ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠣᠷᠢᠶ᠎ᠠ ᠥᠪᠥᠷ ᠮᠣᠩᠭᠣᠯ ᠤᠨ ᠬᠤᠪᠢᠰᠬᠠᠯᠲᠤ ᠬᠣᠷᠢᠶᠠᠨ ᠤ ᠬᠢᠯᠢᠰ᠂ ᠪᠤᠷᠤᠭᠤ᠂ ᠬᠤᠳᠠᠯ ᠬᠡᠷᠡᠭ ᠢ ᠤᠯᠠᠮ ᠨᠢᠭᠡ ᠠᠯᠬᠤᠮ ᠰᠢᠶᠳᠪᠦᠷᠢᠯᠡᠬᠦ ᠲᠤᠬᠠᠶ ᠲᠦᠷᠦ ᠶᠢᠨ ᠪᠤᠳᠤᠯᠭ᠎ᠠ ᠶᠢᠨ ᠠᠰᠠᠭᠤᠳᠠᠯ ᠤᠨ ᠲᠤᠬᠠᠶ ᠵᠠᠷᠴᠢᠮ ᠲᠣᠭᠲᠠᠭᠠᠯ
ᠡᠳᠡᠭᠡᠷ ᠵᠢᠯ ᠤᠨ
ᠲᠤᠷᠰᠢ ᠂ ᠯᠢᠨ ᠪᠢᠶᠣᠣ ᠂《 ᠲᠦᠷᠪᠡᠨ ᠬᠥᠮᠦᠨ ᠤ ᠪᠦᠯᠦᠭ 》 ᠤᠨ ᠬᠤᠪᠢᠰᠬᠠᠯ ᠤᠨ ᠡᠰᠡᠷᠭᠦᠦ
ᠵᠠᠰᠠᠪᠤᠷᠢᠯᠠᠬᠤ ᠦᠵᠡᠯ ᠂ ᠭᠡᠳᠤ ᠵᠡᠭᠦᠨ ᠤ ᠱᠤᠭᠤᠮ ᠤᠨ ᠲᠦᠢᠪᠡᠭᠡᠨ ᠡᠪᠳᠡᠯᠡᠭᠡ ᠳᠣᠣᠷ᠎ᠠ
ᠰᠢᠷᠢᠰ ᠬᠢᠯᠢᠰ ᠬᠡᠷᠡᠭ ᠂ ᠪᠤᠷᠤᠭᠤ ᠬᠡᠷᠡᠭ ᠂ ᠬᠤᠳᠠᠯ ᠬᠡᠷᠡᠭ ᠡᠭᠦᠰᠴᠡᠢ᠃ ᠮᠠᠨ ᠤ ᠣᠷᠣᠨ ᠳᠤ
ᠭᠠᠷᠤᠭᠰᠠᠨ ᠨᠥᠯᠥᠭᠡ ᠪᠠᠷ ᠬᠠᠮᠤᠭ ᠶᠡᠬᠡ ᠂ ᠬᠣᠣᠷ ᠬᠥᠨᠥᠭᠡᠯ ᠢᠶᠠᠷ ᠬᠠᠮᠤᠭ ᠤᠨ ᠭᠦᠨ ᠨᠢ ᠪᠣᠯ《
ᠤᠯᠠᠭᠠᠨᠬᠦᠦ ᠶᠢᠨ ᠨᠠᠮ ᠤᠨ ᠡᠰᠡᠷᠭᠦᠦ ᠤᠯᠤᠰ ᠠᠴᠠ ᠪᠠᠨ ᠤᠷᠪᠠᠬᠤ ᠪᠦᠯᠦᠭᠯᠡᠯ》᠂《ᠥᠪᠥᠷ
ᠮᠣᠩᠭᠣᠯ ᠦᠨ ᠬᠣᠶᠠᠳᠤᠭᠠᠷ ᠰᠠᠷ᠎ᠠ ᠶᠢᠨ ᠰᠥᠷᠭᠡᠦ ᠤᠷᠤᠰᠬᠠᠯ》 ᠪᠠ 《 ᠰᠢᠨ᠎ᠡ ᠥᠪᠥᠷ ᠠᠷᠠᠳ ᠤᠨ
ᠨᠠᠮ》 ᠢ ᠮᠠᠯᠲᠠᠬᠤ ᠭᠤᠷᠪᠠᠨ ᠶᠡᠬᠡ ᠬᠡᠷᠡᠭ ᠪᠠᠶᠢᠵᠦ ᠂ ᠪᠦᠬᠦ ᠣᠷᠣᠨ ᠤ ᠥᠷᠭᠡᠨ ᠤᠯᠠᠨ ᠺᠠᠳ᠋ᠷ
ᠪᠠ ᠤᠯᠠᠨ ᠲᠦᠮᠡᠨ ᠳᠤ ᠬᠠᠷᠠᠰᠠᠯᠲᠠᠶ ᠬᠣᠣᠷᠯᠠᠯ ᠠᠮᠰᠠᠭᠤᠯᠵᠤ ᠂ ᠥᠪᠡᠷᠲᠡᠭᠡᠨ ᠵᠠᠰᠠᠬᠤ ᠣᠷᠣᠨ ᠤ
ᠬᠤᠪᠢᠰᠬᠠᠯ ᠪᠣᠯᠤᠨ ᠪᠦᠳᠦᠭᠡᠨ ᠪᠠᠶᠢᠭᠤᠯᠤᠯᠲᠠ ᠳᠤ ᠬᠦᠨᠳᠦ ᠨᠣᠴᠢᠲᠠᠶ ᠬᠣᠣᠷ ᠨᠥᠯᠥᠭᠡ
ᠦᠵᠡᠭᠦᠯᠵᠡᠢ᠃
ᠨᠠᠮ ᠤᠨ ᠲᠥᠪ ᠬᠣᠷᠢᠶᠠᠨ ᠤ《 ᠬᠤᠪᠢᠰᠬᠠᠯ ᠤᠨ ᠡᠰᠡᠷᠭᠦᠴᠦᠳ ᠢ
ᠪᠠᠶᠢᠪᠠᠯ ᠵᠠᠪᠠᠯ ᠠᠷᠢᠯᠭᠠᠬᠤ ᠂ ᠡᠨᠳᠡᠭᠦᠦ ᠪᠤᠷᠤᠭᠤ ᠶᠢ ᠵᠠᠪᠠᠯ ᠵᠠᠯᠠᠷᠠᠭᠤᠯᠬᠤ》ᠪᠠ
《ᠠᠰᠠᠭᠤᠳᠠᠯ ᠢ ᠰᠢᠢᠳᠪᠦᠷᠢᠯᠡᠬᠦ ᠪᠥᠭᠡᠳ ᠪᠦᠬᠦᠯᠢ ᠴᠣᠭᠴᠠ ᠶᠢ ᠲᠠᠶᠢᠪᠤᠭᠤᠨ ᠪᠠᠶᠢᠯᠭᠠᠬᠤ
》ᠴᠢᠭᠯᠡᠯᠲᠡ ᠶᠢ ᠦᠨᠳᠦᠰᠦᠯᠡᠨ᠂ ᠶᠠᠭᠤᠨ ᠤ ᠡᠮᠦᠨ᠎ᠡ ᠤᠯᠤᠰ ᠲᠦᠷᠦ ᠶᠢᠨ ᠲᠠᠯ᠎ᠠ ᠪᠠᠷ
ᠲᠤᠶᠢᠯᠪᠤᠷᠢᠲᠠᠶ ᠴᠠᠭᠠᠳᠬᠠᠬᠤ ᠶᠢ ᠴᠢᠬᠤᠯᠠᠴᠢᠯᠠᠵᠤ ᠂ ᠦᠨᠡᠨ ᠬᠡᠷᠡᠭ ᠡᠴᠡ ᠵᠥᠪ ᠢ ᠡᠷᠢᠬᠦ
ᠣᠪᠣᠷ ᠢᠶᠡᠷ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠠᠮ ᠱᠤᠭᠤᠮ ᠤᠨ
ᠲᠠᠯ᠎ᠠ ᠠᠴᠠ ᠵᠥᠪ ᠪᠤᠷᠤᠭᠤ ᠶᠢ ᠨᠢ ᠲᠣᠳᠣᠷᠬᠠᠶ ᠢᠯᠭᠠᠵᠤ ᠂ ᠰᠠᠮᠠᠭᠤᠷᠠᠯ ᠢ ᠵᠦᠭᠰᠢᠷᠡᠭᠦᠨᠡ᠂
ᠡᠨᠡ ᠨᠢ ᠵᠠᠪᠰᠠᠷᠳᠠᠯ ᠢ ᠠᠷᠢᠯᠭᠠᠵᠦ ᠂ ᠪᠦᠯᠬᠦᠮᠳᠡᠯ ᠢ ᠴᠢᠩᠭᠠᠳᠬᠠᠨ ᠂ ᠡᠯ᠎ᠡ ᠲᠠᠯ᠎ᠠ ᠶᠢᠨ
ᠢᠳᠡᠪᠬᠢ ᠬᠦᠴᠦᠨ ᠵᠦᠢᠯ ᠢ ᠲᠠᠢᠢᠴᠢᠯᠠᠵᠤ ᠂ ᠣᠳᠣᠬᠢᠴᠢᠯᠠᠯᠲᠠ ᠶᠢᠨ ᠪᠦᠳᠦᠭᠡᠠ ᠪᠠᠶᠢᠭᠤᠯᠤᠯᠲᠠ ᠶᠢ
ᠲᠦᠷᠭᠡᠳᠬᠡᠬᠦ ᠳᠦ ᠴᠢᠬᠤᠯᠠ ᠶᠡᠬᠡ ᠠᠴᠢ ᠬᠣᠯᠪᠣᠭᠳᠠᠯ ᠲᠠᠶ ᠶᠤᠮ ᠃ ᠬᠢᠯᠢᠰ᠂ ᠪᠤᠷᠤᠭᠤ᠂ ᠬᠤᠳᠠᠯ
ᠬᠡᠷᠡᠭ ᠢ ᠰᠢᠢᠳᠪᠦᠷᠢᠯᠡᠬᠦ ᠶᠠᠪᠤᠴᠠ ᠳᠦ᠂ ᠡᠷᠬᠡᠪᠰᠢ ᠥᠷᠭᠡᠨ ᠤᠯᠠᠨ ᠺᠠᠳ᠋ᠷ ᠪᠠ ᠤᠯᠠᠨ ᠲᠦᠮᠡᠨ ᠢ
ᠤᠳᠤᠷᠢᠳᠤᠨ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ
ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠭᠤᠯᠵᠤ ᠂ ᠡᠳᠡᠭᠡᠷ
ᠬᠢᠯᠢᠰ ᠂ ᠪᠤᠷᠤᠭᠤ ᠂ ᠬᠤᠳᠠᠯ ᠬᠡᠷᠡᠭ ᠢ ᠭᠠᠷᠭᠠᠭᠰᠠᠨ ᠨᠢ ᠯᠢᠨ ᠪᠢᠶᠤᠤ ᠂《ᠲᠤᠢᠷᠪᠡᠠ ᠬᠥᠮᠦᠨ ᠤ
ᠪᠦᠯᠦᠭ》 ᠪᠠᠶᠢᠵᠦ᠂ ᠲᠤᠬᠠᠶ ᠶᠢᠨ ᠦᠶ᠎ᠡ ᠶᠢᠨ ᠥᠪᠡᠷᠲᠡᠭᠡᠨ ᠵᠠᠰᠠᠬᠤ ᠣᠷᠣᠨ ᠦ ᠬᠡᠳᠦᠨ ᠭᠣᠣᠯ
ᠤᠳᠤᠷᠢᠳᠤᠭᠴᠢ ᠪᠠ ᠲᠤᠶᠢᠯ ᠤᠨ ᠴᠥᠭᠡᠨ ᠲᠣᠭᠠᠨ ᠤ ᠬᠥᠷᠥᠩᠭᠡᠲᠡᠨ ᠠᠨᠭᠭᠢ ᠶᠢᠨ ᠠᠶᠢᠮᠠᠭ
ᠪᠦᠯᠦᠭ ᠤᠨ ᠰᠢᠰᠲ᠋ᠧᠮ ᠤᠨ ᠭᠣᠣᠯᠯᠠᠬᠤ ᠭᠡᠰᠢᠭᠦᠳ ᠤᠨ ᠬᠠᠷᠢᠭᠤᠴᠠᠯᠭ᠎ᠠ ᠪᠠᠶᠢᠵᠦ᠂ ᠥᠷᠭᠡᠨ ᠤᠯᠠᠨ
ᠺᠠᠳ᠋ᠷ ᠪᠠ ᠤᠯᠠᠨ ᠲᠦᠮᠡᠨ ᠳᠦ ᠬᠠᠷᠢᠭᠤᠴᠠᠯᠭ᠎ᠠ ᠦᠭᠡᠢ ᠭᠡᠰᠡᠨ ᠢ ᠵᠥᠪ ᠢᠶᠡᠷ ᠣᠶᠢᠯᠭᠠᠬᠤ
ᠬᠡᠷᠡᠭᠲᠡᠢ᠃
ᠮᠠᠨ ᠤ ᠥᠪᠥᠷ ᠮᠣᠩᠭᠣᠯ ᠪᠣᠯ ᠵᠠᠰᠠᠪᠤᠷᠢᠯᠠᠬᠤ ᠦᠵᠡᠯ ᠢ ᠡᠰᠡᠷᠭᠦᠴᠡᠬᠦ
ᠬᠣᠰᠢᠭᠤᠴᠢ ᠪᠠᠶᠢᠵᠦ ᠂ ᠥᠪᠡᠷᠲᠡᠭᠡᠨ ᠵᠠᠰᠠᠬᠤ ᠣᠷᠣᠨ ᠤ ᠲᠣᠭᠲᠠᠭᠤᠨ ᠪᠦᠯᠬᠦᠮᠳᠡᠯ ᠲᠠᠢ ᠰᠠᠢᠢᠨ
ᠪᠠᠶᠢᠳᠠᠯ ᠢ ᠪᠡᠬᠢᠵᠢᠭᠦᠯᠦᠨ ᠬᠥᠭᠵᠢᠭᠦᠯᠬᠦ ᠪᠣᠯ ᠬᠤᠪᠢᠰᠬᠠᠯ ᠤᠨ ᠶᠡᠬᠡ ᠲᠠᠯ᠎ᠠ᠂ ᠵᠠᠪᠠᠯ ᠡᠨᠡᠬᠦ
ᠶᠡᠬᠡ ᠲᠠᠯ᠎ᠠ ᠠᠴᠠ ᠡᠭᠦᠰᠴᠦ ᠂ ᠠᠯᠤᠰ ᠤᠨ ᠬᠠᠷᠠᠴᠠ ᠲᠠᠢ ᠪᠠᠶᠢᠵᠦ᠂ ᠵᠥᠪ ᠪᠤᠷᠤᠭᠤ ᠶᠢ
ᠲᠣᠳᠣᠷᠬᠠᠢ ᠢᠯᠭᠠᠨ᠂ ᠨᠠᠷᠢᠨ ᠵᠦᠢᠯᠡᠰ ᠲᠦ ᠳᠡᠩᠳᠡᠭᠦᠦ ᠲᠠᠲᠠᠭᠳᠠᠭᠰᠠᠨ ᠤ ᠬᠡᠷᠡᠭ ᠦᠭᠡᠢ᠂ ᠬᠤᠪᠢ
ᠬᠦᠮᠦᠨ ᠦ ᠡᠨᠡᠷᠢᠯ ᠭᠣᠮᠣᠳᠠᠯ ᠢ ᠬᠥᠭᠡᠭᠡᠴᠡᠯᠳᠦᠵᠦ ᠪᠣᠯᠬᠤ ᠦᠭᠡᠢ᠃ ᠤᠬᠠᠮᠰᠠᠷ ᠡᠴᠡ ᠪᠠᠨ
ᠬᠤᠪᠢᠰᠬᠠᠯᠲᠤ ᠪᠦᠯᠬᠦᠮᠳᠡᠯ ᠢ ᠴᠢᠩᠭᠠᠳᠬᠠᠵᠤ ᠂ ᠬᠥᠷᠥᠩᠭᠡᠲᠡᠨ ᠠᠩᠬᠢ ᠶᠢᠨ ᠪᠦᠯᠦᠭᠴᠢ ᠴᠢᠨᠠᠷ ᠤᠨ
ᠲᠦᠢᠪᠡᠭᠡᠯ ᠢ ᠠᠷᠢᠯᠭᠠᠵᠦ ᠂ ᠠᠡᠭᠬᠢ ᠶ᠋ᠢᠨ ᠳᠠᠶᠢᠰᠤᠨ ᠤ ᠡᠪᠳᠡᠯᠡᠭᠡ ᠲᠦᠢᠪᠡᠭᠡᠯᠭᠡ ᠠᠴᠠ
ᠰᠡᠷᠭᠡᠢᠯᠡᠵᠦ ᠂ ᠨᠠᠮ ᠤᠨ ᠲᠦᠷᠦ ᠶᠢᠨ ᠪᠣᠳᠣᠯᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ ᠂
ᠥᠷᠭᠡᠨ ᠤᠯᠠᠨ ᠺᠠᠳ᠋ᠷ ᠪᠠ ᠤᠯᠠᠨ ᠲᠦᠮᠡᠨ ᠤ ᠠᠩᠬᠠᠷᠤᠯ ᠢ ᠲᠦᠷᠪᠡᠨ
ᠣᠳᠣᠬᠢᠴᠢᠯᠠᠯᠲᠠ ᠶᠢ ᠪᠡᠶᠡᠯᠡᠭᠦᠯᠬᠦ ᠡᠨᠡᠬᠦ ᠶᠡᠬᠡ ᠬᠠᠷᠠᠯᠲᠠ ᠳᠡᠭᠡᠷ᠎ᠡ ᠲᠥᠪᠯᠡᠷᠡᠭᠦᠯᠬᠦ
ᠬᠡᠷᠡᠭᠲᠡᠶ ᠃ ᠡᠭᠦᠨ ᠤ ᠲᠤᠯᠠ ᠪᠢᠳᠡ ᠲᠥᠪ ᠬᠣᠷᠢᠶᠠᠨ ᠤ ᠬᠣᠯᠪᠣᠭᠳᠠᠯ ᠪᠦᠬᠦᠢ ᠵᠢᠭᠠᠪᠤᠷᠢ ᠶᠢᠨ
ᠵᠣᠷᠢᠭ ᠰᠠᠨᠠᠭ᠎ᠠ ᠶᠢ ᠦᠨᠳᠦᠰᠦᠯᠡᠨ ᠂ ᠮᠠᠨ ᠤ ᠣᠷᠣᠨ ᠤ ᠲᠦᠷᠦ ᠶᠢᠨ ᠪᠤᠳᠤᠯᠭ᠎ᠠ ᠶᠢ
ᠨᠠᠶᠢᠳᠠᠪᠤᠷᠢᠵᠢᠭᠤᠯᠬᠤ ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠤᠨ ᠂ ᠳᠡᠭᠡᠷ᠎ᠡ
ᠳᠤᠷᠠᠳᠤᠭᠰᠠᠨ ᠭᠤᠷᠪᠠᠨ ᠶᠡᠬᠡ ᠬᠡᠷᠡᠭ ᠵᠢᠴᠢ ᠪᠤᠰᠤᠳ ᠬᠢᠯᠢᠰ ᠂ ᠪᠤᠷᠤᠭᠤ᠂ ᠬᠤᠳᠠᠯ ᠬᠡᠷᠡᠭ ᠢ
ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠵᠠᠷᠴᠢᠮ ᠲᠣᠭᠲᠠᠭᠠᠯ ᠳᠣᠣᠷᠠᠬᠢ ᠮᠡᠲᠦ᠄
ᠨᠢᠭᠡ᠂
ᠬᠢᠯᠢᠰ ᠂ ᠪᠤᠷᠤᠭᠤ᠂ ᠬᠤᠳᠠᠯ ᠬᠡᠷᠡᠭ ᠦᠨ ᠳᠤᠮᠳᠠ ᠬᠣᠣᠷᠯᠠᠯ ᠠᠮᠰᠠᠭᠰᠠᠨ ᠺᠠᠳ᠋ᠷ ᠪᠠ ᠤᠯᠠᠨ
ᠲᠦᠮᠡᠨ ᠳᠦ᠂ ᠤᠯᠤᠰ ᠲᠦᠷᠦ ᠶᠢᠨ ᠲᠠᠯ᠎ᠠ ᠡᠴᠡ ᠲᠤᠶᠢᠯᠪᠤᠷᠢᠲᠠᠶ ᠴᠠᠭᠠᠳᠬᠠᠨ ᠥᠭᠴᠦ᠂ ᠠᠯᠪᠠ ᠪᠠᠷ
ᠲᠣᠬᠣᠭᠰᠠᠨ ᠶᠠᠯ᠎ᠠ ᠪᠠ ᠬᠢᠯᠢᠰ ᠭᠦᠵᠢᠷ ᠬᠡᠷᠡᠭ ᠢ ᠪᠦᠬᠦᠨ ᠢ ᠴᠠᠭᠠᠳᠬᠠᠨ᠂ ᠦᠨᠡᠨ ᠬᠡᠷᠡᠭ ᠡᠴᠡ
ᠵᠥᠪ ᠢ ᠡᠷᠢᠬᠦ ᠤᠯᠤᠰ ᠳᠦᠷᠦ ᠶᠢᠨ ᠳ᠋ᠦᠩᠨᠡᠯᠲᠡ ᠭᠠᠷᠭᠠᠵᠤ ᠂ ᠨᠡᠷ᠎ᠡ ᠠᠯᠳᠠᠷ ᠢ ᠨᠢ ᠰᠡᠷᠭᠦᠭᠡᠵᠦ
ᠥᠭᠭᠦᠨ᠎ᠡ᠃
ᠬᠣᠶᠠᠷ᠂ ᠬᠢᠯᠢᠰ ᠂ ᠪᠤᠷᠤᠭᠤ᠂ ᠬᠤᠳᠠᠯ ᠬᠡᠷᠡᠭ ᠦᠨ ᠬᠣᠯᠪᠣᠭᠳᠠᠯ ᠪᠦᠬᠦᠢ
ᠮᠠᠲ᠋ᠧᠷᠢᠶᠠᠯ ᠢ ᠡᠯ᠎ᠡ ᠱᠠᠲᠤᠨ ᠤ ᠨᠠᠮ ᠤᠨ ᠬᠣᠷᠢᠶ᠎ᠠ ᠠᠴᠠ ᠲᠤᠰᠬᠠᠶ ᠪᠠᠭ ᠪᠠᠶᠢᠭᠤᠯᠵᠤ ᠂
ᠨᠠᠷᠢᠨ ᠬᠢᠨᠠᠮᠠᠭᠠᠶ ᠴᠡᠪᠡᠷᠯᠡᠨ ᠤᠰᠠᠳᠬᠠᠬᠤ ᠬᠡᠷᠡᠭᠲᠡᠶ ᠃ ᠬᠤᠪᠢ ᠬᠥᠮᠦᠨ ᠪᠠ ᠬᠣᠯᠪᠣᠭᠳᠠᠭᠰᠠᠨ
ᠲᠦᠷᠦᠯ ᠰᠠᠳᠤᠨ ᠨᠠᠶᠢᠵᠠ ᠨᠥᠬᠥᠳ ᠤᠨ ᠳᠠᠩᠰᠠ ᠡᠪᠬᠡᠮᠡᠯ ᠳᠤ ᠴᠢᠬᠢᠵᠦ ᠣᠷᠣᠭᠤᠯᠤᠭᠰᠠᠨ
ᠭᠦᠵᠢᠷᠯᠡᠵᠦ ᠮᠠᠭᠤᠳᠬᠠᠭᠰᠠᠨ ᠮᠠᠲ᠋ᠧᠷᠢᠶᠠᠯ ᠢ ᠴᠦᠮ ᠠᠷᠢᠯᠭᠠᠨ ᠤᠰᠠᠳᠬᠠᠨ᠎ᠠ᠃
ᠭᠤᠷᠪᠠ᠂
ᠬᠢᠯᠢᠰ ᠂ ᠪᠤᠷᠤᠭᠤ ᠂ ᠬᠤᠳᠠᠯ ᠬᠡᠷᠡᠭ ᠡᠴᠡ ᠪᠣᠯᠵᠤ ᠡᠷᠡᠭᠦᠦ ᠶᠢᠨ ᠂ ᠵᠠᠰᠠᠭ ᠵᠠᠬᠢᠷᠭᠠᠨ ᠤ᠂
ᠨᠠᠮ ᠤᠨ ᠬᠠᠷᠢᠶᠠᠯᠠᠯ ᠤᠨ᠂ ᠡᠪᠯᠡᠯ ᠦᠨ ᠬᠠᠷᠢᠶᠠᠯᠠᠯ ᠤᠨ ᠰᠢᠢᠳᠬᠡᠯ ᠢ ᠣᠯᠣᠭᠰᠠᠨ ᠪᠠᠶᠢᠪᠠ ᠂
ᠪᠦᠬᠦᠨ ᠢ ᠵᠠᠯᠠᠷᠠᠭᠤᠯᠤᠨ ᠴᠠᠭᠠᠳᠬᠠᠵᠤ᠂ ᠦᠰᠦᠭ ᠪᠢᠴᠢᠭ ᠦᠨ ᠭᠡᠷᠡᠴᠢ ᠣᠯᠭᠣᠨ᠎ᠠ᠃ ᠲᠣᠬᠢᠲᠠᠢ
ᠠᠵᠢᠯ ᠲᠣᠬᠢᠷᠠᠭᠤᠯᠤᠭᠰᠠᠨ ᠦᠭᠡᠢ ᠤᠯᠤᠰ ᠤᠨ ᠠᠵᠢᠯᠲᠠᠨ ᠠᠵᠢᠯᠴᠢᠨ ᠢ ᠱᠠᠯᠠᠪᠳᠠᠨ ᠲᠣᠬᠢᠷᠠᠭᠤᠯᠬᠤ
ᠬᠡᠷᠡᠭᠲᠡᠶ ᠃ ᠴᠠᠯᠢᠩ ᠢ ᠨᠢ ᠰᠠᠭᠤᠯᠭᠠᠨ ᠠᠪᠴᠤ ᠳᠣᠲᠠᠭᠤ ᠥᠭᠭᠦᠭᠰᠡᠨ ᠪᠠᠶᠢᠪᠠᠯ ᠨᠥᠬᠥᠵᠦ ᠥᠭᠬᠦ
ᠬᠡᠷᠡᠭᠲᠡᠢ᠂ ᠬᠣᠲᠠ ᠪᠠᠯᠭᠠᠰᠤᠨ ᠡᠴᠡ ᠬᠠᠷ᠎ᠠ ᠠᠯᠪᠠ ᠪᠠᠷ ᠬᠥᠳᠡᠭᠡ ᠲᠣᠰᠬᠣᠨ ᠪᠤᠶᠤ ᠮᠠᠯᠵᠢᠬᠤ
ᠣᠷᠣᠨ ᠳᠤ ᠰᠢᠯᠵᠢᠭᠦᠯᠦᠭᠰᠡᠨ ᠪᠤᠶᠤ ᠬᠢᠯᠢ ᠬᠢᠵᠠᠭᠠᠷ ᠣᠷᠣᠨ ᠠᠴᠠ ᠳᠣᠲᠣᠷ᠎ᠠ ᠭᠠᠵᠠᠷ ᠲᠤ
ᠰᠢᠯᠵᠢᠭᠦᠯᠦᠭᠰᠡᠨ ᠪᠠᠶᠢᠪᠠᠯ᠂ ᠬᠡᠷᠪᠡ ᠲᠤᠬᠠᠢ ᠶᠢᠨ ᠬᠥᠮᠥᠨ ᠨᠢ ᠬᠦᠰᠡᠪᠡᠯ ᠂ ᠬᠤᠳᠠ
ᠪᠠᠯᠭᠠᠰᠤᠨ ᠳᠦ ᠪᠤᠶᠤ ᠬᠢᠯᠢ ᠬᠢᠵᠠᠭᠠᠷ ᠣᠷᠣᠨ ᠳᠤ ᠪᠠᠨ ᠪᠤᠴᠠᠭᠠᠨ ᠰᠢᠯᠵᠢᠭᠦᠯᠬᠦ ᠶᠢ
ᠵᠥᠪᠰᠢᠶᠡᠷᠡᠨ᠎ᠡ᠃
ᠳᠥᠷᠪᠡ᠂ ᠨᠡᠩᠵᠢᠵᠦ ᠬᠤᠷᠢᠶᠠᠮᠵᠢᠯᠠᠭᠰᠠᠨ ᠡᠳ᠋ ᠬᠣᠭᠰᠢᠯ ᠢ
ᠢᠳᠡᠪᠬᠢᠲᠡᠢ ᠪᠡᠷ ᠪᠤᠴᠠᠭᠠᠨ ᠳᠥᠯᠥᠬᠦ ᠬᠡᠷᠡᠭᠲᠡᠶ ᠃ ᠤᠤᠯ ᠪᠣᠳᠠᠰ ᠨᠢ ᠪᠠᠶᠢᠪᠠᠯ ᠤᠤᠯ ᠪᠤᠳᠠᠰ ᠢ
ᠨᠢ ᠪᠤᠴᠠᠭᠠᠵᠤ᠂ ᠤᠤᠯ ᠪᠣᠳᠠᠰ ᠢ ᠨᠢ ᠪᠠᠷ᠎ᠠ ᠰᠤᠷᠠᠭ ᠦᠭᠡᠢ ᠪᠣᠯᠤᠭᠰᠠᠨ ᠪᠠᠶᠢᠪᠠᠯ ᠂ ᠱᠠᠲᠤ
ᠳᠠᠷᠠᠭᠠᠯᠠᠨ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠵᠤ ᠨᠤᠭᠤᠯᠤᠨ ᠪᠣᠳᠣᠭᠠᠳ᠂ ᠥᠪᠡᠷᠲᠡᠭᠡᠨ
ᠵᠠᠰᠠᠬᠤ ᠣᠷᠣᠨ ᠠᠴᠠ ᠨᠢᠭᠡᠳᠦᠯᠲᠡᠢ ᠪᠣᠳᠣᠯᠬᠢᠯᠠᠵᠤ ᠂ ᠲᠥᠰᠦᠯ ᠲᠣᠭᠲᠠᠭᠠᠨ᠂ ᠠᠯᠬᠤᠮ
ᠠᠯᠬᠤᠮ ᠢᠶᠡᠷ ᠰᠢᠶᠳᠪᠦᠷᠢᠯᠡᠬᠦ ᠬᠡᠷᠡᠭᠲᠡᠶ ᠃ ᠭᠡᠷᠡᠴᠢ ᠪᠠᠷᠢᠮᠲᠠ ᠦᠨᠡᠨ ᠪᠤᠳᠠᠲᠠᠢ᠂ ᠨᠡᠯᠵᠢᠵᠦ
ᠬᠤᠷᠢᠶᠠᠮᠵᠢᠯᠠᠬᠤ ᠨᠡᠷ᠎ᠡ ᠪᠡᠷ ᠬᠢᠬᠠᠨ ᠪᠤᠯᠢᠶᠠᠭᠰᠠᠨ᠂ ᠱᠠᠮᠰᠢᠨ ᠬᠤᠯᠠᠭᠠᠢᠯᠠᠭᠰᠠᠨ᠂ ᠭᠦᠷᠢᠮ
ᠭᠦᠶᠦᠯᠭᠡᠵᠦ ᠪᠠᠶᠠᠵᠢᠭᠰᠠᠨ ᠢ ᠴᠢᠩᠭ᠎ᠠ ᠰᠢᠶᠳᠪᠦᠷᠢᠯᠡᠬᠦ ᠬᠡᠷᠡᠭᠲᠡᠶ ᠃
ᠲᠠᠪᠤ᠂
ᠬᠣᠣᠷᠯᠠᠭᠳᠠᠵᠤ ᠦᠬᠦᠭᠰᠡᠨ ᠤᠯᠤᠰ ᠤᠨ ᠪᠤᠶᠤ ᠬᠠᠮᠲᠤ ᠶᠢᠨ ᠠᠵᠤ ᠠᠬᠤᠶᠢᠯᠠᠯ ᠂ ᠠᠵᠢᠯ ᠦᠢᠯᠡᠰ ᠤᠨ
ᠨᠢᠭᠡᠴᠢ ᠶᠢᠨ ᠠᠵᠢᠯᠲᠠᠨ ᠢ ᠤᠯᠤᠰ ᠤᠨ ᠬᠣᠯᠪᠣᠭᠳᠠᠯ ᠪᠦᠬᠦᠢ ᠠᠯᠪᠠᠨ ᠶᠠᠪᠤᠳᠠᠯ ᠢᠶᠠᠷ
ᠦᠬᠦᠭᠰᠡᠨ ᠢ ᠰᠢᠢᠳᠪᠦᠷᠢᠯᠡᠬᠦ ᠲᠣᠭᠲᠠᠭᠠᠯ ᠶᠢ ᠦᠨᠳᠦᠰᠦᠯᠡᠨ ᠰᠢᠶᠳᠪᠦᠷᠢᠯᠡᠬᠦ ᠬᠡᠷᠡᠭᠲᠡᠶ ᠃
ᠬᠣᠣᠷᠯᠠᠯ ᠠᠴᠠ ᠪᠣᠯᠵᠤ ᠵᠡᠮᠳᠡᠭ ᠪᠣᠯᠵᠤ ᠬᠥᠳᠡᠯᠮᠦᠷᠢ ᠶᠢᠨ ᠴᠢᠳᠠᠪᠤᠷᠢ ᠪᠠᠨ ᠠᠯᠳᠠᠭᠰᠠᠳ ᠲᠤ
ᠠᠯᠪᠠ ᠶᠠᠪᠤᠳᠠᠯ ᠡᠴᠡ ᠰᠢᠷᠬᠠᠲᠤᠭᠰᠠᠳ ᠤᠨ ᠬᠠᠷᠠᠭᠠᠯᠵᠠᠯ ᠦᠵᠡᠭᠦᠯᠵᠦ᠂ ᠰᠢᠷᠬᠠᠲᠤᠵᠤ ᠶᠣᠰᠣᠭᠠᠷ
ᠬᠠᠷᠠᠭᠠᠯᠵᠠᠯ ᠂ ᠭᠡᠮᠲᠦᠯ ᠵᠡᠮᠳᠡᠭᠷᠡᠯ ᠦᠨ ᠭᠡᠷᠡᠴᠢ ᠣᠯᠭᠣᠨ᠎ᠠ᠃ ᠬᠣᠣᠷᠯᠠᠭᠳᠠᠨ ᠦᠬᠦᠭᠰᠡᠨ
ᠮᠠᠯᠴᠢᠨ ᠲᠠᠷᠢᠶᠠᠴᠢᠨ ᠂ ᠬᠣᠲᠠ ᠪᠠᠯᠭᠠᠰᠤᠨ ᠦ ᠰᠠᠭᠤᠭᠠᠯᠢ ᠠᠷᠠᠳ ᠤᠨ ᠭᠡᠷ ᠪᠦᠯᠢ ᠶᠢᠨ ᠬᠢᠨ ᠦ
ᠠᠮᠢᠳᠤᠷᠠᠯ ᠤᠨ ᠨᠥᠬᠥᠪᠥᠷᠢ ᠪᠠ ᠬᠦᠨᠳᠦ ᠨᠣᠴᠢᠲᠠᠶ ᠵᠡᠮᠳᠡᠭ ᠪᠣᠯᠤᠭᠰᠠᠳ ᠤᠨ ᠡᠮ ᠡᠮᠨᠡᠯᠭᠡ ᠶᠢᠨ
ᠵᠠᠷᠤᠳᠠᠯ ᠂ ᠠᠮᠢᠳᠤᠷᠠᠯ ᠤᠨ ᠨᠥᠬᠥᠪᠦᠷᠢ ᠶᠢ ᠤᠯᠤᠰ ᠠᠴᠠ ᠡᠭᠦᠷᠭᠡᠯᠡᠬᠦ ᠬᠡᠷᠡᠭᠲᠡᠢ᠂
ᠦᠢᠯᠡᠳᠪᠦᠷᠢᠯᠡᠯ ᠦᠨ ᠪᠠᠷᠢᠭᠠᠳᠠ ᠳᠤ ᠰᠢᠯᠵᠢᠭᠦᠯᠵᠦ ᠪᠣᠯᠬᠤ ᠦᠭᠡᠢ᠃ ᠤᠯᠤᠰ ᠠᠴᠠ ᠵᠢᠯ ᠪᠦᠷᠢ
ᠲᠤᠰᠬᠠᠶ ᠵᠦᠢᠯ ᠤᠨ ᠵᠠᠷᠤᠳᠠᠯ ᠭᠠᠷᠭᠠᠵᠤ᠂ ᠠᠷᠠᠳ ᠦᠨ ᠶᠠᠪᠤᠳᠠᠯ ᠤᠨ ᠰᠠᠯᠠᠭ᠎ᠠ ᠮᠥᠴᠢᠷ ᠠᠴᠠ
ᠨᠢᠭᠡᠳᠦᠯᠲᠡᠶ ᠬᠠᠮᠢᠶᠠᠷᠤᠨ᠎ᠠ᠃( ᠡᠨᠳᠡᠭᠰᠡᠨ ᠦ ᠭᠡᠷ ᠪᠦᠯᠢ ᠦᠷ᠎ᠡ ᠬᠡᠦᠬᠡᠳ ᠤᠨ ᠠᠮᠢᠳᠤᠷᠠᠯ ᠤᠨ
ᠬᠦᠴᠢᠷᠳᠡᠯ ᠤᠨ ᠨᠥᠬᠥᠪᠥᠷᠢ ᠶᠢᠨ ᠪᠠᠷᠢᠮᠵᠢᠶ᠎ᠠ᠄ ᠮᠠᠯᠴᠢᠨ ᠪᠠ ᠬᠣᠲᠠ ᠪᠠᠯᠭᠠᠰᠤᠨ ᠤ ᠰᠠᠭᠤᠭᠠᠯᠢ
ᠠᠷᠠᠳ ᠳᠤ ᠬᠥᠮᠦᠨ ᠪᠣᠯᠭᠠᠨ ᠰᠠᠷ᠎ᠠ ᠪᠦᠷᠢ ᠠᠷᠪᠠᠨ ᠲᠥᠭᠥᠷᠢᠭ ᠂ ᠲᠠᠷᠢᠶᠠᠴᠢᠳ ᠲᠤ ᠵᠢᠷᠭᠤᠭᠠᠨ
ᠲᠥᠭᠥᠷᠢᠭ ᠂ ᠦᠷ᠎ᠡ ᠬᠡᠦᠬᠡᠳ ᠳᠦ ᠨᠢ ᠪᠦᠬᠦᠯᠢ ᠠᠷᠪᠠᠨ ᠨᠠᠢᠮᠠᠨ ᠨᠠᠰᠤ ᠬᠦᠷᠲᠡᠯ᠎ᠡ ᠪᠤᠶᠤ
ᠪᠡᠶ᠎ᠡ ᠪᠡᠨ ᠳᠠᠭᠠᠭᠠᠵᠤ ᠠᠮᠢᠳᠤᠷᠠᠵᠤ ᠴᠢᠳᠠᠬᠤ ᠪᠣᠯᠲᠠᠯ᠎ᠠ ᠥᠭᠭᠦᠨ᠎ᠡ ) ᠃ ᠤᠯᠤᠰ ᠪᠤᠶᠤ ᠬᠠᠮᠲᠤ
ᠨᠡᠶᠢᠲᠡ ᠡᠴᠡ ᠠᠵᠢᠯᠲᠠᠨ ᠡᠯᠰᠡᠵᠦ ᠪᠠᠶᠢᠬᠤ ᠪᠤᠶᠤ ᠠᠶᠠᠨᠳᠠᠭᠠᠨ ᠬᠠᠰᠤᠭᠳᠠᠭᠰᠠᠨ ᠣᠷᠣᠨ
ᠲᠣᠭ᠎ᠠ ᠶᠢ ᠨᠥᠬᠥᠪᠦᠷᠢᠯᠡᠬᠦ ᠦᠶᠡᠰ ᠦᠬᠦᠭᠰᠡᠨ ᠪᠤᠶᠤ ᠬᠦᠨᠳᠦ ᠨᠣᠴᠢᠲᠠᠶ ᠵᠡᠮᠳᠡᠭ ᠪᠣᠯᠤᠭᠰᠠᠳ ᠤᠨ
ᠨᠢᠭᠡ ᠦᠷ᠎ᠡ ᠬᠡᠦᠬᠡᠳ ᠢ ᠤᠷᠢᠳᠠᠪᠡᠷ ᠲᠣᠬᠢᠷᠠᠭᠤᠯᠵᠤ ᠪᠣᠯᠣᠨ᠎ᠠ᠃ ᠰᠢᠷᠬᠠᠲᠤᠭᠰᠠᠳ ᠵᠡᠮᠳᠡᠭᠴᠦᠳ
ᠭᠡᠷᠡᠴᠢ ᠲᠡᠮᠳᠡᠭ ᠢᠶᠡᠷ ᠢᠶᠡᠨ ᠲᠤᠬᠠᠶ ᠶᠢᠨ ᠭᠠᠵᠠᠷ ᠤᠨ ᠲᠣᠭᠲᠠᠭᠠᠭᠰᠠᠨ ᠡᠮᠨᠡᠯᠭᠡ ᠶᠢᠨ
ᠬᠣᠷᠢᠶ᠎ᠠ ᠳᠦ ᠡᠮᠨᠡᠭᠦᠯᠪᠡᠯ ᠡᠮᠨᠡᠯᠭᠡ ᠶᠢᠨ ᠰᠦᠢᠳᠬᠡᠯ ᠢ ᠠᠯᠪᠠᠨ ᠤ ᠡᠮᠨᠡᠯᠭᠡ ᠶᠢᠨ
ᠰᠦᠢᠳᠬᠡᠯ ᠢᠶᠡᠷ ᠦᠵᠡᠬᠦ ᠠᠷᠭ᠎ᠠ ᠶᠢ ᠠᠪᠴᠤ᠂ ᠡᠮᠨᠡᠯᠭᠡ ᠶᠢᠨ ᠬᠣᠷᠢᠶ᠎ᠠ ᠡᠴᠡ
ᠲᠥᠯᠥᠪᠯᠡᠭᠡ ᠳᠦ ᠪᠡᠨ ᠣᠷᠣᠭᠤᠯᠵᠤ᠂ ᠬᠠᠷᠭᠤᠭᠤᠯᠤᠨ ᠭᠠᠷᠭᠠᠭᠤᠯᠵᠤ ᠪᠣᠯᠣᠨ᠎ᠠ ᠃
ᠵᠢᠷᠭᠤᠭ᠎ᠠ᠂
ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠯᠪᠠᠨ ᠵᠠᠷᠤᠳᠠᠯ ᠤᠨ ᠨᠡᠯᠢᠶᠡᠳ ᠨᠢᠭᠡ
ᠬᠡᠰᠡᠭ ᠢ ᠨᠢ ᠭᠠᠷᠭᠠᠵᠤ ᠨᠢᠭᠡᠳᠦᠯ ᠪᠠᠷᠢᠭᠠᠳᠠ᠂ ᠬᠣᠲᠠ ᠪᠠᠯᠭᠠᠰᠤ ᠶᠢᠨ ᠵᠡᠭᠡᠯᠢ ᠭᠤᠳᠤᠮᠵᠢ ᠂
ᠲᠤᠬᠠᠢ ᠶᠢᠨ ᠭᠠᠵᠠᠷ ᠲᠤ ᠡᠷᠬᠢᠯᠡᠨ ᠪᠠᠶᠢᠭᠤᠯᠤᠭᠰᠠᠨ ᠬᠠᠮᠲᠤ ᠶᠢᠨ ᠦᠢᠯᠡᠳᠪᠦᠷᠢᠯᠡᠯ ᠪᠤᠶᠤ
ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠢ ᠳᠡᠮᠵᠢᠬᠦ ᠳᠦ ᠬᠡᠷᠡᠭᠯᠡᠵᠦ᠂ ᠬᠣᠷᠣᠯᠠᠭᠳᠠᠨ
ᠦᠬᠦᠭᠰᠡᠨ ᠪᠠ ᠬᠦᠨᠳᠦ ᠨᠣᠴᠢᠲᠠᠶ ᠵᠡᠮᠳᠡᠭ ᠪᠣᠯᠤᠭᠰᠠᠳ ᠤᠨ ᠭᠡᠷ ᠪᠦᠯᠢ ᠪᠤᠶᠤ ᠦᠷ᠎ᠡ ᠬᠡᠦᠬᠡᠳ ᠢ
ᠰᠢᠩᠭᠡᠭᠡᠨ ᠣᠷᠣᠯᠴᠠᠭᠤᠯᠵᠤ᠂ ᠦᠢᠯᠡᠳᠪᠦᠷᠢᠯᠡᠯ ᠢᠶᠡᠷ ᠥᠪᠡᠷ ᠢ ᠨᠢ ᠠᠪᠤᠷᠠᠭᠤᠯᠤᠨᠠ᠂ ᠡᠨᠡ ᠪᠣᠯ
ᠠᠰᠠᠭᠤᠳᠠᠯ ᠢ ᠰᠢᠶᠳᠪᠦᠷᠢᠯᠡᠬᠦ ᠤᠷᠲᠤ ᠤᠳᠠᠭᠠᠨ ᠪᠣᠳᠤᠯᠭ᠎ᠠ ᠮᠥᠨ ᠃ ᠤᠯᠤᠰ ᠠᠴᠠ ᠰᠠᠯᠭᠠᠨ
ᠥᠭᠭᠦᠭᠰᠡᠨ ᠲᠤᠰᠬᠠᠶ ᠵᠦᠢᠯ ᠤᠨ ᠵᠠᠷᠤᠳᠠᠯ ᠪᠤᠶᠤ ᠬᠥᠳᠡᠯᠮᠦᠷᠢ ᠶᠢᠨ ᠭᠦᠢᠴᠡᠳᠬᠡᠯ ᠲᠣᠭ᠎ᠠ ᠶᠢ
ᠬᠡᠨ ᠴᠤ ᠨᠡᠭᠦᠯᠭᠡᠨ ᠬᠡᠷᠡᠭᠯᠡᠵᠦ ᠪᠣᠯᠬᠤ ᠦᠭᠡᠢ ᠃ ᠬᠤᠪᠢ ᠶᠢᠨ ᠠᠰᠢᠭ ᠢᠶᠠᠨ ᠬᠠᠩᠭᠠᠭᠰᠠᠳ ᠢ
ᠴᠢᠩᠭ᠎ᠠ ᠰᠢᠢᠳᠬᠡᠨ᠎ᠡ᠃
ᠳᠣᠯᠣᠭ᠎ᠠ᠂ ᠬᠣᠶᠠᠷ ᠵᠦᠢᠯ ᠦᠨ ᠠᠳᠠᠯᠢ ᠪᠤᠰᠤ ᠰᠢᠨᠵᠢ ᠴᠢᠨᠠᠷ
ᠲᠠᠢ ᠵᠥᠷᠢᠴᠡᠯ ᠢ ᠰᠠᠶᠢᠲᠤᠷ ᠢᠯᠭᠠᠬᠤ ᠪᠠ ᠰᠢᠢᠳᠪᠦᠷᠢᠯᠡᠵᠦ᠂ ᠰᠤᠷᠭᠠᠨ ᠬᠥᠮᠥᠵᠢᠭᠦᠯᠬᠦ
ᠪᠦᠷᠬᠦᠴᠡ ᠶᠢ ᠨᠡᠮᠡᠭᠳᠡᠭᠦᠯᠵᠦ᠂ ᠴᠣᠬᠢᠯᠲᠠ ᠥᠭᠬᠦ ᠪᠦᠷᠬᠦᠴᠡ ᠶᠢ ᠪᠠᠭᠠᠰᠬᠠᠨ᠎ᠠ᠃ ᠭᠣᠣᠯ
ᠴᠣᠬᠢᠯᠲᠠ ᠥᠭᠬᠦ ᠡᠲᠡᠭᠡᠳ ᠪᠣᠯ ᠬᠥᠮᠦᠨ ᠠᠯᠠᠭᠰᠠᠨ ᠡᠷᠡᠭᠦᠦ ᠶᠢᠨ ᠶᠠᠯᠠᠲᠠᠨ᠂ ᠠᠩᠭᠢ ᠶᠢᠨ
ᠥᠰᠢᠶ᠎ᠡ ᠠᠪᠬᠤ ᠪᠠᠷ ᠣᠷᠣᠯᠳᠣᠭᠴᠢ ᠪᠠᠶᠠᠨ ᠲᠠᠷᠢᠶᠠᠴᠢᠨ ᠡᠰᠡᠷᠭᠦᠦ ᠡᠲᠡᠭᠡᠳ᠂ ᠥᠰᠢᠶ᠎ᠡ
ᠠᠪᠬᠤ ᠪᠠᠷ ᠣᠷᠣᠯᠳᠤᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠳ᠂ ᠰᠢᠢᠳᠪᠦᠷᠢᠡᠬᠦ ᠦᠭᠡᠢ
ᠪᠣᠯ ᠠᠷᠠᠳ ᠤᠨ ᠬᠢᠯᠢᠩ ᠶᠢ ᠨᠠᠮᠳᠠᠭᠠᠵᠤ ᠦᠯᠦ ᠴᠢᠳᠠᠬᠤ ᠬᠦᠮᠦᠰ ᠦᠳ᠃ ᠢᠮᠠᠭᠳᠠ ᠴᠣᠬᠢᠵᠤ
ᠪᠠᠯᠪᠠᠴᠢᠨ ᠪᠤᠯᠢᠶᠠᠨ ᠳᠡᠭᠡᠷᠡᠮᠳᠡᠭᠰᠡᠳ᠂ ᠥᠢᠯᠨ ᠪᠠᠶᠢᠳᠠᠯ ᠨᠢ ᠬᠠᠷ᠎ᠠ ᠬᠣᠣᠷᠲᠠᠶ᠂ ᠣᠯᠠᠨᠲᠠ
ᠰᠤᠷᠭᠠᠪᠠᠴᠤ ᠡᠰᠡ ᠵᠠᠰᠠᠷᠠᠭᠰᠠᠨ ᠬᠦᠮᠦᠰ ᠪᠣᠯᠣᠨ᠎ᠠ ᠃ ᠲᠦᠷᠪᠡᠨ ᠵᠦᠢᠯ ᠤᠨ ᠮᠠᠭᠤ ᠬᠥᠮᠦᠰ ᠲᠦ ᠴᠤ
ᠭᠡᠰᠡᠨ《 ᠴᠠᠭᠠᠪᠤᠷᠯᠠᠨ ᠲᠤᠰᠢᠶᠠᠪᠠᠯ ᠰᠤᠯᠠ ᠰᠢᠢᠳᠬᠡᠵᠦ᠂ ᠡᠰᠡᠷᠭᠦᠴᠡᠨ ᠪᠣᠷᠣᠣᠬᠠᠢᠯᠠᠪᠠᠯ
ᠴᠢᠩᠭ᠎ᠠ ᠰᠢᠢᠳᠬᠡᠬᠦ 》 ᠲᠥᠷᠥ ᠶᠢᠨ ᠪᠣᠳᠣᠯᠭ᠎ᠠ ᠬᠡᠷᠡᠭᠵᠢᠭᠦᠯᠦᠨ᠎ᠡ᠃ ᠬᠦᠨᠳᠦ ᠨᠣᠴᠢᠲᠠᠢ
ᠠᠯᠳᠠᠭ᠎ᠠ ᠭᠠᠷᠭᠠᠭᠰᠠᠨ ᠬᠥᠮᠦᠨ ᠳᠤ ᠲᠡᠦᠬᠡᠴᠢ ᠪᠡᠷ ᠂ ᠪᠦᠷᠢᠨ ᠪᠣᠳᠠᠲᠠᠶ ᠵᠠᠳᠠᠯᠤᠯᠲᠠ ᠬᠢᠵᠦ᠂
ᠭᠣᠣᠯ ᠤᠷᠤᠰᠬᠠᠯ᠂ ᠮᠥᠨ ᠴᠢᠨᠠᠷ ᠢ ᠨᠢ ᠦᠵᠡᠬᠦ ᠬᠡᠷᠡᠭᠲᠡᠶ᠃ ᠲᠤᠶᠢᠯ ᠦᠨ ᠴᠥᠭᠡᠨ ᠲᠣᠭᠠᠨ ᠦ
ᠪᠤᠷᠤᠭᠤ ᠪᠠᠨ ᠣᠭᠲᠣ ᠮᠡᠳᠡᠷᠡᠬᠦ ᠦᠭᠡᠢ ᠪᠡᠶ᠎ᠡ ᠪᠡᠨ ᠬᠢᠨᠠᠬᠤ ᠦᠭᠡᠢ᠂ ᠰᠠᠬᠢᠯᠭ᠎ᠠ ᠪᠠᠲᠤ ᠶᠢᠨ
ᠰᠢᠳᠬᠡᠯ ᠥᠭᠬᠦ ᠬᠡᠷᠡᠭᠲᠡᠶ ᠬᠦᠮᠦᠰ ᠡᠴᠡ ᠪᠤᠰᠤᠳ ᠢ ᠨᠢ ᠭᠦᠨᠵᠡᠭᠡᠢ ᠪᠠᠶᠢᠴᠠᠭᠠᠯᠲᠠ ᠬᠢᠭᠰᠡᠨ ᠯᠠ
ᠪᠠᠶᠢᠪᠠᠯ ᠵᠢᠭᠤᠷᠠᠭᠠᠳ ᠲᠠᠯᠪᠢᠬᠤ ᠦᠭᠡᠢ ᠪᠠᠶᠢᠭᠰᠠᠨ ᠤ ᠬᠡᠷᠡᠭ ᠦᠭᠡᠢ᠃
ᠨᠠᠢᠮᠠ᠂
ᠡᠳᠡᠭᠡᠷ ᠬᠢᠯᠢᠰ ᠂ ᠪᠤᠷᠤᠭᠤ᠂ ᠬᠤᠳᠠᠯ ᠬᠡᠷᠡᠭ ᠢ ᠰᠢᠢᠳᠪᠦᠷᠢᠯᠡᠬᠦ ᠳᠦ ᠬᠣᠯᠪᠣᠭᠳᠠᠬᠤ ᠬᠡᠪᠴᠢᠶ᠎ᠡ
ᠨᠢ ᠥᠷᠭᠡᠨ ᠂ ᠲᠥᠷᠥ ᠶᠢᠨ ᠪᠣᠳᠣᠯᠭ᠎ᠠ ᠶᠢᠨ ᠴᠢᠨᠠᠷ ᠴᠢᠩᠭ᠎ᠠ ᠂ ᠡᠯ᠎ᠡ ᠱᠠᠲᠤᠨ ᠦ ᠨᠠᠮ ᠤᠨ
ᠬᠣᠷᠢᠶ᠎ᠠ ᠡᠷᠬᠡᠪᠰᠢ ᠤᠳᠤᠷᠢᠳᠤᠯᠭ᠎ᠠ ᠪᠠᠨ ᠴᠢᠩᠭᠠᠳᠬᠠᠵᠤ ᠂ ᠭᠦᠨᠵᠡᠭᠡᠢ ᠪᠠᠶᠢᠴᠠᠭᠠᠨ
ᠰᠤᠳᠤᠯᠤᠯᠲᠠ ᠬᠢᠵᠦ ᠂ ᠤᠯᠠᠨ ᠲᠦᠮᠡᠨᠴᠢ ᠱᠤᠭᠤᠮ ᠢᠶᠠᠷ ᠶᠠᠪᠤᠬᠤ ᠶᠢ ᠪᠠᠷᠢᠮᠲᠠᠯᠠᠵᠤ ᠂ ᠬᠠᠤᠯᠢ
ᠴᠠᠭᠠᠵᠠ ᠶᠢᠨ ᠵᠢᠷᠤᠮ ᠪᠣᠯᠤᠨ ᠺᠠᠳ᠋ᠷ ᠤᠨ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠢ
ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠶ ᠃ ᠨᠠᠮ ᠤᠨ ᠳᠣᠲᠣᠨ᠎ᠠ ᠭᠠᠳᠠᠨᠠᠬᠢ ᠺᠠᠳ᠋ᠷ ᠪᠠ
ᠤᠯᠠᠨ ᠲᠦᠮᠡᠨ ᠤ ᠳᠤᠮᠳᠠ ᠨᠠᠷᠢᠨ ᠨᠢᠮᠪᠠᠶ ᠦᠵᠡᠯ ᠰᠠᠨᠠᠭᠠᠨ ᠤ ᠠᠵᠢᠯ ᠬᠢᠭᠰᠡᠨ ᠪᠠᠶᠢᠬᠤ
ᠬᠡᠷᠡᠭᠲᠡᠢ ᠃ ᠳᠥᠭᠥᠮᠴᠢᠯᠡᠬᠦ᠂ ᠡᠭᠡᠯᠴᠢᠯᠡᠬᠦ᠂ ᠪᠦᠳᠦᠭᠦᠯᠢᠭ ᠢᠶᠡᠷ ᠰᠢᠢᠳᠪᠦᠷᠢᠯᠡᠬᠦ ᠨᠣᠶᠠᠨᠴᠢ
ᠰᠤᠷᠲᠠᠯ ᠢ ᠰᠡᠷᠭᠡᠶᠢᠯᠡᠬᠦ ᠬᠡᠷᠡᠭᠲᠡᠢ᠃ ᠰᠡᠳᠬᠢᠯ ᠤᠨ ᠦᠭᠡ ᠪᠡᠨ ᠶᠠᠷᠢᠯᠴᠠᠬᠤ ᠠᠵᠢᠯᠯᠠᠭ᠎ᠠ ᠶᠢ
ᠥᠷᠨᠢᠭᠦᠯᠵᠦ ᠂ ᠰᠠᠨᠠᠭᠠᠴᠢᠯᠠᠭ᠎ᠠ ᠡᠴᠡ ᠪᠠᠨ ᠵᠠᠪᠰᠠᠷᠳᠠᠯ ᠢ ᠠᠷᠢᠯᠭᠠᠵᠦ ᠂ ᠪᠦᠯᠬᠦᠮᠳᠡᠯ ᠢ
ᠴᠢᠩᠭᠠᠳᠬᠠᠵᠤ᠂ ᠲᠤᠢᠷᠪᠡᠠ ᠣᠳᠣᠬᠢᠴᠢᠯᠠᠯᠲᠠ ᠢ ᠪᠡᠶᠡᠯᠡᠭᠦᠯᠬᠦ ᠰᠢᠨ᠎ᠡ ᠠᠶᠠᠨ ᠲᠡᠢᠢᠠ ᠤ ᠳᠤᠮᠳᠠ
ᠬᠤᠪᠢ ᠨᠡᠮᠡᠷᠢ ᠦᠵᠡᠭᠦᠯᠬᠦ ᠬᠡᠷᠡᠭᠲᠡᠶ ᠃ 1968 ᠣᠨ ᠤ ᠲᠠᠷᠢᠶᠠᠯᠠᠬᠤ ᠲᠣᠰᠬᠣᠨ ᠳᠤ ᠂ ᠮᠠᠯᠵᠢᠬᠤ
ᠣᠷᠣᠨ ᠳᠤ ᠳᠠᠬᠢᠵᠤ ᠠᠩᠭᠢ ᠢᠯᠭᠠᠵᠤ ᠪᠠᠶᠢᠭ᠎ᠠ ᠨᠢ ᠪᠤᠷᠤᠭᠤ ᠶᠤᠮ ᠂ ᠴᠥᠮ ᠵᠠᠯᠠᠷᠠᠭᠤᠯᠬᠤ
ᠬᠡᠷᠡᠭᠲᠡᠶ ᠃ ᠦᠯᠡᠳᠡᠭᠳᠡᠯ ᠠᠰᠠᠭᠤᠳᠠᠯ ᠢ ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ
ᠲᠣᠬᠢᠲᠠᠶ ᠰᠢᠶᠳᠪᠦᠷᠢᠯᠡᠬᠦ ᠬᠡᠷᠡᠭᠲᠡᠶ ᠃
ᠲᠤᠰ ᠲᠣᠭᠲᠠᠭᠠᠯ ᠢ ᠪᠢᠴᠢᠭ
ᠬᠦᠷᠦᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ ᠡᠭᠦᠨ ᠡᠴᠡ ᠡᠮᠦᠨᠡᠬᠢ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠪᠠ ᠬᠤᠪᠢᠰᠬᠠᠯ ᠤᠨ ᠵᠥᠪᠯᠡᠯ ᠠᠴᠠ ᠭᠠᠷᠭᠠᠭᠰᠠᠨ
ᠬᠣᠯᠪᠣᠭᠳᠠᠯ ᠪᠦᠬᠦᠢ ᠬᠢᠯᠢᠰ᠂ ᠪᠤᠷᠤᠭᠤ᠂ ᠬᠤᠳᠠᠯ ᠬᠡᠷᠡᠭ ᠢ ᠰᠢᠢᠳᠪᠦᠷᠢᠯᠡᠬᠦ ᠲᠤᠷᠰᠢᠨ
ᠬᠡᠷᠡᠭᠵᠢᠭᠦᠯᠬᠦ ᠲᠣᠭᠲᠠᠭᠠᠯ ᠪᠦᠬᠦᠨ ᠢᠶᠡᠷ ᠢᠶᠡᠨ ᠬᠦᠴᠦᠨ ᠦᠭᠡᠢ᠃