨ ᠴᠥᠭᠡᠨ ᠲᠣᠭᠠᠲᠤ ᠦᠨᠳᠦᠰᠦᠲᠡᠨ ᠦ ᠲᠤᠶᠢᠯᠪᠤᠷᠢᠲᠠᠶ ᠡᠷᠬᠡ ᠴᠢᠯᠥᠭᠡ ᠪᠡᠨ ᠴᠢᠬᠤᠯᠠ ᠢᠯᠡᠷᠡᠯ ᠮᠥᠨ ᠃
ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠦ ᠲᠥᠪ ᠬᠣᠷᠢᠶᠠᠨ ᠦ ᠭᠤᠷᠪᠠᠳᠤᠭᠠᠷ ᠪᠥᠬᠥᠳᠡ ᠬᠤᠷᠠᠯ ᠡᠴᠡ ᠨᠠᠰᠢ ᠂ ᠥᠪᠡᠷᠲᠡᠭᠡᠨ ᠵᠠᠰᠠᠬᠤ ᠣᠷᠣᠨ ᠦ ᠨᠠᠮ ᠤᠨ ᠬᠣᠷᠢᠶ᠎ᠠ ᠪᠠ ᠠᠷᠠᠳ ᠤᠨ ᠵᠠᠰᠠᠭ ᠤᠨ ᠣᠷᠳᠣᠨ ᠤᠯᠠᠮ ᠨᠢᠭᠡ ᠠᠯᠬᠤᠮ ᠴᠦᠬᠡᠨ ᠲᠤᠭᠠᠲᠤ ᠦᠨᠳᠦᠰᠦᠲᠡᠨ ᠢ ᠴᠢᠬᠤᠯᠠᠴᠢᠯᠠᠵᠤ ᠂ ᠨᠡᠩ ᠢᠯᠠᠩᠭᠤᠶ᠎ᠠ ᠮᠣᠩᠭᠣᠯ ᠦᠨᠳᠦᠰᠦᠲᠡᠨ ᠦ ᠳᠤᠲᠤᠷ ᠠ ᠡᠴᠡ ᠺᠠᠳ᠋ᠷ ᠢ ᠬᠥᠮᠦᠵᠢᠭᠦᠯᠬᠦ ᠪᠠ ᠰᠢᠯᠢᠨ ᠳᠡᠪᠰᠢᠭᠦᠯᠪᠠ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠲᠣᠬᠢᠷᠠᠭᠤᠯᠬᠤ ᠪᠠ ᠬᠡᠷᠡᠭᠯᠡᠬᠦ ᠦᠶ᠎ᠡ ᠳᠤ᠂ᠡᠨᠡ ᠬᠡᠳᠦᠨ ᠵᠠᠷᠴᠢᠮ ᠢ ᠪᠠᠷᠢᠮᠳᠠᠭᠤᠯᠬᠤ ᠬᠡᠷᠡᠭᠲᠡᠢ᠄ ᠥᠪᠡᠷᠲᠡᠭᠡᠨ ᠵᠠᠰᠠᠬᠤ ᠣᠷᠣᠨ ᠂ ᠠᠶᠢᠮᠠᠭ ᠬᠣᠲᠠ ᠂ ᠬᠣᠰᠢᠭᠤ ᠰᠢᠶᠠᠨ ᠦ ᠨᠠᠮ ᠵᠠᠰᠠᠭ ᠤᠨ ᠭᠣᠣᠯ ᠤᠳᠤᠷᠢᠳᠬᠤ ᠺᠠᠳ᠋ᠷᠴᠤᠳ ᠤᠨ ᠳᠤᠮᠳᠠ ᠂ ᠴᠥᠭᠡᠨ ᠲᠣᠭᠠᠲᠤ ᠦᠨᠳᠦᠰᠦᠲᠡᠨ ᠪᠠᠶᠢᠬᠤ ᠬᠡᠷᠡᠭᠲᠡᠶ ; ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠳᠤ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠠᠯᠢ ᠪᠣᠯᠬᠤ ᠪᠠᠷ ᠠᠷᠪᠢᠨ ᠲᠣᠬᠢᠷᠠᠭᠤᠯᠬᠤ ᠬᠡᠷᠡᠭᠲᠡᠶ ; ᠡᠯ᠎ᠡ ᠱᠠᠲᠤᠨ ᠦ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠦ ᠰᠠᠯᠠᠭ᠎ᠠ ᠬᠠᠷᠢᠶᠠᠨ ᠦ ᠤᠳᠤᠷᠢᠳᠬᠤ ᠭᠤᠤᠯ ᠂ ᠳᠡᠳ᠋ ᠲᠤᠰᠢᠶᠠᠯ ᠲᠤ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠨᠢ ᠵᠣᠬᠢᠬᠤ ᠬᠠᠷᠢᠴᠠᠯ ᠡᠵᠡᠯᠡᠬᠦ ᠬᠡᠷᠡᠭᠲᠡᠶ ; ᠤᠳᠤᠷᠢᠳᠬᠤ ᠪᠠᠢᠢᠷᠢ ᠵᠢ ᠰᠣᠩᠭᠣᠵᠤ ᠲᠣᠬᠢᠷᠠᠭᠤᠯᠬᠤ ᠦᠶ᠎ᠡ ᠳᠤ ᠂ ᠨᠠᠮ ᠤᠨ ᠺᠠᠳ᠋ᠷ ᠡ᠊ᠨᠭᠨᠡᠭᠡ ᠵᠢ ᠬᠤᠪᠢᠰᠬᠠᠯᠵᠢᠭᠤᠯᠬᠤ ᠂ ᠵᠠᠯᠠᠭᠤᠵᠢᠭᠤᠯᠬᠤ ᠂ ᠮᠡᠳᠡᠯᠭᠡᠵᠢᠭᠦᠯᠬᠦ ᠂ ᠲᠤᠰᠬᠠᠶᠢᠵᠢᠭᠤᠯᠬᠤ ᠵᠠᠷᠴᠢᠮ ᠳᠣᠣᠷ᠎ᠠ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠶ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠦ ᠴᠥᠭᠡᠨ ᠲᠣᠭᠠᠲᠤ ᠦᠨᠳᠦᠰᠦᠲᠡᠨ ᠦ ᠺᠠᠳ᠋ᠷ ᠡᠷᠡᠭᠦᠯ ᠲᠦᠷᠭᠡᠨ ᠢᠶᠡᠷ ᠦᠰᠦᠨ ᠪᠣᠶᠢᠵᠢᠵᠤ ᠂ ᠲᠡᠳᠡᠨ ᠦ ᠥᠪᠡᠷ ᠤᠨ ᠬᠢᠨᠢ ᠰᠢᠷᠭᠠᠭᠤ ᠬᠠᠲᠠᠭᠤᠵᠢᠯᠲᠠᠶ ᠰᠤᠷᠤᠯᠴᠠᠵᠤ ᠂ ᠴᠢᠷᠮᠠᠢᠢᠨ ᠪᠣᠯᠪᠠᠰᠤᠷᠠᠬᠤ ᠲᠠᠢ ᠰᠠᠯᠵᠤ ᠴᠢᠳᠠᠬᠤ ᠦᠭᠡᠢ ᠶᠤᠮ ᠃ ᠬᠢᠲᠠᠳ ᠦᠨᠳᠦᠰᠦᠲᠡᠨ ᠦ ᠺᠠᠳ᠋ᠷ ᠤᠨ ᠬᠠᠯᠠᠮᠵᠢ ᠬᠠᠪᠰᠤᠷᠤᠯᠭ᠎ᠠ ᠲᠠᠢ ᠮᠦᠨ ᠴᠦ ᠰᠠᠯᠵᠦ ᠴᠢᠳᠠᠬᠤ ᠤᠢᠭᠡᠢ ᠶᠤᠮ ᠃ ᠯᠢ ᠳ᠋ᠡ ᠵᠤᠤ ᠂ ᠸᠠᠩ ᠷᠦᠸ᠌ᠸ ᠹᠸᠢ ᠵᠡᠷᠭᠡ ᠬᠠᠭᠤᠴᠢᠨ ᠨᠢᠭᠡ ᠦᠶ᠎ᠡ ᠶᠢᠨ ᠦᠭᠡᠶᠢᠭᠦᠦ ᠠᠩᠬᠢ ᠶᠢᠨ ᠬᠤᠪᠢᠰᠬᠠᠯᠴᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠬᠦ ᠶᠢᠨ ᠲᠥᠯᠥᠭᠡ ᠬᠠᠳᠠᠭᠤ ᠴᠢᠷᠮᠠᠢᠢᠯᠭ᠋ ᠠ ᠬᠢᠵᠦ ᠂ ᠭᠠᠷᠮᠠᠭᠠᠶ ᠬᠤᠪᠢ ᠨᠠᠮᠠᠷᠢ ᠦᠵᠡᠬᠦᠯᠦᠭᠰᠡᠨ ᠪᠠᠶᠢᠨ᠎ᠠ ᠃ ᠴᠦᠬᠡᠨ ᠪᠤᠰᠤ ᠬᠢᠲᠠᠳ ᠦᠨᠳᠦᠰᠦᠲᠡᠨ ᠦ ᠠᠬᠠᠮᠠᠳ ᠺᠠᠳ᠋ᠷᠴᠤᠳ ᠂ ᠴᠥᠭᠡᠨ ᠲᠣᠭᠠᠲᠤ ᠦᠨᠳᠦᠰᠦᠲᠡᠨ ᠦ ᠵᠠᠯᠠᠭᠤᠴᠤᠳ ᠢ ᠬᠤᠪᠢᠰᠬᠠᠯ ᠤᠨ ᠵᠠᠮ ᠳ᠋ᠦ᠍ ᠬᠥᠲᠥᠯᠥᠨ ᠵᠢᠯᠣᠭᠣᠳᠪᠠ᠃ ᠲᠡᠳᠡᠨ ᠦ ᠬᠠᠯᠠᠭᠤᠨ ᠬᠠᠪᠰᠤᠷᠤᠯᠭ᠎ᠠ ᠳᠣᠣᠷ᠎ᠠ ᠂ ᠨᠢᠭᠡ ᠪᠦᠯᠦᠭ ᠴᠥᠭᠡᠨ ᠲᠣᠭᠠᠲᠤ ᠦᠨᠳᠦᠰᠦᠲᠡᠨ ᠦ ᠵᠠᠯᠠᠭᠤᠴᠤᠳ ᠨᠠᠮ ᠤᠨ ᠰᠢᠯᠢᠳᠡᠭ ᠰᠡᠢᠢᠠ ᠺᠠᠳ᠋ᠷ ᠂ ᠵᠠᠷᠢᠮ ᠨᠢ ᠡᠬᠡ᠋ ᠤᠷᠤᠨ ᠦ ᠲᠤᠰᠠᠭᠠᠷ ᠲᠣᠭᠲᠠᠨᠢᠯ ᠪᠠ ᠠᠷᠠᠳ ᠲᠦᠮᠡᠨ ᠦ ᠴᠢᠯᠥᠭᠡᠯᠡᠯᠲᠡ ᠶᠢᠨ ᠦᠢᠯᠡᠰ ᠨᠢᠭᠡᠨᠲᠡ ᠠᠮᠢ ᠪᠡᠶ᠎ᠡ ᠪᠡᠨ ᠬᠠᠷᠠᠮ ᠦᠭᠡᠢ ᠵᠤᠷᠢᠭᠤᠯᠪᠠ᠃ ᠵᠢᠱᠢᠶᠡᠯᠡᠪᠡᠯ ᠶᠡᠬᠡ ᠬᠤᠪᠢᠰᠬᠠᠯ ᠤᠨ ᠴᠠᠭ ᠦᠶ᠎ᠡ ᠳᠤ ᠯᠢ ᠢᠦᠢ ᡁᠢ ᠂ ᠳ᠋ᠦᠸ᠌ᠸ ᠰᠦᠩ ᠨᠢᠶᠠᠨ ᠂ ᠶᠠᠫᠣᠨ ᠢ ᠡᠰᠡᠷᠭᠦᠴᠡᠬᠦ ᠲᠠᠢᠢᠨ ᠦ ᠦᠶ᠎ᠡ ᠳᠤ ᠂ ᠵᠢᠶᠠ ᠯᠢ ᠭᠸᠩ ᠂ ᠭᠤᠤ ᠹᠧᠩ ᠶᠢᠩ ᠂ ᠬᠢᠭᠡᠳ ᠴᠢᠯᠥᠭᠡᠯᠡᠬᠦ ᠲᠡᠢᠢᠠ ᠦ ᠦᠶ᠎ᠡ ᠢᠢᠨ ᠨᠢᠭᠡ ᠪᠦᠯᠦᠭ ᠦᠷᠡᠭᠳᠡᠭᠰᠡᠨ ᠪᠠᠭᠠᠲᠤᠷᠴᠤᠳ ᠂ ᠲᠡᠳᠡᠨ ᠦ ᠭᠠᠪᠢᠶ᠎ᠠ ᠵᠢᠳᠬᠦᠯ ᠢ ᠥᠷᠨᠢᠳᠡ ᠲᠡᠦᠬᠡᠨ ᠳᠤ ᠲᠡᠮᠳᠡᠭᠯᠡᠨ᠌ ᠠ ᠃ ᠪᠠᠰᠠ ᠮᠠᠰᠢ ᠣᠯᠠᠨ ᠬᠢᠲᠠᠳ ᠦᠨᠳᠦᠰᠦᠲᠡᠨ ᠦ ᠮᠡᠷᠭᠡᠵᠢᠯᠲᠡᠨ ᠂ ᠫᠷᠦᠹᠸᠰᠰᠦᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠶᠡᠬᠡ ᠬᠤᠲᠠ ᠡᠴᠡ ᠰᠠᠯᠵᠤ ᠂ ᠰᠠᠢᠢᠨ ᠳᠤᠷ᠎ᠠ ᠡᠴᠡ ᠪᠣᠭᠣᠮᠲᠠ ᠶᠢᠨ ᠭᠠᠳᠠᠨᠠᠬᠢ ᠲᠠᠯ᠎ᠠ ᠨᠤᠲᠤᠭ ᠲᠤ ᠬᠦᠷᠴᠦ᠂ ᠪᠦᠬᠦ ᠰᠡᠳᠬᠢᠯ ᠪᠦᠬᠦ ᠵᠣᠷᠢᠭ ᠢᠶᠡᠷ ᠢᠶᠡᠨ ᠴᠥᠭᠡᠨ ᠲᠣᠭᠠᠲᠤ ᠦᠨᠳᠦᠰᠦᠲᠡᠨ ᠦ ᠲᠤᠰᠬᠠᠶ ᠮᠡᠷᠭᠡᠵᠢᠯ ᠤᠨ ᠬᠥᠮᠦᠰ ᠢ ᠬᠦᠮᠦᠵᠢᠭᠦᠯᠪᠡ ᠃ ᠡᠳᠡᠭᠡᠷ ᠴᠥᠭᠡᠨ ᠲᠣᠭᠠᠲᠤ ᠦᠨᠳᠦᠰᠦᠲᠡᠨ ᠦ ᠺᠠᠳ᠋ᠷ ᠪᠣᠯᠤᠨ ᠠᠷᠠᠳ ᠲᠦᠮᠡᠨ ᠥᠨᠢ ᠡᠭᠦᠷᠢᠳᠡ ᠮᠠᠷᠲᠠᠬᠤ ᠦᠭᠡᠢ ᠶᠤᠮ ᠃
ᠨᠢᠭᠡᠨ ᠶᠡᠬᠡ ᠬᠡᠪᠴᠢᠶᠡᠨ ᠦ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠢᠢᠨ ᠬᠡᠷᠡᠭᠴᠡᠭᠡ ᠳᠦ ᠵᠣᠬᠢᠴᠠᠭᠤᠯᠵᠦ ᠂ ᠮᠣᠩᠭᠣᠯ ᠦᠨᠳᠦᠰᠦᠲᠡᠨ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠤᠨ ᠡᠩᠨᠡᠭᠡ ᠵᠢ ᠬᠡᠷᠬᠢᠨ ᠬᠦᠮᠦᠵᠢᠬᠦᠯᠵᠤ ᠪᠠᠢᠢᠭᠤᠯᠬᠤ ᠬᠡᠪᠡᠯ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠦ ᠦᠢᠯᠡᠳᠦᠯᠭᠡ ᠡᠴᠡ ᠠᠪᠴᠤ ᠦᠵᠡᠪᠠᠯ᠃ ᠳᠣᠣᠷᠠᠬᠢ ᠬᠡᠳᠦᠨ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ ᠃
ᠨᠢᠭᠡᠳᠤᠭᠡᠷ ᠳ᠋ᠤᠨᠢ᠂ ᠲᠠᠨᠢᠯᠲᠠ ᠪᠠᠨ ᠳᠡᠭᠡᠭᠰᠢᠯᠡᠭᠦᠯᠵᠦ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠤᠬᠠᠮᠰᠠᠷ ᠪᠠ ᠲᠤᠯᠭᠠᠮ᠎ᠠ ᠰᠡᠳᠬᠢᠯᠭᠡ ᠵᠢ ᠴᠢᠩᠭᠠᠷᠠᠭᠤᠯᠵᠤ ᠂ ᠬᠥᠮᠦᠵᠢᠭᠦᠯᠬᠦ ᠬᠡᠷᠡᠭᠲᠡᠶ ᠃
ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠲᠤ ᠭᠦᠴᠦ ᠲᠠᠯᠪᠢᠨ ᠬᠥᠮᠦᠵᠢᠭᠦᠯᠬᠦ ᠨᠢ ᠦᠨᠳᠦᠰᠦᠲᠡᠨ ᠦ ᠣᠷᠣᠨ ᠦ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠷᠤᠭᠰᠢᠲᠠᠶ ᠶᠠᠪᠤᠭᠳᠠᠵᠤ ᠴᠢᠳᠠᠬᠤ ᠡᠰᠡᠬᠦ ᠪᠠ ᠦᠨᠳᠦᠰᠦᠲᠡᠨ ᠦ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠵᠦ ᠴᠢᠳᠠᠬᠤ ᠡᠰᠡᠬᠦ ᠶᠢᠨ ᠵᠠᠩᠭᠢᠯᠠᠭ᠎ᠠ ᠶᠢᠨ ᠠᠰᠠᠭᠤᠳᠠᠯ ᠮᠦᠨ ᠃ ᠮᠦᠨ ᠴᠦ ᠨᠢᠬᠡᠨ ᠪᠠᠶᠢᠯᠳᠤᠬᠤ ᠪᠤᠳᠤᠯᠭ᠎ᠠ ᠶᠢᠨ ᠰᠠᠨᠠᠭ᠎ᠠ ᠲᠠᠢ ᠬᠣᠯᠪᠣᠭᠳᠠᠬᠤ ᠶᠡᠬᠡ ᠶᠠᠪᠤᠳᠠᠯ ᠪᠤᠯᠤᠨ᠌ ᠠ᠃ ᠮᠠᠷᠺᠰ ᠤᠨ ᠦᠵᠡᠬᠦ ᠪᠡᠷ ᠂ ᠨᠠᠮ ᠤᠨ ᠱᠤᠭᠤᠮ ᠂ ᠴᠢᠭᠯᠡᠯᠲᠡ ᠂ ᠲᠦᠷᠦ ᠶᠢᠨ ᠪᠤᠳᠤᠯᠭ᠎ᠠ ᠪᠣᠯ ᠯᠤᠲᠤ ᠶᠡᠬᠡ ᠦᠢᠯᠡᠳᠦᠯ ᠦᠵᠡᠭᠦᠯᠳᠡᠭ᠃ᠭᠡᠪᠡᠴᠦ ᠡᠨᠡ ᠦᠢᠯᠡᠳᠦᠯ ᠨᠢ ᠵᠦᠪᠬᠡᠨ ᠠᠷᠠᠳ ᠣᠯᠠᠨ ᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠪᠠᠯ ᠰᠠᠶᠢ ᠪᠡᠶᠡᠯᠡᠭᠳᠡᠵᠦ ᠴᠢᠳᠠᠬᠤ ᠶᠤᠮ ᠃ ᠃ ᠨᠠᠮ ᠤᠨ ᠱᠤᠭᠤᠮ ᠂ ᠴᠢᠭᠯᠡᠯᠲᠡ᠂ ᠲᠦᠷᠦ ᠶᠢᠨ ᠪᠤᠳᠤᠯᠭ᠎ᠠ ᠵᠢ ᠤᠯᠠᠨ ᠲᠦᠮᠡᠨ ᠦ ᠪᠣᠳᠠᠲᠤ ᠠᠵᠢᠯᠯᠠᠭ᠎ᠠ ᠳᠤ ᠤᠷᠤᠭᠤᠯᠬᠤ ᠬᠡᠪᠡᠯ ᠂ ᠳᠤᠮᠳᠠ ᠨᠢ ᠬᠣᠯᠪᠣᠬᠤ ᠬᠣᠯᠪᠣᠭᠠᠰᠤ ᠪᠠᠶᠢᠬᠤ ᠬᠡᠷᠡᠭᠲᠡᠶ ᠂ ᠡᠨᠡ ᠬᠦ ᠬᠣᠯᠪᠣᠭᠠᠰᠤ ᠨᠢ ᠳᠠᠷᠤᠢ ᠺᠠᠳ᠋ᠷ ᠪᠣᠯᠤᠨ᠎ᠠ ᠃ ᠦᠨᠳᠦᠰᠦᠲᠡᠨ ᠦ ᠭᠠᠵᠠᠷ ᠣᠷᠣᠨ ᠳᠤ ᠂ ᠡᠨᠡ ᠨᠢᠭᠡᠨ ᠬᠣᠯᠪᠣᠭᠠᠰᠤ ᠨᠢ ᠭᠣᠣᠯᠳᠠᠭᠤ ᠦᠨᠳᠦᠰᠦᠲᠡᠨ ᠦ ᠺᠠᠳ᠋ᠷ ᠬᠠᠷᠢᠭᠤᠴᠠᠬᠤ ᠬᠡᠷᠡᠭᠲᠡᠶ ᠃ ᠤᠴᠢᠷ ᠨᠢ ᠂ ᠦᠨᠳᠦᠰᠦᠲᠡᠨ ᠦ ᠺᠠᠳ᠋ᠷ ᠨᠢ ᠲᠤᠰ ᠤᠷᠤᠨ ᠳ᠋ᠠᠭᠠᠨ ᠲᠥᠷᠥᠵᠦ ᠦᠰᠪᠡ ᠂ ᠲᠣᠰ ᠦᠨᠳᠦᠰᠦᠲᠡᠨ ᠦ ᠪᠡᠨ ᠠᠷᠠᠳ ᠲᠦᠮᠡᠨ ᠦ ᠳᠤᠮᠲᠠ ᠡᠴᠡ ᠢᠷᠡᠵᠦ ᠂ ᠲᠣᠰ ᠦᠨᠳᠦᠰᠦᠲᠡᠨ ᠦ ᠪᠡᠨ ᠠᠷᠠᠳ ᠣᠯᠠᠨ ᠲᠠᠢ ᠨᠢᠭᠲᠠ ᠬᠣᠯᠪᠣᠭ᠎ᠠ ᠲᠠᠶ ᠮᠦᠷᠲᠡᠭᠡᠨ《 ᠪᠠᠶᠢᠭᠠᠯᠢ ᠶᠢᠨ 》ᠬᠠᠶᠢᠷ᠎ᠠ ᠰᠡᠳᠬᠢᠯᠭᠡ ᠲᠡᠶ ᠃ ᠲᠣᠰ ᠦᠨᠳᠦᠰᠦᠲᠡᠨ ᠦ ᠪᠡᠨ ᠲᠡᠦᠬᠡ ᠪᠠ ᠤᠳᠤᠬᠢ ᠪᠠᠢᠢᠳᠠᠯ ᠢᠢᠠᠨ ᠰᠠᠢᠢᠳᠤᠷ ᠮᠠᠳᠠᠵᠦ ᠂ ᠲᠤᠰ ᠦᠨᠳᠦᠰᠦᠲᠡᠨ ᠦ ᠪᠡᠨ ᠦᠭᠡ ᠬᠡᠯᠡ ᠦᠰᠦᠭ ᠪᠢᠴᠢᠭ ᠢ ᠰᠠᠢᠢᠨ ᠮᠡᠳᠡᠵᠦ ᠂ ᠲᠤᠰ ᠦᠨᠳᠦᠰᠦᠲᠡᠨ ᠦ ᠠᠮᠢᠳᠤᠷᠠᠯ ᠤᠨ ᠠᠷᠭ᠎ᠠ ᠮᠠᠶ᠋ᠢᠭ ᠪᠠ ᠵᠠᠩ ᠳᠠᠳᠬᠠᠯ ᠢ ᠣᠶᠢᠯᠠᠭᠠᠵᠦ᠂ ᠲᠤᠰ ᠦᠨᠳᠦᠰᠦᠲᠡᠨ ᠦ ᠠᠷᠠᠳ ᠤᠯᠠᠨ ᠲᠠᠢ ᠬᠠᠮᠲᠤ ᠶᠢᠨ ᠪᠣᠳᠠᠰ ᠤᠨ ᠠᠮᠢᠳᠤᠷᠠᠯ ᠪᠠ ᠤᠶᠤᠨ ᠦ ᠠᠮᠢᠳᠤᠷᠠᠯ ᠢᠢᠨ ᠬᠦᠭᠡᠭᠡᠴᠡᠯᠳᠤᠯ ᠲᠠᠢ ᠃ ᠲᠤᠰ ᠦᠨᠳᠦᠰᠦᠲᠡᠨ ᠦ ᠣᠷᠣᠨ ᠳᠠᠭᠠᠨ ᠬᠣᠴᠣᠷᠤᠩᠭᠤᠶ ᠪᠠᠶᠢᠳᠠᠯ ᠢᠢᠠᠨ ᠬᠤᠪᠢᠷᠠᠭᠤᠯᠵᠤ ᠂ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠪᠠ ᠡᠪ ᠬᠠᠮᠲᠤ ᠶᠣᠰᠣᠨ ᠦ ᠠᠯᠤᠰ ᠭᠡᠲᠤ ᠶᠢᠨ ᠬᠦᠰᠡᠯᠡᠩ ᠢ ᠪᠡᠶᠡᠯᠡᠭᠦᠯᠬᠦ ᠳᠤ ᠴᠢᠩᠭ᠎ᠠ ᠬᠦᠰᠡᠯ ᠡᠷᠡᠮᠡᠯᠵᠡᠯ ᠲᠠᠢ᠃ ᠡᠳᠡᠭᠡᠷ ᠪᠣᠯ ᠴᠥᠮ ᠴᠥᠭᠡᠨ ᠲᠣᠭᠠᠨ ᠦᠨᠳᠦᠰᠦᠲᠡᠨ ᠦ ᠺᠠᠳ᠋ᠷ ᠤᠨ ᠳᠠᠪᠠᠭᠤᠯᠢᠭ ᠪᠠ ᠥᠪᠡᠷᠮᠢᠴᠡ ᠦᠢᠯᠡᠳᠦᠯ ᠮᠦᠨ ᠃ ᠡᠶᠢᠮᠦ ᠡᠴᠡ᠂ ᠠᠯᠢ ᠡᠷᠲᠡ ᠤᠯᠤᠰ ᠪᠠᠶᠢᠭᠤᠯᠤᠭᠳᠠᠭᠰᠠᠨ ᠦ ᠡᠬᠢᠨ ᠦ ᠦᠶ ᠡ ᠂ ᠮᠠᠤ ᠽᠸ ᠳ᠋ᠦᠩ ᠨᠥᠬᠥᠷ ᠦᠨᠳᠦᠰᠦᠲᠡᠨ ᠦ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠬᠦ ᠭᠡᠪᠡᠯ ᠂ ᠶᠠᠬᠡ ᠬᠡᠨᠵᠢᠶᠡᠨ ᠦ ᠴᠥᠭᠡᠨ ᠲᠣᠭᠠᠲᠤ ᠦᠨᠳᠦᠰᠦᠲᠡᠨ ᠡᠴᠡ ᠡᠪ ᠬᠠᠮᠲᠤ ᠶᠣᠰᠣᠨ ᠦ ᠺᠠᠳ᠋ᠷ ᠦᠬᠡᠢ ᠪᠤᠯ ᠪᠤᠯᠬᠤ ᠦᠭᠡᠢ ᠭᠡᠵᠦ ᠵᠢᠭᠠᠵᠤ ᠭᠠᠷᠭᠠᠪᠠ ᠃ ᠡᠢᠢᠮᠦ ᠤᠴᠢᠷ ᠡᠴᠡ ᠂ ᠪᠢᠳᠡ ᠦᠷᠭᠦᠯᠵᠢ ᠺᠠᠳ᠋ᠷᠴᠤᠳ ᠂ ᠤᠨᠴᠠᠭᠠᠢᠢᠯᠠᠨ ᠡᠯ᠎ᠡ ᠱᠠᠲᠤᠨ ᠦ ᠨᠠᠮ ᠵᠠᠰᠠᠭ ᠤᠨ ᠤᠳᠤᠷᠢᠳᠤᠭᠴᠢ ᠵᠢ ᠰᠤᠭᠠᠵᠦ ᠂ ᠮᠣᠩᠭᠣᠯ ᠦᠨᠳᠦᠰᠦᠲᠡᠨ ᠬᠢᠭᠡᠳ ᠪᠤᠰᠤᠳ ᠦᠨᠳᠦᠰᠦᠲᠡᠨ ᠦ ᠺᠠᠳ᠋ᠷᠴᠤᠳ ᠢ ᠬᠦᠮᠦᠵᠢᠭᠦᠯᠬᠦ ᠵᠢ ᠨᠠᠮ ᠤᠨ ᠤᠯᠤᠰ ᠲᠦᠷᠦ ᠤᠨ ᠱᠤᠭᠤᠮ ᠪᠠ ᠦᠨᠳᠦᠰᠦᠲᠡᠨ ᠦ ᠲᠦᠷᠦ ᠶᠢᠨ ᠪᠤᠳᠤᠯᠭ᠎ᠠ ᠂ ᠲᠦᠷᠪᠡᠨ ᠣᠳᠣᠬᠢᠴᠢᠯᠠᠯᠲᠠ ᠶᠢᠨ ᠶᠡᠬᠡ ᠦᠢᠯᠡᠰ ᠢ ᠪᠡᠶᠡᠯᠡᠭᠦᠯᠬᠦ ᠪᠠ ᠡᠯ᠎ᠡ ᠡᠯ᠎ᠡ ᠦᠨᠳᠦᠰᠦᠲᠡᠨ ᠦ ᠬᠠᠮᠲᠤ ᠪᠠᠷ ᠴᠡᠴᠡᠭᠯᠡᠨ ᠬᠥᠭᠵᠢᠬᠦ ᠶᠢᠨ ᠪᠠᠶᠢᠯᠳᠤᠬᠤ ᠪᠤᠳᠤᠯᠭ᠎ᠠ ᠶᠢᠨ ᠳᠡᠭᠡᠳᠦ ᠬᠡᠮᠵᠢᠶᠡᠨ ᠡᠴᠡ ᠲᠠᠨᠢᠵᠤ ᠂ ᠨᠢᠭᠡᠨ ᠶᠡᠬᠡ ᠶᠠᠪᠤᠳᠠᠯ ᠪᠣᠯᠭᠠᠨ ᠠᠳᠬᠤᠬᠤ ᠬᠡᠷᠡᠭᠲᠡᠶ ᠃
ᠬᠣᠶᠠᠳᠤᠭᠠᠷ ᠨᠢ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠦᠮᠦᠵᠢᠭᠦᠯᠬᠦ ᠨᠢ ᠪᠦᠬᠦ ᠤᠯᠤᠰ ᠤᠨ ᠪᠠ ᠦᠨᠳᠦᠰᠦᠲᠡᠨ ᠦ ᠣᠷᠣᠨ ᠦ ᠬᠤᠪᠢᠰᠬᠠᠯ ᠪᠣᠯᠤᠨ ᠪᠦᠳᠦᠭᠡᠨ ᠪᠠᠶᠢᠭᠤᠯᠤᠯᠲᠠ ᠢᠢᠨ ᠦᠢᠯᠡᠰ ᠲᠠᠢ ᠤᠶᠠᠯᠳᠤᠭᠤᠯᠬᠤ᠃
ᠨᠠᠮ ᠪᠠᠶᠢᠭᠤᠯᠤᠭᠰᠠᠨ ᠡᠬᠢᠨ ᠦ ᠦᠶ᠎ᠡ ᠳᠤ ᠂ ᠤᠮᠠᠷᠠᠲᠤ ᠣᠷᠣᠨ ᠦ ᠬᠣᠷᠢᠢ᠎ᠠ ᠨᠢ ᠶᠠᠭ ᠪᠡᠭᠡᠵᠢᠩ ᠤᠨ ᠮᠣᠩᠭᠣᠯ ᠲᠥᠪᠡᠳ ᠤᠨ ᠰᠤᠷᠭᠠᠭᠤᠯᠢ ᠳᠤ᠂ ᠮᠣᠩᠭᠣᠯ ᠦᠨᠳᠦᠰᠦᠲᠡᠨ ᠦ ᠵᠠᠯᠠᠭᠤᠴᠤᠳ ᠲᠤ ᠢᠳᠡᠪᠬᠢᠲᠡᠶ ᠪᠡᠷ ᠠᠵᠢᠯ ᠢᠢᠠᠨ ᠥᠷᠨᠢᠭᠦᠯᠵᠦ ᠂ ᠨᠠᠮ ᠡᠪᠯᠡᠯ ᠤᠨ ᠭᠡᠰᠢᠭᠦᠨ ᠢ ᠬᠦᠭᠵᠢᠭᠦᠯᠵᠦ ᠂ ᠨᠠᠮ ᠤᠨ ᠵᠣᠬᠢᠶᠠᠨ ᠪᠠᠶᠢᠭᠤᠯᠤᠯᠲᠠ ᠵᠢ ᠪᠠᠶᠢᠭᠤᠯᠪᠠ ᠃ ᠮᠦᠨ ᠴᠦ ᠂ ᠨᠢᠭᠡ ᠪᠦᠯᠦᠭ ᠨᠠᠮ ᠡᠪᠯᠡᠯ ᠤᠨ ᠭᠡᠰᠢᠭᠦᠨ ᠪᠣᠯᠤᠨ ᠢᠳᠡᠪᠬᠢᠲᠠᠢ ᠵᠠᠯᠠᠭᠤᠴᠤᠳ ᠢ ᠰᠤᠩᠭᠤᠵᠦ ᠂ ᠭᠤᠸᠠᠩᠵᠧᠦ ᠶᠢᠨ ᠲᠠᠷᠢᠶᠠᠴᠢᠨ ᠦ ᠬᠦᠳᠡᠯᠭᠡᠭᠡᠨ ᠦ ᠶᠠᠷᠢᠯᠴᠠᠬᠤ ᠲᠤᠪᠴᠢᠶ ᠠ ᠂ ᠬᠤᠸᠠᠡᠭ᠋ᠫᠦ᠋ ᠵᠢᠨ ᠴᠡᠷᠢᠭ ᠤᠨ ᠳᠠᠷᠤᠭ᠎ᠠ ᠶᠢᠨ ᠰᠤᠷᠭᠠᠭᠤᠯᠢ ᠳᠤ ᠤᠴᠢᠨ ᠰᠤᠷᠤᠯᠴᠠᠵᠤ ᠂ ᠵᠠᠷᠢᠮ ᠨᠢ ᠪᠠᠰᠠ ᠵᠥ᠋ᠪᠯᠡᠯᠳ᠋ᠥ ᠂ ᠪᠥᠬᠥᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠤᠴᠢᠵᠤ ᠰᠤᠷᠤᠯᠴᠠᠪᠠ᠃ ᠤᠯᠤᠰ ᠤᠨ ᠳᠣᠲᠣᠭᠠᠳᠤ ᠢᠢᠨ ᠨᠢᠭᠡᠳᠦᠭᠡᠷ ᠬᠤᠪᠢᠰᠬᠠᠯᠲᠤ ᠲᠠᠢᠢᠨ ᠦ ᠦᠶ᠎ᠡ᠂ ᠡᠪ ᠬᠠᠮᠲᠤ ᠨᠠᠮ ᠨᠢ ᠤᠤᠯ ᠤᠨ ᠷᠸᠾᠸ ᠂ ᠴᠠᠬᠠᠷ ᠂ ᠰᠦᠢᠶᠤᠸᠠᠨ ᠵᠡᠷᠭᠡ ᠭᠠᠵᠠᠷ ᠲᠤ ᠤᠴᠢᠨ ᠠᠵᠢᠯ ᠢᠶᠡᠨ ᠦᠷᠭᠡᠵᠢᠬᠦᠯᠪᠡ ᠃ ᠤᠯᠠᠨ ᠲᠦᠮᠡᠨ ᠢ ᠳᠠᠶᠢᠴᠢᠯᠠᠵᠦ ᠂ ᠬᠤᠪᠢᠰᠬᠠᠯ ᠤᠨ ᠦᠢᠯᠡᠳᠦᠯᠭᠡ ᠳᠤᠮᠳᠠ ᠨᠢᠭᠡ ᠪᠦᠯᠦᠭ ᠴᠥᠭᠡᠨ ᠲᠣᠭᠠᠲᠤ ᠦᠨᠳᠦᠰᠦᠲᠡᠨ ᠦ ᠺᠠᠳ᠋ᠷᠴᠤᠳ ᠢ ᠬᠦᠮᠦᠵᠢᠬᠦᠯᠪᠡ ᠃ ᠤᠯᠤᠰ ᠤᠨ ᠳᠣᠲᠣᠭᠠᠳᠤ ᠢᠢᠨ ᠬᠣᠶᠠᠳᠤᠭᠠᠷ ᠬᠤᠪᠢᠰᠬᠠᠯᠲᠤ ᠲᠠᠢᠢᠨ ᠦ ᠦᠶ᠎ᠡ ᠂ ᠣᠨᠴᠠᠭᠠᠶᠢᠯᠠᠨ ᠤᠯᠠᠭᠠᠨ ᠴᠡᠷᠢᠭ ᠠᠶᠠᠨ ᠲᠠᠢᠢᠨ ᠬᠢᠵᠦ ᠱᠠᠨᠪᠸᠢ ᠮᠤᠵᠢ ᠶᠢᠨ ᠬᠣᠶᠢᠲᠤ ᠬᠡᠰᠡᠭ ᠲᠦ ᠬᠦᠷᠦᠭᠰᠡᠨ ᠦ ᠳᠠᠷᠠᠭ᠎ᠠ ᠂ ᠶᠡᠬᠡ ᠵᠤᠤ ᠠᠶᠢᠮᠠᠭ ᠵᠡᠷᠭᠡ ᠭᠠᠵᠠᠷ ᠤᠨ ᠨᠠᠮ ᠤᠨ ᠵᠣᠬᠢᠶᠠᠨ ᠪᠠᠶᠢᠭᠤᠯᠤᠯᠲᠠ ᠪᠠ ᠬᠤᠪᠢᠰᠬᠠᠯ ᠤᠨ ᠵᠡᠪᠰᠡᠭᠲᠦ ᠬᠦᠴᠦᠨ ᠢ ᠪᠠᠶᠢᠭᠤᠯᠤᠨ ᠂ ᠨᠢᠭᠡ ᠪᠦᠯᠦᠭ ᠮᠣᠩᠭᠣᠯ ᠦᠨᠳᠦᠰᠦᠲᠡᠨ ᠦ ᠺᠠᠳ᠋ᠷ ᠲᠡᠮᠡᠴᠡᠯ ᠤᠨ ᠳᠤᠮᠳᠠ ᠴᠣᠯᠭᠣᠷᠠᠨ ᠭᠠᠷᠤᠭᠰᠠᠨ ᠪᠠᠶᠢᠨ᠎ᠠ ᠃ ᠶᠠᠫᠣᠨ ᠢ ᠡᠰᠡᠷᠭᠦᠴᠡᠬᠦ ᠲᠠᠢᠢᠨ ᠡᠭᠦᠰᠦᠭᠰᠡᠨ ᠦ ᠲᠠᠷᠠᠭ᠎ᠠ ᠂ ᠲᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠪᠣᠯᠤᠨ ᠶᠠᠫᠣᠨ ᠢ ᠡᠰᠡᠷᠭᠦᠴᠡᠬᠦ ᠵᠡᠭᠦᠨ ᠬᠣᠶᠢᠲᠤ ᠶᠢᠨ ᠶᠠᠫᠣᠨ ᠢ ᠡᠰᠡᠷᠭᠦᠴᠡᠬᠦ ᠬᠣᠯᠪᠣᠭᠠᠲᠤ ᠴᠡᠷᠢᠭ ᠤᠨ ᠲᠡᠮᠡᠴᠡᠯ ᠳᠤᠮᠳᠠ ᠂ ᠨᠢᠭᠡ ᠪᠦᠯᠦᠭ ᠮᠣᠩᠭᠣᠯ ᠦᠨᠳᠦᠰᠦᠲᠡᠨ ᠦ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠰᠡᠬᠡᠭᠡᠲᠡᠨ ᠵᠠᠯᠠᠭᠤᠴᠤᠳ ᠬᠤᠪᠢᠰᠬᠠᠯ ᠤᠨ ᠡᠩᠨᠡᠭᠡ ᠳᠤ ᠤᠷᠤᠪᠠ ᠃ ᠭᠠᠯ ᠬᠠᠯᠠᠭᠤᠨ ᠲᠡᠮᠡᠴᠡᠯ ᠤᠨ ᠰᠢᠯᠭᠠᠯᠲᠠ ᠡᠴᠡ ᠲᠠᠮᠵᠢᠨ ᠬᠥᠮᠦᠵᠢᠭᠦᠯᠦᠨ ᠪᠣᠶᠢᠵᠢᠪᠠ ᠃ ᠣᠨᠴᠠ ᠳᠤᠷᠠᠳᠤᠭᠤᠰᠢᠲᠠᠶ ᠨᠢ ᠂ ᠨᠠᠮ ᠤᠨ ᠵᠢᠭᠠᠪᠤᠷᠢ ᠪᠠᠷ ᠬᠤᠪᠢᠰᠬᠠᠯ ᠤᠨ ᠭᠤᠯᠤᠮᠳᠠ ᠶᠠᠨ ᠠᠨ ᠳᠤ ᠂ ᠲᠤᠰᠬᠠᠶᠢᠯᠠᠨ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠦᠮᠦᠵᠢᠬᠦᠯᠬᠦ ᠦᠨᠳᠦᠰᠦᠲᠡᠨ ᠦ ᠳᠡᠭᠡᠳᠦ ᠰᠤᠷᠭᠠᠭᠤᠯᠢ ᠂ ᠵᠢᠴᠢ ᠶᠠᠫᠣᠨ ᠢ ᠡᠰᠡᠷᠭᠦᠴᠡᠬᠦ ᠴᠡᠷᠢᠭ ᠲᠦᠷᠦ ᠶᠢᠨ ᠶᠡᠬᠡ ᠰᠤᠷᠭᠠᠭᠤᠯᠢ ᠂ ᠱᠡᠡᠪᠸᠢ ᠶᠢᠨ ᠠᠯᠪᠠᠨ ᠰᠤᠷᠭᠠᠭᠤᠯᠢ , ᠯᠦ ᠰᠢᠶᠦ᠋ᠨ ᠦ ᠤᠷᠠᠯᠢᠭ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠵᠡᠷᠭᠡ ᠰᠤᠷᠭᠠᠭᠤᠯᠢ ᠡᠴᠡ ᠲᠡᠮᠵᠢᠨ᠂ᠥᠪᠥᠷ ᠮᠣᠩᠭᠣᠯ ᠣᠷᠣᠨ ᠳᠤ ᠮᠠᠰᠢ ᠤᠯᠠᠨ ᠮᠣᠩᠭᠣᠯ ᠬᠢᠲᠠᠳ ᠦᠨᠳᠦᠰᠦᠲᠡᠨ ᠦ ᠺᠠᠳ᠋ᠷ ᠢ ᠬᠥᠮᠦᠵᠢᠭᠦᠯᠪᠠ ᠃ ᠶᠠᠫᠤᠨ ᠢ ᠡᠰᠡᠷᠭᠦᠴᠡᠬᠦ ᠳᠠᠢᠢᠨ ᠢᠯᠡᠯᠲᠡ ᠤᠯᠤᠭᠰᠠᠨ ᠦ ᠲᠠᠷᠠᠭ᠎ᠠ ᠂ ᠨᠠᠮ ᠤᠨ ᠲᠦᠪ ᠬᠤᠷᠢᠶ ᠠ ᠡᠴᠡ ᠤᠯᠠᠭᠠᠨᠬᠦᠦ ᠵᠡᠷᠭᠡ ᠨᠢᠭᠡ ᠪᠦᠯᠦᠭ ᠮᠣᠩᠭᠣᠯ ᠬᠢᠲᠠᠳ ᠦᠨᠳᠦᠰᠦᠲᠡᠨ ᠦ ᠺᠠᠳ᠋ᠷ ᠢ ᠲᠣᠮᠢᠯᠠᠨ ᠥᠪᠥᠷ ᠮᠣᠩᠭᠣᠯ ᠣᠷᠣᠨ ᠳ᠋ᠦ᠍ ᠠᠵᠢᠯ ᠬᠢᠵᠦ ᠂ ᠦᠨᠳᠦᠰᠦᠲᠡᠨ ᠦ ᠥᠪᠡᠷᠲᠡᠭᠡᠨ ᠵᠠᠰᠠᠬᠤ ᠬᠥᠳᠡᠯᠭᠡᠭᠡᠨ ᠢ ᠥᠷᠨᠢᠭᠦᠯᠵᠦ ᠂ ᠲᠡᠢᠢᠮᠦ ᠮᠦᠷᠲᠡᠭᠡᠨ 《ᠵᠠᠯᠠᠭᠤ ᠰᠡᠬᠡᠭᠡᠲᠡᠨ ᠪᠠ ᠤᠯᠠᠨ ᠲᠦᠮᠡᠨᠴᠢ ᠬᠥᠳᠡᠯᠭᠡᠭᠡᠨ ᠦ ᠳᠤᠮᠳᠠ ᠡᠴᠡ ᠪᠣᠶᠢᠵᠢᠵᠤ ᠭᠠᠷᠤᠭᠰᠠᠨ ᠢᠳᠡᠪᠬᠢᠲᠡᠨ ᠢ ᠦᠷᠭᠡᠨ ᠢᠶᠡᠷ ᠰᠢᠩᠭᠡᠭᠡᠨ ᠠᠪᠴᠤ ᠂ ᠶᠡᠬᠡ ᠬᠡᠮᠵᠢᠶ ᠡ ᠪᠡᠷ ᠬᠥᠮᠦᠵᠢᠭᠦᠯᠬᠦ ᠂ ᠵᠣᠷᠢᠭᠲᠠᠶ ᠪᠠᠷ ᠳᠡᠪᠰᠢᠭᠦᠯᠵᠦ ᠂ ᠵᠣᠷᠢᠭᠲᠠᠶ ᠪᠠᠷ ᠬᠡᠷᠡᠭᠯᠡᠬᠦ 》ᠴᠢᠭᠯᠡᠯᠲᠡ ᠵᠢ ᠡᠭᠦᠰᠭᠡᠨ ᠥᠪᠥᠷ ᠮᠣᠩᠭᠣᠯ ᠤᠨ ᠴᠡᠷᠢᠭ ᠵᠠᠰᠠᠭ ᠤᠨ ᠳᠡᠭᠡᠳᠦ ᠰᠤᠷᠭᠠᠭᠤᠯᠢ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠳᠡᠭᠡᠳᠦ ᠰᠤᠷᠭᠠᠭᠤᠯᠢ ᠂ ᠥᠪᠥᠷ ᠮᠣᠩᠭᠣᠯ ᠤᠨ ᠴᠡᠷᠢᠭ ᠲᠦᠷᠦ ᠶᠢᠨ ᠶᠡᠬᠡ ᠰᠤᠷᠭᠠᠭᠤᠯᠢ ᠪᠠ ᠡᠯ᠎ᠡ ᠵᠦᠢᠯ ᠤᠨ ᠺᠠᠳ᠋ᠷ ᠤᠨ ᠳᠠᠪᠲᠠᠨ ᠪᠣᠯᠪᠠᠰᠤᠷᠠᠭᠤᠯᠬᠤ ᠠᠩᠭᠢ ᠂ ᠬᠡᠳᠦᠨ ᠮᠢᠩᠭᠠᠨ ᠮᠣᠩᠭᠣᠯ ᠦᠨᠳᠦᠰᠦᠲᠡᠨ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠦᠮᠦᠵᠢᠭᠦᠯᠵᠦ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠭᠦᠢᠴᠡᠳ ᠪᠡᠯᠡᠳᠬᠡᠯ ᠬᠢᠭᠰᠡᠨ ᠪᠠᠶᠢᠨ᠎ᠠ ᠃
ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠦ ᠡᠬᠢᠨ ᠦ ᠦᠶ᠎ᠡ ᠳᠤ᠂ ᠨᠠᠮ ᠤᠨ ᠲᠥᠪ ᠬᠣᠷᠢᠶ᠎ᠠ ᠨᠢᠭᠡ ᠪᠦᠯᠦᠭ ᠺᠠᠳ᠋ᠷᠴᠤᠳ ᠢ ᠲᠣᠮᠢᠯᠠᠨ ᠥᠪᠥᠷ ᠮᠣᠩᠭᠣᠯ ᠣᠷᠣᠨ ᠳ᠋ᠤ᠌ ᠬᠦᠷᠴᠦ ᠂ ᠨᠢᠭᠡ ᠲᠠᠯ᠎ᠠ ᠪᠠᠷ ᠡᠯ᠎ᠡ ᠦᠨᠳᠦᠰᠦᠲᠡᠨ ᠦ ᠠᠷᠠᠳ ᠲᠦᠮᠡᠨ ᠴᠢᠯᠥᠭᠡᠯᠡᠬᠦ ᠳᠠᠶᠢᠨ ᠳᠤ ᠣᠷᠣᠯᠴᠠᠨ᠂ ᠠᠵᠤ ᠠᠬᠤᠶ ᠪᠠᠨ ᠬᠥᠭᠵᠢᠭᠦᠯᠵᠦ ᠂ ᠡᠮᠦᠨ᠎ᠡ ᠹᠷᠣᠨᠲ᠋ ᠢᠶᠡᠨ ᠲᠤᠰᠠᠯᠠᠵᠦ᠂ ᠨᠢᠭᠡ ᠲᠠᠯ᠎ᠠ ᠪᠠᠷ ᠦᠨᠳᠦᠰᠦᠲᠡᠨ ᠦ ᠣᠷᠣᠨ ᠦ ᠥᠪᠡᠷᠲᠡᠭᠡᠨ ᠵᠠᠰᠠᠬᠤ ᠡᠯ᠎ᠡ ᠵᠦᠢᠯ ᠤᠨ ᠠᠵᠢᠯ ᠪᠠᠨ ᠦᠷᠨᠢᠭᠦᠯᠪᠠ ᠃ ᠨᠠᠮ ᠤᠨ ᠥᠪᠥᠷ ᠮᠣᠩᠭᠣᠯ ᠤᠨ ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠬᠤ ᠢᠢᠨ ᠲᠥᠯᠥᠭᠡ ᠂ ᠨᠠᠮ ᠤᠨ ᠲᠥᠪ ᠬᠣᠷᠢᠶ᠎ᠠ ᠡᠴᠡ ᠤᠯᠠᠭᠠᠨᠬᠦᠦ ᠪᠡᠷ ᠱᠦᠵᠢ ᠪᠤᠯᠭᠠᠭᠰᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠠᠵᠢᠯᠯᠠᠬᠤ ᠺᠣᠮᠢᠰ ᠢ ᠪᠠᠢᠢᠭᠤᠯᠬᠤ ᠪᠡᠷ ᠲᠤᠭᠲᠠᠭᠠᠪᠠ᠃ ᠨᠠᠮ ᠵᠢ ᠪᠠᠶᠢᠭᠤᠯᠬᠤ ᠂ ᠵᠠᠰᠠᠭ ᠢ ᠪᠠᠶᠢᠭᠤᠯᠬᠤ ᠂ ᠴᠡᠷᠢᠭ ᠢ ᠪᠠᠶᠢᠭᠤᠯᠬᠤ᠂ᠠᠷᠠᠳᠴᠢᠯᠠᠭᠰᠠᠨ ᠥᠭᠡᠷᠡᠴᠢᠯᠡᠯᠲᠡ ᠪᠣᠯᠤᠨ ᠴᠢᠯᠥᠭᠡᠯᠡᠬᠦ ᠳᠠᠶᠢᠨ ᠦ ᠬᠡᠷᠡᠭᠴᠡᠭᠡ ᠵᠢ ᠦᠨᠳᠦᠰᠦᠯᠡᠵᠦ ᠂ ᠥᠪᠥᠷ ᠮᠣᠩᠭᠣᠯ ᠤᠨ ᠠᠵᠢᠯᠯᠠᠬᠤ ᠺᠣᠮᠢᠰ ᠨᠢ ᠨᠠᠮ ᠤᠨ ᠰᠤᠷᠭᠠᠭᠤᠯᠢ ᠡᠴᠡ ᠳᠠᠮᠵᠢᠨ ᠪᠣᠯᠪᠠᠰᠤᠷᠠᠯ ᠤᠨ ᠠᠡᠭᠭᠢ ᠡᠷᠬᠢᠯᠡᠬᠦ ᠬᠡᠯᠪᠡᠷᠢ ᠪᠡᠷ ᠳᠠᠮᠵᠢᠨ᠂ ᠤᠯᠡᠠ ᠲᠣᠭᠠᠨ ᠦ ᠦᠵᠡᠯ ᠰᠠᠨᠠᠭ᠎ᠠ ᠡᠷᠳᠡᠮ ᠴᠢᠳᠠᠯ ᠲᠠᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠦᠮᠦᠵᠢᠬᠦᠯᠵᠦ ᠂ ᠡᠳᠡᠭᠡᠷ ᠺᠠᠳ᠋ᠷ ᠨᠢ ᠡᠯ᠎ᠡ ᠦᠨᠳᠦᠰᠦᠲᠡᠨ ᠦ ᠠᠷᠠᠳ ᠲᠦᠮᠡᠨ ᠲᠠᠢ ᠨᠢᠭᠲᠠᠷᠠᠨ ᠪᠦᠯᠬᠦᠮᠳᠡᠵᠦ ᠂ ᠮᠥᠷᠥ ᠵᠡᠷᠭᠡᠴᠡᠨ ᠤᠷᠤᠭᠰᠢᠯᠠᠵᠤ ᠂ ᠠᠮᠵᠢᠯᠲᠠ ᠲᠠᠶ ᠪᠡᠷ ᠡᠯ ᠡ ᠡᠭᠦᠷᠭᠡ ᠵᠢ ᠪᠡᠶᠡᠯᠡᠭᠦᠯᠪᠡ ᠃
ᠤᠯᠤᠰ ᠪᠠᠶᠢᠭᠤᠯᠤᠭᠳᠠᠭᠰᠠᠨ ᠦ ᠡᠬᠢᠨ ᠦ ᠦᠶ᠎ᠡ ᠳᠤ ᠂ ᠥᠪᠡᠷᠲᠡᠭᠡᠨ ᠵᠠᠰᠠᠬᠤ ᠣᠷᠣᠨ ᠦ ᠭᠣᠣᠯ ᠡᠭᠦᠷᠭᠡ ᠪᠣᠯ ᠠᠷᠠᠳᠴᠢᠯ ᠢᠢᠠᠷ ᠥᠭᠡᠷᠡᠴᠢᠯᠡᠭᠦ ᠪᠠ ᠨᠡᠶᠢᠭᠡᠮ ᠵᠢᠷᠤᠮᠲᠤ ᠥᠭᠡᠷᠡᠴᠢᠯᠡᠯᠲᠡ ᠪᠤᠯᠤᠨ᠌ ᠠ ᠃ ᠡᠭᠦᠨ ᠦ ᠬᠠᠮᠲᠤ ᠂ ᠠᠵᠤ ᠠᠬᠤᠶ ᠰᠣᠶᠣᠯ ᠤᠨ ᠪᠦᠳᠦᠭᠡᠨ ᠪᠠᠶᠢᠭᠤᠯᠬᠤ ᠵᠢ ᠶᠠᠪᠤᠭᠳᠠᠭᠤᠯᠤᠨ᠌ ᠠ᠃ ᠥᠪᠡᠷᠲᠡᠭᠡᠨ ᠵᠠᠰᠠᠬᠤ ᠣᠷᠣᠨ ᠦ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠨᠢ ᠂ ᠤᠯᠤᠰ ᠤᠨ ᠲᠤᠰᠠᠯᠠᠮᠵᠢ ᠳᠣᠣᠷ᠎ᠠ ᠨᠢᠭᠡ ᠪᠦᠯᠦᠭ ᠺᠠᠳ᠋ᠷ ᠤᠨ ᠰᠤᠷᠭᠠᠭᠤᠯᠢ ᠂ ᠳᠤᠮᠳᠠ ᠵᠡᠷᠭᠡ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠢ ᠪᠠᠢᠢᠭᠤᠯᠵᠤ ᠂ ᠰᠢᠨ᠎ᠡ ᠨᠢᠭᠡ ᠪᠦᠯᠦᠭ ᠺᠠᠳ᠋ᠷᠴᠤᠳ ᠢ ᠬᠦᠮᠦᠵᠢᠬᠦᠯᠵᠦ ᠂ ᠬᠤᠪᠢᠰᠬᠠᠯ ᠪᠠ ᠪᠦᠳᠦᠭᠡᠠ ᠪᠠᠶᠢᠭᠤᠯᠤᠯᠲᠠ ᠢᠢᠨ ᠳᠤᠮᠳᠠ ᠭᠠᠷᠤᠭᠰᠠᠨ ᠢᠳᠡᠪᠬᠢᠲᠡᠨ ᠢ ᠬᠦᠮᠦᠵᠢᠭᠦᠯᠵᠦ ᠂ ᠪᠠᠰᠠ ᠵᠠᠷᠢᠮ ᠬᠥᠮᠦᠵᠢᠭᠦᠯᠵᠦ ᠪᠣᠯᠤᠮᠠᠷ ᠬᠥᠮᠦᠨ ᠢ ᠥᠭᠡᠷ᠎ᠡ ᠭᠠᠵᠠᠷ ᠬᠦᠷᠭᠡᠵᠦ ᠬᠦᠮᠦᠵᠢᠭᠦᠯᠵᠦ ᠂ ᠬᠤᠪᠢᠰᠭᠠᠯ ᠳᠤ ᠬᠡᠷᠡᠭᠴᠡᠭᠡ ᠲᠠᠢ ᠴᠥᠭᠡᠨ ᠲᠣᠭᠠᠲᠦ ᠦᠨᠳᠦᠰᠦᠲᠡᠨ ᠦ ᠺᠠᠳ᠋ᠷ ᠢ ᠶᠡᠬᠡ ᠪᠡᠷ ᠬᠦᠮᠦᠵᠢᠬᠦᠯᠬᠦ ᠶᠢᠨ ᠬᠠᠮᠲᠦ ᠂ ᠨᠢᠬᠡ ᠪᠦᠯᠦᠭ ᠴᠥᠭᠡᠨ ᠲᠣᠭᠠᠲᠤ ᠦᠨᠳᠦᠰᠦᠲᠡᠨ ᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠪᠠ ᠃ ᠨᠡᠶᠢᠭᠡᠮ ᠵᠢᠷᠤᠮᠲᠤ ᠥᠭᠡᠷᠡᠴᠢᠯᠡᠯᠲᠡ ᠦᠨᠳᠦᠰᠦᠨ ᠳᠡᠭᠡᠨ ᠪᠡᠶᠡᠯᠡᠭᠦᠯᠦᠭᠰᠡᠨ ᠦ ᠲᠠᠷᠠᠭ᠎ᠠ ᠂ ᠠᠵᠤ ᠠᠬᠤᠶ ᠰᠣᠶᠣᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠵᠢ ᠪᠡᠶᠡᠯᠡᠭᠦᠯᠬᠦ ᠳᠤᠮᠳᠠ ᠳᠣᠪᠤᠢᠢᠯᠭᠠᠪᠠ ᠃ ᠥᠪᠥᠷ ᠮᠣᠩᠭᠣᠯ ᠤᠨ ᠶᠡᠬᠡ ᠰᠤᠷᠭᠠᠭᠤᠯᠢ ᠂ ᠥᠪᠥᠷ ᠮᠣᠩᠭᠣᠯ ᠤᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠵᠡᠷᠭᠡ ᠥᠨᠳᠥᠷ ᠵᠡᠷᠭᠡ ᠶᠢᠨ ᠰᠤᠷᠭᠠᠭᠤᠯᠢ ᠵᠢ ᠤᠷᠢᠳ ᠬᠣᠵᠢᠳ ᠪᠠᠶᠢᠭᠤᠯᠵᠤ ᠂ ᠨᠢᠭᠡ ᠪᠦᠯᠦᠭ ᠴᠥᠭᠡᠨ ᠲᠣᠭᠠᠲᠤ ᠦᠨᠳᠦᠰᠦᠲᠡᠨ ᠦ ᠪᠦᠳᠤᠭᠡᠨ ᠪᠠᠶᠢᠭᠤᠯᠤᠯᠲᠠ ᠶᠢᠨ ᠴᠢᠳᠠᠪᠤᠷᠢᠲᠠᠨ ᠢ ᠬᠥᠮᠦᠵᠢᠭᠦᠯᠪᠠ᠃ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ ᠤᠷᠤᠭᠰᠠᠨ ᠡᠴᠡ ᠨᠠᠭᠠᠰᠢ ᠂ ᠲᠦᠷᠪᠡᠨ ᠣᠳᠣᠬᠢᠴᠢᠯᠠᠯᠲᠠ ᠶᠢᠨ ᠪᠦᠲᠦᠬᠡᠨ ᠪᠠᠶᠢᠭᠤᠯᠤᠯᠲᠠ ᠳᠤ ᠵᠣᠬᠢᠴᠠᠭᠤᠯᠬᠤ ᠶᠢᠨ ᠲᠥᠯᠥᠭᠡ ᠂ ᠥᠭᠡᠷᠡᠴᠢᠯᠡᠯᠲᠡ ᠂ ᠨᠡᠭᠡᠭᠡᠬᠦ ᠂ ᠠᠮᠢᠳᠤᠯᠢᠭ ᠪᠣᠯᠭᠠᠵᠤ ᠵᠢᠭᠠᠪᠤᠷᠢ ᠵᠢ ᠲᠤᠤᠱᠯᠠᠭᠤᠯᠵᠤ᠂ ᠠᠵᠢᠯ ᠤᠨ ᠪᠠᠶᠢᠷᠢ ᠳ᠋ᠠᠭᠠᠨ ᠪᠠᠶᠢᠭ᠎ᠠ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠲᠡᠭᠡᠭᠰᠢᠯᠡᠭᠦᠯᠡᠵᠦ᠂ ᠨᠢᠭᠡ ᠪᠦᠯᠦᠭ ᠮᠡᠷᠭᠡᠵᠢᠭᠰᠡᠨ ᠴᠥᠭᠡᠨ ᠲᠣᠭᠠᠲᠤ ᠦᠨᠳᠦᠰᠦᠲᠡᠨ ᠦ ᠰᠢᠨ᠎ᠡ ᠺᠠᠳ᠋ᠷ ᠢ ᠬᠥᠮᠦᠵᠢᠭᠦᠯᠪᠠ ᠃ ᠥᠪᠡᠷᠲᠡᠭᠡᠨ ᠵᠠᠰᠠᠭ ᠣᠷᠣᠨ ᠨᠢ ᠨᠢᠭᠡᠨᠲᠡ ᠪᠠᠶᠢᠭ᠎ᠠ ᠨᠠᠮ ᠤᠨ ᠰᠤᠷᠭᠠᠭᠤᠯᠢ ᠂ ᠦᠨᠳᠦᠷ ᠵᠡᠷᠭᠡ ᠶᠢᠨ ᠳᠡᠭᠡᠳᠦ ᠰᠤᠷᠭᠠᠭᠤᠯᠢ ᠳᠤ᠂ ᠺᠠᠳ᠋ᠷᠴᠤᠳ ᠤᠨ ᠪᠣᠯᠪᠠᠰᠤᠷᠠᠯ ᠤᠨ ᠠᠩᠭᠢ ᠪᠠᠶᠢᠭᠤᠯᠵᠤ ᠂ ᠲᠡᠷᠢ ᠮᠦᠷᠲᠡᠭᠡᠨ ᠂ ᠥᠪᠥᠷ ᠮᠣᠩᠭᠣᠯ ᠤᠨ ᠵᠠᠰᠠᠭ ᠵᠠᠬᠢᠷᠭᠠᠨ ᠦ ᠺᠠᠳ᠋ᠷ ᠤᠨ ᠳᠡᠭᠡᠳᠦ ᠰᠤᠷᠭᠠᠭᠤᠯᠢ ᠂ ᠦᠪᠦᠷ ᠮᠣᠩᠭᠣᠯ ᠤᠨ ᠠᠵᠤ ᠠᠬᠤᠶ ᠶᠢᠨ ᠺᠠᠳ᠋ᠷ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠂ ᠥᠪᠥᠷ ᠮᠣᠩᠭᠣᠯ ᠤᠨ ᠡᠳ᠋ ᠤᠨ ᠵᠠᠰᠠᠭ ᠤᠨ ᠳᠡᠭᠡᠳᠦ ᠰᠤᠷᠭᠠᠭᠤᠯᠢ ᠵᠡᠷᠭᠡ ᠵᠢ ᠪᠠᠢᠢᠭᠤᠯᠪᠠ᠃ 1985 ᠣᠨ ᠦ ᠡᠴᠦᠰ ᠬᠦᠷᠬᠦ ᠳᠤ ᠂ ᠮᠢᠩᠭ᠎ᠠ ᠭᠠᠷᠤᠶ ᠴᠥᠭᠡᠨ ᠲᠣᠭᠠᠲᠤ ᠦᠨᠳᠦᠰᠦᠲᠡᠨ ᠦ ᠵᠠᠯᠠᠭᠤᠴᠤᠳ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠡᠴᠡ ᠲᠡᠭᠦᠰᠪᠡ ᠃
ᠭᠤᠷᠪᠠᠳᠤᠭᠠᠷ ᠨᠢ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠰᠢᠯᠢᠨ ᠰᠣᠩᠭᠣᠵᠤ ᠂ ᠡᠷᠳᠡᠮᠲᠡᠨ ᠮᠡᠷᠭᠡᠳ ᠢ ᠬᠡᠷᠡᠭᠯᠡᠬᠦ ᠺᠠᠳ᠋ᠷ ᠤᠨ ᠱᠤᠭᠤᠮ ᠪᠠ ᠮᠣᠷᠠᠯ ᠴᠢᠳᠠᠪᠤᠷᠢ ᠬᠣᠣᠰᠯᠠᠭᠰᠠᠨ ᠵᠠᠷᠴᠢᠮ ᠢ ᠪᠠᠷᠢᠮᠳᠠᠭᠤᠯᠵᠤ ᠂ ᠦᠨᠳᠦᠰᠦᠲᠡᠨ ᠦ ᠣᠷᠣᠨ ᠦ ᠪᠣᠳᠠᠲᠤ ᠪᠠᠶᠢᠳᠠᠯ ᠢ ᠦᠨᠳᠦᠰᠦᠯᠡᠬᠦ ᠬᠡᠷᠡᠭᠲᠡᠶ ᠃
ᠴᠢᠳᠠᠪᠤᠷᠢᠲᠠᠨ ᠢ ᠬᠡᠷᠡᠭᠯᠡᠬᠦ ᠂ᠥᠭᠡᠷ᠎ᠡ ᠪᠡᠷ ᠬᠡᠯᠡᠪᠡᠯ ᠮᠠᠤ ᠽᠸ ᠳ᠋ᠦᠩ ᠨᠥᠬᠥᠷ ᠤᠨ ᠬᠤᠷᠢᠶᠠᠩᠭᠤᠶᠢᠯᠠᠭᠰᠠᠨ《 ᠡᠪ ᠬᠠᠮᠲᠤ ᠨᠠᠮ ᠤᠨ ᠺᠠᠳ᠋ᠷ ᠤᠨ ᠲᠥᠷᠥ ᠶᠢᠨ ᠪᠣᠳᠣᠯᠭ᠎ᠠ ᠭᠡᠪᠡᠯ ᠂ ᠨᠠᠮ ᠤᠨ ᠱᠤᠭᠤᠮ ᠢ ᠡᠷᠡᠰ ᠭᠡᠷᠡᠭᠵᠢᠬᠦᠯᠬᠦ᠂ ᠨᠠᠮ ᠤᠨ ᠰᠠᠬᠢᠯᠭ᠎ᠠ ᠪᠠᠲᠤ ᠵᠢ ᠰᠠᠬᠢᠬᠤ ᠂ ᠤᠯᠠᠨ ᠲᠦᠮᠡᠨ ᠲᠡᠶ ᠨᠢᠭᠲᠠ ᠬᠠᠷᠢᠯᠴᠠᠬᠤ ᠂ ᠪᠡᠶ᠎ᠡ ᠪᠡᠨ ᠳᠠᠭᠠᠭᠠᠵᠤ ᠠᠵᠢᠯᠯᠠᠵᠤ ᠴᠢᠳᠠᠬᠤ ᠡᠰᠡᠬᠦ ᠂ ᠬᠤᠪᠢ ᠶᠢᠨ ᠠᠰᠢᠭ ᠲᠤᠰᠠ ᠵᠢ ᠬᠥᠭᠡᠭᠡᠴᠡᠯᠳᠦᠬᠦ ᠦᠬᠡᠢ ᠪᠡᠷ ᠪᠠᠷᠢᠮᠵᠢᠶ᠎ᠠ ᠪᠠᠨ ᠪᠣᠯᠭᠠᠵᠤ 》 ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠦ ᠲᠥᠪ ᠬᠣᠷᠢᠶᠠᠨ ᠦ ᠭᠤᠷᠪᠠᠳᠤᠭᠠᠷ ᠪᠥᠬᠥᠳᠡ ᠬᠤᠷᠠᠯ ᠤᠨ ᠳᠠᠷᠠᠭ᠎ᠠ ᠂ ᠨᠠᠮ ᠤᠨ ᠲᠥᠪ ᠬᠣᠷᠢᠶ᠎ᠠ ᠨᠡᠶᠢᠭᠡᠮ ᠵᠢᠷᠤᠮᠲᠤ ᠰᠢᠨ᠎ᠡ ᠴᠠᠭ ᠦᠶ᠎ᠡ ᠶᠢᠨ ᠶᠡᠷᠦᠩᠬᠡᠶ ᠡᠭᠦᠷᠭᠡ ᠵᠢ ᠺᠠᠳ᠋ᠷ ᠤᠨ ᠤᠬᠠᠮᠰᠠᠷ ᠴᠢᠳᠠᠪᠤᠷᠢ ᠨᠢ ᠪᠠᠷᠢᠮᠵᠢᠶ᠎ᠠ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠂ ᠡᠨᠡ ᠨᠢ ᠳᠠᠷᠤᠶ ᠵᠠᠯᠠᠭᠤᠵᠢᠭᠤᠯᠬᠤ ᠂ ᠮᠡᠳᠡᠯᠭᠡᠵᠢᠭᠦᠯᠬᠦ ᠂ ᠲᠤᠰᠬᠠᠶᠢᠵᠢᠭᠤᠯᠬᠤ ᠵᠢ ᠴᠢᠷᠮᠠᠶᠢᠨ ᠪᠡᠶᠡᠯᠡᠭᠦᠯᠪᠠ ᠃ ᠡᠨᠡ ᠬᠦ ᠶᠡᠷᠦᠩᠬᠡᠶ ᠱᠠᠭᠠᠷᠳᠠᠯᠭ᠎ᠠ ᠵᠢ ᠵᠢᠷᠤᠮᠯᠠᠵᠤ ᠂ ᠶᠡᠬᠡᠪᠡᠷ ᠳᠥᠷᠪᠡᠨ ᠵᠦᠢᠯ ᠤᠨ ᠦᠨᠳᠦᠰᠦᠨ ᠵᠠᠷᠴᠢᠮ ᠢ ᠪᠠᠷᠢᠮᠲᠠᠯᠠᠳᠠᠭ᠂ ᠨᠠᠮ ᠤᠨ ᠱᠤᠭᠤᠮ᠂ ᠴᠢᠭᠯᠡᠯᠲᠡ ᠂ ᠲᠦᠷᠦ ᠶᠢᠨ ᠪᠤᠳᠤᠯᠭ᠎ᠠ ᠵᠢ ᠦᠨᠡᠨᠴᠢ ᠪᠡᠷ ᠬᠡᠷᠡᠭᠵᠢᠭᠦᠯᠵᠦ ᠂ ᠠᠷᠠᠳ ᠤᠯᠠᠨ ᠲᠠᠶ ᠨᠢᠭᠲᠠ ᠬᠠᠷᠢᠯᠴᠠᠬᠤ ᠂ ᠤᠳᠤ ᠦᠶ᠎ᠡ ᠢᠢᠨ ᠰᠢᠨᠵᠢᠯᠡᠬᠦ ᠤᠬᠠᠭᠠᠨ ᠰᠣᠶᠣᠯ ᠮᠡᠳᠡᠯᠭᠡ ᠪᠠ ᠡᠯ᠎ᠡ ᠵᠦᠢᠯ ᠤᠨ ᠠᠵᠢᠯ ᠤᠨ ᠴᠢᠳᠠᠪᠤᠷᠢ ᠲᠠᠢ ᠦᠨᠳᠦᠰᠦᠲᠡᠨ ᠦ ᠺᠠᠳ᠋ᠷ ᠤᠨ ᠡᠩᠨᠡᠭᠡ ᠪᠣᠯ ᠳᠠᠷᠤᠶ ᠮᠠᠨ ᠦ ᠪᠣᠳᠠᠲᠠᠶ ᠵᠢᠯᠣᠭᠣᠳᠬᠤ ᠴᠢᠭᠯᠡᠯᠲᠡ ᠮᠥᠨ ᠃
ᠡᠨᠡ ᠬᠦ ᠴᠢᠭᠯᠡᠯᠲᠡ ᠵᠢ ᠲᠤᠤᠱᠯᠠᠭᠤᠯᠬᠤ ᠳᠤ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠦ ᠪᠣᠳᠠᠲᠠᠶ ᠪᠠᠶᠢᠳᠠᠯ ᠡᠴᠡ ᠡᠭᠦᠰᠦᠨ ᠂ ᠨᠠᠮ ᠤᠨ ᠵᠠᠮ ᠱᠤᠭᠤᠮ ᠂ ᠲᠦᠷᠦ ᠶᠢᠨ ᠪᠤᠳᠤᠯᠭ᠎ᠠ ᠪᠠ ᠵᠠᠷᠴᠢᠮ ᠢ ᠲᠤᠬᠠᠶ ᠢᠢᠨ ᠭᠠᠵᠠᠷ ᠤᠨ ᠪᠣᠳᠠᠲᠤ ᠪᠠᠶᠢᠳᠠᠯ ᠲᠠᠶ ᠤᠶᠠᠯᠳᠤᠭᠤᠯᠬᠤ ᠬᠡᠷᠡᠭᠲᠡᠶ ᠃ ᠲᠡᠦᠬᠡ ᠵᠢ ᠡᠷᠭᠢᠴᠡᠭᠦᠯᠵᠦ ᠦᠵᠡᠪᠡᠯ ᠂ ᠪᠢᠳᠡ ᠡᠨᠡ ᠲᠠᠯ᠎ᠠ ᠪᠠᠷ ᠲᠤᠷᠰᠢᠯᠭ᠋ ᠠ ᠰᠤᠷᠭᠠᠮᠵᠢ ᠲᠠᠢ ᠃ ᠲᠤᠷᠰᠢᠯᠭ᠎ᠠ ᠬᠡᠳᠡᠭ ᠨᠢ ᠂ ᠳᠠᠷᠤᠶ ᠨᠢᠭᠡ ᠦᠨᠳᠦᠰᠦᠲᠡᠨ ᠦ ᠺᠠᠳ᠋ᠷ ᠳᠤ ᠂ ᠣᠨᠴᠠᠭᠠᠶᠢᠯᠠᠨ ᠬᠠᠶᠢᠷᠠᠯᠠᠵᠤ ᠂ ᠢᠯᠢᠬᠦᠦ ᠰᠤᠷᠭᠠᠨ ᠬᠥᠮᠦᠵᠢᠯ ᠦᠭᠬᠦ ᠂ ᠬᠠᠯᠠᠮᠵᠢᠯᠠᠵᠦ ᠬᠠᠪᠰᠤᠷᠬᠤ ᠵᠢ ᠠᠩᠬᠠᠷᠬᠤ ᠬᠡᠷᠡᠭᠲᠡᠢ᠃ ᠦᠢᠯᠡᠳᠦᠯᠭᠡ ᠶᠢᠨ ᠰᠢᠯᠭᠠᠯᠲᠠ ᠵᠢ ᠥᠩᠭᠡᠷᠡᠭᠡᠭᠰᠡᠨ ᠂ ᠳᠦ᠋ᠷᠪᠡᠨ ᠦᠨᠳᠦᠰᠦᠨ ᠵᠠᠷᠴᠢᠮ ᠢ ᠪᠠᠷᠢᠮᠲᠠᠯᠠᠬᠤ ᠂ ᠵᠣᠬᠢᠶᠠᠨ ᠪᠠᠶᠢᠭᠤᠯᠬᠤ ᠴᠢᠳᠠᠪᠤᠷᠢ ᠰᠠᠶᠢᠨ ᠂ ᠰᠣᠶᠣᠯ ᠤᠨ ᠬᠢᠷᠢ ᠲᠦᠪᠰᠢᠨ ᠥᠨᠳᠥᠷ ᠂ ᠨᠡᠭᠡᠭᠡᠨ ᠤᠷᠤᠭᠰᠢᠯᠠᠬᠤ ᠵᠣᠷᠢᠭ ᠰᠠᠨᠠᠭ᠎ᠠ ᠲᠠᠶ ᠪᠠᠶᠢᠵᠤ ᠂ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠬᠤ ᠢᠳᠡᠷ ᠵᠠᠯᠠᠭᠤᠴᠤᠳ ᠰᠢᠯᠢᠳᠡᠭ ᠦᠨᠳᠦᠰᠦᠲᠡᠨ ᠦ ᠺᠠᠳ᠋ᠷ ᠲᠤ᠂ ᠡᠭᠦᠷᠭᠡ ᠳᠠᠭᠠᠭᠠᠯᠭᠠᠬᠤ ᠬᠡᠷᠡᠭᠲᠡᠶ ᠂ ᠵᠣᠷᠢᠭ ᠲᠠᠶ ᠬᠡᠷᠡᠭᠯᠡᠬᠦ ᠂ ᠪᠣᠯᠭᠠᠵᠤ ᠂ ᠲᠡᠳᠡᠨ ᠦ ᠠᠪᠢᠶᠠᠰ ᠪᠢᠯᠢᠭ ᠢᠶᠡᠨ ᠪᠠᠳᠠᠷᠠᠭᠤᠯᠬᠤ ᠨᠥᠬᠥᠴᠡᠯ ᠢ ᠬᠠᠩᠭᠠᠬᠤ ᠬᠡᠷᠡᠭᠲᠡᠶ ᠃ ᠠᠯᠤᠰ ᠢᠷᠡᠭᠡᠳᠦᠢ ᠲᠠᠢ ᠂ ᠨᠥᠬᠥᠴᠡᠯ ᠬᠠᠷᠠᠬᠠᠨ ᠪᠣᠯᠪᠠᠰᠤᠷᠠᠩᠭᠤᠶ ᠪᠣᠯᠤᠭᠠᠳᠤᠶ ᠴᠢᠳᠠᠪᠦᠷᠢᠲᠠᠨ ᠢ ᠬᠦᠮᠦᠵᠢᠭᠦᠯᠬᠦ ᠳᠤ ᠂ ᠭᠣᠣᠯᠳᠠᠯᠭ᠎ᠠ ᠲᠠᠶ ᠪᠠᠷ ᠬᠥᠮᠦᠵᠢᠭᠦᠯᠬᠦ ᠬᠡᠷᠡᠭᠲᠡᠢ ᠃ ᠲᠠᠷᠠᠭ᠎ᠠ ᠳᠤ ᠨᠢ ᠪᠠᠶᠢᠳᠠᠯ ᠢ ᠦᠵᠡᠵᠦ ᠪᠠᠶᠢᠭᠠᠳ ᠰᠢᠯᠢᠳᠡᠭ ᠢ ᠨᠢ ᠳᠡᠭᠡᠭᠰᠢᠯᠡᠭᠦᠯᠬᠦ ᠬᠡᠷᠡᠭᠲᠡᠶ ᠃ ᠠᠵᠢᠯ ᠳᠠᠭᠠᠨ ᠦᠨᠡᠨᠴᠢ ᠰᠢᠷᠭᠠᠭᠤ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠂ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ ᠪᠠᠷ ᠪᠠᠭᠤᠷᠠᠶ ᠨᠤᠭᠦᠳ ᠂ ᠲᠡᠳᠡᠨ ᠦ ᠠᠪᠢᠶᠠᠰ ᠪᠢᠯᠢᠭ ᠳᠦ ᠲᠤᠬᠢᠷᠠᠬᠤ ᠠᠵᠢᠯ ᠤᠨ ᠪᠠᠶᠢᠷᠢ ᠲᠤᠬᠢᠷᠠᠭᠤᠯᠤᠨ᠌ ᠠ ᠃ ᠲᠡᠭᠦᠨ ᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠃ ᠠᠯᠳᠠᠭ᠎ᠠ ᠭᠠᠷᠭᠠᠭᠰᠠᠨ ᠺᠠᠳ᠋ᠷ ᠲᠤ᠂ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠰᠠᠮᠠᠭᠤᠷᠠᠭᠤᠯᠤᠭᠰᠠᠨ ᠢ ᠰᠠᠬᠢᠯᠭ᠎ᠠ ᠪᠠᠲᠤ ᠂ ᠬᠠᠤᠯᠢ ᠶᠣᠰᠣᠭᠠᠷ ᠢᠶᠡᠷ ᠰᠢᠶᠳᠪᠦᠷᠢᠯᠡᠬᠦ ᠡᠴᠡ ᠭᠠᠳᠠᠨ᠎ᠠ ᠂ ᠭᠤᠤᠯᠳᠠᠯᠭ᠋ ᠠ ᠨᠢ ᠬᠥᠲᠥᠯᠥᠨ ᠵᠢᠯᠣᠭᠣᠳᠬᠤ ᠂ ᠲᠤᠰᠠᠯᠠᠬᠤ ᠂ ᠠᠯᠳᠠᠭ᠎ᠠ ᠪᠠᠨ ᠵᠠᠯᠠᠷᠠᠭᠤᠯᠬᠤ ᠵᠠᠪᠰᠢᠶᠠᠨ ᠦᠭᠬᠦᠨ᠌ ᠠ᠃ ᠡᠭᠦᠨ ᠡᠴᠡ ᠭᠠᠳᠠᠨ᠌ ᠠ ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠡᠴᠡ ᠡᠬᠢᠯᠡᠨ ᠠᠳᠬᠤᠵᠦ᠂ ᠳᠤᠮᠳᠠᠳᠤ ᠰᠤᠷᠭᠠᠭᠤᠯᠢ ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠂ ᠶᠡᠬᠡ ᠰᠤᠷᠭᠠᠭᠤᠯᠢ ᠰᠢᠨ᠎ᠡ ᠰᠤᠷᠦᠬᠴᠢ ᠡᠯᠰᠡᠬᠦ ᠦᠶ᠎ᠡ ᠳᠤ᠂ ᠨᠢᠭᠡᠨ ᠴᠥᠭᠡᠨ ᠲᠣᠭᠠᠲᠤ ᠦᠨᠳᠦᠰᠦᠲᠡᠨ ᠦ ᠰᠤᠷᠤᠭᠴᠢ ᠡᠯᠰᠡᠬᠦ ᠪᠠᠷᠢᠮᠵᠢᠶ᠎ᠠ ᠵᠢ ᠵᠦᠶ ᠵᠣᠬᠢᠰᠲᠠᠶ ᠪᠠᠷ ᠠᠭᠤᠵᠢᠭᠤ ᠲᠠᠯᠪᠢᠵᠤ ᠂ ᠦᠨᠳᠦᠰᠦᠲᠡᠨ ᠦ ᠰᠤᠷᠤᠬᠴᠢ ᠵᠢ ᠨᠡᠩ ᠣᠯᠠᠨ ᠰᠤᠷᠤᠯᠴᠠᠬᠤ ᠪᠠ ᠰᠤᠷᠤᠯᠴᠠᠬᠤ ᠲᠣᠬᠢᠶᠠᠯ ᠣᠯᠭᠣᠵᠤ ᠂ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠬᠥᠮᠦᠨ ᠡᠯᠰᠡᠬᠦ ᠦᠶ᠎ᠡ ᠳᠦ ᠂ ᠴᠥᠭᠡᠨ ᠲᠣᠭᠠᠲᠤ ᠦᠨᠳᠦᠰᠦᠲᠡᠨ ᠦ ᠬᠥᠮᠦᠰ ᠢ ᠡᠯᠰᠡᠬᠦ ᠵᠢ ᠠᠩᠬᠠᠷᠬᠤ ᠬᠡᠷᠡᠭᠲᠡᠶ ᠃ ᠰᠤᠷᠭᠠᠮᠵᠢ ᠭᠡᠪᠡᠯ᠂ ᠵᠠᠷᠢᠮ ᠳᠠᠭᠠᠨ ᠦᠨᠳᠦᠰᠦᠲᠡᠨ ᠦ ᠺᠠᠳ᠋ᠷ ᠳᠤ ᠬᠡᠲᠦᠷᠬᠡᠶ ᠳᠡᠭᠡᠭᠦᠷ ᠱᠠᠭᠠᠷᠳᠠᠬᠤ ᠂ ᠵᠣᠷᠢᠭᠲᠠᠶ ᠪᠠᠷ ᠳᠡᠪᠰᠢᠭᠦᠯᠬᠦ ᠡᠴᠡ ᠠᠶᠤᠳᠠᠭ ᠂ ᠵᠣᠷᠢᠭᠲᠠᠶ ᠬᠡᠷᠡᠭᠯᠡᠬᠦ ᠡᠴᠡ ᠠᠶᠤᠳᠠᠭ ; ᠵᠠᠷᠢᠮ ᠳᠠᠭᠠᠨ ᠳᠡᠪᠰᠢᠭᠦᠯᠬᠦ ᠵᠢ ᠴᠢᠬᠤᠯᠠᠴᠢᠯᠠᠵᠦ ᠂ ᠪᠠᠰᠠ ᠶᠡᠷᠦ ᠢᠢᠨ ᠦᠶ ᠡ ᠶᠢᠨ ᠬᠥᠮᠦᠵᠢᠯᠬᠦᠯᠬᠦ ᠂ ᠰᠤᠷᠭᠠᠨ ᠬᠥᠮᠦᠵᠢᠯ ᠂ ᠴᠢᠩᠭ᠎ᠠ ᠱᠠᠭᠠᠷᠳᠠᠬᠤ ᠵᠢ ᠠᠩᠬᠠᠷᠤᠭᠰᠠᠨ ᠦᠭᠡᠢ ᠃ ᠡᠳᠡᠭᠡᠷ ᠨᠢ ᠴᠥᠭᠡᠨ ᠲᠣᠭᠠᠲᠤ ᠦᠨᠳᠦᠰᠦᠲᠡᠨ ᠦ ᠺᠠᠳ᠋ᠷ ᠤᠨ ᠦᠰᠦᠨ ᠪᠣᠶᠢᠵᠢᠬᠤ ᠳᠤ ᠪᠦᠷ ᠠᠰᠢᠭ ᠦᠭᠡᠢ ᠶᠤᠮ ᠃
ᠳᠥᠷᠪᠡᠳᠦᠭᠡᠷ ᠂ ᠶᠡᠬᠡᠪᠡᠷ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠪᠣᠶᠢᠵᠢᠭᠤᠯᠬᠤ ᠶᠢᠨ ᠬᠠᠮᠲᠤ ᠂ ᠬᠢᠲᠠᠳ ᠦᠨᠳᠦᠰᠦᠲᠡᠨ ᠦ ᠺᠠᠳ᠋ᠷ ᠢ ᠬᠥᠮᠦᠵᠢᠭᠦᠯᠬᠦ ᠪᠠ ᠰᠣᠩᠭᠣᠨ ᠳᠡᠪᠰᠢᠭᠦᠯᠬᠦ ᠵᠢ ᠠᠩᠬᠠᠷᠬᠤ ᠬᠡᠷᠡᠭᠲᠡᠢ᠃ ᠬᠢᠲᠠᠳ ᠦᠨᠳᠦᠰᠦᠲᠡᠨ ᠦ ᠺᠠᠳ᠋ᠷ ᠤᠨ ᠢᠳᠡᠪᠬᠢᠵᠢᠯ ᠢ ᠭᠦᠢᠴᠡᠳ ᠪᠠᠳᠠᠷᠠᠭᠤᠯᠬᠤ ᠬᠡᠷᠡᠭᠲᠡᠢ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠣᠯ ᠮᠣᠩᠭᠣᠯ ᠦᠨᠳᠦᠰᠦᠲᠡᠨ ᠦ ᠣᠷᠣᠨ ᠦ ᠥᠪᠡᠷᠲᠡᠭᠡᠨ ᠵᠠᠰᠠᠬᠤ ᠵᠢ ᠬᠡᠷᠡᠭᠵᠢᠭᠦᠯᠵᠦ ᠪᠠᠶᠢᠭ᠎ᠠ ᠤᠷᠤᠨ ᠂ ᠡᠨᠡ ᠣᠷᠣᠨ ᠳᠤ ᠬᠢᠲᠠᠳ ᠦᠨᠳᠦᠰᠦᠲᠡᠨ ᠨᠢ ᠣᠯᠠᠩᠬᠢ ᠲᠣᠭ᠎ᠠ ᠵᠢ ᠡᠵᠡᠯᠡᠵᠦ ᠪᠠᠶᠢᠨ᠎ᠠ ᠂ ᠪᠠᠰᠠ ᠮᠠᠨᠵᠤ ᠂ ᠬᠤᠲᠤᠩ᠂ ᠳᠠᠭᠤᠷ ᠡᠸᠡᠩᠬᠢ ᠰᠣᠯᠣᠩᠭᠣᠰ ᠣᠷᠴᠣᠨ ᠵᠡᠷᠭᠡ ᠬᠡᠳᠦᠨ ᠠᠷᠪᠠᠨ ᠦᠨᠳᠦᠰᠦᠲᠡᠨ ᠲᠡᠶ ᠂ ᠡᠭᠦᠨ ᠦ ᠳᠣᠲᠣᠷ᠎ᠠ ᠳᠠᠭᠤᠷ ᠂ ᠡᠸᠡᠩᠬᠢ ᠂ ᠣᠷᠴᠣᠨ ᠭᠡᠬᠦ ᠭᠤᠷᠪᠠᠨ ᠦᠨᠳᠦᠰᠦᠲᠡᠨ ᠪᠤᠯ ᠥᠪᠡᠷᠲᠡᠭᠡᠨ ᠵᠠᠰᠠᠬᠤ ᠣᠷᠣᠨ ᠦ ᠳᠣᠲᠣᠷ᠎ᠠ ᠣᠷᠣᠨ ᠦ ᠥᠪᠡᠷᠲᠡᠭᠡᠨ ᠵᠠᠰᠠᠬᠤ ᠵᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠮᠥᠨ ᠃ 1986 ᠣᠨ ᠳᠤ ᠨᠢᠭᠡᠳᠦᠯᠲᠡᠶ ᠪᠦᠷᠢᠳᠭᠡᠯ ᠡᠴᠡ ᠦᠵᠡᠬᠦ ᠳᠤ ᠂ ᠪᠦᠬᠦ ᠣᠷᠣᠨ ᠦ ᠪᠦᠭᠦ ᠬᠥᠮᠦᠨ ᠠᠮᠠ ᠶᠢᠨ ᠲᠣᠭ᠎ᠠ ᠨᠢ2029.38 ᠲᠦᠮᠡᠨ ᠬᠥᠮᠦᠨ ᠠᠮᠠ ᠲᠠᠢ ᠂ ᠡᠭᠦᠨ ᠳᠤ ᠮᠣᠩᠭᠣᠯ ᠦᠨᠳᠦᠰᠦᠲᠡᠨ ᠨᠢ285.45 ᠲᠦᠮᠡᠨ ᠬᠦᠮᠦᠨ ᠠᠮᠠ ᠲᠠᠢ ᠂ ᠪᠥᠬᠥ ᠣᠷᠣᠨ ᠦ ᠶᠡᠷᠦᠩᠬᠡᠶ ᠬᠥᠮᠦᠨ ᠠᠮᠠ ᠶᠢᠨ ᠵᠠᠭᠤᠨ ᠦ ᠠᠷᠪᠠᠨ ᠲᠦᠷᠪᠠ ᠴᠡᠭ ᠳᠤᠯᠤᠭ᠋ ᠠ ᠵᠢ ᠡᠵᠡᠯᠡᠨ᠌ ᠡ ; ᠬᠢᠲᠠᠳ ᠦᠨᠳᠦᠰᠦᠲᠡᠨ ᠨᠢ 1885.35 ᠲᠦᠮᠡᠨ ᠬᠥᠮᠦᠨ ᠠᠮᠠ ᠪᠠᠶᠢᠵᠤ ᠂ ᠪᠥᠬᠥ ᠣᠷᠣᠨ ᠦ ᠶᠡᠷᠦᠩᠬᠡᠶ ᠬᠥᠮᠦᠨ ᠠᠮᠠ ᠶᠢᠨ ᠵᠠᠭᠤᠨ ᠦ ᠨᠠᠶᠠᠨ ᠭᠤᠷᠪᠠ ᠴᠡᠭ ᠲᠠᠪᠦ ᠵᠢ ᠡᠵᠡᠯᠡᠨ᠌ ᠠ ; ᠪᠤᠰᠤᠳ ᠴᠥᠭᠡᠨ ᠲᠣᠭᠠᠲᠤ ᠦᠨᠳᠦᠰᠦᠲᠡᠨ ᠨᠢ 58.48 ᠲᠦᠮᠡᠨ ᠬᠥᠮᠦᠨ ᠠᠮᠠ ᠲᠠᠢ ᠂ ᠪᠦ᠋ᠬᠦ ᠣᠷᠣᠨ ᠦ ᠶᠡᠷᠦᠩᠬᠡᠶ ᠬᠥᠮᠦᠨ ᠠᠮᠠ ᠢᠢᠨ ᠵᠠᠭᠤᠨ ᠦ ᠬᠣᠶᠠᠷ ᠴᠡᠭ ᠨᠠᠢᠮᠠ ᠨᠠᠢᠮᠠ ᠵᠢ ᠡᠵᠡᠯᠡᠨ᠌ ᠡ᠃ ᠥᠪᠥᠷ ᠮᠣᠩᠭᠣᠯ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ ᠬᠥᠮᠦᠵᠢᠭᠦᠯᠦᠨ ᠭᠠᠷᠭᠠᠬᠤ ᠬᠠᠮᠲᠤ ᠬᠢᠲᠠᠳ ᠦᠨᠳᠦᠰᠦᠲᠡᠨ ᠦ ᠺᠠᠳ᠋ᠷ ᠢ ᠰᠢᠯᠢᠨ ᠰᠣᠩᠭᠣᠬᠤ ᠪᠣᠯ ᠰᠢᠯᠢᠳᠡᠭ ᠤᠯᠠᠮᠵᠢᠯᠠᠯ ᠮᠥᠨ ᠃ ᠠᠯᠢ ᠡᠷᠲᠡ ᠴᠢᠯᠥᠭᠡᠯᠡᠬᠦ ᠲᠠᠢᠢᠨ ᠪᠠ ᠤᠯᠤᠰ ᠪᠠᠶᠢᠭᠤᠯᠤᠭᠳᠠᠭᠰᠠᠨ ᠦ ᠡᠬᠢᠨ ᠦ ᠦᠶ᠎ᠡ ᠳᠤ ᠂ ᠨᠠᠮ ᠤᠨ ᠲᠥᠪ ᠬᠣᠷᠢᠶ᠎ᠠ ᠨᠢᠭᠡ ᠪᠦᠯᠦᠭ ᠬᠢᠲᠠᠳ ᠦᠨᠳᠦᠰᠦᠲᠡᠨ ᠦ ᠺᠠᠳ᠋ᠷᠴᠤᠳ ᠪᠣᠯᠤᠨ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠥᠪᠥᠷ ᠮᠣᠩᠭᠣᠯ ᠣᠷᠣᠨ ᠳᠤ ᠲᠤᠮᠢᠯᠠᠨ ᠠᠵᠢᠯᠯᠠᠭᠤᠯᠪᠠ ; ᠥᠪᠥᠷ ᠮᠣᠩᠭᠣᠯ ᠤᠨ ᠨᠠᠮ ᠤᠨ ᠬᠣᠷᠢᠶ᠎ᠠ ᠪᠠ ᠠᠷᠠᠳ ᠤᠨ ᠵᠠᠰᠠᠭ ᠤᠨ ᠣᠷᠳᠣᠨ ᠪᠠᠰᠠ ᠲᠤᠰ ᠭᠠᠵᠠᠷ ᠤᠨ ᠬᠢᠲᠠᠳ ᠦᠨᠳᠦᠰᠦᠲᠡᠨ ᠦ ᠳᠣᠲᠣᠷ᠎ᠠ ᠂ ᠴᠢᠳᠠᠪᠤᠷᠢᠲᠠᠨ ᠢ ᠬᠥᠮᠦᠵᠢᠭᠦᠯᠬᠦ ᠵᠢ ᠠᠩᠬᠠᠷᠪᠠ᠃1986 ᠤᠨ ᠦ ᠡᠴᠦᠰ ᠲᠤ ᠬᠦᠷᠲᠡᠯ᠎ᠡ ᠬᠦᠮᠦᠨ ᠠᠮᠠ ᠶᠢᠨ ᠪᠦᠷᠢᠳᠬᠡᠯ ᠢ ᠦᠨᠳᠦᠰᠦᠯᠡᠪᠡᠯ ᠂ ᠮᠣᠩᠭᠣᠯ ᠦᠨᠳᠦᠰᠦᠲᠡᠨ ᠦ ᠺᠠᠳ᠋ᠷ ᠂ ᠪᠤᠰᠤᠳ ᠴᠥᠭᠡᠨ ᠲᠣᠭᠠᠲᠤ ᠦᠨᠳᠦᠰᠦᠲᠡᠨ ᠦ ᠺᠠᠳ᠋ᠷ ᠂ ᠬᠢᠲᠠᠳ ᠦᠨᠳᠦᠰᠦᠲᠡᠨ ᠦ ᠺᠠᠳ᠋ᠷ ᠲᠣᠰ ᠲᠣᠰ ᠪᠥᠬᠥ ᠤᠷᠤᠨ ᠦ ᠺᠠᠳ᠋ᠷ ᠤᠨ ᠶᠡᠷᠦᠩᠬᠡᠶ ᠲᠣᠭᠠᠨ ᠦ ᠵᠠᠭᠤᠨ ᠦ ᠠᠷᠪᠠᠨ ᠳᠤᠯᠤᠭ᠋ ᠠ ᠴᠡᠭ ᠳᠤᠯᠤᠭ᠋ ᠠ᠂ ᠵᠠᠭᠤᠨ ᠦ ᠳᠦᠷᠪᠡ ᠴᠡᠭ ᠨᠢᠭᠡ ᠂ ᠵᠠᠭᠤᠨ ᠦ ᠳᠠᠯᠠᠨ ᠨᠠᠢᠮᠠ ᠴᠡᠭ ᠬᠤᠶᠠᠷ ᠢ ᠡᠵᠡᠯᠡᠪᠡ ᠃ ᠳᠥᠴᠢᠨ ᠵᠢᠯ ᠤᠨ ᠲᠤᠷᠰᠢ ᠂ ᠬᠢᠲᠠᠳ ᠦᠨᠳᠦᠰᠦᠲᠡᠨ ᠦ ᠺᠠᠳ᠋ᠷᠴᠤᠳ ᠨᠢ ᠲᠤᠬᠠᠶ ᠶᠢᠨ ᠭᠠᠵᠠᠷ ᠤᠨ ᠮᠣᠩᠭᠣᠯ ᠦᠨᠳᠦᠰᠦᠲᠡᠨ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠺᠠᠳ᠋ᠷ ᠲᠠᠢ ᠨᠢᠭᠲᠠ ᠳᠣᠲᠣᠨᠣ ᠬᠠᠷᠢᠯᠴᠠᠭ᠎ᠠ ᠪᠠᠶᠢᠭᠤᠯᠵᠤ ᠂ ᠴᠥᠭᠡᠨ ᠲᠣᠭᠠᠲᠤ ᠦᠨᠳᠦᠰᠦᠲᠡᠨ ᠦ ᠠᠷᠠᠳ ᠲᠦᠮᠡᠨ ᠲᠠᠢ ᠠᠳᠠᠯᠢ ᠪᠡᠷ ᠭᠠᠰᠢᠭᠤᠨ ᠂ ᠬᠤᠪᠢ ᠵᠠᠶᠠᠭ᠎ᠠ ᠪᠠᠨ ᠬᠠᠮᠲᠤᠳᠬᠠᠬᠤ ᠂ ᠲᠠᠢᠢᠨ ᠦ ᠦᠶ᠎ᠡ ᠳᠤ ᠠᠷᠢᠭᠤᠨ ᠴᠢᠰᠤ ᠪᠠᠨ ᠴᠤᠭ ᠤᠷᠤᠰᠬᠠᠭᠰᠠᠨ ᠶᠤᠮ ᠂ ᠪᠦ᠋ᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ ᠂ ᠬᠠᠮᠲᠤ ᠪᠡᠷ ᠬᠥᠯᠥᠰᠥ ᠪᠠᠨ ᠠᠰᠬᠠᠷᠠᠬᠤ ᠂ ᠬᠤᠪᠢᠰᠬᠠᠯ ᠬᠢᠬᠦ ᠡᠰᠡᠭᠦᠯ ᠡ ᠪᠦᠳᠤᠭᠡᠨ ᠪᠠᠶᠢᠭᠤᠯᠤᠯᠲᠠ ᠬᠢᠬᠦ ᠳᠤ ᠠᠯᠢ ᠨᠢ ᠴᠤ ᠭᠡᠰᠡᠨ ᠂ ᠡᠯ᠎ᠡ ᠦᠨᠳᠦᠰᠦᠲᠡᠨ ᠨᠤᠭᠦᠳ ᠪᠦᠷ ᠰᠠᠯᠵᠦ ᠴᠢᠳᠠᠬᠤ ᠦᠭᠡᠢ ᠭᠡᠰᠡᠨ ᠢ ᠲᠠᠨᠢᠵᠦ ᠤᠯᠪᠠ ᠃
ᠲᠠᠪᠤᠳᠤᠭᠠᠷ ᠨᠢ ᠂ ᠂ ᠡᠯ᠎ᠡ ᠦᠨᠳᠦᠰᠦᠲᠡᠨ ᠦ ᠺᠠᠳ᠋ᠷᠴᠤᠳ ᠬᠤᠭᠤᠷᠤᠨᠲᠤ ᠪᠠᠨ ᠪᠦᠯᠬᠦᠮᠳᠡᠯ ᠲᠠᠢ ᠵᠢ ᠴᠢᠩᠭᠠᠳᠬᠠᠵᠤ ᠂ ᠪᠦᠯᠬᠦᠮᠳᠡᠯ ᠲᠡᠶ ᠂ ᠴᠢᠨᠡᠭᠡᠯᠢᠭ ᠂ ᠪᠣᠯᠪᠠᠰᠤᠨ ᠥᠪᠥᠷ ᠮᠣᠩᠭ᠋ᠣᠯ ᠢ ᠪᠦᠲᠦᠭᠡᠨ ᠪᠠᠢᠢᠭᠤᠯᠬᠤ᠃
ᠮᠠᠨ ᠦ ᠣᠷᠣᠨ ᠤ᠋ ᠳᠥᠴᠢᠨ ᠵᠢᠯ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠬᠦᠴᠦᠲᠡᠶ ᠭᠡᠷᠡᠴᠢᠯᠡᠵᠦ ᠪᠠᠶᠢᠭ᠋ ᠠ ᠨᠢ ᠂ ᠦᠨᠳᠦᠰᠦᠲᠡᠨ ᠦ ᠪᠦᠯᠬᠦᠮᠳᠡᠯ ᠂ ᠨᠠᠩ ᠢᠯᠠᠩᠭᠤᠶ᠎ᠠ ᠡᠯ᠎ᠡ ᠦᠨᠳᠦᠰᠦᠲᠡᠨ ᠦ ᠺᠠᠳ᠋ᠷᠴᠤᠳ ᠤᠨ ᠪᠦᠯᠭᠦᠮᠳᠠᠯ ᠪᠣᠯ ᠡᠯ᠎ᠡ ᠵᠦᠢᠯ ᠤᠨ ᠦᠢᠯᠡᠰ ᠤᠨ ᠢᠯᠠᠯᠲᠠ ᠤᠯᠬᠤ ᠶᠢᠨ ᠰᠠᠭᠤᠷᠢ ᠪᠠ ᠪᠠᠲᠤᠯᠠᠭ᠎ᠠ ᠮᠥᠨ ᠃ ᠮᠠᠨ ᠦ ᠨᠠᠮ ᠠᠬᠢᠨ ᠲᠠᠬᠢᠨ ᠵᠢᠭᠠᠵᠤ ᠭᠠᠷᠭᠠᠭᠰᠠᠨ ᠨᠢ ᠂ ᠡᠬᠡ ᠣᠷᠣᠨ ᠦ ᠨᠢᠭᠡᠳᠦᠯᠪᠠ ᠦᠨᠳᠦᠰᠦᠲᠡᠨ ᠦ ᠪᠦᠯᠬᠦᠮᠳᠡᠯ ᠢ ᠬᠠᠮᠠᠭᠠᠯᠠᠬᠤ ᠪᠤᠯ ᠂ ᠡᠪ ᠬᠠᠮᠲᠤ ᠨᠠᠮ ᠤᠨ ᠭᠡᠰᠢᠭᠦᠳ ᠤᠨ ᠨᠠᠮᠴᠢ ᠴᠢᠨᠠᠷ ᠨᠢᠭᠡᠨ ᠴᠢᠬᠤᠯᠠ ᠢᠯᠡᠷᠡᠯ ᠪᠣᠯᠤᠨ᠎ᠠ ; ᠨᠢᠭᠡᠨ ᠺᠠᠳ᠋ᠷ ᠲᠤ ᠠᠪᠴᠤ ᠬᠡᠯᠡᠪᠡᠯ ᠂ ᠦᠵᠡᠯ ᠰᠠᠨᠠᠭ᠎ᠠ ᠡᠷᠳᠡᠮ ᠴᠢᠳᠠᠯ ᠬᠣᠣᠰᠯᠠᠭᠰᠠᠨ ᠦ ᠨᠢᠭᠡᠨ ᠴᠢᠬᠤᠯᠠ ᠪᠡᠯᠭᠡ ᠲᠡᠮᠳᠡᠭ ᠮᠥᠨ ᠃ ᠡᠶᠢᠮᠦ ᠡᠴᠡ ᠂ ᠬᠢᠲᠠᠳ ᠦᠨᠳᠦᠰᠦᠲᠡᠨ ᠦ ᠺᠠᠳ᠋ᠷ ᠴᠤ ᠲᠡᠷᠡ ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠴᠦ ᠴᠥᠮ ᠮᠠᠷᠺᠸᠰ ᠯᠸᠨᠢᠩ ᠤᠨ ᠦᠵᠡᠯ ᠢᠶᠡᠷ ᠵᠢᠯᠤᠭᠤᠳᠤᠯᠭ᠎ᠠ ᠪᠣᠯᠭᠠᠵᠤ ᠂ ᠲᠦᠷᠪᠡᠨ ᠦᠨᠳᠦᠰᠦᠨ ᠵᠠᠷᠴᠢᠮ ᠢᠶᠡᠷ ᠰᠠᠭᠤᠷᠢ ᠪᠣᠯᠭᠠᠵᠤ ᠂ ᠲᠦᠪᠰᠢᠷᠡᠯ ᠪᠦᠯᠬᠦᠮᠳᠡᠯ ᠲᠡᠶ ᠪᠠᠶᠢᠬᠤ ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠢ ᠂ ᠶᠠᠮᠠᠷᠪᠠ ᠦᠶ᠎ᠡ ᠳᠦ ᠂ ᠡᠰᠡᠭᠦᠯ ᠡ ᠶᠠᠮᠠᠷ ᠪᠠᠶᠢᠳᠠᠯ ᠳᠣᠣᠷ᠎ᠠ ᠴᠥᠮ ᠪᠦᠯᠬᠦᠮᠳᠡᠯ ᠢ ᠨᠢᠳᠦ ᠪᠡᠨ ᠰᠢᠭ ᠬᠠᠶᠢᠷᠠᠯᠠᠵᠤ ᠬᠠᠮᠠᠭᠠᠯᠠᠬᠤ ᠂ ᠠᠮᠢ ᠨᠠᠰᠤ ᠪᠠᠨ ᠰᠢᠭ᠋ ᠡᠷᠬᠢᠮᠯᠡᠬᠦ ᠪᠦᠯᠬᠦᠮᠳᠡᠵᠦ ᠂ ᠪᠦᠯᠬᠦᠮᠳᠡᠯ ᠤᠨ ᠵᠢᠱᠢᠶᠡᠴᠢ ᠪᠠ ᠠᠬᠢᠭᠤᠯᠦᠬᠴᠢ ᠪᠣᠯᠬᠤ ᠬᠡᠷᠡᠭᠲᠡᠶ ᠃
ᠡᠯ᠎ᠡ ᠦᠨᠳᠦᠰᠦᠲᠡᠨ ᠦ ᠺᠠᠳ᠋ᠷᠴᠤᠳ ᠤᠨ ᠪᠦᠯᠬᠦᠮᠳᠡᠯ ᠢ ᠴᠢᠩᠭᠠᠳᠬᠠᠬᠤ ᠂ ᠴᠥᠬᠥᠷᠡᠰᠢ ᠦᠭᠡᠢ ᠪᠡᠷ ᠬᠢᠵᠦ ᠂ ᠡᠭᠡ ᠣᠷᠣᠨᠴᠢ ᠦᠵᠡᠯ ᠂ ᠨᠡᠶᠢᠭᠡᠮ ᠵᠢᠷᠤᠮ ᠤᠨ ᠰᠤᠷᠭᠠᠨ ᠬᠥᠮᠦᠵᠢᠯ ᠢ ᠪᠣᠶᠢᠵᠢᠭᠤᠯᠬᠤ ᠂ ᠨᠡᠶᠢᠭᠡᠮ ᠵᠢᠷᠤᠮ ᠤᠨ ᠶᠣᠰᠣ ᠰᠤᠷᠲᠠᠬᠤᠨ ᠦ ᠣᠶᠢᠯᠠᠭᠠᠭᠳᠠᠬᠤᠨ ᠪᠠ ᠮᠠᠷᠺᠰ ᠤᠨ ᠦᠵᠡᠯ ᠤᠨ ᠦᠨᠳᠦᠰᠦᠲᠡᠨ ᠦ ᠦᠵᠡᠯᠲᠡ ᠢᠢᠨ ᠬᠥᠮᠦᠵᠢᠯ ᠬᠢᠵᠦ ᠂ ᠨᠡᠶᠢᠭᠡᠮ ᠵᠢᠷᠤᠮ ᠤᠨ ᠴᠠᠭ ᠦᠶ᠎ᠡ ᠶᠢᠨ ᠦᠨᠳᠦᠰᠦᠲᠡᠨ ᠦ ᠠᠰᠠᠭᠤᠳᠠᠯ ᠤᠨ ᠤᠷᠳᠤ ᠬᠤᠭᠤᠴᠠᠭᠠᠲᠤ ᠴᠢᠨᠠᠷ ᠢ ᠬᠦᠢᠢᠴᠡᠳ ᠲᠠᠨᠢᠵᠦ ᠂ ᠦᠨᠳᠦᠰᠦᠲᠡᠨ ᠦ ᠭᠠᠵᠠᠷ ᠣᠷᠣᠨ ᠳᠤ ᠬᠢᠲᠠᠳ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠦ ᠺᠠᠳ᠋ᠷ ᠢ《 ᠬᠡᠨ ᠴᠦ ᠬᠡᠨ ᠡᠴᠡ ᠰᠠᠯᠵᠤ ᠴᠢᠳᠠᠬᠤ ᠦᠭᠡᠢ》 ᠭᠡᠬᠦ ᠤᠬᠠᠮᠰᠠᠷ ᠢ ᠲᠤᠳᠤᠷᠬᠠᠢᠢᠯᠠᠬᠤ ᠬᠡᠷᠡᠭᠲᠡᠢ᠃
ᠡᠯ᠎ᠡ ᠦᠨᠳᠦᠰᠦᠲᠡᠨ ᠦ ᠺᠠᠳ᠋ᠷᠴᠤᠳ ᠤᠨ ᠪᠦᠯᠬᠦᠮᠳᠡᠯ ᠢ ᠴᠢᠩᠭᠠᠳᠬᠠᠬᠤ ᠶᠢᠨ ᠰᠠᠭᠤᠷᠢ ᠨᠢ ᠬᠠᠷᠢᠯᠴᠠᠨ ᠢᠲᠡᠭᠡᠬᠦ᠂ ᠬᠠᠷᠢᠯᠴᠠᠨ ᠬᠦᠨᠳᠦᠳᠬᠡᠬᠦ ᠂ ᠬᠠᠷᠢᠯᠴᠠᠨ ᠬᠠᠶᠢᠷᠠᠯᠠᠬᠤ ᠂ ᠬᠠᠷᠢᠯᠴᠠᠨ ᠲᠦᠰᠢᠯᠴᠡᠵᠦ ᠂ ᠬᠠᠷᠢᠯᠴᠠᠨ ᠬᠠᠪᠰᠤᠷᠤᠯᠴᠠᠬᠤ ᠂ ᠬᠠᠷᠢᠯᠴᠠᠨ ᠠᠭᠤᠴᠢᠯᠠᠯᠴᠠᠬᠤ ᠂ ᠬᠠᠷᠢᠯᠴᠠᠨ ᠰᠤᠷᠤᠯᠴᠠᠬᠤ᠃ ᠣᠨᠴᠠᠭᠠᠶᠢᠯᠠᠨ ᠠᠩᠬᠠᠷᠤᠭᠤᠰᠢᠲᠠᠶ ᠨᠢ ᠂ ᠪᠣᠳᠠᠲᠤ ᠠᠮᠢᠳᠤᠷᠠᠯ ᠤᠨ ᠳᠤᠮᠳᠠ ᠵᠥᠷᠢᠴᠡᠯ ᠠᠰᠠᠭᠤᠳᠠᠯ ᠡᠬᠦᠰᠪᠠᠯ᠂ ᠨᠠᠮ ᠤᠨ ᠦᠨᠡᠨ ᠡᠴᠡ ᠵᠥᠪ ᠢ ᠡᠷᠢᠬᠦ ᠦᠵᠡᠯ ᠰᠠᠨᠠᠭᠠᠨ ᠦ ᠱᠤᠭᠤᠮ ᠢ ᠡᠷᠬᠡᠪᠰᠢ ᠪᠠᠷᠢᠮᠲᠠᠯᠠᠬᠤ ᠬᠡᠷᠡᠭᠲᠡᠶ ᠂ ᠡᠨᠡ ᠨᠢ ᠶᠠᠮᠠᠷ ᠴᠤ ᠠᠰᠠᠭᠤᠳᠠᠯ ᠬᠡᠪᠡᠯ᠂ ᠳᠠᠷᠤᠶ ᠶᠠᠮᠠᠷ ᠠᠰᠠᠭᠤᠳᠠᠯ ᠬᠡᠵᠦ ᠲᠤᠭᠲᠠᠭᠠᠨ᠌ ᠠ ᠃ ᠶᠡᠷᠦᠩᠬᠡᠶ ᠳᠤᠨᠢ ᠠᠪᠴᠤ ᠬᠡᠯᠡᠪᠡᠯ ᠂ ᠬᠣᠶᠠᠷ ᠲᠠᠯ᠎ᠠ ᠪᠠᠷ ᠢᠢᠠᠨ ᠪᠦᠷ ︽ᠪᠡᠶ ᠡ ᠪᠠᠨ ᠴᠢᠩᠭ᠋ ᠠ ᠱᠠᠭᠠᠷᠳᠠᠵᠦ᠂ ᠪᠤᠰᠤᠳ ᠢ ᠠᠭᠤᠴᠢᠯᠠᠬᠤ》ᠣᠪᠣᠷ ᠢᠶᠡᠷ ᠬᠠᠨᠳᠤᠬᠤ ᠬᠡᠷᠡᠭᠲᠡᠶ ᠂ ᠥᠪᠡᠷ ᠤᠨ ᠪᠡᠶ ᠡ ᠢᠢᠨ ᠰᠢᠭᠦᠮᠵᠢᠯᠡᠯ ᠢ ᠢᠯᠡᠭᠦᠬᠡᠨ ᠬᠢᠵᠦ ᠂ ᠡᠷᠦᠶ ᠬᠤᠷᠤᠶ ᠦᠭᠡᠢ ᠡᠴᠡ ᠴᠢᠩᠭ᠎ᠠ ᠴᠡᠭᠡᠷᠯᠡᠬᠦ ᠂《 ᠣᠷᠣᠨ ᠨᠤᠲᠤᠭ ᠤᠨ ᠦᠨᠳᠦᠰᠦᠲᠡᠨ ᠦ ᠦᠵᠡᠯ 》 ᠪᠤᠶᠤ 《 ᠬᠢᠲᠠᠳ ᠤᠨ ᠳᠡᠭᠡᠷᠡᠩᠭᠦᠶ ᠦᠵᠡᠯ 》 ᠭᠡᠬᠦ ᠮᠠᠯᠠᠭᠠᠶ ᠵᠡᠭᠦᠯᠭᠡᠵᠦ ᠪᠤᠯᠬᠤ ᠦᠭᠡᠢ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠥᠴᠢᠨ ᠵᠢᠯ ᠤᠨ ᠲᠤᠷᠰᠢ ᠣᠯᠤᠭᠰᠠᠨ ᠠᠮᠵᠢᠯᠲᠠ ᠪᠦᠲᠦᠮᠵᠢ ᠪᠣᠯ ᠠᠭᠤᠤ ᠶᠡᠬᠡ ᠂ ᠲᠤᠷᠰᠢᠯᠭ᠎ᠠ ᠪᠣᠯ ᠡᠷᠬᠢᠮ ᠨᠠᠨᠳᠢᠨ ᠶᠤᠮ ᠃ ᠪᠢᠳᠠᠨ ᠦ ᠡᠮᠦᠨ᠎ᠡ ᠲᠠᠯᠪᠢᠭᠳᠠᠵᠤ ᠪᠠᠶᠢᠭ᠎ᠠ ᠡᠭᠦᠷᠭᠡ ᠪᠣᠯ ᠄ ᠪᠦᠯᠬᠦᠮᠳᠡᠯ ᠂ ᠪᠦᠲᠦᠭᠡᠨ ᠪᠠᠶᠢᠭᠤᠯᠤᠯᠲᠠ ᠢᠢᠨ ᠲᠤᠭ ᠢ ᠥᠨᠳᠥᠷ ᠮᠠᠨᠳᠤᠭᠤᠯᠵᠤ ᠂ ᠨᠠᠮ ᠤᠨ ᠳᠥᠷᠪᠡᠨ ᠵᠦᠢᠯ ᠰᠠᠭᠤᠷᠢ ᠵᠠᠷᠴᠢᠮ ᠢ ᠪᠠᠷᠢᠮᠲᠠᠯᠠᠬᠤ ᠂ ᠥᠭᠡᠷᠡᠴᠢᠯᠡᠯᠲᠠ ᠂ ᠨᠡᠭᠡᠭᠡᠬᠦ ᠂ ᠬᠥᠭᠵᠢᠶᠡᠨᠲᠡᠶ ᠪᠣᠯᠭᠠᠬᠤ ᠂ ᠰᠢᠷᠭᠠᠭᠤ ᠲᠡᠮᠡᠴᠡᠬᠦ ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠂ ᠥᠪᠡᠷᠲᠡᠭᠡᠨ ᠵᠠᠰᠠᠬᠤ ᠣᠷᠣᠨ ᠦ ︽ ᠳᠣᠯᠣᠳᠤᠭᠠᠷ ᠲᠠᠪᠤᠨ ᠵᠢᠯ ᠤᠨ ᠲᠥᠯᠥᠪᠯᠡᠭᠡ ᠵᠢ ᠪᠡᠶᠡᠯᠡᠭᠦᠯᠵᠦ ᠂ ᠪᠦᠳᠦᠭᠡᠨ ᠪᠠᠶᠢᠭᠤᠯᠬᠤ ᠶᠢᠨ ᠲᠥᠯᠥᠭᠡ ᠂ ᠨᠢᠭᠡᠨ ᠪᠦᠯᠬᠦᠮᠳᠡᠨ ᠂ ᠴᠢᠨᠡᠭᠡᠯᠢᠭᠵᠢᠬᠦ ᠂ ᠪᠣᠯᠪᠠᠰᠤᠨ ᠥᠪᠥᠷ ᠮᠣᠩᠭ᠋ᠣᠯ ᠪᠣᠯᠭᠠᠬᠤ ᠳᠤ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠃