ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠢᠵᠢᠭ ᠬᠣᠲᠠ ᠪᠠᠯᠭᠠᠰᠤᠨ ᠤ ᠲᠥᠯᠥᠪᠵᠢᠭᠦᠯᠦᠯ ᠪᠦᠲᠦᠭᠡᠨ ᠪᠠᠢᠭᠤᠯᠤᠯᠲᠠ ᠶᠢ ᠰᠠᠶᠢᠲᠤᠷ ᠬᠢᠵᠦ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠪᠠ ᠬᠣᠲᠠᠴᠢᠯᠠᠯᠲᠠ ᠲᠦᠯᠬᠢᠨ ᠠᠬᠢᠭᠤᠯᠬᠤ ᠲᠤᠬᠠᠶ ᠰᠠᠨᠠᠯ

  2019-09-17

   ᠵᠢᠵᠢᠭ ᠬᠣᠲᠠ ᠪᠠᠯᠭᠠᠰᠤ ᠶᠢ ᠬᠥᠭᠵᠢᠭᠦᠯᠬᠦ ᠪᠣᠯ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠪᠣᠯᠤᠨ ᠬᠥᠭᠵᠢᠯᠲᠡ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ ᠃ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠠᠴᠠ ᠵᠢᠵᠢᠭ ᠬᠣᠲᠠ ᠪᠠᠯᠭᠠᠰᠤᠨ ᠤ ᠲᠥᠯᠥᠪᠵᠢᠭᠦᠯᠭᠡ ᠪᠠ ᠪᠦᠲᠦᠭᠡᠨ ᠪᠠᠶᠢᠭᠤᠯᠬᠤ ᠴᠢᠬᠤᠯᠠ ᠦᠢᠯᠡᠳᠦᠯ ᠢ ᠭᠦᠢᠴᠡᠳ ᠨᠤᠲᠠᠯᠠᠵᠤ᠂ ᠪᠦᠬᠦ ᠨᠠᠮ ᠪᠦᠬᠦ ᠨᠡᠶᠢᠭᠡᠮ ᠢ《 ᠵᠢᠵᠢᠭ ᠬᠣᠲᠠ ᠪᠠᠯᠭᠠᠰᠤ ᠶᠢ ᠲᠥᠯᠥᠪᠵᠢᠭᠦᠯᠦᠨ ᠪᠠᠶᠢᠭᠤᠯᠬᠤ ᠠᠵᠢᠯ ᠢ ᠰᠠᠢᠲᠤᠷ ᠪᠡᠶᠡᠯᠡᠭᠦᠯᠬᠦ》ᠠᠵᠢᠯ ᠢ ᠰᠠᠶᠢᠲᠤᠷ ᠬᠢᠵᠦ᠂ ᠲᠡᠷᠡᠴᠢᠯᠡᠨ ᠵᠠᠭᠤᠨ ᠰᠤᠨᠳᠠᠯᠠᠭᠰᠠᠨ ᠪᠠᠶᠢᠯᠳᠤᠬᠤ ᠪᠤᠳᠤᠯᠭ᠎ᠠ ᠶᠢᠨ ᠬᠤᠪᠢ ᠪᠠᠷ᠂ ᠳᠤᠮᠳᠠᠳᠤ ᠤᠯᠤᠰ ᠦᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠯᠥᠪᠯᠡᠭᠡ ᠳᠦ ᠣᠷᠣᠭᠤᠯᠪᠠ᠃ ᠨᠠᠮ ᠦᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠣᠷᠣᠨ ᠤ ᠵᠢᠵᠢᠭ ᠬᠣᠲᠠ ᠪᠠᠯᠭᠠᠰᠤ ᠶᠢ ᠲᠥᠯᠥᠪᠵᠢᠭᠦᠯᠦᠨ ᠪᠠᠶᠢᠭᠤᠯᠬᠤ ᠠᠵᠢᠯ ᠢ ᠰᠠᠶᠢᠲᠤᠷ ᠬᠢᠵᠦ ᠂ ᠮᠠᠯᠵᠢᠬᠤ ᠲᠠᠷᠢᠶᠠᠯᠠᠬᠤ ᠣᠷᠣᠨ ᠤ ᠬᠤᠳᠡ ᠪᠠᠯᠭᠠᠰᠤᠴᠢᠯᠠᠯᠳᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠪᠦᠭᠦ ᠣᠷᠣᠨ ᠦ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠪᠣᠯᠤᠨ ᠨᠡᠶᠢᠭᠡᠮ ᠤᠨ ᠳᠠᠪᠰᠢᠯᠲᠠ ᠶᠢ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠨᠴᠠᠭᠠᠶᠢᠯᠠᠨ ᠳᠣᠣᠷᠠᠬᠢ ᠮᠡᠲᠦ ᠰᠠᠨᠠᠯ ᠢ ᠳᠤᠷᠠᠳᠪᠠ ᠄
    ᠨᠢᠭᠡ᠂ ᠪᠠᠶᠢᠳᠠᠯ ᠢ ᠲᠣᠳᠣᠷᠬᠠᠶ ᠲᠠᠨᠢᠵᠤ ᠂ ᠵᠢᠵᠢᠭ ᠬᠤᠳᠠ ᠪᠠᠯᠭᠠᠰᠤ ᠶᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠤᠬᠠᠮᠰᠠᠷᠲᠤ ᠴᠢᠨᠠᠷ ᠢᠶᠠᠨ ᠴᠢᠩᠭᠠᠳᠬᠠᠬᠤ᠃
    ( ᠨᠢᠭᠡ )ᠵᠢᠵᠢᠭ ᠬᠣᠲᠠ ᠪᠠᠯᠭᠠᠰᠤ ᠶᠢ ᠲᠥᠯᠥᠪᠵᠢᠭᠦᠯᠦᠨ ᠪᠠᠶᠢᠭᠤᠯᠬᠤ ᠪᠣᠯ ᠬᠥᠳᠡᠭᠡ ᠲᠣᠰᠬᠣᠨ ᠮᠠᠯᠵᠢᠬᠤ ᠣᠷᠣᠨ ᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠂ ᠮᠠᠯᠴᠢᠨ ᠲᠠᠷᠢᠶᠠᠴᠢᠨ ᠢ ᠳᠠᠶᠢᠴᠢᠯᠠᠨ ᠪᠠᠶᠠᠵᠢᠨ ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠬᠦ ᠴᠢᠬᠤᠯᠠ ᠠᠷᠭ᠎ᠠ ᠵᠠᠮ ᠮᠥᠨ ᠃ ᠲᠡᠷᠡ ᠨᠢ ᠲᠠᠷᠢᠶᠠᠯᠠᠬᠤ ᠮᠠᠯᠵᠢᠬᠤ ᠣᠷᠣᠨ ᠤ ᠵᠠᠬ᠎ᠠ ᠳᠡᠯᠭᠡᠭᠦᠷ ᠪᠣᠶᠢᠵᠢᠭᠤᠯᠬᠤ ᠪᠠ ᠬᠥᠭᠵᠢᠭᠦᠯᠬᠦ ᠂ ᠬᠤᠳᠠ ᠬᠥᠳᠡᠭᠡ ᠶᠢᠨ ᠰᠣᠯᠢᠯᠴᠠᠭ᠎ᠠ ᠶᠢ ᠨᠡᠮᠡᠭᠳᠡᠭᠦᠯᠵᠦ ᠂ ᠶᠡᠬᠡ ᠪᠠ ᠳᠤᠮᠳᠠ ᠵᠡᠷᠭᠡ ᠶᠢᠨ ᠬᠣᠲᠠᠳ ᠤᠨ ᠰᠠᠴᠣᠷᠠᠭᠯᠠᠨ ᠨᠥᠯᠥᠭᠡᠯᠡᠬᠦ ᠴᠢᠳᠠᠮᠵᠢ ᠶᠢ ᠴᠢᠩᠭᠠᠳᠬᠠᠵᠤ ᠂ ᠬᠥᠳᠡᠭᠡ ᠲᠣᠰᠬᠣᠨ ᠮᠠᠯᠵᠢᠬᠤ ᠣᠷᠣᠨ ᠤ ᠠᠵᠤ ᠠᠬᠤᠶ ᠶᠢᠨ ᠨᠡᠭᠡᠭᠡᠯᠳᠡ ᠶᠢᠨ ᠬᠡᠮᠵᠢᠶ᠎ᠡ ᠶᠢ ᠨᠡᠮᠡᠭᠳᠡᠭᠦᠯᠦᠨ ᠂ ᠮᠠᠯᠵᠢᠬᠤ ᠲᠠᠷᠢᠶᠠᠯᠠᠬᠤ ᠣᠷᠣᠨ ᠦ ᠰᠠᠭᠤᠭᠠᠯᠢ ᠠᠷᠠᠳ ᠤᠨ ᠡᠳ᠋ ᠪᠣᠳᠠᠰ ᠤᠨ ᠪᠠ ᠰᠣᠶᠣᠯ ᠤᠨ ᠠᠮᠢᠳᠤᠷᠠᠯ ᠤᠨ ᠨᠥᠬᠥᠴᠡᠯ ᠢ ᠰᠠᠶᠢᠵᠢᠷᠠᠭᠤᠯᠵᠤ ᠂ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠶᠣᠰᠣ ᠮᠣᠷᠠᠯ ᠪᠣᠯᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠨ ᠂ ᠬᠤᠲᠠ ᠬᠥᠳᠡᠭᠡ ᠶᠢ ᠨᠢᠭᠡᠳᠬᠡᠬᠦ ᠬᠥᠭᠵᠢᠯᠲᠡ ᠶᠢ ᠲᠦᠷᠭᠡᠳᠬᠡᠨ ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠲᠦᠯᠬᠢᠨ ᠠᠭᠢᠭᠤᠯᠬᠤ ᠳᠤ ᠠᠰᠢᠭᠲᠠᠢ᠃ ᠡᠭᠦᠨ ᠤ ᠳᠤᠯᠠ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠠᠴᠠ ᠵᠢᠵᠢᠭ ᠬᠣᠲᠠ ᠪᠠᠯᠭᠠᠰᠤ ᠶᠢ ᠪᠦᠲᠦᠭᠡᠨ ᠪᠠᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠬᠤᠳᠠᠵᠢᠯᠳᠠ ᠶᠢ ᠲᠦᠯᠬᠢᠨ ᠠᠬᠢᠭᠤᠯᠬᠤ ᠶᠢᠨ ᠴᠢᠬᠤᠯᠠ ᠠᠴᠢ ᠬᠣᠯᠪᠣᠭᠳᠠᠯ ᠪᠠ ᠦᠢᠯᠡᠳᠦᠯ ᠢ ᠭᠦᠢᠴᠡᠳ ᠲᠠᠨᠢᠵᠤ ᠂ ᠦᠨᠡᠨ ᠬᠦ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠬᠦ ᠶᠢ《 ᠬᠣᠶᠠᠷ ᠬᠤᠪᠢᠷᠠᠭᠤᠯᠤᠯᠲᠠ 》 ᠶᠢ ᠶᠠᠪᠤᠭᠳᠠᠭᠤᠯᠵᠤ ᠂ 《 ᠬᠣᠶᠠᠷ ᠳᠡᠭᠡᠭᠰᠢᠯᠡᠭᠦᠯᠦᠯᠲᠡ》 ᠶᠢ ᠪᠡᠶᠡᠯᠡᠭᠦᠯᠦᠨ᠂ 《 ᠬᠣᠶᠠᠷ ᠶᠡᠬᠡ ᠲᠡᠦᠬᠡᠲᠦ ᠡᠭᠦᠷᠭᠡ ᠶᠢ ᠪᠡᠶᠡᠯᠡᠭᠦᠯᠬᠦ》 ᠶᠢᠨ ᠨᠢᠭᠡᠨ ᠴᠢᠬᠤᠯᠠ ᠡᠭᠦᠷᠭᠡ ᠪᠣᠯᠭᠠᠵᠤ ᠂ ᠵᠥᠪᠯᠡᠬᠦ ᠵᠦᠢᠯ ᠳᠡᠭᠡᠨ ᠣᠷᠣᠭᠤᠯᠵᠤ ᠂ ᠴᠢᠩᠭ᠎ᠠ ᠠᠳᠬᠤᠵᠤ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠦᠷᠭᠦᠯᠵᠢᠯᠡᠨ ᠂ ᠪᠤᠰᠢᠭᠤ᠂ ᠡᠷᠡᠭᠦᠯ ᠰᠠᠶᠢᠬᠠᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃
    ( ᠬᠣᠶᠠᠷ ) ᠬᠥᠳᠡᠭᠡ ᠲᠣᠰᠬᠣᠨ ᠮᠠᠯᠵᠢᠬᠤ ᠣᠷᠣᠨ ᠤ ᠥᠭᠡᠷᠡᠴᠢᠯᠡᠯᠲᠡ ᠶᠢᠨ ᠭᠦᠨᠵᠡᠭᠡᠢᠷᠡᠯᠲᠡ ᠪᠠ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠪᠥᠬᠥ ᠣᠷᠣᠨ ᠤ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ  ᠶᠢᠨ ᠬᠤᠷᠳᠤᠸ᠎ᠠ ᠲᠠᠰᠤᠷᠠᠯᠲᠠ ᠦᠭᠡᠢ ᠲᠦᠷᠭᠡᠰᠴᠡᠢ᠃ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠨᠡᠶᠢᠳᠡᠮ ᠤᠨ ᠪᠠᠢᠴᠠᠭᠠᠯᠲᠠ ᠶᠢᠨ ᠦᠷ᠎ᠡ ᠳ᠋ᠦᠩ ᠤᠨ ᠢᠯᠡᠷᠡᠭᠦᠯᠦᠭᠰᠡᠨ ᠨᠢ ᠄ 1996 ᠣᠨ ᠤ ᠡᠴᠦᠰ ᠪᠣᠯᠬᠤ ᠳᠤ ᠂ ᠪᠥᠬᠥ ᠣᠷᠣᠨ ᠤ ᠪᠠᠶᠢᠭᠤᠯᠤᠯᠳᠠᠲᠤ ᠪᠠᠯᠭᠠᠰᠤ( ᠬᠣᠰᠢᠭᠤ ᠰᠢᠶᠠᠨ ᠬᠣᠲᠠ ᠶᠢᠨ ᠪᠤᠭᠤᠮᠲᠠ ᠶᠢᠨ ᠪᠠᠯᠭᠠᠰᠤ ᠶᠢ ᠪᠠᠭᠲᠠᠭᠠᠬᠤ ᠦᠭᠡᠢ)191 ᠳᠦ ᠬᠦᠷᠴᠦ ᠂ ᠡᠵᠡᠯᠡᠵᠦ ᠰᠢᠶᠠᠩ᠂ ᠪᠠᠯᠭᠠᠰᠤ᠂ ᠰᠤᠮᠤᠨ ᠤ ᠪᠦᠬᠦ ᠲᠣᠭᠠᠨ ᠤ ᠶᠡᠷᠦᠩᠬᠡᠢ ᠲᠣᠭᠠᠨ ᠤ 13.1% ᠶᠢ ᠡᠵᠡᠯᠡᠵᠦ᠂1984 ᠣᠨ ᠤ ᠬᠢ ᠡᠴᠡ 85 ᠨᠡᠮᠡᠭᠳᠡᠵᠡᠢ᠃ ᠪᠠᠯᠭᠠᠰᠤ ᠪᠦᠷᠢ ᠶᠢᠨ ᠲᠡᠭᠰᠢᠳᠬᠡᠭᠰᠡᠨ ᠬᠥᠮᠥᠨ ᠠᠮᠠ ᠶᠢᠨ ᠲᠣᠭ᠎ᠠ 6294 ᠪᠠᠢᠵᠤ᠂ ᠡᠭᠦᠨ ᠦ ᠳᠤᠮᠳᠠ ᠲᠠᠷᠢᠶᠠᠯᠠᠬᠤ ᠠᠴᠠ ᠭᠠᠳᠠᠨᠠᠬᠢ ᠬᠥᠮᠥᠨ ᠠᠮᠠ3824 ᠪᠠᠢᠵᠤ᠂ ᠪᠠᠯᠭᠠᠰᠤᠨ ᠤ ᠬᠥᠮᠥᠨ ᠠᠮᠠ ᠶᠢᠨ 55.4% ᠶᠢ ᠡᠵᠡᠯᠡᠨ᠎ᠡ᠃ ᠪᠠᠯᠭᠠᠰᠤᠨ ᠤ ᠳᠣᠲᠣᠷᠠᠬᠢ ᠠᠵᠤ ᠠᠬᠤᠢᠯᠠᠯ 27.7 ᠪᠠᠢᠵᠤ᠂ ᠠᠵᠤ ᠠᠬᠤᠢᠯᠠᠯ ᠪᠦᠷᠢ ᠳᠦ ᠠᠵᠢᠯᠯᠠᠵᠤ ᠪᠠᠢᠭ᠎ᠠ ᠬᠥᠮᠥᠨ ᠲᠡᠭᠰᠢᠳᠬᠡᠭᠡᠳ31 ᠪᠠᠢᠨ᠎ᠠ᠃ ᠲᠣᠭᠲᠠᠭᠰᠠᠨ ᠣᠷᠣᠨ ᠪᠠᠢᠷᠢ ᠪᠦᠬᠦᠢ ᠵᠠᠬ᠎ᠠ ᠳᠡᠯᠭᠡᠭᠦᠷ ᠪᠠᠯᠭᠠᠰᠤ ᠪᠦᠷᠢ ᠳᠦ 1.27 ᠪᠠᠢᠳᠠᠭ᠃ ᠳᠡᠭᠡᠷ᠎ᠡ ᠳᠤᠷᠠᠳᠤᠭᠰᠠᠨ ᠡᠯ᠎ᠡ ᠵᠦᠢᠯ ᠦᠨ ᠭᠦᠢᠴᠡᠳᠬᠡᠯ ᠲᠣᠭ᠎ᠠ ᠨᠢ ᠴᠥᠮ ᠡᠩ ᠦᠨ ᠴᠤᠭᠯᠠᠭ᠎ᠠ ᠪᠠᠯᠭᠠᠰᠤ ᠡᠴᠡ ᠦᠨᠳᠦᠷ ᠪᠠᠢᠨ᠎ᠠ ᠃ ᠪᠣᠳᠠᠲᠤ ᠬᠡᠷᠡᠭ ᠤᠨ ᠬᠠᠷᠠᠭᠤᠯᠤᠭᠰᠠᠨ ᠨᠢ᠂ ᠵᠢᠵᠢᠭ ᠬᠣᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠨᠢ ᠰᠢᠶᠠᠩ ᠪᠠᠯᠭᠠᠰᠤᠨ ᠤ ᠠᠵᠤ ᠠᠬᠤᠢ ᠶᠢᠨ ᠬᠥᠭᠵᠢᠯᠲᠡ᠂ ᠲ ᠢᠯᠡᠭᠦᠴᠡ ᠬᠥᠳᠡᠯᠮᠦᠷᠢ ᠬᠦᠴᠦ ᠶᠢ ᠰᠢᠯᠵᠢᠭᠦᠯᠬᠦ ᠪᠠ ᠠᠵᠢᠯ ᠠᠴᠠ ᠪᠠᠨ ᠪᠠᠭᠤᠭᠰᠠᠨ ᠠᠵᠢᠯᠲᠠᠳ ᠢ ᠲᠣᠬᠢᠷᠠᠭᠤᠯᠬᠤ ᠳᠦ ᠥᠷᠭᠡᠨ ᠠᠭᠤᠳᠠᠮ ᠰᠢᠨ᠎ᠡ ᠣᠷᠣᠨ ᠵᠠᠢ ᠭᠠᠷᠭᠠᠵᠤ ᠥᠭᠭᠦᠭᠰᠡᠨ ᠪᠠᠢᠨ᠎ᠠ᠃ ᠬᠣᠲᠠ ᠬᠥᠳᠡᠭᠡ ᠶᠢ ᠬᠣᠯᠪᠣᠭᠰᠠᠨ ᠵᠠᠬ᠎ᠠ ᠳᠡᠯᠭᠡᠭᠦᠷ ᠪᠠᠶᠢᠭᠤᠯᠬᠤ ᠳᠤ ᠨᠥᠬᠥᠴᠡᠯ ᠪᠦᠷᠢᠯᠳᠦᠭᠦᠯᠦᠨ ᠥᠭᠴᠦ᠂ ᠨᠡᠯᠢᠶᠡᠳ ᠬᠥᠭᠵᠢᠭᠰᠡᠨ ᠵᠢᠵᠢᠭ ᠬᠤᠲᠠ ᠪᠠᠯᠭᠠᠰᠤ ᠨᠢ ᠨᠢᠭᠡᠨᠲᠡ ᠪᠣᠯᠬᠤ ᠣᠷᠣᠨ ᠪᠦᠰᠡ ᠶᠢᠨ ᠠᠵᠤ ᠠᠬᠤᠶ ᠶᠢᠨ ᠨᠡᠮᠡᠭᠳᠡᠯ ᠤᠨ ᠴᠡᠭ ᠪᠠ ᠴᠤᠭᠯᠠᠷᠠᠯ ᠤᠨ ᠴᠡᠭ ᠪᠣᠯᠵᠠᠢ ᠃
    ( ᠭᠤᠷᠪᠠ ) ᠪᠥᠬᠥ ᠣᠷᠣᠨ ᠤ ᠵᠢᠵᠢᠭ ᠬᠣᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠨᠢ ᠬᠡᠳᠦᠶᠢᠪᠡᠷ ᠨᠡᠯᠢᠶᠡᠳ ᠶᠡᠬᠡ ᠬᠥᠭᠵᠢᠭᠰᠡᠨ ᠪᠣᠯᠪᠠᠴᠤ ᠪᠠ ᠲᠥᠪ ᠬᠣᠷᠢᠶᠠᠨ ᠤ ᠱᠠᠭᠠᠷᠳᠠᠯᠭ᠎ᠠ ᠲᠠᠶ ᠵᠣᠬᠢᠴᠠᠬᠤ ᠦᠭᠡᠢ ᠂ ᠥᠪᠡᠷᠲᠡᠭᠡᠨ ᠵᠠᠰᠠᠬᠤ ᠣᠷᠣᠨ ᠤ ᠬᠣᠶᠠᠷ ᠬᠤᠪᠢᠷᠠᠭᠤᠯᠤᠯᠲᠠ 》 ᠶᠢ ᠶᠠᠪᠤᠭᠳᠠᠭᠤᠯᠵᠤ ᠂ 《 ᠬᠣᠶᠠᠷ ᠳᠡᠭᠡᠭᠰᠢᠯᠡᠭᠦᠯᠦᠯᠲᠡ》  ᠶᠢ ᠪᠡᠶᠡᠯᠡᠭᠦᠯᠦᠨ᠂《 ᠬᠣᠶᠠᠷ ᠶᠡᠬᠡ ᠲᠡᠦᠬᠡᠲᠦ ᠡᠭᠦᠷᠭᠡ ᠶᠢ ᠪᠡᠶᠡᠯᠡᠭᠦᠯᠬᠦ》 ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ᠂ ᠪᠦᠬᠦ ᠤᠯᠤᠰ ᠤᠨ ᠠᠵᠤ ᠠᠬᠤᠢ ᠬᠥᠭᠵᠢᠭᠰᠡᠨ ᠭᠠᠵᠠᠷ ᠣᠷᠣᠨ ᠤ ᠬᠢ ᠲᠠᠢ ᠬᠠᠷᠢᠴᠠᠭᠤᠯᠪᠠᠯ ᠪᠠᠰᠠ ᠨᠡᠯᠢᠶᠠᠳ ᠵᠥᠷᠢᠶ᠎ᠡ ᠲᠠᠢ ᠪᠠᠢᠨ᠎ᠠ᠃ ᠭᠣᠣᠯᠳᠠᠭᠤ ᠵᠢᠵᠢᠭ ᠬᠣᠲᠠ ᠪᠠᠯᠭᠠᠰᠤ ᠶᠢᠨ ᠬᠡᠪᠴᠢᠶ᠎ᠡ ᠪᠠᠭ᠎ᠠ ᠂ ᠴᠢᠳᠠᠮᠵᠢ ᠨᠢ ᠪᠦᠷᠢᠨ ᠦᠭᠡᠶ ᠂ ᠲᠠᠲᠠᠯᠴᠠᠬᠤ ᠬᠦᠴᠦᠨ ᠪᠠ ᠨᠥᠯᠥᠭᠡᠯᠡᠨ ᠳᠠᠶᠢᠴᠢᠯᠠᠬᠤ ᠬᠦᠴᠦᠨ ᠢᠶᠡᠷ ᠴᠢᠩᠭ᠎ᠠ ᠪᠢᠰᠢ ᠪᠠᠶᠢᠨ᠎ᠠ ᠃ ᠠᠵᠤ ᠠᠬᠤᠢᠯᠠᠯ ᠲᠥᠪᠯᠡᠷᠡᠭᠰᠡᠨ ᠦᠭᠡᠢ ᠂ ᠳᠠᠪᠠᠭᠤᠯᠢᠭ ᠪᠦᠷᠢᠳᠦᠭᠰᠡᠨ ᠦᠭᠡᠢ ᠪᠥᠭᠡᠳ ᠣᠨᠴᠠᠯᠢᠭ ᠢᠶᠡᠷ ᠳᠤᠲᠠᠮᠠᠭ ᠪᠠᠶᠢᠨ᠎ᠠ ᠃ ᠡᠭᠦᠨ ᠦ ᠰᠢᠯᠲᠠᠭᠠᠨ ᠪᠣᠯ ᠦᠵᠡᠯ ᠰᠠᠨᠠᠭ᠎ᠠ ᠴᠢᠯᠦᠭᠡᠯᠡᠭᠳᠡᠭᠡ ᠦᠭᠡᠢ᠂ ᠵᠢᠵᠢᠭ ᠬᠤᠳᠡ ᠪᠠᠯᠭᠠᠰᠤᠨ ᠤ ᠪᠦᠳᠤᠭᠡᠨ ᠪᠠᠶᠢᠭᠤᠯᠤᠯᠲᠠ ᠶᠢᠨ ᠴᠢᠬᠤᠯᠠ ᠦᠢᠯᠡᠳᠦᠯ ᠤᠨ ᠲᠤᠬᠠᠶ ᠲᠠᠨᠢᠯᠲᠠ ᠪᠠᠷ ᠳᠤᠲᠠᠮᠠᠭ ᠂ ᠡᠬᠢᠯᠡᠭᠰᠡᠨ ᠴᠠᠭ ᠨᠢ ᠣᠷᠣᠶ ᠂ ᠣᠷᠣᠭᠤᠯᠤᠯᠲᠠ ᠪᠠᠭ᠎ᠠ ᠂ ᠲᠥᠯᠥᠪᠵᠢᠭᠦᠯᠭᠡ ᠨᠢ ᠬᠣᠵᠢᠮᠳᠠᠵᠤ ᠂ ᠪᠠᠶᠢᠭᠤᠯᠤᠮᠵᠢ ᠶᠢᠨ ᠥᠭᠡᠷᠡᠴᠢᠯᠡᠯᠲᠡ ᠬᠦᠷᠦᠯᠴᠡᠬᠦ ᠦᠭᠡᠢ ᠭᠡᠬᠦ ᠮᠡᠲᠦ ᠪᠣᠯᠣᠨ᠎ᠠ᠃ ᠪᠥᠬᠥ ᠣᠷᠣᠨ ᠤ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠡᠭᠦᠷᠭᠡ ᠬᠦᠨᠳᠦ ᠵᠠᠮ ᠬᠤᠯᠠ ᠪᠠᠶᠢᠨ᠎ᠠ ᠃ ᠡᠭᠦᠨ ᠳᠤ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠡᠷᠬᠡᠪᠰᠢ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ ᠂《 ᠵᠢᠵᠢᠭ ᠬᠤᠳᠠ ᠪᠠᠯᠭᠠᠰᠤ ᠶᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠠᠵᠢᠯ》 ᠦᠨ ᠴᠢᠬᠤᠯᠠ ᠠᠴᠢ ᠬᠣᠯᠪᠣᠭᠳᠠᠯ ᠢ  ᠭᠦᠨᠵᠡᠭᠡᠶ ᠣᠶᠢᠯᠠᠭᠠᠵᠤ ᠂ ᠵᠠᠭᠤᠨ ᠰᠤᠨᠳᠠᠯᠠᠭᠰᠠᠨ ᠪᠠᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠶᠡᠯᠡᠭᠦᠯᠬᠦ ᠦᠨᠳᠦᠷᠴᠡ ᠡᠴᠡ ᠵᠢᠵᠢᠭ ᠬᠣᠲᠠ ᠪᠠᠯᠭᠠᠰᠤ ᠶᠢ ᠲᠥᠯᠥᠪᠵᠢᠭᠦᠯᠵᠦ ᠪᠥᠳᠥᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠤᠬᠠᠮᠰᠠᠷᠲᠤ ᠴᠢᠨᠠᠷ ᠪᠡᠨ ᠨᠡᠮᠡᠭᠳᠡᠭᠦᠯᠵᠦ ᠠᠵᠢᠯ ᠢ ᠰᠠᠶᠢᠲᠤᠷ ᠬᠢᠵᠦ ᠂ ᠠᠵᠠ ᠵᠠᠪᠰᠢᠶᠠᠨ ᠢ ᠡᠵᠡᠮᠰᠢᠨ᠂ ᠬᠡᠭᠡᠯᠭᠡᠨ ᠬᠥᠭᠵᠢᠭᠦᠯᠵᠦ ᠤᠷᠤᠭᠰᠢ ᠳᠠᠪᠰᠢᠨ᠂ ᠦᠨᠡᠨ ᠬᠦ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠮᠠᠨ ᠤ ᠣᠷᠣᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ᠎ᠠ᠃
    ᠬᠣᠶᠠᠷ᠂ ᠵᠢᠵᠢᠭ ᠬᠤᠳᠠ ᠪᠠᠯᠭᠠᠰᠤ ᠶᠢ ᠲᠥᠯᠥᠪᠵᠢᠭᠦᠯᠦᠨ ᠪᠦᠳᠦᠭᠡᠨ ᠪᠠᠶᠢᠭᠤᠯᠬᠤ ᠵᠢᠯᠣᠭᠣᠳᠬᠤ ᠦᠵᠡᠯ ᠰᠠᠨᠠᠭ᠎ᠠ ᠪᠠ ᠭᠣᠣᠯ ᠬᠠᠷᠠᠯᠲᠠ
    ( ᠲᠦᠷᠪᠡ ) ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠨᠢ ᠡᠷᠬᠡᠪᠰᠢ ᠨᠠᠮ ᠤᠨ ᠠᠷᠪᠠᠨ ᠲᠠᠪᠤᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠬᠥᠳᠡᠭᠡ ᠲᠣᠰᠬᠣᠨ ᠮᠠᠯᠵᠢᠬᠤ ᠣᠷᠣᠨ ᠤ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠰᠢᠨ᠎ᠡ ᠠᠵᠤ ᠠᠬᠤᠢ ᠶᠢᠨ ᠦᠰᠦᠯᠲᠡ ᠶᠢᠨ ᠴᠡᠭ ᠪᠣᠢ ᠪᠣᠯᠭᠠᠬᠤ ᠶᠢᠨ ᠲᠣᠭᠣᠷᠢᠨ ᠳᠤ ᠨᠢᠭᠡᠳᠦᠯᠲᠡᠢ ᠲᠣᠬᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠣᠣᠯᠳᠠᠯᠭ᠎ᠠ ᠢ ᠨᠢ ᠲᠤᠪᠤᠢᠢᠯᠭᠠᠨ ᠂ ᠯᠠᠪᠳᠠᠭᠤᠨ ᠪᠡᠷ ᠤᠷᠤᠭᠰᠢᠯᠠᠨ᠎ᠠ᠃ ᠤᠳᠤ ᠪᠠᠶᠢᠭ᠎ᠠ ᠵᠢᠵᠢᠭ ᠬᠣᠲᠠ ᠪᠠᠯᠭᠠᠰᠤ ᠶᠢ ᠭᠦᠢᠴᠡᠳ ᠠᠰᠢᠭᠯᠠᠨ ᠥᠭᠡᠷᠡᠴᠢᠯᠡᠵᠦ᠂ ᠣᠨᠴᠠᠭᠠᠶ ᠠᠵᠤ ᠦᠢᠯᠡᠰ ᠪᠠ ᠬᠥᠭᠵᠢᠯᠲᠡ ᠶᠢᠨ ᠳᠠᠯᠳᠠ ᠬᠦᠴᠦᠨ ᠲᠡᠶ ᠂ ᠴᠤᠭᠯᠠᠭ᠎ᠠ ᠪᠠᠯᠭᠠᠰᠤ ᠶᠢ ᠲᠥᠪ ᠪᠠᠯᠭᠠᠰᠤ ᠪᠣᠯᠭᠠᠨ ᠪᠦᠲᠦᠭᠡᠨ ᠂ ᠠᠯᠬᠤᠮ ᠠᠯᠬᠤᠮ ᠢᠶᠠᠷ ᠬᠣᠰᠢᠭᠤ ᠰᠢᠶᠠᠨ ᠬᠣᠲᠠ ᠪᠠᠯᠭᠠᠰᠤ ᠪᠠᠷ ᠲᠥᠪ ᠪᠣᠯᠭᠠᠵᠤ ᠂ ᠲᠥᠪ ᠪᠠᠯᠭᠠᠰᠤ ᠪᠠᠷ ᠭᠣᠣᠯᠯᠠᠬᠤ ᠬᠦᠴᠦᠨ ᠪᠣᠯᠭᠠᠵᠤ ᠂ ᠵᠠᠬ᠎ᠠ ᠳᠡᠯᠭᠡᠭᠦᠷ ᠢᠶᠠᠷ ᠳᠠᠭᠠᠭᠤᠯᠤᠭᠴᠢ ᠪᠣᠯᠭᠠᠬᠤ ᠶᠢ ᠪᠦᠷᠢᠳᠦᠭᠦᠯᠵᠦ᠂ ᠬᠤᠳᠠ ᠬᠥᠳᠡᠭᠡ ᠶᠢ ᠬᠣᠯᠪᠣᠭᠰᠠᠨ ᠲᠠᠷᠢᠶᠠᠯᠠᠬᠤ ᠮᠠᠯᠵᠢᠬᠤ ᠣᠷᠣᠨ ᠤ ᠬᠣᠲᠠ ᠪᠠᠯᠭᠠᠰᠤᠨ ᠤ ᠰᠢᠰᠲ᠋ᠧᠮ ᠢ ᠠᠬᠢᠭᠤᠯᠵᠤ ᠂ ᠬᠠᠮᠲᠤ ᠪᠠᠷ ᠴᠡᠴᠡᠭᠯᠡᠨ ᠬᠥᠭᠵᠢᠭᠦᠯᠦᠨ᠎ᠡ᠃
    ( ᠲᠠᠪᠤ ) ᠵᠢᠵᠢᠭ ᠬᠣᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠣᠨ ᠤ ᠬᠣᠲᠠᠴᠢᠯᠠᠯᠲᠠ ᠬᠠᠷᠠᠯᠲᠠ ᠃ 2000 ᠣᠨ ᠪᠣᠯᠲᠠᠯ᠎ᠠ ᠂ 1 ᠬᠥᠳᠡᠭᠡ ᠲᠣᠰᠬᠤᠨ ᠤ ᠬᠣᠲᠠᠵᠢᠯᠲᠠ ᠶᠢᠨ ᠵᠢᠱᠢᠶ᠎ᠡ ᠦᠵᠡᠭᠦᠯᠬᠦ ᠣᠷᠣᠨ(ᠰᠢᠶᠠᠨ) ᠪᠠᠢᠭᠤᠯᠵᠤ᠂ 10 ᠪᠣᠯᠪᠠᠰᠤᠨ ᠤ ᠪᠠᠶᠢᠭᠤᠯᠤᠯᠲᠠ  ᠶᠢᠨ ᠵᠢᠱᠢᠶᠡᠴᠢ ᠪᠠᠯᠭᠠᠰᠤ ᠪᠠᠢᠭᠤᠯᠤᠨ ᠂ 100 ᠲᠥᠪᠯᠡᠬᠦ ᠵᠢᠵᠢᠭ ᠬᠣᠲᠠ ᠪᠠᠯᠭᠠᠰᠤ ᠂ 1000 ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠣᠨ ᠪᠠᠢᠭᠤᠯᠵᠤ ᠂ ᠪᠦᠬᠦ ᠣᠷᠣᠨ ᠤ ᠬᠤᠳᠡ ᠪᠠᠯᠭᠠᠰᠤᠴᠢᠯᠠᠯᠳᠡ ᠵᠢᠨ ᠬᠢᠷᠢ ᠬᠡᠮᠵᠢᠶ᠎ᠡ ᠶᠢ 35% ᠳᠦ ᠬᠦᠷᠭᠡᠵᠦ᠂ 2010 ᠣᠨ ᠪᠣᠯᠬᠤ ᠳᠦ ᠂ 10 ᠬᠥᠳᠡᠭᠡ ᠲᠣᠰᠬᠤᠨ ᠤ ᠬᠣᠲᠠᠵᠢᠭᠰᠠᠨ ᠬᠣᠰᠢᠭᠤ ᠰᠢᠶᠠᠨ ᠪᠠᠢᠭᠤᠯᠵᠤ᠂ 200 ᠲᠥᠪᠯᠡᠬᠦ ᠵᠢᠵᠢᠭ ᠬᠣᠲᠠ ᠪᠠᠯᠭᠠᠰᠤ ᠪᠠᠢᠭᠤᠯᠵᠤ ᠂ ᠪᠥᠬᠥ ᠣᠷᠣᠨ ᠤ ᠬᠤᠳᠡ ᠪᠠᠯᠭᠠᠰᠤᠴᠢᠯᠠᠯᠳᠡ ᠶᠢᠨ ᠬᠢᠷᠢ ᠬᠡᠮᠵᠢᠶ᠎ᠡ ᠶᠢ 40% ᠳᠦ ᠬᠦᠷᠭᠡᠨ᠎ᠡ᠃
    ( ᠵᠢᠷᠭᠤᠭ᠎ᠠ ) ᠲᠥᠪᠯᠡᠬᠦ ᠵᠢᠵᠢᠭ ᠬᠣᠲᠠ ᠪᠠᠯᠭᠠᠰᠤ ᠶᠢ ᠪᠦᠲᠦᠭᠡᠨ ᠪᠠᠶᠢᠭᠤᠯᠬᠤ ᠪᠣᠯ ᠪᠦᠬᠦᠶᠢᠯᠡ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠭᠣᠣᠯᠳᠠᠯᠭ᠎ᠠ ᠪᠣᠯᠤᠨ᠎ᠠ ᠂ ᠬᠦᠴᠦᠨ ᠢᠶᠡᠨ ᠲᠥᠪᠯᠡᠷᠡᠭᠦᠯᠦᠨ ᠲᠥᠪᠯᠡᠬᠦ ᠵᠢᠵᠢᠭ ᠬᠣᠲᠠ ᠪᠠᠯᠭᠠᠰᠤ ᠪᠠᠢᠭᠤᠯᠵᠤ᠂ ᠭᠣᠣᠯᠯᠠᠬᠤ ᠲᠤᠰᠬᠤᠨ ᠢ ᠪᠠᠢᠭᠤᠯᠤᠨ᠎ᠠ ᠃ ᠬᠥᠳᠡᠭᠡ ᠲᠣᠰᠬᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠪᠠ ᠨᠡᠶᠢᠲᠡ ᠶᠢᠨ ᠬᠡᠷᠡᠭᠯᠡᠭᠡᠨ ᠦ ᠲᠥᠬᠥᠭᠡᠷᠦᠮᠵᠢ ᠲᠥᠪᠯᠡᠷᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠤᠨ᠂ ᠲᠠᠷᠠᠬᠠᠶ ᠪᠤᠲᠠᠷᠬᠠᠶ ᠪᠡᠯᠡ ᠣᠷᠣᠭᠤᠯᠤᠯᠲᠠ ᠶᠢᠨ ᠳᠠᠷᠤᠭᠠᠰᠤ ᠶᠢ ᠪᠠᠭᠠᠰᠬᠠᠬᠤ ᠶᠢᠨ ᠲᠥᠯᠥᠭᠡ ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠲᠠᠷᠠᠬᠠᠶ ᠪᠤᠲᠠᠷᠬᠠᠶ ᠂ ᠡᠮᠬᠢ ᠵᠠᠮᠪᠠᠷᠠᠭ᠎ᠠ ᠦᠭᠡᠢ ᠠᠶᠢᠯ ᠲᠣᠰᠬᠣᠨ ᠢ ᠠᠯᠬᠤᠮ ᠠᠯᠬᠤᠮ ᠢᠶᠠᠷ ᠲᠥᠪᠯᠡᠷᠡᠭᠦᠯᠦᠨ᠎ᠡ᠃ ᠲᠡᠭᠦᠨ ᠦ ᠵᠠᠷᠴᠢᠮ ᠭᠡᠪᠡᠯ ᠄( 1 )ᠵᠠᠮ ᠬᠠᠷᠢᠯᠴᠠᠭ᠎ᠠ ᠪᠤᠢᠢᠳᠠ ᠪᠥᠭᠯᠡᠭᠦᠦ ᠨᠢ ᠵᠠᠮ ᠬᠠᠷᠢᠯᠴᠠᠭ᠎ᠠ ᠳᠥᠭᠥᠮ ᠳᠥᠲᠡ ᠦᠨ ᠢᠶᠡᠨ ᠵᠦᠭ ᠲᠥᠪᠯᠡᠷᠡᠨ᠎ᠡ ( 2 ) ᠠᠵᠤ ᠠᠬᠤᠶ ᠬᠣᠴᠣᠷᠤᠩᠭᠤᠶ ᠨᠢ ᠠᠵᠤ ᠠᠬᠤᠶ ᠬᠥᠭᠵᠢᠭᠰᠡᠨ ᠦ ᠪᠡᠨ ᠵᠦᠭ ᠲᠥᠪᠯᠡᠷᠡᠨ᠎ᠡ᠃ ( 3 ) ᠰᠠᠭᠤᠷᠢ ᠲᠥᠬᠥᠭᠡᠷᠦᠮᠵᠢ ᠦᠭᠡᠢ ᠨᠢ ᠰᠠᠭᠤᠷᠢ ᠲᠥᠬᠥᠭᠡᠷᠦᠮᠵᠢ ᠨᠡᠯᠢᠶᠡᠳ ᠰᠠᠢᠲᠠᠢ ᠶᠢᠨ ᠢᠶᠡᠨ ᠵᠦᠭ ᠲᠥᠪᠯᠡᠷᠡᠭᠦᠯᠦᠨ᠎ᠡ ᠃ ( 4 ) ᠬᠣᠲᠠ ᠪᠠᠯᠭᠠᠰᠤ ᠡᠴᠡ ᠬᠣᠯᠠ ᠨᠢ ᠬᠣᠲᠠ ᠪᠠᠯᠭᠠᠰᠤ ᠠᠴᠠ ᠣᠢᠷᠠᠬᠠᠨ ᠵᠦᠭ ᠢᠶᠡᠨ ᠲᠥᠪᠯᠡᠷᠡᠨ᠎ᠡ᠃( 5 ) ᠲᠠᠷᠠᠬᠠᠶ ᠪᠤᠲᠠᠷᠬᠠᠶ ᠪᠠᠢᠭᠠᠯᠢᠯᠢᠭ ᠲᠣᠰᠬᠣᠨ ᠨᠢ ᠲᠥᠪᠯᠡᠷᠡᠭᠰᠡᠨ ᠲᠥᠪ ᠲᠣᠰᠬᠤᠨ ᠵᠦᠭ ᠲᠥᠪᠯᠡᠷᠡᠨ᠎ᠡ᠃
    ᠭᠤᠷᠪᠠ᠂ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠵᠢᠵᠢᠭ ᠬᠣᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ
    ( ᠲᠤᠯᠤᠭ᠎ᠠ ) ᠲᠥᠯᠥᠪᠵᠢᠭᠦᠯᠭᠡ ᠪᠣᠯ ᠵᠢᠵᠢᠭ ᠬᠤᠳᠡ ᠪᠠᠯᠭᠠᠰᠤᠨ ᠤ ᠪᠦᠳᠤᠭᠡᠨ ᠪᠠᠶᠢᠭᠤᠯᠤᠯᠲᠠ ᠶᠢᠨ ᠤᠷᠢᠲᠠᠯ ᠮᠥᠨ ᠃ ᠡᠯ᠎ᠡ ᠭᠠᠵᠠᠷ ᠤᠨ ᠬᠢᠨ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠ ᠶᠢᠨ ᠲᠥᠯᠥᠪᠵᠢᠭᠦᠯᠭᠡ ᠶᠢᠨ ᠬᠠᠤᠯᠢ》ᠪᠠ《ᠭᠠᠴᠠᠭ᠎ᠠ ᠪᠠᠯᠭᠠᠰᠤᠨ ᠦ ᠲᠥᠯᠥᠪᠵᠢᠭᠦᠯᠭᠡ ᠶᠢᠨ ᠪᠠᠷᠢᠮᠵᠢᠶ᠎ᠠ 》 ᠶᠢ ᠦᠨᠳᠦᠰᠦᠯᠡᠨ ᠂ ᠬᠣᠰᠢᠭᠤ ᠰᠢᠶᠠᠨ ᠦ ᠬᠡᠪᠴᠢᠶᠡᠨ ᠳᠡᠬᠢ ᠵᠢᠵᠢᠭ ᠬᠣᠳᠠ ᠪᠠᠯᠭᠠᠰᠤᠨ ᠤ ᠰᠢᠰᠲ᠋ᠧᠮ ᠤᠨ ᠲᠥᠯᠥᠪᠵᠢᠭᠦᠯᠭᠡ᠂ ᠲᠣᠰᠬᠣᠨ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠵᠢᠵᠢᠭ ᠬᠣᠲᠠ ᠪᠠᠯᠭᠠᠰᠤᠨ ᠦ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ  ᠶᠢᠨ ᠠᠯᠬᠤᠮ ᠢ ᠲᠦᠷᠭᠡᠰᠬᠡᠵᠦ ᠂ ᠨᠢᠭᠡᠨᠲᠡ ᠨᠠᠶᠢᠷᠠᠭᠤᠯᠤᠨ ᠲᠣᠭᠲᠠᠭᠠᠭᠰᠠᠨ ᠶᠢ ᠨᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ ᠂ ᠣᠳ᠋ᠥ ᠶᠠᠭ ᠨᠠᠶᠢᠷᠠᠭᠤᠯᠤᠨ ᠲᠣᠭᠲᠠᠭᠠᠵᠤ ᠪᠠᠢᠢᠭ᠎ᠠ ᠢ ᠨᠢ ᠱᠠᠯᠠᠪᠳᠠᠨ ᠬᠢᠬᠦ ᠬᠡᠷᠡᠭᠲᠡᠶ ᠂ ᠲᠤᠰ ᠵᠠᠭᠤᠨ ᠤ ᠡᠴᠦᠰ ᠪᠣᠯᠲᠠᠯ᠎ᠠ ᠡᠯ᠎ᠡ ᠵᠦᠢᠯ ᠤᠨ ᠲᠥᠯᠥᠪᠵᠢᠭᠦᠯᠭᠡ ᠶᠢ ᠵᠠᠰᠠᠨ ᠲᠣᠭᠲᠠᠭᠠᠵᠤ᠂ ᠣᠷᠣᠨ ᠲᠣᠭ᠎ᠠ ᠶᠢ ᠲᠣᠬᠢᠷᠠᠭᠤᠯᠵᠤ ᠳᠠᠭᠤᠰᠬᠠᠨ᠎ᠠ ᠃ ᠵᠢᠵᠢᠭ ᠬᠣᠲᠠ ᠪᠠᠯᠭᠠᠰᠤ ᠶᠢᠨ ᠲᠥᠯᠥᠪᠵᠢᠭᠦᠯᠭᠡ ᠳᠦ ᠬᠡᠷᠡᠭᠰᠡᠬᠦ ᠵᠠᠷᠤᠳᠠᠯ ᠢ ᠡᠯ᠎ᠡ ᠳᠡᠰ ᠦᠨ ᠵᠠᠰᠠᠭ ᠤᠨ ᠣᠷᠳᠣᠨ ᠤ ᠡᠳ᠋ ᠦᠨ ᠵᠠᠰᠠᠭ ᠤᠨ ᠲᠥᠰᠥᠪ ᠲᠦ ᠣᠷᠣᠭᠤᠯᠵᠤ ᠂ ᠰᠢᠶᠠᠩ ᠪᠠᠯᠭᠠᠰᠤ ᠥᠪᠡᠰᠦᠪᠡᠨ ᠴᠤᠭᠯᠠᠭᠤᠯᠬᠤ ᠪᠠᠷ ᠭᠣᠣᠯ ᠪᠣᠯᠭᠠᠵᠤ ᠂ ᠳᠡᠭᠡᠳᠦ ᠱᠠᠲᠤᠨ ᠤ ᠨᠥᠬᠥᠪᠥᠷᠢ ᠪᠡᠷ ᠬᠠᠪᠰᠤᠷᠤᠮᠵᠢ ᠪᠣᠯᠭᠠᠵᠤ ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠃
    ( ᠨᠠᠢᠮᠠ ) ᠵᠢᠵᠢᠭ ᠬᠣᠲᠠ ᠪᠠᠯᠭᠠᠰᠤ ᠶᠢᠨ ᠲᠥᠯᠥᠪᠵᠢᠭᠦᠯᠭᠡ ᠶᠢ 21 ᠳ᠋ᠦᠭᠡᠷ ᠵᠠᠭᠤᠨ ᠳᠦ ᠬᠠᠨᠳᠤᠭᠤᠯᠤᠨ ᠂ ᠭᠠᠷᠤᠭ᠎ᠠ ᠥᠨᠳᠥᠷ᠂ ᠪᠠᠷᠢᠮᠵᠢᠶ᠎ᠠ ᠦᠨᠳᠦᠷ ᠣᠨᠴᠠᠯᠢᠭ ᠲᠠᠶ᠂ ᠬᠣᠰᠢᠭᠤᠴᠢ ᠪᠠᠶᠢᠬᠤ ᠬᠡᠷᠡᠭᠲᠡᠶ᠃ ᠬᠥᠳᠡᠭᠡ ᠲᠣᠰᠬᠣᠨ ᠤ ᠬᠣᠲᠠᠴᠢᠯᠠᠯᠲᠠ᠂ ᠰᠤᠮᠤ ᠪᠠᠯᠭᠠᠰᠤᠨ ᠤ ᠠᠵᠤ ᠠᠬᠤᠶᠢᠯᠠᠯ ᠢ ᠵᠢᠵᠢᠭ ᠬᠣᠲᠠ ᠪᠠᠯᠭᠠᠰᠤ ᠵᠦᠭ ᠲᠥᠪᠯᠡᠷᠡᠭᠦᠯᠬᠦ ᠂ ᠮᠠᠯᠴᠢᠨ ᠲᠠᠷᠢᠶᠠᠴᠢᠨ ᠢ ᠴᠢᠨᠡᠭᠡᠯᠢᠭᠵᠢᠭᠦᠯᠬᠦ ᠂ ᠤᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠬᠠᠷᠠᠯᠲᠠ ᠪᠣᠯᠤᠨ ᠪᠠᠷᠢᠮᠵᠢᠶ᠎ᠠ ᠶᠢ ᠦᠨᠳᠦᠰᠦᠯᠡᠨ ᠂ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠴᠢᠯᠡᠬᠦ ᠪᠠ ᠪᠠ ᠣᠷᠣᠨ ᠪᠦᠰᠡ ᠶᠢᠨ ᠠᠵᠤ ᠠᠬᠤᠶ ᠶᠢᠨ ᠱᠠᠭᠠᠷᠳᠠᠯᠭ᠎ᠠ ᠶᠢ ᠦᠨᠳᠦᠰᠦᠯᠡᠵᠦ ᠂ ᠤᠷᠳᠤ ᠬᠤᠭᠤᠴᠠᠭᠠᠨ ᠤ ᠪᠠ ᠦᠢᠷ᠎ᠠ ᠶᠢᠨ ᠬᠣᠭᠣᠴᠠᠭᠠᠨ ᠤ᠂ ᠬᠡᠷᠡᠭᠴᠡᠭᠡ ᠪᠠ ᠪᠣᠯᠤᠯᠴᠠᠭ᠎ᠠ ᠂ ᠬᠥᠮᠦᠨ ᠠᠮᠠ ᠶᠢᠨ ᠨᠡᠮᠡᠭᠳᠡᠯ᠂ ᠠᠵᠤ ᠠᠬᠤᠶ ᠶᠢᠨ ᠬᠥᠭᠵᠢᠯᠲᠡ ᠪᠣᠯᠤᠨ ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠂ ᠠᠮᠢ ᠠᠬᠤᠶ ᠶᠢᠨ ᠣᠷᠴᠢᠨ ᠨᠥᠬᠥᠴᠡᠯ ᠤᠨ ᠬᠠᠷᠢᠴᠠᠭ᠎ᠠ ᠶᠢ ᠲᠣᠬᠢᠲᠠᠢ ᠰᠢᠢᠳᠪᠦᠷᠢᠯᠡᠵᠦ ᠂ ᠬᠣᠲᠠ ᠬᠥᠳᠡᠭᠡ ᠶᠢ ᠤᠶᠠᠯᠳᠤᠭᠤᠯᠬᠤ ᠪᠠ ᠨᠢᠭᠡᠳᠦᠯᠲᠡᠶ ᠲᠣᠬᠢᠷᠠᠭᠤᠯᠵᠤ ᠨᠡᠢᠳᠡᠮ ᠳ᠋ᠤᠨᠢ ᠬᠠᠷᠠᠭᠠᠯᠵᠠᠨ᠎ᠠ᠃ ᠤᠰᠤᠨ ᠠᠰᠢᠭᠯᠠᠯᠲᠠ ᠶᠢᠨ ᠪᠦᠳᠤᠭᠡᠨ ᠪᠠᠶᠢᠭᠤᠯᠤᠯᠲᠠ᠂ ᠶᠢ ᠬᠡᠷᠡᠭᠲᠡᠶ ᠂ ᠭᠠᠮᠰᠢᠭ ᠢ ᠡᠰᠡᠷᠭᠦᠴᠡᠵᠦ ᠭᠠᠮᠰᠢᠭ ᠢ ᠰᠡᠷᠭᠡᠶᠢᠯᠡᠬᠦ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠲᠥᠬᠥᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠵᠢᠭ ᠬᠤᠳᠠ ᠪᠠᠯᠭᠠᠰᠤᠨ ᠤ ᠲᠥᠰᠦᠪᠯᠡᠯ᠂ ᠪᠠᠶᠢᠭᠤᠯᠤᠯᠲᠠ ᠶᠢᠨ ᠴᠢᠬᠤᠯᠠ ᠠᠭᠤᠯᠭ᠎ᠠ ᠳᠦ ᠣᠷᠣᠭᠤᠯᠵᠤ ᠂ ᠵᠢᠵᠢᠭ ᠬᠣᠲᠠ ᠪᠠᠯᠭᠠᠰᠤᠨ ᠤ ᠪᠦᠳᠤᠭᠡᠨ ᠪᠠᠶᠢᠭᠤᠯᠤᠯᠲᠠ ᠶᠢᠨ ᠰᠡᠯᠭᠦᠬᠦ ᠬᠦᠴᠦᠨ ᠢ ᠨᠢ ᠴᠢᠩᠭᠠᠷᠠᠭᠤᠯᠬᠤ ᠬᠡᠷᠡᠭᠲᠡᠶ ᠃
    ( ᠶᠢᠰᠦ ) ᠵᠢᠵᠢᠭ ᠬᠣᠲᠠ ᠪᠠᠯᠭᠠᠰᠤ ᠶᠢᠨ ᠲᠥᠯᠥᠪᠵᠢᠭᠦᠯᠭᠡ ᠶᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠶ ᠪᠥᠭᠡᠳ ᠡᠷᠬᠡ ᠰᠦᠷᠲᠦ ᠴᠢᠨᠠᠷ ᠢ ᠨᠢ ᠦᠨᠡᠨ ᠬᠦ ᠪᠠᠲᠤᠯᠠᠬᠤ ᠬᠡᠷᠡᠭᠲᠡᠶ ᠂ ᠲᠥᠯᠥᠪᠵᠢᠭᠦᠯᠭᠡ ᠳᠤᠷ᠎ᠠ ᠵᠣᠷᠢᠭ ᠤᠨ ᠴᠢᠨᠠᠷ ᠪᠠ ᠪᠦᠳᠦᠭᠡᠨ ᠪᠠᠶᠢᠭᠤᠯᠤᠯᠲᠠ ᠶᠢᠨ ᠳᠠᠠᠪᠬᠤᠷᠳᠠᠬᠤ ᠴᠢᠨᠠᠷ ᠠᠴᠠ ᠵᠠᠢᠯᠠᠰᠬᠢᠵᠦ᠂ ᠬᠣᠬᠢᠷᠠᠯ ᠪᠠ ᠪᠦᠷᠢᠯᠭᠡᠨ ᠰᠦᠢᠳᠬᠡᠬᠦ ᠶᠢ ᠬᠣᠷᠢᠭᠯᠠᠬᠤ ᠬᠡᠷᠡᠭᠲᠡᠶ ᠃
    ( ᠠᠷᠪᠠ ) ᠲᠥᠯᠥᠪᠵᠢᠭᠦᠯᠭᠡ ᠶᠢ ᠨᠢᠭᠡ ᠯᠠ ᠳᠡᠭᠡᠷ᠎ᠡ ᠭᠠᠷᠭᠠᠵᠤ ᠂ ᠬᠡᠷᠡᠭᠵᠢᠭᠦᠯᠬᠦ ᠳᠤ ᠠᠯᠬᠤᠮ ᠬᠤᠪᠢᠶᠠᠬᠤ ᠵᠠᠷᠴᠢᠮ ᠢ ᠦᠨᠳᠦᠰᠦᠯᠡᠨ ᠂ ᠵᠢᠵᠢᠭ ᠬᠤᠳᠠ ᠪᠠᠯᠭᠠᠰᠤᠨ ᠦ ᠪᠦᠳᠦᠭᠡᠠ ᠪᠠᠶᠢᠭᠤᠯᠤᠯᠲᠠ ᠶᠢ ᠰᠠᠶᠢᠲᠤᠷ ᠬᠢᠨ᠎ᠠ ᠃ ᠤᠯᠠᠮᠵᠢᠯᠠᠯᠲᠤ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠵᠤ ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠦᠲᠦᠭᠡᠨ ᠪᠠᠶᠢᠭᠤᠯᠤᠯᠲᠠ ᠡᠴᠡ ᠲᠥᠪᠯᠡᠷᠡᠭᠰᠡᠨ ᠨᠢᠭᠡᠳᠦᠯᠲᠡᠶ ᠪᠦᠳᠤᠭᠡᠨ ᠪᠠᠶᠢᠭᠤᠯᠤᠯᠲᠠ ᠵᠦᠭ ᠰᠢᠯᠵᠢᠬᠦ ᠳᠦ ᠂ ᠰᠢᠶᠠᠩ ᠪᠠᠯᠭᠠᠰᠤᠨ ᠤ ᠠᠵᠤ ᠠᠬᠤᠶᠢᠯᠠᠯ᠂ ᠬᠤᠪᠢ ᠨᠢᠭᠡᠴᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠢᠯᠠᠯ ᠢ ᠤᠳᠤᠷᠢᠳᠤᠨ ᠵᠢᠵᠢᠭ ᠬᠣᠲᠠ ᠪᠠᠯᠭᠠᠰᠤ ᠵᠦᠭ ᠲᠥᠪᠯᠡᠷᠡᠨ᠂ ᠡᠷᠴᠢᠮᠵᠢᠭᠦᠯᠦᠨ ᠡᠵᠡᠩᠨᠡᠬᠦ ᠶᠢ ᠪᠡᠶᠡᠯᠡᠭᠦᠯᠵᠦ ᠂ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠢᠯᠠᠩᠭᠤᠶ᠎ᠠ ᠰᠢᠨ᠎ᠡ ᠪᠡᠷ ᠨᠡᠭᠡᠭᠡᠭᠰᠡᠨ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠣᠷᠣᠨ ᠰᠠᠭᠤᠴᠠ ᠶᠢᠨ ᠵᠡᠷᠭᠡ ᠲᠣᠭᠣᠷᠢᠭ ᠂ ᠡᠷᠬᠡᠪᠰᠢ ᠨᠢᠭᠡᠳᠦᠯᠲᠡᠶ ᠲᠥᠯᠥᠪᠵᠢᠭᠦᠯᠭᠡ ᠂ ᠨᠢᠭᠡᠳᠦᠯᠲᠡᠶ ᠵᠢᠷᠤᠭ ᠲᠥᠰᠥᠪᠯᠡᠯ ᠂ ᠨᠢᠭᠡᠳᠦᠯᠲᠡᠶ ᠠᠵᠢᠯ ᠡᠬᠢᠯᠡᠬᠦ ᠂ ᠶᠡᠷᠦᠩᠬᠡᠶᠢᠯᠡᠭᠰᠡᠨ ᠨᠡᠭᠡᠭᠡᠬᠦ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ ᠬᠡᠷᠡᠭᠵᠢᠭᠦᠯᠵᠦ᠂ ᠪᠠᠭ᠎ᠠ ᠬᠣᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠬᠢᠭᠡᠳ ᠴᠢᠨᠡᠭᠡᠯᠢᠭ ᠲᠣᠰᠬᠤᠨ ᠤ ᠣᠷᠣᠨ ᠰᠠᠭᠤᠴᠠ ᠶᠢ ᠸᠠᠭᠠᠷ ᠲᠣᠭᠣᠰᠬᠠᠵᠢᠭᠤᠯᠬᠤ᠂ ᠪᠠᠷᠢᠮᠵᠢᠶᠠᠵᠢᠭᠤᠯᠬᠤ ᠪᠦᠲᠥᠭᠡᠨ ᠪᠠᠶᠢᠭᠤᠯᠤᠯᠲᠠ ᠶᠢᠨ ᠬᠠᠷᠠᠯᠲᠠ ᠢᠶᠡᠨ ᠪᠡᠶᠡᠯᠡᠭᠦᠯᠵᠦ ᠂ ᠭᠠᠵᠠᠷ ᠰᠢᠷᠣᠶ  ᠠᠰᠢᠭᠯᠠᠬᠤ ᠨᠤᠷᠮ᠎ᠠ ᠪᠣᠯᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠃
    ᠳᠥᠷᠪᠡ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠪᠠ ᠭᠠᠵᠠᠷ ᠰᠢᠷᠣᠶ ᠬᠡᠷᠡᠭᠯᠡᠬᠦ ᠲᠦᠷᠢᠮ ᠢ ᠥᠭᠡᠷᠡᠴᠢᠯᠡᠵᠦ ᠂ ᠦᠢᠯᠡᠳᠪᠦᠷᠢᠯᠡᠯ ᠤᠨ ᠡᠯᠧᠮᠧᠨ᠋ᠲ ᠤᠨ ᠪᠠᠢᠷᠢᠯᠠᠭᠤᠯᠤᠯᠲᠠ ᠶᠢ ᠰᠢᠯᠢᠳᠡᠭᠵᠢᠭᠦᠯᠬᠦ
    ( ᠠᠷᠪᠠᠨ ᠨᠢᠭᠡ ) ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠳᠦ ᠥᠭᠡᠷᠡᠴᠢᠯᠡᠯᠲᠡ ᠬᠢᠵᠦ ᠂ ᠰᠠᠭᠤᠭ᠎ᠠ ᠭᠠᠵᠠᠷ ᠪᠡᠷ ᠢᠶᠡᠨ ᠡᠷᠦᠬᠡ ᠠᠮᠠ ᠶᠢᠨ ᠳᠡᠩᠰᠡᠯᠡᠯᠲᠡ ᠬᠢᠬᠦ ᠡᠷᠦᠬᠡ ᠠᠮᠠ ᠶᠢᠨ ᠳᠠᠩᠰᠠᠯᠠᠬᠤ ᠳᠦᠷᠢᠮ ᠢ ᠪᠠᠶᠢᠭᠤᠯᠤᠨ᠎ᠠ ᠃ᠵᠢᠵᠢᠭ ᠬᠤᠳᠠ ᠪᠠᠯᠭᠠᠰᠤ ᠵᠦᠭ ᠰᠢᠯᠵᠢᠨ ᠣᠷᠣᠬᠤ ᠬᠥᠮᠦᠨ ᠠᠮᠠ ᠳᠠᠬᠢ ᠬᠢᠵᠠᠭᠠᠷᠯᠠᠯ ᠪᠠᠨ ᠰᠤᠯᠠᠳᠬᠠᠨ᠎ᠠ᠃ ᠵᠢᠵᠢᠭ ᠬᠣᠲᠠ ᠪᠠᠯᠭᠠᠰᠤ ᠳᠦ ᠣᠴᠢᠵᠤ ᠠᠵᠢᠯ ᠬᠢᠵᠦ ᠬᠤᠳᠠᠯᠳᠤᠭ᠎ᠠ ᠡᠵᠡᠩᠨᠡᠨ ᠂ ᠲᠣᠭᠲᠠᠪᠤᠷᠢᠲᠠᠶ ᠠᠵᠢᠯ ᠣᠷᠣᠯᠭ᠎ᠠ ᠪᠠ ᠣᠷᠣᠨ ᠰᠠᠭᠤᠴᠠ ᠲᠠᠶ ᠪᠥᠭᠡᠳ ᠣᠷᠣᠯᠭ᠎ᠠ ᠪᠠ ᠣᠷᠣᠨ ᠰᠠᠭᠤᠴᠠ ᠲᠠᠢ ᠶᠢ ᠨᠢ ᠤᠷᠢᠳᠠᠪᠠᠷ ᠡᠷᠦᠬᠡ ᠠᠮᠠ ᠣᠷᠣᠭᠤᠯᠤᠨ ᠥᠭᠴᠦ᠂ ᠬᠣᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠬᠠᠷᠠᠭᠠᠯᠵᠠᠯ ᠢ ᠡᠳ᠋ᠯᠡᠵᠦ ᠪᠠ ᠠᠳᠠᠯᠢ ᠲᠡᠭᠰᠢ ᠡᠭᠦᠷᠭᠡ ᠶᠢ ᠭᠦᠢᠴᠡᠳᠬᠡᠬᠦ ᠬᠡᠷᠡᠭᠲᠡᠶ᠃ ᠠᠯᠤᠰ ᠬᠢᠵᠠᠭᠠᠷ ᠭᠠᠵᠠᠷ ᠣᠷᠣᠨ ᠤ ᠵᠢᠵᠢᠭ ᠬᠣᠲᠠ ᠪᠠᠯᠭᠠᠰᠤᠨ ᠤ ᠡᠷᠦᠬᠡ ᠠᠮᠠ ᠣᠷᠣᠭᠤᠯᠬᠤ ᠨᠥᠬᠥᠴᠡᠯ ᠢ ᠨᠡᠩ ᠠᠭᠤᠵᠢᠭᠤ ᠲᠠᠯᠪᠢᠬᠤ ᠬᠡᠷᠡᠭᠲᠡᠢ ᠃ ᠪᠦᠲᠦᠭᠡᠨ ᠪᠠᠢᠭᠤᠯᠤᠯᠲᠠ ᠠᠴᠠ ᠪᠣᠯᠵᠤ ᠬᠥᠳᠡᠭᠡ ᠲᠣᠰᠬᠣᠨ ᠤ ᠲᠠᠷᠢᠶᠠᠨ ᠭᠠᠵᠠᠷ ᠪᠠ ᠮᠠᠯᠵᠢᠬᠤ ᠣᠷᠣᠨ ᠤ ᠪᠡᠯᠴᠢᠭᠡᠷ ᠢ ᠡᠵᠡᠯᠡᠨ ᠬᠡᠷᠡᠭᠯᠡᠪᠡᠯ ᠂ ᠬᠠᠤᠯᠢ ᠶᠣᠰᠣᠭᠠᠷ ᠭᠠᠴᠠᠭ᠎ᠠ ᠶᠢ ᠦᠭᠡᠢᠰᠬᠡᠵᠦ᠂ ᠲᠠᠷᠢᠶᠠᠯᠠᠩ  ᠤᠨ ᠪᠤᠰᠤ ᠪᠣᠯᠭᠠᠨ ᠰᠢᠯᠵᠢᠭᠦᠯᠵᠦ ᠪᠣᠯᠣᠨ᠎ᠠ ᠃
    ( ᠠᠷᠪᠠᠨ ᠬᠣᠶᠠᠷ ) ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠪᠠ ᠦᠨ᠎ᠡ ᠲᠥᠯᠥᠪᠦᠷᠢ ᠲᠡᠶ ᠬᠡᠷᠡᠭᠯᠡᠬᠦ ᠳᠦᠷᠢᠮ ᠶᠢ ᠪᠠᠢᠭᠤᠯᠤᠨ᠎ᠠ᠃ ᠨᠢᠭᠡᠳᠦᠭᠡᠷ ᠳᠡᠰ ᠦᠨ ᠦᠨᠳᠦᠰᠦᠨ ᠲᠠᠷᠢᠶᠠᠨ ᠭᠠᠵᠠᠷ ᠢ ᠤᠷᠳᠤ ᠬᠤᠭᠤᠴᠠᠭ᠎ᠠ ᠪᠠ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ ᠪᠣᠯᠬᠤ ᠦᠭᠡᠢ ᠃ ᠬᠣᠶᠠᠳᠤᠭᠠᠷ ᠳᠡᠰ ᠦᠨ ᠦᠨᠳᠦᠰᠦᠨ ᠲᠠᠷᠢᠶᠠᠨ ᠭᠠᠵᠠᠷ ᠢ ᠲᠥᠯᠥᠪᠵᠢᠭᠦᠯᠭᠡ ᠶᠢᠨ ᠬᠤᠭᠤᠴᠠᠭᠠᠨ ᠳᠣᠲᠣᠷ᠎ᠠ ᠡᠵᠡᠯᠡᠨ ᠬᠡᠷᠡᠭᠯᠡᠵᠦ ᠪᠣᠯᠬᠤ ᠥᠬᠡᠶ ᠂ ᠲᠥᠯᠥᠪᠵᠢᠭᠦᠯᠭᠡ ᠶᠢᠨ ᠬᠤᠭᠤᠴᠠᠭ᠎ᠠ ᠡᠴᠡ ᠭᠠᠳᠠᠨ᠎ᠠ ᠡᠵᠡᠯᠡᠨ ᠬᠡᠷᠡᠭᠯᠡᠭᠰᠡᠨ ᠪᠠᠶᠢᠪᠠᠯ ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠦᠭᠰᠡᠨ ᠦ ᠳᠠᠷᠠᠭ᠎ᠠ ᠂ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠬᠠᠩᠭᠠᠬᠤ ᠪᠣᠯᠤᠨ᠎ᠠ ᠃ ᠳᠡᠭᠡᠷ᠎ᠡ ᠳᠤᠷᠠᠳᠤᠭᠰᠠᠨ ᠲᠣᠭᠲᠠᠭᠠᠯ ᠡᠴᠡ ᠭᠠᠳᠠᠨ᠎ᠠ ᠂ ᠵᠢᠵᠢᠭ ᠬᠤᠳᠠ ᠪᠠᠯᠭᠠᠰᠤᠨ ᠤ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠤᠯᠢ ᠶᠣᠰᠣᠭᠠᠷ ᠦᠨ᠎ᠡ ᠲᠥᠯᠥᠪᠦᠷᠢ ᠲᠡᠶ ᠪᠡᠷ ᠬᠡᠷᠡᠭᠯᠡᠵᠦ ᠪᠣᠯᠣᠨ᠎ᠠ ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠦᠨᠳᠦᠰᠦᠯᠡᠨ᠂ ᠵᠠᠰᠠᠭ ᠦᠨ ᠣᠷᠳᠣᠨ ᠡᠴᠡ ᠨᠢᠭᠡᠳᠦᠯᠲᠡᠶ ᠲᠠᠲᠠᠪᠤᠷᠢᠯᠠᠨ ᠬᠡᠷᠡᠭᠯᠡᠵᠦ ᠂ ᠨᠢᠭᠡᠳᠦᠯᠲᠡᠶ ᠨᠡᠭᠡᠭᠡᠨ ᠠᠰᠢᠭᠯᠠᠵᠤ ᠂ ᠨᠢᠭᠡᠳᠦᠯᠲᠡᠶ ᠰᠢᠯᠵᠢᠭᠦᠯᠦᠨ ᠬᠤᠳᠠᠯᠳᠤᠵᠤ ᠂ ᠨᠢᠭᠡᠳᠦᠯᠲᠡᠶ ᠪᠡᠷ ᠬᠠᠮᠢᠶᠠᠷᠤᠨ᠂ ᠦᠨ᠎ᠡ ᠲᠦᠯᠦᠪᠦᠷᠢ ᠲᠠᠢ ᠬᠡᠷᠡᠭᠯᠡᠨ᠎ᠡ᠃ ᠬᠡᠷᠡᠭᠯᠡᠬᠦ ᠡᠷᠬᠡ ᠪᠡᠨ ᠰᠢᠯᠵᠢᠭᠦᠯᠦᠨ ᠥᠭᠬᠦ ᠦᠶᠡᠰ.᠂ ᠬᠤᠳᠠᠯᠳᠤᠭᠠᠨ ᠤ ᠂ ᠠᠵᠤ ᠦᠢᠯᠡᠳᠪᠦᠷᠢ ᠶᠢᠨ᠂ ᠣᠷᠣᠨ ᠰᠠᠭᠤᠴᠠ ᠶᠢᠨ᠂ ᠨᠡᠶᠢᠲᠡ ᠶᠢᠨ ᠠᠰᠠᠷᠠᠮᠵᠢ ᠶᠢᠨ ᠵᠡᠷᠭᠡ ᠠᠳᠠᠯᠢ ᠪᠤᠰᠤ ᠬᠡᠷᠡᠭᠯᠡᠬᠦ ᠭᠠᠵᠠᠷ ᠢ ᠦᠨᠳᠦᠰᠦᠯᠡᠨ ᠠᠳᠠᠯᠢ ᠪᠤᠰᠤ ᠭᠠᠵᠠᠷ ᠤᠨ ᠦᠨ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠤᠶᠤ ᠪᠠᠰᠠ ᠳᠠᠭᠠᠭᠠᠴᠢᠯᠠᠯᠲᠠ ᠵᠠᠷᠯᠠᠬᠤ ᠪᠠ ᠦᠨ᠎ᠡ ᠬᠠᠶᠠᠨ ᠬᠤᠳᠠᠯᠳᠤᠵᠤ ᠪᠣᠯᠤᠨ᠎ᠠ ᠃ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠣᠬᠢᠷᠠᠯ ᠳᠦ ᠤᠴᠠᠷᠠᠭᠤᠯᠬᠤ ᠦᠭᠡᠢ ᠪᠠᠶᠢᠬᠤ ᠶᠢ ᠪᠠᠲᠤᠯᠠᠬᠤ ᠤᠷᠢᠲᠠᠯ ᠳᠣᠣᠷ᠎ᠠ ᠂ ᠬᠠᠤᠯᠢ ᠴᠠᠭᠠᠵᠠ ᠶᠢᠨ ᠡᠷᠬᠡ ᠣᠯᠭᠣᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠪᠠᠢᠳᠠᠯ ᠳᠣᠣᠷ᠎ᠠ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠢ ᠭᠠᠵᠠᠷ ᠰᠢᠷᠣᠶ ᠶᠢᠨ ᠬᠤᠪᠢ ᠣᠷᠣᠬᠤ ᠵᠡᠷᠭᠡ ᠬᠡᠯᠪᠡᠷᠢ ᠪᠡᠷ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠂ ᠠᠵᠤ ᠠᠬᠤᠶᠢᠯᠠᠯ ᠡᠷᠬᠢᠯᠡᠬᠦ ᠪᠤᠶᠤ ᠰᠢᠯᠵᠢᠭᠦᠯᠦᠨ ᠥᠭᠬᠦ ᠂ ᠲᠦᠷᠢᠶᠡᠰᠦᠯᠡᠭᠦᠯᠬᠦ ᠂
ᠳᠠᠭᠠᠯᠲᠠ ᠶᠠᠭᠤᠮ᠎ᠠ ᠪᠣᠯᠤᠨ ᠲᠠᠷᠢᠶᠠᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠪᠠᠷᠢᠴᠠᠭᠠᠯᠠᠬᠤ ᠠᠷᠠᠯᠵᠢᠶ᠎ᠠ ᠬᠢᠵᠦ ᠪᠣᠯᠬᠤ ᠤᠢᠭᠡᠢ ᠃
    ( ᠠᠷᠪᠠᠨ ᠭᠤᠷᠪᠠ ) ᠵᠢᠵᠢᠭ ᠬᠣᠳᠠ ᠪᠠᠯᠭᠠᠰᠤᠨ ᠳᠦ ᠣᠷᠣᠰᠢᠨ ᠰᠠᠭᠤᠵ ᠪᠠᠶᠢᠭ᠎ᠠ ᠲᠠᠷᠢᠶᠠᠴᠢᠨ ᠵᠣᠬᠢᠬᠤ ᠴᠠᠭ ᠬᠤᠭᠤᠴᠠᠭᠠᠨ ᠳᠣᠲᠣᠷ᠎ᠠ ᠳᠠᠭᠠᠭᠠᠴᠢᠯᠠᠭᠰᠠᠨ ᠭᠠᠵᠠᠷ ᠰᠢᠷᠣᠶ ᠶᠢᠨ ᠡᠵᠡᠩᠨᠡᠬᠦ ᠡᠷᠬᠡ ᠪᠡᠨ ᠬᠠᠳᠠᠭᠠᠯᠠᠵᠤ ᠪᠣᠯᠤᠨ᠎ᠠ ᠂ ᠭᠡᠪᠡᠴᠦ ᠲᠠᠷᠢᠶᠠᠯᠠᠬᠤ ᠦᠬᠡᠢ ᠬᠠᠶᠠᠬᠤ ᠂ ᠠᠲᠠᠷᠰᠢᠭᠤᠯᠬᠤ ᠪᠤᠶᠤ ᠪᠦᠳᠦᠭᠦᠯᠢᠭ ᠡᠵᠡᠩᠨᠡᠵᠦ ᠦᠯᠦ ᠪᠣᠯᠣᠨ᠎ᠠ ᠃ ᠪᠠᠯᠭᠠᠰᠤᠨ ᠳᠤ ᠡᠷᠦᠬᠡ ᠠᠮᠠ ᠤᠷᠤᠭᠰᠠᠨ ᠲᠠᠷᠢᠶᠠᠴᠢᠳ ᠤᠨ ᠤᠤᠯ ᠤᠨ ᠳᠠᠭᠠᠭᠠᠴᠢᠯᠠᠵᠤ ᠪᠠᠶᠢᠭᠰᠠᠨ ᠭᠠᠵᠠᠷ ᠰᠢᠷᠣᠶ  ᠶᠢ ᠰᠢᠶᠳᠪᠦᠷᠢᠯᠡᠬᠦ ᠠᠵᠢᠯ ᠢ ᠡᠯ᠎ᠡ ᠬᠣᠰᠢᠭᠤ ᠰᠢᠶᠠᠨ ᠨᠢᠭᠡᠳᠦᠯᠲᠡᠶ ᠲᠣᠭᠲᠠᠭᠠᠨ᠎ᠠ ᠃
    ᠲᠠᠪᠤ᠂ ᠤᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠂ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢᠨ ᠴᠢᠳᠠᠪᠤᠷᠢ ᠶᠢ ᠨᠡᠮᠡᠭᠳᠡᠭᠦᠯᠦᠨ᠎ᠡ
    ( ᠠᠷᠪᠠᠨ ᠳᠥᠷᠪᠡ ) ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠲᠣᠭᠲᠠᠭᠠᠵᠤ ᠂ ᠵᠢᠵᠢᠭ ᠬᠣᠲᠠ ᠪᠠᠯᠭᠠᠰᠤᠨ ᠡᠯ᠎ᠡ ᠠᠵᠢᠯ ᠲᠦᠷᠦᠯ ᠤᠨ ᠵᠢᠵᠢᠭ ᠬᠣᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠳᠤᠮᠳᠠ ᠢᠳᠡᠪᠬᠢᠲᠡᠢ ᠪᠡᠷ ᠣᠷᠣᠯᠴᠠᠬᠤ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠳ ᠢ ᠤᠳᠤᠷᠢᠳᠴᠤ ᠪᠡᠯᠡ ᠮᠥᠩᠭᠥ ᠪᠡᠨ ᠠᠪᠴᠤ ᠬᠣᠲᠠ ᠣᠷᠣᠨ ᠨᠡᠭᠡᠭᠡᠨ ᠬᠥᠭᠵᠢᠭᠦᠯᠦᠯᠲᠡ ᠬᠢᠯᠭᠡᠨ᠎ᠡ᠃ ᠪᠠᠯᠭᠠᠰᠤᠨ ᠤ ᠰᠠᠭᠤᠭᠠᠯᠢ ᠠᠷᠠᠳ ᠢ ᠵᠣᠬᠢᠶᠠᠨ ᠪᠠᠢᠭᠤᠯᠵᠤ ᠬᠣᠶᠠᠷ ᠂ ᠭᠤᠷᠪᠠᠳᠤᠭᠠᠷ ᠠᠵᠤ ᠦᠢᠯᠡᠰ ᠡᠷᠬᠢᠯᠡᠭᠦᠯᠵᠦ ᠂ ᠰᠢᠶᠠᠩ ᠪᠠᠯᠭᠠᠰᠤᠨ ᠤ ᠺᠠᠳ᠋ᠷ ᠂ ᠠᠵᠢᠯᠲᠠᠨ ᠥᠪᠡᠷ ᠤᠨ ᠪᠡᠯᠡ ᠮᠥᠩᠭᠥ ᠢᠶᠠᠷ ᠢᠶᠠᠨ ᠵᠢᠢᠭ ᠬᠣᠲᠠ ᠪᠠᠯᠭᠠᠰᠤ ᠶᠢᠨ ᠲᠥᠯᠥᠪᠵᠢᠭᠦᠯᠭᠡ ᠶᠢᠨ ᠣᠷᠣᠨ ᠦ ᠳᠣᠲᠣᠷ᠎ᠠ ᠭᠡᠷ ᠪᠠᠷᠢᠬᠤ ᠶᠢ ᠵᠥᠪᠰᠢᠶᠡᠷᠡᠨ᠎ᠡ᠃ ᠤᠯᠠᠨ ᠵᠦᠢᠯ ᠦᠨ ᠬᠡᠯᠪᠡᠷᠢ ᠪᠠᠷ ᠣᠷᠣᠨ ᠤ ᠳᠣᠲᠣᠷ᠎ᠠ ᠭᠠᠳᠠᠨᠠᠬᠢ ᠪᠡᠯᠡ ᠮᠥᠩᠭᠥ ᠶᠢ ᠲᠠᠲᠠᠵᠤ ᠂ ᠪᠡᠯᠡ ᠮᠥᠩᠭᠥᠨ ᠦ ᠢᠷᠡᠯᠲᠡ ᠪᠡᠨ ᠨᠡᠮᠡᠭᠳᠡᠭᠦᠯᠦᠨ᠎ᠡ ᠃ ᠪᠠᠢᠭᠤᠯᠭ᠎ᠠ ᠨᠢᠭᠡᠴᠢ ᠂ ᠬᠠᠮᠲᠤ ᠨᠡᠶᠢᠲᠡ ᠪᠠ ᠬᠤᠪᠢ ᠬᠥᠮᠦᠨ ᠳᠣᠲᠣᠭᠠᠳᠤ ᠪᠡᠯᠡ ᠂ ᠭᠠᠳᠠᠭᠠᠳᠤ ᠪᠠᠯᠨ᠂ ᠬᠦᠷᠦᠨᠭᠬᠡ ᠨᠡᠶᠢᠯᠡᠭᠦᠯᠬᠦ ᠂ᠬᠤᠪᠢ ᠣᠷᠣᠭᠤᠯᠤᠨ ᠬᠤᠷᠰᠢᠬᠤ ᠵᠢᠴᠢ ᠲᠦᠷᠢᠶᠡᠰᠦᠯᠡᠭᠦᠯᠬᠦ ᠵᠡᠷᠭᠡ ᠬᠡᠯᠪᠡᠷᠢ ᠪᠡᠷ ᠤᠰᠤ ᠵᠠᠯᠠᠬᠤ ᠂ ᠴᠠᠬᠢᠯᠭᠠᠨ ᠬᠠᠩᠭᠠᠬᠤ᠂ ᠳᠤᠯᠠᠭᠠᠯᠠᠬᠤ᠂ ᠪᠠᠢᠭᠠᠯᠢ ᠶᠢᠨ ᠬᠡᠢ ᠬᠠᠩᠭᠠᠬᠤ᠂ ᠬᠠᠷᠢᠯᠴᠠᠭ᠎ᠠ ᠬᠣᠯᠪᠣᠯᠴᠠᠭ᠎ᠠ᠂ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠪᠣᠯᠤᠨ ᠵᠢᠭᠤᠯᠴᠢᠯᠠᠯ᠂ ᠵᠤᠭ᠎ᠠ ᠴᠡᠩᠭᠡᠯ᠂ ᠡᠮᠴᠢᠯᠡᠭᠡ᠂ ᠡᠷᠡᠭᠦᠯᠵᠢᠯ᠂ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠨᠡᠶᠢᠲᠡ ᠶᠢᠨ ᠬᠡᠷᠡᠭᠯᠡᠭᠡᠨ ᠦ ᠲᠥᠬᠥᠭᠡᠷᠦᠮᠵᠢ ᠶᠢ ᠪᠠᠶᠢᠭᠤᠯᠬᠤ ᠶᠢ ᠵᠣᠷᠢᠭᠵᠢᠭᠤᠯᠤᠨ᠎ᠠ ᠂ ᠬᠡᠨ ᠪᠡᠯᠠ ᠣᠷᠣᠭᠤᠯᠪᠠᠯ ᠬᠡᠨ ᠠᠰᠢᠭ ᠢ ᠨᠢ ᠬᠦᠷᠲᠡᠵᠦ ᠂ ᠥᠪᠡᠷᠲᠡᠭᠡᠨ ᠲᠦᠭᠰᠢᠭᠦᠷᠢ ᠶᠢ ᠨᠢ ᠡᠭᠦᠷᠭᠡᠯᠡᠨ᠂ ᠥᠪᠡᠷ ᠢᠶᠡᠨ ᠬᠤᠷᠠᠮᠳᠤᠭᠤᠯᠵᠤ ᠂ ᠥᠪᠡᠷ ᠢ ᠪᠡᠨ ᠬᠥᠭᠵᠢᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃
    ( ᠠᠷᠪᠠᠨ ᠲᠠᠪᠤ ) ᠡᠯ᠎ᠡ ᠱᠠᠲᠤᠨ ᠤ ᠵᠠᠰᠠᠭ ᠤᠨ ᠣᠷᠳᠣᠨ ᠵᠠᠰᠠᠭ ᠵᠠᠬᠢᠷᠭᠠᠨ ᠤ ᠠᠷᠭ᠎ᠠ ᠪᠠᠷᠢᠯ ᠢ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ ᠃( 1 )ᠡᠯ᠎ᠡ ᠱᠠᠲᠤᠨ ᠦ ᠵᠠᠰᠠᠭ ᠤᠨ ᠣᠷᠳᠣᠨ ᠵᠢᠵᠢᠭ ᠬᠤᠲᠠ ᠪᠠᠯᠭᠠᠰᠤᠨ ᠤ ᠰᠠᠭᠤᠷᠢ ᠲᠥᠬᠥᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠥ ᠶᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠦ ᠣᠷᠣᠭᠤᠯᠵᠤ ᠂ ᠵᠢᠯ ᠪᠦᠷᠢ ᠡᠳ᠋ ᠤᠨ ᠵᠠᠰᠠᠭ ᠤᠨ ᠨᠡᠮᠡᠭᠳᠡᠯ ᠣᠷᠣᠯᠭ᠎ᠠ ᠶᠢᠨ ᠨᠢᠭᠡ ᠪᠦᠯᠦᠭ ᠢ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠳᠦ ᠬᠡᠷᠡᠭᠯᠡᠬᠦ ᠬᠡᠷᠡᠭᠲᠡᠶ ᠃ ( 2 ) ᠥᠪᠡᠷᠲᠡᠭᠡᠨ ᠵᠠᠰᠠᠬᠤ ᠣᠷᠣᠨ ᠡᠴᠡ ᠵᠢᠯ ᠪᠦᠷᠢ 200 ᠲᠦᠮᠡᠨ ᠲᠥᠭᠥᠷᠢᠭ ᠭᠠᠷᠭᠠᠨ ᠵᠢᠵᠢᠭ ᠬᠣᠲᠠ ᠪᠠᠯᠭᠠᠰᠤ ᠶᠢᠨ ᠰᠠᠭᠤᠷᠢ ᠲᠥᠬᠥᠭᠡᠷᠦᠮᠵᠢ ᠶᠢᠨ ᠪᠦᠳᠦᠬᠡᠨ ᠪᠠᠶᠢᠭᠤᠯᠤᠯᠲᠠ ᠳᠦ ᠱᠠᠩᠨᠠᠯ ᠤᠨ ᠴᠢᠨᠠᠷᠲᠠᠶ ᠨᠥᠬᠥᠪᠥᠷᠢ ᠣᠯᠭᠣᠬᠤ ᠬᠡᠷᠡᠭᠲᠡᠶ ᠃( 3 )ᠰᠢᠶᠠᠩ ᠪᠠᠯᠭᠠᠰᠤ ᠠᠴᠠ ᠬᠤᠷᠢᠶᠠᠭᠰᠠᠨ ᠬᠤᠳᠠ ᠶᠢ ᠬᠠᠮᠠᠭᠠᠯᠠᠬᠤ ᠪᠥᠳᠥᠭᠡᠨ ᠪᠠᠶᠢᠭᠤᠯᠤᠯᠲᠠ ᠶᠢᠨ ᠭᠠᠢᠯᠢ ᠶᠢ ᠵᠢᠵᠢᠭ ᠬᠣᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠦ ᠲᠣᠭ᠎ᠠ ᠶᠣᠰᠣᠭᠠᠷ ᠨᠢ ᠪᠤᠴᠠᠭᠠᠵᠤ ᠥᠭᠬᠦ ᠬᠡᠷᠡᠭᠲᠡᠶ᠃ ( 4 ) ᠪᠠᠶᠢᠭᠤᠯᠤᠯᠳᠤ ᠪᠠᠯᠭᠠᠰᠤ ᠨᠢ ᠬᠤᠳᠠ ᠶᠢᠨ ᠰᠠᠭᠤᠷᠢ ᠲᠥᠬᠥᠭᠡᠷᠦᠮᠵᠢ ᠶᠢᠨ ᠢᠵᠢ ᠪᠦᠷᠢᠳᠦᠭᠦᠯᠬᠦ ᠰᠦᠢᠳᠬᠡᠯ ᠢ ᠲᠣᠭ᠎ᠠ ᠶᠣᠰᠣᠭᠠᠷ ᠬᠤᠷᠢᠶᠠᠵᠤ᠂ ᠪᠦᠬᠦᠨ ᠢ ᠵᠢᠵᠢᠭ ᠬᠣᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠦ ᠬᠡᠷᠡᠭᠯᠡᠨ᠎ᠡ᠃( 5 )ᠪᠠᠭ᠎ᠠ ᠬᠣᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠵᠠᠷᠤᠳᠠᠯ ᠂ ᠭᠠᠵᠠᠷ ᠰᠢᠷᠣᠶ ᠶᠢᠨ ᠦᠷᠳᠡᠭ ᠨᠡᠮᠡᠭᠳᠡᠯ ᠤᠨ ᠭᠠᠶᠢᠯᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠪᠠ ᠭᠡᠷ ᠪᠠᠶᠢᠰᠢᠩ ᠭᠠᠵᠠᠷ ᠰᠢᠷᠣᠶ ᠶᠢᠨ ᠶᠡᠷᠦᠩᠬᠡᠢᠯᠡᠭᠰᠡᠨ ᠨᠡᠭᠡᠭᠡᠨ ᠠᠰᠢᠭᠯᠠᠯᠲᠠ ᠶᠢᠨ ᠤᠯᠤᠰ ᠤᠨ ᠥᠮᠴᠢᠯᠡᠯ ᠤᠨ ᠠᠰᠢᠭ ᠣᠯᠵᠠᠪᠤᠷᠢ ᠶᠢ ᠲᠣᠭᠲᠠᠭᠠᠯ ᠶᠣᠰᠣᠭᠠᠷ ᠬᠡᠰᠡᠭ ᠪᠦᠯᠦᠭ ᠢ ᠨᠢ ᠦᠯᠡᠳᠡᠭᠡᠨ ᠬᠡᠷᠡᠭᠯᠡᠵᠦ᠂ ᠵᠢᠵᠢᠭ ᠬᠤᠲᠠ ᠪᠠᠯᠭᠠᠰᠤᠨ ᠤ ᠰᠠᠭᠤᠷᠢ ᠲᠥᠬᠥᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠦ ᠲᠤᠰᠬᠠᠢ ᠬᠡᠷᠡᠭᠯᠡᠨ᠎ᠡ ᠃ ( 6 ) ᠪᠠᠭ᠎ᠠ ᠬᠣᠲᠠ ᠪᠠᠯᠭᠠᠰᠤ ᠡᠴᠡ ᠬᠤᠷᠢᠶᠠᠵᠤ ᠠᠪᠤᠭᠰᠠᠨ ᠨᠡᠶᠢᠲᠡ ᠶᠢᠨ ᠬᠡᠷᠡᠭᠴᠡᠭᠡᠨ ᠦ ᠠᠵᠤ ᠦᠢᠯᠡᠰ ᠤᠨ ᠨᠡᠮᠡᠯᠲᠡ ᠵᠠᠷᠤᠳᠠᠯ ᠢ ᠵᠢᠵᠢᠭ ᠬᠣᠲᠠ ᠪᠠᠯᠭᠠᠰᠤ ᠶᠢᠨ ᠬᠣᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠦ ᠲᠥᠬᠥᠭᠡᠷᠦᠮᠵᠢ  ᠶᠢ ᠪᠦᠳᠦᠭᠡᠨ ᠪᠠᠶᠢᠭᠤᠯᠬᠤ ᠳᠦ ᠲᠤᠰᠬᠠᠶ ᠬᠡᠷᠡᠭᠯᠡᠨ᠎ᠡ᠃( 7 ) ᠪᠠᠭ᠎ᠠ ᠬᠣᠲᠠ ᠪᠠᠯᠭᠠᠰᠤ ᠡᠴᠡ ᠬᠤᠷᠢᠶᠠᠭᠰᠠᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠦᠢᠳᠬᠡᠯ ᠢ ᠵᠢᠵᠢᠭ ᠬᠣᠲᠠ ᠪᠠᠯᠭᠠᠰᠤ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠳᠤ ᠭᠣᠣᠯᠳᠠᠯᠭ᠎ᠠ ᠲᠠᠢ ᠬᠡᠷᠡᠭᠯᠡᠨ᠎ᠡ᠃
    ( ᠠᠷᠪᠠᠨ ᠵᠢᠷᠭᠤᠭ᠎ᠠ ) ᠵᠠᠰᠠᠭ ᠦᠨ ᠣᠷᠳᠣᠨ ᠦ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠨᠦᠭᠥᠳ ᠵᠢᠵᠢᠭ ᠬᠣᠲᠠ ᠪᠠᠯᠭᠠᠰᠤᠨ  ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ ᠂ ᠲᠥᠯᠥᠪᠯᠡᠭᠡ ᠶᠢᠨ ᠰᠠᠯᠠᠭ᠎ᠠ ᠮᠥᠴᠢᠷ ᠡᠴᠡ ᠭᠣᠣᠯᠳᠠᠯᠭ᠎ᠠ ᠲᠠᠶ ᠵᠢᠵᠢᠭ ᠬᠣᠲᠠ ᠪᠠᠯᠭᠠᠰᠤᠨ ᠤ ᠰᠠᠭᠤᠷᠢ ᠲᠥᠬᠥᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠦ ᠳᠡᠮᠵᠢᠯᠭᠡ ᠦᠵᠡᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠦᠭᠥᠳ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠥᠨ ᠦ ᠳᠣᠲᠣᠷ᠎ᠠ ᠡᠴᠡ ᠵᠣᠬᠢᠬᠤ ᠪᠡᠯᠡ ᠮᠥᠩᠭᠥ ᠭᠠᠷᠭᠠᠵᠤ ᠵᠢᠵᠢᠭ ᠬᠤᠲᠠ ᠪᠠᠯᠭᠠᠰᠤᠨ ᠤ ᠰᠠᠭᠤᠷᠢ ᠲᠥᠬᠥᠭᠡᠷᠦᠮᠵᠢ ᠶᠢᠨ ᠪᠦᠳᠦᠭᠡᠠ ᠪᠠᠶᠢᠭᠤᠯᠤᠯᠲᠠ ᠳᠦ ᠬᠡᠷᠡᠭᠯᠡᠨ᠎ᠡ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠵᠢᠵᠢᠭ ᠬᠣᠲᠠ ᠪᠠᠯᠭᠠᠰᠤ ᠶᠢᠨ ᠪᠠᠯᠭᠠᠰᠤ ᠰᠤᠨᠳᠠᠯᠠᠭᠰᠠᠨ ᠵᠠᠮ ᠢ ᠪᠦᠲᠦᠭᠡᠨ ᠪᠠᠶᠢᠭᠤᠯᠬᠤ ᠶᠢ ᠳᠡᠮᠵᠢᠬᠦ ᠬᠡᠷᠡᠭᠲᠡᠢ᠃ ᠤᠰᠤᠨ ᠤ ᠠᠰᠢᠭᠯᠠᠯᠲᠠ᠂ ᠡᠷᠡᠭᠦᠯ ᠬᠠᠮᠠᠭᠠᠯᠠᠯ ᠦᠨ ᠰᠠᠯᠠᠭ᠎ᠠ ᠮᠥᠴᠢᠷ ᠡᠴᠡ ᠵᠢᠵᠢᠭ ᠬᠣᠲᠠ ᠪᠠᠯᠭᠠᠰᠤᠨ ᠦ ᠤᠤᠭᠤᠬᠤ ᠤᠰᠤ ᠂ ᠤᠷᠤᠰᠬᠠᠯ ᠤᠰᠤ ᠶᠢ ᠵᠠᠰᠠᠬᠤ ᠂ ᠵᠣᠷᠯᠣᠩ ᠢ ᠰᠠᠶᠢᠵᠢᠷᠠᠭᠤᠯᠬᠤ ᠪᠠ ᠥᠭᠡᠷᠡᠴᠢᠯᠡᠬᠦ ᠂ ᠦᠶᠡᠷ ᠢ ᠰᠡᠷᠭᠡᠶᠢᠯᠡᠬᠦ ᠵᠡᠷᠭᠡ ᠪᠦᠳᠦᠭᠡᠠ ᠪᠠᠶᠢᠭᠤᠯᠤᠯᠲᠠ ᠶᠢ ᠰᠠᠢᠲᠤᠷ ᠬᠢᠬᠦ ᠬᠡᠷᠡᠭᠲᠡᠢ᠃ ᠰᠢᠦᠳᠠᠨ ᠴᠠᠬᠢᠯᠭᠠᠨ᠂ ᠭᠠᠵᠠᠷ ᠰᠢᠷᠤᠢ᠂ ᠣᠷᠴᠢᠨ ᠲᠣᠭᠣᠷᠢᠨ ᠤ ᠬᠠᠮᠠᠭᠠᠯᠠᠯᠲᠠ᠂ ᠦᠢᠯᠡᠳᠪᠦᠷᠢ ᠬᠤᠳᠠᠯᠳᠤᠭ᠎ᠠ᠂ ᠪᠠᠷᠠᠭᠠᠨ ᠤ ᠦᠨ᠎ᠡ᠂ ᠭᠠᠶᠢᠯᠢ ᠂ ᠰᠤᠷᠭᠠᠨ ᠬᠥᠮᠥᠵᠢᠯ᠂ ᠰᠣᠶᠣᠯ᠂ ᠬᠥᠳᠡᠯᠮᠦᠷᠢ ᠵᠡᠷᠭᠡ ᠰᠠᠯᠠᠭ᠎ᠠ ᠮᠥᠴᠢᠷ ᠴᠥᠮ ᠬᠥᠮᠦᠨ ᠤ ᠬᠦᠴᠦ᠂ ᠡᠳ᠋ ᠦᠨ ᠬᠦᠴᠦ᠂ ᠪᠣᠳᠠᠰ ᠦᠨ ᠬᠦᠴᠦ᠂ ᠮᠡᠷᠭᠡᠵᠢᠯ᠂ ᠲᠦᠷᠦ ᠶᠢᠨ ᠪᠤᠳᠤᠯᠭ᠎ᠠ ᠪᠠ ᠬᠠᠮᠢᠶᠠᠷᠤᠯᠲᠠ ᠶᠢᠨ ᠲᠠᠯ᠎ᠠ ᠪᠠᠷ ᠵᠢᠵᠢᠭ ᠬᠣᠲᠠ ᠪᠠᠯᠭᠠᠰᠤᠨ ᠵᠦᠭ ᠬᠡᠯᠪᠡᠢᠬᠦ ᠬᠡᠷᠡᠭᠲᠡᠢ᠃ ᠪᠠᠩᠬᠢ᠂ ᠢᠲᠡᠭᠡᠮᠵᠢ ᠶᠢᠨ ᠬᠣᠷᠰᠢᠶ᠎ᠠ ᠡᠴᠡ ᠢᠲᠡᠭᠡᠮᠵᠢᠲᠦ ᠵᠢᠭᠡᠯᠡᠯᠭᠡ ᠶᠢᠨ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠶ ᠃
    ( ᠠᠷᠪᠠᠨ ᠲᠤᠯᠤᠭ᠎ᠠ ) ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠤ ᠦᠢᠯᠡᠳᠦᠯ ᠢ ᠪᠠᠳᠠᠷᠠᠭᠤᠯᠬᠤ ᠬᠡᠷᠡᠭᠲᠡᠶ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠵᠢᠵᠢᠭ ᠬᠤᠳᠠ ᠪᠠᠯᠭᠠᠰᠤᠨ ᠤ ᠲᠣᠭᠣᠷᠢᠨ ᠳᠦ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠡᠴᠡ ᠬᠡᠷᠡᠭᠯᠡᠭᠡᠨ ᠦ ᠮᠡᠷᠭᠡᠵᠢᠯ ᠢ ᠰᠤᠳᠤᠯᠬᠤ ᠪᠠ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠥᠷᠨᠢᠭᠦᠯᠵᠦ᠂ ᠢᠯᠠᠩᠭᠤᠶ᠎ᠠ ᠲᠧᠭᠨᠢᠭ ᠮᠡᠷᠭᠡᠵᠢᠯ ᠤᠨ ᠪᠠᠷᠢᠮᠵᠢᠶ᠎ᠠ ᠂ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ᠂ ᠪᠠᠭ᠎ᠠ ᠬᠡᠯᠪᠡᠷᠢ ᠶᠢᠨ ᠤᠰᠤ ᠴᠡᠪᠡᠷᠰᠢᠭᠦᠯᠬᠦ ᠮᠡᠷᠭᠡᠵᠢᠯ ᠂ ᠠᠮᠢᠳᠤᠷᠠᠯ ᠤᠨ ᠪᠤᠵᠠᠷ ᠤᠰᠤ ᠶᠢ ᠰᠢᠶᠳᠪᠦᠷᠢᠯᠡᠬᠦ ᠂ ᠬᠣᠭ ᠨᠣᠪᠰᠢ ᠶᠢ ᠬᠣᠣᠷ ᠥᠬᠡᠶᠢᠳᠡᠭᠦᠯᠦᠨ ᠰᠢᠶᠳᠪᠦᠷᠢᠯᠡᠬᠦ ᠵᠡᠷᠭᠡ ᠮᠡᠷᠭᠡᠵᠢᠯ ᠤᠨ ᠰᠤᠳᠤᠯᠭᠠᠨ ᠢ ᠶᠡᠬᠡᠪᠡᠷ ᠳᠡᠯᠭᠡᠷᠡᠭᠦᠯᠵᠦ ᠂ ᠪᠸᠲ᠋ᠣᠨ ᠬᠣᠣᠰ ᠵᠢᠵᠢᠭ ᠲᠣᠨᠣᠭᠯᠠᠭᠠᠰᠤ ᠰᠢᠰᠲ᠋ᠧᠮ ᠵᠢᠴᠢ ᠰᠢᠨ᠎ᠡ ᠬᠡᠯᠪᠡᠷᠢ ᠶᠢᠨ ᠡᠨᠧᠷᠭᠢ ᠠᠷᠪᠢᠯᠠᠬᠤ ᠮᠠᠲ᠋ᠧᠷᠢᠶᠠᠯ ᠂ ᠨᠡᠷᠡᠨ ᠤ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠂ ᠥᠨᠳᠥᠷ ᠦᠷ᠎ᠡ ᠪᠦᠲᠦᠮᠵᠢᠲᠡᠶ ᠤᠰᠤ ᠴᠡᠪᠡᠷᠰᠢᠭᠦᠯᠬᠦ ᠲᠥᠬᠥᠭᠡᠷᠦᠮᠵᠢ ᠵᠡᠷᠭᠡ ᠬᠡᠷᠡᠭᠯᠡᠭᠡᠨ ᠤ ᠮᠡᠷᠭᠡᠵᠢᠯ ᠢ ᠨᠡᠮᠡᠭᠳᠡᠭᠦᠯᠵᠦ ᠂ ᠭᠠᠴᠠᠭ᠎ᠠ ᠪᠠᠯᠭᠠᠰᠤᠨ  ᠤ ᠪᠦ᠋ᠳ᠋ᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠂ ᠣᠷᠣᠭᠤᠯᠤᠯᠲᠠ ᠶᠢ ᠠᠷᠪᠢᠯᠠᠵᠤ ᠂ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃
    ᠵᠢᠷᠭᠤᠭ᠎ᠠ᠂ ᠬᠠᠤᠯᠢ ᠲᠣᠭᠲᠠᠭᠠᠯ ᠦᠨ ᠪᠠᠶᠢᠭᠤᠯᠤᠯᠲᠠ ᠪᠠ ᠤᠶᠤᠨ ᠦ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠂ ᠵᠢᠵᠢᠭ ᠬᠣᠲᠠ ᠪᠠᠯᠭᠠᠰᠤᠨ ᠤ ᠤᠶᠤᠨ ᠤ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ
    ( ᠠᠷᠪᠠᠨ ᠨᠠᠶᠮᠠ ) ᠵᠢᠵᠢᠭ ᠬᠣᠲᠠ ᠪᠠᠯᠭᠠᠰᠤ ᠲᠦᠷᠤ ᠶᠢᠨ ᠶᠠᠪᠤᠳᠠᠯ ᠤᠨ ᠬᠣᠷᠢᠶᠠᠨ ᠤ ᠨᠡᠶᠢᠲᠡᠯᠡᠭᠰᠡᠨ《 ᠲᠣᠰᠬᠣᠨ ᠪᠣᠯᠤᠨ ᠴᠤᠭᠯᠠᠭ᠎ᠠ ᠪᠠᠯᠭᠠᠰᠤ ᠶᠢ ᠲᠥᠯᠥᠪᠵᠢᠭᠦᠯᠵᠦ ᠪᠥᠳᠥᠭᠡᠨ ᠪᠠᠶᠢᠭᠤᠯᠬᠤ ᠬᠠᠮᠢᠶᠠᠷᠤᠯᠲᠠ ᠶᠢᠨ ᠲᠦᠷᠢᠮ 》 ᠪᠣᠯᠤᠨ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠣᠨ ᠪᠣᠯᠤᠨ ᠴᠤᠭᠯᠠᠭ᠎ᠠ ᠪᠠᠯᠭᠠᠰᠤ ᠶᠢ ᠲᠥᠯᠥᠪᠵᠢᠭᠦᠯᠵᠦ ᠪᠥᠳᠥᠭᠡᠨ ᠪᠠᠶᠢᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ 》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠡᠭᠦᠨ ᠦ ᠵᠡᠷᠭᠡ ᠪᠡᠷ᠂ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ ᠂ ᠡᠯ᠎ᠡ ᠱᠠᠲᠤᠨ ᠤ ᠵᠠᠰᠠᠭ ᠤᠨ ᠣᠷᠳᠣᠨ ᠲᠡᠭᠦᠨ ᠲᠡᠶ ᠢᠵᠢ ᠪᠦᠷᠢᠳᠦᠭᠦᠯᠦᠭᠰᠡᠨ ᠲᠦᠷᠢᠮ ᠲᠣᠭᠲᠠᠭᠠᠯ ᠪᠣᠯᠤᠨ ᠲᠣᠭᠲᠠᠯᠴᠠᠭ᠎ᠠ ᠶᠢ ᠪᠠᠢᠭᠤᠯᠵᠤ ᠂ ᠪᠠᠭ᠎ᠠ ᠬᠣᠲᠠ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢ ᠬᠠᠤᠯᠢᠵᠢᠭᠤᠯᠬᠤ ᠵᠠᠮ ᠳᠤ ᠣᠷᠣᠭᠤᠯᠤᠨ ᠂ ᠲᠥᠷᠥᠯ ᠵᠦᠢᠯ ᠡᠬᠢᠯᠡᠬᠦ᠂ ᠬᠠᠶ᠋ᠢᠭ ᠰᠣᠩᠭᠣᠬᠤ ᠠᠴᠠ ᠵᠢᠷᠤᠵᠤ ᠲᠥᠯᠥᠪᠯᠡᠬᠦ᠂ ᠠᠵᠢᠯ ᠡᠬᠢᠯᠡᠬᠦ᠂ ᠰᠢᠯᠬᠠᠨ ᠠᠪᠬᠤ ᠬᠦᠷᠲᠡᠯ᠎ᠡ ᠪᠦᠷ ᠲᠥᠯᠥᠪᠵᠢᠭᠦᠯᠭᠡ ᠪᠠ ᠵᠥᠪᠰᠢᠶᠡᠷᠡᠭᠰᠡᠨ ᠵᠢᠷᠤᠮ ᠢ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠢ ᠂ ᠬᠠᠤᠯᠢ ᠶᠢ ᠵᠥᠷᠢᠴᠡᠭᠰᠡᠨ ᠪᠥᠲᠥᠭᠡᠨ ᠪᠠᠶᠢᠭᠤᠯᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠬᠣᠷᠢᠭᠯᠠᠬᠤ ᠪᠠ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠬᠦᠴᠦᠯᠡᠴᠡ ᠶᠢ ᠴᠢᠩᠭᠠᠳᠬᠠᠵᠤ᠂ ᠰᠠᠭᠤᠭᠠᠯᠢ ᠠᠷᠠᠳ ᠦᠨ ᠬᠤᠲᠠ ᠪᠠᠯᠭᠠᠰᠤᠨ  ᠦ ᠤᠬᠠᠮᠰᠠᠷ ᠪᠣᠯᠤᠨ ᠬᠠᠤᠯᠢ ᠳᠦᠷᠢᠮ ᠤᠨ ᠦᠵᠡᠯᠲᠡ ᠶᠢ ᠳᠡᠭᠡᠭᠰᠢᠯᠡᠭᠦᠯᠵᠦ ᠂ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠡᠷᠡᠭᠦᠯ ᠢᠶᠡᠷ ᠬᠥᠭᠵᠢᠬᠦ ᠶᠢ ᠪᠠᠲᠤᠯᠠᠬᠤ ᠬᠡᠷᠡᠭᠲᠡᠶ ᠃ ᠮᠠᠯᠵᠢᠬᠤ ᠲᠠᠷᠢᠶᠠᠯᠠᠬᠤ ᠣᠷᠣᠨ ᠤ ᠴᠢᠨᠡᠭᠡᠯᠢᠭ ᠣᠷᠣᠨ ᠰᠠᠭᠤᠴᠠ ᠶᠢᠨ ᠵᠠᠬ᠎ᠠ ᠳᠡᠯᠭᠡᠭᠦᠷᠴᠢᠯᠡᠯᠡᠲᠡ ᠶᠢ ᠠᠬᠢᠭᠤᠯᠬᠤ ᠶᠢᠨ ᠲᠥᠯᠥᠭᠡ ᠂ ᠭᠠᠴᠠᠭ᠎ᠠ ᠪᠠᠯᠭᠠᠰᠤᠨ ᠤ ᠭᠡᠷ ᠪᠠᠶᠢᠰᠢᠩ ᠤᠨ ᠥᠮᠴᠢᠯᠡᠬᠦ ᠡᠷᠬᠡ ᠂ ᠬᠦᠷᠦᠨᠭᠭᠡ ᠶᠢᠨ ᠬᠠᠷᠢᠶ᠎ᠠ ᠶᠢ ᠨᠡᠶᠢᠳᠡᠮ ᠪᠠᠶᠢᠴᠠᠭᠠᠵᠤ ᠳᠠᠩᠰᠠᠯᠠᠬᠤ ᠪᠠ ᠦᠨᠡᠮᠯᠡᠯ ᠣᠯᠭᠣᠬᠤ ᠠᠵᠢᠯ ᠢ ᠲᠦᠷᠭᠡᠪᠴᠢᠯᠡᠨ ᠬᠢᠵᠦ᠂ ᠬᠠᠤᠯᠢ ᠳᠦᠷᠢᠮᠵᠢᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ ᠃
    ( ᠠᠷᠪᠠ ᠶᠢᠰᠦ ) ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠦᠨ ᠂ ᠴᠢᠨᠡᠭᠡᠯᠢᠭ ᠨᠡᠶᠢᠭᠡᠮ ᠳᠦ ᠲᠠᠪᠰᠢᠨ ᠣᠷᠣᠬᠤ ᠪᠠ ᠨᠡᠶᠢᠭᠡᠮ ᠵᠢᠷᠤᠮᠲᠤ ᠦᠵᠡᠯ ᠦᠨ ᠰᠢᠨ᠎ᠡ ᠭᠠᠴᠠᠭ᠎ᠠ ᠪᠠᠯᠭᠠᠰᠤ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ ᠂ ᠪᠣᠯᠪᠠᠰᠤᠨ ᠭᠠᠴᠠᠭ᠎ᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠮᠥᠷᠲᠡᠭᠡᠨᠤᠳᠠᠭᠠᠨ ᠳᠠᠭᠠᠭᠠᠮᠠᠭᠠᠶ ᠥᠷᠨᠢᠭᠦᠯᠦᠨ᠎ᠡ᠃ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠬᠡᠷᠡᠭᠰᠡᠬᠦ ᠲᠥᠬᠥᠭᠡᠷᠦᠮᠵᠢ ᠶᠢᠨ ᠣᠷᠣᠭᠤᠯᠤᠯᠲᠠ ᠶᠢ ᠨᠡᠮᠡᠭᠳᠡᠭᠦᠯᠵᠦ ᠂ ᠰᠣᠶᠣᠯ ᠂ ᠡᠷᠡᠭᠦᠯ ᠬᠠᠮᠠᠭᠠᠯᠠᠯ᠂ ᠪᠡᠶ᠎ᠡ ᠲᠠᠮᠢᠷ ᠵᠡᠷᠭᠡ ᠣᠯᠠᠨ ᠨᠡᠶᠢᠲᠡ ᠶᠢᠨ ᠲᠥᠬᠥᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠰᠠᠶᠢᠲᠤᠷ ᠬᠢᠵᠦ ᠂ ᠨᠣᠭᠣᠭᠠᠷᠠᠭᠤᠯᠤᠯᠲᠠ ᠪᠠ ᠭᠣᠶᠣᠵᠢᠭᠤᠯᠯᠲᠠ ᠶᠢ ᠰᠠᠢᠨ ᠬᠢᠨ᠎ᠡ ᠃ ᠠᠶᠢᠯ ᠪᠠᠯᠭᠠᠰᠤᠨ ᠤ ᠳᠦᠷᠰᠦ ᠪᠠᠶᠢᠳᠠᠯ ᠢ ᠶᠡᠷᠦᠩᠬᠡᠶᠢᠯᠡᠭᠰᠡᠨ ᠵᠠᠰᠠᠵᠤ᠂
    ᠠᠮᠢᠳᠤᠷᠠᠯ ᠦᠨ ᠣᠷᠴᠢᠨ ᠲᠣᠭᠣᠷᠢᠨ ᠢ ᠴᠡᠪᠡᠷᠰᠢᠭᠦᠯᠬᠦ ᠬᠡᠷᠡᠭᠲᠡᠶ᠃ ᠬᠠᠭᠤᠴᠢᠨ ᠮᠠᠭᠤ ᠵᠠᠩ ᠳᠠᠳᠬᠠᠯ ᠢ ᠥᠭᠡᠷᠡᠴᠢᠯᠡᠬᠦ ᠂ ᠪᠣᠯᠪᠠᠰᠤᠨ ᠰᠢᠨ᠎ᠡ ᠰᠤᠷᠲᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠣᠷᠴᠢᠨ ᠲᠣᠭᠣᠷᠢᠨ ᠤ ᠤᠬᠠᠮᠰᠠᠷ ᠂ ᠡᠷᠡᠭᠦᠯ ᠬᠠᠮᠠᠭᠠᠯᠠᠯ ᠤᠨ ᠤᠬᠠᠮᠰᠠᠷ᠂ ᠬᠣᠲᠠ ᠪᠠᠯᠭᠠᠰᠤ ᠶᠢᠨ ᠤᠬᠠᠮᠰᠠᠷ ᠂ ᠨᠡᠶᠢᠲᠡ ᠶᠢᠨ ᠮᠣᠷᠠᠯ ᠤᠨ ᠤᠬᠠᠮᠰᠠᠷ᠂ ᠰᠠᠭᠤᠭᠠᠯᠢ ᠠᠷᠠᠳ ᠦᠨ ᠪᠦᠬᠦᠯᠢ ᠴᠣᠭᠴᠠ ᠶᠢᠨ ᠬᠡᠪ ᠴᠢᠨᠠᠷ ᠪᠠ ᠪᠣᠯᠪᠠᠰᠤᠨ ᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃ ᠪᠣᠯᠪᠠᠰᠤᠨ ᠠᠷᠠᠳ ᠢᠷᠭᠡᠳ ᠪᠣᠯᠬᠤ ᠪᠠᠷ ᠲᠡᠮᠡᠴᠡᠵᠦ ᠂ ᠪᠣᠯᠪᠠᠰᠤᠨ ᠭᠡᠷ ᠪᠦᠯᠢ ᠂ ᠪᠣᠯᠪᠠᠰᠤᠨ ᠭᠠᠴᠠᠭ᠎ᠠ ᠪᠠᠯᠭᠠᠰᠤ ᠶᠢ ᠡᠭᠦᠳᠦᠨ ᠪᠠᠶᠢᠭᠤᠯᠬᠤ ᠪᠡᠷ ᠴᠢᠷᠮᠠᠢᠨ᠂ 2000 ᠣᠨ ᠪᠣᠯᠬᠤ ᠳᠤ ᠪᠦᠬᠦ ᠣᠷᠣᠨ ᠳᠤ ᠨᠢᠭᠡ ᠪᠦᠯᠦᠭ ᠥᠪᠡᠷ ᠥᠪᠡᠷ ᠤᠨ ᠣᠨᠴᠠᠯᠢᠭ ᠪᠦᠬᠦᠢ ᠪᠣᠯᠪᠠᠰᠤᠨ  ᠦ ᠵᠢᠱᠢᠶ᠎ᠡ ᠦᠵᠡᠭᠦᠯᠬᠦ ᠭᠠᠴᠠᠭ᠎ᠠ ᠪᠠᠯᠭᠠᠰᠤ ᠶᠢ ᠪᠠᠢᠭᠤᠯᠵᠤ᠂ ᠬᠣᠲᠠᠴᠢᠯᠠᠯᠲᠠ ᠶᠢᠨ ᠠᠬᠢᠴᠠ ᠶᠢ ᠲᠦᠷᠭᠡᠳᠬᠡᠨ ᠂ ᠰᠠᠭᠤᠭᠠᠯᠢ ᠠᠷᠠᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠪᠢᠴᠢᠭ ᠰᠣᠶᠣᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃
ᠲᠤᠯᠤᠭ᠎ᠠ᠂ ᠵᠣᠬᠢᠶᠠᠨ ᠪᠠᠶᠢᠭᠤᠯᠤᠨ ᠤᠳᠤᠷᠢᠳᠬᠤ ᠪᠠ ᠵᠣᠬᠢᠴᠠᠭᠤᠯᠬᠤ ᠪᠠᠨ ᠴᠢᠩᠭᠠᠳᠬᠠᠵᠤ ᠂ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ ᠂
    ( ᠬᠣᠷᠢ ) ᠵᠢᠵᠢᠭ ᠬᠣᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯ ᠠᠷᠠᠳ ᠲᠦᠮᠡᠨ ᠳᠤ ᠪᠤᠶᠠᠨ ᠦᠢᠯᠡᠳᠬᠦ ᠥᠨᠢ ᠤᠳᠠᠭᠠᠨ ᠤ ᠦᠢᠯᠡᠰ ᠮᠥᠨ ᠃ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠪᠠ ᠭᠣᠣᠯ ᠤᠳᠤᠷᠢᠳᠤᠯᠭ᠎ᠠ ᠡᠷᠬᠡᠪᠰᠢ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠤᠨ ᠬᠤᠪᠢ ᠪᠠᠷ ᠂ ᠡᠳᠦᠷ ᠳᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ ᠂ ᠨᠠᠷᠢᠨ ᠨᠢᠮᠪᠠᠶ ᠵᠣᠬᠢᠶᠠᠨ ᠪᠠᠢᠭᠤᠯᠤᠨ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠴᠦᠬᠦᠷᠡᠯ ᠦᠭᠡᠢ ᠲᠡᠮᠡᠴᠡᠵᠦ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠃ ᠵᠢᠵᠢᠭ ᠬᠣᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠶᠢ ᠡᠯ᠎ᠡ ᠬᠣᠰᠢᠭᠤ ᠰᠢᠶᠠᠨ ᠂ ᠰᠤᠮᠤ ᠰᠢᠶᠠᠩ ᠪᠠᠯᠭᠠᠰᠤ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ  ᠤᠨ ᠤᠳᠤᠷᠢᠳᠤᠯᠭ᠎ᠠ ᠶᠢᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠬᠡᠪᠴᠢᠶ᠎ᠡ  ᠳᠦ ᠣᠷᠣᠭᠤᠯᠬᠤ ᠬᠡᠷᠡᠭᠲᠡᠶ᠃ ᠤᠳᠤᠷᠢᠳᠬᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠂ ᠪᠦᠳᠦᠭᠡᠨ ᠪᠠᠶᠢᠭᠤᠯᠬᠤ ᠬᠠᠷᠠᠯᠲᠠ ᠪᠡᠨ ᠲᠣᠭᠲᠠᠭᠠᠵᠤ ᠂ ᠲᠣᠭᠲᠠᠮᠠᠯ ᠬᠤᠭᠤᠴᠠᠭ᠎ᠠ ᠲᠠᠶ ᠪᠠᠷ ᠪᠠᠶᠢᠴᠠᠭᠠᠨ ᠱᠠᠭᠠᠷᠳᠠᠵᠤ ᠂ ᠵᠢᠯ ᠤᠨ ᠡᠴᠦᠰ ᠳᠤ ᠰᠢᠯᠭᠠᠵᠤ ᠦᠨᠡᠯᠡᠨ᠎ᠡ᠃
    (ᠬᠣᠷᠢᠨ ᠨᠢᠭᠡ ) ᠪᠦᠬᠦ ᠣᠷᠣᠨ ᠤ ᠡᠯ᠎ᠡ ᠬᠣᠰᠢᠭᠤ ᠰᠢᠶᠠᠨ ᠂ ᠰᠤᠮᠤ ᠰᠢᠶᠠᠩ ᠪᠠᠯᠭᠠᠰᠤᠨ ᠳᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠢᠶᠠᠷ ᠪᠦᠷᠢᠯᠳᠦᠭᠰᠡᠨ ᠵᠢᠵᠢᠭ ᠬᠣᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠤᠳᠤᠷᠢᠳᠬᠤ ᠳᠤᠭᠤᠶᠢᠯᠠᠩ ᠭᠠᠷᠭᠠᠵᠤ ᠂ ᠵᠢᠵᠢᠭ ᠬᠣᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠤᠳᠤᠷᠢᠳᠴᠤ ᠂ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ᠡᠨᠡ ᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠃
    ( ᠬᠣᠷᠢᠨ ᠬᠣᠶᠠᠷ ) ᠥᠪᠡᠷᠲᠡᠭᠡᠨ ᠵᠠᠰᠠᠬᠤ ᠣᠷᠣᠨ ᠡᠴᠡ 《ᠨᠢᠭᠡ ᠂ ᠠᠷᠪᠠ᠂ ᠵᠠᠭᠤ᠂ ᠮᠢᠩᠭ᠎ᠠ》 ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠦᠨ ᠬᠥᠳᠡᠯᠭᠡᠭᠡᠨ ᠢ ᠡᠷᠬᠢᠯᠡᠨ ᠨᠡᠭᠡᠭᠡᠨ᠎ᠡ᠃ ᠡᠯ᠎ᠡ ᠭᠠᠵᠠᠷ ᠲᠠᠷᠢᠶᠠᠯᠠᠬᠤ ᠲᠣᠰᠬᠤᠨ ᠮᠠᠯᠵᠢᠬᠤ ᠣᠷᠣᠨ ᠤ ᠠᠳᠠᠯᠢ ᠪᠤᠰᠤ ᠣᠨᠴᠠᠯᠢᠭ ᠢ ᠦᠨᠳᠦᠰᠦᠯᠡᠨ ᠂ ᠠᠵᠤ ᠦᠢᠯᠡᠰ ᠪᠤᠶᠤ ᠡᠬᠢ ᠪᠠᠶᠠᠯᠢᠭ ᠤᠨ ᠳᠠᠪᠠᠭᠤᠯᠢᠭ ᠪᠦᠬᠦᠢ ᠂ ᠵᠠᠮ ᠬᠠᠷᠢᠯᠴᠠᠭ᠎ᠠ ᠳᠥᠭᠥᠮ ᠳᠥᠲᠡ ᠂ ᠰᠠᠭᠤᠷᠢ  ᠰᠠᠢᠢᠨ ᠂ ᠰᠠᠴᠤᠷᠠᠭ ᠨᠥᠯᠥᠭᠡ ᠪᠠ ᠳᠠᠶᠢᠴᠢᠯᠠᠬᠤ ᠦᠶᠯᠡᠳᠦᠯ ᠢᠶᠠᠷ ᠨᠡᠯᠢᠶᠡᠳ ᠴᠢᠩᠭ᠎ᠠ ᠂ ᠬᠥᠭᠵᠢᠯᠲᠡ ᠶᠢᠨ ᠢᠷᠡᠭᠡᠳᠦᠶ ᠭᠡᠭᠡᠨ ᠰᠠᠷᠠᠭᠤᠯ ᠲᠡᠶ ᠰᠤᠮᠤ ᠰᠢᠶᠠᠩ ᠪᠠᠯᠭᠠᠰᠤ ᠪᠠ ᠠᠶᠢᠯ ᠲᠣᠰᠬᠣᠨ ᠢᠶᠠᠷ ᠲᠣᠷᠰᠢᠯᠲᠠ ᠶᠢᠨ ᠴᠡᠭ ᠪᠣᠯᠭᠠᠵᠤ ᠂ ᠬᠣᠰᠢᠭᠤ ᠰᠢᠶᠠᠨ ᠪᠦᠷᠢ1- 2 ᠪᠠᠭ᠎ᠠ ᠬᠣᠲᠠ ᠪᠠᠯᠭᠠᠰᠤ ᠂ ᠲᠠᠷᠢᠶᠠᠯᠠᠬᠤ ᠣᠷᠣᠨ 10 ᠣᠷᠴᠢᠮ ᠤᠨ ᠠᠶᠢᠯ ᠲᠣᠰᠬᠣᠨ ᠰᠣᠩᠭᠣᠵᠤ ᠂ ᠮᠠᠯᠵᠢᠬᠤ ᠣᠷᠣᠨ ᠪ ᠤᠣᠳᠠᠲᠤ ᠪᠠᠶᠢᠳᠠᠯ ᠢ ᠦᠨᠳᠦᠰᠦᠯᠡᠨ ᠬᠡᠳᠦᠨ ᠭᠠᠴᠠᠭ᠎ᠠ ᠰᠣᠩᠭᠣᠵᠤ᠂ ᠬᠦᠴᠦ ᠪᠡᠨ ᠲᠥᠪᠯᠡᠷᠡᠭᠦᠯᠦᠨ᠂ ᠲᠦᠷᠭᠡᠪᠴᠢᠯᠡᠨ ᠬᠥᠭᠵᠢᠭᠦᠯᠵᠦ ᠂ ᠲᠦᠷᠭᠡᠬᠡᠨ ᠬᠡᠪᠴᠢᠶᠡᠵᠢᠭᠦᠯᠦᠨ᠎ᠡ ᠃
    ᠭᠠᠴᠠᠭ᠎ᠠ ᠪᠠᠯᠭᠠᠰᠤᠨ ᠤ ᠴᠢᠨᠡᠭᠡᠯᠢᠭ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠬᠡᠮᠵᠢᠶ᠎ᠡ ᠮᠠᠰᠢ ᠶᠡᠬᠡ ᠶᠡᠬᠡ ᠬᠡᠮᠵᠢᠶᠡᠨ ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ ᠬᠡᠷᠡᠭᠰᠡᠨ᠎ᠡ ᠃ ᠡᠯ᠎ᠡ ᠭᠠᠵᠠᠷ ᠤᠨ ᠬᠢᠨ ᠤᠷᠢᠳᠠᠪᠠᠷ ᠨᠢᠭᠡ ᠪᠦᠯᠦᠭ ᠨᠥᠬᠥᠴᠡᠯ ᠲᠡᠶ ᠰᠤᠮᠤ ᠰᠢᠶᠠᠩ ᠪᠠᠯᠭᠠᠰᠤ ᠶᠢ ᠰᠣᠩᠭᠣᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠴᠢᠨᠡᠭᠡᠯᠢᠭ ᠣᠷᠣᠨ ᠰᠠᠭᠤᠴᠠ ᠶᠢᠨ ᠢᠨᠵᠧᠨᠧᠷᠢᠩ ᠪᠠ ᠳᠠᠭᠤᠷᠢᠶᠠᠯ ᠦᠵᠡᠭᠦᠯᠬᠦ ᠴᠡᠭ ᠪᠠᠢᠭᠤᠯᠵᠤ ᠂ ᠵᠢᠵᠢᠭ ᠬᠣᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠪᠰᠢᠨ ᠢ ᠳᠡᠭᠡᠭᠰᠢᠯᠡᠭᠦᠯᠬᠦ ᠠᠷᠭ᠎ᠠ ᠵᠠᠮ ᠪᠠ ᠲᠤᠷᠰᠢᠯᠭ᠎ᠠ ᠶᠢ ᠰᠦᠪᠡᠭᠴᠢᠯᠡᠨ ᠳᠡᠯᠭᠡᠷᠡᠭᠦᠯᠦᠨ᠂ ᠬᠡᠷᠡᠭᠯᠡᠭᠡᠨ ᠤ ᠲᠧᠭᠨᠢᠭ ᠮᠡᠷᠭᠡᠵᠢᠯ ᠢ ᠴᠢᠩᠭᠠᠳᠬᠠᠬᠬᠤ ᠳᠤ ᠴᠡᠭ ᠡᠴᠡ ᠪᠦᠬᠦ ᠲᠠᠯ᠎ᠠ ᠳᠤ ᠬᠦᠷᠬᠦ ᠳᠡᠯᠭᠡᠷᠡᠭᠦᠯᠦᠨ ᠬᠡᠷᠡᠭᠵᠢᠭᠦᠯᠬᠦ ᠠᠵᠢᠯ ᠢ ᠰᠠᠢᠲᠤᠷ ᠬᠢᠨ᠎ᠡ᠃
    ( ᠬᠣᠷᠢᠨ ᠭᠤᠷᠪᠠ ) ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠢᠭᠤᠯᠵᠤ᠂ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠰᠠᠢᠨ ᠵᠥᠪᠯᠡᠭᠴᠢ ᠪᠣᠯᠣᠨ᠎ᠠ ᠃ ᠪᠠᠢᠴᠠᠭᠠᠯᠲᠠ ᠰᠤᠳᠤᠯᠭᠠᠨ ᠢᠶᠠᠨ ᠴᠢᠩᠭᠠᠳᠬᠠᠵᠤ᠂ ᠵᠢᠱᠢᠶ᠎ᠡ ᠦᠵᠡᠭᠦᠯᠬᠦ ᠲᠣᠰᠬᠣᠨ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠴᠠᠭ ᠲᠤᠬᠠᠢ ᠳ᠋ᠤᠨᠢ ᠳ᠋ᠦᠩᠨᠡᠨ᠎ᠡ᠃ ᠬᠥᠳᠡᠭᠡ ᠲᠣᠰᠬᠣᠨ ᠢ ᠬᠣᠲᠠᠵᠢᠭᠤᠯᠬᠤ ᠂ ᠵᠢᠵᠢᠭ ᠬᠣᠲᠠ ᠪᠠᠯᠭᠠᠰᠤ ᠪᠠ ᠴᠢᠨᠡᠭᠡᠯᠢᠭᠵᠢᠭᠦᠯᠬᠦ ᠳᠠᠭᠤᠷᠢᠶᠠᠯ ᠦᠵᠡᠭᠦᠯᠬᠦ ᠲᠣᠰᠬᠤᠨ ᠢ ᠪᠦᠳᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠭᠦᠢᠴᠡᠳᠬᠡᠬᠦ ᠲᠣᠭ᠎ᠠ ᠶᠢ ᠰᠤᠳᠤᠯᠤᠨ ᠲᠣᠭᠲᠠᠭᠠᠵᠤ ᠂ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠳᠦᠷᠢᠮᠵᠢᠭᠦᠯᠬᠦ ᠂ ᠪᠠᠷᠢᠮᠵᠢᠶᠠᠵᠢᠭᠤᠯᠬᠤ ᠵᠠᠮ ᠳᠦ ᠤᠳᠤᠷᠢᠳᠤᠨ ᠣᠷᠣᠭᠤᠯᠵᠤ ᠂ ᠤᠯᠤᠰ ᠤᠨ ᠲᠡᠭᠰᠢᠳᠬᠡᠯ ᠲᠦᠪᠰᠢᠨ ᠳᠦ ᠬᠦᠷᠭᠡᠬᠦ ᠪᠡᠷ ᠬᠦᠴᠦᠯᠡᠨ ᠲᠡᠮᠡᠴᠡᠨ᠎ᠡ᠃

ᠵᠣᠬᠢᠶᠠᠭᠴᠢ:
ᠢᠷᠡᠯᠲᠡ: