ᠨᠠᠮ ᠵᠠᠰᠠᠭ ᠤᠨ ᠤᠳᠤᠷᠢᠳᠬᠤ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ

  2019-09-18

 ᠨᠢᠭᠡᠳᠦᠭᠡᠷ ᠪᠦᠯᠦᠭ   ᠶᠡᠷᠦᠩᠬᠡᠶ ᠲᠤᠢᠷᠢᠮ

    ᠨᠢᠭᠡᠳᠦᠭᠡᠷ ᠵᠦᠢᠯ    ᠺᠠᠲᠷ ᠤᠨ ᠲᠤᠬᠠᠶ ᠨᠠᠮ ᠤᠨ ᠱᠤᠭᠤᠮ ᠴᠢᠭᠯᠡᠯᠲᠡ ᠲᠥᠷᠦ ᠶ᠋ᠢᠨ ᠪᠣᠳᠤᠯᠭ᠎ᠠ ᠶ᠋ᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ ᠂ ᠨᠠᠮ ᠢᠶᠡᠨ ᠴᠢᠩᠭ᠎ᠠ ᠵᠠᠰᠠᠬᠤ ᠶ᠋ᠢ ᠨᠠᠶᠢᠳᠠᠪᠤᠷᠢᠵᠢᠭᠤᠯᠬᠤ ᠂ ᠨᠠᠮ ᠵᠠᠰᠠᠭ ᠤᠨ ᠤᠳᠤᠷᠢᠳᠬᠤ ᠺᠠᠲᠷ ᠢ ᠰᠢᠯᠢᠨ ᠰᠣᠩᠭᠣᠵᠤ ᠲᠤᠰᠢᠶᠠᠯ ᠳ᠋ᠦ ᠲᠣᠮᠢᠯᠠᠬᠤ ᠠᠵᠢᠯ ᠤᠨ ᠳᠥᠷᠢᠮ ᠢ ᠪᠠᠶᠢᠭᠤᠯᠵᠤ ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠪᠦᠲᠦᠮᠵᠢᠲᠡᠶ ᠪᠥᠭᠡᠳ ᠲᠤᠰᠠᠲᠠᠶ ᠂ ᠳᠥᠭᠥᠮ ᠳᠥᠲᠡ ᠬᠢᠯᠪᠠᠷ ᠶᠠᠪᠤᠭᠳᠠᠬᠤ ᠂ ᠰᠢᠯᠢᠳᠡᠭ ᠴᠢᠳᠠᠪᠤᠷᠢᠲᠠᠨ  ᠤ ᠴᠣᠯᠭᠣᠷᠠᠨ ᠭᠠᠷᠬᠤ  ᠳ᠋ᠤ ᠠᠰᠢᠭᠲᠠᠶ ᠠᠵᠢᠯᠳᠠᠨ ᠰᠢᠯᠢᠵᠦ ᠠᠵᠢᠯᠳᠠᠨ ᠬᠡᠷᠡᠭᠯᠡᠬᠦ ᠲᠣᠭᠲᠠᠴᠠ ᠶ᠋ᠢ ᠪᠣᠢ ᠪᠣᠯᠭᠠᠬᠤ ᠬᠡᠷᠡᠭᠲᠡᠢ ᠂  ᠺᠠᠲᠷ ᠤᠨ ᠡᠩᠨᠡᠭᠡ ᠶ᠋ᠢ ᠬᠤᠪᠢᠰᠬᠠᠯᠵᠢᠭᠤᠯᠬᠤ ᠂ ᠵᠠᠯᠠᠭᠤᠵᠢᠭᠤᠯᠬᠤ ᠂ ᠮᠡᠳᠡᠯᠭᠡᠵᠢᠭᠦᠯᠬᠦ  ᠂ ᠲᠤᠰᠬᠠᠶᠢᠵᠢᠭᠤᠯᠬᠤ  ᠲᠤᠭ ᠢ ᠥᠨᠳᠥᠷ ᠮᠠᠨᠳᠤᠭᠤᠯᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮ ᠤᠨ ᠠᠭᠤᠤ ᠶᠡᠬᠡ  ᠲᠤᠭ ᠢ ᠥᠨᠳᠥᠷ ᠮᠠᠨᠳᠤᠭᠤᠯᠤᠨ ᠂ ᠮᠠᠷᠺᠰ ᠯᠧᠨᠢᠨ  ᠤ ᠦᠵᠡᠯ ᠂ ᠮᠠᠤ ᠽᠸ ᠳ᠋ᠦᠩ ᠦᠨ ᠦᠵᠡᠯ ᠰᠠᠨᠠᠭ᠎ᠠ ᠂ ᠳ᠋ᠧᠩ ᠰᠢᠶᠤᠤ ᠫᠢᠩ ᠦᠨ ᠤᠨᠤᠯ ᠂《 ᠭᠤᠷᠪᠠ ᠶ᠋ᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠪᠡᠷ ᠵᠢᠯᠣᠭᠣᠳᠣᠯᠭ᠎ᠠ ᠪᠣᠯᠭᠠᠵᠤ ᠂ ᠢᠲᠡᠭᠡᠯ ᠵᠣᠷᠢᠭ ᠨᠢ ᠡᠷᠡᠰ ᠪᠠᠲᠤ ᠂ ᠠᠷᠠᠳ ᠲᠦᠮᠡᠨ ᠳ᠋ᠦ ᠦᠢᠯᠡᠴᠢᠯᠡᠬᠦ ᠂ ᠠᠵᠢᠯᠴᠢ ᠬᠢᠴᠢᠶᠡᠩᠭᠦᠶ ᠪᠡᠷ ᠵᠠᠰᠠᠭ ᠪᠠᠷᠢᠵᠤ ᠪᠣᠳᠠᠲᠤ ᠠᠵᠢᠯ ᠢ ᠡᠷᠬᠢᠮᠯᠡᠬᠦ ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠂ ᠲᠥᠪ ᠭᠣᠣᠯᠴᠢ ᠠᠷᠢᠭᠤᠨ ᠴᠢᠬᠡᠴᠢ ᠂ ᠥᠨᠳᠥᠷ ᠬᠡᠪ ᠴᠢᠨᠠᠷ ᠪᠦᠬᠦᠢ ᠨᠠᠮ  ᠵᠠᠰᠠᠭ ᠤᠨ ᠤᠳᠤᠷᠢᠳᠬᠤ ᠺᠠᠲᠷ ᠤᠨ ᠡᠩᠨᠡᠭᠡ  ᠶ᠋ᠢ ᠪᠠᠶᠢᠭᠤᠯᠵᠤ ᠂  ᠨᠠᠮ ᠤᠨ ᠦᠨᠳᠦᠰᠦᠨ ᠱᠤᠭᠤᠮ ᠢ ᠪᠦᠬᠦ ᠲᠠᠯ᠎ᠠ ᠪᠠᠷ ᠲᠤᠤᠱᠯᠠᠭᠳᠠᠬᠤ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮ ᠤᠨ ᠦᠢᠯᠡᠰ ᠦᠨ ᠤᠷᠤᠭᠰᠢᠲᠠᠶ ᠬᠥᠭᠵᠢᠬᠦ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ 》 ᠪᠣᠯᠤᠨ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠪᠠ ᠃
    ᠬᠣᠶᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳ᠋ᠤ ᠳᠣᠣᠷ᠎ᠠ ᠵᠢᠭᠰᠠᠭᠠᠭᠰᠠᠨ ᠵᠠᠷᠴᠢᠮ ᠢ ᠪᠠᠷᠢᠮᠲᠠᠯᠠᠬᠤ ᠬᠡᠷᠡᠭᠲᠡᠶ ᠄
  ( ᠨᠢᠭᠡ ) ᠨᠠᠮ ᠡᠴᠡ ᠺᠠᠲᠷ ᠢ ᠬᠠᠮᠢᠶᠠᠷᠬᠤ ᠵᠠᠷᠴᠢᠮ᠃
  ( ᠬᠣᠶᠠᠷ ) ᠭᠠᠵᠠᠷ ᠣᠷᠤᠨ ᠢ ᠬᠠᠮᠢᠶᠠᠷᠤᠯ ᠦᠭᠡᠢ ᠡᠷᠳᠡᠮᠲᠡᠨ ᠮᠡᠷᠭᠡᠳ ᠢ ᠯᠡ ᠬᠡᠷᠡᠭᠯᠡᠬᠦ ᠵᠠᠷᠴᠢᠮ᠃
  ( ᠭᠤᠷᠪᠠ ) ᠤᠬᠠᠮᠰᠠᠷ ᠴᠢᠳᠠᠪᠤᠷᠢ ᠶ᠋ᠢ ᠬᠣᠣᠰᠯᠠᠭᠤᠯᠬᠤ᠂ ᠤᠬᠠᠮᠰᠠᠷ ᠢ ᠲᠡᠷᠢᠭᠦᠨ  ᠳ᠋ᠦ ᠲᠠᠯᠪᠢᠬᠤ ᠵᠠᠷᠴᠢᠮ ᠃
  ( ᠲᠤᠢᠷᠪᠡ ) ᠪᠣᠳᠠᠲᠤ ᠠᠮᠵᠢᠯᠲᠠ ᠶ᠋ᠢ ᠴᠢᠬᠤᠯᠠᠴᠢᠯᠠᠬᠤ ᠂ ᠤᠯᠡᠨ ᠨᠡᠶᠢᠲᠡ ᠪᠡᠷ ᠢᠶ᠋ᠡᠨ ᠮᠡᠳᠡᠷᠡᠨ ᠵᠥᠪᠰᠢᠶᠡᠷᠡᠬᠦ ᠵᠠᠷᠴᠢᠮ  ᠃
  ( ᠲᠠᠪᠤ ) ᠠᠷᠠᠳᠴᠢᠯᠠᠯ ᠲᠠᠶ᠂ ᠢᠯᠠ᠂ ᠥᠷᠢᠰᠥᠯᠳᠦᠭᠡᠨ᠂ ᠰᠢᠯᠢᠳᠡᠭ ᠢ ᠨᠢ ᠰᠣᠩᠭᠣᠬᠤ ᠵᠠᠷᠴᠢᠮ ᠃
  ( ᠵᠢᠷᠭᠤᠭ᠎ᠠ ) ᠠᠷᠠᠳᠴᠢᠯᠠᠯ ᠲᠦᠪᠯᠡᠷᠡᠯ ᠦᠨ ᠶᠣᠰᠣᠨ ᠤ ᠵᠠᠷᠴᠢᠮ ᠃
  ( ᠲᠤᠯᠤᠭ᠎ᠠ ) ᠬᠠᠤᠯᠢ ᠶᠣᠰᠣᠭᠠᠷ ᠠᠵᠢᠯᠯᠠᠬᠤ ᠵᠠᠷᠴᠢᠮ ᠃
    ᠭᠤᠷᠪᠠᠳᠤᠭᠠᠷ ᠵᠦᠢᠯ  ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠤᠳᠤᠷᠢᠳᠬᠤ ᠪᠠᠭ ᠤᠨ ᠪᠠᠶᠢᠭᠤᠯᠤᠯᠲᠠ ᠶ᠋ᠢ ᠡᠷᠬᠡᠪᠰᠢ ᠪᠠᠷᠢᠮᠲᠠᠯᠠᠬᠤ ᠨᠠᠮ ᠤᠨ ᠦᠨᠳᠦᠰᠦᠨ ᠤᠨᠤᠯ ᠂ ᠦᠨᠳᠦᠰᠦᠨ ᠱᠤᠭᠤᠮ᠂ ᠦᠨᠳᠦᠰᠦᠨ ᠬᠥᠲᠥᠯᠪᠦᠷᠢ ᠂ ᠦᠨᠳᠦᠰᠦᠨ ᠲᠤᠷᠰᠢᠯᠭ᠎ᠠ ᠂ ᠦᠨᠳᠦᠰᠦᠨ ᠱᠠᠭᠠᠷᠳᠠᠯᠭ᠎ᠠ  ᠂ ᠪᠦᠬᠦ ᠰᠡᠳᠬᠢᠯ ᠪᠦᠬᠦ ᠵᠣᠷᠢᠭ ᠢᠶᠠᠷ ᠢᠶᠡᠨ ᠠᠷᠠᠳ ᠲᠦᠮᠡᠨ ᠳ᠋ᠤ ᠦᠢᠯᠡᠴᠢᠯᠡᠬᠦ ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶ᠋ᠢᠨ ᠤᠳᠤᠷᠢᠳᠬᠤ ᠴᠢᠳᠠᠪᠤᠷᠢ ᠂ ᠪᠦᠲᠦᠴᠡ ᠨᠢ ᠵᠣᠬᠢᠰᠲᠠᠶ ᠂ ᠪᠦᠯᠬᠦᠮᠳᠡᠵᠦ ᠨᠢᠭᠲᠠᠷᠬᠠᠰᠠᠨ ᠪᠠᠲᠤ ᠴᠢᠩᠭ᠎ᠠ ᠤᠳᠤᠷᠢᠳᠬᠤ ᠬᠠᠮᠲᠤ ᠨᠡᠶᠢᠲᠡ ᠶ᠋ᠢᠨ ᠱᠠᠭᠠᠷᠳᠠᠯᠭ᠎ᠠ ᠮᠥᠨ ᠃
    ᠰᠢᠯᠢᠳᠡᠭ ᠵᠠᠯᠠᠭᠤ ᠺᠠᠲᠷ ᠢ ᠬᠥᠮᠦᠵᠢᠭᠦᠯᠵᠦ ᠰᠣᠩᠭᠣᠨ ᠳᠡᠪᠰᠢᠭᠦᠯᠬᠦ ᠠᠵᠢᠯ ᠢ ᠴᠢᠬᠤᠯᠠᠴᠢᠯᠠᠵᠤ᠂ ᠪᠡᠯᠡᠳᠬᠡᠯ ᠺᠠᠲᠷ ᠢ ᠬᠡᠷᠡᠭᠯᠡᠬᠦ ᠶ᠋ᠢ ᠠᠩᠬᠠᠷᠴᠤ ᠂ ᠡᠯ᠎ᠡ ᠨᠠᠰᠤ ᠬᠤᠭᠤᠴᠠᠭᠠᠨ ᠤ ᠺᠠᠲᠷ ᠢ ᠰᠠᠶᠢᠲᠤᠷ ᠬᠡᠷᠡᠭᠯᠡᠵᠦ ᠪᠣᠯᠤᠨ᠎ᠠ ᠃
    ᠦᠨᠳᠦᠰᠦᠨ ᠱᠠᠲᠤᠨ ᠤ ᠤᠳᠤᠷᠢᠳᠤᠮᠵᠢ ᠶ᠋ᠢ ᠪᠤᠢ ᠪᠣᠯᠭᠠᠬᠤ ᠬᠡᠷᠡᠭᠲᠡᠶ ᠃
    ᠳᠥᠷᠪᠡᠳᠦᠭᠡᠷ ᠵᠦᠢᠯ   ᠲᠤᠰ ᠲᠦᠷᠢᠮ ᠨᠢ ᠤᠯᠤᠰ ᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ ᠂  ᠲᠥᠷᠦ ᠶ᠋ᠢᠨ ᠶᠠᠪᠤᠳᠠᠯ ᠤᠨ ᠬᠣᠷᠢᠶ᠎ᠠ᠂ ᠪᠦᠬᠦ ᠤᠯᠤᠰ ᠤᠨ ᠤᠯᠤᠰ ᠲᠥᠷᠦ ᠶ᠋ᠢᠨ ᠵᠥᠪᠯᠡᠯᠭᠡᠨ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠠᠵᠢᠯ ᠤᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠶ᠋ᠢᠨ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ᠂ ᠠᠷᠠᠳ ᠤᠨ ᠳᠡᠭᠡᠳᠦ ᠰᠢᠭᠦᠬᠦ ᠬᠣᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠤᠳᠤᠷᠢᠳᠬᠤ ᠪᠦᠷᠢᠯᠳᠦᠬᠦᠨ ᠵᠢᠩᠬᠢᠨᠢ ᠲᠤᠰᠢᠶᠠᠯ ( ᠤᠤᠯ ᠪᠠᠯᠭᠠᠰᠤ ᠶ᠋ᠢ ᠪᠠᠭᠲᠠᠭᠠᠬᠤ ᠦᠬᠡᠢ ) ᠪᠠ  ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ; ᠰᠢᠶᠠᠨ  ᠤ ᠱᠠᠲᠤᠨ  ᠡᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠣᠷᠢᠶ᠎ᠠ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠦ ᠶ᠋ᠢᠨ ᠵᠥᠪᠯᠡᠯᠭᠡᠨ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠂  ᠠᠷᠠᠳ ᠤᠨ ᠰᠢᠭᠦᠬᠦ ᠬᠣᠷᠢᠶ᠎ᠠ ᠂ ᠠᠷᠠᠳ ᠤᠨ ᠪᠠᠶᠢᠴᠠᠭᠠᠬᠤ ᠬᠣᠷᠢᠢ᠎ᠠ ᠵᠢᠴᠢ ᠠᠵᠢᠯ ᠤᠨ ᠰᠠᠯᠠᠭ᠎ᠠ ᠮᠥᠴᠢᠷ ᠪᠤᠶᠤ ᠪᠠᠶᠢᠭᠤᠯᠭ᠎ᠠ ᠶ᠋ᠢᠨ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ; ᠳᠡᠭᠡᠷ᠎ᠡ ᠳᠤᠷᠠᠳᠤᠭᠰᠠᠨ ᠠᠵᠢᠯ ᠤᠨ ᠰᠠᠯᠠᠭ᠎ᠠ ᠮᠥᠴᠢᠷ ᠦᠨ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ᠤ ᠲᠤᠰᠢᠶᠠᠯ ᠢᠡᠭᠦᠷᠭᠡᠯᠡᠵᠦ ᠪᠠᠶᠢᠨ᠎ᠠ ᠃
    ᠦᠨᠳᠦᠰᠦᠲᠡᠨ ᠤ ᠣᠷᠣᠨ  ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠦ ᠶ᠋ᠢᠨ ᠪᠣᠳᠤᠯᠭ᠎ᠠ ᠠᠰᠲᠠᠭᠠᠨ ᠲᠣᠭᠲᠠᠭᠠᠯ ᠲᠠᠶ ᠪᠠᠶᠢᠪᠠᠯ ᠂ ᠲᠡᠷᠡ ᠲᠣᠭᠲᠠᠭᠠᠯ ᠢ ᠵᠢᠷᠤᠮᠯᠠᠨ᠎ᠠ ᠃
     ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠡᠭᠡᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠰᠢᠶᠠᠨ ᠤ ᠱᠠᠲᠤᠨ ᠡᠴᠠ ᠳᠡᠭᠡᠭᠰᠢᠬᠢ  ᠨᠠᠮ ᠤᠨ ᠬᠣᠷᠢᠶ᠎ᠠ ᠪᠠ ᠵᠠᠰᠠᠭ ᠤᠨ ᠣᠷᠳᠣᠨ  ᠤ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠡ ᠪᠠ ᠠᠵᠢᠯᠴᠢᠨ ᠤ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠦᠨ ᠬᠣᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠵᠢᠴᠢ ᠳᠣᠣᠷᠠᠬᠢ ᠲᠤᠬᠢᠷᠠᠭᠤᠯᠤᠭᠰᠠᠠ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ᠡᠴᠡ ᠲᠤᠰ ᠳᠥᠷᠢᠮ ᠢᠶ᠋ᠡᠷ ᠯᠠᠪᠯᠠᠯᠲᠠ ᠪᠣᠯᠭᠠᠵᠤ ᠭᠦᠢᠴᠡᠳᠬᠡᠨ᠎ᠡ ᠃
    ᠳᠡᠭᠡᠷ᠎ᠡ ᠵᠢᠭᠰᠠᠭᠠᠭᠰᠠᠨ ᠪᠠᠶᠢᠭᠤᠯᠭ᠎ᠠ ᠨᠢᠭᠡᠴᠢ ᠨᠢ ᠳᠤᠮᠳᠠᠳᠤ ᠤᠯᠤᠰ ᠤ ᠨᠡᠪ ᠬᠠᠮᠲᠤ ᠨᠠᠮ ᠤᠨ ᠨᠠᠮ ᠤᠨ ᠭᠡᠰᠢᠭᠦᠨ ᠤᠳᠤᠷᠢᠳᠬᠤ ᠺᠠᠲᠷᠴᠤᠳ ᠤᠨ ᠪᠤᠰᠤ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠠᠩᠬ᠎ᠠ ᠵᠡᠷᠭᠡ ᠶ᠋ᠢᠨ ᠲᠡᠰ ᠡᠴᠡ ᠳᠡᠭᠡᠭᠰᠢᠬᠢ ᠤᠳᠤᠷᠢᠳᠬᠤ ᠪᠤᠰᠤ ᠲᠤᠰᠢᠶᠠᠯ ᠤᠨ ᠺᠠᠳ᠋ᠷ ᠲᠤ ᠲᠤᠰ ᠳᠥᠷᠢᠮ ᠢᠶ᠋ᠡᠷ ᠯᠠᠪᠯᠠᠯᠲᠠ ᠪᠣᠯᠭᠠᠵᠤ ᠭᠦᠢᠴᠡᠳᠬᠡᠨ᠎ᠡ ᠃
    ᠲᠠᠪᠤᠳᠤᠭᠠᠷ ᠵᠦᠢᠯ   ᠲᠤᠰ ᠳᠥᠷᠢᠮ ᠦᠨ ᠳᠥᠷᠪᠡᠳᠦᠭᠡᠷ ᠵᠦᠢᠯ ᠳ᠋ᠦ ᠵᠢᠭᠰᠠᠭᠠᠭᠰᠠᠨ ᠬᠡᠪᠴᠢᠶᠡᠨ ᠳ᠋ᠦ ᠰᠣᠩᠭᠣᠭᠤᠯᠢ ᠶᠠᠪᠤᠭᠤᠯᠬᠤ ᠪᠠ ᠬᠠᠤᠯᠢ ᠶᠣᠰᠣᠭᠠᠷ ᠲᠣᠮᠢᠯᠠᠵᠤ ᠪᠠᠭᠤᠯᠭᠠᠬᠤ ᠂ ᠨᠠᠮ ᠵᠠᠰᠠᠭ ᠤᠨ ᠤᠳᠤᠷᠢᠳᠬᠤ ᠲᠤᠰᠢᠶᠠᠯ ᠢ ᠡᠭᠦᠷᠭᠡᠯᠡᠵᠦ ᠂ ᠨᠠᠮ ᠤᠨ ᠵᠣᠬᠢᠶᠠᠨ ᠪᠠᠶᠢᠭᠤᠯᠤᠯᠲᠠ  ᠡᠴᠠ ᠲᠠᠨᠢᠯᠴᠠᠭᠤᠯᠤᠭᠰᠠᠨ ᠂ ᠨᠡᠷ᠎ᠡ ᠳᠤᠷᠠᠳᠤᠭᠳᠠᠬᠤ ᠨᠢ ᠵᠢᠱᠢᠭᠳᠡᠭᠴᠢ ᠶ᠋ᠢ ᠰᠣᠩᠭᠣᠬᠤ ᠳ᠋ᠦ᠂ ᠲᠤᠰ ᠳᠥᠷᠢᠮ ᠦᠨ ᠲᠣᠭᠲᠠᠭᠠᠯ ᠢ ᠬᠡᠷᠡᠭᠯᠡᠨ᠎ᠡ ᠂ ᠲᠡᠭᠦᠨ  ᠤ ᠰᠣᠩᠭᠣᠭᠤᠯᠢ ᠶᠠᠪᠤᠭᠤᠯᠬᠤ ᠪᠠ ᠬᠠᠤᠯᠢ ᠶᠣᠰᠣᠭᠠᠷ ᠲᠣᠮᠢᠯᠠᠵᠤ ᠪᠠᠭᠤᠯᠭᠠᠬᠤ ᠂ ᠬᠣᠯᠪᠣᠭᠳᠠᠯ ᠪᠦᠬᠦᠢ ᠬᠠᠤᠯᠢ ᠴᠠᠭᠠᠵᠠ᠂ ᠳᠦᠷᠢᠮ ᠲᠣᠭᠲᠠᠭᠠᠯ ᠪᠠ ᠲᠣᠭᠲᠠᠭᠠᠯ ᠶᠣᠰᠣᠭᠠᠷ ᠬᠢᠬᠦ ᠬᠡᠷᠡᠭᠲᠡᠶ ᠃
    ᠵᠢᠷᠭᠤᠳᠤᠭᠠᠷ ᠵᠦᠢᠯ   ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠵᠢᠴᠢ ᠲᠡᠭᠦᠨ  ᠤ ᠵᠣᠬᠢᠶᠠᠨ ᠪᠠᠶᠢᠭᠤᠯᠬᠤ ( ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠦᠨ ᠺᠠᠲᠷ ᠢ ᠬᠠᠮᠢᠶᠠᠷᠬᠤ ᠡᠷᠬᠡ ᠶ᠋ᠢᠨ ᠬᠡᠪᠴᠢᠶ᠎ᠡ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠨᠠᠮ ᠵᠠᠰᠠᠭ ᠤᠨ ᠤᠳᠤᠷᠢᠳᠬᠤ ᠺᠠᠲᠷ ᠢᠰᠢᠯᠢᠨ ᠰᠣᠩᠭᠣᠵᠤ ᠲᠤᠰᠢᠶᠠᠯ ᠳ᠋ᠦ ᠲᠣᠮᠢᠯᠠᠬᠤ᠂ ᠲᠤᠰ ᠳᠥᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃

    ᠬᠣᠶᠠᠳᠤᠭᠠᠷ ᠪᠦᠯᠦᠭ    ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠨᠥᠬᠥᠴᠡᠯ

    ᠳᠣᠯᠣᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷ ᠳᠣᠣᠷᠠᠬᠢ ᠦᠨᠳᠦᠰᠦᠨ ᠨᠥᠭᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ ᠄
   ( ᠨᠢᠭᠡ ) ᠮᠠᠷᠺᠰ ᠯᠧᠨᠢᠨ ᠤ ᠦᠵᠡᠯ ᠂ ᠮᠠᠤ ᠽᠸ ᠳ᠋ᠦᠩ ᠦᠨ ᠦᠵᠡᠯ ᠰᠠᠨᠠᠭ᠎ᠠ ᠂ ᠳ᠋ᠧᠩ ᠰᠢᠶᠤᠤ ᠫᠢᠩ ᠦᠨ ᠤᠨᠤᠯ ᠂ 《ᠭᠤᠷᠪᠠ ᠶ᠋ᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠪᠡᠷ ᠵᠢᠯᠣᠭᠣᠳᠣᠯᠭ᠎ᠠ ᠪᠣᠯᠭᠠᠵᠤ᠂ ᠮᠠᠷᠺᠰ ᠤᠨ ᠦᠵᠡᠯ ᠦᠨ ᠵᠣᠭᠰᠣᠯᠲᠠ᠂ ᠦᠵᠡᠯᠲᠡ ᠂ ᠠᠷᠭ᠎ᠠ ᠪᠠᠷ ᠪᠣᠳᠠᠲᠠᠶ ᠠᠰᠠᠭᠤᠳᠠᠯ ᠢ ᠵᠠᠳᠠᠯᠤᠨ ᠢᠢᠳᠪᠦᠷᠢᠯᠡᠬᠦ ᠪᠡᠷ᠂ ᠰᠤᠷᠤᠯᠴᠠᠯᠭ᠎ᠠ ᠶ᠋ᠢ ᠡᠷᠬᠢᠮᠯᠡᠬᠦ ᠶ᠋ᠢ ᠪᠠᠷᠢᠮᠲᠠᠯᠠᠬᠤ᠂ ᠤᠯᠤᠰ ᠲᠥᠷᠦ ᠶ᠋ᠢ ᠡᠷᠬᠢᠮᠯᠡᠬᠦ ᠂ ᠲᠥᠪ ᠰᠤᠷᠲᠠᠯ ᠢ ᠡᠷᠬᠢᠮᠯᠡᠬᠦ ᠂ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠥᠷᠦ ᠶ᠋ᠢᠨ ᠲᠠᠯ᠎ᠠ ᠪᠠᠷ᠂ ᠠᠵᠢᠯᠯᠠᠭ᠎ᠠ ᠶ᠋ᠢᠨ ᠲᠠᠯ᠎ᠠ ᠪᠠᠷ ᠨᠠᠮ ᠤᠨ ᠲᠥᠪ ᠬᠣᠷᠢᠢ᠎ᠠ ᠲᠠᠶ ᠳᠡᠭᠡᠳᠦ ᠬᠡᠮᠵᠢᠢ᠎ᠡ ᠪᠡᠷ ᠨᠢᠭᠡᠳᠦᠯᠲᠡᠢ ᠪᠠᠶᠢᠵᠤ᠂ ᠡᠯ᠎ᠡ ᠵᠦᠢᠯ ᠦᠨ ᠰᠠᠯᠬᠢ ᠳᠠᠪᠠᠯᠭᠠᠨ ᠤ ᠰᠢᠯᠭᠠᠯᠲᠠ ᠶ᠋ᠢ ᠳᠠᠭᠠᠭᠠᠵᠤ ᠴᠢᠳᠠᠬᠤ ᠶᠤᠮ ᠃
    ( ᠬᠣᠶᠠᠷ ) ᠡᠪ ᠬᠠᠮᠲᠤ ᠶᠣᠰᠣᠨ ᠤ ᠠᠯᠤᠰ ᠤᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠪᠠᠲᠤ ᠴᠢᠩᠭ᠎ᠠ ᠢᠲᠡᠭᠡᠯ ᠪᠢᠰᠢᠷᠡᠯ᠂ ᠨᠠᠮ ᠤᠨ ᠦᠨᠳᠦᠰᠦᠨ ᠱᠤᠭᠤᠮ ᠪᠠ ᠡᠯ᠎ᠡ ᠵᠦᠢᠯ ᠦᠨ ᠴᠢᠭᠯᠡᠯᠲᠡ ᠲᠥᠷᠦ ᠶ᠋ᠢᠨ ᠪᠣᠳᠤᠯᠭ᠎ᠠ ᠶ᠋ᠢ ᠡᠷᠡᠰ ᠬᠡᠷᠡᠭᠵᠢᠭᠦᠯᠵᠦ᠂ ᠵᠣᠷᠢᠭ ᠰᠢᠭᠤᠳᠤᠨ ᠥᠭᠡᠷᠡᠴᠢᠯᠡᠯᠲᠡ ᠨᠡᠭᠡᠭᠡᠯᠳᠠ ᠬᠢᠵᠦ᠂ ᠣᠳᠣᠬᠢᠴᠢᠯᠠᠯᠲᠠ ᠶ᠋ᠢᠨ ᠦᠢᠯᠡᠰ ᠲᠦ ᠪᠡᠶ᠎ᠡ ᠪᠡᠨ ᠵᠣᠷᠢᠭᠤᠯᠵᠤ᠂ ᠨᠡᠶᠢᠭᠡᠮ ᠵᠢᠷᠤᠮ ᠤᠨ ᠪᠦᠳᠦᠭᠡᠠ ᠪᠠᠶᠢᠭᠤᠯᠤᠯᠲᠠ ᠶ᠋ᠢᠨ ᠳᠤᠮᠳᠠ ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠪᠦᠲᠦᠭᠡᠵᠦ᠂ ᠠᠵᠢᠯ ᠤᠨ ᠪᠥᠲᠦᠮᠵᠢ ᠶ᠋ᠢᠨ ᠲᠤᠬᠠᠶ ᠵᠥᠪ ᠦᠵᠡᠯᠲᠡ ᠶ᠋ᠢ ᠪᠤᠢ ᠪᠣᠯᠭᠠᠵᠤ᠂ ᠦᠢᠯᠡᠳᠦᠯᠭᠡ᠂ ᠠᠷᠠᠳ᠂  ᠲᠡᠦᠬᠡ ᠶ᠋ᠢᠨ ᠰᠢᠯᠭᠠᠯᠲᠠ ᠶ᠋ᠢ ᠳᠠᠭᠠᠭᠠᠬᠤ ᠠᠮᠵᠢᠯᠲᠠ ᠶ᠋ᠢ ᠭᠠᠷᠭᠠᠬᠤ ᠬᠡᠷᠡᠭᠲᠡᠶ ᠃
    ( ᠭᠤᠷᠪᠠ ) ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠮᠦᠨ ᠢᠶ᠋ᠡᠷ ᠨᠢ᠂ ᠴᠠᠭ ᠦᠢ᠎ᠡ ᠲᠡᠶ ᠵᠡᠷᠭᠡᠴᠡᠨ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠂ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ ᠴᠢᠳᠠᠬᠤ᠂ ᠨᠠᠮ ᠤᠨ ᠴᠢᠭᠯᠡᠯᠲᠡ ᠲᠥᠷᠦ ᠶ᠋ᠢᠨ ᠪᠣᠳᠤᠯᠭ᠎ᠠ ᠶ᠋ᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠦᠨ ᠢᠶ᠋ᠡᠨ ᠪᠣᠳᠠᠲᠤ ᠪᠠᠶᠢᠳᠠᠯ ᠲᠠᠶ ᠤᠶᠠᠯᠳᠤᠭᠤᠯᠵᠤ᠂ ᠭᠠᠷᠮᠠᠭᠠᠶ ᠪᠦᠲᠦᠮᠵᠢᠲᠡᠶ ᠠᠵᠢᠯ ᠥᠷᠨᠢᠭᠦᠯᠵᠦ᠂ ᠦᠨᠡᠨ ᠦᠭᠡ ᠬᠡᠯᠡᠵᠦ᠂ ᠪᠣᠳᠠᠲᠠᠢ ᠶᠠᠪᠤᠳᠠᠯ ᠬᠢᠬᠦ᠂ ᠪᠣᠳᠠᠲᠤ ᠦᠷ᠎ᠡ ᠠᠰᠢᠭ ᠤᠯᠬᠤ ᠪᠠᠷ ᠴᠢᠷᠮᠠᠶᠢᠬᠤ᠂ ᠬᠡᠯᠪᠡᠷᠢ ᠶ᠋ᠢᠨ ᠦᠵᠡᠯ ᠢᠡ ᠰᠡᠷᠭᠦᠴᠡᠬᠦ ᠬᠡᠷᠡᠭᠲᠡᠶ ᠃
    ( ᠲᠤᠢᠷᠪᠡ )  ᠬᠤᠪᠢᠰᠬᠠᠯ ᠤᠨ ᠦᠢᠯᠡᠰ ᠲᠦ ᠵᠢᠳᠬᠦᠬᠦ ᠵᠣᠷᠢᠭ ᠪᠠ ᠤᠯᠤᠰ ᠲᠥᠷᠦ ᠶ᠋ᠢᠨ ᠬᠠᠷᠢᠭᠤᠴᠠᠯᠭᠠᠲᠤ ᠰᠡᠳᠬᠢᠯᠭᠡ ᠪᠡᠷ ᠴᠢᠩᠭ᠎ᠠ ᠪᠠᠶᠢᠵᠤ᠂ ᠥᠢᠯᠡᠳᠦᠯᠭᠡ ᠶ᠋ᠢᠨ ᠲᠤᠷᠰᠢᠯᠭ᠎ᠠ᠂ ᠤᠳᠤᠷᠢᠳᠬᠤ ᠠᠵᠢᠯ ᠢ ᠬᠢᠵᠦ ᠴᠢᠳᠠᠬᠤ ᠵᠣᠬᠢᠶᠠᠨ ᠪᠠᠶᠢᠭᠤᠯᠬᠤ ᠴᠢᠳᠠᠪᠤᠷᠢ᠂ ᠰᠣᠶᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠮᠡᠳᠡᠯᠭᠡ ᠲᠡᠶ ᠪᠠᠶᠢᠬᠤ ᠬᠡᠷᠡᠭᠲᠡᠶ  ᠃.
   ( ᠲᠠᠪᠤ ) ᠠᠷᠠᠳ ᠲᠦᠮᠡᠨ ᠤ ᠣᠯᠭᠣᠭᠰᠠᠨ ᠡᠷᠬᠡ ᠶ᠋ᠢ ᠵᠥᠪ ᠢᠶ᠋ᠡᠷ ᠬᠡᠷᠡᠭᠵᠢᠭᠦᠯᠵᠦ᠂ ᠵᠠᠷᠴᠢᠮ ᠢ ᠪᠠᠷᠢᠮᠲᠠᠯᠠᠬᠤ᠂ ᠵᠣᠷᠢᠭᠲᠠᠶ ᠠᠳᠬᠤᠨ ᠵᠣᠷᠢᠭᠲᠠᠶ ᠬᠠᠮᠢᠶᠠᠷᠴᠤ᠂ ᠬᠠᠤᠯᠢ ᠪᠠᠷ ᠠᠵᠢᠯᠯᠠᠬᠤ᠂ ᠠᠷᠢᠭᠤᠨ ᠴᠢᠬᠡᠴᠢ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠡᠷ ᠵᠠᠰᠠᠭ ᠪᠠᠷᠢᠬᠤ᠂ ᠪᠡᠶ᠎ᠡ ᠪᠡᠷ ᠢᠶ᠋ᠡᠨ ᠬᠡᠪ ᠳᠦ᠋ᠷᠢᠮ ᠪᠣᠯᠬᠤ᠂ ᠬᠠᠲᠠᠭᠤᠵᠢᠯᠲᠠᠶ ᠪᠣᠷᠣᠭᠵᠢᠭᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠤᠯᠡᠠ ᠲᠦᠮᠡᠨ ᠲᠡᠶ ᠨᠢᠭᠲᠠ ᠬᠠᠷᠢᠯᠴᠠᠬᠤ᠂ ᠨᠠᠮ ᠤᠨ ᠤᠯᠡᠠ ᠲᠦᠮᠡᠨᠴᠢ ᠱᠣᠭᠤᠮ ᠢ ᠪᠠᠷᠢᠮᠲᠠᠯᠠᠵᠤ᠂ ᠨᠠᠮ ᠪᠠ ᠤᠯᠠᠨ ᠲᠦᠮᠡᠨ ᠤ ᠰᠢᠭᠦᠮᠵᠢᠯᠡᠯ ᠪᠣᠯᠤᠨ ᠬᠢᠨᠠᠯᠲᠠ ᠶ᠋ᠢ ᠤᠬᠠᠮᠰᠠᠷ ᠡᠴᠡ ᠪᠠᠨ ᠬᠦᠯᠢᠶᠡᠵᠦ᠂ ᠶᠣᠰᠣ ᠮᠣᠷᠠᠯ ᠤᠨ ᠪᠣᠯᠪᠠᠰᠤᠷᠠᠯ ᠢᠶᠡᠨ ᠴᠢᠩᠭᠠᠳᠬᠠᠵᠤ᠂ ᠨᠠᠮᠴᠢ ᠴᠢᠨᠠᠷ ᠢ ᠡᠷᠬᠢᠮᠯᠡᠬᠦ ᠂ ᠵᠠᠩ ᠰᠤᠷᠲᠠᠯ ᠢ ᠴᠢᠬᠤᠯᠠᠴᠢᠯᠠᠵᠤ᠂ ᠦᠯᠢᠭᠡᠷ ᠳᠠᠭᠤᠷᠢᠶᠠᠯ ᠪᠣᠯᠬᠤ᠂ ᠨᠡᠶᠢᠭᠡᠮ ᠵᠢᠷᠤᠮ ᠤᠨ ᠭᠣᠣᠯᠯᠠᠬᠤ ᠥᠷᠲᠡᠭ ᠦᠨ ᠦᠵᠡᠯᠲᠡ ᠶ᠋ᠢ ᠲᠦᠷᠦᠭᠦᠯᠡᠨ ᠦᠢᠯᠡᠳᠦᠯᠭᠡᠵᠢᠭᠦᠯᠵᠦ ᠂ ᠪᠡᠶ᠎ᠡ ᠪᠡᠨ ᠬᠢᠴᠢᠶᠡᠵᠦ᠂ ᠪᠡᠶ᠎ᠡ ᠪᠡᠨ ᠬᠢᠨᠠᠵᠤ᠂ ᠥᠪᠡᠷ ᠢ ᠪᠡᠨ ᠰᠡᠷᠡᠮᠵᠢᠯᠡᠭᠦᠯᠬᠦ᠂ ᠥᠪᠡᠷ ᠦᠨᠥᠳᠥᠭᠡᠯᠲᠡ᠂ ᠨᠣᠶᠠᠨᠴᠢ ᠰᠤᠷᠲᠠᠯ ᠢᠡᠰᠡᠷᠭᠦᠴᠡᠨ᠂ ᠡᠷᠬᠡ ᠲᠤᠰᠢᠶᠠᠯ ᠢᠶᠡᠨ ᠳᠤᠷ᠎ᠠ ᠪᠠᠷ ᠢᠶᠡᠨ ᠬᠡᠷᠡᠭᠯᠡᠵᠦ᠂ ᠬᠣᠪᠢᠷ ᠤᠨ ᠣᠯᠵᠠ ᠠᠰᠢᠭ ᠢ ᠬᠥᠭᠡᠭᠡᠴᠡᠯᠳᠦᠬᠦ ᠠᠯᠢᠪᠠ ᠲᠥᠪ ᠪᠤᠰᠤ ᠰᠤᠷᠲᠠᠯ ᠢ ᠡᠰᠡᠷᠭᠦᠴᠡᠬᠦ ᠬᠡᠷᠡᠭᠲᠡᠶ ᠃      
    ( ᠵᠢᠷᠭᠤᠭ᠎ᠠ ) ᠨᠠᠮ ᠤᠨ ᠠᠷᠠᠳᠴᠢᠯᠠᠯ ᠲᠥᠪᠯᠡᠷᠡᠯ ᠦᠨ ᠶᠣᠰᠤ ᠶ᠋ᠢ ᠪᠠᠷᠢᠮᠲᠠᠯᠠᠨ ᠬᠠᠮᠠᠭᠠᠯᠠᠵᠤ᠂ ᠠᠷᠠᠳᠴᠢᠯᠠᠯ ᠤᠨ ᠰᠤᠷᠲᠠᠯ ᠲᠠᠶ ᠂ ᠪᠦᠬᠦ  ᠲᠠᠯ᠎ᠠ ᠶ᠋ᠢᠨ ᠦᠵᠡᠯᠲᠡ ᠲᠡᠶ ᠪᠠᠶᠢᠵᠤ  ᠪᠦᠬᠦ ᠨᠥᠬᠥᠳ ᠲᠡᠶ ᠰᠠᠶᠢᠲᠤᠷ ᠪᠦᠯᠬᠦᠮᠳᠡᠵᠦ᠂ ᠥᠪᠡᠷ ᠦᠨ ᠬᠢ ᠲᠡᠶ ᠨᠢ ᠠᠳᠠᠯᠢ ᠪᠤᠰᠤ ᠰᠠᠨᠠᠯ ᠪᠦᠬᠦᠢ ᠬᠣᠭᠤᠷᠤᠨᠳᠤ ᠬᠠᠮᠲᠤ ᠠᠵᠢᠯᠯᠠᠵᠤ ᠴᠢᠳᠠᠬᠤ ᠬᠡᠷᠡᠭᠲᠡᠶ ᠃
    ᠨᠠᠢᠮᠠᠳᠤᠭᠠᠷ ᠵᠦᠢᠯ   ᠲᠤᠰᠢᠶᠠᠯ ᠢ ᠡᠭᠦᠷᠭᠡᠯᠡᠵᠦ᠂ ᠨᠠᠮ ᠵᠠᠰᠠᠭ ᠤᠨ ᠤᠳᠤᠷᠢᠳᠬᠤ ᠲᠤᠰᠢᠶᠠᠯ ᠳ᠋ᠤ ᠳᠡᠪᠰᠢᠭᠦᠯᠬᠦ᠂ ᠳᠣᠣᠷ᠎ᠠ ᠵᠢᠭᠰᠠᠭᠠᠭᠰᠠᠨ ᠦᠨᠳᠦᠰᠦᠨ ᠬᠢᠷᠢ ᠬᠡᠮ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ ᠄
   ( ᠨᠢᠭᠡ ) ᠲᠤᠰᠢᠶᠠᠯ  ᠳ᠋ᠦ ᠳᠡᠪᠰᠢᠭᠦᠯᠦᠨ ᠰᠢᠶᠠᠨ ᠤ ᠭᠠᠵᠠᠷ ᠤᠨ ᠳᠡᠰ ᠦᠨ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠪᠠᠯ᠂ ᠲᠠᠪᠤᠨ ᠵᠢᠯ ᠡᠴᠡ ᠳᠡᠭᠡᠭᠰᠢ ᠠᠵᠢᠯᠯᠠᠭᠰᠠᠨ ᠪᠠ ᠬᠣᠶᠠᠷ ᠵᠢᠯ ᠡᠴᠡ ᠳᠡᠭᠡᠭᠰᠢ ᠦᠨᠳᠦᠰᠦᠨ ᠱᠠᠲᠤᠨ ᠳ᠋ᠦ ᠠᠵᠢᠯᠯᠠᠭᠰᠠᠨ ᠥᠩᠭᠡᠷᠡᠯᠲᠡ ᠲᠠᠢ ᠪᠠᠶᠢᠬᠤ ᠬᠡᠷᠡᠭᠲᠡᠢ ᠃
   ( ᠬᠣᠶᠠᠷ ) ᠲᠤᠰᠢᠶᠠᠯ  ᠳ᠋ᠦ ᠳᠡᠪᠰᠢᠭᠦᠯᠦᠨ ᠰᠢᠶᠠᠨ ᠤ ᠭᠠᠵᠠᠷ ᠤᠨ ᠳᠡᠰ ᠡᠴᠡ ᠳᠡᠭᠡᠭᠰᠢᠬᠢ ᠤᠳᠤᠷᠢᠳᠬᠤ  ᠲᠤᠰᠢᠶᠠᠯ ᠢ ᠡᠭᠦᠷᠭᠡᠯᠡᠵᠦ᠂ ᠲᠡᠷᠡ ᠨᠢ ᠡᠩ ᠦᠨ ᠪᠠᠶᠢᠳᠠᠯ ᠳᠣᠣᠷ᠎ᠠ ᠨᠢᠭᠡ ᠱᠠᠲᠤᠨ ᠤ ᠬᠣᠶᠠᠷ ᠪᠤᠶᠤ ᠬᠣᠶᠠᠷ ᠡᠴᠠ ᠳᠡᠭᠡᠭᠰᠢ ᠲᠤᠰᠢᠶᠠᠯ ᠤᠨ ᠪᠠᠶᠢᠷᠢ  ᠳ᠋ᠤ ᠲᠤᠰᠢᠶᠠᠯ ᠬᠠᠷᠢᠭᠤᠴᠠᠭᠰᠠᠨ ᠥᠩᠭᠡᠷᠡᠯᠲᠡ ᠪᠣᠯᠬᠤ ᠶᠤᠮ ᠃
   ( ᠭᠤᠷᠪᠠ ) ᠲᠤᠰᠢᠶᠠᠯ  ᠳ᠋ᠤ ᠳᠡᠪᠰᠢᠭᠦᠯᠦᠨ ᠰᠢᠶᠠᠨ ᠤ ᠭᠠᠵᠠᠷ ᠤᠨ ᠳᠡᠰ ᠡᠴᠠ ᠳᠡᠭᠡᠭᠰᠢᠬᠢ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠪᠠᠯ᠂ ᠳᠡᠳ᠋ ᠲᠤᠰᠢᠶᠠᠯ ᠡᠭᠦᠷᠭᠡᠯᠡᠭᠰᠡᠳ ᠪᠣᠯ ᠵᠢᠩᠬᠢᠨᠢ ᠲᠤᠰᠢᠶᠠᠯ ᠳ᠋ᠦ ᠳᠡᠪᠰᠢᠭᠦᠯᠵᠦ ᠬᠡᠷᠡᠭᠯᠡᠬᠦ ᠂ ᠳᠡᠳ᠋ ᠲᠤᠰᠢᠶᠠᠯ ᠠᠵᠢᠯ ᠤᠨ ᠪᠠᠶᠢᠷᠢ ᠬᠣᠶᠠᠷ ᠵᠢᠯ ᠡᠴᠡ ᠳᠡᠭᠡᠭᠰᠢ ᠠᠵᠢᠯᠯᠠᠭᠰᠠᠨ ᠪᠠᠶᠢᠪᠠᠯ᠂ ᠳᠣᠣᠷ᠎ᠠ ᠱᠠᠲᠤᠨ ᠤ ᠵᠢᠩᠬᠢᠨᠢ ᠲᠤᠰᠢᠶᠠᠯ ᠬᠠᠷᠢᠭᠤᠴᠠᠵᠤ ᠪᠠᠶᠢᠭᠰᠠᠨ ᠳᠡᠭᠡᠳᠦ ᠱᠠᠲᠤᠨ ᠤ ᠳᠡᠳ᠋ ᠲᠤᠰᠢᠶᠠᠯ ᠨᠢ ᠳᠣᠣᠷ᠎ᠠ ᠱᠠᠲᠤᠨ ᠤ ᠵᠢᠩᠬᠢᠨᠢ ᠲᠤᠰᠢᠶᠠᠯ ᠤᠨ ᠠᠵᠢᠯ ᠤ ᠨᠪᠠᠶᠢᠷᠢ ᠶ᠋ᠢᠨ ᠠᠵᠢᠯ ᠢ ᠭᠤᠷᠪᠠᠨ ᠵᠢᠯ ᠡᠴᠡ ᠳᠡᠭᠡᠭᠰᠢ ᠬᠢᠭᠰᠡᠨ ᠪᠠᠶᠢᠬᠤ ; ᠳᠡᠪᠰᠢᠭᠦᠯᠵᠦ ᠬᠡᠷᠡᠭᠯᠡᠬᠦ  ᠭᠠᠵᠠᠷ ᠤᠨ ᠲᠡᠰ ᠡᠴᠠ ᠳᠡᠭᠡᠭᠰᠢᠬᠢ ᠤᠳᠤᠷᠢᠳᠬᠤ ᠪᠤᠰᠤ ᠲᠤᠰᠢᠶᠠᠯ ᠤᠨ ᠲᠤᠰᠢᠶᠠᠯ ᠡᠭᠦᠷᠭᠡᠯᠡᠬᠦ ᠬᠤᠭᠤᠴᠠᠭ᠎ᠠ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃
   ( ᠲᠦᠷᠪᠡ ) ᠡᠩ ᠦᠨ ᠶᠡᠬᠡ ᠰᠤᠷᠭᠠᠭᠤᠯᠢ ᠶ᠋ᠢᠨ ᠲᠤᠰᠬᠠᠶ ᠮᠡᠷᠭᠡᠵᠢᠯ ᠦᠨ ᠠᠡᠭᠬᠢ ᠡᠴᠡ ᠳᠡᠭᠡᠭᠰᠢ ᠰᠣᠶᠤᠯ ᠤᠨ ᠬᠢᠷᠢ ᠬᠡᠮᠵᠢᠶ᠎ᠡ ᠲᠡᠶ ᠪᠠᠶᠢᠬᠤ ᠬᠡᠷᠡᠭᠲᠡᠶ ᠂ ᠡᠭᠦᠨ ᠳ᠋ᠤ ᠲᠢᠩᠬᠢᠮ ᠲᠣᠪᠴᠢᠶᠠᠨ ᠤ ᠳᠡᠰ  ᠡᠴᠠ ᠳᠡᠭᠡᠭᠰᠢᠬᠢ ᠤᠳᠤᠷᠢᠳᠬᠤ ᠺᠠᠳ᠋ᠷ ᠡᠩ ᠦᠨᠪᠠᠶᠢᠳᠠᠯ ᠳᠣᠣᠷ᠎ᠠ ᠶᠡᠬᠡ ᠰᠤᠷᠭᠠᠭᠤᠯᠢ ᠶ᠋ᠢᠨ ᠡᠩ ᠦᠨ ᠠᠩᠭᠢ ᠡᠴᠡ ᠳᠡᠭᠡᠭᠰᠢᠬᠢ ᠰᠣᠶᠤᠯ ᠤᠨ ᠬᠢᠷᠢ ᠬᠡᠮᠵᠢᠶ᠎ᠡ ᠲᠡᠶ ᠪᠠᠶᠢᠬᠤ ᠬᠡᠷᠡᠭᠲᠡᠶ ᠃
   ( ᠲᠠᠪᠤ )  ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠺᠠᠲᠷ ᠤᠨ ᠳᠡᠭᠡᠳᠦ ᠰᠤᠷᠭᠠᠭᠤᠯᠢ ᠪᠤᠶᠤ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠦᠨ ᠮᠡᠳᠡᠷᠡᠨ ᠵᠥᠪᠰᠢᠶᠡᠷᠡᠭᠰᠡᠨ ᠪᠤᠰᠤᠳ ᠪᠣᠯᠪᠠᠰᠤᠷᠠᠭᠤᠯᠤᠯ ᠤᠨ ᠪᠠᠶᠢᠭᠤᠯᠤᠮᠵᠢ ᠶ᠋ᠢᠨ ᠪᠣᠯᠪᠠᠰᠤᠷᠠᠭᠤᠯᠤᠯ ᠬᠢᠬᠦ᠂ ᠪᠣᠯᠪᠠᠰᠤᠷᠠᠭᠤᠯᠤᠯ ᠤᠨ ᠴᠠᠭ ᠢ ᠺᠠᠲᠷ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠬᠣᠯᠪᠣᠭᠳᠠᠯ ᠪᠥᠬᠥᠶ  ᠲᠣᠭᠲᠠᠭᠠᠯ ᠤᠨ ᠱᠠᠭᠠᠷᠳᠠᠯᠭ᠎ᠠ  ᠳ᠋ᠤ ᠬᠦᠷᠦᠭᠰᠡᠠ ᠪᠠᠶᠢᠬᠤ ᠬᠡᠷᠡᠭᠲᠡᠶ ᠃ ᠦᠨᠡᠬᠡᠷ ᠣᠨᠴᠠᠭᠠᠶ ᠪᠠᠶᠢᠳᠠᠯ ᠡᠴᠠ ᠪᠤᠯᠵᠤ ᠡᠨᠡ ᠬᠦ ᠲᠤᠰᠢᠶᠠᠯ ᠳ᠋ᠤ ᠡᠮᠦᠨᠡᠬᠢ ᠪᠣᠯᠪᠠᠰᠤᠷᠠᠭᠤᠯᠬᠤ ᠱᠠᠭᠠᠷᠳᠠᠯᠭ᠎ᠠ  ᠳ᠋ᠤ ᠬᠦᠷᠦᠭᠰᠡᠨ ᠦᠭᠡᠢ᠂ ᠰᠡᠭᠦᠯᠡᠷᠬᠢ ᠨᠢᠭᠡ ᠵᠢᠯ ᠦᠨ ᠳᠣᠲᠣᠷ᠎ᠠ ᠪᠡᠶᠡᠯᠡᠭᠦᠯᠵᠦ ᠂  ᠪᠣᠯᠪᠠᠰᠤᠷᠠᠭᠤᠯᠤᠯ ᠢ ᠪᠡᠶᠡᠯᠡᠭᠦᠯᠬᠦ ᠬᠡᠷᠡᠭᠲᠡᠶ ᠃
   ( ᠵᠢᠷᠭᠤᠭ᠎ᠠ ) ᠲᠤᠰᠢᠶᠠᠯ ᠬᠠᠷᠢᠭᠤᠴᠠᠯᠭ᠎ᠠ ᠪᠠᠨ ᠬᠡᠪ ᠢᠶ᠋ᠡᠷ ᠭᠦᠢᠴᠡᠳᠬᠡᠵᠦ ᠳᠡᠶᠢᠯᠬᠦ ᠪᠡᠶ᠎ᠡ ᠮᠠᠭᠪᠤᠳ ᠤᠨ ᠨᠥᠬᠥᠴᠡᠯ ᠲᠠᠢ ᠪᠠᠶᠢᠬᠤ ᠬᠡᠷᠡᠭᠲᠡᠢ ᠃
   ( ᠲᠤᠯᠤᠭ᠎ᠠ ) ᠬᠣᠯᠪᠣᠭᠳᠠᠯ ᠪᠦᠬᠦᠢ ᠬᠠᠤᠯᠢ ᠴᠠᠭᠠᠵᠠ ᠶ᠋ᠢᠨ ᠲᠣᠭᠲᠠᠭᠠᠯ ᠳᠡᠬᠢ ᠬᠢᠷᠢ ᠬᠡᠮ ᠦᠨ ᠱᠠᠭᠠᠷᠳᠠᠯᠭ᠎ᠠ ᠳ᠋ᠦ ᠨᠡᠶᠢᠴᠡᠬᠦ ᠬᠡᠷᠡᠭᠲᠡᠢ᠃ ᠨᠠᠮ ᠤᠨ ᠤᠳᠤᠷᠢᠳᠬᠤ ᠲᠤᠰᠢᠶᠠᠯ ᠳ᠋ᠤ ᠳᠡᠪᠰᠢᠭᠦᠯᠵᠦ ᠬᠡᠷᠡᠭᠯᠡᠬᠦ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ 》 ᠳ᠋ᠤ ᠲᠣᠭᠲᠠᠭᠠᠬᠤ ᠳᠠᠭᠠᠨ ᠨᠠᠮ ᠳ᠋ᠤ ᠤᠷᠤᠭᠰᠠᠨ ᠵᠢᠯ ᠬᠤᠭᠤᠴᠠᠭ᠎ᠠ ᠨᠢ ᠴᠦ ᠨᠡᠶᠢᠴᠡᠭᠰᠡᠨ ᠪᠠᠶᠢᠬᠤ ᠬᠡᠷᠡᠭᠲᠡᠶ ᠃
     ᠶᠢᠰᠦᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷᠴᠤᠳ ᠱᠠᠳᠤ ᠳᠠᠷᠠᠭᠠᠯᠠᠨ ᠳᠡᠪᠰᠢᠭᠦᠯᠬᠦ ᠬᠡᠷᠡᠭᠲᠡᠶ᠃ ᠣᠨᠴᠠᠭᠠᠶ ᠰᠢᠯᠢᠳᠡᠭ ᠪᠤᠶᠤ ᠠᠵᠢᠯ ᠤᠨ ᠣᠨᠴᠠ ᠬᠡᠷᠡᠭᠴᠡᠭᠡ ᠲᠡᠶ ᠺᠠᠳ᠋ᠷ ᠪᠢᠰᠢ᠂ ᠳᠠᠪᠠᠵᠤ᠂ ᠲᠤᠰᠢᠶᠠᠯ ᠡᠭᠦᠷᠭᠡᠯᠡᠬᠦ ᠬᠢᠷᠢ ᠬᠡᠮ ᠦᠨ ᠲᠣᠭᠲᠠᠭᠠᠯ ᠪᠤᠶᠤ ᠱᠠᠳᠤ ᠠᠯᠤᠰᠯᠠᠨ ᠳᠡᠪᠰᠢᠭᠦᠯᠵᠦ ᠤᠳᠤᠷᠢᠳᠬᠤ ᠲᠤᠰᠢᠶᠠᠯ ᠬᠠᠷᠢᠭᠤᠴᠠᠭᠤᠯᠬᠤ ᠬᠡᠷᠡᠭᠲᠡᠶ ᠃
     ᠱᠠᠳᠤ ᠠᠯᠭᠠᠰᠠᠨ ᠳᠡᠪᠰᠢᠭᠦᠯᠬᠦ ᠶᠠᠪᠤᠳᠠᠯ ᠣᠨᠴᠠ ᠰᠢᠯᠢᠳᠡᠭ ᠺᠠᠳ᠋ᠷ᠂ ᠮᠣᠷᠠᠯ ᠡᠷᠳᠡᠮ ᠬᠡᠪ ᠴᠢᠨᠠᠷ ᠲᠤᠪᠤᠢᠢᠮ᠎ᠠ᠂ ᠤᠯᠠᠨ ᠲᠦᠮᠡᠨ ᠤ ᠨᠡᠶᠢᠲᠡ ᠪᠡᠷ ᠵᠥᠪᠰᠢᠶᠡᠷᠡᠬᠦ ᠶ᠋ᠢ ᠴᠢᠬᠤᠯᠠᠴᠢᠯᠠᠬᠤ ᠬᠡᠮᠵᠢᠶ᠎ᠡ ᠨᠢ ᠥᠨᠳᠥᠷ ᠪᠥᠭᠡᠳ ᠳᠣᠣᠷ᠎ᠠ ᠵᠢᠭᠰᠠᠭᠠᠭᠰᠠᠨ ᠨᠥᠭᠦᠴᠡᠯ ᠦᠨ ᠨᠢᠭᠡ ᠳ᠋ᠦ ᠨᠡᠶᠢᠴᠡᠭᠰᠡᠨ᠄ ᠵᠠᠩᠭᠢᠯᠠᠭ᠎ᠠ ᠶ᠋ᠢᠨ ᠴᠠᠭ ᠮᠥᠴᠡ ᠳ᠋ᠦ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶ᠋ᠢ ᠳᠠᠭᠠᠭᠠᠵᠤ ᠡᠭᠦᠷᠭᠡᠯᠡᠨ᠎ᠡ᠂ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ;ᠨᠥᠭᠦᠴᠡᠯ ᠢᠶ᠋ᠡᠷ ᠪᠡᠷᠬᠡ ᠬᠠᠲᠠᠭᠤᠵᠢᠯᠲᠠᠶ᠂ ᠣᠷᠴᠢᠨ ᠪᠠᠶᠢᠳᠠᠯ ᠨᠠᠷᠢᠨ ᠪᠤᠳᠤᠯᠢᠶᠠᠨᠲᠠᠶ᠂ ᠰᠠᠭᠤᠷᠢ ᠠᠨᠠᠶ ᠭᠠᠵᠠᠷ ᠣᠷᠣᠨ ᠪᠤᠶᠤ ᠨᠢᠭᠡᠴᠢ ᠲᠦ ᠠᠵᠢᠯ ᠤᠨ ᠪᠣᠳᠠᠲᠤ ᠪᠦᠲᠦᠮᠵᠢ ᠨᠢ ᠲᠤᠪᠦ᠋ᠢᠮ᠎ᠠ ; ᠪᠤᠰᠤᠳ ᠠᠵᠢᠯ ᠤᠨ ᠪᠠᠶᠢᠷᠢ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠦᠷ᠎ᠡ ᠪᠦᠲᠦᠮᠵᠢ ᠨᠢ ᠮᠠᠰᠢ ᠢᠯᠡᠷᠬᠡᠶ ᠪᠠᠶᠢᠨ᠎ᠠ ᠃
    ᠠᠵᠢᠯ ᠤᠨ ᠣᠨᠴᠠᠭᠠᠶ ᠱᠠᠳᠤ ᠠᠯᠭᠠᠰᠠᠨ ᠳᠡᠪᠰᠢᠭᠦᠯᠬᠦ ᠴᠢᠬᠤᠯᠠ ᠲᠠᠶ ᠺᠠᠲᠷ ᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠳ᠋ᠤ ᠨᠡᠶᠢᠴᠡᠭᠰᠡᠨ ᠪᠠᠶᠢᠬᠤ ᠬᠡᠷᠡᠭᠲᠡᠶ ᠄ ᠤᠳᠤᠷᠢᠳᠬᠤ ᠪᠠᠭ ᠤᠨ ᠪᠥᠲᠦᠴᠡ ᠶ᠋ᠢᠨ ᠬᠡᠷᠡᠭᠴᠡᠭᠡ ᠪᠤᠶᠤ ᠤᠳᠤᠷᠢᠳᠬᠤ ᠪᠠᠶᠢᠷᠢ ᠨᠢ ᠣᠨᠴᠠᠭᠠᠶ ᠱᠠᠭᠠᠷᠳᠠᠯᠭ᠎ᠠ ᠲᠠᠶ ᠪᠠᠶᠢᠬᠤ ; ᠲᠤᠰᠬᠠᠶ ᠮᠡᠷᠭᠡᠵᠢᠯ ᠦᠨ ᠴᠢᠨᠠᠷ ᠢᠶᠠᠷ ᠨᠡᠯᠢᠶᠡᠳ ᠴᠢᠩᠭ᠎ᠠ ᠠᠵᠢᠯ ᠤᠨ ᠪᠠᠶᠢᠷᠢ ᠪᠤᠶᠤ ᠴᠢᠬᠤᠯᠠ ᠶᠡᠬᠡ ᠲᠤᠰᠬᠠᠶ ᠠᠵᠢᠯ ᠤᠨ ᠪᠠᠴᠢᠮ ᠬᠡᠷᠡᠭᠰᠡᠬᠦ ; ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠠᠴᠢᠮ ᠬᠡᠷᠡᠭᠴᠡᠭᠡ ᠪᠡᠷ ᠣᠷᠣᠭᠤᠯᠤᠨ ᠠᠪᠴᠢᠷᠠᠬᠤ ᠬᠡᠷᠡᠭᠲᠡᠢ ᠃
    ᠺᠠᠲᠷ ᠢ ᠱᠠᠲᠤ ᠠᠯᠠᠭᠠᠰᠠᠭᠤᠯᠤᠨ ᠳᠡᠪᠰᠢᠭᠦᠯᠬᠦ ᠶ᠋ᠢ ᠡᠷᠬᠡᠪᠰᠢ ᠴᠢᠩᠭ᠎ᠠ ᠠᠳᠬᠤᠬᠤ ᠬᠡᠷᠡᠭᠲᠡᠶ ᠃ ᠲᠤᠰ ᠳᠥᠷᠢᠮ ᠦᠨ ᠳᠣᠯᠣᠳᠤᠭᠠᠷ ᠵᠦᠢᠯ ᠦᠨ ᠲᠣᠭᠲᠠᠭᠠᠯ ᠢ ᠳᠠᠪᠠᠭᠤᠯᠵᠤ ᠪᠣᠯᠬᠤ ᠦᠭᠡᠢ ᠦᠨᠳᠦᠰᠦᠨ ᠨᠥᠬᠥᠴᠡᠯ ᠪᠣᠯᠤᠨ ᠨᠠᠢᠮᠠᠳᠤᠭᠠᠷ ᠵᠦᠢᠯ ᠦᠨ ᠳᠣᠯᠣᠳᠤᠭᠠᠷ ᠵᠣᠷᠪᠤᠰ ᠤᠨ ᠲᠣᠭᠲᠠᠭᠠᠯ ᠳᠠᠬᠢ ᠬᠢᠷᠢ ᠬᠡᠮ ᠦᠨ ᠱᠠᠭᠠᠷᠳᠠᠯᠭ᠎ᠠ ᠮᠥᠨ ᠃ ᠲᠤᠰᠢᠶᠠᠯ ᠳ᠋ᠦ ᠲᠣᠮᠢᠯᠠᠨ ᠲᠤᠷᠰᠢᠨ ᠬᠡᠷᠡᠭᠯᠡᠬᠦ ᠬᠤᠭᠤᠴᠠᠭ᠎ᠠ ᠨᠢ ᠳᠠᠭᠤᠰᠤᠭᠠᠳᠤᠶ ᠪᠤᠶᠤ ᠲᠤᠰᠢᠶᠠᠯ ᠳ᠋ᠦ ᠳᠡᠪᠰᠢᠭᠦᠯᠦᠭᠰᠡᠨ ᠨᠢ ᠨᠢᠭᠡ ᠵᠢᠯ ᠬᠦᠷᠬᠦ ᠦᠭᠡᠢ ᠂ ᠪᠣᠯᠬᠤ ᠦᠭᠡᠢ ᠂ ᠱᠠᠳᠤ ᠠᠯᠭᠠᠰᠠᠨ ᠳᠡᠪᠰᠢᠭᠦᠯᠵᠦ ᠴᠢᠳᠠᠨ᠎ᠠ᠃ ᠲᠤᠰᠢᠶᠠᠯ ᠬᠠᠷᠢᠭᠤᠴᠠᠬᠤ ᠵᠢᠯ ᠦᠨ ᠬᠢᠵᠠᠭᠠᠷ ᠳᠡᠭᠡᠷ᠎ᠡ ᠦᠷᠭᠦᠯᠵᠢᠯᠡᠨ ᠳᠡᠪᠰᠢᠵᠦ ᠪᠣᠯᠬᠤ ᠦᠭᠡᠢ᠃ ᠬᠣᠶᠠᠷ ᠱᠠᠲᠤᠨ ᠠᠯᠭᠠᠰᠴᠤ ᠳᠡᠪᠰᠢᠭᠦᠯᠵᠦ ᠪᠣᠯᠬᠤ ᠦᠭᠡᠢ ᠃
    ᠠᠷᠪᠠᠳᠤᠭᠠᠷ ᠵᠦᠢᠯ   ᠺᠠᠳ᠋ᠷ ᠰᠣᠩᠭᠣᠬᠤ ᠬᠠᠷᠠᠭᠠᠰᠤ ᠪᠠ ᠠᠷᠭ᠎ᠠ ᠵᠠᠮ ᠢ ᠥᠷᠭᠡᠳᠬᠡᠨ᠂ ᠨᠠᠮ ᠵᠠᠰᠠᠭ ᠤᠨ ᠤᠳᠤᠷᠢᠳᠬᠤ ᠺᠠᠲᠷ ᠤᠨ ᠨᠠᠮ ᠵᠠᠰᠠᠭ ᠤᠨ ᠪᠠᠶᠢᠭᠤᠯᠭ᠎ᠠ ᠶ᠋ᠢᠨ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠣᠯᠤᠨ᠎ᠠ᠂ ᠪᠠᠰᠠ ᠨᠠᠮ ᠵᠠᠰᠠᠭ ᠤᠨ ᠪᠠᠶᠢᠭᠤᠯᠭ᠎ᠠ ᠶ᠋ᠢᠨ ᠭᠠᠳᠠᠨᠠᠬᠢ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠵᠦ ᠪᠣᠯᠤᠨ᠎ᠠ ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠢ ᠠᠩᠬᠠᠷᠬᠤ ᠪᠣᠯᠵᠤ ᠥᠩᠭᠡᠷᠡᠭᠰᠡᠨ ᠰᠢᠶᠠᠨ ( ᠬᠣᠲᠠ ᠂ ᠣᠷᠣᠨ᠂ ᠬᠣᠰᠢᠭᠤ ) ᠂ ᠰᠢᠶᠠᠩ ( ᠪᠠᠯᠭᠠᠰᠤ ᠂ ᠵᠡᠭᠡᠯᠢ ᠭᠤᠳᠤᠮᠵᠢ ) ᠨᠠᠮ ᠵᠠᠰᠠᠭ ᠤᠨ ᠤᠳᠤᠷᠢᠳᠬᠤ ᠲᠤᠰᠢᠶᠠᠯ ᠢ ᠡᠭᠦᠷᠭᠡᠯᠡᠵᠦ ᠪᠠᠶᠢᠭ᠎ᠠ ᠺᠠᠳ᠋ᠷ ᠪᠣᠯᠤᠨ ᠤᠯᠤᠰ ᠤᠨ ᠥᠮᠴᠢᠯᠡᠯ ᠦᠨ ᠠᠵᠤ ᠠᠬᠤᠶᠢᠯᠠᠯ ᠠᠵᠢᠯ ᠦᠢᠯᠡᠰ ᠦᠨ ᠨᠢᠭᠡᠴᠡ ᠶ᠋ᠢᠨ ᠤᠳᠤᠷᠢᠳᠬᠤ ᠬᠥᠮᠦᠰ ᠦᠨ ᠳᠣᠲᠣᠷ᠎ᠠ ᠡᠴᠡ ᠰᠣᠩᠭᠣᠵᠤ ᠳᠡᠪᠰᠢᠭᠦᠯᠦᠨ᠎ᠡ ᠃

    ᠭᠤᠷᠪᠠᠳᠤᠭᠠᠷ ᠪᠦᠯᠦᠭ   ᠰᠠᠨᠠᠭᠠᠴᠢᠯᠠᠭ᠎ᠠ
   

    ᠠᠷᠪᠠᠨ ᠨᠢᠭᠡᠳᠦᠭᠡᠷ ᠵᠦᠢᠯ   ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠪᠤᠶᠤ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ  ᠮᠥᠴᠢᠷ ᠦᠨ ᠺᠠᠲᠷ ᠢ ᠬᠠᠮᠢᠶᠠᠷᠬᠤ ᠡᠷᠬᠡ ᠶ᠋ᠢᠨ ᠬᠡᠪᠴᠢᠶ᠎ᠡ ᠶᠣᠰᠣᠭᠠᠷ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠ ᠤᠳᠤᠷᠢᠳᠬᠤ ᠪᠠᠭ ᠤᠨ ᠪᠦᠲᠦᠭᠡᠨ ᠪᠠᠶᠢᠭᠤᠯᠤᠯᠲᠠ ᠶ᠋ᠢᠨ ᠪᠣᠳᠠᠲᠤ ᠪᠠᠶᠢᠳᠠᠯ ᠢ ᠡᠬᠢᠯᠡᠭᠦᠯᠵᠦ᠂ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠰᠠᠨᠠᠯ ᠳᠤᠷᠠᠳᠴᠤ ᠪᠣᠯᠤᠨ᠎ᠠ ᠃
    ᠠᠷᠪᠠᠨ ᠬᠣᠶᠠᠳᠤᠭᠠᠷ ᠵᠦᠢᠯ   ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠬᠣᠯᠪᠣᠭᠳᠠᠯ ᠪᠦᠬᠦᠢ ᠲᠠᠯ᠎ᠠ ᠶ᠋ᠢᠨ ᠬᠢᠨ ᠰᠠᠨᠠᠭᠤᠯᠭ᠎ᠠ ᠪᠠ ᠡᠩ ᠦᠨ ᠦᠶ᠎ᠡ ᠶ᠋ᠢᠨ ᠡᠵᠡᠮᠰᠢᠭᠰᠡᠨ ᠪᠠᠶᠢᠳᠠᠯ ᠢ ᠣᠶᠢᠯᠠᠭᠠᠵᠤ᠂ ᠤᠳᠤᠷᠢᠳᠬᠤ ᠪᠠᠭ ᠤᠨ ᠵᠠᠳᠠᠯᠤᠨ ᠰᠢᠨᠵᠢᠵᠦ ᠰᠤᠳᠤᠯᠤᠨ ᠮᠠᠭᠠᠳᠯᠠᠬᠤ᠂ ᠳᠠᠷᠤᠶ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ  ᠲᠤᠰᠢᠶᠠᠯ ᠤᠨ ᠪᠠᠶᠢᠷᠢ᠂ ᠨᠥᠬᠥᠴᠡᠯ ᠂ ᠬᠡᠪᠴᠢᠶ᠎ᠡ ᠂ ᠮᠠᠶ᠋ᠢᠭ᠂ ᠵᠢᠷᠤᠮ ᠵᠡᠷᠭᠡ ᠶ᠋ᠢ ᠠᠩᠬ᠎ᠠ ᠠᠯᠬᠤᠮ ᠳᠤᠷᠠᠳᠴᠤ ᠰᠠᠨᠠᠭᠤᠯᠭ᠎ᠠ ᠭᠠᠷᠭᠠᠪᠠ ᠃
    ᠠᠷᠪᠠᠨ ᠭᠤᠷᠪᠠᠳᠤᠭᠠᠷ ᠵᠦᠢᠯ   ᠠᠩᠬ᠎ᠠ ᠠᠯᠬᠤᠮ ᠤᠨ ᠰᠠᠨᠠᠭᠠᠴᠢᠯᠠᠭ᠎ᠠ ᠶ᠋ᠢ ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠤᠳᠤᠷᠢᠳᠬᠤ ᠭᠣᠣᠯ ᠪᠦᠷᠢᠯᠳᠦᠬᠦᠨ ᠮᠡᠳᠡᠭᠦᠯᠦᠯᠲᠡ ᠶ᠋ᠢ ᠣᠯᠤᠭᠰᠠᠨ ᠤ ᠳᠠᠷᠠᠭ᠎ᠠ᠂ ᠵᠣᠬᠢᠬᠤ ᠬᠡᠪᠴᠢᠶᠡᠨ ᠳ᠋ᠦ ᠵᠥᠪᠳᠡᠵᠦ ᠶᠠᠷᠢᠯᠴᠠᠨ᠎ᠠ᠂ ᠠᠵᠢᠯ ᠤᠨ ᠲᠥᠰᠦᠯ ᠢ ᠪᠣᠢ ᠪᠣᠯᠤᠨ᠎ᠠ ᠃

    ᠳᠥᠷᠪᠡᠳᠦᠭᠡᠷ ᠪᠦᠯᠦᠭ   ᠠᠷᠠᠳᠴᠢᠯᠠᠯ ᠢᠶᠠᠷ ᠲᠠᠨᠢᠯᠴᠠᠭᠤᠯᠬᠤ

    ᠠᠷᠪᠠᠨ ᠳᠥᠷᠪᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳ᠋ᠤ ᠡᠷᠬᠡᠪᠰᠢ ᠠᠷᠠᠳᠴᠢᠯᠠᠯ ᠢᠶᠠᠷ ᠲᠠᠨᠢᠯᠴᠠᠭᠤᠯᠬᠤ  ᠬᠡᠷᠡᠭᠲᠡᠢ᠃ ᠬᠤᠷᠠᠯ ᠳ᠋ᠦ ᠳᠡᠪᠰᠢᠭᠦᠯᠬᠦ ᠪᠠ ᠣᠨᠴᠠ ᠵᠠᠷᠢᠮ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ᠪᠠᠭᠲᠠᠭᠠᠭᠰᠠᠨ ᠠᠷᠠᠳᠴᠢᠯᠠᠯ ᠢᠶᠠᠷ ᠲᠠᠨᠢᠯᠴᠠᠭᠤᠯᠬᠤ ᠂ ᠲᠠᠨᠢᠯᠴᠠᠭᠤᠯᠤᠭᠰᠠᠨ ᠦᠷ᠎ᠡ ᠳ᠋ᠦᠩ ᠢ ᠨᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠴᠢᠬᠤᠯᠠ ᠯᠠᠪᠯᠠᠯᠲᠠ ᠪᠣᠯᠭᠠᠵᠤ᠂ ᠨᠢᠭᠡ ᠵᠢᠯ ᠦᠨ ᠳᠣᠲᠣᠷ᠎ᠠ ᠬᠦᠴᠦᠨ ᠲᠡᠶ ᠃
    ᠠᠷᠪᠠᠨ ᠲᠠᠪᠤᠳᠤᠭᠠᠷ ᠵᠦᠢᠯ   ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠂ ᠠᠷᠠᠳᠴᠢᠯᠠᠯ ᠢᠶᠠᠷ ᠲᠠᠨᠢᠯᠴᠠᠭᠤᠯᠤᠭᠰᠠᠨ ᠥᠬᠡᠶ ᠲᠤᠰᠢᠶᠠᠯ ᠤᠨ ᠪᠠᠶᠢᠷᠢ ᠶ᠋ᠢᠨ ᠪᠠᠶᠢᠷᠢᠰᠢᠭᠤᠯᠤᠯᠲᠠ ᠶᠣᠰᠣᠭᠠᠷ᠂ ᠪᠥᠬᠥ ᠲᠣᠭ᠎ᠠ ᠪᠠᠷ ᠨᠢ ᠬᠠᠨᠳᠤᠯᠭᠠᠲᠤ ᠲᠠᠨᠢᠯᠴᠠᠭᠤᠯᠤᠨ᠎ᠠ ; ᠲᠤᠰᠬᠠᠶ ᠲᠤᠰᠢᠶᠠᠯ  ᠳ᠋ᠦ ᠳᠡᠪᠰᠢᠭᠦᠯᠦᠭᠰᠡᠨ ᠡᠭᠦᠷᠭᠡᠯᠡᠬᠦ ᠭᠡᠵᠦ ᠪᠠᠶᠢᠭ᠎ᠠ  ᠲᠤᠰᠢᠶᠠᠯ ᠤᠨ ᠪᠠᠶᠢᠷᠢ ᠶ᠋ᠢᠨ ᠶᠣᠰᠣᠭᠠᠷ ᠲᠠᠨᠢᠯᠴᠠᠭᠤᠯᠤᠨ᠎ᠠ ᠃
    ᠠᠷᠪᠠᠨ ᠵᠢᠷᠭᠤᠳᠤᠭᠠᠷ ᠵᠦᠢᠯ   ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠂ ᠠᠷᠠᠳᠴᠢᠯᠠᠯ ᠢᠶᠠᠷ ᠲᠠᠨᠢᠯᠴᠠᠭᠤᠯᠤᠭᠰᠠᠨ ᠥᠬᠡᠶ ᠪᠠᠶᠢᠪᠠᠯ ᠂ ᠠᠳᠠᠯᠢ ᠱᠠᠲᠤᠨ ᠤ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ ) ᠨᠢ ᠡᠷᠬᠢᠯᠡᠳᠡᠭ᠂ ᠳᠣᠣᠷ᠎ᠠ ᠵᠢᠭᠰᠠᠭᠠᠭᠰᠠᠨ ᠵᠢᠷᠤᠮ ᠪᠠᠶᠢᠬᠤ ᠬᠡᠷᠡᠭᠲᠡᠶ ᠄
    ( ᠨᠢᠭᠡ ) ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠷᠢ ᠶ᠋ᠢ ᠲᠠᠨᠢᠯᠴᠠᠭᠤᠯᠵᠤ ᠨᠡᠶᠢᠲᠡᠯᠡᠵᠦ᠂ ᠲᠤᠰᠢᠶᠠᠯ ᠡᠭᠦᠷᠭᠡᠯᠡᠬᠦ ᠨᠥᠬᠥᠴᠡᠯ᠂ ᠲᠠᠨᠢᠯᠴᠠᠭᠤᠯᠬᠤ ᠬᠦᠷᠢᠶ᠎ᠡ ᠬᠡᠪᠴᠢᠶ᠎ᠡ᠂ ᠺᠠᠲᠷ ᠤᠨ ᠨᠡᠷᠡᠰ ᠦᠨ ᠳᠡᠪᠲᠡᠷ ᠲᠦ ᠣᠷᠣᠬᠤ ᠪᠠᠷ ᠭᠤᠶᠤᠴᠢᠯᠠᠪᠠᠯ᠂ ᠬᠣᠯᠪᠣᠭᠳᠠᠯ ᠪᠥᠬᠥᠶ ᠱᠠᠭᠠᠷᠳᠠᠯᠭ᠎ᠠ ᠶ᠋ᠢ ᠳᠤᠷᠠᠳᠴᠤ᠂ ᠵᠣᠬᠢᠶᠠᠨ ᠪᠠᠶᠢᠭᠤᠯᠤᠯᠲᠠ ᠶ᠋ᠢᠨ ᠲᠠᠨᠢᠯᠴᠠᠭᠤᠯᠬᠤ ᠬᠦᠰᠦᠨᠦᠭᠲᠦ ᠲᠠᠭᠯᠠᠬᠤ ᠬᠡᠷᠡᠭᠲᠡᠢ ;
    ( ᠬᠣᠶᠠᠷ ) ᠣᠨᠴᠠ ᠵᠠᠷᠢᠮ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ;
    ( ᠭᠤᠷᠪᠠ ) ᠬᠤᠷᠠᠯ ᠳ᠋ᠦ ᠳᠡᠪᠰᠢᠭᠦᠯᠬᠦ ᠪᠠ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ᠪᠠᠶᠢᠳᠠᠯ ᠳ᠋ᠦ ᠶᠡᠷᠦᠩᠬᠡᠶᠢᠯᠡᠨ ᠵᠠᠳᠠᠯᠤᠯᠲᠠ ᠬᠢᠬᠦ ;
    ( ᠲᠦᠷᠪᠡ ) ᠳᠡᠭᠡᠳᠦ ᠱᠠᠲᠤᠨ ᠤ ᠨᠠᠮ ᠤᠨ ᠬᠣᠷᠢᠶ᠎ᠠ ᠳ᠋ᠤ ᠬᠠᠷᠢᠭᠤ ᠮᠡᠳᠡᠭᠦᠯᠦᠯᠲᠡ ᠶ᠋ᠢ ᠰᠣᠨᠣᠰᠴᠤ᠂ ᠪᠠᠶᠢᠳᠠᠯ ᠢ ᠲᠠᠨᠢᠯᠴᠠᠭᠤᠯᠵᠤ ᠪᠣᠯᠤᠨ᠎ᠠ ᠃
    ᠠᠷᠪᠠᠨ ᠳᠣᠯᠣᠳᠤᠭᠠᠷ ᠵᠦᠢᠯ   ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠂ ᠬᠤᠷᠠᠯ ᠳ᠋ᠤ ᠳᠡᠪᠰᠢᠭᠦᠯᠬᠦ ᠪᠡᠷ ᠪᠠᠶᠢᠭ᠎ᠠ ᠳᠣᠣᠷ᠎ᠠ ᠵᠢᠭᠰᠠᠭᠠᠭᠰᠠᠨ ᠬᠥᠮᠦᠰ ᠢ ᠣᠷᠣᠯᠴᠠᠭᠤᠯᠵᠤ ᠪᠣᠯᠤᠨ᠎ᠠ ᠄
    ( ᠨᠢᠭᠡ )  ᠨᠠᠮ ᠤᠨ ᠬᠣᠷᠢᠶᠠᠨ ᠤ ᠪᠦᠷᠢᠯᠳᠦᠬᠦᠨ ;
    ( ᠬᠣᠶᠠᠷ ) ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶ᠋ᠢᠨ ᠵᠥᠪᠯᠡᠯᠭᠡᠨ ᠤ ᠤᠳᠤᠷᠢᠳᠬᠤ  ᠪᠥᠷᠢᠯᠳᠦᠭᠦᠨ ᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ;
    ( ᠭᠤᠷᠪᠠ ) ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠤᠳᠤᠷᠢᠳᠬᠤ ᠪᠦᠷᠢᠯᠳᠦᠬᠦᠨ  ;
    ( ᠲᠦᠷᠪᠡ ) ᠠᠷᠠᠳ ᠤᠨ ᠰᠢᠭᠦᠬᠦ ᠬᠣᠷᠢᠶ᠎ᠠ᠂ ᠠᠷᠠᠳ ᠤᠨ ᠪᠠᠶᠢᠴᠠᠭᠠᠬᠤ ᠬᠣᠷᠢᠶᠠᠨ ᠤ ᠤᠳᠤᠷᠢᠳᠬᠤ ᠭᠣᠣᠯ ᠪᠦᠷᠢᠯᠳᠦᠬᠦᠨ  ;
    ( ᠲᠠᠪᠤ ) ᠵᠥᠪᠯᠡᠯ ᠦᠨ ᠠᠵᠢᠯ ᠤᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠠᠷᠠᠳ ᠤᠨ ᠪᠥᠯᠬᠦᠮ ᠦᠨ ᠤᠳᠤᠷᠢᠳᠬᠤ ᠭᠣᠣᠯ ᠪᠦᠷᠢᠯᠳᠦᠬᠦᠨ  ;
    ( ᠵᠢᠷᠭᠤᠭ᠎ᠠ ) ᠳᠣᠣᠷ᠎ᠠ ᠨᠢᠭᠡ ᠱᠠᠲᠤᠨ ᠤ ᠨᠠᠮ ᠤᠨ ᠬᠣᠷᠢᠶ᠎ᠠ ᠪᠠ  ᠵᠠᠰᠠᠭ ᠤᠨ ᠣᠷᠳᠣᠨ ᠤ ᠭᠣᠣᠯ ᠤᠳᠤᠷᠢᠳᠬᠤ ᠪᠦᠷᠢᠯᠳᠦᠬᠦᠨ ;
    ( ᠳᠣᠯᠣᠭ᠎ᠠ ) ᠪᠤᠰᠤᠳ ᠣᠷᠣᠯᠴᠠᠬᠤ ᠴᠢᠬᠤᠯᠠ ᠲᠠᠶ ᠬᠥᠮᠦᠰ ᠢ ᠵᠢᠭᠠᠵᠤ ᠪᠠᠶᠢᠨ᠎ᠠ ᠃
     ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ᠂ ᠵᠠᠰᠠᠭ ᠤᠨ ᠣᠷᠳᠣ᠂ ᠤᠯᠤᠰ ᠲᠥᠷᠦ ᠶ᠋ᠢᠨ ᠵᠥᠪᠯᠡᠯᠭᠡᠨ ᠤ ᠤᠳᠤᠷᠢᠳᠬᠤ ᠪᠥᠷᠢᠯᠳᠦᠭᠦᠨ ᠢᠶ᠋ᠡᠷ ᠰᠣᠩᠭᠣᠭᠳᠠᠬᠤ ᠂ ᠠᠷᠠᠳᠴᠢᠯᠠᠭᠰᠠᠨ ᠨᠠᠮ ᠪᠥᠯᠦᠭ ᠦᠨ ᠪᠠᠶᠢᠬᠤ ᠬᠡᠷᠡᠭᠲᠡᠶ᠂ ᠦᠢᠯᠡᠳᠪᠦᠷᠢ ᠬᠤᠳᠠᠯᠳᠤᠭᠠᠨ ᠤ ᠬᠣᠯᠪᠣᠭᠠᠨ ᠤ ᠭᠣᠣᠯ ᠤᠳᠤᠷᠢᠳᠬᠤ ᠪᠦᠷᠢᠯᠳᠦᠬᠦᠨ ᠪᠠ ᠨᠠᠮ ᠪᠥᠯᠦᠭ ᠦᠨ ᠪᠤᠰᠤ ᠲᠥᠯᠥᠭᠡᠯᠡᠭᠴᠢ ᠣᠷᠣᠯᠴᠠᠭᠰᠠᠨ ᠪᠠᠶᠢᠬᠤ ᠬᠡᠷᠡᠭᠲᠡᠶ ᠃
    ᠣᠨᠴᠠ ᠵᠠᠷᠢᠮ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ᠬᠥᠮᠦᠨ ᠣᠷᠣᠯᠴᠠᠭᠰᠠᠨ ᠯᠠᠪᠯᠠᠯᠲᠠ ᠪᠣᠯᠭᠠᠵᠤ᠂ ᠳᠡᠭᠡᠷ᠎ᠡ ᠳᠤᠷᠠᠳᠤᠭᠰᠠᠨ ᠬᠦᠷᠢᠶ᠎ᠡ ᠬᠡᠪᠴᠢᠶᠡᠨ ᠳ᠋ᠦ ᠲᠣᠭᠲᠠᠭᠠᠨ᠎ᠠ᠂ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ ᠃
    ᠠᠷᠪᠠᠨ ᠨᠠᠢᠮᠠᠳᠤᠭᠠᠷ ᠵᠦᠢᠯ   ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠂ ᠬᠤᠷᠠᠯ  ᠳ᠋ᠤ ᠳᠡᠪᠰᠢᠭᠦᠯᠬᠦ ᠶ᠋ᠢ ᠦᠨᠳᠦᠰᠦᠯᠡᠨ᠂ ᠣᠨᠴᠠ ᠵᠠᠷᠢᠮ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ᠪᠠᠶᠢᠳᠠᠯ ᠪᠣᠯᠤᠨ ᠤᠳᠤᠷᠢᠳᠬᠤ ᠪᠠᠭ ᠤᠨ ᠪᠥᠷᠦᠴᠡ ᠶ᠋ᠢᠨ ᠬᠡᠷᠡᠭᠴᠡᠭᠡ ᠂ ᠬᠣᠶᠠᠳᠠᠬᠢ ᠤᠳᠠᠭᠠᠨ  ᠤ ᠬᠤᠷᠠᠯᠳᠤᠭᠠᠨ ᠳ᠋ᠤ ᠲᠠᠨᠢᠯᠴᠠᠭᠤᠯᠬᠤ ᠪᠠᠷ ᠪᠠᠶᠢᠭ᠎ᠠ ᠵᠥᠷᠢᠶ᠎ᠡ ᠠᠩᠬᠠᠨ ᠤ ᠨᠡᠷᠡᠰ ᠢ ᠳᠤᠷᠠᠳᠴᠤ ᠪᠣᠯᠤᠨ᠎ᠠ᠃ ᠬᠣᠶᠠᠷ ᠤᠳᠠᠭᠠᠨ ᠤ ᠬᠤᠷᠠᠯᠳᠤᠭᠠᠨ ᠳ᠋ᠤ ᠲᠠᠨᠢᠯᠴᠠᠭᠤᠯᠬᠤ ᠪᠠᠷ ᠪᠠᠶᠢᠭ᠎ᠠ ᠳᠣᠣᠷ᠎ᠠ ᠵᠢᠭᠰᠠᠭᠠᠭᠰᠠᠨ ᠬᠥᠮᠦᠰ ᠢ ᠣᠷᠣᠯᠴᠠᠭᠤᠯᠵᠤ ᠪᠣᠯᠤᠨ᠎ᠠ ᠄
    ( ᠨᠢᠭᠡ )  ᠨᠠᠮ ᠤᠨ ᠬᠣᠷᠢᠶᠠᠨ ᠤ ᠪᠦᠷᠢᠯᠳᠦᠬᠦᠨ ;
    ( ᠬᠣᠶᠠᠷ ) ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠂ ᠵᠠᠰᠠᠭ ᠤᠨ ᠣᠷᠳᠣᠨ᠂ ᠤᠯᠤᠰ ᠲᠥᠷᠦ ᠶ᠋ᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠶᠤ ᠪᠦᠬᠦ ᠤᠳᠤᠷᠢᠳᠬᠤ ᠪᠦᠷᠢᠯᠳᠦᠬᠦᠨ ;
    ( ᠭᠤᠷᠪᠠ )  ᠠᠷᠠᠳ ᠤᠨ ᠰᠢᠭᠦᠬᠦ ᠬᠣᠷᠢᠶ᠎ᠠ᠂ ᠠᠷᠠᠳ ᠤᠨ ᠪᠠᠶᠢᠴᠠᠭᠠᠬᠤ ᠬᠣᠷᠢᠶᠠᠨ  ᠤ ᠤᠳᠤᠷᠢᠳᠬᠤ ᠭᠣᠣᠯ ᠪᠦᠷᠢᠯᠳᠦᠬᠦᠨ  ;
    ( ᠲᠦᠷᠪᠡ ) ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤ ᠳᠡᠳ᠋ ᠱᠦᠵᠢ ;
    ( ᠲᠠᠪᠤ ) ᠪᠤᠰᠤᠳ ᠣᠷᠣᠯᠴᠠᠬᠤ ᠴᠢᠬᠤᠯᠠᠲᠠᠶ ᠃
    ᠠᠷᠪᠠ ᠶᠢᠰᠦᠳᠦᠭᠡᠷ ᠵᠦᠢᠯ   ᠲᠤᠰᠬᠠᠶ ᠲᠤᠰᠢᠶᠠᠯ ᠳ᠋ᠤ ᠳᠡᠪᠰᠢᠭᠦᠯᠦᠭᠰᠡᠨ ᠤ ᠠᠷᠠᠳᠴᠢᠯᠠᠯ ᠢᠶᠠᠷ ᠲᠠᠨᠢᠯᠴᠠᠭᠤᠯᠬᠤ ᠳᠡᠰ ᠳᠠᠷᠠᠭᠠᠯᠠᠯ ᠂      
    ᠬᠣᠷᠢᠳᠤᠭᠠᠷ ᠵᠦᠢᠯ   ᠣᠨᠴᠠ ᠵᠠᠷᠢᠮ ᠲᠤᠰᠢᠶᠠᠯ ᠳ᠋ᠦ ᠳᠡᠪᠰᠢᠭᠦᠯᠦᠭᠰᠡᠨ  ᠪᠣᠯᠭᠠᠬᠤ ᠪᠠᠷ ᠣᠷᠤᠯᠴᠠᠬᠤ ᠶ᠋ᠢ ᠳᠣᠣᠷᠠᠬᠢ ᠮᠡᠲᠦ ᠬᠡᠪᠴᠢᠶᠡᠨ ᠳ᠋ᠦ ᠭᠦᠢᠴᠡᠳᠬᠡᠬᠦ ᠬᠡᠷᠡᠭᠲᠡᠶ ᠄
    ( ᠨᠢᠭᠡ ) ᠠᠷᠠᠳᠴᠢᠯᠠᠯ ᠢᠶᠠᠷ ᠲᠠᠨᠢᠯᠴᠠᠭᠤᠯᠬᠤ ᠪᠠᠷ ᠳᠠᠮᠵᠢᠨ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠬᠤ ᠬᠥᠮᠦᠰ ᠢ ᠲᠣᠭᠲᠠᠭᠠᠨ᠎ᠠ᠂ ᠲᠤᠰ ᠳᠥᠷᠢᠮ ᠦᠨ ᠠᠷᠪᠠᠨ ᠳᠣᠯᠣᠳᠤᠭᠠᠷ ᠵᠦᠢᠯ ᠂ ᠠᠷᠪᠠᠨ ᠨᠠᠢᠮᠠᠳᠤᠭᠠᠷ ᠵᠦᠢᠯ ᠦᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ ᠂ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ ᠃
    ( ᠬᠣᠶᠠᠷ ) ᠠᠷᠠᠳᠴᠢᠯᠠᠯ ᠢᠶᠠᠷ ᠲᠠᠨᠢᠯᠴᠠᠭᠤᠯᠬᠤ ᠪᠠᠷ ᠳᠠᠮᠵᠢᠨ ᠠᠵᠢᠯ ᠤᠨ ᠰᠠᠯᠠᠭ᠎ᠠ ᠮᠥᠴᠢᠷ ᠦᠨ ᠤᠳᠤᠷᠢᠳᠬᠤ ᠪᠦᠷᠢᠯᠳᠦᠬᠦᠨ ᠢᠶᠡᠷ ᠰᠣᠩᠭᠣᠭᠳᠠᠬᠤ ᠂ ᠬᠤᠷᠠᠯ ᠳ᠋ᠦ ᠳᠡᠪᠰᠢᠭᠦᠯᠬᠦ ᠪᠡᠷ ᠲᠤᠰ ᠰᠠᠯᠠᠭ᠎ᠠ ᠮᠥᠴᠢᠷ ᠦᠨ ᠤᠳᠤᠷᠢᠳᠬᠤ ᠪᠦᠷᠢᠯᠳᠦᠬᠦᠨ᠂ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ᠂ ᠰᠢᠭᠤᠳ ᠬᠠᠷᠢᠶ᠎ᠠ  ᠨᠢᠭᠡᠴᠡ ᠶ᠋ᠢᠨ ᠭᠣᠣᠯ ᠤᠳᠤᠷᠢᠳᠬᠤ ᠪᠦᠷᠢᠯᠳᠦᠬᠦᠨ ᠪᠠ ᠪᠤᠰᠤᠳ ᠣᠷᠣᠯᠴᠠᠬᠤ ᠴᠢᠬᠤᠯᠠ ᠲᠠᠶ ᠬᠥᠮᠦᠰ ᠢ ᠣᠷᠣᠯᠴᠠᠭᠤᠯᠵᠤ ᠪᠣᠯᠤᠨ᠎ᠠ ; ᠲᠤᠰ ᠰᠠᠯᠠᠭ᠎ᠠ ᠮᠥᠴᠢᠷ ᠦᠨ ᠬᠥᠮᠦᠨ ᠤ ᠲᠣᠭ᠎ᠠ ᠨᠢ ᠨᠡᠯᠢᠶᠡᠳ ᠴᠥᠭᠡᠨ ᠦᠶᠡᠰ ᠪᠦᠬᠦ ᠬᠥᠮᠦᠰ ᠢᠣᠷᠣᠯᠴᠠᠭᠤᠯᠵᠤ ᠪᠣᠯᠤᠨ᠎ᠠ᠃  ᠪᠣᠳᠠᠲᠦ ᠪᠠᠶᠢᠳᠠᠯ ᠢ ᠦᠨᠳᠦᠰᠦᠯᠡᠨ ᠰᠢᠩᠭᠡᠭᠡᠨ ᠣᠷᠣᠯᠴᠠᠭᠤᠯᠵᠤ ᠪᠣᠯᠤᠨ᠎ᠠ ᠂ ᠳᠣᠣᠷ᠎ᠠ ᠱᠠᠲᠤᠨ  ᠤ ᠨᠢᠭᠡᠴᠡ ᠶ᠋ᠢᠨ ᠭᠣᠣᠯ ᠤᠳᠤᠷᠢᠳᠤᠯᠭ᠎ᠠ ᠪᠦᠷᠢᠯᠳᠦᠬᠦᠨ ᠣᠷᠣᠯᠴᠠᠭᠰᠠᠨ ᠪᠠᠶᠢᠬᠤ ᠬᠡᠷᠡᠭᠲᠡᠶ ᠃ ᠣᠨᠴᠠ ᠵᠠᠷᠢᠮ ᠶᠠᠷᠢᠯᠴᠠᠯᠭ᠎ᠠ ᠪᠠᠷ ᠰᠣᠩᠭᠣᠨ ᠲᠠᠨᠢᠯᠴᠠᠭᠤᠯᠬᠤ ᠬᠥᠮᠦᠨ ᠣᠷᠣᠯᠴᠠᠭᠰᠠᠨ ᠯᠠᠪᠯᠠᠯᠲᠠ ᠪᠣᠯᠭᠠᠵᠤ᠂ ᠳᠡᠭᠡᠷ᠎ᠡ ᠳᠤᠷᠠᠳᠤᠭᠰᠠᠨ ᠬᠦᠷᠢᠶ᠎ᠡ ᠬᠡᠪᠴᠢᠶᠡᠨ ᠳ᠋ᠦ ᠲᠣᠭᠲᠠᠭᠠᠨ᠎ᠠ᠂ ᠵᠣᠬᠢᠰᠲᠠᠶ ᠲᠣᠬᠢᠷᠠᠭᠤᠯᠤᠯᠲᠠ ᠬᠢᠵᠦ ᠪᠣᠯᠤᠨ᠎ᠠ ᠃
    ( ᠭᠤᠷᠪᠠ ) ᠠᠷᠠᠳᠴᠢᠯᠠᠯ ᠢᠶᠠᠷ ᠲᠠᠨᠢᠯᠴᠠᠭᠤᠯᠵᠤ᠂ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ  ᠤ ᠵᠢᠱᠢᠭᠳᠡᠭᠴᠢ ᠋  ᠪᠠᠷᠯᠠᠪᠯᠠᠯᠲᠠ ᠪᠣᠯᠭᠠᠵᠤ ᠡᠮᠦᠨᠡᠬᠢ ᠵᠤᠷᠪᠤᠰ ᠲᠤ ᠵᠢᠭᠰᠠᠭᠠᠭᠰᠠᠨ ᠬᠦᠷᠢᠶ᠎ᠡ ᠬᠡᠪᠴᠢᠶᠡᠨ  ᠳ᠋ᠤ ᠲᠣᠭᠲᠠᠭᠠᠨ᠎ᠠ ᠃
    ᠬᠣᠷᠢᠨ ᠨᠢᠭᠡᠳᠦᠭᠡᠷ ᠵᠦᠢᠯ   ᠬᠤᠪᠢ ᠬᠥᠮᠦᠨ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠬᠤ ᠺᠠᠲᠷ ᠤᠨ ᠵᠢᠱᠢᠭᠳᠡᠭᠰᠡᠳ ᠢ ᠲᠠᠨᠢᠯᠴᠠᠭᠤᠯᠬᠤ ᠂ ᠬᠠᠷᠢᠭᠤᠴᠠᠯᠭ᠎ᠠ ᠲᠠᠶ ᠪᠠᠷ ᠲᠠᠨᠢᠯᠴᠠᠭᠤᠯᠤᠭᠰᠠᠨ ᠮᠠᠲ᠋ᠧᠷᠢᠶᠠᠯ ᠪᠢᠴᠢᠬᠦ ᠪᠥᠭᠡᠳ ᠭᠠᠷ ᠤᠨ ᠦᠰᠦᠭ ᠢᠶ᠋ᠡᠨ ᠵᠢᠷᠤᠬᠤ ᠬᠡᠷᠡᠭᠲᠡᠶ ᠃ ᠲᠠᠨᠢᠯᠴᠠᠭᠤᠯᠤᠭᠰᠠᠨ ᠵᠢᠱᠢᠭᠳᠡᠭᠰᠡᠳ ᠢ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠡᠴᠡ ᠬᠢᠨᠠᠨ ᠬᠠᠷᠭᠤᠭᠤᠯᠵᠤ᠂ ᠨᠥᠬᠥᠴᠡᠯ ᠳ᠋ᠤ ᠨᠡᠶᠢᠴᠡᠭᠰᠡᠨ ᠢ ᠠᠷᠠᠳᠴᠢᠯᠠᠯ ᠢᠶᠠᠷ ᠲᠠᠨᠢᠯᠴᠠᠭᠤᠯᠬᠤ᠂ ᠠᠷᠠᠳ ᠤᠨ ᠰᠠᠨᠠᠭᠠᠨ ᠤ ᠰᠠᠭᠤᠷᠢ ᠳᠤᠲᠠᠮᠠᠭ ᠂ ᠰᠢᠯᠭᠠᠨ ᠪᠠᠶᠢᠴᠠᠭᠠᠬᠤ ᠡᠲᠡᠭᠡᠳ ᠢᠶ᠋ᠡᠨ ᠪᠣᠯᠭᠠᠵᠤ ᠪᠣᠯᠬᠤ ᠦᠭᠡᠢ ᠃
    ᠬᠣᠷᠢᠨ ᠬᠣᠶᠠᠳᠤᠭᠠᠷ ᠵᠦᠢᠯ    ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠵᠢᠴᠢ ᠲᠡᠭᠦᠨ ᠤᠠ ᠵᠢᠯᠯᠠᠬᠤ ᠰᠠᠯᠠᠭ᠎ᠠ ᠮᠥᠴᠢᠷ ᠦᠨ ᠣᠨᠴᠠ ᠬᠡᠷᠡᠭᠴᠡᠭᠡ ᠲᠠᠢ ᠶ᠋ᠢ ᠨᠢ ᠤᠳᠤᠷᠢᠳᠬᠤ ᠪᠦᠷᠢᠯᠳᠦᠬᠦᠨ ᠢᠶᠡᠷ ᠰᠣᠩᠭᠣᠭᠳᠠᠬᠤ ᠪᠣᠯᠤᠨ᠎ᠠ ᠂ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ ) ᠪᠤᠶᠤ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠲᠦ ᠲᠠᠨᠢᠯᠴᠠᠭᠤᠯᠵᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠢᠶᠡᠷ ᠵᠥᠪᠰᠢᠶᠡᠷᠡᠭᠦᠯᠦᠭᠡᠳ ᠰᠢᠯᠭᠠᠨ ᠪᠠᠶᠢᠴᠠᠭᠠᠬᠤ ᠡᠲᠡᠭᠡᠳ ᠪᠣᠯᠭᠠᠨ᠎ᠠ ᠃

    ᠲᠠᠪᠤᠳᠤᠭᠠᠷ ᠪᠦᠯᠦᠭ   ᠰᠣᠳᠤᠯᠵᠤ ᠪᠠᠶᠢᠴᠠᠭᠠᠬᠤ

    ᠬᠣᠷᠢᠨ ᠭᠤᠷᠪᠠᠳᠤᠭᠠᠷ ᠵᠦᠢᠯ   ᠰᠢᠯᠭᠠᠨ ᠪᠠᠶᠢᠴᠠᠭᠠᠬᠤ ᠡᠲᠡᠭᠡᠳ ᠢᠶ᠋ᠡᠨ ᠲᠣᠭᠲᠠᠭᠠᠨ᠎ᠠ᠂ ᠠᠵᠢᠯ ᠤᠨ ᠬᠡᠷᠡᠭᠴᠡᠭᠡ ᠪᠡᠨ ᠦᠨᠳᠦᠰᠦᠯᠡᠵᠦ ᠪᠠ ᠺᠠᠲᠷ ᠤᠨ ᠮᠣᠷᠠᠯ ᠴᠢᠳᠠᠪᠤᠷᠢ ᠶ᠋ᠢᠨ ᠨᠥᠬᠥᠴᠡᠯ᠂ ᠠᠷᠠᠳᠴᠢᠯᠠᠯ ᠢᠶᠠᠷ ᠲᠠᠨᠢᠯᠴᠠᠭᠤᠯᠬᠤ ᠪᠠ ᠡᠩ ᠦᠨ ᠦᠶ᠎ᠡ ᠶ᠋ᠢᠨ ᠬᠢᠨᠠᠨ ᠰᠢᠯᠭᠠᠯᠲᠠ ᠪᠠᠷ ᠰᠢᠯᠭᠠᠨ ᠬᠢᠨᠠᠬᠤ᠂ ᠡᠩ ᠦᠨ ᠴᠠᠭ ᠤᠨ ᠢᠯᠡᠷᠡᠯ ᠪᠠ ᠠᠵᠢᠯ ᠤᠨ ᠪᠠᠶᠢᠷᠢ ᠳ᠋ᠤ ᠬᠠᠷᠢᠯᠴᠠᠨ ᠵᠣᠬᠢᠴᠠᠬᠤ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠠᠨᠢᠯᠴᠠᠭᠤᠯᠬᠤ ᠫᠢᠶᠣᠣ ᠵᠡᠷᠭᠡ ᠰᠣᠩᠭᠣᠭᠤᠯᠢ ᠶᠢᠨ ᠫᠢᠶᠣᠣ ᠥᠭᠬᠦ ᠶ᠋ᠢ ᠰᠡᠷᠭᠡᠶᠢᠯᠡᠬᠦ ᠬᠡᠷᠡᠭᠲᠡᠢ ᠃
    ᠬᠣᠷᠢᠨ ᠳᠥᠷᠪᠡᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠯᠭᠠᠨ ᠪᠠᠶᠢᠴᠠᠭᠠᠬᠤ ᠡᠲᠡᠭᠡᠳ ᠢᠶ᠋ᠡᠨ ᠪᠣᠯᠭᠠᠵᠤ ᠪᠣᠯᠬᠤ ᠦᠭᠡᠢ ᠄
    ( ᠨᠢᠭᠡ ) ᠤᠯᠠᠨ ᠨᠡᠶᠢᠲᠡ ᠳ᠋ᠦ ᠵᠥᠪᠰᠢᠶᠡᠷᠡᠭᠳᠡᠭᠰᠡᠨ ᠬᠡᠮᠵᠢᠶ᠎ᠡ ᠨᠢ ᠥᠨᠳᠥᠷ ᠪᠢᠰᠢ ᠃
    ( ᠬᠣᠶᠠᠷ ) ᠣᠶᠢᠷ᠎ᠠ ᠶ᠋ᠢᠨ ᠭᠤᠷᠪᠠᠨ ᠵᠢᠯ ᠦᠨ ᠬᠢᠨᠠᠨ ᠰᠢᠯᠭᠠᠯᠲᠠ ᠶ᠋ᠢᠨ ᠳ᠋ᠦᠩ ᠳᠤᠮᠳᠠ ᠲᠣᠭᠳᠠᠭᠠᠭᠳᠠᠭᠰᠠᠨ ᠦᠨᠳᠦᠰᠦᠨ ᠲᠤᠰᠢᠶᠠᠯ ᠡᠴᠡ ᠳᠣᠣᠷ᠎ᠠ ᠳᠡᠰᠭᠡᠵᠦ ᠲᠣᠭᠳᠠᠭᠠᠭᠳᠠᠭᠰᠠᠨ ᠃
    ( ᠭᠤᠷᠪᠠ ) ᠨᠣᠶᠠᠨ ᠡᠷᠢᠵᠦ ᠂ ᠰᠤᠩᠭᠠᠭᠤᠯᠢ ᠶ᠋ᠢᠨ ᠫᠢᠶᠣᠣ ᠲᠠᠲᠠᠬᠤ ᠦᠢᠯᠡ ᠠᠵᠢᠯᠯᠠᠭ᠎ᠠ ᠬᠢᠭᠰᠡᠨ᠃
    ( ᠳᠥᠷᠪᠡ ) ᠬᠣᠯᠪᠣᠰᠤ ᠨᠢ ᠤᠯᠤᠰ (ᠬᠢᠯᠢ) ᠤᠨ ᠭᠠᠳᠠᠨ᠎ᠠ ᠨᠡᠭᠦᠵᠦ ᠨᠤᠲᠤᠭᠰᠢᠭᠰᠠᠨ ᠪᠤᠶᠤ ᠬᠣᠯᠪᠣᠰᠤ ᠦᠭᠡᠶ᠂ ᠦᠷ᠎ᠡ ᠬᠡᠦᠬᠡᠳ ᠨᠢ ᠴᠥᠮ ᠤᠯᠤᠰ (ᠬᠢᠯᠢ ) ᠤᠨ ᠭᠠᠳᠠᠨ᠎ᠠ ᠨᠡᠭᠦᠵᠦ ᠨᠤᠲᠤᠭᠰᠢᠭᠰᠠᠨ ᠃
    ( ᠲᠠᠪᠤ ) ᠵᠣᠬᠢᠶᠠᠨ ᠪᠠᠶᠢᠭᠤᠯᠤᠯᠲᠠ ᠶ᠋ᠢᠨ ᠲᠠᠯ᠎ᠠ ᠪᠠᠷ ᠰᠢᠶᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ  ᠵᠠᠰᠠᠭ ᠤᠨ ᠰᠠᠬᠢᠯᠭ᠎ᠠ ᠪᠠᠲᠤ ᠶ᠋ᠢᠨ ᠰᠢᠢᠳᠬᠡᠯ ᠥᠭᠬᠦ᠃
    ( ᠵᠢᠷᠭᠤᠭ᠎ᠠ) ᠪᠤᠰᠤᠳ ᠰᠢᠯᠲᠠᠭᠠᠨ ᠡᠴᠠ ᠪᠤᠯᠵᠤ ᠳᠡᠪᠰᠢᠭᠦᠯᠦᠨ ᠬᠡᠷᠡᠭᠯᠡᠭᠰᠡᠨ ᠬᠥᠮᠦᠰ ᠃
    ᠬᠣᠷᠢᠨ ᠲᠠᠪᠤᠳᠤᠭᠠᠷ ᠵᠦᠢᠯ   ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ᠂ ᠲᠤᠰ ᠱᠠᠲᠤᠨ ᠤ ᠨᠠᠮ ᠤᠨ ᠬᠣᠷᠢᠶᠠᠨ ᠤ ᠱᠦᠵᠢ ᠪᠠ ᠳᠡᠳ᠋ ᠱᠦᠵᠢ᠂ ᠬᠤᠪᠢᠳᠠᠨ ᠬᠠᠮᠢᠶᠠᠷᠴᠤ ᠪᠥᠬᠥᠢ ᠵᠣᠬᠢᠶᠠᠨ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠤᠨ ᠪᠠᠶᠢᠩᠭᠤ ᠶ᠋ᠢᠨ ᠭᠡᠰᠢᠭᠦᠨ᠂ ᠳᠡᠭᠡᠳᠦ ᠱᠠᠲᠤᠨ ᠤ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠦᠨ ᠬᠠᠷᠢᠭᠤ ᠲᠤᠰᠬᠠᠭᠰᠠᠨ ᠪᠠᠶᠢᠳᠠᠯ ᠢ ᠦᠨᠳᠦᠰᠦᠯᠡᠨ᠂ ᠪᠠᠶᠢᠴᠠᠭᠠᠯᠲᠠ ᠶ᠋ᠢᠨ ᠡᠲᠡᠭᠡᠳ ᠪᠣᠯᠬᠤ ᠬᠥᠮᠥᠰ ᠢ ᠵᠥᠪᠳᠡᠨ ᠲᠤᠰ ᠱᠠᠲᠤᠨ ᠤ ᠨᠠᠮ ᠤᠨ ᠬᠣᠷᠢᠢ᠎ᠠ ᠪᠠᠶᠢᠩᠭᠤ ᠶ᠋ᠢᠨ ᠬᠣᠷᠢᠶ᠎ᠠ ᠬᠢᠨᠠᠨ ᠪᠠᠶᠢᠴᠠᠭᠠᠬᠤ ᠡᠲᠡᠭᠡᠳ ᠰᠠᠨᠠᠭᠤᠯᠭ᠎ᠠ ᠶ᠋ᠢᠨ ᠨᠡᠷᠡᠰ ᠢ ᠳᠤᠷᠠᠳᠴᠤ ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠡᠪᠲᠡᠷᠡᠭᠦᠯᠦᠭᠰᠡᠨ ᠤ ᠳᠠᠷᠠᠭ᠎ᠠ ᠂ ᠰᠢᠯᠭᠠᠨ ᠪᠠᠶᠢᠴᠠᠭᠠᠬᠤ ᠡᠲᠡᠭᠡᠳ ᠢᠶ᠋ᠡᠨ ᠲᠣᠭᠲᠠᠭᠠᠨ᠎ᠠ᠃ ᠨᠠᠮ ᠵᠠᠰᠠᠭ ᠤᠨ ᠤᠳᠤᠷᠢᠳᠬᠤ ᠪᠠᠭ ᠤᠨ ᠰᠢᠯᠭᠠᠨ ᠪᠠᠶᠢᠴᠠᠭᠠᠬᠤ ᠡᠲᠡᠭᠡᠳ  ᠪᠠᠶᠢᠪᠠᠯ᠂ ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠬᠤ ᠬᠡᠷᠡᠭᠲᠡᠶ ᠃
     ᠣᠨᠴᠠᠭᠠᠢ ᠵᠠᠷᠢᠮ ᠲᠤᠰᠬᠠᠶ ᠲᠤᠰᠢᠶᠠᠯ ᠳ᠋ᠤ ᠳᠡᠪᠰᠢᠭᠦᠯᠬᠦ ᠨᠢ᠂ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠡᠴᠠ ᠰᠤᠳᠤᠯᠬᠤ ᠰᠢᠯᠭᠠᠨ ᠪᠠᠶᠢᠴᠠᠭᠠᠬᠤ ᠡᠲᠡᠭᠡᠳ ᠢᠶ᠋ᠡᠨ ᠲᠣᠭᠲᠠᠭᠠᠨ᠎ᠠ᠃ ᠰᠢᠯᠭᠠᠨ ᠪᠠᠶᠢᠴᠠᠭᠠᠬᠤ ᠡᠲᠡᠭᠡᠳ ᠢ ᠶᠡᠷᠦᠩᠬᠡᠶᠢᠳᠡᠭᠡᠨ ᠪᠠᠶᠢᠭ᠎ᠠ ᠡᠷᠬᠡ ᠲᠤᠰᠢᠶᠠᠯ ᠢᠶᠡᠨ ᠠᠰᠢᠭᠯᠠᠨ ᠬᠥᠮᠦᠨ ᠤ ᠲᠣᠭ᠎ᠠ ᠨᠢ ᠢᠯᠡᠭᠦᠦ ᠪᠠᠶᠢᠬᠤ ᠬᠡᠷᠡᠭᠲᠡᠶ ᠃
    ᠬᠣᠷᠢᠨ ᠵᠢᠷᠭᠤᠳᠤᠭᠠᠷ ᠵᠦᠢᠯ   ᠬᠢᠨᠠᠨ ᠪᠠᠶᠢᠴᠠᠭᠠᠬᠤ ᠡᠲᠡᠭᠡᠳ᠂ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠦᠨ ᠺᠠᠲᠷ ᠢ ᠬᠠᠮᠢᠶᠠᠷᠬ ᠡᠷᠬᠡ ᠶ᠋ᠢᠨ ᠬᠡᠪᠴᠢᠶ᠎ᠡ ᠶᠣᠰᠣᠭᠠᠷ ᠴᠢᠩᠭ᠎ᠠ ᠬᠢᠨᠠᠨ ᠰᠢᠯᠭᠠᠬᠤ ᠬᠡᠷᠡᠭᠲᠡᠶ᠃ ᠰᠠᠯᠠᠭ᠎ᠠ ᠮᠥᠴᠢᠷ ᠪᠠ ᠣᠷᠣᠨ ᠨᠤᠲᠤᠭ ᠤᠨ ᠳᠠᠪᠬᠤᠷ ᠬᠠᠮᠢᠶᠠᠷᠤᠯᠲᠠ ᠶ᠋ᠢᠨ ᠳᠣᠣᠷ᠎ᠠ ᠪᠠᠶᠢᠭ᠎ᠠ ᠺᠠᠲᠷ ᠢ ᠬᠢᠨᠠᠨ ᠪᠠᠶᠢᠴᠠᠭᠠᠬᠤ ᠠᠵᠢᠯ᠂ ᠭᠣᠣᠯᠯᠠᠨ ᠬᠠᠮᠢᠶᠠᠷᠬᠤ ᠡᠲᠡᠭᠡᠳ ᠬᠠᠷᠢᠭᠤᠴᠠᠵᠤ᠂ ᠬᠠᠮᠵᠢᠯᠴᠠᠨ ᠬᠠᠮᠢᠶᠠᠷᠬᠤ ᠡᠲᠡᠭᠡᠳ ᠲᠠᠢ ᠬᠠᠮᠲᠤᠷᠠᠵᠤ ᠬᠢᠬᠦ ᠬᠡᠷᠡᠭᠲᠡᠢ᠃
    ᠬᠣᠷᠢᠨ ᠳᠣᠯᠣᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ ᠳ᠋ᠤ ᠲᠣᠮᠢᠯᠠᠬᠤ ᠪᠠᠷ ᠵᠢᠱᠢᠭᠳᠡᠭᠰᠡᠳ ᠢ ᠰᠢᠯᠭᠠᠨ ᠪᠠᠶᠢᠴᠠᠭᠠᠬᠤ᠂ ᠡᠷᠬᠡᠪᠰᠢ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠨᠥᠬᠥᠴᠡᠯ ᠪᠠ ᠠᠳᠠᠯᠢ ᠪᠤᠰᠤ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠲᠤᠰᠢᠶᠠᠯ ᠬᠠᠷᠢᠭᠤᠴᠠᠯᠭ᠎ᠠ ᠶ᠋ᠢᠨ ᠱᠠᠭᠠᠷᠳᠠᠯᠭ᠎ᠠ᠂ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠲᠡᠭᠦᠨ ᠤ ᠶᠣᠰᠤ ᠮᠣᠷᠠᠯ᠂ ᠬᠦᠴᠦᠨ᠂ ᠠᠵᠢᠯᠴᠢ ᠪᠠᠶᠢᠬᠤ ᠬᠡᠷᠡᠭᠲᠡᠶ  ᠃ ᠤᠯᠤᠰ ᠲᠥᠷᠦ ᠶ᠋ᠢᠨ ᠬᠡᠪ ᠴᠢᠨᠠᠷ ᠪᠣᠯᠤᠨ ᠶᠣᠰᠣ ᠮᠣᠷᠠᠯ ᠢ ᠭᠦᠨᠵᠡᠭᠡᠶ ᠣᠶᠢᠯᠠᠭᠠᠵᠤ᠂ ᠬᠦᠰᠡᠯᠡᠩ ᠢᠲᠡᠭᠡᠯ ᠵᠣᠷᠢᠭ ᠢᠶᠡᠨ ᠪᠠᠲᠤᠳᠬᠠᠵᠤ᠂ ᠤᠯᠤᠰ ᠲᠥᠷᠦ ᠶ᠋ᠢᠨ ᠰᠠᠬᠢᠯᠭ᠎ᠠ ᠪᠠᠲᠤ᠂ ᠵᠠᠷᠴᠢᠮ ᠢ ᠪᠠᠷᠢᠮᠲᠠᠯᠠᠵᠤ᠂ ᠵᠣᠷᠢᠭᠲᠠᠢ ᠡᠭᠦᠷᠭᠡᠯᠡᠵᠦ᠂ ᠰᠢᠭᠦᠮᠵᠢᠯᠡᠯ ᠪᠠ  ᠥᠪᠡᠷ ᠦᠨ ᠰᠢᠭᠦᠮᠵᠢᠯᠡᠯ ᠢ ᠥᠷᠨᠢᠭᠦᠯᠦᠨ᠂ ᠦᠢᠯᠡᠠ ᠠᠵᠢᠯᠯᠠᠭ᠎ᠠ ᠶ᠋ᠢᠨ ᠵᠠᠩ ᠴᠢᠨᠠᠷ ᠵᠡᠷᠭᠡ ᠲᠠᠯ᠎ᠠ ᠶ᠋ᠢᠨ ᠪᠠᠶᠢᠳᠠᠯ ᠢᠶᠡᠨ ᠳᠥᠷᠢᠮᠵᠢᠭᠦᠯᠬᠦ ᠬᠡᠷᠡᠭᠲᠡᠢ ᠃
    ᠠᠵᠢᠯ ᠤᠨ ᠪᠣᠳᠠᠲᠤ ᠪᠥᠲᠦᠮᠵᠢ ᠶ᠋ᠢ ᠭᠣᠸᠯᠳᠠᠯᠭ᠎ᠠ ᠲᠠᠶ ᠪᠠᠶᠢᠴᠠᠭᠠᠵᠤ᠂ ᠭᠦᠨᠵᠡᠭᠡᠶ ᠣᠶᠢᠯᠠᠭᠠᠵᠤ᠂ ᠠᠵᠢᠯ ᠤᠨ ᠪᠠᠶᠢᠷᠢ ᠶ᠋ᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢ ᠲᠦᠯᠬᠢᠨ ᠠᠬᠢᠭᠤᠯᠬᠤ ᠪᠠ ᠦᠶᠯᠡᠴᠢᠯᠡᠭᠡᠨ ᠤ ᠪᠣᠳᠠᠲᠤ ᠦᠷ᠎ᠡ ᠪᠦᠲᠦᠮᠵᠢ ᠤᠯᠪᠠ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠢ ᠰᠢᠨᠵᠢᠯᠡᠨ ᠪᠠᠶᠢᠴᠠᠭᠠᠵᠤ᠂ ᠶᠠᠰᠤ ᠴᠢᠨᠠᠷ᠂ ᠦᠷ᠎ᠡ ᠠᠰᠢᠭ ᠲᠠᠶ᠂ ᠦᠷᠭᠦᠯᠵᠢᠯᠡᠨ ᠬᠥᠭᠵᠢᠬᠦ ᠠᠵᠤ ᠠᠬᠤᠢ ᠶ᠋ᠢᠨ ᠬᠥᠭᠵᠢᠯᠲᠡ ᠪᠠ  ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠦᠨ ᠡᠶ᠎ᠡ ᠵᠣᠬᠢᠴᠠᠩᠭᠤᠢ ᠳᠠᠪᠰᠢᠯᠲᠠ᠂ ᠰᠣᠶᠤᠯ ᠤᠨ ᠪᠠᠶᠢᠭᠤᠯᠤᠯᠲᠠ᠂ ᠠᠮᠢ ᠠᠬᠤᠢ ᠶ᠋ᠢᠨ ᠪᠣᠯᠪᠠᠰᠤᠨ ᠤ ᠪᠠᠶᠢᠭᠤᠯᠤᠯᠲᠠ ᠂ ᠨᠠᠮ ᠤᠨ ᠪᠠᠶᠢᠭᠤᠯᠤᠯᠲᠠ ᠵᠡᠷᠭᠡ ᠬᠢᠨᠠᠨ ᠰᠢᠯᠭᠠᠵᠤ ᠦᠨᠡᠯᠡᠬᠦ ᠴᠢᠬᠤᠯᠠ ᠠᠭᠤᠯᠭ᠎ᠠ ᠪᠣᠯᠤᠭᠰᠠᠨ ᠤ ᠬᠤᠪᠢ ᠳ᠋ᠤ ᠨᠡᠩ ᠢᠯᠡᠭᠦᠦ ᠴᠢᠬᠤᠯᠠᠴᠢᠯᠠᠵᠤ᠂ ᠬᠥᠳᠡᠯᠮᠦᠷᠢ ᠠᠵᠢᠯ ᠣᠯᠭᠣᠯᠲᠠ ᠂ ᠰᠠᠭᠤᠭᠠᠯᠢ ᠠᠷᠠᠳ ᠤᠨ ᠣᠷᠣᠯᠭ᠎ᠠ᠂ ᠰᠢᠨᠵᠢᠯᠡᠭᠡ ᠮᠡᠷᠭᠡᠵᠢᠯ ᠦᠨ ᠡᠭᠦᠳᠦᠯᠲᠡ᠂ ᠰᠤᠷᠭᠠᠨ ᠬᠥᠮᠦᠵᠢᠯ ᠰᠣᠶᠣᠯ᠂ ᠨᠡᠶᠢᠭᠡᠮ ᠦᠨ ᠪᠠᠲᠤᠯᠠᠪᠤᠷᠢ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠬᠢᠨᠠᠨ ᠰᠢᠯᠭᠠᠬᠤ᠂ ᠬᠢᠵᠠᠭᠠᠷᠯᠠᠬᠤ ᠴᠢᠨᠠᠷᠲᠠᠶ ᠭᠦᠶᠴᠡᠳᠬᠡᠯ ᠲᠣᠭ᠎ᠠ ᠶ᠋ᠢᠨ ᠰᠢᠯᠭᠠᠨ ᠬᠢᠨᠠᠬᠤ ᠶ᠋ᠢ ᠴᠢᠩᠭᠠᠳᠬᠠᠵᠤ᠂ ᠡᠬᠢ ᠪᠠᠶᠠᠯᠢᠭ ᠢ ᠬᠣᠷᠣᠭᠳᠠᠭᠤᠯᠬᠤ ᠂ ᠣᠷᠴᠢᠨ ᠲᠣᠭᠣᠷᠢᠨ ᠤ ᠬᠠᠮᠠᠭᠠᠯᠠᠯᠲᠠ ᠶ᠋ᠢᠨ ᠴᠢᠨᠠᠷᠲᠠ ᠥᠢᠯᠡᠳᠪᠦᠷᠢᠯᠡᠯ ᠦᠨ ᠴᠢᠳᠠᠪᠤᠷᠢ ᠶ᠋ᠢᠨ ᠦᠯᠡᠭᠦᠳᠡᠯ᠂ ᠠᠶᠤᠯᠭᠦᠶ ᠪᠡᠷ ᠦᠢᠯᠡᠳᠪᠦᠷᠢᠯᠡᠬᠦ᠂ ᠥᠭᠴᠡᠭᠡᠨ ᠤ ᠪᠠᠶᠢᠳᠠᠯ ᠤᠨ ᠲᠤᠬᠠᠶ ᠵᠡᠷᠭᠡ ᠭᠦᠢᠴᠡᠳᠬᠡᠬᠦ  ᠲᠣᠭ᠎ᠠ ᠶ᠋ᠢᠨ ᠡᠷᠬᠡ ᠶ᠋ᠢᠨ ᠬᠠᠷᠢᠴᠠᠯ ᠢ ᠶᠡᠬᠡᠰᠬᠦ ᠡᠴᠡ ᠰᠡᠷᠭᠡᠶᠢᠯᠡᠬᠦ ᠂ ᠵᠥᠪᠬᠡᠨ ᠠᠵᠤ ᠠᠬᠤᠢ ᠶ᠋ᠢᠨ ᠨᠡᠮᠡᠭᠳᠡᠯ ᠦᠨ ᠬᠤᠷᠳᠤᠴᠠ ᠪᠠᠷ ᠠᠵᠢᠯ ᠤᠨ ᠪᠣᠳᠠᠲᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ᠃ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠦᠨ ᠤᠳᠤᠷᠢᠳᠬᠤ ᠺᠠᠳ᠋ᠷ ᠢ ᠰᠢᠨᠵᠢᠯᠡᠨ ᠪᠠᠶᠢᠴᠠᠭᠠᠵᠤ᠂ ᠲᠥᠷᠦ ᠶ᠋ᠢᠨ ᠪᠣᠳᠤᠯᠭ᠎ᠠ ᠶ᠋ᠢ ᠬᠡᠷᠡᠭᠵᠢᠭᠦᠯᠬᠦ ᠬᠡᠷᠡᠭᠲᠡᠶ᠂ ᠰᠠᠢᠢᠨ ᠰᠠᠶᠢᠬᠠᠨ ᠬᠥᠭᠵᠢᠯᠲᠡ ᠶ᠋ᠢᠨ ᠣᠷᠴᠢᠨ ᠲᠣᠭᠤᠷᠢᠨ ᠢ ᠪᠤᠢ ᠪᠣᠯᠭᠠᠵᠤ ᠂ ᠴᠢᠨᠠᠷ ᠰᠠᠶᠢᠲᠠᠶ ᠣᠯᠠᠨ ᠨᠡᠶᠢᠲᠡ ᠶ᠋ᠢᠨ ᠦᠢᠯᠡᠴᠢᠯᠡᠭᠡ ᠬᠠᠩᠭᠠᠬᠤ ᠂ ᠨᠡᠶᠢᠭᠡᠮ ᠦᠨ ᠲᠥᠪ ᠭᠣᠣᠯᠴᠢ ᠰᠢᠳᠤᠷᠭᠤ ᠶᠣᠰᠤ ᠶ᠋ᠢ ᠬᠠᠮᠠᠭᠠᠯᠠᠬᠤ ᠵᠡᠷᠭᠡ ᠪᠥᠲᠦᠮᠵᠢ ᠶ᠋ᠢ ᠦᠨᠡᠯᠡᠬᠦ ᠴᠢᠬᠤᠯᠠ ᠠᠭᠤᠯᠭ᠎ᠠ ᠮᠥᠨ ᠃ ᠪᠠᠶᠢᠳᠠᠯ ᠢ ᠭᠦᠨᠵᠡᠭᠡᠶ ᠣᠶᠢᠯᠠᠭᠠᠬᠤ ᠂  ᠠᠷᠠᠳ ᠤᠨ ᠲᠥᠯᠥᠭᠡ ᠦᠢᠯᠡᠴᠢᠯᠡᠬᠦ᠂ ᠦᠨᠡᠨ ᠢ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠂ ᠠᠵᠢᠯ ᠦᠢᠯᠡᠰ ᠦᠨ ᠢᠶ᠋ᠡᠨ ᠲᠥᠯᠥᠭᠡ ᠬᠢᠴᠢᠶᠡᠨ ᠵᠢᠳᠬᠦᠵᠦ᠂ ᠤᠷᠤᠯᠳᠤᠯᠭ᠎ᠠ ᠲᠠᠶ ᠂ ᠬᠡᠯᠪᠡᠷᠢ ᠶ᠋ᠢᠨ ᠦᠵᠡᠯ ᠢ ᠡᠰᠡᠷᠭᠦᠴᠡᠬᠦ᠂ ᠨᠣᠶᠠᠨᠴᠢ ᠦᠵᠡᠯ ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠵᠡᠷᠭᠡ ᠪᠠᠶᠢᠳᠠᠯ ᠢ ᠵᠢᠭᠠᠵᠤ ᠪᠠᠶᠢᠨ᠎ᠠ ᠃
    ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠳᠠᠯ ᠢ ᠴᠢᠩᠭᠠᠳᠬᠠᠵᠤ᠂ ᠭᠦᠨᠵᠡᠭᠡᠶ ᠣᠶᠢᠯᠠᠭᠠᠵᠤ᠂ ᠬᠣᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠰᠠᠬᠢᠵᠤ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ᠂ ᠡᠷᠬᠢᠮ ᠳᠡᠭᠡᠳᠦ ᠵᠠᠩ ᠰᠡᠳᠬᠢᠯᠭᠡ ᠪᠣᠯᠤᠨ ᠡᠷᠡᠭᠦᠯ ᠵᠥᠪ ᠳᠤᠷ᠎ᠠ ᠰᠣᠨᠢᠷᠬᠠᠯ᠂ ᠭᠠᠭᠴᠠᠭᠠᠷ ᠪᠠᠶᠢᠬᠤ ᠳᠠᠭᠠᠨ ᠪᠡᠶ᠎ᠡ ᠪᠡᠨ ᠬᠢᠴᠢᠶᠡᠵᠦ᠂ ᠡᠷᠬᠡ ᠪᠡᠨ ᠲᠥᠪ ᠭᠣᠣᠯᠴᠢ ᠪᠠᠷ ᠬᠡᠷᠡᠭᠯᠡᠵᠦ᠂ ᠠᠷᠢᠭᠤᠨ ᠴᠢᠬᠡᠴᠢ ᠪᠠᠶᠢᠬᠤ ᠂ ᠬᠤᠪᠢ ᠶ᠋ᠢᠨ ᠠᠰᠢᠭ ᠢᠶᠡᠨ ᠤᠢᠯᠦ ᠬᠥᠭᠡᠭᠡᠴᠡᠯᠳᠦᠬᠦ᠂ ᠲᠦᠷᠦᠯ ᠰᠠᠳᠤᠨ ᠪᠠ ᠳᠡᠷᠭᠡᠳᠡᠬᠢ ᠠᠵᠢᠯᠲᠠᠳ ᠢᠶᠡᠨ ᠴᠢᠩᠭ᠎ᠠ ᠱᠠᠭᠠᠷᠳᠠᠬᠤ ᠵᠡᠷᠭᠡ ᠪᠠᠶᠢᠳᠠᠯ ᠢ ᠵᠢᠭᠠᠵᠤ ᠪᠠᠶᠢᠨ᠎ᠠ ᠃
    ᠡᠯ᠎ᠡ ᠱᠠᠲᠤᠨ ᠤ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠡᠴᠠ ᠪᠣᠳᠠᠲᠤ ᠪᠠᠶᠢᠳᠠᠯ ᠢᠶᠡᠨ ᠦᠨᠳᠦᠰᠦᠯᠡᠨ᠂ ᠪᠣᠳᠠᠲᠠᠶ ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠭᠠᠬᠤ ᠬᠡᠷᠡᠭᠲᠡᠶ ᠃
    ᠬᠣᠷᠢᠨ ᠨᠠᠢᠮᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ  ᠳ᠋ᠤ ᠲᠣᠮᠢᠯᠠᠬᠤ ᠪᠠᠷ ᠵᠢᠱᠢᠭᠳᠡᠭᠰᠡᠳ ᠢ ᠰᠢᠯᠭᠠᠨ ᠪᠠᠶᠢᠴᠠᠭᠠᠬᠤ ᠂ ᠰᠢᠯᠭᠠᠨ ᠪᠠᠶᠢᠴᠠᠭᠠᠬᠤ ᠴᠠᠭ ᠭᠦᠢᠴᠡᠳ ᠪᠠᠶᠢᠬᠤ ᠶ᠋ᠢ ᠪᠠᠲᠤᠯᠠᠬᠤ ᠬᠡᠷᠡᠭᠲᠡᠶ ᠂ ᠳᠣᠣᠷᠠᠬᠢ ᠳᠥᠷᠢᠮ ᠢ ᠬᠡᠷᠡᠭᠵᠢᠭᠦᠯᠦᠨ᠎ᠡ ᠄
   ( ᠨᠢᠭᠡ ) ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠂ ᠰᠢᠨᠵᠢᠯᠡᠨ ᠪᠠᠶᠢᠴᠠᠭᠠᠬᠤ ᠠᠵᠢᠯ ᠤᠨ ᠲᠥᠰᠦᠯ ᠲᠣᠭᠲᠠᠭᠠᠬᠤ ;
   ( ᠬᠣᠶᠠᠷ ) ᠰᠢᠯᠭᠠᠨ ᠪᠠᠶᠢᠴᠠᠭᠠᠬᠤ ᠡᠲᠡᠭᠡᠳ ᠢᠶ᠋ᠡᠨ ᠮᠡᠳᠡᠭᠦᠯᠦᠭᠰᠡᠨ ᠨᠢᠭᠡᠴᠢ ᠪᠤᠶᠤ ᠠᠵᠢᠯᠯᠠᠵᠤ ᠪᠠᠶᠢᠭ᠎ᠠ ᠨᠢᠭᠡᠴᠡ ᠶ᠋ᠢᠨ ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ) ᠤᠳᠤᠷᠢᠳᠬᠤ ᠭᠤᠤᠯ ᠪᠥᠷᠢᠯᠳᠦᠭᠦᠨ ᠢ ᠪᠠᠶᠢᠴᠠᠭᠠᠵᠤ ᠦᠵᠡᠭᠰᠡᠨ ᠠᠵᠢᠯ ᠤᠨ ᠲᠥᠰᠦᠯ ᠢ ᠪᠠᠶᠢᠳᠠᠯ ᠢᠶᠡᠨ ᠦᠵᠡᠵᠦ ᠨᠡᠪᠲᠡᠷᠡᠯᠴᠡᠵᠦ᠂ ᠰᠠᠨᠠᠯ ᠠᠪᠬᠤ ;
    ( ᠭᠤᠷᠪᠠ ) ᠪᠠᠶᠢᠴᠠᠭᠠᠨ ᠦᠵᠡᠬᠦ ᠬᠥᠮᠦᠰ ᠦᠨ ᠠᠳᠠᠯᠢ ᠪᠤᠰᠤ ᠪᠠᠶᠢᠳᠠᠯ ᠢ ᠦᠨᠳᠦᠰᠦᠯᠡᠵᠦ᠂ ᠵᠣᠬᠢᠰᠲᠠᠶ ᠠᠷᠭ᠎ᠠ ᠬᠡᠯᠪᠡᠷᠢ ᠪᠡᠷ ᠵᠣᠬᠢᠬᠤ ᠬᠡᠪᠴᠢᠶᠡᠨ ᠳ᠋ᠦ ᠨᠡᠶᠢᠲᠡᠯᠡᠬᠦ  ᠺᠠᠲᠷ ᠢ ᠬᠢᠨᠠᠨ ᠪᠠᠶᠢᠴᠠᠭᠠᠬᠤ ᠤᠷᠢᠳᠴᠢᠯᠠᠨ ᠮᠡᠳᠡᠭᠳᠡᠬᠦ ᠬᠡᠷᠡᠭᠲᠡᠶ ;
    ( ᠳᠥᠷᠪᠡ ) ᠲᠠᠯᠪᠢᠭᠰᠠᠨ ᠰᠠᠨᠠᠯ ᠬᠤᠷᠢᠶᠠᠬᠤ ᠬᠦᠰᠦᠨᠦᠭᠲᠦ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠲᠤᠬᠠᠢ ᠶ᠋ᠢᠨ ᠭᠠᠵᠠᠷ ᠢᠶᠠᠷ ᠰᠣᠷᠪᠤᠯᠵᠢᠯᠠᠬᠤ᠂ ᠺᠠᠲᠷ ᠤᠨ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠ ᠠᠵᠢᠯ ᠤᠨ ᠬᠡᠷᠡᠭᠰᠡᠯ᠂ ᠬᠢᠨᠠᠨ ᠪᠠᠶᠢᠴᠠᠭᠠᠬᠤ ᠡᠲᠡᠭᠡᠳ ᠨᠢ ᠬᠡᠯᠡᠬᠦ ᠵᠡᠷᠭᠡ ᠠᠷᠭ᠎ᠠ᠂ ᠪᠠᠶᠢᠳᠠᠯ ᠢ ᠭᠦᠨᠵᠡᠭᠡᠶ ᠣᠶᠢᠯᠠᠭᠠᠵᠤ᠂ ᠬᠡᠷᠡᠭᠴᠡᠭᠡ ᠪᠡᠨ ᠦᠨᠳᠦᠰᠦᠯᠡᠵᠦ᠂ ᠠᠷᠠᠳ ᠤᠨ ᠰᠠᠨᠠᠭ᠎ᠠ ᠶ᠋ᠢ ᠪᠠᠶᠢᠴᠠᠭᠠᠬᠤ᠂ ᠲᠤᠰᠬᠠᠶ ᠵᠦᠢᠯ ᠦᠨ ᠪᠠᠶᠢᠴᠠᠭᠠᠯᠲᠠ ᠶ᠋ᠢ ᠬᠢᠨᠠᠨ ᠪᠠᠶᠢᠴᠠᠭᠠᠨ᠎ᠠ ︔
    ( ᠲᠠᠪᠤ ) ᠰᠢᠯᠭᠠᠨ ᠪᠠᠶᠢᠴᠠᠭᠠᠭᠰᠠᠨ ᠪᠠᠶᠢᠳᠠᠯ ᠢᠶᠡᠷ ᠦᠩᠬᠡᠶᠢᠯᠡᠨ ᠵᠠᠳᠠᠯᠵᠤ᠂ ᠪᠠᠶᠢᠴᠠᠭᠠᠨ ᠦᠵᠡᠬᠦ  ᠬᠥᠮᠦᠰ ᠦᠨ ᠶᠡᠷᠦᠳᠡ ᠶ᠋ᠢᠨ ᠢᠯᠡᠷᠡᠯ ᠨᠢ ᠬᠠᠷᠢᠴᠠᠭᠤᠯᠬᠤ ᠂ ᠬᠠᠷᠢᠯᠴᠠᠨ ᠭᠡᠷᠡᠴᠢᠯᠡᠬᠦ ᠂ ᠰᠢᠯᠭᠠᠨ ᠪᠠᠶᠢᠴᠠᠭᠠᠬᠤ ᠡᠲᠡᠭᠡᠳ ᠢ ᠪᠦᠬᠦ ᠲᠠᠯ᠎ᠠ ᠪᠠᠷ ᠣᠨᠣᠪᠴᠢᠲᠠᠶ ᠦᠨᠡᠯᠡᠯᠲᠡ ᠬᠢᠬᠦ ᠬᠡᠷᠡᠭᠲᠡᠶ ;
    ( ᠵᠢᠷᠭᠤᠭ᠎ᠠ ) ᠬᠢᠨᠠᠨ ᠪᠠᠶᠢᠴᠠᠭᠠᠬᠤ ᠡᠲᠡᠭᠡᠳ ᠮᠡᠳᠡᠭᠦᠯᠦᠭᠰᠡᠨ ᠨᠢᠭᠡᠴᠢ ᠪᠤᠶᠤ ᠠᠵᠢᠯᠯᠠᠵᠤ ᠪᠠᠶᠢᠭ᠎ᠠ ᠨᠢᠭᠡᠴᠢ ᠶ᠋ᠢᠨ ᠨᠠᠮ ᠤᠨ ᠬᠣᠷᠢᠢ᠎ᠠ ( ᠨᠠᠮ ᠤᠨ ᠤᠳᠤᠷᠢᠳᠬᠤ ᠳᠤᠭᠤᠶᠢᠯᠠᠩ) ᠤᠳᠤᠷᠢᠳᠬᠤ ᠭᠣᠣᠯ ᠪᠥᠷᠢᠯᠳᠦᠭᠦᠨ ᠢ ᠬᠢᠨᠠᠨ ᠪᠠᠶᠢᠴᠠᠭᠠᠭᠰᠠᠨ ᠪᠠᠶᠢᠳᠠᠯ ᠢᠶᠡᠨ ᠬᠠᠷᠢᠭᠤ ᠲᠤᠰᠬᠠᠬᠤ ᠬᠡᠷᠡᠭᠲᠡᠶ ᠪᠥᠭᠡᠳ ᠰᠠᠨᠠᠯ ᠢᠶᠡᠨ ᠰᠣᠯᠢᠯᠴᠠᠬᠤ ᠬᠡᠷᠡᠭᠲᠡᠢ ᠃
    ( ᠲᠤᠯᠤᠭ᠎ᠠ ) ᠪᠠᠶᠢᠴᠠᠭᠠᠬᠤ ᠳᠤᠭᠤᠶᠢᠯᠠᠩ ᠤᠨ ᠰᠤᠳᠤᠯᠤᠨ ᠳᠤᠷᠠᠳᠴᠤ ᠪᠣᠯᠬᠤ ᠬᠥᠮᠦᠰ ᠢ ᠲᠤᠰᠢᠶᠠᠯ ᠳ᠋ᠦ ᠲᠣᠮᠢᠯᠠᠬᠤ ᠰᠠᠨᠠᠭᠤᠯᠭ᠎ᠠ ᠳᠤᠷᠠᠳᠴᠤ᠂ ᠲᠣᠮᠢᠯᠠᠭᠰᠠᠨ ᠪᠠᠶᠢᠴᠠᠭᠠᠬᠤ ᠳᠤᠭᠤᠶᠢᠯᠠᠩ  ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠦᠨ ᠬᠠᠷᠢᠭᠤ ᠮᠡᠳᠡᠭᠦᠯᠦᠯᠲᠡ ᠶ᠋ᠢ ᠰᠣᠨᠣᠰᠴᠤ᠂ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠦᠨ ᠭᠢᠨ ᠬᠠᠮᠲᠤ ᠪᠠᠷ ᠢᠶᠡᠨ ᠲᠤᠰᠢᠶᠠᠯ ᠳ᠋ᠤ ᠲᠣᠮᠢᠯᠠᠬᠤ ᠰᠠᠨᠠᠭᠤᠯᠭ᠎ᠠ ᠶ᠋ᠢᠨ ᠲᠥᠰᠦᠯ ᠢ ᠰᠤᠳᠤᠯᠤᠨ ᠳᠤᠷᠠᠳᠴᠤ ᠂ ᠲᠤᠰ ᠱᠠᠲᠤᠨ ᠤ ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ ) ᠳ᠋ᠤ ᠮᠡᠳᠡᠭᠦᠯᠦᠨ᠎ᠡ ᠃
      ᠬᠣᠷᠢ ᠶᠢᠰᠦᠳᠦᠭᠡᠷ ᠵᠦᠢᠯ   ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ ᠵᠢᠱᠢᠭᠳᠡᠭᠰᠡᠳ ᠢ ᠵᠢᠱᠢᠨ ᠲᠣᠭᠲᠠᠭᠠᠬᠤ᠂ ᠲᠤᠰᠬᠠᠶ ᠶᠠᠷᠢᠯᠴᠠᠬᠤ ᠪᠠ ᠰᠠᠨᠠᠯ ᠬᠤᠷᠢᠶᠠᠭᠰᠠᠨ ᠬᠡᠪᠴᠢᠶ᠎ᠡ ᠨᠢ ᠡᠩ ᠦᠨ ᠪᠠᠶᠢᠳᠠᠯ ᠳᠣᠣᠷ᠎ᠠ ᠄
     ( ᠨᠢᠭᠡ )  ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ᠂ ᠤᠯᠤᠰ  ᠲᠥᠷᠦ ᠶ᠋ᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ᠂ ᠠᠷᠠᠳ ᠤᠨ ᠰᠢᠭᠦᠬᠦ ᠬᠣᠷᠢᠶ᠎ᠠ᠂ ᠠᠷᠠᠳ ᠤᠨ ᠪᠠᠶᠢᠴᠠᠭᠠᠬᠤ ᠬᠣᠷᠢᠶᠠᠨ ᠤ ᠤᠳᠤᠷᠢᠳᠬᠤ ᠭᠣᠣᠯ ᠪᠦᠷᠢᠯᠳᠦᠬᠦᠨ  ;
    ( ᠬᠣᠶᠠᠷ ) ᠬᠢᠨᠠᠨ ᠪᠠᠶᠢᠴᠠᠭᠠᠯᠲᠠ ᠡᠲᠡᠭᠡᠳ ᠦᠨ ᠪᠠᠶᠢᠭ᠎ᠠ ᠨᠢᠭᠡᠴᠢ ᠶ᠋ᠢᠨ ᠤᠳᠤᠷᠢᠳᠬᠤ ᠪᠦᠷᠢᠯᠳᠦᠬᠦᠨ ;
    ( ᠭᠤᠷᠪᠠ ) ᠬᠢᠨᠠᠨ ᠪᠠᠶᠢᠴᠠᠭᠠᠯᠲᠠ ᠡᠲᠡᠭᠡᠳ ᠦᠨ ᠪᠠᠶᠢᠭ᠎ᠠ ᠨᠢᠭᠡᠴᠢ ᠶ᠋ᠢᠨ ᠬᠣᠯᠪᠣᠭᠳᠠᠯ ᠪᠦᠬᠦᠢ ᠠᠵᠢᠯ ᠤᠨ ᠰᠠᠯᠠᠭ᠎ᠠ ᠮᠥᠴᠢᠷ ᠪᠤᠶᠤ ᠲᠣᠲᠤᠭᠠᠳᠤ ᠶ᠋ᠢᠨ ᠪᠠᠶᠢᠭᠤᠯᠤᠮᠵᠢ ᠪᠣᠯᠤᠨ ᠰᠢᠭᠤᠳ ᠬᠠᠷᠢᠶ᠎ᠠ ᠨᠢᠭᠡᠴᠡ ᠶ᠋ᠢᠨ  ᠭᠣᠣᠯ ᠤᠳᠤᠷᠢᠳᠬᠤ ᠪᠦᠷᠢᠯᠳᠦᠬᠦᠨ ;
    ( ᠳᠦᠷᠪᠡ ) ᠬᠣᠯᠪᠣᠭᠳᠠᠯ ᠪᠦᠬᠦᠢ ᠪᠤᠰᠤᠳ ᠬᠥᠮᠦᠨ ᠃
     ᠭᠤᠴᠢᠳᠤᠭᠠᠷ ᠵᠦᠢᠯ   ᠰᠢᠯᠭᠠᠨ ᠪᠠᠶᠢᠴᠠᠭᠠᠬᠤ ᠠᠵᠢᠯ ᠤᠨ ᠰᠠᠯᠠᠭ᠎ᠠ ᠮᠥᠴᠢᠷ ᠦᠨ ᠤᠳᠤᠷᠢᠳᠬᠤ ᠪᠠᠭ ᠤ ᠨᠪᠦᠷᠢᠯᠳᠦᠬᠦᠨ ᠤ ᠵᠢᠱᠢᠭᠳᠡᠭᠰᠡᠳ ᠢ ᠵᠢᠱᠢᠨ ᠲᠣᠭᠲᠠᠭᠠᠬᠤ ᠂ ᠲᠤᠰᠬᠠᠶ ᠶᠠᠷᠢᠯᠴᠠᠬᠤ ᠪᠠ ᠰᠠᠨᠠᠯ ᠬᠤᠷᠢᠶᠠᠭᠰᠠᠨ ᠬᠡᠪᠴᠢᠶ᠎ᠡ ᠨᠢ ᠡᠩ ᠦᠨ ᠪᠠᠶᠢᠳᠠᠯ ᠳᠣᠣᠷ᠎ᠠ ᠄
    ( ᠨᠢᠭᠡ ) ᠬᠢᠨᠠᠨ ᠪᠠᠶᠢᠴᠠᠭᠠᠬᠤ ᠡᠲᠡᠭᠡᠳ ᠳᠡᠭᠡᠳᠦ ᠱᠠᠲᠤᠨ ᠤ ᠤᠳᠤᠷᠢᠳᠬᠤ ᠪᠠᠶᠢᠭᠤᠯᠭ᠎ᠠ ᠶ᠋ᠢᠨ ᠬᠣᠯᠪᠣᠭᠳᠠᠯ ᠪᠦᠬᠦᠢ ᠤᠳᠤᠷᠢᠳᠬᠤ ᠪᠦᠷᠢᠯᠳᠦᠬᠦᠨ ;
    ( ᠬᠣᠶᠠᠷ ) ᠬᠢᠨᠠᠨ ᠪᠠᠶᠢᠴᠠᠭᠠᠯᠲᠠ ᠡᠲᠡᠭᠡᠳ ᠦᠨ ᠪᠠᠶᠢᠭ᠎ᠠ ᠨᠢᠭᠡᠴᠡ ᠶ᠋ᠢᠨ ᠤᠳᠤᠷᠢᠳᠬᠤ ᠪᠦᠷᠢᠯᠳᠦᠬᠦᠨ ;
    ( ᠭᠤᠷᠪᠠ ) ᠬᠢᠨᠠᠨ ᠪᠠᠶᠢᠴᠠᠭᠠᠯᠲᠠ ᠡᠲᠡᠭᠡᠳ ᠦᠨ ᠪᠠᠶᠢᠭ᠎ᠠ ᠨᠢᠭᠡᠴᠢ᠂ ᠲᠣᠲᠤᠭᠠᠳᠤ ᠶ᠋ᠢᠨ ᠪᠠᠶᠢᠭᠤᠯᠤᠮᠵᠢ ᠪᠣᠯᠤᠨ ᠰᠢᠭᠤᠳ ᠬᠠᠷᠢᠶ᠎ᠠ ᠨᠢᠭᠡᠴᠡ ᠶ᠋ᠢᠨ ᠭᠣᠣᠯ ᠤᠳᠤᠷᠢᠳᠬᠤ ᠪᠦᠷᠢᠯᠳᠦᠬᠦᠨ ;
    ( ᠳᠦᠷᠪᠡ ) ᠬᠣᠯᠪᠣᠭᠳᠠᠯ ᠪᠦᠬᠦᠢ ᠪᠤᠰᠤᠳ ᠬᠥᠮᠦᠨ ᠃
    ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠲᠤᠰᠢᠶᠠᠯ ᠳ᠋ᠦ ᠲᠣᠮᠢᠯᠠᠬᠤ ᠪᠠᠷ ᠵᠢᠱᠢᠭᠳᠡᠭᠰᠡᠳ ᠢ ᠰᠢᠯᠭᠠᠨ ᠪᠠᠶᠢᠴᠠᠭᠠᠬᠤ᠂ ᠲᠤᠰᠬᠠᠢ ᠶᠠᠷᠢᠯᠴᠠᠬᠤ ᠪᠠ ᠰᠠᠨᠠᠯ ᠬᠤᠷᠢᠶᠠᠭᠰᠠᠨ ᠬᠡᠪᠴᠢᠶ᠎ᠡ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢᠯᠠᠪᠯᠠᠯᠲᠠ ᠪᠣᠯᠭᠠᠨ ᠬᠡᠷᠡᠭᠵᠢᠭᠦᠯᠦᠨ᠎ᠡ ᠃
     ᠭᠤᠴᠢᠨ ᠨᠢᠭᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ  ᠳ᠋ᠤ ᠲᠣᠮᠢᠯᠠᠬᠤ ᠪᠠᠷ ᠵᠢᠱᠢᠭᠳᠡᠭᠰᠡᠳ ᠢ ᠰᠢᠯᠭᠠᠨ ᠪᠠᠶᠢᠴᠠᠭᠠᠬᠤ ᠂ ᠬᠢᠨᠠᠨ ᠪᠠᠶᠢᠴᠠᠭᠠᠬᠤ ᠡᠲᠡᠭᠡᠳ ᠰᠣᠨᠣᠰᠬᠤ ᠬᠡᠷᠡᠭᠲᠡᠶ ᠪᠠᠶᠢᠭ᠎ᠠ ᠨᠢᠭᠡᠴᠢ ᠶ᠋ᠢ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠪᠠᠶᠢᠭᠤᠯᠭ᠎ᠠ ᠶ᠋ᠢᠨ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠰᠠᠨᠠᠯ ᠂ ᠬᠡᠷᠡᠭᠴᠡᠭᠡ ᠪᠡᠨ ᠦᠨᠳᠦᠰᠦᠯᠡᠨ ᠲᠣᠭᠣᠷᠢᠨ ᠪᠠᠶᠢᠴᠠᠭᠠᠬᠤ ᠪᠠᠶᠢᠭᠤᠯᠤᠮᠵᠢ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠰᠠᠨᠠᠯ ᠢ ᠰᠣᠨᠣᠰᠴᠤ ᠪᠣᠯᠤᠨ᠎ᠠ ᠃
    ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠨᠢ ᠪᠠᠶᠢᠴᠠᠭᠠᠨ ᠦᠵᠡᠬᠦ ᠬᠥᠮᠦᠰ ᠦᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠲᠤᠬᠠᠢ ᠪᠠᠶᠢᠳᠠᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶ᠋ᠢᠨ ᠰᠠᠨᠠᠯ ᠢ ᠰᠣᠨᠣᠰᠬᠤ ᠬᠡᠷᠡᠭᠲᠡᠶ ᠃ ᠵᠡᠷᠭᠡ ᠳᠡᠪᠰᠢᠭᠦᠯᠬᠦ ᠭᠡᠵᠦ ᠪᠠᠶᠢᠭ᠎ᠠ ᠬᠢᠨᠠᠨ ᠪᠠᠶᠢᠴᠠᠭᠠᠬᠤ ᠡᠲᠡᠭᠡᠳ ᠂ ᠬᠤᠪᠢ ᠬᠥᠮᠦᠨ ᠤ ᠬᠣᠯᠪᠣᠭᠳᠠᠯ ᠪᠦᠬᠦᠢ ᠤᠴᠢᠷ  ᠶᠠᠪᠤᠳᠠᠯ ᠢᠶᠡᠨ ᠮᠡᠳᠡᠭᠦᠯᠦᠭᠰᠡᠨ ᠪᠠᠶᠢᠳᠠᠯ ᠢ ᠨᠢ ᠪᠠᠶᠢᠴᠠᠭᠠᠨ ᠦᠵᠡᠬᠦ ᠬᠡᠷᠡᠭᠲᠡᠶ ᠂ ᠴᠢᠬᠤᠯᠠ ᠲᠠᠶ ᠦᠶ᠎ᠡ ᠳ᠋ᠤ ᠬᠢᠨᠠᠨ ᠬᠠᠷᠭᠤᠭᠤᠯᠬᠤ ᠬᠡᠷᠡᠭᠲᠡᠶ᠃ ᠠᠵᠤ ᠠᠬᠤᠢ ᠶ᠋ᠢᠨ ᠬᠠᠷᠢᠭᠤᠴᠠᠯᠭ᠎ᠠ ᠶ᠋ᠢᠨ ᠬᠢᠨᠠᠨ ᠪᠣᠳᠣᠯᠲᠠ ᠬᠢᠬᠦ ᠴᠢᠬᠤᠯᠠ ᠲᠠᠶ ᠬᠢᠨᠠᠨ ᠪᠠᠶᠢᠴᠠᠭᠠᠬᠤ ᠡᠲᠡᠭᠡᠳ᠂ ᠨᠠᠶᠢᠳᠠᠵᠤ ᠬᠢᠨᠠᠨ ᠪᠤᠳᠤᠬᠤ ᠰᠠᠯᠠᠭ᠎ᠠ ᠮᠥᠴᠢᠷ ᠡᠴᠡ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠪᠤᠳᠤᠯᠲᠠ ᠬᠢᠬᠦ ᠬᠡᠷᠡᠭᠲᠡᠶ ᠃
    ᠭᠤᠴᠢᠨ ᠬᠣᠶᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ ᠳ᠋ᠤ ᠲᠣᠮᠢᠯᠠᠬᠤ ᠪᠠᠷ ᠵᠢᠱᠢᠭᠳᠡᠭᠰᠡᠳ ᠢ ᠰᠢᠯᠭᠠᠨ ᠪᠠᠶᠢᠴᠠᠭᠠᠬᠤ ᠂ ᠡᠷᠬᠡᠪᠰᠢ ᠪᠢᠴᠢᠭ ᠢᠶ᠋ᠡᠷ ᠬᠢᠨᠠᠨ ᠰᠢᠯᠭᠠᠭᠰᠠᠨ ᠮᠠᠲ᠋ᠧᠷᠢᠶᠠᠯ᠂ ᠪᠢᠴᠢᠭ ᠬᠠᠷ᠎ᠠ ᠶ᠋ᠢᠨ ᠳᠠᠩᠰᠠ ᠡᠪᠬᠡᠮᠡᠯ ᠪᠠᠶᠢᠭᠤᠯᠵᠤ ᠂ ᠰᠢᠯᠭᠠᠨ ᠪᠠᠶᠢᠴᠠᠭᠠᠬᠤ ᠬᠡᠷᠡᠭᠲᠡᠢ ᠃ ᠨᠢᠭᠡᠨᠲᠡ ᠲᠤᠰᠢᠶᠠᠯ ᠡᠭᠦᠷᠭᠡᠯᠡᠬᠦ ᠂ ᠬᠢᠨᠠᠨ ᠰᠢᠯᠭᠠᠭᠰᠠᠨ ᠮᠠᠲ᠋ᠧᠷᠢᠶᠠᠯ ᠣᠷᠣᠭᠤᠯᠵᠤ ᠬᠤᠪᠢ ᠬᠥᠮᠦᠨ ᠤ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ ᠃ ᠬᠢᠨᠠᠵᠤ ᠪᠠᠶᠢᠴᠠᠭᠠᠭᠰᠠᠨ ᠮᠠᠲ᠋ᠸᠷᠢᠶᠠᠯ ᠢ ᠡᠷᠬᠡᠪᠰᠢ ᠪᠣᠳᠠᠲᠤ ᠲᠡᠮᠳᠡᠭᠯᠡᠯ ᠂ ᠪᠦᠬᠦ ᠲᠠᠯ᠎ᠠ ᠪᠡᠷ᠂ ᠣᠨᠣᠪᠴᠢᠲᠠᠶ᠂ ᠲᠣᠳᠣᠷᠬᠠᠶ ᠲᠤᠰᠬᠠᠵᠤ᠂ ᠪᠠᠶᠢᠴᠠᠭᠠᠨ ᠦᠵᠡᠬᠦ  ᠬᠥᠮᠦᠰ ᠦᠨ ᠪᠠᠶᠢᠳᠠᠯ᠂ ᠳᠣᠣᠷ᠎ᠠ ᠵᠢᠭᠰᠠᠭᠠᠭᠰᠠᠨ ᠠᠭᠤᠯᠭ᠎ᠠ ᠶ᠋ᠢ ᠪᠠᠭᠲᠠᠭᠠᠨ᠎ᠠ ᠄
    ( ᠨᠢᠭᠡ ) ᠶᠣᠰᠤᠮᠣᠷᠠᠯ᠂ ᠬᠦᠴᠦᠨ᠂ ᠠᠵᠢᠯᠴᠢ ᠪᠠᠶᠢᠬᠤ ᠬᠡᠷᠡᠭᠲᠡᠶ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠲᠠᠯ᠎ᠠ ᠪᠠᠷ ᠬᠢ ᠭᠣᠣᠯ ᠢᠯᠡᠷᠡᠯ ᠪᠠ ᠭᠣᠣᠯ ᠣᠨᠴᠠᠯᠢᠭ  ;
    ( ᠬᠣᠶᠠᠷ ) ᠭᠣᠣᠯ ᠳᠤᠲᠠᠭᠳᠠᠯ ᠪᠣᠯᠤᠨ ᠬᠦᠷᠦᠯᠴᠡᠬᠦ ᠤᠢᠭᠡᠢ ᠲᠠᠯ᠎ᠠ ;
    ( ᠭᠤᠷᠪᠠ )  ᠠᠷᠠᠳᠴᠢᠯᠠᠯ ᠢᠶᠠᠷ ᠲᠠᠨᠢᠯᠴᠠᠭᠤᠯᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠵᠡᠷᠭᠡ ᠪᠠᠶᠢᠳᠠᠯ ᠢ ᠵᠢᠭᠠᠵᠤ ᠪᠠᠶᠢᠨ᠎ᠠ ᠃
    ᠭᠤᠴᠢᠨ ᠭᠤᠷᠪᠠᠳᠤᠭᠠᠷ ᠵᠦᠢᠯ    ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ ) ᠪᠤᠶᠤ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠦᠨ ᠲᠣᠮᠢᠯᠠᠭᠰᠠᠨ ᠪᠠᠶᠢᠴᠠᠭᠠᠬᠤ ᠳᠤᠭᠤᠶᠢᠯᠠᠩ ᠬᠣᠶᠠᠷ ᠡᠴᠡ ᠳᠡᠭᠡᠭᠰᠢᠬᠢ ᠪᠥᠷᠢᠯᠳᠦᠭᠦᠨ ᠢᠶ᠋ᠡᠷ ᠪᠦᠷᠢᠯᠳᠦᠨ᠎ᠡ ᠃ ᠰᠤᠳᠤᠯᠤᠨ ᠰᠢᠨᠵᠢᠯᠡᠬᠦ ᠬᠥᠮᠦᠰ ᠨᠢ ᠨᠡᠯᠢᠶᠡᠳ ᠥᠨᠳᠥᠷ ᠬᠡᠪ ᠪᠣᠯᠪᠠᠰᠤᠷᠠᠯ ᠪᠠ ᠵᠣᠬᠢᠴᠠᠩᠭᠤᠶ ᠬᠢᠷᠢ ᠬᠡᠮ ᠲᠠᠢ ᠪᠠᠶᠢᠬᠤ ᠬᠡᠷᠡᠭᠲᠡᠢ ᠃ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠢ ᠦᠵᠡᠯ ᠰᠠᠨᠠᠭ᠎ᠠ ᠤᠯᠤᠰ  ᠲᠥᠷᠦ ᠶ᠋ᠢᠨ ᠬᠡᠪ ᠴᠢᠨᠠᠷ ᠢᠶᠠᠷ ᠰᠡᠢᠢᠠ᠂ ᠨᠡᠯᠢᠶᠡᠳ ᠪᠠᠶᠠᠯᠢᠭ ᠠᠵᠢᠯ ᠤᠨ ᠲᠤᠷᠰᠢᠯᠭ᠎ᠠ ᠲᠠᠶ ᠪᠥᠭᠡᠳ ᠺᠠᠲᠷ ᠤᠨ ᠠᠵᠢᠯ ᠢ ᠰᠠᠢᠢᠨ ᠮᠡᠳᠡᠳᠡᠭ ᠬᠥᠮᠦᠨ ᠡᠭᠦᠷᠭᠡᠯᠡᠨ᠎ᠡ ᠃ᠺᠠᠲᠷ ᠢ ᠰᠢᠯᠭᠠᠨ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶ᠋ᠢᠨ ᠳᠥᠷᠢᠮ ᠢ ᠬᠡᠷᠡᠭᠵᠢᠭᠦᠯᠦᠨ᠎ᠡ ᠃ ᠪᠠᠶᠢᠴᠠᠭᠠᠬᠤ ᠳᠤᠭᠤᠶᠢᠯᠠᠩ ᠨᠢ ᠡᠷᠬᠡᠪᠰᠢ ᠤᠤᠯ ᠵᠠᠷᠴᠢᠮ ᠢ ᠪᠠᠷᠢᠮᠲᠠᠯᠠᠨ᠂ ᠭᠣᠣᠯᠴᠢ ᠴᠢᠬᠡᠴᠢ᠂ ᠭᠦᠨ ᠭᠦᠨᠵᠡᠭᠡᠶ ᠨᠠᠷᠢᠨ ᠨᠢᠮᠪᠠᠶ᠂ ᠬᠢᠨᠠᠨ ᠪᠠᠶᠢᠴᠠᠭᠠᠭᠰᠠᠨ ᠪᠠᠶᠢᠳᠠᠯ ᠢᠶᠡᠨ ᠦᠨᠡᠨ ᠮᠦᠨ ᠢᠶ᠋ᠡᠷ ᠨᠢ ᠲᠤᠰᠬᠠᠭᠰᠠᠨ ᠪᠠ ᠰᠠᠨᠠᠯ᠂ ᠪᠠᠶᠢᠴᠠᠭᠠᠯᠲᠠ ᠶ᠋ᠢᠨ ᠮᠠᠲ᠋ᠸᠷᠢᠶᠠᠯ ᠢ ᠬᠠᠷᠢᠭᠤᠴᠠᠵᠤ᠂ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠬᠡᠪ ᠰᠤᠷᠲᠠᠯ ᠳ᠋ᠦ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ ᠃

     ᠵᠢᠷᠭᠤᠳᠤᠭᠠᠷ ᠪᠦᠯᠦᠭ    ᠶᠠᠷᠢᠯᠴᠠᠨ ᠲᠣᠭᠲᠠᠭᠠᠬᠤ

     ᠭᠤᠴᠢᠨ ᠳᠥᠷᠪᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ ᠳ᠋ᠤ ᠲᠣᠮᠢᠯᠠᠬᠤ ᠪᠠᠷ ᠵᠢᠱᠢᠭᠳᠡᠭᠰᠡᠳ ᠢ ᠶᠠᠷᠢᠯᠴᠠᠬᠤ ᠲᠣᠭᠲᠠᠭᠠᠯ ᠪᠤᠶᠤ ᠲᠣᠭᠲᠠᠭᠠᠯ ᠮᠡᠳᠡᠭᠦᠯᠬᠦ ᠡᠴᠡ ᠡᠮᠦᠨ᠎ᠡ ᠂ ᠲᠤᠰᠢᠶᠠᠯ ᠤᠨ ᠪᠠᠶᠢᠷᠢ ᠪᠣᠯᠤᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠲᠤᠰ ᠲᠤᠰ ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ )᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ᠂ ᠵᠠᠰᠠᠭ ᠤᠨ ᠣᠷᠳᠣᠨ ᠂ ᠤᠯᠤᠰ ᠲᠥᠷᠦ ᠶ᠋ᠢᠨ ᠵᠥᠪᠯᠡᠯᠭᠡᠨ ᠵᠡᠷᠭᠡ ᠬᠣᠯᠪᠣᠭᠳᠠᠯ ᠪᠦᠬᠦᠢ ᠤᠳᠤᠷᠢᠳᠬᠤ ᠪᠦᠷᠢᠯᠳᠦᠬᠦᠨ ᠤ ᠳᠣᠲᠣᠷ᠎ᠠ ᠶᠠᠷᠢᠯᠴᠠᠭᠤᠯᠬᠤ ᠬᠡᠷᠡᠭᠲᠡᠢ᠃
    ᠠᠵᠢᠯ ᠤᠨ ᠰᠠᠯᠠᠭ᠎ᠠ ᠮᠥᠴᠢᠷ ᠦᠨ ᠤᠳᠤᠷᠢᠳᠬᠤ ᠪᠥᠷᠢᠯᠳᠦᠭᠦᠨ ᠢ ᠲᠣᠮᠢᠯᠠᠬᠤ ᠪᠠᠷ ᠪᠠᠶᠢᠭ᠎ᠠ ᠬᠥᠮᠦᠨ᠂ ᠳᠡᠭᠡᠳᠦ ᠱᠠᠲᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠦᠷᠢᠯᠳᠦᠬᠦᠨ ᠤ ᠰᠠᠨᠠᠯ ᠢ ᠬᠤᠷᠢᠶᠠᠬᠤ ᠬᠡᠷᠡᠭᠲᠡᠶ ᠃
    ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠰᠤ ᠵᠢᠱᠢᠭᠳᠡᠭᠴᠢ ᠪᠣᠯᠬᠤ ᠬᠥᠮᠦᠰ ᠢ ᠪᠠᠲᠤᠯᠠᠬᠤ ᠂ ᠨᠠᠮ ᠤᠨ ᠬᠣᠷᠢᠶᠠᠨ ᠤ ᠨᠢᠭᠡᠳᠦᠮᠡᠯ  ᠹᠷᠣᠨᠲ ᠤᠨ ᠰᠠᠯᠠᠭ᠎ᠠ ᠮᠥᠴᠢᠷ ᠦᠨ ᠰᠠᠨᠠᠯ ᠢ ᠬᠤᠷᠢᠶᠠᠬᠤ ᠪᠠ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠴᠢᠳ ᠤᠨ ᠬᠣᠯᠪᠣᠭᠠᠲᠤ  ᠡᠪᠯᠡᠯ ᠦᠨ ᠭᠣᠣᠯ ᠤᠳᠤᠷᠢᠳᠬᠤ ᠪᠦᠷᠢᠯᠳᠦᠬᠦᠨ ᠂ ᠨᠠᠮ ᠪᠥᠯᠦᠭ ᠦᠨ ᠪᠤᠰᠤ ᠲᠥᠯᠥᠭᠡᠯᠡᠭᠴᠢ ᠬᠥᠮᠦᠰ ᠦᠨ ᠰᠠᠨᠠᠯ ᠢ ᠬᠤᠷᠢᠶᠠᠬᠤ ᠬᠡᠷᠡᠭᠲᠡᠢ ᠃
    ᠰᠠᠯᠠᠭ᠎ᠠ ᠮᠥᠴᠢᠷ ᠪᠠ ᠣᠷᠤᠨ ᠨᠤᠲᠤᠭ ᠤᠨ ᠳᠠᠪᠬᠤᠷ ᠬᠠᠮᠢᠶᠠᠷᠤᠯᠲᠠ ᠶ᠋ᠢᠨ ᠳᠣᠣᠷ᠎ᠠ ᠪᠠᠶᠢᠭ᠎ᠠ ᠺᠠᠲᠷ ᠢ ᠲᠤᠰᠢᠶᠠᠯ ᠳ᠋ᠦ ᠲᠣᠮᠢᠯᠠᠬᠤ ᠪᠠ ᠲᠤᠰᠢᠶᠠᠯ ᠡᠴᠡ ᠪᠠᠭᠤᠯᠭᠠᠬᠤ ᠂ ᠭᠣᠣᠯᠯᠠᠨ ᠬᠠᠮᠢᠶᠠᠷᠬᠤ ᠡᠲᠡᠭᠡᠳ ᠤᠷᠢᠳᠠᠪᠠᠷ ᠬᠠᠮᠵᠢᠯᠴᠠᠨ ᠬᠠᠮᠢᠶᠠᠷᠬᠤ ᠡᠲᠡᠭᠡᠳ ᠡᠴᠡ ᠰᠠᠨᠠᠯ ᠬᠤᠷᠢᠶᠠᠬᠤ ᠬᠡᠷᠡᠭᠲᠡᠶ᠂ ᠵᠥᠪᠳᠡᠵᠦ ᠶᠠᠷᠢᠯᠴᠠᠨ᠎ᠠ᠃ ᠰᠠᠨᠠᠯ ᠬᠤᠷᠢᠶᠠᠬᠤ ᠡᠩ ᠦᠨ ᠪᠠᠶᠢᠳᠠᠯ ᠳ᠋ᠦ ᠪᠢᠴᠢᠭ ᠦᠨ ᠬᠡᠯᠪᠡᠷᠢ ᠪᠡᠷ ᠬᠢᠬᠦ ᠬᠡᠷᠡᠭᠲᠡᠶ ᠃ ᠬᠠᠮᠵᠢᠯᠴᠠᠨ ᠬᠠᠮᠢᠶᠠᠷᠬᠤ ᠡᠲᠡᠭᠡᠳ ᠭᠣᠣᠯᠯᠠᠨ ᠬᠠᠮᠢᠶᠠᠷᠬᠤ ᠡᠲᠡᠭᠡᠳ ᠦᠨ ᠰᠠᠨᠠᠯ ᠢ ᠬᠦᠯᠢᠶᠡᠨ ᠠᠪᠤᠭᠰᠠᠨ ᠡᠳᠦᠷ ᠡᠴᠡ ᠡᠬᠢᠯᠡᠨ ᠨᠢᠭᠡ ᠰᠠᠷ᠎ᠠ ᠶ᠋ᠢᠨ ᠳᠣᠲᠣᠷ᠎ᠠ ᠬᠠᠷᠢᠭᠤᠯᠲᠠ ᠦᠯᠦ ᠥᠭᠭᠦᠭᠰᠡᠨ ᠪᠠᠶᠢᠪᠠᠯ᠂ ᠵᠥᠪᠰᠢᠶᠡᠷᠡᠭᠰᠡᠨ ᠢᠶ᠋ᠡᠷ ᠪᠤᠳᠤᠨ᠎ᠠ ᠃ ᠬᠣᠶᠠᠷ ᠲᠠᠯ᠎ᠠ ᠪᠠᠷ ᠢᠶᠡᠨ ᠰᠠᠨᠠᠯ ᠨᠢᠭᠡᠳᠬᠦ ᠤᠢᠭᠡᠢ ᠦᠶ᠎ᠡ ᠳ᠋ᠤ᠂ ᠵᠢᠩᠬᠢᠨᠢ ᠲᠤᠰᠢᠶᠠᠯ ᠤᠨ ᠲᠤᠰᠢᠶᠠᠯ ᠳ᠋ᠤ ᠲᠣᠮᠢᠯᠠᠬᠤ ᠪᠠ ᠲᠤᠰᠢᠶᠠᠯ ᠡᠴᠠ ᠪᠠᠭᠤᠯᠭᠠᠬᠤ ᠳᠡᠭᠡᠳᠦ ᠱᠠᠲᠤᠨ ᠤ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠣᠭᠣᠷᠣᠨᠳᠣ ᠪᠠᠨ ᠵᠣᠬᠢᠴᠠᠭᠤᠯᠬᠤ᠂ ᠳᠡᠳ᠋ ᠲᠤᠰᠢᠶᠠᠯ ᠳᠤ ᠲᠣᠮᠢᠯᠠᠬᠤ ᠪᠠ ᠲᠤᠰᠢᠶᠠᠯ ᠡᠴᠠ ᠪᠠᠭᠤᠯᠭᠠᠨ᠎ᠠ ᠃
    ᠭᠤᠴᠢᠨ ᠲᠠᠪᠤᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠺᠠᠲᠷ ᠤᠨ ᠬᠠᠮᠢᠶᠠᠷᠤᠯᠲᠠ ᠶ᠋ᠢᠨ ᠡᠷᠬᠡ ᠶ᠋ᠢᠨ ᠬᠡᠪᠴᠢᠶ᠎ᠡ ᠶᠣᠰᠣᠭᠠᠷ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠬᠠᠮᠲᠤ ᠪᠠᠷ ᠶᠠᠷᠢᠯᠴᠠᠵᠤ ᠪᠠᠶᠢᠭᠠᠳ ᠲᠣᠭᠲᠠᠭᠠᠭᠰᠠᠨ ᠲᠤᠰᠢᠶᠠᠯ ᠢ ᠬᠠᠷᠢᠭᠤᠴᠠᠵᠤ ᠂  ᠬᠠᠤᠯᠢ ᠲᠣᠭᠲᠠᠭᠠᠯ ᠪᠤᠶᠤ ᠲᠣᠭᠲᠠᠭᠠᠯ ᠳ᠋ᠤ ᠳᠤᠷᠠᠳᠴᠤ ᠭᠠᠷᠭᠠᠭᠰᠠᠨ ᠲᠠᠨᠢᠯᠴᠠᠭᠤᠯᠬᠤ᠂ ᠨᠡᠷ᠎ᠡ ᠳᠤᠷᠠᠳᠤᠭᠰᠠᠨ ᠰᠠᠨᠠᠯ ᠢ ᠰᠣᠨᠣᠰᠬᠤ ᠬᠡᠷᠡᠭᠲᠡᠶ ᠃ ᠳᠡᠭᠡᠷ᠎ᠡ ᠱᠠᠲᠤᠨ  ᠤ ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ) ᠤᠨ ᠬᠠᠮᠢᠶᠠᠷᠤᠯᠲᠠ ᠶ᠋ᠢᠨ ᠲᠤᠰ ᠱᠠᠲᠤᠨ ᠤ ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ) ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠰᠠᠨᠠᠭᠤᠯᠭ᠎ᠠ ᠳᠤᠷᠠᠳᠴᠤ ᠪᠣᠯᠤᠨ᠎ᠠ ᠃
    ᠱᠠᠳᠤ ᠠᠯᠭᠠᠰᠠᠨ ᠳᠡᠪᠰᠢᠭᠦᠯᠵᠦ ᠪᠣᠯᠬᠤ ᠬᠥᠮᠦᠰ ᠢ ᠶᠠᠷᠢᠯᠴᠠᠭᠤᠯᠤᠨ ᠲᠣᠭᠲᠠᠭᠠᠯᠭᠠᠬᠤ ᠡᠴᠡ ᠡᠮᠦᠨ᠎ᠡ᠂ ᠡᠷᠬᠡᠪᠰᠢ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ( ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠦᠨ ᠵᠥᠪᠰᠢᠶᠡᠷᠡᠯ ᠢ ᠤᠯᠬᠤ ᠬᠡᠷᠡᠭᠲᠡᠶ ᠃ ᠱᠠᠳᠤ ᠠᠯᠤᠰᠯᠠᠵᠤ ᠳᠡᠪᠰᠢᠭᠦᠯᠬᠦ ᠬᠥᠮᠦᠨ ᠪᠤᠶᠤ ᠠᠷᠠᠳᠴᠢᠯᠠᠯ ᠢᠶᠠᠷ ᠲᠠᠨᠢᠯᠴᠠᠭᠤᠯᠬᠤ ᠪᠠᠷ  ᠳᠠᠮᠵᠢᠬᠤ ᠦᠭᠡᠢ ᠪᠣᠯᠭᠠᠵᠤ ᠪᠣᠯᠬᠤ ᠬᠥᠮᠦᠨ ᠢ ᠱᠠᠳᠤ ᠠᠯᠭᠠᠰᠠᠨ ᠰᠢᠯᠢᠨ ᠳᠡᠪᠰᠢᠭᠦᠯᠬᠦ ᠂  ᠰᠢᠨᠵᠢᠵᠦ ᠡᠮᠦᠨ᠎ᠡ ᠮᠡᠳᠡᠭᠦᠯᠬᠦ ᠬᠡᠷᠡᠭᠲᠡᠶ ᠂ ᠴᠣᠬᠤᠯᠠᠪᠤᠷᠢᠯᠠᠨ ᠬᠠᠷᠢᠭᠤᠯᠵᠤ ᠵᠥᠪᠰᠢᠶᠡᠷᠡᠭᠰᠡᠨ ᠤ ᠳᠠᠷᠠᠭ᠎ᠠ ᠰᠠᠶᠢ ᠶᠠᠪᠤᠭᠳᠠᠭᠤᠯᠵᠤ ᠪᠣᠯᠤᠨ᠎ᠠ ᠃
    ᠭᠤᠴᠢᠨ ᠵᠢᠷᠭᠤᠳᠤᠭᠠᠷ ᠵᠦᠢᠯ   ᠬᠤᠳᠠ (ᠲᠤᠰᠬᠠᠶ ᠣᠷᠣᠨ ᠂ ᠵᠧᠦ᠂ ᠠᠶᠢᠮᠠᠭ )᠂ ᠰᠢᠶᠠᠨ (ᠬᠣᠲᠠ᠂ ᠣᠷᠣᠨ᠂ ᠬᠣᠰᠢᠭᠤ ) ᠤ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳ᠋ᠤ ᠲᠣᠮᠢᠯᠠᠬᠤ ᠵᠢᠱᠢᠭᠳᠡᠭᠰᠡᠳ ᠪᠠ ᠲᠠᠨᠢᠯᠴᠠᠭᠤᠯᠬᠤ ᠵᠢᠱᠢᠭᠳᠡᠭᠰᠡᠳ ᠢ ᠡᠩ ᠦᠨ ᠪᠠᠶᠢᠳᠠᠯ ᠳᠣᠣᠷ᠎ᠠ ᠳᠡᠭᠡᠳᠦ ᠱᠠᠲᠤᠨ ᠤ  ᠨᠠᠮ ᠤᠨ ᠬᠣᠷᠢᠶᠠᠨ ᠤ ᠪᠠᠶᠢᠩᠭᠤ ᠶ᠋ᠢᠨ ᠬᠣᠷᠢᠶ᠎ᠠ ᠡᠴᠡ ᠨᠡᠷ᠎ᠡ ᠳᠤᠷᠠᠳᠴᠤ ᠪᠥᠬᠥᠳᠡ ᠬᠤᠷᠠᠯ ᠤᠨ ᠨᠢᠭᠤᠴᠠ ᠰᠣᠩᠭᠣᠭᠤᠯᠢ ᠪᠠᠷ ᠲᠤᠰᠢᠶᠠᠬᠤ ᠬᠡᠷᠡᠭᠲᠡᠶ ; ᠪᠥᠬᠥᠳᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳ᠋ᠤ ᠪᠠᠴᠢᠮ ᠬᠡᠷᠡᠭᠴᠡᠭᠡ ᠲᠡᠶ ᠲᠣᠮᠢᠯᠠᠨ ᠬᠡᠷᠡᠭᠯᠡᠬᠦ ᠲᠠᠯ᠎ᠠ ᠪᠠᠷ᠂ ᠨᠠᠮ ᠤᠨ ᠬᠣᠷᠢᠶᠠᠨ ᠤ ᠪᠠᠶᠢᠩᠭᠤ ᠶ᠋ᠢᠨ ᠬᠣᠷᠢᠶ᠎ᠠ ᠡᠴᠡ ᠲᠣᠭᠲᠠᠭᠠᠵᠤ ᠂ ᠲᠣᠭᠲᠠᠭᠠᠯ ᠭᠠᠷᠭᠠᠬᠤ ᠡᠴᠡ ᠪᠠᠨ ᠡᠮᠦᠨ᠎ᠡ ᠪᠥᠬᠥᠳᠡ ᠬᠤᠷᠠᠯ ᠤᠨ ᠪᠦᠷᠢᠯᠳᠦᠬᠦᠨ ᠤ ᠰᠠᠨᠠᠯ ᠢ ᠰᠣᠨᠣᠰᠬᠤ ᠬᠡᠷᠡᠭᠲᠡᠶ ᠃
    ᠭᠤᠴᠢᠨ ᠳᠣᠯᠣᠳᠤᠭᠠᠷ ᠵᠦᠢᠯ    ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠤᠨ ᠺᠠᠲᠷ ᠢ ᠲᠣᠮᠢᠯᠠᠬᠤ ᠪᠠ ᠪᠠᠭᠤᠯᠭᠠᠬᠤ ᠬᠡᠷᠡᠭ ᠶᠠᠪᠤᠳᠠᠯ ᠢ ᠡᠷᠬᠡᠪᠰᠢ ᠭᠤᠷᠪᠠᠨ ᠤ ᠬᠣᠶᠠᠷ ᠬᠤᠪᠢ ᠡᠴᠠ ᠳᠡᠭᠡᠭᠰᠢᠬᠢ ᠪᠦᠷᠢᠯᠳᠦᠬᠦᠨ ᠬᠤᠷᠠᠯ ᠳ᠋ᠤ ᠣᠷᠣᠯᠴᠠᠵᠤ᠂ ᠬᠤᠷᠠᠯ ᠳ᠋ᠤ ᠣᠷᠣᠯᠴᠠᠭᠰᠠᠨ ᠪᠦᠷᠢᠯᠳᠦᠬᠦᠨ ᠨᠢ ᠪᠦᠷᠢᠨ ᠭᠦᠢᠴᠡᠳ ᠪᠠᠶᠢᠬᠤ ᠶ᠋ᠢ ᠪᠠᠲᠤᠯᠠᠬᠤ ᠶ᠋ᠢᠨ ᠬᠠᠮᠲᠤ᠂ ᠴᠠᠭ ᠤᠨ ᠪᠠᠶᠢᠳᠠᠯ ᠤᠨ ᠲᠠᠨᠢᠯᠴᠠᠭᠤᠯᠭ᠎ᠠ ᠶ᠋ᠢ ᠰᠣᠨᠣᠰᠴᠤ᠂ ᠰᠠᠨᠠᠯ ᠢᠶᠡᠨ ᠭᠦᠢᠴᠡᠳ ᠢᠯᠡᠳᠬᠡᠬᠦ ᠬᠡᠷᠡᠭᠲᠡᠶ ᠃ ᠬᠤᠷᠠᠯ ᠳ᠋ᠤ ᠣᠷᠣᠯᠴᠠᠭᠰᠠᠳ ᠲᠤᠰᠢᠶᠠᠯ ᠳ᠋ᠤ ᠲᠣᠮᠢᠯᠠᠬᠤ ᠪᠠ ᠲᠤᠰᠢᠶᠠᠯ ᠡᠴᠠ ᠪᠠᠭᠤᠯᠭᠠᠬᠤ᠂ ᠵᠥᠪᠰᠢᠶᠡᠷᠡᠬᠦ ᠶᠣᠰᠣᠲᠠᠶ᠂ ᠵᠥᠪᠰᠢᠶᠡᠷᠡᠬᠦ ᠦᠭᠡᠢ ᠪᠤᠶᠤ ᠬᠣᠶᠢᠰᠢᠯᠠᠭᠤᠯᠤᠨ ᠶᠠᠷᠢᠯᠴᠠᠬᠤ ᠵᠡᠷᠭᠡ ᠲᠣᠳᠣᠷᠬᠠᠶ ᠰᠠᠨᠠᠯ ᠥᠭᠭᠦᠭᠰᠡᠨ ᠪᠠᠶᠢᠬᠤ ᠬᠡᠷᠡᠭᠲᠡᠢ᠃ ᠭᠦᠢᠴᠡᠳ ᠶᠠᠷᠢᠯᠴᠠᠭᠰᠠᠨ ᠰᠠᠭᠤᠷᠢᠨ ᠳᠡᠭᠡᠷ᠎ᠡ᠂ ᠠᠮᠠ ᠪᠠᠷ ᠪᠠᠲᠤᠯᠠᠬᠤ᠂ ᠭᠠᠷ ᠡᠷᠭᠦᠨ ᠪᠠᠲᠤᠯᠠᠬᠤ ᠪᠤᠶᠤ ᠨᠡᠷ᠎ᠡ ᠪᠡᠨ ᠪᠢᠴᠢᠬᠦ ᠦᠭᠡᠢ ᠪᠡᠷ ᠫᠢᠶᠣᠣ ᠥᠭᠬᠦ ᠵᠡᠷᠭᠡ ᠠᠷᠭ᠎ᠠ ᠬᠡᠯᠪᠡᠷᠢ ᠪᠡᠷ ᠪᠠᠲᠤᠯᠠᠯᠲᠠ ᠬᠢᠬᠦ ᠬᠡᠷᠡᠭᠲᠡᠶ ᠃
     ᠨᠠᠮ ᠤᠨ ᠬᠣᠷᠢᠢ᠎ᠠ  ᠨᠠᠮ ᠤᠨ ᠤᠳᠤᠷᠢᠳᠬᠤ ᠳᠤᠭᠤᠶᠢᠯᠠᠩ)  ᠺᠠᠲᠷ ᠢ ᠲᠤᠰᠢᠶᠠᠯ ᠳ᠋ᠦ ᠲᠣᠮᠢᠯᠠᠬᠤ ᠪᠠ ᠲᠤᠰᠢᠶᠠᠯ ᠡᠴᠡ ᠪᠠᠭᠤᠯᠭᠠᠬᠤ ᠲᠤᠭᠲᠠᠭᠠᠯ ᠢ ᠳᠠᠬᠢᠨ ᠵᠥᠪᠯᠡᠬᠦ ᠂ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠨᠢ ᠬᠠᠭᠠᠰ ᠲᠣᠭ᠎ᠠ ᠡᠴᠠ ᠬᠡᠲᠦᠷᠡᠭᠰᠡᠨ ᠪᠠᠶᠢᠪᠠᠯ ᠂ ᠪᠦᠷᠢᠯᠳᠦᠬᠦᠨ ᠨᠢ ᠵᠥᠪᠰᠢᠶᠡᠷᠡᠭᠦᠯᠦᠭᠰᠡᠨ ᠤ ᠲᠠᠷᠠᠭ᠎ᠠ ᠶᠠᠪᠤᠭᠳᠠᠭᠤᠯᠵᠤ ᠪᠣᠯᠤᠨ᠎ᠠ ᠃
    ᠭᠤᠴᠢᠨ ᠨᠠᠢᠮᠠᠳᠤᠭᠠᠷ ᠵᠦᠢᠯ    ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠤᠨ ᠺᠠᠲᠷ ᠢ ᠬᠡᠯᠲᠦᠷᠢᠭᠦᠯᠬᠦ ᠵᠤᠷᠪᠤᠰ ᠂ ᠳᠣᠣᠷ᠎ᠠ ᠵᠢᠭᠰᠠᠭᠠᠭᠰᠠᠨ ᠵᠢᠷᠤᠮ ᠶᠣᠰᠣᠭᠠᠷ ᠶᠠᠪᠤᠭᠤᠯᠬᠤ ᠬᠡᠷᠡᠭᠲᠡᠶ ᠄
  ( ᠨᠢᠭᠡ )  ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ ) ᠤᠨ ᠬᠤᠪᠢᠳᠠᠨ ᠬᠠᠮᠢᠶᠠᠷᠴᠤ ᠪᠠᠶᠢᠭ᠎ᠠ ᠵᠣᠬᠢᠶᠠᠨ ᠪᠠᠶᠢᠭᠤᠯᠬᠤ (ᠠᠵᠢᠯᠲᠠᠨ  ᠤᠶ ᠠᠪᠤᠳᠠᠯ )  ᠠᠵᠢᠯ ᠤᠨ ᠡᠵᠡᠮᠰᠢᠯ ᠪᠦᠷᠢᠯᠳᠦᠬᠦᠨ ᠪᠤᠶᠤ ᠵᠣᠬᠢᠶᠠᠨ ᠪᠠᠶᠢᠭᠤᠯᠬᠤ (ᠠᠵᠢᠯᠲᠠᠨ ᠤᠶ ᠠᠪᠤᠳᠠᠯ ) ᠰᠠᠯᠠᠭ᠎ᠠ ᠮᠥᠴᠢᠷ ᠦᠨ ᠬᠠᠷᠢᠭᠤᠴᠠᠯᠭᠠᠲᠠᠨ᠂ ᠨᠢᠭᠡᠳ ᠨᠢᠭᠡ ᠪᠡᠷ ᠲᠠᠨᠢᠯᠴᠠᠭᠤᠯᠵᠤ ᠂ ᠤᠳᠤᠷᠢᠳᠬᠤ ᠲᠤᠰᠢᠶᠠᠯ ᠳ᠋ᠦ ᠲᠣᠮᠢᠯᠠᠬᠤ ᠪᠠᠷ ᠵᠢᠱᠢᠭᠳᠡᠭᠰᠡᠳ ᠢ ᠲᠠᠨᠢᠯᠴᠠᠭᠤᠯᠬᠤ᠂ ᠰᠢᠯᠭᠠᠨ ᠪᠠᠶᠢᠴᠠᠭᠠᠬᠤ ᠪᠠ ᠲᠣᠮᠢᠯᠠᠬᠤ ᠪᠠᠭᠤᠯᠭᠠᠬᠤ ᠰᠢᠯᠲᠠᠭᠠᠨ ᠵᠡᠷᠭᠡ ᠪᠠᠶᠢᠳᠠᠯ ᠪᠠᠶᠢᠨ᠎ᠠ ᠂ ᠡᠭᠦᠨ ᠳ᠋ᠦ ᠱᠠᠳᠤ ᠠᠯᠭᠠᠰᠠᠨ ᠳᠡᠪᠰᠢᠭᠦᠯᠬᠦ ᠶᠠᠪᠤᠳᠠᠯ ᠪᠣᠯᠬᠤ ᠬᠥᠮᠦᠨ ᠢ ᠱᠠᠳᠤ ᠠᠯᠭᠠᠰᠠᠨ ᠲᠣᠳᠣᠷᠬᠠᠶᠢᠯᠠᠬᠤ ᠬᠡᠷᠡᠭᠲᠡᠶ ᠪᠣᠳᠠᠲᠤ ᠪᠠᠶᠢᠳᠠᠯ ᠪᠠ ᠤᠴᠢᠷ ᠰᠢᠯᠲᠠᠭᠠᠨ ᠢ ᠲᠣᠲᠤᠷᠬᠠᠶᠢᠯᠠᠬᠤ ᠬᠡᠷᠡᠭᠲᠡᠢ ;
  ( ᠬᠣᠶᠠᠷ ) ᠬᠤᠷᠠᠯ ᠳ᠋ᠦ ᠣᠷᠣᠯᠴᠠᠭᠰᠠᠨ ᠬᠥᠮᠦᠰ ᠢ ᠭᠦᠢᠴᠡᠳ ᠶᠠᠷᠢᠯᠴᠠᠭᠤᠯᠬᠤ ᠬᠡᠷᠡᠭᠲᠡᠶ ;
  ( ᠭᠤᠷᠪᠠ ) ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ) ᠡᠷᠬᠡᠪᠰᠢ ᠬᠤᠷᠠᠯ ᠳ᠋ᠤ ᠣᠷᠣᠯᠴᠠᠨ ᠪᠦᠷᠢᠯᠳᠦᠬᠦᠨ  ᠤ ᠬᠠᠭᠠᠰ ᠲᠣᠭᠠᠨ ᠡᠴᠠ ᠬᠡᠲᠦᠷᠡᠭᠰᠡᠨ ᠵᠥᠪᠰᠢᠶᠡᠷᠡᠬᠦ ᠲᠤᠭᠲᠠᠭᠠᠯ ᠢ ᠪᠣᠢ ᠪᠣᠯᠭᠠᠬᠤ ᠬᠡᠷᠡᠭᠲᠡᠢ ᠃
   ᠭᠤᠴᠢ ᠶᠢᠰᠦᠳᠦᠭᠡᠷ ᠵᠦᠢᠯ   ᠳᠡᠭᠡᠳᠦ ᠱᠠᠲᠤᠨ ᠤ ᠨᠠᠮ ᠤᠨ ᠬᠣᠷᠢᠶ᠎ᠠ (ᠨᠠᠮ ᠤᠨ ᠤᠳᠤᠷᠢᠳᠬᠤ  ᠳᠤᠭᠤᠶᠢᠯᠠᠩ) ᠤᠨ ᠬᠢᠨᠠᠨ ᠵᠥᠪᠰᠢᠶᠡᠷᠡᠬᠦ ᠴᠢᠬᠤᠯᠠᠲᠠᠶ ᠵᠡᠷᠭᠡ ᠳᠡᠪᠰᠢᠭᠦᠯᠬᠦ ᠭᠡᠵᠦ ᠪᠠᠶᠢᠭ᠎ᠠ ᠲᠤᠰᠢᠶᠠᠯ ᠡᠭᠦᠷᠭᠡᠯᠡᠬᠦ ᠺᠠᠳ᠋ᠷ᠂ ᠨᠠᠮ ᠤᠨ ᠬᠣᠷᠢᠢ᠎ᠠ ( ᠨᠠᠮ ᠤᠨ ᠤᠳᠤᠷᠢᠳᠬᠤ ᠳᠤᠭᠤᠶᠢᠯᠠᠩ) ᠵᠢᠭᠠᠪᠤᠷᠢ ᠠᠪᠴᠤ ᠮᠡᠳᠡᠭᠦᠯᠬᠦ ᠬᠡᠷᠡᠭᠲᠡᠶ ᠪᠥᠭᠡᠳ ᠳᠠᠭᠠᠯᠳᠤᠭᠤᠯᠤᠭᠰᠠᠨ ᠺᠠᠲᠷ ᠢ ᠲᠣᠮᠢᠯᠠᠵᠤ ᠪᠠᠭᠤᠯᠭᠠᠬᠤ ᠶ᠋ᠢᠨᠬᠢᠨᠠᠨ ᠵᠥᠪᠰᠢᠶᠡᠷᠡᠬᠦ ᠬᠦᠰᠦᠨᠦᠭᠲᠦ᠂ ᠺᠠᠲᠷ ᠢ ᠬᠢᠨᠠᠨ ᠰᠢᠯᠭᠠᠭᠰᠠᠨ ᠮᠠᠲ᠋ᠧᠷᠢᠶᠠᠯ᠂ ᠬᠤᠪᠢ ᠬᠥᠮᠦ  ᠤ ᠳᠠᠩᠰᠠ ᠡᠪᠬᠡᠮᠡᠯ ᠪᠠ ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ ) ᠤᠨ ᠬᠤᠷᠠᠯ ᠤᠨ ᠲᠣᠪᠴᠢ ᠲᠡᠮᠳᠡᠭᠯᠡᠯ ᠢ ᠶᠠᠷᠢᠯᠴᠠᠭᠰᠠᠨ ᠲᠡᠮᠳᠡᠭᠯᠡᠯ᠂ ᠠᠷᠠᠳᠴᠢᠯᠠᠯ ᠢᠶᠠᠷ ᠲᠠᠨᠢᠯᠴᠠᠭᠤᠯᠤᠭᠰᠠᠨ ᠥᠬᠡᠶ ᠪᠠᠶᠢᠳᠠᠯ ᠵᠡᠷᠭᠡ ᠮᠠᠲ᠋ᠧᠷᠢᠶᠠᠯ᠃ ᠳᠡᠭᠡᠳᠦ ᠱᠠᠲᠤᠨ ᠤ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠦᠨ ᠳᠡᠭᠡᠭᠰᠢ ᠮᠡᠳᠡᠭᠦᠯᠦᠭᠰᠡᠨ ᠮᠠᠲ᠋ᠸᠷᠢᠶᠠᠯ ᠢ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠶ᠃ ᠳᠡᠭᠡᠳᠦ ᠱᠠᠲᠤᠨ ᠳ᠋ᠦ ᠮᠡᠳᠡᠭᠦᠯᠵᠦ ᠳᠠᠩᠰᠠᠯᠠᠭᠤᠯᠬᠤ ᠴᠢᠬᠤᠯᠠᠲᠠᠶ ᠪᠠᠶᠢᠪᠠᠯ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠡᠭᠡᠳᠦ ᠱᠠᠲᠤᠨ ᠤ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠲᠦ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃


    ᠳᠣᠯᠣᠳᠤᠭᠠᠷ ᠪᠦᠯᠦᠭ   ᠲᠤᠰᠢᠶᠠᠯ ᠡᠭᠦᠷᠭᠡᠯᠡᠬᠦ

    ᠳᠥᠴᠢᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ ᠳ᠋ᠤ ᠰᠣᠩᠭᠣᠭᠤᠯᠢ ᠪᠠᠷ ᠲᠣᠮᠢᠯᠠᠬᠤ ᠳᠦᠷᠢᠮ ᠂ ᠲᠣᠮᠢᠯᠠᠬᠤ ᠳᠦᠷᠢᠮ ᠂ ᠬᠡᠰᠡᠭ ᠲᠤᠰᠬᠠᠶ  ᠮᠡᠷᠭᠡᠵᠢᠯ ᠦᠨ ᠴᠢᠨᠠᠷ ᠢᠶᠠᠷ ᠨᠡᠯᠢᠶᠡᠳ ᠴᠢᠩᠭ᠎ᠠ ᠤᠳᠤᠷᠢᠳᠬᠤ ᠲᠤᠰᠢᠶᠠᠯ  ᠲᠤ ᠤᠷᠢᠵᠤ ᠲᠣᠮᠢᠯᠠᠬᠤ ᠳᠥᠷᠢᠮ ᠢ ᠬᠡᠷᠡᠭᠵᠢᠭᠦᠯᠵᠦ ᠪᠣᠯᠤᠨ᠎ᠠ ᠃ ᠤᠷᠢᠨ ᠬᠡᠷᠡᠭᠯᠡᠬᠦ ᠠᠷᠭ᠎ᠠ ᠶ᠋ᠢᠠᠰ ᠲᠤᠨᠢ ᠲᠣᠭᠲᠠᠭᠠᠨ᠎ᠠ ᠃
    ᠳᠥᠴᠢᠨ ᠨᠢᠭᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ  ᠳ᠋ᠤ ᠲᠣᠮᠢᠯᠠᠬᠤ ᠡᠴᠠ ᠡᠮᠦᠨ᠎ᠡ ᠵᠠᠷᠯᠠᠨ ᠮᠡᠳᠡᠭᠳᠡᠬᠦ  ᠳᠥᠷᠢᠮ ᠢ ᠬᠡᠷᠡᠭᠵᠢᠭᠦᠯᠪᠡ ᠃ ᠳᠡᠪᠰᠢᠭᠦᠯᠦᠨ ᠲᠢᠩᠬᠢᠮ ᠲᠣᠪᠴᠢᠶᠠᠨ ᠤ ᠲᠠᠰ ᠡᠴᠠ ᠳᠣᠷᠣᠭᠰᠢᠬᠢ ᠤᠳᠤᠷᠢᠳᠬᠤ ᠲᠤᠰᠢᠶᠠᠯ ᠡᠭᠦᠷᠭᠡᠯᠡᠵᠦ ᠂ ᠣᠨᠴᠠᠭᠠᠶ  ᠠᠵᠢᠯ ᠤᠨ ᠪᠠᠶᠢᠷᠢ ᠪᠠ ᠢᠯᠡ ᠨᠡᠶᠢᠲᠡᠯᠡᠬᠦ ᠬᠤᠭᠤᠴᠠᠭ᠎ᠠ ᠰᠣᠯᠢᠬᠤ ᠰᠢᠨᠵᠢᠯᠡᠨ ᠪᠠᠶᠢᠴᠠᠭᠠᠬᠤ ᠦᠶ᠎ᠡ ᠳ᠋ᠤ ᠨᠢᠭᠡᠨᠲᠡ ᠬᠢᠭᠰᠡᠨ ᠪᠦᠷᠢᠯᠳᠦᠬᠦᠨ ᠪᠣᠯᠬᠤ ᠬᠥᠮᠦᠰ ᠢ ᠪᠠᠲᠤᠯᠠᠬᠤ ᠡᠴᠡ ᠪᠣᠰᠤᠳ ᠢ ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ) ᠲᠣᠭᠲᠠᠭᠠᠯ ᠭᠠᠷᠭᠠᠭᠰᠠᠨ  ᠤ ᠳᠠᠷᠠᠭ᠎ᠠ ᠂ ᠲᠤᠰᠢᠶᠠᠯ ᠡᠭᠦᠷᠭᠡᠯᠡᠬᠦ ᠡᠮᠦᠨ᠎ᠡ ᠮᠡᠳᠡᠭᠳᠡᠬᠦ ᠬᠡᠷᠡᠭᠲᠡᠶ ᠪᠠᠶᠢᠪᠠᠯ ᠂ ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠬᠤ ᠬᠡᠷᠡᠭᠲᠡᠶ ᠃ ᠢᠯᠡ ᠨᠡᠶᠢᠲᠡᠯᠡᠬᠦ ᠠᠭᠤᠯᠭ᠎ᠠ ᠨᠢ ᠦᠨᠡᠨ ᠪᠣᠳᠠᠲᠠᠶ ᠂ ᠵᠥᠪ ᠣᠨᠣᠪᠴᠢᠲᠠᠶ ᠂ ᠬᠢᠨᠠᠯᠲᠠ ᠲᠠᠯᠪᠢᠬᠤ ᠳ᠋ᠤ ᠳᠥᠭᠥᠮ᠂ ᠱᠠᠳᠤ ᠠᠯᠭᠠᠰᠠᠨ ᠳᠡᠪᠰᠢᠭᠦᠯᠵᠦ ᠂ ᠱᠠᠳᠤ ᠠᠯᠭᠠᠰᠠᠨ ᠪᠣᠳᠠᠲᠠᠶ ᠪᠠᠶᠢᠳᠠᠯ ᠪᠠ ᠤᠴᠢᠷ ᠰᠢᠲᠠᠭᠠᠨ ᠢ ᠪᠠᠰᠠ ᠲᠣᠳᠣᠷᠬᠠᠶᠢᠯᠠᠬᠤ ᠬᠡᠷᠡᠭᠲᠡᠶ ᠃ ᠢᠯᠡ ᠨᠡᠶᠢᠲᠡᠯᠡᠬᠦ  ᠬᠤᠭᠤᠴᠠᠭ᠎ᠠ ᠶ᠋ᠢ ᠲᠠᠪᠤᠨ ᠠᠵᠢᠯᠯᠠᠬᠤ ᠡᠳᠦᠷ ᠢᠶ᠋ᠡᠷ ᠬᠢᠵᠠᠭᠠᠷᠯᠠᠨ᠎ᠠ᠃ ᠢᠯᠡ ᠨᠡᠶᠢᠲᠡᠯᠡᠭᠰᠡᠨ ᠦᠷ᠎ᠡ  ᠳ᠋ᠦᠩ ᠢ ᠨᠥᠯᠥᠭᠡᠯᠡᠬᠦ ᠦᠭᠡᠢ ᠲᠤᠰᠢᠶᠠᠯ ᠡᠭᠦᠷᠭᠡᠯᠡᠬᠦ ᠂ ᠲᠤᠰᠢᠶᠠᠯ  ᠳ᠋ᠦ ᠲᠣᠮᠢᠯᠠᠬᠤ ᠭᠠᠷ ᠭᠦᠢᠴᠡᠳᠬᠡᠯ ᠬᠢᠨ᠎ᠡ ᠃
    ᠳᠥᠴᠢᠨ ᠬᠣᠶᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ ᠡᠭᠦᠷᠭᠡᠯᠡᠭᠦᠯᠦᠨ ᠲᠤᠷᠰᠢᠨ ᠬᠡᠷᠡᠭᠯᠡᠬᠦ  ᠬᠤᠭᠤᠴᠠᠭ᠎ᠠ ᠶ᠋ᠢᠨ ᠳᠥᠷᠢᠮ ᠢ ᠬᠡᠷᠡᠭᠵᠢᠭᠦᠯᠦᠨ᠎ᠡ ᠃ ᠳᠡᠪᠰᠢᠭᠦᠯᠵᠦ ᠰᠣᠩᠭᠣᠨ ᠭᠠᠷᠭᠠᠭᠰᠠᠨ ᠲᠢᠩᠬᠢᠮ ᠲᠣᠪᠴᠢᠶᠠᠨ  ᠤ ᠲᠠᠰ ᠡᠴᠠ ᠳᠣᠷᠣᠭᠰᠢᠬᠢ ᠤᠳᠤᠷᠢᠳᠬᠤ ᠪᠤᠰᠤ  ᠲᠤᠰᠢᠶᠠᠯ ᠢ ᠬᠠᠷᠢᠭᠤᠴᠠᠵᠤ ᠂ ᠳᠣᠣᠷ᠎ᠠ ᠵᠢᠭᠰᠠᠭᠠᠭᠰᠠᠨ ᠡᠷᠬᠡ  ᠲᠤᠰᠢᠶᠠᠯ ᠢᠶᠡᠨ ᠠᠰᠢᠭᠯᠠᠨ ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ ᠪᠣᠯᠤᠨ᠎ᠠ ᠄
  ( ᠨᠢᠭᠡ )  ᠨᠠᠮ ᠤᠨ ᠬᠣᠷᠢᠶ᠎ᠠ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ ᠂ ᠵᠠᠰᠠᠭ ᠤᠨ ᠣᠷᠳᠣᠨ᠂ ᠤᠯᠤᠰ ᠲᠥᠷᠦ ᠶ᠋ᠢᠨ ᠵᠥᠪᠯᠡᠯᠭᠡᠨ ᠤ ᠠᠵᠢᠯ ᠤᠨ ᠰᠠᠯᠠᠭ᠎ᠠ ᠮᠥᠴᠢᠷ ᠦᠨ ᠳᠡᠳ᠋ ᠲᠤᠰᠢᠶᠠᠯᠲᠠᠨ ᠪᠠ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠲᠤᠰᠢᠶᠠᠯ ;
  ( ᠬᠣᠶᠠᠷ ) ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶ᠋ᠢᠨ ᠲᠣᠲᠤᠭᠠᠳᠤ ᠶ᠋ᠢᠨ ᠪᠠᠶᠢᠭᠤᠯᠤᠮᠵᠢ ᠶ᠋ᠢᠨ ᠤᠳᠤᠷᠢᠳᠬᠤ ᠲᠤᠰᠢᠶᠠᠯ ;
  ( ᠭᠤᠷᠪᠠ ) ᠠᠷᠠᠳ ᠤᠨ ᠰᠢᠭᠦᠬᠦ ᠬᠣᠷᠢᠶ᠎ᠠ ᠂ ᠪᠠᠶᠢᠴᠠᠭᠠᠬᠤ ᠬᠣᠷᠢᠶᠠᠨ ᠤ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠨᠢ ᠲᠥᠷᠦ ᠶ᠋ᠢᠨ ᠡᠷᠬᠡᠲᠦ ᠪᠠᠶᠢᠭᠤᠯᠭ᠎ᠠ ᠬᠠᠤᠯᠢ ᠶᠣᠰᠣᠭᠠᠷ ᠲᠣᠮᠢᠯᠠᠭᠰᠠᠨ ᠤᠳᠤᠷᠢᠳᠬᠤ ᠪᠤᠰᠤ ᠲᠤᠰᠢᠶᠠᠯ ᠪᠠᠶᠢᠬᠤ ᠬᠡᠷᠡᠭᠲᠡᠢ᠃ ᠲᠤᠷᠰᠢᠨ ᠬᠡᠷᠡᠭᠯᠡᠬᠦ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠣᠳᠣ ᠶ᠋ᠢᠨ ᠲᠤᠰᠢᠶᠠᠯ ᠳᠠᠭᠠᠨ ᠬᠢᠷᠢ ᠳᠡᠨᠭᠴᠡᠬᠦ ᠡᠰᠡᠭᠦ ᠶ᠋ᠢ ᠬᠢᠨᠠᠨ ᠰᠢᠯᠭᠠᠬᠤ ᠬᠡᠷᠡᠭᠲᠡᠶ᠂ ᠵᠢᠩᠬᠢᠨᠢ ᠲᠤᠰᠢᠶᠠᠯ ᠳ᠋ᠦ ᠲᠣᠮᠢᠯᠠᠨ᠎ᠠ ; ᠠᠵᠢᠯ ᠢᠶ ᠡᠨᠬᠢᠵᠦ᠂ ᠳᠠᠰᠠᠬᠠᠭᠳ᠋ᠠᠵᠦ ᠪᠠᠶᠢᠭ᠎ᠠ ᠡᠷᠬᠡ  ᠲᠤᠰᠢᠶᠠᠯ ᠢᠶᠡᠨ ᠠᠰᠢᠭᠯᠠᠨ᠂ ᠡᠩ ᠦᠨ ᠲᠤᠷᠰᠢᠨ ᠲᠤᠰᠢᠶᠠ  ᠳ᠋ᠦ ᠲᠣᠮᠢᠯᠠᠬᠤ ᠡᠴᠡ ᠡᠮᠦᠨ᠎ᠡ ᠂ ᠵᠡᠷᠭᠡ ᠳᠡᠰ ᠶᠣᠰᠣᠭᠠᠷ ᠠᠵᠢᠯ ᠲᠣᠬᠢᠷᠠᠭᠤᠯᠵᠤ ᠥᠭᠬᠦ ᠬᠡᠷᠡᠭᠲᠡᠶ ᠃
    ᠳᠥᠴᠢᠨ ᠭᠤᠷᠪᠠᠳᠤᠭᠠᠷ ᠵᠦᠢᠯ   ᠶᠠᠷᠢᠯᠴᠠᠬᠤ ᠳᠥᠷᠢᠮ ᠢ ᠬᠡᠷᠡᠭᠵᠢᠭᠦᠯᠵᠦ᠂ ᠲᠤᠰᠢᠶᠠᠯ ᠡᠭᠦᠷᠭᠡᠯᠡᠬᠦ ᠬᠡᠷᠡᠭᠲᠡᠢ ᠃ ᠲᠣᠭᠲᠠᠭᠠᠯ ᠶᠣᠰᠤᠭᠠᠷ ᠲᠣᠮᠢᠯᠠᠨ ᠬᠡᠷᠡᠭᠯᠡᠭᠰᠡᠨ ᠺᠠᠳ᠋ᠷ ᠂  ᠨᠠᠮ ᠤᠨ ᠬᠣᠷᠢᠶ᠎ᠠ ( ᠨᠠᠮ ᠤᠨ ᠤᠳᠤᠷᠢᠳᠬᠤ  ᠳᠤᠭᠤᠶᠢᠯᠠᠩ) ᠤᠨ ᠲᠤᠰᠬᠠᠶ ᠬᠥᠮᠦᠨ ᠵᠢᠭᠠᠨ ᠲᠣᠭᠲᠠᠭᠠᠵᠤ ᠪᠣᠯᠤᠨ ᠬᠤᠪᠢ ᠬᠥᠮᠦᠨ ᠲᠡᠶ ᠶᠠᠷᠢᠯᠴᠠᠵᠤ᠂ ᠠᠮᠵᠢᠯᠲᠠ ᠪᠠᠨ ᠨᠤᠲᠠᠯᠠᠵᠤ᠂ ᠬᠦᠷᠦᠯᠴᠡᠬᠦ ᠦᠬᠡᠢ ᠂ ᠳᠤᠷᠠᠳᠤᠨ ᠭᠠᠷᠭᠠᠭᠰᠠᠨ ᠱᠠᠭᠠᠷᠳᠠᠯᠭ᠎ᠠ ᠪᠠ ᠠᠩᠬᠠᠷᠬᠤ ᠴᠢᠬᠤᠯᠠᠲᠠᠶ ᠠᠰᠠᠭᠤᠳᠠᠯ ᠃
    ᠳᠥᠴᠢᠨ ᠳᠥᠷᠪᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠲᠤᠰᠢᠶᠠᠯ ᠡᠭᠦᠷᠭᠡᠯᠡᠬᠦ ᠬᠤᠭᠤᠴᠠᠭ᠎ᠠ ᠶ᠋ᠢ ᠳᠣᠣᠷ᠎ᠠ ᠵᠢᠭᠰᠠᠭᠠᠭᠰᠠᠨ ᠴᠠᠭ ᠬᠤᠭᠤᠴᠠᠭ᠎ᠠ ᠶ᠋ᠢ ᠪᠤᠳᠤᠬᠤ ᠠᠷᠭ᠎ᠠ ᠶ᠋ᠢ ᠬᠡᠷᠡᠭᠯᠡᠨ᠎ᠡ ᠄
   ( ᠨᠢᠭᠡ )  ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ) ᠲᠤᠰᠢᠶᠠᠯ ᠡᠭᠦᠷᠭᠡᠯᠡᠬᠦ ᠂ ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ) ᠤᠨ ᠲᠣᠭᠲᠠᠭᠠᠭᠰᠠᠨ ᠡᠳᠦᠷ ᠡᠴᠡ ᠡᠬᠢᠯᠡᠵᠦ ᠪᠤᠳᠤᠨ᠎ᠠ ;
   ( ᠬᠣᠶᠠᠷ ) ᠨᠠᠮ ᠤᠨ ᠲᠥᠯᠦᠭᠡᠯᠡᠭᠴᠢᠳ ᠦᠨ ᠶᠡᠬᠡ ᠬᠤᠷᠠᠯ᠂ ᠨᠠᠮ ᠤᠨ ᠬᠣᠷᠢᠶᠠᠨ ᠤ ᠪᠥᠬᠥᠳᠡ ᠬᠤᠷᠠᠯ ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠ ᠤ ᠪᠥᠬᠥᠳᠡ ᠬᠤᠷᠠᠯ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠂ ᠤᠯᠤᠰ ᠲᠥᠷᠦ ᠶ᠋ᠢᠨ ᠵᠥᠪᠯᠡᠯᠭᠡᠨ ᠤ ᠪᠥᠬᠥᠳᠡ ᠬᠤᠷᠠᠯ ᠢᠶᠠᠷ ᠰᠣᠩᠭᠣᠵᠤ᠂ ᠲᠣᠭᠲᠠᠭᠠᠬᠤ᠂ ᠲᠣᠮᠢᠯᠠᠬᠤ ᠂ ᠰᠣᠩᠭᠣᠭᠳᠠᠭᠰᠠᠨ᠂ ᠲᠤᠰᠢᠶᠠᠯ ᠲᠤᠲᠣᠮᠢᠯᠠᠬᠤ ᠪᠠᠷ ᠲᠣᠭᠲᠠᠭᠠᠭᠰᠠᠨ ᠡᠳᠦᠷ ᠡᠴᠡ ᠡᠬᠢᠯᠡᠵᠦ ᠪᠤᠳᠤᠨ᠎ᠠ ;
   ( ᠭᠤᠷᠪᠠ ) ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠪᠤᠶᠤ ᠤᠯᠤᠰ ᠲᠥᠷᠦ ᠶ᠋ᠢᠨ ᠵᠥᠪᠯᠡᠯᠭᠡᠨ ᠤ ᠪᠠᠶᠢᠩᠭᠤ ᠶ᠋ᠢᠨ ᠬᠣᠷᠢᠶᠠᠨ ᠤ ᠲᠣᠮᠢᠯᠠᠭᠰᠠᠨ ᠪᠤᠶᠤ ᠲᠣᠮᠢᠯᠠᠬᠤ ᠪᠠᠷ ᠲᠣᠭᠲᠠᠭᠠᠭᠰᠠᠨ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ᠂ ᠤᠯᠤᠰ ᠲᠥᠷᠦ ᠶ᠋ᠢᠨ ᠵᠥᠪᠯᠡᠯᠭᠡᠨ ᠤ ᠪᠠᠶᠢᠩᠭᠤ ᠶ᠋ᠢᠨ ᠬᠣᠷᠢᠶᠠᠨ ᠤ ᠲᠣᠮᠢᠯᠠᠭᠰᠠᠨ ᠪᠤᠶᠤ ᠲᠣᠮᠢᠯᠠᠬᠤ ᠪᠠᠷ ᠲᠣᠭᠲᠠᠭᠠᠭᠰᠠᠨ ᠡᠳᠦᠷ ᠡᠴᠡ ᠡᠬᠢᠯᠡᠵᠦ ᠪᠤᠳᠤᠨ᠎ᠠ ;
  ( ᠲᠦᠷᠪᠡ )  ᠵᠠᠰᠠᠭ ᠤᠨ ᠣᠷᠳᠣᠨ ᠡᠴᠠ ᠲᠣᠮᠢᠯᠠᠳᠠᠭ ᠨᠠᠮ ᠤᠨ ᠬᠣᠷᠢᠶ᠎ᠠ ᠵᠠᠰᠠᠭ ᠤᠨ ᠣᠷᠳᠣᠨ ᠳ᠋ᠤ ᠨᠡᠷ᠎ᠡ ᠳᠤᠷᠠᠳᠬᠤ᠂ ᠥᠪᠡᠷ  ‍ᠢᠶ᠋ᠡᠨ ᠵᠠᠰᠠᠭ ᠤᠨ ᠣᠷᠳᠣᠨ ᠡᠴᠠ ᠲᠣᠮᠢᠯᠠᠭᠰᠠᠨ ᠡᠳᠦᠷ ᠡᠴᠡ ᠡᠬᠢᠯᠡᠵᠦ ᠪᠤᠳᠤᠨ᠎ᠠ ᠃

    ᠨᠠᠢᠮᠠᠳᠤᠭᠠᠷ ᠪᠦᠯᠦᠭ   ᠬᠠᠤᠯᠢ ᠶᠣᠰᠣᠭᠠᠷ ᠰᠣᠩᠭᠣᠨ ᠲᠠᠨᠢᠯᠴᠠᠭᠤᠯᠵᠤ ᠂ ᠨᠡᠷ᠎ᠡ ᠳᠤᠷᠠᠳᠬᠤ ᠪᠠ ᠠᠷᠠᠳᠴᠢᠯᠠᠯ ᠢᠶᠠᠷ ᠵᠦᠪᠳᠡᠯᠴᠡᠬᠦ

    ᠳᠥᠴᠢᠨ ᠲᠠᠪᠤᠳᠤᠭᠠᠷ ᠵᠦᠢᠯ    ᠨᠠᠮ ᠤᠨ ᠬᠣᠷᠢᠶ᠎ᠠ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ  ᠬᠤᠷᠠᠯ ᠤᠨ ᠪᠠᠶᠢᠩᠭᠤ ᠶ᠋ᠢᠨ ᠬᠣᠷᠢᠶᠠᠨ ᠳ᠋ᠦ ᠲᠠᠨᠢᠯᠴᠠᠭᠤᠯᠬᠤ ᠴᠢᠬᠤᠯᠠᠲᠠᠶ ᠪᠠᠶᠢᠪᠠᠯ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠡᠴᠡ ᠰᠣᠩᠭᠣᠵᠤ᠂ ᠲᠣᠮᠢᠯᠠᠵᠤ᠂ ᠲᠤᠰᠢᠶᠠᠯ ᠳ᠋ᠤ ᠲᠣᠮᠢᠯᠠᠬᠤ ᠶ᠋ᠢ ᠤᠳᠤᠷᠢᠳᠬᠤ ᠺᠠᠲᠷ ᠤᠨ ᠵᠢᠱᠢᠭᠳᠡᠭᠰᠡᠳ ᠢ ᠳᠤᠷᠠᠳᠤᠭᠤᠯᠵᠤ᠂ ᠤᠷᠢᠳ ᠢᠶᠠᠷ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠ  ᠤ ᠪᠦᠷᠢᠯᠳᠦᠬᠦᠨ ᠤ ᠳᠣᠲᠣᠷᠠᠬᠢ ᠨᠠᠮ ᠤ ᠨᠭᠡᠰᠢᠭᠦᠨ ᠨᠠᠮ ᠤᠨ ᠬᠣᠷᠢᠶ᠎ᠠ ᠂ ᠪᠠᠲᠤᠯᠠᠨ ᠲᠠᠨᠢᠯᠴᠠᠭᠤᠯᠤᠭᠰᠠᠨ ᠰᠠᠨᠠᠯ ᠢᠶᠡᠨ ᠲᠠᠨᠢᠯᠴᠠᠭᠤᠯᠬᠤ ᠬᠡᠷᠡᠭᠲᠡᠢ ᠃ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ  ᠪᠠᠶᠢᠩᠭᠤ ᠶ᠋ᠢᠨ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠪᠦᠷᠢᠯᠳᠦᠬᠦᠨ ᠵᠢᠴᠢ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢᠳ ᠦᠨ ᠳᠣᠲᠣᠷᠠᠬᠢ ᠨᠠᠮ ᠤᠨ ᠭᠡᠰᠢᠭᠦᠨ ᠪᠣᠯᠤᠨ᠎ᠠ ᠂ ᠡᠷᠬᠡᠪᠰᠢ ᠨᠠᠷᠢᠨ ᠬᠢᠨᠠᠮᠠᠭᠠᠢ ᠲᠤᠤᠱᠯᠠᠭᠤᠯᠵᠤ ᠂  ᠨᠠᠮ ᠤᠨ ᠬᠣᠷᠢᠶ᠎ᠠ᠂ ᠪᠠᠲᠤᠯᠠᠨ ᠲᠠᠨᠢᠯᠴᠠᠭᠤᠯᠤᠭᠰᠠᠨ ᠰᠠᠨᠠᠯ ᠢᠶᠡᠨ᠂ ᠲᠦᠷᠦᠭᠦᠯᠡᠨ ᠬᠠᠤᠯᠢ ᠶᠣᠰᠣᠭᠠᠷ ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠵᠥᠪ ᠢᠶ᠋ᠡᠷ ᠭᠦᠢᠴᠡᠳᠬᠡᠬᠦ ᠬᠡᠷᠡᠭᠲᠡᠶ ᠃
    ᠳᠥᠴᠢᠨ ᠵᠢᠷᠭᠤᠳᠤᠭᠠᠷ ᠵᠦᠢᠯ   ᠨᠠᠮ ᠤᠨ ᠬᠣᠷᠢᠶ᠎ᠠ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ  ᠳ᠋ᠤ ᠲᠠᠨᠢᠯᠴᠠᠭᠤᠯᠵᠤ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠢᠶᠠᠷ ᠰᠣᠩᠭᠣᠬᠤ ᠂ ᠲᠤᠰᠢᠶᠠᠯ ᠲᠤ  ᠲᠣᠮᠢᠯᠠᠬᠤ ᠶ᠋ᠢ ᠤᠳᠤᠷᠢᠳᠬᠤ  ᠺᠠᠲᠷ ᠤᠨ ᠵᠢᠱᠢᠭᠳᠡᠭᠰᠡᠳ ᠢ ᠳᠤᠷᠠᠳᠤᠭᠤᠯᠵᠤ ᠂  ᠲᠤᠰ ᠱᠠᠲᠤᠨ ᠤ ᠨᠠᠮ ᠤᠨ ᠬᠣᠷᠢᠶᠠᠨ ᠤ ᠨᠡᠷ᠎ᠡ ᠪᠡᠷ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠦᠭᠡᠯᠡᠭᠴᠢᠳ ᠦᠨ ᠪᠥᠯᠬᠦᠮ ᠢᠶ᠋ᠡᠷ ᠲᠠᠨᠢᠯᠴᠠᠭᠤᠯᠤᠭᠰᠠᠨ ᠪᠢᠴᠢᠭ᠂ ᠲᠠᠨᠢᠯᠴᠠᠭᠤᠯᠬᠤ ᠭᠠᠵᠠᠷ ᠂ ᠪᠠᠲᠤᠯᠠᠨ ᠲᠠᠨᠢᠯᠴᠠᠭᠤᠯᠤᠭᠰᠠᠨ ᠵᠢᠱᠢᠭᠳᠡᠭᠴᠢ ᠶ᠋ᠢᠨ ᠬᠣᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠤᠴᠢᠷ  ᠰᠢᠯᠲᠠᠭᠠᠨ ᠢ ᠲᠣᠲᠤᠷᠬᠠᠶᠢᠯᠠᠬᠤ ᠬᠡᠷᠡᠭᠲᠡᠢ ᠃
     ᠨᠠᠮ ᠤᠨ ᠬᠣᠷᠢᠶᠠᠨ ᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠳ᠋ᠦ ᠲᠠᠨᠢᠯᠴᠠᠭᠤᠯᠬᠤ ᠶᠡᠬᠡ  ᠬᠤᠷᠠᠯ ᠤᠨ ᠪᠠᠶᠢᠩᠭᠤ ᠶ᠋ᠢᠨ ᠬᠣᠷᠢᠶ᠎ᠠ ᠡᠴᠡ ᠲᠣᠮᠢᠯᠠᠵᠤ ᠂ ᠲᠤᠰᠢᠶᠠᠯ ᠳ᠋ᠦ ᠲᠣᠮᠢᠯᠠᠬᠤ ᠶ᠋ᠢ ᠤᠳᠤᠷᠢᠳᠬᠤ ᠺᠠᠲᠷ ᠤᠨ ᠵᠢᠱᠢᠭᠳᠡᠭᠰᠡᠳ ᠢ ᠳᠤᠷᠠᠳᠤᠭᠤᠯᠵᠤ ᠪᠠᠶᠢᠪᠠᠯ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠬᠢᠨᠠᠨ ᠶᠠᠷᠢᠯᠴᠠᠭᠤᠯᠬᠤ ᠡᠴᠡ ᠡᠮᠦᠨ᠎ᠡ ᠲᠣᠭᠲᠠᠭᠠᠭᠰᠠᠨ ᠵᠢᠷᠤᠮ ᠶᠣᠰᠣᠭᠠᠷ᠂ ᠵᠢᠱᠢᠭᠳᠡᠭᠰᠡᠳ ᠦᠨ ᠬᠣᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ ᠪᠣᠯᠤᠨ᠎ᠠ ᠃
    ᠳᠥᠴᠢᠨ ᠳᠣᠯᠣᠳᠤᠭᠠᠷ ᠵᠦᠢᠯ    ᠨᠠᠮ ᠤᠨ ᠬᠣᠷᠢᠶ᠎ᠠ ᠵᠠᠰᠠᠭ ᠤᠨ ᠣᠷᠳᠣᠨ  ᠳ᠋ᠤ ᠨᠡᠷ᠎ᠡ ᠳᠤᠷᠠᠳᠴᠤ ᠵᠠᠰᠠᠭ ᠤᠨ ᠣᠷᠳᠣᠨ ᠤ ᠲᠣᠮᠢᠯᠠᠭᠰᠠᠨ ᠵᠠᠰᠠᠭ ᠤᠨ ᠣᠷᠳᠣᠨ  ᠤ ᠠᠵᠢᠯ ᠤᠨ ᠰᠠᠯᠠᠭ᠎ᠠ ᠮᠥᠴᠢᠷ ᠪᠠ ᠪᠠᠶᠢᠭᠤᠯᠤᠮᠵᠢ ᠶ᠋ᠢᠨ ᠤᠳᠤᠷᠢᠳᠬᠤ ᠪᠦᠷᠢᠯᠳᠦᠬᠦᠨ ᠪᠣᠯᠬᠤ ᠬᠥᠮᠦᠰ ᠢ ᠲᠣᠭᠲᠠᠭᠠᠨ᠎ᠠ ᠂ ᠨᠠᠮ ᠤᠨ ᠬᠣᠷᠢᠢ᠎ᠠ ᠡᠴᠠ ᠶᠠᠷᠢᠯᠴᠠᠨ ᠲᠣᠭᠲᠠᠭᠠᠭᠰᠠᠨ ᠤ ᠳᠠᠷᠠᠭ᠎ᠠ ᠂ ᠵᠠᠰᠠᠭ ᠤᠨ ᠣᠷᠳᠣᠨ ᠡᠴᠠ ᠲᠣᠮᠢᠯᠠᠳᠠᠭ ᠃
    ᠳᠥᠴᠢᠨ ᠨᠠᠢᠮᠠᠳᠤᠭᠠᠷ ᠵᠦᠢᠯ   ᠤᠳᠤᠷᠢᠳᠬᠤ  ᠪᠠᠭ ᠤᠨ ᠬᠤᠭᠤᠴᠠᠭ᠎ᠠ ᠰᠣᠯᠢᠬᠤ ᠂ ᠨᠠᠮ ᠤᠨ ᠬᠣᠷᠢᠶ᠎ᠠ ᠲᠠᠨᠢᠯᠴᠠᠭᠤᠯᠬᠤ ᠠᠷᠠᠳ ᠤᠨ  ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ  ᠳ᠋ᠦ ᠵᠠᠰᠠᠭ ᠤᠨ ᠣᠷᠳᠣᠨ᠂ ᠤᠯᠤᠰ ᠲᠥᠷᠦ ᠶ᠋ᠢᠨ ᠵᠥᠪᠯᠡᠯᠭᠡᠨ ᠤ ᠤᠳᠤᠷᠢᠳᠬᠤ ᠪᠥᠷᠢᠯᠳᠦᠭᠦᠨ ᠢᠶ᠋ᠡᠷ ᠰᠣᠩᠭᠣᠭᠳᠠᠬᠤ ᠪᠠ ᠠᠷᠠᠳ ᠤᠨ ᠰᠢᠭᠦᠬᠦ ᠬᠣᠷᠢᠶᠠᠨ ᠤ ᠳᠠᠷᠤᠭ᠎ᠠ ᠂ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠪᠣᠯᠬᠤ ᠬᠥᠮᠦᠰ ᠢ ᠲᠣᠭᠲᠠᠭᠠᠨ᠎ᠠ ᠂ ᠤᠷᠢᠳ ᠢᠶᠠᠷ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠴᠢᠳ ᠤᠨ ᠬᠣᠯᠪᠣᠭᠠᠲᠤ ᠡᠪᠯᠡᠯ ᠦᠨ ᠭᠣᠣᠯ ᠤᠳᠤᠷᠢᠳᠬᠤ ᠪᠦᠷᠢᠯᠳᠦᠬᠦᠨ ᠪᠠ ᠨᠠᠮ ᠪᠥᠯᠦᠭ ᠦᠨ ᠪᠤᠰᠤ ᠲᠥᠯᠥᠭᠡᠯᠡᠭᠴᠢ ᠬᠥᠮᠦᠰ ᠬᠣᠯᠪᠣᠭᠳᠠᠯ ᠪᠤᠢᠭᠦᠢ ᠪᠠᠶᠢᠳᠠᠯ ᠢ ᠮᠡᠳᠡᠭᠳᠡᠵᠦ᠂ ᠠᠷᠠᠳᠴᠢᠯᠠᠯ ᠢᠶᠠᠷ ᠵᠥᠪᠯᠡᠨ᠎ᠡ᠃

    ᠳᠥᠴᠢ ᠶᠢᠰᠦᠳᠦᠭᠡᠷ ᠵᠦᠢᠯ    ᠨᠠᠮ ᠤᠨ ᠬᠣᠷᠢᠶ᠎ᠠ ᠤᠳᠤᠷᠢᠳᠬᠤ ᠺᠠᠲᠷ ᠤᠨ ᠵᠢᠱᠢᠭᠳᠡᠭᠰᠡᠳ ᠢ ᠲᠠᠨᠢᠯᠴᠠᠭᠤᠯᠵᠤ ᠪᠣᠯᠤᠨ᠎ᠠ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠰᠣᠩᠭᠣᠭᠤᠯᠢ ᠂ ᠲᠤᠰᠢᠶᠠᠯ  ᠳ᠋ᠦ ᠲᠣᠮᠢᠯᠠᠬᠤ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨ ᠬᠠᠷᠢᠶ᠎ᠠ᠂ ᠲᠤᠰᠢᠶᠠᠯ  ᠳ᠋ᠤ ᠲᠣᠮᠢᠯᠠᠬᠤ ᠶ᠋ᠢ ᠲᠣᠭᠲᠠᠭᠠᠬᠤ ᠡᠴᠡ ᠡᠮᠦᠨ᠎ᠡ᠂ ᠬᠡᠷᠪ ᠡᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶ᠋ᠢᠨᠬᠣᠷᠢᠶᠠᠨ  ᠤ ᠪᠦᠷᠢᠯᠳᠦᠬᠦᠨ ᠨᠡᠷ ᠥᠪᠡᠷ ᠦᠨ ᠲᠠᠨᠢᠯᠴᠠᠭᠤᠯᠤᠭᠰᠠᠨ ᠠᠳᠠᠯᠢ ᠪᠤᠰᠤ ᠰᠠᠨᠠᠯ ᠳᠤᠷᠠᠳᠬᠤ ᠂  ᠨᠠᠮ ᠤᠨᠬᠣᠷᠢᠶ᠎ᠠ ᠴᠥᠮ ᠨᠠᠷᠢᠨ ᠬᠢᠨᠠᠮᠠᠭᠠᠶ ᠰᠤᠳᠤᠯᠵᠤ ᠂ ᠬᠠᠮᠲᠤ ᠴᠢᠬᠤᠯᠠ ᠪᠦᠬᠥᠢ ᠲᠠᠶᠢᠯᠪᠤᠷᠢᠯᠠᠯᠲᠠ ᠪᠤᠶᠤ ᠲᠣᠳᠣᠷᠬᠠᠶᠢᠯᠠᠯᠲᠠ ᠬᠢᠬᠦ ᠬᠡᠷᠡᠭᠲᠡᠢ ᠃ ᠪᠣᠳᠠᠲᠤ ᠤᠴᠢᠷ ᠤᠨ ᠦᠨᠳᠦᠰᠦ ᠪᠠᠷᠢᠮᠲᠠ ᠨᠢ ᠪᠠᠶᠢᠬᠤ ᠶ᠋ᠢ ᠣᠯᠵᠤ ᠮᠡᠳᠡᠪᠡᠯ ᠂ ᠰᠣᠩᠭᠣᠬᠤ ᠪᠤᠶᠤ  ᠲᠣᠮᠢᠯᠠᠬᠤ ᠠᠰᠠᠭᠤᠳᠠᠯ ᠢᠯᠠᠪᠲᠠᠶ ᠨᠥᠯᠥᠭᠡᠯᠡᠬᠦ ᠶᠤᠮ ᠂  ᠨᠠᠮ ᠤᠨ ᠬᠣᠷᠢᠶ᠎ᠠ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠪᠤᠶᠤ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠲᠣᠭᠲᠠᠭᠠᠭᠰᠠᠨ ᠵᠢᠷᠤᠮ ᠶᠣᠰᠣᠭᠠᠷ ᠲᠦᠷ ᠬᠣᠶᠢᠰᠢᠯᠠᠭᠤᠯᠤᠨ ᠰᠣᠩᠭᠣᠬᠤ ᠰᠠᠨᠠᠭᠤᠯᠭ᠎ᠠ ᠭᠠᠷᠭᠠᠵᠤ ᠪᠣᠯᠤᠨ᠎ᠠ ᠂ ᠲᠤᠰᠢᠶᠠᠯ  ᠳ᠋ᠤ ᠲᠣᠮᠢᠯᠠᠬᠤ ᠶ᠋ᠢ ᠲᠣᠭᠲᠠᠭᠠᠯᠭᠠᠵᠤ᠂ ᠵᠢᠱᠢᠭᠳᠡᠭᠰᠡᠳ ᠢ ᠲᠠᠨᠢᠯᠴᠠᠭᠤᠯᠬᠤ ᠪᠣᠯᠤᠨ᠎ᠠ ᠃
    ᠤᠯᠤᠰ ᠲᠥᠷᠦ ᠶ᠋ᠢᠨ ᠵᠥᠪᠯᠡᠯᠭᠡᠨ ᠤ ᠤᠳᠤᠷᠢᠳᠬᠤ ᠪᠦᠷᠢᠯᠳᠦᠬᠦᠨ  ᠤ ᠵᠢᠱᠢᠭᠳᠡᠭᠰᠡᠳ ᠢ ᠲᠠᠨᠢᠯᠴᠠᠭᠤᠯᠬᠤ ᠪᠠ ᠵᠥᠪᠳᠡᠯᠴᠡᠨ ᠳᠤᠷᠠᠳᠴᠤ ᠂ ᠤᠯᠤᠰ ᠲᠥᠷᠦ ᠶ᠋ᠢᠨ ᠵᠥᠪᠯᠡᠯᠭᠡᠨ ᠤ ᠲᠦᠷᠢᠮ ᠪᠠ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠬᠦ ᠬᠡᠷᠡᠭᠲᠡᠶ ᠃

   

    ᠶᠢᠰᠦᠳᠦᠭᠡᠷ ᠪᠦᠯᠦᠭ   ᠢᠯᠡ ᠪᠡᠷ ᠰᠣᠩᠭᠣᠨ ᠳᠡᠪᠰᠢᠭᠦᠯᠬᠦ ᠪᠠ ᠠᠵᠢᠯ ᠤᠨ ᠪᠠᠶᠢᠷᠢ ᠳ᠋ᠤ ᠥᠷᠢᠰᠥᠯᠳᠦᠵᠦ ᠭᠠᠷᠬᠤ

    ᠲᠠᠪᠢᠳᠤᠭᠠᠷ ᠵᠦᠢᠯ   ᠢᠯᠡ ᠪᠡᠷ ᠰᠢᠯᠢᠨ ᠳᠡᠪᠰᠢᠭᠦᠯᠬᠦ ᠂  ᠠᠵᠢᠯ ᠤᠨ ᠪᠠᠶᠢᠷᠢ ᠳ᠋ᠤ ᠥᠷᠢᠰᠥᠯᠳᠦᠵᠦ ᠭᠠᠷᠬᠤ ᠨᠢ ᠨᠠᠮ ᠵᠠᠰᠠᠭ ᠤᠨ ᠤᠳᠤᠷᠢᠳᠬᠤ ᠺᠠᠲᠷ ᠢ ᠰᠢᠯᠢᠨ ᠳᠡᠪᠰᠢᠭᠦᠯᠵᠦ ᠬᠡᠷᠡᠭᠯᠡᠬᠦ ᠠᠷᠭ᠎ᠠ ᠮᠠᠶᠢᠭ ᠤᠨ ᠨᠢᠭᠡ ᠮᠥᠨ ᠃ ᠨᠡᠶᠢᠭᠡᠮ ᠨᠡᠶᠢᠲᠡ ᠳ᠋ᠤ ᠢᠯᠡ ᠪᠡᠷ ᠰᠣᠩᠭᠣᠨ ᠳᠡᠪᠰᠢᠭᠦᠯᠬᠦ ᠂ ᠲᠤᠰ ᠨᠢᠭᠡᠴᠡ ᠶ᠋ᠢᠨ ᠪᠤᠶᠤ ᠲᠤᠰ ᠰᠢᠰᠲ᠋ᠸᠮ ᠦᠨ ᠳᠣᠲᠣᠷ᠎ᠠ ᠥᠷᠢᠰᠥᠯᠳᠦᠭᠦᠯᠦᠨᠠᠵᠢᠯ ᠤᠨ ᠪᠠᠶᠢᠷᠢ ᠶ᠋ᠢ ᠭᠠᠷᠭᠠᠬᠤ᠂ ᠪᠣᠳᠠᠲᠤ ᠪᠠᠶᠢᠳᠠᠯ ᠢᠶᠡᠨ ᠦᠨᠳᠦᠰᠦᠯᠡᠵᠦ ᠵᠦᠢ ᠵᠣᠬᠢᠰᠲᠠᠶ ᠲᠣᠭᠲᠠᠭᠠᠵᠤ ᠂ ᠰᠢᠯᠢᠨ ᠰᠣᠩᠭᠣᠬᠤ ᠲᠤᠰᠢᠶᠠᠯ ᠤᠨ ᠪᠠᠶᠢᠷᠢ᠂ ᠲᠣᠭ᠎ᠠ ᠬᠡᠮᠵᠢᠶ᠎ᠡ ᠪᠠ ᠬᠦᠷᠢᠶ᠎ᠡ ᠬᠡᠪᠴᠢᠶ᠎ᠡ ᠡᠩ ᠦᠨ ᠪᠠᠶᠢᠳᠠᠯ ᠳᠣᠣᠷ᠎ᠠ ᠂ ᠤᠳᠤᠷᠢᠳᠬᠤ  ᠲᠤᠰᠢᠶᠠᠯ ᠤᠨ ᠣᠷᠣ ᠬᠣᠭᠣᠰᠣᠨ ᠭᠠᠷᠬᠤ ᠪᠥᠭᠡᠳ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠦᠨ ᠢᠶ᠋ᠡᠨ ᠲᠣᠬᠢᠷᠠᠮᠵᠢᠲᠠᠶ ᠬᠥᠮᠦᠨ ᠦᠭᠡᠢ ᠂ ᠢᠯᠠᠩᠭᠤᠶ᠎ᠠ ᠳᠤᠲᠠᠭᠳᠠᠵᠤ ᠪᠠᠶᠢᠭ᠎ᠠ ᠲᠤᠰᠬᠠᠶ  ᠴᠢᠳᠠᠪᠤᠷᠢᠲᠠᠨ ᠢ ᠨᠥᠬᠥᠪᠥᠷᠢᠯᠡᠬᠦ ᠴᠢᠬᠤᠯᠠᠲᠠᠶ ᠶᠤᠮ ᠂ ᠢᠯᠡ ᠪᠡᠷ ᠰᠣᠩᠭᠣᠨ ᠳᠡᠪᠰᠢᠭᠦᠯᠬᠦ ᠪᠣᠯᠤᠨ᠎ᠠ ; ᠤᠳᠤᠷᠢᠳᠬᠤ ᠲᠤᠰᠢᠶᠠᠯ ᠤᠨ ᠪᠠᠶᠢᠷᠢ ᠶ᠋ᠢᠨ ᠬᠣᠭᠣᠰᠣᠨ ᠣᠷᠣ ᠭᠠᠷᠪᠠᠯ ᠂ ᠲᠤᠰ ᠪᠠᠶᠢᠭᠤᠯᠤᠯᠭ᠎ᠠ ᠲᠤᠰ ᠰᠢᠰᠲ᠋ᠸᠮ ᠦᠨ ᠬᠢᠷᠢ  ᠬᠡᠮ ᠦᠨ ᠨᠥᠬᠥᠴᠡᠯ ᠳ᠋ᠦ ᠨᠡᠶᠢᠴᠡᠬᠦ ᠬᠥᠮᠦᠨ ᠤ ᠲᠣᠭ᠎ᠠ ᠨᠢ ᠨᠡᠯᠢᠶᠡᠳ ᠤᠯᠠᠨ ᠪᠠᠶᠢᠬᠤ ᠪᠥᠭᠡᠳ ᠬᠥᠮᠦᠨ ᠤ ᠰᠠᠨᠠᠯ ᠲᠥᠪᠯᠡᠷᠡᠬᠦ ᠦᠭᠡᠶ ᠦᠶᠡᠰ ᠥᠷᠢᠰᠥᠯᠳᠦᠭᠦᠯᠦᠨ ᠠᠵᠢᠯ ᠤᠨ ᠪᠠᠶᠢᠷᠢ ᠳ᠋ᠤ ᠭᠠᠷᠭᠠᠬᠤ ᠪᠣᠯᠤᠨ᠎ᠠ ᠃
    ᠢᠯᠡ ᠪᠡᠷ ᠰᠣᠩᠭᠣᠨ ᠳᠡᠪᠰᠢᠭᠦᠯᠬᠦ ᠂ ᠰᠢᠶᠠᠨ ᠤ ᠭᠠᠵᠠᠷ ᠤᠨ ᠲᠡᠰ ᠡᠴᠠ ᠳᠣᠷᠣᠭᠰᠢᠬᠢ ᠤᠳᠤᠷᠢᠳᠬᠤ ᠺᠠᠳ᠋ᠷ᠂ ᠡᠩ ᠦᠨ ᠪᠠᠶᠢᠳᠠᠯ  ᠳ᠋ᠦ ᠮᠤᠵᠢ ᠠᠯᠤᠰᠯᠠᠭᠰᠠᠨ ( ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)  ᠪᠠᠶᠢᠬᠤ ᠬᠡᠷᠡᠭᠲᠡᠶ ᠃
    ᠲᠠᠪᠢᠨ ᠨᠢᠭᠡᠳᠦᠭᠡᠷ ᠵᠦᠢᠯ   ᠢᠯᠡ ᠪᠡᠷ ᠰᠣᠩᠭᠣᠨ ᠳᠡᠪᠰᠢᠭᠦᠯᠬᠦ ᠂ ᠥᠷᠢᠰᠥᠯᠳᠦᠭᠦᠯᠦᠨ ᠠᠵᠢᠯ ᠤᠨ ᠪᠠᠶᠢᠷᠢ ᠳ᠋ᠤ ᠭᠠᠷᠭᠠᠬᠤ ᠲᠥᠰᠦᠯ ᠢ ᠲᠣᠭᠲᠠᠭᠠᠭᠰᠠᠨ ᠨᠥᠬᠥᠴᠡᠯ ᠪᠣᠯᠤᠨ ᠬᠢᠷᠢ ᠬᠡᠮ ᠨᠢ ᠲᠤᠰ ᠳᠥᠷᠢᠮ ᠦᠨ ᠳᠣᠯᠣᠳᠤᠭᠠᠷ ᠵᠦᠢᠯ ᠂ ᠨᠠᠢᠮᠠᠳᠤᠭᠠᠷ ᠵᠦᠢᠯ ᠦᠨ ᠲᠣᠭᠲᠠᠭᠠᠯ ᠢ ᠦᠨᠳᠦᠰᠦᠯᠡᠪᠡᠯ ᠂ ᠬᠥᠮᠦᠨ ᠪᠣᠯᠬᠤ ᠬᠢᠷᠢ ᠬᠡᠮ ᠦᠨ ᠨᠥᠭᠦᠴᠡᠯ ᠢ ᠪᠠᠶᠢᠭᠤᠯᠬᠤ ᠬᠡᠷᠡᠭᠲᠡᠶ᠃ ᠬᠢᠷᠢ ᠬᠡᠮ ᠦᠨ ᠨᠥᠭᠦᠴᠡᠯ ᠢ ᠳᠠᠪᠠᠭᠰᠠᠨ ᠪᠠᠶᠢᠪᠠᠯ᠂ ᠤᠷᠢᠳᠠᠪᠠᠷ ᠳᠡᠭᠡᠳᠦ ᠱᠠᠲᠤᠨ ᠤ ᠵᠣᠬᠢᠶᠠᠨ ᠪᠠᠶᠢᠭᠤᠯᠬᠤ  ᠠᠵᠢᠯᠲᠠᠨ ᠤ ᠶᠠᠪᠤᠳᠠᠯ) ᠰᠠᠯᠠᠭ᠎ᠠ ᠮᠥᠴᠢᠷ ᠲᠦ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ ᠃
    ᠲᠠᠪᠢᠨ ᠬᠣᠶᠠᠳᠤᠭᠠᠷ ᠵᠦᠢᠯ   ᠢᠯᠡ ᠪᠡᠷ ᠰᠣᠩᠭᠣᠨ ᠳᠡᠪᠰᠢᠭᠦᠯᠬᠦ ᠂ ᠥᠷᠢᠰᠥᠯᠳᠦᠭᠦᠯᠦᠨ ᠠᠵᠢᠯ ᠤᠨ ᠪᠠᠶᠢᠷᠢ ᠳ᠋ᠤ ᠭᠠᠷᠭᠠᠬᠤ ᠠᠵᠢᠯ ᠢ  ᠨᠠᠮ ᠤᠨ ᠬᠣᠷᠢᠢ᠎ᠠ (  ᠨᠠᠮ ᠤᠨ ᠤᠳᠤᠷᠢᠳᠬᠤ ᠳᠤᠭᠤᠶᠢᠯᠠᠩ) ᠤᠨ ᠤᠳᠤᠷᠢᠳᠤᠯᠭ᠎ᠠ ᠳᠣᠣᠷ᠎ᠠ ᠬᠢᠬᠦ ᠬᠡᠷᠡᠭᠲᠡᠶ ᠂ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠦᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠳᠣᠣᠷ᠎ᠠ ᠵᠢᠭᠰᠠᠭᠠᠭᠰᠠᠨ ᠵᠢᠷᠤᠮ ᠪᠠᠶᠢᠬᠤ ᠬᠡᠷᠡᠭᠲᠡᠶ ᠄
   ( ᠨᠢᠭᠡ ) ᠨᠡᠶᠢᠲᠡᠯᠡᠬᠦ ᠵᠡᠷᠭᠡ ᠲᠤᠰᠢᠶᠠᠯ ᠂ ᠬᠢᠷᠢ ᠬᠡᠮ ᠦᠨ ᠨᠥᠬᠥᠴᠡᠯ  ᠂ ᠦᠨᠳᠦᠰᠦᠨ ᠵᠢᠷᠤᠮ ᠪᠠ ᠠᠷᠭ᠎ᠠ ᠵᠡᠷᠭᠡ ᠪᠠᠭᠲᠠᠨ᠎ᠠ ;
   ( ᠬᠣᠶᠠᠷ ) ᠨᠡᠷ᠎ᠡ ᠮᠡᠳᠡᠭᠦᠯᠬᠦ ᠪᠠ ᠬᠢᠷᠢ ᠬᠡᠮ ᠢ ᠬᠢᠨᠠᠨ ᠪᠠᠶᠢᠴᠠᠭᠠᠬᠤ ᠂ ᠢᠯᠡ ᠪᠡᠷ ᠰᠣᠩᠭᠣᠨ ᠳᠡᠪᠰᠢᠭᠦᠯᠬᠦ ᠣᠷᠣᠯᠴᠠᠭᠰᠠᠨ ᠪᠠᠶᠢᠪᠠᠯ ᠂ ᠪᠠᠶᠢᠭ᠎ᠠ ᠨᠢᠭᠡᠴᠡ ᠪᠡᠷ ᠢᠶ᠋ᠡᠨ ᠵᠥᠪᠰᠢᠶᠡᠷᠡᠭᠦᠯᠬᠦ ᠬᠡᠷᠡᠭᠲᠡᠢ ;
  ( ᠭᠤᠷᠪᠠ ) ᠵᠣᠬᠢᠰᠲᠠᠶ ᠠᠷᠭ᠎ᠠ ᠮᠠᠶᠢᠭ ᠢᠶᠠᠷ ᠬᠢᠬᠦ ᠴᠢᠳᠠᠪᠤᠷᠢ ᠪᠠ ᠬᠡᠪ ᠴᠢᠨᠠᠷ ᠢ ᠰᠢᠨᠵᠢᠨ ᠰᠢᠯᠭᠠᠬᠤ ᠂ ᠬᠡᠮᠵᠢᠨ ᠲᠣᠭᠲᠠᠭᠠᠬᠤ ( ᠠᠵᠢᠯ ᠤᠨ ᠪᠠᠶᠢᠷᠢ ᠳ᠋ᠤ ᠭᠠᠷᠬᠤ ᠨᠢ ᠴᠦ ᠪᠤᠯᠢᠶᠠᠯᠳᠤᠵᠤ ᠪᠠᠶᠢᠬᠤ ᠶ᠋ᠢ ᠣᠯᠵᠤ ᠮᠡᠳᠡᠪᠡᠯ ᠤᠷᠢᠳᠠᠪᠠᠷ ᠠᠷᠠᠳᠴᠢᠯᠠᠯ ᠢᠶᠠᠷ ᠲᠠᠨᠢᠯᠴᠠᠭᠤᠯᠬᠤ ) ;
  ( ᠳᠥᠷᠪᠡ ) ᠰᠢᠯᠭᠠᠨ ᠪᠠᠶᠢᠴᠠᠭᠠᠯᠲᠠ ᠶ᠋ᠢ ᠵᠣᠬᠢᠶᠠᠨ ᠪᠠᠶᠢᠭᠤᠯᠵᠤ᠂ ᠠᠵᠢᠯᠳᠡᠨ ᠤ ᠨᠡᠷᠡᠰ ᠦᠨ ᠲᠤᠰᠢᠶᠠᠯ ᠢ ᠰᠤᠳᠤᠯᠤᠨ ᠳᠤᠷᠠᠳᠴᠤ ᠪᠣᠯᠤᠨ᠎ᠠ ;
  ( ᠲᠠᠪᠤ ) ᠨᠠᠮ ᠤᠨ ᠬᠣᠷᠢᠢ᠎ᠠ ( ᠨᠠᠮ ᠤᠨ ᠤᠳᠤᠷᠢᠳᠬᠤ ᠳᠤᠭᠤᠶᠢᠯᠠᠩ ) ᠲᠣᠭᠲᠠᠭᠠᠨ᠎ᠠ ;
  ( ᠵᠢᠷᠭᠤᠭ᠎ᠠ ) ᠲᠤᠰᠢᠶᠠᠯ ᠳ᠋ᠤ ᠲᠣᠮᠢᠯᠠᠬᠤ ᠭᠠᠷ ᠭᠦᠢᠴᠡᠳᠬᠡᠯ ᠬᠢᠨ᠎ᠡ ᠃
    ᠲᠠᠪᠢᠨ ᠭᠤᠷᠪᠠᠳᠤᠭᠠᠷ ᠵᠦᠢᠯ   ᠢᠯᠡ ᠪᠡᠷ ᠰᠢᠯᠢᠨ ᠰᠣᠩᠭᠣᠬᠤ ᠂ ᠠᠵᠢᠯ ᠤᠨ ᠪᠠᠶᠢᠷᠢ ᠳ᠋ᠤ ᠥᠷᠢᠰᠥᠯᠳᠦᠵᠦ ᠭᠠᠷᠬᠤ ᠨᠢ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯ ᠤᠨ ᠪᠠᠶᠢᠷᠢ ᠶ᠋ᠢᠨ ᠣᠨᠴᠠᠯᠢᠭ ᠢ ᠳᠤᠪᠤᠢᠢᠯᠭᠠᠵᠤ᠂ ᠥᠷᠢᠰᠥᠯᠳᠦᠭᠡᠨ ᠲᠤᠪᠤᠢᠢᠮ᠎ᠠ ᠪᠣᠳᠠᠲᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ ᠂ ᠴᠢᠳᠠᠪᠤᠷᠢ ᠬᠡᠪ ᠪᠤᠯᠪᠠᠰᠤᠯ ᠪᠠ ᠢᠮᠠᠭᠲᠠ ᠶ᠋ᠢᠨ ᠢᠯᠡᠷᠡᠯ ᠂ ᠵᠥᠪᠬᠡᠨ ᠬᠤᠪᠢ ᠬᠥᠮᠦᠨ ᠢ ᠰᠡᠷᠭᠡᠶᠢᠯᠡᠬᠦ ᠬᠡᠷᠡᠭᠲᠡᠶ ᠃

