ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶ᠋ᠢᠨ ᠬᠤᠷᠠᠯ ᠤᠨ ᠬᠠᠮᠢᠶᠠᠷᠤᠯᠲᠠ ᠶ᠋ᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠶ ᠲᠤᠢᠷᠢᠮ
ᠨᠢᠭᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶ᠋ᠢᠨ
ᠬᠤᠷᠠᠯ ᠤᠨ ᠬᠠᠮᠢᠶᠠᠷᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ ᠂
ᠬᠤᠷᠠᠯ ᠢ ᠴᠥᠭᠡᠳᠬᠡᠨ ᠳᠥᠭᠥᠮᠴᠢᠯᠡᠵᠦ ᠂ ᠬᠤᠷᠠᠯ ᠤᠨ ᠰᠤᠷᠲᠠᠯ ᠢᠥᠭᠡᠷᠡᠴᠢᠯᠡᠨ ᠰᠠᠶᠢᠵᠢᠷᠠᠭᠤᠯᠬᠤ
᠂ ᠬᠤᠷᠠᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠂ ᠬᠤᠷᠠᠯ ᠤᠨ
ᠵᠠᠷᠤᠳᠠᠯ ᠢ ᠪᠠᠭᠠᠰᠬᠠᠬᠤ ᠂ ᠲᠥᠪ ᠬᠣᠷᠢᠶᠠᠨ ᠤ ᠬᠤᠷᠠᠯ ᠤᠨ ᠬᠠᠮᠢᠶᠠᠷᠤᠯᠲᠠ ᠶ᠋ᠢᠨ ᠬᠣᠯᠪᠣᠭᠳᠠᠯ
ᠪᠦᠬᠦᠢ ᠲᠣᠭᠲᠠᠭᠠᠯ ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠶ
ᠤᠶᠠᠯᠳᠤᠭᠤᠯᠵᠤ᠂ ᠲᠣᠰ ᠠᠷᠭ᠎ᠠ ᠶ᠋ᠢ ᠲᠣᠭᠲᠠᠭᠠᠪᠠ ᠃
ᠬᠣᠶᠠᠳᠤᠭᠠᠷ ᠵᠦᠶᠯ
ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠤᠨ ᠪᠠᠶᠢᠭᠤᠯᠭ᠎ᠠ ᠂
ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠤᠨ ᠪᠠᠶᠢᠭᠤᠯᠭ᠎ᠠ ᠂ ᠵᠠᠰᠠᠭ ᠵᠠᠬᠢᠷᠭᠠᠨ ᠤ
ᠪᠠᠶᠢᠭᠤᠯᠭ᠎ᠠ ᠂ ᠤᠯᠤᠰ ᠲᠥᠷᠦ ᠶ᠋ᠢᠨ ᠵᠥᠪᠯᠡᠯᠭᠡᠨ ᠤ ᠪᠠᠶᠢᠭᠤᠯᠭ᠎ᠠ ᠂ ᠰᠢᠭᠦᠨ ᠲᠠᠰᠤᠯᠬᠤ
ᠪᠠᠶᠢᠭᠤᠯᠭ᠎ᠠ ᠂ ᠪᠠᠶᠢᠴᠠᠭᠠᠬᠤ ᠪᠠᠶᠢᠭᠤᠯᠤᠯᠭ᠎ᠠ ᠵᠢᠴᠢ ᠠᠵᠢᠯᠴᠢᠨ ᠤ ᠡᠪᠯᠡᠯ ᠂ ᠡᠪ ᠬᠠᠮᠲᠤ
ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠦᠨ ᠬᠣᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ
᠂ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠣᠯᠪᠣᠭ᠎ᠠ ᠪᠣᠯᠤᠨ
ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠦᠨ
ᠨᠢᠭᠡᠴᠢ ( ᠳᠣᠷᠣᠭᠰᠢ 《 ᠡᠯ᠎ᠡ ᠨᠢᠭᠡᠴᠡ 》 ᠭᠡᠵᠦ ᠲᠣᠪᠴᠢᠯᠠᠨ᠎ᠠ ) ᠃
ᠭᠤᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤᠲᠣᠰ ᠱᠠᠲᠤᠨ ᠤᠨᠠᠮ ᠵᠠᠰᠠᠭ ᠤᠨ ᠪᠠᠶᠢᠭᠤᠯᠭ᠎ᠠ ᠶ᠋ᠢᠨ ᠬᠤᠷᠠᠯ ᠢ
ᠲᠦᠷᠦᠯ ᠬᠤᠪᠢᠶᠠᠨ ᠬᠠᠮᠢᠶᠠᠷᠬᠤ ᠂ ᠱᠠᠳᠤ ᠬᠤᠪᠢᠶᠠᠨ ᠬᠢᠨᠠᠨ ᠵᠥᠪᠰᠢᠶᠡᠷᠡᠭᠦᠯᠬᠦ ᠬᠡᠷᠡᠭᠲᠡᠶ ᠃
ᠡᠯ᠎ᠡ ᠨᠢᠭᠡᠴᠡ ᠶ᠋ᠢᠨ ᠬᠢᠨ ᠬᠤᠷᠠᠯ ᠬᠤᠷᠠᠯᠳᠤᠭᠤᠯᠬᠤ ᠶ᠋ᠢ ᠪᠠᠷᠢᠮᠲᠠᠯᠠᠵᠤ ᠂ ᠰᠠᠶᠢᠲᠤᠷ ᠭᠠᠮᠨᠠᠨ
ᠠᠷᠪᠢᠯᠠᠵᠤ ᠂ ᠪᠦᠷᠢᠯᠭᠡᠨ ᠰᠥᠢᠳᠬᠡᠭᠡᠬᠦ ᠶ᠋ᠢ ᠡᠰᠡᠷᠭᠦᠴᠡᠬᠦ ᠂ ᠲᠣᠪᠴᠢ ᠠᠪᠰᠠᠷ ᠪᠥᠭᠡᠳ
ᠪᠣᠷᠣᠭᠵᠢᠭᠤᠨ ᠪᠠᠶᠢᠵᠤ ᠂ ᠪᠣᠳᠠᠲᠤ ᠠᠵᠢᠯᠯᠠᠭ᠎ᠠ ᠶ᠋ᠢᠡᠷᠬᠢᠮᠯᠡᠭᠰᠡᠨ ᠥᠨᠳᠥᠷ ᠪᠦᠲᠦᠮᠵᠢᠲᠡᠶ
ᠪᠠᠶᠢᠬᠤ ᠵᠠᠷᠴᠢᠮ ᠢ ᠴᠢᠩᠭ᠎ᠠ ᠵᠢᠦᠮᠯᠠᠵᠦ᠂ ᠬᠤᠷᠠᠯ ᠤᠨ ᠲᠣᠭ᠎ᠠ ᠂ ᠬᠡᠪᠴᠢᠶ᠎ᠡ ᠪᠣᠯᠤᠨ
ᠵᠠᠷᠤᠳᠠᠯ ᠢ ᠴᠢᠩᠭ᠎ᠠ ᠬᠢᠵᠠᠭᠠᠷᠯᠠᠬᠤ ᠬᠡᠷᠡᠭᠲᠡᠢ ᠃
ᠬᠣᠶᠠᠳᠤᠭᠠᠷ ᠪᠦᠯᠦᠭ ᠬᠤᠷᠠᠯ ᠢ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠪᠠ ᠬᠠᠮᠢᠶᠠᠷᠬᠤ
ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶ᠋ᠢᠨ ᠬᠤᠷᠠᠯ ᠤᠨ ᠠᠩᠭᠢᠯᠠᠯ ᠨᠢ ᠳᠣᠣᠷᠠᠬᠢ ᠮᠡᠲᠦ ᠄
ᠨᠢᠭᠡᠳᠦᠭᠡᠷ ᠲᠥᠷᠦᠯ ᠦᠨ ᠬᠤᠷᠠᠯ
᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ᠂ ᠡᠯ᠎ᠡ ᠠᠶᠢᠮᠠᠭ
ᠬᠤᠳᠠ ᠪᠤᠶᠤ ᠥᠪᠡᠷᠲᠡᠭᠡᠨ ᠵᠠᠰᠠᠬᠤ ᠣᠷᠣᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠭᠣᠣᠯ
ᠬᠠᠷᠢᠭᠤᠴᠠᠯᠭᠠᠲᠠᠨ ᠨᠤᠭᠦᠳ ᠤᠨ ᠣᠷᠣᠯᠴᠠᠭᠰᠠᠨ ᠬᠤᠷᠠᠯᠳᠤᠭᠠᠨ ᠪᠣᠯᠤᠨ᠎ᠠ ᠃ ᠥᠪᠡᠷᠲᠡᠭᠡᠨ ᠵᠠᠰᠠᠬᠤ
ᠣᠷᠣᠨ ᠤ ᠨᠠᠮ ᠤᠨ ᠲᠥᠯᠦᠭᠡᠯᠡᠭᠴᠢᠳ ᠦᠨ ᠶᠡᠬᠡ ᠬᠤᠷᠠᠯ ᠂ ᠨᠠᠮ ᠤᠨ ᠬᠣᠷᠢᠶᠠᠨ ᠤ ᠪᠦᠬᠦ
ᠭᠡᠰᠢᠭᠦᠳ ᠦᠨ ᠬᠤᠷᠠᠯ ᠂ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶ᠋ᠢᠨ ᠪᠥᠬᠥ ᠭᠡᠰᠢᠭᠦᠳ ᠦᠨ
ᠬᠤᠷᠠᠯ ᠂ ᠠᠷᠠᠳ ᠤᠨ ᠲᠥᠯᠦᠭᠡᠯᠡᠭᠴᠢᠳ ᠦᠨ ᠶᠡᠬᠡ ᠬᠤᠷᠠᠯ ᠂ ᠠᠷᠠᠳ ᠤᠨ ᠲᠥᠯᠦᠭᠡᠯᠡᠭᠴᠢᠳ ᠦᠨ
ᠶᠡᠬᠡ ᠬᠤᠷᠠᠯ ᠤᠨ ᠵᠥᠪᠯᠡᠬᠦ ᠬᠤᠷᠠᠯ ᠂ ᠤᠯᠤᠰ ᠲᠥᠷᠦ ᠶ᠋ᠢᠨᠵᠥᠪᠯᠡᠯᠭᠡᠨ ᠤ ᠪᠦᠬᠦ
ᠭᠡᠰᠢᠭᠦᠳ ᠦᠨᠬᠤᠷᠠᠯ ᠂ ᠪᠠᠶᠢᠩᠭᠤ ᠶ᠋ᠢᠨᠬᠣᠷᠢᠶᠠᠨ ᠤᠬᠤᠷᠠᠯᠳᠤᠭᠠᠨ ᠵᠠᠷᠴᠢᠮ ᠳᠡᠭᠡᠷ᠎ᠡ ᠪᠡᠨ
ᠨᠢᠭᠡᠳᠦᠭᠡᠷ ᠲᠥᠷᠦᠯ ᠦᠨ ᠬᠤᠷᠠᠯ ᠢᠶᠠᠷ ᠬᠡᠷᠡᠭᠵᠢᠭᠦᠯᠦᠨ᠎ᠡ ᠃
ᠬᠣᠶᠠᠳᠤᠭᠠᠷ ᠲᠥᠷᠦᠯ ᠦᠨ ᠬᠤᠷᠠᠯ
᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠤᠨ ᠤ ᠨᠡᠷ᠎ᠡ ᠪᠡᠷ
ᠬᠤᠷᠠᠯᠳᠤᠭᠤᠯᠬᠤ ᠂ ᠡᠯ᠎ᠡ ᠠᠶᠢᠮᠠᠭ ᠬᠤᠳᠡ᠂ ᠥᠪᠡᠷᠲᠡᠭᠡᠨ ᠵᠠᠰᠠᠬᠤ ᠣᠷᠣᠨ ᠤ ᠬᠣᠯᠪᠣᠭᠳᠠᠯ ᠪᠦᠬᠦᠢ
ᠰᠠᠯᠠᠭ᠎ᠠ ᠮᠥᠴᠢᠷ ᠦᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠤᠭᠦᠳ ᠤᠨ
ᠣᠷᠣᠯᠴᠠᠭᠰᠠᠨ ᠬᠤᠷᠠᠯᠳᠤᠭᠠᠨ ᠪᠣᠯᠤᠨ᠎ᠠ ᠃ ᠡᠯ᠎ᠡ ᠠᠷᠠᠳᠴᠢᠯᠠᠭᠰᠠᠨ ᠨᠠᠮ ᠪᠦᠯᠦᠭ ᠂ ᠠᠷᠠᠳ ᠤᠨ
ᠪᠥᠯᠬᠦᠮ ᠦᠨ ᠲᠥᠯᠦᠭᠡᠯᠡᠭᠴᠢᠳ ᠦᠨ ᠶᠡᠬᠡ ᠬᠤᠷᠠᠯ ᠂ ᠵᠠᠷᠴᠢᠮ ᠳᠡᠭᠡᠷ᠎ᠡ ᠪᠡᠨ ᠬᠣᠶᠠᠳᠤᠭᠠᠷ
ᠲᠥᠷᠦᠯ ᠦᠨ ᠬᠤᠷᠠᠯ ᠢᠶᠠᠷ ᠬᠡᠷᠡᠭᠵᠢᠭᠦᠯᠦᠨ᠎ᠡ᠃
ᠭᠤᠷᠪᠠᠳᠤᠭᠠᠷ ᠲᠥᠷᠦᠯ ᠦᠨ ᠬᠤᠷᠠᠯ ᠃ ᠡᠯ᠎ᠡ ᠨᠢᠭᠡᠴᠡ ᠶ᠋ᠢᠨ ᠬᠤᠷᠠᠯᠳᠤᠭᠤᠯᠤᠭᠰᠠᠨ ᠪᠦᠬᠦ ᠣᠷᠣᠨ ᠤ ᠴᠢᠨᠠᠷᠲᠠᠶ ᠠᠵᠢᠯ ᠤᠨ ᠬᠤᠷᠠᠯᠳᠤᠭᠠᠨ ᠢ ᠵᠢᠭᠠᠵᠤᠪᠠᠶᠢᠨᠠ ᠃
ᠳᠥᠷᠪᠡᠳᠦᠭᠡᠷ ᠲᠥᠷᠦᠯ ᠦᠨ ᠬᠤᠷᠠᠯ ᠃
ᠨᠢᠭᠡ ᠂ ᠬᠣᠶᠠᠷ ᠂ ᠭᠤᠷᠪᠠᠳᠤᠭᠠᠷ ᠲᠥᠷᠦᠯ ᠦᠨ ᠬᠤᠷᠠᠯ ᠡᠴᠡ ᠭᠠᠳᠠᠨᠠᠬᠢ ᠪᠤᠰᠤᠳ ᠲᠤᠰᠬᠠᠢ
ᠰᠡᠳᠦᠪᠲᠦ ᠬᠤᠷᠠᠯ ᠪᠤᠶᠤ ᠲᠤᠬᠠᠶᠢᠯᠠᠭᠰᠠᠨ ᠠᠵᠢᠯ ᠤᠨ ᠴᠢᠨᠠᠷᠲᠠᠶ ᠬᠤᠷᠠᠯ᠂ ᠡᠭᠦᠨ ᠳ᠋ᠤ ᠵᠢᠵᠢᠭ
ᠬᠡᠯᠪᠡᠷᠢ ᠶ᠋ᠢᠨ ᠰᠤᠳᠤᠯᠤᠨ ᠶᠠᠷᠢᠯᠴᠠᠬᠤ ᠬᠤᠷᠠᠯ ᠂ ᠶᠠᠷᠢᠯᠴᠠᠬᠤ ᠬᠤᠷᠠᠯ ᠬᠢᠬᠦ ᠵᠡᠷᠭᠡ
ᠪᠠᠭᠲᠠᠨ᠎ᠠ ᠃
ᠲᠠᠪᠤᠳᠤᠭᠠᠷ ᠵᠦᠶᠯ ᠦᠨ ᠬᠤᠷᠠᠯ ᠃
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶ᠋ᠢᠨ
ᠬᠤᠷᠠᠯ ᠤᠨ ᠲᠥᠯᠥᠪᠯᠡᠭᠡ ᠲᠡᠶ ᠪᠡᠷ ᠬᠠᠮᠢᠶᠠᠷᠴᠤ ᠂ ᠳᠣᠣᠷᠠᠬᠢ ᠵᠢᠷᠤᠮ ᠪᠠ ᠱᠠᠭᠠᠷᠳᠠᠯᠭ᠎ᠠ
ᠶᠣᠰᠣᠭᠠᠷ ᠬᠢᠨᠠᠨ ᠵᠥᠪᠰᠢᠶᠡᠷᠡᠭᠦᠯᠬᠦ ᠬᠡᠷᠡᠭᠲᠡᠶ ᠄
ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶᠠᠨ ᠤ ᠨᠡᠷ᠎ᠡ ᠪᠡᠷ ᠬᠤᠷᠠᠯᠳᠤᠭᠰᠠᠨ ᠨᠢᠭᠡᠳᠦᠭᠡᠷ᠂ ᠬᠣᠶᠠᠳᠤᠭᠠᠷ ᠲᠥᠷᠦᠯ ᠦᠨ
ᠬᠤᠷᠠᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠠᠶᠢᠩᠭᠤ ᠶ᠋ᠢᠨ ᠬᠣᠷᠢᠶᠠᠨ ᠤ
ᠬᠤᠷᠠᠯᠳᠤᠭᠠᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠪᠡᠷ
ᠵᠥᠪᠰᠢᠶᠡᠷᠡᠭᠦᠯᠬᠦ ᠬᠡᠷᠡᠭᠲᠡᠶ ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ
ᠣᠷᠳᠤᠨ ᠤ ᠨᠡᠷ᠎ᠡ ᠪᠡᠷ ᠬᠤᠷᠠᠯᠳᠤᠭᠤᠯᠬᠤ ᠨᠢᠭᠡᠳᠦᠭᠡᠷ᠂ ᠬᠣᠶᠠᠳᠤᠭᠠᠷ ᠲᠥᠷᠦᠯ ᠦᠨ ᠬᠤᠷᠠᠯ ᠂
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶ᠋ᠢᠨ ᠬᠤᠷᠠᠯ ᠢ ᠡᠷᠬᠢᠯᠡᠨ
ᠬᠤᠷᠠᠯᠳᠤᠭᠤᠯᠵᠤ᠂ ᠴᠢᠬᠤᠯᠠᠲᠠᠶ ᠦᠶᠡᠰ ᠲᠦ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠡᠷ
ᠵᠥᠪᠰᠢᠶᠡᠷᠡᠭᠦᠯᠦᠨ᠎ᠡ ᠃
ᠡᠯ᠎ᠡ ᠨᠢᠭᠡᠴᠡ ᠶ᠋ᠢᠨ ᠬᠢᠨ ᠵᠢᠯ ᠪᠦᠷᠢ ᠶ᠋ᠢᠨ10
ᠰᠠᠷ᠎ᠠ ᠶ᠋ᠢᠨ 20 ᠤ ᠡᠳᠦᠷ ᠡᠴᠠ ᠡᠮᠦᠨ᠎ᠡ 15 ᠡᠳᠦᠷ ᠦᠨ ᠳᠣᠲᠣᠷ᠎ᠠ ᠂ ᠲᠠᠷᠠᠭ᠎ᠠ ᠨᠢᠭᠡ ᠵᠢᠯ
ᠬᠤᠷᠠᠯᠳᠤᠭᠤᠯᠬᠤ ᠪᠠᠷ ᠲᠣᠭᠲᠠᠭᠰᠠᠨ ᠬᠣᠶᠠᠳᠤᠭᠠᠷ ᠲᠥᠷᠦᠯ ᠦᠨ ᠶᠡᠬᠡ ᠬᠤᠷᠠᠯ ( ᠬᠤᠷᠠᠯ ᠤᠨ
ᠨᠡᠷᠡᠶᠢᠳᠦᠯ ᠂ ᠬᠤᠷᠠᠯᠳᠤᠭᠤᠯᠤᠭᠰᠠᠨ ᠤᠴᠢᠷ ᠰᠢᠯᠲᠠᠭᠠᠨ ᠂ ᠭᠣᠣᠯ ᠰᠠᠨᠠᠭ᠎ᠠ ᠂ ᠴᠠᠭ ᠬᠤᠭᠤᠴᠠᠭ᠎ᠠ
᠂ ᠭᠠᠵᠠᠷ ᠣᠷᠣᠨ᠂ ᠲᠥᠯᠦᠭᠡᠯᠡᠭᠴᠢᠳ ᠦᠨ ᠲᠣᠭ᠎ᠠ ᠂ ᠠᠵᠢᠯᠲᠠᠨ ᠤ ᠲᠣᠭ᠎ᠠ ᠂ ᠬᠡᠷᠡᠭᠰᠡᠬᠦ
ᠵᠠᠷᠤᠳᠠᠯ ᠤᠨ ᠲᠥᠰᠦᠪ ᠵᠢᠴᠢ ᠵᠠᠷᠤᠯᠭ᠎ᠠ ᠪᠠᠷ ᠭᠠᠷᠭᠠᠬᠤ ᠠᠷᠭ᠎ᠠ ᠵᠠᠮ ᠵᠡᠷᠭᠡ )
ᠰᠢᠰᠲ᠋ᠧᠮᠵᠢᠭᠦᠯᠦᠨ ᠲᠤᠰ ᠲᠤᠰ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ
ᠠᠯᠪᠠᠨ ᠲᠢᠩᠬᠢᠮ ᠂ ᠵᠠᠰᠠᠭ ᠤᠨ ᠣᠷᠳᠣᠨ ᠤ ᠠᠯᠪᠠᠨ ᠲᠢᠩᠬᠢᠮ ᠡᠴᠡ ᠬᠢᠨᠠᠨ ᠵᠥᠪᠰᠢᠶᠡᠷᠡᠭᠦᠯᠬᠦ
ᠬᠡᠷᠡᠭᠲᠡᠶ ᠃ ᠲᠤᠰᠬᠠᠶ ᠠᠵᠢᠯ ᠢ ᠪᠠᠶᠢᠷᠢᠯᠠᠭᠤᠯᠬᠤ ᠬᠣᠶᠠᠳᠤᠭᠠᠷ ᠲᠥᠷᠦᠯ ᠦᠨ ᠬᠤᠷᠠᠯ ᠨᠢ ᠵᠢᠯ
ᠪᠦᠷᠢ ᠨᠢᠭᠡ ᠤᠳᠠᠭ᠎ᠠ ᠡᠴᠡ ᠬᠡᠲᠦᠷᠡᠵᠦ ᠪᠣᠯᠬᠤ ᠦᠭᠡᠢ ᠃
ᠡᠯ᠎ᠡ ᠨᠢᠭᠡᠴᠡ ᠶ᠋ᠢᠨ
ᠲᠣᠲᠤᠭᠠᠳᠤ ᠶ᠋ᠢᠨ ᠬᠤᠷᠠᠯ ᠢ ᠪᠠᠶᠢᠭᠤᠯᠵᠤ ᠂ ᠭᠤᠷᠪᠠ ᠂ ᠳᠥᠷᠪᠡᠳᠦᠭᠡᠷ ᠲᠥᠷᠦᠯ ᠦᠨ ᠬᠤᠷᠠᠯ ᠢ
ᠴᠢᠩᠭ᠎ᠠ ᠬᠢᠵᠠᠭᠠᠷᠯᠠᠬᠤ ᠬᠡᠷᠡᠭᠲᠡᠶ ᠃ ᠦᠨᠡᠬᠡᠷ ᠬᠤᠷᠠᠯ ᠬᠤᠷᠠᠯᠳᠤᠭᠤᠯᠵᠤ ᠂ ᠠᠯᠪᠠᠨ ᠠᠵᠢᠯ ᠤᠨ
ᠬᠤᠷᠠᠯ ᠪᠤᠶᠤ ᠭᠣᠣᠯ ᠤᠳᠤᠷᠢᠳᠤᠯᠭ᠎ᠠ ᠶ᠋ᠢᠨ ᠵᠥᠪᠰᠢᠶᠡᠷᠡᠯ ᠢᠶ᠋ᠡᠷ ᠨᠢᠭᠡᠴᠡ ᠡᠴᠡ ᠤᠳᠤᠷᠢᠳᠬᠤ
ᠬᠡᠷᠡᠭᠲᠡᠶ ᠃ ᠬᠤᠷᠠᠯ ᠤᠨ ᠠᠭᠤᠯᠭ᠎ᠠ ᠪᠠ ᠬᠤᠷᠠᠯ ᠳ᠋ᠤ ᠣᠷᠣᠯᠴᠠᠭᠰᠠᠨ ᠬᠡᠪᠴᠢᠶ᠎ᠡ ᠠᠳᠠᠯᠢᠪᠲᠤᠷ
ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠢᠵᠢ ᠵᠠᠳᠠᠭᠠᠶ ᠪᠤᠶᠤ ᠨᠡᠶᠢᠯᠡᠭᠦᠯᠦᠨ
ᠠᠪᠬᠤ ᠬᠡᠯᠪᠡᠷᠢ ᠶ᠋ᠢ ᠠᠪᠬᠤ ᠬᠡᠷᠡᠭᠲᠡᠶ ᠃
ᠵᠢᠷᠭᠤᠳᠤᠭᠠᠷ ᠵᠦᠢᠯ ᠬᠤᠷᠠᠯ ᠤᠨ
ᠬᠤᠭᠤᠴᠠᠭ᠎ᠠ ᠶ᠋ᠢ ᠶᠡᠬᠡ ᠪᠡᠷ ᠪᠠᠭᠠᠰᠬᠠᠬᠤ ᠬᠡᠷᠡᠭᠲᠡᠢ᠃ ᠲᠣᠭᠲᠠᠭᠠᠭᠰᠠᠨ ᠴᠢᠨᠠᠷᠲᠠᠶ ᠬᠤᠷᠠᠯ ᠢ
ᠭᠠᠷᠭᠠᠪᠠᠯ ᠂ ᠨᠢᠭᠡ ᠂ ᠬᠣᠶᠠᠳᠤᠭᠠᠷ ᠲᠥᠷᠦᠯ ᠦᠨ ᠬᠤᠷᠠᠯ ᠤᠨ ᠡᠳᠦᠷ ᠨᠢ ᠬᠣᠶᠠᠷ ᠡᠳᠦᠷ ᠡᠴᠡ
ᠬᠡᠲᠦᠷᠡᠵᠦ ᠪᠣᠯᠬᠤ ᠦᠭᠡᠢ ᠃ ᠭᠤᠷᠪᠠ ᠂ ᠳᠥᠷᠪᠡᠳᠦᠭᠡᠷ ᠲᠥᠷᠦᠯ ᠦᠨ ᠬᠤᠷᠠᠯ ᠤᠨ ᠡᠳᠦᠷ ᠨᠢ ᠨᠢᠭᠡ
ᠡᠳᠦᠷ ᠡᠴᠡ ᠬᠡᠲᠦᠷᠡᠬᠦ ᠦᠭᠡᠢ ᠃
ᠬᠤᠷᠠᠯ ᠤᠨ ᠨᠡᠷ᠎ᠡ ᠮᠡᠳᠡᠭᠦᠯᠬᠦ ᠪᠠ ᠬᠤᠷᠠᠯ ᠤᠨ ᠴᠠᠭ ᠨᠢ ᠨᠡᠶᠢᠯᠡᠭᠡᠳ 2 ᠡᠳᠦᠷ ᠡᠴᠡ ᠬᠡᠲᠦᠷᠡᠵᠦ ᠪᠣᠯᠬᠤ ᠦᠭᠡᠢ ᠃
ᠳᠣᠯᠣᠳᠤᠭᠠᠷ ᠵᠦᠢᠯ
ᠬᠤᠷᠠᠯ ᠤᠨ ᠬᠡᠪᠴᠢᠶ᠎ᠡ ᠶ᠋ᠢ ᠴᠢᠩᠭ᠎ᠠ ᠬᠢᠵᠠᠭᠠᠷᠯᠠᠬᠤ ᠬᠡᠷᠡᠭᠲᠡᠶ ᠃ ᠬᠤᠷᠠᠯ ᠬᠢᠭᠡᠳ
ᠬᠤᠷᠠᠯ ᠤᠨ ᠠᠭᠤᠯᠭ᠎ᠠ ᠲᠠᠢ ᠬᠣᠯᠪᠣᠭᠳᠠᠯ ᠦᠭᠡᠢ ᠨᠢᠭᠡᠴᠡ ᠪᠠ ᠬᠥᠮᠦᠨ ᠬᠤᠷᠠᠯ ᠳ᠋ᠦ ᠣᠷᠤᠯᠴᠠᠵᠤ
ᠪᠣᠯᠬᠤ ᠦᠭᠡᠢ᠃
ᠨᠢᠭᠡᠳᠦᠭᠡᠷ ᠲᠥᠷᠦᠯ ᠦᠨ ᠬᠤᠷᠠᠯ ᠳᠡᠭᠡᠷ᠎ᠡ ᠬᠤᠷᠠᠯ ᠤᠨ
ᠠᠭᠤᠯᠭ᠎ᠠ ᠪᠠᠨ ᠦᠨᠳᠦᠰᠦᠯᠡᠨ ᠬᠤᠷᠠᠯ ᠳ᠋ᠤ ᠣᠷᠣᠯᠴᠠᠭᠰᠠᠨ ᠬᠥᠮᠦᠨ ᠪᠣᠯᠤᠨ ᠠᠵᠢᠯᠲᠠᠨ ᠢ ᠴᠢᠩᠭ᠎ᠠ
ᠬᠢᠵᠠᠭᠠᠷᠯᠠᠬᠤ ᠲᠣᠭ᠎ᠠ ᠬᠡᠮᠵᠢᠶ᠎ᠡ ᠶ᠋ᠢ ᠲᠣᠭᠲᠠᠭᠠᠨ᠎ᠠ ᠃
ᠬᠣᠶᠠᠳᠤᠭᠠᠷ ᠲᠥᠷᠦᠯ ᠦᠨ
ᠬᠤᠷᠠᠯ ᠤᠨ ᠲᠥᠯᠦᠭᠡᠯᠡᠭᠴᠢ ᠶ᠋ᠢᠨ ᠬᠥᠮᠦᠨ ᠤ ᠲᠣᠭ᠎ᠠ 250 ᠬᠥᠮᠦᠨ ᠡᠴᠡ ᠬᠡᠲᠦᠷᠡᠵᠦ ᠪᠣᠯᠬᠤ
ᠦᠭᠡᠢ ᠂ 90 ᠡᠳᠦᠷ ᠡᠴᠡ ᠦᠯᠦ ᠬᠡᠲᠦᠷᠡᠬᠦ ᠬᠥᠮᠦᠨ ᠰᠠᠭᠤᠵᠤ ᠪᠠᠶᠢᠭᠰᠠᠨ ᠲᠥᠯᠥᠭᠡᠯᠡᠭᠴᠢ
ᠲᠣᠬᠢᠷᠠᠭᠤᠯᠬᠤ ᠴᠢᠬᠤᠯᠠᠲᠠᠶ ᠂ ᠠᠵᠢᠯᠲᠠᠨ ᠬᠢᠵᠠᠭᠠᠷᠯᠠᠬᠤ ᠬᠤᠷᠠᠯ ᠤᠨ ᠲᠥᠯᠦᠭᠡᠯᠡᠭᠴᠢᠳ ᠦᠨ
ᠲᠣᠭ᠎ᠠ ᠶ᠋ᠢᠨ12 % ᠡᠴᠡ ᠬᠡᠲᠦᠷᠡᠬᠦ ᠦᠭᠡᠢ ᠃
ᠭᠤᠷᠪᠠᠳᠤᠭᠠᠷ ᠲᠥᠷᠦᠯ ᠦᠨ ᠬᠤᠷᠠᠯ ᠤᠨ
ᠲᠥᠯᠦᠭᠡᠯᠡᠭᠴᠢ ᠶ᠋ᠢᠨ ᠲᠣᠭ᠎ᠠ 150 ᠬᠥᠮᠦᠨ ᠡᠴᠡ ᠬᠡᠲᠦᠷᠡᠵᠦ ᠪᠣᠯᠬᠤ ᠦᠭᠡᠢ ᠂ ᠪᠠᠭᠤᠳᠠᠯ ᠳ᠋ᠦ
ᠰᠠᠭᠤᠬᠤ ᠲᠥᠯᠥᠭᠡᠯᠡᠭᠴᠢ ᠦᠭᠡᠢ ᠬᠥᠮᠦᠨ 70 ᠬᠥᠮᠦᠨ ᠡᠴᠡ ᠬᠡᠲᠦᠷᠡᠵᠦ ᠪᠣᠯᠬᠤ ᠦᠭᠡᠢ ᠂ ᠠᠵᠢᠯᠲᠠᠨ
ᠬᠤᠷᠠᠯ ᠤᠨ ᠲᠥᠯᠦᠭᠡᠯᠡᠭᠴᠢ ᠶ᠋ᠢᠨ ᠲᠣᠭ᠎ᠠ ᠶ᠋ᠢ10% ᠶᠢᠨ ᠳᠣᠲᠣᠷ᠎ᠠ ᠬᠢᠵᠠᠭᠠᠷᠯᠠᠬᠤ
ᠬᠡᠷᠡᠭᠲᠡᠢ ᠃
ᠳᠥᠷᠪᠡᠳᠦᠭᠡᠷ ᠲᠥᠷᠦᠯ ᠦᠨ ᠬᠤᠷᠠᠯ ᠤᠨ ᠲᠥᠯᠦᠭᠡᠯᠡᠭᠴᠢ ᠶ᠋ᠢᠨ
ᠬᠥᠮᠦᠨ ᠤ ᠲᠣᠭ᠎ᠠ 100 ᠬᠥᠮᠦᠨ ᠡᠴᠡ ᠬᠡᠲᠦᠷᠡᠵᠦ ᠪᠣᠯᠬᠤ ᠦᠭᠡᠢ ᠂ ᠬᠣᠨᠣᠭ ᠪᠠᠭᠤᠳᠠᠯ
ᠲᠣᠬᠢᠷᠠᠭᠤᠯᠬᠤ ᠴᠢᠬᠤᠯᠠᠲᠠᠶ ᠬᠥᠮᠦᠰ 50 ᠬᠥᠮᠦᠨ ᠡᠴᠡ ᠬᠡᠲᠦᠷᠡᠵᠦ ᠪᠣᠯᠬᠤ ᠥᠬᠡᠶ ᠂ ᠠᠵᠢᠯᠲᠠᠨ
ᠬᠤᠷᠠᠯ ᠤᠨ ᠲᠥᠯᠦᠭᠡᠯᠡᠭᠴᠢ ᠶ᠋ᠢᠨ ᠲᠣᠭ᠎ᠠ ᠶ᠋ᠢ10% ᠶ᠋ᠢᠨ ᠳᠣᠲᠣᠷ᠎ᠠ ᠬᠢᠵᠠᠭᠠᠷᠯᠠᠬᠤ ᠬᠡᠷᠡᠭᠲᠡᠢ
᠃
ᠭᠤᠷᠪᠠ ᠂ ᠳᠥᠷᠪᠡᠨ ᠲᠥᠷᠦᠯ ᠦᠨ ᠬᠤᠷᠠᠯ ᠡᠯ᠎ᠡ ᠠᠶᠢᠮᠠᠭ ᠬᠣᠲᠠ ᠶ᠋ᠢᠨ ᠨᠠᠮ
ᠵᠠᠰᠠᠭ ᠤᠨ ᠭᠣᠸᠯ ᠬᠠᠷᠢᠭᠤᠴᠠᠯᠭᠠᠲᠠᠨ ᠨᠥᠬᠥᠳ ᠦᠭᠡᠢ ᠪᠤᠶᠤ ᠬᠤᠪᠢᠶᠠᠨ ᠬᠠᠮᠢᠶᠠᠷᠴᠤ ᠪᠠᠶᠢᠭ᠎ᠠ
ᠬᠠᠷᠢᠭᠤᠴᠠᠯᠭᠠᠲᠠᠨ ᠨᠥᠬᠥᠳ ᠣᠷᠣᠯᠴᠠᠪᠠ ᠃ ᠲᠣᠭᠲᠠᠭᠠᠭᠰᠠᠨ ᠴᠢᠨᠠᠷᠲᠠᠶ ᠬᠤᠷᠠᠯ ᠢ ᠭᠠᠷᠭᠠᠪᠠᠯ ᠂
ᠬᠣᠶᠠᠷ ᠂ ᠭᠤᠷᠪᠠ ᠂ ᠳᠥᠷᠪᠡᠳᠦᠭᠡᠷ ᠲᠥᠷᠦᠯ ᠦᠨ ᠬᠤᠷᠠᠯᠳᠤᠭᠠᠨ ᠬᠣᠰᠢᠭᠤ ᠰᠢᠶᠠᠨ (ᠬᠣᠲᠠ ᠂
ᠲᠣᠭᠣᠷᠢᠭ ︶ ᠤ ᠬᠣᠯᠪᠣᠭᠳᠠᠯ ᠪᠦᠬᠦᠢ ᠬᠥᠮᠦᠰ ᠣᠷᠤᠯᠴᠠᠬᠤ ᠶ᠋ᠢ ᠱᠠᠭᠠᠷᠳᠠᠵᠤ ᠪᠣᠯᠬᠤ ᠦᠭᠡᠢ ᠃
ᠬᠣᠶᠠᠷ ᠂ ᠭᠤᠷᠪᠠ ᠂ ᠳᠥᠷᠪᠡᠳᠦᠭᠡᠷ ᠲᠥᠷᠦᠯ ᠦᠨ ᠬᠤᠷᠠᠯ ᠲᠤᠰ ᠭᠠᠵᠠᠷ ᠤᠨ ᠲᠥᠯᠥᠭᠡᠯᠡᠭᠴᠢᠳ ᠬᠣᠨᠤᠬᠤ ᠶ᠋ᠢ ᠬᠠᠮᠢᠶᠠᠷᠬᠤ ᠦᠭᠡᠢ ᠃
ᠨᠠᠢᠮᠠᠳᠤᠭᠠᠷ ᠵᠦᠢᠯ
ᠬᠤᠷᠠᠯ ᠤᠨ ᠬᠡᠯᠪᠡᠷᠢ ᠶ᠋ᠢ ᠭᠦᠢᠴᠡᠳ ᠠᠰᠢᠭᠯᠠᠵᠤ ᠂ ᠲᠧᠯᠸᠢᠰ ᠤᠲᠠᠰᠤ ᠂ ᠰᠦᠯᠵᠢᠶᠡᠨ ᠸᠢᠳᠢᠣ᠋
ᠵᠡᠷᠭᠡ ᠣᠲᠣ ᠦᠶ᠎ᠡ ᠶ᠋ᠢᠨ ᠮᠡᠳᠡᠭᠡ ᠵᠠᠩᠬᠢ ᠶ᠋ᠢᠨ ᠮᠡᠷᠭᠡᠵᠢᠯ ᠦᠨ ᠠᠷᠭ᠎ᠠ ᠪᠠᠷᠢᠯ ᠂
ᠬᠤᠷᠠᠯ ᠤᠨ ᠵᠠᠷᠤᠳᠠᠯ ᠢ ᠪᠠᠭᠤᠷᠠᠭᠤᠯᠬᠤ ᠂ ᠬᠤᠷᠠᠯ ᠤᠨ ᠦᠷ᠎ᠡ ᠪᠥᠲᠦᠮᠵᠢ ᠶ᠋ᠢ
ᠳᠡᠭᠡᠭᠰᠢᠯᠡᠭᠦᠯᠬᠦ ᠬᠡᠷᠡᠭᠲᠡᠶ ᠃ ᠡᠭᠦᠨ ᠡᠴᠡ ᠭᠠᠳᠠᠨ᠎ᠠ ᠂ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶ᠎ᠠ ᠂ ᠭᠠᠳᠠᠷ ᠵᠠᠰᠠᠭ ᠤᠨ ᠣᠷᠳᠣᠨ ᠤ ᠭᠣᠣᠯ ᠤᠳᠤᠷᠢᠳᠬᠤ ᠨᠥᠬᠥᠳ ᠬᠤᠷᠠᠯ ᠳ᠋ᠤ
ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠂ ᠲᠧᠯᠸᠢᠰ ᠤᠲᠠᠰᠤ ᠲᠠᠮᠵᠢᠯᠭᠠᠲᠤ ᠬᠤᠷᠠᠯ ᠢ ᠡᠩ ᠦᠨ
ᠪᠠᠶᠢᠳᠠᠯ ᠳ᠋ᠦ ᠵᠥᠪᠬᠡᠨ ᠠᠶᠢᠮᠠᠭ ᠬᠣᠲᠠ ᠶ᠋ᠢᠨ ᠱᠠᠲᠤ ᠂ ᠦᠨᠡᠨᠬᠦ ᠴᠢᠬᠤᠯᠠ ᠲᠠᠶ ᠪᠣᠯ
ᠰᠠᠯᠪᠤᠷᠢ ᠪᠠᠭ᠎ᠠ ᠠᠩᠬᠢ ᠶ᠋ᠢᠨ ᠬᠢᠨ ᠬᠣᠰᠢᠭᠤ ᠰᠢᠶᠠᠨ ᠤ ᠱᠠᠲᠤᠨ ᠤ᠂ ᠰᠢᠰᠲ᠋ᠧᠮᠵᠢᠭᠦᠯᠦᠨ
ᠶᠣᠰᠣᠭᠠᠷ ᠮᠡᠳᠡᠭᠦᠯᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ
ᠲᠢᠩᠬᠢᠮ ᠂ ᠵᠠᠰᠠᠭ ᠤᠨ ᠣᠷᠳᠣᠨ ᠤ ᠠᠯᠪᠠᠨ ᠲᠢᠩᠬᠢᠮ ᠢᠶ᠋ᠡᠷ ᠬᠢᠨᠠᠨ ᠵᠥᠪᠰᠢᠶᠡᠷᠡᠭᠦᠯᠬᠦ
ᠬᠡᠷᠡᠭᠲᠡᠶ ᠃
ᠶᠢᠰᠦᠳᠦᠭᠡᠷ ᠵᠦᠢᠯ ᠲᠧᠯᠸᠢᠰ ᠤᠲᠠᠰᠤ ᠠᠪᠴᠤ
ᠪᠣᠯᠬᠤ ᠦᠭᠡᠢ ᠂ ᠰᠦᠯᠵᠢᠶᠡᠨ ᠤ ᠬᠠᠷᠠᠭᠠᠨ ᠳᠠᠪᠲᠠᠮᠵᠢ ᠶ᠋ᠢᠨ ᠬᠤᠷᠠᠯ ᠬᠤᠷᠠᠯᠳᠤᠭᠤᠯᠵᠤ ᠴᠡᠭ
ᠲᠣᠭᠲᠠᠭᠠᠨ ᠬᠠᠮᠢᠶᠠᠷᠤᠨ᠎ᠠ ᠃ ᠡᠯ᠎ᠡ ᠲᠥᠷᠦᠯ ᠦᠨ ᠬᠤᠷᠠᠯ ᠤᠨ ᠵᠢᠭᠠᠨ ᠲᠣᠭᠲᠠᠭᠠᠭᠰᠠᠨ ᠵᠣᠴᠢᠳ ᠤᠨ
ᠪᠠᠭᠤᠳᠠᠯ ᠳ᠋ᠤ ᠣᠴᠢᠵᠤ ᠬᠤᠷᠠᠯᠳᠤᠭᠤᠯᠵᠤ ᠂ ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠢ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ ᠂ ᠵᠠᠰᠠᠭ ᠤᠨ
ᠣᠷᠳᠣᠨ ᠤ ᠠᠯᠪᠠᠨ ᠲᠢᠩᠬᠢᠮ ᠦᠨ ᠵᠠᠰᠠᠭ ᠤᠨ ᠲᠢᠩᠬᠢᠮ ᠲᠡᠶ ᠬᠠᠮᠲᠤᠷᠠᠨ ᠲᠣᠭᠲᠠᠭᠠᠬᠤ ᠪᠥᠭᠡᠳ
ᠡᠳ᠋ ᠦᠨ ᠵᠠᠰᠠᠭ ᠤᠨ ᠰᠠᠯᠠᠭ᠎ᠠ ᠮᠥᠴᠢᠷ ᠡᠴᠡ ᠨᠢᠭᠡᠳᠦᠯᠲᠡᠶ ᠬᠤᠳᠠᠯᠳᠤᠨ ᠠᠪᠬᠤ ᠬᠡᠯᠡᠯᠴᠡᠭᠡᠷ ᠦᠨ
ᠶᠣᠰᠣᠭᠠᠷ ᠦᠨ᠎ᠡ ᠬᠠᠩᠰᠢ ᠶ᠋ᠢ ᠲᠠᠰᠤᠯᠤᠨ ᠪᠤᠳ᠋ᠤᠬᠤ ᠵᠠᠷᠤᠳᠠᠯ ᠢᠶᠠᠷ ᠪᠣᠳᠤᠨ᠎ᠠ ᠃ ᠣᠨᠴᠠᠭᠠᠶ
ᠪᠠᠶᠢᠳᠠᠯ ᠡᠴᠠ ᠪᠤᠯᠵᠤ ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠢ ᠬᠤᠷᠠᠯᠳᠤᠭᠤᠯᠵᠤ
ᠪᠣᠯᠬᠤ ᠦᠭᠡᠢ ᠂ ᠲᠣᠭᠲᠠᠭᠰᠠᠨ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠂
ᠵᠠᠷᠤᠳᠠᠯ ᠢ ᠡᠯ᠎ᠡ ᠲᠥᠷᠦᠯ ᠦᠨ ᠬᠤᠷᠠᠯ ᠤᠨ ᠪᠠᠷᠢᠮᠵᠢᠶ᠎ᠠ ᠡᠴᠠ ᠳᠠᠪᠠᠭᠤᠯᠵᠤ ᠪᠣᠯᠬᠤ ᠦᠭᠡᠢ ᠃
ᠲᠣᠭᠲᠠᠮᠠᠯ ᠴᠡᠭ ᠦᠨ ᠬᠡᠪᠴᠢᠶᠡᠨ ᠳ᠋ᠦ ᠣᠷᠣᠭᠤᠯᠵᠤ ᠂ ᠦᠨ᠎ᠡ ᠬᠠᠩᠰᠢ ᠬᠤᠷᠠᠯ ᠤᠨ ᠶᠡᠷᠦᠩᠬᠡᠶ
ᠲᠣᠭ᠎ᠠ ᠨᠣᠷᠮ᠎ᠠ ᠶ᠋ᠢᠨ ᠪᠠᠷᠢᠮᠵᠢᠶᠠᠨ ᠨᠢᠭᠡᠴᠢ ᠳᠣᠲᠣᠭᠠᠳᠤ ᠬᠤᠷᠠᠯ ᠤᠨ ᠭᠡᠷ ᠂ ᠶᠣᠰᠤᠯᠠᠯ ᠤᠨ
ᠲᠠᠩᠬᠢᠮ ᠂ ᠵᠣᠴᠢᠳ ᠤᠨ ᠪᠠᠭᠤᠳᠠᠯ ᠂ ᠵᠣᠴᠢᠯᠠᠬᠤ ᠭᠠᠵᠠᠷ ᠂ ᠪᠣᠯᠪᠠᠰᠤᠷᠠᠭᠤᠯᠬᠤ ᠲᠥᠪ ᠂
ᠤᠷᠢᠳᠠᠪᠠᠷ ᠪᠣᠯᠤᠭᠰᠠᠨ ᠤ ᠬᠤᠪᠢ ᠳ᠋ᠤ ᠲᠤᠰ ᠨᠢᠭᠡᠴᠡ ᠪᠤᠶᠤ ᠲᠤᠰ ᠰᠢᠰᠲ᠋ᠸᠮ ᠦᠨ ᠬᠤᠷᠠᠯ ᠤᠨ
ᠲᠠᠯᠠᠪᠤᠷ ᠪᠠᠶᠢᠬᠤ ᠬᠡᠷᠡᠭᠲᠡᠢ ᠃
ᠬᠤᠷᠠᠯ ᠳ᠋ᠤ ᠣᠷᠤᠯᠴᠠᠭᠰᠠᠨ ᠬᠥᠮᠦᠨ 50 ᠲᠦᠮᠡᠨ
ᠬᠥᠮᠦᠨ ᠡᠴᠡ ᠪᠠᠭ᠎ᠠ ᠪᠥᠭᠡᠳ ᠭᠠᠳᠠᠷ ᠣᠷᠣᠨ ᠤ ᠲᠥᠯᠦᠭᠡᠯᠡᠭᠴᠢ ᠦᠭᠡᠢ ᠨᠥᠬᠥᠴᠡᠯ
ᠪᠦᠷᠢᠯᠳᠦᠭᠦᠯᠦᠭᠰᠡᠨ ᠪᠠᠶᠢᠪᠠᠯ ᠂ ᠨᠢᠭᠡᠴᠡ ᠶ᠋ᠢᠨ ᠲᠣᠲᠤᠭᠠᠳᠤ ᠶ᠋ᠢᠨ ᠬᠤᠷᠠᠯ ᠤᠨ ᠭᠡᠷ ᠲᠦ
ᠬᠤᠷᠠᠯᠳᠤᠭᠤᠯᠬᠤ ᠬᠡᠷᠡᠭᠲᠡᠢ᠃
ᠠᠷᠪᠠᠳᠤᠭᠠᠷ ᠵᠦᠢᠯ
ᠬᠤᠷᠠᠯ ᠳ᠋ᠤ ᠣᠷᠤᠯᠴᠠᠭᠰᠠᠨ ᠬᠥᠮᠦᠨ ᠬᠥᠬᠡᠬᠣᠲᠠ ᠳ᠋ᠤ ᠰᠠᠭᠤᠭ᠎ᠠ ᠣᠷᠣᠨ ᠤ ᠨᠢᠭᠡᠴᠢ
ᠪᠣᠯᠭᠠᠭᠰᠠᠨ ᠭᠣᠣᠯ ᠪᠣᠯᠭᠠᠭᠰᠠᠨ ᠬᠤᠷᠠᠯᠳᠤᠭᠠᠨ ᠪᠣᠯᠬᠤ ᠦᠭᠡᠶ ᠂ ᠬᠥᠬᠡᠬᠣᠲᠠ ᠣᠷᠣᠨ ᠤ
ᠭᠠᠳᠠᠨ᠎ᠠ ᠬᠤᠷᠠᠯᠳᠤᠵᠤ ᠪᠣᠯᠬᠤ ᠦᠭᠡᠢ᠃ ᠡᠯ᠎ᠡ ᠨᠢᠭᠡᠴᠡ ᠨᠠᠮ ᠤᠨ ᠲᠥᠪ ᠬᠣᠷᠢᠶ᠎ᠠ ᠂ ᠲᠥᠷᠦ ᠶ᠋ᠢᠨ
ᠶᠠᠪᠤᠳᠠᠯ ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠢᠯᠡ ᠪᠡᠷ ᠵᠠᠷᠯᠢᠭᠳᠠᠨ
ᠴᠠᠭᠠᠵᠠᠯᠠᠭᠰᠠᠨ ᠠᠯᠳᠠᠷᠲᠤ ᠦᠵᠡᠮᠵᠢ ᠶ᠋ᠢᠨ ᠣᠷᠣᠨ ᠳ᠋ᠦ ᠬᠤᠷᠠᠯ ᠬᠤᠷᠠᠯᠳᠤᠵᠤ ᠪᠣᠯᠬᠤ ᠦᠭᠡᠢ᠃
ᠠᠷᠪᠠᠨ ᠨᠢᠭᠡᠳᠦᠭᠡᠷ ᠵᠦᠢᠯ
ᠵᠥᠪᠰᠢᠶᠡᠷᠡᠯ ᠣᠯᠤᠭᠰᠠᠨ ᠤᠢᠭᠡᠢ ᠪᠡᠷ ᠡᠯ᠎ᠡ ᠨᠢᠭᠡᠴᠡ ᠨᠡᠶᠢᠲᠡ ᠶ᠋ᠢᠨ ᠲᠠᠬᠢᠯᠭ᠎ᠠ ᠂
ᠲᠡᠦᠬᠡ ᠰᠣᠶᠣᠯ ᠂ ᠣᠨᠴᠠᠯᠢᠭ ᠪᠦᠬᠦᠢ ᠡᠳ᠋ ᠪᠣᠳᠠᠰ ᠂ ᠨᠢᠭᠡᠴᠢ ᠪᠠᠶᠢᠭᠤᠯᠵᠤ ᠂ ᠵᠠᠰᠠᠭ
ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠭᠤᠯᠤᠯᠲᠠ ᠂ ᠢᠨᠵᠸᠨ᠋ᠸᠷᠢᠩ ᠦ᠋ᠨ
ᠪᠠᠷᠢᠯᠭ᠎ᠠ ᠡᠬᠢᠯᠡᠬᠦ ᠪᠤᠶᠤ ᠪᠠᠷᠢᠵᠤ ᠳᠠᠭᠤᠰᠤᠭᠰᠠᠨ ᠵᠡᠷᠭᠡ ᠨᠡᠷ᠎ᠡ ᠪᠡᠷ ᠬᠤᠷᠠᠯ ᠬᠤᠷᠠᠯᠳᠤᠵᠤ
ᠪᠣᠯᠬᠤ ᠦᠭᠡᠢ᠃ ᠪᠤᠰᠤᠳ ᠨᠢᠭᠡᠴᠢ ᠳ᠋ᠦ ᠲᠣᠮᠢᠯᠠᠨ ᠡᠯ᠎ᠡ ᠲᠥᠷᠦᠯ ᠦᠨ ᠪᠡᠯᠭᠡᠯᠡᠬᠦ
ᠠᠵᠢᠯᠯᠠᠭ᠎ᠠ ᠂ ᠶᠠᠷᠢᠶᠠᠨ ᠤ ᠲᠠᠪᠴᠠᠩ ᠡᠷᠬᠢᠯᠡᠵᠦ ᠪᠣᠯᠬᠤ ᠤᠢᠭᠡᠢ ᠂ ᠦᠵᠡᠭᠦᠯᠭᠡ ᠶ᠋ᠢᠨ
ᠠᠵᠢᠯᠯᠠᠭ᠎ᠠ ᠬᠢᠵᠦ ᠪᠣᠯᠬᠤ ᠦᠭᠡᠢ ᠃ ᠳᠡᠯᠡᠬᠡᠶ ᠨᠡᠶᠢᠲᠡ ᠶ᠋ᠢᠨ ᠴᠢᠨᠠᠷᠲᠠᠶ ᠪᠤᠶᠤ ᠪᠦᠬᠦ
ᠤᠯᠤᠰ ᠤᠨ ᠴᠢᠨᠠᠷᠲᠠᠶ ᠬᠤᠷᠠᠯᠳᠤᠭᠠᠨ ᠢ ᠳᠠᠭᠠᠭᠠᠨ ᠠᠪᠬᠤ ᠳ᠋ᠦ ᠡᠷᠬᠡᠪᠰᠢ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ ᠂ ᠵᠠᠰᠠᠭ ᠤᠨ ᠣᠷᠳᠣᠨ ᠤ ᠠᠯᠪᠠᠨ
ᠲᠢᠩᠬᠢᠮ ᠬᠢᠨᠠᠨ ᠬᠠᠷᠭᠤᠭᠤᠯᠤᠭᠰᠠᠨ ᠤ ᠳᠠᠷᠠᠭ᠎ᠠ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠃
ᠠᠷᠪᠠᠨ ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠤᠳᠤᠷᠢᠳᠬᠤ ᠨᠥᠬᠥᠳ ᠬᠤᠷᠠᠯ ᠢ ᠴᠢᠩᠭ᠎ᠠ
ᠵᠢᠷᠤᠮᠵᠢᠭᠤᠯᠵᠤ ᠂ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ
ᠭᠡᠰᠢᠭᠦᠨ ᠣᠷᠣᠯᠴᠠᠭᠰᠠᠨ ᠪᠦᠬᠦ ᠣᠷᠣᠨ ᠤ ᠴᠢᠨᠠᠷᠲᠠᠶ ᠬᠤᠷᠠᠯ ᠂ ᠥᠪᠡᠷᠲᠡᠭᠡᠨ ᠵᠠᠰᠠᠬᠤ ᠣᠷᠣᠨ ᠤ
ᠨᠠᠮ ᠤᠨ ᠬᠣᠷᠢᠶᠠᠨ ᠤ ᠱᠦᠵᠢ ᠪᠠᠷ ᠵᠥᠪᠰᠢᠶᠡᠷᠡᠭᠦᠯᠬᠦ ᠬᠡᠷᠡᠭᠲᠡᠶ ᠃ ᠥᠪᠡᠷᠲᠡᠭᠡᠨ ᠵᠠᠰᠠᠬᠤ
ᠣᠷᠣᠨ ᠤ ᠳᠡᠳ᠋ ᠲᠡᠷᠢᠭᠦᠯᠡᠭᠴᠢ ᠣᠷᠣᠯᠴᠠᠭᠰᠠᠨ ᠪᠦᠬᠦ ᠣᠷᠣᠨ ᠤ ᠴᠢᠨᠠᠷᠲᠠᠶ ᠬᠤᠷᠠᠯ ᠨᠢ
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠵᠥᠪᠰᠢᠶᠡᠷᠡᠭᠦᠯᠬᠦ ᠬᠡᠷᠡᠭᠲᠡᠢ ᠃
ᠠᠷᠪᠠᠨ ᠭᠤᠷᠪᠠᠳᠤᠭᠠᠷ ᠵᠦᠢᠯ
ᠬᠤᠷᠠᠯ ᠪᠠ ᠮᠡᠳᠡᠭᠦᠯᠦᠯᠲᠡ ᠬᠢᠬᠦ ᠳᠥᠷᠢᠮ ᠢ ᠪᠠᠶᠢᠭᠤᠯᠬᠤ ᠂ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶᠠᠨ ᠤ ᠪᠠᠶᠢᠩᠭᠤ ᠶ᠋ᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ
ᠡᠯ᠎ᠡ ᠳᠡᠳ᠋ ᠲᠡᠷᠢᠭᠦᠯᠡᠭᠴᠢ ᠂ ᠬᠠᠭᠠᠰ ᠵᠢᠯ ᠪᠦᠷᠢ ᠳ᠋ᠤ ᠲᠤᠰ ᠲᠤᠰ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠬᠤᠷᠠᠯ ᠥᠪᠡᠷᠲᠡᠭᠡᠨ
ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶ᠋ᠢᠨ ᠬᠤᠷᠠᠯ ᠢᠡᠷᠬᠢᠯᠡᠨ ᠬᠤᠷᠠᠯᠳᠤᠭᠤᠯᠵᠤ
ᠣᠷᠣᠯᠴᠠᠭᠰᠠᠨ ᠪᠤᠶᠤ ᠡᠷᠬᠢᠯᠡᠨ ᠬᠤᠷᠠᠯᠳᠤᠭᠤᠯᠵᠤ ᠂ ᠬᠤᠷᠠᠯ ᠤᠨ ᠪᠠᠶᠢᠳᠠᠯ ᠢ ᠨᠢᠭᠡ ᠤᠳᠠᠭ᠎ᠠ
ᠮᠡᠳᠡᠭᠦᠯᠬᠦ ᠬᠡᠷᠡᠭᠲᠡᠶ ( ᠡᠭᠦᠨ ᠳ᠋ᠦ ᠬᠤᠷᠠᠯ ᠤᠨ ᠠᠭᠤᠯᠭ᠎ᠠ ᠂ ᠬᠤᠷᠠᠯ ᠤᠨ ᠬᠤᠭᠤᠴᠠᠭ᠎ᠠ ᠂
ᠣᠷᠣᠯᠴᠠᠭᠴᠢ ᠂ ᠰᠤᠳᠤᠯᠭᠠᠨ ᠤ ᠵᠦᠢᠯᠡᠰ ᠵᠡᠷᠭᠡ ᠪᠠᠭᠲᠠᠨ᠎ᠠ ) ᠃
ᠭᠤᠷᠪᠠᠳᠤᠭᠠᠷ ᠪᠦᠯᠦᠭ ᠬᠤᠷᠠᠯ ᠤᠨ ᠵᠠᠷᠤᠳᠠᠯ ᠤᠨ ᠬᠠᠮᠢᠶᠠᠷᠤᠯᠲᠠ
ᠠᠷᠪᠠᠨ ᠳᠥᠷᠪᠡᠳᠦᠭᠡᠷ ᠵᠦᠢᠯ
ᠡᠯ᠎ᠡ ᠨᠢᠭᠡᠴᠡ ᠨᠦᠭᠦᠳ ᠬᠤᠷᠠᠯ ᠤᠨ ᠵᠠᠷᠤᠳᠠᠯ ᠢᠶᠡᠨ ᠰᠠᠯᠠᠭ᠎ᠠ ᠮᠥᠴᠢᠷ ᠦᠨ ᠲᠥᠰᠦᠪ ᠲᠦ
ᠣᠷᠤᠭᠤᠯᠵᠤ ᠪᠣᠳᠠᠲᠠᠶ ᠬᠤᠷᠠᠯ ᠤᠨ ᠶᠣᠰᠤᠭᠠᠷ ᠲᠤᠰᠠᠭᠠᠷ ᠵᠢᠭᠰᠠᠭᠠᠨ ᠮᠡᠳᠡᠭᠦᠯᠬᠦ ᠬᠡᠷᠡᠭᠲᠡᠢ ᠂
ᠲᠥᠰᠦᠪ ᠢ ᠭᠦᠢᠴᠡᠳᠬᠡᠬᠦ ᠳᠤᠮᠳᠠ ᠳᠠᠪᠠᠭᠤᠯᠵᠤ ᠪᠣᠯᠬᠤ ᠦᠭ᠋ᠡᠢ ᠃
ᠠᠷᠪᠠᠨ ᠲᠠᠪᠤᠳᠤᠭᠠᠷ ᠵᠦᠢᠯ
ᠬᠤᠷᠠᠯ ᠤᠨ ᠵᠠᠷᠤᠳᠠᠯ ᠳ᠋ᠤ ᠬᠤᠷᠠᠯ ᠤᠨ ᠬᠣᠨᠤᠭ ᠤᠨ ᠰᠦᠢᠳᠬᠡᠯ ᠂ ᠬᠣᠭᠣᠯᠠᠨ ᠰᠦᠢᠳᠬᠡᠯ ᠂
ᠬᠤᠷᠠᠯ ᠤᠨ ᠭᠡᠷ ᠲᠦᠷᠢᠶᠡᠰᠦᠯᠡᠬᠦ ᠂ ᠵᠠᠮ ᠬᠠᠷᠢᠯᠴᠠᠭᠠᠨ ᠤ ᠵᠠᠷᠤᠳᠠᠯ ᠂ ᠪᠢᠴᠢᠭ ᠮᠠᠲ᠋ᠧᠷᠢᠶᠠᠯ
ᠳᠠᠷᠤᠮᠠᠯᠯᠠᠬᠤ ᠵᠠᠷᠤᠳᠠᠯ ᠂ ᠡᠮ ᠡᠮᠨᠡᠯᠭᠡ ᠶ᠋ᠢᠨ ᠵᠠᠷᠤᠳᠠᠯ ᠂ ᠬᠠᠷᠠᠭᠠᠨ ᠳᠠᠪᠲᠠᠮᠵᠢ ᠶ᠋ᠢᠨ
ᠱᠣᠭᠤᠮ ᠤᠨ ᠲᠦᠷᠢᠶᠡᠰᠦᠯᠡᠭᠰᠡᠨ ᠵᠡᠷᠭᠡ ᠪᠠᠭᠲᠠᠨ᠎ᠠ ᠃
ᠡᠮᠦᠨᠡᠬᠢ ᠪᠠᠳᠠᠭ ᠲᠤ ᠬᠡᠯᠡᠵᠦ
ᠪᠠᠶᠢᠭ᠎ᠠ ᠬᠤᠷᠠᠯ ᠤᠨ ᠵᠠᠮ ᠬᠠᠷᠢᠯᠴᠠᠭᠠᠨ ᠤ ᠵᠠᠷᠤᠳᠠᠯ ᠭᠡᠳᠡᠭ ᠪᠣᠯ ᠬᠤᠷᠠᠯ ᠤᠨ
ᠲᠥᠯᠥᠭᠡᠯᠡᠭᠴᠢ ᠂ ᠲᠤᠰᠴᠤ ᠬᠦᠷᠭᠡᠬᠦ ᠥᠷᠲᠡᠭᠡ ᠂ ᠵᠢᠴᠢ ᠬᠤᠷᠠᠯᠳᠤᠭᠠᠨ ᠡᠴᠠ ᠨᠢᠭᠡᠳᠦᠯᠲᠡᠶ
ᠵᠣᠬᠢᠶᠠᠨ ᠪᠠᠶᠢᠭᠤᠯᠤᠭᠰᠠᠨ ᠰᠢᠯᠭᠠᠨ ᠪᠠᠶᠢᠴᠠᠭᠠᠬᠤ ᠂ ᠪᠠᠶᠢᠴᠠᠭᠠᠨ ᠰᠤᠳᠤᠯᠤᠯᠲᠠ ᠬᠢᠬᠦ ᠵᠡᠷᠭᠡ
ᠡᠭᠦᠰᠦᠭᠰᠡᠨ ᠵᠠᠮ ᠬᠠᠷᠢᠯᠴᠠᠭᠠᠨ ᠤ ᠵᠠᠷᠤᠯᠭ᠎ᠠ ᠶ᠋ᠢ ᠵᠢᠭᠠᠨ᠎ᠠ ᠃ ᠬᠤᠷᠠᠯ ᠤᠨ ᠲᠥᠯᠥᠭᠡᠯᠡᠭᠴᠢ
ᠬᠤᠷᠠᠯ ᠳ᠋ᠤ ᠣᠷᠣᠯᠴᠠᠵᠤ ᠭᠠᠷᠤᠭᠰᠠᠨ ᠬᠣᠲᠠ ᠶ᠋ᠢᠨ ᠬᠣᠭᠣᠷᠣᠨᠳᠣᠬᠢ ᠵᠠᠮ ᠬᠠᠷᠢᠯᠴᠠᠭᠠᠨ ᠤ
ᠵᠠᠷᠤᠳᠠᠯ ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ ᠶ᠋ᠢᠨ
ᠳᠥᠷᠢᠮ ᠦᠨ ᠲᠣᠭᠲᠠᠭᠠᠯ ᠳ᠋ᠦ ᠨᠢᠭᠡᠴᠢ ᠳᠡᠭᠡᠨ ᠬᠠᠷᠢᠭᠰᠠᠨ ᠤ ᠶᠣᠰᠣᠭᠠᠷ ᠲᠠᠩᠰᠠᠨ ᠡᠴᠠ
ᠲᠠᠶᠢᠯᠬᠤ ᠬᠡᠷᠡᠭᠲᠡᠶ ᠃
ᠠᠷᠪᠠᠨ ᠵᠢᠷᠭᠤᠳᠤᠭᠠᠷ ᠵᠦᠢᠯ
ᠬᠤᠷᠠᠯ ᠤᠨ ᠵᠠᠷᠤᠳᠠᠯ ᠢ ᠵᠠᠷᠤᠴᠠᠭᠤᠯᠬᠤ ᠳ᠋ᠦ ᠶᠡᠷᠦᠩᠬᠡᠶ ᠲᠣᠭ᠎ᠠ ᠨᠣᠷᠮ᠎ᠠ ᠪᠠᠷ
ᠬᠢᠵᠠᠭᠠᠷᠯᠠᠵᠤ ᠂ ᠡᠭᠦᠨ ᠳ᠋ᠦ ᠄ ᠨᠢᠭᠡ ᠨᠢ ᠬᠤᠷᠠᠯ ᠪᠠᠷᠢᠮᠵᠢᠶ᠎ᠠ ᠨᠢ 550 ᠲᠥᠭᠥᠷᠢᠭ ᠬᠥᠮᠦᠨ
ᠪᠦᠷᠢ · ᠬᠣᠶᠠᠷ ᠲᠥᠷᠦᠯ ᠦᠨ ᠬᠤᠷᠠᠯ ᠤᠨ ᠪᠠᠷᠢᠮᠵᠢᠶ᠎ᠠ ᠶ᠋ᠢ 450 ᠲᠥᠭᠥᠷᠢᠭ ᠬᠥᠮᠦᠨ ·ᠭᠤᠷᠪᠠ
᠂ ᠳᠥᠷᠪᠡᠳᠦᠭᠡᠷ ᠲᠥᠷᠦᠯ ᠦᠨ ᠬᠤᠷᠠᠯ ᠤᠨ ᠪᠠᠷᠢᠮᠵᠢᠶ᠎ᠠ ᠨᠢ 350 ᠲᠥᠭᠥᠷᠢᠭ ᠬᠥᠮᠦᠨ ᠃
ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤ ᠨᠢᠳᠡ ᠦᠶ᠎ᠡ ( ᠲᠤᠯᠤᠭ᠎ᠠ ᠂ ᠨᠠᠢᠮᠠ ᠂
ᠶᠢᠰᠦ ᠳ᠋ᠦᠭᠡᠷ ᠰᠠᠷ᠎ᠠ ᠳ᠋ᠦ ) ᠶᠡᠷᠦᠩᠬᠡᠶ ᠲᠣᠭ᠎ᠠ ᠨᠣᠷᠮ᠎ᠠ ᠶ᠋ᠢᠨ ᠪᠠᠷᠢᠮᠵᠢᠶᠠᠨ ᠬᠠᠮᠤᠭ ᠤᠨ
ᠶᠡᠬᠡ ᠳᠡᠭᠡᠨ 20% ᠪᠡᠷ ᠨᠡᠮᠡᠭᠳᠡᠭᠦᠯᠬᠦ ᠪᠣᠯᠤᠨ᠎ᠠ ᠃
ᠶᠡᠷᠦᠩᠬᠡᠶ ᠲᠣᠭᠲᠠᠭᠰᠠᠨ
ᠲᠣᠭ᠎ᠠ ᠪᠠᠷᠢᠮᠵᠢᠶ᠎ᠠ ᠨᠢ ᠬᠤᠷᠠᠯ ᠤᠨ ᠵᠠᠷᠤᠳᠠᠯ ᠤᠨ ᠵᠠᠷᠤᠯᠭ᠎ᠠ ᠶ᠋ᠢᠨ ᠵᠠᠬ᠎ᠠ ᠬᠢᠵᠠᠭᠠᠷ ᠮᠥᠨ ᠂
ᠡᠯ᠎ᠡ ᠨᠢᠭᠡᠴᠡ ᠶᠡᠷᠦᠩᠬᠡᠶ ᠲᠣᠭ᠎ᠠ ᠨᠣᠷᠮ᠎ᠠ ᠶ᠋ᠢᠨ ᠪᠠᠷᠢᠮᠵᠢᠶᠠᠨ ᠳᠣᠲᠣᠷ᠎ᠠ ᠲᠠᠰᠤᠯᠤᠨ
ᠪᠣᠳᠣᠵᠤ ᠳᠠᠩᠰᠠ ᠲᠠᠶᠢᠯᠬᠤ ᠬᠡᠷᠡᠭᠲᠡᠶ ᠃
ᠠᠷᠪᠠᠨ ᠳᠣᠯᠣᠳᠤᠭᠠᠷ ᠵᠦᠢᠯ
ᠨᠢᠭᠡᠳᠦᠭᠡᠷ ᠂ ᠬᠣᠶᠠᠳᠤᠭᠠᠷ ᠲᠥᠷᠦᠯ ᠦᠨ ᠬᠤᠷᠠᠯ ᠤᠨ ᠵᠠᠷᠤᠳᠠᠯ ᠂ ᠰᠠᠯᠠᠭ᠎ᠠ ᠮᠥᠴᠢᠷ ᠦᠨ
ᠲᠥᠰᠦᠪ ᠦᠨ ᠲᠤᠰᠬᠠᠶ ᠵᠦᠢᠯ ᠦᠨ ᠵᠠᠷᠤᠳᠠᠯ ᠤᠨ ᠳᠣᠲᠣᠷ᠎ᠠ ᠡᠴᠠ ᠭᠠᠷᠭᠠᠨ᠎ᠠ ᠃ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ ᠂ ᠵᠠᠰᠠᠭ ᠤᠨ ᠣᠷᠳᠣᠨ ᠤ
ᠠᠯᠪᠠᠨ ᠲᠢᠩᠬᠢᠮ ᠵᠥᠪᠰᠢᠶᠡᠷᠡᠭᠰᠡᠨ ᠡᠯ᠎ᠡ ᠨᠢᠭᠡᠴᠢ ᠵᠢᠯ ᠳ᠋ᠤ ᠳᠥᠢᠨᠭᠨᠡᠨ ᠰᠢᠯᠵᠢᠭᠦᠯᠵᠦ
ᠪᠠᠶᠢᠭ᠎ᠠ ᠬᠣᠶᠠᠳᠤᠭᠠᠷ ᠲᠥᠷᠦᠯ ᠦᠨ ᠬᠤᠷᠠᠯ ᠢ ᠬᠤᠷᠠᠯᠳᠤᠭᠤᠯᠵᠤ ᠂ 10 ᠰᠠᠷ᠎ᠠ ᠶ᠋ᠢᠨ
ᠰᠡᠭᠦᠯᠴᠢ ᠡᠴᠡ ᠡᠮᠦᠨ᠎ᠡ ᠬᠠᠭᠤᠯᠤᠨ ᠬᠦᠷᠭᠡᠬᠦ ᠥᠪᠡᠷᠲᠡᠭᠡᠨ ᠵᠠᠰᠠᠬᠤ ᠣᠷᠣᠨ ᠤ ᠡᠳ᠋ ᠦᠨ
ᠵᠠᠰᠠᠭ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ ᠡᠭᠦᠨ
ᠡᠴᠡ ᠦᠨᠳᠦᠰᠦᠯᠡᠨ ᠲᠣᠬᠢᠷᠠᠭᠤᠯᠵᠤ ᠂ ᠬᠤᠷᠠᠯ ᠤᠨ ᠵᠠᠷᠤᠳᠠᠯ ᠤᠨ ᠲᠥᠰᠦᠪ ᠲᠣᠭᠲᠠᠭᠠᠨ᠎ᠠ ᠃
ᠣᠨᠴᠠᠭᠠᠶ ᠪᠠᠶᠢᠳᠠᠯ ᠡᠴᠠ ᠪᠤᠯᠵᠤ ᠲᠦᠷ ᠬᠤᠷᠠᠯᠳᠤᠭᠤᠯᠬᠤ ᠪᠣᠯᠲᠠᠯᠠᠬᠢ ᠨᠢᠭᠡ ᠂ ᠬᠣᠶᠠᠳᠤᠭᠠᠷ
ᠲᠥᠷᠦᠯ ᠦᠨ ᠬᠤᠷᠠᠯ ᠵᠥᠪᠰᠢᠶᠡᠷᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠦᠨ
ᠵᠠᠰᠠᠭ ᠤᠨ ᠲᠢᠩᠬᠢᠮ ᠲᠤᠰᠬᠠᠶ ᠵᠦᠢᠯ ᠦᠨ ᠬᠢᠨᠠᠨ ᠵᠥᠪᠰᠢᠶᠡᠷᠡᠬᠦ ᠨᠡᠮᠡᠭᠳᠡᠯ ᠬᠤᠷᠠᠯ ᠤᠨ
ᠵᠠᠷᠤᠳᠠᠯ ᠤᠨ ᠲᠥᠰᠦᠪ ᠃ ᠭᠤᠷᠪᠠ ᠂ ᠳᠥᠷᠪᠡᠳᠦᠭᠡᠷ ᠲᠥᠷᠦᠯ ᠦᠨ ᠬᠤᠷᠠᠯ ᠤᠨ ᠵᠠᠷᠤᠳᠠᠯ ᠂
ᠰᠠᠯᠠᠭ᠎ᠠ ᠮᠥᠴᠢᠷ ᠦᠨ ᠲᠥᠰᠦᠪ ᠦᠨ ᠨᠡᠶᠢᠲᠡ ᠶ᠋ᠢᠨ ᠬᠡᠷᠡᠭᠯᠡᠭᠡᠨ ᠤ ᠵᠠᠷᠤᠳᠠᠯ ᠤᠨ
ᠳᠣᠲᠣᠷ᠎ᠠ ᠡᠴᠠ ᠭᠠᠷᠭᠠᠵᠤ ᠪᠣᠯᠤᠨ᠎ᠠ ᠂ ᠲᠥᠰᠦᠪ ᠢ ᠬᠢᠨᠠᠨ ᠲᠣᠭᠲᠠᠭᠠᠭᠰᠠᠨ ᠳᠠᠭᠠᠭᠠᠴᠢᠯᠠᠨ
ᠬᠡᠷᠡᠭᠯᠡᠨ᠎ᠡ ᠃
ᠠᠷᠪᠠᠨ ᠨᠠᠢᠮᠠᠳᠤᠭᠠᠷ ᠵᠦᠢᠯ ᠬᠤᠷᠠᠯ ᠤᠨ
ᠵᠠᠷᠤᠳᠠᠯ ᠢ ᠬᠤᠷᠠᠯ ᠬᠤᠷᠠᠯᠳᠤᠭᠤᠯᠤᠭᠰᠠᠨ ᠨᠢᠭᠡᠴᠡ ᠡᠭᠦᠷᠭᠡᠯᠡᠬᠦ ᠬᠡᠷᠡᠭᠲᠡᠶ ᠂ ᠬᠤᠷᠠᠯ ᠳ᠋ᠦ
ᠣᠷᠣᠯᠴᠠᠭᠰᠠᠳ ᠡᠴᠡ ᠵᠠᠷᠤᠳᠠᠯ ᠬᠤᠷᠢᠶᠠᠵᠤ ᠪᠣᠯᠬᠤ ᠤᠢᠭᠡᠢ᠂ ᠶᠠᠮᠠᠷᠪᠠ ᠬᠡᠯᠪᠡᠷᠢ ᠪᠡᠷ
ᠬᠠᠷᠢᠶ᠎ᠠ ᠪᠠᠶᠢᠭᠤᠯᠤᠮᠵᠢ ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠂ ᠣᠷᠣᠨ ᠨᠤᠲᠤᠭ ᠲᠤ
ᠰᠢᠯᠵᠢᠭᠦᠯᠦᠨ ᠳᠠᠭᠠᠭᠠᠯᠭᠠᠬᠤ ᠪᠤᠶᠤ ᠲᠡᠳᠡᠨ ᠳ᠋ᠦ ᠲᠡᠰᠬᠡᠨ ᠨᠣᠭᠳᠠᠭᠤᠯᠵᠤ ᠪᠣᠯᠬᠤ ᠦᠭᠡᠢ ᠃
ᠡᠯ᠎ᠡ ᠨᠢᠭᠡᠴᠡ ᠶ᠋ᠢᠨ ᠬᠢᠨ ᠬᠤᠷᠠᠯ ᠬᠢᠬᠦ ᠨᠡᠷ᠎ᠡ ᠪᠡᠷ ᠵᠣᠬᠢᠶᠠᠨ ᠪᠠᠶᠢᠭᠤᠯᠵᠤ ᠳᠠᠶᠢᠯᠠᠯᠭ᠎ᠠ
ᠪᠤᠶᠤ ᠳᠠᠶᠢᠯᠠᠯᠭ᠎ᠠ ᠳᠣᠬᠢᠷᠠᠭᠤᠯᠬᠤ ᠶ᠋ᠢ ᠴᠢᠩᠭ᠎ᠠ ᠴᠠᠭᠠᠵᠠᠯᠠᠵᠤ ᠂ 《 ᠲᠢᠴᠢ ᠵᠣᠭᠣᠰ 》
ᠭᠠᠷᠭᠠᠬᠤ ᠶ᠋ᠢ ᠴᠢᠩᠭ᠎ᠠ ᠴᠠᠭᠠᠵᠠᠯᠠᠵᠤ ᠂ ᠬᠤᠷᠠᠯ ᠤᠨ ᠵᠠᠷᠤᠳᠠᠯ ᠮᠡᠬᠡᠯᠡᠨ ᠠᠪᠬᠤ ᠶ᠋ᠢ
ᠴᠢᠩᠭ᠎ᠠ ᠴᠠᠭᠠᠵᠢᠯᠠᠨ᠎ᠠ᠃
ᠡᠯ᠎ᠡ ᠨᠢᠭᠡᠴᠢ ᠪᠠᠷᠢᠮᠵᠢᠶ᠎ᠠ ᠶ᠋ᠢ ᠴᠢᠩᠭ᠎ᠠ
ᠬᠡᠷᠡᠭᠵᠢᠭᠦᠯᠵᠦ ᠂ ᠬᠤᠷᠠᠯ ᠤᠨ ᠭᠡᠷ ᠂ ᠳᠡᠭᠡᠳᠦ ᠳᠡᠰ ᠦᠨ ᠢᠵᠢ ᠭᠡᠷ ᠪᠠᠶᠢᠰᠢᠩ ᠬᠤᠳᠠᠯᠳᠤᠨ
ᠠᠪᠬᠤ ᠳᠤ ᠲᠣᠬᠢᠷᠠᠭᠤᠯᠵᠤ ᠪᠣᠯᠬᠤ ᠦᠭᠡᠢ ᠃ ᠬᠤᠷᠠᠯ ᠤᠨ ᠬᠣᠭᠣᠯᠠ ᠢᠳᠡᠬᠦ ᠨᠣᠭᠣᠭ᠎ᠠ ᠲᠦᠷᠦᠯ
ᠵᠦᠢᠯ ᠢ ᠴᠢᠩᠭ᠎ᠠ ᠬᠢᠵᠠᠭᠠᠷᠯᠠᠵᠤ ᠂ ᠲᠥᠷᠥᠯ ᠲᠣᠭ᠎ᠠ ᠪᠠ ᠴᠢᠨᠠᠷ ᠰᠠᠶᠢᠲᠠᠶ ᠂ ᠥᠨᠳᠥᠷ
ᠦᠨ᠎ᠡ ᠲᠡᠶ ᠪᠠᠶᠢᠬᠤ ᠶ᠋ᠢ ᠴᠢᠩᠭ᠎ᠠ ᠴᠠᠭᠠᠵᠠᠯᠠᠵᠤ ᠂ ᠠᠷᠢᠬᠢ ᠲᠠᠮᠠᠬᠢ ᠬᠤᠳᠠᠯᠳᠤᠨ ᠠᠪᠴᠤ ᠪᠣᠯᠬᠤ
ᠦᠭᠡᠢ ᠃ ᠬᠤᠷᠠᠯ ᠤᠨ ᠲᠠᠯᠠᠪᠠᠢ ᠳ᠋ᠤ ᠴᠥᠮ ᠭᠠᠷᠭᠠᠬᠤ ᠦᠭᠡᠢ ᠂ ᠠᠷᠤ ᠦᠵᠡᠭᠳᠡᠯ ᠬᠠᠪᠲᠠᠰᠤᠨ
ᠦᠢᠯᠡᠳᠬᠦ ᠤᠢᠭᠡᠢ ᠂ ᠵᠢᠮᠢᠰ ᠬᠠᠩᠭᠠᠬᠤ ᠦᠭᠡᠶ ᠃ᠬᠤᠷᠠᠯ ᠤᠨ ᠵᠠᠷᠤᠳᠠᠯ ᠢᠶᠠᠷ ᠺᠣᠮᠫᠢᠦ᠋ᠲ᠋ᠧᠷ
ᠬᠤᠳᠠᠯᠳᠤᠨ ᠠᠪᠴᠤ ᠪᠣᠯᠬᠤ ᠦᠭᠡᠢ ᠂ ᠳᠠᠷᠤᠮᠠᠯᠯᠠᠭᠤᠷ ᠂ᠫ ᠷᠢᠨᠲ᠋ᠸᠷ ᠂ ᠳᠦᠷᠰᠦᠲᠦ ᠴᠠᠬᠢᠯᠭᠠᠨ
ᠮᠠᠰᠢᠨ ᠵᠡᠷᠭᠡ ᠲᠣᠭᠲᠠᠮᠠᠯ ᠬᠥᠷᠥᠩᠭᠡ ᠵᠢᠴᠢ ᠵᠠᠷᠤᠯᠭ᠎ᠠ ᠪᠠ ᠲᠤᠰ ᠤᠳᠠᠭᠠᠨ ᠤ ᠶᠡᠬᠡ
ᠬᠤᠷᠠᠯ ᠲᠠᠶ ᠬᠠᠮᠢᠶ᠎ᠠ ᠥᠬᠡᠶ ᠪᠤᠰᠤᠳ ᠵᠠᠷᠤᠳᠠᠯ ᠢ ᠪᠠᠭᠲᠠᠭᠠᠨ᠎ᠠ ᠃ ᠵᠣᠬᠢᠶᠠᠨ ᠪᠠᠶᠢᠭᠤᠯᠬᠤ
ᠠᠵᠢᠯ ᠤᠨ ᠬᠤᠷᠠᠯ ᠲᠥᠯᠥᠭᠡᠯᠡᠭᠴᠢ ᠂ ᠵᠤᠭᠠᠴᠠᠯ ᠪᠠ ᠬᠤᠷᠠᠯ ᠲᠠᠶ ᠬᠠᠮᠢᠶ᠎ᠠ ᠥᠬᠡᠶ ᠪᠣᠯᠬᠤ ᠦᠭᠡᠢ
᠃ ᠥᠨᠳᠥᠷ ᠬᠡᠷᠡᠭᠯᠡᠭᠡᠨ ᠤ ᠵᠤᠭ᠎ᠠ ᠴᠡᠩᠬᠡᠯ ᠢ ᠵᠣᠬᠢᠶᠠᠨ ᠪᠠᠶᠢᠭᠤᠯᠬᠤ ᠶ᠋ᠢ ᠴᠢᠩᠭ᠎ᠠ
ᠴᠠᠭᠠᠵᠠᠯᠠᠵᠤ ᠂ ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠬᠢᠬᠦ ᠂ ᠶᠠᠮᠠᠷᠪᠠ ᠨᠡᠷ᠎ᠡ ᠪᠡᠷ
ᠳᠤᠷᠠᠰᠬᠠᠯ ᠤᠨ ᠪᠣᠳᠠᠰ ᠂ ᠤᠬᠢᠶᠠᠯᠭ᠎ᠠ ᠶ᠋ᠢᠨ ᠬᠡᠷᠡᠭᠰᠡᠯ ᠠᠪᠴᠤ ᠪᠣᠯᠬᠤ ᠦᠭᠡᠢ ᠃
ᠠᠷᠪᠠ ᠶᠢᠰᠦᠳᠦᠭᠡᠷ ᠵᠦᠢᠯ
ᠡᠯ᠎ᠡ ᠨᠢᠭᠡᠴᠡ ᠶ᠋ᠢᠨ ᠬᠢᠨ ᠬᠤᠷᠠᠯ ᠲᠡᠭᠦᠰᠦᠭᠰᠡᠨ ᠤ ᠲᠠᠷᠠᠭ᠎ᠠ ᠴᠠᠭ ᠲᠤᠬᠠᠶ ᠳᠤᠨᠢ ᠲᠠᠩᠰᠠ
ᠲᠠᠶᠢᠯᠬᠤ ᠭᠠᠷ ᠭᠦᠢᠴᠡᠳᠬᠡᠯ ᠬᠢᠬᠦ ᠬᠡᠷᠡᠭᠲᠡᠶ ᠃ ᠬᠤᠷᠠᠯ ᠤᠨ ᠵᠠᠷᠤᠳᠠᠯ ᠤᠨ ᠳᠠᠩᠰᠠ ᠲᠠᠶᠢᠯᠬᠤ
ᠦᠶ᠎ᠡ ᠳ᠋ᠤ ᠬᠤᠷᠠᠯ ᠢᠶᠠᠷ ᠬᠢᠨᠠᠨ ᠵᠥᠪᠰᠢᠶᠡᠷᠡᠭᠦᠯᠬᠦ ᠪᠢᠴᠢᠭ ᠮᠠᠲ᠋ᠸᠷᠢᠶᠠᠯ ᠢ ᠬᠠᠩᠭᠠᠵᠤ
ᠥᠭᠬᠦ ᠬᠡᠷᠡᠭᠲᠡᠶ ᠂ ᠬᠤᠷᠠᠯ ᠤᠨ ᠮᠡᠳᠡᠭᠳᠡᠯ ᠪᠣᠯᠤᠨ ᠪᠣᠳᠠᠲᠠᠶ ᠬᠤᠷᠠᠯ ᠤᠨ ᠲᠥᠯᠥᠭᠡᠯᠡᠭᠴᠢ
ᠭᠠᠷ ᠤᠨ ᠦᠰᠦᠭ ᠵᠢᠷᠤᠬᠤ ᠬᠦᠰᠦᠨᠦᠭ ᠂ ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠵᠡᠷᠭᠡ
ᠬᠤᠷᠠᠯ ᠤᠨ ᠦᠢᠯᠡᠴᠢᠯᠡᠭᠡᠨ ᠤ ᠨᠢᠭᠡᠴᠡ ᠬᠠᠩᠭᠠᠭᠰᠠᠨ ᠵᠠᠷᠤᠳᠠᠯ ᠢᠶᠠᠷ ᠠᠩᠬᠠᠨ ᠤ ᠨᠠᠷᠢᠨ
ᠲᠣᠳᠣᠷᠬᠠᠶ ᠪᠠᠷᠢᠮᠲᠠ ᠂ ᠡᠯᠧᠺᠲ᠋ᠷᠣᠨ ᠢᠶᠠᠷ ᠳ᠋ᠦᠩᠨᠡᠨ ᠪᠤᠳᠤᠬᠤ ᠪᠠᠷᠢᠮᠲᠠ ᠵᠡᠷᠭᠡ ᠭᠡᠷᠡᠴᠢ
ᠪᠠᠷᠢᠮᠲᠠ ᠪᠣᠯᠬᠤ ᠶᠤᠮ ᠃ ᠡᠳ᠋ ᠦᠨ ᠶᠠᠪᠤᠳᠠᠯ ᠤᠨ ᠰᠠᠯᠠᠭ᠎ᠠ ᠮᠥᠴᠢᠷ ᠬᠤᠷᠠᠯ ᠤᠨ ᠵᠠᠷᠤᠳᠠᠯ ᠤᠨ
ᠵᠠᠷᠤᠯᠭ᠎ᠠ ᠶ᠋ᠢ ᠲᠣᠭᠲᠠᠭᠠᠯ ᠶᠣᠰᠣᠭᠠᠷ ᠴᠢᠩᠭ᠎ᠠ ᠬᠢᠨᠠᠨ ᠪᠠᠶᠢᠴᠠᠭᠠᠵᠤ ᠂ ᠣᠷᠣᠭᠤᠯᠤᠭᠰᠠᠨ ᠦᠭᠡ
ᠬᠤᠷᠠᠯ ᠤᠨ ᠲᠥᠯᠥᠪᠯᠡᠭᠡ ᠵᠢᠴᠢ ᠬᠡᠪᠴᠢᠶ᠎ᠡ ᠂ ᠪᠠᠷᠢᠮᠵᠢᠶ᠎ᠠ ᠡᠴᠠ ᠬᠡᠲᠦᠷᠡᠭᠦᠯᠦᠨ ᠵᠠᠷᠤᠬᠤ
ᠵᠠᠷᠤᠳᠠᠯ ᠢ ᠳᠠᠩᠰᠠ ᠳᠡᠶᠢᠯᠵᠦ ᠥᠭᠬᠦ ᠦᠭᠡᠶ ᠃
ᠡᠯ᠎ᠡ ᠨᠢᠭᠡᠴᠡ ᠶ᠋ᠢᠨ ᠬᠤᠷᠠᠯ ᠤᠨ
ᠵᠠᠷᠤᠳᠠᠯ ᠥᠭᠬᠦ ᠂ ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠤᠯᠤᠰ ᠤᠨ
ᠲᠥᠪᠯᠡᠷᠡᠭᠦᠯᠦᠨ ᠥᠭᠬᠦ ᠳᠥᠷᠢᠮ ᠢ ᠴᠢᠩᠭ᠎ᠠ ᠵᠢᠷᠤᠮᠯᠠᠨ ᠂ ᠵᠠᠰᠠᠭ ᠤᠨ ᠣᠷᠳᠣᠨ ᠤ ᠬᠤᠳᠠᠯᠳᠤᠨ
ᠠᠪᠠᠨ᠋ᠥ ᠳᠥᠷᠢᠮ ᠦᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ ᠂
ᠪᠠᠩᠬᠢ ᠶ᠋ᠢᠨ ᠲᠠᠩᠰᠠ ᠰᠢᠯᠵᠢᠭᠦᠯᠬᠦ ᠠᠷᠭ᠎ᠠ ᠪᠠᠷ ᠲᠠᠰᠤᠯᠤᠨ ᠪᠤᠲᠤᠵᠤ ᠂ ᠪᠡᠯᠡᠨ ᠵᠣᠭᠤᠰ ᠤᠨ
ᠬᠡᠯᠪᠡᠷᠢ ᠪᠡᠷ ᠳ᠋ᠦᠩᠨᠡᠨ ᠪᠤᠳᠤᠬᠤ ᠬᠡᠷᠡᠭᠲᠡᠶ ᠃
ᠬᠤᠷᠠᠯ ᠤᠨ ᠵᠠᠷᠤᠳᠠᠯ ᠢ ᠨᠢᠭᠡᠴᠡ ᠶ᠋ᠢᠨ ᠡᠳ᠋ ᠦᠨ ᠶᠠᠪᠤᠳᠠᠯ ᠤᠨ ᠰᠠᠯᠠᠭ᠎ᠠ ᠮᠥᠴᠢᠷ ᠰᠢᠭᠤᠳ ᠳ᠋ᠦᠩᠨᠡᠨ ᠪᠤᠳᠤᠬᠤ ᠬᠡᠷᠡᠭᠲᠡᠶ ᠃
ᠬᠣᠷᠢᠳᠤᠭᠠᠷ ᠵᠦᠢᠯ
ᠡᠯ᠎ᠡ ᠨᠢᠭᠡᠴᠡ ᠶ᠋ᠢᠨ ᠬᠢᠨ ᠨᠢᠭᠤᠴᠠ ᠳ᠋ᠦ ᠬᠣᠯᠪᠣᠭᠳᠠᠬᠤ ᠬᠤᠷᠠᠯ ᠤᠨ ᠨᠡᠷ᠎ᠡ ᠂ ᠭᠣᠣᠯ
ᠰᠠᠨᠠᠭ᠎ᠠ ᠂ ᠬᠤᠷᠠᠯ ᠳ᠋ᠤ ᠣᠷᠣᠯᠴᠠᠭᠰᠠᠨ ᠬᠥᠮᠦᠨ ᠤ ᠲᠣᠭ᠎ᠠ ᠂ ᠠᠯᠪᠠᠨ ᠵᠠᠷᠤᠳᠠᠯ ᠤᠨ ᠵᠠᠷᠤᠯᠭ᠎ᠠ
ᠵᠡᠷᠭᠡ ᠪᠠᠶᠢᠳᠠᠯ ᠢ ᠨᠢᠭᠡᠴᠡ ᠶ᠋ᠢᠨ ᠳᠣᠲᠣᠭᠠᠳᠤ ᠳ᠋ᠦ ᠵᠠᠷᠯᠠᠬᠤ ᠬᠡᠷᠡᠭᠲᠡᠶ ᠃
ᠬᠣᠷᠢᠨ ᠨᠢᠭᠡᠳᠦᠭᠡᠷ ᠵᠦᠢᠯ
ᠨᠢᠭᠡᠳᠦᠭᠡᠷ ᠳᠡᠰ ᠦᠨ ᠲᠥᠰᠦᠪ ᠦᠨ ᠨᠢᠭᠡᠴᠡ ᠂ ᠵᠢᠯ ᠪᠦᠷᠢ ᠶ᠋ᠢᠨ 3 ᠰᠠᠷ᠎ᠠ ᠶ᠋ᠢᠨ
ᠰᠡᠭᠦᠯᠴᠢ ᠡᠴᠡ ᠡᠮᠦᠨ᠎ᠡ ᠂ ᠲᠤᠰ ᠱᠠᠲᠤᠨ ᠤ ᠪᠠ ᠳᠣᠣᠷᠠᠬᠢ ᠬᠠᠷᠢᠶ᠎ᠠ ᠪᠦᠬᠦᠢ ᠲᠥᠰᠦᠪ ᠦᠨ
ᠨᠢᠭᠡᠴᠡ ᠶ᠋ᠢᠨ ᠳᠡᠭᠡᠷ᠎ᠡ ᠵᠢᠯ ᠦᠨ ᠶᠡᠬᠡ ᠬᠤᠷᠠᠯ ᠪᠠ ᠬᠡᠷᠡᠭᠵᠢᠭᠦᠯᠦᠭᠰᠡᠨ ᠪᠠᠶᠢᠳᠠᠯ (
ᠬᠤᠷᠠᠯ ᠤᠨ ᠨᠡᠷᠡᠶᠢᠳᠦᠯ ᠂ ᠭᠣᠣᠯ ᠰᠠᠨᠠᠭ᠎ᠠ ᠂ ᠴᠠᠭ ᠦᠶ᠎ᠡ ᠂ ᠭᠠᠵᠠᠷ ᠣᠷᠣᠨ ᠂
ᠲᠥᠯᠦᠭᠡᠯᠡᠭᠴᠢᠳ ᠦᠨ ᠲᠣᠭ᠎ᠠ ᠂ ᠠᠵᠢᠯᠲᠠᠨ ᠤ ᠲᠣᠭ᠎ᠠ ᠂ ᠵᠠᠷᠤᠳᠠᠯ ᠤᠨ ᠵᠠᠷᠤᠯᠭ᠎ᠠ ᠬᠢᠭᠡᠳ
ᠵᠠᠷᠤᠯᠭ᠎ᠠ ᠪᠠᠷ ᠭᠠᠷᠭᠠᠬᠤ ᠠᠷᠭ᠎ᠠ ᠵᠠᠮ ᠵᠡᠷᠭᠡ ) ᠢ ᠬᠤᠷᠢᠶᠠᠩᠭᠤᠶᠢᠯᠠᠭᠰᠠᠨ ᠤ ᠳᠠᠷᠠᠭ᠎ᠠ
ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ ᠳ᠋ᠤ ᠮᠡᠳᠡᠭᠦᠯᠦᠨ᠎ᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠡᠯ᠎ᠡ ᠰᠠᠯᠠᠭ᠎ᠠ ᠮᠥᠴᠢᠷ ᠲᠦ
ᠬᠠᠭᠤᠯᠤᠨ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ
ᠲᠢᠩᠬᠢᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠦ
ᠬᠠᠮᠲᠤ ᠳᠤᠨᠢ ᠬᠠᠭᠤᠯᠤᠨ ᠬᠦᠷᠭᠡᠬᠦ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ
ᠠᠯᠪᠠᠨ ᠲᠢᠩᠬᠢᠮ ᠳ᠋ᠤ ᠬᠦᠷᠭᠡᠨ᠎ᠡ ᠃
ᠬᠣᠷᠢᠨ ᠬᠣᠶᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠡᠳ᠋ ᠦᠨ ᠵᠠᠰᠠᠭ ᠤᠨ ᠲᠢᠩᠬᠢᠮ ᠨᠢ ᠡᠯ᠎ᠡ ᠨᠢᠭᠡᠴᠡ ᠶ᠋ᠢᠨ
ᠮᠡᠳᠡᠭᠦᠯᠦᠨ ᠬᠦᠷᠭᠡᠭᠰᠡᠨ ᠬᠤᠷᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠵᠠᠳᠠᠯᠵᠤ
ᠴᠢᠭᠯᠡᠭᠦᠯᠦᠨ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ
ᠬᠣᠯᠪᠣᠭᠳᠠᠯ ᠪᠥᠬᠥᠢ ᠳᠥᠷᠢᠮ ᠢ ᠲᠡᠭᠦᠯᠳᠡᠷᠵᠢᠭᠦᠯᠦᠨ᠎ᠡ ᠃
ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ
ᠬᠣᠷᠢᠨ ᠭᠤᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ ᠂ ᠵᠠᠰᠠᠭ ᠤᠨ
ᠣᠷᠳᠣᠨ ᠤ ᠠᠯᠪᠠᠨ ᠲᠢᠩᠬᠢᠮ ᠂ ᠡᠳ᠋ ᠦᠨ ᠵᠠᠰᠠᠭ ᠤᠨ ᠲᠢᠩᠬᠢᠮ ᠬᠣᠯᠪᠣᠭᠳᠠᠯ ᠪᠦᠬᠦᠢ ᠰᠠᠯᠠᠭ᠎ᠠ
ᠮᠥᠴᠢᠷ ᠲᠡᠶ ᠬᠠᠮᠲᠤᠷᠠᠨ ᠡᠯ᠎ᠡ ᠨᠢᠭᠡᠴᠡ ᠶ᠋ᠢᠨ ᠬᠢᠨ ᠬᠤᠷᠠᠯ ᠬᠤᠷᠠᠯᠳᠤᠭᠤᠯᠵᠤ ᠂ ᠬᠤᠷᠠᠯ ᠤᠨ
ᠪᠠᠶᠢᠳᠠᠯ ᠢ ᠬᠢᠨᠠᠵᠤ ᠪᠠᠶᠢᠴᠠᠭᠠᠬᠤ ᠬᠡᠷᠡᠭᠲᠡᠶ ᠃ ᠭᠣᠣᠯ ᠠᠭᠤᠯᠭ᠎ᠠ ᠳ᠋ᠤ ᠳᠣᠣᠷᠠᠬᠢ ᠵᠦᠢᠯ
ᠪᠠᠭᠲᠠᠨ᠎ᠠ ᠄
( ᠨᠢᠭᠡ ) ᠬᠤᠷᠠᠯ ᠤᠨ ᠲᠥᠯᠦᠪᠯᠡᠭᠡ ᠶ᠋ᠢ ᠨᠠᠶᠢᠷᠠᠭᠤᠯᠤᠨ
ᠵᠣᠬᠢᠶᠠᠵᠤ ᠮᠡᠳᠡᠭᠦᠯᠬᠦ ᠬᠡᠷᠡᠭᠲᠡᠶ ᠂ ᠬᠢᠨᠠᠨ ᠵᠥᠪᠰᠢᠶᠡᠷᠡᠬᠦ ᠪᠠ ᠭᠦᠢᠴᠡᠳᠬᠡᠬᠦ ᠨᠢ
ᠲᠣᠭᠲᠠᠭᠠᠯ ᠳ᠋ᠦ ᠨᠡᠶᠢᠴᠡᠬᠦ ᠡᠰᠡᠭᠦ ᠶ᠋ᠢ ᠪᠠᠶᠢᠴᠠᠭᠠᠨ᠎ᠠ ᠃
( ᠬᠣᠶᠠᠷ ) ᠬᠤᠷᠠᠯᠳᠤᠭᠠᠨ ᠤ ᠴᠠᠭ ᠬᠡᠪᠴᠢᠶ᠎ᠡ ᠂ ᠭᠠᠵᠠᠷ ᠨᠢ ᠲᠣᠭᠲᠠᠭᠠᠯ ᠳ᠋ᠤ ᠨᠡᠶᠢᠴᠡᠬᠦ ᠡᠰᠡᠬᠦ
( ᠭᠤᠷᠪᠠ ) ᠬᠤᠷᠠᠯ ᠤᠨ ᠵᠠᠷᠤᠳᠠᠯ ᠵᠠᠷᠤᠯᠭ᠎ᠠ ᠶ᠋ᠢᠨ ᠬᠡᠪᠴᠢᠶ᠎ᠡ ᠂ ᠪᠠᠷᠢᠮᠵᠢᠶ᠎ᠠ ᠪᠠ ᠳᠠᠩᠰᠠ ᠲᠠᠶᠢᠯᠬᠤ ᠥᠭᠬᠦ ᠲᠣᠭᠲᠠᠭᠠᠯ ᠳ᠋ᠦ ᠨᠡᠶᠢᠴᠡᠬᠦ ᠡᠰᠡᠬᠦ
( ᠲᠦᠷᠪᠡ ) ᠬᠠᠷᠢᠶ᠎ᠠ ᠪᠠᠶᠢᠭᠤᠯᠤᠮᠵᠢ ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠡ
ᠪᠤᠶᠤ ᠣᠷᠣᠨ ᠨᠤᠲᠤᠭ ᠲᠤ ᠰᠢᠯᠵᠢᠭᠦᠯᠦᠨ ᠳᠠᠭᠠᠭᠠᠯᠭᠠᠬᠤ ᠂ ᠲᠡᠳᠡᠠ ᠡᠴᠡ ᠲᠡᠰᠬᠡᠨ
ᠲᠠᠲᠠᠪᠤᠷᠢᠯᠠᠭᠰᠠᠨ ᠡᠰᠡᠭᠦ
( ᠲᠠᠪᠤ ) ᠬᠤᠷᠠᠯ ᠤᠨ ᠬᠠᠮᠢᠶᠠᠷᠤᠯᠲᠠ ᠶ᠋ᠢᠨ ᠲᠤᠬᠠᠶ ᠲᠣᠭᠲᠠᠭᠠᠭᠰᠠᠨ ᠪᠤᠰᠤᠳ ᠪᠠᠶᠢᠳᠠᠯ ᠃
ᠬᠣᠷᠢᠨ ᠳᠥᠷᠪᠡᠳᠦᠭᠡᠷ ᠵᠦᠢᠯ
ᠲᠤᠰ ᠲᠣᠭᠲᠠᠭᠠᠯ ᠡᠴᠡ ᠵᠥᠷᠢᠴᠡᠵᠦ ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶ᠋ᠢᠨ ᠨᠢᠭᠡ
ᠨᠢ ᠪᠠᠶᠢᠪᠠᠯ ᠂ ᠬᠠᠸᠯᠢ ᠲᠣᠭᠲᠠᠭᠠᠯ ᠶᠣᠰᠣᠭᠠᠷ ᠬᠤᠷᠠᠯ ᠡᠷᠭᠢᠯᠡᠬᠦ ᠨᠢᠭᠡᠴᠡ ᠪᠠ ᠬᠣᠯᠪᠣᠭᠳᠠᠯ
ᠪᠦᠬᠦᠢ ᠬᠥᠮᠦᠰ ᠦᠨ ᠬᠠᠷᠢᠭᠤᠴᠠᠯᠭ᠎ᠠ ᠶ᠋ᠢ ᠨᠡᠬᠡᠮᠵᠢᠯᠡᠨ᠎ᠡ ᠄
( ᠨᠢᠭᠡ ) ᠲᠥᠯᠥᠪᠯᠡᠭᠡ ᠡᠴᠡ ᠭᠠᠳᠠᠭᠤᠷᠬᠢ ᠬᠤᠷᠠᠯ ᠬᠢᠬᠦ ;
( ᠬᠣᠶᠠᠷ ) ᠬᠤᠳᠠᠯ ᠢᠶᠠᠷ ᠮᠡᠳᠡᠭᠦᠯᠬᠦ ᠂ ᠬᠠᠭᠤᠷᠮᠠᠭᠯᠠᠨ ᠠᠪᠬᠤ ᠠᠷᠭ᠎ᠠ ᠪᠠᠷᠢᠯ ᠢᠶᠠᠷ ᠮᠡᠬᠡᠯᠡᠵᠦ ᠣᠯᠤᠭᠰᠠᠨ ᠬᠤᠷᠠᠯ ᠤᠨ ᠵᠠᠷᠤᠳᠠᠯ;
( ᠭᠤᠷᠪᠠ ) ᠬᠤᠳᠠᠯ ᠢᠶᠠᠷ ᠮᠡᠳᠡᠭᠦᠯᠦᠭᠰᠡᠨ ᠬᠤᠷᠠᠯ ᠤᠨ ᠬᠥᠮᠦᠨ ᠤ ᠲᠣᠭ᠎ᠠ ᠶ᠋ᠢ ᠡᠳᠦᠷ ᠦᠨ ᠲᠣᠭ᠎ᠠ ᠵᠡᠷᠭᠡ ᠳᠠᠩᠰᠠ ᠳᠡᠶᠢᠯᠵᠦ ;
( ᠲᠦᠷᠪᠡ ) ᠲᠣᠭᠲᠠᠭᠠᠯ ᠢ ᠵᠥᠷᠢᠴᠡᠨ ᠥᠷᠭᠡᠳᠬᠡᠭᠰᠡᠨ ᠬᠤᠷᠠᠯ ᠵᠠᠷᠤᠳᠠᠯ ᠤᠨ
ᠵᠠᠷᠤᠯᠭ᠎ᠠ ᠶ᠋ᠢᠨ ᠬᠡᠪᠴᠢᠶᠡᠨ ᠤ᠂ ᠵᠠᠷᠤᠯᠭ᠎ᠠ ᠶ᠋ᠢᠨ ᠪᠠᠷᠢᠮᠵᠢᠶ᠎ᠠ ᠶ᠋ᠢ ᠳᠤᠷ᠎ᠠ ᠪᠠᠷ
ᠳᠡᠭᠡᠭᠰᠢᠯᠡᠭᠦᠯᠬᠦ ᠂;
( ᠲᠠᠪᠤ ) ᠲᠣᠭᠲᠠᠭᠠᠯ ᠢ ᠵᠥᠷᠢᠴᠡᠭᠰᠡᠨ ᠲᠠᠩᠰᠠ ᠲᠠᠢᠯᠬᠤ ᠬᠤᠷᠠᠯ ᠲᠠᠶ ᠬᠠᠮᠢᠶ᠎ᠠ ᠥᠬᠡᠶ ᠵᠠᠷᠤᠳᠠᠯ ;
( ᠵᠢᠷᠭᠤᠭ᠎ᠠ ) ᠲᠣᠰ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠶ ᠪᠠᠶᠢᠬᠤ ᠃
ᠳᠡᠭᠡᠷ᠎ᠡ
ᠳᠤᠷᠠᠳᠤᠭᠰᠠᠨ ᠦᠢᠯᠡ ᠠᠵᠢᠯᠯᠠᠭ᠎ᠠ ᠶ᠋ᠢᠨ ᠨᠢᠭᠡ ᠶ᠋ᠢ ᠬᠢᠭᠰᠡᠨ ᠪᠠᠶᠢᠪᠠᠯ ᠂ ᠡᠳ᠋ ᠦᠨ
ᠵᠠᠰᠠᠭ ᠤᠨ ᠲᠢᠩᠬᠢᠮ ᠡᠴᠡ ᠬᠣᠯᠪᠣᠭᠳᠠᠯ ᠪᠦ᠋ᠬᠦᠢ ᠰᠠᠯᠠᠭ᠎ᠠ ᠮᠥᠴᠢᠷ ᠡᠴᠡ ᠵᠠᠷᠯᠢᠭᠳᠠᠨ
ᠵᠠᠯᠠᠷᠠᠭᠤᠯᠵᠤ ᠂ ᠪᠡᠯᠡ ᠮᠥᠩᠭᠥ ᠶᠢ ᠨᠡᠬᠡᠮᠵᠢᠯᠡᠨ ᠠᠪᠴᠢᠷᠠᠬᠤ ᠬᠡᠷᠡᠭᠲᠡᠶ ᠪᠥᠭᠡᠳ ᠮᠡᠳᠡᠭᠦᠯᠦᠨ
ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡ ᠳ᠋ᠤ ᠵᠠᠷᠯᠠᠨ᠎ᠠ ᠃ ᠰᠢᠭᠤᠳ ᠬᠠᠷᠢᠭᠤᠴᠠᠵᠤ
ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠂
ᠲᠡᠭᠦᠨ ᠤ ᠪᠠᠶᠢᠭ᠎ᠠ ᠨᠢᠭᠡᠴᠢ ᠨᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ
ᠥᠭᠭᠦᠨ᠎ᠡ ᠃ ᠦᠢᠯᠡ ᠠᠵᠢᠯᠯᠠᠭ᠎ᠠ ᠨᠢ ᠬᠠᠤᠯᠢ ᠡᠴᠠ ᠵᠥᠷᠢᠴᠡᠭᠰᠡᠨ᠂ ᠬᠠᠤᠯᠢ ᠴᠠᠭᠠᠵᠠ ᠶᠢᠨ
ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠢᠶᠳᠪᠦᠷᠢᠯᠡᠭᠦᠯᠬᠦ ᠬᠡᠷᠡᠭᠲᠡᠶ ᠃
ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠪᠤᠶᠤ ᠨᠢᠭᠡᠴᠡ ᠶ᠋ᠢᠨ ᠳᠣᠲᠣᠭᠠᠳᠤ ᠳᠠᠭᠠᠨ
ᠵᠣᠴᠢᠳ ᠤᠨ ᠪᠠᠭᠤᠳᠠᠯ ᠂ ᠵᠣᠴᠢᠯᠠᠬᠤ ᠭᠠᠵᠠᠷ ᠂ ᠬᠥᠮᠦᠵᠢᠭᠦᠯᠦᠨ ᠪᠣᠯᠪᠠᠰᠤᠷᠠᠭᠤᠯᠬᠤ ᠭᠠᠵᠠᠷ ᠤᠨ
ᠬᠣᠯᠪᠣᠭᠳᠠᠯ ᠪᠦᠬᠦᠢ ᠠᠵᠢᠯᠳᠡᠠ ᠲᠣᠭᠲᠠᠭᠠᠯ ᠢ ᠵᠥᠷᠢᠴᠡᠭᠰᠡᠨ ᠪᠠᠶᠢᠪᠠᠯ ᠂ ᠥᠪᠡᠷᠲᠡᠭᠡᠨ ᠵᠠᠰᠠᠬᠤ
ᠣᠷᠣᠨ ᠤ ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠤᠨ ᠬᠠᠮᠢᠶᠠᠷᠤᠯᠲᠠ ᠶ᠋ᠢᠨ ᠬᠣᠯᠪᠣᠭᠳᠠᠯ
ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠬᠦ ᠬᠡᠷᠡᠭᠲᠡᠶ ᠃
ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠤᠢᠷᠢᠮ
ᠬᠣᠷᠢᠨ ᠲᠠᠪᠤᠳᠤᠭᠠᠷ ᠵᠦᠢᠯ
ᠡᠯ᠎ᠡ ᠨᠢᠭᠡᠴᠡ ᠨᠦᠭᠦᠳ ᠲᠤᠰ ᠲᠣᠭᠲᠠᠭᠠᠯ ᠶᠣᠰᠣᠭᠠᠷ ᠂ ᠲᠤᠰ ᠨᠢᠭᠡᠴᠡ ᠶ᠋ᠢᠨ ᠲᠤᠬᠠᠶᠢᠯᠠᠭᠰᠠᠨ
ᠠᠵᠢᠯ ᠤᠨ ᠣᠨᠴᠠᠯᠢᠭ ᠪᠣᠯᠤᠨ ᠠᠵᠢᠯ ᠤᠨ ᠬᠡᠷᠡᠭᠴᠡᠭᠡ ᠶ᠋ᠢ ᠲᠣᠭᠲᠠᠭᠠᠬᠤ ᠬᠤᠷᠠᠯ
ᠬᠠᠮᠢᠶᠠᠷᠤᠯᠲᠠ ᠶ᠋ᠢᠨ ᠪᠣᠳᠠᠲᠠᠶ ᠠᠷᠭ᠎ᠠ ᠶ᠋ᠢ ᠲᠣᠭᠲᠠᠭᠠᠵᠤ ᠪᠣᠯᠤᠨ᠎ᠠ ᠃
ᠬᠣᠷᠢᠨ ᠵᠢᠷᠭᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠤ ᠠᠯᠪᠠᠲᠠᠨ ᠤ ᠬᠠᠤᠯᠢ ᠪᠠᠷ ᠯᠠᠪᠯᠠᠯᠲᠠ
ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠦᠨ ᠨᠢᠭᠡᠴᠡ ᠨᠢ ᠲᠣᠰ ᠠᠷᠭ᠎ᠠ ᠪᠠᠷ ᠯᠠᠪᠯᠠᠯᠲᠠ
ᠪᠣᠯᠭᠠᠵᠤ ᠭᠦᠢᠴᠡᠳᠬᠡᠨ᠎ᠡ ᠃
ᠬᠣᠷᠢᠨ ᠳᠣᠯᠣᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ ᠂ ᠵᠠᠰᠠᠭ ᠤᠨ
ᠣᠷᠳᠣᠨ ᠤ ᠠᠯᠪᠠᠨ ᠲᠢᠩᠬᠢᠮ ᠂ ᠡᠳ᠋ ᠦᠨ ᠵᠠᠰᠠᠭ ᠤᠨ ᠲᠢᠩᠬᠢᠮ ᠨᠢ ᠲᠣᠰ ᠠᠷᠭ᠎ᠠ ᠶ᠋ᠢ
ᠲᠠᠶᠢᠯᠪᠤᠷᠢᠯᠠᠬᠤ ᠰᠢᠶᠳᠪᠦᠷᠢᠯᠡᠭᠰᠡᠨ ᠪᠣᠳᠠᠲᠠᠶ ᠠᠵᠢᠯ ᠪᠣᠯᠤᠨ᠎ᠠ ᠃
ᠬᠣᠷᠢᠨ ᠨᠠᠢᠮᠠᠳᠤᠭᠠᠷ ᠵᠦᠢᠯ
ᠲᠤᠰ ᠠᠷᠭ᠎ᠠ ᠶ᠋ᠢ ᠨᠡᠶᠢᠲᠡᠯᠡᠭᠰᠡᠨᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ 《 ᠥᠪᠥᠷ
ᠮᠣᠩᠭᠤᠯ ᠤᠨ ᠨᠠᠮ ᠤᠨ ᠬᠣᠷᠢᠶ᠎ᠠ ᠶ᠋ᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ
ᠲᠢᠩᠬᠢᠮ ᠦᠨ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠲᠣᠰ
ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶ᠋ᠢᠨ ᠠᠷᠠᠳ ᠤᠨ ᠪᠥᠯᠬᠦᠮ ᠦᠨ ᠬᠤᠷᠠᠯ ᠤᠨ
ᠵᠠᠷᠤᠳᠠᠯ ᠤᠨ ᠬᠠᠮᠢᠶᠠᠷᠤᠯᠲᠠ ᠶ᠋ᠢᠨ ᠠᠷᠭ᠎ᠠ ᠶ᠋ᠢᠨ ᠲᠤᠬᠠᠶ ᠮᠡᠳᠡᠭᠳᠡᠯ 》 ( ᠲᠢᠩᠬᠢᠮ
ᠲᠠᠷᠬᠠᠭᠠᠭᠰᠠᠨ [ 2006 ] 81 ᠳ᠋ᠦᠭᠡᠷ ) ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ
ᠣᠷᠣᠨ ᠤ ᠡᠳ᠋ ᠦᠨ ᠵᠠᠰᠠᠭ ᠤᠨ ᠲᠢᠩᠬᠢᠮ ᠦᠨ ᠬᠤᠷᠠᠯ ᠤᠨ ᠵᠠᠷᠤᠳᠠᠯ ᠤᠨ ᠬᠠᠮᠢᠶᠠᠷᠤᠯᠲᠠ ᠶ᠋ᠢ
ᠴᠢᠩᠭᠠᠳᠬᠠᠬᠤ ᠲᠤᠬᠠᠶ ᠮᠡᠳᠡᠭᠳᠡᠯ 》( ᠥᠪᠥᠷ ᠮᠣᠩᠭᠤᠯ ᠤᠨ ᠡᠳ᠋ ᠦᠨ ᠵᠠᠰᠠᠭ ᠤᠨ ᠲᠢᠩᠬᠢᠮ 〔
2009 〕 ᠳ᠋ᠤᠭᠠᠷ ᠲᠣᠭᠠᠲᠤ ) ᠬᠠᠮᠲᠤ ᠳᠤᠨᠢ ᠬᠦᠴᠦᠨ ᠤᠢᠭᠡᠢ ᠪᠣᠯᠭᠠᠨ᠎ᠠ ᠃