ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ ᠦ ᠪᠠᠢᠢᠨᠭᠭᠤ ᠢᠢᠨ ᠬᠣᠷᠢᠶ᠎ᠠ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠦ ᠠᠷᠠᠳ  ᠤᠨ ᠵᠠᠰᠠᠭ  ᠤᠨ ᠣᠷᠳᠣᠨ ᠤᠯᠠᠮ ᠨᠢᠭᠡ ᠠᠯᠬᠤᠮ ᠦᠨᠳᠦᠰᠦᠲᠡᠨ ᠦ ᠠᠵᠢᠯ  ᠤᠨ ᠲᠤᠬᠠᠶ ᠲᠣᠭᠲᠠᠭᠠᠯ

  2019-09-17

 ᠨᠠᠮ  ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠤᠷᠢᠭ ᠰᠠᠨᠠᠭ᠋ ᠠ ᠪᠠ ᠲᠥᠪ  ᠤᠨ ᠦᠨᠳᠦᠰᠦᠲᠡᠨ  ᠦ ᠠᠵᠢᠯ  ᠤᠨ ᠬᠤᠷᠠᠯᠳᠤᠭᠠᠨ  ᠦ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠤᠯᠠᠮ ᠨᠢᠭᠡ ᠠᠯᠬᠤᠮ ᠦᠨᠳᠦᠰᠦᠲᠡᠨ  ᠦ ᠠᠵᠢᠯ ᠢ ᠴᠢᠩᠭᠠᠳᠬᠠᠵᠤ ᠂ ᠮᠠᠨ ᠦ ᠣᠷᠣᠨ ᠦ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ  ᠤᠨ ᠲᠡᠪᠰᠢᠯᠳᠠ ᠶᠢ ᠲᠦᠷᠭᠡᠳᠬᠡᠵᠦ ᠂ ᠣᠨᠴᠠᠭᠠᠶᠢᠯᠠᠨ ᠳᠣᠣᠷᠠᠬᠢ ᠮᠡᠲᠦ ᠲᠣᠭᠲᠠᠭᠠᠯ ᠭᠠᠷᠭᠠᠪᠠ ᠃
    ᠨᠢᠭᠡ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ  ᠦ ᠠᠵᠢᠯ  ᠢ ᠰᠠᠶᠢᠲᠤᠷ ᠬᠢᠬᠦ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠬᠤ
    ( ᠨᠢᠭᠡ )ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ  ᠡᠴᠡ ᠨᠠᠰᠢᠬᠢ ᠢᠯᠠᠩᠭᠤᠶ᠎ᠠ ᠥᠭᠡᠷᠡᠴᠢᠯᠡᠯᠲᠡ ᠨᠡᠭᠡᠯᠲᠡ ᠬᠢᠭᠰᠡᠨ ᠡᠴᠡ ᠨᠠᠰᠢ ᠂ ᠨᠡᠶᠢᠭᠡᠮ ᠤᠨ ᠳᠦᠷᠰᠦ ᠪᠠᠶᠢᠳᠠᠯ ᠳᠦ ᠮᠠᠰᠢ ᠶᠡᠬᠡ ᠬᠤᠪᠢᠷᠠᠯᠲᠠ ᠭᠠᠷᠴᠤ ᠂ ᠡᠷᠬᠡ ᠲᠡᠭᠰᠢ ᠂ ᠪᠦᠯᠬᠦᠮᠳᠡᠯ᠂ ᠬᠠᠷᠢᠯᠴᠠᠨ ᠬᠠᠪᠰᠤᠷᠤᠯᠴᠠᠬᠤ ᠨᠡᠶᠢᠭᠡᠮ ᠵᠢᠷᠤᠮ  ᠤᠨ ᠦᠨᠳᠦᠰᠦᠲᠡᠨ  ᠦ ᠬᠠᠷᠢᠴᠠᠭ᠎ᠠ ᠶᠢ ᠲᠠᠰᠤᠷᠠᠯᠳᠠ ᠦᠭᠡᠢ ᠪᠡᠬᠢᠵᠢᠭᠦᠯᠦᠨ ᠴᠢᠩᠭᠠᠳᠬᠠᠵᠤ ᠂ ᠦᠨᠳᠦᠰᠦᠲᠡᠨ  ᠦ ᠪᠦᠯᠬᠦᠮᠳᠡᠯ ᠲᠠᠪᠰᠢᠯᠳᠠ ᠶᠢᠨ ᠦᠢᠯᠡᠰ ᠲᠦ ᠮᠠᠰᠢ ᠶᠡᠬᠡ ᠠᠮᠵᠢᠯᠲᠠ ᠣᠯᠤᠭᠰᠠᠨ ᠪᠠᠶᠢᠨ᠎ᠠ ᠃ 50 ᠭᠠᠷᠤᠶ ᠵᠢᠯ ᠤᠨ ᠦᠢᠯᠡᠳᠦᠯᠭᠡ ᠭᠡᠷᠡᠴᠢᠯᠡᠭᠰᠡᠨ ᠨᠢ ᠂ ᠨᠠᠮ ᠤᠨ ᠦᠨᠳᠦᠰᠦᠲᠡᠨ  ᠦ ᠤᠷᠤᠨ ᠦ ᠵᠠᠰᠠᠭ ᠤᠨ ᠪᠣᠳᠣᠯᠭ᠎ᠠ ᠵᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠦᠨᠳᠦᠰᠦᠲᠡᠨ  ᠦ ᠣᠷᠣᠨ  ᠦ ᠥᠪᠡᠷᠲᠡᠭᠡᠨ ᠵᠠᠰᠠᠬᠤ ᠪᠠᠶᠢᠭᠤᠯᠤᠯ  ᠢ ᠪᠠᠷᠢᠮᠳᠠᠯᠠᠨ᠂ ᠦᠨᠳᠦᠰᠦᠲᠡᠨ  ᠦ ᠠᠵᠢᠯ  ᠢ ᠰᠠᠶᠢᠲᠤᠷ ᠬᠢᠬᠦ ᠶᠢᠨ ᠦᠨᠳᠦᠰᠦ᠃ ᠴᠥᠭᠡᠨ ᠲᠣᠭᠠᠲᠤ ᠦᠨᠳᠦᠰᠦᠲᠡᠨ  ᠦ ᠭᠠᠵᠠᠷ ᠣᠷᠣᠨ  ᠦ ᠡᠯ᠎ᠡ ᠵᠦᠢᠯ  ᠤᠨ ᠠᠵᠢᠯ ᠦᠢᠯᠡᠰ  ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠪᠣᠯᠤᠨ᠎ᠠ ᠃
    ( ᠬᠣᠶᠠᠷ )ᠵᠠᠭᠤᠨ ᠠᠯᠤᠰᠯᠤᠭᠰᠠᠨ ᠬᠥᠭᠵᠢᠯᠲᠡ ᠶᠢᠨ ᠰᠢᠨ᠎ᠡ ᠲᠦᠯᠦᠪ ᠪᠠᠶᠢᠳᠠᠯ ᠨᠢ ᠮᠠᠨ ᠦ ᠣᠷᠣᠨ  ᠦ ᠦᠨᠳᠦᠰᠦᠲᠡᠨ  ᠦ ᠠᠵᠢᠯ  ᠢ ᠤᠯᠠᠮ ᠨᠢᠭᠡ ᠠᠯᠬᠤᠮ ᠴᠢᠩᠭᠠᠳᠬᠠᠬᠤ  ᠲᠤᠬᠠᠶ ᠳᠦ ᠰᠢᠨ᠎ᠡ ᠨᠢᠭᠡ ᠥᠨᠳᠥᠷ ᠲᠦᠪᠰᠢᠨ ᠦ ᠱᠠᠭᠠᠷᠳᠠᠯᠭ᠎ᠠ ᠵᠢ ᠳᠤᠷᠠᠳᠤᠭᠰᠠᠨ ᠪᠠᠢᠢᠨ᠌ ᠠ᠃ ᠲᠡᠦᠬᠡ ᠂ ᠭᠠᠵᠠᠷ ᠵᠦᠢ᠂ ᠪᠠᠶᠢᠭᠠᠯᠢ ᠶᠢᠨ ᠵᠡᠷᠭᠡ ᠣᠯᠠᠨ ᠰᠢᠯᠲᠠᠭᠠᠨ  ᠡᠴᠡ ᠪᠣᠯᠵᠤ ᠂ ᠮᠠᠨ  ᠦ ᠣᠷᠣᠨ  ᠦ ᠠᠵᠤ ᠠᠬᠤᠶ ᠨᠡᠶᠢᠭᠡᠮ  ᠤᠨ ᠬᠥᠭᠵᠢᠯᠲᠡ ᠬᠠᠷᠠᠬᠠᠨ ᠬᠣᠴᠣᠷᠤᠩᠭᠤᠶ ᠪᠠᠶᠢᠭᠰᠠᠭᠠᠷ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠠᠶᠢᠰᠤᠩᠨᠠᠭᠴᠢ ᠬᠦᠴᠦᠨ ᠦᠨᠳᠦᠰᠦᠲᠡᠨ  ᠦ ᠠᠰᠠᠭᠤᠳᠠᠯ  ᠢ ᠠᠰᠢᠭᠯᠠᠨ ᠮᠠᠨ ᠦ ᠤᠯᠤᠰ  ᠢ《 ᠥᠷᠥᠨᠡᠴᠢᠯᠡᠬᠦ 》᠂ 《 ᠵᠠᠳᠠᠷᠠᠭᠤᠯᠬᠤ 》 ᠡᠭᠦᠷᠭᠡ ᠶᠢ ᠮᠠᠰᠢ ᠬᠠᠲᠠᠭᠤ ᠪᠡᠷᠬᠡ ᠳᠦᠷᠢᠮ ᠢ ᠲᠤᠭᠲᠠᠭᠠᠪᠠ ᠃ ᠮᠠᠨ ᠦ ᠤᠯᠤᠰ ᠤᠳᠠᠯ ᠦᠭᠡᠢ ᠳᠡᠯᠡᠬᠡᠶ ᠶᠢᠨ ᠠᠷᠠᠯᠵᠢᠶᠠᠨ ᠦ ᠵᠣᠬᠢᠶᠠᠨ ᠪᠠᠶᠢᠭᠤᠯᠤᠯᠲᠠ ᠳᠦ ᠤᠷᠤᠬᠤ ᠨᠢ ᠂ ᠮᠠᠨ ᠦ ᠣᠷᠣᠨ ᠦ ᠠᠵᠤ ᠠᠬᠤᠶ ᠶᠢᠨ ᠬᠥᠭᠵᠢᠯᠲᠡ  ᠳᠦ ᠮᠠᠰᠢ ᠣᠯᠠᠨ ᠰᠢᠨ᠎ᠡ ᠰᠤᠷᠢᠯᠲᠠ ᠵᠢ ᠠᠪᠴᠢᠷᠠᠨ ᠦᠭᠭᠦᠭᠰᠡᠨ ᠪᠠᠢᠢᠨ᠌ ᠠ ᠃ ᠮᠠᠨ ᠦ ᠤᠯᠤᠰ  ᠤᠨ ᠪᠠᠷᠠᠭᠤᠨ ᠣᠷᠣᠨ  ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠦᠯᠭ᠎ᠠ ᠪᠦᠭᠡᠳ ᠮᠠᠨ  ᠦ ᠣᠷᠣᠨ  ᠦ ᠬᠥᠭᠵᠢᠯᠲᠡ ᠪᠡᠨ ᠲᠦᠷᠭᠡᠳᠬᠡᠬᠦ  ᠳᠦ ᠣᠯᠳᠠᠬᠤᠶ᠎ᠠ ᠪᠡᠷᠬᠡ ᠲᠡᠦᠬᠡ ᠶᠢᠨ ᠠᠵᠠ ᠲᠣᠬᠢᠶᠠᠯ ᠪᠣᠯᠤᠨ᠎ᠠ ᠃ ᠡᠯ᠎ᠡ ᠱᠠᠲᠤᠨ ᠦ ᠨᠠᠮ  ᠤᠨ ᠬᠣᠷᠢᠶ᠎ᠠ ᠂ ᠵᠠᠰᠠᠭ  ᠤᠨ ᠣᠷᠳᠣᠨ ᠪᠠ ᠪᠦᠬᠦ ᠣᠷᠣᠨ  ᠦ ᠦᠨᠳᠦᠰᠦᠲᠡᠨ ᠨᠤᠭᠦᠳ ᠤᠨ ᠦᠷᠭᠡᠨ ᠤᠯᠠᠨ ᠠᠷᠠᠳ ᠲᠦᠮᠡᠨ ᠡᠷᠢᠨ ᠵᠠᠭᠤᠨ ᠰᠤᠨᠳᠠᠯᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠳᠡᠭᠡᠳᠦ ᠬᠡᠮᠵᠢᠶᠡᠨ ᠡᠴᠡ ᠭᠦᠢᠴᠡᠳ ᠲᠠᠨᠢᠵᠤ ᠂ ᠤᠯᠠᠮ ᠨᠢᠭᠡ ᠠᠯᠬᠤᠮ ᠰᠠᠶᠢᠲᠤᠷ ᠬᠢᠵᠦ ᠂ ᠰᠢᠨ᠎ᠡ ᠬᠡᠯᠪᠡᠷᠢ ᠪᠠᠶᠢᠳᠠᠯ ᠳᠣᠣᠷ᠎ᠠ ᠦᠨᠳᠦᠰᠦᠲᠡᠨ  ᠦ ᠠᠵᠢᠯ ᠤᠨ ᠴᠢᠬᠤᠯᠠ ᠠᠴᠢ ᠬᠣᠯᠪᠣᠭᠳᠠᠯ ᠲᠠᠶ ᠶᠤᠮ᠃ ᠦᠨᠳᠦᠰᠦᠲᠡᠨ  ᠦ ᠠᠵᠢᠯ  ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠡᠨ ᠦᠨᠡᠨ ᠬᠦ ᠴᠢᠩᠭᠠᠳᠬᠠᠵᠤ ᠂ ᠮᠠᠨ  ᠦ ᠣᠷᠣᠨ  ᠦ ᠪᠦᠬᠦ ᠦᠨᠳᠦᠰᠦᠲᠡᠨ ᠦ ᠠᠵᠢᠯ ᠤᠨ ᠰᠢᠨ᠎ᠡ ᠪᠠᠶᠢᠳᠠᠯ ᠢ ᠡᠭᠦᠳᠬᠦ ᠢᠢᠨ ᠲᠥᠯᠥᠭᠡ ᠶᠤᠮ ᠃
    ᠬᠣᠶᠠᠷ ᠂ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠪᠣᠯ ᠦᠨᠳᠦᠰᠦᠲᠡᠨ  ᠦ ᠠᠵᠢᠯ  ᠤᠨ ᠦᠨᠳᠦᠰᠦᠨ ᠡᠭᠦᠷᠭᠡ
    ( ᠭᠤᠷᠪᠠ )ᠡᠯ᠎ᠡ ᠱᠠᠲᠤᠨ  ᠦ ᠨᠠᠮ  ᠤᠨ ᠬᠣᠷᠢᠶ᠎ᠠ ᠂ ᠵᠠᠰᠠᠭ  ᠤᠨ ᠣᠷᠳᠣᠨ  ᠦ ᠲᠣᠭᠣᠷᠢᠨ  ᠳᠦ ᠂ ᠮᠠᠨ   ᠦ ᠣᠷᠣᠨ  ᠢ ᠮᠠᠨ  ᠦ ᠤᠯᠤᠰ  ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠶᠡᠷᠦᠩᠬᠡᠶ ᠱᠤᠭᠤᠮ ᠪᠤᠯᠭᠠᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ ᠂ 《 ᠤᠢ ᠰᠢᠭᠤᠶ ᠶᠢᠨ ᠬᠠᠤᠯᠢ 》 ᠂ 《 ᠨᠤᠲᠤᠭ ᠪᠡᠯᠴᠢᠭᠡᠷ  ᠤᠨ ᠬᠠᠤᠯᠢ 》 ᠂《 ᠣᠷᠴᠢᠨ ᠠᠬᠤᠶ ᠶᠢ ᠬᠠᠮᠠᠭᠠᠯᠠᠬᠤ ᠬᠠᠤᠯᠢ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠲᠤᠤᠱᠯᠠᠭᠤᠯᠵᠤ ᠂ ᠤᠢ ᠰᠢᠭᠤᠶ ᠵᠢ ᠤᠭᠳᠤᠯᠬᠤ ᠪᠠ ᠵᠦᠢ ᠵᠣᠬᠢᠰᠲᠠᠶ ᠠᠰᠢᠭᠯᠠᠬᠤ ᠂ ᠬᠡᠭᠡᠷ᠎ᠡ ᠭᠠᠵᠠᠷ ᠰᠢᠷᠣᠶ ᠵᠡᠷᠭᠡ ᠡᠬᠢ ᠪᠠᠶᠠᠯᠢᠭ ᠢ ᠬᠠᠮᠠᠭᠠᠯᠠᠬᠤ ᠃ ᠲᠥᠪ  ᠤᠨ ᠤᠢ ᠰᠢᠭᠤᠶ ᠶᠢ ᠰᠡᠷᠭᠦᠭᠡᠭᠰᠡᠨ ᠡᠪᠡᠰᠦ ᠪᠡᠯᠴᠢᠭᠡᠷ  ᠢ ᠰᠡᠷᠭᠦᠭᠡᠬᠦ ᠪᠠ ᠡᠯᠡᠰᠦᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠴᠢᠭᠯᠡᠯᠲᠡ ᠲᠦᠷᠦ ᠶᠢᠨ ᠪᠤᠳᠤᠯᠭ᠎ᠠ ᠵᠢ ᠨᠠᠷᠢᠨ ᠬᠢᠨᠠᠮᠠᠭᠠᠶ ᠲᠤᠸᠱᠯᠠᠭᠤᠯᠤᠨ ᠨᠠᠶᠢᠳᠠᠪᠤᠷᠢᠵᠢᠭᠤᠯᠵᠤ ᠂ ᠮᠠᠨ  ᠦ ᠣᠷᠣᠨ  ᠦ ᠠᠮᠢ ᠠᠬᠤᠶ ᠶᠢᠨ ᠪᠦᠳᠤᠭᠡᠨ ᠪᠠᠶᠢᠭᠤᠯᠤᠯᠲᠠ ᠶᠢᠨ ᠠᠯᠬᠤᠴᠠ᠂ ᠮᠠᠯᠵᠢᠬᠤ ᠣᠷᠣᠨ ᠦ ᠠᠵᠢᠯ  ᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ ᠂ ᠶᠡᠷᠦᠩᠬᠡᠶᠢᠯᠡᠨ ᠵᠠᠰᠠᠬᠤ ᠠᠵᠢᠯ  ᠢ ᠴᠢᠩᠭᠠᠳᠬᠠᠵᠤ ᠂ ᠠᠵᠢᠯ  ᠢ ᠰᠠᠶᠢᠲᠤᠷ ᠬᠢᠵᠦ ᠂ ᠨᠤᠲᠤᠭ ᠪᠡᠯᠴᠢᠭᠡᠷ  ᠢᠢᠨ ᠠᠮᠢ ᠠᠬᠤᠶ ᠶᠢᠨ ᠪᠦᠳᠦᠭᠡᠠ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ ᠃ ᠮᠠᠯᠵᠢᠬᠤ ᠶᠢ ᠵᠣᠭᠰᠣᠭᠠᠬᠤ ᠂ ᠲᠣᠭᠣᠷᠢᠭ ᠬᠤᠪᠢᠶᠠᠨ ᠣᠲᠣᠷᠯᠠᠨ ᠮᠠᠯᠵᠢᠬᠤ ᠮᠠᠯ ᠮᠠᠯᠵᠢᠬᠤ ᠶᠢ ᠴᠠᠭᠠᠵᠠᠯᠠᠬᠤ ᠂ ᠪᠡᠯᠴᠢᠭᠡᠷ ᠬᠡᠷᠡᠭᠵᠢᠭᠦᠯᠵᠦ ᠂ ᠬᠠᠰᠢᠶᠠᠯᠠᠨ ᠲᠡᠵᠢᠭᠡᠬᠦ ᠵᠢ ᠬᠡᠷᠡᠭᠵᠢᠭᠦᠯᠬᠦ ᠪᠡᠷ ᠳᠠᠮᠵᠢᠭᠤᠯᠤᠨ ᠂ ᠨᠠᠰᠤᠵᠢᠯ  ᠤᠨ ᠠᠰᠠᠷᠠᠮᠵᠢ ᠵᠡᠷᠭᠡ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠭᠤᠯᠵᠤ ᠂ ᠪᠡᠯᠴᠢᠭᠡᠷ  ᠤᠨ ᠮᠠᠯ ᠠᠵᠤ ᠠᠬᠤᠶ ᠶᠢᠨ ᠦᠢᠯᠡᠳᠪᠦᠷᠢᠯᠡᠯ  ᠢᠢᠨ ᠠᠷᠭ᠎ᠠ ᠶᠢᠨ ᠦᠨᠳᠦᠰᠦᠨ ᠬᠤᠪᠢᠷᠠᠯᠲᠠ ᠶᠢ ᠲᠦᠷᠭᠡᠳᠬᠡᠨ ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠦᠨ᠌ ᠡ᠃
    ( ᠲᠤᠢᠷᠪᠡ ) ᠰᠠᠭᠤᠷᠢ ᠲᠥᠬᠥᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠃ ᠵᠠᠰᠠᠮᠠᠯ ᠵᠠᠮ  ᠤᠨ ᠵᠠᠮ ᠬᠠᠷᠢᠯᠴᠠᠭᠠᠨ  ᠦ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ 《 ᠠᠷᠪᠠᠳᠤᠭᠠᠷ ᠲᠠᠪᠤᠨ ᠵᠢᠯ  ᠤᠨ ᠲᠥᠯᠥᠪᠯᠡᠭᠡ 》 ᠶᠢᠨ ᠲᠥᠯᠥᠪᠵᠢᠭᠦᠯᠭᠡ ᠶᠢᠨ ᠬᠤᠭᠤᠴᠠᠭᠠᠨ ᠦ ᠰᠡᠭᠦᠯᠴᠢ ᠪᠡᠶᠡᠯᠡᠭᠦᠯᠬᠦ 《ᠭᠤᠷᠪᠠ ᠬᠦᠠᠲᠠᠯᠠᠨ ᠶᠢᠰᠦᠳᠦᠭᠡᠷ ᠴᠤᠪᠤᠭ᠎ᠠ ᠠᠨᠭᠬᠢ ᠶᠢᠨ ᠠᠷᠪᠠᠨ ᠬᠣᠶᠠᠳᠤᠭᠠᠷ》 ᠭᠠᠳᠠᠭᠠᠳᠤ ᠭᠠᠷᠭᠠᠯᠲᠠ ᠭᠡᠬᠦ ᠵᠠᠰᠠᠮᠠᠯ ᠵᠡᠮ  ᠤᠨ ᠪᠦᠳᠦᠭᠡᠠ ᠪᠠᠶᠢᠭᠤᠯᠤᠯᠲᠠ ᠶᠢᠨ ᠬᠠᠷᠠᠯᠲᠠ ᠵᠢ ᠶᠡᠬᠡ ᠬᠡᠮᠵᠢᠶ᠎ᠡ ᠪᠡᠷ ᠳᠡᠭᠡᠭᠰᠢᠯᠡᠭᠦᠯᠵᠦ ᠂ ᠵᠠᠮ  ᠤᠨ ᠲᠣᠣᠷ  ᠤᠨ ᠨᠢᠭᠲᠠᠴᠠ ᠪᠠ ᠠᠷᠪᠠᠨ ᠱᠤᠭᠤᠮ  ᠤᠨ ᠵᠠᠰᠠᠮᠠᠯ ᠵᠠᠮ ᠵᠡᠷᠭᠡ ᠳᠡᠰ ᠲᠦᠷᠭᠡᠪᠴᠢᠯᠡᠨ ᠵᠠᠰᠠᠵᠤ ᠂ ᠬᠣᠰᠢᠭᠤ ᠰᠢᠶᠠᠨ ᠪᠣᠯᠤᠨ ᠰᠤᠮᠤ ︵ ᠰᠢᠶᠠᠩ ᠂ ᠪᠠᠯᠭᠠᠰᠤ )  ᠦ ᠵᠠᠮ ᠂ 2005 ᠣᠨ ᠪᠣᠯᠬᠤ  ᠳᠦ ᠴᠢᠷᠮᠠᠶᠢᠵᠤ ᠂ 90% ᠡᠴᠡ ᠳᠡᠭᠡᠭᠰᠢ ᠵᠠᠰᠠᠭ ᠵᠠᠬᠢᠷᠭᠠᠨ  ᠦ ᠲᠣᠰᠬᠣᠨ ᠳᠤ ᠵᠠᠰᠠᠮᠠᠯ ᠵᠠᠮ ᠨᠡᠪᠲᠡᠷᠡᠭᠦᠯᠬᠦ ᠶᠢ ᠃ ᠤᠰᠤᠨ ᠠᠰᠢᠭᠯᠠᠯᠲᠠ ᠶᠢᠨ ᠢᠨᠵᠧᠨᠧᠷᠢᠩ ᠦᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠲᠠᠷᠢᠶᠠᠨ ᠭᠠᠵᠠᠷ ᠬᠠᠳᠤᠯᠠᠩ ᠪᠡᠯᠴᠢᠭᠡᠷ ᠢᠢᠨᠤᠰᠤᠯᠠᠯᠲᠠ ᠢᠢᠨ ᠲᠥᠯᠥᠭᠡ ᠂ 2005 ᠣᠨ ᠪᠣᠯᠬᠤ ᠳᠦ ᠦᠨᠳᠦᠰᠦᠨ ᠬᠥᠮᠦᠨ ᠮᠠᠯ  ᠤᠨ ᠤᠤᠭᠤᠬᠤ ᠤᠰᠤᠨ  ᠦ ᠠᠰᠠᠭᠤᠳᠠᠯ ᠢ ᠲᠠᠰᠤᠯᠬᠤ ᠃ ᠴᠠᠬᠢᠯᠭᠠᠨ ᠬᠦᠴᠦ ᠂ ᠰᠢᠦᠳᠠᠨ ᠴᠠᠬᠢᠯᠭᠠᠨ ᠮᠡᠳᠡᠭᠡ ᠬᠣᠯᠪᠣᠭ᠎ᠠ ᠶᠢᠨ ᠪᠦᠳᠦᠭᠡᠨ ᠪᠠᠶᠢᠭᠤᠯᠤᠯᠲᠠ ᠂ ᠴᠠᠬᠢᠯᠭᠠᠨ  ᠦ ᠲᠣᠣᠷ  ᠤᠨ ᠪᠦᠷᠬᠦᠴᠡ ᠶᠢᠨ ᠬᠤᠪᠢᠷᠠᠯᠲᠠ ᠨᠢ ᠴᠠᠬᠢᠯᠭᠠᠨ ᠳᠠᠮᠵᠢᠭᠤᠯᠬᠤ ᠦᠭᠡᠢ ᠭᠠᠴᠠᠭ᠎ᠠ ( ᠭᠠᠴᠠᠭ᠎ᠠ ) ᠠᠰᠢᠭᠯᠠᠬᠤ ᠬᠡᠷᠡᠭᠲᠡᠶ ᠂ ᠨᠡᠷᠡᠨ ᠦ ᠡᠨᠧᠷᠭᠢ ᠂ ᠰᠠᠯᠬᠢᠨ ᠤ ᠬᠦᠴᠦ ᠪᠡᠷ ᠴᠠᠬᠢᠯᠭᠠᠨ ᠭᠠᠷᠭᠠᠬᠤ ᠵᠡᠷᠭᠡ ᠤᠯᠠᠨ ᠵᠦᠢᠯ  ᠤᠨ ᠬᠡᠯᠪᠡᠷᠢ ᠪᠡᠷ ᠤᠯᠠᠨ ᠲᠦᠮᠡᠨ  ᠦ ᠴᠠᠬᠢᠯᠭᠠᠨ ᠬᠡᠷᠡᠭᠯᠡᠬᠦ ᠠᠰᠠᠭᠤᠳᠠᠯ  ᠢ ᠰᠢᠶᠳᠪᠦᠷᠢᠯᠡᠬᠦ ᠬᠡᠷᠡᠭᠲᠡᠶ ᠃ ᠢᠳᠡᠪᠬᠢᠲᠡᠶ ᠪᠡᠷ ᠰᠢᠶᠳᠪᠦᠷᠢᠯᠡᠵᠦ ᠂ ᠪᠠᠶᠢᠴᠠᠭᠠᠯᠲᠠ ᠬᠢᠬᠦ ᠃( ᠭᠠᠴᠠᠭ᠎ᠠ )  ᠦ ᠮᠡᠳᠡᠭᠡ ᠬᠣᠯᠪᠣᠭ᠎ᠠ ᠂ ᠰᠢᠦᠳᠠᠨ ᠬᠣᠯᠪᠣᠭ᠎ᠠ ᠨᠡᠪᠲᠡᠷᠡᠯᠴᠡᠬᠦ ᠠᠰᠠᠭᠤᠳᠠᠯ ᠪᠣᠯᠤᠨ᠎ᠠ ᠃ ᠷᠠᠳᠢᠣ᠋ ᠨᠡᠪᠲᠡᠷᠡᠭᠦᠯᠭᠡ ᠲᠧᠯᠸᠢᠰ ᠤᠨ ᠲᠣᠣᠷ ᠰᠦᠯᠵᠢᠶᠡᠨ ᠦ ᠪᠠᠶᠢᠭᠤᠯᠤᠯᠲᠠ ᠶᠢ ᠴᠢᠩᠭᠠᠳᠬᠠᠵᠤ ᠂ ᠤᠯᠠᠮ ᠨᠢᠭᠡ ᠲᠣᠮᠣ ᠷᠠᠳᠢᠣ᠋ ᠲᠧᠯᠸᠢᠰ  ᠤᠨ ᠪᠦᠷᠬᠦᠬᠦ ᠭᠠᠶ ᠪᠤᠯᠵᠤ ᠪᠠᠶᠢᠨ᠎ᠠ ᠃ ᠬᠤᠳᠠ ᠶᠢᠨ ᠰᠠᠭᠤᠷᠢ ᠲᠥᠬᠥᠭᠡᠷᠦᠮᠵᠢ ᠪᠠ ᠬᠥᠳᠡᠭᠡ ᠲᠣᠰᠬᠣᠨ  ᠦ ᠠᠵᠢᠯ  ᠢ ᠰᠠᠶᠢᠲᠤᠷ ᠬᠢᠵᠦ ᠂ ᠮᠠᠯᠵᠢᠬᠤ ᠣᠷᠣᠨ  ᠦ ᠵᠢᠵᠢᠭ ᠬᠣᠲᠠ ᠪᠠᠯᠭᠠᠰᠤᠨ  ᠦ ᠪᠦᠲᠦᠭᠡᠨ ᠪᠠᠶᠢᠭᠤᠯᠤᠯᠲᠠ ᠂ ᠬᠤᠳᠠ ᠪᠠᠯᠭᠠᠰᠤᠴᠢᠯᠠᠬᠤ ᠠᠬᠢᠴᠠ ᠶᠢ ᠲᠦᠷᠭᠡᠳᠬᠡᠨ᠎ᠡ ᠃ ᠨᠢᠭᠡ ᠪᠦᠯᠦᠭ ᠴᠢᠳᠠᠮᠵᠢ ᠨᠢ ᠪᠦᠷᠢᠨ ᠲᠡᠭᠦᠯᠳᠡᠷ ᠂ ᠦᠨᠳᠦᠰᠦᠲᠡᠨ ᠦ ᠣᠨᠴᠠᠯᠢᠭ  ᠢᠢᠡᠷ ᠲᠣᠪᠣᠶᠢᠮ᠎ᠠ ᠪᠠᠶᠢᠭ᠎ᠠ ᠣᠳᠣᠬᠢᠴᠢᠯᠠᠯᠲᠠ ᠶᠢᠨ ᠳᠤᠮᠳᠠ ᠪᠠᠭ᠎ᠠ ᠬᠤᠳᠠ ᠶᠢ ᠠᠯᠳᠠᠪᠠ ᠃
    ( ᠲᠠᠪᠤ ) ᠬᠢᠯᠢ ᠬᠢᠵᠠᠭᠠᠷ ᠤᠨ ᠬᠣᠰᠢᠭᠤ ᠬᠣᠲᠠᠫ ᠢᠢᠨ ᠠᠵᠤ ᠠᠬᠤᠶ ᠶᠢ ᠤᠯᠠᠮ ᠨᠢᠭᠡ ᠠᠯᠬᠤᠮ ᠴᠢᠨᠭᠭᠠᠳᠬᠠᠨ ᠬᠥᠭᠵᠢᠭᠦᠯᠦᠭᠰᠡᠨ ᠪᠠᠶᠢᠨ᠎ᠠ ᠃ ᠬᠢᠯᠢ ᠬᠢᠵᠠᠭᠠᠷ  ᠤᠨ ᠬᠣᠰᠢᠭᠤ ᠬᠣᠲᠠ ᠭᠠᠵᠠᠷ ᠣᠷᠣᠨ  ᠦ ᠪᠠᠨ ᠪᠠᠶᠢᠳᠠᠯ  ᠳᠦ ᠲᠣᠬᠢᠷᠠᠭᠤᠯᠤᠨ ᠲᠣᠭᠲᠠᠭᠠᠬᠤ ᠪᠠ ᠲᠡᠭᠦᠯᠳᠡᠷᠵᠢᠭᠦᠯᠵᠦ ᠂ ᠬᠥᠭᠵᠢᠯ  ᠤᠨ ᠪᠠᠶᠢᠯᠳᠤᠬᠤ ᠪᠤᠳᠤᠯᠭ᠎ᠠ ᠳᠤᠮᠳᠠ ᠂ ᠥᠪᠡᠷ  ᠢᠢᠨ ᠣᠨᠴᠠᠯᠢᠭ ᠪᠦᠬᠦᠢ ᠠᠵᠤ ᠠᠬᠤᠶ ᠶᠢᠨ ᠬᠥᠭᠵᠢᠯᠲᠡ ᠶᠢᠨ ᠵᠠᠮ  ᠢᠢᠡᠷ ᠵᠠᠮᠨᠠᠬᠤ ᠬᠡᠷᠡᠭᠲᠡᠶ ᠃ ᠪᠠᠷᠠᠭᠤᠨ ᠬᠡᠰᠡᠭ ᠦᠨ ᠭᠠᠵᠠᠷ ᠣᠷᠣᠨ  ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤᠮᠳᠠ ᠂ ᠢᠳᠡᠪᠬᠢᠲᠡᠶ ᠬᠠᠮᠵᠢᠯᠴᠠᠵᠤ ᠂ ᠤᠯᠤᠰ  ᠡᠴᠡ ᠬᠡᠷᠡᠭᠵᠢᠭᠦᠯᠦᠭᠰᠡᠨ 《 ᠬᠢᠯᠢ ᠶᠢᠨ ᠣᠷᠣᠨ  ᠢ ᠬᠥᠭᠵᠢᠭᠦᠯᠵᠦ ᠠᠷᠠᠳ  ᠢ ᠪᠠᠶᠠᠵᠢᠭᠤᠯᠬᠤ ᠠᠵᠢᠯᠯᠠᠭ᠎ᠠ 》 ᠂ ᠭᠣᠣᠯᠳᠠᠯᠭ᠎ᠠ ᠲᠠᠶ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠂ ᠰᠠᠭᠤᠷᠢ ᠲᠥᠬᠥᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠦᠨᠳᠦᠰᠦᠲᠡᠨ  ᠦ ᠰᠤᠷᠭᠠᠨ ᠬᠥᠮᠦᠵᠢᠯ   ᠤᠨ ᠭᠤᠷᠪᠠᠨ ᠲᠠᠯ᠎ᠠ ᠨᠢ ᠬᠠᠷᠢᠨ ᠤᠷᠲᠤᠪᠲᠤᠷ ᠪᠠ ᠣᠷᠳᠣ ᠬᠤᠭᠤᠴᠠᠭᠠᠨ  ᠦ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ   ᠳᠦ ᠪᠦᠷᠢᠨ ᠲᠡᠭᠦᠯᠳᠡᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠦ ᠨᠠᠮ   ᠤᠨ ᠬᠣᠷᠢᠶᠠᠨ  ᠦ ᠠᠯᠪᠠᠨ ᠭᠡᠷ  ᠤᠨ ᠠᠯᠪᠠᠨ ᠲᠢᠩᠬᠢᠮ ᠂ ᠵᠠᠰᠠᠭ  ᠤᠨ ᠣᠷᠳᠣᠨ  ᠦ ᠠᠯᠪᠠᠨ ᠲᠢᠩᠬᠢᠮ 《ᠬᠢᠯᠢ ᠬᠢᠵᠠᠭᠠᠷ  ᠤᠨ ᠬᠣᠰᠢᠭᠤ ᠬᠤᠳᠠ ᠢᠢᠨ ᠬᠥᠭᠵᠢᠯᠲᠡ ᠵᠢ ᠲᠦᠷᠭᠡᠳᠬᠡᠬᠦ ᠲᠤᠬᠠᠶ ᠲᠣᠭᠲᠠᠭᠠᠯ 》 ( ᠥᠪᠥᠷ ᠨᠠᠮ ᠠᠯᠪᠠᠨ ᠲᠠᠷᠬᠠᠭᠠᠭᠰᠠᠨ ᠳ᠋ᠤᠭᠠᠷ 〈1999〉 27) ᠥᠪᠡᠷ  ᠤᠨ ᠬᠦᠴᠦ ᠪᠡᠷ  ᠢᠢᠡᠨ ᠳᠡᠭᠵᠢᠷᠡᠬᠦ ᠭᠣᠣᠯ ᠪᠣᠯᠭᠠᠬᠤ ᠶᠢᠨ ᠬᠠᠮᠲᠤ ᠂ ᠤᠯᠤᠰ  ᠤᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠤᠨ᠎ᠠ ᠃ ᠣᠷᠣᠨ ᠦ ᠳᠣᠲᠣᠷ᠎ᠠ ᠭᠠᠳᠠᠨᠠᠬᠢ ᠠᠵᠤ ᠠᠬᠤᠶ ᠲᠧᠭᠨᠢᠭ ᠮᠡᠷᠭᠡᠵᠢᠯ ᠤᠨ ᠲᠠᠯ᠎ᠠ ᠪᠠᠷ ᠤᠯᠠᠮ ᠨᠢᠭᠡ ᠠᠯᠬᠤᠮ ᠥᠷᠭᠡᠳᠬᠡᠵᠦ ᠂ ᠬᠠᠮᠲᠤᠷᠠᠨ ᠠᠵᠢᠯᠯᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠦ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠢᠨ ᠶᠡᠬᠡᠪᠡᠷ ᠲᠡᠮᠵᠢᠵᠦ ᠂ ᠬᠢᠯᠢ ᠬᠢᠵᠠᠭᠠᠷ  ᠤᠨ ᠬᠣᠰᠢᠭᠤ ᠬᠣᠲᠠ ᠠᠵᠤ ᠠᠬᠤᠶ ᠶᠢ ᠬᠥᠭᠵᠢᠭᠦᠯᠦᠭᠰᠡᠨ ᠪᠠᠶᠢᠨ᠎ᠠ ᠃
    (ᠵᠢᠷᠭᠤᠭ᠎ᠠ ) ᠠᠵᠤ ᠠᠬᠤᠶ ᠶᠢᠨ ᠪᠦᠲᠦᠴᠡ ᠶᠢᠨ ᠲᠣᠭᠢᠷᠠᠭᠣᠯᠣᠯᠳᠠ ᠶᠢ ᠲᠦᠷᠭᠡᠳᠬᠡᠵᠦ ᠂ ᠭᠠᠵᠠᠷ ᠣᠷᠣᠨ  ᠦ ᠪᠠᠶᠢᠳᠠᠯ ᠳᠠᠭᠠᠨ ᠲᠣᠬᠢᠷᠠᠭᠤᠯᠤᠨ ᠥᠪᠡᠷᠮᠢᠴᠡ ᠣᠨᠴᠠᠯᠢᠭ ᠲᠠᠶ ᠠᠵᠤ ᠠᠬᠤᠶ ᠶᠢ ᠬᠥᠭᠵᠢᠭᠦᠯᠬᠦ ᠬᠡᠷᠡᠭᠲᠡᠶ ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠢᠳᠡᠪᠬᠢᠲᠡᠶ ᠲᠣᠬᠢᠷᠠᠭᠤᠯᠵᠤ ᠂ ᠶᠡᠬᠡᠪᠡᠷ ᠬᠦᠭᠵᠢᠭᠦᠯᠦᠨ᠌ ᠡ ᠃ᠭᠠᠵᠠᠷ ᠣᠷᠣᠨ  ᠦ ᠪᠠᠶᠢᠳᠠᠯ ᠳᠠᠭᠠᠨ ᠲᠣᠬᠢᠷᠠᠭᠤᠯᠤᠨ ᠬᠥᠭᠵᠢᠭᠦᠯᠵᠦ ᠨᠡᠷᠡᠳᠦ ᠰᠢᠯᠢᠳᠡᠭ ᠣᠨᠴᠠ ᠰᠢᠨ᠎ᠡ ᠪᠦᠲᠦᠭᠡᠭᠳᠡᠬᠦᠨ ᠪᠠ ᠨᠣᠭᠣᠭᠠᠨ ᠥᠩᠭᠡᠲᠦ ᠢᠳᠡᠭᠡᠨ ᠂ ᠲᠠᠷᠢᠶᠠᠯᠠᠩ  ᠤᠨ ᠦᠢᠯᠡᠳᠪᠦᠷᠢᠯᠡᠯ ᠴᠢᠨᠠᠷ ᠰᠠᠶᠢᠲᠠᠶ ᠂ ᠡᠯᠪᠡᠭ ᠬᠤᠷᠢᠶᠠᠯᠲᠠ ᠂ ᠦᠷ᠎ᠡ ᠠᠰᠢᠭ ᠰᠠᠶᠢᠲᠠᠶ ᠪᠤᠯᠭᠠᠨ ᠲᠠᠷᠢᠶᠠᠴᠢᠳ  ᠤᠨ ᠣᠷᠣᠯᠭ᠎ᠠ ᠶᠢ ᠲᠠᠬᠢᠨ ᠰᠢᠨ᠎ᠡ ᠳᠡᠭᠲᠡᠷ ᠲᠦ ᠭᠠᠷᠬᠤ ᠶᠢ ᠠᠬᠢᠭᠤᠯᠬᠤ ᠬᠡᠷᠡᠭᠲᠡᠶ ᠃ ᠮᠠᠯ ᠠᠵᠤ ᠠᠬᠤᠶ  ᠨᠡᠩ ᠳᠤᠪᠤᠢᠢᠮ ᠠ ᠪᠠᠶᠢᠷᠢᠨ ᠳᠤ ᠲᠠᠯᠪᠢᠵᠤ ᠂ ᠠᠯᠬᠤᠮ ᠴᠢᠩᠭᠠᠷᠠᠭᠤᠯᠵᠤ ᠂ ᠬᠥᠭᠵᠢᠭᠦᠯᠬᠦ ᠬᠡᠷᠡᠭᠲᠡᠢ᠃《 ᠬᠣᠶᠠᠷ  ᠢ ᠨᠡᠮᠡᠭᠳᠡᠭᠦᠯᠬᠦ ᠬᠣᠶᠠᠷ  ᠢ ᠳᠡᠭᠡᠭᠰᠢᠯᠡᠭᠦᠯᠬᠦ 》 ᠂ ᠣᠭᠲᠣᠯᠬᠤ ᠠᠷᠭ᠎ᠠ ᠪᠤᠳᠤᠯᠭ᠎ᠠ ᠪᠠ 《 ᠦᠷ᠎ᠡ ᠶᠢᠨ ᠢᠨᠵᠧᠨᠧᠷᠢᠩ 》 ᠡᠷᠴᠢᠮ ᠢ ᠴᠢᠩᠭᠠᠷᠠᠭᠤᠯᠤᠨ᠎ᠠ ᠃ ᠤᠯᠠᠮᠵᠢᠯᠠᠯᠲᠤ ᠮᠠᠯ ᠠᠵᠤ ᠠᠬᠤᠶ ᠶᠢ ᠢᠳᠡᠪᠬᠢᠲᠡᠶ ᠰᠢᠯᠵᠢᠭᠦᠯᠦᠨ ᠬᠤᠪᠢᠷᠭᠠᠬᠤ ᠦᠢᠯᠡᠳᠪᠦᠷᠢᠯᠡᠯ ᠢᠢᠨ ᠠᠷᠭ᠎ᠠ ᠮᠠᠶ᠋ᠢᠭ ᠂ ᠠᠵᠤ ᠦᠢᠯᠡᠰᠵᠢᠬᠦ ᠠᠬᠢᠴᠠ ᠶᠢ ᠲᠦᠷᠭᠡᠳᠬᠡᠵᠦ ᠂ ᠮᠠᠯ ᠤᠨ ᠠᠰᠢᠭ ᠰᠢᠮ᠎ᠡ ᠶᠢ ᠨᠡᠮᠡᠬᠦ ᠂ ᠭᠦᠢᠯᠭᠡᠭᠡᠬᠦ ᠦᠢᠯᠡᠰ ᠢ ᠢᠳᠡᠪᠬᠢᠲᠡᠶ ᠬᠥᠭᠵᠢᠭᠦᠯᠵᠦ ᠂ ᠬᠤᠪᠢᠶᠠᠷᠢ ᠠᠭᠤᠷᠬᠠᠶ ᠶᠢᠨ ᠪᠤᠯᠠᠭᠳᠠᠴᠠ ᠂ ᠡᠬᠢ ᠪᠠᠶᠠᠯᠢᠭ  ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ ᠂ ᠨᠢᠭᠡᠳᠦᠯᠲᠡᠶ ᠲᠥᠯᠥᠪᠵᠢᠭᠦᠯᠵᠦ ᠂ ᠨᠢᠭᠡ ᠪᠦᠯᠦᠭ ᠰᠢᠨ᠎ᠡ ᠡᠨᠧᠷᠭᠢ ᠶᠢᠨ ᠰᠤᠷᠪᠤᠯᠵᠢ ᠲᠦᠭᠦᠬᠡᠶ ᠡᠳ᠋ ᠮᠠᠲ᠋ᠧᠷᠢᠶᠠᠯ  ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ ᠃ ᠲᠦᠷᠭᠡᠨ ᠳᠠᠮᠵᠢᠭᠤᠯᠬᠤ ᠨᠢᠭᠡᠳᠦᠯ ( ᠦᠢᠯᠡᠰ ᠦᠨ ᠥᠭᠡᠷᠡᠴᠢᠯᠡᠵᠦ ᠲᠡᠰ ᠳᠡᠪᠰᠢᠭᠦᠯᠬᠦ ᠠᠯᠬᠤᠭ᠎ᠠ ᠋  ᠵᠢ ᠵᠠᠬ᠎ᠠ ᠳᠡᠯᠭᠡᠭᠦᠷ ᠲᠦ ᠢᠳᠡᠪᠬᠢᠲᠡᠶ ᠬᠥᠭᠵᠢᠭᠦᠯᠵᠦ ᠂ ᠳᠠᠪᠠᠭᠤᠯᠢᠭ ᠳᠡᠭᠡᠳᠦ ᠰᠢᠨ᠎ᠡ ᠲᠧᠬᠨᠢᠭ ᠮᠡᠷᠭᠡᠵᠢᠯ ᠪᠠ ᠰᠢᠨ᠎ᠡ ᠪᠡᠷ ᠪᠤᠢ ᠪᠣᠯᠤᠭᠰᠠᠨ ᠠᠵᠤ ᠦᠢᠯᠡᠰ ᠢ ᠴᠡᠨᠡᠭᠯᠡᠬᠦ ᠬᠤᠪᠢᠶᠠᠷᠢ ᠪᠠᠳᠠᠷᠠᠭᠤᠯᠵᠤ ᠂ ᠨᠤᠲᠤᠭ ᠪᠡᠯᠴᠢᠭᠡᠷ ᠂ ᠣᠢ ᠂ ᠡᠯᠡᠰᠦ ᠮᠠᠩᠬ᠎ᠠ , ᠨᠠᠭᠤᠷ ᠂ ᠮᠥᠰᠥ ᠴᠠᠰᠤ ᠂ ᠬᠢᠯᠢ ᠶᠢᠨ ᠪᠣᠭᠣᠮᠲᠠ ᠦᠨᠳᠦᠰᠦᠲᠡᠨ ᠦ ᠵᠠᠩ ᠵᠠᠩᠰᠢᠯ ᠵᠡᠷᠭᠡ ᠡᠬᠢ ᠪᠠᠶᠠᠯᠢᠭ  ᠤᠨ ᠳᠠᠪᠠᠭᠤᠯᠢᠭ  ᠢ ᠪᠠᠳᠠᠷᠠᠭᠤᠯᠵᠤ ᠂ ᠶᠡᠬᠡᠪᠡᠷ ᠲᠠᠷᠬᠠᠭᠠᠭᠰᠠᠨ ᠦᠵᠡᠭᠦᠯᠦᠯᠭᠡ ᠂ ᠲᠠᠯ᠎ᠠ ᠨᠤᠲᠤᠭ  ᠤᠨ ᠰᠣᠶᠣᠯ ᠤᠨ ᠵᠢᠭᠤᠯᠴᠢᠯᠠᠯ ᠂ ᠬᠣᠶᠠᠳᠤᠭᠠᠷ ᠠᠵᠤ ᠦᠢᠯᠡᠰ  ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠃ ᠲᠤᠰ ᠭᠠᠵᠠᠷ ᠣᠷᠣᠨ  ᠦ ᠪᠠᠨ ᠳᠠᠪᠠᠭᠤᠯᠢᠭ ᠬᠦᠴᠦᠨ  ᠢ ᠪᠠᠳᠠᠷᠠᠭᠤᠯᠵᠤ ᠴᠢᠳᠠᠬᠤ ᠲᠤᠯᠭᠠᠭᠤᠷᠢ ᠬᠦᠷᠦᠡᠭᠭᠡ ᠵᠢ ᠬᠦᠴᠦᠯᠡᠨ ᠪᠣᠶᠢᠵᠢᠭᠤᠯᠵᠤ ᠂ ᠠᠵᠤ ᠠᠬᠤᠶ ᠶᠢᠨ ᠰᠢᠨ᠎ᠡ ᠨᠡᠮᠡᠭᠳᠡᠯ  ᠤᠨ ᠴᠡᠭ  ᠢ ᠪᠤᠢ ᠪᠤᠯᠭᠠᠨ᠌ ᠠ᠃
    ( ᠲᠤᠯᠤᠭ᠎ᠠ ) ᠡᠯ᠎ᠡ ᠱᠠᠲᠤᠨ ᠦ ᠨᠠᠮ ᠤᠨ ᠬᠣᠷᠢᠶ᠎ᠠ ᠂ ᠵᠠᠰᠠᠭ ᠤᠨ ᠣᠷᠳᠣᠨ ᠨᠢᠭᠡ ᠵᠦᠭ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ  ᠦ ᠨᠠᠮ  ᠤᠨ ᠬᠣᠷᠢᠢ᠎ᠠ ᠂ ᠵᠠᠰᠠᠭ  ᠤᠨ ᠣᠷᠳᠣᠨ  ᠦ ᠬᠣᠯᠪᠣᠭᠳᠠᠯ ᠪᠥᠬᠥᠶ ᠨᠡᠶᠢᠲᠡ ᠶᠢᠨ ᠥᠮᠴᠢᠯᠡᠯ  ᠤᠨ ᠪᠤᠰᠤ ᠳᠦᠷᠢᠮᠲᠦ ᠠᠵᠤ ᠠᠬᠤᠶ ᠶᠢ ᠬᠥᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠷᠢᠭᠵᠢᠭᠤᠯᠤᠨ ᠳᠡᠮᠵᠢᠵᠦ ᠂ ᠥᠮᠴᠢᠯᠡᠯ  ᠤᠨ ᠪᠤᠰᠤ ᠠᠵᠤ ᠠᠬᠤᠶ ᠶᠢᠨ ᠡᠵᠡᠩᠨᠡᠯᠲᠡ ᠶᠢᠨ ᠤᠯᠤᠰ  ᠤᠨ ᠬᠠᠤᠯᠢ ᠴᠠᠭᠠᠵᠠ ᠬᠠᠤᠯᠢ ᠲᠣᠭᠲᠠᠭᠠᠯ ᠬᠢᠵᠠᠭᠠᠷᠯᠠᠯ ᠢ ᠠᠬᠢᠭᠤᠯᠵᠤ ᠂ ᠡᠵᠡᠩᠨᠡᠯᠲᠡ ᠶᠢᠨ ᠭᠠᠳᠠᠨᠠᠬᠢ ᠠᠯᠢ ᠨᠢᠭᠡᠨ ᠠᠵᠢᠯ ᠲᠦᠷᠦᠯ  ᠳᠦ ᠦᠷᠭᠦᠯᠵᠢᠯᠡᠨ ᠲᠠᠯᠠᠪᠤᠷ ᠬᠡᠷᠡᠭᠯᠡᠬᠦ ᠂ ᠬᠤᠳᠠᠯᠳᠤᠭᠠᠨ  ᠦ ᠵᠠᠰᠠᠭ ᠵᠠᠬᠢᠷᠭᠠᠨ  ᠦ ᠬᠠᠮᠢᠶᠠᠷᠤᠯᠲᠠ ᠂ ᠪᠡᠯᠡ ᠣᠷᠣᠭᠤᠯᠤᠯᠲᠠ᠂ ᠪᠡᠯᠡ ᠳᠤᠬᠢᠷᠠᠭᠤᠯᠭ᠎ᠠ᠂ ᠡᠷᠳᠡᠮᠲᠡᠳ ᠂ ᠬᠠᠤᠯᠢ ᠶᠣᠰᠣᠨ  ᠦ ᠡᠷᠬᠡ ᠠᠰᠢᠭ ᠶᠢ ᠬᠠᠮᠠᠭᠠᠯᠠᠬᠤ ᠵᠡᠷᠭᠡ ᠲᠠᠯ᠎ᠠ ᠶᠢᠨ ᠨᠡᠶᠢᠲᠡ ᠶᠢᠨ ᠥᠮᠴᠢᠯᠡᠯ  ᠢᠢᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠴᠢᠩᠭᠠᠷᠠᠭᠤᠯᠵᠤ ᠂ ᠳᠡᠮᠵᠢᠬᠦ ᠡᠷᠴᠢᠮ ᠢᠶᠡᠨ ᠴᠢᠩᠭᠠᠷᠠᠭᠤᠯᠤᠨ᠎ᠠ ᠃ ᠬᠢᠯᠢ ᠬᠢᠵᠠᠭᠠᠷ  ᠤᠨ ᠴᠥᠭᠡᠨ ᠲᠣᠭᠠᠲᠤ ᠦᠨᠳᠦᠰᠦᠲᠡᠨ  ᠦ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ  ᠦ ᠬᠥᠭᠵᠢᠯᠲᠡ ᠶᠢ ᠠᠬᠢᠭᠤᠯᠤᠨ᠌ ᠠ ᠃ ᠨᠡᠶᠢᠲᠡ ᠶᠢᠨ ᠥᠮᠴᠢᠯᠡᠯ  ᠤᠨ ᠠᠵᠤ ᠠᠬᠤᠶ ᠶᠢ ᠨᠡᠩ ᠠᠮᠢᠳᠤᠯᠢᠭ᠂ ᠠᠭᠤᠵᠢᠭᠤ ᠲᠠᠯᠪᠢᠭᠰᠠᠨ ᠲᠥᠷᠥ ᠶᠢᠨ ᠪᠣᠳᠣᠯᠭ᠎ᠠ ᠶᠢᠨ ᠨᠢᠭᠡ ᠥᠭᠴᠦ ᠶᠡᠬᠡᠪᠡᠷ ᠲᠡᠳᠬᠦᠨ ᠳᠡᠮᠵᠢᠬᠦ ᠬᠡᠷᠡᠭᠲᠡᠶ ᠃
    ( ᠨᠠᠢᠮᠠ )ᠤᠯᠠᠮ ᠨᠢᠭᠡ ᠠᠯᠬᠤᠮ ᠭᠠᠳᠠᠭᠰᠢ ᠨᠡᠭᠡᠭᠡᠯᠳᠡ ᠬᠢᠬᠦ ᠪᠡᠨ ᠥᠷᠭᠡᠳᠬᠡᠪᠡ ᠃ ᠮᠠᠨ  ᠦ ᠣᠷᠣᠨ  ᠢ ᠮᠠᠨ  ᠦ ᠤᠯᠤᠰ  ᠤᠨ ᠤᠮᠠᠷᠠᠰᠢ ᠨᠡᠭᠡᠭᠡᠯᠲᠡ ᠬᠢᠬᠦ ᠡᠮᠦᠨ᠎ᠡ ᠳᠠᠭᠠᠤ ᠢᠢᠨ ᠵᠢᠭᠰᠠᠭᠠᠯ ᠤᠨ ᠭᠠᠵᠠᠷ  ᠤᠨ ᠱᠠᠭᠠᠷᠳᠠᠯᠭ᠎ᠠ ᠶᠣᠰᠣᠭᠠᠷ ᠂ ᠲᠦᠰᠢᠭ ᠪᠠ ᠬᠢᠯᠢ ᠶᠢᠨ ᠪᠣᠭᠣᠮᠲᠠ ᠶᠢᠨ ᠳᠠᠪᠠᠭᠤᠯᠢᠭ  ᠢᠢᠡᠨ ᠪᠠᠳᠠᠷᠠᠭᠤᠯᠵᠤ ᠂ ᠲᠦᠷᠭᠡᠪᠴᠢᠯᠡᠨ ᠪᠠᠶᠢᠭᠤᠯᠵᠤ ᠂ ᠬᠢᠯᠢ ᠳᠠᠭᠠᠤ ᠨᠡᠭᠡᠭᠡᠯᠳᠡ ᠶᠢᠨ ᠣᠷᠣᠨ ᠪᠦᠰᠡ ᠂ ᠪᠦᠬᠦ ᠲᠠᠯ᠎ᠠ ᠶᠢᠨ ᠂ ᠤᠯᠡᠠ ᠲᠡᠰ ᠳᠠᠪᠬᠤᠷᠭ᠎ᠠ , ᠥᠷᠭᠡᠨ ᠬᠦᠷᠢᠶ᠎ᠡ ᠳᠡᠬᠢ ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ  ᠢ ᠪᠤᠢ ᠪᠣᠯᠭᠠᠬᠤ ᠬᠡᠷᠡᠭᠲᠡᠶ ᠃ ᠲᠦᠷᠤ ᠶᠢᠨ ᠪᠤᠳᠤᠯᠭ᠎ᠠ ᠶᠢ ᠦᠷᠭᠦᠯᠵᠢᠯᠡᠨ ᠠᠭᠤᠵᠢᠭᠤ ᠲᠠᠯᠪᠢᠵᠤ ᠂ ᠤᠯᠠᠮ ᠨᠢᠭᠡ ᠠᠯᠬᠤᠮ ᠥᠷᠭᠡᠳᠬᠡᠵᠦ ᠂ ᠬᠢᠯᠢ ᠬᠢᠵᠠᠭᠠᠷ  ᠤᠨ ᠬᠣᠰᠢᠭᠤ ᠬᠣᠲᠠ ᠣᠷᠣᠵᠤ ᠭᠠᠷᠬᠤ ᠡᠷᠬᠡ ᠮᠡᠳᠡᠯ ᠤᠨ ᠬᠡᠪᠴᠢᠶ᠎ᠡ ᠂ ᠤᠯᠠᠨ ᠵᠦᠢᠯ  ᠤᠨ ᠥᠮᠴᠢᠯᠡᠯ  ᠤᠨ ᠬᠡᠯᠪᠡᠷᠢ ᠶᠢᠨ ᠭᠠᠳᠠᠭᠠᠳᠤ  ᠡᠴᠡ ᠣᠷᠣᠭᠤᠯᠬᠤ ᠪᠠ ᠭᠠᠳᠠᠭᠠᠳᠤ  ᠳᠦ ᠭᠠᠷᠭᠠᠬᠤ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ ᠂ ᠃ ᠵᠣᠷᠢᠭᠵᠢᠭᠤᠯᠤᠨ ᠲᠡᠮᠵᠢᠵᠤ ᠂ ᠠᠵᠤ ᠠᠬᠤᠶᠢᠯᠠᠯ ᠨᠢ ᠥᠪᠡᠷᠲᠡᠭᠡᠨ ᠡᠵᠡᠩᠨᠡᠬᠦ ᠪᠠ ᠣᠷᠣᠯᠠᠬᠤ ᠵᠡᠷᠭᠡ ᠤᠯᠠᠨ ᠵᠦᠢᠯ  ᠤᠨ ᠠᠷᠭ᠎ᠠ ᠬᠡᠯᠪᠡᠷᠢ  ᠬᠢᠯᠢ ᠶᠢᠨ ᠠᠷᠠᠯᠵᠢᠶ᠎ᠠ ᠂ ᠪᠣᠯᠪᠠᠰᠤᠷᠠᠭᠤᠯᠬᠤ ᠠᠷᠠᠯᠵᠢᠶ᠎ᠠ ᠂ ᠦᠨᠳᠦᠰᠦᠲᠡᠨ  ᠦ ᠠᠷᠠᠯᠵᠢᠶ᠎ᠠ ᠂ ᠵᠢᠴᠢ ᠪᠤᠰᠤᠳ ᠠᠷᠠᠯᠵᠢᠶ ᠠ  ᠭᠠᠳᠠᠭᠠᠳᠤ ᠲᠠᠶ ᠠᠵᠤ ᠠᠬᠤᠶ ᠲᠧᠭᠨᠢᠭ ᠮᠡᠷᠭᠡᠵᠢᠯ  ᠤᠨ ᠲᠠᠯ᠎ᠠ ᠪᠠᠷ ᠬᠠᠮᠲᠤᠷᠠᠨ ᠠᠵᠢᠯᠯᠠᠬᠤ᠄《 ᠬᠥᠳᠡᠯᠮᠦᠷᠢ ᠦᠢᠯᠡᠴᠢᠯᠡᠭᠡ ᠮᠡᠷᠭᠡᠵᠢᠯ ᠭᠠᠳᠠᠭᠠᠳᠤ ᠳᠤ ᠭᠠᠷᠭᠠᠬᠤ ᠂ ᠳᠠᠪᠠᠭᠤᠯᠢᠭ ᠭᠠᠷᠤᠯᠲᠠ ᠶᠢᠨ ᠨᠡᠮᠡᠭᠳᠡᠭᠦᠯᠬᠦ ᠂ ᠨᠢᠭᠡ ᠂ ᠬᠣᠶᠠᠷ ᠂ ᠭᠤᠷᠪᠠᠳᠤᠭᠠᠷ ᠠᠵᠤ ᠦᠢᠯᠡᠰ ᠢ ᠳᠠᠶᠢᠴᠢᠯᠠᠬᠤ ᠪᠠ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢ ᠬᠥᠭᠵᠢᠭᠦᠯᠬᠦ ᠬᠡᠷᠡᠭᠲᠡᠶ ᠃ ᠪᠡᠯᠡ ᠣᠷᠣᠭᠤᠯᠤᠯᠲᠠ ᠶᠢᠨ ᠣᠷᠴᠢᠨ ᠨᠥᠬᠥᠴᠡᠯ  ᠢ ᠶᠡᠬᠡᠪᠡᠷ ᠰᠠᠶᠢᠵᠢᠷᠠᠭᠤᠯᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ  ᠢᠢᠡᠨ ᠴᠢᠩᠭᠠᠷᠠᠭᠤᠯᠵᠤ ᠂ ᠤᠯᠤᠰ  ᠤᠨ ᠳᠣᠲᠣᠭᠠᠳᠤ  ᠳᠦ ᠂ ᠭᠠᠳᠠᠭᠠᠳᠤ ᠪᠡᠯᠡ ᠵᠢ ᠥᠩᠭᠥ ᠂ ᠮᠡᠷᠭᠡᠵᠢᠯ ᠂ ᠴᠢᠳᠠᠪᠤᠷᠢᠲᠠᠨ》 ᠵᠡᠷᠭᠡ ᠦᠢᠯᠡᠳᠪᠦᠷᠢᠯᠡᠯ ᠤᠨ ᠡᠯᠧᠮᠧᠨ᠋ᠲ ᠡᠭᠦᠰᠭᠡᠬᠦ ᠣᠷᠣᠭᠤᠯᠤᠨ ᠠᠪᠴᠢᠷᠠᠬᠤ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠬᠦᠷᠢᠶᠡᠨ  ᠳᠦ᠂ ᠡᠯ᠎ᠡ ᠲᠥᠷᠥᠯ  ᠤᠨ 《 ᠭᠤᠷᠪᠠᠨ ᠪᠡᠯᠠ 》 ᠶᠢᠨ ᠠᠵᠤ ᠠᠬᠤᠶᠢᠯᠠᠯ ᠡᠷᠬᠢᠯᠡᠬᠦ ᠪᠠ ᠳᠣᠲᠣᠷ᠎ᠠ ᠬᠠᠮᠲᠤᠷᠠᠭᠰᠠᠨ ᠠᠵᠤ ᠠᠬᠤᠶᠢᠯᠠᠯ ᠢ ᠲᠦᠷᠭᠡᠨ ᠪᠤᠵᠠᠭᠠᠶᠢᠷᠠᠭᠤᠯᠵᠤ ᠂ ᠠᠵᠤ ᠠᠬᠤᠶ ᠶᠢᠨ ᠪᠣᠳᠠᠲᠤ ᠬᠦᠴᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠣᠶᠣᠯ  ᠤᠨ ᠲᠠᠯ᠎ᠠ ᠪᠠᠷ ᠭᠠᠳᠠᠭᠠᠳᠤ ᠲᠠᠶ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠬᠡᠷᠡᠭᠲᠡᠶ ᠃
    ( ᠶᠢᠰᠦ ) ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠬᠢᠨ ᠴᠥᠭᠡᠨ ᠲᠣᠭᠠᠲᠤ ᠦᠨᠳᠦᠰᠦᠲᠡᠨ  ᠦ ᠲᠤᠰᠬᠠᠶ ᠵᠦᠢᠯ ᠤᠨ ᠪᠡᠯᠡ ᠮᠥᠩᠭᠥ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ ᠂ ᠭᠦᠢᠴᠡᠳ ᠪᠠᠳᠠᠷᠠᠭᠤᠯᠤᠨ ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠦᠨ ᠦᠷ᠎ᠡ ᠠᠰᠢᠭ ᠢᠢᠡᠨ ᠳᠤᠪᠤᠢᠢᠮ ᠠ ᠢᠯᠡᠷᠡᠭᠦᠯᠦᠨ᠌ ᠡ᠃ ᠥᠪᠡᠷᠲᠡᠭᠡᠨ ᠵᠠᠰᠠᠬᠤ ᠣᠷᠣᠨ  ᠦ ᠦᠨᠳᠦᠰᠦᠲᠡᠨ  ᠦ ᠬᠡᠷᠡᠭ ᠡᠷᠬᠢᠯᠡᠬᠦ ᠬᠣᠷᠢᠶ᠎ᠠ ᠢᠳᠡᠪᠬᠢᠯᠡᠨ ᠴᠢᠷᠮᠠᠶᠢᠬᠤ ᠬᠡᠷᠡᠭᠲᠡᠶ ᠪᠥᠭᠡᠳ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ ᠂ 《 ᠴᠥᠭᠡᠨ ᠲᠣᠭᠠᠲᠤ ᠦᠨᠳᠦᠰᠦᠲᠡᠨ  ᠢ ᠬᠥᠭᠵᠢᠭᠦᠯᠬᠦ 》 ᠵᠡᠷᠭᠡ ᠲᠤᠰᠬᠠᠶ ᠵᠦᠢᠯ ᠤᠨ ᠪᠡᠯᠡ ᠮᠥᠩᠭᠥ ᠵᠢ ᠬᠠᠮᠢᠶᠠᠷᠬᠤ ᠃ 《 ᠴᠥᠭᠡᠨ ᠲᠣᠭᠠᠲᠤ ᠦᠨᠳᠦᠰᠦᠲᠡᠨ  ᠦ ᠭᠠᠵᠠᠷ ᠣᠷᠣᠨ ᠦ ᠨᠥᠬᠥᠪᠥᠷᠢ ᠵᠠᠷᠤᠳᠠᠯ 》 ᠪᠠ 《 5 % ᠢᠢᠨ  ᠦᠨᠳᠦᠰᠦᠲᠡᠨ  ᠦ ᠪᠡᠯᠡᠳᠬᠡᠯ ᠮᠥᠩᠭᠥ 》 ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠠᠷᠠᠯᠲᠠ ᠲᠦᠰᠦᠪ ᠤᠨ ᠰᠠᠭᠤᠷᠢ ᠳᠡᠭᠡᠷ ᠡ ᠂ ᠵᠢᠯ ᠳᠠᠷᠠᠭᠠᠯᠠᠨ ᠨᠡᠮᠡᠭᠳᠡᠭᠦᠯᠵᠦ ᠂ ᠴᠠᠭ ᠲᠤᠬᠠᠶ ᠳᠤᠨᠢ ᠪᠠᠷᠢᠮᠵᠢᠶ᠎ᠠ ᠶᠣᠰᠣᠭᠠᠷ ᠭᠦᠢᠴᠡᠳ ᠲᠣᠭ᠎ᠠ ᠪᠠᠷ ᠪᠠᠲᠤᠯᠠᠬᠤ ᠬᠡᠷᠡᠭᠲᠡᠶ ᠃ ᠴᠥᠭᠡᠨ ᠲᠣᠭᠠᠲᠤ ᠦᠨᠳᠦᠰᠦᠲᠡᠨ ᠦ ᠦᠢᠯᠡᠳᠪᠦᠷᠢᠯᠡᠯ ᠠᠮᠢᠳᠤᠷᠠᠯ ᠤᠨᠨᠥᠬᠥᠴᠡᠯ ᠪᠣᠯᠤᠨ ᠬᠥᠭᠵᠢᠯᠲᠡ ᠶᠢᠨ ᠡᠯ᠎ᠡ ᠵᠦᠢᠯ  ᠤᠨ ᠦᠨᠳᠦᠰᠦᠲᠡᠨ  ᠦ ᠦᠢᠯᠡᠰ  ᠢ ᠬᠥᠭᠵᠢᠭᠦᠯᠬᠦ ᠬᠡᠷᠡᠭᠲᠡᠶ ᠃ ᠴᠥᠭᠡᠨ ᠲᠣᠭᠠᠲᠤ ᠦᠨᠳᠦᠰᠦᠲᠡᠨ  ᠦ ᠬᠥᠮᠦᠨ ᠠᠮᠠ ᠶᠢᠨ ᠬᠠᠷᠢᠴᠠᠯ ᠨᠡᠯᠢᠶᠡᠳ ᠥᠨᠳᠥᠷ ᠂ ᠡᠳ᠋  ᠤᠨ ᠵᠠᠰᠠᠭ  ᠤᠨ ᠬᠦᠴᠢᠷᠳᠡᠯ ᠲᠡᠶ ᠬᠣᠰᠢᠭᠤ ᠬᠣᠲᠠ ᠪᠠ ᠦᠨᠳᠦᠰᠦᠲᠡᠨ  ᠤ ᠰᠤᠮᠤ ᠂ ᠬᠡᠪ  ᠤᠨ ᠡᠳ᠋  ᠤᠨ ᠵᠠᠰᠠᠭ  ᠤᠨ ᠨᠥᠬᠥᠪᠥᠷᠢ ᠬᠤᠪᠢᠷᠡᠬᠤ ᠤᠢᠭᠡᠢ ᠪᠠᠶᠢᠬᠤ ᠪᠠᠶᠢᠳᠠᠯ  ᠤᠨ ᠳᠣᠣᠷ᠎ᠠ ᠂ 2001 ᠣᠨ  ᠡᠴᠡ ᠡᠬᠢᠯᠡᠨ ᠥᠪᠡᠷᠲᠡᠭᠡᠨ ᠵᠠᠰᠠᠬᠤ ᠣᠷᠣᠨ  ᠦ ᠡᠳ᠋  ᠤᠨ ᠵᠠᠰᠠᠭ ᠵᠢᠯ ᠳᠠᠷᠠᠭᠠᠯᠠᠨ ᠨᠡᠮᠡᠭᠳᠡᠭᠦᠯᠵᠦ ᠂ ᠵᠣᠬᠢᠬᠤ ᠬᠡᠮᠵᠢᠶᠡᠨ ᠦ ᠪᠡᠯᠡ ᠮᠥᠩᠭᠥ ᠰᠢᠯᠵᠢᠭᠦᠯᠦᠨ ᠲᠦᠯᠦᠬᠦ ᠨᠥᠬᠥᠪᠥᠷᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ᠎ᠡ ᠃
