ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠬᠣᠶᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠳᠡᠭᠡᠷ᠎ᠡ ᠬᠢᠭᠰᠡᠨ ᠢᠯᠡᠳᠬᠡᠯ

  2019-09-17

ᠨᠥᠬᠥᠳ ᠡ :
    ᠡᠨᠡ ᠤᠳᠠᠭᠠᠨ  ᠦ ᠪᠥᠬᠥᠳᠡ ᠬᠤᠷᠠᠯ  ᠤᠨ ᠭᠣᠣᠯ ᠵᠥᠪᠯᠡᠬᠦ ᠵᠦᠢᠯ ᠪᠣᠯ ᠳᠡᠭᠡᠷ᠎ᠡ ᠬᠠᠭᠠᠰ ᠵᠢᠯ  ᠤᠨ ᠠᠵᠢᠯ   ᠢ᠋ ᠳ᠋ᠦᠩᠨᠡᠵᠦ ᠂ ᠬᠣᠶᠢᠰᠢᠳᠠ  ᠶ᠋ᠢᠨ ᠬᠡᠳᠦᠨ ᠰᠠᠷ᠎ᠠ ᠶ᠋ᠢᠨ ᠠᠵᠢᠯ  ᠤᠨ ᠭᠣᠣᠯᠳᠠᠯᠭ᠎ᠠ ᠪᠤᠯᠭᠠᠬᠤ ᠶᠠᠪᠤᠳᠠᠯ ᠪᠤᠯᠤᠨ᠎ᠠ ᠃ ᠮᠠᠨ ᠤ ᠣᠷᠣᠨ ᠤ 《 ᠶᠢᠰᠦᠳᠦᠭᠡᠷ ᠲᠠᠪᠤᠨ ᠵᠢᠯ 》  ᠤᠨ ᠲᠥᠯᠥᠪᠯᠡᠭᠡ ᠶ᠋ᠢ ᠶᠠᠷᠢᠯᠴᠠᠵᠤ᠂ 《 ᠶᠢᠰᠦᠳᠦᠭᠡᠷ ᠲᠠᠪᠤᠨ ᠵᠢᠯ  》 ᠤᠨ ᠲᠥᠯᠥᠪᠯᠡᠭᠡ ᠶ᠋ᠢᠨ ᠠᠵᠢᠯ ᠤᠨ ᠵᠢᠯᠣᠭᠣᠳᠬᠤ ᠦᠵᠡᠯ ᠰᠠᠨᠠᠭ᠎ᠠ ᠪᠠ 《 ᠶᠢᠰᠦᠳᠦᠭᠡᠷ ᠲᠠᠪᠤᠨ ᠵᠢᠯ  》 ᠤᠨ ᠲᠥᠯᠥᠪᠯᠡᠭᠡ   ᠤᠨ ᠬᠡᠳᠦᠨ ᠪᠠᠶᠢᠯᠳᠤᠬᠤ ᠪᠤᠳᠤᠯᠭ᠎ᠠ ᠶ᠋ᠢᠨ ᠴᠢᠨᠠᠷᠲᠠᠶ ᠠᠰᠠᠭᠤᠳᠠᠯ ᠢ ᠪᠡᠶᠡᠯᠡᠬᠦᠯᠬᠦ ᠶᠠᠪᠤᠳᠠᠯ ᠪᠤᠯᠤᠨ᠎ᠠ ᠃ ᠥᠨᠥ ᠂ ᠪᠢ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠣᠷᠢᠶᠠᠨ  ᠤ ᠪᠠᠶᠢᠩᠭᠤ  ᠶ᠋ᠢᠨ ᠬᠣᠷᠢᠶ᠎ᠠ  ᠶ᠋ᠢ ᠲᠦᠯᠦᠭᠡᠯᠡᠨ  ᠪᠦᠬᠦ ᠬᠡᠰᠢᠭᠦᠳ ᠲᠦ ᠠᠵᠢᠯ ᠤᠨ ᠬᠠᠷᠢᠭᠤ ᠮᠡᠳᠡᠭᠦᠯᠦᠯᠲᠡ ᠬᠢᠶ᠎ᠠ ᠃
    ᠨᠢᠭᠡ ᠂ ᠳᠡᠭᠡᠷ᠎ᠡ ᠬᠠᠭᠠᠰ ᠵᠢᠯ  ᠤᠨ ᠠᠵᠢᠯ  ᠤᠨ ᠲᠤᠬᠠᠶ ᠲᠣᠪᠴᠢ ᠳ᠋ᠦᠩᠨᠡᠯᠲᠡ
    ᠡᠨᠡ ᠵᠢᠯ ᠪᠣᠯ 《 ᠨᠠᠢᠮᠠᠳᠤᠭᠠᠷ ᠲᠠᠪᠤᠨ ᠵᠢᠯ 》  ᠤᠨ  ᠲᠥᠯᠥᠪᠯᠡᠭᠡ  ᠶ᠋ᠢᠨ ᠡᠴᠦᠰ ᠤᠨ ᠨᠢᠭᠡ ᠵᠢᠯ ᠪᠣᠯᠤᠨ᠎ᠠ ᠃ ᠮᠥᠨᠴᠦ ᠥᠪᠡᠷᠲᠡᠭᠡᠨ ᠵᠠᠰᠠᠬᠤ ᠣᠷᠣᠨ  ᠤ ᠵᠢᠷᠭᠤᠳᠤᠭᠠᠷ ᠤᠳᠠᠭᠠᠨ  ᠤ ᠨᠠᠮ  ᠤᠨ ᠲᠥᠯᠥᠭᠡᠯᠡᠭᠴᠢᠳ  ᠤᠨ ᠬᠤᠷᠠᠯ ᠡᠴᠠ ᠳᠤᠷᠠᠳᠤᠭᠰᠠᠨ ᠡᠯ᠎ᠡ ᠵᠦᠢᠯ ᠤᠨ ᠲᠡᠮᠡᠴᠡᠯ  ᠤᠨ ᠬᠠᠷᠠᠯᠲᠠ  ᠶ᠋ᠢ ᠪᠡᠶᠡᠯᠡᠭᠦᠯᠬᠦ ᠡᠬᠢᠯᠡᠯᠲᠡ  ᠶ᠋ᠢᠨ ᠵᠢᠯ ᠪᠣᠯᠤᠨ᠎ᠠ ᠃ ᠵᠢᠯ  ᠤᠨ ᠡᠬᠢᠨ  ᠢᠶᠠᠷ ᠂ ᠮᠠᠨ  ᠤ ᠨᠠᠮ  ᠤᠨ ᠲᠥᠪ ᠬᠣᠷᠢᠶᠠᠨ ᠤ ᠵᠢᠭᠠᠵᠤ ᠭᠠᠷᠭᠠᠭᠰᠠᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ  ᠤ ᠪᠣᠳᠠᠲᠤ ᠪᠠᠶᠢᠳᠠᠯ ᠢ ᠦᠨᠳᠦᠰᠦᠯᠡᠨ᠂ ᠡᠨᠡ ᠵᠢᠯ  ᠤᠨ ᠠᠵᠢᠯ  ᠤᠨ ᠪᠤᠳᠤᠯᠭ᠎ᠠ ᠶ᠋ᠢ ᠲᠤᠭᠲᠠᠭᠠᠵᠠᠢ ᠃ ᠲᠤᠬᠠᠶᠢᠯᠠᠪᠠᠯ 《 ᠠᠵᠠ ᠵᠠᠪᠰᠢᠶᠠᠨ  ᠢ ᠡᠵᠡᠮᠳᠡᠬᠦ ᠂ ᠥᠭᠡᠷᠡᠴᠢᠯᠡᠯᠲᠡ  ᠶ᠋ᠢ ᠭᠦᠨᠵᠡᠭᠡᠶᠢᠷᠡᠭᠦᠯᠬᠦ ᠂ ᠭᠠᠳᠠᠭᠰᠢ ᠨᠡᠭᠡᠭᠡᠯᠲᠡ ᠬᠢᠬᠦ  ᠶ᠋ᠢ ᠥᠷᠭᠡᠳᠬᠡᠬᠦ ᠂ ᠬᠦᠭᠵᠢᠯᠲᠡ ᠶ᠋ᠢ ᠲᠦᠷᠬᠡᠳᠬᠡᠬᠦ ᠂ ᠲᠣᠭᠲᠠᠭᠤᠨ ᠪᠠᠶᠢᠳᠠᠯ ᠢ ᠬᠠᠮᠠᠭᠠᠯᠠᠬᠤ 》 ᠵᠡᠷᠭᠡ ᠪᠠᠶᠢᠳᠠᠯ ᠢ ᠰᠠᠶᠢᠲᠤᠷ ᠠᠳᠬᠤᠨ ᠂ ᠠᠵᠤ ᠠᠬᠤᠶ ᠶ᠋ᠢᠨ ᠪᠦᠳᠦᠭᠡᠠ ᠪᠠᠶᠢᠭᠤᠯᠤᠯᠲᠠ ᠪᠠᠷ ᠭᠣᠣᠯᠳᠠᠯᠭ᠎ᠠ ᠪᠤᠯᠭᠠᠨ ᠂ ᠵᠠᠬ᠎ᠠ ᠳᠡᠯᠭᠡᠭᠦᠷ  ᠤᠨ ᠠᠵᠤ ᠠᠬᠤᠶ ᠶ᠋ᠢᠨ ᠤᠨᠤᠯ ᠤᠨ ᠰᠤᠷᠤᠯᠴᠠᠭ᠎ᠠ ᠬᠢᠭᠡᠳ ᠶᠠᠷᠢᠯᠴᠠᠭ᠎ᠠ᠂ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠠᠵᠤ ᠠᠬᠤᠶ  ᠶ᠋ᠢᠨ ᠪᠦᠳᠦᠭᠡᠨ ᠪᠠᠶᠢᠭᠤᠯᠤᠯᠲᠠ ᠂ ᠨᠠᠮ  ᠤᠨ ᠪᠠᠶᠢᠭᠤᠯᠤᠯᠲᠠ ᠪᠣᠯᠤᠨ ᠢᠯᠵᠠᠷᠠᠯ ᠶ᠋ᠢ ᠡᠰᠡᠷᠭᠦᠴᠡᠬᠦ ᠲᠡᠮᠡᠴᠡᠯ  ᠤᠨ ᠵᠣᠷᠢᠭ ᠰᠠᠨᠠᠭ᠎ᠠ  ᠂ ᠵᠤᠷᠢᠭ ᠰᠠᠨᠠᠭ᠎ᠠ ᠰᠤᠶᠤᠯ ᠤᠨ ᠪᠦᠲᠦᠭᠡᠨ ᠪᠠᠶᠢᠭᠤᠯᠤᠯᠲᠠ ᠪᠤᠯᠤᠨ ᠠᠷᠠᠳᠴᠢᠯᠠᠯ ᠬᠠᠤᠯᠢ ᠲᠦᠷᠢᠮ  ᠤᠨ ᠪᠠᠶᠢᠭᠤᠯᠤᠯᠲᠠ ᠂ ᠠᠷᠠᠳ  ᠤᠨ ᠠᠮᠢᠳᠤᠷᠠᠯ  ᠢ ᠰᠠᠶᠢᠵᠢᠷᠠᠭᠤᠯᠬᠤ ᠪᠠ ᠨᠡᠶᠢᠭᠡᠮ  ᠤᠨ ᠲᠣᠭᠲᠠᠭᠤᠨ ᠪᠠᠶᠢᠳᠠᠯ  ᠶ᠋ᠢ ᠪᠠᠲᠤᠯᠠᠬᠤ ᠵᠡᠷᠭᠡ ᠬᠡᠳᠦᠨ ᠵᠦᠢᠯ  ᠤᠨ ᠬᠦᠨᠳᠦ ᠴᠢᠬᠤᠯᠠ ᠠᠵᠢᠯ ᠢ ᠰᠠᠶᠢᠲᠤᠷ ᠠᠳᠬᠤᠭᠰᠠᠨ ᠪᠠᠶᠢᠨ᠎ᠠ ᠃ ᠬᠠᠭᠠᠰ ᠵᠢᠯ ᠭᠠᠷᠤᠶ᠂ᠡᠯ᠎ᠡ ᠱᠠᠲᠤᠨ ᠦ ᠨᠠᠮ  ᠤᠨ ᠬᠣᠷᠢᠶ᠎ᠠ᠂ ᠵᠠᠰᠠᠭ  ᠤᠨ ᠣᠷᠳᠣᠨ ᠪᠠ ᠥᠷᠭᠡᠨ ᠤᠯᠠᠨ ᠺᠠᠳ᠋ᠷ ᠤᠯᠠᠨ ᠲᠦᠮᠡᠨ  ᠡᠴᠠ ᠥᠪᠡᠷᠲᠡᠭᠡᠨ ᠵᠠᠰᠠᠬᠤ ᠣᠷᠣᠨ  ᠤ ᠨᠠᠮ ᠤᠨ ᠬᠣᠷᠢᠶ᠎ᠠ  ᠶ᠋ᠢᠨ ᠪᠠᠶᠢᠷᠢᠯᠠᠭᠤᠯᠤᠯᠲᠠ  ᠶ᠋ᠢ ᠨᠠᠷᠢᠨ ᠬᠢᠨᠠᠮᠠᠭᠠᠢ ᠲᠤᠤᠱᠠᠯᠠᠭᠤᠯᠵᠤ ᠂ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ ᠂ ᠡᠯ᠎ᠡ ᠭᠠᠵᠠᠷ ᠣᠷᠣᠨ ᠡᠯ᠎ᠡ ᠹᠷᠣᠨᠲ᠋ ᠲᠤ ᠴᠥᠮ ᠰᠢᠨ᠎ᠡ ᠦᠷ᠎ᠡ ᠪᠦᠲᠦᠮᠵᠢ ᠪᠠ ᠲᠠᠪᠰᠢᠯᠳᠠ  ᠶ᠋ᠢ ᠤᠯᠵᠤ᠂ ᠪᠥᠬᠥ ᠣᠷᠣᠨ ᠤ ᠶᠡᠷᠦᠩᠬᠡᠶ ᠪᠠᠶᠢᠳᠠᠯ ᠰᠠᠶᠢᠨ ᠪᠤᠯᠤᠭᠰᠠᠨ ᠬᠠᠨᠳᠤᠰᠢ ᠲᠠᠢ ᠃ ᠲᠡᠭᠦᠨ  ᠤ ᠭᠣᠣᠯ ᠢᠯᠡᠷᠡᠯ ᠨᠢ ᠭᠡᠪᠡᠯ ᠄
    ᠬᠣᠷᠸ᠎ᠠ ᠲᠤ ᠬᠢᠷᠠᠭᠤᠯᠤᠯ ᠡᠵᠡᠮᠳᠡᠯ ᠪᠣᠯᠤᠨ ᠡᠯ᠎ᠡ ᠵᠦᠢᠯ  ᠤᠨ ᠥᠭᠡᠷᠡᠴᠢᠯᠡᠯᠲᠡ ᠢᠳᠡᠪᠬᠢᠲᠡᠶ ᠦᠷ᠎ᠡ ᠪᠦᠲᠦᠮᠵᠢ ᠣᠯᠵᠤ ᠂ ᠤᠯᠤᠰ ᠠᠷᠠᠳ  ᠤᠨ ᠠᠵᠤ ᠠᠬᠤᠶ  ᠶ᠋ᠢᠨ ᠠᠵᠢᠯᠯᠠᠭᠠᠨ ᠨᠢ ᠲᠣᠭᠲᠠᠭᠤᠨ ᠪᠦᠭᠡᠳ ᠤᠷᠤᠭᠰᠢᠯᠠᠭᠰᠠᠨ ᠬᠥᠭᠵᠢᠯᠲᠡ ᠶ᠋ᠢᠨ ᠬᠠᠨᠳᠤᠰᠢ ᠢᠯᠡᠷᠡᠭᠰᠡᠨ ᠪᠠᠶᠢᠨ᠎ᠠ ᠃ ᠪᠥᠬᠥ ᠣᠷᠣᠨ ᠦ ᠤᠯᠤᠰ  ᠤᠨ ᠳᠣᠲᠣᠭᠠᠳᠤ  ᠶ᠋ᠢᠨ ᠦᠢᠯᠡᠳᠪᠦᠷᠢᠯᠡᠯ  ᠤᠨ ᠪᠦᠬᠦ ᠦᠷᠳᠡᠭ ᠨᠢ 278.16 ᠳ᠋ᠦᠩᠰᠢᠭᠤᠷ ᠲᠥᠭᠥᠷᠢᠭ ᠪᠠᠶᠢᠵᠤ ᠂ ᠦᠨ᠎ᠡ ᠪᠡᠷ ᠬᠠᠷᠢᠴᠠᠭᠤᠯᠵᠤ ᠪᠤᠳᠤᠪᠡᠯ ᠂ ᠦᠩᠭᠡᠷᠡᠭᠰᠡᠨ ᠵᠢᠯ  ᠤᠨ ᠠᠳᠠᠯᠢ ᠬᠤᠭᠤᠴᠠᠭᠠᠨ ᠤ ᠬᠢ ᠡᠴᠡ 6.9% ᠪᠠᠷ ᠳᠡᠭᠡᠭᠰᠢᠯᠡᠪᠡ᠃ ᠣᠷᠣᠨ ᠨᠤᠲᠤᠭ  ᠤᠨ ᠵᠣᠬᠢᠶᠠᠨ ᠪᠠᠶᠢᠭᠤᠯᠤᠯᠲᠠ ᠶ᠋ᠢᠨ ᠡᠳ᠋  ᠤᠨ ᠵᠠᠰᠠᠭ ᠤᠨ ᠣᠷᠣᠯᠭ᠎ᠠ ᠨᠢ16.27 ᠳ᠋ᠦᠩᠰᠢᠭᠤᠷ ᠲᠥᠭᠥᠷᠢᠭ ᠪᠠᠶᠢᠵᠦ᠂ ᠦᠩᠭᠡᠷᠡᠭᠰᠡᠨ ᠵᠢᠯ  ᠤᠨ ᠠᠳᠠᠯᠢ ᠬᠤᠭᠤᠴᠠᠭᠠᠨ  ᠤ ᠬᠢ ᠡᠴᠡ 25.5 % ᠪᠠᠷ ᠳᠡᠭᠡᠭᠰᠢᠯᠡᠪᠡ ᠃ 6 ᠰᠠᠷ᠎ᠠ  ᠶ᠋ᠢᠨ ᠰᠡᠭᠦᠯᠴᠢ ᠳᠦ ᠪᠦᠬᠦ ᠣᠷᠣᠨ  ᠦ ᠮᠠᠯ  ᠤᠨ ᠶᠡᠷᠦᠩᠬᠡᠶ ᠲᠣᠭ᠎ᠠ ᠨᠢ 6000 ᠲᠦᠮᠡᠨ ᠲᠣᠯᠣᠭᠠᠶ ᠶ᠋ᠢ ᠳᠠᠪᠠᠵᠦ ᠂ ᠳᠠᠬᠢᠨᠲᠠ ᠲᠡᠦᠬᠡ  ᠶ᠋ᠢᠨ ᠬᠠᠮᠤᠭ ᠤᠨ ᠥᠨᠳᠥᠷ ᠲᠡᠮᠳᠡᠭᠯᠡᠯ  ᠢ ᠡᠭᠦᠳᠴᠡᠶ ᠃ ᠬᠥᠳᠡᠭᠡ ᠠᠵᠤ ᠠᠬᠤᠶ  ᠶ᠋ᠢᠨ ᠦᠢᠯᠡᠳᠪᠦᠷᠢᠯᠡᠯ ᠬᠦᠨᠳᠦ ᠨᠣᠴᠢᠲᠠᠶ ᠭᠠᠩ ᠬᠠᠭᠰᠠᠷᠠᠭᠠᠨ  ᠦ ᠪᠠᠶᠢᠳᠠᠯ ᠤᠨ ᠳᠤᠤᠷ᠎ᠠ ᠂ ᠲᠠᠷᠢᠮᠠᠯ  ᠤᠨ ᠵᠦᠢᠯ  ᠤᠨ ᠲᠠᠷᠢᠬᠤ ᠲᠠᠯᠠᠪᠠᠢ ᠨᠢ 7551.7 ᠲᠦᠮᠡᠨ ᠮᠥ ᠪᠤᠯᠵᠤ ᠂ ᠦᠩᠭᠡᠷᠡᠭᠰᠡᠨ ᠵᠢᠯ ᠡᠴᠡ1164 ᠲᠦᠮᠡᠨ ᠮᠦ ᠨᠡᠮᠡᠭᠳᠡᠵᠦ ᠂ ᠳᠠᠬᠢᠨᠲᠠ ᠡᠯᠪᠡᠭ ᠬᠤᠷᠢᠶᠠᠯᠲᠠ ᠤᠯᠬᠤ ᠪᠤᠯᠤᠮᠵᠢ ᠲᠠᠢ ᠃ ᠰᠤᠮᠤ ᠪᠠᠯᠭᠠᠰᠤᠨ  ᠤ ᠠᠵᠤ ᠠᠬᠤᠶᠢᠯᠠᠯ ᠡᠴᠠ ᠬᠦᠴᠦᠲᠡᠶ ᠬᠥᠭᠵᠢᠯᠲᠡ  ᠶ᠋ᠢᠨ ᠬᠠᠨᠳᠤᠰᠢ  ᠢᠶ᠋ᠡᠨ ᠴᠢᠩᠭ᠎ᠠ ᠪᠠᠷᠢᠮᠲᠠᠯᠠᠵᠤ᠂ ᠳᠡᠭᠡᠷ᠎ᠡ ᠬᠠᠭᠠᠰ ᠵᠢᠯ  ᠤᠨ ᠦᠢᠯᠡᠳᠬᠦᠨ  ᠤ ᠶᠡᠷᠦᠩᠬᠡᠶ ᠦᠷᠳᠡᠭ ᠨᠢ ᠪᠣᠯᠭᠠᠨ 252.9 ᠳ᠋ᠦᠩᠰᠢᠭᠤᠷ ᠲᠥᠭᠥᠷᠢᠭ ᠲᠦ ᠬᠦᠷᠴᠦ ᠂ ᠳᠡᠭᠡᠷ᠎ᠡ ᠵᠢᠯ  ᠤᠨ ᠠᠳᠠᠯᠢ ᠬᠤᠭᠤᠴᠠᠭᠠᠨ ᠤ ᠬᠢ ᠡᠴᠡ 79.2%4 ᠨᠡᠮᠡᠭᠳᠡᠭᠰᠡᠨ ᠪᠠᠶᠢᠨ᠎ᠠ ᠃ ᠠᠵᠤ ᠦᠢᠯᠡᠳᠪᠦᠷᠢ ᠶ᠋ᠢᠨ ᠦᠢᠯᠡᠳᠪᠦᠷᠢᠯᠡᠯ ᠲᠣᠭᠲᠠᠭᠤᠨ  ᠢᠶ᠋ᠡᠷ ᠬᠦᠭᠵᠢᠵᠦ ᠂ ᠰᠤᠮᠤ ᠪᠠ ᠰᠤᠮᠤ  ᠡᠴᠡ ᠳᠡᠭᠡᠭᠰᠢᠬᠢ ᠠᠵᠤ ᠦᠢᠯᠡᠳᠪᠦᠷᠢ ᠨᠢ 95.18 ᠳ᠋ᠦᠩᠰᠢᠭᠤᠷ ᠲᠦᠭᠦᠷᠢᠭ ᠦᠨ ᠨᠡᠮᠡᠭᠳᠡᠯ ᠦᠷᠲᠡᠭ ᠢ ᠪᠡᠶᠡᠯᠡᠭᠦᠯᠵᠦ ᠂ ᠦᠩᠭᠡᠷᠡᠭᠰᠡᠨ ᠵᠢᠯ  ᠤᠨ ᠠᠳᠠᠯᠢ ᠬᠤᠭᠤᠴᠠᠭᠠᠨ  ᠤ ᠬᠢ ᠡᠴᠡ 9.3% ᠪᠠᠷ ᠨᠡᠮᠡᠭᠳᠡᠭᠰᠡᠨ ᠪᠠᠶᠢᠨ᠎ᠠ ᠃ ᠣᠷᠣᠨ ᠨᠤᠲᠤᠭ  ᠤᠨ ᠲᠥᠰᠦᠪ ᠳᠣᠲᠣᠷᠠᠬᠢ ᠤᠯᠤᠰ  ᠤᠨ ᠥᠮᠴᠢᠯᠡᠯ  ᠤᠨ ᠠᠵᠤ ᠦᠢᠯᠡᠳᠪᠦᠷᠢ ᠤᠨ ᠠᠵᠤ ᠠᠬᠤᠶᠢᠯᠠᠯ ᠤᠨ ᠪᠣᠷᠣᠯᠠᠭᠤᠯᠭ᠎ᠠ ᠨᠢ 121.46 ᠳ᠋ᠦᠩᠰᠢᠭᠤᠷ ᠲᠥᠭᠥᠷᠢᠭ ᠶ᠋ᠢᠨ ᠤᠷᠤᠯᠭ᠎ᠠ ᠶ᠋ᠢ ᠪᠡᠶᠡᠯᠡᠭᠦᠯᠵᠦ ᠂ ᠦᠩᠭᠡᠷᠡᠭᠰᠡᠨ ᠵᠢᠯ ᠦᠨ ᠠᠳᠠᠯᠢ ᠬᠤᠭᠤᠴᠠᠭᠠᠨ  ᠦ 15.79% ᠤᠨ ᠨᠡᠮᠡᠭᠳᠡᠯ ᠢ ᠪᠤᠢ ᠪᠤᠯᠭᠠᠵᠦ ᠂ ᠠᠰᠢᠭ ᠬᠣᠨᠵᠢᠪᠣᠷᠢ ᠶᠢ ᠪᠡᠶᠡᠯᠡᠭᠦᠯᠵᠦ ᠂ 5.7 ᠳ᠋ᠦᠩᠰᠢᠭᠤᠷ ᠲᠥᠭᠥᠷᠢᠭ  ᠶ᠋ᠢᠨ ᠠᠰᠢᠭ ᠤᠷᠤᠯᠭ᠎ᠠ ᠶ᠋ᠢ ᠪᠡᠶᠡᠯᠡᠭᠦᠯᠵᠦ ᠂ ᠦᠩᠭᠡᠷᠡᠭᠰᠡᠨ ᠵᠢᠯ ᠦᠨ ᠠᠳᠠᠯᠢ ᠬᠤᠭᠤᠴᠠᠭᠠᠨ  ᠦ ᠬᠢ ᠡᠴᠡ 12.66% ᠪᠡᠷ ᠨᠡᠮᠡᠭᠳᠡᠭᠰᠡᠨ ᠪᠠᠶᠢᠨ᠎ᠠ ᠃ ᠠᠯᠳᠠᠭᠳᠠᠯ ᠤᠨ ᠲᠠᠯ᠎ᠠ ᠪᠠᠷ ᠦᠩᠭᠡᠷᠡᠭᠰᠡᠨ ᠵᠢᠯ ᠦᠨ ᠠᠳᠠᠯᠢ ᠬᠤᠭᠤᠴᠠᠭᠠᠨ  ᠤ ᠬᠢ ᠡᠴᠡ 2.16% ᠪᠡᠷ ᠪᠠᠭᠤᠷᠠᠵᠦ ᠂ ᠠᠯᠳᠠᠭᠳᠠᠯ  ᠤᠨ ᠬᠡᠮᠵᠢᠶ᠎ᠡ ᠨᠢ 15.28% ᠪᠡᠷ ᠳᠤᠷᠤᠭᠰᠢᠯᠠᠭᠰᠠᠨ ᠪᠠᠶᠢᠨ᠎ᠠ ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶ᠋ᠢᠨ ᠥᠰᠥᠯᠲᠡ  ᠶ᠋ᠢᠨ ᠬᠡᠮᠵᠢᠶ᠎ᠡ ᠨᠢ ᠦᠩᠭᠡᠷᠡᠭᠰᠡᠨ ᠵᠢᠯ ᠦᠨ 24.3% ᠪᠠᠶᠢᠭᠰᠠᠨ ᠡᠴᠠ ᠦᠨᠥ ᠵᠢᠯ ᠤᠨ 6 ᠰᠠᠷ᠎ᠠ ᠳ᠋ᠤ 17.83% ᠳ᠋ᠤ ᠬᠦᠷᠴᠤ ᠂ ᠲᠠᠸᠠᠷ  ᠤᠨ ᠵᠢᠵᠢᠭᠯᠡᠨ ᠬᠤᠳᠠᠯᠳᠤᠬᠤ ᠦᠨ᠎ᠡ ᠨᠢ ᠦᠩᠭᠡᠷᠡᠭᠰᠡᠨ ᠵᠢᠯ ᠦᠤᠨᠬᠢ ᠡᠴᠡ 22.9% ᠡᠴᠡ ᠪᠠᠭᠤᠷᠠᠭᠠᠳ 6 ᠰᠠᠷ᠎ᠠ ᠳ᠋ᠦ 17.1% ᠬᠦᠷᠦᠭᠰᠡᠨ ᠪᠠᠶᠢᠨ᠎ᠠ ᠃ ᠪᠥᠬᠥ ᠣᠷᠣᠨ ᠤ ᠤᠯᠤᠰ ᠲᠦᠷᠦ ᠶ᠋ᠢᠨ ᠲᠣᠭᠲᠠᠭᠤᠨ ᠂ ᠠᠵᠤ ᠠᠬᠤᠶ  ᠶ᠋ᠢᠨ ᠬᠥᠭᠵᠢᠯ ᠂ ᠦᠨᠳᠦᠰᠦᠲᠡᠨ  ᠦ ᠪᠦᠯᠬᠦᠮᠳᠡᠯ ᠂ ᠨᠡᠶᠢᠭᠡᠮ ᠤᠨ ᠳᠠᠪᠰᠢᠯᠲᠠ ᠶ᠋ᠢᠨ ᠪᠠᠶᠢᠳᠠᠯ ᠨᠢ ᠤᠯᠠᠮ ᠨᠢᠭᠡ ᠠᠯᠬᠤᠮ ᠪᠡᠬᠢᠵᠢᠭᠰᠡᠨ ᠪᠠᠶᠢᠨ᠎ᠠ ᠃
    ᠳᠡᠭᠡᠷ᠎ᠡ ᠳᠤᠷᠠᠳᠤᠭᠰᠠᠨ ᠠᠮᠵᠢᠯᠲᠠ ᠣᠯᠤᠭᠰᠠᠨ ᠦ ᠦᠨᠳᠦᠰᠦᠨ ᠰᠢᠯᠲᠠᠭᠠᠨ ᠨᠢ ᠪᠦᠬᠦ ᠤᠷᠤᠨ ᠤ ᠡᠯ᠎ᠡ ᠱᠠᠲᠤᠨ  ᠤ ᠨᠠᠮ  ᠤᠨ ᠵᠣᠬᠢᠶᠠᠨ ᠪᠠᠶᠢᠭᠤᠯᠤᠯᠲᠠ ᠡᠴᠡ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠪᠠᠷ ᠭᠣᠣᠯ ᠪᠣᠯᠭᠠᠬᠤ ᠦᠵᠡᠯ ᠰᠠᠨᠠᠭ᠎ᠠ ᠶ᠋ᠢ ᠤᠯᠠᠮ ᠪᠡᠬᠢᠵᠢᠭᠦᠯᠵᠦ ᠂ ᠠᠵᠤ ᠠᠬᠤᠶ  ᠶ᠋ᠢᠨ ᠠᠵᠢᠯ ᠢ ᠠᠳᠬᠤᠭᠰᠠᠨ ᠲᠠᠯ᠎ᠠ ᠪᠠᠷ ᠨᠡᠩ ᠪᠣᠳᠠᠲᠠᠶ  ᠪᠣᠯᠤᠭᠰᠠᠨ ᠪᠠᠶᠢᠨ᠎ᠠ ᠃ ᠥᠷᠭᠡᠨ ᠤᠯᠠᠨ ᠺᠠᠳ᠋ᠷ ᠤᠯᠠᠨ ᠲᠦᠮᠡᠨ ᠤ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠥᠭᠡᠯᠡᠵᠦ ᠂ ᠦᠵᠡᠯᠲᠡ ᠪᠡᠨ ᠰᠢᠨᠡᠳᠬᠡᠨ᠂ ᠬᠥᠭᠵᠢᠯᠲᠡ ᠶ᠋ᠢᠨ ᠰᠡᠳᠬᠢᠴᠡ ᠢᠶ᠋ᠡᠨ ᠲᠦᠷᠭᠡᠳᠬᠡᠨ ᠬᠡᠪᠴᠢᠶ᠎ᠡ ᠪᠡᠨ ᠦᠷᠭᠡᠨ ᠪᠤᠯᠭᠠᠨ᠎ᠠ᠃ ᠨᠠᠮ ᠤᠨ ᠪᠦᠲᠦᠭᠡᠨ ᠪᠠᠶᠢᠭᠤᠯᠤᠯᠲᠠ ᠨᠢ ᠨᠡᠶᠢᠳᠡᠮ ᠴᠢᠬᠤᠯᠠᠴᠢᠯᠠᠭᠳᠠᠵᠤ᠂ ᠤᠳᠤᠷᠢᠳᠬᠤ ᠪᠠᠭ ᠪᠣᠯᠤᠨ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ  ᠶ᠋ᠢᠨ ᠪᠠᠶᠢᠭᠤᠯᠤᠯᠲᠠ ᠶ᠋ᠢ ᠴᠢᠩᠭᠠᠳᠬᠠᠪᠠ ᠃ ᠥᠷᠭᠡᠨ ᠤᠯᠠᠨ ᠺᠠᠳ᠋ᠷ ᠤᠯᠠᠨ ᠲᠦᠮᠡᠨ  ᠤ ᠢᠳᠡᠪᠬᠢᠵᠢᠯ ᠂ ᠪᠦᠲᠦᠭᠡᠯᠴᠢ ᠴᠢᠨᠠᠷ ᠨᠢ ᠤᠷᠢᠳ ᠭᠠᠷᠤᠭ᠎ᠠ ᠦᠭᠡᠢ ᠳᠡᠭᠡᠭᠰᠢᠯᠡᠵᠡᠶ ᠃ ᠡᠳᠡᠭᠡᠷ ᠲᠠᠯ᠎ᠠ  ᠶ᠋ᠢᠨ ᠬᠤᠪᠢᠷᠠᠯᠲᠠ ᠪᠣᠯᠤᠨ ᠳᠠᠪᠰᠢᠯᠲᠠ ᠨᠢ ᠮᠠᠨ  ᠤ ᠬᠣᠶᠢᠰᠢᠳᠠ ᠶ᠋ᠢᠨ ᠠᠵᠢᠯ  ᠢᠶ᠋ᠡᠨ ᠰᠠᠶᠢᠲᠤᠷ ᠬᠢᠬᠦ  ᠳ᠋ᠦ ᠪᠠᠲᠤ ᠪᠡᠬᠢ ᠰᠠᠭᠤᠷᠢ ᠶ᠋ᠢ ᠲᠠᠯᠪᠢᠵᠤ ᠥᠭᠭᠦᠭᠰᠡᠨ ᠪᠠᠶᠢᠨ᠎ᠠ ᠃
    ᠳᠡᠭᠡᠷ᠎ᠡ ᠬᠠᠭᠠᠰ ᠵᠢᠯ ᠳ᠋ᠦ ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶ᠎ᠠ ᠭᠣᠣᠯᠳᠠᠭᠤ ᠳᠤᠤᠷᠠᠬᠢ ᠬᠡᠳᠦᠨ ᠠᠵᠢᠯ  ᠢ ᠠᠳᠬᠤᠪᠠ ᠄
    ( ᠨᠢᠭᠡ) ᠨᠡᠶᠢᠭᠡᠮ ᠵᠢᠷᠤᠮ ᠤᠨ ᠵᠠᠬ᠎ᠠ ᠳᠡᠯᠭᠡᠭᠦᠷ  ᠤᠨ ᠠᠵᠤ ᠠᠬᠤᠶ  ᠶ᠋ᠢᠨ ᠤᠨᠤᠯ ᠤᠨ ᠰᠤᠷᠦᠯᠴᠡᠯᠭ᠎ᠠ  ᠶ᠋ᠢᠨ ᠲᠤᠬᠠᠶ ᠶᠡᠬᠡ ᠶᠠᠷᠢᠯᠴᠠᠭ᠎ᠠ ᠢ ᠨᠠᠷᠢᠮᠤ ᠬᠢᠨᠠᠮᠠᠭᠠᠢ ᠵᠤᠬᠢᠶᠠᠨ ᠪᠠᠶᠢᠭᠤᠯᠵᠦ ᠂ ᠺᠠᠳ᠋ᠷ ᠤᠯᠡᠠ ᠲᠦᠮᠡᠨ  ᠤ ᠦᠵᠡᠯ ᠰᠠᠨᠠᠭ᠎ᠠ ᠪᠠᠨ ᠴᠢᠯᠥᠭᠡᠯᠡᠨ ᠂ ᠦᠵᠡᠯᠲᠡ ᠢᠶ᠋ᠡᠨ ᠰᠢᠨᠡᠳᠬᠡᠬᠦ ᠶ᠋ᠢ ᠲᠦᠯᠬᠢᠨ ᠠᠬᠢᠭᠤᠯᠤᠭᠰᠠᠨ ᠪᠠᠶᠢᠨ᠎ᠠ ᠃ ᠨᠡᠶᠢᠭᠡᠮ ᠵᠢᠷᠤᠮᠲᠤ ᠵᠠᠬ᠎ᠠ ᠳᠡᠯᠭᠡᠭᠦᠷ  ᠤᠨ ᠠᠵᠤ ᠠᠬᠤᠶ ᠶ᠋ᠢᠨ ᠱᠠᠭᠠᠷᠳᠠᠯᠭ᠎ᠠ ᠳ᠋ᠤ ᠨᠡᠶᠢᠴᠡᠭᠦᠯᠬᠦ ᠶ᠋ᠢᠨ ᠲᠦᠯᠦᠭᠡ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠡᠴᠠ ᠪᠥᠬᠥ ᠣᠷᠣᠨ ᠤ ᠬᠡᠪᠴᠢᠶᠡᠨ ᠳ᠋ᠤ ᠢᠯᠠᠩᠭᠤᠶ᠎ᠠ ᠡᠯ᠎ᠡ ᠱᠠᠲᠤᠨ  ᠤ ᠤᠳᠤᠷᠢᠳᠬᠤ ᠺᠠᠳ᠋ᠷᠴᠤᠳ  ᠤᠨ ᠳᠤᠮᠳᠠ ᠂ ᠨᠡᠶᠢᠭᠡᠮ ᠵᠢᠷᠤᠮ  ᠤᠨ ᠵᠠᠬ᠎ᠠ ᠳᠡᠯᠭᠡᠭᠦᠷ ᠤᠨ ᠠᠵᠤ ᠠᠬᠤᠶ  ᠶ᠋ᠢᠨ ᠤᠨᠤᠯ ᠤᠨ ᠶᠡᠬᠡ ᠰᠤᠷᠦᠯᠴᠡᠯᠭ᠎ᠠ ᠶ᠋ᠢᠨ ᠲᠤᠬᠠᠶ ᠶᠠᠷᠢᠯᠴᠠᠭ᠎ᠠ ᠶ᠋ᠢ ᠭᠦᠨᠵᠡᠭᠡᠢ ᠦᠷᠨᠢᠭᠦᠯᠦᠭᠰᠡᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶᠠᠨ  ᠤ ᠪᠠᠶᠢᠩᠭᠤ ᠶ᠋ᠢᠨ ᠵᠥᠪᠯᠡᠯ  ᠡᠴᠡ ᠨᠤᠮ ᠤᠩᠰᠢᠬᠤ ᠬᠤᠷᠠᠯ ᠢ ᠲᠦᠷᠦᠭᠦᠯᠡᠨ ᠡᠷᠬᠢᠯᠡᠵᠦ᠂ ᠪᠡᠶ᠎ᠡ ᠪᠡᠷ ᠢᠶᠡᠨ ᠦᠵᠡᠯ ᠰᠠᠨᠠᠭ᠎ᠠ ᠪᠠᠨ ᠴᠢᠯᠥᠭᠡᠯᠡᠵᠦ ᠂ ᠦᠵᠡᠯᠲᠡ ᠪᠡᠨ ᠬᠤᠪᠢᠷᠠᠭᠤᠯᠬᠤ ᠶ᠋ᠢ ᠲᠤᠯᠤᠭᠠᠶᠢᠯᠠᠨ ᠦᠵᠡᠭᠦᠯᠦᠭᠰᠡᠨ ᠪᠠᠶᠢᠨ᠎ᠠ ᠃ ᠡᠯ᠎ᠡ ᠱᠠᠲᠤᠨ ᠤ ᠨᠠᠮ ᠤᠨ ᠬᠤᠷᠢᠶᠠᠨ ᠡᠴᠠ ᠨᠢᠭᠡ ᠲᠠᠯ᠎ᠠ ᠡᠴᠠ ᠠᠳᠬᠤᠨ ᠂ ᠵᠡᠷᠭᠡ ᠳᠡᠰ ᠪᠠᠷ ᠬᠠᠷᠢᠭᠤᠴᠠᠬᠤ ᠤᠳᠤᠷᠢᠳᠤᠯᠭ᠎ᠠ ᠶ᠋ᠢᠨ ᠺᠤᠮᠢᠰ ᠢ ᠵᠤᠬᠢᠶᠠᠨ ᠪᠠᠶᠢᠭᠤᠯᠵᠤ ᠂ ᠶᠡᠭᠡ ᠰᠤᠷᠤᠯᠴᠠᠭ᠎ᠠ ᠶᠡᠬᠡ ᠶᠠᠷᠢᠯᠴᠠᠭ᠎ᠠ ᠳ᠋ᠤ ᠨᠠᠷᠢᠯᠢᠭ ᠲᠤ ᠬᠢᠷᠠᠭᠤᠯᠤᠯᠲᠠ ᠬᠢᠭᠰᠡᠨ ᠪᠠᠶᠢᠨ᠎ᠠ ᠃ ᠡᠯ᠎ᠡ ᠭᠠᠵᠠᠷ ᠣᠷᠣᠨ ᠡᠯ᠎ᠡ ᠨᠢᠭᠡᠴ ᠡᠴᠡ ᠤᠯᠤᠯᠲᠠ ᠶ᠋ᠢ ᠨᠠᠷᠢᠯᠢᠭ ᠰᠤᠷᠤᠯᠴᠠᠭᠰᠠᠨ ᠰᠠᠭᠤᠷᠢᠨ ᠳᠡᠭᠡᠷ᠎ᠡ ᠂ ᠦᠵᠡᠯ ᠰᠠᠨᠠᠭ᠎ᠠ ᠪᠤᠯᠤᠨ ᠠᠵᠢᠯ ᠤᠨ ᠪᠤᠳᠠᠳᠤ ᠪᠠᠶᠢᠳᠠᠯ ᠢ ᠤᠶᠠᠯᠳᠤᠭᠤᠯᠵᠦ ᠂ ᠴᠠᠭ ᠲᠤᠬᠠᠢ ᠳ᠋ᠤ ᠨᠢ ᠠᠷᠭ᠎ᠠ ᠪᠤᠳᠤᠯᠭ᠎ᠠ ᠠᠪᠬᠤ ᠶ᠋ᠢ ᠬᠡᠷᠡᠭᠵᠢᠭᠦᠯᠦᠨ ᠂ ᠦᠭᠡᠷᠡᠴᠢᠯᠯᠡᠲᠡ ᠬᠢᠵᠦ ᠴᠢᠯᠦᠭᠡᠲᠡᠢ ᠶᠠᠪᠤᠯᠴᠠᠬᠤ ᠪᠠ ᠠᠵᠤ ᠠᠬᠤᠢ ᠶ᠋ᠢᠨ ᠪᠦᠲᠦᠭᠡᠨ ᠪᠠᠶᠢᠭᠤᠯᠤᠯᠲᠠ ᠶ᠋ᠢᠨ ᠠᠵᠢᠯ ᠤᠨ ᠭᠤᠤᠯᠳᠠᠯᠭ᠎ᠠ ᠂ ᠬᠦᠨᠲᠦ ᠰᠡᠳᠦᠪ ᠶ᠋ᠢ ᠰᠡᠶᠢᠳᠪᠦᠷᠢᠯᠡᠨ ᠂ ᠮᠠᠰᠢ ᠤᠯᠠᠨ ᠰᠠᠶᠢᠨ ᠪᠤᠳᠤᠯᠭ᠎ᠠ ᠬᠢᠭᠡᠳ ᠠᠷᠭ᠎ᠠ ᠠᠪᠴᠠᠯ ᠢ ᠳᠤᠷᠠᠳᠤᠭᠰᠠᠨ ᠪᠦᠭᠡᠳ ᠵᠠᠷᠢᠮ ᠨᠢᠭᠡ ᠨᠢ ᠨᠢᠭᠡᠨᠲᠡ ᠬᠡᠷᠡᠭᠵᠢᠭᠦᠯᠦᠭᠡ ᠳ᠋ᠦ ᠤᠷᠤᠵᠦ ᠂ ᠵᠠᠷᠢᠮ ᠨᠢᠭᠡ ᠭᠠᠵᠠᠷ ᠤᠷᠤᠨ ᠪᠤᠶᠤ ᠪᠠᠶᠢᠭᠤᠯᠤᠯᠭ᠎ᠠ ᠨᠢᠭᠡᠴᠢ ᠳ᠋ᠦ ᠦᠷ᠎ᠡ ᠪᠦᠲᠦᠮᠵᠢ ᠤᠯᠤᠭᠰᠠᠨ ᠪᠠᠶᠢᠨ᠎ᠠ ᠃ᠮᠠᠨ  ᠤ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠶ᠋ᠢᠨ ᠦᠵᠡᠯ ᠰᠠᠨᠠᠭ᠎ᠠ ᠤᠶᠢᠯᠭᠠᠭᠳᠠᠬᠤᠨ ᠤ ᠳᠡᠭᠡᠷᠡᠬᠢ ᠡᠶᠢᠮᠦᠷᠬᠦᠦ ᠬᠤᠪᠢᠷᠠᠯᠲᠠ ᠨᠢ ᠬᠥᠮᠦᠰ ᠢ ᠶᠡᠬᠡᠳᠡ ᠪᠠᠶᠠᠷᠯᠠᠭᠤᠯᠵᠦ ᠂ ᠲᠡᠷᠡ ᠨᠢ ᠣᠳᠣᠬᠠᠨ ᠤ ᠤᠯᠠᠨ ᠵᠦᠢᠯ  ᠤᠨ ᠠᠵᠢᠯ  ᠢ ᠬᠦᠴᠦᠲᠠᠢ ᠠᠬᠢᠭᠤᠯᠤᠭᠰᠠᠨ ᠢᠶᠠᠷ ᠪᠠᠷᠠᠬᠤ ᠦᠭᠡᠢ ᠬᠣᠶᠢᠰᠢᠳᠠ ᠶ᠋ᠢᠨ ᠬᠥᠭᠵᠢᠯᠲᠡ  ᠳ᠋ᠦ ᠬᠡᠮᠵᠢᠶᠡᠯᠡᠰᠢ ᠦᠭᠡᠶ ᠴᠢᠬᠤᠯᠠ ᠠᠴᠢ ᠬᠣᠯᠪᠣᠭᠳᠠᠯ  ᠢ ᠠᠪᠴᠢᠷᠠᠭᠰᠠᠨ ᠪᠠᠶᠢᠨ᠎ᠠ ᠃
    ( ᠬᠣᠶᠠᠷ ) ᠠᠵᠤ ᠠᠬᠤᠶ  ᠶ᠋ᠢᠨ ᠠᠵᠢᠯ  ᠤᠨ ᠤᠳᠤᠷᠢᠳᠤᠯᠭ᠎ᠠ ᠪᠠ ᠵᠢᠯᠣᠭᠣᠳᠣᠯᠭ᠎ᠠ ᠪᠠᠨ ᠴᠢᠩᠭᠠᠳᠬᠠᠵᠤ ᠂ ᠠᠵᠤ ᠠᠬᠤᠶ  ᠶ᠋ᠢᠨ ᠬᠥᠭᠵᠢᠯᠲᠡ ᠪᠠ ᠥᠭᠡᠷᠡᠴᠢᠯᠡᠯᠲᠡ ᠨᠡᠭᠡᠭᠡᠯᠲᠡ ᠶ᠋ᠢ ᠴᠢᠩᠭᠠᠳᠬᠠᠬᠤ ᠃ ᠡᠨᠡ ᠵᠢᠯ ᠡᠴᠡ ᠨᠠᠰᠢ ᠂ ᠥᠪᠡᠷᠲᠡᠭᠡᠨ ᠵᠠᠰᠠᠬᠤ ᠤᠷᠤᠨ ᠤ ᠨᠠᠮ  ᠤᠨ ᠬᠤᠷᠢᠶᠠᠨ ᠡᠴᠠ ᠮᠠᠯᠵᠢᠬᠤ ᠲᠠᠷᠢᠶᠠᠯᠠᠬᠤ ᠣᠷᠣᠨ  ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠶ  ᠶ᠋ᠢᠨ ᠰᠠᠭᠤᠷᠢ ᠪᠣᠯᠬᠤ ᠪᠠᠶᠢᠷᠢ ᠰᠠᠭᠤᠷᠢ  ᠶ᠋ᠢ ᠴᠢᠩᠭᠠᠳᠬᠠ ᠬᠤᠠᠯᠢ ᠤᠯᠠᠨ ᠠᠷᠭ᠎ᠠ ᠬᠡᠮᠵᠢᠶ᠎ᠡ ᠶ᠋ᠢ ᠠᠪᠤᠭᠰᠠᠨ ᠪᠠᠶᠢᠨ᠎ᠠ ᠃ ᠡᠯ᠎ᠡ ᠭᠠᠵᠠᠷ  ᠤᠨ ᠬᠢᠨ ᠲᠠᠷᠢᠶᠠᠯᠠᠩ ᠮᠠᠯ ᠠᠵᠤ ᠠᠬᠤᠶ ᠶ᠋ᠢᠨ ᠪᠡᠯᠡ ᠣᠷᠣᠭᠤᠯᠤᠯᠲᠠ ᠢᠶ᠋ᠡᠨ ᠶᠡᠬᠡᠳᠡ ᠨᠡᠮᠡᠭᠳᠡᠭᠦᠯᠵᠦ᠂ ᠣᠷᠣᠨ ᠨᠤᠲᠤᠭ  ᠤᠨ ᠡᠳ᠋  ᠤᠨ ᠵᠠᠰᠠᠭ ᠡᠴᠠ ᠬᠥᠳᠡᠭᠡ ᠠᠵᠤ ᠠᠬᠤᠶ ᠶ᠋ᠢᠨ ᠦᠢᠯᠡᠳᠪᠦᠷᠢᠯᠡᠯ  ᠳ᠋ᠦ ᠵᠠᠷᠤᠴᠠᠭᠤᠯᠬᠤ ᠵᠠᠷᠤᠯᠭ᠎ᠠ ᠪᠠ ᠮᠥᠩᠭᠥᠨ ᠭᠦᠢᠯᠭᠡᠭᠡᠨ  ᠤ ᠪᠠᠶᠢᠭᠤᠯᠤᠮᠵᠢ  ᠶ᠋ᠢᠨ ᠰᠢᠨ᠎ᠡ ᠪᠡᠷ ᠨᠡᠮᠡᠭᠳᠡᠭᠦᠯᠦᠭᠰᠡᠨ ᠬᠥᠳᠡᠭᠡ ᠠᠵᠤ ᠠᠬᠤᠶ ᠶ᠋ᠢᠨ ᠵᠢᠭᠡᠯᠡᠯᠭᠡ ᠨᠢ ᠦᠩᠭᠡᠷᠡᠭᠰᠡᠨ ᠵᠢᠯ ᠦᠨ ᠠᠳᠠᠯᠢ ᠬᠤᠭᠤᠴᠠᠭᠠᠨ  ᠦ ᠬᠢᠷᠢ ᠬᠡᠮᠵᠢᠶ᠎ᠡ ᠡᠴᠡ ᠳᠡᠭᠡᠭᠦᠷ ᠪᠠᠶᠢᠵᠦ ᠂ ᠲᠠᠷᠢᠶᠠᠯᠠᠩ ᠳ᠋ᠤ ᠬᠡᠷᠡᠭᠯᠡᠬᠦ ᠬᠢᠮᠢ  ᠶ᠋ᠢᠨ ᠪᠤᠷᠳᠤᠭᠤᠷ ᠂ ᠽᠸᠯᠹᠦᠠ ᠂ ᠲᠠᠷᠢᠶᠠᠨ ᠦᠷ᠎ᠡ ᠂ ᠬᠥᠳᠡᠭᠡ ᠠᠵᠤ ᠠᠬᠤᠶ  ᠶ᠋ᠢᠨ ᠮᠧᠬᠠᠨᠢᠭ ᠵᠡᠷᠭᠡ ᠨᠢ ᠦᠩᠭᠡᠷᠡᠭᠰᠡᠨ ᠵᠢᠯ ᠦᠨ ᠬᠢ ᠢ ᠪᠤᠳᠤᠪᠠᠯ ᠨᠡᠯᠢᠶᠡᠳ ᠶᠡᠬᠡ ᠬᠡᠮᠵᠢᠶ᠎ᠡ ᠪᠡᠷ ᠨᠡᠮᠡᠭᠳᠡᠵᠡᠶ ᠃ ᠲᠠᠷᠢᠶᠠᠯᠠᠩ ᠮᠠᠯ ᠠᠵᠤ ᠠᠬᠤᠶ  ᠶ᠋ᠢᠨ ᠬᠡᠷᠡᠭᠯᠡᠭᠡᠨ  ᠦ ᠮᠡᠷᠭᠡᠵᠢᠯ ᠤᠨ ᠳᠡᠯᠭᠡᠷᠡᠭᠦᠯᠬᠦ ᠬᠦᠷᠢᠶ᠎ᠡ ᠬᠡᠪᠴᠢᠶ᠎ᠡ  ᠶ᠋ᠢ ᠤᠯᠠᠮ ᠨᠢᠭᠡ ᠠᠯᠬᠤᠮ ᠥᠷᠭᠡᠳᠬᠡᠵᠦ ᠂ ᠰᠢᠨ᠎ᠡ ᠲᠧᠭᠨᠢᠭ ᠮᠡᠷᠭᠡᠵᠢᠯ  ᠢ ᠬᠡᠷᠡᠭᠯᠡᠬᠦ ᠬᠡᠷᠡᠭᠲᠡᠶ ᠃ ᠮᠠᠯᠵᠢᠬᠤ ᠣᠷᠣᠨ  ᠤ ᠭᠠᠳᠠᠨ᠎ᠠ ᠡᠴᠠ ᠠᠪᠴᠢᠷᠠᠭᠰᠠᠨ ᠢ ᠬᠡᠷᠡᠭᠯᠡᠭᠡᠨ ᠳ᠋ᠦ ᠤᠷᠤᠭᠤᠯᠤᠭᠰᠠᠨ ᠨᠢ ᠡᠪᠡᠰᠦ ᠪᠣᠷᠳᠣᠭ᠎ᠠ ᠬᠢᠭᠡᠳ ᠲᠡᠵᠢᠭᠡᠯ ᠪᠣᠷᠳᠣᠭ᠎ᠠ ᠬᠦᠢᠴᠡᠳ ᠪᠤᠰᠤ ᠪᠠᠶᠢᠳᠠᠯ ᠢ ᠨᠦᠬᠦᠪᠦᠷᠢᠯᠡᠭᠰᠡᠨ ᠪᠠᠶᠢᠨ᠎ᠠ ᠃ ᠲᠠᠷᠢᠶᠠᠯᠠᠬᠤ ᠣᠷᠣᠨ ᠤ ᠮᠠᠯ ᠠᠵᠤ ᠠᠬᠤᠶ ᠶ᠋ᠢ ᠲᠠᠷᠢᠶᠠᠯᠠᠩ ᠳ᠋ᠦ ᠬᠡᠷᠡᠭᠯᠡᠭᠰᠡᠨ ᠨᠢ ᠠᠮᠤ ᠪᠤᠳᠠᠭ᠎ᠠ ᠶ᠋ᠢ ᠲᠦᠷᠬᠡᠳᠬᠡᠨ᠂ ᠡᠰᠢ ᠰᠦᠷᠡᠯ  ᠢ ᠤᠨᠳᠤᠤᠰᠢᠭᠤᠯᠵᠦ ᠂ ᠲᠠᠷᠢᠶᠠᠯᠠᠬᠤ ᠣᠷᠣᠨ ᠤ ᠮᠠᠯ ᠠᠵᠤ ᠠᠬᠤᠶ ᠶ᠋ᠢ ᠬᠥᠭᠵᠢᠭᠦᠯᠵᠦ ᠂ ᠲᠠᠷᠢᠶᠠᠯᠠᠩ ᠮᠠᠯ ᠠᠵᠤ ᠠᠬᠤᠶ  ᠶ᠋ᠢᠨ ᠪᠦᠲᠦᠴᠡ ᠵᠢᠴᠢ ᠲᠠᠷᠢᠮᠠᠯ  ᠤᠨ ᠦᠢᠯᠡᠰ ᠂ ᠲᠡᠵᠢᠭᠡᠨ ᠦᠷᠡᠵᠢᠭᠦᠯᠬᠦ ᠦᠢᠯᠡᠰ ᠤᠨ ᠳᠣᠲᠣᠭᠠᠳᠤ ᠪᠦᠲᠦᠴᠡ ᠶ᠋ᠢᠨ ᠲᠣᠬᠢᠷᠠᠭᠤᠯᠤᠯᠲᠠ ᠰᠢᠨ᠎ᠡ ᠠᠬᠢᠴᠠ ᠲᠠᠶ ᠪᠣᠯᠤᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ  ᠦ ᠨᠠᠮ  ᠤᠨ ᠬᠣᠷᠢᠶ᠎ᠠ ᠂ ᠵᠠᠰᠠᠭ  ᠤᠨ ᠣᠷᠳᠣᠨ ᠡᠴᠠ ᠪᠥᠬᠥ ᠣᠷᠣᠨ  ᠤ ᠰᠤᠮᠤ ᠪᠠᠯᠭᠠᠰᠤᠨ ᠤ ᠠᠵᠤ ᠠᠬᠤᠶᠢᠯᠠᠯ  ᠤᠨ ᠠᠵᠢᠯ ᠤᠨ ᠬᠤᠷᠠᠯ ᠬᠤᠷᠠᠯᠳᠤᠵᠦ ᠂ 《 ᠬᠦᠭᠵᠢᠵᠦ ᠪᠠᠶᠢᠭ᠎ᠠ ᠰᠢᠶᠠᠩ ᠪᠠᠯᠭᠠᠰᠤᠨ  ᠤ ᠠᠵᠤ ᠠᠬᠤᠶᠢᠯᠠᠯ  ᠢ ᠲᠦᠷᠭᠡᠳᠬᠡᠬᠦ ᠲᠤᠬᠠᠶ ᠲᠣᠭᠲᠠᠭᠠᠯ ᠤᠳ》 ᠪᠤᠯᠤᠨ 《 ᠬᠦᠭᠵᠢᠵᠦ ᠪᠠᠶᠢᠭ᠎ᠠ ᠰᠢᠶᠠᠩ ᠪᠠᠯᠭᠠᠰᠤᠨ  ᠤ ᠠᠵᠤ ᠠᠬᠤᠶᠢᠯᠠᠯ  ᠢ ᠬᠦᠬᠢᠭᠦᠯᠦᠨ ᠱᠠᠩᠨᠠᠬᠤ ᠠᠷᠭ᠎ᠠ 》 ᠶ᠋ᠢ ᠨᠡᠶᠢᠲᠡᠯᠡᠨ ᠲᠤᠭᠲᠠᠭᠠᠭᠰᠠᠨ ᠪᠠᠶᠢᠨ᠎ᠠ ᠃ ᠡᠯ᠎ᠡ ᠱᠠᠲᠤᠨ ᠤ ᠨᠠᠮ  ᠤᠨ ᠬᠣᠷᠢᠶ᠎ᠠ ᠪᠣᠯᠤᠨ ᠵᠠᠰᠠᠭ  ᠤᠨ ᠣᠷᠳᠣᠨ ᠡᠴᠠ ᠬᠤᠷᠠᠯ ᠤᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠣᠷᠣᠨ ᠤ ᠋ᠰᠢᠶᠠᠩ ᠪᠠᠯᠭᠠᠰᠤᠨ ᠤ ᠠᠵᠤ ᠠᠬᠤᠶᠢᠯᠠᠯ ᠤᠨ 《 ᠵᠡᠭᠦᠨ ᠪᠠᠷᠠᠭᠤᠨ ᠬᠡᠰᠡᠭ  ᠤᠨ ᠭᠠᠵᠠᠷ ᠣᠷᠣᠨ ᠤ ᠢᠨᠵᠧᠨᠧᠷᠢᠩ 》 ᠤᠨ ᠰᠠᠢᠢᠨ ᠲᠣᠬᠢᠶᠠᠯ ᠢ ᠠᠳᠬᠤᠨ ᠠᠪᠴᠤ᠂ ᠢᠯᠠᠯᠲᠠ ᠶ᠋ᠢᠨ ᠡᠷᠴᠢᠨ ᠳᠡᠭᠡᠷ᠎ᠡ ᠂ ᠪᠥᠬᠥ ᠣᠷᠣᠨ  ᠦ ᠰᠤᠮᠤ ᠪᠠᠯᠭᠠᠰᠤᠨ  ᠤ ᠠᠵᠤ ᠠᠬᠤᠶᠢᠯᠠᠯ  ᠤᠨ ᠦᠷᠭᠦᠯᠵᠡᠭᠦᠶᠢᠴᠡ ᠪᠦᠭᠡᠳ ᠲᠦᠷᠭᠡᠨ ᠬᠦᠭᠵᠢᠯᠲᠡ ᠶ᠋ᠢᠨ ᠪᠠᠶᠢᠳᠠᠯ ᠢ ᠪᠤᠢ ᠪᠤᠯᠭᠠᠭᠰᠠᠨ ᠪᠠᠶᠢᠨ᠎ᠠ ᠃
    ᠱᠠᠳᠤ ᠱᠠᠳᠤ ᠪᠠᠷ ᠬᠠᠮᠢᠶᠠᠷᠤᠯᠲᠠ ᠶ᠋ᠢᠨ ᠬᠠᠷᠢᠭᠤᠴᠠᠯᠭ᠎ᠠ ᠶ᠋ᠢᠨ ᠲᠣᠭᠲᠠᠴᠠ ᠢ ᠨᠠᠶᠢᠳᠠᠪᠤᠷᠢᠵᠢᠭᠤᠯᠤᠨ ᠂ ᠠᠵᠤ ᠦᠢᠯᠡᠳᠪᠦᠷᠢ ᠶ᠋ᠢᠨ ᠠᠵᠤ ᠠᠬᠤᠶ ᠶ᠋ᠢᠨ ᠬᠤᠷᠳᠤᠴᠠ ᠪᠣᠯᠤᠨ ᠦᠷ᠎ᠡ ᠠᠰᠢᠭ ᠨᠢ ᠲᠣᠭᠲᠠᠭᠤᠨ ᠢᠶ᠋ᠡᠷ ᠳᠡᠭᠡᠭᠰᠢᠯᠡᠭᠰᠡᠨ ᠪᠠᠶᠢᠨ᠎ᠠ ᠃ ᠡᠨᠡ ᠵᠢᠯ ᠡᠴᠡ ᠨᠠᠰᠢ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠣᠷᠢᠶᠠᠨ ᠤ ᠠᠵᠤ ᠦᠢᠯᠡᠳᠪᠦᠷᠢ ᠶ᠋ᠢᠨ ᠠᠵᠤ ᠠᠬᠤᠶ ᠶ᠋ᠢᠨ ᠨᠡᠮᠡᠭᠳᠡᠯ ᠤᠨ ᠬᠤᠷᠳᠤᠴᠠ ᠶ᠋ᠢᠨ ᠠᠰᠠᠭᠤᠳᠠᠯ ᠢ ᠰᠡᠶᠢᠳᠪᠦᠷᠢᠯᠡᠵᠦ᠂ ᠬᠣᠶᠠᠷ ᠤᠳᠠᠭᠠᠨ ᠤ ᠠᠵᠤ ᠠᠬᠤᠶ  ᠶ᠋ᠢᠨ ᠵᠠᠳᠠᠯᠤᠯᠲᠠ  ᠶ᠋ᠢᠨ ᠬᠤᠷᠠᠯ ᠬᠤᠷᠠᠯᠳᠤᠵᠤ ᠂ ᠰᠢᠷᠢᠰ ᠠᠷᠭ᠎ᠠ ᠪᠣᠳᠣᠯᠭ᠎ᠠ ᠪᠠ ᠠᠷᠭ᠎ᠠ ᠬᠡᠮᠵᠢᠶ᠎ᠡ ᠶ᠋ᠢ ᠲᠤᠭᠲᠠᠭᠠᠭᠰᠠᠨ ᠪᠠᠶᠢᠨ᠎ᠠ ᠃ ᠡᠯ᠎ᠡ ᠱᠠᠲᠤᠨ  ᠤ ᠵᠠᠰᠠᠭ ᠤᠨ ᠣᠷᠳᠣᠨ ᠪᠠ ᠠᠵᠤ ᠠᠬᠤᠶ ᠶ᠋ᠢᠨ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠂ ᠥᠪᠡᠷᠲᠡᠭᠡᠨ ᠵᠠᠰᠠᠬᠤ ᠣᠷᠣᠨ ᠦ ᠨᠠᠮ  ᠤᠨ ᠬᠣᠷᠢᠶᠠᠨ ᠤ ᠱᠠᠭᠠᠷᠳᠠᠯᠭ᠎ᠠ ᠪᠠᠷ ᠠᠵᠤ ᠦᠢᠯᠡᠳᠪᠦᠷᠢ  ᠶ᠋ᠢᠨ ᠠᠵᠤ ᠠᠬᠤᠶ ᠶ᠋ᠢᠨ ᠬᠠᠷᠠᠯᠳᠠᠲᠤ ᠬᠠᠮᠢᠶᠠᠷᠤᠯᠲᠠ ᠶ᠋ᠢᠨ ᠬᠠᠷᠢᠭᠤᠴᠠᠯᠭ᠎ᠠ  ᠶ᠋ᠢᠨ ᠲᠦᠷᠢᠮ ᠢ ᠨᠠᠶᠢᠳᠠᠪᠤᠷᠢᠵᠢᠭᠤᠯᠵᠤ ᠂ ᠦᠢᠯᠡᠳᠪᠦᠷᠢᠯᠡᠯ  ᠂ ᠡᠵᠡᠩᠨᠡᠯᠲᠡ ᠂ ᠲᠣᠬᠢᠷᠠᠭᠤᠯᠬᠤ ᠬᠤᠷᠠᠯ ᠤᠨ ᠲᠤᠢᠷᠢᠮ ᠂ ᠬᠤᠪᠢᠶᠠᠷᠢᠯᠠᠨ ᠵᠢᠯᠤᠭᠤᠳᠬᠤ ᠶ᠋ᠢ ᠬᠡᠷᠡᠭᠵᠢᠭᠦᠯᠵᠦ ᠂ ᠠᠯᠳᠠᠭᠳᠠᠯ ᠲᠠᠶ ᠪᠠᠶᠢᠳᠠᠯ  ᠢ ᠬᠤᠪᠢᠷᠠᠭᠤᠯᠵᠤ ᠣᠯᠵᠠᠪᠤᠷᠢ ᠪᠠᠨ ᠨᠡᠮᠡᠭᠳᠡᠭᠦᠯᠬᠦ ᠵᠡᠷᠭᠡ ᠠᠵᠢᠯ  ᠢ ᠭᠤᠤᠯᠳᠠᠯᠭ᠎ᠠ ᠲᠠᠢ ᠠᠳᠬᠤᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠴᠠ ᠡᠯ᠎ᠡ ᠮᠦᠩᠭᠦᠨ ᠭᠦᠢᠯᠡᠭᠡᠨ ᠦ ᠰᠠᠯᠠᠭ᠎ᠠ ᠮᠥᠴᠢᠷ ᠶ᠋ᠢ ᠲᠤᠬᠢᠷᠠᠭᠤᠯᠤᠨ1.4 ᠳ᠋ᠦᠩᠰᠢᠭᠤᠷ ᠲᠥᠭᠥᠷᠢᠭ ᠤᠨ ᠠᠯᠳᠠᠭᠳᠠᠯ ᠲᠠᠶ ᠪᠠᠶᠢᠭᠰᠠᠨ ᠡᠴᠡ ᠣᠯᠵᠠᠪᠤᠷᠢ ᠲᠠᠶ ᠪᠤᠯᠭᠠᠬᠤ ᠲᠤᠰᠬᠠᠢ ᠪᠤᠯᠪᠠᠰᠤᠷᠠᠯ ᠤᠨ ᠵᠢᠭᠡᠯᠡᠯᠭᠡ ᠶ᠋ᠢ ᠴᠤᠭᠯᠠᠭᠤᠯᠵᠤ᠂ ᠬᠡᠰᠡᠭ ᠪᠦᠯᠦᠭ ᠦᠢᠯᠡᠳᠬᠦᠨ ᠨᠢ ᠪᠣᠷᠣᠯᠠᠭᠤᠯᠬᠤ ᠵᠠᠮ ᠲᠠᠶ ᠠᠵᠤ ᠠᠬᠤᠶᠢᠯᠠᠯ ᠢ ᠳᠡᠮᠵᠢᠵᠦ ᠂ ᠠᠯᠳᠠᠭᠳᠠᠯ ᠲᠠᠶ ᠪᠠᠶᠢᠭᠰᠠᠨ  ᠡᠴᠡ ᠣᠯᠵᠠᠪᠤᠷᠢ ᠲᠠᠶ ᠪᠣᠯᠭᠠᠬᠤ ᠠᠵᠢᠯ ᠢ ᠠᠬᠢᠭᠤᠯᠵᠦ᠂ ᠠᠵᠤ ᠦᠢᠯᠡᠳᠪᠦᠷᠢ  ᠶ᠋ᠢᠨ ᠠᠵᠤ ᠠᠬᠤᠶ  ᠶ᠋ᠢᠨ ᠦᠷ᠎ᠡ ᠠᠰᠢᠭ ᠢᠠᠯᠬᠤᠮ ᠠᠯᠬᠤᠮ ᠢᠶᠠᠷ ᠰᠠᠶᠢᠵᠢᠷᠠᠭᠤᠯᠤᠨ ᠂ ᠠᠵᠤ ᠠᠬᠤᠶᠢᠯᠠᠯ ᠤᠨ ᠠᠰᠢᠭ ᠢ ᠨᠡᠮᠡᠭᠳᠡᠭᠦᠯᠦᠭᠰᠡᠨ ᠪᠠᠶᠢᠨ᠎ᠠ᠃ ᠵᠢᠯ  ᠤᠨ ᠡᠬᠢᠨ ᠡᠴᠡ ᠂ ᠪᠦᠬᠦ ᠣᠷᠣᠨ ᠡᠴᠠ ᠲᠥᠯᠥᠪᠯᠡᠭᠡ ᠲᠡᠶ ᠪᠡᠷ ᠨᠡᠷᠡᠲᠦ ᠦᠢᠯᠡᠳᠭᠦᠨ ᠢ ᠲᠦᠯᠬᠢᠨ ᠤᠷᠤᠭᠰᠢᠯᠠᠭᠤᠯᠬᠤ ᠶ᠋ᠢ ᠬᠡᠷᠡᠭᠵᠢᠭᠦᠯᠵᠦ ᠂ ᠠᠵᠤ ᠦᠢᠯᠡᠳᠪᠦᠷᠢ ᠶ᠋ᠢᠨ ᠪᠦᠲᠦᠴᠡ  ᠶ᠋ᠢᠨ ᠲᠤ ᠲᠣᠬᠢᠷᠠᠭᠤᠯᠤᠯᠲᠠ ᠪᠠ ᠲᠧᠭᠨᠢᠭ ᠮᠡᠷᠭᠡᠵᠢᠯ  ᠤᠨ ᠥᠭᠡᠷᠡᠴᠢᠯᠡᠯᠲᠡ ᠢ ᠠᠬᠢᠭᠤᠯᠵᠤ ᠂ ᠠᠵᠤ ᠦᠢᠯᠡᠳᠪᠦᠷᠢ ᠶ᠋ᠢᠨ ᠠᠵᠤ ᠠᠬᠤᠶᠢᠯᠠᠯ  ᠤᠨ ᠲᠧᠭᠨᠢᠭ ᠮᠡᠷᠭᠡᠵᠢᠯ  ᠤᠨ ᠥᠭᠡᠷᠡᠴᠢᠯᠡᠯᠲᠡ ᠨᠢ ᠨᠡᠶᠢᠲᠡ ᠪᠡᠯᠡ ᠣᠷᠣᠭᠤᠯᠤᠯᠲᠠ ᠨᠢ 17 .1 ᠳ᠋ᠦᠩᠰᠢᠭᠤᠷ ᠲᠥᠭᠥᠷᠢᠭ ᠶ᠋ᠢ ᠪᠡᠶᠡᠯᠡᠭᠦᠯᠦᠭᠰᠡᠨ ᠪᠠᠶᠢᠨ᠎ᠠ ᠃ ᠪᠦᠬᠦ ᠣᠷᠣᠨ ᠤ ᠠᠵᠤ ᠠᠬᠤᠶ ᠶ᠋ᠢᠨ ᠲᠠᠯ᠎ᠠ ᠪᠠᠷ ᠴᠢᠬᠤᠯᠠ ᠨᠥᠯᠥᠭᠡ ᠳᠤᠰᠬᠠᠯ ᠲᠡᠶ ᠲᠠᠪᠢᠨ ᠰᠢᠨ᠎ᠡ ᠲᠥᠷᠥᠯ ᠵᠦᠢᠯ ᠰᠢᠨ᠎ᠡ ᠲᠦᠰᠦᠯ ᠢ ᠬᠡᠷᠡᠭᠵᠢᠭᠦᠯᠬᠦ ᠪᠠ 100 ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳ᠋ᠦ ᠤᠷᠤᠭᠰᠠᠨ ᠪᠡᠯᠡ ᠤᠷᠤᠭᠤᠯᠤᠭᠰᠠᠨ ᠵᠦᠢᠯ ᠢ ᠭᠤᠤᠯᠳᠠᠯᠭ᠎ᠠ ᠲᠠᠢ ᠠᠳᠬᠤᠭᠰᠠᠨ ᠪᠠᠶᠢᠨ᠎ᠠ ᠃
    ᠥᠪᠡᠷᠲᠡᠭᠡᠨ ᠵᠠᠰᠠᠬᠤ ᠣᠷᠣᠨ ᠦ ᠳᠤᠷᠠᠳᠤᠭᠰᠠᠨ ᠡᠨᠡ ᠵᠢᠯ  ᠤᠨ ᠠᠵᠤ ᠠᠬᠤᠶ ᠶ᠋ᠢᠨ ᠪᠠᠶᠢᠭᠤᠯᠤᠯ  ᠤᠨ ᠥᠭᠡᠷᠡᠴᠢᠯᠡᠯᠲᠡ ᠶ᠋ᠢᠨ ᠬᠡᠷᠡᠭᠵᠢᠭᠦᠯᠬᠦ ᠭᠤᠤᠯᠳᠠᠯᠭ᠎ᠠ ᠲᠠᠢ ᠵᠦᠢᠯ ᠢ ᠦᠨᠳᠦᠰᠦᠯᠡᠪᠡᠯ ᠂ ᠤᠯᠤᠰ ᠦ᠋ᠤᠨᠮᠴᠢᠯᠡᠯ ᠤᠨ ᠲᠤᠮᠤ ᠳᠤᠮᠳᠠ ᠬᠡᠯᠪᠡᠷᠢ ᠶ᠋ᠢᠨ ᠠᠵᠤ ᠠᠬᠤᠶᠢᠯᠠᠯ ᠨᠢ ᠥᠮᠴᠢᠯᠡᠬᠦ ᠡᠷᠬᠡ  ᠶ᠋ᠢᠨ ᠬᠠᠮᠢᠶᠠᠷᠤᠯᠲᠠ ᠶ᠋ᠢᠨ ᠪᠠᠶᠢᠭᠤᠯᠤᠯ ᠪᠣᠯᠤᠨ ᠠᠵᠤ ᠠᠬᠤᠶᠢᠯᠠᠯ  ᠤᠨ ᠵᠣᠬᠢᠶᠠᠨ ᠪᠠᠶᠢᠭᠤᠯᠤᠯᠲᠠ  ᠶ᠋ᠢᠨ ᠪᠦᠲᠦᠴᠡ ᠶ᠋ᠢ ᠥᠭᠡᠷᠡᠴᠢᠯᠡᠬᠦ ᠶ᠋ᠢ ᠲᠤ ᠬᠢᠷᠠᠭᠤᠯᠬᠤ ᠶ᠋ᠢ ᠴᠢᠩᠭ᠎ᠠ ᠠᠳᠬᠤᠵᠦ᠂ 13 ᠡᠷᠦᠬᠡ ᠠᠵᠤ ᠠᠬᠤᠶᠢᠯᠠᠯ ᠳ᠋ᠤ ᠤᠳᠤ ᠦᠶ᠎ᠡ ᠶ᠋ᠢᠨ ᠠᠵᠤ ᠠᠬᠤᠶᠢᠯᠠᠯ ᠤᠨ ᠳᠤᠮᠳᠠ ᠤᠳᠤ ᠦᠶ᠎ᠡ ᠶ᠋ᠢᠨ ᠠᠵᠤ ᠠᠬᠤᠶᠢᠯᠠᠯ ᠤᠨ ᠲᠦᠷᠢᠮ ᠤᠨ ᠲᠤᠷᠰᠢᠯᠲᠠ ᠬᠢᠬᠦ ᠠᠵᠢᠯ  ᠢ ᠥᠷᠨᠢᠭᠦᠯᠵᠦ ᠂ ᠳᠤᠮᠳᠠ ᠵᠢᠵᠢᠭ ᠠᠵᠤ ᠠᠬᠤᠶᠢᠯᠠᠯ ᠨᠢ ᠲᠦᠷᠢᠶᠡᠰᠦᠯᠡᠨ ᠠᠪᠬᠤ᠂ ᠬᠥᠯᠥᠰᠥᠯᠡᠬᠦ ᠂ ᠨᠢᠭᠡᠳᠬᠡᠬᠦ ᠂ ᠦᠨ᠎ᠡ ᠬᠠᠶᠠᠵᠤ ᠬᠤᠳᠠᠯᠳᠤᠬᠤ ᠵᠡᠷᠭᠡ ᠬᠡᠯᠪᠡᠷᠢ ᠪᠡᠷ ᠪᠦᠬᠦ ᠲᠠᠯ᠎ᠠ ᠶ᠋ᠢᠨ ᠳᠦᠷᠢᠮ ᠦᠨ ᠬᠤᠪᠢᠷᠠᠯᠲᠠ ᠶ᠋ᠢᠨ ᠥᠭᠡᠷᠡᠴᠢᠯᠡᠯᠲᠡ ᠢ ᠪᠡᠶᠡᠯᠡᠭᠦᠯᠵᠦ ᠂ ᠪᠦᠬᠦ ᠣᠷᠣᠨ ᠤ 80 % ᠡᠴᠡ ᠳᠡᠭᠡᠭᠰᠢᠬᠢ ᠤᠯᠤᠰ ᠤᠨ ᠪᠠ ᠬᠠᠮᠲᠤ ᠶ᠋ᠢᠨ ᠥᠮᠴᠢᠯᠡᠯ  ᠤᠨ ᠠᠵᠤ ᠠᠬᠤᠶᠢᠯᠠᠯ ᠤᠨ ᠪᠠᠶᠢᠭᠤᠯᠤᠮᠵᠢ ᠶ᠋ᠢᠨ ᠬᠤᠪᠢᠷᠠᠭᠤᠯᠬᠤ ᠠᠵᠢᠯ  ᠢ ᠠᠩᠬ᠎ᠠ ᠠᠯᠬᠤᠮ ᠪᠡᠶᠡᠯᠡᠭᠦᠯᠵᠦ᠂ ᠨᠢᠭᠡ ᠪᠦᠯᠦᠭ ᠪᠡᠯᠡ ᠠᠯᠳᠠᠭᠰᠠᠨ ᠠᠵᠤ ᠠᠬᠤᠶᠢᠯᠠᠯ ᠨᠢ ᠪᠠᠶᠢᠭᠤᠯᠤᠮᠵᠢ ᠶ᠋ᠢᠨ ᠬᠤᠪᠢᠷᠠᠯᠲᠠ ᠲᠠᠢ ᠪᠤᠯᠵᠦ ᠂ ᠠᠵᠤ ᠠᠬᠤᠶᠢᠯᠠᠯ ᠤᠨ ᠠᠮᠢᠳᠤ ᠰᠣᠷᠭᠣᠭ ᠬᠦᠴᠦᠨ ᠴᠢᠳᠠᠯ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠴᠢᠳᠠᠪᠤᠷᠢ ᠵᠣᠬᠢᠬᠤ ᠬᠡᠮᠵᠢᠶ᠎ᠡ ᠪᠡᠷ ᠨᠡᠮᠡᠭᠳᠡᠭᠰᠡᠨ ᠪᠠᠶᠢᠨ᠎ᠠ ᠃ ᠮᠠᠯᠵᠢᠬᠤ ᠲᠠᠷᠢᠶᠠᠯᠠᠬᠤ ᠣᠷᠣᠨ  ᠤ ᠡᠷᠡᠭᠦᠯ ᠪᠦᠲᠦᠨ ᠨᠡᠶᠢᠭᠡᠮᠵᠢᠭᠰᠡᠨ ᠦᠢᠯᠡᠴᠢᠯᠡᠭᠡᠨ ᠦ ᠰᠢᠰᠲ᠋ᠸᠮ ᠦᠨ ᠠᠵᠢᠯ ᠨᠢ ᠤᠷᠤᠭᠰᠢᠲᠠᠶ ᠶᠠᠪᠤᠭᠳᠠᠵᠤ ᠂ 《 ᠲᠠᠪᠤᠨ ᠠᠳᠠᠷ 》 ᠢ ᠦᠨ᠎ᠡ ᠬᠠᠶᠠᠵᠤ ᠬᠤᠳᠠᠯᠳᠤᠬᠤ ᠂ ᠭᠠᠵᠠᠷ ᠰᠢᠷᠣᠶ  ᠶ᠋ᠢᠨ ᠡᠷᠭᠢᠯᠲᠡ ᠶ᠋ᠢᠨ ᠲᠦᠷᠢᠮ  ᠢ ᠪᠠᠶᠢᠭᠤᠯᠬᠤ ᠵᠡᠷᠭᠡ ᠵᠦᠢᠯ  ᠤᠨ ᠥᠭᠡᠷᠡᠴᠢᠯᠡᠯᠲᠡ  ᠶ᠋ᠢ ᠨᠢᠭᠡᠨᠲᠡ ᠭᠠᠷᠳᠠᠨ ᠬᠢᠭᠰᠡᠨ ᠪᠠᠶᠢᠨ᠎ᠠ ᠃ ᠪᠠᠶᠢᠭᠤᠯᠤᠮᠵᠢ  ᠶ᠋ᠢᠨ ᠥᠭᠡᠷᠡᠴᠢᠯᠡᠯᠲᠡ ᠶ᠋ᠢ ᠲᠥᠪ ᠬᠣᠷᠢᠶᠠᠨ ᠤ ᠲᠥᠰᠦᠯ ᠶᠣᠰᠣᠭᠠᠷ ᠠᠯᠬᠤᠮ ᠲᠠᠷᠠᠭ᠎ᠠ ᠲᠠᠶ ᠪᠦᠭᠡᠳ ᠲᠦᠯᠦᠪᠯᠡᠭᠡ ᠲᠠᠢ ᠪᠠᠷ ᠬᠡᠷᠡᠭᠵᠢᠭᠦᠯᠵᠦ ᠪᠤᠢ᠃ ᠨᠠᠰᠤᠲᠠᠨ ᠢ ᠠᠰᠠᠷᠠᠬᠤ ᠂ ᠠᠵᠢᠯ ᠠᠯᠳᠠᠬᠤ ᠂ ᠡᠮ ᠡᠮᠨᠡᠯᠭᠡ  ᠶ᠋ᠢᠨ ᠳᠠᠭᠠᠳᠬᠠᠯ ᠵᠡᠷᠭᠡ ᠨᠡᠶᠢᠭᠡᠮ  ᠤᠨ ᠪᠠᠲᠤᠯᠠᠭ᠎ᠠ  ᠶ᠋ᠢᠨ ᠲᠦᠷᠢᠮ ᠨᠢ ᠴᠥᠮ ᠯᠠᠪᠳᠠᠭᠤᠨ ᠲᠣᠭᠲᠠᠭᠤᠨ  ᠢᠶ᠋ᠡᠷ ᠭᠡᠷᠡᠭᠵᠢᠭᠦᠯᠦᠭᠳᠡᠵᠦ ᠪᠤᠢ ᠃ ᠭᠠᠳᠠᠭᠠᠳᠤ ᠠᠵᠤ ᠠᠬᠤᠶ ᠪᠤᠯᠤᠨ ᠭᠠᠳᠠᠭᠠᠳᠤ ᠠᠷᠠᠯᠵᠢᠶᠠᠨ ᠤ ᠪᠠᠭᠤᠷᠠᠵᠦ ᠪᠠᠶᠢᠭ᠎ᠠ ᠪᠠᠶᠢᠳᠠᠯ ᠳ᠋ᠤ ᠴᠢᠭᠯᠡᠭᠦᠯᠦᠨ᠂ ᠡᠯ᠎ᠡ ᠭᠠᠵᠠᠷ ᠤᠨ ᠬᠢᠨ ᠪᠦᠲᠦᠮᠵᠢᠲᠡᠶ ᠠᠷᠭ᠎ᠠ ᠬᠡᠮᠵᠢᠶ᠎ᠡ ᠶ᠋ᠢ ᠠᠪᠤᠭᠰᠠᠨ ᠪᠠᠶᠢᠨ᠎ᠠ ᠃ ᠡᠨᠡ ᠨᠢ ᠳᠣᠲᠣᠭᠠᠳᠤ ᠳᠠᠭᠠᠨ ᠴᠢᠯᠥᠭᠡᠲᠡᠶ ᠶᠠᠪᠤᠯᠴᠠᠬᠤ  ᠂ ᠦᠷᠦᠨ᠎ᠡ ᠳᠤᠷᠤᠨ᠎ᠠ ᠬᠠᠮᠲᠤᠷᠠᠨ ᠠᠵᠢᠯᠯᠠᠬᠤ ᠲᠠᠯ᠎ᠠ ᠪᠠᠷ ᠴᠤ ᠰᠢᠨ᠎ᠡ ᠠᠬᠢᠯᠳᠠ ᠲᠠᠶ ᠪᠣᠯᠤᠭᠰᠠᠨ ᠪᠠᠶᠢᠨ᠎ᠠ ᠃
    ( ᠭᠤᠷᠪᠠ ) ᠪᠠᠷᠠᠭᠠᠨ  ᠤ ᠦᠨ᠎ᠡ ᠬᠠᠩᠰᠢ  ᠶ᠋ᠢᠨ ᠠᠵᠢᠯ  ᠤᠨ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠶ᠋ᠢᠨ ᠳᠦᠷᠢᠮ  ᠢ ᠨᠠᠶᠢᠳᠠᠪᠤᠷᠢᠵᠢᠭᠤᠯᠵᠤ ᠂ ᠤᠯᠠᠨ ᠲᠦᠮᠡᠨ ᠦ ᠡᠮᠦᠨ᠎ᠡ ᠡᠴᠡ ᠵᠢᠩᠬᠢᠨᠢ ᠠᠵᠢᠯ ᠬᠢᠬᠦ ᠶ᠋ᠢ ᠪᠠᠷᠢᠮᠲᠠᠯᠠᠵᠦ ᠂ ᠨᠡᠶᠢᠭᠡᠮ  ᠤᠨ ᠲᠣᠭᠲᠠᠭᠤᠨ ᠪᠠᠶᠢᠳᠠᠯ  ᠢ ᠴᠢᠷᠮᠠᠶᠢᠨ ᠬᠠᠮᠠᠭᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶ᠎ᠠ ᠂ ᠵᠠᠰᠠᠭ  ᠤᠨ ᠣᠷᠳᠣᠨ  ᠡᠴᠠ ᠪᠠᠷᠠᠭᠠᠨ  ᠤ ᠦᠨ᠎ᠡ ᠬᠠᠩᠰᠢ ᠥᠰᠬᠦ ᠶ᠋ᠢ ᠬᠢᠵᠠᠭᠠᠷᠯᠠᠵᠦ ᠂ ᠬᠤᠳᠠ ᠬᠥᠳᠡᠭᠡ  ᠶ᠋ᠢᠨ ᠠᠷᠠᠳ ᠲᠦᠮᠡᠨ  ᠦ ᠠᠮᠢᠳᠤᠷᠠᠯ  ᠤᠨ ᠬᠢᠷᠢ ᠬᠡᠮᠵᠢᠶ᠎ᠡ ᠶ᠋ᠢ ᠳᠡᠭᠡᠭᠰᠢᠯᠡᠭᠦᠯᠦᠭᠰᠡᠨ ᠦ ᠬᠤᠪᠢ ᠳ᠋ᠤ ᠂ ᠨᠡᠶᠢᠭᠡᠮ  ᠤᠨ ᠲᠣᠭᠲᠠᠭᠤᠨ ᠪᠠᠶᠢᠳᠠᠯ  ᠢ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠭᠠᠨ ᠠᠳᠬᠤᠵᠤ ᠂ ᠪᠠᠷᠠᠭᠠᠨ  ᠤ ᠦᠨ᠎ᠡ ᠬᠠᠩᠰᠢ ᠶ᠋ᠢᠨ ᠠᠵᠢᠯ  ᠤᠨ ᠤᠳᠤᠷᠢᠳᠤᠯᠭ᠎ᠠ  ᠶ᠋ᠢᠨ ᠬᠠᠷᠢᠭᠤᠴᠠᠯᠭ᠎ᠠ  ᠶ᠋ᠢᠨ ᠳᠦᠷᠢᠮ ᠢ ᠰᠠᠶᠢᠲᠤᠷ ᠨᠠᠶᠢᠳᠠᠪᠦᠷᠢᠭᠤᠯᠤᠭᠰᠠᠨ ᠪᠠᠶᠢᠨ᠎ᠠ ᠃ ᠡᠯ᠎ᠡ ᠱᠠᠲᠤᠨ  ᠤ ᠨᠠᠮ ᠤᠨ ᠬᠣᠷᠢᠶ᠎ᠠ ᠂ ᠵᠠᠰᠠᠭ  ᠤᠨ ᠣᠷᠳᠣᠨ ᠨᠢᠭᠡ ᠲᠠᠯ᠎ᠠ ᠪᠠᠷ《 ᠬᠣᠯᠢᠰᠢᠨ ᠢᠳᠡᠭᠡᠨ  ᠤ ᠬᠠᠩᠭᠠᠯᠭ᠎ᠠ 》  ᠤᠨ ᠢᠨᠵᠧᠨᠧᠷᠢᠩ ᠪᠠ ᠵᠠᠬ᠎ᠠ ᠳᠡᠯᠭᠡᠭᠦᠷ  ᠤᠨ ᠪᠠᠶᠢᠭᠤᠯᠤᠯᠲᠠ ᠶ᠋ᠢ ᠴᠢᠩᠭᠠᠳᠬᠠᠵᠤ ᠂ ᠨᠦᠭᠦᠭᠡᠲᠠᠯ᠎ᠠ ᠪᠠᠷ ᠵᠠᠬ᠎ᠠ ᠳᠡᠯᠭᠡᠭᠦᠷ  ᠤᠨ ᠪᠠᠷᠠᠭᠠᠨ  ᠤ ᠦᠨ᠎ᠡ ᠶ᠋ᠢᠨ ᠪᠠᠶᠢᠳᠠᠯ ᠢ ᠭᠦᠨᠵᠡᠭᠡᠢ ᠤᠶᠢᠯᠠᠭᠠᠨ᠂ ᠠᠵᠤ ᠠᠬᠤᠶ ᠂ ᠵᠠᠰᠠᠭ ᠵᠠᠬᠢᠷᠭ᠎ᠠ ᠂ ᠬᠠᠤᠯᠢ ᠴᠠᠭᠠᠵᠠ  ᠶ᠋ᠢᠨ ᠠᠷᠭ᠎ᠠ ᠪᠠᠷᠢᠯ  ᠢ ᠠᠰᠢᠭᠯᠠᠵᠤ ᠵᠠᠬ᠎ᠠ ᠳᠡᠯᠭᠡᠭᠦᠷ  ᠤᠨ ᠡᠮᠬᠢ ᠳᠢᠭᠯᠢᠮ ᠢ ᠲᠤᠭᠲᠠᠪᠦᠷᠢᠵᠢᠭᠤᠯᠤᠨ᠂ ᠲᠠᠸᠠᠷ  ᠢ ᠵᠢᠵᠢᠭᠯᠡᠨ ᠬᠤᠳᠠᠯᠳᠤᠬᠤ ᠪᠠᠷᠠᠭᠠᠨ  ᠤ ᠦᠨ᠎ᠡ ᠶ᠋ᠢᠨ ᠵᠢᠭᠠᠯᠲᠠ ᠲᠣᠭ᠎ᠠ ᠪᠣᠯᠤᠨ ᠰᠠᠭᠤᠭᠠᠯᠢ ᠠᠷᠠᠳ  ᠤᠨ ᠬᠡᠷᠡᠭᠯᠡᠭᠡᠨ ᠤ ᠦᠨ᠎ᠡ ᠬᠠᠩᠰᠢ  ᠶ᠋ᠢᠨ ᠵᠢᠭᠠᠯᠲᠠ ᠲᠣᠭ᠎ᠠ ᠶ᠋ᠢ ᠰᠠᠷ᠎ᠠ ᠳᠠᠷᠠᠭᠠᠯᠠᠨ ᠪᠠᠭᠤᠷᠠᠭᠤᠯᠵᠠᠢ ᠃ ᠡᠨᠡ ᠵᠢᠯ ᠡᠴᠡ ᠨᠠᠰᠢ ᠂ ᠡᠯ᠎ᠡ ᠱᠠᠲᠤᠨ  ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ《 ᠨᠢᠭᠡ ᠡᠲᠡᠭᠡᠳ ᠤ ᠨᠠᠮᠤᠷ ᠲᠠᠶᠢᠪᠤᠩ ᠢ ᠬᠠᠮᠠᠭᠠᠯᠠᠬᠤ 》 ᠤᠳᠤᠷᠢᠳᠤᠯᠭ᠎ᠠ  ᠶ᠋ᠢᠨ ᠬᠠᠷᠢᠭᠤᠴᠠᠯᠭ᠎ᠠ  ᠶ᠋ᠢᠨ ᠳᠦᠷᠢᠮ  ᠢ ᠴᠤᠭᠴᠠᠯᠠᠵᠤ ᠂ ᠨᠡᠶᠢᠭᠡᠮ ᠤ  ᠠᠮᠤᠷ ᠲᠦᠪᠰᠢᠨ  ᠢᠶᠡᠷ ᠦᠩᠬᠡᠶᠢᠯᠡᠨ ᠵᠠᠰᠠᠬᠤ ᠠᠵᠢᠯ  ᠢ ᠴᠢᠩᠭᠠᠳᠬᠠᠨ ᠂ ᠦᠵᠡᠯ ᠰᠠᠨᠠᠭᠠᠨ ᠤ ᠬᠦᠮᠦᠵᠢᠯ ᠢ ᠴᠢᠩᠭᠠᠳᠬᠠᠬᠤ ᠶ᠋ᠢᠨ ᠬᠠᠮᠲᠤ ᠪᠤᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠦ ᠂ ᠨᠡᠶᠢᠭᠡᠮ ᠦᠨ ᠲᠤᠭᠳᠠᠭᠤᠨ ᠪᠠᠶᠢᠳᠠᠯ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠦᠪᠡᠷᠲᠡᠭᠡᠨ ᠵᠠᠰᠠᠬᠤ ᠤᠷᠤᠨ ᠡᠴᠠ ᠤᠷᠢᠳ ᠬᠤᠵᠢᠳ ᠳᠦᠷᠪᠡ ᠤᠳᠠᠭᠠᠨ ᠤ ᠳᠤᠰᠬᠠᠢ ᠬᠤᠷᠠᠯ ᠬᠤᠷᠠᠯᠳᠤᠵᠦ ᠂ ᠲᠤᠭᠳᠠᠭᠤᠨ ᠪᠠᠶᠢᠳᠠᠯ ᠳ᠋ᠤ ᠨᠦᠯᠦᠭᠡ ᠪᠦᠬᠦᠢ ᠪᠠᠶᠢᠳᠠᠯ ᠢ ᠰᠤᠳᠤᠯᠭᠠᠨ ᠵᠠᠳᠠᠯᠤᠯᠲᠠᠬᠢᠭᠰᠡᠨ ᠦ ᠳᠠᠷᠠᠭ᠎ᠠ ᠨᠡᠯᠢᠶᠡᠳ ᠳᠤᠪᠤᠶᠢᠮ᠎ᠠ ᠵᠦᠢᠯ ᠳ᠋ᠦ ᠬᠤᠪᠢᠶᠠᠷᠢᠯᠠᠯᠲᠠ ᠬᠢᠭᠰᠡᠨ ᠦ ᠳ᠋ᠦᠩ ᠳ᠋ᠦ ᠡᠯ᠎ᠡ ᠰᠠᠯᠠᠭ᠎ᠠ ᠮᠦᠴᠢᠷ ᠡᠴᠡ ᠰᠢᠢᠳᠪᠦᠷᠢᠯᠡᠬᠦ ᠪᠤᠯᠤᠨ᠎ᠠ ᠃ ᠬᠡᠰᠡᠭ ᠪᠦᠯᠦᠭ ᠬᠤᠰᠢᠭᠤ ᠰᠢᠶᠠᠨ ᠤ ᠡᠳ᠋ ᠦᠨ ᠵᠠᠰᠠᠭ ᠤᠨ ᠬᠦᠴᠢᠷᠳᠡᠯ ᠦᠨ ᠪᠠᠶᠢᠳᠠᠯ ᠤᠨ ᠳᠤᠤᠷ᠎ᠠ ᠂  ᠴᠠᠯᠠᠭ᠌ ᠬᠦᠯᠦᠰᠦ ᠢ ᠪᠦᠷᠢᠨ ᠭᠦᠢᠴᠡᠳ ᠦᠭᠴᠦ ᠳᠡᠶᠢᠯᠬᠦ ᠦᠭᠡᠢ ᠪᠠᠶᠢᠳᠠᠯ ᠤᠨ ᠳᠤᠤᠷ᠎ᠠ ᠦᠪᠡᠷᠲᠡᠭᠡᠨ ᠵᠠᠰᠠᠬᠤ ᠤᠷᠤᠨ ᠡᠴᠠ 2.8 ᠳ᠋ᠦᠩᠰᠢᠭᠤᠷ ᠲᠦᠭᠦᠷᠢᠭ ᠢ ᠭᠠᠷᠭᠠᠵᠦ ᠡᠯ᠎ᠡ ᠬᠤᠰᠢᠭᠤ ᠰᠢᠶᠠᠨ ᠤ ᠡᠳ᠋ ᠦᠨ ᠵᠠᠰᠠᠭ ᠤᠨ ᠮᠦᠩᠬᠦ ᠶ᠋ᠢ ᠲᠤ ᠬᠢᠷᠠᠭᠤᠯᠵᠦ ᠂ ᠦᠨᠳᠦᠰᠦᠲᠡᠨ ᠳᠡᠭᠡᠷ᠎ᠡ ᠪᠡᠨ ᠺᠠᠲᠠᠷ ᠤᠨ ᠴᠠᠯᠢᠩ ᠤᠨ ᠲᠠᠷᠬᠠᠭᠠᠯᠲᠠ ᠶ᠋ᠢ ᠪᠠᠲᠤᠯᠠᠭᠰᠠᠨ ᠪᠠᠶᠢᠨ᠎ᠠ ᠃ ᠪᠦᠬᠦ ᠤᠷᠤᠨ ᠤ ᠪᠠᠷᠤᠭ 100 ᠭᠠᠷᠤᠢ ᠲᠦᠮᠡᠨ ᠬᠤᠲᠠ ᠪᠠᠯᠭᠠᠰᠤᠨ ᠤ ᠶᠠᠳᠠᠭᠤ ᠬᠦᠴᠢᠳᠡᠯᠲᠦ ᠬᠦᠮᠦᠰ ᠦᠨ ᠠᠮᠢᠳᠤᠷᠠᠯ ᠳ᠋ᠤ ᠨᠠᠷᠢᠯᠢᠭ ᠪᠠᠶᠢᠴᠠᠭᠠᠯᠲᠠ ᠬᠢᠭᠰᠡᠨ ᠦ ᠳ᠋ᠦᠩ ᠳ᠋ᠦ ᠵᠤᠬᠢᠰᠲᠠᠢ ᠠᠷᠭ᠎ᠠ ᠠᠪᠴᠠᠯ ᠢ ᠠᠪᠤᠭᠰᠠᠨ ᠪᠠᠶᠢᠨ᠎ᠠ ᠃ ᠡᠭᠦᠨ ᠦ ᠳᠠᠭᠠᠤ ᠭᠠᠮᠰᠢᠭ ᠢ ᠡᠰᠡᠷᠭᠦᠴᠡᠨ ᠭᠠᠮᠰᠢᠭ ᠡᠴᠠ ᠠᠪᠤᠷᠠᠬᠤ ᠂ ᠬᠦᠳᠡᠭᠡ ᠳᠤᠰᠬᠤᠨ ᠮᠠᠯᠵᠢᠬᠤ ᠤᠷᠤᠨ ᠤ ᠶᠠᠳᠠᠬᠤ ᠡᠴᠠ ᠠᠪᠤᠷᠠᠬᠤ ᠂ ᠠᠷᠠᠳ ᠲᠦᠮᠡᠨ ᠦ ᠵᠠᠬᠢᠳᠠᠯ ᠳᠠᠮᠵᠢᠭᠤᠯᠭ᠎ᠠ ᠶ᠋ᠢᠨ ᠲᠠᠯ᠎ᠠ ᠪᠠᠷ ᠵᠤᠬᠢᠰᠲᠠᠢ ᠠᠷᠭ᠎ᠠ ᠠᠪᠴᠠᠯ ᠶ᠋ᠢ ᠠᠪᠤᠭᠰᠠᠨ ᠤ ᠡᠴᠦᠰ ᠲᠦ ᠮᠡᠳᠡᠭᠲᠡᠬᠦᠶᠢᠴᠡ ᠠᠮᠵᠢᠯᠲᠠ ᠶ᠋ᠢ ᠤᠯᠤᠭᠰᠠᠨ ᠪᠠᠶᠢᠨ᠎ᠠ ᠃
    ( ᠲᠦᠷᠪᠡ ) ᠺᠦᠩ ᠹᠠᠨ ᠰᠧᠨ ᠨᠥᠬᠥᠷ  ᠤᠨ ᠠᠵᠢᠯᠯᠠᠭ᠎ᠠ  ᠶ᠋ᠢ ᠦᠷᠭᠦᠯᠵᠢᠯᠡᠨ ᠥᠷᠨᠢᠭᠦᠯᠵᠦ ᠂《 ᠤᠯᠤᠰ  ᠢᠶᠡᠨ ᠬᠠᠶᠢᠷᠠᠯᠠᠬᠤ ᠬᠦᠮᠦᠵᠢᠯ ᠦᠨ ᠬᠥᠲᠥᠯᠪᠦᠷᠢ 》 ᠶ᠋ᠢ ᠨᠠᠷᠢᠨ ᠬᠢᠨᠠᠮᠠᠭᠠᠢ ᠪᠠᠷ ᠲᠤᠤᠱᠠᠯᠠᠭᠤᠯᠵᠤ ᠂ ᠪᠦᠬᠦ ᠨᠡᠶᠢᠭᠡᠮ  ᠤᠨ ᠤᠶᠤᠨ  ᠤ ᠪᠣᠯᠪᠠᠰᠤᠨ  ᠤ ᠪᠠᠶᠢᠭᠤᠯᠤᠯᠲᠠ ᠶ᠋ᠢ ᠠᠬᠢᠭᠤᠯᠤᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ  ᠤ ᠨᠠᠮ ᠋ ᠤᠨ ᠬᠤᠷᠢᠶᠠᠨ ᠤ ᠡᠮᠦᠨ᠎ᠡ ᠡᠴᠡ ᠪᠦᠬᠦ ᠣᠷᠣᠨ ᠤ ᠺᠦᠩ ᠹᠠᠨ ᠰᠸᠨ ᠂ ᠪᠠᠢ ᠮᠥᠷᠡᠨ ᠂ ᠯᠢᠦ ᠬᠠᠢ ᠸᠠᠩ ᠪᠠ ᠦᠢᠯᠡᠳᠪᠦᠷᠢ ᠬᠤᠳᠠᠯᠳᠤᠭᠠᠨ  ᠦ ᠪᠠᠩᠬᠢ ᠶ᠋ᠢᠨ ᠳ᠋ᠠ ᠶᠠᠩ ᠱᠦ᠋ ᠶ᠋ᠢᠨ ᠲᠠᠪᠤᠳᠤᠭᠠᠷ ᠵᠤᠭᠤᠰ ᠬᠠᠳᠠᠭᠠᠯᠠᠬᠤ ᠭᠠᠵᠠᠷ ᠤᠨ ᠪᠠᠭᠠᠲᠤᠷ ᠬᠠᠮᠲᠤ  ᠡᠴᠠ ᠳᠠᠭᠠᠨ ᠰᠤᠷᠤᠯᠴᠠᠬᠤ ᠰᠢᠢᠳᠪᠦᠷᠢ ᠶ᠋ᠢ ᠭᠠᠷᠭᠠᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠣᠷᠢᠢ᠎ᠠ  ᠶ᠋ᠢᠨ ᠱᠠᠭᠠᠷᠳᠠᠯᠭ᠎ᠠ ᠶᠣᠰᠣᠭᠠᠷ ᠰᠢᠶᠠᠨ  ᠦ ᠱᠠᠲᠤᠨ  ᠡᠴᠡ ᠳᠡᠭᠡᠭᠰᠢᠬᠢ ᠨᠠᠮ ᠤᠨ ᠬᠤᠷᠢᠶᠠᠨ ᠡᠴᠠ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠨᠡᠶᠢᠳᠡᠮ ᠬᠤᠷᠠᠯᠳᠤᠭᠤᠯᠵᠤ ᠂ ᠺᠦᠩ ᠹᠠᠨ ᠰᠧᠨ ᠨᠥᠬᠥᠷ ᠢᠶ᠋ᠡᠷ ᠲᠣᠯᠢ ᠪᠣᠯᠭᠠᠵᠤ ᠬᠠᠷᠢᠴᠠᠭᠤᠯᠤᠯ ᠪᠤᠯᠭᠠᠭᠰᠠᠨ ᠤ ᠳ᠋ᠦᠩ ᠳ᠋ᠦ ᠦᠵᠡᠯ ᠰᠠᠨᠠᠭ᠎ᠠ ᠣᠪᠣᠷ ᠰᠤᠷᠲᠠᠯ  ᠤᠨ ᠪᠦᠲᠦᠭᠡᠨ ᠪᠠᠶᠢᠭᠤᠯᠤᠯᠲᠠ ᠶ᠋ᠢ ᠠᠬᠢᠭᠤᠯᠤᠭᠰᠠᠨ ᠪᠠᠶᠢᠨ᠎ᠠ ᠃ ᠡᠨᠡ ᠵᠢᠯ ᠡᠴᠡ ᠨᠠᠰᠢ ᠂ ᠶᠠᠫᠣᠨ  ᠢ ᠡᠰᠡᠷᠭᠦᠴᠡᠬᠦ ᠲᠠᠢᠢᠨ ᠪᠣᠯᠤᠨ ᠳᠡᠯᠡᠬᠡᠶ  ᠶ᠋ᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠣᠯᠤᠭᠰᠠᠨ 50 ᠵᠢᠯ  ᠤᠨ ᠤᠢ ᠢ ᠤᠶᠠᠯᠳᠤᠭᠤᠯᠵᠦ ᠂ ᠥᠷᠭᠡᠨ ᠤᠯᠠᠨ ᠺᠠᠳ᠋ᠷ ᠤᠯᠠᠨ ᠲᠦᠮᠡᠨ  ᠤ ᠳᠤᠮᠳᠠ ᠤᠯᠤᠰ ᠢᠶᠡᠨ ᠬᠠᠶᠢᠷᠠᠯᠠᠬᠤ ᠦᠵᠡᠯ᠂ ᠬᠠᠮᠳᠤᠴᠢ ᠦᠵᠡᠯ ᠂ ᠨᠡᠶᠢᠭᠡᠮ ᠵᠢᠷᠤᠮᠲᠤ ᠦᠵᠡᠯ ᠪᠠ ᠦᠨᠳᠦᠰᠦᠲᠡᠨ  ᠤ ᠪᠦᠯᠬᠦᠮᠳᠡᠯ  ᠤᠨ ᠰᠤᠷᠭᠠᠨ ᠬᠥᠮᠦᠵᠢᠯ ᠢ ᠭᠦᠨᠵᠡᠭᠡᠢ ᠦᠷᠨᠢᠭᠦᠯᠵᠦ ᠂ ᠡᠳᠡᠭᠡᠷ ᠠᠯᠢ ᠣᠯᠠᠨ ᠠᠮᠢᠳᠤᠯᠢᠭ ᠪᠦᠭᠡᠳ ᠪᠦᠲᠦᠮᠵᠢᠲᠡᠶ ᠤᠬᠠᠭᠤᠯᠭ᠎ᠠ ᠦ᠋ᠤᠨᠥᠮᠦᠵᠢᠭᠦᠯᠦᠯ  ᠤᠨ ᠠᠵᠢᠯᠯᠠᠭ᠎ᠠ ᠢᠶᠠᠷ ᠳᠠᠮᠵᠢᠨ ᠡᠯ᠎ᠡ ᠦᠨᠳᠦᠰᠦᠲᠡᠨ  ᠤ ᠠᠷᠠᠳ ᠲᠦᠮᠡᠨ ᠤ ᠦᠨᠳᠦᠰᠦᠲᠡᠨ  ᠢᠶ᠋ᠡᠨ ᠬᠦᠨᠳᠦᠳᠬᠡᠬᠦ ᠰᠡᠳᠬᠢᠯᠭᠡ ᠂ ᠥᠪᠡᠷ  ᠢ ᠪᠡᠨ ᠢᠲᠡᠭᠡᠬᠦ ᠰᠡᠳᠬᠢᠯᠭᠡ ᠂ ᠪᠦᠯᠬᠦᠮᠳᠡᠯ ᠤᠨ ᠬᠦᠴᠦ ᠢ ᠨᠢᠭᠲᠠᠷᠠᠭᠤᠯᠵᠤ ᠂ ᠴᠡᠷᠢᠭ  ᠢᠶᠡᠨ ᠬᠦᠷᠢᠶᠡᠯᠡᠬᠦ ᠂ ᠠᠷᠠᠳ  ᠢᠶᠡᠨ ᠬᠠᠶᠢᠷᠠᠯᠠᠬᠤ ᠬᠥᠳᠡᠯᠭᠡᠭᠡᠨ  ᠢ ᠭᠦᠨᠵᠡᠭᠡᠢ ᠦᠷᠨᠢᠭᠦᠯᠦᠨ᠂ ᠴᠡᠷᠢᠭ ᠵᠠᠰᠠᠭ ᠂ ᠴᠡᠷᠢᠭ ᠠᠷᠠᠳ ᠤᠨ ᠬᠠᠷᠢᠴᠠᠭ᠎ᠠ ᠶ᠋ᠢ ᠨᠢᠭᠲᠠᠷᠠᠭᠤᠯᠬᠤ ᠶᠠᠪᠤᠳᠠᠯ ᠪᠤᠯᠤᠨ᠎ᠠ ᠃ ᠴᠡᠷᠢᠭ ᠴᠠᠭᠳᠠᠭ᠎ᠠ ᠪᠤᠯᠤᠨ ᠠᠷᠠᠳ ᠤᠨ ᠬᠠᠮᠲᠤ ᠪᠠᠷ ᠤᠶᠤᠨ  ᠤ ᠪᠣᠯᠪᠠᠰᠤᠨ  ᠢ ᠪᠦᠲᠦᠭᠡᠨ ᠪᠠᠶᠢᠭᠤᠯᠬᠤ ᠠᠵᠢᠯᠯᠠᠭ᠎ᠠ  ᠨᠢ ᠰᠠᠶᠢᠨ ᠦᠷ᠎ᠡ ᠪᠦᠲᠦᠮᠵᠢ ᠶ᠋ᠢ ᠤᠯᠤᠭᠰᠠᠨ ᠪᠠᠶᠢᠨ᠎ᠠ ᠃
    ( ᠲᠠᠪᠤ ) ᠳᠥᠷᠪᠡᠳᠦᠭᠡᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠲᠤᠤᠱᠯᠠᠭᠤᠯᠵᠤ ᠂ ᠨᠠᠮ  ᠤᠨ ᠪᠠᠶᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠃ ᠪᠦᠬᠦ ᠣᠷᠣᠨ  ᠤ ᠡᠯ᠎ᠡ ᠱᠠᠲᠤᠨ  ᠤ ᠨᠠᠮ  ᠤᠨ ᠵᠣᠬᠢᠶᠠᠨ ᠪᠠᠶᠢᠭᠤᠯᠤᠯᠲᠠ  ᠡᠴᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠤᠨᠤᠯ ᠢ ᠪᠦᠲᠦᠭᠡᠨ ᠪᠠᠶᠢᠭᠤᠯᠬᠤ ᠪᠠ ᠨᠠᠮ  ᠤᠨ ᠦᠨᠳᠦᠰᠦᠨ ᠱᠤᠭᠤᠮ ᠢᠶᠠᠷ ᠵᠢᠯᠤᠭᠤᠳᠤᠯᠭ᠎ᠠ ᠪᠤᠯᠭᠠᠬᠤ ᠶ᠋ᠢ ᠴᠢᠩᠭ᠎ᠠ ᠪᠠᠷᠢᠮᠲᠠᠯᠠᠵᠦ ᠂ ᠳᠥᠷᠪᠡᠳᠦᠭᠡᠷ ᠪᠦᠬᠦᠳᠡ ᠬᠤᠷᠠᠯ  ᠤᠨ 《 ᠲᠣᠭᠲᠠᠭᠠᠯ 》 ᠪᠣᠯᠤᠨ ᠪᠦᠬᠦ ᠤᠯᠤᠰ  ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ  ᠤᠨ ᠵᠣᠷᠢᠭ ᠰᠠᠨᠠᠭ᠎ᠠ  ᠶ᠋ᠢ ᠭᠦᠨᠵᠡᠭᠡᠢ ᠲᠤᠤᠱᠯᠠᠭᠤᠯᠵᠦ ᠂ ᠨᠠᠮ  ᠤᠨ ᠦᠵᠡᠯ ᠰᠠᠨᠠᠭ᠎ᠠ ᠂ ᠵᠣᠬᠢᠶᠠᠨ ᠪᠠᠶᠢᠭᠤᠯᠤᠯᠲᠠ ᠪᠠ ᠣᠪᠣᠷ ᠰᠤᠷᠲᠠᠯ ᠤᠨ ᠪᠠᠶᠢᠭᠤᠯᠤᠯᠲᠠ ᠶ᠋ᠢ ᠰᠢᠨ᠎ᠡ ᠠᠬᠢᠯᠲᠠ ᠲᠠᠶ ᠪᠣᠯᠪᠠ ᠃ ᠡᠯ᠎ᠡ ᠭᠠᠵᠠᠷ  ᠤ ᠬᠢᠨ ᠡᠯ᠎ᠡ ᠱᠠᠲᠤᠨ  ᠤ ᠤᠳᠤᠷᠢᠳᠬᠤ ᠪᠠᠭ  ᠤᠨ ᠪᠦᠲᠦᠭᠡᠨ ᠪᠠᠶᠢᠭᠤᠯᠤᠯᠲᠠ ᠪᠠᠷ ᠭᠣᠣᠯᠳᠠᠯᠭ᠎ᠠ ᠪᠣᠯᠭᠠᠵᠤ ᠂ ᠨᠠᠮ  ᠤᠨ ᠵᠣᠬᠢᠶᠠᠨ ᠪᠠᠶᠢᠭᠤᠯᠤᠯᠲᠠ ᠶ᠋ᠢᠨ ᠪᠦᠲᠦᠭᠡᠨ ᠪᠠᠶᠢᠭᠤᠯᠤᠯᠲᠠ ᠶ᠋ᠢ ᠲᠠᠰᠤᠷᠠᠯᠲᠠ ᠦᠭᠡᠢ ᠴᠢᠩᠭᠠᠳᠬᠠᠭᠰᠠᠨ ᠪᠠᠶᠢᠨ᠎ᠠ ᠃ ᠵᠢᠯ ᠤᠨ ᠡᠬᠢᠨ ᠡᠴᠡ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠣᠷᠢᠶᠠᠨ  ᠤ ᠱᠦᠵᠢ ᠂ ᠡᠯ᠎ᠡ ᠳᠡᠳ᠋ ᠱᠦᠵᠢ ᠨᠠᠷ ᠡᠴᠠ ᠬᠠᠮᠢᠶ᠎ᠠ ᠪᠦᠬᠦᠢ ᠬᠡᠯᠲᠡᠰ ᠦᠨ ᠨᠥᠬᠥᠳ  ᠢ ᠳᠠᠭᠠᠭᠤᠯᠤᠨ ᠂ ᠡᠯ᠎ᠡ ᠠᠶᠢᠮᠠᠭ ᠬᠣᠲᠠ ᠶ᠋ᠢᠨ ᠨᠠᠮ ᠵᠠᠰᠠᠭ  ᠤᠨ ᠤᠳᠤᠷᠢᠳᠬᠤ ᠪᠠᠭ  ᠲᠤ ᠪᠦᠬᠦ ᠲᠠᠯ᠎ᠠ  ᠶ᠋ᠢᠨ ᠰᠢᠯᠭᠠᠨ ᠪᠠᠶᠢᠴᠠᠭᠠᠯᠲᠠ ᠬᠢᠵᠦ᠂ ᠡᠭᠦᠨ ᠦ ᠰᠠᠭᠤᠷᠢᠨ ᠳᠡᠭᠡᠷ᠎ᠡ ᠂ ᠠᠶᠢᠮᠠᠭ ᠬᠤᠳᠠ ᠶ᠋ᠢᠨ ᠤᠳᠤᠷᠢᠳᠬᠤ ᠪᠠᠭ ᠲᠤᠲᠤ ᠬᠢᠷᠠᠭᠤᠯᠤᠯᠳᠠ ᠬᠢᠭᠰᠡᠨ ᠪᠠᠶᠢᠨ᠎ᠠ ᠃ ᠺᠠᠳ᠋ᠷ ᠰᠣᠯᠢᠯᠴᠠᠬᠤ ᠠᠵᠢᠯ  ᠨᠢ ᠠᠬᠢᠯᠳᠠ ᠲᠠᠢ ᠪᠤᠯᠵᠤ ᠂ ᠤᠳᠤᠷᠢᠳᠬᠤ ᠺᠠᠳ᠋ᠷ  ᠶ᠋ᠢ ᠰᠤᠩᠭᠤᠬᠤ ᠳ᠋ᠤ ᠵᠠᠰᠠᠭ  ᠤᠨ ᠠᠵᠢᠯ ᠤ  ᠠᠮᠵᠢᠯᠲᠠ  ᠂ ᠢᠷᠭᠡᠨ ᠦ ᠲᠠᠨᠢᠯᠴᠠᠭᠤᠯᠭ᠎ᠠ ᠪᠤᠯᠤᠨ ᠨᠡᠶᠢᠲᠡ ᠶ᠋ᠢᠨ ᠶᠠᠷᠢᠶ᠎ᠠ ᠬᠡᠯᠡᠯᠴᠡᠭᠡ ᠵᠡᠷᠭᠡ ᠶ᠋ᠢ ᠳᠤᠪᠤᠶᠢᠯᠭᠠᠨ ᠪᠤᠳᠤᠯᠬᠢᠯᠠᠵᠦ ᠂《 ᠨᠢᠭᠡ ᠬᠣᠣᠰ ᠰᠢᠯᠭᠠᠯᠲᠠ 》 ᠶ᠋ᠢᠨ ᠬᠡᠯᠪᠡᠷᠢ  ᠶ᠋ᠢ ᠠᠰᠢᠭᠯᠠᠨ ᠤᠳᠤᠷᠢᠳᠬᠤ ᠺᠠᠳ᠋ᠷᠴᠤᠳ  ᠤᠨ ᠲᠤᠷᠰᠢᠴᠠ ᠠᠵᠢᠯ ᠤᠨ ᠦᠷ᠎ᠡ ᠪᠦᠲᠦᠮᠵᠢ ᠤᠯᠤᠭᠰᠠᠨ ᠢ ᠰᠤᠩᠭᠤᠭᠰᠠᠨ ᠪᠠᠶᠢᠨ᠎ᠠ ᠃ ᠲᠥᠪ  ᠤᠨ ᠱᠠᠭᠠᠷᠳᠠᠯᠭ᠎ᠠ  ᠶ᠋ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠡᠴᠠ ᠪᠦᠬᠦ ᠣᠷᠣᠨ  ᠤ ᠺᠠᠳ᠋ᠷ  ᠤᠨ ᠡᠩᠨᠡᠭᠡ  ᠶ᠋ᠢᠨ ᠪᠠᠶᠢᠭᠤᠯᠤᠯᠲᠠ ᠶ᠋ᠢᠨ ᠲᠥᠯᠥᠪᠵᠢᠭᠦᠯᠭᠡ ᠶ᠋ᠢ ᠨᠡᠶᠢᠲᠡᠯᠡᠨ ᠬᠡᠷᠡᠭᠵᠢᠭᠦᠯᠦᠭᠰᠡᠨ ᠪᠠᠶᠢᠨ᠎ᠠ᠃ ᠡᠯ᠎ᠡ ᠱᠠᠲᠤᠨ  ᠤ ᠨᠠᠮ  ᠤᠨ ᠬᠤᠷᠢᠶᠠᠨ ᠠᠷᠠᠳᠴᠢᠯᠠᠯ ᠲᠥᠪᠯᠡᠷᠡᠯ  ᠤᠨ ᠶᠣᠰᠣ  ᠶ᠋ᠢ ᠴᠢᠩᠭᠠᠳᠬᠠᠬᠤ ᠶᠠᠪᠤᠳᠠᠯ  ᠢ ᠴᠢᠬᠤᠯᠠ ᠪᠠᠶᠢᠷᠢᠨ ᠳᠤ ᠲᠠᠯᠪᠢᠬᠤ ᠶ᠋ᠢ ᠴᠢᠩᠭᠠᠳᠬᠠᠨ᠂ ᠠᠷᠠᠳᠴᠢᠯᠠᠯ ᠳᠤᠲᠠᠮᠠᠭ ᠂ ᠲᠥᠪᠯᠡᠷᠡᠯ ᠤᠨ ᠬᠦᠴᠦᠨ ᠳᠤᠲᠠᠮᠠᠭ ᠪᠠᠶᠢᠬᠤ ᠠᠰᠠᠭᠤᠳᠠᠯ ᠢ ᠬᠦᠨᠳᠦᠳᠬᠡᠨ ᠦᠵᠡᠭᠰᠡᠨ ᠪᠠᠶᠢᠨ᠎ᠠ ᠃ ᠡᠯ᠎ᠡ ᠭᠠᠵᠠᠷ ᠤᠨ ᠬᠢᠨ ᠳᠦᠷᠢᠮ  ᠤᠨ ᠪᠦᠲᠦᠭᠡᠨ ᠪᠠᠶᠢᠭᠤᠯᠤᠯᠲᠠ ᠶ᠋ᠢ ᠴᠢᠩᠭᠠᠳᠬᠠᠵᠤ ᠂ ᠨᠠᠮ ᠤᠨ ᠳᠣᠲᠣᠭᠠᠳᠤ  ᠶ᠋ᠢᠨ ᠠᠷᠠᠳᠴᠢᠯᠠᠯ  ᠤ ᠨᠠᠮ ᠢ ᠳᠤᠷᠠᠯ ᠢ ᠡᠷᠡᠭᠦᠯ ᠪᠦᠲᠦᠨ ᠪᠤᠯᠭᠠᠵᠦ ᠂ ᠥᠷᠭᠡᠨ ᠤᠯᠠᠨ ᠨᠠᠮ ᠤᠨ ᠭᠡᠰᠢᠭᠦᠳ ᠦᠨ ᠵᠣᠬᠢᠶᠠᠨ ᠪᠠᠶᠢᠭᠤᠯᠬᠤ ᠴᠢᠳᠠᠪᠦᠷᠢ ᠪᠤᠯᠤᠨ ᠤᠳᠤᠷᠢᠳᠬᠤ ᠺᠠᠳ᠋ᠷ  ᠤᠨ ᠪᠠᠭ ᠤᠨ ᠠᠷᠠᠳᠴᠢᠯᠠᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠡᠴᠡ ᠲᠤᠭᠲᠠᠭᠠᠭᠰᠠᠨ ᠦᠨᠳᠦᠰᠦᠨ ᠱᠠᠲᠤᠨ  ᠤ ᠵᠣᠬᠢᠶᠠᠨ ᠪᠠᠶᠢᠭᠤᠯᠤᠯᠲᠠ  ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠥᠯᠥᠪᠵᠢᠭᠦᠯᠭᠡ  ᠶ᠋ᠢ ᠦᠨᠳᠦᠰᠦᠯᠡᠨ ᠡᠯ᠎ᠡ ᠭᠠᠵᠠᠷ ᠤᠨ ᠭᠠᠴᠠᠭ᠎ᠠ ᠲᠣᠰᠬᠣᠨ ᠤ ᠨᠠᠮ  ᠤᠨ ᠡᠭᠦᠷ  ᠤᠨ ᠤᠳᠤᠷᠢᠳᠬᠤ ᠪᠠᠭ ᠤᠨ ᠬᠢᠨ ᠡᠩᠨᠡᠭᠡᠨ ᠤ ᠪᠠᠶᠢᠭᠤᠯᠤᠯᠲᠠ ᠢ ᠴᠢᠩᠭᠠᠳᠬᠠᠭᠰᠠᠨ ᠪᠠ  ᠬᠣᠴᠣᠷᠤᠩᠭᠤᠶ ᠡᠭᠦᠷ  ᠤᠨ ᠴᠡᠭᠴᠡᠯᠡᠬᠦ ᠠᠵᠢᠯ ᠢ ᠱᠠᠯᠠᠪᠳᠠᠨ ᠬᠢᠭᠰᠡᠨ ᠪᠠᠶᠢᠨ᠎ᠠ ᠃ ᠤᠳᠤ ᠳ᠋ᠤ ᠪᠤᠯᠲᠠᠯ᠎ᠠ ᠂ ᠨᠢᠭᠡ ᠪᠦᠯᠦᠭ ᠡᠭᠦᠷ ᠨᠢᠳᠡᠭᠡᠭᠰᠢᠯᠡᠭᠡᠳ 34. 1% ᠪᠤᠯᠵᠦ᠂ ᠬᠣᠶᠠᠳᠤᠭᠠᠷ ᠲᠥᠷᠥᠯ  ᠤᠨ ᠡᠭᠦᠷ ᠨᠢ 51.13 % ᠳ᠋ᠦ ᠬᠦᠷᠴᠦ ᠂ ᠭᠤᠷᠪᠠᠳᠤᠭᠠᠷ ᠲᠥᠷᠥᠯ ᠤᠨ ᠡᠭᠦᠷ ᠦᠨ ᠬᠢᠨ ᠳᠤᠷᠤᠭᠰᠢᠯᠠᠭᠠᠳ14. 8% ᠪᠤᠯᠤᠭᠰᠠᠨ ᠪᠠᠶᠢᠨ᠎ᠠ ᠃ ᠺᠦᠩ ᠹᠠᠨ ᠰᠸᠨ ᠡᠴᠠ ᠳᠠᠭᠠᠨ ᠰᠤᠷᠤᠯᠴᠠᠬᠤ ᠠᠵᠢᠯᠯᠠᠭᠠᠨ ᠤ ᠳᠤᠮᠳᠠ ᠂ ᠡᠯ᠎ᠡ ᠱᠠᠲᠤᠨ  ᠦ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠲᠠᠷ ᠨᠢ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳ᠋ᠦ ᠦᠢᠯᠡᠴᠢᠯᠡᠬᠦ ᠠᠯᠪᠠ ᠵᠠᠷᠤᠴᠠ ᠶ᠋ᠢᠨ ᠤᠬᠠᠮᠰᠠᠷ ᠢᠶᠡᠨ ᠤᠯᠠᠮ ᠨᠢᠭᠡ ᠠᠯᠬᠤᠮ ᠴᠢᠩᠭᠠᠳᠬᠠᠵᠤ ᠂ ᠪᠤᠲᠠᠲᠠᠢ ᠳ᠋ᠤ ᠭᠦᠨᠵᠡᠭᠡᠶᠢᠷᠡᠬᠦ ᠂ ᠦᠨᠳᠦᠰᠦᠨ ᠱᠠᠲᠤᠨ  ᠳ᠋ᠦ ᠭᠦᠨᠵᠡᠭᠡᠶᠢᠷᠡᠬᠦ ᠂ ᠪᠠᠶᠢᠴᠠᠭᠠᠨ ᠰᠢᠨᠵᠢᠯᠡᠬᠦ ᠂ ᠠᠵᠢᠯ ᠢ ᠵᠢᠯᠣᠭᠣᠳᠬᠤ ᠂ ᠦᠨᠳᠦᠰᠦᠨ ᠱᠠᠳᠤ ᠪᠣᠯᠤᠨ ᠤᠯᠠᠨ ᠲᠦᠮᠡᠨ  ᠤ ᠲᠥᠯᠥᠭᠡ ᠪᠣᠳᠠᠲᠠᠶ ᠠᠵᠢᠯ ᠬᠢᠬᠦ  ᠤᠠᠬᠮᠰᠠᠷᠲᠤ ᠠᠵᠢᠯᠯᠠᠭ᠎ᠠ ᠨᠢ ᠡᠳᠦᠷ ᠢᠷᠡᠬᠦᠶ᠎ᠡ ᠨᠡᠮᠡᠭᠳᠡᠭᠰᠡᠨ ᠪᠠᠶᠢᠨ᠎ᠠ ᠃
    ( ᠵᠢᠷᠭᠤᠭ᠎ᠠ ) ᠠᠵᠢᠯ ᠤᠨ ᠡᠷᠴᠢᠮ ᠢᠶᠡᠨ ᠴᠢᠩᠭᠠᠷᠠᠭᠤᠯᠵᠤ ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠎ᠡ ᠃ ᠲᠥᠪ ᠬᠣᠷᠢᠶᠠᠨ  ᠤ ᠨᠢᠭᠡᠳᠦᠯᠲᠡᠶ ᠪᠠᠶᠢᠷᠢᠯᠠᠭᠤᠯᠤᠯᠲᠠ ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ  ᠦ ᠡᠯ᠎ᠡ ᠱᠠᠲᠤᠨ  ᠤ ᠨᠠᠮ ᠤᠨ ᠬᠤᠷᠢᠶᠠᠨ ᠡᠴᠠ ᠢᠯᠵᠠᠷᠠᠯ  ᠢ ᠡᠰᠡᠷᠭᠦᠴᠡᠬᠦ ᠠᠵᠢᠯ  ᠢ ᠰᠠᠶᠢᠲᠤᠷ ᠠᠳᠬᠤᠵᠤ ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠂ ᠬᠢᠨᠠᠨ ᠪᠠᠶᠢᠴᠠᠭᠠᠬᠤ ᠬᠤᠷᠢᠶ᠎ᠠ ᠪᠤᠯᠤᠨ ᠬᠠᠤᠯᠢ ᠶ᠋ᠢᠨ ᠰᠠᠯᠠᠭ᠎ᠠ ᠮᠥᠴᠢᠷ ᠤᠨ ᠬᠢᠨ ᠴᠢᠷᠮᠠᠶᠢᠨ ᠠᠵᠢᠯᠯᠠᠵᠤ ᠂ ᠢᠯᠵᠠᠷᠠᠯ  ᠢ ᠡᠰᠡᠷᠭᠦᠴᠡᠬᠦ ᠲᠡᠮᠡᠴᠡᠯ  ᠢ ᠠᠷᠢᠭᠤᠨ ᠴᠢᠬᠡᠴᠢ ᠪᠡᠷ ᠥᠪᠡᠷ ᠢ ᠪᠡᠨ ᠱᠠᠭᠠᠷᠳᠠᠬᠤ ᠂ ᠶᠡᠬᠡ ᠬᠡᠷᠡᠭ  ᠴᠢᠬᠤᠯᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠲᠤᠰᠬᠠᠶ ᠲᠦᠷᠦᠯ ᠢᠶ᠋ᠡᠷ ᠵᠠᠰᠠᠬᠤ ᠪᠠ ᠠᠵᠢᠯ ᠲᠦᠷᠦᠯ ᠦᠨ ᠲᠥᠪ ᠪᠤᠰᠤ ᠰᠤᠷᠲᠠᠯ  ᠢ ᠵᠠᠯᠠᠷᠠᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠶ᠋ᠢ ᠣᠯᠵᠠᠶ ᠃ ᠥᠪᠡᠷᠲᠡᠭᠡᠨ ᠵᠠᠰᠠᠬᠤ ᠣᠷᠣᠨ  ᠤ ᠡᠯ᠎ᠡ ᠶᠡᠬᠡ ᠤᠳᠤᠷᠢᠳᠬᠤ ᠪᠠᠭ ᠪᠣᠯᠤᠨ ᠡᠯ᠎ᠡ ᠠᠶᠢᠮᠠᠭ ᠬᠤᠳᠠ ᠂ ᠲᠢᠩᠬᠢᠮ ᠲᠣᠪᠴᠢᠶ᠎ᠠ ᠶ᠋ᠢᠨ ᠤᠳᠤᠷᠢᠳᠬᠤ ᠪᠠᠭ ᠴᠥᠮ ᠠᠷᠠᠳᠴᠢᠯᠠᠭᠰᠠᠨ ᠠᠮᠢᠳᠤᠷᠠᠯ  ᠤᠨ ᠬᠤᠷᠠᠯ ᠬᠤᠷᠠᠯᠳᠤᠭᠤᠯᠵᠤ ᠂ ᠲᠥᠪ  ᠤᠨ ᠲᠣᠭᠲᠠᠭᠠᠯ ᠶᠣᠰᠣᠭᠠᠷ ᠥᠪᠡᠷ  ᠢ ᠪᠡᠨ ᠪᠠᠶᠢᠴᠠᠭᠠᠵᠤ ᠥᠪᠡᠷ  ᠢ ᠪᠡᠨ ᠵᠠᠯᠠᠷᠠᠭᠤᠯᠤᠭᠰᠠᠨ ᠪᠠᠶᠢᠨ᠎ᠠ ᠃ ᠪᠦᠬᠦ ᠣᠷᠣᠨ  ᠦ ᠪᠠᠶᠢᠴᠠᠭᠠᠬᠤ ᠪᠠᠶᠢᠭᠤᠯᠭ᠎ᠠ ᠬᠡᠷᠡᠭ ᠪᠣᠯᠭᠠᠨ ᠳᠠᠩᠰᠠᠯᠠᠵᠦ ᠪᠠᠶᠢᠴᠠᠭᠠᠭᠰᠠᠨ ᠤ ᠳ᠋ᠦᠩ ᠳ᠋ᠦ ᠨᠤᠶᠠᠳ ᠤᠨ ᠬᠡᠭᠡᠯᠢ ᠬᠠᠬᠤᠤᠯᠢ ᠱᠠᠮᠰᠢᠭᠰᠠᠨ ᠵᠡᠷᠭᠡ ᠠᠵᠤ ᠠᠬᠤᠶ  ᠶ᠋ᠢᠨ ᠶᠠᠯᠠᠲᠤ ᠬᠡᠷᠡᠭ  ᠨᠢ 574 ᠬᠡᠷᠡᠭ ᠡᠴᠡ ᠡᠬᠢᠯᠡᠨ᠂ ᠡᠭᠦᠨ ᠳ᠋ᠦ ᠲᠤᠮᠤ ᠬᠡᠷᠡᠭ ᠴᠢᠬᠤᠯᠠ ᠬᠡᠷᠡᠭ  ᠨᠢ 220 ᠬᠡᠷᠡᠭ ᠡᠴᠡ ᠡᠬᠢᠯᠡᠨ ᠂ ᠤᠯᠤᠰ ᠣᠷᠣᠨ ᠪᠠ ᠬᠠᠮᠲᠤ ᠨᠡᠶᠢᠲᠡ ᠳ᠋ᠦ ᠠᠵᠤ ᠠᠬᠤᠶ  ᠶ᠋ᠢᠨ ᠬᠣᠬᠢᠷᠠᠯ  ᠢ 733 ᠲᠦᠮᠡᠨ ᠲᠦᠭᠦᠷᠢᠭ ᠡᠷᠭᠢᠭᠦᠯᠦᠨ ᠠᠪᠴᠢᠷᠠᠭᠰᠠᠨ ᠪᠠᠶᠢᠨ᠎ᠠ ᠃ᠡᠭᠦᠨ ᠦ ᠬᠠᠮᠲᠤ ᠲᠤᠰᠬᠠᠶ ᠵᠦᠢᠯ  ᠢᠶᠠᠷ ᠵᠠᠰᠠᠬᠤ ᠠᠵᠢᠯ ᠥᠷᠨᠢᠭᠦᠯᠵᠦ ᠂ ᠰᠠᠬᠢᠯᠭ᠎ᠠ ᠪᠠᠲᠤ  ᠡᠴᠠ ᠵᠥᠷᠢᠴᠡᠭᠰᠡᠨ ᠵᠢᠵᠢᠭ ᠮᠠᠰᠢᠨ ᠲᠡᠷᠭᠡ ᠂ ᠠᠯᠪᠠᠨ ᠵᠠᠷᠤᠳᠠᠯ ᠂ ᠭᠠᠳᠠᠭᠠᠳᠤ ᠵᠢᠭᠤᠯᠴᠢᠯᠠᠯ ᠂ ᠳᠤᠷ᠎ᠠ ᠪᠠᠷ ᠪᠠᠨ ᠰᠦᠢᠳᠬᠡᠯ ᠬᠤᠷᠢᠶᠠᠬᠤ ᠪᠠ ᠣᠷᠣᠨ ᠰᠠᠭᠤᠴᠠ ᠶ᠋ᠢᠨ ᠲᠥᠪ ᠪᠤᠰᠤ ᠰᠤᠷᠲᠠᠯ ᠢ ᠵᠠᠯᠠᠷᠠᠭᠤᠯᠬᠤ ᠵᠡᠷᠭᠡ ᠲᠠᠯ᠎ᠠ ᠪᠠᠷ ᠪᠠᠶᠢᠴᠠᠭᠠᠨ ᠰᠡᠶᠢᠳᠪᠦᠷᠢᠯᠡᠵᠦ ᠂ ᠵᠤᠬᠢᠰᠲᠠᠢ ᠠᠷᠭ᠎ᠠ ᠬᠡᠮᠵᠢᠵᠶ᠎ᠡ ᠶ᠋ᠢ ᠠᠪᠤᠨ ᠂ ᠥᠷᠭᠡᠨ ᠤᠯᠠᠨ ᠲᠦᠮᠡᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ  ᠤᠨ ᠲᠥᠪ ᠪᠤᠰᠤ ᠰᠤᠷᠲᠠᠯ  ᠶ᠋ᠢ ᠵᠠᠯᠠᠷᠠᠭᠤᠯᠬᠤ ᠠᠵᠢᠯ  ᠤᠨ ᠬᠠᠨᠤᠮᠵᠢ ᠶ᠋ᠢᠨ ᠨᠣᠷᠮ᠎ᠠ ᠢ ᠡᠳᠦᠶ ᠲᠡᠳᠦᠶ ᠳᠡᠭᠡᠭᠰᠢᠯᠡᠭᠦᠯᠦᠭᠰᠡᠨ ᠪᠠᠶᠢᠨ᠎ᠠ ᠃
    ᠶᠡᠷᠦᠩᠬᠡᠶ ᠳ᠋ᠤᠨᠢ ᠠᠪᠴᠤ ᠦᠵᠡᠪᠡᠯ ᠂ ᠳᠡᠭᠡᠷ᠎ᠡ ᠬᠠᠭᠠᠰ ᠵᠢᠯ  ᠤᠨ ᠡᠯ᠎ᠡ ᠲᠠᠯ᠎ᠠ ᠶ᠋ᠢᠨ ᠠᠵᠢᠯ  ᠤᠨ ᠠᠬᠢᠴᠠ ᠨᠡᠯᠢᠶᠡᠳ ᠤᠷᠤᠭᠰᠢᠲᠠᠶ ᠦᠷᠨᠢᠵᠠᠢ ᠃ ᠭᠡᠪᠡᠴᠦ ᠪᠠᠰᠠ ᠵᠠᠷᠢᠮ ᠬᠦᠴᠢᠷᠳᠡᠯ  ᠳ᠋ᠤ ᠲᠤᠯᠭᠠᠷᠠᠵᠦ ᠪᠠᠶᠢᠬᠤ ᠶᠤᠮ᠃ ᠨᠢᠭᠡ ᠳ᠋ᠤ᠂ ᠠᠵᠤ ᠠᠬᠤᠶᠢᠯᠠᠯ  ᠤᠨ ᠠᠵᠤ ᠠᠬᠤᠶ ᠶ᠋ᠢᠨ ᠦᠷ᠎ᠡ ᠠᠰᠢᠭ ᠥᠨᠳᠥᠷ ᠪᠢᠰᠢ ᠂ ᠠᠯᠳᠠᠭᠳᠠᠯ ᠲᠠᠶ ᠪᠠᠶᠢᠭᠰᠠᠨ  ᠡᠴᠡ ᠣᠯᠵᠠᠪᠤᠷᠢ ᠲᠠᠶ ᠪᠣᠯᠭᠠᠬᠤ ᠠᠵᠢᠯ ᠨᠢ ᠪᠡᠷᠬᠡᠰᠢᠶᠠᠯ ᠲᠠᠢ ᠶᠠᠪᠤᠭᠳᠠᠨ᠂ ᠨᠡᠮᠡᠭᠳᠡᠯ  ᠤᠨ ᠬᠤᠷᠳᠤᠴᠠ ᠂ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠡᠭᠦᠷᠭᠡ ᠮᠠᠰᠢ ᠪᠡᠷᠬᠡ ᠬᠠᠲᠠᠭᠤᠵᠢᠯᠲᠠᠶ ᠶᠠᠪᠤᠭᠳᠠᠵᠤ ᠪᠤᠢ ᠃ ᠬᠣᠶᠠᠷ ᠲᠤ᠂ ᠲᠠᠷᠢᠶᠠᠯᠠᠩ ᠮᠠᠯ ᠠᠵᠤ ᠠᠬᠤᠶ  ᠶ᠋ᠢᠨ ᠭᠠᠮᠰᠢᠭ  ᠢ ᠡᠰᠡᠷᠭᠦᠴᠡᠬᠦ ᠴᠢᠳᠠᠪᠤᠷᠢ ᠮᠥᠨ ᠯᠡ ᠨᠡᠯᠢᠶᠡᠳ ᠪᠠᠭᠤᠷᠠᠶ ᠂ ᠡᠯᠪᠡᠭ ᠬᠤᠷᠢᠶᠠᠯᠲᠠ ᠤᠯᠬᠤ ᠳ᠋ᠦ ᠪᠠᠰᠠ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ ᠃ ᠭᠤᠷᠪᠠ  ᠲᠦ᠂ ᠬᠤᠳᠠ ᠬᠥᠳᠡᠭᠡ ᠶ᠋ᠢᠨ ᠪᠠᠷᠠᠭᠠᠨ  ᠦ ᠦᠨ᠎ᠡ  ᠶ᠋ᠢᠨ ᠪᠠᠶᠢᠳᠠᠯ ᠮᠥᠨ ᠯᠡ ᠬᠦᠨᠳᠦ ᠬᠡᠴᠡᠭᠦᠦ ᠂ ᠪᠦᠬᠦ ᠵᠢᠯ  ᠤᠨ ᠵᠠᠬ᠎ᠠ ᠳᠡᠯᠭᠡᠭᠦᠷ  ᠤᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶ᠋ᠢ ᠪᠡᠶᠡᠯᠡᠬᠦᠯᠬᠦ ᠳ᠋ᠦ ᠬᠦᠴᠢᠷᠳᠡᠯ ᠲᠤᠯᠭᠠᠷᠠᠵᠤ ᠪᠠᠶᠢᠨ᠎ᠠ ᠃ ᠲᠦᠷᠪᠡ ᠳ᠋ᠦ ᠂ ᠬᠣᠰᠢᠭᠤ ᠰᠢᠶᠠᠨ  ᠤ ᠡᠳ᠋  ᠤᠨ ᠵᠠᠰᠠᠭ ᠤᠨ ᠬᠦᠴᠢᠷᠳᠡᠯ  ᠤᠨ ᠪᠠᠶᠢᠳᠠᠯ ᠬᠡᠳᠦᠶᠢᠪᠡᠷ ᠪᠠᠬᠠᠨ ᠲᠡᠭᠰᠢᠷᠡᠭᠰᠡᠨ ᠪᠤᠯᠪᠠᠴᠤ ᠪᠠᠰᠠ ᠴᠥᠭᠡᠨ ᠲᠣᠭᠠᠨ ᠤ ᠬᠣᠰᠢᠭᠤ ᠰᠢᠶᠠᠨ ᠬᠤᠭᠤᠴᠠᠭ᠎ᠠ ᠶᠣᠰᠣᠭᠠᠷ ᠭᠦᠢᠴᠡᠳ ᠴᠠᠯᠢᠩ ᠮᠦᠩᠬᠦ ᠶ᠋ᠢ ᠳᠠᠷᠬᠠᠭᠠᠵᠦ ᠳᠡᠶᠢᠯᠬᠦ ᠦᠬᠡᠢ ᠪᠠᠶᠢᠵᠦ ᠂ ᠣᠷᠣᠯᠭ᠎ᠠ ᠪᠠᠭᠠᠲᠠᠶ ᠭᠡᠷ ᠪᠦᠯᠢ ᠪᠤᠶᠤ ᠤᠷᠤᠯᠭ᠎ᠠ ᠲᠠᠰᠤᠷᠠᠭᠰᠠᠨ ᠂ ᠬᠠᠭᠠᠰ ᠤᠷᠤᠯᠭ᠎ᠠ ᠲᠠᠰᠤᠷᠠᠭᠰᠠᠨ ᠺᠤᠮᠫᠠᠨᠢ ᠶ᠋ᠢᠨ ᠠᠵᠢᠯᠲᠠᠳ ᠤᠨ ᠠᠮᠢᠳᠤᠷᠠᠯ ᠪᠡᠷᠬᠡᠰᠢᠶᠠᠯ ᠲᠠᠢ ᠪᠠᠶᠢᠵᠦ ᠂ ᠲᠤᠭᠲᠠᠪᠤᠷᠢ ᠦᠭᠡᠢ ᠡᠯᠸᠨ᠋ᠸᠮᠲ ᠮᠦᠨ ᠤᠷᠤᠰᠢᠵᠦ ᠪᠠᠶᠢᠨ᠎ᠠ ᠃ ᠲᠠᠪᠤ᠋ ᠳ᠋ᠤ ᠂ 《 ᠨᠢᠭᠡ ᠲᠠᠯ᠎ᠠ ᠨᠢ ᠬᠦᠴᠦᠷᠬᠡᠭ ᠂ ᠨᠢᠭᠡ ᠲᠠᠯ᠎ᠠ ᠨᠢ ᠪᠠᠭᠤᠷᠠᠢ 》 ᠪᠠᠶᠢᠬᠤ ᠠᠰᠠᠭᠤᠳᠠᠯ ᠬᠠᠷᠠᠬᠠᠨ ᠰᠡᠶᠢᠳᠪᠦᠷᠢᠯᠡᠭᠳᠡᠭᠡ ᠦᠭᠡᠢ ᠪᠠᠶᠢᠨ᠎ᠠ ᠂ ᠨᠠᠮ ᠵᠠᠰᠠᠭ ᠤᠨ ᠤᠷᠳᠤᠨ ᠪᠤᠯᠤᠨ ᠤᠳᠤᠷᠢᠳᠬᠤ ᠺᠠᠲᠠᠷ ᠤᠨ ᠬᠡᠪ ᠰᠤᠷᠲᠠᠯ ᠮᠦᠨ ᠳᠡᠭᠡᠭᠰᠢᠯᠡᠬᠦ ᠴᠢᠬᠤᠯᠠᠲᠠᠢ ᠃ ᠡᠯ᠎ᠡ ᠱᠠᠲᠤᠨ ᠤ ᠤᠳᠤᠷᠢᠳᠤᠯᠭ᠎ᠠ ᠡᠴᠠ ᠡᠳᠡᠭᠡᠷ ᠠᠰᠠᠭᠤᠳᠠᠯ ᠢ ᠲᠠᠨᠢᠨ ᠤᠯᠬᠤ ᠪᠠ ᠠᠰᠠᠭᠤᠳᠠᠯ ᠤᠨ ᠬᠦᠨᠳᠦ ᠴᠢᠬᠤᠯᠠ ᠴᠢᠨᠠᠷ ᠢ ᠤᠶᠢᠯᠠᠭᠠᠨ ᠂ ᠢᠯᠠᠩᠭᠤᠶ᠎ᠠ ᠦᠪᠡᠷ ᠦᠨ ᠪᠡᠶ᠎ᠡ ᠳᠡᠭᠡᠷᠡᠬᠢ ᠠᠵᠢᠯ ᠤᠨ ᠲᠠᠯ᠎ᠠ ᠢᠶᠠᠷ  ᠬᠢ ᠠᠰᠠᠭᠤᠳᠠᠯ ᠪᠤᠯᠤᠨ ᠵᠦᠷᠢᠶ᠎ᠡ ᠪᠡᠨ ᠤᠯᠵᠦ ᠬᠠᠷᠠᠭᠰᠠᠨ ᠤ ᠰᠠᠭᠤᠷᠢᠨ ᠳᠡᠭᠡᠷ᠎ᠡ ᠬᠤᠶᠢᠰᠢᠲᠠ ᠶ᠋ᠢᠨ ᠠᠵᠢᠯ ᠳᠡᠭᠡᠷ᠎ᠡ ᠪᠡᠨ ᠵᠤᠬᠢᠰᠲᠠᠢ ᠠᠷᠭ᠎ᠠ ᠶ᠋ᠢ ᠠᠪᠴᠤ ᠰᠡᠶᠢᠳᠪᠦᠷᠢᠯᠡᠬᠦ ᠬᠡᠷᠡᠭᠲᠡᠢ ᠃
    ᠬᠤᠶᠠᠷ ᠂ ᠬᠤᠶᠢᠰᠢᠲᠠ ᠶ᠋ᠢᠨ ᠬᠡᠳᠦᠨ ᠰᠠᠷ᠎ᠠ ᠶ᠋ᠢᠨ ᠠᠵᠢᠯ ᠤᠨ ᠭᠤᠤᠯᠳᠠᠯᠭ᠎ᠠ
    ᠤᠳᠤ ᠬᠢ ᠪᠠᠶᠢᠳᠠᠯ ᠳ᠋ᠤ ᠂ ᠪᠢᠳᠡ ᠶᠠᠭ ᠲᠡᠦᠬᠡ ᠶ᠋ᠢᠨ ᠵᠠᠩᠭᠢᠯᠠᠭ᠎ᠠ ᠶ᠋ᠢᠨ ᠴᠠᠭ ᠦᠶ᠎ᠡ ᠳ᠋ᠦ ᠤᠷᠤᠰᠢᠵᠦ ᠪᠠᠶᠢᠨ᠎ᠠ ᠃ ᠤᠯᠤᠰ ᠤᠨ ᠭᠠᠳᠠᠨᠠᠬᠢ ᠪᠠᠶᠢᠳᠠᠯ ᠢ ᠵᠦᠪ ᠤᠨᠤᠪᠴᠢᠲᠠᠢ ᠪᠠᠷ ᠲᠠᠨᠢᠬᠤ ᠨᠢ ᠮᠠᠨ ᠤ ᠡᠭᠦᠷᠭᠡ ᠪᠡᠨ ᠲᠤᠳᠤᠷᠬᠠᠢ ᠪᠤᠯᠭᠠᠬᠤ ᠂ ᠲᠠᠷᠢᠬᠢ ᠲᠤᠯᠤᠭᠠᠢ ᠪᠠᠨ ᠰᠡᠷᠭᠡᠭ ᠪᠠᠶᠢᠯᠭᠠᠬᠤ ᠪᠤᠯᠤᠨ ᠡᠯ᠎ᠡ ᠲᠦᠷᠦᠯ ᠦᠨ ᠠᠵᠢᠯ ᠢ ᠪᠡᠶᠡᠡᠯᠬᠦᠯᠬᠦ ᠳ᠋ᠦ ᠬᠦᠨᠲᠦ ᠴᠢᠬᠤᠯᠠ ᠤᠳᠬ᠎ᠠ ᠠᠭᠤᠯᠭ᠎ᠠ ᠲᠠᠢ ᠪᠠᠶᠢᠳᠠᠭ ᠃ ᠳᠡᠯᠡᠬᠡᠶ ᠶ᠋ᠢᠨ ᠪᠠᠶᠢᠳᠠᠯ  ᠡᠴᠡ ᠦᠵᠡᠪᠡᠯ ᠂ ᠳᠡᠯᠡᠬᠡᠶ ᠳ᠋ᠠᠬᠢᠨ ᠤᠯᠡᠠ ᠲᠤᠶᠢᠯᠰᠢᠷᠠᠭᠰᠠᠨ ᠪᠠᠶᠢᠳᠠᠯ ᠵᠦᠭ ᠬᠦᠭᠵᠢᠵᠦ᠂ ᠨᠡᠯᠢᠶᠡᠳ ᠤᠷᠲᠤ ᠬᠤᠭᠤᠴᠠᠭᠠᠨ ᠤ ᠡᠨᠭᠭᠡ ᠲᠠᠶᠢᠪᠤᠩ ᠪᠠᠶᠢᠳᠠᠯ ᠪᠤᠯᠬᠤ ᠪᠤᠯᠤᠮᠵᠢᠲᠠᠢ᠃ ᠡᠨᠡ ᠨᠢ ᠮᠠᠨ ᠤ ᠬᠥᠭᠵᠢᠯᠲᠡ ᠪᠡᠨ ᠲᠦᠷᠭᠡᠳᠬᠡᠬᠦ  ᠳ᠋ᠤ ᠬᠣᠪᠣᠷ ᠨᠠᠨᠳᠢᠨ ᠲᠡᠦᠬᠡ ᠶ᠋ᠢᠨ ᠠᠵᠠ ᠲᠣᠬᠢᠶᠠᠯ ᠢ ᠬᠠᠩᠭᠠᠭᠰᠠᠨ ᠪᠠᠶᠢᠨ᠎ᠠ ᠃
    ᠡᠭᠦᠨ  ᠤ ᠵᠡᠷᠭᠡ ᠳ᠋ᠦ ᠪᠢᠳᠡᠨ ᠳ᠋ᠦ ᠲᠤᠯᠭᠠᠷᠠᠵᠤ ᠪᠠᠶᠢᠭ᠎ᠠ ᠥᠷᠢᠰᠥᠯᠳᠦᠭᠡᠨ ᠨᠢ ᠮᠥᠨ ᠴᠦ ᠨᠢᠭᠡᠨ ᠬᠠᠲᠠᠭᠤ ᠰᠢᠯᠭᠠᠯᠲᠠ ᠪᠤᠯᠬᠤ ᠶ᠋ᠢ ᠤᠯᠵᠤ ᠬᠠᠷᠠᠨ ᠂ ᠡᠶᠢᠮᠦᠷᠬᠦᠦ ᠥᠷᠢᠰᠥᠯᠳᠦᠭᠡᠨ ᠨᠢ ᠮᠥᠨ ᠴᠢᠨᠠᠷ ᠳᠡᠭᠡᠷ᠎ᠡ ᠪᠡᠨ ᠪᠣᠯ ᠤᠯᠤᠰ ᠤᠨ ᠶᠡᠷᠦᠩᠬᠡᠶ ᠬᠦᠴᠦᠨ  ᠤ ᠦᠵᠡᠯᠴᠡᠭᠡᠨ ᠪᠣᠯᠬᠤ ᠶᠤᠮ ᠃ ᠥᠷᠥᠨᠡᠳᠠᠬᠢᠨ ᠦ ᠳᠠᠶᠢᠰᠤᠩᠨᠠᠭᠴᠢ ᠬᠦᠴᠦᠨ ᠨᠢ ᠳᠤᠮᠳᠠᠳᠤ ᠤᠯᠤᠰ ᠢ ᠬᠦᠴᠦᠷᠬᠡᠭᠵᠢᠭᠦᠯᠬᠦ ᠳᠤᠷ᠎ᠠ ᠦᠭᠡᠢ ᠂ ᠳᠤᠮᠳᠠᠳᠤ ᠤᠯᠤᠰ ᠢ 《 ᠵᠠᠳᠠᠷᠠᠭᠤᠯᠬᠤ》 ᠂ 《 ᠦᠷᠦᠨᠡᠳᠡᠬᠢᠨᠴᠢᠯᠡᠬᠤ 》ᠡᠰᠡᠨ ᠭᠣᠷᠢᠳᠠᠯᠭ᠎ᠠ ᠪᠠᠨ ᠶᠡᠷᠦ ᠡᠴᠡ ᠬᠠᠶᠠᠭᠰᠠᠨ ᠥᠬᠡᠶ ᠶᠤᠮ ᠃ ᠥᠷᠥᠨᠡᠳᠠᠬᠢᠨ  ᠤ ᠳᠠᠶᠢᠰᠤᠩᠨᠠᠭᠴᠢ ᠬᠦᠴᠦᠨ ᠨᠢ ᠬᠥᠮᠦᠨ  ᠤ ᠡᠷᠬᠡ ᠶ᠋ᠢᠨ ᠠᠰᠠᠭᠤᠳᠠᠯ ᠪᠠ ᠲᠥᠪᠡᠳ ᠂ ᠲᠠᠶᠢᠸᠠᠨ ᠂ ᠨᠠᠨᠱᠠ ᠣᠯᠲᠣᠷᠢᠭ  ᠤᠨ ᠠᠰᠠᠭᠤᠳᠠᠯ ᠵᠢᠴᠢ 《 ᠪᠣᠭᠣᠮᠲᠠ ᠶ᠋ᠢᠨ ᠰᠡᠷᠭᠦᠭᠡᠯᠲᠡ 》 ᠵᠡᠷᠭᠡ ᠠᠰᠠᠭᠤᠳᠠᠯ ᠢ ᠠᠰᠢᠭᠯᠠᠨ ᠶᠠᠷᠰᠢᠭ ᠡᠭᠦᠳᠴᠤ ᠂ ᠶᠠᠭ ᠡᠶᠢᠮᠦ ᠡᠴᠡ ᠲᠡᠳᠡᠨ《 ᠵᠠᠳᠠᠷᠠᠭᠤᠯᠬᠤ 》 ᠂ 《 ᠧᠦ᠋ᠷᠣᠫᠠᠴᠢᠯᠠᠭᠰᠠᠨ 》ᠪᠠᠶᠢᠯᠳᠤᠬᠤ ᠪᠣᠳᠣᠯᠭ᠎ᠠ  ᠶ᠋ᠢ ᠶᠠᠪᠤᠭᠳᠠᠭᠤᠯᠵᠤ ᠂ ᠮᠠᠨ  ᠤ ᠤᠯᠤᠰ ᠤᠨ ᠪᠣᠳᠠᠲᠠᠶ ᠪᠠᠶᠢᠳᠠᠯ ᠢ ᠰᠦᠢᠷᠡᠬᠦᠯᠬᠦ ᠰᠠᠨᠠᠭᠠᠲᠠᠢ ᠪᠠᠶᠢᠨ᠎ᠠ ᠃ ᠪᠢᠳᠡ ᠬᠢᠭᠡᠳ ᠦᠷᠦᠨᠡᠳᠠᠬᠢᠨ ‍ᠤ ᠳᠠᠶᠢᠰᠤᠩᠨᠠᠭᠴᠢ ᠬᠦᠴᠦᠨ  ᠤ ᠬᠣᠭᠣᠷᠣᠨᠳᠣᠬᠢ ᠦᠵᠡᠯᠴᠡᠭᠡᠨ ᠪᠤᠯ ᠮᠥᠨ ᠴᠢᠨᠠᠷ ᠳᠡᠭᠡᠷ᠎ᠡ ᠪᠡᠨ ᠪᠣᠯ ᠶᠡᠷᠦᠩᠬᠡᠶᠢᠯᠡᠭᠰᠡᠨ ᠨᠡᠶᠢᠯᠡᠮᠡᠯ ᠬᠦᠴᠦᠨ  ᠤ ᠦᠵᠡᠯᠴᠡᠭᠡᠨ ᠪᠤᠯᠬᠤ ᠬᠡᠷᠡᠭ ᠶᠠᠪᠤᠳᠠᠯ ᠨᠢ ᠲᠤᠳᠤᠷᠬᠠᠢ ᠪᠠᠶᠢᠳᠠᠭ ᠃ ᠳᠤᠮᠳᠠᠳᠤ ᠤᠯᠤᠰ ᠵᠥᠪᠬᠡᠨ ᠠᠵᠤ ᠠᠬᠤᠶ  ᠶ᠋ᠢᠨ ᠲᠠᠯ᠎ᠠ ᠪᠠᠷ ᠬᠦᠴᠦᠷᠬᠡᠭᠵᠢᠪᠡᠯ ᠰᠠᠶ᠋ᠢ ᠥᠷᠥᠨᠡᠳᠠᠬᠢᠨ ᠬᠦᠴᠦᠨ  ᠤ ᠤᠯᠤᠰ ᠲᠦᠷᠦ ᠶ᠋ᠢᠨ ᠤᠷᠤᠯᠳᠤᠯᠭ᠎ᠠ ᠢ ᠪᠤᠳᠠ ᠨᠢᠷᠭᠢᠵᠦ ᠴᠢᠳᠠᠨ᠎ᠠ᠃ ᠤᠯᠤᠰ  ᠤᠨ ᠳᠣᠲᠣᠭᠠᠳᠤ  ᠶ᠋ᠢᠨ ᠪᠠᠶᠢᠳᠠᠯ  ᠡᠴᠡ ᠦᠵᠡᠪᠡᠯ ᠂ ᠳ᠋ᠧᠩ ᠰᠢᠶᠤᠤ ᠫᠢᠩ ᠨᠥᠬᠥᠷ  ᠤᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠣᠨᠣᠯ ᠢ ᠴᠤᠭᠴᠠᠯᠠᠬᠤ ᠵᠢᠯᠣᠭᠣᠳᠣᠯᠭ᠎ᠠ ᠶ᠋ᠢᠨ ᠳᠣᠣᠷ᠎ᠠ ᠮᠠᠨ  ᠦ ᠤᠯᠤᠰ  ᠨᠢ ᠥᠭᠡᠷᠡᠴᠢᠯᠡᠯᠲᠡ ᠨᠡᠭᠡᠭᠡᠯᠲᠡ ᠂ ᠠᠵᠤ ᠠᠬᠤᠶ ᠶ᠋ᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠪᠠᠷ ᠴᠥᠮ ᠳᠡᠯᠡᠬᠡᠶ ᠳ᠋ᠠᠬᠢᠨ  ᠳ᠋ᠦ ᠨᠡᠶᠢᠳᠡᠮ ᠮᠡᠳᠡᠷᠡᠭᠳᠡᠭᠰᠡᠨ ᠠᠭᠤᠤ ᠶᠡᠬᠡ ᠠᠮᠵᠢᠯᠲᠠ ᠣᠯᠵᠤ ᠂ ᠮᠠᠨ ᠤ ᠤᠯᠠᠮ ᠨᠢᠭᠡ ᠠᠯᠬᠤᠮ ᠬᠥᠭᠵᠢᠬᠦ ᠳ᠋ᠤ ᠨᠡᠯᠢᠶᠡᠳ ᠰᠠᠶᠢᠨ ᠤᠯᠤᠰ ᠤᠨ ᠳᠣᠲᠣᠭᠠᠳᠤ ᠣᠷᠴᠢᠨ ᠢ ᠬᠠᠩᠭᠠᠨ ᠦᠭᠭᠦᠭᠰᠡᠨ ᠪᠠᠶᠢᠨ᠎ᠠ ᠃ ᠭᠡᠪᠡᠴᠦ ᠂ ᠥᠭᠡᠷᠡᠴᠢᠯᠡᠯᠲᠡ ᠶ᠋ᠢᠨ ᠶᠠᠪᠤᠴᠠ ᠳᠤᠮᠳᠠ ᠭᠠᠷᠤᠭᠰᠠᠨ ᠵᠦᠢᠯ ᠵᠦᠢᠯ ᠤᠨ ᠰᠢᠨ᠎ᠡ ᠵᠥᠷᠢᠴᠡᠯ ᠰᠢᠨ᠎ᠡ ᠠᠰᠠᠭᠤᠳᠠᠯ ᠨᠢ ᠮᠠᠨ ᠳ᠋ᠦ ᠰᠢᠨ᠎ᠡ ᠰᠢᠯᠭᠠᠯᠲᠠ ᠶ᠋ᠢ ᠤᠴᠠᠷᠠᠭᠤᠯᠵᠤ᠂ ᠵᠡᠭᠦᠨ ᠪᠠᠷᠠᠭᠤᠨ ᠣᠷᠣᠨ  ᠤ ᠬᠥᠭᠵᠢᠯᠲᠡ ᠶ᠋ᠢᠨ ᠵᠥᠷᠢᠶ᠎ᠡ ᠶᠡᠬᠡᠰᠬᠦ ᠬᠠᠨᠳᠤᠰᠢ  ᠨᠢ ᠮᠠᠨ  ᠳ᠋ᠦ ᠰᠢᠷᠦᠭᠦᠨ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠡᠶᠢᠮᠦ ᠰᠢᠯᠭᠠᠯᠲᠠ ᠪᠠ ᠥᠷᠢᠰᠥᠯᠳᠦᠭᠡᠨ  ᠤ ᠡᠮᠦᠨ᠎ᠡ ᠂ ᠡᠴᠦᠰ  ᠤᠨ ᠡᠴᠦᠰ ᠲᠡᠬᠡᠨ ᠮᠥᠨ ᠴᠦ ᠠᠵᠤ ᠠᠬᠤ ᠶ᠋ᠢᠨ ᠬᠥᠭᠵᠢᠯᠲᠡ  ᠶ᠋ᠢᠨ ᠠᠰᠠᠭᠤᠳᠠᠯ ᠪᠤᠯᠬᠤ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠵᠠᠪᠠᠯ ᠴᠢᠳᠠᠮᠠᠭᠠᠢ ᠪᠠᠷ ᠤᠯᠠᠨ ᠤᠯᠤᠰ  ᠪᠤᠯᠤᠨ ᠤᠯᠤᠰ ᠤᠨ ᠳᠣᠲᠣᠭᠠᠳᠤ  ᠶ᠋ᠢᠨ ᠲᠡᠦᠬᠡ ᠶ᠋ᠢᠨ ᠶᠡᠬᠡ ᠠᠬᠤᠶ ᠪᠠᠶᠢᠳᠠᠯ  ᠤᠨ ᠳᠣᠣᠷ᠎ᠠ ᠠᠰᠠᠭᠤᠳᠠᠯ ᠢ ᠨᠠᠷᠢᠨ ᠪᠣᠳᠣᠯᠬᠢᠯᠠᠵᠤ ᠂ ᠡᠭᠦᠷᠭᠡ ᠶ᠋ᠢᠨ ᠮᠡᠲᠡᠷᠡᠮᠵᠢ ᠂ ᠬᠠᠷᠢᠭᠤᠴᠠᠯᠭᠠᠲᠤ ᠰᠡᠳᠬᠢᠯᠭᠡ ᠪᠣᠯᠤᠨ ᠰᠠᠨᠠᠭᠠᠰᠢᠷᠠᠨ ᠵᠣᠪᠠᠨᠢᠬᠤ ᠤᠬᠠᠮᠰᠠᠷ ᠪᠡᠨ ᠳᠡᠭᠡᠭᠰᠢᠯᠡᠭᠦᠯᠵᠦ ᠂ ᠪᠠᠶᠢᠯᠳᠤᠬᠤ ᠪᠤᠳᠤᠯᠭ᠎ᠠ ᠶ᠋ᠢᠨ ᠰᠠᠭᠤᠷᠢ ᠴᠡᠭ ᠪᠡᠨ ᠴᠠᠭ ᠲᠣᠬᠢᠶᠠᠯ  ᠢ ᠠᠮᠵᠢᠬᠤ ᠂ ᠬᠥᠭᠵᠢᠯᠲᠡ ᠶ᠋ᠢ ᠲᠦᠷᠭᠡᠳᠬᠡᠬᠦ ᠳᠡᠭᠡᠷ᠎ᠡ ᠲᠠᠯᠪᠢᠨ ᠂ ᠥᠭᠡᠷᠡᠴᠢᠯᠡᠯᠲᠡ ᠬᠢᠬᠦ ᠂ ᠬᠥᠭᠵᠢᠭᠦᠯᠬᠦ ᠪᠠ ᠲᠣᠭᠲᠠᠭᠤᠨ ᠪᠠᠶᠢᠯᠭᠠᠬᠤ  ᠶ᠋ᠢᠨ ᠬᠠᠷᠢᠴᠠᠭ᠎ᠠ ᠶ᠋ᠢ ᠵᠦᠪ ᠤᠨᠤᠪᠴᠢᠲᠠᠢ ᠪᠠᠷ ᠰᠡᠶᠢᠳᠪᠦᠷᠢᠯᠡᠵᠦ᠂ ᠤᠶᠦᠠ ᠴᠢᠳᠠᠯ ᠢᠶᠡᠨ ᠲᠥᠪᠯᠡᠷᠡᠭᠦᠯᠦᠨ ᠠᠵᠤ ᠠᠬᠤᠶ  ᠢᠶ᠋ᠡᠨ ᠳᠡᠭᠡᠭᠰᠢᠯᠡᠭᠦᠯᠬᠦ ᠬᠡᠷᠡᠭᠲᠡᠢ ᠃ ᠪᠣᠳᠠᠲᠤ ᠪᠠᠶᠢᠳᠠᠯ ᠡᠴᠡ ᠦᠵᠡᠪᠡᠯ ᠂ ᠪᠡᠶᠢᠳᠡᠨ ᠦ ᠵᠢᠯ  ᠤᠨ ᠡᠬᠢᠨ  ᠳ᠋ᠤ ᠲᠣᠭᠲᠠᠭᠠᠭᠰᠠᠨ ᠪᠦᠬᠦ ᠣᠷᠣᠨ ᠤ ᠠᠵᠤ ᠠᠬᠤᠢ ᠨᠡᠶᠢᠭᠡᠮ  ᠤᠨ ᠬᠥᠭᠵᠢᠯᠲᠡ ᠶ᠋ᠢᠨ ᠡᠯ᠎ᠡ ᠵᠦᠶᠯ  ᠤᠨ ᠭᠦᠢᠴᠡᠳᠬᠡᠯ ᠲᠣᠭ᠎ᠠ ᠢ ᠠᠮᠵᠢᠯᠲᠠ ᠲᠠᠢ ᠪᠡᠶᠡᠯᠡᠭᠦᠯᠬᠦ ᠳᠡᠶᠢᠯᠬᠦ ᠡᠰᠡᠬᠦ  ᠢᠷᠡᠬᠦ ᠵᠢᠯ ᠪᠠ ᠬᠣᠶᠢᠰᠢᠳᠠ ᠶ᠋ᠢᠨ ᠬᠥᠭᠵᠢᠯᠲᠡ ᠳ᠋ᠦ ᠰᠠᠢᠢᠨ ᠰᠠᠭᠤᠷᠢ ᠲᠠᠯᠪᠢᠵᠦ ᠦᠭᠴᠦ ᠂ ᠬᠣᠶᠢᠰᠢᠳᠠ ᠶ᠋ᠢᠨ ᠬᠡᠳᠦᠨ ᠰᠠᠷ᠎ᠠ  ᠶ᠋ᠢᠨ ᠠᠵᠢᠯ ᠢ ᠬᠢᠬᠦ ᠳ᠋ᠦ ᠲᠤᠩ ᠴᠢᠬᠤᠯᠠ ᠪᠤᠯᠬᠤ ᠶᠤᠮ ᠃ ᠨᠠᠮ ᠤᠨ ᠬᠤᠷᠢᠶᠠᠨ ᠤ ᠪᠦᠬᠦ ᠲᠠᠯ᠎ᠠ ᠡᠴᠠ ᠶᠡᠷᠦᠩᠬᠡᠶᠢᠯᠡᠨ ᠪᠤᠳᠤᠯᠬᠢᠯᠠᠬᠤ ᠬᠠᠷᠠᠭᠠᠰᠤᠨ ᠡᠴᠠ ᠠᠵᠢᠪᠠᠯ ᠂ ] ᠳᠤᠤᠷᠠᠬᠢ 5 ᠲᠠᠯ᠎ᠠ ᠶ᠋ᠢᠨ ᠠᠵᠢᠯ ᠢ ᠯᠠᠪᠳᠠᠭᠤᠨ ᠪᠠᠲᠤᠲᠠᠢ ᠠᠳᠬᠤᠬᠤ ᠴᠢᠬᠤᠯᠠᠲᠠᠢ᠄
    ᠨᠢᠭᠡ ᠳ᠋ᠦ ᠂ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠶ  ᠶ᠋ᠢᠨ ᠦᠢᠯᠡᠳᠪᠦᠷᠢᠯᠡᠯ ᠢ ᠪᠦᠬᠦ ᠬᠦᠴᠦᠨ  ᠢᠶ᠋ᠡᠷ ᠢᠶ᠋ᠡᠨ ᠰᠠᠶᠢᠲᠤᠷ ᠠᠳᠬᠤᠬᠤ ᠬᠡᠷᠡᠭᠲᠡᠢ ᠃ ᠡᠨᠡ ᠵᠢᠯ  ᠤᠨ ᠲᠠᠷᠢᠶᠠᠯᠠᠩ ᠮᠠᠯ ᠠᠵᠤ ᠠᠬᠤᠶ ᠶ᠋ᠢᠨ ᠭᠠᠷᠤᠯᠲᠠ ᠶ᠋ᠢ ᠨᠡᠮᠡᠭᠳᠡᠭᠦᠯᠬᠦ ᠪᠣᠯ ᠬᠣᠶᠢᠰᠢᠳᠠ ᠶ᠋ᠢᠨ ᠬᠡᠳᠦᠨ ᠰᠠᠷ᠎ᠠ  ᠶ᠋ᠢᠨ ᠮᠠᠯᠵᠢᠬᠤ ᠲᠠᠷᠢᠶᠠᠯᠠᠬᠤ ᠣᠷᠣᠨ  ᠦ ᠠᠵᠢᠯ  ᠤᠨ ᠭᠣᠣᠯᠳᠠᠯᠭ᠎ᠠ ᠶ᠋ᠢᠨ ᠳᠣᠲᠣᠷᠠᠬᠢ ᠭᠣᠣᠯᠳᠠᠯᠭ᠎ᠠ ᠮᠥᠨ ᠃ ᠡᠯ᠎ᠡ ᠱᠠᠲᠤᠨ  ᠦ ᠬᠢᠨ ᠵᠠᠪᠠᠯ ᠭᠠᠮᠰᠢᠭ ᠡᠴᠠᠰᠡᠷᠭᠡᠶᠢᠯᠡᠬᠦ ᠂ ᠭᠠᠮᠰᠢᠭ ᠢ ᠢᠯᠠᠬᠤ ᠂ ᠡ᠊ᠯᠪᠡᠭ ᠬᠤᠷᠢᠶᠠᠯᠲᠠ  ᠶ᠋ᠢ ᠲᠡᠮᠡᠴᠡᠨ ᠤᠯᠬᠤ ᠦᠵᠡᠯ ᠰᠠᠨᠠᠭ᠎ᠠ ᠶ᠋ᠢ ᠪᠤᠢ ᠪᠤᠯᠭᠠᠨ ᠂ ᠲᠠᠷᠢᠶᠠᠯᠠᠬᠤ ᠣᠷᠣᠨ ᠨᠢ ᠲᠠᠷᠢᠶᠠᠯᠠᠩ  ᠤᠨ ᠠᠷᠠᠴᠢᠯᠠᠭ᠎ᠠ ᠬᠠᠮᠢᠶᠠᠷᠤᠯᠲᠠ ᠢ ᠴᠢᠩᠭ᠎ᠠ ᠠᠳᠬᠤᠵᠤ ᠂ ᠡᠨᠡ ᠵᠢᠯ ᠤᠨ ᠲᠠᠷᠢᠶᠠᠯᠠᠩ  ᠤᠨ ᠦᠢᠯᠡᠳᠪᠦᠷᠢᠯᠡᠯ  ᠤᠨ ᠲᠥᠯᠥᠪᠯᠡᠭᠡ ᠢᠶᠡᠨ ᠬᠡᠮᠵᠢᠶᠡᠨ ᠡᠴᠡ ᠳᠠᠪᠠᠲᠠᠯ᠎ᠠ ᠪᠡᠶᠡᠯᠡᠬᠦᠯᠬᠦ ᠬᠡᠷᠡᠭᠲᠡᠢ ᠃ ᠮᠠᠯᠵᠢᠬᠤ ᠣᠷᠣᠨ ᠡᠴᠠ ᠮᠠᠯ ᠤᠨ ᠡᠭᠦᠯᠳᠡᠷ ᠰᠠᠶᠢᠵᠢᠷᠠᠭᠤᠯᠬᠤ ᠂ ᠭᠠᠮᠰᠢᠭ ᠢ ᠢᠯᠠᠵᠤ ᠮᠡᠯ ᠢᠶᠡᠨ ᠬᠠᠮᠠᠭᠠᠯᠠᠬᠤ ᠂ ᠮᠠᠯ ᠤᠨ ᠬᠢᠵᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ ᠂ ᠨᠤᠲᠤᠭ ᠪᠡᠯᠴᠢᠭᠡᠷ  ᠤᠨ ᠪᠦᠲᠦᠭᠡᠨ ᠪᠠᠶᠢᠭᠤᠯᠤᠯᠲᠠ ᠪᠣᠯᠤᠨ ᠫᠧᠩ ᠰᠠᠷᠠᠪᠴᠢ ᠶ᠋ᠢᠨ ᠪᠥᠲᠥᠭᠡᠨ ᠪᠠᠶᠢᠭᠤᠯᠤᠯᠲᠠ ᠶ᠋ᠢ ᠴᠢᠩᠭᠠᠳᠬᠠᠨ ᠂ ᠪᠣᠷᠣᠯᠠᠭᠤᠯᠬᠤ ᠨᠤᠷᠮ᠎ᠠ ᠶ᠋ᠢ ᠳᠡᠭᠡᠭᠰᠢᠯᠡᠭᠦᠯᠬᠦ ᠪᠠ ᠲᠠᠸᠠᠷ ᠤᠨ ᠨᠤᠷᠮ᠎ᠠ ᠶ᠋ᠢ ᠳᠡᠭᠡᠭᠰᠢᠯᠡᠬᠦᠯᠬᠦ ᠬᠡᠷᠡᠭᠲᠡᠢ ᠃ᠲᠠᠷᠢᠶᠠᠯᠠᠩ ᠮᠠᠯᠵᠢᠯ  ᠤᠨ ᠠᠰᠢᠭ ᠰᠢᠮ᠎ᠡ ᠶ᠋ᠢᠨ ᠪᠦᠲᠦᠭᠡᠭᠳᠡᠬᠦᠨ  ᠤ ᠪᠦᠲᠦᠮᠵᠢᠲᠡᠶ ᠬᠠᠩᠭᠠᠯᠭ᠎ᠠ  ᠶ᠋ᠢ ᠨᠡᠮᠡᠭᠳᠡᠭᠦᠯᠬᠦ ᠪᠠ ᠮᠠᠯᠴᠢᠨ ᠲᠠᠷᠢᠶᠠᠴᠢᠳ  ᠤᠨᠪᠣᠳᠠᠲᠠᠶ ᠣᠷᠣᠯᠭ᠎ᠠ  ᠶ᠋ᠢ ᠨᠡᠮᠡᠭᠳᠡᠬᠦᠯᠬᠦᠪᠠᠷ ᠬᠠᠷᠠᠯᠲᠠ ᠪᠡᠨ ᠪᠤᠯᠭᠠᠬᠤ ᠶ᠋ᠢ ᠰᠠᠶᠢᠲᠤᠷ ᠠᠳᠬᠤᠵᠤ ᠂ ᠲᠠᠷᠢᠶᠠᠯᠠᠩ  ᠮᠠᠯ ᠤᠨ ᠪᠦᠲᠦᠭᠡᠭᠳᠡᠬᠦᠨ ᠦᠪᠣᠷᠣᠯᠠᠭᠤᠯᠬᠤ ᠲᠦᠷᠦ  ᠶ᠋ᠢᠨ ᠪᠤᠳᠤᠯᠭ᠎ᠠ ᠪᠠ ᠬᠤᠳᠠᠯᠳᠤᠨ ᠠᠪᠬᠤ ᠪᠡᠯᠡ ᠮᠥᠩᠭᠥ  ᠶ᠋ᠢᠨ ᠨᠠᠶᠢᠳᠠᠪᠦᠷᠢᠵᠢᠭᠤᠯᠤᠯᠲᠠ ᠶ᠋ᠢ ᠠᠳᠬᠤᠵᠤ ᠂ ᠲᠠᠷᠢᠶᠠᠯᠠᠩ ᠮᠠᠯ ᠤᠨ ᠠᠰᠢᠭ ᠰᠢᠮ᠎ᠡ  ᠶ᠋ᠢᠨ ᠪᠦᠲᠦᠭᠡᠭᠳᠡᠬᠦᠨ  ᠢ ᠬᠤᠳᠠᠯᠳᠤᠵᠤ ᠠᠪᠬᠤ ᠴᠢᠬᠤᠯᠠ ᠲᠠᠢ ᠵᠦᠢᠯ ᠢ ᠴᠢᠳᠠᠬᠤ ᠶ᠋ᠢᠨ ᠲᠤᠳᠤᠷ᠎ᠠ ᠳᠡᠭᠡᠭᠰᠢ ᠠᠪᠴᠤ ᠭᠠᠷᠤᠨ᠎ᠠ ᠂ ᠲᠠᠷᠢᠶᠠᠯᠠᠩ ᠮᠠᠯ  ᠤᠨ ᠠᠰᠢᠭ ᠰᠢᠮ᠎ᠡ  ᠶ᠋ᠢᠨ ᠪᠦᠲᠦᠭᠡᠭᠳᠡᠬᠦᠨ ᠢ ᠬᠤᠳᠠᠯᠳᠤᠨ ᠠᠪᠬᠤ ᠪᠡᠯᠡ ᠮᠥᠩᠭᠥ  ᠶ᠋ᠢ ᠵᠠᠪᠠᠯ ᠲᠣᠭ᠎ᠠ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠶ ᠃ ᠲᠠᠷᠢᠶᠠᠯᠠᠩ ᠮᠠᠯ  ᠤᠨ ᠠᠰᠢᠭ ᠰᠢᠮ᠎ᠡ  ᠶ᠋ᠢᠨ ᠪᠦᠲᠦᠭᠡᠭᠳᠡᠬᠦᠨ  ᠢ ᠪᠣᠷᠣᠯᠠᠭᠤᠯᠬᠤ ᠂ ᠪᠣᠯᠪᠠᠰᠤᠷᠠᠭᠤᠯᠬᠤ ᠂ ᠣᠨᠳᠣᠣᠰᠢᠭᠤᠯᠬᠤ ᠂ ᠦᠢᠯᠡᠳᠬᠦᠨ ᠤ ᠤᠢᠷᠳᠡᠭ  ᠤᠨ ᠨᠡᠮᠡᠭᠳᠡᠯ ᠢ ᠠᠳᠬᠤᠨ ᠂ ᠮᠠᠯᠴᠢᠨ ᠲᠠᠷᠢᠶᠠᠴᠢᠨ ᠤ ᠪᠣᠳᠠᠲᠤ ᠣᠷᠣᠯᠭ᠎ᠠ ᠦᠩᠭᠡᠷᠡᠭᠰᠡᠨ ᠵᠢᠯ ᠦᠨ ᠬᠢ ᠡᠴᠡ ᠨᠡᠯᠢᠶᠡᠳ ᠶᠡᠬᠡ ᠬᠡᠮᠵᠢᠶ᠎ᠡ ᠪᠡᠷ ᠨᠡᠮᠡᠭᠳᠡᠭᠰᠡᠨ ᠪᠠᠶᠢᠬᠤ ᠶ᠋ᠢ ᠪᠠᠲᠤᠯᠠᠬᠤ ᠬᠡᠷᠡᠭᠲᠡᠢ᠃ ᠪᠥᠬᠥ ᠣᠷᠣᠨ ᠤ ᠰᠤᠮᠤ ᠪᠠᠯᠭᠠᠰᠤᠨ  ᠤ ᠠᠵᠤ ᠠᠬᠤᠶᠢᠯᠠᠯ  ᠢ ᠦᠷᠭᠦᠯᠵᠢᠯᠡᠨ ᠰᠠᠶᠢᠲᠤᠷ ᠠᠳᠬᠤᠵᠤ ᠂ ᠬᠤᠷᠠᠯ  ᠤᠨ ᠵᠣᠷᠢᠭ ᠰᠠᠨᠠᠭ᠎ᠠ  ᠶ᠋ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠬᠦᠭᠵᠢᠵᠦ ᠪᠠᠶᠢᠭ᠎ᠠ ᠰᠤᠮᠤ ᠪᠠᠯᠭᠠᠰᠤᠨ ᠤ ᠠᠵᠤ ᠠᠬᠤᠶᠢᠯᠠᠯ  ᠢ ᠬᠣᠰᠢᠭᠤ ᠰᠢᠶᠠᠨ  ᠤ ᠠᠵᠤ ᠠᠬᠤᠶ ᠢ ᠬᠦᠭᠵᠢᠭᠦᠯᠬᠦ ᠭᠤᠤᠯᠳᠠᠯᠭ᠎ᠠ ᠪᠤᠯᠭᠠᠨ ᠂ ᠠᠷᠠᠳ  ᠢ ᠪᠠᠶᠠᠵᠢᠭᠤᠯᠵᠤ ᠴᠢᠨᠡᠭᠡᠯᠢᠭᠵᠢᠬᠦ ᠪᠠᠶᠢᠯᠳᠤᠬᠤ ᠪᠤᠳᠤᠯᠭ᠎ᠠ  ᠶ᠋ᠢᠨ ᠠᠷᠭ᠎ᠠ ᠪᠤᠳᠤᠯᠭ᠎ᠠ ᠪᠤᠯᠤᠭᠰᠠᠨ ᠤ ᠬᠤᠪᠢ ᠳ᠋ᠤ ᠂ ᠰᠢᠶᠠᠩ ᠪᠠᠯᠭᠠᠰᠤᠨ ᠤ ᠠᠵᠤ ᠠᠬᠤᠶᠢᠯᠠᠯ  ᠤᠨ ᠦᠢᠯᠡᠳᠬᠦᠨ ᠤ ᠦᠷᠲᠡᠭ 500 ᠳ᠋ᠦᠩᠰᠢᠭᠤᠷ ᠲᠥᠭᠥᠷᠢᠭ ᠲᠦ ᠬᠦᠷᠭᠡᠬᠦ ᠬᠠᠷᠠᠯᠲᠠ ᠶ᠋ᠢ ᠪᠡᠶᠡᠯᠡᠬᠦᠯᠬᠦ ᠪᠤᠶᠤ ᠬᠣᠶᠠᠷ ᠳᠠᠬᠢᠨ ᠨᠡᠮᠡᠭᠳᠡᠬᠦᠯᠬᠦ ᠪᠡᠷ ᠴᠢᠷᠮᠠᠶᠢᠬᠤ ᠬᠡᠷᠡᠭᠲᠡᠢ ᠃
    ᠨᠡᠮᠡᠭᠳᠡᠯ ᠦᠨ ᠬᠤᠷᠳᠤᠴᠠ ᠂ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠪᠠ ᠠᠯᠳᠠᠭᠳᠠᠯ ᠲᠠᠶ ᠪᠠᠶᠢᠭᠰᠠᠨ ᠡᠴᠡ ᠣᠯᠵᠠᠪᠤᠷᠢ ᠲᠠᠶ ᠪᠣᠯᠭᠠᠬᠤ ᠠᠵᠢᠯ  ᠢ ᠬᠦᠴᠦᠲᠡᠶ ᠠᠳᠬᠤᠵᠤ ᠂ ᠡᠨᠡ ᠵᠢᠯ  ᠤᠨ ᠠᠵᠤ ᠦᠢᠯᠡᠳᠪᠦᠷᠢ ᠶ᠋ᠢᠨ ᠠᠵᠤ ᠠᠬᠤᠶ  ᠶ᠋ᠢᠨ ᠬᠥᠭᠵᠢᠯᠲᠡ ᠶ᠋ᠢᠨ ᠬᠠᠷᠠᠯᠲᠠ ᠦᠨᠡᠨᠬᠦ ᠪᠠᠲᠤᠯᠠᠵᠦ ᠲᠡᠭᠦᠰ ᠠᠮᠵᠢᠯᠲᠠ ᠲᠠᠶ ᠪᠡᠶᠡᠯᠡᠬᠦᠯᠬᠦ ᠶ᠋ᠢ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠨᠠᠮ  ᠤᠨ ᠬᠣᠷᠢᠶ᠎ᠠ ᠂ ᠵᠠᠰᠠᠭ  ᠤᠨ ᠣᠷᠳᠣᠨ  ᠡᠴᠠ ᠠᠵᠤ ᠦᠢᠯᠡᠳᠪᠦᠷᠢ  ᠶ᠋ᠢᠨ ᠠᠵᠤ ᠠᠬᠤᠶ ᠶ᠋ᠢᠨ ᠶᠠᠪᠤᠳᠠᠯ ᠢ ᠭᠣᠣᠯ ᠵᠥᠪᠯᠡᠬᠦ ᠵᠦᠢᠯ ᠳ᠋ᠦ ᠲᠠᠯᠪᠢᠵᠦ ᠂ ᠬᠣᠶᠢᠰᠢᠳᠠ  ᠶ᠋ᠢᠨ ᠬᠡᠳᠦᠨ ᠰᠠᠷ᠎ᠠ ᠶ᠋ᠢᠨ ᠠᠵᠤ ᠦᠢᠯᠡᠳᠪᠦᠷᠢ ᠵᠠᠮ ᠬᠠᠷᠢᠯᠴᠠᠭᠠᠨ ᠦ ᠦᠢᠯᠡᠳᠬᠦᠨ ᠢ ᠨᠢᠮᠪᠠᠢ ᠵᠤᠬᠢᠶᠠᠨ ᠪᠠᠶᠢᠭᠤᠯᠵᠤ ᠂ ᠠᠷᠭ᠎ᠠ ᠪᠦᠬᠦᠨ ᠢ ᠰᠦᠪᠡᠭᠴᠢᠯᠡᠨᠠᠵᠤ ᠦᠢᠯᠡᠳᠪᠦᠷᠢᠯᠡᠯ ᠤᠨ ᠥᠰᠥᠯᠲᠡ ᠶ᠋ᠢᠨ ᠬᠤᠷᠳᠤᠴᠠ ᠢ ᠳᠡᠭᠡᠭᠰᠢᠯᠡᠬᠦᠯᠵᠦ ᠂ ᠠᠵᠤ ᠦᠢᠯᠡᠳᠪᠦᠷᠢ  ᠶ᠋ᠢᠨ ᠠᠵᠤ ᠠᠬᠤᠶ  ᠶ᠋ᠢᠨ ᠠᠵᠢᠯᠯᠠᠭᠠᠨ  ᠦ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠃ ᠬᠠᠷᠢᠭᠤᠴᠠᠯᠭ᠎ᠠ  ᠶ᠋ᠢᠨ ᠳᠦᠷᠢᠮ  ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠂ ᠭᠤᠤᠯᠳᠠᠯᠭ᠎ᠠ ᠶ᠋ᠢ ᠳᠤᠪᠤᠶᠢᠯᠭᠠᠨ ᠂ ᠨᠢᠭᠡ ᠠᠵᠤ ᠠᠬᠤᠶᠢᠯᠠᠯ ᠨᠢᠭᠡ ᠠᠵᠤ ᠠᠬᠤᠶᠢᠯᠠᠯ  ᠢᠶᠠᠷ ᠠᠯᠳᠠᠭᠳᠠᠯ ᠲᠠᠶ ᠪᠠᠶᠢᠭᠰᠠᠨ  ᠡᠴᠠ ᠪᠠᠨ ᠣᠯᠵᠠᠪᠤᠷᠢ ᠲᠠᠶ ᠪᠣᠯᠬᠤ ᠠᠷᠭ᠎ᠠ ᠠᠪᠴᠠᠯ ᠢ ᠰᠤᠳᠤᠯᠬᠤ ᠬᠡᠷᠡᠭᠲᠡᠶ ᠃ ᠦᠢᠯᠡᠳᠬᠦᠨ ᠦ ᠪᠤᠷᠤᠯᠠᠭᠤᠯᠬᠤ ᠵᠠᠮ᠂ ᠦᠷ᠎ᠡ ᠠᠰᠢᠭ ᠰᠠᠶᠢᠲᠠᠶ ᠠᠵᠤ ᠠᠬᠤᠶᠢᠯᠠᠯ ᠳ᠋ᠤ ᠳᠦᠷᠦ  ᠶ᠋ᠢᠨ ᠪᠣᠳᠣᠯᠭ᠎ᠡ ᠬᠡᠶᠢᠯᠪᠡᠶᠢᠬᠦ ᠶ᠋ᠢ ᠬᠡᠷᠡᠭᠵᠢᠭᠦᠯᠦᠨ ᠂ ᠪᠦᠬᠦ ᠴᠢᠳᠠᠯ ᠢᠶᠡᠨ ᠬᠦᠭᠵᠢᠬᠦ ᠳ᠋ᠦ ᠨᠢ ᠲᠤᠰᠠ ᠪᠤᠯᠬᠤ ᠬᠡᠷᠡᠭᠲᠡᠢ ᠃ ᠰᠠᠭᠤᠷᠢ ᠪᠦ᠋ᠳ᠋ᠦᠭᠡᠨ ᠪᠠᠶᠢᠭᠤᠯᠤᠯᠲᠠ  ᠂ ᠲᠧᠭᠨᠢᠭ ᠮᠡᠷᠭᠡᠵᠢᠯ  ᠤᠨ ᠥᠭᠡᠷᠡᠴᠢᠯᠡᠯᠲᠡ ᠶ᠋ᠢᠨ ᠵᠦᠢᠯᠡᠰ ᠲᠤ ᠭᠤᠤᠯᠳᠠᠯᠭ᠎ᠠ ᠶ᠋ᠢ ᠪᠠᠲᠤᠯᠠᠵᠦ ᠂ ᠡᠷᠲᠡᠬᠡᠨ ᠠᠰᠢᠭᠯᠠᠯᠲᠠ ᠳ᠋ᠤ ᠣᠷᠣᠭᠤᠯᠬᠤ ᠬᠡᠷᠡᠭᠲᠡᠶ ᠃   ᠵᠤᠬᠢᠶᠠᠮᠵᠢᠯᠠᠵᠦ ᠶ᠋ᠢ ᠬᠤᠪᠢᠷᠠᠭᠤᠯᠬᠤ ᠶ᠋ᠢᠨ ᠠᠷᠭ᠎ᠠ ᠠᠪᠴᠠᠯ ᠢ ᠠᠪᠤᠨ ᠂ ᠪᠦᠲᠦᠴᠡ ᠲᠤᠬᠢᠷᠠᠭᠤᠯᠭ᠎ᠠ ᠂ ᠤᠳᠤᠷᠢᠳᠬᠤ ᠪᠠᠭ  ᠢ ᠴᠡᠭᠴᠡᠯᠡᠬᠦ ᠂ ᠪᠡᠯᠡ ᠮᠥᠩᠭᠥ ᠤᠷᠤᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ  ᠶ᠋ᠢ ᠠᠪᠴᠤ ᠂ ᠠᠯᠳᠠᠭᠳᠠᠯ ᠲᠠᠶ ᠪᠠᠢ᠌ᠭᠰᠠᠨ  ᠡᠴᠡ ᠣᠯᠵᠠᠪᠤᠷᠢ ᠲᠠᠶ ᠪᠤᠯᠭᠠᠬᠤ ᠠᠵᠢᠯ ᠤᠨ ᠡᠷᠴᠢᠮ ᠢᠶ᠋ᠡᠨ ᠨᠡᠮᠡᠭᠳᠡᠭᠦᠯᠬᠦ ᠬᠡᠷᠡᠭᠲᠡᠢ ᠃ ᠠᠵᠤ ᠠᠬᠤᠶᠢᠯᠠᠯ  ᠤᠨ ᠬᠤᠬᠢᠷᠠᠯ ᠤᠨ ᠠᠰᠠᠭᠤᠳᠠᠯ ᠢ ᠰᠢᠶᠳᠪᠦᠷᠢᠯᠡᠵᠦ ᠂ ᠬᠠᠮᠤᠭ  ᠤᠨ ᠦᠨᠳᠦᠰᠦᠨ ᠵᠦᠢᠯ ᠳ᠋ᠡᠬᠡᠨ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠯᠲᠠ  ᠶ᠋ᠢᠨ ᠬᠢᠷᠢ ᠬᠡᠮᠵᠢᠶ᠎ᠡ ᠢ ᠳᠡᠭᠡᠭᠰᠢᠯᠡᠬᠦᠯᠦᠨ ᠂ ᠬᠠᠮᠢᠶᠠᠷᠤᠯᠲᠠ ᠡᠴᠡ ᠦᠷ᠎ᠡ ᠠᠰᠢᠭ ᠤᠯᠬᠤ ᠬᠡᠷᠡᠭᠲᠡᠶ ᠃ ᠠᠵᠤ ᠠᠬᠤᠶᠢᠯᠠᠯ ᠪᠦᠬᠦᠨ ᠬᠠᠮᠢᠶᠠᠷᠤᠯᠲᠠ ᠪᠡᠨ ᠴᠢᠩᠭᠠᠳᠬᠠᠬᠤ ᠬᠡᠷᠡᠭᠲᠡᠢ ᠂ ᠳᠦᠷᠢᠮᠵᠢᠯᠡᠯ ᠢᠶ᠋ᠡᠨ ᠬᠤᠪᠢᠷᠠᠭᠤᠯᠬᠤ ᠂ ᠲᠡᠯᠳᠠ ᠬᠦᠴᠦᠨ ᠢ ᠠᠭᠤᠳᠠᠯᠬᠤ ᠂ ᠦᠷ᠎ᠡ ᠠᠰᠢᠭ ᠢ ᠨᠡᠮᠡᠭᠳᠡᠭᠦᠯᠬᠦ ᠳᠡᠭᠡᠷ᠎ᠡ ᠬᠦᠴᠦ ᠣᠷᠣᠭᠤᠯᠵᠤ ᠂ ᠴᠢᠩᠭᠠᠳᠬᠠᠵᠤ ᠂ ᠡᠯ᠎ᠡ ᠵᠦᠢᠯ  ᠤᠨ ᠠᠵᠤ ᠠᠬᠤᠶ  ᠶ᠋ᠢᠨ ᠬᠠᠷᠢᠭᠤᠴᠠᠯᠭ᠎ᠠ  ᠶ᠋ᠢᠨ ᠳᠦᠷᠢᠮ ᠪᠠ ᠰᠠᠭᠤᠷᠢ ᠬᠠᠮᠢᠶᠠᠷᠤᠯᠲᠠ ᠂ ᠠᠯᠳᠠᠭᠳᠠᠯ ᠲᠠᠶ ᠪᠠᠶᠢᠳᠠᠯ ᠶ᠋ᠢ ᠬᠤᠪᠢᠷᠠᠭᠤᠯᠵᠤ ᠣᠯᠵᠠᠪᠤᠷᠢ ᠪᠠᠨ ᠨᠡᠮᠡᠭᠳᠡᠭᠦᠯᠬᠦ ᠬᠠᠷᠠᠯᠲᠠ  ᠶ᠋ᠢ ᠠᠬᠢᠭᠤᠯᠤᠨ ᠪᠡᠶᠡᠯᠡᠭᠦᠯᠬᠦ ᠬᠡᠷᠡᠭᠲᠡᠢ ᠃
    ᠬᠤᠶᠠᠷ ᠲᠤ ᠂ ᠵᠠᠬ᠎ᠠ ᠳᠡᠯᠭᠡᠭᠦᠷ ᠦᠨ ᠪᠠᠷᠠᠭᠠᠨ ᠤ ᠦᠨ᠎ᠡ ᠶ᠋ᠢ ᠲᠤᠬᠢᠷᠠᠭᠤᠯᠤᠨ ᠡᠵᠡᠮᠳᠡᠬᠦ ᠪᠠ ᠡᠳ᠋ ᠦᠨ ᠵᠠᠰᠠᠭ ᠤᠨ ᠭᠠᠶᠢᠯᠢ ᠶ᠋ᠢᠨ ᠠᠵᠢᠯ ᠢ ᠰᠠᠶᠢᠲᠤᠷ ᠬᠢᠬᠦ ᠬᠡᠷᠡᠭᠲᠡᠢ ᠃ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠡᠴᠠ ᠪᠤᠳᠠᠰ ᠤᠨ ᠬᠠᠮᠢᠶᠠᠷᠤᠯᠲᠠ ᠶ᠋ᠢᠨ ᠴᠢᠩᠭᠠᠳᠬᠠᠬᠤ ᠂ ᠵᠤᠭᠤᠰ ᠮᠦᠩᠭᠦᠨ ᠦ ᠦᠨ᠎ᠡ ᠪᠠᠭᠤᠷᠠᠬᠤ ᠶ᠋ᠢ ᠡᠵᠡᠮᠳᠡᠬᠦ ᠠᠰᠠᠭᠤᠳᠠᠯ ᠢ ᠦᠭᠡᠷᠡᠴᠢᠯᠡᠯᠲᠡ ᠨᠡᠭᠡᠭᠡᠯᠲᠡ ᠂ ᠬᠦᠭᠵᠢᠯᠲᠡ ᠂ ᠶᠡᠷᠦᠩᠭᠬᠡᠢ ᠪᠠᠶᠢᠳᠠᠯ ᠢ ᠲᠤᠭᠲᠠᠪᠦᠷᠢᠵᠢᠭᠤᠯᠬᠤ ᠬᠢᠭᠡᠳ ᠬᠤᠷᠸ᠎ᠠ ᠲᠤᠬᠢᠷᠠᠭᠤᠯᠭ᠎ᠠ ᠶ᠋ᠢᠨ ᠴᠢᠬᠤᠯᠠ ᠡᠭᠦᠷᠭᠡ ᠪᠤᠯᠭᠠᠨ ᠠᠳᠬᠤᠭᠰᠠᠨ ᠪᠠᠶᠢᠨ᠎ᠠ ᠃ ᠭᠤᠤᠯᠯᠠᠭᠴᠢ ᠤᠳᠤᠷᠢᠳᠤᠯᠭ᠎ᠠ ᠡᠴᠠ ᠨᠡᠩ ᠢᠯᠡᠭᠦᠦ ᠬᠦᠴᠦᠨ ᠢᠶ᠋ᠡᠨ 《 ᠬᠤᠯᠢᠰᠤᠨ ᠢᠳᠡᠭᠡᠨ ᠦ ᠬᠠᠩᠭᠠᠯᠭ᠎ᠠ 》 ᠂ 《 ᠳᠤᠲᠤᠷᠭᠠᠨ ᠤᠭᠤᠲᠠ 》 ᠶ᠋ᠢᠨ ᠢᠨᠵᠸᠷᠨᠢᠩ ᠳᠡᠭᠡᠷ᠎ᠡ ᠲᠠᠯᠪᠢᠵᠦ ᠂ ᠪᠤᠳᠠᠭ᠎ᠠ ᠂ ᠲᠤᠰᠤ ᠂ ᠮᠢᠬ᠎ᠠ ᠂ ᠨᠤᠭᠤᠭ᠎ᠠ ᠵᠡᠷᠭᠡ ᠳᠡᠳ᠋ ᠢᠳᠡᠭᠡᠨ ᠦ ᠰᠠᠭᠤᠷᠢ ᠪᠦᠲᠦᠭᠡᠨ ᠪᠠᠶᠢᠭᠤᠯᠤᠯᠳᠠ ᠶ᠋ᠢ ᠴᠢᠩᠭ᠎ᠠ ᠠᠳᠬᠤᠨ ᠂ ᠪᠦᠲᠦᠮᠵᠢᠲᠠᠢ ᠬᠠᠩᠭᠠᠯᠭ᠎ᠠ ᠶ᠋ᠢ ᠨᠡᠮᠡᠭᠳᠡᠬᠦᠯᠬᠦ ᠶ᠋ᠢᠨ ᠳᠠᠭᠠᠤ ᠵᠠᠬ᠎ᠠ ᠳᠡᠯᠭᠡᠭᠦᠷ ᠦᠨ ᠬᠠᠩᠭᠠᠯᠭ᠎ᠠ ᠶ᠋ᠢ ᠪᠠᠲᠤᠯᠠᠬᠤ ᠬᠡᠷᠡᠭᠲᠡᠢ ᠃ ᠴᠢᠩᠭ᠎ᠠ ᠬᠦᠴᠦᠲᠠᠢ ᠠᠷᠭ᠎ᠠ ᠠᠪᠴᠠᠯ ᠠᠪᠴᠤ ᠂ ᠵᠠᠬ᠎ᠠ ᠳᠡᠯᠭᠡᠭᠦᠷ ᠦᠨ ᠪᠠᠷᠠᠭᠠᠨ ᠤ ᠦᠨ᠎ᠡ ᠶ᠋ᠢ ᠡᠵᠡᠮᠳᠡᠨ ᠂ ᠠᠵᠤ ᠠᠬᠤᠢ ᠂ ᠵᠠᠰᠠᠭ ᠵᠠᠬᠢᠷᠭᠠᠨ ᠂ ᠬᠠᠤᠯᠢ ᠴᠠᠭᠠᠵᠠ ᠶ᠋ᠢᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ ᠂ ᠵᠠᠬ᠎ᠠ ᠳᠡᠯᠭᠡᠭᠦᠷ ᠦᠨ ᠦᠨ᠎ᠡ ᠬᠠᠩᠰᠢ  ᠶ᠋ᠢᠨ ᠳᠦᠷᠢᠮ ᠢ ᠪᠠᠲᠤᠯᠠᠬᠤ ᠬᠡᠷᠡᠭᠲᠡᠢ ᠃ ᠡᠳ᠋ ᠪᠤᠳᠠᠰ ᠤᠨ ᠬᠤᠳᠠᠯᠳᠤᠬᠤ ᠦᠨ᠎ᠡ ᠬᠠᠩᠰᠢ ᠶ᠋ᠢᠨ ᠲᠤᠭ᠎ᠠ ᠪᠠᠷᠢᠮᠵᠢᠶ᠎ᠠ ᠪᠠ ᠰᠠᠭᠤᠭᠠᠯᠢ ᠠᠷᠠᠳ ᠤᠨ ᠬᠡᠷᠡᠭᠯᠡᠭᠡᠨ ᠦ ᠲᠤᠭ᠎ᠠ ᠪᠠᠷᠢᠮᠵᠢᠶ᠎ᠠ ᠶ᠋ᠢ ᠡᠵᠡᠮᠳᠡᠬᠦ ᠶ᠋ᠢ ᠠᠩᠬᠠᠷᠬᠤ ᠶ᠋ᠢ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠦᠷ᠎ᠡ ᠪᠦᠲᠦᠮᠵᠢ ᠶ᠋ᠢ ᠰᠢᠯᠭᠠᠨ ᠪᠠᠶᠢᠴᠠᠭᠠᠬᠤ ᠭᠤᠤᠯ ᠪᠠᠷᠢᠮᠵᠢᠶ᠎ᠠ ᠪᠤᠯᠭᠠᠵᠦ ᠂ 《 ᠨᠢᠭᠡ ᠪᠢᠯᠸᠲ ᠢᠶ᠋ᠡᠷ ᠦᠭᠡᠶᠢᠰᠭᠡᠬᠦ 》 ᠠᠷᠭ᠎ᠠ ᠢ ᠬᠡᠷᠡᠭᠵᠢᠭᠦᠯᠦᠨ᠎ᠡ ᠃ ᠡᠨᠡ ᠵᠢᠯ ᠦᠨ᠎ᠡ ᠬᠠᠩᠰᠢ ᠶ᠋ᠢᠨ ᠡᠵᠡᠮᠳᠡᠯ  ᠤᠨ ᠬᠠᠷᠠᠯᠲᠠ ᠪᠠᠨ ᠪᠡᠶᠡᠯᠡᠬᠦᠯᠵᠦ ᠳᠡᠶᠢᠯᠦᠭᠰᠡᠨ ᠦᠭᠡᠢ ᠨᠢᠭᠡᠴᠢ ᠨᠢ ᠲᠡᠷᠢᠬᠦᠨ ᠦ ᠰᠢᠯᠭᠠᠷᠠᠭᠤᠯᠤᠯᠲᠠ ᠳ᠋ᠤ ᠤᠷᠤᠯᠴᠠᠬᠤ ᠡᠷᠬᠡ ᠦᠭᠡᠢ ᠪᠤᠯᠤᠨ᠎ᠠ ᠃
    ᠡᠯ᠎ᠡ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠡᠴᠠ ᠵᠠᠪᠠᠯ ᠰᠢᠨ᠎ᠡ ᠭᠠᠶᠢᠯᠢ ᠶ᠋ᠢᠨ ᠳᠦᠷᠢᠮ ᠦᠨ ᠳᠤᠤᠷ᠎ᠠ ᠡᠳ᠋ ᠮᠥᠩᠭᠥᠨ  ᠤ ᠡᠬᠢ ᠰᠤᠷᠪᠤᠯᠵᠢ  ᠶ᠋ᠢᠨ ᠪᠦᠲᠦᠭᠡᠨ ᠪᠠᠶᠢᠭᠤᠯᠤᠯᠲᠠ ᠶ᠋ᠢᠨ ᠰᠢᠨ᠎ᠡ ᠰᠡᠳᠬᠢᠴᠡ ᠂ ᠰᠢᠨ᠎ᠡ ᠠᠷᠭ᠎ᠠ ᠲᠦᠷᠦᠯ ᠢ ᠢᠳᠡᠪᠬᠢᠲᠠᠢ ᠡᠷᠢᠯᠬᠢᠯᠡᠵᠦ ᠂ ᠴᠠᠭ ᠢ ᠠᠮᠵᠢᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠨᠡ ᠵᠢᠯ  ᠤᠨ ᠣᠷᠣᠯᠭ᠎ᠠ ᠶ᠋ᠢ ᠨᠡᠮᠡᠭᠳᠡᠭᠦᠯᠬᠦ ᠬᠠᠷᠠᠯᠲᠠ  ᠶ᠋ᠢ ᠪᠡᠶᠡᠯᠡᠬᠦᠯᠵᠦ ᠂ ᠣᠷᠣᠨ ᠨᠤᠲᠤᠭ ᠤᠨ ᠡᠳ᠋  ᠤᠨ ᠵᠠᠰᠠᠭ  ᠤᠨ ᠤᠷᠳᠤᠨ ᠤ ᠪᠠᠶᠢᠯᠳᠤᠬᠤ ᠪᠤᠳᠤᠯᠭ᠎ᠠ ᠶ᠋ᠢ ᠴᠢᠩᠭᠠᠳᠬᠠᠬᠤ ᠬᠡᠷᠡᠭᠲᠡᠢ ᠃ ᠡᠯ᠎ᠡ ᠱᠠᠲᠤᠨ ᠤ ᠭᠠᠶᠢᠯᠢ ᠶ᠋ᠢᠨ ᠶᠠᠪᠤᠳᠠᠯ  ᠤᠨ ᠰᠠᠯᠠᠭ᠎ᠠ ᠮᠥᠴᠢᠷ ᠡᠴᠡ ᠭᠠᠶᠢᠯᠢ ᠲᠠᠲᠠᠪᠤᠷᠢ ᠲᠠᠲᠠᠪᠤᠷᠢᠯᠠᠵᠤ ᠬᠠᠮᠢᠶᠠᠷᠬᠤ ᠠᠵᠢᠯ  ᠢ ᠤᠯᠠᠮ ᠨᠢᠭᠡ ᠠᠯᠬᠤᠮ ᠴᠢᠩᠭᠠᠳᠬᠠᠵᠤ ᠂ ᠰᠢᠨ᠎ᠡ ᠭᠠᠶᠢᠯᠢ  ᠶ᠋ᠢᠨ ᠳᠦᠷᠢᠮ  ᠶᠣᠰᠤᠭᠠᠷ ᠬᠤᠷᠢᠶᠠᠬᠤ ᠶᠣᠰᠣᠲᠠᠶ ᠭᠠᠶᠢᠯᠢ ᠢ ᠡᠷᠡᠰ ᠬᠤᠷᠢᠶᠠᠵᠤ ᠠᠪᠬᠤ ᠬᠡᠷᠡᠭᠲᠡᠢ᠃ ᠪᠦᠬᠦ ᠣᠷᠣᠨ ᠤ ᠰᠢᠶᠠᠩ  ᠤᠨ ᠱᠠᠲᠤᠨ  ᠤ ᠡᠳ᠋  ᠤᠨ ᠵᠠᠰᠠᠭ  ᠤᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠂ ᠰᠤᠮᠤ  ᠱᠠᠲᠤᠨ  ᠤ ᠡᠳ᠋ ᠤᠨ ᠵᠠᠰᠠᠭ ᠤᠨ ᠪᠠᠶᠢᠭᠤᠯᠤᠯᠲᠠ  ᠢ ᠰᠠᠶᠢᠲᠤᠷ ᠠᠳᠬᠤᠵᠤ ᠂ ᠰᠤᠮᠤ ᠱᠠᠲᠤᠨ  ᠤ ᠡᠳ᠋  ᠤᠨ ᠵᠠᠰᠠᠭ  ᠤᠨ ᠥᠪᠡᠷᠲᠡᠭᠡᠨ ᠬᠠᠩᠭᠠᠬᠤ ᠶ᠋ᠢ ᠪᠡᠶᠡᠯᠡᠬᠦᠯᠬᠦ ᠬᠡᠷᠡᠭᠲᠡᠢ ᠃ 87 ᠬᠣᠰᠢᠭᠤ ᠰᠢᠶᠠᠨ ᠬᠣᠲᠠ  ᠶ᠋ᠢᠨ ᠡᠳ᠋ ᠤᠨ ᠵᠠᠰᠠᠭ  ᠤᠨ ᠥᠪᠡᠷ ᠢ ᠪᠡᠨ ᠬᠠᠩᠭᠠᠬᠤ ᠪᠠᠶᠢᠴᠠᠭᠠᠯᠲᠠ ᠪᠠ ᠬᠡᠮᠵᠢᠨ ᠪᠤᠳᠤᠬᠤ ᠠᠵᠢᠯ  ᠶ᠋ᠢ ᠠᠯᠬᠤᠮ ᠬᠤᠪᠢᠶᠠᠵᠦ ᠪᠡᠶᠡᠯᠡᠭᠦᠯᠦᠨ ᠂ ᠢᠷᠡᠬᠦ ᠵᠢᠯ ᠤᠨ ᠰᠢᠶᠠᠨ ᠤ ᠱᠠᠲᠤᠨ ᠤ ᠡᠳ᠋ ᠦᠨ ᠵᠠᠰᠠᠭ ᠤᠨ ᠤᠷᠤᠯᠭ᠎ᠠ ᠵᠠᠷᠤᠯᠭ᠎ᠠ ᠥᠪᠡᠷ ᠲᠤ ᠪᠠᠨ ᠬᠠᠩᠭᠠᠬᠤ ᠬᠠᠷᠠᠯᠲᠠᠲᠤ ᠬᠠᠮᠢᠶᠠᠷᠤᠯᠲᠠ ᠶ᠋ᠢᠨ ᠬᠠᠷᠢᠭᠤᠴᠠᠯᠭ᠎ᠠ  ᠶ᠋ᠢᠨ ᠲᠦᠷᠢᠮ ᠢ ᠬᠡᠷᠡᠭᠵᠢᠭᠦᠯᠬᠦ ᠳ᠋ᠦ ᠪᠡᠯᠡᠳᠬᠡᠯ ᠬᠢᠬᠦ ᠬᠡᠷᠡᠭᠲᠡᠢ ᠃ ᠢᠶᠠᠨ ᠤ ᠱᠠᠲᠤᠨ ᠤ ᠡᠳ᠋ ᠦᠨ ᠵᠠᠰᠠᠭ ᠤᠨ ᠣᠷᠣᠯᠭ᠎ᠠ ᠵᠠᠷᠤᠯᠭ᠎ᠠ ᠰᠠᠶᠢᠲᠤᠷ ᠪᠡᠯᠡᠳᠬᠡᠯ ᠬᠢᠬᠦ ᠬᠡᠷᠡᠭᠲᠡᠶ ᠃
    ᠭᠤᠷᠪᠠ ᠳ᠋ᠤ ᠂ ᠥᠭᠡᠷᠡᠴᠢᠯᠡᠯᠲᠡ ᠶ᠋ᠢ ᠭᠦᠨᠵᠡᠭᠡᠶᠢᠷᠡᠭᠦᠯᠦᠨ᠂ ᠭᠠᠳᠠᠭᠰᠢ ᠨᠡᠭᠡᠭᠡᠯᠲᠡ ᠬᠢᠬᠦ  ᠶ᠋ᠢ ᠥᠷᠭᠡᠳᠬᠡᠬᠦ ᠲᠠᠯ᠎ᠠ ᠪᠠᠷ ᠰᠢᠨ᠎ᠡ ᠠᠬᠢᠴᠠ ᠲᠠᠶ ᠪᠣᠯᠪᠠ ᠃ ᠠᠵᠤ ᠠᠬᠤᠶᠢᠯᠠᠯ ᠤᠨ ᠥᠭᠡᠷᠡᠴᠢᠯᠡᠯᠲᠡ ᠶ᠋ᠢᠨ ᠡᠷᠴᠢᠮ  ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠤᠳᠤ ᠦᠶ᠎ᠡ ᠶ᠋ᠢᠨ ᠠᠵᠤ ᠠᠬᠤᠶᠢᠯᠠᠯ ᠤᠨ ᠲᠦᠷᠢᠮ ᠤᠨ ᠲᠤᠷᠰᠢᠯᠲᠠ ᠬᠢᠬᠦ ᠠᠵᠢᠯ  ᠢ ᠰᠠᠶᠢᠲᠤᠷ ᠠᠳᠬᠤᠬᠤ ᠬᠡᠷᠡᠭᠲᠡᠶ ᠃ ᠰᠲ᠋ᠣᠺ  ᠤᠨ ᠡᠷᠬᠡ ᠢᠶᠡᠨ ᠰᠢᠯᠵᠢᠭᠦᠯᠬᠦ ᠪᠤᠶᠤ ᠥᠭᠡᠷᠡᠴᠢᠯᠡᠨ ᠪᠠᠶᠢᠭᠤᠯᠬᠤ ᠵᠡᠷᠭᠡ ᠬᠡᠯᠪᠡᠷᠢ ᠪᠡᠷ ᠂ ᠵᠢᠵᠢᠭ ᠠᠵᠤ ᠠᠬᠤᠶᠢᠯᠠᠯ  ᠤᠨ ᠪᠠᠶᠢᠭᠤᠯᠤᠮᠵᠢ ᠬᠤᠪᠢᠷᠠᠭᠤᠯᠬᠤ ᠠᠬᠢᠴᠠ  ᠶ᠋ᠢ ᠲᠦᠷᠭᠡᠳᠬᠡᠨ᠎ᠡ᠃ ᠳᠠᠪᠠᠭᠤᠯᠢᠭ ᠦᠢᠯᠡᠳᠬᠦᠨ  ᠢᠶ᠋ᠡᠷ ᠲᠡᠭᠠᠭᠤᠯᠤᠬᠴᠢ ᠪᠤᠶᠤ ᠲᠤᠮᠤ ᠳᠤᠮᠳᠠ ᠬᠡᠯᠪᠡᠷᠢ  ᠶ᠋ᠢᠨ ᠭᠣᠣᠯᠯᠠᠭᠴᠢ ᠠᠵᠤ ᠠᠬᠤᠶᠢᠯᠠᠯ  ᠢ ᠬᠦᠮᠦᠵᠢᠬᠦᠯᠬᠦ ᠪᠤᠶᠤ ᠵᠤᠬᠢᠶᠠᠨ ᠪᠠᠶᠢᠭᠤᠯᠬᠤ ᠪᠠᠷ ᠭᠤᠤᠯ ᠪᠤᠯᠭᠠᠨ ᠂ ᠨᠡᠶᠢᠭᠡᠮ  ᠤᠨ ᠰᠤᠯᠠ ᠪᠠᠶᠢᠭ᠎ᠠ ᠦᠢᠯᠡᠳᠪᠦᠷᠢᠯᠡᠯ  ᠤᠨ ᠴᠢᠬᠤᠯᠠ ᠡᠯᠧᠮᠧᠨ᠋ᠲ  ᠢ ᠠᠭᠤᠰᠬᠠᠨ ᠰᠢᠩᠭᠡᠭᠡᠵᠦ ᠂ ᠪᠠᠭ᠎ᠠ ᠵᠢᠵᠢᠭ ᠠᠵᠤ ᠠᠬᠤᠶᠢᠯᠠᠯ ᠢ ᠨᠡᠶᠢᠯᠡᠭᠦᠯᠬᠦ ᠪᠤᠶᠤ ᠬᠤᠳᠠᠯᠳᠤᠨ ᠠᠪᠴᠤ ᠂ ᠦᠢᠯᠡᠳᠪᠦᠷᠢᠯᠡᠯ ᠤᠨ ᠬᠡᠪᠴᠢᠶ᠎ᠡ ᠶ᠋ᠢ ᠥᠷᠭᠡᠳᠬᠡᠬᠦ ᠬᠡᠷᠡᠭᠲᠡᠶ ᠃ ᠨᠡᠷᠡᠲᠦ ᠳᠡᠮᠳᠡᠭᠲᠦ ᠤᠨ ᠪᠠᠶᠢᠯᠳᠤᠬᠤ ᠠᠷᠭ᠎ᠠ ᠪᠤᠳᠤᠯᠭ᠎ᠠ ᠶ᠋ᠢᠨ ᠦᠨᠳᠦᠰᠦᠨ ᠴᠢᠨᠠᠷᠲᠠᠶ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠵᠦ ᠂ ᠦᠢᠯᠡᠳᠪᠦᠷᠢᠯᠡᠯ ᠂ ᠰᠢᠨᠵᠢᠯᠡᠭᠡ ᠰᠤᠳᠤᠯᠤᠯ ᠪᠠ ᠦᠢᠯᠡᠳᠬᠦᠨ  ᠢ ᠨᠡᠭᠡᠭᠡᠨ ᠠᠰᠢᠭᠯᠠᠵᠤ ᠂ ᠶᠠᠰᠤ ᠴᠢᠨᠠᠷ  ᠤᠨ ᠬᠠᠮᠢᠶᠠᠷᠤᠯᠲᠠ ᠪᠠ ᠮᠡᠷᠭᠡᠵᠢᠯ  ᠤᠨ ᠥᠭᠡᠷᠡᠴᠢᠯᠡᠯᠲᠡ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠵᠤ ᠂ ᠦᠨᠡᠨᠬᠦ ᠶᠠᠪᠤᠭᠳᠠᠭᠤᠯᠵᠤ ᠳᠡᠶᠢᠯᠬᠦ ᠠᠵᠤ ᠠᠬᠤᠶᠢᠯᠠᠯ  ᠤᠨ ᠨᠠᠷᠠᠲᠤ ᠳᠡᠮᠳᠡᠭᠲᠦ ᠡᠭᠦᠳᠬᠦ ᠬᠥᠭᠵᠢᠯᠲᠡ ᠶ᠋ᠢᠨ ᠲᠥᠯᠥᠪᠵᠢᠭᠦᠯᠭᠡ ᠢ ᠵᠤᠬᠢᠶᠠᠨ ᠂ ᠨᠡᠷᠡᠲᠦ ᠳᠡᠮᠳᠡᠭᠲᠦ ᠦᠢᠯᠡᠳᠪᠦᠷᠢᠯᠡᠬᠦ ᠬᠠᠷᠠᠯᠲᠠ ᠪᠣᠯᠤᠨ ᠠᠷᠭ᠎ᠠ ᠬᠡᠮᠵᠢᠶ᠎ᠡ  ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ ᠃
    ᠭᠠᠳᠠᠭᠠᠳᠤ ᠠᠷᠠᠯᠵᠢᠶᠠᠨ ᠤ ᠠᠵᠢᠯ  ᠢ ᠰᠠᠶᠢᠲᠤᠷ ᠠᠳᠬᠤᠵᠤ ᠂ ᠭᠠᠳᠠᠭᠠᠳᠤ  ᠠᠵᠤ ᠠᠬᠤᠢ ᠭᠠᠳᠠᠭᠠᠲᠤ ᠠᠷᠠᠯᠵᠢᠶ᠎ᠠ ᠶ᠋ᠢᠨ ᠤᠷᠤᠭᠤᠳᠠᠵᠦ ᠪᠠᠶᠢᠭ᠎ᠠ ᠪᠠᠶᠢᠳᠠᠯ ᠢ ᠬᠤᠪᠢᠷᠠᠭᠤᠯᠬᠤ ᠬᠡᠷᠡᠭᠲᠡᠢ ᠃ ᠮᠠᠨ ᠤ ᠤᠷᠤᠨ ᠤ ᠭᠠᠳᠠᠭᠠᠳᠤ ᠠᠷᠠᠯᠵᠢᠶᠠᠨ ᠤ ᠭᠠᠳᠠᠭᠠᠳᠤ  ᠡᠴᠠ ᠣᠷᠣᠭᠤᠯᠵᠤ ᠭᠠᠳᠠᠭᠠᠳᠤ ᠳ᠋ᠤ ᠭᠠᠷᠭᠠᠬᠤ ᠪᠦᠬᠦ ᠲᠣᠭ᠎ᠠ ᠨᠢ ᠦᠩᠭᠡᠷᠡᠭᠰᠡᠨ ᠵᠢᠯ ᠦᠨ ᠬᠢ ᠡᠴᠡ 12 % ᠪᠡᠷ ᠪᠠᠭᠤᠷᠠᠵᠤ ᠂ ᠡᠨᠡ ᠵᠢᠯ  ᠤᠨ ᠳᠡᠭᠡᠷ᠎ᠡ ᠬᠠᠭᠠᠰ ᠵᠢᠯ  ᠳ᠋ᠤ ᠪᠠᠰᠠ ᠦᠩᠭᠡᠷᠡᠭᠰᠡᠨ ᠦ ᠠᠳᠠᠯᠢ ᠬᠤᠭᠤᠴᠠᠭᠠᠨ ᠤ ᠬᠢ ᠡᠴᠡ 10.14% ᠪᠡᠷ ᠪᠠᠭᠤᠷᠠᠵᠦ᠂ ᠪᠠᠶᠢᠳᠠᠯ ᠮᠠᠰᠢ ᠬᠦᠨᠳᠦ ᠬᠡᠴᠡᠭᠦᠦ ᠪᠣᠯᠪᠠ ᠃ ᠡᠯ᠎ᠡ ᠱᠠᠲᠤᠨ  ᠤ ᠡᠯ᠎ᠡ ᠰᠠᠯᠠᠭ᠎ᠠ ᠮᠥᠴᠢᠷ  ᠤᠨ ᠬᠢᠨ ᠡᠷᠬᠡᠪᠰᠢ ᠭᠠᠳᠠᠭᠠᠳᠤ ᠠᠵᠤ ᠠᠬᠤᠢ ᠭᠠᠳᠠᠭᠠᠲᠤ ᠠᠷᠠᠯᠵᠢᠶ᠎ᠠ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠰᠢᠷᠭᠠᠭᠤ ᠬᠠᠲᠠᠭᠤᠵᠢᠯᠲᠠᠶ ᠴᠢᠷᠮᠠᠶᠢᠵᠤ ᠪᠠᠶᠢᠭᠠᠳ ᠭᠠᠳᠠᠭᠠᠳᠤ ᠠᠵᠤ ᠠᠬᠤᠶ ᠭᠠᠳᠠᠭᠠᠳᠤ ᠠᠷᠠᠯᠵᠢᠶ᠎ᠠ ᠤᠷᠤᠭᠤᠳᠠᠬᠤ ᠪᠠᠶᠢᠳᠠᠯ  ᠶ᠋ᠢ ᠬᠤᠪᠢᠷᠠᠭᠤᠯᠬᠤ ᠴᠢᠬᠤᠯᠠᠲᠠᠢ ᠃ ᠡᠨᠡ ᠬᠦ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠤᠨ ᠬᠤᠪᠢ ᠳ᠋ᠤ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠣᠷᠢᠢ᠎ᠠ ᠂ ᠵᠠᠰᠠᠭ  ᠤᠨ ᠣᠷᠳᠣᠨ ᠡᠴᠠ ᠪᠥᠬᠥᠳᠡ ᠬᠤᠷᠠᠯ ᠤᠨ ᠳᠠᠷᠠᠭ᠎ᠠ ᠲᠤᠰᠬᠠᠶ ᠬᠤᠷᠠᠯ ᠬᠤᠷᠠᠯᠳᠤᠵᠤ ᠡᠭᠦᠨ ᠦ ᠲᠤᠬᠠᠢ ᠰᠤᠳᠤᠯᠤᠨ ᠶᠠᠷᠢᠯᠴᠠᠵᠤ ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ  ᠤᠨ ᠥᠭᠡᠷᠡᠴᠢᠯᠡᠯᠲᠡ ᠪᠣᠯᠤᠨ ᠳᠣᠲᠣᠭᠠᠳᠤ ᠶ᠋ᠢᠨ ᠪᠠᠶᠢᠷᠢᠯᠠᠭᠤᠯᠤᠯᠲᠠ ᠶ᠋ᠢᠨ ᠲᠤᠬᠠᠢ ᠴᠢᠩᠭᠠᠳᠬᠠᠨ᠂ ᠭᠠᠳᠠᠭᠠᠳᠤ ᠠᠷᠠᠯᠵᠢᠶᠠᠨ  ᠤ ᠭᠠᠳᠠᠭᠠᠳᠤ  ᠳ᠋ᠤ ᠭᠠᠷᠭᠠᠬᠤ ᠰᠠᠭᠤᠷᠢᠨ ᠭᠠᠵᠠᠷ ᠶ᠋ᠢ ᠪᠠᠶᠢᠭᠤᠯᠬᠤ ᠂ ᠬᠢᠯᠢ ᠶ᠋ᠢᠨ ᠪᠣᠭᠣᠮᠲᠠ  ᠶ᠋ᠢᠨ ᠪᠥᠲᠥᠭᠡᠨ ᠪᠠᠶᠢᠭᠤᠯᠤᠯᠲᠠ  ᠶ᠋ᠢ ᠲᠦᠷᠭᠡᠳᠬᠡᠬᠦ᠂ ᠬᠢᠯᠢ ᠶ᠋ᠢᠨ ᠠᠷᠠᠯᠵᠢᠶᠠᠨ ᠦ ᠬᠠᠮᠢᠶᠠᠷᠤᠯᠲᠠ ᠶ᠋ᠢ ᠤᠯᠠᠮ ᠨᠢᠭᠡ ᠠᠯᠬᠤᠮ ᠦᠷᠭᠡᠳᠭᠡᠬᠦ ᠪᠤᠯᠤᠨ ᠬᠤᠳᠠᠯᠳᠤᠭᠠᠴᠢᠨ ᠤᠷᠢᠵᠤ ᠪᠡᠯᠡ ᠮᠥᠩᠭᠥ ᠣᠷᠣᠭᠤᠯᠬᠤ ᠪᠣᠯᠤᠨ ᠠᠵᠤ ᠠᠬᠤᠶ  ᠶ᠋ᠢᠨ ᠬᠥᠨᠳᠡᠯᠡᠨ ᠬᠣᠯᠪᠣᠭᠠᠯᠠᠯ  ᠢ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠢ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠴᠤ ᠂ ᠡᠨᠡ ᠬᠦ ᠠᠵᠢᠯ  ᠢ ᠨᠢᠭᠡᠨ ᠰᠢᠨ᠎ᠡ ᠶᠡᠬᠡ ᠰᠢᠪᠲᠤᠯᠤᠯᠲᠠ ᠭᠠᠷᠭᠠᠬᠤ ᠴᠢᠬᠤᠯᠠᠲᠠᠢ ᠃
    ᠳᠦᠷᠪᠡ ᠳ᠋ᠦ ᠂ ᠨᠡᠶᠢᠭᠡᠮ ᠵᠢᠷᠤᠮ ᠤᠨ ᠤᠶᠦᠠ  ᠤ ᠪᠣᠯᠪᠠᠰᠤᠨ  ᠤ ᠪᠦᠲᠦᠭᠡᠨ ᠪᠠᠶᠢᠭᠤᠯᠤᠯᠲᠠ  ᠶ᠋ᠢ ᠴᠢᠩᠭᠠᠳᠬᠠᠨ ᠂ ᠨᠡᠶᠢᠭᠡᠮ  ᠤᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ ᠃ ᠲᠦᠪ ᠢᠶ᠋ᠡᠨ ᠲᠤᠭᠤᠷᠢᠨ ᠂ ᠭᠣᠣᠯᠳᠠᠯᠭ᠎ᠠ ᠪᠠᠨ ᠳᠤᠪᠤᠶᠢᠯᠭᠠᠵᠤ ᠂ ᠭᠣᠣᠯᠳᠠᠯᠭ᠎ᠠ ᠪᠠᠨ ᠪᠦᠲᠦᠭᠡᠨ ᠪᠠᠶᠢᠭᠤᠯᠤᠯᠲᠠ  ᠳ᠋ᠦ ᠲᠠᠯᠪᠢᠬᠤ ᠴᠢᠭᠯᠡᠯᠲᠡ ᠶ᠋ᠢ ᠴᠢᠩᠭ᠎ᠠ ᠪᠠᠷᠢᠮᠲᠠᠯᠠᠵᠦ ᠂ ᠪᠥᠬᠥ ᠣᠷᠣᠨ ᠤ ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ  ᠶ᠋ᠢ ᠰᠢᠨ᠎ᠡ ᠨᠢᠭᠡᠨ ᠲᠦᠪᠰᠢᠨ  ᠳ᠋ᠦ ᠬᠦᠷᠭᠡᠬᠦ ᠬᠡᠷᠡᠭᠲᠡᠢ᠃ ᠳᠣᠣᠷ᠎ᠠ ᠬᠠᠭᠠᠰ ᠵᠢᠯ ᠳ᠋ᠦ ᠦᠷᠭᠦᠯᠵᠢᠯᠡᠨ ᠵᠠᠬ᠎ᠠ ᠳᠡᠯᠭᠡᠭᠦᠷ  ᠤᠨ ᠠᠵᠤ ᠠᠬᠤᠶ ᠶ᠋ᠢᠨ ᠤᠨᠤᠯ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠶ᠋ᠢ ᠰᠠᠶᠢᠲᠤᠷ ᠵᠤᠬᠢᠶᠠᠨ ᠪᠠᠶᠢᠭᠤᠯᠬᠤ ᠶ᠋ᠢᠨ ᠳᠠᠭᠠᠤ ᠳ᠋ᠦᠩᠨᠡᠯᠲᠡ ᠬᠢᠵᠦ ᠰᠢᠯᠭᠠᠨ ᠠᠪᠬᠤ ᠠᠵᠢᠯ  ᠢ ᠰᠠᠶᠢᠲᠤᠷ ᠬᠢᠵᠦ ᠂ ᠵᠠᠷᠢᠮ ᠪᠦᠬᠦ ᠲᠠᠯ᠎ᠠ ᠳ᠋ᠦ ᠬᠣᠯᠪᠣᠭᠳᠠᠬᠤ ᠴᠢᠬᠤᠯᠠ ᠶᠡᠬᠡ ᠠᠰᠠᠭᠤᠳᠠᠯ ᠳᠡᠭᠡᠷ᠎ᠡ ᠬᠠᠮᠲᠤ ᠶ᠋ᠢᠨ ᠲᠠᠨᠢᠯᠲᠠ ᠶ᠋ᠢ ᠪᠤᠢ ᠪᠣᠯᠭᠠᠨ ᠂ ᠠᠷᠭ᠎ᠠ ᠬᠡᠮᠵᠢᠶ᠎ᠡ ᠲᠣᠭᠲᠠᠭᠠᠵᠤ ᠂ ᠨᠠᠶᠢᠳᠠᠪᠤᠷᠢᠵᠢᠭᠤᠯᠤᠯᠲᠠ ᠶ᠋ᠢ ᠴᠢᠩᠭ᠎ᠠ ᠠᠳᠬᠤᠵᠤ ᠂ ᠪᠣᠳᠠᠰ  ᠤᠨ ᠦᠷ᠎ᠡ ᠪᠦᠲᠦᠭᠡᠯ  ᠢ ᠠᠬᠢᠭᠤᠯᠵᠤ ᠂ ᠦᠵᠡᠯ ᠰᠠᠨᠠᠭ᠎ᠠ ᠲᠠᠨᠢᠯᠲᠠ ᠶ᠋ᠢᠨ ᠦᠷ᠎ᠡ ᠪᠦᠲᠦᠭᠡᠯ ᠢ ᠪᠤᠳᠠᠰ ᠤᠨ ᠦᠷ᠎ᠡ ᠪᠦᠲᠦᠭᠡᠯ ᠵᠦᠭ ᠬᠤᠪᠢᠷᠠᠨ ᠰᠢᠯᠵᠢᠬᠦ ᠶ᠋ᠢ ᠲᠦᠯᠬᠢᠨ ᠠᠬᠢᠭᠤᠯᠵᠦ ᠂ ᠡᠬᠡ ᠣᠷᠣᠨᠴᠢ ᠦᠵᠡᠯ ᠤᠨ ᠬᠥᠮᠦᠵᠢᠯ ᠢ ᠭᠦᠨᠵᠡᠭᠡᠶ ᠥᠷᠨᠢᠭᠦᠯᠵᠦ ᠂ ᠦᠵᠡᠯ ᠰᠠᠨᠠᠭ᠎ᠠ ᠤᠯᠤᠰ ᠲᠦᠷᠦ ᠶ᠋ᠢᠨ ᠠᠵᠢᠯ  ᠢ ᠴᠢᠩᠭᠠᠳᠬᠠᠵᠤ ᠂ ᠰᠤᠶᠤᠯ ᠤᠨ ᠵᠠᠬ᠎ᠠ ᠳᠡᠯᠭᠡᠭᠦᠷ  ᠢ ᠴᠡᠭᠴᠡᠯᠡᠵᠦ ᠂ ᠨᠡᠶᠢᠭᠡᠮ ᠵᠢᠷᠤᠮ ᠤᠨ ᠤᠳᠬ᠎ᠠ ᠤᠷᠠᠯᠢᠭ  ᠢ ᠴᠡᠴᠡᠭᠯᠡᠨ ᠬᠦᠭᠵᠢᠬᠦᠯᠵᠦ ᠂ ᠡᠷᠡᠭᠦᠯ ᠦᠭᠡᠳᠡᠷᠬᠡᠭ ᠂ ᠡᠷᠡᠭᠦᠯ ᠴᠢᠬᠢᠷᠠᠭ ᠪᠠᠳᠡᠪᠰᠢᠵᠦ ᠪᠠᠶᠢᠭ᠎ᠠ ᠣᠶᠤᠨ ᠰᠠᠨᠠᠭᠠᠨ ᠤ ᠪᠦᠲᠦᠭᠡᠭᠳᠡᠬᠦᠨ ᠪᠠᠷ ᠪᠥᠬᠥ ᠣᠷᠣᠨ  ᠤ ᠠᠷᠠᠳ ᠲᠦᠮᠡᠨ  ᠢ ᠬᠦᠮᠦᠵᠢᠭᠦᠯᠵᠦ ᠂ ᠵᠤᠷᠢᠭᠵᠢᠭᠤᠯᠬᠤ ᠪᠦᠭᠡᠳ ᠳᠠᠶᠢᠯᠠᠨ ᠳᠠᠭᠠᠭᠤᠯᠵᠤ ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶ᠋ᠢᠨ ᠲᠦᠯᠦᠭᠡ ᠬᠠᠯᠠᠭᠤᠨ ᠰᠡᠳᠬᠢᠯᠭᠡ ᠪᠤᠯᠤᠨ ᠡᠭᠦᠳᠦᠨ ᠪᠦᠲᠦᠭᠡᠬᠦ ᠵᠣᠷᠢᠭ ᠰᠠᠨᠠᠭ᠎ᠠ ᠲᠠᠶ ᠪᠠᠶᠢᠬᠤ ᠶ᠋ᠢ ᠨᠢ ᠳᠠᠶᠢᠴᠢᠯᠠᠬᠤ ᠬᠡᠷᠡᠭᠲᠡᠢ᠃
    ᠬᠣᠲᠠ ᠬᠦᠳᠡᠭᠡ ᠶ᠋ᠢᠨ ᠬᠦᠴᠢᠷᠳᠡᠯ ᠢ ᠳᠡᠮᠵᠢᠬᠦ ᠂ ᠬᠥᠳᠡᠭᠡ ᠲᠣᠰᠬᠣᠨ ᠮᠠᠯᠵᠢᠬᠤ ᠣᠷᠣᠨ  ᠤ ᠶᠠᠳᠠᠭᠤ  ᠶ᠋ᠢ ᠲᠡᠳᠬᠦᠬᠦ ᠠᠵᠢᠯ ᠢ ᠴᠢᠷᠮᠠᠶᠢᠨ ᠳᠡᠭᠡᠭᠰᠢᠯᠡᠭᠦᠯᠵᠦ ᠂ ᠠᠷᠠᠳ ᠣᠯᠠᠨ ᠤ ᠠᠮᠢᠳᠤᠷᠠᠯ  ᠤᠨ ᠬᠢᠷᠢ ᠬᠡᠮᠵᠢᠶ᠎ᠡ ᠶ᠋ᠢ ᠴᠢᠷᠮᠠᠶᠢᠨ ᠳᠡᠭᠡᠭᠰᠢᠯᠡᠬᠦᠯᠬᠦ ᠭᠡᠷᠡᠭᠲᠡᠢ ᠃ ᠪᠤᠳᠠᠳᠤ ᠠᠷᠭ᠎ᠠ ᠬᠡᠮᠵᠢᠶ᠎ᠡ ᠠᠪᠴᠤ ᠂ ᠬᠦᠴᠢᠷᠳᠡᠯ  ᠢ ᠲᠡᠳᠬᠦᠬᠦ ᠪᠠ ᠶᠠᠳᠠᠭᠤ  ᠶ᠋ᠢ ᠲᠡᠳᠬᠦᠬᠦ ᠠᠵᠢᠯ  ᠢ ᠰᠠᠶᠢᠲᠤᠷ ᠬᠢᠬᠦ ᠬᠡᠷᠡᠭᠲᠡᠶ ᠃ ᠡᠳᠡᠭᠡᠷ ᠨᠢ ᠦᠭᠡᠷᠡᠴᠢᠯᠡᠯᠲᠡ ᠂ ᠬᠥᠭᠵᠢᠯᠲᠡ ᠂ ᠶᠡᠬᠡᠲᠠᠯ᠎ᠠ ᠶ᠋ᠢ ᠲᠣᠭᠲᠠᠭᠤᠨ ᠪᠠᠶᠢᠯᠭᠠᠬᠤ ᠪᠣᠯᠤᠨ ᠠᠷᠠᠳ ᠲᠦᠮᠡᠨ  ᠦ ᠠᠮᠢ ᠪᠡᠶ᠎ᠡ  ᠶ᠋ᠢᠨ ᠠᠰᠢᠭ ᠲᠤᠰᠠ ᠲᠠᠢ ᠬᠣᠯᠪᠣᠭᠳᠠᠬᠤ ᠶᠡᠬᠡ ᠶᠠᠪᠤᠳᠠᠯ ᠪᠤᠯᠬᠤ ᠪᠠᠷ ᠦᠯᠦ ᠪᠠᠷᠠᠮ ᠮᠥᠨ ᠴᠦ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠢ ᠢᠯᠡᠷᠡᠬᠦᠯᠬᠦ ᠂ ᠦᠨᠳᠦᠰᠦᠲᠡᠨ ᠨᠦᠭᠦᠳ  ᠤᠨ ᠠᠷᠠᠳ ᠲᠦᠮᠡᠨ ᠤ ᠬᠠᠮᠲᠤ ᠶ᠋ᠢᠨ ᠴᠢᠨᠡᠭᠡᠯᠢᠭᠵᠢᠯ ᠢ ᠪᠡᠶᠡᠯᠡᠭᠦᠯᠬᠦ ᠪᠤᠰᠤᠳᠴᠢ ᠱᠠᠭᠠᠷᠳᠠᠯᠭ᠎ᠠ ᠪᠤᠯᠬᠤ ᠶᠤᠮ ᠃ ᠪᠢᠳᠡ ᠡᠷᠬᠡᠪᠰᠢ ᠨᠠᠮ ᠠᠷᠠᠳ ᠲᠦᠮᠡᠨ  ᠳ᠋ᠤ ᠳᠡᠭᠡᠳᠦ ᠬᠡᠮᠵᠢᠶ᠎ᠡ ᠪᠡᠷ ᠬᠠᠷᠢᠭᠤᠴᠠᠬᠤ ᠤᠯᠤᠰ ᠲᠦᠷᠦ  ᠶ᠋ᠢᠨ ᠬᠠᠷᠢᠭᠤᠴᠠᠯᠭᠠᠲᠤ ᠰᠡᠳᠬᠢᠯᠭᠡ ᠪᠡᠷ ᠭᠦᠨᠵᠡᠭᠡᠶ ᠡᠨᠡ ᠬᠦ ᠠᠵᠢᠯ  ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠬᠤᠳᠠ ᠬᠥᠳᠡᠭᠡ ᠶ᠋ᠢᠨ ᠶᠠᠳᠠᠭᠤ ᠬᠦᠴᠢᠷᠳᠡᠯ ᠲᠡᠶ ᠬᠥᠮᠦᠨ ᠠᠮᠠ  ᠶ᠋ᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠶ᠋ᠢ ᠦᠨᠡᠨ ᠬᠦ ᠪᠠᠲᠤᠯᠠᠬᠤ ᠬᠡᠷᠡᠭᠲᠡᠶ ᠃ ᠨᠡᠶᠢᠭᠡᠮ  ᠤᠨ ᠠᠮᠤᠷ ᠲᠦᠪᠰᠢᠨ  ᠢᠶᠡ ᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ ᠂ ᠳᠡᠭᠡᠷ᠎ᠡ ᠡᠴᠡ ᠳᠣᠷᠣᠭᠰᠢ ᠬᠦᠷᠲᠡᠯ᠎ᠡ ᠨᠡᠶᠢᠭᠡᠮ  ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ  ᠶ᠋ᠢᠨ ᠲᠦᠷᠢᠮ  ᠢ ᠪᠠᠶᠢᠭᠤᠯᠬᠤ ᠪᠦᠭᠡᠳ ᠨᠠᠶᠢᠳᠠᠪᠤᠷᠢᠵᠢᠭᠤᠯᠵᠤ ᠂ ᠳᠠᠷᠤᠩᠭᠤᠶᠢᠯᠠᠬᠤ ᠪᠠᠶᠢᠭᠤᠯᠤᠯᠭ᠎ᠠ ᠶ᠋ᠢᠨ ᠡᠭᠦᠷᠭᠡ ᠴᠢᠳᠠᠪᠤᠷᠢ  ᠶ᠋ᠢᠨ ᠦᠢᠯᠡᠳᠦᠯ  ᠢ ᠬᠦᠢᠴᠡᠳ ᠪᠠᠳᠠᠷᠠᠭᠤᠯᠵᠤ ᠂ ᠪᠦᠬᠦ ᠣᠷᠣᠨ  ᠤ ᠪᠦᠯᠬᠦᠮᠳᠡᠯ ᠢ ᠬᠠᠮᠠᠭᠠᠯᠠᠵᠤ ᠂ ᠨᠡᠶᠢᠭᠡᠮ  ᠤᠨ ᠲᠣᠭᠲᠠᠭᠤᠨ ᠪᠠᠶᠢᠳᠠᠯ ᠶ᠋ᠢ ᠪᠠᠲᠤᠯᠠᠨ ᠂ ᠥᠭᠡᠷᠡᠴᠢᠯᠡᠯᠲᠡ ᠨᠡᠭᠡᠭᠡᠯᠲᠡ ᠪᠠ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠳ᠋ᠤ ᠰᠠᠢᠢᠨ ᠰᠠᠶᠢᠬᠠᠨ ᠣᠷᠴᠢᠨ ᠨᠥᠬᠥᠴᠡᠯ ᠢ ᠪᠤᠢ ᠪᠤᠯᠭᠠᠵᠤ ᠦᠭᠭᠦᠨ᠎ᠡ ᠃
    ᠲᠠᠪᠤ᠋ ᠳ᠋ᠤ ᠂ ᠨᠠᠮ ᠤᠨ ᠪᠠᠶᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠬᠠᠵᠤ ᠂ ᠨᠠᠮ ᠤᠨ ᠤᠳᠤᠷᠢᠳᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠥᠷᠭᠡᠨ ᠣᠯᠠᠨ ᠨᠠᠮ  ᠤᠨ ᠭᠡᠰᠢᠭᠦᠨ ᠺᠠᠳ᠋ᠷᠴᠤᠳ ᠳ᠋ᠧᠩ ᠰᠢᠶᠦᠦ ᠫᠢᠩ ᠨᠥᠬᠥᠷ  ᠤᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠤᠨᠤᠯ ᠢ ᠨᠠᠷᠢᠨ ᠬᠢᠨᠠᠮᠠᠭᠠᠢ ᠰᠤᠷᠤᠯᠴᠠᠵᠤ ᠂ ᠤᠨᠴᠠᠭᠠᠶᠢᠯᠠᠨ《 ᠬᠦᠲᠦᠯᠪᠦᠷᠢ》 ᠶ᠋ᠢ ᠰᠤᠷᠤᠯᠴᠠᠬᠤ ᠶ᠋ᠢ ᠴᠢᠬᠤᠯᠠ ᠪᠠᠶᠢᠷᠢᠨ  ᠳ᠋ᠦ ᠲᠠᠯᠪᠢᠵᠤ ᠂ ᠤᠨᠦᠯ ᠢ ᠪᠣᠳᠠᠲᠤ ᠪᠠᠶᠢᠳᠠᠯ ᠲᠠᠶ ᠤᠶᠠᠯᠳᠤᠭᠤᠯᠬᠤ ᠢ ᠪᠠᠷᠢᠮᠲᠠᠯᠠᠵᠤ ᠂ ᠡᠭᠦᠨ ᠤ ᠤᠯᠠᠮ ᠪᠠᠷ ᠪᠦᠬᠦ ᠣᠷᠣᠨ  ᠤ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷᠴᠤᠳ  ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠢᠭᠡᠳᠭᠡᠬᠦ ᠶ᠋ᠢ ᠠᠬᠢᠭᠤᠯᠤᠨ ᠂ ᠠᠵᠤ ᠠᠬᠤᠶ  ᠶ᠋ᠢᠨ ᠪᠦᠲᠦᠭᠡᠨ ᠪᠠᠶᠢᠭᠤᠯᠤᠯᠲᠠ ᠪᠤᠯᠤᠨ ᠡᠯ᠎ᠡ ᠲᠦᠷᠦᠯ ᠦᠨ ᠠᠵᠢᠯ ᠤᠨ ᠤᠷᠤᠭᠰᠢᠲᠠᠢ ᠶᠠᠪᠤᠭᠳᠠᠬᠤ ᠶ᠋ᠢ ᠵᠢᠯᠤᠭᠤᠳᠤᠨ᠎ᠠ ᠃ ᠡᠨᠡ ᠵᠢᠯ ᠦᠨ ᠳᠤᠤᠷ᠎ᠠ ᠬᠠᠭᠠᠰ ᠵᠢᠯ ᠳ᠋ᠦ ᠂ ᠪᠦᠬᠦ ᠤᠷᠤᠨ ᠤ ᠬᠤᠰᠢᠭᠤ ᠰᠢᠶᠠᠨ ᠤ ᠨᠠᠮ ᠤᠨ ᠬᠤᠷᠢᠶ᠎ᠠ ᠨᠢ ᠤᠳᠤᠷᠢᠳᠬᠤ ᠪᠠᠭ ᠢᠶᠡᠨ ᠬᠤᠭᠤᠴᠠᠭ᠎ᠠ ᠰᠤᠯᠢᠭᠰᠠᠨ ᠪᠠᠶᠢᠨ᠎ᠠ ᠃ ᠡᠨᠡ ᠤᠳᠠᠭᠠᠨ ᠤ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠤᠷᠤᠭᠰᠢᠲᠠᠢ ᠶᠠᠪᠤᠭᠳᠠᠬᠤ ᠡᠰᠡᠬᠦ ᠨᠢ ᠮᠠᠨ ᠤ ᠤᠷᠤᠨ ᠤ ᠦᠭᠡᠷᠡᠴᠢᠯᠡᠯᠲᠡ ᠨᠡᠭᠡᠭᠡᠯᠲᠡ ᠂ ᠠᠵᠤ ᠠᠬᠤᠢ ᠶ᠋ᠢᠨ ᠬᠦᠭᠵᠢᠯᠲᠡ ᠪᠤᠯᠤᠨ ᠺᠠᠲᠠᠷ ᠤᠨ ᠪᠦᠯᠬᠦᠮ ᠦᠨ ᠪᠦᠲᠦᠭᠡᠨ ᠪᠠᠶᠢᠭᠤᠯᠤᠯᠲᠠ ᠶ᠋ᠢᠨ ᠠᠵᠢᠯ ᠳ᠋ᠤ ᠴᠢᠬᠤᠯᠠ ᠨᠦᠯᠦᠭᠡ ᠳᠤᠰᠬᠠᠯ ᠭᠠᠷᠭᠠᠬᠤ ᠪᠤᠯᠤᠨ᠎ᠠ ᠃ ᠡᠯ ᠱᠠᠲᠤᠨ ᠤ ᠨᠠᠮ ᠤᠨ ᠬᠤᠷᠢᠶᠠᠨ ᠡᠴᠠ ᠨᠠᠷᠢᠯᠢᠭ ᠵᠤᠬᠢᠶᠠᠨ ᠪᠠᠶᠢᠭᠤᠯᠵᠦ ᠂ ᠨᠢᠮᠪᠠᠢ ᠲᠤᠬᠢᠷᠠᠭᠤᠯᠤᠨ ᠂ ᠲᠤᠰ ᠤᠳᠠᠭᠠᠨ ᠤ ᠬᠤᠭᠤᠴᠠᠭ᠎ᠠ ᠰᠤᠯᠢᠬᠤ ᠠᠵᠢᠯᠯᠠᠭ᠎ᠠ ᠶ᠋ᠢᠨ ᠤᠷᠤᠭᠰᠢᠲᠠᠢ ᠶᠠᠪᠤᠭᠳᠠᠬᠤ ᠶ᠋ᠢ ᠪᠠᠲᠤᠯᠠᠬᠤ ᠬᠡᠷᠡᠭᠲᠡᠢ ᠃ ᠳᠦᠷᠪᠡᠳᠦᠭᠡᠷ ᠪᠦᠭᠦᠳᠡ ᠬᠤᠷᠠᠯ ᠤᠨ ᠰᠢᠢᠳᠪᠦᠷᠢ ᠪᠤᠯᠤᠨ ᠲᠦᠪ ᠦᠨ ᠬᠠᠮᠢᠶ᠎ᠠ ᠪᠦᠬᠦᠢ ᠮᠠᠲ᠋ᠧᠷᠢᠶᠠᠯ ᠤᠨ ᠵᠤᠷᠢᠭ ᠰᠠᠨᠠᠭ᠎ᠠ  ᠶᠤᠰᠤᠭᠠᠷ ᠂ ᠺᠠᠲᠠᠷᠴᠤᠳ ᠤᠨ ᠰᠤᠶᠤᠯ ᠪᠤᠯᠪᠠᠰᠤᠷᠠᠯ ᠨᠢᠭᠡᠳᠦᠭᠰᠡᠨ 《 ᠳᠦᠷᠪᠡᠨ ᠤᠳᠤ ᠬᠢᠴᠢᠯᠠᠯᠲᠠ 》 ᠶ᠋ᠢᠨ ᠶᠤᠰᠤᠭᠠᠷ ᠨᠢᠭᠡ ᠪᠦᠯᠦᠭ ᠦᠭᠡᠷᠡᠴᠢᠯᠡᠯᠲᠡ ᠨᠡᠭᠡᠭᠡᠯᠲᠡ ᠶ᠋ᠢ ᠡᠷᠡᠰ ᠪᠠᠷᠢᠮᠲᠠᠯᠠᠳᠠᠭ ᠂ ᠵᠠᠰᠠᠭ ᠤᠨ ᠠᠮᠵᠢᠯᠲᠠ ᠲᠠᠢ ᠂ ᠠᠷᠠᠳ ᠲᠦᠮᠡᠨ ᠳ᠋ᠦ ᠨᠠᠶᠢᠳᠡᠮ ᠮᠡᠳᠡᠷᠡᠭᠳᠡᠭᠰᠡᠨ ᠰᠢᠯᠢᠳᠡᠭ ᠺᠠᠲᠠᠷ ᠢ ᠤᠳᠤᠷᠢᠳᠬᠤ ᠪᠠᠭ ᠤᠨ ᠪᠠᠶᠢᠷᠢᠨ ᠳ᠋ᠤ ᠲᠤᠬᠢᠷᠠᠭᠤᠯᠵᠤ ᠂ ᠬᠤᠰᠢᠭᠤ ᠰᠢᠶᠠᠨ ᠤ ᠤᠳᠤᠷᠢᠳᠬᠤ ᠪᠠᠭ ᠤᠨ ᠬᠢ ᠶ᠋ᠢ ᠨᠠᠰᠤ ᠵᠢᠯ ᠂ ᠮᠡᠳᠡᠯᠭᠡ ᠪᠤᠯᠤᠨ ᠦᠨᠳᠦᠰᠦᠲᠡᠨ ᠦ ᠪᠦᠲᠦᠴᠡ ᠶ᠋ᠢᠨ ᠲᠠᠯ᠎ᠠ ᠪᠠᠷ ᠤᠯᠠᠮ ᠢᠯᠡᠬᠦᠦ ᠵᠤᠬᠢᠰᠲᠠᠢ ᠪᠤᠯᠭᠠᠨ᠎ᠠ ᠃ ᠬᠤᠰᠢᠭᠤ ᠰᠢᠶᠠᠨ ᠤ ᠬᠤᠭᠤᠴᠠᠭ᠎ᠠ ᠰᠤᠯᠢᠬᠤ ᠠᠵᠢᠯ  ᠢ ᠠᠰᠢᠭᠯᠠᠨ ᠂ ᠺᠠᠲᠠᠷᠴᠤᠳ ᠤᠨ ᠰᠤᠯᠢᠯᠴᠠᠭᠠᠨ ᠤ ᠡᠷᠴᠢᠮ ᠢ ᠴᠢᠩᠭᠠᠷᠠᠭᠤᠯᠵᠤ ᠂ ᠺᠠᠲᠠᠷ ᠂ ᠬᠦᠮᠦᠨ ᠦ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶ᠋ᠢ ᠠᠬᠢᠭᠤᠯᠬᠤ ᠬᠡᠷᠡᠭᠲᠡᠢ ᠃ ᠡᠯ᠎ᠡ ᠱᠠᠲᠤᠨ  ᠤ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠤᠨ ᠺᠦᠩ ᠹᠠᠨ ᠰᠧᠨ ᠨᠥᠬᠥᠷ  ᠡᠴᠡ ᠳᠠᠭᠠᠨ ᠰᠤᠷᠤᠯᠴᠠᠬᠤ ᠠᠵᠢᠯᠯᠠᠭ᠎ᠠ  ᠶ᠋ᠢ ᠭᠦᠨᠵᠡᠭᠡᠢ ᠪᠦᠭᠡᠳ ᠤᠳᠠᠭᠠᠨ ᠳᠠᠭᠠᠮᠠᠭᠠᠢ ᠪᠠᠷ ᠦᠷᠭᠦᠯᠵᠢᠯᠡᠭᠦᠯᠬᠦ ᠭᠡᠷᠡᠭᠲᠡᠢ ᠃ ᠥᠷᠭᠡᠨ ᠤᠯᠠᠨ ᠨᠠᠮ  ᠤᠨ ᠭᠡᠰᠢᠭᠦᠨ ᠪᠠ ᠡᠯ᠎ᠡ ᠱᠠᠲᠤᠨ  ᠤ ᠺᠠᠲᠠᠷ ᠪᠦᠬᠦᠨ ᠴᠥᠮ ᠺᠦᠩ ᠹᠠᠨ ᠰᠸᠨ ᠨᠥᠬᠥᠷ  ᠢᠶᠠᠷ ᠳᠠᠭᠤᠷᠢᠶᠠᠯ ᠪᠣᠯᠭᠠᠵᠤ ᠂ ᠪᠦᠬᠦ ᠰᠡᠳᠬᠢᠯ ᠪᠦᠬᠦ ᠵᠤᠷᠢᠭ ᠢᠶᠠᠷ ᠢᠶᠡᠨ ᠠᠷᠠᠳ ᠲᠦᠮᠡᠨ ᠤ ᠠᠰᠢᠭ ᠲᠤᠰᠠ ᠶ᠋ᠢᠨ ᠲᠥᠯᠥᠭᠡ ᠵᠢᠳᠬᠦᠵᠦ᠂ ᠦᠨᠡᠨᠬᠦ ᠤᠴᠢᠷ ᠶᠠᠪᠤᠳᠠᠯ ᠬᠢᠬᠦ ᠬᠡᠷᠡᠭᠲᠡᠢ ᠃ ᠠᠷᠠᠳ ᠲᠦᠮᠡᠨ  ᠢ ᠬᠠᠶᠢᠷᠠᠯᠠᠬᠤ ᠂ ᠠᠷᠠᠳ ᠲᠦᠮᠡᠨ  ᠳ᠋ᠦ ᠦᠢᠯᠡᠴᠢᠯᠡᠬᠦ ᠠᠯᠪᠠ ᠵᠠᠷᠤᠴᠠ  ᠶ᠋ᠢᠨ ᠤᠬᠠᠮᠰᠠᠷ ᠪᠣᠯᠤᠨ ᠬᠠᠶᠢᠷ᠎ᠠ ᠰᠡᠳᠬᠢᠯᠭᠡ ᠪᠡᠷ ᠢᠮᠠᠭᠲᠠ ᠤᠯᠠᠨ ᠲᠦᠮᠡᠨ  ᠤᠨ ᠬᠦᠴᠢᠷ ᠵᠣᠪᠠᠭᠤᠷᠢ  ᠶ᠋ᠢ ᠰᠡᠳᠬᠢᠯ ᠳ᠋ᠡᠬᠡᠨ ᠪᠤᠳᠤᠵᠤ ᠂ ᠦᠨᠳᠦᠰᠦᠨ ᠱᠠᠲᠤᠨ  ᠳ᠋ᠦᠭᠦᠨᠵᠡᠭᠡᠶᠢᠷᠡᠵᠦ ᠂ ᠤᠯᠠᠨ ᠲᠦᠮᠡᠨ  ᠤ ᠳᠤᠮᠳᠠ ᠭᠦᠨᠵᠡᠭᠡᠶᠢᠷᠡᠵᠦ ᠂ ᠤᠨᠴᠠᠭᠠᠶᠢᠯᠠᠨ ᠪᠡᠷᠬᠡ ᠬᠠᠲᠠᠭᠤᠵᠢᠯᠲᠠᠶ ᠭᠠᠵᠠᠷ ᠣᠷᠣᠨ  ᠳ᠋ᠤ ᠭᠦᠨᠵᠡᠭᠡᠶᠢᠷᠡᠵᠦ ᠂ ᠯᠠᠪᠳᠠᠭᠤᠨ ᠪᠠᠲᠤᠲᠠᠶ ᠪᠠᠶᠢᠴᠠᠭᠠᠨ ᠰᠤᠳᠤᠯᠤᠯᠲᠠ ᠬᠢᠵᠦ ᠂ ᠣᠯᠠᠨ ᠲᠦᠮᠡᠨ  ᠦ ᠰᠠᠨᠠᠯ  ᠢ ᠬᠢᠨᠠᠮᠠᠭᠠᠶ ᠰᠣᠨᠣᠰᠴᠤ ᠂ ᠪᠦᠬᠦ ᠬᠦᠴᠦᠨ  ᠢᠶ᠋ᠡᠨ ᠰᠢᠪᠬᠠᠵᠤ ᠣᠯᠠᠨ ᠲᠦᠮᠡᠨ  ᠳ᠋ᠦ ᠰᠠᠶᠢᠨ ᠶᠠᠪᠤᠳᠠᠯ ᠬᠢᠬᠦ ᠬᠡᠷᠡᠭᠲᠡᠢ᠃ ᠢᠯᠵᠠᠷᠠᠯ ᠢᠡᠰᠡᠷᠭᠦᠴᠡᠬᠦ ᠲᠡᠮᠡᠴᠡᠯ  ᠢ ᠤᠯᠠᠮ ᠨᠢᠭᠡ ᠠᠯᠬᠤᠮ ᠴᠢᠩᠭᠠᠳᠬᠠᠵᠤ ᠂ ᠶᠡᠬᠡ ᠬᠡᠷᠡᠭ ᠴᠢᠬᠤᠯᠠ ᠬᠡᠷᠡᠭ  ᠢ ᠪᠠᠶᠢᠴᠠᠭᠠᠨ ᠰᠢᠶᠳᠪᠦᠷᠢᠯᠡᠬᠦ ᠡᠷᠴᠢᠮ  ᠪᠡᠨ ᠴᠢᠩᠭᠠᠷᠠᠭᠤᠯᠵᠤ ᠂ ᠠᠵᠢᠯ ᠲᠥᠷᠥᠯ  ᠤᠨ ᠲᠥᠪ ᠪᠤᠰᠤ ᠰᠤᠷᠲᠠᠯ ᠢ ᠡᠷᠬᠡᠪᠰᠢ ᠵᠠᠯᠠᠷᠠᠭᠤᠯᠬᠤ ᠬᠡᠷᠡᠭᠲᠡᠢ ᠃ ᠡᠯ᠎ᠡ ᠱᠠᠲᠤᠨ  ᠤ ᠤᠳᠤᠷᠢᠳᠬᠤ ᠺᠠᠳ᠋ᠷᠴᠤᠳ ᠵᠠᠪᠠᠯ ᠸᠠᠩ ᠪᠦᠦ ᠰᠸᠨ  ᠤ ᠬᠠᠤᠯᠢ ᠶ᠋ᠢ ᠵᠥᠷᠢᠴᠡᠭᠰᠡᠨ ᠶᠠᠯᠠᠲᠤ ᠬᠡᠷᠡᠭ  ᠡᠴᠡ ᠰᠤᠷᠭᠠᠮᠵᠢ ᠠᠪᠴᠤ ᠂ ᠢᠯᠵᠠᠷᠠᠯ  ᠢ ᠡᠰᠡᠷᠭᠦ ᠴᠡᠨᠬᠤᠪᠢᠷ ᠠᠭᠤᠯᠤᠯᠲᠠ  ᠶ᠋ᠢ ᠰᠡᠷᠭᠡᠶᠢᠯᠡᠬᠦ ᠴᠢᠳᠠᠪᠤᠷᠢ  ᠪᠡᠨ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ ᠃ ᠨᠠᠮ  ᠤᠨ ᠳᠣᠲᠣᠭᠠᠳᠤ ᠶ᠋ᠢᠨ ᠬᠢᠨᠠᠯᠲᠠ ᠂ ᠤᠯᠠᠨ ᠲᠦᠮᠡᠨ  ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ  ᠤ ᠬᠢᠨᠠᠯᠲᠠ ᠶ᠋ᠢ ᠤᠬᠠᠮᠰᠠᠷ  ᠡᠴᠡ ᠪᠠᠨ ᠬᠦᠯᠢᠶᠡᠵᠦ ᠂ ᠵᠣᠭᠣᠰ ᠮᠥᠩᠭᠥᠨ  ᠳ᠋ᠤ ᠰᠢᠨᠤᠬᠠᠶᠢᠷᠠᠬᠤ ᠦᠵᠡᠯ᠂ ᠭᠡᠳᠦ ᠬᠤᠪᠢᠨᠴᠢᠷ ᠦᠵᠡᠯ ᠪᠣᠯᠤᠨ ᠢᠯᠵᠠᠷᠠᠮᠠᠯ ᠠᠮᠢᠳᠤᠷᠠᠯ  ᠤᠨ ᠠᠷᠭ᠎ᠠ ᠮᠠᠶ᠋ᠢᠭ  ᠤᠨ ᠨᠡᠷᠪᠡᠯᠲᠡ ᠢ ᠲᠡᠪᠴᠢᠵᠦ ᠂ ᠤᠯᠠᠨ ᠲᠦᠮᠡᠨ ᠪᠣᠯᠤᠨ ᠦᠨᠳᠦᠰᠦᠨᠨ ᠱᠠᠲᠤᠨ ᠤ ᠺᠠᠲᠠᠷ ᠤᠨ ᠳᠣᠲᠣᠷᠠᠬᠢ ᠰᠠᠢᠢᠨ ᠰᠠᠶᠢᠬᠠᠨ ᠲᠦᠷᠢ ᠲᠥᠷᠬᠦ ᠶ᠋ᠢ ᠪᠤᠢ ᠪᠣᠯᠭᠠᠬᠤ ᠴᠢᠬᠤᠯᠠᠲᠠᠢ ᠃
    ᠬᠣᠶᠢᠰᠢᠳᠠ  ᠶ᠋ᠢᠨ ᠠᠵᠢᠯ ᠤᠨ ᠡᠭᠦᠷᠭᠡ  ᠶ᠋ᠢ ᠨᠢᠭᠡᠨᠲᠡ ᠲᠣᠳᠣᠷᠬᠠᠶ ᠪᠤᠯᠭᠠᠵᠦ ᠂ ᠳᠠᠷᠠᠭᠠᠴᠢ ᠶ᠋ᠢᠨ ᠠᠯᠬᠤᠮ ᠤᠨ ᠠᠵᠢᠯ  ᠢ ᠰᠠᠶᠢᠲᠤᠷ ᠬᠢᠬᠦ ᠵᠠᠩᠭᠢᠯᠠᠭ᠎ᠠ ᠨᠢ ᠡᠯ᠎ᠡ ᠱᠠᠲᠤᠨ  ᠤ ᠺᠠᠲᠠᠷᠴᠤᠳ ᠦᠨᠡᠨᠬᠦ ᠪᠣᠳᠠᠲᠠᠶ  ᠠᠵᠢᠯ ᠢ ᠬᠢᠵᠦ ᠂ ᠡᠯ᠎ᠡ ᠵᠦᠢᠯ  ᠤᠨ ᠰᠢᠢᠳᠪᠦᠷᠢᠲᠦ ᠪᠤᠳᠤᠯᠭ᠎ᠠ ᠶ᠋ᠢ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ ᠃ ᠡᠯ᠎ᠡ ᠲᠦᠷᠦᠯ  ᠤᠨ ᠠᠵᠢᠯ ᠵᠠᠪᠠᠯ ᠤᠳᠤᠷᠢᠳᠤᠯᠭ᠎ᠠ ᠲᠠᠢ ᠂ ᠬᠠᠷᠠᠯᠲᠠ ᠲᠠᠢ ᠪᠦᠭᠡᠳ ᠬᠠᠷᠢᠭᠤᠴᠠᠯᠭ᠎ᠠ  ᠶ᠋ᠢᠨ ᠲᠦᠷᠢᠮ  ᠂ ᠲᠣᠳᠣᠷᠬᠠᠶ ᠴᠠᠭ  ᠤᠨ ᠬᠢᠵᠠᠭᠠᠷ  ᠤᠨ ᠱᠠᠭᠠᠷᠳᠠᠯᠭ᠎ᠠ ᠪᠠ ᠱᠠᠩᠨᠠᠵᠤ ᠲᠣᠷᠭᠠᠬᠤ ᠪᠠᠷᠢᠮᠵᠢᠶ᠎ᠠ ᠲᠠᠢ ᠪᠡᠶᠢᠵᠦ ᠂ ᠨᠢᠭᠡ ᠳᠡᠰ ᠨᠢᠭᠡ ᠳᠡᠰ ᠢᠶ᠋ᠡᠷ ᠠᠳᠬᠤᠵᠤ ᠪᠤᠳᠠᠲᠠᠢ ᠦᠷ᠎ᠡ ᠪᠦᠲᠦᠮᠵᠢ ᠭᠠᠷᠭᠠᠬᠤ ᠴᠢᠬᠤᠯᠠᠲᠠᠢ᠃ ᠳᠣᠣᠷ᠎ᠠ ᠬᠠᠭᠠᠰ ᠵᠢᠯ ᠳ᠋ᠤ ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠣᠷᠢᠶ᠎ᠠ ᠂ ᠵᠠᠰᠠᠭ  ᠤᠨ ᠣᠷᠳᠣᠨ  ᠡᠴᠠ ᠬᠢᠨᠠᠨ ᠪᠠᠶᠢᠴᠠᠭᠠᠬᠤ ᠠᠵᠢᠯ  ᠤᠨ ᠡᠷᠴᠢᠮ  ᠢᠶᠡᠨ ᠴᠢᠩᠭᠠᠷᠠᠭᠤᠯᠵᠤ ᠂ ᠰᠠᠢᠢᠨ  ᠢ ᠨᠢ ᠰᠠᠶᠢᠰᠢᠶᠠᠵᠤ ᠂ ᠡᠭᠦᠷᠭᠡ ᠪᠡᠨ ᠴᠠᠭ ᠲᠤᠬᠠᠶ ᠳᠤᠨᠢ ᠪᠡᠶᠡᠯᠡᠭᠦᠯᠵᠦ ᠴᠢᠳᠠᠬᠤ ᠦᠭᠡᠢ ᠪᠣᠯ ᠰᠢᠭᠦᠮᠵᠢᠯᠡᠬᠦ ᠴᠢᠬᠤᠯᠠᠲᠠᠢ ᠃ ᠴᠥᠭᠡᠨ ᠲᠣᠭᠠᠨ ᠤ ᠬᠠᠷᠢᠭᠤᠴᠠᠯᠭ᠎ᠠ ᠪᠠᠨ ᠠᠯᠳᠠᠭᠰᠠᠨ ᠪᠤᠶᠤ ᠴᠢᠨᠠᠭᠰᠢᠯᠠᠪᠠᠯ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ ᠢ ᠡᠷᠬᠡᠪᠰᠢ ᠴᠢᠩᠭ᠎ᠠ ᠰᠢᠢᠳᠬᠡᠬᠦ ᠬᠡᠷᠡᠭᠲᠡᠢ᠃ ᠡᠭᠦᠨ ᠳ᠋ᠦ ᠵᠠᠪᠠᠯ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠥᠬᠥᠷᠡᠰᠢ ᠦᠭᠡᠢ ᠴᠢᠷᠮᠠᠶᠢᠨ ᠂ ᠪᠥᠬᠥ ᠣᠷᠣᠨ  ᠤ ᠡᠯ᠎ᠡ ᠱᠠᠲᠤᠨ ᠤ ᠤᠳᠤᠷᠢᠳᠬᠤ ᠪᠠᠶᠢᠭᠤᠯᠤᠯᠭ᠎ᠠ ᠪᠠ ᠥᠷᠭᠡᠨ ᠤᠯᠠᠨ ᠺᠠᠳ᠋ᠷᠴᠤᠳ  ᠤᠨ ᠳᠤᠮᠳᠠ ᠦᠷ᠎ᠡ ᠪᠦᠲᠦᠮᠵᠢᠲᠠᠢ ᠂ ᠰᠢᠨ᠎ᠡ  ᠶ᠋ᠢ ᠡᠬᠦᠳᠦᠭᠰᠡᠨ ᠂ ᠴᠢᠬᠡᠴᠢ ᠂ ᠪᠣᠳᠠᠲᠠᠢ ᠶ᠋ᠢ ᠡᠷᠬᠢᠮᠯᠡᠭᠰᠡᠨ ᠰᠠᠢᠢᠨ ᠰᠠᠶᠢᠬᠠᠨ ᠬᠡᠪ ᠰᠤᠷᠲᠠᠯ  ᠢ ᠪᠤᠢ ᠪᠣᠯᠭᠠᠬᠤ ᠬᠡᠷᠡᠭᠲᠡᠶ ᠃
    ᠭᠤᠷᠪᠠ ᠂ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢ ᠲᠣᠭᠲᠠᠭᠠᠬᠤ ᠲᠤᠬᠠᠶ ᠵᠢᠯᠣᠭᠣᠳᠬᠤ ᠦᠵᠡᠯ ᠰᠠᠨᠠᠭ᠎ᠠ ᠪᠣᠯᠤᠨ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢ ᠪᠡᠶᠡᠯᠡᠭᠦᠯᠬᠦ ᠬᠡᠳᠦᠨ ᠪᠠᠶᠢᠯᠳᠤᠬᠤ ᠪᠤᠳᠤᠯᠭ᠎ᠠ  ᠶ᠋ᠢᠨ ᠴᠢᠨᠠᠷᠲᠠᠶ ᠠᠰᠠᠭᠤᠳᠠᠯ ᠶᠢᠰᠦᠳᠦᠭᠡᠷ ᠲᠠᠪᠤᠨ ᠵᠢᠯ  ᠤᠨ ᠲᠥᠯᠥᠪᠯᠡᠭᠡᠨ  ᠤ ᠬᠤᠭᠤᠴᠠᠭᠠᠨ ᠪᠤᠯ ᠮᠠᠨ ‍ᠤ ᠣᠷᠣᠨ  ᠤ ᠠᠵᠤ ᠠᠬᠤᠶ ᠨᠡᠶᠢᠭᠡᠮ  ᠤᠨ ᠬᠥᠭᠵᠢᠯᠲᠡ ᠶ᠋ᠢᠨ ᠵᠠᠩᠭᠢᠯᠠᠭ᠎ᠠ  ᠶ᠋ᠢᠨ ᠴᠠᠭ ᠦᠶ᠎ᠡ ᠪᠤᠯᠬᠤ ᠶᠤᠮ ᠃ ᠡᠨᠡ ᠤᠳᠠᠭᠠᠨ ᠤ ᠪᠥᠬᠥᠳᠡ ᠬᠤᠷᠠᠯ ᠴᠢᠬᠤᠯᠠ ᠨᠢᠭᠡ ᠵᠥᠪᠯᠡᠬᠦ ᠰᠡᠳᠦᠪ ᠪᠣᠯ ᠳᠠᠷᠤᠶ ᠥᠪᠡᠷᠲᠡᠭᠡᠨ ᠵᠠᠰᠠᠬᠤ ᠣᠷᠣᠨ  ᠤ 《 ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢᠨ ᠬᠦᠲᠦᠯᠪᠦᠷᠢ ᠶ᠋ᠢ ᠶᠠᠷᠢᠯᠴᠠᠬᠤ ᠪᠤᠯᠤᠨ᠎ᠠ ᠃ ᠶᠢᠰᠦᠳᠦᠭᠡᠷ ᠲᠠᠪᠤᠨ ᠵᠢᠯ ᠦᠨ ᠲᠥᠯᠥᠪᠯᠡᠭᠡ  ᠶ᠋ᠢ ᠦᠨᠡᠨ ᠬᠦ ᠬᠡᠷᠡᠭᠵᠢᠭᠦᠯᠵᠦ ᠪᠣᠯᠬᠤ ᠡᠰᠡᠬᠦ ᠨᠢ ᠵᠢᠷᠭᠤᠳᠤᠭᠠᠷ ᠤᠳᠠᠭ᠎ᠠ  ᠶ᠋ᠢᠨ ᠨᠠᠮ  ᠤᠨ ᠲᠥᠯᠥᠭᠡᠯᠡᠭᠴᠢᠳ ᠤᠨ ᠶᠡᠬᠡ ᠬᠤᠷᠠᠯ  ᠡᠴᠠ ᠳᠤᠷᠠᠳᠤᠭᠰᠠᠨ ᠲᠡᠮᠡᠴᠡᠯ  ᠤᠨ ᠬᠠᠷᠠᠯᠲᠠ ᠶ᠋ᠢ ᠪᠡᠶᠡᠯᠡᠭᠦᠯᠬᠦ ᠳᠡᠶᠢᠯᠬᠦ ᠡᠰᠡᠬᠦ ᠲᠠᠢ ᠬᠤᠯᠪᠤᠭᠳᠠᠵᠤ ᠪᠠᠶᠢᠳᠠᠭ ᠃ ᠬᠣᠶᠢᠰᠢᠳᠠ ᠤᠨ ᠬᠡᠳᠦᠨ ᠰᠠᠷ᠎ᠠ ᠳ᠋ᠤ ᠂ ᠡᠯ᠎ᠡ ᠠᠶᠢᠮᠠᠭ ᠬᠤᠳᠠ ᠂ ᠡᠯ᠎ᠡ ᠰᠠᠯᠠᠭ᠎ᠠ ᠮᠥᠴᠢᠷ  ᠤᠨ ᠬᠢᠨ ᠡᠨᠡ ᠤᠳᠠᠭᠠᠨ  ᠤ ᠬᠤᠷᠠᠯ  ᠤᠨ ᠵᠣᠷᠢᠭ ᠰᠠᠨᠠᠭ᠎ᠠ  ᠶ᠋ᠢ ᠦᠨᠳᠦᠰᠦᠯᠡᠨ ᠂ ᠲᠤᠰ ᠭᠠᠵᠠᠷ ᠣᠷᠣᠨ ᠂ ᠰᠠᠯᠠᠭ᠎ᠠ ᠮᠥᠴᠢᠷ ᠤᠨ ᠢᠶᠡᠨ ᠪᠣᠳᠠᠲᠤ ᠪᠠᠶᠢᠳᠠᠯ ᠡᠴᠠ ᠡᠭᠦᠰᠴᠦ ᠂ ᠬᠤᠪᠢ ᠬᠤᠪᠢᠨ ᠤ ᠪᠠᠨ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢ ᠲᠤᠭᠲᠠᠭᠠᠬᠤ ᠬᠡᠷᠡᠭᠲᠡᠢ ᠃
    ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢ ᠨᠠᠶᠢᠷᠠᠭᠤᠯᠤᠨ ᠵᠣᠬᠢᠶᠠᠬᠤ ᠳ᠋ᠦ ᠰᠢᠨᠵᠢᠯᠡᠬᠦ ᠤᠬᠠᠭᠠᠨᠴᠢ ᠪᠠᠷ ᠪᠠᠶᠢᠳᠠᠯ ᠢ ᠵᠠᠳᠠᠯᠤᠨ ᠰᠢᠨᠵᠢᠯᠡᠬᠦ ᠪᠡᠷ ᠪᠠᠷᠠᠬᠤ ᠦᠭᠡᠢ ᠨᠡᠩ ᠤᠨᠤᠪᠴᠢᠲᠠᠢ ᠪᠠᠷ ᠲᠡᠮᠡᠴᠡᠬᠦ ᠬᠠᠷᠠᠯᠲᠠ ᠪᠠᠨ ᠲᠤᠭᠲᠠᠭᠠᠬᠤ ᠪᠠᠷ ᠪᠠᠷᠠᠬᠤ ᠦᠭᠡᠢ ᠵᠥᠪ ᠣᠨᠣᠪᠴᠢᠲᠠᠶ ᠵᠢᠯᠣᠭᠣᠳᠬᠤ ᠦᠵᠡᠯ ᠰᠠᠨᠠᠭ᠎ᠠ ᠪᠠᠶᠢᠭᠰᠠᠨ ᠪᠠᠶᠢᠬᠤ ᠬᠡᠷᠡᠭᠲᠡᠢ᠃ ᠪᠥᠬᠥ ᠣᠷᠣᠨ ᠢᠶ᠋ᠡᠷ ᠠᠪᠴᠤ ᠬᠡᠯᠡᠪᠡᠯ ᠂ 《 ᠶᠢᠰᠦᠳᠦᠭᠡᠷ ᠲᠠᠪᠤᠨ ᠵᠢᠯ  》 ᠤᠨ ᠲᠥᠯᠥᠪᠯᠡᠭᠡ ᠶ᠋ᠢᠨ ᠶᠡᠷᠦᠩᠬᠡᠶ ᠵᠢᠯᠣᠭᠣᠳᠬᠤ ᠦᠵᠡᠯ ᠰᠠᠨᠠᠭ᠎ᠠ ᠶ᠋ᠢ ᠲᠤᠭᠲᠠᠭᠠᠬᠤ ᠲᠤ ᠳᠣᠣᠷᠠᠬᠢ ᠬᠡᠳᠦᠨ ᠵᠦᠢᠯ  ᠢ ᠡᠵᠡᠮᠰᠢᠬᠦ ᠬᠡᠷᠡᠭᠲᠡᠶ ᠄
    ᠨᠢᠭᠡ ᠳ᠋ᠦ ᠂ ᠪᠦᠬᠦ ᠲᠠᠯ᠎ᠠ ᠶ᠋ᠢᠨ ᠦᠵᠡᠯ ᠤᠬᠠᠮᠰᠠᠷ ᠂ ᠪᠦᠬᠦ ᠲᠠᠯ᠎ᠠ  ᠶ᠋ᠢᠨ ᠦᠵᠡᠯᠲᠡ ᠲᠡᠶ ᠪᠠᠶᠢᠬᠤ ᠬᠡᠷᠡᠭᠲᠡᠶ ᠃ ᠡᠷᠬᠡᠪᠰᠢ ᠨᠠᠮ  ᠤᠨ《 ᠨᠢᠭᠡ ᠭᠣᠣᠯᠳᠠᠯᠭ᠎ᠠ ᠂ ᠬᠣᠶᠠᠷ ᠦᠨᠳᠦᠰᠦᠨ ᠵᠦᠢᠯ 》 ᠤᠨ ᠦᠨᠳᠦᠰᠦᠨ ᠱᠤᠭᠤᠮ  ᠢ ᠠᠵᠢᠯ ᠤᠨ ᠳᠤᠮᠳᠠ ᠢᠶᠡᠨ ᠲᠤᠤᠱᠠᠯᠠᠭᠤᠯᠵᠤ ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠡᠷᠦᠩᠬᠡᠶ ᠱᠠᠭᠠᠷᠳᠠᠯᠭ᠎ᠠ ᠶ᠋ᠢᠨ ᠶᠤᠰᠤᠭᠠᠷ᠂ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ  ᠶ᠋ᠢ ᠲᠣᠭᠲᠠᠭᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ  ᠤ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ ᠶ᠋ᠢ ᠪᠥᠬᠥ ᠤᠯᠤᠰ  ᠤᠨ ᠠᠵᠤ ᠠᠬᠤᠶ  ᠶ᠋ᠢᠨ ᠬᠦᠭᠵᠢᠯᠲᠡ ᠶ᠋ᠢᠨ ᠶᠡᠬᠡ ᠪᠠᠶᠢᠷᠢᠰᠢᠯ  ᠤᠨ ᠳᠤᠮᠳᠠ ᠲᠠᠯᠪᠢᠨ ᠦᠵᠡᠨ᠎ᠡ᠃ ᠡᠯ᠎ᠡ ᠠᠶᠢᠮᠠᠭ ᠬᠣᠲᠠ ᠂ ᠬᠣᠰᠢᠭᠤ ᠰᠢᠶᠠᠨ  ᠤ ᠲᠣᠭᠲᠠᠭᠠᠭᠰᠠᠨ 《 ᠶᠢᠰᠦᠳᠦᠭᠡᠷ ᠲᠠᠪᠤᠨ ᠵᠢᠯ 》  ᠦ᠋ᠨᠤᠨᠥᠯᠥᠪᠯᠡᠭᠡ  ᠶ᠋ᠢ ᠥᠪᠡᠷᠲᠡᠭᠡᠨ ᠵᠠᠰᠠᠬᠤ ᠣᠷᠣᠨ  ᠤ ᠪᠦᠬᠦᠯᠢ ᠴᠣᠭᠴᠠ  ᠶ᠋ᠢᠨ ᠬᠥᠭᠵᠢᠯᠲᠡ ᠶ᠋ᠢᠨ ᠡᠭᠦᠳᠡᠨ ᠡᠴᠡ ᠪᠤᠳᠤᠯᠬᠢᠯᠠᠭᠰᠠᠨ ᠪᠠᠶᠢᠬᠤ ᠬᠡᠷᠡᠭᠲᠡᠢ ᠃ ᠨᠢᠭᠡ ᠵᠦᠢᠯ  ᠢ ᠪᠠᠲᠤᠯᠠᠭᠰᠠᠨ ᠪᠠᠶᠢᠳᠠᠯ ᠤᠨ ᠳᠤᠤᠷ᠎ᠠ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ  ᠳ᠋ᠦ ᠦᠵᠡᠭᠦᠯᠬᠦ ᠨᠥᠯᠥᠭᠡ  ᠶ᠋ᠢ ᠴᠥᠮ ᠪᠤᠳᠤᠯᠬᠢᠯᠠᠭᠰᠠᠨ ᠪᠠᠶᠢᠬᠤ ᠬᠡᠷᠡᠭᠲᠡᠢ ᠂ ᠨᠠᠮ ᠪᠣᠯᠤᠨ ᠤᠯᠤᠰ ᠣᠷᠣᠨ  ᠤ ᠶᠡᠬᠡ ᠵᠠᠰᠠᠭ ᠤᠨ ᠴᠢᠭᠯᠡᠯᠲᠡ ᠲᠡᠶ ᠨᠡᠶᠢᠴᠡᠭᠦᠯᠦᠨ ᠂ ᠤᠯᠤᠰ ᠂ ᠣᠷᠣᠨ ᠂ ᠤᠯᠠᠨ ᠲᠦᠮᠡᠨ  ᠵᠡᠷᠭᠡ ᠭᠤᠷᠪᠠᠨ ᠲᠠᠯ᠎ᠠ ᠶ᠋ᠢᠨ ᠠᠰᠢᠭ ᠲᠤᠰᠠ  ᠦ ᠬᠠᠷᠢᠴᠠᠭ᠎ᠠ ᠶ᠋ᠢ ᠵᠤᠬᠢᠴᠠᠭᠤᠯᠬᠤ ᠶ᠋ᠢ ᠠᠩᠬᠠᠷᠬᠤ ᠬᠡᠷᠡᠭᠲᠡᠢ ᠃
    ᠬᠤᠶᠠᠷ ᠲᠤ ᠂ ᠦᠵᠡᠯ ᠰᠠᠨᠠᠭ᠎ᠠ ᠪᠠᠨ ᠴᠢᠯᠥᠭᠡᠯᠡᠵᠦ ᠂ ᠦᠨᠡᠨ ᠡᠴᠡ ᠵᠥᠪ  ᠢ ᠡᠷᠢᠬᠦ ᠦᠵᠡᠯ ᠰᠠᠨᠠᠭᠠᠨ ᠤ ᠱᠤᠭᠤᠮ ᠮᠥᠨ ᠃ 《 ᠬᠥᠭᠵᠢᠯᠲᠡ ᠪᠣᠯ ᠬᠠᠲᠠᠭᠤ ᠶᠣᠰᠣ ᠮᠥᠨ 》᠂《 ᠬᠤᠷᠳᠤᠨ ᠤᠳᠠᠭᠠᠨ ᠪᠣᠯᠬᠤ ᠦᠭᠡᠢ》 ᠭᠡᠬᠦ ᠦᠵᠡᠯ ᠰᠠᠨᠠᠭ᠎ᠠ ᠶ᠋ᠢ ᠪᠠᠲᠤ ᠪᠡᠬᠢ ᠪᠣᠢ ᠪᠣᠯᠭᠠᠵᠤ ᠂ ᠦᠨᠡᠨ ᠬᠦ ᠲᠥᠯᠥᠪᠯᠡᠭᠡᠲᠦ ᠠᠵᠤ ᠠᠬᠤᠶ ᠶ᠋ᠢᠨ ᠪᠠᠶᠢᠭᠤᠯᠤᠯ  ᠳᠣᠣᠷ᠎ᠠ ᠪᠦᠷᠢᠯᠳᠦᠭᠰᠡᠨ ᠤᠯᠠᠮᠵᠢᠯᠠᠯᠲᠤ ᠦᠵᠡᠯᠲᠡ ᠶ᠋ᠢᠨ ᠬᠦᠯᠢᠶᠡᠰᠦᠯᠡᠯ ᠡᠴᠡ ᠠᠩᠭᠢᠵᠢᠷᠠᠵᠤ ᠂ ᠵᠡᠷᠭᠡ ᠂ ᠲᠦᠰᠢᠬᠦ ᠂ ᠠᠪᠬᠤ ᠶ᠋ᠢᠨ ᠨᠠᠶᠢᠳᠠᠬᠤ ᠦᠵᠡᠯ ᠰᠠᠨᠠᠭᠠᠨ ᠤ ᠬᠦᠯᠢᠶᠡᠰᠦᠯᠡᠯ ᠡᠴᠡ ᠴᠢᠯᠦᠭᠡᠯᠡᠭᠳᠡᠵᠦ ᠂ ᠣᠷᠣᠯᠳᠣᠯᠭ᠎ᠠ ᠦᠭᠡᠢ᠂ ᠣᠳᠣᠬᠢ ᠪᠠᠶᠢᠳᠠᠯ ᠳ᠋ᠤ ᠪᠠᠨ ᠬᠠᠨᠠᠵᠤ ᠂ ᠵᠣᠪᠠᠭᠤᠷᠢ ᠵᠦᠳᠡᠭᠦᠷᠢ ᠡᠴᠠ ᠠᠶᠤᠵᠤ ᠪᠡᠷᠬᠡᠰᠢᠶᠡᠯ ᠡᠴᠡ ᠡᠮᠢᠶᠡᠳᠡᠭ ᠤᠶᠤᠨ ᠰᠠᠨᠠᠭᠠᠨ  ᠤ ᠳᠦᠷᠰᠦ ᠪᠠᠶᠢᠳᠠᠯ ᠡᠴᠠ  ᠴᠢᠯᠥᠭᠡᠯᠡᠵᠦ ᠂ ᠪᠣᠳᠠᠲᠤ ᠪᠠᠶᠢᠳᠠᠯ ᠡᠴᠠ ᠰᠠᠯᠵᠤ ᠂ ᠠᠯᠪᠠ ᠪᠠᠷ ᠳᠤᠬᠤᠬᠤ ᠂ ᠲᠡᠷᠡ ᠬᠡᠪ ᠢᠶ᠋ᠡᠷ ᠨᠢ ᠬᠠᠭᠤᠯᠤᠨ ᠳᠠᠮᠵᠢᠭᠤᠯᠬᠤ ᠰᠡᠳᠬᠢᠬᠦ ᠠᠷᠭ᠎ᠠ ᠪᠠ ᠠᠵᠢᠯᠯᠠᠬᠤ ᠵᠠᠩ ᠳᠠᠳᠬᠠᠯ  ᠡᠴᠡ ᠴᠢᠯᠦᠭᠡᠯᠡᠭᠳᠡᠨ ᠭᠠᠷᠴᠤ ᠂ ᠮᠠᠨ ᠤ  ᠲᠣᠭᠲᠠᠭᠠᠭᠰᠠᠨ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ ᠨᠢ ᠦᠨᠡᠨ ᠬᠦ ᠬᠥᠮᠦᠰ ‍ᠤᠨ ᠰᠡᠳᠬᠢᠯ  ᠢ ᠨᠢᠭᠲᠠᠷᠠᠭᠤᠯᠬᠤ ᠂ ᠲᠡᠮᠡᠴᠡᠬᠦ ᠵᠣᠷᠢᠭ ᠢ ᠵᠣᠷᠢᠭᠵᠢᠭᠤᠯᠤᠨ ᠂ ᠠᠵᠢᠯ  ᠢ ᠠᠬᠢᠭᠤᠯᠬᠤ ᠂ ᠬᠥᠭᠵᠢᠯᠲᠡ ᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ ᠃
    ᠭᠤᠷᠪᠠ ᠳ᠋ᠤ ᠂ ᠥᠭᠡᠷᠡᠴᠢᠯᠡᠯᠲᠡ ᠪᠡᠷ ᠪᠦᠬᠦ ᠲᠠᠯ᠎ᠠ ᠶ᠋ᠢ ᠬᠠᠮᠤᠷᠬᠤ ᠦᠵᠡᠯ ᠰᠠᠨᠠᠭ᠎ᠠ ᠶ᠋ᠢ ᠢᠯᠡᠷᠡᠭᠦᠯᠦᠨ᠎ᠡ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ  ᠤᠨ ᠠᠵᠤ ᠠᠬᠤᠶ ᠶ᠋ᠢᠨ ᠪᠠᠶᠢᠭᠤᠯᠤᠯ ᠢ ᠪᠠᠶᠢᠭᠤᠯᠵᠤ ᠂《 ᠶᠢᠰᠦᠳᠦᠭᠡᠷ ᠲᠠᠪᠤᠨ ᠵᠢᠯ  ᠦ᠋ᠨᠤᠨᠯᠥᠪᠯᠡᠭᠡᠨ ᠦ ᠬᠤᠭᠤᠴᠠᠭᠠᠨ ᠳᠠᠬᠢ ᠤᠯᠤᠰ ᠠᠷᠠᠳ ᠶ᠋ᠢᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶ᠋ᠢᠨ ᠡᠯ᠎ᠡ ᠵᠦᠢᠯ ᠤᠨ ᠬᠠᠷᠠᠯᠲᠠ ᠶ᠋ᠢ ᠪᠡᠶᠡᠯᠡᠭᠦᠯᠦᠨ᠎ᠡ ᠂ ᠦᠨᠳᠦᠰᠦᠨ ᠭᠠᠷᠬᠤ ᠵᠠᠮ ᠪᠣᠯ ᠥᠭᠡᠷᠡᠴᠢᠯᠡᠯᠲᠡ ᠶ᠋ᠢ ᠭᠦᠨᠵᠡᠭᠡᠶᠢᠷᠡᠭᠦᠯᠬᠦ ᠳᠦ ᠪᠣᠢ ᠃ ᠡᠷᠬᠡᠪᠰᠢ ᠥᠭᠡᠷᠡᠴᠢᠯᠡᠯᠲᠡ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ  ᠶ᠋ᠢᠨ ᠪᠦᠬᠦ ᠲᠠᠯ᠎ᠠ ᠳᠤ ᠬᠣᠯᠪᠣᠭᠳᠠᠵᠤ ᠂ ᠥᠭᠡᠷᠡᠴᠢᠯᠡᠯᠲᠡ ᠶ᠋ᠢᠨ ᠦᠵᠡᠯ ᠰᠠᠨᠠᠭ᠎ᠠ ᠪᠠᠷ ᠶᠢᠰᠦᠳᠦᠭᠡᠷ ᠲᠠᠪᠤᠨ ᠵᠢᠯ ᠦᠨ ᠲᠥᠯᠥᠪᠯᠡᠭᠡ ᠶ᠋ᠢᠨ ᠠᠵᠢᠯ ᠢ ᠵᠢᠯᠣᠭᠣᠳᠤᠨ᠎ᠠ ᠃ ᠶᠢᠰᠦᠳᠦᠭᠡᠷ ᠲᠠᠪᠤᠨ ᠵᠢᠯ ᠦᠨ ᠲᠥᠯᠥᠪᠯᠡᠭᠡ ᠨᠢ ᠠᠩᠬᠠᠨ ᠤ ᠨᠡᠶᠢᠭᠡᠮ ᠵᠢᠷᠦᠮ ᠲᠤ ᠵᠠᠬ᠎ᠠ ᠳᠡᠯᠭᠡᠭᠦᠷ ᠦᠨ ᠠᠵᠤ ᠠᠬᠤᠢ ᠶ᠋ᠢᠨ ᠪᠠᠶᠢᠭᠤᠯᠤᠯ ᠤᠨ ᠬᠠᠷᠠᠯᠲᠠ ᠶ᠋ᠢ ᠲᠤᠭᠤᠷᠢᠨ ᠪᠦᠳᠦᠭᠡᠨ ᠪᠠᠶᠢᠭᠤᠯᠤᠨ᠎ᠠ ᠂ ᠠᠵᠤ ᠠᠬᠤᠢ ᠶ᠋ᠢᠨ ᠪᠠᠶᠢᠭᠤᠯᠤᠯ ᠤᠨ ᠭᠦᠨᠵᠡᠭᠡᠶᠢᠷᠡᠯ ᠵᠢᠴᠢ ᠡᠯ᠎ᠡ ᠲᠠᠯ᠎ᠠ ᠶ᠋ᠢᠨ ᠥᠭᠡᠷᠡᠴᠢᠯᠡᠯᠲᠡ ᠳ᠋ᠦ ᠣᠨᠣᠪᠴᠢ ᠲᠠᠢ ᠠᠷᠭ᠎ᠠ ᠵᠠᠮ ᠵᠢᠭᠠᠨ ᠥᠭᠴᠦ ᠂ ᠪᠠᠰᠠ ᠲᠥᠯᠥᠪᠯᠡᠭᠡ ᠶ᠋ᠢᠨ ᠡᠯ᠎ᠡ ᠠᠭᠤᠯᠭ᠎ᠠ ᠨᠢ ᠥᠭᠡᠷᠡᠴᠢᠯᠡᠯᠲᠡ ᠶ᠋ᠢᠨ ᠵᠣᠷᠢᠭ ᠰᠠᠨᠠᠭ᠎ᠠ ᠶ᠋ᠢ ᠪᠦᠷᠢᠨ ᠭᠦᠢᠴᠡᠳ ᠢᠯᠡᠷᠡᠭᠦᠯᠦᠨ᠎ᠡ ᠃
    ᠳᠥᠷᠪᠡ ᠳ᠋ᠦ ᠂ 《 ᠬᠣᠶᠠᠷ ᠲᠠᠯ᠎ᠠ ᠶ᠋ᠢ ᠠᠳᠬᠠᠵᠤ ᠂ ᠬᠣᠶᠠᠷ ᠲᠠᠯ᠎ᠠ ᠪᠠᠷ ᠢᠶᠡᠨ ᠪᠦᠷ ᠴᠢᠩᠭ᠎ᠠ ᠪᠠᠶᠢᠬᠤ 》 ᠴᠢᠭᠯᠡᠯᠲᠡ ᠶ᠋ᠢ ᠲᠤᠤᠱᠯᠠᠭᠤᠯᠤᠨ᠎ᠠ ᠃ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠪᠠᠶᠢᠭᠤᠯᠤᠯ ᠢ ᠪᠠᠶᠢᠭᠤᠯᠬᠤ ᠦᠨᠳᠦᠰᠦᠨ ᠴᠢᠭᠯᠡᠯᠲᠡ ᠃ ᠡᠨᠡ ᠬᠦ ᠴᠢᠭᠯᠡᠯᠲᠡ ᠶ᠋ᠢ ᠪᠠᠷᠢᠮᠲᠠᠯᠠᠵᠤ ᠳᠡᠶᠢᠯᠬᠦ ᠡᠰᠡᠬᠦ ᠨᠢ ᠂ ᠡᠨᠡ ᠴᠢᠭᠯᠡᠯᠲᠡ ᠶ᠋ᠢ ᠢᠯᠡᠷᠡᠭᠦᠯᠬᠦ ᠨᠢ ᠂ ᠪᠢᠳᠡᠨ ᠦ 《 ᠶᠢᠰᠦᠳᠦᠭᠡᠷ ᠲᠠᠪᠤᠨ ᠵᠢᠯ ᠦᠨ ᠲᠥᠯᠥᠪᠯᠡᠭᠡ ᠶ᠋ᠢᠨ ᠠᠮᠵᠢᠯᠲᠠ ᠲᠠᠢ ᠪᠣᠯᠬᠤ ᠡᠰᠡᠬᠦ ᠶ᠋ᠢᠨ ᠴᠢᠬᠤᠯᠠ ᠰᠢᠨᠵᠢ ᠲᠡᠮᠳᠡᠭ ᠃ ᠰᠢᠶᠤᠤ ᠫᠢᠩ ᠨᠦᠬᠦᠷ ᠣᠯᠠᠨ ᠤᠳᠠᠭ᠎ᠠ ᠴᠢᠩᠭᠠᠳᠬᠠᠨ ᠪᠣᠳᠠᠰ ᠤᠨ ᠪᠣᠯᠪᠠᠰᠤᠨ ᠪᠠ ᠣᠶᠣᠨ ᠤ ᠪᠣᠯᠪᠠᠰᠤᠨ ᠢ ᠰᠠᠶᠢᠲᠤᠷ ᠬᠢᠬᠦ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮᠲᠦ ᠪᠠᠶᠢᠭᠤᠯᠤᠯ ᠮᠦᠨ ᠃ ᠲᠡᠷᠡ ᠬᠤᠷᠴᠠ ᠰᠢᠷᠦᠭᠦᠨ ᠢᠶ᠋ᠡᠷ ᠵᠢᠭᠠᠵᠤ ᠭᠠᠷᠭᠠᠭᠰᠠᠨ ᠨᠢ ᠄ 《 ᠠᠵᠤ ᠠᠬᠤᠶ  ᠶ᠋ᠢᠨ ᠪᠦᠳᠦᠭᠡᠠ ᠪᠠᠶᠢᠭᠤᠯᠤᠯᠲᠠ ᠶ᠋ᠢᠨ ᠲᠠᠯ᠎ᠠ ᠪᠠᠷ ᠪᠢᠳᠠ ᠮᠠᠰᠢ ᠶᠡᠬᠡ ᠠᠮᠵᠢᠯᠲᠠ ᠲᠠᠢ ᠪᠠᠶᠢᠵᠤ ᠂ ᠪᠠᠶᠢᠳᠠᠯ ᠨᠢ ᠬᠥᠮᠦᠨ ᠨᠢ ᠪᠠᠶᠠᠰᠬᠠᠨ᠂ ᠡᠨᠡ ᠪᠣᠯ ᠮᠠᠨ ᠤᠯᠤᠰ  ᠣᠯᠣᠭᠰᠠᠨ ᠠᠮᠵᠢᠯᠲᠠ ᠪᠦᠲᠦᠮᠵᠢ ᠪᠣᠯᠤᠨ᠎ᠠ ᠃ ᠭᠡᠪᠡᠴᠦ ᠬᠡᠪ ᠰᠤᠷᠲᠠᠯ ᠮᠠᠭᠤᠳᠠᠭᠠᠳ ᠪᠠᠶᠢᠪᠠᠯ ᠂ ᠠᠵᠤ ᠠᠬᠤᠶ ᠶ᠋ᠢᠨ ᠲᠠᠯ᠎ᠠ ᠳ᠋ᠦ ᠠᠮᠵᠢᠯᠲᠠ ᠪᠦᠲᠦᠮᠵᠢ ᠣᠯᠴᠢᠬᠠᠯ᠎ᠠ ᠭᠡᠳ ᠶᠠᠮᠠᠷ ᠲᠤᠰᠠ ᠪᠠᠶᠢᠬᠤ ᠪᠤᠢ ︖ 》 ᠬᠦᠴᠦᠨ ᠢᠶᠡᠨ ᠲᠥᠪᠯᠡᠷᠡᠭᠦᠯᠦᠨ ᠠᠵᠤ ᠠᠬᠤᠶ ᠪᠠᠨ ᠬᠥᠭᠵᠢᠭᠦᠯᠵᠦ ᠂ ᠬᠡᠳᠦᠶ ᠲᠦᠷᠭᠡᠨ ᠥᠭᠡᠷᠡᠴᠢᠯᠡᠯᠲᠡ ᠨᠡᠭᠡᠭᠡᠯᠲᠡ ᠠᠯᠬᠤᠭ᠎ᠠ ᠢᠶᠡᠨ ᠲᠦᠷᠭᠡᠳᠬᠡᠪᠡᠯ ᠂ ᠨᠡᠶᠢᠭᠡᠮ ᠵᠢᠷᠤᠮ ᠦ᠋ᠨᠤᠨ ᠰᠠᠨᠠᠭᠠᠨ  ᠦ ᠪᠣᠯᠪᠠᠰᠤᠨ ᠤ ᠬᠠᠩᠭᠠᠭᠰᠠᠨ ᠬᠦᠴᠦᠷᠬᠡᠭ ᠶᠡᠬᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠤᠶᠤᠨ ᠤ ᠳᠡᠮᠵᠢᠯᠭᠡ ᠶ᠋ᠢ ᠣᠯᠬᠤ ᠬᠡᠷᠡᠭᠲᠡᠶ ᠃ ᠪᠢᠳᠡ ᠵᠠᠪᠠᠯ ᠳ᠋ᠧᠩ ᠰᠢᠶᠤᠤ ᠫᠢᠩ ᠨᠥᠬᠥᠷ ᠡᠨᠡ ᠬᠦ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠶ ᠲᠠᠨᠢᠵᠤ ᠂ ᠡᠭᠦᠨ  ᠢᠶᠠᠷ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ ᠶ᠋ᠢ ᠨᠠᠶᠢᠷᠠᠭᠤᠯᠤᠨ ᠵᠣᠬᠢᠶᠠᠬᠤ ᠠᠵᠢᠯ ᠢ ᠵᠢᠯᠤᠭᠤᠳᠴᠤ᠂ ᠮᠠᠨ ᠤ ᠣᠷᠣᠨ ᠤ ᠬᠣᠶᠢᠰᠢᠳᠠ ᠶ᠋ᠢᠨ 5 ᠵᠢᠯ ᠤᠨ ᠤᠶᠤᠨ ᠤ ᠪᠣᠯᠪᠠᠰᠤᠨ ᠪᠠᠶᠢᠭᠤᠯᠤᠯᠲᠠ ᠪᠠ ᠪᠣᠳᠠᠰ  ᠤᠨ ᠪᠣᠯᠪᠠᠰᠤᠨ ᠤ ᠪᠠᠶᠢᠭᠤᠯᠤᠯᠲᠠ ᠶ᠋ᠢ ᠬᠠᠷᠢᠯᠴᠠᠨ ᠵᠣᠬᠢᠴᠠᠯᠳᠤᠭᠤᠯᠵᠤ ᠂ ᠬᠠᠷᠢᠯᠴᠠᠨ ᠠᠬᠢᠭᠤᠯᠵᠤ ᠂ ᠣᠳᠣᠬᠢᠴᠢᠯᠠᠯᠲᠠ ᠶ᠋ᠢᠨ ᠪᠦᠳᠦᠭᠡᠨ ᠪᠠᠶᠢᠭᠤᠯᠤᠯᠲᠠ ᠳ᠋ᠦ ᠰᠠᠢᠢᠨ ᠰᠠᠶᠢᠬᠠᠨ ᠨᠡᠶᠢᠭᠡᠮ ᠦᠨ ᠶᠡᠷᠢᠯᠴᠠᠭᠠᠨ ᠤ ᠣᠷᠴᠢᠨ ᠲᠣᠭᠤᠷᠢᠨ ᠪᠠ ᠦᠵᠡᠯ ᠰᠠᠨᠠᠭᠠᠨ ᠤ ᠰᠣᠶᠣᠯ ᠤᠨ ᠣᠷᠴᠢᠨ ᠲᠤᠭᠤᠷᠢᠨ ᠢ ᠪᠣᠢ ᠪᠣᠯᠭᠠᠨ᠎ᠠ ᠃ ᠡᠭᠦᠨ‍ᠤ ᠵᠡᠷᠭᠡ ᠪᠡᠷ ᠪᠠᠰᠠ ᠠᠵᠤ ᠠᠬᠤᠶ ᠶ᠋ᠢᠨ ᠬᠥᠭᠵᠢᠯᠲᠡ ᠪᠠ ᠨᠡᠶᠢᠭᠡᠮ  ᠤᠨ ᠲᠠᠪᠰᠢᠯᠳᠡ  ᠶ᠋ᠢᠨ ᠬᠣᠭᠣᠷᠣᠨᠳᠣᠬᠢ ᠬᠠᠷᠢᠴᠠᠭ᠎ᠠ ᠶ᠋ᠢ ᠰᠠᠶᠢᠲᠤᠷ ᠰᠢᠶᠳᠪᠦᠷᠢᠯᠡᠵᠦ ᠂ ᠪᠣᠳᠠᠰ ᠦ᠋ᠨ  ᠦᠢᠯᠡᠳᠪᠦᠷᠢᠯᠡᠯ ᠪᠣᠯᠤᠨ ᠬᠥᠮᠦᠨ ᠠᠮᠠ ᠶ᠋ᠢᠨ ᠦᠢᠯᠡᠳᠪᠦᠷᠢᠯᠡᠯ ᠵᠡᠷᠭᠡ ᠲᠠᠯ᠎ᠠ ᠶ᠋ᠢᠨ ᠬᠠᠷᠢᠴᠠᠭ᠎ᠠ ᠶ᠋ᠢ ᠴᠢᠩᠭᠠᠳᠬᠠᠵᠤ ᠂ ᠬᠥᠮᠦᠨ ᠠᠮᠠ  ᠶ᠋ᠢᠨ ᠥᠰᠦᠯᠲᠡ ᠶ᠋ᠢᠨ ᠤᠬᠠᠮᠰᠠᠷ ᠂ ᠬᠥᠮᠦᠨ ᠳᠤᠮᠳᠠᠴᠢ ᠤᠬᠠᠮᠰᠠᠷ ᠢ ᠴᠢᠩᠭᠠᠳᠬᠠᠨ᠎ᠠ ᠃
    ᠡᠨᠡ ᠤᠳᠠᠭᠠᠨ ᠤ ᠳᠡᠪᠰᠢᠭᠦᠯᠦᠭᠰᠡᠨ ᠪᠦᠭᠦᠳᠡ ᠬᠤᠷᠠᠯ ᠳᠤ ᠵᠥᠪᠯᠡᠭᠰᠡᠨ ᠶᠢᠰᠦᠳᠦᠭᠡᠷ ᠲᠠᠪᠤᠨ ᠵᠢᠯ ᠶ᠋ᠢᠨ ᠲᠥᠯᠥᠪᠯᠡᠭᠡ ᠶ᠋ᠢᠨ ᠬᠤᠷᠢᠶᠠᠩᠭᠤᠢ᠂ ᠪᠦᠬᠦ ᠲᠠᠯ᠎ᠠ ᠪᠠᠷ ᠵᠠᠳᠠᠯᠤᠨ ᠵᠢᠱᠢᠵᠦ ᠂ ᠶᠢᠰᠦᠳᠦᠭᠡᠷ ᠲᠠᠪᠤᠨ ᠵᠢᠯ ᠶ᠋ᠢᠨ ᠲᠥᠯᠥᠪᠯᠡᠭᠡᠨ  ᠦ ᠬᠤᠭᠤᠴᠠᠭᠠᠨ ᠳ᠋ᠦ ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠨᠥᠬᠥᠴᠡᠯ ᠪᠠ ᠣᠷᠴᠢᠨ ᠠᠬᠤᠶ ᠶ᠋ᠢᠨ ᠰᠠᠭᠤᠷᠢᠨ ᠳᠡᠭᠡᠷ᠎ᠡ ᠲᠣᠭᠲᠠᠭᠠᠭᠰᠠᠨ ᠶᠤᠮ ᠃ ᠲᠣᠪᠴᠢ ᠬᠤᠷᠢᠶᠠᠩᠭᠤᠢ ᠨᠢ ᠵᠢᠷᠭᠤᠳᠤᠭᠠᠷ ᠤᠳᠠᠭ᠎ᠠ ᠶ᠋ᠢᠨ ᠥᠪᠡᠷᠲᠡᠭᠡᠨ ᠵᠠᠰᠠᠬᠤ ᠣᠷᠣᠨ ᠤ ᠨᠠᠮ  ᠤᠨ ᠲᠥᠯᠥᠭᠡᠯᠡᠭᠴᠢᠳ  ᠶ᠋ᠢᠨ ᠶᠡᠬᠡ ᠬᠤᠷᠠᠯ  ᠶ᠋ᠢᠨ ᠵᠣᠷᠢᠭ ᠰᠠᠨᠠᠭ᠎ᠠ ᠶ᠋ᠢ ᠦᠨᠳᠦᠰᠦᠯᠡᠨ ᠂ ᠨᠡᠯᠢᠶᠡᠳ ᠪᠦᠬᠦ ᠲᠠᠯ᠎ᠠ ᠶ᠋ᠢᠨ ᠪᠣᠳᠠᠲᠠᠶ ᠪᠠᠷ ᠮᠠᠨ ᠤ ᠣᠷᠣᠨ  ᠤ ᠶᠢᠰᠦᠳᠦᠭᠡᠷ ᠲᠠᠪᠤᠨ ᠵᠢᠯ  ᠤᠨ ᠲᠥᠯᠥᠪᠯᠡᠭᠡᠨ  ᠤ ᠬᠤᠭᠤᠴᠠᠭᠠᠨ  ᠳ᠋ᠠᠬᠢ ᠠᠵᠤ ᠠᠬᠤᠶ ᠨᠡᠶᠢᠭᠡᠮ ᠤᠨ ᠡᠯ᠎ᠡ ᠵᠦᠢᠯ  ᠤᠨ ᠦᠢᠯᠡᠰ ᠤᠨ ᠬᠥᠭᠵᠢᠯᠲᠡ ᠶ᠋ᠢᠨ ᠬᠠᠷᠠᠯᠲᠠ᠂ ᠬᠥᠭᠵᠢᠭᠦᠯᠦᠯᠲᠡ ᠶ᠋ᠢᠨ ᠭᠣᠣᠯᠳᠠᠯᠭ᠎ᠠ ᠬᠢᠭᠡᠳ ᠬᠣᠯᠪᠣᠭᠳᠠᠯ ᠪᠦᠬᠦᠢ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠡ ᠶ᠋ᠢ ᠲᠥᠯᠥᠪᠯᠡᠪᠡ ᠃ ᠥᠪᠡᠷᠲᠡᠭᠡᠨ ᠵᠠᠰᠠᠬᠤ ᠣᠷᠣᠨ  ᠤ ᠨᠠᠮ  ᠶ᠋ᠢᠨ ᠬᠣᠷᠢᠶ᠎ᠠ ᠶ᠋ᠢᠨ ᠪᠠᠶᠢᠩᠭᠤ  ᠶ᠋ᠢᠨ ᠬᠣᠷᠢᠶ᠎ᠠ ᠶ᠋ᠢᠨ ᠦᠵᠡᠬᠦ ᠪᠡᠷ ᠂ ᠶᠢᠰᠦᠳᠦᠭᠡᠷ ᠲᠠᠪᠤᠨ ᠵᠢᠯ ᠶ᠋ᠢᠨ ᠡᠯ᠎ᠡ ᠵᠦᠢᠯ  ᠤᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ ᠳ᠋ᠦ ᠂ ᠬᠠᠮᠤᠭ ᠦ᠋ᠨ ᠤᠨᠦᠰᠦᠨ ᠵᠦᠢᠯ ᠨᠢ ᠤᠯᠤᠰ ᠤᠨ ᠠᠵᠤ ᠦᠢᠯᠡᠰ ᠤᠨ ᠲᠦᠷᠦ ᠶ᠋ᠢᠨ ᠪᠤᠳᠤᠯᠭ᠎ᠠ ᠪᠠ ᠮᠠᠨ ᠦ ᠣᠷᠣᠨ ᠤ ᠠᠵᠤ ᠠᠬᠤᠶ ᠶ᠋ᠢᠨ ᠪᠦᠲᠦᠭᠡᠨ ᠪᠠᠶᠢᠭᠤᠯᠤᠯᠲᠠ ᠶ᠋ᠢᠨ ᠪᠤᠳᠠᠲᠠᠢ ᠪᠠᠶᠢᠳᠠᠯ ᠳ᠋ᠦ ᠦᠨᠳᠦᠰᠦᠯᠡᠨ ᠂ ᠬᠥᠭᠵᠢᠯᠲᠡ ᠶ᠋ᠢᠨ ᠴᠢᠭᠯᠡᠯ  ᠢ ᠣᠨᠣᠪᠴᠢᠲᠠᠶ ᠰᠣᠩᠭᠣᠵᠤ ᠂ ᠠᠵᠤ ᠠᠬᠤᠶ  ᠶ᠋ᠢᠨ ᠪᠦᠲᠦᠭᠡᠨ ᠪᠠᠶᠢᠭᠤᠯᠤᠯᠲᠠ  ᠶ᠋ᠢᠨ ᠭᠣᠣᠯᠳᠠᠯᠭ᠎ᠠ ᠶ᠋ᠢ ᠳᠣᠪᠣᠶᠢᠯᠭᠠᠵᠤ ᠂ ᠮᠠᠨ ᠤ ᠣᠷᠣᠨ ᠤ ᠠᠵᠤ ᠠᠬᠤᠶ  ᠶ᠋ᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠠᠵᠤ ᠦᠢᠯᠡᠰ ᠶ᠋ᠢᠨ ᠪᠦᠲᠦᠴᠡ ᠪᠠ ᠠᠵᠤ ᠠᠬᠤᠶ ᠶ᠋ᠢᠨ ᠪᠠᠶᠢᠷᠢᠰᠢᠯ ᠢ ᠨᠠᠩ ᠵᠦᠶ ᠵᠣᠬᠢᠰᠲᠠᠶ ᠪᠠᠶᠢᠯᠭᠠᠵᠤ᠂ ᠤᠯᠠᠮ ᠨᠢᠭᠡ ᠠᠯᠬᠤᠮ ᠥᠪᠥᠷ ᠮᠣᠩᠭᠣᠯ ᠤᠨ ᠣᠷᠣᠨ ᠨᠤᠲᠤᠭ ᠤᠨ ᠣᠨᠴᠠᠯᠢᠭ ᠲᠠᠶ ᠤᠯᠤᠰ ᠠᠷᠠᠳ ᠤᠨ ᠠᠵᠤ ᠠᠬᠤᠶ ᠶ᠋ᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ ᠃
    ᠶᠢᠰᠦᠳᠦᠭᠡᠷ ᠲᠠᠪᠤᠨ ᠵᠢᠯ ᠤᠨ ᠲᠥᠯᠥᠪᠯᠡᠭᠡ  ᠶ᠋ᠢ ᠪᠡᠶᠡᠯᠡᠭᠦᠯᠬᠦ ᠶ᠋ᠢᠨ ᠲᠥᠯᠥᠭᠡ ᠂ ᠡᠷᠬᠡᠪᠰᠢ ᠳᠣᠣᠷᠠᠬᠢ ᠬᠡᠳᠦᠨ ᠪᠠᠶᠢᠯᠳᠤᠬᠤ ᠪᠤᠳᠤᠯᠭ᠎ᠠ ᠶ᠋ᠢᠨ ᠴᠢᠨᠠᠷᠲᠠᠶ ᠠᠰᠠᠭᠤᠳᠠᠯ ᠢ ᠰᠠᠶᠢᠲᠤᠷ ᠠᠳᠬᠤᠵᠤ ᠂ ᠨᠠᠷᠢᠨ ᠬᠢᠨᠠᠮᠠᠭᠠᠶ ᠪᠡᠷ ᠪᠣᠳᠠᠲᠠᠶ ᠲᠥᠯᠥᠪᠵᠢᠭᠦᠯᠭᠡ ᠪᠠ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠡ ᠶ᠋ᠢ ᠰᠤᠳᠤᠯᠤᠨ ᠲᠣᠭᠲᠠᠭᠠᠵᠤ ᠂ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ ᠶ᠋ᠢ ᠪᠦ᠋ᠬᠦ ᠲᠠᠯ᠎ᠠ ᠪᠠᠷ ᠪᠡᠶᠡᠯᠡᠭᠦᠯᠬᠦ ᠪᠥᠭᠡᠳ ᠳᠠᠪᠠᠭᠤᠯᠤᠨ ᠪᠡᠶᠡᠯᠡᠭᠦᠯᠬᠦ ᠶ᠋ᠢ ᠴᠢᠷᠮᠠᠶᠢᠨ ᠪᠠᠲᠤᠯᠠᠬᠤ ᠬᠡᠷᠡᠭᠳᠡᠢ᠃
    ( ᠨᠢᠭᠡ ) ᠡᠬᠢ ᠪᠠᠶᠠᠯᠢᠭ ᠢ ᠬᠤᠪᠢᠷᠠᠭᠤᠯᠬᠤ ᠪᠠᠶᠢᠯᠳᠤᠬᠤ ᠪᠤᠳᠤᠯᠭ᠎ᠠ  ᠶ᠋ᠢᠨ ᠲᠤᠬᠠᠶ ᠃ ᠮᠠᠨ ᠦ ᠣᠷᠣᠨ ᠤ ᠬᠠᠮᠤᠭ ᠤᠨ ᠶᠡᠬᠡ ᠳᠠᠪᠠᠭᠤᠯᠢᠭ ᠲᠠᠯ᠎ᠠ ᠪᠣᠯ ᠪᠠᠶᠢᠭᠠᠯᠢ ᠶ᠋ᠢᠨ ᠡᠬᠢ ᠪᠠᠶᠠᠯᠢᠭ ᠬᠠᠷᠢᠴᠠᠩᠭᠤᠶ ᠪᠠᠶᠠᠯᠢᠭ ᠃ ᠡᠬᠢ ᠪᠠᠶᠠᠯᠢᠭ ᠦ᠋ᠨ ᠤᠨᠪᠠᠭᠤᠯᠢᠭ ᠢᠶ᠋ᠡᠨ ᠠᠰᠢᠭᠯᠠᠨ ᠂ ᠲᠧᠭᠨᠢᠭ ᠮᠡᠷᠭᠡᠵᠢᠯ ᠂ ᠪᠡᠯᠡ ᠮᠥᠩᠭᠥ ᠪᠠ ᠴᠢᠳᠠᠪᠤᠷᠢᠲᠠᠨ ᠢ ᠲᠠᠲᠠᠬᠤ ᠂ ᠨᠢᠭᠤᠭᠳᠠᠵᠤ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠢ ᠪᠣᠳᠠᠲᠤ ᠫᠤᠲ᠋ᠸᠨ᠋ᠲ ᠠᠵᠤ ᠠᠬᠤᠶ ᠶ᠋ᠢᠨ ᠳᠠᠪᠠᠭᠤᠯᠢᠭ ᠂ ᠲᠠᠸᠠᠷ  ᠤᠨ ᠳᠠᠪᠠᠭᠤᠯᠢᠭ ᠪᠣᠯᠭᠠᠵᠤ ᠂ ᠡᠨᠡ ᠨᠢ ᠳᠠᠷᠤᠢ ᠵᠠᠬ᠎ᠠ ᠳᠡᠯᠭᠡᠭᠦᠷ ᠤᠨ ᠠᠵᠤ ᠠᠬᠤᠶ ᠶ᠋ᠢ ᠬᠥᠭᠵᠢᠭᠦᠯᠬᠦ ᠳᠣᠲᠣᠭᠠᠳᠤ ᠱᠠᠭᠠᠷᠳᠠᠯᠭ᠎ᠠ ᠂ ᠮᠥᠨ ᠴᠦ ᠮᠠᠨ  ᠤ ᠣᠷᠣᠨ ᠤ ᠠᠵᠤ ᠠᠬᠤᠶ ᠶ᠋ᠢᠨ ᠬᠥᠭᠵᠢᠯᠲᠡ ᠶ᠋ᠢᠨ ᠵᠠᠶᠢᠯᠠᠰᠢ ᠦᠭᠡᠢ ᠰᠣᠩᠭᠣᠯᠲᠠ ᠮᠥᠨ ᠃
ᠡᠬᠢ ᠪᠠᠶᠠᠯᠢᠭ ᠢ ᠬᠤᠪᠢᠷᠠᠭᠤᠯᠬᠤ ᠶᠡᠷᠦᠩᠬᠡᠶ ᠵᠢᠯᠣᠭᠣᠳᠬᠤ ᠴᠢᠭᠯᠡᠯᠲᠡ ᠪᠣᠯ ᠂ ᠨᠡᠭᠡᠭᠡᠨ ᠬᠥᠭᠵᠢᠭᠦᠯᠬᠦ ᠪᠠ ᠰᠢᠯᠵᠢᠭᠦᠯᠬᠦ ᠶ᠋ᠢ ᠴᠢᠬᠤᠯᠠᠴᠢᠯᠠᠨ ᠪᠠᠷᠢᠮᠲᠠᠯᠠᠵᠤ ᠂ ᠭᠠᠳᠠᠭᠰᠢ ᠨᠡᠭᠡᠭᠡᠯᠳᠡ ᠪᠠᠷ ᠨᠡᠭᠡᠭᠡᠯᠲᠡ ᠶ᠋ᠢ ᠠᠬᠢᠭᠤᠯᠵᠤ ᠂ ᠨᠡᠭᠡᠭᠡᠯᠲᠡ ᠪᠡᠷ ᠬᠥᠭᠵᠢᠯᠲᠡ ᠶ᠋ᠢ ᠠᠬᠢᠭᠤᠯᠵᠤ ᠂ ᠢᠳᠡᠪᠬᠢᠲᠡᠶ ᠰᠠᠨᠠᠭᠠᠴᠢᠯᠠᠭ᠎ᠠ ᠲᠠᠶ ᠪᠠᠷ ᠤᠯᠠᠨ ᠤᠯᠤᠰ  ᠦ᠋ᠨ ᠪᠤᠨᠯᠤᠰ ᠤᠨ ᠳᠣᠲᠣᠭᠠᠳᠤ ᠶ᠋ᠢᠨ ᠬᠣᠶᠠᠷ ᠵᠦᠢᠯ ᠤᠨ ᠪᠡᠯᠡ ᠮᠥᠩᠭᠥ ᠪᠠ ᠬᠣᠶᠠᠷ ᠵᠠᠬ᠎ᠠ ᠳᠡᠯᠭᠡᠭᠦᠷ ᠢ ᠠᠰᠢᠭᠯᠠᠵᠤ ᠂ ᠤᠯᠠᠨ ᠵᠦᠢᠯ ᠦ᠋ᠨ ᠠᠵᠤᠨᠬᠤᠶ ᠶ᠋ᠢᠨ ᠪᠦᠷᠢᠯᠳᠦᠬᠦᠨ ᠢ ᠬᠠᠮᠲᠤ ᠪᠠᠷ ᠨᠡᠭᠡᠭᠡᠨ ᠭᠥᠭᠵᠢᠭᠦᠯᠬᠦ ᠶ᠋ᠢ ᠳᠠᠶᠢᠴᠢᠯᠠᠨ᠎ᠠ ᠃ ᠪᠢᠲᠡᠭᠦᠮᠵᠢᠯᠡᠭᠰᠡᠨ ᠬᠡᠯᠪᠡᠷᠢᠲᠦ ᠠᠩᠬᠠᠨ ᠦ ᠡᠬᠢ ᠪᠠᠶᠠᠯᠢᠭ ᠢ ᠰᠢᠯᠵᠢᠭᠦᠯᠦᠨ ᠬᠤᠪᠢᠷᠠᠭᠤᠯᠬᠤ ᠶ᠋ᠢ ᠦᠭᠡᠷᠡᠴᠢᠯᠡᠨ᠎ᠡ ᠂ ᠠᠯᠬᠤᠮ ᠠᠯᠬᠤᠮ ᠢᠶ᠋ᠡᠷ ᠨᠡᠭᠡᠭᠡᠯᠲᠡᠲᠦ ᠬᠡᠯᠪᠡᠷᠢ ᠶ᠋ᠢᠨ ᠡᠬᠢ ᠪᠠᠶᠠᠯᠢᠭ  ᠤᠨ ᠶᠡᠷᠦᠩᠬᠡᠶᠢᠯᠡᠨ ᠰᠣᠯᠢᠬᠤ ᠬᠡᠪ ᠵᠠᠭᠪᠤᠷ ᠳᠤ ᠰᠢᠯᠵᠢᠬᠦ ᠰᠢᠯᠵᠢᠯᠲᠡ ᠮᠥᠨ ᠃ ᠤᠯᠤᠰ ᠣᠷᠣᠨ  ᠤ ᠪᠦᠲᠦᠭᠡᠨ ᠪᠠᠶᠢᠭᠤᠯᠤᠯᠲᠠ ᠶ᠋ᠢ ᠳᠡᠮᠵᠢᠬᠦ ᠪᠠ ᠣᠷᠣᠨ ᠨᠤᠲᠤᠭ ᠤᠨ ᠠᠵᠤ ᠠᠬᠤᠶ  ᠶ᠋ᠢᠨ ᠠᠮᠢᠵᠢᠷᠠᠯ ᠤᠨ ᠬᠦᠴᠦᠨ ᠲᠠᠶ ᠪᠠᠶᠢᠬᠤ ᠶ᠋ᠢᠨ ᠬᠠᠷᠢᠴᠠᠭ᠎ᠠ  ᠶ᠋ᠢ ᠰᠠᠶᠢᠲᠤᠷ ᠠᠩᠬᠠᠷᠤᠨ ᠰᠢᠶᠳᠪᠦᠷᠢᠯᠡᠬᠦ ᠂ ᠪᠡᠶᠡᠯᠡᠭᠦᠯᠬᠦ ᠪᠠ ᠬᠠᠮᠵᠢᠯᠴᠠᠭᠠᠨ ᠤ ᠣᠷᠣᠨ ᠤ ᠰᠢᠯᠢᠳᠡᠭᠵᠦᠢᠯ ᠢᠶ᠋ᠡᠨ ᠬᠠᠷᠢᠯᠴᠠᠨ ᠨᠦᠬᠦᠪᠦᠷᠢᠯᠡᠨ᠎ᠡ᠃ ᠡᠨᠡ ᠬᠦ ᠪᠠᠶᠢᠯᠳᠤᠬᠤ ᠪᠤᠳᠤᠯᠭ᠎ᠠ ᠶ᠋ᠢ ᠬᠡᠷᠡᠭᠵᠢᠭᠦᠯᠬᠦ ᠳ᠋ᠦ ᠳᠣᠣᠷᠠᠬᠢ ᠬᠡᠳᠦᠨ ᠭᠣᠣᠯᠳᠠᠯᠭ᠎ᠠ ᠶ᠋ᠢ ᠲᠣᠪᠣᠶᠢᠯᠭᠠᠬᠤ ᠬᠡᠷᠡᠭᠲᠠᠢ᠄
    ᠨᠢᠭᠡ ᠂ ᠦᠷ᠎ᠡ ᠠᠰᠢᠭ ᠢᠶ᠋ᠡᠷ ᠭᠣᠸᠯ ᠪᠣᠯᠭᠠᠨ ᠂ ᠲᠠᠷᠢᠶᠠᠯᠠᠩ ᠮᠠᠯ ᠠᠵᠤ ᠠᠬᠤᠶ ᠦ᠋ᠨ  ᠡᠬᠡ ᠪᠠᠶᠠᠯᠢᠭ ᠢ ᠶᠡᠷᠦᠩᠬᠡᠶᠢᠯᠡᠨ ᠨᠡᠭᠡᠭᠡᠬᠦ ᠶ᠋ᠢ ᠴᠢᠩᠭᠠᠳᠬᠠᠵᠤ ᠂ ᠦᠢᠯᠡᠳᠪᠦᠷᠢᠯᠡᠯ ᠭᠦᠨᠵᠡᠭᠡᠶᠢᠷᠡᠯ ᠪᠠ ᠥᠷᠭᠡᠵᠢᠯ ᠲᠡᠰᠢ ᠤᠷᠤᠭᠰᠢᠯᠠᠬᠤ ᠬᠡᠷᠡᠭᠲᠡᠶ ᠃ ᠭᠦᠨᠴᠡ ᠳᠡᠭᠡᠷ᠎ᠡ ᠂ ᠲᠠᠷᠢᠮᠠᠯ ᠤᠨ ᠦᠢᠯᠡᠰ ᠨᠢ ᠨᠠᠷᠢᠯᠢᠭ ᠲᠠᠷᠢᠵᠤ ᠨᠢᠮᠪᠠᠶ ᠠᠷᠠᠴᠢᠯᠠᠨ᠂ ᠪᠡᠶ᠎ᠡ ᠲᠠᠷᠢᠮᠠᠯ  ᠢ ᠲᠠᠷᠢᠬᠤ ᠂ ᠠᠯᠠᠭᠯᠠᠨ ᠲᠤᠬᠤᠵᠤ ᠲᠠᠷᠢᠬᠤ ᠵᠡᠷᠭᠡ ᠠᠷᠭ᠎ᠠ ᠬᠡᠮᠵᠢᠶ᠎ᠡ ᠶ᠋ᠢ ᠳᠠᠮᠵᠢᠭᠤᠯᠤᠨ ᠳᠡᠯᠭᠡᠷᠡᠭᠦᠯᠬᠦ ᠪᠡᠷ ᠳᠠᠮᠵᠢᠨ ᠤᠨᠠᠯᠲᠠ ᠶ᠋ᠢ ᠳᠡᠭᠡᠭᠰᠢᠯᠡᠭᠦᠯᠦᠨ ᠂ ᠶᠡᠷᠦᠩᠬᠡᠢ ᠤᠨᠠᠯᠲᠠ ᠲᠣᠭᠲᠠᠭᠤᠨ ᠨᠡᠮᠡᠭᠳᠡᠭᠦᠯᠬᠦ ᠬᠡᠷᠡᠭᠲᠡᠶ ᠃ ᠲᠡᠵᠢᠭᠡᠨ ᠦᠷᠡᠵᠢᠭᠦᠯᠬᠦ ᠦᠢᠯᠡᠰ ᠨᠢ ᠴᠢᠩᠭ᠎ᠠ ᠠᠳᠬᠤᠵᠤ ᠂ ᠡᠬᠡ ᠮᠠᠯ  ᠤᠨ ᠬᠠᠷᠢᠴᠠᠯ ᠂ ᠰᠠᠶᠢᠵᠢᠷᠠᠭᠤᠯᠤᠭᠰᠠᠨ ᠬᠠᠷᠢᠴᠠᠯ ᠂ ᠪᠣᠷᠣᠯᠠᠭᠤᠯᠤᠭᠰᠠᠨ ᠨᠤᠷᠮ᠎ᠠ ᠂ ᠦᠷᠡᠵᠢᠨ ᠣᠨᠳᠣᠷᠣᠬᠤ ᠨᠤᠷᠮ᠎ᠠ ᠵᠡᠷᠭᠡ ᠲᠦ᠋ᠷᠪᠡᠨ ᠨᠣᠷᠮ᠎ᠠ ᠪᠡᠷᠬᠡ ᠰᠡᠳᠦᠪ  ᠢ ᠰᠢᠶᠳᠪᠦᠷᠢᠯᠡᠬᠦ ᠂ ᠮᠠᠯ ᠦ᠋ᠨ ᠪᠣᠳᠤᠭᠠᠯᠢ ᠪᠡᠶ᠎ᠡ ᠪᠠ ᠬᠠᠮᠲᠤᠯᠢᠭ ᠢᠶ᠋ᠡᠷ ᠡᠮᠴᠢᠯᠡᠬᠦ ᠢ ᠳᠡᠭᠡᠭᠰᠢᠯᠡᠭᠦᠯᠬᠦ ᠬᠡᠷᠡᠭᠲᠡᠶ ᠪᠠᠶᠢᠨ᠎ᠠ ᠃ ᠨᠥᠬᠥᠴᠡᠯ ᠢᠶᠠᠷ ᠨᠡᠯᠢᠶᠡᠳ ᠰᠠᠢᠢᠨ ᠲᠠᠷᠢᠶᠠᠯᠠᠬᠤ ᠪᠠ ᠮᠠᠯᠵᠢᠬᠤ ᠣᠷᠣᠨ ᠨᠢ᠂ ᠬᠡᠰᠡᠭ ᠬᠥᠷᠥᠰᠥ ᠭᠠᠵᠠᠷ ᠵᠠᠯᠭᠠᠯᠳᠤᠭᠰᠠᠨ ᠂ ᠤᠨᠠᠯᠲᠠ ᠪᠠᠨ ᠨᠡᠮᠡᠭᠳᠡᠭᠦᠯᠬᠦ ᠲᠠᠯᠳᠠ ᠬᠦᠴᠦᠨ ᠶᠡᠬᠡᠲᠡᠶ ᠣᠷᠣᠨ ᠪᠦᠰᠡ ᠶ᠋ᠢ ᠰᠤᠩᠭᠤᠵᠤ᠂ ᠭᠣᠣᠯᠳᠠᠯᠭ᠎ᠠ ᠲᠠᠶ ᠲᠡᠳᠬᠦᠨ ᠳᠡᠮᠵᠢᠬᠦ ᠬᠡᠷᠡᠭᠲᠡᠶ ᠃ ᠡᠷᠴᠢᠮᠵᠢᠭᠦᠯᠦᠨ ᠨᠡᠭᠡᠭᠡᠨ ᠬᠥᠭᠵᠢᠭᠦᠯᠵᠦ ᠂ ᠨᠢᠭᠡ ᠪᠦᠯᠦᠭ ᠥᠨᠳᠥᠷ ᠤᠨᠠᠯᠲᠠ ᠲᠠᠶ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠮᠠᠯ ᠠᠵᠤ ᠠᠬᠤᠶ ᠶ᠋ᠢᠨ ᠲᠠᠸᠠᠷ  ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠂ ᠲᠠᠷᠢᠶᠠᠯᠠᠩ ᠮᠠᠯ ᠠᠵᠤ ᠠᠬᠤᠶ ᠶ᠋ᠢᠨ ᠦᠶᠯᠡᠳᠪᠦᠷᠢᠯᠡᠯ  ᠤᠨ ᠣᠷᠣᠨ ᠬᠡᠪᠴᠢᠶ᠎ᠡ ᠂ ᠠᠵᠤ ᠤᠢᠢᠯᠡᠰᠴᠢᠯᠡᠬᠦ ᠠᠬᠢᠴᠠ ᠢ ᠲᠦᠯᠬᠢᠨ ᠠᠬᠢᠭᠤᠯᠤᠨ᠎ᠠ ᠃ ᠥᠷᠭᠡᠴᠡ ᠶ᠋ᠢᠨ ᠲᠠᠯ᠎ᠠ ᠪᠠᠷ ᠂ ᠤᠳᠤ ᠪᠠᠶᠢᠭ᠎ᠠ ᠲᠠᠷᠢᠶᠠᠯᠠᠩ ᠮᠠᠯ ᠠᠵᠤ ᠠᠬᠤᠶ ᠶ᠋ᠢᠨ ᠲᠠᠯ᠎ᠠ ᠡᠴᠡ ᠲᠦᠰᠢᠭᠯᠡᠨ ᠬᠥᠭᠵᠢᠭᠦᠯᠬᠦ ᠬᠡᠷᠡᠭᠲᠡᠶ ᠃ 7000 ᠲᠦᠮᠡᠨ ᠮᠦ ᠲᠠᠷᠢᠶ᠎ᠠ ᠪᠠ ᠨᠡᠭᠡᠭᠡᠨ ᠠᠰᠢᠭᠯᠠᠬᠤ 13 ᠳ᠋ᠦᠩᠰᠢᠭᠤᠷ ᠮᠦ ᠨᠤᠲᠤᠭ ᠪᠡᠯᠴᠢᠭᠡᠷ ᠢ ᠬᠦᠷᠲᠡᠯ᠎ᠡ ᠪᠦᠬᠦ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ《 ᠲᠠᠪᠤᠨ ᠠᠳᠠᠷ ᠢ ᠢᠳᠡᠪᠬᠢᠲᠡᠶ ᠶᠠᠪᠤᠭᠤᠯᠵᠤ ᠪᠠᠶᠢᠭᠰᠠᠨ ᠬᠡᠷᠡᠭᠯᠡᠬᠦ ᠡᠷᠬᠡ  ᠶ᠋ᠢ ᠦᠨ᠎ᠡ ᠬᠠᠶᠠᠵᠤ ᠬᠤᠳᠠᠯᠳᠤᠬᠤ ᠂ ᠠᠮᠢ ᠠᠬᠤᠶ ᠶ᠋ᠢᠨ ᠠᠵᠤ ᠠᠬᠤᠶ  ᠶ᠋ᠢᠨ ᠬᠡᠯᠪᠡᠷᠢ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠬᠢᠵᠦ ᠂ ᠠᠭᠤᠯᠠᠷᠬᠠᠭ ᠣᠷᠣᠨ ᠦ ᠨᠡᠭᠡᠭᠡᠨ ᠠᠰᠢᠭᠯᠠᠬᠤ ᠠᠵᠢᠯ  ᠢ ᠰᠠᠶᠢᠲᠤᠷ ᠬᠢᠵᠦ ᠂ ᠡᠯᠡᠰᠦᠷᠬᠡᠭ ᠣᠷᠣᠨ ᠢ ᠨᠡᠭᠡᠭᠡᠨ ᠠᠰᠢᠭᠯᠠᠬᠤ ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠡᠷ ᠡᠯ᠎ᠡ ᠵᠦᠢᠯ  ᠦ᠋ᠨ ᠰᠤᠷᠪᠤᠯᠵᠢ ᠢ ᠠᠰᠢᠭᠯᠠᠵᠤ ᠂ᠤᠯᠠᠮ ᠨᠢᠭᠡ ᠠᠯᠬᠤᠮ ᠦᠢᠯᠡᠳᠪᠦᠷᠢᠯᠡᠯ ᠦ᠋ᠨ ᠬᠦᠤᠨ᠎ᠡ ᠶ᠋ᠢ  ᠥᠷᠭᠡᠳᠬᠡᠵᠦ ᠂ ᠲᠠᠷᠢᠶᠠᠯᠠᠩ ᠮᠠᠯ ᠤᠨ ᠠᠰᠢᠭ ᠰᠢᠮ᠎ᠡ ᠶ᠋ᠢᠨ ᠪᠦᠲᠦᠭᠡᠭᠳᠡᠬᠦᠨ ᠢ ᠪᠦᠲᠦᠮᠵᠢᠲᠡᠶ ᠬᠠᠩᠭᠠᠯᠭ᠎ᠠ ᠶ᠋ᠢ ᠨᠡᠮᠡᠭᠳᠡᠭᠦᠯᠬᠦ ᠬᠡᠷᠡᠭᠲᠡᠶ ᠃
    ᠦᠢᠷ᠎ᠠ ᠳ᠋ᠦ ᠂ ᠤᠯᠤᠰ ᠦ᠋ᠨ ᠲᠣᠤᠨ ᠪᠦᠷᠢᠳᠬᠡᠯ  ᠤᠨ ᠲᠣᠪᠴᠢᠶᠠᠨ ᠤ ᠨᠢᠭᠡᠨ ᠮᠠᠲ᠋ᠧᠷᠢᠶᠠᠯ  ᠨᠡᠶᠢᠲᠡᠯᠡᠭᠰᠡᠨ ᠪᠠᠶᠢᠨ᠎ᠠ ᠂ ᠪᠦᠬᠦ ᠤᠯᠤᠰ  ᠤᠨ 100 ᠬᠥᠳᠡᠭᠡ ᠠᠵᠤ ᠠᠬᠤᠶ ᠶ᠋ᠢᠨ ᠨᠡᠮᠡᠭᠳᠡᠯ ᠤᠢᠷᠳᠡᠭ ᠤᠨ ᠲᠤᠮᠤ ᠰᠢᠶᠠᠨ ᠂ 100 ᠭᠠᠬᠠᠶ ᠂ ᠦᠬᠡᠷ ᠂ ᠬᠣᠨᠢᠨ ᠮᠢᠬ᠎ᠠ ᠶ᠋ᠢᠨ ᠭᠠᠷᠤᠯᠲᠠ ᠶᠡᠬᠡᠲᠡᠶ ᠰᠢᠶᠠᠨ ᠂ ᠮᠠᠨ ᠦ ᠣᠷᠣᠨ ᠴᠥᠮ ᠨᠡᠷ᠎ᠡ ᠪᠡᠨ ᠵᠢᠭᠰᠠᠭᠠᠭᠳᠠᠭ᠎ᠠ ᠦᠭᠡᠢ ᠃ ᠮᠠᠨ ᠤ ᠣᠷᠣᠨ  ᠤ ᠦᠬᠡᠷ ᠬᠣᠨᠢᠨ ᠤ ᠲᠣᠭ᠎ᠠ ᠲᠣᠯᠣᠭᠠᠶ ᠪᠦᠬᠦ ᠤᠯᠤᠰ ᠲᠤ ᠣᠷᠣᠶᠢᠯᠠᠵᠤ ᠪᠠᠶᠢᠭᠠᠳ᠂ ᠨᠢᠭᠡ ᠶᠡᠬᠡ ᠮᠢᠬ᠎ᠠ ᠭᠠᠷᠬᠤ ᠰᠢᠶᠠᠨ ᠪᠠᠶᠢᠬᠤ ᠦᠭᠡᠢ᠃ ᠮᠠᠨ ᠤ ᠣᠷᠣᠨ ᠤ ᠬᠥᠮᠦᠨ ᠳᠤᠮᠳᠠᠴᠢ ᠪᠠᠷ ᠨᠣᠭᠳᠠᠬᠤ ᠠᠮᠤ ᠪᠤᠳᠠᠭ᠎ᠠ ᠪᠦᠬᠦ ᠤᠯᠤᠰ ᠲᠤ 3 ᠳ᠋ᠤᠭᠠᠷ ᠲᠤ ᠵᠢᠭᠰᠠᠭᠠᠭᠳᠠᠵᠤ ᠂ ᠬᠥᠳᠡᠭᠡ ᠠᠵᠤ ᠠᠬᠤᠶ ᠶ᠋ᠢᠨ ᠨᠡᠮᠡᠭᠳᠡᠯ ᠤᠢᠷᠳᠡᠭ ᠤᠨ ᠶᠡᠬᠡ ᠰᠢᠶᠠᠨ ᠪᠠᠶᠢᠬᠤ ᠦᠭᠡᠢ ᠂ ᠦᠨᠡᠬᠡᠷ ᠪᠢᠳᠡ ᠪᠤᠳᠤᠯᠭᠠᠰᠢᠷᠠᠬᠤ ᠴᠢᠬᠤᠯᠠ ᠲᠠᠢ ᠃ ᠣᠷᠣᠨ ᠤ ᠪᠠᠶᠢᠩᠭᠤ ᠶ᠋ᠢᠨ ᠭᠡᠰᠢᠭᠦᠨ ᠂ ᠨᠠᠮ ᠤᠨ ᠬᠣᠷᠢᠶ᠎ᠠ ᠶ᠋ᠢᠨ ᠦᠵᠡᠬᠦ ᠪᠡᠷ ᠂ ᠲᠠᠷᠢᠶᠠᠯᠠᠩ ᠮᠠᠯᠵᠢᠯ ᠤᠨ ᠦᠢᠯᠡᠰ ᠦᠨ ᠦᠢᠯᠡᠳᠪᠦᠷᠢᠯᠡᠯ ᠳᠡᠭᠡᠷ᠎ᠡ ᠂ ᠨᠡᠭᠡᠭᠡᠯᠲᠡ ᠶ᠋ᠢᠨ ᠭᠦᠨᠴᠡ ᠪᠡᠨ ᠪᠣᠯᠣᠨ ᠨᠡᠭᠡᠭᠡᠯᠲᠡ ᠶ᠋ᠢᠨ ᠦᠷᠭᠡᠴᠡ ᠪᠡᠨ ᠰᠠᠶᠢᠲᠤᠷ ᠰᠢᠢᠳᠪᠦᠷᠢᠯᠡᠬᠦ ᠡᠴᠡ ᠭᠠᠳᠠᠨ᠎ᠠ ᠂ ᠴᠢᠭᠯᠡᠯᠲᠡ ᠳᠡᠭᠡᠷ᠎ᠡ ᠂ 6 ᠬᠣᠪᠢᠷᠠᠯᠲᠠ ᠶ᠋ᠢ ᠪᠡᠶᠡᠯᠡᠭᠦᠯᠬᠦ ᠬᠡᠷᠡᠭᠳᠡᠢ ᠂ ᠳᠠᠷᠤᠢ ᠪᠦᠳᠦᠭᠦᠯᠢᠭ ᠨᠡᠭᠡᠭᠡᠯᠲᠦ ᠡᠵᠡᠩᠨᠡᠯᠲᠡ ᠡᠴᠡ ᠡᠷᠴᠢᠮᠵᠢᠲᠦ ᠡᠵᠡᠩᠨᠡᠯᠲᠡ ᠤᠷᠤᠭᠤ ᠬᠣᠪᠢᠷᠠᠨ᠎ᠠ ᠃ ᠪᠠᠶᠢᠭᠠᠯᠢᠯᠢᠭ ᠲᠠᠷᠢᠶᠠᠯᠠᠩ ᠮᠠᠯᠵᠢᠯ ᠤᠨ ᠦᠢᠯᠡᠰ ᠡᠴᠡ ᠪᠠᠶᠢᠭᠤᠯᠤᠯᠲᠠ ᠶ᠋ᠢᠨ ᠲᠠᠷᠢᠶᠠᠯᠠᠩ ᠮᠠᠯᠵᠢᠯ ᠤᠨ ᠦᠢᠯᠡᠰ ᠤᠷᠤᠭᠤ ᠬᠣᠪᠢᠷᠠᠨ᠎ᠠ ᠃ ᠥᠷᠭᠡᠨ ᠲᠠᠷᠢᠵᠤ ᠤᠨᠠᠯᠲᠠ ᠪᠠᠭ᠎ᠠ ᠡᠴᠠ ᠨᠠᠷᠢᠯᠢᠭ ᠲᠠᠷᠢᠵᠤ ᠦᠨᠳᠦᠷ ᠤᠨᠠᠯᠲᠠ ᠵᠦᠭ ᠰᠢᠯᠵᠢᠨ᠎ᠡ ᠃ ᠤᠯᠠᠮᠵᠢᠯᠠᠯᠲᠦ ᠦᠢᠯᠡᠳᠪᠦᠷᠢᠯᠡᠯ ᠦᠨ ᠠᠷᠭ᠎ᠠ ᠮᠠᠶᠢᠭ ᠡᠴᠠ ᠰᠢᠨ᠎ᠡ ᠮᠠᠶᠢᠭ ᠤᠨ ᠦᠢᠯᠡᠳᠪᠦᠷᠢᠯᠡᠯ ᠦᠨ ᠠᠷᠭ᠎ᠠ ᠮᠠᠶᠢᠭ ᠵᠦᠭ ᠰᠢᠯᠵᠢᠨ᠎ᠡ ᠃ ᠥᠪᠡᠷ ᠢ ᠪᠡᠨ ᠥᠪᠡᠷᠲᠡᠭᠡᠨ ᠬᠠᠩᠭᠠᠵᠤ ᠂ ᠲᠦᠭᠦᠬᠡᠢ ᠡᠳ᠋ ᠪᠣᠷᠣᠯᠠᠭᠤᠯᠬᠤ ᠡᠴᠠ ᠭᠠᠳᠠᠭᠰᠢ ᠪᠣᠯᠪᠠᠰᠤᠷᠠᠭᠤᠯᠬᠤ ᠵᠦᠭ ᠰᠢᠯᠵᠢᠨ᠎ᠡ ᠃ ᠲᠣᠭ᠎ᠠ ᠬᠡᠮᠵᠢᠶᠡᠨ ᠦ ᠲᠠᠷᠢᠶᠠᠯᠠᠩ ᠮᠠᠯᠵᠢᠯ ᠤᠨ ᠦᠢᠯᠡᠰ ᠡᠴᠡ ᠦᠷ᠎ᠡ ᠠᠰᠢᠭ ᠤᠨ ᠲᠠᠷᠢᠶᠠᠯᠠᠩ ᠮᠠᠯᠵᠢᠯ ᠤᠨ ᠦᠢᠯᠡᠰ ᠵᠦᠭ ᠰᠢᠯᠵᠢᠨ᠎ᠡ ᠃ ᠨᠥᠬᠦᠳ ᠨᠠᠷᠢᠨ ᠬᠢᠨᠠᠮᠠᠭᠠᠢ ᠡᠨᠡ ᠬᠦ ᠠᠰᠠᠭᠤᠳᠠᠯ ᠢ ᠰᠤᠳᠤᠯᠵᠤ ᠂ ᠢᠳᠡᠭ ᠢᠳᠡᠭ ᠢᠶ᠋ᠡᠷ ᠮᠠᠨ ᠤ ᠤᠷᠤᠨ ᠤ ᠲᠠᠷᠢᠶᠠᠯᠠᠩ ᠮᠠᠯᠵᠢᠯ ᠤᠨ ᠬᠥᠭᠵᠢᠯᠲᠡ ᠶ᠋ᠢᠨ ᠵᠢᠯᠤᠭᠤᠳᠬᠤ ᠵᠣᠷᠢᠭ ᠰᠠᠨᠠᠭ᠎ᠠ ᠪᠠ ᠲᠥᠷᠦ ᠶ᠋ᠢᠨ ᠪᠣᠳᠣᠯᠭ᠎ᠠ ᠶ᠋ᠢᠨ ᠠᠷᠭ᠎ᠠ ᠠᠪᠴᠢᠯ ᠢ ᠲᠡᠭᠦᠯᠳᠡᠷᠵᠢᠭᠦᠯᠬᠦ ᠬᠡᠷᠡᠭᠳᠡᠢ ᠃
    ᠬᠣᠶᠠᠷ ᠂ ᠥᠪᠥᠷ ᠮᠣᠩᠭᠣᠯ ᠦ᠋ᠨ  ᠡᠬᠡ ᠪᠠᠶᠠᠯᠢᠭ ᠤᠨ ᠣᠨᠴᠠᠯᠢᠭ ᠢ ᠦᠨᠳᠦᠰᠦᠯᠡᠬᠦ ᠬᠡᠷᠡᠭᠲᠡᠶ ᠃ ᠠᠵᠤ ᠦᠶᠯᠡᠳᠪᠦᠷᠢ ᠶ᠋ᠢᠨ ᠠᠵᠤ ᠠᠬᠤᠶ ᠶ᠋ᠢᠨ ᠪᠦᠲᠦᠴᠡ ᠢ ᠲᠣᠬᠢᠷᠠᠭᠤᠯᠬᠤ ᠪᠠ ᠰᠢᠯᠢᠳᠡᠭᠵᠢᠭᠦᠯᠬᠦ ᠬᠡᠷᠡᠭᠳᠡᠢ ᠃ ᠠᠵᠤ ᠠᠬᠤᠶ ᠶ᠋ᠢᠨ ᠪᠦᠲᠦᠴᠡ ᠢ ᠰᠢᠯᠢᠳᠡᠭᠵᠢᠭᠦᠯᠬᠦ ᠶᠡᠷᠦᠩᠬᠡᠶ ᠰᠡᠳᠬᠢᠴᠡ ᠭᠡᠪᠡᠯ ᠂ ᠵᠠᠬ᠎ᠠ ᠳᠡᠯᠭᠡᠭᠦᠷ ᠤᠨ ᠠᠵᠤ ᠠᠬᠤᠶ ᠶ᠋ᠢᠨ ᠪᠤᠰᠤᠳᠴᠢ ᠵᠢᠮ᠎ᠡ ᠳ᠋ᠦ ᠵᠣᠬᠢᠴᠠᠨ ᠂ ᠡᠬᠢ ᠪᠠᠶᠠᠯᠢᠭ ᠶ᠋ᠢ ᠰᠢᠯᠢᠳᠡᠭᠵᠢᠭᠦᠯᠦᠨ ᠳᠣᠭᠢᠷᠠᠭᠤᠯᠬᠤ ᠬᠠᠷᠠᠯᠲᠠ ᠶ᠋ᠢ ᠦᠨᠳᠦᠰᠦᠯᠡᠨ ᠂ ᠤᠯᠤᠰ ᠤᠨ ᠠᠵᠤ ᠦᠢᠯᠡᠰ ᠤᠨ ᠲᠦᠷᠦ  ᠶ᠋ᠢᠨ ᠪᠤᠳᠤᠯᠭ᠎ᠠ ᠵᠢᠴᠢ ᠭᠠᠵᠠᠷ ᠣᠷᠣᠨ ᠤ ᠬᠣᠭᠣᠷᠣᠨᠳᠣᠬᠢ ᠠᠵᠢᠯ ᠤᠨ ᠬᠤᠪᠢᠶᠠᠷᠢᠯᠠᠯ  ᠤᠨ ᠱᠠᠭᠠᠷᠳᠠᠯᠭ᠎ᠠ ᠶ᠋ᠢ ᠦᠨᠳᠦᠰᠦᠯᠡᠨ ᠂ ᠥᠪᠥᠷ ᠮᠣᠩᠭᠣᠯ ᠤᠨ ᠲᠤᠰ ᠪᠡᠶ᠎ᠡ ᠶ᠋ᠢᠨ ᠳᠠᠪᠠᠭᠤᠯᠢᠭ ᠢ ᠪᠠᠳᠠᠷᠠᠭᠤᠯᠵᠤ ᠂ ᠠᠯᠬᠤᠮ ᠠᠯᠬᠤᠮ ᠢᠶ᠋ᠡᠷ ᠠᠵᠤ ᠠᠬᠤᠶ ᠶ᠋ᠢᠨ ᠬᠥᠭᠵᠢᠯᠲᠡ ᠶ᠋ᠢᠨ ᠵᠢᠮ᠎ᠡ ᠶᠣᠰᠣ  ᠢ ᠤᠬᠠᠮᠰᠠᠷ ᠲᠠᠶ ᠪᠠᠷ ᠲᠣᠬᠢᠷᠠᠭᠤᠯᠬᠤ ᠪᠦᠲᠦᠴᠡ  ᠶ᠋ᠢᠨ ᠰᠠᠢᠢᠨ ᠰᠠᠶᠢᠬᠠᠨ ᠲᠣᠭᠲᠠᠴᠠ ᠢ ᠪᠤᠢ ᠪᠣᠯᠭᠠᠬᠤ ᠬᠡᠷᠡᠭᠲᠡᠶ ᠃ ᠥᠪᠥᠷ ᠮᠣᠩᠭᠣᠯ ᠪᠣᠯ ᠠᠵᠤ ᠦᠢᠯᠡᠳᠪᠦᠷᠢ ᠶ᠋ᠢᠨ ᠡᠬᠢ ᠪᠠᠶᠠᠯᠢᠭ  ᠢᠶ᠋ᠡᠷ ᠡᠯᠪᠡᠭ ᠭᠠᠵᠠᠷ ᠣᠷᠣᠨ ᠂ ᠡᠬᠢ ᠪᠠᠶᠠᠯᠢᠭ ᠦ᠋ᠨ ᠴᠢᠤᠨᠲᠠᠶ ᠠᠵᠤ ᠦᠢᠯᠡᠳᠪᠦᠷᠢ ᠢ ᠬᠥᠭᠵᠢᠭᠦᠯᠬᠦ ᠳ᠋ᠦ ᠨᠡᠯᠢᠶᠡᠳ ᠳᠠᠪᠠᠭᠤᠯᠢᠭ ᠲᠠᠶ ᠃ ᠡᠶᠢᠮᠦ ᠡᠴᠡ ᠂ ᠤᠯᠤᠰ ᠡ᠊ᠨ᠋ᠸᠷᠭᠢ ᠵᠢᠨ ᠰᠤᠷᠪᠤᠯᠵᠢ ᠂ ᠲᠦᠭᠦᠬᠡᠶ ᠡᠳ᠋ ᠮᠠᠲ᠋ᠧᠷᠢᠶᠠᠯ  ᠦ᠋ᠨ ᠠᠵᠤ  ᠦᠢᠯᠡᠳᠪᠦᠷᠢ ᠢ ᠮᠠᠨ ᠤ ᠡᠨᠳᠡ ᠰᠢᠯᠵᠢᠭᠦᠯᠬᠦ
ᠨᠢ ᠵᠠᠶᠢᠯᠠᠰᠢ ᠦᠭᠡᠢ᠃ ᠡᠨᠡ ᠬᠦ ᠪᠤᠰᠤᠳᠴᠢ ᠪᠠᠶᠢᠳᠠᠯ ᠨᠢ ᠂ ᠥᠪᠥᠷ ᠮᠣᠩᠭᠣᠯ ᠤᠨ ᠬᠦᠨᠳᠦ ᠠᠵᠤ ᠦᠢᠯᠡᠳᠪᠦᠷᠢ ᠶ᠋ᠢᠨ ᠬᠠᠷᠢᠴᠠᠯ ᠶᠡᠬᠡ ᠪᠠᠶᠢᠳᠠᠯ ᠢ ᠪᠣᠢ ᠪᠣᠯᠭᠠᠵᠠᠢ ᠃ ᠪᠢᠳᠠ ᠤᠳᠤ ᠪᠣᠯ ᠬᠦᠨᠳᠦ ᠠᠵᠤ ᠦᠢᠯᠡᠳᠪᠦᠷᠢ ᠬᠦᠨᠳᠦ ᠂ ᠬᠦᠩᠭᠡᠨ ᠦᠢᠯᠡᠳᠪᠦᠷᠢ ᠨᠢ ᠬᠥᠩᠭᠡᠨ ᠂ ᠡᠨᠡ ᠪᠣᠯ ᠥᠪᠥᠷ ᠮᠣᠩᠭᠣᠯ ᠤᠨ ᠡᠬᠢ ᠪᠠᠶᠠᠯᠢᠭ ᠣᠨᠴᠠᠯᠢᠭ ᠡᠴᠠ ᠲᠣᠭᠳᠠᠭᠠᠭᠳᠠᠭᠰᠠᠨ ᠶᠤᠮ ᠃ ᠠᠵᠤ ᠦᠢᠯᠡᠰ ᠤᠨ ᠪᠦᠲᠦᠴᠡ ᠳ᠋ᠤ ᠲᠤᠬᠢᠷᠡᠭᠤᠯᠦᠯᠳᠠ ᠬᠢᠬᠦ ᠬᠡᠷᠡᠭᠲᠡᠶ ᠂ ᠭᠡᠪᠡᠴᠦ ᠶᠠᠭᠠᠬᠢᠭᠰᠠᠨ ᠴᠤ ᠬᠦᠨᠳᠦ ᠦᠢᠯᠡᠳᠪᠦᠷᠢ ᠶ᠋ᠢ ᠳᠠᠷᠤᠵᠤ ᠬᠥᠩᠭᠡᠨ ᠠᠵᠤ ᠦᠢᠯᠡᠳᠪᠦᠷᠢ ᠶ᠋ᠢ ᠬᠥᠭᠵᠢᠭᠦᠯᠵᠦ ᠪᠣᠯᠬᠤ ᠦᠭᠡᠢ ᠃ ᠵᠥᠪ ᠵᠢᠯᠣᠭᠣᠳᠬᠤ ᠦᠵᠡᠯ ᠰᠠᠨᠠᠭ᠎ᠠ ᠪᠣᠯ ᠂ ᠪᠣᠳᠠᠲᠤ ᠪᠠᠶᠢᠳᠠᠯ ᠡᠴᠡ ᠡᠭᠦᠰᠬᠦ᠂ ᠥᠪᠡᠷ ᠦ᠋ᠨ  ᠲᠠᠪᠠᠭᠤᠯᠢᠭ ᠢᠶ᠋ᠡᠨ ᠪᠠᠳᠠᠷᠠᠭᠤᠯᠵᠤ ᠂ ᠥᠪᠡᠷᠰᠡᠳ ᠤᠨ ᠳᠠᠪᠠᠭᠤᠯᠢᠭ ᠪᠠᠶᠢᠯᠳᠤᠭᠠᠨ ᠬᠢᠬᠦ ᠪᠣᠯᠤᠨ᠎ᠠ ᠃ ᠲᠥᠪ ᠬᠣᠷᠢᠶᠠᠨ ᠤ ᠥᠪᠥᠷ ᠮᠣᠩᠭᠣᠯ  ᠲᠤ ᠴᠠᠬᠢᠯᠭᠠᠨ ᠬᠦᠴᠦᠨ  ᠤ ᠦᠢᠯᠡᠳᠪᠦᠷᠢ᠂ ᠨᠡᠭᠦᠷᠡᠰᠦ ᠵᠡᠷᠭᠡ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠦᠢᠯᠡᠰ ᠢ ᠪᠢᠳᠡ ᠪᠠᠰᠠ ᠶᠡᠬᠡᠪᠡᠷ ᠲᠠᠲᠠᠵᠤ ᠠᠪᠬᠤ ᠬᠡᠷᠡᠭᠳᠡᠢ᠃ ᠤᠯᠤᠰ ᠤᠨ ᠲᠦᠰᠦᠯ ᠳᠡᠭᠡᠭᠰᠢ ᠭᠠᠷᠪᠠᠯ᠂ ᠣᠷᠣᠨ ᠨᠤᠲᠤᠭ  ᠤᠨ ᠲᠥᠰᠥᠯ ᠢ ᠳᠠᠢᠢᠴᠢᠯᠠᠵᠤ ᠴᠢᠳᠠᠨ᠎ᠠ᠂ ᠣᠷᠣᠨ ᠨᠤᠲᠤᠭ  ᠤᠨ ᠨᠢᠭᠡ ᠂ ᠬᠣᠶᠠᠷ ᠂ ᠭᠤᠷᠪᠠᠳᠤᠭᠠᠷ ᠠᠵᠤ ᠦᠢᠯᠡᠰ ᠢ ᠬᠦᠭᠵᠢᠭᠦᠯᠵᠦ ᠴᠢᠳᠠᠨ᠎ᠠ᠃ ᠡᠭᠦᠨ ᠦ ᠵᠡᠷᠭᠡ ᠪᠡᠷ ᠂ ᠥᠪᠡᠷᠲᠡᠭᠡᠨ ᠵᠠᠰᠠᠬᠤ ᠣᠷᠣᠨ  ᠤ ᠬᠥᠮᠦᠨ  ᠤ ᠬᠦᠴᠦ ᠂ ᠪᠣᠳᠠᠰ ᠤᠨ ᠬᠦᠴᠦ ᠂ ᠡᠳ᠋  ᠶ᠋ᠢᠨ ᠵᠠᠰᠠᠭ ᠠᠵᠤ ᠠᠬᠤᠶ  ᠶ᠋ᠢᠨ ᠬᠦᠴᠦ ᠶ᠋ᠢ ᠲᠥᠪᠯᠡᠷᠡᠭᠦᠯᠦᠨ᠂ ᠬᠦᠨᠭᠭᠡᠨ ᠠᠵᠤ ᠦᠢᠯᠡᠳᠪᠦᠷᠢ ᠨᠡᠬᠡᠮᠡᠯ ᠦ᠋ᠨ ᠠᠵᠤ  ᠦᠢᠯᠡᠰ ᠢ ᠬᠥᠭᠵᠢᠭᠦᠯᠦᠨ᠎ᠡ ᠃ ᠡᠨᠡ ᠨᠢ ᠳᠠᠪᠠᠭᠤᠯᠢᠭ ᠢᠶᠡᠨ ᠪᠠᠳᠠᠷᠠᠭᠤᠯᠵᠤ ᠭᠦᠷᠦᠯᠴᠡᠭᠦ ᠦᠭᠡᠢ ᠪᠠᠨ ᠨᠦᠪᠦᠷᠢᠯᠡᠵᠦ ᠂ ᠬᠠᠷᠢᠨ ᠰᠠᠶᠢᠨ ᠢᠶᠠᠷ ᠨᠢ ᠰᠠᠭᠠᠷᠠᠤ ᠪᠠᠨ ᠨᠥᠬᠥᠬᠥ ᠪᠢᠰᠢ᠃ ᠡᠨᠡ ᠬᠦ ᠠᠰᠠᠭᠤᠳᠠᠯ ᠳᠡᠭᠡᠷ᠎ᠡ ᠲᠠᠨᠢᠯᠲᠠ ᠨᠢᠭᠡᠳᠦᠯᠲᠡᠶ ᠪᠣᠯᠵᠠᠶ ᠂ ᠠᠯᠬᠤᠮ ᠨᠢᠭᠡᠲᠡᠶ ᠪᠠᠶᠢᠨ᠎ᠠ ᠂ ᠮᠠᠨ ᠤ ᠡᠨᠡᠬᠦ ᠡᠬᠢ ᠪᠠᠶᠠᠯᠢᠭ ᠤᠨ ᠳᠤᠮᠤ ᠣᠷᠣᠨ ᠤ ᠳᠠᠪᠠᠭᠤᠯᠢᠭ ᠢᠶᠡᠨ ᠰᠠᠶ᠋ᠢ ᠠᠯᠬᠤᠮ ᠠᠯᠬᠤᠮ ᠢᠶᠠᠷ ᠪᠠᠳᠠᠷᠠᠭᠤᠯᠵᠤ ᠴᠢᠳᠠᠨ᠎ᠠ᠃
    ᠭᠤᠷᠪᠠ ᠂ ᠵᠠᠬ᠎ᠠ ᠳᠡᠯᠭᠡᠭᠦᠷ ᠢᠶ᠋ᠡᠷ ᠤᠳᠤᠷᠢᠳᠤᠮᠵᠢ ᠪᠣᠯᠭᠠᠨ ᠂ ᠥᠪᠥᠷ ᠮᠣᠩᠭᠣᠯ  ᠦ᠋ᠨ ᠠᠵᠤ  ᠠᠬᠤᠢ ᠶ᠋ᠢᠨ ᠲᠦᠷᠭᠡᠨ ᠨᠡᠮᠡᠭᠳᠡᠯ  ᠢ ᠳᠠᠶᠢᠴᠢᠯᠠᠬᠤ ᠤᠳᠤᠷᠢᠳᠤᠮᠵᠢ ᠶ᠋ᠢ ᠪᠦᠲᠦᠭᠡᠨ ᠪᠠᠶᠢᠭᠤᠯᠵᠤ ᠂ ᠥᠭᠡᠷ᠎ᠡ ᠪᠡᠷ ᠬᠡᠯᠡᠪᠡᠯ ᠂ ᠲᠠᠷᠢᠶᠠᠯᠠᠩ ᠮᠠᠯ ᠠᠵᠤ ᠠᠬᠤᠶ ᠶ᠋ᠢᠨ ᠬᠥᠭᠵᠢᠯᠲᠡ ᠶ᠋ᠢᠨ ᠰᠠᠭᠤᠷᠢᠨ ᠳᠡᠭᠡᠷ᠎ᠡ᠂ ᠨᠡᠭᠦᠷᠡᠰᠦ ᠂ ᠴᠠᠬᠢᠯᠭᠠᠨ ᠬᠦᠴᠦᠨ ᠢᠶ᠋ᠡᠷ ᠭᠣᠣᠯ ᠡᠨᠧᠷᠭᠢ  ᠶ᠋ᠢᠨ ᠰᠤᠷᠪᠤᠯᠵᠢ  ᠶ᠋ᠢᠨ ᠠᠵᠤ ᠦᠢᠯᠡᠳᠪᠦᠷᠢ ᠶ᠋ᠢ ᠭᠣᠣᠯᠳᠠᠯᠭ᠎ᠠ ᠲᠠᠢ ᠬᠥᠭᠵᠢᠭᠦᠯᠵᠦ ᠂ ᠪᠤᠯᠤᠳ ᠲᠡᠮᠤᠷ  ᠢᠶᠠᠷ ᠭᠣᠣᠯ ᠪᠣᠯᠭᠠᠭᠰᠠᠨ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠂ ᠠᠷᠠᠰᠤ ᠨᠣᠣᠰᠣ ᠨᠣᠯᠤᠤᠷ ᠪᠣᠯᠪᠠᠰᠤᠷᠠᠭᠤᠯᠬᠤ ᠂ ᠡᠮ ᠡᠮᠨᠡᠯᠭᠡ ᠪᠣᠯᠤᠨ ᠢᠳᠡᠭᠡᠨ ᠢᠶᠠᠷ ᠭᠣᠣᠯ ᠪᠣᠯᠭᠠᠭᠰᠠᠨ ᠬᠦᠨᠭᠭᠡᠨ ᠨᠡᠬᠡᠮᠡᠯ ᠠᠵᠤ ᠦᠢᠯᠡᠳᠪᠦᠷᠢ ᠪᠠᠷ ᠭᠣᠣᠯ ᠪᠣᠯᠭᠠᠵᠤ᠂ ᠪᠠᠰᠠ ᠲᠣᠮᠣ ᠮᠠᠶ᠋ᠢᠭ  ᠤᠨ ᠠᠴᠢᠶᠠᠨ ᠤ ᠮᠠᠰᠢᠨ ᠲᠡᠷᠭᠡ ᠪᠠ ᠮᠠᠰᠢᠨ ᠮᠧᠬᠠᠨᠢᠭ ᠤᠨ ᠡᠯᠧᠺᠲ᠋ᠷᠣᠨ ᠠᠵᠤ ᠦᠢᠯᠡᠳᠪᠦᠷᠢ ᠵᠡᠷᠭᠡ ᠠᠵᠤ ᠦᠢᠯᠡᠰ ᠢᠶᠠᠷ ᠲᠤᠯᠭᠠᠭᠤᠷᠢ ᠪᠣᠯᠭᠠᠵᠤ᠂ ᠱᠦᠢᠨᠢ ᠂ ᠴᠢᠯᠠᠭᠤ᠂ ᠴᠢᠮᠡᠭᠯᠡᠯ  ᠤᠨ ᠮᠠᠲ᠋ᠧᠷᠢᠶᠠᠯ ᠸᠠᠭᠠᠷ ᠱᠠᠭᠠᠵᠠᠩ  ᠢᠶᠠᠷ ᠭᠣᠣᠯ ᠪᠣᠯᠭᠠᠭᠰᠠᠨ ᠪᠠᠷᠢᠯᠭ᠎ᠠ ᠶ᠋ᠢᠨ ᠠᠵᠤ ᠦᠢᠯᠡᠳᠪᠦᠷᠢ ᠪᠠ ᠴᠢᠯᠠᠭᠤᠨ ᠲᠤᠰᠤᠨ ᠦ ᠬᠢᠮᠢ ᠶ᠋ᠢᠨ ᠠᠵᠤ ᠦᠢᠯᠡᠳᠪᠦᠷᠢ ᠂ ᠨᠡᠭᠦᠷᠡᠰᠦ ᠬᠢᠮᠢ  ᠶ᠋ᠢᠨ ᠠᠵᠤ ᠦᠢᠯᠡᠳᠪᠦᠷᠢ ᠂ ᠬᠤᠷᠰᠢᠭᠰᠠᠨ ᠂ ᠲᠣᠰᠣ ᠬᠢᠮᠢ ᠶ᠋ᠢᠨ ᠠᠵᠤ ᠦᠢᠯᠡᠳᠪᠦᠷᠢ ᠵᠡᠷᠭᠡ ᠭᠣᠣᠯ ᠪᠣᠯᠭᠠᠭᠰᠠᠨ ᠬᠢᠮᠢ ᠶ᠋ᠢᠨ ᠠᠵᠤ ᠦᠢᠯᠡᠳᠪᠦᠷᠢ ᠂ ᠠᠯᠬᠤᠮ ᠠᠯᠬᠤᠮ ᠢᠶ᠋ᠡᠷ ᠥᠪᠡᠷᠮᠢᠴᠡ ᠣᠨᠴᠠᠯᠢᠭ ᠲᠠᠢ ᠠᠵᠤ ᠦᠢᠯᠡᠰ ᠤᠨ ᠪᠦᠯᠦᠭᠯᠡᠯ  ᠢ ᠪᠠᠶᠢᠭᠤᠯᠤᠨ᠎ᠠ ᠂ ᠥᠪᠥᠷ ᠮᠣᠩᠭᠣᠯ ᠦ᠋ᠨ ᠠᠵᠤ  ᠠᠬᠤᠢ ᠶ᠋ᠢᠨ ᠦᠷᠭᠦᠯᠵᠢᠯᠡᠨ ᠂ ᠲᠥᠷᠭᠡᠨ᠂ ᠡᠷᠡᠭᠦᠯ ᠢᠶ᠋ᠡᠷ ᠬᠥᠭᠵᠢᠬᠦ ‍ᠢ ᠠᠬᠢᠭᠤᠯᠤᠨ᠎ᠠ ᠃
    ᠳᠥᠷᠪᠡ ᠂ ᠡᠬᠢ ᠪᠠᠶᠠᠯᠢᠭ ᠢ ᠨᠠᠷᠢᠯᠢᠭ ᠡᠳ᠋ᠰᠢᠭᠦᠯᠬᠦ ᠳᠡᠭᠡᠷ᠎ᠡ ᠬᠦᠴᠦ ᠲᠠᠯᠪᠢᠵᠤ ᠂ ᠣᠷᠣᠨ ᠤ ᠳᠣᠲᠣᠷᠠᠬᠢ ᠪᠣᠯᠪᠠᠰᠤᠷᠠᠭᠤᠯᠬᠤ᠂ ᠦᠢᠯᠡᠳᠬᠦ ᠪᠠ ᠶᠡᠷᠦᠩᠬᠡᠶᠢᠯᠡᠭᠰᠡᠨ ᠡᠬᠢ ᠪᠠᠶᠠᠯᠢᠭ  ᠢ ᠠᠰᠢᠭᠯᠠᠬᠤ ᠬᠤᠪᠢ ᠶ᠋ᠢᠨ ᠵᠢᠩ ᠢ ᠳᠡᠭᠡᠭᠰᠢᠯᠡᠭᠦᠯᠵᠦ ᠂ ᠠᠩᠬᠠᠨ ᠤ ᠡᠬᠢ ᠪᠠᠶᠠᠯᠢᠭ  ᠢ ᠬᠤᠪᠢᠷᠠᠭᠤᠯᠬᠤ ᠂ ᠲᠦᠭᠦᠬᠡᠶ ᠡᠳ᠋ ᠂ ᠶᠠᠰᠤ ᠴᠢᠨᠠᠷ ᠢᠶᠠᠷ ᠮᠠᠭᠤ ᠪᠠᠶᠢᠳᠠᠯ ᠢ ᠬᠣᠪᠢᠷᠠᠭᠤᠯᠬᠤ ᠂ ᠳᠣᠣᠷ᠎ᠠ ᠳᠡᠰ ᠦ᠋ᠨ ᠨᠡᠭᠤᠨᠯᠲᠡ ᠡᠴᠡ ᠳᠡᠭᠡᠳᠦ ᠳᠡᠰ ᠳᠠᠪᠬᠤᠷᠭ᠎ᠠ ᠂ ᠤᠯᠠᠨ ᠲᠡᠰ ᠳᠠᠪᠬᠤᠷᠭ᠎ᠠ ᠲᠡᠰᠢ ᠨᠡᠭᠡᠭᠡᠨ ᠬᠥᠭᠵᠢᠭᠦᠯᠬᠦ ᠂ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ ᠂ ᠶᠡᠷᠤᠩᠬᠡᠢᠢᠯᠢᠭ ᠠᠰᠢᠭᠯᠠᠬᠤ ᠂ ᠣᠯᠠᠨᠲᠠ ᠦᠷᠲᠡᠭ ᠨᠡᠮᠡᠭᠳᠡᠭᠦᠯᠬᠦ  ᠬᠢᠷᠢ ᠶ᠋ᠢ ᠳᠡᠭᠡᠭᠰᠢᠯᠡᠭᠦᠯᠬᠦ ᠬᠡᠷᠡᠭᠲᠡᠶ ᠃ ᠤᠯᠤᠰ ᠤᠨ ᠶᠡᠬᠡ ᠵᠦᠢᠯᠡᠰ ᠦ᠋ᠨ ᠨᠡᠪᠤᠨᠲᠡ ᠰᠠᠴᠤᠷᠠᠭ ᠬᠢᠬᠦ ᠦᠢᠯᠡᠳᠦᠯ ᠢ ᠭᠦᠢᠴᠡᠳ ᠪᠠᠳᠠᠷᠠᠭᠤᠯᠵᠤ ᠂ ᠣᠷᠣᠨ ᠨᠤᠲᠤᠭ ᠦ᠋ᠨ ᠠᠵᠤ  ᠦᠢᠯᠡᠳᠪᠦᠷᠢ ᠂ ᠰᠤᠮᠤ ᠪᠠᠯᠭᠠᠰᠤᠨ ᠦ ᠠᠵᠤ ᠠᠬᠤᠶᠢᠯᠠᠯ ᠪᠠ ᠭᠤᠷᠪᠠᠳᠤᠭᠠᠷ ᠠᠵᠤ ᠦᠢᠯᠡᠰ ᠦᠨ ᠬᠥᠭᠵᠢᠯᠲᠡ ᠶ᠋ᠢ ᠳᠠᠶᠢᠴᠢᠯᠠᠬᠤ ᠂ ᠣᠷᠣᠨ ᠨᠤᠲᠤᠭ  ᠤᠨ ᠠᠵᠤ ᠠᠬᠤᠶ ᠶ᠋ᠢᠨ ᠬᠦᠴᠦᠨ ᠢ ᠴᠢᠩᠭᠠᠳᠬᠠᠨ᠎ᠠ ᠃
    (  ᠨᠢᠭᠡ ) ᠂ ᠨᠡᠭᠡᠭᠡᠯᠲᠡ ᠬᠢᠬᠦ ᠪᠡᠷ ᠳᠠᠶᠢᠴᠢᠯᠠᠨ ᠳᠠᠭᠠᠭᠤᠯᠬᠤ ᠪᠠᠶᠢᠯᠳᠤᠬᠤ ᠪᠤᠳᠤᠯᠭ᠎ᠠ ᠶ᠋ᠢᠨ ᠲᠤᠬᠠᠶ ᠃ ᠣᠳᠣ ᠮᠠᠨ ᠤᠨ ᠣᠷᠣᠨ ᠤ ᠨᠡᠭᠡᠭᠡᠯᠳᠡ ᠶ᠋ᠢᠨ ᠬᠡᠮᠵᠢᠶ᠎ᠡ ᠨᠢ ᠮᠠᠨ ᠦ ᠣᠷᠣᠨ  ᠤ ᠭᠠᠵᠠᠷ ᠣᠷᠣᠨ ᠤ ᠳᠠᠪᠠᠭᠤ ᠪᠠᠶᠢᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠲᠤᠡᠭ ᠲᠡᠩᠴᠡᠭᠦᠷᠢ ᠦᠭᠡᠢ ᠶᠤᠮ ᠃ ᠬᠡᠳᠦᠶᠢᠪᠡᠷ ᠪᠢᠳᠡ ᠤ ᠡᠬᠢ ᠪᠠᠶᠠᠯᠢᠭ ᠬᠠᠷᠢᠴᠠᠩᠭᠤᠶ ᠪᠠᠷ ᠡᠯᠪᠡᠭ ᠪᠠᠶᠠᠯᠢᠭ ᠪᠣᠯᠪᠠᠴᠤ ᠪᠠᠯᠠ ᠮᠥᠩᠭᠥ ᠳᠤᠲᠠᠭᠳᠠᠬᠤ ᠂ ᠮᠡᠷᠭᠡᠵᠢᠯ ᠂ ᠴᠢᠳᠠᠪᠤᠷᠢᠲᠠᠨ ᠳᠤᠲᠠᠭᠳᠠᠵᠤ ᠂ ᠣᠯᠠᠩᠬᠢ ᠡᠬᠢ ᠪᠠᠶᠠᠯᠢᠭ ᠨᠢ ᠨᠡᠭᠡᠭᠡᠨ ᠠᠰᠢᠭᠯᠠᠬᠤ ᠳᠤ ᠬᠦᠴᠢᠷ ᠃ ᠮᠠᠨ ᠤ ᠣᠷᠣᠨ ᠤ ᠨᠢᠭᠡ ᠪᠦᠯᠦᠭ ᠮᠠᠰᠢ ᠶᠡᠬᠡ ᠪᠣᠳᠠᠲᠤ ᠬᠦᠴᠦᠨ ᠲᠡᠶ ᠤᠯᠤᠰ  ᠤᠨ ᠥᠮᠴᠢᠯᠡᠯ ᠤᠨ ᠲᠤᠮᠤ ᠳᠤᠮᠳᠠ ᠬᠡᠯᠪᠡᠷᠢ ᠶ᠋ᠢᠨ ᠠᠵᠤ ᠠᠬᠤᠶᠢᠯᠠᠯ ᠂ ᠪᠡᠯᠡ ᠮᠥᠩᠭᠥ ᠳᠤᠲᠠᠮᠠᠭ ᠡᠴᠡ ᠪᠤᠯᠵᠤ ᠂ ᠳᠠᠯᠳᠠ ᠬᠦᠴᠦᠨ ᠢᠶᠡᠨ ᠭᠦᠢᠴᠡᠳ ᠪᠠᠳᠠᠷᠠᠭᠤᠯᠵᠤ ᠴᠢᠳᠠᠬᠤ ᠦᠭᠡᠢ ᠂ ᠰᠡᠯᠭᠦᠬᠦ ᠬᠦᠴᠦᠨ  ᠨᠢ ᠨᠡᠮᠡᠭᠳᠡᠵᠦ ᠴᠢᠳᠠᠬᠤ ᠦᠭᠡᠢ ᠃ ᠪᠣᠳᠠᠲᠠᠶ ᠠᠵᠢᠯ ᠤᠨ ᠳᠤᠮᠳᠠ ᠂ ᠮᠠᠨ ᠤ ᠣᠷᠣᠨ ᠨᠢ ᠭᠠᠳᠠᠭᠠᠳᠤ ᠪᠠᠯᠠ ᠶ᠋ᠢ ᠠᠰᠢᠭᠯᠠᠬᠤ ᠬᠡᠪᠴᠢᠶ᠎ᠡ ᠨᠢ ᠪᠠᠭ᠎ᠠ ᠂ ᠪᠡᠯᠡ ᠮᠥᠩᠭᠥ ᠪᠡᠯᠡᠨ ᠪᠣᠯᠤᠭᠰᠠᠨ ᠨᠤᠷᠮ᠎ᠠ ᠳᠣᠣᠷ᠎ᠠ ᠂ ᠦᠷ᠎ᠡ ᠠᠰᠢᠭ ᠥᠨᠳᠥᠷ ᠪᠢᠰᠢ ᠂ ᠠᠵᠤ ᠦᠢᠯᠡᠰ ᠂ ᠦᠢᠯᠡᠳᠬᠦᠨ ᠤ ᠪᠦᠲᠦᠴᠡ ᠲᠠᠢ ᠲᠣᠬᠢᠷᠠᠭᠤᠯᠣᠯᠳᠠ ᠠᠭᠤᠰᠤᠨ ᠦᠭᠡᠢ ᠂ ᠮᠠᠨ ᠤ ᠮᠠᠰᠢ ᠤᠯᠠᠨ ᠳᠠᠪᠠᠭᠤᠯᠢᠭ ᠲᠠᠯ᠎ᠠ  ᠶ᠋ᠢ ᠪᠠᠳᠠᠷᠠᠭᠤᠯᠵᠤ ᠴᠢᠳᠠᠭᠰᠠᠨ ᠦᠭᠡᠢ ᠪᠠᠶᠢᠨ᠎ᠠ ᠃ ᠡᠶᠢᠮᠦ ᠡᠴᠡ ᠂ ᠡᠷᠬᠡᠪᠰᠢ ᠦᠷᠭᠦᠯᠵᠢᠯᠡᠨ 《 ᠤᠮᠠᠷᠠᠰᠢ ᠨᠡᠭᠡᠭᠡᠵᠦ ᠡᠮᠦᠨᠡᠰᠢ ᠬᠣᠯᠪᠣᠭᠠᠯᠠᠬᠤ ᠂ ᠬᠠᠷᠢᠯᠴᠠᠨ ᠠᠬᠢᠭᠤᠯᠬᠤ 》 ᠴᠢᠭᠯᠡᠯᠲᠡ ᠶ᠋ᠢ ᠪᠠᠷᠢᠮᠲᠠᠯᠠᠨ ᠂ ᠬᠢᠯᠢ ᠳᠠᠭᠠᠤ ᠪᠠ ᠬᠥᠷᠰᠢ ᠵᠡᠷᠭᠡᠯᠡᠳᠡᠭᠡ 8 ᠮᠤᠵᠢ ᠣᠷᠣᠨ  ᠤ ᠳᠠᠪᠠᠭᠤᠯᠢᠭ ᠢ ᠪᠠᠳᠠᠷᠠᠭᠤᠯᠵᠤ ᠂ ᠤᠯᠠᠮ ᠴᠢᠨᠠᠭᠰᠢᠳᠠ ᠭᠠᠳᠠᠭᠠᠳᠤ  ᠲᠠᠢ ᠴᠢᠯᠥᠭᠡᠲᠡᠶ ᠶᠠᠪᠤᠯᠴᠠᠬᠤ ᠶ᠋ᠢ ᠥᠷᠭᠡᠳᠬᠡᠨ᠎ᠡ ᠂ ᠡᠬᠢ ᠪᠠᠶᠠᠯᠢᠭ ᠦ᠋ᠨ  ᠨᠡᠭᠡᠨ ᠠᠰᠢᠭᠯᠠᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠠᠵᠤ ᠦᠢᠯᠡᠰ ᠢ ᠲᠠᠢᠢᠴᠢᠯᠠᠨ ᠂ ᠠᠵᠤ ᠦᠢᠯᠡᠰ ᠪᠠ ᠦᠢᠯᠡᠳᠬᠦᠨ ᠦ ᠪᠦᠲᠦᠴᠡ ᠶ᠋ᠢ ᠲᠣᠬᠢᠷᠠᠭᠤᠯᠤᠨ᠎ᠠ ᠃ ᠨᠡᠬᠡᠬᠡᠯᠳᠡ ᠬᠢᠵᠦ ᠳᠠᠶᠢᠴᠢᠯᠠᠬᠤ ᠪᠠᠶᠢᠯᠳᠤᠬᠤ ᠪᠤᠳᠤᠯᠭ᠎ᠠ  ᠶ᠋ᠢ ᠬᠡᠷᠡᠭᠵᠢᠭᠦᠯᠵᠦ ᠂ ᠡᠷᠬᠡᠪᠰᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠡᠨ ᠥᠷᠭᠡᠳᠬᠡᠵᠦ ᠂ ᠭᠠᠳᠠᠭᠠᠳᠤ ᠶ᠋ᠢᠨ ᠪᠡᠯᠡ ᠮᠥᠩᠭᠥ  ᠶ᠋ᠢ ᠠᠰᠢᠭᠯᠠᠬᠤ ᠰᠤᠪᠠᠭ ᠢ ᠦᠷᠭᠡᠳᠬᠡᠨ᠎ᠡ ᠃ ᠡᠬᠢ ᠪᠠᠶᠠᠯᠢᠭ  ᠢᠶᠠᠷ ᠮᠡᠷᠭᠡᠵᠢᠯ ᠢ ᠲᠠᠲᠠᠬᠤ ᠶ᠋ᠢ ᠪᠤᠢ ᠪᠣᠯᠭᠠᠬᠤ ᠬᠡᠷᠡᠭᠲᠡᠶ ᠂ ᠥᠮᠴᠢᠯᠡᠬᠦ ᠡᠷᠬᠡ  ᠪᠡᠷ ᠪᠠᠯᠠ ᠮᠥᠩᠭᠥ ᠤᠷᠢᠵᠤ ᠂ ᠵᠠᠬ᠎ᠠ ᠳᠡᠯᠭᠡᠭᠦᠷ ᠢᠶ᠋ᠡᠷ ᠰᠢᠨ᠎ᠡ ᠨᠢᠭᠡᠨ ᠲᠦᠰᠦᠯ ᠲᠠᠲᠠᠵᠤ᠂ ᠦᠯᠡᠳᠡᠭᠡᠯ ᠢᠶᠠᠷ ᠲᠣᠭ᠎ᠠ ᠬᠡᠮᠵᠢᠶ᠎ᠡ ᠶ᠋ᠢ  ᠨᠡᠮᠡᠭᠳᠡᠭᠦᠯᠦᠨ᠎ᠡ ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠶ ᠪᠠᠷ ᠵᠠᠬ᠎ᠠ ᠳᠡᠯᠭᠡᠭᠦᠷ ᠢ ᠨᠡᠭᠡᠭᠡᠵᠦ ᠂ ᠨᠡᠩ ᠶᠡᠬᠡ ᠪᠡᠷ ᠪᠡᠯᠡ ᠣᠷᠣᠭᠤᠯᠤᠯᠲᠠ  ᠶ᠋ᠢᠨᠣᠷᠣᠨ ᠢ ᠨᠡᠮᠡᠭᠳᠡᠭᠦᠯᠦᠨ᠎ᠡ ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠨ ᠦᠢᠯᠡᠳᠬᠦᠨ ᠢᠶ᠋ᠡᠨ ᠰᠢᠯᠢᠳᠡᠭᠵᠢᠭᠦᠯᠬᠦ ᠂ ᠦᠢᠯᠡᠳᠬᠦᠨ ᠦ ᠪᠦᠲᠦᠴᠡ ᠢ ᠰᠠᠶᠢᠵᠢᠷᠠᠭᠤᠯᠬᠤ ᠲᠠᠶ ᠤᠶᠠᠯᠳᠤᠭᠤᠯᠵᠤ ᠂ ᠨᠢᠭᠡ ᠪᠦᠯᠦᠭ ᠭᠠᠵᠠᠷ ᠣᠷᠣᠨ ᠪᠠ ᠠᠵᠢᠯ ᠲᠥᠷᠥᠯ ᠤᠨ ᠬᠥᠭᠵᠢᠯᠲᠡ ᠶ᠋ᠢ ᠨᠥᠯᠥᠭᠡᠯᠡᠬᠦ ᠪᠦᠲᠦᠭᠡᠭᠳᠡᠭᠦᠨ ᠢ ᠭᠣᠣᠯᠳᠠᠯᠭ᠎ᠠ ᠲᠠᠶ ᠨᠡᠭᠡᠭᠡᠨ᠎ᠡ ᠃ ᠵᠠᠬ᠎ᠠ ᠳᠡᠯᠭᠡᠭᠦᠷ ᠤᠨ ᠬᠡᠷᠡᠭᠴᠡᠭᠡ ᠶ᠋ᠢ ᠦᠨᠳᠦᠰᠦᠯᠡᠨ ᠂ ᠲᠠᠰᠤᠷᠠᠯᠲᠠ ᠦᠭᠡᠢ ᠪᠡᠯᠡ ᠣᠷᠣᠭᠤᠯᠤᠯᠲᠠ ᠶ᠋ᠢᠨ ᠠᠷᠭ᠎ᠠ ᠮᠠᠶᠢᠭ ᠢᠶᠡᠨ ᠰᠢᠨᠡᠴᠢᠯᠡᠵᠦ ᠂ ᠠᠷᠭ᠎ᠠ ᠵᠠᠮ ᠢ ᠥᠷᠭᠡᠨ ᠢᠶᠠᠷ ᠨᠡᠭᠡᠭᠡᠵᠦ ᠂ ᠭᠠᠳᠠᠭᠠᠳᠤ ᠶ᠋ᠢᠨ ᠬᠤᠳᠠᠯᠳᠤᠭᠠᠴᠢᠨ ᠦ ᠰᠢᠭᠤᠳ ᠪᠡᠯᠡ ᠣᠷᠣᠭᠤᠯᠤᠯᠲᠠ ᠂ ᠬᠢᠯᠢ ᠶ᠋ᠢᠨ ᠭᠠᠳᠠᠨ᠎ᠠ  ᠡᠴᠡ ᠵᠣᠭᠣᠰ ᠵᠢᠭᠡᠯᠡᠵᠦ ᠂ ᠦᠨᠡᠲᠦ ᠲᠡᠮᠳᠡᠭᠲᠦ ᠪᠡᠷ ᠵᠣᠭᠣᠰ ᠴᠤᠭᠯᠠᠭᠤᠯᠬᠤ ᠵᠡᠷᠭᠡ ᠪᠦᠬᠦ ᠴᠢᠭᠯᠡᠯ ᠪᠠᠶᠢᠷᠢ ᠂ ᠤᠯᠠᠨ ᠲᠡᠰ ᠳᠠᠪᠬᠤᠷᠭ᠎ᠠ ᠶ᠋ᠢᠨ ᠪᠡᠯᠡ ᠮᠥᠩᠭᠥ ᠴᠤᠭᠯᠠᠭᠤᠯᠬᠤ ᠰᠢᠨ᠎ᠡ ᠪᠠᠶᠢᠷᠢᠰᠢᠯ  ᠢ ᠪᠤᠢ ᠪᠣᠯᠭᠠᠵᠤ ᠂ ᠢᠳᠡᠪᠬᠢᠲᠡᠶ ᠪᠥᠭᠡᠳ ᠪᠦᠲᠦᠮᠵᠢᠲᠡᠶ ᠪᠡᠷ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠂ ᠬᠥᠳᠡᠯᠮᠦᠷᠢ ᠬᠦᠴᠦᠨ ᠤ ᠳᠠᠪᠠᠭᠤᠯᠢᠭ ᠂ ᠭᠠᠵᠠᠷ ᠣᠷᠣᠨ ᠤ ᠳᠠᠪᠠᠭᠤᠯᠢᠭ ᠂ ᠲᠦᠷᠦ ᠶ᠋ᠢᠨ ᠪᠤᠳᠤᠯᠭ᠎ᠠ  ᠶ᠋ᠢᠨ ᠳᠠᠪᠠᠭᠤᠯᠢᠭ ᠂ ᠭᠠᠳᠠᠭᠠᠳᠤ ᠶ᠋ᠢᠨ ᠪᠠ ᠤᠯᠤᠰ ᠤᠨ ᠳᠣᠲᠣᠭᠠᠳᠤ ᠶ᠋ᠢᠨ ᠪᠡᠯᠠ ᠮᠥᠩᠭᠥᠨ ᠦ ᠳᠠᠪᠠᠭᠤᠯᠢᠭ ᠲᠠᠯ᠎ᠠ ᠂ ᠮᠡᠷᠭᠡᠵᠢᠯ ᠤᠨ ᠳᠠᠪᠠᠭᠤᠯᠢᠭ ᠡᠵᠡᠩᠨᠡᠯᠲᠡ ᠬᠠᠮᠢᠶᠠᠷᠠᠯᠲᠠ ᠶ᠋ᠢᠨ ᠳᠠᠪᠠᠭᠤᠯᠢᠭ ᠢ ᠬᠠᠮᠲᠤᠷᠠᠭᠤᠯᠤᠨ ᠂ ᠭᠠᠳᠠᠭᠠᠲᠤ ᠬᠦᠴᠦᠨ ᠳ᠋ᠦ ᠲᠦᠰᠢᠭᠯᠡᠨ ᠥᠪᠡᠷ ᠢ ᠪᠡᠨ ᠬᠥᠭᠵᠢᠭᠦᠯᠦᠨ᠎ᠡ ᠃
ᠨᠡᠭᠡᠭᠡᠯᠲᠡ ᠪᠡᠷ ᠬᠥᠭᠵᠢᠯᠲᠡ ᠶ᠋ᠢ ᠠᠬᠢᠭᠤᠯᠬᠤ ᠲᠥᠷᠥ ᠶ᠋ᠢᠨ ᠪᠣᠳᠣᠯᠭ᠎ᠠ ᠶ᠋ᠢ ᠬᠡᠷᠡᠭᠵᠢᠭᠦᠯᠵᠦ ᠡᠷᠬᠡᠪᠰᠢ ᠤᠯᠠᠮ ᠨᠢᠭᠡ ᠠᠯᠬᠤᠮ ᠭᠠᠳᠠᠭᠠᠳᠤ ᠠᠷᠠᠯᠵᠢᠶ᠎ᠠ ᠶ᠋ᠢ ᠴᠢᠩᠭᠠᠳᠬᠠᠨ᠎ᠠ ᠃ ᠭᠠᠳᠠᠭᠠᠳᠣ ᠠᠷᠠᠯᠵᠢᠶ᠎ᠠ ᠶ᠋ᠢ ᠬᠥᠭᠵᠢᠭᠦᠯᠦᠨ᠎ᠡ ᠂ ᠤᠯᠠᠨ ᠤᠯᠤᠰ ᠤᠨ ᠵᠠᠬ᠎ᠠ ᠳᠡᠯᠭᠡᠭᠦᠷ ᠦᠨ ᠱᠠᠭᠠᠷᠳᠠᠯᠭ᠎ᠠ ᠶ᠋ᠢ ᠦᠨᠳᠦᠰᠦᠯᠡᠨ ᠂ ᠲᠤᠬᠠᠢ ᠶ᠋ᠢᠨ ᠭᠠᠵᠠᠷ ᠤᠨ ᠳᠠᠪᠠᠭᠤᠯᠢᠭ ᠲᠤ ᠬᠥᠯ ᠲᠣᠭᠳᠠᠵᠤ ᠂ ᠭᠠᠳᠠᠭᠠᠳᠤ ᠭᠠᠷᠭᠠᠬᠤ ᠰᠠᠭᠤᠷᠢᠨ ᠭᠠᠵᠠᠷ ᠪᠠᠶᠢᠭᠤᠯᠤᠨ᠎ᠠ ᠃ ᠡᠯ᠎ᠡ ᠭᠠᠵᠠᠷ ᠂ ᠡᠯ᠎ᠡ ᠰᠠᠯᠭ᠎ᠠ ᠮᠦᠴᠢᠷ ᠨᠢ ᠡᠷᠬᠡᠪᠰᠢ ᠠᠷᠠᠯᠵᠢᠶ᠎ᠠ ᠂ ᠦᠢᠯᠡᠳᠪᠦᠷᠢᠯᠡᠯ ᠂ ᠲᠠᠷᠢᠶᠠᠯᠠᠩ ᠤᠨ ᠰᠠᠭᠤᠷᠢᠨ ᠪᠦᠲᠦᠭᠡᠨ ᠪᠠᠶᠢᠭᠤᠯᠬᠤ ᠶ᠋ᠢ ᠴᠢᠩᠭᠠᠳᠬᠠᠨ ᠂ ᠡᠭᠦᠨ ᠢ ᠲᠣᠮᠥ ᠣᠴᠢᠷ ᠪᠣᠯᠭᠠᠨ ᠴᠢᠬᠤᠯᠠᠴᠢᠯᠠᠨ ᠦᠵᠡᠬᠦ ᠮᠦᠷᠲᠡᠭᠡᠨ ᠶᠡᠬᠡ ᠬᠦᠴᠦᠨ ᠢᠶ᠋ᠡᠷ ᠠᠷᠠᠯᠵᠢᠶ᠎ᠠ ᠂ ᠦᠢᠯᠡᠳᠪᠦᠷᠢᠯᠡᠯ ᠂ ᠲᠠᠷᠢᠶᠠᠯᠠᠩ ᠤᠨ ᠨᠢᠭᠡ ᠴᠣᠭᠴᠠᠯᠠᠭᠰᠠᠨ ᠦᠢᠯᠡᠳᠪᠦᠷᠢ  ᠺᠣᠮᠫᠠᠨᠢ ᠶ᠋ᠢ ᠬᠥᠭᠵᠢᠭᠦᠯᠦᠨ᠎ᠡ ᠃ ᠡᠨᠡ ᠪᠣᠯ ᠲᠣᠭᠲᠠᠭᠤᠨ ᠬᠥᠭᠵᠢᠯᠲᠡ ᠨᠢ ᠭᠠᠳᠠᠭᠠᠳᠤ ᠭᠠᠷᠭᠠᠬᠤ ᠠᠷᠠᠯᠵᠢᠶ᠎ᠠ ᠶ᠋ᠢᠨ ᠬᠠᠮᠤᠭ ᠦᠨᠳᠦᠰᠦᠨ ᠠᠷᠭ᠎ᠠ ᠠᠪᠴᠢᠯ ᠃ ᠭᠠᠳᠠᠭᠠᠳᠤ ᠠᠷᠠᠯᠵᠢᠶ᠎ᠠ ᠶ᠋ᠢᠨ ᠲᠦᠷᠥ ᠶ᠋ᠢᠨ ᠪᠤᠳᠣᠯᠭ᠎ᠠ ᠶ᠋ᠢᠨ ᠬᠣᠪᠢᠷᠠᠯᠲᠠ ᠶ᠋ᠢ ᠦᠨᠳᠦᠰᠦᠯᠡᠨ ᠂ ᠴᠠᠭ ᠲᠤᠬᠠᠢ ᠳ᠋ᠤ ᠨᠢ ᠬᠢᠯᠢ ᠳᠠᠭᠠᠤ ᠤᠷᠤᠨ ᠤ ᠠᠷᠠᠯᠵᠢᠶ᠎ᠠ ᠶ᠋ᠢ ᠲᠣᠬᠢᠷᠠᠭᠤᠯᠤᠨ ᠂ ᠤᠯᠠᠨ ᠤᠯᠤᠰ ᠤᠨ ᠳᠦᠷᠢᠮ ᠲᠣᠭᠲᠠᠭᠠᠯ ᠢᠶᠠᠷ ᠬᠢᠯᠢ ᠶ᠋ᠢᠨ ᠠᠷᠠᠯᠵᠢᠶ᠎ᠠ ᠂ ᠤᠷᠤᠨ ᠤ ᠠᠷᠠᠯᠵᠢᠶ᠎ᠠ ᠶ᠋ᠢᠨ ᠡᠵᠡᠩᠨᠡᠯᠲᠡ ᠶ᠋ᠢ ᠳᠦᠷᠢᠮᠵᠢᠭᠦᠯᠦᠨ ᠂ ᠤᠯᠠᠨ ᠶᠠᠩᠵᠤ ᠶ᠋ᠢᠨ ᠠᠷᠠᠯᠵᠢᠶ᠎ᠠ ᠶ᠋ᠢᠨ ᠬᠡᠯᠪᠡᠷᠢ ᠶ᠋ᠢ ᠬᠥᠭᠵᠢᠭᠦᠯᠦᠨ ᠂ ᠭᠠᠳᠠᠭᠠᠳᠤ ᠭᠠᠷᠭᠠᠬᠤ ᠪᠦᠲᠦᠭᠡᠭᠳᠡᠭᠦᠨ ᠦ ᠴᠢᠨᠠᠷ ᠴᠢᠨᠰᠠᠭ᠎ᠠ ᠪᠠ ᠳᠡᠰ ᠢ ᠨᠢ ᠳᠡᠭᠡᠭᠰᠢᠯᠡᠭᠦᠯᠦᠨ᠎ᠡ᠂ ᠮᠣᠩᠭᠣᠯ ᠂ ᠣᠷᠣᠰ ᠲᠠᠢ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠨ ᠬᠥᠭᠵᠢᠭᠦᠯᠦᠨ᠎ᠡ ᠂ ᠣᠳᠣ ᠶ᠋ᠢᠨ ᠬᠢᠯᠢ ᠶ᠋ᠢᠨ ᠠᠷᠠᠯᠵᠢᠶᠠᠨ ᠦ ᠪᠠᠶᠢᠷᠢᠰᠢᠯ  ᠢ ᠪᠤᠢ ᠬᠤᠪᠢᠷᠠᠭᠤᠯᠤᠨ᠎ᠠ ᠃ ᠤᠯᠠᠮ ᠨᠢᠭᠡ ᠠᠯᠬᠤᠮ ᠵᠠᠰᠠᠮᠠᠯ ᠵᠠᠮ ᠂ ᠲᠡᠮᠤᠷ ᠵᠠᠮ᠂ ᠨᠢᠰᠬᠡᠯ  ᠤᠨ ᠪᠠᠭᠤᠳᠠᠯ ᠂ ᠭᠠᠷᠠᠮ ᠵᠡᠷᠭᠡ ᠵᠠᠮ ᠬᠠᠷᠢᠯᠴᠠᠭᠠᠨ  ᠤ ᠰᠠᠭᠤᠷᠢ ᠲᠥᠬᠥᠭᠡᠷᠦᠮᠵᠢ  ᠶ᠋ᠢᠨ ᠪᠦᠲᠦᠭᠡᠨ ᠪᠠᠶᠢᠭᠤᠯᠤᠯᠲᠠ ᠢ ᠴᠢᠩᠭᠠᠳᠬᠠᠨ ᠂ ᠠᠮᠠ ᠡᠷᠭᠢ  ᠶ᠋ᠢᠨ ᠰᠠᠭᠠᠳ ᠥᠬᠡᠶ ᠨᠡᠪᠲᠡᠷᠡᠬᠦ ᠵᠠᠮ  ᠢ ᠥᠷᠭᠡᠳᠬᠡᠵᠦ ᠰᠠᠶᠢᠵᠢᠷᠠᠭᠤᠯᠤᠨ ᠂ ᠭᠠᠳᠠᠭᠠᠳᠤ ᠡᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶ᠋ᠢ ᠦᠷᠭᠡᠳᠬᠡᠵᠦ ᠂ ᠮᠠᠨ  ᠤ ᠣᠷᠣᠨ  ᠤ ᠪᠦᠬᠦ ᠤᠯᠤᠰ ᠤᠨ ᠨᠡᠭᠡᠭᠡᠯᠲᠡ ᠬᠢᠬᠦ ᠪᠠᠶᠢᠷᠢᠰᠢᠯ ᠳᠤᠮᠳᠠᠬᠢ ᠪᠠᠶᠢᠷᠢ ᠰᠠᠭᠤᠷᠢ ᠪᠠᠨ ᠳᠡᠭᠡᠭᠰᠢᠯᠡᠭᠦᠯᠦᠨ᠎ᠡ ᠃
    ᠨᠡᠬᠡᠬᠡᠯᠳᠡ ᠬᠢᠵᠦ ᠳᠠᠶᠢᠴᠢᠯᠠᠬᠤ ᠪᠠᠶᠢᠯᠳᠤᠬᠤ ᠪᠤᠳᠤᠯᠭ᠎ᠠ  ᠶ᠋ᠢ ᠬᠡᠷᠡᠭᠵᠢᠭᠦᠯᠵᠦ ᠂ ᠡᠷᠬᠡᠪᠰᠢ ᠪᠡᠯᠡ ᠣᠷᠣᠭᠤᠯᠤᠯᠲᠠ ᠶ᠋ᠢᠨ ᠣᠷᠴᠢᠨ ᠨᠥᠬᠥᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ ᠃ ᠢᠳᠡᠪᠬᠢᠲᠡᠶ ᠪᠡᠷ ᠂ ᠳᠣᠲᠣᠭᠠᠳᠤ ᠭᠠᠳᠠᠭᠠᠳᠤ ᠶ᠋ᠢᠨ ᠪᠡᠯᠠ ᠮᠥᠩᠭᠥ ᠶ᠋ᠢ ᠠᠰᠢᠭᠯᠠᠵᠤ ᠂ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠶᠢᠭᠤᠯᠤᠯᠲᠠ ᠶ᠋ᠢ ᠰᠠᠶᠢᠲᠤᠷ ᠬᠢᠨ᠎ᠡ ᠃ ᠲᠣᠭᠲᠠᠭᠠᠵᠤ ᠂ ᠲᠠᠯᠠᠢ ᠳᠠᠭᠠᠤ ᠣᠷᠣᠨ ᠪᠠ ᠪᠤᠰᠤᠳ ᠳᠣᠲᠣᠷ᠎ᠠ ᠮᠤᠵᠢ ᠣᠷᠣᠨ ᠬᠢ ᠡᠴᠡ ᠨᠡᠩ ᠬᠠᠷᠠᠭᠠᠯᠵᠠᠯ ᠦᠵᠡᠭᠦᠯᠬᠦ ᠲᠦᠷᠦ ᠶ᠋ᠢᠨ ᠪᠤᠳᠤᠯᠭ᠎ᠠ ᠶ᠋ᠢ ᠲᠣᠭᠲᠠᠭᠠᠵᠤ ᠂ ᠳᠣᠲᠣᠭᠠᠳᠤ ᠭᠠᠳᠠᠭᠠᠳᠤ ᠶ᠋ᠢᠨ ᠬᠤᠳᠠᠯᠳᠤᠭᠠᠴᠢᠨ ᠳ᠋ᠦ ᠨᠡᠩ ᠰᠠᠶᠢᠨ ᠦᠢᠯᠡᠴᠢᠯᠡᠭᠡ ᠬᠠᠩᠭᠠᠨ᠎ᠠ ᠃ ᠡᠯ᠎ᠡ ᠲᠡᠰ ᠳᠠᠪᠬᠤᠷᠭ᠎ᠠ ᠪᠠ ᠡᠯ᠎ᠡ ᠲᠠᠯ᠎ᠠ ᠶ᠋ᠢᠨ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠶ᠋ᠢ ᠳᠡᠭᠡᠭᠰᠢᠯᠡᠭᠦᠯᠦᠨ᠎ᠡ ᠃ ᠬᠢᠯᠢ  ᠶ᠋ᠢᠨ ᠪᠣᠭᠣᠮᠲᠠ ᠶ᠋ᠢᠨ ᠪᠥᠲᠥᠭᠡᠨ ᠪᠠᠶᠢᠭᠤᠯᠤᠯᠲᠠ ᠶ᠋ᠢ ᠴᠢᠩᠭᠠᠳᠬᠠᠨ ᠂ ᠰᠢᠯᠢᠳᠡᠭ ᠰᠠᠶᠢᠨ ᠬᠥᠮᠥᠨᠯᠢᠭ ᠣᠷᠴᠢᠨ ᠲᠣᠭᠣᠷᠢᠨ ᠪᠦᠷᠢᠯᠳᠦᠭᠦᠯᠵᠦ ᠥᠭᠬᠦ ᠬᠡᠷᠡᠭᠲᠡᠶ ᠃ ᠨᠡᠭᠡᠭᠡᠯᠲᠡ ᠬᠢᠬᠦ ᠤᠬᠠᠮᠰᠠᠷ ᠢᠶ᠋ᠡᠨ ᠴᠢᠩᠭᠠᠳᠬᠠᠨ᠎ᠠ ᠂ ᠣᠷᠣᠨ ᠪᠠ ᠰᠠᠯᠠᠭ᠎ᠠ ᠮᠥᠴᠢᠷ ᠤᠨ ᠠᠰᠢᠭ ᠲᠤᠰᠠ ᠶ᠋ᠢᠨ ᠢᠪᠴᠤᠤ ᠬᠠᠷᠠᠴᠠ ᠶ᠋ᠢ ᠰᠢᠪᠲᠤᠯᠤᠨ ᠂ ᠪᠦᠬᠦ ᠣᠷᠣᠨ ᠤ ᠬᠠᠮᠲᠤ ᠪᠠᠷ ᠬᠥᠭᠵᠢᠬᠦ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ ᠃ 《 ᠭᠤᠷᠪᠠ ᠳᠤ ᠠᠰᠢᠭᠲᠠᠶ ᠪᠠᠶᠢᠯᠭᠠᠬᠤ 》 ᠪᠠᠷᠢᠮᠵᠢᠶ᠎ᠠ ᠶ᠋ᠢ ᠪᠠᠷᠢᠮᠲᠠᠯᠠᠨ ᠂ ᠪᠣᠯᠬᠤᠶᠢᠴᠠ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠦᠨᠡᠨ ᠬᠦ ᠬᠡᠷᠡᠭᠵᠢᠭᠦᠯᠵᠦ ᠂ ᠳᠣᠲᠣᠭᠠᠳᠤ ᠭᠠᠳᠠᠭᠠᠳᠤ  ᠶ᠋ᠢᠨ ᠨᠡᠬᠡᠭᠡᠯᠳᠡ ᠶ᠋ᠢ ᠠᠬᠢᠭᠤᠯᠵᠤ ᠨᠡᠩ ᠳᠡᠭᠡᠳᠦ ᠳᠡᠰ ᠳᠠᠪᠬᠤᠷᠭ᠎ᠠ ᠂ ᠨᠡᠩ ᠥᠷᠭᠡᠨ ᠬᠦᠷᠢᠢ᠎ᠡ ᠲᠡᠰᠢ ᠬᠥᠭᠵᠢᠭᠦᠯᠬᠦ ᠬᠡᠷᠡᠭᠲᠡᠶ ᠃
    ᠨᠡᠬᠡᠬᠡᠯᠳᠡ ᠬᠢᠵᠦ ᠳᠠᠶᠢᠴᠢᠯᠠᠬᠤ ᠪᠠᠶᠢᠯᠳᠤᠬᠤ ᠪᠤᠳᠤᠯᠭ᠎ᠠ  ᠶ᠋ᠢ ᠬᠡᠷᠡᠭᠵᠢᠭᠦᠯᠵᠦ ᠂ ᠡᠷᠬᠡᠪᠰᠢ ᠤᠯᠤᠰ ᠤᠨ ᠳᠣᠲᠣᠭᠠᠳᠤ ᠶ᠋ᠢᠨ ᠠᠵᠤ ᠠᠬᠤᠶ ᠶ᠋ᠢᠨ ᠬᠥᠨᠳᠡᠯᠡᠨ ᠬᠣᠯᠪᠣᠭᠠᠯᠠᠯ  ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠶ ᠃ ᠮᠠᠨ ᠤ ᠣᠷᠣᠨ ᠳ᠋ᠤ ᠠᠪᠴᠤ ᠬᠡᠯᠡᠪᠡᠯ ᠂ ᠤᠯᠤᠰ ᠤᠨ ᠳᠣᠲᠣᠭᠠᠳᠤ ᠶ᠋ᠢᠨ ᠪᠡᠯᠡ ᠮᠥᠩᠭᠥ ᠂ ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠢ ᠣᠷᠣᠭᠤᠯᠵᠤ ᠠᠪᠴᠢᠷᠠᠬᠤ ᠂ ᠤᠯᠤᠰ ᠦ᠋ᠨ ᠳᠣᠲᠤᠨᠳᠤ ᠶ᠋ᠢᠨ ᠮᠤᠵᠢ ᠬᠣᠲᠠ ᠶ᠋ᠢᠨ ᠲᠣᠭᠣᠷᠢᠭ ᠤᠨ ᠠᠵᠤ ᠠᠬᠤᠶ ᠬᠠᠮᠲᠤᠷᠠᠯᠴᠠᠭ᠎ᠠ ᠶ᠋ᠢ ᠴᠢᠩᠭᠠᠳᠬᠠᠨ ᠂ ᠨᠡᠩ ᠴᠢᠬᠤᠯᠠ ᠠᠴᠢ ᠬᠣᠯᠪᠣᠭᠳᠠᠯ ᠲᠠᠶ ᠶᠤᠮ ᠃ ᠪᠢᠳᠡ ᠡᠷᠬᠡᠪᠰᠢ ᠵᠠᠬ᠎ᠠ ᠳᠡᠯᠭᠡᠭᠦᠷ  ᠦ᠋ᠨ ᠠᠵᠤ  ᠠᠬᠤᠢ  ᠶ᠋ᠢᠨ ᠵᠢᠮ᠎ᠡ ᠶᠣᠰᠣ ᠶ᠋ᠢ ᠵᠢᠷᠦᠮᠯᠡᠵᠦ ᠂ ᠡᠷᠬᠢᠨ ᠲᠣᠭᠣᠷᠢᠨ ᠤ ᠮᠤᠵᠢ ᠣᠷᠣᠨ ᠢᠯᠠᠩᠭᠤᠶ᠎ᠠ ᠪᠦᠸᠸᠬᠠᠢ ᠲᠠᠩᠭᠢᠰ ᠳᠠᠭᠠᠤ ᠠᠵᠤ ᠠᠬᠤᠶ ᠶ᠋ᠢᠨ ᠣᠷᠣᠨ ᠦ ᠬᠠᠮᠲᠤᠷᠠᠯᠴᠠᠭ᠎ᠠ ᠶ᠋ᠢ ᠴᠢᠩᠭᠠᠳᠬᠠᠵᠤ ᠂ ᠪᠤᠰᠤᠳ ᠮᠤᠵᠢ ᠬᠤᠳᠠ ᠣᠷᠣᠨ ᠤ ᠲᠣᠭᠲᠠᠭᠰᠠᠨ ᠴᠢᠭᠯᠡᠯ ᠢᠶᠠᠷ ᠬᠠᠮᠲᠤᠷᠠᠨ ᠠᠵᠢᠯᠯᠡᠬᠤ ᠶ᠋ᠢ ᠴᠢᠩᠭᠠᠳᠬᠠᠵᠤ ᠂ ᠳᠠᠪᠠᠭᠤᠯᠢᠭ ᠲᠠᠯ᠎ᠠ ᠪᠠᠷ ᠢᠶᠡᠨ ᠬᠠᠷᠢᠯᠴᠠᠨ ᠨᠥᠬᠥᠪᠥᠷᠢᠯᠡᠨ᠎ᠡ ᠃ ᠬᠥᠭᠵᠢᠯᠲᠡ ᠨᠢ ᠰᠠᠴᠤᠷᠠᠭ ᠠᠵᠤ ᠠᠬᠤᠶ ᠶ᠋ᠢᠨ ᠣᠷᠣᠨ  ᠦ ᠦᠢᠯᠡᠳᠪᠦᠷᠢᠯᠡᠯ  ᠶ᠋ᠢᠨ ᠠᠵᠤ ᠠᠬᠤᠶᠢᠯᠠᠯ ᠦᠢᠯᠡᠰ ᠪᠠ ᠲᠠᠸᠠᠷ  ᠤᠨ ᠠᠷᠠᠯᠵᠢᠶᠠᠨ  ᠤ ᠵᠠᠬ᠎ᠠ ᠳᠡᠯᠭᠡᠭᠦᠷ  ᠢ ᠪᠠᠶᠢᠭᠤᠯᠵᠤ ᠂ ᠡᠳᠦᠶ ᠲᠡᠳᠦᠶ ᠠᠵᠤ ᠠᠬᠤᠶ ᠶ᠋ᠢᠨ ᠪᠦᠬᠦᠯᠢ ᠴᠣᠭᠴᠠ ᠶ᠋ᠢᠨ ᠳᠠᠪᠠᠭᠤᠯᠢᠭ ᠪᠠ ᠣᠷᠣᠨ ᠨᠤᠲᠤᠭ  ᠤᠨ ᠣᠨᠴᠠᠯᠢᠭ ᠲᠠᠶ ᠪᠠᠶᠢᠬᠤ ᠣᠷᠣᠨ ᠢ ᠪᠦᠲᠦᠭᠡᠨ ᠪᠠᠶᠢᠭᠤᠯᠤᠨ᠎ᠠ ᠃ ᠦᠷᠭᠦᠯᠵᠢᠯᠡᠨ ᠪᠦᠲᠦᠭᠡᠭᠳᠡᠬᠦᠨ  ᠤ ᠨᠥᠬᠥᠪᠥᠷᠢ ᠪᠠ ᠪᠡᠯᠡ ᠨᠡᠶᠢᠯᠡᠭᠦᠯᠵᠦ ᠂ ᠬᠤᠷᠰᠢᠬᠤᠢ ᠂ ᠬᠠᠮᠲᠤᠷᠠᠨ ᠡᠵᠡᠩᠨᠡᠬᠦ ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠂ ᠨᠡᠩ ᠠᠷᠪᠢᠨ ᠪᠡᠯᠡ ᠮᠥᠩᠭᠥ ᠂ ᠲᠧᠭᠨᠢᠭ ᠮᠡᠷᠭᠡᠵᠢᠯ ᠢ ᠲᠠᠲᠠᠨ ᠤᠷᠤᠭᠤᠯᠤᠨ᠎ᠠ᠃
    (  ᠬᠤᠶᠠᠷ ) ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ ᠢᠶᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶ᠋ᠢᠨ ᠲᠤᠬᠠᠢ ᠃ ᠮᠠᠨ ᠤ ᠤᠷᠤᠨ ᠨᠢ ᠲᠤᠰ ᠵᠠᠭᠤᠨ ᠤ ᠡᠴᠦᠰ ᠴᠢᠨᠡᠭᠡᠯᠢᠭ ᠨᠡᠶᠢᠭᠡᠮᠳᠤ ᠤᠷᠤᠵᠤ ᠴᠢᠳᠠᠬᠤ ᠡᠰᠡᠬᠦ ᠂ ᠠᠵᠤ ᠠᠬᠤᠶ ᠶ᠋ᠢᠨ ᠬᠥᠭᠵᠢᠯᠲᠡ ᠶ᠋ᠢ ᠳᠠᠭᠠᠵᠤ ᠴᠢᠳᠠᠬᠤ ᠡᠰᠡᠬᠦ ᠨᠢ ᠪᠦᠬᠦ ᠤᠯᠤᠰ  ᠤᠨ ᠠᠯᠬᠤᠭ᠎ᠠ ᠳᠠᠭᠠᠵᠤ ᠳᠡᠶᠢᠯᠬᠦ ᠡᠰᠡᠬᠦ ᠂ ᠰᠢᠨᠵᠢᠯᠡᠬᠦ ᠤᠬᠠᠭᠠᠨ ᠮᠡᠷᠭᠡᠵᠢᠯ  ᠤᠨ ᠲᠠᠪᠰᠢᠯᠳᠡ ᠪᠠ ᠰᠢᠨᠵᠢᠯᠡᠬᠦ ᠤᠬᠠᠭᠠᠨ ᠮᠡᠷᠭᠡᠵᠢᠯ  ᠤᠨ ᠬᠥᠭᠵᠢᠯᠲᠡ ᠨᠢ ᠠᠵᠤ ᠠᠬᠤᠢ ᠶ᠋ᠢᠨ ᠬᠥᠭᠵᠢᠯᠲᠡ ᠳ᠋ᠦ ᠦᠵᠡᠭᠦᠯᠬᠦ ᠬᠤᠪᠢ ᠨᠡᠮᠡᠷᠢ ᠡᠴᠡ ᠰᠢᠶᠳᠪᠦᠷᠢᠯᠡᠭᠳᠡᠨ᠎ᠡ ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ  ᠤᠨ ᠠᠵᠢᠯᠲᠠᠳ ᠤᠨ ᠰᠡᠴᠡᠨ ᠰᠡᠷᠭᠦᠯᠡᠩ ᠂ ᠡᠷᠳᠡᠮ ᠢᠶ᠋ᠡᠨ ᠪᠠᠳᠠᠷᠠᠭᠤᠯᠬᠤ ᠳ᠋ᠦ ᠲᠦᠰᠢᠭᠯᠡᠬᠦ ᠬᠡᠷᠡᠭᠲᠡᠶ ᠃ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ  ᠢᠶᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠪᠣᠯ ᠡᠯ᠎ᠡ ᠱᠠᠲᠤᠨ  ᠤ ᠨᠠᠮ  ᠤᠨ ᠬᠣᠷᠢᠶ᠎ᠠ ᠂ ᠵᠠᠰᠠᠭ ᠤᠨ ᠣᠷᠳᠣᠨ ᠪᠣᠯᠤᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ  ᠤᠨ ᠠᠵᠢᠯᠲᠠᠳ ᠤᠨ ᠡᠮᠦᠨ᠎ᠡ ᠲᠠᠯᠪᠢᠭᠳᠠᠵᠤ ᠪᠠᠶᠢᠭ᠎ᠠ ᠨᠢᠭᠡᠨ ᠲᠤᠮᠤ ᠲᠤᠯᠭᠠᠮ᠎ᠠ ᠮᠥᠷᠲᠡᠭᠡᠨ ᠪᠡᠷᠬᠡ ᠬᠠᠲᠠᠭᠤᠵᠢᠯᠲᠠᠶ ᠡᠭᠦᠷᠭᠡ ᠮᠥᠨ ᠂ ᠪᠠᠰᠠ ᠴᠤ ᠮᠠᠨ  ᠤ ᠣᠷᠣᠨ  ᠤ ᠠᠵᠤ ᠠᠬᠤᠶ ᠶ᠋ᠢᠨ ᠬᠥᠭᠵᠢᠯ ᠂ ᠠᠷᠠᠳ ᠢ ᠪᠠᠶᠠᠵᠢᠭᠤᠯᠬᠤ ᠴᠢᠨᠡᠭᠡᠯᠢᠭᠵᠢᠬᠦ ᠬᠠᠷᠠᠯᠲᠠ ᠶ᠋ᠢ ᠪᠡᠶᠡᠯᠡᠭᠦᠯᠬᠦ ᠠᠷᠭ᠎ᠠ ᠪᠤᠳᠤᠯᠭ᠎ᠠ  ᠪᠣᠯᠤᠨ᠎ᠠ ᠃
    ᠰᠢᠨᠵᠢᠯᠡᠬᠦ ᠤᠬᠠᠭᠠᠨ ᠰᠤᠷᠭᠠᠨ ᠬᠥᠮᠦᠵᠢᠯ  ᠢᠶ᠋ᠡᠷ ᠣᠷᠣᠨ ᠢᠶ᠋ᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠢ ᠬᠡᠷᠡᠭᠵᠢᠭᠦᠯᠬᠦ ᠦᠨᠳᠦᠰᠦᠨ ᠴᠢᠭᠯᠡᠯᠲᠡ ᠪᠣᠯ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ ᠢ ᠡᠩ ᠲᠡᠷᠢᠭᠦᠨ ᠳ᠋ᠦ ᠬᠥᠭᠵᠢᠭᠦᠯᠬᠦ ᠪᠠᠶᠢᠯᠳᠤᠬᠤ ᠪᠤᠳᠤᠯᠭ᠎ᠠ ᠶ᠋ᠢᠨ ᠪᠠᠶᠢᠷᠢᠨ  ᠳ᠋ᠦ ᠲᠠᠯᠪᠢᠬᠤ ᠶ᠋ᠢ ᠪᠠᠷᠢᠮᠲᠠᠯᠠᠵᠤ᠂ ᠠᠵᠤ ᠠᠬᠤᠶ ᠶ᠋ᠢᠨ ᠪᠦᠳᠦᠭᠡᠨ ᠪᠠᠶᠢᠭᠤᠯᠤᠯᠲᠠ ᠶ᠋ᠢ ᠠᠯᠬᠤᠮ ᠠᠯᠬᠤᠮ ᠢᠶ᠋ᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠪᠠ ᠬᠥᠳᠡᠯᠮᠦᠷᠢᠴᠢᠳ  ᠤᠨ ᠬᠡᠪ ᠴᠢᠨᠠᠷ ᠤᠨ ᠳᠡᠭᠡᠭᠰᠢᠯᠡᠯᠲᠡ ᠳᠦ ᠲᠦᠰᠢᠭᠯᠡᠨ ᠂ ᠲᠠᠰᠤᠷᠠᠯᠲᠠ ᠦᠭᠡᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠪᠣᠳᠠᠲᠤ ᠬᠦᠴᠦᠨ ᠵᠢᠴᠢ ᠲᠡᠭᠦᠨ ᠤ ᠡᠳᠦᠭᠡ ᠪᠣᠳᠠᠲᠤ ᠦᠢᠯᠡᠳᠪᠦᠷᠢᠯᠡᠯ ᠤᠨ ᠬᠦᠴᠦᠨ ᠪᠤᠯᠵᠦ ᠬᠤᠪᠢᠷᠡᠬᠤ ᠴᠢᠳᠠᠪᠤᠷᠢ ᠢ ᠴᠢᠩᠭᠠᠳᠬᠠᠨ᠃ ᠰᠤᠷᠭᠠᠨ ᠬᠥᠮᠦᠵᠢᠯ  ᠢᠶᠠᠷ ᠦᠨᠳᠦᠰᠦ ᠪᠣᠯᠭᠠᠬᠤ ᠶ᠋ᠢ ᠪᠠᠷᠢᠮᠲᠠᠯᠠᠵᠤ ᠂ ᠪᠥᠬᠥ ᠠᠷᠠᠳ ᠲᠦᠮᠡᠨ ᠤ ᠰᠢᠨᠵᠢᠯᠡᠬᠦ ᠤᠬᠠᠭᠠᠨ ᠰᠣᠶᠣᠯ ᠬᠡᠪ ᠴᠢᠨᠠᠷ ᠢ ᠳᠡᠭᠡᠭᠰᠢᠯᠡᠭᠦᠯᠦᠨ ᠃ ᠰᠢᠨᠵᠢᠯᠡᠬᠦ ᠤᠬᠠᠭᠠᠨ ᠦ ᠰᠤᠳᠤᠯᠭᠠᠨ ᠤ ᠬᠦᠷᠢᠶᠡᠯᠡᠩ ᠭᠠᠵᠠᠷ ᠪᠠ ᠳᠡᠭᠡᠳᠦ ᠵᠡᠷᠭᠡ ᠶ᠋ᠢᠨ ᠰᠤᠷᠭᠠᠭᠤᠯᠢ ᠶ᠋ᠢᠨ ᠥᠭᠡᠷᠡᠴᠢᠯᠡᠯᠲᠡ ᠢ ᠲᠦᠷᠭᠡᠳᠬᠡᠵᠦ ᠂ ᠠᠩᠬ᠎ᠠ ᠠᠯᠬᠤᠮ ᠵᠣᠬᠢᠴᠠᠭᠰᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶ᠋ᠢᠨ ᠪᠠᠶᠢᠭᠤᠯᠤᠯ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠥᠪᠡᠷ  ᠤᠨ ᠬᠥᠭᠵᠢᠯᠲᠡ ᠶ᠋ᠢᠨ ᠵᠢᠮ᠎ᠡ ᠶᠣᠰᠣᠨ  ᠦ ᠲᠤᠬᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠪᠠ ᠰᠤᠷᠭᠠᠨ ᠬᠥᠮᠦᠵᠢᠯ ᠤᠨ ᠪᠠᠶᠢᠭᠤᠯᠤᠮᠵᠢ ᠶ᠋ᠢ ᠪᠠᠶᠢᠭᠤᠯᠤᠨ᠎ᠠ ᠃
ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ ᠢᠶᠡᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶ᠋ᠢ ᠬᠡᠷᠡᠭᠵᠢᠭᠦᠯᠬᠦ ᠠᠵᠢᠯ ᠤᠨ ᠭᠣᠣᠯᠳᠠᠯᠭ᠎ᠠ ᠪᠣᠯ ᠄ ᠨᠢᠭᠡᠳᠦᠭᠡᠷ ᠲᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠠᠵᠢᠯ ᠨᠢ ᠪᠦᠬᠦ ᠣᠷᠣᠨ  ᠤ ᠠᠵᠤ ᠠᠬᠤᠶ  ᠶ᠋ᠢᠨ ᠬᠥᠭᠵᠢᠯᠲᠡ ᠶ᠋ᠢᠨ ᠶᠡᠷᠦᠩᠬᠡᠶ ᠬᠠᠷᠠᠯᠲᠠ ᠶ᠋ᠢ ᠲᠣᠭᠣᠷᠢᠨ ᠂ ᠢᠮᠠᠭᠲᠠ ᠠᠵᠤ ᠠᠬᠤᠶ ᠶ᠋ᠢᠨ ᠪᠦᠳᠦᠭᠡᠠ ᠪᠠᠶᠢᠭᠤᠯᠤᠯᠲᠠ ᠪᠠᠷ ᠭᠣᠣᠯ ᠪᠠᠶᠢᠯᠳᠤᠭᠠᠨ ᠦ ᠲᠠᠯᠠᠪᠤᠷ ᠢᠶᠡᠨ ᠪᠣᠯᠭᠠᠵᠤ ᠂ ᠠᠵᠤ ᠠᠬᠤᠶ ᠶ᠋ᠢᠨ ᠬᠥᠭᠵᠢᠯᠲᠡ ᠶ᠋ᠢᠨ ᠳᠤᠮᠳᠠᠬᠢ ᠵᠠᠩᠭᠢᠯᠠᠭ᠎ᠠ ᠶ᠋ᠢᠨ ᠠᠰᠠᠭᠤᠳᠠᠯ  ᠢ ᠰᠢᠢᠳᠪᠦᠷᠢᠯᠡᠬᠦ ᠪᠡᠷ ᠢᠮᠠᠭᠲᠠ ᠴᠢᠬᠤᠯᠠ ᠡᠭᠦᠷᠭᠡ ᠪᠡᠨ ᠪᠣᠯᠭᠠᠵᠤ ᠂ ᠦᠨᠡᠨ ᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠦᠨ ᠬᠦᠴᠦᠨ ᠪᠣᠯᠬᠤ ᠶ᠋ᠢ ᠢᠯᠡᠷᠡᠭᠦᠯᠦᠨ᠎ᠡ ᠃ ᠬᠣᠶᠠᠷ ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠷᠠᠭᠤᠯᠤᠯᠲᠠ ᠶ᠋ᠢᠨ ᠠᠵᠢᠯ  ᠢ ᠦᠨᠡᠨ ᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠤᠪᠦ᠋ᠢᠮ᠎ᠠ ᠪᠠᠶᠢᠷᠢ ᠳ᠋ᠤ ᠪᠠᠶᠢᠷᠢᠯᠠᠭᠤᠯᠵᠤ ᠂ ᠢᠳᠡᠪᠬᠢᠲᠡᠶ ᠪᠡᠷ ᠬᠠᠶᠢᠨ ᠰᠦᠪᠡᠭᠴᠢᠯᠡᠵᠦ ᠂ ᠵᠠᠬ᠎ᠠ ᠳᠡᠯᠭᠡᠭᠦᠷ  ᠦ᠋ᠨ ᠠᠵᠤ  ᠠᠬᠤᠢ ᠶ᠋ᠢᠨ ᠨᠥᠬᠥᠴᠡᠯ ᠳᠣᠣᠷ᠎ᠠ ᠰᠢᠨᠵᠢᠯᠡᠬᠦ ᠤᠬᠠᠭᠠᠨ ᠮᠡᠷᠭᠡᠵᠢᠯ  ᠶ᠋ᠢᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠠᠪᠤᠳᠠᠯ ᠢ ᠲᠦᠷᠭᠡᠳᠬᠡᠵᠦ ᠂ ᠰᠢᠨ᠎ᠡ ᠵᠠᠮ ᠢᠶ᠋ᠡᠷ ᠵᠠᠮᠨᠠᠵᠤ ᠂ ᠰᠢᠨᠵᠢᠯᠡᠬᠦ ᠤᠬᠠᠭᠠᠨ ᠮᠡᠷᠭᠡᠵᠢᠯ  ᠢ ᠬᠤᠪᠢᠷᠠᠭᠤᠯᠬᠤ ᠨᠤᠷᠮ᠎ᠠ ᠶ᠋ᠢ ᠳᠡᠭᠡᠭᠰᠢᠯᠡᠭᠦᠯᠦᠨ᠎ᠡ ᠃ ᠡᠯ᠎ᠡ ᠱᠠᠲᠤᠨ  ᠤ ᠨᠠᠮ ᠤᠨ ᠬᠣᠷᠢᠶ᠎ᠠ ᠂ ᠵᠠᠰᠠᠭ  ᠤᠨ ᠣᠷᠳᠣᠨ ᠨᠤᠭᠤᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠂ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ ᠂ ᠢᠯᠠᠩᠭᠤᠶ᠎ᠠ ᠨᠠᠶᠢᠳᠠᠪᠤᠷᠢᠵᠢᠭᠤᠯᠬᠤ ᠲᠤᠷᠰᠢᠯᠲᠠ ᠶ᠋ᠢᠨ ᠰᠠᠭᠤᠷᠢᠨ ᠭᠠᠵᠠᠷ ᠂ ᠡᠳ᠋ ᠶ᠋ᠢᠨ ᠵᠠᠰᠠᠭ ᠡᠴᠡ ᠰᠠᠯᠭᠠᠨ ᠥᠭᠬᠦ ᠵᠣᠭᠣᠰ ᠂ ᠪᠠᠩᠬᠢ ᠶ᠋ᠢᠨ ᠵᠢᠭᠡᠯᠡᠯᠭᠡ ᠵᠡᠷᠭᠡ ᠠᠰᠠᠭᠤᠳᠠᠯ ᠳᠡᠭᠡᠷ᠎ᠡ ᠂ ᠲᠡᠳᠬᠦᠨ ᠳᠡᠮᠵᠢᠬᠦ ᠲᠥᠷᠥ ᠶ᠋ᠢᠨ ᠪᠣᠳᠣᠯᠭ᠎ᠠ ᠠᠪᠤᠨ᠎ᠠ ᠃ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠤᠨ ᠶᠡᠬᠡ ᠳᠡᠭᠡᠳᠦ ᠰᠤᠷᠭᠠᠭᠤᠯᠢ ᠨᠤᠭᠤᠳ ᠨᠢ ᠢᠳᠡᠪᠬᠢᠲᠡᠶ ᠪᠡᠷ ᠡᠭᠦᠳᠦᠨ ᠪᠠᠶᠢᠭᠤᠯᠵᠤ ᠂ ᠠᠵᠤ ᠠᠬᠤᠶ ᠶ᠋ᠢᠨ ᠪᠣᠳᠠᠲᠤ ᠴᠣᠭᠴᠠ ᠂ ᠰᠢᠨᠵᠢᠯᠡᠬᠦ ᠤᠬᠠᠭᠠᠨ ᠦ ᠰᠤᠳᠤᠯᠭᠠᠨ ᠤ ᠦᠷ᠎ᠡ ᠪᠦᠲᠦᠭᠡᠯ  ᠶ᠋ᠢ ᠬᠠᠮᠤᠭ  ᠤᠨ ᠶᠡᠬᠡ ᠬᠡᠮᠵᠢᠶ᠎ᠡ ᠪᠡᠷ ᠦᠢᠯᠡᠳᠪᠦᠷᠢᠯᠡᠯ  ᠶ᠋ᠢᠨ ᠦᠢᠯᠡᠳᠦᠯᠭᠡ  ᠳ᠋ᠦ ᠣᠴᠢᠭᠤᠯᠬᠤ ᠬᠡᠷᠡᠭᠲᠡᠶ ᠂ ᠥᠪᠡᠷ ᠢ ᠪᠡᠨ ᠬᠥᠭᠵᠢᠭᠦᠯᠬᠦ ᠵᠠᠮ  ᠢᠶ᠋ᠡᠷ ᠠᠯᠬᠤᠮ ᠠᠯᠬᠤᠮ ᠢᠶ᠋ᠡᠷ ᠠᠯᠬᠤᠬᠤ ᠬᠡᠷᠡᠭᠲᠡᠶ ᠃ ᠭᠤᠷᠪᠠ᠂ ᠤᠯᠠᠮ ᠨᠢᠭᠡ ᠠᠯᠬᠤᠮ ᠰᠢᠨᠵᠢᠯᠡᠬᠦ ᠤᠬᠠᠭᠠᠨ ᠪᠣᠯᠤᠨ ᠰᠤᠷᠭᠠᠨ ᠬᠥᠮᠦᠵᠢᠯ  ᠤᠨ ᠪᠠᠶᠢᠭᠤᠯᠤᠯ ᠤᠨ ᠥᠭᠡᠷᠡᠴᠢᠯᠡᠯᠲᠡ ᠶ᠋ᠢ ᠲᠦᠯᠬᠢᠨ ᠠᠬᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠤᠯ ᠂ ᠰᠤᠷᠭᠠᠨ ᠬᠥᠮᠦᠵᠢᠯ  ᠤᠨ ᠰᠠᠯᠠᠭ᠎ᠠ ᠮᠥᠴᠢᠷ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠠᠵᠤ ᠠᠬᠤᠶ ᠶ᠋ᠢᠨ ᠪᠦᠲᠦᠭᠡᠨ ᠪᠠᠶᠢᠭᠤᠯᠤᠯᠲᠠ  ᠶ᠋ᠢᠨ ᠭᠣᠣᠯ ᠳᠠᠶᠢᠨ  ᠦ ᠲᠠᠯᠠᠪᠤᠷ ᠲᠤ ᠤᠷᠤᠨ᠎ᠠ᠃ ᠰᠢᠨᠵᠢᠯᠡᠬᠦ ᠤᠬᠠᠭᠠᠨ  ᠤ ᠰᠤᠳᠤᠯᠭᠠᠨ ᠤ ᠪᠠᠶᠢᠭᠤᠯᠤᠮᠵᠢ  ᠶ᠋ᠢᠨ ᠪᠠᠶᠢᠷᠢᠰᠢᠭᠤᠯᠤᠯᠲᠠ ᠶ᠋ᠢ ᠢᠳᠡᠪᠬᠢᠲᠡᠶ ᠪᠥᠭᠡᠳ ᠯᠠᠪᠳᠠᠭᠤᠨ  ᠢᠶ᠋ᠡᠷ ᠲᠣᠬᠢᠷᠠᠭᠤᠯᠵᠤ ᠂ ᠨᠢᠭᠡ ᠪᠦᠯᠦᠭ ᠣᠷᠣᠨ  ᠤ ᠳᠡᠰ  ᠤᠨ ᠭᠣᠣᠯᠳᠠᠯᠭ᠎ᠠ ᠡᠷᠳᠡᠮ ᠰᠢᠨᠵᠢᠯᠡᠭᠡᠨ ᠤ ᠬᠦᠷᠢᠶᠡᠯᠡᠩ ᠤᠨ ᠭᠠᠵᠠᠷ ᠢ ᠪᠠᠶᠢᠭᠤᠯᠵᠣ ᠂《 ᠲᠣᠭᠲᠠᠭᠤᠨ 》 ᠠᠵᠢᠯ ᠢ ᠰᠠᠢᠢᠨ ᠬᠢᠬᠦ  ᠶ᠋ᠢᠨ ᠬᠠᠮᠲᠤ ᠂ ᠂ 《 ᠨᠢᠭᠡ ᠪᠦᠯᠦᠭ ᠢ ᠨᠡᠭᠡᠭᠡᠬᠦ 》ᠠᠵᠢᠯ ᠢ ᠭᠣᠣᠯᠳᠠᠯᠭ᠎ᠠ ᠲᠠᠶ ᠰᠠᠶᠢᠲᠤᠷ ᠠᠳᠬᠤᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠦ ᠠᠬᠤᠢ ᠢ ᠦᠢᠯᠡᠳᠪᠦᠷᠢ ᠣᠴᠢᠬᠤ ᠶ᠋ᠢ ᠢᠳᠡᠪᠬᠢᠲᠡᠶ ᠪᠡᠷ ᠵᠣᠷᠢᠭᠵᠢᠭᠤᠯᠵᠤ ᠂ ᠬᠥᠳᠡᠭᠡ ᠲᠣᠰᠬᠣᠨ ᠮᠠᠯᠵᠢᠬᠤ ᠣᠷᠣᠨ ᠳᠤ ᠣᠴᠢᠵᠤ ᠂ ᠶᠠᠳᠠᠭᠤ ᠭᠠᠴᠢᠭᠳᠠᠯ ᠲᠠᠢ ᠭᠠᠵᠠᠷ ᠣᠴᠢᠵᠤ ᠂ ᠵᠠᠬ᠎ᠠ ᠳᠡᠯᠭᠡᠭᠦᠷ ᠳᠡᠭᠡᠷ᠎ᠡ ᠣᠴᠢᠵᠤ ᠰᠢᠨ᠎ᠡ ᠦᠢᠯᠡᠰ ᠪᠣᠰᠬᠠᠨ᠂ ᠰᠢᠶᠠᠩ ᠪᠠᠯᠭᠠᠰᠤᠨ ᠤᠨ ᠠᠵᠤ ᠠᠬᠤᠶᠢᠯᠠᠯ ᠂ ᠪᠠᠭ᠎ᠠ ᠮᠠᠶᠢᠭ ᠤᠨ ᠠᠵᠤ ᠠᠬᠤᠶᠢᠯᠠᠯ ᠢ ᠳᠠᠭᠠᠭᠤᠯᠤᠨ ᠡᠷᠭᠢᠯᠡᠬᠦ ᠪᠠ ᠡᠭᠦᠳᠦᠨ ᠡᠷᠭᠢᠯᠡᠵᠦ ᠂ ᠳᠡᠭᠡᠳᠦ ᠰᠢᠨ᠎ᠡ ᠮᠡᠷᠭᠡᠵᠢᠯ ᠦ᠋ᠨ ᠡᠵᠡᠤᠨᠯᠲᠡ ᠶ᠋ᠢᠨ ᠪᠣᠳᠠᠲᠤ ᠴᠣᠭᠴᠠ ᠶ᠋ᠢ ᠡᠷᠭᠢᠯᠡᠭᠦᠯᠦᠨ ᠂ ᠲᠠᠷᠢᠮᠠᠯ ᠤᠨ ᠦᠢᠯᠡᠰ ᠂ ᠲᠡᠵᠢᠭᠡᠨ ᠦᠷᠡᠵᠢᠭᠦᠯᠬᠦ ᠦᠢᠯᠡᠰ ᠤᠨ ᠲᠧᠭᠨᠢᠭ ᠮᠡᠷᠭᠡᠵᠢᠯ ᠢ ᠳᠠᠭᠠᠭᠠᠴᠢᠯᠠᠬᠤ ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠦᠨᠡᠨ ᠬᠦ ᠮᠠᠨ  ᠤ ᠣᠷᠣᠨ  ᠤ ᠠᠵᠤ ᠠᠬᠤᠶ ᠶ᠋ᠢᠨ ᠬᠥᠭᠵᠢᠯᠲᠡ  ᠶ᠋ᠢᠨ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ ᠃ ᠰᠢᠨᠵᠢᠯᠡᠬᠦ ᠤᠬᠠᠭᠠᠨ ᠦ ᠰᠤᠳᠤᠯᠭᠠᠨ ᠤ ᠬᠦᠷᠢᠶᠡᠯᠡᠩ ᠤᠨ ᠭᠠᠵᠠᠷ ᠲᠤ ᠬᠤᠪᠢ ᠣᠷᠣᠭᠤᠯᠬᠤ ᠲᠦᠷᠢᠮ ᠤᠨ ᠲᠤᠷᠰᠢᠯᠲᠠ ᠢ ᠲᠠᠰᠤᠷᠠᠯᠲᠠ ᠦᠭᠡᠶ ᠠᠬᠢᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠦᠷ᠎ᠡ ᠪᠦᠲᠦᠭᠡᠯ ᠢᠶᠠᠷ ᠬᠤᠪᠢ ᠣᠷᠣᠬᠤ ᠬᠡᠯᠪᠡᠷᠢ ᠪᠡᠷ ᠂ ᠲᠠᠷᠢᠶᠠᠴᠢᠨ ᠮᠠᠯᠴᠢᠳ ᠂ ᠤᠯᠤᠰ ᠥᠮᠴᠢᠯᠡᠯᠲᠦ ᠠᠵᠤ ᠠᠬᠤᠶᠢᠯᠠᠯ ᠂ ᠰᠢᠶᠠᠩ ᠪᠠᠯᠭᠠᠰᠤᠨ ᠤ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠤᠨ ᠦᠷ᠎ᠡ ᠠᠰᠢᠭ ᠢ ᠲᠡᠭᠰᠢ ᠪᠡᠷ ᠣᠯᠵᠤ ᠂ ᠠᠶᠣᠯ ᠢ ᠬᠠᠮᠲᠤ ᠪᠠᠷ ᠡᠭᠦᠷᠭᠡᠯᠡᠵᠦ ᠦᠷ᠎ᠡ ᠠᠰᠢᠭ ᠤᠨ ᠬᠠᠮᠲᠤ ᠶ᠋ᠢᠨ ᠴᠣᠭᠴᠠ ᠶ᠋ᠢ ᠪᠦᠲᠦᠭᠡᠨ ᠪᠠᠶᠢᠭᠤᠯᠵᠤ ᠂ ᠲᠠᠰᠤᠷᠠᠯᠲᠠ ᠦᠭᠡᠢ ᠰᠢᠨᠵᠢᠯᠡᠬᠦ ᠤᠬᠠᠭᠠᠨ ᠤ ᠦᠷ᠎ᠡ ᠪᠦᠳᠦᠭᠡᠯ ᠦᠨ ᠬᠡᠷᠡᠭᠯᠡᠬᠦ ᠨᠣᠷᠮ᠎ᠠ ᠂ ᠬᠠᠮᠤᠷᠬᠤ ᠬᠡᠮᠵᠢᠶ᠎ᠡ ᠪᠣᠯᠣᠨ ᠬᠡᠪᠴᠢᠶ᠎ᠡ ᠶ᠋ᠢᠨ ᠠᠰᠢᠭ ᠲᠤᠰᠠ ᠶ᠋ᠢ ᠪᠦᠲᠦᠭᠡᠨ ᠪᠠᠶᠢᠭᠤᠯᠤᠨ᠎ᠠ ᠃ ᠭᠦᠢᠴᠡᠳ ᠭᠠᠵᠠᠷ ᠤᠷᠤᠨ ᠂ ᠰᠠᠯᠠᠭ᠎ᠠ ᠮᠦᠴᠢᠷ ᠂ ᠠᠵᠤ ᠠᠬᠤᠶᠢᠯᠠᠯ ᠪᠤᠯᠤᠨ ᠰᠤᠳᠤᠯᠭᠠᠨ ᠤ ᠪᠠᠶᠢᠭᠤᠯᠭ᠎ᠠ ᠶ᠋ᠢᠨ ᠢᠳᠡᠪᠬᠢᠵᠢᠯ ᠢ ᠲᠠᠲᠠᠵᠤ ᠂ ᠤᠯᠠᠨ ᠠᠷᠭ᠎ᠠ ᠵᠠᠮ ᠢᠶᠠᠷ ᠪᠡᠯᠡ ᠮᠦᠩᠭᠦ ᠴᠤᠭᠯᠠᠭᠤᠯᠵᠤ ᠂ ᠢᠳᠡᠪᠬᠢᠳᠠᠢ ᠪᠠᠷ ᠠᠵᠤ ᠠᠬᠤᠶᠢᠯᠠᠯ ᠂ ᠠᠷᠠᠳ ᠤᠨ ᠳᠤᠮᠳᠠᠬᠢ ᠂ ᠭᠠᠳᠠᠭᠠᠳᠤ ᠶ᠋ᠢᠨ ᠪᠡᠯᠡ ᠮᠦᠩᠭᠦ ᠶ᠋ᠢ ᠲᠠᠲᠠᠨ ᠠᠪᠴᠢᠷᠠᠵᠤ ᠂ ᠰᠢᠨ᠎ᠡ ᠮᠠᠶᠢᠭ ᠤᠨ ᠰᠢᠨᠵᠢᠯᠡᠬᠦ ᠤᠬᠠᠭᠠᠨ ᠤ ᠴᠤᠭᠴᠠ ᠶ᠋ᠢ ᠪᠠᠶᠢᠭᠤᠯᠤᠨ᠎ᠠ ᠃ ᠦᠷᠭᠦᠯᠵᠢᠯᠡᠨ ᠰᠤᠷᠭᠠᠨ ᠬᠦᠮᠦᠵᠢᠯ ᠦᠨ ᠪᠠᠶᠢᠭᠤᠯᠤᠯᠲᠠ ᠶ᠋ᠢ ᠥᠭᠡᠷᠡᠴᠢᠯᠡᠨ᠎ᠡ ᠂ ᠰᠤᠷᠭᠠᠨ ᠬᠥᠮᠦᠵᠢᠯ ᠦᠨ ᠪᠦᠲᠦᠴᠡ ᠶ᠋ᠢ ᠰᠢᠯᠢᠳᠡᠭᠵᠢᠭᠦᠯᠦᠨ᠎ᠡ ᠂ ᠶᠢᠰᠦᠨ ᠵᠢᠯ ᠦᠨ ᠰᠤᠷᠭᠠᠨ ᠬᠥᠮᠦᠵᠢᠯ ᠢ ᠲᠥᠭᠦᠮᠡᠯᠵᠢᠭᠦᠯᠬᠦ ᠂ ᠦᠨᠳᠦᠷ ᠳᠤᠮᠳᠠᠳᠤ ᠵᠡᠷᠭᠡ ᠶ᠋ᠢᠨ ᠠᠵᠢᠯ ᠮᠠᠷᠭᠡᠵᠢᠯ ᠤᠨ ᠰᠤᠷᠭᠠᠨ ᠬᠥᠮᠥᠵᠢᠯ ᠢ ᠴᠢᠩᠭᠠᠳᠬᠠᠬᠤ ᠶ᠋ᠢᠨ ᠵᠡᠷᠭᠡ ᠪᠡᠷ ᠂ ᠵᠠᠬ᠎ᠠ ᠳᠡᠯᠭᠡᠭᠦᠷ ᠢᠶ᠋ᠡᠷ ᠬᠦᠲᠦᠯᠪᠦᠷᠢ ᠪᠣᠯᠭᠠᠵᠤ ᠂ ᠶᠡᠬᠡ ᠳᠡᠭᠡᠳᠦ ᠰᠤᠷᠭᠠᠭᠤᠯᠢ ᠶ᠋ᠢᠨ ᠮᠡᠷᠭᠡᠵᠢᠯ ᠦᠨ ᠪᠦᠲᠦᠴᠡ ᠪᠣᠯᠤᠨ ᠰᠤᠳᠤᠯᠭᠠᠨ ᠤ ᠬᠦᠷᠢᠶᠡᠯᠡᠩ ᠦᠨ ᠬᠦᠨᠳᠦᠴᠡ ᠶ᠋ᠢ ᠨᠡᠮᠡᠭᠳᠡᠭᠦᠯᠵᠦ᠂ ᠨᠡᠶᠢᠭᠡᠮ ᠵᠢᠷᠦᠮᠲᠦ ᠵᠠᠬ᠎ᠠ ᠳᠡᠯᠭᠡᠭᠦᠷ ᠦᠨ ᠬᠥᠭᠵᠢᠯᠲᠡ ᠶ᠋ᠢᠨ ᠬᠡᠷᠡᠭᠴᠡᠭᠡᠨ ᠳ᠋ᠦ ᠲᠣᠬᠢᠷᠠᠯᠴᠠᠭᠤᠯᠤᠨ᠎ᠠ ᠃
    (  ᠭᠤᠷᠪᠠ ) ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ  ᠶ᠋ᠢᠨ ᠲᠤᠬᠠᠶ ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠶ᠋ᠢᠨ ᠠᠵᠤ ᠠᠬᠤᠶ  ᠶ᠋ᠢᠨ ᠬᠥᠭᠵᠢᠯᠲᠡ ᠪᠠ ᠤᠳᠤ ᠦᠶ᠎ᠡ  ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠶ᠋ᠢᠨ ᠲᠡᠪᠰᠢᠯᠳ ᠳᠠᠭᠠᠯᠲᠤᠨ᠂ ᠴᠢᠳᠠᠪᠤᠷᠢᠲᠠᠨ ᠤ ᠠᠰᠠᠭᠤᠳᠠᠯ  ᠨᠢ ᠤᠯᠠᠮ ᠡᠴᠡ ᠤᠯᠠᠮ ᠴᠢᠬᠤᠯᠠ ᠪᠥᠭᠡᠳ ᠲᠤᠯᠭᠠᠮ᠎ᠠ ᠱᠠᠭᠠᠷᠳᠠᠭᠳᠠᠵᠤ ᠪᠠᠶᠢᠨ᠎ᠠ ᠃ ᠪᠢᠳᠡᠨ ᠦᠵᠡᠯ ᠰᠠᠨᠠᠭᠠᠨ ᠦ ᠲᠠᠯ᠎ᠠ ᠪᠠᠷ ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠤᠬᠠᠮᠰᠠᠷ ᠲᠣᠭᠲᠠᠭᠠᠬᠤ ᠮᠥᠷᠲᠡᠭᠡᠨ᠂ ᠠᠵᠢᠯ ᠤᠨ ᠳᠦᠷᠢᠮ ᠦᠨ ᠲᠠᠯ᠎ᠠ ᠪᠠᠷ ᠭᠠᠷᠮᠠᠭᠠᠶ ᠴᠢᠳᠠᠪᠤᠷᠢᠲᠠᠨ  ᠦ ᠴᠣᠯᠭᠣᠷᠠᠨ ᠭᠠᠷᠬᠤ ᠪᠠ ᠤᠢᠰᠦᠠ ᠪᠣᠶᠢᠵᠢᠬᠤ  ᠳ᠋ᠦ ᠠᠰᠢᠭᠳᠠᠢ ᠴᠢᠬᠤᠯᠠ ᠨᠥᠬᠥᠴᠡᠯ ᠪᠦᠷᠢᠯᠳᠦᠭᠦᠯᠵᠦ ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ  ᠶ᠋ᠢ ᠣᠯᠵᠤ ᠂ ᠪᠣᠯᠪᠠᠰᠤᠷᠠᠭᠤᠯᠬᠤ᠂ ᠰᠤᠩᠭᠤᠬᠤ ᠂ ᠬᠡᠷᠡᠭᠯᠡᠬᠦ ᠂ ᠣᠷᠣᠭᠤᠯᠬᠤ ᠂ ᠬᠠᠮᠢᠶᠠᠷᠤᠯᠲᠠ ᠶ᠋ᠢᠨ ᠲᠦᠷᠢᠮ ᠪᠠᠶᠢᠭᠤᠯᠵᠤ᠂ ᠨᠡᠩ ᠣᠯᠠᠨ ᠨᠡᠩ ᠰᠠᠶᠢᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠨᠡᠭᠡᠭᠡᠨ ᠬᠥᠭᠵᠢᠭᠦᠯᠵᠦ ᠂ ᠥᠪᠥᠷ ᠮᠣᠩᠭᠣᠯ ᠋ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠶ ᠃
    ᠴᠢᠳᠠᠪᠤᠷᠢᠲᠠᠨ  ᠢ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶ᠋ᠢ ᠬᠡᠷᠡᠭᠵᠢᠭᠦᠯᠬᠦ ᠵᠢᠯᠣᠭᠣᠳᠬᠤ ᠦᠵᠡᠯ ᠰᠠᠨᠠᠭ᠎ᠠ ᠪᠠ ᠠᠵᠢᠯ  ᠶ᠋ᠢᠨ ᠭᠣᠣᠯᠳᠠᠯᠭ᠎ᠠ ᠪᠣᠯ ᠄ 《 ᠲᠣᠭ᠎ᠠ ᠬᠡᠮᠵᠢᠶ᠎ᠡ ᠶ᠋ᠢ ᠨᠡᠮᠡᠭᠳᠡᠭᠦᠯᠬᠦ ᠂ ᠬᠡᠪ ᠴᠢᠨᠠᠷ  ᠢ ᠳᠡᠭᠡᠭᠰᠢᠯᠡᠭᠦᠯᠬᠦ ᠂ ᠪᠦᠲᠦᠴᠡ  ᠶ᠋ᠢ ᠰᠢᠯᠢᠳᠡᠭᠵᠢᠭᠦᠯᠬᠦ ᠂ ᠳᠠᠯᠳᠠ ᠴᠢᠳᠠᠪᠤᠷᠢ ᠶ᠋ᠢ ᠪᠠᠳᠠᠷᠠᠭᠤᠯᠬᠤ 》 ᠴᠢᠭᠯᠡᠯᠲᠡ ᠶ᠋ᠢ ᠪᠠᠷᠢᠮᠲᠠᠯᠠᠵᠤ ᠂ ᠴᠢᠳᠠᠪᠤᠷᠢᠲᠠᠨ ᠤ ᠡᠬᠢ ᠪᠠᠶᠠᠯᠢᠭ  ᠶ᠋ᠢ ᠨᠡᠭᠡᠭᠡᠬᠦ ᠶ᠋ᠢ ᠴᠢᠬᠤᠯᠠᠴᠢᠯᠠᠨ᠎ᠠ ᠃ ᠡᠨᠡ ᠬᠦ ᠴᠢᠭᠯᠡᠯᠲᠡ ᠪᠠᠷ ᠵᠢᠯᠤᠭᠤᠳᠤᠯᠭ᠎ᠠ ᠪᠣᠯᠭᠠᠵᠤ ᠂ ᠺᠠᠳ᠋ᠷ ᠠᠵᠢᠯᠳᠠᠨ ᠢ ᠬᠠᠮᠢᠶᠠᠷᠬᠤ ᠳᠦᠷᠢᠮ  ᠢ ᠥᠭᠡᠷᠡᠴᠢᠯᠡᠨ᠎ᠡ ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠵᠠᠷᠴᠢᠮ ᠡᠴᠠ ᠂ ᠲᠡᠭᠦᠰ ᠲᠡᠭᠦᠯᠳᠡᠷ ᠠᠮᠢᠵᠢᠷᠠᠯ  ᠤᠨ ᠬᠦᠴᠦᠨ ᠪᠠ ᠠᠮᠢᠳᠤ ᠰᠣᠷᠭᠣᠭ ᠬᠦᠴᠦᠨ ᠴᠢᠳᠠᠯ ᠲᠠᠶ ᠬᠥᠮᠦᠨ ᠬᠡᠷᠡᠭᠯᠡᠬᠦ ᠲᠣᠭᠲᠠᠴᠠ ᠶ᠋ᠢ ᠪᠤᠢ ᠪᠣᠯᠭᠠᠵᠤ ᠂ ᠰᠢᠯᠢᠳᠡᠭ ᠴᠢᠳᠠᠪᠤᠷᠢᠲᠠᠨ ᠴᠣᠯᠭᠣᠷᠠᠨ ᠭᠠᠷᠬᠤ ᠣᠷᠴᠢᠨ ᠨᠥᠬᠥᠴᠡᠯ ᠢ ᠪᠤᠢ ᠪᠣᠯᠭᠠᠵᠤ ᠴᠢᠳᠠᠬᠤ ᠶᠤᠮ᠃ ᠨᠡᠶᠢᠳᠡᠮ ᠬᠥᠳᠡᠯᠮᠦᠷᠢᠴᠢᠳ  ᠤᠨ ᠬᠡᠪ ᠴᠢᠨᠠᠷ  ᠢ ᠳᠡᠭᠡᠭᠰᠢᠯᠡᠭᠦᠯᠵᠦ ᠂ ᠬᠥᠮᠦᠵᠢᠭᠦᠯᠬᠦ ᠪᠠ ᠪᠦᠲᠦᠭᠡᠬᠦ ᠲᠣᠭ᠎ᠠ ᠬᠡᠮᠵᠢᠶ᠎ᠡ ᠪᠡᠷ ᠭᠦᠶᠴᠡᠳ ᠬᠠᠩᠭᠠᠮᠵᠢᠲᠠᠶ ᠂ ᠪᠦᠲᠦᠴᠡ ᠨᠢ ᠵᠣᠬᠢᠰᠲᠠᠶ ᠂ ᠬᠡᠪ ᠴᠢᠨᠠᠷ ᠰᠢᠯᠢᠳᠡᠭ ᠨᠠᠮ ᠵᠠᠰᠠᠭ ᠦ᠋ᠨ ᠤᠳᠤᠤᠨᠬᠤ ᠺᠠᠳ᠋ᠷ ᠂ ᠠᠵᠤ ᠠᠬᠤᠶᠢᠯᠠᠯ ᠬᠠᠮᠢᠶᠠᠷᠤᠭᠴᠢ ᠪᠠ ᠲᠤᠰᠬᠠᠶ ᠮᠡᠷᠭᠡᠵᠢᠯ ᠤᠨ ᠠᠵᠢᠯᠲᠠᠨ  ᠪᠣᠯ ᠰᠠᠶᠢ ᠭᠤᠷᠪᠠᠨ ᠰᠠᠯᠠᠭ᠎ᠠ ᠪᠦᠬᠦᠢ ᠴᠢᠳᠠᠪᠤᠷᠢᠲᠠᠨ ᠤ ᠡᠩᠨᠡᠭᠡ  ᠶ᠋ᠢ ᠪᠠᠶᠢᠭᠤᠯᠤᠨ ᠂ ᠬᠠᠩᠭᠠᠵᠤ ᠂ ᠥᠪᠡᠷᠲᠡᠭᠡᠨ ᠵᠠᠰᠠᠬᠤ ᠣᠷᠣᠨ  ᠤ ᠠᠵᠤ ᠠᠬᠤᠶ  ᠶ᠋ᠢᠨ ᠬᠥᠭᠵᠢᠯᠲᠡ ᠪᠠ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠨᠢ ᠡᠯ᠎ᠡ ᠲᠥᠷᠥᠯ  ᠶ᠋ᠢᠨ ᠴᠢᠳᠠᠪᠤᠷᠢᠲᠠᠨ  ᠳ᠋ᠦ ᠬᠡᠷᠡᠭᠰᠡᠬᠦ ᠱᠠᠭᠠᠷᠳᠠᠯᠭ᠎ᠠ ᠶ᠋ᠢ ᠬᠠᠩᠭᠠᠨ᠃ ᠴᠢᠳᠠᠪᠤᠷᠢᠲᠠᠨ  ᠤ ᠵᠠᠬ᠎ᠠ ᠳᠡᠯᠭᠡᠭᠦᠷ  ᠢ ᠪᠣᠶᠢᠵᠢᠭᠤᠯᠬᠤ ᠪᠠ ᠬᠥᠭᠵᠢᠭᠦᠯᠬᠦ ᠂ ᠵᠠᠬ᠎ᠠ ᠳᠡᠯᠭᠡᠭᠦᠷ  ᠶ᠋ᠢᠨ ᠠᠵᠤ ᠠᠬᠤᠶ ᠶ᠋ᠢ ᠤᠶᠠᠯᠳᠤᠭᠤᠯᠬᠤ ᠵᠢᠮ᠎ᠡ ᠶᠣᠰᠣ ᠂ ᠴᠢᠳᠠᠪᠤᠷᠢᠲᠠᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ ᠃ ᠤᠳᠤ ᠶ᠋ᠢᠨ ᠪᠠᠶᠢᠭ᠎ᠠ ᠴᠢᠳᠠᠪᠤᠷᠢᠲᠠᠨ  ᠦ ᠬᠡᠷᠡᠭᠴᠡᠭᠡ ᠶ᠋ᠢ ᠴᠢᠬᠤᠯᠠᠴᠢᠯᠠᠨ ᠪᠠᠳᠠᠷᠠᠭᠤᠯᠬᠤ ᠂ ᠣᠳᠣ ᠪᠠᠶᠢᠭ᠎ᠠ ᠴᠢᠳᠠᠪᠤᠷᠢᠲᠠᠨ ᠤ ᠳᠠᠯᠳᠠ ᠬᠦᠴᠦᠨ  ᠢ ᠭᠦᠢᠴᠡᠳ ᠢᠯᠡᠷᠡᠭᠦᠯᠦᠨ᠎ᠡ ᠂ ᠢᠳᠡᠪᠬᠢᠲᠡᠶ ᠴᠢᠳᠠᠪᠤᠷᠢᠲᠠᠨ  ᠢ ᠢᠯᠡᠷᠡᠭᠦᠯᠬᠦ ᠂ ᠴᠢᠳᠠᠪᠤᠷᠢᠲᠠᠨ  ᠢ ᠵᠣᠷᠢᠭᠲᠠᠶ ᠪᠠᠷ ᠳᠡᠪᠰᠢᠭᠦᠯᠵᠦ ᠬᠡᠷᠡᠭᠯᠡᠬᠦ ᠂ ᠨᠢᠭᠡᠨ ᠬᠡᠷᠡᠭᠴᠡᠭᠡ ᠲᠡᠶ ᠴᠢᠳᠠᠪᠤᠷᠢᠲᠠᠨ ᠪᠣᠯᠠᠭᠳᠠᠭᠤᠯᠬᠤ ᠦᠭᠡᠢ᠂ ᠵᠢᠩᠬᠢᠨᠢ ᠬᠥᠮᠦᠨ ᠪᠦᠬᠦᠨ ᠤ ᠴᠢᠳᠠᠪᠤᠷᠢ ᠶ᠋ᠢ ᠪᠦᠷᠢᠨ ᠭᠠᠷᠭᠠᠯᠭᠠᠨ ᠂ ᠴᠢᠳᠠᠪᠤᠷᠢᠲᠠᠨ ᠪᠦᠬᠦᠨ  ᠢ ᠰᠠᠶᠢᠲᠤᠷ ᠬᠡᠷᠡᠭᠯᠡᠬᠦ ᠳᠦ ᠬᠦᠷᠬᠦ ᠪᠡᠷ ᠃ ᠢᠳᠡᠪᠬᠢᠲᠡᠶ ᠬᠣᠶᠢᠰᠢᠲᠠ ᠶ᠋ᠢᠨ ᠴᠢᠳᠠᠪᠤᠷᠢᠲᠠᠨ  ᠢ ᠬᠥᠮᠦᠵᠢᠭᠦᠯᠬᠦ ᠂ ᠰᠤᠷᠭᠠᠨ ᠬᠥᠮᠦᠵᠢᠯ  ᠶ᠋ᠢᠨ ᠦᠢᠯᠡᠰ  ᠢ ᠶᠡᠬᠡᠪᠡᠷ ᠬᠥᠭᠵᠢᠭᠦᠯᠦᠨ ᠂ ᠬᠥᠭᠵᠢᠭᠰᠡᠨ ᠭᠠᠵᠠᠷ ᠣᠷᠣᠨ ᠯᠤᠭ᠎ᠠ ᠶ᠋ᠢᠨ ᠬᠠᠮᠲᠤᠷᠠᠯᠴᠠᠭ᠎ᠠ ᠶ᠋ᠢ ᠴᠢᠩᠭᠠᠳᠬᠠᠬᠤ ᠵᠡᠷᠭᠡ ᠬᠡᠯᠪᠡᠷᠢ ᠃ ᠴᠢᠳᠠᠪᠤᠷᠢᠲᠠᠨ ᠢ ᠬᠥᠮᠦᠵᠢᠭᠦᠯᠬᠦ ᠵᠠᠮ ᠮᠥᠷ ᠢ ᠥᠷᠭᠡᠳᠬᠡᠵᠦ ᠂ ᠡᠷᠢᠨ ᠵᠠᠭᠤᠨ ᠰᠤᠨᠳᠠᠯᠠᠭᠰᠠᠨ ᠤᠳᠤᠷᠢᠳᠬᠤ ᠴᠢᠳᠠᠪᠤᠷᠢᠲᠠᠨ  ᠢ ᠦᠯᠡᠮᠵᠢ ᠤᠯᠠᠨ ᠬᠥᠮᠦᠵᠢᠭᠦᠯᠦᠨ ᠭᠠᠷᠭᠠᠬᠤ ᠬᠡᠷᠡᠭᠲᠡᠶ ᠂ ᠰᠢᠨᠵᠢᠯᠡᠬᠦ ᠤᠬᠠᠭᠠᠨ ᠮᠡᠷᠭᠡᠵᠢᠯ ᠦᠨ ᠴᠢᠳᠠᠪᠤᠷᠢᠲᠠᠨ᠂ ᠬᠠᠮᠢᠶᠠᠷᠤᠯᠲᠠ ᠶ᠋ᠢᠨ ᠴᠢᠳᠠᠪᠤᠷᠢᠲᠠᠨ ᠢ ᠶᠡᠬᠡᠪᠡᠷ ᠣᠷᠣᠭᠤᠯᠵᠤ ᠢᠷᠡᠨ ᠂ ᠬᠠᠷᠠᠭᠠᠯᠵᠠᠯ ᠦᠵᠡᠭᠦᠯᠬᠦ ᠲᠦᠷᠦ ᠶ᠋ᠢᠨ ᠪᠤᠳᠤᠯᠭ᠎ᠠ ᠲᠣᠭᠲᠠᠭᠠᠵᠤ ᠂ ᠣᠷᠣᠨ ᠦ ᠭᠠᠳᠠᠨᠠᠬᠢ ᠡᠯ᠎ᠡ ᠲᠠᠯ᠎ᠠ  ᠶ᠋ᠢᠨ ᠴᠢᠳᠠᠪᠤᠷᠢᠲᠠᠨ  ᠢ ᠥᠪᠥᠷ ᠮᠣᠩᠭᠣᠯ ᠳᠤ ᠢᠷᠡᠵᠦ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠂ ᠮᠠᠨ  ᠤ ᠣᠷᠣᠨ  ᠤ ᠠᠵᠤ ᠠᠬᠤᠢ ᠨᠡᠶᠢᠭᠡᠮ  ᠶ᠋ᠢᠨ ᠬᠥᠭᠵᠢᠯᠲᠡ ᠳᠦ ᠬᠤᠪᠢ ᠨᠡᠮᠡᠷᠢ ᠦᠵᠡᠭᠦᠯᠦᠨ᠎ᠡ ᠃
    (  ᠳᠦᠷᠪᠡ) ᠨᠡᠷᠡᠲᠦ ᠲᠡᠮᠳᠡᠭᠲᠦ ᠶ᠋ᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶ᠋ᠢᠨ ᠲᠤᠬᠠᠶ ᠃ ᠨᠡᠷᠡᠲᠤ ᠲᠠᠸᠠᠷ  ᠤᠨ ᠪᠠᠶᠢᠯᠳᠤᠬᠤ ᠪᠣᠳ᠋ᠣᠯᠭ᠎ᠠ ᠂ ᠳᠠᠷᠤᠶ ᠶᠠᠰᠤ ᠴᠢᠨᠠᠷ ᠤᠨ ᠪᠠᠶᠢᠯᠳᠤᠬᠤ ᠪᠤᠳᠤᠯᠭ᠎ᠠ ᠂ ᠵᠠᠬ᠎ᠠ ᠳᠡᠯᠭᠡᠭᠦᠷ ᠦᠨ ᠪᠠᠶᠢᠯᠳᠤᠬᠤ ᠪᠤᠳᠤᠯᠭ᠎ᠠ ᠂ ᠦᠷ᠎ᠡ ᠠᠰᠢᠭ ᠤᠨ ᠪᠠᠶᠢᠯᠳᠤᠬᠤ ᠪᠤᠳᠤᠯᠭ᠎ᠠ ᠮᠥᠨ ᠃ ᠨᠠᠷᠠᠲᠤ ᠲᠡᠮᠳᠡᠭᠲᠦ ᠦᠷ᠎ᠡ ᠠᠰᠢᠭ ᠨᠢ ᠭᠡᠵᠦ ᠨᠢᠭᠡ ᠠᠵᠤ ᠠᠬᠤᠶᠢᠯᠠᠯ ᠤ ᠪᠣᠳᠠᠲᠤ ᠬᠦᠴᠦᠨ ᠂ ᠪᠠᠰᠠ ᠨᠢᠭᠡ ᠭᠠᠵᠠᠷ ᠣᠷᠣᠨ ᠭᠡᠵᠦ ᠮᠡᠳᠡᠷᠡᠭᠳᠡᠨ᠂ ᠨᠢᠭᠡ ᠤᠯᠤᠰ  ᠤᠨ ᠪᠣᠳᠠᠲᠤ ᠬᠦᠴᠦᠨ ᠢᠶᠠᠷ ᠦᠵᠡᠭᠳᠡᠵᠦ ᠪᠠᠶᠢᠳᠠᠭ ᠢᠶᠠᠷ ᠪᠠᠷᠠᠬᠤ ᠦᠭᠡᠢ ᠠᠵᠤ ᠠᠬᠤᠢ  ᠶ᠋ᠢᠨ ᠪᠣᠳᠠᠲᠤ ᠬᠦᠴᠦᠨ ᠢ ᠳᠤᠰᠬᠠᠵᠤ ᠪᠠᠶᠢᠳᠠᠭ᠂ ᠪᠠᠰᠠ ᠠᠵᠤ ᠠᠬᠤᠶ ᠨᠡᠶᠢᠭᠡᠮ ᠤᠨ ᠶᠡᠤᠨᠬᠡᠶᠢᠯᠡᠭᠰᠡᠨ ᠬᠡᠪ ᠴᠢᠨᠠᠷ  ᠤᠨ ᠲᠥᠪᠯᠡᠷᠡᠩᠭᠦᠢ ᠢᠯᠡᠷᠡᠯ ᠪᠣᠯᠤᠨ᠎ᠠ ᠃ ᠳ᠋ᠧᠩ ᠰᠢᠶᠤᠤ ᠫᠢᠩ ᠨᠥᠬᠥᠷ ᠠᠯᠢ ᠡᠷᠲᠡ ᠵᠢᠭᠠᠵᠤ ᠭᠠᠷᠭᠠᠭᠰᠠᠨ ᠨᠢ ᠄ 《 ᠪᠢᠳᠡᠨ ᠥᠪᠡᠷ  ᠤᠨ ᠭᠡᠬᠦ ᠨᠢᠳᠤᠷᠭᠠᠨ ᠦᠢᠯᠡᠳᠬᠦᠨ ᠲᠡᠶ ᠪᠠᠶᠢᠵᠤ ᠂ ᠪᠢᠳᠡ ᠥᠪᠡᠷ ᠦᠨ ᠳᠤᠮᠳᠠᠳᠤ ᠤᠯᠤᠰ ᠤᠨ ᠪᠷᠧᠨ᠋ᠳ᠋ ᠡᠭᠦᠳᠡᠨ ᠪᠦᠲᠦᠭᠡᠬᠦ ᠬᠡᠷᠡᠭᠳᠡᠢ᠂ ᠡᠰᠡ ᠲᠡᠶᠢᠮᠦ ᠪᠣᠯ ᠪᠣᠰᠣᠳ ᠲᠤ ᠳᠣᠷᠣᠮᠵᠢᠯᠠᠭᠳᠠᠨ᠎ᠠ 》᠃ ᠪᠢᠳᠡ ᠳ᠋ᠧᠩ ᠰᠢᠶᠤᠤ ᠫᠢᠩ ᠨᠥᠬᠥᠷ ᠤᠨ ᠶᠠᠷᠢᠶᠠᠨ ᠤ ᠭᠦᠨᠵᠡᠭᠡᠶ ᠤᠳᠬ᠎ᠠ ᠠᠭᠤᠯᠭ᠎ᠠ  ᠶ᠋ᠢ ᠡᠷᠬᠡᠪᠰᠢ ᠨᠠᠷᠢᠨ ᠬᠢᠨᠠᠮᠠᠭᠠᠢ ᠣᠶᠢᠯᠠᠭᠠᠬᠤ ᠬᠡᠷᠡᠭᠲᠡᠢ ᠂ ᠶᠠᠰᠤ ᠴᠢᠨᠠᠷ ᠶ᠋ᠢᠨ ᠲᠠᠯ᠎ᠠ ᠡᠴᠠ ᠪᠠᠶᠢᠯᠳᠤᠬᠤ ᠪᠤᠳᠤᠯᠭ᠎ᠠ ᠶ᠋ᠢᠨ ᠴᠢᠬᠤᠯᠠ ᠶᠡᠬᠡ ᠠᠴᠢ ᠬᠣᠯᠪᠣᠭᠳᠠᠯ  ᠤᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠨ᠎ᠡ ᠃
    ᠨᠠᠷᠠᠲᠤ ᠨᠡᠷᠡᠮᠵᠢ ᠶ᠋ᠢᠨ ᠪᠠᠶᠢᠯᠳᠤᠬᠤ ᠪᠤᠳᠣᠯᠭ᠎ᠠ ᠨᠢ ᠂ ᠡᠷᠬᠡᠪᠰᠢ ᠭᠣᠣᠯᠳᠠᠯᠭ᠎ᠠ  ᠶ᠋ᠢ ᠲᠣᠪᠤᠶᠢᠯᠭᠠᠨ ᠃ ᠮᠠᠨ ᠤ ᠣᠷᠣᠨ ᠤ ᠳᠠᠪᠠᠭᠤᠯᠢᠭᠠᠵᠤ ᠦᠢᠯᠡᠰ ᠡᠴᠠ ᠠᠪᠴᠤ ᠬᠡᠯᠡᠪᠡᠯ ᠂ ᠬᠦᠨᠳᠦ ᠠᠵᠤ ᠦᠢᠯᠡᠳᠪᠦᠷᠢ ᠶ᠋ᠢᠨ ᠵᠤᠵᠠᠭᠠᠨ ᠰᠠᠭᠤᠷᠢ  ᠪᠠ ᠪᠣᠳᠠᠲᠤ ᠬᠦᠴᠦᠨ ᠲᠠᠢ ᠂ ᠵᠠᠷᠢᠮ ᠪᠦᠲᠦᠭᠡᠭᠳᠡᠬᠦᠨ ᠨᠢ ᠵᠠᠬ᠎ᠠ ᠳᠡᠯᠭᠡᠭᠦᠷ ᠳᠡᠭᠡᠷ᠎ᠡ ᠵᠣᠬᠢᠬᠤ ᠬᠡᠮᠵᠢᠶᠡᠨ  ᠤ ᠢᠲᠡᠭᠡᠯ ᠬᠦᠨᠳᠦ ᠲᠡᠶ ᠂ ᠬᠦᠩᠬᠡᠨ ᠨᠡᠬᠡᠮᠡᠯ  ᠦ᠋ᠨ ᠠᠵᠦ ᠠᠬᠤᠢ ᠨᠢ ᠤᠯᠤᠰ ᠤᠨ ᠰᠢᠯᠢᠳᠡᠭ ᠱᠠᠩᠨᠠᠯ ᠢ 17 ᠣᠯᠵᠤ ᠥᠩᠭᠡᠷᠡᠭᠰᠡᠨ ᠪᠠᠶᠢᠨ᠎ᠠ ᠂ 143 ᠬᠡᠯᠲᠡᠰ ᠦᠨ ᠢᠷᠠᠭᠤ ᠠᠯᠳᠠᠷ ᠂ ᠴᠢᠨᠠᠷ ᠰᠠᠶᠢᠲᠠᠶ ᠭᠠᠷᠤᠯᠲᠠ ᠶ᠋ᠢᠨ ᠦᠢᠯᠡᠳᠬᠦᠨ  ᠦ ᠦᠷᠲᠡᠬᠡ ᠤᠨ ᠨᠣᠷᠮ᠎ᠠ ᠨᠢ ᠵᠠᠭᠤᠨ ᠤ 28 ᠬᠦᠷᠴᠦ ᠪᠣᠢ ᠃ ᠪᠢᠳᠡ ᠪᠠᠶᠢᠳᠠᠯ ᠢ ᠢᠳᠡᠪᠬᠢᠲᠡᠶ ᠪᠡᠷ ᠮᠡᠳᠡᠨ ᠠᠪᠴᠤ ᠂ ᠭᠣᠣᠯᠳᠠᠯᠭ᠎ᠠ ᠲᠠᠶ ᠪᠠᠷ ᠰᠢᠨ᠎ᠡ ᠨᠠᠷᠠᠲᠤ ᠲᠡᠮᠳᠡᠭᠲᠦ ᠦᠶᠯᠡᠳᠬᠦᠨ ᠢ ᠡᠭᠦᠳᠦᠨ ᠪᠦᠲᠦᠭᠡᠵᠦ ᠂ ᠶᠡᠬᠡ ᠨᠡᠷᠡᠳᠡᠢ ᠦᠢᠯᠡᠳᠬᠦᠨ ᠢ ᠳᠡᠯᠡᠬᠡᠶ  ᠶ᠋ᠢᠨ ᠵᠠᠬ᠎ᠠ ᠳᠡᠯᠭᠡᠭᠦᠷ ᠲᠦ ᠲᠠᠷᠬᠠᠭᠠᠬᠤ ᠨᠣᠷᠮ᠎ᠠ ᠪᠠᠨ ᠳᠡᠭᠡᠭᠰᠢᠯᠡᠭᠦᠯᠦᠨ᠎ᠡ ᠃  ᠬᠥᠬᠡᠬᠣᠲᠠ ᠶ᠋ᠢᠨ ᠴᠢᠩ ᠰᠦᠩ ᠬᠤᠪᠴᠠᠰᠤ ᠬᠢᠵᠠᠭᠠᠷᠲᠤ ᠺᠣᠮᠫᠠᠨᠢ ᠱᠢ ᠴᠢ ᠫᠠᠶᠢᠰᠠ ᠪᠠᠷ ᠳᠠᠶᠠᠩ ᠳᠡᠯᠡᠬᠡᠶ ᠳ᠋ᠦ ᠦᠷᠢᠰᠦᠯᠳᠦᠭᠡᠨ ᠵᠠᠷᠯᠠᠵᠠᠢ ᠃ ᠳᠤᠮᠳᠠᠳᠤ ᠤᠯᠤᠰ ᠤᠨ 《 ᠱᠢ ᠬᠠᠴᠢᠨ ᠦᠵᠡᠭᠳᠡᠯ 》 ᠭᠡᠳᠡᠭ ᠂ ᠤᠯᠤᠰ ᠡᠴᠡ ᠡᠯ᠎ᠡ ᠰᠠᠯᠠᠭ᠎ᠠ ᠮᠥᠴᠢᠷ ᠂ ᠶᠡᠷᠢᠶ᠎ᠡ ᠬᠡᠯᠴᠢᠶᠡᠨ ᠦ ᠬᠢᠨ ᠪᠠ ᠨᠡᠶᠢᠭᠡᠮ ᠤᠨ ᠡᠯ᠎ᠡ ᠡᠲᠡᠭᠡᠳ  ᠤᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ ᠃ ᠪᠠᠰᠠ ᠵᠠᠷᠢᠮ ᠨᠡᠷᠡᠲᠦ ᠦᠢᠯᠡᠳᠬᠦᠨ ᠤ ᠠᠵᠤ ᠠᠬᠤᠶᠢᠯᠠᠯ ᠂ ᠵᠢᠱᠢᠶᠡᠯᠡᠪᠡᠯ ᠂ ᠶᠡᠬᠡ ᠵᠤᠤ ᠠᠶᠢᠮᠠᠭ ᠤᠨ ᠣᠷᠳᠣᠰ ᠤᠨ ᠢᠮᠠᠭᠠᠨ ᠨᠣᠯᠤᠤᠷ  ᠤᠨ ᠴᠠᠮᠴᠠ ᠶ᠋ᠢᠨ ᠬᠢᠵᠠᠭᠠᠷᠲᠤ ᠺᠣᠮᠫᠠᠨᠢ  ᠪᠠ ᠪᠤᠭᠤᠲᠤ ᠪᠤᠭᠤ  ᠤᠨ ᠬᠦᠷᠢᠶᠡᠯᠡᠩ ᠃ ᠢᠮᠠᠭᠠᠨ ᠨᠣᠯᠤᠤᠷ  ᠤᠨ ᠴᠠᠮᠴᠠ ᠶ᠋ᠢᠨ ᠬᠢᠵᠠᠭᠠᠷᠲᠤ ᠺᠣᠮᠫᠠᠨᠢ ᠨᠢᠨᠡᠶᠢᠯᠡᠯᠴᠡᠪᠦᠷᠢ ᠂ ᠳᠠᠬᠢᠵᠤ ᠪᠠᠶᠢᠭᠤᠯᠬᠤ ᠂ ᠬᠠᠮᠲᠤᠷᠠᠬᠤ ᠵᠡᠷᠭᠡ ᠤᠯᠠᠨ ᠵᠦᠢᠯ ᠤᠨ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠪᠠᠷ ᠬᠣᠯᠪᠣᠭᠳᠠᠯ ᠪᠦᠬᠦᠢ ᠠᠵᠤ ᠠᠬᠤᠶᠢᠯᠠᠯ ᠢ ᠬᠣᠯᠪᠣᠭᠠᠯᠠᠵᠤ ᠂ ᠡᠭᠦᠨ ᠤ ᠤᠯᠠᠮ ᠡᠴᠠ ᠠᠵᠤ ᠠᠬᠤᠶᠢᠯᠠᠯ ᠤᠨ ᠪᠦᠯᠦᠭᠯᠡᠯ ᠪᠠ ᠬᠡᠪᠴᠢᠶᠡᠲᠦ ᠠᠵᠤ ᠠᠬᠤᠶ ᠶ᠋ᠢᠨ ᠳᠠᠪᠠᠭᠤᠯᠢᠭ ᠪᠣᠯᠤᠭᠰᠠᠨ ᠪᠠᠶᠢᠨ᠎ᠠ ᠃ ᠦᠢᠯᠡᠳᠦᠯᠭᠡ  ᠶ᠋ᠢᠨ ᠭᠡᠷᠡᠴᠢᠯᠡᠯᠲᠡ ᠂ ᠡᠨᠡ ᠪᠣᠯ ᠨᠢᠭᠡᠨ ᠵᠤᠷᠪᠤᠰ ᠨᠡᠷᠡᠲᠦ ᠠᠵᠤ ᠦᠢᠯᠡᠰ ᠢᠶ᠋ᠡᠷ ᠠᠵᠤ ᠠᠬᠤᠶ  ᠶ᠋ᠢᠨ ᠬᠥᠭᠵᠢᠯᠲᠡ  ᠶ᠋ᠢ ᠲᠦᠯᠬᠢᠨ ᠠᠬᠢᠭᠤᠯᠬᠤ ᠠᠮᠵᠢᠯᠲᠠ ᠲᠠᠶ ᠵᠠᠮ ᠮᠥᠨ ᠃
    ᠨᠠᠷᠠᠲᠤ ᠨᠡᠷᠡᠮᠵᠢ  ᠢ ᠂ ᠡᠷᠬᠡᠪᠰᠢ ᠨᠠᠷᠠᠲᠤ ᠲᠡᠮᠳᠡᠭᠲᠦ ᠶ᠋ᠢᠨ ᠦᠷ᠎ᠡ ᠠᠰᠢᠭ ᠢ ᠬᠦᠨᠳᠦᠳᠬᠡᠬᠦ ᠬᠡᠷᠡᠭᠲᠡᠶ ᠃ ᠨᠡᠷᠡᠲᠦ ᠦᠢᠯᠡᠳᠬᠦᠨ  ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠲᠣᠭ᠎ᠠ ᠨᠢ ᠣᠯᠠᠨ ᠪᠠᠶᠢᠬᠤ ᠬᠡᠷᠡᠭᠳᠡᠢ ᠂ ᠂ ᠵᠠᠬ᠎ᠠ ᠳᠡᠯᠭᠡᠭᠦᠷ  ᠤᠨ ᠬᠠᠮᠤᠬᠤ ᠬᠡᠪᠴᠢᠶ᠎ᠡ ᠶᠡᠬᠡ ᠃ ᠨᠡᠷᠡᠲᠦ ᠦᠢᠯᠡᠳᠬᠦᠨ ᠨᠢ ᠪᠦᠬᠦ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠲᠦᠯᠬᠢᠴᠡ ᠶ᠋ᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ ᠃ ᠨᠡᠷᠡᠲᠦ ᠪᠠᠶᠢᠯᠳᠤᠬᠤ ᠪᠤᠳᠤᠯᠭ᠎ᠠ  ᠶ᠋ᠢᠨ ᠬᠡᠷᠡᠭᠵᠢᠭᠦᠯᠦᠯᠲᠡ ᠪᠡᠷ ᠳᠠᠮᠵᠢᠨ ᠪᠦᠬᠦ ᠨᠡᠶᠢᠭᠡᠮ ᠦᠨ ᠶᠠᠰᠤ ᠴᠢᠨᠠᠷ ᠢ ᠡᠷᠬᠢᠮᠯᠡᠬᠦ ᠤᠬᠠᠮᠰᠠᠷ ᠂ ᠦᠷ᠎ᠡ ᠠᠰᠢᠭ  ᠦ᠋ᠨ ᠦᠵᠡᠤᠨ ᠪᠠ ᠵᠠᠬ᠎ᠠ ᠳᠡᠯᠭᠡᠭᠦᠷ  ᠤᠨ ᠥᠷᠢᠰᠥᠯᠳᠦᠭᠡᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠂ ᠬᠥᠳᠡᠯᠮᠦᠷᠢᠴᠢᠳ  ᠤᠨ ᠰᠢᠨᠵᠢᠯᠡᠬᠦ ᠤᠬᠠᠭᠠᠨ ᠰᠣᠶᠣᠯ ᠪᠣᠯᠪᠠᠰᠤᠷᠠᠯ  ᠢ ᠳᠡᠭᠡᠭᠰᠢᠯᠡᠭᠦᠯᠦᠨ᠎ᠡ ᠂ ᠠᠵᠤ ᠠᠬᠤᠶᠢᠯᠠᠯ ᠦ᠋ᠨ ᠡᠵᠡ ᠤᠨᠯᠲᠡ ᠬᠠᠮᠢᠶᠠᠷᠤᠯᠲᠠ ᠶ᠋ᠢ ᠴᠢᠩᠭᠠᠳᠬᠠᠨ᠎ᠠ ᠂ ᠲᠧᠭᠨᠢᠭ ᠮᠡᠷᠭᠡᠵᠢᠯ  ᠤᠨ ᠥᠭᠡᠷᠡᠴᠢᠯᠡᠯᠲᠡ ᠪᠠ ᠦᠢᠯᠡᠳᠬᠦᠨ ᠦ ᠰᠢᠨᠡᠳᠬᠡᠬᠦ ᠶᠠᠪᠤᠳᠠᠯ ‍ᠢ ᠲᠦᠷᠭᠡᠳᠬᠡᠵᠦ ᠂ ᠨᠡᠷᠡᠳᠡᠢ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ  ᠤᠨ ᠥᠭᠡᠷᠡᠴᠢᠯᠡᠯᠲᠡ ᠂ ᠬᠠᠮᠢᠶᠠᠷᠤᠯᠲᠠ ᠂ ᠮᠡᠷᠭᠡᠵᠢᠯ ᠦ᠋ᠨ ᠲᠠᠤᠨᠯᠳᠠ ᠂ ᠤᠳᠤᠷᠢᠳᠬᠤ ᠪᠠᠭ ᠦ᠋ᠨ ᠪᠠᠶᠤᠨᠯᠤᠯᠲᠠ  ᠶ᠋ᠢ ᠤᠶᠠᠯᠳᠤᠭᠤᠯᠵᠤ ᠂ ᠠᠵᠤ ᠦᠢᠯᠡᠳᠪᠦᠷᠢ  ᠶ᠋ᠢᠨ ᠪᠦᠬᠦᠯᠢ ᠴᠣᠭᠴᠠ ᠶ᠋ᠢᠨ ᠬᠡᠪ ᠴᠢᠨᠠᠷ  ᠢ ᠶᠡᠬᠡ ᠪᠡᠷ ᠳᠡᠭᠡᠭᠰᠢᠯᠡᠭᠦᠯᠬᠦ ᠬᠡᠷᠡᠭᠲᠡᠶ ᠪᠠᠶᠢᠬᠤ  ᠶ᠋ᠢ ᠦᠨᠡᠨ ᠬᠦ ᠪᠡᠶᠡᠯᠡᠭᠦᠯᠵᠦ ᠂ ᠨᠢᠭᠡᠨ ᠨᠡᠷᠡᠲᠦ ᠡᠭᠦᠳᠬᠦ ᠂ ᠨᠢᠭᠡ ᠠᠵᠤ ᠠᠬᠤᠶᠢᠯᠠᠯ ᠢ ᠬᠥᠭᠵᠢᠭᠡᠬᠦ ᠂ ᠨᠢᠭᠡ ᠠᠵᠢᠯ ᠲᠥᠷᠥᠯ ᠪᠣᠯᠤᠨ ᠨᠢᠭᠡ ᠭᠠᠵᠠᠷ ᠣᠷᠣᠨ ᠤ ᠠᠵᠤ ᠠᠬᠤᠶ  ᠶ᠋ᠢᠨ ᠬᠥᠭᠵᠢᠯᠲᠡ ᠶ᠋ᠢ ᠳᠠᠶᠢᠴᠢᠯᠠᠬᠤ ᠬᠡᠷᠡᠭᠲᠡᠶ ᠃
    ᠨᠡᠷᠡᠲᠦ ᠲᠡᠮᠳᠡᠭᠲᠦ ᠶ᠋ᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ  ᠶ᠋ᠢᠨ ᠬᠡᠷᠡᠭᠵᠢᠭᠦᠯᠬᠦ ᠂ ᠭᠣᠣᠯ ᠨᠢ ᠳᠣᠣᠷᠠᠬᠢ ᠠᠵᠢᠯ ᠢ ᠰᠠᠶᠢᠲᠤᠷ ᠠᠳᠬᠤᠬᠤ ᠬᠡᠷᠡᠭᠲᠡᠶ ᠄ ᠨᠢᠭᠡ ᠳᠦ ᠤᠳᠤᠷᠢᠳᠤᠯᠭ᠎ᠠ ᠪᠠᠨ ᠴᠢᠩᠭᠠᠳᠬᠠᠵᠤ ᠂ ᠨᠡᠷᠡᠲᠦ ᠲᠡᠮᠳᠡᠭᠲᠦ ᠶ᠋ᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠴᠢᠬᠤᠯᠠ ᠲᠠᠨᠢᠯᠲᠠ ᠪᠠᠨ ᠳᠡᠭᠡᠭᠰᠢᠯᠡᠭᠦᠯᠦᠨ᠎ᠡ ᠃ ᠬᠣᠶᠠᠷ ᠂ ᠨᠡᠷᠡᠲᠦ ᠲᠡᠮᠳᠡᠭᠲᠦ ᠶ᠋ᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠪᠣᠯᠣᠨ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠰᠠᠶᠢᠵᠢᠷᠠᠭᠤᠯᠵᠤ ᠂ ᠠᠵᠤ ᠠᠬᠣᠶᠢᠯᠠᠯ ᠤᠨ ᠳᠡᠰ ᠂ ᠪᠦᠲᠦᠴᠡ ᠂ ᠬᠢᠷᠢ ᠲᠥᠪᠰᠢᠨ ᠢ ᠲᠦᠯᠬᠢᠨ ᠠᠬᠢᠭᠤᠯᠤᠨ᠎ᠠ ᠂ ᠭᠤᠷᠪᠠ ᠂ ᠡᠯ᠎ᠡ ᠵᠦᠢᠯ ᠦᠨ ᠠᠷᠭ᠎ᠠ ᠬᠡᠯᠪᠡᠷᠢ ᠠᠪᠴᠤ ᠂ ᠶᠡᠷᠦᠩᠬᠡᠶᠢᠯᠡᠭᠰᠡᠨ ᠠᠷᠭ᠎ᠠ ᠪᠠᠷ ᠢᠳᠡᠪᠬᠢᠲᠠᠢ ᠪᠠᠷ ᠨᠡᠷᠡᠲᠦ ᠲᠡᠮᠭᠳᠡᠭᠲᠦ ᠲᠦᠯᠬᠢᠨ ᠠᠬᠢᠭᠤᠯᠬᠤ ᠠᠷᠭ᠎ᠠ ᠂ ᠥᠪᠡᠷᠲᠡᠭᠡᠨ ᠵᠠᠰᠠᠬᠤ ᠤᠷᠤᠨ ᠤ ᠶᠡᠷᠦᠩᠬᠡᠶᠢᠯᠡᠭᠰᠡᠨ ᠬᠡᠯᠲᠡᠰ ᠂ ᠠᠵᠤ ᠠᠬᠤᠶᠢᠯᠠᠯ ᠤᠨ ᠬᠡᠯᠲᠡᠰ ᠂ ᠰᠢᠨᠵᠢᠯᠡᠬᠦ ᠤᠬᠠᠭᠠᠨ ᠤ ᠬᠡᠯᠲᠡᠰ ᠪᠣᠯᠣᠨ ᠠᠵᠤ ᠠᠬᠤᠶᠢᠯᠠᠯ ᠪᠦᠷ ᠡᠭᠦᠨ ᠤ ᠲᠥᠯᠥᠭᠡ ᠴᠢᠷᠮᠠᠶᠢᠨ᠎ᠠ ᠃ ᠳᠥᠷᠪᠡ ᠂ ᠨᠡᠷᠡᠲᠦ ᠲᠡᠮᠳᠡᠭᠲᠦ ᠳ᠋ᠦ ᠵᠢᠭᠰᠠᠭᠠᠭᠳᠠᠭᠰᠠᠨ ᠦᠢᠯᠡᠳᠬᠦᠨ ᠨᠢ ᠬᠢᠨᠠᠨ ᠰᠢᠯᠭᠠᠬᠤ ᠂ ᠪᠠᠩᠬᠢ ᠶ᠋ᠢᠨ ᠵᠢᠭᠡᠯᠡᠯᠭᠡ ᠂ ᠵᠠᠮ ᠬᠠᠷᠢᠴᠠᠭᠠᠨ ᠤ ᠲᠡᠭᠡᠭᠡᠪᠦᠷᠢ ᠂ ᠲᠥᠭᠦᠬᠡᠢ ᠡᠳ᠋ ᠦᠨ ᠬᠠᠩᠭᠠᠯᠲᠠ ᠵᠡᠷᠭᠡ ᠲᠠᠯ᠎ᠠ ᠪᠠᠷ ᠬᠠᠷᠠᠭᠠᠯᠵᠠᠯ ᠬᠦᠷᠲᠡᠨ᠎ᠡ ᠂ ᠲᠠᠪᠤ᠋ ᠂ ᠬᠤᠳᠠᠯᠳᠤᠭᠠᠴᠢᠨ ᠤᠷᠢᠵᠤ ᠪᠡᠯᠡ ᠣᠷᠣᠭᠣᠯᠬᠤ ᠂ ᠭᠠᠳᠠᠭᠰᠢ ᠭᠠᠷᠭᠠᠬᠣ ᠵᠢᠴᠢ ᠡᠯ᠎ᠡ ᠵᠦᠢᠯ ᠦᠨ ᠦᠵᠡᠭᠦᠯᠭᠡ ᠬᠢᠬᠦ ᠂ ᠵᠡᠷᠭᠡ ᠠᠵᠢᠯ ᠨᠢ ᠨᠡᠭᠡᠭᠡᠯᠲᠡ ᠂ ᠪᠣᠷᠣᠯᠠᠭᠤᠯᠤᠯᠲᠠ ᠂ ᠦᠢᠯᠡᠳᠭᠦᠨ ᠦ ᠲᠠᠨᠢᠯᠴᠠᠭᠤᠯᠭ᠎ᠠ ᠪᠠᠷ ᠭᠣᠣᠯ ᠪᠣᠯᠭᠠᠨ ᠃ ᠵᠢᠷᠭᠤᠭ᠎ᠠ ᠂ ᠨᠡᠷᠡᠲᠦ ᠲᠡᠮᠳᠡᠭᠲᠦ ᠶ᠋ᠢᠨ ᠬᠠᠮᠠᠭᠠᠯᠠᠯᠲᠠ ᠂ ᠲᠠᠸᠠᠷ  ᠤᠨ ᠲᠡᠮᠳᠡᠭᠲᠦ ᠶ᠋ᠢᠨ ᠬᠠᠭᠤᠷᠮᠠᠭ ᠲᠤ ᠴᠢᠩᠭ᠎ᠠ ᠴᠣᠬᠢᠯᠲᠠ ᠥᠭᠴᠦ᠂ ᠦᠢᠯᠡᠳᠦᠭᠰᠡᠨ ᠭᠠᠵᠠᠷ ᠂ ᠦᠢᠯᠡᠳᠪᠦᠷᠢᠯᠡᠯ  ᠦ᠋ᠨ ᠠᠵᠤ ᠠᠬᠤᠶᠢᠯᠠᠯ  ᠤᠨ ᠡᠷᠬᠡ ᠠᠰᠢᠭ  ᠲᠤ ᠬᠠᠯᠳᠠᠭᠰᠠᠨ ᠴᠢᠩᠭ᠎ᠠ ᠴᠣᠬᠢᠯᠲᠠ ᠥᠭᠭᠦᠨ᠎ᠡ ᠃ ᠭᠣᠣᠯᠴᠢ ᠪᠤᠰᠤ ᠪᠠᠷ ᠥᠷᠢᠰᠥᠯᠳᠦᠬᠦ ᠵᠡᠷᠭᠡ ᠬᠠᠤᠯᠢ  ᠡᠴᠡ ᠵᠥᠷᠢᠴᠡᠭᠰᠡᠨ ᠦᠢᠯᠡ ᠠᠵᠢᠯᠯᠠᠭ᠎ᠠ ᠃
    ᠳᠡᠭᠡᠷᠡᠬᠢ 《ᠲᠠᠪᠤᠨ ᠶᠡᠬᠡ ᠪᠠᠶᠢᠯᠳᠤᠬᠤ ᠪᠤᠳᠤᠯᠭ᠎ᠠ 》 ᠪᠣᠯ ᠣᠶᠢᠷ᠎ᠠ  ᠶ᠋ᠢᠨ ᠵᠢᠯ  ᠤᠨ ᠲᠤᠷᠰᠢᠬᠢ ᠮᠠᠨ ᠤ ᠣᠷᠣᠨ  ᠤ ᠠᠵᠤ ᠠᠬᠤᠶ  ᠶ᠋ᠢᠨ ᠬᠥᠭᠵᠢᠯᠲᠡ  ᠶ᠋ᠢᠨ ᠲᠤᠷᠰᠢᠯᠭ᠎ᠠ ᠶ᠋ᠢᠨ ᠲᠠᠯ᠎ᠠ ᠪᠠᠷ ᠨᠡᠯᠢᠶᠡᠳ ᠰᠢᠰᠲ᠋ᠧᠮ ᠲᠡᠶ ᠲᠣᠪᠴᠢᠯᠠᠪᠠ ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶᠠᠨ  ᠤ ᠪᠠᠶᠢᠩᠭᠤ ᠶ᠋ᠢᠨ ᠬᠣᠷᠢᠶ᠎ᠠ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ ᠂ ᠥᠷᠭᠡᠨ ᠢᠶ᠋ᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠨ ᠭᠠᠷᠭᠠᠭᠰᠠᠨ ᠶᠤᠮ ᠂ ᠵᠣᠷᠢᠯᠭ᠎ᠠ ᠨᠢ ᠡᠨᠡ ᠬᠡᠳᠦᠨ ᠲᠠᠯ᠎ᠠ ᠶ᠋ᠢᠨ ᠠᠵᠢᠯ  ᠶ᠋ᠢᠨ ᠡᠷᠴᠢᠮ  ᠢᠶ᠋ᠡᠨ ᠴᠢᠩᠭᠠᠷᠠᠭᠤᠯᠬᠤ ᠪᠠᠶᠢᠭ᠎ᠠ ᠃ ᠣᠳᠣ ᠥᠪᠡᠷᠲᠡᠭᠡᠨ ᠵᠠᠰᠠᠬᠤ ᠣᠷᠣᠨ ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠶᠠᠭ ᠪᠣᠳᠠᠲᠠᠶ ᠪᠠᠶᠢᠯᠳᠤᠬᠤ ᠪᠣᠳᠣᠯᠭ᠎ᠠ ᠶ᠋ᠢᠨ ᠲᠥᠯᠥᠪᠵᠢᠭᠦᠯᠭᠡ ᠪᠠ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠡ ᠶ᠋ᠢ ᠲᠣᠭᠲᠠᠭᠠᠵᠤ ᠂ ᠣᠯᠠᠨ ᠲᠠᠯ᠎ᠠ  ᠶ᠋ᠢᠨ ᠴᠢᠷᠮᠠᠶᠢᠯᠭ᠎ᠠ ᠪᠠᠷ ᠳᠠᠮᠵᠢᠨ ᠂ ᠡᠨᠡ 《 ᠲᠠᠪᠤᠨ ᠶᠡᠬᠡ ᠪᠠᠶᠢᠯᠳᠤᠬᠤ ᠪᠤᠳᠤᠯᠭ᠎ᠠ 》 ᠶ᠋ᠢ ᠨᠡᠩ ᠰᠠᠶᠢᠨ ᠲᠡᠭᠦᠯᠳᠡᠷᠵᠢᠭᠦᠯᠦᠨ᠎ᠡ ᠃
    ᠨᠥᠬᠥᠳ ᠂ ᠣᠳᠣᠬᠠᠨ ᠳᠤ ᠪᠢᠳᠠ ᠶᠠᠭ ᠬᠥᠭᠵᠢᠯᠲᠡ  ᠶ᠋ᠢ ᠲᠦᠷᠭᠡᠳᠬᠡᠵᠦ ᠂ ᠤᠯᠤᠰ ᠠᠷᠠᠳ  ᠤᠨ ᠠᠵᠤ ᠠᠬᠤᠶ ᠶ᠋ᠢᠨ ᠬᠥᠭᠵᠢᠯᠲᠡ ᠳ᠋ᠦ ᠣᠯᠳᠠᠬᠤᠶ᠎ᠠ ᠪᠡᠷᠬᠡ ᠠᠵᠠ ᠲᠣᠬᠢᠶᠠᠯ ᠲᠤᠯᠭᠠᠷᠠᠭᠠᠳ ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠶᠢᠰᠦᠳᠦᠭᠡᠷ ᠲᠠᠪᠤᠨ ᠵᠢᠯ  ᠤᠨ ᠲᠥᠯᠥᠪᠯᠡᠭᠡ ᠶ᠋ᠢ ᠨᠠᠶᠢᠷᠠᠭᠤᠯᠤᠨ ᠵᠣᠬᠢᠶᠠᠵᠤ ᠂ ᠵᠠᠩᠭᠢᠯᠠᠭ᠎ᠠ ᠨᠢ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠠᠨᠢᠯᠲᠠ ᠪᠠᠨ ᠳᠡᠭᠡᠭᠰᠢᠯᠡᠭᠦᠯᠦᠨ ᠂ ᠦᠵᠡᠯ ᠰᠠᠨᠠᠭ᠎ᠠ ᠪᠠᠨ ᠨᠢᠭᠡᠳᠬᠡᠬᠦ ᠂ ᠡᠭᠦᠷᠭᠡ ᠪᠡᠨ ᠲᠣᠳᠣᠷᠬᠠᠶᠢᠯᠠᠵᠤ ᠂ ᠢᠲᠡᠭᠡᠯ ᠵᠣᠷᠢᠭ  ᠢᠶ᠋ᠡᠨ ᠪᠠᠲᠤ ᠪᠣᠯᠭᠠᠬᠤ ᠂ ᠵᠣᠬᠢᠶᠠᠨ ᠪᠠᠶᠢᠭᠤᠯᠤᠯᠲᠠ ᠪᠠ ᠡᠯ᠎ᠡ ᠦᠨᠳᠦᠰᠦᠲᠡᠨ ᠦ ᠤᠯᠠᠨ ᠲᠦᠮᠡᠨ ᠳᠠᠶᠢᠴᠢᠯᠠᠨ᠂ ᠮᠠᠨ  ᠤ ᠣᠷᠣᠨ  ᠤ ᠢᠷᠡᠭᠡᠳᠦᠢ  ᠶ᠋ᠢᠨ 5 ᠵᠢᠯ  ᠤᠨ ᠬᠥᠭᠵᠢᠯᠲᠡ ᠶ᠋ᠢᠨ ᠠᠤᠭ᠎ᠠ ᠲᠥᠰᠦᠪ  ᠢ ᠵᠢᠷᠤᠭᠯᠠᠵᠤ ᠂ ᠬᠦᠴᠦ ᠴᠢᠳᠠᠯ  ᠢ ᠨᠢ ᠭᠠᠷᠭᠠᠯᠭᠠᠬᠤ ᠠᠷᠭ᠎ᠠ ᠤᠬᠠᠭᠠᠨ ᠭᠠᠷᠭᠠᠵᠤ ᠥᠭᠪᠡ ᠃
    ᠪᠢᠳᠡᠨ  ᠦᠷᠭᠦᠯᠵᠢᠯᠡᠨ ᠦᠵᠡᠯ ᠰᠠᠨᠠᠭ᠎ᠠ ᠪᠠᠨ ᠴᠢᠯᠥᠭᠡᠯᠡᠵᠦ ᠂ ᠥᠭᠡᠳᠡ ᠡᠰᠡᠷᠡᠭ ᠂ ᠥᠭᠡᠳᠡᠯᠡᠨ ᠳᠠᠪᠰᠢᠬᠤ ᠵᠣᠷᠢᠭ ᠰᠠᠨᠠᠭ᠎ᠠ ᠪᠣᠯᠤᠨ ᠦᠨᠡᠨ ᠡᠴᠡ ᠵᠥᠪ  ᠢ ᠡᠷᠢᠬᠦ ᠪᠣᠯ ᠰᠢᠨᠵᠢᠯᠡᠬᠦ ᠤᠬᠠᠭᠠᠨᠴᠢ ᠤᠪᠣᠷ ᠂ ᠤᠯᠡᠠ ᠲᠦᠮᠡᠨ  ᠢ ᠲᠥᠰᠢᠭᠯᠡᠨ ᠂ ᠯᠠᠪᠳᠠᠭᠤᠨ ᠪᠠᠲᠤᠲᠠᠶ ᠠᠵᠢᠯᠯᠠᠵᠤ ᠂ ᠡᠨᠡ ᠵᠢᠯ  ᠦ᠋ᠨ ᠡᠯ᠎ᠡ ᠵᠦᠢᠯ ᠤᠨ ᠡᠭᠦᠷᠭᠡ ᠶ᠋ᠢ ᠲᠡᠭᠦᠰ ᠠᠮᠵᠢᠯᠲᠠ ᠲᠠᠶ ᠪᠡᠶᠡᠯᠡᠭᠳᠡᠬᠦ  ᠶ᠋ᠢ ᠦᠨᠡᠨ ᠬᠦ ᠪᠠᠲᠤᠯᠠᠬᠤ ᠬᠡᠷᠡᠭᠲᠡᠶ ᠂ 《ᠶᠢᠰᠦᠳᠦᠭᠡᠷ ᠲᠠᠪᠤᠨ ᠵᠢᠯ  ᠤᠨ ᠲᠥᠯᠥᠪᠯᠡᠭᠡ 》  ᠶ᠋ᠢᠨ ᠬᠤᠭᠤᠴᠠᠭᠠᠨ ᠳ᠋ᠦ ᠂ ᠪᠦᠬᠦ ᠣᠷᠣᠨ ᠤ ᠡᠯ᠎ᠡ ᠲᠦᠷᠦᠯ  ᠤᠨ ᠠᠵᠢᠯ ᠦᠢᠯᠡᠰ ᠤᠨ ᠪᠦᠬᠦ ᠲᠠᠯ᠎ᠠ ᠶ᠋ᠢᠨ ᠢᠯᠠᠯᠲᠠ ᠶ᠋ᠢ ᠣᠯᠬᠣ ᠪᠠᠷ ᠮᠡᠷᠡᠶᠢᠨ ᠴᠢᠷᠮᠠᠶᠢᠨ᠎ᠠ ︕

ᠵᠣᠬᠢᠶᠠᠭᠴᠢ:
ᠢᠷᠡᠯᠲᠡ: