ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠲᠣᠭᠠᠳᠤ  ᠶᠢᠨ ᠬᠢᠨᠠᠯᠲᠠ ᠲᠠᠯᠪᠢᠬᠤ ᠲᠥᠷᠢᠮ

  2019-09-18

ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠲᠣᠭᠠᠳᠤ  ᠶᠢᠨ ᠬᠢᠨᠠᠯᠲᠠ ᠲᠠᠯᠪᠢᠬᠤ ᠲᠥᠷᠢᠮ

 

ᠨᠢᠭᠡᠳᠦᠭᠡᠷ ᠪᠦᠯᠦᠭ      ᠶᠡᠷᠦᠩᠬᠡᠶ  ᠳᠥᠷᠢᠮ
    
ᠨᠢᠭᠡᠳᠦᠭᠡᠷ ᠵᠦᠢᠯ

ᠨᠠᠮ ᠤᠨ ᠳᠣᠲᠣᠭᠠᠳᠤ  ᠶᠢᠨ ᠬᠢᠨᠠᠯᠲᠠ  ᠶᠢ ᠴᠢᠩᠭᠠᠳᠬᠠᠬᠤ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠬᠥᠭᠵᠢᠭᠦᠯᠵᠦ ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠵᠤ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠲᠦᠷᠦ ᠪᠠᠷᠢᠬᠤ ᠬᠢᠷᠢ ᠬᠡᠮᠵᠢᠶ᠎ᠡ  ᠶᠢ ᠳᠡᠭᠡᠭᠰᠢᠯᠡᠭᠦᠯᠬᠦ ᠂ ᠢᠯᠵᠠᠷᠠᠯ ᠢ ᠡᠰᠡᠷᠭᠦᠴᠡᠵᠦ ᠬᠤᠪᠢᠷᠠᠬᠤ  ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠬᠣᠷᠢᠭᠯᠠᠬᠤ ᠴᠢᠳᠠᠪᠤᠷᠢ ᠂ ᠨᠠᠮ ᠤᠨ ᠲᠡᠷᠢᠭᠦᠨ ᠦ ᠴᠢᠨᠠᠷ ᠢ ᠪᠠᠷᠢᠮᠲᠠᠯᠠᠬᠤ ᠂ ᠢᠮᠠᠭᠲᠠ ᠨᠡᠶᠢᠲᠡ ᠶᠢᠨ ᠲᠥᠯᠥᠭᠡ ᠨᠠᠮ ᠪᠠᠶᠢᠭᠤᠯᠵᠤ ᠂ ᠲᠦᠮᠡᠨ ᠦ ᠲᠥᠯᠦᠭᠡ ᠲᠦᠷᠦ ᠪᠠᠷᠢᠬᠤ ᠂ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ ᠃
    
ᠬᠣᠶᠠᠳᠤᠭᠠᠷ ᠵᠦᠢᠯ  

ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠤ ᠮᠠᠷᠺᠰ ᠯᠧᠨᠢᠨ ᠦ ᠦᠵᠡᠯ ᠂ ᠮᠠᠤ ᠽᠸ ᠳ᠋ᠦᠩ  ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠪᠣᠯᠤᠨ ᠭᠤᠷᠪᠠ  ᠶᠢ ᠲᠥᠯᠥᠭᠡᠯᠡᠬᠦ ᠴᠢᠬᠤᠯᠠ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ ᠂ ᠦᠨᠡᠨ ᠬᠡᠷᠡᠭ ᠡᠴᠡ ᠵᠦᠪ ᠢ ᠡᠷᠢᠵᠦ᠂ ᠴᠠᠭ ᠦᠢ᠎ᠡ ᠲᠡᠶ ᠵᠡᠷᠭᠡᠪᠡᠷ ᠤᠷᠤᠭᠰᠢᠯᠠᠬᠤ᠂ ᠠᠷᠠᠳᠴᠢᠯᠠᠯ ᠲᠥᠪᠯᠡᠷᠡᠯ ᠤᠨ ᠶᠤᠰᠤ ᠶᠢ ᠪᠠᠷᠢᠮᠲᠠᠯᠠᠬᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠪᠠᠷᠢᠮᠲᠠᠯᠠᠬᠤ ᠬᠡᠷᠡᠭᠲᠡᠢ ᠃
    
ᠭᠤᠷᠪᠠᠳᠤᠭᠠᠷ ᠵᠦᠢᠯ

ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠣᠣᠯ ᠡᠲᠡᠭᠡᠳ ᠪᠣᠯ ᠨᠠᠮ ᠤᠨ ᠡᠯ᠎ᠡ ᠱᠠᠲᠤᠨ ᠦ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ᠂ ᠢᠯᠠᠩᠭᠤᠶ᠎ᠠ ᠡᠯ᠎ᠡ ᠱᠠᠲᠤᠨ ᠦ ᠤᠳᠤᠷᠢᠳᠬᠤ ᠪᠠᠭ ᠤᠨ ᠭᠣᠣᠯ ᠬᠠᠷᠢᠭᠤᠴᠠᠯᠭᠠᠲᠠᠨ ᠪᠣᠯᠣᠨ᠎ᠠ᠃
    
ᠳᠥᠷᠪᠡᠳᠦᠭᠡᠷ ᠵᠦᠢᠯ  

ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠣᠣᠯ ᠠᠭᠤᠯᠭ᠎ᠠ ᠪᠣᠯ ᠄
    
ᠨᠢᠭᠡ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠵᠢᠷᠤᠮᠯᠠᠨ ᠰᠠᠬᠢᠬᠤ᠂ ᠲᠥᠪ ᠬᠣᠷᠢᠶᠠᠨ ᠦ  ᠨᠡᠷ᠎ᠡ ᠬᠦᠨᠳᠦ ᠶᠢ ᠬᠠᠮᠠᠭᠠᠯᠠᠨ ᠲᠤᠤᠱᠯᠠᠭᠤᠯᠤᠨ ᠬᠡᠷᠡᠭᠵᠢᠭᠦᠯᠵᠦ ᠂ ᠨᠠᠮ ᠤᠨ ᠱᠤᠭᠤᠮ ᠴᠢᠭᠯᠡᠯᠲᠡ᠂ ᠲᠥᠷᠥ ᠶᠢᠨ ᠪᠣᠳᠣᠯᠭ᠎ᠠ ᠪᠠ ᠳᠡᠭᠡᠷ᠎ᠡ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠶᠳᠪᠦᠷᠢ ᠲᠣᠭᠲᠠᠭᠠᠯ ᠬᠢᠭᠡᠳ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠃

ᠬᠣᠶᠠᠷ ᠦᠨᠳᠦᠰᠦᠨ ᠬᠠᠤᠯᠢ  ᠶᠢ ᠵᠢᠷᠤᠮᠯᠠᠨ ᠰᠠᠬᠢᠬᠤ᠂ ᠬᠠᠤᠯᠢ ᠴᠠᠭᠠᠵᠠ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠪᠠᠶᠢᠳᠠᠯ᠃

ᠭᠤᠷᠪᠠ ᠠᠷᠠᠳᠴᠢᠯᠠᠯ ᠲᠦᠪᠯᠡᠷᠡᠯ ᠤᠨ ᠶᠣᠰᠣ ᠶᠢ ᠲᠤᠤᠱᠯᠠᠭᠤᠯᠤᠨ ᠬᠡᠷᠡᠭᠵᠢᠭᠦᠯᠬᠦ ᠪᠠᠶᠢᠳᠠᠯ ᠃

ᠳᠥᠷᠪᠡ ᠨᠠᠮ ᠤᠨ ᠭᠡᠰᠢᠭᠦᠨ ᠦ ᠡᠷᠬᠡ  ᠶᠢ ᠪᠠᠲᠤᠯᠠᠬᠤ ᠪᠠᠶᠢᠳᠠᠯ ᠃

ᠲᠠᠪᠤ ᠺᠠᠲᠠᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠤᠮᠳᠠ ᠨᠠᠮ ᠪᠠ ᠤᠯᠤᠰ ᠤᠨ ᠬᠣᠯᠪᠣᠭᠳᠠᠯ ᠪᠦᠬᠦᠢ ᠳᠣᠭᠲᠠᠭᠠᠯ ᠤᠨ ᠪᠠᠶᠢᠳᠠᠯ ᠃

 ᠵᠢᠷᠭᠤᠭ᠎ᠠ ᠤᠯᠠᠨ ᠲᠦᠮᠡᠨ ᠲᠡᠶ ᠨᠢᠭᠲᠠ ᠬᠠᠷᠢᠯᠴᠠᠬᠤ ᠂ ᠠᠷᠠᠳ ᠤᠯᠠᠨ ᠦ ᠦᠨᠳᠦᠰᠦᠨ ᠠᠰᠢᠭ ᠲᠤᠰᠠ  ᠶᠢ ᠪᠡᠶᠡᠯᠡᠭᠦᠯᠬᠦ᠂ ᠬᠠᠮᠠᠭᠠᠯᠠᠬᠤ ᠂ ᠬᠥᠭᠵᠢᠭᠦᠯᠵᠦ  ᠪᠠᠶᠢᠭ᠎ᠠ ᠪᠠᠶᠢᠳᠠᠯ ᠃

  ᠲᠤᠯᠤᠭ᠎ᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠ ᠨᠠᠮ ᠤᠨ ᠰᠤᠷᠲᠠᠯ ᠤᠨ ᠪᠠ ᠠᠷᠢᠭᠤᠨ ᠴᠢᠭᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠠᠳᠬᠤᠬᠤ ᠪᠠᠶᠢᠳᠠᠯ ᠢ ᠵᠢᠭᠠᠵᠤ ᠪᠠᠶᠢᠨ᠎ᠠ ᠃

ᠲᠠᠪᠤᠳᠤᠭᠠᠷ ᠵᠦᠢᠯ

ᠨᠠᠮ ᠤᠨ ᠳᠣᠲᠣᠭᠠᠳᠤ ᠶᠢᠨ ᠬᠢᠨᠠᠯᠲᠠ ᠪᠠ ᠨᠠᠮ ᠤᠨ ᠭᠠᠳᠠᠨᠠᠬᠢ ᠬᠢᠨᠠᠯᠲᠠ ᠶᠢ ᠤᠶᠠᠯᠳᠤᠭᠤᠯᠬᠤ ᠬᠡᠷᠡᠭᠲᠡᠶ ᠃ ᠨᠠᠮ ᠤᠨ ᠡᠯ᠎ᠡ ᠱᠠᠲᠤᠨ ᠦ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠬᠦᠯᠢᠶᠠᠷᠬᠦ ᠬᠡᠷᠡᠭᠲᠡᠶ ᠪᠥᠭᠡᠳ ᠵᠥᠪ ᠢᠶᠠᠷ ᠬᠠᠨᠳᠤᠵᠤ᠂ ᠨᠠᠮ ᠪᠠ ᠠᠷᠠᠳ ᠤᠯᠠᠨ ᠦ ᠬᠢᠨᠠᠯᠲᠠ ᠶᠢ ᠬᠦᠯᠢᠶᠡᠯᠭᠡᠬᠦ ᠬᠡᠷᠡᠭᠲᠡᠶ ᠃

 ᠬᠣᠶᠠᠳᠤᠭᠠᠷ ᠪᠦᠯᠦᠭ   ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ

ᠵᠢᠷᠭᠤᠳᠤᠭᠠᠷ ᠵᠦᠢᠯ   ᠨᠠᠮ ᠤᠨ ᠡᠯ᠎ᠡ ᠡᠪᠯᠡᠯ ᠤᠨ ᠬᠤᠷᠠᠯ ᠨᠢ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠠᠯ᠎ᠠ ᠪᠡᠷ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄

ᠨᠢᠭᠡ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠢ ᠤᠳᠤᠷᠢᠳᠬᠤ᠂ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠ ᠪᠠ ᠨᠠᠮ ᠤᠨ ᠬᠣᠷᠢᠶᠠᠨ ᠦ ᠠᠵᠢᠯ ᠤᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ ᠠᠳᠠᠯᠢ ᠳᠡᠰ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠣᠷᠢᠶ᠎ᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠠᠯ᠎ᠠ ᠶᠢᠨ ᠡᠭᠦᠷᠭᠡ ᠪᠡᠨ ᠲᠣᠳᠤᠷᠠᠭᠤᠯᠬᠤ ᠃

ᠬᠣᠶᠠᠷ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠨᠢ ᠠᠳᠠᠯᠢ ᠱᠠᠲᠤᠨ ᠦ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ ᠰᠢᠶᠳᠪᠦᠷᠢ᠂ ᠰᠢᠢᠳᠪᠦᠷᠢᠯᠡᠬᠦ ᠠᠷᠭ᠎ᠠ ᠬᠡᠮᠵᠢᠶ᠎ᠡ ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠤᠨ ᠰᠢᠶᠳᠪᠦᠷᠢᠯᠡᠬᠦ ᠬᠡᠷᠡᠭᠲᠡᠶ ᠃

ᠭᠤᠷᠪᠠ ᠨᠠᠮ ᠤᠨ ᠬᠣᠷᠢᠶᠠᠨ ᠦ ᠪᠠᠶᠢᠩᠭᠤ ᠶᠢᠨ ᠭᠡᠰᠢᠭᠦᠨ ᠂ ᠭᠡᠰᠢᠭᠦᠨ᠂ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠ ᠪᠠ ᠨᠠᠮ ᠤᠨ ᠬᠣᠷᠢᠶᠠᠨ ᠦ ᠠᠵᠢᠯ ᠤᠨ ᠰᠠᠯᠠᠭ᠎ᠠ ᠮᠥᠴᠢᠷ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ ᠠᠳᠠᠯᠢ ᠳᠡᠰ ᠤᠨ ᠨᠠᠮ ᠤᠨ ᠤᠳᠤᠷᠢᠳᠬᠤ ᠳᠤᠭᠤᠶᠢᠯᠠᠩ
ᠨᠠᠮ ᠤᠨ ᠬᠣᠷᠢᠢ᠎ᠠ  ᠤᠨ ᠤᠳᠤᠷᠢᠳᠬᠤ ᠪᠠᠭ ᠵᠢᠴᠢ ᠲᠡᠭᠦᠨ ᠦ ᠪᠦᠷᠢᠯᠳᠦᠬᠦᠨ ᠳᠤ ᠬᠢᠨᠠᠯᠲᠠ ᠲᠠᠯᠪᠢᠨ᠎ᠠ ᠃

ᠲᠦᠷᠪᠡ ᠳᠣᠣᠷ᠎ᠠ ᠨᠢᠭᠡ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠦ ᠤᠳᠤᠷᠢᠳᠬᠤ ᠪᠠᠭ᠂ ᠢᠯᠠᠩᠭᠤᠶ᠎ᠠ ᠭᠣᠣᠯ ᠬᠠᠷᠢᠭᠤᠴᠠᠯᠭᠠᠲᠠᠨ ᠨᠢ ᠬᠢᠨᠠᠯᠲᠠ ᠲᠠᠯᠪᠢᠨ᠎ᠠ ᠃

ᠲᠠᠪᠤ   ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠭᠡᠰᠢᠭᠦᠨ ᠤᠨ ᠬᠤᠷᠠᠯ ᠪᠠ ᠦᠨᠳᠦᠰᠦᠨ ᠱᠠᠲᠤᠨ ᠦ ᠬᠣᠷᠢᠶ᠎ᠠ ᠨᠢ ᠳᠡᠭᠡᠳᠦ ᠱᠠᠲᠤᠨ ᠦ ᠪᠠᠢᠩᠭᠤ ᠶᠢᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠠᠵᠢᠯ ᠢ ᠬᠢᠨᠠᠵᠤ᠂ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠨᠠᠮ ᠤᠨ ᠲᠥᠪ ᠬᠣᠷᠢᠶᠠᠨ ᠦ ᠪᠠ ᠣᠷᠣᠨ ᠨᠤᠲᠤᠭ ᠤᠨ ᠡᠯ᠎ᠡ ᠱᠠᠲᠤᠨ ᠦ ᠬᠣᠷᠢᠶᠠᠨ ᠦ ᠲᠣᠮᠢᠯᠠᠭᠰᠠᠨ ᠠᠵᠢᠯ ᠤᠨ ᠺᠣᠮᠢᠰ᠂ ᠬᠣᠯᠪᠣᠭᠳᠠᠯ ᠪᠥᠬᠥᠶ ᠲᠣᠭᠲᠠᠭᠠᠯ ᠶᠣᠰᠣᠭᠠᠷ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠲᠤ ᠬᠢᠨᠠᠯᠲᠠ ᠲᠠᠯᠪᠢᠬᠤ ᠬᠡᠷᠡᠭᠲᠡᠶ ᠃

 ᠳᠣᠯᠣᠳᠤᠭᠠᠷ ᠵᠦᠢᠯ     ᠨᠠᠮ ᠤᠨ ᠡᠯ᠎ᠡ ᠱᠠᠲᠤᠨ ᠦ ᠨᠠᠮ ᠤᠨ ᠬᠣᠷᠢᠶᠠᠨ ᠦ ᠭᠡᠰᠢᠭᠦᠨ ᠪᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠠᠯ᠎ᠠ ᠶᠢᠨ ᠬᠠᠷᠢᠭᠤᠴᠠᠯᠭ᠎ᠠ ᠄

ᠨᠢᠭᠡ ᠠᠵᠢᠯᠯᠠᠵᠤ ᠪᠠᠶᠢᠭ᠎ᠠ ᠺᠣᠮᠢᠰ ᠂ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠ ᠪᠠ ᠨᠠᠮ ᠤᠨ ᠬᠣᠷᠢᠶᠠᠨ ᠦ ᠠᠵᠢᠯ ᠤᠨ ᠰᠠᠯᠠᠭ᠎ᠠ ᠮᠥᠴᠢᠷ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ ᠠᠳᠠᠯᠢ ᠳᠡᠰ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠣᠷᠢᠶ᠎ᠠ  ᠤᠨ ᠠᠵᠢᠯ ᠳᠤ ᠬᠢᠨᠠᠯᠲᠠ ᠲᠠᠯᠪᠢᠨ᠎ᠠ ᠃

ᠬᠣᠶᠠᠷ  ᠲᠤᠬᠠᠢ ᠶᠢᠨ ᠭᠡᠰᠢᠭᠦᠳ ᠦᠨ ᠬᠤᠷᠠᠯ ᠂ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ
ᠬᠣᠷᠢᠶᠠᠨ ᠦ ᠪᠠᠶᠢᠩᠭᠤ ᠶᠢᠨ ᠭᠡᠰᠢᠭᠦᠠ᠂ ᠭᠡᠰᠢᠭᠦᠳ ᠪᠠ ᠨᠠᠮ ᠤᠨ ᠬᠣᠷᠢᠶᠠᠨ ᠦ ᠠᠵᠢᠯ ᠤᠨ ᠰᠠᠯᠠᠭ᠎ᠠ ᠮᠥᠴᠢᠷ ᠂ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ ᠠᠳᠠᠯᠢ ᠳᠡᠰ ᠤᠨ ᠤᠷᠤᠯᠳᠤᠭᠠ ᠤ ᠳᠤᠭᠤᠢᠯᠠᠩ ᠨᠠᠮ ᠤᠨ ᠬᠣᠷᠢᠢ᠎ᠠ ᠋ ᠤᠨ ᠬᠠᠷᠢᠭᠤᠴᠠᠯᠭᠠᠲᠠᠨ ᠬᠢᠨᠠᠯᠲᠠ ᠲᠠᠯᠪᠢᠨ᠎ᠠ ᠃

ᠭᠤᠷᠪᠠ ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠶᠠᠨ ᠦ ᠭᠡᠰᠢᠭᠦᠨ ᠪᠠ ᠦᠨᠳᠦᠰᠦᠨ ᠱᠠᠲᠤᠨ ᠦ ᠺᠣᠮᠢᠰ ᠤᠨ ᠭᠡᠰᠢᠭᠦᠨ ᠂ ᠨᠢᠭᠡ ᠬᠣᠶᠠᠷ ᠳ᠋ᠦᠭᠡᠷ ᠵᠤᠷᠪᠤᠰ ᠲᠤ ᠵᠢᠭᠰᠠᠭᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠰᠠᠭᠤᠳᠠᠯ ᠪᠠ ᠰᠠᠨᠠᠯ ᠪᠠᠨ ᠵᠢᠩᠬᠢᠨᠢ ᠤᠪᠤᠭ ᠨᠡᠷ᠎ᠡ ᠪᠠᠷ ᠪᠢᠴᠢᠭ ᠤᠨ ᠬᠡᠯᠪᠡᠷᠢ ᠪᠤᠶᠤ ᠪᠤᠰᠤᠳ ᠬᠡᠯᠪᠡᠷᠢ ᠪᠠᠷ ᠨᠠᠮ ᠤᠨ ᠬᠣᠷᠢᠶ᠎ᠠ ᠶᠢᠨ ᠪᠠᠶᠢᠩᠭᠤ ᠶᠢᠨ ᠬᠣᠷᠢᠶ᠎ᠠ ᠂ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶ᠎ᠠ ᠪᠤᠶᠤ ᠳᠡᠭᠡᠷ᠎ᠡ ᠨᠢᠭᠡ ᠱᠠᠲᠤᠨ ᠦ ᠨᠠᠮ ᠤᠨ ᠬᠣᠷᠢᠶ᠎ᠠ᠂ ᠰᠠᠬᠢᠯᠭ᠎ᠠ ᠪᠠᠲᠤ  ᠪᠠᠶᠢᠴᠠᠭᠠᠬᠤ ᠬᠤᠷᠢᠶᠠᠨ ᠳᠤ ᠲᠤᠰᠬᠠᠵᠤ ᠪᠣᠯᠤᠨ᠎ᠠ ᠃

ᠲᠦᠷᠪᠡ ᠲᠥᠪ ᠬᠣᠷᠢᠶᠠᠨ ᠦ ᠭᠡᠰᠢᠭᠦᠨ᠂ ᠲᠥᠪ ᠬᠣᠷᠢᠶᠠᠨ ᠦ ᠤᠯᠤᠰ ᠲᠦᠷᠦ ᠶᠢᠨ ᠲᠣᠪᠴᠢᠶᠠᠨ ᠦ ᠭᠡᠰᠢᠭᠦᠨ᠂ ᠪᠠᠶᠢᠩᠭᠤ ᠶᠢᠨ ᠬᠣᠷᠢᠶᠠᠨ ᠦ ᠰᠠᠨᠠᠯ ᠢ ᠦᠨᠡᠨ ᠤᠪᠤᠭ ᠨᠡᠷ᠎ᠡ ᠪᠠᠷ ᠪᠢᠴᠢᠭ ᠤᠨ ᠬᠡᠯᠪᠡᠷᠢ ᠪᠤᠶᠤ ᠪᠤᠰᠤᠳ ᠬᠡᠯᠪᠡᠷᠢ ᠪᠠᠷ ᠲᠥᠪ ᠬᠣᠷᠢᠶᠠᠨ ᠦ ᠤᠯᠤᠰ ᠲᠦᠷᠦ ᠶᠢᠨ ᠲᠣᠪᠴᠢᠶᠠᠨ ᠦ ᠪᠠᠶᠢᠩᠭᠤ ᠶᠢᠨ ᠬᠣᠷᠢᠶ᠎ᠠ ᠪᠤᠶᠤ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶᠠᠨ ᠳᠤ ᠲᠤᠰᠬᠠᠨ᠎ᠠ᠃ ᠭᠡᠰᠢᠭᠦᠳ ᠤᠨ ᠵᠢᠩᠬᠢᠨᠢ ᠣᠪᠣᠭ ᠨᠡᠷ᠎ᠡ ᠪᠡᠷ ᠨᠢ ᠲᠣᠰᠬᠠᠬᠣ ᠠᠰᠠᠭᠤᠳᠠᠯ ᠂ ᠰᠠᠨᠠᠯ ᠪᠠ ᠰᠠᠨᠠᠭᠤᠯᠭ᠎ᠠ  ᠶᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠠᠵᠢᠯᠲᠠᠨ ᠴᠠᠭ ᠲᠤᠬᠠᠶ  ᠳᠤ ᠨᠢ ᠳᠠᠮᠵᠢᠭᠤᠯᠵᠤ ᠥᠭᠬᠦ ᠬᠡᠷᠡᠭᠲᠡᠶ ᠂ ᠳᠠᠷᠤᠵᠤ ᠲᠠᠯᠪᠢᠵᠤ ᠪᠣᠯᠬᠤ ᠤᠢᠭᠡᠢ ᠃ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠦ ᠨᠢ ᠰᠤᠳᠤᠯᠵᠤ᠂ ᠰᠢᠶᠳᠪᠦᠷᠢᠯᠡᠬᠦ ᠬᠡᠷᠡᠭᠲᠡᠶ ᠪᠥᠭᠡᠳ ᠵᠣᠬᠢᠰᠲᠠᠶ ᠠᠷᠭ᠎ᠠ ᠬᠡᠯᠪᠡᠷᠢ ᠪᠠᠷ ᠬᠠᠷᠢᠭᠤᠯᠲᠠ ᠥᠭᠬᠦ ᠬᠡᠷᠡᠭᠲᠡᠶ ᠃

ᠨᠠᠢᠮᠠᠳᠤᠭᠠᠷ ᠵᠦᠢᠯ

ᠨᠠᠮ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠪᠣᠯ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠤᠰᠬᠠᠶ ᠪᠠᠶᠢᠭᠤᠯᠭ᠎ᠠ ᠪᠣᠯᠤᠨ᠎ᠠ ᠃ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠲᠥᠪ ᠬᠣᠷᠢᠶᠠᠨ ᠦ ᠤᠳᠤᠷᠢᠳᠤᠯᠭ᠎ᠠ ᠳᠣᠣᠷ᠎ᠠ᠂ ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠪᠣᠯᠤᠨ ᠦᠨᠳᠦᠰᠦᠨ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠠᠳᠠᠯᠢ ᠱᠠᠲᠤᠨ ᠦ ᠨᠠᠮ ᠤᠨ ᠬᠣᠷᠢᠶ᠎ᠠ ᠪᠠ ᠳᠡᠭᠡᠳᠦ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠤᠳᠤᠷᠢᠳᠤᠯᠭ᠎ᠠ ᠳᠣᠣᠷ᠎ᠠ ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠠᠯ᠎ᠠ ᠪᠡᠷ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ ᠄

ᠨᠢᠭᠡ ᠠᠳᠠᠯᠢ ᠱᠠᠲᠤᠨ ᠦ ᠨᠠᠮ ᠤᠨ ᠬᠡᠰᠢᠭᠦᠨ ‍ᠤ ᠵᠣᠬᠢᠶᠠᠨ ᠪᠠᠶᠢᠭᠤᠯᠤᠯᠲᠠ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠢ ᠬᠠᠮᠵᠢᠵᠤ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠠᠵᠢᠯ ᠢ ᠪᠠᠶᠢᠭᠤᠯᠤᠨ᠎ᠠ ᠠᠵᠢᠯ ᠢ ᠵᠣᠬᠢᠶᠠᠨ ᠪᠠᠶᠢᠭᠤᠯᠤᠨ᠎ᠠ ᠃

ᠬᠣᠶᠠᠷ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠡᠷᠬᠡ ᠪᠠᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ ᠃

ᠭᠤᠷᠪᠠ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠦ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠵᠥᠷᠢᠴᠡᠭᠰᠡᠨ ᠨᠡᠯᠢᠶᠡᠳ ᠴᠢᠬᠤᠯᠠ ᠪᠤᠶᠤ ᠪᠤᠳᠤᠯᠢᠶᠠᠨᠲᠠᠶ ᠬᠡᠷᠡᠭ ᠢ ᠪᠠᠶᠢᠭᠤᠯᠤᠨ᠎ᠠ ᠪᠠ ᠰᠢᠢᠳᠪᠦᠷᠢᠯᠡᠨ᠎ᠡ  ᠃

ᠳᠥᠷᠪᠡ ᠠᠳᠠᠯᠢ ᠱᠠᠲᠤᠨ ᠦ ᠨᠠᠮ ᠤᠨ ᠬᠣᠷᠢᠶ᠎ᠠ ᠪᠠ ᠳᠡᠭᠡᠷ᠎ᠡ ᠨᠢᠭᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠳᠤ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠰᠠᠨᠠᠭᠤᠯᠭ᠎ᠠ ᠳᠤᠷᠠᠳᠬᠤ᠂ ᠡᠷᠬᠡ ᠮᠡᠳᠡᠯ ᠤᠨ ᠬᠡᠪᠴᠢᠶ᠎ᠡ ᠶᠢᠨ ᠶᠣᠰᠣᠭᠠᠷ ᠵᠣᠬᠢᠶᠠᠨ ᠪᠠᠶᠢᠭᠤᠯᠤᠨ ᠲᠤᠭᠤᠷᠪᠢᠨ ᠪᠢᠴᠢᠵᠦ ᠂ ᠬᠣᠯᠪᠣᠭᠳᠠᠯ ᠪᠦᠬᠦᠢ ᠲᠣᠭᠲᠠᠭᠠᠯ ᠪᠠ ᠳᠦᠷᠢᠮ ᠢ ᠲᠣᠭᠲᠠᠭᠠᠵᠤ ᠂ ᠨᠠᠮ ᠤᠨ ᠰᠠᠬᠢᠯᠭ᠎ᠠ ᠪᠠᠲᠤ  ᠶᠢ ᠬᠠᠮᠠᠭᠠᠯᠠᠬᠤ ᠲᠤᠬᠠᠶ ᠲᠣᠭᠲᠠᠭᠠᠯ ᠭᠠᠷᠭᠠᠬᠤ ᠬᠡᠷᠡᠭᠲᠡᠶ ᠃

ᠲᠠᠪᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠦ ᠨᠠᠮ ᠤᠨ ᠰᠠᠬᠢᠯᠭ᠎ᠠ ᠪᠠᠲᠤ  ᠶᠢ ᠵᠥᠷᠢᠴᠡᠭᠰᠡᠨ ᠠᠵᠢᠯᠯᠠᠭ᠎ᠠ ᠶᠢᠨ ᠲᠤᠬᠠᠶ ᠢᠯᠡᠴᠢᠯᠡᠯ ᠪᠠ ᠨᠠᠮ ᠤᠨ ᠬᠡᠰᠢᠭᠦᠨ ᠦ ᠲᠤᠬᠠᠶ ᠵᠠᠭᠠᠯᠳᠤᠯᠭ᠎ᠠ ᠂ ᠭᠣᠮᠣᠳᠠᠯ ᠲᠣᠭᠠᠴᠢᠯᠲᠠ ᠶᠢ ᠬᠦᠯᠢᠶᠡᠨ ᠠᠪᠴᠤ ᠂ ᠨᠠᠮ ᠤᠨ ᠭᠡᠰᠢᠭᠦᠨ ᠦ ᠡᠷᠬᠡ ᠠᠰᠢᠭ ᠢ ᠪᠠᠲᠤᠯᠠᠨ᠎ᠠ ᠂ ᠨᠠᠮ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠ ᠣᠷᠣᠨ ᠨᠤᠲᠤᠭ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠲᠣᠮᠢᠯᠠᠭᠰᠠᠨ ᠰᠠᠬᠢᠯᠭ᠎ᠠ ᠪᠠᠲᠤ  ᠪᠠᠶᠢᠴᠠᠭᠠᠬᠤ ᠠᠵᠢᠯ ᠤᠨ ᠺᠣᠮᠢᠰ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ ᠃ ᠰᠠᠬᠢᠯᠭ᠎ᠠᠪᠠᠲᠤ  ᠪᠠᠶᠢᠴᠠᠭᠠᠬᠤ ᠬᠣᠷᠢᠶᠠᠨ ᠦ ᠲᠣᠮᠢᠯᠠᠭᠰᠠᠨ ᠰᠠᠬᠢᠯᠭ᠎ᠠ ᠪᠠᠲᠤ  ᠪᠠᠶᠢᠴᠠᠭᠠᠬᠤ ᠳᠤᠭᠤᠶᠢᠯᠠᠩ ᠤᠨ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃  ᠲᠣᠮᠢᠯᠠᠭᠰᠠᠨ ᠰᠠᠬᠢᠯᠭ᠎ᠠ ᠪᠠᠲᠤ  ᠪᠠᠶᠢᠴᠠᠭᠠᠬᠤ ᠳᠤᠭᠤᠶᠢᠯᠠᠩ ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠲᠤ ᠬᠢᠨᠠᠯᠲᠠ ᠲᠠᠯᠪᠢᠬᠤ ᠬᠡᠷᠡᠭᠲᠡᠶ ᠃  ᠨᠠᠮ ᠤᠨ ᠣᠷᠣᠨ ᠨᠤᠲᠤᠭ ᠤᠨ ᠪᠠ ᠰᠠᠯᠠᠭ᠎ᠠ ᠮᠥᠴᠢᠷ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠰᠠᠬᠢᠯᠭ᠎ᠠ ᠪᠠᠲᠤ  ᠪᠠᠶᠢᠴᠠᠭᠠᠬᠤ ᠳᠤᠭᠤᠶᠢᠯᠠᠩ ᠨᠢ ᠲᠤᠰ ᠭᠠᠵᠠᠷ ᠣᠷᠣᠨ᠂ ᠲᠤᠰ ᠰᠢᠰᠲ᠋ᠧᠮ᠂ ᠲᠤᠰ ᠨᠢᠭᠡᠴᠢ ᠳᠤ ᠡᠭᠦᠰᠦᠭᠰᠡᠨ ᠴᠢᠬᠤᠯᠠ ᠶᠡᠬᠡ ᠠᠰᠠᠭᠤᠳᠠᠯ ᠢ ᠰᠢᠭᠤᠳ ᠳᠡᠭᠡᠳᠦ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠳᠤ ᠮᠡᠳᠡᠬᠦᠯᠵᠦ ᠪᠤᠯᠤᠨ᠎ᠠ ᠃

ᠶᠢᠰᠦᠳᠦᠭᠡᠷ ᠵᠦᠢᠯ

ᠨᠠᠮ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠬᠡᠰᠢᠭᠦᠨ ᠦ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠠᠯ᠎ᠠ ᠶᠢᠨ ᠬᠠᠷᠢᠭᠤᠴᠠᠯᠭ᠎ᠠ ᠄

ᠨᠢᠭᠡ ᠠᠵᠢᠯᠯᠠᠵᠤ ᠪᠠᠶᠢᠭ᠎ᠠ ᠵᠥᠪᠯᠡᠯ ᠵᠢᠴᠢ ᠲᠡᠭᠦᠨ ᠤ ᠲᠣᠮᠢᠯᠠᠭᠰᠠᠨ ᠪᠠᠶᠢᠭᠤᠯᠤᠮᠵᠢ᠂ ᠲᠣᠮᠢᠯᠠᠭᠰᠠᠨ ᠲᠣᠭᠣᠷᠢᠨ ᠪᠠᠶᠢᠭᠤᠯᠬᠤ ᠪᠠᠶᠢᠭᠤᠯᠤᠮᠵᠢ ᠶᠢᠨ ᠠᠵᠢᠯ ᠳᠤ ᠬᠢᠨᠠᠯᠲᠠ ᠲᠠᠯᠪᠢᠨ᠎ᠠ ᠃

ᠬᠣᠶᠠᠷ   ᠲᠤᠬᠠᠢ ᠶᠢᠨ ᠺᠣᠮᠢᠰ ᠤᠨ ᠪᠠᠶᠢᠩᠭᠤ ᠶᠢᠨ ᠭᠡᠰᠢᠭᠦᠨ ᠪᠠ ᠲᠣᠮᠢᠯᠠᠭᠰᠠᠨ ᠪᠠᠶᠢᠭᠤᠯᠤᠮᠵᠢ᠂ ᠲᠣᠮᠢᠯᠠᠭᠰᠠᠨ ᠲᠣᠭᠣᠷᠢᠨ ᠪᠠᠶᠢᠭᠤᠯᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠢᠨᠠᠯᠲᠠ ᠲᠠᠯᠪᠢᠨ᠎ᠠ ᠃

ᠭᠤᠷᠪᠠ ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠭᠡᠰᠢᠭᠦᠨ ᠪᠣᠯᠤᠨ ᠦᠨᠳᠦᠰᠦᠨ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠭᠡᠰᠢᠭᠦᠨ ᠂  ᠨᠢᠭᠡ ᠬᠣᠶᠠᠷ ᠳ᠋ᠦᠭᠡᠷ ᠵᠤᠷᠪᠤᠰ ᠲᠤ ᠵᠢᠭᠰᠠᠭᠠᠭᠰᠠᠨ ᠰᠠᠬᠢᠯᠭ᠎ᠠ ᠪᠠᠲᠤ  ᠪᠠᠶᠢᠴᠠᠭᠠᠬᠤ ᠪᠠᠶᠢᠭᠤᠯᠤᠯᠭ᠎ᠠ ᠪᠠᠶᠢᠭᠤᠯᠤᠮᠵᠢ ᠪᠠ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠰᠠᠭᠤᠳᠠᠯ ᠪᠠ ᠰᠠᠨᠠᠯ ᠵᠢᠩᠬᠢᠨᠢ ᠨᠡᠷ᠎ᠡ ᠪᠠᠷ ᠪᠢᠴᠢᠭ ᠤᠨ ᠬᠡᠯᠪᠡᠷᠢ ᠪᠤᠶᠤ ᠪᠤᠰᠤᠳ ᠬᠡᠯᠪᠡᠷᠢ ᠪᠠᠷ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶ᠎ᠠ᠂ ᠠᠳᠠᠯᠢ ᠱᠠᠲᠤᠨ ᠦ ᠨᠠᠮ ᠤᠨ ᠬᠣᠷᠢᠢ᠎ᠠ ᠳᠤ ᠳᠤᠷᠠᠳᠤᠭᠰᠠᠨ ᠪᠤᠶᠤ ᠲᠤᠰᠬᠠᠬᠤ ᠬᠡᠷᠡᠭᠲᠡᠶ ᠂ ᠥᠪᠡᠷ ᠤᠨ ᠪᠠᠶᠢᠭ᠎ᠠ ᠺᠣᠮᠢᠰ ᠤᠨ ᠭᠡᠰᠢᠭᠦᠨ ᠂ ᠪᠠᠶᠢᠩᠭᠤ ᠶᠢᠨ ᠭᠡᠰᠢᠭᠦᠳ ᠤᠨ ᠰᠠᠨᠠᠯ ᠪᠠᠰᠠ ᠳᠡᠭᠡᠷ᠎ᠡ ᠨᠢᠭᠡ ᠱᠠᠲᠤᠨ ᠦ ᠨᠠᠮ ᠤᠨ ᠬᠣᠷᠢᠶ᠎ᠠ ᠪᠠ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠲᠤᠰᠬᠠᠵᠤ ᠪᠣᠯᠤᠨ᠎ᠠ ᠃

ᠲᠦᠷᠪᠡ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠪᠠᠶᠢᠩᠭᠤ ᠶᠢᠨ ᠭᠡᠰᠢᠭᠦᠳ ᠤᠨ ᠰᠠᠨᠠᠯ ᠂ ᠵᠢᠩᠬᠢᠨᠢ ᠨᠡᠷ᠎ᠡ ᠪᠠᠷ ᠪᠢᠴᠢᠭ ᠤᠨ ᠬᠡᠯᠪᠡᠷᠢ ᠪᠤᠶᠤ ᠪᠤᠰᠤᠳ ᠬᠡᠯᠪᠡᠷᠢ ᠪᠠᠷ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶ᠎ᠠ ᠪᠠ ᠲᠥᠪ ᠬᠣᠷᠢᠶᠠᠨ ᠦ ᠤᠯᠤᠰ ᠲᠦᠷᠦ ᠶᠢᠨ ᠲᠣᠪᠴᠢᠶᠠᠨ ᠦ ᠪᠠᠶᠢᠩᠭᠤ ᠶᠢᠨ ᠬᠣᠷᠢᠶ᠎ᠠ ᠲᠤᠰᠬᠠᠨ᠎ᠠ ᠃  ᠭᠡᠰᠢᠭᠦᠳ ᠤᠨ ᠵᠢᠩᠬᠢᠨᠢ ᠣᠪᠣᠭ  ᠨᠡᠷ᠎ᠡ ᠪᠡᠷ ᠢᠶᠡᠨ ᠲᠤᠰᠬᠠᠭᠰᠠᠨ ᠠᠰᠠᠭᠤᠳᠠᠯ ᠂ ᠰᠠᠨᠠᠯ ᠪᠣᠯᠤᠨ ᠰᠠᠨᠠᠭᠤᠯᠭ᠎ᠠ  ᠶᠢ ᠬᠣᠯᠪᠣᠭᠳᠠᠯ ᠪᠥ᠋ᠬᠦᠢ ᠰᠠᠯᠠᠭ᠎ᠠ ᠮᠥᠴᠢᠷ᠂ ᠪᠠᠢᠭᠤᠯᠤᠮᠵᠢ ᠪᠤᠶᠤ ᠠᠵᠢᠯᠲᠠᠨ ᠢᠶᠠᠷ ᠴᠠᠭ ᠲᠤᠬᠠᠢ ᠳᠤ ᠨᠢ ᠳᠠᠮᠵᠢᠭᠤᠯᠵᠤ ᠥᠭᠬᠦ ᠬᠡᠷᠡᠭᠲᠡᠶ ᠂ ᠳᠠᠷᠤᠵᠤ ᠲᠠᠯᠪᠢᠵᠤ ᠪᠣᠯᠬᠤ ᠤᠢᠭᠡᠢ ᠃ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯ ᠨᠢ ᠴᠠᠭ ᠲᠤᠬᠠᠢ ᠳ᠋ᠦ ᠨᠢ ᠰᠤᠳᠤᠯᠵᠤ ᠂ ᠰᠢᠶᠳᠪᠦᠷᠢᠯᠡᠬᠦ ᠬᠡᠷᠡᠭᠲᠡᠶ ᠪᠥᠭᠡᠳ ᠵᠣᠬᠢᠰᠲᠠᠶ ᠠᠷᠭ᠎ᠠ ᠬᠡᠯᠪᠡᠷᠢ ᠪᠠᠷ ᠬᠠᠷᠢᠭᠤᠯᠲᠠ ᠥᠭᠬᠦ ᠬᠡᠷᠡᠭᠲᠡᠶ ᠃

ᠠᠷᠪᠠᠳᠤᠭᠠᠷ ᠵᠦᠢᠯ

ᠨᠠᠮ ᠤᠨ ᠭᠡᠰᠢᠭᠦᠨ ᠦ ᠨᠠᠮ ᠤᠨ ᠳᠣᠲᠣᠭᠠᠳᠤ ᠶᠢᠨ ᠬᠢᠨᠠᠯᠲᠠ ᠶᠢᠨ ᠲᠠᠯ᠎ᠠ ᠪᠡᠷ ᠬᠢ ᠬᠠᠷᠢᠭᠤᠴᠠᠯᠭ᠎ᠠ ᠪᠠ ᠡᠷᠬᠡ ᠄

ᠨᠢᠭᠡ ᠨᠠᠮ ᠤᠨ ᠵᠣᠬᠢᠶᠠᠨ ᠪᠠᠶᠢᠭᠤᠯᠤᠯᠲᠠ ᠳᠤ ᠤᠯᠠᠨ ᠲᠦᠮᠡᠨ ᠦ ᠰᠠᠨᠠᠯ ᠱᠠᠭᠠᠷᠳᠠᠯᠭ᠎ᠠ  ᠶᠢ ᠲᠤᠰᠬᠠᠵᠤ᠂ ᠤᠯᠡᠠ ᠲᠦᠮᠡᠨ ᠦ ᠵᠦᠢ ᠶᠣᠰᠣᠨ ᠦ ᠠᠰᠢᠭ ᠲᠤᠰᠠ ᠶᠢ ᠬᠠᠮᠠᠭᠠᠯᠠᠬᠤ ᠬᠡᠷᠡᠭᠲᠡᠶ ᠃

ᠬᠣᠶᠠᠷ ) ᠨᠠᠮ ᠤᠨ ᠰᠢᠶᠳᠪᠦᠷᠢ ᠪᠠ ᠲᠥᠷᠦ ᠶᠢᠨ ᠪᠤᠳᠦᠯᠭ᠎ᠠ ᠳᠤ ᠠᠳᠠᠯᠢ ᠪᠤᠰᠤ ᠰᠠᠨᠠᠯ ᠪᠠᠶᠢᠪᠠᠯ ᠂ ᠡᠷᠡᠰ ᠬᠡᠷᠡᠭᠵᠢᠬᠦᠯᠬᠦ ᠤᠷᠢᠲᠠᠯ ᠳᠣᠣᠷ᠎ᠠ ᠂ ᠨᠠᠮ ᠤᠨ ᠬᠤᠷᠠᠯ ᠪᠤᠶᠤ ᠨᠠᠮ ᠤᠨ ᠵᠣᠬᠢᠶᠠᠨ ᠪᠠᠶᠢᠭᠤᠯᠤᠯ ᠳᠦ ᠲᠡᠭᠦᠨ ᠢ ᠦᠯᠡᠳᠡᠭᠡᠬᠦ ᠪᠠᠷ ᠳᠤᠷᠠᠳᠤᠭᠠᠳ ᠂ ᠲᠡᠷᠡ ᠮᠥᠷᠲᠡᠭᠡᠨ ᠥᠪᠡᠷ ᠤᠨ ᠰᠠᠨᠠᠯ ᠢᠶᠠᠨ ᠨᠠᠮ ᠤᠨ ᠳᠡᠭᠡᠳᠦ ᠱᠠᠲᠤᠨ ᠦ ᠵᠣᠬᠢᠶᠠᠨ ᠪᠠᠶᠢᠭᠤᠯᠤᠯᠲᠠ ᠳᠤ ᠴᠢᠨᠠᠭᠰᠢᠯᠠᠪᠠᠯ ᠲᠥᠪ ᠬᠣᠷᠢᠶ᠎ᠠ ᠬᠦᠷᠲᠡᠯ᠎ᠡ ᠲᠤᠰᠬᠠᠵᠤ ᠪᠣᠯᠤᠨ᠎ᠠ ᠂ ᠭᠡᠪᠡᠴᠦ ᠲᠥᠪ ᠬᠣᠷᠢᠶᠠᠨ ᠦ ᠰᠢᠢᠳᠪᠦᠷᠢ ᠯᠦ᠋ᠭᠡ ᠡᠰᠡᠷᠭᠦ ᠰᠠᠨᠠᠯ ᠢ ᠢᠯᠠ ᠪᠠᠷ ᠨᠡᠶᠢᠲᠡᠯᠡᠵᠦ ᠪᠣᠯᠬᠤ ᠤᠢᠭᠡᠢ ᠃

ᠭᠤᠷᠪᠠ ᠨᠠᠮ ᠤᠨ ᠬᠤᠷᠠᠯ ᠳᠡᠭᠡᠷ᠎ᠡ ᠨᠠᠮ ᠤᠨ ᠶᠠᠮᠠᠷ ᠴᠤ ᠵᠣᠬᠢᠶᠠᠨ ᠪᠠᠶᠢᠭᠤᠯᠤᠯᠲᠠ ᠪᠠ ᠨᠠᠮ ᠤᠨ ᠶᠠᠮᠠᠷ ᠴᠤ ᠭᠡᠰᠢᠭᠦᠨ ᠢ ᠦᠨᠳᠦᠰᠦ ᠪᠠᠷᠢᠮᠲᠠ ᠦᠭᠡᠢ ᠪᠡᠷ ᠰᠢᠭᠦᠮᠵᠢᠯᠡᠵᠦ ᠂ ᠵᠣᠷᠢᠭᠲᠠᠶ ᠪᠡᠷ ᠢᠯᠡᠴᠢᠯᠡ᠂ ᠠᠵᠢᠯ ᠤᠨ ᠳᠤᠮᠳᠠᠬᠢ ᠠᠯᠳᠠᠭ᠎ᠠ ᠳᠤᠲᠠᠭᠳᠠᠯ ᠂ ᠪᠤᠷᠤᠭᠤ ᠵᠦᠢᠯᠡᠰ ᠢ ᠵᠠᠯᠠᠷᠠᠭᠤᠯᠤᠨ᠎ᠠ ᠃
    
ᠲᠦᠷᠪᠡ ᠨᠠᠮ ᠤᠨ ᠶᠠᠮᠠᠷ ᠴᠤ ᠵᠣᠬᠢᠶᠠᠨ ᠪᠠᠶᠢᠭᠤᠯᠤᠯᠲᠠ ᠪᠠ ᠶᠠᠮᠠᠷᠪᠠ ᠨᠠᠮ ᠤᠨ ᠭᠡᠰᠢᠭᠦᠨ ᠦ ᠰᠠᠬᠢᠯᠭ᠎ᠠ ᠪᠠᠲᠤ  ᠶᠢ ᠵᠥᠷᠢᠴᠡᠵᠦ ᠬᠠᠤᠯᠢ  ᠶᠢ ᠵᠥᠷᠢᠴᠡᠭᠰᠡᠨ ᠪᠣᠳᠠᠲᠤ ᠶᠠᠪᠤᠳᠠᠯ᠂ ᠨᠠᠵᠠᠭᠠᠶ ᠢᠯᠵᠠᠷᠠᠮᠠᠯ ᠦᠵᠡᠭᠳᠡᠯ ᠲᠡᠶ
ᠲᠡᠮᠡᠴᠡᠯ ᠶᠠᠪᠤᠭᠤᠯᠬᠤ ᠬᠡᠷᠡᠭᠲᠡᠶ ᠃
    
ᠲᠠᠪᠤ ᠨᠠᠮ ᠤᠨ ᠵᠣᠬᠢᠶᠠᠨ ᠪᠠᠶᠢᠭᠤᠯᠤᠯᠲᠠ ᠡᠴᠡ ᠥᠷᠨᠢᠭᠦᠯᠦᠭᠰᠡᠨ ᠨᠠᠮ ᠤᠨ ᠤᠳᠤᠷᠢᠳᠬᠤ ᠺᠠᠳ᠋ᠷᠴᠤᠳ ᠤᠨ ᠠᠵᠢᠯᠯᠠᠭ᠎ ᠶᠢ ᠦᠨᠡᠯᠡᠬᠦ ᠬᠦᠳᠡᠯᠭᠡᠭᠡᠨ ᠳᠦ ᠣᠷᠤᠯᠴᠠᠵᠤ᠂ ᠰᠠᠨᠠᠯ ᠳᠤᠷᠠᠳᠤᠨ᠎ᠠ᠃

ᠠᠷᠪᠠᠨ ᠨᠢᠭᠡᠳᠦᠭᠡᠷ ᠵᠦᠢᠯ

ᠨᠠᠮ ᠤᠨ ᠡᠯ᠎ᠡ ᠱᠠᠲᠤᠨ ᠦ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢ ᠨᠢ ᠲᠥᠯᠥᠭᠡᠯᠡᠭᠴᠢᠳ ᠤᠨ ᠶᠡᠬᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ ᠂ ᠨᠠᠮ ᠤᠨ ᠭᠡᠰᠢᠭᠦᠨ ᠦ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠪᠣᠯᠤᠨ ᠨᠠᠮ ᠤᠨ ᠭᠡᠰᠢᠭᠦᠨ ᠦ ᠬᠢᠨᠠᠯᠲᠠ ᠲᠠᠯᠪᠢᠬᠤ ᠡᠷᠬᠡ  ᠶᠢ ᠡᠳ᠋ᠯᠡᠬᠦ ᠡᠴᠡ ᠭᠠᠳᠠᠨ᠎ᠠ ᠂ ᠬᠣᠯᠪᠣᠭᠳᠠᠯ ᠪᠥᠬᠥᠶ ᠲᠣᠭᠲᠠᠭᠠᠯ ᠶᠣᠰᠣᠭᠠᠷ ᠲᠡᠭᠦᠨ ᠦ ᠰᠣᠩᠭᠣᠵᠤ ᠭᠠᠷᠭᠠᠭᠰᠠᠨ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠵᠢᠴᠢ ᠲᠡᠭᠦᠨ ᠦ ᠪᠦᠷᠢᠯᠳᠦᠬᠦᠨ ᠳᠤ ᠬᠢᠨᠠᠯᠲᠠ ᠲᠠᠯᠪᠢᠵᠦ᠂
ᠲᠤᠬᠠᠢ  ᠶᠢᠨ ᠰᠣᠩᠭᠣᠭᠤᠯᠢ ᠶᠢᠨ ᠨᠢᠭᠡᠴᠡ ᠨᠠᠮ ᠤᠨ ᠭᠡᠰᠢᠭᠦᠳ ᠤᠨ ᠰᠠᠨᠠᠯ ᠪᠠ ᠰᠠᠨᠠᠭᠤᠯᠭ᠎ᠠ  ᠶᠢ ᠲᠤᠰᠬᠠᠨ᠎ᠠ᠃

     
ᠭᠤᠷᠪᠠᠳᠤᠭᠠᠷ  ᠪᠥᠯᠦᠭ     ᠬᠢᠨᠠᠯᠲᠠ ᠲᠠᠯᠪᠢᠬᠤ ᠲᠦᠷᠢᠮ

    
ᠨᠢᠭᠡᠳᠦᠭᠡᠷ ᠬᠡᠰᠡᠭ     ᠬᠠᠮᠲᠤ ᠪᠡᠷ ᠤᠳᠤᠷᠢᠳᠬᠤ ᠪᠠ ᠠᠵᠢᠯ ᠬᠤᠪᠢᠶᠠᠨ ᠬᠠᠷᠢᠭᠤᠴᠠᠬᠤ
    
ᠠᠷᠪᠠᠨ ᠬᠣᠶᠠᠳᠤᠭᠠᠷ ᠵᠦᠢᠯ

ᠨᠠᠮ ᠤᠨ ᠡᠯ᠎ᠡ ᠱᠠᠲᠤ ᠬᠣᠷᠢᠶ᠎ᠠ ᠬᠠᠮᠲᠤ ᠪᠡᠷ ᠤᠳᠤᠷᠢᠳᠬᠤ ᠪᠠ ᠬᠤᠪᠢ ᠬᠥᠮᠦᠨ ᠠᠵᠢᠯ ᠬᠤᠪᠢᠶᠠᠨ ᠬᠠᠷᠢᠭᠤᠴᠠᠬᠤ  ᠶᠢ ᠤᠶᠠᠯᠳᠤᠭᠤᠯᠬᠤ ᠲᠦᠷᠢᠮ ᠢ ᠬᠡᠷᠡᠭᠵᠢᠭᠦᠯᠬᠦ ᠬᠡᠷᠡᠭᠲᠡᠶ᠃ ᠴᠢᠭᠯᠡᠯᠲᠡ᠂ ᠲᠥᠷᠦ ᠶᠢᠨ ᠪᠣᠳᠣᠯᠭ᠎ᠠ ᠶᠢᠨ ᠴᠢᠨᠠᠷᠲᠠᠶ ᠶᠡᠬᠡ ᠶᠠᠪᠤᠳᠠᠯ ᠪᠦᠬᠦᠨ᠂ ᠪᠦᠬᠦ ᠲᠠᠯ᠎ᠠ ᠶᠢᠨ ᠴᠢᠨᠠᠷᠲᠠᠶ ᠠᠰᠠᠭᠤᠳᠠᠯ  ᠪᠦᠬᠦᠨ᠂ ᠠᠯᠢᠪᠠ ᠴᠢᠬᠤᠯᠠ ᠺᠠᠳ᠋ᠷ ᠢ ᠲᠠᠨᠢᠯᠴᠠᠭᠤᠯᠵᠤ᠂ ᠲᠣᠮᠢᠯᠠᠬᠤ ᠪᠠᠭᠤᠯᠭᠠᠬᠤ ᠪᠠ ᠱᠠᠩᠨᠠᠬᠤ ᠵᠠᠯᠬᠠᠭᠠᠬᠤ᠂ ᠴᠥᠮ ᠬᠠᠮᠲᠤᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠂ ᠲᠤᠰᠬᠠᠶ ᠶᠠᠷᠢᠯᠴᠠᠬᠤ᠂ ᠬᠤᠷᠠ ᠢᠶᠠᠷ ᠲᠣᠭᠲᠠᠭᠠᠬᠤ ᠵᠠᠷᠴᠢᠮ ᠶᠣᠰᠣᠭᠠᠷ᠂ ᠨᠠᠮ ᠤᠨ ᠬᠣᠷᠢᠶ᠎ᠠ ᠬᠠᠮᠲᠤ ᠪᠡᠷ ᠶᠠᠷᠢᠯᠴᠠᠵᠤ ᠲᠣᠭᠲᠠᠭᠠᠯ ᠭᠠᠷᠭᠠᠬᠤ ᠬᠡᠷᠡᠭᠲᠡᠶ ᠃ ᠨᠠᠮ ᠤᠨ ᠬᠣᠷᠢᠶ᠎ᠠ ᠶᠢᠨ ᠪᠦᠷᠢᠯᠳᠦᠬᠦᠨ ᠨᠢ ᠬᠠᠮᠲᠤ ᠶᠢᠨ ᠲᠣᠭᠲᠠᠭᠠᠯ ᠪᠠ ᠠᠵᠢᠯ ᠤᠨ ᠬᠤᠪᠢᠶᠠᠷᠢᠯᠠᠯᠲᠠ  ᠶᠢ ᠦᠨᠳᠦᠰᠦᠯᠡᠨ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ᠃ ᠡᠭᠦᠨ ᠦ ᠬᠠᠮᠲᠤ ᠂ ᠪᠦᠬᠦ ᠲᠠᠯ᠎ᠠ ᠶᠢᠨ ᠠᠵᠢᠯ ᠳᠤ ᠰᠡᠳᠬᠢᠯ ᠲᠠᠯᠪᠢᠵᠤ᠂ ᠬᠠᠮᠲᠤ ᠪᠡᠷ ᠤᠳᠤᠷᠢᠳᠬᠤ ᠠᠵᠢᠯ ᠳᠤ ᠢᠳᠡᠪᠬᠢᠲᠠᠢ ᠪᠠᠷ ᠣᠷᠣᠯᠴᠠᠬᠤ ᠬᠡᠷᠡᠭᠲᠡᠶ ᠃ ᠨᠠᠮ ᠤᠨ ᠡᠯ᠎ᠡ ᠱᠠᠲᠤᠨ ᠦ ᠤᠳᠤᠷᠢᠳᠬᠤ ᠪᠠᠭ ᠤᠨ ᠭᠣᠣᠯ ᠬᠠᠷᠢᠭᠤᠴᠠᠯᠭᠠᠲᠠᠨ ᠲᠡᠷᠢᠭᠦᠯᠡᠨ ᠠᠷᠠᠳᠴᠢᠯᠠᠯ ᠲᠥᠪᠯᠡᠷᠡᠯ ᠤᠨ ᠶᠣᠰᠣ  ᠶᠢ ᠬᠡᠷᠡᠭᠵᠢᠭᠦᠯᠬᠦ ᠬᠡᠷᠡᠭᠲᠡᠶ ᠂ ᠤᠳᠤᠷᠢᠳᠬᠤ ᠪᠠᠭ ᠤᠨ ᠪᠦᠷᠢᠯᠳᠦᠬᠦᠨ ᠦ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠤ ᠳᠣᠲᠣᠷ᠎ᠠ ᠪᠡᠶ᠎ᠡ ᠪᠠᠨ ᠳᠠᠭᠠᠭᠠᠨ ᠬᠠᠷᠢᠭᠤᠴᠠᠵᠤ ᠠᠵᠢᠯ ᠢᠶᠠᠨ ᠥᠷᠨᠢᠭᠦᠯᠬᠦ  ᠶᠢ ᠳᠡᠮᠵᠢᠬᠦ ᠬᠡᠷᠡᠭᠲᠡᠶ ᠃ ᠤᠳᠤᠷᠢᠳᠬᠤ ᠪᠠᠭ ᠤᠨ ᠪᠦᠷᠢᠯᠳᠦᠬᠦᠨ ᠬᠣᠭᠣᠷᠣᠨᠳᠣ ᠪᠠᠨ ᠬᠠᠷᠢᠯᠴᠠᠨ ᠢᠲᠡᠭᠡᠵᠦ᠂ ᠬᠠᠷᠢᠯᠴᠠᠨ ᠳᠡᠮᠵᠢᠬᠦ᠂ ᠤᠳᠤᠷᠢᠳᠬᠤ ᠪᠠᠭ ᠤᠨ ᠪᠦᠯᠬᠦᠮᠳᠡᠯ ᠢ ᠬᠠᠮᠠᠭᠠᠯᠠᠨ ᠴᠢᠩᠭᠠᠳᠬᠠᠬᠤ ᠬᠡᠷᠡᠭᠲᠡᠶ ᠃
    
ᠠᠷᠪᠠᠨ ᠭᠤᠷᠪᠠᠳᠤᠭᠠᠷ ᠵᠦᠢᠯ

ᠨᠠᠮ ᠤᠨ ᠡᠯ᠎ᠡ ᠱᠠᠲᠤᠨ ᠦ ᠤᠳᠤᠷᠢᠳᠬᠤ ᠪᠠᠭ ᠢ ᠲᠣᠭᠲᠠᠭᠠᠵᠤ ᠂ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ ᠂ ᠬᠡᠷᠡᠭ ᠵᠥᠪᠯᠡᠬᠦ ᠲᠤᠢᠷᠢᠮ᠂ ᠪᠠᠲᠤᠯᠠᠬᠤ ᠰᠢᠶᠳᠪᠦᠷᠢᠲᠦ ᠪᠣᠳᠣᠯᠭ᠎ᠠ ᠨᠢ ᠰᠢᠨᠵᠢᠯᠡᠬᠦ ᠤᠬᠠᠭᠠᠨᠴᠢ ᠂ ᠠᠷᠠᠳᠴᠢᠯᠠᠯ ᠂ ᠬᠡᠷᠡᠭ ᠵᠥᠪᠯᠡᠬᠦ ᠵᠢᠷᠤᠮ ᠶᠣᠰᠣᠭᠠᠷ ᠤᠴᠢᠷ ᠶᠠᠪᠤᠳᠠᠯ ᠢ ᠬᠠᠮᠲᠤ ᠪᠡᠷ ᠶᠠᠷᠢᠯᠴᠠᠨ ᠲᠣᠭᠲᠠᠭᠠᠬᠤ ᠬᠡᠷᠡᠭᠲᠡᠶ᠂ ᠬᠤᠷᠠᠯᠳᠤᠭᠠᠨ ᠦ ᠵᠦᠪᠯᠡᠬᠦ ᠵᠦᠢᠯ ᠳᠤ ᠣᠷᠣᠭᠤᠯᠬᠤ ᠬᠡᠷᠡᠭᠲᠡᠶ ᠃  ᠨᠠᠮ ᠤᠨ ᠡᠯ᠎ᠡ ᠱᠠᠲᠤᠨ ᠦ ᠤᠳᠤᠷᠢᠳᠬᠤ ᠪᠠᠭ ᠤᠨ ᠶᠠᠷᠢᠯᠴᠠᠨ ᠲᠣᠭᠲᠠᠭᠠᠬᠤ ᠶᠠᠪᠤᠳᠠᠯ ᠪᠠᠶᠢᠪᠠᠯ ᠂ ᠰᠠᠨᠠᠯ ᠢᠶᠠᠨ ᠭᠦᠢᠴᠡᠳ ᠢᠯᠡᠳᠬᠡᠵᠦ ᠂ ᠴᠥᠭᠡᠩᠬᠢ ᠬᠥᠮᠦᠰ ᠤᠨ ᠠᠳᠠᠯᠢ ᠪᠤᠰᠤ ᠰᠠᠨᠠᠯ ᠢ ᠬᠢᠨᠠᠮᠠᠭᠠᠶ ᠪᠡᠷ ᠪᠣᠳᠣᠯᠬᠢᠯᠠᠬᠤ ᠬᠡᠷᠡᠭᠲᠡᠶ᠃ ᠡᠯ᠎ᠡ ᠵᠦᠢᠯ ᠤᠨ ᠰᠠᠨᠠᠯ ᠪᠠ ᠭᠣᠣᠯ ᠰᠢᠯᠲᠠᠭᠠᠨ ᠢ ᠦᠨᠡᠨ ᠮᠥᠨ  ᠢᠶᠠᠷ ᠨᠢ  ᠲᠡᠮᠳᠡᠭᠯᠡᠬᠦ ᠬᠡᠷᠡᠭᠲᠡᠶ ᠃ ᠶᠠᠷᠢᠯᠴᠠᠵᠤ᠂ ᠺᠠᠳ᠋ᠷ ᠢ ᠲᠣᠮᠢᠯᠠᠬᠤ ᠪᠠ ᠪᠠᠭᠤᠯᠭᠠᠬᠤ  ᠪᠠᠰᠠ ᠦᠨᠡᠨ ᠮᠥᠨ ᠢᠶᠠᠷ ᠨᠢ ᠲᠡᠮᠳᠡᠭᠯᠡᠵᠦ ᠲᠠᠨᠢᠯᠴᠠᠭᠤᠯᠬᠤ᠂ ᠪᠠᠶᠢᠭᠤᠯᠤᠨ᠎ᠠ᠂ ᠢᠰᠬᠡᠬᠦ᠂ ᠶᠠᠷᠢᠯᠴᠠᠨ ᠲᠣᠭᠲᠠᠭᠠᠭᠰᠠᠨ ᠪᠠᠶᠢᠳᠠᠯ ᠢ ᠵᠢᠭᠠᠵᠤ ᠪᠠᠶᠢᠨ᠎ᠠ ᠃ ᠤᠳᠤᠷᠢᠳᠬᠤ ᠪᠠᠭ ᠤᠨ ᠪᠦᠷᠢᠯᠳᠦᠬᠦᠨ ᠨᠢ ᠬᠤᠪᠢ ᠬᠥᠮᠦᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠺᠠᠳ᠋ᠷ ᠤᠨ ᠵᠢᠱᠢᠭᠳᠡᠭᠰᠡᠳ ᠢ ᠲᠠᠨᠢᠯᠴᠠᠭᠤᠯᠬᠤ ᠂ ᠬᠠᠷᠢᠭᠤᠴᠠᠯᠭ᠎ᠠ ᠲᠠᠶ ᠪᠡᠷ ᠲᠠᠨᠢᠯᠴᠠᠭᠤᠯᠤᠭᠰᠠᠨ ᠮᠠᠲ᠋ᠧᠷᠢᠶᠠᠯ ᠪᠢᠴᠢᠬᠦ ᠪᠥᠭᠡᠳ ᠭᠠᠷ ᠤᠨ ᠦᠰᠦᠭ ᠢᠶᠠᠨ ᠵᠢᠷᠤᠬᠤ ᠬᠡᠷᠡᠭᠲᠡᠶ ᠃   ᠨᠠᠮ ᠤᠨ ᠡᠯ᠎ᠡ ᠱᠠᠲᠤᠨ ᠦ ᠤᠳᠤᠷᠢᠳᠬᠤ ᠪᠠᠭ ᠴᠢᠬᠤᠯᠠ ᠤᠴᠢᠷ ᠶᠠᠪᠤᠳᠠᠯ ᠢ ᠲᠣᠭᠲᠠᠭᠠᠬᠤ᠂ ᠲᠣᠭᠲᠠᠭᠠᠬᠤ ᠳᠤ ᠪᠠᠲᠤᠯᠠᠯᠲᠠ ᠬᠢᠬᠦ ᠬᠡᠷᠡᠭᠲᠡᠶ ᠃ ᠠᠮᠠ ᠪᠡᠷ ᠪᠠᠲᠤᠯᠠᠬᠤ ᠬᠡᠷᠡᠭᠯᠡᠵᠦ ᠂ ᠭᠠᠷ ᠡᠷᠭᠦᠬᠦ᠂ ᠨᠡᠷ᠎ᠡ ᠵᠢᠭᠠᠭᠰᠠᠨ ᠦᠭᠡᠢ ᠪᠤᠶᠤ ᠨᠡᠷ᠎ᠡ ᠪᠠᠨ ᠪᠢᠴᠢᠵᠦ ᠫᠢᠶᠣᠣ ᠥᠭᠬᠦ ᠵᠡᠷᠭᠡ ᠬᠡᠯᠪᠡᠷᠢ ᠶᠢ ᠠᠪᠴᠤ ᠪᠣᠯᠤᠨ᠎ᠠ᠃ ᠲᠠᠰᠤᠯᠤᠯᠲᠠ ᠶᠢ ᠨᠦᠷ᠎ᠡ ᠳ᠋ᠦᠩ ᠪᠣᠯᠤᠨ ᠪᠠᠲᠤᠯᠠᠯᠲᠠ ᠬᠢᠬᠦ ᠠᠷᠭ᠎ᠠ ᠬᠡᠯᠪᠡᠷᠢ ᠪᠣᠯᠭᠠᠨ ᠲᠡᠮᠳᠡᠭᠯᠡᠬᠦ ᠬᠡᠷᠡᠭᠲᠡᠶ ᠃
    
