ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠢ᠎ᠠ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠬᠤ ᠲᠤᠬᠠᠶ ᠲᠣᠭᠲᠠᠭᠠᠯ
ᠲᠠᠷᠢᠶᠠᠯᠠᠩ
ᠮᠠᠯ ᠠᠵᠤ ᠠᠬᠤᠶ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠪᠡᠬᠢᠵᠢᠭᠦᠯᠦᠨ ᠂ ᠲᠠᠷᠢᠶᠠᠯᠠᠩ
ᠮᠠᠯ ᠠᠵᠤ ᠠᠬᠤᠶ ᠶᠢᠨ ᠠᠵᠤ ᠦᠢᠯᠡᠳᠪᠦᠷᠢᠵᠢᠬᠦ ᠠᠬᠢᠴᠠ ᠶᠢ ᠲᠦᠷᠭᠡᠳᠬᠡᠨ ᠠᠬᠢᠭᠤᠯᠵᠤ ᠂
ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠭᠰᠡᠨ ᠲᠣᠭᠲᠠᠭᠤᠨ ᠃ ᠡᠷᠡᠭᠦᠯ ᠬᠥᠭᠵᠢᠯᠲᠡ ᠢ
ᠪᠠᠲᠦᠯᠠᠬᠤ ᠶᠢᠨ ᠲᠦᠯᠦᠭᠡ《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ
ᠲᠠᠷᠢᠶᠠᠯᠠᠩ ᠤᠨ ᠬᠠᠤᠯᠢ 》 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ
ᠠᠵᠤ ᠠᠬᠤᠶ ᠶᠢᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠬᠠᠤᠯᠢ 》 ᠪᠠ ᠬᠣᠯᠪᠣᠭᠳᠠᠯ ᠪᠦᠬᠦᠢ
ᠬᠠᠤᠯᠢ ᠴᠠᠭᠠᠵᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠶ
ᠤᠶᠠᠯᠳᠤᠭᠤᠯᠤᠨ ᠂ ᠣᠨᠴᠣᠭᠣᠶᠢᠯᠠᠨ ᠳᠣᠣᠷᠠᠬᠢ ᠮᠡᠲᠦ ᠲᠣᠭᠲᠠᠭᠠᠯ ᠭᠠᠷᠭᠠᠪᠠ ᠄
ᠨᠢᠭᠡ᠂
ᠲᠤᠰ ᠲᠣᠭᠲᠠᠭᠠᠯ ᠳᠤ ᠬᠡᠯᠡᠵᠦ ᠪᠠᠶᠢᠭ᠎ᠠ ᠲᠠᠷᠢᠶᠠᠯᠠᠩ ᠮᠠᠯ ᠠᠵᠤ ᠠᠬᠤᠶ ᠨᠢ ᠲᠠᠷᠢᠮᠠᠯ ᠤᠨ
ᠦᠢᠯᠡᠰ ᠂ ᠮᠠᠯ ᠠᠵᠤ ᠠᠬᠤᠶ ᠂ ᠤᠢ ᠰᠢᠭᠤᠶ ᠪᠣᠯᠤᠨ ᠵᠢᠭᠠᠰᠤᠨ ᠠᠵᠤ ᠠᠬᠤᠶ ᠶᠢ ᠪᠠᠭᠲᠠᠭᠠᠨ᠎ᠠ᠃
ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠪᠣᠯ ᠡᠯ᠎ᠡ ᠱᠠᠲᠤᠨ ᠤ
ᠠᠷᠠᠳ ᠤᠨ ᠵᠠᠰᠠᠭ ᠤᠨ ᠣᠷᠳᠣᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠂ ᠪᠠᠶᠢᠭᠤᠯᠭ᠎ᠠ
ᠨᠢᠭᠡᠴᠢ ᠵᠢᠴᠢ ᠵᠣᠬᠢᠶᠠᠨ ᠪᠠᠶᠢᠭᠤᠯᠤᠯᠲᠠ ᠂ ᠬᠤᠪᠢ ᠬᠥᠮᠦᠨ ᠡᠯ᠎ᠡ ᠵᠦᠢᠯ ᠦᠨ ᠬᠡᠯᠪᠡᠷᠢ ᠪᠡᠷ
ᠳᠠᠮᠵᠢᠭᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠦᠨ ᠦᠢᠯᠡᠳᠪᠦᠷᠢᠯᠡᠯ ᠡᠴᠡ
ᠡᠮᠦᠨ᠎ᠡ ᠂ ᠦᠢᠯᠡᠳᠪᠦᠷᠢᠯᠡᠯ ᠦᠨ ᠶᠠᠪᠤᠴᠠ᠂ ᠦᠢᠯᠡᠳᠪᠦᠷᠢᠯᠡᠭᠰᠡᠨ ᠦ ᠳᠠᠷᠠᠭᠠᠬᠢ ᠡᠯ᠎ᠡ ᠵᠦᠢᠯ ᠦᠨ
ᠲᠤᠰᠬᠠᠶᠢᠵᠢᠭᠰᠠᠨ ᠪᠠ ᠶᠡᠷᠦᠩᠬᠡᠶᠢᠯᠡᠭᠰᠡᠨ ᠢᠵᠢ ᠪᠦᠷᠢᠳᠦᠭᠦᠯᠦᠭᠰᠡᠨ ᠦᠢᠯᠡᠴᠢᠯᠡᠭᠡ
ᠬᠠᠩᠭᠠᠬᠤ ᠢ ᠵᠢᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ
ᠦᠢᠯᠡᠴᠢᠯᠡᠭᠡ ᠶᠢ ᠴᠢᠩᠭᠠᠳᠬᠠᠬᠤ ᠳᠤ᠂ ᠡᠷᠬᠡᠪᠰᠢ ᠪᠦᠬᠦ ᠨᠡᠶᠢᠭᠡᠮ ᠦᠨ ᠬᠦᠴᠦᠨ ᠢ ᠳᠠᠢᠢᠴᠢᠯᠠᠨ
ᠵᠣᠬᠢᠶᠠᠨ ᠪᠠᠶᠢᠭᠤᠯᠵᠤ ᠂ ᠵᠠᠬ᠎ᠠ ᠳᠡᠯᠭᠡᠭᠦᠷ ᠢᠶᠡᠷ ᠤᠳᠤᠷᠢᠳᠤᠮᠵᠢ ᠪᠣᠯᠭᠠᠬᠤ ᠶᠢ
ᠪᠠᠷᠢᠮᠲᠠᠯᠠᠵᠤ ᠂ ᠦᠷ᠎ᠡ ᠠᠰᠢᠭ ᠢᠶᠠᠷ ᠭᠣᠸᠯ ᠪᠣᠯᠭᠠᠨ ᠂ ᠪᠣᠯᠪᠠᠰᠤᠷᠠᠭᠤᠯᠤᠨ ᠬᠤᠪᠢᠷᠠᠭᠤᠯᠬᠤ ᠪᠠ
ᠭᠦᠢᠯᠭᠡᠭᠡ ᠶᠢ ᠠᠮᠢᠳᠤᠯᠢᠭ ᠪᠤᠯᠭᠠᠬᠤ ᠪᠠᠷ ᠭᠤᠤᠯᠳᠠᠯᠭᠠᠲᠤ ᠵᠠᠷᠴᠢᠮ ᠪᠣᠯᠭᠠᠵᠤ ᠂ ᠤᠯᠤᠰ ᠣᠷᠣᠨ
᠂ ᠬᠠᠮᠲᠤ ᠨᠡᠶᠢᠲᠡ᠂ ᠬᠤᠪᠢ ᠬᠥᠮᠦᠨ ᠦ ᠵᠡᠷᠭᠡ ᠪᠡᠷ ᠬᠠᠪᠰᠦᠷᠬᠤ ᠴᠢᠭᠯᠡᠯᠲᠡ ᠢ
ᠬᠡᠷᠡᠭᠵᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ
ᠪᠠᠶᠢᠭᠤᠯᠤᠯᠲᠠ ᠪᠠᠷ ᠰᠠᠭᠤᠷᠢ ᠪᠣᠯᠭᠠᠵᠤ ᠂ ᠡᠯ᠎ᠡ ᠱᠠᠲᠤᠨ ᠤ ᠰᠢᠨᠵᠢᠯᠡᠬᠦ ᠤᠬᠠᠭᠠᠨ ᠦ
ᠰᠤᠳᠤᠯᠤᠯ ᠦᠨ ᠰᠠᠯᠠᠭ᠎ᠠ ᠮᠥᠴᠢᠷ ᠢᠶᠡᠷ ᠲᠦᠰᠢᠭ ᠪᠣᠯᠭᠠᠵᠤ ᠂ ᠡᠯ᠎ᠡ ᠠᠵᠢᠯ ᠲᠥᠷᠥᠯ ᠦᠨ ᠦᠨᠳᠦᠰᠦᠨ
ᠱᠠᠲᠤᠨ ᠤ ᠲᠤᠰᠬᠠᠶ ᠮᠡᠷᠭᠡᠵᠢᠯ ᠦᠨ ᠦᠢᠯᠡᠴᠢᠯᠡᠭᠡᠨ ᠦ ᠵᠣᠬᠢᠶᠠᠨ ᠪᠠᠶᠢᠭᠤᠯᠤᠯᠲᠠ ᠪᠡᠷ ᠠᠷᠤᠭ
ᠶᠠᠰᠦ ᠪᠡᠨ ᠪᠤᠯᠭᠠᠨ ᠂ ᠲᠠᠷᠢᠶᠠᠯᠠᠩ ᠮᠠᠯ ᠠᠵᠤ ᠠᠬᠤᠶ ᠶᠢᠨ ᠦᠶᠯᠡᠳᠪᠦᠷᠢᠯᠡᠯ ᠡᠵᠡᠩᠨᠡᠭᠴᠢᠳ ᠦᠨ
ᠦᠪᠡᠷ ᠦᠨ ᠦᠶᠯᠡᠴᠢᠯᠡᠭᠡ ᠪᠡᠷ ᠨᠥᠬᠥᠪᠥᠷᠢ ᠪᠤᠯᠭᠠᠠᠭᠰᠠᠨ᠂ ᠤᠯᠠᠨ ᠠᠵᠤ ᠠᠬᠤᠶ ᠶᠢᠨ ᠪᠦᠷᠢᠯᠳᠦᠬᠦᠨ
᠂ ᠤᠯᠡᠠ ᠲᠡᠰ ᠳᠠᠪᠬᠤᠷᠭ᠎ᠠ ᠂ ᠤᠯᠠᠨ ᠠᠷᠭ᠎ᠠ ᠵᠠᠮ ᠪᠦᠬᠦᠢ ᠦᠢᠯᠡᠴᠢᠯᠡᠭᠡᠨ ᠤ ᠰᠢᠰᠲ᠋ᠧᠮ ᠢ
ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠦ ᠴᠠᠭ ᠲᠤᠬᠠᠶ ᠳᠤᠨᠢ
ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ ᠃
ᠬᠣᠶᠠᠷ ᠂ ᠡᠯ᠎ᠡ ᠱᠠᠲᠤᠨ ᠤ
ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ
ᠦᠶᠯᠡᠴᠢᠯᠡᠭᠡᠨ ᠦ ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠵᠤ ᠂ ᠲᠠᠷᠢᠶᠠᠯᠠᠩ ᠮᠠᠯ
ᠠᠵᠤ ᠠᠬᠤᠶ ᠳᠦ ᠦᠢᠯᠡᠴᠢᠯᠡᠬᠦ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠤᠤᠱᠯᠠᠭᠤᠯᠤᠨ
ᠬᠡᠷᠡᠭᠵᠢᠭᠦᠯᠬᠦ ᠶᠢ ᠪᠠᠲᠤᠯᠠᠵᠤ ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ
ᠦᠢᠯᠡᠴᠢᠯᠡᠭᠡ ᠥᠷᠨᠢᠭᠦᠯᠬᠦ ᠶᠢ ᠳᠡᠮᠵᠢᠬᠦ ᠪᠠ ᠵᠤᠷᠢᠭᠵᠢᠭᠤᠯᠬᠤ ᠲᠦᠷᠦ ᠶᠢᠨ ᠪᠤᠳᠤᠯᠭ᠎ᠠ ᠪᠠ
ᠠᠷᠭ᠎ᠠ ᠶᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ
ᠦᠢᠯᠡᠴᠢᠯᠡᠭᠡᠨ ᠦ ᠬᠡᠷᠡᠭ ᠵᠥᠪᠯᠡᠬᠦ ᠪᠠ ᠵᠣᠬᠢᠴᠠᠭᠤᠯᠬᠤ ᠳᠦᠷᠢᠮ ᠢ ᠪᠠᠢᠢᠭᠤᠯᠤᠨᠠ᠌᠌᠃ ᠡᠯ᠎ᠡ
ᠭᠠᠵᠠᠷ ᠤᠨ ᠦᠢᠯᠡᠴᠢᠯᠡᠭᠡᠨ ᠦ ᠨᠥᠬᠥᠴᠡᠯ ᠪᠠ ᠤᠳᠤ ᠪᠠᠶᠢᠭ᠎ᠠ ᠰᠠᠭᠤᠷᠢ ᠶᠢ ᠦᠨᠳᠦᠰᠦᠯᠡᠨ ᠲᠥᠷᠥᠯ
ᠬᠤᠪᠢᠶᠠᠨ ᠵᠢᠯᠣᠭᠣᠳᠬᠤ ᠶᠢ ᠬᠡᠷᠡᠭᠵᠢᠭᠦᠯᠵᠦ ᠂ ᠲᠠᠷᠢᠶᠠᠯᠠᠩ ᠮᠠᠯ ᠠᠵᠤ ᠠᠬᠤᠶ ᠶᠢᠨ ᠠᠵᠤ
ᠦᠢᠯᠡᠰᠵᠢᠯᠲᠡ ᠶᠢ ᠲᠦᠯᠬᠢᠨ ᠠᠬᠢᠭᠤᠯᠬᠤ ᠪᠠᠷ ᠬᠠᠷᠠᠯᠲᠠ ᠪᠣᠯᠭᠠᠨ ᠲᠣᠰ ᠭᠠᠵᠠᠷ ᠣᠷᠣᠨ ᠤ ᠠᠵᠤ
ᠠᠬᠤᠶ ᠶᠢᠨ ᠬᠥᠭᠵᠢᠯᠲᠡ ᠲᠠᠢ ᠵᠣᠬᠢᠴᠠᠬᠤ ᠦᠢᠯᠡᠴᠢᠯᠡᠭᠡᠨ ᠦ ᠰᠢᠰᠲ᠋ᠧᠮ ᠢ ᠪᠠᠶᠢᠭᠤᠯᠤᠨ
ᠲᠡᠭᠦᠯᠳᠡᠷᠵᠢᠭᠦᠯᠦᠨ᠎ᠡ᠃ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠯ ᠪᠦᠬᠦᠢ ᠰᠠᠯᠠᠭ᠎ᠠ
ᠮᠥᠴᠢᠷ ᠦᠨ ᠦᠢᠯᠡᠴᠢᠯᠡᠭᠡᠨ ᠦ ᠬᠦᠷᠢᠶ᠎ᠡ ᠬᠡᠪᠴᠢᠶ᠎ᠡ ᠶᠢ ᠨᠡᠭᠡᠭᠡᠨ ᠥᠷᠭᠡᠳᠬᠡᠵᠦ ᠂ ᠡᠯ᠎ᠡ
ᠲᠥᠷᠥᠯ ᠦᠨ ᠦᠢᠯᠡᠴᠢᠯᠡᠭᠡᠨ ᠦ ᠵᠠᠬ᠎ᠠ ᠳᠡᠯᠭᠡᠭᠦᠷ ᠢ ᠢᠳᠡᠪᠬᠢᠲᠡᠶ ᠪᠡᠷ ᠪᠤᠢᠢᠵᠢᠭᠤᠯᠵᠤ᠂ ᠠᠵᠢᠯ
ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠂ ᠲᠠᠷᠢᠶᠠᠯᠠᠩ ᠮᠠᠯ ᠠᠵᠤ ᠠᠬᠤᠶ ᠶᠢᠨ
ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨᠠ᠌᠃ ᠵᠠᠭᠤᠴᠢ ᠦᠢᠯᠡᠴᠢᠯᠡᠭᠡᠨ ᠦ ᠵᠣᠬᠢᠶᠠᠨ
ᠪᠠᠶᠢᠭᠤᠯᠤᠯᠲᠠ ᠪᠠ ᠡᠯ᠎ᠡ ᠵᠦᠢᠯ ᠦᠨ ᠠᠵᠤ ᠠᠬᠤᠶ ᠶᠢᠨ ᠪᠦᠷᠢᠯᠳᠦᠬᠦᠨ ᠦ ᠲᠠᠷᠢᠶᠠᠯᠠᠩ ᠮᠠᠯ ᠠᠵᠤ
ᠠᠬᠤᠶ ᠶᠢ ᠳᠡᠮᠵᠢᠬᠦ ᠺᠣᠮᠫᠠᠨᠢ ᠢ ᠳᠡᠮᠵᠢᠬᠦ ᠪᠠ ᠵᠣᠷᠢᠭᠵᠢᠭᠤᠯᠵᠤ ᠂ ᠮᠠᠯᠴᠢᠨ ᠲᠠᠷᠢᠶᠠᠴᠢᠳ ᠢ
ᠬᠥᠲᠥᠯᠦᠨ ᠵᠢᠯᠣᠭᠣᠳᠴᠤ ᠪᠠᠶᠢᠭᠠᠳ ᠥᠪᠡᠰᠦᠪᠡᠨ ᠵᠣᠬᠢᠶᠠᠨ ᠪᠠᠶᠢᠭᠤᠯᠤᠭᠰᠠᠨ ᠡᠯ᠎ᠡ ᠳᠦᠷᠦᠯ ᠦᠨ
ᠦᠢᠯᠡᠴᠢᠯᠡᠭᠡᠨ ᠦ ᠵᠣᠬᠢᠶᠠᠨ ᠪᠠᠶᠢᠭᠤᠯᠤᠯᠲᠠ ᠶᠢᠨ ᠪᠣᠶᠢᠵᠢᠯᠲᠠ ᠪᠠ ᠪᠤᠵᠠᠭᠠᠶᠢᠷᠠᠭᠤᠯᠬᠤ ᠶᠢ
ᠤᠨᠴᠠᠭᠠᠢᠯᠠᠨ ᠲᠡᠳᠬᠦᠨ ᠳᠡᠮᠵᠢᠬᠦ ᠬᠡᠷᠡᠭᠲᠡᠢ᠂ ᠬᠣᠲᠠ ᠪᠠᠯᠭᠠᠰᠤ ᠪᠠᠷ ᠲᠦᠰᠢᠭ ᠪᠣᠯᠭᠠᠵᠤ
ᠰᠠᠴᠤᠷᠠᠭᠤᠯᠤᠭᠰᠠᠨ ᠲᠠᠷᠢᠶᠠᠯᠠᠬᠤ ᠮᠠᠯᠵᠢᠬᠤ ᠣᠷᠣᠨ ᠤ ᠦᠢᠯᠡᠴᠢᠯᠡᠭᠡ ᠶᠢᠨ ᠴᠢᠳᠠᠪᠤᠷᠢ ᠢ
ᠪᠠᠳᠠᠷᠠᠭᠤᠯᠤᠨ᠎ᠠ ᠃ ᠦᠨᠳᠦᠰᠦᠨ ᠱᠠᠲᠤᠨ ᠤ ᠡᠯ᠎ᠡ ᠲᠤᠰᠬᠠᠶ ᠮᠡᠷᠭᠡᠵᠢᠯ ᠦᠨ ᠦᠷᠲᠡᠭᠡ ᠪᠠ ᠪᠤᠰᠤᠳ
ᠦᠢᠯᠡᠴᠢᠯᠡᠭᠡᠨ ᠦ ᠵᠣᠬᠢᠶᠠᠨ ᠪᠠᠶᠢᠭᠤᠯᠤᠯᠲᠠ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ
ᠵᠠᠰᠠᠭ ᠤᠨ ᠣᠷᠳᠣᠨ ᠨᠢᠭᠡᠳᠦᠯᠲᠡᠶ ᠵᠢᠯᠣᠭᠣᠳᠴᠤ ᠂ ᠵᠤᠬᠢᠴᠠᠭᠤᠯᠤᠨ᠂ ᠲᠤᠬᠢᠷᠠᠭᠤᠯᠵᠤ ᠂ ᠲᠤᠰᠬᠠᠶ
ᠮᠡᠷᠭᠡᠵᠢᠯ ᠤᠨ ᠰᠠᠭᠤᠷᠢᠨ ᠳᠡᠭᠡᠷ᠎ᠡ ᠴᠢᠳᠠᠮᠵᠢ ᠶᠢᠨ ᠬᠠᠷᠢᠯᠴᠠᠨ ᠨᠥᠬᠥᠪᠥᠷᠢᠯᠡᠬᠦ ᠢᠵᠢ
ᠪᠦᠷᠢᠯᠳᠦᠭᠦᠯᠦᠭᠰᠡᠨ ᠦᠢᠯᠡᠴᠢᠯᠡᠭᠡ ᠶᠢ ᠪᠦᠷᠢᠯᠳᠦᠭᠦᠯᠦᠨ᠎ᠡ ᠃ ᠲᠠᠷᠢᠶᠠᠯᠠᠩ ᠮᠠᠯ ᠠᠵᠤ
ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠡᠯ᠎ᠡ ᠱᠠᠲᠤᠨ ᠤ ᠠᠷᠠᠳ ᠤᠨ
ᠵᠠᠰᠠᠭ ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤᠴᠠᠯᠭ᠎ᠠ ᠶᠢᠨ
ᠬᠠᠷᠠᠯᠲᠠ ᠳᠦ ᠣᠷᠣᠭᠤᠯᠬᠤ ᠶᠣᠰᠣᠲᠠᠶ ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ
ᠬᠣᠯᠪᠣᠭᠳᠠᠯ ᠪᠦᠬᠦᠢ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠶ ᠪᠠᠷ ᠬᠢᠨᠠᠨ ᠰᠢᠯᠭᠠᠵᠤ᠂
ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠦ ᠲᠤᠪᠤᠢᠢᠮ᠎ᠠ ᠬᠤᠪᠢ ᠨᠡᠮᠡᠷᠢ
ᠦᠵᠡᠭᠦᠯᠦᠭᠰᠡᠨ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ
ᠱᠠᠩᠨᠠᠬᠤ ᠬᠡᠷᠡᠭᠲᠡᠶ ᠃
ᠭᠤᠷᠪᠠ ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ
ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠤᠰᠤᠨ ᠠᠰᠢᠭᠯᠠᠯᠲᠠ᠂ ᠰᠢᠶᠠᠩ ( ᠰᠤᠮᠤ )
ᠪᠠᠯᠭᠠᠰᠤᠨ ᠤ ᠠᠵᠤ ᠠᠬᠤᠶᠢᠯᠠᠯ᠂ ᠴᠠᠭ ᠠᠭᠤᠷ᠂ ᠲᠠᠷᠢᠶᠠᠯᠠᠩ ᠤᠨ ᠮᠠᠰᠢᠨ ᠵᠡᠷᠭᠡ ᠵᠠᠰᠠᠭ
ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠂ ᠲᠠᠷᠢᠶᠠᠯᠠᠩ ᠮᠠᠯ ᠠᠵᠤ ᠠᠬᠤᠶ ᠶᠢᠨ
ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠶᠢ ᠴᠢᠩᠭᠠᠳᠬᠠᠵᠤ ᠂ ᠮᠡᠳᠡᠭᠡ ᠵᠠᠩᠭᠢ
ᠰᠤᠷᠠᠭ ᠴᠢᠮᠡᠭᠡ᠂ ᠡᠵᠡᠩᠨᠡᠨ ᠬᠠᠮᠢᠶᠠᠷᠤᠯᠲᠠ᠂ ᠰᠠᠢᠢᠨ ᠡᠭᠦᠯᠳᠡᠷ ᠢ ᠦᠷᠡᠵᠢᠭᠦᠯᠦᠨ
ᠪᠣᠢ᠌ᠵᠢᠭᠤᠯᠬᠤ ᠪᠠ ᠬᠠᠩᠭᠠᠯᠭ᠎ᠠ ᠂ ᠮᠠᠰᠢᠨᠴᠢᠯᠠᠭᠰᠠᠨ ᠠᠵᠢᠯᠯᠠᠭ᠎ᠠ ᠪᠣᠯᠭᠠᠬᠤ ᠂ ᠤᠰᠤᠨ
ᠠᠰᠢᠭᠯᠠᠯᠲᠠ ᠂ ᠡᠪᠡᠳᠴᠢᠨ ᠬᠣᠷᠣᠬᠠᠶ ᠶᠢᠨ ᠬᠥᠨᠥᠭᠡᠯ ᠢ ᠰᠡᠷᠭᠡᠶᠢᠯᠡᠬᠦ᠂ ᠬᠥᠮᠦᠨ ᠦ ᠬᠦᠴᠦ ᠪᠡᠷ
ᠪᠣᠷᠣᠭᠠᠨ ᠨᠡᠮᠡᠭᠳᠡᠭᠦᠯᠵᠦ ᠮᠥᠨᠳᠥᠷ ᠰᠡᠷᠭᠡᠶᠢᠯᠡᠬᠦ ᠵᠡᠷᠭᠡ ᠦᠢᠯᠡᠴᠢᠯᠡᠭᠡᠨ ᠦ ᠰᠢᠰᠲ᠋ᠧᠮ ᠪᠠ
ᠦᠢᠯᠡᠴᠢᠯᠡᠭᠡᠨ ᠦ ᠰᠦᠯᠵᠢᠶ᠎ᠡ ᠶᠢ ᠪᠠᠢᠭᠤᠯᠤᠨ ᠂ ᠦᠢᠯᠡᠴᠢᠯᠡᠭᠡᠨ ᠦ ᠪᠦᠲᠦᠴᠡ ᠶᠢ
ᠲᠡᠭᠦᠯᠳᠡᠷᠵᠢᠭᠦᠯᠦᠨ ᠂ ᠦᠢᠯᠡᠴᠢᠯᠡᠭᠡᠨ ᠦ ᠵᠠᠷᠤᠳᠠᠯ ᠢ ᠪᠠᠲᠤᠯᠠᠬᠤ ᠬᠡᠷᠡᠭᠲᠡᠶ ᠂ ᠦᠨᠳᠦᠰᠦᠨ
ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠠᠵᠢᠯᠲᠠᠨ ᠤ ᠬᠠᠷᠠᠭᠠᠯᠵᠠᠯ ᠤᠨ
ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ᠦᠢᠯᠡᠴᠢᠯᠡᠭᠡᠨ ᠦ ᠡᠩᠨᠡᠭᠡ ᠶᠢ
ᠲᠤᠭᠲᠠᠪᠤᠷᠵᠢᠭᠤᠯᠵᠤ ᠂ ᠲᠤᠰᠬᠠᠶ ᠦᠢᠯᠡᠰ ᠦᠨ ᠰᠢᠨᠵᠢᠯᠡᠬᠦ ᠤᠬᠠᠭᠠᠨ ᠮᠡᠷᠭᠡᠵᠢᠯ ᠦᠨ
ᠠᠵᠢᠯᠲᠠᠨ ᠢ ᠪᠦᠷᠢᠯᠳᠦᠭᠦᠯᠵᠦ ᠂ ᠦᠢᠯᠡᠴᠢᠯᠡᠭᠡ ᠶᠢ ᠢᠵᠢ ᠪᠦᠷᠢᠳᠦᠭᠦᠯᠬᠦ ᠲᠥᠬᠥᠭᠡᠷᠦᠮᠵᠢ ᠶᠢ
ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠦᠨ ᠪᠣᠯᠪᠠᠰᠤᠷᠠᠭᠤᠯᠤᠯ ᠢ ᠶᠡᠬᠡᠪᠡᠷ
ᠥᠷᠨᠢᠭᠦᠯᠵᠦ ᠂ ᠬᠡᠷᠡᠭᠯᠡᠭᠡᠨ ᠦ ᠲᠧᠭᠨᠢᠭ ᠮᠡᠷᠭᠡᠵᠢᠯ ᠢ ᠢᠳᠡᠪᠬᠢᠲᠡᠶ ᠪᠡᠷ ᠳᠡᠯᠭᠡᠷᠡᠭᠦᠯᠵᠦ ᠂
ᠲᠤᠷᠰᠢᠯᠲᠠ ᠶᠢᠨ ᠵᠢᠱᠢᠢ᠎ᠡ ᠦᠵᠡᠭᠦᠯᠵᠦ ᠳᠡᠯᠭᠡᠷᠡᠭᠦᠯᠬᠦ ᠰᠠᠭᠤᠷᠢᠨ ᠭᠠᠵᠠᠷ ᠢ ᠪᠠᠢᠭᠤᠯᠤᠨ᠂
ᠦᠢᠯᠡᠴᠢᠯᠡᠭᠡᠨ ᠦ ᠴᠢᠨᠠᠷᠲᠠᠶ ᠠᠵᠤ ᠠᠬᠤᠶ ᠶᠢᠨ ᠪᠣᠳᠠᠲᠤ ᠴᠣᠭᠴᠠ ᠪᠣᠯᠭᠠᠬᠤ ᠬᠡᠷᠡᠭᠲᠡᠶ ᠃ ᠡᠯ᠎ᠡ
ᠱᠠᠲᠤᠨ ᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠂ ᠪᠦᠬᠦ ᠰᠡᠳᠬᠢᠯ ᠪᠦᠬᠦ
ᠵᠣᠷᠢᠭ ᠢᠶᠠᠷ ᠢᠶᠠᠨ ᠲᠠᠷᠢᠶᠠᠯᠠᠩ ᠮᠠᠯ ᠠᠵᠤ ᠠᠬᠤᠶ ᠳᠤ ᠦᠢᠯᠠᠴᠢᠯᠡᠬᠦ ᠵᠣᠷᠢᠯᠲᠠ ᠶᠢ ᠪᠤᠢ
ᠪᠣᠯᠭᠠᠵᠤ᠂ ᠦᠢᠯᠡᠴᠢᠯᠡᠭᠡᠨ ᠦ ᠠᠭᠤᠯᠭ᠎ᠠ ᠶᠢ ᠨᠠᠶᠢᠳᠠᠪᠤᠷᠢᠵᠢᠭᠤᠯᠵᠤ ᠂ ᠠᠭᠤᠯᠭ᠎ᠠ᠂ ᠰᠡᠳᠦᠪ ᠂
ᠪᠠᠷᠢᠮᠵᠢᠶ᠎ᠠ᠂ ᠦᠢᠯᠡᠴᠢᠯᠡᠭᠡ ᠤ ᠠᠷᠭ᠎ᠠ ᠪᠠᠷᠢᠯ ᠪᠠᠨ ᠴᠢᠩᠭᠠᠳᠬᠠᠵᠤ ᠂ ᠦᠢᠯᠡᠴᠢᠯᠡᠭᠡᠨ ᠤ
ᠬᠠᠷᠠᠯᠲᠠ ᠶᠢᠨ ᠬᠠᠷᠢᠭᠤᠴᠠᠯᠭᠠᠲᠤ ᠳᠦ᠋ᠷᠢᠮ ᠢ ᠬᠡᠷᠡᠭᠵᠢᠭᠦᠯᠦᠨ᠂ ᠦᠢᠯᠡᠴᠢᠯᠡᠭᠡᠨ ᠦ ᠶᠠᠰᠤ
ᠴᠢᠨᠠᠷ ᠪᠠ ᠦᠢᠯᠡᠴᠢᠯᠡᠭᠡᠨ ᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠢᠯᠡᠴᠢᠯᠡᠭᠡᠨ ᠦ
ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠦᠢᠯᠡᠳᠪᠦᠷᠢᠯᠡᠯ ᠢ ᠵᠢᠯᠣᠭᠣᠳᠬᠤ ᠶᠢ
ᠪᠠᠳᠠᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠦᠨ ᠳᠡᠯᠭᠡᠷᠡᠭᠦᠯᠬᠦ ᠂ ᠰᠢᠯᠢᠳᠡᠭᠵᠢᠭᠦᠯᠦᠨ
ᠬᠠᠮᠢᠶᠠᠷᠬᠤ᠂ ᠦᠷ᠎ᠡ ᠠᠰᠢᠭ ᠢ ᠳᠡᠭᠡᠭᠰᠢᠯᠡᠭᠦᠯᠦᠨ᠂ ᠣᠷᠴᠢᠨ ᠠᠬᠤᠶ ᠡᠬᠢ ᠪᠠᠶᠠᠯᠢᠭ ᠢ
ᠪᠠᠲᠤᠯᠠᠬᠤ ᠦᠢᠯᠡᠳᠦᠯ ᠢ ᠪᠠᠲᠦᠯᠠᠭᠰᠠᠨ ᠪᠠᠢᠢᠨ᠎ᠠ ᠃
ᠳᠥᠷᠪᠡ᠂ ᠡᠯ᠎ᠡ ᠱᠠᠲᠤᠨ ᠤ ᠠᠵᠤ
ᠠᠬᠤᠶ ᠶᠢᠨ ᠶᠡᠷᠦᠩᠬᠡᠶ ᠮᠡᠷᠭᠡᠵᠢᠯ ᠦᠨ ᠰᠠᠯᠠᠭ᠎ᠠ ᠮᠥᠴᠢᠷ ᠂ ᠦᠢᠯᠡᠳᠪᠦᠷᠢ ᠬᠤᠳᠠᠯᠳᠤᠭ᠎ᠠ ᠶᠢ
ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠂ ᠲᠠᠷᠢᠶᠠᠯᠠᠩ ᠮᠠᠯ ᠠᠵᠤ ᠠᠬᠤᠶ ᠶᠢ
ᠳᠡᠮᠵᠢᠬᠦ ᠶᠢ ᠥᠪᠡᠷ ᠦᠨ ᠴᠢᠬᠤᠯᠠ ᠲᠤᠰᠢᠶᠠᠯ ᠬᠠᠷᠢᠭᠤᠴᠠᠯᠭ᠎ᠠ ᠪᠤᠯᠭᠠᠨ ᠂ ᠭᠠᠵᠠᠷ ᠣᠷᠣᠨ ᠪᠠ
ᠰᠠᠯᠠᠭ᠎ᠠ ᠮᠥᠴᠢᠷ ᠬᠡᠰᠡᠭᠯᠡᠨ ᠬᠤᠪᠢᠶᠠᠬᠤ ᠶᠢ ᠡᠪᠳᠡᠵᠦ ᠂ ᠲᠠᠷᠢᠶᠠᠯᠠᠩ ᠮᠠᠯ ᠠᠵᠤ ᠠᠬᠤᠶ ᠶᠢᠨ
ᠦᠢᠯᠡᠳᠪᠦᠷᠢᠯᠡᠯ ᠦᠨ ᠬᠡᠷᠡᠭᠰᠡᠯ ᠦᠨ ᠬᠠᠩᠭᠠᠯᠭ᠎ᠠ ᠪᠠ ᠲᠠᠷᠢᠶᠠᠯᠠᠩ ᠤᠨ ᠪᠦᠲᠦᠭᠡᠭᠳᠡᠬᠦᠨ
ᠮᠠᠯ ᠤᠨ ᠠᠰᠢᠭ ᠰᠢᠮ᠎ᠡ ᠶᠢᠨ ᠭᠦᠢᠯᠭᠡᠭᠡᠨ ᠦ ᠰᠤᠪᠠᠭ ᠵᠠᠮ ᠢ ᠨᠡᠪᠲᠡᠷᠡᠭᠦᠯᠵᠦ ᠂ ᠦᠢᠯᠡᠴᠢᠯᠡᠬᠦ
ᠬᠦᠷᠢᠶ᠎ᠡ ᠬᠡᠪᠴᠢᠶ᠎ᠡ ᠪᠠ ᠪᠡᠯᠡ ᠮᠥᠩᠭᠥ ᠶᠢᠨ ᠣᠷᠣᠭᠤᠯᠤᠯᠲᠠ ᠶᠢ ᠲᠠᠷᠢᠶᠠᠯᠠᠩ ᠮᠠᠯ ᠠᠵᠤ ᠠᠬᠤᠶ
ᠲᠡᠰᠢ ᠬᠡᠯᠪᠡᠶᠢᠯᠭᠡᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠯᠠᠩ
ᠮᠠᠯ ᠠᠵᠤ ᠠᠬᠤᠶ ᠶᠢ ᠳᠡᠮᠵᠢᠬᠦ ᠦᠢᠯᠡᠴᠢᠯᠡᠭᠡ ᠤ ᠲᠠᠯᠠᠪᠤᠷ ᠪᠠ ᠦᠶᠯᠡᠴᠢᠯᠡᠭᠡᠨ ᠦ ᠲᠣᠸᠷ
ᠰᠦᠯᠵᠢᠶ᠎ᠡ ᠶᠢ ᠬᠥᠭᠵᠢᠭᠦᠯᠦᠨ᠎ᠡ᠃ ᠬᠠᠷᠢᠶ᠎ᠠ ᠠᠵᠤ ᠠᠬᠤᠶᠢᠯᠠᠯ ᠤᠨ ᠲᠠᠷᠢᠶᠠᠯᠠᠩ ᠮᠠᠯ ᠤᠨ ᠠᠰᠢᠭ
ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠂ ᠪᠣᠯᠪᠠᠰᠤᠷᠠᠭᠤᠯᠬᠤ ᠵᠢᠴᠢ ᠪᠤᠰᠤᠳ
ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠲᠤᠬᠠᠶᠢᠯᠠᠭᠰᠠᠨ ᠠᠵᠢᠯ ᠢ ᠳᠡᠮᠵᠢᠬᠦ ᠪᠠ
ᠵᠣᠷᠢᠭᠵᠢᠭᠤᠯᠵᠤ ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠭᠴᠢ ᠲᠠᠢ ᠠᠰᠢᠭ
ᠲᠤᠰᠠ ᠶᠢᠨ ᠬᠠᠮᠲᠤ ᠪᠠᠷ ᠡᠳ᠋ᠯᠡᠬᠦ ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ
ᠡᠵᠡᠩᠨᠡᠯᠲᠡ ᠶᠢᠨ ᠬᠠᠮᠲᠤ ᠶᠢᠨ ᠴᠣᠭᠴᠠ ᠪᠤᠯᠭᠠᠨ᠎ᠠ ᠃ ᠲᠣᠯᠣᠭᠠᠶᠢᠯᠠᠭᠴᠢ ᠠᠵᠤ ᠠᠬᠤᠶᠢᠯᠠᠯ ᠢ
ᠪᠠᠶᠢᠭᠤᠯᠬᠤ ᠪᠠᠷ ᠭᠣᠣᠯᠳᠠᠯᠭ᠎ᠠ ᠪᠣᠯᠭᠠᠨ ᠂ ᠲᠠᠷᠢᠶᠠᠯᠠᠩ ( ᠮᠠᠯ ᠠᠵᠤ ᠠᠬᠤᠶ )
ᠦᠢᠯᠡᠳᠪᠦᠷᠢ ᠶᠢ ᠨᠢᠭᠡᠲᠡᠭᠦᠯᠵᠦ ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ
ᠬᠡᠯᠬᠢᠶᠡᠵᠢᠭᠦᠯᠵᠦ ᠂ ᠶᠡᠷᠦᠩᠬᠡᠶᠢᠯᠡᠭᠰᠡᠨ ᠢᠵᠢ ᠪᠦᠷᠢᠨ ᠦᠢᠯᠡᠴᠢᠯᠡᠭᠡ ᠶᠢ ᠬᠠᠩᠭᠠᠨ᠎ᠠ᠂ ᠠᠵᠤ
ᠦᠢᠯᠡᠳᠪᠦᠷᠢ ᠪᠡᠷ ᠲᠠᠷᠢᠶᠠᠯᠠᠩ ᠢ ᠨᠥᠬᠥᠪᠥᠷᠢᠯᠡᠬᠦ᠂ ᠦᠢᠯᠡᠳᠪᠦᠷᠢ ᠪᠡᠷ ᠮᠠᠯ ᠠᠵᠤ ᠠᠬᠤᠶ ᠶᠢ
ᠨᠥᠬᠥᠪᠥᠷᠢᠯᠡᠬᠦ ᠂ ᠠᠵᠤ ᠦᠢᠯᠡᠳᠪᠦᠷᠢ ᠪᠠᠷ ᠮᠠᠯ ᠠᠵᠤ ᠠᠬᠤᠶ ᠂ ᠲᠠᠷᠢᠶᠠᠯᠠᠩ ᠢ ᠠᠬᠢᠭᠤᠯᠬᠤ
ᠲᠣᠭᠲᠠᠴᠠ ᠶᠢ ᠪᠤᠢ ᠪᠤᠯᠭᠠᠨ᠎ᠠ ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ
ᠬᠥᠭᠵᠢᠯᠲᠡ ᠶᠢ ᠳᠠᠶᠢᠴᠢᠯᠠᠬᠤ ᠲᠠᠭᠠᠭᠤᠯᠤᠭᠴᠢ ᠠᠵᠤ ᠦᠶᠯᠡᠳᠪᠦᠷᠢ ᠬᠤᠳᠠᠯᠳᠤᠭ᠎ᠠ ᠠᠵᠤ ᠠᠬᠤᠶᠢᠯᠠᠯ
ᠨᠢ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠬᠠᠨᠳᠤᠭᠤᠯᠤᠭᠰᠠ ᠬᠠᠷᠠᠭᠠᠯᠵᠠᠯᠲᠤ
ᠲᠦᠷᠦ ᠶᠢᠨ ᠪᠤᠳᠤᠯᠭ᠎ᠠ ᠶᠢ ᠬᠦᠷᠲᠡᠬᠦ ᠪᠣᠯᠤᠨ᠎ᠠ ᠃ ᠡᠯ᠎ᠡ ᠱᠠᠲᠤᠨ ᠤ ᠡᠳ᠋ ᠦᠨ ᠵᠠᠰᠠᠭ ᠂
ᠮᠥᠩᠭᠥᠨ ᠭᠦᠢᠯᠭᠡᠭᠡ ᠂ ᠴᠠᠬᠢᠯᠭᠠᠨ ᠬᠦᠴᠦ᠂ ᠠᠮᠤ ᠪᠤᠳᠠᠭ᠎ᠠ᠂ ᠬᠠᠩᠭᠠᠨ ᠪᠣᠷᠣᠯᠠᠭᠤᠯᠬᠤ᠂
ᠠᠷᠠᠯᠵᠢᠶᠠᠯᠠᠬᠤ ᠂ ᠪᠤᠳᠠᠰ᠂ ᠴᠢᠯᠠᠭᠤᠨ ᠲᠤᠰᠤ ᠂ ᠬᠦᠳᠡᠯᠮᠦᠷᠢ᠂ ᠳᠠᠭᠠᠳᠬᠠᠯ ᠵᠡᠷᠭᠡ ᠰᠠᠯᠠᠭ᠎ᠠ
ᠮᠥᠴᠢᠷ ᠦᠳ ᠂ᠰᠠᠯᠠᠭ᠎ᠠ ᠮᠥᠴᠢᠷ ᠦᠨ ᠡᠭᠦᠷᠭᠡ ᠴᠢᠳᠠᠪᠤᠷᠢ ᠲᠠᠢ ᠬᠠᠷᠠᠭᠠᠯᠵᠠᠭᠰᠠᠨ ᠲᠤᠰᠬᠠᠶ
ᠮᠡᠷᠭᠡᠵᠢᠯ ᠪᠤᠶᠤ ᠠᠵᠢᠯ ᠲᠥᠷᠥᠯ ᠦᠨ ᠴᠢᠨᠠᠷᠲᠠᠶ ᠲᠠᠷᠢᠶᠠᠯᠠᠩ ᠮᠠᠯ ᠠᠵᠤ ᠠᠬᠤᠶ ᠶᠢᠨ
ᠦᠢᠯᠡᠴᠢᠯᠡᠭᠡᠨ ᠤ ᠰᠢᠰᠲ᠋ᠧᠮ ᠢ ᠨᠥᠬᠥᠴᠡᠯ ᠪᠦᠷᠢᠯᠳᠦᠭᠦᠯᠦᠨ ᠵᠣᠬᠢᠶᠠᠨ ᠪᠠᠶᠢᠭᠤᠯᠵᠤ ᠂
ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠦ ᠬᠡᠷᠡᠭᠰᠡᠬᠦ ᠪᠡᠯᠡ ᠮᠥᠩᠭᠥ
ᠵᠢᠭᠡᠯᠡᠯᠭᠡ ᠂ ᠪᠤᠳᠠᠰ ᠂ ᠴᠠᠬᠢᠯᠭᠠᠨ ᠬᠦᠴᠦᠨ ᠦ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ
ᠲᠡᠭᠦᠯᠳᠡᠷᠵᠢᠭᠦᠯᠵᠦ ᠂ ᠤᠯᠤᠰ ᠤᠨ ᠲᠣᠭᠲᠠᠭᠠᠭᠰᠠᠨ ᠬᠦᠦ ᠮᠥᠩᠭᠥ ᠶᠢᠨ ᠨᠤᠷᠮ᠎ᠠ ᠪᠠ ᠦᠨ᠎ᠡ ᠶᠢ
ᠴᠢᠩᠭ᠎ᠠ ᠬᠡᠷᠡᠭᠵᠢᠭᠦᠯᠦᠨ᠎ᠡ᠃ ᠡᠵᠡᠩᠨᠡᠭᠴᠢ ᠶᠢ ᠵᠠᠬ᠎ᠠ ᠳᠡᠯᠭᠡᠭᠦᠷ ᠦᠨ ᠦᠨ᠎ᠡ ᠬᠠᠩᠰᠢ ᠪᠠᠷ
ᠠᠷᠠᠯᠵᠢᠶᠠᠯᠠᠬᠤ ᠵᠠᠷᠴᠢᠮ ᠪᠠᠷ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ
ᠢᠳᠡᠪᠬᠢᠲᠡᠶ ᠬᠤᠳᠠᠯᠳᠤᠨ ᠠᠪᠬᠤ ᠶᠢ ᠵᠤᠷᠢᠭᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ
ᠣᠷᠣᠨ ᠤ ᠲᠣᠭᠲᠠᠭᠠᠭᠰᠠᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠲᠠᠷᠢᠶᠠᠯᠠᠩ ᠮᠠᠯ ᠤᠨ
ᠠᠰᠢᠭ ᠰᠢᠮ᠎ᠡ ᠶᠢᠨ ᠪᠦᠲᠦᠭᠡᠭᠳᠡᠬᠦᠨ ᠢ ᠶᠠᠮᠠᠷᠪᠠ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ
ᠳᠠᠰ ᠪᠠᠭᠤᠷᠠᠭᠤᠯᠤᠨ ᠦᠨ᠎ᠡ ᠳᠠᠷᠤᠵᠤ ᠪᠣᠯᠬᠤ ᠦᠭᠡᠢ ᠂ ᠨᠡᠶᠢᠯᠡᠭᠦᠯᠦᠨ ᠬᠤᠳᠠᠯᠳᠤᠨ ᠠᠪᠬᠤ
ᠵᠣᠭᠣᠰ ᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠦᠢᠯᠡᠴᠢᠯᠡᠭᠡᠨ ᠦ
ᠵᠣᠬᠢᠶᠠᠨ ᠪᠠᠶᠢᠭᠤᠯᠤᠯᠲᠠ ᠦᠢᠯᠡᠴᠢᠯᠡᠭᠡᠨ ᠦ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ
ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠡᠯ᠎ᠡ ᠲᠤᠰᠬᠠᠶ ᠡᠵᠡᠩᠨᠡᠯᠲᠡ ᠶᠢᠨ
ᠦᠢᠯᠡᠴᠢᠯᠡᠭᠡᠨ ᠦ ᠠᠵᠢᠯ ᠲᠦᠷᠦᠯ ᠂ ᠦᠢᠯᠡᠴᠢᠯᠡᠭᠡᠨ ᠤ ᠠᠮᠠᠯᠳᠠᠬᠤ ᠲᠥᠷᠢᠮ ᠢᠬᠡᠷᠡᠭᠵᠢᠭᠦᠯᠵᠦ
ᠬᠡᠷᠡᠭᠲᠡᠶ ᠃
ᠲᠠᠪᠤ ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ
ᠠᠬᠤᠶ ᠶᠢᠨ ᠵᠣᠬᠢᠶᠠᠨ ᠪᠠᠶᠢᠭᠤᠯᠤᠯᠲᠠ ᠬᠣᠯᠪᠣᠭᠳᠠᠭᠤᠯᠤᠨ ᠡᠷᠦᠬᠡ ᠳᠦ ᠳᠠᠭᠠᠭᠠᠴᠢᠯᠠᠭᠤᠯᠬᠤ
ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ ᠪᠠ ᠨᠢᠭᠡᠳᠦᠯᠲᠡᠶ ᠡᠵᠡᠩᠨᠡᠬᠦ ᠪᠠ ᠬᠤᠪᠢ
ᠵᠣᠬᠢᠯᠳᠤᠬᠤᠶ ᠨᠡᠶᠢᠯᠡᠮᠡᠯ ᠲᠠᠷᠠᠬᠠᠶ ᠡᠵᠡᠩᠨᠡᠬᠦ ᠶᠢ ᠤᠶᠠᠯᠳᠤᠭᠤᠯᠤᠭᠰᠠᠨ ᠳᠠᠪᠬᠤᠷ
ᠡᠵᠡᠩᠨᠡᠯᠲᠡ ᠶᠢᠨ ᠪᠠᠶᠢᠭᠤᠯᠤᠯ ᠢ ᠤᠷᠢᠲᠠᠯ ᠳᠣᠣᠷ᠎ᠠ ᠲᠣᠭᠲᠠᠭᠤᠨ ᠪᠠᠶᠢᠯᠭᠠᠬᠤ ᠪᠠ
ᠲᠡᠭᠦᠯᠳᠡᠷᠵᠢᠭᠦᠯᠦᠭᠰᠡᠨ ᠤᠷᠢᠳᠠᠯ ᠳᠤᠤᠷ᠎ᠠ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ
ᠪᠦᠲᠦᠭᠡᠭᠳᠡᠬᠦᠨ ᠢ ᠡᠳ᠋ᠰᠢᠭᠦᠯᠬᠦ ᠪᠠ ᠭᠦᠢᠯᠭᠡᠯᠡᠬᠦ ᠪᠡᠷ ᠭᠣᠣᠯ ᠪᠣᠯᠭᠠᠭᠰᠠᠨ ᠰᠢᠶᠠᠩ
ᠪᠠᠯᠭᠠᠰᠤᠨ ᠤ ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ ᠂ ᠂ ᠬᠠᠮᠲᠤ ᠶᠢᠨ ᠠᠵᠤ ᠠᠬᠤᠶ ᠶᠢᠨ
ᠪᠣᠳᠠᠲᠤ ᠬᠦᠴᠦᠨ ᠢ ᠪᠤᠵᠠᠭᠠᠶᠢᠷᠠᠭᠤᠯᠵᠤ ᠂ ᠨᠢᠭᠡᠳᠦᠯᠲᠡᠶ ᠦᠶᠯᠡᠴᠢᠯᠡᠭᠡᠨ ᠦ ᠴᠢᠳᠠᠮᠵᠢ ᠶᠢ
ᠠᠯᠬᠤᠮ ᠠᠯᠬᠤᠮ ᠢᠶᠠᠷ ᠴᠢᠩᠭᠠᠷᠠᠭᠤᠯᠵᠤ ᠂ ᠡᠯ᠎ᠡ ᠵᠦᠢᠯ ᠤᠨᠲᠠᠷᠢᠶᠠᠯᠠᠩ ᠮᠠᠯ ᠠᠵᠤ ᠠᠬᠤᠶ ᠶᠢᠨ
ᠦᠢᠯᠡᠳᠪᠦᠷᠢᠯᠡᠯ ᠳᠤ ᠦᠢᠯᠡᠴᠢᠯᠡᠬᠦᠠᠵᠤ ᠠᠬᠤᠶ ᠶᠢᠨ ᠪᠣᠳᠠᠲᠤ ᠴᠣᠭᠴᠠ ᠂ ᠲᠤᠰᠬᠠᠶ ᠮᠡᠷᠭᠡᠵᠢᠯ ᠦᠨ
ᠨᠡᠶᠢᠭᠡᠮᠯᠢᠭ ᠂ ᠲᠤᠰᠬᠠᠶ ᠠᠵᠢᠯ ᠤᠨ ᠬᠤᠷᠰᠢᠶ᠎ᠠ ᠂ ᠰᠤᠳᠤᠯᠭᠠᠨ ᠤ ᠨᠡᠶᠢᠭᠡᠮᠯᠢᠭ ᠵᠡᠷᠭᠡ
ᠠᠷᠠᠳ ᠤᠨ ᠦᠢᠯᠡᠴᠢᠯᠡᠭᠡᠨ ᠦ ᠵᠣᠬᠢᠶᠠᠨ ᠪᠠᠶᠢᠭᠤᠯᠤᠯᠲᠠ ᠶᠢ ᠪᠠᠢᠭᠤᠯᠤᠨ᠎ᠠ᠂ᠲᠤᠰᠬᠠᠶ ᠡᠷᠦᠬᠡ ᠪᠠ
ᠮᠡᠷᠭᠡᠵᠢᠯ ᠦᠨ ᠬᠤᠪᠢ ᠬᠥᠮᠦᠨ ᠦ ᠲᠠᠷᠢᠶᠠᠯᠠᠩ ᠮᠠᠯ ᠠᠵᠤ ᠠᠬᠤᠶ ᠳᠦ ᠦᠢᠯᠡᠴᠢᠯᠡᠭᠡ
ᠬᠠᠩᠭᠠᠬᠤ ᠶᠢ ᠳᠡᠮᠵᠢᠵᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠣᠳᠴᠤ ᠪᠠᠶᠢᠭᠠᠳ ᠵᠠᠬ᠎ᠠ
ᠳᠡᠯᠭᠡᠭᠦᠷ ᠲᠦ ᠤᠷᠤᠨ ᠂ ᠮᠠᠯᠴᠢᠨ ᠲᠠᠷᠢᠶᠠᠴᠢᠳ ᠤᠨ ᠡᠯ᠎ᠡ ᠵᠦᠢᠯ ᠦᠨ ᠦᠢᠯᠡᠴᠢᠯᠡᠭᠡ ᠶᠢ
ᠬᠦᠯᠢᠶᠡᠨ ᠠᠪᠤᠬᠤ ᠳᠦ ᠬᠠᠪᠰᠤᠷᠤᠯᠭ᠎ᠠ ᠪᠠ ᠵᠢᠯᠤᠭᠤᠳᠤᠯᠭ᠎ᠠ ᠬᠠᠩᠭᠠᠵᠤ ᠂ ᠦᠢᠯᠡᠴᠢᠯᠡᠭᠡᠨ ᠦ
ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠰᠠᠶᠢᠲᠤᠷ ᠬᠢᠵᠦ ᠂ ᠮᠠᠯᠴᠢᠨ
ᠲᠠᠷᠢᠶᠠᠴᠢᠨ ᠤ ᠬᠣᠭᠣᠷᠣᠨᠳᠣ ᠪᠠᠨ ᠬᠠᠷᠢᠯᠴᠠᠨ ᠦᠢᠯᠡᠴᠢᠯᠡᠬᠦ ᠶᠢ ᠵᠢᠯᠣᠭᠣᠳᠬᠤ ᠪᠠ
ᠵᠤᠬᠢᠴᠠᠭᠤᠯᠬᠤ ᠬᠡᠷᠡᠭᠲᠡᠶ ᠃ ᠨᠥᠬᠥᠴᠡᠯ ᠲᠡᠶ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ
ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠲᠠᠷᠢᠶᠠᠴᠢᠨ ᠮᠠᠯᠴᠢᠳ ᠳᠦ ᠨᠢᠭᠡᠳᠦᠯᠲᠡᠶ ᠦᠷ᠎ᠡ
ᠬᠠᠩᠭᠠᠬᠤ ᠂ ᠮᠠᠰᠢᠨ ᠢᠶᠠᠷ ᠲᠠᠷᠢᠶᠠᠯᠠᠬᠤ ᠂ ᠲᠡᠷᠢᠬᠤ ᠂ ᠤᠰᠤᠯᠤᠯᠲᠠ ᠂ ᠡᠮ ᠤᠷᠤᠭᠤᠯᠬᠤ᠂
ᠬᠤᠷᠢᠶᠠᠯᠲᠠ ᠂ ᠬᠠᠳᠠᠭᠠᠯᠠᠵᠤ ᠵᠥᠭᠡᠭᠡᠪᠦᠷᠢᠯᠡᠬᠦ ᠂ ᠪᠣᠯᠪᠠᠰᠤᠷᠠᠭᠤᠯᠬᠤ ᠵᠡᠷᠭᠡ ᠡᠯ᠎ᠡ
ᠵᠦᠢᠯ ᠦᠨ ᠦᠢᠯᠡᠴᠢᠯᠡᠭᠡ ᠬᠠᠩᠭᠠᠬᠤ ᠶᠢ ᠰᠠᠨᠠᠭᠠᠴᠢᠯᠠᠵᠤ ᠂ᠲᠠᠷᠢᠶᠠᠯᠠᠩ ᠮᠠᠯ ᠠᠵᠤ ᠠᠬᠤᠶ ᠶᠢᠨ
ᠠᠵᠤ ᠦᠶᠢᠯᠡᠰᠵᠢᠭᠰᠡᠨ ᠪᠠ ᠲᠠᠷᠢᠶᠠᠯᠠᠩ ᠮᠠᠯ ᠠᠵᠤ ᠠᠬᠤᠶ ᠶᠢ ᠲᠠᠸᠠᠷ ᠤᠨ ᠰᠠᠭᠤᠷᠢᠨ ᠭᠠᠵᠠᠷ ᠤᠨ
ᠪᠦᠲᠦᠭᠡᠨ ᠪᠠᠶᠢᠭᠤᠯᠤᠯᠲᠠ ᠶᠡᠷᠦᠩᠬᠡᠶᠢᠯᠡᠭᠰᠡᠨ ᠢᠵᠢ ᠪᠦᠷᠢᠳᠦᠭᠦᠯᠦᠭᠰᠡᠨ ᠦᠢᠯᠡᠴᠢᠯᠡᠭᠡ
ᠬᠠᠩᠭᠠᠨ᠎ᠠ ᠃ ᠮᠠᠯᠴᠢᠨ ᠲᠠᠷᠢᠶᠠᠴᠢᠨ ᠪᠣᠯᠤᠨ ᠨᠡᠶᠢᠭᠡᠮ ᠳᠡᠭᠡᠷᠡᠬᠢ ᠪᠤᠰᠤᠳ ᠦᠢᠯᠡᠴᠢᠯᠡᠭᠡᠨ ᠦ
ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠬᠠᠤᠯᠢ ᠶᠤᠰᠤᠭᠠᠷ
ᠦᠷᠨᠢᠭᠦᠯᠦᠭᠰᠡᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡ ᠨᠢ ᠂ ᠲᠡᠮᠵᠢᠯᠭᠡ ᠪᠠ
ᠵᠤᠷᠢᠭᠵᠢᠭᠤᠯᠤᠯ ᠣᠯᠬᠤ ᠶᠣᠰᠣᠲᠠᠢ ᠂ ᠠᠷᠠᠳ ᠠᠴᠠ ᠡᠵᠡᠩᠨᠡᠭᠰᠡᠨ ᠦᠢᠯᠡᠴᠢᠯᠡᠭᠡᠨ ᠦ ᠵᠣᠬᠢᠶᠠᠨ
ᠪᠠᠶᠢᠭᠤᠯᠤᠯᠲᠠ ᠪᠠ ᠬᠤᠪᠢ ᠬᠥᠮᠦᠨ ᠦᠢᠯᠡᠴᠢᠯᠡᠭᠡᠨ ᠦ ᠵᠠᠬ᠎ᠠ ᠳᠡᠯᠭᠡᠭᠦᠷ ᠨᠢ ᠬᠠᠤᠯᠢ ᠶᠣᠰᠣᠭᠠᠷ
ᠥᠪᠡᠷ ᠢᠶᠡᠨ ᠡᠵᠡᠨ ᠮᠡᠳᠡᠵᠦ ᠡᠵᠡᠩᠨᠡᠬᠦ ᠂ ᠡᠷᠬᠡ ᠲᠡᠭᠰᠢ ᠪᠡᠷ ᠥᠷᠢᠰᠥᠯᠳᠦᠬᠦ ᠡᠷᠬᠡ ᠲᠡᠶ ᠃
ᠵᠢᠷᠭᠤᠭ᠎ᠠ᠂
ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠨᠢ ᠤᠯᠤᠰ ᠤᠨ
ᠬᠣᠯᠪᠣᠭᠳᠠᠯ ᠪᠦᠬᠦᠢ ᠰᠠᠯᠠᠭ᠎ᠠ ᠮᠥᠴᠢᠷ ᠂ ᠬᠠᠮᠲᠤ ᠶᠢᠨ ᠠᠵᠤ ᠠᠬᠤᠶ ᠶᠢᠨ ᠵᠣᠬᠢᠶᠠᠨ
ᠪᠠᠶᠢᠭᠤᠯᠤᠯᠲᠠ ᠨᠢ ᠵᠣᠬᠢᠶᠠᠨ ᠪᠠᠶᠢᠭᠤᠯᠤᠯᠲᠠ ᠂ ᠬᠠᠮᠢᠶᠠᠷᠬᠤ᠂ ᠵᠢᠭᠠᠬᠤ ᠂ᠳᠠᠮᠵᠢᠭᠤᠯᠬᠤ ᠂
ᠵᠣᠬᠢᠴᠠᠭᠤᠯᠬᠤ ᠂ᠲᠡᠳᠬᠦᠨ ᠳᠡᠮᠵᠢᠬᠦ ᠲᠠᠯ᠎ᠠ ᠶᠢᠨ ᠦᠢᠯᠡᠴᠢᠯᠡᠭᠡ ᠪᠠ ᠬᠠᠤᠯᠢ ᠳᠤ ᠲᠣᠭᠲᠠᠭᠠᠭᠰᠠᠨ
ᠪᠤᠰᠤᠳ ᠡᠭᠦᠷᠭᠡ ᠦᠢᠯᠡᠴᠢᠯᠡᠭᠡᠨ ᠦ ᠭᠠᠳᠠᠨ᠎ᠠ ᠂ ᠦᠨᠳᠦᠰᠦᠨ ᠳᠤ ᠪᠠᠨ ᠦᠨ᠎ᠡ
ᠲᠥᠯᠥᠪᠦᠷᠢ ᠲᠡᠶ ᠪᠡᠷ ᠦᠢᠯᠡᠴᠢᠯᠡᠬᠦ ᠬᠡᠷᠡᠭᠲᠡᠶ ᠃ᠲᠥᠯᠥᠪᠦᠷᠢ ᠠᠪᠤᠨ ᠦᠢᠯᠡᠴᠢᠯᠡᠬᠦ ᠵᠣᠬᠢᠶᠠᠨ
ᠪᠠᠶᠢᠭᠤᠯᠤᠯᠲᠠ ᠪᠠ ᠬᠤᠪᠢ ᠬᠥᠮᠦᠨ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ ᠤ
ᠲᠣᠭᠲᠠᠭᠠᠭᠰᠠᠨ ᠦᠢᠯᠡᠴᠢᠯᠡᠭᠡᠨ ᠦ ᠪᠠᠷᠢᠮᠵᠢᠶ᠎ᠠ ᠪᠣᠯᠤᠨ ᠦᠢᠯᠡᠴᠢᠯᠡᠭᠡᠨ ᠦ ᠦᠨ᠎ᠡ ᠬᠠᠩᠰᠢ ᠶᠢ
ᠬᠡᠷᠡᠭᠵᠢᠭᠦᠯᠵᠦ᠂ ᠵᠦᠢ ᠵᠣᠬᠢᠰᠲᠠᠢ ᠲᠠᠢ ᠪᠠᠷ ᠦᠢᠯᠡᠴᠢᠯᠡᠭᠡᠨ ᠦ ᠰᠦᠢᠳᠬᠡᠯ ᠬᠤᠷᠢᠶᠠᠨ ᠂
ᠪᠣᠯᠪᠠᠰᠤᠨ ᠦᠢᠯᠡᠴᠢᠯᠡᠬᠦ ᠪᠠ ᠰᠢᠯᠢᠳᠡᠭ ᠦᠢᠯᠡᠴᠢᠯᠡᠬᠦ ᠶᠢ ᠪᠡᠶᠡᠯᠡᠭᠦᠯᠦᠨ᠎ᠡ ᠃
ᠲᠥᠯᠥᠪᠦᠷᠢ ᠲᠡᠶ ᠦᠢᠯᠡᠴᠢᠯᠡᠭᠡ ᠬᠠᠩᠭᠠᠬᠤ ᠲᠤᠬᠠᠶ ᠶᠢᠨ ᠬᠥᠮᠦᠨ ᠨᠢ ᠦᠢᠯᠡᠴᠢᠯᠡᠭᠡᠨ ᠦ ᠭᠡᠷ᠎ᠡ
ᠪᠤᠶᠤ ᠦᠢᠯᠡᠴᠢᠯᠡᠭᠡᠨ ᠦ ᠬᠡᠯᠡᠯᠴᠡᠭᠡᠷ ᠶᠣᠰᠤᠭᠠᠷ ᠡᠷᠬᠡ ᠪᠠ ᠡᠭᠦᠷᠭᠡ ᠪᠠᠨ ᠭᠦᠢᠴᠡᠳᠬᠡᠨ᠎ᠡ᠃
ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠴᠢ ᠦᠢᠯᠡᠴᠢᠯᠡᠭᠡ ᠬᠦᠯᠢᠶᠡᠨ
ᠠᠪᠬᠤ ᠰᠠᠢᠢᠨ ᠳᠤᠷ᠎ᠠ ᠶᠢᠨ ᠵᠠᠷᠴᠢᠮ ᠢ ᠬᠡᠷᠡᠭᠵᠢᠭᠦᠯᠵᠦ᠂ ᠶᠠᠮᠠᠷᠪᠠ ᠵᠣᠬᠢᠶᠠᠨ
ᠪᠠᠶᠢᠭᠤᠯᠤᠯᠲᠠ ᠪᠠ ᠬᠤᠪᠢ ᠬᠥᠮᠦᠨ ᠬᠠᠤᠯᠢ ᠪᠤᠰᠤ ᠪᠠᠷ ᠠᠯᠪᠠᠳᠠᠯᠭ᠎ᠠ ᠪᠠᠷ ᠦᠢᠯᠡᠴᠢᠯᠡᠭᠡ
ᠬᠠᠩᠭᠠᠵᠤ ᠪᠣᠯᠬᠤ ᠦᠭᠡᠢ᠂ ᠦᠢᠯᠡᠴᠢᠯᠡᠭᠡᠨ ᠢ ᠬᠢᠵᠠᠭᠠᠷᠯᠠᠬᠤ ᠪᠠ ᠬᠢᠵᠠᠭᠠᠷᠯᠠᠯ ᠭᠠᠷᠭᠠᠵᠤ
ᠪᠣᠯᠬᠤ ᠦᠭᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠬᠠᠤᠯᠢ ᠪᠤᠰᠤ ᠪᠠᠷ
ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠦ ᠠᠵᠢᠯ ᠢ ᠬᠠᠷᠰᠢᠯᠠᠬᠤ ᠂
ᠦᠢᠯᠡᠴᠢᠯᠡᠭᠡᠨ ᠦ ᠡᠳ᠋ ᠬᠦᠷᠦᠩᠭᠡ ᠶᠢ ᠲᠡᠭᠰᠢᠳᠬᠡᠨ ᠰᠢᠯᠵᠢᠭᠦᠯᠬᠦ ᠂ ᠦᠢᠯᠡᠴᠢᠯᠡᠭᠡᠨ ᠤ
ᠲᠤᠨᠤᠭ ᠲᠦᠬᠦᠬᠡᠷᠦᠮᠵᠢ ᠶᠢ ᠡᠪᠳᠡᠵᠦ ᠪᠣᠯᠬᠤ ᠦᠭᠡᠢ᠃
ᠲᠤᠯᠤᠭ᠎ᠠ ᠂ ᠡᠯ᠎ᠡ ᠱᠠᠲᠤᠨ ᠤ
ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠮᠠᠯᠵᠢᠬᠤ
ᠲᠠᠷᠢᠶᠠᠯᠠᠬᠤ ᠣᠷᠣᠨ ᠳᠦ ᠪᠠᠶᠢᠭᠤᠯᠤᠭᠰᠠᠨ ᠦᠨᠳᠦᠰᠦᠨ ᠱᠠᠲᠤᠨ ᠤ ᠪᠠᠶᠢᠭᠤᠯᠤᠮᠵᠢ ᠬᠠᠤᠯᠢ
ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠦᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂
ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠴᠢᠳ ᠦᠨ ᠬᠠᠤᠯᠢ ᠶᠣᠰᠣᠭᠠᠷ
ᠦᠢᠯᠡᠳᠪᠦᠷᠢᠯᠡᠨ ᠡᠵᠡᠩᠨᠡᠬᠦ ᠳᠦ ᠬᠠᠤᠯᠢ ᠴᠠᠭᠠᠵᠠ ᠶᠢᠨ ᠵᠥᠪᠯᠡᠯᠭᠡ ᠥᠭᠬᠦ ᠂ ᠬᠥᠮᠦᠵᠢᠭᠦᠯᠬᠦ ᠂
ᠬᠥᠲᠥᠯᠥᠨ ᠵᠢᠯᠣᠭᠣᠳᠬᠤ ᠠᠵᠢᠯ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ
ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠤᠯᠢ ᠶᠣᠰᠣᠭᠠᠷ ᠬᠢᠨᠠᠨ ᠬᠠᠮᠢᠶᠠᠷᠴᠤ ᠂ ᠲᠠᠷᠢᠶᠠᠯᠠᠩ
ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠴᠢ ᠪᠠ ᠦᠢᠯᠡᠴᠢᠯᠡᠭᠡᠨ ᠤ ᠵᠣᠬᠢᠶᠠᠨ
ᠪᠠᠢᠭᠤᠯᠤᠯᠲᠠ ᠬᠤᠪᠢ ᠬᠥᠮᠦᠨ ᠦ ᠵᠠᠭᠠᠯᠳᠤᠯᠭ᠎ᠠ ᠬᠦᠯᠢᠶᠡᠨ ᠠᠪᠴᠤ ᠰᠢᠢᠳᠪᠦᠷᠢᠯᠡᠨ᠎ᠡ᠃ ᠬᠤᠳᠠᠯ
ᠬᠠᠭᠤᠷᠮᠠᠭ ᠦᠢᠯᠡᠴᠢᠯᠡᠭᠡ ᠬᠠᠩᠭᠠᠨ ᠤᠯᠤᠰ ᠤᠨ ᠬᠠᠷᠠᠭᠠᠯᠵᠠᠯ ᠤᠨ ᠣᠯᠭᠣᠮᠵᠢ ᠶᠢ ᠮᠡᠬᠡᠯᠡᠨ
ᠠᠪᠤᠭᠰᠠᠨ ᠂ ᠬᠠᠩᠭᠠᠬᠤ ᠳᠠᠭᠠᠨ ᠮᠡᠬᠡᠯᠡᠭᠰᠡᠨ ᠦᠢᠯᠡ ᠠᠵᠢᠯᠯᠠᠭ᠎ᠠ ᠲᠠᠶ ᠂ ᠭᠡᠷ᠎ᠡ ᠪᠤᠶᠤ
ᠬᠡᠯᠡᠯᠴᠡᠭᠡᠷ ᠢᠶᠠᠨ ᠦᠯᠦ ᠳᠠᠭᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ
ᠦᠶᠯᠡᠴᠢᠯᠡᠭᠡᠨ ᠦ ᠪᠠᠷᠢᠮᠵᠢᠶ᠎ᠠ ᠪᠠ ᠦᠢᠯᠡᠴᠢᠯᠡᠭᠡᠨ ᠦ ᠦᠨ᠎ᠡ ᠬᠠᠩᠰᠢ ᠶᠢ ᠬᠡᠷᠡᠭᠵᠢᠭᠦᠯᠬᠦ
ᠦᠭᠡᠢ ᠂ ᠬᠠᠤᠯᠢ ᠶᠢ ᠵᠥᠷᠢᠴᠡᠭᠰᠡᠨ ᠲᠣᠭᠲᠠᠭᠠᠯ ᠢ ᠵᠥᠷᠢᠴᠡᠭᠰᠡᠨ ᠦᠢᠯᠡᠴᠢᠯᠡᠭᠡ ᠵᠢᠴᠢ ᠪᠤᠰᠤᠳ
ᠳᠤᠰ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠲᠠᠷᠢᠶᠠᠯᠠᠩ ᠮᠠᠯ ᠠᠵᠤ ᠠᠬᠤᠶ ᠶᠢᠨ
ᠦᠢᠯᠡᠳᠪᠦᠷᠢᠯᠡᠭᠴᠢ ᠪᠠ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠂ ᠬᠤᠪᠢ ᠬᠥᠮᠦᠨ ᠳᠦ
ᠬᠣᠬᠢᠷᠠᠯ ᠤᠴᠠᠷᠠᠭᠤᠯᠤᠭᠰᠠᠨ ᠪᠠᠶᠢᠪᠠᠯ ᠂ ᠬᠠᠤᠯᠢ ᠶᠣᠰᠣᠭᠠᠷ ᠢᠷᠭᠡᠨ ᠦ ᠬᠡᠷᠡᠭ ᠦᠨ
ᠬᠠᠷᠢᠭᠤᠴᠠᠯᠭ᠎ᠠ ᠡᠭᠦᠷᠭᠡᠯᠡᠨ᠎ᠡ ᠂ ᠵᠠᠰᠠᠭ ᠵᠠᠬᠢᠷᠭᠠᠨ ᠤ ᠰᠢᠳᠬᠡᠯ ᠥᠭᠭᠦᠨ᠎ᠡ ᠃ ᠶᠠᠯ᠎ᠠ ᠪᠤᠯᠵᠦ
ᠪᠦᠷᠢᠯᠳᠦᠭᠰᠡᠨ ᠪᠠᠶᠢᠪᠠᠯ ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ
ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢᠮᠠ ᠂ ᠡᠯ᠎ᠡ
ᠱᠠᠲᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠂ ᠲᠠᠷᠢᠶᠠᠯᠠᠩ ᠮᠠᠯ ᠠᠵᠤ ᠠᠬᠤᠶ ᠶᠢᠨ
ᠨᠡᠶᠢᠭᠡᠮᠴᠢᠯᠡᠭᠰᠡᠨ ᠦᠢᠯᠡᠴᠢᠯᠡᠭᠡᠨ ᠦ ᠠᠵᠢᠯ ᠳᠦ ᠪᠠᠶᠢᠴᠠᠭᠠᠯᠲᠠ ᠬᠢᠵᠦ ᠬᠢᠨᠠᠯᠲᠠ ᠲᠠᠯᠪᠢᠬᠤ
ᠬᠡᠷᠡᠭᠲᠡᠶ ᠃ ᠵᠠᠰᠠᠭ ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠠᠷᠢᠭᠤ
ᠮᠡᠳᠡᠭᠦᠯᠦᠯᠲᠡ ᠶᠢ ᠰᠣᠨᠣᠰᠴᠤ ᠂ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠂ ᠭᠡᠰᠢᠭᠦᠳ
ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠦ ᠠᠵᠢᠯ ᠢ
ᠥᠷᠨᠢᠭᠦᠯᠬᠦ ᠪᠠ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠦ ᠪᠠᠶᠢᠴᠠᠭᠠᠯᠲᠠ ᠬᠢᠵᠦ
ᠬᠢᠨᠠᠯᠲᠠ ᠲᠠᠯᠪᠢᠨ ᠂ ᠲᠤᠰ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠪᠠᠲᠤᠯᠠᠬᠤ
ᠬᠡᠷᠡᠭᠲᠡᠶ ᠃