    ᠠᠷᠪᠠᠳᠤᠭᠠᠷ ᠪᠦᠯᠦᠭ   ᠰᠣᠯᠢᠯᠴᠠᠬᠤ ᠂ ᠵᠠᠶᠢᠯᠠᠬᠤ

    ᠲᠠᠪᠢᠨ ᠳᠥᠷᠪᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠰᠣᠯᠢᠯᠴᠠᠬᠤ ᠳᠥᠷᠢᠮ ᠢ ᠬᠡᠷᠡᠭᠵᠢᠭᠦᠯᠦᠨ᠎ᠡ ᠃
    ( ᠨᠢᠭᠡ ) ᠰᠣᠯᠢᠯᠴᠠᠬᠤ ᠡᠲᠡᠭᠡᠳ ᠨᠢ ᠭᠣᠣᠯᠳᠠᠭᠤ ᠄  ᠠᠵᠢᠯ ᠤᠨ ᠬᠡᠷᠡᠭᠴᠡᠭᠡ ᠡᠴᠡ ᠪᠣᠯᠵᠤ ᠰᠣᠯᠢᠯᠴᠠᠭ᠎ᠠ ᠬᠢᠬᠦ ᠴᠢᠬᠤᠯᠠᠲᠠᠶ ᠤᠳᠤᠷᠢᠳᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠳᠡᠭᠡᠭᠰᠢᠯᠡᠭᠦᠯᠬᠦ ᠬᠡᠷᠡᠭᠲᠡᠶ ; ᠨᠢᠭᠡ ᠭᠠᠵᠠᠷ ᠪᠤᠶᠤ ᠰᠠᠯᠠᠭ᠎ᠠ ᠮᠥᠴᠢᠷ ᠲᠦ ᠠᠵᠢᠯᠯᠠᠭᠰᠠᠨ ᠴᠠᠭ ᠨᠢ ᠨᠡᠯᠢᠶᠡᠳ ᠤᠷᠲᠤ ; ᠲᠣᠭᠲᠠᠭᠠᠯ ᠶᠣᠰᠣᠭᠠᠷ ᠵᠠᠶᠢᠯᠠᠬᠤ ᠴᠢᠬᠤᠯᠠᠲᠠᠶ ; ᠰᠣᠯᠢᠯᠴᠠᠭᠠᠨ ᠤ ᠰᠣᠯᠢᠯᠴᠠᠬᠤ ᠴᠢᠬᠤᠯᠠᠲᠠᠶ ᠪᠤᠰᠤᠳ ᠰᠢᠯᠲᠠᠭᠠᠨ ᠡᠴᠠ ᠪᠤᠯᠵᠤ ᠭᠣᠣᠯᠳᠠᠯᠭ᠎ᠠ ᠪᠣᠯ ᠰᠢᠶᠠᠨ ᠤ ᠱᠠᠲᠤᠨ ᠡᠴᠠ ᠳᠡᠭᠡᠭᠰᠢᠬᠢ ᠣᠷᠣᠨ ᠨᠤᠲᠤᠭ ᠤᠨ  ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ᠂ ᠠᠷᠠᠳ ᠤᠨ ᠰᠢᠭᠦᠬᠦ ᠬᠣᠷᠢᠶ᠎ᠠ ᠂ ᠠᠷᠠᠳ ᠤᠨ ᠪᠠᠶᠢᠴᠠᠭᠠᠬᠤ ᠬᠣᠷᠢᠶ᠎ᠠ᠂ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠬᠡᠰᠡᠭ ᠠᠵᠢᠯ ᠤᠨ ᠰᠠᠯᠠᠭ᠎ᠠ ᠮᠥᠴᠢᠷ ᠦᠨ ᠭᠣᠣᠯ ᠤᠳᠤᠷᠢᠳᠤᠯᠭ᠎ᠠ ᠪᠦᠷᠢᠯᠳᠦᠬᠦᠨ ᠪᠣᠯᠤᠭᠰᠠᠨ ᠪᠠᠶᠢᠨ᠎ᠠ ᠃
    ( ᠬᠣᠶᠠᠷ ) ᠣᠷᠣᠨ ᠨᠤᠲᠤᠭ ᠤᠨ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠥᠷᠢᠯᠳᠦᠭᠦᠨ ᠢ ᠵᠠᠷᠴᠢᠮ ᠳᠡᠭᠡᠷ᠎ᠡ ᠪᠡᠨ ᠨᠢᠭᠡ ᠬᠤᠭᠤᠴᠠᠭ᠎ᠠ ᠶ᠋ᠢ ᠳᠠᠭᠤᠰᠲᠠᠯ᠎ᠠ ᠲᠤᠰᠢᠶᠠᠯ ᠡᠭᠦᠷᠭᠡᠯᠡᠵᠦ ᠂ ᠠᠳᠠᠯᠢ ᠨᠢᠭᠡᠨ ᠠᠵᠢᠯ ᠤᠨ ᠪᠠᠶᠢᠷᠢ ᠳᠡᠭᠡᠷ᠎ᠡ ᠲᠤᠰᠢᠶᠠᠯ ᠡᠭᠦᠷᠭᠡᠯᠡᠵᠦ ᠪᠠᠶᠢᠭ᠎ᠠ ᠪᠦᠬᠦᠯᠢ ᠠᠷᠪᠠᠨ ᠵᠢᠯ ᠪᠣᠯᠤᠭᠰᠠᠨ ᠪᠠᠶᠢᠪᠠᠯ ᠂ ᠡᠷᠬᠡᠪᠰᠢ ᠰᠣᠯᠢᠯᠴᠠᠭ᠎ᠠ ᠬᠢᠬᠦ ; ᠠᠳᠠᠯᠢ ᠨᠢᠭᠡᠨ ᠲᠤᠰᠢᠶᠠᠯ ᠢ ᠦᠷᠭᠦᠯᠵᠢᠯᠡᠨ ᠲᠤᠰᠢᠶᠠᠯ ᠬᠠᠷᠢᠭᠤᠴᠠᠬᠤ ᠬᠣᠶᠠᠷ ᠲᠤᠰᠢᠶᠠᠯ ᠤᠨ ᠬᠤᠭᠤᠴᠠᠭ᠎ᠠ ᠨᠢ ᠬᠦᠷᠴᠦ ᠂ ᠨᠡᠷ᠎ᠡ ᠳᠤᠷᠠᠳᠬᠤ ᠪᠤᠶᠤ ᠠᠳᠠᠯᠢ ᠨᠢᠭᠡᠨ ᠲᠤᠰᠢᠶᠠᠯ ᠡᠭᠦᠷᠭᠡᠯᠡᠵᠦ ᠪᠣᠯᠤᠨ᠎ᠠ ᠃ ᠠᠳᠠᠯᠢ ᠨᠢᠭᠡᠨ ᠭᠠᠵᠠᠷ (ᠰᠠᠯᠠᠭ᠎ᠠ ᠮᠥᠴᠢᠷ) ᠨᠠᠮ ᠵᠠᠰᠠᠭ ᠤᠨ ᠵᠢᠩᠬᠢᠨᠢ ᠲᠤᠰᠢᠶᠠᠯᠲᠠᠨ ᠢ ᠡᠩ ᠦᠨ ᠪᠠᠶᠢᠳᠠᠯ ᠳ᠋ᠦ ᠠᠳᠠᠯᠢ ᠪᠤᠰᠤ ᠦᠶ᠎ᠡ ᠳ᠋ᠦ ᠰᠣᠯᠢᠬᠤ ᠬᠡᠷᠡᠭᠲᠡᠢ ᠃
    ( ᠭᠤᠷᠪᠠ ) ᠨᠠᠮ ᠵᠠᠰᠠᠭ ᠤᠨ ᠪᠠᠶᠢᠭᠤᠯᠭ᠎ᠠ ᠶ᠋ᠢᠨ ᠳᠣᠲᠣᠭᠠᠳᠤ ᠪᠠᠶᠢᠭᠤᠯᠤᠮᠵᠢ ᠂  ᠭᠠᠵᠠᠷ ᠤᠨ ᠳᠠᠷᠤᠭ᠎ᠠ ᠶ᠋ᠢᠨ ᠲᠡᠰ ᠡᠴᠡ ᠳᠡᠭᠡᠭᠰᠢᠬᠢ ᠤᠳᠤᠷᠢᠳᠬᠤ ᠺᠠᠲᠷ ᠤᠨ ᠠᠳᠠᠯᠢ ᠨᠢᠭᠡᠨ ᠠᠵᠢᠯ ᠤᠨ ᠪᠠᠶᠢᠷᠢ ᠳᠡᠭᠡᠷ᠎ᠡ ᠲᠤᠰᠢᠶᠠᠯ ᠡᠭᠦᠷᠭᠡᠯᠡᠬᠦ ᠬᠤᠭᠤᠴᠠᠭ᠎ᠠ ᠨᠢ ᠨᠡᠯᠢᠶᠡᠳ ᠤᠷᠲᠤ᠂ ᠡᠰᠡᠬᠦᠯ᠎ᠡ ᠠᠵᠢᠯ ᠤᠨ ᠪᠠᠶᠢᠷᠢ ᠶ᠋ᠢ ᠡᠭᠡᠯᠵᠢᠯᠡᠭᠦᠯᠦᠨ ᠰᠣᠯᠢᠯᠴᠠᠬᠤ ᠬᠡᠷᠡᠭᠲᠡᠶ ᠃
    ( ᠲᠦᠷᠪᠡ ) ᠥᠩᠭᠡᠷᠡᠯᠲᠡ ᠨᠢ ᠵ ᠠᠷᠢᠮᠳᠤᠭ ᠪᠤᠶᠤ ᠦᠨᠳᠦᠰᠦᠨ ᠱᠠᠲᠤᠨ ᠳ᠋ᠦ ᠠᠵᠢᠯᠯᠠᠭᠰᠠᠨ ᠥᠩᠭᠡᠷᠡᠯᠲᠡ ᠪᠡᠷ ᠳᠤᠲᠠᠮᠠᠭ ᠵᠠᠯᠠᠭᠤ ᠺᠠᠲᠷᠴᠤᠳ ᠢ ᠲᠥᠯᠥᠪᠯᠡᠭᠡ ᠲᠡᠶ ᠪᠡᠷ ᠦᠨᠳᠦᠰᠦᠨ ᠱᠠᠲᠤᠨ ᠳ᠋ᠦ ᠣᠴᠢᠵᠤ ᠂ ᠪᠡᠷᠬᠡ ᠬᠠᠲᠠᠭᠤᠵᠢᠯᠲᠠᠶ ᠵᠠᠬ᠎ᠠ ᠬᠢᠵᠠᠭᠠᠷ ᠣᠷᠣᠨ ᠪᠠ ᠲᠦᠪᠡᠭ ᠪᠤᠳᠤᠯᠢᠶᠠᠨ ᠲᠠᠶ ᠣᠷᠴᠢᠨ  ᠨᠥᠭᠦᠴᠡᠯ ᠦᠨ ᠠᠵᠢᠯ ᠢ ᠬᠢᠯᠭᠡᠨ᠎ᠡ ᠃
    ( ᠲᠠᠪᠤ )  ᠺᠠᠲᠷ ᠤᠨ ᠰᠣᠯᠢᠯᠴᠠᠭ᠎ᠠ ᠶ᠋ᠢᠢ ᠴᠢᠩᠭᠠᠳᠬᠠᠬᠤ ᠳᠡᠭᠡᠷ᠎ᠡ ᠡᠴᠡ ᠨᠢᠭᠡᠳᠦᠯᠲᠡᠶ ᠴᠤᠭᠯᠠᠭᠤᠯᠬᠤ ᠪᠣᠯᠭᠠᠨ᠎ᠠ᠃ ᠭᠠᠵᠠᠷ ᠣᠷᠣᠨ ᠤ ᠬᠣᠭᠣᠷᠣᠨᠳᠣᠬᠢ ᠂ ᠰᠠᠯᠠᠭ᠎ᠠ  ᠮᠥᠴᠢᠷ ᠦᠨ ᠬᠣᠭᠣᠷᠣᠨᠳᠣᠬᠢ᠂ ᠣᠷᠣᠨ ᠨᠤᠲᠤᠭ ᠪᠣᠯᠤᠨ ᠰᠠᠯᠠᠭ᠎ᠠ ᠮᠥᠴᠢᠷ ᠦᠨ ᠬᠣᠭᠣᠷᠣᠨᠳᠣᠬᠢ ᠂ ᠨᠠᠮ ᠵᠠᠰᠠᠭ ᠤᠨ ᠪᠠᠶᠢᠭᠤᠯᠭ᠎ᠠ ᠪᠣᠯᠤᠨ ᠤᠯᠤᠰ ᠤᠨ ᠥᠮᠴᠢᠯᠡᠯ ᠦᠨ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠪᠣᠯᠤᠨ ᠪᠤᠰᠤᠳ ᠨᠡᠶᠢᠭᠡᠮ ᠦᠨ ᠵᠣᠬᠢᠶᠠᠨ ᠪᠠᠶᠢᠭᠤᠯᠤᠯᠲᠠ ᠶ᠋ᠢᠨ ᠬᠣᠭᠣᠷᠣᠨᠳᠣᠬᠢ ᠺᠠᠲᠷ ᠤᠨ ᠰᠣᠯᠢᠯᠴᠠᠭ᠎ᠠ ᠶ᠋ᠢ ᠴᠢᠩᠭᠠᠳᠬᠠᠨ᠎ᠠ ᠃
    ( ᠵᠢᠷᠭᠤᠭ᠎ᠠ ) ᠺᠠᠲᠷ ᠢ ᠰᠣᠯᠢᠯᠴᠠᠬᠤ ᠶᠠᠪᠤᠳᠠᠯ ᠢ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠵᠢᠴᠢ ᠲᠡᠭᠦᠨ ᠤ ᠵᠣᠬᠢᠶᠠᠨ ᠪᠠᠶᠢᠭᠤᠯᠬᠤ ( ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠦᠨ ᠺᠠᠲᠷ ᠢ ᠬᠠᠮᠢᠶᠠᠷᠬᠤ ᠡᠷᠬᠡ ᠶ᠋ᠢᠨ ᠬᠡᠪᠴᠢᠶ᠎ᠡ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠩᠭ᠎ᠠ ᠡᠵᠡᠮᠰᠢᠵᠦ ᠬᠢᠷᠬᠡᠮ ᠦᠨ ᠨᠥᠬᠥᠴᠡᠯ ᠮᠥᠨ ᠃ ᠺᠠᠲᠷ ᠤᠨ ᠬᠤᠪᠢ ᠬᠥᠮᠦᠨ ᠥᠪᠡᠰᠦᠪᠡᠨ ᠬᠠᠷᠢᠯᠴᠠᠭ᠎ᠠ ᠰᠣᠯᠢᠯᠴᠠᠭᠠᠨ ᠤ ᠶᠠᠪᠤᠳᠠᠯ ᠢ ᠤᠳᠤᠷᠢᠳᠬᠤ ᠺᠠᠲᠷ ᠤᠨ ᠰᠣᠯᠢᠯᠴᠠᠭ᠎ᠠ ᠪᠣᠯᠬᠤ ᠬᠥᠮᠦᠨ ᠢ ᠵᠢᠭᠠᠨ ᠲᠣᠭᠲᠠᠭᠠᠵᠤ ᠪᠣᠯᠬᠤ ᠦᠭᠡᠢ ᠃ ᠠᠳᠠᠯᠢ ᠨᠢᠭᠡᠨ ᠺᠠᠲᠷ ᠢ ᠤᠯᠠᠨ ᠰᠣᠯᠢᠯᠴᠠᠵᠤ ᠪᠣᠯᠬᠤ ᠦᠭᠡᠢ ᠃
     ( ᠲᠤᠯᠤᠭ᠎ᠠ ) ᠰᠣᠯᠢᠯᠴᠠᠭᠠᠨ  ᠤ ᠺᠠᠲᠷ ᠲᠤᠰᠢᠶᠠᠯ ᠡᠭᠦᠷᠭᠡᠯᠡᠬᠦ ᠮᠡᠳᠡᠭᠳᠡᠯ ᠣᠯᠤᠭᠰᠠᠨ ᠤ ᠳᠠᠷᠠᠭ᠎ᠠ᠂ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠪᠤᠶᠤ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ ) ᠰᠠᠯᠠᠭ᠎ᠠ ᠮᠥᠴᠢᠷ ᠦᠨ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠨᠢ ᠠᠵᠢᠯ ᠤᠨ ᠣᠷᠤᠨ ᠪᠠᠶᠢᠷᠢ ᠳ᠋ᠤ ᠪᠠᠨ ᠬᠦᠷᠬᠦ ᠬᠡᠷᠡᠭᠲᠡᠢ ᠃ ᠭᠠᠵᠠᠷ ᠣᠷᠣᠨ ᠠᠯᠤᠰᠯᠠᠭᠰᠠᠨ ᠂ ᠰᠠᠯᠠᠭ᠎ᠠ ᠮᠥᠴᠢᠷ ᠠᠯᠤᠰᠯᠠᠭᠰᠠᠨ ᠰᠣᠯᠢᠯᠴᠠᠭ᠎ᠠ᠂ ᠡᠭᠦᠨ ᠤ ᠬᠠᠮᠲᠤ ᠵᠠᠰᠠᠭ ᠵᠠᠬᠢᠷᠭᠠᠨ ᠤ ᠬᠠᠷᠢᠴᠠᠭ᠎ᠠ ᠶ᠋ᠢ ᠨᠡᠭᠦᠯᠭᠡᠨ ᠰᠢᠯᠵᠢᠭᠦᠯᠬᠦ ᠬᠡᠷᠡᠭᠲᠡᠶ ᠂  ᠴᠠᠯᠢᠩ ᠤᠨ ᠬᠠᠷᠢᠴᠠᠭ᠎ᠠ ᠪᠠ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠬᠠᠷᠢᠴᠠᠭ᠎ᠠ ᠪᠠᠨ ᠰᠡᠷᠭᠦᠭᠡᠭᠰᠡᠨ ᠪᠠᠶᠢᠨ᠎ᠠ ᠃
    ᠲᠠᠪᠢᠨ ᠲᠠᠪᠤᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ ᠬᠦᠯᠢᠶᠡᠬᠦ ᠳᠡᠭᠡᠨ ᠵᠠᠶᠢᠯᠠᠬᠤ ᠳᠦᠷᠢᠮ  ᠃ ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ ᠬᠦᠯᠢᠶᠡᠬᠦ ᠳᠡᠭᠡᠨ ᠵᠠᠶᠢᠯᠠᠬᠤ ᠲᠦᠷᠦᠯ ᠰᠠᠳᠤᠨ ᠤ ᠬᠠᠷᠢᠴᠠᠭ᠎ᠠ ᠄ ᠡᠷ᠎ᠡ ᠡᠮ᠎ᠡ ᠶ᠋ᠢᠨ ᠬᠠᠷᠢᠴᠠᠭ᠎ᠠ ᠂ ᠰᠢᠭᠤᠳ ᠴᠢᠰᠤᠨ ᠲᠥᠷᠦᠯ ᠦᠨ ᠬᠠᠷᠢᠴᠠᠭ᠎ᠠ ᠂ ᠭᠤᠷᠪᠠᠨ  ᠦᠶ᠎ᠡ ᠶ᠋ᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠤᠢᠷᠦᠯ ᠪᠠ ᠤᠢᠢᠷ᠎ᠠ ᠤᠷᠦᠬ ᠰᠡᠳᠦᠠ ᠤ ᠬᠠᠷᠢᠴᠠᠭ᠎ᠠ᠃ ᠳᠣᠣᠷ᠎ᠠ ᠵᠢᠭᠰᠠᠭᠠᠭᠰᠠᠨ ᠲᠦᠷᠦᠯ ᠰᠠᠲᠤᠨ ᠤ ᠬᠠᠷᠢᠴᠠᠭ᠎ᠠ ᠲᠠᠶ ᠪᠠᠶᠢᠪᠠᠯ ᠪᠣᠯᠬᠤ ᠦᠭᠡᠢ᠂ ᠠᠳᠠᠯᠢ ᠨᠢᠭᠡᠨ ᠪᠠᠶᠢᠭᠤᠯᠭ᠎ᠠ  ᠳ᠋ᠦ ᠬᠣᠶᠠᠷ ᠲᠠᠯ᠎ᠠ ᠪᠠᠷ ᠢᠶᠡᠨ ᠠᠳᠠᠯᠢ ᠨᠢᠭᠡᠨ ᠤᠳᠤᠷᠢᠳᠤᠯᠭ᠎ᠠ  ᠳ᠋ᠤ ᠬᠠᠷᠢᠶᠠᠯᠠᠭᠳᠠᠬᠤ ᠲᠤᠰᠢᠶᠠᠯ ᠪᠤᠶᠤ ᠰᠢᠭᠤᠳ ᠳᠡᠭᠡᠷ᠎ᠡ ᠳᠣᠣᠷ᠎ᠠ ᠱᠠᠲᠤᠨ ᠤ ᠤᠳᠤᠷᠢᠳᠬᠤ ᠬᠠᠷᠢᠴᠠᠭ᠎ᠠ ᠲᠠᠶ ᠲᠤᠰᠢᠶᠠᠯ ᠢ ᠡᠭᠦᠷᠭᠡᠯᠡᠵᠦ᠂ ᠪᠠᠰᠠ ᠨᠢᠭᠡ ᠲᠠᠯ᠎ᠠ ᠶ᠋ᠢᠨ ᠢᠶ᠋ᠡᠨ ᠤᠳᠤᠷᠢᠳᠬᠤ ᠲᠤᠰᠢᠶᠠᠯ ᠬᠠᠷᠢᠭᠤᠴᠠᠵᠤ ᠪᠠᠶᠢᠭ᠎ᠠ ᠪᠠᠶᠢᠭᠤᠯᠭ᠎ᠠ  ᠳ᠋ᠦ ᠵᠣᠬᠢᠶᠠᠨ ᠪᠠᠶᠢᠭᠤᠯᠬᠤ (ᠠᠵᠢᠯᠲᠠᠨ ᠤ ᠶᠠᠪᠤᠳᠠᠯ) ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠯᠳᠠ᠂ ᠡᠳ᠋ ᠦᠨ ᠶᠠᠪᠤᠳᠠᠯ ᠤᠨ ᠠᠵᠢᠯ ᠬᠢᠵᠦ ᠪᠣᠯᠬᠤ ᠦᠭᠡᠢ ᠃.
    ᠤᠳᠤᠷᠢᠳᠬᠤ ᠺᠠᠳ᠋ᠷ ᠪᠣᠯᠤᠭᠰᠠᠳ ᠨᠢ ᠲᠤᠰ ᠬᠥᠮᠦᠨ ᠤ ᠦᠰᠦᠨ ᠪᠣᠶᠢᠵᠢᠭᠰᠠᠨ ᠰᠢᠶᠠᠨ ( ᠬᠤᠳᠠ )  ᠤ  ᠨᠠᠮ ᠤᠨ ᠬᠣᠷᠢᠶ᠎ᠠ ᠂ ᠵᠠᠰᠠᠭ ᠤᠨ ᠣᠷᠳᠣᠨ ᠪᠠ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ᠂ ᠠᠷᠠᠳ ᠤᠨ ᠰᠢᠭᠦᠬᠦ ᠬᠣᠷᠢᠶ᠎ᠠ   ᠠᠷᠠᠳ ᠤᠨ ᠪᠠᠶᠢᠴᠠᠭᠠᠬᠤ ᠬᠣᠷᠢᠶ᠎ᠠ  ᠂  ᠲᠣᠲᠤᠭᠠᠳᠤ ᠶ᠋ᠢ ᠬᠠᠮᠠᠭᠠᠯᠠᠬᠤ ᠰᠠᠯᠠᠭ᠎ᠠ ᠮᠥᠴᠢᠷ ᠦᠨ ᠵᠢᠩᠬᠢᠨᠢ ᠲᠤᠰᠢᠶᠠᠯ ᠤᠨ ᠤᠳᠤᠷᠢᠳᠬᠤ ᠪᠦᠷᠢᠯᠳᠦᠬᠦᠨ᠂ ᠲᠤᠰ ᠬᠥᠮᠦᠨ  ᠤ ᠦᠰᠦᠨ ᠪᠣᠶᠢᠵᠢᠭᠰᠠᠨ ᠬᠣᠲᠠ ᠶ᠋ᠢᠨ ( ᠲᠤᠰᠬᠠᠶ ᠣᠷᠣᠨ ᠪᠣᠯᠬᠤ ᠦᠭᠡᠶ ᠂ ᠠᠶᠢᠮᠠᠭ ) ᠋ᠨᠠᠮ ᠤᠨ ᠬᠣᠷᠢᠢ᠎ᠠ᠂ ᠵᠠᠰᠠᠭ ᠤᠨ ᠣᠷᠳᠣᠨ ᠪᠠ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠂  ᠠᠷᠠᠳ ᠤᠨ ᠰᠢᠭᠦᠬᠦ ᠬᠣᠷᠢᠶ᠎ᠠ ᠂  ᠠᠷᠠᠳ ᠤᠨ ᠪᠠᠶᠢᠴᠠᠭᠠᠬᠤ ᠬᠣᠷᠢᠶ᠎ᠠ ᠂  ᠲᠣᠲᠤᠭᠠᠳᠤ ᠶ᠋ᠢ ᠬᠠᠮᠠᠭᠠᠯᠠᠬᠤ ᠰᠠᠯᠠᠭ᠎ᠠ ᠮᠥᠴᠢᠷ ᠦᠨ ᠵᠢᠩᠬᠢᠨᠢ ᠲᠤᠰᠢᠶᠠᠯ ᠲᠠᠶ ᠤᠳᠤᠷᠢᠳᠬᠤ ᠪᠦᠷᠢᠯᠳᠦᠬᠦᠨ  ᠤ  ᠲᠤᠰᠢᠶᠠᠯ ᠢ ᠡᠭᠦᠷᠭᠡᠯᠡᠵᠦ ᠪᠣᠯᠬᠤ ᠦᠭᠡᠢ ᠃
    ᠲᠠᠪᠢᠨ ᠵᠢᠷᠭᠤᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠢ ᠰᠣᠩᠭᠣᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠵᠠᠶᠢᠯᠠᠬᠤ ᠳᠥᠷᠢᠮ ᠢ ᠬᠡᠷᠡᠭᠵᠢᠭᠦᠯᠦᠨ᠎ᠡ ᠃ ᠨᠠᠮ ᠤᠨ ᠬᠣᠷᠢᠶ᠎ᠠ ( ᠨᠠᠮ ᠤᠨ ᠤᠳᠤᠷᠢᠳᠬᠤ ᠳᠤᠭᠤᠶᠢᠯᠠᠩ) ᠵᠢᠴᠢ ᠲᠡᠭᠦᠨ ᠤ ᠵᠣᠬᠢᠶᠠᠨ ᠪᠠᠶᠢᠭᠤᠯᠬᠤ  ᠠᠵᠢᠯᠲᠠᠨ  ᠤ ᠶᠠᠪᠤᠳᠠᠯ ) ᠰᠠᠯᠠᠭ᠎ᠠ  ᠮᠥᠴᠢᠷ ᠦᠨ ᠶᠠᠷᠢᠯᠴᠠᠬᠤ ᠺᠠᠲᠷ ᠢ ᠲᠣᠮᠢᠯᠠᠬᠤ ᠪᠠ ᠪᠠᠭᠤᠯᠭᠠᠬᠤ᠂ ᠬᠤᠷᠠᠯ  ᠳ᠋ᠦ ᠣᠷᠣᠯᠴᠠᠭᠰᠠᠨ ᠬᠥᠮᠦᠰ ᠦᠨ ᠲᠤᠰ ᠪᠡᠶ᠎ᠡ ᠳᠦᠨᠢ ᠬᠣᠯᠪᠣᠭᠳᠠᠭᠰᠠᠨ ᠵᠢᠴᠢ ᠲᠡᠭᠦᠨ ᠤ ᠲᠦᠷᠦᠯ ᠰᠠᠳᠤᠨ ᠪᠠᠶᠢᠪᠠᠯ᠂ ᠲᠤᠰ ᠬᠥᠮᠦᠨ ᠨᠢ ᠡᠷᠬᠡᠪᠰᠢ ᠵᠠᠶᠢᠯᠠᠬᠤ ᠬᠡᠷᠡᠭᠲᠡᠶ ᠃  ᠺᠠᠲᠷ ᠢ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠭᠡᠰᠢᠭᠦᠨ ᠺᠠᠲᠷ ᠢ ᠰᠢᠯᠭᠠᠨ ᠪᠠᠶᠢᠴᠠᠭᠠᠬᠤ  ᠠᠵᠢᠯ ᠤᠨ ᠳᠤᠮᠳᠠ ᠲᠡᠳᠡᠨ ᠤ ᠭᠡᠷ ᠪᠦᠯᠢ ᠶ᠋ᠢᠨ ᠬᠢᠨ ᠳ᠋ᠦ ᠬᠣᠯᠪᠤᠭᠳᠠᠪᠠᠯ ᠲᠤᠰ ᠬᠥᠮᠦᠨ ᠨᠢ ᠡᠷᠬᠡᠪᠰᠢ ᠵᠠᠶᠢᠯᠠᠬᠤ ᠬᠡᠷᠡᠭᠲᠡᠶ ᠃

    ᠠᠷᠪᠠᠨ ᠨᠢᠭᠡᠳᠦᠭᠡᠷ ᠪᠦᠯᠦᠭ   ᠲᠤᠰᠢᠶᠠᠯ  ᠡᠴᠠ ᠨᠢ ᠪᠠᠭᠤᠯᠭᠠᠬᠤ ᠂ ᠲᠤᠰᠢᠶᠠᠯ ᠡᠴᠠ ᠨᠢ ᠵᠣᠭᠰᠣᠬᠤ ᠂  ᠲᠤᠰᠢᠶᠠᠯ ᠢ ᠨᠢ ᠪᠠᠭᠤᠷᠠᠭᠤᠯᠬᠤ

    ᠲᠠᠪᠢᠨ ᠳᠣᠯᠣᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠂ ᠡᠩ ᠦᠨ ᠪᠠᠶᠢᠳᠠᠯ ᠳ᠋ᠦ ᠲᠤᠰᠢᠶᠠᠯ ᠡᠴᠡ ᠨᠢ ᠪᠠᠭᠤᠯᠭᠠᠨ᠎ᠠ ᠄
   ( ᠨᠢᠭᠡ ) ᠲᠤᠰᠢᠶᠠᠯ ᠡᠭᠦᠷᠭᠡᠯᠡᠬᠦ ᠨᠠᠰᠤᠨ ᠤ ᠬᠢᠵᠠᠭᠠᠷ ᠳ᠋ᠤ ᠬᠦᠷᠦᠭᠰᠡᠨ ᠪᠤᠶᠤ ᠨᠠᠰᠤᠨ ᠤ ᠠᠮᠠᠷᠠᠯᠲᠠ ᠠᠪᠬᠤ ᠨᠠᠰᠤᠨ ᠤ ᠬᠢᠵᠠᠭᠠᠷᠯᠠᠯ  ᠳ᠋ᠤ ᠬᠦᠷᠦᠭᠰᠡᠨ᠃
   ( ᠬᠣᠶᠠᠷ ) ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠᠶᠢᠪᠠᠯ ᠲᠤᠰᠢᠶᠠᠯ ᠡᠴᠡ ᠨᠢ ᠪᠠᠭᠤᠯᠭᠠᠬᠤ ᠬᠡᠷᠡᠭᠲᠡᠶ ᠃
   ( ᠭᠤᠷᠪᠠ ) ᠲᠤᠰᠢᠶᠠᠯ ᠡᠴᠡ ᠪᠠᠨ ᠪᠠᠭᠤᠭᠰᠠᠨ ᠪᠤᠶᠤ ᠰᠢᠯᠵᠢᠭᠦᠯᠦᠨ ᠭᠠᠷᠭᠠᠭᠰᠠᠨ ᠃
   ( ᠲᠦᠷᠪᠡ ) ᠵᠣᠬᠢᠶᠠᠨ ᠪᠠᠶᠢᠭᠤᠯᠤᠯᠲᠠ ᠡᠴᠠ ᠲᠣᠮᠢᠯᠠᠬᠤ ᠂ ᠠᠵᠢᠯ  ᠡᠴᠠ ᠰᠠᠯᠵᠤ ᠰᠤᠷᠤᠯᠴᠠᠬᠤ ᠬᠤᠭᠤᠴᠠᠭ᠎ᠠ ᠨᠢ ᠨᠢᠭᠡ ᠵᠢᠯ ᠡᠴᠡ ᠬᠡᠲᠦᠷᠡᠬᠦ ᠃
   ( ᠲᠠᠪᠤ )  ᠠᠵᠢᠯ ᠤᠨ ᠬᠡᠷᠡᠭᠴᠡᠭᠡ ᠪᠤᠶᠤ ᠪᠤᠰᠤᠳ ᠰᠢᠯᠲᠠᠭᠠᠨ ᠡᠴᠠ ᠪᠣᠯᠵᠤ᠂ ᠪᠠᠭᠤᠯᠭᠠᠬᠤ ᠬᠡᠷᠡᠭᠲᠡᠶ ᠃
    ᠲᠠᠪᠢᠨ ᠨᠠᠢᠮᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ ᠡᠴᠠ ᠪᠠᠨ ᠪᠠᠭᠤᠬᠤ ᠲᠦᠷᠢᠮ ᠃ ᠠᠯᠪᠠᠨ ᠶᠠᠪᠤᠳᠠᠯ ᠢᠶᠠᠷ ᠲᠤᠰᠢᠶᠠᠯ ᠡᠴᠠ ᠪᠠᠨ ᠪᠠᠭᠤᠬᠤ᠂ ᠰᠠᠢᠢᠨ ᠳᠤᠷ᠎ᠠ ᠡᠴᠠ ᠪᠠᠨ ᠲᠤᠰᠢᠶᠠᠯ ᠡᠴᠠ ᠪᠠᠨ ᠪᠠᠭᠤᠬᠤ᠂ ᠲᠤᠰᠢᠶᠠᠯ ᠡᠴᠠ ᠨᠢ ᠪᠠᠭᠤᠯᠭᠠᠬᠤ ᠪᠠ ᠵᠠᠷᠯᠢᠭᠳᠠᠵᠤ ᠪᠠᠶᠢᠭᠠᠳ ᠲᠤᠰᠢᠶᠠᠯ ᠡᠴᠠ ᠨᠢ ᠪᠠᠭᠤᠯᠭᠠᠬᠤ ᠬᠡᠷᠡᠭᠲᠡᠶ ᠃
    ᠲᠤᠰᠢᠶᠠᠯ ᠡᠴᠠ ᠪᠠᠨ ᠪᠠᠭᠤᠬᠤ ᠬᠣᠯᠪᠣᠭᠳᠠᠯ ᠪᠦᠬᠦᠢ ᠲᠣᠭᠲᠠᠭᠠᠯ  ᠳ᠋ᠤ ᠨᠡᠶᠢᠴᠡᠭᠰᠡᠨ ᠪᠠᠶᠢᠬᠤ ᠬᠡᠷᠡᠭᠲᠡᠶ᠂ ᠭᠠᠷ ᠭᠦᠢᠴᠡᠳᠬᠡᠯ ᠨᠢ ᠬᠠᠤᠯᠢ ᠴᠠᠭᠠᠵᠠ ᠪᠤᠶᠤ ᠬᠣᠯᠪᠣᠭᠳᠠᠯ ᠪᠦᠬᠦᠢ ᠲᠣᠭᠲᠠᠭᠠᠯ  ᠵᠢᠷᠤᠮ ᠢᠶᠠᠷ ᠭᠦᠢᠴᠡᠳᠬᠡᠨ᠎ᠡ ᠃
    ᠲᠠᠪᠢ ᠶᠢᠰᠦᠳᠦᠭᠡᠷ ᠵᠦᠢᠯ   ᠠᠯᠳᠠᠭ᠎ᠠ ᠪᠤᠷᠤᠭᠤ ᠪᠠᠨ ᠬᠦᠯᠢᠶᠡᠵᠦ ᠲᠤᠰᠢᠶᠠᠯ ᠡᠴᠠ ᠪᠠᠨ ᠪᠠᠭᠤᠬᠤ ᠂ ᠵᠠᠷᠯᠢᠭᠳᠠᠵᠤ ᠪᠠᠶᠢᠭᠠᠳ ᠲᠤᠰᠢᠶᠠᠯ ᠡᠴᠠ ᠨᠢ ᠪᠠᠭᠤᠯᠭᠠᠬᠤ ᠪᠠ ᠨᠠᠮ ᠵᠠᠰᠠᠭ ᠤᠨ ᠤᠳᠤᠷᠢᠳᠬᠤ ᠺᠠᠳ᠋ᠷ ᠲᠤᠰᠢᠶᠠᠯ ᠡᠴᠠ ᠪᠠᠨ ᠪᠠᠭᠤᠯᠭᠠᠭᠳᠠᠭᠰᠠᠨ ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠂ ᠨᠢᠭᠡ ᠵᠢᠯ ᠦᠨ ᠳᠣᠲᠣᠷ᠎ᠠ ᠲᠤᠰᠢᠶᠠᠯ ᠲᠣᠬᠢᠷᠠᠭᠤᠯᠵᠤ ᠪᠣᠯᠬᠤ ᠦᠭᠡᠢ ᠂ ᠬᠣᠶᠠᠷ ᠵᠢᠯ ᠦᠨ ᠳᠣᠲᠣᠷ᠎ᠠ ᠥᠨᠳᠥᠷ ᠤᠤᠯ ᠨᠢ ᠲᠤᠰᠢᠶᠠᠯ ᠤᠨ ᠳᠡᠰ ᠦᠨᠲᠤᠰᠢᠶᠠᠯ ᠡᠭᠦᠷᠭᠡᠯᠡᠵᠦ ᠪᠣᠯᠬᠤ ᠦᠭᠡᠢ ᠃ ᠡᠭᠦᠨ ᠤ ᠵᠡᠷᠭᠡᠴᠡᠭᠡᠪᠡᠷ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶ᠋ᠢᠨ ᠰᠢᠳᠬᠡᠯ ᠣᠯᠤᠭᠰᠠᠨ᠂ ᠨᠥᠯᠥᠭᠡᠯᠡᠬᠦ ᠴᠠᠭ ᠨᠢ ᠣᠷᠳᠣ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃
    ᠵᠢᠷᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠤᠨ ᠲᠤᠰᠢᠶᠠᠯ ᠪᠠᠭᠤᠷᠠᠭᠤᠯᠬᠤ ᠳᠦᠷᠢᠮ ᠃ ᠨᠠᠮ ᠵᠠᠰᠠᠭ ᠤᠨ ᠤᠳᠤᠷᠢᠳᠬᠤ ᠺᠠᠲᠷ ᠤᠨ ᠬᠢᠨᠠᠨ ᠰᠢᠯᠭᠠᠯᠲᠠ ᠳ᠋ᠤ ᠲᠤᠰᠢᠶᠠᠯ ᠳᠠᠭᠠᠨ ᠤᠢᠯᠦ ᠲᠤᠬᠢᠷᠡᠬᠤ ᠭᠡᠵᠦ ᠲᠣᠭᠳᠠᠭᠠᠭᠳᠠᠭᠰᠠᠨ᠂ ᠠᠵᠢᠯ ᠤᠨ ᠴᠢᠳᠠᠪᠤᠷᠢ ᠨᠢ ᠨᠡᠯᠢᠶᠡᠳ ᠪᠠᠭᠤᠷᠠᠶ ᠂ ᠵᠣᠬᠢᠶᠠᠨ ᠪᠠᠶᠢᠭᠤᠯᠤᠯᠲᠠ ᠶ᠋ᠢᠨ ᠲᠠᠯ᠎ᠠ ᠪᠠᠷ ᠰᠢᠶᠳᠪᠦᠷᠢᠯᠡᠬᠦ ᠪᠤᠶᠤ ᠪᠤᠰᠤᠳ ᠰᠢᠯᠲᠠᠭᠠᠨ ᠡᠴᠡ ᠪᠣᠯᠵᠤ ᠣᠳᠣ ᠪᠣᠯᠬᠤ ᠳ᠋ᠦ ᠵᠤᠬᠢᠰ ᠦᠭᠡᠢ  ᠲᠤᠰᠢᠶᠠᠯ ᠤᠨ ᠳᠡᠰ ᠢ ᠲᠤᠰᠢᠶᠠᠯ ᠪᠠᠭᠤᠷᠠᠭᠤᠯᠤᠨ ᠬᠡᠷᠡᠭᠯᠡᠬᠦ ᠬᠡᠷᠡᠭᠲᠡᠶ ᠃ ᠲᠤᠰᠢᠶᠠᠯ ᠪᠠᠭᠤᠷᠠᠭᠤᠯᠤᠨ ᠬᠡᠷᠡᠭᠯᠡᠬᠦ ᠺᠠᠳ᠋ᠷ᠂ ᠲᠡᠭᠦᠨ ᠤ ᠠᠰᠠᠷᠠᠮᠵᠢ ᠶ᠋ᠢᠨ ᠰᠢᠨ᠎ᠡ ᠪᠠᠷᠢᠮᠵᠢᠶ᠎ᠠ ᠶ᠋ᠢ ᠬᠡᠷᠡᠭᠵᠢᠭᠦᠯᠦᠨ᠎ᠡ ᠃ ᠲᠤᠰᠢᠶᠠᠯ ᠪᠠᠭᠤᠷᠠᠭᠤᠯᠤᠨ ᠬᠡᠷᠡᠭᠯᠡᠬᠦ  ᠺᠠᠲᠷ ᠢ ᠲᠠᠬᠢᠨ ᠳᠡᠪᠰᠢᠭᠦᠯᠦᠨ ᠬᠣᠯᠪᠣᠭᠳᠠᠯ ᠪᠥᠬᠥᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃

    ᠠᠷᠪᠠᠨ ᠬᠣᠶᠠᠳᠤᠭᠠᠷ ᠪᠦᠯᠦᠭ   ᠰᠠᠬᠢᠯᠭ᠎ᠠ ᠪᠠᠲᠤ ᠪᠠ ᠬᠢᠨᠠᠯᠲᠠ ᠲᠠᠯᠪᠢᠬᠤ

    ᠵᠢᠷᠠᠨ ᠨᠢᠭᠡᠳᠦᠭᠡᠷ ᠵᠦᠢᠯ   ᠨᠠᠮ ᠵᠠᠰᠠᠭ ᠤᠨ ᠤᠳᠤᠷᠢᠳᠬᠤ ᠺᠠᠳ᠋ᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠂ ᠲᠤᠰ ᠳᠥᠷᠢᠮ ᠦᠨ ᠡᠯ᠎ᠡ ᠵᠦᠢᠯ ᠦᠨ ᠲᠣᠭᠲᠠᠭᠠᠯ ᠢ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ ᠪᠥᠭᠡᠳ ᠳᠣᠣᠷᠠᠬᠢ ᠰᠠᠬᠢᠯᠭ᠎ᠠ ᠪᠠᠲᠤ ᠶ᠋ᠢ ᠵᠢᠷᠤᠮᠯᠠᠨ ᠰᠠᠬᠢᠬᠤ ᠬᠡᠷᠡᠭᠲᠡᠶ ᠄
   ( ᠨᠢᠭᠡ )  ᠲᠤᠰᠢᠶᠠᠯ ᠤᠨ ᠲᠣᠭ᠎ᠠ ᠡᠴᠠ ᠬᠡᠲᠦᠷᠡᠭᠦᠯᠦᠨ ᠳᠣᠬᠢᠷᠠᠭᠤᠯᠵᠤ ᠪᠣᠯᠬᠤ ᠦᠭᠡᠢ᠂  ᠪᠠᠶᠢᠭᠤᠯᠤᠮᠵᠢ ᠶ᠋ᠢᠨ ᠬᠡᠪᠴᠢᠶ᠎ᠡ ᠡᠴᠡ ᠳᠠᠪᠠᠭᠤᠯᠤᠨ ᠤᠳᠤᠷᠢᠳᠬᠤ ᠺᠠᠳ᠋ᠷ ᠳᠡᠪᠰᠢᠭᠦᠯᠬᠦ ᠂ ᠡᠰᠡᠬᠦᠯ᠎ᠡ ᠲᠣᠭᠲᠠᠭᠠᠯ ᠢ ᠵᠥᠷᠢᠴᠡᠵᠦ᠂  ᠳᠤᠷ᠎ᠠ ᠪᠠᠷ ᠢᠶᠡᠨ ᠲᠤᠰᠢᠶᠠᠯ ᠤᠨ ᠨᠡᠷ᠎ᠡ ᠂  ᠺᠠᠲᠷ ᠤᠨ ᠲᠤᠰᠢᠶᠠᠯ ᠳᠡᠰ ᠦᠨ ᠬᠠᠷᠠᠭᠠᠯᠵᠠᠯ ᠢ  ᠳᠡᠭᠡᠭᠰᠢᠯᠡᠭᠦᠯᠬᠦ ᠬᠡᠷᠡᠭᠲᠡᠢ ;
   ( ᠬᠣᠶᠠᠷ ) ᠲᠥᠪ ᠪᠤᠰᠤ ᠠᠷᠭ᠎ᠠ ᠪᠠᠷᠢᠯ ᠢᠶᠠᠷ ᠪᠡᠶ᠎ᠡ ᠳᠡᠭᠡᠨ ᠪᠤᠶᠤ ᠪᠤᠰᠤᠳ ᠲᠤ ᠲᠤᠰᠢᠶᠠᠯ ᠤᠨ ᠪᠠᠶᠢᠷᠢ ᠣᠯᠵᠤ ᠥᠭᠭᠦᠭᠰᠡᠨ;
   ( ᠭᠤᠷᠪᠠ )  ᠲᠣᠭᠲᠠᠭᠠᠯ ᠢ ᠵᠥᠷᠢᠴᠡᠵᠦ ᠪᠣᠯᠬᠤ ᠦᠭᠡᠢ ᠫᠷᠤᠭ᠍ᠷᠠᠮ ᠲᠠᠨᠢᠯᠴᠠᠭᠤᠯᠬᠤ ᠂ ᠪᠠᠶᠢᠴᠠᠭᠠᠬᠤ᠂ ᠶᠠᠷᠢᠯᠴᠠᠨ ᠲᠣᠭᠲᠠᠭᠠᠵᠤ᠂ ᠺᠠᠲᠷ ᠢ ᠲᠤᠰᠢᠶᠠᠯ  ᠳ᠋ᠦ ᠲᠣᠮᠢᠯᠠᠬᠤ ᠪᠠ ᠲᠤᠰᠢᠶᠠᠯ ᠡᠴᠡ ᠪᠠᠭᠤᠯᠭᠠᠬᠤ;
   ( ᠳᠥᠷᠪᠡ )  ᠳᠤᠷ᠎ᠠ ᠪᠠᠷ ᠢᠶᠡᠨ ᠵᠠᠳᠠᠷᠠᠭᠤᠯᠬᠤ ᠰᠠᠨᠠᠭᠠᠴᠢᠯᠠᠵᠤ ᠂ ᠠᠷᠠᠳᠴᠢᠯᠠᠯ ᠢᠶᠠᠷ ᠲᠠᠨᠢᠯᠴᠠᠭᠤᠯᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠂ ᠪᠠᠶᠢᠴᠠᠭᠠᠬᠤ᠂ ᠶᠠᠷᠢᠯᠴᠠᠵᠤ ᠪᠠᠶᠢᠭᠠᠳ ᠺᠠᠲᠷ ᠢ ᠲᠣᠭᠲᠠᠭᠠᠬᠤ ᠵᠡᠷᠭᠡ ᠬᠣᠯᠪᠣᠭᠳᠠᠯ ᠪᠦᠬᠦᠢ ᠪᠠᠶᠢᠳᠠᠯ ;
   ( ᠲᠠᠪᠤ )  ᠺᠠᠲᠷ ᠢᠰᠢᠯᠭᠠᠨ ᠪᠠᠶᠢᠴᠠᠭᠠᠵᠤ ᠪᠣᠯᠬᠤ ᠦᠭᠡᠢ᠂ ᠠᠵᠢᠯ ᠤᠨ ᠳᠤᠮᠳᠠ ᠪᠠᠨ ᠦᠨᠡᠨ ᠪᠠᠶᠢᠳᠠᠯ ᠢ ᠨᠢᠭᠤᠨ ᠳᠠᠯᠳᠠᠯᠠᠬᠤ ᠪᠤᠶᠤ ᠭᠠᠵᠢᠭᠤᠳᠠᠭᠤᠯᠬᠤ ;
   ( ᠵᠢᠷᠭᠤᠭ᠎ᠠ )  ᠠᠵᠢᠯᠴᠢᠨ ᠢ ᠠᠷᠠᠳᠴᠢᠯᠠᠯ ᠢᠶᠠᠷ ᠲᠠᠨᠢᠯᠴᠠᠭᠤᠯᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠂ ᠵᠣᠬᠢᠶᠠᠨ ᠪᠠᠶᠢᠭᠤᠯᠤᠯᠲᠠ ᠡᠴᠠ ᠬᠢᠨᠠᠨ ᠪᠠᠶᠢᠴᠠᠭᠠᠬᠤ ᠪᠠ ᠰᠣᠩᠭᠣᠭᠤᠯᠢ ᠬᠢᠬᠦ ᠳᠤᠮᠳᠠ ᠫᠢᠶᠣᠣ ᠲᠠᠲᠠᠬᠤ ᠵᠡᠷᠭᠡ ᠵᠣᠬᠢᠶᠠᠨ ᠪᠠᠶᠢᠭᠤᠯᠤᠯᠲᠠ ᠶ᠋ᠢᠨ ᠪᠤᠰᠤ ᠠᠵᠢᠯᠯᠠᠭ᠎ᠠ ᠬᠢᠬᠦ ;
   ( ᠲᠤᠯᠤᠭ᠎ᠠ ) ᠡᠭᠦᠷᠭᠡ ᠲᠤᠰᠢᠶᠠᠯ ᠤᠨ ᠢᠶᠡᠨ ᠳᠥᠭᠦᠮ ᠢ ᠠᠰᠢᠭᠯᠠᠨ ᠲᠤᠤᠷᠠᠳ᠋ᠥ ᠱᠠᠳ᠋ᠤ ᠪᠤᠶᠤ ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠭᠠᠵᠠᠷ ᠂  ᠨᠢᠭᠡᠴᠡ ᠶ᠋ᠢᠨ ᠺᠠᠲᠷ ᠢ ᠰᠣᠩᠭᠣᠨ ᠳᠡᠪᠰᠢᠭᠦᠯᠵᠦ ᠲᠣᠮᠢᠯᠠᠨ ᠬᠡᠷᠡᠭᠯᠡᠬᠦ ;
   ( ᠨᠠᠢᠮᠠ ) ᠪᠠᠶᠢᠭᠤᠯᠤᠮᠵᠢ ᠬᠤᠪᠢᠷᠠᠬᠤ ᠦᠶ᠎ᠡ ᠳ᠋ᠦ ᠠᠵᠢᠯ ᠰᠢᠯᠢᠵᠦ ᠪᠣᠯᠬᠤ ᠦᠭᠡᠢ ᠂ ᠺᠠᠲᠷ ᠢ ᠱᠠᠯᠠᠪᠳᠠᠨ ᠳᠡᠪᠰᠢᠭᠦᠯᠵᠦ᠂ ᠲᠣᠬᠢᠷᠠᠭᠤᠯᠬᠤ ;
   ( ᠶᠢᠰᠦ )  ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ  ᠠᠵᠢᠯ ᠤᠨ ᠳᠤᠮᠳᠠ ᠵᠡᠷᠭᠡ ᠲᠤᠰᠢᠶᠠᠯ ᠥᠭᠬᠦ ᠪᠡᠷ ᠠᠮᠠᠯᠳᠠᠬᠤ᠂ ᠬᠠᠨᠢ ᠬᠠᠮᠰᠠᠭᠠᠲᠠᠨ ᠢᠶᠡᠨ ᠬᠡᠷᠡᠭᠯᠡᠬᠦ  ᠂ ᠠᠰᠢᠭ ᠬᠥᠭᠡᠭᠡᠴᠡᠯᠳᠦᠨ ᠭᠡᠮ ᠦᠢᠯᠡᠳᠬᠦ ;
     ᠺᠠᠲᠷ ᠤᠨ ᠳᠠᠩᠰᠠ ᠡᠪᠬᠡᠮᠡᠯ ᠢ ᠪᠠᠯᠠᠯᠤᠨ ᠵᠠᠰᠠᠵᠤ ᠪᠣᠯᠬᠤ ᠦᠭᠡᠢ᠂ ᠺᠠᠲᠷ ᠤᠨ ᠨᠠᠰᠤ  ᠂ ᠠᠵᠢᠯᠯᠠᠭᠰᠠᠨ ᠣᠨ ᠂ ᠨᠠᠮ ᠤᠨ ᠨᠠᠰᠤ᠂ ᠰᠤᠷᠤᠯᠭ᠎ᠠ ᠶ᠋ᠢᠨ ᠨᠠᠮᠲᠠᠷ ᠂ ᠥᠩᠭᠡᠷᠡᠯᠲᠡ ᠵᠡᠷᠭᠡ ᠲᠠᠯ᠎ᠠ ᠶ᠋ᠢ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ᠃
ᠵᠢᠷᠠᠨ ᠬᠣᠶᠠᠳᠤᠭᠠᠷ ᠵᠦᠢᠯ    ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ  ᠠᠵᠢᠯ ᠤᠨ ᠪᠦᠬᠦ ᠶᠠᠪᠤᠴᠠ ᠳ᠋ᠤ ᠬᠢᠨᠠᠯᠲᠠ ᠲᠠᠯᠪᠢᠵᠤ ᠂ ᠵᠣᠬᠢᠶᠠᠨ ᠪᠠᠶᠢᠭᠤᠯᠬᠤ ᠪᠠ ᠠᠵᠢᠯᠲᠠᠨ ᠤ  ᠶᠠᠪᠤᠳᠠᠯ ᠤᠨᠰᠠᠬᠢᠯᠭ᠎ᠠ  ᠪᠠᠲᠤ ᠶ᠋ᠢᠵᠥᠷᠢᠴᠡᠭᠰᠡᠨ ᠦᠢᠯᠡ  ᠠᠵᠢᠯᠯᠠᠭ᠎ᠠ ᠶ᠋ᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠃
    ᠲᠤᠰ ᠳᠦᠷᠢᠮ ᠲᠣᠭᠲᠠᠭᠠᠯ ᠢ ᠵᠥᠷᠢᠴᠡᠭᠰᠡᠨ ᠵᠦᠢᠯᠡᠰ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ  ᠨᠠᠮ ᠤᠨ ᠬᠣᠷᠢᠢ᠎ᠠ (ᠨᠠᠮ ᠤᠨ ᠤᠳᠤᠷᠢᠳᠬᠤ ᠳᠤᠭᠤᠶᠢᠯᠠᠩ) ᠤᠨ ᠭᠣᠣᠯ ᠤᠳᠤᠷᠢᠳᠬᠤ ᠪᠦᠷᠢᠯᠳᠦᠬᠦᠨ ᠪᠠ ᠬᠠᠮᠢᠶ᠎ᠠ ᠪᠦᠬᠦᠢ ᠤᠳᠤᠷᠢᠳᠬᠤ ᠪᠦᠷᠢᠯᠳᠦᠬᠦᠨ᠂ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ  ᠮᠥᠴᠢᠷ ᠦᠨ ᠬᠣᠯᠪᠣᠭᠳᠠᠯ ᠪᠦᠬᠦᠢ ᠤᠳᠤᠷᠢᠳᠬᠤ ᠪᠦᠷᠢᠯᠳᠦᠬᠦᠨ ᠵᠢᠴᠢ ᠪᠤᠰᠤᠳ ᠰᠢᠭᠤᠳ ᠬᠠᠷᠢᠭᠤᠴᠠᠯᠭ᠎ᠠ ᠲᠠᠶ ᠬᠥᠮᠦᠨ ᠢ ᠵᠣᠬᠢᠶᠠᠨ ᠪᠠᠶᠢᠭᠤᠯᠤᠯᠲᠠ ᠶ᠋ᠢᠨ ᠲᠠᠯ᠎ᠠ ᠪᠠᠷ ᠰᠢᠢᠳᠪᠦᠷᠢᠯᠡᠬᠦ ᠪᠤᠶᠤ ᠰᠠᠬᠢᠯᠭ᠎ᠠ ᠪᠠᠲᠤ ᠶ᠋ᠢᠨ ᠰᠢᠶᠳᠬᠡᠯ ᠥᠭᠭᠦᠨ᠎ᠡ ᠃ ᠵᠦᠢ ᠶᠣᠰᠣᠨ ᠤ ᠤᠴᠢᠷ ᠰᠢᠯᠲᠠᠭᠠᠨ ᠦᠭᠡᠢ ᠵᠣᠬᠢᠶᠠᠨ ᠪᠠᠶᠢᠭᠤᠯᠵᠤ ᠲᠠᠢᠢᠴᠢᠯᠠᠨ ᠪᠤᠶᠤ ᠰᠣᠯᠢᠯᠴᠠᠬᠤ  ᠲᠣᠭᠲᠠᠭᠠᠯ ᠢ ᠳᠠᠭᠠᠬᠤ ᠦᠭᠡᠢ᠂ ᠬᠠᠤᠯᠢ ᠴᠠᠭᠠᠵᠠ ᠵᠢᠴᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠢᠶᠠᠯ ᠡᠴᠡ ᠨᠢ ᠪᠠᠭᠤᠯᠭᠠᠬᠤ ᠪᠤᠶᠤ ᠲᠤᠰᠢᠶᠠᠯ ᠢ ᠨᠢ  ᠪᠠᠭᠤᠷᠠᠭᠤᠯᠵᠦ ᠬᠡᠷᠡᠭᠯᠡᠬᠦ ᠬᠡᠷᠡᠭᠲᠡᠶ ᠃
    ᠵᠢᠷᠠᠨ ᠭᠤᠷᠪᠠᠳᠤᠭᠠᠷ ᠵᠦᠢᠯ   ᠨᠠᠮ ᠵᠠᠰᠠᠭ ᠤᠨ ᠤᠳᠤᠷᠢᠳᠬᠤ ᠺᠠᠲᠷ ᠢ ᠰᠣᠩᠭᠣᠨ ᠳᠡᠪᠰᠢᠭᠦᠯᠵᠦ ᠲᠣᠮᠢᠯᠠᠨ ᠬᠡᠷᠡᠭᠯᠡᠬᠦ  ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠃ ᠠᠯᠢᠪᠠ ᠬᠥᠮᠦᠨ ᠬᠡᠷᠡᠭᠯᠡᠬᠦ ᠰᠠᠶᠢᠲᠤᠷ ᠬᠢᠨᠠᠨ ᠪᠠᠶᠢᠴᠠᠭᠠᠭᠰᠠᠨ ᠦᠬᠡᠢ ᠠᠯᠳᠠᠰᠢ ᠭᠠᠷᠭᠠᠵᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠦᠨ ᠢᠶ᠋ᠡᠨ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠬᠦᠨᠳᠦ ᠨᠣᠴᠢᠲᠠᠶ ᠪᠠᠶᠢᠪᠠᠯ ᠂ ᠺᠠᠳ᠋ᠷ ᠤᠯᠠᠨ ᠲᠦᠮᠡᠨ  ᠤ ᠲᠤᠰᠬᠠᠯ ᠶᠡᠬᠡᠲᠡᠶ ᠵᠢᠴᠢ ᠵᠣᠬᠢᠶᠠᠨ ᠪᠠᠶᠢᠭᠤᠯᠤᠯᠲᠠ ᠠᠵᠢᠯᠲᠠᠨ  ᠤ ᠶᠠᠪᠤᠳᠠᠯ  ᠳ᠋ᠤ ᠬᠣᠯᠪᠣᠭᠳᠠᠭᠰᠠᠨ ᠰᠠᠬᠢᠯᠭ᠎ᠠ  ᠪᠠᠲᠤ ᠶ᠋ᠢ ᠵᠥᠷᠢᠴᠡᠭᠰᠡᠨ ᠠᠵᠢᠯᠯᠠᠭ᠎ᠠ ᠶ᠋ᠢ ᠪᠠᠶᠢᠴᠠᠭᠠᠵᠤ ᠰᠢᠶᠳᠪᠦᠷᠢᠯᠡᠬᠦ ᠨᠢ ᠬᠦᠴᠦᠲᠡᠶ ᠪᠢᠰᠢ᠂ ᠪᠣᠳᠠᠲᠠᠶ  ᠪᠠᠶᠢᠳᠠᠯ ᠢ ᠦᠨᠳᠦᠰᠦᠯᠡᠵᠦ᠂ ᠡᠷᠡᠭᠦᠦ ᠶ᠋ᠢᠨ ᠨᠠᠮ ᠤᠨ ᠬᠣᠷᠢᠶ᠎ᠠ ( ᠨᠠᠮ ᠤᠨ ᠤᠳᠤᠷᠢᠳᠬᠤ  ᠳᠤᠭᠤᠶᠢᠯᠠᠩ ) ᠤᠨ ᠭᠣᠣᠯ ᠤᠳᠤᠷᠢᠳᠬᠤ ᠪᠦᠷᠢᠯᠳᠦᠬᠦᠨ ᠂ ᠬᠣᠯᠪᠣᠭᠳᠠᠯ ᠪᠦᠬᠦᠢ ᠤᠳᠤᠷᠢᠳᠬᠤ ᠪᠦᠷᠢᠯᠳᠦᠬᠦᠨ ᠂ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ) ᠰᠠᠯᠠᠭ᠎ᠠ ᠮᠥᠴᠢᠷ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ  ᠪᠠᠶᠢᠭᠤᠯᠭ᠎ᠠ ᠶ᠋ᠢᠨ ᠬᠣᠯᠪᠣᠭᠳᠠᠯ ᠪᠦᠬᠦᠢ ᠤᠳᠤᠷᠢᠳᠬᠤ ᠪᠦᠷᠢᠯᠳᠦᠬᠦᠨ ᠪᠠ ᠪᠤᠰᠤᠳ ᠰᠢᠭᠤᠳ ᠬᠠᠷᠢᠭᠤᠴᠠᠯᠭ᠎ᠠ ᠲᠠᠶ ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠨ᠎ᠡ ᠃
    ᠵᠢᠷᠠᠨ ᠳᠥᠷᠪᠡᠳᠦᠭᠡᠷ ᠵᠦᠢᠯ    ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠵᠢᠴᠢ ᠲᠡᠭᠦᠨ  ᠤ ᠵᠣᠬᠢᠶᠠᠨ ᠪᠠᠶᠢᠭᠤᠯᠬᠤ ( ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠦᠨ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠪᠠ ᠲᠤᠰ ᠳᠥᠷᠢᠮ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠬᠤ᠂ ᠬᠦᠯᠢᠶᠡᠨ ᠠᠪᠴᠤ ᠰᠢᠶᠳᠪᠦᠷᠢᠯᠡᠨ ᠂  ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ  ᠳ᠋ᠦ ᠢᠯᠡᠴᠢᠯᠡᠨ ᠮᠡᠳᠡᠭᠦᠯᠬᠦ ᠂ ᠭᠣᠮᠣᠳᠠᠯ ᠲᠣᠭᠠᠴᠢᠬᠤ᠂ ᠬᠣᠷᠢᠭᠯᠠᠬᠤ᠂ ᠲᠤᠰ ᠳᠥᠷᠢᠮ ᠢ ᠵᠥᠷᠢᠴᠡᠭᠰᠡᠨ ᠠᠵᠢᠯᠯᠠᠭ᠎ᠠ ᠶ᠋ᠢ ᠵᠠᠯᠠᠷᠠᠭᠤᠯᠬᠤ᠍ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠳ᠋ᠦ ᠰᠢᠶᠳᠪᠦᠷᠢᠯᠡᠬᠦ ᠰᠠᠨᠠᠯ ᠳᠤᠷᠠᠳᠬᠤ ᠪᠤᠶᠤ ᠰᠢᠶᠳᠪᠦᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ ᠃
    ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠂ ᠲᠣᠭᠣᠷᠢᠨ ᠪᠠᠶᠢᠴᠠᠭᠠᠬᠤ ᠪᠠᠶᠢᠭᠤᠯᠤᠮᠵᠢ ᠨᠤᠭᠤᠳ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠂  ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠳ᠋ᠦ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ ᠃
    ᠵᠢᠷᠠᠨ ᠲᠠᠪᠤᠳᠤᠭᠠᠷ ᠵᠦᠢᠯ   ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ) ᠰᠠᠯᠠᠭ᠎ᠠ ᠮᠥᠴᠢᠷ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠣᠭᠣᠮᠲᠠ ᠵᠡᠷᠭᠡ ᠬᠣᠯᠪᠣᠭᠳᠠᠯ ᠪᠦᠬᠦᠢ ᠨᠢᠭᠡᠴᠢ ᠨᠦᠭᠦᠳ ᠬᠠᠮᠲᠤᠷᠠᠭᠰᠠᠨ ᠬᠤᠷᠠᠯ ᠤᠨ ᠳᠥᠷᠢᠮ ᠢ ᠪᠠᠶᠢᠭᠤᠯᠵᠤ᠂ ᠳᠠᠷᠤᠶ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠳ᠋ᠦ ᠲᠠᠯᠪᠢᠬᠤ ᠬᠢᠨᠠᠯᠲᠠ ᠶ᠋ᠢ ᠴᠢᠩᠭᠠᠳᠬᠠᠵᠤ ᠂ ᠮᠡᠳᠡᠭᠡ ᠵᠠᠩᠬᠢ ᠶ᠋ᠢ ᠨᠡᠪᠲᠡᠷᠡᠭᠦᠯᠬᠦ ᠂  ᠪᠠᠶᠢᠳᠠᠯ ᠢᠶᠡᠨ ᠰᠣᠯᠢᠯᠴᠠᠬᠤ ᠰᠠᠨᠠᠯ ᠪᠠ ᠰᠠᠨᠠᠭᠤᠯᠭ᠎ᠠ ᠳᠤᠷᠠᠳᠪᠠ ᠃  ᠨᠤᠲᠤᠭ ᠤᠨ ᠬᠠᠮᠲᠤᠷᠠᠭᠰᠠᠨ ᠬᠤᠷᠠᠯᠳᠤᠭᠠᠨ ᠢ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ) ᠰᠠᠯᠠᠭ᠎ᠠ ᠮᠥᠴᠢᠷ ᠡᠴᠠ ᠬᠤᠷᠠᠯᠳᠤᠭᠤᠯᠬᠤ ᠬᠡᠷᠡᠭᠲᠡᠶ ᠃
    ᠵᠢᠷᠠᠨ ᠵᠢᠷᠭᠤᠳᠤᠭᠠᠷ ᠵᠦᠢᠯ    ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ ) ᠵᠢᠴᠢ ᠲᠡᠭᠦᠨ ᠤ ᠵᠣᠬᠢᠶᠠᠨ ᠪᠠᠶᠢᠭᠤᠯᠬᠤ (ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠦᠨ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠤᠮᠳᠠ ᠂ ᠲᠤᠰ ᠳᠥᠷᠢᠮ ᠢᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠶ ᠂ ᠵᠣᠬᠢᠶᠠᠨ ᠪᠠᠶᠢᠭᠤᠯᠤᠯᠲᠠ ᠶ᠋ᠢᠨ ᠬᠢᠨᠠᠯᠲᠠ ᠪᠠ ᠤᠯᠠᠨ ᠲᠦᠮᠡᠨ ᠤ ᠬᠢᠨᠠᠯᠲᠠ ᠶ᠋ᠢ ᠤᠬᠠᠮᠰᠠᠷ ᠡᠴᠡ ᠪᠠᠨ ᠬᠦᠯᠢᠶᠡᠬᠦ ᠬᠡᠷᠡᠭᠲᠡᠶ ᠃ ᠲᠤᠤᠷᠠᠳᠤ ᠱᠠᠲᠤᠨ  ᠤ ᠪᠠᠶᠢᠭᠤᠯᠤᠯᠭ᠎ᠠ ᠪᠠ  ᠨᠠᠮ ᠤᠨ ᠭᠡᠰᠢᠭᠦᠨ᠂ ᠺᠠᠳ᠋ᠷ  ᠤᠯᠠᠨ ᠲᠦᠮᠡᠨ ᠤ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠤᠮᠳᠠᠬᠢ ᠰᠠᠬᠢᠯᠭ᠎ᠠ ᠪᠠᠲᠤ ᠲᠦᠷᠢᠮ ᠲᠣᠭᠲᠠᠭᠠᠯ ᠡᠴᠠ ᠵᠥᠷᠢᠴᠡᠭᠰᠡᠨ ᠂ ᠳᠡᠭᠡᠳᠦ ᠱᠠᠲᠤᠨ ᠤ ᠨᠠᠮ ᠤᠨ ᠬᠣᠷᠢᠶ᠎ᠠ (ᠨᠠᠮ ᠤᠨ ᠤᠳᠤᠷᠢᠳᠬᠤ ᠳᠤᠭᠤᠶᠢᠯᠠᠩ) ᠵᠢᠴᠢ ᠲᠡᠭᠦᠨ ᠤ ᠵᠣᠬᠢᠶᠠᠨ ᠪᠠᠶᠢᠭᠤᠯᠬᠤ ( ᠠᠵᠢᠯᠲᠠᠨ  ᠤ ᠶᠠᠪᠤᠳᠠᠯ ) ᠰᠠᠯᠠᠭ᠎ᠠ ᠮᠥᠴᠢᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳ᠋ᠤ ᠢᠯᠡᠴᠢᠯᠡᠨ ᠮᠡᠳᠡᠭᠦᠯᠬᠦ᠂ ᠭᠣᠮᠣᠳᠠᠯ ᠲᠣᠭᠠᠴᠢᠬᠤ ᠂ ᠬᠦᠯᠢᠶᠡᠨ ᠠᠪᠤᠭᠰᠠᠨ ᠰᠠᠯᠠᠭ᠎ᠠ ᠮᠥᠴᠢᠷ ᠪᠠ ᠪᠠᠶᠢᠭᠤᠯᠭ᠎ᠠ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠬᠦ ᠬᠡᠷᠡᠭᠲᠡᠶ ᠃

    ᠠᠷᠪᠠᠨ ᠭᠤᠷᠪᠠᠳᠤᠭᠠᠷ ᠪᠦᠯᠦᠭ   ᠳᠠᠭᠠᠯᠳᠤᠭᠤᠯᠤᠭᠰᠠᠨ ᠲᠤᠢᠷᠢᠮ

    ᠵᠢᠷᠠᠨ ᠳᠣᠯᠣᠳᠤᠭᠠᠷ ᠵᠦᠢᠯ   ᠲᠤᠰ ᠳᠥᠷᠢᠮ ᠦᠨ ᠠᠵᠢᠯ ᠤᠨ ᠰᠠᠯᠠᠭ᠎ᠠ ᠮᠥᠴᠢᠷ ᠦᠨ ᠲᠣᠭᠲᠠᠭᠠᠯ ᠬᠠᠮᠲᠤ ᠪᠠᠷ ᠬᠡᠷᠡᠭᠯᠡᠵᠦ ᠪᠣᠯᠬᠤ ᠬᠡᠷᠡᠭ ᠡᠷᠬᠢᠯᠡᠬᠦ  ᠪᠠᠶᠢᠭᠤᠯᠤᠮᠵᠢ ᠶ᠋ᠢ ᠪᠠᠶᠢᠭᠤᠯᠵᠤ ᠂ ᠲᠣᠮᠢᠯᠠᠭᠰᠠᠨ ᠪᠠᠶᠢᠭᠤᠯᠤᠮᠵᠢ ᠂ ᠲᠤᠰᠬᠠᠶ ᠪᠠᠶᠢᠭᠤᠯᠤᠮᠵᠢ ᠵᠢᠴᠢ ᠪᠤᠰᠤᠳ ᠬᠠᠷᠢᠶᠠᠲᠤ ᠪᠠᠶᠢᠭᠤᠯᠤᠮᠵᠢ ᠪᠣᠯᠭᠠᠵᠠᠶ ᠃
    ᠵᠢᠷᠠᠨ ᠨᠠᠢᠮᠠᠳᠤᠭᠠᠷ ᠵᠦᠢᠯ    ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠡᠭᠡᠨ ᠰᠢᠶᠠᠩ ( ᠪᠠᠯᠭᠠᠰᠤ ᠂ ᠵᠡᠭᠡᠯᠢ ᠭᠤᠳᠤᠮᠵᠢ ) ᠨᠠᠮ ᠵᠠᠰᠠᠭ ᠤᠨ ᠤᠳᠤᠷᠢᠳᠬᠤ ᠺᠠᠳ᠋ᠷ ᠂ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠶ᠋ᠢᠨ ᠨᠠᠮ ᠤᠨ ᠬᠣᠷᠢᠶ᠎ᠠ ᠲᠤᠰ  ᠳᠥᠷᠢᠮ ᠢ ᠦᠨᠳᠦᠰᠦᠯᠡᠨ ᠬᠡᠷᠡᠭᠵᠢᠭᠦᠯᠬᠦ ᠠᠷᠭ᠎ᠠ ᠲᠣᠭᠲᠠᠭᠠᠵᠤ ᠪᠣᠯᠤᠨ᠎ᠠ ᠃
    ᠵᠢᠷᠠ ᠶᠢᠰᠦᠳᠦᠭᠡᠷ ᠵᠦᠢᠯ   ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ  ᠤᠯᠤᠰ ᠤᠨ ᠠᠷᠠᠳ ᠤᠨ ᠵᠡᠪᠰᠡᠭᠲᠦ  ᠴᠠᠭᠳᠠᠭ᠎ᠠ ᠶ᠋ᠢᠨ ᠴᠡᠷᠢᠭ ᠠᠩᠬᠢ ᠶ᠋ᠢᠨ ᠤᠳᠤᠷᠢᠳᠬᠤ ᠺᠠᠲᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠷᠭ᠎ᠠ ᠲᠥᠪ ᠦᠨ ᠴᠡᠷᠢᠭ ᠦᠨ ᠶᠠᠪᠤᠳᠠᠯ ᠤᠨ ᠬᠣᠷᠢᠶ᠎ᠠ ᠳᠤᠰ ᠳᠥᠷᠢᠮ ᠢ ᠦᠨᠳᠦᠰᠦᠯᠡᠨ ᠂ ᠵᠠᠷᠴᠢᠮ ᠤᠨ ᠴᠢᠨᠠᠷᠲᠠᠶ ᠲᠣᠭᠲᠠᠭᠠᠯ ᠭᠠᠷᠭᠠᠵᠠᠶ ᠃
    ᠳᠠᠯᠠᠳᠤᠭᠠᠷ ᠵᠦᠢᠯ   ᠲᠣᠰ ᠲᠣᠭᠲᠠᠭᠠᠯ ᠢ ᠨᠠᠮ ᠤᠨ ᠲᠥᠪ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠡᠴᠡ ᠬᠠᠷᠢᠭᠤᠴᠠᠨ ᠲᠠᠶᠢᠯᠪᠤᠷᠢᠯᠠᠨ᠎ᠠ ᠃
    ᠳᠠᠯᠠᠨ ᠨᠢᠭᠡᠳᠦᠭᠡᠷ ᠵᠦᠢᠯ   ᠲᠤᠰ ᠳᠥᠷᠢᠮ ᠢ ᠨᠡᠶᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ 2002 ᠣᠨ  ᠤ 7 ᠰᠠᠷ᠎ᠠ ᠶ᠋ᠢᠨ 9  ᠤ ᠡᠳᠦᠷ ᠨᠠᠮ ᠤᠨ ᠲᠥᠪ ᠬᠣᠷᠢᠶᠠᠨ ᠤ ᠳᠠᠷᠤᠮᠠᠯᠯᠠᠨ ᠲᠠᠷᠬᠠᠭᠠᠭᠰᠠᠨ 《 ᠨᠠᠮ ᠵᠠᠰᠠᠭ ᠤᠨ ᠤᠳᠤᠷᠢᠳᠬᠤ ᠺᠲᠷᠴᠤᠳ ᠢ ᠰᠢᠯᠢᠨ ᠰᠣᠩᠭᠣᠵᠤ ᠲᠤᠰᠢᠶᠠᠯ ᠳ᠋ᠦ ᠲᠣᠮᠢᠯᠠᠬᠤ ᠠᠵᠢᠯ ᠤᠨ ᠳᠥᠷᠢᠮ》 ᠢ ᠳᠠᠭᠠᠤ ᠳᠤᠨᠢ ᠬᠦᠴᠦᠨ ᠦᠭᠡᠢ ᠪᠣᠯᠭᠠᠨ᠎ᠠ ᠃


ᠵᠣᠬᠢᠶᠠᠭᠴᠢ:
ᠢᠷᠡᠯᠲᠡ: