ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ
ᠰᠢᠨᠵᠢᠯᠡᠬᠦ
ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢ ᠨᠠᠶᠢᠳᠠᠪᠤᠷᠢᠵᠢᠭᠤᠯᠬᠤ ᠳ᠋ᠤ ᠡᠷᠬᠡᠪᠰᠢ ᠴᠢᠬᠤᠯᠠ
ᠪᠠᠶᠢᠯᠳᠤᠬᠤ ᠪᠣᠳᠤᠯᠭ᠎ᠠ ᠶ᠋ᠢᠨ ᠠᠵᠠ ᠲᠣᠬᠢᠶᠠᠯᠳᠤ ᠬᠤᠭᠤᠴᠠᠭ᠎ᠠ ᠶ᠋ᠢ ᠰᠠᠶᠢᠲᠤᠷ ᠡᠵᠡᠮᠳᠡᠬᠦ
ᠬᠡᠷᠡᠭᠲᠡᠢ
ᠨᠢᠭᠡᠳᠦᠭᠡᠷ ᠲᠦ ᠂ ᠬᠣᠷᠢᠨ ᠵᠢᠯ ᠦᠨ ᠪᠠᠶᠢᠯᠳᠤᠬᠤ ᠪᠣᠳᠤᠯᠭ᠎ᠠ ᠶ᠋ᠢᠨ ᠠᠵᠠ
ᠲᠣᠬᠢᠶᠠᠯᠳᠤ ᠬᠤᠭᠤᠴᠠᠭ᠎ᠠ ᠶ᠋ᠢ ᠰᠠᠶᠢᠲᠤᠷ ᠡᠵᠡᠮᠰᠢᠵᠦ ᠂ ᠵᠠᠩᠭᠢᠯᠠᠭ᠎ᠠ ᠨᠢ ᠲᠦᠷᠦᠭᠦᠦ ᠠᠷᠪᠠᠨ
ᠵᠢᠯ ᠢᠯᠠᠩᠭᠤᠶ᠎ᠠ ᠣᠳᠣᠬᠠᠨ ᠤ ᠲᠦᠷᠪᠡᠨ ᠵᠢᠯ ᠪᠣᠯᠤᠨ᠎ᠠ ᠃ ᠲᠥᠪ ᠡᠴᠡ ᠳᠤᠷᠠᠳᠤᠨ ᠭᠠᠷᠭᠠᠭᠰᠠᠨ
ᠨᠢ ᠂ ᠲᠤᠰ ᠵᠠᠭᠤᠨ ᠤ ᠲᠦᠷᠦᠭᠦᠴᠢ ᠶ᠋ᠢᠨ ᠬᠣᠷᠢᠨ ᠵᠢᠯ ᠪᠣᠯᠪᠣᠯ ᠮᠠᠨ ᠤ ᠤᠯᠤᠰ ᠤᠨ ᠬᠦᠴᠦ
ᠣᠷᠣᠭᠤᠯᠬᠤ ᠬᠡᠷᠡᠭᠲᠡᠶ ᠪᠥᠭᠡᠳ ᠶᠡᠬᠡ ᠦᠢᠯᠡ ᠪᠦᠲᠦᠭᠡᠵᠦ ᠪᠣᠯᠬᠤ ᠪᠠᠶᠢᠯᠳᠤᠬᠤ ᠪᠣᠳᠤᠯᠭ᠎ᠠ ᠶ᠋ᠢᠨ
ᠠᠵᠠ ᠲᠣᠬᠢᠶᠠᠯᠲᠤ ᠬᠤᠭᠤᠴᠠᠭ᠎ᠠ ᠮᠦᠨ ᠃ ᠡᠨᠡ ᠬᠣᠷᠢᠨ ᠵᠢᠯ ᠦᠨ ᠲᠣᠲᠤᠷ᠎ᠠ ᠬᠠᠮᠤᠭ ᠤᠨ
ᠵᠠᠩᠭᠢᠯᠠᠭ᠎ᠠ ᠨᠢ ᠪᠣᠯ ᠲᠦᠷᠦᠭᠦᠴᠢ ᠶ᠋ᠢᠨ ᠠᠷᠪᠠᠨ ᠵᠢᠯ ᠪᠣᠯᠤᠨ᠎ᠠ ᠂ ᠡᠨᠡ ᠠᠷᠪᠠᠨ ᠵᠢᠯ ᠦᠨ
ᠳᠣᠲᠣᠷ᠎ᠠ ᠣᠳᠣᠬᠠᠨ ᠤ ᠲᠦᠷᠪᠡᠨ ᠵᠢᠯ ᠪᠣᠯ ᠪᠠᠰᠠ ᠴᠤ ᠬᠠᠮᠤᠭ ᠤᠨ ᠴᠢᠬᠤᠯᠠ ᠶᠤᠮ ᠃ ᠮᠠᠨ ᠤ
ᠥᠪᠡᠷᠲᠡᠭᠡᠨ ᠵᠠᠰᠠᠬᠤ ᠣᠷᠤᠨ ᠢᠶᠠᠷ ᠬᠡᠯᠡᠪᠡᠯ 200 7 ᠣᠨ ᠪᠣᠯ ᠥᠪᠡᠷᠲᠡᠭᠡᠨ ᠵᠠᠰᠠᠬᠤ ᠣᠷᠣᠨ
ᠪᠠᠶᠢᠭᠤᠯᠤᠭᠳᠠᠭᠰᠠᠨ 60 ᠵᠢᠯ ᠦᠨ ᠤᠢ ᠪᠣᠯᠤᠨ᠎ᠠ ᠂ ᠪᠢᠳᠡ ᠠᠷᠠᠳ ᠲᠦᠮᠡᠨ ᠳ᠋ᠦ ᠨᠢᠭᠡ ᠬᠤᠪᠢ
ᠰᠡᠳᠬᠢᠯ ᠬᠠᠨᠤᠮᠵᠢᠲᠠᠶ ᠬᠠᠷᠢᠭᠤᠯᠲᠠ ᠶ᠋ᠢᠨ ᠬᠠᠭᠤᠳᠠᠰᠤ ᠲᠤᠰᠢᠶᠠᠬᠤ ᠬᠡᠷᠡᠭᠲᠡᠢ ᠃ ᠮᠠᠨ ᠤ
ᠣᠷᠣᠨ ᠤ ᠠᠵᠤ ᠠᠬᠤᠢ ᠶ᠋ᠢᠨ ᠬᠥᠭᠵᠢᠯᠲᠡ ᠨᠡᠩ ᠲᠦᠷᠭᠡᠨ᠂ ᠨᠡᠩ ᠰᠠᠢᠢᠨ ᠂ ᠨᠡᠩ ᠤᠯᠠᠨ ᠠᠷᠠᠳ
ᠲᠦᠮᠡᠨ ᠳ᠋ᠦ ᠪᠣᠳᠠᠲᠠᠶ ᠠᠰᠢᠭ ᠲᠤᠰᠠ ᠬᠦᠷᠲᠡᠭᠡᠬᠦ ᠬᠡᠷᠡᠭᠲᠡᠶ ᠂ ᠬᠤᠳᠠ ᠬᠥᠳᠡᠭᠡ ᠶ᠋ᠢᠨ
ᠬᠤᠪᠢᠷᠠᠯᠲᠠ ᠨᠡᠩ ᠶᠡᠬᠡ ᠰᠢᠭ ᠪᠠᠶᠢᠬᠤ ᠬᠡᠷᠡᠭᠲᠡᠶ ᠃
ᠬᠣᠶᠠᠳᠤᠭᠠᠷ ᠲᠤ ᠂ ᠮᠠᠨ ᠤ
ᠤᠯᠤᠰ ᠤᠨ ᠠᠵᠤ ᠠᠬᠤᠢ ᠶ᠋ᠢᠨ ᠬᠥᠭᠵᠢᠯᠲᠡ ᠶᠠᠭ ᠴᠢᠬᠤᠯᠠ ᠪᠣᠭᠤᠮᠲᠠ ᠶ᠋ᠢᠨ ᠬᠤᠭᠤᠴᠠᠭᠠᠨ ᠳ᠋ᠤ
ᠪᠠᠶᠢᠨ᠎ᠠ ᠃ 2003 ᠣᠨ ᠳ᠋ᠤ ᠂ ᠮᠠᠨ ᠤ ᠤᠯᠤᠰ ᠤᠨ ᠬᠥᠮᠦᠨ ᠳᠤᠮᠳᠠᠴᠢ ᠤᠯᠤᠰ ᠤᠨ
ᠲᠣᠲᠤᠭᠠᠳᠤ ᠶ᠋ᠢᠨ ᠦᠢᠯᠡᠳᠪᠦᠷᠢᠯᠡᠯ ᠦᠨ ᠶᠡᠷᠦᠩᠬᠡᠢ ᠥᠷᠲᠡᠭ 1000 ᠳ᠋ᠣᠯᠯᠠᠷ ᠲᠦ ᠬᠦᠷᠦᠭᠰᠡᠨ
ᠪᠠᠶᠢᠨ᠎ᠠ ᠂ ᠡᠨᠡ ᠪᠣᠯ ᠨᠢᠭᠡᠨ ᠴᠢᠬᠤᠯᠠ ᠪᠣᠭᠣᠮᠲᠠ ᠪᠣᠯᠤᠨ᠎ᠠ ᠃ ᠣᠯᠠᠨ ᠤᠯᠠᠰ ᠤᠨ
ᠬᠥᠭᠵᠢᠯᠲᠡ ᠶ᠋ᠢᠨ ᠲᠤᠷᠰᠢᠯᠭ᠎ᠠ ᠡᠴᠡ ᠦᠵᠡᠪᠡᠯ ᠂ ᠬᠥᠮᠦᠨ ᠪᠦᠷᠢ ᠳ᠋ᠦ ᠨᠣᠭᠳᠠᠬᠤ GDP ᠨᠢ
1000 ᠡᠴᠡ 3000 ᠳ᠋ᠣᠯᠯᠠᠷ ᠲᠤ ᠬᠦᠷᠬᠦ ᠨᠢ ᠳᠣᠣᠷ᠎ᠠ ᠣᠷᠣᠯᠭ᠎ᠠ ᠲᠠᠶ ᠤᠯᠤᠰ ᠡᠴᠠ ᠳᠤᠮᠳᠠ
ᠵᠡᠷᠭᠡ ᠶ᠋ᠢᠨ ᠣᠷᠣᠯᠭ᠎ᠠ ᠲᠠᠶ ᠤᠯᠤᠰ ᠤᠨ ᠬᠢᠷᠢ ᠬᠡᠮᠵᠢᠶᠡᠨ ᠳ᠋ᠤ ᠲᠡᠪᠰᠢᠨ ᠣᠷᠣᠬᠤ ᠱᠠᠲᠤᠨ ᠤ
ᠲᠤᠶᠢᠯ ᠤᠨ ᠴᠢᠬᠤᠯᠠ ᠲᠡᠦᠬᠡᠲᠦ ᠱᠠᠲᠤ ᠦᠶ᠎ᠡ ᠪᠣᠯᠤᠨ᠎ᠠ ᠂ ᠲᠡᠭᠦᠨ ᠤ ᠬᠠᠮᠤᠭ ᠤᠨ ᠲᠣᠪᠣᠶᠢᠮ᠎ᠠ
ᠣᠨᠴᠠᠯᠢᠭ ᠪᠣᠯ ᠂ ᠠᠵᠤ ᠠᠬᠤᠢ ᠶ᠋ᠢᠨ ᠨᠡᠯᠢᠶᠡᠳ ᠮᠠᠭᠠᠳ ᠪᠠᠲᠤᠯᠠᠬᠤ ᠬᠤᠭᠤᠴᠠᠭᠠᠨ ᠳ᠋ᠦ
ᠦᠷᠭᠦᠯᠵᠢᠯᠡᠨ ᠲᠦᠷᠭᠡᠨ ᠨᠡᠮᠡᠭᠳᠡᠵᠦ ᠪᠠᠶᠢᠬᠤ ᠪᠠ ᠤᠯᠤᠰ ᠠᠷᠠᠳ ᠤᠨ ᠪᠦᠬᠦᠯᠢ ᠴᠣᠭᠴᠠ ᠶ᠋ᠢᠨ ᠬᠡᠪ
ᠴᠢᠨᠠᠷ ᠢ ᠢᠯᠡᠳᠲᠡ ᠳᠡᠭᠡᠭᠰᠢᠯᠡᠭᠦᠯᠵᠦ ᠂ ᠲᠡᠭᠦᠨ ᠢ ᠰᠢᠵᠢᠷ ᠠᠯᠲᠠᠨ ᠴᠠᠭ ᠦᠶ᠎ᠡ ᠬᠡᠮᠡᠨ
ᠨᠡᠷᠡᠯᠡᠵᠦ ᠪᠣᠯᠤᠨ᠎ᠠ ᠃ ᠡᠨᠡ ᠬᠦ ᠬᠤᠭᠤᠴᠠᠭᠠᠨ ᠳ᠋ᠤ ᠂ ᠬᠥᠮᠦᠰ ᠦᠨ ᠡᠳᠦᠷ ᠢᠷᠡᠬᠦᠶ᠎ᠡ
ᠨᠡᠮᠡᠭᠳᠡᠵᠦ ᠪᠠᠶᠢᠭ᠎ᠠ ᠪᠣᠳᠠᠰ ᠰᠣᠶᠤᠯ ᠤᠨ ᠬᠡᠷᠡᠭᠴᠡᠭᠡ ᠪᠣᠯ ᠠᠵᠤ ᠠᠬᠤᠢ ᠶ᠋ᠢᠨ ᠨᠡᠮᠡᠭᠳᠡᠯ ᠦᠨ
ᠭᠣᠣᠯ ᠳᠣᠲᠣᠭᠠᠳᠤ ᠰᠢᠯᠲᠠᠭᠠᠨ ᠮᠦᠨ ᠃ ᠬᠥᠮᠦᠰ ᠦᠨ ᠢᠳᠡᠵᠦ ᠡᠮᠦᠰᠬᠦ ᠳᠡᠭᠡᠨ ᠵᠥᠪ ᠪᠣᠯᠬᠤ
ᠠᠰᠠᠭᠤᠳᠠᠯ ᠢᠶᠡᠨ ᠰᠡᠢᠳᠪᠦᠷᠢᠯᠡᠨ᠂ ᠬᠥᠮᠦᠰ ᠢᠳᠡᠵᠦ ᠡᠮᠦᠰᠬᠦ ᠠᠰᠠᠭᠤᠳᠠᠯ ᠢᠶᠡᠨ
ᠰᠢᠢᠳᠪᠦᠷᠢᠯᠡᠬᠦ ᠪᠡᠷ ᠲᠡᠮᠡᠴᠡᠬᠦ ᠬᠠᠷᠠᠯᠲᠠ ᠪᠠᠨ ᠪᠣᠯᠭᠠᠵᠤ ᠪᠠᠶᠢᠭᠰᠠᠨ ᠡᠴᠠ ᠪᠠᠨ
ᠬᠥᠭᠵᠢᠬᠦ ᠪᠡᠷ ᠴᠢᠷᠮᠠᠶᠢᠵᠤ ᠂ ᠨᠡᠩ ᠰᠠᠶᠢᠨ ᠢ ᠢᠳᠡᠵᠦ ᠂ ᠨᠡᠩ ᠲᠠᠭᠠᠯᠠᠮᠵᠢᠲᠠᠶ ᠂ ᠨᠡᠩ ᠲᠦᠬᠦᠮ
᠂ ᠤᠶᠤᠨ ᠤ ᠪᠣᠯᠪᠠᠰᠤᠨ ᠤ ᠲᠠᠯ᠎ᠠ ᠪᠠᠷ ᠬᠡᠷᠡᠭᠯᠡᠭᠡᠨ ᠤ ᠱᠠᠭᠠᠷᠳᠠᠯᠭ᠎ᠠ ᠴᠤ ᠤᠯᠠᠮ ᠡᠴᠠ
ᠤᠯᠠᠮ ᠥᠨᠳᠥᠷ ᠪᠤᠯᠵᠤ ᠂ ᠬᠡᠷᠡᠭᠯᠡᠭᠡᠨ ᠤ ᠳᠡᠰ ᠳᠠᠪᠰᠢᠯᠲᠠ ᠶ᠋ᠢ ᠬᠤᠷᠳᠤᠴᠠ ᠨᠢ
ᠥᠩᠭᠡᠷᠡᠭᠰᠡᠨ ᠡᠴᠠ ᠠᠷᠪᠠᠨ ᠳᠠᠬᠢᠨ ᠂ ᠬᠡᠳᠦᠨ ᠠᠷᠪᠠᠨ ᠳᠠᠬᠢᠨ ᠪᠣᠯᠤᠨ᠎ᠠ ᠃ ᠥᠩᠭᠡᠷᠡᠭᠰᠡᠨ ᠦ
ᠭᠠᠷᠴᠠᠭ᠂ ᠳᠤᠭᠤᠶ ᠲᠡᠷᠭᠡ ᠂ ᠣᠶᠤᠳᠠᠯ ᠤᠨ ᠮᠠᠰᠢᠨ ᠤ ᠵᠠᠭᠤᠨ ᠲᠥᠭᠦᠷᠢᠭ ᠦᠨ ᠳᠡᠰ ᠢᠶ᠋ᠡᠷ
ᠪᠡᠯᠭᠡ ᠲᠡᠮᠳᠡᠭ ᠪᠣᠯᠭᠠᠭᠰᠠᠨ ᠬᠡᠷᠡᠭᠯᠡᠭᠡᠨ ᠤ ᠱᠠᠲᠤᠨ ᠳ᠋ᠤ ᠪᠠᠶᠢᠭᠰᠠᠨ ᠡᠴᠠ ᠪᠠᠨ ᠲᠧᠯᠸᠢᠰ
᠂ ᠬᠦᠷᠦᠭᠡᠬᠦᠯ ᠂ ᠬᠤᠪᠴᠠᠰᠤ ᠤᠬᠢᠶᠠᠬᠤ ᠮᠠᠰᠢᠨ ᠢᠶᠠᠷ ᠪᠡᠯᠭᠡ ᠲᠡᠮᠳᠡᠭ ᠪᠣᠯᠭᠠᠭᠰᠠᠨ ᠬᠡᠳᠦᠨ
ᠱᠠᠲᠤᠨ ᠤ ᠬᠡᠷᠡᠭᠯᠡᠭᠡᠨ ᠤ ᠱᠠᠲᠤᠨ ᠳ᠋ᠤ ᠂ ᠪᠢᠳᠡ ᠬᠡᠳᠦᠨ ᠠᠷᠪᠠᠨ ᠵᠢᠯ ᠦᠨ ᠬᠤᠭᠤᠴᠠᠭ᠎ᠠ ᠶ᠋ᠢ
ᠬᠡᠷᠡᠭᠯᠡᠵᠦ ᠂ ᠭᠡᠪᠡᠴᠦ ᠪᠢᠳᠡ ᠵᠥᠪᠬᠡᠨ ᠬᠡᠳᠦᠨ ᠵᠢᠯ ᠦᠨ ᠴᠠᠭ ᠵᠠᠷᠤᠴᠠᠭᠤᠯᠵᠤ ᠂
ᠺᠣᠮᠫᠢᠦ᠋ᠲ᠋ᠧᠷ ᠂ ᠡᠷᠡᠭᠦᠯᠵᠢᠯ ᠦᠨ ᠪᠠᠭᠠᠵᠢ ᠬᠡᠷᠡᠭᠰᠡᠯ ᠦᠨ ᠰᠢᠨᠵᠢ ᠲᠡᠮᠳᠡᠭ ᠪᠣᠯᠭᠠᠭᠰᠠᠨ
ᠲᠦᠮᠡᠨ ᠲᠥᠭᠦᠷᠢᠭ ᠦᠨ ᠳᠡᠰ ᠦᠨ ᠬᠡᠷᠡᠭᠯᠡᠭᠡ ᠶ᠋ᠢᠨ ᠱᠠᠲᠤᠨ ᠳ᠋ᠦ ᠂ ᠴᠥᠭᠡᠨ ᠲᠣᠭᠠᠨ ᠤ ᠬᠥᠮᠦᠰ
ᠨᠢᠭᠡᠨᠲᠡ ᠮᠠᠰᠢᠨ ᠲᠡᠷᠭᠡ ᠂ ᠣᠷᠣᠨ ᠰᠠᠭᠤᠴᠠ ᠪᠠᠷ ᠪᠡᠯᠭᠡ ᠲᠡᠮᠳᠡᠭ ᠪᠣᠯᠭᠠᠭᠰᠠᠨ ᠬᠡᠳᠦᠨ
ᠠᠷᠪᠠᠨ ᠲᠦᠮᠡᠨ ᠲᠥᠭᠦᠷᠢᠭ ᠦᠨ ᠳᠡᠰ ᠦᠨᠬᠡᠷᠡᠭᠯᠡᠭᠡᠨ ᠤ ᠱᠠᠲᠤᠨ ᠳ᠋ᠤ ᠣᠷᠣᠪᠠ ᠃
ᠬᠡᠷᠡᠭᠯᠡᠭᠡᠨ ᠤ ᠪᠥᠲᠦᠴᠡ ᠶ᠋ᠢᠨ ᠲᠡᠰ ᠳᠡᠪᠰᠢᠭᠦᠯᠬᠦ ᠠᠵᠤ ᠦᠢᠯᠡᠰ ᠡᠭᠦᠰᠭᠡᠬᠦ ᠪᠥᠲᠦᠴᠡ ᠳ᠋ᠦ
ᠶᠡᠬᠡ ᠬᠡᠮᠵᠢᠶ᠎ᠡ ᠪᠡᠷ ᠲᠤᠬᠢᠷᠠᠭᠤᠯᠤᠯᠳᠠ ᠬᠢᠬᠦ ᠬᠡᠷᠡᠭᠲᠡᠶ ᠃ ᠡᠨᠡ ᠬᠦ ᠴᠠᠭ ᠦᠶ᠎ᠡ ᠳ᠋ᠦ ᠂
ᠪᠢᠳᠡ ᠬᠡᠷᠪᠡ ᠠᠵᠠ ᠲᠣᠬᠢᠶᠠᠯ ᠢ ᠠᠳᠬᠤᠨ ᠠᠪᠴᠤ ᠂ ᠠᠵᠤ ᠠᠬᠤᠶ ᠨᠠᠶᠢᠭᠡᠮ ᠤᠨ ᠬᠥᠭᠵᠢᠯᠲᠡ ᠨᠢᠭᠡᠨ
ᠰᠢᠨ᠎ᠡ ᠳᠡᠭᠲᠡᠷ ᠲᠦ ᠭᠠᠷᠴᠠᠶ ᠃ ᠭᠡᠲᠡᠯ᠎ᠡ ᠡᠨᠡ ᠦᠶ᠎ᠡ ᠨᠢ ᠣᠯᠠᠩᠬᠢ ᠳᠠᠭᠠᠨ ᠬᠥᠮᠦᠨ ᠠᠮᠠ ᠂
ᠰᠤᠷᠪᠤᠯᠵᠢ ᠂ ᠣᠷᠴᠢᠨ ᠲᠣᠭᠣᠷᠢᠨ ᠤ ᠵᠥᠷᠢᠴᠡᠯ ᠲᠤᠪᠤᠢᠢᠮ᠎ᠠ ᠪᠠᠶᠢᠵᠤ ᠂ 《 ᠪᠣᠭᠤᠮᠢ》 ᠶ᠋ᠢᠨ
ᠬᠢᠵᠠᠭᠠᠷᠯᠠᠯ ᠬᠦᠨᠳᠦᠷᠡᠭᠰᠡᠨ ᠦᠶ᠎ᠡ ᠳ᠋ᠦ ᠂ ᠬᠡᠷᠪᠡ ᠵᠣᠬᠢᠰᠲᠠᠶ ᠰᠢᠶᠳᠪᠦᠷᠢᠯᠡᠵᠦ ᠴᠢᠳᠠᠬᠤ
ᠦᠭᠡᠢ ᠪᠣᠯ ᠬᠥᠭᠵᠢᠯᠲᠡ ᠶ᠋ᠢᠨ ᠠᠵᠠ ᠲᠣᠬᠢᠶᠠᠯ ᠢ ᠠᠯᠳᠠᠵᠤ ᠠᠵᠤ ᠠᠬᠤᠢ ᠶ᠋ᠢᠨ ᠨᠡᠮᠡᠭᠳᠡᠯ ᠦᠨ
ᠡᠷᠭᠢᠯᠳᠦᠯ ᠢ ᠡᠭᠦᠰᠬᠡᠵᠦ ᠮᠡᠳᠡᠨ᠎ᠡ᠃ ᠪᠢᠳᠡ ᠵᠠᠪᠠᠯ ᠯᠠᠪᠳᠠᠭᠤᠨ ᠢᠶᠠᠷ ᠠᠵᠠ ᠵᠠᠪᠰᠢᠶᠠᠨ ᠢ
ᠡᠵᠡᠮᠳᠡᠵᠦ ᠂ ᠨᠡᠶᠢᠭᠡᠮ ᠦᠨ ᠡᠯ᠎ᠡ ᠵᠦᠢᠯ ᠦᠨ ᠵᠥᠷᠢᠴᠡᠯ ᠢ ᠵᠥᠪ ᠢᠶ᠋ᠡᠷ ᠰᠢᠶᠳᠪᠦᠷᠢᠯᠡᠵᠦ ᠂
ᠴᠢᠷᠮᠠᠶᠢᠨ ᠠᠷᠢᠯᠭᠠᠵᠤ ᠂ ᠠᠵᠤ ᠠᠬᠤᠢ ᠶ᠋ᠢᠨ ᠤᠷᠳᠤ ᠬᠤᠭᠤᠴᠠᠭ᠎ᠠ ᠪᠠᠷ ᠲᠥᠷᠭᠡᠨ ᠬᠥᠭᠵᠢᠬᠦ ᠶ᠋ᠢ
ᠪᠠᠲᠤᠯᠠᠬᠤ ᠪᠠᠷ ᠴᠢᠷᠮᠠᠶᠢᠬᠤ ᠬᠡᠷᠡᠭᠲᠡᠢ᠃
ᠭᠤᠷᠪᠠᠳᠤᠭᠠᠷ ᠲᠤ ᠂ ᠥᠪᠥᠷ ᠮᠣᠩᠭᠤᠯ ᠤᠨ
ᠣᠳᠣᠬᠠᠨ ᠤ ᠬᠥᠭᠵᠢᠯᠲᠡ ᠰᠠᠢᠢᠨ ᠲᠣᠬᠢᠶᠠᠯ ᠲᠠᠭᠠᠷᠠᠯᠳᠤᠵᠤ ᠪᠠᠶᠢᠨ᠎ᠠ ᠃ ᠣᠳᠣᠬᠠᠨ ᠳ᠋ᠤ ᠂
ᠮᠠᠨ ᠤ ᠣᠷᠣᠨ ᠨᠢ ᠰᠠᠢᠢᠨ ᠰᠠᠶᠢᠬᠠᠨ ᠬᠥᠭᠵᠢᠯᠲᠡ ᠶ᠋ᠢᠨ ᠲᠣᠬᠢᠶᠠᠯ ᠳ᠋ᠦ ᠲᠤᠯᠭᠠᠷᠠᠵᠤ ᠪᠠᠶᠢᠨ᠎ᠠ ᠂
ᠮᠠᠨ ᠤ ᠦᠷᠭᠦᠯᠵᠢ ᠶᠠᠷᠢᠳᠠᠭ ᠬᠡᠳᠦᠨ ᠶᠡᠬᠡ ᠳᠠᠪᠠᠭᠤᠯᠢᠭ ᠲᠠᠯ᠎ᠠ ᠡᠴᠠ ᠭᠠᠳᠠᠨ᠎ᠠ ᠮᠢᠨᠦ
ᠦᠵᠡᠬᠦ ᠪᠡᠷ ᠂ ᠣᠳᠣᠬᠠᠨ ᠤ ᠬᠠᠮᠤᠭ ᠤᠨ ᠪᠣᠳᠠᠲᠠᠶ ᠨᠢᠭᠡ ᠠᠵᠠ ᠲᠣᠬᠢᠶᠠᠯ ᠪᠣᠯ ᠥᠪᠥᠷ
ᠮᠣᠩᠭᠤᠯ ᠤᠨ ᠤᠯᠤᠰ ᠠᠷᠠᠳ ᠤᠨ ᠠᠵᠤ ᠠᠬᠤᠢ ᠶ᠋ᠢᠨ ᠪᠠᠶᠢᠳᠠᠯ ᠢ ᠨᠠᠮᠳᠠᠭᠤᠯᠬᠤ ᠶ᠋ᠢᠨ ᠲᠥᠯᠥᠭᠡ 《
ᠪᠣᠭᠤᠮᠢ》 ᠶ᠋ᠢᠨ ᠬᠢᠵᠠᠭᠠᠷᠯᠠᠯ ᠪᠣᠯᠬᠤ ᠬᠤᠪᠢ ᠨᠡᠮᠡᠷᠢ ᠭᠠᠷᠭᠠᠬᠤ ᠬᠡᠷᠡᠭᠲᠡᠶ ᠃
ᠨᠢᠳᠤᠨᠤᠨ ᠡᠴᠡ ᠨᠠᠰᠢ ᠂ ᠤᠯᠤᠰ ᠤᠨ ᠠᠵᠤ ᠠᠬᠤᠢ ᠶ᠋ᠢᠨ ᠬᠥᠭᠵᠢᠯᠲᠡ ᠲᠥᠷᠭᠡᠳᠦᠭᠰᠡᠨ ᠦ ᠳᠠᠷᠠᠭ᠎ᠠ
ᠨᠡᠭᠦᠷᠡᠰᠦ ᠂ ᠴᠠᠬᠢᠯᠭᠠᠨ ᠂ ᠲᠣᠰᠣ ᠂ ᠲᠡᠭᠡᠭᠡᠪᠦᠷᠢ ᠲᠦᠷᠪᠡᠨ ᠶᠡᠬᠡ ᠬᠥᠭᠵᠢᠯᠲᠡ ᠶ᠋ᠢᠨ《
ᠪᠣᠭᠤᠮᠢ》 ᠶ᠋ᠢᠨ ᠬᠢᠵᠠᠭᠠᠷᠯᠠᠯ ᠪᠣᠯᠤᠨ᠎ᠠ ᠃ ᠮᠠᠨ ᠤ ᠣᠷᠣᠨ ᠤ ᠨᠡᠭᠦᠷᠡᠰᠦᠨ ᠦᠡ ᠬᠢ ᠪᠠᠶᠠᠯᠢᠭ
ᠡᠯᠪᠡᠭ ᠂ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶ᠋ᠢᠨ ᠥᠪᠡᠷ ᠦᠨ ᠥᠷᠲᠡᠭ ᠨᠡᠯᠢᠶᠡᠳ
ᠳᠣᠣᠷ᠎ᠠ ᠂ ᠪᠢᠳᠡ ᠡᠳᠡᠭᠡᠷ ᠳᠠᠪᠠᠭᠤᠯᠢᠭ ᠲᠠᠯ᠎ᠠ ᠪᠠᠨ ᠠᠰᠢᠭᠯᠠᠬᠤ ᠬᠡᠷᠡᠭᠲᠡᠶ ᠂ ᠨᠠᠷᠢᠯᠢᠭ
ᠪᠣᠯᠪᠠᠰᠤᠷᠠᠭᠤᠯᠬᠤ ᠂ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠲᠧᠭᠨᠢᠭ ᠮᠡᠷᠭᠡᠵᠢᠯ ᠂
ᠡᠨ᠋ᠸᠷᠭᠢ ᠶ᠋ᠢᠨ ᠬᠣᠷᠣᠭᠳᠠᠭᠤᠯᠤᠯ ᠶᠡᠬᠡᠲᠡᠶ ᠠᠵᠤ ᠦᠢᠯᠡᠳᠪᠦᠷᠢ ᠵᠡᠷᠭᠡ ᠠᠵᠤ ᠦᠢᠯᠡᠰ ᠦᠨ
ᠬᠡᠯᠬᠢᠶ᠎ᠡ ᠶ᠋ᠢ ᠤᠷᠲᠤᠳᠬᠠᠬᠤ ᠬᠡᠷᠡᠭᠲᠡᠢ ᠃ ᠬᠡᠷᠪᠡ ᠪᠢᠳᠡ ᠨᠡᠭᠦᠷᠡᠰᠦ ᠂ ᠴᠠᠬᠢᠯᠭᠠᠨ
ᠬᠦᠴᠦᠨ ᠤ ᠬᠠᠭᠠᠰ ᠢ ᠨᠢ ᠲᠤᠬᠠᠢ ᠶ᠋ᠢᠨ ᠭᠠᠵᠠᠷ ᠲᠤᠨᠢ ᠬᠤᠪᠢᠷᠠᠭᠤᠯᠪᠠᠯ ᠨᠡᠭᠦᠷᠡᠰᠦᠨ ᠤ
ᠲᠠᠭᠡᠭᠡᠪᠦᠷᠢ ᠶ᠋ᠢᠨ ᠬᠦᠯᠢᠶᠡᠬᠦ ᠠᠩᠭᠢᠵᠢᠷᠠᠵᠤ ᠬᠢᠵᠠᠭᠠᠷᠯᠠᠬᠤ ᠴᠢᠨᠠᠭᠰᠢᠯᠠᠪᠠᠯ ᠨᠠᠮᠳᠠᠭᠠᠵᠤ
ᠪᠣᠯᠤᠨ᠎ᠠ ᠂ ᠴᠠᠬᠢᠯᠭᠠᠨ ᠲᠣᠣᠷ ᠤᠨ ᠡᠳᠦᠷ ᠦᠨ ᠴᠠᠬᠢᠯᠭᠠᠨ ᠮᠡᠳᠡᠭᠡ ᠬᠦᠯᠢᠶᠡᠬᠦ
ᠬᠢᠵᠠᠭᠠᠷᠯᠠᠭᠳᠠᠵᠤ ᠪᠠᠶᠢᠭ᠎ᠠ ᠠᠰᠠᠭᠤᠳᠠᠯ ᠂ ᠪᠠᠰᠠ ᠰᠠᠨᠠᠭᠠᠴᠢᠯᠠᠭ᠎ᠠ ᠡᠴᠡ ᠪᠠᠨ ᠢᠳᠡᠪᠬᠢᠲᠡᠶ
ᠰᠡᠷᠭᠡᠶᠢᠯᠡᠵᠦ ᠂ ᠨᠡᠭᠦᠷᠡᠰᠦ ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠢ ᠡᠭᠦᠰᠭᠡᠵᠦ
ᠮᠡᠳᠡᠬᠦ ᠠᠶᠤᠯ ᠲᠦᠭᠰᠢᠭᠦᠷᠢ ᠲᠠᠢ ᠃ ᠮᠠᠨ ᠤ ᠣᠷᠣᠨ ᠪᠠᠰᠠ ᠶᠡᠬᠡᠪᠡᠷ ᠵᠠᠮ ᠬᠠᠷᠢᠯᠴᠠᠭᠠᠨ ᠤ
ᠰᠠᠭᠤᠷᠢ ᠳᠥᠬᠦᠭᠡᠷᠦᠮᠵᠢ ᠶ᠋ᠢᠨ ᠪᠦᠲᠦᠭᠡᠨ ᠪᠠᠶᠢᠭᠤᠯᠤᠯᠲᠠ ᠳ᠋ᠦ ᠬᠦᠴᠦ ᠭᠠᠷᠭᠠᠵᠤ ᠂ ᠮᠠᠨ ᠤ
ᠲᠥᠯᠦᠪᠵᠢᠭᠦᠯᠭᠡ ᠶ᠋ᠢ ᠵᠠᠰᠠᠮᠠᠯ ᠵᠠᠮ ᠤᠨ ᠪᠠᠶᠢᠭᠤᠯᠤᠯᠲᠠ ᠶ᠋ᠢ ᠱᠠᠯᠠᠪᠳᠠᠨ
ᠨᠠᠶᠢᠳᠠᠪᠤᠷᠢᠵᠢᠭᠤᠯᠬᠤ ᠡᠴᠠ ᠭᠠᠳᠠᠨ᠎ᠠ ᠪᠠᠰᠠ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶ᠋ᠢ
ᠴᠢᠬᠤᠯᠠᠴᠢᠯᠠᠵᠤ ᠂ ᠲᠡᠮᠦᠷ ᠵᠠᠮ ᠤᠨ ᠶᠠᠪᠤᠳᠠᠯ ᠢ ᠴᠢᠩᠭ᠎ᠠ ᠠᠳᠬᠤᠬᠤ ᠬᠡᠷᠡᠭᠲᠡᠶ ᠃ ᠲᠦᠷᠦᠯ
ᠵᠦᠢᠯ ᠦᠨ ᠨᠠᠶᠢᠳᠠᠪᠤᠷᠢᠵᠢᠭᠤᠯᠤᠯᠲᠠ ᠶ᠋ᠢ ᠴᠢᠩᠭᠠᠳᠬᠠᠬᠤ ᠬᠡᠷᠡᠭᠲᠡᠢ ᠃ ᠶᠡᠷᠦᠩᠬᠡᠶᠢᠯᠡᠪᠡᠯ ᠂
ᠨᠡᠭᠦᠷᠡᠰᠦ ᠂ ᠴᠠᠬᠢᠯᠭᠠᠨ ᠂ ᠲᠡᠭᠡᠭᠡᠪᠦᠷᠢ ᠵᠡᠷᠭᠡ 《 ᠪᠣᠭᠤᠮᠢ》 ᠶ᠋ᠢᠨ ᠬᠢᠵᠠᠭᠠᠷᠯᠠᠯ ᠳᠡᠭᠡᠷ᠎ᠡ
᠂ ᠥᠪᠥᠷ ᠮᠣᠩᠭᠣᠯ ᠴᠤ ᠶᠣᠰᠣᠲᠠᠶ ᠤᠯᠤᠰ ᠲᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠂ ᠡᠨᠡ
ᠨᠢ ᠥᠪᠥᠷ ᠮᠣᠩᠭᠣᠯ ᠳ᠋ᠦ ᠠᠪᠴᠤ ᠬᠡᠯᠡᠪᠡᠯ ᠪᠠᠰᠠ ᠴᠤ ᠨᠢᠭᠡᠨ ᠪᠣᠳᠠᠲᠤ ᠬᠡᠷᠡᠭ ᠳᠡᠭᠡᠷ᠎ᠡ ᠪᠡᠨ
ᠬᠥᠭᠵᠢᠯᠲᠡ ᠶ᠋ᠢᠨ ᠠᠵᠠ ᠲᠣᠬᠢᠶᠠᠯ ᠪᠣᠯᠤᠨ᠎ᠠ ᠃
ᠳᠥᠷᠪᠡᠳᠦᠭᠡᠷ ᠲᠦ ᠂ ᠥᠪᠥᠷ
ᠮᠣᠩᠭᠤᠯ ᠤᠨ ᠠᠵᠤ ᠠᠬᠤᠢ ᠨᠢ ᠣᠳᠣᠬᠠᠨ ᠳ᠋ᠤ ᠨᠢᠭᠡᠨ ᠲᠦᠷᠭᠡᠨ ᠨᠡᠮᠡᠭᠳᠡᠯ ᠦᠨ ᠬᠤᠭᠤᠴᠠᠭᠠᠨ ᠳ᠋ᠤ
ᠣᠷᠤᠭᠰᠠᠨ ᠪᠠᠶᠢᠨ᠎ᠠ᠃ ᠠᠵᠤ ᠠᠬᠤᠢ ᠶ᠋ᠢᠨ ᠲᠦᠷᠭᠡᠨ ᠨᠡᠮᠡᠭᠳᠡᠯ ᠨᠢ ᠲᠡᠭᠦᠨ ᠦ
ᠳᠣᠲᠣᠭᠠᠳᠤ ᠶ᠋ᠢᠨ ᠵᠢᠮ᠎ᠡ ᠬᠠᠤᠯᠢ ᠲᠠᠢ ᠪᠠᠶᠢᠳᠠᠭ ᠃ ᠨᠢᠳᠤᠨᠤᠨ ᠥᠪᠡᠷᠲᠡᠭᠡᠨ ᠵᠠᠰᠠᠬᠤ ᠣᠷᠣᠨ ᠤ
ᠬᠡᠪᠴᠢᠶ᠎ᠡ ᠵᠢᠯ ᠡᠴᠡ ᠳᠡᠭᠡᠭᠰᠢᠬᠢ ᠠᠵᠤ ᠦᠢᠯᠡᠳᠪᠦᠷᠢ ᠶ᠋ᠢᠨ ᠠᠵᠤ ᠠᠬᠤᠢ ᠶ᠋ᠢᠨ ᠨᠡᠮᠡᠭᠳᠡᠯ ᠨᠢ
31.5% ᠂ ᠡᠨᠡ ᠵᠢᠯ ᠦᠨ ᠨᠢᠭᠡ ᠂ ᠬᠣᠶᠠᠳᠤᠭᠠᠷ ᠰᠠᠷ᠎ᠠ ᠶ᠋ᠢᠨ ᠲᠣᠭᠲᠠᠭᠠᠯ ᠡᠴᠡ ᠳᠡᠭᠡᠭᠰᠢᠬᠢ
ᠠᠵᠤ ᠦᠢᠯᠡᠳᠪᠦᠷᠢ ᠮᠥᠨ ᠯᠡ ᠠᠳᠠᠯᠢ ᠬᠤᠭᠤᠴᠠᠭᠠᠨ ᠡᠴᠡ 29.4% ᠪᠡᠷ ᠨᠠᠮᠬᠠᠳᠠᠪᠠ ᠃ ᠰᠤᠢᠷ
ᠬᠦᠴᠦᠨ ᠪᠦᠬᠦᠢ ᠰᠣᠶᠣᠯ ᠲᠡᠦᠬᠡ ᠶ᠋ᠢᠨ ᠦᠷᠭᠦᠯᠵᠢᠯᠡᠬᠦ ᠴᠢᠨᠠᠷ ᠢᠬᠠᠷᠠᠭᠤᠯᠵᠤ ᠪᠠᠶᠢᠨ᠎ᠠ ᠃
ᠨᠢᠳᠤᠨᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠡᠳ᠋ ᠬᠥᠷᠥᠩᠭᠡ ᠶ᠋ᠢᠨ ᠪᠡᠯᠡ
ᠣᠷᠣᠭᠤᠯᠤᠯᠲᠠ ᠨᠢ 1202 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ 68 % ᠨᠡᠮᠡᠭᠳᠡᠵᠦ ᠂
ᠡᠨᠡ ᠵᠢᠯ ᠲᠣᠭᠲᠠᠮᠠᠯ ᠬᠥᠷᠦᠩᠭᠡ ᠶ᠋ᠢᠨ ᠪᠠᠯᠠ ᠣᠷᠤᠭᠤᠯᠤᠯᠲᠠ 1500 ᠳ᠋ᠦᠩᠰᠢᠭᠤᠷ ᠲᠥᠭᠦᠷᠢᠭ ᠢ
ᠪᠡᠶᠡᠯᠡᠭᠦᠯᠦᠨ᠎ᠡ ᠃ ᠵᠠᠰᠠᠭ ᠤᠨ ᠣᠷᠳᠣᠨ ᠨᠢ 1800 ᠳ᠋ᠦᠩᠰᠢᠭᠤᠷ ᠲᠥᠭᠦᠷᠢᠭ ᠦᠨ ᠬᠠᠷᠠᠯᠲᠠ
ᠲᠣᠭᠲᠠᠭᠠᠭᠰᠠᠨ ᠶᠣᠰᠣᠭᠠᠷ ᠂ ᠨᠢᠳᠤᠨᠤᠨ ᠵᠢᠯ ᠦᠨ ᠬᠢ ᠡᠴᠡ 50 % ᠣᠷᠴᠢᠮ ᠪᠣᠯᠭᠠᠨ᠎ᠠ᠃ ᠨᠢᠳᠤᠨᠤᠨ
ᠥᠪᠡᠷᠲᠡᠭᠡᠨ ᠵᠠᠰᠠᠬᠤ ᠣᠷᠣᠨ ᠤ ᠬᠣᠲᠠ ᠪᠠᠯᠭᠠᠰᠤ ᠶ᠋ᠢᠨ ᠲᠣᠭᠲᠠᠮᠠᠯ ᠪᠡᠯᠡ ᠬᠥᠷᠦᠩᠭᠡ ᠶ᠋ᠢᠨ
ᠪᠡᠯᠡ ᠣᠷᠤᠭᠤᠯᠤᠯᠲᠠ ᠶ᠋ᠢᠨ ᠬᠠᠷᠢᠴᠠᠩᠭᠤᠶ ᠪᠤᠰᠤ ᠬᠡᠮᠵᠢᠶ᠎ᠡ ᠨᠢ ᠪᠦᠬᠦ ᠤᠯᠤᠰ ᠤᠨ ᠠᠷᠪᠠᠨ
ᠲᠠᠪᠤᠳᠤᠭᠠᠷ᠂ ᠶᠡᠷᠦᠩᠬᠡᠶ ᠬᠡᠮᠵᠢᠶ᠎ᠡ ᠨᠢ ᠨᠡᠯᠢᠶᠡᠳ ᠶᠡᠬᠡ ᠪᠥᠭᠡᠳ ᠪᠡᠯᠡ ᠣᠷᠤᠭᠤᠯᠤᠯᠲᠠ ᠶ᠋ᠢᠨ
ᠴᠢᠭᠯᠡᠯ ᠢ ᠵᠦᠢ ᠵᠣᠬᠢᠰᠲᠠᠶ ᠂ ᠪᠡᠯᠡ ᠣᠷᠤᠭᠤᠯᠤᠯᠲᠠ ᠶ᠋ᠢᠨ ᠭᠣᠣᠯ ᠴᠣᠭᠴᠠ ᠤᠯᠠᠨ ᠡᠰᠢᠵᠢᠭᠰᠡᠨ ᠂
ᠲᠣᠭᠲᠠᠮᠠᠯ ᠪᠡᠯᠡ ᠬᠥᠷᠦᠩᠭᠡ ᠶ᠋ᠢᠨ ᠪᠡᠯᠡ ᠣᠷᠤᠭᠤᠯᠤᠯᠲᠠ ᠶ᠋ᠢᠨ ᠦᠷᠭᠦᠯᠵᠢᠯᠡᠬᠦ ᠨᠠᠮᠡᠭᠳᠡᠯ ᠢ
ᠪᠡᠶᠡᠯᠡᠭᠦᠯᠵᠦ ᠂ ᠤᠳᠤ ᠨᠡᠯᠢᠶᠡᠳ ᠤᠯᠠᠨ ᠪᠠᠶᠢᠭᠤᠯᠵᠤ ᠪᠠᠶᠢᠭ᠎ᠠ ᠰᠢᠨ᠎ᠡ ᠪᠡᠷ ᠡᠬᠢᠯᠡᠬᠦ
ᠪᠠᠷᠢᠯᠭ᠎ᠠ ᠶ᠋ᠢᠨ ᠵᠦᠢᠯᠡᠰ ᠪᠠᠶᠢᠭᠤᠯᠤᠯᠲᠠ ᠨᠢ ᠴᠥᠮ ᠪᠡᠯᠡ ᠣᠷᠣᠭᠤᠯᠤᠯᠲᠠ ᠂ ᠤᠯᠤᠰ ᠤᠨ ᠠᠵᠤ
ᠦᠢᠯᠡᠰ ᠦᠨ ᠴᠢᠭᠯᠡᠯ ᠮᠥᠨ ᠃ ᠮᠠᠨ ᠤ ᠣᠷᠣᠨ ᠤ ᠠᠵᠤ ᠠᠬᠤᠢ ᠶ᠋ᠢᠨ ᠲᠦᠷᠭᠡᠨ ᠨᠡᠮᠡᠭᠳᠡᠯ ᠦᠨ
ᠬᠠᠨᠳᠤᠰᠢ ᠪᠣᠯ ᠠᠵᠤ ᠠᠬᠤᠢ ᠶ᠋ᠢᠨ ᠳᠣᠲᠣᠭᠠᠳᠤ ᠵᠢᠮ᠎ᠡ ᠶᠣᠰᠣ ᠦᠢᠯᠡᠳᠦᠯ ᠭᠠᠷᠭᠠᠭᠰᠠᠨ ᠤ ᠦᠷ᠎ᠡ
ᠳ᠋ᠦᠩ ᠮᠥᠨ ᠂ ᠠᠵᠤ ᠠᠬᠤᠢ ᠶ᠋ᠢᠨ ᠬᠥᠭᠵᠢᠯᠲᠡ ᠶ᠋ᠢᠨ ᠰᠠᠢᠢᠠ ᠬᠠᠨᠳᠤᠰᠢ ᠢᠷᠡᠯ᠎ᠡ ᠂ ᠢᠯᠠᠯᠲᠠ ᠶᠢᠨ
ᠡᠷᠴᠢᠨ ᠳᠡᠭᠡᠷ᠎ᠡ ᠪᠡᠨ ᠤᠷᠤᠭᠰᠢᠯᠠᠬᠤ ᠬᠡᠷᠡᠭᠲᠡᠶ ᠃ ᠲᠡᠯᠡᠢ ᠳᠠᠭᠠᠤ ᠬᠥᠭᠵᠢᠭᠰᠡᠨ ᠭᠠᠵᠠᠷ
ᠣᠷᠣᠨ ᠨᠢ ᠨᠡᠯᠢᠶᠡᠳ ᠣᠬᠣᠷᠬᠠᠨ ᠬᠤᠭᠤᠴᠠᠭᠠᠨ ᠤ ᠳᠣᠲᠣᠷ᠎ᠠ ᠂ ᠠᠵᠠ ᠵᠠᠪᠰᠢᠶᠠᠨ ᠢ ᠡᠵᠡᠮᠳᠡᠵᠦ ᠂
ᠠᠵᠤ ᠠᠬᠤᠢ ᠶ᠋ᠢᠨ ᠲᠥᠷᠭᠡᠨ ᠬᠥᠭᠵᠢᠯᠲᠡ ᠶ᠋ᠢ ᠪᠡᠶᠡᠯᠡᠭᠦᠯᠦᠭᠰᠡᠨ ᠪᠠᠶᠢᠨ᠎ᠠ ᠃ ᠠᠵᠤ ᠠᠬᠤᠶ
ᠬᠥᠭᠵᠢᠭᠡᠳ ᠵᠣᠬᠢᠬᠤ ᠬᠡᠮᠵᠢᠶᠡᠨ ᠳ᠋ᠦ ᠬᠦᠷᠪᠡᠯ ᠂ ᠨᠡᠯᠢᠶᠡᠳ ᠰᠠᠢᠢᠨ ᠰᠠᠶᠢᠬᠠᠨ ᠴᠠᠭᠠᠷᠢᠭ
ᠱᠠᠲᠤᠨ ᠳ᠋ᠦ ᠣᠷᠣᠬᠤ ᠂ ᠡᠯ᠎ᠡ ᠵᠦᠢᠯ ᠦᠨ ᠦᠢᠯᠡᠳᠪᠦᠷᠢᠯᠡᠯ ᠦᠨ ᠡᠯᠸᠮᠸᠨ᠋ᠲ ᠦᠨ ᠬᠠᠷᠢᠴᠠᠩᠭᠤᠶ
ᠲᠥᠪᠯᠡᠷᠡᠯ ᠲᠡᠶ ᠪᠡᠷ ᠂ ᠰᠢᠨ᠎ᠡ ᠠᠵᠤ ᠠᠬᠤᠢ ᠶ᠋ᠢᠨ ᠨᠡᠮᠡᠭᠳᠡᠯ ᠦᠨᠴᠡᠭ ᠨᠢ ᠤᠯᠠᠨ ᠪᠣᠯᠬᠤ ᠶᠤᠮ ᠃
ᠥᠪᠡᠷᠲᠡᠭᠡᠨ ᠵᠠᠰᠠᠬᠤ ᠣᠷᠣᠨ ᠡᠴᠡ ᠡᠯ᠎ᠡ ᠠᠶᠢᠮᠠᠭ ᠬᠣᠲᠠ ᠂ ᠬᠣᠰᠢᠭᠤ ᠰᠢᠶᠠᠨ ᠤ
ᠬᠥᠭᠵᠢᠯᠲᠡ ᠶ᠋ᠢ ᠲᠦᠷᠭᠡᠳᠬᠡᠬᠦ ᠦᠷᠡᠵᠢᠪᠦᠷᠢ ᠲᠤᠶᠢᠯᠰᠢᠷᠠᠩᠭᠤᠶ ᠴᠢᠨᠠᠷ ᠪᠠ ᠣᠷᠭᠢᠯᠤᠮ᠎ᠠ
ᠬᠠᠯᠠᠭᠤᠨ ᠰᠡᠳᠬᠢᠯᠭᠡ ᠶ᠋ᠢ ᠦᠷᠭᠦᠯᠵᠢ ᠵᠢᠮ᠎ᠡ ᠶᠣᠰᠣ ᠶᠢ ᠬᠦᠨᠳᠦᠳᠬᠡᠵᠦ ᠂ ᠵᠢᠮ᠎ᠡ ᠶᠣᠰᠣᠭᠠᠷ
ᠠᠵᠢᠯᠯᠠᠵᠤ ᠂ ᠰᠢᠨᠵᠢᠯᠡᠬᠦ ᠤᠬᠠᠭᠠᠨᠴᠢ ᠦᠨᠡᠨ ᠢ ᠪᠠᠷᠢᠮᠲᠠᠯᠠᠬᠤ ᠵᠣᠷᠢᠭ ᠰᠠᠨᠠᠭ᠎ᠠ ᠲᠠᠶ
ᠨᠡᠮᠡᠵᠦ ᠂ ᠡᠨᠡ ᠬᠦ ᠭᠠᠳᠠᠭᠠᠳᠤ ᠳᠣᠲᠣᠭᠠᠳᠤ ᠵᠢᠮ᠎ᠡ ᠶᠣᠰᠣᠨ ᠤ ᠥᠢᠯᠡᠳᠦᠯ ᠢᠶ᠋ᠡᠷ ᠪᠠᠶᠢᠬᠤ
ᠬᠦᠴᠦᠨ ᠵᠦᠢᠯ ᠨᠢ ᠴᠦ ᠢᠯᠡᠭᠦᠦ ᠪᠣᠯᠤᠨ᠎ᠠ ᠃ ᠡᠶᠢᠮᠦ ᠡᠴᠡ ᠂ ᠥᠪᠥᠷ ᠮᠣᠩᠭᠣᠯ ᠣᠳᠣ ᠶ᠋ᠢᠨ
ᠴᠢᠬᠤᠯᠠ ᠪᠠᠶᠢᠯᠳᠤᠬᠤ ᠪᠣᠳᠤᠯᠭ᠎ᠠ ᠶ᠋ᠢ ᠬᠡᠷᠡᠭᠵᠢᠭᠦᠯᠪᠡᠯ ᠠᠵᠤ ᠠᠬᠤᠢ ᠶ᠋ᠢᠨ ᠨᠡᠯᠢᠶᠡᠳ ᠲᠦᠷᠭᠡᠨ
᠂ ᠨᠡᠯᠢᠶᠡᠳ ᠰᠠᠶᠢᠨ ᠬᠥᠭᠵᠢᠯᠲᠡ ᠶ᠋ᠢ ᠪᠡᠶᠡᠯᠡᠭᠦᠯᠵᠦ ᠪᠣᠯᠤᠨ᠎ᠠ᠃
ᠰᠢᠨᠵᠢᠯᠡᠬᠦ
ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢᠨ ᠠᠶᠢᠳᠠᠪᠤᠷᠢᠵᠢᠭᠤᠯᠵᠤ ᠂ ᠡᠷᠬᠡᠪᠰᠢ ᠠᠷᠪᠠᠨ
ᠵᠢᠷᠭᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠮᠠᠨ ᠤ
ᠣᠷᠣᠨ ᠤ ᠬᠥᠭᠵᠢᠯᠲᠡ ᠶ᠋ᠢᠨ ᠰᠡᠳᠬᠢᠴᠡ ᠪᠡᠨ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ
᠃ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠦᠨ
ᠶᠡᠬᠡ ᠬᠤᠷᠠᠯ ᠡᠴᠡ ᠳᠤᠷᠠᠳᠤᠭᠰᠠᠨ 《 ᠨᠢᠭᠡ ᠭᠣᠣᠯ ᠰᠢᠵᠢᠮ ᠂ ᠬᠣᠶᠠᠷ ᠬᠤᠪᠢᠷᠠᠯᠲᠠ ᠂ ᠭᠤᠷᠪᠠᠨ
ᠶᠡᠬᠡ ᠬᠥᠳᠡᠯᠭᠡᠬᠦ ᠬᠦᠴᠦᠨ ᠂ ᠲᠠᠪᠤᠨ ᠵᠦᠢᠯ ᠦᠨ ᠡᠭᠦᠷᠭᠡ 》 ᠭᠡᠬᠦ ᠲᠠᠪᠤᠨ ᠵᠢᠯ ᠦᠨ ᠪᠦᠬᠦ
ᠲᠠᠯ᠎ᠠ ᠶ᠋ᠢᠨ ᠬᠥᠭᠵᠢᠯᠲᠡ ᠶ᠋ᠢᠨ ᠰᠡᠳᠬᠢᠴᠡ ᠨᠢ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ
ᠦᠵᠡᠯᠲᠡ ᠶ᠋ᠢᠨ ᠱᠠᠭᠠᠷᠳᠠᠯᠭ᠎ᠠ ᠳ᠋ᠦ ᠨᠡᠶᠢᠴᠡᠬᠦ ᠶᠤᠮ᠃ ᠨᠠᠮ ᠤᠨ ᠠᠷᠪᠠᠨ ᠵᠢᠷᠭᠤᠳᠤᠭᠠᠷ ᠶᠡᠬᠡ
ᠬᠤᠷᠠᠯ ᠤᠨ ᠳᠠᠷᠠᠭ᠎ᠠ ᠂ ᠪᠢᠳᠡ ᠴᠢᠨᠡᠭᠡᠯᠢᠭ ᠨᠡᠶᠢᠭᠡᠮ ᠢ ᠪᠦᠳᠤᠭᠡᠨ ᠪᠠᠶᠢᠭᠤᠯᠬᠤ
ᠱᠠᠭᠠᠷᠳᠠᠯᠭ᠎ᠠ ᠶᠣᠰᠣᠭᠠᠷ ᠂ ᠬᠥᠭᠵᠢᠯᠲᠡ ᠶ᠋ᠢᠨ ᠰᠡᠳᠬᠢᠮᠵᠢ ᠪᠡᠨ ᠲᠠᠰᠤᠷᠠᠯᠲᠠ ᠥᠬᠡᠶ
ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ
ᠲᠥᠪ ᠬᠣᠷᠢᠶᠠᠨ ᠤ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠦᠨ ᠬᠤᠷᠠᠯᠳᠤᠭᠠᠨ ᠳᠡᠭᠡᠷ᠎ᠡ
ᠳᠤᠷᠠᠳᠤᠭᠰᠠᠨ 《 ᠣᠶᠢᠷ᠎ᠠ ᠶ᠋ᠢᠨ ᠬᠡᠳᠦᠨ ᠵᠢᠯ ᠦᠨ ᠳᠣᠲᠣᠷ᠎ᠠ ᠠᠵᠤ ᠠᠬᠤᠶ ᠬᠣᠶᠠᠷ ᠣᠷᠣᠨᠲᠤ
ᠲᠣᠭᠠᠨ ᠤ ᠨᠡᠮᠡᠭᠳᠡᠯ ᠲᠡᠶ ᠪᠠᠶᠢᠬᠤ ᠶ᠋ᠢ ᠪᠠᠲᠤᠯᠠᠵᠤ ᠪᠣᠯᠤᠨ᠎ᠠ 》 ᠂ ᠲᠤᠷᠰᠢᠯᠭ᠎ᠠ ᠪᠠᠨ
ᠳ᠋ᠦᠩᠨᠡᠭᠰᠡᠨ ᠰᠠᠭᠤᠷᠢᠨ ᠳᠡᠭᠡᠷ᠎ᠡ ᠳᠤᠷᠠᠳᠤᠨ ᠭᠠᠷᠭᠠᠭᠰᠠᠨ 《 ᠳᠠᠪᠠᠭᠤᠯᠢᠭ ᠭᠠᠵᠠᠷ ᠣᠷᠣᠨ ᠤ
ᠳᠠᠪᠠᠯᠲᠠᠲᠤ ᠮᠠᠶᠢᠭ ᠤᠨ ᠬᠥᠭᠵᠢᠯᠲᠡ ᠶ᠋ᠢ ᠪᠡᠶᠡᠯᠡᠭᠦᠯᠬᠦ ᠪᠣᠯᠤᠨ᠎ᠠ 》 ᠂ ᠥᠪᠡᠷᠲᠡᠭᠡᠨ ᠵᠠᠰᠠᠬᠤ
ᠣᠷᠣᠨ ᠤ ᠳᠣᠯᠤᠳᠤᠭᠠᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠤᠳᠠᠭᠠᠨ ᠤ ᠪᠥᠬᠥᠳᠡ
ᠬᠤᠷᠠᠯ ᠤᠨ ᠳᠤᠷᠠᠳᠤᠨ ᠭᠠᠷᠭᠠᠵᠤ ᠂ ᠬᠥᠮᠦᠨ ᠳᠤᠮᠳᠠᠴᠢ ᠶ᠋ᠢᠨ ᠬᠢᠷᠢ ᠲᠦᠪᠰᠢᠨ ᠂ ᠨᠡᠯᠢᠶᠡᠳ
ᠲᠦᠷᠭᠡᠨ ᠬᠥᠭᠵᠢᠯᠲᠡ ᠶ᠋ᠢ ᠬᠤᠷᠳᠤᠴᠠ ᠳ᠋ᠦ ᠰᠡᠳᠬᠢᠯ ᠬᠠᠨᠤᠵᠤ ᠪᠣᠯᠬᠤ ᠦᠭᠡᠢ ᠂ ᠪᠥᠲᠦᠴᠡ ᠶ᠋ᠢ
ᠰᠢᠯᠢᠳᠡᠭᠵᠢᠭᠦᠯᠬᠦ ᠂ ᠦᠷ᠎ᠡ ᠠᠰᠢᠭ ᠢ ᠳᠡᠭᠡᠭᠰᠢᠯᠡᠭᠦᠯᠬᠦ ᠤᠷᠢᠲᠠᠯ ᠳᠣᠣᠷ᠎ᠠ ᠴᠢᠷᠮᠠᠶᠢᠨ
ᠬᠦᠴᠦᠨ ᠢᠶ᠋ᠡᠨ ᠪᠤᠵᠠᠭᠠᠶᠢᠷᠠᠭᠤᠯᠵᠤ ᠂ ᠠᠵᠤ ᠠᠬᠤᠢ ᠶ᠋ᠢᠨ ᠶᠡᠷᠦᠩᠬᠡᠶ ᠬᠡᠮᠵᠢᠶ᠎ᠡ ᠂
ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ
ᠤᠳᠠᠭᠠᠨ ᠤ ᠪᠦᠭᠦ ᠭᠡᠰᠢᠭᠦᠳ ᠦᠨ ᠬᠤᠷᠠᠯ ᠳ᠋ᠦ ᠳᠤᠷᠠᠳᠤᠨ ᠭᠠᠷᠭᠠᠭᠰᠠᠨ ᠨᠢ ᠂ ᠵᠥᠪ ᠢᠶ᠋ᠡᠷ
ᠰᠢᠶᠳᠪᠦᠷᠢᠯᠡᠵᠦ ᠂ ᠲᠦᠷᠭᠡᠨ ᠨᠡᠮᠡᠭᠳᠡᠯ ᠪᠣᠯᠤᠨ ᠤᠷᠳᠤ ᠡᠭᠡᠯᠵᠢᠲᠦ ᠬᠤᠭᠤᠴᠠᠭ᠎ᠠ ᠂ ᠨᠢᠭᠡᠨ
ᠨᠡᠯᠢᠶᠡᠳ ᠤᠷᠳᠦ ᠬᠤᠭᠤᠴᠠᠭᠠᠨ ᠤ ᠲᠦᠷᠭᠡᠨ ᠨᠡᠮᠡᠭᠳᠡᠯ ᠢ ᠪᠠᠲᠤᠯᠠᠬᠤ ᠪᠠᠷ ᠴᠢᠷᠮᠠᠶᠢᠨ
ᠲᠡᠮᠡᠴᠡᠬᠦ ᠬᠡᠷᠡᠭᠲᠡᠶ ᠂ ᠠᠵᠤ ᠠᠬᠤᠢ ᠶ᠋ᠢ ᠢᠮᠠᠭᠲᠠ ᠲᠣᠭᠲᠠᠭᠤᠨ ᠂ ᠦᠷᠭᠦᠯᠵᠢᠯᠡᠨ ᠨᠡᠮᠡᠭᠳᠡᠬᠦ ᠂
ᠶᠡᠬᠡᠪᠡᠷ ᠪᠠᠭᠤᠷᠠᠬᠤ ᠶ᠋ᠢ ᠰᠡᠷᠭᠡᠶᠢᠯᠡᠬᠦ ᠂ ᠤᠬᠠᠭᠠᠯᠢᠭ ᠠᠵᠤ ᠥᠢᠯᠡᠳᠪᠦᠷᠢᠵᠢᠯᠲᠡ ᠶ᠋ᠢ
ᠳᠦᠯᠬᠢᠨ ᠠᠬᠢᠭᠤᠯᠬᠤ ᠳ᠋ᠦ ᠂ ᠮᠠᠨ ᠤ ᠰᠢᠭ᠋ ᠡᠶᠢᠮᠦ ᠬᠠᠷᠢᠴᠠᠩᠭᠤᠶ ᠬᠣᠴᠣᠷᠤᠩᠭᠤᠶ ᠭᠠᠵᠠᠷ
ᠣᠷᠤᠨ ᠢ ᠪᠣᠯ ᠰᠤᠷᠤᠯᠭ᠎ᠠ ᠶ᠋ᠢᠨ ᠰᠥᠢᠳᠬᠡᠯ ᠢ ᠲᠥᠯᠥᠵᠦ ᠴᠢᠳᠠᠬᠤ ᠦᠭᠡᠢ ᠶᠤᠮ ᠃ ᠤᠯᠠᠮ ᠨᠢᠭᠡ
ᠠᠯᠬᠤᠮ ᠲᠣᠳᠣᠷᠬᠠᠶᠢᠯᠠᠵᠤ ᠂ ᠠᠵᠤ ᠦᠢᠯᠡᠳᠪᠦᠷᠢᠵᠢᠯᠲᠡ ᠭᠡᠳᠡᠭ ᠪᠣᠯ ᠪᠦᠬᠦ ᠭᠠᠵᠠᠷ ᠲᠤ ᠪᠦᠷ
ᠬᠢᠬᠦ ᠵᠠᠮ ᠪᠢᠰᠢ ᠂ 14 ᠲᠣᠭᠤᠷᠢᠭ ᠢ ᠭᠣᠣᠯ ᠪᠣᠯᠭᠠᠨ ᠠᠳᠬᠤᠬᠤ ᠬᠡᠷᠡᠭᠲᠡᠶ ᠂ 12 ᠬᠣᠲᠠ ᠂ 24
ᠬᠣᠰᠢᠭᠤ ᠰᠢᠶᠠᠨ ᠂ 20 ᠭᠣᠸᠯᠳᠠᠯᠭ᠎ᠠ ᠲᠠᠶ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠂
60 ᠭᠠᠷᠤᠶ ᠭᠣᠣᠯᠳᠠᠯᠭ᠎ᠠ ᠲᠠᠶ ᠠᠵᠤ ᠠᠬᠤᠶᠢᠯᠠᠯ ᠂ ᠡᠳᠡᠭᠡᠷ ᠨᠢ ᠴᠥᠮ ᠰᠢᠨᠵᠢᠯᠡᠬᠦ ᠤᠬᠠᠭᠠᠨᠴᠢ
ᠬᠥᠭᠵᠢᠯᠲᠡ ᠶ᠋ᠢ ᠦᠵᠡᠯᠲᠡ ᠶᠢᠨ ᠱᠠᠭᠠᠷᠳᠠᠯᠭ᠎ᠠ ᠲᠠᠶ ᠨᠡᠶᠢᠴᠡᠬᠦ ᠶᠣᠰᠣᠲᠠᠶ ᠃ ᠡᠯ᠎ᠡ ᠭᠠᠵᠠᠷ
ᠣᠷᠣᠨ ᠂ ᠡᠯ᠎ᠡ ᠰᠠᠯᠠᠭ᠎ᠠ ᠮᠥᠴᠢᠷ ᠦᠨ ᠬᠢᠨ ᠡᠷᠬᠡᠪᠰᠢ ᠠᠷᠪᠠᠨ ᠵᠢᠷᠭᠤᠳᠤᠭᠠᠷ ᠶᠡᠬᠡ ᠬᠤᠷᠠᠯ ᠤᠨ
ᠵᠣᠷᠢᠭ ᠰᠠᠨᠠᠭ᠎ᠠ ᠶ᠋ᠢᠨ ᠶᠣᠰᠤᠭᠠᠷ᠂ ᠬᠥᠮᠦᠨ ᠢᠶ᠋ᠡᠷ ᠭᠣᠣᠯ ᠪᠣᠯᠭᠠᠬᠤ ᠂ ᠪᠦᠷᠢᠨ ᠵᠣᠬᠢᠴᠠᠭᠤᠯᠬᠤ
᠂ ᠦᠷᠭᠦᠯᠵᠢᠯᠡᠨ ᠬᠥᠭᠵᠢᠭᠦᠯᠬᠦ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢᠨ
ᠱᠠᠭᠠᠷᠳᠠᠯᠭ᠎ᠠ ᠪᠠᠷ ᠂ ᠴᠠᠭ ᠦᠢ᠎ᠡ ᠲᠡᠶ ᠵᠡᠷᠭᠡᠴᠡᠨ ᠤᠷᠤᠭᠰᠢᠯᠠᠬᠤ ᠂ ᠲᠠᠰᠤᠷᠠᠯᠲᠠ ᠦᠭᠡᠢ
ᠲᠡᠭᠦᠯᠳᠡᠷᠵᠢᠭᠦᠯᠵᠦ ᠂ ᠬᠥᠭᠵᠢᠯᠲᠡ ᠶ᠋ᠢᠨ ᠰᠡᠳᠬᠢᠴᠡ ᠶ᠋ᠢ ᠬᠢᠨᠠᠮᠠᠭᠠᠶ ᠰᠤᠳᠤᠯᠵᠤ ᠂ ᠠᠵᠤ ᠠᠬᠤᠶ
ᠨᠡᠶᠢᠭᠡᠮ ᠦᠨ ᠠᠮᠢᠳᠤᠷᠠᠯ ᠤᠨ ᠳᠤᠮᠳᠠ ᠲᠠᠰᠤᠷᠠᠯᠲᠠ ᠦᠭᠡᠢ ᠭᠠᠷᠴᠤ ᠪᠠᠶᠢᠭ᠎ᠠ ᠰᠢᠨ᠎ᠡ ᠵᠥᠷᠢᠴᠡᠯ
᠂ ᠰᠢᠨ᠎ᠡ ᠠᠰᠠᠭᠤᠳᠠᠯ ᠢ ᠰᠣᠳᠤᠯᠵᠤ ᠂ ᠠᠷᠭ᠎ᠠ ᠪᠥᠬᠦᠨ ᠢ ᠰᠦᠪᠡᠭᠴᠢᠯᠡᠵᠦ ᠠᠵᠤ ᠠᠬᠤᠢ ᠶ᠋ᠢᠨ
ᠲᠣᠭᠲᠠᠩᠭᠤᠢ ᠬᠥᠭᠵᠢᠯᠲᠡ ᠪᠣᠯᠤᠨ ᠵᠣᠬᠢᠴᠠᠩᠭᠤᠢ ᠬᠥᠭᠵᠢᠯᠲᠡ ᠶ᠋ᠢ ᠪᠠᠲᠤᠯᠠᠬᠤ ᠬᠡᠷᠡᠭᠲᠡᠢ᠃
ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢᠨ ᠠᠶᠢᠳᠠᠪᠤᠷᠢᠵᠢᠭᠤᠯᠵᠤ ᠂ 《
ᠲᠠᠪᠤ᠋ ᠶ᠋ᠢᠨ ᠢᠭᠡᠳᠦᠯᠲᠡᠶ ᠲᠥᠯᠦᠪᠯᠡᠬᠦ》 ᠶ᠋ᠢ ᠪᠡᠶᠡᠯᠡᠭᠦᠯᠬᠦ ᠬᠡᠷᠡᠭᠲᠡᠢ ᠃ ᠣᠷᠣᠨ
ᠪᠦᠰᠡ ᠶ᠋ᠢᠨ ᠬᠥᠭᠵᠢᠯᠲᠡ ᠶ᠋ᠢᠨ ᠢᠭᠡᠳᠦᠯᠲᠡᠶ ᠲᠥᠯᠥᠪᠵᠢᠭᠦᠯᠬᠦ ᠲᠤᠬᠠᠶ ᠃ ᠭᠠᠵᠠᠷ ᠣᠷᠣᠨ ᠤ ᠠᠵᠤ
ᠠᠬᠤᠢ ᠶ᠋ᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠪᠣᠯ ᠡᠯ᠎ᠡ ᠤᠯᠤᠰ ᠤᠨ ᠠᠵᠤ ᠠᠬᠤᠢ ᠶ᠋ᠢᠨ
ᠬᠥᠭᠵᠢᠯᠲᠡ ᠶ᠋ᠢᠨ ᠶᠠᠪᠤᠴᠠ ᠳᠤᠮᠳᠠᠬᠢ ᠨᠡᠶᠢᠳᠡᠮ ᠦᠨ ᠵᠢᠮ᠎ᠡ ᠶᠣᠰᠣ ᠂ ᠬᠠᠤᠯᠢ᠂ ᠬᠥᠭᠵᠢᠭᠰᠡᠨ
ᠤᠯᠤᠰ ᠤᠨ ᠬᠥᠭᠵᠢᠯᠲᠡ ᠶ᠋ᠢᠨ ᠶᠠᠪᠤᠴᠠ ᠳ᠋ᠦ ᠂ ᠭᠠᠵᠠᠷ ᠣᠷᠣᠨ ᠤ ᠬᠥᠭᠵᠢᠯᠲᠡ ᠲᠡᠩᠴᠡᠭᠦᠷᠢ
ᠦᠭᠡᠢ ᠪᠠᠶᠢᠬᠤ ᠠᠰᠠᠭᠤᠳᠠᠯ ᠴᠥᠮ ᠭᠠᠷᠴᠤ ᠥᠩᠭᠡᠷᠡᠭᠰᠡᠨ ᠶᠤᠮ ᠃ ᠳᠤᠮᠳᠠᠳᠤ ᠤᠯᠤᠰ ᠡᠷᠲᠡᠨ ᠡᠴᠡ
ᠠᠪᠤᠭᠠᠳ ᠭᠠᠵᠠᠷ ᠣᠷᠣᠨ ᠤ ᠠᠵᠤ ᠠᠬᠤᠢ ᠶ᠋ᠢᠨ ᠬᠥᠭᠵᠢᠯᠲᠡ ᠲᠡᠩᠴᠡᠭᠦᠷᠢ ᠦᠬᠡᠢ ᠪᠠᠶᠢᠬᠤ
ᠠᠰᠠᠭᠤᠳᠠᠯ ᠣᠷᠣᠰᠢᠵᠤ ᠪᠠᠶᠢᠵᠠᠢ᠂ ᠬᠥᠭᠵᠢᠯᠲᠡ ᠶ᠋ᠢᠨ ᠭᠣᠣᠯ ᠨᠢ ᠴᠦ ᠲᠣᠭᠲᠠᠪᠤᠷᠢᠲᠠᠶ ᠪᠢᠰᠢ ᠃
ᠮᠠᠨ ᠤ ᠤᠯᠤᠰ ᠲᠤ ᠲᠤᠯᠭᠠᠷᠠᠵᠤ ᠪᠠᠶᠢᠭ᠎ᠠ ᠣᠷᠣᠨ ᠪᠦᠰᠡ ᠶ᠋ᠢᠨ ᠬᠥᠭᠵᠢᠯᠲᠡ ᠲᠡᠩᠴᠡᠭᠦᠷᠢ ᠦᠬᠡᠢ
ᠪᠠᠶᠢᠬᠤ ᠠᠰᠠᠭᠤᠳᠠᠯ ᠨᠢ ᠬᠡᠪ ᠦᠨ ᠶᠠᠪᠤᠳᠠᠯ ᠪᠣᠯ ᠬᠥᠭᠵᠢᠯᠲᠡ ᠶ᠋ᠢᠨ ᠳᠤᠮᠳᠠᠬᠢ ᠨᠢᠭᠡᠨ ᠱᠠᠲᠤ
ᠦᠶ᠎ᠡ ᠶ᠋ᠢᠨ ᠴᠢᠨᠠᠷᠲᠠᠶ ᠦᠵᠡᠭᠳᠡᠯ ᠂ ᠪᠢᠳᠡ ᠲᠡᠭᠦᠨ ᠢ ᠬᠦᠨᠳᠦᠳᠬᠡᠵᠦ ᠦᠵᠡᠳᠡᠭ ᠂ ᠡᠭᠦᠨ ᠤ
ᠬᠠᠮᠲᠤ ᠪᠠᠰᠠ ᠠᠷᠭ᠎ᠠ ᠪᠥᠬᠦᠨ ᠢ ᠰᠦᠪᠡᠭᠴᠢᠯᠡᠵᠦ ᠪᠠᠶᠢᠭᠠᠳ ᠲᠡᠭᠦᠨ ᠢ ᠰᠢᠶᠳᠪᠦᠷᠢᠯᠡᠬᠦ ᠦᠭᠡᠢ ᠃
ᠲᠡᠩᠴᠡᠭᠦᠷᠢᠲᠦ ᠪᠤᠰᠤ ᠬᠥᠭᠵᠢᠯᠲᠡ ᠶ᠋ᠢ ᠵᠥᠪ ᠰᠢᠶᠳᠪᠦᠷᠢᠯᠡᠬᠦ ᠪᠠ ᠬᠥᠭᠵᠢᠯᠲᠡ ᠶ᠋ᠢᠨ
ᠬᠠᠷᠢᠴᠠᠭ᠎ᠠ ᠶ᠋ᠢ ᠵᠣᠬᠢᠴᠠᠭᠤᠯᠬᠤ ᠃ ᠥᠭᠡᠷᠡᠴᠢᠯᠡᠯᠲᠡ ᠨᠡᠭᠡᠭᠡᠯᠲᠡ ᠶ᠋ᠢᠨ ᠡᠬᠢᠨ ᠤ
ᠦᠶ᠎ᠡ ᠳ᠋ᠤ ᠂ ᠳ᠋ᠧᠩ ᠰᠢᠶᠤᠤ ᠫᠢᠩ ᠨᠥᠬᠦᠷ ᠦᠨ ᠲᠠᠯᠠᠢ ᠳᠠᠭᠠᠤ ᠣᠷᠤᠨ ᠢ ᠬᠥᠭᠵᠢᠭᠦᠯᠬᠦ
ᠪᠠᠶᠢᠯᠳᠤᠬᠤ ᠪᠣᠳᠤᠯᠭ᠎ᠠ ᠶ᠋ᠢ ᠵᠢᠷᠤᠮᠯᠠᠵᠤ ᠂ ᠠᠵᠤ ᠠᠬᠤᠢ ᠶ᠋ᠢᠨ ᠬᠥᠭᠵᠢᠯᠲᠡ ᠲᠡᠩᠴᠡᠭᠦᠷᠢ ᠦᠭᠡᠢ
ᠵᠢᠮ᠎ᠡ ᠶᠣᠰᠤ ᠶ᠋ᠢ ᠳᠤᠷᠠᠳᠤᠭᠰᠠᠨ ᠪᠠᠶᠢᠨ᠎ᠠ ᠃ ᠲᠠᠯᠠᠢ ᠳᠠᠭᠠᠤ ᠣᠷᠣᠨ ᠳ᠋ᠦ ᠲᠠᠷᠬᠠᠭᠠᠭᠰᠠᠨ
ᠦᠵᠡᠰᠬᠦᠯᠡᠩ ᠨᠢ ᠵᠣᠬᠢᠬᠤ ᠬᠡᠮᠵᠢᠶᠡᠨ ᠳ᠋ᠦ ᠬᠦᠷᠲᠡᠯ᠎ᠡ ᠂ ᠵᠡᠭᠦᠨ ᠪᠠᠷᠠᠭᠤᠨ ᠣᠷᠣᠨ ᠤ
ᠵᠥᠷᠢᠶ᠎ᠡ ᠲᠡᠶ ᠥᠷᠭᠡᠵᠢᠵᠦ ᠪᠠᠶᠢᠭ᠎ᠠ ᠪᠠᠶᠢᠳᠠᠯ ᠳᠣᠣᠷ᠎ᠠ ᠂ ᠲᠥᠪ ᠬᠣᠷᠢᠶ᠎ᠠ ᠡᠴᠠ ᠪᠠᠷᠠᠭᠤᠨ
ᠬᠡᠰᠡᠭ ᠦᠨ ᠭᠠᠵᠠᠷ ᠣᠷᠤᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠤᠯᠭ᠎ᠠ ᠢ
ᠤᠷᠠᠳᠴᠤ ᠂ ᠡᠨᠡ ᠪᠣᠯ ᠠᠵᠤ ᠠᠬᠤᠢ ᠶ᠋ᠢᠨ ᠵᠣᠬᠢᠴᠠᠩᠭᠤᠶ ᠬᠥᠭᠵᠢᠯᠲᠡ ᠶ᠋ᠢᠨ ᠵᠢᠮ᠎ᠡ ᠶᠣᠰᠤ ᠶ᠋ᠢ
ᠳᠤᠷᠠᠳᠴᠤ ᠭᠠᠷᠭᠠᠭᠰᠠᠨ ᠶᠤᠮ ᠃ ᠣᠷᠣᠨ ᠪᠦᠰᠡ ᠶ᠋ᠢᠨ ᠬᠣᠭᠣᠷᠣᠨᠳᠣᠬᠢ ᠬᠥᠭᠵᠢᠯᠲᠡ ᠲᠡᠩᠴᠡᠭᠦᠷᠢ
ᠦᠭᠡᠢ ᠪᠠᠶᠢᠬᠤ ᠶ᠋ᠢ ᠴᠢᠬᠤᠯᠠᠴᠢᠯᠠᠨ ᠦᠵᠡᠬᠦ ᠬᠡᠷᠡᠭᠲᠡᠶ ᠂ ᠭᠡᠪᠡᠴᠦ ᠡᠨᠡ ᠠᠰᠠᠭᠤᠳᠠᠯ ᠮᠠᠰᠢ
ᠤᠯᠠᠨ ᠬᠦᠴᠦᠨ ᠵᠦᠢᠯ ᠳ᠋ᠦ ᠨᠥᠯᠥᠭᠡᠯᠡᠭᠳᠡᠳᠡᠭ ᠂ ᠨᠢᠭᠡᠨ ᠨᠡᠯᠢᠶᠡᠳ ᠤᠷᠲᠤ ᠬᠤᠭᠤᠴᠠᠭᠠᠨ ᠳ᠋ᠦ
ᠰᠢᠶᠳᠪᠦᠷᠢᠯᠡᠬᠦ ᠬᠡᠷᠡᠭᠲᠡᠶ ᠃ ᠶᠡᠷᠦᠩᠬᠡᠶᠢᠯᠡᠨ ᠵᠠᠳᠠᠯᠵᠤ ᠂ ᠪᠢ ᠤᠯᠤᠰ ᠤᠨ ᠳᠡᠭᠡᠷ᠎ᠡ
ᠵᠠᠭᠤᠨ ᠤ ᠶᠡᠷᠡᠭᠡᠳ ᠣᠨ ᠤ ᠦᠶ᠎ᠡ ᠡᠴᠠ ᠨᠠᠰᠢᠬᠢ ᠬᠥᠭᠵᠢᠯᠲᠡ ᠶ᠋ᠢᠨ ᠵᠠᠮ ᠂ ᠬᠣᠶᠠᠷ
ᠮᠠᠭᠠᠳᠯᠠᠯᠲᠠ ᠭᠠᠷᠭᠠᠵᠤ ᠪᠣᠯᠤᠨ᠎ᠠ ᠂ ᠨᠢᠭᠡ ᠳ᠋ᠦ ᠂ ᠵᠡᠭᠦᠨ ᠂ ᠳᠤᠮᠳᠠ ᠂ ᠪᠠᠷᠠᠭᠤᠨ
ᠬᠡᠰᠡᠭ ᠦᠨ ᠭᠠᠵᠠᠷ ᠣᠷᠣᠨ ᠤ ᠬᠥᠭᠵᠢᠯᠲᠡ ᠶ᠋ᠢᠨ ᠵᠥᠷᠢᠶ᠎ᠡ ᠣᠶᠢᠷ᠎ᠠ ᠳ᠋ᠤ ᠪᠦᠬᠦᠯᠢ ᠴᠣᠭᠴᠠ ᠡᠴᠠ
ᠨᠢ ᠦᠷᠭᠦᠯᠵᠢᠯᠡᠨ ᠨᠡᠮᠡᠭᠳᠡᠬᠦ ᠪᠠᠶᠢᠳᠠᠯ ᠲᠠᠶ ᠪᠠᠶᠢᠨ᠎ᠠ ᠃ ᠬᠣᠶᠠᠷ ᠲᠤ ᠂ ᠤᠯᠤᠰ ᠣᠷᠣᠨ ᠤ
ᠠᠵᠤ ᠠᠬᠤᠢ ᠶ᠋ᠢᠨ ᠪᠣᠳᠠᠲᠤ ᠬᠦᠴᠦᠨ ᠴᠢᠩᠭᠠᠷᠠᠵᠤ ᠪᠠᠶᠢᠨ᠎ᠠ ᠂ ᠪᠣᠯᠤᠯᠴᠠᠭ᠎ᠠ ᠲᠠᠶ ᠭᠡᠵᠦ ᠨᠡᠩ
ᠶᠡᠬᠡ ᠬᠦᠴᠦ ᠬᠣᠴᠣᠷᠤᠩᠭᠤᠶ ᠭᠠᠵᠠᠷ ᠣᠷᠣᠨ ᠤ ᠬᠥᠭᠵᠢᠯᠲᠡ ᠶ᠋ᠢ ᠳᠡᠮᠵᠢᠬᠦ ᠂ ᠭᠠᠵᠠᠷ ᠣᠷᠣᠨ ᠤ
ᠵᠥᠷᠢᠶ᠎ᠡ ᠶᠡᠬᠡᠰᠴᠦ ᠪᠠᠶᠢᠭ᠎ᠠ ᠬᠠᠨᠳᠤᠰᠢ ᠶ᠋ᠢ ᠬᠢᠵᠠᠭᠠᠷᠯᠠᠬᠤ ᠲᠠᠯ᠎ᠠ ᠪᠠᠷ ᠨᠡᠯᠢᠶᠡᠳ ᠬᠦᠨᠳᠦ
ᠣᠷᠣᠰᠢᠵᠤ ᠪᠠᠶᠢᠨ᠎ᠠ ᠃ ᠭᠠᠵᠠᠷ ᠣᠷᠣᠨ ᠤ ᠵᠡᠭᠦᠨ ᠬᠡᠰᠡᠭ ᠪᠠ ᠳᠤᠮᠳᠠ ᠬᠡᠰᠡᠭ ᠪᠠᠷᠠᠭᠤᠨ
ᠬᠡᠰᠡᠭ ᠦᠨ ᠬᠣᠭᠣᠷᠣᠨᠳᠣ ᠵᠥᠷᠢᠶ᠎ᠡ ᠢᠯᠡᠷᠡᠵᠦ ᠂ ᠢᠯᠡᠷᠡᠵᠦ ᠪᠠᠶᠢᠬᠤ ᠪᠠᠷ ᠪᠠᠷᠠᠬᠤ ᠦᠭᠡᠢ ᠂
ᠮᠤᠵᠢ ᠂ ᠬᠣᠲᠠ ᠂ ᠥᠪᠡᠷᠲᠡᠭᠡᠨ ᠵᠠᠰᠠᠬᠤ ᠣᠷᠣᠨ ᠤ ᠬᠣᠭᠣᠷᠣᠨᠳᠣ ᠴᠤ ᠢᠯᠡᠷᠡᠵᠦ ᠮᠤᠵᠢ ᠂
ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠠᠨ ᠃ ᠮᠤᠵᠢ ᠂ ᠥᠪᠡᠷᠲᠡᠭᠡᠨ ᠵᠠᠰᠠᠬᠤ ᠣᠷᠣᠨ ᠤ
ᠳᠣᠲᠣᠷᠠᠬᠢ ᠠᠳᠠᠯᠢ ᠪᠤᠰᠤ ᠬᠣᠲᠠ ᠂ ᠰᠢᠶᠠᠨ ᠤ ᠬᠣᠭᠣᠷᠣᠨᠳᠣᠬᠢ ᠵᠥᠷᠢᠶ᠎ᠡ ᠨᠢ ᠪᠦᠬᠦ ᠤᠯᠤᠰ ᠤᠨ
ᠭᠠᠵᠠᠷ ᠣᠷᠣᠨ ᠤ ᠬᠥᠭᠵᠢᠯᠲᠡ ᠶ᠋ᠢᠨ ᠵᠥᠷᠢᠶ᠎ᠡ ᠶ᠋ᠢ ᠬᠤᠷᠢᠶᠠᠩᠭᠤᠢ ᠳᠦᠷᠰᠦ ᠪᠣᠯᠤᠨ᠎ᠠ ᠭᠡᠵᠦ
ᠦᠵᠡᠵᠦ ᠪᠣᠯᠤᠨ᠎ᠠ ᠂ ᠪᠠᠰᠠ ᠴᠤ ᠳᠤᠮᠳᠠᠳᠤ ᠤᠯᠤᠰ ᠤᠨ ᠠᠵᠤ ᠠᠬᠤᠢ ᠶ᠋ᠢᠨ ᠬᠥᠭᠵᠢᠯᠲᠡ ᠲᠡᠩᠴᠡᠭᠦᠷᠢ
ᠦᠭᠡᠢ ᠪᠠᠶᠢᠭ᠎ᠠ ᠶ᠋ᠢᠨ ᠢᠯᠡᠷᠡᠯ ᠮᠥᠨ ᠃ ᠥᠪᠥᠷ ᠮᠣᠩᠭᠣᠯ ᠣᠷᠣᠨ ᠪᠦᠰᠡ ᠶ᠋ᠢᠨ ᠬᠣᠭᠣᠷᠣᠨᠳᠣᠬᠢ
ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠵᠣᠬᠢᠬᠤ ᠬᠡᠮᠵᠢᠶ᠎ᠡ ᠪᠡᠷ ᠣᠷᠣᠰᠢᠵᠤ
ᠪᠠᠶᠢᠨ᠎ᠠ ᠃ ᠤᠯᠠᠭᠠᠨᠬᠠᠳᠠ ᠬᠣᠲᠠ ᠶ᠋ᠢᠨ ᠬᠥᠮᠦᠨ ᠠᠮᠠ ᠨᠢ ᠣᠷᠳᠣᠰ ᠬᠣᠲᠠ ᠶᠢᠨ 3.5 ᠳᠠᠬᠢᠨ ᠂
ᠭᠡᠪᠡᠴᠦ ᠠᠵᠤ ᠠᠬᠤᠢ ᠶ᠋ᠢᠨ ᠶᠡᠷᠦᠩᠬᠡᠶ ᠬᠡᠮᠵᠢᠶ᠎ᠡ ᠣᠷᠳᠣᠰ ᠬᠣᠲᠠ ᠶ᠋ᠢᠨ ᠬᠢ ᠡᠴᠡ ᠵᠢᠭᠠᠬᠠᠨ
ᠪᠠᠭ᠎ᠠ ᠂ ᠲᠦᠩᠯᠢᠶᠣᠤ ᠬᠣᠲᠠ ᠶ᠋ᠢᠨ ᠠᠵᠤ ᠠᠬᠤᠢ ᠶ᠋ᠢᠨ ᠶᠡᠷᠦᠩᠬᠡᠶ ᠬᠡᠮᠵᠢᠶ᠎ᠡ ᠨᠢ ᠤᠤᠯ ᠳᠠᠭᠠᠨ
ᠬᠥᠬᠡᠬᠣᠲᠠ ᠲᠠᠢ ᠳᠡᠮᠡᠢ ᠵᠥᠷᠢᠶᠡᠨ ᠦᠭᠡᠢ ᠂ ᠭᠡᠪᠡᠴᠦ ᠣᠶᠢᠷ᠎ᠠ ᠶ᠋ᠢᠨ ᠵᠢᠯ ᠬᠥᠬᠡᠬᠣᠲᠠ ᠡᠴᠠ
40% ᠪᠠᠷ ᠪᠠᠭᠠᠰᠤᠭᠰᠠᠨ ᠪᠠᠶᠢᠨ᠎ᠠ᠂ ᠬᠥᠮᠦᠨ ᠠᠮᠠ ᠨᠢ ᠬᠠᠷᠢᠨ ᠬᠥᠬᠡᠬᠣᠲᠠ ᠶ᠋ᠢᠨ 1. 5 ᠳᠠᠬᠢᠨ
ᠪᠠᠶᠢᠳᠠᠭ ᠃ ᠵᠡᠭᠦᠨ ᠲᠦᠷᠪᠡᠨ ᠠᠶᠢᠮᠠᠭ ᠬᠣᠲᠠ ᠶ᠋ᠢᠨ ᠤᠤᠯ ᠤ ᠬᠥᠳᠡᠭᠡ ᠠᠵᠤ ᠠᠬᠤᠢ ᠶ᠋ᠢᠨ
ᠰᠠᠭᠤᠷᠢ ᠨᠡᠯᠢᠶᠡᠳ ᠰᠠᠶᠢᠨ ᠂ ᠭᠡᠪᠡᠴᠦ ᠠᠵᠤ ᠥᠢᠯᠡᠳᠪᠦᠷᠢᠵᠢᠯᠲᠡ ᠶ᠋ᠢᠨ ᠠᠬᠢᠴᠠ ᠨᠢ
ᠬᠠᠷᠢᠴᠠᠩᠭᠤᠶ ᠪᠠᠷ ᠤᠳᠠᠭᠠᠪᠳᠤᠷ ᠂ ᠬᠥᠭᠵᠢᠯᠲᠡ ᠶ᠋ᠢᠨ ᠬᠤᠷᠳᠤᠴᠠ ᠨᠥᠯᠥᠭᠡᠯᠡᠭᠳᠡᠬᠦ ᠪᠣᠯᠤᠨ᠎ᠠ ᠃
ᠭᠠᠵᠠᠷ ᠣᠷᠣᠨ ᠤ ᠬᠣᠭᠣᠷᠣᠨᠳᠣᠬᠢ ᠵᠥᠷᠢᠶ᠎ᠡ ᠶ᠋ᠢᠨ ᠮᠥᠨ ᠴᠢᠨᠠᠷ ᠪᠣᠯ ᠠᠵᠤ
ᠥᠢᠯᠡᠳᠪᠦᠷᠢᠵᠢᠯᠲᠡ ᠶ᠋ᠢᠨ ᠠᠬᠢᠴᠠ ᠶ᠋ᠢᠨ ᠬᠤᠷᠳᠤᠨ ᠤᠳᠠᠭᠠᠨ ᠨᠢ ᠮᠠᠨ ᠤ ᠣᠷᠣᠨ ᠤ ᠣᠷᠣᠨ
ᠪᠦᠰᠡ ᠶ᠋ᠢᠨ ᠬᠣᠭᠣᠷᠣᠨᠳᠣᠬᠢ ᠵᠥᠷᠢᠶ᠎ᠡ ᠨᠢ ᠠᠵᠤ ᠦᠢᠯᠡᠳᠪᠦᠷᠢᠵᠢᠯᠲᠡ ᠶ᠋ᠢᠨ ᠠᠬᠢᠴᠠ ᠶ᠋ᠢᠨ
ᠵᠥᠷᠢᠶ᠎ᠡ ᠳᠡᠭᠡᠷ᠎ᠡ ᠴᠦ ᠢᠯᠡᠷᠡᠳᠡᠭ ᠃ ᠣᠷᠣᠨ ᠪᠦᠰᠡ ᠶ᠋ᠢᠨ ᠬᠥᠭᠵᠢᠯᠲᠡ ᠶ᠋ᠢᠨ ᠠᠰᠠᠭᠤᠳᠠᠯ ᠢ
ᠰᠢᠶᠳᠪᠦᠷᠢᠯᠡᠬᠦ ᠲᠠᠯ᠎ᠠ ᠪᠠᠷ ᠂ ᠪᠢᠳᠡ ᠵᠢᠷᠤᠮᠯᠠᠬᠤ ᠶ᠋ᠢ ᠪᠠᠷᠢᠮᠲᠠᠯᠠᠵᠤ ᠂ ᠲᠡᠩᠴᠡᠭᠦᠷᠢᠲᠦ
ᠪᠤᠰᠤ ᠬᠥᠭᠵᠢᠯᠲᠡ ᠶ᠋ᠢᠨ ᠲᠠᠯ᠎ᠠ ᠪᠠᠷ ᠵᠣᠬᠢᠴᠠᠩᠭᠤᠶ ᠬᠥᠭᠵᠢᠬᠦ ᠵᠢᠮ᠎ᠡ ᠶᠣᠰᠣ ᠮᠥᠨ ᠃
ᠲᠡᠩᠴᠡᠭᠦᠷᠢᠲᠦ ᠪᠤᠰᠤ ᠬᠥᠭᠵᠢᠯᠲᠡ ᠶ᠋ᠢᠨ ᠵᠢᠮ᠎ᠡ ᠶᠣᠰᠤ ᠶ᠋ᠢ ᠵᠢᠷᠤᠮᠯᠠᠨ ᠂ ᠳᠠᠷᠤᠶ ᠳᠠᠪᠠᠭᠤᠯᠢᠭ
ᠭᠠᠵᠠᠷ ᠣᠷᠣᠨ ᠤ ᠤᠷᠢᠳᠠᠪᠠᠷ ᠬᠥᠭᠵᠢᠬᠦ ᠶ᠋ᠢ ᠥᠪᠡᠷᠲᠡᠭᠡᠨ ᠵᠠᠰᠠᠬᠤ ᠣᠷᠣᠨ ᠤ ᠪᠦᠬᠦᠯᠢ
ᠴᠣᠭᠴᠠ ᠶ᠋ᠢᠨ ᠪᠣᠳᠠᠲᠤ ᠬᠦᠴᠦᠨ ᠴᠢᠩᠭᠠᠷᠠᠨ ᠂ ᠢᠩᠭᠢᠪᠡᠯ ᠨᠡᠯᠢᠶᠡᠳ ᠶᠡᠬᠡ ᠪᠠᠶᠢᠵᠤ ᠴᠢᠳᠠᠬᠤ
ᠴᠢᠳᠠᠪᠤᠷᠢ ᠨᠢ ᠬᠥᠭᠵᠢᠭᠡᠳᠦᠶ ᠬᠣᠰᠢᠭᠤ ᠰᠢᠶᠠᠨ ᠤ ᠡᠳ᠋ ᠦᠨ ᠵᠠᠰᠠᠭ ᠢ ᠰᠢᠯᠵᠢᠭᠦᠯᠦᠨ ᠥᠭᠬᠦ
ᠪᠣᠯᠤᠯᠴᠠᠭ᠎ᠠ ᠲᠠᠢ ᠃ ᠳᠠᠪᠠᠭᠤᠯᠢᠭ ᠭᠠᠵᠠᠷ ᠣᠷᠣᠨ ᠤ ᠤᠷᠢᠳᠠᠪᠠᠷ ᠬᠥᠭᠵᠢᠭᠦᠯᠬᠦ ᠶ᠋ᠢᠨ ᠬᠠᠮᠲᠤ ᠂
ᠥᠪᠡᠷᠲᠡᠭᠡᠨ ᠵᠠᠰᠠᠬᠤ ᠣᠷᠣᠨ ᠤ ᠬᠢᠨ ᠵᠣᠬᠢᠰᠲᠠᠶ ᠳᠠᠪᠠᠭᠤᠯᠢᠭ ᠪᠤᠰᠤ ᠣᠷᠣᠨ ᠤ
ᠬᠥᠭᠵᠢᠯᠲᠡ ᠶ᠋ᠢ ᠳᠡᠮᠵᠢᠵᠦ ᠂ ᠳᠠᠪᠠᠭᠤᠯᠢᠭ ᠪᠤᠰᠤ ᠭᠠᠵᠠᠷ ᠣᠷᠣᠨ ᠴᠤ ᠥᠪᠡᠷ ᠦᠨ
ᠪᠣᠳᠠᠲᠠᠶ ᠡᠴᠡ ᠪᠠᠨ ᠡᠭᠦᠰᠴᠦ ᠂ ᠬᠠᠶᠢᠨ ᠰᠦᠪᠡᠭᠴᠢᠯᠡᠵᠦ ᠂ ᠲᠦᠷᠭᠡᠪᠴᠢᠯᠡᠨ ᠬᠥᠭᠵᠢᠭᠦᠯᠵᠦ ᠂
ᠵᠠᠮ ᠢ ᠨᠡᠭᠡᠭᠡᠬᠦ ᠬᠡᠷᠡᠭᠲᠡᠶ ᠃ ᠵᠢᠱᠢᠶᠡᠯᠡᠪᠡᠯ ᠂ ᠲᠦᠩᠯᠢᠶᠣᠤ ᠬᠣᠲᠠ ᠲᠠᠷᠢᠶᠠᠯᠠᠩ ᠮᠠᠯ ᠠᠵᠤ
ᠠᠬᠤᠢ ᠶ᠋ᠢᠨ ᠠᠵᠤ ᠦᠢᠯᠡᠰᠵᠢᠯᠲᠡ ᠂ ᠤᠯᠠᠭᠠᠨᠬᠠᠳᠠ ᠬᠣᠲᠠ ᠶ᠋ᠢᠨ ᠠᠭᠤᠷᠬᠠᠢ ᠶ᠋ᠢᠨ
ᠭᠠᠷᠤᠯᠲᠠ ᠶ᠋ᠢᠨ ᠡᠬᠢ ᠪᠠᠶᠠᠯᠢᠭ ᠂ ᠬᠥᠯᠥᠨ ᠪᠣᠶᠢᠷ ᠬᠣᠲᠠ ᠶ᠋ᠢᠨ ᠵᠢᠭᠤᠯᠴᠢᠯᠠᠯ ᠤᠨ ᠠᠵᠤ ᠠᠬᠤᠶ
ᠪᠣᠯᠤᠨ ᠪᠣᠭᠤᠮᠲᠠ ᠶ᠋ᠢᠨ ᠠᠵᠤ ᠠᠬᠤᠢ ᠶ᠋ᠢᠨ ᠲᠠᠯ᠎ᠠ ᠪᠠᠷ ᠬᠢᠬᠦ ᠠᠵᠢᠯ ᠪᠠᠶᠢᠬᠤ ᠶᠤᠮ ᠃
ᠬᠤᠳᠠ ᠬᠥᠳᠡᠭᠡ ᠶ᠋ᠢᠨ ᠬᠥᠭᠵᠢᠯᠲᠡ ᠶ᠋ᠢᠨ ᠢᠭᠡᠳᠦᠯᠲᠡᠶ ᠲᠥᠯᠥᠪᠯᠡᠬᠦ ᠲᠤᠬᠠᠶ ᠃ ᠬᠤᠳᠠ
ᠬᠦᠳᠡᠭᠡ ᠶ᠋ᠢᠨ ᠬᠥᠭᠵᠢᠯᠲᠡ ᠶ᠋ᠢᠨ ᠢᠭᠡᠳᠦᠯᠲᠡᠶ ᠲᠥᠯᠥᠪᠯᠡᠬᠦ ᠮᠥᠨ ᠴᠢᠨᠠᠷ ᠪᠣᠯ ᠲᠠᠷᠢᠶᠠᠯᠠᠩ
ᠬᠥᠳᠡᠭᠡ ᠲᠣᠰᠬᠣᠨ ᠲᠠᠷᠢᠶᠠᠴᠢᠨ ᠤ ᠠᠰᠠᠭᠤᠳᠠᠯ ᠢ ᠰᠢᠶᠳᠪᠦᠷᠢᠯᠡᠵᠦ ᠂ ᠬᠣᠶᠠᠷ ᠡᠰᠢᠲᠦ
ᠠᠬᠢᠭᠤᠯᠬᠤ ᠠᠵᠤ ᠠᠬᠤᠢ ᠶ᠋ᠢᠨ ᠪᠥᠲᠦᠴᠡ ᠶ᠋ᠢᠨ ᠬᠤᠪᠢᠷᠠᠯᠲᠠ ᠭᠠᠷᠭᠠᠬᠤ ᠬᠡᠷᠡᠭᠲᠡᠶ ᠃ ᠬᠣᠲᠠ
ᠬᠦᠳᠡᠭᠡ ᠶ᠋ᠢᠨ ᠵᠥᠷᠢᠶ᠎ᠡ ᠶᠡᠬᠡᠰᠴᠦ ᠂ ᠣᠯᠠᠨ ᠲᠠᠯ᠎ᠠ ᠪᠠᠷ ᠢᠯᠡᠷᠡᠵᠦ ᠂ ᠬᠠᠮᠤᠭ ᠤᠨ
ᠲᠣᠪᠣᠶᠢᠮ᠎ᠠ ᠢᠯᠡᠷᠡᠭᠦᠯᠵᠦ ᠂ ᠬᠣᠲᠠ ᠬᠦᠳᠡᠭᠡ ᠶ᠋ᠢᠨ ᠰᠠᠭᠤᠭᠠᠯᠢ ᠠᠷᠠᠳ ᠤᠨ ᠣᠷᠤᠯᠭ᠎ᠠ ᠶ᠋ᠢᠨ
ᠵᠥᠷᠢᠶ᠎ᠡ ᠨᠢ ᠶᠡᠬᠡᠰᠴᠦ ᠪᠠᠶᠢᠨ᠎ᠠ ᠃ ᠬᠤᠳᠠ ᠬᠦᠳᠡᠭᠡ ᠶ᠋ᠢᠨ ᠬᠣᠶᠠᠷ ᠡᠰᠢᠲᠦ ᠪᠦᠲᠥᠴᠡ ᠶ᠋ᠢ
ᠤᠳᠤ ᠦᠶ᠎ᠡ ᠶ᠋ᠢᠨ ᠨᠡᠶᠢᠭᠡᠮ ᠦᠨ ᠠᠵᠤ ᠠᠬᠤᠢ ᠶ᠋ᠢᠨ ᠪᠥᠲᠦᠴᠡ ᠶ᠋ᠢ ᠬᠤᠪᠢᠷᠠᠭᠤᠯᠬᠤ ᠶᠠᠪᠤᠳᠠᠯ
ᠪᠣᠯ ᠬᠣᠶᠢᠰᠢᠲᠠ ᠶ᠋ᠢᠨ ᠬᠡᠳᠦᠨ ᠵᠢᠯ ᠦᠨ ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠦᠨ
ᠬᠥᠭᠵᠢᠯᠲᠡ ᠶ᠋ᠢᠨ ᠦᠨᠳᠦᠰᠦᠨ ᠬᠠᠨᠳᠤᠰᠢ ᠮᠦᠨ ᠃ ᠬᠣᠶᠠᠷ ᠡᠰᠢᠲᠦ ᠪᠥᠲᠦᠴᠡ ᠶ᠋ᠢ ᠬᠤᠪᠢᠷᠠᠭᠤᠯᠬᠤ
ᠦᠨᠳᠦᠰᠦᠨ ᠠᠷᠭ᠎ᠠ ᠵᠠᠮ ᠪᠣᠯ ᠬᠤᠲᠠ ᠪᠠᠯᠭᠠᠰᠤᠵᠢᠯᠲᠠ ᠵᠢ ᠲᠦᠯᠬᠢᠨ ᠠᠬᠢᠭᠤᠯᠵᠤ ᠠᠵᠤ
ᠦᠢᠯᠡᠳᠪᠦᠷᠢᠵᠢᠭᠦᠯᠬᠦ ᠬᠡᠷᠡᠭᠲᠡᠶ ᠶᠤᠮ ᠃ ᠬᠣᠶᠢᠰᠢᠳᠠ ᠠᠵᠤ ᠠᠬᠤᠶ ᠨᠡᠶᠢᠭᠡᠮ ᠦᠨ ᠬᠥᠭᠵᠢᠯᠲᠡ
ᠳᠤᠮᠳᠠ ᠪᠠᠰᠠ ᠨᠡᠩ ᠶᠡᠬᠡ ᠦᠢᠯᠡᠳᠦᠯ ᠭᠠᠷᠭᠠᠬᠤ ᠬᠡᠷᠡᠭᠲᠡᠶ ᠂ ᠬᠥᠮᠦᠨ ᠠᠮᠠ ᠶ᠋ᠢᠨ ᠪᠠ
ᠨᠡᠶᠢᠭᠡᠮ ᠦᠨᠡᠬᠢ ᠪᠠᠶᠠᠯᠢᠭ ᠢ ᠳᠠᠷᠤᠶ ᠬᠤᠳ᠋ᠠ ᠳ᠋ᠦ ᠲᠥᠪᠯᠡᠷᠡᠭᠦᠯᠬᠦ ᠳ᠋ᠦ ᠂ ᠠᠵᠤ
ᠠᠬᠤᠢ ᠶ᠋ᠢᠨ ᠬᠥᠭᠵᠢᠯᠲᠡ ᠨᠢ ᠨᠡᠩ ᠶᠡᠬᠡ ᠬᠡᠮᠵᠢᠶᠡᠨ ᠳᠡᠭᠡᠷ᠎ᠡ ᠪᠣᠯ ᠬᠣᠲᠠ ᠶ᠋ᠢᠨ
ᠬᠥᠭᠵᠢᠯ ᠳ᠋ᠦ ᠲᠦᠰᠢᠭᠯᠡᠬᠦ ᠬᠡᠷᠡᠭᠲᠡᠶ ᠃ ᠥᠨᠥ ᠭᠠᠵᠠᠷ ᠣᠷᠣᠨ ᠤ ᠬᠣᠭᠣᠷᠣᠨᠳᠣᠬᠢ
ᠥᠷᠢᠰᠥᠯᠳᠦᠭᠡᠨ ᠴᠦ ᠡᠳᠦᠷ ᠢᠷᠡᠬᠦᠶ᠎ᠡ ᠬᠣᠲᠠ ᠶ᠋ᠢᠨ ᠬᠣᠭᠣᠷᠣᠨᠳᠣᠬᠢ ᠥᠷᠢᠰᠥᠯᠳᠦᠭᠡᠨ ᠪᠤᠯᠵᠤ
ᠢᠯᠡᠷᠡᠳᠡᠭ ᠃ ᠬᠥᠳᠡᠭᠡ ᠲᠣᠰᠬᠣᠨ ᠪᠠ ᠪᠦᠬᠦᠶᠢᠯᠡ ᠠᠷᠠᠳ ᠤᠨ ᠠᠵᠤ ᠠᠬᠤᠢ ᠶ᠋ᠢ ᠳᠠᠶᠢᠴᠢᠯᠠᠬᠤ
ᠥᠢᠯᠡᠳᠦᠯ ᠢ ᠪᠣᠶᠢᠵᠢᠭᠤᠯᠵᠤ ᠂ ᠲᠥᠪ ᠬᠤᠳᠠ ᠂ ᠬᠣᠲᠠ ᠶ᠋ᠢᠨ ᠪᠣᠳᠠᠲᠤ ᠬᠦᠴᠦᠨ ᠂ ᠬᠥᠳᠡᠭᠡ
ᠲᠣᠰᠬᠤᠨ ᠢ ᠳᠠᠶᠢᠴᠢᠯᠠᠵᠤᠠᠵᠤ ᠠᠬᠤᠢ ᠶ᠋ᠢᠨ ᠬᠥᠭᠵᠢᠯᠲᠡ ᠶ᠋ᠢ ᠳᠡᠮᠵᠢᠨ᠎ᠡ ᠃ ᠠᠵᠤ
ᠦᠢᠯᠡᠳᠪᠦᠷᠢᠵᠢᠬᠦ ᠪᠠ ᠬᠣᠲᠠᠴᠢᠯᠠᠬᠤ ᠳ᠋ᠦ ᠠᠬᠢᠭᠤᠯᠵᠤ ᠂ ᠲᠠᠷᠢᠶᠠᠴᠢᠨ ᠤ ᠠᠰᠢᠭ ᠲᠤᠰᠠ ᠶ᠋ᠢ
ᠦᠷᠡᠭᠳᠡᠭᠦᠯᠬᠦ ᠪᠡᠷ ᠦᠨ᠎ᠡ ᠲᠥᠯᠥᠪᠦᠷᠢ ᠪᠣᠯᠭᠠᠵᠤ ᠶᠠᠭᠠᠬᠢᠭᠰᠠᠨ ᠴᠤ ᠪᠣᠯᠬᠤ ᠦᠭᠡᠢ ᠃ ᠲᠥᠪ
ᠬᠣᠷᠢᠶᠠᠨ ᠡᠴᠡ ᠬᠣᠲᠠ ᠬᠦᠳᠡᠭᠡ ᠶ᠋ᠢᠨ ᠬᠥᠭᠵᠢᠯᠲᠡ ᠶ᠋ᠢᠨ ᠢᠭᠡᠳᠦᠯᠲᠡᠶ ᠲᠥᠯᠥᠪᠯᠡᠬᠦ ᠠᠰᠠᠭᠤᠳᠠᠯ
ᠪᠣᠯᠤᠨ᠎ᠠ ᠂ ᠲᠤᠬᠠᠶᠢᠯᠠᠪᠠᠯ ᠤᠯᠤᠰ ᠤᠨ ᠲᠥᠷᠦ ᠶ᠋ᠢᠨ ᠪᠣᠳᠤᠯᠭ᠎ᠠ ᠶ᠋ᠢᠨ ᠲᠠᠯ᠎ᠠ ᠪᠠᠷ ᠬᠥᠳᠡᠭᠡ
ᠠᠵᠤ ᠠᠬᠤᠶ ᠪᠠ ᠬᠥᠳᠡᠭᠡ ᠲᠣᠰᠬᠣᠨ ᠲᠡᠶᠢᠰᠢ ᠬᠡᠯᠪᠡᠶᠢᠯᠭᠡᠵᠦ ᠂ 《 ᠬᠣᠶᠠᠷ ᠲᠠᠷᠢᠶᠠᠴᠢᠨ》 ᠤ
ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠃ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ ᠤ
ᠠᠰᠠᠭᠤᠳᠠᠯ ᠢ ᠰᠢᠶᠳᠪᠦᠷᠢᠯᠡᠵᠦ ᠂ ᠲᠠᠷᠢᠶᠠᠯᠠᠩ ᠤᠨ ᠲᠤᠰ ᠪᠡᠶ᠎ᠡ ᠶ᠋ᠢᠨ ᠪᠥᠲᠦᠴᠡ ᠶ᠋ᠢ
ᠲᠣᠬᠢᠷᠠᠭᠤᠯᠬᠤ ᠂ ᠶᠡᠬᠡ ᠪᠡᠷ ᠲᠦᠯᠬᠢᠨ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶ᠋ᠢᠨ ᠠᠵᠤ
ᠦᠢᠯᠡᠰᠵᠢᠭᠦᠯᠬᠦ ᠶ᠋ᠢ ᠴᠢᠩᠭᠠᠳᠬᠠᠬᠤ ᠬᠡᠷᠡᠭᠲᠡᠢ᠃ ᠶᠡᠷᠦᠩᠬᠡᠶᠢᠯᠡᠪᠡᠯ ᠂ ᠬᠣᠲᠠ ᠶ᠋ᠢᠨ ᠬᠥᠳᠡᠭᠡ
ᠲᠣᠰᠬᠤᠨ ᠢ ᠳᠠᠶᠢᠴᠢᠯᠠᠬᠤ ᠥᠢᠯᠡᠳᠦᠯ ᠢ ᠭᠦᠢᠴᠡᠳ ᠪᠠᠳᠠᠷᠠᠭᠤᠯᠵᠤ ᠂ ᠥᠷᠥᠰᠢᠶᠡᠯ ᠦᠢᠯᠡᠰ ᠂
ᠬᠥᠳᠡᠭᠡ ᠠᠵᠤ ᠠᠬᠤᠢ ᠶ᠋ᠢ ᠳᠠᠶᠢᠴᠢᠯᠠᠬᠤ ᠲᠤᠬᠠᠶ ᠠᠵᠤ ᠦᠢᠯᠡᠳᠪᠦᠷᠢᠵᠢᠯᠲᠡ ᠪᠠ
ᠬᠣᠲᠠᠴᠢᠯᠠᠯᠲᠠ ᠶ᠋ᠢ ᠳᠥᠯᠭᠢᠨ ᠠᠬᠢᠭᠤᠯᠬᠤ ᠂ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ ᠤ
ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠃
ᠬᠥᠮᠦᠨ ᠪᠠᠶᠢᠭᠠᠯᠢ ᠶ᠋ᠢᠨ ᠡᠶ᠎ᠡ
ᠵᠣᠬᠢᠴᠠᠩᠭᠤᠢ ᠬᠥᠭᠵᠢᠯᠲᠡ ᠶ᠋ᠢ ᠲᠦᠯᠬᠢᠨ ᠠᠬᠢᠭᠤᠯᠬᠤ ᠬᠡᠷᠡᠭᠲᠡᠢ᠃ ᠥᠪᠥᠷ ᠮᠣᠩᠭᠤᠯ ᠢᠶᠠᠷ ᠠᠪᠴᠤ
ᠬᠡᠯᠡᠪᠡᠯ ᠂ ᠠᠮᠢ ᠠᠬᠤᠢ ᠶ᠋ᠢᠨ ᠪᠦᠲᠦᠭᠡᠨ ᠪᠠᠶᠢᠭᠤᠯᠤᠯᠲᠠ ᠪᠠ ᠡᠬᠢ ᠪᠠᠶᠠᠯᠢᠭ ᠢ ᠪᠦᠲᠦᠮᠵᠢᠲᠡᠶ
ᠨᠡᠭᠡᠭᠡᠨ ᠠᠰᠢᠭᠯᠠᠬᠤ ᠂ ᠵᠦᠢ ᠵᠣᠬᠢᠰᠲᠠᠶ ᠠᠰᠢᠭᠯᠠᠬᠤ ᠨᠢ ᠬᠣᠶᠠᠷ ᠲᠤᠶᠢᠯ ᠤᠨ ᠪᠣᠳᠠᠲᠠᠶ
ᠠᠰᠠᠭᠤᠳᠠᠯ ᠪᠣᠯᠤᠨ᠎ᠠ ᠃ ᠥᠪᠥᠷ ᠮᠣᠩᠭᠣᠯ ᠪᠣᠯ ᠤᠯᠤᠰ ᠤᠨ ᠴᠢᠬᠤᠯᠠ ᠠᠮᠢ ᠠᠬᠤᠢ ᠶ᠋ᠢᠨ ᠬᠠᠯᠬᠠᠪᠴᠢ
᠂ ᠥᠪᠥᠷ ᠮᠣᠩᠭᠤᠯ ᠤᠨ ᠠᠮᠢ ᠠᠬᠤᠢ ᠶ᠋ᠢᠨ ᠠᠮᠤᠷ ᠲᠦᠪᠰᠢᠨ ᠨᠢ ᠵᠥᠪᠬᠡᠨ ᠮᠠᠨ ᠤ ᠲᠤᠰ
ᠪᠡᠶ᠎ᠡ ᠶ᠋ᠢᠨ ᠣᠷᠣᠰᠢᠨ ᠲᠣᠭᠲᠠᠨᠢᠬᠤ ᠪᠠ ᠬᠥᠭᠵᠢᠬᠦ ᠂ ᠡᠨᠡ ᠨᠢ ᠮᠠᠨ ᠤ ᠥᠪᠡᠷ ᠦᠨ ᠪᠡᠯᠡ
ᠣᠷᠤᠭᠤᠯᠤᠯᠲᠠ ᠶ᠋ᠢᠨ ᠴᠠᠭᠠᠷᠢᠭ ᠣᠷᠣᠨ ᠂ ᠪᠠᠰᠠ ᠪᠦᠬᠦ ᠤᠯᠤᠰ ᠤᠨ ᠠᠮᠢ ᠠᠬᠤᠢ ᠶ᠋ᠢᠨ ᠠᠮᠤᠷ
ᠲᠥᠪᠰᠢᠨ ᠢ ᠬᠠᠮᠠᠭᠠᠯᠠᠬᠤ ᠂ ᠢᠯᠠᠩᠭᠤᠶ᠎ᠠ ᠨᠡᠶᠢᠰᠯᠡᠯ ᠦᠨ ᠠᠮᠢ ᠠᠬᠤᠢ ᠶ᠋ᠢᠨ ᠠᠮᠤᠷ ᠲᠥᠪᠰᠢᠨ ᠢ
ᠬᠠᠮᠠᠭᠠᠯᠠᠬᠤ ᠴᠢᠬᠤᠯᠠᠲᠠᠢ ᠃ ᠣᠶᠢᠷ᠎ᠠ ᠶ᠋ᠢᠨ ᠵᠢᠯ ᠡᠴᠡ ᠨᠠᠰᠢ ᠂ ᠪᠢᠳᠡ ᠪᠠᠶᠢᠭᠤᠯᠤᠯᠲᠠ ᠪᠣᠯᠤᠨ
ᠬᠠᠮᠠᠭᠠᠯᠠᠯᠲᠠ ᠶ᠋ᠢ ᠵᠡᠷᠭᠡᠪᠡᠷ ᠴᠢᠬᠤᠯᠠᠴᠢᠯᠠᠵᠤ ᠠᠷᠭ᠎ᠠ ᠬᠡᠮᠵᠢᠶ᠎ᠡ ᠠᠪᠴᠤ ᠂ ᠪᠣᠷᠣᠭᠠᠨ ᠤ
ᠤᠰᠤ ᠭᠦᠢᠴᠡᠳ ᠬᠠᠩᠭᠠᠮᠵᠢᠲᠠᠶ ᠂ ᠥᠪᠥᠷ ᠮᠣᠩᠭᠤᠯ ᠤᠨ ᠠᠮᠢ ᠠᠬᠤᠢ ᠶ᠋ᠢᠨ ᠪᠦᠳᠦᠭᠡᠨ
ᠪᠠᠶᠢᠭᠤᠯᠤᠯᠲᠠ ᠪᠣᠯᠤᠨ ᠠᠮᠢ ᠠᠬᠤᠢ ᠶ᠋ᠢᠨ ᠰᠡᠷᠭᠦᠯᠲᠡ ᠢᠯᠡᠷᠬᠡᠶ ᠦᠷ᠎ᠡ ᠪᠦᠲᠦᠮᠵᠢ ᠣᠯᠵᠠᠶ ᠂ ᠤᠢ
ᠰᠢᠭᠤᠢ ᠶ᠋ᠢᠨ ᠪᠥᠷᠬᠦᠴᠡ ᠶ᠋ᠢᠨ ᠨᠣᠷᠮ᠎ᠠ ᠶ᠋ᠢ ᠵᠣᠬᠢᠬᠤ ᠬᠡᠮᠵᠢᠶ᠎ᠡ ᠪᠡᠷ ᠨᠡᠮᠡᠭᠳᠡᠵᠦ᠂ ᠨᠤᠲᠤᠭ
ᠪᠡᠯᠴᠢᠭᠡᠷ ᠤᠷᠭᠤᠮᠠᠯ ᠤᠨ ᠨᠥᠮᠦᠷᠭᠡ ᠶ᠋ᠢ ᠨᠡᠯᠢᠶᠡᠳ ᠲᠥᠷᠭᠡᠨ ᠢᠶ᠋ᠡᠷ ᠰᠡᠷᠭᠦᠭᠡᠨ᠎ᠡ ᠃
ᠭᠡᠪᠡᠴᠦ ᠡᠷᠬᠡᠪᠰᠢ ᠰᠡᠷᠭᠡᠭ ᠢᠶ᠋ ᠡᠷᠣᠯᠵᠤ ᠦᠵᠡᠬᠦ ᠬᠡᠷᠡᠭᠲᠡᠶ ᠂ ᠮᠠᠨ ᠤ ᠣᠷᠣᠨ ᠤ ᠠᠮᠢ
ᠠᠬᠤᠢ ᠶ᠋ᠢᠨ ᠣᠷᠴᠢᠨ ᠲᠣᠭᠣᠷᠢᠨ ᠮᠥᠨ ᠬᠦ ᠮᠠᠰᠢ ᠬᠡᠪᠡᠷᠡᠭ ᠪᠠᠶᠢᠵᠤ ᠂ ᠠᠮᠢ ᠠᠬᠤᠢ ᠶ᠋ᠢᠨ
ᠪᠠᠶᠢᠭᠤᠯᠤᠯᠲᠠ ᠶ᠋ᠢᠨ ᠡᠷᠴᠢᠮ ᠢᠶ᠋ᠡᠨ ᠴᠢᠩᠭᠠᠷᠠᠭᠤᠯᠵᠤ ᠂ ᠠᠮᠢ ᠠᠬᠤᠢ ᠶ᠋ᠢᠨ
ᠬᠠᠮᠠᠭᠠᠯᠠᠯᠲᠠ ᠶ᠋ᠢᠨ ᠡᠷᠴᠢᠮ ᠮᠥᠨ ᠬᠦ ᠦᠷᠭᠦᠯᠵᠢᠯᠡᠨ ᠨᠡᠮᠡᠭᠳᠡᠵᠦ ᠪᠠᠶᠢᠨ᠎ᠠ ᠃ ᠥᠪᠥᠷ ᠮᠣᠩᠭᠣᠯ
ᠪᠣᠯ ᠡᠬᠢ ᠪᠠᠶᠠᠯᠢᠭ ᠢᠶᠠᠷ ᠡᠯᠪᠡᠭ ᠭᠠᠵᠠᠷ ᠣᠷᠣᠨ ᠂ ᠲᠡᠷᠢᠭᠦᠨ ᠤ ᠲᠧᠭᠨᠢᠭ ᠮᠡᠷᠭᠡᠵᠢᠯ
ᠪᠣᠯᠤᠨ ᠮᠡᠷᠭᠡᠵᠢᠯ ᠲᠣᠨᠤᠭᠯᠠᠯ ᠢ ᠳᠡᠭᠡᠭᠰᠢᠯᠡᠭᠦᠯᠵᠦ ᠂ ᠪᠡᠯᠡ ᠮᠥᠩᠭᠥ ᠡᠬᠢ ᠰᠤᠷᠪᠤᠯᠵᠢ
ᠨᠡᠭᠡᠭᠡᠬᠦ ᠪᠠ ᠪᠦᠬᠦ ᠲᠠᠯ᠎ᠠ ᠪᠠᠷ ᠠᠰᠢᠭᠯᠠᠬᠤ ᠬᠢᠷᠢ ᠬᠡᠮᠵᠢᠶ᠎ᠡ ᠶ᠋ᠢ ᠳᠡᠭᠡᠭᠰᠢᠯᠡᠭᠦᠯᠬᠦ
ᠬᠡᠷᠡᠭᠲᠡᠢ᠃ ᠡᠬᠢ ᠪᠠᠶᠠᠯᠢᠭ ᠤᠨ ᠠᠰᠢᠭᠯᠠᠯᠲᠠ ᠶ᠋ᠢᠨ ᠲᠠᠯ᠎ᠠ ᠪᠠᠷ ᠂ ᠶᠡᠷᠦᠩᠬᠡᠶᠢᠯᠡᠨ
ᠠᠰᠢᠭᠯᠠᠯᠲᠠ ᠶ᠋ᠢᠨ ᠲᠠᠯ᠎ᠠ ᠪᠠᠷ ᠠᠩᠬᠠᠷᠬᠤ ᠬᠡᠷᠡᠭᠲᠡᠢ᠂ ᠠᠯᠢ ᠴᠢᠳᠠᠬᠤ ᠪᠠᠷ ᠪᠢᠲᠡᠭᠡᠶ 《
ᠶᠤᠸᠠᠨ 》 ᠨᠢ ᠬᠤᠳᠠᠯᠳᠤᠭᠠᠨ ᠤ ᠨᠡᠭᠦᠷᠡᠰᠦ ᠬᠤᠳᠠᠯᠳᠤᠬᠤ ᠂ ᠲᠦᠭᠦᠬᠡᠶ ᠡᠳ᠋ ᠂ ᠬᠠᠷ᠎ᠠ
ᠪᠤᠳᠠᠭ᠎ᠠ ᠂ ᠠᠭᠤᠷᠬᠠᠢ ᠶ᠋ᠢᠨ ᠭᠠᠷᠤᠯᠲᠠ ᠶ᠋ᠢᠨ ᠡᠬᠢ ᠪᠠᠶᠠᠯᠢᠭ ᠶ᠋ᠢ ᠴᠤ ᠭᠡᠰᠡᠨ ᠮᠥᠨ ᠯᠡ
ᠲᠠᠷᠢᠶᠠᠯᠠᠩ ᠂ ᠲᠤᠰᠠᠯᠠᠬᠤ ᠦᠢᠯᠡᠳᠪᠦᠷᠢᠯᠡᠯ ᠵᠠᠷᠢᠮ ᠣᠨᠴᠠᠭᠠᠶ ᠠᠮᠢᠳᠤ ᠪᠣᠳᠠᠰ ᠤᠨ ᠡᠬᠢ
ᠪᠠᠶᠠᠯᠢᠭ ᠴᠥᠮ ᠨᠠᠷᠢᠨ ᠪᠣᠯᠪᠠᠰᠤᠷᠠᠭᠤᠯᠬᠤ ᠂ ᠶᠡᠷᠦᠩᠬᠡᠶᠢᠯᠡᠨ ᠨᠡᠭᠡᠭᠡᠨ ᠠᠰᠢᠭᠯᠠᠬᠤ ᠬᠢᠷᠢ
ᠬᠡᠮᠵᠢᠶ᠎ᠡ ᠶ᠋ᠢ ᠳᠡᠭᠡᠭᠰᠢᠯᠡᠭᠦᠯᠦᠨ᠎ᠡ ᠃
ᠨᠡᠶᠢᠭᠡᠮ ᠠᠵᠤ ᠠᠬᠤᠢ ᠶ᠋ᠢᠨ
ᠬᠥᠭᠵᠢᠯᠲᠡ ᠶ᠋ᠢ ᠨᠢᠭᠡᠲᠦᠯᠲᠡᠢ ᠲᠥᠯᠦᠪᠯᠡᠬᠦ ᠬᠡᠷᠡᠭᠲᠡᠢ᠃ ᠣᠳᠣᠬᠠᠨ ᠳ᠋ᠤ ᠮᠠᠨ ᠤ ᠤᠯᠤᠰ ᠤᠨ ᠠᠵᠤ
ᠠᠬᠤᠶ ᠨᠠᠶᠢᠭᠡᠮ ᠤᠨ ᠬᠥᠭᠵᠢᠯᠲᠡ ᠵᠣᠬᠢᠴᠠᠩᠭᠤᠶ ᠪᠤᠰᠤ ᠪᠠᠶᠢᠬᠤ ᠠᠰᠠᠭᠤᠳᠠᠯ ᠨᠡᠯᠢᠶᠡᠳ
ᠢᠯᠡᠷᠬᠡᠢ ᠪᠠᠶᠢᠵᠤ ᠂ ᠬᠠᠷᠢᠴᠠᠩᠭᠤᠶ ᠲᠡᠩᠴᠡᠭᠦᠷᠢ ᠪᠡᠨ ᠠᠯᠳᠠᠵᠤ ᠭᠣᠣᠯᠳᠠᠭᠤ ᠭᠤᠷᠪᠠ ᠪᠠᠶᠢᠨ᠎ᠠ ᠄
ᠨᠢᠭᠡᠳᠦᠭᠡᠷ ᠲᠦ ᠂ ᠠᠵᠤ ᠠᠬᠤᠢ ᠶ᠋ᠢᠨ ᠨᠡᠮᠡᠭᠳᠡᠯ ᠪᠣᠯᠤᠨ ᠨᠡᠶᠢᠭᠡᠮ ᠦᠨ ᠬᠥᠭᠵᠢᠯᠲᠡ
ᠬᠠᠷᠢᠴᠠᠩᠭᠤᠶ ᠲᠡᠩᠴᠡᠭᠦᠷᠢ ᠪᠡᠨ ᠠᠯᠳᠠᠵᠤ ᠪᠠᠶᠢᠨ᠎ᠠ ᠃ ᠰᠤᠷᠭᠠᠨ ᠬᠥᠮᠦᠵᠢᠯ ᠂ ᠰᠢᠨᠵᠢᠯᠡᠭᠡ
ᠮᠡᠷᠭᠡᠵᠢᠯ ᠂ ᠰᠣᠶᠣᠯ ᠂ ᠡᠷᠡᠭᠦᠯ ᠬᠠᠮᠠᠭᠠᠯᠠᠯ ᠨᠢ ᠬᠠᠷᠢᠴᠠᠩᠭᠤᠶ ᠪᠠᠷ ᠬᠣᠴᠣᠷᠤᠩᠭᠤᠶ ᠪᠠᠶᠢᠵᠤ
᠂ ᠤᠯᠠᠨ ᠨᠡᠶᠢᠲᠡ ᠶ᠋ᠢᠨ ᠰᠤᠷᠭᠠᠨ ᠬᠥᠮᠦᠵᠢᠯ ᠦᠨ ᠠᠮᠠᠷᠠᠬᠤ ᠂ ᠰᠢᠨᠵᠢᠯᠡᠬᠦ ᠤᠬᠠᠭᠠᠨ
ᠮᠡᠷᠭᠡᠵᠢᠯ ᠦᠨ ᠰᠢᠨ᠎ᠡ ᠶ᠋ᠢ ᠡᠭᠦᠳᠬᠦ ᠰᠢᠰᠲ᠋ᠧᠮ ᠂ ᠤᠯᠠᠨ ᠨᠡᠶᠢᠲᠡ ᠶ᠋ᠢᠨ ᠡᠷᠡᠭᠦᠯ
ᠬᠠᠮᠠᠭᠠᠯᠠᠯ ᠤᠨ ᠰᠢᠰᠲ᠋ᠧᠮ ᠂ ᠰᠣᠶᠤᠯ ᠤᠨ ᠦᠢᠯᠡᠰ ᠵᠢ ᠨᠡᠶᠢᠭᠡᠮ ᠦᠨ ᠠᠪᠤᠷᠠᠨ ᠲᠤᠰᠠᠯᠠᠬᠤ
ᠰᠢᠰᠲ᠋ᠸᠮ ᠪᠣᠯᠤᠨ ᠨᠡᠶᠢᠭᠡᠮ ᠦᠨ ᠪᠠᠲᠤᠯᠠᠭ᠎ᠠ ᠶ᠋ᠢᠨ ᠲᠣᠭᠲᠠᠯᠴᠠᠭ᠎ᠠ ᠂ ᠨᠡᠶᠢᠭᠡᠮ ᠦᠨ ᠠᠶᠤᠯ ᠢ
ᠰᠡᠷᠭᠡᠶᠢᠯᠡᠬᠦ ᠰᠢᠰᠲ᠋ᠸᠮ ᠨᠢ ᠬᠥᠭᠵᠢᠯᠲᠡ ᠪᠡᠨ ᠣᠯᠵᠤ ᠴᠢᠳᠠᠭᠰᠠᠨ ᠦᠭᠡᠢ ᠃ ᠬᠣᠶᠠᠳᠤᠭᠠᠷ ᠲᠤ ᠂
ᠠᠵᠤ ᠠᠬᠤᠢ ᠶ᠋ᠢᠨ ᠨᠡᠮᠡᠭᠳᠡᠯ ᠪᠣᠯᠤᠨ ᠬᠤᠪᠢᠶᠠᠷᠢᠯᠠᠯᠲᠠ ᠨᠢ ᠬᠠᠷᠢᠴᠠᠩᠭᠤᠶ ᠲᠡᠩᠴᠡᠭᠦᠷᠢ ᠪᠡᠨ
ᠠᠯᠳᠠᠵᠤ ᠪᠠᠶᠢᠨ᠎ᠠ ᠃ ᠥᠨᠳᠥᠷ ᠣᠷᠣᠯᠭ᠎ᠠ ᠲᠠᠶ ᠳᠠᠪᠬᠤᠷᠭ᠎ᠠ ᠪᠠ ᠣᠷᠣᠯᠭ᠎ᠠ ᠪᠠᠭᠠᠲᠠᠶ
ᠳᠠᠪᠬᠤᠷᠭ᠎ᠠ ᠲᠣᠳᠣᠷᠬᠠᠶ ᠢᠯᠭᠠᠷᠠᠵᠤ᠂ ᠣᠷᠤᠯᠭ᠎ᠠ ᠶ᠋ᠢᠨ ᠬᠤᠪᠢᠶᠠᠷᠢᠯᠠᠯᠲᠠ ᠶ᠋ᠢᠨ ᠵᠥᠷᠢᠶ᠎ᠡ
ᠶᠡᠬᠡᠰᠴᠦ ᠂ ᠶᠠᠳᠠᠭᠤ ᠬᠦᠴᠢᠷᠳᠡᠯ ᠦᠨ ᠠᠰᠠᠭᠤᠳᠠᠯ ᠳᠤᠪᠤᠢᠢᠨ ᠢᠯᠡᠷᠡᠪᠡ ᠃ ᠣᠷᠤᠯᠭ᠎ᠠ ᠶ᠋ᠢᠨ
ᠵᠥᠷᠢᠶ᠎ᠡ ᠭᠣᠣᠯ ᠪᠣᠯᠭᠠᠭᠰᠠᠨ ᠪᠦᠬᠦ ᠨᠡᠶᠢᠭᠡᠮ ᠦᠨ ᠢᠯᠭᠠᠭ᠎ᠠ ᠴᠦ ᠰᠢᠷᠦᠭᠦᠰᠴᠦ᠂ ᠬᠣᠲᠠ
ᠬᠥᠳᠡᠭᠡ ᠶ᠋ᠢᠨ ᠰᠠᠭᠤᠭᠠᠯᠢ ᠠᠷᠠᠳ ᠤᠨ ᠰᠡᠳᠬᠢᠴᠡ ᠶ᠋ᠢᠨ ᠲᠡᠩᠴᠡᠭᠦᠷᠢ ᠪᠡᠨ ᠠᠯᠳᠠᠵᠤ ᠂
ᠨᠡᠶᠢᠭᠡᠮ ᠦᠨ ᠭᠣᠣᠯᠴᠢ ᠶᠣᠰᠣᠨ ᠤ ᠠᠰᠠᠭᠤᠳᠠᠯ ᠢᠯᠡᠷᠡᠵᠦ ᠪᠠᠶᠢᠨ᠎ᠠ ᠃ ᠭᠤᠷᠪᠠᠳᠤᠭᠠᠷ ᠲᠤ ᠠᠵᠤ
ᠠᠬᠤᠢ ᠶ᠋ᠢᠨ ᠨᠡᠮᠡᠭᠳᠡᠯ ᠪᠠ ᠠᠵᠢᠯ ᠣᠯᠭᠤᠯᠲᠠ ᠬᠠᠷᠢᠴᠠᠩᠭᠤᠶ ᠲᠡᠩᠴᠡᠭᠦᠷᠢ ᠪᠡᠨ ᠠᠯᠳᠠᠵᠤ ᠂
ᠬᠣᠲᠠ ᠪᠠᠯᠭᠠᠰᠤ ᠶ᠋ᠢᠨ ᠠᠵᠢᠯ ᠠᠯᠳᠠᠬᠤ ᠠᠰᠠᠭᠤᠳᠠᠯ ᠨᠡᠯᠢᠶᠡᠳ ᠬᠦᠨᠳᠦ ᠨᠣᠴᠢᠲᠠᠶ ᠣᠷᠣᠰᠢᠵᠤ ᠂
ᠬᠥᠳᠡᠭᠡ ᠲᠣᠰᠬᠣᠨ ᠤ ᠢᠯᠡᠭᠦᠦ ᠬᠦᠳᠡᠯᠮᠦᠷᠢ ᠶ᠋ᠢᠨ ᠬᠦᠴᠦ ᠶ᠋ᠢ ᠰᠢᠯᠵᠢᠭᠦᠯᠵᠦ ᠴᠢᠳᠠᠬᠤ ᠦᠭᠡᠢ
ᠬᠦᠴᠢᠷᠳᠡᠯ ᠮᠥᠨ ᠃ ᠡᠨᠡ ᠭᠤᠷᠪᠠᠨ ᠲᠡᠩᠴᠡᠭᠦᠷᠢ ᠪᠡᠨ ᠠᠯᠳᠠᠵᠤ ᠂ ᠪᠢᠳᠡ ᠳᠣᠣᠷᠠᠬᠢ ᠮᠡᠲᠦ
ᠳᠥᠷᠪᠡᠨ ᠠᠷᠭ᠎ᠠ ᠬᠡᠮᠵᠢᠶ᠎ᠡ ᠠᠪᠴᠤ ᠂ ᠨᠢᠭᠡ ᠳ᠋ᠦ ᠨᠡᠶᠢᠭᠡᠮ ᠵᠢᠷᠤᠮ ᠤᠨ ᠰᠣᠶᠤᠯ ᠤᠨ
ᠪᠠᠶᠢᠭᠤᠯᠤᠯᠲᠠ ᠶ᠋ᠢᠨ ᠬᠥᠲᠦᠯᠪᠦᠷᠢ ᠶ᠋ᠢ ᠦᠨᠳᠦᠰᠦᠯᠡᠵᠦ ᠨᠡᠶᠢᠭᠡᠮ ᠦᠨ ᠦᠢᠯᠡᠰ ᠦᠨ
ᠬᠥᠭᠵᠢᠯᠲᠡ ᠨᠢ ᠬᠠᠷᠢᠴᠠᠩᠭᠤᠶ ᠪᠠᠷ ᠬᠣᠴᠣᠷᠤᠭᠳᠠᠩᠭᠤᠶ ᠰᠠᠶᠢᠲᠤᠷ ᠰᠢᠶᠳᠪᠦᠷᠢᠯᠡᠬᠦ ᠬᠡᠷᠡᠭᠲᠡᠶ
ᠠᠰᠠᠭᠤᠳᠠᠯ ᠪᠣᠯᠤᠨ᠎ᠠ ᠃ ᠬᠣᠶᠠᠷ ᠲᠤ ᠂ ᠬᠤᠪᠢᠶᠠᠷᠢᠯᠠᠯᠲᠠ ᠶ᠋ᠢᠨ ᠵᠥᠷᠢᠶ᠎ᠡ ᠶ᠋ᠢᠨ ᠠᠰᠠᠭᠤᠳᠠᠯ ᠢ
ᠰᠠᠶᠢᠲᠤᠷ ᠰᠢᠶᠳᠪᠦᠷᠢᠯᠡᠵᠦ ᠂ ᠮᠠᠨ ᠤ ᠵᠠᠷᠴᠢᠮ ᠨᠢ ᠨᠢᠭᠡ ᠬᠡᠰᠡᠭ ᠭᠠᠵᠠᠷ ᠣᠷᠣᠨ ᠂ ᠬᠡᠰᠡᠭ
ᠬᠥᠮᠦᠰ ᠦᠨ ᠤᠷᠢᠳᠠᠪᠠᠷ ᠪᠠᠶᠠᠵᠢᠬᠤ ᠶ᠋ᠢ ᠵᠥᠪᠰᠢᠶᠡᠷᠡᠨ ᠵᠣᠷᠢᠭᠵᠢᠭᠤᠯᠵᠤ ᠂ ᠤᠷᠢᠳᠠᠪᠠᠷ
ᠪᠠᠶᠠᠵᠢᠭᠰᠠᠨ ᠨᠢ ᠬᠣᠶᠢᠨᠠ ᠪᠠᠶᠠᠵᠢᠬᠤ ᠪᠠᠨ ᠳᠠᠭᠠᠭᠤᠯᠵᠤ ᠂ ᠬᠠᠮᠤᠭ ᠡᠴᠦᠰ ᠲᠦ ᠬᠠᠮᠲᠤ ᠪᠠᠷ
ᠴᠢᠨᠡᠭᠡᠯᠢᠭᠵᠢᠬᠦ ᠶ᠋ᠢ ᠪᠡᠶᠡᠯᠡᠭᠦᠯᠬᠦ ᠬᠡᠷᠡᠭᠲᠡᠶ ᠃ ᠭᠡᠪᠡᠴᠦ ᠠᠵᠤ ᠠᠬᠤᠢ ᠶ᠋ᠢ
ᠡᠷᠬᠢᠯᠡᠬᠦ ᠶ᠋ᠢ ᠪᠠᠷᠢᠮᠲᠠᠯᠠᠨ᠎ᠠ ᠂ ᠶᠠᠳᠠᠭᠤ ᠪᠠᠶᠠᠨ ᠤ ᠬᠡᠳᠦ ᠶᠡᠬᠡ ᠵᠥᠷᠢᠶ᠎ᠡ ᠶ᠋ᠢ
ᠰᠡᠷᠭᠡᠶᠢᠯᠡᠨ᠎ᠡ ᠃ ᠵᠠᠮ ᠢ ᠥᠷᠭᠡᠳᠬᠡᠵᠦ ᠂ ᠳᠤᠮᠳᠠ ᠵᠡᠷᠭᠡ ᠶ᠋ᠢᠨ ᠣᠷᠣᠯᠭ᠎ᠠ ᠲᠠᠶ ᠬᠥᠮᠦᠨ
ᠳᠠᠪᠬᠤᠷᠭᠠᠲᠠᠨ ᠢ ᠪᠤᠵᠠᠭᠠᠶᠢᠷᠠᠭᠤᠯᠵᠤ ᠂ ᠶᠡᠬᠡ ᠪᠠᠶᠠᠨ ᠬᠥᠮᠦᠨ ᠮᠠᠰᠢ ᠴᠥᠭᠡᠨ ᠂ ᠶᠡᠬᠡ
ᠶᠠᠳᠠᠭᠤ ᠬᠥᠮᠦᠨ ᠴᠦ ᠴᠥᠭᠡᠨ ᠂ ᠠᠷᠤᠷ᠎ᠠ ᠶᠢᠨ ᠬᠡᠯᠪᠡᠷᠢ ᠶ᠋ᠢᠨ ᠨᠡᠶᠢᠭᠡᠮ ᠮᠥᠨ ᠃ ᠥᠨᠥ
ᠤᠯᠤᠰ ᠤᠨ ᠬᠣᠶᠠᠳᠠᠬᠢ ᠬᠤᠪᠢᠶᠠᠷᠢᠯᠠᠯᠲᠠ ᠶ᠋ᠢᠨ ᠠᠰᠠᠭᠤᠳᠠᠯ ᠶᠠᠭ ᠰᠢᠶᠳᠪᠦᠷᠢᠯᠡᠵᠦ ᠪᠠᠶᠢᠨ᠎ᠠ ᠂
ᠪᠠᠶᠢᠭᠤᠯᠤᠯ ᠬᠡᠷᠡᠭᠲᠡᠶ ᠂ ᠲᠥᠷᠦ ᠶ᠋ᠢᠨ ᠪᠤᠳᠤᠯᠭ᠎ᠠ ᠂ ᠭᠠᠶᠢᠯᠢ ᠲᠠᠲᠠᠪᠤᠷᠢ ᠵᠡᠷᠭᠡ
ᠲᠠᠯ᠎ᠠ ᠪᠠᠷ ᠠᠰᠢᠭᠲᠠᠶ ᠳᠤᠮᠳᠠ ᠵᠡᠷᠭᠡ ᠣᠷᠣᠯᠭ᠎ᠠ ᠲᠠᠶ ᠳᠠᠪᠬᠤᠷᠭ᠎ᠠ ᠶ᠋ᠢᠨ ᠥᠷᠭᠡᠵᠢᠬᠦ ᠶ᠋ᠢ
ᠠᠬᠢᠭᠤᠯᠤᠨ᠎ᠠ᠃ ᠳᠣᠣᠷ᠎ᠠ ᠣᠷᠣᠯᠭ᠎ᠠ ᠲᠠᠶ ᠬᠥᠮᠦᠰ ᠴᠢᠩᠭᠠᠳᠬᠠᠵᠤ ᠂ ᠪᠠᠲᠤᠯᠠᠭ᠎ᠠ ᠶ᠋ᠢᠨ ᠠᠷᠭ᠎ᠠ
ᠬᠡᠮᠵᠢᠶ᠎ᠡ ᠥᠨᠳᠥᠷ ᠣᠷᠣᠯᠭ᠎ᠠ ᠲᠠᠶ ᠬᠥᠮᠦᠰ ᠢ ᠲᠣᠬᠢᠷᠠᠭᠤᠯᠤᠨ ᠡᠵᠡᠮᠳᠡᠬᠦ ᠠᠷᠭ᠎ᠠ ᠬᠡᠮᠵᠢᠶ᠎ᠡ
ᠠᠪᠬᠤ ᠬᠡᠷᠡᠭᠲᠡᠶ ᠃ ᠭᠤᠷᠪᠠ ᠳ᠋ᠦ ᠳᠡᠭᠡᠳᠦ ᠬᠡᠮᠵᠢᠶ᠎ᠡ ᠪᠡᠷ ᠠᠩᠬᠠᠷᠴᠤ ᠂ ᠬᠤᠲᠠ
ᠬᠦᠳᠡᠭᠡ ᠶ᠋ᠢᠨ ᠶᠠᠳᠠᠭᠤ ᠬᠦᠴᠢᠷᠳᠡᠯᠲᠡᠶ ᠬᠥᠮᠦᠨ ᠠᠮᠠ ᠂ ᠬᠣᠲᠠ ᠶ᠋ᠢᠨ ᠶᠠᠳᠠᠭᠤ ᠬᠦᠴᠢᠷᠳᠡᠯᠲᠡᠶ
ᠬᠥᠮᠦᠨ ᠠᠮᠠ ᠪᠠ ᠰᠠᠶᠢᠲᠤᠷ ᠠᠩᠬᠠᠷᠤᠨ ᠰᠢᠶᠳᠪᠦᠷᠢᠯᠡᠬᠦ ᠬᠡᠷᠡᠭᠲᠡᠶ ᠃ ᠬᠥᠳᠡᠭᠡ ᠲᠣᠰᠬᠣᠨ ᠤ
ᠶᠠᠳᠠᠭᠤ ᠶ᠋ᠢ ᠲᠡᠳᠬᠦᠬᠦ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳ᠋ᠦ ᠂ ᠠᠵᠢᠯ ᠣᠯᠭᠣᠬᠤ
ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶ᠋ᠢ ᠠᠩᠬᠠᠷᠬᠤ ᠬᠡᠷᠡᠭᠲᠡᠶ ᠃
ᠤᠯᠤᠰ ᠤᠨ
ᠲᠣᠲᠤᠭᠠᠳᠤᠬᠢ ᠬᠥᠭᠵᠢᠯᠲᠡ ᠪᠣᠯᠤᠨ ᠭᠠᠳᠠᠭᠠᠳᠤ ᠨᠡᠭᠡᠭᠡᠯᠲᠡ ᠶ᠋ᠢ ᠨᠢᠭᠡᠲᠦᠯᠲᠡᠢ ᠲᠥᠯᠦᠪᠯᠡᠬᠦ
ᠬᠡᠷᠡᠭᠲᠡᠢ᠃ ᠨᠢᠭᠡᠳᠦᠯᠲᠡᠶ ᠲᠥᠯᠥᠪᠯᠡᠬᠦ ᠂ ᠤᠯᠤᠰ ᠤᠨ ᠲᠣᠲᠤᠭᠠᠳᠤ ᠶ᠋ᠢᠨ ᠬᠥᠭᠵᠢᠯᠲᠡ ᠪᠠ
ᠭᠠᠳᠠᠭᠰᠢ ᠨᠡᠭᠡᠭᠡᠯᠲᠡ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠭᠠᠳᠠᠭᠰᠢ ᠨᠡᠭᠡᠭᠡᠯᠳᠡ
ᠬᠢᠬᠦ ᠬᠢᠷᠢ ᠬᠡᠮᠵᠢᠶ᠎ᠡ ᠪᠡᠨ ᠤᠯᠠᠮ ᠨᠢᠭᠡ ᠠᠯᠬᠤᠮ ᠭᠠᠳᠠᠭᠰᠢ ᠨᠡᠭᠡᠭᠡᠭᠰᠡᠨ ᠠᠵᠤ ᠠᠬᠤᠢ ᠶ᠋ᠢ
ᠬᠥᠭᠵᠢᠭᠦᠯᠵᠦ ᠂ ᠮᠠᠨ ᠤ ᠤᠯᠤᠰ ᠤᠨ ᠠᠵᠤ ᠠᠬᠤᠶ ᠨᠡᠶᠢᠭᠡᠮ ᠦᠨ ᠬᠥᠭᠵᠢᠯᠲᠡ ᠳᠡᠬᠢ ᠲᠣᠪᠣᠶᠢᠮ᠎ᠠ
ᠠᠰᠠᠭᠤᠳᠠᠯ ᠢ ᠰᠢᠶᠳᠪᠦᠷᠢᠯᠡᠬᠦ ᠂ ᠦᠨᠡᠨ ᠬᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ
ᠪᠦᠲᠦᠭᠡᠨ ᠪᠠᠶᠢᠭᠤᠯᠬᠤ ᠬᠠᠷᠠᠯᠲᠠ ᠪᠣᠳᠠᠲᠤ ᠬᠡᠷᠡᠭᠴᠡᠭᠡ ᠮᠥᠨ ᠃ ᠥᠪᠥᠷ ᠮᠣᠩᠭᠣᠯ ᠳ᠋ᠦ ᠠᠪᠴᠤ
ᠬᠡᠯᠡᠪᠡᠯ ᠂ ᠮᠠᠨ ᠤ ᠣᠷᠣᠨ ᠤ ᠭᠠᠵᠠᠷ ᠵᠦᠢ ᠶ᠋ᠢᠨ ᠪᠠᠶᠢᠷᠢᠯᠠᠯ ᠳᠠᠪᠠᠭᠤᠯᠢᠭ ᠪᠠᠶᠢᠳᠠᠭ ᠂
ᠨᠠᠢᠮᠠᠨ ᠮᠤᠵᠢ ᠣᠷᠣᠨ ᠲᠠᠶ ᠵᠡᠷᠭᠡᠯᠡᠳᠡᠭᠡ ᠪᠠᠶᠢᠭ᠎ᠠ ᠂ ᠭᠠᠳᠠᠭᠠᠳᠤ ᠲᠠᠢ ᠣᠶᠢᠷᠠᠳᠴᠤ ᠂ ᠣᠷᠣᠰ ᠂
ᠮᠣᠩᠭᠣᠯ ᠤᠯᠤᠰ ᠂ ᠤᠯᠤᠰ ᠤᠨ ᠲᠣᠲᠤᠭᠠᠳᠤ ᠶ᠋ᠢᠨ ᠵᠠᠬ᠎ᠠ ᠳᠡᠯᠭᠡᠭᠦᠷ ᠪᠠ ᠣᠷᠣᠰ ᠮᠣᠩᠭᠤᠯ ᠤᠨ
ᠵᠠᠬ᠎ᠠ ᠳᠡᠯᠭᠡᠭᠦᠷ ᠲᠦ 《 ᠤᠮᠠᠷᠠᠲᠤ ᠶ᠋ᠢᠨ ᠭᠤᠷᠪᠠᠨ ᠣᠷᠣᠨ 》 ᠪᠠᠶᠢᠵᠤ ᠂ ᠴᠢᠨᠠᠭᠰᠢᠯᠠᠪᠠᠯ
ᠵᠡᠭᠦᠨ ᠡᠸᠤᠷᠤᠫᠠ ᠶ᠋ᠢᠨ ᠵᠠᠬ᠎ᠠ ᠳᠡᠯᠭᠡᠭᠦᠷ ᠪᠠᠶᠢᠳᠠᠭ ᠃ ᠥᠨᠥ ᠮᠠᠰᠢ ᠣᠯᠠᠨ ᠬᠡᠰᠦᠭᠦᠯ
ᠬᠤᠳᠠᠯᠳᠤᠭᠠᠴᠢᠨ ᠥᠪᠥᠷ ᠮᠣᠩᠭᠣᠯ ᠲᠤ ᠪᠡᠯᠡ ᠣᠷᠣᠭᠤᠯᠵᠤ ᠂ ᠪᠢᠳᠡ 《 ᠬᠣᠶᠠᠷ ᠵᠠᠬ᠎ᠠ ᠳᠡᠯᠭᠡᠭᠦᠷ 》
ᠳᠠᠪᠠᠭᠤᠯᠢᠭ᠂ ᠮᠠᠨ ᠤ ᠣᠷᠣᠨ ᠤ ᠡᠬᠢ ᠪᠠᠶᠠᠯᠢᠭ ᠢ ᠨᠡᠭᠡᠭᠡᠨ ᠠᠰᠢᠭᠯᠠᠵᠤ ᠪᠣᠯᠬᠤ ᠬᠡᠮᠵᠢᠶ᠎ᠡ
ᠨᠢ ᠲᠤᠩ ᠶᠡᠬᠡ ᠂ ᠢᠯᠠᠩᠭᠤᠶ᠎ᠠ ᠬᠥᠷᠰᠢ ᠵᠡᠷᠭᠡᠯᠡᠳᠡᠭᠡ ᠣᠷᠣᠰ ᠂ ᠮᠣᠩᠭᠣᠯ ᠤᠯᠤᠰ ᠤᠨ ᠡᠬᠢ
ᠪᠠᠶᠠᠯᠢᠭ ᠡᠯᠪᠡᠭ ᠳᠡᠯᠪᠡᠭ ᠃ ᠣᠷᠤᠰ ᠤᠨ ᠠᠯᠤᠰ ᠳᠣᠷᠣᠨᠠᠲᠤ ᠣᠷᠣᠨ ᠤ 260 ᠲᠦᠮᠡᠨ ᠲᠡᠭᠰᠢ
ᠳᠥᠷᠪᠡᠯᠵᠢᠨ ᠺᠢᠯᠣᠮᠧᠲ᠋ᠷ ᠂ 1000 ᠲᠦᠮᠡ ᠬᠦᠷᠬᠦ ᠦᠭᠡᠢ ᠬᠥᠮᠦᠨ ᠠᠮᠠ ᠲᠠᠶ ᠂ ᠴᠢᠯᠠᠭᠤᠨ
ᠲᠣᠰᠣᠨ ᠤ ᠬᠠᠳᠠᠭᠠᠯᠠᠭᠳᠠᠴᠠ 96 ᠳ᠋ᠦᠩᠰᠢᠭᠤᠷ ᠲᠣᠨ ᠳ᠋ᠤ ᠬᠦᠷᠴᠦ ᠂ ᠲᠥᠷᠥᠯᠬᠢ ᠬᠡᠢ ᠶ᠋ᠢᠨ14
ᠲᠦᠮᠡᠨ ᠲᠡᠭᠰᠢ ᠳᠥᠷᠪᠡᠯᠵᠢᠨ ᠺᠢᠯᠤᠮᠸᠲ᠋ᠷᠪ᠂ ᠨᠡᠭᠦᠷᠡᠰᠦᠨ ᠤ ᠪᠤᠯᠠᠭᠳᠠᠴᠠ 181 ᠳ᠋ᠥᠩᠰᠢᠭᠤᠷ
ᠲᠣᠨ᠂ ᠠᠯᠤᠰ ᠳᠣᠷᠤᠨᠠᠲᠤ ᠶ᠋ᠢᠨ ᠳᠠᠯᠠᠶ ᠳᠠᠭᠠᠤ ᠡᠬᠡ ᠭᠠᠵᠠᠷ ᠤᠨ ᠬᠣᠷᠮᠤᠢ ᠪᠠᠰᠠ 290
ᠳ᠋ᠦᠩᠰᠢᠭᠤᠷ ᠲᠣᠨ ᠠᠭᠤᠯᠤᠭᠰᠠᠨ ᠨᠡᠭᠦᠷᠡᠰᠦ ᠤᠰᠤᠳᠥᠷᠦᠭᠴᠢ ᠶ᠋ᠢᠨ ᠨᠢᠭᠡᠳᠦᠯ ᠡᠭᠦᠰᠦᠨ᠎ᠡ ᠃
ᠳᠤᠮᠳᠠᠳᠤ ᠮᠣᠩᠭᠤᠯ ᠤᠨ ᠬᠢᠯᠢ ᠶ᠋ᠢᠨ ᠵᠠᠭᠠᠭ ᠤᠨ ᠬᠠᠶᠢᠨ ᠮᠡᠳᠡᠭᠰᠡᠨ ᠵᠡᠰ ᠦᠨ ᠠᠭᠤᠷᠬᠠᠶ ᠂
ᠵᠡᠰ ᠲᠡᠮᠦᠷᠯᠢᠭ ᠦᠨ ᠠᠭᠤᠯᠤᠭᠳᠠᠴᠠ ᠨᠢ 2100 ᠲᠦᠮᠡᠨ ᠲᠣᠨ ᠬᠦᠷᠴᠦ ᠂ ᠨᠢᠭᠡᠨᠲᠡ ᠮᠠᠨ ᠤ
ᠤᠯᠤᠰ ᠤᠨ ᠣᠳᠣᠬᠠᠨ ᠤ ᠪᠦᠬᠦ ᠤᠯᠤᠰ ᠲᠤ ᠬᠦᠳᠡᠷ ᠭᠠᠷᠭᠠᠬᠤ ᠬᠠᠳᠠᠭᠠᠯᠠᠯᠲᠠ ᠶ᠋ᠢᠨ
ᠬᠡᠮᠵᠢᠶᠡᠨ ᠤ ᠨᠡᠶᠢᠯᠡᠪᠦᠷᠢ ᠪᠣᠯᠤᠨ᠎ᠠ ᠃《 ᠬᠣᠶᠠᠷ ᠵᠠᠬ᠎ᠠ ᠳᠡᠯᠭᠡᠭᠦᠷ 》 ᠂ 《 ᠬᠣᠶᠠᠷ ᠡᠬᠢ
ᠪᠠᠶᠠᠯᠢᠭ》 ᠢ ᠰᠠᠶᠢᠲᠤᠷ ᠠᠰᠢᠭᠯᠠᠵᠤ ᠂ ᠡᠨᠡ ᠨᠢ ᠥᠪᠥᠷ ᠮᠣᠩᠭᠣᠯ ᠳ᠋ᠤ ᠠᠪᠴᠤ ᠬᠡᠯᠡᠪᠡᠯ ᠨᠢᠭᠡᠨ
ᠲᠤᠶᠢᠯ ᠤᠨ ᠪᠣᠳᠠᠲᠠᠶ ᠠᠰᠠᠭᠤᠳᠠᠯ ᠪᠣᠯᠬᠤ ᠶᠤᠮ ᠃ ᠥᠨᠥ ᠥᠪᠡᠷᠲᠡᠭᠡᠨ ᠵᠠᠰᠠᠬᠤ ᠣᠷᠣᠨ ᠤ
ᠬᠣᠯᠪᠣᠭᠳᠠᠯ ᠪᠦᠬᠦᠢ ᠲᠠᠯ᠎ᠠ ᠶ᠋ᠢᠨ ᠬᠢᠨ ᠬᠢᠯᠢ ᠶ᠋ᠢᠨ ᠭᠠᠳᠠᠨᠠᠬᠢ ᠡᠬᠢ ᠪᠠᠶᠠᠯᠢᠭ ᠳᠡᠭᠡᠷ᠎ᠡ
ᠠᠵᠢᠯ ᠬᠢᠵᠦ ᠡᠬᠢᠯᠡᠭᠰᠡᠨ ᠪᠠᠶᠢᠨ᠎ᠠ ᠂ ᠪᠢᠳᠡ ᠵᠠᠪᠠᠯ ᠦᠨᠡᠨ ᠢ ᠪᠠᠷᠢᠮᠲᠠᠯᠠᠨ ᠪᠣᠳᠠᠲᠤ
ᠠᠵᠢᠯᠯᠠᠭ᠎ᠠ ᠶ᠋ᠢ ᠡᠷᠬᠢᠮᠯᠡᠬᠦ ᠵᠣᠷᠢᠭ ᠰᠠᠨᠠᠭ᠎ᠠ ᠪᠠᠷ ᠡᠨᠡ ᠲᠠᠯ᠎ᠠ ᠶ᠋ᠢᠨ ᠠᠵᠢᠯ ᠢ ᠰᠠᠶᠢᠲᠤᠷ
ᠬᠢᠵᠦ ᠂《 ᠬᠣᠶᠠᠷ ᠡᠬᠢ ᠪᠠᠶᠠᠯᠢᠭ》 ᠢ ᠤᠯᠠᠮ ᠨᠢᠭᠡ ᠠᠯᠬᠤᠮ ᠨᠡᠭᠡᠭᠡᠨ ᠠᠰᠢᠭᠯᠠᠬᠤ ᠳ᠋ᠦ ᠰᠠᠭᠤᠷᠢ
ᠲᠠᠯᠪᠢᠬᠤ ᠬᠡᠷᠡᠭᠲᠡᠶ ᠃