    ( ᠠᠷᠪᠠ )ᠶᠠᠳᠠᠭᠤ ᠶᠢ ᠲᠡᠳᠬᠦᠬᠦ ᠰᠢᠶᠳᠪᠦᠷᠢᠯᠡᠬᠦ ᠡᠷᠴᠢᠮ  ᠢᠢᠡᠨ ᠤᠯᠠᠮ ᠨᠢᠭᠡ ᠠᠯᠬᠤᠮ ᠴᠢᠩᠭᠠᠷᠠᠭᠤᠯᠤᠨ᠎ᠠ ᠃ ᠬᠦᠴᠦ ᠪᠡᠨ ᠲᠥᠪᠯᠡᠷᠡᠭᠦᠯᠬᠦ ᠂ ᠭᠣᠣᠯᠳᠠᠯᠭ᠎ᠠ ᠶᠢ ᠲᠤᠪᠤᠢᠢᠯᠭᠠᠨ ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ ᠂ ᠠᠭᠯᠠᠭ ᠪᠤᠢᠢᠳᠠ ᠬᠣᠴᠣᠷᠤᠩᠭᠤᠶ ᠭᠠᠵᠠᠷ ᠣᠷᠣᠨ ᠪᠠ ᠴᠥᠭᠡᠨ ᠲᠣᠭᠠᠲᠤ ᠦᠨᠳᠦᠰᠦᠲᠡᠨ  ᠦ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠢᠳᠡᠵᠦ ᠡᠮᠦᠰᠬᠦ ᠳᠡᠭᠡᠨ ᠵᠥᠪ ᠪᠣᠯᠬᠤ ᠠᠰᠠᠭᠤᠳᠠᠯ ᠢ ᠲᠦᠷᠭᠡᠨ ᠬᠠᠷᠢᠭᠤ ᠲᠤᠰᠤᠯᠠᠬᠤ ᠃ ᠶᠠᠳᠠᠭᠤ ᠵᠢ ᠲᠡᠳᠬᠦᠬᠦ ᠶᠠᠳᠠᠭᠤ ᠬᠦᠴᠢᠷᠳᠡᠯᠲᠡᠶ ᠬᠣᠰᠢᠭᠤ ᠰᠢᠶᠠᠨ ᠲᠠᠢ ᠬᠠᠷᠢᠯᠴᠠᠨ ᠂ ᠰᠤᠮᠤ( ᠭᠠᠴᠠᠭ᠎ᠠ ) ᠂ ᠭᠠᠴᠠᠭ᠎ᠠ ( ᠲᠣᠰᠬᠣᠨ ) ᠡᠯ᠎ᠡ ᠰᠠᠯᠠᠭ᠎ᠠ ᠮᠥᠴᠢᠷ ᠪᠠ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠂ ᠠᠶᠢᠯ ᠡᠷᠦᠬᠡ  ᠶᠢᠨ ᠳᠠᠩᠰᠠ ᠬᠥᠮᠦᠨ ᠨᠢ ᠶᠠᠳᠠᠭᠤ ᠶᠢ ᠲᠡᠳᠬᠦᠬᠦ ᠠᠷᠭ᠎ᠠ ᠬᠡᠮᠵᠢᠢ᠎ᠡ ᠶᠢ ᠰᠠᠶᠢᠲᠤᠷ ᠨᠠᠶᠢᠳᠠᠪᠤᠷᠢᠵᠢᠭᠤᠯᠵᠤ ᠬᠡᠷᠡᠭᠲᠡᠶ ᠃ ᠤᠰᠤᠨ ᠠᠰᠢᠭᠯᠠᠯᠲᠠ ᠂ ᠴᠠᠬᠢᠯᠭᠠᠨ ᠬᠦᠴᠦ ᠂ ᠰᠢᠨᠵᠢᠯᠡᠭᠡ ᠲᠧᠭᠨᠢᠭ᠂ ᠠᠮᠢ ᠠᠬᠤᠶ ᠶᠢᠨ ᠰᠢᠯᠲᠠᠭᠠᠨ  ᠢᠢᠡᠷ ᠠᠷᠠᠳ  ᠢ ᠨᠡᠭᠦᠯᠭᠡᠬᠦ ᠵᠡᠷᠭᠡ ᠶᠠᠳᠠᠭᠤ ᠶᠢ ᠲᠡᠳᠬᠦᠬᠦ ᠢᠨᠵᠧᠨᠧᠷᠢᠩ ᠢᠳᠡᠪᠬᠢᠲᠡᠶ ᠲᠦᠯᠬᠢᠨ ᠠᠬᠢᠭᠤᠯᠵᠤ ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠢ ᠵᠠᠯᠭᠠᠭᠠᠳ ᠰᠠᠶᠢᠲᠤᠷ ᠬᠡᠷᠡᠭᠵᠢᠭᠦᠯᠵᠦ ᠂ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠂ ᠶᠡᠬᠡ ᠬᠦᠴᠦ ᠣᠷᠣᠭᠤᠯᠵᠤ ᠪᠠᠶᠢᠭᠠᠳ ᠣᠯᠠᠨ ᠲᠦᠮᠡᠨ  ᠦ ᠦᠢᠯᠡᠳᠪᠦᠷᠢᠯᠡᠯ ᠠᠮᠢᠳᠤᠷᠠᠯ  ᠤᠨ ᠨᠥᠬᠥᠴᠡᠯ  ᠢ ᠰᠠᠶᠢᠵᠢᠷᠠᠭᠤᠯᠤᠨ᠎ᠠ ᠃ ᠶᠡᠬᠡᠪᠡᠷ ᠲᠡᠳᠬᠦᠨ ᠳᠡᠮᠵᠢᠵᠤ ᠂ ᠶᠠᠳᠠᠭᠤ ᠬᠦᠴᠢᠷᠳᠡᠯᠲᠡᠶ ᠭᠠᠵᠠᠷ ᠣᠷᠣᠨ ᠦ ᠬᠥᠭᠵᠢᠭᠦᠯᠦᠯᠲᠡ ᠦᠵᠡᠭᠦᠯᠦᠯᠭᠡ ᠂ ᠤᠯᠠᠨ ᠵᠦᠢᠯ  ᠤᠨ ᠡᠵᠡᠩᠨᠡᠯᠲᠡ ᠂ ᠰᠤᠮᠤ ᠪᠠᠯᠭᠠᠰᠤᠨ  ᠤ ᠠᠵᠤ ᠠᠬᠤᠶᠢᠯᠠᠯ  ᠢ ᠢᠳᠡᠪᠬᠢᠲᠡᠶ ᠨᠡᠮᠡᠭᠳᠡᠭᠦᠯᠵᠦ ᠂ ᠡᠳᠡᠭᠡᠷ ᠭᠠᠵᠠᠷ ᠣᠷᠣᠨ  ᠦ ᠥᠪᠡᠷ  ᠢ ᠪᠡᠨ ᠬᠥᠭᠵᠢᠭᠦᠯᠬᠦ ᠴᠢᠳᠠᠪᠤᠷᠢ ᠶᠢ ᠥᠷᠭᠡᠳᠬᠡᠵᠦ ᠂ ᠣᠷᠣᠯᠭ᠎ᠠ ᠶᠢ ᠨᠡᠮᠡᠭᠳᠡᠭᠦᠯᠵᠦ᠂ ᠣᠯᠠᠨ ᠲᠦᠮᠡᠨ  ᠦ ᠠᠮᠢᠳᠤᠷᠠᠯ  ᠤᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠃
    ᠭᠤᠷᠪᠠ ᠂ ᠦᠨᠳᠦᠰᠦᠲᠡᠨ  ᠦ ᠰᠤᠷᠭᠠᠨ ᠬᠥᠮᠦᠵᠢᠯ ᠂ ᠰᠢᠨᠵᠢᠯᠡᠭᠡ ᠮᠡᠷᠭᠡᠵᠢᠯ ᠂ ᠰᠣᠶᠣᠯ ᠂ ᠡᠷᠡᠭᠦᠯ ᠬᠠᠮᠠᠭᠠᠯᠠᠯ ᠂ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠢᠳᠡᠪᠬᠢᠲᠡᠶ ᠬᠥᠭᠵᠢᠭᠦᠯᠬᠦ
    (ᠠᠷᠪᠠᠨ ᠨᠢᠭᠡ )ᠦᠨᠳᠦᠰᠦᠲᠡᠨ  ᠦ ᠰᠤᠷᠭᠠᠨ ᠬᠥᠮᠦᠵᠢᠯ  ᠢ ᠡᠩ ᠲᠡᠷᠢᠭᠦᠨ ᠳᠦ ᠬᠥᠭᠵᠢᠭᠦᠯᠬᠦ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ ᠂ ᠰᠤᠷᠭᠠᠨ ᠬᠥᠮᠦᠵᠢᠯ  ᠤᠨ ᠪᠠᠶᠢᠭᠤᠯᠤᠯ  ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠡᠪ ᠴᠢᠨᠠᠷ ᠤᠨ ᠰᠤᠷᠭᠠᠨ ᠬᠥᠮᠦᠵᠢᠯ ᠵᠦᠭ ᠬᠦᠲᠦᠯᠦᠨ ᠠᠬᠢᠭᠤᠯᠵᠤ ᠂ ᠦᠨᠳᠦᠰᠦᠲᠡᠨ  ᠦ ᠰᠤᠷᠭᠠᠨ ᠬᠥᠮᠦᠵᠢᠯ  ᠤᠨ ᠶᠠᠰᠤ ᠴᠢᠨᠠᠷ  ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ ᠃ ᠡᠯ᠎ᠡ ᠱᠠᠲᠤᠨ  ᠦ ᠵᠠᠰᠠᠭ  ᠤᠨ ᠣᠷᠳᠣᠨ ᠪᠣᠯᠤᠨ ᠰᠤᠷᠭᠠᠨ ᠬᠥᠮᠦᠵᠢᠯ ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠠᠮ ᠨᠢᠭᠡ ᠠᠯᠬᠤᠮ ᠪᠡᠯᠡ ᠣᠷᠣᠭᠤᠯᠤᠯᠲᠠ ᠢᠢᠨ ᠬᠦᠴᠦᠨ ᠢᠢᠡᠡ ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠥᠴᠡᠯ  ᠢ ᠰᠠᠶᠢᠵᠢᠷᠠᠭᠤᠯᠬᠤ ᠂ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ ᠂ ᠴᠥᠭᠡᠨ ᠲᠣᠭᠠᠲᠤ ᠦᠨᠳᠦᠰᠦᠲᠡᠨ  ᠦ ᠬᠥᠮᠦᠨ ᠠᠮᠠ ᠶᠢᠨ 《 ᠶᠢᠰᠦᠨ ᠵᠢᠯ  ᠢ ᠲᠦᠭᠡᠮᠡᠯᠵᠢᠭᠦᠯᠬᠦ  》 ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠤᠷᠤᠭᠴᠢᠳ  ᠤᠨ ᠰᠤᠷᠭᠠᠭᠤᠯᠢ ᠳᠡᠪᠰᠢᠬᠦ ᠨᠤᠷᠮ᠎ᠠ ᠶᠢ ᠥᠨᠳᠥᠷ ᠪᠤᠯᠭᠠᠬᠤ ᠪᠠ ᠦᠨᠳᠦᠷ ᠵᠡᠷᠭᠡ ᠢᠢᠨ ᠰᠤᠷᠭᠠᠭᠤᠯᠢ  ᠳᠠᠪᠰᠢᠭᠰᠠᠨ ᠨᠣᠷᠮ᠎ᠠ ᠢ ᠨᠢ ᠰᠢᠯᠭᠠᠬᠤ ᠃《 ᠭᠤᠷᠪᠠᠨ ᠬᠡᠯᠡ 》 ᠬᠥᠮᠦᠵᠢᠯ ᠢ ᠢᠳᠡᠪᠬᠢᠲᠡᠶ ᠳᠡᠯᠭᠡᠷᠡᠭᠦᠯᠵᠦ ᠬᠢᠬᠦ ᠬᠡᠷᠡᠭᠲᠡᠶ ᠃ ᠮᠦᠨ ᠦᠷᠭᠦᠯᠵᠢᠯᠡᠨ ᠴᠥᠭᠡᠨ ᠲᠣᠭᠠᠲᠤ ᠦᠨᠳᠦᠰᠦᠲᠡᠨ ᠦ ᠳᠡᠭᠡᠳᠦ ᠰᠤᠷᠭᠠᠭᠤᠯᠢ  ᠳᠦ ᠰᠣᠷᠣᠭᠴᠢ ᠡᠯᠰᠡᠬᠦ ᠰᠢᠯᠭᠠᠯᠲᠠ  ᠂ ᠳᠤᠮᠳᠠᠳᠤ ᠰᠤᠷᠭᠠᠭᠤᠯᠢ  ᠳᠦ ᠡᠯᠰᠡᠬᠦ ᠰᠢᠯᠭᠠᠯᠲᠠ  ᠶᠢᠨ ᠡᠯᠰᠡᠬᠦ ᠬᠤᠪᠢ  ᠶᠢᠨ ᠱᠤᠭᠤᠮ  ᠢ ᠨᠢ ᠪᠠᠭᠤᠷᠠᠭᠤᠯᠬᠤ ᠵᠢᠴᠢ ᠡᠩ ᠲᠡᠷᠢᠭᠦᠨ ᠳᠦ ᠡᠯᠰᠡᠬᠦ ᠲᠦᠷᠦ ᠶᠢᠨ ᠪᠤᠳᠤᠯᠭ᠎ᠠ ᠮᠥᠨ ᠃ ᠠᠶᠢᠮᠠᠭ ᠬᠤᠳᠠ ᠂ ᠬᠣᠰᠢᠭᠤ ᠰᠢᠶᠠᠨ ᠴᠥᠮ ᠵᠣᠬᠢᠬᠤ ᠪᠡᠯᠡ ᠮᠥᠩᠭᠥ ᠪᠠᠭᠤᠯᠭᠠᠨ ᠥᠭᠬᠦ᠂ ᠨᠡᠶᠢᠭᠡᠮ ᠨᠡᠶᠢᠲᠡ ᠡᠴᠡ ᠬᠠᠨᠳᠢᠪᠯᠠᠨ ᠲᠤᠰᠠᠯᠠᠭᠰᠠᠨ ᠪᠡᠯᠡ ᠮᠥᠨᠭᠭᠦ ᠵᠢ ᠠᠪᠴᠤ᠂ ᠴᠥᠭᠡᠨ ᠲᠣᠭᠠᠲᠤ ᠦᠨᠳᠦᠰᠦᠲᠡᠨ ᠦ ᠶᠠᠳᠠᠭᠤ ᠬᠦᠴᠢᠷᠳᠡᠯᠲᠡᠶ ᠰᠤᠷᠤᠭᠴᠢᠳ  ᠲᠦ ᠰᠤᠷᠭᠠᠨ ᠬᠥᠮᠦᠵᠢᠯ  ᠤᠨ ᠰᠠᠭᠤᠷᠢ ᠮᠥᠩᠭᠥ ᠪᠠᠶᠢᠭᠤᠯᠵᠤ ᠂ ᠳᠤᠰ ᠭᠠᠵᠠᠷ ᠣᠷᠣᠨ ᠴᠥᠭᠡᠨ ᠲᠣᠭᠠᠲᠤ ᠦᠨᠳᠦᠰᠦᠲᠡᠨ ᠦ ᠶᠠᠳᠠᠭᠤ ᠬᠦᠴᠢᠷᠳᠡᠯᠲᠡᠶ ᠰᠤᠷᠤᠭᠴᠢᠳ ᠂ ᠠᠮᠢᠳᠤᠷᠠᠯ ᠢ ᠲᠤᠰᠤᠯᠤᠨ ᠳᠡᠮᠵᠢᠨ᠌ ᠡ ᠃ ᠡᠭᠦᠨ ᠦ ᠬᠠᠮᠲᠤ ᠪᠤᠢᠢᠳᠠ ᠪᠥᠭᠯᠡᠭᠦᠦ ᠭᠠᠵᠠᠷ ᠣᠷᠣᠨ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠥ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠦᠨᠡᠨ ᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠦ ᠨᠢᠭᠡᠨᠲᠡ ᠪᠠᠶᠢᠭᠤᠯᠤᠭᠰᠠᠨ ᠡᠩ  ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠪᠠ ᠣᠨᠴᠠ ᠬᠦᠴᠢᠷᠳᠡᠯᠲᠡᠶ ᠰᠤᠷᠤᠭᠴᠢ ᠤᠨ ᠲᠤᠰᠠᠯᠠᠮᠵᠢ ᠢᠢᠨ ᠮᠥᠩᠭᠥ ᠵᠢ ᠵᠢᠯ ᠳᠠᠷᠠᠭᠠᠯᠠᠨ ᠨᠡᠮᠡᠵᠦ ᠂ ᠴᠥᠭᠡᠨ ᠲᠣᠭᠠᠲᠤ ᠦᠨᠳᠦᠰᠦᠲᠡᠨ ᠦ ᠶᠠᠳᠠᠭᠤ ᠬᠦᠴᠢᠷᠳᠡᠯᠲᠡᠶ ᠰᠤᠷᠤᠭᠴᠢᠳ ᠢ ᠭᠣᠣᠯᠳᠠᠯᠭ᠎ᠠ ᠲᠠᠶ ᠲᠤᠰᠠᠯᠠᠨ ᠳᠡᠮᠵᠢᠬᠦ ᠃ ᠪᠢᠴᠢᠭ  ᠤᠨ ᠪᠠᠯᠠᠶ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠢᠳᠡᠪᠬᠢᠲᠡᠶ ᠪᠡᠷ ᠠᠯᠤᠰ ᠠᠴᠠ ᠵᠢᠭᠠᠬᠤ ᠰᠤᠷᠭᠠᠨ ᠬᠥᠮᠦᠵᠢᠯ ᠪᠠ ᠡᠯ᠎ᠡ ᠲᠦᠷᠦᠯ  ᠤᠨ ᠲᠤᠬᠠᠶᠢᠯᠠᠭᠰᠠᠨ ᠠᠵᠢᠯ  ᠤᠨ ᠲᠧᠭᠨᠢᠭ ᠮᠡᠷᠭᠡᠵᠢᠯ  ᠤᠨ ᠰᠤᠷᠭᠠᠨ ᠬᠥᠮᠦᠵᠢᠯ ᠂ ᠡᠯ᠎ᠡ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠴᠢᠳᠠᠪᠤᠷᠢᠲᠠᠨ  ᠢ ᠶᠡᠬᠡᠪᠡᠷ ᠬᠥᠮᠦᠵᠢᠭᠦᠯᠬᠦ ᠬᠡᠷᠡᠭᠲᠡᠶ ᠃ ᠬᠢᠯᠢ ᠬᠢᠵᠠᠭᠠᠷ  ᠤᠨ ᠶᠠᠳᠠᠭᠤ ᠬᠦᠴᠢᠳᠡᠯᠲᠡᠢ ᠭᠠᠵᠠᠷ ᠣᠷᠣᠨ  ᠦ ᠰᠤᠮᠤ ( ᠰᠢᠶᠠᠩ ᠂ ᠪᠠᠯᠭᠠᠰᠤ )  ᠡᠴᠡ ᠳᠣᠷᠣᠭᠰᠢᠬᠢ ᠰᠤᠷᠭᠠᠭᠤᠯᠢ ᠶᠢᠨ ᠪᠠᠭᠰᠢ ᠨᠠᠷ  ᠤᠨ ᠬᠠᠷᠠᠭᠠᠯᠵᠠᠯ  ᠢ ᠰᠠᠶᠢᠵᠢᠷᠠᠭᠤᠯᠵᠤ ᠂ ᠨᠡᠶᠢᠭᠡᠮ ᠳᠠᠶᠠᠭᠠᠷ ᠲᠤ ᠶᠡᠬᠡᠪᠡᠷ ᠤᠬᠠᠭᠤᠯᠤᠨ ᠪᠠᠳᠠᠷᠠᠭᠤᠯᠵᠤ ᠂ ᠤᠷᠳᠤ ᠬᠤᠭᠤᠴᠠᠭ᠎ᠠ ᠪᠠᠷ ᠦᠨᠳᠦᠰᠦᠨ ᠱᠠᠲᠤᠨ  ᠳᠦ ᠦᠨᠳᠦᠰᠦ ᠬᠠᠳᠬᠤᠵᠤ ᠂ ᠦᠨᠳᠦᠰᠦᠲᠡᠨ  ᠦ ᠰᠤᠷᠭᠠᠨ ᠬᠥᠮᠦᠵᠢᠯ  ᠤᠨᠨ ᠦᠢᠯᠡᠰ  ᠤᠨ ᠲᠥᠯᠥᠭᠡ ᠠᠮᠢ ᠪᠡᠶ᠎ᠡ ᠪᠡᠨ ᠵᠣᠷᠢᠭᠤᠯᠬᠤ ᠵᠣᠷᠢᠭ ᠰᠠᠨᠠᠭ᠎ᠠ ᠵᠢ ᠴᠢᠩᠭᠠᠳᠬᠠᠵᠤ ᠂ ᠦᠨᠳᠦᠰᠦᠲᠡᠨ  ᠦ ᠰᠤᠷᠭᠠᠨ ᠬᠥᠮᠦᠵᠢᠯ  ᠤᠨ ᠪᠠᠭᠰᠢ ᠪᠣᠯᠤᠨ ᠪᠠᠭᠰᠢ ᠨᠠᠷ  ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠳᠡᠭᠡᠭᠰᠢᠯᠡᠭᠦᠯᠵᠦ ᠂ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ ᠪᠠᠶᠢᠨ᠎ᠠ ᠃
    ( ᠠᠷᠪᠠᠨ ᠬᠣᠶᠠᠷ )ᠰᠢᠨᠵᠢᠯᠡᠬᠦ ᠤᠬᠠᠭᠠᠨ ᠮᠡᠷᠭᠡᠵᠢᠯ  ᠤᠨ ᠪᠠᠶᠢᠭᠤᠯᠤᠯ  ᠤᠨ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠶᠢ ᠨᠢᠭᠲᠠ ᠤᠶᠠᠯᠳᠤᠭᠤᠯᠵᠤ ᠂ ᠠᠵᠤ ᠠᠬᠤᠶ ᠶᠢᠨ ᠨᠡᠮᠡᠭᠳᠡᠯ  ᠤᠨ ᠠᠷᠭ᠎ᠠ ᠮᠠᠶ᠋ᠢᠭ  ᠢ ᠬᠤᠪᠢᠷᠠᠭᠤᠯᠵᠤ ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠨ ᠂ ᠮᠠᠯᠴᠢᠨ ᠲᠠᠷᠢᠶᠠᠴᠢᠨ ᠦ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠬᠦᠢᠢᠴᠡ ᠬᠥᠭᠵᠢᠯᠲᠡ ᠵᠢ ᠪᠡᠶᠡᠯᠡᠭᠦᠯᠬᠦ ᠪᠡᠷ ᠬᠠᠷᠠᠯᠲᠠ ᠪᠤᠯᠭᠠᠨ᠌ ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ  ᠢᠢᠡᠷ ᠲᠠᠷᠢᠶᠠᠯᠠᠩ  ᠢ ᠬᠥᠭᠵᠢᠭᠦᠯᠦᠨ ᠮᠠᠨᠳᠤᠭᠤᠯᠬᠤ ᠂ ᠰᠢᠨᠵᠢᠯᠡᠭᠡ ᠲᠧᠭᠨᠢᠭ  ᠢᠢᠡᠷ ᠶᠠᠳᠠᠭᠤ ᠶᠢ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ  ᠢᠢᠨ ᠵᠢᠱᠢᠶ᠎ᠡ ᠦᠵᠡᠭᠦᠯᠬᠦ ᠂ ᠰᠢᠨᠵᠢᠯᠡᠬᠦ ᠤᠬᠠᠭᠠᠨ ᠮᠡᠷᠭᠡᠵᠢᠯ  ᠢᠢᠨ ᠳᠡᠯᠭᠡᠷᠡᠭᠦᠯᠦᠯᠲᠡ ᠵᠡᠷᠭᠡ ᠵᠦᠢᠯ  ᠤᠨ ᠢᠨᠵᠧᠨᠧᠷᠢᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠰᠡᠳᠦᠪ ᠵᠢ ᠰᠠᠶᠢᠲᠤᠷ ᠬᠡᠷᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ  ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠦ ᠲᠠᠪᠰᠢᠯᠳᠠ ᠵᠢ ᠲᠦᠷᠭᠡᠳᠬᠥ ᠪᠤᠯᠤᠨ᠌ ᠠ ᠃ ᠰᠢᠨᠵᠢᠯᠡᠬᠦ ᠤᠬᠠᠭᠠᠨ ᠮᠡᠷᠭᠡᠵᠢᠯ  ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠷᠢᠭᠵᠢᠭᠤᠯᠤᠨ ᠳᠡᠮᠵᠢᠵᠦ ᠂ ᠵᠠᠰᠠᠭ ᠵᠠᠬᠢᠷᠭᠠᠨ  ᠦ ᠠᠯᠪᠠᠨ ᠪᠠᠶᠢᠭᠤᠯᠤᠯᠭ᠎ᠠ ᠂ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ᠂ ᠦᠨᠳᠦᠰᠦᠨ ᠱᠠᠲᠤᠨ  ᠦ ᠺᠠᠳ᠋ᠠᠷ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠠᠵᠢᠯᠲᠠᠳ  ᠤᠨ ᠬᠥᠳᠡᠭᠡ ᠠᠵᠤ ᠠᠬᠤᠢ ᠶᠢ ᠳᠡᠮᠵᠢᠬᠦ ᠂ ᠮᠠᠯ ᠠᠵᠤ ᠠᠬᠤᠶ ᠰᠤᠷᠭᠠᠨ ᠬᠥᠮᠦᠵᠢᠯ  ᠢ ᠳᠡᠮᠵᠢᠬᠦ᠂ ᠡᠯ᠎ᠡ ᠵᠦᠢᠯ  ᠤᠨ ᠬᠡᠯᠪᠡᠷᠢ ᠶᠢᠨ ᠢᠵᠠᠭᠤᠷ ᠮᠡᠷᠭᠡᠵᠢᠯ ᠤᠨ ᠪᠣᠯᠪᠠᠰᠤᠷᠠᠯ ᠬᠢᠯᠭᠡᠬᠦ ᠪᠠ ᠦᠢᠯᠡᠴᠢᠯᠡᠬᠦ ᠬᠡᠷᠡᠭᠲᠡᠶ ᠃ ᠠᠵᠤ ᠦᠢᠯᠡᠳᠪᠦᠷᠢ ᠂ ᠦᠢᠯᠡᠴᠢᠯᠡᠭᠡᠨ  ᠦ ᠦᠢᠯᠡᠰ ᠵᠡᠷᠭᠡ ᠣᠨᠴᠠᠯᠢᠭ ᠪᠦᠬᠦᠢ ᠠᠵᠤ ᠠᠬᠤᠶ ᠶᠢᠨ ᠬᠥᠭᠵᠢᠯᠲᠡ ᠶᠢᠨ ᠬᠦᠷᠢᠶᠡᠨ  ᠳᠦ ᠶᠡᠬᠡ ᠪᠡᠷ ᠲᠦᠯᠬᠢᠨ ᠠᠬᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ  ᠤᠨ ᠳᠠᠪᠰᠢᠯᠲᠠ ᠴᠢᠩᠭ᠎ᠠ᠂ ᠲᠧᠭᠨᠢᠭ ᠮᠡᠷᠭᠡᠵᠢᠯ  ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠦᠢᠯᠡᠳᠪᠦᠷᠢᠯᠡᠯ ᠢ ᠨᠡᠭᠡᠭᠡᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠃
    ( ᠠᠷᠪᠠᠨ ᠭᠤᠷᠪᠠ ) ᠡᠯ᠎ᠡ ᠱᠠᠲᠤᠨ  ᠦ ᠵᠠᠰᠠᠭ  ᠤᠨ ᠣᠷᠳᠣᠨ ᠪᠣᠯᠤᠨ ᠲᠤᠬᠠᠶᠢᠯᠠᠭᠰᠠᠨ ᠠᠵᠢᠯ  ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠦᠨᠳᠦᠰᠦᠲᠡᠨ  ᠦ ᠰᠣᠶᠣᠯ  ᠤᠨ ᠪᠦᠯᠬᠦᠮ  ᠤᠨ ᠥᠭᠡᠷᠡᠴᠢᠯᠡᠯᠲᠡ ᠶᠢᠨ ᠡᠷᠴᠢᠮ  ᠢ ᠴᠢᠩᠭᠠᠷᠠᠭᠤᠯᠵᠤ ᠂ ᠦᠨᠳᠦᠰᠦᠲᠡᠨ  ᠦ ᠰᠣᠶᠣᠯ ᠤᠷᠠᠯᠢᠭ ᠤᠨ ᠬᠥᠮᠦᠰ ᠢ ᠡᠷᠴᠢᠮᠲᠡᠶ ᠬᠥᠮᠦᠵᠢᠭᠦᠯᠵᠦ᠂ ᠨᠡᠩ ᠣᠯᠠᠨ ᠦᠨᠳᠦᠰᠦᠲᠡᠨ  ᠦ ᠣᠨᠴᠠᠯᠢᠭ ᠪᠦᠬᠦᠢ ᠤᠳᠬ᠎ᠠ ᠤᠷᠠᠯᠢᠭ   ᠤᠨ ᠰᠢᠯᠢᠳᠡᠭ ᠪᠦᠲᠦᠭᠡᠯ ᠢ ᠡᠭᠦᠳᠦᠨ ᠪᠦᠲᠦᠭᠡᠬᠦ ᠶᠤᠮ ᠃ ᠬᠠᠮᠠᠭᠠᠯᠠᠬᠤ ᠂ ᠵᠠᠪᠳᠤᠨ ᠠᠪᠦᠷᠡᠬᠤ ᠪᠠ ᠦᠨᠳᠦᠰᠦᠲᠡᠨ  ᠦ ᠲᠤᠯᠭᠤᠷ ᠪᠢᠴᠢᠭ  ᠢ ᠡᠮᠬᠢᠳᠬᠡᠬᠦ ᠠᠵᠢᠯ  ᠢ ᠰᠠᠶᠢᠲᠤᠷ ᠬᠢᠵᠦ ᠂ ᠲᠡᠦᠬᠡ ᠶᠢᠨ ᠳᠤᠷᠠᠰᠬᠠᠯᠲᠤ ᠵᠦᠢᠯ  ᠢ ᠬᠠᠮᠠᠭᠠᠯᠠᠬᠤ ᠬᠡᠷᠡᠭᠲᠡᠶ ᠃ ᠦᠨᠳᠦᠰᠦᠲᠡᠨ  ᠦ ᠰᠣᠶᠣᠯ  ᠤᠨ ᠲᠥᠬᠥᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠌ ᠠ᠃ ᠮᠣᠩᠭᠣᠯ ᠬᠡᠯᠡᠨ  ᠦ ᠷᠠᠳᠢᠣ᠋ ᠲᠸᠯᠸᠢᠰ ᠮᠡᠳᠡᠭᠡ  ᠢᠢᠨ ᠨᠡᠪᠲᠡᠷᠡᠭᠦᠯᠬᠦ ᠴᠠᠭ ᠪᠣᠯᠤᠨ ᠨᠡᠪᠲᠡᠷᠡᠭᠦᠯᠭᠡ ᠢᠢ ᠤᠳᠠᠭ᠋ ᠠ ᠵᠢ ᠨᠡᠮᠡᠵᠦ ᠂ ᠠᠷᠠᠳ ᠤᠯᠠᠨ  ᠦ ᠬᠡᠷᠡᠭᠴᠡᠭᠡ ᠂ ᠳᠤᠷ ᠠ ᠰᠤᠨᠢᠷᠬᠠᠯ ᠢ ᠬᠠᠩᠭᠠᠬᠤ ᠬᠡᠷᠡᠭᠲᠡᠶ ᠃ 《 ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠦ ᠤᠯᠠᠭᠠᠨᠮᠥ᠋ᠴᠢᠷ  ᠤᠨ ᠲᠤᠬᠠᠶ ᠠᠵᠢᠯ ᠤᠨ ᠳᠦᠷᠢᠮ 》 ᠢ ᠨᠠᠢᠢᠳᠠᠪᠤᠷᠢᠵᠢᠭᠤᠯᠤᠨ ᠲᠤᠭᠤᠰᠢᠯᠠᠭᠤᠯᠵᠤ᠂ ᠤᠯᠠᠭᠠᠨᠮᠥ᠋ᠴᠢᠷ  ᠤᠨ ᠦᠢᠯᠡᠳᠦᠯ  ᠢ ᠤᠯᠠᠮ ᠨᠢᠭᠡ ᠠᠯᠬᠤᠮ ᠪᠠᠳᠠᠷᠠᠭᠤᠯᠵᠤ ᠂ ᠠᠵᠢᠯ  ᠢ ᠦᠷᠭᠦᠯᠵᠢᠯᠡᠨ ᠰᠠᠶᠢᠲᠤᠷ ᠬᠢᠵᠦ ᠂ 《 ᠰᠣᠶᠣᠯ ᠬᠦᠳᠡᠭᠡ ᠪᠠᠭᠤᠬᠤ 》 ᠠᠵᠢᠯᠯᠠᠭ᠎ᠠ ᠶᠢ ᠴᠢᠩᠭᠠᠳᠬᠠᠨ ᠲᠡᠭᠦᠯᠳᠡᠷᠵᠢᠭᠦᠯᠵᠦ ᠂ ᠦᠨᠳᠦᠰᠦᠨ ᠱᠠᠲᠤᠨ  ᠦ ᠰᠣᠶᠣᠯ  ᠤᠨ ᠲᠣᠣᠷ ᠰᠦᠯᠵᠢᠶᠡᠨ ᠦ ᠪᠥᠳᠥᠭᠡᠨ ᠪᠠᠶᠢᠭᠤᠯᠤᠯᠲᠠ ᠂ ᠥᠷᠭᠡᠨ ᠤᠯᠠᠨ ᠲᠦᠮᠡᠨ  ᠦ ᠰᠣᠶᠣᠯ  ᠤᠨ ᠠᠮᠢᠳᠤᠷᠠᠯ  ᠢ ᠪᠠᠶᠠᠯᠢᠭᠵᠢᠭᠤᠯᠤᠨ᠌ ᠠ ᠃
    (ᠠᠷᠪᠠᠨ ᠳᠦᠷᠪᠡ) ᠡᠯ᠎ᠡ ᠱᠠᠲᠤᠨ  ᠦ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠰᠢᠨᠵᠢᠯᠡᠬᠦ ᠤᠬᠠᠭᠠᠨ  ᠦ ᠰᠤᠳᠤᠯᠭᠠᠨ  ᠦ ᠦᠢᠯᠡᠳᠪᠦᠷᠢᠯᠡᠬᠦ ᠨᠢᠭᠡᠴᠢ ᠂ ᠢᠳᠡᠪᠬᠢᠲᠡᠶ ᠬᠠᠮᠠᠭᠠᠯᠠᠬᠤ ᠬᠡᠷᠡᠭᠲᠡᠶ᠃ ᠦᠨᠳᠦᠰᠦᠲᠡᠨ ᠦ ᠡᠮ ᠡᠮᠨᠡᠯᠭᠡ ᠶᠢᠨ ᠡᠷᠳᠡᠨᠢ ᠶᠢᠨ ᠰᠠᠩ  ᠢ ᠲᠦᠷᠭᠡᠳᠬᠡᠵᠦ ᠂ ᠮᠣᠩᠭᠣᠯ ᠡᠮᠨᠡᠯᠭᠡ ᠂ ᠮᠣᠩᠭᠣᠯ ᠡᠮ  ᠤᠨ ᠦᠢᠯᠡᠰ   ᠤᠨ ᠬᠥᠭᠵᠢᠯᠲᠡ ᠂ ᠦᠨᠳᠦᠰᠦᠲᠡᠨ  ᠦ ᠣᠨᠴᠠᠯᠢᠭ ᠪᠠ ᠵᠠᠬ᠎ᠠ ᠳᠡᠯᠭᠡᠭᠦᠷ  ᠤᠨ ᠥᠷᠢᠰᠥᠯᠳᠦᠬᠦ ᠬᠦᠴᠦᠨ  ᠢ ᠪᠣᠶ ᠪᠣᠯᠭᠠᠨ᠎ᠠ ᠃ ᠮᠣᠩᠭᠣᠯ ᠡᠮᠨᠡᠯᠭᠡ ᠂ ᠮᠣᠩᠭᠣᠯ ᠡᠮ  ᠤᠨ ᠠᠵᠤ ᠦᠶᠯᠡᠰ  ᠤᠨ ᠰᠢᠰᠲ᠋ᠧᠮ ᠶᠢ ᠬᠦᠴᠦᠷᠬᠡᠭ ᠪᠠᠶᠢᠭᠤᠯᠤᠨ᠎ᠠ ᠃ ᠢᠳᠡᠪᠬᠢᠲᠡᠶ ᠰᠠᠶᠢᠲᠤᠷ ᠬᠢᠵᠦ ᠂ ᠬᠢᠯᠢ ᠬᠢᠵᠠᠭᠠᠷ  ᠤᠨ ᠬᠣᠰᠢᠭᠤ ᠬᠤᠳᠠ ᠪᠣᠯᠤᠨ ᠭᠤᠷᠪᠠᠨ ᠴᠥᠭᠡᠨ ᠲᠣᠭᠠᠲᠤ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠡᠮᠨᠡᠯᠭᠡ ᠶᠢᠨ ᠡᠮᠨᠡᠯᠭᠡ ᠡᠷᠡᠭᠦᠯ ᠮᠡᠡᠳᠦ ᠶᠢ ᠬᠠᠮᠠᠭᠠᠯᠠᠬᠤ ᠪᠠᠶᠢᠭᠤᠯᠤᠮᠵᠢ ᠢᠢᠨ ᠪᠦᠳᠦᠬᠡᠨ ᠪᠠᠶᠢᠭᠤᠯᠤᠯᠲᠠ ᠂ ᠣᠷᠣᠨ ᠨᠤᠲᠤᠭ  ᠤᠨ ᠡᠪᠡᠳᠴᠢᠨ ᠪᠠ ᠬᠡᠷᠡᠭᠵᠢᠭᠦᠯᠵᠦ ᠪᠠᠶᠢᠭ᠎ᠠ ᠰᠦᠷᠢᠶ᠎ᠡ ᠡᠪᠡᠳᠴᠢᠨ  ᠢ ᠰᠡᠷᠭᠡᠶᠢᠯᠡᠨ ᠵᠠᠰᠠᠬᠤ ᠡᠮ ᠡᠮᠨᠡᠯᠭᠡ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ ᠪᠠ ᠰᠦᠢᠳᠬᠡᠯ ᠬᠤᠷᠢᠶᠠᠬᠤ ᠦᠭᠡᠶ ᠪᠡᠷ ᠡᠮ ᠥᠭᠴᠦ ᠤᠤᠭᠤᠯᠭᠠᠬᠤ ᠃ ᠰᠫᠣᠷᠲ ᠪᠠ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ  ᠤᠳ ᠦᠨᠳᠦᠰᠦᠲᠡᠨ  ᠦ ᠪᠡᠶ᠎ᠡ ᠶᠢᠨ ᠲᠠᠮᠢᠷ  ᠤᠨ ᠬᠥᠳᠡᠯᠭᠡᠭᠡᠨ  ᠢ ᠥᠷᠭᠡᠨ ᠳᠡᠯᠭᠡᠷ ᠤᠯᠠᠨ ᠲᠦᠮᠡᠨᠴᠢ ᠵᠣᠬᠢᠶᠠᠨ ᠪᠠᠶᠢᠭᠤᠯᠤᠨ ᠥᠷᠨᠢᠭᠦᠯᠵᠦ ᠂ ᠦᠨᠳᠦᠰᠦᠲᠡᠨ  ᠦ ᠪᠡᠶ᠎ᠡ ᠶᠢᠨ ᠲᠠᠮᠢᠷ ᠤᠨ ᠲᠥᠬᠥᠭᠡᠷᠦᠮᠵᠢ ᠪᠠᠶᠢᠭᠤᠯᠤᠭᠰᠠᠨ ᠪᠠ ᠪᠡᠶ᠎ᠡ ᠶᠢᠨ ᠲᠠᠮᠢᠷ  ᠤᠨ ᠴᠢᠳᠠᠪᠤᠷᠢᠲᠠᠨ  ᠢ ᠬᠥᠮᠦᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠦ4 ᠵᠢᠯ ᠳᠦ ᠨᠢᠭᠡ ᠤᠳᠠᠭ᠎ᠠ ᠶᠠᠪᠤᠭᠳᠠᠳᠠᠭ ᠴᠥᠭᠡᠨ ᠲᠣᠭᠠᠲᠤ ᠦᠨᠳᠦᠰᠦᠲᠡᠨ ᠦ ᠤᠯᠠᠮᠵᠢᠯᠠᠯᠲᠤ ᠪᠡᠶ᠎ᠡ ᠲᠠᠮᠢᠷ  ᠤᠨ ᠴᠤᠭᠯᠠᠭᠠᠨ ᠢ ᠦᠷᠨᠢᠭᠦᠯᠦᠨ᠌ ᠡ᠃
    (ᠠᠷᠪᠠᠨ ᠲᠠᠪᠤ) ᠨᠡᠶᠢᠭᠡᠮ  ᠤᠨ ᠬᠠᠮᠢᠶᠠᠷᠤᠯᠲᠠ ᠶᠢ ᠴᠢᠩᠭᠠᠳᠬᠠᠵᠤ᠂ ᠮᠣᠩᠭᠣᠯ ᠬᠡᠯᠡ ᠪᠠ ᠪᠤᠰᠤᠳ ᠴᠥᠭᠡᠨ ᠲᠣᠭᠠᠲᠤ ᠦᠨᠳᠦᠰᠦᠲᠡᠨ ᠦ ᠬᠡᠯᠡᠨ  ᠦ ᠠᠵᠢᠯ   ᠢ ᠴᠢᠨᠭᠭᠠᠳᠬᠠᠨ᠌ ᠠ ᠃ ᠡᠯ᠎ᠡ ᠱᠠᠲᠤᠨ  ᠦ ᠵᠠᠰᠠᠭ  ᠤᠨ ᠣᠷᠳᠣᠨ ᠪᠠ ᠦᠨᠳᠦᠰᠦᠲᠡᠨ  ᠦ ᠬᠡᠷᠡᠭ ᠡᠷᠬᠢᠯᠡᠬᠦ ᠬᠣᠷᠢᠶᠠᠨ  ᠦ ᠪᠢᠴᠢᠭ  ᠤᠨ ᠠᠵᠢᠯ   ᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠦ ᠬᠣᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ  ᠢ ᠡᠯ᠎ᠡ ᠦᠨᠳᠦᠰᠦᠲᠡᠨ ᠦ ᠦᠭᠡ ᠬᠡᠯᠡ ᠦᠰᠦᠭ ᠪᠢᠴᠢᠭ  ᠤᠨ ᠡᠷᠬᠡ ᠲᠡᠭᠰᠢ ᠪᠠᠶᠢᠬᠤ ᠵᠠᠷᠴᠢᠮ  ᠢ ᠮᠣᠩᠭᠣᠯ ᠬᠢᠲᠠᠳ ᠬᠣᠶᠠᠷ ᠵᠦᠢᠯ  ᠤᠨ ᠦᠰᠦᠭ ᠪᠢᠴᠢᠭ  ᠢ ᠵᠡᠷᠭᠡᠪᠡᠷ ᠬᠠᠮᠲᠤ ᠵᠢᠷᠤᠮᠵᠢᠭᠤᠯᠵᠤ ᠂ ᠨᠡᠶᠢᠭᠡᠮ ᠬᠡᠷᠡᠭᠯᠡᠬᠦ ᠪᠣᠯᠵᠠᠶ ᠃ ᠰᠤᠷᠴᠤ ᠬᠡᠷᠡᠭᠯᠡᠬᠦ ᠶᠢ ᠵᠣᠷᠢᠭᠵᠢᠭᠤᠯᠵᠤ ᠂ ᠬᠢᠲᠠᠳ ᠦᠨᠳᠦᠰᠦᠲᠡᠨ ᠮᠣᠩᠭᠣᠯ ᠦᠭᠡ ᠬᠡᠯᠡ ᠥᠰᠥᠭ ᠪᠢᠴᠢᠭ ᠢ ᠬᠡᠷᠡᠭᠯᠡᠬᠦ ᠵᠤᠷᠢᠭᠵᠢᠭᠤᠯᠵᠤ ᠂ ᠴᠥᠭᠡᠨ ᠲᠣᠭᠠᠲᠤ ᠦᠨᠳᠦᠰᠦᠲᠡᠨ  ᠦ ᠬᠢᠲᠠᠳ ᠦᠭᠡ ᠬᠢᠲᠠᠳ ᠬᠡᠯᠡ ᠰᠤᠷᠬᠤ ᠂ ᠮᠣᠩᠭᠣᠯ ᠦᠭᠡ ᠬᠡᠯᠡ ᠥᠰᠥᠭ ᠰᠤᠷᠴᠤ ᠬᠡᠷᠡᠭᠯᠡᠬᠦ ᠳᠦ ᠲᠤᠪᠤᠢᠢᠮ᠎ᠠ ᠠᠮᠵᠢᠯᠲᠠ ᠭᠠᠷᠭᠠᠭᠰᠠᠨ ᠪᠠᠢᠢᠭᠤᠯᠭ᠋ ᠠ ᠨᠢᠭᠡᠴᠢ ᠪᠠ ᠬᠤᠪᠢ ᠬᠥᠮᠦᠨ ᠢ ᠬᠦᠬᠢᠭᠦᠯᠦᠨ ᠱᠠᠩᠨᠠᠨ᠎ᠠ ᠃ ᠮᠣᠩᠭᠣᠯ ᠨᠣᠮ ᠪᠢᠴᠢᠭ ᠂ ᠰᠣᠨᠢᠨ ᠰᠡᠳᠬᠦᠯ  ᠤᠨ ᠠᠯᠳᠠᠪᠤᠷᠢ ᠶᠢᠨ ᠨᠥᠬᠥᠪᠥᠷᠢ ᠪᠠ ᠮᠣᠩᠭᠣᠯ ᠬᠡᠯᠡᠨ ᠦ ᠷᠠᠳᠢᠣ᠋ ᠨᠡᠪᠲᠡᠷᠡᠭᠦᠯᠭᠡ ᠂ ᠺᠢᠨᠣ᠋᠂ ᠲᠧᠯᠸᠢᠰ  ᠤᠨ ᠦᠢᠯᠡᠰ  ᠤᠨ ᠪᠡᠯᠡ ᠣᠷᠣᠭᠤᠯᠤᠯᠲᠠ  ᠢ ᠨᠡᠮᠡᠭᠳᠡᠭᠦᠯᠵᠦ ᠂ ᠤᠯᠠᠮ ᠨᠢᠭᠡ ᠠᠯᠬᠤᠮ ᠰᠠᠶᠢᠲᠤᠷ ᠬᠢᠵᠦ ᠂ ᠦᠨᠳᠦᠰᠦᠲᠡᠨ  ᠦ ᠬᠡᠯᠡ ᠪᠢᠴᠢᠭ  ᠤᠨ ᠣᠷᠴᠢᠭᠤᠯᠭ᠎ᠠ ᠶᠢᠨ ᠨᠣᠮ ᠬᠡᠪᠯᠡᠯ ᠂ ᠰᠣᠨᠢᠨ ᠰᠡᠳᠬᠦᠯ ᠂ ᠨᠣᠮ ᠪᠢᠴᠢᠭ ᠲᠠᠷᠬᠠᠭᠠᠬᠤ ᠠᠵᠢᠯ  ᠢ ᠬᠢᠨ᠌ ᠡ ᠃
    ᠳᠦᠷᠪᠡ᠂ ᠥᠨᠳᠥᠷ ᠬᠡᠪ ᠴᠢᠨᠠᠷ ᠪᠦᠬᠦᠢ ᠴᠥᠭᠡᠨ ᠲᠣᠭᠠᠲᠤ ᠦᠨᠳᠦᠰᠦᠲᠡᠨ  ᠦ ᠺᠠᠳ᠋ᠠᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠶ ᠃
    ( ᠠᠷᠪᠠᠨ ᠵᠢᠷᠭᠤᠭ᠎ᠠ ) ᠡᠯ᠎ᠡ ᠱᠠᠲᠤᠨ  ᠦ ᠵᠣᠬᠢᠶᠠᠨ ᠪᠠᠶᠢᠭᠤᠯᠬᠤ ᠠᠵᠢᠯᠲᠠᠨ ᠦ ᠶᠠᠪᠤᠳᠠᠯ  ᠤᠨ ᠰᠠᠯᠠᠭ᠎ᠠ ᠮᠥᠴᠢᠷ ᠋  ᠤᠨ ᠬᠢᠨ ᠨᠠᠮ  ᠤᠨ《ᠳᠦᠷᠪᠡᠨ ᠤᠳᠤᠬᠢᠴᠢᠯᠠᠯᠲᠠ》 ᠵᠢ ᠦᠨᠳᠦᠰᠦᠯᠡᠨ᠂ ᠮᠣᠷᠠᠯ ᠴᠢᠳᠠᠪᠤᠷᠢ ᠶᠢ ᠬᠣᠣᠰᠯᠠᠭᠤᠯᠵᠤ ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠵᠠᠷᠴᠢᠮ ᠪᠠᠷᠢᠮᠳᠠᠯᠠᠨ ᠂ ᠴᠥᠭᠡᠨ ᠲᠣᠭᠠᠲᠤ ᠦᠨᠳᠦᠰᠦᠲᠡᠨ  ᠦ ᠺᠠᠳ᠋ᠠᠷ ᠢ ᠶᠡᠬᠡ ᠪᠡᠷ ᠬᠥᠮᠦᠵᠢᠭᠦᠯᠦᠨ ᠰᠢᠯᠢᠵᠦ ᠳᠡᠪᠰᠢᠭᠦᠯᠬᠦ ᠬᠡᠷᠡᠭᠲᠡᠶ ᠃ ᠨᠠᠮ ᠤᠨ ᠦᠨᠳᠦᠰᠦᠲᠡᠨ  ᠦ ᠲᠤᠬᠠᠶ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠂ ᠴᠥᠭᠡᠨ ᠲᠣᠭᠠᠳᠤ ᠦᠨᠳᠦᠰᠦᠲᠡᠨ ᠦ ᠡᠵᠡᠯᠡᠬᠦ ᠬᠠᠷᠢᠴᠠᠯ ᠢ ᠪᠠᠲᠤᠯᠠᠬᠤ ᠬᠡᠷᠡᠭᠲᠡᠢ ᠃ ᠤᠳᠤᠬᠠᠨ ᠳᠦ ᠮᠠᠷᠺᠰ  ᠤᠨ ᠦᠵᠡᠯ ᠪᠡᠷ ᠦᠪᠡᠷ ᠤᠨ ᠬᠢ ᠪᠠᠨ ᠵᠡᠪᠰᠡᠭᠯᠡᠵᠦ ᠪᠠᠢᠢᠭ᠋ ᠠ ᠳᠡᠳᠡᠭᠡᠷ ᠬᠦᠮᠦᠰ ᠢ ᠭᠣᠣᠯᠳᠠᠯᠭ᠎ᠠ ᠲᠠᠶ ᠬᠥᠮᠦᠵᠢᠭᠦᠯᠵᠦ ᠰᠢᠯᠢᠨ ᠳᠡᠪᠰᠢᠭᠦᠯᠬᠦ ᠬᠡᠷᠡᠭᠲᠡᠶ᠃ ᠵᠥᠪ ᠣᠨᠣᠪᠴᠢᠲᠠᠶ ᠦᠨᠳᠦᠰᠦᠲᠡᠨ  ᠦ ᠦᠵᠡᠯᠲᠡ ᠪᠠ ᠱᠠᠰᠢᠨ ᠰᠤᠷᠲᠠᠬᠤᠨ  ᠦ ᠦᠵᠡᠯᠲᠡ ᠶᠢ ᠪᠤᠢ ᠪᠣᠯᠭᠠᠵᠤ ᠂ ᠤᠬᠠᠮᠰᠠᠷ  ᠡᠴᠡ ᠪᠠᠨ ᠦᠨᠳᠦᠰᠦᠲᠡᠨ  ᠦ ᠪᠦᠯᠬᠦᠮᠳᠡᠯ  ᠢ ᠬᠠᠮᠠᠭᠠᠯᠠᠬᠤ ᠂ ᠬᠠᠷᠢᠭᠤᠴᠠᠯᠭ᠎ᠠ ᠡᠭᠦᠷᠭᠡᠯᠡᠬᠦ ᠂ ᠤᠳᠤᠷᠢᠳᠬᠤ᠂ ᠬᠦᠨᠳᠦ ᠲᠤᠰᠢᠶᠠᠯ ᠡᠭᠦᠷᠭᠡᠯᠡᠬᠦ ᠂ ᠠᠵᠤ ᠠᠬᠤᠶ ᠢᠢᠨ ᠬᠠᠮᠢᠶᠠᠷᠤᠯᠲᠠ ᠬᠢᠵᠦ ᠴᠢᠳᠠᠬᠤ ᠂ ᠰᠢᠯᠢᠳᠡᠭ ᠢᠳᠡᠷ ᠵᠠᠯᠠᠭᠤ ᠴᠥᠭᠡᠨ ᠲᠣᠭᠠᠲᠤ ᠦᠨᠳᠦᠰᠦᠲᠡᠨ  ᠦ ᠺᠠᠳ᠋ᠠᠷ ᠢ ᠬᠦᠮᠦᠵᠢᠭᠦᠯᠦᠨ᠌ ᠡ ᠃ ᠺᠠᠳ᠋ᠷ  ᠤᠨ ᠲᠦᠷᠢᠮ  ᠢ ᠥᠭᠡᠷᠡᠴᠢᠯᠡᠨ ᠭᠦᠨᠵᠡᠭᠡᠶᠢᠷᠡᠭᠦᠯᠵᠦ ᠂ ᠴᠥᠭᠡᠨ ᠲᠣᠭᠠᠲᠤ ᠦᠨᠳᠦᠰᠦᠲᠡᠨ  ᠤ ᠺᠠᠳ᠋ᠠᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠂ ᠨᠡᠩ ᠤᠯᠠᠨ ᠴᠥᠭᠡᠨ ᠲᠣᠭᠠᠲᠤ ᠦᠨᠳᠦᠰᠦᠲᠡᠨ  ᠦ ᠰᠢᠯᠢᠳᠡᠭ ᠲᠤᠰᠬᠠᠶ ᠮᠡᠷᠭᠡᠵᠢᠯ  ᠤᠨ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠠᠬᠤᠶ ᠶᠢᠨ ᠬᠠᠮᠢᠶᠠᠷᠤᠯᠲᠠ ᠶᠢᠨ ᠬᠥᠮᠦᠰ ‍ ᠢ ᠴᠢᠬᠤᠯᠠᠴᠢᠯᠠᠨ᠌  ᠠ ᠃
    ( ᠠᠷᠪᠠᠨ ᠲᠤᠯᠤᠭ᠎ᠠ ) ᠡᠯ᠎ᠡ ᠱᠠᠲᠤᠨ  ᠦ ᠵᠣᠬᠢᠶᠠᠨ ᠪᠠᠶᠢᠭᠤᠯᠤᠯᠲᠠ ᠪᠠ ᠠᠵᠢᠯᠲᠠᠨ  ᠦ ᠶᠠᠪᠤᠳᠠᠯ  ᠤᠨ ᠰᠠᠯᠠᠭ᠎ᠠ ᠮᠥᠴᠢᠷ ᠪᠣᠯᠤᠨ ᠨᠠᠮ  ᠤᠨ ᠰᠤᠷᠭᠠᠭᠤᠯᠢ ᠵᠡᠷᠭᠡ ᠰᠤᠷᠭᠠᠨ ᠬᠥᠮᠦᠵᠢᠯ  ᠤᠨ ᠰᠠᠯᠠᠭ᠎ᠠ ᠮᠥᠴᠢᠷ ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢ ᠳᠡᠭᠡᠭᠰᠢᠯᠡᠭᠦᠯᠬᠦ ᠪᠡᠷ ᠭᠣᠣᠯᠳᠠᠯᠭ᠎ᠠ ᠪᠤᠯᠭᠠᠨ᠂ ᠲᠡᠰ ᠳᠠᠪᠬᠤᠷᠭ᠎ᠠ ᠬᠤᠪᠢᠶᠠᠵᠤ ᠂ ᠲᠥᠷᠥᠯ ᠬᠡᠯᠪᠡᠷᠢ ᠠᠩᠭᠢᠯᠠᠨ ᠬᠤᠪᠢᠶᠠᠵᠤ ᠂ ᠲᠥᠯᠥᠪᠯᠡᠭᠡ ᠲᠡᠶ ᠪᠡᠷ ᠤᠳᠤᠷᠢᠳᠬᠤ ᠺᠠᠲᠠᠷ ᠤᠨ ᠮᠠᠷᠺᠰ  ᠤᠨ  ᠦᠵᠡᠯ ᠤᠨ ᠦᠨᠳᠦᠰᠦᠲᠡᠨ ᠦ ᠤᠨᠤᠯ ᠴᠢᠨᠭᠭᠠᠳᠬᠠᠵᠤ᠂ ᠨᠠᠮ  ᠤᠨ ᠦᠨᠳᠦᠰᠦᠲᠡᠨ  ᠦ ᠲᠦᠷᠦ ᠶᠢᠨ ᠪᠤᠳᠤᠯᠭ᠎ᠠ ᠶᠢᠨ ᠬᠥᠮᠦᠵᠢᠯ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠵᠤ ᠠᠬᠤᠶ ᠶᠢᠨ ᠬᠠᠮᠢᠶᠠᠷᠤᠯᠲᠠ᠂ ᠬᠠᠤᠯᠢ ᠴᠠᠭᠠᠵᠠ ᠲᠡᠦᠬᠡ ᠵᠡᠷᠭᠡ ᠮᠡᠳᠡᠯᠭᠡ ᠶᠢ ᠰᠤᠷᠤᠯᠴᠠᠭᠤᠯᠤᠨ ᠪᠣᠯᠪᠠᠰᠤᠷᠠᠭᠤᠯᠤᠨ᠌ ᠠ᠃ ᠮᠦᠨ ᠦᠢᠯᠡᠳᠦᠯᠭᠡ ᠶᠢᠨ ᠪᠣᠯᠪᠠᠰᠤᠷᠠᠯ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ  ᠤᠨ ᠬᠡᠪ ᠴᠢᠨᠠᠷ  ᠢᠢᠡᠨ ᠳᠡᠭᠡᠭᠰᠢᠯᠡᠭᠦᠯᠬᠦ ᠬᠡᠷᠡᠭᠲᠡᠶ ᠃ ᠴᠥᠭᠡᠨ ᠲᠣᠭᠠᠲᠤ ᠦᠨᠳᠦᠰᠦᠲᠡᠨ ᠦ ᠲᠥᠯᠥᠪᠯᠡᠭᠡ ᠲᠡᠶ ᠪᠡᠷ ᠰᠣᠩᠭᠣᠨ ᠲᠣᠮᠢᠯᠠᠵᠤ ᠰᠢᠯᠢᠳᠡᠭ ᠵᠠᠯᠠᠭᠤᠴᠤᠳ ᠨᠢᠭᠡ ᠬᠣᠶᠠᠷ ᠳᠡᠭᠡᠳᠦ ᠱᠠᠲᠤᠨ  ᠦ ᠪᠠᠶᠢᠭᠤᠯᠤᠯᠭ᠎ᠠ ᠂ ᠬᠥᠭᠵᠢᠭᠰᠡᠨ ᠭᠠᠵᠠᠷ ᠣᠷᠣᠨ ᠪᠠ ᠦᠨᠳᠦᠰᠦᠨ ᠱᠠᠲᠤᠨ  ᠳᠦ ᠣᠴᠢᠭᠤᠯᠤᠨ ᠪᠣᠯᠪᠠᠰᠤᠷᠠᠭᠤᠯᠤᠨ᠎ᠠ ᠃ ᠵᠢᠯ ᠪᠦᠷᠢ ᠰᠣᠩᠭᠣᠨ ᠵᠣᠬᠢᠬᠤ ᠬᠡᠮᠵᠢᠶᠡᠨ  ᠦ ᠥᠨᠳᠥᠷ ᠵᠡᠷᠭᠡ ᠢᠢᠨ ᠶᠡᠬᠡ ᠳᠡᠭᠡᠳᠦ ᠰᠤᠷᠭᠠᠭᠤᠯᠢ  ᠳᠦ ᠴᠥᠭᠡᠨ ᠲᠣᠭᠠᠲᠤ ᠦᠨᠳᠦᠰᠦᠳᠡᠨ ᠦ ᠰᠢᠯᠢᠳᠡᠭ ᠲᠡᠭᠦᠰᠬᠦ ᠰᠤᠷᠤᠭᠴᠢᠳ  ᠤᠨ ᠦᠨᠳᠦᠰᠦᠨ ᠱᠠᠲᠤᠨ  ᠳᠦ ᠣᠴᠢᠵᠤ ᠠᠵᠢᠯᠯᠠᠬᠤ ᠶᠢ ᠳᠠᠪᠲᠠᠨ ᠪᠣᠯᠪᠠᠰᠤᠷᠠᠭᠤᠯᠵᠤ ᠂ ᠶᠡᠬᠡ ᠬᠦᠴᠦᠨ ᠪᠡᠷ ᠺᠠᠳ᠋ᠠᠷ ᠰᠣᠯᠢᠯᠴᠠᠬᠤ ᠠᠵᠢᠯ  ᠤᠨ ᠡᠷᠴᠢᠮ  ᠢ ᠴᠢᠩᠭᠠᠷᠠᠭᠤᠯᠵᠤ ᠂ ᠨᠡᠩ ᠰᠠᠶᠢᠨ ᠡᠯ᠎ᠡ ᠱᠠᠲᠤᠨ ᠦ ᠤᠳᠤᠷᠢᠳᠬᠤ ᠪᠠᠭ  ᠢ ᠲᠣᠬᠢᠷᠠᠭᠤᠯᠤᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠮᠥᠨ ᠃
    ( ᠠᠷᠪᠠᠨ ᠨᠠᠢᠮᠠ ) ᠴᠥᠭᠡᠨ ᠲᠣᠭᠠᠲᠤ ᠦᠨᠳᠦᠰᠦᠲᠡᠨ  ᠦ ᠪᠡᠯᠡᠳᠬᠡᠯ ᠺᠠᠳ᠋ᠠᠷ  ᠤᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠃ ᠡᠯ᠎ᠡ ᠱᠠᠲᠤᠨ  ᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ  ᠤᠳ ᠴᠥᠮ ᠴᠥᠭᠡᠨ ᠲᠣᠭᠠᠲᠤ ᠦᠨᠳᠦᠰᠦᠲᠡᠨ ᠦ ᠪᠡᠯᠡᠳᠬᠡᠯ ᠠᠷᠪᠠᠨ ᠺᠠᠳ᠋ᠠᠷ  ᠤᠨ  ᠡᠩᠨᠡᠭᠡ ᠶᠢ ᠪᠠᠢᠭᠤᠯᠤᠨ᠂ ᠪᠦᠬᠦᠶᠢᠯᠡ ᠪᠡᠯᠡᠳᠬᠡᠯ ᠺᠠᠳ᠋ᠷ  ᠤᠨ ᠡᠩᠨᠡᠭᠡ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ  ᠳᠦ ᠣᠷᠣᠭᠤᠯᠬᠤ ᠬᠡᠷᠡᠭᠲᠡᠶ ᠃ ᠲᠣᠭᠲᠠᠮᠠᠯ ᠬᠤᠭᠤᠴᠠᠭ᠎ᠠ ᠲᠠᠶ ᠪᠠᠷ ᠪᠡᠯᠡᠳᠬᠡᠯ ᠠᠷᠪᠠᠨ ᠺᠠᠲᠠᠷ ᠲᠣᠬᠢᠷᠠᠭᠤᠯᠤᠨ ᠨᠥᠬᠥᠪᠥᠷᠢᠯᠡᠵᠦ ᠂ ᠴᠠᠭ ᠲᠤᠬᠠᠶ ᠳᠤᠨᠢ ᠤᠬᠠᠮᠰᠠᠷ ᠴᠢᠳᠠᠪᠤᠷᠢ ᠬᠣᠣᠰᠯᠠᠭᠰᠠᠨ ᠂ ᠤᠯᠠᠨ ᠲᠦᠮᠡᠨ  ᠦ ᠨᠡᠶᠢᠲᠡ ᠪᠡᠷ ᠵᠥᠪᠰᠢᠶᠡᠷᠡᠬᠦ ᠶᠢ ᠴᠢᠬᠤᠯᠠᠴᠢᠯᠠᠬᠤ ᠂ ᠪᠣᠳᠠᠲᠤ ᠪᠦᠲᠦᠮᠵᠢ ᠨᠢ ᠲᠤᠪᠤᠢᠢᠮ᠎ᠠ ᠂ ᠴᠥᠭᠡᠨ ᠲᠣᠭᠠᠲᠤ ᠦᠨᠳᠦᠰᠦᠲᠡᠨ  ᠦ ᠺᠠᠳ᠋ᠠᠷ ᠨᠥᠬᠥᠪᠥᠷᠢᠯᠡᠨ ᠂ ᠲᠤᠰ ᠲᠤᠰ ᠲᠠᠭᠠᠨ ᠬᠥᠮᠦᠵᠢᠭᠦᠯᠵᠦ᠂ ᠰᠣᠩᠭᠣᠨ ᠳᠡᠪᠰᠢᠭᠦᠯᠬᠦ ᠠᠵᠢᠯ  ᠢ ᠴᠢᠬᠤᠯᠠᠴᠢᠯᠠᠵᠤ ᠂ ᠴᠥᠭᠡᠨ ᠲᠣᠭᠠᠲᠤ ᠦᠨᠳᠦᠰᠦᠲᠡᠨ  ᠦ ᠡᠮᠡᠭᠲᠡᠶᠢᠴᠦᠳ  ᠤᠨ ᠠᠷᠪᠠᠳᠤᠭᠠᠷ ᠶᠠᠮᠤᠨ ᠪᠠ ᠨᠠᠮ ᠤᠨ ᠭᠡᠰᠢᠭᠦᠨ ᠪᠤᠰᠤ ᠺᠠᠳ᠋ᠠᠷ ᠬᠦᠮᠦᠵᠢᠭᠦᠯᠬᠦ  ᠵᠢ ᠠᠨᠭᠬᠠᠷᠬᠤ ᠬᠡᠷᠡᠭᠲᠡᠢ᠃ ᠨᠢᠭᠡ ᠪᠣᠯᠪᠠᠰᠤᠷᠠᠪᠠᠯ ᠨᠢᠭᠡ ᠶᠢ ᠨᠢ ᠳᠡᠪᠰᠢᠭᠦᠯᠵᠦ ᠂ ᠡᠯ᠎ᠡ ᠱᠠᠲᠤᠨ  ᠦ ᠤᠳᠤᠷᠢᠳᠬᠤ ᠪᠠᠭ  ᠤᠨ ᠪᠠᠶᠢᠭᠤᠯᠤᠯᠲᠠ ᠶᠢ ᠴᠠᠭ ᠲᠤᠬᠠᠶ ᠳᠤᠨᠢ ᠬᠦᠷᠭᠡᠬᠦ ᠬᠢᠷᠢ ᠲᠡᠩᠴᠡᠭᠰᠡᠨ ᠴᠥᠭᠡᠨ ᠲᠣᠭᠠᠲᠤ ᠦᠨᠳᠦᠰᠦᠲᠡᠨ  ᠦ ᠺᠠᠳ᠋ᠠᠷ ᠢ ᠬᠦᠮᠦᠵᠢᠭᠦᠯᠵᠦ ᠂ ᠴᠢᠬᠤᠯᠠ ᠠᠵᠢᠯ ᠤᠨ ᠪᠠᠶᠢᠷᠢ ᠢ ᠭᠦᠢᠴᠡᠳ ᠪᠠᠳᠠᠷᠠᠭᠤᠯᠬᠤ ᠬᠡᠷᠡᠭᠲᠡᠶ ᠃ ᠡᠯ᠎ᠡ ᠦᠨᠳᠦᠰᠦᠲᠡᠨ  ᠦ ᠺᠠᠳ᠋ᠠᠷ ᠬᠠᠷᠢᠯᠴᠠᠨ ᠬᠦᠨᠳᠦᠳᠬᠡᠬᠦ ᠬᠡᠷᠡᠭᠲᠡᠶ ᠃ ᠮᠦᠨ ᠬᠠᠷᠢᠯᠴᠠᠨ ᠰᠤᠷᠤᠯᠴᠠᠵᠤ᠂ ᠨᠢᠭᠲᠠᠷᠠᠨ ᠪᠦᠯᠬᠦᠮᠳᠡᠵᠦ ᠬᠠᠮᠲᠤᠷᠠᠨ ᠠᠵᠢᠯᠯᠠᠵᠤ ᠬᠠᠮᠲᠤᠪᠠᠷ ᠠᠬᠢᠭᠤᠯᠵᠤ ᠂ ᠮᠠᠨ  ᠦ ᠣᠷᠣᠨ  ᠦ ᠦᠨᠳᠦᠰᠦᠲᠡᠨ  ᠦ ᠪᠦᠯᠬᠦᠮᠳᠡᠯ ᠳᠠᠪᠰᠢᠯᠳᠠ ᠶᠢᠨ ᠪᠠ ᠪᠤᠰᠤᠳ ᠡᠯ᠎ᠡ ᠵᠦᠢᠯ  ᠤᠨ ᠠᠵᠢᠯ ᠦᠢᠯᠡᠰ ᠢ ᠬᠦᠭᠵᠢᠭᠦᠯᠬᠦ ᠬᠡᠷᠡᠭᠲᠡᠢ᠃
    ᠲᠠᠪᠤ᠂ ᠱᠠᠰᠢᠨ ᠰᠤᠷᠲᠠᠬᠤᠨ  ᠦ  ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠬᠦ
    ( ᠠᠷᠪᠠ ᠶᠢᠰᠦ ) ᠡᠯ᠎ᠡ ᠱᠠᠲᠤᠨ  ᠦ ᠨᠠᠮ  ᠤᠨ ᠬᠣᠷᠢᠶ᠎ᠠ ᠂ ᠵᠠᠰᠠᠭ  ᠤᠨ ᠣᠷᠳᠣᠨ ᠱᠠᠰᠢᠨ ᠰᠤᠷᠲᠠᠬᠤᠨ  ᠦ ᠲᠤᠬᠠᠶ ᠨᠠᠮ  ᠤᠨ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ  ᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ ᠂ ᠢᠳᠡᠪᠬᠢᠲᠡᠶ ᠪᠡᠷ ᠱᠠᠰᠢᠨ  ᠦ ᠡᠲᠡᠭᠡᠳ  ᠢ ᠬᠥᠲᠥᠯᠥᠨ ᠵᠢᠯᠣᠭᠣᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠡᠶ ᠵᠣᠬᠢᠴᠠᠯᠳᠤᠭᠤᠯᠵᠤ ᠂ ᠱᠠᠰᠢᠨ ᠰᠤᠷᠲᠠᠬᠤᠨ  ᠦ ᠠᠵᠢᠯᠯᠠᠭ᠎ᠠ ᠶᠢ ᠬᠠᠤᠯᠢ ᠴᠠᠭᠠᠵᠠ ᠶᠢᠨ ᠬᠡᠪᠴᠢᠶᠡᠨ   ᠳᠦ ᠬᠢᠬᠦ ᠬᠡᠷᠡᠭᠲᠡᠶ ᠃ ᠨᠠᠮ ᠡᠴᠡ ᠱᠠᠰᠢᠨ ᠰᠢᠲᠦᠯᠭᠡ ᠴᠢᠯᠥᠭᠡᠲᠡᠶ ᠲᠦᠷᠦ ᠶᠢᠨ ᠪᠤᠳᠤᠯᠭ᠎ᠠ ᠂ ᠱᠠᠰᠢᠨ ᠰᠤᠷᠲᠠᠬᠤᠨ  ᠦ ᠰᠠᠯᠠᠭ᠎ᠠ ᠮᠥᠴᠢᠷ  ᠤᠨ ᠠᠵᠢᠯ  ᠢ ᠠᠩᠬᠠᠷᠤᠨ ᠲᠡᠮᠵᠢᠵᠦ ᠂ ᠬᠠᠤᠯᠢ ᠶᠣᠰᠣᠭᠠᠷ ᠬᠠᠮᠠᠭᠠᠯᠠᠵᠤ ᠂ ᠱᠠᠰᠢᠨ ᠰᠤᠷᠲᠠᠬᠤᠨ  ᠦ ᠪᠦᠯᠬᠦᠮ ᠪᠠ ᠱᠠᠰᠢᠨ ᠰᠤᠷᠲᠠᠬᠤᠨ  ᠦ ᠠᠵᠢᠯ ᠤᠨ ᠬᠠᠤᠯᠢ ᠶᠣᠰᠣᠨ  ᠦ ᠡᠷᠬᠡ ᠠᠰᠢᠭ  ᠢ ᠬᠠᠮᠠᠭᠠᠯᠠᠵᠤ ᠂ ᠱᠠᠰᠢᠨ ᠰᠤᠷᠲᠠᠬᠤᠨ  ᠦ ᠪᠠᠭᠰᠢ ᠠᠵᠢᠯᠲᠠᠳ  ᠤᠨ ᠬᠡᠪ  ᠤᠨ ᠬᠢᠴᠢᠶᠡᠯ ᠬᠥᠮᠦᠵᠢᠯ  ᠤᠨ ᠭᠠᠵᠠᠷ  ᠤᠨ ᠬᠥᠳᠡᠯᠦᠩᠭᠦᠶ ᠲᠠᠯᠠᠪᠤᠷ ᠬᠠᠮᠠᠭᠠᠯᠠᠯᠲᠠ ᠵᠢ ᠴᠢᠩᠭᠠᠳᠬᠠᠨ᠌ ᠠ ᠃ ᠱᠠᠰᠢᠨ ᠰᠤᠷᠲᠠᠬᠤᠨ  ᠦ ᠪᠦᠯᠬᠦᠮ ᠬᠥᠮᠦᠰ  ᠤᠨ ᠡᠬᠡ ᠣᠷᠣᠨᠴᠢ ᠦᠵᠡᠯ  ᠤᠨ ᠬᠥᠮᠦᠵᠢᠯ ᠂ ᠨᠡᠶᠢᠭᠡᠮ ᠵᠢᠷᠤᠮ  ᠤᠨ ᠬᠥᠮᠦᠵᠢᠯ ᠂ ᠬᠠᠤᠯᠢ ᠲᠦᠷᠢᠮ  ᠤᠨ ᠬᠥᠮᠦᠵᠢᠯ  ᠢ ᠴᠢᠩᠭᠠᠳᠬᠠᠵᠤ ᠂ ᠱᠠᠰᠢᠨ ᠰᠤᠷᠲᠠᠬᠤᠨ  ᠦ ᠡᠲᠡᠭᠡᠳ ᠢᠢᠨ ᠲᠥᠯᠥᠭᠡᠯᠡᠭᠴᠢ ᠬᠥᠮᠦᠰ ᠡᠯ᠎ᠡ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠱᠠᠰᠢᠨ  ᠦ ᠡᠬᠡ ᠣᠷᠣᠨᠴᠢ ᠬᠦᠴᠦᠨ ᠢ ᠭᠠᠷ ᠲᠤ ᠨᠢ ᠴᠢᠩᠭ᠎ᠠ ᠠᠳᠬᠤᠭᠤᠯᠵᠤ ᠂ ᠪᠦᠬᠦ ᠣᠷᠣᠨ  ᠦ ᠦᠨᠳᠦᠰᠦᠲᠡᠨ ᠨᠤᠭᠦᠳ
ᠺᠠᠳ᠋ᠠᠷ ᠤᠯᠠᠨ ᠲᠦᠮᠡᠨ ᠪᠠ ᠵᠠᠯᠠᠭᠤᠴᠤᠳ ᠪᠠᠭᠠᠴᠤᠳ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠶᠢᠨ ᠲᠤᠬᠠᠶ ᠤᠬᠠᠭᠤᠯᠭ᠎ᠠ ᠬᠥᠮᠦᠵᠢᠯ ᠬᠢᠵᠦ ᠂ ᠱᠠᠰᠢᠨ ᠰᠢᠲᠦᠳᠡᠭ ᠪᠠ ᠱᠠᠰᠢᠨ ᠰᠢᠲᠦᠳᠡᠭ ᠦᠭᠡᠢ ᠤᠯᠠᠨ ᠲᠦᠮᠡᠨ ᠦ ᠪᠦᠯᠬᠦᠮᠳᠡᠯ  ᠢ ᠠᠬᠢᠭᠤᠯᠬᠤ ᠬᠡᠷᠡᠭᠲᠡᠶ ᠃
    ( ᠬᠣᠷᠢ ) ᠮᠠᠨ ᠦ ᠣᠷᠣᠨ ᠦ ᠣᠷᠣᠨ ᠨᠤᠲᠤᠭ  ᠤᠨ ᠱᠠᠰᠢᠨ ᠰᠤᠷᠲᠠᠬᠤᠨ  ᠦ ᠬᠠᠤᠯᠢ ᠲᠣᠭᠲᠠᠭᠠᠯ  ᠤᠨ ᠪᠠᠶᠢᠭᠤᠯᠤᠯᠲᠠ ᠶᠢ ᠴᠢᠩᠭᠠᠳᠬᠠᠵᠤ ᠬᠠᠤᠯᠢ ᠶᠣᠰᠣᠭᠠᠷ ᠴᠢᠩᠭᠠᠳᠬᠠᠵᠤ ᠂ ᠱᠠᠰᠢᠨ ᠰᠤᠷᠲᠠᠬᠤᠨ  ᠦ ᠬᠡᠷᠡᠭ ᠶᠠᠪᠤᠳᠠᠯ  ᠢ ᠬᠠᠮᠢᠶᠠᠷᠬᠤ ᠠᠵᠢᠯ  ᠳᠦ ᠬᠦᠴᠦ ᠪᠡᠨ ᠲᠠᠯᠪᠢᠨ᠌ ᠠ᠃ ᠱᠠᠰᠢᠨ ᠰᠤᠷᠲᠠᠬᠤᠨ  ᠦ ᠠᠰᠠᠭᠤᠳᠠᠯ ᠨᠢ ᠶᠡᠷᠦᠨᠢ ᠦᠨᠳᠦᠰᠦᠲᠡᠨ  ᠦ ᠠᠰᠠᠭᠤᠳᠠᠯ ᠰᠣᠯᠪᠢᠴᠠᠯᠳᠤᠨ ᠂ ᠴᠠᠭ ᠢᠮᠠᠭᠲᠠ ᠰᠣᠨᠣᠷ ᠰᠡᠷᠡᠮᠵᠢ ᠲᠡᠶ ᠪᠠᠶᠢᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠶᠢᠰᠤᠨ  ᠢ ᠰᠡᠷᠭᠡᠶᠢᠯᠡᠬᠦ ᠪᠠ ᠡᠰᠡᠷᠭᠦᠴᠡᠨ ᠲᠤᠯᠬᠤ ᠦᠨᠳᠦᠰᠦᠲᠡᠨ ᠪᠠ ᠱᠠᠰᠢᠨ ᠰᠤᠷᠲᠠᠬᠤᠨ  ᠦ ᠠᠰᠠᠭᠤᠳᠠᠯ   ᠤᠨ ᠵᠥᠪ ᠬᠦᠴᠦᠨ ᠢ ᠠᠰᠢᠭᠯᠠᠨ ᠂《 ᠥᠷᠥᠨᠡᠴᠢᠯᠡᠬᠦ 》 ᠂ 《 ᠵᠠᠳᠠᠷᠠᠭᠤᠯᠬᠤ 》 ᠮᠠᠨ ᠦ ᠤᠯᠤᠰ  ᠤᠨ ᠤᠯᠤᠰ ᠲᠦᠷᠦ ᠶᠢᠨ ᠤᠷᠤᠯᠳᠤᠯᠭ᠎ᠠ ᠪᠤᠯᠤᠨ᠌ ᠠ᠃ ᠡᠷᠬᠡᠪᠰᠢ ᠲᠤᠭ ᠲᠡᠮᠳᠡᠭ ᠢᠯᠡ ᠲᠣᠳᠣᠷᠬᠠᠶ ᠦᠨᠳᠦᠰᠦᠲᠡᠨ  ᠦ ᠬᠠᠭᠠᠴᠠᠭᠤᠯᠬᠤ ᠪᠦᠯᠦᠭᠲᠡᠨ ᠢ ᠡᠰᠡᠷᠭᠦᠴᠡᠨ ᠂ ᠡᠯ᠎ᠡ ᠦᠨᠳᠦᠰᠦᠲᠡᠨ ᠦ ᠺᠠᠳ᠋ᠠᠷ ᠤᠯᠠᠨ ᠲᠦᠮᠡᠨ  ᠢ ᠲᠦᠰᠢᠭᠯᠡᠨ ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠦᠨᠳᠦᠰᠦᠲᠡᠨ  ᠦ ᠬᠠᠭᠠᠴᠠᠭᠤᠯᠬᠤ ᠦᠵᠡᠯᠲᠡᠳ ᠂ ᠡᠬᠡ ᠣᠷᠣᠨ  ᠦ ᠨᠢᠭᠡᠳᠦᠯ ᠪᠠ ᠦᠨᠳᠦᠰᠦᠲᠡᠨ ᠦ ᠪᠦᠯᠬᠦᠮᠳᠡᠯ  ᠢ ᠬᠠᠮᠠᠭᠠᠯᠠᠬᠤ ᠃ ᠱᠠᠰᠢᠨ ᠰᠤᠷᠲᠠᠬᠤᠨ   ᠢ ᠠᠰᠢᠭᠯᠠᠨ ᠬᠠᠤᠯᠢ ᠶᠢ ᠵᠥᠷᠢᠴᠡᠵᠦ ᠶᠠᠯ᠎ᠠ ᠬᠢᠬᠦ ᠃ ᠱᠠᠰᠢᠨ ᠰᠤᠷᠲᠠᠬᠤᠨ   ᠦ ᠳᠠᠢᠢᠰᠤᠨᠭᠨᠠᠬᠤ ᠬᠦᠴᠦᠨ  ᠢ ᠡᠷᠡᠰ ᠡᠰᠡᠷᠭᠦᠴᠡᠨ ᠬᠣᠷᠢᠭᠯᠠᠬᠤ ᠬᠡᠷᠡᠭᠲᠡᠶ᠃ ᠳᠤᠷ᠎ᠠ ᠪᠠᠷ  ᠢᠢᠡᠨ ᠰᠦᠮ᠎ᠡ ᠬᠡᠶᠢᠳ ᠪᠠᠶᠢᠭᠤᠯᠬᠤ ᠢ ᠡᠷᠡᠰ ᠲᠡᠪᠴᠢᠨ ᠂ ᠦᠨᠳᠦᠰᠦᠲᠡᠨ  ᠦ ᠠᠵᠢᠯ  ᠤᠨ ᠲᠠᠯ᠎ᠠ ᠪᠠᠷ ᠬᠢ ᠨᠠᠮ  ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠨᠭᠭᠠᠳᠬᠠᠬᠤ ᠬᠡᠷᠡᠭᠲᠡᠢ᠃
    ᠵᠢᠷᠭᠤᠭ᠋ ᠠ᠂ ᠠᠯ᠎ᠡ ᠱᠠᠲᠤᠨ  ᠦ ᠨᠠᠮ  ᠤᠨ ᠬᠣᠷᠢᠶ᠎ᠠ ᠦᠨᠳᠦᠰᠦᠲᠡᠨ  ᠦ ᠠᠵᠢᠯ  ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠌ ᠠ᠃
    ( ᠬᠣᠷᠢᠨ ᠨᠢᠭᠡ ) ᠠᠯ᠎ᠡ ᠱᠠᠲᠤᠨ  ᠦ ᠨᠠᠮ  ᠤᠨ ᠬᠣᠷᠢᠶ᠎ᠠ ᠦᠨᠳᠦᠰᠦᠲᠡᠨ  ᠦ ᠠᠵᠢᠯ  ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠦᠨᠳᠦᠰᠦᠲᠡᠨ  ᠦ ᠠᠵᠢᠯ ᠤᠨ ᠶᠡᠷᠤᠨᠭᠬᠡᠢ ᠲᠤᠭᠲᠠᠴᠠ ᠳᠦ ᠣᠷᠣᠭᠤᠯᠤᠨ᠌ ᠠ ᠃ ᠲᠣᠭᠲᠠᠮᠠᠯ ᠬᠤᠭᠤᠴᠠᠭ᠎ᠠ ᠲᠠᠶ ᠪᠠᠷ ᠦᠨᠳᠦᠰᠦᠲᠡᠨ  ᠦ ᠠᠵᠢᠯ  ᠤᠨ ᠲᠤᠬᠠᠶ ᠰᠤᠳᠤᠯᠤᠨ ᠪᠠᠶᠢᠷᠢᠯᠠᠭᠤᠯᠵᠤ ᠂ ᠡᠯ᠎ᠡ ᠭᠠᠵᠠᠷ ᠣᠷᠣᠨ ᠦ ᠪᠣᠳᠠᠲᠠᠶ ᠲᠠᠶ ᠪᠠᠨ ᠨᠢᠭᠲᠠ ᠤᠶᠠᠯᠳᠤᠭᠤᠯᠤᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠣᠷᠢᠶ᠎ᠠ ᠂ ᠲᠦᠷᠦ ᠶᠢᠨ ᠶᠠᠪᠤᠳᠠᠯ  ᠤᠨ ᠬᠣᠷᠢᠶᠠᠨ   ᠦ ᠬᠣᠯᠪᠣᠭᠳᠠᠯ ᠪᠦᠬᠦᠢ ᠦᠨᠳᠦᠰᠦᠨ ᠴᠢᠭᠯᠡᠯᠲᠡ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ ᠂ ᠦᠨᠳᠦᠰᠦᠲᠡᠡ ᠦ ᠠᠵᠢᠯ  ᠤᠨ ᠳᠤᠮᠳᠠᠬᠢ ᠲᠤᠷᠰᠢᠯᠭ᠎ᠠ ᠂ ᠴᠢᠷᠮᠠᠶᠢᠨ ᠡᠷᠢᠯᠬᠢᠯᠡᠵᠦ ᠂ ᠰᠢᠨ᠎ᠡ ᠬᠡᠯᠪᠡᠷᠢ ᠪᠠᠶᠢᠳᠠᠯ ᠳᠣᠣᠷ᠎ᠠ ᠦᠨᠳᠦᠰᠦᠲᠡᠨ  ᠦ ᠠᠵᠢᠯ ᠢ ᠰᠠᠶᠢᠨ ᠬᠢᠬᠦ  ᠶᠢᠨ ᠠᠷᠭ᠎ᠠ ᠬᠡᠯᠪᠡᠷᠢ ᠪᠠ ᠠᠷᠭ᠎ᠠ ᠵᠠᠮ  ᠢ ᠬᠠᠢᠢᠵᠤ ᠂ ᠦᠨᠳᠦᠰᠦᠲᠡᠨ  ᠦ ᠠᠵᠢᠯ  ᠤᠨ ᠳᠤᠮᠳᠠᠬᠢ ᠠᠰᠠᠭᠤᠳᠠᠯ  ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠡᠨ᠌ ᠡ᠃
    ( ᠬᠤᠷᠢᠨ ᠬᠣᠶᠠᠷ ) ᠡᠯ᠎ᠡ ᠱᠠᠲᠤᠨ  ᠦ ᠤᠳᠤᠷᠢᠳᠬᠤ ᠺᠠᠳ᠋ᠷᠴᠤᠳ ᠭᠦᠨᠵᠡᠭᠡᠶ ᠰᠤᠷᠤᠯᠴᠠᠵᠤ ᠂ ᠮᠠᠤ ᠽᠸ ᠳ᠋ᠦᠩ ᠂ ᠳ᠋ᠧᠩ ᠰᠢᠶᠦᠦ ᠫᠢᠩ ᠂ ᠵᠢᠶᠠᠩ ᠽᠸ ᠮᠢᠨ ᠨᠥᠬᠥᠷ ᠤᠨ ᠠᠷᠠᠳ  ᠤᠨ ᠲᠤᠬᠠᠶ ᠦᠨᠳᠦᠰᠦᠲᠡᠨ  ᠦ ᠱᠠᠰᠢᠨ ᠰᠢᠲᠦᠯᠭᠡ ᠶᠢᠨ ᠠᠰᠠᠭᠤᠳᠠᠯ  ᠤᠨ ᠲᠤᠬᠠᠢ ᠴᠢᠬᠤᠯᠠᠴᠢᠯᠠᠨ ᠲᠤᠭᠠᠴᠢᠵᠤ᠂ ᠲᠠᠰᠤᠷᠠᠯ ᠦᠭᠡᠢ ᠨᠠᠮ  ᠤᠨ ᠦᠨᠳᠦᠰᠦᠲᠡᠨ  ᠦ ᠲᠦᠷᠦ ᠶᠢᠨ ᠪᠤᠳᠤᠯᠭ᠎ᠠ ᠶᠢᠨ ᠬᠢᠷᠢ ᠬᠡᠮᠵᠢᠶ᠎ᠡ ᠵᠢ ᠲᠤᠤᠱᠯᠠᠭᠤᠯᠤᠨ ᠬᠡᠷᠡᠭᠵᠢᠭᠦᠯᠵᠦ ᠂ ᠡᠯ᠎ᠡ ᠰᠣᠨᠢᠨ ᠮᠡᠳᠡᠭᠡᠨ ᠦ ᠵᠠᠭᠤᠴᠢᠯᠠᠭᠤᠷ ᠨᠠᠮ  ᠤᠨ ᠦᠨᠳᠦᠰᠦᠲᠡᠨ  ᠦ ᠤᠨᠤᠯ   ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠢᠡᠨ ᠴᠢᠩᠭᠠᠷᠠᠭᠤᠯᠤᠨ ᠂ 《 ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠡᠴᠡ ᠰᠠᠯᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ ᠴᠦ ᠬᠢᠲᠠᠳ ᠦᠨᠳᠦᠰᠦᠲᠡᠨ ᠡᠴᠡ ᠰᠠᠯᠵᠤ ᠴᠢᠳᠠᠬᠤ ᠦᠭᠡᠢ ᠂ ᠡᠯ ᠡ ᠴᠥᠭᠡᠨ ᠲᠣᠭᠠᠲᠤ ᠦᠨᠳᠦᠰᠦᠲᠡᠨ ᠨᠤᠭᠦᠳ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ 》 ᠭᠡᠰᠡᠨ ᠦᠵᠡᠯ ᠰᠠᠨᠠᠭ᠎ᠠ ᠬᠥᠮᠦᠰ  ᠤᠨ ᠰᠡᠳᠬᠢᠯ  ᠳᠦ ᠭᠦᠨ ᠬᠠᠳᠠᠩᠰᠢᠭᠤᠯᠵᠤ ᠂ ᠦᠨᠳᠦᠰᠦᠲᠡᠨ ᠨᠤᠭᠦᠳ  ᠤᠨ ᠠᠷᠠᠳ ᠲᠦᠮᠡᠨ ᠦ ᠶᠡᠬᠡ ᠪᠦᠯᠬᠦᠮᠳᠡᠯ ᠂ ᠪᠦᠬᠦ ᠣᠷᠣᠨ  ᠦ ᠦᠨᠳᠦᠰᠦᠲᠡᠨ  ᠦ ᠺᠠᠳ᠋ᠠᠷ ᠤᠯᠠᠨ ᠲᠦᠮᠡᠨ ᠦ ᠤᠶᠤᠨ ᠪᠢᠯᠢᠭ ᠠᠪᠢᠶᠠᠰ ᠴᠢᠳᠠᠪᠤᠷᠢ ᠪᠣᠯᠤᠨ ᠢᠳᠡᠪᠬᠢᠵᠢᠯ ᠢ ᠪᠦᠲᠦᠭᠡᠯᠴᠢ ᠴᠢᠨᠠᠷ  ᠲᠠᠢ ᠨᠢᠭᠲᠠᠷᠠᠭᠤᠯᠵᠤ ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠡᠶᠡᠯᠡᠭᠦᠯᠬᠦ ᠶᠢᠨ ᠲᠥᠯᠥᠭᠡ ᠂ ᠮᠠᠨ ᠤ ᠣᠷᠣᠨ  ᠦ ᠡᠷᠡᠨ ᠰᠤᠨᠳᠠᠯᠠᠬᠤ ᠠᠤᠭ᠎ᠠ ᠶᠡᠬᠡ ᠬᠠᠷᠠᠯᠲᠠ ᠵᠢ ᠬᠠᠮᠲᠤ ᠪᠠᠷ ᠪᠡᠶᠡᠯᠡᠭᠦᠯᠬᠦ ᠪᠡᠷ ᠴᠢᠷᠮᠠᠶᠢᠬᠤ ᠬᠡᠷᠡᠭᠲᠡᠶ ᠃
    ( ᠬᠤᠷᠢᠨ ᠭᠤᠷᠪᠠ ) ᠦᠨᠳᠦᠰᠦᠲᠡᠨ  ᠦ ᠬᠠᠤᠯᠢ ᠳᠦᠷᠢᠮ  ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ  ᠦ ᠠᠵᠤ ᠠᠬᠤᠶ ᠪᠠ ᠨᠡᠶᠢᠭᠡᠮ ᠤᠨ ᠬᠦᠭᠵᠢᠯᠲᠡ ᠲᠠᠢ ᠨᠢᠭᠲᠠ ᠤᠶᠠᠯᠳᠤᠭᠤᠯᠤᠨ ᠬᠦᠭᠵᠢᠭᠦᠯᠬᠦ ᠴᠢᠬᠤᠯᠠ ᠲᠠᠢ ᠃ ᠦᠨᠳᠦᠰᠦᠨ ᠬᠠᠤᠯᠢ ᠪᠠ ᠦᠨᠳᠦᠰᠦᠲᠡᠨ  ᠦ ᠣᠷᠣᠨ  ᠦ ᠥᠪᠡᠷᠲᠡᠭᠡᠨ ᠵᠠᠰᠠᠬᠤ ᠬᠠᠤᠯᠢ ᠪᠠᠷ ᠦᠨᠳᠦᠰᠦ ᠪᠠᠷᠢᠮᠲᠠ ᠪᠣᠯᠭᠠᠬᠤ ᠬᠡᠷᠡᠭᠲᠡᠶ ᠃ ᠴᠥᠭᠡᠨ ᠲᠣᠭᠠᠲᠤ ᠦᠨᠳᠦᠰᠦᠲᠡᠨ  ᠦ ᠤᠯᠠᠨ ᠲᠦᠮᠡᠨ ᠦ ᠦᠨᠳᠦᠰᠦᠨ ᠠᠰᠢᠭ ᠲᠤᠰᠠ ᠶᠢ ᠬᠠᠤᠯᠢ ᠲᠣᠭᠲᠠᠭᠠᠯ ᠂ ᠦᠨᠳᠦᠰᠦᠲᠡᠨ  ᠦ ᠬᠠᠤᠯᠢ ᠳᠦᠷᠢᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠮᠠᠨ ᠦ ᠦᠨᠳᠦᠰᠦᠲᠡᠨ  ᠦ ᠥᠪᠡᠷᠲᠡᠭᠡᠨ ᠵᠠᠰᠠᠬᠤ ᠣᠷᠣᠨ ᠦ ᠬᠠᠤᠯᠢ  ᠵᠢ ᠲᠣᠭᠲᠠᠭᠠᠬᠤ ᠪᠠ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠬᠢᠨᠠᠯᠲᠠ ᠲᠠᠯᠪᠢᠵᠤ ᠦᠨᠡᠨ ᠬᠦ ᠴᠢᠩᠭᠠᠳᠬᠠᠵᠤ ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ ᠂ ᠬᠠᠤᠯᠢ ᠴᠠᠭᠠᠵᠠ ᠂ ᠬᠠᠤᠯᠢ ᠲᠣᠭᠲᠠᠭᠠᠯ  ᠤᠨ ᠪᠦᠲᠦᠮᠵᠢᠲᠡᠶ ᠪᠡᠷ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ ᠃
    ( ᠬᠤᠷᠢᠨ ᠲᠦᠷᠪᠡ ) ᠡᠯ᠎ᠡ ᠱᠠᠲᠤᠨ  ᠦ ᠨᠠᠮ  ᠨᠤ ᠬᠣᠷᠢᠶ᠎ᠠ ᠪᠣᠯᠤᠨ ᠵᠠᠰᠠᠭ  ᠤᠨ ᠣᠷᠳᠣᠨ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ ᠂ ᠵᠢᠯ ᠪᠦᠷᠢ ᠨᠢᠭᠡ ᠤᠳᠠᠭ᠎ᠠ ᠶᠠᠪᠤᠭᠳᠠᠳᠠᠭ 《 ᠦᠨᠳᠦᠰᠦᠲᠡᠨ  ᠦ ᠪᠦᠯᠬᠦᠮᠳᠡᠯ ᠳᠠᠪᠰᠢᠯᠲᠠ ᠶᠢᠨ ᠬᠦᠬᠢᠭᠦᠯᠦᠯ ᠤᠨ ᠰᠠᠷ᠎ᠠ 》 ᠶᠢᠨ ᠠᠵᠢᠯᠯᠠᠭ᠎ᠠ ᠵᠢ ᠡᠯ᠎ᠡ ᠵᠦᠢᠯ  ᠤᠨ ᠬᠡᠯᠪᠡᠷᠢ ᠪᠡᠷ ᠡᠯ᠎ᠡ ᠦᠨᠳᠦᠰᠦᠲᠡᠨ  ᠦ ᠨᠥᠬᠥᠷᠯᠡᠯ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ ᠂ ᠦᠨᠳᠦᠰᠦᠲᠡᠨ ᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ  ᠢ ᠪᠠᠶᠢᠴᠠᠭᠠᠵᠤ ᠂ ᠬᠥᠬᠢᠭᠦᠯᠦᠨ ᠰᠠᠶᠢᠰᠢᠶᠠᠬᠤ ᠦᠨᠳᠦᠰᠦᠲᠡᠨ  ᠦ ᠪᠦᠯᠬᠦᠮᠳᠡᠯ ᠲᠠᠪᠰᠢᠯᠳᠠ ᠶᠢᠨ ᠦᠢᠯᠡᠰ  ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ  ᠦ ᠨᠢᠭᠡᠴᠡ ᠪᠠ ᠲᠡᠷᠢᠭᠦᠨ  ᠦ ᠬᠤᠪᠢ ᠬᠥᠮᠦᠨ ᠢ ᠬᠦᠬᠢᠭᠦᠯᠦᠨ ᠱᠠᠨᠭᠨᠠᠨ᠌ ᠠ ᠃ ᠲᠥᠷᠥ ᠶᠢᠨ ᠶᠠᠪᠤᠳᠠᠯ  ᠤᠨ ᠬᠣᠷᠢᠶ᠎ᠠ  ᠢᠢᠨ《 ᠦᠨᠳᠦᠰᠦᠲᠡᠨ  ᠦ ᠪᠦᠯᠬᠦᠮᠳᠡᠯ ᠳᠠᠪᠰᠢᠯᠲᠠ ᠶᠢᠨ ᠲᠡᠷᠢᠭᠦᠨ ᠬᠤᠪᠢ ᠬᠥᠮᠦᠨ 》 ᠬᠦᠬᠢᠬᠦᠯᠦᠯ ᠢ ᠬᠦᠷᠲᠡᠨ᠌ ᠡ᠃ 《 ᠥᠪᠡᠷᠲᠡᠭᠡᠨ ᠵᠠᠰᠠᠬᠤ ᠣᠷᠣᠨ  ᠦ ᠬᠥᠳᠡᠯᠮᠦᠷᠢ ᠶᠢᠨ ᠵᠢᠱᠢᠶᠡᠴᠢ 》 ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ ᠃ ᠦᠨᠳᠦᠰᠦᠲᠡᠨ  ᠦ ᠪᠦᠯᠬᠦᠮᠳᠡᠯ ᠲᠠᠪᠰᠢᠯᠳᠠ ᠶᠢᠨ ᠲᠡᠷᠢᠭᠦᠨ ᠦ ᠨᠢᠭᠡᠴᠡ ᠪᠠ ᠬᠤᠪᠢ ᠬᠥᠮᠦᠨ ᠦ ᠨᠡᠶᠢᠲᠡᠯᠢᠭ ᠦᠢᠯᠡ ᠶᠠᠪᠤᠳᠠᠯ ᠢ ᠡᠯ᠎ᠡ ᠦᠨᠳᠦᠰᠦᠲᠡᠨ  ᠦ ᠺᠠᠳ᠋ᠠᠷ ᠤᠯᠠᠨ ᠲᠦᠮᠡᠨ  ᠳᠦ ᠰᠤᠷᠤᠯᠴᠠᠭᠤᠯᠤᠨ᠌ ᠠ᠃ ᠨᠠᠰᠤᠨ  ᠳᠦ ᠬᠦᠷᠦᠭᠰᠡᠳ ᠬᠥᠮᠦᠨ ᠪᠦᠬᠦᠨ ᠦᠨᠳᠦᠰᠦᠲᠡᠨ  ᠦ ᠪᠦᠯᠬᠦᠮᠳᠡᠯ ᠢ ᠤᠬᠠᠮᠰᠠᠷ  ᠡᠴᠠ ᠪᠠᠨ ᠬᠠᠮᠠᠭᠠᠯᠠᠵᠤ ᠂ ᠦᠨᠳᠦᠰᠦᠲᠡᠨ  ᠦ ᠪᠦᠯᠬᠦᠮᠳᠡᠯ ᠤᠨ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠃
    ( ᠬᠣᠷᠢᠨ ᠲᠠᠪᠤ ) ᠡᠯ᠎ᠡ ᠰᠠᠯᠠᠭ᠎ᠠ ᠮᠥᠴᠢᠷ  ᠤᠨ ᠬᠢᠨ ᠡᠷᠬᠡᠪᠰᠢ ᠪᠦᠯᠬᠦᠮᠳᠡᠨ ᠬᠠᠮᠲᠤᠷᠠᠯᠴᠠᠵᠤ ᠂ ᠦᠨᠳᠦᠰᠦᠲᠡᠨ  ᠦ ᠠᠵᠢᠯ  ᠢ ᠬᠠᠮᠲᠤᠪᠠᠷ ᠰᠠᠶᠢᠲᠤᠷ ᠬᠢᠬᠦ ᠬᠡᠷᠡᠭᠲᠡᠶ ᠃ ᠡᠯ᠎ᠡ ᠱᠠᠲᠤᠨ ᠦ ᠨᠠᠮ  ᠤᠨ ᠬᠣᠷᠢᠶ᠎ᠠ ᠨᠢᠭᠡᠳᠦᠮᠡᠯ ᠹᠷᠣᠨᠲ᠋  ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠲᠤᠬᠠᠶ ᠰᠠᠶᠢᠲᠤᠷ ᠪᠠᠳᠠᠷᠠᠭᠤᠯᠵᠤ ᠂ ᠡᠯ᠎ᠡ ᠲᠠᠯ᠎ᠠ ᠶᠢᠨ ᠬᠢᠨ ᠢᠳᠡᠪᠬᠢᠵᠢᠯ  ᠢ ᠭᠦᠢᠴᠡᠳ ᠳᠠᠶᠢᠴᠢᠯᠠᠬᠤ ᠬᠡᠷᠡᠭᠲᠡᠶ ᠃ ᠡᠯ᠎ᠡ ᠱᠠᠲᠤᠨ  ᠦ ᠦᠨᠳᠦᠰᠦᠲᠡᠨ ᠦ ᠰᠠᠯᠠᠭ᠎ᠠ ᠮᠥᠴᠢᠷ ᠤᠳ ᠤᠨ ᠰᠢᠨ᠎ᠡ ᠪᠠᠶᠢᠳᠠᠯ ᠪᠠ ᠡᠭᠦᠷᠭᠡ ᠶᠢᠨ ᠬᠡᠷᠡᠭᠴᠡᠭᠡ ᠳᠦ ᠵᠣᠬᠢᠴᠠᠭᠤᠯᠤᠨ ᠂ ᠠᠮᠢᠳᠤᠯᠢᠭ ᠪᠥᠭᠡᠳ ᠪᠦᠲᠦᠮᠵᠢ ᠰᠠᠶᠢᠲᠠᠶ ᠠᠵᠢᠯᠯᠠᠬᠤ᠂ᠠᠵᠢᠯ ᠤᠨ ᠪᠦᠳᠦᠴᠡ ᠵᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ ᠂ ᠪᠣᠳᠠᠲᠠᠶ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ ᠃ ᠡᠯ᠎ᠡ ᠰᠠᠯᠠᠭ᠎ᠠ ᠮᠥᠴᠢᠷ  ᠤᠨ ᠪᠥᠬᠥ ᠲᠠᠯ᠎ᠠ  ᠡᠴᠡ ᠡᠭᠦᠰᠴᠦ ᠂ ᠦᠨᠳᠦᠰᠦᠲᠡᠨ  ᠦ ᠠᠵᠢᠯ  ᠢ ᠶᠡᠬᠡᠪᠡᠷ ᠨᠠᠶᠢᠳᠠᠪᠤᠷᠢᠵᠢᠭᠤᠯᠤᠨ ᠰᠠᠶᠢᠲᠤᠷ ᠠᠳᠬᠤᠨ᠎ᠠ ᠃ ᠵᠣᠬᠢᠴᠠᠭᠤᠯᠤᠨ ᠬᠠᠮᠵᠢᠯᠴᠠᠵᠤ ᠂ ᠨᠡᠶᠢᠯᠡᠮᠡᠯ ᠬᠦᠴᠦᠨ  ᠢ ᠪᠦᠷᠢᠯᠳᠦᠭᠦᠯᠵᠦ ᠂ ᠮᠠᠨ  ᠦ ᠣᠷᠣᠨ  ᠦ ᠦᠨᠳᠦᠰᠦᠲᠡᠨ  ᠦ ᠠᠵᠢᠯ   ᠢ ᠰᠢᠨ᠎ᠡ ᠨᠢᠭᠡ ᠱᠠᠲᠤᠨ ᠳᠦ ᠬᠦᠷᠭᠡᠬᠦ ᠪᠡᠷ ᠴᠢᠷᠮᠠᠢᠢᠨ᠌ ᠠ᠃
    ( ᠬᠣᠷᠢᠨ ᠵᠢᠷᠭᠤᠭ᠎ᠠ ) ᠡᠯ᠎ᠡ ᠱᠠᠲᠤᠨ  ᠦ ᠦᠨᠳᠦᠰᠦᠲᠡᠨ  ᠦ ᠠᠵᠢᠯ  ᠤᠨ ᠰᠠᠯᠠᠭ᠎ᠠ ᠮᠥᠴᠢᠷ  ᠤᠨ ᠬᠢᠨ ᠶᠡᠷᠦᠩᠬᠡᠶ ᠱᠦᠵᠢ ᠵᠢᠶᠠᠩ ᠽᠸ ᠮᠢᠨ ᠦ ᠳᠤᠷᠠᠳᠤᠭᠰᠠᠨ 《 ᠭᠤᠷᠪᠠ ᠶᠢ ᠲᠥᠯᠥᠭᠡᠯᠡᠬᠦ 》ᠱᠠᠭᠠᠷᠳᠠᠯᠭ᠋ ᠠ ᠵᠢ ᠦᠨᠳᠦᠰᠦᠯᠡᠨ ᠂ ᠦᠨᠳᠦᠰᠦᠲᠡᠨ ᠦ ᠤᠷᠤᠨ ᠦ ᠠᠵᠢᠯ ᠤᠨ ᠺᠠᠲᠠᠷ ᠤᠨ ᠡᠨᠭᠨᠡᠭᠡ ᠢᠢᠨ ᠤᠯᠤᠰ ᠲᠦᠷᠦ ᠂ ᠲᠤᠬᠠᠶᠢᠯᠠᠭᠰᠠᠨ ᠠᠵᠢᠯ  ᠤᠨ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠌ ᠡ᠃ ᠤᠯᠤᠰ ᠲᠤᠢᠷᠦ ᠶᠢᠨ ᠬᠡᠪ ᠴᠢᠨᠠᠷ  ᠢᠢᠡᠷ ᠰᠡᠢᠢᠠ ᠂ ᠦᠨᠳᠦᠰᠦᠲᠡᠨ ᠦ ᠲᠤᠬᠠᠶ ᠲᠥ᠋ᠷᠥ ᠶᠢᠨ ᠪᠣᠳ᠋ᠣᠯᠭ᠎ᠠ ᠂ ᠲᠤᠬᠠᠶᠢᠯᠠᠭᠰᠠᠨ ᠠᠵᠢᠯ  ᠤᠨ ᠴᠢᠳᠠᠪᠤᠷᠢ ᠪᠠᠷ ᠴᠢᠩᠭ᠎ᠠ᠂ ᠦᠨᠳᠦᠰᠦᠲᠡᠨ ᠠᠠᠵᠢᠯ  ᠢ ᠬᠠᠢᠷᠠᠯᠠᠳᠠᠭ ᠨᠡᠶᠢᠭᠡᠮ  ᠤᠨ ᠠᠵᠢᠯᠯᠠᠭᠠᠨ  ᠦ ᠴᠢᠳᠠᠪᠤᠷᠢ ᠪᠦᠬᠦᠢ ᠠᠷᠪᠠᠨ ᠺᠠᠲᠠᠷ ᠰᠢᠯᠢᠨ ᠰᠤᠨᠭᠭᠤᠵᠤ ᠂ ᠦᠨᠳᠦᠰᠦᠲᠡᠨ  ᠦ ᠠᠵᠢᠯ  ᠤᠨ ᠡᠩᠨᠡᠭᠡ ᠳᠦ ᠣᠷᠣᠭᠤᠯᠬᠤ ᠬᠡᠷᠡᠭᠲᠡᠶ ᠃ ᠰᠢᠨ᠎ᠡ ᠪᠠᠶᠢᠳᠠᠯ ᠳᠣᠣᠷᠠᠬᠢ ᠦᠨᠳᠦᠰᠦᠲᠡᠨ  ᠦ ᠠᠵᠢᠯ ᠢ ᠴᠢᠩᠭᠠᠳᠬᠠᠬᠤ ᠵᠢ ᠵᠤᠬᠢᠴᠠᠭᠤᠯᠬᠤ ᠂ ᠤᠯᠤᠰ ᠲᠥ᠋ᠷᠦ ᠪᠠᠲᠤ ᠴᠢᠩᠭ᠎ᠠ ᠂ ᠣᠪᠣᠷ ᠰᠤᠷᠲᠠᠯ ᠤᠨ ᠲᠠᠯ᠎ᠠ ᠪᠠᠷ ᠰᠢᠯᠭᠠᠷᠠᠭᠰᠠᠨ ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠬᠦᠮᠦᠰ ᠢ ᠬᠦᠮᠦᠵᠢᠭᠦᠯᠵᠦ ᠂ ᠴᠢᠷᠮᠠᠶᠢᠨ ᠠᠵᠢᠯᠯᠠᠬᠤ ᠰᠠᠬᠢᠯᠭ᠎ᠠ ᠪᠠᠲᠤ ᠴᠢᠩᠭ᠎ᠠ ᠦᠨᠳᠦᠰᠦᠲᠡᠨ  ᠦ ᠠᠵᠢᠯ ᠢ ᠨᠢ ᠺᠠᠳ᠋ᠠᠷᠴᠤᠳ ᠤᠨ ᠡᠩᠨᠡᠭᠡ ᠵᠢ ᠪᠤᠢ ᠪᠤᠯᠭᠠᠨ ᠂ ᠳᠤᠮᠳᠠᠳᠤ ᠤᠯᠤᠰ  ᠤᠨ ᠥᠪᠡᠷᠲᠡᠭᠡᠨ ᠵᠠᠰᠠᠬᠤ ᠣᠷᠣᠨ  ᠦ ᠨᠠᠮ ᠤᠨ ᠬᠣᠷᠢᠢ᠎ᠠ ᠂ ᠵᠠᠰᠠᠭ ᠤᠨ ᠣᠷᠳᠣᠨ ᠦ ᠤᠳᠤᠷᠢᠳᠤᠯᠭ᠎ᠠ ᠳᠣᠣᠷ᠎ᠠ ᠂ ᠡᠯ᠎ᠡ ᠦᠨᠳᠦᠰᠦᠲᠡᠨ ᠦ ᠺᠠᠳ᠋ᠠᠷ ᠣᠯᠠᠨ ᠲᠦᠮᠡᠨ ᠢ ᠢᠳᠡᠪᠬᠢᠲᠡᠶ ᠪᠡᠷ ᠪᠦᠯᠬᠦᠮᠳᠡᠭᠦᠯᠦᠨ᠂ ᠮᠠᠨ  ᠦ ᠣᠷᠣᠨ ᠦ ᠦᠨᠳᠦᠰᠦᠲᠡᠨ  ᠦ ᠠᠵᠢᠯ  ᠤᠨ ᠰᠢᠨ᠎ᠡ ᠲᠦᠯᠦᠪ ᠪᠠᠢᠢᠳᠠᠯ ᠢ ᠡᠭᠦᠳᠦᠨ ᠪᠦᠲᠦᠭᠡᠨ᠌ ᠡ᠃
    ( ᠬᠣᠷᠢᠨ ᠲᠤᠯᠤᠭ᠎ᠠ ) ᠡᠯ᠎ᠡ ᠭᠠᠵᠠᠷ ᠡᠯ᠎ᠡ ᠰᠠᠯᠠᠭ᠎ᠠ ᠮᠥᠴᠢᠷ  ᠤᠨ ᠬᠢᠨ ᠪᠣᠳᠠᠲᠤ ᠪᠠᠶᠢᠳᠠᠯ  ᠢᠢᠡᠨ ᠦᠨᠳᠦᠰᠦᠯᠡᠨ ᠂ ᠲᠤᠰ 《 ᠲᠣᠭᠲᠠᠭᠠᠯ 》 ᠢ ᠲᠤᠤᠱᠯᠠᠭᠤᠯᠤᠨ ᠬᠡᠷᠡᠭᠵᠢᠭᠦᠯᠬᠦ ᠪᠣᠳᠠᠲᠠᠶ ᠠᠷᠭ᠎ᠠ ᠶᠢ ᠲᠣᠭᠲᠠᠭᠠᠵᠤ ᠂ ᠲᠣᠰ 《 ᠲᠣᠭᠲᠠᠭᠠᠯ 》  ᠤᠨ ᠡᠯ᠎ᠡ ᠵᠦᠢᠯ  ᠤᠨ ᠱᠠᠭᠠᠷᠳᠠᠯᠭ᠎ᠠ ᠶᠢ ᠨᠢᠭᠡ ᠨᠢᠭᠡ ᠪᠡᠷ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠃

ᠵᠣᠬᠢᠶᠠᠭᠴᠢ:
ᠢᠷᠡᠯᠲᠡ: