ᠶᠢᠰᠦᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
2011 ᠣᠨ ᠤ 11 ᠰᠠᠷ᠎ᠠ ᠶ᠋ᠢᠨ 10 ᠦ ᠡᠳᠦᠷ ᠡᠴᠡ 13 ᠦ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠬᠥᠬᠡᠬᠣᠲᠠ ᠳᠤ ᠬᠤᠷᠠᠯᠳᠤᠪᠠ᠃ ᠶᠡᠬᠡ ᠬᠤᠷᠠᠯ ᠳᠤ 647 ᠲᠦᠯᠦᠭᠡᠯᠡᠭᠴᠢ ᠤᠷᠤᠯᠴᠠᠭᠰᠠᠨ ᠪᠠᠶᠢᠨ᠎ᠠ᠃ ᠡᠨᠡ ᠤᠳᠠᠭ᠎ᠠ ᠶᠢᠨ ᠶᠡᠬᠡ ᠬᠤᠷᠠᠯ ᠠᠴᠠ ᠲᠣᠭᠲᠠᠭᠠᠭᠰᠠᠨ ᠰᠢᠨᠵᠢᠯᠡᠬᠦ ᠤᠬᠠᠭᠠᠨᠴᠢ ᠬᠥᠭᠵᠢᠯᠲᠡ᠂ ᠠᠷᠠᠳ ᠢ ᠪᠠᠶᠠᠵᠢᠭᠤᠯᠵᠤ ᠣᠷᠣᠨ ᠢᠶᠠᠨ ᠬᠦᠴᠦᠷᠬᠡᠭᠵᠢᠭᠦᠯᠬᠦ ᠭᠣᠣᠯ ᠰᠡᠳᠦᠪ ᠨᠢ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠵᠤ᠂ ᠦᠨᠳᠦᠰᠦᠲᠡᠨ ᠨᠦᠭᠦᠳ ᠦᠨ ᠠᠷᠠᠳ ᠲᠦᠮᠡᠨ ᠦ ᠬᠦᠰᠡᠯ ᠡᠷᠡᠮᠡᠯᠵᠡᠯ ᠲᠠᠢ ᠨᠡᠶᠢᠴᠡᠵᠦ᠂ ᠥᠪᠥᠷ ᠮᠣᠩᠭᠣᠯ ᠤᠨ ᠬᠥᠭᠵᠢᠯᠲᠡ ᠶᠢᠨ ᠭᠣᠣᠯᠳᠠᠯᠭ᠎ᠠ ᠪᠠ ᠵᠠᠩᠭᠢᠯᠠᠭ᠎ᠠ ᠶ᠋ᠢ ᠠᠳᠬᠤᠵᠤ᠂ ᠥᠪᠥᠷ ᠮᠣᠩᠭᠣᠯ ᠤᠨ ᠢᠷᠡᠭᠡᠳᠦᠢ ᠶᠢᠨ ᠬᠥᠭᠵᠢᠯᠲᠡ ᠳᠦ ᠲᠡᠮᠡᠴᠡᠯ ᠦᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃ ᠶᠡᠬᠡ ᠬᠤᠷᠠᠯ ᠠᠴᠠ᠂ ᠬᠣᠶᠢᠰᠢᠳᠠ ᠶᠢᠨ ᠲᠠᠪᠤᠨ ᠵᠢᠯ ᠦᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠲᠡᠮᠡᠴᠡᠯ ᠦᠨ ᠬᠠᠷᠠᠯᠲᠠ ᠪᠠ ᠵᠢᠯᠣᠭᠣᠳᠬᠤ ᠵᠠᠷᠴᠢᠮ ᠨᠢ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠱᠠᠭᠠᠷᠳᠠᠯᠭ᠎ᠠ ᠶᠢ ᠬᠠᠷᠠᠭᠤᠯᠵᠤ ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠣᠯᠤᠨ ᠵᠢᠯᠣᠭᠣᠳᠬᠤ ᠴᠢᠨᠠᠷ ᠲᠠᠢ ᠪᠠᠶᠢᠵᠦ᠂ ᠥᠪᠥᠷ ᠮᠣᠩᠭᠣᠯ ᠤᠨ ᠠᠵᠤ ᠠᠬᠤᠶ ᠨᠡᠶᠢᠭᠡᠮ ᠦᠨ ᠰᠠᠢᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠵᠢᠷᠤᠮᠯᠠᠯ ᠮᠥᠨ᠃ ᠶᠡᠬᠡ ᠬᠤᠷᠠᠯ ᠳ᠋ᠤ᠌ ᠬᠥᠭᠵᠢᠨ ᠪᠠᠳᠠᠷᠠᠭᠰᠠᠨ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠶ ᠰᠠᠶᠢᠨ ᠰᠠᠶᠢᠬᠠᠨ ᠬᠥᠭᠵᠢᠯᠲᠡ ᠶᠢᠨ ᠠᠤᠭ᠎ᠠ ᠲᠥᠰᠦᠪ ᠥᠪᠦᠷ ᠮᠣᠩᠭᠤᠯ ᠢ᠋ ᠵᠢᠷᠤᠭᠯᠠᠵᠤ᠂ ᠬᠥᠮᠦᠰ ᠢᠵᠣᠷᠢᠭᠵᠢᠭᠤᠯᠤᠨ᠂ ᠢᠲᠡᠭᠡᠯ ᠵᠣᠷᠢᠭ ᠢ᠋ ᠬᠥᠪᠴᠢᠯᠡᠵᠦ᠂ ᠪᠥᠬᠥ ᠣᠷᠣᠨ ᠤ ᠦᠨᠳᠦᠰᠦᠲᠡᠨ ᠨᠦᠭᠦᠳ ᠦᠨ ᠠᠷᠠᠳ ᠲᠦᠮᠡᠨ ᠦ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠬᠦᠴᠦᠨ ᠢ᠋ ᠪᠣᠢ ᠪᠣᠯᠭᠠᠭᠰᠠᠨ ᠪᠠᠢᠨ᠎ᠠ ᠃
2011 ᠣᠨ ᠤ 11 ᠰᠠᠷ᠎ᠠ ᠶᠢᠨ 14 ᠦ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠬᠣᠷᠢᠶᠠᠨ ᠤ ᠠᠩᠬᠠᠳᠤᠭᠠᠷ ᠪᠦᠭᠦᠳᠡ ᠬᠤᠷᠠᠯᠳᠤᠭᠠᠨ ᠠᠴᠠ ᠰᠢᠨ᠎ᠡ ᠨᠢᠭᠡᠨ ᠬᠤᠭᠤᠴᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠬᠦᠨ ᠢ ᠰᠤᠩᠭᠤᠨ ᠭᠠᠷᠭᠠᠭᠰᠠᠨ ᠪᠠᠶᠢᠨ᠎ᠠ᠃ ᠬᠤᠤ ᠴᠦᠨ ᠬᠤᠸᠠ ᠱᠦᠵᠢ ᠪᠡᠷ ᠰᠣᠩᠭᠣᠭᠳᠠᠵᠤ᠂ ᠪᠠᠭᠠᠲᠤᠷ ( ᠮᠣᠩᠭᠣᠯ ᠦᠨᠳᠦᠰᠦᠲᠡᠨ )᠂ ᠯᠢ ᠵᠢᠶᠠ ᠳᠡᠳ᠋ ᠱᠦᠵᠢ ᠪᠠᠷ ᠰᠤᠩᠭᠤᠭᠳᠠᠭᠰᠠᠨ ᠪᠠᠶᠢᠨ᠎ᠠ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠳᠡᠭᠡᠷ᠎ᠡ᠂ ᠬᠤᠤ ᠴᠦᠨ ᠬᠤᠸᠠ ᠱᠦᠵᠢ ᠡᠴᠠ ᠦᠩᠭᠡᠷᠡᠭᠰᠡᠨ ᠲᠠᠪᠤᠨ ᠵᠢᠯ ᠦᠨ ᠲᠤᠷᠰᠢᠬᠢ ᠢᠯᠵᠠᠷᠠᠯ ᠢ ᠡᠰᠡᠷᠭᠦᠴᠡᠭᠰᠡᠨ ᠠᠵᠢᠯ ᠢ ᠳ᠋ᠦᠩᠨᠡᠵᠦ᠂ ᠦᠪᠡᠷᠲᠡᠭᠡᠨ ᠵᠠᠰᠠᠬᠤ ᠣᠷᠣᠨ ᠤ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠦᠨ ᠪᠠᠶᠢᠭᠤᠯᠤᠯᠲᠠ ᠶᠢ ᠪᠠᠶᠢᠴᠠᠭᠠᠨ᠂ ᠨᠢᠭᠡ ᠪᠦᠯᠦᠭ ᠶᠡᠬᠡ ᠬᠡᠷᠡᠭ ᠴᠢᠬᠤᠯᠠ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠭᠰᠡᠨ ᠪᠦᠭᠡᠳ ᠢᠯᠵᠠᠷᠠᠮᠠᠯ ᠦᠵᠡᠭᠳᠡᠯ ᠦᠨ ᠡᠭᠦᠰᠦᠨ ᠳᠡᠯᠭᠡᠷᠡᠬᠦ ᠶ᠋ᠢ ᠡᠷᠡᠰ ᠬᠤᠷᠢᠭᠯᠠᠨ᠂ ᠨᠠᠮ ᠤᠨ ᠰᠤᠷᠲᠠᠯ ᠤᠨ ᠵᠤᠬᠢᠶᠠᠨ ᠪᠠᠶᠢᠭᠤᠯᠤᠯᠲᠠ ᠪᠤᠯᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠰᠢᠨ᠎ᠡ ᠠᠬᠢᠴᠠ ᠲᠠᠶ ᠪᠤᠯᠤᠭᠰᠠᠨ ᠲᠤᠬᠠᠢ ᠵᠢᠭᠠᠨ ᠭᠠᠷᠭᠠᠵᠠᠢ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠱᠠᠭᠠᠷᠳᠠᠯᠭ᠎ᠠ ᠳᠤ ᠵᠣᠬᠢᠴᠠᠵᠤ᠂ ᠨᠠᠮ ᠨᠢ ᠨᠠᠮ ᠢᠶᠠᠨ ᠬᠠᠮᠢᠶᠠᠷᠬᠤ ᠶ᠋ᠢ ᠦᠢᠯᠡᠳᠳᠦᠬᠦᠯᠵᠦ᠂ ᠨᠠᠮ ᠢ ᠴᠢᠩᠭ᠎ᠠ ᠵᠠᠰᠠᠬᠤ ᠡᠭᠦᠷᠭᠡ ᠥᠩᠭᠡᠷᠡᠭᠰᠡᠨ ᠦ ᠠᠯᠢ ᠴᠦ ᠦᠶ᠎ᠡ ᠡᠴᠡ ᠴᠥᠮ ᠨᠡᠩ ᠨᠦᠰᠡᠷ ᠬᠦᠨᠳᠦ ᠪᠥᠭᠡᠳ ᠪᠠᠴᠢᠮ ᠲᠤᠯᠭᠠᠮ᠎ᠠ ᠪᠠᠶᠢᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠦᠨ ᠤᠷᠳᠤ ᠤᠳᠠᠭᠠᠨ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠶ ᠲᠠᠨᠢᠵᠤ ᠂ ᠡᠷᠡᠰ ᠪᠠᠲᠤ ᠵᠣᠷᠢᠭ ᠬᠢᠭᠡᠳ ᠬᠦᠴᠦᠲᠡᠶ ᠠᠷᠭ᠎ᠠ ᠬᠡᠮᠵᠢᠶ᠎ᠡ ᠪᠠᠷᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠰᠢᠨ᠎ᠡ ᠠᠮᠵᠢᠯᠲᠠ ᠡᠭᠦᠳᠦᠨ᠂ ᠰᠢᠨ᠎ᠡ ᠬᠠᠭᠤᠳᠠᠰᠤ ᠋ ᠢᠢ ᠪᠢᠴᠢᠭᠯᠡᠬᠦ ᠪᠣᠯᠤᠨ᠎ᠠ ᠃
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 13 ᠬᠦᠮᠦᠨ ) ᠄
ᠬᠤᠤ ᠴᠦᠨ ᠬᠤᠸᠠ᠂ ᠪᠠᠭᠠᠲᠤᠷ ( ᠮᠣᠩᠭᠣᠯ ᠦᠨᠳᠦᠰᠦᠲᠡᠨ )᠂ ᠯᠢ ᠵᠢᠶᠠ᠂ ᠯᠢᠦ ᡁᠢ ᠭᠠᠩ᠂ ᠫᠠᠨ ᠢ ᠶᠠᠩ᠂ ᠵᠠᠩ ᠯᠢ᠂ ᠤᠯᠠᠭᠠᠨ ( ᠮᠣᠩᠭᠣᠯ ᠦᠨᠳᠦᠰᠦᠲᠡᠨ ) ᠂ ᠯᠢ ᠫᠸᠩ ᠰᠢᠨ᠂ ᠹᠦ᠋ ᠲᠡᠶ ᠽᠸᠩ᠂ ᠸᠠᠩ ᠰᠦ ᠢ ( ᠮᠣᠩᠭᠣᠯ ᠦᠨᠳᠦᠰᠦᠲᠡᠨ)᠂ ᠽᠤᠤ ᠴᠸᠩ ᠬᠠᠢ᠂ ᠨᠠᠰᠤᠨᠮᠦᠢᠩᠬᠡ ( ᠮᠣᠩᠭᠣᠯ ᠦᠨᠳᠦᠰᠦᠲᠡᠨ)᠂ ᠳ᠋ᠦ᠋ ᠽᠢ
ᠬᠣᠶᠠᠷ᠂ ᠱᠦᠵᠢ :
ᠬᠤᠤ ᠴᠦᠨ ᠬᠤᠸᠠ
ᠭᠤᠷᠪᠠ᠂ ᠳᠡᠳ᠋ ᠱᠦᠵᠢ :
ᠪᠠᠭᠠᠲᠤᠷ ( ᠮᠣᠩᠭᠣᠯ ᠦᠨᠳᠦᠰᠦᠲᠡᠨ )᠂ ᠯᠢ ᠵᠢᠶᠠ
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 11 ᠬᠥᠮᠦᠨ ) ᠄
ᠵᠠᠩ ᠯᠢ᠂ ᠯᠢ ᠵᠢᠶᠧ᠂ ᠡᠷᠳᠡᠨᠢ ( ᠮᠣᠩᠭᠣᠯ ᠦᠨᠳᠦᠰᠦᠲᠡᠨ)᠂ ᠬᠠᠨ ᠱᠢ ᠬᠤᠸᠠ᠂ ᠪᠠ ᠵᠢᠶᠠᠨ ᠭᠤᠸᠠᠩ ( ᠮᠣᠩᠭᠣᠯ ᠦᠨᠳᠦᠰᠦᠲᠡᠨ)᠂ ᠴᠢᠶᠣᠤ ᠵᠢᠶᠠᠨ ᠳ᠋ᠦᠩ ᠂ ᠷᠧᠨ ᠴᠢᠩ ᠶᠤᠸᠠᠨ᠂ ᠸᠸᠨ ᠱᠤ ᠵᠥᠩ ᠂ ᠸᠸᠨ ᠱᠦᠦ ᠵᠦᠩ ᠂ ᠵᠦᠦ ᠯᠢ ᠫᠢᠩ(ᠮᠠᠨᠵᠤ ᠦᠨᠳᠦᠰᠦᠲᠡᠨ)᠂ ᠶᠤᠸᠠᠨ ᠷᠦᠢ ᠰᠢᠶᠠᠨ᠂ ᠪᠦᠦ ᠪᠥᠸᠧ ( ᠮᠣᠩᠭᠣᠯ ᠦᠨᠳᠦᠰᠦᠲᠡᠨ )
ᠬᠣᠶᠠᠷ᠂ ᠱᠦᠵᠢ :
ᠵᠠᠩ ᠯᠢ
ᠭᠤᠷᠪᠠ᠂ ᠳᠡᠳ᠋ ᠱᠦᠵᠢ :
ᠯᠢ ᠵᠢᠶᠸ᠂ ᠡᠷᠳᠡᠨᠢ ( ᠮᠣᠩᠭᠣᠯ ᠦᠨᠳᠦᠰᠦᠲᠡᠨ )᠂ ᠬᠠᠨ ᠱᠢ ᠬᠤᠸᠠ᠂ ᠪᠠ ᠵᠢᠶᠠᠨ ᠭᠤᠸᠠᠩ (ᠮᠣᠩᠭᠣᠯ ᠦᠨᠳᠦᠰᠦᠲᠡᠨ)