ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠣ ᠨᠠᠮ ᠤᠨ ᠬᠣᠷᠢᠢ᠎ᠠ ᠶᠢᠨ 《 ᠨᠡᠶᠢᠭᠡᠮ ᠵᠢᠷᠤᠮ ᠤᠨ ᠵᠣᠷᠢᠭ ᠰᠠᠨᠠᠭ᠎ᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠶᠣᠨ ᠣ ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠰᠠᠭᠤᠳᠠᠯ ᠤᠳ ᠤᠨ ᠰᠢᠶᠳᠪᠦᠷᠢ 》 ᠶᠢ ᠲᠤᠤᠱᠯᠠᠭᠤᠯᠬᠤ ᠲᠤᠬᠠᠢ ᠰᠠᠨᠠᠯ ( ᠳᠤᠮᠳᠠᠳᠤ ᠤᠯᠤᠰ ᠤᠨ ᠡᠪ ᠬᠠᠮᠲᠤ ᠨᠠᠮ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠣ ᠵᠢᠷᠭᠤᠳᠤᠭᠠᠷ ᠬᠤᠭᠤᠴᠠᠭᠠᠨ ᠣ ᠲᠥᠪ ᠬᠣᠷᠢᠶᠠᠨ ᠣ ᠳᠥᠷᠪᠡᠳᠦᠭᠡᠷ ᠤᠳᠠᠭᠠᠨ ᠣ ᠪᠥᠬᠥ ᠭᠡᠰᠢᠭᠦᠳ ᠤᠨ ᠬᠤᠷᠠᠯ ᠪᠠᠲᠤᠯᠠᠪᠠ )
ᠨᠠᠮ ᠤᠨ ᠠᠷᠪᠠᠨ ᠳᠥᠷᠪᠡᠳᠦᠭᠡᠷ ᠬᠤᠭᠤᠴᠠᠭᠠᠨ ᠣ ᠲᠥᠪ ᠬᠣᠷᠢᠶᠠᠨ ᠣ ᠵᠢᠷᠭᠤᠳᠤᠭᠠᠷ ᠪᠦᠬᠥᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ 《 ᠨᠠᠮ ᠤᠨ ᠲᠥᠪ ᠬᠣᠷᠢᠶ᠎ᠠ ᠶᠢᠨ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠰᠠᠭᠤᠳᠠᠯ ᠤᠳ ᠤᠨ ᠲᠤᠬᠠᠶ ᠰᠢᠶᠳᠪᠦᠷᠢ
》 ( ᠳᠣᠷᠣᠭᠰᠢ 《 ᠰᠢᠶᠳᠪᠦᠷᠢ 》 ᠭᠡᠵᠦ ᠳᠥᠭᠥᠮᠴᠢᠯᠡᠨᠡ ) ᠪᠣᠯ ᠮᠠᠨ ᠣ ᠤᠯᠤᠰ ᠤᠨ
ᠨᠡᠶᠢᠭᠡᠮ ᠵᠢᠷᠤᠮᠲᠤ ᠣᠶᠣᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ
ᠬᠥᠲᠥᠯᠪᠦᠷᠢ ᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ ᠃ ᠮᠠᠨ ᠣ ᠣᠷᠣᠨ ᠣ
ᠪᠣᠳᠠᠲᠠᠶ ᠲᠠᠶ ᠪᠠᠨ ᠤᠶᠠᠯᠳᠤᠭᠤᠯᠤᠨ ᠂ ᠵᠢᠷᠭᠤᠳᠤᠭᠠᠷ ᠪᠥᠬᠥᠳᠡ ᠬᠤᠷᠠᠯ ᠤᠨ ᠰᠢᠶᠳᠪᠦᠷᠢ ᠢᠨ
ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠨᠢ ᠪᠥᠬᠥ ᠣᠷᠣᠨ ᠣ ᠡᠯ᠎ᠡ ᠱᠠᠲᠤᠨ ᠣ ᠨᠠᠮ ᠤᠨ ᠵᠣᠬᠢᠶᠠᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠴᠢᠬᠤᠯᠠ ᠶᠡᠬᠡ ᠡᠭᠦᠷᠭᠡ ᠮᠥᠨ ᠃
ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠣ ᠲᠥᠪ ᠬᠣᠷᠢᠶᠠᠨ ᠣ ᠭᠤᠷᠪᠠᠳᠤᠭᠠᠷ
ᠪᠥᠬᠥᠳᠡ ᠬᠤᠷᠠᠯ ᠠᠴᠠ ᠨᠠᠰᠢ ᠂ ᠪᠦᠬᠦ ᠣᠷᠣᠨ ᠣ ᠡᠯ᠎ᠡ ᠱᠠᠲᠤᠨ ᠣ ᠨᠠᠮ ᠤᠨ ᠵᠣᠬᠢᠶᠠᠨ
ᠪᠠᠶᠢᠭᠤᠯᠤᠯᠲᠠ ᠳ᠋ᠧᠩ ᠰᠢᠶᠤᠤ ᠫᠢᠩ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠤᠨ
ᠵᠢᠷᠤᠮ ᠤᠨ ᠤᠨᠤᠯ ᠢ᠋ ᠵᠦᠭᠯᠡᠭᠦᠷ ᠪᠣᠯᠭᠠᠵᠤ ᠂ ᠨᠠᠷᠢᠨ ᠬᠢᠨᠠᠮᠠᠭᠠᠢ ᠲᠤᠤᠱᠯᠠᠭᠤᠯᠵᠤ ᠂
ᠨᠠᠮ ᠤᠨ ᠦᠨᠳᠦᠰᠦᠨ ᠱᠤᠭᠤᠮ ᠂ ᠦᠨᠳᠦᠰᠦᠨ ᠴᠢᠭᠯᠡᠯᠲᠡ ᠪᠠ ᠴᠢᠩᠭᠠᠳᠬᠠᠬᠤ ᠲᠤᠬᠠᠶ ᠨᠠᠮ ᠤᠨ ᠲᠥᠪ
ᠬᠣᠷᠢᠶᠠᠨ ᠣ ᠵᠣᠷᠢᠭ ᠰᠠᠨᠠᠭ᠎ᠠ ᠪᠣᠯᠪᠠᠰᠤᠨ ᠣ ᠪᠦᠲᠦᠭᠡᠨ ᠪᠠᠶᠢᠭᠤᠯᠤᠯᠲᠠ ᠢᠨ ᠲᠤᠬᠠᠶ ᠠᠯᠢ
ᠤᠯᠠᠨ ᠴᠢᠬᠤᠯᠠ ᠵᠢᠭᠠᠪᠤᠷᠢ ᠢᠨ ᠵᠣᠷᠢᠭ ᠰᠠᠨᠠᠭ᠎ᠠ ᠂ ᠨᠡᠶᠢᠭᠡᠮ ᠵᠢᠷᠤᠮ ᠤᠨ ᠤᠶᠤᠨ ᠣ
ᠪᠣᠯᠪᠠᠰᠤᠨ ᠣ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠂ ᠣᠯᠠᠨ ᠠᠵᠢᠯ ᠬᠢᠵᠦ ᠂ ᠠᠵᠤ
ᠠᠬᠤᠶ ᠢᠨ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠵᠦ ᠴᠢᠯᠥᠭᠡᠲᠡᠶ
ᠶᠠᠪᠤᠯᠴᠠᠬᠤ ᠳᠦ ᠬᠦᠴᠦᠷᠬᠡᠭ ᠶᠡᠬᠡ ᠦᠵᠡᠯ ᠰᠠᠨᠠᠭᠠᠨ ᠣ ᠪᠠᠲᠤᠯᠠᠭ᠎ᠠ ᠪᠠ ᠨᠡᠶᠢᠭᠡᠮ ᠤᠨ
ᠶᠠᠷᠢᠶ᠎ᠠ ᠬᠡᠯᠡᠯᠴᠡᠭᠡᠨ ᠣ ᠰᠠᠢᠨ ᠰᠠᠶᠢᠬᠠᠨ ᠣᠷᠴᠢᠨ ᠠᠬᠤᠶ ᠬᠠᠩᠭᠠᠵᠠᠢ ᠃ ᠭᠡᠲᠡᠯ᠎ᠡ᠂
ᠵᠢᠷᠭᠤᠳᠤᠭᠠᠷ ᠪᠦᠬᠦᠳᠠ ᠬᠤᠷᠠᠯ ᠤᠨ 《 ᠰᠢᠶᠳᠪᠦᠷᠢ 》 ᠢᠨ ᠵᠣᠷᠢᠭ ᠰᠠᠨᠠᠭ᠎ᠠ ᠪᠡᠷ ᠮᠠᠨ ᠣ
ᠣᠷᠣᠨ ᠣ ᠤᠶᠤᠨ ᠣ ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢ ᠬᠡᠮᠵᠢᠬᠦ ᠳᠦ᠂ ᠪᠢᠳᠡ ᠪᠠᠰᠠ
ᠮᠠᠰᠢ ᠶᠡᠬᠡ ᠵᠥᠷᠢᠶ᠎ᠡ ᠲᠡᠶ ᠪᠠᠶᠢᠨ᠎ᠠ ᠃ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠦ
ᠮᠥᠨ ᠯᠡ ᠦᠵᠡᠯ ᠰᠠᠨᠠᠭ᠎ᠠ ᠰᠤᠷᠭᠠᠨ ᠬᠥᠮᠦᠵᠢᠯ ᠂ ᠤᠶᠤᠨ ᠣ ᠪᠣᠯᠪᠠᠰᠤᠨ ᠣ ᠪᠦᠲᠦᠭᠡᠨ
ᠪᠠᠶᠢᠭᠤᠯᠤᠯᠲᠠ ᠶᠢ ᠣᠮᠲᠣᠭᠠᠶᠢᠯᠠᠬᠤ ᠦᠵᠡᠭᠳᠡᠯ ᠣᠷᠣᠰᠢᠵᠦ ᠪᠠᠶᠢᠨ᠎ᠠ ᠂ ᠨᠡᠶᠢᠭᠡᠮ ᠤᠨ
ᠤᠶᠤᠨ ᠣ ᠠᠮᠢᠳᠤᠷᠠᠯ ᠤᠨ ᠲᠠᠯ᠎ᠠ ᠪᠠᠷ ᠪᠠᠰᠠ ᠴᠥᠭᠡᠨ ᠪᠤᠰᠤ ᠠᠰᠠᠭᠤᠳᠠᠯ ᠣᠷᠣᠰᠢᠵᠤ ᠂ ᠵᠠᠷᠢᠮ
ᠨᠢ ᠪᠠᠰᠠ ᠨᠡᠯᠢᠶᠡᠳ ᠬᠦᠨᠳᠦ ᠨᠣᠴᠢᠲᠠᠶ ᠪᠠᠶᠢᠨ᠎ᠠ ᠃ ᠡᠭᠦᠨ ᠳᠦ ᠪᠢᠳᠠ ᠵᠠᠪᠠᠯ ᠳᠡᠭᠡᠳᠦ
ᠬᠡᠮᠵᠢᠶ᠎ᠡ ᠪᠡᠷ ᠴᠢᠬᠤᠯᠠᠴᠢᠯᠠᠵᠤ ᠂ ᠯᠠᠪᠳᠠᠭᠤᠨ ᠪᠠᠲᠤᠲᠠᠶ ᠪᠦᠲᠦᠮᠵᠢᠲᠡᠶ ᠠᠵᠢᠯᠯᠠᠬᠤ ᠪᠠᠷ
ᠳᠠᠮᠵᠢᠨ᠂ ᠨᠠᠷᠢᠨ ᠬᠢᠨᠠᠮᠠᠭᠠᠶ ᠰᠢᠶᠳᠪᠦᠷᠢᠯᠡᠬᠦ ᠬᠡᠷᠡᠭᠲᠡᠶ ᠃
ᠤᠳᠤ ᠡᠴᠡ ᠲᠤᠰ
ᠵᠠᠭᠤᠨ ᠣ ᠡᠴᠦᠰ ᠪᠣᠯᠬᠤ ᠳᠤ ᠂ ᠮᠠᠨ ᠣ ᠣᠷᠣᠨ ᠣ ᠠᠵᠤ ᠠᠬᠤᠶ ᠢᠨ ᠬᠥᠭᠵᠢᠯᠲᠡ ᠪᠠ
ᠨᠡᠶᠢᠭᠡᠮ ᠤᠨ ᠲᠡᠪᠰᠢᠯᠳᠠ ᠢᠨ ᠵᠠᠩᠭᠢᠯᠠᠭ᠎ᠠ ᠢᠨ ᠴᠠᠭ ᠦᠶ᠎ᠡ ᠮᠥᠨ ᠃ ᠪᠢᠳᠡ 《 ᠬᠣᠶᠠᠷ
ᠬᠤᠪᠢᠷᠠᠭᠤᠯᠤᠯᠲᠠ 》 ᠂ 《 ᠬᠣᠶᠠᠷ ᠢ ᠲᠡᠭᠰᠢᠯᠡᠭᠦᠯᠬᠦ 》 ᠶᠢ ᠪᠡᠶᠡᠯᠡᠭᠦᠯᠵᠦ ᠂ 《 ᠬᠣᠶᠠᠷ
ᠶᠡᠬᠡ ᠲᠡᠦᠬᠡᠲᠦ ᠡᠭᠦᠷᠭᠡ ᠶᠢ ᠪᠡᠶᠡᠯᠡᠭᠦᠯᠵᠦ 》 ᠂ ᠡᠷᠬᠡᠪᠰᠢ ᠤᠶᠤᠨ ᠣ ᠪᠣᠯᠪᠠᠰᠤᠨ ᠤ
ᠪᠦᠲᠦᠭᠡᠨ ᠪᠠᠶᠢᠭᠤᠯᠤᠯᠲᠠ ᠪᠠᠷ ᠴᠢᠬᠤᠯᠠ ᠪᠠᠲᠤᠯᠠᠭ᠎ᠠ ᠪᠣᠯᠭᠠᠬᠤ ᠬᠡᠷᠡᠭᠲᠡᠢ ᠃ ᠡᠯ᠎ᠡ
ᠱᠠᠲᠤᠨ ᠣ ᠨᠠᠮ ᠤᠨ ᠬᠣᠷᠢᠶ᠎ᠠ ᠂ ᠵᠠᠰᠠᠭ ᠤᠨ ᠣᠷᠳᠣᠨ᠂ ᠨᠠᠮ ᠤᠨ ᠡᠯ᠎ᠡ ᠱᠠᠲᠤᠨ ᠣ ᠤᠳᠤᠷᠢᠳᠬᠤ
ᠺᠠᠳ᠋ᠷ ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ
ᠪᠠᠶᠢᠭᠤᠯᠬᠤ ᠢᠨ ᠵᠣᠭᠰᠤᠴᠠ ᠂ ᠮᠠᠨ ᠣ ᠣᠷᠣᠨ ᠣ ᠢᠷᠡᠭᠡᠳᠦᠶ ᠢᠨ ᠬᠥᠭᠵᠢᠯᠲᠡ ᠢᠨ ᠵᠣᠭᠰᠤᠴᠠ ᠂
ᠦᠨᠳᠦᠰᠦᠲᠡᠨ ᠨᠤᠭᠦᠳ ᠦᠨ ᠶᠡᠬᠡ ᠪᠦᠯᠬᠦᠮᠳᠡᠯ ᠢ ᠠᠬᠢᠭᠤᠯᠬᠤ ᠵᠣᠭᠰᠤᠴᠠ ᠂ ᠬᠢᠯᠢ ᠬᠢᠵᠠᠭᠠᠷ
ᠣᠷᠣᠨ ᠣ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠡᠬᠡ ᠣᠷᠣᠨ ᠣ ᠨᠢᠭᠡᠳᠦᠯ ᠢ
ᠡᠰᠡᠷᠭᠦᠴᠡᠬᠦ ᠳᠠᠶᠢᠰᠤᠩᠨᠠᠭᠴᠢ ᠬᠦᠴᠦᠨ ᠣ ᠪᠢᠳᠡᠨ ᠢ 《 ᠥᠷᠥᠨᠡᠴᠢᠯᠡᠬᠦ 》 ᠂ 《 ᠵᠠᠳᠠᠷᠠᠭᠤᠯᠬᠤ
》 ᠭᠡᠰᠡᠨ ᠵᠣᠭᠰᠤᠴᠠ ᠢ ᠭᠦᠢᠴᠡᠳ ᠲᠠᠨᠢᠵᠤ ᠂ ᠰᠢᠨ᠎ᠡ ᠮᠠᠶ᠋ᠢᠭ ᠤᠨ ᠪᠠᠶᠢᠳᠠᠯ ᠳᠣᠣᠷ᠎ᠠ
ᠨᠡᠶᠢᠭᠡᠮ ᠵᠢᠷᠤᠮ ᠤᠨ ᠤᠶᠤᠨ ᠣ ᠪᠣᠯᠪᠠᠰᠤᠨ ᠣ ᠪᠠᠶᠢᠭᠤᠯᠤᠯᠲᠠ ᠶᠢ ᠴᠢᠩᠭᠠᠳᠬᠠᠵᠤ ᠂ ᠴᠢᠬᠤᠯᠠ
ᠶᠡᠬᠡ ᠪᠠᠶᠢᠯᠳᠤᠬᠤ ᠪᠤᠳᠤᠯᠭ᠎ᠠ ᠢᠨ ᠠᠴᠢ ᠬᠣᠯᠪᠣᠭᠳᠠᠯ ᠲᠠᠶ ᠂ ᠢᠮᠠᠭᠲᠠ ᠴᠤᠴᠠᠯᠲᠠ ᠦᠭᠡᠢ
ᠪᠠᠷᠢᠮᠲᠠᠯᠠᠵᠤ ᠂ 《 ᠬᠣᠶᠠᠷ ᠲᠠᠯ᠎ᠠ ᠶᠢ ᠠᠳᠬᠤᠵᠤ ᠂ ᠬᠣᠶᠠᠷ ᠲᠠᠯ᠎ᠠ ᠶᠢ ᠴᠥᠮ ᠴᠢᠩᠭ᠎ᠠ
ᠠᠳᠬᠤᠬᠤ 》 ᠴᠢᠭᠯᠡᠯᠲᠡ ᠶᠢ ᠪᠠᠷᠢᠮᠲᠠᠯᠠᠬᠤ ᠂ ᠠᠵᠤ ᠠᠬᠤᠶ ᠢᠨ ᠪᠦᠲᠦᠭᠡᠨ ᠪᠠᠶᠢᠭᠤᠯᠤᠯᠲᠠ ᠪᠠᠷ
ᠭᠣᠣᠯᠳᠠᠯᠭ᠎ᠠ ᠪᠣᠯᠭᠠᠵᠦ ᠂ ᠪᠣᠳᠠᠰ ᠤᠨ ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢ ᠨᠡᠩ
ᠰᠠᠶᠢᠲᠤᠷ ᠬᠢᠬᠦ ᠢᠨ ᠬᠠᠮᠲᠤ ᠤᠶᠤᠨ ᠣ ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢ ᠨᠡᠩ
ᠲᠤᠪᠤᠢᠢᠮ᠎ᠠ ᠪᠠᠶᠢᠷᠢᠨ ᠳᠦ ᠲᠠᠯᠪᠢᠵᠦ᠂ ᠮᠠᠨ ᠣ ᠣᠷᠣᠨ ᠣ ᠣᠶᠤᠨ ᠣ ᠪᠣᠯᠪᠠᠰᠤᠨ ᠣ
ᠪᠠᠶᠢᠭᠤᠯᠤᠯᠲᠠ ᠢᠨ ᠰᠢᠨ᠎ᠡ ᠪᠠᠶᠢᠳᠠᠯ ᠢ ᠪᠣᠢ ᠪᠣᠯᠭᠠᠬᠤ ᠪᠠᠷ ᠴᠢᠷᠮᠠᠶᠢᠨ᠎ᠠ ᠃
ᠵᠢᠷᠭᠤᠳᠤᠭᠠᠷ ᠪᠥᠬᠥᠳᠡ ᠬᠤᠷᠠᠯ ᠤᠨ 《 ᠰᠢᠶᠳᠪᠦᠷᠢ 》 ᠳᠤ ᠮᠠᠨ ᠣ ᠤᠯᠤᠰ ᠤᠨ
ᠢᠷᠡᠭᠡᠳᠦᠢ ᠢᠨ ᠠᠷᠪᠠᠨ ᠲᠠᠪᠤᠨ ᠵᠢᠯ ᠳᠡᠬᠢ ᠨᠡᠶᠢᠭᠡᠮ ᠵᠢᠷᠤᠮ ᠤᠨ ᠤᠶᠤᠨ ᠣ ᠪᠣᠯᠪᠠᠰᠤᠨ ᠣ
ᠪᠦᠲᠦᠭᠡᠨ ᠪᠠᠶᠢᠭᠤᠯᠤᠯᠲᠠ ᠢᠨ ᠭᠣᠣᠯ ᠲᠡᠮᠡᠴᠡᠯ ᠤᠨ ᠬᠠᠷᠠᠯᠲᠠ ᠪᠣᠯᠤᠨ ᠢᠷᠡᠭᠡᠳᠦᠢ ᠢᠨ ᠲᠠᠪᠤᠨ
ᠵᠢᠯ ᠤᠨ ᠭᠣᠣᠯ ᠡᠭᠦᠷᠭᠡ ᠶᠢ ᠳᠤᠷᠠᠳᠴᠠᠢ᠃ 《ᠰᠢᠶᠳᠪᠦᠷᠢ 》 ᠢᠨ ᠵᠣᠷᠢᠭ ᠰᠠᠨᠠᠭ᠎ᠠ ᠪᠣᠯᠤᠨ
ᠮᠠᠨ ᠣ ᠣᠷᠣᠨ ᠣ 《 ᠶᠢᠰᠦᠳᠦᠭᠡᠷ ᠲᠠᠪᠤᠨ ᠵᠢᠯ 》 ᠦᠨ ᠲᠥᠯᠥᠪᠯᠡᠭᠡᠨ ᠣ ᠬᠤᠭᠤᠴᠠᠭᠠᠨ ᠳᠤ
ᠠᠵᠤ ᠠᠬᠤᠶ ᠨᠡᠶᠢᠭᠡᠮ ᠤᠨ ᠬᠥᠭᠵᠢᠯᠲᠡ ᠢᠨ ᠱᠠᠭᠠᠷᠳᠠᠯᠭ᠎ᠠ ᠶᠢ ᠦᠨᠳᠦᠰᠦᠯᠡᠪᠡᠯ ᠮᠠᠨ ᠣ
ᠣᠷᠣᠨ ᠣ ᠂ ᠢᠷᠡᠭᠡᠳᠦᠢ ᠢᠨ ᠲᠠᠪᠤᠨ ᠵᠢᠯ ᠤᠨ ᠨᠡᠶᠢᠭᠡᠮ ᠵᠢᠷᠤᠮ ᠤᠨ ᠤᠶᠤᠨ ᠣ ᠪᠦᠲᠦᠭᠡᠨ
ᠪᠣᠯᠪᠠᠰᠤᠨ ᠣ ᠪᠠᠶᠢᠭᠤᠯᠤᠯᠲᠠ ᠢᠨ ᠭᠣᠣᠯ ᠬᠠᠷᠠᠯᠲᠠ ᠪᠣᠯ ᠄ ᠮᠠᠷᠺᠰ ᠯᠧᠨᠢᠨ ᠣ ᠦᠵᠡᠯ ᠂
ᠮᠠᠤ ᠽᠸ ᠳ᠋ᠦᠩ ᠦᠨ ᠦᠵᠡᠯ ᠰᠠᠨᠠᠭ᠎ᠠ ᠪᠠ ᠳ᠋ᠧᠩ ᠰᠢᠶᠦᠦ ᠫᠢᠩ ᠤᠨ ᠣᠨᠣᠯ ᠳᠤᠮᠳᠠᠳᠤ ᠤᠯᠤᠰ ᠤᠨ
ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠤᠨ ᠵᠢᠯᠣᠭᠣᠳᠣᠯᠭ᠎ᠠ ᠳᠣᠣᠷ᠎ᠠ ᠂ ᠦᠵᠡᠯ
ᠰᠠᠨᠠᠭ᠎ᠠ ᠶᠣᠰᠣ ᠰᠤᠷᠲᠠᠬᠤᠨ ᠂ ᠰᠢᠨᠵᠢᠯᠡᠬᠦ ᠤᠬᠠᠭᠠᠨ ᠪᠠ ᠰᠣᠶᠣᠯ ᠂ ᠠᠷᠠᠳᠴᠢᠯᠠᠯ᠂ ᠬᠠᠤᠯᠢ
ᠳᠦᠷᠢᠮ᠂ ᠰᠤᠷᠭᠠᠨ ᠬᠥᠮᠦᠵᠢᠯ ᠢᠶᠠᠷ ᠭᠣᠣᠯ ᠠᠭᠤᠯᠭ᠎ᠠ ᠪᠣᠯᠭᠠᠵᠤ ᠂ ᠠᠷᠠᠳ ᠢᠷᠭᠡᠨ ᠣ ᠬᠡᠪ
ᠴᠢᠨᠠᠷ ᠤᠨ ᠢᠯᠡᠳᠲᠡ ᠳᠡᠭᠡᠭᠰᠢᠯᠡᠬᠦ ᠶᠢ ᠪᠡᠶᠡᠯᠡᠭᠦᠯᠦᠨ᠎ᠡ ᠃ ᠨᠠᠮ ᠤᠨ ᠪᠦᠬᠦ ᠰᠡᠳᠬᠢᠯ ᠪᠦᠬᠦ
ᠵᠣᠷᠢᠭ ᠢᠶᠡᠷ ᠢᠶᠡᠨ ᠠᠷᠠᠳ ᠲᠦᠮᠡᠨ ᠳᠦ ᠦᠢᠯᠡᠴᠢᠯᠡᠬᠦ ᠵᠣᠷᠢᠯᠲᠠ ᠪᠡᠷ ᠴᠦᠮ᠎ᠡ ᠪᠣᠯᠭᠠᠬᠤ ᠶᠢ
ᠪᠠᠷᠢᠮᠲᠠᠯᠠᠵᠦ ᠂ ᠺᠠᠳ᠋ᠷ ᠤᠨ ᠡᠩᠨᠡᠭᠡᠨ ᠣ ᠬᠡᠪ ᠴᠢᠨᠠᠷ ᠢ ᠢᠯᠡᠳᠲᠡ ᠳᠡᠭᠡᠭᠰᠢᠯᠡᠭᠦᠯᠦᠨ᠎ᠡ ᠃
ᠨᠡᠶᠢᠭᠡᠮ ᠵᠢᠷᠤᠮ ᠤᠨ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠦᠲᠦᠭᠡᠨ
ᠪᠠᠶᠢᠭᠤᠯᠤᠯᠲᠠ ᠪᠡᠷ ᠭᠣᠣᠯᠳᠠᠯᠭ᠎ᠠ ᠪᠣᠯᠭᠠᠬᠤ ᠶᠢ ᠴᠢᠩᠭᠠᠳᠬᠠᠨ ᠂ ᠠᠵᠢᠯ ᠲᠥᠷᠥᠯ ᠤᠨ ᠬᠡᠪ
ᠰᠤᠷᠲᠠᠯ ᠢ ᠮᠡᠳᠡᠭᠳᠡᠮ᠎ᠡ ᠰᠠᠶᠢᠵᠢᠷᠠᠭᠤᠯᠤᠨ᠎ᠠ ᠃ ᠤᠯᠠᠨ ᠲᠦᠮᠡᠨᠴᠢ ᠴᠢᠨᠠᠷᠲᠠᠶ ᠤᠶᠤᠨ ᠣ
ᠪᠣᠯᠪᠠᠰᠤᠨ ᠣ ᠡᠭᠦᠳᠦᠨ ᠪᠠᠶᠢᠭᠤᠯᠬᠤ ᠠᠵᠢᠯᠯᠠᠭ᠎ᠠ ᠪᠠᠷ ᠭᠣᠣᠯ ᠬᠡᠯᠪᠡᠷᠢ ᠪᠣᠯᠭᠠᠵᠤ ᠂ ᠬᠤᠲᠠ
ᠬᠥᠳᠡᠭᠡ ᠢᠨ ᠨᠡᠶᠢᠭᠡᠮ ᠤᠨ ᠬᠡᠪ ᠰᠤᠷᠲᠠᠯ ᠢ ᠮᠡᠳᠡᠭᠳᠡᠬᠦᠶᠢᠴᠡ ᠰᠠᠶᠢᠵᠢᠷᠠᠭᠤᠯᠤᠨ ᠂
ᠪᠣᠳᠠᠰ ᠤᠨ ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠤᠳᠠᠰ ᠤᠨ
ᠪᠣᠯᠪᠠᠰᠤᠨ ᠣ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠶ ᠬᠥᠭᠵᠢᠯᠲᠡ ᠶᠢ ᠠᠭᠢᠭᠤᠯᠤᠨ᠎ᠠ ᠃
ᠡᠯ᠎ᠡ ᠭᠠᠵᠠᠷ ᠣᠷᠣᠨ ᠣ ᠡᠯ᠎ᠡ ᠰᠠᠯᠠᠭ᠎ᠠ ᠮᠥᠴᠢᠷ ᠤᠨ ᠬᠢᠨ ᠴᠥᠮ ᠵᠢᠷᠭᠤᠳᠤᠭᠠᠷ ᠪᠥᠬᠥᠳᠡ
ᠬᠤᠷᠠᠯ ᠤᠨ 《 ᠰᠢᠶᠳᠪᠦᠷᠢ 》 ᠢᠨ ᠵᠣᠷᠢᠭ ᠰᠠᠨᠠᠭ᠎ᠠ ᠪᠠ ᠲᠤᠰ ᠲᠤᠤᠱᠯᠠᠭᠤᠯᠵᠤ ᠰᠠᠨᠠᠯ ᠬᠢᠭᠡᠳ
《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠣ 1996 ᠣᠨ ᠡᠴᠡ 2000 ᠣᠨ
ᠬᠦᠷᠲᠡᠯᠡᠬᠢ ᠨᠡᠶᠢᠭᠡᠮ ᠵᠢᠷᠤᠮ ᠤᠨ ᠤᠶᠤᠨ ᠣ ᠪᠣᠯᠪᠠᠰᠤᠨ ᠣ ᠪᠠᠶᠢᠭᠤᠯᠤᠯᠲᠠ ᠢᠨ
ᠲᠥᠯᠥᠪᠵᠢᠭᠦᠯᠭᠡ 》 ᠶᠣᠰᠤᠭᠠᠷ ᠥᠪᠡᠷ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠂
ᠪᠤᠲᠠᠲᠠᠢ ᠡᠭᠦᠷᠭᠡ ᠪᠠ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ ᠃ 《 ᠪᠠᠶᠢᠭᠤᠯᠤᠯᠲᠠ ᠶᠢ
ᠴᠢᠬᠤᠯᠠᠴᠢᠯᠠᠨ ᠂ ᠪᠠᠲᠤ ᠪᠠᠷᠢᠮᠲᠠᠯᠠᠵᠤ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ 》
ᠵᠠᠷᠴᠢᠮ ᠶᠣᠰᠣᠭᠠᠷ ᠂ ᠴᠤᠴᠠᠯᠲᠠ ᠦᠭᠡᠢ ᠠᠳᠬᠤᠵᠤ ᠂ ᠰᠠᠶᠢᠲᠤᠷ ᠨᠠᠶᠢᠳᠠᠪᠤᠷᠢᠵᠢᠭᠤᠯᠵᠤ ᠂ ᠤᠯᠠᠨ
ᠲᠦᠮᠡᠨ ᠣ ᠬᠦᠷᠢᠶᠡᠯᠡᠯ ᠢ ᠣᠯᠣᠭᠰᠠᠨ ᠦᠷ᠎ᠡ ᠪᠦᠲᠦᠮᠵᠢ ᠲᠡᠶ ᠠᠵᠢᠯ ᠪᠦᠲᠦᠭᠡᠨ᠎ᠡ ᠃
ᠨᠢᠭᠡ
᠂ ᠰᠢᠨᠵᠢᠯᠡᠬᠦ ᠤᠬᠠᠭᠠᠨᠴᠢ ᠤᠨᠤᠯ ᠢᠶᠠᠷ ᠺᠠᠳ᠋ᠷ ᠤᠯᠠᠨ ᠲᠦᠮᠡᠨ ᠢ ᠵᠡᠪᠰᠡᠭᠯᠡᠬᠦ ᠶᠢ
ᠪᠠᠷᠢᠮᠲᠠᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠦ ᠠᠬᠤᠢ ᠢᠨ ᠣᠨᠣᠯ ᠶᠡᠬᠡ
ᠰᠤᠷᠦᠯᠴᠡᠯᠭ᠎ᠠ ᠢᠨ ᠲᠤᠬᠠᠶ ᠶᠡᠬᠡ ᠶᠠᠷᠢᠯᠴᠠᠭ᠎ᠠ ᠭᠦᠨᠵᠡᠭᠡᠶ ᠥᠷᠨᠢᠭᠦᠯᠵᠦ ᠂ ᠮᠠᠷᠺᠰ ᠯᠧᠨᠢᠨ ᠣ
ᠦᠵᠡᠯ ᠂ ᠮᠠᠤ ᠽᠸ ᠳ᠋ᠦᠩ ᠤᠨ ᠦᠵᠡᠯ ᠰᠠᠨᠠᠭ᠎ᠠ ᠂ ᠢᠯᠠᠩᠭᠤᠶ᠎ᠠ ᠳ᠋ᠧᠩ ᠰᠢᠶᠤᠤ ᠫᠢᠩ ᠨᠥᠬᠥᠷ ᠤᠨ
ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠦᠯ ᠢᠶᠠᠷ ᠪᠦᠬᠦ ᠨᠠᠮ ᠢ
ᠵᠡᠪᠰᠡᠭᠯᠡᠬᠦ ᠬᠥᠮᠦᠵᠢᠯ ᠢ ᠡᠯ᠎ᠡ ᠦᠨᠳᠦᠰᠦᠲᠡᠨ ᠣ ᠺᠠᠳ᠋ᠷ ᠪᠣᠯᠤᠨ ᠠᠷᠠᠳ ᠲᠦᠮᠡᠨ ᠢ ᠰᠤᠷᠭᠠᠨ
ᠬᠦᠮᠦᠵᠢᠭᠦᠯᠬᠦ ᠪᠣᠯ ᠤᠶᠤᠨ ᠣ ᠪᠣᠯᠪᠠᠰᠤᠨ ᠣ ᠪᠠᠶᠢᠭᠤᠯᠤᠯᠲᠠ ᠢᠨ ᠲᠡᠷᠢᠭᠦᠨ ᠴᠢᠬᠤᠯᠠ
ᠡᠭᠦᠷᠭᠡ ᠮᠥᠨ ᠃ ᠡᠯ᠎ᠡ ᠱᠠᠲᠤᠨ ᠣ ᠨᠠᠮ ᠤᠨ ᠤᠳᠤᠷᠢᠳᠬᠤ ᠳᠤᠭᠤᠶᠢᠯᠠᠩ ᠡᠨᠡᠬᠦ ᠡᠭᠦᠷᠭᠡ ᠶᠢ
ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠶ᠃ ᠬᠦᠮᠦᠵᠢᠯ ᠢᠶᠡᠷ
ᠳᠠᠮᠵᠢᠭᠤᠯᠤᠨ᠂ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠣᠳᠴᠤ ᠨᠡᠶᠢᠭᠡᠮ ᠵᠢᠷᠤᠮᠲᠤ
ᠣᠨᠴᠠᠯᠢᠭ ᠪᠦᠬᠦᠢ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠮᠲᠤ ᠢᠨ ᠬᠦᠰᠡᠯᠡᠩ ᠪᠠ ᠵᠥᠪ
ᠶᠢᠷᠲᠢᠨᠴᠦ ᠢᠨ ᠦᠵᠡᠯᠲᠡ᠂ ᠠᠮᠢᠳᠤᠷᠠᠬᠤᠶ ᠢᠨ ᠦᠵᠡᠯᠲᠡ ᠂ ᠦᠷᠳᠡᠭ ᠤᠨ ᠦᠵᠡᠯᠲᠡ ᠶᠢ ᠪᠤᠢ
ᠪᠣᠯᠭᠠᠨ᠎ᠠ ᠃ ᠡᠯ᠎ᠡ ᠱᠠᠲᠤᠨ ᠣ ᠤᠳᠤᠷᠢᠳᠬᠤ ᠺᠠᠳ᠋ᠷᠴᠤᠳ ᠲᠣᠯᠣᠭᠠᠶᠢᠯᠠᠨ ᠣᠨᠣᠯ ᠢ ᠰᠠᠶᠢᠲᠤᠷ
ᠰᠤᠷᠤᠯᠴᠠᠭᠰᠠᠨ ᠪᠠᠶᠢᠬᠤ ᠬᠡᠷᠡᠭᠲᠡᠢ ᠃ ᠰᠤᠷᠤᠯᠴᠠᠬᠤ ᠳᠠᠭᠠᠨ ᠦᠵᠡᠯ ᠰᠠᠨᠠᠭ᠎ᠠ ᠪᠠᠨ
ᠴᠢᠯᠥᠭᠡᠯᠡᠵᠦ ᠂ ᠦᠨᠡᠨ ᠬᠡᠷᠡᠭ ᠡᠴᠡ ᠵᠥᠪ ᠢ ᠡᠷᠢᠬᠦ ᠡᠨᠡ ᠬᠦ ᠴᠢᠮᠥᠭᠡ ᠶᠢ ᠴᠢᠩᠭ᠎ᠠ
ᠡᠵᠡᠮᠰᠢᠵᠦ ᠂ ᠶᠠᠭᠤ ᠨᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠳᠦᠭᠡᠠ
ᠪᠠᠶᠢᠭᠤᠯᠬᠤ ᠪᠤᠢ ᠭᠡᠬᠦ ᠦᠨᠳᠦᠰᠦᠨ ᠠᠰᠠᠭᠤᠳᠠᠯ ᠤᠨ ᠲᠣᠭᠣᠷᠢᠨ ᠳᠤ ᠳ᠋ᠧᠩ ᠰᠢᠶᠤᠤ ᠫᠢᠩ ᠤᠨ
ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠣᠨᠣᠯ》 ᠤᠨ ᠦᠨᠳᠦᠰᠦᠨ ᠠᠭᠤᠯᠭ᠎ᠠ
ᠪᠣᠯᠤᠨ ᠵᠣᠷᠢᠭ ᠰᠠᠨᠠᠭᠠᠨ ᠣ ᠮᠥᠨ ᠴᠢᠨᠠᠷ ᠢ ᠪᠦᠬᠦ ᠲᠠᠯ᠎ᠠ ᠪᠠᠷ ᠵᠥᠪ ᠣᠨᠣᠪᠴᠢᠲᠠᠶ
ᠤᠶᠢᠯᠠᠭᠠᠨ᠂ ᠪᠠᠯᠠᠷᠬᠠᠢ ᠲᠠᠨᠢᠯᠲᠠ ᠪᠠᠨ ᠲᠣᠳᠣᠷᠬᠠᠢ ᠪᠣᠯᠭᠠᠵᠤ ᠂ ᠵᠥᠪ ᠪᠤᠷᠤᠭᠤ ᠶᠢ ᠢᠯᠭᠠᠬᠤ ᠂
ᠢᠮᠠᠭᠲᠠ ᠨᠠᠮ ᠤᠨ ᠦᠨᠳᠦᠰᠦᠨ ᠱᠤᠭᠤᠮ ᠦᠨᠳᠦᠰᠦᠨ ᠴᠢᠭᠯᠡᠯᠲᠡ ᠶᠢ ᠬᠡᠷᠡᠭᠵᠢᠭᠦᠯᠬᠦ ᠤᠬᠠᠮᠰᠠᠷᠲᠤ
ᠴᠢᠨᠠᠷ ᠪᠠ ᠡᠷᠡᠰ ᠪᠠᠲᠤ ᠴᠢᠨᠠᠷ ᠢ ᠳᠡᠭᠡᠭᠰᠢᠯᠡᠭᠦᠯᠦᠨ᠎ᠡ ᠃ ᠤᠨᠤᠯ ᠰᠤᠷᠬᠤ ᠪᠠ ᠨᠠᠮ ᠤᠨ
ᠳᠦᠷᠢᠮ ᠢ ᠰᠤᠷᠤᠯᠴᠠᠬᠤ ᠶᠢ ᠨᠢᠭᠲᠠ ᠤᠶᠠᠯᠳᠤᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠣ
ᠦᠵᠡᠯ ᠰᠠᠨᠠᠭ᠎ᠠ ᠤᠯᠤᠰ ᠲᠤᠢᠷᠦ ᠢᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂
ᠨᠠᠮ ᠤᠨ ᠭᠡᠰᠢᠭᠦᠨ ᠣ ᠦᠭᠡ ᠶᠠᠷᠢᠶ᠎ᠠ ᠦᠢᠯᠡ ᠠᠵᠢᠯᠯᠠᠭ᠎ᠠ ᠨᠠᠮ ᠤᠨ ᠲᠦᠷᠢᠮ ᠢᠶᠡᠷ
ᠳᠦᠷᠢᠮᠵᠢᠭᠦᠯᠦᠨ᠎ᠡ ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠢᠨ
ᠤᠨᠤᠯ ᠤᠨ ᠶᠡᠬᠡ ᠰᠤᠷᠤᠯᠴᠠᠯᠭ᠎ᠠ ᠬᠢᠬᠦ ᠶᠡᠬᠡ ᠶᠠᠷᠢᠯᠴᠠᠭ᠎ᠠ ᠶᠢ ᠦᠷᠭᠦᠯᠵᠢᠯᠡᠨ ᠦᠷᠨᠢᠭᠦᠯᠦᠨ᠎ᠡ ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠤᠯᠭ᠎ᠠ ᠢᠨ ᠬᠢᠨ ᠬᠤᠪᠢ ᠳᠦ ᠂
ᠲᠤᠷᠰᠢᠯᠭ᠎ᠠ ᠪᠠᠨ ᠳ᠋ᠦᠩᠨᠡᠵᠦ ᠂ ᠳᠤᠲᠠᠭᠳᠠᠯ ᠲᠠᠶ ᠲᠠᠯ᠎ᠠ ᠪᠠ ᠵᠥᠷᠢᠶ᠎ᠡ ᠪᠡᠨ ᠡᠷᠢᠵᠦ᠂
ᠠᠵᠢᠯ ᠤᠨ ᠡᠷᠴᠢᠮ ᠢᠶᠠᠨ ᠴᠢᠩᠭᠠᠷᠠᠭᠤᠯᠵᠤ ᠂ ᠡᠨᠡ ᠬᠦ ᠤᠯᠠᠨ ᠲᠦᠮᠡᠨᠴᠢ ᠴᠢᠨᠠᠷᠲᠠᠶ
ᠠᠵᠢᠯᠯᠠᠭ᠎ᠠ ᠶᠢ ᠠᠵᠢᠯᠯᠠᠭ᠎ᠠ ᠶᠢ ᠲᠠᠰᠤᠷᠠᠯᠲᠠ ᠦᠭᠡᠶ ᠭᠦᠨᠵᠡᠭᠡᠶᠢᠷᠡᠭᠦᠯᠦᠨ᠎ᠡ ᠃
ᠰᠤᠷᠤᠯᠴᠠᠯᠭ᠎ᠠ ᠶᠠᠷᠢᠯᠴᠠᠭ᠎ᠠ ᠪᠠᠷ ᠳᠠᠮᠵᠢᠭᠤᠯᠤᠨ ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ
ᠴᠢᠯᠥᠭᠡᠯᠡᠵᠦ ᠂ ᠦᠵᠡᠯᠲᠡ ᠪᠡᠨ ᠰᠢᠨᠡᠳᠬᠡᠨ ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ
ᠠᠵᠤ ᠠᠬᠤᠢ ᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠵᠤ ᠠᠬᠤᠶᠢᠯᠠᠯ ᠤᠨ ᠬᠢᠨ
ᠶᠡᠬᠡ ᠰᠤᠷᠤᠯᠴᠠᠯᠭ᠎ᠠ ᠬᠢᠬᠦ ᠲᠤᠬᠠᠶ ᠶᠡᠬᠡ ᠶᠠᠷᠢᠯᠴᠠᠭ᠎ᠠ ᠪᠣᠯᠤᠨ ᠰᠤᠷᠤᠯᠴᠠᠬᠤ
ᠲᠤᠷᠰᠢᠯᠭ᠎ᠠ ᠶᠢ ᠤᠶᠠᠯᠳᠤᠭᠤᠯᠤᠨ ᠂ ᠦᠵᠡᠯ ᠰᠠᠨᠠᠭᠠᠨ ᠣ ᠬᠠᠷᠰᠢ ᠰᠠᠭᠠᠳ ᠢ ᠢᠯᠠᠨ ᠳᠠᠪᠠᠵᠤ ᠂
ᠬᠦᠴᠦᠯᠡᠨ ᠰᠢᠶᠳᠪᠦᠷᠢᠯᠡᠵᠦ ᠂ ᠠᠵᠤ ᠠᠬᠤᠶ ᠢᠨ ᠠᠵᠢᠯᠯᠠᠭᠠᠨ ᠣ ᠳᠤᠮᠳᠠ ᠲᠣᠬᠢᠶᠠᠯᠳᠤᠭᠰᠠᠨ
ᠬᠦᠴᠢᠷᠲᠠᠯ ᠪᠣᠯᠤᠨ ᠵᠥᠷᠢᠴᠡᠯ ᠢ ᠰᠢᠢᠳᠪᠦᠷᠢᠯᠡᠨ ᠂ ᠥᠭᠡᠷᠡᠴᠢᠯᠡᠯᠲᠡ ᠪᠠ ᠬᠥᠭᠵᠢᠯᠲᠡ ᠶᠢ
ᠠᠭᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠣ ᠬᠢᠨ ᠶᠠᠳᠠᠭᠤ ᠠᠴᠠ ᠠᠩᠭᠢᠵᠢᠷᠠᠭᠤᠯᠤᠨ
ᠪᠠᠶᠠᠨ ᠴᠢᠨᠡᠭᠡᠯᠢᠭ ᠪᠣᠯᠭᠠᠬᠤ ᠡᠨᠡ ᠬᠦ ᠭᠣᠣᠯ ᠰᠡᠳᠦᠪ ᠤᠨ ᠲᠣᠭᠤᠷᠢᠨ ᠳᠤ ᠰᠤᠷᠤᠯᠴᠠᠯᠭ᠎ᠠ
ᠶᠠᠷᠢᠯᠴᠠᠭ᠎ᠠ ᠥᠷᠨᠢᠭᠦᠯᠵᠦ ᠂ ᠦᠢᠯᠡᠳᠪᠦᠷᠢᠯᠡᠯ ᠡᠵᠡᠩᠨᠡᠯᠲᠡ ᠢᠨ ᠠᠷᠭ᠎ᠠ ᠮᠠᠶ᠋ᠢᠭ ᠤᠨ
ᠬᠤᠪᠢᠷᠠᠯᠲᠠ ᠶᠢ ᠠᠬᠢᠭᠤᠯᠤᠨ᠎ᠠ ᠃ ᠪᠤᠰᠤᠳ ᠡᠯ᠎ᠡ ᠠᠵᠢᠯ ᠲᠤᠢᠷᠦᠯ ᠤᠨ ᠬᠢᠠ ᠴᠥᠮ ᠶᠡᠬᠡ
ᠰᠤᠷᠤᠯᠴᠠᠯᠭ᠎ᠠ ᠶᠡᠬᠡ ᠶᠠᠷᠢᠯᠴᠠᠭ᠎ᠠ ᠪᠠᠷ ᠳᠠᠮᠵᠢᠭᠤᠯᠤᠨ᠂ ᠲᠤᠰ ᠲᠤᠰ ᠤᠨ ᠠᠵᠢᠯ ᠢᠶᠡᠨ
ᠠᠭᠢᠭᠤᠯᠤᠨ᠎ᠠ ᠃
ᠬᠣᠶᠠᠷ ᠂ 《 ᠥᠪᠥᠷ ᠮᠣᠩᠭᠣᠯ ᠢᠶᠠᠨ ᠬᠠᠶᠢᠷᠠᠯᠠᠬᠤ᠂ ᠥᠪᠥᠷ
ᠮᠣᠩᠭᠣᠯ ᠢ ᠪᠦᠳᠦᠭᠡᠨ ᠪᠠᠶᠢᠭᠤᠯᠬᠤ 》 ᠪᠡᠷ ᠭᠣᠣᠯ ᠰᠡᠳᠦᠪ ᠪᠣᠯᠭᠠᠵᠤ ᠂ ᠡᠭᠡ ᠣᠷᠣᠨᠴᠢ ᠦᠵᠡᠯ ᠂
ᠨᠡᠶᠢᠲᠡᠴᠢ ᠦᠵᠡᠯ ᠂ ᠨᠡᠶᠢᠭᠡᠮ ᠵᠢᠷᠤᠮᠲᠤ ᠬᠥᠮᠦᠵᠢᠯ ᠢ ᠭᠦᠨᠵᠡᠭᠡᠶ ᠦᠷᠨᠢᠭᠦᠯᠦᠨ᠎ᠡ᠃
ᠤᠯᠤᠰ ᠢᠶᠡᠨ ᠬᠠᠶᠢᠷᠠᠯᠠᠬᠤ ᠦᠵᠡᠯ ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠰᠤᠷᠭᠠᠨ
ᠬᠥᠮᠦᠵᠢᠯ ᠪᠣᠯ ᠦᠵᠡᠯ ᠰᠠᠨᠠᠭᠠᠨ ᠣ ᠪᠦᠲᠦᠭᠡᠨ ᠪᠠᠢ᠌ᠭᠤᠯᠤᠯᠲᠠ ᠢᠨ ᠨᠢᠭᠡᠨ ᠦᠨᠳᠦᠰᠦᠨ ᠡᠭᠦᠷᠭᠡ
ᠮᠥᠨ ᠃ 《 ᠥᠪᠥᠷ ᠮᠣᠩᠭᠣᠯ ᠢᠶᠠᠨ ᠬᠠᠶᠢᠷᠠᠯᠠᠬᠤ᠂ ᠥᠪᠥᠷ ᠮᠣᠩᠭᠣᠯ ᠢ ᠪᠦᠳᠦᠭᠡᠨ ᠪᠠᠶᠢᠭᠤᠯᠬᠤ 》
ᠭᠣᠣᠯ ᠰᠡᠳᠦᠪ ᠤᠨ ᠵᠣᠷᠢᠭ ᠰᠠᠨᠠᠭ᠎ᠠ ᠶᠢ ᠪᠠᠳᠠᠷᠠᠭᠤᠯᠵᠦ᠂ ᠡᠨᠡ ᠬᠦ ᠬᠥᠮᠦᠵᠢᠯ ᠤᠨ
ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠪᠠᠶᠢᠨ᠎ᠠ ᠃ ᠦᠨᠳᠦᠰᠦᠲᠡᠨ ᠨᠤᠭᠦᠳ ᠤᠨ ᠺᠠᠳ᠋ᠷ ᠣᠯᠠᠨ
ᠲᠦᠮᠡᠨ ᠢ ᠬᠥᠲᠥᠯᠥᠨ ᠵᠢᠯᠣᠭᠣᠳᠴᠤ ᠥᠪᠥᠷ ᠮᠣᠩᠭᠣᠯ ᠢᠶᠠᠨ ᠬᠠᠶᠢᠷᠠᠯᠠᠬᠤ ᠡᠨᠡ ᠬᠦ
ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠭᠠᠵᠠᠷ ᠰᠢᠷᠣᠶ ᠂ ᠠᠵᠢᠯᠴᠢ ᠬᠥᠳᠡᠯᠮᠦᠷᠢᠴᠢ ᠤᠶᠤᠨ
ᠤᠬᠠᠭᠠᠨ ᠢ ᠬᠠᠶᠢᠷᠠᠯᠠᠬᠤ ᠂ ᠡᠯ᠎ᠡ ᠦᠨᠳᠦᠰᠦᠲᠡᠨ ᠣ ᠠᠷᠠᠳ ᠲᠦᠮᠡᠨ ᠂ ᠮᠠᠨ ᠣ ᠣᠷᠣᠨ ᠣ
ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠢᠨ ᠦᠢᠯᠡᠰ ᠢ
ᠬᠠᠶᠢᠷᠠᠯᠠᠵᠤ ᠂ ᠪᠦᠯᠬᠦᠮᠳᠡᠨ ᠳᠠᠪᠰᠢᠬᠤ ᠂ ᠬᠠᠲᠠᠭᠤᠵᠢᠯᠲᠠᠶ ᠪᠠᠷ ᠠᠳᠠᠯ ᠦᠢᠯᠡᠰ ᠢᠶᠡᠨ
ᠪᠦᠲᠦᠭᠡᠬᠦ ᠂ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠠᠷ ᠬᠥᠮᠦᠰ ᠤᠨ ᠰᠡᠳᠬᠢᠯ ᠢ
ᠨᠢᠭᠲᠠᠷᠠᠭᠤᠯᠵᠦ᠂ ᠲᠡᠮᠡᠴᠡᠯ ᠤᠨ ᠵᠣᠷᠢᠭ ᠢ ᠤᠷᠮᠠᠰᠢᠭᠤᠯᠤᠨ ᠵᠣᠷᠢᠭᠵᠢᠭᠤᠯᠵᠦ ᠂
ᠪᠦᠯᠬᠦᠮᠳᠡᠯ ᠲᠡᠶ ᠂ ᠴᠢᠨᠡᠭᠡᠯᠢᠭ᠂ ᠪᠣᠯᠪᠠᠰᠤᠨ ᠥᠪᠥᠷ ᠮᠣᠩᠭᠣᠯ ᠪᠣᠯᠭᠠᠨ ᠪᠥᠲᠥᠭᠡᠨ
ᠪᠠᠶᠢᠭᠤᠯᠬᠤ ᠪᠠᠷ ᠴᠢᠷᠮᠠᠢᠨ ᠲᠡᠮᠡᠴᠡᠨ᠎ᠡ ᠃ 《 ᠥᠪᠥᠷ ᠮᠣᠩᠭᠣᠯ ᠢᠶᠠᠨ ᠬᠠᠶᠢᠷᠠᠯᠠᠬᠤ᠂ ᠥᠪᠥᠷ
ᠮᠣᠩᠭᠣᠯ ᠢ ᠪᠦᠳᠦᠭᠡᠨ ᠪᠠᠶᠢᠭᠤᠯᠬᠤ 》 ᠰᠤᠷᠭᠠᠨ ᠬᠥᠮᠦᠵᠢᠯ ᠢ ᠦᠷᠨᠢᠭᠦᠯᠬᠦ ᠳᠦ᠂ ᠤᠯᠤᠰ ᠤᠨ
ᠪᠠᠶᠢᠳᠠᠯ ᠂ ᠣᠷᠣᠨ ᠣ ᠪᠠᠶᠢᠳᠠᠯ ᠤᠨ ᠬᠥᠮᠦᠵᠢᠯ ᠂ ᠣᠷᠴᠢᠨ ᠤᠳᠤ ᠦᠶ᠎ᠡ ᠢᠨ ᠲᠡᠦᠬᠡ ᠢᠨ
ᠬᠥᠮᠦᠵᠢᠯ ᠪᠣᠯᠤᠨ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠲᠠᠢ ᠤᠶᠠᠯᠳᠤᠭᠤᠯᠬᠤ ᠬᠡᠷᠡᠭᠲᠡᠶ ᠃
ᠮᠠᠨ ᠣ ᠣᠷᠣᠨ ᠣ ᠦᠨᠳᠦᠰᠦᠲᠡᠨ ᠨᠤᠭᠦᠳ ᠤᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤᠴᠤᠳ
ᠪᠠᠭᠠᠴᠤᠳ ᠢ ᠬᠥᠲᠥᠯᠥᠨ ᠵᠢᠯᠣᠭᠣᠳᠴᠤ ᠂ ᠮᠠᠨ ᠣ ᠣᠷᠣᠨ ᠣ ᠲᠡᠦᠬᠡ ᠪᠠ ᠣᠳᠣᠬᠢ ᠪᠠᠶᠢᠳᠠᠯ ᠂
ᠡᠬᠢ ᠪᠠᠶᠠᠯᠢᠭ ᠤᠨ ᠳᠠᠪᠠᠭᠤᠯᠢᠭ ᠂ ᠭᠠᠵᠠᠷ ᠣᠷᠣᠨ ᠣ ᠳᠠᠪᠠᠭᠤᠯᠢᠭ ᠪᠠ ᠲᠦᠷᠦ ᠢᠨ
ᠪᠤᠳᠤᠯᠭ᠎ᠠ ᠢᠨ ᠳᠠᠪᠠᠭᠤᠯᠢᠭ ᠢ ᠣᠶᠢᠯᠠᠭᠠᠬᠤ ᠂ ᠠᠵᠢᠯᠴᠢ ᠠᠷᠪᠢᠴᠢ ᠪᠠᠷ ᠤᠯᠤᠰ ᠢᠶᠡᠨ
ᠪᠠᠶᠢᠭᠤᠯᠬᠤ ᠶᠢ ᠪᠠᠲᠤ ᠪᠡᠬᠢ ᠪᠤᠢ ᠪᠣᠯᠭᠠᠵᠤ ᠂ ᠠᠵᠢᠯᠴᠢ ᠠᠷᠪᠢᠴᠢ ᠪᠠᠷ ᠠᠯᠢᠪᠠ ᠦᠢᠯᠡᠰ ᠢ
ᠡᠷᠬᠢᠯᠡᠬᠦ ᠦᠵᠡᠯ ᠰᠠᠨᠠᠭ᠎ᠠ ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠂ ᠥᠪᠡᠷ ᠤᠨ
ᠬᠦᠴᠦ ᠪᠡᠷ ᠢᠶᠡᠨ ᠳᠡᠭᠵᠢᠷᠡᠬᠦ ᠂ ᠠᠳᠠᠯ ᠦᠢᠯᠡᠰ ᠪᠤᠰᠬᠠᠬᠤ ᠵᠣᠷᠢᠭ ᠰᠠᠨᠠᠭ᠎ᠠ ᠶᠢ
ᠪᠠᠳᠠᠷᠠᠭᠤᠯᠤᠨ ᠂ ᠬᠤᠪᠢ ᠬᠥᠮᠦᠨ ᠣ ᠬᠦᠰᠡᠯᠡᠩ ᠪᠠ ᠬᠦᠰᠡᠯ ᠡᠷᠡᠮᠡᠯᠵᠡᠯ ᠲᠡᠶ ᠢᠳᠡᠭᠡᠰᠢᠭᠦᠯᠦᠨ
ᠣᠷᠣᠭᠤᠯᠵᠤ ᠂ ᠥᠪᠥᠷ ᠮᠣᠩᠭᠣᠯ ᠢᠶᠠᠨ ᠪᠦᠲᠦᠭᠡᠨ ᠪᠠᠶᠢᠭᠤᠯᠬᠤ ᠠᠤᠭ᠎ᠠ ᠶᠡᠬᠡ ᠦᠢᠯᠡᠰ ᠲᠦ ᠬᠤᠪᠢ
ᠬᠥᠮᠦᠨ ᠣ ᠢᠷᠡᠭᠡᠳᠦᠶ ᠪᠡᠨ ᠥᠪᠥᠷ ᠮᠣᠩᠭᠣᠯ ᠤᠨ ᠬᠥᠭᠵᠢᠯᠲᠡ ᠲᠠᠢ ᠬᠣᠯᠪᠣᠵᠦ᠂ ᠶᠠᠳᠠᠭᠤ
ᠬᠦᠴᠢᠷᠳᠡᠯᠲᠡᠶ ᠬᠣᠴᠣᠷᠤᠩᠭᠤᠶ ᠳᠦᠷᠰᠦ ᠪᠠᠶᠢᠳᠠᠯ ᠢ ᠬᠤᠪᠢᠷᠠᠭᠤᠯᠬᠤ ᠢᠨ ᠲᠥᠯᠥᠭᠡ ᠲᠡᠰᠪᠦᠷᠢ
ᠬᠠᠲᠠᠭᠤᠵᠢᠯᠲᠠᠶ ᠲᠡᠮᠡᠴᠡᠵᠦ ᠂ ᠴᠢᠷᠮᠠᠢᠨ ᠲᠡᠮᠡᠴᠡᠨ᠎ᠠ ᠃ ᠡᠯ᠎ᠡ ᠠᠵᠢᠯ ᠲᠦᠷᠦᠯ ᠤᠨ ᠬᠢᠨ ᠴᠥᠮ
ᠥᠪᠡᠷ ᠤᠨ ᠪᠣᠳᠠᠲᠤ ᠪᠠᠶᠢᠳᠠᠯ ᠪᠠ ᠣᠨᠴᠠᠯᠢᠭ ᠢᠶᠡᠨ ᠦᠨᠳᠦᠰᠦᠯᠡᠨ ᠂ ᠡᠨᠡ ᠬᠦ ᠬᠥᠮᠦᠵᠢᠯ ᠤᠨ
ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ᠎ᠠ ᠃ ᠰᠠᠭᠤᠷᠢᠨ ᠭᠠᠵᠠᠷ ᠂ ᠵᠢᠭᠠᠬᠤ
ᠮᠠᠲ᠋ᠧᠷᠢᠶᠠᠯ᠂ ᠡᠩᠨᠡᠭᠡ ᠢᠨ ᠳᠦᠷᠢᠮ ᠤᠨ ᠪᠦᠲᠦᠭᠡᠨ ᠪᠠᠶᠢᠭᠤᠯᠤᠯᠲᠠ ᠂ ᠲᠤᠰ ᠭᠠᠵᠠᠷ ᠣᠷᠣᠨ ᠂
ᠲᠤᠰ ᠰᠠᠯᠠᠭ᠎ᠠ ᠮᠥᠴᠢᠷ ᠤᠨ ᠢᠶᠡᠨ ᠂ ᠲᠤᠰ ᠨᠢᠭᠡᠴᠡ ᠢᠨ ᠢᠶᠡᠨ ᠪᠣᠳᠠᠲᠤ ᠪᠠᠶᠢᠳᠠᠯ ᠲᠠᠶ
ᠤᠶᠠᠯᠳᠤᠭᠤᠯᠤᠨ ᠂ ᠠᠮᠢᠳᠤᠯᠢᠭ ᠪᠥᠭᠡᠳ ᠤᠯᠠᠨ ᠶᠠᠩᠵᠤ ᠢᠨ ᠬᠡᠯᠪᠡᠷᠢ ᠪᠠᠷ ᠥᠷᠭᠡᠨ ᠤᠯᠠᠨ ᠺᠠᠳ᠋ᠷ
ᠤᠯᠠᠨ ᠲᠦᠮᠡᠨ ᠢ ᠵᠣᠬᠢᠶᠠᠨ ᠪᠠᠶᠢᠭᠤᠯᠤᠠ ᠢᠳᠡᠪᠬᠢᠲᠡᠶ ᠣᠷᠣᠯᠴᠠᠭᠠᠤᠯᠬᠤ ᠬᠡᠷᠡᠭᠲᠡᠶ ᠃ ᠰᠣᠨᠢᠨ
ᠮᠡᠳᠡᠭᠡᠨ ᠣ ᠶᠠᠷᠢᠶ᠎ᠠ ᠬᠡᠯᠡᠯᠴᠡᠭᠡ ᠂ ᠤᠨᠤᠯ᠂ ᠰᠣᠶᠣᠯ ᠂ ᠰᠤᠷᠭᠠᠨ ᠬᠥᠮᠦᠵᠢᠯ ᠵᠡᠷᠭᠡ
ᠰᠠᠯᠠᠭ᠎ᠠ ᠮᠥᠴᠢᠷ ᠦᠳ ᠶᠡᠬᠡ ᠬᠦᠴᠦᠨ ᠢᠶᠡᠷ ᠤᠬᠠᠭᠤᠯᠵᠤ ᠨᠢ ᠡᠨᠡ ᠬᠦ ᠰᠤᠷᠭᠠᠨ ᠬᠥᠮᠦᠵᠢᠯ ᠤ ᠳᠦ
ᠴᠢᠬᠤᠯᠠ ᠶᠡᠬᠡ ᠠᠴᠢ ᠬᠣᠯᠪᠣᠭᠳᠠᠯ ᠲᠠᠶ ᠶᠤᠮ ᠂ ᠭᠦᠨ ᠵᠤᠵᠠᠭᠠᠨ ᠨᠡᠶᠢᠭᠡᠮ ᠤᠨ ᠠᠭᠤᠷ
ᠠᠮᠢᠰᠬᠤᠯ ᠢ ᠪᠣᠶ ᠪᠣᠯᠭᠠᠨ᠂ ᠡᠯ᠎ᠡ ᠠᠵᠢᠯ ᠲᠦᠷᠦᠯ ᠂ ᠡᠯ᠎ᠡ ᠹᠷᠣᠨᠲ᠋ ᠲᠤ ᠴᠣᠯᠭᠣᠷᠠᠨ ᠭᠠᠷᠤᠭᠰᠠᠨ
ᠲᠡᠷᠢᠭᠦᠨ ᠣ ᠨᠡᠶᠢᠲᠡᠯᠢᠭ ᠵᠢᠱᠢᠶ᠎ᠡ ᠪᠠ ᠵᠢᠱᠢᠶᠡᠴᠢ ᠬᠥᠮᠦᠰ ᠢ ᠶᠡᠬᠡᠪᠡᠷ ᠤᠬᠠᠭᠤᠯᠤᠨ᠎ᠠ᠃
ᠺᠦᠩ ᠹᠠᠨ ᠰᠸᠨ ᠂ ᠯᠢ ᠭᠦᠸ᠋ᠸ ᠠᠨ ᠂ ᠰᠢᠤᠢ ᠾᠦ᠋ ᠂ ᠯᠢ ᠰᠦ ᠯᠢ ᠂ ᠯᠢ ᠷᠦ᠋ ᠭᠠᠩ ᠵᠡᠷᠭᠡ
ᠵᠢᠱᠢᠶᠡᠴᠢ ᠬᠥᠮᠦᠰ ᠡᠴᠡ ᠰᠤᠷᠤᠯᠴᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ ᠂
ᠳᠠᠭᠤᠷᠢᠶᠠᠯ ᠤᠨ ᠬᠦᠴᠦᠨ ᠢᠶᠡᠷ ᠪᠥᠬᠥ ᠣᠷᠣᠨ ᠣ ᠡᠯ᠎ᠡ ᠦᠨᠳᠦᠰᠦᠲᠡᠨ ᠣ ᠠᠷᠠᠳ ᠲᠦᠮᠡᠨ ᠂
ᠡᠯ᠎ᠡ ᠵᠦᠢᠯ ᠤᠨ ᠠᠵᠢᠯ ᠦᠢᠯᠡᠰ ᠦᠨ ᠬᠥᠭᠵᠢᠯᠲᠡ ᠶᠢ ᠬᠥᠭᠵᠢᠭᠡᠨ ᠵᠣᠷᠢᠭᠵᠢᠭᠤᠯᠤᠨ᠎ᠠ ᠃
ᠭᠤᠷᠪᠠ
᠂ ᠮᠠᠷᠺᠰ ᠤᠨ ᠦᠵᠡᠯ ᠤᠨ ᠦᠨᠳᠦᠰᠦᠲᠡᠨ ᠣ ᠦᠵᠡᠯᠲᠡ ᠂ ᠨᠠᠮ ᠤᠨ ᠦᠨᠳᠦᠰᠦᠲᠡᠨ ᠣ ᠲᠦᠷᠦ ᠢᠨ
ᠪᠤᠳᠤᠯᠭ᠎ᠠ ᠪᠠ ᠦᠨᠳᠦᠰᠦᠲᠡᠨ ᠣ ᠪᠦᠯᠬᠦᠮᠳᠡᠯ ᠳᠠᠪᠰᠢᠯᠲᠠ ᠢᠨ ᠰᠤᠷᠭᠠᠨ ᠬᠥᠮᠦᠵᠢᠯ ᠢ
ᠥᠷᠨᠢᠭᠦᠯᠬᠦ ᠶᠢ ᠡᠷᠡᠰ ᠪᠠᠷᠢᠮᠲᠠᠯᠠᠨ᠎ᠠ ᠃
ᠪᠦᠬᠦ ᠣᠷᠣᠨ ᠣ ᠡᠯ᠎ᠡ ᠦᠨᠳᠦᠰᠦᠲᠡᠨ ᠣ
ᠺᠠᠳ᠋ᠷ ᠤᠯᠠᠨ ᠲᠦᠮᠡᠨ ᠳᠤ ᠮᠠᠷᠺᠰ ᠤᠨ ᠦᠵᠡᠯ ᠤᠨ ᠦᠨᠳᠦᠰᠦᠲᠡᠨ ᠣ ᠦᠵᠡᠯᠲᠡ ᠂ ᠨᠠᠮ ᠤᠨ
ᠦᠨᠳᠦᠰᠦᠲᠡᠨ ᠣ ᠲᠦᠷᠦ ᠢᠨ ᠪᠤᠳᠤᠯᠭ᠎ᠠ ᠪᠠ ᠦᠨᠳᠦᠰᠦᠲᠡᠨ ᠣ ᠪᠦᠯᠬᠦᠮᠳᠡᠯ ᠳᠠᠪᠰᠢᠯᠲᠠ ᠢᠨ
ᠰᠤᠷᠭᠠᠨ ᠬᠥᠮᠦᠵᠢᠯ ᠢ ᠥᠷᠨᠢᠭᠦᠯᠬᠦ ᠪᠣᠯ ᠮᠠᠨ ᠣ ᠣᠷᠣᠨ ᠣ ᠨᠡᠶᠢᠭᠡᠮ ᠵᠢᠷᠤᠮ ᠤᠨ ᠤᠶᠤᠨ ᠣ
ᠪᠣᠯᠪᠠᠰᠤᠨ ᠣ ᠪᠠᠶᠢᠭᠤᠯᠤᠯᠲᠠ ᠢᠨ ᠴᠢᠬᠤᠯᠠ ᠪᠦᠷᠢᠯᠳᠦᠬᠦᠨ ᠬᠡᠰᠡᠭ ᠮᠥᠨ ᠂ ᠮᠦᠨ ᠴᠤ
ᠦᠨᠳᠦᠰᠦᠲᠡᠨ ᠣ ᠠᠵᠢᠯ ᠢ ᠰᠠᠶᠢᠲᠤᠷ ᠬᠢᠵᠦ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠢᠨ
ᠦᠢᠯᠡᠰ ᠢ ᠲᠦᠯᠬᠢᠨ ᠠᠬᠢᠭᠤᠯᠬᠤ ᠤᠷᠳᠤ ᠬᠤᠭᠤᠴᠠᠭᠠᠨ ᠣ ᠪᠠᠶᠢᠯᠳᠤᠬᠤ ᠪᠤᠳᠤᠯᠭ᠎ᠠ ᠢᠨ ᠡᠭᠦᠷᠭᠡ
ᠮᠥᠨ ᠃
ᠡᠯ᠎ᠡ ᠱᠠᠲᠤᠨ ᠣ ᠨᠠᠮ ᠤᠨ ᠰᠤᠷᠭᠠᠭᠤᠯᠢ ᠂ ᠡᠯ᠎ᠡ ᠲᠤᠢᠷᠦᠯ ᠤᠨ
ᠺᠠᠳ᠋ᠷ ᠢ ᠪᠣᠯᠪᠠᠰᠤᠷᠠᠭᠤᠯᠬᠤ ᠰᠤᠷᠭᠠᠭᠤᠯᠢ ᠢᠨ ᠦᠢᠯᠡᠳᠦᠯ ᠢ ᠭᠦᠢᠴᠡᠳ ᠪᠠᠳᠠᠷᠠᠭᠤᠯᠵᠤ ᠂
ᠥᠷᠭᠡᠨ ᠤᠯᠠᠨ ᠨᠠᠮ ᠤᠨ ᠭᠡᠰᠢᠭᠦᠨ ᠪᠠ ᠦᠨᠳᠦᠰᠦᠲᠡᠨ ᠨᠤᠭᠦᠳ ᠤᠨ ᠺᠠᠳ᠋ᠷᠴᠤᠳ ᠤᠨ
ᠦᠨᠳᠦᠰᠦᠲᠡᠨ ᠣ ᠣᠨᠣᠯ ᠤᠨ ᠂ᠦᠨᠳᠦᠰᠦᠲᠡᠨ ᠣ ᠲᠤᠢᠷᠦ ᠢᠨ ᠪᠤᠳᠦᠯᠭ᠎ᠠ ᠢᠨ
ᠬᠥᠮᠦᠵᠢᠯ᠂ ᠨᠠᠮ ᠤᠨ ᠦᠨᠳᠦᠰᠦᠲᠡᠨ ᠣ ᠲᠦᠷᠦ ᠢᠨ ᠪᠤᠳᠤᠯᠭ᠎ᠠ ᠶᠢ ᠲᠤᠤᠱᠯᠠᠭᠤᠯᠤᠨ
ᠬᠡᠷᠡᠭᠵᠢᠭᠦᠯᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ ᠬᠡᠷᠡᠭᠲᠡᠶ ᠃
ᠡᠯ᠎ᠡ ᠦᠨᠳᠦᠰᠦᠲᠡᠨ ᠣ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠲᠤ ᠦᠨᠳᠦᠰᠦᠲᠡᠨ ᠣ
ᠪᠦᠯᠬᠦᠮᠳᠡᠯ ᠳᠠᠪᠰᠢᠯᠲᠠ ᠶᠢ ᠰᠢᠨᠲᠠᠷᠠᠰᠢ ᠦᠭᠡᠢ ᠰᠤᠷᠭᠠᠨ ᠬᠥᠮᠦᠵᠢᠯᠵᠦ ᠂ ᠮᠠᠷᠺᠰ ᠤᠨ
ᠦᠵᠡᠯ ᠢ ᠦᠨᠳᠦᠰᠦᠲᠡᠨ ᠣ ᠤᠨᠦᠯ ᠂ ᠨᠠᠮ ᠤᠨ ᠦᠨᠳᠦᠰᠦᠲᠡᠨ ᠣ ᠲᠦᠷᠦ ᠢᠨ ᠪᠤᠳᠤᠯᠭ᠎ᠠ ᠶᠢ
ᠡᠯ᠎ᠡ ᠱᠠᠲᠤᠨ ᠣ ᠡᠯ᠎ᠡ ᠲᠦᠷᠦᠯ ᠤᠨ ᠰᠤᠷᠭᠠᠭᠤᠯᠢ ᠢᠨ ᠵᠠᠪᠠᠯ ᠰᠤᠷᠬᠤ ᠬᠢᠴᠢᠶᠡᠯ ᠳᠦ
ᠣᠷᠣᠭᠣᠯᠣᠨ᠎ᠠ᠃ ᠦᠨᠳᠦᠰᠦᠲᠡᠨ ᠨᠤᠭᠦᠳ ᠤᠨ ᠺᠠᠳ᠋ᠷ ᠤᠯᠠᠨ ᠲᠦᠮᠡᠨ ᠢ 《 ᠦᠨᠳᠦᠰᠦᠲᠡᠨ ᠨᠤᠭᠦᠳ ᠤᠨ
ᠠᠷᠠᠳ ᠲᠦᠮᠡᠨ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ 》 ᠭᠡᠬᠦ ᠤᠬᠠᠮᠰᠠᠷ ᠢ ᠪᠤᠢ
ᠪᠣᠯᠭᠠᠵᠤ ᠂ ᠡᠯ᠎ᠡ ᠦᠨᠳᠦᠰᠦᠲᠡᠨ ᠣ ᠶᠡᠬᠡ ᠪᠦᠯᠬᠦᠮᠳᠡᠯ ᠢ ᠴᠢᠩᠭᠠᠳᠬᠠᠵᠤ ᠂ ᠡᠯ᠎ᠡ
ᠦᠨᠳᠦᠰᠦᠲᠡᠨ ᠣ ᠬᠠᠮᠲᠤ ᠢᠨ ᠴᠡᠴᠡᠭᠯᠡᠨ ᠳᠠᠪᠰᠢᠯᠲᠠ ᠶᠢ ᠪᠡᠶᠡᠯᠡᠭᠦᠯᠦᠨ᠎ᠡ᠃ ᠪᠦᠬᠦ ᠣᠷᠣᠨ ᠣ
ᠦᠨᠳᠦᠰᠦᠲᠡᠨ ᠣ ᠪᠦᠯᠬᠦᠮᠳᠡᠯ ᠳᠠᠪᠰᠢᠯᠲᠠ ᠢᠨ ᠦᠢᠯᠡᠰ ᠤᠨ ᠲᠤᠷᠰᠢᠯᠭ᠎ᠠ ᠶᠢ ᠨᠠᠷᠢᠨ
ᠬᠢᠨᠠᠮᠠᠭᠠᠶ ᠳ᠋ᠦᠩᠨᠡᠵᠦ᠂ ᠦᠨᠳᠦᠰᠦᠲᠡᠨ ᠣ ᠪᠦᠯᠬᠦᠮᠳᠡᠯ ᠲᠠᠪᠰᠢᠯᠳᠠ ᠢᠨ ᠬᠥᠬᠢᠭᠦᠯᠦᠨ
ᠰᠠᠶᠢᠰᠢᠶᠠᠬᠤ ᠰᠠᠷ᠎ᠠ ᠢᠨ ᠠᠵᠢᠯᠯᠠᠭ᠎ᠠ ᠶᠢ ᠰᠢᠨᠲᠠᠷᠠᠰᠢ ᠤᠢᠭᠡᠢ ᠦᠷᠨᠢᠭᠦᠯᠦᠨ ᠂
ᠦᠨᠳᠦᠰᠦᠲᠡᠨ ᠣ ᠪᠦᠯᠬᠦᠮᠳᠡᠯ ᠲᠠᠪᠰᠢᠯᠳᠠ ᠢᠨ ᠦᠢᠯᠡᠰ ᠤᠨ ᠳᠤᠮᠳᠠ ᠴᠣᠯᠭᠣᠷᠠᠨ ᠭᠠᠷᠤᠭᠰᠠᠨ
ᠲᠡᠷᠢᠭᠦᠨ ᠣ ᠬᠠᠮᠲᠤ ᠪᠠ ᠲᠡᠷᠢᠭᠦᠨ ᠣ ᠬᠤᠪᠢ ᠬᠥᠮᠦᠨ ᠢ ᠶᠡᠬᠡᠪᠡᠷ ᠤᠬᠠᠭᠤᠯᠤᠨ ᠰᠠᠶᠢᠰᠢᠶᠠᠵᠤ᠂
ᠮᠠᠨ ᠣ ᠣᠷᠣᠨ ᠣ ᠦᠨᠳᠦᠰᠦᠲᠡᠨ ᠣ ᠪᠦᠯᠬᠦᠮᠳᠡᠯ ᠳᠠᠪᠰᠢᠯᠲᠠ ᠢᠨ ᠦᠢᠯᠡᠰ ᠢ ᠲᠠᠰᠤᠷᠠᠯᠲᠠ
ᠦᠭᠡᠢ ᠭᠦᠨᠵᠡᠭᠡᠶᠢᠷᠡᠭᠦᠯᠦᠨ᠎ᠡ ᠃ ᠮᠠᠷᠺᠰ ᠤᠨ ᠦᠵᠡᠯ ᠤᠨ ᠱᠠᠰᠢᠨ ᠰᠤᠷᠲᠠᠬᠤᠨ ᠣ ᠦᠵᠡᠯᠲᠡ ᠶᠢ
ᠶᠡᠬᠡᠪᠡᠷ ᠰᠤᠷᠲᠠᠯᠴᠢᠯᠠᠨ
᠂ ᠨᠠᠮ ᠤᠨ ᠲᠦᠷᠦ ᠢᠨ ᠪᠤᠳᠤᠯᠭ᠎ᠠ ᠶᠢ ᠵᠥᠪ ᠲᠤᠤᠱᠯᠠᠭᠤᠯᠤᠨ
ᠬᠡᠷᠡᠭᠵᠢᠭᠦᠯᠵᠦ ᠂ ᠬᠠᠤᠯᠢ ᠶᠣᠰᠤᠭᠠᠷ ᠱᠠᠰᠢᠨ ᠰᠤᠷᠲᠠᠬᠤᠨ ᠣ ᠬᠡᠷᠡᠭ ᠶᠠᠪᠤᠳᠠᠯ ᠢ
ᠬᠠᠮᠢᠶᠠᠷᠴᠤ ᠂ ᠬᠠᠤᠯᠢ ᠪᠤᠰᠤ ᠱᠠᠰᠢᠨ ᠰᠤᠷᠲᠠᠬᠤᠨ ᠣ ᠠᠵᠢᠯᠯᠠᠭ᠎ᠠ ᠶᠢ ᠬᠣᠷᠢᠭᠯᠠᠨ
ᠵᠣᠭᠰᠣᠭᠠᠵᠤ ᠂ ᠱᠠᠰᠢᠨ ᠰᠤᠷᠲᠠᠬᠤᠨ ᠣ ᠨᠢᠭᠤᠴᠠ ᠬᠦᠴᠦᠨ ᠳᠦ ᠴᠢᠩᠭ᠎ᠠ ᠴᠣᠬᠢᠯᠲᠠ ᠥᠭᠭᠦᠨ᠎ᠡ ᠃
ᠳᠥᠷᠪᠡ ᠂ ᠨᠡᠶᠢᠭᠡᠮ ᠵᠢᠷᠤᠮ ᠤᠨ ᠶᠣᠰᠣ ᠰᠤᠷᠲᠠᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ
ᠠᠷᠠᠳ ᠲᠦᠮᠡᠨ ᠳᠤ ᠦᠢᠯᠡᠴᠢᠯᠡᠬᠦ ᠪᠡᠷ ᠭᠣᠣᠯ ᠪᠣᠯᠭᠠᠨ ᠂ ᠡᠬᠡ ᠣᠷᠣᠨ ᠢᠶᠠᠨ ᠬᠠᠶᠢᠷᠠᠯᠠᠬᠤ
᠂ ᠠᠷᠠᠳ ᠲᠦᠮᠡᠨ ᠢᠶᠠᠨ ᠬᠠᠶᠢᠷᠠᠯᠠᠬᠤ ᠂ ᠬᠥᠳᠡᠯᠮᠦᠷᠢ ᠢ ᠬᠠᠶᠢᠷᠠᠯᠠᠬᠤ ᠂ ᠰᠢᠨᠵᠢᠯᠡᠬᠦ
ᠤᠬᠠᠭᠠᠨ ᠢ ᠬᠠᠶᠢᠷᠠᠯᠠᠬᠤ ᠂ ᠨᠡᠶᠢᠭᠡᠮ ᠵᠢᠷᠤᠮ ᠢ ᠬᠠᠶᠢᠷᠠᠯᠠᠬᠤ ᠪᠠᠷ ᠦᠨᠳᠦᠰᠦᠨ ᠱᠠᠭᠠᠷᠳᠠᠯᠭ᠎ᠠ
ᠪᠣᠯᠭᠠᠭᠰᠠᠨ ᠨᠡᠶᠢᠭᠡᠮ ᠵᠢᠷᠤᠮ ᠤᠨ ᠶᠣᠰᠤ ᠰᠤᠷᠲᠠᠬᠤᠨ ᠤ ᠪᠦᠲᠦᠭᠡᠨ ᠪᠠᠶᠢᠭᠤᠯᠤᠯᠲᠠ ᠪᠣᠯ
ᠤᠶᠤᠨ ᠣ ᠪᠣᠯᠪᠠᠰᠤᠨ ᠣ ᠪᠦᠲᠦᠭᠡᠨ ᠪᠠᠶᠢᠭᠤᠯᠤᠯᠲᠠ ᠢᠨ ᠨᠢᠭᠡᠨ ᠴᠢᠬᠤᠯᠠ ᠡᠭᠦᠷᠭᠡ ᠮᠥᠨ ᠃
ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂
ᠭᠣᠣᠯᠳᠠᠯᠭ᠎ᠠ ᠪᠠᠨ ᠠᠵᠢᠯᠲᠠᠨ ᠨᠢᠭᠡᠪᠦᠷᠢ ᠢᠨ ᠬᠥᠳᠡᠯᠮᠦᠷᠢ ᠢᠨ ᠵᠥᠪ ᠣᠪᠣᠷ ᠢ ᠪᠤᠢ ᠪᠣᠯᠭᠠᠵᠤ
ᠪᠠ ᠠᠵᠢᠯ ᠦᠢᠯᠡᠰ ᠢᠶᠡᠨ ᠳᠡᠭᠡᠳᠦᠯᠡᠬᠦ ᠵᠣᠷᠢᠭ ᠰᠠᠨᠠᠭ᠎ᠠ ᠶᠢ ᠬᠦᠮᠦᠵᠢᠭᠦᠯᠬᠦ ᠳᠦ ᠲᠠᠯᠪᠢᠵᠦ᠂
ᠠᠵᠢᠯ ᠤᠨ ᠪᠠᠶᠢᠷᠢ ᠪᠠᠨ ᠬᠠᠶᠢᠷᠠᠯᠠᠵᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠶᠡᠬᠡᠪᠡᠷ
ᠰᠠᠨᠠᠭᠠᠴᠢᠯᠠᠵᠤ ᠂ ᠦᠨᠡᠨᠴᠢ ᠰᠢᠳᠤᠷᠭᠤ ᠂ ᠲᠥᠪ ᠭᠣᠣᠯᠴᠢ ᠦᠢᠯᠡᠴᠢᠯᠡᠬᠦ ᠂ ᠬᠠᠯᠠᠭᠤᠮᠰᠤᠭ ᠢᠶᠡᠷ
ᠦᠢᠯᠡᠴᠢᠯᠡᠬᠦ ᠶᠣᠰᠣ ᠮᠣᠷᠠᠯ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ᠃ ᠡᠯ᠎ᠡ ᠠᠵᠢᠯ
ᠲᠦᠷᠦᠯ ᠤᠨ ᠬᠢᠨ ᠴᠥᠮ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠶ ᠤᠶᠠᠯᠳᠤᠭᠤᠯᠤᠨ ᠂
ᠪᠣᠳᠠᠲᠠᠶ ᠶᠣᠰᠣ ᠮᠣᠷᠠᠯ ᠤᠨ ᠪᠠᠷᠢᠮᠵᠢᠶ᠎ᠠ ᠪᠠ ᠦᠢᠯᠡ ᠠᠵᠢᠯᠯᠠᠭᠠᠨ ᠣ ᠵᠢᠷᠤᠮᠵᠢᠯ ᠮᠥᠨ ᠃
ᠠᠵᠢᠯ ᠤᠨ ᠰᠠᠬᠢᠯᠭ᠎ᠠ ᠪᠠᠲᠤ ᠪᠣᠯᠤᠨ ᠠᠵᠢᠯ ᠮᠡᠷᠭᠡᠵᠢᠯ ᠤᠨ ᠬᠠᠷᠢᠭᠤᠴᠠᠯᠭ᠎ᠠ ᠢᠨ ᠰᠤᠷᠭᠠᠨ
ᠬᠥᠮᠦᠵᠢᠯ ᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠪᠠ ᠬᠢᠨᠠᠯᠲᠠ ᠲᠠᠯᠪᠢᠵᠤ ᠬᠢᠵᠠᠭᠠᠷᠯᠠᠬᠤ
ᠲᠣᠭᠲᠠᠴᠠ ᠶᠢ ᠲᠡᠭᠦᠯᠳᠡᠷᠵᠢᠭᠦᠯᠵᠦ ᠂ ᠨᠡᠶᠢᠭᠡᠮ ᠤᠨ ᠦᠢᠯᠡᠴᠢᠯᠡᠭᠡᠨ ᠣ ᠠᠵᠢᠯᠯᠠᠭ᠎ᠠ ᠶᠢ
ᠥᠷᠭᠡᠨ ᠳᠡᠯᠭᠡᠷ ᠥᠷᠨᠢᠭᠦᠯᠵᠦ ᠂ ᠠᠵᠢᠯ ᠲᠦᠷᠦᠯ ᠤᠨ ᠲᠥᠪ ᠪᠤᠰᠤ ᠰᠤᠷᠲᠠᠯ ᠢ ᠵᠠᠯᠠᠷᠠᠭᠤᠯᠬᠤ ᠂
ᠠᠵᠢᠯ ᠲᠥᠷᠥᠯ ᠤᠨ ᠬᠡᠪ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠯᠲᠠ ᠶᠢ ᠠᠭᠢᠭᠤᠯᠤᠨ᠎ᠠ᠃
ᠠᠵᠤ ᠠᠬᠤᠶᠢᠯᠠᠯ ᠪᠠ ᠬᠤᠪᠢ ᠬᠥᠮᠦᠨ ᠣ ᠬᠠᠤᠯᠢ ᠶᠣᠰᠣᠨ ᠣ ᠡᠷᠬᠡ ᠠᠰᠢᠭ ᠢ ᠬᠠᠤᠯᠢ
ᠶᠣᠰᠣᠭᠠᠷ ᠬᠠᠮᠠᠭᠠᠯᠠᠵᠦ᠂ ᠬᠠᠤᠯᠢ ᠶᠣᠰᠣᠨ ᠣ ᠡᠵᠡᠩᠨᠡᠯᠲᠡ ᠪᠠ ᠰᠢᠳᠤᠷᠭᠤ ᠪᠠᠷ ᠬᠥᠳᠡᠯᠮᠦᠷᠢ
ᠪᠡᠷ ᠵᠦᠢ ᠶᠣᠰᠣᠨ ᠣ ᠠᠰᠢᠭ ᠤᠯᠤᠨ᠎ᠠ ᠃ ᠬᠥᠮᠦᠰ ᠢ ᠬᠥᠲᠥᠯᠥᠨ ᠵᠢᠯᠣᠭᠣᠳᠴᠤ ᠪᠠᠶᠢᠭᠠᠳ
ᠨᠡᠶᠢᠭᠡᠮ ᠳᠦ ᠬᠠᠷᠢᠭᠤᠴᠠᠵᠤ᠂ ᠠᠷᠠᠳ ᠲᠦᠮᠡᠨ ᠳᠦ ᠬᠠᠷᠢᠭᠤᠴᠠᠵᠤ ᠂ ᠤᠯᠤᠰ ᠣᠷᠣᠨ ᠂ ᠬᠠᠮᠲᠤ
ᠨᠡᠢᠢᠳᠡ ᠪᠠ ᠬᠤᠪᠢ ᠬᠥᠮᠦᠨ ᠣ ᠬᠠᠷᠢᠴᠠᠭ᠎ᠠ ᠶᠢ ᠵᠥᠪ ᠢᠶᠡᠷ ᠰᠢᠶᠳᠪᠦᠷᠢᠯᠡᠵᠦ ᠂ ᠬᠤᠪᠢ ᠨᠡᠮᠡᠷᠢ
ᠦᠵᠡᠭᠦᠯᠬᠦ ᠵᠣᠷᠢᠭ ᠰᠠᠨᠠᠭ᠎ᠠ ᠶᠢ ᠪᠤᠢ ᠪᠣᠯᠭᠠᠵᠤ ᠂ ᠲᠡᠰᠪᠦᠷᠢ ᠬᠠᠲᠠᠭᠤᠵᠢᠯᠲᠠᠶ ᠪᠠᠷ
ᠲᠡᠮᠡᠴᠡᠬᠦ ᠵᠣᠷᠢᠭ ᠰᠠᠨᠠᠭ᠎ᠠ ᠲᠠᠶ ᠪᠠᠶᠢᠬᠤ ᠬᠡᠷᠡᠭᠲᠡᠶ ᠃ ᠶᠠᠳᠠᠭᠤ ᠶᠢ ᠲᠡᠳᠬᠦᠨ
ᠬᠦᠴᠢᠷᠳᠡᠭᠰᠡᠳ ᠢ ᠲᠤᠰᠠᠯᠠᠵᠤ ᠰᠠᠨᠠᠭᠠᠴᠢᠯᠠᠵᠤ ᠂ ᠨᠡᠶᠢᠲᠡ ᠶᠢ ᠬᠣᠬᠢᠷᠠᠭᠤᠯᠵᠤ ᠬᠤᠪᠢ
ᠪᠡᠶ᠎ᠡ ᠪᠡᠨ ᠪᠠᠶᠠᠵᠢᠭᠤᠯᠬᠤ ᠂ ᠪᠡᠶ᠎ᠡ ᠪᠡᠨ ᠪᠤᠳᠤᠵᠤ ᠪᠤᠰᠤᠳ ᠢ ᠬᠣᠬᠢᠷᠠᠭᠤᠯᠬᠤ ᠵᠡᠷᠭᠡ
ᠠᠰᠢᠭ ᠢ ᠦᠵᠡᠵᠦ ᠵᠢᠷᠤᠮ ᠢ ᠮᠠᠷᠲᠠᠬᠤ ᠶᠣᠰᠣ ᠪᠣᠰᠤ ᠦᠢᠯᠡ ᠠᠵᠢᠯᠯᠠᠭ᠎ᠠ ᠶᠢ ᠡᠰᠡᠷᠭᠦᠴᠡᠨ᠎ᠡ ᠃
ᠨᠡᠶᠢᠭᠡᠮ ᠨᠡᠶᠢᠲᠡ ᠢᠨ ᠶᠣᠰᠣ ᠮᠣᠷᠠᠯ ᠪᠠ ᠭᠡᠷ ᠪᠦᠯᠢ ᠢᠨ ᠶᠣᠰᠣ ᠮᠣᠷᠠᠯ ᠤᠨ
ᠪᠠᠶᠢᠭᠤᠯᠤᠯᠲᠠ ᠶᠢ ᠶᠡᠬᠡᠪᠡᠷ ᠰᠠᠨᠠᠭᠠᠴᠢᠯᠠᠵᠤ ᠂ ᠰᠠᠬᠢᠯᠭ᠎ᠠ ᠶᠢ ᠵᠢᠷᠤᠮᠯᠠᠨ᠂ ᠬᠠᠤᠯᠢ ᠶᠢ
ᠰᠠᠬᠢᠵᠤ ᠂ ᠪᠣᠯᠪᠠᠰᠤᠨ ᠶᠣᠰᠣᠷᠬᠠᠭ ᠢ ᠡᠷᠬᠢᠮᠯᠡᠵᠦ ᠂ ᠡᠷᠡᠭᠦᠯ ᠬᠠᠮᠠᠭᠠᠯᠠᠯ ᠢ ᠡᠷᠬᠢᠮᠯᠡᠵᠦ ᠂
ᠨᠡᠶᠢᠲᠡ ᠢᠨ ᠡᠳ᠋ ᠬᠣᠭᠰᠢᠯ ᠢ ᠬᠠᠮᠠᠭᠠᠯᠠᠵᠦ᠂ ᠣᠷᠴᠢᠨ ᠲᠣᠭᠣᠷᠢᠨ ᠢ ᠬᠠᠮᠠᠭᠠᠯᠠᠬᠤ ᠂ ᠪᠤᠰᠤᠳ ᠢ
ᠬᠠᠪᠰᠤᠷᠬᠤ ᠪᠠᠷ ᠵᠢᠷᠭᠠᠯ ᠢᠶᠡᠨ ᠪᠣᠯᠭᠠᠭᠰᠠᠨ ᠂ ᠨᠡᠶᠢᠭᠡᠮ ᠨᠡᠶᠢᠲᠡ ᠢᠨ ᠶᠣᠰᠣ ᠮᠣᠷᠠᠯ ᠢ
ᠰᠠᠨᠠᠭᠠᠴᠢᠯᠠᠵᠤ ᠂ ᠨᠠᠰᠤᠲᠠᠨ ᠢᠶᠡᠨ ᠬᠦᠨᠳᠦᠯᠡᠵᠦ ᠨᠢᠯᠬᠠᠰ ᠢᠶᠡᠨ ᠬᠠᠶᠢᠷᠠᠯᠠᠬᠤ ᠂
ᠡᠷᠡᠭᠲᠡᠶ ᠡᠮᠡᠭᠲᠡᠶ ᠡᠷᠬᠡ ᠲᠡᠭᠰᠢ ᠂ ᠡᠷ᠎ᠡ ᠡ᠊ᠮᠠ ᠨᠠᠶᠢᠷ ᠲᠠᠢ ᠂ ᠠᠵᠢᠯᠴᠢ ᠠᠷᠪᠢᠴᠢ ᠪᠠᠷ
ᠠᠵᠤ ᠲᠦᠷᠦᠭᠦ ᠂ ᠠᠶᠢᠯ ᠰᠠᠭᠠᠬᠠᠯᠲᠠ ᠪᠦᠯᠬᠦᠮᠳᠡᠯ ᠲᠡᠶ ᠪᠠᠶᠢᠬᠤ ᠭᠡᠷ ᠪᠦᠯᠢ ᠢᠨ ᠰᠠᠶᠢᠬᠠᠨ
ᠵᠠᠩ ᠰᠤᠷᠲᠠᠯ ᠢ ᠶᠡᠬᠡᠪᠡᠷ ᠰᠤᠷᠲᠠᠯᠴᠢᠯᠠᠨ᠎ᠠ᠃
ᠵᠠᠯᠠᠭᠤ ᠪᠠᠭᠠᠴᠤᠳ ᠤᠨ ᠦᠵᠡᠯ
ᠰᠠᠨᠠᠭ᠎ᠠ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢ ᠴᠢᠬᠤᠯᠠ ᠪᠠᠶᠢᠷᠢᠨ ᠳᠦ
ᠲᠠᠯᠪᠢᠵᠤ ᠂ ᠰᠤᠷᠭᠠᠨ ᠬᠥᠮᠦᠵᠢᠭᠦᠯᠬᠦ ᠡᠷᠴᠢᠮ ᠢᠶᠡᠨ ᠴᠢᠩᠭᠠᠷᠠᠭᠤᠯᠤᠨ᠎ᠠ ᠃ ᠳᠤᠮᠳᠠ᠂ ᠪᠠᠭ᠎ᠠ
ᠰᠤᠷᠭᠠᠭᠤᠯᠢ ᠢᠨ ᠠᠳᠠᠯᠢ ᠪᠤᠰᠤ ᠣᠨᠴᠠᠯᠢᠭ ᠢ ᠦᠨᠳᠦᠰᠦᠯᠡᠨ᠂ ᠦᠵᠡᠯ ᠰᠠᠨᠠᠭ᠎ᠠ ᠶᠣᠰᠣ
ᠮᠣᠷᠠᠯ ᠤᠨ ᠬᠢᠴᠢᠶᠡᠯ ᠢ ᠴᠢᠩᠭᠠᠳᠬᠠᠨ ᠰᠠᠶᠢᠵᠢᠷᠠᠭᠤᠯᠵᠤ ᠂ ᠤᠯᠤᠰ ᠲᠦᠷᠦ ᠢᠨ ᠤᠨᠤᠯ ᠤᠨ
ᠬᠢᠴᠢᠶᠡᠯ ᠢ ᠴᠢᠩᠭᠠᠳᠬᠠᠨ᠎ᠠ ᠃ ᠠᠬᠠᠮᠠᠳ ᠨᠥᠬᠥᠷ ᠪᠠ ᠬᠣᠶᠢᠴᠢ ᠦᠶ᠎ᠡ ᠪᠡᠨ ᠬᠠᠷᠠᠭᠠᠯᠵᠠᠬᠤ
ᠠᠵᠢᠯ ᠤᠨ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠪ ᠬᠠᠮᠲᠤ ᠵᠠᠯᠠᠭᠤᠴᠤᠳ ᠤᠨ
ᠡᠪᠯᠡᠯ ᠂ ᠪᠠᠭᠠᠴᠤᠳ ᠤᠨ ᠬᠣᠰᠢᠭᠤᠴᠢ ᠠᠩᠭᠢ ᠪᠦᠯᠬᠦᠮᠳᠡᠵᠦ ᠲᠡᠳᠡᠨ ᠢ ᠬᠥᠲᠥᠯᠥᠨ ᠵᠢᠯᠣᠭᠣᠳᠴᠤ
ᠪᠠᠶᠢᠭᠠᠳ ᠥᠷᠭᠡᠨ ᠤᠯᠠᠨ ᠵᠠᠯᠠᠭᠤᠴᠤᠳ ᠤᠨ ᠪᠠᠭᠠᠴᠤᠳ ᠤᠨ ᠳᠠᠪᠰᠢᠯᠲᠠ ᠲᠠᠶ ᠦᠢᠯᠡᠳᠦᠯ ᠭᠠᠷᠭᠠᠵᠤ ᠂
ᠬᠢᠷᠢ ᠲᠡᠩᠴᠡᠭᠰᠡᠨ ᠵᠠᠭᠤᠨ ᠠᠯᠤᠰᠯᠠᠭᠰᠠᠨ ᠪᠦᠲᠦᠭᠡᠨ ᠪᠠᠶᠢᠭᠤᠯᠤᠭᠴᠢ ᠪᠠ
ᠵᠠᠯᠭᠠᠮᠵᠢᠯᠠᠭᠴᠢ ᠶᠢ ᠴᠢᠷᠮᠠᠢᠨ ᠬᠥᠮᠦᠵᠢᠭᠦᠯᠬᠦ ᠬᠡᠷᠡᠭᠲᠡᠶ ᠃
ᠬᠠᠤᠯᠢ ᠳᠦᠷᠢᠮ ᠤᠨ
ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ ᠂ 《ᠭᠤᠷᠪᠠᠳᠤᠭᠠᠷ ᠲᠠᠪᠤᠨ ᠵᠢᠯ》
ᠤᠨᠤᠯ ᠤᠨ ᠬᠠᠤᠯᠢ ᠴᠠᠭᠠᠵᠠ ᠢᠨ ᠶᠡᠷᠦ ᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢ
ᠪᠡᠶᠡᠯᠡᠭᠦᠯᠬᠦ ᠬᠡᠷᠡᠭᠲᠡᠶ ᠂ ᠦᠨᠳᠦᠰᠦᠲᠡᠨ ᠨᠤᠭᠦᠳ ᠤᠨ ᠺᠠᠳ᠋ᠷ ᠤᠯᠠᠨ ᠲᠦᠮᠡᠨ ᠣ ᠬᠠᠤᠯᠢ
ᠲᠤᠢᠷᠢᠮ ᠤᠨ ᠦᠵᠡᠯᠲᠡ ᠶᠢ ᠴᠢᠩᠭᠠᠳᠬᠠᠨ᠂ ᠬᠠᠤᠯᠢ ᠴᠠᠭᠠᠵᠠ ᠢᠨ ᠵᠡᠪᠰᠡᠭ ᠢᠶᠡᠨ ᠬᠡᠷᠡᠭᠯᠡᠵᠦ᠂
ᠨᠡᠶᠢᠭᠡᠮ ᠳᠦ ᠬᠣᠣᠷ ᠬᠥᠨᠥᠭᠡᠯ ᠤᠴᠠᠷᠠᠭᠤᠯᠬᠤ ᠬᠠᠤᠯᠢ ᠪᠤᠰᠤ ᠠᠵᠢᠯᠯᠠᠭ᠎ᠠ ᠶᠢ ᠪᠦᠲᠦᠮᠵᠢᠲᠡᠶ
ᠰᠢᠳᠬᠡᠵᠦ ᠲᠡᠭᠦᠨ ᠳᠦ ᠴᠣᠬᠢᠯᠲᠠ ᠦᠭᠭᠦᠨ᠎ᠡ ᠃ ᠬᠠᠤᠯᠢ ᠴᠠᠭᠠᠵᠠ ᠢᠨ ᠪᠠᠶᠢᠭᠤᠯᠤᠯᠭ᠎ᠠ ᠂
ᠵᠠᠰᠠᠭ ᠵᠠᠬᠢᠷᠭᠠᠨ ᠣ ᠬᠠᠤᠯᠢ ᠬᠡᠷᠡᠭᠵᠢᠭᠦᠯᠬᠦ ᠪᠠᠶᠢᠭᠤᠯᠭ᠎ᠠ ᠵᠢᠴᠢ ᠤᠯᠠᠨ ᠨᠡᠶᠢᠲᠡ ᠢᠨ
ᠦᠢᠯᠡᠴᠢᠯᠡᠭᠡᠨ ᠣ ᠠᠵᠢᠯ ᠲᠦᠷᠦᠯ ᠨᠢ ᠤᠯᠠᠨ ᠲᠦᠮᠡᠨ ᠣ ᠲᠤᠰᠬᠠᠯ ᠶᠡᠬᠡᠲᠡᠶ ᠪᠠᠶᠢᠭ᠎ᠠ
ᠳᠣᠪᠣᠶᠢᠭᠰᠠᠨ ᠠᠰᠠᠭᠤᠳᠠᠯ ᠳᠤ ᠴᠢᠭᠯᠡᠭᠦᠯᠦᠨ ᠂ ᠪᠣᠳᠠᠲᠠᠶ ᠵᠠᠰᠠᠬᠤ ᠬᠠᠷᠠᠯᠲᠠ ᠳᠤᠷᠠᠳᠤᠨ᠂ ᠠᠵᠤ
ᠠᠬᠤᠶ ᠨᠡᠶᠢᠭᠡᠮ ᠤᠨ ᠠᠮᠢᠳᠤᠷᠠᠯ ᠤᠨ ᠬᠠᠮᠢᠶᠠᠷᠤᠯᠲᠠ ᠪᠠ ᠬᠢᠵᠠᠭᠠᠷᠯᠠᠯ ᠢ ᠦᠨᠡᠨ ᠬᠦ
ᠴᠢᠩᠭᠠᠳᠬᠠᠵᠤ ᠂ ᠂ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠬᠣᠷᠢᠭᠯᠠᠨ ᠵᠣᠭᠰᠣᠭᠠᠵᠤ ᠂
ᠨᠡᠶᠢᠭᠡᠮ ᠳᠠᠶᠠᠭᠠᠷ ᠲᠤ ᠲᠥᠪ ᠂ ᠰᠠᠢᠢᠨ ᠢ ᠮᠠᠨᠳᠤᠭᠤᠯᠵᠤ ᠮᠠᠭᠤ ᠶᠢ ᠳᠠᠷᠤᠬᠤ ᠰᠠᠢᠢᠨ
ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠃
ᠲᠠᠪᠤ ᠂ ᠨᠠᠮ ᠵᠠᠰᠠᠭ ᠤᠨ ᠪᠠᠶᠢᠭᠤᠯᠤᠯᠭ᠎ᠠ ᠡᠴᠡ ᠤᠶᠤᠨ ᠣ ᠪᠣᠯᠪᠠᠰᠤᠨ ᠣ ᠪᠠᠶᠢᠭᠤᠯᠤᠯᠲᠠ ᠶᠢ ᠰᠠᠶᠢᠲᠤᠷ ᠠᠳᠬᠤᠵᠤ
ᠨᠠᠮ ᠵᠠᠰᠠᠭ ᠵᠠᠰᠠᠭ ᠤᠨ ᠪᠠᠶᠢᠭᠤᠯᠤᠯᠭ᠎ᠠ ᠢᠨ ᠤᠳᠤᠷᠢᠳᠬᠤ ᠪᠠᠶᠢᠭᠤᠯᠤᠯᠭ᠎ᠠ ᠪᠣᠯ
ᠨᠠᠮ ᠤᠨ ᠱᠤᠭᠤᠮ ᠴᠢᠭᠯᠡᠯᠲᠡ ᠲᠤᠢᠷᠦ ᠢᠨ ᠪᠤᠳᠦᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ
ᠪᠠᠶᠢᠭᠤᠯᠤᠯᠭ᠎ᠠ ᠂ ᠬᠣᠷᠸ᠎ᠠ ᠲᠣᠬᠢᠷᠠᠭᠤᠯᠭ᠎ᠠ ᠡᠵᠡᠮᠰᠢᠯ ᠦᠨ ᠰᠢᠶᠳᠪᠦᠷᠢᠲᠦ ᠪᠤᠳᠤᠯᠭ᠎ᠠ ᠂
ᠵᠣᠬᠢᠶᠠᠨ ᠪᠠᠶᠢᠭᠤᠯᠤᠯᠲᠠ ᠶᠢ ᠵᠣᠬᠢᠴᠠᠭᠤᠯᠬᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ
ᠬᠠᠤᠯᠢ ᠶᠣᠰᠣᠭᠠᠷ ᠵᠤᠷᠭᠠᠨ ᠵᠠᠰᠠᠭ ᠤᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ
᠃ ᠨᠠᠮ ᠵᠠᠰᠠᠭ ᠤᠨ ᠪᠠᠶᠢᠭᠤᠯᠤᠯᠭ᠎ᠠ ᠢᠨ ᠤᠶᠤᠨ ᠣ ᠪᠣᠯᠪᠠᠰᠤᠨ ᠣ ᠪᠦᠲᠦᠭᠡᠨ
ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠨᠡᠶᠢᠭᠡᠮ ᠤᠨ ᠤᠶᠤᠨ ᠣ ᠪᠣᠯᠪᠠᠰᠤᠨ ᠣ
ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠵᠠᠩᠭᠢᠯᠠᠭ᠎ᠠ ᠃ ᠡᠯ᠎ᠡ ᠱᠠᠲᠤᠨ ᠣ
ᠨᠠᠮ ᠵᠠᠰᠠᠭ ᠤᠨ ᠪᠠᠶᠢᠭᠤᠯᠤᠯᠭ᠎ᠠ ᠳᠡᠭᠡᠳᠦ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ
ᠬᠥᠮᠦᠵᠢᠭᠦᠯᠬᠦ ᠪᠡᠷ ᠬᠠᠷᠠᠯᠲᠠ ᠪᠣᠯᠭᠠᠵᠤ ᠂ ᠺᠠᠳ᠋ᠷ ᠪᠦᠬᠦ ᠰᠡᠳᠬᠢᠯ ᠪᠦᠬᠦ
ᠵᠣᠷᠢᠭ ᠢᠶᠡᠷ ᠢᠶᠡᠨ ᠠᠷᠠᠳ ᠲᠦᠮᠡᠨ ᠳᠦ ᠦᠢᠯᠡᠴᠢᠯᠡᠬᠦ ᠦᠵᠡᠯ ᠰᠠᠨᠠᠭ᠎ᠠ ᠶᠢ ᠪᠠᠲᠤ ᠪᠡᠬᠢ
ᠪᠤᠢ ᠪᠣᠯᠭᠠᠵᠤ ᠂ ᠠᠯᠪᠠᠨ ᠵᠠᠷᠤᠴᠠ ᠪᠣᠯᠬᠤ ᠳᠦᠷᠢ ᠲᠥᠷᠬᠦ ᠶᠢ ᠪᠤᠢ ᠪᠣᠯᠭᠠᠵᠤ ᠂ ᠪᠦᠬᠦ
ᠨᠡᠶᠢᠭᠡᠮ ᠤᠨ ᠤᠶᠤᠨ ᠣ ᠪᠣᠯᠪᠠᠰᠤᠨ ᠣ ᠪᠦᠲᠦᠭᠡᠨ ᠪᠠᠶᠢᠭᠤᠯᠤᠯᠲᠠ ᠳᠦ ᠳᠠᠭᠤᠷᠢᠶᠠᠯ ᠪᠣᠯᠬᠤ
ᠬᠡᠷᠡᠭᠲᠡᠶ ᠃
ᠰᠤᠷᠤᠯᠴᠠᠯᠭ᠎ᠠ ᠂ ᠤᠯᠤᠰ ᠲᠦᠷᠦ ᠶᠢ ᠡᠷᠬᠢᠮᠯᠡᠬᠦ ᠂ ᠲᠥᠪ ᠰᠤᠷᠲᠠᠯ ᠢ
ᠡᠷᠬᠢᠮᠯᠡᠬᠦ ᠪᠡᠷ ᠭᠣᠣᠯ ᠠᠭᠤᠯᠭ᠎ᠠ ᠪᠣᠯᠭᠠᠭᠰᠠᠨ ᠨᠠᠮᠴᠢ ᠴᠢᠨᠠᠷ ᠪᠠ ᠨᠠᠮ ᠤᠨ ᠰᠤᠷᠲᠠᠯ ᠤᠨ
ᠬᠥᠮᠦᠵᠢᠯ ᠢ ᠴᠢᠩᠭᠠᠳᠬᠠᠨ᠎ᠠ ᠃ ᠪᠠᠳᠠᠷᠠᠭᠤᠯᠵᠤ ᠂ ᠨᠠᠮ ᠤᠨ ᠣᠨᠣᠯ ᠢ ᠪᠣᠳᠠᠲᠠᠶ ᠲᠠᠶ
ᠤᠶᠠᠯᠳᠤᠭᠤᠯᠬᠤ ᠰᠤᠷᠲᠠᠯ ᠂ ᠦᠵᠡᠯ ᠰᠠᠨᠠᠭ᠎ᠠ ᠪᠠᠨ ᠴᠢᠯᠥᠭᠡᠯᠡᠵᠦ ᠂ ᠦᠨᠡᠨ ᠡᠴᠡ ᠵᠥᠪ ᠢ
ᠡᠷᠢᠬᠦ ᠶᠢ ᠰᠠᠨᠠᠭᠠᠴᠢᠯᠠᠨ᠎ᠠ ᠃ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠂
ᠬᠤᠳᠠᠯ ᠢᠶᠡᠷ ᠮᠡᠳᠡᠭᠦᠯᠬᠦ ᠶᠢ ᠡᠰᠡᠷᠭᠦᠴᠡᠨ᠎ᠡ ᠃ ᠤᠯᠠᠨ ᠲᠦᠮᠡᠨ ᠲᠡᠶ ᠨᠢᠭᠲᠠ ᠬᠠᠷᠢᠯᠴᠠᠬᠤ
ᠰᠤᠷᠲᠠᠯ ᠢ ᠪᠠᠳᠠᠷᠠᠭᠤᠯᠤᠨ ᠂ ᠨᠣᠶᠠᠨᠴᠢ ᠰᠤᠷᠲᠠᠯ ᠢ ᠡᠰᠡᠷᠭᠦᠴᠡᠨ ᠂ ᠵᠢᠷᠭᠠᠨ ᠴᠡᠩᠭᠡᠬᠦ ᠦᠵᠡᠯ
᠂ ᠬᠡᠳᠦ ᠬᠤᠪᠢᠨᠴᠢᠷ ᠦᠵᠡᠯ ᠢ ᠪᠠᠳᠠᠷᠠᠭᠤᠯᠤᠨ ᠂ ᠰᠢᠭᠦᠮᠵᠢᠯᠡᠯ ᠪᠠ ᠥᠪᠡᠷ ᠢ ᠪᠡᠨ
ᠰᠢᠭᠦᠮᠵᠢᠯᠡᠬᠦ ᠰᠤᠷᠲᠠᠯ ᠢ ᠡᠰᠡᠷᠭᠦᠴᠡᠵᠦ ᠂ ᠵᠠᠷᠴᠢᠮ ᠢ ᠡᠷᠬᠢᠮᠯᠡᠬᠦ ᠦᠭᠡᠢ ᠂ ᠵᠥᠪ
ᠪᠤᠷᠤᠭᠤ ᠶᠢ ᠢᠯᠭᠠᠬᠤ ᠦᠭᠡᠢ ᠪᠠᠶᠢᠬᠤ ᠵᠡᠷᠭᠡ ᠪᠤᠷᠤᠭᠤ ᠬᠡᠯᠪᠡᠷᠢᠯ ᠢ ᠡᠰᠡᠷᠭᠦᠴᠡᠬᠦ
ᠬᠡᠷᠡᠭᠲᠡᠶ ᠃ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠰᠤᠷᠲᠠᠯ ᠢ ᠪᠠᠳᠠᠷᠠᠭᠤᠯᠵᠤ ᠂
ᠱᠠᠯᠢᠨ ᠪᠦᠷᠢᠯᠭᠡᠬᠦ ᠂ ᠨᠠᠮᠪᠠᠭᠠᠯᠠᠬᠤ ᠂ ᠰᠣᠷᠲᠣᠭᠣᠯᠠᠵᠤ ᠮᠥᠴᠡᠭᠡᠷᠬᠡᠬᠦ ᠵᠡᠷᠭᠡ ᠮᠠᠭᠤ ᠬᠡᠪ
ᠰᠤᠷᠲᠠᠯ ᠢ ᠡᠰᠡᠷᠭᠦᠴᠡᠵᠦ ᠂ ᠨᠠᠮ ᠵᠠᠰᠠᠭ ᠤᠨ ᠪᠠᠶᠢᠭᠤᠯᠤᠯᠭ᠎ᠠ ᠪᠣᠯᠤᠨ ᠨᠠᠮ ᠵᠠᠰᠠᠭ ᠤᠨ
ᠺᠠᠳ᠋ᠷ ᠤᠨ ᠰᠠᠢᠨ ᠰᠠᠶᠢᠬᠠᠨ ᠳᠦᠷᠢ ᠳᠦᠷᠬᠦ ᠶᠢ ᠪᠤᠢ ᠪᠣᠯᠭᠠᠨ᠎ᠠ ᠃
ᠡᠯ᠎ᠡ ᠵᠦᠢᠯ ᠤᠨ
ᠳᠦᠷᠢᠮ ᠲᠣᠭᠲᠠᠭᠠᠯ ᠢ ᠪᠠᠶ᠋ᠢᠭᠤᠯᠤᠨ ᠲᠡᠭᠦᠯᠳᠡᠷᠵᠢᠭᠦᠯᠵᠦ ᠂ ᠴᠢᠩᠭᠠᠳᠬᠠᠵᠤ ᠂ ᠺᠠᠲᠠᠷ ᠤᠨ
ᠡᠩᠨᠡᠭᠡᠨ ᠤ ᠬᠠᠮᠢᠶᠠᠷᠤᠯᠲᠠ ᠶ᠋ᠢ ᠴᠢᠩᠭᠠᠳᠬᠠᠬᠤ ᠬᠡᠷᠡᠭᠲᠡᠶ ᠃ ᠠᠷᠪᠠᠨ ᠬᠡᠰᠡᠭ ᠬᠥᠮᠦᠰ ᠢ
ᠴᠢᠩᠭ᠎ᠠ ᠰᠤᠷᠭᠠᠵᠤ ᠂ ᠴᠢᠩᠭ᠎ᠠ ᠬᠠᠮᠢᠶᠠᠷᠤᠯᠲᠠ᠂ ᠴᠢᠩᠭ᠎ᠠ ᠬᠢᠨᠠᠯᠲᠠ ᠲᠠᠯᠪᠢᠵᠤ ᠂ ᠴᠢᠩᠭ᠎ᠠ
ᠱᠠᠭᠠᠷᠳᠠᠬᠤ ᠂ ᠴᠢᠩᠭ᠎ᠠ ᠨᠢᠮᠪᠠᠶ ᠬᠢᠨᠠᠯᠲᠠ ᠲᠠᠯᠪᠢᠬᠤ ᠶᠠᠪᠤᠳᠠᠯ ᠢ ᠪᠠᠶ᠋ᠢᠩᠭᠤ ᠶ᠋ᠢᠨ
ᠴᠢᠨᠠᠷᠲᠠᠶ ᠬᠠᠮᠢᠶᠠᠷᠤᠯᠲᠠ ᠪᠠ ᠰᠤᠷᠭᠠᠨ ᠬᠥᠮᠦᠵᠢᠯ ᠳ᠋ᠤ ᠶᠣᠭᠲᠠᠯᠠᠭᠳᠠᠵᠤ ᠪᠠᠶ᠋ᠢᠳᠠᠭ ᠃
ᠡᠯ᠎ᠡᠱᠠᠲᠤᠨ ᠤ ᠤᠳᠤᠷᠢᠳᠬᠤ ᠺᠠᠳ᠋ᠷᠴᠤᠳ ᠴᠠᠭ ᠢᠮᠠᠭᠲᠠ ᠪᠡᠶ᠎ᠡ ᠪᠠᠨ ᠬᠢᠴᠢᠶᠡᠨ ᠂ ᠪᠡᠶ᠎ᠡ ᠪᠠᠨ
ᠬᠢᠨᠠᠵᠤ ᠂ ᠥᠪᠡᠷ ᠢ ᠪᠠᠨ ᠰᠡᠷᠡᠮᠵᠢᠯᠡᠭᠦᠯᠬᠦ ᠂ ᠥᠪᠡᠷ ᠢ ᠪᠡᠨ ᠵᠣᠷᠢᠭᠵᠢᠭᠤᠯᠤᠨ ᠂
ᠪᠡᠶ᠎ᠡ ᠪᠠᠷ ᠢᠶᠡᠨ ᠬᠡᠪ ᠳᠦ᠋ᠷᠢᠮ ᠪᠣᠯᠬᠤ ᠂ ᠬᠡᠯᠡᠭᠰᠡᠨ ᠳ᠋ᠡᠭᠡᠨ ᠬᠦᠷᠬᠦ ᠂ ᠪᠤᠰᠤᠳ ᠲᠤ
ᠲᠠᠯᠪᠢᠭᠰᠠᠨ ᠱᠠᠭᠠᠷᠳᠠᠯᠭ᠎ᠠ ᠳ᠋ᠤ ᠪᠠᠨ ᠥᠪᠡᠷ ᠢᠶᠡᠨ ᠤᠷᠢᠳᠠᠪᠠᠷ ᠬᠦᠷᠦᠭᠰᠡᠨ ᠪᠠᠶᠢᠬᠤ
ᠬᠡᠷᠡᠭᠲᠡᠶ ᠂ ᠪᠤᠰᠤᠳ ᠬᠥᠮᠦᠨ ᠤ ᠬᠢᠬᠦ ᠶ᠋ᠢ ᠴᠠᠭᠠᠵᠠᠯᠠᠭᠰᠠᠨ ᠵᠦᠢᠯ ᠢ ᠥᠪᠡᠷ ᠢᠶᠡᠨ
ᠶᠠᠭᠠᠬᠢᠭᠰᠠᠨ ᠴᠤ ᠬᠢᠬᠦ ᠤᠢᠭᠡᠢ ᠪᠠᠶ᠋ᠢᠬᠤ ᠂ ᠨᠠᠮ ᠪᠠ ᠠᠷᠠᠳ ᠲᠦᠮᠡᠨ ᠤ ᠬᠢᠨᠠᠯᠲᠠ ᠶ᠋ᠢ
ᠤᠬᠠᠮᠰᠠᠷ ᠡᠴᠠ ᠪᠠᠨ ᠬᠦᠯᠢᠶᠡᠬᠦ ᠬᠡᠷᠡᠭᠲᠡᠶ ᠃ ᠡᠷᠬᠡ ᠵᠡᠷᠭᠡ ᠂ ᠮᠥᠩᠭᠥ ᠵᠣᠭᠣᠰ ᠂ ᠥᠩᠭᠡᠨ ᠦ
ᠥᠳᠥᠭᠡᠯᠭᠡ ᠶ᠋ᠢᠨ ᠰᠢᠯᠭᠠᠯᠲᠠ ᠶ᠋ᠢ ᠳᠠᠭᠠᠭᠠᠬᠤ ᠬᠡᠷᠡᠭᠲᠡᠶ ᠃
ᠦᠨᠳᠦᠰᠦᠨ ᠱᠠᠲᠤᠨ ᠳ᠋ᠤ
ᠦᠢᠯᠡᠴᠢᠯᠡᠵᠦ ᠂ ᠤᠯᠠᠨ ᠲᠦᠮᠡᠨ ᠳ᠋ᠤ ᠦᠢᠯᠡᠴᠢᠯᠡᠵᠦ ᠂ ᠠᠵᠤ ᠠᠬᠤᠶ ᠶ᠋ᠢᠨ ᠪᠦᠲᠦᠭᠡᠨ
ᠪᠠᠶᠢᠭᠤᠯᠤᠯᠲᠠ ᠳ᠋ᠤ ᠦᠢᠯᠡᠴᠢᠯᠡᠭᠦᠯᠬᠦ ᠪᠡᠷ ᠭᠣᠣᠯ ᠠᠭᠤᠯᠭ᠎ᠠ ᠪᠣᠯᠭᠠᠭᠰᠠᠨ ᠦᠢᠯᠡᠴᠢᠯᠡᠭᠡᠨ ᠤ
ᠠᠵᠢᠯᠯᠠᠭᠠᠨ ᠢ ᠥᠷᠨᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶᠠᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶ᠋ᠢᠨ ᠰᠠᠨᠠᠯ ᠂ ᠨᠠᠮ
ᠪᠣᠯᠤᠨ ᠠᠷᠠᠳ ᠤᠯᠠᠨ ᠤ ᠬᠣᠭᠣᠷᠣᠨᠳᠣᠬᠢ ᠬᠠᠷᠢᠴᠠᠭᠠᠨ ᠤ ᠲᠤᠬᠠᠢ ᠲᠣᠭᠲᠠᠭᠠᠯ ᠂ ᠤᠳᠤᠷᠢᠳᠬᠤ
ᠺᠠᠳ᠋ᠷ ᠤᠨ ᠬᠠᠷᠢᠯᠴᠠᠭᠠᠨ ᠤ ᠴᠡᠭ ᠤᠨ ᠳᠦᠷᠢᠮ ᠢ ᠪᠠᠶ᠋ᠢᠭᠤᠯᠬᠤ ᠲᠤᠬᠠᠶ ᠵᠡᠷᠭᠡ ᠬᠣᠯᠪᠣᠭᠳᠠᠯ
ᠪᠦᠬᠦᠢ ᠪᠢᠴᠢᠭ ᠮᠠᠲ᠋ᠧᠷᠢᠶᠠᠯ ᠤᠨᠵᠣᠷᠢᠭ ᠰᠠᠨᠠᠭ᠎ᠠ ᠶ᠋ᠢ ᠡᠷᠡᠰ ᠲᠠᠰᠤᠷᠬᠠᠢ ᠪᠠᠷ ᠲᠤᠤᠱᠯᠠᠭᠤᠯᠵᠤ
᠂ ᠵᠠᠷᠢᠮ ᠪᠠᠶ᠋ᠢᠭᠤᠯᠭ᠎ᠠ ᠶ᠋ᠢᠨᠦᠵᠡᠯ ᠰᠠᠨᠠᠭ᠎ᠠ ᠤᠯᠤᠰ ᠲᠤᠢᠷᠦ ᠶ᠋ᠢᠨ ᠠᠵᠢᠯ ᠰᠤᠯᠠ ᠲᠤᠷᠦᠢ ᠂
ᠰᠠᠬᠢᠯᠭ᠎ᠠ ᠪᠠᠲᠤ ᠰᠤᠯᠠ ᠂ ᠴᠤᠬ ᠰᠦᠯᠳᠡ ᠦᠭᠡᠢ ᠪᠠᠶᠢᠳᠠᠯ ᠢ ᠡᠷᠡᠰ ᠬᠤᠪᠢᠷᠠᠭᠤᠯᠤᠨ᠎ᠠ ᠃ 《ᠠᠰᠢᠭ
ᠣᠯᠵᠠ ᠦᠭᠡᠢ ᠪᠣᠯ ᠤᠴᠢᠷ ᠶᠠᠪᠤᠳᠠᠯ ᠢ ᠪᠦᠲᠦᠭᠡᠵᠦ ᠥᠭᠬᠦ ᠦᠭᠡᠶ᠂ ᠠᠰᠢᠭ ᠣᠯᠵᠠ ᠲᠠᠢ ᠴᠤ ᠡᠷᠦᠢ
ᠬᠤᠷᠤᠢ ᠦᠭᠡᠢ ᠭᠦᠢᠴᠡᠳᠬᠡᠳᠡᠭ 》ᠵᠣᠷᠢᠭ ᠰᠢᠭᠤᠳᠴᠤ ᠬᠤᠪᠢᠷᠠᠭᠤᠯᠬᠤ ᠬᠡᠷᠡᠭᠲᠡᠶ ᠂ ᠲᠤᠰᠠ ᠥᠭᠴᠦ
ᠵᠢᠷᠤᠭ᠎ᠠ ᠶᠢᠷᠲᠢᠨᠴᠦ 》 ᠂ ᠢᠳᠡᠬᠦ ᠂ ᠠᠪᠬᠤ ᠂ ᠺᠠᠷᠲ ᠂ ᠵᠡᠷᠭᠡ ᠲᠥᠪ ᠪᠤᠰᠤ ᠰᠤᠷᠲᠠᠯ ᠢ
ᠬᠤᠪᠢᠷᠠᠭᠤᠯᠬᠤ ᠬᠡᠷᠡᠭᠲᠡᠶ ᠃ ᠪᠠᠶ᠋ᠢᠴᠠᠭᠠᠨ ᠰᠤᠳᠤᠯᠤᠯᠲᠠ ᠬᠢᠬᠦ ᠪᠠ ᠬᠠᠤᠯᠢ ᠶᠣᠰᠣᠭᠠᠷ ᠵᠠᠰᠠᠭ
ᠶᠠᠪᠤᠭᠤᠯᠬᠤ ᠶ᠋ᠢ ᠴᠢᠩᠭᠠᠳᠬᠠᠵᠤ ᠂ ᠠᠵᠢᠯᠯᠠᠬᠤ ᠰᠤᠷᠲᠠᠯ ᠢᠶᠡᠨ ᠤᠯᠠᠮ ᠴᠢᠨᠠᠭᠰᠢᠳᠠ
ᠰᠠᠶ᠋ᠢᠵᠢᠷᠠᠭᠤᠯᠬᠤ ᠂ ᠠᠵᠢᠯ ᠤᠨ ᠦᠷ᠎ᠡ ᠪᠦᠲᠦᠭᠡᠯ ᠢᠶᠡᠨ ᠴᠢᠷᠮᠠᠶ᠋ᠢᠨ ᠳᠡᠭᠡᠭᠰᠢᠯᠡᠭᠦᠯᠬᠦ
ᠬᠡᠷᠡᠭᠲᠡᠶ ᠃ ᠡᠯ᠎ᠡ ᠱᠠᠲᠤᠨ ᠤ ᠨᠠᠮ ᠤᠨ ᠵᠠᠰᠠᠭ ᠤᠨ ᠣᠷᠳᠣᠨ ᠤ ᠪᠠᠶ᠋ᠢᠭᠤᠯᠭ᠎ᠠ ᠴᠥᠮ ᠪᠣᠳᠠᠲᠤ
ᠪᠠᠶᠢᠳᠠᠯ ᠢᠶᠡᠨ ᠦᠨᠳᠦᠰᠦᠯᠡᠨ ᠲᠣᠭᠲᠠᠭᠠᠵᠤ ᠂ ᠰᠤᠷᠲᠠᠯ ᠢ ᠴᠡᠭᠴᠡᠯᠡᠨ ᠰᠠᠶ᠋ᠢᠵᠢᠷᠠᠭᠤᠯᠬᠤ ᠂
ᠦᠢᠯᠡ ᠠᠵᠢᠯᠯᠠᠭᠠᠨ ᠤ ᠵᠢᠷᠤᠮᠵᠢᠯ ᠪᠠ ᠲᠥᠪ ᠪᠤᠰᠤ ᠰᠤᠷᠲᠠᠯ ᠢ ᠰᠡᠷᠭᠡᠶ᠋ᠢᠯᠡᠬᠦ ᠪᠣᠳᠠᠲᠠᠶ
ᠠᠷᠭ᠎ᠠ ᠬᠡᠮᠵᠢᠶ᠎ᠡ ᠠᠪᠬᠤ ᠬᠡᠷᠡᠭᠲᠡᠢ ᠃ ᠯᠠᠪᠳᠠᠭᠤᠨ ᠪᠠᠲᠤᠲᠠᠶ ᠠᠵᠢᠯᠯᠠᠵᠤ ᠂ ᠡᠯ᠎ᠡ ᠱᠠᠲᠤᠨ ᠤ
ᠺᠠᠳ᠋ᠷ ᠦ᠋ᠨᠦᠵᠡᠯ ᠰᠠᠨᠠᠭ᠎ᠠ ᠶᠣᠰᠣ ᠮᠣᠷᠠᠯ ᠤᠨ ᠬᠢᠷᠢ ᠲᠦᠪᠰᠢᠨ ᠪᠠ ᠠᠵᠢᠯ ᠤᠨ ᠰᠤᠷᠲᠠᠯ ᠂
ᠠᠵᠢᠯ ᠤᠨ ᠰᠠᠬᠢᠯᠭ᠎ᠠ ᠪᠠᠲᠤ ᠳ᠋ᠦ ᠢᠯᠡᠳᠲᠡ ᠬᠤᠪᠢᠷᠠᠯᠲᠠ ᠭᠠᠷᠭᠠᠨ᠎ᠠ ᠃
ᠲᠥᠪ ᠬᠣᠷᠢᠶᠠᠨ ᠤ
ᠨᠢᠭᠡᠳᠦᠯᠲᠡᠶ ᠪᠠᠶ᠋ᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ ᠂ ᠢᠯᠵᠠᠷᠠᠯ ᠢ
ᠡᠰᠡᠷᠭᠦᠴᠡᠬᠦ ᠲᠡᠮᠡᠴᠡᠯ ᠤᠨ ᠡᠷᠴᠢᠮ ᠢ ᠴᠢᠩᠭᠠᠷᠠᠭᠤᠯᠤᠨ᠎ᠠ ᠃ ᠨᠠᠮ ᠤᠨ ᠡᠯ᠎ᠡ ᠱᠠᠲᠤᠨ ᠤ ᠤ
ᠳᠤᠷᠢᠳᠤᠯᠭᠠ ᠠᠵᠢᠯᠲᠠᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ
ᠪᠠᠶᠢᠭᠤᠯᠤᠯᠲᠠ ᠶ᠋ᠢᠨ ᠲᠤᠬᠠᠶ ᠲᠥᠪ ᠬᠣᠷᠢᠶᠠᠨ ᠤ ᠡᠯ᠎ᠡ ᠵᠦᠢᠯ ᠤᠨ ᠲᠣᠭᠲᠠᠭᠠᠯ ᠢ ᠡᠷᠡᠰ
ᠲᠤᠤᠱᠯᠠᠭᠤᠯᠵᠤ ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠤ ᠂ ᠠᠷᠠᠳ ᠤᠨ ᠲᠥᠯᠥᠭᠡ
ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠢ ᠪᠡᠶᠡᠯᠡᠭᠦᠯᠦᠨ᠎ᠡ ᠃.
ᠡᠷᠡᠰ ᠬᠣᠷᠢᠭᠯᠠᠨ
ᠵᠣᠭᠰᠣᠭᠠᠵᠤ ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠂ ᠠᠮᠤᠷ ᠵᠢᠷᠭᠠᠯ ᠢ ᠡᠷᠢᠬᠦ ᠂
ᠢᠯᠵᠠᠷᠠᠨ ᠲᠤᠷᠤᠢᠳᠠᠬᠤ ᠵᠡᠷᠭᠡ ᠨᠠᠵᠠᠭᠠᠶ ᠢᠯᠵᠠᠷᠠᠮᠠᠯ ᠦᠵᠡᠭᠳᠡᠯ ᠢ ᠡᠷᠡᠰ ᠢᠶ᠋ᠡᠷ
ᠬᠣᠷᠢᠭᠯᠠᠨ᠎ᠠ ᠃ ᠶᠡᠬᠡ ᠬᠡᠷᠡᠭ ᠴᠢᠬᠤᠯᠠ ᠬᠡᠷᠡᠭ ᠢ ᠦᠷᠭᠦᠯᠵᠢᠯᠡᠨ ᠴᠢᠩᠭ᠎ᠠ ᠪᠠᠶ᠋ᠢᠴᠠᠭᠠᠨ
ᠰᠢᠶᠳᠪᠦᠷᠢᠯᠡᠬᠦ ᠶ᠋ᠢ ᠪᠠᠷᠢᠮᠲᠠᠯᠠᠵᠤ ᠂ ᠠᠯᠢᠪᠠ ᠬᠠᠷᠰᠢ ᠰᠠᠭᠠᠳ ᠢ ᠠᠷᠢᠯᠭᠠᠵᠤ ᠂ ᠡᠯ᠎ᠡ
ᠵᠦᠢᠯ ᠤᠨ ᠬᠠᠤᠯᠢ ᠶ᠋ᠢ ᠵᠥᠷᠢᠴᠡᠵᠦ ᠰᠠᠬᠢᠯᠭ᠎ᠠ ᠪᠠᠲᠤ ᠶ᠋ᠢ ᠵᠥᠷᠢᠴᠡᠭᠰᠡᠨ ᠠᠰᠠᠭᠤᠳᠠᠯ ᠢ
ᠪᠠᠶ᠋ᠢᠴᠠᠭᠠᠨ ᠰᠢᠶᠳᠪᠦᠷᠢᠯᠡᠬᠦ ᠬᠡᠷᠡᠭᠲᠡᠶ ᠃
ᠵᠢᠷᠭᠤᠭ᠎ᠠ ᠂ ᠬᠣᠲᠠ ᠬᠥᠳᠡᠭᠡ ᠶ᠋ᠢᠨ ᠲᠥᠯᠥᠪᠵᠢᠭᠦᠯᠭᠡ ᠂ ᠪᠠᠶᠢᠭᠤᠯᠤᠯᠲᠠ ᠪᠠ ᠬᠠᠮᠢᠶᠠᠷᠤᠯᠲᠠ ᠶ᠋ᠢᠨᠠᠷᠢᠨ ᠬᠢᠨᠠᠮᠠᠭᠠᠶ ᠰᠠᠶ᠋ᠢᠲᠤᠷ ᠥᠷᠨᠢᠭᠦᠯᠦᠨ᠎ᠡ
ᠨᠢᠭᠡᠳᠦᠯᠲᠡᠶ
ᠲᠥᠯᠦᠪᠯᠡᠵᠦ ᠂ ᠲᠣᠬᠢᠷᠠᠮᠵᠢᠲᠠᠶ ᠪᠠᠶᠢᠷᠢᠯᠠᠭᠤᠯᠤᠭᠰᠠᠨ ᠂ ᠪᠣᠳᠠᠲᠠᠶ ᠪᠠᠶᠢᠳᠠᠯ ᠳᠠᠭᠠᠨ
ᠳᠣᠬᠢᠢᠷᠠᠭᠤᠯᠤᠭᠰᠠᠨ , ᠶᠡᠷᠦᠩᠬᠡᠶ᠋ᠢᠯᠡᠭᠰᠡᠨ ᠨᠡᠭᠡᠭᠡᠯᠳᠡ ᠂ ᠪᠦᠷᠢᠨ ᠲᠦᠬᠦᠷ
ᠪᠠᠶᠢᠭᠤᠯᠤᠯᠲᠠ ᠶ᠋ᠢᠨ ᠵᠠᠷᠴᠢᠮ ᠢ ᠦᠨᠳᠦᠰᠦᠯᠡᠵᠦ ᠂ ᠬᠣᠲᠠᠪᠠᠯᠭᠠᠰᠤ ᠂ ᠰᠢᠶᠠᠩ ( ᠰᠤᠮᠤ ) ᠂
ᠬᠦᠳᠡᠭᠡ ᠂ ᠲᠣᠰᠬᠣᠨ ᠦ ᠲᠥᠯᠦᠪᠵᠢᠭᠦᠯᠭᠡ ᠂ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶ᠋ᠢ
ᠰᠠᠶᠢᠲᠤᠷ ᠬᠢᠵᠦ ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠦᠲᠦᠭᠡᠨ
ᠪᠠᠶᠢᠭᠤᠯᠤᠯᠲᠠ ᠳ᠋ᠦ ᠰᠠᠢᠨ ᠰᠠᠶᠢᠬᠠᠨ ᠠᠴᠢᠶᠠᠯᠠᠪᠤᠷᠢ ᠶ᠋ᠢ ᠪᠣᠢ ᠪᠣᠯᠭᠠᠨ᠎ᠠ ᠃ ᠬᠤᠲᠠ
ᠪᠠᠯᠭᠠᠰᠤᠨ ᠤ ᠰᠠᠭᠤᠷᠢ ᠲᠥᠬᠥᠭᠡᠷᠦᠮᠵᠢ ᠂ ᠠᠮᠢᠳᠤᠷᠠᠯ ᠤᠨ ᠦᠢᠯᠡᠴᠢᠯᠡᠭᠡᠨ ᠤ
ᠲᠥᠬᠥᠭᠡᠷᠦᠮᠵᠢ ᠶ᠋ᠢᠨ ᠪᠦᠳᠦᠭᠡᠨ ᠪᠠᠶᠢᠭᠤᠯᠤᠯᠲᠠ ᠶ᠋ᠢ ᠰᠠᠶ᠋ᠢᠲᠤᠷ ᠬᠢᠵᠦ ᠂ ᠬᠤᠳᠠ ᠪᠠᠯᠭᠠᠰᠤᠨ ᠤ
ᠰᠠᠭᠤᠭᠠᠯᠢ ᠠᠷᠠᠳ ᠤᠨ ᠢᠳᠡᠬᠦ ᠂ ᠰᠠᠭᠤᠬᠤ ᠂ ᠶᠠᠪᠤᠬᠤ ᠂ ᠨᠠᠶ᠋ᠢᠷ ᠨᠠᠭᠠᠳᠤᠮ ᠤᠨ ᠲᠠᠯ᠎ᠠ ᠪᠠᠷ
ᠨᠢᠭᠡᠨ ᠠᠮᠤᠷ ᠲᠦᠪᠰᠢᠨ ᠲᠦᠭᠦᠮ ᠨᠥᠬᠥᠴᠡᠯ ᠪᠠ ᠲᠣᠬᠢᠯᠢᠭ ᠰᠠᠶᠢᠬᠠᠨ ᠣᠷᠴᠢᠨ ᠨᠥᠬᠥᠴᠡᠯ ᠢ ᠪᠤᠢ
ᠪᠣᠯᠭᠠᠨ᠎ᠠ ᠃ ᠪᠣᠬᠢᠷ ᠪᠣᠷᠲᠠᠭ ᠪᠠᠶᠢᠳᠠᠯ ᠢ ᠵᠠᠰᠠᠬᠤ ᠪᠠᠷ ᠭᠣᠣᠯᠳᠠᠯᠭ᠎ᠠ ᠪᠣᠯᠭᠠᠵᠤ ᠂
ᠣᠯᠠᠨᠨᠡᠶ᠋ᠢᠲᠡ ᠶ᠋ᠢᠨ ᠲᠠᠯᠠᠪᠣᠷ ᠂᠂ ᠬᠥᠭᠵᠢᠶᠡᠨ ᠨᠠᠷᠭᠢᠶᠠᠨᠲᠠᠶ ᠲᠠᠢ ᠭᠠᠵᠠᠷ ᠂
ᠰᠤᠷᠭᠠᠭᠤᠯᠢ ᠶ᠋ᠢᠨ ᠣᠷᠴᠢᠨ ᠲᠣᠭᠣᠷᠢᠨ ᠤ ᠡᠮᠬᠢ ᠵᠢᠷᠤᠮ ᠢ ᠲᠥᠪᠯᠡᠷᠡᠭᠦᠯᠦᠨ ᠴᠡᠭᠴᠡᠯᠡᠨ
ᠵᠠᠰᠠᠨ᠎ᠠ ᠃ ᠴᠡᠴᠡᠷᠯᠢᠭᠳᠦ ᠨᠢᠭᠡᠴᠢ ᠶ᠋ᠢ ᠪᠠᠶᠢᠭᠤᠯᠬᠤ ᠬᠦᠳᠡᠯᠭᠡᠭᠡᠨ ᠢ ᠥᠷᠨᠢᠭᠦᠯᠦᠨ᠎ᠡ ᠃
ᠲᠥᠪ ᠤᠨ ᠲᠥᠯᠥᠪᠵᠢᠭᠦᠯᠭᠡ ᠂ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶ᠋ᠢ ᠶᠡᠬᠡ
ᠬᠦᠴᠦᠨ ᠢᠶ᠋ᠡᠷ ᠶᠠᠪᠤᠭᠳᠠᠭᠤᠯᠵᠤ ᠂ ᠪᠦᠬᠦ ᠣᠷᠣᠨ ᠤ ᠬᠣᠲᠠ ᠪᠠᠯᠭᠠᠰᠤ ᠶ᠋ᠢᠨ ᠪᠥᠲᠥᠭᠡᠨ
ᠪᠠᠶᠢᠭᠤᠯᠤᠯᠲᠠ ᠶ᠋ᠢ ᠳᠠᠭᠠᠭᠤᠯᠤᠨ᠎ᠠ ᠃
ᠮᠠᠯᠵᠢᠬᠤ ᠲᠠᠷᠢᠶᠠᠯᠠᠬᠤ ᠣᠷᠣᠨ ᠤ ᠬᠢᠨ
ᠪᠠᠯᠭᠠᠰᠤ ᠶ᠋ᠢᠨ ᠪᠦᠳᠦᠭᠡᠨ ᠪᠠᠶᠢᠭᠤᠯᠤᠯᠲᠠ ᠪᠠᠷ ᠭᠣᠣᠯᠳᠠᠯᠭ᠎ᠠ ᠪᠣᠯᠭᠠᠵᠤ ᠂ ᠰᠠᠶ᠋ᠢᠲᠤᠷ
ᠠᠳᠬᠤᠵᠤ ᠂ ᠣᠷᠴᠢᠨ ᠲᠣᠭᠣᠷᠢᠨ ᠤ ᠡᠷᠡᠭᠦᠯ ᠬᠠᠮᠠᠭᠠᠯᠠᠯ ᠂ ᠵᠠᠮ , ᠴᠤᠭᠯᠠᠭ᠎ᠠ ᠮᠠᠶ᠋ᠢᠮᠠᠶ ᠶ᠋ᠢᠨ
ᠵᠠᠬ᠎ᠠ ᠳᠡᠯᠭᠡᠭᠦᠷ ᠂ ᠰᠣᠶᠣᠯ ᠲᠣᠭᠯᠠᠭᠠᠮ ᠤᠨ ᠲᠠᠯᠠᠪᠤᠷ ᠪᠠ ᠨᠡᠶᠢᠭᠡᠮ ᠤᠨ ᠦᠢᠯᠡᠴᠢᠯᠡᠭᠡᠨ ᠤ
ᠲᠥᠬᠥᠭᠡᠷᠦᠮᠵᠢ ᠶ᠋ᠢᠨ ᠪᠠᠶᠢᠭᠤᠯᠤᠯᠲᠠ ᠶ᠋ᠢ ᠴᠢᠷᠮᠠᠶ᠋ᠢᠨ ᠪᠠᠶᠢᠭᠤᠯᠵᠦ ᠂ ᠪᠠᠶᠢᠷᠢᠰᠢᠯ ᠨᠢ ᠵᠦᠢ
ᠵᠣᠬᠢᠰᠲᠠᠶ ᠂ ᠲᠥᠬᠥᠭᠡᠷᠦᠮᠵᠢ ᠨᠢ ᠢᠵᠢ ᠪᠦᠷᠢᠯᠳᠦᠭᠰᠡᠨ ᠂ ᠵᠠᠮ ᠬᠠᠷᠢᠯᠴᠠᠭ᠎ᠠ ᠳᠥᠭᠥᠮ ᠂
ᠠᠷᠢᠭᠤᠨ ᠴᠡᠪᠡᠷ ᠂ ᠣᠷᠣᠨ ᠨᠤᠲᠤᠭ ᠤᠨ ᠣᠨᠴᠠᠯᠢᠭ ᠪᠦᠬᠦᠢ ᠰᠢᠨ᠎ᠡ ᠬᠡᠯᠪᠡᠷᠢ ᠶ᠋ᠢᠨ ᠴᠤᠭᠯᠠᠭ᠎ᠠ
ᠪᠠᠯᠭᠠᠰᠤ ᠶ᠋ᠢ ᠪᠠᠶᠢᠭᠤᠯᠵᠤ ᠂ ᠪᠠᠯᠭᠠᠰᠤ ᠪᠠᠷ ᠬᠥᠳᠡᠭᠡ ᠶ᠋ᠢ ᠳᠠᠶᠢᠴᠢᠯᠠᠭᠤᠯᠤᠨ ᠪᠦᠬᠦᠶ᠋ᠢᠯᠡ ᠂
ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠣᠷᠢᠨ ᠤ ᠪᠥᠳᠥᠭᠡᠨ ᠪᠠᠶᠢᠭᠤᠯᠤᠯᠲᠠ ᠶ᠋ᠢ
ᠳᠦᠯᠬᠢᠨ ᠠᠬᠢᠭᠤᠯᠤᠨ᠎ᠠ ᠃
ᠠᠯᠤᠰ ᠤᠨ ᠬᠠᠷᠠᠯᠲᠠ ᠳ᠋ᠤ ᠰᠠᠭᠤᠷᠢᠯᠠᠵᠤ ᠂ ᠴᠢᠨᠡᠭᠡᠯᠢᠭ
ᠬᠠᠷᠠᠯᠲᠠ ᠲᠠᠢ ᠤᠶᠠᠯᠳᠤᠭᠤᠯᠤᠨ ᠂ ᠠᠯᠤᠰ ᠬᠡᠲᠦ ᠶ᠋ᠢᠨ ᠲᠥᠯᠦᠪᠯᠡᠯᠭᠡ ᠦᠭᠡᠢ ᠂ ᠭᠠᠵᠠᠷ
ᠲᠠᠷᠢᠶ᠎ᠠ ᠶ᠋ᠢ ᠳᠤᠷᠠᠪᠠᠷ ᠠᠰᠢᠭᠯᠠᠬᠤ ᠂ ᠡᠮᠬᠢ ᠵᠠᠮᠪᠠᠷᠠᠭ᠎ᠠ ᠦᠭᠡᠢ ᠪᠠᠷᠢᠯᠭ᠎ᠠ ᠪᠠᠷᠢᠬᠤ
ᠵᠡᠷᠭᠡ ᠶ᠋ᠢ ᠵᠣᠭᠰᠣᠭᠠᠨ᠎ᠠ ᠃
ᠬᠤᠳᠠ ᠂ ᠰᠢᠶᠠᠩ ᠪᠠᠯᠭᠠᠰᠤᠨ ᠤ ᠪᠥᠳᠥᠭᠡᠨ ᠪᠠᠶ᠋ᠢᠭᠤᠯᠬᠤ
ᠬᠠᠮᠢᠶᠠᠷᠤᠯᠲᠠ ᠶ᠋ᠢᠨ ᠡᠯ᠎ᠡ ᠵᠦᠢᠯ ᠤᠨ ᠬᠠᠤᠯᠢ ᠲᠦᠷᠢᠮ ᠢ ᠤᠯᠠᠮ ᠨᠢᠭᠡ ᠠᠯᠬᠤᠮ
ᠲᠡᠭᠦᠯᠳᠡᠷᠵᠢᠭᠦᠯᠵᠦ ᠂ ᠬᠣᠲᠠ ᠬᠥᠳᠡᠭᠡ ᠶ᠋ᠢᠨ ᠪᠥᠲᠥᠭᠡᠨ ᠪᠠᠶᠢᠭᠤᠯᠤᠯᠲᠠ ᠶ᠋ᠢᠨ
ᠬᠠᠮᠢᠶᠠᠷᠤᠯᠲᠠ ᠶ᠋ᠢ ᠬᠠᠤᠯᠢᠵᠢᠭᠤᠯᠬᠤ ᠵᠠᠮ ᠳ᠋ᠤ ᠣᠷᠣᠭᠣᠯᠤᠨᠠ ᠃ ᠬᠣᠲᠠ ᠬᠥᠳᠡᠭᠡ ᠶ᠋ᠢᠨ
ᠬᠠᠮᠢᠶᠠᠷᠤᠯᠲᠠ ᠶ᠋ᠢᠨ ᠪᠠᠶᠢᠭᠤᠯᠤᠯ ᠢ ᠰᠢᠯᠤᠭᠤᠳᠬᠠᠵᠤ ᠂ ᠬᠣᠲᠠ ᠬᠥᠳᠡᠭᠡ ᠶ᠋ᠢᠨ
ᠬᠠᠮᠢᠶᠠᠷᠤᠯᠲᠠ ᠶ᠋ᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃
ᠬᠣᠲᠠᠪᠠᠯᠭᠠᠰᠤ ᠶ᠋ᠢᠨᠨᠣᠭᠣᠭᠠᠷᠠᠭᠤᠯᠤᠯᠲᠠ᠂ ᠡᠷᠡᠭᠦᠯ ᠬᠠᠮᠠᠭᠠᠯᠠᠯ ᠂ ᠳᠠᠭᠠᠭᠠᠴᠢᠯᠠᠬᠤ ᠣᠷᠣᠨ ᠪᠠ
ᠬᠠᠷᠢᠭᠤᠴᠠᠯᠭ᠎ᠠ ᠶ᠋ᠢ ᠬᠥᠮᠦᠨ ᠳ᠋ᠤ ᠬᠦᠷᠲᠡᠯ᠎ᠡ ᠨᠠᠶᠢᠳᠠᠪᠤᠷᠢᠵᠢᠭᠤᠯᠬᠤ ᠳᠦᠷᠢᠮ ᠳᠣᠭᠲᠠᠠᠭᠠᠯ ᠢ
ᠪᠠᠶᠢᠭᠤᠯᠤᠨ᠎ᠠ ᠃ ᠰᠠᠭᠤᠭᠠᠯᠢ ᠠᠷᠠᠳ ᠲᠤ ᠣᠷᠴᠢᠨ ᠲᠣᠭᠣᠷᠢᠨ ᠢ ᠬᠠᠮᠠᠭᠠᠯᠠᠬᠤ ᠦᠵᠡᠯ ᠤᠬᠠᠮᠰᠠᠷ
᠂ ᠬᠤᠲᠠ ᠶ᠋ᠢᠨ ᠪᠦᠲᠦᠭᠡᠨ ᠪᠠᠶᠢᠭᠤᠯᠤᠯᠲᠠ ᠶ᠋ᠢᠨ ᠲᠥᠬᠥᠭᠡᠷᠦᠮᠵᠢ ᠶ᠋ᠢ ᠬᠠᠶ᠋ᠢᠷᠠᠯᠠᠨ ᠂ ᠨᠢᠭᠡ
ᠡᠪᠡᠰᠦ ᠨᠢᠭᠡ ᠮᠣᠳᠣ ᠶ᠋ᠢ ᠬᠠᠮᠠᠭᠠᠯᠠᠬᠤ ᠂ ᠰᠠᠨᠠᠭᠠᠴᠢᠯᠠᠭ᠎ᠠ ᠡᠴᠠ ᠪᠠᠨᠬᠣᠲᠠ ᠪᠠᠯᠭᠠᠰᠤᠨ ᠤ
ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠳ᠋ᠦ ᠣᠷᠣᠯᠴᠠᠬᠤ ᠤᠬᠠᠮᠰᠠᠷ ᠢ
ᠬᠦᠮᠦᠵᠢᠭᠦᠯᠦᠨ᠎ᠡ ᠃᠂ 《 ᠬᠡᠨ ᠪᠣᠬᠢᠷᠲᠤᠭᠤᠯᠤᠭᠰᠠᠨ ᠪᠣᠯ ᠬᠡᠨ ᠵᠠᠰᠠᠬᠤ ᠂ ᠬᠡᠨ ᠨᠡᠭᠡᠭᠡᠪᠡᠯ
ᠬᠡᠨ ᠬᠠᠮᠠᠭᠠᠯᠠᠬᠤ 》 ᠲᠥᠷᠥ ᠶ᠋ᠢᠨ ᠪᠣᠳᠣᠯᠭ᠎ᠠ ᠶ᠋ᠢ ᠠᠬᠢᠭᠤᠯᠵᠤ ᠂ ᠬᠤᠳᠠ ᠬᠥᠳᠡᠭᠡ ᠶ᠋ᠢᠨ ᠠᠮᠢ
ᠠᠬᠤᠶ ᠶ᠋ᠢᠨ ᠣᠷᠴᠢᠨ ᠲᠣᠭᠣᠷᠢᠨ ᠤ ᠪᠦᠲᠦᠭᠡᠨ ᠪᠠᠶᠢᠭᠤᠯᠤᠯᠲᠠ ᠶ᠋ᠢ ᠳᠦᠯᠬᠢᠨ ᠠᠬᠢᠭᠤᠯᠤᠨ᠎ᠠ ᠃
ᠲᠤᠯᠤᠭ᠎ᠠ ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶ᠋ᠢᠭᠤᠯᠬᠤ ᠠᠵᠢᠯᠯᠠᠭ᠎ᠠ ᠶ᠋ᠢ ᠥᠷᠭᠡᠨ ᠳᠡᠯᠭᠡᠷᠡᠩᠭᠦᠶ ᠪᠠᠷ ᠥᠷᠨᠢᠭᠦᠯᠬᠦ
ᠤᠯᠠᠨ
ᠲᠦᠮᠡᠨ ᠪᠣᠯ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ ᠪᠡᠶᠡᠴᠢ ᠴᠣᠭᠴᠠ ᠮᠥᠨ ᠃ ᠡᠯ᠎ᠡ
ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠪᠠ ᠤᠯᠠᠨ ᠲᠦᠮᠡᠨ ᠤ ᠪᠦᠯᠬᠦᠮ ᠤᠳ ᠥᠷᠭᠡᠨ ᠤᠯᠠᠨ
ᠲᠦᠮᠡᠨ ᠢ ᠲᠠᠳᠠᠨ ᠠᠪᠴᠢᠷᠠᠵᠤ ᠂ ᠤᠯᠠᠨ ᠬᠡᠯᠪᠡᠷᠢ ᠶ᠋ᠢᠨ ᠤᠯᠠᠨ ᠲᠦᠮᠡᠨᠴᠢ ᠴᠢᠨᠠᠷᠲᠠᠶ ᠤᠶᠤᠨ ᠤ
ᠪᠣᠯᠪᠠᠰᠤᠨ ᠢ ᠡᠭᠦᠳᠦᠨ ᠪᠠᠶ᠋ᠢᠭᠤᠯᠬᠤ ᠠᠵᠢᠯᠯᠠᠭ᠎ᠠ ᠳ᠋ᠦ ᠣᠷᠤᠯᠴᠠᠭᠤᠯᠬᠤ ᠵᠢᠴᠢ ᠭᠦᠨᠵᠡᠭᠡᠶ
ᠥᠷᠨᠢᠭᠦᠯᠬᠦ ᠬᠡᠷᠡᠭᠲᠡᠶ ᠃
ᠬᠤᠳᠠ ᠪᠠᠯᠭᠠᠰᠤᠨ ᠳ᠋ᠤ ᠬᠤᠳᠠ ᠶ᠋ᠢᠨ ᠠᠷᠠᠳ ᠤᠨ ᠬᠡᠪ
ᠴᠢᠨᠠᠷ ᠪᠣᠯᠤᠨ ᠬᠣᠲᠠ ᠪᠠᠯᠭᠠᠰᠤᠨ ᠤ ᠰᠣᠶᠣᠯ ᠪᠣᠯᠪᠠᠰᠤᠨ ᠤ ᠬᠢᠷᠢ ᠬᠡᠮᠵᠢᠶ᠎ᠡ ᠶ᠋ᠢ
ᠳᠡᠭᠡᠭᠰᠢᠯᠡᠭᠦᠯᠬᠦ ᠶᠠᠪᠤᠳᠠᠯ ᠢᠶᠠᠷ ᠭᠣᠣᠯᠳᠠᠯᠭ᠎ᠠ ᠪᠣᠯᠭᠠᠨ ᠂ ᠶᠡᠬᠡ ᠬᠦᠴᠦᠨ ᠢᠶ᠋ᠡᠷ
ᠪᠣᠯᠪᠠᠰᠤᠨᠬᠣᠲᠠ ᠶ᠋ᠢᠨ ᠠᠷᠠᠳ ᠂ ᠪᠣᠯᠪᠠᠰᠤᠨ ᠨᠢᠭᠡᠴᠢ ᠂ ᠪᠣᠯᠪᠠᠰᠤᠨ ᠬᠤᠳᠠ ᠪᠠᠯᠭᠠᠰᠤᠨ ᠤ
ᠠᠵᠢᠯᠯᠠᠭ᠎ᠠ ᠶ᠋ᠢ ᠥᠷᠨᠦᠭᠦᠯᠦᠨᠡ ᠃ ᠬᠤᠳᠠ ᠪᠠᠯᠭᠠᠳ ᠨᠠᠭᠠᠳᠤ ᠵᠠᠬ᠎ᠠ ᠨᠢ ᠨᠢᠭᠡ ᠥᠨᠳᠥᠷ
ᠲᠦᠪᠰᠢᠨ ᠪᠦᠬᠦᠢ 《 ᠪᠣᠯᠪᠠᠰᠤᠨ ᠤ ᠬᠡᠪ ᠳᠠᠭᠤᠷᠢᠶᠠᠯ ᠤᠨ ᠵᠡᠭᠡᠯᠢ 》 ᠪᠤᠶᠤ 《 ᠪᠣᠯᠪᠠᠰᠤᠨ ᠤ
ᠵᠢᠱᠢᠶ᠎ᠡ ᠦᠵᠡᠭᠦᠯᠬᠦ ᠲᠣᠭᠣᠷᠢᠭ 》 ᠪᠠᠶᠢᠬᠤ ᠬᠡᠷᠡᠭᠲᠡᠢ ᠃ ᠪᠣᠯᠪᠠᠰᠤᠨ ᠬᠣᠲᠠ ᠪᠠᠯᠭᠠᠰᠤ
ᠤᠷᠤᠯᠳᠤᠭᠠᠨ ᠤ ᠠᠵᠢᠯᠯᠠᠭ᠎ᠠ ᠶ᠋ᠢ ᠥᠷᠭᠡᠨ ᠢᠶᠠᠷ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ
12 ᠠᠶ᠋ᠢᠮᠠᠭ ᠬᠣᠲᠠ ᠶ᠋ᠢᠨ ᠤᠳᠤᠨ ᠲᠡᠰ ᠤᠨ ᠪᠣᠯᠪᠠᠰᠤᠨ ᠦ ᠤᠷᠤᠯᠳᠤᠭᠠᠨ ᠤ ᠠᠵᠢᠯᠯᠠᠭᠠᠨ ᠢ
ᠭᠣᠣᠯᠳᠠᠯᠭ᠎ᠠ ᠲᠠᠢ ᠰᠠᠶ᠋ᠢᠲᠤᠷ ᠠᠳᠬᠤᠵᠤ ᠬᠡᠷᠡᠭᠲᠡᠢ ᠃ ᠡᠯ᠎ᠡ ᠠᠶ᠋ᠢᠮᠠᠭ ᠬᠤᠳᠠ ᠶ᠋ᠢᠨ ᠬᠢᠨ ᠡᠨᠡ
ᠬᠦ ᠬᠦᠳᠡᠯᠭᠡᠭᠡᠨ ᠳ᠋ᠦ ᠢᠳᠡᠪᠬᠢᠲᠡᠶ ᠣᠷᠤᠯᠴᠠᠬᠤ ᠶ᠋ᠢᠨ ᠵᠡᠷᠭᠡ ᠳ᠋ᠦ ᠲᠤᠰ ᠭᠠᠵᠠᠷ ᠤᠨ ᠣᠳᠣᠨ
ᠳᠡᠰ ᠤᠨ ᠪᠣᠯᠪᠠᠰᠤᠨ ᠬᠣᠲᠠ ᠪᠠᠯᠭᠠᠰᠤ ᠤᠷᠤᠯᠳᠤᠭᠠᠨ ᠤ ᠠᠵᠢᠯᠯᠠᠭ᠎ᠠ ᠶ᠋ᠢ ᠰᠠᠶᠢᠲᠤᠷ ᠥᠷᠨᠢᠭᠦᠯᠬᠦ
ᠬᠡᠷᠡᠭᠲᠡᠢ ᠃᠂ ᠠᠵᠢᠯᠴᠢᠨ ᠠᠩᠭᠢ ᠶ᠋ᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ
ᠳᠤᠮᠳᠠᠬᠢ ᠭᠣᠣᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃
ᠲᠠᠷᠢᠶᠠᠯᠠᠭ ᠮᠠᠯᠵᠢᠬᠤ
ᠣᠷᠣᠨ ᠳ᠋ᠦ ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ ᠂ ᠶᠠᠳᠠᠭᠤ ᠡᠴᠠ
ᠠᠩᠭᠢᠵᠢᠷᠠᠭᠤᠯᠤᠨ ᠪᠠᠶᠠᠨ ᠴᠢᠨᠡᠭᠡᠯᠢᠭ ᠳ᠋ᠦ ᠬᠦᠷᠬᠦ ᠂ ᠨᠡᠶᠢᠭᠡᠮ ᠵᠢᠷᠤᠮᠲᠤ ᠰᠢᠨ᠎ᠡ ᠬᠥᠳᠡᠭᠡ
ᠲᠣᠰᠬᠣᠨ ᠂ ᠰᠢᠨ᠎ᠡ ᠮᠠᠯᠵᠢᠬᠤ ᠣᠷᠣᠨ ᠂ ᠭᠦᠨ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠪᠠᠷ 《
ᠪᠣᠯᠪᠠᠰᠤᠨ ᠰᠤᠮᠤ ᠰᠢᠶᠠᠩ ᠪᠠᠯᠭᠠᠰᠤ ᠶ᠋ᠢᠨ 》 ᠂ 《 ᠪᠣᠯᠪᠠᠰᠤᠨ ᠭᠠᠴᠠᠭ᠎ᠠ ᠲᠣᠰᠬᠣᠨ 》 ᠂《
ᠠᠷᠪᠠᠨ ᠤᠳᠤᠨ ᠳᠡᠰ ᠤᠨᠪᠣᠯᠪᠠᠰᠤᠨ ᠴᠢᠨᠡᠭᠡᠯᠢᠭ ᠡᠷᠤᠭᠡ 》 ᠶ᠋ᠢᠨ ᠬᠦᠳᠡᠯᠭᠡᠭᠡᠨ ᠦ
ᠲᠣᠭᠤᠷᠢᠨ ᠳ᠋ᠤ ᠶᠠᠪᠤᠭᠳᠠᠭᠤᠯᠤᠨ᠎ᠠ ᠃ ᠰᠤᠮᠤ ᠂ ᠰᠢᠶᠠᠩ ᠪᠠᠯᠭᠠᠰᠤᠨ ᠤ ᠤᠶᠤᠨ ᠤ ᠪᠣᠯᠪᠠᠰᠤᠨ ᠤ
ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶ᠋ᠢᠨᠠᠵᠢᠯᠯᠠᠭᠠ ᠶ᠋ᠢ ᠴᠢᠩᠭᠠᠳᠬᠠᠵᠤ ᠂ ᠬᠥᠳᠡᠭᠡ
ᠲᠣᠰᠬᠣᠨ ᠤ ᠦᠨᠳᠦᠰᠦᠨ ᠱᠠᠲᠤᠨ ᠤ ᠨᠠᠮ ᠤᠨᠰᠤᠷᠭᠠᠭᠤᠯᠢ ᠂ ᠲᠠᠷᠢᠶᠠᠴᠢᠨ ᠤ
ᠰᠦᠨᠢ ᠶ᠋ᠢᠨᠰᠤᠷᠭᠠᠭᠤᠯᠢ ᠶ᠋ᠢ ᠣᠯᠠᠨ ᠨᠢᠭᠡ ᠠᠯᠬᠤᠮ ᠪᠠᠲᠤᠳᠬᠠᠵᠤ ᠂ ᠰᠤᠮᠤ ᠂ ᠰᠢᠶᠠᠩ ᠪᠠᠯᠭᠠᠰᠤ
ᠨᠢᠭᠡᠪᠦᠷᠢ ᠨᠢ ᠴᠦᠮ ᠰᠣᠶᠣᠯ ᠤᠨ ᠦᠷᠳᠡᠭᠡ ᠂ ᠷᠠᠳᠢᠣ᠋ ᠨᠡᠪᠲᠡᠷᠡᠭᠦᠯᠭᠡ ᠶ᠋ᠢᠨ ᠦᠷᠳᠡᠭ ᠪᠠ
ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠦᠪ ᠢ ᠰᠡᠷᠭᠦᠭᠡᠨ ᠪᠠᠶᠢᠭᠤᠯᠤᠨ᠎ᠠ ᠃
ᠰᠣᠶᠣᠯ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ ᠠᠵᠢᠯᠯᠠᠭ᠎ᠠ ᠶ᠋ᠢ
ᠰᠠᠶ᠋ᠢᠲᠤᠷ ᠵᠣᠬᠢᠶᠠᠨ ᠪᠠᠶᠢᠭᠤᠯᠵᠦ ᠂ ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠦᠨ
ᠪᠣᠯᠪᠠᠰᠤᠷᠠᠯᠲᠠ ᠶ᠋ᠢ ᠰᠠᠶ᠋ᠢᠲᠤᠷ ᠬᠢᠵᠦ ᠂ ᠵᠠᠯᠠᠭᠤᠴᠤᠳ ᠢᠳᠡᠷᠴᠦᠳ ᠤᠨ ᠰᠣᠶᠣᠯ ᠤᠨ ᠪᠠᠯᠠᠢ
ᠪᠠᠶᠢᠳᠠᠯ ᠢ ᠦᠭᠡᠶᠢᠰᠭᠡᠬᠦ ᠠᠵᠢᠯ ᠢ ᠰᠠᠶᠢᠲᠤᠷ ᠬᠢᠵᠦ ᠂ ᠬᠥᠳᠡᠭᠡ ᠲᠣᠰᠬᠣᠨ ᠤ ᠰᠣᠶᠣᠯ ᠤᠨ
ᠠᠮᠢᠳᠤᠷᠠᠯ ᠢ ᠪᠠᠶᠠᠯᠢᠭᠵᠢᠭᠤᠯᠵᠤ ᠂ ᠮᠠᠯᠴᠢᠨ ᠲᠠᠷᠢᠶᠠᠴᠢᠨ ᠤ ᠪᠠᠶᠠᠵᠢᠬᠤ ᠴᠢᠳᠠᠪᠤᠷᠢ ᠶ᠋ᠢ
ᠬᠦᠴᠦᠷᠬᠡᠭᠵᠢᠭᠦᠯᠪᠡ ᠃ ᠤᠯᠤᠰ ᠤᠨ ᠬᠠᠤᠯᠢ ᠶ᠋ᠢ ᠦᠨᠳᠦᠰᠦᠯᠡᠨ ᠂ ᠬᠦᠳᠡᠭᠡ ᠲᠣᠰᠬᠤᠨ ᠂ ᠠᠷᠠᠳ
ᠲᠦᠮᠡᠨ ᠦ ᠳᠦᠷᠢᠮ ᠳᠣᠭᠲᠠᠭᠠᠯ ᠢ ᠳᠣᠭᠲᠠᠭᠠᠨ᠎ᠠ ᠃ ᠨᠥᠬᠥᠴᠡᠯ ᠪᠦᠬᠦᠢ ᠭᠠᠴᠠᠭ᠎ᠠ ᠲᠣᠰᠬᠣᠨ ᠳ᠋ᠦ ᠂
ᠭᠠᠴᠠᠭᠠᠨ ᠤ ᠠᠷᠠᠳ ᠤᠨ ᠵᠥᠪᠯᠡᠯ ᠂ ᠦᠬᠦᠵᠦ ᠲᠥᠷᠦᠬᠦ ᠶᠠᠪᠤᠳᠠᠯ ᠤᠨ ᠬᠡᠷᠡᠭ ᠡᠷᠬᠢᠯᠡᠭᠴᠢᠳ ᠤᠨ
ᠬᠤᠷᠠᠯ ᠂ ᠶᠣᠰᠣ ᠮᠣᠷᠠᠯ ᠤᠨ ᠦᠨᠡᠯᠡᠯᠲᠡ ᠦᠨ ᠬᠤᠷᠠᠯ ᠂ ᠠᠮᠤᠷ ᠢ ᠬᠠᠮᠠᠭᠠᠯᠠᠬᠤ ᠠᠷᠠᠳ ᠤᠨ
ᠳᠣᠬᠢᠷᠠᠭᠤᠯᠤᠯᠲᠠ ᠶ᠋ᠢᠨ ᠬᠤᠷᠠᠯ ᠵᠡᠷᠭᠡ ᠤᠯᠠᠨ ᠲᠦᠮᠡᠨᠴᠢ ᠪᠦᠯᠬᠦᠮ ᠢ ᠵᠣᠬᠢᠶᠠᠨ
ᠪᠠᠶᠢᠭᠤᠯᠬᠤ ᠶ᠋ᠢ ᠰᠠᠨᠠᠭᠠᠴᠢᠯᠠᠵᠤ ᠂ ᠬᠡᠪ ᠵᠠᠩᠰᠢᠯ ᠢ ᠥᠭᠡᠷᠡᠴᠢᠯᠡᠬᠦ ᠂ ᠪᠣᠯᠪᠠᠰᠤᠨ ᠡᠷᠡᠭᠦᠯ
ᠠᠮᠢᠳᠤᠷᠠᠯ ᠤᠨ ᠠᠷᠭ᠎ᠠ ᠮᠠᠶᠢᠭ ᠢ ᠢ ᠰᠠᠨᠠᠭᠠᠴᠢᠯᠠᠨ᠎ᠠ ᠃
ᠡᠯ᠎ᠡ ᠠᠵᠢᠯ
ᠲᠦᠷᠦᠯ ᠤᠨ ᠬᠢᠨ ᠣᠨᠴᠠᠭᠠᠶ᠋ᠢᠯᠠᠨ ᠤᠯᠠᠨᠲᠦ᠋ᠮᠡᠨ ᠤ ᠠᠮᠢᠳᠤᠷᠠᠯ ᠯᠤᠭ᠎ᠠ ᠨᠢᠭᠲᠠᠬᠣᠯᠪᠣᠭᠠ ᠲᠠᠢ
ᠦᠢᠯᠡᠴᠢᠯᠡᠭᠡᠨ ᠤ ᠠᠵᠢᠯ ᠲᠦᠷᠦᠯ ᠂ 《 ᠠᠵᠢᠯ ᠲᠦᠷᠦᠯ ᠤᠨ ᠰᠢᠨ᠎ᠡ ᠰᠤᠷᠲᠠᠯ ᠢ ᠪᠤᠢᠪᠣᠯᠭᠠᠬᠤ
》 ᠪᠠᠷ ᠭᠣᠣᠯ ᠠᠭᠤᠯᠭ᠎ᠠ ᠪᠠᠨ ᠪᠣᠯᠭᠠᠵᠤ ᠂ 《 ᠪᠣᠯᠪᠠᠰᠤᠨ ᠬᠤᠨᠳᠠᠭᠠᠲᠤ 》 ᠤᠷᠤᠯᠳᠤᠭᠠᠨ ᠤ
ᠠᠵᠢᠯᠯᠠᠭ᠎ᠠ ᠶ᠋ᠢ ᠥᠷᠭᠡᠨ ᠢᠶᠠᠷ ᠥᠷᠨᠢᠭᠦᠯᠵᠦ ᠂ ᠲᠤᠰᠬᠠᠶ ᠨᠢᠭᠡ ᠪᠦᠯᠦᠭ ᠣᠨᠴᠠᠯᠢᠭ ᠢᠯᠡ ᠲᠣᠳᠣ ᠂
ᠠᠮᠵᠢᠯᠲᠠ ᠪᠦᠲᠦᠮᠵᠢ ᠨᠢ ᠢᠯᠡᠳᠲᠡ ᠂ ᠰᠣᠶᠣᠯ ᠨᠢ ᠰᠢᠯᠢᠳᠡᠭ ᠂ ᠳᠦᠷᠢ ᠨᠢ ᠰᠢᠯᠢᠳᠡᠭ ᠰᠠᠢᠨ ᠂
ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠢᠮᠠᠭᠲᠠ ᠪᠣᠯᠪᠠᠰᠤᠨ ᠠᠵᠢᠯ ᠲᠥᠷᠥᠯ ᠪᠣᠯᠤᠨ
ᠨᠢᠭᠡᠴᠡ ᠶ᠋ᠢ ᠪᠦᠲᠦᠭᠡᠨ ᠪᠠᠶᠢᠭᠤᠯᠤᠨ᠎ᠠ ᠴᠡᠷᠢᠭ ᠠᠷᠠᠳ ᠂ ᠴᠠᠭᠳᠠᠭ᠎ᠠ ᠠᠷᠠᠳ ᠬᠠᠮᠲᠤᠷᠠᠨ
ᠪᠠᠶ᠋ᠢᠭᠤᠯᠬᠤ ᠠᠵᠢᠯᠯᠠᠭ᠎ᠠ ᠶ᠋ᠢ ᠥᠷᠭᠦᠯᠵᠢᠯᠡᠭᠦᠯᠦᠨ ᠂ ᠬᠣᠶᠠᠷ ᠢ ᠬᠦᠷᠢᠶᠡᠯᠡᠬᠦ ᠵᠢᠱᠢᠶᠡᠴᠢ
ᠬᠣᠲᠠ ᠪᠠᠯᠭᠠᠰᠤ ᠶ᠋ᠢ ᠪᠥᠲᠦᠭᠡᠨ ᠪᠠᠶᠢᠭᠤᠯᠤᠨ᠎ᠠ ᠃ ᠨᠡᠶᠢᠭᠡᠮ ᠲᠣᠭᠣᠷᠢᠭ ᠤᠨ ᠰᠣᠶᠣᠯ ᠂
ᠪᠠᠶ᠋ᠢᠭᠤᠯᠭ᠎ᠠ ᠶ᠋ᠢᠨ ᠰᠣᠶᠣᠯ ᠂ ᠵᠡᠭᠡᠯᠢ ᠭᠤᠳᠤᠮᠵᠢ ᠶ᠋ᠢᠨ ᠰᠣᠶᠣᠯ ᠂ ᠠᠭᠤᠳᠠᠮ ᠲᠠᠯᠠᠪᠠᠢ ᠶ᠋ᠢᠨ
ᠰᠣᠶᠣᠯ ᠂ ᠠᠵᠤ ᠠᠬᠤᠶ᠋ᠢᠯᠠᠯ ᠤᠨ ᠰᠣᠶᠣᠯ ᠂ ᠰᠤᠷᠭᠠᠭᠤᠯᠢ ᠶ᠋ᠢᠨ ᠰᠣᠶᠣᠯ ᠂ ᠬᠡᠷ ᠪᠦᠯᠢ ᠶ᠋ᠢᠨ
ᠰᠣᠶᠣᠯ ᠪᠠ ᠲᠠᠷᠢᠶᠠᠯᠠᠬᠤ ᠮᠠᠯᠵᠢᠬᠤ ᠣᠷᠣᠨ ᠤ ᠤᠯᠠᠨ ᠲᠦᠮᠡᠨᠴᠢ ᠴᠢᠨᠠᠷᠲᠠᠶ ᠰᠣᠶᠣᠯ ᠤᠨ
ᠬᠦᠳᠡᠯᠭᠡᠭᠡᠨ ᠢᠥᠷᠭᠡᠨ ᠳᠡᠯᠭᠡᠷᠡᠩᠭᠦᠶ ᠥᠷᠨᠢᠭᠦᠯᠵᠦ ᠂ ᠦᠨᠳᠦᠰᠦᠲᠡᠨ ᠨᠦᠭᠦᠳ ᠤᠨ ᠣᠯᠠᠨ
ᠲᠦᠮᠡᠨ ᠤ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠡᠯᠪᠡᠭ ᠪᠠᠶᠠᠯᠢᠭ ᠪᠣᠯᠭᠠᠨ᠎ᠠ ᠃ ᠪᠦᠬᠦ
ᠠᠷᠠᠳ ᠤᠨ ᠤᠯᠤᠰ ᠢᠶᠡᠨ ᠬᠠᠶ᠋ᠢᠷᠠᠯᠠᠬᠤ ᠡᠷᠡᠭᠦᠯ ᠬᠠᠮᠠᠭᠠᠯᠠᠯ ᠤᠨ ᠪᠠ ᠪᠥᠬᠥ ᠠᠷᠠᠳ ᠤᠨ ᠪᠡᠶ᠎ᠡ
ᠴᠢᠭᠢᠷᠠᠭᠵᠢᠭᠤᠯᠬᠤ ᠬᠥᠳᠡᠯᠭᠡᠭᠡᠨ ᠢ ᠤᠯᠠᠮ ᠨᠢᠭᠡ ᠠᠯᠬᠤᠮ ᠥᠷᠨᠢᠭᠦᠯᠵᠦ ᠂ ᠠᠷᠢᠭᠤᠨ ᠴᠡᠪᠡᠷ
ᠬᠣᠲᠠ ᠪᠠᠯᠭᠠᠰᠤ ᠶ᠋ᠢ ᠡᠭᠦᠳᠦᠨ ᠪᠠᠶ᠋ᠢᠭᠤᠯᠬᠤ ᠬᠡᠷᠡᠭᠲᠡᠶ ᠃ ᠲᠥᠯᠥᠪᠯᠡᠭᠡ ᠲᠠᠢ ᠪᠠᠷ ᠬᠡᠦᠬᠡᠳ
ᠠᠪᠬᠤ ᠠᠵᠢᠯ ᠢ ᠰᠠᠶ᠋ᠢᠲᠤᠷ ᠬᠢᠵᠦ ᠂ ᠬᠥᠮᠦᠨ ᠠᠮᠠ ᠬᠢᠭᠡᠳ ᠠᠵᠤ ᠠᠬᠤᠶ ᠨᠡᠶᠢᠭᠡᠮ ᠤᠨ
ᠵᠣᠬᠢᠴᠠᠩᠭᠤᠶ ᠬᠥᠭᠵᠢᠯᠲᠡ ᠶ᠋ᠢ ᠠᠬᠢᠭᠤᠯᠬᠤ ᠬᠡᠷᠡᠭᠲᠡᠶ ᠃ ᠣᠶᠢᠵᠢᠭᠤᠯᠵᠦ ᠨᠣᠭᠣᠭᠠᠷᠠᠭᠤᠯᠬᠤ ᠂
ᠠᠮᠢ ᠠᠬᠤᠶ ᠶ᠋ᠢ ᠬᠠᠮᠠᠭᠠᠯᠠᠬᠤ ᠂ ᠣᠷᠴᠢᠨ ᠲᠣᠭᠣᠷᠢᠨ ᠢᠶᠡᠨ ᠭᠤᠸᠠᠵᠢᠭᠤᠯᠬᠤ ᠶ᠋ᠢ
ᠪᠠᠷᠢᠮᠲᠠᠯᠠᠨ᠎ᠠ ᠃ 《 ᠡᠬᠡ ᠤᠯᠤᠰ ᠢᠶᠡᠨ ᠬᠠᠶᠢᠷᠠᠯᠠᠨ ᠂ ᠳᠤᠮᠳᠠᠳᠤ ᠪᠠᠨ ᠮᠠᠨᠳᠤᠭᠤᠯᠵᠤ ᠂ ᠥᠪᠥᠷ
ᠮᠣᠩᠭᠣᠯ ᠢ ᠪᠦᠲᠦᠭᠡᠨ ᠪᠠᠶᠢᠭᠤᠯᠬᠤ》 ᠨᠣᠮ ᠤᠩᠰᠢᠬᠤ ᠠᠵᠢᠯᠯᠠᠭ᠎ᠠ ᠪᠠ 《 ᠰᠢᠨᠵᠢᠯᠡᠬᠦ
ᠤᠬᠠᠭᠠᠨ ᠢ ᠰᠤᠷᠤᠯᠴᠠᠵᠤ ᠂ ᠰᠢᠨᠵᠢᠯᠡᠬᠦ ᠤᠬᠠᠭᠠᠨ ᠢ ᠬᠠᠶ᠋ᠢᠷᠠᠯᠠᠬᠤ ᠂ ᠰᠢᠨᠵᠢᠯᠡᠬᠦ ᠤᠬᠠᠭᠠᠨ ᠢ
ᠡᠷᠬᠢᠮᠯᠡᠬᠦ ᠂ ᠰᠢᠨᠵᠢᠯᠡᠬᠦ ᠤᠬᠠᠭᠠᠨ ᠢ ᠠᠰᠢᠭᠯᠠᠬᠤ》 ᠰᠢᠨᠵᠢᠯᠡᠬᠦ ᠤᠬᠠᠭᠠᠨ ᠮᠡᠷᠭᠡᠵᠢᠯ ᠢ
ᠲᠦᠭᠡᠮᠡᠯᠵᠢᠭᠦᠯᠬᠦ ᠠᠵᠢᠯᠯᠠᠭ᠎ᠠ ᠶ᠋ᠢ ᠥᠷᠭᠦᠯᠵᠢᠯᠡᠭᠦᠯᠦᠨ ᠥᠷᠨᠢᠭᠦᠯᠵᠦ ᠂ 《 ᠰᠢᠨᠵᠢᠯᠡᠬᠦ
ᠤᠬᠠᠭᠠᠨ ᠪᠠᠳᠠᠷᠠᠯ ᠤᠨᠣᠷᠣᠨ 》 ᠪᠠᠶᠢᠯᠳᠤᠬᠤ ᠪᠤᠳᠤᠯᠭ᠎ᠠ ᠶ᠋ᠢ ᠬᠡᠷᠡᠭᠵᠢᠭᠦᠯᠦᠨ᠎ᠡ ᠃ ᠡᠷᠡᠰ
ᠱᠠᠯᠢᠭ ᠵᠠᠪᠬᠠᠶ ᠂ ᠵᠣᠭᠣᠰ ᠨᠠᠭᠠᠳᠬᠤ ᠂ ᠬᠣᠣᠷᠲᠤ ᠡᠳ᠋ ᠫᠠᠨᠽᠠᠯᠠᠵᠤ ᠡᠳ᠋ᠯᠡᠬᠦ ᠵᠡᠷᠭᠡ
ᠨᠡᠶᠢᠭᠡᠮ ᠤᠨ ᠵᠢᠭᠰᠢᠭᠦᠷᠢᠲᠦ ᠦᠵᠡᠭᠳᠡᠯ ᠢ ᠠᠷᠢᠯᠭᠠᠵᠤ ᠂ ᠹᠸᠤᠳᠠᠯ ᠤᠨ ᠮᠤᠬᠤᠷ ᠪᠢᠰᠢᠷᠡᠯ ᠢ
ᠡᠰᠡᠷᠭᠦᠴᠡᠨ ᠂ ᠪᠣᠯᠪᠠᠰᠤᠨ ᠂ ᠡᠷᠭᠦᠯ ᠴᠢᠬᠢᠷᠠᠭ ᠂ ᠡᠷᠬᠢᠮᠰᠦᠭ ᠰᠢᠨᠵᠢᠯᠡᠬᠦ ᠤᠬᠠᠭᠠᠨ ᠤ
ᠨᠡᠶᠢᠭᠡᠮ ᠦᠨ ᠬᠡᠪ ᠰᠤᠷᠲᠠᠯ ᠢ ᠪᠣᠢ ᠪᠣᠯᠭᠠᠨ᠎ᠠ ᠃
ᠨᠠᠢᠮᠠ ᠂ ᠮᠠᠨ ᠤ ᠣᠷᠣᠨ ᠤ ᠨᠡᠶᠢᠭᠡᠮ ᠵᠢᠷᠤᠮ ᠤᠨ ᠰᠣᠶᠣᠯ ᠤᠨ ᠦᠢᠯᠡᠰ ᠢ ᠶᠡᠬᠡ ᠪᠠᠷ ᠬᠦᠭᠵᠢᠭᠦᠯᠬᠦ
ᠮᠠᠨ ᠤ
ᠣᠷᠣᠨ ᠦ ᠪᠣᠳᠠᠲᠤ ᠪᠠᠶᠢᠳᠠᠯ ᠡᠴᠠ ᠡᠭᠦᠰᠴᠦ ᠂ ᠰᠣᠶᠣᠯ ᠤᠷᠠᠯᠢᠭ ᠂ ᠰᠣᠨᠢᠨ ᠮᠡᠳᠡᠭᠡᠯᠡᠯ
ᠬᠡᠪᠯᠡᠯ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠤᠨᠤᠯ ᠤᠨ ᠰᠤᠳᠤᠯᠭᠠᠨᠵᠡᠷᠭᠡ
ᠨᠡᠶᠢᠭᠡᠮ ᠵᠢᠷᠤᠮ ᠤᠨ ᠰᠣᠶᠣᠯ ᠤᠨ ᠦᠢᠯᠡᠰ ᠢ ᠢᠳᠡᠪᠬᠢᠲᠡᠶ ᠬᠦᠭᠵᠢᠭᠦᠯᠬᠦ ᠨᠢ ᠡᠯ᠎ᠡ
ᠦᠨᠳᠦᠰᠦᠲᠡᠨ ᠤ ᠬᠡᠪ ᠴᠢᠨᠠᠷ ᠢ ᠳᠡᠭᠡᠭᠰᠢᠯᠡᠭᠦᠯᠵᠦ ᠂ ᠠᠵᠤ ᠠᠬᠤᠢ ᠪᠠ ᠨᠡᠶᠢᠭᠡᠮ ᠤᠨ
ᠬᠥᠭᠵᠢᠯᠲᠡ ᠶ᠋ᠢ ᠠᠬᠢᠭᠤᠯᠬᠤ ᠳ᠋ᠤ ᠮᠠᠰᠢ ᠴᠢᠬᠤᠯᠠ ᠦᠢᠯᠡᠳᠦᠯ ᠲᠠᠢ ᠃
《 ᠬᠣᠶᠠᠷ ᠲᠤ
ᠦᠢᠯᠡᠴᠢᠯᠡᠬᠦ 》 ᠴᠢᠭᠯᠡᠯ ᠪᠠ 《 ᠬᠣᠶᠠᠷ ᠪᠦᠬᠦᠨ 》 ᠴᠢᠭᠯᠡᠯᠲᠡ ᠶ᠋ᠢ ᠪᠠᠷᠢᠮᠲᠠᠯᠠᠨ ᠂ ᠤᠳᠬ᠎ᠠ
ᠤᠷᠠᠯᠢᠭ ᠤᠨ ᠵᠣᠬᠢᠶᠠᠯ ᠪᠦᠲᠦᠭᠡᠯ ᠨᠢ ᠷᠣᠮᠠᠨ ᠂ ᠺᠢᠨᠣ᠋ ᠲᠧᠯᠸᠢᠰ ᠤᠨ ᠤᠷᠠᠨ ᠵᠣᠬᠢᠶᠠᠯ ᠂
ᠬᠡᠦᠬᠡᠳ ᠤᠨ ᠤᠳᠬ᠎ᠠ ᠤᠷᠠᠯᠢᠭ ᠤᠨ 《 ᠭᠤᠷᠪᠠᠨ ᠲᠣᠮᠣ ᠵᠦᠢᠯ 》 ᠪᠠᠷ ᠭᠣᠣᠯᠳᠠᠯᠭ᠎ᠠ ᠪᠣᠯᠭᠠᠭᠰᠠᠨ ᠂
ᠨᠠᠷᠢᠯᠢᠭ ᠪᠠᠶᠢᠯᠳᠤᠬᠤ ᠪᠤᠳᠤᠯᠭ᠎ᠠ ᠮᠥᠨ ᠃ ᠲᠥᠯᠥᠪᠯᠡᠭᠡ ᠲᠠᠢ ᠂ ᠠᠯᠬᠤᠮ ᠲᠠᠷᠠᠭ᠎ᠠ ᠲᠠᠢ ᠪᠠᠷ
ᠵᠣᠬᠢᠶᠠᠨ ᠪᠠᠶᠢᠭᠤᠯᠵᠦ ᠲᠤᠰᠬᠠᠶ ᠮᠡᠷᠭᠡᠵᠢᠯ ᠤᠳᠬ᠎ᠠ ᠤᠷᠠᠯᠢᠭ ᠤᠨ ᠠᠵᠢᠯᠲᠠᠳ ᠭᠦᠨᠵᠡᠭᠡᠶ
ᠥᠭᠡᠷᠡᠴᠢᠯᠡᠯᠲᠡ ᠨᠡᠭᠡᠭᠡᠯᠲᠡ ᠪᠠ ᠠᠵᠤ ᠠᠬᠤᠶ ᠶ᠋ᠢᠨ ᠪᠦᠲᠦᠭᠡᠨ ᠪᠠᠶᠢᠭᠤᠯᠤᠯᠲᠠ ᠶ᠋ᠢᠨ
ᠨᠢᠭᠡᠳᠦᠭᠡᠷ ᠱᠤᠭᠤᠮ ᠠᠮᠢᠳᠤᠷᠠᠯ ᠢ ᠤᠶᠢᠯᠭᠠᠬᠤ ᠶ᠋ᠢ ᠵᠣᠬᠢᠶᠠᠨ ᠪᠠᠶᠢᠭᠤᠯᠬᠤ ᠂ ᠨᠢᠭᠡ ᠪᠦᠯᠦᠭ
ᠦᠵᠡᠯ ᠰᠠᠨᠠᠭᠠᠲᠤ ᠴᠢᠨᠠᠷ ᠂ ᠤᠷᠠᠯᠢᠬᠲᠦ ᠴᠢᠨᠠᠷ ᠢᠶᠠᠷ ᠴᠢᠩᠭ᠎ᠠ ᠂ ᠢᠯᠡ ᠲᠣᠳᠣᠬᠠᠨ
ᠦᠨᠳᠦᠰᠦᠲᠡᠨ ᠤ ᠣᠨᠴᠠᠯᠢᠭ ᠂ ᠣᠷᠣᠨ ᠨᠤᠲᠤᠭ ᠤᠨ ᠣᠨᠴᠠᠯᠢᠭ ᠂ ᠦᠨᠳᠦᠰᠦᠲᠡᠨ ᠨᠦᠭᠦᠳ ᠤᠨ ᠤᠯᠠᠨ
ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠢᠯᠢᠳᠡᠭ ᠪᠦᠲᠦᠭᠡᠯ ᠢ ᠡᠭᠦᠳᠦᠨ ᠪᠦᠲᠦᠭᠡᠨ᠎ᠡ ᠃
ᠤᠯᠠᠭᠠᠨᠮᠥ᠋ᠴᠢᠷ ᠪᠠ ᠡᠯ᠎ᠡ ᠱᠠᠲᠤᠨ ᠤ ᠡᠯ᠎ᠡ ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠶ᠋ᠢᠨ
ᠪᠦᠯᠬᠦᠮ ᠤᠨ ᠬᠢᠨ ᠲᠣᠭᠯᠠᠯᠲᠠ ᠶ᠋ᠢᠨᠦᠢᠯᠡᠴᠢᠯᠡᠭᠡᠨ ᠤ ᠭᠣᠣᠯᠳᠠᠯᠭ᠎ᠠ ᠪᠠᠨ ᠦᠨᠳᠦᠰᠦᠨ
ᠱᠠᠲᠤᠨ ᠳ᠋ᠤ ᠲᠠᠯᠪᠢᠨ᠎ᠠ ᠃ ᠭᠠᠳᠠᠭᠠᠳᠤ ᠳ᠋ᠠᠬᠢ ᠬᠠᠷᠢᠯᠴᠠᠭᠠᠨ ᠤ ᠲᠣᠭᠯᠠᠯᠲᠠ ᠶ᠋ᠢ ᠢᠳᠡᠪᠬᠢᠲᠡᠶ
ᠥᠷᠭᠡᠳᠬᠡᠨ ᠂ ᠥᠪᠦᠷ ᠮᠣᠩᠭᠤᠯ ᠢ ᠨᠡᠩ ᠰᠠᠶ᠋ᠢᠲᠤᠷ ᠤᠬᠠᠭᠤᠯᠤᠨ᠎ᠠ ᠃ ᠡᠷᠬᠡᠪᠰᠢ ᠨᠢᠭᠡ
ᠲᠠᠯ᠎ᠠ ᠪᠠᠷ ᠬᠥᠭᠵᠢᠯ ᠴᠡᠴᠡᠭᠯᠡᠯ ᠢ ᠠᠳᠬᠤᠨ ᠂ ᠨᠥᠭᠦᠭᠡ ᠲᠠᠯ᠎ᠠ ᠪᠠᠷ ᠬᠠᠮᠢᠶᠠᠷᠤᠯᠲᠠ ᠶ᠋ᠢ
ᠠᠳᠬᠤᠵᠤ ᠂ ᠴᠥᠬᠥᠷᠡᠰᠢ ᠦᠭᠡᠢ ᠪᠠᠷ ᠬᠠᠤᠯᠢ ᠪᠤᠰᠤ ᠬᠡᠪᠯᠡᠭᠳᠡᠬᠦᠨ ᠳ᠋ᠤ ᠴᠣᠬᠢᠯᠲᠠ ᠥᠭᠴᠦ ᠂
ᠰᠣᠶᠣᠯ ᠤᠨ ᠵᠠᠬ᠎ᠠ ᠳᠡᠯᠭᠡᠭᠦᠷ ᠤᠨ ᠬᠠᠦᠯᠢᠵᠢᠭᠰᠠᠨ ᠬᠠᠮᠢᠶᠠᠷᠤᠯᠲᠠ ᠶ᠋ᠢᠨ ᠲᠥᠪᠰᠢᠨ ᠢ
ᠳᠡᠭᠡᠭᠰᠢᠯᠡᠭᠦᠯᠵᠦ ᠂ ᠰᠣᠶᠣᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶ᠋ᠢ
ᠠᠬᠢᠭᠤᠯᠬᠤ ᠬᠡᠷᠡᠭᠲᠡᠶ ᠃
ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ
ᠨᠢ ᠡᠷᠬᠡᠪᠰᠢ ᠪᠠᠲᠤ ᠴᠢᠩᠭ᠎ᠠ ᠵᠥᠪ ᠣᠨᠣᠪᠴᠢᠲᠠᠶ ᠤᠯᠤᠰ ᠲᠦᠷᠦ ᠶ᠋ᠢᠨ ᠴᠢᠭᠯᠡᠯ ᠢ ᠪᠠᠷᠢᠮᠲᠠᠯᠠᠵᠤ
᠂ ᠪᠦᠯᠬᠦᠮᠳᠡᠬᠦ ᠶ᠋ᠢ ᠪᠠᠷᠢᠮᠲᠠᠯᠠᠵᠤ ᠂ ᠲᠣᠭᠲᠠᠭᠤᠨ ᠂ ᠡᠷᠴᠢ ᠵᠣᠷᠢᠭ ᠢᠶᠡᠨ ᠬᠥᠪᠴᠢᠯᠡᠬᠦ ᠪᠠ
ᠵᠦᠪ ᠲᠠᠯ᠎ᠠ ᠪᠠᠷ ᠤᠬᠠᠭᠤᠯᠭ᠎ᠠ ᠬᠢᠬᠦ ᠪᠠᠷ ᠭᠣᠣᠯ ᠪᠣᠯᠭᠠᠬᠤ ᠠᠵᠢᠯ ᠤᠨ ᠵᠠᠷᠴᠢᠮ ᠢ
ᠪᠠᠷᠢᠮᠲᠠᠯᠠᠵᠤ ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠶ᠋ᠢ ᠡᠵᠡᠮᠳᠡᠬᠦ ᠬᠡᠷᠡᠭᠲᠡᠶ ᠃
ᠬᠡᠪᠯᠡᠯ ᠤᠨ ᠦᠢᠯᠡᠰ ᠨᠢ ᠠᠷᠠᠳ ᠲᠦᠮᠡᠨ ᠤ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ
ᠬᠡᠪ ᠴᠢᠨᠠᠷ ᠲᠤ ᠢᠳᠡᠪᠬᠢᠲᠠᠢ ᠪᠠᠷ ᠦᠢᠯᠡᠴᠢᠯᠡᠨ ᠂ ᠰᠢᠨᠵᠢᠯᠡᠬᠦ ᠤᠬᠠᠭᠠᠨ ᠮᠡᠷᠭᠡᠵᠢᠯ ᠤᠨ
ᠨᠣᠮ ᠪᠢᠴᠢᠭ ᠦᠨ ᠬᠡᠪᠯᠡᠭᠳᠡᠬᠦ ᠬᠡᠮᠵᠢᠶ᠎ᠡ ᠶ᠋ᠢ ᠡᠵᠡᠮᠳᠡᠨ᠎ᠡ ᠃ ᠬᠡᠪᠯᠡᠭᠳᠡᠬᠦᠨ ᠤ ᠶᠠᠰᠤ
ᠴᠢᠨᠠᠷ ᠢ ᠴᠢᠷᠮᠠᠶ᠋ᠢᠨ ᠳᠡᠭᠡᠭᠰᠢᠯᠡᠭᠦᠯᠵᠦ ᠂ ᠠᠷᠠᠳ ᠤᠯᠠᠨ ᠤ ᠤᠯᠠᠨ ᠳᠡᠰ ᠳᠠᠪᠬᠤᠷᠭ᠎ᠠ ᠶ᠋ᠢᠨ
ᠤᠯᠠᠨ ᠲᠠᠯ᠎ᠠ ᠶ᠋ᠢᠨ ᠬᠡᠷᠡᠭᠴᠡᠭᠡ ᠶ᠋ᠢ ᠬᠠᠩᠭᠠᠬᠤ ᠮᠥᠷᠲᠡᠭᠡᠨ ᠪᠠᠰᠠ ᠤᠯᠠᠨ ᠲᠦᠮᠡᠨ ᠢ ᠬᠥᠲᠥᠯᠥᠨ
ᠵᠢᠯᠣᠭᠣᠳᠴᠤ ᠰᠣᠶᠣᠯ ᠤᠨ ᠳᠡᠰ ᠳᠠᠪᠬᠤᠷᠭ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂
ᠡᠷᠡᠭᠦ ᠴᠢᠬᠢᠷᠠᠭ ᠭᠤᠸ᠎ᠠ ᠲᠠᠭᠠᠰᠢᠶᠠᠯ ᠲᠠᠢ ᠪᠣᠯᠭᠠᠨ᠎ᠠ ᠃ ᠰᠣᠨᠢᠨ ᠮᠡᠳᠡᠭᠡᠯᠡᠯ ᠬᠡᠪᠯᠡᠯ ᠤᠨ
ᠦᠢᠯᠡᠰ ᠢ ᠬᠠᠮᠢᠶᠠᠷᠬᠤ ᠂ ᠤᠶᠤᠨ ᠴᠢᠳᠠᠯ ᠢᠶᠡᠨ ᠲᠥᠪᠯᠡᠷᠡᠭᠦᠯᠦᠨ ᠰᠠᠶ᠋ᠢᠲᠤᠷ ᠬᠢᠵᠦ ᠂ ᠳᠤᠷ᠎ᠠ
ᠵᠣᠷᠢᠭ ᠢᠶᠠᠷ ᠬᠢᠬᠦ ᠶ᠋ᠢ ᠵᠠᠰᠠᠬᠤ ᠶ᠋ᠢ ᠤᠯᠠᠮ ᠨᠢᠭᠡ ᠠᠯᠬᠤᠮ ᠴᠢᠩᠭᠠᠳᠬᠠᠨ᠎ᠠ ᠃
ᠭᠦᠨ
ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠳ᠋ᠡᠭᠡᠨ ᠮᠠᠷᠺᠰ ᠯᠧᠨᠢᠨ ᠤ
ᠦᠵᠡᠯ ᠂ ᠮᠠᠤ ᠽᠤ ᠳ᠋ᠦᠩ ᠤᠨ ᠦᠵᠡᠯ ᠰᠠᠨᠠᠭ᠎ᠠ ᠪᠠ ᠳ᠋ᠧᠩ ᠰᠢᠶᠦᠦ ᠫᠢᠩ ᠤᠨ ᠳᠤᠮᠳᠠᠳᠤ ᠤᠯᠤᠰ ᠤᠨ
ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠢᠶᠠᠷ ᠵᠢᠯᠤᠭᠤᠳᠤᠯᠭ᠎ᠠ ᠪᠣᠯᠭᠠᠬᠤ ᠶ᠋ᠢ
ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠨᠡᠭᠡᠭᠡᠯᠲᠡ ᠪᠠ ᠠᠵᠤ ᠠᠬᠤᠶ
ᠨᠡᠶᠢᠭᠡᠮ ᠤᠨ ᠬᠥᠭᠵᠢᠯᠲᠡ ᠶ᠋ᠢᠨ ᠪᠣᠳᠠᠲᠤ ᠠᠰᠠᠭᠤᠳᠠᠯ ᠢ ᠰᠣᠳᠣᠯᠬᠣ ᠱᠠᠭᠠᠷᠳᠠᠯᠭ᠎ᠠ ᠡᠴᠠ
ᠡᠭᠦᠰᠴᠦ ᠂ 《 ᠬᠣᠶᠠᠷ ᠬᠤᠪᠢᠷᠠᠭᠤᠯᠤᠯᠲᠠ 》 ᠳ᠋ᠦ ᠬᠦᠷᠴᠦ ᠂ 《 ᠬᠣᠶᠠᠷ ᠢ ᠲᠡᠭᠰᠢᠯᠡᠭᠦᠯᠬᠦ
》 ᠶ᠋ᠢ ᠪᠡᠶᠡᠯᠡᠭᠦᠯᠵᠦ ᠂ 《 ᠬᠣᠶᠠᠷ ᠲᠡᠦᠬᠡᠲᠦ ᠴᠢᠨᠠᠷᠲᠠᠶ ᠶᠡᠬᠡ ᠡᠭᠦᠷᠭᠡ 》 ᠶ᠋ᠢᠨ
ᠲᠣᠭᠣᠷᠢᠨ ᠳ᠋ᠤ ᠰᠤᠳᠤᠯᠭᠠᠨ ᠤ ᠠᠵᠢᠯ ᠢ ᠥᠷᠨᠢᠭᠦᠯᠵᠦ ᠂ ᠡᠯ᠎ᠡ ᠱᠠᠲᠤᠨ ᠤ ᠨᠠᠮ ᠵᠠᠰᠠᠭ ᠤᠨ ᠤ
ᠳᠤᠷᠢᠳᠤᠯᠭᠠ ᠶ᠋ᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳ᠋ᠤ ᠦᠢᠯᠡᠴᠢᠯᠡᠨ ᠂ ᠪᠦᠭᠦ
ᠣᠷᠣᠨ ᠤ ᠬᠣᠶᠠᠷ ᠪᠣᠯᠪᠠᠰᠤᠨ ᠤ ᠪᠠᠶᠢᠭᠤᠯᠤᠯᠲᠠ ᠳ᠋ᠤ ᠦᠢᠯᠡᠴᠢᠯᠡᠬᠦ ᠬᠡᠷᠡᠭᠲᠡᠶ ᠃
ᠰᠣᠶᠣᠯ ᠤᠨ
ᠠᠵᠤ ᠠᠬᠤᠶ᠋ᠢᠯᠠᠯ ᠤᠨ ᠠᠵᠢᠯ ᠦᠢᠯᠡᠰ ᠤᠨ ᠨᠢᠭᠡᠴᠢ ᠨᠢ ᠨᠡᠶᠢᠭᠡᠮ ᠤᠨ ᠦᠷ᠎ᠡ ᠠᠰᠢᠭ ᠢ
ᠲᠡᠷᠢᠭᠦᠨ ᠳ᠋ᠤ ᠲᠠᠯᠪᠢᠬᠤ ᠵᠠᠷᠴᠢᠮ ᠢ ᠪᠠᠷᠢᠮᠲᠠᠯᠠᠵᠤ ᠂ ᠨᠡᠶᠢᠭᠡᠮ ᠤᠨ ᠦᠷ᠎ᠡ ᠠᠰᠢᠭ ᠪᠠ ᠠᠵᠤ
ᠠᠬᠤᠶ ᠶ᠋ᠢᠨ ᠦᠷ᠎ᠡ ᠠᠰᠢᠭ ᠮᠠᠰᠢᠨ ᠤᠶᠠᠯᠳᠤᠭᠤᠯᠵᠤ ᠂ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ
ᠭᠦᠨᠵᠡᠭᠡᠶ᠋ᠢᠷᠡᠭᠦᠯᠵᠦ ᠂ ᠬᠠᠮᠢᠶᠠᠷᠤᠯᠲᠠ ᠶ᠋ᠢ ᠴᠢᠩᠭᠠᠳᠬᠠᠵᠤ ᠂ ᠠᠮᠢᠵᠢᠷᠠᠯ ᠤᠨ ᠬᠦᠴᠦᠨ ᠪᠠ
ᠠᠮᠢᠳᠤ ᠰᠣᠷᠭᠣᠭ ᠬᠦᠴᠦᠨ ᠪᠦᠬᠦᠢ ᠰᠣᠶᠤᠯ ᠤᠨ ᠬᠠᠮᠢᠶᠠᠷᠤᠯᠲᠠ ᠶ᠋ᠢᠨ ᠪᠠᠶᠢᠭᠤᠯᠤᠯ ᠢ ᠢᠳᠡᠭ
ᠠᠯᠬᠤᠮ ᠢᠶᠠᠷ ᠪᠠᠶᠢᠭᠤᠯᠤᠨ᠎ᠠ ᠃ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠬᠥᠳᠡᠯᠮᠦᠷᠢ
ᠬᠦᠴᠦᠨ ᠬᠡᠷᠡᠭᠯᠡᠬᠦ ᠪᠠ ᠬᠤᠪᠢᠶᠠᠷᠢᠯᠠᠯᠲᠠ ᠶ᠋ᠢᠨ ᠲᠦᠷᠢᠮ ᠤᠨ
ᠥᠭᠡᠷᠡᠴᠢᠯᠡᠯᠲᠡ ᠶ᠋ᠢ ᠭᠦ᠋ᠨᠵᠡᠭᠡᠶ᠋ᠢᠷᠡᠭᠦᠯᠬᠦ ᠪᠠᠷ ᠳᠠᠮᠵᠢᠭᠤᠯᠤᠨ ᠂ ᠰᠣᠶᠣᠯ ᠤᠨ ᠠᠵᠢᠯᠲᠠᠨ ᠤ
ᠢᠳᠡᠪᠬᠢᠵᠢᠯ ᠢ ᠭᠦᠢᠴᠡᠳ ᠲᠠᠢᠴᠢᠯᠠᠵᠤ ᠰᠢᠯᠢᠳᠡᠭ ᠪᠦᠲᠦᠭᠡᠯ ᠪᠠ ᠰᠢᠯᠢᠳᠡᠭ
ᠴᠢᠳᠠᠪᠤᠷᠢᠲᠠᠨᠢᠯᠡᠭᠦᠬᠡᠨ ᠭᠠᠷᠬᠤ ᠶ᠋ᠢ ᠵᠣᠷᠢᠭᠵᠢᠭᠤᠯᠤᠨ᠎ᠠ ᠃ ᠰᠣᠶᠣᠯ ᠤᠨ ᠵᠠᠬ᠎ᠠ ᠳᠡᠯᠭᠡᠭᠦᠷ ᠢ
ᠶᠡᠬᠡᠪᠡᠷ ᠨᠡᠭᠡᠭᠡᠨ ᠬᠥᠭᠵᠢᠭᠦᠯᠵᠦ ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶ᠋ᠢ
ᠠᠬᠢᠭᠤᠯᠤᠨ᠎ᠠ ᠃
ᠶᠢᠰᠦ ᠂ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶ᠋ᠢᠨ ᠣᠷᠣᠭᠤᠯᠤᠯᠲᠠ ᠶ᠋ᠢ ᠴᠢᠷᠮᠠᠶ᠋ᠢᠨ ᠨᠡᠮᠡᠭᠳᠡᠭᠦᠯᠬᠦ
《
ᠰᠢᠢᠳᠪᠦᠷᠢ 》 ᠳ᠋ᠤ ᠳᠤᠷᠠᠳᠤᠭᠰᠠᠨᠲᠥ᠋ᠷᠥ ᠶ᠋ᠢᠨ ᠶᠠᠪᠤᠳᠠᠯ ᠤᠨ ᠬᠣᠷᠢᠶ᠎ᠠ ᠶ᠋ᠢᠨ《 ᠰᠣᠶᠣᠯ ᠤᠨ
ᠠᠵᠤ ᠠᠬᠤᠶ ᠶ᠋ᠢᠨ ᠲᠦᠷᠦ ᠶ᠋ᠢᠨ ᠪᠤᠳᠤᠯᠭ᠎ᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ
ᠲᠤᠬᠠᠶ ᠲᠣᠭᠲᠠᠭᠠᠯ 》 ᠢ ᠡᠷᠡᠰ ᠲᠤᠤᠱᠯᠠᠭᠤᠯᠵᠤ ᠂ ᠰᠤᠷᠲᠠᠯ ᠤᠬᠠᠭᠤᠯᠭ᠎ᠠ ᠰᠣᠶᠣᠯ ᠤᠨ
ᠦᠢᠯᠡᠰ ᠳ᠋ᠠᠬᠢ ᠣᠳᠣᠬᠠᠨ ᠤ ᠣᠷᠣᠭᠤᠯᠤᠯᠲᠠ ᠶ᠋ᠢᠨ ᠶᠡᠷᠦᠩᠬᠡᠶ ᠬᠡᠮᠵᠢᠶ᠎ᠡ ᠪᠠᠭ᠎ᠠ ᠂ ᠨᠣᠷᠮ᠎ᠠ ᠨᠢ
ᠬᠠᠷᠢᠴᠠᠩᠭᠤᠢ ᠳᠣᠣᠷ᠎ᠠ᠂ ᠪᠦᠲᠦᠴᠡ ᠶ᠋ᠢᠨ ᠵᠦᠢ ᠵᠤᠬᠢᠰ ᠤᠢᠭᠡᠢ ᠪᠠᠶ᠋ᠢᠬᠤ ᠠᠰᠠᠭᠤᠳᠠᠯ ᠤᠨ
ᠶᠡᠷᠦᠩᠬᠡᠶᠱᠠᠭᠠᠷᠳᠠᠯᠭᠠ ᠶᠣᠰᠣᠭᠠᠷ ᠂ ᠮᠠᠨ ᠤ ᠣᠷᠣᠨ ᠤ ᠪᠣᠳᠠᠲᠤ ᠪᠠᠶᠢᠳᠠᠯ ᠡᠴᠠ ᠡᠭᠦᠰᠴᠦ ᠂
ᠠᠷᠭ᠎ᠠ ᠪᠦᠬᠦᠨ ᠢ ᠰᠦᠪᠡᠭᠴᠢᠯᠡᠵᠦ ᠪᠠᠶ᠋ᠢᠭᠠᠳ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ
ᠣᠷᠣᠭᠤᠯᠤᠯᠲᠠ ᠶ᠋ᠢ ᠨᠡᠮᠡᠭᠳᠡᠭᠦᠯᠦᠨ᠎ᠡ ᠃
ᠣᠷᠣᠨ ᠤ ᠪᠠᠶᠢᠳᠠᠯ ᠳ᠋ᠦ ᠨᠡᠶ᠋ᠢᠴᠡᠭᠰᠡᠨ
ᠪᠦᠲᠦᠮᠵᠢᠲᠡᠶ ᠪᠡᠯᠡ ᠮᠥᠩᠭᠥ ᠴᠤᠭᠯᠠᠭᠤᠯᠬᠤ ᠲᠣᠭᠲᠠᠴᠠ ᠶ᠋ᠢ ᠪᠠᠶᠢᠭᠤᠯᠵᠦ ᠂ ᠤᠯᠠᠨ ᠠᠷᠭ᠎ᠠ
ᠵᠠᠮ ᠢᠶᠠᠷ ᠣᠷᠣᠭᠤᠯᠤᠯᠲᠠ ᠶ᠋ᠢᠨ ᠪᠠᠶᠢᠭᠤᠯᠤᠯ ᠢ ᠠᠯᠬᠤᠮ ᠠᠯᠬᠤᠮ ᠢᠶᠠᠷ ᠪᠤᠢ ᠪᠣᠯᠭᠠᠬᠤ
ᠬᠡᠷᠡᠭᠲᠡᠶ ᠃ ᠡᠯ᠎ᠡ ᠭᠠᠵᠠᠷ ᠤᠨ ᠬᠢᠨ ᠣᠶᠣᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶ᠋ᠢ
ᠠᠵᠤ ᠠᠬᠤᠶ ᠶ᠋ᠢᠨ ᠪᠠ ᠨᠡᠶᠢᠭᠡᠮ ᠤᠨ ᠬᠥᠭᠵᠢᠯ ᠤᠨ ᠶᠡᠷᠦᠩᠬᠡᠶ ᠲᠥᠯᠥᠪᠵᠢᠭᠦᠯᠭᠡ ᠳ᠋ᠡᠭᠡᠨ
ᠣᠷᠣᠭᠤᠯᠵᠤ ᠂ ᠡᠯ᠎ᠡ ᠱᠠᠲᠤᠨ ᠤ ᠡᠳ᠋ ᠤᠨ ᠵᠠᠰᠠᠭ ᠤᠨ ᠤᠶᠤᠨ ᠤ ᠪᠣᠯᠪᠠᠰᠤᠨ ᠤ
ᠪᠠᠶᠢᠭᠤᠯᠤᠯᠲᠠ ᠳ᠋ᠠᠬᠢ ᠣᠷᠣᠭᠣᠯᠣᠲᠠᠨ ᠮᠠᠨᠢ ᠶ᠋ᠢᠨ ᠠᠵᠤ ᠠᠬᠤᠶ ᠶ᠋ᠢᠨ ᠬᠥᠭᠵᠢᠯᠲᠡ ᠶ᠋ᠢ
ᠳᠠᠭᠠᠯᠳᠤᠭᠤᠯᠤᠨ ᠵᠢᠯ ᠳᠠᠷᠠᠭᠠᠯᠠᠨ ᠨᠡᠮᠡᠭᠳᠡᠬᠦ ᠶ᠋ᠢ ᠪᠠᠲᠤᠯᠠᠵᠤ ᠂ ᠨᠡᠮᠡᠭᠳᠡᠬᠦ
ᠬᠡᠮᠵᠢᠶ᠎ᠡ ᠶ᠋ᠢ ᠡᠳ᠋ ᠤᠨ ᠵᠠᠰᠠᠭ ᠤᠨ ᠣᠷᠣᠯᠭ᠎ᠠ ᠶ᠋ᠢᠨ ᠨᠡᠮᠡᠭᠳᠡᠯ ᠤᠨ
ᠬᠡᠮᠵᠢᠶ᠎ᠡ ᠡᠴᠡᠳᠣᠤᠷᠠ ᠪᠠᠶᠢᠯᠭᠠᠵᠤ ᠪᠣᠯᠬᠤ ᠥᠬᠡᠶ ᠃ ᠰᠤᠷᠲᠠᠯ ᠤᠬᠠᠭᠤᠯᠭ᠎ᠠ ᠶ᠋ᠢᠨ
ᠰᠣᠶᠣᠯ ᠤᠨ ᠦᠢᠯᠡᠰ ᠤᠨ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠥ ᠶ᠋ᠢᠨ
ᠳᠦᠷᠢᠮ ᠶ᠋ᠢ ᠪᠠᠶᠢᠭᠤᠯᠵᠤ ᠲᠡᠭᠦᠯᠳᠡᠷᠵᠢᠭᠦᠯᠦᠨ᠎ᠡ ᠃ ᠡᠳ᠋ ᠤᠨ ᠵᠠᠰᠠᠭ ᠡᠴᠠ ᠵᠣᠭᠣᠰ
ᠰᠢᠯᠵᠢᠭᠦᠯᠦᠨ ᠥᠭᠬᠦ ᠪᠠ ᠨᠡᠶᠢᠭᠡᠮ ᠤᠨ ᠪᠡᠯᠡ ᠮᠥᠩᠭᠥ ᠴᠤᠭᠯᠠᠭᠤᠯᠬᠤ ᠪᠠᠷ ᠳᠠᠮᠵᠢᠭᠤᠯᠤᠨ ᠤᠳᠬ᠎ᠠ
ᠤᠷᠠᠯᠢᠭ ᠤᠨ ᠵᠣᠬᠢᠶᠠᠨ ᠪᠦᠲᠦᠭᠡᠬᠦ ᠪᠡᠯᠡ ᠮᠥᠩᠭᠥ ᠶ᠋ᠢ ᠪᠠᠶᠢᠭᠤᠯᠵᠦ ᠂ 《 ᠲᠠᠪᠤᠨ ᠨᠢᠭᠡ ᠶ᠋ᠢᠨ
ᠢᠨᠵᠧᠨᠧᠷᠢᠩ 》 ᠤᠨ ᠲᠤᠰᠬᠠᠶ ᠲᠥᠷᠥᠯ ᠤᠨ ᠪᠡᠯᠡ ᠮᠥᠩᠭᠥ ᠂ ᠤᠯᠠᠨ ᠲᠦᠮᠡᠨ ᠤ ᠤᠶᠤᠨ ᠤ
ᠪᠣᠯᠪᠠᠰᠤᠨ ᠤ ᠪᠠᠶᠢᠭᠤᠯᠤᠯᠲᠠ ᠶ᠋ᠢᠨ ᠠᠵᠢᠯᠯᠠᠭᠠᠨ ᠤ ᠪᠡᠯᠡ ᠮᠥᠩᠭᠥ ᠪᠠ ᠱᠠᠩᠨᠠᠯ ᠤᠨ
ᠮᠥᠩᠭᠥ ᠶ᠋ᠢ ᠪᠠᠶᠢᠭᠤᠯᠵᠤ ᠳᠣᠬᠢᠷᠠᠭᠤᠯᠨᠠ ᠃ ᠬᠣᠯᠪᠣᠭᠳᠠᠯ ᠪᠦᠬᠦᠢ ᠰᠠᠯᠠᠭ᠎ᠠ ᠮᠦᠴᠢᠷ ᠦᠳ
ᠭᠠᠶ᠋ᠢᠯᠢ ᠰᠦᠢᠳᠬᠡᠯ ᠂ ᠵᠢᠭᠡᠯᠡᠯᠭᠡ ᠂ ᠦᠨ᠎ᠡ ᠬᠠᠩᠰᠢ ᠪᠠ ᠨᠡᠶᠢᠭᠡᠮ ᠤᠨ ᠪᠡᠯᠡ ᠮᠥᠩᠭᠥ
ᠴᠤᠭᠯᠠᠭᠤᠯᠬᠤ ᠵᠡᠷᠭᠡ ᠲᠠᠯ᠎ᠠ ᠪᠠᠷ ᠂ ᠬᠠᠷᠠᠭᠠᠯᠵᠠᠯᠳᠤ ᠲᠦᠷᠦ ᠶ᠋ᠢᠨ ᠪᠤᠳᠤᠯᠭ᠎ᠠ ᠶ᠋ᠢ
ᠲᠣᠭᠲᠠᠭᠠᠬᠤ ᠂ ᠰᠤᠷᠲᠠᠯ ᠤᠬᠠᠭᠤᠯᠭ᠎ᠠ ᠰᠣᠶᠣᠯ ᠤᠨ ᠦᠢᠯᠡᠰ ᠤᠨ ᠬᠥᠭᠵᠢᠯᠲᠡ ᠶ᠋ᠢ ᠳᠡᠮᠵᠢᠬᠦ
ᠬᠡᠷᠡᠭᠲᠡᠶ ᠃
ᠰᠤᠷᠲᠠᠯ ᠤᠬᠠᠭᠤᠯᠭ᠎ᠠ ᠰᠣᠶᠣᠯ ᠤᠨ ᠠᠵᠢᠯ ᠦᠢᠯᠡᠰ ᠤᠨ ᠨᠢᠭᠡᠴᠢ
ᠨᠡᠭᠡᠭᠡᠨ ᠬᠥᠭᠵᠢᠭᠦᠯᠬᠦ ᠠᠵᠤ ᠦᠢᠯᠡᠰ ᠤᠨ ᠴᠢᠳᠠᠮᠵᠢ ᠶ᠋ᠢ ᠵᠣᠷᠢᠭᠵᠢᠭᠤᠯᠵᠤ ᠂ ᠥᠪᠡᠷ ᠤᠨ
ᠬᠤᠷᠠᠮᠳᠤᠭᠤᠯᠭ᠎ᠠ ᠪᠠ ᠥᠪᠡᠷ ᠢ ᠪᠠᠨ ᠬᠥᠭᠵᠢᠭᠦᠯᠬᠦ ᠴᠢᠳᠠᠯ ᠲᠠᠢ ᠪᠣᠯᠭᠠᠨ᠎ᠠ ᠃ ᠨᠡᠶᠢᠭᠡᠮ ᠤᠨ
ᠦᠷ᠎ᠡ ᠠᠰᠢᠭ ᠢ ᠦᠨᠡᠨ ᠬᠦ ᠪᠠᠲᠤᠯᠠᠬᠤ ᠤᠷᠢᠲᠠᠯ ᠤᠨ ᠳᠣᠣᠷ᠎ᠠ ᠂ ᠵᠣᠬᠢᠬᠤ ᠠᠵᠤ ᠦᠢᠯᠡᠰ ᠤᠨ
ᠴᠢᠳᠠᠮᠵᠢ ᠪᠦᠬᠦᠢ ᠰᠣᠨᠢᠨ ᠮᠡᠳᠡᠭᠡᠯᠡᠯ ᠬᠡᠪᠯᠡᠯ ᠂ ᠷᠠᠳᠢᠣ᠋ ᠨᠡᠪᠲᠡᠷᠡᠭᠦᠯᠭᠡ ᠂ ᠲᠧᠯᠸᠢᠰ
ᠪᠣᠯᠤᠨ ᠰᠣᠶᠣᠯ ᠤᠨ ᠠᠵᠢᠯ ᠦᠢᠯᠡᠰ ᠤᠨ ᠨᠢᠭᠡᠴᠢ ᠶ᠋ᠢᠨ ᠪᠠᠶᠢᠭᠤᠯᠤᠯᠲᠠ ᠨᠤᠭᠤᠳ ᠢᠳᠡᠪᠬᠢᠲᠡᠶ ᠪᠠᠷ
ᠨᠡᠭᠡᠭᠡᠨ ᠥᠷᠭᠡᠳᠬᠡᠵᠦ ᠂ ᠤᠯᠠᠨ ᠲᠦᠮᠡᠨ ᠤ ᠬᠡᠷᠡᠭᠴᠡᠭᠡ ᠳ᠋ᠤ ᠨᠡᠶ᠋ᠢᠴᠡᠭᠰᠡᠨ ᠤᠶᠤᠨ ᠤ
ᠪᠦᠲᠦᠭᠡᠭᠳᠡᠬᠦᠨ ᠤ ᠦᠢᠯᠡᠳᠪᠦᠷᠢᠯᠡᠯ ᠪᠠ ᠨᠡᠶᠢᠭᠡᠮ ᠤᠨ ᠰᠣᠶᠣᠯ ᠤᠨ ᠦᠢᠯᠡᠴᠢᠯᠡᠭᠡ
ᠬᠠᠩᠭᠠᠬᠤ ᠶ᠋ᠢ ᠵᠤᠷᠢᠭᠵᠢᠭᠤᠯᠤᠨ᠎ᠠ ᠃ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠪᠠ
ᠠᠵᠤ ᠠᠬᠤᠶ᠋ᠢᠯᠠᠯ ᠠᠵᠢᠯ ᠦᠢᠯᠡᠰ ᠤᠨ ᠨᠢᠭᠡᠴᠢ ᠲᠤᠬᠠᠶ᠋ᠢᠯᠠᠭᠰᠠᠨ ᠠᠵᠢᠯ ᠢᠶᠡᠨ ᠰᠠᠶ᠋ᠢᠲᠤᠷ
ᠬᠢᠬᠦ ᠶ᠋ᠢᠨ ᠬᠠᠮᠲᠤ ᠂ ᠬᠦᠮᠦᠰ ᠢᠶ᠋ᠡᠨ ᠰᠠᠶᠢᠲᠤᠷ ᠳᠣᠬᠢᠷᠠᠭᠤᠯᠤᠨ ᠂ ᠨᠥᠬᠥᠴᠡᠯ ᠲᠠᠢ
ᠴᠢᠳᠠᠪᠤᠷᠢ ᠲᠠᠢ ᠪᠤᠰᠤᠳ ᠠᠵᠤ ᠦᠢᠯᠡᠰ ᠢ ᠡᠷᠬᠢᠯᠡᠨ᠎ᠡ ᠃ ᠦᠵᠡᠯ ᠰᠠᠨᠠᠭ᠎ᠠ ᠶᠣᠰᠣ ᠮᠣᠷᠠᠯ ᠂
ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠂ ᠰᠣᠶᠣᠯ ᠤᠷᠠᠯᠢᠭ ᠂ ᠪᠡᠶ᠎ᠡ ᠶ᠋ᠢᠨ ᠲᠠᠮᠢᠷ ᠂
ᠡᠷᠡᠭᠦᠯ ᠬᠠᠮᠠᠭᠠᠯᠠᠯ ᠵᠡᠷᠭᠡ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ ᠳᠤᠮᠳᠠ ᠣᠨᠴᠠᠭᠠᠶ
ᠬᠤᠪᠢ ᠨᠡᠮᠡᠷᠢ ᠦᠵᠡᠭᠦᠯᠦᠭᠰᠡᠨ ᠬᠠᠮᠲᠤ ᠪᠠ ᠬᠤᠪᠢ ᠬᠥᠮᠦᠨ ᠢ ᠬᠦᠬᠢᠭᠦᠯᠦᠨ ᠱᠠᠩᠨᠠᠨ᠎ᠠ ᠃
ᠰᠤᠷᠲᠠᠯ
ᠤᠬᠠᠭᠤᠯᠭ᠎ᠠ ᠰᠣᠶᠣᠯ ᠤᠨ ᠦᠢᠯᠡᠰ ᠤᠨ ᠦᠨᠳᠦᠰᠦᠨ ᠪᠦᠲᠦᠭᠡᠨ ᠪᠠᠶᠢᠭᠤᠯᠤᠯᠲᠠ ᠶ᠋ᠢ ᠦᠨᠡᠨ ᠬᠦ
ᠴᠢᠩᠭᠠᠳᠬᠠᠨ᠎ᠠ ᠃ ᠤᠳᠤ ᠪᠠᠶᠢᠭ᠎ᠠ ᠰᠣᠶᠣᠯ ᠤᠨ ᠲᠥᠬᠥᠭᠡᠷᠦᠮᠵᠢ ᠶ᠋ᠢᠨ ᠦᠢᠯᠡᠳᠦᠯ ᠭᠦᠢᠴᠡᠳ
ᠪᠠᠳᠠᠷᠠᠭᠤᠯᠵᠤ ᠂ ᠴᠢᠳᠠᠮᠵᠢ ᠶ᠋ᠢ ᠲᠡᠭᠦᠯᠳᠡᠷᠵᠢᠭᠦᠯᠦᠨ᠎ᠡ ᠃ ᠤᠳᠤ ᠶ᠋ᠢᠨ ᠪᠠᠶᠢᠭ᠎ᠠ ᠰᠣᠶᠣᠯ ᠤᠨ
ᠲᠥᠬᠥᠭᠡᠷᠦᠮᠵᠢ ᠶ᠋ᠢ ᠪᠤᠰᠤᠳ ᠵᠦᠢᠯ ᠳ᠋ᠤ ᠥᠭᠡᠷᠡᠴᠢᠯᠡᠨ ᠬᠡᠷᠡᠭᠯᠡᠵᠦ ᠪᠣᠯᠬᠤ ᠦᠭᠡᠢ ᠂ ᠨᠢᠭᠡᠨᠲᠡ
ᠬᠡᠷᠡᠭᠯᠡᠭᠰᠡᠨ ᠢ ᠳᠣᠣᠷ᠎ᠠ ᠨᠢ ᠵᠠᠯᠠᠷᠠᠭᠤᠯᠬᠤ ᠬᠡᠷᠡᠭᠲᠡᠶ ᠂ ᠰᠣᠶᠣᠯ ᠤᠨ ᠲᠥᠬᠦᠭᠡᠷᠦᠮᠵᠢ ᠢ
ᠰᠣᠶᠣᠯ ᠤᠨ ᠠᠵᠢᠯᠯᠠᠭ᠎ᠠ ᠥᠷᠨᠢᠭᠦᠯᠵᠦ ᠂ ᠰᠣᠶᠣᠯ ᠤᠨ ᠠᠵᠢᠯ ᠦᠢᠯᠡᠰ ᠶ᠋ᠢᠨ ᠬᠦᠭᠵᠢᠯᠲᠡ ᠳ᠋ᠦ
ᠠᠰᠢᠭᠯᠠᠬᠤ ᠶ᠋ᠢ ᠪᠠᠲᠤᠯᠠᠨ᠎ᠠ ᠃ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠴᠢᠬᠤᠯᠠ
ᠪᠦᠬᠦᠢ ᠰᠣᠶᠣᠯ ᠲᠥᠬᠥᠭᠡᠷᠦᠮᠵᠢ ᠶ᠋ᠢᠨ ᠪᠦᠳᠦᠭᠡᠠ ᠪᠠᠶᠢᠭᠤᠯᠤᠯᠲᠠ ᠶ᠋ᠢ ᠰᠠᠶ᠋ᠢᠲᠤᠷ
ᠰᠢᠢᠳᠪᠦᠷᠢᠯᠡᠵᠦ ᠂ ᠣᠨᠴᠠᠭᠠᠶᠢᠯᠠᠨ ᠭᠣᠣᠯᠳᠠᠯᠭ᠎ᠠ ᠲᠠᠢ ᠰᠣᠶᠣᠯ ᠤᠨ ᠲᠥᠬᠥᠭᠡᠷᠦᠮᠵᠢ ᠶ᠋ᠢᠨ
ᠪᠦᠲᠦᠭᠡᠨ ᠪᠠᠶᠢᠭᠤᠯᠤᠯᠲᠠ ᠶ᠋ᠢ ᠰᠠᠶᠢᠲᠤᠷ ᠰᠢᠢᠳᠪᠦᠷᠢᠯᠡᠨ᠎ᠡ ᠃ ᠪᠥᠬᠥ ᠣᠷᠣᠨ ᠤ ᠷᠠᠳᠢᠣ᠋
ᠨᠡᠪᠲᠡᠷᠡᠭᠦᠯᠭᠡ ᠲᠧᠯᠸᠢᠰ ᠤᠨ ᠪᠦᠷᠬᠦᠴᠡ ᠶ᠋ᠢᠨ ᠲᠣᠣᠷ ᠤᠨ ᠪᠥᠳᠥᠭᠡᠨ ᠪᠠᠶᠢᠭᠤᠯᠤᠯᠲᠠ ᠶ᠋ᠢ
ᠴᠢᠩᠭᠠᠳᠬᠠᠵᠤ ᠂ ᠨᠠᠷᠢᠨ ᠬᠢᠨᠠᠮᠠᠭᠠᠶ ᠪᠠᠷ 《 ᠰᠣᠯᠣᠩᠭᠠᠨ ᠰᠣᠶᠣᠯ ᠲᠥᠯᠥᠪᠯᠡᠭᠡ 》 ᠂ 《 ᠬᠢᠯᠢ
ᠬᠢᠵᠠᠭᠠᠷ ᠤᠨ ᠰᠣᠶᠣᠯ ᠤᠨ ᠤᠷᠳᠤ ᠬᠤᠩᠬᠢᠯ ᠤᠨ ᠪᠦᠳᠤᠭᠡᠨ ᠪᠠᠶᠢᠭᠤᠯᠤᠯᠲᠠ ᠶ᠋ᠢᠨ ᠲᠥᠯᠥᠪᠵᠢᠭᠦᠯᠭᠡ
》 ᠶ᠋ᠢ ᠶᠠᠪᠤᠭᠳᠠᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠲᠤᠢᠷᠪᠡᠠ ᠱᠠᠲᠤᠨ ᠤ ᠰᠣᠶᠣᠯ ᠤᠨ
ᠲᠣᠣᠷ ᠤᠨ ᠪᠦᠲᠦᠭᠡᠨ ᠪᠠᠶᠢᠭᠤᠯᠤᠯᠲᠠ ᠶ᠋ᠢ ᠲᠥᠷᠭᠡᠳᠬᠡᠨ᠎ᠡ ᠃ ᠶᠢᠰᠦᠳᠦᠭᠡᠷ ᠲᠠᠪᠤᠨ ᠵᠢᠯ ᠤᠨ
ᠲᠥᠯᠥᠪᠯᠡᠭᠡᠨ ᠤ ᠬᠤᠭᠤᠴᠠᠭᠠᠨ ᠳ᠋ᠤ ᠂ ᠬᠣᠰᠢᠭᠤ ᠰᠢᠶᠠᠨ ᠤ ᠨᠣᠮ ᠤᠨ ᠰᠠᠩ ᠂ ᠰᠣᠶᠣᠯ ᠤᠨ ᠭᠡᠷ ᠂
ᠰᠤᠮᠤ ᠰᠢᠶᠠᠩ ᠪᠠᠯᠭᠠᠰᠤᠨ ᠳ᠋ᠦ ᠰᠣᠶᠣᠯ ᠤᠨ ᠦᠷᠳᠡᠭᠡ ᠲᠠᠢ ᠪᠣᠯᠭᠠᠬᠤ ᠬᠠᠷᠠᠯᠲᠠ ᠶ᠋ᠢ
ᠪᠡᠶᠡᠯᠡᠭᠦᠯᠦᠨ᠎ᠡ ᠃
ᠰᠤᠷᠲᠠᠯ ᠤᠬᠠᠭᠤᠯᠭ᠎ᠠ ᠰᠣᠶᠣᠯ ᠤᠨ ᠰᠦᠢᠳᠬᠡᠯ ᠮᠥᠩᠭᠥ ᠶ᠋ᠢ
ᠬᠡᠷᠡᠭᠯᠡᠬᠦ ᠲᠠᠯ᠎ᠠ ᠪᠠᠷ ᠂ ᠲᠥᠷᠥᠯ ᠬᠤᠪᠢᠶᠠᠨ ᠵᠢᠯᠣᠭᠣᠳᠬᠤ ᠂ ᠭᠣᠣᠯᠳᠠᠯᠭ᠎ᠠ ᠲᠠᠢ
ᠬᠡᠯᠪᠡᠶ᠋ᠢᠯᠭᠡᠬᠦ ᠲᠦᠷᠦ ᠶ᠋ᠢᠨ ᠪᠣᠳᠤᠯᠭ᠎ᠠ ᠶ᠋ᠢ ᠬᠡᠷᠡᠭᠵᠢᠭᠦᠯᠦᠨ᠎ᠡ ᠃ ᠤᠯᠤᠰ ᠡᠴᠡ
ᠪᠠᠶ᠋ᠢᠭᠤᠯᠤᠭᠰᠠᠨ ᠨᠣᠮ ᠤᠨ ᠰᠡᠡᠭ ᠂ ᠮᠦᠽᠧᠶ ᠂ ᠰᠣᠶᠣᠯ ᠤᠨ ᠭᠡᠷ ᠂ ᠰᠢᠨᠵᠢᠯᠡᠬᠦ ᠤᠬᠠᠭᠠᠨ
ᠮᠡᠷᠭᠡᠵᠢᠯ ᠤᠨ ᠣᠷᠳᠣᠨ ᠂ ᠪᠡᠶ᠎ᠡ ᠶ᠋ᠢᠨ ᠲᠠᠮᠢᠷ ᠤᠨ ᠲᠠᠯᠠᠪᠠᠶ ᠣᠷᠳᠣᠨ ᠵᠡᠷᠭᠡ ᠨᠡᠶ᠋ᠢᠲᠡ ᠶ᠋ᠢᠨ
ᠠᠰᠠᠷᠠᠮᠵᠢ ᠶ᠋ᠢᠨ ᠴᠢᠨᠠᠷᠲᠠᠶ ᠠᠵᠢᠯ ᠦᠢᠯᠡᠰ ᠤᠨ ᠨᠢᠭᠡᠴᠢ ᠶ᠋ᠢᠨ ᠵᠠᠷᠤᠳᠠᠯ ᠢ ᠪᠠᠲᠤᠯᠠᠬᠤ
ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠢ ᠲᠥᠯᠦᠭᠡᠯᠡᠵᠦ ᠪᠦᠬᠦᠢ ᠤᠷᠠᠯᠢᠭ ᠤᠨ ᠳᠡᠭᠡᠳᠦ
ᠰᠤᠷᠭᠠᠭᠤᠯᠢ ᠂ ᠲᠣᠭᠯᠠᠯᠲᠠ ᠶ᠋ᠢᠨ ᠪᠦᠯᠬᠦᠮ ᠪᠠ ᠤᠯᠤᠰ ᠂ ᠥᠪᠡᠷᠲᠡᠭᠡᠨ ᠵᠠᠰᠠᠬᠤ ᠣᠷᠣᠨ ᠤ
ᠭᠣᠣᠯᠳᠠᠯᠭ᠎ᠠ ᠲᠠᠢ ᠲᠡᠦᠬᠡ ᠶ᠋ᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠢ ᠂
ᠵᠢᠴᠢ ᠲᠥᠯᠥᠭᠡᠯᠡᠬᠦ ᠴᠢᠨᠠᠷᠲᠠᠶ ᠣᠷᠣᠨ ᠨᠤᠲᠤᠭ ᠤᠨ ᠦᠨᠳᠦᠰᠦᠲᠡᠨ ᠤ ᠣᠨᠴᠠᠯᠢᠭ ᠪᠦᠬᠦᠢ
ᠤᠷᠠᠯᠢᠭ ᠤᠨ ᠪᠦᠯᠬᠦᠮ ᠬᠢᠭᠡᠳ ᠲᠠᠮᠢᠷ ᠤᠨ ᠪᠦᠯᠬᠦᠮ ᠂ ᠴᠥᠭᠡᠨ ᠲᠣᠭᠠᠲᠤ ᠦᠨᠳᠦᠰᠦᠲᠡᠨ ᠤ ᠦᠭᠡ
ᠬᠡᠯᠡ ᠦᠰᠦᠭ ᠪᠢᠴᠢᠭ ᠦᠨ ᠰᠣᠨᠢᠨ ᠮᠡᠳᠡᠭᠡ ᠂ ᠬᠡᠪᠯᠡᠯ ᠂ ᠤᠳᠬ᠎ᠠ ᠤᠷᠠᠯᠢᠭ ᠤᠨ ᠦᠢᠯᠡᠰ ᠲᠤ
ᠬᠣᠯᠪᠣᠭᠳᠠᠯ ᠪᠦᠬᠦᠢ ᠰᠠᠯᠠᠭ᠎ᠠ ᠮᠥᠴᠢᠷ ᠡᠴᠠᠭᠣᠣᠯᠳᠠᠯᠭᠠ ᠲᠠᠢ ᠲᠡᠳᠬᠦᠨ ᠳᠡᠮᠵᠢᠬᠦ ᠲᠥᠰᠦᠯ
ᠬᠡᠷᠡᠭᠵᠢᠭᠦᠯᠵᠦ ᠂ ᠵᠣᠬᠢᠯᠳᠤᠬᠤ ᠬᠡᠮᠵᠢᠶ᠎ᠡ ᠳᠠᠰᠢ ᠬᠡᠯᠪᠡᠶ᠋ᠢᠬᠦ ᠲᠥᠷᠥ ᠶ᠋ᠢᠨ ᠪᠣᠳᠣᠯᠭ᠎ᠠ ᠶ᠋ᠢ
ᠬᠡᠷᠡᠭᠵᠢᠭᠦᠯᠦᠨ᠎ᠡ ᠃
ᠠᠷᠪᠠ ᠂ ᠨᠠᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠳ᠋ᠡᠬᠢ ᠤ ᠳᠤᠷᠢᠳᠤᠯᠭᠠ ᠶ᠋ᠢ ᠪᠤᠳᠠᠲᠠᠢ ᠪᠠᠷ ᠴᠢᠩᠭᠠᠳᠬᠠᠨ ᠰᠠᠶᠢᠵᠢᠷᠠᠭᠤᠯᠤᠨ᠎ᠠ
ᠡᠯ᠎ᠡ
ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠢᠯᠠᠩᠭᠤᠶ᠎ᠠ ᠨᠠᠮ ᠤᠨ ᠡᠯ᠎ᠡ ᠱᠠᠲᠤᠨ ᠤ
ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠵᠢᠷᠭᠤᠳᠤᠭᠠᠷ ᠪᠥᠬᠥᠳᠡ ᠬᠤᠷᠠᠯ ᠤᠨ
ᠵᠣᠷᠢᠭ ᠰᠠᠨᠠᠭᠠᠨ ᠳᠡᠭᠡᠷ᠎ᠡ ᠲᠥᠪᠯᠡᠷᠡᠭᠦᠯᠵᠦ ᠂ ᠨᠠᠮ ᠤᠨ ᠤᠶᠤᠨ ᠤ ᠪᠣᠯᠪᠠᠰᠤᠨ ᠤ
ᠪᠠᠶᠢᠭᠤᠯᠤᠯᠲᠠ ᠳ᠋ᠡᠬᠢ ᠤ ᠳᠤᠷᠢᠳᠤᠯᠭᠠ ᠶ᠋ᠢ ᠪᠤᠳᠠᠲᠠᠢ ᠪᠠᠷ ᠴᠢᠩᠭᠠᠳᠬᠠᠨ ᠰᠠᠶᠢᠵᠢᠷᠠᠭᠤᠯᠤᠨ᠎ᠠ
᠃
ᠨᠠᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠳ᠋ᠡᠬᠢ ᠤ ᠳᠤᠷᠢᠳᠤᠯᠭᠠ ᠶ᠋ᠢᠨ
ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶ᠋ᠢ ᠪᠠᠶ᠋ᠢᠭᠤᠯᠤᠨ ᠲᠡᠭᠦᠯᠳᠡᠷᠵᠢᠭᠦᠯᠵᠦ ᠂
ᠳᠡᠭᠡᠷ᠎ᠡ ᠡᠴᠠ ᠳᠣᠷᠣᠭᠰᠢ 《 ᠨᠢᠭᠡ ᠭᠠᠷ ᠢᠶᠡᠨ ᠬᠣᠶᠠᠷ ᠲᠠᠯ᠎ᠠ ᠶ᠋ᠢ ᠠᠳᠬᠤᠬᠤ 》 ᠪᠠᠶᠢᠷᠢᠰᠢᠯ ᠢ
ᠪᠤᠶ ᠪᠣᠯᠭᠠᠬᠤ ᠬᠡᠷᠡᠭᠲᠡᠶ ᠃ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠂
ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢ ᠠᠵᠤ ᠠᠬᠤᠶ ᠪᠠ ᠨᠡᠶᠢᠭᠡᠮ ᠤᠨ
ᠬᠥᠭᠵᠢᠭᠦᠯᠦᠯᠲᠡ ᠶ᠋ᠢᠨ ᠲᠥ᠋ᠯᠥᠪᠵᠢᠭᠦᠯᠭᠡ ᠳ᠋ᠦ ᠣᠷᠣᠭᠣᠯᠣᠨ ᠂ ᠬᠣᠶᠠᠷ ᠪᠣᠯᠪᠠᠰᠤᠨ ᠤ
ᠪᠠᠶᠢᠭᠤᠯᠤᠯᠲᠠ ᠶ᠋ᠢ ᠵᠡᠷᠭᠡᠪᠡᠷ ᠰᠤᠳᠤᠯᠤᠨ ᠪᠠᠶ᠋ᠢᠷᠢᠯᠠᠭᠤᠯᠵᠤ ᠂ ᠬᠠᠮᠲᠤᠪᠠᠷ
ᠨᠠᠶᠢᠳᠠᠪᠤᠷᠢᠵᠢᠭᠤᠯᠤᠨ ᠪᠠᠶᠢᠴᠠᠭᠠᠯᠲᠠ ᠬᠢᠬᠦ ᠶ᠋ᠢ ᠪᠡᠶᠡᠯᠡᠭᠦᠯᠦᠨ᠎ᠡ ᠃ ᠲᠣᠭᠲᠠᠮᠠᠯ
ᠬᠤᠭᠤᠴᠠᠭ᠎ᠠ ᠲᠠᠢ ᠪᠠᠷ ᠤᠶᠤᠨ ᠤ ᠪᠣᠯᠪᠠᠰᠤᠨ ᠢ ᠪᠠᠶ᠋ᠢᠭᠤᠯᠬᠤ ᠠᠵᠢᠯ ᠤᠨ ᠬᠠᠷᠢᠭᠤ
ᠮᠡᠳᠡᠭᠦᠯᠦᠯᠲᠡ ᠶ᠋ᠢ ᠰᠣᠨᠣᠰᠴᠤ ᠂ ᠴᠢᠬᠤᠯᠠ ᠶᠡᠬᠡ ᠰᠢᠶᠳᠪᠦᠷᠢᠲᠦ ᠪᠣᠳᠣᠯᠭ᠎ᠠ ᠂ ᠴᠢᠬᠤᠯᠠ
ᠡᠭᠦᠷᠭᠡ ᠶ᠋ᠢ ᠨᠠᠮ ᠵᠠᠰᠠᠭ ᠤᠨ ᠨᠢᠭᠡᠳᠦᠭᠡᠷ ᠭᠠᠷ ᠡᠷᠬᠡᠪᠰᠢ ᠪᠡᠶ᠎ᠡ ᠪᠠᠷ ᠢᠶᠡᠨ ᠠᠰᠠᠭᠤᠵᠤ ᠂
ᠪᠡᠶ᠎ᠡ ᠪᠠᠷ ᠢᠶᠡᠨ ᠨᠠᠶᠢᠳᠠᠪᠤᠷᠢᠵᠢᠭᠤᠯᠬᠤ ᠬᠡᠷᠡᠭᠲᠡᠢ ᠃ ᠱᠠᠲᠤ ᠬᠤᠪᠢᠶᠠᠨ ᠬᠠᠷᠢᠭᠤᠴᠠᠬᠤ ᠂
ᠱᠠᠲᠤ ᠬᠤᠪᠢᠶᠠᠵᠤ ᠡᠭᠦᠷᠭᠡᠯᠡᠨ᠎ᠡ ᠂ ᠱᠠᠲᠤᠯᠠᠨ ᠬᠠᠮᠢᠶᠠᠷᠬᠤ ᠂ ᠰᠢᠰᠲ᠋ᠧᠮ ᠪᠠ ᠬᠡᠰᠡᠭ ᠢ
ᠤᠶᠠᠯᠳᠤᠭᠤᠯᠬᠤ ᠵᠠᠷᠴᠢᠮ ᠢ ᠦᠨᠳᠦᠰᠦᠯᠡᠵᠦ ᠂ ᠡᠯ᠎ᠡ ᠱᠠᠲᠤᠨ ᠤ ᠳᠠᠷᠤᠭ᠎ᠠ ᠤ ᠳᠤᠷᠢᠳᠤᠯᠭᠠ ᠶ᠋ᠢᠨ
ᠬᠣᠣᠰ ᠪᠣᠯᠪᠠᠰᠤᠨ ᠤ ᠪᠠᠶᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠲᠦᠷᠢᠮ ᠢ ᠲᠣᠭᠲᠠᠭᠠᠬᠤ
ᠬᠡᠷᠡᠭᠲᠡᠶ ᠃ ᠨᠠᠮ ᠵᠠᠰᠠᠭ ᠤᠨ ᠤᠳᠤᠷᠢᠳᠬᠤ ᠪᠠᠭ ᠪᠣᠯᠤᠨ ᠭᠣᠣᠯ ᠤᠳᠤᠷᠢᠳᠬᠤ ᠺᠠᠳ᠋ᠷᠴᠤᠳ ᠢ
ᠰᠢᠯᠭᠠᠨ ᠬᠢᠨᠠᠵᠤ ᠦᠨᠡᠯᠡᠬᠦ ᠳ᠋ᠤ ᠡᠳ᠋ ᠪᠣᠳᠠᠰ ᠤᠨ ᠪᠣᠯᠪᠠᠰᠤᠨ ᠪᠠᠶᠢᠳᠠᠯ ᠤᠨ
ᠪᠠᠶᠢᠭᠤᠯᠤᠯᠲᠠ ᠶ᠋ᠢ ᠤᠳᠤᠷᠢᠳᠬᠤ ᠠᠵᠢᠯ ᠤᠨ ᠠᠮᠵᠢᠯᠲᠠ ᠪᠦᠲᠦᠮᠵᠢ ᠪᠠ ᠴᠢᠳᠠᠪᠤᠷᠢ ᠪᠠᠶ᠋ᠢᠬᠤ
ᠡᠰᠡᠬᠦ ᠶ᠋ᠢ ᠦᠵᠡᠬᠦ ᠪᠠᠷ ᠪᠠᠷᠠᠬᠤ ᠦᠭᠡᠢ ᠤᠶᠤᠨ ᠰᠠᠨᠠᠭᠠᠨ ᠤ ᠪᠣᠯᠪᠠᠰᠤᠨ ᠪᠠᠶᠢᠳᠠᠯ ᠤᠨ
ᠪᠠᠶᠢᠭᠤᠯᠤᠯᠲᠠ ᠶ᠋ᠢ ᠤᠳᠤᠷᠢᠳᠬᠤ ᠠᠵᠢᠯ ᠤᠨ ᠠᠮᠵᠢᠯᠲᠠ ᠪᠦᠲᠦᠮᠵᠢ ᠪᠠ ᠴᠢᠳᠠᠪᠤᠷᠢ ᠶ᠋ᠢ
ᠳᠡᠭᠡᠭᠰᠢᠯᠡᠭᠦᠯᠬᠦ ᠬᠡᠷᠡᠭᠲᠡᠢ ᠃ ᠡᠨᠡ ᠨᠢ ᠺᠠᠳ᠋ᠷ ᠢ ᠬᠡᠷᠡᠭᠯᠡᠬᠦ ᠂ ᠱᠠᠩᠨᠠᠵᠤ ᠰᠢᠳᠬᠡᠬᠦ
ᠦᠨᠳᠦᠰᠦᠨ ᠪᠠᠷᠢᠮᠲᠠ ᠪᠣᠯᠤᠨ᠎ᠠ ᠃
ᠨᠠᠮ ᠤᠨ ᠤ ᠳᠤᠷᠢᠳᠤᠯᠭᠠ ᠶ᠋ᠢ ᠴᠢᠩᠭᠠᠳᠬᠠᠬᠤ ᠳ᠋ᠤ
᠂ ᠦᠵᠡᠯ ᠰᠠᠨᠠᠭ᠎ᠠ ᠤᠯᠤᠰ ᠲᠦᠷᠤ ᠶ᠋ᠢᠨ ᠤ ᠳᠤᠷᠢᠳᠤᠯᠭᠠ ᠶ᠋ᠢ ᠴᠢᠩᠭᠠᠳᠬᠠᠬᠤ ᠶᠠᠪᠤᠳᠠᠯ
ᠵᠠᠩᠭᠢᠯᠠᠭ᠎ᠠ ᠪᠤᠯᠵᠤ ᠪᠠᠶ᠋ᠢᠨ᠎ᠠ ᠃ ᠨᠢᠭᠡ ᠰᠡᠳᠬᠢᠯ ᠢᠶᠠᠷ ᠪᠣᠳᠠᠲᠠᠶ ᠬᠡᠷᠡᠭ ᠶᠠᠪᠤᠳᠠᠯ ᠢ
ᠬᠤᠪᠢᠷᠠᠭᠤᠯᠵᠤ ᠂ ᠬᠥᠮᠦᠨ ᠤ ᠠᠵᠢᠯ ᠪᠠ ᠦᠵᠡᠯ ᠰᠠᠨᠠᠭ᠎ᠠ ᠤᠯᠤᠰ ᠲᠦᠷᠦ ᠶ᠋ᠢᠨ ᠠᠵᠢᠯ ᠢ ᠬᠢᠬᠦ
ᠬᠡᠯᠪᠡᠷᠢᠯ ᠣᠮᠳᠤᠭᠤᠶᠢᠯᠠᠵᠤ ᠂ ᠲᠤᠰ ᠭᠠᠵᠠᠷ ᠣᠷᠣᠨ ᠂ ᠲᠤᠰ ᠰᠠᠯᠠᠭ᠎ᠠ ᠮᠥᠴᠢᠷ ᠂ ᠲᠤᠰ
ᠨᠢᠭᠡᠴᠢ ᠶ᠋ᠢᠨ ᠢᠶᠡᠨ ᠦᠵᠡᠯ ᠰᠠᠨᠠᠭ᠎ᠠ ᠤᠯᠤᠰ ᠲᠦᠷᠦ ᠶ᠋ᠢᠨ ᠪᠠᠶᠢᠳᠠᠯ ᠂ ᠬᠥᠮᠦᠨ ᠤ ᠠᠵᠢᠯ ᠢ
ᠰᠠᠶ᠋ᠢᠲᠤᠷ ᠴᠢᠷᠮᠠᠶ᠋ᠢᠨ ᠬᠢᠬᠦ ᠬᠡᠷᠡᠭᠲᠡᠶ ᠃
ᠡᠯ᠎ᠡ ᠱᠠᠲᠤᠨ ᠤ ᠠᠷᠠᠳ ᠤᠨ
ᠲᠥᠯᠥᠭᠡᠯᠡᠭᠴᠢᠳ ᠂ ᠤᠯᠤᠰ ᠲᠦᠷᠦ ᠶ᠋ᠢᠨ ᠵᠥᠪᠯᠡᠯᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ ᠂
ᠡᠯ᠎ᠡ ᠠᠷᠠᠳᠴᠢᠯᠠᠭᠰᠠᠨ ᠨᠠᠮ ᠪᠦᠯᠦᠭ ᠤᠨ ᠦᠢᠯᠡᠳᠦᠯ ᠢ ᠴᠢᠬᠤᠯᠠᠴᠢᠯᠠᠨ ᠦᠵᠡᠬᠦ ᠬᠡᠷᠡᠭᠲᠡᠢ ᠃
ᠨᠠᠮ ᠤᠨ ᠬᠣᠷᠢᠶᠠᠨ ᠤ ᠨᠢᠭᠡᠳᠦᠯᠲᠡᠶ ᠤᠳᠤᠷᠢᠳᠤᠯᠭ᠎ᠠ ᠶ᠋ᠢᠨ ᠳᠣᠣᠷ᠎ᠠ ᠂ ᠨᠠᠮ ᠵᠠᠰᠠᠭ ᠤᠨ ᠡᠯ᠎ᠡ
ᠰᠠᠯᠠᠭ᠎ᠠ ᠮᠥᠴᠢᠷ ᠪᠠ ᠠᠵᠢᠯᠴᠢᠨ ᠤ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠂
ᠡᠮᠡᠭᠲᠡᠶ᠋ᠢᠴᠦᠳ ᠤᠨ ᠬᠣᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠳ ᠥᠪᠡᠷᠰᠡᠳ ᠤᠨ
ᠣᠨᠴᠠᠯᠢᠭ ᠢᠶᠡᠨ ᠦᠨᠳᠦᠰᠦᠯᠡᠨ ᠂ ᠬᠢᠨᠠᠮᠠᠭᠠᠶ ᠪᠠᠷ ᠡᠯ᠎ᠡ ᠵᠦᠢᠯ ᠤᠨ ᠠᠵᠢᠯᠯᠠᠭ᠎ᠠ ᠶ᠋ᠢ
ᠵᠣᠬᠢᠶᠠᠨ ᠪᠠᠶ᠋ᠢᠭᠤᠯᠤᠨ ᠥᠷᠨᠢᠭᠦᠯᠵᠦ ᠂ ᠨᠡᠶᠢᠭᠡᠮ ᠳᠠᠶᠠᠭᠠᠷ ᠲᠤ ᠵᠡᠷᠭᠡᠪᠡᠷ ᠠᠳᠬᠤᠵᠤ
ᠬᠠᠮᠲᠤᠪᠠᠷ ᠬᠠᠮᠢᠶᠠᠷᠬᠤ ᠨᠡᠶ᠋ᠢᠯᠡᠮᠡᠯ ᠬᠦᠴᠦᠨ ᠢ ᠪᠦᠷᠢᠯᠳᠦᠭᠦᠯᠵᠦ ᠥᠭᠬᠦ ᠬᠡᠷᠡᠭᠲᠡᠶ ᠃
ᠡᠯ᠎ᠡ
ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ ᠡᠪᠯᠡᠯ ᠵᠢᠴᠢ ᠲᠡᠭᠦᠨ ᠤ ᠬᠡᠷᠡᠭ
ᠡᠷᠬᠢᠯᠡᠬᠥ ᠪᠠᠶᠢᠭᠤᠯᠤᠮᠵᠢ ᠶ᠋ᠢᠨ ᠦᠵᠡᠯ ᠰᠠᠨᠠᠭ᠎ᠠ ᠤᠯᠤᠰ ᠲᠥᠷᠦ ᠂ ᠠᠵᠢᠯ ᠤᠨ ᠦᠷ᠎ᠡ ᠪᠦᠲᠦᠮᠵᠢ
ᠰᠠᠢᠨ ᠂ ᠣᠪᠣᠷ ᠰᠤᠷᠲᠠᠯ ᠲᠥᠪ ᠪᠠᠶᠢᠬᠤ ᠱᠠᠭᠠᠷᠳᠠᠯᠭ᠎ᠠ ᠶ᠋ᠢ ᠤᠯᠠᠮ ᠨᠢᠭᠡ ᠠᠯᠬᠤᠮ
ᠳᠣᠬᠢᠷᠠᠭᠤᠯᠵᠤ ᠂ ᠲᠡᠭᠦᠯᠳᠡᠷᠵᠢᠭᠦᠯᠵᠦ ᠂ ᠴᠢᠩᠭᠠᠳᠬᠠᠵᠤ ᠂ ᠨᠢᠭᠡᠨ ᠰᠠᠯᠠᠭ᠎ᠠ ᠳᠡᠭᠡᠳᠦ ᠬᠡᠪ
ᠰᠤᠷᠲᠠᠯ ᠲᠠᠢ ᠦᠵᠡᠯ ᠰᠠᠨᠠᠭ᠎ᠠ ᠰᠣᠶᠣᠯ ᠰᠤᠷᠭᠠᠨ ᠬᠥᠮᠦᠵᠢᠯ ᠤᠨ ᠤᠬᠠᠭᠤᠯᠭ᠎ᠠ ᠶ᠋ᠢᠨ
ᠡᠩᠨᠡᠭᠡ ᠶ᠋ᠢ ᠪᠦᠷᠢᠯᠳᠦᠭᠦᠯᠦᠨ᠎ᠡ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠡ
ᠡᠨᠡ ᠬᠦ ᠡᠩᠨᠡᠭᠡ ᠶ᠋ᠢᠨ ᠪᠠᠶᠢᠭᠤᠯᠤᠯᠲᠠ ᠶ᠋ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ
ᠬᠡᠷᠡᠭᠲᠡᠢ ᠃
ᠰᠢᠨ᠎ᠡ ᠪᠠᠶᠢᠳᠠᠯ ᠤᠨ ᠳᠣᠣᠷ᠎ᠠ ᠨᠡᠶᠢᠭᠡᠮ ᠵᠢᠷᠤᠮ ᠤᠨ ᠤᠶᠤᠨ ᠤ
ᠪᠣᠯᠪᠠᠰᠤᠨ ᠤ ᠪᠠᠶᠢᠭᠤᠯᠤᠯᠲᠠ ᠶ᠋ᠢ ᠴᠢᠩᠭᠠᠳᠬᠠᠬᠤ ᠶᠠᠪᠤᠳᠠᠯ ᠪᠣᠯ ᠪᠦᠬᠦ ᠨᠠᠮ ᠤᠨ ᠨᠥᠬᠥᠳ ᠤᠨ
ᠨᠢᠭᠡᠨ ᠴᠢᠬᠤᠯᠠ ᠰᠢᠯᠭᠠᠯᠲᠠ ᠪᠠᠶᠢᠵᠤ ᠂ ᠮᠠᠨ ᠤ ᠡᠷᠬᠡᠪᠰᠢ ᠰᠤᠳᠤᠯᠤᠨ ᠰᠢᠶᠳᠪᠦᠷᠢᠯᠡᠬᠦ
ᠴᠢᠬᠤᠯᠠᠲᠠᠶ ᠨᠢᠭᠡᠨ ᠲᠡᠦᠬᠡᠲᠦ ᠴᠢᠨᠠᠷᠲᠠᠶ ᠰᠡᠳᠦᠪ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶᠠᠨ ᠡᠴᠠ ᠪᠥᠬᠥ ᠣᠷᠣᠨ ᠤ ᠡᠪ ᠬᠠᠮᠲᠤ ᠨᠠᠮ ᠤᠨ ᠭᠡᠰᠢᠭᠦᠳ ᠢᠯᠠᠩᠭᠤᠶ᠎ᠠ
ᠨᠠᠮ ᠤᠨ ᠭᠡᠰᠢᠭᠦᠨ ᠤᠳᠤᠷᠢᠳᠬᠤ ᠺᠠᠳ᠋ᠷ ᠡᠷᠬᠡᠪᠰᠢ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ
ᠪᠠᠶᠢᠭᠤᠯᠤᠯᠲᠠ ᠶ᠋ᠢᠨ ᠳᠤᠮᠳᠠ ᠬᠣᠰᠢᠭᠤᠴᠢ ᠵᠢᠱᠢᠶᠡᠴᠢ ᠦᠢᠯᠡᠳᠦᠯ ᠢᠶᠡᠨ ᠪᠠᠳᠠᠷᠠᠭᠤᠯᠬᠤ ᠶ᠋ᠢ
ᠤᠷᠢᠶᠠᠯᠠᠨ ᠂ ᠨᠡᠶᠢᠭᠡᠮ ᠤᠨ ᠦᠵᠡᠯ ᠤᠶᠤᠨ ᠤ ᠪᠣᠯᠪᠠᠰᠤᠨ ᠤ ᠪᠠᠶᠢᠭᠤᠯᠤᠯᠲᠠ ᠶ᠋ᠢᠨ
ᠳᠠᠭᠠᠭᠤᠯᠤᠬᠴᠢ ᠪᠣᠯᠭᠠᠨ᠎ᠠ ᠃ ᠨᠠᠮ ᠪᠣᠯᠤᠨ ᠠᠷᠠᠳ ᠲᠦᠮᠡᠨ ᠳ᠋ᠤ ᠳᠡᠭᠡᠳᠦ ᠬᠡᠮᠵᠢᠶ᠎ᠡ ᠪᠠᠷ
ᠬᠠᠷᠢᠭᠤᠴᠠᠬᠤ ᠵᠣᠷᠢᠭ ᠰᠠᠨᠠᠭ᠎ᠠ ᠪᠠᠷ ᠂ ᠯᠠᠪᠳᠠᠭᠤᠨ ᠪᠠᠲᠤᠲᠠᠶ ᠠᠵᠢᠯᠯᠠᠵᠤ ᠂ ᠡᠷᠡᠯᠬᠡᠭᠯᠡᠨ
ᠤᠷᠤᠭᠰᠢᠯᠠᠬᠤ ᠂ ᠮᠠᠨ ᠤ ᠣᠷᠣᠨ ᠤ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠢ ᠪᠠᠶ᠋ᠢᠭᠤᠯᠬᠤ
ᠰᠢᠨ᠎ᠡ ᠪᠠᠶᠢᠳᠠᠯ ᠢ ᠴᠢᠷᠮᠠᠶ᠋ᠢᠨ ᠪᠤᠢ ᠪᠣᠯᠭᠠᠬᠤ ᠂ 《 ᠪᠦᠯᠬᠦᠮᠳᠡᠭᠰᠡᠨ ᠂ ᠴᠢᠨᠡᠭᠡᠯᠢᠭ ᠂
ᠪᠣᠯᠪᠠᠰᠤᠨ》 ᠥᠪᠦᠷ ᠮᠣᠩᠭᠣᠯ ᠢ 21 ᠳ᠋ᠦᠭᠡᠷ ᠵᠠᠭᠤᠨ ᠳ᠋ᠦ ᠳᠠᠭᠠᠭᠤᠯᠤᠨ ᠣᠷᠤᠭᠤᠯᠤᠨ᠎ᠠ ᠃