ᠳᠤᠮᠳᠠᠳᠤ ᠤᠯᠤᠰ  ᠤᠨ ᠡᠪ ᠬᠠᠮᠲᠤ ᠨᠠᠮ ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠬᠣᠷᠢᠢ᠎ᠠ ᠶᠢᠨ ᠪᠠᠶᠢᠩᠭᠤ  ᠶᠢᠨ ᠬᠣᠷᠢᠶᠠᠨ ᠦ ᠬᠡᠷᠡᠭ ᠵᠥᠪᠯᠡᠬᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ

  2019-09-18

ᠨᠢᠭᠡᠳ᠋ᠦᠭᠡᠷ ᠪᠦᠯᠦᠭ   ᠶᠡᠷᠦᠩᠬᠡᠶ ᠲᠤᠢᠷᠢᠮ

         ᠨᠢᠭᠡᠳ᠋ᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠬᠣᠷᠢᠶ᠎ᠠ ( ᠪᠠᠶᠢᠩᠭᠤ ᠶ᠋ᠢᠨ ᠬᠣᠷᠢᠶ᠎ᠠ ᠭᠡᠵᠦ ᠲᠣᠪᠴᠢᠯᠠᠨ᠎ᠠ ) ᠶ᠋ᠢᠨ ᠬᠡᠷᠡᠭ ᠵᠥᠪᠯᠡᠬᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶ᠋ᠢ ᠪᠦᠷᠢᠨᠰᠢᠭᠦᠯᠦᠨ ᠲᠡᠭᠦᠯᠳᠡᠷᠵᠢᠭᠦᠯᠬᠦ ᠶ᠋ᠢᠨ ᠲᠥᠯᠦᠭᠡ ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠂ ᠠᠷᠠᠳᠴᠢᠯᠠᠯᠲᠤ ᠰᠢᠶᠳᠪᠦᠷᠢ ᠂ ᠬᠠᠤᠯᠢ ᠶᠣᠰᠣᠭᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠬᠢᠷᠢ ᠬᠡᠮᠵᠢᠶ᠎ᠡ ᠶ᠋ᠢ ᠳᠡᠭᠡᠭᠰᠢᠯᠡᠭᠦᠯᠵᠦ ᠂ ᠪᠠᠶᠢᠩᠭᠤ ᠶ᠋ᠢᠨ ᠬᠣᠷᠢᠶᠠᠨ ᠦ ᠲᠤᠰᠢᠶᠠᠯ ᠬᠠᠷᠢᠭᠤᠴᠠᠯᠭ᠎ᠠ ᠪᠠᠨ ᠨᠡᠩ  ᠰᠠᠶᠢᠨ ᠭᠦᠢᠴᠡᠳᠬᠡᠵᠦ ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠣᠷᠢᠶᠠᠨ ᠤ ᠠᠵᠢᠯ ᠤᠨ ᠲᠦᠷᠢᠮ 》 ᠪᠠ ᠬᠣᠯᠪᠣᠭᠳᠠᠯ ᠪᠦᠬᠦᠢ ᠨᠠᠮ ᠤᠨ ᠳᠣᠲᠣᠭᠠᠳᠤ ᠶ᠋ᠢᠨ ᠬᠠᠤᠯᠢ ᠲᠣᠭᠲᠠᠭᠠᠯ ᠢ  ᠦᠨᠳ᠋ᠦᠰᠦᠯᠡᠵᠦ ᠲᠤᠰ ᠳᠦᠷᠢᠮ ᠢ ᠲᠣᠭᠲᠠᠭᠠᠪᠠ ᠃         
       ᠬᠣᠶᠠᠳᠤᠭᠠᠷ ᠵᠦᠢᠯ   ᠪᠠᠶᠢᠩᠭᠤ ᠶ᠋ᠢᠨ ᠬᠣᠷᠢᠶᠠᠨ ᠦ ᠬᠠᠮᠲᠤ ᠶ᠋ᠢᠨ ᠤᠳᠤᠷᠢᠳᠤᠯᠭ᠎ᠠ  ᠶ᠋ᠢᠨ ᠳᠦᠷᠢᠮ ᠢ ᠪᠠᠷᠢᠮᠲᠠᠯᠠᠬᠤ ᠬᠡᠷᠡᠭᠲᠡᠶ ᠂ ᠴᠢᠬᠤᠯᠠ ᠶᠡᠬᠡ ᠠᠰᠠᠭᠤᠳᠠᠯ ᠪᠣᠯᠬᠤ ᠳᠦ ᠂ ᠬᠠᠮᠲᠤ ᠪᠠᠷ ᠤᠳᠤᠷᠢᠳᠬᠤ ᠂ ᠠᠷᠠᠳᠴᠢᠯᠠᠯ ᠲᠥᠪᠯᠡᠷᠡᠯ ᠂ ᠲᠤᠰᠬᠠᠶ ᠶᠠᠷᠢᠯᠴᠠᠬᠤ ᠂ ᠬᠤᠷᠠᠯ ᠢᠶ᠋ᠡᠷ ᠲᠣᠭᠲᠠᠭᠠᠬᠤ ᠵᠠᠷᠴᠢᠮ ᠶᠣᠰᠣᠭᠠᠷ ᠂ ᠬᠠᠮᠲᠤ ᠪᠠᠷ ᠶᠠᠷᠢᠯᠴᠠᠨ ᠴᠥᠭᠡᠩᠬᠢ ᠨᠢ ᠣᠯᠠᠩᠬᠢ ᠪᠠᠨ ᠲᠡᠭᠠᠬᠤ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠶ ᠃
       ᠭᠤᠷᠪᠠᠳᠤᠭᠠᠷ ᠵᠦᠢᠯ   ᠪᠠᠶᠢᠩᠭᠤ ᠶ᠋ᠢᠨ ᠬᠣᠷᠢᠶᠠᠨ ᠡᠴᠡ ᠪᠠᠲᠤᠯᠠᠭᠰᠠᠨ ᠪᠠᠶᠢᠩᠭᠤ ᠶ᠋ᠢᠨ  ᠬᠣᠷᠢᠶᠠᠨ ᠶ᠋ᠢᠨ ᠬᠤᠷᠠᠯ ᠬᠤᠷᠠᠯᠳᠤᠭᠤᠯᠬᠤ ᠳᠤ ᠬᠡᠷᠡᠭ ᠵᠥᠪᠯᠡᠵᠦ ᠪᠣᠳᠣᠯᠭ᠎ᠠ ᠲᠣᠭᠲᠠᠭᠠᠬᠤ ᠂ ᠶᠡᠷᠦᠳᠡᠭᠡᠨ ᠰᠠᠷ᠎ᠠ ᠪᠦᠷᠢ 2 ᠤᠳᠠᠭ᠎ᠠ ᠬᠤᠷᠠᠯᠳᠤᠭᠤᠯᠵᠤ ᠂ ᠠᠵᠢᠯ ᠤᠨ ᠬᠡᠷᠡᠭᠴᠡᠭᠡ ᠪᠡᠨ ᠦᠨᠳ᠋ᠦᠰᠦᠯᠡᠨ ᠬᠡᠵᠢᠶ᠎ᠡ ᠴᠦ ᠭᠡᠰᠡᠨ ᠬᠤᠷᠠᠯᠳᠤᠭᠤᠯᠵᠤ ᠪᠣᠯᠤᠨ᠎ᠠ ᠃
       ᠪᠠᠶᠢᠩᠭᠤ ᠶ᠋ᠢᠨ ᠬᠣᠷᠢᠶᠠᠨ ᠦ ᠥᠷᠭᠡᠳᠬᠡᠭᠰᠡᠨ ᠬᠤᠷᠠᠯ ᠬᠤᠷᠠᠯᠳᠤᠭᠤᠯᠵᠤ ᠪᠣᠯᠤᠨ᠎ᠠ ᠂ ᠭᠡᠪᠡᠴᠦ ᠣᠷᠣᠯᠠᠵᠤ ᠪᠣᠯᠬᠤ ᠪᠠᠶᠢᠩᠭᠤ ᠶ᠋ᠢᠨ ᠬᠣᠷᠢᠶᠠᠨ ᠦ ᠬᠤᠷᠠᠯ ᠡᠴᠡ ᠭᠠᠷᠭᠠᠭᠰᠠᠨ ᠰᠢᠶᠳᠪᠦᠷᠢᠲᠦ ᠪᠤᠳᠤᠯᠭ᠎ᠠ ᠮᠥᠨ ᠃
        ᠳᠥᠷᠪᠡᠳ᠋ᠦᠭᠡᠷ ᠵᠦᠢᠯ     ᠪᠠᠶᠢᠩᠭᠤ ᠶ᠋ᠢᠨ ᠬᠣᠷᠢᠶ᠎ᠠ ᠡᠷᠬᠡᠪᠰᠢ ᠲᠤᠰᠢᠶᠠᠯ ᠬᠠᠷᠢᠭᠤᠴᠠᠯᠭ᠎ᠠ ᠶ᠋ᠢᠨ ᠬᠡᠪᠴᠢᠶᠡᠨ ᠳᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠬᠡᠷᠡᠭᠲᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠬᠡ ᠬᠤᠷᠠᠯ ᠪᠤᠶᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠪᠥᠬᠥ ᠭᠡᠰᠢᠭᠦᠳ ᠤᠨ ᠬᠤᠷᠠᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠤᠴᠢᠷ ᠶᠠᠪᠤᠳᠠᠯ ᠳᠤ ᠭᠠᠷ ᠳᠥᠷᠦᠵᠦ ᠪᠣᠯᠬᠤ ᠦᠭᠡᠢ ᠃

        ᠬᠣᠶᠠᠳᠤᠭᠠᠷ ᠪᠦᠯᠦᠭ        ᠬᠤᠷᠠᠯ ᠳᠦ ᠣᠷᠣᠯᠴᠠᠭᠰᠠᠨ ᠬᠥᠮᠦᠨ

        ᠲᠠᠪᠤᠳᠤᠭᠠᠷ ᠵᠦᠢᠯ   ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠢ ᠱᠦᠵᠢ ᠬᠤᠷᠠᠯᠳᠤᠭᠤᠯᠬᠤ ᠶ᠋ᠢᠨ ᠬᠠᠮᠲᠤ ᠡᠷᠬᠢᠯᠡᠬᠦᠯᠵᠦ ᠂ ᠱᠦᠵᠢ ᠬᠤᠷᠠᠯ ᠳᠦ ᠣᠷᠣᠯᠴᠠᠵᠤ ᠪᠣᠯᠬᠤ ᠦᠭᠡᠢ ᠂ ᠳᠡᠳ᠋ ᠱᠦᠵᠢ ᠳᠦ  ᠨᠠᠶᠢᠳᠠᠵᠦ ᠬᠤᠷᠠᠯᠳᠤᠭᠤᠯᠬᠤ ᠪᠥᠭᠡᠳ ᠡᠷᠬᠢᠯᠡᠨ᠎ᠡ ᠃
        ᠵᠢᠷᠭᠤᠳᠤᠭᠠᠷ ᠵᠦᠢᠯ   ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠳᠦ ᠣᠷᠣᠯᠴᠠᠭᠰᠠᠨ ᠬᠥᠮᠦᠰ ᠪᠠᠶᠢᠩᠭᠤ ᠶ᠋ᠢᠨ ᠬᠣᠷᠢᠶᠠᠨ ᠦ ᠭᠡᠰᠢᠭᠦᠨ  ᠪᠣᠯᠤᠨ᠎ᠠ ᠃ ᠱᠦᠵᠢ ᠵᠥᠪᠰᠢᠶᠡᠷᠡᠭᠰᠡᠨ  ᠪᠠᠶᠢᠳᠠᠯ ᠳᠣᠣᠷ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠦ ᠨᠠᠮ ᠤᠨ ᠤᠳᠤᠷᠢᠳᠬᠤ  ᠲᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶ᠋ᠢᠨ ᠵᠥᠪᠯᠡᠯᠭᠡᠨ ᠦ ᠨᠠᠮ ᠤᠨ ᠤᠳᠤᠷᠢᠳᠬᠤ ᠲᠤᠭᠤᠶᠢᠯᠠᠩ  ᠤᠨ ᠬᠠᠷᠢᠭᠤᠴᠠᠯᠭᠠᠲᠠᠨ ᠨᠥᠬᠥᠳ ᠪᠣᠯᠤᠨ ᠬᠣᠯᠪᠣᠭᠳᠠᠯ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠥᠳ ᠬᠤᠷᠠᠯ ᠳᠤ ᠰᠤᠯᠠ ᠣᠷᠣᠯᠴᠠᠵᠤ ᠪᠣᠯᠤᠨ᠎ᠠ ᠃
        ᠳᠣᠯᠣᠳᠤᠭᠠᠷ ᠵᠦᠢᠯ   ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠢ ᠬᠠᠭᠠᠰ ᠡᠴᠡ ᠳᠡᠭᠡᠭᠰᠢᠬᠢ ᠪᠠᠶᠢᠩᠭᠤ ᠶ᠋ᠢᠨ ᠬᠣᠷᠢᠶᠠᠨ ᠦ ᠭᠡᠰᠢᠭᠦᠨ ᠬᠤᠷᠠᠯ ᠳᠦ ᠣᠷᠣᠯᠴᠠᠭᠰᠠᠨ ᠪᠠᠶ᠋ᠢᠪᠠᠯ ᠰᠠᠶᠢ ᠬᠤᠷᠠᠯᠳᠤᠭᠤᠯᠵᠤ ᠪᠣᠯᠤᠨ᠎ᠠ ᠃ ᠺᠠᠳ᠋ᠷ ᠢ ᠲᠣᠮᠢᠯᠠᠬᠤ ᠪᠠ ᠪᠠᠭᠤᠯᠭᠠᠬᠤ ᠬᠡᠷᠡᠭ ᠶᠠᠪᠤᠳᠠᠯ ᠢ ᠡᠷᠬᠡᠪᠰᠢ ᠭᠤᠷᠪᠠᠨ ᠤ ᠬᠣᠶᠠᠷ ᠬᠤᠪᠢ ᠡᠴᠠ ᠳᠡᠭᠡᠭᠰᠢᠬᠢ ᠲᠣᠭᠠᠨ ᠤ ᠪᠠᠶᠢᠩᠭᠤ ᠶ᠋ᠢᠨ ᠬᠣᠷᠢᠶᠠᠨ ᠦ ᠭᠡᠰᠢᠭᠦᠨ ᠬᠤᠷᠠᠯ ᠳᠦ ᠣᠷᠤᠯᠴᠠᠵᠤ ᠶᠠᠷᠢᠯᠴᠠᠨ ᠲᠣᠭᠲᠠᠭᠠᠬᠤ ᠬᠡᠷᠡᠭᠲᠡᠢ ᠃
        ᠪᠠᠶᠢᠩᠭᠤ ᠶ᠋ᠢᠨ ᠬᠣᠷᠢᠶᠠᠨ ᠦ ᠭᠡᠰᠢᠭᠦᠨ ᠪᠠ ᠪᠠᠶᠢᠩᠭᠤ ᠶ᠋ᠢᠨ ᠬᠣᠷᠢᠶᠠᠨ ᠦ ᠬᠤᠷᠠᠯ ᠳᠦ ᠰᠤᠯᠠ ᠣᠷᠣᠯᠴᠠᠬᠤ ᠬᠥᠮᠦᠰ ᠶᠠᠮᠠᠷ ᠨᠢᠭᠡᠨ ᠤᠴᠢᠷ ᠰᠢᠯᠲᠠᠭᠠᠨ ᠡᠴᠡ ᠪᠣᠯᠵᠤ ᠬᠤᠷᠠᠯ ᠳᠦ ᠣᠷᠣᠯᠴᠠᠵᠤ ᠳᠡᠢᠯᠬᠦ ᠦᠭᠡᠢ ᠪᠣᠯ ᠂ ᠬᠤᠷᠠᠯ ᠡᠴᠠ ᠡᠮᠦᠨ᠎ᠡ  ᠴᠢᠯᠦᠭᠡ ᠬᠡᠯᠡᠬᠦ ᠪᠢᠴᠢᠭ  ᠪᠢᠴᠢᠵᠦ ᠱᠦᠵᠢ ᠳᠦ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠃

        ᠭᠤᠷᠪᠠᠳᠤᠭᠠᠷ ᠪᠦᠯᠦᠭ       ᠬᠤᠷᠠᠯ ᠤᠨ ᠵᠥᠪᠯᠡᠬᠦ ᠵᠦᠢᠯ ᠢ ᠲᠣᠭᠲᠠᠭᠠᠬᠤ

        ᠨᠠᠢᠮᠠᠳᠤᠭᠠᠷ ᠵᠦᠢᠯ   ᠱᠦᠵᠢ ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠤ ᠵᠥᠪᠯᠡᠬᠦ ᠵᠦᠢᠯ ᠢ ᠳᠤᠷᠠᠳᠤᠨ ᠭᠠᠷᠭᠠᠵᠤ ᠪᠣᠯᠤᠨ᠎ᠠ ᠂ ᠪᠠᠶᠢᠩᠭᠤ ᠶ᠋ᠢᠨ ᠬᠣᠷᠢᠶᠠᠨ ᠦ ᠪᠤᠰᠤᠳ ᠭᠡᠰᠢᠭᠦᠳ ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠤ ᠵᠥᠪᠯᠡᠬᠦ ᠵᠦᠢᠯ ᠳᠤ ᠰᠠᠨᠠᠭᠤᠯᠭ᠎ᠠ ᠳᠤᠷᠠᠳᠴᠤ ᠪᠣᠯᠤᠨ᠎ᠠ ᠃
        ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶᠠᠨ ᠦ ᠨᠠᠮ ᠤᠨ ᠤᠳᠤᠷᠢᠳᠬᠤ  ᠲᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶ᠋ᠢᠨ ᠵᠥᠪᠯᠡᠯᠭᠡᠨ ᠦ ᠨᠠᠮ ᠤᠨ ᠤᠳᠤᠷᠢᠳᠬᠤ ᠲᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠦ ᠨᠠᠮ ᠤᠨ ᠤᠳᠤᠷᠢᠳᠬᠤ ᠲᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ  ᠪᠠᠶᠢᠴᠠᠭᠠᠵᠤ  ᠬᠣᠷᠢᠶ᠎ᠠ ᠶ᠋ᠢᠨ ᠨᠠᠮ ᠤᠨ ᠤᠳᠤᠷᠢᠳᠬᠤ  ᠲᠤᠭᠤᠶᠢᠯᠠᠩ ᠶᠢᠨ  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠤ ᠵᠥᠪᠯᠡᠬᠦ ᠵᠦᠢᠯ ᠳᠤ ᠰᠠᠨᠠᠭᠤᠯᠭ᠎ᠠ ᠳᠤᠷᠠᠳᠴᠤ ᠪᠣᠯᠤᠨ᠎ᠠ ᠃
        ᠡᠯ᠎ᠡ ᠠᠶ᠋ᠢᠮᠠᠭ ᠬᠣᠲᠠ ᠶ᠋ᠢᠨ ᠨᠠᠮ ᠤᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠣᠷᠢᠶ᠎ᠠ ᠶ᠋ᠢᠨ ᠡᠯ᠎ᠡ ᠬᠡᠯᠲᠡᠰ ᠂ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠦ ᠡᠯ᠎ᠡ ᠵᠥᠪᠯᠡᠯ ᠂ ᠠᠯᠪᠠᠨ ᠭᠡᠷ ᠂ ᠲᠢᠩᠬᠢᠮ᠂ ᠲᠣᠪᠴᠢᠶ᠎ᠠ ᠪᠣᠯᠤᠨ ᠠᠷᠠᠳ ᠦᠨ ᠪᠦᠯᠬᠦᠮ ᠤᠨ ᠨᠠᠮ ᠤᠨ ᠤᠳᠤᠷᠢᠳᠬᠤ  ᠲᠤᠭᠤᠶᠢᠯᠠᠩ ( ᠨᠠᠮ ᠤᠨ ᠬᠣᠷᠢᠶ᠎ᠠ )  ᠤᠨ ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠤ ᠵᠥᠪᠯᠡᠬᠦ ᠵᠦᠢᠯ ᠳᠦ ᠰᠠᠨᠠᠭᠤᠯᠭ᠎ᠠ ᠳᠤᠷᠠᠳᠴᠤ ᠪᠣᠯᠤᠨ᠎ᠠ ᠃
        ᠵᠢᠰᠦᠳ᠋ᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠤᠨ  ᠬᠣᠷᠢᠶᠠᠨ ᠶ᠋ᠢᠨ ᠠᠯᠪᠠᠨ ᠲᠢᠩᠬᠢᠮ ᠬᠠᠷᠢᠭᠤᠴᠠᠨ ᠴᠤᠭᠯᠠᠭᠤᠯᠵᠤ ᠂ ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠤ ᠵᠥᠪᠯᠡᠬᠦ ᠵᠦᠢᠯ ᠢ ᠬᠤᠷᠢᠶᠠᠩᠭᠤᠢᠯᠠᠵᠤ ᠂ ᠵᠥᠪᠯᠡᠬᠦ ᠰᠡᠳ᠋ᠦᠪ ᠤᠨ ᠲᠣᠭ᠎ᠠ ᠬᠡᠮᠵᠢᠶ᠎ᠡ ᠶᠣᠰᠣᠭᠠᠷ ᠵᠦᠢ ᠵᠣᠬᠢᠰᠲᠠᠶ ᠂ ᠴᠢᠬᠤᠯᠠ ᠶᠡᠬᠡ ᠪᠠᠴᠢᠮ ᠵᠥᠪᠯᠡᠬᠦ ᠰᠡᠳ᠋ᠦᠪ ᠢ ᠡᠩ ᠲᠡᠷᠢᠭᠦᠨ ᠳᠦ  ᠪᠠᠶᠢᠯᠭᠠᠬᠤ ᠵᠠᠷᠴᠢᠮ ᠶᠣᠰᠣᠭᠠᠷ ᠂ ᠬᠤᠷᠠᠯᠳᠤᠭᠠᠨ ᠤ ᠵᠥᠪᠯᠡᠬᠦ ᠰᠡᠳ᠋ᠦᠪ ᠲᠤ ᠲᠣᠬᠢᠷᠠᠭᠤᠯᠬᠤ ᠰᠠᠨᠠᠯ ᠳᠤᠷᠠᠳᠴᠤ ᠂ ᠨᠠᠮ ᠤᠨ ᠬᠣᠷᠢᠶᠠᠨ ᠤ ᠨᠠᠷᠢᠨ ᠪᠢᠴᠢᠭ ᠤᠨ ᠳᠠᠷᠤᠭ᠎ᠠ ᠪᠠᠷ ᠬᠢᠨᠠᠨ ᠵᠥᠪᠰᠢᠶᠡᠷᠡᠭᠦᠯᠦᠭᠰᠡᠨ ᠦ ᠳᠠᠷᠠᠭ᠎ᠠ ᠂ ᠱᠦᠵᠢ ᠳᠦ ᠮᠡᠳᠡᠭᠦᠯᠵᠦ ᠲᠣᠭᠲᠠᠭᠠᠨ᠎ᠠ ᠃
        ᠬᠤᠷᠠᠯ ᠤᠨ ᠵᠥᠪᠯᠡᠬᠦ ᠵᠦᠢᠯ ᠢ ᠲᠣᠭᠲᠠᠭᠠᠭᠰᠠᠨ ᠤ ᠳᠠᠷᠠᠭ᠎ᠠ ᠂ ᠡᠩ ᠤᠨ  ᠪᠠᠶᠢᠲᠠᠯ᠎ ᠳ᠋ᠦ ᠲᠠᠬᠢᠵᠤ  ᠬᠣᠪᠢᠷᠠᠭᠤᠯᠵᠦ ᠪᠣᠯᠬᠤ ᠦᠭᠡᠢ ᠂ ᠴᠢᠬᠤᠯᠠ ᠶᠡᠬᠡ ᠪᠠᠴᠢᠮ ᠪᠠᠢᠳᠠᠯ ᠲᠤᠯᠭᠠᠷᠠᠵᠤ ᠦᠨᠡᠬᠡᠷ ᠬᠤᠪᠢᠷᠠᠭᠤᠯᠬᠤ ᠴᠢᠬᠤᠯᠠᠲᠠᠶ ᠪᠠᠶ᠋ᠢᠪᠠᠯ  ᠪᠠᠶᠢᠩᠭᠤ ᠶᠢᠨ ᠬᠣᠷᠢᠶᠠᠨ ᠦ ᠬᠤᠷᠠᠯ ᠢᠶᠠᠷ ᠶᠠᠷᠢᠯᠴᠠᠨ ᠲᠣᠭᠲᠠᠭᠠᠬᠤ  ᠴᠢᠬᠤᠯᠠᠲᠠᠢ ᠲᠦᠷ ᠵᠥᠪᠯᠡᠬᠦ ᠰᠡᠳ᠋ᠦᠪ ᠢ ᠨᠠᠮ ᠤᠨ ᠬᠣᠷᠢᠶᠠᠨ ᠤ ᠨᠠᠷᠢᠨ ᠪᠢᠴᠢᠭ ᠤᠨ ᠳᠠᠷᠤᠭ᠎ᠠ ᠰᠠᠨᠠᠭᠤᠯᠭ᠎ᠠ  ᠳᠤᠷᠠᠳᠴᠤ ᠂ ᠱᠦᠵᠢ ᠲᠣᠭᠲᠠᠭᠠᠨ᠎ᠠ ᠃

        ᠳᠥᠷᠪᠡᠳ᠋ᠦᠭᠡᠷ ᠪᠦᠯᠦᠭ      ᠬᠡᠷᠡᠭ ᠵᠥᠪᠯᠡᠬᠦ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠡᠯᠡᠳᠬᠡᠯ

        ᠠᠷᠪᠠᠳᠤᠭᠠᠷ ᠵᠦᠢᠯ    ᠪᠠᠶᠢᠩᠭᠤ ᠶᠢᠨ ᠬᠣᠷᠢᠶᠠᠨ ᠦ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠤᠴᠢᠷ ᠶᠠᠪᠤᠳᠠᠯ ᠢ ᠲᠤᠰᠢᠶᠠᠬᠤ ᠬᠡᠷᠡᠭᠲᠡᠶ ᠂ ᠲᠤᠰᠢᠶᠠᠬᠤ ᠰᠠᠯᠠᠭ᠎ᠠ ᠮᠥᠴᠢᠷ ᠤᠷᠢᠳᠠᠪᠠᠷ ᠭᠦᠨᠵᠡᠭᠡᠶ  ᠪᠠᠶᠢᠴᠠᠭᠠᠨ ᠰᠤᠳᠤᠯᠤᠯᠲᠠ ᠬᠢᠵᠦ ᠂ ᠭᠦᠢᠴᠡᠳ ᠨᠤᠲᠠᠯᠠᠯᠲᠠ ᠬᠢᠵᠦ ᠦᠨᠡᠯᠡᠨ ᠵᠢᠱᠢᠬᠦ ᠬᠡᠷᠡᠭᠲᠡᠢ ᠃ ᠲᠤᠰᠬᠠᠶ ᠮᠡᠷᠭᠡᠵᠢᠯ ᠤᠨ ᠴᠢᠨᠠᠷ ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ  ᠪᠠᠶᠢᠳᠠᠭ ᠴᠢᠬᠤᠯᠠ ᠶᠡᠬᠡ ᠵᠦᠢᠯᠡᠰ ᠢ ᠵᠣᠬᠢᠶᠠᠨ  ᠪᠠᠶᠢᠭᠤᠯᠵᠦ᠂ ᠲᠤᠰᠬᠠᠶ ᠮᠡᠷᠭᠡᠵᠢᠯᠲᠡᠨ ᠡᠴᠡ ᠵᠥᠪᠯᠡᠯᠭᠡ ᠠᠪᠴᠤ ᠨᠤᠲᠠᠯᠠᠬᠤ ᠬᠡᠷᠡᠭᠲᠡᠶ ; ᠤᠯᠠᠨ ᠲᠦᠮᠡᠨ ᠤ ᠠᠮᠢ ᠪᠡᠶ᠎ᠡ ᠶ᠋ᠢᠨ ᠠᠰᠢᠭ ᠲᠤᠰᠠ ᠳᠦ ᠬᠣᠯᠪᠣᠭᠳᠠᠬᠤ ᠴᠢᠬᠤᠯᠠ ᠶᠡᠬᠡ ᠬᠡᠷᠡᠭ ᠶᠠᠪᠤᠳᠠᠯ ᠂ ᠴᠢᠬᠤᠯᠠ ᠲᠠᠶ ᠦᠶ᠎ᠡ ᠳᠦ ᠭᠡᠷᠡᠴᠢᠯᠡᠭᠡ ᠰᠣᠨᠣᠰᠬᠤ ᠶᠣᠰᠣᠲᠠᠶ ; ᠨᠡᠶ᠋ᠢᠭᠡᠮ ᠤᠨ ᠲᠣᠭᠲᠠᠭᠤᠨ ᠪᠠᠶ᠋ᠢᠳᠠᠯ ᠳᠤ  ᠬᠣᠯᠪᠤᠭᠳᠠᠵᠦ ᠮᠡᠳᠡᠬᠦ ᠂ ᠠᠮᠢ ᠠᠬᠤᠶ ᠶ᠋ᠢᠨ ᠣᠷᠴᠢᠨ ᠲᠣᠭᠣᠷᠢᠨ᠂ ᠠᠵᠤ ᠠᠬᠤᠶ ᠵᠡᠷᠭᠡ ᠲᠠᠯ᠎ᠠ ᠶ᠋ᠢᠨ ᠠᠶᠤᠯ ᠲᠦᠭᠰᠢᠭᠦᠷᠢ ᠶ᠋ᠢ ᠴᠢᠬᠤᠯᠠ ᠶᠡᠬᠡ ᠤᠴᠢᠷ ᠶᠠᠪᠤᠳᠠᠯ ᠢ ᠲᠦᠭᠰᠢᠭᠦᠷᠢ ᠶ᠋ᠢᠨ ᠦᠨᠡᠯᠡᠨ ᠵᠢᠱᠢᠯᠲᠡ ᠬᠢᠬᠦ ᠬᠡᠷᠡᠭᠲᠡᠶ ᠃
         ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ ᠳᠡᠪᠰᠢᠭᠦᠯᠦᠨ ᠬᠢᠨᠠᠨ ᠶᠠᠷᠢᠯᠴᠠᠭᠤᠯᠬᠤ ᠨᠠᠮ ᠤᠨ ᠳᠣᠲᠣᠭᠠᠳᠤ  ᠶ᠋ᠢᠨ ᠬᠠᠤᠯᠢ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠂  ᠨᠡᠶᠢᠲᠡ ᠳ᠋ᠦ ᠤᠷᠢᠳᠴᠢᠯᠠᠨ ᠲᠤᠰᠢᠶᠠᠬᠤ ᠰᠠᠯᠠᠭ᠎ᠠ ᠮᠥᠴᠢᠷ ᠦᠳ ᠶᠡᠷᠦ ᠶ᠋ᠢᠨ  ᠪᠠᠶᠢᠳᠠᠯ ᠳᠣᠣᠷ᠎ᠠ ᠥᠪᠡᠷᠲᠡᠭᠡᠨ ᠵᠠᠰᠠᠬᠤ ᠣᠷᠣᠨ ᠦ ᠨᠠᠮ ᠤᠨ  ᠬᠤᠷᠢᠶᠠᠨ ᠶ᠋ᠢᠨ ᠠᠯᠪᠠᠨ ᠲᠢᠩᠬᠢᠮ ᠮᠡᠳᠡᠭᠦᠯᠦᠨ ᠬᠦᠷᠭᠡᠬᠦ ᠲᠥᠰᠦᠯ ᠪᠠ ᠪᠢᠴᠢᠭ ᠮᠠᠲ᠋ᠧᠷᠢᠶᠠᠯ ' ᠤᠨ ᠡᠭᠡ ᠨᠤᠤᠷᠠᠭ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠶ᠋ᠢᠨ ᠠᠯᠪᠠᠨ ᠲᠢᠩᠬᠢᠮ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠤᠨ  ᠪᠠᠶᠢᠭᠤᠯᠤᠮᠵᠢ  ᠡᠴᠡ ᠬᠢᠨᠠᠨ ᠬᠠᠷᠭᠤᠭᠤᠯᠬᠤ ᠬᠡᠷᠡᠭᠲᠡᠶ ᠃
        ᠲᠤᠰᠬᠠᠶ ᠮᠡᠷᠭᠡᠵᠢᠯᠲᠡᠨ ᠡᠴᠡ ᠵᠥᠪᠯᠡᠯᠭᠡ ᠠᠪᠴᠤ ᠨᠤᠲᠠᠯᠠᠬᠤ ᠶᠣᠰᠣᠲᠠᠶ ᠂ ᠰᠠᠨᠠᠯ ᠰᠣᠨᠣᠰᠬᠤ᠂ ᠲᠦᠭᠰᠢᠭᠦᠷᠢ ᠶ᠋ᠢᠨ ᠦᠨᠡᠯᠡᠯᠲᠡ᠂ ᠤᠭᠲᠤᠪᠤᠷᠢ ᠬᠢᠨᠠᠨ ᠬᠠᠷᠭᠤᠭᠤᠯᠬᠤ ᠤᠴᠢᠷ ᠶᠠᠪᠤᠳᠠᠯ ᠳᠦ  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠡᠩ ᠤᠨ  ᠪᠠᠶᠢᠳᠠᠯ ᠳᠣᠣᠷ᠎ᠠ ᠬᠢᠨᠠᠨ ᠶᠠᠷᠢᠯᠴᠠᠬᠤ ᠦᠭᠡᠢ ᠃
        ᠠᠷᠪᠠᠨ ᠨᠢᠭᠡᠳ᠋ᠦᠭᠡᠷ ᠵᠦᠢᠯ   ᠪᠠᠶᠢᠩᠭᠤ ᠶ᠋ᠢᠨ ᠬᠣᠷᠢᠶᠠᠨ ᠦ ᠬᠤᠷᠠᠯᠳᠤᠭᠠᠨ ᠳᠦ ᠳᠡᠪᠰᠢᠭᠦᠯᠵᠦ ᠲᠤᠰᠢᠶᠠᠭᠰᠠᠨ ᠮᠥᠷᠲᠡᠭᠡᠨ ᠪᠤᠰᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠣᠯᠪᠣᠭᠳᠠᠭᠰᠠᠨ ᠤᠴᠢᠷ ᠶᠠᠪᠤᠳᠠᠯ ᠢ ᠶᠠᠷᠢᠯᠴᠠᠨ ᠲᠣᠭᠲᠠᠭᠠᠵᠤ ᠂ ᠳᠡᠪᠰᠢᠭᠦᠯᠦᠭᠰᠡᠨ ᠰᠠᠯᠠᠭ᠎ᠠ ᠮᠥᠴᠢᠷ ᠨᠢ ᠤᠷᠢᠳᠠᠪᠠᠷ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠥᠭᠡᠳ ᠰᠠᠨᠠᠯ ᠨᠢᠭᠡᠲᠡᠶ  ᠪᠠᠶᠢᠬᠤ ᠬᠡᠷᠡᠭᠲᠡᠶ ; ᠰᠠᠨᠠᠯ ᠨᠢᠭᠡᠳ᠋ᠦᠭᠰᠡᠨ ᠦᠭᠡᠢ  ᠪᠠᠶᠢᠪᠠᠯ᠂  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠡᠩ ᠤᠨ ᠪᠠᠶᠢᠳᠠᠯ ᠳᠣᠣᠷ᠎ᠠ ᠬᠢᠨᠠᠨ ᠶᠠᠷᠢᠯᠴᠠᠬᠤ ᠦᠭᠡᠢ ᠃
        ᠡᠯ᠎ᠡ ᠰᠠᠯᠠᠭ᠎ᠠ ᠮᠥᠴᠢᠷ ᠤᠨ ᠬᠣᠭᠣᠷᠣᠨᠳᠣ ᠰᠠᠨᠠᠯ ᠨᠢᠭᠡᠳ᠋ᠦᠭᠰᠡᠨ ᠂ ᠳᠠᠬᠢᠨ ᠳᠠᠪᠲᠠᠨ ᠴᠢᠬᠤᠯᠠ ᠵᠥᠷᠢᠯᠳ᠋ᠦᠭᠡᠨ ᠢ ᠵᠣᠬᠢᠴᠠᠭᠤᠯᠬᠤ ᠴᠢᠬᠤᠯᠠᠲᠠᠢ ᠂ ᠭᠡᠪᠡᠴᠦ ᠤᠴᠢᠷ ᠶᠠᠪᠤᠳᠠᠯ ᠢ ᠦᠨᠡᠨᠬᠦ ᠦᠨᠡᠯᠡᠬᠦ ᠴᠢᠬᠤᠯᠠ ᠲᠠᠶ ᠪᠣᠯ ᠪᠠᠶᠢᠩᠭᠤ ᠶᠢᠨ ᠬᠣᠷᠢᠶ᠎ᠠ ᠲᠡᠷᠡ ᠳᠠᠷᠤᠶ ᠳᠤᠨᠢ ᠲᠣᠭᠲᠠᠭᠠᠯ ᠭᠠᠷᠭᠠᠬᠤ ᠬᠡᠷᠡᠭᠲᠡᠶ ᠂ ᠲᠤᠰᠢᠶᠠᠬᠤ ᠰᠠᠯᠠᠭ᠎ᠠ ᠮᠥᠴᠢᠷ ᠦᠳ  ᠬᠡᠪᠡᠶᠢᠯᠲᠠ ᠶᠢᠨ ᠴᠢᠨᠠᠷᠲᠠᠢ ᠰᠠᠨᠠᠯ ᠳᠤᠷᠠᠳᠴᠤ ᠂ ᠪᠤᠰᠤᠳ ᠰᠠᠯᠠᠭ᠎ᠠ ᠮᠥᠴᠢᠷ ᠤᠨ ᠰᠠᠨᠠᠯ ᠢ ᠴᠤᠭ ᠲᠤᠨᠢ ᠳᠠᠭᠠᠯᠳᠤᠭᠤᠯᠬᠤ ᠬᠡᠷᠡᠭᠲᠡᠶ ᠪᠥᠭᠡᠳ  ᠪᠠᠶᠢᠩᠭᠤ ᠶᠢᠨ ᠬᠣᠷᠢᠶᠠᠨ ᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠳᠦ ᠯᠠᠪᠯᠠᠯᠲᠠ ᠬᠠᠩᠭᠠᠬᠤ ᠬᠡᠷᠡᠭᠲᠡᠶ ᠃
         ᠠᠷᠪᠠᠨ ᠬᠣᠶᠠᠳᠤᠭᠠᠷ ᠵᠦᠢᠯ   ᠨᠠᠮ ᠤᠨ ᠬᠣᠷᠢᠶ᠎ᠠ ᠨᠢ ᠰᠠᠯᠠᠭ᠎ᠠ ᠮᠥᠴᠢᠷ ᠲᠦ ᠲᠤᠰᠢᠶᠠᠨ᠎ᠠ ᠂ ᠪᠠᠶᠢᠩᠭᠤ ᠶᠢᠨ ᠬᠣᠷᠢᠶᠠᠨ ᠦ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠤᠴᠢᠷ ᠶᠠᠪᠤᠳᠠᠯ ᠨᠢ ᠬᠤᠪᠢᠳᠠᠨ ᠬᠠᠮᠢᠶᠠᠷᠴᠤ ᠪᠠᠶ᠋ᠢᠭ᠎ᠠ ᠪᠠᠶᠢᠩᠭᠤ ᠶᠢᠨ ᠬᠣᠷᠢᠶᠠᠨ ᠦ ᠭᠡᠰᠢᠭᠦᠨ ᠤᠷᠢᠳᠠᠪᠠᠷ ᠬᠢᠨᠠᠨ ᠬᠠᠷᠭᠤᠭᠤᠯᠬᠤ ᠬᠡᠷᠡᠭᠲᠡᠶ ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ  ᠲᠤᠭᠤᠶᠢᠯᠠᠩ ( ᠨᠠᠮ ᠤᠨ  ᠬᠣᠷᠢᠶᠠᠨ   ᠤᠨ ᠳᠡᠪᠰᠢᠭᠦᠯᠦᠭᠰᠡᠨ  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ ᠠᠵᠤ ᠠᠬᠤᠶ  ᠨᠡᠶᠢᠭᠡᠮ ᠦᠨ ᠬᠥᠭᠵᠢᠯᠲᠡ ᠶ᠋ᠢᠨ ᠬᠦᠷᠢᠶᠡᠨ ᠳᠡᠬᠢ ᠤᠴᠢᠷ ᠶᠠᠪᠤᠳᠠᠯ ᠢ ᠶᠠᠷᠢᠯᠴᠠᠨ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠥᠬᠥᠳ ᠤᠷᠢᠳᠠᠪᠠᠷ ᠬᠢᠨᠠᠨ ᠬᠠᠷᠭᠤᠭᠤᠯᠬᠤ ᠬᠡᠷᠡᠭᠲᠡᠶ ᠂ ᠣᠨᠴᠠ ᠴᠢᠬᠤᠯᠠ  ᠪᠠᠶᠢᠳᠠᠯ ᠨᠢ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠣᠣᠯ ᠤᠳᠤᠷᠢᠳᠬᠤ ᠨᠥᠬᠥᠳ ᠲᠦ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ ᠃ ᠪᠤᠰᠤᠳ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ  ᠲᠤᠭᠤᠶᠢᠯᠠᠩ  ᠪᠠᠶᠢᠩᠭᠤ ᠶᠢᠨ ᠬᠣᠷᠢᠶᠠᠨ ᠳᠦ ᠳᠡᠪᠰᠢᠭᠦᠯᠦᠨ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠤᠴᠢᠷ ᠶᠠᠪᠤᠳᠠᠯ  ᠪᠠᠶᠢᠪᠠᠯ᠂ ᠬᠤᠪᠢᠶᠠᠨ ᠬᠠᠮᠢᠶᠠᠷᠴᠤ  ᠪᠠᠶᠢᠭ᠎ᠠ ᠮᠤᠵᠢ ᠶ᠋ᠢᠨ ᠲᠡᠰ ᠤᠨ ᠤᠳᠤᠷᠢᠳᠬᠤ ᠨᠥᠬᠥᠳ ᠤᠷᠢᠳᠠᠪᠠᠷ ᠬᠢᠨᠠᠯᠲᠠ ᠲᠠᠯᠪᠢᠬᠤ ᠬᠡᠷᠡᠭᠲᠡᠶ ᠃
        ᠠᠷᠪᠠᠨ ᠭᠤᠷᠪᠠᠳᠤᠭᠠᠷ ᠵᠦᠢᠯ    ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ ᠳᠡᠪᠰᠢᠭᠦᠯᠦᠭᠰᠡᠨ ᠶᠠᠷᠢᠯᠴᠠᠨ ᠲᠣᠭᠲᠠᠭᠠᠵᠤ ᠂ ᠪᠥᠬᠥ ᠣᠷᠣᠨ ᠤ ᠠᠵᠤ ᠠᠬᠤᠶ  ᠨᠡᠶᠢᠭᠡᠮ ᠦᠨ ᠬᠦᠷᠢᠶᠡᠨ ᠤ ᠴᠢᠬᠤᠯᠠ ᠶᠡᠬᠡ ᠲᠦᠷᠦ ᠶ᠋ᠢᠨ ᠪᠣᠳᠣᠯᠭ᠎ᠠ ᠶ᠋ᠢᠨ ᠲᠣᠭᠢᠷᠠᠭᠣᠯᠣᠯᠳᠠ ᠳᠦ ᠬᠣᠯᠪᠣᠭᠳᠠᠬᠤ ᠤᠴᠢᠷ ᠶᠠᠪᠤᠳᠠᠯ  ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠭᠡᠰᠢᠭᠦᠨ ᠂ ᠣᠷᠣᠯᠠᠭᠴᠢ ᠭᠡᠰᠢᠭᠦᠨ ᠦ ᠰᠠᠨᠠᠯ ᠢ ᠰᠣᠨᠤᠰᠬᠤ ᠬᠡᠷᠡᠭᠲᠡᠢ ᠂ ᠴᠢᠬᠤᠯᠠᠲᠠᠢ ᠦᠶ᠎ᠡ ᠳᠦ ᠲᠤᠤᠷᠠᠳᠤ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠰᠠᠨᠠᠯ ᠶ᠋ᠢ ᠰᠣᠨᠤᠰᠬᠤ ᠬᠡᠷᠡᠭᠲᠡᠶ ᠃
         ᠠᠷᠪᠠᠨ ᠳᠥᠷᠪᠡᠳ᠋ᠦᠭᠡᠷ ᠵᠦᠢᠯ   ᠬᠠᠤᠯᠢ ᠴᠠᠭᠠᠵᠠ ᠶ᠋ᠢᠨ ᠵᠥᠪᠯᠡᠭᠴᠢ ᠶ᠋ᠢᠨ ᠳᠦᠷᠢᠮ ᠢ  ᠪᠠᠶᠢᠭᠤᠯᠵᠦ᠂ ᠴᠢᠬᠤᠯᠠ ᠶᠡᠬᠡ ᠰᠢᠶᠳᠪᠦᠷᠢᠲᠦ ᠪᠤᠳᠤᠯᠭ᠎ᠠ ᠶ᠋ᠢᠨ ᠲᠥᠰᠦᠯ ᠨᠢ  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ ᠬᠢᠨᠠᠨ ᠶᠠᠷᠢᠯᠴᠠᠭᠤᠯᠬᠤ ᠡᠴᠡ ᠡᠮᠦᠨ᠎ᠡ ᠲᠤᠰᠢᠶᠠᠬᠤ ᠬᠡᠷᠡᠭᠲᠡᠶ  ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠣᠷᠢᠶᠠᠨ ᠶ᠋ᠢᠨ ᠬᠠᠤᠯᠢ ᠴᠠᠭᠠᠵᠠ ᠶ᠋ᠢᠨ ᠵᠥᠪᠯᠡᠭᠴᠢ ᠶ᠋ᠢᠨ ᠬᠠᠤᠯᠢ ᠶᠣᠰᠣᠴᠢ ᠴᠢᠨᠠᠷ ᠢ ᠬᠢᠨᠠᠨ  ᠪᠠᠶᠢᠴᠠᠭᠠᠬᠤ ᠰᠠᠨᠠᠯ ᠳᠤᠷᠠᠳᠴᠤ ᠪᠣᠯᠤᠨ᠎ᠠ ᠃
         ᠠᠷᠪᠠᠨ ᠲᠠᠪᠤᠳᠤᠭᠠᠷ ᠵᠦᠢᠯ    ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠤ ᠴᠢᠬᠤᠯᠠ ᠤᠴᠢᠷ ᠶᠠᠪᠤᠳᠠᠯ ᠢ ᠶᠠᠷᠢᠯᠴᠠᠨ ᠲᠣᠭᠲᠠᠭᠠᠵᠤ ᠪᠣᠯᠤᠨ᠎ᠠ ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠳᠠᠪᠠᠷ ᠪᠣᠳᠣᠯᠬᠢᠯᠠᠵᠤ ᠂ ᠱᠦᠵᠢ ᠨᠡᠷ ᠲᠦ ᠲᠤᠰᠬᠠᠶ ᠰᠡᠳ᠋ᠦᠪ ᠤᠨ ᠬᠤᠷᠠᠯ ᠬᠤᠷᠠᠯᠳᠤᠭᠤᠯᠵᠤ ᠶᠠᠷᠢᠯᠴᠠᠭᠤᠯᠬᠤ ᠬᠡᠷᠡᠭᠲᠡᠶ ᠃
         ᠠᠷᠪᠠᠨ ᠵᠢᠷᠭᠤᠳᠤᠭᠠᠷ ᠵᠦᠢᠯ   ᠪᠠᠶᠢᠩᠭᠤ ᠶᠢᠨ ᠬᠣᠷᠢᠶᠠᠨ ᠳᠦ ᠳᠡᠪᠰᠢᠭᠦᠯᠦᠨ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠤᠴᠢᠷ ᠶᠠᠪᠤᠳᠠᠯ ᠂ ᠳᠡᠪᠰᠢᠭᠦᠯᠦᠭᠰᠡᠨ ᠰᠠᠯᠠᠭ᠎ᠠ ᠮᠥᠴᠢᠷ ᠨᠠᠷᠢᠨ ᠬᠢᠨᠠᠮᠠᠭᠠᠢ ᠲᠤᠭᠤᠷᠪᠢᠭᠰᠠᠨ ᠬᠠᠷᠢᠭᠤ ᠮᠡᠳᠡᠭᠦᠯᠦᠯᠲᠡ ᠮᠠᠲ᠋ᠧᠷᠢᠶᠠᠯ ᠪᠤᠶᠤ  ᠲᠣᠳᠤᠷᠬᠠᠶᠢᠯᠠᠯᠲᠠ᠂ ᠬᠤᠪᠢᠳᠠᠨ ᠬᠠᠮᠢᠶᠠᠷᠴᠤ ᠪᠦᠬᠦᠢ ᠮᠤᠵᠢ ᠶ᠋ᠢᠨ ᠱᠠᠲᠤᠨ ᠦ ᠤᠳᠤᠷᠢᠳᠬᠤ ᠨᠥᠬᠥᠳ ᠬᠢᠨᠠᠵᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠣᠷᠢᠶᠠᠨ ᠶ᠋ᠢᠨ ᠠᠯᠪᠠᠨ ᠲᠢᠩᠬᠢᠮ ᠳᠦ ᠮᠡᠳᠡᠭᠦᠯᠬᠦ ᠬᠡᠷᠡᠭᠲᠡᠢ ᠃ ᠡᠭᠦᠨ ᠡᠴᠡ ᠭᠠᠳᠠᠨ᠎ᠠ ᠂ ᠺᠠᠳ᠋ᠷ ᠢ ᠲᠣᠮᠢᠯᠠᠬᠤ ᠪᠠ ᠪᠠᠭᠤᠯᠭᠠᠬᠤ ᠂ ᠰᠠᠬᠢᠯᠭ᠎ᠠ ᠪᠠᠲᠤ ᠶ᠋ᠢᠨ ᠰᠢᠢᠳᠬᠡᠯ ᠥᠭᠬᠦ ᠵᠦᠢᠯᠡᠰ ᠢ ᠭᠠᠷᠭᠠᠪᠠᠯ ᠂ ᠬᠠᠮᠢᠶ᠎ᠠ ᠪᠦᠬᠦᠢ ᠮᠠᠲ᠋ᠧᠷᠢᠶᠠᠯ ᠢ ᠤᠷᠢᠳᠴᠢᠯᠠᠨ ᠮᠡᠳᠡᠭᠦᠯᠦᠨ ᠬᠦᠷᠭᠡᠬᠦ ᠬᠡᠷᠡᠭᠲᠡᠶ ᠃
         ᠠᠷᠪᠠᠨ ᠳᠣᠯᠣᠳᠤᠭᠠᠷ ᠵᠦᠢᠯ   ᠣᠨᠴᠠᠭᠠᠶ  ᠪᠠᠶᠢᠳᠠᠯ ᠶᠢᠨ ᠪᠤᠯᠵᠤ ᠲᠦᠷ ᠴᠠᠭ ᠤᠨ ᠪᠠᠶᠢᠩᠭᠤ ᠶᠢᠨ  ᠬᠣᠷᠢᠶᠠᠨ ᠶ᠋ᠢᠨ ᠬᠤᠷᠠᠯ ᠬᠤᠷᠠᠯᠳᠤᠭᠤᠯᠬᠤ ᠡᠴᠠ ᠭᠠᠳᠠᠨ᠎ᠠ ᠂  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠢ ᠬᠤᠷᠠᠯᠳᠤᠭᠤᠯᠬᠤ ᠴᠠᠭ ᠬᠤᠭᠤᠴᠠᠭ᠎ᠠ ᠪᠣᠯᠤᠨ ᠶᠠᠷᠢᠯᠴᠠᠬᠤ ᠰᠡᠳ᠋ᠦᠪ ᠢ ᠤᠷᠢᠳᠴᠢᠯᠠᠨ ᠮᠡᠳᠡᠭᠦᠯᠬᠦ  ᠪᠠᠶᠢᠩᠭᠤ ᠶᠢᠨ ᠬᠣᠷᠢᠶᠠᠨ ᠦ ᠭᠡᠰᠢᠭᠦᠨ ᠮᠥᠨ ᠃ ᠬᠤᠷᠠᠯ ᠤᠨ ᠪᠢᠴᠢᠭ ᠮᠠᠲ᠋ᠧᠷᠢᠶᠠᠯ ᠢ  ᠪᠠᠶᠢᠩᠭᠤ ᠶᠢᠨ ᠬᠣᠷᠢᠶᠠᠨ ᠦ ᠭᠡᠰᠢᠭᠦᠨ ᠳᠦ ᠤᠷᠢᠳᠴᠢᠯᠠᠨ ᠬᠦᠷᠭᠡᠬᠦ ᠬᠡᠷᠡᠭᠲᠡᠢ ᠂ ᠣᠨᠴᠠᠭᠠᠶ  ᠪᠠᠶᠢᠳᠠᠯ ᠤᠨ ᠪᠣᠯᠣᠭᠠᠳ ᠤᠷᠢᠳᠴᠢᠯᠠᠵᠤ ᠳᠠᠷᠤᠮᠠᠯᠯᠠᠨ ᠲᠠᠷᠬᠠᠭᠠᠵᠤ  ᠲᠡᠶᠢᠯᠦᠭᠰᠡᠨ ᠦᠭᠡᠢ ᠪᠣᠯ ᠂ ᠤᠷᠢᠳᠴᠢᠯᠠᠨ ᠲᠠᠷᠬᠠᠭᠠᠭᠰᠠᠨ ᠦᠭᠡᠢ ᠪᠣᠯ᠂ ᠬᠤᠷᠠᠯ ᠤᠨ ᠲᠠᠯᠠᠪᠠᠢ ᠳᠤ  ᠲᠠᠷᠬᠠᠭᠠᠵᠤ ᠪᠣᠯᠤᠨ᠎ᠠ ᠃

         ᠲᠠᠪᠤᠳᠤᠭᠠᠷ ᠪᠦᠯᠦᠭ   ᠬᠤᠷᠠᠯᠳᠤᠭᠠᠨ ᠡᠴᠠ ᠬᠢᠨᠠᠨ ᠶᠠᠷᠢᠯᠴᠠᠵᠤ ᠪᠠᠲᠤᠯᠠᠬᠤ

         ᠠᠷᠪᠠᠨ ᠨᠠᠢᠮᠠᠳᠤᠭᠠᠷ ᠵᠦᠢᠯ    ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠤ ᠴᠢᠬᠤᠯᠠ ᠬᠡᠷᠡᠭ ᠶᠠᠪᠤᠳᠠᠯ ᠢ ᠬᠢᠨᠠᠨ ᠶᠠᠷᠢᠯᠴᠠᠬᠤ ᠦᠶ᠎ᠡ ᠳᠦ ᠂ ᠡ᠊ᠩ ᠤᠨ  ᠪᠠᠶᠢᠳᠠᠯ ᠳ᠋ᠦ ᠤᠷᠢᠳᠠᠪᠠᠷ ᠬᠤᠪᠢᠳᠠᠨ ᠬᠠᠮᠢᠶᠠᠷᠴᠤ ᠪᠦᠬᠦᠢ ᠮᠤᠵᠢ ᠶ᠋ᠢᠨ ᠱᠠᠲᠤᠨ ᠦ ᠤᠳᠤᠷᠢᠳᠬᠤ ᠨᠥᠬᠥᠳ ᠤᠨ ᠬᠠᠷᠢᠭᠤ ᠮᠡᠳᠡᠭᠦᠯᠦᠯᠲᠡ ᠪᠤᠶᠤ  ᠲᠣᠳᠤᠷᠬᠠᠶᠢᠯᠠᠯᠲᠠ ᠬᠢᠭᠰᠡᠨ ᠦ ᠳᠠᠷᠠᠭ᠎ᠠ ᠪᠠᠷ ᠨᠢ  ᠪᠠᠶᠢᠩᠭᠤ ᠶᠢᠨ ᠬᠣᠷᠢᠶᠠᠨ ᠦ ᠭᠡᠰᠢᠭᠦᠳ ᠤᠨ ᠰᠠᠨᠠᠯ ᠢ ᠨᠢ ᠶᠠᠷᠢᠭᠤᠯᠵᠤ ᠪᠣᠯᠤᠨ᠎ᠠ ᠃ ᠱᠦᠵᠢ ᠨᠢ  ᠪᠠᠶᠢᠩᠭᠤ ᠶᠢᠨ ᠬᠣᠷᠢᠶᠠᠨ ᠦ ᠪᠤᠰᠤᠳ ᠭᠡᠰᠢᠭᠦᠳ ᠪᠦᠬᠦ ᠰᠠᠨᠠᠯ ᠢᠶᠡᠨ ᠢᠯᠡᠳᠬᠡᠭᠰᠡᠨ ᠤ ᠲᠠᠷᠠᠭ᠎ᠠ ᠲᠠᠬᠢᠨ ᠰᠠᠨᠠᠯ ᠢᠶᠡᠨ ᠳᠤᠷᠠᠳᠴᠤ ᠪᠣᠯᠤᠨ᠎ᠠ ᠃
           ᠪᠠᠶᠢᠩᠭᠤ ᠶᠢᠨ ᠬᠣᠷᠢᠶᠠᠨ ᠦ ᠭᠡᠰᠢᠭᠦᠨ ᠤᠴᠢᠷ ᠲᠠᠶ ᠡᠴᠡ ᠪᠤᠯᠵᠥ ᠣᠷᠤᠯᠴᠠᠵᠤ ᠳᠡᠢᠯᠬᠦ ᠦᠭᠡᠢ ᠪᠣᠯ ᠂ ᠥᠪᠡᠷ ᠤᠨ ᠰᠠᠨᠠᠯ ᠢᠶᠡᠨ ᠪᠢᠴᠢᠭ ᠤᠨ ᠬᠡᠯᠪᠡᠷᠢ ᠪᠠᠷ ᠢᠯᠡᠳᠬᠡᠵᠦ ᠪᠣᠯᠤᠨ᠎ᠠ ᠃
          ᠠᠷᠪᠠ ᠵᠢᠰᠦᠳ᠋ᠦᠭᠡᠷ ᠵᠦᠢᠯ   ᠪᠠᠶᠢᠩᠭᠤ ᠶᠢᠨ ᠬᠣᠷᠢᠶᠠᠨ ᠦ ᠬᠤᠷᠠᠯ ᠳᠡᠭᠡᠷ᠎ᠡ ᠪᠠᠲᠤᠯᠠᠯᠲᠠ ᠬᠢᠬᠦ ᠪᠡᠷ ᠴᠥᠭᠡᠩᠬᠢ ᠨᠢ ᠣᠯᠠᠩᠬᠢ ᠪᠠᠨ ᠳᠠᠭᠠᠬᠤ ᠵᠠᠷᠴᠢᠮ ᠶᠣᠰᠣᠭᠠᠷ ᠂ ᠨᠢᠭᠡ ᠬᠥᠮᠦᠨ ᠨᠢᠭᠡ ᠯᠡ ᠫᠢᠶᠣᠣ ᠥᠭᠭᠦᠨ᠎ᠡ ᠃ ᠪᠠᠲᠤᠯᠠᠬᠤ ᠶᠠᠷᠢᠯᠴᠠᠨ ᠲᠣᠭᠲᠠᠭᠠᠬᠤ ᠤᠴᠢᠷ ᠶᠠᠪᠤᠳᠠᠯ ᠢ ᠦᠨᠳ᠋ᠦᠰᠦᠯᠡᠨ ᠠᠳᠠᠯᠢ ᠪᠤᠰᠤ ᠂ ᠠᠮᠠᠨ ᠪᠡᠷ ᠶᠠᠷᠢᠬᠤ ᠂ ᠭᠠᠷ ᠡᠷᠭᠦᠬᠦ᠂ ᠨᠡᠷ᠎ᠡ ᠪᠡᠨ ᠪᠢᠴᠢᠬᠦ ᠦᠭᠡᠢ ᠪᠡᠷ ᠫᠢᠶᠣᠣ ᠥᠭᠬᠦ ᠪᠤᠶᠤ ᠨᠡᠷ᠎ᠡ ᠪᠡᠨ ᠪᠢᠴᠢᠵᠦ ᠫᠢᠶᠣᠣ ᠥᠭᠬᠦ ᠵᠡᠷᠭᠡ ᠠᠷᠭ᠎ᠠ ᠮᠠᠶᠢᠭ ᠢᠶ᠋ᠡᠷ ᠬᠢᠵᠦ ᠪᠣᠯᠤᠨ᠎ᠠ ᠃  ᠪᠠᠶᠢᠩᠭᠤ ᠶᠢᠨ ᠬᠣᠷᠢᠶᠠᠨ ᠦ ᠭᠡᠰᠢᠭᠦᠳ ᠤᠨ ᠬᠠᠭᠠᠰ ᠡᠴᠠ ᠳᠡᠭᠡᠭᠰᠢ ᠬᠥᠮᠦᠨ ᠵᠥᠪᠰᠢᠶᠡᠷᠡᠭᠰᠡᠨ ᠫᠢᠶᠣᠣ ᠨᠢ ᠣᠷᠣᠯᠴᠠᠬᠤ ᠶᠣᠰᠣᠲᠠᠶ ᠶᠤᠮ ᠃  ᠪᠠᠶᠢᠩᠭᠤ ᠶᠢᠨ ᠬᠣᠷᠢᠶᠠᠨ ᠦ ᠭᠡᠰᠢᠭᠦᠳ ᠤᠨ ᠰᠠᠨᠠᠯ ᠢ ᠬᠤᠷᠠᠯ ᠳᠦ ᠣᠷᠣᠯᠴᠠᠭᠰᠠᠨ ᠦᠭᠡᠢ ᠫᠢᠶᠣᠣ ᠶ᠋ᠢᠨ ᠲᠣᠭ᠎ᠠ ᠶ᠋ᠢ ᠪᠤᠳᠤᠵᠤ ᠣᠷᠣᠭᠤᠯᠬᠤ ᠦᠭᠡᠢ ᠃
          ᠬᠤᠷᠠᠯ ᠤᠨ ᠣᠯᠠᠨ ᠤᠴᠢᠷ ᠶᠠᠪᠤᠳᠠᠯ ᠢ ᠶᠠᠷᠢᠯᠴᠠᠨ ᠲᠣᠭᠲᠠᠭᠠᠵᠤ ᠪᠣᠯᠤᠨ᠎ᠠ ᠂ ᠵᠦᠢᠯ ᠳᠠᠷᠠᠭᠠᠯᠠᠨ ᠪᠠᠲᠤᠯᠠᠬᠤ ᠬᠡᠷᠡᠭᠲᠡᠶ ᠃ ᠶᠠᠷᠢᠯᠴᠠᠨ ᠲᠣᠭᠲᠠᠭᠠᠵᠤ ᠂ ᠺᠠᠳ᠋ᠷ ᠢ ᠲᠠᠨᠢᠯᠴᠠᠭᠤᠯᠬᠤ ᠂ ᠨᠡᠷ᠎ᠡ ᠳᠤᠷᠠᠳᠬᠤ ᠂ ᠲᠣᠮᠢᠯᠠᠬᠤ ᠪᠠᠭᠤᠯᠭᠠᠬᠤ ᠂ ᠱᠠᠩᠨᠠᠵᠤ ᠲᠣᠷᠭᠠᠬᠤ ᠵᠦᠢᠯᠡᠰ ᠢ ᠨᠢᠭᠡ ᠨᠢᠭᠡ ᠪᠡᠷ ᠪᠠᠲᠤᠯᠠᠬᠤ ᠬᠡᠷᠡᠭᠲᠡᠶ ᠃  ᠪᠠᠶᠢᠩᠭᠤ ᠶᠢᠨ ᠬᠣᠷᠢᠶᠠᠨ ᠦ ᠭᠡᠰᠢᠭᠦᠨ ᠨᠢᠭᠡ ᠨᠢᠭᠡ ᠪᠡᠷ ᠲᠣᠳᠣᠷᠬᠠᠶ ᠲᠣᠭᠲᠠᠭᠠᠵᠤ ᠨᠡᠶᠢᠲᠡᠯᠡᠵᠦ ᠵᠥᠪᠰᠢᠶᠡᠷᠡᠬᠦ ᠬᠡᠷᠡᠭᠲᠡᠶ ᠂ ᠶᠠᠷᠢᠯᠴᠠᠬᠤ ᠵᠡᠷᠭᠡ ᠰᠠᠨᠠᠯ ᠢ ᠵᠥᠪᠰᠢᠶᠡᠷᠡᠬᠦ ᠦᠭᠡᠢ ᠪᠤᠶᠤ ᠤᠳᠠᠭᠠᠰᠢᠷᠠᠭᠤᠯᠤᠨ ᠂ ᠪᠠᠲᠤᠯᠠᠯᠲᠠ ᠶ᠋ᠢᠨ ᠦᠷ᠎ᠡ ᠳ᠋ᠦ᠋ᠩ ᠢ ᠲᠡᠷᠡ ᠳᠣᠣᠷ᠎ᠠ ᠨᠢ  ᠨᠡᠶᠢᠲᠡᠯᠡᠬᠦ ᠬᠡᠷᠡᠭᠲᠡᠶ ᠃
          ᠰᠠᠨᠠᠯ ᠵᠥᠷᠢᠯᠳ᠋ᠦᠭᠡᠨ ᠨᠡᠯᠢᠶᠡᠳ ᠶᠡᠬᠡᠲᠡᠶ ᠵᠦᠢᠯᠡᠰ ᠂ ᠪᠠᠴᠢᠮ  ᠪᠠᠶᠢᠳᠠᠯ ᠳ᠋ᠦ ᠣᠯᠠᠩᠬᠢ ᠲᠣᠭᠠᠲᠠᠨ ᠤ ᠰᠠᠨᠠᠯ ᠢᠶᠠᠷ ᠬᠡᠷᠡᠭᠵᠢᠭᠦᠯᠬᠦ ᠡᠴᠡ ᠭᠠᠳᠠᠨ᠎ᠠ ᠂ ᠲᠣᠭᠲᠠᠭᠠᠯ ᠭᠠᠷᠭᠠᠬᠤ ᠪᠠᠨ ᠲᠤᠢᠷ  ᠬᠣᠰᠢᠯᠠᠭᠤᠯᠤᠭᠠᠳ᠂ ᠴᠢᠨᠠᠭᠰᠢᠳᠠ  ᠪᠠᠶᠢᠴᠠᠭᠠᠨ ᠰᠤᠳᠤᠯᠤᠯᠲᠠ ᠬᠢᠵᠦ ᠂ ᠰᠠᠨᠠᠯ ᠰᠣᠯᠢᠯᠴᠠᠭᠰᠠᠨ ᠤ ᠰᠡᠭᠦᠯᠡᠷ ᠲᠠᠬᠢᠨ  ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ ᠶᠠᠷᠢᠯᠴᠠᠬᠤ ᠪᠠ ᠪᠠᠲᠤᠯᠠᠬᠤ ᠬᠡᠷᠡᠭᠲᠡᠶ ᠃
          ᠬᠣᠷᠢᠳᠤᠭᠠᠷ ᠵᠦᠢᠯ   ᠬᠠᠮᠲᠤ ᠪᠠᠷ ᠶᠠᠷᠢᠯᠴᠠᠨ ᠲᠣᠭᠲᠠᠭᠠᠬᠤ ᠠᠰᠠᠭᠤᠳᠠᠯ ᠤᠨ ᠲᠤᠬᠠᠶ ᠶᠠᠷᠢᠬᠤ ᠳᠠᠭᠠᠨ ᠂  ᠪᠠᠶᠢᠩᠭᠤ ᠶᠢᠨ ᠬᠣᠷᠢᠶᠠᠨ ᠦ ᠭᠡᠰᠢᠭᠦᠨ ᠰᠠᠨᠠᠯ ᠢᠶᠡᠨ ᠭᠦᠢᠴᠡᠳ ᠢᠯᠡᠳᠬᠡᠵᠦ ᠂ ᠥᠪᠡᠷ ᠤᠨ ᠬᠤᠪᠢᠶᠠᠷᠢᠯᠠᠨ ᠬᠠᠮᠢᠶᠠᠷᠴᠤ ᠪᠠᠶ᠋ᠢᠭ᠎ᠠ ᠠᠵᠢᠯ ᠳᠤ ᠬᠠᠷᠢᠶᠠᠯᠠᠭᠳᠠᠬᠤ ᠥᠭᠡᠢ ᠂ ᠮᠥᠨ ᠴᠦ ᠪᠦᠬᠦ ᠲᠠᠯ᠎ᠠ ᠶ᠋ᠢ ᠪᠣᠳᠣᠯᠬᠢᠯᠠᠨ ᠂ ᠬᠠᠯᠠᠮᠵᠢᠯᠠᠨ ᠳᠡᠮᠵᠢᠵᠦ ᠂ ᠢᠳᠡᠪᠬᠢᠲᠡᠶ ᠰᠠᠨᠠᠯ ᠪᠠ ᠰᠠᠨᠠᠭᠤᠯᠭ᠎ᠠ ᠳᠤᠷᠠᠳᠴᠤ ᠂ ᠬᠤᠪᠢ ᠬᠥᠮᠦᠨ ᠠᠵᠢᠯ ᠤᠨ ᠬᠤᠪᠢᠶᠠᠷᠢ ᠶ᠋ᠢᠨ ᠬᠡᠯᠪᠡᠷᠢᠯ ᠢ ᠬᠣᠷᠢᠭᠯᠠᠬᠤ ᠪᠠ ᠢᠯᠠᠨ ᠳᠠᠪᠠᠵᠤ ᠂ ᠥᠷᠥᠭᠡᠰᠦᠭᠡᠯ ᠢᠶᠠᠷ ᠴᠢᠬᠤᠯᠠᠴᠢᠯᠠᠵᠤ  ᠪᠠᠶᠢᠨ᠎ᠠ᠃
         ᠬᠣᠷᠢᠨ ᠨᠢᠭᠡᠳ᠋ᠦᠭᠡᠷ ᠵᠦᠢᠯ    ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠢ ᠺᠠᠳ᠋ᠷ ᠢ ᠲᠣᠮᠢᠯᠠᠬᠤ ᠪᠠ ᠪᠠᠭᠤᠯᠭᠠᠬᠤ ᠪᠤᠶᠤ ᠰᠠᠬᠢᠯᠭ᠎ᠠ ᠪᠠᠲᠤ ᠶ᠋ᠢᠨ ᠰᠢᠢᠳᠬᠡᠯ ᠥᠭᠬᠦ ᠵᠡᠷᠭᠡ ᠵᠦᠢᠯᠡᠰ ᠢ ᠶᠠᠷᠢᠯᠴᠠᠨ ᠲᠣᠭᠲᠠᠭᠠᠵᠤ ᠂  ᠪᠠᠶᠢᠩᠭᠤ ᠶᠢᠨ ᠬᠣᠷᠢᠶᠠᠨ ᠦ ᠭᠡᠰᠢᠭᠦᠨ ᠲᠤᠰ ᠬᠥᠮᠦᠨ ᠵᠢᠴᠢ ᠲᠡᠭᠦᠨ ᠤ ᠭᠡᠷ ᠪᠦᠯᠢ ᠶ᠋ᠢᠨ ᠬᠢᠨ ᠦ ᠬᠣᠯᠪᠣᠭᠳᠠᠬᠤ ᠂  ᠪᠠᠶᠢᠩᠭᠤ ᠶᠢᠨ ᠬᠣᠷᠢᠶ᠎ᠠ ᠳᠦ ᠬᠣᠯᠪᠣᠭᠳᠠᠯ ᠪᠦᠬᠦᠢ ᠭᠡᠰᠢᠭᠦᠨ  ᠪᠠᠶᠢᠪᠠᠯ  ᠵᠠᠶᠢᠯᠠᠬᠤ ᠬᠡᠷᠡᠭᠲᠡᠶ ᠃
         ᠬᠣᠷᠢᠨ ᠬᠣᠶᠠᠳᠤᠭᠠᠷ ᠵᠦᠢᠯ   ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠳᠦ  ᠣᠷᠤᠯᠴᠠᠭᠰᠠᠨ ᠠᠵᠢᠯᠲᠠᠨ ᠨᠢᠭᠤᠴᠠ ᠶ᠋ᠢ ᠬᠠᠮᠠᠭᠠᠯᠠᠬᠤ ᠰᠠᠬᠢᠯᠭ᠎ᠠ ᠪᠠᠲᠤ ᠶ᠋ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ ᠂ ᠶᠠᠮᠠᠷᠪᠠ ᠬᠡᠯᠪᠡᠷᠢ ᠪᠡᠷ ᠵᠠᠳᠠᠷᠠᠭᠤᠯᠵᠤ ᠪᠣᠯᠬᠤ ᠦᠭᠡᠢ᠂ ᠬᠤᠷᠠᠯᠳᠤᠭᠠᠨ ᠤ ᠬᠢᠨᠠᠨ ᠶᠠᠷᠢᠯᠴᠠᠬᠤ ᠪᠠ ᠪᠠᠲᠤᠯᠠᠬᠤ ᠬᠣᠯᠪᠣᠭᠳᠠᠯ ᠪᠦᠭᠦᠢ  ᠪᠠᠶᠢᠳᠠᠯ  ᠢ  ᠨᠡᠶᠢᠲᠡᠯᠡᠨ᠎ᠡ᠃ ᠵᠥᠪᠰᠢᠶᠡᠷᠡᠭᠦᠯᠦᠭᠰᠡᠨ ᠦᠭᠡᠢ ᠪᠣᠯ ᠪᠣᠯᠬᠤ ᠦᠭᠡᠢ ᠂ ᠨᠢᠭᠤᠴᠠ ᠳᠦ ᠬᠣᠯᠪᠣᠭᠳᠠᠬᠤ ᠪᠢᠴᠢᠭ ᠮᠠᠲ᠋ᠧᠷᠢᠶᠠᠯ ᠪᠤᠶᠤ ᠬᠤᠷᠠᠯ ᠤᠨ ᠳᠠᠷᠠᠭ᠎ᠠ ᠠᠪᠴᠤ ᠬᠤᠷᠠᠯ ᠤᠨ ᠮᠠᠲ᠋ᠧᠷᠢᠶᠠᠯ ᠢ ᠪᠤᠴᠠᠭᠠᠨ ᠠᠪᠬᠤ ᠬᠡᠷᠡᠭᠲᠡᠶ ᠃ ᠭᠠᠷ ᠤᠲᠠᠰᠤ ᠵᠡᠷᠭᠡ ᠨᠢᠭᠤᠴᠠ ᠶ᠋ᠢ ᠵᠠᠳᠠᠷᠠᠭᠤᠯᠬᠤ ᠡᠯᠧᠺᠲ᠋ᠷᠣᠨ ᠲᠥᠬᠥᠭᠡᠷᠦᠮᠵᠢ ᠶ᠋ᠢ ᠬᠤᠷᠠᠯ ᠤᠨ ᠲᠠᠯᠠᠪᠠᠢ  ᠳᠦ ᠠᠪᠴᠤ ᠣᠷᠤᠵᠤ ᠪᠣᠯᠬᠤ ᠦᠭᠡᠢ ᠃
         ᠬᠣᠷᠢᠨ ᠭᠤᠷᠪᠠᠳᠤᠭᠠᠷ ᠵᠦᠢᠯ   ᠪᠠᠶᠢᠩᠭᠤ ᠶᠢᠨ ᠬᠣᠷᠢᠶᠠᠨ ᠦ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠶ᠋ᠢᠨ ᠠᠯᠪᠠᠨ ᠲᠢᠩᠬᠢᠮ ᠨᠢ ᠲᠤᠰᠬᠠᠶ ᠠᠵᠢᠯᠲᠠᠨ ᠳᠣᠭᠢᠷᠠᠭᠤᠯᠤᠨ  ᠦᠨᠡᠨ ᠮᠥᠨ ᠢᠶ᠋ᠡᠷ ᠨᠢ ᠲᠡᠮᠳᠡᠭᠯᠡᠬᠦ ᠬᠡᠷᠡᠭᠲᠡᠶ ᠪᠥᠭᠡᠳ ᠬᠤᠷᠠᠯ ᠦᠨ ᠲᠣᠪᠴᠢ ᠲᠡᠮᠳᠡᠭᠯᠡᠯ ᠢ  ᠨᠠᠶᠢᠷᠠᠭᠤᠯᠤᠨ  ᠨᠡᠶᠢᠲᠡᠯᠡᠬᠦ ᠬᠡᠷᠡᠭᠲᠡᠢ ᠃ ᠬᠤᠷᠠᠯ ᠤᠨ ᠲᠣᠪᠴᠢ ᠲᠡᠮᠳᠡᠭᠯᠡᠯ ᠢ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠂ ᠬᠤᠷᠠᠯᠳᠤᠭᠠᠨ ᠢ ᠬᠤᠷᠠᠯᠳᠤᠭᠤᠯᠤᠭᠴᠢ ᠨᠢ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠵᠤ ᠶᠠᠪᠤᠭᠤᠯᠤᠨ᠎ᠠ ᠃

        

        ᠵᠢᠷᠭᠤᠳᠤᠭᠠᠷ ᠪᠦᠯᠦᠭ    ᠵᠥᠪᠳᠡᠵᠦ ᠪᠠᠢᠬᠤ ᠶᠠᠪᠤᠳᠠᠯ ᠢ ᠨᠠᠶᠢᠳᠠᠪᠤᠷᠢᠵᠢᠭᠤᠯᠵᠤ

         ᠬᠣᠷᠢᠨ ᠳᠥᠷᠪᠡᠳᠦᠭᠡᠷ ᠵᠦᠢᠯ   ᠪᠠᠶᠢᠩᠭᠤ  ᠶᠢᠨ ᠬᠣᠷᠢᠶᠠᠨ  ᠦ ᠬᠤᠷᠠᠯᠳᠤᠭᠠᠨ  ᠢ ᠲᠣᠭᠲᠠᠭᠠᠭᠰᠠᠨ ᠰᠢᠶᠳᠪᠦᠷᠢᠲᠦ ᠪᠤᠳᠤᠯᠭ᠎ᠠ ᠪᠠᠶᠢᠩᠭᠤ  ᠶᠢᠨ ᠬᠣᠷᠢᠶᠠᠨ  ᠦ ᠭᠡᠰᠢᠭᠦᠨ ᠡᠷᠬᠡᠪᠰᠢ ᠲᠠᠭᠠᠬᠤ ᠬᠡᠷᠡᠭᠲᠡᠶ ᠪᠥᠭᠡᠳ ᠡᠷᠡᠰ ᠬᠡᠷᠡᠭᠵᠢᠭᠦᠯᠬᠦ ᠬᠡᠷᠡᠭᠲᠡᠶ ᠂ ᠠᠳᠠᠯᠢ ᠪᠤᠰᠤ ᠰᠠᠨᠠᠯ  ᠢᠶᠠᠨ ᠦᠯᠡᠳᠡᠭᠡᠵᠦ ᠪᠣᠯᠤᠨ᠎ᠠ ᠂ ᠪᠠᠰᠠ ᠲᠥᠪ ᠬᠣᠷᠢᠶᠠᠨ ᠳᠤ ᠮᠡᠳᠡᠭᠦᠯᠵᠦ ᠂ ᠭᠡᠪᠡᠴᠦ ᠬᠠᠮᠲᠤ ᠶᠢᠨ ᠲᠣᠭᠲᠠᠭᠠᠯ ᠲᠠᠶ ᠡᠰᠡᠷᠭᠦ ᠰᠠᠨᠠᠯ  ᠢ ᠢᠯᠠ ᠪᠡᠷ ᠨᠡᠶᠢᠲᠡᠯᠡᠵᠦ ᠪᠣᠯᠬᠤ ᠤᠢᠭᠡᠢ ᠂ ᠭᠠᠷᠭᠠᠵᠤ ᠪᠣᠯᠬᠤ ᠦᠭᠡᠢ ᠂ ᠬᠠᠮᠲᠤ ᠶᠢᠨ ᠭᠠᠷᠭᠠᠭᠰᠠᠨ ᠲᠣᠭᠲᠠᠭᠠᠯ  ᠢ ᠵᠥᠷᠢᠴᠡᠭᠰᠡᠨ ᠠᠵᠢᠯᠯᠠᠭ᠎ᠠ ᠶᠢ ᠡᠷᠡᠰ  ᠡᠰᠡᠷᠭᠦᠴᠡᠵᠦ ᠂ ᠰᠠᠨᠠᠭᠠᠨ ᠳᠤᠨᠢ ᠲᠡᠭᠠᠷᠡᠬᠤ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ᠂ ᠦᠨᠭᠭᠡᠨ ᠳᠡᠭᠡᠷ᠎ᠡ ᠪᠡᠨ ᠬᠡᠷᠡᠭᠵᠢᠭᠦᠯᠬᠦ ᠶᠢ ᠡᠷᠡᠰ ᠡᠰᠡᠷᠭᠦᠴᠡᠵᠦ ᠂  ᠪᠣᠳᠠᠲᠠᠶ ᠠᠵᠢᠯ ᠤᠨ ᠳᠤᠮᠳᠠ ᠳᠤᠲᠠᠭᠤ ᠲᠤᠷᠭᠤᠨ ᠲᠠᠭᠠᠬᠣ ᠂ ᠨᠠᠵᠠᠭᠠᠶ ᠬᠠᠷᠰᠢᠯᠳᠤᠯ ᠵᠡᠷᠭᠡ ᠦᠢᠯᠡ ᠠᠵᠢᠯᠯᠠᠭ᠎ᠠ  ᠶᠢ ᠵᠢᠭᠠᠵᠤ ᠪᠠᠶᠢᠨ᠎ᠠ ᠃
        ᠬᠣᠷᠢᠨ ᠲᠠᠪᠤᠳᠤᠭᠠᠷ ᠵᠦᠢᠯ   ᠪᠠᠶᠢᠩᠭᠤ ᠶᠢᠨ ᠬᠣᠷᠢᠶᠠᠨ ᠦ ᠭᠡᠰᠢᠭᠦᠨ ᠪᠠᠶᠢᠩᠭᠤ ᠶᠢᠨ ᠬᠣᠷᠢᠶᠠᠨ ᠦ ᠬᠤᠷᠠᠯ ᠡᠴᠡ ᠭᠠᠷᠭᠠᠭᠰᠠᠨ ᠰᠢᠶᠳᠪᠦᠷᠢ ᠨᠢ ᠠᠵᠢᠯ  ᠤᠨ ᠢᠶᠠᠨ ᠬᠤᠪᠢᠶᠠᠷᠢᠯᠠᠯᠲᠠ ᠶᠢᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ ᠂ ᠬᠣᠯᠪᠣᠭᠳᠠᠯ ᠪᠦᠭᠦᠢ ᠲᠠᠯ᠎ᠠ ᠲᠠᠶ ᠬᠠᠮᠵᠢᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠢ ᠰᠠᠶᠢᠲᠤᠷ ᠠᠳᠬᠤᠬᠤ ᠬᠡᠷᠡᠭᠲᠡᠢ ᠪᠥᠭᠡᠳ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ  ᠳᠦ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ ᠃ ᠤᠯᠡᠨ ᠰᠠᠯᠠᠭ᠎ᠠ ᠮᠥᠴᠢᠷ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠴᠢᠬᠤᠯᠠᠲᠠᠶ ᠵᠦᠢᠯᠡᠰ ᠂ ᠱᠦᠵᠢ ᠵᠣᠬᠢᠴᠠᠭᠤᠯᠬᠤ ᠶᠢ ᠬᠠᠷᠢᠭᠤᠴᠠᠬᠤ ᠪᠠᠶᠢᠩᠭᠤ ᠶᠢᠨ ᠬᠣᠷᠢᠶᠠᠨ ᠦ ᠭᠡᠰᠢᠭᠦᠨ 1 ᠬᠥᠮᠦᠨ ᠢ ᠲᠣᠭᠲᠠᠭᠠᠵᠤ ᠪᠣᠯᠤᠨ᠎ᠠ ; ᠪᠠᠶᠢᠩᠭᠤ ᠶᠢᠨ ᠬᠣᠷᠢᠶᠠᠨ ᠦ ᠭᠡᠰᠢᠭᠦᠨ ᠬᠠᠮᠲᠤ ᠪᠠᠷ ᠣᠷᠣᠯᠴᠠᠬᠤ ᠴᠢᠬᠤᠯᠠ ᠲᠠᠶ ᠵᠦᠢᠯᠡᠰ  ᠢ ᠂ ᠱᠦᠵᠢ ᠶᠢᠨ ᠨᠠᠶᠢᠳᠠᠯᠭ᠎ᠠ ᠪᠠᠷ ᠳᠡᠳ᠋ ᠱᠦᠵᠢ ᠵᠣᠬᠢᠴᠠᠭᠤᠯᠬᠤ  ᠶᠢ ᠬᠠᠷᠢᠭᠤᠴᠠᠵᠤ ᠪᠣᠯᠤᠨ᠎ᠠ ᠃
        ᠬᠣᠷᠢᠨ ᠵᠢᠷᠭᠤᠳᠤᠭᠠᠷ ᠵᠦᠢᠯ   ᠪᠠᠶᠢᠩᠭᠤ ᠶᠢᠨ ᠬᠣᠷᠢᠶᠠᠨ  ᠦ ᠬᠤᠷᠠᠯᠳᠤᠭᠠᠨ ᠢ ᠲᠣᠭᠲᠠᠭᠠᠭᠰᠠᠨ ᠤᠴᠢᠷ ᠶᠠᠪᠤᠳᠠᠯ ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶᠠᠨ ᠤ ᠠᠯᠪᠠᠨ ᠲᠢᠩᠬᠢᠮ ᠤᠨ ᠬᠤᠷᠠᠯ ᠤᠨ ᠲᠣᠪᠴᠢ ᠲᠡᠮᠳᠡᠭᠯᠡᠯ  ᠢ ᠦᠨᠳᠦᠰᠦᠯᠡᠵᠦ ᠲᠤᠭᠤᠷᠪᠢᠨ ᠪᠢᠴᠢᠬᠦ ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠡᠴᠡ ᠲᠣᠭᠲᠠᠭᠠᠭᠰᠠᠨ ᠡᠯ᠎ᠡ ᠵᠦᠢᠯ  ᠤᠨ ᠮᠡᠳᠡᠭᠳᠡᠯ ᠤᠨ ᠪᠢᠴᠢᠭ ᠪᠤᠶᠤ ᠬᠣᠯᠪᠣᠭᠳᠠᠯ ᠪᠦᠬᠦᠢ ᠴᠣᠬᠣᠯᠠᠪᠤᠷᠢ  ᠶᠢ ᠦᠨᠳᠦᠰᠦᠯᠡᠪᠡᠯ ᠂ ᠲᠤᠢᠷᠦ  ᠶᠢᠨ ᠨᠠᠮ ᠤᠨ ᠬᠣᠷᠢᠶᠠᠨ ᠤ ᠨᠠᠷᠢᠨ ᠪᠢᠴᠢᠭ  ᠤᠨ ᠳᠠᠷᠤᠭ᠎ᠠ ᠬᠢᠨᠠᠵᠤ ᠭᠠᠷ ᠤᠨ ᠥᠰᠥᠭ ᠵᠢᠷᠤᠭᠰᠠᠨ  ᠤ ᠳᠠᠷᠠᠭ᠎ᠠ ᠂ ᠪᠠᠶᠢᠩᠭᠤ ᠶᠢᠨ ᠬᠣᠷᠢᠶᠠᠨ ᠦ ᠬᠤᠷᠠᠯ  ᠢᠶᠠᠷ ᠲᠣᠭᠲᠠᠭᠠᠭᠰᠠᠨ ᠵᠦᠶᠯ  ᠢ ᠬᠣᠯᠪᠣᠭᠳᠠᠯ ᠪᠦᠭᠦᠢ ᠭᠠᠵᠠᠷ ᠣᠷᠣᠨ ᠳᠠᠭᠠᠭᠠᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ  ᠢ ᠵᠢᠭᠠᠵᠤ ᠪᠠᠶᠢᠨ᠎ᠠ ᠃ ᠬᠣᠯᠪᠣᠭᠳᠠᠯ ᠪᠦᠬᠦᠢ ᠭᠠᠵᠠᠷ ᠣᠷᠣᠨ ᠪᠠ ᠳᠠᠭᠠᠭᠠᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ ᠨᠢ ᠪᠠᠶᠢᠩᠭᠤ  ᠶᠢᠨ ᠬᠣᠷᠢᠶᠠᠨ ᠦ ᠬᠤᠷᠠᠯᠳᠤᠭᠠᠨ ᠡᠴᠡ ᠵᠢᠴᠢ ᠴᠠᠭ  ᠤᠨ ᠬᠢᠵᠠᠭᠠᠷ  ᠤᠨ ᠱᠠᠭᠠᠷᠳᠠᠯᠭ᠎ᠠ ᠶᠣᠰᠣᠭᠠᠷ ᠂ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ ᠂ ᠨᠠᠶᠢᠳᠠᠪᠤᠷᠢᠵᠢᠭᠤᠯᠤᠭᠰᠠᠨ ᠪᠠᠶᠢᠳᠠᠯ  ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶ᠎ᠠ ᠳᠤ ᠪᠢᠴᠢᠭ  ᠤᠨ ᠬᠡᠯᠪᠡᠷᠢ ᠪᠡᠷ ᠮᠡᠳᠡᠭᠦᠯᠬᠦ ᠬᠡᠷᠡᠭᠲᠡᠶ ᠃
       ᠬᠣᠷᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠠᠯᠪᠠᠨ ᠲᠢᠩᠬᠢᠮ ᠡᠴᠡ ᠪᠠᠶᠢᠩᠭᠤ  ᠶᠢᠨ ᠬᠣᠷᠢᠶᠠᠨ  ᠦ ᠬᠤᠷᠠᠯ ᠢᠶᠠᠷ ᠲᠣᠭᠲᠠᠭᠠᠭᠰᠠᠨ ᠵᠦᠶᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠂ ᠡᠬᠡ ᠲᠠᠩᠰᠠ ᠶᠢ ᠪᠠᠶᠢᠭᠤᠯᠵᠤ ᠂ ᠰᠢᠮᠳᠠᠭᠤᠯᠤᠨ ᠪᠠᠶᠢᠴᠠᠭᠠᠬᠤ ᠂ ᠰᠢᠪᠠᠳᠠᠨ ᠰᠢᠶᠳᠪᠦᠷᠢᠯᠡᠬᠦ ᠠᠵᠢᠯ  ᠢᠶᠠᠨ ᠴᠢᠩᠭᠠᠳᠬᠠᠵᠤ ᠂ ᠬᠤᠷᠢᠶᠠᠩᠭᠤᠶᠢᠯᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ  ᠢ ᠴᠠᠭ ᠲᠤᠬᠠᠶ ᠳᠤᠨᠢ ᠪᠠᠶᠢᠩᠭᠤ  ᠶᠢᠨ ᠬᠣᠷᠢᠶ᠎ᠠ  ᠳᠦ ᠮᠡᠳᠡᠭᠦᠯᠬᠦ ᠬᠡᠷᠡᠭᠲᠡᠶ ᠂ ᠴᠢᠬᠤᠯᠠᠲᠠᠶ ᠦᠶ᠎ᠡ ᠳᠦ ᠵᠣᠬᠢᠬᠤ ᠬᠡᠪᠴᠢᠶᠡᠨ ᠳᠣᠲᠣᠷ᠎ᠠ ᠵᠠᠷᠯᠠᠨ ᠮᠡᠳᠡᠭᠳᠡᠬᠦ ᠬᠡᠷᠡᠭᠲᠡᠶ ᠃
       ᠬᠣᠷᠢᠨ ᠨᠠᠢᠮᠠᠳᠤᠭᠠᠷ ᠵᠦᠢᠯ   ᠪᠠᠶᠢᠩᠭᠤ  ᠶᠢᠨ ᠬᠣᠷᠢᠶᠠᠨ ᠦ ᠬᠤᠷᠠᠯᠳᠤᠭᠠᠨ  ᠤ ᠭᠠᠷᠭᠠᠭᠰᠠᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠂ ᠭᠦᠢᠴᠡᠳᠬᠡᠬᠦ ᠶᠠᠪᠤᠴᠠ ᠳᠤ ᠴᠢᠬᠤᠯᠠ ᠶᠡᠬᠡ ᠲᠣᠬᠢᠷᠠᠭᠤᠯᠤᠯᠲᠠ ᠬᠢᠬᠦ ᠴᠢᠬᠤᠯᠠᠲᠠᠶ ᠦᠶᠡᠰ ᠲᠦ ᠪᠠᠶᠢᠩᠭᠤ  ᠶᠢᠨ ᠬᠣᠷᠢᠢ᠎ᠠ ᠶᠢᠨ ᠬᠤᠷᠠᠯ ᠬᠤᠷᠠᠯᠳᠤᠭᠤᠯᠵᠤ ᠂ ᠲᠣᠭᠲᠠᠭᠠᠯ ᠭᠠᠷᠭᠠᠬᠤ ᠬᠡᠷᠡᠭᠲᠡᠶ ᠃ ᠪᠠᠶᠢᠩᠭᠤ ᠶᠢᠨ ᠬᠣᠷᠢᠶᠠᠨ ᠦ ᠬᠤᠷᠠᠯᠳᠤᠭᠠᠨ ᠲᠡᠬᠢᠵᠦ ᠲᠣᠭᠲᠠᠭᠠᠯ ᠭᠠᠷᠭᠠᠬᠤ ᠡᠴᠡ ᠡᠮᠦᠨ᠎ᠡ ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠦᠨ ᠨᠢᠭᠡᠨᠲᠡ ᠲᠣᠭᠲᠠᠭᠠᠭᠰᠠᠨ ᠰᠢᠶᠳᠪᠦᠷᠢᠲᠦ ᠪᠤᠳᠤᠯᠭ᠎ᠠ ᠡᠴᠡ ᠵᠥᠷᠢᠴᠡᠵᠦ ᠪᠣᠯᠬᠤ ᠦᠭᠡᠢ ᠃
       ᠬᠣᠷᠢ ᠶᠢᠰᠦᠳᠦᠭᠡᠷ ᠵᠦᠢᠯ   ᠪᠠᠶᠢᠩᠭᠤ ᠶᠢᠨ ᠬᠣᠷᠢᠶᠠᠨ ᠦ ᠰᠢᠶᠳᠪᠦᠷᠢᠲᠦ ᠪᠤᠳᠤᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠨᠢ ᠬᠦᠴᠦᠨ ᠦᠭᠡᠢ ᠦᠶᠡᠰ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠣᠯᠪᠣᠭᠳᠠᠯ ᠪᠦᠬᠦᠢ ᠬᠥᠮᠦᠨ ᠤ ᠬᠠᠷᠢᠭᠤᠴᠠᠯᠭ᠎ᠠ  ᠶᠢ ᠨᠡᠬᠡᠮᠵᠢᠯᠡᠨ᠎ᠡ ᠃

       ᠳᠣᠯᠣᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

       ᠭᠤᠴᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠢ᠎ᠠ ᠶᠢᠨ ᠠᠯᠪᠠᠨ ᠲᠢᠩᠬᠢᠮ ᠲᠤᠰ ᠲᠦᠷᠢᠮ  ᠢ ᠦᠨᠳᠦᠰᠦᠯᠡᠨ ᠂ ᠪᠠᠶᠢᠩᠭᠤ  ᠶᠢᠨ ᠬᠣᠷᠢᠶᠠᠨ  ᠦ ᠬᠤᠷᠠᠯᠳᠤᠭᠠᠨ ᠤ ᠬᠡᠷᠡᠭ ᠵᠥᠪᠯᠡᠬᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠵᠦᠶᠯᠡᠰ ᠤᠨ ᠨᠠᠷᠢᠨ ᠬᠠᠭᠤᠳᠠᠰᠤ ᠂ ᠪᠠᠶᠢᠩᠭᠤ ᠶᠢᠨ ᠬᠣᠷᠢᠶ᠎ᠠ ᠪᠠᠷ ᠬᠢᠨᠠᠨ ᠲᠣᠭᠲᠠᠭᠠᠯᠭᠠᠭᠰᠠᠨ ᠦ ᠳᠠᠷᠠᠭ᠎ᠠ ᠬᠡᠷᠡᠭᠵᠢᠭᠦᠯᠬᠦ ᠬᠡᠷᠡᠭᠲᠡᠶ ᠃
       ᠭᠤᠴᠢᠨ ᠨᠢᠭᠡᠳᠦᠭᠡᠷ ᠵᠦᠢᠯ   ᠲᠤᠰ ᠲᠦᠷᠢᠮ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠬᠠᠷᠢᠭᠤᠴᠠᠵᠤ ᠲᠠᠶᠢᠯᠪᠤᠷᠢᠯᠠᠨ᠎ᠠ ᠂ ᠪᠣᠳᠠᠲᠠᠶ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠶᠠᠨ ᠤ ᠠᠯᠪᠠᠨ ᠲᠢᠩᠬᠢᠮ ᠡᠴᠡ ᠳᠠᠭᠠᠭᠠᠨ ᠠᠪᠴᠤ ᠭᠦᠢᠴᠡᠳᠬᠡᠨ᠎ᠡ ᠃
       ᠭᠤᠴᠢᠨ ᠬᠣᠶᠠᠳᠤᠭᠠᠷ ᠵᠦᠢᠯ  ᠲᠣᠰ ᠲᠣᠭᠲᠠᠭᠠᠯ  ᠢ 2016 ᠣᠨ ᠤ 11 ᠰᠠᠷ᠎ᠠ ᠶᠢᠨ 29  ᠤ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠣᠷᠢᠢ᠎ᠠ  ᠶᠢᠨ ᠳᠠᠷᠤᠮᠠᠯᠯᠠᠨ ᠲᠠᠷᠬᠠᠭᠠᠭᠰᠠᠨ 《 ᠳᠤᠮᠳᠠᠳᠤ ᠤᠯᠤᠰ  ᠤᠨ ᠡᠪ ᠬᠠᠮᠲᠤ ᠨᠠᠮ  ᠤᠨ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠬᠣᠷᠢᠢ᠎ᠠ  ᠶᠢᠨ ᠪᠠᠶᠢᠩᠭᠤ ᠶᠢᠨ ᠬᠣᠷᠢᠶᠠᠨ ᠦ ᠬᠡᠷᠡᠭ ᠵᠥᠪᠯᠡᠬᠦ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ 》  ᠢ ᠳᠠᠭᠠᠤ ᠳᠤᠨᠢ ᠬᠦᠴᠦᠨ ᠦᠭᠡᠢ ᠪᠣᠯᠭᠠᠨ᠎ᠠ ᠃


ᠵᠣᠬᠢᠶᠠᠭᠴᠢ:
ᠢᠷᠡᠯᠲᠡ: