ᠳᠤᠮᠳᠠᠳᠤ ᠤᠯᠤᠰ  ᠤᠨ ᠡᠪ ᠬᠠᠮᠲᠤ ᠨᠠᠮ  ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠦ ᠬᠣᠷᠢᠶᠠᠨ  ᠦ ᠠᠯᠪᠠᠨ ᠲᠢᠩᠬᠢᠮ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ᠋  ᠠᠷᠠᠳ ᠤᠨ ᠵᠠᠰᠠᠭ ᠤᠨ ᠣᠷᠳᠤᠨ ᠤ᠋ ᠠᠯᠪᠠᠨ ᠲᠠᠩᠬᠢᠮ ᠡᠴᠡ ᠮᠠᠯᠵᠢᠬᠤ ᠲᠠᠷᠢᠶᠠᠯᠠᠬᠤ ᠣᠷᠣᠨ  ᠦ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠠᠷ ᠬᠠᠮᠢᠶᠠᠷᠤᠯᠲᠠ ᠶᠠᠪᠤᠭᠤᠯᠬᠤ ᠶ᠋ᠢ ᠲᠦᠭᠡᠮᠡᠯ ᠬᠡᠷᠡᠭᠵᠢᠭᠦᠯᠬᠦ ᠳᠦᠷᠢᠮ ᠤᠨ ᠰᠠᠨᠠᠯ

  2019-09-17

ᠡᠯ᠎ᠡ ᠠᠶᠢᠮᠠᠭ ᠬᠣᠲᠠ ᠂ ᠬᠣᠰᠢᠭᠤ ᠰᠢᠶᠠᠨ  ᠦ ᠨᠠᠮ  ᠤᠨ ᠬᠣᠷᠢᠶ᠎ᠠ ᠂ ᠠᠶᠢᠮᠠᠭ  ᠤᠨ ᠵᠠᠬᠢᠷᠭ᠎ᠠ ᠂ ᠬᠣᠲᠠ ᠂ ᠬᠣᠰᠢᠭᠤ ᠰᠢᠶᠠᠨ  ᠦ ᠠᠷᠠᠳ  ᠤᠨ ᠵᠠᠰᠠᠭ  ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠦ ᠡᠯ᠎ᠡ ᠶᠠᠮᠤᠨ ᠂ ᠬᠣᠷᠢᠶ᠎ᠠ ᠂ ᠠᠯᠪᠠᠨ ᠭᠡᠷ ᠂ ᠲᠢᠩᠬᠢᠮ ᠂ ᠲᠣᠪᠴᠢᠶ᠎ᠠ ᠪᠣᠯᠤᠨ ᠡᠯ᠎ᠡ ᠠᠷᠠᠳ ᠤᠨ ᠪᠦᠯᠬᠦᠮ ᠨᠠᠮ  ᠤᠨ ᠲᠥᠪ ᠬᠣᠷᠢᠶᠠᠨ  ᠦ ᠠᠯᠪᠠᠨ ᠲᠢᠩᠬᠢᠮ ᠂ ᠲᠥᠷᠥ   ᠶᠢᠨ ᠶᠠᠪᠤᠳᠠᠯ    ᠤᠨ ᠬᠣᠷᠢᠶᠠᠨ  ᠦ ᠠᠯᠪᠠᠨ ᠲᠢᠩᠬᠢᠮ ᠤᠨ 《 ᠬᠥᠳᠡᠭᠡ ᠲᠣᠰᠬᠣᠨ  ᠳᠤ ᠨᠡᠶᠢᠳᠡᠮ ᠬᠡᠷᠡᠭᠵᠢᠭᠦᠯᠵᠦ ᠂ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠠᠷ ᠬᠠᠮᠢᠶᠠᠷᠤᠯᠲᠠ ᠶᠠᠪᠤᠭᠤᠯᠬᠤ ᠳᠦᠷᠢᠮ   ᠶᠢᠨ ᠮᠡᠳᠡᠭᠳᠡᠯ 》 ( ᠲᠥᠪ ᠠᠯᠪᠠᠨ ᠲᠠᠷᠬᠠᠭᠠᠬᠤ [ 1998 ] 9 ᠳ᠋ᠦ᠋ᠭᠡᠷ ᠲᠣᠭᠠᠲᠤ ᠂ ᠳᠣᠷᠣᠭᠰᠢ 《 ᠮᠡᠳᠡᠭᠳᠡᠯ 》 ᠭᠡᠵᠦ ᠲᠣᠪᠴᠢᠯᠠᠨ᠎ᠠ ) ᠵᠣᠷᠢᠭ ᠰᠠᠨᠠᠭ᠎ᠠ ᠨᠢ ᠮᠠᠨ  ᠦ ᠣᠷᠣᠨ  ᠦ ᠲᠠᠷᠢᠶᠠᠯᠠᠬᠤ ᠲᠣᠰᠬᠣᠨ ᠮᠠᠯᠵᠢᠬᠤ ᠣᠷᠣᠨ  ᠦ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠦ ᠨᠠᠮ ᠤᠨ ᠬᠣᠷᠢᠢ᠎ᠠ ᠂ ᠵᠠᠰᠠᠭ  ᠤᠨ ᠣᠷᠳᠣᠨ ᠦ ᠵᠥᠪᠰᠢᠶᠡᠷᠡᠯ  ᠢᠢᠠᠷ ᠂ ᠳᠣᠣᠷᠠᠬᠢ ᠮᠡᠲᠦ ᠰᠠᠨᠠᠯ ᠢ ᠳᠤᠷᠠᠳᠪᠠ ᠃
    ᠨᠢᠭᠡ ᠂ 《 ᠮᠡᠳᠡᠭᠳᠡᠯ 》 ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠂ ᠠᠵᠢᠯ ᠤᠨ ᠬᠠᠷᠢᠭᠤᠴᠠᠯᠭ᠎ᠠ ᠵᠢ ᠲᠣᠳᠣᠷᠬᠠᠶᠢᠯᠠᠬᠤ
    (1) ᠲᠥᠪ ᠬᠣᠷᠢᠶᠠᠨ  ᠦ ᠠᠯᠪᠠᠨ ᠲᠢᠩᠬᠢᠮ ᠂ ᠲᠦᠷᠦ   ᠶᠢᠨ ᠶᠠᠪᠤᠳᠠᠯ  ᠤᠨ ᠬᠣᠷᠢᠶᠠᠨ  ᠦ ᠠᠯᠪᠠᠨ ᠲᠢᠩᠬᠢᠮ ᠤᠨ《 ᠮᠡᠳᠡᠭᠳᠡᠯ 》 ᠳᠤ ᠂ ᠨᠠᠮ  ᠤᠨ ᠠᠷᠪᠠᠨ ᠲᠠᠪᠤᠳᠤᠭᠠᠷ ᠶᠠᠬᠡ ᠬᠤᠷᠠᠯ ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠠᠯᠵᠢᠬᠤ ᠲᠠᠷᠢᠶᠠᠯᠠᠬᠤ ᠣᠷᠣᠨ  ᠳᠤ ᠦᠨᠳᠦᠰᠦᠨ ᠱᠠᠲᠤᠨ  ᠦ ᠠᠷᠠᠳᠴᠢᠯᠠᠯ  ᠤᠨ ᠪᠠᠶᠢᠭᠤᠯᠤᠯᠲᠠ ᠵᠢ ᠣᠷᠣᠭᠤᠯᠬᠤ ᠂ ᠠᠷᠠᠳ ᠤᠯᠠᠨ  ᠦ ᠠᠷᠠᠳᠴᠢᠯᠠᠯ  ᠤᠨ ᠡᠷᠬᠡ ᠪᠡᠨ ᠰᠢᠭᠤᠳ ᠬᠡᠷᠡᠭᠵᠢᠭᠦᠯᠬᠦ ᠵᠢ ᠪᠠᠲᠤᠯᠠᠬᠤ ᠂ ᠮᠠᠯᠵᠢᠬᠤ ᠲᠠᠷᠢᠶᠠᠯᠠᠬᠤ ᠣᠷᠣᠨ  ᠦ ᠥᠭᠡᠷᠡᠴᠢᠯᠡᠯᠲᠡ ᠵᠢ ᠬᠥᠭᠵᠢᠬᠦᠯᠬᠦ ᠂ ᠲᠣᠭᠲᠠᠭᠤᠨ ᠢ ᠠᠬᠢᠭᠤᠯᠬᠤ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠮᠥᠨ ᠃ ᠡᠯ᠎ᠡ ᠱᠠᠲᠤᠨ  ᠦ ᠨᠠᠮ  ᠤᠨ ᠬᠣᠷᠢᠶ᠎ᠠ ᠂ ᠵᠠᠰᠠᠭ ᠤᠨ ᠣᠷᠳᠣᠨ ᠪᠣᠯᠤᠨ ᠬᠣᠯᠪᠣᠭᠳᠠᠯ ᠪᠦᠬᠦᠢ ᠶᠠᠮᠤᠨ ᠂ ᠪᠢᠴᠢᠭ ᠮᠠᠲ᠋ᠧᠷᠢᠶᠠᠯ  ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠪᠠᠷ ᠭᠠᠴᠠᠭᠠᠨ  ᠦ ᠶᠠᠪᠤᠳᠠᠯ ᠢ ᠢᠯᠡ ᠪᠣᠯᠭᠠᠬᠤ ᠂ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ  ᠶᠢᠨ ᠵᠢᠯᠣᠭᠣᠳᠬᠤ ᠦᠵᠡᠯ ᠰᠠᠨᠠᠭ᠎ᠠ ᠵᠢ ᠰᠤᠷᠤᠯᠴᠠᠨ᠌ ᠠ᠃ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ  ᠶᠢᠨ ᠴᠢᠬᠤᠯᠠ ᠶᠡᠬᠡ ᠠᠴᠢ ᠬᠣᠯᠪᠣᠭᠳᠠᠯ  ᠢ ᠭᠦᠢᠴᠡᠳ ᠲᠠᠨᠢᠵᠤ ᠂ ᠡᠨᠡ ᠨᠢᠭᠡᠨ ᠲᠦᠷᠢᠮ ᠢ ᠬᠡᠷᠡᠭᠵᠢᠬᠦᠯᠬᠦ ᠤᠬᠠᠮᠰᠠᠷᠲᠤ ᠴᠢᠨᠠᠷ ᠪᠣᠯᠤᠨ ᠬᠠᠷᠢᠭᠤᠴᠠᠯᠭᠠᠲᠤ ᠰᠡᠳᠬᠢᠯᠭᠡ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠡᠨᠡ ᠬᠦ ᠠᠵᠢᠯ ᠢ ᠨᠠᠶᠢᠳᠠᠪᠤᠷᠢᠵᠢᠭᠤᠯᠬᠤ ᠳᠤ ᠂ ᠭᠣᠣᠯ ᠬᠠᠷᠢᠭᠤᠴᠠᠯᠭ᠎ᠠ ᠨᠢ ᠬᠣᠰᠢᠭᠤ ᠰᠢᠶᠠᠨ(ᠬᠤᠳᠠ ᠂ ᠲᠣᠭᠣᠷᠢᠭ )᠂ ᠵᠠᠩᠭᠢᠯᠠᠭ᠎ᠠ ᠨᠢ ᠰᠤᠮᠤ ᠪᠠᠯᠭᠠᠰᠤ ᠮᠦᠨ᠃
    (2) ᠥᠷᠭᠡᠨ  ᠢᠶᠡᠷ《 ᠮᠡᠳᠡᠭᠳᠡᠯ 》 ᠤᠨ ᠵᠣᠷᠢᠭ ᠰᠠᠨᠠᠭ᠋ ᠠ ᠵᠢ ᠤᠬᠠᠭᠤᠯᠬᠤ ᠃ ᠡᠯ᠎ᠡ ᠬᠣᠰᠢᠭᠤ ᠰᠢᠶᠠᠨ ᠨᠢ ᠰᠤᠮᠤ ᠪᠠᠯᠭᠠᠰᠤ ᠪᠠᠨ ᠰᠠᠶᠢᠲᠤᠷ ᠵᠣᠬᠢᠶᠠᠨ ᠪᠠᠶᠢᠭᠤᠯᠵᠤ ᠂ ᠭᠠᠴᠠᠭ᠎ᠠ ᠲᠤᠰᠬᠤᠨ ᠳᠤ ᠭᠦᠨᠵᠡᠭᠡᠶᠢᠷᠡᠵᠦ᠂ ᠤᠯᠠᠨ ᠵᠦᠢᠯ  ᠤᠨ ᠠᠮᠵᠢᠯᠲᠠ ᠲᠠᠶ ᠠᠷᠭ᠋ ᠠ ᠬᠡᠯᠪᠡᠷᠢ ᠠᠪᠴᠤ ᠂ ᠤᠬᠠᠭᠤᠯᠭ᠎ᠠ ᠲᠠᠶᠢᠯᠪᠤᠷᠢᠯᠠᠬᠤ ᠠᠵᠢᠯ  ᠢᠶᠡᠨ ᠰᠠᠶᠢᠲᠤᠷ ᠬᠢᠵᠦ ᠂ 《 ᠮᠡᠳᠡᠭᠳᠡᠯ 》 ᠤᠨ ᠵᠣᠷᠢᠭ ᠰᠠᠨᠠᠭ᠎ᠠ ᠪᠣᠯᠤᠨ ᠦᠨᠳᠦᠰᠦᠨ ᠠᠭᠤᠯᠭ᠎ᠠ ᠵᠢ ᠡᠷᠦᠬᠡ ᠪᠦᠬᠦᠨ ᠳᠤ ᠮᠠᠳᠠᠭᠦᠯᠦᠨ᠌ ᠠ ᠃ ᠤᠷᠤᠭᠰᠢᠲᠠᠶ ᠬᠡᠷᠡᠭᠵᠢᠭᠦᠯᠬᠦ  ᠶᠢᠨ ᠲᠦᠯᠦᠬᠡ ᠂ ᠭᠠᠴᠠᠭᠠᠨ ᠦ ᠶᠠᠪᠤᠳᠠᠯ ᠢ ᠢᠯᠡ ᠪᠣᠯᠭᠠᠬᠤ ᠪᠠ ᠠᠷᠠᠳᠴᠢᠯᠠᠯ    ᠢᠶᠡᠷ ᠬᠠᠮᠢᠶᠠᠷᠬᠤ ᠲᠠᠯ᠎ᠠ ᠪᠠᠷ ᠭᠦᠨᠵᠡᠭᠡᠶ ᠨᠠᠷᠢᠯᠢᠭ ᠦᠵᠡᠯ ᠰᠠᠨᠠᠭ᠎ᠠ ᠤᠯᠤᠰ ᠲᠦᠷᠦ  ᠶᠢᠨ ᠠᠵᠢᠯ ᠢ ᠰᠠᠶᠢᠲᠤᠷ ᠬᠢᠬᠦ ᠪᠠ ᠥᠷᠭᠡᠨ ᠳᠡᠯᠭᠡᠷ ᠶᠠᠷᠢᠶ᠎ᠠ ᠬᠡᠯᠡᠯᠴᠡᠭᠡ ᠰᠤᠷᠲᠠᠯ ᠤᠬᠠᠭᠤᠯᠭ᠎ᠠ   ᠶᠢᠨ ᠠᠵᠢᠯ ᠢ ᠰᠠᠢᠢᠲᠤᠷ ᠬᠢᠬᠦ᠃
    ᠬᠣᠶᠠᠷ ᠂ ᠡᠯ᠎ᠡ ᠤᠷᠤᠨ ᠦ ᠪᠣᠳᠠᠲᠤ ᠪᠠᠶᠢᠳᠠᠯ ᠢ ᠦᠨᠳᠦᠰᠦᠯᠡᠨ ᠂ ᠭᠠᠴᠠᠭᠠᠨ ᠦ ᠶᠠᠪᠤᠳᠠᠯ  ᠢ ᠢᠯᠡ ᠪᠣᠯᠭᠠᠬᠤ ᠠᠭᠤᠯᠭ᠎ᠠ ᠪᠠ ᠠᠷᠭ᠋ ᠠ ᠬᠡᠯᠪᠡᠷᠢ ᠵᠢ ᠲᠤᠭᠲᠠᠭᠠᠪᠠ ᠃
    ( 3 ) ᠮᠠᠯᠴᠢᠨ ᠲᠠᠷᠢᠶᠠᠴᠢᠨ ᠣᠯᠠᠨ ᠲᠦᠮᠡᠨ ᠦ ᠨᠡᠶᠢᠳᠡᠮ ᠰᠡᠳᠬᠢᠯ ᠲᠠᠯᠪᠢᠵᠤ ᠪᠠᠶᠢᠭ᠎ᠠ ᠪᠥᠭᠡᠳ ᠤᠯᠠᠨ ᠲᠦᠮᠡᠨ ᠦ ᠠᠮᠢ ᠪᠡᠶ᠎ᠡ   ᠶᠢᠨ ᠠᠰᠢᠭ ᠲᠤᠰᠠ ᠳᠤ ᠬᠣᠯᠪᠣᠭᠳᠠᠭᠰᠠᠨ ᠵᠠᠰᠠᠭ  ᠤᠨ ᠶᠠᠪᠤᠳᠠᠯ  ᠤᠨ ᠵᠦᠢᠯᠡᠰ ᠂ ᠣᠨᠴᠠᠭᠠᠶᠢᠯᠠᠨ ᠭᠠᠴᠠᠭ᠎ᠠ ᠲᠣᠰᠬᠣᠨ ᠦ ᠬᠠᠯᠠᠮᠰᠢᠯ ᠠᠰᠠᠭᠤᠳᠠᠯ ᠂ ᠵᠢᠱᠢᠶᠡᠯᠡᠪᠡᠯ ᠵᠢᠯ ᠪᠦᠷᠢ ᠶᠢᠨ ᠬᠤᠳᠠᠯᠳᠤᠨ ᠠᠪᠬᠤ ᠡᠭᠦᠷᠭᠡ ᠂ ᠲᠠᠷᠢᠶᠠᠯᠠᠩ ᠮᠠᠯ ᠠᠵᠤ ᠠᠬᠤᠶ   ᠶᠢᠨ ᠡᠯ᠎ᠡ ᠵᠦᠢᠯ  ᠤᠨ ᠭᠠᠶᠢᠯᠢ  ᠶᠢᠨ ᠲᠣᠭ᠎ᠠ᠂ 《 ᠭᠤᠷᠪᠠ ᠵᠢ ᠳᠡᠭᠡᠭᠰᠢᠯᠡᠬᠦ ᠲᠠᠪᠤ ᠶᠢ ᠨᠢᠭᠡᠳᠦᠭᠦᠯᠬᠦ 》 ᠲᠣᠭ᠎ᠠ ᠬᠡᠮᠵᠢᠶ᠎ᠡ ᠂ ᠲᠥᠯᠥᠪᠯᠡᠭᠡ ᠲᠡᠶ ᠪᠡᠷ ᠬᠡᠦᠬᠡᠳ ᠠᠪᠬᠤ ᠲᠣᠭ᠎ᠠ ᠂ ᠭᠠᠵᠠᠷ ᠰᠢᠷᠣᠶ ᠵᠢ ᠲᠠᠲᠠᠪᠤᠷᠢᠯᠠᠨ ᠬᠡᠷᠡᠭᠯᠡᠬᠦ ᠪᠠ ᠣᠷᠣᠨ ᠰᠠᠭᠤᠴᠠ  ᠶᠢᠨ ᠭᠠᠵᠠᠷ  ᠢ ᠬᠢᠨᠠᠨ ᠵᠥᠪᠰᠢᠶᠡᠷᠡᠬᠦ ᠂ ᠮᠠᠯᠴᠢᠨ ᠲᠠᠷᠢᠶᠠᠴᠢᠨ ᠦ ᠠᠯᠪᠠᠨ ᠵᠢᠷᠤᠮ  ᠤᠨ ᠠᠵᠢᠯ ᠪᠠ ᠬᠤᠷᠠᠮᠳᠤᠭᠤᠯᠭ᠎ᠠ   ᠶᠢᠨ ᠠᠵᠢᠯ ᠂ ᠱᠠᠩᠨᠠᠬᠤ ᠪᠠ ᠰᠢᠳᠬᠡᠬᠦ᠂ ᠲᠡᠳᠬᠦᠵᠦ ᠲᠤᠰᠠᠯᠠᠬᠤ ᠳᠤ ᠬᠡᠷᠡᠭᠯᠡᠬᠦ ᠵᠣᠭᠣᠰ ᠮᠥᠩᠭᠥ ᠡᠳ᠋ ᠪᠣᠳᠠᠰ ᠂ ᠬᠣᠯᠪᠣᠭᠳᠠᠯ ᠪᠦᠬᠦᠢ ᠰᠦᠢᠳᠬᠡᠯ ᠬᠤᠷᠢᠶᠠᠬᠤ ᠵᠦᠢᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠂ ᠭᠠᠴᠠᠭ᠎ᠠ ᠲᠣᠰᠬᠣᠨ  ᠦ ᠺᠠᠳ᠋ᠷ  ᠤᠨ ᠵᠢᠯ  ᠤᠨ ᠠᠵᠢᠯ  ᠤᠨ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠵᠢᠴᠢ ᠴᠠᠯᠢᠩ ᠤᠨ( ᠨᠥᠬᠥᠪᠥᠷᠢ )ᠲᠣᠭᠲᠠᠭᠠᠯ᠂ ᠭᠠᠴᠠᠭ᠎ᠠ ᠲᠣᠰᠬᠣᠨ ᠦ ᠠᠵᠤ ᠠᠬᠤᠶᠢᠯᠠᠯ ᠤᠨ ᠲᠣᠭᠲᠠᠭᠠᠬᠤ ᠪᠠ ᠡᠵᠡᠩᠨᠡᠯᠲᠡ ᠶᠢᠨ ᠪᠠᠶᠢᠳᠠᠯ ᠂ ᠭᠠᠴᠠᠭ᠎ᠠ ᠲᠣᠰᠬᠣᠨ  ᠦ ᠨᠡᠶᠢᠲᠡ   ᠶᠢᠨ ᠠᠵᠢᠯ ᠦᠢᠯᠡᠰ ᠵᠡᠷᠭᠡ ᠵᠢ ᠪᠦᠷ ᠣᠯᠠᠨ ᠲᠦᠮᠡᠨ ᠳᠤ ᠢᠯᠡ ᠪᠣᠯᠭᠠᠬᠤ ᠂ ᠢᠯᠡ ᠲᠣᠳᠣ   ᠶᠢᠨ ᠬᠡᠮᠵᠢᠶ᠎ᠡ ᠵᠢ ᠨᠡᠮᠡᠭᠳᠡᠭᠦᠯᠵᠦ ᠂ ᠤᠯᠠᠨ ᠲᠦᠮᠡᠨ  ᠦ ᠬᠢᠨᠠᠯᠲᠠ ᠵᠢ ᠬᠦᠯᠢᠶᠡᠨ᠌ ᠠ᠃ ᠪᠤᠲᠠᠲᠠᠢ ᠠᠭᠤᠯᠭ᠎ᠠ ᠨᠢ ᠡᠯ᠎ᠡ ᠭᠠᠵᠠᠷ  ᠤᠨ ᠪᠣᠳᠠᠲᠤ ᠪᠠᠶᠢᠳᠠᠯ  ᠢ ᠦᠨᠳᠦᠰᠦᠯᠡᠨ ᠂ ᠰᠤᠮᠤ ᠪᠠᠯᠭᠠᠰᠤ   ᠶᠢᠨ ᠵᠠᠰᠠᠭ  ᠤᠨ ᠣᠷᠳᠣᠨ ᠡᠴᠡ ᠲᠣᠭᠲᠠᠭᠠᠵᠤ ᠂ ᠬᠣᠰᠢᠭᠤ ᠰᠢᠶᠠᠨ  ᠦ ᠠᠷᠠᠳ  ᠤᠨ ᠵᠠᠰᠠᠭ  ᠤᠨ ᠣᠷᠳᠣᠨ ᠡᠴᠡ ᠵᠥᠪᠰᠢᠶᠡᠷᠡᠭᠦᠯᠦᠭᠰᠡᠨ ᠦ ᠲᠠᠷᠠᠭ᠎ᠠ ᠬᠡᠷᠡᠭᠵᠢᠭᠦᠯᠬᠦ ᠬᠡᠷᠡᠭᠲᠡᠶ ᠃
    (4) ᠡᠳ᠋ ᠤᠨ ᠵᠠᠰᠠᠭ ᠢ ᠢᠯᠡ ᠪᠣᠯᠭᠠᠬᠤ ᠪᠣᠯ ᠭᠠᠴᠠᠭᠠᠨ  ᠦ ᠶᠠᠪᠤᠳᠠᠯ  ᠢ ᠢᠯᠡ ᠪᠣᠯᠭᠠᠬᠤ   ᠶᠢᠨ ᠭᠣᠣᠯᠳᠠᠯᠭ᠎ᠠ ᠮᠦᠨ᠂ ᠭᠣᠣᠯᠳᠠᠭᠤ ᠭᠠᠴᠠᠭ᠎ᠠ ᠲᠣᠰᠬᠣᠨ  ᠦ ᠡᠳ᠋  ᠤᠨ ᠶᠠᠪᠤᠳᠠᠯ  ᠤᠨ ᠲᠥᠯᠥᠪᠯᠡᠭᠡ ᠵᠢᠴᠢ ᠲᠡᠭᠦᠨ  ᠢ ᠭᠦᠢᠴᠡᠳᠬᠡᠭᠰᠡᠨ ᠪᠠᠶᠢᠳᠠᠯ ᠂ ᠡᠯ᠎ᠡ ᠵᠦᠢᠯ  ᠤᠨ ᠡᠳ᠋  ᠤᠨ ᠶᠠᠪᠤᠳᠠᠯ  ᠤᠨ ᠣᠷᠣᠯᠭ᠎ᠠ ᠵᠠᠷᠤᠯᠭ᠋ ᠠ᠂ ᠡᠯ᠎ᠡ ᠵᠦᠢᠯ  ᠤᠨ ᠥᠭᠴᠡᠭᠡ ᠠᠪᠴᠠᠭ᠎ᠠ᠂ ᠣᠯᠵᠠᠪᠤᠷᠢ  ᠢᠢᠨ ᠬᠤᠪᠢᠶᠠᠷᠢᠯᠠᠯᠲᠠ ᠂ ᠣᠷᠣᠯᠠᠨ ᠬᠤᠷᠢᠶᠡᠠ ᠠᠪᠴᠤ ᠣᠷᠣᠯᠠᠨ ᠲᠤᠰᠢᠶᠠᠭᠰᠠᠨ ᠰᠦᠢᠳᠬᠡᠯ ᠂ ᠤᠰᠤ ᠴᠠᠬᠢᠯᠭᠠᠨ  ᠦ ᠰᠦᠢᠳᠬᠡᠯ ᠤᠨ ᠬᠤᠷᠢᠶᠠᠭᠰᠠᠨ ᠪᠠᠢᠢᠳᠠᠯ ᠂ ᠵᠢᠴᠢ ᠣᠯᠠᠨ ᠲᠦᠮᠡᠨ ᠡᠴᠡ ᠢᠯᠡ ᠪᠣᠯᠭᠠᠬᠤ ᠵᠢ ᠱᠠᠭᠠᠷᠳᠠᠭᠰᠠᠨ ᠪᠤᠰᠤᠳ ᠡᠳ᠋ ᠤᠨ ᠶᠠᠪᠤᠳᠠᠯ  ᠤᠨ ᠵᠦᠢᠯᠡᠰ ᠃
    (5) ᠭᠠᠴᠠᠭᠠᠨ  ᠦ ᠶᠠᠪᠤᠳᠠᠯ  ᠢ ᠢᠯᠡ ᠪᠣᠯᠭᠠᠬᠤ ᠬᠡᠯᠪᠡᠷᠢ ᠪᠠ ᠠᠷᠭ᠎ᠠ ᠵᠢ ᠡᠯ᠎ᠡ ᠭᠠᠴᠠᠭ᠎ᠠ ᠲᠣᠰᠬᠣᠨ  ᠦ ᠪᠣᠳᠠᠲᠤ ᠪᠠᠶᠢᠳᠠᠯ ᠢ ᠦᠨᠳᠦᠰᠦᠯᠡᠨ ᠂ ᠠᠷᠭ᠋ ᠠ ᠠᠪᠴᠢᠯ ᠲᠤᠭᠲᠠᠭᠠᠬᠤ ᠂ ᠵᠢᠱᠢᠶᠡᠯᠡᠪᠡᠯ ᠵᠠᠷ ᠮᠡᠳᠡᠯᠭᠡ ᠵᠢ ᠨᠠᠭᠠᠵᠤ ᠨᠡᠶᠢᠲᠡᠯᠡᠬᠦ ᠂ ᠭᠠᠴᠠᠭ᠎ᠠ ᠲᠣᠰᠬᠣᠨ ᠦ ᠠᠷᠠᠳ ᠤᠨ ᠶᠡᠬᠡ ᠬᠤᠷᠠᠯ ᠪᠤᠶᠤ ᠲᠥᠯᠥᠭᠡᠯᠡᠭᠴᠢᠳ ᠤᠨ ᠶᠡᠬᠡ ᠬᠤᠷᠠᠯ  ᠢ ᠬᠤᠷᠠᠯᠳᠤᠭᠤᠯᠵᠤ ᠂ ᠷᠠᠳᠢᠣ᠋ ᠪᠡᠷ ᠲᠣᠳᠣᠷᠬᠠᠶᠢᠯᠠᠯᠲᠠ ᠬᠢᠬᠦ ᠵᠡᠷᠭᠡ ᠪᠣᠯᠤᠨ᠎ᠠ ᠃ ᠡᠯ᠎ᠡ ᠭᠠᠴᠠᠭ᠎ᠠ ᠤᠯᠠᠨ ᠲᠦᠮᠡᠨ  ᠦ ᠠᠵᠢᠯᠯᠠᠭ᠎ᠠ  ᠲᠥᠪᠯᠡᠷᠡᠵᠦ ᠂ ᠳᠥᠭᠥᠮ ᠭᠠᠵᠠᠷ ᠭᠠᠴᠠᠭᠠᠨ ᠦ ᠶᠠᠪᠤᠳᠠᠯ  ᠤᠨ ᠢᠯᠡ ᠰᠠᠮᠪᠠᠷ᠎ᠠ ᠵᠢ ᠪᠠᠢᠢᠭᠤᠯᠵᠤ ; ᠮᠠᠯᠵᠢᠬᠤ ᠣᠷᠣᠨ ᠂ ᠠᠭᠤᠯᠠᠷᠬᠠᠭ ᠣᠷᠣᠨ ᠵᠡᠷᠭᠡ ᠣᠷᠣᠨ ᠰᠠᠭᠤᠴᠠ   ᠶᠢᠨ ᠬᠤᠪᠢ ᠲᠠᠷᠬᠠᠢ ᠵᠠᠳᠠᠭᠠᠶ ᠂ ᠵᠠᠮ ᠬᠠᠷᠢᠯᠴᠠᠭ᠎ᠠ ᠳᠥᠭᠥᠮ ᠦᠭᠡᠢ ᠭᠠᠵᠠᠷ ᠣᠷᠣᠨ  ᠳᠤ ᠂ ᠭᠠᠴᠠᠭ᠎ᠠ ᠲᠣᠰᠬᠣᠨ ᠡᠴᠡ 《 ᠵᠠᠷᠯᠠᠯ ᠪᠢᠴᠢᠭ 》ᠲᠠᠷᠬᠠᠬᠤ ᠬᠡᠷᠡᠭᠲᠡᠢ ᠂ ᠡᠰᠡᠬᠦᠯ᠎ᠡ ᠭᠠᠴᠠᠭᠠᠨ  ᠦ ᠠᠷᠠᠳ  ᠤᠨ ᠲᠥᠯᠥᠭᠡᠯᠡᠭᠴᠢᠳ  ᠤᠨ ᠶᠡᠬᠡ ᠬᠤᠷᠠᠯ  ᠢ ᠬᠤᠷᠠᠯᠳᠤᠭᠤᠯᠵᠤ ᠂ ᠭᠠᠴᠠᠭᠠᠨ  ᠦ ᠠᠷᠠᠳ  ᠤᠨ ᠲᠥᠯᠥᠭᠡᠯᠡᠭᠴᠢ  ᠭᠠᠴᠠᠭᠠᠨ  ᠦ ᠠᠷᠠᠳ ᠲᠤ ᠭᠠᠴᠠᠭᠠᠨ ᠦ ᠶᠠᠪᠤᠳᠠᠯ  ᠢ ᠢᠯᠡ ᠪᠣᠯᠭᠠᠬᠤ ᠠᠭᠤᠯᠭ᠎ᠠ  ᠵᠢ ᠳᠠᠮᠵᠢᠭᠤᠯᠵᠤ ᠦᠭᠬᠦᠨ᠌ ᠡ ᠃
    (6) ᠴᠠᠭ ᠲᠤᠬᠠᠶ  ᠳᠤᠨᠢ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠃ ᠵᠠᠷᠢᠮ ᠨᠢ ᠲᠣᠭᠲᠠᠮᠠᠯ ᠬᠤᠭᠤᠴᠠᠭ᠎ᠠ ᠲᠠᠶ ᠪᠠᠷ ᠢᠯᠡ ᠪᠣᠯᠭᠠᠬᠤ ᠂ ᠵᠢᠱᠢᠶᠡᠯᠡᠪᠡᠯ ᠡᠳ᠋  ᠤᠨ ᠶᠠᠪᠤᠳᠠᠯ  ᠤᠨ ᠣᠷᠣᠯᠭ᠎ᠠ ᠵᠠᠷᠤᠯᠭ᠎ᠠ ᠵᠢ ᠰᠠᠷ᠎ᠠ ᠪᠦᠷᠢ ᠪᠤᠶᠤ ᠨᠢᠭᠡ ᠤᠯᠠᠷᠢᠯ  ᠳᠤ ᠨᠢᠭᠡ ᠤᠳᠠᠭ᠎ᠠ ᠨᠡᠶᠢᠲᠡᠯᠡᠵᠦ ᠂ ᠮᠠᠯᠵᠢᠬᠤ ᠣᠷᠣᠨ  ᠳᠤ ᠨᠠᠭᠠᠳᠤ ᠵᠠᠬ᠎ᠠ  ᠳᠠᠭᠠᠨ ᠬᠠᠭᠠᠰ ᠵᠢᠯ ᠨᠢᠭᠡ ᠤᠳᠠᠭ᠎ᠠ ᠶᠠᠪᠤᠭᠳᠠᠭᠤᠯᠬᠤ ᠬᠡᠷᠡᠭᠲᠡᠶ᠃ ᠵᠠᠷᠢᠮ ᠨᠢ ᠱᠠᠲᠤ ᠦᠶ ᠡ  ᠶᠢᠨ ᠴᠢᠨᠠᠷᠲᠠᠢ ᠃ ᠵᠢᠱᠢᠶᠡᠯᠡᠪᠡᠯ ᠴᠠᠭ ᠨᠢ ᠨᠡᠯᠢᠶᠡᠳ ᠤᠷᠲᠤ ᠬᠡᠷᠡᠭ ᠶᠠᠪᠤᠳᠠᠯ  ᠢ ᠨᠢᠭᠡ ᠱᠠᠲᠤ ᠪᠤᠯᠬᠤ ᠳᠤ  ᠨᠢᠭᠡ ᠤᠳᠠᠭ᠎ᠠ ᠠᠬᠢᠴᠠ  ᠶᠢᠨ ᠪᠠᠶᠢᠳᠠᠯ  ᠢ ᠢᠯᠡ ᠪᠣᠯᠭᠠᠬᠤ ᠬᠡᠷᠡᠭᠲᠡᠶ᠃ ᠵᠠᠷᠢᠮ ᠨᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ ᠂ ᠵᠢᠱᠢᠶᠡᠯᠡᠪᠡᠯ ᠂ ᠤᠯᠠᠨ ᠲᠦᠮᠡᠨ  ᠦ ᠠᠩᠬᠠᠷᠴᠤ ᠪᠠᠶᠢᠭ᠎ᠠ ᠬᠠᠯᠠᠭᠤᠨ ᠠᠰᠠᠭᠤᠳᠠᠯ ᠂ ᠲᠦᠷ ᠴᠠᠭ  ᠤᠨ ᠴᠢᠨᠠᠷᠲᠠᠶ ᠬᠡᠷᠡᠭ ᠶᠠᠪᠤᠳᠠᠯ ᠵᠡᠷᠭᠡ ᠪᠣᠯᠤᠨ᠎ᠠ ᠃
    ᠭᠤᠷᠪᠠ ᠂ ᠠᠷᠠᠳᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠬᠦ   ᠶᠢᠨ ᠦᠨᠳᠦᠰᠦᠨ ᠱᠠᠭᠠᠷᠳᠠᠯᠭ᠎ᠠ
    (7) ᠭᠠᠴᠠᠭᠠᠨ ᠦ ᠠᠷᠠᠳ ᠤᠨ ᠬᠤᠷᠠᠯ ᠪᠤᠶᠤ ᠲᠥᠯᠥᠭᠡᠯᠡᠭᠴᠢᠳ  ᠤᠨ ᠬᠤᠷᠠᠯ  ᠤᠨ ᠳᠦᠷᠢᠮ  ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ᠃ ᠬᠥᠮᠦᠨ ᠠᠮᠠ ᠴᠥᠭᠡᠨ ᠪᠤᠶᠤ ᠲᠥᠪᠯᠡᠷᠡᠩᠭᠦᠶ ᠰᠠᠭᠤᠷᠢᠰᠢᠭᠰᠠᠨ ᠭᠠᠴᠠᠭ᠎ᠠ ᠲᠣᠰᠬᠣᠨ ᠨᠢ ᠲᠣᠭᠲᠠᠮᠠᠯ ᠬᠤᠭᠤᠴᠠᠭ᠎ᠠ ᠲᠠᠶ ᠪᠠᠷ ᠭᠠᠴᠠᠭᠠᠨ   ᠦ ᠠᠷᠠᠳ ᠤᠨ ᠬᠤᠷᠠᠯ  ᠢ ᠬᠤᠷᠠᠯᠳᠤᠭᠤᠯᠵᠤ ᠂ ᠬᠥᠮᠦᠨ ᠠᠮᠠ ᠤᠯᠡᠠ ᠪᠤᠶᠤ ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠭ᠎ᠠ ᠭᠠᠴᠠᠭ᠎ᠠ ᠲᠣᠰᠬᠣᠨ ᠨᠢ ᠲᠣᠭᠲᠠᠮᠠᠯ ᠬᠤᠭᠤᠴᠠᠭ᠎ᠠ ᠲᠠᠶ ᠪᠠᠷ ᠭᠠᠴᠠᠭᠠᠨ ᠦ ᠠᠷᠠᠳ ᠤᠨ ᠲᠥᠯᠥᠭᠡᠯᠡᠭᠴᠢᠳ  ᠤᠨ ᠬᠤᠷᠠᠯ ᠨᠢ ᠪᠠᠶᠢᠭᠤᠯᠵᠤ ᠂ ᠶᠠᠷᠢᠯᠴᠠᠬᠤ ᠲᠣᠭᠲᠠᠭᠠᠯ ᠪᠤᠶᠤ ᠴᠢᠬᠤᠯᠠ ᠶᠡᠬᠡ ᠵᠦᠢᠯᠡᠰ  ᠢ ᠶᠠᠷᠢᠯᠴᠠᠨ ᠲᠤᠭᠲᠠᠭᠠᠬᠤ ᠬᠡᠷᠡᠭᠲᠡᠶ ᠃ ᠭᠠᠴᠠᠭᠠᠨ  ᠦ ᠶᠠᠪᠤᠳᠠᠯ  ᠤᠨ ᠳᠤᠮᠳᠠᠬᠢ ᠴᠢᠬᠤᠯᠠ ᠶᠡᠬᠡ ᠵᠦᠢᠯᠡᠰ ᠨᠢ ᠭᠠᠴᠠᠭᠠᠨ  ᠦ ᠠᠷᠠᠳ  ᠤᠨ( ᠲᠥᠯᠥᠭᠡᠯᠡᠭᠴᠢᠳ ) ᠤᠨ ᠬᠤᠷᠠᠯ ᠡᠴᠡ ᠶᠠᠷᠢᠯᠴᠠᠨ ᠲᠤᠭᠲᠠᠭᠰᠠᠨ ᠦᠬᠡᠢ ᠤᠴᠢᠷ ᠢ ᠂ ᠭᠠᠴᠠᠭᠠᠨ  ᠦ ᠠᠷᠠᠳ ᠨᠢ ᠭᠦᠢᠴᠡᠳᠬᠡᠬᠦ ᠦᠭᠡᠢ ᠡᠷᠭᠡ ᠪᠡᠢᠢᠨ᠌ ᠠ ᠃ ᠭᠠᠴᠠᠭᠠᠨ ᠦ ᠠᠷᠠᠳ  ᠤᠨ ᠲᠥᠯᠥᠭᠡᠯᠡᠭᠴᠢ ᠨᠢ ᠂ ᠭᠠᠴᠠᠭᠠᠨ  ᠦ ᠠᠷᠠᠳ ᠤᠨ ᠠᠷᠠᠳᠴᠢᠯᠠᠯ   ᠢᠶᠡᠷ ᠰᠣᠩᠭᠣᠵᠤ ᠭᠠᠷᠭᠠᠨ᠎ᠠ ᠂ ᠭᠠᠴᠠᠭᠠᠨ  ᠦ ᠠᠷᠠᠳ ᠵᠢ ᠲᠦᠯᠦᠭᠡᠯᠡᠨ ᠂  ᠰᠢᠶᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠂ ᠬᠠᠮᠢᠶᠠᠷᠬᠤ ᠡᠷᠬᠡ ᠪᠠ ᠬᠢᠨᠠᠯᠲᠠ ᠲᠠᠯᠪᠢᠬᠤ ᠡᠷᠬᠡ  ᠵᠢ ᠬᠡᠷᠡᠭᠯᠡᠨ᠌ ᠡ ᠃ ᠭᠠᠴᠠᠭᠠᠨ  ᠦ ᠠᠷᠠᠳ ᠤᠨ ᠲᠥᠯᠥᠭᠡᠯᠡᠭᠴᠢ  ᠶᠢᠨ ᠨᠥᠬᠥᠴᠡᠯ ᠂ ᠲᠤᠰᠢᠶᠠᠯ ᠬᠠᠷᠢᠭᠤᠴᠠᠯᠭ᠎ᠠ ᠂ ᠡᠷᠬᠡ ᠵᠢ ᠲᠤᠳᠤᠷᠬᠠᠢᠢᠯᠠᠵᠤ ᠂ ᠬᠤᠷᠠᠯ  ᠤᠨ ᠬᠡᠷᠡᠭ ᠵᠥᠪᠯᠡᠬᠦ ᠲᠦᠷᠢᠮ ᠪᠣᠯᠤᠨ ᠬᠡᠷᠡᠭ ᠵᠥᠪᠯᠡᠬᠦ ᠠᠭᠤᠯᠭ᠎ᠠ ᠵᠢ ᠲᠣᠭᠲᠠᠭᠠᠬᠤ ᠂ ᠬᠥᠳᠡᠯᠭᠡᠭᠡᠨ ᠦ ᠠᠷᠭ᠋ ᠠ ᠬᠡᠯᠪᠡᠷᠢ ᠂ ᠵᠢᠷᠤᠮ ᠂ ᠴᠠᠭ ᠵᠢ ᠲᠤᠭᠲᠠᠭᠠᠬᠤ ᠮᠦᠷᠲᠡᠭᠡᠨ ᠴᠢᠩᠭ᠎ᠠ ᠬᠡᠷᠡᠭᠵᠢᠭᠦᠯᠦᠨ᠎ᠡ ᠃
    (8) ᠭᠠᠴᠠᠭᠠᠨ ᠦ ᠠᠷᠠᠳ( ᠲᠥᠯᠥᠭᠡᠯᠡᠭᠴᠢ ) ᠤᠨ ᠬᠤᠷᠠᠯ ᠤᠨ ᠳᠣᠣᠷ᠎ᠠ ᠨᠢ ᠠᠷᠠᠳᠴᠢᠯᠠᠯ ᠢᠢᠠᠷ ᠡᠳ᠋  ᠤᠨ ᠶᠠᠪᠤᠳᠠᠯ  ᠢ ᠬᠠᠮᠢᠶᠠᠷᠬᠤ ᠳᠤᠭᠤᠶᠢᠯᠠᠩ ᠪᠠ ᠭᠠᠴᠠᠭᠠᠨ ᠦ ᠶᠠᠪᠤᠳᠠᠯ  ᠳᠤ ᠬᠢᠨᠠᠯᠲᠠ ᠲᠠᠯᠪᠢᠬᠤ ᠳᠤᠭᠤᠶᠢᠯᠠᠩ ᠪᠠᠢᠢᠭᠤᠯᠵᠤ ᠂ ᠭᠠᠴᠠᠭᠠᠨ ᠦ ᠠᠷᠠᠳ( ᠲᠥᠯᠥᠭᠡᠯᠡᠭᠴᠢ ) ᠤᠨ ᠬᠤᠷᠠᠯ  ᠢᠢᠠᠷ ᠲᠣᠭᠲᠠᠭᠠᠭᠰᠠᠨ ᠵᠦᠶᠯ  ᠢ ᠬᠡᠷᠡᠭᠵᠢᠭᠦᠯᠵᠦ ᠪᠠᠶᠢᠭ᠎ᠠ ᠪᠠᠶᠢᠳᠠᠯ  ᠳᠤ ᠬᠢᠨᠠᠯᠲᠠ ᠲᠠᠯᠪᠢᠬᠤ ᠬᠡᠷᠡᠭᠲᠡᠶ ᠃ 《 ᠡᠳ᠋ ᠤᠨ ᠶᠠᠪᠤᠳᠠᠯ  ᠢ ᠬᠠᠮᠢᠶᠠᠷᠬᠤ ᠳᠤᠭᠤᠶᠢᠯᠠᠩ 》ᠨᠢ ᠭᠣᠣᠯᠳᠠᠭᠤ ᠡᠳ᠋  ᠤᠨ ᠶᠠᠪᠤᠳᠠᠯ  ᠤᠨ ᠣᠷᠣᠯᠭ᠎ᠠ ᠵᠠᠷᠤᠯᠭ᠎ᠠ   ᠶᠢᠨ ᠪᠠᠶᠢᠳᠠᠯ ᠤᠨ ᠲᠤᠬᠠᠶ ᠬᠢᠨᠠᠨ ᠬᠠᠷᠭᠤᠭᠤᠯᠤᠨ᠎ᠠ᠃ 《 ᠬᠢᠨᠠᠯᠲᠠ ᠲᠠᠯᠪᠢᠬᠤ ᠳᠤᠭᠤᠶᠢᠯᠠᠩ 》ᠨᠢ ᠭᠤᠤᠯᠳᠠᠭᠤ ᠭᠠᠴᠠᠭᠠᠨ ᠦ ᠶᠠᠪᠤᠳᠠᠯ ᠵᠢᠩᠬᠢᠨᠢ ᠢᠯᠡ ᠡᠰᠡᠬᠦ ᠳᠤ ᠬᠢᠨᠠᠯᠲᠠ ᠲᠠᠯᠪᠢᠬᠤ ᠂ ᠡᠯ᠎ᠡ ᠵᠦᠢᠯ  ᠤᠨ ᠲᠦᠷᠢᠮ ᠲᠣᠭᠲᠠᠭᠠᠯ ᠪᠣᠯᠤᠨ ᠦᠨᠡᠨ ᠬᠦ ᠬᠡᠷᠡᠭᠵᠢᠭᠦᠯᠬᠦ ᠡᠰᠡᠬᠦ  ᠵᠢ ᠬᠢᠨᠠᠨ ᠪᠠᠢᠢᠴᠠᠭᠠᠨ᠌ ᠠ ᠃ ᠡᠯ᠎ᠡ ᠳᠤᠭᠤᠶᠢᠯᠠᠩ ᠨᠢ ᠶᠡᠷᠦ ᠳᠡᠭᠡᠨ 3 ~ 5 ᠬᠥᠮᠦᠨ ᠡᠴᠡ ᠪᠦᠷᠢᠯᠳᠦᠵᠦ ᠂ ᠪᠦᠷᠢᠯᠳᠦᠬᠦᠨ ᠨᠢ ᠭᠠᠴᠠᠭᠠᠨ  ᠦ ᠠᠷᠠᠳ( ᠲᠥᠯᠥᠭᠡᠯᠡᠭᠴᠢ ) ᠰᠣᠩᠭᠣᠨ ᠭᠠᠷᠭᠠᠵᠤ ᠂ ᠭᠠᠴᠠᠭ᠎ᠠ ᠲᠣᠰᠬᠣᠨ ᠦ ᠨᠠᠮ  ᠤᠨ ᠡᠭᠦᠷ  ᠤᠨ ᠱᠦᠵᠢ᠂ ᠭᠠᠴᠠᠭ᠎ᠠ ᠲᠣᠰᠬᠣᠨ ᠦ ᠵᠥᠪᠯᠡᠯ ᠂ ᠭᠠᠴᠠᠭ᠎ᠠ ᠲᠣᠰᠬᠣᠨ  ᠦ ᠱᠠᠲᠤᠨ ᠦ ᠠᠵᠤ ᠠᠬᠤᠶ  ᠶᠢᠨ ᠵᠣᠬᠢᠶᠠᠨ ᠪᠠᠶᠢᠭᠤᠯᠤᠯᠲᠠ ᠢᠢᠨ ᠭᠡᠰᠢᠭᠦᠨ ᠪᠠᠢᠢᠵᠦ ᠪᠤᠯᠬᠤ ᠦᠬᠡᠢ ᠃ ᠡᠨᠡ ᠬᠣᠶᠠᠷ ᠳᠤᠭᠤᠶᠢᠯᠠᠩ  ᠤᠨ ᠪᠦᠷᠢᠯᠳᠦᠬᠦᠨ ᠬᠠᠷᠢᠯᠴᠠᠨ ᠰᠣᠯᠪᠢᠴᠠᠵᠤ ᠪᠤᠯᠬᠤ ᠦᠬᠡᠢ᠃
    (9)ᠨᠠᠮ  ᠤᠨ ᠭᠡᠰᠢᠭᠦᠨ ᠪᠠ ᠭᠠᠴᠠᠭᠠᠨ  ᠦ ᠠᠷᠠᠳ  ᠤᠨ ᠲᠥᠯᠥᠭᠡᠯᠡᠭᠴᠢ  ᠶᠢᠨ ᠬᠡᠷᠡᠭ ᠵᠥᠪᠯᠡᠬᠦ ᠠᠵᠢᠯᠯᠠᠭ᠎ᠠ ᠵᠢ ᠢᠳᠡᠪᠬᠢᠲᠡᠶ ᠥᠷᠨᠢᠭᠦᠯᠬᠦ ᠃ ᠴᠢᠬᠤᠯᠠ ᠶᠡᠬᠡ ᠵᠦᠢᠯᠡᠰ  ᠢ ᠲᠣᠭᠲᠠᠭᠠᠬᠤ ᠳᠤ᠂ ᠭᠠᠴᠠᠭᠠᠨ  ᠦ ᠠᠷᠠᠳ  ᠤᠨ(ᠲᠥᠯᠥᠭᠡᠯᠡᠭᠴᠢ)ᠶᠡᠬᠡ ᠬᠤᠷᠠᠯ  ᠢᠢᠠᠷ ᠶᠠᠷᠢᠯᠴᠠᠬᠤ  ᠶᠢᠨ ᠡᠮᠦᠨ᠎ᠡ ᠂ ᠨᠠᠮ  ᠤᠨ ᠡᠭᠦᠷ ᠂ ᠭᠠᠴᠠᠭ᠎ᠠ ᠲᠣᠰᠬᠣᠨ ᠦ ᠵᠥᠪᠯᠡᠯ ᠨᠢ ᠨᠠᠮ  ᠤᠨ ᠭᠡᠰᠢᠭᠦᠨ ᠪᠠ ᠭᠠᠴᠠᠭᠠᠨ  ᠦ ᠠᠷᠠᠳ ᠤᠨ ᠲᠥᠯᠥᠭᠡᠯᠡᠭᠴᠢᠳ  ᠤᠨ ᠰᠠᠨᠠᠯ  ᠢ ᠰᠠᠶᠢᠲᠤᠷ ᠰᠣᠨᠣᠰᠬᠤ ᠬᠡᠷᠡᠭᠲᠡᠶ ᠃ ᠨᠠᠮ  ᠤᠨ ᠭᠡᠰᠢᠭᠦᠨ ᠪᠠ ᠭᠠᠴᠠᠭᠠᠨ ᠦ ᠠᠷᠠᠳ ᠤᠨ ᠲᠥᠯᠥᠭᠡᠯᠡᠭᠴᠢ ᠳᠤᠷᠠᠳᠤᠭᠰᠠᠨ ᠮᠠᠳᠠᠭ ᠲᠠᠶ ᠠᠰᠠᠭᠤᠳᠠᠯ ᠱᠠᠭᠠᠷᠳᠠᠯᠭ᠋ ᠠ ᠳᠤ ᠲᠣᠳᠣᠷᠬᠠᠶᠢᠯᠠᠵᠤ ᠥᠭᠬᠦ ᠬᠡᠷᠡᠭᠲᠡᠶ᠃ ᠣᠯᠠᠩᠬᠢ ᠲᠣᠭᠠᠨ  ᠦ ᠨᠠᠮ ᠤᠨ ᠭᠡᠰᠢᠭᠦᠨ ᠪᠠ ᠭᠠᠴᠠᠭ᠎ᠠ ᠲᠣᠰᠬᠣᠨ ᠦ ᠠᠷᠠᠳ  ᠤᠨ ᠲᠥᠯᠥᠭᠡᠯᠡᠭᠴᠢ ᠵᠥᠪᠰᠢᠶᠡᠷᠡᠬᠦ ᠦᠭᠡᠢ ᠶᠠᠪᠤᠳᠠᠯ ᠢ᠂ ᠭᠠᠴᠠᠭ᠎ᠠ ᠲᠣᠰᠬᠣᠨ  ᠦ ᠠᠷᠠᠳ ( ᠲᠥᠯᠥᠭᠡᠯᠡᠭᠴᠢ ) ᠤᠨ ᠶᠡᠬᠡ ᠬᠤᠷᠠᠯ  ᠳᠤ ᠲᠤᠰᠢᠶᠠᠨ ᠶᠠᠷᠢᠯᠴᠠᠵᠦ ᠪᠤᠯᠬᠤ ᠦᠭᠡᠢ᠃ ᠬᠢᠬᠦ ᠶᠣᠰᠣᠲᠠᠶ ᠪᠣᠯᠪᠠᠴᠤ ᠣᠯᠠᠩᠬᠢ ᠲᠣᠭᠠᠨ ᠦ ᠨᠠᠮ ᠤᠨ ᠭᠡᠰᠢᠬᠦᠨ ᠪᠠ ᠭᠠᠴᠠᠭᠠᠨ ᠦ ᠠᠷᠠᠳ  ᠤᠨ ᠲᠥᠯᠥᠭᠡᠯᠡᠭᠴᠢᠳ ᠨᠢ ᠪᠠᠰᠠ ᠨᠢᠭᠡ ᠯᠡ ᠳᠡᠭᠡᠷ᠎ᠡ ᠬᠦᠯᠢᠶᠡᠨ ᠠᠪᠴᠦ ᠳᠡᠢᠯᠬᠦ ᠦᠭᠡᠢ ᠦᠶᠡᠰ ᠲᠤ ᠂ ᠦᠵᠡᠯ ᠰᠠᠨᠠᠭᠠᠨ  ᠦ ᠠᠵᠢᠯ ᠢ ᠰᠠᠶᠢᠲᠤᠷ ᠬᠢᠭᠰᠡᠨ ᠦ ᠳᠠᠷᠠᠭ᠎ᠠ ᠨᠢ ᠶᠠᠷᠠᠯᠴᠠᠵᠦ ᠲᠤᠭᠳᠠᠭᠠᠨ᠌ ᠠ ᠃ ᠲᠤᠭᠳᠠᠭᠰᠠᠨ ᠴᠢᠬᠤᠯᠠ ᠶᠡᠬᠡ ᠶᠠᠪᠤᠳᠠᠯ  ᠢ ᠭᠦᠢᠴᠡᠳᠬᠡᠬᠦ ᠳᠤ ᠂ ᠭᠠᠴᠠᠭ᠎ᠠ ᠲᠣᠰᠬᠣᠨ ᠦ ᠠᠷᠠᠳ ᠤᠨ ᠲᠥᠯᠥᠭᠡᠯᠡᠭᠴᠢ   ᠶᠢᠨ ᠣᠷᠣᠯᠴᠠᠬᠤ ᠵᠢ ᠰᠢᠩᠬᠡᠬᠡᠵᠦ ᠂ ᠤᠴᠢᠷ ᠶᠠᠪᠤᠳᠠᠯ  ᠢ ᠬᠢᠵᠦ ᠪᠠᠷᠠᠭᠰᠠᠨ  ᠦ ᠳᠠᠷᠠᠭ᠎ᠠ ᠦᠷ᠎ᠡ ᠳ᠋ᠦᠩ  ᠢ ᠠᠷᠠᠳ ᠲᠦᠮᠡᠨ ᠳᠤ ᠢᠯᠡ ᠨᠡᠶᠢᠲᠡᠯᠡᠵᠦ ᠂ ᠤᠯᠠᠨ ᠲᠦᠮᠡᠨ  ᠦ ᠬᠢᠨᠠᠯᠲᠠ ᠵᠢ ᠬᠦᠯᠢᠶᠡᠨ ᠠᠪᠬᠤ ᠬᠡᠷᠡᠭᠲᠡᠶ ᠃
    (10) ᠭᠠᠴᠠᠭ᠎ᠠ ᠲᠣᠰᠬᠣᠨ ᠦ ᠠᠷᠠᠳ  ᠤᠨ ( ᠲᠥᠯᠥᠭᠡᠯᠡᠭᠴᠢ )ᠨᠠᠮ  ᠤᠨ ᠭᠡᠰᠢᠭᠦᠨ  ᠢ ᠦᠨᠡᠯᠡᠬᠦ ᠂ ᠺᠠᠳ᠋ᠷ  ᠤᠨ ᠬᠠᠮᠢᠶᠠᠷᠤᠯᠲᠠ   ᠢᠶᠠᠨ ᠲᠦᠷᠢᠮ ᠢ ᠬᠡᠷᠡᠭᠵᠢᠭᠦᠯᠬᠦ ᠃ ᠭᠠᠴᠠᠭ᠎ᠠ ᠲᠣᠰᠬᠣᠨ  ᠦ ᠵᠥᠪᠯᠡᠯ ᠺᠣᠮᠢᠰ ᠤᠨ ᠤᠳᠤᠷᠢᠳᠬᠤ ᠠᠩᠬᠢ ᠵᠢᠴᠢ ᠭᠡᠰᠢᠬᠦᠨ ᠦ ᠠᠵᠢᠯ ᠢ ᠂ ᠭᠠᠴᠠᠭ᠎ᠠ ᠲᠣᠰᠬᠣᠨ  ᠦ ᠠᠷᠠᠳ ᠤᠨ ( ᠲᠥᠯᠥᠭᠡᠯᠡᠭᠴᠢᠳ ) ᠤᠨ ᠬᠤᠷᠠᠯ ᠡᠴᠡ ᠠᠷᠠᠳᠴᠢᠯᠠᠯ   ᠢᠶᠠᠷ ᠦᠨᠡᠯᠡᠬᠦ ᠪᠤᠶᠤ ᠠᠷᠠᠳᠴᠢᠯᠠᠯ   ᠢᠶᠠᠷ ᠰᠢᠯᠭᠠᠨ ᠲᠣᠭᠲᠠᠭᠠᠯᠲᠠ ᠬᠢᠬᠦ ᠬᠡᠷᠡᠭᠲᠡᠶ ᠃ ᠨᠠᠮ  ᠤᠨ ᠡᠭᠦᠷ  ᠤᠨ ᠤᠳᠤᠷᠢᠳᠬᠤ ᠠᠩᠬᠢ ᠵᠢᠴᠢ ᠲᠡᠭᠦᠨ ᠦ ᠭᠡᠰᠢᠬᠦᠨ ᠂ ᠭᠠᠴᠠᠭ᠎ᠠ ᠲᠣᠰᠬᠣᠨ  ᠦ ᠨᠠᠮ  ᠤᠨ ᠡᠭᠦᠷ  ᠤᠨ ᠨᠠᠮ  ᠤᠨ ᠭᠡᠰᠢᠭᠦᠳ  ᠤᠨ ᠶᠡᠬᠡ ᠬᠤᠷᠠᠯ  ᠪᠥᠭᠡᠳ ᠨᠢᠭᠡ ᠪᠦᠯᠦᠭ ᠭᠠᠴᠠᠭᠠᠨ  ᠦ ᠠᠷᠠᠳ  ᠤᠨ ᠲᠥᠯᠥᠭᠡᠯᠡᠭᠴᠢᠳ ᠡᠴᠡ ᠦᠨᠡᠯᠡᠯᠲᠡ ᠬᠢᠬᠦ ᠬᠡᠷᠡᠭᠲᠡᠶ ᠃ ᠦᠨᠡᠯᠡᠬᠦ ᠪᠤᠶᠤ ᠰᠢᠯᠭᠠᠨ ᠲᠣᠭᠲᠠᠭᠠᠬᠤ  ᠵᠢ ᠵᠢᠯ  ᠤᠨ ᠡᠴᠦᠰ  ᠤᠨ ᠠᠵᠢᠯ  ᠤᠨ ᠳ᠋ᠦᠩᠨᠡᠯᠲᠡ ᠲᠡᠶ ᠤᠶᠠᠯᠳᠤᠭᠤᠯᠤᠨ ᠨᠢᠭᠡ ᠵᠢᠯ  ᠳᠤ ᠨᠢᠭᠡ ᠤᠳᠠᠭ᠎ᠠ ᠬᠢᠵᠦ ᠪᠣᠯᠤᠨ᠎ᠠ ᠃ ᠦᠨᠡᠯᠡᠭᠳᠡᠭᠰᠡᠨ ᠨᠢ ᠲᠤᠰᠢᠶᠠᠯ ᠳᠠᠭᠠᠨ ᠳᠣᠭᠢᠷᠬᠠᠰᠠᠨ ᠡᠰᠡᠬᠦ ᠵᠢ ᠠᠷᠠᠳ ᠲᠦᠮᠡᠨ  ᠦ ᠦᠨᠡᠯᠡᠭᠰᠡᠨ ᠰᠠᠭᠤᠷᠢᠨ ᠳᠡᠭᠡᠷ ᠡ ᠂ ᠰᠤᠮᠤ ᠪᠠᠯᠭᠠᠰᠤ  ᠶᠢᠨ ᠨᠠᠮ  ᠤᠨ ᠬᠣᠷᠢᠶ᠎ᠠ ᠡᠴᠡ ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠬᠡᠷᠡᠭᠲᠡᠶ ᠃ ᠬᠣᠶᠠᠷ ᠵᠢᠯ ᠤᠨ ᠦᠨᠡᠯᠡᠨ ᠰᠢᠯᠭᠠᠯᠲᠠ ᠳᠤ ᠂ ᠪᠦᠷ ᠦᠭᠡᠢ ᠪᠡᠷ ᠦᠨᠡᠯᠡᠭᠳᠡᠭᠰᠡᠨ ᠪᠤᠯ ᠂ ᠭᠠᠴᠠᠭ᠎ᠠ ᠲᠣᠰᠬᠣᠨ ᠦ ᠨᠠᠮ  ᠤᠨ ᠡᠭᠦᠷ ᠪᠠ ᠭᠠᠴᠠᠭᠠᠨ  ᠦ ᠠᠷᠠᠳ ᠤᠨ ᠵᠥᠪᠯᠡᠯ  ᠤᠨ ᠠᠩᠬᠢ   ᠶᠢᠨ ᠭᠡᠰᠢᠬᠦᠨ ᠢ ᠬᠣᠯᠪᠣᠭᠳᠠᠯ ᠪᠥᠬᠥᠶ ᠲᠣᠭᠲᠠᠭᠠᠯ ᠶᠣᠰᠣᠭᠠᠷ ᠴᠠᠭ ᠲᠤᠬᠠᠶ  ᠳᠤᠨᠢ ᠲᠣᠬᠢᠷᠠᠭᠤᠯᠬᠤ ᠬᠡᠷᠡᠭᠲᠡᠶ ᠃
    (11) 《 ᠳᠤᠮᠳᠠᠳᠤ ᠤᠯᠤᠰ  ᠤᠨ ᠡᠪ ᠬᠠᠮᠲᠤ ᠨᠠᠮ  ᠤᠨ ᠦᠨᠳᠦᠰᠦᠨ ᠱᠠᠲᠤᠨ  ᠦ ᠵᠣᠬᠢᠶᠠᠨ ᠪᠠᠶᠢᠭᠤᠯᠤᠯᠲᠠ  ᠶᠢᠨ ᠰᠣᠩᠭᠣᠭᠤᠯᠢ   ᠶᠢᠨ ᠠᠵᠢᠯ ᠤᠨ ᠳᠦᠷᠢᠮ 》 ᠪᠠ 《 ᠭᠠᠴᠠᠭᠠᠨ  ᠦ ᠠᠷᠠᠳ ᠤᠨ ᠵᠥᠪᠯᠡᠯ ᠤᠨ ᠵᠤᠬᠢᠶᠠᠨ ᠪᠠᠢᠢᠭᠤᠯᠬᠤ ᠠᠷᠭ᠎ᠠ ( ᠲᠤᠷᠰᠢᠨ ᠬᠡᠷᠡᠭᠵᠢᠭᠦᠯᠬᠦ )》  ᠢ ᠨᠠᠷᠢᠨ ᠬᠢᠨᠠᠮᠠᠭᠠᠢ ᠬᠡᠷᠡᠭᠵᠢᠬᠦᠯᠬᠦ ᠃ ᠢᠯᠡ ᠪᠣᠯᠭᠠᠬᠤ ᠂ ᠭᠣᠣᠯᠴᠢ ᠂ ᠡᠷᠬᠡ ᠲᠡᠭᠰᠢ ᠵᠡᠷᠭᠡ ᠵᠠᠷᠴᠢᠮ ᠢ ᠪᠠᠷᠢᠮᠳᠠᠯᠠᠵᠦ ᠂ ᠠᠯᠢᠪᠠ ᠬᠣᠯᠪᠣᠭᠳᠠᠭᠰᠠᠨ ᠵᠦᠢᠯᠡᠰ ᠢ ᠰᠣᠩᠭᠣᠬᠤ ᠂ ᠵᠢᠱᠢᠶᠡᠯᠡᠪᠡᠯ ᠰᠣᠩᠭᠣᠭᠤᠯᠢ  ᠶᠢᠨ ᠲᠦᠰᠦᠪ ᠂ ᠰᠣᠩᠭᠣᠭᠤᠯᠢ  ᠶᠢᠨ ᠵᠣᠬᠢᠶᠠᠨ ᠪᠠᠶᠢᠭᠤᠯᠭ᠋ ᠠ ᠪᠠ ᠰᠣᠩᠭᠣᠬᠤ ᠴᠠᠭ ᠂ ᠫᠷᠦᠭᠷᠦᠮ ᠂ ᠦᠷ᠎ᠡ ᠳ᠋ᠦᠩ ᠵᠢᠴᠢ ᠵᠢᠱᠢᠭᠳᠡᠭᠰᠡᠳ  ᠤᠨ ᠨᠥᠬᠥᠴᠡᠯ ᠂ ᠨᠡᠷ᠎ᠡ ᠳᠤᠷᠠᠳᠬᠤ ᠪᠠ ᠵᠢᠱᠢᠭᠳᠡᠭᠰᠡᠳ  ᠢ ᠲᠤᠭᠳᠠᠭᠠᠬᠤ ᠂ ᠰᠣᠩᠭᠣᠭᠤᠯᠢ ᠶᠢᠨ ᠦᠷ᠎ᠡ ᠳ᠋ᠦᠩ  ᠵᠡᠷᠭᠡ ᠵᠢ ᠴᠥᠮ ᠤᠯᠠᠨ ᠲᠦᠮᠡᠨ  ᠳᠤ ᠢᠯᠡ ᠪᠣᠯᠭᠠᠬᠤ ᠬᠡᠷᠡᠭᠲᠡᠶ ᠃ ᠨᠠᠮ  ᠤᠨ ᠳᠣᠲᠣᠭᠠᠳᠤ  ᠶᠢᠨ ᠠᠷᠠᠳᠴᠢᠯᠠᠯ ᠪᠠ ᠠᠷᠠᠳ  ᠤᠨ ᠠᠷᠠᠳᠴᠢᠯᠠᠯ  ᠢ ᠭᠦᠢᠴᠡᠳ ᠪᠠᠳᠠᠷᠠᠭᠤᠯᠵᠤ ᠂ ᠤᠯᠠᠨ ᠲᠦᠮᠡᠨ  ᠦ ᠰᠠᠨᠠᠯ ᠢ ᠬᠦᠢᠴᠡᠳ ᠪᠠᠳᠠᠷᠠᠭᠤᠯᠵᠦ᠂ ᠶᠠᠮᠠᠷᠪᠠ ᠬᠥᠮᠦᠨ ᠬᠡᠨ  ᠢ ᠰᠣᠩᠭᠣᠵᠤ ᠪᠣᠯᠬᠤ ᠪᠤᠶᠤ ᠬᠡᠨ  ᠢ ᠰᠣᠩᠭᠣᠵᠤ ᠪᠤᠯᠬᠤ ᠦᠭᠡᠢ ᠵᠢ ᠲᠤᠭᠲᠠᠭᠠᠵᠤ ᠪᠤᠯᠬᠤ ᠦᠭᠡᠢ᠂ ᠶᠠᠮᠠᠷᠪᠠ ᠬᠥᠮᠦᠨ ᠵᠦᠢ ᠪᠤᠰᠤ ᠠᠷᠭ᠎ᠠ ᠮᠠᠶ᠋ᠢᠭ  ᠢᠶᠡᠷ ᠰᠣᠩᠭᠣᠭᠤᠯᠢ ᠢᠢᠨ ᠪᠢᠯᠸᠲ ᠲᠠᠲᠠᠵᠦ ᠪᠤᠯᠬᠤ ᠦᠭᠡᠢ ᠃ ᠡᠯ᠎ᠡ ᠵᠦᠢᠯ  ᠤᠨ《 ᠬᠠᠬᠤᠤᠯᠢᠲᠤ ᠰᠣᠩᠭᠣᠭᠤᠯᠢ 》  ᠶᠢᠨ ᠠᠵᠢᠯᠯᠠᠭ᠎ᠠ ᠵᠢ ᠬᠠᠤᠯᠢ ᠶᠣᠰᠣᠭᠠᠷ ᠡᠷᠡᠰ ᠬᠣᠷᠢᠭᠯᠠᠬᠤ ᠪᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃
    ᠲᠦ᠋ᠷᠪᠡ ᠂ ᠭᠠᠴᠠᠭᠠᠨ  ᠦ ᠶᠠᠪᠤᠳᠠᠯ ᠢ ᠢᠯᠡ ᠪᠣᠯᠭᠠᠬᠤ ᠪᠠ ᠠᠷᠠᠳᠴᠢᠯᠠᠯ  ᠢᠶᠡᠷ ᠬᠠᠮᠢᠶᠠᠷᠬᠤ ᠳᠦᠷᠢᠮ  ᠢ ᠪᠠᠶᠢᠭᠤᠯᠤᠨ ᠲᠡᠭᠦᠯᠳᠡᠷᠵᠢᠭᠦᠯᠬᠦ
    (12) ᠪᠣᠳᠠᠲᠠᠶ ᠂ ᠬᠡᠷᠡᠭᠯᠡᠬᠦ ᠂ ᠬᠦᠴᠦᠨ ᠲᠡᠶ ᠪᠡᠷ ᠵᠠᠷᠴᠢᠮ  ᠢᠶᠡᠨ ᠪᠣᠯᠭᠠᠵᠤ ᠂ ᠢᠯᠡ ᠪᠣᠯᠭᠠᠬᠤ ᠴᠢᠬᠤᠯᠠ ᠲᠠᠶ ᠭᠠᠴᠠᠭᠠᠨ  ᠦ ᠶᠠᠪᠤᠳᠠᠯ  ᠪᠠ ᠠᠷᠠᠳ ᠤᠨ ᠭᠣᠣᠯ ᠬᠠᠮᠢᠶᠠᠷᠬᠤ ᠬᠡᠪᠴᠢᠶᠡᠨ ᠳᠣᠲᠣᠷ᠎ᠠ ᠪᠠᠶᠢᠭ᠎ᠠ ᠠᠵᠢᠯ ᠂ ᠵᠢᠱᠢᠶᠡᠯᠡᠪᠡᠯ ᠨᠠᠮ  ᠤᠨ ᠭᠡᠰᠢᠭᠦᠨ ( ᠲᠥᠯᠥᠭᠡᠯᠡᠭᠴᠢ ) ᠦ ᠬᠤᠷᠠᠯ ᠪᠣᠯᠤᠨ ᠭᠠᠴᠠᠭᠠᠨ  ᠦ ᠠᠷᠠᠳ  ᠤᠨ ( ᠲᠥᠯᠥᠭᠡᠯᠡᠭᠴᠢᠳ ) ᠤᠨ ᠬᠤᠷᠠᠯ ᠂ ᠠᠷᠠᠳᠴᠢᠯᠠᠯ   ᠢᠶᠡᠷ ᠡᠳ᠋ ᠬᠠᠮᠢᠶᠠᠷᠠᠬᠤ ᠂ ᠡᠳ᠋ ᠤᠨ ᠵᠠᠰᠠᠭ ᠤᠨ ᠬᠠᠮᠢᠶᠠᠷᠬᠤ ᠪᠠ ᠬᠢᠨᠠᠨ ᠪᠤᠳᠤᠵᠤ ᠂ ᠡᠳ᠋ ᠤᠨ ᠵᠠᠰᠠᠭ ᠲᠤ ᠬᠢᠨᠠᠯᠲᠠ ᠲᠠᠯᠪᠢᠬᠤ ᠂ ᠨᠠᠮ   ᠤᠨ ᠡᠭᠦᠷ ᠪᠠ ᠭᠠᠴᠠᠭᠠᠨ  ᠦ ᠠᠷᠠᠳ  ᠤᠨ ᠵᠥᠪᠯᠡᠯ  ᠤᠨ ᠵᠢᠯ  ᠤᠨ ᠡᠴᠦᠰ  ᠤᠨ ᠳ᠋ᠦᠩᠨᠡᠯᠲᠡ ᠂ ᠭᠠᠴᠠᠭ᠎ᠠ ᠲᠣᠰᠬᠣᠨ  ᠦ ᠺᠠᠳ᠋ᠷ  ᠤᠨ ᠲᠤᠰᠢᠶᠠᠯ ᠤᠨ ᠬᠤᠭᠤᠴᠠᠭ᠎ᠠ ᠪᠠ ᠲᠤᠰᠢᠶᠠᠯ ᠡᠴᠡ ᠰᠠᠯᠬᠤ ᠳᠤ ᠬᠢᠨᠠᠨ ᠪᠤᠳᠤᠯᠲᠠ ᠵᠡᠷᠭᠡ ᠂ ᠴᠥᠮ ᠬᠠᠤᠯᠢ ᠴᠠᠭᠠᠵᠠ ᠪᠠ ᠬᠣᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠨ ᠳᠦᠷᠢᠮ ᠲᠣᠭᠲᠠᠭᠠᠯ ᠲᠣᠭᠲᠠᠭᠠᠵᠤ ᠂ ᠵᠡᠷᠭᠡᠴᠡᠭᠡ ᠪᠡᠷ ᠲᠡᠭᠦᠨ  ᠢ ᠠᠭᠠᠵᠢᠮ    ᠢᠶᠡᠷ ᠳᠦᠷᠢᠮᠵᠢᠭᠦᠯᠬᠦ ᠃ ᠭᠠᠴᠠᠭ᠎ᠠ ᠲᠣᠰᠬᠣᠨ  ᠦ ᠱᠠᠲᠤᠨ ᠦ ᠳᠦᠷᠢᠮ ᠤᠨ ᠪᠠᠶᠢᠭᠤᠯᠤᠯᠲᠠ ᠡᠴᠡ ᠳᠠᠮᠵᠢᠨ᠂ ᠲᠠᠷᠢᠶᠠᠯᠠᠬᠤ ᠮᠠᠯᠵᠢᠬᠤ ᠣᠷᠣᠨ ᠡᠯ᠎ᠡ ᠵᠦᠢᠯ  ᠤᠨ ᠬᠠᠮᠢᠶᠠᠷᠤᠯᠲᠠ   ᠶᠢᠨ ᠠᠵᠢᠯ  ᠢ ᠶᠤᠰᠤ ᠲᠠᠢ ᠦᠨᠳᠦᠰᠦᠯᠡᠯ ᠲᠡᠶ ᠪᠤᠯᠭᠠᠬᠤ ᠂ ᠬᠠᠤᠯᠢ ᠶᠣᠰᠣᠭᠠᠷ ᠵᠠᠰᠠᠬᠤ ᠂ ᠠᠷᠠᠳᠴᠢᠯᠠᠯ    ᠢᠶᠡᠷ ᠬᠠᠮᠢᠶᠠᠷᠬᠤ ᠭᠠᠴᠠᠭ᠎ᠠ ᠲᠣᠰᠬᠣᠨ ᠦ ᠠᠬᠢᠴᠠ ᠵᠢ ᠠᠬᠢᠭᠤᠯᠪᠠ ᠃
    (13) ᠰᠤᠮᠤ ᠪᠠᠯᠭᠠᠰᠤ   ᠶᠢᠨ ᠨᠠᠮ  ᠤᠨ ᠬᠣᠷᠢᠢ᠎ᠠ ᠂ ᠵᠠᠰᠠᠭ  ᠤᠨ ᠣᠷᠳᠣᠨ ᠨᠢ ᠭᠠᠴᠠᠭ᠎ᠠ ᠲᠣᠰᠬᠣᠨ ᠦ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠭᠰᠠᠨ ᠬᠠᠮᠢᠶᠠᠷᠤᠯᠲᠠ  ᠶᠢᠨ ᠬᠢᠨᠠᠨ ᠦᠨᠡᠯᠡᠯᠲᠡ ᠬᠢᠬᠦ ᠲᠦᠷᠢᠮ   ᠶᠢᠨ ᠪᠠᠢᠢᠭᠤᠯᠤᠯᠲᠠ ᠵᠢ ᠬᠠᠪᠰᠤᠷᠴᠦ᠃ ᠭᠠᠴᠠᠭ᠎ᠠ ᠲᠣᠰᠬᠣᠨ ᠦ ᠳᠡᠰ ᠤᠨ ᠦᠨᠡᠯᠡᠬᠦ ᠵᠣᠬᠢᠶᠠᠨ ᠪᠠᠢᠭᠤᠯᠭ᠋ ᠠ ᠵᠢ ᠪᠠᠶᠢᠭᠤᠯᠬᠤ ᠭᠡᠪᠡᠯ ᠂ ᠵᠢᠱᠢᠶᠡᠯᠡᠪᠡᠯ ᠨᠠᠮ  ᠤᠨ ᠭᠡᠰᠢᠭᠦᠨ ᠦ ᠬᠡᠷᠡᠭ ᠵᠥᠪᠯᠡᠬᠦ ᠬᠤᠷᠠᠯ ᠂ ᠭᠠᠴᠠᠭᠠᠨ  ᠦ ᠠᠷᠠᠳ ᠤᠨ ᠲᠥᠯᠥᠭᠡᠯᠡᠭᠴᠢᠳ  ᠤᠨ ᠬᠤᠷᠠᠯ  ᠬᠡᠷᠡᠭ ᠵᠥᠪᠯᠡᠬᠦ ᠬᠤᠷᠠᠯ ᠵᠡᠷᠭᠡ ᠂ ᠲᠡᠭᠦᠨ  ᠳ᠋ᠦ᠍ ᠬᠡᠷᠡᠭᠰᠡᠬᠦ ᠴᠢᠬᠤᠯᠠᠲᠠᠶ ᠬᠢᠨᠠᠯᠲᠠ ᠲᠠᠯᠪᠢᠬᠤ ᠡᠷᠬᠡ ᠬᠢᠭᠡᠳ ᠦᠨᠡᠯᠡᠬᠦ ᠡᠷᠬᠡ ᠣᠯᠭᠣᠵᠤ ᠂ ᠲᠣᠭᠲᠠᠮᠠᠯ ᠬᠤᠭᠤᠴᠠᠭ᠎ᠠ ᠲᠠᠶ ᠪᠤᠶᠤ ᠲᠣᠭᠲᠠᠮᠠᠯ ᠪᠤᠰᠤ ᠬᠤᠭᠤᠴᠠᠭ᠎ᠠ ᠲᠠᠶ ᠪᠠᠷ ᠬᠠᠮᠢᠶ᠎ᠠ ᠪᠦᠬᠦᠢ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ  ᠢᠶᠡᠷ
ᠬᠠᠮᠢᠶᠠᠷᠤᠯᠲᠠ   ᠶᠢᠨ ᠡᠯ᠎ᠡ ᠵᠦᠢᠯ  ᠤᠨ ᠲᠦᠷᠢᠮ  ᠢ ᠬᠡᠷᠡᠭᠵᠢᠭᠦᠯᠦᠭᠰᠡᠨ ᠪᠠᠶᠢᠳᠠᠯ  ᠳᠤ ᠦᠨᠡᠯᠡᠯᠲᠡ ᠬᠢᠵᠦ ᠂ ᠬᠠᠮᠲᠤ ᠦᠨᠡᠯᠡᠨ ᠶᠠᠷᠢᠯᠴᠠᠭᠰᠠᠨ ᠦᠷ᠎ᠡ ᠌ ᠳ᠋ᠦᠩ ᠡᠶᠡᠨ ᠵᠠᠷᠯᠠᠨ ᠨᠡᠶᠢᠲᠡᠯᠡᠬᠦ ᠬᠡᠷᠡᠭᠲᠡᠶ ᠃ ᠨᠠᠮ  ᠤᠨ ᠡᠭᠦᠷ ᠪᠠ ᠭᠠᠴᠠᠭᠠᠨ  ᠦ ᠠᠷᠠᠳ  ᠤᠨ ᠵᠥᠪᠯᠡᠯ ᠨᠢ ᠵᠥᠪᠯᠡᠨ ᠶᠠᠷᠢᠯᠴᠠᠭᠰᠠᠨ ᠪᠠᠶᠢᠳᠠᠯ ᠢ ᠦᠨᠳᠦᠰᠦᠯᠡᠵᠦ ᠪᠠᠶᠢᠭᠠᠳ᠂ ᠴᠠᠭ ᠲᠤᠬᠠᠶ  ᠳᠤᠨᠢ ᠥᠭᠡᠷᠡᠴᠢᠯᠡᠨ ᠰᠠᠨᠠᠯ ᠲᠤᠷᠠᠬᠤ ᠬᠡᠷᠡᠭᠲᠡᠢ᠃ ᠦᠨᠡᠯᠡᠬᠦ ᠵᠣᠬᠢᠶᠠᠨ ᠪᠠᠶᠢᠭᠤᠯᠤᠯᠲᠠ   ᠶᠢᠨ ᠬᠡᠷᠡᠭ ᠵᠥᠪᠯᠡᠬᠦ ᠠᠵᠢᠯᠯᠠᠭ᠎ᠠ ᠵᠢ ᠲᠤᠰ ᠲᠤᠰ ᠨᠠᠮ ᠤᠨ ᠡᠭᠦᠷ ᠪᠠ ᠭᠠᠴᠠᠭᠠᠨ ᠦ ᠠᠷᠠᠳ  ᠤᠨ ᠵᠥᠪᠯᠡᠯ ᠡᠴᠡ ᠬᠤᠷᠠᠮᠳᠤᠭᠤᠯᠤᠨ᠎ᠠ᠃ ᠪᠦᠷᠢᠯᠳᠦᠬᠦᠨ ᠬᠥᠮᠦᠰ ᠨᠢ ᠲᠤᠰ ᠲᠤᠰ ᠨᠠᠮ  ᠤᠨ ᠭᠡᠰᠢᠭᠦᠨ ᠪᠠ ᠭᠠᠴᠠᠭᠠᠨ ᠦ ᠠᠷᠠᠳ  ᠤᠨ ᠠᠷᠠᠳᠴᠢᠯᠠᠯ   ᠢᠶᠡᠷ ᠰᠣᠩᠭᠣᠵᠤ ᠭᠠᠷᠭᠠᠨ᠎ᠠ ᠃ ᠲᠡᠭᠦᠨ  ᠦ ᠬᠥᠮᠦᠨ  ᠦ ᠲᠣᠭ᠎ᠠ ᠲᠤᠰ ᠲᠤᠰ ᠨᠠᠮ  ᠤᠨ ᠭᠡᠰᠢᠭᠦᠨ ᠪᠣᠯᠤᠨ ᠭᠠᠴᠠᠭ᠎ᠠ ᠲᠣᠰᠬᠣᠨ ᠦ ᠭᠠᠴᠠᠭᠠᠨ  ᠦ ᠠᠷᠠᠳ  ᠤᠨ ᠲᠣᠭ᠎ᠠ ᠪᠡᠷ ᠦᠵᠡᠵᠦ ᠲᠣᠭᠲᠠᠭᠠᠨ᠎ᠠ ᠃ ᠦᠨᠡᠯᠡᠯᠲᠡ ᠬᠢᠬᠦ ᠵᠣᠬᠢᠶᠠᠨ ᠪᠠᠶᠢᠭᠤᠯᠭ᠋ ᠠ  ᠶᠢᠨ  ᠪᠦᠷᠢᠯᠳᠦᠬᠦᠨ ᠨᠢ ᠂ ᠳᠠᠪᠰᠢᠩᠭᠤᠢ ᠴᠢᠨᠠᠷ ᠂ ᠡᠷᠬᠡ ᠰᠦᠷᠲᠦ ᠴᠢᠨᠠᠷ ᠂ ᠲᠥᠯᠥᠭᠡᠯᠡᠬᠦ ᠴᠢᠨᠠᠷ ᠪᠣᠯᠤᠨ ᠲᠥᠪ ᠭᠣᠣᠯᠴᠢ ᠴᠢᠨᠠᠷ ᠪᠠᠢᠢᠬᠤ ᠬᠡᠷᠡᠭᠲᠡᠢ ᠃ ᠬᠥᠮᠦᠨ ᠠᠮᠠ ᠨᠢ ᠲᠠᠷᠠᠬᠠᠶ ᠪᠤᠲᠠᠷᠬᠠᠶ ᠰᠠᠭᠤᠵᠤ ᠂ ᠵᠠᠮ ᠬᠠᠷᠢᠯᠴᠠᠭ᠎ᠠ ᠳᠥᠭᠥᠮ ᠦᠭᠡᠢ ᠭᠠᠵᠠᠷ ᠣᠷᠣᠨ  ᠦ ᠭᠠᠴᠠᠭ᠋ ᠠ ᠲᠣᠰᠬᠣᠨ ᠂ ᠲᠡᠭᠦᠨ  ᠦ ᠠᠶᠢᠯ ᠲᠣᠰᠬᠣᠨ( ᠳᠤᠭᠤᠶᠢᠯᠠᠩ ᠂ ᠠᠢᠢᠯ ᠂ ᠬᠤᠷᠰᠢᠶ᠌᠎ᠠ ) ᠨᠢ ᠠᠷᠠᠳᠴᠢᠯᠠᠯ  ᠢᠶᠡᠷ ᠬᠢᠨᠠᠨ ᠪᠠᠢᠢᠴᠠᠭᠠᠬᠤ ᠳᠤᠭᠤᠢᠢᠯᠠᠩ ᠢ ᠰᠤᠩᠭᠤᠨ ᠭᠠᠷᠭᠠᠨ᠌ ᠠ ᠃ ᠭᠠᠴᠠᠭᠠᠨ ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠬᠣᠯᠪᠣᠭᠳᠠᠯ ᠪᠦᠬᠦᠢ ᠤᠴᠢᠷ ᠶᠠᠪᠤᠳᠠᠯ  ᠢ ᠵᠥᠪᠯᠡᠨ ᠶᠠᠷᠢᠯᠴᠠᠬᠤ ᠪᠠ ᠬᠢᠨᠠᠯᠲᠠ ᠲᠠᠯᠪᠢᠬᠤ ᠂ ᠭᠠᠴᠠᠭ᠎ᠠ ᠲᠣᠰᠬᠣᠨ ᠪᠣᠯᠤᠨ ᠠᠶᠢᠯ ᠲᠣᠰᠬᠣᠨ ᠦ ᠺᠠᠳ᠋ᠷ ᠢᠷᠭᠡᠨ ᠦ ᠬᠡᠷᠡᠭ  ᠤᠨ ᠵᠢᠭᠤᠷᠠᠯᠳᠤᠭᠠᠨ  ᠢ ᠡᠶᠡᠳᠡᠭᠦᠯᠬᠦ ᠂ ᠭᠠᠴᠠᠭᠠᠨ  ᠦ ᠠᠷᠠᠳ  ᠤᠨ ᠦᠵᠡᠯ ᠰᠠᠨᠠᠭᠠᠨ  ᠦ ᠠᠵᠢᠯ  ᠢ ᠰᠠᠶᠢᠲᠤᠷ ᠬᠢᠵᠦ ᠂ ᠭᠠᠴᠠᠭᠠᠨ  ᠦ ᠠᠷᠠᠳ  ᠤᠨ ᠰᠠᠨᠠᠯ ᠱᠠᠭᠠᠷᠳᠠᠯᠭ᠎ᠠ ᠵᠢ ᠲᠤᠰᠬᠠᠵᠤ ᠪᠠᠶᠢᠨ᠎ᠠ ᠃ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠬᠤ ᠦᠭᠡᠢ ᠮᠠᠯᠴᠢᠨ ᠲᠠᠷᠢᠶᠠᠴᠢᠨ ᠡᠪ ᠬᠠᠮᠲᠤ ᠨᠠᠮ ᠤᠨ ᠭᠡᠰᠢᠭᠦᠨ ᠂ ᠵᠣᠬᠢᠶᠠᠨ ᠪᠠᠶᠢᠭᠤᠯᠤᠯᠲᠠ   ᠶᠢᠨ ᠦᠨᠡᠯᠡᠯᠲᠡ ᠬᠢᠬᠦ ᠪᠡᠷ ᠳᠠᠮᠵᠢᠭᠤᠯᠤᠨ ᠬᠣᠰᠢᠭᠤᠴᠢ ᠵᠢᠱᠢᠶᠡᠴᠢ ᠦᠢᠯᠡᠳᠦᠯ ᠭᠠᠷᠭᠠᠬᠤ ᠬᠡᠷᠡᠭᠲᠡᠶ ᠃
    ᠲᠠᠪᠤ ᠂ ᠭᠠᠴᠠᠭᠠᠨ ᠦ ᠳᠡᠰ ᠤᠨ ᠵᠣᠬᠢᠶᠠᠨ ᠪᠠᠶᠢᠭᠤᠯᠤᠯᠭ᠋ ᠠ  ᠶᠢᠨ ᠪᠠᠢᠢᠭᠤᠯᠤᠯᠲᠠ ᠵᠢ ᠤᠯᠠᠮ ᠨᠢᠭᠡ ᠠᠯᠬᠤᠮ ᠴᠢᠩᠭᠠᠳᠬᠠᠵᠤ ᠂ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠬᠤ  ᠶᠢᠨ ᠵᠥᠪ ᠬᠡᠷᠡᠭᠵᠢᠭᠦᠯᠬᠦ ᠵᠢ ᠪᠠᠲᠤᠳᠬᠠᠬᠤ ᠃
    (14) ᠤᠯᠠᠮ ᠨᠢᠭᠡ ᠠᠯᠬᠤᠮ ᠨᠠᠮ  ᠤᠨ ᠡᠭᠦᠷ ᠂ ᠭᠠᠴᠠᠭᠠᠨ  ᠦ ᠵᠥᠪᠯᠡᠯ ᠂ ᠡᠪ ᠬᠠᠮᠲᠤ ᠵᠠᠯᠠᠭᠤᠴᠤᠳ  ᠤᠨ ᠡᠪᠯᠡᠯ ᠂ ᠡᠮᠡᠭᠲᠡᠶᠢᠴᠦᠳ  ᠤᠨ ᠬᠣᠯᠪᠣᠭᠠᠲᠤ ᠬᠤᠷᠠᠯ ᠂ ᠡᠷᠦᠬᠡ  ᠶᠢᠨ ᠴᠡᠷᠢᠭ ᠵᠡᠷᠭᠡ ᠭᠠᠴᠠᠭᠠᠨ ᠦ ᠳᠠᠰ ᠤᠨ ᠵᠣᠬᠢᠶᠠᠨ ᠪᠠᠶᠢᠭᠤᠯᠭ᠋ ᠠ ᠵᠢ ᠪᠦᠲᠦᠭᠡᠨ ᠪᠠᠢᠢᠭᠤᠯᠵᠤ ᠂ ᠲᠡᠳᠡᠨ  ᠦ ᠦᠢᠯᠡᠳᠦᠯ  ᠢ ᠭᠦᠢᠴᠡᠳ ᠪᠠᠳᠠᠷᠠᠭᠤᠯᠬᠤ ᠬᠡᠷᠡᠭᠲᠡᠶ ᠃ ᠨᠡᠶᠢᠭᠡᠮ ᠵᠢᠷᠤᠮ  ᠤᠨ ᠵᠠᠬ᠎ᠠ ᠳᠡᠯᠭᠡᠭᠦᠷ  ᠤᠨ ᠠᠵᠤ ᠠᠬᠤᠶ  ᠶᠢᠨ ᠬᠥᠭᠵᠢᠯᠲᠡ ᠳᠤ ᠲᠠᠬᠢᠷᠠᠬᠤ ᠪᠠ ᠦᠨᠳᠦᠰᠦᠨ ᠱᠠᠲᠤᠨ  ᠦ ᠠᠷᠠᠳᠴᠢᠯᠠᠯ  ᠤᠨ ᠱᠠᠭᠠᠷᠳᠠᠯᠭ᠎ᠠ ᠵᠢ ᠦᠷᠭᠡᠳᠭᠡᠬᠦ ᠂ ᠡᠯ᠎ᠡ ᠭᠠᠵᠠᠷ  ᠤᠨ ᠬᠢᠨ ᠪᠣᠳᠠᠲᠤ ᠪᠠᠶᠢᠳᠠᠯ ᠡᠴᠡ ᠡᠭᠦᠰᠴᠦ ᠂ ᠭᠠᠴᠠᠭᠠᠨ  ᠦ ᠳᠡᠰ  ᠤᠨ ᠠᠵᠤ ᠠᠬᠤᠶ  ᠶᠢᠨ ᠵᠣᠬᠢᠶᠠᠨ ᠪᠠᠶᠢᠭᠤᠯᠭ᠋ ᠠ ᠵᠢ ᠪᠦᠲᠦᠭᠡᠨ ᠪᠠᠢᠢᠭᠤᠯᠬᠤ  ᠵᠢ ᠴᠢᠩᠭᠠᠳᠬᠠᠬᠤ ᠬᠡᠷᠡᠭᠲᠡᠶ ᠃ ᠠᠵᠤ ᠠᠬᠤᠶ   ᠶᠢᠨ ᠪᠣᠳᠠᠲᠤ ᠬᠦᠴᠦᠨ ᠨᠡᠯᠢᠶᠡᠳ ᠴᠢᠩᠭ᠎ᠠ ᠭᠠᠴᠠᠭ᠎ᠠ ᠲᠣᠰᠬᠣᠨ ᠂ ᠭᠠᠴᠠᠭ᠎ᠠ ᠲᠣᠰᠬᠣᠨ ᠦ ᠳᠠᠰ ᠤᠨ ᠬᠤᠪᠢ ᠣᠷᠣᠭᠤᠯᠤᠭᠰᠠᠨ ᠺᠣᠮᠫᠠᠨᠢ ᠂ ᠬᠤᠪᠢ ᠣᠷᠣᠭᠤᠯᠵᠤ ᠬᠤᠷᠰᠢᠬᠤ ᠺᠣᠮᠫᠠᠨᠢ ᠪᠤᠶᠤ ᠪᠤᠰᠤᠳ ᠬᠠᠤᠯᠢ   ᠶᠢᠨ ᠡᠷᠬᠡᠲᠡᠨ ᠪᠣᠳᠠᠲᠤ ᠴᠣᠭᠴᠠ ᠵᠢ ᠪᠠᠢᠢᠭᠤᠯᠵᠤ ᠪᠤᠯᠤᠨ᠌ ᠠ᠃ ᠠᠵᠤ ᠠᠬᠤᠶ   ᠶᠢᠨ ᠪᠣᠳᠠᠲᠤ ᠬᠦᠴᠦᠨ ᠪᠠᠭᠤᠷᠠᠶ ᠰᠢᠭ᠋ ᠭᠠᠴᠠᠭ᠋ ᠠ ᠲᠣᠰᠬᠣᠨ ᠨᠢ᠂ ᠭᠠᠴᠠᠭ᠎ᠠ ᠲᠣᠰᠬᠣᠨ ᠦ ᠠᠵᠤ ᠠᠬᠤᠶ   ᠶᠢᠨ ᠬᠠᠮᠢᠶᠠᠷᠤᠯᠲᠠ   ᠶᠢᠨ ᠺᠣᠮᠢᠰ ᠢ ᠪᠠᠶᠢᠭᠤᠯᠬᠤ ᠬᠡᠷᠡᠭᠲᠡᠶ ᠃ ᠭᠠᠴᠠᠭᠠᠨ ᠦ ᠳᠡᠰ  ᠤᠨ ᠠᠵᠤ ᠠᠬᠤᠶ  ᠶᠢᠨ ᠵᠣᠬᠢᠶᠠᠨ ᠪᠠᠶᠢᠭᠤᠯᠭ᠋ ᠠ   ᠶᠢᠨ ᠬᠠᠷᠢᠭᠤᠴᠠᠯᠭᠠᠲᠠᠨ ᠨᠢ ᠤᠷᠢᠵᠤ ᠬᠡᠷᠡᠭᠯᠡᠬᠦ ᠳᠦᠷᠢᠮ ᠡᠰᠡᠭᠦᠯ ᠡ ᠰᠣᠩᠭᠣᠭᠤᠯᠢ   ᠶᠢᠨ ᠳᠦᠷᠢᠮ  ᠢ ᠶᠠᠪᠤᠭᠤᠯᠬᠤ ᠬᠡᠷᠡᠭᠲᠡᠶ ᠂ ᠲᠡᠭᠦᠨ  ᠦ ᠬᠠᠤᠯᠢ   ᠶᠢᠨ ᠡᠷᠬᠡᠲᠡᠨ ᠦ ᠲᠥᠯᠥᠭᠡᠯᠡᠭᠴᠢ   ᠶᠢᠨ ᠪᠠᠶᠢᠷᠢ ᠵᠢ ᠲᠣᠭᠲᠠᠭᠠᠭᠰᠠᠨ ᠪᠠᠶᠢᠨ᠎ᠠ ᠃
    (15)ᠨᠠᠮ  ᠤᠨ ᠡᠭᠦᠷ ᠂ ᠭᠠᠴᠠᠭ᠎ᠠ ᠲᠣᠰᠬᠣᠨ ᠦ ᠵᠥᠪᠯᠡᠯ ᠂ ᠭᠠᠴᠠᠭ᠎ᠠ ᠲᠣᠰᠬᠣᠨ  ᠦ ᠠᠵᠤ ᠠᠬᠤᠶ   ᠶᠢᠨ ᠵᠣᠬᠢᠶᠠᠨ ᠪᠠᠶᠢᠭᠤᠯᠭ᠋ ᠠ   ᠶᠢᠨ ᠬᠣᠭᠣᠷᠣᠨᠳᠣᠬᠢ ᠬᠠᠷᠢᠴᠠᠭ᠎ᠠ ᠂ ᠲᠤᠰ ᠲᠤᠰ  ᠤᠨ ᠢᠢᠠᠨ ᠲᠤᠰᠢᠶᠠᠯ  ᠢ ᠭᠦᠢᠴᠡᠳᠬᠡᠵᠦ ᠂ ᠠᠵᠢᠯ  ᠢᠶᠡᠨ ᠰᠠᠢᠢᠨ ᠬᠢᠬᠦ ᠬᠡᠷᠡᠭᠲᠡᠢ᠃ ᠨᠠᠮ ᠤᠨ ᠡᠭᠦᠷ ᠪᠣᠯ ᠭᠠᠴᠠᠭ᠎ᠠ ᠲᠣᠰᠬᠣᠨ  ᠦ ᠤᠳᠤᠷᠢᠳᠬᠤ ᠭᠣᠣᠯᠯᠠᠭᠴᠢ ᠬᠦᠴᠦᠨ ᠮᠥᠨ ᠂ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠰᠢᠭᠤᠳ ᠤᠳᠤᠷᠢᠳᠤᠭᠴᠢ ᠪᠠ ᠵᠣᠬᠢᠶᠠᠨ ᠪᠠᠶᠢᠭᠤᠯᠤᠭᠴᠢ ᠮᠦᠨ᠂ ᠳᠠᠢᠢᠴᠢᠨ ᠪᠡᠬᠢᠯᠡᠯᠲᠡ   ᠶᠢᠨ ᠦᠢᠯᠡᠳᠦᠯ ᠢᠢᠠᠨ ᠭᠦᠢᠴᠡᠳ ᠪᠠᠳᠠᠷᠠᠭᠤᠯᠬᠤ ᠬᠡᠷᠡᠭᠲᠡᠶ ᠂ ᠨᠠᠮ  ᠤᠨ ᠱᠤᠭᠤᠮ ᠂ ᠴᠢᠭᠯᠡᠯᠲᠡ ᠂ ᠲᠦᠷᠦ   ᠶᠢᠨ ᠪᠤᠳᠤᠯᠭ᠎ᠠ   ᠶᠢᠨ ᠦᠨᠳᠦᠰᠦᠨ ᠱᠠᠲᠤᠨ ᠳᠠᠬᠢ ᠲᠤᠤᠱᠯᠠᠭᠤᠯᠬᠤ ᠵᠢ ᠪᠠᠲᠤᠳᠬᠠᠬᠤ ᠬᠡᠷᠡᠭᠲᠡᠢ ᠃ ᠭᠠᠴᠠᠭᠠᠨ ᠦ ᠭᠠᠴᠠᠭᠠᠨ ᠦ ᠠᠷᠠᠳ ᠤᠨ ᠵᠥᠪᠯᠡᠯ ᠨᠢ ᠨᠠᠮ  ᠤᠨ ᠡᠭᠦᠷ ᠤᠨ ᠤᠳᠤᠷᠢᠳᠤᠯᠭ᠎ᠠ ᠳᠣᠣᠷ᠎ᠠ ᠂ ᠥᠪᠡᠷ  ᠢ ᠪᠡᠨ ᠬᠠᠮᠢᠶᠠᠷᠬᠤ ᠂ ᠥᠪᠡᠷ  ᠢ ᠪᠡᠨ ᠰᠤᠷᠭᠠᠨ ᠬᠥᠮᠦᠵᠢᠭᠦᠯᠬᠦ ᠂ ᠥᠪᠡᠷ  ᠤᠨ ᠪᠡᠶ᠎ᠡ ᠳᠡᠭᠡᠨ ᠦᠢᠯᠡᠴᠢᠯᠡᠬᠦ ᠤᠯᠡᠠ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ   ᠶᠢᠨ ᠡᠭᠦᠷᠭᠡ ᠲᠤᠰᠢᠶᠠᠯ  ᠢᠶᠡᠨ ᠪᠠᠳᠠᠷᠠᠭᠤᠯᠵᠤ ᠂ ᠭᠠᠴᠠᠭᠠᠨ ᠦ ᠠᠷᠠᠳ  ᠤᠨ ᠬᠡᠷᠡᠭ ᠵᠥᠪᠯᠡᠬᠦ ᠠᠵᠢᠯᠯᠠᠭ᠎ᠠ  ᠵᠢ ᠵᠣᠬᠢᠶᠠᠨ ᠪᠠᠶᠢᠭᠤᠯᠵᠤ ᠂ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠠᠵᠢᠯ  ᠢ ᠬᠢᠵᠦ ᠂ ᠭᠠᠴᠠᠭᠠᠨ ᠦ ᠠᠷᠠᠳ ᠤᠨ ᠠᠷᠠᠳᠴᠢᠯᠠᠯ  ᠤᠨ ᠡᠷᠬᠡ ᠵᠢ ᠪᠠᠲᠤᠯᠠᠨ᠌ ᠠ᠃ ᠭᠠᠴᠠᠭ᠎ᠠ ᠲᠣᠰᠬᠣᠨ ᠦ ᠠᠵᠤ ᠠᠬᠤᠶ   ᠶᠢᠨ ᠵᠣᠬᠢᠶᠠᠨ ᠪᠠᠶᠢᠭᠤᠯᠭ᠋ ᠠ ᠨᠢ ᠨᠠᠮ  ᠤᠨ ᠡᠭᠦᠷ  ᠤᠨ ᠤᠳᠤᠷᠢᠳᠤᠯᠭ᠎ᠠ ᠳᠤᠤᠷ ᠠ ᠂ ᠨᠠᠮ  ᠤᠨ ᠴᠢᠭᠯᠡᠯᠲᠡ ᠂ ᠲᠥᠷᠥ   ᠶᠢᠨ ᠪᠣᠳᠣᠯᠭ᠎ᠠ ᠪᠠ ᠳᠡᠭᠡᠷ᠎ᠡ ᠱᠠᠲᠤᠨ  ᠦ ᠱᠠᠭᠠᠷᠳᠠᠯᠭ᠎ᠠ ᠵᠢ ᠬᠦᠭᠵᠢᠭᠦᠯᠵᠦ ᠂ ᠲᠤᠰ ᠭᠠᠴᠠᠭᠠᠨ  ᠦ ᠠᠵᠤ ᠠᠬᠤᠶ  ᠶᠢᠨ ᠬᠦᠳᠡᠯᠭᠡᠭᠡᠨ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠵᠣᠬᠢᠶᠠᠨ ᠪᠠᠶᠢᠭᠤᠯᠵᠤ ᠬᠠᠮᠢᠶᠠᠷᠬᠤ ᠂ ᠠᠵᠤ ᠠᠬᠤᠶ ᠢᠢᠨ ᠬᠥᠭᠵᠢᠯᠲᠡ ᠵᠢ ᠲᠦᠷᠭᠡᠳᠬᠡᠵᠦ ᠂ ᠬᠠᠮᠲᠤ   ᠶᠢᠨ ᠠᠵᠤ ᠠᠬᠤᠶ  ᠶᠢᠨ ᠪᠣᠳᠠᠲᠤ ᠬᠦᠴᠦᠨ ᠢ ᠴᠢᠩᠭᠠᠳᠬᠠᠵᠦ ᠂ ᠠᠵᠤ ᠠᠬᠤᠶ   ᠶᠢᠨ ᠬᠥᠭᠵᠢᠯᠲᠡ ᠪᠡᠷ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ    ᠢᠶᠡᠷ ᠬᠠᠮᠢᠶᠠᠷᠤᠯᠲᠠ ᠶᠠᠪᠤᠭᠤᠯᠬᠤ ᠳᠦᠷᠢᠮ  ᠢ ᠵᠥᠪ  ᠢᠶᠡᠷ ᠬᠡᠷᠡᠭᠵᠢᠭᠦᠯᠬᠦ ᠪᠠ ᠪᠡᠬᠢᠵᠢᠭᠦᠯᠬᠦ ᠂ ᠲᠡᠭᠦᠯᠳᠡᠷᠵᠢᠭᠦᠯᠬᠦ ᠵᠢ ᠪᠠᠲᠤᠳᠬᠠᠨ᠌ ᠠ᠃
    (16) ᠭᠠᠴᠠᠭ᠎ᠠ ᠲᠣᠰᠬᠣᠨ  ᠦ ᠺᠠᠳ᠋ᠷ  ᠤᠨ ᠬᠡᠪ ᠴᠢᠨᠠᠷ  ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠃ ᠲᠡᠳᠡᠭᠡᠷ ᠤᠯᠤᠰ ᠲᠦᠷᠦ   ᠶᠢᠨ ᠲᠠᠯ᠎ᠠ ᠪᠠᠷ ᠪᠠᠲᠤ ᠴᠢᠩᠭ᠎ᠠ ᠂ ᠦᠵᠡᠯ ᠰᠤᠷᠲᠠᠯ ᠰᠠᠢᠢᠨ ᠂ ᠲᠥᠪ ᠭᠣᠣᠯᠴᠢ ᠦᠢᠯᠡᠴᠢᠯᠡᠬᠦ ᠂ ᠨᠠᠰᠤ ᠵᠠᠯᠠᠭᠤ ᠢᠳᠡᠷ ᠴᠢᠭᠢᠷᠠᠭ ᠂ ᠪᠦᠯᠬᠦᠮᠳᠡᠬᠦ ᠪᠠ ᠤᠯᠠᠨ ᠲᠦᠮᠡᠨ  ᠢ ᠳᠠᠭᠠᠭᠤᠯᠤᠨ ᠪᠠᠶᠠᠵᠢᠭᠤᠯᠬᠤ ᠬᠦᠮᠦᠰ ᠢ ᠭᠠᠴᠠᠭ᠎ᠠ ᠲᠣᠰᠬᠣᠨ ᠦ ᠳᠠᠰ ᠤᠨ ᠵᠣᠬᠢᠶᠠᠨ ᠪᠠᠶᠢᠭᠤᠯᠭ᠋ ᠠ  ᠶᠢᠨ ᠤᠳᠤᠷᠠᠳᠬᠤ ᠠᠩᠬᠢ ᠳᠤ ᠰᠤᠩᠭᠤᠵᠦ ᠤᠷᠤᠭᠤᠯᠬᠤ ᠵᠢ ᠠᠩᠬᠠᠷᠬᠤ ᠬᠡᠷᠡᠭᠲᠡᠢ ᠃  ᠪᠠᠰᠠ ᠪᠦᠲᠦᠮᠵᠢᠲᠡᠶ ᠠᠷᠭ᠎ᠠ ᠠᠪᠴᠢᠯ ᠠᠪᠴᠤ ᠂ ᠲᠡᠳᠡᠨ  ᠦ ᠬᠡᠪ ᠴᠢᠨᠠᠷ  ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠃ ᠬᠣᠰᠢᠭᠤ ᠰᠢᠶᠠᠨ  ᠦ ᠨᠠᠮ  ᠦ ᠬᠣᠷᠢᠶ᠎ᠠ ᠂ ᠵᠠᠰᠠᠭ  ᠤᠨ ᠣᠷᠳᠣᠨ ᠂ ᠡᠷᠬᠡᠪᠰᠢ ᠰᠤᠮᠤ ᠪᠠᠯᠭᠠᠰᠤ ᠪᠣᠯᠤᠨ ᠭᠠᠴᠠᠭ᠎ᠠ ᠲᠣᠰᠬᠣᠨ  ᠦ ᠺᠠᠳ᠋ᠷ  ᠢ ᠬᠦᠮᠦᠵᠢᠭᠦᠯᠦᠨ ᠪᠣᠯᠪᠠᠰᠤᠷᠠᠭᠤᠯᠬᠤ ᠠᠵᠢᠯ  ᠢ ᠡᠳᠦᠷ ᠲᠤᠲᠤᠮ ᠤᠨ ᠴᠢᠬᠤᠯᠠ ᠠᠵᠢᠯ ᠪᠤᠯᠭᠠᠨ᠌ ᠠ᠃ ᠪᠣᠯᠪᠠᠰᠤᠷᠠᠯ  ᠢᠢᠠᠷ ᠳᠠᠮᠵᠢᠨ ᠂ ᠤᠯᠠᠮ ᠨᠢᠭᠡ ᠠᠯᠬᠤᠮ ᠦᠨᠳᠦᠰᠦᠨ ᠱᠠᠲᠤᠨ  ᠦ ᠺᠠᠳ᠋ᠷ ᠤᠨ ᠲᠠᠷᠢᠶᠠᠴᠢᠨ ᠮᠠᠯᠴᠢᠳ ᠲᠤ ᠦᠢᠯᠡᠴᠢᠯᠡᠬᠦ ᠦᠵᠡᠯ ᠰᠠᠨᠠᠭ᠎ᠠ ᠵᠢ ᠴᠢᠩᠭᠠᠳᠬᠠᠵᠤ ᠂ ᠨᠠᠮ ᠤᠨ ᠱᠤᠭᠤᠮ ᠂ ᠴᠢᠭᠯᠡᠯᠲᠡ ᠂ ᠲᠦᠷᠦ ᠶᠢᠨ ᠪᠤᠳᠤᠯᠭ᠎ᠠ ᠵᠢ ᠲᠤᠤᠱᠯᠠᠭᠤᠯᠬᠤ ᠤᠬᠠᠮᠰᠠᠷ ᠢ ᠨᠢ ᠤᠬᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠪᠣᠯᠤᠨ ᠤᠯᠠᠨ ᠲᠦᠮᠡᠨ  ᠦ ᠠᠵᠢᠯ  ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠃
    (17) ᠡᠯ᠎ᠡ ᠱᠠᠲᠤᠨ  ᠦ ᠨᠠᠮ  ᠤᠨ ᠬᠣᠷᠢᠶ᠎ᠠ ᠂ ᠵᠠᠰᠠᠭ ᠤᠨ ᠣᠷᠳᠣᠨ ᠨᠢ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠬᠤ ᠲᠦᠷᠢᠮ ᠢ ᠬᠡᠷᠡᠭᠵᠢᠭᠦᠯᠬᠦ ᠵᠢ᠂ ᠬᠥᠳᠡᠭᠡ ᠲᠣᠰᠬᠣᠨ  ᠦ ᠮᠠᠯᠵᠢᠬᠤ ᠤᠷᠤᠨ ᠦ ᠦᠬᠡᠷᠡᠴᠢᠯᠡᠯᠲᠡ ᠂ ᠬᠥᠭᠵᠢᠯᠲᠡ ᠂ ᠲᠣᠭᠲᠠᠭᠤᠨ ᠢ ᠠᠬᠢᠭᠤᠯᠬᠤ ᠨᠢᠭᠡᠨ ᠴᠢᠬᠤᠯᠠ ᠡᠭᠦᠷᠭᠡ ᠪᠣᠯᠭᠠᠵᠤ ᠂ ᠡᠳᠦᠷ ᠳᠤᠲᠤᠮ  ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠲᠠ ᠬᠠᠮᠵᠢᠯᠴᠠᠬᠤ ᠵᠢ ᠵᠣᠬᠢᠶᠠᠨ ᠪᠠᠢᠢᠭᠤᠯᠵᠤ ᠂ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠠᠵᠢᠯ  ᠢ ᠬᠠᠮᠲᠤᠪᠠᠷ ᠰᠠᠶᠢᠲᠤᠷ ᠬᠢᠬᠦ ᠬᠡᠷᠡᠭᠲᠡᠶ ᠃ ᠡᠯ᠎ᠡ ᠭᠠᠵᠠᠷ ᠲᠤ ᠂ ᠡ᠊ᠨᠡ ᠡᠪᠦᠯ ᠪᠤᠶᠤ ᠢᠷᠡᠬᠦ ᠬᠠᠪᠤᠷ ᠲᠠᠷᠢᠬᠤ  ᠶᠢᠨ ᠡᠮᠦᠨ᠌ ᠡ ᠂ ᠦᠨᠳᠦᠰᠦᠨ ᠱᠠᠲᠤᠨ ᠦ ᠵᠣᠬᠢᠶᠠᠨ ᠪᠠᠶᠢᠭᠤᠯᠭ᠋ ᠠ  ᠶᠢᠨ ᠪᠠᠶᠢᠭᠤᠯᠤᠯᠲᠠ ᠪᠠ 《 ᠤᠷᠲᠤᠳᠬᠠᠨ ᠳᠠᠭᠠᠭᠠᠴᠢᠯᠠᠭᠤᠯᠬᠤ 》 ᠵᠡᠷᠭᠡ ᠠᠵᠢᠯ  ᠢ ᠤᠶᠠᠯᠳᠤᠭᠤᠯᠵᠤ ᠂ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠳᠦᠷᠢᠮ   ᠶᠢᠨ ᠠᠵᠢᠯ  ᠢ ᠪᠦᠬᠦ ᠲᠠᠯ᠎ᠠ ᠪᠠᠷ ᠥᠷᠨᠢᠭᠦᠯᠪᠡ ᠃
    (18) ᠬᠣᠰᠢᠭᠤ ᠰᠢᠶᠠᠨ ᠋ ᠦ ᠨᠠᠮ  ᠤᠨ ᠬᠣᠷᠢᠢ᠎ᠠ ᠂ ᠵᠠᠰᠠᠭ  ᠤᠨ ᠣᠷᠳᠣᠨ ᠨᠢ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠶᠢᠨ ᠬᠠᠮᠢᠶᠠᠷᠤᠯᠲᠠ ᠶᠠᠪᠤᠭᠤᠯᠬᠤ ᠳᠦᠷᠢᠮ   ᠶᠢᠨ ᠠᠵᠢᠯ  ᠳᠤ ᠂ ᠲᠦᠷᠦᠯ ᠬᠤᠪᠢᠶᠠᠨ  ᠵᠢᠯᠦᠭᠤᠳᠦᠨ᠎ᠠ ᠃ ᠬᠣᠰᠢᠭᠤ ᠰᠢᠶᠠᠨ  ᠦ ᠳᠡᠰ ᠤᠨ ᠨᠠᠮ ᠵᠠᠰᠠᠭ  ᠤᠨ ᠡᠷᠬᠢᠯᠡᠭᠴᠢ ᠨᠢ ᠭᠤᠤᠯ ᠬᠠᠷᠢᠭᠤᠴᠠᠬᠤ ᠬᠡᠷᠡᠭᠲᠡᠶ ᠂ ᠨᠠᠶᠢᠳᠠᠪᠤᠷᠢᠵᠢᠭᠤᠯᠤᠯᠲᠠ ᠵᠢ ᠠᠳᠬᠤᠬᠤ ᠂ ᠳᠠᠪᠰᠢᠩᠭᠤᠢ ᠨᠡᠶᠢᠲᠡᠯᠢᠭ ᠵᠢᠱᠢᠶ᠎ᠡ ᠵᠢ ᠳ᠋ᠦᠩᠨᠡᠨ ᠳᠡᠯᠭᠡᠷᠡᠭᠦᠯᠵᠦ ᠂ ᠴᠠᠭ ᠲᠤᠬᠠᠢ  ᠳᠤᠨᠢ ᠢᠯᠡᠷᠡᠭᠰᠡᠨ ᠠᠰᠠᠭᠤᠳᠠᠯ  ᠢ ᠰᠢᠶᠳᠪᠦᠷᠢᠯᠡᠨ᠌ ᠠ ᠃ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠵᠢ ᠰᠤᠮᠤ ᠪᠠᠯᠭᠠᠰᠤᠨ  ᠤᠨ ᠺᠠᠳ᠋ᠷ  ᠤᠨ ᠠᠵᠢᠯ ᠤᠨ ᠪᠠᠶᠢᠷᠢ  ᠶᠢᠨ ᠬᠠᠷᠠᠯᠲᠠ ᠬᠠᠷᠢᠭᠤᠴᠠᠯᠭ᠎ᠠ   ᠶᠢᠨ ᠲᠦᠷᠢᠮ ᠲᠦ ᠤᠷᠤᠭᠤᠯᠤᠨ ᠂ ᠵᠠᠰᠠᠭ  ᠤᠨ ᠠᠵᠢᠯ ᠤᠨ ᠠᠮᠵᠢᠯᠲᠠ ᠵᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠡᠶ ᠃ ᠰᠤᠮᠤ ᠰᠢᠶᠠᠩ ᠪᠠᠯᠭᠠᠰᠤ ᠨᠢ ᠪᠣᠳᠠᠲᠠᠶ ᠲᠥᠰᠦᠯ ᠲᠣᠭᠲᠠᠭᠠᠵᠤ ᠂ ᠰᠢᠪᠠᠳᠠᠬᠤ ᠠᠵᠢᠯ   ᠢᠶᠡᠨ ᠴᠢᠩᠭᠠᠳᠬᠠᠵᠤ ᠪᠠᠶᠢᠴᠠᠭᠠᠵᠦ ᠂ ᠭᠠᠴᠠᠭ᠎ᠠ ᠲᠣᠰᠬᠣᠨ  ᠦ ᠡᠨᠡ ᠬᠦ ᠠᠵᠢᠯ  ᠢ ᠰᠠᠶᠢᠲᠤᠷ ᠥᠷᠨᠢᠭᠦᠯᠬᠦ ᠪᠥᠭᠡᠳ ᠬᠠᠭᠠᠰ ᠵᠢᠯ ᠪᠦᠷᠢ ᠳᠦ ᠬᠣᠰᠢᠭᠤ ᠰᠢᠶᠠᠨ ᠦ ᠨᠠᠮ ᠤᠨ ᠬᠣᠷᠢᠶ᠎ᠠ ᠂ ᠵᠠᠰᠠᠭ  ᠤᠨ ᠣᠷᠳᠣᠨ ᠦ ᠪᠠᠶᠢᠳᠠᠯ ᠢ ᠮᠡᠳᠡᠭᠦᠯᠬᠦ ᠬᠡᠷᠡᠭᠲᠡᠶ ᠃ ᠰᠤᠮᠤ ᠰᠢᠶᠠᠩ ᠪᠠᠯᠭᠠᠰᠤ ᠢᠳᠡᠪᠬᠢᠲᠡᠶ ᠪᠡᠷ ᠵᠠᠰᠠᠭ  ᠤᠨ ᠶᠠᠪᠤᠳᠠᠯ  ᠢ ᠢᠯᠡ ᠪᠣᠯᠭᠠᠬᠤ ᠵᠢ ᠬᠡᠷᠡᠭᠵᠢᠬᠦᠯᠵᠦ᠂ ᠰᠤᠮᠤ ᠰᠢᠶᠠᠩ ᠪᠠᠯᠭᠠᠰᠤ   ᠶᠢᠨ ᠵᠠᠰᠠᠭ  ᠤᠨ ᠶᠠᠪᠤᠳᠠᠯ  ᠢ ᠢᠯᠡ ᠪᠣᠯᠭᠠᠬᠤ ᠂ ᠭᠠᠴᠠᠭᠠᠨ ᠦ ᠶᠠᠪᠤᠳᠠᠯ   ᠤᠨ ᠢᠯᠡ ᠪᠣᠯᠭᠠᠬᠤ ᠪᠠ ᠠᠷᠠᠳᠴᠢᠯᠠᠯ  ᠢᠶᠡᠷ ᠬᠠᠮᠢᠶᠠᠷᠬᠤ ᠠᠵᠢᠯ  ᠢ ᠥᠷᠭᠡᠨ ᠳᠡᠯᠭᠡᠷᠡᠩᠭᠦᠶ ᠪᠥᠭᠡᠳ ᠭᠦᠨᠵᠡᠭᠡᠶ ᠥᠷᠨᠢᠭᠦᠯᠬᠦ ᠵᠢ ᠠᠬᠢᠭᠤᠯᠵᠤ ᠪᠠᠲᠤᠳᠬᠠᠪᠠ ᠃
    (19) ᠠᠷᠠᠳᠴᠢᠯᠠᠯ ᠵᠢ ᠬᠠᠤᠯᠢ ᠲᠦᠷᠢᠮ ᠲᠠᠢ  ᠴᠢᠩᠭᠠᠳᠬᠠᠬᠤ ᠵᠢ ᠤᠶᠠᠯᠳᠤᠭᠤᠯᠬᠤ ᠬᠡᠷᠡᠭᠲᠡᠶ ᠃ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠭᠰᠠᠨ ᠬᠠᠮᠢᠶᠠᠷᠤᠯᠲᠠ   ᠶᠢᠨ ᠲᠦᠷᠢᠮ  ᠢ ᠶᠠᠪᠤᠴᠠ ᠵᠢ ᠠᠬᠢᠭᠤᠯᠬᠤ ᠳᠤ ᠂ ᠡᠷᠬᠡᠪᠰᠢ ᠠᠷᠠᠳᠴᠢᠯᠠᠭᠰᠠᠨ ᠤᠯᠤᠰ ᠲᠤᠢᠷᠦ ᠶᠢᠨ ᠪᠠᠶᠢᠭᠤᠯᠤᠯᠲᠠ ᠪᠣᠯᠤᠨ ᠬᠠᠤᠯᠢ ᠲᠤᠢᠷᠢᠮ  ᠤᠨ ᠪᠦᠲᠦᠭᠡᠨ ᠪᠠᠶᠢᠭᠤᠯᠤᠯᠲᠠ ᠵᠢ ᠨᠢᠭᠡᠨ ᠨᠢᠭᠡᠳᠦᠯᠲᠡᠶ ᠪᠦᠬᠦᠯᠢ ᠴᠣᠭᠴᠠ ᠪᠤᠯᠭᠠᠨ ᠤᠶᠠᠯᠳᠤᠭᠤᠯᠬᠤ᠂ ᠬᠠᠤᠯᠢ ᠲᠦᠷᠢᠮ  ᠤᠨ ᠪᠠᠶᠢᠭᠤᠯᠤᠯᠲᠠ ᠵᠢ ᠴᠢᠬᠤᠯᠠᠴᠢᠯᠠᠵᠤ ᠂ ᠬᠠᠤᠯᠢ ᠶᠣᠰᠣᠭᠠᠷ ᠠᠵᠢᠯᠯᠠᠬᠤ ᠬᠡᠷᠡᠭᠲᠡᠶ ᠃ ᠠᠷᠠᠳᠴᠢᠯᠠᠯ ᠬᠠᠤᠯᠢ ᠳᠦᠷᠢᠮ  ᠤᠨ ᠬᠥᠮᠦᠵᠢᠯ ᠢ ᠴᠢᠩᠭᠠᠳᠬᠠᠬᠤ ᠳᠤ᠂ ᠮᠠᠯᠴᠢᠨ ᠲᠠᠷᠢᠶᠠᠴᠢᠳ  ᠠᠷᠠᠳᠴᠢᠯᠠᠯ  ᠤᠨ ᠡᠷᠬᠡ ᠪᠡᠨ ᠵᠥᠪ   ᠢᠶᠡᠷ ᠬᠡᠷᠡᠭᠵᠢᠭᠦᠯᠬᠦ ᠵᠢ ᠬᠦᠮᠦᠵᠢᠬᠦᠯᠦᠨ ᠵᠢᠯᠤᠭᠤᠲᠤᠨ᠌ ᠠ ᠂ ᠦᠨᠳᠦᠰᠦᠨ ᠱᠠᠲᠤᠨ  ᠦ ᠺᠠᠳ᠋ᠷ ᠬᠠᠤᠯᠢ ᠶᠣᠰᠣᠭᠠᠷ ᠵᠠᠰᠠᠭ ᠶᠠᠪᠤᠭᠤᠯᠬᠤ ᠂ ᠦᠨᠳᠦᠰᠦᠨ ᠱᠠᠲᠤᠨ  ᠦ ᠨᠠᠮ  ᠤᠨ ᠵᠣᠬᠢᠶᠠᠨ ᠪᠠᠶᠢᠭᠤᠯᠭ᠋ ᠠ ᠪᠣᠯᠤᠨ ᠨᠠᠮ  ᠤᠨ ᠭᠡᠰᠢᠭᠦᠳ ᠬᠠᠤᠯᠢ ᠴᠠᠭᠠᠵᠠ   ᠶᠢᠨ ᠬᠦᠷᠢᠶ ᠡ ᠬᠡᠨᠴᠢᠶᠡᠨ ᠲᠤᠳᠤᠷ ᠠ ᠠᠵᠢᠯᠯᠠᠭ᠎ᠠ ᠬᠡᠷᠡᠭᠲᠡᠶ ᠃ 《 ᠭᠠᠴᠠᠭᠠᠨ  ᠦ ᠠᠷᠠᠳ  ᠤᠨ ᠵᠥᠪᠯᠡᠯ  ᠤᠨ ᠵᠣᠬᠢᠶᠠᠨ ᠪᠠᠶᠢᠭᠤᠯᠬᠤ ᠬᠠᠤᠯᠢ ( ᠲᠤᠷᠰᠢᠨ ᠬᠡᠷᠡᠭᠵᠢᠭᠦᠯᠬᠦ ) 》ᠪᠠ ᠤᠯᠤᠰ  ᠤᠨ ᠬᠣᠯᠪᠣᠭᠳᠠᠯ ᠪᠦᠬᠦᠢ ᠬᠠᠤᠯᠢ ᠴᠠᠭᠠᠵᠠ ᠂ ᠲᠦᠷᠦ ᠢᠢᠨ ᠪᠤᠳᠤᠯᠭ᠎ᠠ   ᠶᠢᠨ ᠲᠣᠭᠲᠠᠭᠠᠯ ᠢ ᠦᠨᠳᠦᠰᠦᠯᠡᠵᠦ ᠂ ᠪᠣᠳᠠᠲᠤ ᠪᠠᠶᠢᠳᠠᠯ ᠡᠴᠡ ᠡᠭᠦᠰᠬᠦ ᠂ ᠭᠠᠴᠠᠭ᠎ᠠ ᠭᠠᠴᠠᠭᠠᠨ ᠦ ᠲᠣᠭᠲᠠᠭᠠᠯ ᠠᠷᠠᠳ ᠤᠨ ᠭᠡᠷ᠎ᠡ ᠲᠣᠭᠲᠠᠭᠠᠯ ᠂ ᠭᠠᠴᠠᠭᠠᠨ ᠦ ᠠᠷᠠᠳ  ᠤᠨ ᠥᠪᠡᠷᠲᠡᠭᠡᠨ ᠵᠠᠰᠠᠬᠤ ᠲᠤᠢᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠺᠠᠳ᠋ᠷ ᠬᠢᠬᠡᠳ ᠤᠯᠠᠨ ᠲᠦᠮᠡᠨ ᠦ ᠦᠢᠯᠡ ᠠᠵᠢᠯᠯᠠᠭ᠎ᠠ ᠵᠢ ᠬᠢᠵᠠᠭᠠᠷᠯᠠᠨ᠌ ᠠ ᠃ ᠲᠥᠷᠥᠯ ᠤᠭᠰᠠᠭ᠎ᠠ ᠶᠢᠨ ᠬᠦᠴᠦᠨ  ᠪᠠ ᠬᠠᠤᠯᠢ ᠪᠤᠰᠤ ᠱᠠᠰᠢᠨ ᠰᠤᠷᠲᠠᠬᠤᠨ  ᠦ ᠠᠵᠢᠯᠯᠠᠭ᠎ᠠ ᠭᠠᠴᠠᠭᠠᠨ ᠦ ᠶᠠᠪᠤᠳᠠᠯ ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠬᠤ ᠶᠣᠰᠣ ᠲᠦᠷᠢᠮ  ᠢ ᠬᠡᠷᠡᠭᠵᠢᠭᠦᠯᠬᠦ ᠵᠢ ᠰᠡᠷᠭᠡᠶᠢᠯᠡᠨ ᠬᠣᠷᠢᠭᠯᠠᠬᠤ ᠬᠡᠷᠡᠭᠲᠡᠢ ᠃ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ   ᠢᠶᠡᠷ ᠬᠠᠮᠢᠶᠠᠷᠤᠯᠲᠠ ᠶᠠᠪᠤᠭᠤᠯᠬᠤ ᠳᠦᠷᠢᠮ  ᠢ ᠬᠡᠷᠡᠭᠵᠢᠭᠦᠯᠬᠦ ᠳᠤᠮᠳᠠ ᠥᠳᠥᠭᠡᠵᠦ ᠬᠡᠷᠡᠭ ᠲᠠᠲᠠᠭᠰᠠᠨ ᠰᠤᠮᠤ ᠡᠵᠡᠷᠬᠡᠭᠴᠢ ᠂ ᠲᠣᠰᠬᠣᠨ ᠦ ᠡᠵᠡᠷᠬᠡᠭᠴᠢ ᠂ ᠬᠠᠤᠯᠢ ᠶᠣᠰᠣᠭᠠᠷ ᠶᠠᠯᠠᠯᠠᠨ ᠰᠢᠳᠬᠡᠬᠦ ᠬᠡᠷᠡᠭᠲᠡᠶ ᠃
    (20) ᠡᠯ᠎ᠡ ᠱᠠᠲᠤᠨ  ᠦ ᠤᠳᠤᠷᠢᠳᠬᠤ ᠺᠠᠳ᠋ᠷ ᠨᠢ ᠤᠪᠤᠷ ᠰᠤᠷᠲᠠᠯ  ᠢᠢᠠᠨ ᠦᠨᠡᠬᠡᠷ ᠬᠤᠪᠢᠷᠠᠭᠤᠯᠵᠤ ᠂ ᠦᠷᠭᠦᠯᠵᠢ ᠭᠠᠴᠠᠭ᠎ᠠ ᠲᠣᠰᠬᠣᠨ  ᠳᠤ ᠬᠦᠨᠵᠡᠬᠡᠢᠢᠷᠡᠨ ᠪᠠᠶᠢᠴᠠᠭᠠᠨ ᠰᠤᠳᠤᠯᠤᠯᠲᠠ ᠬᠢᠵᠦ ᠂ ᠠᠵᠢᠯ ᠢ ᠨᠢ ᠵᠢᠯᠤᠭᠤᠳᠤᠨ᠌ ᠠ᠃ ᠡᠷᠬᠡᠪᠰᠢ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ ᠢᠢᠠᠷ ᠬᠠᠮᠢᠶᠠᠷᠬᠤ ᠲᠦᠷᠢᠮ  ᠢ ᠬᠡᠷᠡᠭᠵᠢᠭᠦᠯᠬᠦ ᠵᠢ ᠤᠳᠤᠷᠢᠳᠬᠤ ᠺᠠᠳ᠋ᠷ  ᠤᠨ ᠬᠠᠷᠢᠯᠴᠠᠬᠤ ᠴᠡᠭ  ᠪᠠ ᠰᠠᠯᠠᠭ᠎ᠠ ᠮᠥᠴᠢᠷ ᠤᠨ ᠬᠠᠷᠢᠭᠤᠴᠠᠬᠤ ᠠᠵᠢᠯ  ᠤᠨ ᠠᠭᠤᠯᠭ᠎ᠠ  ᠶᠢᠨ ᠨᠢᠭᠡ ᠪᠣᠯᠭᠠᠵᠤ᠂ ᠪᠣᠳᠠᠲᠠᠶ  ᠵᠢᠯᠣᠭᠣᠳᠤᠯᠭ᠋ ᠠ ᠪᠠ ᠬᠠᠪᠰᠤᠷᠤᠯᠭ᠋ ᠠ ᠶᠠᠪᠤᠭᠳᠠᠭᠤᠯᠤᠨ᠌ ᠠ᠃ ᠵᠦᠢᠯ ᠵᠦᠢᠯ ᠤᠨ ᠰᠢᠯᠲᠠᠭᠠᠨ ᠡᠴᠡ ᠭᠠᠴᠠᠭᠠᠨ ᠦ ᠶᠠᠪᠤᠳᠠᠯ  ᠢ ᠢᠯᠡ ᠪᠣᠯᠭᠠᠬᠤ ᠦᠭᠡᠢ ᠪᠠ ᠬᠤᠳᠠᠯ ᠬᠠᠭᠤᠷᠮᠠᠭ ᠪᠣᠯᠭᠠᠭᠰᠠᠨ ᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ ᠠᠰᠠᠭᠤᠳᠠᠯ ᠨᠢ ᠬᠦᠨᠳᠦ ᠨᠣᠴᠢᠲᠠᠢ ᠂ ᠤᠯᠠᠨ ᠲᠦᠮᠡᠨ ᠳᠤᠰᠬᠠᠯ ᠶᠡᠬᠡᠲᠡᠶ ᠂ ᠺᠠᠳ᠋ᠷ ᠪᠠ ᠤᠯᠡᠠ ᠲᠦᠮᠡᠨ ᠦ ᠵᠦᠷᠢᠴᠡᠯ ᠲᠤᠪᠤᠢᠢᠮ᠎ᠠ ᠭᠠᠴᠠᠭ᠎ᠠ ᠲᠣᠰᠬᠣᠨ ᠳᠤ ᠂ ᠠᠵᠢᠯᠯᠠᠬᠤ ᠳᠤᠭᠤᠶᠢᠯᠠᠩ ᠲᠣᠮᠢᠯᠠᠨ ᠤᠷᠢᠳ   ᠢᠶᠡᠷ ᠴᠡᠭᠴᠡᠯᠡᠯᠲᠡ ᠬᠢᠭᠰᠡᠨ ᠦ ᠳᠠᠷᠠᠭ᠎ᠠ ᠪᠦᠬᠦ ᠲᠠᠯ᠎ᠠ ᠪᠠᠷ ᠭᠠᠴᠠᠭᠠᠨ  ᠦ ᠶᠠᠪᠤᠳᠠᠯ  ᠢ ᠢᠯᠡ ᠪᠣᠯᠭᠠᠬᠤ ᠪᠠ ᠠᠷᠠᠳᠴᠢᠯᠠᠯ  ᠢᠢᠠᠷ ᠬᠠᠮᠢᠶᠠᠷᠬᠤ ᠳᠦᠷᠢᠮ ᠢ ᠪᠦᠬᠦ ᠲᠠᠯ ᠠ ᠪᠡᠷ ᠠᠬᠢᠭᠤᠯᠤᠨ᠌ ᠠ᠃

ᠵᠣᠬᠢᠶᠠᠭᠴᠢ:
ᠢᠷᠡᠯᠲᠡ: