ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ
2016 ᠣᠨ ᠤ 11 ᠰᠠᠷ᠎ᠠ ᠶ᠋ᠢᠨ 22 ᠤ ᠡᠳᠦᠷ ᠡᠴᠡ 26 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠦᠨ ᠬᠤᠷᠠᠯ ᠬᠥᠬᠡᠬᠣᠲᠠ ᠳᠤ ᠬᠤᠷᠠᠯᠳᠤᠪᠠ᠃ ᠲᠤᠰ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ ᠳ᠋ᠤ ᠨᠡᠶᠢᠲᠡ 665 ᠨᠡᠷ᠎ᠡ ᠲᠥᠯᠥᠭᠡᠯᠡᠭᠴᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠢ ᠵᠢᠢ ᠡᠾᠸᠩ ᠡᠴᠡ 《 ᠨᠢᠭᠲᠠᠷᠠᠨ ᠪᠦᠯᠬᠦᠮᠳᠡᠵᠦ ᠰᠢ ᠶᠢᠨ ᠫᠢᠩ ᠨᠥᠬᠥᠷ ᠢᠶᠡᠷ ᠲᠦᠪ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ 》 ᠭᠡᠬᠦ ᠰᠡᠳᠦᠪ ᠢᠶ᠋ᠡᠷ ᠢᠯᠡᠳᠬᠡᠯ ᠬᠢᠪᠡ᠃ 11 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠣᠷᠢᠶᠠᠨ ᠤ ᠠᠩᠬᠠᠳᠤᠭᠠᠷ ᠪᠥᠬᠥᠳᠡ ᠬᠤᠷᠠᠯ ᠡᠴᠡ ᠯᠢ ᠵᠢᠶ ᠾᠧᠩ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ᠂ ᠪᠦ᠋ ᠰᠢᠶᠤᠤ ᠯᠢᠨ ( ᠡᠮᠡᠭᠲᠡᠶ᠂ ᠮᠣᠩᠭᠣᠯ ᠦᠨᠳᠦᠰᠦᠲᠡᠨ)᠂ ᠯᠢ ᠵᠢᠶᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠳᠡᠳ᠋ ᠱᠦᠵᠢ ᠪᠡᠷ ᠰᠤᠩᠭᠤᠪᠠ᠃ ᠬᠤᠷᠠᠯ ᠳᠡᠭᠡᠷ᠎ᠡ 《ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠦᠨ ᠶᠡᠬᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠣᠷᠢᠢ᠎ᠠ ᠶᠢᠨ ᠢᠯᠡᠳᠬᠡᠯ ᠦᠨ ᠲᠤᠬᠠᠶ ᠰᠢᠶᠳᠪᠦᠷᠢ 》 ᠪᠤᠯᠤᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠦᠨ ᠶᠡᠬᠡ ᠬᠤᠷᠠᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠵᠢᠯ ᠤᠨ ᠢᠯᠡᠳᠬᠡᠯ ᠦᠨ ᠲᠤᠬᠠᠶ ᠰᠢᠶᠳᠪᠦᠷᠢ 》 ᠶᠢ ᠪᠠᠲᠤᠯᠠᠪᠠ ᠃
ᠬᠤᠷᠠᠯ ᠤᠨ ᠭᠣᠣᠯ ᠰᠡᠳᠦᠪ ᠪᠣᠯ ᠄ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠠᠭᠤᠤ ᠶᠡᠬᠡ ᠲᠤᠭ ᠢ ᠥᠨᠳᠥᠷ ᠮᠠᠨᠳᠤᠭᠤᠯᠵᠤ᠂ ᠨᠢᠭᠲᠠᠷᠠᠨ ᠪᠦᠯᠬᠦᠮᠳᠡᠬᠦ ᠶ᠋ᠢ ᠰᠢ ᠶᠢᠨ ᠫᠢᠩ ᠨᠥᠬᠥᠷ ᠢᠶᠡᠷ ᠲᠦᠪ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ᠂ ᠰᠢ ᠶᠢᠨ ᠫᠢᠩ ᠶᠡᠷᠦᠩᠬᠡᠢ ᠱᠦᠵᠢ ᠶ᠋ᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠤᠳᠤᠯᠭ᠎ᠠ ᠶ᠋ᠢ ᠭᠦᠨᠵᠡᠭᠡᠢ ᠲᠤᠤᠱᠠᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠯᠴᠠᠨ ᠬᠠᠷᠠᠭᠠᠯᠵᠠᠵᠤ᠂ ᠪᠦᠯᠬᠦᠮᠳᠡᠨ ᠳᠡᠮᠡᠴᠡᠨ᠂ ᠪᠤᠴᠠᠯᠲᠠ ᠦᠭᠡᠢ ᠪᠠᠷ ᠤᠷᠤᠭᠰᠢᠯᠠᠵᠤ᠂ 《ᠡᠭᠡ ᠤᠯᠤᠰ ᠤᠨ ᠤᠮᠠᠷᠠᠲᠤ ᠶᠢᠨ ᠡᠨᠡᠬᠦ ᠦᠵᠡᠮᠵᠢ ᠶᠢᠨ ᠣᠷᠣᠨ ᠢᠶᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠬᠣᠶᠢᠰᠢᠳᠠ ᠶᠢᠨ ᠲᠠᠪᠤᠨ ᠵᠢᠯ ᠦᠨ ᠠᠵᠢᠯ ᠢ ᠰᠠᠶᠢᠲᠤᠷ ᠬᠢᠵᠦ᠂ ᠭᠤᠷᠪᠠᠨ ᠵᠤᠷᠪᠤᠰ ᠱᠤᠭᠤᠮ ᠢ ᠰᠠᠬᠢᠬᠤ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠬᠦ ᠪᠠᠷ ᠭᠣᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ 《 ᠲᠠᠪᠤᠨ ᠲᠠᠯ᠎ᠠ 》 ᠵᠢ ᠵᠣᠬᠢᠴᠠᠭᠤᠯᠤᠨ ᠠᠬᠢᠭᠤᠯᠬᠤ ᠨᠢ ᠵᠠᠶᠢᠯᠠᠰᠢ ᠦᠭᠡᠢ ᠰᠣᠩᠭᠣᠯᠲᠠ ᠮᠥᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠠᠪᠤᠳᠠᠯ ᠢ ᠦᠨᠳᠦᠰᠦᠨ ᠡᠴᠡ ᠨᠢ ᠵᠠᠰᠠᠬᠤ ᠠᠷᠭ᠎ᠠ ᠪᠤᠳᠤᠯᠭ᠎ᠠ ᠪᠤᠯᠭᠠᠵᠤ᠂ ᠬᠠᠸᠯᠢ ᠶᠣᠰᠣᠭᠠᠷ ᠣᠷᠣᠨ ᠢᠶᠠᠨ ᠵᠠᠰᠠᠬᠤ ᠶᠢ ᠪᠠᠷᠢᠮᠲᠠᠯᠠᠬᠤ ᠨᠢ ᠴᠢᠬᠤᠯᠠ ᠪᠠᠲᠤᠯᠠᠭ᠎ᠠ ᠪᠣᠯᠤᠭᠰᠠᠨ ᠤ ᠬᠤᠪᠢ ᠳᠤ᠂ ᠨᠠᠮ ᠢ ᠴᠢᠩᠭ᠎ᠠ ᠬᠠᠮᠢᠶᠠᠷᠬᠤ ᠪᠤᠯᠤᠨ ᠨᠠᠮ ᠢ ᠵᠠᠰᠠᠬᠤ ᠨᠢ ᠦᠨᠳᠦᠰᠦᠨ ᠪᠠᠲᠤᠯᠠᠭ᠎ᠠ ᠮᠥᠨ᠃ ᠬᠣᠶᠢᠰᠢᠳᠠ ᠶᠢᠨ ᠲᠠᠪᠤᠨ ᠵᠢᠯ ᠦᠨ ᠥᠪᠥᠷ ᠮᠣᠩᠭᠣᠯ ᠤᠨ ᠠᠵᠤ ᠠᠬᠤᠶ ᠨᠡᠶᠢᠭᠡᠮ ᠦᠨ ᠬᠥᠭᠵᠢᠯᠲᠡ ᠶᠢᠨ ᠭᠣᠣᠯ ᠬᠠᠷᠠᠯᠲᠠ ᠪᠣᠯ᠄ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠦ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠂ ᠥᠭᠡᠷᠡᠴᠢᠯᠡᠯᠲᠡ ᠨᠡᠬᠡᠬᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠬᠤᠪᠢᠷᠠᠯᠲᠠ ᠶᠢ ᠪᠡᠶᠡᠯᠡᠭᠦᠯᠵᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠳᠤ ᠰᠢᠨ᠎ᠡ ᠲᠠᠪᠰᠢᠯᠳᠠ ᠲᠠᠶ ᠪᠤᠯᠵᠤ᠂ ᠪᠣᠯᠪᠠᠰᠤᠨ ᠡᠶ᠎ᠡ ᠵᠣᠬᠢᠴᠠᠩᠭᠤᠢ ᠶᠢᠨ ᠲᠦᠪᠰᠢᠨ ᠰᠢᠨ᠎ᠡ ᠳᠡᠭᠡᠭᠰᠢᠯᠡᠯᠲᠡ ᠢᠢ ᠪᠡᠶᠡᠯᠡᠭᠦᠯᠵᠦ᠂ ᠠᠷᠠᠳ ᠲᠦᠮᠡᠨ ᠦ ᠠᠮᠢᠳᠤᠷᠠᠯ ᠤᠨ ᠲᠦᠪᠰᠢᠨ ᠰᠢᠨ᠎ᠡ ᠳᠡᠭᠡᠭᠰᠢᠯᠡᠯᠲᠡ ᠲᠡᠶ ᠪᠤᠯᠵᠤ᠂ ᠠᠮᠢ ᠠᠬᠤᠢ ᠶᠢᠨ ᠣᠷᠴᠢᠨ ᠲᠣᠭᠣᠷᠢᠨ ᠤ ᠶᠠᠰᠤ ᠴᠢᠨᠠᠷ ᠤᠨ ᠰᠢᠨ᠎ᠡ ᠰᠠᠶᠢᠵᠢᠷᠠᠯᠲᠠ ᠶᠢ ᠪᠡᠶᠡᠯᠡᠭᠦᠯᠬᠦ ᠶᠠᠪᠤᠳᠠᠯ ᠪᠤᠯᠤᠨ᠎ᠠ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠦᠨ ᠶᠡᠬᠡ ᠬᠤᠷᠠᠯ ᠡᠴᠠ ᠢᠷᠡᠭᠡᠳᠦᠶ ᠶᠢᠨ ᠲᠠᠪᠤᠨ ᠵᠢᠯ ᠳᠡᠬᠢ ᠥᠪᠥᠷ ᠮᠣᠩᠭᠣᠯ ᠨᠠᠮ ᠤᠨ ᠪᠠᠶᠢᠭᠤᠯᠤᠯᠲᠠ ᠳ᠋ᠤ ᠪᠣᠳᠠᠲᠠᠶ ᠪᠠᠶᠢᠷᠢᠯᠠᠭᠤᠯᠤᠯᠲᠠ ᠬᠢᠵᠦ᠂ ᠨᠠᠮ ᠤᠨ ᠪᠠᠶᠢᠭᠤᠯᠤᠯᠲᠠ ᠶᠢᠨ ᠡᠭᠦᠷᠭᠡ ᠶᠢ ᠳᠤᠷᠠᠳᠤᠨ ᠭᠠᠷᠭᠠᠭᠰᠠᠨ ᠨᠢ᠄ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠦᠨᠵᠡᠭᠡᠢ ᠲᠦᠯᠬᠢᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠶᠢ ᠦᠨᠡᠨᠬᠦ ᠰᠠᠶᠢᠲᠤᠷ ᠭᠦᠢᠴᠡᠳᠬᠡᠵᠦ᠂ ᠨᠠᠮ ᠳᠤ ᠪᠠᠶᠢᠪᠠᠯ ᠨᠠᠮ ᠢ ᠶᠠᠷᠢᠵᠤ᠂ ᠨᠠᠮ ᠤᠨ ᠲᠥᠯᠥᠭᠡ ᠰᠠᠨᠠᠭᠠᠰᠢᠷᠠᠵᠤ᠂ ᠨᠠᠮ ᠤᠨ ᠲᠥᠯᠥᠭᠡ ᠵᠢᠳᠬᠦᠬᠦ ᠶ᠋ᠢ ᠪᠠᠷᠢᠮᠲᠠᠯᠠᠵᠤ᠂ ᠨᠠᠮ ᠳᠤ ᠪᠠᠶᠢᠪᠠᠯ ᠨᠠᠮ ᠢ ᠬᠠᠶᠢᠷᠠᠯᠠᠵᠤ᠂ ᠨᠠᠮ ᠳ᠋ᠤ ᠪᠠᠶᠢᠪᠠᠯ ᠨᠠᠮ ᠢᠶᠡᠨ ᠮᠠᠨᠳᠤᠭᠤᠯᠵᠤ᠂ ᠨᠠᠮ ᠳ᠋ᠤ ᠪᠠᠶᠢᠪᠠᠯ ᠨᠠᠮ ᠢᠶᠠᠨ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠥᠪᠥᠷ ᠮᠣᠩᠭᠣᠯ ᠤᠨ ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠱᠦᠵᠢ ᠯᠢ ᠵᠢᠢ ᠡᡁᠸ᠋ᠩ ᠮᠡᠳᠡᠭᠦᠯᠦᠯᠲᠡ ᠳᠡᠭᠡᠨ ᠰᠢ ᠶᠢᠨ ᠫᠢᠩ ᠶᠡᠷᠦᠩᠬᠡᠢ ᠱᠦᠵᠢ ᠶ᠋ᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠤᠳᠤᠯᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠶᠢ ᠵᠢᠯᠣᠭᠣᠳᠤᠨ ᠠᠵᠢᠯ ᠢ ᠠᠬᠢᠭᠤᠯᠬᠤ ᠢ ᠴᠢᠩᠭ᠎ᠠ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠤ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠦᠨᠡᠨᠴᠢ ᠰᠢᠳᠤᠷᠭᠤ ᠴᠡᠪᠡᠷ ᠴᠢᠬᠡᠴᠢ ᠡᠭᠦᠷᠬᠡ ᠬᠠᠷᠢᠭᠤᠴᠠᠯᠭ᠎ᠠ ᠲᠠᠢ ᠳᠡᠭᠡᠳᠦ ᠬᠡᠪ ᠪᠣᠯᠪᠠᠰᠤᠷᠠᠯ ᠲᠠᠶ ᠺᠠᠳ᠋ᠷ ᠤᠨ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠋ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠲᠠᠯ ᠋ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠬᠢᠭᠡᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢᠨ ᠲᠤᠯᠤᠭᠠᠨ ᠲᠠᠯ᠎ᠠ ᠶᠢᠨ ᠪᠣᠳᠠᠲᠠᠶ ᠱᠠᠭᠠᠷᠳᠠᠯᠭ᠎ᠠ ᠢ ᠨᠠᠶᠢᠳᠠᠪᠦᠷᠢᠵᠢᠭᠤᠯᠬᠤ ᠶ᠋ᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠬᠢᠵᠦ᠂ ᠦᠪᠦᠷ ᠮᠤᠩᠭᠤᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠶᠢᠳᠠᠭ ᠃
ᠶᠡᠬᠡ ᠬᠤᠷᠠᠯ ᠠᠴᠠ ᠰᠣᠩᠭᠣᠨ ᠭᠠᠷᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠶᠢᠨ ᠨᠡᠷᠡᠰ ᠲᠦ ᠄
ᠨᠢᠭᠡ᠂ ᠪᠠᠶᠢᠩᠭᠤ ᠶᠢᠨ ᠭᠡᠰᠢᠭᠦᠨ ( 10 ᠬᠥᠮᠦᠨ ) ᠄
ᠸᠠᠩ ᠯᠢ ᠰᠢᠶᠠ᠂ ᠮᠠ ᠰᠢᠤᠸᠠᠢ ᠵᠢᠶᠦ᠋ᠨ᠂ ᠽᠸᠩ ᠢ ᠴᠦᠨ᠂ ᠯᠢᠦ ᠴᠢ ᠹᠠᠨ᠂ ᠵᠠᠩ ᠶᠤᠸᠠᠨ ᠵᠦᠩ᠂ ᠶᠦᠨ ᠭᠤᠸᠠᠩ ᠵᠦᠩ᠂ ᠪᠠᠢ ᠢᠦᠢ ᠭᠠᠩ᠂ ᠯᠦᠸᠧ ᠶᠦᠩ ᠭᠠᠩ ᠂ ᠯᠢ ᠵᠢᠶᠸ ᠰᠢᠶᠠᠩ᠂ ᠯᠸᠩ ᠵᠢᠶᠸ ᠰᠦᠩ
ᠬᠣᠶᠠᠷ᠂ ᠱᠦᠵᠢ :
ᠯᠢ ᠵᠢᠢ ᠾᠧᠩ
ᠭᠤᠷᠪᠠ᠂ ᠳᠡᠳ᠋ ᠱᠦᠵᠢ :
ᠪᠦ᠋ ᠰᠢᠶᠤᠤ ᠯᠢᠨ ( ᠡᠮᠡᠭᠲᠡᠶ ᠂ ᠮᠣᠩᠭᠣᠯ ᠦᠨᠳᠦᠰᠦᠲᠡᠨ )᠂ ᠯᠢ ᠵᠢᠶᠠ