ᠠᠷᠪᠠᠨ ᠳᠥᠷᠪᠡᠳᠦᠭᠡᠷ ᠵᠦᠢᠯ

ᠬᠠᠮᠲᠤ ᠪᠡᠷ ᠶᠠᠷᠢᠯᠴᠠᠵᠤ ᠳᠣᠭᠲᠠᠭᠠᠬᠤ ᠴᠢᠬᠤᠯᠠ ᠲᠠᠢ ᠶᠠᠪᠤᠳᠠᠯ ᠢ ᠬᠠᠷᠢᠨ ᠬᠠᠮᠲᠤ ᠶᠢᠨ ᠵᠥᠪᠳᠡᠯᠭᠡ ᠶᠢ ᠳᠠᠮᠵᠢᠭᠰᠠᠨ ᠦᠭᠡᠶ  ᠪᠣᠰᠣᠳ ᠪᠦᠷᠢᠯᠳᠦᠬᠦᠨ ᠤ ᠰᠠᠨᠠᠯ ᠢ ᠬᠤᠷᠢᠶᠠᠭᠰᠠᠨ ᠦᠭᠡᠢ ᠂ ᠬᠤᠪᠢ ᠬᠥᠮᠦᠨ ᠪᠤᠶᠤ ᠴᠥᠭᠡᠨ ᠲᠣᠭᠠᠨ ᠦ ᠬᠥᠮᠦᠨ ᠳᠣᠭᠲᠠᠭᠠᠭᠰᠠᠨ ᠪᠠᠴᠢᠮ ᠪᠠᠶᠢᠳᠠᠯ ᠢ ᠭᠠᠷᠭᠠᠪᠠᠯ ᠂ ᠠᠳᠠᠯᠢ ᠪᠤᠰᠤ  ᠪᠠᠶᠢᠳᠠᠯ ᠤᠨ ᠭᠣᠣᠯ ᠪᠣᠯᠬᠤ ᠬᠠᠷᠢᠭᠤᠴᠠᠯᠭ᠎ᠠ ᠡᠭᠦᠷᠭᠡᠯᠡᠭᠴᠢ ᠡᠴᠡ ᠬᠠᠷᠢᠭᠤᠴᠠᠯᠭ᠎ᠠ  ᠶᠢ ᠨᠡᠬᠡᠮᠵᠢᠯᠡᠬᠦ ᠬᠡᠷᠡᠭᠲᠡᠶ ᠃  ᠨᠠᠮ ᠤᠨ ᠡᠯ᠎ᠡ ᠱᠠᠲᠤᠨ ᠦ ᠤᠳᠤᠷᠢᠳᠬᠤ ᠪᠠᠭ ᠤᠨ ᠪᠦᠷᠢᠯᠳᠦᠬᠦᠨ ᠨᠢ ᠬᠠᠮᠲᠤ ᠶᠢᠨ ᠲᠣᠭᠲᠠᠭᠠᠯ ᠢ ᠰᠠᠬᠢᠬᠤ ᠦᠭᠡᠢ ᠬᠡᠷᠡᠭᠵᠢᠭᠦᠯᠬᠦ ᠦᠭᠡᠢ ᠂ ᠡᠰᠡᠬᠦᠯ᠎ᠡ ᠬᠠᠮᠲᠤ ᠶᠢᠨ ᠲᠣᠭᠲᠠᠭᠠᠯ ᠬᠢᠭᠡᠳ ᠠᠵᠢᠯ ᠤᠨ ᠬᠤᠪᠢᠶᠠᠷᠢᠯᠠᠯ ᠤᠨ ᠢᠶᠠᠨ ᠶᠣᠰᠣᠭᠠᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠭᠰᠠᠨ ᠦᠭᠡᠢ ᠂ ᠠᠵᠢ ᠳᠠᠭᠠᠨ ᠬᠦᠨᠳᠦ ᠬᠣᠬᠢᠷᠠᠯ ᠤᠴᠠᠷᠠᠭᠤᠯᠤᠭᠰᠠᠨ ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃

    
ᠬᠣᠶᠠᠳᠤᠭᠠᠷ ᠬᠡᠰᠡᠭ   ᠴᠢᠬᠤᠯᠠ ᠪᠠᠶᠢᠳᠠᠯ ᠢ ᠮᠡᠳᠡᠭᠳᠡᠬᠦ ᠪᠠ ᠮᠡᠳᠡᠭᠦᠯᠬᠦ

    
ᠠᠷᠪᠠᠨ ᠲᠠᠪᠤᠳᠤᠭᠠᠷ ᠵᠦᠢᠯ

ᠲᠥᠪ ᠬᠣᠷᠢᠶᠠᠨ ᠦ ᠭᠠᠷᠭᠠᠭᠰᠠᠨ ᠰᠢᠶᠳᠪᠦᠷᠢ ᠂ ᠲᠣᠭᠲᠠᠭᠠᠯ ᠪᠠ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠦ ᠬᠤᠷᠠᠯ ᠤᠨ ᠠᠭᠤᠯᠭ᠎ᠠ᠎ ᠶᠢ ᠬᠡᠷᠡᠭᠴᠡᠭᠡ ᠪᠠᠨ ᠦᠨᠳᠦᠰᠦᠯᠡᠨ ᠵᠣᠬᠢᠬᠤ ᠠᠷᠭ᠎ᠠ ᠬᠡᠯᠪᠡᠷᠢ ᠪᠠᠷ ᠵᠣᠬᠢᠬᠤ ᠬᠡᠪᠴᠢᠶᠡᠨ ᠳᠦ  ᠵᠠᠷᠯᠠᠨ ᠮᠡᠳᠡᠭᠳᠡᠭᠰᠡᠨ ᠪᠤᠶᠤ ᠪᠦᠬᠦ ᠨᠠᠮ ᠳᠤ ᠮᠡᠳᠡᠭᠳᠡᠬᠦ ᠬᠡᠷᠡᠭᠲᠡᠶ ᠃ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠶᠠᠨ ᠦ ᠪᠥᠬᠥᠳᠡ ᠬᠤᠷᠠᠯ ᠤᠨ ᠰᠢᠢᠳᠪᠦᠷᠢ ᠳᠣᠭᠲᠠᠭᠠᠯ ᠢᠡᠩ ᠤᠨ ᠪᠠᠶᠢᠳᠠᠯ ᠳᠣᠣᠷ᠎ᠠ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠳ ᠲᠤ ᠮᠡᠳᠡᠭᠳᠡᠬᠦ ᠶᠢᠨ᠂ ᠪᠣᠳᠠᠲᠤ ᠪᠠᠶᠢᠳᠠᠯ ᠢ ᠦᠨᠳᠦᠰᠦᠯᠡᠨ ᠂ ᠵᠣᠬᠢᠬᠣ ᠬᠡᠯᠪᠡᠷᠢ ᠪᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠢ᠎ᠠ ᠪᠠᠶᠢᠩᠭᠤ ᠶᠢᠨ ᠬᠣᠷᠢᠶ᠎ᠠ᠎ ᠶᠢᠨ ᠠᠭᠤᠯᠭ᠎ᠠ ᠪᠠ ᠲᠤᠰ ᠭᠠᠵᠠᠷ ᠣᠷᠣᠨ ᠤ ᠪᠠᠨ ᠴᠢᠬᠤᠯᠠ ᠪᠠᠶᠢᠳᠠᠯ ᠂ ᠬᠡᠷᠡᠭᠴᠡᠭᠡ ᠪᠠᠨ ᠦᠨᠳᠦᠰᠦᠯᠡᠨ ᠵᠣᠬᠢᠬᠤ ᠠᠷᠭ᠎ᠠ ᠬᠡᠯᠪᠡᠷᠢ ᠪᠠᠷ ᠵᠣᠬᠢᠬᠤ ᠬᠡᠪᠴᠢᠶᠡᠨ ᠳᠦ ᠵᠠᠷᠯᠠᠨ ᠮᠡᠳᠡᠭᠳᠡᠭᠰᠡᠨ ᠪᠤᠶᠤ ᠲᠤᠰ ᠭᠠᠵᠠᠷ ᠣᠷᠣᠨ ᠦ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠳᠤ ᠮᠡᠳᠡᠭᠦᠯᠬᠦ ᠬᠡᠷᠡᠭᠲᠡᠢ ᠃

ᠠᠷᠪᠠᠨ ᠵᠢᠷᠭᠤᠳᠤᠭᠠᠷ ᠵᠦᠢᠯ

ᠨᠠᠮ ᠤᠨ ᠡᠯ᠎ᠡ ᠱᠠᠲᠤ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠨᠢ ᠠᠳᠠᠯᠢ ᠱᠠᠲᠤᠨ ᠦ ᠨᠠᠮ ᠤᠨ
ᠲᠥᠯᠥᠭᠡᠯᠡᠭᠴᠢᠳ ᠤᠨ ᠶᠡᠬᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠬᠡᠷᠡᠭᠴᠡᠭᠡ ᠪᠠᠨ ᠦᠨᠳᠦᠰᠦᠯᠡᠨ ᠬᠣᠯᠪᠣᠭᠳᠠᠯ ᠪᠦᠬᠦᠢ ᠰᠢᠶᠳᠪᠦᠷᠢᠲᠦ ᠪᠤᠳᠤᠯᠭ᠎ᠠ ᠲᠣᠭᠲᠠᠭᠠᠬᠤ ᠂ ᠴᠢᠬᠤᠯᠠ ᠪᠠᠶᠢᠳᠠᠯ ᠢ ᠲᠣᠰ ᠤᠳᠠᠭᠠᠨ ᠦ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢᠳ ᠲᠤ ᠮᠡᠳᠡᠭᠳᠡᠬᠦ ᠬᠡᠷᠡᠭᠲᠡᠶ ᠃

ᠠᠷᠪᠠᠨ ᠳᠣᠯᠣᠳᠤᠭᠠᠷ ᠵᠦᠢᠯ

ᠨᠠᠮ ᠤᠨ ᠵᠣᠬᠢᠶᠠᠨ ᠪᠠᠶᠢᠭᠤᠯᠤᠯᠲᠠ ᠨᠢ ᠲᠤᠰ ᠭᠠᠵᠠᠷ ᠣᠷᠣᠨ ᠤ ᠪᠠᠨ  ᠲᠤᠰ ᠰᠢᠰᠲ᠋ᠧᠮ᠂ ᠲᠤᠰ ᠨᠢᠭᠡ ᠶᠢᠨ ᠪᠦᠬᠦ ᠲᠠᠯ᠎ᠠ ᠳᠤ ᠬᠣᠯᠪᠣᠭᠳᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠪᠠᠶᠢᠳᠠᠯ ᠵᠢᠴᠢ ᠴᠢᠬᠤᠯᠠ ᠶᠡᠬᠡ ᠠᠰᠠᠭᠤᠳᠠᠯ᠂ ᠲᠣᠭᠲᠠᠭᠠᠭᠰᠠᠨ ᠴᠠᠭ ᠤᠨ ᠬᠢᠵᠠᠭᠠᠷ ᠪᠠ ᠵᠢᠷᠤᠮ ᠶᠣᠰᠣᠭᠠᠷ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠳᠤ ᠮᠡᠳᠡᠭᠦᠯᠬᠦ ᠪᠤᠶᠤ ᠵᠢᠭᠠᠪᠤᠷᠢ ᠠᠪᠬᠤ ᠬᠡᠷᠡᠭᠲᠡᠶ ᠃ ᠡᠭᠦᠨ ᠤ ᠬᠠᠮᠲᠤ ᠤᠷᠤᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠢ᠎ᠠ ᠨᠢ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠪᠠᠨ ᠪᠦᠬᠦ ᠲᠠᠯ᠎ᠠ  ᠢᠶᠠᠷ ᠶᠡᠷᠦᠩᠬᠡᠢᠯᠡᠨ ᠡᠵᠡᠮᠳᠡᠵᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠦᠢᠯᠡᠳᠦᠯ ᠢ ᠳᠡᠮᠵᠢᠵᠦ ᠂ ᠵᠠᠰᠠᠭ ᠤᠨ ᠣᠷᠳᠣᠨ ᠪᠠ ᠬᠣᠯᠪᠣᠭᠳᠠᠯ ᠪᠦᠬᠦᠢ ᠲᠠᠯ᠎ᠠ ᠶᠢᠨ ᠬᠢᠨ ᠦ ᠪᠡᠶ᠎ᠡ ᠪᠠᠨ ᠳᠠᠭᠠᠭᠠᠵᠤ  ᠬᠠᠷᠢᠭᠤᠴᠠᠯᠭ᠎ᠠ ᠲᠠᠢ ᠪᠡᠷ ᠬᠣᠯᠪᠣᠭᠳᠠᠯ ᠪᠦᠬᠦᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ᠃ ᠨᠢᠭᠤᠵᠤ ᠳᠠᠷᠤᠭᠠᠳ ᠮᠡᠳᠡᠭᠦᠯᠬᠦ ᠦᠭᠡᠢ᠂ ᠦᠨᠡᠨ ᠮᠥᠨ ᠢᠶᠠᠷ ᠨᠢ ᠮᠡᠳᠡᠭᠦᠯᠬᠦ ᠦᠭᠡᠢ ᠂ ᠦᠨᠡᠨ ᠮᠥᠨ ᠢᠶᠠᠷ ᠨᠢ ᠮᠡᠳᠡᠭᠦᠯᠬᠦ  ᠶᠢ ᠬᠠᠷᠰᠢᠯᠠᠵᠤ ᠰᠠᠭᠠᠲᠠᠭᠠᠬᠤ᠂  ᠴᠠᠭ ᠲᠤᠬᠠᠢ ᠳᠦ ᠨᠢ ᠮᠡᠳᠡᠭᠦᠯᠬᠦ ᠦᠭᠡᠢ ᠭᠤᠶᠤᠴᠢᠯᠠᠬᠤ ᠶᠢ ᠬᠣᠯᠪᠣᠭᠳᠠᠯ ᠪᠦᠬᠦᠢ ᠬᠠᠷᠢᠭᠤᠴᠠᠯᠭᠠᠲᠠᠨ ᠡᠴᠡ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃ ᠳᠣᠣᠷ᠎ᠠ ᠱᠠᠲᠤᠨ ᠦ ᠵᠢᠭᠠᠪᠤᠷ ᠶᠢ ᠴᠠᠭ ᠲᠤᠬ ᠳᠦ ᠨᠢ ᠬᠠᠷᠢᠭᠤᠯᠲᠠ ᠥᠭᠭᠦ ᠦᠭᠡᠢ᠂ ᠴᠤᠬᠤᠯᠪᠤᠷᠢ ᠬᠢᠬᠦ ᠦᠭᠡᠢ᠂ ᠳᠣᠣᠷ᠎ᠠ ᠱᠠᠲᠤᠨ ᠦ ᠮᠡᠳᠡᠭᠦᠯᠦᠯᠲᠡ ᠳᠤ ᠲᠤᠰᠬᠠᠭᠰᠠᠨ ᠠᠰᠠᠭᠤᠳᠠᠯ ᠢ ᠡᠭᠦᠷᠭᠡ ᠬᠠᠷᠢᠭᠤᠴᠠᠯᠭ᠎ᠠ ᠶᠢᠨ ᠢᠶᠠᠨ  ᠬᠡᠪᠴᠢᠶᠡᠨ ᠳᠣᠲᠣᠷ᠎ᠠ ᠴᠠᠭ ᠲᠤᠬᠠᠶ ᠳᠦ ᠨᠢ ᠰᠢᠶᠳᠪᠦᠷᠢᠯᠡᠬᠦ ᠦᠭᠡᠢ ᠂ ᠬᠦᠨᠳᠦ ᠨᠣᠴᠢᠲᠠᠶ ᠤᠷᠰᠢᠭ ᠲᠠᠲᠠᠭᠰᠠᠨ ᠪᠣᠯ᠂ ᠬᠣᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ ᠃

ᠠᠷᠪᠠᠨ ᠨᠠᠢᠮᠠᠳᠤᠭᠠᠷ ᠵᠦᠢᠯ

ᠡᠯ᠎ᠡ ᠱᠠᠲᠤᠨ ᠦ ᠨᠠᠮ ᠤᠨ ᠭᠡᠰᠢᠭᠦᠨ ᠤᠳᠤᠷᠢᠳᠬᠤ ᠺᠠᠳ᠋ᠷ ᠨᠠᠮ ᠤᠨ ᠵᠣᠬᠢᠶᠠᠨ ᠪᠠᠶᠢᠭᠤᠯᠤᠯᠲᠠ ᠳᠤ ᠦᠨᠡᠨ ᠮᠥᠨ  ᠢᠶᠠᠷ ᠨᠢ ᠮᠡᠳᠡᠭᠦᠯᠵᠦ ᠂ ᠴᠢᠬᠤᠯᠠ ᠶᠡᠬᠡ ᠵᠦᠢᠯᠡᠰ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠃ ᠬᠤᠪᠢ ᠬᠥᠮᠦᠨ ᠦ ᠴᠢᠬᠤᠯᠠ ᠶᠡᠬᠡ ᠵᠦᠶᠯᠡᠰ ᠤᠨ ᠪᠣᠳᠠᠲᠠᠶ ᠠᠭᠤᠯᠭ᠎ᠠ ᠂ᠠᠩᠭᠢᠳᠠ  ᠳᠣᠭᠲᠠᠭᠠᠨ᠎ᠠ᠃


    
ᠭᠤᠷᠪᠠᠳᠤᠭᠠᠷ ᠬᠡᠰᠡᠭ   ᠲᠤᠰᠢᠶᠠᠯ ᠤᠨ ᠮᠡᠳᠡᠭᠦᠯᠦᠯᠲᠡ ᠠᠷᠢᠭᠤᠨ ᠴᠢᠬᠡᠴᠢ ᠶᠢᠨ ᠮᠡᠳᠡᠭᠦᠯᠦᠯᠲᠡ

ᠠᠷᠪᠠ ᠶᠢᠰᠦᠳᠦᠭᠡᠷ ᠵᠦᠢᠯ   ᠲᠥᠪ ᠬᠣᠷᠢᠶᠠᠨ ᠦᠤᠯᠤᠰ ᠲᠦᠷᠦ ᠶᠢᠨ ᠲᠣᠪᠴᠢᠶ᠎ᠠ ᠨᠢ ᠲᠥᠪ ᠬᠣᠷᠢᠶᠠᠨ ᠦᠪᠥᠬᠥᠳᠡ ᠬᠤᠷᠠᠯ ᠳᠤᠠᠵᠢᠯ ᠢᠶᠠᠨ ᠮᠡᠳᠡᠭᠦᠯᠬᠦ ᠬᠡᠷᠡᠭᠲᠡᠶ ᠃ ᠲᠥᠪ ᠤᠨ ᠰᠠᠬᠢᠯᠭ᠎ᠠ ᠪᠠᠲᠤ  ᠪᠠᠶᠢᠭᠤᠯᠤᠨ᠎ᠠ ᠬᠣᠷᠢᠶᠠᠨ ᠦ ᠪᠠᠶᠢᠩᠭᠤ ᠶᠢᠨ ᠬᠣᠷᠢᠶ᠎ᠠ᠎ ᠡᠴᠡ   ᠲᠥᠪ ᠦᠨ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦᠪᠥᠬᠥᠳᠡ ᠬᠤᠷᠠᠯᠳᠤᠭᠠᠨ ᠳᠤ ᠠᠵᠢᠯ ᠢᠶᠠᠨ ᠮᠡᠳᠡᠭᠦᠯᠦᠨ᠎ᠡ ᠃ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠢ᠎ᠠ ᠪᠠᠶᠢᠩᠭᠤ ᠶᠢᠨ ᠬᠣᠷᠢᠢ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶᠠᠨ ᠤᠪᠥᠬᠥᠳᠡ ᠬᠤᠷᠠᠯ ᠢ ᠵᠢᠯ ᠳᠤᠨᠢᠭᠡ ᠤᠳᠠᠭ᠎ᠠ ᠠᠵᠢᠯ ᠢᠶᠠᠨ ᠮᠡᠳᠡᠭᠦᠯᠵᠦ ᠪᠣᠯᠤᠨ᠎ᠠ ᠃ ᠪᠠᠶᠢᠩᠭᠤ ᠶᠢᠨ ᠬᠣᠷᠢᠶ᠎ᠠ ᠪᠠᠶᠢᠭᠤᠯᠤᠭᠰᠠᠨ ᠦᠨᠳᠦᠰᠦᠨ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨᠨᠠᠮ ᠤᠨ ᠬᠣᠷᠢᠶᠠᠨ ᠦ ᠪᠠᠶᠢᠩᠭᠤ ᠶᠢᠨᠬᠣᠷᠢᠢ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠠᠶᠢᠩᠭᠤ ᠶᠢᠨ ᠬᠣᠷᠢᠶ᠎ᠠ ᠲᠤᠰ  ᠬᠣᠷᠢᠶᠠᠨ ᠤᠪᠥᠬᠥᠳᠡ ᠬᠤᠷᠠᠯ ᠢ ᠵᠢᠯ ᠳᠤᠨᠢᠭᠡ ᠤᠳᠠᠭ᠎ᠠ ᠠᠵᠢᠯ ᠢᠶᠠᠨ ᠮᠡᠳᠡᠭᠦᠯᠵᠦ ᠪᠣᠯᠤᠨ᠎ᠠ ᠃

ᠬᠣᠷᠢᠳᠤᠭᠠᠷ ᠵᠦᠢᠯ   ᠲᠥᠪ ᠤᠨ ᠡᠯ᠎ᠡ ᠰᠠᠯᠠᠭ᠎ᠠ ᠮᠥᠴᠢᠷ ᠂ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ  ᠠᠳᠠᠯᠢ ᠳᠡᠰ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠣᠷᠢᠶ᠎ᠠ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠ ᠪᠠ ᠨᠠᠮ ᠤᠨ ᠬᠣᠷᠢᠶᠠᠨ ᠦ ᠠᠵᠢᠯ ᠤᠨ ᠰᠠᠯᠠᠭ᠎ᠠ ᠮᠥᠴᠢᠷ ᠰᠢᠭᠤᠳ ᠬᠠᠷᠢᠶ᠎ᠠ ᠪᠠᠶᠢᠭᠤᠯᠤᠮᠵᠢ᠂ᠲᠣᠮᠢᠯᠠᠭᠰᠠᠨ ᠪᠠᠶᠢᠭᠤᠯᠭ᠎ᠠ ᠵᠢᠴᠢ ᠡᠨ ᠠᠳᠠᠯᠢ  ᠳᠡᠰ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠣᠷᠢᠶ᠎ᠠ  ᠤᠨ ᠤᠳᠤᠷᠢᠳᠬᠤ ᠪᠠᠭ ᠤᠨᠪᠦᠷᠢᠯᠳᠦᠬᠦᠨ ᠂ ᠲᠤᠰ ᠲᠤᠰ ᠬᠤᠭᠤᠴᠠᠭᠠᠨ ᠳᠤᠮᠳᠠ ᠪᠠ ᠲᠤᠰᠢᠶᠠᠯ ᠤᠨᠬᠤᠭᠤᠴᠠᠭ᠎ ᠲᠡᠭᠦᠰᠬᠦ ᠡᠴᠡ ᠡᠮᠦᠨ᠎ᠡ ᠨᠢᠭᠡ ᠵᠢᠯ ᠳᠦ ᠳᠣᠭᠲᠠᠭᠰᠠᠨ ᠬᠡᠪᠴᠢᠶᠡᠨ ᠳᠦ ᠨᠢᠭᠡ ᠤᠳᠠᠭ᠎ᠠ ᠲᠤᠰᠢᠶᠠᠯ ᠤᠨᠮᠡᠳᠡᠭᠦᠯᠦᠯᠲᠡ ᠪᠠ ᠠᠷᠢᠭᠤᠨ ᠴᠢᠬᠡᠴᠢ ᠶᠢᠨᠮᠡᠳᠡᠭᠦᠯᠦᠯᠲᠡ ᠬᠢᠬᠦ ᠬᠡᠷᠡᠭᠲᠡᠶ ᠃ ᠦᠨᠳᠦᠰᠦᠨ ᠱᠠᠲᠤᠨ ᠦ ᠨᠠᠮ ᠤᠨ ᠬᠣᠷᠢᠶ᠎ᠠ᠂ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠂ ᠨᠠᠮ ᠤᠨ ᠶᠡᠷᠦᠩᠬᠡᠶ ᠡᠭᠦᠷ᠂ ᠨᠠᠮ ᠤᠨ ᠡᠭᠦᠷ ᠤᠨ ᠬᠠᠷᠢᠭᠤᠴᠠᠯᠭᠠᠲᠠᠨ ᠂ ᠵᠢᠯ ᠪᠦᠷᠢ ᠲᠣᠭᠲᠠᠭᠰᠠᠨ ᠬᠦᠷᠢᠶ ᠬᠡᠪᠴᠢᠶᠡᠨ ᠳᠦ ᠨᠢᠭᠡ ᠤᠳᠠᠭ᠎ᠠ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ ᠬᠡᠷᠡᠭᠲᠡᠶ ᠃ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ ᠦᠶ᠎ᠡ ᠳᠤ ᠤᠯᠠᠨ ᠲᠦᠮᠡᠨ ᠦ  ᠲᠥᠯᠦᠭᠡᠯᠡᠭᠴᠢ ᠶᠢ ᠤᠷᠢᠵᠤ ᠬᠤᠷᠠᠯ ᠳᠤ ᠣᠷᠤᠯᠴᠠᠭᠤᠯᠵᠤ ᠪᠣᠯᠣᠨ᠎ᠠ᠃ ᠬᠤᠭᠤᠴᠠᠭᠠᠨ ᠳᠤᠮᠳᠠ ᠪᠠ ᠲᠤᠰᠢᠶᠠᠯ ᠤᠨ ᠬᠤᠭᠤᠴᠠᠭᠠᠨ ᠠᠴᠠ ᠡᠮᠦᠨᠡᠬᠢ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ  ᠬᠢᠭᠰᠡᠨ ᠦ ᠳᠠᠷᠠᠭ᠎ᠠ ᠂ ᠳᠡᠭᠡᠷ᠎ᠡ ᠨᠢᠭᠡ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠨᠢ ᠲᠤᠰ ᠵᠢᠯ ᠤᠨ ᠬᠢᠨᠠᠨ ᠪᠠᠢᠴᠠᠭᠠᠭᠰᠠᠨ ᠲᠠᠢ ᠤᠶᠠᠯᠳᠤᠭᠤᠯᠤᠨ ᠠᠷᠠᠳᠴᠢᠯᠠ ᠢᠶᠡᠷ ᠦᠨᠡᠯᠡᠬᠦ ᠪᠤᠶᠤ  ᠠᠷᠠᠳᠴᠢᠯᠠᠯ ᠢᠶᠠᠷᠶᠠᠷ ᠰᠢᠯᠭᠠᠨ ᠲᠣᠭᠲᠠᠭᠠᠯᠲᠠ ᠬᠢᠬ ᠶᠢᠵᠣᠬᠢᠶᠠ ᠵᠣᠬᠢᠶᠠᠨ ᠪᠠᠢᠭᠤᠯᠬᠤ ᠬᠡᠷᠡᠭᠲᠡᠢ᠃

ᠳᠥᠷᠪᠡᠳᠦᠭᠡᠷ ᠬᠡᠰᠡᠭ ᠠᠷᠠᠳᠴᠢᠯᠠᠭᠰᠠᠨ ᠠᠮᠢᠳᠤᠷᠠᠯ ᠤᠨ ᠬᠤᠷᠠᠯ

ᠬᠣᠷᠢᠨ ᠨᠢᠭᠡᠳᠦᠭᠡᠷ ᠵᠦᠢᠯ   ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠦᠷᠢᠮ ᠢ  ᠪᠠᠷᠠᠮᠲᠠᠯᠠᠨ ᠲᠡᠭᠦᠯᠳᠡᠷᠵᠢᠭᠦᠯᠵᠦ᠂ ᠲᠣᠭᠲᠠᠭᠠᠯ ᠶᠣᠰᠣᠭᠠᠷ ᠠᠷᠠᠳᠴᠢᠯᠠᠭᠰᠠᠨ ᠠᠮᠢᠳᠤᠷᠠᠯ ᠤᠨ ᠬᠤᠷᠠᠯ  ᠢ ᠰᠠᠶᠢᠲᠤᠷ ᠬᠢᠬᠦ ᠬᠡᠷᠡᠭᠲᠡᠢ ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠳᠠᠮᠵᠢᠨ᠂ ᠦᠵᠡᠯ ᠰᠠᠨᠠᠭ᠎ᠠ ᠪᠠᠨ ᠨᠢᠭᠡᠳᠬᠡᠬᠦ᠂ᠠᠵᠢᠯ ᠤᠨ ᠰᠤᠷᠲᠠᠯ ᠢᠶᠠᠨ ᠬᠠᠯᠠᠨ ᠰᠠᠶᠢᠵᠢᠷᠠᠭᠤᠯᠬᠤ ᠂ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠬᠤ ᠂ ᠪᠦᠯᠬᠦᠮᠳᠡᠯ ᠢ ᠴᠢᠩᠭᠠᠳᠬᠠᠵᠤ ᠂ ᠥᠪᠡᠷ ᠤᠨ ᠬᠦᠴᠦ ᠳᠤ ᠪᠠᠨ ᠲᠦᠰᠢᠭᠯᠡᠨ ᠠᠰᠠᠭᠤᠳᠠᠯ ᠪᠠ ᠵᠥᠷᠢᠴᠡᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠃ ᠰᠢᠶᠠᠨ ᠦ ᠱᠠᠲᠤᠨ  ᠠᠴᠠ ᠳᠡᠭᠡᠭᠰᠢᠬᠢ ᠨᠠᠮ ᠪᠠ ᠲᠦᠷᠤ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠲᠣᠭᠲᠠᠭᠠᠯ ᠶᠣᠰᠣᠭᠠᠷ ᠳᠠᠪᠬᠤᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠤᠯᠴᠠᠬᠤ ᠬᠡᠷᠡᠭᠲᠡᠶ ᠃

ᠬᠣᠷᠢᠨ ᠬᠣᠶᠠᠳᠤᠭᠠᠷ ᠵᠦᠢᠯ   ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠣᠣᠯ ᠰᠡᠳᠦᠪ  ᠢ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠨᠠᠮᠴᠢ ᠴᠢᠨᠠᠷ ᠨᠠᠮ ᠤᠨ ᠰᠤᠷᠲᠠᠯ ᠤᠨ ᠲᠠᠯ᠎ᠠ ᠪᠡᠷ ᠣᠷᠣᠰᠢᠵᠤ ᠪᠠᠶᠢᠭ᠎ᠠ ᠲᠤᠪᠦ᠋ᠢᠮ᠎ᠠ ᠠᠰᠠᠭᠤᠳᠠᠯ ᠳᠦ ᠴᠢᠭᠯᠡᠭᠦᠯᠦᠨ ᠲᠣᠭᠲᠠᠭᠠᠨ᠎ᠠ ᠃ ᠤᠳᠤᠷᠢᠳᠬᠤ ᠪᠠᠭ ᠤᠨ ᠪᠦᠷᠢᠯᠳᠦᠬᠦᠨ ᠨᠢ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷ᠎ᠡ ᠂ ᠲᠤᠰ ᠪᠡᠶ᠎ᠡ ᠶᠢᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠠᠯ᠎ᠠ ᠪᠡᠷ ᠣᠷᠣᠰᠢᠵᠤ ᠪᠠᠶᠢᠭ᠎ᠠ ᠠᠰᠠᠭᠤᠳᠠᠯ ᠵᠢᠴᠢ ᠨᠠᠮ ᠤᠨ ᠭᠡᠰᠢᠭᠦᠨ ᠂ ᠤᠯᠠᠨ ᠲᠦᠮᠡᠨ᠂ ᠤᠳᠤᠷᠢᠳᠬᠤ ᠪᠠᠭ ᠤᠨᠪᠤᠰᠤᠳ ᠪᠦᠷᠢᠯᠳᠦᠬᠦᠨ ᠪᠣᠯᠤᠨ ᠳᠣᠣᠷ᠎ᠠ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠳᠦ ᠴᠢᠭᠯᠡᠭᠦᠯᠦᠨ ᠬᠠᠷᠢᠭᠤᠴᠠᠯᠭ᠎ᠠ ᠲᠠᠢ ᠪᠠᠷ ᠪᠠᠶᠢᠴᠠᠭᠠᠯᠲᠠ ᠪᠤᠶᠤ   ᠲᠣᠳᠣᠷᠬᠠᠢᠯᠲᠠ ᠬᠢᠵᠦ ᠂ ᠢᠳᠡᠪᠬᠢᠲᠡᠶ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠬᠦ ᠬᠡᠷᠡᠭᠲᠡᠶ ᠃ ᠤᠳᠤᠷᠢᠳᠬᠤ ᠪᠠᠭ ᠤᠨ ᠭᠣᠣᠯ ᠬᠠᠷᠢᠭᠤᠴᠠᠯᠭᠠᠲᠠᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤ ᠶᠢ ᠬᠠᠷᠢᠭᠤᠴᠠᠵᠤ ᠂ ᠤᠳᠤᠷᠢᠳᠬᠤ ᠪᠠᠭ ᠢ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ  ᠶᠢ ᠲᠣᠭᠲᠠᠭᠠᠨ ᠨᠠᠶᠢᠳᠠᠪᠤᠷᠢᠵᠢᠭᠤᠯᠵᠤ ᠂ ᠤᠳᠤᠷᠢᠳᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠃

ᠬᠣᠷᠢᠨ ᠭᠤᠷᠪᠠᠳᠤᠭᠠᠷ ᠵᠦᠢᠯ   ᠨᠠᠮ ᠤᠨ ᠬᠡᠰᠢᠭᠦᠨ ᠂ ᠤᠯᠠᠨ ᠲᠦᠮᠡᠨ ᠪᠣᠯᠤᠨ ᠳᠣᠣᠷ᠎ᠠ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠦ ᠪᠦᠷᠢᠯᠳᠦᠬᠦᠨ ᠪ ᠰᠠᠨᠠᠯ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠦᠨ ᠪᠠᠶᠢᠳᠠᠯ ᠪᠠ ᠴᠡᠭᠴᠡᠯᠡᠨ ᠰᠠᠶᠢᠵᠢᠷᠠᠭᠤᠯᠬᠤ  ᠠᠷᠭ᠎ᠠ᠎ ᠬᠡᠮᠵᠢᠶ᠎ᠡ᠎ ᠶᠢ ᠂ ᠲᠣᠭᠲᠠᠭᠠᠯ ᠶᠣᠰᠣᠭᠠᠷ ᠦᠨᠡᠨ ᠮᠥᠨ  ᠢᠶᠠᠷ ᠨᠢ ᠳᠡᠭᠡᠭᠰᠢ ᠮᠡᠳᠡᠭᠦᠯᠬᠦ ᠪᠥᠭᠡᠳ  ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠪᠠᠶᠢᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠶᠢᠴᠠᠭ ᠲᠤᠬᠠᠶ ᠳᠤᠨᠢ ᠵᠣᠬᠢᠬ ᠬᠡᠪᠴᠢᠶᠡᠨ ᠳᠦ ᠵᠠᠷᠯᠠᠨ ᠮᠡᠳᠡᠭᠳᠡᠬᠦ ᠬᠡᠷᠡᠭᠲᠡᠢ᠃ ᠨᠠᠮ ᠤᠨ ᠭᠡᠰᠢᠭ ᠲᠤᠰ ᠬᠥᠮᠦᠨ ᠳᠤᠷᠠᠳᠤᠭᠰᠠᠨ ᠰᠠᠨᠠᠯ ᠪᠠ ᠰᠠᠨᠠᠭᠤᠯᠭ᠎ᠠ  ᠶᠢ ᠰᠢᠶᠳᠪᠦᠷᠢᠯᠡᠭᠰᠡᠨ ᠦᠷ᠎ᠡ ᠳ᠋ᠦᠩ ᠢ ᠣᠶᠢᠯᠠᠭᠠᠵᠦ ᠮᠡᠳᠡᠬᠦ ᠡᠷᠬᠡ  ᠲᠠᠢ᠃

ᠬᠣᠷᠢᠨ ᠳᠥᠷᠪᠡᠳᠦᠭᠡᠷ ᠵᠦᠢᠯ   ᠳᠡᠭᠡᠷ᠎ᠡ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠨᠢ ᠲᠤᠤᠷᠠᠳᠤ ᠱᠠᠲᠤᠨ ᠦ ᠤᠳᠤᠷᠢᠳᠬᠤ ᠪᠠᠭ ᠤᠨᠠᠷᠠᠳᠴᠢᠯᠠᠭᠰᠠᠨ ᠠᠮᠢᠳᠤᠷᠠᠯ ᠤᠨ ᠬᠤᠷᠠᠯ ᠳᠠᠬᠢ ᠵᠢᠯᠤᠭᠤᠳᠤᠯᠭ᠎ᠠ ᠬᠢᠨᠠᠯᠲᠠ ᠪᠠᠨ ᠴᠢᠩᠭᠠᠳᠬᠠᠬᠤ ᠬᠡᠷᠡᠭᠲᠡᠶ ᠃ ᠳᠣᠣᠷᠠᠳᠤ ᠱᠠᠲᠤᠨ ᠦ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠣᠣᠯ ᠰᠡᠳᠦᠪ ᠨᠢ ᠱᠠᠭᠠᠷᠳᠠᠯᠭ᠎ᠠ ᠳᠤᠨᠡᠶᠢᠴᠡᠬᠦ ᠦᠭᠡᠢ ᠪᠠᠶᠢᠪᠠᠯ ᠂ ᠲᠣᠳᠣᠷᠬᠠᠶ ᠰᠠᠨᠠᠯ ᠳᠤᠷᠠᠳᠤᠨ ᠂ ᠴᠢᠬᠤᠯᠠ ᠲᠠᠢ ᠦᠶ᠎ᠡ ᠳᠤᠰᠢᠭᠤᠳ ᠲᠣᠭᠲᠠᠭᠠᠨ᠎ᠠ ᠃  ᠲᠤᠤᠷᠠᠳᠤ ᠱᠠᠲᠤᠨ ᠦ ᠤᠳᠤᠷᠢᠳᠬᠤ ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ  ᠢ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠦᠭᠡᠢ ᠭᠡᠵᠦ ᠦᠵᠡᠪᠡᠯ᠂ ᠵᠠᠷᠯᠢᠭᠳᠠᠵᠤ ᠪᠠᠶᠢᠭᠠᠳ ᠳᠠᠬᠢᠨ ᠰᠢᠨ᠎ᠡ ᠪᠠᠷ ᠬᠤᠷᠠᠯᠳᠤᠵᠤ ᠪᠣᠯᠣᠨ᠎ᠠ᠃ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠲᠥᠪ ᠤᠨ ᠰᠢᠭᠤᠳ ᠬᠠᠷᠢᠶ᠎ᠠ ᠪᠠᠶᠢᠭᠤᠯᠤᠯᠭ᠎ᠠ  ᠶᠢᠨ ᠨᠠᠮ ᠤᠨ ᠠᠵᠢᠯᠯᠠᠬᠤ ᠬᠣᠷᠢᠶ᠎ᠠ ᠂ ᠲᠥᠪ ᠤᠨ ᠳᠦᠷᠤ ᠶᠢᠨ ᠪᠠᠶᠢᠭᠤᠯᠭ᠎ᠠ ᠶᠢᠨ ᠠᠵᠢᠯᠯᠠᠬᠤ ᠬᠣᠷᠢᠶᠠᠨ ᠦ ᠤᠳᠤᠷᠢᠳᠬᠤ ᠪᠠᠭ ᠤᠨ ᠪᠦᠷᠢᠯᠳᠦᠬᠦᠨ ᠂ ᠭᠠᠳᠠᠨ᠎ᠠ ᠪᠠᠶᠢᠭ᠎ᠠ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠬᠤ   ᠶᠢ ᠭᠠᠷᠭᠠᠪᠠᠯ ᠂ ᠬᠥᠮᠦᠨ ᠪᠦᠷᠢ ᠳᠤ ᠵᠢᠯ ᠪᠦᠷᠢ ᠨᠢᠭᠡ ᠠᠴᠠ ᠳᠡᠭᠡᠭᠰᠢ ᠣᠷᠣᠯᠴᠠᠭᠰᠠᠨ ᠮᠤᠵᠢ ᠶᠠᠮᠤᠨ ᠦ ᠳᠡᠰ ᠤᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ ᠪᠠᠶᠢᠳᠠᠯ ᠢ ᠣᠢᠯᠠᠭᠠᠨ᠎ᠠ ᠃ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠ ᠪᠠ ᠨᠠᠮ ᠤᠨ ᠬᠣᠷᠢᠶᠠᠨ ᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠤᠳᠤᠷᠢᠳᠬᠤ
ᠪᠠᠭ ᠤᠨ ᠪᠦᠷᠢᠯᠳᠦᠬᠦᠨ ᠂ ᠭᠠᠳᠠᠨ᠎ᠠ ᠪᠠᠶᠢᠭ᠎ᠠ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠬᠤ  ᠶᠢᠭᠠᠷᠭᠠᠪᠠᠯ ᠂ ᠬᠥᠮᠦᠨ ᠨᠢᠭᠡᠪᠦᠷᠢ ᠵᠢᠯ ᠳᠤ ᠨᠢᠭᠡ ᠡᠴᠡ ᠳᠡᠭᠡᠭᠰᠢ ᠣᠷᠣᠯᠴᠠᠬᠤ ᠬᠡᠷᠡᠭᠲᠡᠶ ᠂  ᠳᠣᠣᠷ᠎ᠠ ᠨᠢᠭᠡ ᠱᠠᠲᠤᠨ ᠦ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ ᠪᠠᠶᠢᠳᠠᠯ ᠢ ᠣᠢᠯᠠᠭᠠᠨ᠎ᠠ ᠃

ᠲᠠᠪᠤᠳᠤᠭᠠᠷ ᠬᠡᠰᠡᠭ   ᠵᠠᠬᠢᠳᠠᠯ ᠰᠤᠷᠪᠤᠯᠵᠢᠯᠠᠭ᠎ᠠ  ᠶᠢ ᠰᠢᠶᠳᠪᠦᠷᠢᠯᠡᠬᠦ

ᠬᠣᠷᠢᠨ ᠲᠠᠪᠤᠳᠤᠭᠠᠷ ᠵᠦᠢᠯ   ᠡᠯ᠎ᠡ ᠱᠠᠲᠤᠨ ᠦ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠨᠢ ᠳᠤᠤᠷᠠᠳᠤ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ ᠺᠠᠳ᠋ᠷᠴᠤᠳ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠂ ᠴᠠᠭ  ᠲᠤᠬᠠᠢ ᠳᠦ ᠨᠢ ᠰᠤᠳᠤᠯᠵᠤ ᠂ ᠵᠠᠬᠢᠳᠠᠯ ᠰᠤᠷᠪᠤᠯᠵᠢᠯᠠᠭ᠎ᠠ ᠳᠤ ᠳᠤᠷᠠᠳᠤᠨ ᠭᠠᠷᠭᠠᠭᠰᠠᠨ ᠴᠢᠬᠤᠯᠠ ᠠᠰᠠᠭᠤᠳᠠᠯ ᠢ ᠵᠠᠬᠢᠳᠠᠯ ᠰᠤᠷᠪᠤᠯᠵᠢᠯᠠᠭ᠎ᠠ ᠪᠡᠷ ᠳᠡᠮᠵᠢᠵᠦ ᠰᠢᠶᠳᠪᠦᠷᠢᠯᠡᠬᠦ ᠬᠡᠷᠡᠭᠲᠡᠢ᠃ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠶᠳᠪᠦᠷᠢᠯᠡᠭᠰᠡᠨ ᠪᠠᠶᠢᠪᠠᠯ ᠂ ᠰᠢᠮᠳᠠᠭᠤᠯᠤᠨ ᠪᠠᠶᠢᠭᠤᠯᠤᠨ᠎ᠠ ᠂ ᠴᠢᠨᠠᠭᠰᠢᠯᠠᠪᠠᠯ ᠲᠣᠬᠢᠲᠠᠶ ᠰᠢᠶᠳᠪᠦᠷᠢᠯᠡᠬᠦ ᠬᠡᠷᠡᠭᠲᠡᠶ ᠃

ᠬᠣᠷᠢᠨ ᠵᠢᠷᠭᠤᠳᠤᠭᠠᠷ ᠵᠦᠢᠯ   ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠭᠡᠰᠢᠭᠦᠳ ᠪᠤᠶᠤ ᠲᠤᠤᠷᠠᠳ᠋ᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠨᠢ ᠰᠠᠬᠢᠯᠭ᠎ᠠ ᠪᠠᠲᠤ ᠬᠠᠤᠯᠢ ᠴᠠᠭᠠᠵᠠ  ᠶᠢ ᠵᠥᠷᠢᠴᠡᠭᠰᠡᠨ ᠬᠦᠨᠳᠦ ᠨᠣᠴᠢᠲᠠᠶ ᠠᠰᠠᠭᠤᠳᠠᠯ ᠢ ᠢᠯᠡᠴᠢᠯᠡᠬᠦ ᠵᠢᠴᠢ ᠨᠠᠮ ᠤᠨ ᠭᠡᠰᠢᠭᠦᠨ ᠦ ᠬᠠᠤᠯᠢ ᠶᠣᠰᠣᠨ ᠦ ᠡᠷᠬᠡ ᠠᠰᠢᠭ ᠢ ᠬᠣᠬᠢᠷᠠᠭᠤᠯᠤᠭᠰᠠᠨ ᠦᠢᠯᠡ ᠠᠵᠢᠯᠯᠠᠭ᠎ᠠ  ᠶᠢ ᠨᠠᠮ ᠤᠨ ᠵᠣᠬᠢᠶᠠᠨ ᠪᠠᠶᠢᠭᠤᠯᠤᠯᠲᠠ ᠨᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠦᠨᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ ᠨᠠᠮ ᠤᠨ ᠭᠡᠰᠢᠭᠦᠨ ᠵᠢᠩᠬᠢᠨᠢ ᠣᠪᠣᠭ ᠨᠡᠷ᠎ᠡᠪᠡᠷ   ᠢᠶᠠᠨ ᠲᠣᠰᠬᠠᠬᠣ   ᠢ ᠂ ᠪᠠᠶᠢᠳᠠᠯ ᠢ ᠨᠢ ᠦᠵᠡᠵᠦ ᠪᠠᠶᠢᠭᠠᠳ ᠰᠢᠶᠳᠪᠦᠷᠢᠯᠡᠭᠰᠡᠨ ᠦᠷ᠎ᠡ ᠳ᠋ᠦᠩ  ᠢᠶᠠᠨ ᠲᠤᠰ ᠨᠠᠮ ᠤᠨ ᠭᠡᠰᠢᠭᠦᠨ ᠳᠤ ᠮᠡᠳᠡᠭᠦᠯᠵᠦ ᠲᠡᠭᠦᠨ ᠦ ᠰᠠᠨᠠᠯ ᠢ ᠨᠢ ᠰᠣᠨᠣᠰᠤᠨ᠎ᠠ ᠃

ᠵᠢᠷᠭᠤᠳᠤᠭᠠᠷ ᠬᠡᠰᠡᠭ   ᠲᠣᠭᠣᠷᠢᠨ ᠪᠠᠶᠢᠭᠤᠯᠤᠨ᠎ᠠ

ᠬᠣᠷᠢᠨ ᠳᠣᠯᠣᠳᠤᠭᠠᠷ ᠵᠦᠢᠯ   ᠲᠥᠪ ᠤᠨ ᠪᠠ ᠮᠤᠵᠢ ᠂  ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠶᠢᠨ ᠨᠠᠮ ᠤᠨ ᠬᠣᠷᠢᠶ᠎ᠠ ᠲᠣᠭᠣᠷᠢᠨ ᠪᠠᠶᠢᠭᠤᠯᠤᠨ᠎ᠠ ᠳᠦᠷᠢᠮ ᠢ ᠪᠠᠶᠢᠭᠤᠯᠤᠨ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠤᠷᠠᠳᠤ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠦ ᠪᠦᠷᠢᠯᠳᠦᠬᠦᠨ ᠳᠤ ᠬᠢᠨᠠᠯᠲᠠ ᠲᠠᠯᠪᠢᠨ᠎ᠠ ᠃

ᠬᠣᠷᠢᠨ ᠨᠠᠢᠮᠠᠳᠤᠭᠠᠷ ᠵᠦᠢᠯ  ᠲᠣᠭᠤᠷᠢᠨ ᠪᠠᠶᠢᠭᠤᠯᠤᠨ᠎ᠠ ᠠᠵᠢᠯ ᠤᠨ ᠭᠣᠣᠯ ᠡᠭᠦᠷᠭᠡ ᠪᠣᠯ ᠄

ᠨᠢᠭᠡ )《 ᠭᠤᠷᠪᠠ  ᠶᠢᠲᠥᠯᠥᠭᠡᠯᠡᠬᠦ ᠴᠢᠬᠤᠯᠠ ᠦᠵᠡᠯ ᠰᠠᠨᠠᠭ᠎ᠠ ᠪᠠ ᠨᠠᠮ ᠤᠨ ᠱᠤᠭᠤᠮ ᠂ ᠴᠢᠭᠯᠡᠯᠲᠡ᠂ ᠲᠦᠷᠦ ᠶᠢᠨ ᠪᠤᠳᠤᠯᠭ᠎ᠠ᠂ ᠲᠣᠭᠲᠠᠭᠠᠯ᠂ ᠰᠢᠢᠳᠪᠦᠷᠢ ᠪᠣᠯᠤᠨ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠂ ᠠᠷᠠᠳᠴᠢᠯᠠᠯ ᠲᠥᠪᠯᠡᠷᠡᠯ ᠤᠨ ᠶᠣᠰᠣ  ᠶᠢ ᠬᠡᠷᠡᠭᠵᠢᠭᠦᠯᠦᠭᠰᠡᠨ ᠪᠠᠶᠢᠳᠠᠯ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠂ ᠠᠵᠢᠯᠴᠢ ᠬᠢᠴᠢᠶᠡᠩᠭᠦᠢ ᠪᠠᠶᠢᠳᠠᠯ ᠂ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠬᠡᠷᠡᠭᠯᠡᠬᠦ  ᠪᠠᠶᠢᠳᠠᠯ ᠂ ᠥᠭᠡᠷᠡᠴᠢᠯᠡᠯᠲᠡ ᠬᠢᠬᠦ  ᠪᠠ ᠬᠦᠭᠵᠢᠭᠦᠯᠬᠦ  ᠶᠢᠨ ᠲᠣᠭᠲᠠᠭᠤᠨ ᠪᠠᠶᠢᠳᠠᠯ ᠂ ᠲᠥᠪ ᠡᠴᠡ ᠲᠣᠭᠣᠷᠢᠨ ᠪᠠᠶᠢᠭᠤᠯᠤᠨ᠎ᠠ  ᠶᠢ ᠱᠠᠭᠠᠷᠳᠠᠭᠰᠠᠨ ᠪᠤᠰᠤᠳ ᠵᠦᠢᠯᠡᠰ ᠢ ᠣᠶᠢᠯᠠᠭᠠᠵᠤ ᠲᠤᠤᠱᠯᠠᠭᠤᠯᠤᠨ  ᠨᠠᠶᠢᠳᠠᠪᠤᠷᠢᠵᠢᠭᠤᠯᠬᠤ ᠬᠡᠷᠡᠭᠲᠡᠢ᠃
ᠬᠣᠶᠠᠷ   ᠲᠣᠮᠢᠯᠠᠭᠰᠠᠨ ᠲᠣᠭᠣᠷᠢᠨ ᠪᠠᠶᠢᠭᠤᠯᠤᠨ᠎ᠠ ᠳᠤᠭᠤᠶᠢᠯᠠᠩ ᠳᠦ ᠨᠠᠮ ᠤᠨ ᠵᠣᠬᠢᠶᠠᠨ ᠪᠠᠶᠢᠭᠤᠯᠤᠯᠲᠠ ᠲᠣᠭᠣᠷᠢᠨ ᠪᠠᠶᠢᠭᠤᠯᠤᠨ᠎ᠠ ᠠᠵᠢᠯ ᠢ ᠤᠢᠢᠯᠠᠭᠠᠨ ᠮᠡᠳᠡᠭᠰᠡᠨ  ᠪᠠᠶᠢᠳᠠᠯ  ᠢᠶᠠᠨ ᠬᠠᠷᠢᠭᠤ ᠮᠡᠳᠡᠭᠦᠯᠵᠦ ᠂ ᠰᠠᠨᠠᠯ ᠪᠠ ᠰᠠᠨᠠᠭᠤᠯᠭ᠎ᠠ ᠳᠤᠷᠠᠳᠤᠨ᠎ᠠ ᠃

ᠬᠣᠷᠢ ᠶᠢᠰᠦᠳᠦᠭᠡᠷ ᠵᠦᠢᠯ      ᠲᠣᠭᠣᠷᠢᠨ ᠪᠠᠶᠢᠭᠤᠯᠤᠨ᠎ᠠ ᠳᠤᠭᠤᠶᠢᠯᠠᠩ

ᠲᠣᠭᠣᠷᠢᠨ ᠪᠠᠶᠢᠭᠤᠯᠤᠨ᠎ᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠂ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠣᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠵᠤ ᠲᠣᠭᠣᠷᠢᠨ ᠪᠠᠶᠢᠭᠤᠯᠤᠨ᠎ᠠ ᠂ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ ᠂ ᠶᠠᠷᠢᠯᠴᠠᠬᠤ ᠬᠤᠷᠠᠯ ᠬᠤᠷᠠᠯᠳᠤᠭᠤᠯᠵᠤ ᠂ ᠬᠣᠯᠪᠣᠭᠳᠠᠯ ᠪᠦᠬᠦᠢ ᠬᠥᠮᠦᠰ ᠢ ᠡᠷᠢᠵᠦ ᠶᠠᠷᠢᠯᠴᠠᠨ ᠂ ᠤᠢᠢᠯᠠᠭᠠᠨ ᠰᠤᠳᠤᠯᠵᠤ ᠂ ᠤᠯᠠᠨ ᠲᠦᠮᠡᠨ ᠦ ᠵᠠᠬᠢᠳᠠᠯ ᠰᠤᠷᠪᠤᠯᠵᠢᠯᠠᠭ᠎ᠠ ᠳᠤ ᠲᠤᠰᠬᠠᠭᠰᠠᠨ ᠬᠣᠯᠪᠣᠭᠳᠠᠯ ᠪᠦᠬᠦᠢ ᠤᠳᠤᠷᠢᠳᠬᠤ ᠺᠠᠲᠠᠷ ᠤᠨ ᠴᠢᠬᠤᠯᠠ ᠠᠰᠠᠭᠤᠳᠠᠯ ᠢ ᠲᠤᠰᠬᠠᠨ᠎ᠠ ᠃ ᠲᠣᠭᠣᠷᠢᠨ ᠪᠠᠶᠢᠭᠤᠯᠤᠨ᠎ᠠ ᠳᠤᠭᠤᠶᠢᠯᠠᠩ ᠤᠨ ᠣᠷᠣᠨ ᠨᠤᠲᠤᠭ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠦᠭᠡᠢ ᠃

ᠳᠣᠯᠣᠳᠤᠭᠠᠷ ᠬᠡᠰᠡᠭ   ᠶᠠᠷᠢᠯᠴᠠᠬᠤ ᠪᠠ ᠰᠡᠷᠡᠮᠵᠢᠯᠡᠭᠦᠯᠦᠨ ᠴᠡᠭᠡᠷᠯᠡᠭᠦᠯᠬᠦ

ᠭᠤᠴᠢᠳᠤᠭᠠᠷ ᠵᠦᠢᠯ   ᠡᠯ᠎ᠡ ᠱᠠᠲᠤᠨ ᠦ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠤᠳᠤᠷᠢᠳᠬᠤ ᠪᠠᠭ ᠤᠨ ᠪᠥᠷᠢᠯᠳᠦᠬᠦᠨ ᠪᠠ ᠨᠠᠮ ᠤᠨ ᠬᠣᠷᠢᠶᠠᠨ ᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠲᠣᠭᠲᠠᠮᠠᠯ ᠪᠤᠰᠤ ᠬᠤᠭᠤᠴᠠᠭ᠎ᠠ ᠲᠠᠢ ᠪᠡᠷ ᠨᠠᠮ ᠤᠨ ᠬᠣᠷᠢᠶ᠎ᠠ ᠶᠢᠨ ᠠᠵᠢᠯ ᠤᠨ ᠰᠠᠯᠠᠭ᠎ᠠ ᠮᠥᠴᠢᠷ  ᠂ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠭ᠎ᠠ ᠵᠢᠴᠢ ᠠᠳᠠᠯᠢ ᠳᠡᠰ ᠤᠨ ᠨᠠᠮ ᠤᠨ ᠤᠳᠤᠷᠢᠳᠬᠤ ᠳᠤᠭᠤᠶᠢᠯᠠᠩ  ᠨᠠᠮ ᠤᠨ ᠬᠣᠷᠢᠶ᠎ᠠ ᠪᠣᠯᠤᠨ ᠳᠣᠣᠷ᠎ᠠ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠣᠣᠯ ᠬᠠᠷᠢᠭᠤᠴᠠᠯᠭᠠᠲᠠᠨ ᠲᠠᠢ ᠶᠠᠷᠢᠯᠴᠠᠨ᠂ ᠲᠤᠰ ᠭᠠᠵᠠᠷ ᠣᠷᠣᠨ ᠦ᠂ ᠲᠤᠰ ᠰᠢᠰᠲ᠋ᠧᠮ ᠂ ᠲᠤᠰ  ᠨᠢᠭᠡᠴᠢ ᠶᠢᠨ ᠭᠤᠷᠪᠠ  ᠶᠢ ᠲᠥᠯᠥᠭᠡᠯᠡᠬᠦ ᠴᠢᠬᠤᠯᠠ ᠦᠵᠡᠯ ᠰᠠᠨᠠᠭ᠎ᠠ ᠶᠢ
ᠨᠠᠢᠳᠠᠪᠤᠷᠢᠵᠢᠭᠤᠯᠬᠤ᠂  ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ  ᠶᠢ ᠬᠡᠷᠡᠭᠵᠢᠭᠦᠯᠬᠦ᠂ ᠠᠷᠠᠳᠴᠢᠯᠠᠯ ᠲᠥᠪᠯᠡᠷᠡᠯ ᠤᠨ ᠶᠣᠰᠣ  ᠶᠢ ᠪᠠᠷᠢᠮᠲᠠᠯᠠᠵᠤ ᠂ ᠨᠠᠮ ᠤᠨ ᠳᠣᠲᠣᠭᠠᠳᠤ ᠶᠢᠨ ᠬᠢᠨᠠᠯᠲᠠ  ᠶᠢ ᠬᠡᠷᠡᠭᠵᠢᠭᠦᠯᠬᠦ ᠲᠤᠬᠠᠶ ᠪᠠᠶᠢᠳᠠᠯ ᠪᠣᠯᠤᠨ ᠤᠳᠤᠷᠢᠳᠬᠤ ᠪᠠᠭ ᠵᠢᠴᠢ ᠲᠡᠭᠦᠨ  ᠤ ᠪᠦᠷᠢᠯᠳᠦᠬᠦᠨ ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ  ᠪᠠᠶᠢᠭ᠎ᠠ  ᠪᠠᠶᠢᠳᠠᠯ ᠢ ᠨᠠᠢᠳᠠᠪᠤᠷᠢᠵᠢᠭᠤᠯᠵᠤ᠂ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠤᠨ᠎ᠠ᠃

ᠭᠤᠴᠢᠨ ᠨᠢᠭᠡᠳᠦᠭᠡᠷ ᠵᠦᠢᠯ   ᠨᠠᠮ ᠤᠨ ᠬᠣᠷᠢᠶ᠎ᠠ ᠨᠠᠮ ᠤᠨ ᠤᠳᠤᠷᠢᠳᠬᠤ ᠳᠤᠭᠤᠶᠢᠯᠠᠩ ᠪᠤᠶᠤ
ᠵᠣᠬᠢᠶᠠᠨ ᠪᠠᠶᠢᠭᠤᠯᠬᠤ
ᠠᠵᠢᠯᠲᠠᠨ ᠦ ᠶᠠᠪᠤᠳᠠᠯ ᠰᠠᠯᠠᠭ᠎ᠠ ᠮᠥᠴᠢᠷ ᠨᠢ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠬᠦ ᠲᠤᠬᠠᠢ ᠶᠠᠷᠢᠯᠴᠠᠵᠤ ᠂ ᠠᠷᠠᠳᠴᠢᠯᠠᠯ ᠲᠥᠪᠯᠡᠷᠡᠯ ᠤᠨ ᠶᠣᠰᠣ  ᠶᠢᠲᠤᠤᠱᠯᠠᠭᠤᠯᠤᠨ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ  ᠪᠡᠷ ᠵᠠᠰᠠᠭ ᠪᠠᠷᠢᠬᠤ ᠲᠠᠯ᠎ᠠ ᠪᠡᠷ ᠬᠢ ᠱᠠᠭᠠᠷᠳᠠᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠶ ᠃

ᠭᠤᠴᠢᠨ ᠬᠣᠶᠠᠳᠤᠭᠠᠷ ᠵᠦᠢᠯ        ᠤᠳᠤᠷᠢᠳᠬᠤ ᠺᠠᠳ᠋ᠷᠴᠤᠳ ᠤᠨ ᠤᠯᠤᠰ ᠲᠦᠷᠦ ᠦᠵᠡᠯ ᠰᠠᠨᠠᠭ᠎ᠠ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠂ ᠠᠵᠢᠯ ᠤᠨ ᠰᠤᠷᠲᠠᠯ᠂ ᠶᠣᠰᠣ ᠰᠤᠷᠲᠠᠬᠤᠨ ᠪ ᠬᠡᠪ ᠴᠢᠨᠠᠷ᠂ᠠᠷᠢᠭᠤᠨ ᠴᠢᠬᠡᠴᠢ ᠠᠵᠢᠯᠴᠢ ᠬᠢᠴᠢᠶᠡᠩᠭᠦᠢ  ᠪᠠᠶᠢᠬᠤ ᠵᠡᠷᠭᠡ ᠲᠠᠯ᠎ᠠ ᠶᠢᠨ ᠴᠤᠬᠤᠶᠢᠯᠲᠠ ᠶᠢᠨ ᠴᠢᠨᠠᠷᠲᠠᠶ ᠠᠰᠠᠭᠤᠳᠠᠯ  ᠢ ᠢᠯᠡᠷᠡᠭᠦᠯᠦᠭᠰᠡᠨ ᠪᠣᠯ ᠂ ᠨᠠᠮ ᠤᠨ ᠬᠣᠷᠢᠶ᠎ᠠ ᠨᠠᠮ ᠤᠨ ᠤᠳᠤᠷᠢᠳᠬᠤ ᠳᠤᠭᠤᠶᠢᠯᠠᠩ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠢ᠎ᠠᠪᠠ ᠨᠠᠮ ᠤᠨ ᠬᠣᠷᠢᠶᠠᠨ ᠦ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠺᠠᠳ᠋ᠷ ᠤᠨ ᠬᠠᠮᠢᠶᠠᠷᠤᠯᠲᠠ  ᠶᠢᠨ ᠡᠷᠬᠡ  ᠶᠢᠨ ᠬᠡᠪᠴᠢᠶ᠎ᠡ ᠶᠣᠰᠣᠭᠠᠷ ᠴᠠᠭ ᠲᠤᠬ  ᠤ ᠨᠢ ᠲᠡᠭᠦᠨ ᠢ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ ᠬᠡᠷᠡᠭᠲᠡᠢ ᠃ ᠲᠤᠰ ᠤᠳᠤᠷᠢᠳᠬᠤ ᠺᠠᠳ᠋ᠷᠴᠤᠳ ᠲᠤ ᠲᠠᠯᠪᠢᠭᠰᠠᠨ ᠰᠡᠷᠡᠮᠵᠢᠯᠡᠭᠦᠯᠦᠨ ᠢᠳᠬᠠᠬᠤ ᠱᠠᠭᠠᠷᠳᠠᠯᠭ᠎ᠠ ᠂ ᠲᠤᠰ ᠤᠳᠤᠷᠢᠳᠬᠤ ᠺᠠᠳ᠋ᠷ ᠤᠨ ᠲᠣᠳᠣᠷᠬᠠᠶᠢᠯᠠᠯᠲᠠ ᠪᠠ ᠢᠯᠡᠳᠬᠡᠭᠰᠡᠨ ᠣᠪᠣᠷ  ᠢ ᠪᠢᠴᠢᠭ  ᠢᠶᠡᠷ ᠲᠡᠮᠳᠡᠭᠯᠡᠬᠦ ᠬᠡᠷᠡᠭᠲᠡᠶ ᠂ ᠲᠤᠰ ᠬᠥᠮᠦᠨ ᠬᠢᠨᠠᠨ ᠬᠠᠷᠭᠤᠭᠤᠯᠤᠭᠰᠠᠨ ᠦ ᠲᠠᠷᠠᠭ᠎ᠠ ᠂ ᠵᠣᠬᠢᠶᠠᠨ ᠪᠠᠶᠢᠭᠤᠯᠬᠤ ᠠᠵᠢᠯᠲᠠᠨ ᠦ ᠶᠠᠪᠤᠳᠠᠯ ᠰᠠᠯᠠᠭ᠎ᠠ ᠮᠥᠴᠢᠷ ᠪᠤᠶᠤ ᠰᠠᠬᠢᠯᠭ᠎ᠠ ᠪᠠᠲᠤ  ᠪᠠᠶᠢᠴᠠᠭᠠᠬᠤ ᠪᠠᠶᠢᠭᠤᠯᠭ᠎ᠠ ᠳᠦ ᠦᠯᠡᠳᠡᠭᠡᠨ ᠬᠠᠳᠠᠭᠠᠯᠠᠨ᠎ᠠ ᠃

ᠨᠠᠢᠮᠠᠳᠤᠭᠠᠷ ᠬᠡᠰᠡᠭ ᠂ ᠶᠠᠷᠢᠶ᠎ᠠ ᠬᠡᠯᠡᠯᠴᠡᠭᠡᠨ ᠳᠦ ᠬᠢᠨᠠᠯᠲᠠ ᠲᠠᠯᠪᠢᠬᠤ

ᠭᠤᠴᠢᠨ ᠭᠤᠷᠪᠠᠳᠤᠭᠠᠷ ᠵᠦᠢᠯ   ᠨᠠᠮ ᠤᠨ ᠤᠳᠤᠷᠢᠳᠤᠯᠭ᠎ᠠ ᠳᠣᠣᠷ᠎ᠠ ᠂ ᠰᠣᠨᠢᠨ ᠮᠡᠳᠡᠭᠡ ᠵᠠᠭᠤᠴᠢᠯᠠᠭᠤᠷ ᠤᠨ ᠬᠢᠨ ᠬᠣᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠂ ᠳᠣᠲᠤᠭᠠᠳᠤ ᠳᠡᠬᠢ ᠲᠤᠰᠬᠠᠯ ᠪᠤᠶᠤ ᠢᠯᠡ ᠪᠠᠷ ᠮᠡᠳᠡᠭᠡᠯᠡᠵᠦ ᠂ ᠶᠠᠷᠢᠶ᠎ᠠ ᠬᠡᠯᠡᠯᠴᠡᠭᠡᠨ ᠦ ᠬᠢᠨᠠᠯᠲᠠ ᠶᠢᠨ ᠦᠢᠯᠡᠳᠦᠯ ᠢ ᠪᠠᠳᠠᠷᠠᠭᠤᠯᠤᠨ᠎ᠠ ᠃ᠨᠠᠮ ᠤᠨ ᠡᠯ᠎ᠡ᠎ ᠱᠠᠲᠤᠨ ᠦ ᠵᠣᠬᠢᠶᠠᠨ ᠪᠠᠶᠢᠭᠤᠯᠤᠯᠲᠠ ᠪᠠ ᠨᠠᠮ ᠤᠨ ᠬᠡᠰᠢᠭᠦᠨ᠂ ᠤᠳᠤᠷᠢᠳᠬᠤ ᠺᠠᠳ᠋ᠷᠴᠤᠳ ᠶᠠᠷᠢᠶ᠎ᠠ ᠬᠡᠯᠡᠯᠴᠡᠭᠡᠨ ᠦ ᠬᠢᠨᠠᠯᠲᠠ  ᠶᠢ ᠴᠢᠬᠤᠯᠠᠴᠢᠯᠠᠨ ᠳᠡᠮᠵᠢᠵᠦ ᠂  ᠰᠠᠨᠠᠯ ᠢ ᠨᠢ ᠰᠣᠨᠣᠰᠬᠤ᠂ ᠠᠵᠢᠯ ᠢᠶᠠᠨ ᠲᠦᠯᠬᠢᠨ ᠠᠬᠢᠭᠤᠯᠬᠤ ᠪᠠ ᠰᠠᠶᠢᠵᠢᠷᠠᠭᠤᠯᠬᠤ ᠬᠡᠷᠡᠭᠲᠡᠶ ᠃

ᠭᠤᠴᠢᠨ ᠳᠥᠷᠪᠡᠳᠦᠭᠡᠷ ᠵᠦᠢᠯ   ᠰᠣᠨᠢᠨ ᠮᠡᠳᠡᠭᠡᠯᠡᠯ ᠤᠨ ᠵᠠᠭᠤᠴᠢ ᠨᠢ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ ᠂ ᠰᠣᠨᠢᠨ ᠮᠡᠳᠡᠭᠡᠨ ᠦ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠣᠰᠣ ᠮᠣᠷᠠᠯ ᠢ ᠵᠢᠷᠤᠮᠯᠠᠨ ᠰᠠᠬᠢᠵᠤ᠂  ᠶᠠᠷᠢᠶ᠎ᠠ᠎ ᠬᠡᠯᠡᠯᠴᠡᠭᠡᠨ ᠤ ᠬᠢᠨᠠᠯᠲᠠ  ᠲᠠᠯᠪᠢᠬᠤ ᠶᠢᠨ ᠵᠥᠪ ᠤᠳᠤᠷᠢᠳᠤᠮᠵᠢ  ᠶᠢ ᠡᠵᠡᠮᠳᠡᠨ᠂ ᠶᠠᠷᠢᠶ᠎ᠠ ᠬᠡᠯᠡᠯᠴᠡᠭᠡᠨ ᠦ ᠬᠢᠨᠠᠯᠲᠠ ᠲᠠᠯᠪᠢᠬᠤ ᠨᠡᠶᠢᠭᠡᠮ ᠤᠨ ᠦᠷ᠎ᠡ ᠪᠦᠲᠦᠮᠵᠢ ᠶᠢ ᠣᠯᠣᠨ᠎ᠠ ᠃

ᠶᠢᠰᠦᠳᠦᠭᠡᠷ ᠬᠡᠰᠡᠭ   ᠯᠠᠪᠯᠠᠨ ᠠᠰᠠᠭᠤᠬᠤ ᠪᠠ ᠲᠤᠯᠭᠠᠨ ᠠᠰᠠᠭᠤᠬᠤ

ᠭᠤᠴᠢᠨ ᠲᠠᠪᠤᠳᠤᠭᠠᠷ ᠵᠦᠢᠯ   ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠭᠡᠰᠢᠭᠦᠨ ᠂ ᠨᠠᠮ ᠤᠨ ᠬᠣᠷᠢᠶᠠ ᠦ ᠪᠥᠬᠥᠳᠡ ᠬᠤᠷᠠᠯ ᠤᠨ ᠳᠣᠭᠲᠠᠭᠠᠯ᠂  ᠰᠢᠢᠳᠪᠦᠷᠢ ᠶᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠯᠠᠪᠯᠠᠨ ᠠᠰᠠᠭᠤᠬᠤ ᠪᠤᠶᠤ ᠲᠤᠯᠭᠠᠨ ᠠᠰᠠᠭᠤᠬᠤ ᠡᠷᠬᠡ ᠲᠠᠢ ᠃ ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠭᠡᠰᠢᠭᠦᠨ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠪᠥᠬᠥᠳᠡ ᠬᠤᠷᠠᠯ ᠤᠨ ᠳᠣᠭᠲᠠᠭᠠᠯ᠂ ᠰᠢᠶᠳᠪᠦᠷᠢ  ᠶᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠯᠠᠪᠯᠠᠨ ᠠᠰᠠᠭᠤᠬᠤ ᠪᠤᠶᠤ ᠲᠤᠯᠭᠠ ᠠᠰᠠᠭᠤᠬᠤ  ᠡᠷᠬᠡ ᠲᠠᠢ᠃

ᠭᠤᠴᠢᠨ ᠵᠢᠷᠭᠤᠳᠤᠭᠠᠷ ᠵᠦᠢᠯ        ᠯᠠᠪᠯᠠᠨ ᠠᠰᠠᠭᠤᠬᠤ ᠳᠤ ᠠᠮᠠ ᠪᠡᠷ ᠢᠯᠡᠳᠬᠡᠵᠦ ᠪᠣᠯᠤᠨ᠎ᠠ ᠂ ᠪᠢᠴᠢᠭ ᠤᠨ ᠬᠡᠯᠪᠡᠷᠢ ᠪᠠᠷ ᠵᠢᠩᠬᠢᠨᠢ ᠣᠪᠣᠭ ᠨᠡᠷ᠎ᠡ ᠪᠡᠷ   ᠢᠶᠠᠨ ᠲᠤᠰᠬᠠᠭᠰᠠᠨ ᠴᠤ ᠪᠣᠯᠤᠨ᠎ᠠ ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠰᠢᠯᠲᠠᠭᠠᠨ ᠢ ᠨᠢ ᠲᠣᠳᠣᠷᠬᠠᠶᠢᠯᠠᠵᠤ ᠥᠭᠬᠦ ᠬᠡᠷᠡᠭᠲᠡᠶ ᠃

ᠭᠤᠴᠢᠨ ᠳᠣᠯᠣᠳᠤᠭᠠᠷ ᠵᠦᠢᠯ    ᠯᠠᠪᠯᠠᠨ ᠠᠰᠠᠭᠤᠭᠰᠠᠨ ᠬᠥᠮᠦᠨ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠭᠰᠡᠨ ᠲᠣᠳᠣᠷᠬᠠᠶᠢᠯᠠᠯᠲᠠ ᠳᠤ ᠨᠢ ᠬᠠᠨᠤᠮᠵᠢ ᠦᠭᠡᠢ ᠪᠠᠶᠢᠳᠠᠯ ᠳᠣᠣᠷ᠎ᠠ ᠂ ᠪᠢᠴᠢᠭ ᠤᠨ ᠬᠡᠯᠪᠡᠷᠢ ᠪᠠᠷ ᠵᠢᠩᠬᠢᠨᠢ ᠣᠪᠣᠭ ᠨᠡᠷ᠎ᠡ ᠪᠡᠷ ᠢᠶᠡᠨ ᠠᠳᠠᠯᠢ ᠨᠢᠭᠡᠨ ᠠᠰᠠᠭᠤᠳᠠᠯ ᠤᠨ ᠲᠤᠬᠠᠶ ᠲᠤᠯᠭᠠᠨ ᠠᠰᠠᠭᠤ ᠶᠢ ᠬᠣᠯᠪᠣᠭᠳᠠᠯ ᠪᠦᠭᠦᠢ ᠰᠠᠯᠠᠭ᠎ᠠ ᠮᠥᠴᠢᠷ ᠠᠴᠠ ᠪᠢᠴᠢᠭ ᠢᠶᠠᠷ ᠲᠠᠶᠢᠯᠪᠤᠷᠢᠯᠠᠬᠤ ᠪᠤᠶᠤ ᠬᠠᠷᠢᠭᠤᠯᠲᠠ ᠥᠭᠬᠦ ᠬᠡᠷᠡᠭᠲᠡᠶ ᠃ ᠲᠤᠯᠭᠠᠨ ᠯᠠᠪᠯᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤ ᠨᠢ ᠰᠤᠳᠤᠯᠤᠨ ᠰᠢᠶᠳᠪᠦᠷᠢᠯᠡᠬᠦ ᠬᠡᠷᠡᠭᠲᠡᠶ ᠃ ᠲᠤᠯᠭᠠᠨ ᠠᠰᠠᠭᠤᠬᠤ ᠪᠤᠶᠤ ᠪᠤᠰᠤᠳ ᠲᠤ ᠲᠤᠯᠭᠠᠨ ᠠᠰᠠᠭᠤᠬᠤ ᠬᠥᠮᠦᠨ ᠨᠢ ᠵᠣᠷᠢᠭᠤᠳᠠ ᠭᠠᠴᠢᠵᠤ ᠂ ᠶᠣᠰᠣ ᠪᠤᠰᠤ ᠪᠡᠷ ᠵᠢᠭᠤᠷᠠᠯᠳᠤᠪᠠᠯ ᠂ ᠰᠢᠭᠦᠮᠵᠢᠯᠡᠨ ᠰᠤᠷᠭᠠᠬᠤ ᠬᠡᠷᠡᠭᠲᠡᠢ ᠃  ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

ᠠᠷᠪᠠᠳᠤᠭᠠᠷ ᠬᠡᠰᠡᠭ ᠨᠢ ᠣᠭᠴᠣᠷᠠᠭᠤᠯᠬᠤ ᠪᠤᠶᠤ ᠰᠣᠯᠢᠬᠤ  ᠱᠠᠭᠠᠷᠳᠠᠯᠭ᠎ᠠ ᠵᠢᠴᠢ ᠰᠢᠢᠳᠪᠦᠷᠢᠯᠡᠯᠲᠡ

ᠭᠤᠴᠢᠨ ᠨᠠᠢᠮᠠᠳᠤᠭᠠᠷ ᠵᠦᠢᠯ   ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠨᠠᠮ ᠤᠨ ᠬᠣᠷᠢᠶᠠᠨ ᠦ ᠭᠡᠰᠢᠭᠦᠨ ᠂ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠳᠤ ᠲᠤᠬᠠᠢ  ᠶᠢᠨ ᠬᠣᠷᠢᠶ᠎ᠠ ᠪᠠ ᠠᠳᠠᠯᠢ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠤ ᠲᠤᠰᠢᠶᠠᠯ ᠳᠠᠭᠠᠨ ᠤᠢᠯᠦ ᠲᠡᠩᠴᠡᠬᠦ ᠭᠡᠰᠢᠭᠦᠨ ᠂ ᠪᠠᠶᠢᠩᠭᠤ ᠶᠢᠨ ᠬᠡᠰᠢᠭᠦᠨ ᠢ ᠣᠭᠴᠣᠷᠠᠭᠤᠯᠬᠤ ᠪᠤᠶᠤ ᠰᠣᠯᠢᠬᠤ ᠱᠠᠭᠠᠷᠳᠠᠯᠭ᠎ᠠ ᠳᠤᠷᠠᠳᠬᠤ ᠡᠷᠬᠡ ᠲᠠᠢ᠃ ᠨᠠᠮ ᠤᠨ ᠣᠷᠣᠨ ᠨᠤᠲᠤᠭ ᠤᠨ ᠡᠯ᠎ᠡ ᠱᠠᠲᠤᠨ ᠦ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠦ ᠭᠡᠰᠢᠭᠦᠨ ᠂ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠳᠤ ᠲᠤᠬᠠᠢ ᠶᠢᠨ ᠺᠣᠮᠢᠰ ᠤᠨ ᠭᠡᠰᠢᠭᠦᠨ ᠤ  ᠲᠤᠰᠢᠶᠠᠯ ᠳᠠᠭᠠᠨ  ᠦᠯᠦ ᠲᠡᠩᠴᠡᠬᠦ ᠂ ᠬᠡᠰᠢᠭᠦᠨ᠂ ᠪᠠᠶᠢᠩᠭᠤ ᠶᠢᠨ ᠬᠡᠰᠢᠭᠦᠨ ᠵᠡᠷᠭᠡ ᠤᠭᠴᠠᠷᠠᠭᠤᠯᠬᠤ ᠪᠤᠶᠤ ᠰᠣᠯᠢᠬᠤ ᠱᠠᠭᠠᠷᠳᠠᠯᠭ᠎ᠠ᠎ ᠳᠤᠷᠠᠳᠬᠤ ᠡᠷᠬᠡ ᠲᠡᠶ ᠃ ᠤᠭᠴᠠᠷᠠᠭᠤᠯᠬᠤ ᠪᠤᠶᠤ ᠪᠠᠭᠤᠯᠭᠠᠨ ᠰᠣᠯᠢᠬᠤ ᠱᠠᠭᠠᠷᠳᠠ ᠶᠢ ᠬᠦᠯᠢᠶᠡᠨ ᠠᠪᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠨᠢ ᠨᠠᠷᠢᠨ ᠬᠢᠨᠠᠮᠠᠭᠠᠶ ᠪᠡᠷ ᠰᠤᠳᠤᠯᠤᠨ ᠰᠢᠶᠳᠪᠦᠷᠢᠯᠡᠬᠦ ᠬᠡᠷᠡᠭᠲᠡᠶ ᠃

ᠭᠤᠴᠢ ᠶᠢᠰᠦᠳᠦᠭᠡᠷ ᠵᠦᠢᠯ   ᠲᠤᠰᠢᠶᠠᠯ ᠠᠴᠠ ᠨᠢ ᠤᠭᠴᠠᠷᠠᠭᠤᠯᠬᠤ ᠪᠤᠶᠤ ᠪᠠᠭᠤᠯᠭᠠᠨ ᠰᠣᠯᠢᠬᠣ ᠱᠠᠭᠠᠷᠳᠠᠯᠭ᠎ᠠ ᠭᠠᠷᠭᠠᠬᠤ ᠳᠠᠭᠠᠨ᠂ ᠪᠢᠴᠢᠭ ᠤᠨ ᠬᠡᠯᠪᠡᠷᠢ ᠪᠠᠷ ᠵᠢᠩᠬᠢᠨᠢ ᠣᠪᠣᠭ ᠨᠡᠷ᠎ᠡ᠎ ᠪᠡᠷ ᠢᠶᠠᠨ ᠲᠣᠰᠬᠠᠬᠣ ᠪᠥᠭᠡᠳ ᠦᠨᠳᠦᠰᠦ ᠪᠠᠷᠠᠢᠮᠲᠠ ᠲᠠᠢ ᠪᠠᠷ ᠤᠴᠢᠷ ᠰᠢᠯᠲᠠᠭᠠᠨ ᠢᠶᠠᠨ ᠲᠣᠭᠠᠴᠢᠬᠤ ᠬᠡᠷᠡᠭᠲᠡᠶ ᠃ ᠤᠭᠴᠠᠷᠠᠭᠤᠯᠬᠤ ᠪᠤᠶᠤ ᠪᠠᠭᠤᠯᠭᠠᠨ ᠰᠣᠯᠢᠬᠤ
ᠱᠠᠭᠠᠷᠳᠠᠯᠭ᠎ ᠨᠢ ᠴᠢᠩᠭ᠎ᠠ ᠪᠣᠯᠭᠣᠮᠵᠢᠲᠠᠶ ᠪᠠᠶᠢᠬᠤ ᠬᠡᠷᠡᠭᠲᠡᠶ ᠃ ᠪᠤᠲᠠᠲᠠᠢ ᠵᠢᠭᠰᠠᠭᠠᠭᠰᠠᠨ ᠬᠡᠷᠡᠭ ᠤᠴᠢᠷ ᠦᠭᠡᠢ ᠂ ᠬᠠᠷᠢᠭᠤᠴᠠᠯᠭ᠎ᠠ ᠦᠭᠡᠢ ᠪᠠᠷ ᠤᠭᠴᠠᠷᠠᠭᠤᠯᠬᠤ ᠪᠤᠶᠤ ᠪᠠᠭᠤᠯᠭᠠᠨ ᠰᠣᠯᠢᠬᠤ ᠱᠠᠭᠠᠷᠳᠠᠯᠭ᠎ᠠ ᠪᠠᠶᠢᠪᠠᠯ ᠂ ᠰᠢᠭᠦᠮᠵᠢᠯᠡᠨ ᠰᠤᠷᠭᠠᠬᠤ ᠬᠡᠷᠡᠭᠲᠡᠢ ᠃ ᠣᠷᠣ ᠦᠭᠡᠢ ᠭᠠᠵᠠᠷ ᠣᠪᠣᠭ᠎ᠠ ᠪᠣᠰᠬᠠᠵᠦ ᠭᠦᠵᠢᠷᠯᠡᠭᠰᠡᠨ ᠪᠠᠶᠢᠪᠠᠯ ᠂  ᠳᠦᠷᠢᠮ ᠳᠣᠭᠲᠠᠭᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃

ᠳᠥᠷᠪᠡᠳᠦᠭᠡᠷ ᠪᠦᠯᠦᠭ   ᠬᠢᠨᠠᠯᠲᠠ ᠲᠠᠯᠪᠢᠬᠤ ᠪᠠᠲᠤᠯᠠᠭ᠎ᠠ

ᠳᠥᠴᠢᠳᠦᠭᠡᠷ ᠵᠦᠢᠯ   ᠡᠯ᠎ᠡ ᠱᠠᠲᠤᠨ ᠦ ᠨᠠᠮ ᠤᠨ ᠬᠣᠷᠢᠶ᠎ᠠ ᠂ ᠰᠠᠬᠢᠯᠭ᠎ᠠ ᠪᠠᠲᠤ  ᠪᠠᠶᠢᠴᠠᠭᠠᠬᠤ ᠬᠣᠷᠢᠶ᠎ᠠ ᠲᠣᠰ ᠲᠦᠷᠢᠮ ᠤᠨ ᠲᠣᠭᠲᠠᠭᠠᠯ ᠶᠣᠰᠣᠭᠠᠷ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠢᠨᠠᠯᠲᠠ ᠲᠠᠯᠪᠢᠬᠤ ᠦᠢᠯᠡᠳᠦᠯ   ᠢᠶᠠᠨ ᠪᠠᠳᠠᠷᠠᠭᠤᠯᠬᠤ ᠬᠡᠷᠡᠭᠲᠡᠶ ᠃ ᠨᠠᠮ ᠤᠨ ᠭᠡᠰᠢᠭᠦᠨ ᠪᠠ ᠨᠠᠮ ᠤᠨ ᠬᠡᠰᠢᠭᠦᠨ ᠤ ᠤᠳᠤᠷᠢᠳᠬᠤ ᠺᠠᠳ᠋ᠷᠴᠤᠳ ᠡᠭᠦᠷᠭᠡ ᠲᠤᠰᠢᠶᠠᠯ ᠢᠶᠠᠨ ᠵᠥᠪ ᠭᠦᠢᠴᠡᠳᠬᠡᠨ ᠂ ᠤᠬᠠᠮᠰᠠᠷ ᠠᠴᠠ ᠪᠠᠨ ᠬᠢᠨᠠᠯᠲᠠ  ᠶᠢ ᠬᠦᠯᠢᠶᠡᠬᠦ ᠬᠡᠷᠡᠭᠲᠡᠶ ᠃ ᠲᠤᠰ ᠳᠦᠷᠢᠮ ᠤᠨ ᠲᠣᠭᠲᠠᠭᠠᠯ ᠢ ᠵᠥᠷᠢᠴᠡᠵᠦ ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠬᠡᠢ ᠪᠤᠶᠤ ᠵᠥᠪ ᠭᠦᠢᠴᠡᠳᠬᠡᠬᠦ ᠦᠬᠡᠢ ᠪᠠᠶᠢᠬᠤ ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ ᠢ ᠵᠢᠷᠤᠮᠯᠠᠨ ᠰᠠᠬᠢᠬᠤ ᠦᠭᠡᠢ ᠂ ᠦᠢᠯᠡ ᠪᠠᠶᠢᠳᠠᠯ ᠢ ᠨᠢ ᠦᠵᠡᠵᠦ ᠬᠠᠷᠢᠭᠤᠴᠠᠯᠭ᠎ᠠ᠎ ᠨᠡᠬᠡᠮᠵᠢᠯᠡᠵᠦ ᠲᠡᠶ ᠂ ᠴᠢᠩᠭ᠎ᠠ ᠰᠢᠢᠳᠬᠡᠬᠦ ᠬᠡᠷᠡᠭᠲᠡᠢ᠃

ᠳᠥᠴᠢᠨ ᠨᠢᠭᠡᠳᠦᠭᠡᠷ ᠵᠦᠢᠯ   ᠡᠯ᠎ᠡ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠲᠤᠤᠱᠯᠠᠭᠤᠯᠤᠨ ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠂ ᠠᠵᠢᠯ ᠋ ᠤᠨ ᠲᠦᠷᠢᠮ ᠢᠶᠡᠨ ᠪᠦᠷᠢᠨ ᠰᠢᠭᠦᠯᠵᠦ ᠂ ᠰᠠᠬᠢᠯᠭ᠎ᠠ ᠪᠠᠲᠤ   ᠶᠢ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠭᠠᠷᠬᠤ  ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ ᠃ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠦ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠰᠢᠶᠳᠪᠦᠷᠢᠯᠡᠬᠦ ᠬᠡᠷᠡᠭᠲᠡᠶ ᠃

ᠳᠥᠴᠢᠨ ᠬᠣᠶᠠᠳᠤᠭᠠᠷ ᠵᠦᠢᠯ   ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠂ ᠨᠠᠮ ᠤᠨ ᠭᠡᠰᠢᠭᠦᠨ᠂ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢ ᠶᠢᠨ ᠨᠠᠮ ᠤᠨ ᠳᠣᠲᠣᠭᠠᠳᠤ ᠶᠢᠨ ᠬᠢᠨᠠᠯᠲᠠ ᠳᠤᠮᠳᠠ ᠢᠳᠡᠪᠬᠢᠲᠡᠶ ᠦᠢᠯᠡᠳᠦᠯ  ᠢᠶᠠᠨ ᠪᠠᠳᠠᠷᠠᠭᠤᠯᠬᠤ ᠶᠢ ᠵᠣᠷᠢᠭᠵᠢᠭᠤᠯᠵᠤ ᠂  ᠳᠡᠮᠵᠢᠵᠦ᠂ ᠬᠠᠮᠠᠭᠠᠯᠠᠬᠤ ᠬᠡᠷᠡᠭᠲᠡᠶ ᠃  ᠵᠢᠩᠬᠢᠨᠢ ᠣᠪᠣᠭ  ᠨᠡᠷ᠎ᠡ᠎ ᠪᠡᠷ ᠢᠶᠡᠨ ᠠᠰᠠᠭᠤᠳᠠᠯ ᠢ ᠲᠤᠰᠬᠠᠬᠤ ᠪᠤᠶᠤ ᠢᠯᠡᠴᠢᠯᠡᠬᠦ ᠂ ᠰᠠᠬᠢᠯᠭ᠎ᠠ ᠪᠠᠲᠤ  ᠶᠢ ᠵᠦᠷᠢᠴᠡᠵᠦ ᠬᠠᠤᠯᠢ  ᠶᠢ ᠵᠥᠷᠢᠴᠡᠭᠰᠡᠨ ᠵᠠᠭᠠᠯᠳᠤᠯᠭ᠎ᠠ ᠶᠢᠨ ᠦᠢᠯᠡ ᠠᠵᠢᠯᠯᠠᠭ᠎ᠠ ᠳᠤ ᠨᠠᠮ ᠤᠨ ᠵᠣᠬᠢᠶᠠᠨ ᠪᠠᠶᠢᠭᠤᠯᠤᠯᠲᠠ ᠪᠠ ᠬᠣᠯᠪᠣᠭᠳᠠᠯ ᠪᠦᠬᠦᠢ ᠬᠥᠮᠦᠰ ᠪᠠᠶᠢᠪᠠᠯ ᠨᠢᠭᠤᠴᠠ ᠶᠢ ᠨᠢ ᠬᠠᠮᠠᠭᠠᠯᠠᠬᠤ ᠬᠡᠷᠡᠭᠲᠡᠶ ᠃  ᠵᠠᠳᠠᠷᠠᠭᠤᠯᠤᠭᠰᠠᠨ ᠬᠦᠮᠦᠨ ᠡᠴᠡ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃  ᠢᠯᠡᠴᠢᠯᠡᠨ ᠵᠠᠭᠠᠯᠳᠤᠭᠳᠠᠭᠰᠠᠨ ᠨᠠᠮ ᠤᠨ ᠭᠡᠰᠢᠭᠦᠨ ᠪᠤᠶᠤ ᠨᠠᠮ ᠤᠨ ᠵᠣᠬᠢᠶᠠᠨ  ᠪᠠᠶᠢᠭᠤᠯᠤᠯᠲᠠ ᠶᠢᠨ ᠰᠠᠬᠢᠯᠭ᠎ᠠ ᠪᠠᠲᠤ ᠬᠠᠤᠯᠢ ᠴᠠᠭᠠᠵᠠ  ᠶᠢ ᠬᠦᠨᠳᠦ ᠨᠣᠴᠢᠲᠠᠢ ᠪᠠᠷ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠲᠤᠳᠤᠯᠠᠭᠠᠳ ᠦᠨᠡᠨ ᠮᠠᠭᠠᠳ ᠪᠠᠶᠢᠪᠠᠯ ᠂ ᠰᠠᠶᠢᠰᠢᠶᠠᠬᠤ ᠪᠤᠶᠤ ᠬᠥᠬᠢᠭᠦᠯᠵᠦ ᠱᠠᠩᠨᠠᠬᠤ ᠬᠡᠷᠡᠭᠲᠡᠶ ᠃ ᠬᠢᠨᠠᠭᠴᠢ ᠳᠤ ᠴᠣᠬᠢᠯᠲᠠᠥᠭᠴᠦ ᠬᠠᠷᠢᠭᠤ ᠠᠪᠬᠤ ᠂ ᠬᠢᠨᠠᠯᠲᠠ ᠲᠠᠯᠪᠢᠬᠤ ᠨᠡᠷ᠎ᠡ ᠪᠠᠷ ᠪᠤᠰᠤᠳ ᠢ ᠳᠣᠷᠤᠮᠵᠢᠯᠠᠵᠤ᠂  ᠭᠦᠳᠬᠡᠭᠰᠡᠨ ᠪᠠ ᠬᠢᠨᠠᠯᠲᠠ ᠳᠤᠮᠳᠠ ᠪᠤᠰᠤᠳ ᠰᠠᠬᠢᠯᠭ᠎ᠠ ᠪᠠᠲᠤ  ᠶᠢ ᠵᠥᠷᠢᠴᠡᠭᠰᠡᠨ ᠬᠠᠤᠯᠢ  ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠪᠠᠯ ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ ᠃

ᠳᠥᠴᠢᠨ ᠭᠤᠷᠪᠠᠳᠤᠭᠠᠷ ᠵᠦᠢᠯ   ᠨᠠᠮ ᠤᠨ ᠵᠣᠬᠢᠶᠠᠨ ᠪᠠᠶᠢᠭᠤᠯᠤᠯᠲᠠ ᠨᠢ ᠲᠤᠰ ᠳᠥᠷᠢᠮ ᠢ ᠵᠥᠷᠢᠴᠡᠭᠰᠡᠨ ᠠᠵᠢᠯᠯᠠᠭ᠎ᠠ  ᠶᠢ ᠣᠯᠵᠤ ᠮᠡᠳᠡᠭᠰᠡᠨ ᠪᠤᠶᠤ ᠢᠯᠡᠴᠢᠯᠡᠯ ᠢ ᠣᠯᠣᠭᠠᠳ ᠂ ᠪᠣᠳᠠᠲᠤ ᠶᠠᠪᠤᠳᠠᠯ ᠢ ᠪᠠᠶᠢᠴᠠᠭᠠᠨ ᠲᠣᠳᠤᠷᠬᠠᠢᠯᠠᠬᠤ ᠂ ᠪᠤᠷᠤᠭᠤ ᠪᠠᠨ ᠵᠠᠯᠠᠷᠠᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠭᠡᠵᠦ ᠦᠵᠡᠪᠡᠯ  ᠡᠭᠦᠷᠭᠡ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷᠯᠠᠯ ᠪᠡᠨ ᠦᠨᠳᠦᠰᠦᠯᠡᠵᠦ᠂ ᠴᠠᠭ ᠲᠤᠬᠠᠢ ᠳᠤ ᠨᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃ ᠪᠠᠶᠢᠴᠠᠭᠠᠯᠲᠠ ᠪᠡᠷ ᠳᠠᠮᠵᠢᠨ ᠂ ᠨᠠᠮ ᠤᠨ ᠵᠣᠬᠢᠶᠠᠨ ᠪᠠᠶᠢᠭᠤᠯᠤᠯᠲᠠ  ᠶᠢᠨ ᠬᠠᠷᠢᠭᠤᠴᠠᠯᠭ᠎ᠠ  ᠶᠢ ᠨᠡᠬᠡᠮᠵᠢᠯᠡᠬᠦ ᠴᠢᠬᠤᠯᠠᠲᠠᠶ ᠪᠠᠶᠢᠪᠠᠯ ᠂ ᠲᠡᠭᠦᠨ ᠢ ᠵᠠᠷᠯᠢᠭᠳᠠᠵᠤ ᠪᠠᠶᠢᠭᠠᠳ ᠵᠠᠯᠠᠷᠠᠭᠤᠯᠵᠤ ᠂ ᠠᠯᠳᠠᠭ᠎ᠠ ᠪᠤᠶᠤ ᠮᠡᠳᠡᠭᠡᠯᠡᠨ ᠰᠢᠭᠦᠮᠵᠢᠯᠡᠬᠦ ᠬᠡᠷᠡᠭᠲᠡᠶ ᠂ ᠦᠢᠯᠡ  ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠨ᠎ᠡ ᠃ ᠨᠠᠮ ᠤᠨ ᠭᠡᠰᠢᠭᠦᠨ ᠦ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠠᠶᠢᠪᠠᠯ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠭᠦᠮᠵᠢᠯᠡᠨ ᠰᠤᠷᠭᠠᠬᠤ ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠡᠷ ᠰᠢᠶᠳᠪᠦᠷᠢᠯᠡᠬᠦ ᠪᠤᠶᠤ
ᠨᠠᠮ ᠰᠠᠬᠢᠯᠭ᠎ᠠ ᠪᠠᠲᠤ ᠶᠢᠨ ᠰᠢᠳᠬᠡᠯ ᠥᠭᠬᠦ ᠬᠡᠷᠡᠭᠲᠡᠶ ᠃ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠤᠶᠤ ᠨᠠᠮ ᠤᠨ ᠭᠡᠰᠢᠭᠦᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠦᠭᠡᠢ ᠪᠣᠯ ᠂  ᠪᠢᠴᠢᠭ ᠦᠨ ᠰᠢᠢᠳᠪᠦᠷᠢ ᠭᠠᠷᠭᠠᠨ ᠨᠥᠯᠥᠭᠡ  ᠶᠢ ᠠᠷᠢᠯᠭᠠᠬᠤ ᠬᠡᠷᠡᠭᠲᠡᠢ᠃

ᠳᠥᠴᠢᠨ ᠳᠥᠷᠪᠡᠳᠦᠭᠡᠷ ᠵᠦᠢᠯ   ᠨᠠᠮ ᠤᠨ ᠭᠡᠰᠢᠭᠦᠨ ᠂ ᠠᠮ ᠤᠨ ᠵᠣᠬᠢᠶᠠᠨ ᠪᠠᠶᠢᠭᠤᠯᠤᠯᠲᠠ ᠰᠢᠶᠳᠪᠦᠷᠢᠯᠡᠭᠰᠡᠨ ᠲᠣᠭᠲᠠᠭᠠᠯ ᠢ ᠵᠦᠪᠰᠢᠶᠡᠷᠡᠬᠦ ᠦᠭᠡᠢ ᠪᠣᠯ ᠂ ᠨᠠᠮ ᠤᠨ ᠵᠣᠬᠢᠶᠠᠨ ᠪᠠᠶᠢᠭᠤᠯᠤᠯᠲᠠ ᠭᠣᠮᠣᠳᠠᠯ ᠲᠣᠭᠠᠴᠢᠯᠲᠠ  ᠶᠢ ᠰᠢᠶᠳᠪᠦᠷᠢᠯᠡᠬᠦ ᠲᠣᠭᠲᠠᠭᠠᠯ ᠭᠠᠷᠭᠠᠬᠤ ᠪᠣᠯᠤᠨ᠎ᠠ ᠃ ᠬᠣᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠬᠢᠨᠠᠮᠠᠭᠠᠶ ᠪᠡᠷ ᠲᠠᠬᠢᠨ ᠵᠥᠪᠯᠡᠵᠦ ᠂ ᠲᠠᠬᠢᠨ ᠪᠠᠶᠢᠴᠠᠭᠠᠨ ᠳ᠋ᠦᠩᠨᠡᠯᠲᠡ ᠭᠠᠷᠭᠠᠬᠤ ᠬᠡᠷᠡᠭᠲᠡᠶ ᠃ ᠬᠡᠷᠪᠡ ᠮᠥᠨ ᠯᠡ ᠰᠠᠨᠠᠯ ᠲᠠᠢ ᠪᠣᠯ ᠂ ᠳᠡᠭᠡᠳᠦ ᠱᠠᠲᠤᠨ ᠦ ᠨᠠᠮ ᠤᠨ ᠵᠣᠬᠢᠶᠠᠨ ᠪᠠᠶᠢᠭᠤᠯᠤᠯᠲᠠ ᠳᠤ᠂ ᠴᠢᠨᠠᠭᠰᠢᠯᠠᠪᠠᠯ ᠲᠥᠪ ᠬᠣᠷᠢᠶ᠎ᠠ ᠳᠤ ᠬᠦᠷᠲᠡᠯ᠎ᠡ ᠭᠣᠮᠣᠳᠠ ᠲᠣᠭᠠᠴᠢᠵᠤ ᠪᠣᠯᠤᠨ᠎ᠠ ᠃ ᠭᠣᠮᠣᠳᠠᠯ ᠲᠣᠭᠠᠴᠢᠬᠤ ᠬᠤᠭᠤᠴᠠᠭᠠᠨ ᠳᠤ᠂ ᠰᠢᠶᠳᠪᠦᠷᠢᠯᠡᠭᠰᠡᠨ ᠲᠣᠭᠲᠠᠭᠠᠯ ᠢ ᠬᠡᠷᠡᠭᠵᠢᠭᠦᠯᠬᠦ  ᠶᠢ ᠨᠥᠯᠥᠭᠡᠯᠡᠬᠦ ᠦᠭᠡᠢ ᠃

 ᠲᠠᠪᠤᠠᠳᠤᠭᠠᠷ ᠪᠦᠯᠦᠭ ᠳᠠᠭᠠᠯᠳᠤᠭᠤᠯᠤᠭᠰᠠ ᠳᠦᠷᠢᠮ

ᠳᠥᠴᠢᠨ ᠲᠠᠪᠤᠳᠤᠭᠠᠷ ᠵᠦᠢᠯ   ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ
ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠳᠣᠲᠣᠭᠠᠳᠤ ᠶᠢᠨ ᠬᠢᠨᠠᠯᠲᠠ  ᠶᠢ ᠬᠡᠷᠡᠭᠵᠢᠭᠦᠯᠬᠦ ᠲᠤᠬᠠᠶ ᠲᠣᠭᠲᠠᠭᠠᠯ ᠂ ᠲᠥᠪ ᠤᠨ ᠴᠡᠷᠢᠭ ᠤᠨ ᠶᠠᠪᠤᠳᠠᠯ ᠤᠨ ᠬᠣᠷᠢᠶ᠎ᠠ ᠲᠤᠰ ᠳᠦᠷᠢᠮ   ᠢᠶᠠᠷ ᠯᠠᠪᠯᠠᠯᠲᠠ ᠪᠣᠯᠭᠠᠵᠤ ᠲᠣᠭᠲᠠᠭᠠᠨ᠎ᠠ ᠃

ᠳᠥᠴᠢᠨ ᠵᠢᠷᠭᠤᠳᠤᠭᠠᠷ ᠵᠦᠢᠯ   ᠳᠤᠰ ᠲᠦᠷᠢᠮ ᠢ ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠣᠷᠢᠶᠠᠨ ᠤ ᠬᠤᠳᠠᠯᠳᠤᠭᠠᠨ ᠦ ᠲᠥᠪ ᠬᠣᠷᠢᠶᠠᠨ ᠦ ᠵᠣᠬᠢᠶᠠᠨ ᠪᠠᠶᠢᠭᠤᠯᠬᠤ ᠬᠡᠯᠲᠡᠰ ᠠᠴᠠ ᠲᠠᠶᠢᠯᠪᠤᠷᠢ ᠬᠢᠵᠦ ᠥᠭᠬᠦ ᠬᠡᠷᠡᠭᠲᠡᠶ ᠃

ᠳᠥᠴᠢᠨ ᠳᠣᠯᠣᠳᠤᠭᠠᠷ ᠵᠦᠢᠯ   ᠳᠤᠰ ᠲᠦᠷᠢᠮ ᠢ ᠨᠡᠶᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃


ᠵᠣᠬᠢᠶᠠᠭᠴᠢ:
ᠢᠷᠡᠯᠲᠡ: