ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠡᠭᠦᠰᠬᠦ ᠬᠤᠷᠠᠯ ᠳᠡᠭᠡᠷ᠎ᠡ ᠬᠡᠯᠡᠭᠰᠡᠨ ᠦᠭᠡ ( 2006 ᠣᠨ ᠤ 11 ᠰᠠᠷ᠎ᠠ ᠶᠢᠨ 23 ᠤ ᠡᠳᠦᠷ ) ᠴᠦ᠋ ᠪᠦᠧᠧ
ᠨᠥᠬᠥᠳ ᠡ ᠄
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ
ᠣᠷᠣᠨ ᠤ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠬᠡ ᠬᠤᠷᠠᠯ ᠪᠦᠬᠦ
ᠲᠥᠯᠥᠭᠡᠯᠡᠭᠴᠢᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ ᠡᠯ᠎ᠡ ᠵᠦᠢᠯ ᠤᠨ ᠵᠥᠪᠯᠡᠬᠦ
ᠵᠦᠢᠯ ᠢᠶᠠᠨ ᠲᠡᠭᠦᠰ ᠪᠡᠶᠡᠯᠡᠭᠦᠯᠵᠦ ᠂ ᠠᠮᠵᠢᠯᠲᠠ ᠲᠠᠢ ᠪᠠᠷ ᠦᠨᠳᠦᠷᠯᠡᠬᠦ ᠭᠡᠵᠦ ᠪᠠᠢᠨ᠎ᠠ᠃
ᠡᠨᠡ ᠤᠳᠠᠭᠠᠨ ᠤ ᠶᠡᠬᠡ ᠬᠤᠷᠠᠯ ᠪᠣᠯ ᠮᠠᠨ ᠤ ᠣᠷᠣᠨ ᠤ ᠰᠢᠨ᠎ᠡ ᠴᠠᠭ ᠡᠷᠢᠨ᠂ ᠰᠢᠨ᠎ᠡ ᠱᠠᠲᠤ
ᠦᠶ᠎ᠡ ᠳᠦ ᠳᠠᠪᠰᠢᠨ ᠤᠷᠤᠭᠰᠠᠨ ᠠᠴᠠ ᠨᠠᠰᠢ ᠬᠤᠷᠠᠯᠳᠤᠭᠤᠯᠤᠭᠰᠠᠨ ᠨᠢᠭᠡᠨ ᠤᠳᠠᠭᠠᠨ ᠤ ᠮᠠᠰᠢ
ᠴᠢᠬᠤᠯᠠ ᠬᠤᠷᠠᠯᠳᠤᠭᠠᠨ ᠮᠥᠨ ᠃ ᠶᠡᠬᠡ ᠬᠤᠷᠠᠯ ᠠᠴᠠ ᠪᠠᠲᠤᠯᠠᠭᠰᠠᠨ ᠥᠪᠡᠷᠲᠡᠭᠡᠨ ᠵᠠᠰᠠᠬᠤ
ᠣᠷᠣᠨ ᠤ ᠳᠣᠯᠣᠳᠤᠭᠠᠷ ᠬᠤᠭᠤᠴᠠᠭᠠᠨ ᠤ ᠨᠠᠮ ᠤᠨ ᠬᠣᠷᠢᠶᠠᠨ ᠳᠠᠭᠠᠨ ᠥᠭᠭᠦᠭᠰᠡᠨ ᠮᠡᠳᠡᠭᠦᠯᠦᠯᠲᠡ
ᠨᠢ ᠳ᠋ᠧᠩ ᠰᠢᠶᠣᠣ ᠫᠢᠩ ᠦᠨ ᠣᠨᠣᠯ ᠪᠠ《 ᠭᠤᠷᠪᠠ ᠶᠢ ᠲᠥᠯᠥᠭᠡᠯᠡᠬᠦ 》ᠴᠢᠬᠤᠯᠠ ᠦᠵᠡᠯ ᠰᠠᠨᠠᠭᠠᠨ ᠤ
ᠠᠭᠤᠤ ᠶᠡᠬᠡ ᠲᠤᠭ ᠢ ᠥᠨᠳᠥᠷ ᠮᠠᠨᠳᠤᠭᠤᠯᠵᠤ ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ
ᠦᠵᠡᠯᠲᠡ ᠶ᠋ᠢ ᠪᠦᠬᠦ ᠲᠠᠯ᠎ᠠ ᠪᠠᠷ ᠲᠤᠤᠱᠠᠯᠠᠭᠤᠯᠤᠨ ᠨᠠᠶᠢᠳᠠᠪᠤᠷᠢᠵᠢᠭᠤᠯᠵᠤ ᠂ ᠳᠣᠯᠣᠳᠤᠭᠠᠷ
ᠤᠳᠠᠭᠠᠨ ᠤ ᠨᠠᠮ ᠤᠨ ᠵᠥᠪᠯᠡᠯ ᠦᠨ ᠲᠥᠯᠥᠭᠡᠯᠡᠭᠴᠢᠳ ᠤᠨ ᠶᠡᠬᠡ ᠬᠤᠷᠠᠯ ᠠᠴᠠ ᠨᠠᠰᠢᠬᠢ
ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠭᠡᠳ ᠂ ᠣᠳᠣᠬᠠᠨ ᠤ ᠪᠠ ᠬᠣᠶᠢᠰᠢᠳᠠ ᠶᠢᠨ ᠨᠢᠭᠡ
ᠬᠤᠭᠤᠴᠠᠭᠠᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠵᠤ ᠂ ᠳᠠᠷᠠᠭᠠᠴᠢ ᠶᠢᠨ
ᠲᠠᠪᠤᠨ ᠵᠢᠯ ᠳᠡᠬᠢ ᠪᠥᠬᠥ ᠣᠷᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠᠲᠤ
ᠡᠭᠦᠷᠭᠡ ᠪᠡᠨ ᠤᠯᠠᠮ ᠨᠢᠭᠡ ᠠᠯᠬᠤᠮ ᠲᠣᠳᠣᠷᠬᠠᠢᠯᠠᠵᠠᠢ᠃ ᠲᠤᠰ ᠮᠡᠳᠡᠭᠦᠯᠦᠯᠲᠡ ᠪᠣᠯ ᠪᠥᠬᠥ
ᠣᠷᠣᠨ ᠤ ᠡᠯ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ
ᠭᠡᠰᠢᠭᠦᠨ ᠂ ᠡᠯ᠎ᠡ ᠦᠨᠳᠦᠰᠦᠲᠡᠨ ᠤ ᠠᠷᠠᠳ ᠲᠦᠮᠡᠨ᠂ ᠨᠡᠶᠢᠭᠡᠮ ᠦᠨ ᠡᠯ᠎ᠡ ᠲᠠᠯ᠎ᠠ ᠶᠢᠨ ᠬᠢᠨ ᠤ
ᠬᠠᠮᠲᠤ ᠶᠢᠨ ᠤᠶ ᠤᠨ ᠤᠬᠠᠭᠠᠨ ᠤ ᠤᠬᠢ ᠪᠦᠲᠦᠭᠡᠯ ᠪᠠᠶᠢᠵᠦ᠂ ᠬᠣᠶᠢᠰᠢᠳᠠ ᠶᠢᠨ ᠨᠢᠭᠡ
ᠬᠤᠭᠤᠴᠠᠭᠠᠨ ᠤ ᠪᠦᠬᠦ ᠣᠷᠣᠨ ᠤ ᠪᠦᠯᠬᠦᠮᠳᠡᠨ ᠲᠡᠮᠡᠴᠡᠬᠦ ᠠᠵᠢᠯᠯᠠᠭᠠᠨ ᠤ ᠬᠥᠲᠥᠯᠪᠦᠷᠢ ᠮᠥᠨ ᠃
ᠶᠡᠬᠡ ᠬᠤᠷᠠᠯ ᠠᠴᠠ ᠨᠠᠮ ᠤᠨ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠭᠦᠢᠴᠡᠳ
ᠪᠡᠯᠡᠳᠬᠡᠯ ᠢᠶᠡᠷ ᠲᠠᠮᠵᠢᠨ ᠰᠢᠨ᠎ᠡ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ
ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠ
ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠭᠡᠰᠢᠭᠦᠳ ᠢ ᠰᠣᠩᠭᠣᠨ ᠭᠠᠷᠭᠠᠵᠤ ᠂ ᠶᠡᠬᠡ
ᠬᠤᠷᠠᠯ ᠠᠴᠠ ᠲᠣᠭᠲᠠᠭᠠᠭᠰᠠᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠦ ᠤᠯᠤᠰ ᠲᠦᠷᠦ ᠶᠢᠨ
ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ ᠃
ᠲᠥᠯᠥᠭᠡᠯᠡᠭᠴᠢᠳ ᠠᠴᠠ ᠪᠢᠳᠡᠨ ᠢ《 ᠬᠣᠶᠠᠷ ᠵᠥᠪᠯᠡᠯ》 ᠤᠨ ᠭᠡᠰᠢᠭᠦᠨ ᠢᠶᠠᠷ ᠰᠣᠩᠭᠣᠭᠰᠠᠨ ᠨᠢ
ᠪᠢᠳᠡᠨ ᠳᠦ ᠡᠷᠬᠡ ᠣᠯᠭᠣᠭᠰᠠᠨ ᠢᠶᠠᠷ ᠦᠯᠦ ᠪᠠᠷᠠᠮ᠂ ᠨᠠᠩ ᠴᠢᠬᠤᠯᠠ ᠨᠢ ᠪᠢᠳᠡᠨ ᠳᠦ ᠣᠯᠭᠣᠭᠰᠠᠨ
ᠡᠭᠦᠷᠭᠡ ᠬᠠᠷᠢᠭᠤᠴᠠᠯᠭ᠎ᠠ ᠪᠠ ᠡᠷᠭᠦᠨ ᠵᠣᠷᠢᠭᠤᠯᠬᠤ ᠱᠠᠭᠠᠷᠳᠠᠯᠭ᠎ᠠ ᠶᠤᠮ᠃ ᠹᠸᠤᠳ᠋ᠠᠯ ᠤᠨ ᠱᠢ
ᠳ᠋ᠠᠢᠹᠦ᠋ ᠶᠢᠨ ᠳᠠᠪᠬᠤᠷᠭ᠎ᠠ ᠳᠦ ᠪᠠᠰᠠ《 ᠨᠣᠶᠠᠨ ᠪᠣᠯᠣᠭᠠᠳ ᠠᠷᠠᠳ ᠲᠤ ᠡᠵᠡᠨ ᠮᠡᠳᠡᠵᠦ ᠥᠭᠬᠦ
ᠦᠭᠡᠢ ᠪᠣᠯ᠂ ᠨᠤᠲᠤᠭ ᠲᠤ ᠪᠠᠨ ᠬᠠᠷᠢᠭᠠᠳ ᠨᠣᠭᠣᠭ᠎ᠠ ᠲᠠᠷᠢᠶ᠎ᠠ ᠪᠠᠨ ᠣᠷᠣᠯᠳᠤᠭᠰᠠᠨ ᠨᠢ
ᠳᠡᠭᠡᠷ᠎ᠡ》 ᠭᠡᠰᠡᠨ ᠦᠵᠡᠯ ᠤᠬᠠᠮᠰᠠᠷ ᠪᠠᠶᠢᠬᠤ ᠳᠤ᠂ ᠨᠠᠮ ᠤᠨ ᠭᠡᠰᠢᠭᠦᠨ ᠤᠳᠤᠷᠢᠳᠬᠤ ᠺᠠᠳ᠋ᠷ᠂
ᠠᠷᠠᠳ ᠲᠦᠮᠡᠨ ᠤ ᠠᠯᠪᠠᠨ ᠵᠠᠷᠤᠴᠠ ᠪᠣᠯᠤᠭᠰᠠᠨ ᠤ ᠬᠤᠪᠢ ᠳᠤ ᠂ ᠨᠠᠮ ᠪᠠ ᠠᠷᠠᠳ ᠲᠦᠮᠡᠨ
ᠪᠢᠳᠡᠨ ᠢ ᠡᠶᠢᠮᠦ ᠴᠢᠬᠤᠯᠠ ᠪᠠᠶᠢᠷᠢᠨ ᠳᠤ ᠲᠠᠯᠪᠢᠵᠤ ᠪᠠᠶᠢᠬᠤ ᠳᠤ ᠂ ᠬᠡᠷᠪᠡ ᠥᠪᠥᠷ
ᠮᠣᠩᠭᠣᠯ ᠤᠨ ᠡᠯ᠎ᠡ ᠦᠨᠳᠦᠰᠦᠲᠡᠨ ᠦ ᠠᠷᠠᠳ ᠲᠦᠮᠡᠨ ᠳᠦ ᠪᠣᠳᠠᠲᠤ ᠠᠵᠢᠯ᠂ ᠰᠠᠶᠢᠨ ᠠᠵᠢᠯ ᠬᠢᠵᠦ
ᠥᠭᠬᠦ ᠥᠬᠡᠶ ᠶᠤᠮ ᠪᠣᠯ ᠬᠠᠷᠢᠭᠤᠴᠠᠯᠭ᠎ᠠ ᠠᠯᠳᠠᠭᠰᠠᠨ ᠳᠦ ᠲᠣᠭᠠᠴᠠᠭᠳᠠᠵᠤ ᠂ ᠠᠷᠠᠳ ᠲᠦᠮᠡᠨ᠂ ᠴᠠᠭ
ᠦᠶ᠎ᠡ᠂ ᠲᠡᠦᠬᠡ ᠳᠦ ᠣᠰᠣᠯᠳᠠᠭᠰᠠᠨ ᠶᠠᠪᠤᠳᠠᠯ ᠪᠣᠯᠣᠨ᠎ᠠ᠃ ᠤᠳᠤᠷᠢᠳᠬᠤ ᠪᠠᠶᠢᠷᠢ ᠠᠴᠠ ᠪᠠᠨ
ᠪᠠᠭᠤᠬᠤ ᠦᠶ᠎ᠡ ᠳᠤ ᠂ ᠪᠢᠳᠡ ᠥᠪᠡᠷ ᠢᠶᠡᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ
ᠵᠠᠰᠠᠭ ᠤᠨ ᠠᠵᠢᠯ ᠬᠢᠭᠰᠡᠨ ᠡᠳᠡᠬᠡᠷ ᠵᠢᠯ ᠳᠦ᠂ ᠴᠠᠭ ᠲᠣᠬᠢᠶᠠᠯ ᠢ ᠰᠠᠭᠠᠲᠠᠭᠠᠨ ᠠᠯᠳᠠᠭᠰᠠᠨ
ᠡᠰᠡᠬᠦ᠂ ᠂ ᠬᠥᠭᠵᠢᠯᠲᠡ ᠶᠢ ᠨᠥᠯᠥᠭᠡᠯᠡᠭᠰᠡᠨ ᠡᠰᠡᠬᠦ ᠂ ᠨᠠᠮ ᠤᠨ ᠭᠡᠰᠢᠭᠦᠨ ᠦ ᠨᠡᠷ᠎ᠡ
ᠨᠢᠳᠡᠷ ᠲᠦ ᠪᠡᠨ ᠲᠡᠩᠴᠡᠭᠰᠡᠨ ᠡᠰᠡᠬᠦ᠂ ᠠᠷᠠᠳ ᠲᠦᠮᠡᠨ ᠳᠦ ᠣᠰᠣᠯᠳᠠᠭᠰᠠᠨ ᠡᠰᠡᠬᠦ᠂ ᠥᠪᠡᠷ ᠦᠨ
ᠰᠠᠶᠢᠨ ᠰᠠᠨᠠᠭᠠᠨ ᠠᠴᠠ ᠪᠠᠨ ᠲᠡᠷᠰᠯᠡᠭᠰᠡᠨ ᠡᠰᠡᠬᠦ ᠪᠡᠨ ᠲᠤᠩᠭᠠᠨ ᠪᠣᠳᠣᠯᠬᠢᠯᠠᠬᠤ ᠬᠡᠷᠡᠭᠲᠡᠢ᠃
ᠠᠩᠬ᠎ᠠ
ᠥᠪᠥᠷ ᠮᠣᠩᠭᠣᠯ ᠳᠤ ᠢᠷᠡᠬᠦ ᠳᠦ ᠪᠡᠨ ᠪᠢ ᠬᠡᠯᠡᠵᠦ ᠥᠩᠭᠡᠷᠡᠭᠰᠡᠨ ᠪᠢᠯᠠ ᠂ ᠪᠢ ᠡᠨᠳᠡ
ᠵᠣᠴᠢᠯᠠᠭᠳᠠᠬᠤ ᠪᠠᠷ ᠢᠷᠡᠭᠰᠡᠨ ᠪᠢᠰᠢ᠂ ᠨᠣᠶᠠᠨ ᠰᠠᠭᠤᠬᠤ ᠪᠠᠷ ᠴᠤ ᠢᠷᠡᠭᠰᠡᠨ ᠪᠢᠰᠢ᠂ ᠬᠠᠷᠢᠨ
ᠬᠦᠮᠦᠨ ᠪᠣᠯᠵᠤ᠂ ᠠᠵᠢᠯ ᠬᠢᠬᠦ ᠪᠡᠷ ᠢᠷᠡᠭᠰᠡᠨ ᠶᠤᠮ᠃ ᠪᠠᠰᠠ ᠥᠪᠥᠷ ᠮᠣᠩᠭᠣᠯ ᠳᠦ ᠢᠷᠡᠭᠰᠡᠨ
ᠠᠩᠬᠠᠨ ᠤ ᠡᠳᠦᠷ ᠡᠴᠡ ᠡᠬᠢᠯᠡᠵᠦ ᠂ ᠥᠪᠡᠷ ᠢ ᠪᠡᠨ ᠨᠠᠮ ᠤᠨ ᠵᠣᠬᠢᠶᠠᠨ ᠪᠠᠶᠢᠭᠤᠯᠤᠯᠲᠠ ᠪᠠ
ᠠᠷᠠᠳ ᠤᠯᠠᠨ ᠤ ᠬᠢᠨᠠᠯᠲᠠ ᠶᠢᠨ ᠳᠣᠣᠷ᠎ᠠ ᠪᠠᠶᠢᠯᠭᠠᠨ᠎ᠠ ᠭᠡᠵᠦ ᠠᠮᠠᠯᠠᠭᠰᠠᠨ ᠶᠤᠮ᠃ ᠲᠠᠪᠤᠨ ᠵᠢᠯ
ᠭᠠᠷᠤᠢ ᠶᠢᠨ ᠳᠠᠷᠠᠭᠠᠬᠢ ᠥᠨᠥᠳᠦᠷ ᠂ ᠪᠢ ᠦᠷᠭᠦᠯᠵᠢᠯᠡᠨ ᠥᠪᠡᠷ ᠦᠨ ᠣᠪᠣᠷ ᠪᠠ ᠠᠮᠠᠯᠠᠯᠲᠠ ᠪᠠᠨ
ᠪᠠᠷᠢᠮᠲᠠᠯᠠᠨ᠎ᠠ᠃
ᠰᠢᠨ᠎ᠡ ᠨᠢᠭᠡ ᠬᠤᠭᠤᠴᠠᠭᠠᠨ ᠤ《ᠬᠣᠶᠠᠷ ᠵᠥᠪᠯᠡᠯ》 ᠤᠨ ᠭᠡᠰᠢᠭᠦᠨ
ᠬᠢᠭᠡᠳ ᠨᠠᠮ ᠤᠨ ᠭᠡᠰᠢᠭᠦᠨ ᠤᠳᠤᠷᠢᠳᠬᠤ ᠺᠠᠳ᠋ᠷ ᠪᠦᠷᠢ ᠂ ᠦᠵᠡᠯ ᠰᠠᠨᠠᠭᠠᠨ ᠤ ᠲᠠᠯ᠎ᠠ ᠪᠠᠷ
ᠶᠠᠭᠤᠨ ᠤ ᠲᠥᠯᠥᠭᠡ ᠬᠤᠪᠢᠰᠬᠠᠯ ᠳᠤ ᠣᠷᠣᠯᠴᠠᠭᠰᠠᠨ ᠪᠤᠢ ᠂ ᠤᠳᠤ ᠺᠠᠳ᠋ᠷ ᠪᠣᠯᠤᠭᠰᠠᠨ ᠤ ᠬᠤᠪᠢ ᠳᠤ
ᠶᠠᠭᠤ ᠬᠢᠪᠡᠯ ᠵᠣᠬᠢᠬᠤ᠂ ᠬᠣᠵᠢᠮ ᠬᠣᠢᠨ᠎ᠠ ᠶᠢᠨ ᠶᠠᠭᠤ ᠨᠢᠭᠡ ᠶᠢ ᠦᠯᠡᠳᠡᠭᠡᠬᠦ ᠪᠤᠢ ᠭᠡᠳᠡᠭ
ᠠᠰᠠᠭᠤᠳᠠᠯ ᠦᠳ ᠢ ᠦᠨᠡᠨᠬᠦ ᠰᠠᠶᠢᠲᠤᠷ ᠰᠢᠢᠳᠪᠦᠷᠢᠯᠡᠵᠦ᠂ ᠡᠷᠭᠦᠨ ᠵᠣᠷᠢᠭᠤᠯᠬᠤ ᠦᠵᠡᠯ ᠰᠠᠨᠠᠭ᠎ᠠ
ᠪᠠ ᠠᠰᠢᠭ ᠲᠤᠰᠠ ᠶᠢᠨ ᠵᠠᠷᠴᠢᠮ᠂ ᠨᠠᠮ ᠤᠨ ᠦᠢᠯᠡᠰ ᠪᠠ ᠬᠤᠪᠢ ᠬᠦᠮᠦᠨ ᠦ ᠦᠷᠲᠡᠭ᠂ ᠪᠦᠬᠦᠯᠢ
ᠴᠣᠭᠴᠠ ᠪᠠ ᠬᠡᠰᠡᠭ ᠲᠠᠯ᠎ᠠ ᠶᠢᠨ ᠠᠰᠢᠭ ᠲᠤᠰᠠ ᠶᠢᠨ ᠬᠠᠷᠢᠴᠠᠭ᠎ᠠ ᠶᠢ ᠵᠥᠪ ᠢᠶᠠᠷ ᠲᠠᠨᠢᠨ
ᠰᠢᠢᠳᠪᠦᠷᠢᠯᠡᠵᠦ ᠂ ᠤᠬᠠᠮᠰᠠᠷ ᠠᠴᠠ ᠪᠠᠨ᠄ ( ᠨᠢᠭᠡ ) ᠡᠷᠬᠡᠪᠰᠢ ᠨᠠᠮ ᠤᠨ ᠦᠵᠡᠯ ᠰᠠᠨᠠᠭ᠎ᠠ
ᠱᠤᠭᠤᠮ ᠢ ᠪᠠᠷᠢᠮᠲᠠᠯᠠᠵᠤ᠂ ᠰᠤᠷᠤᠯᠴᠠᠯᠭ᠎ᠠ ᠶᠢ ᠴᠢᠬᠤᠯᠠᠴᠢᠯᠠᠨ ᠂ ᠬᠢᠴᠢᠶᠡᠨ ᠰᠡᠳᠬᠢᠵᠦ ᠂
ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠵᠣᠷᠢᠭᠲᠠᠶ ᠪᠠᠷ ᠰᠢᠨ᠎ᠡ ᠶᠢ ᠡᠭᠦᠳᠦᠨ ᠂ ᠴᠠᠭ
ᠦᠶ᠎ᠡ ᠲᠡᠶ ᠵᠡᠷᠭᠡ ᠪᠡᠷ ᠤᠷᠤᠭᠰᠢᠯᠠᠬᠤ ᠦᠵᠡᠯ ᠰᠠᠨᠠᠭ᠎ᠠ ᠵᠢᠴᠢ ᠬᠦᠴᠦᠯᠡᠨ ᠴᠢᠷᠮᠠᠶᠢᠬᠤ ᠵᠣᠷᠢᠭ
ᠰᠠᠨᠠᠭ᠎ᠠ ᠪᠠᠷ ᠠᠵᠢᠯ ᠢ ᠰᠠᠶᠢᠲᠤᠷ ᠬᠢᠵᠦ ᠂ ᠬᠠᠭᠤᠴᠢᠨ ᠵᠣᠷᠰᠢᠯ ᠢᠶᠠᠨ ᠪᠠᠷᠢᠮᠲᠠᠯᠠᠬᠤ ᠶᠢ
ᠡᠷᠡᠰ ᠡᠰᠡᠷᠭᠦᠴᠡᠵᠦ ᠂ ᠬᠣᠶᠢᠷᠠᠭᠤᠰᠢᠨ ᠤᠬᠤᠷᠢᠵᠤ᠂ 《 ᠨᠣᠶᠠᠨ ᠵᠡᠷᠭᠡ》 ᠪᠠᠨ ᠪᠠᠲᠤᠯᠠᠬᠤ ᠶᠢᠨ
ᠲᠥᠯᠥᠭᠡ ᠲᠡᠳᠡᠬ ᠶᠠᠳᠠᠭ ᠭᠡᠵᠦ᠂ ᠡᠷᠡᠭᠡᠯᠵᠡᠨ ᠰᠡᠵᠢᠭᠯᠡᠵᠦ᠂ ᠣᠷᠣᠯᠳᠣᠯᠭ᠎ᠠ ᠦᠭᠡᠢ ᠪᠠᠶᠢᠵᠦ
ᠪᠣᠯᠬᠤ ᠦᠭᠡᠢ᠃ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠂ ᠵᠣᠷᠢᠭᠲᠠᠶ ᠪᠠᠷ ᠠᠶᠤᠯ
ᠲᠦᠭᠰᠢᠭᠦᠷᠢ ᠶᠢ ᠡᠭᠦᠷᠭᠡᠯᠡᠵᠦ ᠂ ᠵᠣᠷᠢᠭᠲᠠᠢ ᠪᠡᠷ ᠬᠠᠷᠢᠭᠤᠴᠠᠵᠤ᠂ ᠮᠤᠩᠬᠠᠭ ᠨᠣᠶᠠᠨ ᠰᠠᠭᠤᠵᠤ
ᠪᠣᠯᠬᠤ ᠦᠭᠡᠢ᠃(ᠬᠣᠶᠠᠷ )ᠡᠷᠬᠡᠪᠰᠢ ᠦᠨᠡᠨ ᠬᠡᠷᠡᠭ ᠡᠴᠡ ᠵᠥᠪ ᠢ ᠡᠷᠢᠬᠦ ᠵᠣᠷᠢᠭ ᠰᠠᠨᠠᠭ᠎ᠠ ᠶᠢ
ᠪᠠᠷᠢᠮᠲᠠᠯᠠᠵᠤ ᠂ ᠤᠯᠡᠠ ᠲᠦᠮᠡᠨ ᠲᠡᠶ ᠨᠢᠭᠲᠠ ᠬᠠᠷᠢᠯᠴᠠᠬᠤ᠂ ᠤᠯᠠᠨ ᠲᠦᠮᠡᠨ ᠡᠴᠡ ᠪᠠ
ᠦᠢᠯᠡᠳᠦᠯᠭᠡ ᠳᠤᠮᠳᠠ ᠡᠴᠡ ᠳᠠᠷᠤᠤ ᠬᠢᠴᠢᠶᠡᠩᠭᠦᠶ ᠪᠡᠷ ᠰᠤᠷᠤᠯᠴᠠᠵᠤ ᠂ ᠲᠤᠰᠢᠶᠠᠯ
ᠬᠠᠷᠢᠭᠤᠴᠠᠯᠭ᠎ᠠ ᠪᠠᠨ ᠨᠠᠷᠢᠯᠢᠭ ᠭᠦᠢᠴᠡᠳᠬᠡᠵᠦ ᠂ ᠰᠢᠨᠵᠢᠯᠡᠬᠦ ᠤᠬᠠᠭᠠᠨᠴᠢ ᠣᠪᠣᠷ ᠢ
ᠪᠠᠷᠢᠮᠲᠠᠯᠠᠨ ᠂ ᠰᠡᠷᠭᠡᠭ ᠂ ᠲᠠᠶᠢᠪᠤᠭᠤ᠂ ᠦᠨᠡᠨᠴᠢ ᠪᠡᠷ ᠠᠵᠢᠯᠯᠠᠬᠤ ᠂ ᠦᠨᠡᠨ ᠦᠭᠡ ᠬᠡᠯᠡᠵᠦ ᠂
ᠪᠣᠳᠠᠲᠠᠶ ᠶᠠᠪᠤᠳᠠᠯ ᠬᠢᠨ ᠂ ᠵᠢᠩᠬᠢᠨᠢ ᠦᠷ᠎ᠡ ᠠᠰᠢᠭ ᠤᠯᠬᠤ ᠪᠠᠷ ᠴᠢᠷᠮᠠᠶᠢᠵᠦ᠂ ᠪᠣᠳᠠᠲᠤ
ᠠᠮᠵᠢᠯᠲᠠ ᠶᠢ ᠬᠦᠨᠳᠦᠳᠬᠡᠨ ᠂ ᠪᠣᠳᠠᠲᠤ ᠠᠵᠢᠯᠯᠠᠭ᠎ᠠ ᠪᠠᠷ ᠢᠶᠡᠨ ᠠᠷᠠᠳ ᠤᠨ ᠢᠲᠡᠭᠡᠯ ᠢ ᠣᠯᠵᠤ ᠂
ᠠᠷᠠᠳ ᠲᠦᠮᠡᠨ ᠳᠦ ᠪᠤᠶᠠᠨ ᠦᠢᠯᠡᠳᠦᠨ᠎ᠡ᠃ ᠪᠠᠯᠠᠢ ᠮᠤᠩᠬᠠᠭ ᠢᠶᠠᠷ ᠠᠵᠢᠯᠯᠠᠵᠤ ᠂ ᠬᠤᠯᠤ ᠳᠠᠷᠢᠵᠤ
ᠬᠤᠳᠠᠯ ᠬᠡᠯᠡᠬᠦ᠂ ᠥᠪᠡᠷ ᠢᠶᠡᠨ ᠪᠠᠯᠠᠶ ᠪᠠᠶᠢᠭᠠᠳ ᠪᠤᠰᠤᠳ ᠢ ᠮᠡᠷᠭᠡᠨ ᠪᠣᠯᠭᠠᠬᠤ ᠪᠠᠷ
ᠤᠷᠦᠯᠳᠦᠬᠤ ᠮᠤᠩᠬᠠᠭ ᠨᠣᠶᠠᠨ ᠪᠣᠯᠬᠤ ᠦᠭᠡᠢ᠃( ᠭᠤᠷᠪᠠ )ᠲᠥᠪ ᠭᠣᠣᠯᠴᠢ ᠠᠷᠢᠭᠤᠨ ᠴᠢᠬᠡᠴᠢ ᠶᠢ
ᠵᠠᠪᠠᠯ ᠪᠠᠷᠢᠮᠲᠠᠯᠠᠨ᠂ ᠤᠬᠠᠮᠰᠠᠷ ᠡᠴᠡ ᠪᠠᠨ ᠠᠷᠠᠳ ᠲᠦᠮᠡᠨ ᠤ ᠲᠥᠯᠥᠭᠡ ᠲᠦᠷᠦ ᠪᠠᠷᠢᠵᠤ ᠂
ᠠᠷᠢᠭᠤᠨ ᠴᠢᠭᠴᠢ ᠪᠡᠷ ᠵᠠᠰᠠᠭ ᠤᠨ ᠠᠵᠢᠯ ᠬᠢᠵᠦ᠂ ᠲᠥᠪ ᠴᠢᠬᠡᠴᠢ ᠣᠪᠣᠷ ᠢ ᠪᠠᠷᠢᠮᠲᠠᠯᠠᠨ᠂ ᠨᠡᠷ᠎ᠡ
ᠠᠰᠢᠭ ᠢ ᠬᠥᠭᠡᠭᠡᠴᠡᠯᠳᠦᠬᠦ ᠤᠢᠭᠡᠢ ᠂ ᠨᠣᠶᠠᠨ ᠵᠡᠷᠭᠡ ᠤᠯᠬᠤ ᠪᠠᠷ ᠭᠦᠶᠦᠬᠦ ᠦᠭᠡᠢ ᠂ ᠨᠣᠶᠠᠨ
ᠵᠡᠷᠭᠡ ᠬᠤᠳᠠᠯᠳᠤᠭᠠᠯᠠᠬᠤ ᠦᠭᠡᠢ ᠂ ᠡᠷᠡᠰ ᠵᠣᠭᠰᠣᠯᠲᠠ ᠪᠠ ᠲᠣᠷᠪᠢᠲᠠᠢ ᠠᠵᠢᠯ᠂ ᠴᠦᠬᠦᠷᠡᠰᠢ ᠦᠭᠡᠢ
ᠴᠢᠷᠮᠠᠢᠯᠭ᠎ᠠ ᠪᠠᠷ ᠠᠷᠢᠭᠤᠨ ᠴᠢᠬᠡᠴᠢ ᠪᠡᠷ ᠵᠠᠰᠠᠭ ᠪᠠᠷᠢᠬᠤ ᠨᠠᠮ ᠤᠨ ᠰᠤᠷᠲᠠᠯ ᠪᠠ
ᠢᠯᠵᠠᠷᠠᠯ ᠢ ᠡᠰᠡᠷᠭᠦᠴᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠷᠬᠡ ᠪᠡᠨ
ᠠᠰᠢᠭᠯᠠᠨ ᠠᠮᠢ ᠪᠠᠨ ᠪᠣᠷᠳᠣᠬᠤ ᠂ ᠠᠯᠪᠠᠨ ᠤ ᠬᠢ ᠪᠡᠷ ᠪᠠᠶᠠᠵᠢᠬᠤ᠂ ᠠᠯᠪᠠᠨ ᠤ ᠨᠡᠷ᠎ᠡ ᠪᠡᠷ
ᠠᠮᠢᠨ ᠳᠠᠭᠠᠨ ᠲᠠᠲᠠᠬᠤ ᠶᠢ ᠡᠷᠡᠰ ᠲᠡᠪᠴᠢᠵᠦ᠂ ᠬᠣᠪᠳᠣᠭ ᠨᠣᠶᠠᠨ ᠪᠣᠯᠬᠤ ᠦᠭᠡᠢ᠃
ᠶᠡᠬᠡ
ᠬᠤᠷᠠᠯ ᠡᠬᠢᠨ ᠡᠴᠡ ᠲᠡᠭᠦᠰᠲᠡᠯ᠎ᠡ ᠠᠷᠠᠳᠴᠢᠯᠠᠯ ᠂ ᠦᠨᠡᠨ ᠢ ᠡᠷᠢᠬᠦ᠂ ᠡᠶ᠎ᠡ ᠨᠠᠶᠢᠷ ᠲᠠᠶ ᠠᠭᠤᠷ
ᠠᠮᠢᠰᠬᠤᠯ ᠢᠶᠠᠷ ᠪᠢᠯᠬᠠᠮ᠎ᠠ ᠪᠠᠶᠢᠵᠦ᠂ ᠴᠠᠭ ᠦᠶ᠎ᠡ ᠲᠠᠢ ᠵᠡᠷᠭᠡ ᠪᠡᠷ ᠤᠷᠤᠭᠰᠢᠯᠠᠬᠤ ᠵᠣᠷᠢᠭ
ᠰᠠᠨᠠᠭ᠎ᠠ ᠶᠢ ᠢᠯᠡᠷᠡᠭᠦᠯᠵᠡᠢ᠃ ᠲᠤᠰ ᠤᠳᠠᠭᠠᠨ ᠤ ᠬᠤᠷᠠᠯ ᠪᠣᠯ ᠨᠢᠭᠡᠨ ᠪᠦᠯᠬᠦᠮᠳᠡᠯ ᠤᠨ ᠶᠡᠬᠡ
ᠬᠤᠷᠠᠯ ᠂ ᠪᠣᠳᠠᠲᠠᠶ ᠶᠢ ᠡᠷᠬᠢᠮᠯᠡᠭᠰᠡᠨ ᠶᠡᠬᠡ ᠬᠤᠷᠠᠯ᠂ ᠡᠷᠡᠯᠬᠡᠭᠯᠡᠨ ᠤᠷᠤᠭᠰᠢᠯᠠᠭᠰᠠᠨ ᠶᠡᠬᠡ
ᠬᠤᠷᠠᠯ ᠪᠠᠶᠢᠵᠦ᠂ ᠮᠠᠨ ᠤ ᠣᠷᠣᠨ ᠤ ᠬᠥᠭᠵᠢᠯᠲᠡ ᠶᠢᠨ ᠲᠡᠦᠬᠡᠨ ᠳᠤ ᠬᠦᠨᠳᠦ ᠴᠢᠬᠤᠯᠠ ᠠᠯᠤᠰ
ᠬᠡᠲᠦ ᠶᠢᠨ ᠨᠥᠯᠥᠭᠡ ᠦᠵᠡᠭᠦᠯᠬᠦ ᠨᠢ ᠯᠠᠪᠲᠠᠢ ᠃ ᠬᠤᠷᠠᠯᠳᠤᠭᠠᠨ ᠤ ᠬᠤᠭᠤᠴᠠᠭᠠᠨ ᠳᠤ ᠂ ᠲᠥᠪ ᠤᠨ
ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ᠂ ᠲᠥᠪ ᠬᠣᠷᠢᠶᠠᠨ ᠤ ᠵᠣᠬᠢᠶᠠᠨ ᠪᠠᠶᠢᠭᠤᠯᠬᠤ
ᠬᠡᠯᠲᠡᠰ ᠠᠴᠠ ᠠᠵᠢᠯᠲᠠᠨ ᠲᠣᠮᠢᠯᠠᠨ ᠪᠡᠶᠡᠩᠬᠢᠳᠦᠨ ᠵᠢᠯᠣᠭᠣᠳᠤᠭᠤᠯᠵᠤ᠂ ᠥᠪᠡᠷᠲᠡᠭᠡᠨ ᠵᠠᠰᠠᠬᠤ
ᠣᠷᠣᠨ ᠤ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠣᠯᠪᠣᠭ᠎ᠠ ᠪᠠ
ᠨᠡᠶᠢᠭᠡᠮ ᠦᠨ ᠡᠯ᠎ᠡ ᠡᠲᠡᠭᠡᠳ ᠤᠨ ᠬᠥᠮᠦᠰ ᠶᠡᠬᠡ ᠬᠤᠷᠠᠯ ᠳᠤ ᠪᠠᠶᠠᠷ ᠬᠦᠷᠭᠡᠪᠡ᠃ ᠪᠦᠬᠦ
ᠠᠵᠢᠯᠲᠠᠳ ᠰᠢᠷᠭᠠᠭᠤ ᠰᠠᠶᠢᠨ ᠦᠢᠯᠡᠴᠢᠯᠡᠪᠡ ᠃ ᠪᠢ ᠶᠡᠬᠡ ᠬᠤᠷᠠᠯ ᠤᠨ ᠲᠡᠷᠢᠭᠦᠯᠡᠭᠴᠢᠳ ᠤᠨ
ᠪᠦᠯᠬᠦᠮ ᠪᠣᠯ ᠤᠨ ᠪᠦᠬᠦ ᠲᠥᠯᠥᠭᠡᠯᠡᠭᠴᠢᠳ ᠢ ᠲᠥᠯᠥᠭᠡᠯᠡᠨ᠂ ᠲᠠ ᠪᠦᠬᠦᠨ ᠳᠦ ᠴᠢᠩ ᠰᠡᠳᠬᠢᠯ ᠤᠨ
ᠲᠠᠯᠠᠷᠬᠠᠯ ᠢᠶᠠᠨ ᠳᠡᠪᠰᠢᠭᠦᠯᠦᠶ᠎ᠡ ︕
ᠨᠥᠬᠥᠳ ᠡ᠂ ᠥᠪᠥᠷ ᠮᠣᠩᠭᠣᠯ ᠤᠨ ᠥᠷᠭᠡᠨ ᠣᠯᠠᠨ
ᠨᠠᠮ ᠤᠨ ᠭᠡᠰᠢᠭᠦᠳ᠂ ᠡᠯ᠎ᠡ ᠦᠨᠳᠦᠰᠦᠲᠡᠳ ᠪᠦᠯᠬᠦᠮᠳᠡᠨ ᠲᠡᠮᠡᠴᠡᠬᠦ ᠥᠩᠭᠡ ᠭᠡᠷᠡᠯᠲᠡᠢ
ᠤᠯᠠᠮᠵᠢᠯᠠᠯ ᠪᠤᠢ᠂ ᠥᠪᠥᠷ ᠮᠣᠩᠭᠣᠯ ᠤᠨ ᠢᠷᠡᠭᠡᠳᠦᠶ ᠨᠢ ᠬᠢᠵᠠᠭᠠᠷ ᠦᠭᠡᠢ ᠬᠦᠰᠡᠯ
ᠮᠥᠷᠥᠭᠡᠳᠦᠯ ᠢᠶᠡᠷ ᠪᠢᠯᠬᠠᠵᠤ ᠪᠠᠶᠢᠨ᠎ᠠ ᠃ ᠪᠢᠳᠠ ᠬᠤ᠋ ᠵᠢᠨ ᠲᠤᠤ ᠨᠥᠬᠥᠷ ᠢᠶᠠᠷ ᠶᠡᠷᠦᠩᠬᠡᠶ
ᠱᠦᠵᠢ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠨᠡᠩ ᠨᠢᠭᠲᠠᠷᠠᠨ ᠪᠦᠯᠬᠦᠮᠳᠡᠵᠦ ᠂
ᠳ᠋ᠧᠩ ᠰᠢᠶᠤᠤ ᠫᠢᠩ ᠤᠨ ᠣᠨᠣᠯ ᠪᠠ《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭᠠᠨ ᠤ
ᠠᠭᠤᠤ ᠲᠤᠭ ᠢ ᠥᠨᠳᠥᠷ ᠡᠷᠭᠦᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠦᠬᠦ
ᠲᠠᠯ᠎ᠠ ᠪᠠᠷ ᠲᠤᠤᠱᠠᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠪᠠᠶᠢᠳᠠᠯ ᠂ ᠰᠢᠨ᠎ᠡ ᠠᠵᠠ
ᠲᠣᠬᠢᠶᠠᠯ ᠢ ᠡᠵᠡᠮᠳᠡᠵᠦ ᠂ ᠰᠢᠨ᠎ᠡ ᠥᠷᠢᠰᠥᠯᠳᠦᠭᠡᠨ ᠢ ᠤᠭᠲᠤᠵᠤ ᠂ ᠮᠠᠨ ᠤ ᠣᠷᠣᠨ ᠤ
ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ
ᠪᠠᠶᠢᠳᠠᠯ ᠢ ᠪᠤᠢ ᠪᠣᠯᠭᠠᠨ᠎ᠠ ᠃