ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠥᠪᠯᠡᠯ ᠦᠨ ᠠᠵᠢᠯ ᠤᠨ ᠳᠦᠷᠢᠮ
ᠨᠢᠭᠡᠳᠦᠭᠡᠷ ᠪᠦᠯᠦᠭ ᠶᠡᠷᠦᠩᠬᠡᠶ ᠲᠤᠢᠷᠢᠮ
ᠨᠢᠭᠡᠳᠦᠭᠡᠷ ᠵᠦᠢᠯ
ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶ᠋ᠢ
ᠨᠡᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ
ᠳᠦᠷᠢᠮᠵᠢᠯᠲᠡ ᠂ ᠳᠦᠷᠢᠮᠵᠢᠭᠦᠯᠦᠯ ᠂ ᠵᠢᠷᠤᠮᠵᠢᠭᠤᠯᠬᠤ ᠶᠢᠨ ᠲᠤᠰᠠᠳᠠ᠂ 《 ᠳᠤᠮᠳᠠᠳᠤ ᠤᠯᠤᠰ ᠤᠨ
ᠡᠪ ᠬᠠᠮᠲᠤ ᠨᠠᠮ ᠤᠨ ᠳᠦᠷᠢᠮ 》 ᠂ 《 ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶ᠋ᠢᠨ
ᠤᠯᠤᠰ ᠲᠦᠷᠦ ᠶ᠋ᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ 》 ᠂ 《 ᠳᠤᠮᠳᠠᠳᠤ ᠤᠯᠤᠰ ᠤᠨ
ᠡᠪ ᠬᠠᠮᠲᠤ ᠨᠠᠮ ᠤᠨ ᠣᠷᠣᠨ ᠨᠤᠲᠤᠭ ᠤᠨ ᠬᠣᠷᠢᠶᠠᠨ ᠤ ᠠᠵᠢᠯ ᠤᠨ ᠲᠦᠷᠢᠮ 》 ᠪᠠ ᠬᠣᠯᠪᠣᠭᠳᠠᠯ
ᠪᠦᠬᠦᠢ ᠨᠠᠮ ᠤᠨ ᠳᠣᠲᠣᠭᠠᠳᠤ ᠶ᠋ᠢᠨ ᠬᠠᠤᠯᠢ ᠲᠣᠭᠲᠠᠭᠠᠯ ᠥᠪᠡᠷᠲᠡᠭᠡᠨ ᠵᠠᠰᠠᠬᠤ ᠣᠷᠣᠨ ᠤ
ᠪᠣᠳᠠᠲᠠᠶ ᠲᠠᠢ ᠤᠶᠠᠯᠳᠤᠭᠤᠯᠤᠨ ᠂ ᠲᠣᠰ ᠲᠦᠷᠢᠮ ᠢ ᠲᠣᠭᠲᠠᠭᠠᠪᠠ ᠃
ᠬᠣᠶᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠦᠬᠦ ᠣᠷᠣᠨ ᠤ ᠪᠦᠬᠦ ᠲᠠᠯ᠎ᠠ ᠶ᠋ᠢ
ᠶᠡᠷᠦᠩᠬᠡᠶᠢᠯᠡᠨ ᠡᠵᠡᠮᠳᠡᠵᠦ ᠂ ᠵᠣᠬᠢᠴᠠᠭᠤᠯᠬᠤ ᠤᠳᠤᠷᠢᠳᠬᠤ ᠭᠣᠣᠯᠯᠠᠭᠴᠢ ᠶ᠋ᠢᠨ ᠦᠢᠯᠡᠳᠦᠯ ᠢ
ᠪᠠᠳᠠᠷᠠᠭᠤᠯᠵᠤ ᠂ ᠪᠦᠬᠦ ᠣᠷᠣᠨ ᠤ ᠠᠵᠤ ᠠᠬᠤᠶ ᠶ᠋ᠢᠨ ᠪᠦᠲᠦᠭᠡᠨ ᠪᠠᠶᠢᠭᠤᠯᠤᠯᠲᠠ᠂ ᠤᠯᠤᠰ
ᠲᠥᠷᠦ ᠶ᠋ᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠶ ᠶ᠋ᠢᠨ ᠪᠣᠯᠤᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠤᠳᠤᠷᠢᠳᠴᠤ ᠂ ᠪᠦᠬᠦ ᠣᠷᠣᠨ ᠤ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠬᠠᠷᠢᠭᠤᠴᠠᠨ᠎ᠠ ᠃
ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠵᠢᠯ ᠢ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠶ ᠄
(
ᠨᠢᠭᠡ ) ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠲᠤᠭ ᠢ
ᠥᠨᠳᠥᠷ ᠮᠠᠨᠳᠤᠭᠤᠯᠤᠨ ᠂ ᠨᠠᠮ ᠤᠨ ᠣᠨᠣᠯ ᠪᠠ ᠱᠤᠭᠤᠮ ᠴᠢᠭᠯᠡᠯᠲᠡ ᠲᠦᠷᠦ ᠶ᠋ᠢᠨ ᠪᠤᠳᠤᠯᠭ᠎ᠠ ᠶ᠋ᠢ
ᠡᠷᠡᠰ ᠲᠤᠤᠱᠯᠠᠭᠤᠯᠵᠤ ᠂ ᠤᠯᠤᠰ ᠲᠦᠷᠦ ᠶ᠋ᠢᠨ ᠤᠬᠠᠮᠰᠠᠷ ᠂ ᠪᠥᠬᠦ ᠲᠠᠯ᠎ᠠ ᠶ᠋ᠢᠨ ᠤᠬᠠᠮᠰᠠᠷ ᠂
ᠭᠣᠣᠯᠯᠠᠬᠤ ᠤᠬᠠᠮᠰᠠᠷ ᠂ ᠨᠢᠭᠡᠳᠦᠯᠲᠡᠶ ᠪᠠᠶᠢᠬᠤ ᠤᠬᠠᠮᠰᠠᠷ ᠢ ᠪᠠᠲᠤ ᠪᠡᠬᠢ ᠪᠣᠯᠭᠠᠵᠤ ᠂
ᠢᠮᠠᠭᠲᠠ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶ᠋ᠢᠨ ᠲᠠᠯ᠎ᠠ ᠪᠠᠷ ᠦᠢᠯᠡ
ᠠᠵᠢᠯᠯᠠᠭ᠎ᠠ ᠶ᠋ᠢᠨ ᠲᠠᠯ᠎ᠠ ᠪᠠᠷ ᠰᠢ ᠶ᠋ᠢᠨ ᠫᠢᠩ ᠨᠥᠬᠥᠷ ᠢᠶᠠᠷ ᠭᠣᠣᠯ ᠪᠣᠯᠭᠠᠭᠰᠠᠨ ᠨᠠᠮ ᠤᠨ
ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠵᠦ᠂ ᠨᠠᠮ ᠤᠨ ᠲᠥᠪ
ᠬᠣᠷᠢᠶᠠᠨ ᠤ ᠡᠷᠬᠡ ᠰᠦᠷ ᠢ ᠡᠷᠡᠰ ᠭᠤᠶ᠋ᠢᠪᠢᠰᠢ ᠦᠬᠡᠢ ᠬᠠᠮᠠᠭᠠᠯᠠᠨ᠎ᠠ ᠃
( ᠬᠣᠶᠠᠷ
) ᠨᠡᠶᠢᠲᠡ ᠶᠢᠨ ᠲᠥᠯᠥᠭᠡ ᠨᠠᠮ ᠪᠠᠶᠢᠭᠤᠯᠬᠤ ᠂ ᠲᠦᠮᠡᠨ ᠤ ᠲᠥᠯᠥᠭᠡ ᠳᠥᠷᠥ ᠪᠠᠷᠢᠬᠤ ᠶᠢ
ᠪᠠᠷᠢᠮᠲᠠᠯᠠᠵᠤ᠂ ᠨᠠᠮ ᠤᠨ ᠵᠣᠷᠢᠯᠲᠠ ᠪᠠ ᠤᠯᠠᠨ ᠲᠦᠮᠡᠨᠴᠢ ᠱᠤᠭᠤᠮ ᠢᠶᠠᠷ ᠶᠠᠪᠤᠬᠤ ᠂ ᠤᠯᠠᠨ
ᠲᠦᠮᠡᠨ ᠤ ᠳᠣᠲᠣᠷ᠎ᠠ ᠡᠴᠠ ᠠᠪᠴᠤ ᠂ ᠤᠯᠠᠨ ᠲᠦᠮᠡᠨ ᠤ ᠳᠤᠮᠳᠠ ᠣᠴᠢᠬᠣ ᠶᠢ ᠨᠠᠷᠢᠨ ᠬᠢᠨᠠᠮᠠᠭᠠᠶ
ᠦᠢᠯᠡᠳᠦᠯᠭᠡᠵᠢᠭᠦᠯᠵᠦ ᠂᠂ ᠠᠷᠠᠳ ᠤᠯᠡᠠ ᠲᠠᠢ ᠬᠡᠵᠢᠶᠡᠳᠡ ᠴᠢᠰᠤ ᠮᠢᠬᠠᠨ ᠤ ᠬᠣᠯᠪᠣᠭ᠎ᠠ ᠲᠠᠢ
ᠪᠠᠶᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠡᠨ ᠠᠷᠠᠳ ᠲᠦᠮᠡᠨ ᠳᠤ ᠦᠢᠯᠡᠴᠢᠯᠡᠨ᠎ᠡ᠃
(
ᠭᠤᠷᠪᠠ ) ᠦᠵᠡᠯ ᠰᠠᠨᠠᠭ᠎ᠠ ᠪᠠᠨ ᠴᠢᠯᠥᠭᠡᠯᠡᠵᠦ ᠂ ᠦᠨᠡᠨ ᠮᠥᠨ ᠢᠶᠠᠷ ᠨᠢ ᠂ ᠴᠠᠭ ᠦᠶ᠎ᠡ ᠲᠠᠢ
ᠵᠡᠷᠭᠡᠴᠡᠨ ᠤᠷᠤᠭᠰᠢᠯᠠᠬᠤ ᠂ ᠦᠨᠡᠨ ᠢ ᠪᠠᠷᠢᠮᠲᠠᠯᠠᠨ ᠪᠣᠳᠠᠲᠠᠶ ᠶ᠋ᠢ ᠡᠷᠬᠢᠮᠯᠡᠬᠦ ᠂
ᠥᠪᠡᠷᠲᠡᠭᠡᠨ ᠵᠠᠰᠠᠬᠤ ᠣᠷᠣᠨ ᠤ ᠪᠣᠳᠠᠲᠠᠶ ᠡᠴᠠ ᠭᠠᠷᠳᠠᠬᠤ ᠂᠂ ᠠᠵᠢᠯ ᠢᠶᠡᠨ ᠪᠦᠲᠦᠭᠡᠯᠴᠢ ᠪᠠᠷ
ᠥᠷᠨᠢᠭᠦᠯᠬᠦ ᠢ ᠪᠠᠷᠢᠮᠲᠠᠯᠠᠬᠤ ᠬᠡᠷᠡᠭᠲᠡᠢ᠃
( ᠲᠦᠷᠪᠡ ) ᠠᠷᠠᠳᠴᠢᠯᠠᠯ
ᠲᠥᠪᠯᠡᠷᠡᠯ ᠤᠨ ᠶᠣᠰᠣ ᠶ᠋ᠢ ᠪᠠᠷᠢᠮᠲᠠᠯᠠᠵᠤ ᠂ 《 ᠨᠠᠮ ᠤᠨ ᠭᠡᠰᠢᠭᠦᠨ ᠬᠤᠪᠢ ᠬᠥᠮᠦᠨ ᠤ ᠨᠠᠮ ᠤᠨ
ᠵᠣᠬᠢᠶᠠᠨ ᠪᠠᠶᠢᠭᠤᠯᠤᠯᠲᠠ ᠪᠠᠨ ᠲᠡᠭᠠᠬᠣ ᠂ ᠴᠥᠭᠡᠩᠬᠢ ᠨᠢ ᠣᠯᠠᠩᠬᠢ ᠪᠠᠨ ᠲᠡᠭᠠᠬᠤ ᠂ ᠲᠤᠤᠷᠡᠳᠦ
ᠱᠠᠲᠤᠨ ᠤ ᠵᠣᠬᠢᠶᠠᠨ ᠪᠠᠶᠢᠭᠤᠯᠤᠯᠲᠠ ᠨᠢ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠪᠠᠨ
ᠲᠡᠭᠠᠬᠣ ᠂ ᠪᠦᠬᠦ ᠨᠠᠮ ᠤᠨ ᠡᠯ᠎ᠡ ᠵᠣᠬᠢᠶᠠᠨ ᠪᠠᠶᠢᠭᠤᠯᠤᠯᠲᠠ ᠪᠠ ᠪᠦᠬᠦ ᠨᠠᠮ ᠤᠨ ᠭᠡᠰᠢᠭᠦᠨ
ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠬᠡ ᠬᠤᠷᠠᠯ ᠪᠠ ᠲᠥᠪ ᠬᠣᠷᠢᠶ᠎ᠠ ᠪᠠᠨ ᠲᠡᠭᠠᠬᠤ
》 ᠶ᠋ᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠬᠠᠮᠲᠤ ᠪᠠᠷ ᠤᠳᠤᠷᠢᠳᠬᠤ ᠪᠠ ᠬᠤᠪᠢ
ᠬᠥᠮᠦᠨ ᠠᠵᠢᠯ ᠬᠤᠪᠢᠶᠠᠨ ᠬᠠᠷᠢᠭᠤᠴᠠᠬᠤ ᠶ᠋ᠢ ᠤᠶᠠᠯᠳᠤᠭᠤᠯᠬᠤ ᠲᠦᠷᠢᠮ ᠢ ᠬᠡᠷᠡᠭᠵᠢᠭᠦᠯᠵᠦ ᠂
ᠠᠷᠠᠳᠴᠢᠯᠠᠯ ᠢ ᠪᠠᠳᠠᠷᠠᠭᠤᠯᠬᠤ ᠂ ᠴᠢᠳᠠᠮᠠᠭᠠᠢ ᠪᠠᠷ ᠲᠥᠪᠯᠡᠷᠡᠭᠦᠯᠦᠨ᠂ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶᠠᠨ ᠤ ᠤᠳᠤᠷᠢᠳᠤᠯᠭ᠎ᠠ ᠶᠢᠨ ᠠᠮᠢᠳᠤ ᠰᠣᠷᠭᠣᠭ ᠬᠦᠴᠦᠨ ᠴᠢᠳᠠᠯ ᠪᠠ
ᠪᠦᠯᠬᠦᠮᠳᠡᠯ ᠨᠢᠭᠡᠳᠦᠯ ᠢ ᠨᠡᠮᠡᠭᠳᠡᠭᠦᠯᠦᠨ᠎ᠡ ᠃
(
ᠲᠠᠪᠤ᠋ ) ᠨᠠᠮ ᠨᠢ ᠨᠠᠮ ᠢᠶᠡᠨ ᠬᠠᠮᠢᠶᠠᠷᠬᠤ ᠂ ᠨᠠᠮ ᠢ ᠴᠢᠩᠭ᠎ᠠ ᠵᠠᠰᠠᠬᠤ ᠂ ᠪᠦᠬᠦ
ᠲᠠᠯ᠎ᠠ ᠪᠠᠷ ᠨᠠᠮ ᠢ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠦᠨᠡᠨᠬᠦ
ᠭᠦᠢᠴᠡᠳᠬᠡᠵᠦ ᠂ ᠨᠠᠮ ᠤᠨ ᠳᠣᠲᠣᠭᠠᠳᠤ ᠶ᠋ᠢᠨ ᠤᠯᠤᠰ ᠲᠦᠷᠤ ᠶ᠋ᠢᠨ ᠠᠮᠢᠳᠤᠷᠠᠯ ᠢ ᠴᠢᠩᠭᠠᠳᠬᠠᠨ
ᠵᠢᠷᠦᠮᠵᠢᠭᠦᠯᠦᠨ ᠂ ᠨᠠᠮ ᠤᠨ ᠳᠣᠲᠣᠭᠠᠳᠤ ᠶ᠋ᠢᠨ ᠬᠢᠨᠠᠯᠲᠠ ᠶ᠋ᠢ ᠴᠢᠩᠭᠠᠳᠬᠠᠵᠤ ᠂ ᠨᠠᠮ ᠤᠨ
ᠳᠣᠲᠣᠭᠠᠳᠤ ᠶ᠋ᠢᠨ ᠤᠯᠤᠰ ᠲᠦᠷᠤ ᠶ᠋ᠢᠨ ᠠᠮᠢ ᠠᠬᠤᠢ ᠶ᠋ᠢ ᠴᠡᠪᠡᠷᠰᠢᠭᠦᠯᠬᠦ ᠬᠡᠷᠡᠭᠲᠡᠢ ᠂ ᠨᠠᠮ ᠤᠨ
ᠲᠡᠷᠢᠭᠦᠨ ᠤ ᠴᠢᠨᠠᠷ ᠪᠣᠯ ᠤᠨ ᠴᠡᠪᠡᠷᠴᠢ ᠴᠢᠨᠠᠷ ᠢ ᠢᠮᠠᠭᠲᠠ ᠪᠠᠲᠤᠯᠠᠬᠤ ᠬᠡᠷᠡᠭᠲᠡᠶ ᠃
(
ᠵᠢᠷᠭᠤᠭ᠎ᠠ ) ᠦᠨᠳᠦᠰᠦᠨ ᠬᠠᠤᠯᠢ ᠪᠠ ᠬᠠᠤᠯᠢ ᠴᠠᠭᠠᠵᠠ ᠶ᠋ᠢᠨ ᠬᠡᠪᠴᠢᠶᠡᠨ ᠳᠣᠲᠣᠷ᠎ᠠ
ᠠᠵᠢᠯᠯᠠᠭ᠎ᠠ ᠬᠢᠬᠦ ᠬᠡᠷᠡᠭᠲᠡᠶ ᠂ ᠨᠠᠮ ᠤᠨ ᠲᠤᠢᠷᠢᠮ ᠪᠠ ᠨᠠᠮ ᠤᠨ ᠳᠣᠲᠣᠭᠠᠳᠤ ᠶ᠋ᠢᠨ ᠪᠤᠰᠤᠳ
ᠬᠠᠤᠯᠢ ᠲᠣᠭᠲᠠᠭᠠᠯ ᠢ ᠦᠨᠳᠦᠰᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂
ᠬᠠᠤᠯᠢᠵᠢᠯ ᠤᠨ ᠰᠡᠳᠬᠢᠬᠦᠢ ᠪᠠᠨ ᠴᠢᠩᠭᠠᠳᠬᠠᠵᠤ ᠪᠠ ᠶᠣᠰᠣ ᠲᠦᠷᠢᠮ ᠤᠨ ᠤᠬᠠᠮᠰᠠᠷ ᠂
ᠤᠬᠠᠮᠰᠠᠷ ᠡᠴᠠ ᠪᠠᠨ ᠬᠠᠤᠯᠢ ᠪᠠᠷ ᠲᠣᠭᠲᠠᠭᠠᠭᠰᠠᠨ ᠡᠷᠬᠡ ᠶ᠋ᠢᠨ ᠬᠡᠪᠴᠢᠶ᠎ᠡ᠂ ᠳᠦᠷᠢᠮ᠂ ᠵᠢᠷᠤᠮ
ᠶᠣᠰᠣᠭᠠᠷ ᠠᠵᠢᠯᠯᠠᠬᠤ ᠬᠡᠷᠡᠭᠲᠡᠢ ᠃
ᠳᠥᠷᠪᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠭᠣᠣᠯᠳᠠᠭᠤ ᠤᠯᠤᠰ ᠲᠤᠢᠷᠦ ᠂ ᠦᠵᠡᠯ
ᠰᠠᠨᠠᠭ᠎ᠠ ᠪᠣᠯᠣᠨ ᠵᠣᠬᠢᠶᠠᠨ ᠪᠠᠶᠢᠭᠤᠯᠤᠯᠲᠠ ᠶ᠋ᠢᠨ ᠤᠳᠤᠷᠢᠳᠤᠯᠭ᠎ᠠ ᠪᠣᠯᠵᠣ᠂ ᠴᠢᠭᠯᠡᠯ ᠢ
ᠡᠵᠡᠮᠳᠡᠵᠦ ᠂ ᠶᠡᠬᠡ ᠲᠠᠯ᠎ᠠ ᠶ᠋ᠢ ᠬᠠᠮᠢᠶᠠᠷᠴᠤ ᠂ ᠰᠢᠢᠳᠪᠦᠷᠢᠲᠦ ᠪᠤᠳᠤᠯᠭ᠎ᠠ ᠲᠣᠭᠲᠠᠭᠠᠨ
ᠨᠠᠶᠢᠳᠠᠪᠤᠷᠢᠵᠢᠭᠤᠯᠬᠤ ᠶ᠋ᠢ ᠪᠠᠲᠣᠯᠠᠨ᠎ᠠ ᠄
( ᠨᠢᠭᠡ ) ᠪᠦᠬᠦ ᠣᠷᠣᠨ ᠤ ᠴᠢᠬᠤᠯᠠ ᠶᠡᠬᠡ ᠠᠰᠠᠭᠤᠳᠠᠯ ᠤᠨ ᠲᠤᠬᠠᠶ ᠰᠢᠢᠳᠪᠦᠷᠢᠲᠦ ᠪᠤᠳᠤᠯᠭ᠎ᠠ ᠳᠣᠭᠲᠠᠭᠠᠨ᠎ᠠ ᠃
(
ᠬᠣᠶᠠᠷ ) ᠬᠠᠤᠯᠢ ᠳ᠋ᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶᠠᠨ ᠤ ᠵᠣᠷᠢᠯᠲᠠ ᠶ᠋ᠢ ᠣᠷᠣᠨ ᠨᠤᠲᠤᠭ ᠤᠨ ᠴᠢᠨᠠᠷᠲᠠᠶ ᠬᠠᠤᠯᠢ
ᠲᠣᠭᠲᠠᠭᠠᠯ ᠂ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠪᠤᠶᠤ ᠪᠤᠰᠤᠳ ᠵᠠᠰᠠᠭ ᠤᠨ
ᠵᠠᠷᠯᠢᠭ ᠪᠣᠯᠭᠠᠨ᠎ᠠ ᠃
(
ᠭᠤᠷᠪᠠ ) ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ
ᠲᠤᠬᠠᠶ ᠤᠳᠤᠷᠢᠳᠤᠯᠭ᠎ᠠ ᠪᠠᠨ ᠴᠢᠩᠭᠠᠳᠬᠠᠵᠤ ᠂ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ ᠢ
ᠤᠳᠤᠷᠢᠳᠬᠤ ᠡᠷᠬᠡ᠂ ᠦᠭᠡ ᠬᠡᠯᠡᠬᠦ ᠡᠷᠬᠡ ᠶ᠋ᠢ ᠪᠠᠲᠤ ᠡᠵᠡᠮᠳᠡᠬᠦ ᠬᠡᠷᠡᠭᠲᠡᠢ ᠃
( ᠲᠦᠷᠪᠡ ) ᠺᠠᠳ᠋ᠷ ᠢ ᠬᠠᠮᠢᠶᠠᠷᠬᠤ ᠡᠷᠬᠡ ᠶ᠋ᠢᠨ ᠬᠡᠪᠴᠢᠶ᠎ᠡ ᠶᠣᠰᠣᠭᠠᠷ ᠲᠤᠰᠢᠶᠠᠯ ᠳ᠋ᠤ
ᠲᠣᠮᠢᠯᠠᠨ ᠲᠤᠰᠢᠶᠠᠯ ᠡᠴᠠ ᠪᠠᠭᠤᠯᠭᠠᠵᠤ ᠬᠠᠮᠢᠶᠠᠷᠤᠯᠲᠠ ᠶ᠋ᠢᠨ ᠺᠠᠳ᠋ᠷ ᠂ ᠥᠪᠡᠷᠲᠡᠭᠡᠨ ᠵᠠᠰᠠᠬᠤ
ᠣᠷᠣᠨ ᠤ ᠲᠥᠷᠥ ᠶ᠋ᠢᠨ ᠪᠠᠶᠢᠭᠤᠯᠭ᠎ᠠ ᠂ ᠤᠯᠤᠰ ᠲᠦᠷᠦ ᠶ᠋ᠢᠨ ᠵᠥᠪᠯᠡᠯᠭᠡᠨ ᠤ ᠵᠣᠬᠢᠶᠠᠨ
ᠪᠠᠶᠢᠭᠤᠯᠤᠯᠲᠠ ᠂ ᠠᠷᠠᠳ ᠤᠨ ᠪᠦᠯᠬᠦᠮ ᠤᠳ ᠂ ᠤᠯᠤᠰ ᠤᠨ ᠥᠮᠴᠢᠯᠡᠯ ᠤᠨ ᠠᠵᠤ ᠠᠬᠤᠶ᠋ᠢᠯᠠᠯ ᠠᠵᠢᠯ
ᠦᠢᠯᠡᠰ ᠤᠨ ᠨᠢᠭᠡᠴᠢ ᠵᠡᠷᠭᠡ ᠴᠢᠬᠤᠯᠠ ᠺᠠᠳ᠋ᠷ ᠢ ᠲᠠᠨᠢᠯᠴᠠᠭᠤᠯᠤᠨ᠎ᠠ ᠃
(
ᠲᠠᠪᠤ᠋ ) ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠂
ᠵᠠᠰᠠᠭ ᠤᠨ ᠣᠷᠳᠣᠨ ᠂ ᠤᠯᠤᠰ ᠲᠦᠷᠦ ᠶ᠋ᠢᠨ ᠵᠥᠪᠯᠡᠯᠭᠡᠨ ᠂ ᠰᠢᠭᠦᠬᠦ ᠬᠣᠷᠢᠶ᠎ᠠ ᠂ ᠪᠠᠶᠢᠴᠠᠭᠠᠬᠤ
ᠬᠣᠷᠢᠶ᠎ᠠ ᠂ ᠠᠷᠠᠳ ᠤᠨ ᠪᠦᠯᠬᠦᠮ ᠵᠡᠷᠭᠡ ᠬᠠᠤᠯᠢ ᠶᠣᠰᠣᠭᠠᠷ ᠲᠦᠷᠢᠮ ᠶᠣᠰᠣᠭᠠᠷ ᠪᠡᠶ᠎ᠡ ᠪᠠᠨ
ᠳᠠᠭᠠᠭᠠᠨ ᠬᠠᠷᠢᠭᠤᠴᠠᠬᠤ ᠶᠢ ᠳᠡᠮᠵᠢᠬᠦ ᠪᠠ ᠪᠠᠲᠤᠯᠠᠵᠤ ᠂ ᠨᠢᠭᠡᠳᠦᠯᠲᠡᠶ ᠵᠣᠬᠢᠴᠠᠩᠭᠤᠶ ᠪᠠᠷ
ᠠᠵᠢᠯ ᠢᠶᠡᠨ ᠥᠷᠨᠢᠭᠦᠯᠦᠨ ᠂ ᠡᠳᠡᠭᠡᠷ ᠵᠣᠬᠢᠶᠠᠨ ᠪᠠᠶᠢᠭᠤᠯᠤᠯᠲᠠ ᠳ᠋ᠠᠬᠢ ᠨᠠᠮ ᠤᠨ ᠤᠳᠤᠷᠢᠳᠬᠤ
ᠲᠤᠭᠤᠶᠢᠯᠠᠩ ᠤᠨ ᠤᠳᠤᠷᠢᠳᠬᠤ ᠭᠣᠣᠯᠯᠠᠭᠴᠢ ᠦᠢᠯᠡᠳᠦᠯ ᠢ ᠪᠠᠳᠠᠷᠠᠭᠤᠯᠬᠤ ᠬᠡᠷᠡᠭᠲᠡᠶ ᠃
(
ᠵᠢᠷᠭᠤᠭ᠎ᠠ ) ᠨᠡᠶᠢᠭᠡᠮ ᠤᠨ ᠬᠠᠮᠢᠶᠠᠷᠤᠯᠲᠠ ᠶ᠋ᠢ ᠴᠢᠩᠭᠠᠳᠬᠠᠵᠤ ᠪᠦᠬᠦ ᠣᠷᠣᠨ ᠤ ᠣᠯᠠᠨ
ᠲᠦᠮᠡᠨ ᠤ ᠪᠦᠯᠬᠦᠮ ᠤᠨ ᠠᠵᠢᠯ ᠪᠠ ᠨᠢᠭᠡᠳᠦᠮᠡᠯ ᠹᠷᠣᠨᠲ ᠤᠨ ᠠᠵᠢᠯ ᠢ ᠤᠳᠤᠷᠢᠳᠬᠤ ᠬᠡᠷᠡᠭᠲᠡᠶ ᠃
(
ᠲᠤᠯᠤᠭ᠎ᠠ ) ᠂ ᠪᠥᠬᠥ ᠣᠷᠣᠨ ᠤ ᠡᠯ᠎ᠡ ᠱᠠᠲᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠤᠨ
ᠥᠷᠭᠡᠨ ᠤᠯᠠᠨ ᠨᠠᠮ ᠤᠨ ᠭᠡᠰᠢᠭᠦᠨ ᠂ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ
ᠬᠠᠷᠠᠯᠲᠠ ᠡᠭᠦᠷᠭᠡ ᠶ᠋ᠢ ᠪᠡᠶᠡᠯᠡᠭᠦᠯᠬᠦ ᠶ᠋ᠢᠨ ᠲᠥᠯᠥᠭᠡ ᠶᠤᠮ ᠃
ᠬᠣᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠪᠠ ᠪᠦᠷᠢᠯᠳᠦᠬᠦᠨ
ᠲᠠᠪᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ ᠤ
ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠰᠣᠩᠭᠣᠭᠤᠯᠢ ᠪᠠᠷ ᠭᠠᠷᠴᠤ ᠂ ᠭᠡᠰᠢᠭᠦᠨ᠂
ᠣᠷᠣᠯᠠᠭᠴᠢ ᠭᠡᠰᠢᠭᠦᠨ ᠢᠶᠠᠷ ᠪᠥᠷᠢᠯᠳᠦᠵᠦ ᠂ ᠬᠤᠭᠤᠴᠠᠭ᠎ᠠ ᠪᠦᠷᠢ ᠶ᠋ᠢᠨ ᠲᠤᠰᠢᠶᠠᠯ ᠤᠨ
ᠬᠤᠭᠤᠴᠠᠭ᠎ᠠ ᠨᠢ 5 ᠵᠢᠯ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ
ᠪᠠᠶᠢᠩᠭᠤ ᠶ᠋ᠢᠨ ᠬᠣᠷᠢᠶ᠎ᠠ ( ᠳᠥᠭᠥᠮᠴᠢᠯᠡᠭᠡᠳ ᠪᠠᠶᠢᠩᠭᠤ ᠶ᠋ᠢᠨ ᠬᠣᠷᠢᠶ᠎ᠠ ) ᠨᠢ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶᠠᠨ ᠤ ᠪᠦᠬᠦ ᠭᠡᠰᠢᠭᠦᠳ ᠤᠨ ᠬᠤᠷᠠᠯ ( ᠳᠥᠭᠥᠮᠴᠢᠯᠡᠭᠡᠳ
ᠨᠠᠮ ᠤᠨ ᠬᠣᠷᠢᠶᠠᠨ ᠤ ᠪᠥᠬᠥᠳᠡ ᠬᠤᠷᠠᠯ ) ᠡᠴᠠ ᠰᠣᠩᠭᠣᠨ ᠭᠠᠷᠭᠠᠵᠤ ᠂ ᠱᠦᠵᠢ ᠂ ᠳᠡᠳ᠋ ᠱᠦᠵᠢ
ᠪᠣᠯᠣᠨ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ ᠠᠴᠠ ᠪᠦᠷᠢᠯᠳᠦᠨ᠎ᠡ ᠃
ᠵᠢᠷᠭᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ
ᠪᠤᠯᠵᠦ ᠪᠥᠷᠢᠯᠳᠦᠬᠦ ᠨᠢ ᠨᠠᠮ ᠳ᠋ᠤ ᠤᠷᠤᠭᠰᠠᠨ ᠵᠢᠯ ᠬᠤᠭᠤᠴᠠᠭ᠎ᠠ ᠂ ᠨᠠᠰᠤ ᠂ ᠬᠦᠢᠰᠦ ᠂
ᠲᠤᠰᠬᠠᠶ ᠮᠡᠷᠭᠡᠵᠢᠯ ᠵᠡᠷᠭᠡ ᠲᠠᠯ᠎ᠠ ᠶ᠋ᠢᠨ ᠱᠠᠭᠠᠷᠳᠠᠯᠭ᠎ᠠ ᠳᠦ ᠨᠡᠶᠢᠴᠡᠭᠰᠡᠨ ᠪᠠᠢᠢᠵᠤ᠂
ᠨᠡᠯᠢᠶᠡᠳ ᠲᠥᠯᠥᠭᠡᠯᠡᠬᠦ ᠴᠢᠨᠠᠷᠲᠠᠶ ᠃ ᠬᠡᠰᠢᠭᠦᠨ ᠨᠢ ᠱᠦᠵᠢ᠂ ᠳᠡᠳ᠋ ᠱᠦᠵᠢ ᠪᠣᠯᠣᠨ
ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ ᠢ ᠶᠢ ᠪᠠᠭᠲᠠᠭᠠᠵᠤ᠂ ᠶᠡᠷᠦᠩᠬᠡᠶ ᠳ᠋ᠡᠭᠡᠨ
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠢ
ᠪᠠᠭᠲᠠᠭᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ᠂ ᠤᠯᠤᠰ ᠲᠦᠷᠦ ᠶ᠋ᠢᠨ
ᠵᠥᠪᠯᠡᠯᠭᠡᠨ᠂ ᠠᠷᠠᠳ ᠤᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠠᠷᠠᠳ ᠤᠨ ᠪᠠᠶᠢᠴᠠᠭᠠᠬᠤ
ᠬᠣᠷᠢᠶ᠎ᠠ ᠶ᠋ᠢᠨ ᠭᠣᠤᠯ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶ᠎ᠠ ᠪᠣᠯᠣᠨᠵᠠᠰᠠᠭ ᠤᠨ ᠣᠷᠳᠣᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠭᠣᠣᠯ
ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠂ ᠡᠪ
ᠬᠠᠮᠲᠤ ᠵᠠᠯᠠᠭᠤᠴᠤᠳ ᠤᠨ ᠡᠪᠯᠡᠯ ᠤᠨ ᠬᠣᠷᠢᠶ᠎ᠠ ᠂ ᠡᠮᠡᠭᠲᠠᠶᠢᠴᠤᠳ ᠤᠨ ᠬᠣᠯᠪᠣᠭᠠᠲᠤ ᠬᠤᠷᠠᠯ
ᠭᠣᠣᠯ ᠬᠠᠷᠢᠭᠤᠴᠠᠯᠭᠠᠲᠠᠨ ᠂ ᠠᠶᠢᠮᠠᠭ ᠬᠤᠳᠠ ᠶ᠋ᠢᠨ ᠨᠠᠮ ᠤᠨ ᠬᠣᠷᠢᠶ᠎ᠠ ᠪᠣᠯᠣᠨ ᠵᠠᠰᠠᠭ ᠤᠨ
ᠣᠷᠳᠣᠨ ( ᠵᠠᠬᠢᠷᠭ᠎ᠠ ) ᠭᠣᠣᠯ ᠬᠠᠷᠢᠭᠤᠴᠠᠯᠭᠠᠲᠠᠨ ᠂ ᠵᠢᠴᠢ ᠵᠣᠬᠢᠬᠤ ᠬᠠᠷᠢᠴᠠᠯ ᠪᠦᠬᠦᠢ
ᠦᠨᠳᠦᠰᠦᠨ ᠱᠠᠲᠣᠨ ᠤ ᠨᠠᠮ ᠤᠨ ᠭᠡᠰᠢᠭᠦᠨ ᠢ ᠪᠠᠭᠲᠠᠭᠠᠨ᠎ᠠ ᠃ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶ᠎ᠠ ᠶ᠋ᠢᠨ ᠬᠤᠭᠤᠴᠠᠭ᠎ᠠ ᠪᠦᠷᠢ ᠶ᠋ᠢᠨ ᠲᠤᠰᠢᠶᠠᠯ ᠤᠨ ᠬᠤᠭᠤᠴᠠᠭᠠᠨ ᠳᠣᠲᠣᠷ᠎ᠠ ᠂
ᠭᠡᠰᠢᠭᠦᠨ ᠤ ᠣᠷᠣ ᠰᠤᠯᠠ ᠭᠠᠷᠤᠭᠰᠠᠨ ᠪᠠᠶᠢᠪᠠᠯ ᠂ ᠣᠷᠣᠯᠠᠭᠴᠢ ᠭᠡᠰᠢᠭᠦᠨ ᠳᠡᠰ ᠳᠠᠷᠠᠭᠠᠯᠠᠨ
ᠨᠥᠬᠥᠵᠦ ᠣᠷᠣᠯᠠᠨ᠎ᠠ ᠂ ᠳᠠᠷᠠᠭᠠᠯᠠᠨ ᠨᠥᠬᠥᠬᠦ ᠨᠢ ᠮᠥᠨ ᠯᠡ ᠬᠣᠭᠣᠰᠣᠨ ᠪᠠᠢᠢᠪᠠᠯ᠂
ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠪᠤᠶᠤ ᠥᠪᠡᠷᠲᠡᠭᠡᠨ
ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯᠳᠤᠭᠠᠨ ᠳᠡᠭᠡᠷ᠎ᠡ ᠨᠥᠬᠥᠵᠦ ᠰᠣᠩᠭᠣᠨ᠎ᠠ
᠃ ᠠᠯᠪᠠᠨ ᠲᠤᠰᠢᠶᠠᠯ ᠡᠴᠠ ᠪᠠᠨ ᠪᠠᠭᠤᠵᠤ ᠂ ᠨᠠᠰᠤᠨ ᠤ ᠠᠮᠠᠷᠠᠯᠲᠠ ᠠᠪᠤᠭᠰᠠᠨ ᠵᠡᠷᠭᠡ
ᠰᠢᠯᠲᠠᠭᠠᠨ ᠡᠴᠠ ᠪᠤᠯᠵᠤ ᠦᠷᠭᠦᠯᠵᠢᠯᠡᠨ ᠬᠢᠬᠦ ᠳ᠋ᠤ ᠲᠣᠬᠢᠷᠠᠮᠵᠢ ᠦᠭᠡᠢ ᠨᠠᠮ ᠤᠨ
ᠬᠣᠷᠢᠶ᠎ᠠ ᠶ᠋ᠢᠨ ᠭᠡᠰᠢᠭᠦᠨ ᠂ ᠣᠷᠣᠯᠠᠭᠴᠢ ᠭᠡᠰᠢᠭᠦᠨ ᠤ ᠲᠤᠰᠢᠶᠠᠯ ᠡᠴᠠ ᠪᠠᠨ ᠪᠠᠭᠤᠬᠤ
ᠬᠡᠷᠡᠭᠲᠡᠶ ᠪᠤᠶᠤ ᠲᠣᠭᠲᠠᠭᠰᠠᠨ ᠵᠢᠷᠤᠮ ᠶᠣᠰᠣᠭᠠᠷ ᠴᠠᠭ ᠲᠤᠬᠠᠶ ᠳᠤ ᠨᠢ ᠲᠡᠭᠦᠨ ᠤ ᠨᠠᠮ ᠤᠨ
ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ ᠤ ᠲᠤᠰᠢᠶᠠᠯ ᠢ ᠦᠭᠡᠶᠢᠰᠭᠡᠨ᠎ᠡ᠃ ᠦᠬᠦᠬᠦ ᠂
ᠤᠯᠤᠰ ᠤᠨ ᠬᠠᠷᠢᠶ᠎ᠠ ᠪᠠᠨ ᠠᠯᠳᠠᠬᠤ ᠂ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠭᠳᠡᠬᠦ ᠂
ᠨᠠᠮ ᠤᠨ ᠬᠠᠷᠢᠶ᠎ᠠ ᠶ᠋ᠢ ᠨᠢ ᠵᠣᠭᠰᠣᠭᠠᠵᠤ ᠂ ᠨᠠᠮ ᠳ᠋ᠤ ᠪᠠᠶᠢᠯᠭᠠᠵᠦ ᠬᠢᠨᠠᠨ ᠦᠵᠡᠬᠦ ᠂
ᠳᠡᠭᠡᠭᠰᠢ ᠨᠠᠮ ᠤᠨ ᠰᠠᠬᠢᠯᠭ᠎ᠠ ᠪᠠᠲᠤ ᠶ᠋ᠢᠨ ᠰᠢᠢᠳᠬᠡᠯ ᠥᠭᠭᠦᠭᠰᠡᠨ᠂ ᠨᠠᠮ ᠤᠨ ᠬᠣᠷᠢᠶᠠᠨ ᠤ
ᠭᠡᠰᠢᠭᠦᠨ ᠂ ᠣᠷᠣᠯᠠᠭᠴᠢ ᠭᠡᠰᠢᠭᠦᠨ ᠤ ᠲᠤᠰᠢᠶᠠᠯ ᠢ ᠠᠶᠠᠨᠳᠠᠭᠠᠨ ᠵᠣᠭᠰᠣᠨ᠎ᠠ ᠃ ᠠᠶᠠᠷᠯᠠᠬᠤ ᠂
ᠪᠠᠭᠤᠯᠭᠠᠭᠰᠠᠨ ᠪᠤᠶᠤ ᠠᠶᠠᠨᠳᠠᠭᠠᠨ ᠵᠣᠭᠰᠤᠭᠠᠭᠰᠠᠨ ᠨᠠᠮ ᠤᠨ ᠬᠣᠷᠢᠶᠠᠨ ᠤ ᠭᠡᠰᠢᠭᠦᠨ ᠂
ᠣᠷᠣᠯᠠᠭᠴᠢ ᠭᠡᠰᠢᠭᠦᠨ ᠤ ᠲᠤᠰᠢᠶᠠᠯ ᠢ ᠤᠭᠴᠠᠷᠠᠭᠤᠯᠵᠤ ᠂ ᠲᠥᠪ ᠤᠨ ᠲᠣᠭᠲᠠᠭᠠᠯ ᠶᠣᠰᠣᠭᠠᠷ
ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃
ᠭᠤᠷᠪᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ
ᠳᠣᠯᠣᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠨᠠᠮ ᠤᠨ ᠲᠥᠯᠥᠭᠡᠯᠡᠭᠴᠢᠳ ᠤᠨ ᠶᠡᠬᠡ
ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳ᠋ᠤ ᠂ ᠨᠠᠮ ᠤᠨ ᠲᠥᠪ ᠬᠣᠷᠢᠶᠠᠨ ᠤ ᠵᠢᠭᠠᠪᠤᠷᠢ
ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ
ᠰᠢᠢᠳᠪᠦᠷᠢ ᠂ ᠲᠣᠭᠲᠠᠭᠠᠯ ᠢᠶᠡᠷ ᠪᠥᠬᠥ ᠣᠷᠣᠨ ᠤ ᠤᠳᠤᠷᠢᠳᠬᠤ ᠠᠵᠢᠯ ᠢ ᠵᠢᠯᠤᠭᠤᠳᠬᠤ
ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠥᠬᠥᠳᠡ ᠬᠤᠷᠠᠯ ᠬᠢᠬᠦ
ᠠᠷᠭ᠎ᠠ ᠮᠠᠶᠢᠭ ᠢᠶᠠᠷ ᠳᠠᠮᠵᠢᠭᠤᠯᠤᠨ ᠳᠣᠣᠷᠠᠬᠢ ᠲᠤᠰᠢᠶᠠᠯ ᠬᠠᠷᠢᠭᠤᠴᠠᠯᠭ᠎ᠠ ᠶ᠋ᠢ
ᠭᠦᠢᠴᠡᠳᠬᠡᠨ᠎ᠡ ᠄
(
ᠨᠢᠭᠡ ) ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠣᠨ
ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ
ᠰᠢᠢᠳᠪᠦᠷᠢ ᠶ᠋ᠢ ᠲᠤᠤᠱᠯᠠᠭᠤᠯᠤᠨ ᠬᠡᠷᠡᠭᠵᠢᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠶᠢ
ᠳᠣᠭᠲᠠᠭᠠᠨ᠎ᠠ ᠃
(
ᠬᠣᠶᠠᠷ ) ᠪᠥᠬᠥ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠪᠠᠶᠢᠯᠳᠤᠬᠤ
ᠪᠤᠳᠤᠯᠭ᠎ᠠ ᠂ ᠴᠢᠬᠤᠯᠠ ᠶᠡᠬᠡ ᠥᠭᠡᠷᠡᠴᠢᠯᠡᠯᠲᠡ ᠶ᠋ᠢᠨ ᠤᠴᠢᠷ ᠶᠠᠪᠤᠳᠠᠯ ᠂ ᠴᠢᠬᠤᠯᠠ ᠶᠡᠬᠡ
ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠂ ᠴᠢᠬᠤᠯᠠ ᠶᠡᠬᠡ ᠠᠷᠠᠳ ᠤᠨ ᠠᠮᠢᠳᠤᠷᠠᠯ ᠤᠨ
ᠪᠠᠲᠤᠯᠠᠭ᠎ᠠ ᠵᠡᠷᠭᠡ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠴᠢᠬᠤᠯᠠ ᠶᠡᠬᠡ ᠠᠰᠠᠭᠤᠳᠠᠯ
ᠶᠠᠷᠢᠯᠴᠠᠨ ᠳᠣᠭᠲᠠᠭᠠᠨ᠎ᠠ ᠃
(
ᠭᠤᠷᠪᠠ ) ᠪᠦ᠋ᠬᠦ ᠣᠷᠣᠨ ᠤ ᠨᠠᠮ ᠤᠨ ᠪᠠᠶᠢᠭᠤᠯᠤᠯᠲᠠ ᠶ᠋ᠢᠨ ᠲᠠᠯ᠎ᠠ ᠪᠠᠷ ᠬᠢ ᠴᠢᠬᠤᠯᠠ ᠶᠡᠬᠡ
ᠠᠰᠠᠭᠤᠳᠠᠯ ᠢ ᠶᠠᠷᠢᠯᠴᠠᠨ ᠳᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ
ᠨᠠᠮ ᠤᠨ ᠳᠣᠲᠣᠭᠠᠳᠤ ᠶ᠋ᠢᠨ ᠴᠢᠬᠤᠯᠠ ᠬᠠᠤᠯᠢ ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠶ
ᠪᠢᠴᠢᠭ ᠮᠠᠲ᠋ᠧᠷᠢᠶᠠᠯ ᠢ ᠬᠢᠨᠠᠨ ᠪᠠᠲᠤᠯᠠᠨ᠎ᠠ ᠃
(
ᠳᠥᠷᠪᠡ ) ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠪᠤᠶᠤ
ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠬᠤᠷᠠᠯᠳᠤᠭᠠᠨ ᠬᠤᠷᠠᠯᠳᠤᠭᠤᠯᠬᠤ
ᠪᠥᠭᠡᠳ ᠰᠠᠨᠠᠯ ᠳᠤᠷᠠᠳᠤᠯᠭ᠎ᠠ ᠶᠢᠨ ᠵᠦᠢᠯᠡᠰ ᠢ ᠤᠷᠢᠳᠠᠪᠠᠷ ᠬᠢᠨᠠᠨ ᠶᠠᠷᠢᠯᠴᠠᠵᠤ ᠂ ᠰᠠᠨᠠᠯ
ᠳᠤᠷᠠᠳᠤᠨ᠎ᠠ᠃
( ᠲᠠᠪᠤ᠋ ) ᠪᠠᠶᠢᠩᠭᠤ ᠶ᠋ᠢᠨ ᠬᠣᠷᠢᠶᠠᠨ ᠤ ᠠᠵᠢᠯ ᠤᠨ ᠮᠡᠳᠡᠭᠦᠯᠦᠯᠲᠡ ᠪᠤᠶᠤ ᠲᠤᠰᠬᠠᠶ ᠠᠵᠢᠯ ᠤᠨ ᠮᠡᠳᠡᠭᠦᠯᠦᠯᠲᠡ ᠶ᠋ᠢ ᠰᠣᠨᠣᠰᠴᠤ ᠬᠢᠨᠠᠨ ᠶᠠᠷᠢᠯᠴᠠᠨ᠎ᠠ ᠃
(
ᠵᠢᠷᠭᠤᠭ᠎ᠠ ) ᠱᠦᠵᠢ ᠂ ᠳᠡᠳ᠋ ᠱᠦᠵᠢ ᠪᠣᠯᠣᠨ ᠪᠠᠶᠢᠩᠭᠤ ᠶ᠋ᠢᠨ ᠬᠣᠷᠢᠶᠠᠨ ᠤ ᠪᠤᠰᠤᠳ
ᠭᠡᠰᠢᠭᠦᠳ ᠢ ᠰᠣᠩᠭᠤᠨ ᠭᠠᠷᠭᠠᠨ᠎ᠠ᠃ ᠭᠡᠰᠢᠭᠦᠳ ᠦᠨ ᠪᠥᠬᠥᠳᠡ ᠬᠤᠷᠠᠯ ᠢᠶᠠᠷ ᠰᠣᠩᠭᠣᠵᠤ
ᠭᠠᠷᠭᠠᠭᠰᠠᠨ ᠱᠦᠵᠢ ᠂ ᠳᠡᠳ᠋ ᠱᠦᠵᠢ ᠪᠣᠯᠣᠨ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠨ ᠢ
ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠡᠴᠡ
ᠪᠠᠶᠢᠴᠠᠭᠠᠨ᠎ᠠ᠃
(
ᠲᠤᠯᠤᠭ᠎ᠠ ) ᠳᠠᠷᠠᠭᠠᠯᠠᠨ ᠨᠥᠬᠥᠬᠦ ᠨᠠᠮ ᠤᠨ ᠬᠣᠷᠢᠶᠠᠨ ᠤ ᠭᠡᠰᠢᠭᠦᠨ ᠳᠣᠭᠲᠠᠭᠠᠨ᠎ᠠ ᠃
ᠨᠠᠮ ᠤᠨ ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ ᠤ ᠲᠤᠰᠢᠶᠠᠯ ᠡᠴᠠ ᠪᠠᠨ
ᠪᠠᠭᠤᠬᠤ ᠪᠤᠶᠤ ᠤᠭᠴᠠᠷᠠᠭᠤᠯᠬᠤ ᠢ ᠵᠦᠪᠰᠢᠶᠡᠷᠡᠨ᠎ᠡ᠃ ᠳᠣᠣᠷ᠎ᠠ ᠨᠢᠭᠡ ᠱᠠᠲᠤᠨ ᠤ ᠨᠠᠮ ᠤᠨ
ᠵᠣᠬᠢᠶᠠᠨ ᠪᠠᠶᠢᠭᠤᠯᠤᠯᠲᠠ ᠶᠢ ᠥᠭᠡᠷᠡᠴᠢᠯᠡᠨ ᠪᠠᠶᠢᠭᠤᠯᠬᠤ ᠪᠤᠶᠤ ᠲᠠᠷᠬᠠᠭᠠᠨ᠎ᠠ᠃ ᠨᠠᠮ ᠤᠨ
ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ ᠳ᠋ᠤ ᠨᠠᠮ ᠤᠨ ᠳᠣᠲᠣᠷᠠᠬᠢ ᠲᠤᠰᠢᠶᠠᠯ ᠡᠴᠠ ᠨᠢ
ᠤᠭᠴᠠᠷᠠᠭᠤᠯᠬᠤ ᠠᠴᠠ ᠳᠡᠭᠡᠭᠰᠢ ᠨᠠᠮ ᠤᠨ ᠰᠠᠬᠢᠯᠭ᠎ᠠ ᠪᠠᠲᠤ ᠶ᠋ᠢᠨ ᠰᠢᠢᠳᠬᠡᠯ ᠥᠭᠬᠦ ᠶᠢ
ᠨᠡᠬᠡᠮᠵᠢᠯᠡᠬᠦ ᠪᠣᠶᠤ ᠳᠤᠭᠲᠠᠭᠠᠨ᠎ᠠ ᠃
(
ᠨᠠᠢᠮᠠ ) ᠪᠦᠬᠦ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ
ᠲᠣᠬᠢᠷᠠᠭᠤᠯᠤᠯᠲᠠ ᠶᠢᠴᠢ ᠬᠣᠯᠪᠣᠭᠳᠠᠯ ᠪᠦᠬᠦᠢ ᠨᠠᠮ ᠵᠠᠰᠠᠭ ᠤᠯᠠᠨ ᠲᠦᠮᠡᠨ ᠤ
ᠪᠠᠶᠢᠭᠤᠯᠤᠮᠵᠢ ᠶ᠋ᠢᠨ ᠪᠠᠶᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭᠠᠬᠤ ᠲᠥᠰᠦᠯ ᠢ
ᠰᠣᠳᠣᠯᠣᠨ ᠶᠠᠷᠢᠯᠴᠠᠬᠤ ᠃
(
ᠶᠢᠰᠦ ) ᠪᠠᠶᠢᠩᠭᠤ ᠶ᠋ᠢᠨ ᠬᠣᠷᠢᠶᠠᠨ ᠤ ᠳᠡᠪᠰᠢᠭᠦᠯᠦᠨ ᠲᠣᠭᠲᠠᠭᠠᠯᠭᠠᠬᠤ ᠬᠡᠷᠡᠭᠲᠡᠶ ᠭᠡᠵᠦ
ᠲᠣᠭᠲᠠᠭᠠᠭᠰᠠᠨ ᠶᠠᠪᠤᠳᠠᠯ ᠤᠳ ᠪᠤᠶᠤ ᠪᠥᠬᠥᠳᠡ ᠬᠤᠷᠠᠯ ᠡᠴᠠ ᠲᠣᠭᠲᠠᠭᠠᠭᠰᠠᠨ ᠪᠤᠰᠤᠳ ᠴᠢᠬᠤᠯᠠ
ᠵᠦᠢᠯᠡᠰ ᠤᠨ ᠲᠤᠬᠠᠶ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠡᠷᠡᠭᠲᠡᠶ ᠃
ᠨᠠᠢᠮᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠠᠶᠢᠩᠭᠤ ᠶ᠋ᠢᠨ ᠬᠣᠷᠢᠶᠠᠨ ᠤ
ᠪᠥᠬᠥᠳᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳ᠋ᠤ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶᠠᠨ ᠤ ᠡᠷᠬᠡ ᠲᠤᠰᠢᠶᠠᠯ ᠢ ᠬᠡᠷᠡᠭᠵᠢᠭᠦᠯᠵᠦ᠂ ᠪᠠᠶᠢᠩᠭᠤ ᠶ᠋ᠢᠨ ᠠᠵᠢᠯ ᠢ
ᠡᠷᠬᠢᠯᠡᠨ᠎ᠡ ᠃ ᠲᠡᠭᠦᠨ ᠤ ᠭᠣᠣᠯ ᠲᠤᠰᠢᠶᠠᠯ ᠬᠠᠷᠢᠭᠤᠴᠠᠯᠭ᠎ᠠ ᠪᠣᠯ ᠄
( ᠨᠢᠭᠡ ) ᠪᠥᠬᠥᠳᠡ ᠬᠤᠷᠠᠯ ᠬᠤᠷᠠᠯᠳᠤᠭᠤᠯᠵᠤ ᠂ ᠪᠥᠬᠥᠳᠡ ᠬᠤᠷᠠᠯ ᠤᠨ ᠵᠥᠪᠯᠡᠬᠦ ᠰᠡᠳᠦᠪ ᠢ ᠲᠣᠭᠲᠠᠭᠠᠵᠤ ᠂ ᠪᠥᠬᠥᠳᠡ ᠬᠤᠷᠠᠯ ᠳᠡᠭᠡᠷ᠎ᠡ ᠠᠵᠢᠯ ᠢᠶᠡᠨ ᠮᠡᠳᠡᠭᠦᠯᠬᠦ ᠶ᠋ᠢᠨ ᠬᠠᠮᠲᠤ ᠬᠢᠨᠠᠯᠲᠠ ᠶ᠋ᠢ ᠬᠦᠯᠢᠶᠡᠬᠦ ᠬᠡᠷᠡᠭᠲᠡᠶ ᠃ ᠪᠥᠬᠥᠳᠡ ᠬᠤᠷᠠᠯ ᠡᠴᠠ ᠶᠠᠷᠢᠯᠴᠠᠵᠤ ᠲᠣᠭᠲᠠᠭᠠᠭᠰᠠᠨ ᠤᠴᠢᠷ ᠶᠠᠪᠤᠳᠠᠯ ᠢ ᠤᠷᠢᠳᠠᠪᠠᠷ ᠬᠢᠨᠠᠨ ᠶᠠᠷᠢᠯᠴᠠᠵᠤ ᠂ ᠰᠠᠨᠠᠯ ᠳᠤᠷᠠᠳᠤᠨ᠎ᠠ᠃
(
ᠬᠣᠶᠠᠷ ) ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠥᠬᠥ ᠭᠡᠰᠢᠭᠦᠳ ᠤᠨ ᠬᠤᠷᠠᠯ ᠤᠨ ᠰᠢᠢᠳᠪᠦᠷᠢᠢ
ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
(
ᠭᠤᠷᠪᠠ ) ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠡᠷ᠎ᠡ ᠪᠠᠷ ᠲᠥᠪ ᠠᠴᠠ ᠴᠢᠬᠤᠯᠠ
ᠵᠢᠭᠠᠪᠤᠷᠢ ᠠᠪᠴᠤ ᠬᠠᠷᠢᠭᠤ ᠮᠡᠳᠡᠭᠦᠯᠬᠦ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶᠠᠨ ᠤ ᠨᠡᠷ᠎ᠡ ᠪᠠᠷ ᠪᠠᠭᠤᠯᠭᠠᠭᠰᠠᠨ ᠨᠠᠮ ᠤᠨ ᠳᠣᠲᠣᠭᠠᠳᠤ ᠶ᠋ᠢᠨ ᠬᠠᠤᠯᠢ ᠲᠣᠭᠲᠠᠭᠠᠯ ᠂
ᠴᠢᠬᠤᠯᠠ ᠵᠢᠷᠤᠮᠵᠢᠯ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠶᠢ ᠬᠢᠨᠠᠨ ᠶᠠᠷᠢᠯᠴᠠᠨ᠎ᠠ ᠃
(
ᠲᠦᠷᠪᠡ ) ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠲᠥᠯᠥᠪᠵᠢᠭᠦᠯᠭᠡ ᠶ᠋ᠢᠨ ᠰᠠᠨᠠᠭᠤᠯᠭ᠎ᠠ ᠂
ᠵᠠᠰᠠᠭ ᠤᠨ ᠣᠷᠳᠣᠨ ᠤ ᠲᠥᠰᠦᠪ ᠤᠨ ᠰᠠᠨᠠᠭᠤᠯᠭ᠎ᠠ᠂ ᠴᠢᠬᠤᠯᠠ ᠶᠡᠬᠡ ᠥᠭᠡᠷᠡᠴᠢᠯᠡᠯᠲᠡ ᠶ᠋ᠢᠨ
ᠤᠴᠢᠷ ᠶᠠᠪᠤᠳᠠᠯ ᠂ ᠴᠢᠬᠤᠯᠠ ᠶᠡᠬᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ
ᠳᠣᠬᠢᠷᠠᠭᠤᠯᠤᠯᠭ᠎ᠠ ᠂ ᠴᠢᠬᠤᠯᠠ ᠠᠷᠠᠳ ᠤᠨ ᠠᠮᠢᠳᠤᠷᠠᠯ ᠪᠠ ᠨᠡᠶᠢᠭᠡᠮ ᠤᠨ ᠳᠣᠭᠲᠠᠭᠤᠨ
ᠪᠠᠶᠢᠳᠠᠯ ᠤᠨ ᠵᠦᠢᠯᠡᠰ ᠂ ᠶᠡᠬᠡ ᠬᠡᠮᠵᠢᠶᠡᠨ ᠤ ᠪᠡᠯᠡ ᠮᠥᠩᠭᠥ ᠶ᠋ᠢ ᠬᠡᠷᠡᠭᠯᠡᠬᠦ ᠵᠡᠷᠭᠡ ᠪᠥᠬᠥ
ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠳᠤᠮᠳᠠᠬᠢ ᠴᠢᠬᠤᠯᠠ ᠶᠡᠬᠡ
ᠠᠰᠠᠭᠤᠳᠠᠯ ᠢ ᠰᠣᠳᠣᠯᠣᠨ᠎ᠠ ᠃
(
ᠲᠠᠪᠤ᠋ ) ᠦᠵᠡᠯ ᠰᠠᠨᠠᠭ᠎ᠠ ᠰᠣᠶᠣᠯ ᠤᠨ ᠠᠵᠢᠯ ᠢ ᠵᠣᠬᠢᠶᠠᠨ ᠪᠠᠶᠢᠭᠤᠯᠬᠤ ᠠᠵᠢᠯ ᠂ ᠰᠠᠬᠢᠯᠭ᠎ᠠ
ᠪᠠᠲᠤ ᠶ᠋ᠢ ᠪᠠᠶᠢᠴᠠᠭᠠᠬᠤ ᠠᠵᠢᠯ ᠂ ᠲᠣᠭᠣᠷᠢᠨ ᠪᠠᠶᠢᠴᠠᠭᠠᠬᠤ ᠠᠵᠢᠯ ᠢ ᠤᠯᠠᠨ ᠲᠦᠮᠡᠨ ᠤ ᠠᠵᠢᠯ ᠂
ᠨᠢᠭᠡᠳᠦᠮᠡᠯ ᠹᠷᠣᠨᠲ ᠤᠨ ᠠᠵᠢᠯ ᠂ ᠤᠯᠤᠰ ᠲᠦᠷᠦ ᠬᠠᠤᠯᠢ ᠴᠠᠭᠠᠵᠠ ᠶ᠋ᠢᠨ ᠠᠵᠢᠯ ᠵᠡᠷᠭᠡ
ᠲᠠᠯ᠎ᠠ ᠪᠠᠷ ᠪᠠᠶᠢᠩᠭᠤ ᠶ᠋ᠢᠨ ᠴᠢᠨᠠᠷᠲᠠᠶ ᠠᠵᠢᠯ ᠤᠨ ᠳᠤᠮᠳᠠᠬᠢ ᠴᠢᠬᠤᠯᠠ ᠠᠰᠠᠭᠤᠳᠠᠯ ᠶᠢᠨ
ᠤᠬᠠᠭᠤᠯᠤᠯ ᠤᠨ ᠲᠤᠬᠠᠶ ᠲᠣᠭᠲᠠᠭᠠᠯ ᠭᠠᠷᠭᠠᠨ᠎ᠠ ᠃
(
ᠵᠢᠷᠭᠤᠭ᠎ᠠ ) ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠬᠡ
ᠬᠤᠷᠠᠯ ᠤᠨ ᠨᠠᠮ ᠤᠨ ᠤᠳᠤᠷᠢᠳᠬᠤ ᠲᠤᠭᠤᠶᠢᠯᠠᠩ ᠤᠨ ᠳᠡᠪᠰᠢᠭᠦᠯᠦᠭᠰᠡᠨ ᠬᠠᠤᠯᠢ ᠲᠣᠭᠲᠠᠭᠠᠬᠤ
ᠲᠥᠯᠥᠪᠵᠢᠭᠦᠯᠭᠡ ᠪᠠ ᠣᠨ ᠤ ᠬᠠᠤᠯᠢ ᠲᠣᠭᠲᠠᠭᠠᠬᠤ ᠲᠥᠯᠥᠪᠯᠡᠭᠡ ᠶ᠋ᠢ ᠵᠠᠰᠠᠭ ᠤᠨ ᠣᠷᠳᠣᠨ ᠤ
ᠨᠠᠮ ᠤᠨ ᠤᠳᠤᠷᠢᠳᠬᠤ ᠲᠤᠭᠤᠶᠢᠯᠠᠩ ᠤᠨ ᠳᠡᠪᠰᠢᠭᠦᠯᠦᠭᠰᠡᠨ ᠬᠠᠤᠯᠢ ᠲᠣᠭᠲᠠᠭᠠᠬᠤ ᠣᠨ ᠤ
ᠲᠥᠯᠥᠪᠯᠡᠭᠡ ᠂ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠤᠨ ᠳᠤᠮᠳᠠᠬᠢ ᠴᠢᠬᠤᠯᠠ ᠶᠡᠬᠡ
ᠠᠰᠠᠭᠤᠳᠠᠯ ᠢ ᠰᠤᠳᠤᠯᠵᠤ ᠬᠢᠨᠠᠨ ᠳᠣᠭᠲᠠᠭᠠᠬᠤ ᠬᠡᠷᠡᠭᠲᠡᠶ ᠃
( ᠲᠤᠯᠤᠭ᠎ᠠ ) ᠲᠦᠷᠦ ᠶ᠋ᠢᠨ ᠨᠠᠮ ᠤᠨ ᠵᠥᠪᠳᠡᠯᠴᠡᠭᠡᠨ ᠤ ᠲᠥᠯᠥᠪᠯᠡᠭᠡ ᠪᠣᠯᠣᠨ ᠨᠠᠮ ᠤᠨ ᠬᠣᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶ᠋ᠢᠨ ᠵᠥᠪᠯᠡᠯᠭᠡᠨ ᠤ ᠣᠨ ᠤ ᠵᠥᠪᠳᠡᠯᠴᠡᠬᠦ ᠲᠥᠯᠥᠪᠯᠡᠭᠡ ᠶ᠋ᠢ ᠵᠢᠴᠢ ᠪᠤᠰᠤᠳ ᠲᠥᠯᠥᠪᠯᠡᠭᠡ ᠶᠢ ᠰᠤᠳᠤᠯᠵᠤ ᠬᠢᠨᠠᠨ ᠳᠣᠭᠲᠠᠭᠠᠨ᠎ᠠ᠃
(
ᠨᠠᠢᠮᠠ ) ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ
ᠪᠠᠶᠢᠩᠭᠤ ᠶ᠋ᠢᠨ ᠬᠣᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠂ ᠵᠠᠰᠠᠭ ᠤᠨ ᠣᠷᠳᠣᠨ ᠤ
ᠨᠠᠮ ᠤᠨ ᠤᠳᠤᠷᠢᠳᠬᠤ ᠲᠤᠭᠤᠶᠢᠯᠠᠩ ᠂ ᠤᠯᠤᠰ ᠲᠦᠷᠦ ᠶ᠋ᠢᠨ ᠵᠥᠪᠯᠡᠯᠭᠡᠨ ᠤ ᠨᠠᠮ ᠤᠨ ᠤᠳᠤᠷᠢᠳᠬᠤ
ᠲᠤᠭᠤᠶᠢᠯᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶ᠋ᠢᠨ ᠰᠢᠭᠦᠬᠦ
ᠬᠣᠷᠢᠶ᠎ᠠ ᠶ᠋ᠢᠨ ᠨᠠᠮ ᠤᠨ ᠤᠳᠤᠷᠢᠳᠬᠤ ᠲᠤᠭᠤᠶᠢᠯᠠᠩ ᠂ ᠠᠷᠠᠳ ᠤᠨ ᠪᠠᠶᠢᠴᠠᠭᠠᠬᠤ ᠬᠣᠷᠢᠶᠠᠨ ᠤ
ᠨᠠᠮ ᠤᠨ ᠤᠳᠤᠷᠢᠳᠬᠤ ᠲᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶ᠋ᠢ ᠰᠣᠨᠣᠰᠣᠨ᠎ᠠ ᠃
(
ᠶᠢᠰᠦ ) ᠡᠯ᠎ᠡ ᠠᠶᠢᠮᠠᠭ ᠬᠤᠲᠠ ᠶ᠋ᠢᠨ ᠨᠠᠮ ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶ᠎ᠠ ᠶ᠋ᠢᠨ ᠡᠯ᠎ᠡ ᠬᠡᠯᠲᠡᠰ ᠂ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ
ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠪᠣᠯ ᠤᠨ ᠠᠷᠠᠳ ᠤᠨ ᠪᠦᠯᠬᠦᠮ ᠤᠨ
ᠨᠠᠮ ᠤᠨ ᠤᠳᠤᠷᠢᠳᠬᠤ ᠲᠤᠭᠤᠶᠢᠯᠠᠩ ( ᠨᠠᠮ ᠤᠨ ᠬᠣᠷᠢᠶ᠎ᠠ ) ᠤᠨ ᠵᠢᠭᠠᠪᠤᠷᠢ ᠠᠪᠬᠤ
ᠮᠡᠳᠡᠭᠦᠯᠦᠯᠲᠡ ᠶ᠋ᠢᠨ ᠴᠢᠬᠤᠯᠠ ᠵᠦᠢᠯ ᠤᠳ ᠢ ᠶᠠᠷᠢᠯᠴᠠᠨ ᠳᠣᠭᠲᠠᠭᠠᠨ᠎ᠠ᠃
(
ᠠᠷᠪᠠ ) ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠣᠩᠭᠣᠨ ᠲᠠᠨᠢᠯᠴᠠᠭᠤᠯᠵᠤ ᠂ ᠨᠡᠷ᠎ᠡ
ᠳᠤᠷᠠᠳᠬᠤ ᠂ ᠺᠠᠳ᠋ᠷ ᠢ ᠲᠤᠰᠢᠶᠠᠯ ᠳ᠋ᠤ ᠲᠣᠮᠢᠯᠠᠬᠤ ᠪᠠ ᠲᠤᠰᠢᠶᠠᠯ ᠡᠴᠠ ᠪᠠᠭᠤᠯᠭᠠᠨ ᠂
ᠴᠢᠬᠤᠯᠠ ᠲᠠᠢ ᠦᠶ᠎ᠡ ᠳ᠋ᠤ ᠨᠠᠮ ᠤᠨ ᠬᠣᠷᠢᠶᠠᠨ ᠤ ᠭᠡᠰᠢᠭᠦᠳ ᠤᠨ ᠰᠠᠨᠠᠯ ᠢ ᠬᠤᠷᠢᠶᠠᠵᠤ ᠪᠣᠯᠣᠨ᠎ᠠ
᠃ ᠰᠤᠷᠭᠠᠨ ᠬᠦᠮᠦᠵᠢᠭᠦᠯᠦᠯᠲᠡ ᠂ ᠬᠠᠮᠢᠶᠠᠷᠤᠯᠲᠠ ᠂ ᠬᠢᠨᠠᠯᠲᠠ ᠃ ᠨᠠᠮ ᠤᠨ ᠭᠡᠰᠢᠭᠦᠨ
ᠺᠠᠳ᠋ᠷ ᠤᠨ ᠰᠠᠬᠢᠯᠭ᠎ᠠ ᠪᠠᠲᠤ ᠶ᠋ᠢᠨ ᠰᠢᠳᠬᠡᠯ ᠥᠭᠭᠦ ᠂ ᠬᠣᠯᠪᠣᠭᠳᠠᠯ ᠪᠦᠬᠦᠢ ᠵᠦᠢᠯᠡᠰ ᠢ
ᠰᠣᠳᠣᠯᠣᠨ ᠳᠣᠭᠲᠠᠭᠠᠬᠤ ᠬᠡᠷᠡᠭᠲᠡᠶ ᠃
( ᠠᠷᠪᠠᠨ ᠨᠢᠭᠡ ) ᠪᠠᠶᠢᠩᠭᠤ ᠶ᠋ᠢᠨ ᠬᠣᠷᠢᠶ᠎ᠠ ᠡᠴᠠ ᠲᠣᠭᠲᠠᠭᠠᠭᠰᠠᠨ ᠪᠤᠰᠤᠳ ᠴᠢᠬᠤᠯᠠ ᠵᠦᠢᠯᠡᠰ ᠤᠨ ᠲᠤᠬᠠᠶ ᠭᠠᠷᠭᠠᠭᠰᠠᠨ ᠲᠣᠭᠲᠠᠭᠠᠯ ᠲᠠᠢ ᠬᠠᠷᠠᠭᠠᠯᠵᠠᠭᠤᠯᠤᠨᠠ ᠃
ᠶᠢᠰᠦᠳᠦᠭᠡᠷ ᠵᠦᠢᠯ
ᠨᠠᠮ ᠤᠨ ᠬᠣᠷᠢᠶᠠᠨ ᠤ ᠱᠦᠵᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ
ᠪᠦᠬᠦ ᠲᠠᠯ᠎ᠠ ᠶ᠋ᠢᠨ ᠠᠵᠢᠯ ᠢ ᠡᠷᠬᠢᠯᠡᠨ ᠂ ᠪᠠᠶᠢᠩᠭᠤ ᠶ᠋ᠢᠨ ᠬᠣᠷᠢᠶᠠᠨ ᠤ ᠠᠵᠢᠯᠯᠠᠭ᠎ᠠ ᠶᠢ
ᠵᠣᠬᠢᠶᠠᠨ ᠪᠠᠶᠢᠭᠤᠯᠤᠨ᠂ ᠪᠠᠶᠢᠩᠭᠤ ᠶ᠋ᠢᠨ ᠬᠣᠷᠢᠶᠠᠨ ᠤ ᠭᠡᠰᠢᠭᠦᠳ ᠤᠨ ᠠᠵᠢᠯ ᠢ ᠵᠣᠬᠢᠴᠠᠭᠤᠯᠬᠤ ᠂
ᠨᠠᠮ ᠤᠨ ᠬᠣᠷᠢᠶᠠᠨ ᠤ ᠠᠵᠢᠯ ᠤᠨ ᠭᠣᠣᠯ ᠬᠠᠷᠢᠭᠤᠴᠠᠯᠭ᠎ᠠ ᠶ᠋ᠢ ᠡᠭᠦᠷᠭᠡᠯᠡᠬᠦ ᠬᠡᠷᠡᠭᠲᠡᠢ ᠃
ᠵᠠᠰᠠᠭ ᠤᠨ ᠭᠠᠵᠠᠷ ᠤᠨ ᠲᠡᠷᠢᠭᠦᠯᠡᠭᠴᠢ ᠶ᠋ᠢᠨ ᠲᠤᠰᠢᠶᠠᠯ ᠢ ᠡᠭᠦᠷᠭᠡᠯᠡᠵᠦ ᠪᠠᠢᠢᠭ᠎ᠠ ᠨᠠᠮ ᠤᠨ
ᠬᠣᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠪᠦᠬᠦ ᠲᠠᠯ᠎ᠠ ᠶ᠋ᠢᠨ ᠠᠵᠢᠯ ᠢ ᠡᠷᠬᠢᠯᠡᠨ ᠂
ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠠᠵᠢᠯᠯᠠᠭ᠎ᠠ ᠶ᠋ᠢ ᠵᠣᠬᠢᠶᠠᠨ
ᠪᠠᠶᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠬᠤ ᠦᠭᠡᠢ ᠪᠣᠯᠤᠭᠰᠠᠨ ᠨᠠᠮ ᠤᠨ
ᠬᠣᠷᠢᠶᠠᠨ ᠤ ᠳᠡᠳ᠋ ᠱᠦᠵᠢ ᠂ ᠭᠣᠣᠯᠨᠢ ᠱᠦᠵᠢ ᠶᠢ ᠬᠠᠪᠰᠤᠷᠤᠨ ᠨᠠᠮ ᠤᠨ ᠪᠠᠶᠢᠭᠤᠯᠤᠯᠲᠠ ᠶ᠋ᠢᠨ
ᠠᠵᠢᠯ ᠢ ᠠᠳᠬᠤᠬᠤ ᠂ ᠨᠠᠮ ᠤᠨ ᠪᠠᠶᠢᠭᠤᠯᠤᠯᠲᠠ ᠶ᠋ᠢᠨ ᠠᠵᠢᠯ ᠤᠨ ᠴᠢᠬᠤᠯᠠ ᠠᠰᠠᠭᠤᠳᠠᠯ ᠢ
ᠵᠣᠬᠢᠴᠠᠭᠤᠯᠤᠨ ᠰᠢᠢᠳᠪᠦᠷᠢᠯᠡᠵᠦ ᠂ ᠨᠠᠮ ᠤᠨ ᠬᠣᠷᠢᠶ᠎ᠠ ᠶ᠋ᠢᠨ ᠠᠵᠢᠯ ᠤᠨ ᠰᠠᠯᠠᠭ᠎ᠠ ᠮᠥᠴᠢᠷ ᠤᠨ
ᠨᠠᠮ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ
ᠱᠠᠪᠳᠠᠭᠣᠯᠵᠤ ᠂ ᠬᠠᠮᠲᠤ ᠳᠦ ᠨᠢ ᠬᠡᠷᠡᠭᠴᠡᠭᠡ ᠪᠠᠨ ᠦᠨᠳᠦᠰᠦᠯᠡᠨ ᠵᠣᠬᠢᠴᠠᠭᠤᠯᠬᠤ ᠪᠠ ᠪᠤᠰᠤᠳ
ᠲᠠᠯ᠎ᠠ ᠶ᠋ᠢᠨ ᠠᠵᠢᠯ ᠢ ᠬᠠᠷᠢᠭᠤᠴᠠᠨ᠎ᠠ ᠃ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ
ᠠᠵᠢᠯ ᠬᠤᠪᠢᠶᠠᠷᠢᠯᠠᠨ ᠬᠠᠷᠢᠭᠤᠴᠠᠬᠤ ᠬᠣᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠢ
ᠰᠠᠶᠢᠲᠤᠷ ᠠᠳᠬᠤᠵᠤ ᠂ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠳ᠋ᠤᠨᠢ
ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳ᠋ᠤ ᠨᠠᠮ ᠢ ᠴᠢᠩᠭ᠎ᠠ ᠵᠠᠰᠠᠬᠤ
ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ ᠃
ᠨᠠᠮ ᠤᠨ ᠬᠣᠷᠢᠶᠠᠨ ᠤ ᠭᠡᠰᠢᠭᠦᠨ
᠂ ᠣᠷᠣᠯᠠᠭᠴᠢ ᠭᠡᠰᠢᠭᠦᠨ ᠂ ᠨᠠᠮ ᠤᠨ ᠬᠣᠷᠢᠶᠠᠨ ᠤ ᠬᠠᠮᠲᠤ ᠶ᠋ᠢᠨ ᠰᠢᠢᠳᠪᠦᠷᠢᠲᠦ ᠪᠤᠳᠤᠯᠭ᠎ᠠ
ᠲᠣᠭᠲᠠᠭᠠᠬᠤ ᠳᠦ ᠨᠠᠷᠢᠨ ᠬᠢᠨᠠᠮᠠᠭᠠᠢ ᠣᠷᠣᠯᠴᠠᠵᠤ ᠂ ᠬᠠᠤᠯᠢ ᠲᠣᠭᠲᠠᠭᠠᠯ ᠶᠣᠰᠣᠭᠠᠷ ᠡᠭᠦᠷᠭᠡ
ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃
ᠠᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠡᠭᠦᠷᠭᠡ ᠬᠠᠷᠢᠭᠤᠴᠠᠯᠭ᠎ᠠ ᠶᠢᠨ
ᠨᠠᠷᠢᠨ ᠬᠠᠭᠤᠳᠠᠰᠤ ᠶ᠋ᠢᠨ ᠲᠦᠷᠢᠮ ᠢ ᠪᠠᠶᠢᠭᠤᠯᠵᠦ ᠂ ᠪᠠᠶᠢᠩᠭᠤ ᠶ᠋ᠢᠨ ᠬᠣᠷᠢᠶ᠎ᠠ ᠵᠢᠴᠢ
ᠲᠡᠭᠦᠨ ᠤ ᠪᠦᠷᠢᠯᠳᠦᠬᠦᠨ ᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠪᠣᠯᠭᠠᠬᠤ ᠪᠥᠭᠡᠳ
ᠵᠣᠬᠢᠬᠤ ᠬᠡᠪᠴᠢᠶᠡᠨ ᠳᠣᠲᠣᠷ᠎ᠠ ᠢᠯᠡ ᠪᠣᠯᠭᠠᠬᠤ ᠬᠡᠷᠡᠭᠲᠡᠶ ᠃
ᠠᠷᠪᠠᠨ ᠨᠢᠭᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ
ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠭᠦᠢᠴᠡᠳᠬᠡᠵᠦ ᠂ ᠨᠠᠮ ᠤᠨ ᠬᠣᠷᠢᠶᠠᠨ ᠤ
ᠱᠦᠵᠢ ᠨᠠᠮ ᠤᠨ ᠪᠠᠶᠢᠭᠤᠯᠤᠯᠲᠠ ᠶ᠋ᠢ ᠠᠳᠬᠤᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ
ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ ᠃ ᠨᠠᠮ ᠤᠨ ᠪᠠᠶᠢᠭᠤᠯᠤᠯᠲᠠ ᠶ᠋ᠢᠨ ᠠᠵᠢᠯ ᠤᠨ
ᠤᠳᠤᠷᠢᠳᠬᠤ ᠲᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠃
ᠪᠠᠶᠢᠩᠭᠤ ᠶ᠋ᠢᠨ ᠬᠣᠷᠢᠶᠠᠨ ᠤ ᠨᠠᠮ ᠤᠨ ᠪᠠᠶᠢᠭᠤᠯᠤᠯᠲᠠ ᠶ᠋ᠢᠨ ᠠᠵᠢᠯ ᠢ ᠲᠣᠭᠲᠠᠮᠠᠯ
ᠬᠤᠭᠤᠴᠠᠭ᠎ᠠ ᠲᠠᠢ ᠪᠠᠷ ᠰᠣᠳᠣᠯᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ
ᠪᠦᠭᠦᠳᠡ ᠬᠤᠷᠠᠯ ᠪᠠ ᠲᠥᠪ ᠬᠣᠷᠢᠶᠠᠨ ᠤ ᠨᠠᠮ ᠤᠨ ᠪᠠᠶᠢᠭᠤᠯᠤᠯᠲᠠ ᠶ᠋ᠢᠨ ᠠᠵᠢᠯ ᠢ ᠠᠳᠬᠤᠬᠤ
ᠪᠠᠶᠢᠳᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠰᠬᠠᠶ ᠰᠡᠳᠦᠪ ᠢᠶᠠᠷ ᠮᠡᠳᠡᠭᠦᠯᠬᠦ
ᠬᠡᠷᠡᠭᠲᠡᠶ ᠂ ᠵᠢᠯ ᠪᠣᠯᠭᠠᠨ ᠨᠢᠭᠡ ᠤᠳᠠᠭ᠎ᠠ ᠠᠶᠢᠮᠠᠭ ᠬᠣᠲᠠ ᠶ᠋ᠢᠨ ᠨᠠᠮ ᠤᠨ ᠬᠣᠷᠢᠶ᠎ᠠ ᠪᠠ
ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠂ ᠨᠠᠮ ᠤᠨ ᠤᠳᠤᠷᠢᠳᠬᠤ
ᠲᠤᠭᠤᠶᠢᠯᠠᠩ ( ᠨᠠᠮ ᠤᠨ ᠬᠣᠷᠢᠶ᠎ᠠ ) ᠱᠦᠵᠢ ᠨᠠᠮ ᠤᠨ ᠪᠠᠶᠢᠭᠤᠯᠤᠯᠲᠠ ᠶ᠋ᠢᠨ ᠠᠵᠢᠯ ᠢ ᠠᠳᠬᠤᠬᠤ
ᠠᠵᠢᠯ ᠤᠨ ᠮᠡᠳᠡᠭᠦᠯᠦᠯᠲᠡ ᠬᠢᠬᠦ ᠬᠡᠷᠡᠭᠲᠡᠶ ᠃ ᠬᠣᠲᠠ ᠂ ᠰᠢᠶᠠᠨ ᠤ ᠬᠣᠶᠠᠷ ᠱᠠᠲᠤᠨ ᠤ ᠨᠠᠮ ᠤᠨ
ᠬᠣᠷᠢᠶᠠᠨ ᠤ ᠱᠦᠵᠢ ᠶ᠋ᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶ᠋ᠢᠨ ᠠᠵᠢᠯ ᠤᠨ
ᠮᠡᠳᠡᠭᠦᠯᠦᠯᠲᠡ ᠬᠢᠬᠦ ᠪᠠ ᠰᠢᠭᠦᠮᠵᠢᠯᠡᠨ ᠦᠨᠡᠯᠡᠵᠦ ᠬᠢᠨᠠᠨ ᠰᠢᠯᠭᠠᠬᠤ ᠳᠦᠷᠢᠮ ᠢ
ᠬᠡᠷᠡᠭᠵᠢᠭᠦᠯᠵᠦ ᠂ ᠨᠠᠮ ᠤᠨ ᠪᠠᠶᠢᠭᠤᠯᠤᠯᠲᠠ ᠶ᠋ᠢᠨ ᠠᠵᠢᠯ ᠢ ᠶᠡᠷᠦᠩᠬᠡᠶᠢᠯᠡᠨ ᠦᠨᠡᠯᠡᠬᠦ
ᠰᠢᠰᠲ᠋ᠧᠮ ᠢ ᠲᠡᠭᠦᠯᠳᠡᠷᠵᠢᠭᠦᠯᠵᠦ ᠂ ᠨᠠᠮ ᠤᠨ ᠪᠠᠶᠢᠭᠤᠯᠤᠯᠲᠠ ᠶ᠋ᠢᠨ ᠡᠯ᠎ᠡ ᠵᠦᠢᠯ ᠤᠨ
ᠪᠠᠶᠢᠷᠢᠯᠠᠭᠤᠯᠤᠯᠲᠠ ᠶ᠋ᠢ ᠪᠣᠳᠠᠲᠠᠶ ᠳ᠋ᠤ ᠨᠠᠶᠢᠳᠠᠪᠤᠷᠢᠵᠢᠭᠤᠯᠬᠤ ᠶ᠋ᠢ ᠦᠨᠡᠨ ᠬᠦ ᠪᠠᠲᠤᠯᠠᠬᠤ
ᠬᠡᠷᠡᠭᠲᠡᠶ ᠃
ᠠᠷᠪᠠᠨ ᠬᠣᠶᠠᠳᠤᠭᠠᠷ ᠵᠦᠢᠯ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ
ᠵᠠᠰᠠᠭ ᠪᠠᠷᠢᠬᠤ ᠪᠠᠶᠢᠭᠤᠯᠤᠯᠲᠠ ᠶ᠋ᠢᠨ ᠪᠡᠶᠡᠴᠢ ᠴᠣᠭᠴᠠ ᠶ᠋ᠢᠨ ᠬᠠᠷᠢᠭᠤᠴᠠᠯᠭ᠎ᠠ ᠶᠢ
ᠭᠦᠢᠴᠡᠳᠬᠡᠵᠦ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠯᠭ᠎ᠠ ᠬᠢᠨᠠᠯᠲᠠ ᠲᠠᠯᠪᠢᠬᠤ
ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠳᠤᠷᠢᠳᠤᠨ ᠳᠡᠮᠵᠢᠬᠦ ᠬᠡᠷᠡᠭᠲᠡᠶ ᠃ ᠰᠠᠬᠢᠯᠭ᠎ᠠ
ᠪᠠᠲᠤ ᠶ᠋ᠢ ᠬᠠᠤᠯᠢ ᠴᠠᠭᠠᠵᠠ ᠶ᠋ᠢᠨ ᠡᠮᠦᠨ᠎ᠡ ᠂ ᠰᠠᠬᠢᠯᠭ᠎ᠠ ᠪᠠᠲᠤ ᠶ᠋ᠢ ᠬᠠᠤᠯᠢ ᠴᠠᠭᠠᠵᠠ ᠡᠴᠠ
ᠴᠢᠩᠭ᠎ᠠ ᠪᠠᠢᠢᠬᠤ ᠶᠢ ᠪᠠᠷᠢᠮᠲᠠᠯᠠᠵᠤ ᠂ ᠨᠠᠮ ᠤᠨ ᠰᠠᠬᠢᠯᠭ᠎ᠠ ᠪᠠᠲᠤ ᠶ᠋ᠢ ᠴᠢᠩᠭ᠎ᠠ
ᠬᠡᠷᠡᠭᠵᠢᠭᠦᠯᠦᠨ ᠬᠠᠮᠠᠭᠠᠯᠠᠵᠤ ᠂ ᠢᠯᠵᠠᠷᠠᠬᠤ ᠵᠣᠷᠢᠭ ᠦᠭᠡᠢ ᠂ ᠢᠯᠵᠠᠷᠠᠵᠤ ᠴᠢᠳᠠᠬᠤ ᠦᠭᠡᠢ ᠂
ᠢᠯᠵᠠᠷᠠᠬᠤ ᠶ᠋ᠢ ᠪᠤᠳᠤᠬᠤ ᠦᠭᠡᠢ ᠪᠣᠯᠭᠠᠬᠤ᠂ ᠠᠷᠢᠭ ᠤᠨ ᠴᠢᠬᠡᠴᠢ ᠪᠠᠷ ᠵᠠᠰᠠᠭ ᠶᠠᠪᠤᠭᠤᠯᠬᠤ
ᠣᠷᠴᠢᠨ ᠲᠣᠭᠣᠷᠢᠨ ᠂ ᠲᠥᠪ ᠴᠢᠬᠡᠴᠢ ᠬᠡᠪ ᠰᠤᠷᠲᠠᠯ ᠪᠦᠬᠦᠢ ᠤᠯᠤᠰ ᠲᠦᠷᠦ ᠶ᠋ᠢᠨ ᠠᠮᠢ ᠠᠬᠤᠶ ᠶ᠋ᠢ
ᠪᠤᠢ ᠪᠣᠯᠭᠠᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠯ ᠪᠦᠷᠢ ᠨᠠᠮ ᠤᠨ
ᠲᠥᠪ ᠬᠣᠷᠢᠶ᠎ᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶᠢᠨ ᠲᠤᠰᠬᠠᠢ
ᠰᠡᠳᠦᠪᠲᠦ ᠮᠡᠳᠡᠭᠦᠯᠦᠯᠲᠡ ᠶ᠋ᠢ ᠬᠢᠵᠦ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ
ᠵᠠᠰᠠᠭ ᠪᠠᠷᠢᠬᠤ ᠪᠠᠶᠢᠭᠤᠯᠤᠯᠲᠠ ᠶ᠋ᠢᠨ ᠬᠠᠷᠢᠭᠤᠴᠠᠯᠭ᠎ᠠ ᠶ᠋ᠢᠨ ᠲᠦᠷᠢᠮ ᠢ ᠲᠤᠤᠱᠯᠠᠭᠤᠯᠤᠨ
ᠨᠠᠶᠢᠳᠠᠪᠤᠷᠢᠵᠢᠭᠤᠯᠵᠦ ᠪᠠᠢᠢᠭ᠎ᠠ ᠪᠠᠶᠢᠳᠠᠯ ᠢ ᠮᠡᠳᠡᠭᠦᠯᠦᠨ᠎ᠡ᠃
ᠳᠥᠷᠪᠡᠳᠦᠭᠡᠷ ᠪᠦᠯᠦᠭ ᠵᠣᠬᠢᠶᠠᠨ ᠪᠠᠢᠢᠭᠤᠯᠬᠤ ᠵᠠᠷᠴᠢᠮ
ᠠᠷᠪᠠᠨ ᠭᠤᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠡᠷᠬᠡᠪᠰᠢ ᠲᠥᠪ ᠬᠣᠷᠢᠶᠠᠨ ᠤ ᠰᠢᠢᠳᠪᠦᠷᠢᠲᠦ
ᠪᠣᠳᠣᠯᠭ᠎ᠠ ᠪᠠᠶᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠬᠡᠷᠡᠭᠵᠢᠭᠦᠯᠵᠦ ᠂ ᠰᠢ ᠶ᠋ᠢᠨ
ᠫᠢᠩ ᠨᠥᠬᠥᠷ ᠢᠶᠠᠷ ᠭᠣᠣᠯ ᠪᠣᠯᠭᠠᠭᠰᠠᠨ ᠨᠠᠮ ᠤᠨ ᠲᠥᠪ ᠬᠣᠷᠢᠶᠠᠨ ᠤ ᠡᠷᠬᠡ ᠰᠦᠷ ᠢ ᠡᠷᠡᠰ
ᠬᠠᠮᠠᠭᠠᠯᠠᠵᠤ ᠂ ᠶᠠᠮᠠᠷᠪᠠ ᠠᠵᠢᠯ ᠤᠨ ᠪᠠᠶᠢᠷᠢᠯᠠᠭᠤᠯᠤᠯᠲᠠ ᠨᠢ ᠴᠥᠮ ᠡᠷᠬᠡᠪᠰᠢ ᠲᠥᠪ ᠤᠨ ᠵᠣᠷᠢᠭ
ᠰᠠᠨᠠᠭ᠎ᠠ ᠶ᠋ᠢ ᠲᠤᠭᠤᠰᠢᠯᠠᠭᠤᠯᠬᠤ ᠪᠠᠷ ᠤᠷᠢᠲᠠᠯ ᠪᠣᠯᠭᠠᠬᠤ ᠬᠡᠷᠡᠭᠲᠡᠶ ᠃ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠵᠢᠯ ᠪᠦᠷᠢ ᠲᠥᠪ ᠬᠣᠷᠢᠶ᠎ᠠ ᠳ᠋ᠤ ᠨᠢᠭᠡ ᠤᠳᠠᠭ᠎ᠠ ᠪᠦᠬᠦ
ᠲᠠᠯ᠎ᠠ ᠪᠠᠷ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠨ᠎ᠡ ᠃ ᠲᠥᠪ ᠬᠣᠷᠢᠶᠠᠨ ᠤ
ᠴᠢᠬᠤᠯᠠ ᠲᠣᠭᠲᠠᠭᠠᠯ ᠢ ᠨᠠᠶᠢᠳᠠᠪᠤᠷᠢᠵᠢᠭᠤᠯᠬᠤ ᠪᠠ ᠲᠥᠪ ᠬᠣᠷᠢᠶᠠᠨ ᠤ ᠨᠠᠢᠮᠠᠨ ᠵᠦᠢᠯ ᠤᠨ
ᠲᠣᠭᠲᠠᠭᠠᠯ ᠤᠨ ᠵᠣᠷᠢᠭ ᠰᠠᠨᠠᠭ᠎ᠠ ᠂ ᠠᠯᠢ ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ
ᠰᠦᠢᠳᠬᠡᠬᠦ ᠶ᠋ᠢ ᠡᠰᠡᠷᠭᠦᠴᠡᠬᠦ ᠲᠤᠬᠠᠶ ᠳᠦᠷᠢᠮ ᠂ ᠦᠵᠡᠯ ᠤᠬᠠᠮᠰᠠᠷ ᠤᠨ ᠬᠡᠯᠪᠡᠷᠢ ᠶ᠋ᠢᠨ
ᠠᠵᠢᠯ ᠤᠨ ᠬᠠᠷᠢᠭᠤᠴᠠᠯᠭ᠎ᠠ ᠶ᠋ᠢᠨ ᠲᠦᠷᠢᠮ ᠢ ᠬᠡᠷᠡᠭᠵᠢᠭᠦᠯᠬᠦ ᠠᠷᠭ᠎ᠠ ᠵᠡᠷᠭᠡ ᠨᠠᠮ ᠤᠨ
ᠳᠣᠲᠣᠭᠠᠳᠤ ᠶ᠋ᠢᠨ ᠴᠢᠬᠤᠯᠠ ᠬᠠᠤᠯᠢ ᠲᠣᠭᠲᠠᠭᠠᠯ ᠨᠤᠭᠤᠳ ᠢ ᠲᠤᠤᠱᠯᠠᠭᠤᠯᠵᠤ ᠪᠠᠢᠢᠭ᠎ᠠ
ᠪᠠᠶᠢᠳᠠᠯ ᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠬᠠᠢ ᠰᠡᠳᠦᠪᠲᠦ ᠢᠯᠡᠳᠬᠡᠯ ᠬᠢᠬᠦ
ᠬᠡᠷᠡᠭᠲᠡᠶ ᠃ ᠬᠦᠨᠳᠦ ᠶᠡᠬᠡ ᠭᠡᠨᠡᠳᠲᠡ ᠶ᠋ᠢᠨ ᠬᠡᠷᠡᠭ ᠤᠴᠢᠷ ᠂ ᠴᠢᠬᠤᠯᠠ ᠶᠡᠬᠡ
ᠠᠰᠠᠭᠤᠳᠠᠯ ᠲᠣᠬᠢᠶᠠᠯᠳᠤᠪᠠᠯ᠂ ᠴᠠᠭ ᠲᠤᠬᠠᠶ ᠳᠦ ᠨᠢ ᠲᠥᠪ ᠬᠣᠷᠢᠶ᠎ᠠ ᠳ᠋ᠤ ᠮᠡᠳᠡᠭᠦᠯᠦᠨ
ᠵᠢᠭᠠᠪᠤᠷᠢ ᠠᠪᠬᠤ ᠬᠡᠷᠡᠭᠲᠡᠶ ᠃
ᠠᠷᠪᠠᠨ ᠳᠥᠷᠪᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶ᠋ᠢᠨ ᠳᠣᠣᠷ᠎ᠠ ᠱᠠᠲᠤᠨ ᠤ ᠨᠠᠮ ᠤᠨ
ᠵᠣᠬᠢᠶᠠᠨ ᠪᠠᠶᠢᠭᠤᠯᠤᠯᠲᠠ ᠶ᠋ᠢᠨ ᠬᠠᠤᠯᠢ ᠶᠣᠰᠣᠭᠠᠷ ᠲᠣᠭᠲᠠᠭᠠᠯ ᠶᠣᠰᠣᠭᠠᠷ ᠲᠤᠰᠢᠶᠠᠯ
ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠪᠠ ᠪᠠᠲᠤᠯᠠᠬᠤ ᠬᠡᠷᠡᠭᠲᠡᠶ ᠃ ᠠᠯᠢᠪᠠ
ᠬᠠᠷᠢᠶᠠᠲᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶ᠋ᠢᠨ ᠡᠭᠦᠷᠭᠡ
ᠬᠠᠷᠢᠭᠤᠴᠠᠯᠭ᠎ᠠ ᠶ᠋ᠢᠨ ᠬᠡᠪᠴᠢᠶᠡᠨ ᠳᠣᠲᠣᠷᠠᠬᠢ ᠤᠴᠢᠷ ᠶᠠᠪᠤᠳᠠᠯ ᠳ᠋ᠤ ᠣᠨᠴᠠᠭᠠᠶ ᠪᠠᠶᠢᠳᠠᠯ
ᠤᠢᠭᠡᠢ ᠪᠣᠯ ᠲᠤᠤᠷᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠴᠡ ᠰᠢᠢᠳᠪᠦᠷᠢᠯᠡᠨ᠎ᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠲᠤᠤᠷᠡᠳᠦ ᠱᠠᠲᠤᠨ ᠤ ᠨᠠᠮ ᠤᠨ
ᠵᠣᠬᠢᠶᠠᠨ ᠪᠠᠶᠢᠭᠤᠯᠤᠯᠲᠠ ᠶ᠋ᠢᠨ ᠬᠠᠮᠢᠶ᠎ᠠ ᠪᠦᠬᠦᠢ ᠴᠢᠬᠤᠯᠠ ᠲᠣᠭᠲᠠᠭᠠᠯ ᠭᠠᠷᠭᠠᠬᠤ ᠳᠠᠭᠠᠨ
ᠡᠩ ᠤᠨ ᠪᠠᠶᠢᠳᠠᠯ ᠳᠣᠣᠷ᠎ᠠ ᠤᠷᠢᠳᠠᠪᠠᠷ ᠲᠤᠤᠷᠠᠳᠤ ᠱᠠᠲᠤᠨ ᠤ ᠨᠠᠮ ᠤᠨ ᠵᠣᠬᠢᠶᠠᠨ
ᠪᠠᠶᠢᠭᠤᠯᠤᠯᠲᠠ ᠶ᠋ᠢᠨ ᠰᠠᠨᠠᠯ ᠢ ᠬᠤᠷᠢᠶᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ
ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢ ᠂ ᠳᠣᠣᠷ᠎ᠠ ᠱᠠᠲᠤᠨ ᠤ
ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠣᠶᠢᠯᠭᠠᠭᠰᠠᠨ ᠴᠢᠬᠤᠯᠠ ᠪᠠᠶᠢᠳᠠᠯ
ᠪᠠ ᠴᠢᠬᠤᠯᠠ ᠶᠡᠬᠡ ᠠᠰᠠᠭᠤᠳᠠᠯ ᠢ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ ᠃
ᠠᠷᠪᠠᠨ ᠲᠠᠪᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠡᠷᠬᠡᠪᠰᠢ ᠠᠷᠠᠳᠴᠢᠯᠠᠯ ᠲᠥᠪᠯᠡᠷᠡᠯ ᠤᠨ
ᠶᠣᠰᠣ ᠶ᠋ᠢ ᠪᠠᠷᠢᠮᠲᠠᠯᠠᠵᠤ ᠂ ᠠᠯᠢᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ
ᠪᠦᠭᠦᠳᠡ ᠬᠤᠷᠠᠯ ᠪᠤᠶᠤ ᠪᠠᠶᠢᠩᠭᠤ ᠶ᠋ᠢᠨ ᠬᠣᠷᠢᠶᠠᠨ ᠤ ᠬᠤᠷᠠᠯ ᠢᠶᠠᠷ ᠶᠠᠷᠢᠯᠴᠠᠨ ᠳᠣᠭᠲᠠᠭᠠᠬᠤ
ᠶᠣᠰᠣᠲᠠᠢ ᠤᠴᠢᠷ ᠶᠠᠪᠤᠳᠠᠯ ᠢ ᠬᠠᠮᠲᠤᠪᠠᠷ ᠰᠣᠳᠣᠯᠣᠨ ᠲᠣᠭᠲᠠᠭᠠᠬᠤ ᠬᠡᠷᠡᠭᠲᠡᠶ ᠂ ᠶᠠᠮᠠᠷᠪᠠ
ᠬᠤᠪᠢ ᠬᠥᠮᠦᠨ ᠪᠤᠶᠤ ᠴᠥᠭᠡᠨ ᠲᠣᠭᠠᠨ ᠤ ᠬᠥᠮᠦᠰ ᠨᠢ ᠳᠤᠷ᠎ᠠ ᠪᠠᠷ ᠢᠶᠡᠨ ᠲᠣᠭᠲᠠᠭᠠᠬᠤ ᠡᠷᠬᠡ
ᠦᠭᠡᠢ ᠃ ᠡᠨᠡ ᠠᠰᠠᠭᠤᠳᠠᠯ ᠢ ᠬᠠᠮᠲᠤ ᠪᠠᠷ ᠶᠠᠷᠢᠯᠴᠠᠨ ᠲᠣᠭᠲᠠᠭᠠᠬᠤ ᠳᠦ ᠂ ᠬᠤᠪᠢ ᠬᠥᠮᠦᠨ
ᠰᠠᠨᠠᠯ ᠢᠶᠡᠨ ᠭᠦᠢᠴᠡᠳ ᠢᠯᠡᠳᠬᠡᠬᠦ ᠬᠡᠷᠡᠭᠲᠡᠶ ᠃ ᠬᠤᠪᠢ ᠬᠥᠮᠦᠨ ᠬᠠᠮᠲᠤ ᠪᠠᠷ ᠭᠠᠷᠭᠠᠭᠰᠠᠨ
ᠲᠣᠭᠲᠠᠭᠠᠯ ᠢ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠶ ᠂ ᠠᠳᠠᠯᠢ ᠪᠤᠰᠤ ᠰᠠᠨᠠᠯ ᠢᠶᠡᠨ
ᠦᠯᠡᠳᠡᠭᠡᠵᠦ ᠴᠦ ᠪᠣᠯᠣᠨ᠎ᠠ ᠂ ᠪᠠᠰᠠ ᠲᠥᠪ ᠬᠣᠷᠢᠶ᠎ᠠ ᠳ᠋ᠤ ᠮᠡᠳᠡᠭᠦᠯᠵᠦ ᠪᠣᠯᠣᠨ᠎ᠠ ᠃
ᠪᠠᠶᠢᠩᠭᠤ ᠶ᠋ᠢᠨ ᠬᠣᠷᠢᠶᠠᠨ ᠤ ᠭᠡᠰᠢᠭᠦᠨᠠᠵᠢᠯ ᠤᠨ ᠬᠤᠪᠢᠶᠠᠷᠢᠯᠠᠯᠲᠠ ᠪᠠ ᠬᠠᠮᠲᠤ ᠪᠠᠷ
ᠲᠣᠭᠲᠠᠭᠠᠬᠤ ᠶᠢ ᠦᠨᠳᠦᠰᠦᠯᠡᠨ ᠂ ᠵᠣᠷᠢᠭᠲᠠᠢ ᠡᠭᠦᠷᠭᠡᠯᠡᠵᠦ ᠂ ᠵᠣᠷᠢᠭᠲᠠᠢ ᠬᠠᠷᠢᠭᠤᠴᠠᠵᠤ ᠂
ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ ᠃ ᠥᠪᠡᠷ ᠤᠨ
ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠳᠦ ᠬᠠᠷᠢᠶᠠᠯᠠᠭᠳᠠᠬᠤ ᠥᠭᠡᠢ ᠴᠤ ᠂ ᠪᠦᠬᠦ
ᠲᠠᠯ᠎ᠠ ᠶ᠋ᠢ ᠪᠣᠳᠣᠯᠬᠢᠯᠠᠨ ᠂ ᠬᠠᠯᠠᠮᠵᠢᠯᠠᠨ ᠳᠡᠮᠵᠢᠵᠦ ᠂ ᠰᠤᠳᠤᠯᠭᠠᠨ ᠢᠶᠡᠨ ᠴᠢᠩᠭᠠᠳᠬᠠᠵᠤ ᠂
ᠰᠠᠨᠠᠯ ᠪᠠ ᠰᠠᠨᠠᠭᠤᠯᠭ᠎ᠠ ᠪᠠᠨ ᠢᠳᠡᠪᠬᠢᠲᠡᠶ ᠢᠯᠡᠳᠬᠡᠨ᠎ᠡ ᠃
ᠠᠷᠪᠠᠨ ᠵᠢᠷᠭᠤᠳᠤᠭᠠᠷ ᠵᠦᠢᠯ
ᠱᠦᠵᠢ ᠂ ᠲᠦᠷᠦᠭᠦᠯᠡᠨ ᠠᠷᠠᠳᠴᠢᠯᠠᠯ ᠲᠥᠪᠯᠡᠷᠡᠯ ᠤᠨ ᠶᠣᠰᠣ ᠶ᠋ᠢ ᠲᠤᠤᠱᠯᠠᠭᠤᠯᠤᠨ
ᠬᠡᠷᠡᠭᠵᠢᠭᠦᠯᠵᠦ ᠂ ᠠᠷᠠᠳᠴᠢᠯᠠᠯ ᠢ ᠭᠦᠢᠴᠡᠳ ᠪᠠᠳᠠᠷᠠᠭᠤᠯᠵᠤ ᠂ ᠴᠢᠩᠭ᠎ᠠ ᠵᠢᠷᠤᠮ ᠶᠣᠰᠣᠭᠠᠷ
ᠰᠢᠢᠳᠪᠦᠷᠢᠲᠦ ᠪᠤᠳᠤᠯᠭ᠎ᠠ ᠳᠣᠭᠲᠠᠭᠠᠨ᠂ ᠳᠦᠷᠢᠮ ᠶᠣᠰᠣᠭᠠᠷ ᠤᠴᠢᠷ ᠶᠠᠪᠤᠳᠠᠯ ᠬᠢᠵᠦ ᠂ ᠠᠳᠠᠯᠢ
ᠪᠤᠰᠤ ᠰᠠᠨᠠᠯ ᠢ ᠰᠣᠨᠣᠰᠬᠤ ᠶ᠋ᠢ ᠠᠩᠬᠠᠷᠴᠤ ᠂ ᠴᠥᠭᠡᠨ ᠲᠣᠭᠠᠨ ᠤ ᠬᠥᠮᠦᠰ ᠤᠨ ᠰᠠᠨᠠᠯ ᠳ᠋ᠤ
ᠵᠥᠪ ᠢᠶᠠᠷ ᠬᠠᠨᠳᠤᠬᠤ ᠂ ᠵᠥᠪ ᠰᠠᠨᠠᠯ ᠢ ᠰᠠᠶᠢᠲᠦᠷ ᠲᠥᠪᠯᠡᠷᠡᠭᠦᠯᠵᠦ ᠂ ᠵᠣᠬᠢᠶᠠᠨ
ᠪᠠᠶᠢᠭᠤᠯᠤᠯᠲᠠ ᠪᠠ ᠤᠳᠤᠷᠢᠳᠬᠤ ᠪᠠᠭ ᠤᠨ ᠳᠡᠭᠡᠷ᠎ᠡ ᠲᠠᠯᠪᠢᠵᠤ ᠪᠣᠯᠬᠤ ᠥᠬᠡᠶ ᠃ ᠪᠠᠶᠢᠩᠭᠤ ᠶ᠋ᠢᠨ
ᠬᠣᠷᠢᠶᠠᠨ ᠤ ᠪᠤᠰᠤᠳ ᠭᠡᠰᠢᠭᠦᠳ ᠱᠦᠵᠢ ᠶᠢᠨ ᠠᠵᠢᠯ ᠢᠶᠡᠨ ᠥᠷᠨᠢᠭᠦᠯᠬᠦ ᠶ᠋ᠢ ᠳᠡᠮᠵᠢᠨ᠂
ᠤᠬᠠᠮᠰᠠᠷ ᠡᠴᠠ ᠪᠠᠨ ᠬᠦᠯᠢᠶᠡᠵᠦ ᠂ ᠱᠦᠵᠢ ᠨᠢ ᠲᠡᠭᠦᠨ ᠤ ᠠᠵᠢᠯ ᠤᠨ ᠰᠢᠪᠠᠳᠠᠨ ᠪᠠᠶᠢᠴᠠᠭᠠᠬᠤ
ᠬᠡᠷᠡᠭᠲᠡᠶ ᠃
ᠠᠷᠪᠠᠨ ᠳᠣᠯᠣᠳᠤᠭᠠᠷ ᠵᠦᠢᠯ ᠪᠠᠶᠢᠩᠭᠤ ᠶ᠋ᠢᠨ
ᠬᠣᠷᠢᠶᠠᠨ ᠤ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢ ᠲᠥᠯᠦᠭᠡᠯᠡᠨ
ᠶᠠᠷᠢᠶ᠎ᠠ ᠲᠠᠯᠪᠢᠬᠣ ᠪᠠ ᠬᠠᠷᠢᠭᠤ ᠮᠡᠳᠡᠭᠦᠯᠦᠯᠲᠡ ᠬᠢᠵᠦ᠂ ᠬᠣᠯᠪᠣᠭᠳᠠᠯ ᠪᠦᠬᠦᠢ ᠵᠣᠬᠢᠶᠠᠯ ᠂
ᠵᠣᠬᠢᠶᠠᠯ ᠪᠦᠲᠦᠭᠡᠯ ᠂ ᠦᠭᠡ ᠥᠭᠦᠯᠡᠯ ᠳᠦ ᠭᠠᠷ ᠤᠨ ᠦᠰᠦᠭ ᠵᠢᠷᠤᠵᠤ ᠨᠡᠶᠢᠲᠡᠯᠡᠬᠦ ᠪᠤᠶᠤ
ᠬᠡᠪᠯᠡᠭᠦᠯᠬᠦ ᠳᠦ ᠤᠷᠢᠳᠠᠪᠠᠷ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠤ ᠬᠢᠨᠠᠨ
ᠲᠣᠭᠲᠠᠭᠠᠯᠲᠠ ᠪᠤᠶᠤ ᠱᠦᠵᠢ ᠵᠥᠪᠰᠢᠶᠡᠷᠡᠭᠦᠯᠬᠦ ᠬᠡᠷᠡᠭᠲᠡᠶ ᠃ ᠪᠠᠶᠢᠩᠭᠤ ᠶ᠋ᠢᠨ ᠬᠣᠷᠢᠶᠠᠨ ᠤ
ᠭᠡᠰᠢᠭᠦᠳ ᠪᠠᠶᠢᠴᠠᠭᠠᠨ ᠰᠤᠳᠤᠯᠤᠯᠲᠠ ᠬᠢᠵᠦ ᠂ ᠠᠵᠢᠯ ᠢ ᠪᠠᠶᠢᠴᠠᠭᠠᠨ ᠵᠢᠯᠣᠭᠣᠳᠬᠤ ᠪᠤᠶᠤ
ᠪᠤᠰᠤᠳ ᠠᠯᠪᠠᠨ ᠶᠠᠪᠤᠳᠠᠯ ᠤᠨ ᠠᠵᠢᠯᠯᠠᠭ᠎ᠠ ᠳ᠋ᠤ ᠣᠷᠣᠯᠴᠠᠬᠤ ᠦᠶ᠎ᠡ ᠳ᠋ᠤ ᠬᠤᠪᠢ ᠶ᠋ᠢᠨ
ᠰᠠᠨᠠᠯ ᠢ ᠨᠡᠶᠢᠲᠡᠯᠡᠵᠦ᠂ ᠨᠠᠮ ᠤᠨ ᠬᠣᠷᠢᠶ᠎ᠠ ᠬᠠᠮᠲᠤ ᠪᠠᠷ ᠢᠶᠡᠨ ᠲᠣᠭᠲᠠᠭᠠᠬᠤ ᠵᠣᠷᠢᠭ
ᠰᠠᠨᠠᠭ᠎ᠠ ᠲᠠᠢ ᠨᠡᠶᠢᠴᠡᠭᠰᠡᠨ ᠪᠡᠶᠢᠬᠤ ᠬᠡᠷᠡᠭᠲᠡᠶ ᠃
ᠠᠷᠪᠠᠨ ᠨᠠᠢᠮᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ ᠂
ᠪᠦᠬᠦ ᠲᠠᠯ᠎ᠠ ᠶ᠋ᠢᠨ ᠦᠵᠡᠯᠲᠡ ᠪᠠ ᠬᠠᠷᠢᠭᠤᠴᠠᠯᠭᠠᠲᠤ ᠤᠬᠠᠮᠰᠠᠷ ᠢᠶᠡᠨ ᠴᠢᠩᠭᠠᠳᠬᠠᠵᠤ᠂
ᠪᠡᠶ᠎ᠡ ᠪᠠᠷ ᠢᠶᠡᠨ ᠲᠥᠷᠥᠭᠦᠯᠦᠨ ᠲᠤᠤᠱᠯᠠᠭᠤᠯᠤᠨ ᠬᠡᠷᠡᠭᠵᠢᠭᠦᠯᠵᠦ᠂ ᠲᠥᠪ ᠤᠨ ᠪᠠ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠰᠢᠢᠳᠪᠦᠷᠢᠲᠦ ᠪᠣᠳᠣᠯᠭ᠎ᠠ ᠶ᠋ᠢᠨ
ᠪᠠᠶᠢᠷᠢᠯᠠᠭᠤᠯᠤᠯᠲᠠ ᠶ᠋ᠢ ᠤᠬᠠᠮᠰᠠᠷ ᠡᠴᠠ ᠪᠠᠨ ᠬᠠᠮᠠᠭᠠᠯᠠᠵᠤ ᠂ ᠨᠠᠮ ᠤᠨ ᠪᠦᠯᠬᠦᠮᠳᠡᠯ
ᠨᠢᠭᠡᠳᠦᠯ ᠢ ᠪᠡᠶᠡᠯᠡᠭᠦᠯᠬᠦ ᠬᠡᠷᠡᠭᠲᠡᠢ᠃
ᠲᠠᠪᠤᠳᠤᠭᠠᠷ ᠪᠦᠯᠦᠭ ᠬᠤᠷᠠᠯᠳᠤᠭᠠᠨ ᠤ ᠳᠦᠷᠢᠮ
ᠠᠷᠪᠠ ᠶᠢᠰᠦᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠦᠭᠦᠳᠡ ᠬᠤᠷᠠᠯ ᠵᠢᠯ ᠪᠦᠷᠢ
ᠠᠳᠠᠭ ᠲᠠᠭᠠᠨ ᠬᠣᠶᠠᠷ ᠤᠳᠠᠭ᠎ᠠ ᠶᠠᠪᠤᠭᠳᠠᠨ᠎ᠠ ᠂ ᠴᠢᠬᠤᠯᠠ ᠪᠠᠶᠢᠳᠠᠯ ᠳ᠋ᠤ ᠲᠤᠯᠭᠠᠷᠠᠪᠠᠯ ᠴᠠᠭ
ᠲᠤᠬᠠᠶ ᠳᠦ ᠨᠢ ᠬᠤᠷᠠᠯᠳᠤᠭᠤᠯᠬᠤ ᠬᠡᠷᠡᠭᠲᠡᠶ ᠃ ᠪᠥᠬᠥᠳᠡ ᠬᠤᠷᠠᠯ ᠨᠢ ᠪᠠᠶᠢᠩᠭᠤ ᠶ᠋ᠢᠨ ᠬᠣᠷᠢᠶ᠎ᠠ
ᠬᠤᠷᠠᠯᠳᠤᠭᠤᠯᠬᠤ ᠪᠥᠭᠡᠳ ᠡᠷᠬᠢᠯᠡᠭᠦᠯᠦᠨ᠎ᠡ ᠂ ᠵᠥᠪᠯᠡᠬᠦ ᠰᠡᠳᠦᠪ ᠢ ᠡᠩ ᠤᠨ ᠪᠠᠶᠢᠳᠠᠯ ᠳᠣᠣᠷ᠎ᠠ
ᠪᠠᠶᠢᠩᠭᠤ ᠶ᠋ᠢᠨ ᠬᠣᠷᠢᠶ᠎ᠠ ᠡᠴᠡ ᠨᠠᠮ ᠤᠨ ᠬᠣᠷᠢᠶᠠᠨ ᠤ ᠭᠡᠰᠢᠭᠦᠨ ᠂ ᠣᠷᠣᠯᠠᠭᠴᠢ ᠭᠡᠰᠢᠭᠦᠨ ᠤ
ᠰᠠᠨᠠᠯ ᠢ ᠠᠪᠤᠭᠰᠠᠨ ᠤ ᠲᠡᠷᠡᠭ᠎ᠠ ᠲᠣᠭᠲᠠᠭᠠᠨ᠎ᠠ ᠃ ᠪᠥᠬᠥᠳᠡ ᠬᠤᠷᠠᠯ ᠨᠢ ᠭᠤᠷᠪᠠᠨ ᠤ ᠬᠣᠶᠠᠷ
ᠬᠤᠪᠢ ᠡᠴᠠ ᠳᠡᠭᠡᠭᠰᠢᠬᠢ ᠨᠠᠮ ᠤᠨ ᠬᠣᠷᠢᠶᠠᠨ ᠤ ᠭᠡᠰᠢᠭᠦᠨ ᠬᠤᠷᠠᠯ ᠳ᠋ᠤ ᠣᠷᠣᠯᠴᠠᠭᠰᠠᠨ ᠪᠠᠶᠢᠪᠠᠯ
ᠰᠠᠶᠢ ᠬᠤᠷᠠᠯᠳᠤᠭᠤᠯᠵᠤ ᠪᠣᠯᠣᠨ᠎ᠠ ᠃ ᠨᠠᠮ ᠤᠨ ᠬᠣᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ
ᠶᠠᠮᠠᠷ ᠨᠢᠭᠡᠨ ᠰᠢᠯᠲᠠᠭᠠᠨ ᠡᠴᠠ ᠪᠣᠯᠣᠭᠠᠳ ᠴᠢᠯᠥᠭᠡ ᠭᠤᠶᠤᠬᠤ ᠬᠡᠷᠡᠭᠲᠡᠶ ᠪᠣᠯ ᠬᠤᠷᠠᠯ ᠡᠴᠠ
ᠡᠮᠦᠨ᠎ᠡ ᠴᠢᠯᠦᠭᠡ ᠭᠤᠶᠤᠨ᠎ᠠ᠃ ᠰᠠᠨᠠᠯ ᠢᠶᠡᠨ ᠪᠢᠴᠢᠭ ᠤᠨ ᠬᠡᠯᠪᠡᠷᠢ ᠶ᠋ᠢᠨ ᠢᠯᠡᠷᠬᠡᠢᠯᠡᠵᠦ
ᠪᠣᠯᠣᠨ᠎ᠠ ᠃ ᠠᠵᠢᠯ ᠤᠨ ᠬᠡᠷᠡᠭᠴᠡᠭᠡ ᠪᠠᠨ ᠦᠨᠳᠦᠰᠦᠯᠡᠵᠦ ᠂ ᠪᠠᠶᠢᠩᠭᠤ ᠶ᠋ᠢᠨ ᠬᠣᠷᠢᠶᠠᠨ ᠤ
ᠪᠥᠬᠥᠳᠡ ᠬᠤᠷᠠᠯ ᠡᠴᠠ ᠬᠣᠯᠪᠣᠭᠳᠠᠯ ᠪᠦᠬᠦᠢ ᠬᠥᠮᠦᠰ ᠤᠨ ᠬᠤᠷᠠᠯ ᠳ᠋ᠤ ᠰᠤᠯᠠ ᠣᠷᠣᠯᠴᠠᠬᠤ ᠶᠢ
ᠲᠣᠭᠲᠠᠭᠠᠵᠤ ᠪᠣᠯᠣᠨ᠎ᠠ ᠃
ᠪᠥᠬᠥᠳᠡ ᠬᠤᠷᠠᠯ ᠡᠴᠠ ᠶᠠᠷᠢᠯᠴᠠᠨ ᠲᠣᠭᠲᠠᠭᠠᠬᠤ ᠤᠴᠢᠷ
ᠶᠠᠪᠤᠳᠠᠯ ᠤᠨ ᠠᠳᠠᠯᠢ ᠪᠤᠰᠤ ᠶᠢ ᠦᠨᠳᠦᠰᠦᠯᠡᠨ᠂ ᠭᠠᠷ ᠡᠷᠭᠦᠨ ᠂ ᠨᠡᠷ᠎ᠡ ᠪᠠᠨ ᠪᠢᠴᠢᠬᠦ
ᠦᠭᠡᠢ ᠪᠠᠷ ᠫᠢᠶᠣᠣ ᠥᠭᠬᠦ ᠪᠤᠶᠤ ᠨᠡᠷ᠎ᠡ ᠪᠠᠨ ᠪᠢᠴᠢᠵᠦ ᠫᠢᠶᠣᠣ ᠥᠭᠬᠦ ᠵᠡᠷᠭᠡ ᠠᠷᠭ᠎ᠠ ᠪᠠᠷ
ᠳᠠᠮᠵᠢᠭᠤᠯᠤᠨ ᠲᠠᠩᠰᠤᠭᠯᠠᠵᠤ ᠪᠣᠯᠣᠨ᠎ᠠ ᠂ ᠫᠢᠶᠣᠣ ᠶᠢᠨ ᠲᠣᠭ᠎ᠠ ᠨᠢ ᠣᠷᠤᠯᠴᠠᠭᠰᠠᠨ ᠨᠠᠮ ᠤᠨ
ᠬᠣᠷᠢᠶ᠎ᠠ ᠶ᠋ᠢᠨ ᠭᠡᠰᠢᠭᠦᠨ ᠤ ᠲᠣᠭ᠎ᠠ ᠶ᠋ᠢᠨ ᠬᠠᠭᠠᠰ ᠡᠴᠠ ᠬᠡᠲᠦᠷᠡᠪᠡᠯ ᠰᠣᠩᠭᠣᠭᠤᠯᠢ ᠶ᠋ᠢᠨ
ᠫᠢᠶᠣᠣ ᠨᠢ ᠬᠦᠴᠦᠨ ᠲᠠᠢ ᠃ ᠬᠤᠷᠠᠯ ᠳ᠋ᠤ ᠣᠷᠤᠯᠴᠠᠭᠰᠠᠨ ᠦᠭᠡᠢ ᠨᠠᠮ ᠤᠨ ᠬᠣᠷᠢᠶᠠᠨ ᠤ
ᠭᠡᠰᠢᠭᠦᠨ ᠦ ᠰᠠᠨᠠᠯ ᠢ ᠫᠢᠶᠣᠣ ᠶ᠋ᠢᠨ ᠲᠣᠭᠠᠨ ᠳᠤ ᠪᠤᠳᠤᠵᠤ ᠣᠷᠣᠭᠤᠯᠵᠤ ᠪᠣᠯᠬᠤ ᠦᠬᠡᠢ ᠃
ᠣᠷᠣᠯᠠᠭᠴᠢ ᠭᠡᠰᠢᠭᠦᠨ ᠳ᠋ᠤ ᠲᠠᠰᠤᠯᠬᠤ ᠡᠷᠬᠡ ᠦᠭᠡᠢ ᠃ ᠨᠠᠮ ᠤᠨ ᠬᠣᠷᠢᠶᠠᠨ ᠤ ᠭᠡᠰᠢᠭᠦᠨ᠂
ᠣᠷᠣᠯᠠᠭᠴᠢ ᠭᠡᠰᠢᠭᠦᠨ ᠳ᠋ᠤ ᠨᠠᠮ ᠤᠨ ᠳᠣᠲᠣᠷᠠᠬᠢ ᠲᠤᠰᠢᠶᠠᠯ ᠡᠴᠠ ᠨᠢ ᠣᠭᠴᠣᠷᠠᠭᠤᠯᠬᠤ ᠠᠴᠠ
ᠳᠡᠭᠡᠭᠰᠢ ᠨᠠᠮ ᠤᠨ ᠰᠠᠬᠢᠯᠭ᠎ᠠ ᠪᠠᠲᠤ ᠶ᠋ᠢᠨ ᠰᠢᠳᠬᠡᠯ ᠥᠭᠬᠦ ᠲᠣᠭᠲᠠᠭᠠᠯ ᠢ ᠡᠷᠬᠡᠪᠰᠢ ᠪᠥᠬᠥᠳᠡ
ᠬᠤᠷᠠᠯ ᠤᠨ ᠭᠤᠷᠪᠠᠨ ᠤ ᠬᠣᠶᠠᠷ ᠡᠴᠠ ᠳᠡᠭᠡᠭᠰᠢᠬᠢ ᠤᠯᠡᠠ ᠲᠣᠭᠠᠲᠠᠨ ᠢᠶᠠᠷ ᠲᠣᠭᠲᠠᠭᠠᠯᠭᠠᠬᠤ
ᠬᠡᠷᠡᠭᠲᠡᠶ ᠃ ᠣᠨᠴᠠᠭᠠᠶ ᠪᠠᠶᠢᠳᠠᠯ ᠤᠨ ᠳᠣᠣᠷ᠎ᠠ ᠪᠣᠯ ᠤᠷᠢᠳᠠᠪᠠᠷ ᠪᠠᠶᠢᠩᠭᠤ ᠶ᠋ᠢᠨ
ᠬᠣᠷᠢᠶ᠎ᠠ ᠡᠴᠠ ᠰᠢᠢᠳᠪᠦᠷᠢᠯᠡᠬᠦ ᠲᠣᠭᠲᠠᠭᠠᠯ ᠭᠠᠷᠭᠠᠵᠤ ᠂ ᠪᠥᠬᠥᠳᠡ ᠬᠤᠷᠠᠯ ᠬᠤᠷᠠᠯᠳᠤᠭᠤᠯᠬᠤ
ᠦᠶ᠎ᠡ ᠳ᠋ᠤ ᠨᠡᠬᠡᠮᠵᠢᠯᠡᠨ ᠪᠠᠲᠤᠯᠠᠭᠤᠯᠵᠤ ᠪᠣᠯᠣᠨ᠎ᠠ ᠃ ᠨᠠᠮ ᠤᠨ ᠬᠣᠷᠢᠶᠠᠨ ᠤ ᠭᠡᠰᠢᠭᠦᠨ ᠂
ᠣᠷᠣᠯᠠᠭᠴᠢ ᠭᠡᠰᠢᠭᠦᠨ ᠳ᠋ᠤ ᠳᠡᠭᠡᠷ᠎ᠡ ᠳᠤᠷᠠᠳᠤᠭᠰᠠᠨ ᠰᠢᠢᠳᠬᠡᠯ ᠢ ᠥᠭᠬᠦ ᠳ᠋ᠤ ᠡᠷᠬᠡᠪᠰᠢ ᠲᠥᠪ
ᠬᠣᠷᠢᠶ᠎ᠠ ᠪᠠᠷ ᠵᠥᠪᠰᠢᠶᠡᠷᠡᠭᠦᠯᠬᠦ ᠬᠡᠷᠡᠭᠲᠡᠶ ᠃
ᠬᠣᠷᠢᠳᠤᠭᠠᠷ ᠵᠦᠶᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ
ᠬᠣᠷᠢᠶ᠎ᠠ ᠶ᠋ᠢᠨ ᠬᠤᠷᠠᠯ ᠶᠡᠷᠦᠳᠡᠭᠡᠨ ᠰᠠᠷ᠎ᠠ ᠪᠦᠷᠢ 2 ᠤᠳᠠᠭ᠎ᠠ ᠬᠤᠷᠠᠯᠳᠤᠭᠤᠯᠵᠤ ᠂ ᠠᠵᠢᠯ ᠤᠨ
ᠬᠡᠷᠡᠭᠴᠡᠭᠡ ᠪᠠᠨ ᠦᠨᠳᠦᠰᠦᠯᠡᠨ ᠬᠡᠵᠢᠶ᠎ᠡ ᠴᠦ ᠭᠡᠰᠡᠨ ᠬᠤᠷᠠᠯᠳᠤᠭᠤᠯᠵᠤ ᠪᠣᠯᠣᠨ᠎ᠠ ᠃
ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠢ ᠱᠦᠵᠢ ᠬᠤᠷᠠᠯᠳᠤᠭᠤᠯᠬᠤ ᠪᠥᠭᠡᠳ ᠡᠷᠬᠢᠯᠡᠨ᠎ᠡ ᠃
ᠱᠦᠵᠢ ᠬᠤᠷᠠᠯ ᠳ᠋ᠤ ᠣᠷᠣᠯᠴᠠᠵᠤ ᠳᠡᠢᠢᠯᠬᠦ ᠦᠭᠡᠢ ᠪᠣᠯ ᠂ ᠳᠡᠳ᠋ ᠱᠦᠵᠢ ᠳᠤ ᠨᠡᠶᠢᠳᠠᠵᠦ
ᠬᠤᠷᠠᠯᠳᠤᠭᠤᠯᠬᠤ ᠪᠠ ᠡᠷᠬᠢᠯᠡᠭᠦᠯᠦᠨ᠎ᠡ᠃ ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠤ
ᠵᠥᠪᠯᠡᠬᠦ ᠵᠦᠢᠯ ᠶᠢ ᠱᠦᠵᠢ ᠳᠤᠷᠠᠳᠬᠤ ᠪᠣᠶᠤ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ᠂
ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳ᠋ᠤ ᠰᠠᠨᠠᠭᠤᠯᠭ᠎ᠠ ᠳᠤᠷᠠᠳᠴᠤ ᠂
ᠱᠦᠵᠢ ᠶᠡᠷᠦᠩᠬᠡᠶ᠋ᠢᠯᠡᠨ ᠪᠣᠳᠣᠯᠬᠢᠯᠠᠭᠰᠠᠨ ᠤ ᠲᠠᠷᠠᠭ᠎ᠠ ᠳᠣᠭᠲᠠᠭᠠᠨ᠎ᠠ ᠃ ᠪᠠᠶᠢᠩᠭᠤ ᠶ᠋ᠢᠨ
ᠬᠣᠷᠢᠶᠠᠨ ᠤ ᠬᠤᠷᠠᠯᠳᠤᠭᠠᠨ ᠳᠦ ᠬᠠᠭᠠᠰ ᠡᠴᠠ ᠳᠡᠭᠡᠭᠰᠢᠬᠢ ᠪᠠᠶᠢᠩᠭᠤ ᠶ᠋ᠢᠨ ᠬᠣᠷᠢᠶᠠᠨ ᠤ
ᠭᠡᠰᠢᠭᠦᠨ ᠬᠤᠷᠠᠯ ᠳ᠋ᠤ ᠣᠷᠣᠯᠴᠠᠭᠰᠠᠨ ᠪᠠᠶᠢᠪᠠᠯ ᠰᠠᠶᠢ ᠬᠤᠷᠠᠯᠳᠤᠭᠤᠯᠵᠤ ᠪᠣᠯᠦᠨ᠎ᠠ ᠃ ᠺᠠᠳ᠋ᠷ ᠢ
ᠲᠣᠮᠢᠯᠠᠬᠤ ᠪᠠ ᠪᠠᠭᠤᠯᠭᠠᠬᠤ ᠦᠶ᠎ᠡ ᠳ᠋ᠤ ᠂ ᠬᠤᠷᠠᠯ ᠳ᠋ᠤ ᠡᠷᠬᠡᠪᠰᠢ ᠭᠤᠷᠪᠠᠨ ᠤ ᠬᠣᠶᠠᠷ
ᠬᠤᠪᠢ ᠡᠴᠠ ᠳᠡᠭᠡᠭᠰᠢᠬᠢ ᠲᠣᠭᠠᠨ ᠤ ᠪᠠᠶᠢᠩᠭᠤ ᠶ᠋ᠢᠨ ᠬᠣᠷᠢᠶᠠᠨ ᠤ ᠭᠡᠰᠢᠭᠦᠨ ᠶᠠᠷᠢᠯᠴᠠᠨ
ᠳᠣᠭᠲᠠᠭᠠᠨ᠎ᠠ ᠃ ᠬᠦᠨᠳᠦ ᠶᠡᠬᠡ ᠭᠡᠨᠡᠳᠲᠡ ᠶ᠋ᠢᠨ ᠬᠡᠷᠡᠭ ᠂ ᠠᠶᠤᠯ ᠭᠠᠮᠰᠢᠭ ᠡᠴᠠ ᠠᠪᠤᠷᠠᠬᠤ
ᠵᠡᠷᠭᠡ ᠪᠠᠴᠢᠮ ᠪᠠᠶᠢᠳᠠᠯ ᠲᠣᠬᠢᠶᠠᠯᠳᠤᠪᠠᠯ ᠂ ᠴᠠᠭ ᠲᠤᠬᠠᠶ ᠳᠦ ᠨᠢ ᠪᠠᠶᠢᠩᠭᠤ ᠶ᠋ᠢᠨ
ᠬᠣᠷᠢᠶ᠎ᠠ ᠶ᠋ᠢᠨ ᠬᠤᠷᠠᠯ ᠬᠤᠷᠠᠯᠳᠤᠭᠤᠯᠵᠤ ᠰᠢᠢᠳᠪᠦᠷᠢᠲᠦ ᠪᠤᠳᠤᠯᠭ᠎ᠠ ᠭᠠᠷᠭᠠᠵᠤ ᠴᠢᠳᠠᠬᠤ ᠦᠭᠡᠢ
ᠪᠣᠯ ᠂ ᠱᠦᠵᠢ ᠂ ᠳᠡᠳ᠋ ᠱᠦᠵᠢ ᠪᠤᠶᠤ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ ᠨᠢ
ᠲᠤᠬᠠᠶ ᠶ᠋ᠢᠨ ᠪᠠᠶᠢᠳᠠᠯ ᠢ ᠦᠵᠡᠵᠦ ᠰᠢᠢᠳᠪᠦᠷᠢᠯᠡᠬᠦ ᠪᠣᠯᠣᠨ᠎ᠠ᠂ ᠬᠡᠷᠡᠭ ᠤᠨ ᠳᠠᠷᠠᠭ᠎ᠠ ᠂ ᠴᠠᠭ
ᠲᠤᠬᠠᠶ ᠳᠤ ᠨᠢ ᠪᠠᠶᠢᠩᠭᠤ ᠶ᠋ᠢᠨ ᠬᠣᠷᠢᠶ᠎ᠠ ᠳ᠋ᠤ ᠮᠡᠳᠡᠭᠦᠯᠬᠦ ᠬᠡᠷᠡᠭᠲᠡᠶ ᠃
ᠬᠣᠷᠢᠨ ᠨᠢᠭᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠴᠢ ᠲᠡᠭᠦᠨ ᠤ ᠪᠠᠶᠢᠩᠭᠤ ᠶ᠋ᠢᠨ
ᠬᠣᠷᠢᠶ᠎ᠠ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠂ ᠠᠷᠠᠳᠴᠢᠯᠠᠯᠲᠤ ᠰᠢᠢᠳᠪᠦᠷᠢ ᠂
ᠬᠠᠤᠯᠢ ᠶᠣᠰᠣ ᠪᠠᠷ ᠪᠣᠳᠣᠯᠭ᠎ᠠ ᠲᠣᠭᠲᠠᠭᠠᠬᠤ ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠤᠬᠠᠶ
ᠵᠥᠪᠯᠡᠯᠭᠡ ᠬᠢᠬᠦ ᠲᠣᠭᠲᠠᠴᠠ ᠶᠢ ᠳᠣᠭᠲᠠᠭᠠᠬᠤ ᠳᠤ ᠂ ᠡᠩ ᠤᠨ ᠪᠠᠶᠢᠳᠠᠯ ᠳ᠋ᠤ ᠪᠠᠶᠢᠴᠠᠭᠠᠨ
ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠴᠢᠬᠤᠯᠠ ᠶᠡᠬᠡ ᠰᠢᠢᠳᠪᠦᠷᠢᠲᠦ ᠪᠤᠳᠤᠯᠭ᠎ᠠ
ᠲᠣᠭᠲᠠᠭᠠᠬᠤ ᠲᠥᠰᠦᠯ ᠳᠤᠷᠠᠳᠤᠨ ᠭᠠᠷᠭᠠᠨ᠂ ᠡᠯ᠎ᠡ ᠲᠠᠯ᠎ᠠ ᠶ᠋ᠢᠨ ᠰᠠᠨᠠᠯ ᠢ ᠭᠦᠢᠴᠡᠳ ᠰᠣᠨᠣᠰᠴᠤ ᠂
ᠲᠤᠰᠬᠠᠶ ᠮᠡᠷᠭᠡᠵᠢᠯᠲᠡᠨ ᠡᠴᠠ ᠵᠥᠪᠯᠡᠯᠭᠡ ᠠᠪᠴᠤ ᠨᠤᠲᠠᠯᠠᠬᠤ ᠂ ᠰᠠᠨᠠᠯ ᠰᠣᠨᠣᠰᠬᠤ ᠂ ᠠᠶᠤᠯ
ᠲᠦᠭᠰᠢᠭᠦᠷᠢ ᠶ᠋ᠢ ᠦᠨᠡᠯᠡᠨ ᠵᠢᠱᠢᠬᠦ ᠪᠠ ᠬᠠᠤᠯᠢ ᠳ᠋ᠤ ᠨᠡᠶᠢᠴᠡᠬᠦ ᠳᠦᠷᠢᠮ ᠳ᠋ᠤ ᠨᠡᠶᠢᠴᠡᠬᠦᠴᠢᠨᠠᠷ ᠬᠢᠨᠠᠨ ᠪᠠᠶᠢᠴᠠᠭᠠᠨ᠂ ᠪᠥᠬᠥᠳᠡ ᠬᠤᠷᠠᠯ ᠪᠤᠶᠤ ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠡᠴᠠ ᠶᠠᠷᠢᠯᠴᠠᠨ ᠲᠣᠭᠲᠠᠭᠠᠬᠤ ᠬᠡᠷᠡᠭᠲᠡᠶ ᠃
ᠬᠣᠷᠢᠨ ᠬᠣᠶᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠶ᠋ᠢᠨ ᠲᠤᠰᠬᠠᠢ ᠰᠡᠳᠦᠪᠲᠦ
ᠬᠤᠷᠠᠯ ᠨᠢ ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠳ᠋ᠤ ᠬᠢᠨᠠᠨ ᠳᠣᠭᠲᠠᠭᠠᠬᠤ ᠴᠢᠬᠤᠯᠠᠠ
ᠲᠠᠢ ᠴᠢᠬᠤᠯᠠ ᠤᠴᠢᠷ ᠶᠠᠪᠤᠳᠠᠯ ᠢ ᠭᠣᠣᠯ ᠶᠠᠷᠢᠯᠴᠠᠨ᠂ ᠲᠣᠭᠣᠷᠢᠨ ᠪᠠᠶᠢᠴᠠᠭᠠᠬᠤ ᠠᠵᠢᠯ ᠤᠨ
ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠡᠳᠦᠷ ᠲᠤᠳᠤᠮ ᠤᠨ ᠠᠵᠢᠯ ᠳᠤᠮᠳᠠᠬᠢ ᠴᠢᠬᠤᠯᠠ
ᠪᠠᠶᠢᠳᠠᠯ᠂ ᠪᠤᠰᠤᠳ ᠱᠦ᠋ᠵᠢ ᠶᠢᠨ ᠲᠤᠰᠬᠠᠢ ᠰᠡᠳᠦᠪᠲᠦ ᠬᠤᠷᠠᠯ ᠳᠦ ᠲᠤᠰᠢᠶᠠᠬᠤ ᠬᠡᠷᠡᠭᠲᠡᠶ
ᠵᠦᠢᠯᠡᠰ ᠤᠨ ᠲᠤᠬᠠᠶ ᠰᠠᠨᠠᠯ ᠢᠶᠡᠨ ᠰᠣᠯᠢᠯᠴᠠᠨ᠎ᠠ᠃ ᠱᠦᠵᠢ ᠶᠢᠨ ᠲᠤᠰᠬᠠᠶ ᠰᠡᠳᠦᠪ ᠤᠨ ᠬᠤᠷᠠᠯ ᠤᠨ
ᠵᠥᠪᠯᠡᠬᠦ ᠵᠦᠢᠯ ᠪᠠᠶᠢᠪᠠᠯ ᠱᠦᠵᠢ ᠳᠤᠷᠠᠳᠬᠤ ᠪᠣᠶᠣ ᠥᠪᠡᠷᠲᠡᠭᠡᠨ ᠵᠠᠰᠠᠭ ᠣᠷᠣᠨ ᠤ ᠬᠠᠮᠢᠶ᠎ᠠ
ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠮᠡᠳᠡᠭᠦᠯᠦᠨ ᠱᠦᠵᠢ ᠲᠣᠭᠲᠠᠭᠠᠨ᠎ᠠ ᠃
ᠱᠦᠵᠢ ᠤᠨ ᠲᠤᠰᠬᠠᠶ ᠰᠡᠳᠦᠪ ᠤᠨ ᠬᠤᠷᠠᠯᠳᠤᠭᠠᠨ ᠢ ᠱᠦᠵᠢ ᠬᠤᠷᠠᠯ ᠢ ᠡᠷᠬᠢᠯᠡᠨ ᠂ ᠣᠷᠣᠯᠴᠠᠬᠤ
ᠬᠥᠮᠦᠰ ᠢ ᠲᠣᠭᠲᠠᠭᠠᠵᠤ ᠪᠠᠶᠢᠨ᠎ᠠ ᠃ ᠺᠠᠳ᠋ᠷ ᠢ ᠲᠠᠨᠢᠯᠴᠠᠭᠤᠯᠬᠤ ᠂ ᠨᠡᠷ᠎ᠡ ᠳᠤᠷᠠᠳᠬᠤ ᠂
ᠲᠣᠮᠢᠯᠠᠬᠤ ᠪᠠᠭᠤᠯᠭᠠᠬᠤ ᠃ ᠰᠠᠬᠢᠯᠭ᠎ᠠ ᠪᠠᠲᠤ ᠶ᠋ᠢᠨ ᠰᠢᠢᠳᠬᠡᠯ ᠥᠭᠬᠦ ᠵᠦᠢᠯᠡᠰ ᠪᠠ ᠲᠣᠭᠣᠷᠢᠨ
ᠪᠠᠶᠢᠴᠠᠭᠠᠵᠤ ᠠᠵᠢᠯ ᠤᠨ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠱᠦᠵᠢ ᠂ ᠳᠡᠳ᠋ ᠱᠦᠵᠢ ᠡᠴᠡ
ᠵᠣᠬᠢᠶᠠᠨ ᠪᠠᠶᠢᠭᠤᠯᠬᠤ ᠠᠵᠢᠯ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ
ᠪᠠᠶᠢᠩᠭᠤ ᠶ᠋ᠢᠨ ᠬᠣᠷᠢᠶᠠᠨ ᠤ ᠭᠡᠰᠢᠭᠦᠨ ᠦ ᠣᠷᠣᠯᠴᠠᠬᠤ ᠶᠢ ᠬᠠᠷᠢᠭᠤᠴᠠᠨ᠎ᠠ ᠃ ᠱᠦᠵᠢ ᠲᠤᠰᠬᠠᠢ
ᠰᠡᠳᠦᠪᠲᠦ ᠬᠤᠷᠠᠯ ᠨᠢ ᠶᠠᠷᠢᠯᠴᠠᠨ ᠵᠥᠪᠳᠡᠯᠴᠡᠵᠦ᠂ ᠪᠠᠶᠢᠳᠠᠯ ᠢᠶᠡᠨ ᠨᠡᠪᠲᠡᠷᠡᠯᠴᠡᠬᠦ ᠪᠡᠷ ᠭᠣᠣᠯ
ᠪᠣᠯᠭᠠᠵᠤ ᠂ ᠪᠠᠶᠢᠩᠭᠤ ᠶ᠋ᠢᠨ ᠬᠣᠷᠢᠶᠠᠨ ᠤ ᠬᠤᠷᠠᠯ ᠢ ᠣᠷᠣᠯᠠᠵᠤ ᠰᠢᠢᠳᠪᠦᠷᠢᠲᠦ ᠪᠤᠳᠤᠯᠭ᠎ᠠ
ᠭᠠᠷᠭᠠᠵᠣ ᠪᠣᠯᠬᠤ ᠦᠭᠡᠢ ᠃
ᠬᠣᠷᠢᠨ ᠭᠤᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠬᠣᠷᠢᠶᠠᠨ ᠤ
ᠭᠡᠰᠢᠭᠦᠨ ᠤ ᠬᠡᠷᠡᠭ ᠵᠥᠪᠯᠡᠬᠦ ᠵᠣᠬᠢᠴᠠᠭᠤᠯᠬᠤ ᠬᠤᠷᠠᠯ ᠢ ᠪᠠᠶᠢᠩᠭᠤ ᠶ᠋ᠢᠨ ᠬᠣᠷᠢᠶᠠᠨ ᠤ
ᠭᠡᠰᠢᠭᠦᠨ ᠡᠷᠬᠢᠯᠡᠨ ᠬᠤᠷᠠᠯᠳᠤᠭᠤᠯᠵᠤ ᠂ ᠭᠣᠣᠯᠳᠠᠭᠤ ᠪᠠᠶᠢᠩᠭᠤ ᠶ᠋ᠢᠨ ᠬᠣᠷᠢᠶᠠᠨ ᠤ
ᠬᠤᠷᠠᠯᠳᠤᠭᠠᠨ ᠡᠴᠠ ᠪᠠᠶᠢᠩᠭᠤ ᠶ᠋ᠢᠨ ᠬᠣᠷᠢᠶ᠎ᠠ ᠬᠠᠷᠢᠭᠤᠴᠠᠨ ᠨᠠᠶᠢᠳᠠᠪᠤᠷᠢᠵᠢᠭᠤᠯᠤᠭᠰᠠᠨ
ᠪᠣᠳᠠᠲᠠᠶ ᠤᠴᠢᠷ ᠶᠠᠪᠤᠳᠠᠯ ᠂ ᠱᠦᠵᠢ ᠂ ᠪᠠᠶᠢᠩᠭᠤ ᠶ᠋ᠢᠨ ᠬᠣᠷᠢᠶᠠᠨ ᠤ ᠭᠡᠰᠢᠭᠦᠨ ᠬᠤᠷᠠᠯ
ᠬᠤᠷᠠᠯᠳᠤᠭᠤᠯᠵᠤ᠂ ᠵᠣᠬᠢᠴᠠᠭᠤᠯᠭ᠎ᠠ ᠬᠢᠯᠭᠡᠬᠦ ᠪᠠᠷ ᠲᠤᠰᠢᠶᠠᠭᠰᠠᠨ ᠪᠤᠶᠤ ᠨᠠᠶᠢᠳᠠᠵᠦ
ᠬᠣᠯᠪᠣᠭᠳᠠᠯ ᠪᠦᠬᠦᠢ ᠠᠵᠢᠯ ᠵᠢᠴᠢ ᠪᠠᠶᠢᠩᠭᠤ ᠶ᠋ᠢᠨ ᠬᠣᠷᠢᠶᠠᠨ ᠤ ᠭᠡᠰᠢᠭᠦᠨ ᠲᠤᠰᠢᠶᠠᠯ
ᠬᠠᠷᠢᠭᠤᠴᠠᠯᠭ᠎ᠠ ᠶ᠋ᠢᠨ ᠬᠡᠪᠴᠢᠶᠡᠨ ᠳ᠋ᠠᠬᠢ ᠤᠴᠢᠷ ᠶᠠᠪᠤᠳᠠᠯ ᠤᠳ ᠢ ᠶᠠᠷᠢᠯᠴᠠᠨ ᠰᠣᠳᠣᠯᠣᠨ᠎ᠠ ᠃
ᠪᠠᠶᠢᠩᠭᠤ ᠶ᠋ᠢᠨ ᠬᠣᠷᠢᠶᠠᠨ ᠤ ᠭᠡᠰᠢᠭᠦᠳ ᠤᠨ ᠬᠡᠷᠡᠭ ᠵᠥᠪᠯᠡᠬᠦ ᠵᠣᠬᠢᠴᠠᠭᠤᠯᠬᠤ ᠬᠤᠷᠠᠯ ᠤᠨ
ᠡᠷᠬᠡ ᠮᠡᠳᠡᠯ ᠡᠴᠠ ᠳᠠᠪᠠᠭᠰᠠᠨ ᠰᠢᠢᠳᠪᠦᠷᠢᠲᠦ ᠪᠤᠳᠤᠯᠭ᠎ᠠ ᠲᠣᠭᠲᠠᠭᠠᠵᠤ ᠪᠣᠯᠬᠤ ᠦᠭᠡᠢ ᠃ ᠬᠡᠷᠡᠭ
ᠵᠥᠪᠯᠡᠬᠦ ᠪᠠ ᠵᠣᠬᠢᠴᠠᠭᠤᠯᠬᠤ ᠬᠤᠷᠠᠯ ᠬᠤᠷᠠᠯᠳᠤᠭᠤᠯᠬᠤ ᠴᠠᠭ ᠬᠤᠭᠤᠴᠠᠭ᠎ᠠ ᠂ ᠵᠥᠪᠯᠡᠬᠦ ᠰᠡᠳᠦᠪ
᠂ ᠣᠷᠣᠯᠴᠠᠭᠰᠠᠨ ᠬᠥᠮᠦᠨ ᠵᠡᠷᠭᠡ ᠶᠢ ᠪᠠᠶᠢᠩᠭᠤ ᠶ᠋ᠢᠨ ᠬᠣᠷᠢᠶᠠᠨ ᠤ ᠭᠡᠰᠢᠭᠦᠨ ᠨᠢ ᠠᠵᠢᠯ ᠤᠨ
ᠬᠡᠷᠡᠭᠴᠡᠭᠡ ᠪᠠᠨ ᠦᠨᠳᠦᠰᠦᠯᠡᠨ ᠲᠣᠭᠲᠠᠭᠠᠨ᠎ᠠ ᠃ ᠬᠡᠷᠡᠭ ᠵᠥᠪᠯᠡᠬᠦ ᠪᠠ ᠵᠣᠬᠢᠴᠠᠭᠤᠯᠬᠤ
ᠬᠤᠷᠠᠯ ᠤᠨ ᠴᠢᠬᠤᠯᠠ ᠪᠠᠶᠢᠳᠠᠯ ᠢ ᠪᠠᠶᠢᠩᠭᠤ ᠶ᠋ᠢᠨ ᠬᠣᠷᠢᠶᠠᠨ ᠤ ᠭᠡᠰᠢᠭᠦᠳ ᠴᠠᠭ ᠲᠤᠬᠠᠶ ᠳᠦ ᠨᠢ
ᠪᠠᠶᠢᠩᠭᠤ ᠶ᠋ᠢᠨ ᠬᠣᠷᠢᠶᠠᠨ ᠳ᠋ᠤ ᠮᠡᠳᠡᠭᠦᠯᠬᠦ ᠬᠡᠷᠡᠭᠲᠡᠶ ᠃
ᠬᠣᠷᠢᠨ ᠳᠥᠷᠪᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠴᠢ ᠲᠡᠭᠦᠨ ᠤ ᠪᠠᠶᠢᠩᠭᠤ ᠶ᠋ᠢᠨ
ᠬᠣᠷᠢᠶ᠎ᠠ ᠠᠵᠢᠯ ᠤᠨ ᠬᠡᠷᠡᠭᠴᠡᠭᠡ ᠪᠠᠨ ᠦᠨᠳᠦᠰᠦᠯᠡᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠂
ᠭᠡᠪᠡᠴᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠦᠬᠦᠳᠡ ᠬᠤᠷᠠᠯ ᠂
ᠪᠠᠶᠢᠩᠭᠤ ᠶ᠋ᠢᠨ ᠬᠣᠷᠢᠶᠠᠨ ᠤ ᠬᠤᠷᠠᠯ ᠡᠴᠠ ᠭᠠᠷᠭᠠᠭᠰᠠᠨ ᠰᠢᠢᠳᠪᠦᠷᠢᠲᠦ ᠪᠤᠳᠤᠯᠭ᠎ᠠ ᠶᠢ
ᠣᠷᠣᠯᠠᠭᠤᠯᠵᠤ ᠪᠣᠯᠬᠤ ᠦᠭᠡᠢ ᠃
ᠬᠣᠷᠢᠨ ᠲᠠᠪᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠠᠵᠢᠯ ᠤᠨ ᠬᠡᠷᠡᠭᠴᠡᠭᠡ ᠪᠠᠨ
ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ
ᠲᠥᠯᠥᠭᠡᠯᠡᠭᠴᠢᠳ ᠢ ᠲᠥᠯᠥᠪᠯᠡᠭᠡ ᠲᠠᠢ ᠪᠠᠷ ᠤᠷᠢᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶᠠᠨ ᠤ ᠪᠦᠭᠦᠳᠡ ᠬᠤᠷᠠᠯ ᠪᠤᠶᠤ ᠪᠠᠶᠢᠩᠭᠤ ᠶ᠋ᠢᠨ ᠬᠣᠷᠢᠶ᠎ᠠ ᠶ᠋ᠢᠨ ᠬᠤᠷᠠᠯ ᠵᠡᠷᠭᠡ ᠴᠢᠬᠤᠯᠠ
ᠬᠤᠷᠠᠯ ᠳᠤ ᠣᠷᠤᠯᠴᠠᠭᠤᠯᠵᠤ ᠪᠣᠯᠣᠨ᠎ᠠ ᠃ ᠲᠣᠭᠲᠠᠮᠠᠯ ᠬᠤᠭᠤᠴᠠᠭ᠎ᠠ ᠲᠠᠢ ᠪᠠᠷ ᠥᠪᠡᠷᠲᠡᠭᠡᠨ
ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢ ᠶ᠋ᠢᠨ
ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠦ᠂ ᠥᠪᠡᠷᠲᠡᠭᠡᠨ
ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠲᠥᠯᠥᠭᠡᠯᠡᠭᠴᠢ ᠶ᠋ᠢᠨ
ᠳᠤᠷᠠᠳᠤᠯᠭ᠎ᠠ ᠶ᠋ᠢ ᠰᠠᠨᠠᠯ ᠵᠥᠪᠯᠡᠯᠭᠡ ᠳᠤᠷᠠᠳᠬᠤ ᠂ ᠰᠠᠨᠠᠯ ᠰᠠᠨᠠᠭᠤᠯᠭ᠎ᠠ ᠶ᠋ᠢ ᠭᠦᠢᠴᠡᠳ
ᠰᠣᠨᠣᠰᠬᠣ ᠶᠢ ᠵᠣᠬᠢᠶᠠᠨ ᠪᠠᠶᠢᠭᠤᠯᠤᠨ᠎ᠠ ᠃
ᠬᠣᠷᠢᠨ ᠵᠢᠷᠭᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ ᠤ
ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠂ ᠵᠠᠰᠠᠭ ᠤᠨ ᠣᠷᠳᠣᠨ᠂ ᠤᠯᠤᠰ ᠲᠦᠷᠦ ᠶ᠋ᠢᠨ
ᠵᠥᠪᠯᠡᠯᠭᠡᠨ ᠵᠡᠷᠭᠡ ᠶᠢᠨ ᠤᠳᠤᠷᠢᠳᠤᠯᠭ᠎ᠠ ᠨᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶ᠋ᠢ
ᠪᠠᠶᠢᠭᠤᠯᠤᠨ ᠲᠡᠭᠦᠯᠳᠡᠷᠵᠢᠭᠦᠯᠵᠦ ᠂ ᠴᠢᠬᠤᠯᠠ ᠪᠠᠶᠢᠳᠠᠯ ᠢ ᠴᠠᠭ ᠲᠤᠬᠠᠶ ᠳᠤ ᠨᠢ ᠮᠡᠳᠡᠭᠳᠡᠵᠦ ᠂
ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠴᠢᠩᠭᠠᠳᠬᠠᠨ᠎ᠠ ᠃ ᠥᠪᠡᠷᠲᠡᠭᠡᠨ
ᠵᠠᠰᠠᠬᠤ ᠣᠷᠣᠨ ᠤ ᠲᠦᠷᠤ ᠶ᠋ᠢᠨ ᠪᠠᠶᠢᠭᠤᠯᠭ᠎ᠠ ᠶ᠋ᠢᠨ ᠪᠤᠳᠤᠯᠭ᠎ᠠ ᠪᠠᠷ ᠳᠠᠮᠵᠢᠭᠤᠯᠤᠨ᠂ ᠤᠯᠤᠰ
ᠲᠦᠷᠦ ᠶ᠋ᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ᠂ ᠠᠷᠠᠳᠴᠢᠯᠠᠭᠰᠠᠨ ᠨᠠᠮ ᠪᠦᠯᠦᠭ ᠂
ᠠᠷᠠᠳ ᠤᠨ ᠪᠦᠯᠬᠦᠮ ᠤᠳ ᠂ ᠦᠨᠳᠦᠰᠦᠨ ᠱᠠᠲᠤᠨ ᠤ ᠨᠢᠭᠡᠴᠢ ᠵᠡᠷᠭᠡ ᠠᠷᠭ᠎ᠠ ᠵᠠᠮ ᠢᠶᠠᠷ ᠂ ᠪᠥᠬᠥ
ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶ᠋ᠢᠨ ᠴᠢᠬᠤᠯᠠ ᠶᠡᠬᠡ ᠠᠰᠠᠭᠤᠳᠠᠯ ᠪᠠ ᠤᠯᠠᠨ
ᠲᠦᠮᠡᠨ ᠤ ᠠᠮᠢ ᠪᠡᠶ᠎ᠡ ᠶ᠋ᠢᠨ ᠠᠰᠢᠭ ᠲᠤᠰᠠ ᠳ᠋ᠤ ᠬᠣᠯᠪᠣᠭᠳᠠᠬᠤ ᠪᠣᠳᠠᠲᠠᠶ ᠠᠰᠠᠭᠤᠳᠠᠯ ᠢ ᠥᠷᠭᠡᠨ
ᠳᠡᠯᠭᠡᠷᠡᠩᠭᠦᠶ ᠪᠠᠷ ᠵᠥᠪᠳᠡᠯᠴᠡᠵᠦ ᠂ ᠠᠷᠠᠳ ᠤᠨ ᠣᠶᠣᠨ ᠤᠬᠠᠭᠠᠨ ᠢ ᠥᠷᠭᠡᠨ ᠢᠶᠠᠷ
ᠬᠤᠷᠠᠮᠳᠤᠭᠤᠯᠤᠨ ᠂ ᠬᠠᠮᠲᠤ ᠶ᠋ᠢᠨ ᠲᠠᠨᠢᠯᠲᠠ ᠪᠠᠨ ᠨᠡᠮᠡᠭᠳᠡᠭᠦᠯᠵᠦ ᠂ ᠨᠡᠶᠢᠯᠡᠮᠡᠯ ᠬᠦᠴᠦᠨ ᠢ
ᠴᠢᠩᠭᠠᠷᠠᠭᠤᠯᠤᠨ᠎ᠠ ᠃
ᠵᠢᠷᠭᠤᠳᠤᠭᠠᠷ ᠪᠦᠯᠦᠭ ᠬᠡᠷᠡᠭᠵᠢᠭᠦᠯᠬᠦ ᠪᠠ ᠨᠠᠶᠢᠳᠠᠪᠤᠷᠢᠵᠢᠭᠤᠯᠬᠤ
ᠬᠣᠷᠢᠨ ᠳᠣᠯᠣᠳᠤᠭᠠᠷ ᠵᠦᠢᠯ
ᠲᠥᠪ ᠤᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠶ᠋ᠢᠨ ᠪᠠᠶᠢᠷᠢᠯᠠᠭᠤᠯᠤᠯᠲᠠ ᠂ ᠴᠢᠬᠤᠯᠠ
ᠬᠤᠷᠠᠯ ᠂ ᠴᠢᠬᠤᠯᠠ ᠪᠢᠴᠢᠭ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ
ᠴᠠᠭ ᠲᠤᠬᠠᠶ ᠳᠦ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠦᠬᠦᠳᠡ
ᠬᠤᠷᠠᠯ ᠂ ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠪᠤᠶᠤ ᠪᠤᠰᠤᠳ ᠬᠤᠷᠠᠯ ᠬᠢᠵᠦ ᠂
ᠤᠯᠠᠮᠵᠢᠯᠠᠨ ᠲᠤᠤᠱᠯᠠᠭᠤᠯᠵᠤ ᠂ ᠭᠣᠣᠯᠳᠠᠯᠭ᠎ᠠ ᠲᠠᠢ ᠠᠵᠢᠯ ᠢ ᠨᠠᠷᠢᠯᠢᠭᠵᠢᠭᠤᠯᠤᠨ ᠵᠠᠳᠠᠯᠵᠤ ᠂
ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃
ᠬᠣᠷᠢᠨ ᠨᠠᠢᠮᠠᠳᠤᠭᠠᠷ ᠵᠦᠢᠯ
ᠲᠥᠪ ᠤᠨ ᠤᠳᠤᠷᠢᠳᠬᠤ ᠨᠥᠬᠥᠳ ᠴᠤᠬᠤᠯᠡᠪᠦᠷᠢᠯᠡᠠ ᠲᠤᠰᠢᠶᠠᠭᠰᠠᠨ ᠶᠠᠪᠤᠳᠠᠯ ᠳᠤ ᠱᠦᠵᠢ ᠴᠢᠬᠤᠯᠠ
ᠴᠣᠬᠣᠯᠠᠪᠤᠷᠢ ᠥᠭᠴᠦ ᠂ ᠱᠠᠭᠠᠷᠳᠠᠯᠭ᠎ᠠ ᠭᠠᠷᠭᠠᠭᠰᠠᠨ ᠤ ᠳᠠᠷᠠᠭ᠎ᠠ ᠂ ᠳᠡᠳ᠋ ᠱᠦᠵᠢ ᠂
ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠳ ᠨᠠᠷᠢᠨ ᠬᠢᠨᠠᠮᠠᠭᠠᠶ ᠰᠣᠳᠣᠯᠣᠨ ᠂ ᠳᠠᠭᠠᠭᠠᠨ
ᠰᠢᠳᠬᠡᠭᠰᠡᠨ ᠰᠠᠯᠠᠭ᠎ᠠ ᠮᠥᠴᠢᠷ ᠴᠠᠭ ᠲᠤᠬᠠᠶ ᠳᠤ ᠨᠢ ᠰᠢᠪᠠᠳᠠᠨ ᠰᠢᠢᠳᠪᠦᠷᠢᠯᠡᠬᠦ ᠪᠣᠶᠤ ᠲᠤᠰᠬᠠᠶ
ᠮᠡᠳᠡᠭᠦᠯᠦᠯᠲᠡ ᠶ᠋ᠢ ᠪᠤᠢ ᠪᠣᠯᠭᠠᠬᠤ ᠬᠡᠷᠡᠭᠲᠡᠶ ᠃
ᠬᠣᠷᠢᠨ ᠶᠢᠰᠦᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠥᠬᠥᠳᠡ ᠬᠤᠷᠠᠯ ᠡᠴᠠ ᠭᠠᠷᠭᠠᠭᠰᠠᠨ
ᠰᠢᠢᠳᠪᠦᠷᠢᠲᠦ ᠪᠤᠳᠤᠯᠭ᠎ᠠ ᠶᠢ᠂ ᠪᠠᠶᠢᠩᠭᠤ ᠶ᠋ᠢᠨ ᠬᠣᠷᠢᠶ᠎ᠠ ᠬᠠᠷᠢᠭᠤᠴᠠᠨ ᠵᠣᠬᠢᠶᠠᠨ
ᠪᠠᠶᠢᠭᠤᠯᠵᠦ ᠬᠡᠷᠡᠭᠵᠢᠭᠦᠯᠦᠨ᠎ᠡ ᠃ ᠪᠠᠶᠢᠩᠭᠤ ᠶ᠋ᠢᠨ ᠬᠣᠷᠢᠶᠠᠨ ᠤ ᠭᠠᠷᠭᠠᠭᠰᠠᠨ ᠰᠢᠢᠳᠪᠦᠷᠢᠲᠦ
ᠪᠤᠳᠤᠯᠭ᠎ᠠ ᠶᠢ ᠪᠠᠶᠢᠩᠭᠤ ᠶ᠋ᠢᠨ ᠬᠣᠷᠢᠶᠠᠨ ᠤ ᠭᠡᠰᠢᠭᠦᠳ ᠤᠨ ᠠᠵᠢᠯ ᠤᠨ ᠬᠤᠪᠢᠶᠠᠷᠢᠯᠠᠯ
ᠶᠣᠰᠣᠭᠠᠷ ᠬᠠᠷᠢᠭᠤᠴᠠᠵᠤ ᠵᠣᠬᠢᠶᠠᠨ ᠪᠠᠶᠢᠭᠤᠯᠵᠦ ᠬᠡᠷᠡᠭᠵᠢᠭᠦᠯᠦᠨ᠎ᠡ ᠃ ᠰᠢᠢᠳᠪᠦᠷᠢ
ᠪᠣᠳᠣᠯᠭ᠎ᠠ ᠶ᠋ᠢ ᠬᠡᠷᠡᠭᠵᠢᠭᠦᠯᠬᠦ ᠶᠠᠪᠤᠴᠠ ᠳ᠋ᠠᠬᠢ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ
᠂ ᠬᠡᠨ ᠰᠢᠢᠳᠪᠦᠷᠢᠲᠦ ᠪᠤᠲᠤᠯᠭ᠎ᠠ ᠲᠣᠭᠲᠠᠭᠠᠭᠰᠠᠨ ᠪᠣᠯ ᠬᠡᠨ ᠲᠤᠬᠢᠷᠠᠭᠤᠯᠤᠯᠳᠠ ᠬᠢᠬᠦ ᠵᠠᠷᠴᠢᠮ
ᠶᠣᠰᠣᠭᠠᠷ ᠂ ᠪᠥᠬᠥᠳᠡ ᠬᠤᠷᠠᠯ ᠪᠤᠶᠤ ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠡᠴᠠ
ᠪᠠᠲᠤᠯᠠᠨ᠎ᠠ ᠃
ᠭᠤᠴᠢᠳᠤᠭᠠᠷ ᠵᠦᠢᠯ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶᠠᠨ ᠤ ᠰᠢᠢᠳᠪᠦᠷᠢᠲᠦ ᠪᠣᠳᠣᠯᠭ᠎ᠠ ᠶ᠋ᠢ ᠰᠢᠪᠠᠳᠠᠨ ᠪᠠᠶᠢᠭᠤᠯᠵᠦ ᠂
ᠦᠨᠡᠯᠡᠬᠦ ᠪᠠ ᠬᠠᠷᠢᠭᠤ ᠲᠤᠰᠬᠠᠬᠤ ᠲᠣᠭᠲᠠᠴᠠ ᠶ᠋ᠢ ᠪᠠᠶᠢᠭᠤᠯᠵᠦ ᠂ ᠴᠢᠬᠤᠯᠠ ᠶᠡᠬᠡ ᠰᠢᠢᠳᠪᠦᠷᠢᠲᠦ
ᠪᠤᠳᠤᠯᠭ᠎ᠠ ᠶ᠋ᠢᠨ ᠬᠡᠷᠡᠭ ᠶᠠᠪᠤᠳᠠᠯ ᠶᠢᠨ ᠡᠬᠡ ᠲᠠᠩᠰᠠ ᠶ᠋ᠢ ᠪᠠᠶᠢᠭᠤᠯᠵᠦ ᠂ ᠰᠢᠮᠳᠠᠭᠤᠯᠤᠨ
ᠪᠠᠶᠢᠴᠠᠭᠠᠬᠤ ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠪᠠ ᠮᠥᠷᠳᠡᠵᠦ
ᠰᠢᠪᠠᠳᠠᠨ ᠰᠢᠢᠳᠪᠦᠷᠢᠯᠡᠬᠦ ᠠᠵᠢᠯ ᠢᠶᠡᠨ ᠴᠢᠩᠭᠠᠳᠬᠠᠵᠤ ᠂ ᠦᠨᠡᠨ ᠬᠦ ᠪᠠᠲᠤᠯᠠᠵᠤ ᠂
ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠢ ᠪᠥᠬᠥ ᠲᠠᠯ᠎ᠠ ᠪᠠᠷ ᠨᠠᠶᠢᠳᠠᠪᠤᠷᠢᠵᠢᠭᠤᠯᠬᠤ
ᠬᠡᠷᠡᠭᠲᠡᠶ ᠃
ᠳᠣᠯᠣᠳᠤᠭᠠᠷ ᠪᠦᠯᠦᠭ ᠲᠤᠰ ᠪᠡᠶ᠎ᠡ ᠶ᠋ᠢᠨ ᠪᠠᠶᠢᠭᠤᠯᠤᠯᠲᠠ
ᠭᠤᠴᠢᠨ ᠨᠢᠭᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠬᠢᠭᠡᠳ ᠲᠡᠭᠦᠨ ᠤ ᠪᠦᠷᠢᠯᠳᠦᠬᠦᠨ ᠳ᠋ᠤ
ᠦᠵᠡᠯ ᠰᠠᠨᠠᠭ᠎ᠠ ᠤᠯᠤᠰ ᠲᠦᠷᠦ ᠶ᠋ᠢᠨ ᠪᠠᠶᠢᠭᠤᠯᠤᠯᠲᠠ ᠶ᠋ᠢ ᠴᠢᠩᠭᠠᠳᠬᠠᠵᠤ ᠂ ᠤᠬᠠᠮᠰᠠᠷ ᠡᠴᠠ ᠪᠠᠨ
ᠰᠤᠷᠤᠯᠴᠠᠯᠭ᠎ᠠ ᠪᠠᠨ ᠰᠠᠶᠢᠲᠤᠷ ᠠᠳᠬᠤᠵᠤ ᠂ ᠨᠠᠮᠴᠢ ᠴᠢᠨᠠᠷ ᠤᠨ ᠪᠣᠯᠪᠠᠰᠤᠷᠠᠯ ᠢᠶᠡᠨ
ᠴᠢᠩᠭᠠᠳᠬᠠᠬᠤ ᠬᠡᠷᠡᠭᠲᠡᠶ ᠃ ᠮᠠᠷᠺᠰ ᠯᠧᠨᠢᠨ ᠤ ᠦᠵᠡᠯ ᠂ ᠮᠠᠤ ᠽᠤ ᠳ᠋ᠦᠩ ᠤᠨ ᠦᠵᠡᠯ ᠰᠠᠨᠠᠭ᠎ᠠ ᠂
ᠳ᠋ᠧᠩ ᠰᠢᠶᠤᠤ ᠫᠢᠩ ᠤᠨ ᠣᠨᠤᠯ ᠂ 《 ᠭᠤᠷᠪᠠ ᠶ᠋ᠢ ᠲᠥᠯᠥᠭᠡᠯᠡᠬᠦ 》 ᠴᠢᠬᠤᠯᠠ ᠦᠵᠡᠯ
ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠶᠢ ᠨᠠᠷᠢᠨ ᠬᠢᠨᠠᠮᠠᠭᠠᠶ
ᠰᠤᠷᠤᠯᠴᠠᠵᠤ ᠂ ᠲᠡᠷᠢᠭᠦᠯᠡᠭᠴᠢ ᠰᠢ ᠶ᠋ᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ
ᠰᠠᠨᠠᠭ᠎ᠠ ᠪᠣᠯᠣᠨ ᠲᠦᠷᠦ ᠶ᠋ᠢ ᠵᠠᠰᠠᠭᠰᠠᠨ ᠶᠠᠪᠤᠳᠠᠯ ᠢ ᠡᠷᠬᠢᠯᠡᠬᠦ ᠰᠢᠨ᠎ᠡ ᠣᠢᠯᠠᠭᠠᠭᠳᠠᠬᠤᠨ᠂
ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶ᠋ᠢ ᠬᠢᠨᠠᠮᠠᠭᠠᠶ ᠰᠤᠷᠤᠯᠴᠠᠵᠤ ᠂
ᠨᠠᠮ ᠤᠨ ᠲᠦᠷᠢᠮ ᠨᠠᠮ ᠤᠨ ᠲᠣᠭᠲᠠᠭᠠᠯ ᠂ ᠦᠵᠡᠯ ᠰᠠᠨᠠᠭᠠᠨ ᠤ ᠤᠬᠠᠮᠰᠠᠷ ᠪᠠ ᠣᠨᠣᠯ ᠤᠨ ᠬᠢᠷᠢ
ᠬᠡᠮᠵᠢᠶ᠎ᠡ ᠶ᠋ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠃ ᠴᠠᠭ ᠦᠶ᠎ᠡ ᠶ᠋ᠢᠨ
ᠲᠠᠪᠰᠢᠯᠳᠡ ᠪᠠ ᠠᠵᠢᠯ ᠦᠢᠯᠡᠰ ᠤᠨ ᠬᠥᠭᠵᠢᠯᠲᠡ ᠶ᠋ᠢᠨ ᠱᠠᠭᠠᠷᠳᠠᠯᠭ᠎ᠠ ᠳ᠋ᠤ ᠵᠣᠬᠢᠴᠠᠵᠤ ᠂ ᠡᠯ᠎ᠡ
ᠲᠠᠯ᠎ᠠ ᠶ᠋ᠢᠨ ᠮᠡᠳᠡᠯᠭᠡ ᠶ᠋ᠢ ᠥᠷᠭᠡᠨ ᠳᠡᠯᠭᠡᠷᠡᠩᠭᠦᠶ ᠰᠤᠷᠤᠯᠴᠠᠵᠤ ᠂ ᠰᠢᠨ᠎ᠡ ᠪᠠᠶᠢᠳᠠᠯ ᠢ
ᠰᠣᠳᠣᠯᠣᠨ᠂ ᠰᠢᠨ᠎ᠡ ᠲᠤᠷᠰᠢᠯᠭ᠎ᠠ ᠶ᠋ᠢ ᠳ᠋ᠦᠩᠨᠡᠨ᠂ ᠰᠢᠨ᠎ᠡ ᠠᠰᠠᠭᠤᠳᠠᠯ ᠢ ᠰᠢᠶᠳᠪᠦᠷᠢᠯᠡᠬᠦ
ᠬᠡᠷᠡᠭᠲᠡᠶ ᠂ ᠪᠠᠶᠢᠯᠳᠤᠬᠤ ᠪᠤᠳᠤᠯᠭ᠎ᠠ ᠶ᠋ᠢᠨ ᠰᠡᠳᠬᠢᠬᠦᠢ ᠂ ᠰᠢᠨ᠎ᠡ ᠶ᠋ᠢ ᠡᠭᠦᠳᠬᠦ ᠰᠡᠳᠬᠢᠬᠦᠶ
᠂ ᠬᠤᠪᠢᠰᠤᠩᠭᠤᠶ ᠰᠡᠳᠬᠢᠬᠦᠶ ᠂ ᠬᠠᠤᠯᠢ ᠪᠠᠷ ᠵᠠᠰᠠᠬᠤ ᠰᠡᠳᠬᠢᠬᠦᠶ ᠂ ᠬᠢᠵᠠᠭᠠᠷ ᠱᠤᠭᠤᠮ ᠤᠨ
ᠰᠡᠳᠬᠢᠬᠦᠶ ᠂ ᠲᠤᠰᠬᠠᠶᠢᠵᠢᠬᠤ ᠬᠢᠷᠢ ᠬᠡᠮᠵᠢᠶ᠎ᠡ ᠶ᠋ᠢ ᠳᠠᠰᠤᠷᠠᠯᠲᠠ ᠦᠭᠡᠢ ᠳᠡᠭᠡᠭᠰᠢᠯᠡᠭᠦᠯᠬᠦ
ᠪᠠ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ ᠂
ᠳᠡᠭᠡᠭᠰᠢᠯᠡᠭᠦᠯᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ
ᠣᠨᠣᠯ ᠰᠤᠷᠤᠯᠴᠠᠬᠤ ᠭᠣᠣᠯ ᠲᠤᠭᠤᠶᠢᠯᠠᠩ ᠤᠨ ᠰᠤᠷᠤᠯᠴᠠᠯᠭ᠎ᠠ ᠶ᠋ᠢᠨ ᠲᠦᠷᠢᠮ ᠢ ᠪᠠᠷᠢᠮᠲᠠᠯᠠᠵᠤ ᠂
ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠠᠮᠲᠤ ᠶ᠋ᠢ ᠰᠤᠷᠤᠯᠴᠠᠯᠭ᠎ᠠ ᠬᠢᠵᠦ ᠂ ᠪᠦᠬᠦ
ᠵᠢᠯ ᠳ᠋ᠤ ᠠᠷᠪᠠᠨ ᠬᠣᠶᠠᠷ ᠡᠳᠦᠷ ᠠᠴᠠ ᠳᠤᠲᠠᠭᠤ ᠪᠠᠶᠢᠵᠦ ᠪᠣᠯᠬᠤ ᠦᠭᠡᠢ ᠮᠥᠷᠲᠡᠭᠡᠨ
ᠪᠠᠶᠢᠩᠭᠤ ᠶ᠋ᠢᠨ ᠬᠣᠷᠢᠶᠠᠨ ᠤ ᠬᠤᠷᠠᠯᠳᠤᠭᠠᠨ ᠪᠤᠶᠤ ᠡᠩ ᠤᠨ ᠨᠠᠮ ᠤᠨ ᠭᠡᠰᠢᠭᠦᠨ ᠺᠠᠳ᠋ᠷ
ᠲᠠᠶᠢᠯᠠᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠣᠷᠣᠯᠠᠭᠤᠯᠵᠤ ᠪᠣᠯᠬᠤ ᠤᠢᠭᠡᠢ ᠃ ᠣᠨᠣᠯ
ᠰᠤᠷᠤᠯᠴᠠᠬᠤ ᠭᠣᠣᠯ ᠲᠤᠭᠤᠶᠢᠯᠠᠩ ᠤᠨ ᠪᠦᠷᠢᠯᠳᠦᠬᠦᠨ ᠨᠢ ᠰᠢᠰᠲ᠋ᠧᠮ ᠲᠠᠢ ᠰᠤᠷᠤᠯᠴᠠᠵᠤ ᠂
ᠭᠣᠣᠯᠳᠠᠯᠭ᠎ᠠ ᠲᠠᠢ ᠪᠠᠷ ᠰᠤᠷᠤᠯᠴᠠᠵᠤ ᠂ ᠬᠠᠮᠲᠤ ᠶ᠋ᠢᠨ ᠰᠤᠷᠤᠯᠴᠠᠯᠭ᠎ᠠ ᠪᠠ ᠬᠤᠪᠢ ᠬᠥᠮᠦᠨ
ᠥᠪᠡᠷᠲᠡᠭᠡᠨ ᠰᠤᠷᠤᠯᠴᠠᠬᠤ ᠶ᠋ᠢ ᠤᠶᠠᠯᠳᠤᠭᠤᠯᠬᠤ᠂ ᠦᠨᠳᠦᠰᠦᠨ ᠱᠠᠲᠤᠨ ᠳ᠋ᠤ ᠭᠦᠨᠵᠡᠭᠡᠶᠢᠷᠡᠨ
ᠪᠠᠶᠢᠴᠠᠭᠠᠨ ᠰᠤᠳᠤᠯᠤᠯᠲᠠ ᠬᠢᠵᠦ᠂ ᠵᠢᠯ ᠪᠦᠷᠢ ᠦᠨᠳᠦᠰᠦᠨ ᠱᠠᠲᠤᠨ ᠳ᠋ᠤ ᠪᠠᠭᠤᠵᠤ ᠪᠠᠶᠢᠴᠠᠭᠠᠨ
ᠰᠤᠳᠤᠯᠤᠯᠲᠠ ᠴᠠᠭ 60 ᠡᠳᠦᠷ ᠡᠴᠠ ᠳᠤᠲᠠᠭᠤ ᠪᠠᠶᠢᠵᠦ ᠪᠣᠯᠬᠤ ᠥᠭᠡᠢ ᠪᠥᠭᠡᠳ ᠠᠵᠢᠯ ᠤᠨ ᠪᠣᠳᠠᠲᠤ
ᠪᠠᠶᠢᠳᠠᠯ ᠲᠠᠢ ᠪᠠᠨ ᠤᠶᠠᠯᠳᠤᠭᠤᠠ ᠨᠠᠭᠠᠳᠤ ᠵᠠᠬ᠎ᠠ ᠨᠢ 1 ᠡᠴᠠ 2 ᠪᠠᠶᠢᠴᠠᠭᠠᠨ
ᠰᠤᠳᠤᠯᠤᠯᠲᠠ ᠶ᠋ᠢᠨ ᠮᠡᠳᠡᠭᠦᠯᠦᠯᠲᠡ ᠪᠢᠴᠢᠨ᠎ᠡ ᠃
ᠭᠤᠴᠢᠨ ᠬᠣᠶᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠬᠢᠭᠡᠳ ᠲᠡᠭᠦᠨ ᠤ ᠪᠦᠷᠢᠯᠳᠦᠬᠦᠨ ᠨᠠᠮ ᠤᠨ
ᠳᠣᠲᠣᠭᠠᠳᠤ ᠶ᠋ᠢᠨ ᠤᠯᠤᠰ ᠲᠦᠷᠦ ᠶ᠋ᠢᠨ ᠠᠮᠢᠳᠤᠷᠠᠯ ᠤᠨ ᠪᠠᠷᠢᠮᠵᠢᠶ᠎ᠠ ᠶ᠋ᠢ ᠤᠬᠠᠮᠰᠠᠷ ᠡᠴᠠ ᠪᠠᠨ
ᠵᠢᠷᠤᠮᠯᠠᠨ ᠰᠠᠬᠢᠬᠤ ᠬᠡᠷᠡᠭᠲᠡᠶ ᠂ ᠨᠠᠮ ᠤᠨ ᠳᠣᠲᠣᠭᠠᠳᠤ ᠶ᠋ᠢᠨ ᠤᠯᠤᠰ ᠲᠦᠷᠦ ᠶ᠋ᠢᠨ
ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ ᠂ ᠵᠠᠷᠴᠢᠮᠲᠤ ᠴᠢᠨᠠᠷ ᠂ ᠲᠠᠢᠴᠢᠨ
ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠱᠦᠵᠢ ᠪᠣᠯᠣᠨ ᠪᠠᠶᠢᠩᠭᠤ ᠶ᠋ᠢᠨ ᠬᠣᠷᠢᠶᠠᠨ ᠤ
ᠪᠤᠰᠤᠳ ᠭᠡᠰᠢᠭᠦᠳ᠂ ᠪᠠᠶᠢᠩᠭᠤ ᠶ᠋ᠢᠨ ᠬᠣᠷᠢᠶᠠᠨ ᠤ ᠭᠡᠰᠢᠭᠦᠨ ᠬᠣᠭᠣᠷᠣᠨᠳᠣ ᠪᠠᠨ
ᠪᠠᠶᠢᠩᠭᠤ ᠶ᠋ᠢᠨ ᠴᠢᠨᠠᠷᠲᠠᠢ ᠪᠠᠷ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠂ ᠦᠨᠡᠨ
ᠰᠡᠳᠬᠢᠯ ᠢᠶᠠᠷ ᠨᠥᠬᠥᠷᠯᠡᠬᠦ ᠂ ᠦᠵᠡᠯ ᠰᠠᠨᠠᠭᠠᠨ ᠤ ᠰᠣᠯᠢᠯᠴᠠᠭ᠎ᠠ ᠂ ᠰᠠᠨᠠᠯ ᠰᠣᠯᠢᠯᠴᠠᠬᠤ
ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠦᠷᠢᠮ ᠢ ᠪᠠᠷᠢᠮᠲᠠᠯᠠᠵᠤ ᠂
ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠪᠠᠢᠢᠩᠭᠤᠴᠢᠭᠤᠯᠤᠨ᠂ ᠴᠢᠬᠤᠯᠠ ᠪᠤᠶᠤ ᠲᠦᠭᠡᠮᠡᠯ
ᠴᠢᠨᠠᠷᠲᠠᠶ ᠠᠰᠠᠭᠤᠳᠠᠯ ᠳᠣᠬᠢᠶᠠᠯᠳᠤᠪᠠᠯ ᠴᠠᠭ ᠲᠤᠬᠠᠶ ᠳᠤ ᠨᠢ ᠬᠤᠷᠠᠯᠳᠤᠭᠤᠯᠬᠤ ᠬᠡᠷᠡᠭᠲᠡᠶ ᠃
ᠬᠤᠷᠠᠯ ᠡᠴᠠ ᠡᠮᠦᠨ᠎ᠡ ᠰᠠᠨᠠᠯ ᠢ ᠥᠷᠭᠡᠨ ᠳᠡᠯᠭᠡᠷᠡᠩᠭᠦᠶ ᠪᠠᠷ ᠰᠣᠨᠣᠰᠬᠤ ᠬᠡᠷᠡᠭᠲᠡᠶ ᠂
ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠵᠤ ᠂ ᠬᠤᠷᠠᠯ ᠳᠡᠭᠡᠷ᠎ᠡ ᠠᠰᠠᠭᠤᠳᠠᠯ ᠢ ᠨᠠᠷᠢᠨ
ᠬᠢᠨᠠᠮᠠᠭᠠᠶ ᠪᠠᠶᠢᠴᠠᠭᠠᠨ ᠳᠡᠯᠭᠡᠵᠦ ᠂ ᠡᠬᠢ ᠰᠤᠷᠪᠤᠯᠵᠢ ᠶ᠋ᠢ ᠨᠢ ᠭᠦᠨᠵᠡᠭᠡᠶ ᠵᠠᠳᠠᠯᠵᠤ ᠂
ᠴᠡᠭᠴᠡᠯᠡᠨ ᠥᠭᠡᠷᠡᠴᠢᠯᠡᠬᠦ ᠴᠢᠭᠯᠡᠯ ᠢᠶᠡᠨ ᠲᠣᠳᠣᠷᠬᠠᠶ ᠪᠣᠯᠭᠠᠨ ᠂ ᠦᠨᠡᠨ ᠬᠡᠷᠡᠭ ᠡᠴᠠ ᠵᠥᠪ ᠢ
ᠡᠷᠢᠬᠦ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠵᠦ ᠂ ᠬᠤᠷᠠᠯ ᠤᠨ ᠲᠠᠷᠠᠭ᠎ᠠ
ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠪᠥᠭᠡᠳ ᠵᠣᠬᠢᠬᠤ
ᠬᠡᠪᠴᠢᠶᠡᠨ ᠳᠣᠲᠣᠷ᠎ᠠ ᠵᠠᠷᠯᠠᠨ ᠮᠡᠳᠡᠭᠳᠡᠬᠦ ᠬᠡᠷᠡᠭᠲᠡᠶ ᠃ ᠪᠠᠶᠢᠩᠭᠤ ᠶ᠋ᠢᠨ ᠬᠣᠷᠢᠶᠠᠨ ᠤ
ᠭᠡᠰᠢᠭᠦᠨ᠂ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ
ᠵᠣᠬᠢᠶᠠᠨ ᠪᠠᠶᠢᠭᠤᠯᠤᠯᠲᠠ ᠶ᠋ᠢᠨ ᠠᠮᠢᠳᠤᠷᠠᠯ ᠤᠨ ᠬᠤᠷᠠᠯ ᠳ᠋ᠤ ᠣᠷᠣᠯᠴᠠᠵᠤ᠂ ᠦᠨᠳᠦᠰᠦᠨ
ᠱᠠᠲᠤᠨ ᠤ ᠨᠠᠮ ᠤᠨ ᠭᠡᠰᠢᠭᠦᠨ ᠺᠠᠳ᠋ᠷ ᠤᠨ ᠨᠠᠮ ᠤᠨ ᠬᠢᠴᠢᠶᠡᠯ ᠳᠤ ᠲᠦᠷᠦᠭᠦᠯᠡᠨ ᠣᠷᠣᠯᠴᠠᠨ᠎ᠠ ᠃
ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶ᠎ᠠ ᠬᠢᠭᠡᠳ ᠲᠡᠭᠦᠨ ᠤ ᠪᠦᠷᠢᠯᠳᠦᠬᠦᠨ᠂ ᠨᠠᠮ ᠤᠨ ᠰᠠᠬᠢᠯᠭ᠎ᠠ ᠤᠯᠤᠰ ᠤᠨ
ᠬᠠᠤᠯᠢ ᠶ᠋ᠢ ᠵᠢᠱᠢᠶᠡᠴᠢ ᠪᠠᠷ ᠵᠢᠷᠤᠮᠯᠠᠨ ᠰᠠᠬᠢᠵᠤ ᠂ ᠨᠠᠮ ᠤᠨ ᠤᠯᠤᠰ ᠲᠦᠷᠦ ᠶ᠋ᠢᠨ ᠰᠠᠬᠢᠯᠭ᠎ᠠ
ᠪᠠᠲᠤ ᠂ ᠵᠣᠬᠢᠶᠠᠨ ᠪᠠᠶᠢᠭᠤᠯᠤᠯᠲᠠ ᠶ᠋ᠢᠨ ᠰᠠᠬᠢᠯᠭ᠎ᠠ ᠪᠠᠲᠤ ᠂ ᠠᠷᠢᠭᠤᠨ ᠴᠢᠬᠡᠴᠢ ᠶ᠋ᠢᠨ
ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂
ᠠᠮᠢᠳᠤᠷᠠᠯ ᠤᠨ ᠰᠠᠬᠢᠯᠭ᠎ᠠ ᠪᠠᠲᠤ ᠶ᠋ᠢ ᠴᠢᠩᠭ᠎ᠠ ᠰᠠᠬᠢᠵᠤ ᠂ ᠪᠡᠶ᠎ᠡ ᠪᠠᠷ ᠢᠶᠡᠨ ᠬᠡᠪ ᠳᠦ᠋ᠷᠢᠮ
ᠪᠣᠯᠬᠤ᠂ ᠲᠤᠤᠷᠠᠲᠦ ᠱᠠᠲᠤ ᠪᠠᠨ ᠳᠠᠭᠠᠭᠤᠯᠬᠤ᠂ ᠦᠨᠡᠨᠴᠢ ᠰᠢᠳᠤᠷᠭᠤ ᠴᠡᠪᠡᠷ ᠴᠢᠭᠴᠢ
ᠬᠠᠷᠢᠭᠤᠴᠠᠯᠭ᠎ᠠ ᠲᠠᠢ ᠪᠠᠶᠢᠵᠦ ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ
ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠦᠯᠢᠭᠡᠷ ᠵᠢᠱᠢᠶ᠎ᠡ ᠦᠵᠡᠭᠦᠯᠬᠦ
ᠬᠡᠷᠡᠭᠲᠡᠶ ᠃
ᠭᠤᠴᠢᠨ ᠳᠥᠷᠪᠡᠳᠦᠭᠡᠷ ᠵᠦᠢᠯ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠬᠢᠭᠡᠳ ᠲᠡᠭᠦᠨ ᠤ ᠪᠦᠷᠢᠯᠳᠦᠬᠦᠨ ᠳ᠋ᠤ ᠲᠥᠪ ᠬᠣᠷᠢᠶᠠᠨ ᠤ
ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ
28 ᠵᠤᠷᠪᠤᠰ ᠲᠥᠬᠥᠷᠵᠢᠭᠦᠯᠦᠭᠰᠡᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠦ ᠂
ᠦᠢᠯᠡᠳᠦᠯᠭᠡᠵᠢᠭᠦᠯᠵ ᠂ ᠤᠬᠠᠮᠰᠠᠷ ᠡᠴᠠ ᠪᠠᠨ《 ᠭᠤᠷᠪᠠᠨ ᠴᠢᠩᠭ᠎ᠠ ᠭᠤᠷᠪᠠᠨ ᠪᠣᠳᠠᠲᠠᠢ 》
ᠪᠠᠶᠢᠬᠤ ᠱᠠᠭᠠᠷᠳᠠᠯᠭ᠎ᠠ ᠶ᠋ᠢ ᠡᠷᠡᠰ ᠡᠰᠡᠷᠭᠦᠴᠡᠵᠦ᠂ ᠬᠡᠯᠪᠡᠷᠢ ᠶ᠋ᠢᠨ ᠦᠵᠡᠯ ᠂ ᠨᠣᠶᠠᠨᠴᠢ
ᠦᠵᠡᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠡᠰᠡᠷᠭᠦᠴᠡᠨ᠎ᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠨ ᠪᠦᠷᠢᠯᠳᠦᠬᠦᠨ ᠢᠯᠠᠩᠭᠤᠶ᠎ᠠ
ᠪᠠᠶᠢᠩᠭᠤ ᠶ᠋ᠢᠨ ᠬᠣᠷᠢᠶ᠎ᠠ ᠶ᠋ᠢᠨ ᠭᠡᠰᠢᠭᠦᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ
ᠪᠠᠷᠢᠮᠵᠢᠶ᠎ᠠ ᠶ᠋ᠢ ᠲᠦᠷᠦᠭᠦᠯᠡᠨ ᠬᠡᠷᠡᠭᠵᠢᠭᠦᠯᠵᠦ᠂ ᠭᠡᠷ ᠪᠦᠯᠢ ᠪᠠᠨ ᠬᠦᠨᠳᠦᠳᠬᠡᠵᠦ ᠂ ᠭᠡᠷ ᠤᠨ
ᠪᠠᠭᠰᠢ᠂ ᠬᠡᠷ ᠤᠨ ᠰᠤᠷᠲᠠᠯ᠂ ᠲᠦᠷᠦᠯ ᠰᠠᠳᠤᠨ ᠪᠠ ᠳᠡᠷᠭᠡᠳᠡᠬᠢ ᠠᠵᠢᠯᠳᠠᠨ ᠢᠶᠡᠨ ᠰᠠᠶᠢᠲᠦᠷ
ᠰᠤᠷᠭᠠᠨ ᠬᠥᠮᠦᠵᠢᠭᠦᠯᠵᠦ ᠬᠠᠮᠢᠶᠠᠷᠬᠤ ᠬᠡᠷᠡᠭᠲᠡᠶ ᠂ ᠤᠳᠤᠷᠢᠳᠬᠤ ᠺᠠᠳ᠋ᠷ ᠤᠨ ᠬᠤᠪᠢ ᠬᠥᠮᠦᠨ ᠤ
ᠬᠣᠯᠪᠣᠭᠳᠠᠯ ᠪᠦᠬᠦᠢ ᠤᠴᠢᠷ ᠶᠠᠪᠤᠳᠠᠯ ᠢᠶᠡᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂
ᠬᠣᠯᠪᠣᠰᠤ ᠦᠷ᠎ᠡ ᠬᠡᠦᠬᠡᠳ ᠤᠨ ᠠᠵᠢᠯ ᠡᠷᠬᠢᠯᠡᠬᠦ ᠦᠢᠯᠡ ᠠᠵᠢᠯᠯᠠᠭ᠎ᠠ ᠶ᠋ᠢ ᠵᠢᠷᠤᠮᠵᠢᠭᠤᠯᠵᠤ᠂
ᠡᠷᠬᠡ ᠲᠤᠰᠢᠶᠠᠯ ᠪᠤᠶᠤ ᠨᠥᠯᠥᠭᠡᠯᠡᠬᠦ ᠬᠦᠴᠦᠨ ᠢᠶᠡᠨ ᠠᠰᠢᠭᠯᠠᠨ ᠭᠡᠷ ᠪᠦᠯᠢ ᠲᠦᠷᠦᠯ
ᠰᠠᠳᠠᠨ ᠤᠨ ᠨᠠᠶᠢᠵᠠ ᠨᠥᠬᠥᠳ ᠲᠡᠭᠡᠨ ᠣᠨᠴᠠ ᠬᠠᠷᠠᠭᠠᠯᠵᠠᠯ ᠦᠵᠡᠭᠦᠯᠬᠦ ᠂ ᠤᠳᠤᠷᠢᠳᠬᠤ
ᠺᠠᠳ᠋ᠷᠴᠤᠳ ᠤᠨ ᠭᠡᠷ ᠪᠦᠯᠢ ᠲᠦᠷᠦᠯ ᠰᠠᠳᠤᠨ ᠨᠠᠶᠢᠵᠠ ᠨᠥᠬᠥᠳ ᠤᠨ ᠤᠳᠤᠷᠢᠳᠬᠤ ᠺᠠᠳ᠋ᠷ ᠤᠨ ᠡᠷᠬᠡ
ᠲᠤᠰᠢᠶᠠᠯ ᠤᠨ ᠬᠡᠪᠴᠢᠶᠡᠨ ᠳ᠋ᠠᠬᠢ ᠠᠵᠢᠯ ᠂ ᠠᠵᠢᠯᠳᠠᠨ ᠤ ᠶᠠᠪᠤᠳᠠᠯ ᠤᠨ ᠳᠤᠬᠢᠷᠠᠭᠤᠯᠤᠯᠳᠠ ᠳ᠋ᠤ
ᠭᠠᠷ ᠳᠦᠷᠦᠵᠦ᠂ ᠣᠨᠴᠠ ᠡᠷᠬᠡ ᠶ᠋ᠢᠨ ᠦᠵᠡᠯ ᠰᠠᠨᠠᠭ᠎ᠠ ᠪᠠ ᠣᠨᠴᠠ ᠡᠷᠬᠡ ᠶ᠋ᠢᠨ ᠦᠵᠡᠭᠳᠡᠯ ᠲᠠᠢ
ᠤᠬᠠᠮᠰᠠᠷ ᠡᠴᠠ ᠪᠠᠨ ᠲᠡᠮᠡᠴᠡᠨ᠂ ᠲᠥᠪ ᠰᠢᠳᠤᠷᠭᠤ ᠠᠷᠢᠭᠤᠨ ᠴᠢᠬᠡᠴᠢ ᠤᠯᠤᠰ ᠲᠦᠷᠦ ᠶ᠋ᠢᠨ ᠤᠤᠯ
ᠴᠢᠨᠠᠷ ᠢᠶᠡᠨ ᠢᠮᠠᠭᠲᠠ ᠪᠠᠷᠢᠮᠲᠠᠯᠠᠬᠤ ᠬᠡᠷᠡᠭᠲᠡᠶ ᠃
ᠭᠤᠴᠢᠨ ᠲᠠᠪᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ ᠤ
ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠳᠡᠭᠡᠷ᠎ᠡ ᠬᠠᠷᠢᠭᠤᠴᠠᠬᠤ ᠪᠥᠭᠡᠳ ᠠᠵᠢᠯ ᠢᠶᠡᠨ
ᠮᠡᠳᠡᠭᠦᠯᠦᠨ᠎ᠡ ᠂ ᠨᠠᠮ ᠤᠨ ᠲᠥᠪ ᠬᠣᠷᠢᠶᠠᠨ ᠤ ᠤᠳᠤᠷᠢᠳᠤᠯᠭ᠎ᠠ ᠪᠠ ᠠᠵᠢᠯ ᠤᠨ ᠬᠢᠨᠠᠯᠲᠠ
ᠲᠠᠯᠪᠢᠬᠤ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠ ᠥᠪᠡᠷᠲᠡᠭᠡᠨ ᠵᠠᠰᠠᠬᠤ
ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠯᠲᠠ ᠲᠠᠯᠪᠢᠬᠤ ᠂ ᠳᠤᠤᠷᠠᠲᠤ
ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠬᠢᠨᠠᠯᠲᠠ
ᠲᠠᠯᠪᠢᠬᠤ ᠶᠢ ᠬᠦᠯᠢᠶᠡᠨ ᠠᠪᠬᠤ ᠬᠡᠷᠡᠭᠲᠡᠶ ᠃
ᠨᠠᠮ ᠤᠨ ᠬᠣᠷᠢᠶᠠᠨ ᠤ ᠱᠦᠵᠢ ᠨᠢ
ᠺᠣᠮᠢᠰ ᠪᠣᠯᠣᠨ ᠪᠠᠶᠢᠩᠭᠤ ᠶ᠋ᠢᠨ ᠬᠣᠷᠢᠶᠠᠨ ᠤ ᠪᠤᠰᠤᠳ ᠭᠡᠰᠢᠭᠦᠨ ᠤ ᠬᠢᠨᠠᠯᠲᠠ ᠲᠠᠯᠪᠢᠬᠤ ᠪᠡᠨ
ᠴᠢᠩᠭᠠᠳᠬᠠᠵᠤ ᠂ ᠤᠬᠠᠮᠰᠠᠷ ᠡᠴᠠ ᠪᠠᠨ ᠺᠣᠮᠢᠰ ᠪᠣᠯᠤᠨ ᠪᠠᠶᠢᠩᠭᠤ ᠶ᠋ᠢᠨ ᠬᠣᠷᠢᠶᠠᠨ ᠤ ᠪᠤᠰᠤᠳ
ᠭᠡᠰᠢᠭᠦᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ ᠃ ᠪᠠᠶᠢᠩᠭᠤ ᠶ᠋ᠢᠨ ᠬᠣᠷᠢᠶᠠᠨ ᠤ
ᠭᠡᠰᠢᠭᠦᠨ ᠂ ᠨᠠᠮ ᠤᠨ ᠬᠣᠷᠢᠶᠠᠨ ᠤ ᠭᠡᠰᠢᠭᠦᠨ ᠨᠠᠮᠴᠢ ᠴᠢᠨᠠᠷ ᠤᠨ ᠵᠠᠷᠴᠢᠮ ᠤᠨ ᠰᠠᠭᠤᠷᠢᠨ ᠳ᠋ᠤ
ᠪᠦᠯᠬᠦᠮᠳᠡᠯ ᠢ ᠬᠠᠮᠠᠭᠠᠯᠠᠬᠤ᠂ ᠬᠠᠷᠢᠯᠴᠠᠨ ᠢᠲᠡᠭᠡᠵᠦ᠂ ᠠᠭᠤᠴᠢᠯᠠᠯᠴᠠᠬᠤ᠂ ᠬᠠᠷᠢᠯᠴᠠᠨ ᠳᠡᠮᠵᠢᠬᠦ
᠂ ᠬᠢᠨᠠᠯᠲᠠ ᠲᠠᠯᠪᠢᠯᠴᠠᠬᠤ ᠬᠡᠷᠡᠭᠲᠡᠶ᠃
ᠭᠤᠴᠢᠨ ᠵᠢᠷᠭᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠨᠢ ᠡᠯ᠎ᠡ ᠠᠷᠠᠳᠴᠢᠯᠠᠭᠰᠠᠨ ᠨᠠᠮ ᠪᠦᠯᠦᠭ ᠂
ᠨᠠᠮ ᠪᠦᠯᠦᠭ ᠤᠨ ᠪᠤᠰᠤ ᠬᠥᠮᠦᠰ ᠤᠨ ᠠᠷᠠᠳᠴᠢᠯᠠᠭᠰᠠᠨ ᠬᠢᠨᠠᠯᠲᠠ ᠶ᠋ᠢ ᠬᠦᠯᠢᠶᠡᠵᠦ ᠂ ᠨᠠᠷᠢᠨ
ᠬᠢᠨᠠᠮᠠᠭᠠᠶ ᠬᠠᠨᠳᠤᠬᠤ ᠬᠡᠷᠡᠭᠲᠡᠶ ᠂ ᠤᠯᠠᠨ ᠲᠦᠮᠡᠨ ᠪᠠ ᠨᠡᠶᠢᠭᠡᠮ ᠤᠨ ᠬᠢᠨᠠᠯᠲᠠ ᠶ᠋ᠢ
ᠤᠬᠠᠮᠰᠠᠷ ᠡᠴᠠ ᠪᠠᠨ ᠬᠦᠯᠢᠶᠡᠵᠦ᠂ ᠡᠯ᠎ᠡ ᠲᠠᠯ᠎ᠠ ᠶ᠋ᠢᠨ ᠰᠢᠭᠦᠮᠵᠢᠯᠡᠯ ᠢ ᠳᠠᠷᠤᠤ
ᠬᠢᠴᠢᠶᠡᠩᠭᠦᠶ ᠪᠠᠷ ᠬᠦᠯᠢᠶᠠᠨ ᠠᠪᠬᠤ ᠬᠡᠷᠡᠭᠲᠡᠶ ᠃
ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠤᠢᠷᠢᠮ
ᠭᠤᠴᠢᠨ ᠳᠣᠯᠣᠳᠤᠭᠠᠷ ᠵᠦᠢᠯ
ᠲᠤᠰ ᠲᠦᠷᠢᠮ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠬᠠᠷᠢᠭᠤᠴᠠᠵᠤ
ᠲᠠᠶᠢᠯᠪᠤᠷᠢᠯᠠᠨ᠎ᠠ ᠂ ᠪᠣᠳᠠᠲᠠᠶ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶ᠎ᠠ ᠶ᠋ᠢᠨ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ
ᠵᠣᠬᠢᠶᠠᠨ ᠪᠠᠶᠢᠭᠤᠯᠬᠤ ᠬᠡᠯᠲᠡᠰ ᠳᠠᠭᠠᠭᠠᠨ ᠠᠪᠴᠤ ᠭᠦᠢᠴᠡᠳᠬᠡᠨ᠎ᠡ ᠃
ᠭᠤᠴᠢᠨ ᠨᠠᠢᠮᠠᠳᠤᠭᠠᠷ ᠵᠦᠢᠯ
ᠲᠤᠰ ᠲᠦᠷᠢᠮ ᠢ 2016 ᠣᠨ ᠤ 11 ᠰᠠᠷ᠎ᠠ ᠶᠢᠨ 29 ᠦ ᠡᠳᠦᠷ ᠡᠴᠠ ᠡᠬᠢᠯᠡᠵᠦ
ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠳᠠᠷᠤᠮᠠᠯᠯᠠᠨ
ᠲᠠᠷᠬᠠᠭᠠᠭᠰᠠᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ
ᠵᠠᠰᠠᠬᠤ ᠣᠷᠣᠨ ᠤ ᠬᠣᠷᠢᠶᠠᠨ ᠤ ᠠᠵᠢᠯ ᠤᠨ ᠲᠤᠬᠠᠶ ᠲᠦᠷ ᠬᠡᠷᠡᠭᠵᠢᠭᠦᠯᠬᠦ ᠲᠦᠷᠢᠮ 》 ( ᠥᠪᠥᠷ
ᠨᠠᠮ ᠲᠠᠷᠬᠠᠭᠠᠭᠰᠠᠨ [1995] 29 ᠳ᠋ᠦᠭᠡᠷ ᠲᠣᠭᠠᠲᠤ ) ᠪᠠ ᠳᠠᠷᠤᠮᠠᠯᠯᠠᠨ ᠲᠠᠷᠬᠠᠭᠠᠭᠰᠠᠨ 《
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ
ᠬᠣᠷᠢᠶᠠᠨ ᠤ ᠪᠥᠬᠥᠳᠡ ᠬᠤᠷᠠᠯ ᠤᠨ ᠠᠵᠢᠯ ᠤᠨ ᠳᠦᠷᠢᠮ ( ᠲᠤᠷᠰᠢᠨ ᠬᠡᠷᠡᠭᠵᠢᠭᠦᠯᠬᠦ ) 》 ( ᠥᠪᠥᠷ
ᠨᠠᠮ ᠲᠠᠷᠬᠠᠭᠠᠭᠰᠠᠨ [2008]8 ᠳ᠋ᠤᠭᠠᠷ ᠲᠣᠭᠠᠲᠤ ) ᠢ ᠬᠠᠮᠲᠤ ᠳᠦ ᠨᠢ ᠬᠦᠴᠦᠨ ᠤᠢᠭᠡᠢ
ᠪᠣᠯᠭᠠᠨ᠎ᠠ ᠃