ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠴᠢᠯᠡᠬᠦ ᠶᠢ ᠲᠦᠷᠭᠡᠪᠴᠢᠯᠡᠨ ᠠᠬᠢᠭᠤᠯᠬᠤ ᠶᠢ ᠬᠡᠷᠡᠭᠵᠢᠭᠦᠯᠬᠦ ᠲᠤᠬᠠᠢ ᠰᠠᠨᠠᠯ
ᠲᠠᠷᠢᠬᠤ ᠲᠡᠵᠢᠭᠡᠬᠦ ᠪᠣᠯᠪᠠᠰᠤᠷᠠᠭᠤᠯᠬᠤ᠂ ᠠᠷᠠᠯᠵᠢᠶ᠎ᠠ ᠠᠵᠤ ᠦᠢᠯᠡᠳᠪᠦᠷᠢ ᠲᠠᠷᠢᠶᠠᠯᠠᠩ( ᠮᠠᠯᠵᠢᠯ ) ᠢ ᠨᠢᠭᠡᠨ ᠴᠤᠭᠴᠠᠵᠢᠭᠤᠯᠤᠭᠰᠠᠨ ᠡᠵᠡᠩᠨᠡᠯᠲᠡ ᠶᠢ ᠲᠦᠷᠭᠡᠳᠬᠡᠨ᠂ ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠶᠡᠬᠡᠪᠡᠷ ᠠᠬᠢᠭᠤᠯᠬᠤ ᠶᠢᠨ ᠲᠥᠯᠥᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃
ᠨᠢᠭᠡ ᠂ ᠦᠨᠳᠦᠰᠦᠨ ᠪᠠᠶᠢᠳᠠᠯ
ᠣᠢᠷ᠎ᠠ ᠶᠢᠨ ᠬᠡᠳᠦᠨ ᠵᠢᠯ ᠤᠨ ᠲᠤᠷᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠂ ᠵᠠᠰᠠᠭ ᠤᠨ ᠣᠷᠳᠣᠨ 《 ᠬᠣᠶᠠᠷ ᠬᠤᠪᠢᠷᠠᠭᠤᠯᠤᠯᠲᠠ 》 ᠂《 ᠬᠣᠣᠰ ᠳᠡᠭᠡᠭᠰᠢᠯᠡᠭᠦᠯᠬᠦ 》ᠶᠡᠷᠦᠩᠬᠡᠶ ᠱᠠᠭᠠᠷᠳᠠᠯᠭ᠎ᠠ ᠠᠴᠠ ᠡᠭᠦᠰᠴᠦ ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠪᠥᠬᠥ ᠣᠷᠣᠨ ᠤ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠶᠢᠨ ᠲᠥᠯᠥᠭᠡ᠂ ᠮᠠᠨ ᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠮᠠᠨ ᠤ ᠣᠷᠣᠨ ᠤ ᠤᠯᠤᠰ ᠠᠷᠠᠳ ᠤᠨ ᠠᠵᠤ ᠠᠬᠤᠶ ᠶᠢᠨ ᠲᠡᠷᠢᠭᠦᠨ ᠴᠢᠬᠤᠯᠠ ᠲᠤᠯᠭᠠᠭᠤᠷᠢ ᠠᠵᠤ ᠦᠢᠯᠡᠰ ᠪᠣᠯᠭᠠᠵᠤ ᠂ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠴᠢᠯᠡᠬᠦ ᠶᠢ ᠠᠵᠢᠯ ᠤᠨ ᠭᠣᠣᠯᠳᠠᠯᠭ᠎ᠠ ᠪᠣᠯᠭᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠃ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠂ ᠮᠠᠨ ᠤ ᠣᠷᠣᠨ ᠤ ᠲᠠᠷᠢᠶᠠᠯᠠᠩ ᠮᠡᠯ ᠠᠵᠤ ᠠᠬᠤᠶ ᠶᠢᠨ ᠭᠠᠷᠤᠯᠲᠠ ᠪᠦᠲᠦᠭᠡᠭᠳᠡᠬᠦᠨ ᠪᠣᠯᠪᠠᠰᠤᠷᠠᠭᠤᠯᠬᠤ ᠠᠵᠤ ᠦᠢᠯᠡᠳᠪᠦᠷᠢ ᠳᠤ ᠬᠥᠭᠵᠢᠯ ᠤᠨ ᠰᠢᠨ᠎ᠡ ᠪᠠᠶᠢᠳᠠᠯ ᠢᠯᠡᠷᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠨᠢ ᠰᠠᠢᠢᠨ ᠡᠬᠢᠯᠡᠯᠲᠡ ᠲᠡᠶ ᠪᠣᠯᠤᠭᠰᠠᠨ ᠪᠠᠶᠢᠨ᠎ᠠ᠃ ᠡᠨᠡ ᠨᠢ ᠲᠠᠷᠢᠶᠠᠯᠠᠬᠤ ᠲᠣᠰᠬᠣᠨ ᠮᠠᠯᠵᠢᠬᠤ ᠣᠷᠣᠨ ᠦ ᠵᠢᠵᠢᠭ ᠦᠢᠯᠡᠳᠪᠦᠷᠢᠯᠡᠯ ᠪᠠ ᠳᠤᠮᠤ ᠵᠠᠬ᠎ᠠ ᠳᠡᠯᠭᠡᠭᠦᠷ ᠂ ᠮᠠᠯᠵᠢᠬᠤ ᠲᠠᠷᠢᠶᠠᠯᠠᠬᠤ ᠡᠷᠦᠬᠡ ᠶᠢᠨ ᠲᠠᠷᠠᠬᠠᠶ ᠡᠵᠡᠩᠨᠡᠬᠦ ᠪᠠ ᠬᠡᠪᠴᠢᠶᠡᠵᠢᠭᠰᠡᠨ ᠦᠷ᠎ᠡ ᠠᠰᠢᠭ ᠢ ᠬᠥᠭᠡᠭᠡᠴᠡᠯᠳᠦᠬᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠪᠦᠲᠦᠮᠵᠢᠲᠡᠶ ᠬᠠᠩᠭᠠᠯᠭ᠎ᠠ ᠪᠠ ᠲᠠᠷᠢᠶᠠᠯᠠᠩ ᠮᠠᠯ ᠠᠵᠤ ᠠᠬᠤᠶ ᠶᠢᠨ ᠬᠠᠷᠢᠴᠠᠭᠤᠯᠤᠭᠰᠠᠨ ᠦᠷ᠎ᠡ ᠠᠰᠢᠭ ᠳᠣᠣᠷ᠎ᠠ ᠪᠠᠶᠢᠬᠤ ᠵᠡᠷᠭᠡ ᠭᠦᠨ ᠳᠡᠰ ᠳᠠᠪᠬᠤᠷᠭ᠎ᠠ ᠶᠢᠨ ᠵᠥᠷᠢᠴᠡᠯ ᠢ ᠰᠢᠢᠳᠪᠦᠷᠢᠯᠡᠬᠦ ᠳᠦ ᠴᠥᠮ ᠢᠳᠡᠪᠬᠢᠲᠡᠶ ᠦᠢᠯᠡᠳᠦᠯ ᠭᠠᠷᠭᠠᠭᠰᠠᠨ ᠪᠠᠶᠢᠨ᠎ᠠ ᠃
ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠵᠦ ᠂ ᠲᠠᠷᠢᠶᠠᠯᠠᠩ ᠮᠠᠯ ᠠᠵᠤ ᠠᠬᠤᠶ ᠶᠢᠨ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠪᠤᠢ ᠪᠣᠯᠭᠠᠬᠤ ᠬᠡᠷᠡᠭᠲᠡᠶ ᠃ ᠶᠡᠷᠡᠭᠡᠳ ᠣᠨ ᠠᠴᠠ ᠨᠠᠰᠢ ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠳᠡᠭᠡᠭᠰᠢᠯᠡᠵᠦ᠂ ᠠᠮᠤ ᠪᠤᠳᠠᠭᠠᠨ ᠤ ᠤᠨᠠᠯᠲᠠ 125 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠪᠠᠶᠢᠵᠦ ᠂ ᠮᠠᠯ ᠤᠨ ᠲᠣᠭ᠎ᠠ 7000 ᠲᠦᠮᠡ ᠶᠢᠨ ᠶᠡᠬᠡ ᠪᠣᠭᠣᠮᠲᠠ ᠶᠢ ᠡᠪᠳᠡᠵᠦ ᠂ ᠬᠥᠮᠦᠨ ᠪᠦᠷᠢ ᠳᠦ ᠨᠣᠭᠳᠠᠬᠤ ᠲᠡᠭᠰᠢᠳᠬᠡᠭᠰᠡᠨ ᠠᠮᠤ ᠪᠤᠳᠠᠭᠠᠨ ᠦ ᠤᠨᠠᠯᠲᠠ ᠪᠣᠯᠣᠨ ᠭᠣᠸᠯ ᠪᠣᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ ᠴᠥᠮ ᠪᠥᠬᠥ ᠤᠯᠤᠰ ᠲᠤ ᠡᠮᠦᠨᠡᠭᠦᠷ ᠣᠷᠣᠵᠤ ᠂ ᠵᠢᠯ ᠪᠦᠷᠢ ᠳᠠᠬᠢᠨ ᠪᠣᠯᠪᠠᠰᠤᠷᠠᠭᠤᠯᠤᠨ ᠬᠤᠪᠢᠷᠠᠭᠤᠯᠬᠤ ᠳᠤ ᠬᠠᠩᠭᠠᠬᠤ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠡᠯᠢᠶᠡᠳ ᠶᠡᠬᠡ ᠬᠡᠮᠵᠢᠶᠡᠨ ᠬᠦᠷᠦᠭᠰᠡᠨ ᠪᠠᠶᠢᠨ᠎ᠠ ᠃ ᠪᠠᠶᠢᠭᠤᠯᠵᠤ ᠪᠠᠶᠢᠭ᠎ᠠ ᠪᠠ ᠦᠷᠭᠦᠯᠵᠢᠯᠡᠨ ᠪᠠᠶᠢᠭᠤᠯᠬᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠠᠮᠤ ᠪᠤᠳᠠᠭᠠᠨ ᠤ ᠰᠠᠭᠤᠷᠢᠨ ᠭᠠᠵᠠᠷ ᠤᠨ ᠬᠣᠰᠢᠭᠤ ᠰᠢᠶᠠᠨ 26 ᠳᠤ ᠬᠦᠷᠴᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠭᠰᠡᠨ ᠮᠠᠯ ᠤᠨ ᠠᠰᠢᠭ ᠰᠢᠮ᠎ᠡ ᠶᠢᠨ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠬᠣᠰᠢᠭᠤ ᠰᠢᠶᠠᠨ 21 ᠪᠠᠶᠢᠵᠤ ᠂ ᠡᠯ᠎ᠡ ᠲᠥᠷᠥᠯ ᠤᠨ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠳᠠᠯᠢ ᠪᠤᠰᠤ ᠬᠡᠪᠴᠢᠶ᠎ᠡ ᠪᠦᠬᠦᠢ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠦᠳᠲᠡᠷ ᠲᠦᠷᠭᠡᠨ ᠬᠥᠭᠵᠢᠵᠡᠢ ᠃ ᠪᠦᠬᠦ ᠣᠷᠣᠨ ᠤ ᠲᠠᠪᠤᠨ ᠤ ᠨᠢᠭᠡ ᠶᠢᠨ ᠭᠠᠴᠠᠭ᠎ᠠ ᠲᠣᠰᠬᠣᠨ ᠂ ᠭᠤᠷᠪᠠᠨ ᠦ ᠨᠢᠭᠡ ᠶᠢᠨ ᠰᠤᠮᠤ ᠰᠢᠶᠠᠩ ᠪᠠᠯᠭᠠᠰᠤ ᠡᠴᠡ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠣᠨᠴᠠᠯᠢᠭ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠰᠠᠨ ᠲᠤᠰᠬᠠᠶᠢᠵᠢᠭᠰᠠᠨ ᠦᠢᠯᠡᠳᠪᠦᠷᠢᠯᠡᠯ ᠬᠢᠵᠦ ᠡᠬᠢᠯᠡᠵᠡᠢ᠃
ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠬᠡᠪᠴᠢᠶ᠎ᠡ ᠂ ᠬᠢᠷᠢ ᠬᠡᠮᠵᠢᠶ᠎ᠡ ᠪᠣᠯᠣᠨ ᠵᠠᠬ᠎ᠠ ᠳᠡᠯᠭᠡᠭᠦᠷ ᠤᠨ ᠥᠷᠢᠰᠥᠯᠳᠦᠬᠦ ᠴᠢᠳᠠᠪᠤᠷᠢ ᠳᠡᠭᠡᠭᠰᠢᠯᠡᠵᠦ᠂ ᠵᠠᠷᠢᠮ《ᠳᠠᠭᠠᠭᠤᠯᠤᠭᠴᠢ》 ᠶᠢᠨ ᠦᠢᠯᠡᠳᠦᠯ ᠦᠵᠡᠭᠦᠯᠵᠦ ᠴᠢᠳᠠᠬᠤ ᠲᠤᠮᠤ ᠳᠤᠮᠳᠠ ᠬᠡᠯᠪᠡᠷᠢ ᠶ᠋ᠢᠨ ᠠᠵᠤ ᠠᠬᠤᠶᠢᠯᠠᠯ ᠤᠨ ᠪᠦᠯᠦᠭᠯᠡᠯ ᠠᠯᠬᠤᠮ ᠠᠯᠬᠤᠮ ᠢᠶᠠᠷ ᠪᠤᠢ ᠪᠣᠯᠵᠠᠢ ᠃ 《 ᠨᠡᠷᠡᠲᠤ ᠳᠡᠮᠳᠡᠭ ᠦᠨ ᠪᠠᠶᠢᠯᠳᠤᠬᠤ ᠪᠣᠳ᠋ᠣᠯᠭ᠎ᠠ 》 ᠪᠠ 《 ᠭᠤᠷᠪᠠᠨ ᠰᠢᠯᠢᠳᠡᠭ ᠢᠶᠡᠷ ᠳᠠᠶᠢᠴᠢᠯᠠᠬᠤ 》 ᠢᠨᠵᠧᠨᠧᠷᠢᠩ ᠢ ᠬᠡᠷᠡᠭᠵᠢᠭᠦᠯᠬᠦ ᠪᠡᠷ ᠳᠠᠮᠵᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠳᠦ ᠠᠵᠤ ᠠᠬᠤᠶᠢᠯᠠᠯ ᠤᠨ ᠥᠭᠡᠷᠡᠴᠢᠯᠡᠯᠲᠠ᠂ ᠳᠠᠬᠢᠵᠤ ᠪᠠᠶᠢᠭᠤᠯᠬᠤ ᠂ ᠥᠭᠡᠷᠡᠴᠢᠯᠡᠨ ᠰᠢᠨᠡᠳᠬᠡᠬᠦ ᠪᠠ ᠬᠠᠮᠢᠶᠠᠷᠤᠯᠲᠠ ᠪᠠᠨ ᠴᠢᠩᠭᠠᠳᠬᠠᠭᠰᠠᠨ ᠠᠴᠠ᠂ 1996 ᠣᠨ ᠳᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠰᠢᠭ ᠭᠠᠶᠢᠯᠢ 35 ᠳ᠋ᠦᠩᠰᠢᠭᠤᠷ ᠲᠥᠭᠥᠷᠢᠭ ᠲᠦ ᠬᠦᠷᠴᠦ ᠂ ᠡᠮᠦᠨ᠎ᠡ ᠵᠢᠯ ᠦᠨ ᠬᠢ ᠡᠴᠡ 5% ᠪᠡᠷ ᠨᠡᠮᠡᠭᠳᠡᠵᠡᠢ᠃ ᠵᠢᠯ ᠦᠨ ᠦᠢᠯᠡᠳᠬᠦᠨ ᠦ ᠦᠷᠳᠡᠭ ᠨᠢ ᠳ᠋ᠦᠩᠰᠢᠭᠤᠷ ᠲᠥᠭᠥᠷᠢᠭ ᠢ ᠳᠠᠪᠠᠵᠤ ᠂ ᠠᠰᠢᠭ ᠭᠠᠶᠢᠯᠢ ᠮᠢᠩᠭᠠᠨ ᠲᠦᠮᠡᠨ ᠲᠥᠭᠥᠷᠢᠭ ᠠᠴᠠ ᠳᠠᠪᠠᠭᠰᠠᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ 1995 ᠣᠨ ᠤ 15 ᠡᠷᠦᠬᠡ ᠪᠠᠶᠢᠭᠰᠠᠨ ᠠᠴᠠ ᠪᠠᠨ 22 ᠡᠷᠦᠬᠡ ᠪᠣᠯᠵᠤ ᠂ ᠨᠢᠭᠡᠨᠲᠡ《ᠣᠷᠳᠣᠰ》᠂《 ᠯᠦ ᠸᠠᠩ》 ᠂ 《 ᠴᠢ ᠴᠢ 》᠂《 ᠢᠯᠢ》᠂《 ᠰᠢᠩ ᠹᠠ》 ᠵᠡᠷᠭᠡ ᠨᠢᠭᠡ ᠪᠦᠯᠦᠭ ᠤᠯᠤᠰ ᠦᠨ ᠳᠣᠲᠣᠭᠠᠳᠤ ᠭᠠᠳᠠᠭᠠᠳᠤ ᠳᠦ ᠨᠡᠯᠢᠶᠡᠳ ᠶᠡᠬᠡ ᠨᠥᠯᠥᠭᠡ ᠲᠡᠶ ᠨᠡᠷᠡᠲᠦ ᠪᠦᠲᠦᠭᠡᠭᠳᠡᠬᠦᠨ ᠪᠠ ᠠᠵᠤ ᠠᠬᠤᠢᠯᠠᠯ ᠪᠣᠢ ᠪᠣᠯᠵᠠᠢ᠃
ᠠᠳᠠᠯᠢ ᠪᠤᠰᠤ ᠲᠥᠷᠥᠯ ᠦᠨ᠂ ᠣᠯᠠᠨ ᠵᠦᠢᠯ ᠦᠨ ᠬᠡᠯᠪᠡᠷᠢ ᠪᠦᠬᠦᠢ ᠠᠵᠤ ᠠᠬᠤᠢᠵᠢᠭᠰᠠᠨ ᠵᠣᠬᠢᠶᠠᠨ ᠪᠠᠢᠭᠤᠯᠤᠯᠲᠠ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠭᠠᠷᠴᠤ ᠢᠷᠡᠵᠡᠢ ᠃ ᠣᠳᠣ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠦᠨ ᠠᠵᠤ ᠦᠢᠯᠡᠰᠵᠢᠯᠡᠯᠲᠠ ᠬᠡᠷᠡᠭᠵᠢᠭᠦᠯᠦᠭᠳᠡᠬᠦ ᠶᠢ ᠳᠠᠭᠠᠯᠳᠤᠨ᠂ ᠪᠦᠬᠦ ᠣᠷᠣᠨ ᠤ ᠡᠯ᠎ᠡ ᠭᠠᠵᠠᠷ ᠨᠢᠭᠡᠨᠲᠡ ᠺᠣᠮᠫᠠᠨᠢ ᠪᠠ ᠲᠠᠷᠢᠶᠠᠴᠢᠨ ᠡᠷᠦᠬᠡ ᠂ ᠰᠠᠭᠤᠷᠢᠨ ᠭᠠᠵᠠᠷ ᠪᠠ ᠲᠠᠷᠢᠶᠠᠴᠢᠨ ᠡᠷᠦᠬᠡ ᠂ ᠨᠡᠶᠢᠭᠡᠮᠯᠢᠭ ᠪᠠ ᠲᠠᠷᠢᠶᠠᠴᠢᠨ ᠡᠷᠦᠬᠡ ᠵᠡᠷᠭᠡ ᠬᠠᠷᠢᠴᠠᠩᠭᠤᠢ ᠰᠤᠯᠠ ᠵᠠᠳᠠᠭᠠᠶ ᠵᠣᠬᠢᠶᠠᠨ ᠪᠠᠶᠢᠭᠤᠯᠤᠯᠲᠠ ᠪᠣᠢ ᠪᠣᠯᠵᠠᠢ ᠂ ᠪᠠᠰᠠ ᠠᠵᠤ ᠠᠬᠤᠶᠢᠯᠠᠯ ᠬᠢᠭᠡᠳ ᠮᠠᠯᠵᠢᠬᠤ ᠲᠠᠷᠢᠶᠠᠯᠠᠬᠤ ᠡᠷᠦᠬᠡ ᠶᠢᠨ ᠬᠠᠭᠠᠰ ᠨᠢᠭᠲᠠᠷᠠᠭᠰᠠᠨ ᠬᠡᠯᠪᠡᠷᠢ ᠲᠡᠶ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠴᠤ ᠢᠯᠡᠷᠡᠵᠡᠢ ᠂ ᠡᠭᠦᠨ ᠲᠡᠶ ᠬᠠᠷᠠᠭᠠᠯᠵᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠤᠰᠬᠠᠶ ᠮᠡᠷᠭᠡᠵᠢᠯ ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠢᠴᠢ ᠡᠯ᠎ᠡ ᠵᠦᠢᠯ ᠤᠨ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠦ ᠵᠣᠬᠢᠶᠠᠨ ᠪᠠᠶᠢᠭᠤᠯᠤᠯᠲᠠ ᠨᠢ ᠴᠥᠮ ᠰᠢᠨ᠎ᠡ ᠬᠥᠭᠵᠢᠯᠲᠡ ᠲᠡᠶ ᠪᠣᠯᠵᠠᠶ᠃
ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢ ᠠᠬᠢᠭᠤᠯᠬᠤ ᠶᠠᠪᠤᠴᠠ ᠳᠦ ᠂ ᠣᠳᠣᠬᠠᠨ ᠳᠦ ᠣᠷᠣᠰᠢᠵᠤ ᠪᠠᠶᠢᠭ᠎ᠠ ᠲᠣᠪᠣᠢᠮ᠎ᠠ ᠠᠰᠠᠭᠤᠳᠠᠯ ᠪᠣᠯ ᠄ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠵᠤ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠡᠭᠦᠳᠡᠨ ᠡᠴᠡ ᠠᠵᠤ ᠦᠢᠯᠡᠰ ᠤᠨ ᠪᠦᠲᠦᠴᠡ ᠶ᠋ᠢᠲᠣᠬᠢᠷᠠᠭᠤᠯᠬᠤ ᠡᠷᠴᠢᠮ ᠨᠢ ᠴᠢᠩᠭ᠎ᠠ ᠪᠢᠰᠢ ᠂ ᠣᠯᠠᠩᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠪᠦᠲᠦᠴᠡ ᠬᠣᠭᠣᠷᠤᠨᠳᠤ ᠪᠠᠨ ᠲᠥᠰᠲᠡᠢ᠂ ᠲᠠᠲᠠᠬᠤ ᠬᠦᠴᠦᠨ ᠪᠠᠭᠤᠷᠠᠢ᠂ ᠪᠣᠯᠪᠠᠰᠤᠷᠠᠭᠤᠯᠤᠯᠲᠠ ᠶᠢᠨ ᠳᠡᠰ ᠨᠢ ᠳᠣᠣᠷ᠎ᠠ ᠂ 《 ᠳᠠᠭᠠᠭᠤᠯᠤᠭᠴᠢ 》 ᠦᠢᠯᠡᠳᠦᠯ ᠪᠠᠳᠠᠷᠠᠭᠤᠯᠵᠤ ᠳᠡᠶᠢᠯᠬᠦ ᠤᠢᠭᠡᠢ᠃ ᠰᠠᠭᠤᠷᠢᠨ ᠭᠠᠵᠠᠷ ᠦᠨ ᠪᠦᠳᠦᠭᠡᠨ ᠪᠠᠶᠢᠭᠤᠯᠤᠯᠲᠠ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠠᠭᠤᠯᠤᠭᠳᠠᠴᠠ ᠨᠢ ᠳᠣᠣᠷ᠎ᠠ᠂ ᠪᠦᠳᠦᠭᠦᠯᠢᠭ ᠡᠵᠡᠩᠨᠡᠵᠦ ᠪᠠᠢᠭ᠎ᠠ ᠠᠰᠠᠭᠤᠳᠠᠯ ᠨᠡᠯᠢᠶᠡᠳ ᠳᠤᠪᠤᠢᠢᠮ᠎ᠠ ᠣᠷᠣᠰᠢᠵᠤ ᠂ ᠲᠥᠪᠯᠡᠷᠡᠨ ᠵᠠᠯᠭᠠᠯᠳᠤᠭᠰᠠᠨ ᠰᠠᠭᠤᠷᠢᠨ ᠭᠠᠵᠠᠷ ᠴᠥᠭᠡᠨ᠂ ᠲᠥᠪᠯᠡᠷᠡᠭᠰᠡᠨ ᠬᠢᠷᠢ ᠬᠡᠮᠵᠢᠶ᠎ᠡ ᠳᠣᠣᠷ᠎ᠠ ᠪᠠᠶᠢᠨ᠎ᠠ᠃ ᠠᠵᠤ ᠠᠬᠤᠶᠢᠯᠠᠯ ᠪᠠ ᠰᠠᠭᠤᠷᠢᠨ ᠭᠠᠵᠠᠷ ᠤᠨ ᠭᠣᠭᠴᠣᠭ᠎ᠠ ᠠᠯᠳᠠᠷᠠᠵᠤ᠂ ᠺᠣᠮᠫᠠᠨᠢ ᠪᠠ ᠲᠠᠷᠢᠶᠠᠴᠢᠨ ᠡᠷᠦᠬᠡ ᠶᠢᠨ ᠬᠣᠭᠣᠷᠤᠨᠳᠤ ᠵᠥᠪᠬᠡᠨ ᠬᠤᠳᠠᠯᠳᠤᠭᠠᠨ ᠤ ᠬᠠᠷᠢᠴᠠᠭ᠎ᠠ ᠲᠠᠢ ᠪᠠᠶᠢᠵᠦ ᠂ ᠵᠢᠩᠬᠢᠨᠢ ᠠᠵᠤ ᠦᠢᠯᠡᠰ ᠢᠶᠠᠷ ᠬᠡᠯᠬᠢᠶ᠎ᠡ ᠶᠢ ᠪᠣᠯᠭᠠᠵᠤ ᠂ ᠠᠰᠢᠭ ᠲᠤᠰᠠ ᠪᠠᠷ ᠬᠣᠯᠪᠣᠭᠠᠰᠤ ᠪᠣᠯᠭᠠᠵᠤ᠂ ᠨᠢᠭᠲᠠ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠤᠢ ᠪᠣᠯᠭᠠᠭᠰᠠᠨ ᠠᠬᠤᠢᠯᠠᠯ ᠤᠨ ᠪᠦᠯᠦᠭᠯᠡᠯ ᠴᠥᠬᠡᠨ᠃ ᠡᠯ᠎ᠡ ᠳᠦᠷᠦᠯ ᠦᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠰᠠ ᠠᠵᠤ ᠦᠢᠯᠡᠰᠴᠢᠯᠡᠬᠦ ᠬᠥᠭᠵᠢᠯᠲᠡ ᠶᠢᠨ ᠱᠠᠭᠠᠷᠳᠠᠯᠭ᠎ᠠ ᠳᠤ ᠬᠤᠯᠠ ᠲᠤᠬᠢᠷᠠᠬᠤ ᠦᠭᠡᠢ ᠪᠠᠢᠭᠰᠠᠭᠠᠷ᠃ ᠰᠢᠷᠬᠡᠭ ᠬᠡᠰᠡᠭ ᠢᠶᠠᠷ ᠬᠡᠰᠡᠭᠯᠡᠭᠰᠡᠨ ᠂ ᠠᠵᠢᠯ ᠳᠦᠷᠦᠯ ᠢᠶᠡᠷ ᠬᠡᠰᠡᠭᠯᠡᠭᠰᠡᠨ ᠂ ᠰᠠᠯᠠᠭ᠎ᠠ ᠮᠥᠴᠢᠷ ᠢᠶᠡᠷ ᠬᠡᠰᠡᠭᠯᠡᠭᠰᠡᠨ᠂ ᠣᠷᠣᠨ ᠨᠤᠲᠤᠭ ᠢᠶᠠᠷ ᠬᠡᠰᠡᠭᠯᠡᠭᠰᠡᠨ ᠬᠠᠮᠢᠶᠠᠷᠤᠯᠲᠠ ᠶᠢᠨ ᠪᠠᠶᠢᠭᠤᠯᠤᠯ ᠨᠢ ᠠᠵᠤ ᠦᠢᠯᠡᠰᠵᠢᠯᠲᠡ ᠶᠢᠨ ᠨᠡᠶᠢᠯᠡᠯ ᠬᠦᠴᠦᠨ ᠢ ᠪᠤᠢ ᠪᠣᠯᠭᠠᠬᠤ ᠳᠤ ᠬᠦᠴᠢᠷ᠃ ᠲᠠᠷᠢᠶᠠᠯᠠᠩ ᠮᠠᠯ ᠠᠵᠤ ᠠᠬᠤᠶ ᠶᠢ ᠠᠵᠤ ᠦᠢᠯᠡᠰᠵᠢᠭᠦᠯᠬᠦ ᠬᠠᠮᠢᠶ᠎ᠠ ᠪᠥᠬᠥᠶ ᠲᠥᠷᠥ ᠶᠢᠨ ᠪᠣᠳᠣᠯᠭ᠎ᠠ ᠬᠠᠷᠠᠬᠠᠨ ᠪᠦᠷᠢᠨ ᠳᠦᠬᠦᠷ ᠪᠣᠰᠤ᠃ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠬᠤ ᠪᠠ ᠠᠯᠢ ᠪᠣᠯᠬᠤ ᠪᠠᠷ ᠲᠦᠷᠭᠡᠨ ᠰᠢᠶᠳᠪᠦᠷᠢᠯᠡᠬᠦ ᠪᠣᠯ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠵᠠᠩᠭᠢᠯᠠᠭ᠎ᠠ ᠪᠣᠯᠣᠨ᠎ᠠ ᠃
ᠬᠣᠶᠠᠷ ᠂ ᠬᠥᠭᠵᠢᠯᠲᠡ ᠶᠢᠨ ᠬᠠᠷᠠᠯᠲᠠ
ᠪᠥᠬᠥ ᠣᠷᠣᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢ ᠲᠦᠯᠬᠢᠨ ᠠᠬᠢᠭᠤᠯᠬᠤ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ ᠂ ᠦᠷ᠎ᠡ ᠠᠰᠢᠭ ᠢᠶᠡᠷ ᠭᠣᠸᠯ ᠪᠣᠯᠭᠠᠨ ᠂ ᠲᠠᠷᠢᠶᠠᠯᠠᠩ ᠮᠠᠯ ᠠᠵᠤ ᠠᠬᠤᠶ ᠶᠢᠨ ᠲᠣᠭᠣᠷᠢᠨ ᠳᠤ ᠨᠢᠭᠡᠳᠦᠭᠡᠷ ᠲᠤᠯᠭᠠᠭᠤᠷᠢ ᠠᠵᠤ ᠦᠢᠯᠡᠰ ᠶᠢᠨ ᠬᠥᠭᠵᠢᠯᠲᠡ ᠶᠢ ᠲᠦᠷᠭᠡᠳᠬᠡᠵᠦ ᠂ ᠪᠣᠯᠪᠠᠰᠤᠷᠠᠭᠤᠯᠬᠤ ᠠᠵᠤ ᠦᠢᠯᠡᠳᠪᠦᠷᠢ ᠶᠢ ᠬᠥᠭᠵᠢᠭᠦᠯᠦᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠪᠠᠶᠢᠷᠢ ᠰᠠᠭᠤᠷᠢ ᠶᠢ ᠴᠢᠩᠭᠠᠳᠬᠠᠵᠤ᠂ ᠬᠤᠳᠠᠯᠳᠤᠭ᠎ᠠ ᠦᠢᠯᠡᠳᠪᠦᠷᠢ ᠲᠠᠷᠢᠶᠠᠯᠠᠩ ᠮᠠᠯ ᠠᠵᠤ ᠠᠬᠤᠢ ᠶᠢ ᠨᠢᠭᠡ ᠴᠣᠠᠠᠴᠠᠵᠢᠭᠤᠯᠥᠠᠠᠰᠠᠨ ᠠᠵᠤ ᠦᠶᠯᠡᠰ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠲᠦᠭᠡᠨ ᠪᠠᠢᠭᠤᠯᠵᠤ᠂ᠣᠷᠣᠨ ᠪᠦᠰᠡᠴᠢᠯᠡᠭᠰᠡᠨ ᠪᠠᠢᠷᠢᠰᠢᠭᠤᠯᠤᠯᠲᠠ᠂ ᠲᠤᠰᠬᠠᠢᠵᠢᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠡᠵᠡᠩᠨᠡᠯᠲᠡ᠂ ᠰᠢᠰᠲ᠋ᠧᠮᠵᠢᠭᠰᠡᠨ ᠡᠳ᠋ᠰᠢᠭᠦᠯᠦᠯᠲᠡ᠂ ᠨᠡᠢᠭᠡᠮᠴᠢᠯᠡᠭᠰᠡᠨ ᠦᠢᠯᠡᠴᠢᠯᠡᠭᠡ ᠲᠠᠢ ᠠᠵᠤ ᠦᠢᠯᠡᠰᠴᠢᠯᠡᠭᠰᠡᠨ ᠰᠢᠨ᠎ᠡ ᠪᠠᠢᠳᠠᠯ ᠢ ᠦᠨᠳᠦᠰᠦᠨ ᠳᠡᠭᠡᠨ ᠪᠦᠷᠢᠳᠦᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠪᠠ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠲᠦ ᠦᠷ᠎ᠡ ᠠᠰᠢᠭ ᠂ ᠬᠣᠯᠪᠣᠯᠳᠤᠬᠤ ᠦᠷ᠎ᠡ ᠠᠰᠢᠭ ᠪᠠ ᠪᠦᠬᠦᠯᠢ ᠴᠣᠭᠴᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
2000 ᠣᠨ ᠪᠣᠯᠲᠠᠯᠠᠬᠢ ᠬᠥᠭᠵᠢᠯᠲᠡ ᠶᠢᠨ ᠭᠣᠣᠯ ᠬᠠᠷᠠᠯᠲᠠ ᠪᠣᠯ ᠄
ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ᠄ ᠲᠠᠸᠠᠷ ᠤᠨ ᠠᠮᠤ ᠶᠢᠨ ᠰᠠᠭᠤᠷᠢᠨ ᠭᠠᠵᠠᠷ ᠪᠣᠯᠬᠤ ᠬᠣᠰᠢᠭᠤ ᠰᠢᠶᠠᠨ ᠪᠠ ᠮᠠᠯ ᠤᠨ ᠠᠰᠢᠭ ᠰᠢᠮ᠎ᠡ ᠶᠢᠨ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠬᠣᠰᠢᠭᠤ ᠰᠢᠶᠠᠨ ᠨᠢ ᠪᠥᠬᠥ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠣᠰᠢᠭᠤ ᠰᠢᠶᠠᠨ ᠤ ᠶᠡᠷᠦᠩᠬᠡᠶ ᠲᠣᠭᠠᠨ ᠤ 60 % ᠡᠴᠡ ᠳᠡᠭᠡᠭᠰᠢᠬᠢ ᠶᠢ ᠡᠵᠡᠯᠡᠵᠦ᠂ ᠭᠣᠸᠯᠳᠠᠯᠭ᠎ᠠ ᠲᠠᠶ ᠬᠥᠲᠥᠴᠢ ᠠᠵᠤ ᠠᠬᠤᠶᠢᠯᠠᠯ ᠦᠨ ᠬᠡᠪᠴᠢᠶ᠎ᠡ ᠳᠦ ᠳᠣᠭᠢᠷᠬᠠᠰᠠᠨ ᠪᠣᠯᠪᠠᠰᠤᠷᠠᠭᠤᠯᠬᠤ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠪᠦᠲᠦᠭᠡᠨ ᠪᠠᠢᠭᠤᠯᠵᠤ ᠂ ᠤᠭ ᠭᠠᠵᠠᠷ ᠤᠨ ᠬᠠᠩᠭᠠᠭᠰᠠᠨ ᠲᠦᠭᠦᠬᠡᠶ ᠮᠠᠲ᠋ᠧᠷᠢᠶᠠᠯ ᠢ ᠡᠵᠡᠯᠡᠬᠦ ᠬᠥᠲᠥᠴᠢ ᠠᠵᠤ ᠠᠬᠤᠶᠢᠯᠠᠯ ᠤᠨ ᠬᠡᠷᠡᠭᠰᠡᠬᠦ ᠲᠦᠭᠦᠬᠡᠶ ᠡᠳ᠋ ᠤᠨ 80 % ᠡᠴᠡ ᠳᠡᠭᠡᠭᠰᠢ ᠪᠠᠢᠯᠭᠠᠨ᠎ᠠ᠃ ᠭᠣᠸᠯ ᠪᠣᠯᠬᠤ ᠮᠠᠯ ᠦᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠦᠵᠡᠭᠦᠯᠬᠦ ᠨᠣᠷᠮ᠎ᠠ ᠶᠢ 45% ᠳᠡᠭᠡᠭᠰᠢ ᠭᠠᠷᠭᠠᠨ᠎ᠠ᠃ ᠲᠤᠰᠬᠠᠶᠢᠵᠢᠭᠰᠠᠨ ᠂ ᠨᠡᠶᠢᠭᠡᠮᠴᠢᠯᠡᠭᠰᠡᠨ ᠦᠢᠯᠡᠳᠪᠦᠷᠢᠯᠡᠯ ᠡᠷᠬᠢᠯᠡᠵᠦ ᠪᠠᠢᠭ᠎ᠠ ᠭᠠᠴᠠᠭ᠎ᠠ ᠲᠣᠰᠬᠣᠨ ᠪᠠ ᠰᠤᠮᠤ ᠰᠢᠶᠠᠩ ᠪᠠᠯᠭᠠᠰᠤ ᠶᠢ ᠲᠤᠰ ᠲᠤᠰ ᠭᠤᠷᠪᠠᠨ ᠤ ᠨᠢᠭᠡ ᠪᠠ ᠬᠣᠶᠠᠷᠠᠨ ᠤ ᠨᠢᠭᠡ ᠪᠣᠯᠭᠠᠨ᠎ᠠ᠃
ᠲᠠᠷᠢᠶᠠᠯᠠᠩ ᠮᠠᠯ ᠦᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠳᠪᠦᠷᠢ᠄ ᠨᠡᠮᠡᠭᠳᠡᠯ ᠦᠷᠳᠡᠭ(1995 ᠣᠨ ᠤᠦᠨᠡ) ᠨᠢ 85 ᠳ᠋ᠦᠩᠰᠢᠭᠤᠷ ᠲᠥᠭᠥᠷᠢᠭ ᠬᠦᠷᠴᠦ ᠂ ᠪᠥᠬᠥ ᠣᠷᠣᠨ ᠦ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠡᠵᠡᠯᠡᠬᠦ ᠬᠤᠪᠢ ᠶᠢᠨ ᠵᠢᠩ ᠨᠢ ᠳᠡᠭᠡᠭᠰᠢᠯᠡᠭᠡᠳ25 % ᠪᠣᠯᠪᠠ᠃ ᠠᠰᠢᠭ ᠭᠠᠶᠢᠯᠢ 28. 5 ᠳ᠋ᠦᠩᠰᠢᠭᠤᠷ ᠲᠥᠭᠥᠷᠢᠭ ᠬᠦᠷᠴᠦ ᠂ ᠪᠥᠬᠥ ᠣᠷᠣᠨ ᠤ ᠪᠡᠶ᠎ᠡ ᠪᠡᠨ ᠳᠠᠭᠠᠭᠠᠵᠤ ᠲᠣᠭᠠᠴᠠᠭ᠎ᠠ ᠬᠢᠬᠦ ᠠᠵᠤ ᠠᠬᠤᠶᠢᠯᠠᠯ ᠤᠨ ᠠᠰᠢᠭ ᠬᠣᠨᠵᠢᠪᠣᠷᠢ ᠶᠢᠨ ᠶᠡᠷᠦᠩᠬᠡᠶ ᠲᠣᠭᠠᠨ ᠳᠡᠬᠢ ᠬᠤᠪᠢ ᠶᠢᠨ ᠵᠢᠩ ᠳᠡᠭᠡᠭᠰᠢᠯᠡᠭᠡᠳ 30% ᠬᠦᠷᠴᠡᠢ᠃ ᠭᠠᠳᠠᠭᠠᠳᠤ ᠳᠦ ᠭᠠᠷᠭᠠᠬᠤ ᠭᠤᠪᠢᠭᠤᠯᠭ᠎ᠠ 5 ᠳ᠋ᠦᠩᠰᠢᠭᠤᠷ ᠳ᠋ᠣᠯᠯᠠᠷ ᠲᠤ ᠬᠦᠷᠴᠦ ᠂ ᠪᠥᠬᠥ ᠣᠷᠣᠨ ᠤ ᠭᠠᠳᠠᠭᠠᠳᠤ ᠭᠤᠪᠢᠭᠤᠯᠭ᠎ᠠ ᠳᠦ ᠡᠵᠡᠯᠡᠬᠦ ᠬᠠᠷᠢᠴᠠᠯ ᠨᠢ 47% ᠬᠦᠷᠲᠡᠯ᠎ᠡ ᠳᠡᠭᠡᠭᠰᠢᠯᠡᠵᠡᠢ᠃ ᠭᠣᠣᠯ ᠪᠣᠯᠬᠤ ᠲᠠᠷᠢᠶᠠᠯᠠᠩ ᠮᠠᠯ ᠦᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠵᠦ ᠪᠣᠷᠣᠯᠠᠭᠤᠯᠬᠤ ᠨᠤᠷᠮ᠎ᠠ ᠨᠢ 97% ᠡᠴᠡ ᠳᠡᠭᠡᠭᠰᠢ ᠭᠠᠷᠴᠤ᠂ ᠪᠦᠲᠦᠭᠡᠭᠳᠡᠬᠦᠨ ᠦ ᠣᠷᠣᠨ ᠤ ᠳᠣᠲᠣᠭᠠᠳᠤ ᠳᠠᠬᠢ ᠵᠠᠬ᠎ᠠ ᠳᠡᠯᠭᠡᠭᠦᠷ ᠦᠨ ᠡᠵᠡᠯᠡᠬᠦ ᠬᠠᠷᠢᠴᠠᠯ ᠨᠢ 35 % ᠡᠴᠡ ᠳᠡᠭᠡᠭᠰᠢ ᠭᠠᠷᠴᠠᠢ᠃
ᠬᠥᠲᠥᠴᠢ ᠠᠵᠤ ᠠᠬᠤᠶᠢᠯᠠᠯ᠄ ᠵᠢᠯ ᠦᠨ ᠦᠢᠯᠡᠳᠬᠦᠨ ᠦ ᠦᠷᠳᠡᠭ ᠨᠢ ᠳ᠋ᠦᠩᠰᠢᠭᠤᠷ ᠲᠥᠭᠥᠷᠢᠭ ᠢ ᠳᠠᠪᠠᠵᠤ ᠂ ᠠᠰᠢᠭ ᠭᠠᠶᠢᠯᠢ ᠨᠢ ᠮᠢᠩᠭᠠᠨ ᠲᠦᠮᠡᠨ ᠲᠥᠭᠥᠷᠢᠭ ᠢ ᠳᠠᠪᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 1996 ᠣᠨ ᠳᠤ 22 ᠡᠷᠦᠬᠡ ᠶᠢᠨ ᠪᠠᠶᠢᠭᠰᠠᠨ ᠠᠴᠠ ᠪᠠᠨ ᠨᠡᠮᠡᠭᠳᠡᠭᠦᠯᠦᠭᠡᠳ 40 ᠡᠷᠦᠬᠡ ᠪᠣᠯᠵᠠᠢ᠃ ᠵᠢᠯ ᠦᠨ ᠦᠢᠯᠡᠳᠬᠦᠨ ᠦ ᠤᠢᠷᠳᠡᠭ ᠤᠨ ᠮᠢᠩᠭᠠᠨ ᠲᠦᠮᠡᠨ ᠲᠥᠭᠥᠷᠢᠭ᠂ ᠠᠰᠢᠭ ᠭᠠᠶᠢᠯᠢ ᠨᠢ ᠵᠠᠭᠤᠨ ᠲᠦᠮᠡᠨ ᠲᠥᠭᠥᠷᠢᠭ ᠬᠡᠲᠦᠷᠡᠭᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 1996 ᠣᠨ ᠳᠦ 38 ᠡᠷᠦᠬᠡ ᠪᠠᠶᠢᠭᠰᠠᠨ ᠡᠴᠡ ᠪᠡᠨ 100 ᠡᠷᠦᠬᠡ ᠪᠣᠯᠵᠠᠢ ᠂ ᠡᠭᠦᠨ ᠤ ᠳᠣᠲᠣᠷ᠎ᠠ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠨᠢ 40% ᠶᠢ ᠡᠵᠡᠯᠡᠨ᠎ᠡ᠃ ᠵᠢᠯ ᠦᠨ ᠠᠷᠠᠯᠵᠢᠶᠠᠨ ᠤ ᠬᠡᠮᠵᠢᠶ᠎ᠡ ᠨᠢ ᠳ᠋ᠦᠩᠰᠢᠭᠤᠷ ᠲᠥᠭᠥᠷᠢᠭ ᠢ ᠳᠠᠪᠠᠭᠰᠠᠨ ᠂ ᠣᠷᠣᠨ ᠪᠦᠰᠡ ᠶᠢᠨ ᠴᠢᠨᠠᠷᠲᠠᠶ ᠲᠠᠭᠠᠭᠤᠯᠤᠭᠴᠢ ᠦᠢᠯᠡᠳᠦᠯ ᠢ ᠦᠵᠡᠭᠦᠯᠵᠦ ᠴᠢᠳᠠᠬᠤ ᠲᠤᠰᠬᠠᠶ ᠵᠠᠬ᠎ᠠ ᠳᠡᠯᠭᠡᠭᠦᠷ ᠪᠠ ᠪᠥᠭᠡᠮ ᠢᠶᠠᠷ ᠬᠤᠳᠠᠯᠳᠤᠬᠤᠵᠠᠬᠠ ᠳᠡᠯᠭᠡᠭᠦᠷ 15 ᠪᠣᠯᠵᠠᠢ᠃ ᠰᠢᠨᠵᠢᠯᠡᠭᠡ ᠲᠧᠭᠨᠢᠭ ᠂ ᠠᠷᠠᠯᠵᠢᠶ᠎ᠠ ᠬᠤᠳᠠᠯᠳᠤᠭ᠎ᠠ᠂ ᠬᠠᠩᠭᠠᠨ ᠪᠣᠷᠣᠯᠠᠭᠤᠯᠬᠤ ᠵᠡᠷᠭᠡ ᠪᠤᠰᠤᠳ ᠲᠠᠭᠠᠭᠤᠯᠤᠭᠴᠢ ᠠᠵᠤ ᠠᠬᠤᠶᠢᠯᠠᠯ ᠪᠤᠶᠤ ᠵᠣᠬᠢᠶᠠᠨ ᠪᠠᠶᠢᠭᠤᠯᠤᠯᠲᠠ ᠵᠣᠬᠢᠬᠤ ᠬᠡᠮᠵᠢᠶ᠎ᠡ ᠪᠡᠷ ᠬᠥᠭᠵᠢᠵᠦ ᠴᠢᠳᠠᠭᠰᠠᠨ ᠪᠠᠶᠢᠨ᠎ᠠ ᠃
ᠠᠵᠤ ᠦᠢᠯᠡᠰᠵᠢᠯᠲᠡ ᠶᠢᠨ ᠬᠠᠮᠤᠷᠬᠤ ᠬᠡᠪᠴᠢᠶ᠎ᠡ ᠄ ᠪᠥᠬᠥ ᠣᠷᠣᠨ ᠤ 60% ᠣᠷᠴᠢᠮ ᠤᠨ ᠮᠠᠯᠵᠢᠬᠤ ᠲᠠᠷᠢᠶᠠᠯᠠᠬᠤ ᠡᠷᠦᠬᠡ ᠶᠢᠨ ᠦᠶᠯᠡᠳᠪᠦᠷᠢᠯᠡᠯ ᠡᠵᠡᠩᠨᠡᠯᠲᠡ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠠᠵᠤ ᠦᠢᠯᠡᠰᠴᠢᠯᠡᠭᠰᠡᠨ ᠡᠵᠡᠩᠨᠡᠯᠲᠡ ᠶᠢᠨ ᠰᠢᠰᠲ᠋ᠧᠮ ᠳᠦ ᠣᠷᠣᠭᠤᠯᠤᠨ᠎ᠠ᠃ ᠲᠠᠷᠢᠶᠠᠯᠠᠩ ᠮᠠᠯ ᠦᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠪᠠ ᠭᠦᠢᠯᠭᠡᠭᠡᠨ ᠤ ᠠᠵᠤ ᠠᠬᠤᠶᠢᠯᠠᠯ ᠤᠨ 60% ᠶᠢ ᠠᠵᠤ ᠦᠢᠯᠡᠰᠵᠢᠭᠰᠡᠨ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠦ ᠣᠷᠣᠭᠤᠯᠤᠨ᠎ᠠ᠃ ᠣᠷᠣᠯᠭ᠎ᠠ ᠶᠢᠨ ᠬᠢᠷᠢ ᠬᠡᠮᠵᠢᠶ᠎ᠡ ᠄ ᠪᠥᠬᠥ ᠣᠷᠣᠨ ᠤ ᠮᠠᠯᠴᠢᠨ ᠲᠠᠷᠢᠶᠠᠴᠢᠨ ᠡᠷᠦᠬᠡ ᠶᠢᠨ ᠠᠵᠤ ᠦᠢᠯᠡᠰᠵᠢᠭᠰᠡᠨ ᠡᠵᠡᠩᠨᠡᠯᠲᠡ ᠡᠴᠡ ᠣᠯᠤᠭᠰᠠᠨ ᠣᠷᠣᠯᠭ᠎ᠠ ᠶᠢ ᠂ ᠲᠠᠷᠢᠶᠠᠯᠠᠬᠤ ᠮᠠᠯᠵᠢᠬᠤ ᠡᠷᠥᠭᠡ ᠶᠢᠨ ᠠᠵᠤ ᠠᠬᠤᠶ ᠶᠢᠨ ᠶᠡᠷᠦᠩᠬᠡᠶ ᠣᠷᠣᠯᠭ᠎ᠠ ᠶᠢᠨ 60% ᠡᠴᠡ ᠳᠡᠭᠡᠭᠰᠢ ᠪᠠᠢᠯᠭᠠᠨ᠎ᠠ᠃ ᠡᠳ᠋ ᠦᠨ ᠵᠠᠰᠠᠭ ᠤᠨ ᠠᠵᠤ ᠦᠶᠢᠯᠡᠰᠵᠢᠭᠰᠡᠨ ᠡᠵᠡᠩᠨᠡᠯᠲᠡ ᠠᠴᠠ ᠣᠯᠬᠤ ᠣᠷᠣᠯᠭ᠎ᠠ ᠶᠢ ᠤᠳᠤ ᠪᠠᠶᠢᠭ᠎ᠠ ᠲᠠᠷᠢᠶᠠᠯᠠᠩ ᠮᠠᠯ ᠠᠵᠤ ᠠᠬᠤᠶ ᠪᠣᠯᠣᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠦᠨ ᠪᠦᠲᠦᠭᠡᠭᠰᠡᠨ ᠣᠷᠣᠯᠭ᠎ᠠ ᠶᠢᠨ ᠰᠠᠭᠤᠷᠢᠨ ᠳᠡᠭᠡᠷ᠎ᠡ ᠵᠠᠭᠤᠨ ᠤ ᠲᠠᠪᠤᠨ ᠬᠤᠪᠢ ᠨᠡᠮᠡᠭᠳᠡᠭᠦᠯᠦᠨ᠎ᠡ᠃
ᠭᠤᠷᠪᠠ ᠂ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ
( ᠨᠢᠭᠡ ) ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ
ᠲᠠᠷᠢᠶᠠᠯᠠᠩ ᠮᠠᠯ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠦ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠂ᠡᠬᠢ ᠪᠠᠶᠠᠯᠢᠭ ᠤᠨ ᠣᠨᠴᠠᠯᠢᠭ ᠲᠠᠢ ᠬᠠᠷᠠᠭᠠᠯᠵᠠᠵᠤ᠂ ᠵᠠᠬ᠎ᠠ ᠳᠡᠯᠭᠡᠭᠦᠷ ᠯᠦ᠋ᠭᠡ ᠠᠪᠴᠠᠯᠳᠤᠭᠰᠠᠨ ᠪᠠᠶᠢᠬᠤ ᠬᠡᠷᠡᠭᠲᠡᠶ᠃ᠪᠥᠬᠥ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠭᠣᠸᠯᠳᠠᠯᠭ᠎ᠠ ᠲᠠᠶ ᠠᠵᠢᠯ ᠲᠥᠷᠥᠯ ᠪᠠ ᠲᠠᠭᠠᠭᠤᠯᠤᠭᠴᠢ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠲᠣᠭᠣᠷᠢᠨ ᠳᠤ ᠂ ᠲᠤᠰᠬᠠᠶᠢᠵᠢᠭᠤᠯᠤᠭᠰᠠᠨ ᠦᠢᠯᠡᠳᠪᠦᠷᠢᠯᠡᠯ ᠪᠠ ᠬᠡᠪᠴᠢᠶᠡᠵᠢᠭᠰᠡᠨ ᠡᠵᠡᠩᠨᠡᠯᠲᠡ ᠶᠢ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠦᠨ ᠬᠠᠷᠢᠴᠠᠩᠭᠤᠶ ᠲᠣᠭᠲᠠᠪᠤᠷᠢᠲᠠᠶ ᠲᠦᠭᠦᠬᠡᠶ ᠮᠠᠲ᠋ᠧᠷᠢᠶᠠᠯ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ᠎ᠠ᠃ ᠭᠣᠣᠯᠳᠠᠯᠭ᠎ᠠ ᠲᠠᠢ ᠠᠮᠤ ᠲᠣᠰᠣ ᠰᠢᠬᠢᠷ ᠂ ᠮᠠᠯ ᠤᠨ ᠠᠰᠢᠭ ᠰᠢᠮ᠎ᠡ ᠶᠢᠨ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠪᠣᠯᠬᠤ ᠬᠣᠰᠢᠭᠤ ᠰᠢᠶᠠᠨ ᠪᠠ ᠲᠠᠷᠢᠶᠠᠯᠠᠩ ᠬᠠᠭᠠᠯᠪᠤᠷᠢᠯᠠᠯ ᠤᠨ ᠠᠵᠤ ᠠᠬᠤᠶᠢᠯᠠᠯ ᠂ ᠤᠢ ᠰᠢᠭᠤᠶ ᠶᠢᠨ ᠠᠵᠤ ᠠᠬᠤᠶᠢᠯᠠᠯ ᠤᠳ ᠡᠵᠡᠩᠨᠡᠯᠲᠡ ᠶᠢᠨ ᠠᠷᠭ᠎ᠠ ᠮᠠᠶ᠋ᠢᠭ ᠢᠶᠡᠨ ᠬᠤᠪᠢᠷᠠᠭᠤᠯᠵᠤ ᠂ ᠠᠯᠢ ᠲᠦᠷᠭᠡᠨ ᠢᠶᠡᠷ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯ ᠲᠠᠢ ᠠᠮᠠ ᠰᠡᠭᠡᠷ ᠵᠣᠯᠭᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠪᠡᠯᠡ ᠣᠷᠣᠭᠤᠯᠵᠤ ᠪᠦᠳᠦᠭᠡᠨ ᠪᠠᠢᠭᠤᠯᠬᠤ ᠢᠳᠡᠪᠬᠢᠵᠢᠯ ᠢ ᠭᠦᠢᠴᠡᠳ ᠲᠠᠢᠢᠴᠢᠯᠠᠵᠤ ᠂《 ᠨᠢᠭᠡ ᠭᠠᠴᠠᠭ᠎ᠠ ᠨᠢᠭᠡ ᠦᠢᠯᠡᠳᠬᠦᠨ ᠂ ᠨᠢᠭᠡ ᠰᠢᠶᠠᠩ ᠨᠢᠭᠡ ᠠᠵᠤ ᠠᠬᠤᠢᠯᠠᠯ》 ᠲᠠᠢ ᠤᠶᠠᠯᠳᠤᠭᠤᠯᠵᠤ᠂ 《 ᠨᠢᠭᠡ ᠡᠷᠦᠬᠡ ᠣᠯᠠᠨ ᠡᠷᠦᠬᠡ ᠶᠢ ᠳᠠᠭᠠᠭᠤᠯᠬᠤ᠂ ᠣᠯᠠᠨ ᠡᠷᠦᠬᠡ ᠪᠦᠬᠦ ᠲᠣᠰᠬᠣᠨ ᠶᠢ ᠳᠠᠭᠠᠭᠤᠯᠬᠤ ᠂ ᠨᠢᠭᠡ ᠲᠣᠰᠬᠣᠨ ᠤᠯᠠᠨ ᠲᠣᠰᠬᠣᠨ ᠶᠢ ᠳᠠᠭᠠᠭᠤᠯᠬᠤ ᠂ ᠣᠯᠠᠨ ᠲᠣᠰᠬᠣᠨ ᠰᠠᠭᠤᠷᠢᠨ ᠭᠠᠵᠠᠷ ᠪᠣᠯᠬᠤ 》 ᠵᠠᠮ ᠢᠶᠠᠷ ᠶᠠᠪᠤᠬᠤ ᠬᠡᠷᠡᠭᠲᠡᠶ ᠃ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠂ ᠢᠯᠠᠩᠭᠤᠶ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠤᠨ ᠰᠠᠭᠤᠷᠢᠨ ᠭᠠᠵᠠᠷ ᠪᠦᠲᠦᠭᠡᠨ ᠪᠠᠢᠭᠤᠯᠬᠤ ᠶᠢ ᠳᠡᠮᠵᠢᠨ᠎ᠡ᠃ ᠵᠠᠰᠠᠭ ᠵᠠᠬᠢᠷᠭᠠᠨ ᠤ ᠠᠵᠢᠯ ᠦᠢᠯᠡᠰ ᠦᠨ ᠨᠢᠭᠡᠴᠢ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠢᠳᠡᠪᠬᠢᠲᠡᠶ ᠪᠡᠷ ᠣᠷᠣᠯᠴᠠᠬᠤ ᠶᠢ ᠵᠣᠷᠢᠭᠵᠢᠭᠤᠯᠵᠤ ᠰᠠᠭᠤᠷᠢᠨ ᠭᠠᠵᠠᠷ ᠪᠠᠢᠭᠤᠯᠤᠨ᠎ᠠ᠃ ᠣᠷᠣᠨ ᠤ ᠳᠣᠲᠣᠭᠠᠳᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢ ᠴᠢᠷᠮᠠᠶᠢᠨ ᠲᠠᠲᠠᠵᠤ ᠂ ᠤᠯᠡᠨ ᠵᠦᠢᠯ ᠦᠨ ᠬᠡᠯᠪᠡᠷᠢ ᠪᠠᠷ ᠬᠣᠯᠪᠣᠭᠠᠯᠠᠨ ᠰᠠᠭᠤᠷᠢᠨ ᠭᠠᠵᠠᠷ ᠪᠠᠶᠢᠭᠤᠯᠵᠤ ᠂ ᠥᠪᠡᠷᠮᠢᠴᠡ ᠳᠠᠪᠠᠭᠤᠯᠢᠭ ᠲᠠᠯ᠎ᠠ ᠲᠠᠶ ᠪᠣᠬᠢᠷᠲᠤᠯ ᠦᠭᠡᠢ ᠢᠳᠡᠭᠡᠨ ᠤ ᠲᠠᠸᠠᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠂ ᠦᠷ᠎ᠡ᠂ ᠦᠷ᠎ᠡ ᠮᠠᠯ ᠦᠨ ᠰᠠᠭᠤᠷᠢᠨ ᠭᠠᠵᠠᠷ ᠪᠠ ᠤᠢ ᠰᠢᠭᠤᠶ ᠶᠢᠨ ᠭᠠᠷᠤᠯᠲᠠ ᠶᠢᠨ ᠰᠠᠭᠤᠷᠢᠨ ᠭᠠᠵᠠᠷ ᠢ ᠲᠤᠪᠤᠢᠢᠮ᠎ᠠ ᠰᠠᠶᠢᠲᠤᠷ ᠠᠳᠬᠤᠨ᠎ᠠ᠃
ᠠᠵᠤ ᠦᠢᠯᠡᠰᠴᠢᠯᠡᠭᠰᠡᠨ ᠬᠥᠭᠵᠢᠭᠦᠯᠦᠯ ᠲᠠᠢ ᠬᠠᠷᠢᠯᠴᠠᠨ ᠢᠵᠢ ᠪᠦᠷᠢᠳᠦᠭᠰᠡᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠰᠢᠰᠲ᠋ᠧᠮ ᠢ ᠪᠦᠲᠦᠭᠡᠨ ᠪᠠᠢᠭᠤᠯᠵᠤ᠂ ᠰᠠᠭᠤᠷᠢᠨ ᠭᠠᠵᠠᠷ ᠦᠨ ᠪᠦᠲᠦᠭᠡᠨ ᠪᠠᠶᠢᠭᠤᠯᠤᠯᠲᠠ ᠳᠡᠬᠢ ᠦᠢᠯᠡᠴᠢᠯᠡᠭᠡ ᠶᠢ ᠴᠢᠩᠭᠠᠳᠬᠠᠨ᠎ᠠ᠃ ᠬᠥᠲᠥᠴᠢ ᠠᠵᠤ ᠠᠬᠤᠶᠢᠯᠠᠯ ᠡᠴᠡ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠳᠤ ᠮᠡᠳᠡᠭᠡ ᠵᠠᠩᠭᠢ ᠂ ᠮᠡᠷᠭᠡᠵᠢᠯ᠂ ᠪᠣᠷᠣᠭᠤᠯᠠᠭᠤᠯᠤᠯᠲᠠ ᠵᠡᠷᠭᠡ ᠬᠠᠮᠢᠶ᠎ᠠ ᠪᠥᠬᠥᠶ ᠭᠣᠭᠴᠣᠭᠠᠨ ᠤ ᠦᠢᠯᠡᠴᠢᠯᠡᠭᠡ ᠬᠠᠩᠭᠠᠬᠤ ᠬᠡᠷᠡᠭᠲᠡᠶ ᠃ ᠡᠯ᠎ᠡ ᠲᠠᠷᠢᠶᠠᠯᠠᠩ( ᠮᠠᠯ ᠠᠵᠤ ᠠᠬᠤᠶ) ᠳᠦ ᠬᠠᠮᠤᠷᠤᠭᠰᠠᠨ ᠰᠠᠯᠠᠭ᠎ᠠ ᠮᠥᠴᠢᠷ ᠤᠳ ᠡᠭᠦᠷᠭᠡ ᠴᠢᠳᠠᠮᠵᠢ ᠪᠠᠨ ᠬᠤᠪᠢᠷᠠᠭᠤᠯᠵᠤ᠂ ᠬᠡᠷᠡᠭᠲᠡᠶ ᠂ ᠰᠠᠭᠤᠷᠢᠨ ᠭᠠᠵᠠᠷ ᠲᠤ ᠦᠢᠯᠡᠳᠪᠦᠷᠢᠯᠡᠯ ᠠᠴᠠ ᠡᠮᠦᠨᠡᠬᠢ ᠂ ᠦᠢᠯᠡᠳᠪᠦᠷᠢᠯᠡᠯ ᠤᠨ ᠶᠠᠪᠤᠴᠠ ᠳᠤᠮᠳᠠᠬᠢ᠂ ᠦᠢᠯᠡᠳᠪᠦᠷᠢᠯᠡᠯ ᠦᠨ ᠳᠠᠷᠠᠭᠠᠬᠢ ᠰᠢᠷᠢᠰ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠬᠡᠷᠡᠭᠲᠡᠶ ᠃ ᠬᠠᠩᠭᠠᠨ ᠪᠣᠷᠣᠯᠠᠭᠤᠯᠬᠤ ᠬᠣᠷᠢᠢ᠎ᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠠᠮᠤᠷᠬᠤ ᠬᠡᠪᠴᠢᠶ᠎ᠡ ᠥᠷᠭᠡᠨ ᠂ ᠮᠠᠯᠴᠢᠨ ᠲᠠᠷᠢᠶᠠᠴᠢᠨ ᠯᠤᠭ᠎ᠠ ᠨᠢᠭᠲᠠ ᠬᠠᠷᠢᠯᠴᠠᠭ᠎ᠠ ᠲᠠᠶ ᠂ ᠲᠣᠣᠷ ᠰᠦᠯᠵᠢᠶ᠎ᠡ ᠨᠡᠯᠢᠶᠡᠳ ᠪᠦᠷᠢᠨ ᠲᠡᠭᠦᠯᠳᠡᠷ ᠳᠠᠪᠠᠭᠤᠯᠢᠭ ᠢᠶᠠᠨ ᠪᠠᠳᠠᠷᠠᠭᠤᠯᠵᠤ ᠂ ᠰᠠᠭᠤᠷᠢᠨ ᠭᠠᠵᠠᠷ ᠦᠨ ᠪᠦᠳᠦᠭᠡᠨ ᠪᠠᠶᠢᠭᠤᠯᠤᠯᠲᠠ ᠳᠦ ᠪᠦᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠬᠤ ᠪᠠ ᠵᠣᠷᠢᠭᠵᠢᠭᠤᠯᠵᠤ ᠂ ᠡᠯ᠎ᠡ ᠵᠦᠢᠯ ᠦᠨ ᠪᠣᠳᠠᠲᠤ ᠴᠣᠭᠴᠠᠲᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠣᠬᠢᠶᠠᠨ ᠪᠠᠢᠭᠤᠯᠤᠨ᠎ᠠ ᠃ ᠮᠠᠯᠴᠢᠨ ᠲᠠᠷᠢᠶᠠᠴᠢᠨ ᠤ ᠲᠤᠰᠬᠠᠶ ᠮᠡᠷᠭᠡᠵᠢᠯ ᠤᠨ ᠨᠡᠶᠢᠭᠡᠮᠯᠢᠭ ᠵᠡᠷᠭᠡ ᠠᠷᠠᠳ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠴᠢᠯᠦᠭᠡᠲᠡᠢ ᠬᠥᠭᠵᠢᠭᠦᠯᠵᠦ ᠂ ᠲᠡᠭᠦᠨ ᠤ ᠣᠨᠴᠠᠭᠠᠶ ᠦᠢᠯᠡᠳᠦᠯ ᠢ ᠪᠠᠳᠠᠷᠠᠭᠤᠯᠤᠨ᠎ᠠ᠃
ᠡᠷᠦᠬᠡ ᠳᠦ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ ᠂ ᠪᠦᠷᠢᠨ ᠲᠦᠬᠦᠷ ᠭᠠᠵᠠᠷ ᠰᠢᠷᠣᠶ ᠶᠢ ᠡᠭᠡᠯᠵᠢᠯᠡᠨ ᠡᠵᠡᠩᠨᠡᠬᠦ ᠳᠦᠷᠢᠮ ᠢ ᠲᠣᠭᠲᠠᠭᠠᠵᠤ᠂ ᠪᠡᠯᠴᠢᠭᠡᠷ ᠢ ᠦᠨ᠎ᠡ ᠲᠥᠯᠥᠪᠦᠷᠢ ᠲᠡᠶ ᠪᠡᠷ ᠬᠡᠷᠡᠭᠯᠡᠬᠦ ᠳᠦᠷᠢᠮ ᠢ ᠲᠤᠤᠱᠯᠠᠭᠤᠯᠵᠤ ᠰᠠᠭᠤᠷᠢᠨ ᠭᠠᠵᠠᠷ ᠤᠨ᠂ ᠵᠣᠬᠢᠬᠤ ᠬᠡᠪᠴᠢᠶᠡᠲᠦ ᠡᠵᠡᠩᠨᠡᠯᠲᠡ ᠳᠤ ᠨᠥᠬᠥᠴᠡᠯ ᠪᠦᠷᠢᠯᠳᠦᠭᠦᠯᠵᠦ ᠥᠭᠬᠦ ᠬᠡᠷᠡᠭᠲᠡᠶ ᠃ ᠡᠳ᠋ ᠤᠨ ᠵᠠᠰᠠᠭ ᠤᠨ ᠲᠠᠷᠢᠶᠠᠯᠠᠩ(ᠮᠠᠯ ᠠᠵᠤ ᠠᠬᠤᠶ) ᠶᠢ ᠳᠡᠮᠵᠢᠬᠦ ᠮᠥᠩᠭᠥ ᠶᠢ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠭᠣᠣᠯᠳᠠᠯᠭ᠎ᠠ ᠲᠠᠶ ᠪᠠᠷ ᠬᠡᠷᠡᠭᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ ᠂ ᠠᠮᠤ ᠪᠤᠳᠠᠭ᠎ᠠ ᠲᠤᠰᠤ ᠰᠢᠬᠢᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠂ ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ᠂ ᠰᠢᠩ ᠾᠦᠸ᠋ᠸ ᠲᠥᠯᠥᠪᠯᠡᠭᠡ᠂ ᠡᠯᠪᠡᠭ ᠬᠤᠷᠢᠶᠠᠯᠲᠠ ᠶᠢᠨ ᠲᠥᠯᠥᠪᠯᠡᠭᠡ ᠵᠡᠷᠭᠡ ᠶᠢᠨ ᠪᠡᠯᠡ ᠮᠥᠩᠭᠥᠨ ᠦ ᠬᠡᠷᠡᠭᠯᠡᠭᠡ ᠶᠢ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠲᠠ ᠲᠡᠰᠢ ᠬᠡᠯᠪᠡᠢᠯᠭᠡᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠮᠢᠩᠭᠠᠭᠠᠳ ᠭᠠᠴᠠᠭ᠎ᠠ ᠲᠤᠰᠬᠤᠨ ᠤ ᠠᠵᠤ ᠬᠤᠠᠢ ᠶᠢᠨ ᠬᠥᠭᠵᠢᠯᠲᠡ ᠶᠢ ᠳᠡᠮᠵᠢᠬᠦ 2500 ᠲᠦᠮᠡᠨ ᠲᠥᠭᠥᠷᠢᠭ ᠤᠨ ᠲᠤᠰᠬᠠᠶ ᠵᠦᠢᠯ ᠤᠨ ᠪᠡᠯᠡ ᠮᠥᠩᠭᠥ ᠪᠠ ᠠᠶᠢᠮᠠᠭ ᠬᠤᠲᠠ ᠶᠢᠨ ᠢᠵᠢ ᠪᠦᠷᠢᠳᠦᠭᠦᠯᠬᠦ ᠪᠡᠯᠡ ᠮᠥᠩᠭᠥ ᠶᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠪᠦᠳᠦᠭᠡᠨ ᠪᠠᠢᠭᠤᠯᠤᠯᠲᠠ ᠳᠤ ᠭᠣᠣᠯᠳᠠᠯᠭ᠎ᠠ ᠲᠠᠶ ᠬᠡᠷᠡᠭᠯᠡᠬᠦ ᠬᠡᠷᠡᠭᠲᠡᠶ ᠃ ᠲᠠᠷᠢᠶᠠᠯᠠᠩ ᠤᠨ ᠪᠠᠩᠬᠢ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠪᠣᠯᠣᠨ ᠲᠠᠷᠢᠶᠠᠯᠠᠬᠤ ᠮᠠᠯᠵᠢᠬᠤ ᠣᠷᠣᠨ ᠤ ᠢᠲᠡᠭᠡᠮᠵᠢ ᠶᠢᠨ ᠬᠣᠷᠰᠢᠶ᠎ᠠ ᠵᠡᠷᠭᠡ ᠮᠥᠩᠭᠥᠨ ᠭᠦᠢᠯᠭᠡᠭᠡᠨ ᠤ ᠪᠠᠶᠢᠭᠤᠯᠤᠮᠵᠢ ᠨᠤᠭᠤᠳ ᠥᠷᠭᠡᠳᠬᠡᠬᠦ ᠬᠡᠷᠡᠭᠲᠡᠶ ᠵᠢᠭᠡᠯᠡᠯᠭᠡ ᠶᠢᠨ ᠬᠡᠪᠴᠢᠶ᠎ᠡ ᠢᠶᠡᠨ ᠥᠷᠭᠡᠳᠬᠡᠵᠦ᠂ ᠪᠡᠯᠡ ᠮᠥᠩᠭᠥ ᠶᠢ ᠲᠥᠪᠯᠡᠷᠡᠭᠦᠯᠵᠦ ᠪᠠᠶᠢᠭᠠᠳ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ ᠃《 ᠲᠠᠪᠤᠨ ᠠᠳᠠᠷ 》 ᠤᠨ ᠪᠦᠳᠦᠭᠡᠨ ᠪᠠᠶᠢᠭᠤᠯᠤᠯᠲᠠ ᠢ ᠠᠰᠢᠭᠯᠠᠨ ᠪᠦᠲᠦᠭᠡᠨ ᠪᠠᠢᠭᠤᠯᠤᠭᠰᠠᠨ ᠲᠠᠷᠢᠶᠠᠯᠠᠩ ᠮᠠᠯ ᠠᠵᠤ ᠠᠬᠤᠶ ᠪᠠ ᠤᠢ ᠰᠢᠭᠤᠢ ᠶᠢᠨ ᠤᠠᠴᠠᠯᠢᠬᠳᠦ ᠪᠦᠲᠦᠭᠡᠭᠳᠡᠬᠦᠨ ᠦ ᠰᠠᠭᠤᠷᠢᠨ ᠭᠠᠵᠠᠷ ᠂ ᠣᠷᠣᠯᠭ᠎ᠠ ᠡᠬᠢᠯᠡᠵᠦ ᠣᠯᠬᠤ ᠠᠴᠠ ᠨᠠᠰᠢ 3 ᠵᠢᠯ ᠤᠨ ᠳᠣᠲᠣᠷ᠎ᠠ ᠪᠦᠬᠦ ᠭᠠᠶᠢᠯᠢ ᠰᠦᠢᠳᠬᠡᠯ ᠢ ᠬᠡᠯᠲᠦᠷᠢᠭᠦᠯᠦᠨ᠎ᠡ ᠃ 《 ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠬᠣᠯᠪᠣᠭᠠᠯᠠᠵᠤ》 ᠪᠠᠢᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠤᠷᠢᠳᠠᠪᠠᠷ ᠭᠠᠵᠠᠷ ᠰᠢᠷᠣᠶ᠂ ᠪᠡᠯᠴᠢᠭᠡᠷ ᠳᠣᠭᠢᠷᠠᠭᠤᠯᠵᠤ᠂ ᠭᠠᠵᠠᠷ ᠦᠨ ᠦᠨ᠎ᠡ ᠶᠢᠨ ᠲᠠᠯ᠎ᠠ ᠪᠠᠷ ᠂ ᠭᠠᠳᠠᠭᠠᠳᠤ ᠶᠢᠨ ᠪᠡᠯᠡ ᠮᠥᠩᠭᠥ ᠶᠢᠨ ᠡᠵᠡᠯᠡᠬᠦ ᠬᠠᠷᠢᠴᠠᠯ ᠤᠨ ᠶᠡᠬᠡ ᠪᠠᠭ᠎ᠠ ᠶᠢ ᠦᠨᠳᠦᠰᠦᠯᠡᠨ25-50% ᠤᠨ ᠬᠠᠷᠠᠭᠠᠯᠵᠠᠯ ᠦᠵᠡᠭᠦᠯᠦᠨ᠎ᠡ᠃
( ᠬᠣᠶᠠᠷ ) ᠲᠠᠭᠠᠭᠤᠯᠤᠭᠴᠢ ᠠᠵᠤ ᠠᠬᠤᠶᠢᠯᠠᠯ ᠢ ᠪᠣᠢᠵᠢᠭᠤᠯᠬᠤ
ᠵᠠᠰᠠᠭ ᠵᠠᠬᠢᠷᠭᠠᠨ ᠤ ᠬᠤᠪᠢᠶᠠᠷᠢᠯᠠᠯ᠂ ᠥᠮᠴᠢᠯᠡᠯ ᠦᠨ ᠳᠦᠷᠢᠮ᠂ ᠠᠵᠢᠯ ᠲᠥᠷᠥᠯ ᠦᠨ ᠵᠠᠭᠠᠭ ᠪᠠ ᠬᠠᠷᠢᠶᠠᠯᠠᠬᠤ ᠬᠠᠷᠢᠶᠠᠯᠠᠭᠳᠠᠬᠤ ᠬᠠᠷᠢᠴᠠᠭ᠎ᠠ ᠶᠢ ᠡᠪᠳᠡᠵᠦ᠂ ᠮᠢᠬᠠᠨ ᠤ ᠲᠥᠷᠥᠯ ᠢ ᠪᠣᠯᠪᠠᠰᠤᠷᠠᠭᠤᠯᠬᠤ ᠠᠵᠤ ᠦᠢᠯᠡᠳᠪᠦᠷᠢ᠂ ᠠᠮᠤ ᠳᠤᠰᠤ ᠡᠳ᠋ᠰᠢᠭᠦᠯᠬᠦ ᠦᠢᠯᠡᠰ᠂ ᠰᠢᠬᠢᠷ ᠦᠨ ᠠᠵᠤ ᠦᠢᠯᠡᠳᠪᠦᠷᠢ᠂ ᠴᠠᠭᠠᠨ ᠢᠳᠡᠭᠡ ᠪᠣᠯᠪᠠᠰᠤᠷᠠᠭᠤᠯᠬᠤ ᠠᠵᠤ ᠦᠢᠯᠡᠳᠪᠦᠷᠢ᠂ ᠤᠮᠳᠠᠭᠠᠨ ᠤ ᠦᠢᠯᠡᠳᠪᠦᠷᠢᠯᠡᠯ ᠂ ᠨᠣᠣᠰᠣ ᠨᠣᠯᠤᠤᠷ ᠨᠡᠬᠡᠮᠡᠯ ᠤᠨ ᠬᠣᠪᠴᠠᠰᠤᠨ ᠤ ᠦᠢᠯᠡᠰ ᠂ ᠠᠷᠠᠰᠤ ᠰᠢᠷᠢ ᠡᠳ᠋ᠰᠢᠭᠦᠯᠬᠦ ᠠᠵᠤ ᠦᠢᠯᠡᠳᠪᠦᠷᠢ᠂ ᠤᠢ ᠰᠢᠭᠤᠶ ᠶᠢᠨ ᠪᠦᠲᠦᠭᠡᠭᠳᠡᠬᠦᠨ ᠪᠣᠯᠪᠠᠰᠤᠷᠠᠭᠤᠯᠬᠤ ᠠᠵᠤ ᠦᠢᠯᠡᠳᠪᠦᠷᠢ ᠂ ᠮᠠᠯ ᠲᠠᠷᠢᠶᠠᠯᠠᠩ ᠤᠨ ᠠᠰᠢᠭ ᠰᠢᠮ᠎ᠡ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠡᠮ ᠡᠮᠨᠡᠯᠭᠡ ᠶᠢᠨ ᠠᠵᠤ ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠵᠡᠷᠭᠡ 10 ᠶᠡᠬᠡ ᠠᠵᠢᠯ ᠲᠥᠷᠥᠯ ᠤᠨ ᠳᠤᠮᠳᠠᠬᠢ ᠬᠥᠲᠥᠴᠢ ᠠᠵᠤ ᠠᠬᠤᠶᠢᠯᠠᠯ ᠢ ᠭᠣᠣᠯᠳᠠᠯᠭ᠎ᠠ ᠲᠠᠢ ᠠᠳᠬᠤᠵᠤ᠂ ᠡᠭᠦᠨ ᠦ ᠵᠡᠷᠭᠡ ᠪᠡᠷ ᠠᠷᠠᠯᠵᠢᠶ᠎ᠠ ᠬᠤᠳᠠᠯᠳᠤᠭ᠎ᠠ ᠂ ᠰᠢᠨᠵᠢᠯᠡᠬᠦ ᠤᠬᠠᠭᠠᠨ ᠮᠡᠷᠭᠡᠵᠢᠯ ᠢᠶᠡᠷ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠦᠨ ᠳᠣᠲᠣᠷ᠎ᠠ ᠲᠣᠯᠣᠭᠠᠶᠢᠯᠠᠭᠴᠢ ᠠᠵᠤ ᠠᠬᠤᠶᠢᠯᠠᠯ ᠡᠭᠦᠰᠬᠡᠨ ᠪᠣᠢᠵᠢᠭᠤᠯᠤᠨᠠ ᠃ ᠲᠠᠭᠠᠭᠤᠯᠤᠭᠴᠢ ᠠᠵᠤ ᠠᠬᠤᠶᠢᠯᠠᠯᠦᠢᠯᠡᠰ ᠨᠢ ᠪᠣᠯᠪᠠᠰᠤᠷᠠᠭᠤᠯᠬᠤ ᠠᠵᠤ ᠠᠬᠤᠶᠢᠯᠠᠯ ᠪᠠᠶᠢᠵᠦ ᠪᠣᠯᠬᠤ ᠪᠥᠭᠡᠳ ᠂ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ᠂ ᠰᠢᠨᠵᠢᠯᠡᠬᠦ ᠲᠧᠭᠨᠢᠭ ᠦᠨ ᠠᠵᠤ ᠠᠬᠤᠢᠯᠠᠯ ᠪᠠᠶᠢᠵᠤ ᠴᠤ ᠪᠣᠯᠣᠨ᠎ᠠ᠃ ᠭᠠᠵᠠᠷ᠂ ᠠᠵᠤ ᠠᠬᠤᠢᠯᠠᠯ᠂ ᠪᠦᠲᠦᠭᠡᠭᠳᠡᠬᠦᠨ ᠡᠴᠡ ᠰᠢᠯᠲᠠᠭᠠᠯᠠᠵᠤ᠂ ᠠᠳᠠᠯᠢ ᠪᠤᠰᠤ ᠲᠤᠢᠷᠦᠯ ᠂ ᠠᠳᠠᠯᠢ ᠪᠤᠰᠤ ᠪᠦᠲᠦᠴᠡ ᠲᠠᠢ᠂ ᠬᠡᠪᠴᠢᠶᠡᠵᠢᠭᠰᠡᠨ᠂ ᠵᠠᠬ᠎ᠠ ᠳᠡᠯᠭᠡᠭᠦᠷ ᠢ ᠬᠦᠲᠦᠯᠵᠦ ᠴᠢᠳᠠᠬᠤ ᠂ ᠠᠵᠤ ᠠᠬᠤᠶᠢᠯᠠᠯ ᠢ ᠳᠠᠢᠴᠢᠯᠠᠵᠤ ᠴᠢᠳᠠᠬᠤ᠂ ᠰᠢᠨᠵᠢᠯᠡᠬᠦ ᠮᠡᠷᠭᠡᠵᠢᠯ ᠦᠨ ᠬᠣᠰᠢᠭᠤᠴᠢ ᠰᠢᠨᠵᠢᠲᠡᠢ ᠪᠠ ᠰᠠᠭᠤᠷᠢᠨ ᠭᠠᠵᠠᠷ ᠤᠨ ᠰᠠᠴᠤᠷᠠᠭ ᠬᠡᠯᠪᠡᠷᠢ ᠲᠠᠢ ᠳᠠᠷᠢᠵᠤ ᠲᠡᠵᠢᠭᠡᠵᠦ ᠡᠳ᠋ᠰᠢᠭᠦᠯᠬᠦ ᠂ ᠠᠷᠠᠯᠵᠢᠶ᠎ᠠ ᠠᠵᠤ ᠦᠢᠯᠡᠳᠪᠦᠷᠢ ᠲᠠᠷᠢᠶᠠᠯᠠᠩ ( ᠮᠠᠯ ᠠᠵᠤ ᠠᠬᠤᠶ ) ᠨᠢᠭᠡᠨ ᠴᠤᠭᠴᠠᠵᠢᠭᠤᠯᠤᠭᠰᠠᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠢᠭᠤᠯᠬᠤ ᠶᠢ ᠳᠡᠮᠵᠢᠨ᠎ᠡ᠃
ᠵᠠᠬ᠎ᠠ ᠳᠡᠯᠭᠡᠭᠦᠷ ᠢᠶᠡᠷ ᠬᠣᠰᠢᠭᠤᠴᠢ ᠪᠤᠯᠠᠭᠠᠨ᠂ ᠰᠢᠯᠢᠳᠡᠭ ᠢ ᠨᠢ ᠲᠡᠳᠬᠦᠵᠦ ᠂ ᠲᠡᠭᠰᠢ ᠶᠢ ᠬᠢᠵᠠᠭᠠᠷᠯᠠᠨ᠂ ᠮᠠᠭᠤ ᠶᠢ ᠨᠢ ᠲᠠᠶᠠᠭᠳᠠᠬᠤ ᠵᠠᠷᠴᠢᠮ ᠶᠢ ᠪᠠᠷᠢᠮᠲᠠᠯᠠᠵᠤ ᠂ ᠤᠳᠤ ᠪᠠᠶᠢᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠳᠦ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠥᠭᠡᠷᠡᠴᠢᠯᠡᠯᠲᠡ ᠬᠢᠨ᠎ᠡ ᠃《 ᠨᠡᠷᠡᠲᠤ ᠲᠠᠸᠠᠷ ᠤᠨ ᠪᠠᠶᠢᠯᠳᠤᠬᠤ ᠪᠣᠳ᠋ᠣᠯᠭ᠎ᠠ》 ᠪᠠ《ᠭᠤᠷᠪᠠᠨ ᠰᠢᠯᠢᠳᠡᠭ ᠢᠶᠡᠷ ᠳᠠᠶᠢᠴᠢᠯᠠᠬᠤ 》 ᠢᠨᠵᠧᠨᠧᠷᠢᠩ ᠢ ᠤᠶᠠᠯᠳᠤᠭᠤᠯᠤᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠠᠴᠠ ᠬᠦᠴᠦᠨ ᠢᠶᠡᠨ ᠲᠥᠪᠯᠡᠷᠡᠭᠦᠯᠦᠨ ᠠᠳᠬᠤᠵᠤ ᠰᠠᠢᠢᠨ ᠨᠢᠭᠡ ᠪᠦᠯᠦᠭ ᠳᠠᠶᠢᠴᠢᠯᠠᠬᠤ ᠦᠢᠯᠡᠳᠦᠯ ᠨᠢ ᠨᠡᠯᠢᠶᠡᠳ ᠶᠡᠬᠡ ᠂ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ ᠨᠢ ᠨᠡᠯᠢᠶᠡᠳ ᠥᠨᠳᠥᠷ ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠬᠦᠴᠦᠨ ᠢᠶᠠᠷ ᠨᠡᠯᠢᠶᠡᠳ ᠴᠢᠩᠭ᠎ᠠ ᠂ ᠨᠡᠷᠡᠲᠦ ᠪᠦᠲᠦᠭᠡᠭᠳᠡᠬᠦᠨ ᠲᠠᠢ ᠪᠦᠬᠦ ᠣᠷᠣᠨ ᠤ ᠰᠢᠨᠵᠢᠲᠡᠢ ᠭᠣᠸᠯᠳᠠᠯᠭ᠎ᠠ ᠲᠠᠶ ᠬᠥᠲᠥᠴᠢ ᠠᠵᠤ ᠠᠬᠤᠶᠢᠯᠠᠯ ᠢ ᠭᠣᠣᠯᠳᠠᠯᠭ᠎ᠠ ᠲᠠᠢ ᠠᠳᠬᠤᠬᠤ ᠬᠡᠷᠡᠭᠲᠡᠢ᠃ ᠡᠭᠦᠨ ᠳᠦ᠂ ᠡᠨᠡ ᠵᠢᠯ ᠪᠠ ᠢᠷᠡᠬᠦ ᠵᠢᠯ 20 ᠡᠷᠦᠬᠡ ᠠᠵᠤ ᠠᠬᠤᠶᠢᠯᠠᠯ ᠢ ᠰᠠᠢᠲᠤᠷ ᠠᠳᠬᠤᠨ᠎ᠠ ᠃ ᠠᠶᠢᠮᠠᠭ ᠬᠤᠳᠠ ᠂ ᠬᠣᠰᠢᠭᠤ ᠰᠢᠶᠠᠨ ᠡᠯ᠎ᠡ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠵᠦ ᠂ ᠣᠷᠣᠨ ᠪᠦᠰᠡ ᠶᠢᠨ ᠴᠢᠨᠠᠷᠲᠠᠶ ᠠᠷᠪᠠᠨ ᠲᠠᠭᠠᠭᠤᠯᠤᠭᠴᠢ ᠠᠵᠤ ᠠᠬᠤᠶᠢᠯᠠᠯ ᠢ ᠭᠣᠣᠯᠳᠠᠯᠭ᠎ᠠ ᠲᠠᠶ ᠪᠣᠶᠢᠵᠢᠭᠤᠯᠬᠤ ᠬᠡᠷᠡᠭᠲᠡᠶ᠃ ᠪᠠᠰᠠ ᠡᠳᠡᠭᠡᠷ ᠠᠵᠤ ᠠᠬᠤᠶᠢᠯᠠᠯ ᠤᠨ ᠨᠡᠶᠢᠯᠡᠭᠦᠯᠬᠦ ᠂ ᠬᠤᠪᠢ ᠣᠷᠣᠭᠤᠯᠬᠤ ᠪᠠ ᠬᠤᠪᠢ ᠬᠤᠷᠰᠢᠬᠤ ᠵᠡᠷᠭᠡ ᠬᠡᠯᠪᠡᠷᠢ ᠪᠠᠷ᠂ ᠬᠥᠷᠥᠩᠭᠡ ᠶᠢ ᠬᠤᠷᠠᠮᠳᠤᠭᠤᠯᠬᠤ ᠪᠠ ᠲᠥᠪᠯᠡᠷᠡᠭᠦᠯᠵᠦ ᠂ ᠬᠡᠪᠴᠢᠶ᠎ᠡ ᠪᠠᠨ ᠥᠷᠭᠡᠳᠬᠡᠨ ᠲᠦᠪᠰᠢᠨ ᠢᠶᠡᠨ ᠳᠡᠭᠡᠭᠰᠢᠯᠡᠭᠦᠯᠦᠨ᠂ ᠳᠣᠣᠷ᠎ᠠ ᠪᠡᠯᠡ ᠪᠡᠷ ᠥᠷᠭᠡᠳᠬᠡᠬᠦ ᠶᠢ ᠪᠡᠶᠡᠯᠡᠭᠦᠯᠬᠦ ᠬᠡᠷᠡᠭᠲᠡᠶ᠃ ᠰᠤᠮᠤ ᠪᠠᠯᠭᠠᠰᠤᠨ ᠤ ᠠᠵᠤ ᠠᠬᠤᠶᠢᠯᠠᠯ ᠪᠠ ᠣᠷᠣᠨ ᠨᠤᠲᠤᠭ ᠤᠨ ᠳᠤᠮᠳᠠ ᠵᠢᠵᠢᠭ ᠠᠵᠤ ᠠᠬᠤᠶᠢᠯᠠᠯ ᠪᠣᠯᠣᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠣᠯᠪᠣᠭᠠᠯᠠᠬᠤ ᠶᠢ ᠵᠣᠷᠢᠭᠵᠢᠭᠤᠯᠵᠤ᠂ ᠪᠣᠯᠵᠤ ᠂ ᠲᠠᠭᠠᠭᠤᠯᠤᠭᠴᠢ ᠠᠵᠤ ᠠᠬᠤᠶᠢᠯᠠᠯ ᠤᠨ ᠬᠤᠪᠢᠶᠠᠷᠢ ᠦᠢᠯᠡᠳᠪᠦᠷᠢ ᠪᠤᠶᠤ ᠦᠢᠯᠡᠳᠪᠦᠷᠢ ᠶᠢᠨ ᠲᠠᠰᠤᠭ ᠪᠣᠯᠬᠤ ᠂ ᠡᠰᠡᠪᠡᠯ ᠲᠠᠭᠠᠭᠤᠯᠤᠭᠴᠢ ᠠᠵᠤ ᠠᠬᠤᠶᠢᠯᠠᠯ ᠳᠤ ᠠᠩᠬᠠᠨ ᠤ ᠳᠡᠰ ᠦᠨ ᠪᠣᠯᠪᠠᠰᠤᠷᠠᠭᠤᠯᠤᠭᠰᠠᠨ ᠦᠢᠯᠡᠳᠬᠦᠨ ᠬᠠᠩᠭᠠᠬᠤ ᠶᠢ ᠵᠣᠷᠢᠭᠵᠢᠭᠤᠯᠤᠨ᠎ᠠ᠃ ᠬᠡᠯᠪᠡᠷᠢᠵᠢᠭᠰᠡᠨ ᠦᠢᠯᠡᠳᠬᠦᠨ ᠦᠭᠡᠢ᠂ ᠬᠣᠬᠢᠷᠠᠯ ᠬᠦᠨᠳᠦ ᠨᠣᠴᠢᠲᠠᠶ ᠂《 ᠡᠳᠡᠭᠡᠬᠦ》 ᠳᠦ ᠪᠡᠷᠬᠡᠲᠡᠢ ᠠᠵᠤ ᠠᠬᠤᠶᠢᠯᠠᠯ ᠢ ᠰᠢᠢᠳᠦᠮᠡᠬᠡᠢ ᠪᠡᠷ ᠲᠠᠶᠠᠭᠳᠠᠨ᠎ᠠ ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠤᠨ ᠬᠥᠭᠵᠢᠯᠲᠡ ᠶᠢ ᠲᠥᠯᠥᠪᠵᠢᠭᠦᠯᠬᠦ ᠪᠠ ᠵᠦᠶ ᠵᠣᠬᠢᠰᠲᠠᠶ ᠪᠠᠶᠢᠷᠢᠯᠠᠭᠤᠯᠵᠤ ᠂ ᠡᠳ᠋ᠰᠢᠭᠦᠯᠬᠦᠠᠵᠤ ᠦᠢᠯᠡᠳᠪᠦᠷᠢ ᠶᠢᠨ ᠰᠢᠨ᠎ᠡ ᠪᠡᠷ ᠨᠡᠮᠡᠭᠳᠡᠭᠰᠡᠨ ᠲᠥᠷᠥᠯ ᠵᠦᠢᠯ ᠳᠡᠬᠢ ᠡᠵᠡᠮᠰᠢᠯ ᠢᠶᠡᠨ ᠴᠢᠩᠭᠠᠳᠬᠠᠵᠤ ᠂ ᠡᠳ᠋ ᠤᠨ ᠬᠦᠴᠦᠨ ᠂ ᠪᠣᠳᠠᠰ ᠤᠨ ᠬᠦᠴᠦᠨ᠂ ᠮᠡᠷᠭᠡᠵᠢᠯ ᠢ ᠬᠥᠲᠥᠴᠢ ᠠᠵᠤ ᠠᠬᠤᠶᠢᠯᠠᠯ ᠢ ᠳᠡᠮᠵᠢᠬᠦ ᠳᠦ ᠬᠡᠷᠡᠭᠯᠡᠬᠦ ᠶᠢ ᠪᠠᠲᠤᠯᠠᠨ᠎ᠠ᠃ ᠰᠢᠨ᠎ᠡ ᠳᠣᠣᠷ᠎ᠠ ᠲᠦᠪᠰᠢᠨ ᠦ ᠳᠠᠪᠬᠤᠷᠳᠠᠭᠰᠠᠨ ᠪᠦᠲᠦᠭᠡᠨ ᠪᠠᠢᠭᠤᠯᠤᠯᠲᠠ ᠪᠠ ᠬᠣᠴᠣᠷᠣᠩᠭᠤᠢ ᠵᠠᠰᠠᠭ ᠵᠠᠬᠢᠷᠭᠠᠨ ᠤ ᠠᠷᠭ᠎ᠠ ᠪᠠᠷᠢᠯ ᠤᠨ ᠲᠠᠭᠠᠭᠤᠯᠤᠭᠴᠢ ᠠᠵᠤ ᠠᠬᠤᠶᠢᠯᠠᠯ ᠲᠠᠶ ᠪᠡᠯᠡ ᠮᠥᠩᠭᠥ ᠂ ᠲᠦᠭᠦᠬᠡᠶ ᠡᠳ᠋ ᠪᠤᠯᠢᠶᠠᠯᠳᠤᠬᠤ ᠪᠠᠶᠢᠳᠠᠯ ᠭᠠᠷᠬᠤ ᠠᠴᠠ ᠰᠡᠷᠭᠡᠢᠯᠡᠨ᠎ᠡ᠃
ᠪᠡᠯᠡ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠭᠣᠣᠯᠳᠠᠯᠭ᠎ᠠ ᠲᠠᠶ ᠲᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠡᠷᠡᠭᠲᠡᠶ ᠃ ᠪᠦᠬᠦ ᠣᠷᠣᠨ ᠤ ᠣᠷᠣᠨ ᠨᠤᠲᠤᠭ ᠤᠨ ᠲᠣᠬᠢᠷᠠᠭᠤᠯᠤᠭᠰᠠᠨ ᠲᠥᠰᠦᠪ ᠤᠨ ᠳᠣᠲᠣᠷᠠᠬᠢ ᠠᠵᠤ ᠦᠢᠯᠡᠳᠪᠦᠷᠢ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠬᠦᠯᠲᠦᠢᠭᠴᠢ ᠠᠵᠤ ᠠᠬᠤᠢᠯᠠᠯ ᠳᠤ ᠬᠡᠷᠡᠭᠯᠡᠬᠦ ᠬᠠᠷᠢᠴᠠᠯ ᠨᠢ ᠭᠤᠷᠪᠠᠨ ᠤ ᠨᠢᠭᠡ ᠡᠴᠡ ᠳᠣᠣᠷ᠎ᠠ ᠪᠠᠶᠢᠵᠦ ᠪᠣᠯᠬᠤ ᠦᠭᠡᠢ᠃ ᠡᠭᠦᠨ ᠳᠦ《 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠢᠶᠠᠷ ᠭᠣᠣᠯ ᠪᠣᠯᠭᠠᠵᠤ᠂ ᠨᠠᠷᠠᠲᠤ ᠰᠢᠯᠢᠳᠡᠭ ᠣᠨᠴᠠ ᠲᠦᠷᠭᠡᠨ ᠠᠮᠵᠢᠯᠲᠠ ᠤᠯᠬᠤ ᠲᠥᠷᠥᠯ ᠵᠦᠶᠯ ᠶᠢᠨ ᠨᠥᠬᠥᠪᠦᠷᠢ》 ᠶᠢᠨᠪᠡᠯᠡ ᠮᠥᠩᠭᠥ ᠶᠢᠨ ᠨᠡᠷ᠎ᠡ ᠶᠢ《 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠶᠯᠡᠰ ᠤᠨ ᠬᠥᠭᠵᠢᠯᠲᠡ ᠶᠢᠨ ᠰᠠᠭᠤᠷᠢ ᠮᠥᠩᠭᠥ》 ᠭᠡᠵᠦ ᠬᠠᠯᠠᠭᠠᠳ ᠬᠥᠲᠥᠴᠢ ᠠᠵᠤ ᠠᠬᠤᠶᠢᠯᠠᠯ ᠤᠨ ᠬᠥᠭᠵᠢᠭᠦᠯᠦᠯᠲᠡ ᠶᠢ ᠳᠡᠮᠵᠢᠬᠦ ᠳᠦ ᠲᠤᠰᠬᠠᠶ ᠬᠡᠷᠡᠭᠯᠡᠵᠦ᠂ ᠭᠣᠣᠯᠳᠠᠭᠤ ᠲᠥᠷᠥᠯ ᠵᠦᠶᠯ ᠤᠨ ᠬᠦᠦ ᠮᠥᠩᠭᠥᠨ ᠦ ᠨᠥᠬᠥᠪᠦᠷᠢ ᠂ ᠰᠢᠨ᠎ᠡ ᠦᠢᠯᠡᠳᠬᠦᠨ ᠢ ᠡᠭᠦᠳᠬᠦ ᠂ ᠨᠡᠷᠡᠲᠦ ᠪᠦᠲᠦᠭᠡᠭᠳᠡᠬᠦᠨ ᠢ ᠦᠢᠯᠡᠳᠪᠦᠷᠢᠯᠡᠬᠦ ᠳᠦ ᠬᠡᠷᠡᠭᠯᠡᠨ᠎ᠡ ᠃ ᠠᠵᠤ ᠦᠢᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠮᠥᠩᠭᠥ ᠪᠠ ᠡᠳ᠋ ᠤᠨ ᠵᠠᠰᠠᠭ ᠠᠴᠠ ᠠᠵᠤ ᠦᠢᠯᠡᠳᠪᠦᠷᠢ ᠶᠢ ᠳᠡᠮᠵᠢᠬᠦ ᠡᠷᠭᠢᠯᠭᠡᠨ ᠦ ᠮᠥᠩᠭᠥ ᠶᠢ ᠭᠣᠣᠯᠳᠠᠯᠭ᠎ᠠ ᠲᠠᠶ ᠪᠠᠷ ᠲᠠᠭᠠᠭᠤᠯᠤᠭᠴᠢ ᠠᠵᠤ ᠠᠬᠤᠶᠢᠯᠠᠯ ᠳᠦ ᠭᠣᠳᠯᠠᠨ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠮᠥᠩᠭᠥᠨ ᠭᠦᠢᠯᠭᠡᠭᠡᠨ ᠤ ᠪᠠᠶᠢᠭᠤᠯᠤᠮᠵᠢ ᠢᠲᠡᠭᠡᠮᠵᠢᠲᠦ ᠵᠢᠭᠡᠯᠡᠯᠭᠡ ᠶᠢᠨ ᠲᠠᠯ᠎ᠠ ᠪᠠᠷ ᠲᠠᠭᠠᠭᠤᠯᠤᠭᠴᠢ ᠠᠵᠤ ᠠᠬᠤᠶᠢᠯᠠᠯ ᠤᠨ ᠵᠦᠭ ᠬᠡᠯᠪᠡᠢᠬᠦ ᠬᠡᠷᠡᠭᠲᠡᠶ ᠃ ᠰᠲ᠋ᠣᠺ ᠵᠠᠬ᠎ᠠ ᠳᠤ ᠭᠠᠷᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠲᠠᠯ᠎ᠠ ᠪᠠᠷ ᠂ ᠳᠠᠢᠴᠢᠯᠠᠯᠲᠠ ᠶᠢᠨ ᠬᠡᠪᠴᠢᠶ᠎ᠡ ᠪᠡᠷ ᠶᠡᠬᠡ ᠲᠠᠭᠠᠭᠤᠯᠤᠭᠴᠢ ᠠᠵᠤ ᠠᠬᠤᠶᠢᠯᠠᠯ ᠢ ᠡᠩ ᠲᠡᠷᠢᠭᠦᠨ ᠳᠦ ᠲᠣᠬᠢᠷᠠᠭᠤᠯᠬᠤ ᠬᠡᠷᠡᠭᠲᠡᠶ ᠃ ᠲᠤᠮᠤ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠤᠨ ᠡᠳ᠋ ᠦᠨ ᠵᠠᠰᠠᠭ ᠤᠨ ᠺᠣᠮᠫᠠᠨᠢ ᠪᠠᠢᠭᠤᠯᠬᠤ ᠶᠢ ᠳᠡᠮᠵᠢᠵᠦ᠂ ᠪᠡᠯᠡ ᠬᠤᠷᠠᠮᠳᠤᠭᠤᠯᠬᠤ ᠪᠡᠯᠡ ᠣᠷᠣᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ ᠃ ᠪᠥᠬᠥ ᠣᠷᠣᠨ ᠤ ᠴᠢᠨᠠᠷᠲᠠᠶ ᠭᠣᠸᠯᠳᠠᠯᠭ᠎ᠠ ᠲᠠᠶ ᠬᠥᠲᠥᠴᠢ ᠠᠵᠤ ᠠᠬᠤᠶᠢᠯᠠᠯ ᠳᠤ ᠭᠣᠣᠯᠯᠠᠨ ᠡᠷᠬᠢᠯᠡᠬᠦ ᠪᠠᠩᠬ ᠶᠢᠨ ᠳᠦᠷᠢᠮ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠯᠠ ᠮᠥᠩᠭᠥᠨ ᠤ ᠬᠡᠷᠡᠭᠴᠡᠭᠡ ᠶᠢ ᠪᠠᠲᠤᠯᠠᠨ᠎ᠠ ᠃ ᠭᠣᠣᠯᠳᠠᠯᠭ᠎ᠠ ᠲᠠᠶ ᠲᠠᠭᠠᠭᠤᠯᠤᠭᠴᠢ ᠠᠵᠤ ᠠᠬᠤᠶᠢᠯᠠᠯ ᠤᠨ ᠬᠦᠷᠦᠡᠭᠭᠡ ᠪᠡᠨ ᠨᠡᠮᠡᠭᠳᠡᠭᠦᠯᠦᠨ ᠥᠷᠢ ᠪᠡᠨ ᠪᠠᠭᠠᠰᠬᠠᠬᠤ ᠶᠢ ᠳᠡᠮᠵᠢᠵᠦ ᠂ ᠭᠠᠢᠯᠢ ᠶᠢᠨ15% ᠶᠢ ᠨᠢ ᠪᠤᠴᠠᠭᠠᠨ ᠥᠭᠴᠦ᠂ ᠨᠥᠬᠥᠪᠥᠷᠢᠯᠡᠬᠦ ᠳᠦ ᠬᠡᠷᠡᠭᠯᠡᠵᠦ ᠂ ᠤᠯᠤᠰ ᠤᠨ ᠬᠦᠷᠦᠨᠭᠭᠡ ᠮᠥᠩᠭᠥ ᠶᠢ ᠨᠥᠬᠥᠪᠦᠷᠢᠯᠡᠬᠦ ᠳᠦ ᠬᠡᠷᠡᠭᠯᠡᠨ᠎ᠡ᠃ ᠵᠥᠪᠰᠢᠶᠡᠷᠡᠯ ᠣᠯᠪᠠᠯ᠂ ᠥᠭᠴᠡᠭᠡᠨ ᠡᠴᠡ ᠪᠣᠯᠣᠭᠰᠠᠨ ᠥᠷᠢᠲᠦᠯ ᠢ《 ᠵᠢᠭᠡᠯᠡᠯᠭᠡ ᠠᠴᠠ ᠪᠡᠯᠡ ᠣᠷᠣᠭᠤᠯᠬᠤ》ᠪᠤᠯᠭᠠᠵᠤ ᠂ ᠡᠭᠦᠨ ᠢᠶᠡᠷ ᠳᠠᠮᠵᠢᠭᠤᠯᠤᠨ ᠤᠯᠤᠰ ᠤᠨ ᠬᠥᠷᠥᠩᠭᠡ ᠶᠢ ᠨᠡᠮᠡᠭᠳᠡᠭᠦᠯᠦᠨ᠎ᠡ᠃ ᠬᠥᠲᠥᠴᠢ ᠠᠵᠤ ᠠᠬᠤᠶᠢᠯᠠᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯᠵᠢᠯ ᠤᠨ ᠦᠢᠯᠡᠰ ᠦᠨ ᠬᠠᠮᠢᠶ᠎ᠠ ᠪᠦᠬᠦᠢ ᠨᠡᠭᠡᠭᠡᠨ ᠬᠥᠭᠵᠢᠭᠦᠯᠬᠦ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠵᠦ ᠪᠣᠯᠬᠤ ᠪᠥᠭᠡᠳ ᠣᠷᠣᠨ ᠤ ᠭᠠᠳᠠᠨᠠᠬᠢ ᠪᠡᠯᠡ ᠮᠥᠩᠭᠥ ᠶᠢ ᠰᠢᠯᠵᠢᠭᠦᠯᠦᠨ ᠥᠭᠡᠷᠡᠴᠢᠯᠡᠭᠰᠡᠨ ᠲᠣᠯᠣᠭᠠᠶᠢᠯᠠᠭᠴᠢ ᠠᠵᠤ ᠠᠬᠤᠶᠢᠯᠠᠯ ᠨᠢ ᠳᠤᠮᠳᠠᠳᠤ ᠭᠠᠳᠠᠭᠠᠳᠤ ᠶᠢᠨ ᠪᠡᠯᠡ ᠬᠣᠷᠰᠢᠭᠰᠠᠨ ᠠᠵᠤ ᠠᠬᠤᠢᠯᠠᠯ ᠳᠤ ᠬᠠᠨᠳᠤᠭᠤᠯᠤᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃ ᠡᠯ᠎ᠡ ᠱᠠᠲᠤᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠬᠥᠲᠥᠴᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠶ ᠶᠢ ᠤᠷᠢᠳᠠᠪᠠᠷ ᠳᠣᠭᠢᠷᠠᠭᠤᠯᠵᠤ ᠂ ᠡᠯ᠎ᠡ ᠵᠦᠶᠯ ᠤᠨ ᠵᠠᠷᠤᠳᠠᠯ ᠮᠥᠩᠭᠥ ᠶᠢ ᠬᠠᠮᠤᠭ ᠤᠨ ᠳᠣᠣᠷᠠᠳᠤ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ ᠃ ᠭᠠᠳᠠᠭᠠᠳᠤ ᠳᠤ ᠭᠠᠷᠭᠠᠬᠤ ᠬᠤᠪᠢᠶᠡᠷᠢᠯᠭ᠌ᠰᠠᠨ ᠨᠤᠷᠮ᠎ᠠ ᠂ ᠭᠠᠶᠢᠯᠢ ᠪᠤᠴᠠᠭᠠᠬᠤ ᠵᠡᠷᠭᠡ ᠲᠠᠯ᠎ᠠ ᠪᠠᠷ ᠲᠠᠭᠠᠭᠤᠯᠤᠭᠴᠢ ᠠᠵᠤ ᠠᠬᠤᠶᠢᠯᠠᠯ ᠤᠷᠢᠳᠠᠪᠠᠷ ᠲᠡᠳᠬᠦᠮᠵᠢ ᠳᠡᠮᠵᠢᠯᠭᠡ ᠣᠯᠭᠣᠨ᠎ᠠ ᠃
( ᠭᠤᠷᠪᠠ ) ᠢᠳᠡᠪᠬᠢᠲᠡᠶ ᠪᠡᠷ ᠵᠠᠬ᠎ᠠ ᠳᠡᠯᠭᠡᠭᠦᠷ ᠪᠣᠶᠢᠵᠢᠭᠤᠯᠬᠤ ᠪᠠ ᠥᠷᠭᠡᠳᠬᠡᠬᠦ
ᠬᠡᠪᠴᠢᠶ᠎ᠡ ᠶᠢ ᠥᠷᠭᠡᠳᠬᠡᠬᠦ ᠂ ᠰᠠᠴᠤᠷᠠᠭᠯᠠᠬᠤ ᠴᠢᠳᠠᠪᠤᠷᠢ ᠶᠢ ᠴᠢᠩᠭᠠᠳᠬᠠᠬᠤ ᠶᠢᠨ ᠲᠣᠭᠣᠷᠢᠨ ᠳᠤ ᠂ ᠥᠪᠡᠷᠲᠡᠭᠡᠨ ᠵᠠᠰᠠᠬᠤ ᠣᠷᠣᠨ ᠠᠴᠠ ᠬᠦᠴᠦᠨ ᠪᠠᠨ ᠲᠥᠪᠯᠡᠷᠡᠭᠦᠯᠦᠨ ᠵᠢᠯ ᠤᠨ ᠠᠷᠠᠯᠵᠢᠶᠠᠯᠠᠭᠰᠠᠨ ᠬᠡᠮᠵᠢᠶ᠎ᠡ ᠨᠢ ᠳ᠋ᠦᠩᠰᠢᠭᠤᠷ ᠲᠥᠭᠥᠷᠢᠭ ᠢ ᠳᠠᠪᠠᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠰᠠᠶᠢᠲᠤᠷ ᠠᠳᠬᠤᠵᠤ ᠂ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠲᠥᠪᠯᠡᠷᠡᠭᠰᠡᠨ ᠭᠠᠵᠠᠷ ᠲᠤ ᠨᠢᠭᠡ ᠪᠦᠯᠦᠭ ᠭᠠᠵᠠᠷ ᠣᠷᠣᠨ ᠠᠯᠤᠰᠯᠠᠭᠰᠠᠨ ᠲᠤᠮᠤ ᠳᠤᠮᠳᠠ ᠬᠡᠯᠪᠡᠷᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠲᠤᠰᠬᠠᠢᠵᠢᠭᠰᠠᠨ᠂ ᠪᠥᠭᠡᠮ ᠢᠶᠡᠷ ᠬᠤᠳᠠᠯᠳᠤᠬᠤ ᠵᠠᠬ᠎ᠠ ᠳᠡᠯᠭᠡᠭᠦᠷ ᠭᠣᠣᠯᠳᠠᠯᠭ᠎ᠠ ᠲᠠᠢ ᠪᠠᠷ ᠪᠦᠲᠦᠭᠡᠨ ᠪᠠᠢᠭᠤᠯᠵᠤ᠂ ᠠᠶᠢᠮᠠᠭ ᠬᠣᠲᠠ ᠳᠦ ᠣᠷᠣᠨ ᠪᠦᠰᠡ ᠶᠢᠨ ᠴᠢᠨᠠᠷᠲᠠᠶ ᠪᠥᠭᠡᠮ ᠢᠶᠡᠷ ᠬᠤᠳᠠᠯᠳᠤᠬᠤ ᠲᠤᠰᠬᠠᠶ ᠵᠠᠬ᠎ᠠ ᠳᠡᠯᠭᠡᠭᠦᠷ ᠭᠣᠣᠯᠳᠠᠯᠭ᠎ᠠ ᠲᠠᠢ ᠪᠠᠷ ᠪᠦᠲᠦᠭᠡᠨ ᠪᠠᠢᠭᠤᠯᠤᠨ᠎ᠠ᠃ ᠬᠣᠰᠢᠭᠤ ᠰᠢᠶᠠᠨ ᠳᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠭᠣᠣᠯᠳᠠᠯᠭ᠎ᠠ ᠲᠠᠢ ᠪᠠᠢᠭᠤᠯᠵᠤ ᠲᠡᠭᠦᠯᠳᠡᠷᠵᠢᠭᠦᠯᠦᠨ᠎ᠡ ᠃ ᠵᠠᠬ᠎ᠠ ᠳᠡᠯᠭᠡᠭᠦᠷ ᠪᠦᠲᠦᠭᠡᠨ ᠪᠠᠢᠭᠤᠯᠬᠤ ᠳᠤ ᠥᠨᠳᠥᠷ ᠭᠠᠷᠤᠭᠠᠨ ᠠᠴᠠ ᠡᠬᠢᠯᠡᠵᠦ᠂ ᠲᠣᠯᠣᠭᠠᠶᠢᠯᠠᠭᠴᠢ ᠠᠵᠤ ᠠᠬᠤᠶᠢᠯᠠᠯ ᠪᠠ ᠰᠠᠭᠤᠷᠢᠨ ᠭᠠᠵᠠᠷ ᠲᠠᠢ ᠬᠣᠯᠪᠣᠵᠤ᠂ ᠢᠵᠢ ᠪᠦᠷᠢᠳᠦᠭᠰᠡᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃
ᠬᠥᠲᠥᠴᠢ ᠠᠵᠤ ᠠᠬᠤᠶᠢᠯᠠᠯ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠶᠢ ᠴᠢᠬᠤᠯᠠ ᠪᠠᠶᠢᠷᠢᠨ ᠳᠤ ᠲᠠᠯᠪᠢᠵᠤ ᠂ ᠦᠢᠯᠡᠳᠬᠦᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠂ ᠦᠢᠯᠡᠳᠬᠦᠨ ᠦ ᠵᠠᠷ ᠤᠬᠠᠭᠤᠯᠭ᠎ᠠ ᠶᠢᠨ ᠡᠷᠴᠢᠮ ᠢᠶᠡᠨ ᠴᠢᠩᠭᠠᠷᠠᠭᠤᠯᠵᠤ ᠂ ᠪᠣᠷᠣᠯᠠᠭᠤᠯᠬᠤ ᠠᠷᠭ᠎ᠠ ᠵᠠᠮ ᠢᠶᠡᠨ ᠥᠷᠭᠡᠳᠬᠡᠵᠦ ᠂ ᠮᠠᠯᠵᠢᠬᠤ ᠲᠠᠷᠢᠶᠠᠯᠠᠬᠤ ᠣᠷᠣᠨ ᠦ ᠬᠡᠷᠡᠭᠯᠡᠭᠡᠨ ᠦ ᠵᠠᠬ᠎ᠠ ᠳᠡᠯᠭᠡᠭᠦᠷ ᠢ ᠥᠷᠭᠡᠳᠬᠡᠬᠦ ᠪᠠ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠢ ᠣᠨᠴᠠ ᠬᠦᠨᠳᠦᠳᠬᠡᠬᠦ ᠬᠡᠷᠡᠭᠲᠡᠶ ᠃ ᠬᠥᠲᠥᠴᠢ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠲᠣᠸᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠂ ᠡᠵᠡᠩᠨᠡᠨ ᠪᠣᠷᠣᠯᠠᠭᠤᠯᠤᠯᠲᠠ ᠪᠠ ᠲᠥᠰᠥᠪᠯᠡᠭᠡᠨ ᠦ ᠴᠢᠳᠠᠪᠤᠷᠢᠲᠠᠨ ᠬᠥᠮᠦᠵᠢᠭᠦᠯᠬᠦ ᠶᠠᠪᠤᠳᠠᠯ ᠢ ᠬᠦᠨᠳᠦᠳᠬᠡᠨ ᠦᠵᠡᠵᠦ᠂ ᠬᠠᠷᠠᠭᠠᠯᠵᠠᠭᠰᠠᠨ ᠬᠡᠪᠴᠢᠶ᠎ᠡ ᠪᠦᠬᠦᠢ᠂ ᠠᠵᠢᠯᠲᠠᠳ ᠤᠨ ᠬᠡᠪ ᠴᠢᠨᠠᠷ ᠨᠡᠯᠢᠶᠡᠳ ᠥᠨᠳᠥᠷ ᠡᠵᠡᠩᠨᠡᠨ ᠪᠣᠷᠣᠯᠠᠭᠤᠯᠬᠤ ᠡᠩᠨᠡᠭᠡ ᠪᠠᠢᠭᠤᠯᠵᠤ ᠂ ᠨᠡᠶᠢᠭᠡᠮ ᠤᠨ ᠬᠦᠴᠦᠨ ᠢ ᠳᠠᠢᠢᠴᠢᠯᠠᠨᠠ᠂ ᠡᠯᠳᠡᠪ ᠵᠦᠢᠯ ᠦᠨ ᠠᠷᠭ᠎ᠠ ᠵᠠᠮ ᠢ ᠠᠰᠢᠭᠯᠠᠨ᠂ ᠴᠢᠬᠤᠯᠠ ᠪᠦᠬᠦᠢ ᠲᠦᠷᠭᠡᠨ ᠪᠣᠷᠣᠯᠠᠭᠤᠯᠬᠤ ᠠᠷᠭ᠎ᠠ ᠪᠠᠷᠢᠯ ᠢ ᠠᠪᠴᠤ ᠂ ᠬᠥᠮᠥᠷᠭᠡ ᠳᠤ ᠳᠠᠷᠤᠭᠳᠠᠭᠰᠠᠨ ᠪᠠᠷᠠᠭ᠎ᠠ ᠶᠢ ᠠᠷᠭ᠎ᠠ ᠪᠦᠬᠦᠨ ᠢ ᠰᠦᠪᠡᠭᠴᠢᠯᠡᠨ ᠪᠠᠭᠠᠰᠬᠠᠵᠤ ᠂ ᠪᠡᠯᠡ ᠮᠥᠩᠭᠥᠨ ᠤ ᠡᠷᠭᠢᠯᠲᠡ ᠶᠢ ᠲᠦᠷᠭᠡᠳᠬᠡᠵᠦ ᠂ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠪᠠ ᠪᠣᠷᠣᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠣᠷᠣᠯᠠᠨ ᠡᠷᠬᠢᠯᠡᠬᠦ ᠪᠠᠢᠭᠤᠯᠤᠮᠵᠢ ᠶᠢᠨ ᠣᠨᠴᠠᠭᠠᠢ ᠦᠢᠯᠡᠳᠦᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠠᠭᠠᠵᠢᠮ ᠢᠶᠠᠷ ᠨᠢᠭᠡ ᠪᠦᠯᠦᠭ ᠨᠡᠯᠢᠶᠡᠳ ᠬᠦᠴᠦᠷᠬᠡᠭ ᠡᠵᠡᠩᠨᠡᠨ ᠪᠣᠷᠣᠯᠠᠭᠤᠯᠬᠤ ᠺᠣᠮᠫᠠᠨᠢ ᠢ ᠬᠥᠭᠵᠢᠭᠦᠯᠦᠨ᠂ ᠲᠡᠳᠡᠭᠡᠷ ᠦᠨ ᠲᠥᠰᠥᠪᠯᠡᠯ᠂ ᠪᠣᠭᠣᠳᠠᠯᠯᠠᠬᠤ᠂ ᠤᠬᠠᠭᠤᠯᠤᠨ ᠪᠣᠷᠣᠯᠠᠭᠤᠯᠬᠤ ᠲᠠᠯ᠎ᠠ ᠶᠢᠨ ᠲᠤᠰᠬᠠᠢᠵᠢᠭᠰᠠᠨ ᠳᠠᠪᠠᠭᠤᠯᠢᠭ ᠢ ᠠᠰᠢᠭᠯᠠᠨ ᠬᠦᠲᠦᠴᠢ ᠠᠵᠤ ᠠᠬᠤᠢᠯᠠᠯ ᠢ ᠵᠠᠬ᠎ᠠ ᠳᠡᠯᠭᠡᠭᠦᠷ ᠨᠡᠭᠡᠭᠡᠵᠦ ᠥᠭᠭᠦᠨ᠎ᠡ᠃
ᠠᠷᠠᠯᠵᠢᠶ᠎ᠠ ᠠᠵᠤ ᠦᠢᠯᠡᠳᠪᠦᠷᠢ ( ᠮᠠᠯ ᠠᠵᠤ ᠠᠬᠤᠶ ) ᠨᠢᠭᠡ ᠴᠤᠭᠴᠠᠵᠢᠭᠤᠯᠬᠤ ᠪᠠ ᠲᠠᠷᠢᠶᠠᠯᠠᠬᠤ ᠮᠠᠯᠵᠢᠬᠤ ᠣᠷᠣᠨ ᠤ ᠣᠨᠴᠠᠯᠢᠭ ᠲᠤ ᠳᠣᠭᠢᠷᠬᠠᠰᠠᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠵᠢᠴᠢ ᠪᠣᠷᠣᠯᠠᠭᠤᠯᠬᠤ ᠠᠷᠭ᠎ᠠ ᠮᠠᠶ᠋ᠢᠭ ᠢ ᠲᠦᠷᠭᠡᠪᠴᠢᠯᠡᠨ ᠬᠥᠭᠵᠢᠭᠦᠯᠦᠨ᠎ᠡ᠃ ᠳᠣᠲᠣᠭᠠᠳᠤ ᠂ ᠭᠠᠳᠠᠭᠠᠳᠤ ᠠᠷᠠᠯᠵᠢᠶᠠᠨ ᠤ ᠰᠠᠯᠠᠭ᠎ᠠ ᠮᠥᠴᠢᠷ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠷᠭ᠎ᠠ ᠵᠠᠮ ᠥᠷᠭᠡᠨ ᠳᠠᠪᠠᠭᠤᠯᠢᠭ ᠢ ᠪᠠᠳᠠᠷᠠᠭᠤᠯᠵᠤ ᠂ ᠠᠰᠢᠭ ᠲᠤᠰᠠ ᠶᠢᠨ ᠪᠠᠢᠭᠤᠯᠤᠮᠵᠢ ᠪᠠ ᠪᠣᠯᠪᠠᠰᠤᠷᠠᠭᠤᠯᠬᠤ ᠠᠵᠤ ᠠᠬᠤᠶᠢᠯᠠᠯ ᠬᠢᠭᠡᠳ ᠦᠢᠯᠡᠳᠪᠦᠷᠢᠯᠡᠯ ᠦᠨ ᠰᠠᠭᠤᠷᠢᠨ ᠭᠠᠵᠠᠷ ᠤᠨ ᠳᠠᠪᠠᠭᠤᠯᠢᠭ ᠲᠠᠯ᠎ᠠ ᠶᠢ ᠤᠶᠠᠯᠳᠤᠭᠤᠯᠤᠨ ᠂ ᠲᠦᠷᠭᠡᠬᠡᠨ ᠲᠠᠲᠠᠬᠤ ᠬᠦᠴᠦᠨ ᠢᠶᠠᠷ ᠴᠢᠩᠭ᠎ᠠ《 ᠭᠦᠢᠯᠭᠡᠭᠡᠨ ᠤ ᠬᠦᠲᠦᠴᠢ》 ᠠᠵᠤ ᠠᠬᠤᠢᠯᠠᠯ ᠪᠣᠯᠭᠠᠨ᠎ᠠ ᠃ ᠬᠠᠩᠭᠠᠨ ᠪᠣᠷᠣᠯᠠᠭᠤᠯᠬᠤ ᠬᠣᠷᠰᠢᠶᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠲᠡᠭᠡᠭᠡᠪᠦᠷᠢᠯᠡᠨ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠂ ᠮᠠᠯᠴᠢᠨ ᠲᠠᠷᠢᠶᠠᠴᠢᠳ ᠤᠨ ᠬᠣᠯᠪᠣᠭᠠᠯᠠᠨ ᠲᠡᠭᠡᠭᠡᠪᠦᠷᠢᠯᠡᠬᠦ ᠪᠣᠷᠣᠯᠠᠭᠤᠯᠬᠤ ᠵᠣᠬᠢᠶᠠᠨ ᠪᠠᠢᠭᠤᠯᠤᠯᠲᠠ᠂ ᠲᠤᠰᠬᠠᠶ ᠪᠥᠭᠡᠮ ᠢᠶᠡᠷ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠦ ᠂ ᠲᠡᠳᠡᠭᠡᠷ ᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠰᠢᠰᠲ᠋ᠧᠮ ᠳᠦ ᠣᠷᠣᠭᠤᠯᠵᠤ ᠂ ᠲᠡᠳᠡᠭᠡᠷ ᠦᠨ ᠠᠵᠢᠯᠯᠠᠭ᠎ᠠ ᠶᠢ ᠠᠵᠤ ᠦᠢᠯᠡᠰᠵᠢᠭᠰᠡᠨ ᠡᠵᠡᠩᠨᠡᠯᠲᠡ ᠬᠢᠬᠦ ᠱᠠᠭᠠᠷᠳᠠᠯᠭ᠎ᠠ ᠳᠦ ᠨᠡᠢᠴᠡᠭᠦᠯᠦᠨ ᠂ ᠲᠡᠭᠡᠭᠡᠪᠦᠷᠢᠯᠡᠨ ᠪᠣᠷᠣᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠤᠢᠢᠷ᠎ᠠ ᠶᠢᠨ ᠵᠢᠯ ᠤᠳ ᠲᠤ ᠢᠯᠡᠷᠡᠭᠰᠡᠨ ᠮᠠᠯᠴᠢᠨ ᠲᠠᠷᠢᠶᠠᠴᠢᠨ ᠣᠷᠣᠯᠠᠭᠴᠢ ᠶᠢ ᠭᠣᠣᠯᠳᠠᠯᠭ᠎ᠠ ᠲᠠᠶ ᠲᠡᠳᠬᠦᠵᠦ᠂ ᠲᠡᠳᠡᠨ ᠦ ᠠᠰᠢᠭ ᠲᠤᠰᠠ ᠶᠢ ᠦᠢᠯᠡᠳᠪᠦᠷᠢᠯᠡᠭᠴᠢ ᠶᠢᠨ ᠠᠰᠢᠭ ᠲᠤᠰᠠ ᠲᠠᠢ ᠠᠳᠠᠯᠢᠬᠠᠨ ᠢᠶᠠᠷ ᠬᠠᠮᠠᠭᠠᠯᠠᠵᠤ ᠂ ᠦᠢᠯᠡᠳᠪᠦᠷᠢ ᠬᠤᠳᠠᠯᠳᠤᠭ᠎ᠠ ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠡᠷᠬᠡᠪᠰᠢ ᠰᠤᠯᠠ ᠬᠠᠨᠳᠤᠬᠤ ᠲᠥᠷᠥ ᠶᠢᠨ ᠪᠣᠳᠣᠯᠭ᠎ᠠ ᠠᠪᠴᠤ᠂ ᠲᠡᠳᠡᠭᠡᠷ ᠢ ᠠᠯᠢ ᠴᠢᠳᠠᠬᠤ ᠪᠠᠷ ᠲᠦᠷᠭᠡᠨ ᠪᠤᠵᠠᠭᠠᠢᠷᠠᠭᠤᠯᠵᠤ᠂ ᠶᠡᠬᠡᠳᠬᠦ ᠂ ᠮᠠᠯᠵᠢᠬᠤ ᠣᠷᠣᠨ ᠲᠠᠷᠢᠶᠠᠯᠠᠬᠤ ᠲᠣᠰᠬᠤᠨ ᠤ ᠲᠠᠸᠠᠷ ᠤᠨ ᠭᠦᠢᠯᠭᠡᠭᠡᠨ ᠤ ᠳᠤᠮᠳᠠ ᠴᠢᠬᠤᠯᠠ ᠶᠡᠬᠡ ᠦᠢᠯᠡᠳᠦᠯ ᠭᠠᠷᠭᠠᠭᠤᠯᠤᠨ᠎ᠠ ᠃
( ᠲᠦᠷᠪᠡ ) ᠠᠵᠤ ᠦᠢᠯᠡᠰᠵᠢᠯᠲᠡ ᠶᠢᠨ ᠵᠣᠬᠢᠶᠠᠨ ᠪᠠᠢᠭᠤᠯᠤᠯᠲᠠ ᠶᠢᠨ ᠬᠡᠯᠪᠡᠷᠢ ᠶᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ ᠂ ᠡᠯ᠎ᠡ ᠲᠠᠯ᠎ᠠ ᠶᠢᠨ ᠠᠰᠢᠭ ᠲᠤᠰᠠ ᠶᠢᠨ ᠬᠠᠷᠢᠴᠠᠭ᠎ᠠ ᠶᠢ ᠵᠦᠢ ᠵᠣᠬᠢᠰᠲᠠᠶ ᠰᠢᠢᠳᠪᠦᠷᠢᠯᠡᠬᠦ
ᠦᠢᠯᠡᠳᠪᠦᠷᠢ ᠲᠠᠷᠢᠶᠠᠯᠠᠩ ᠮᠠᠯ ᠠᠵᠤ ᠠᠬᠤᠶ ᠶᠢ ᠨᠢᠭᠡ ᠴᠣᠭᠴᠠᠵᠢᠭᠤᠯᠵᠤ᠂ ᠪᠣᠷᠣᠯᠠᠭᠤᠯᠭ᠎ᠠ ᠦᠢᠯᠡᠳᠪᠦᠷᠢᠯᠡᠯ ᠢ ᠤᠭᠰᠠᠷᠠᠭ᠎ᠠ ᠳᠠᠮᠵᠢᠯᠭ᠎ᠠ ᠶᠢᠨ ᠬᠡᠯᠪᠡᠷᠢ ᠪᠡᠷ ᠶᠠᠪᠤᠭᠳᠠᠭᠤᠯᠬᠤ ᠱᠠᠭᠠᠷᠳᠠᠯᠭ᠎ᠠ ᠶᠣᠰᠣᠭᠠᠷ ᠂ ᠢᠳᠡᠪᠬᠢᠲᠡᠶ ᠪᠡᠷ ᠤᠯᠠᠨ ᠶᠠᠩᠵᠤ ᠶᠢᠨ᠂ ᠲᠤᠬᠠᠢ ᠶᠢᠨ ᠭᠠᠵᠠᠷ ᠣᠷᠣᠨ ᠤ ᠦᠢᠯᠡᠳᠪᠦᠷᠢᠯᠡᠯ ᠦᠨ ᠬᠦᠴᠦᠨ ᠠᠵᠤ ᠦᠢᠯᠡᠰᠵᠢᠭᠰᠡᠨ ᠵᠣᠬᠢᠶᠠᠨ ᠪᠠᠢᠭᠤᠯᠤᠯᠲᠠ ᠳᠤ ᠲᠣᠬᠢᠷᠠᠮᠵᠢᠲᠠᠢ ᠬᠠᠶᠢᠨ ᠰᠦᠪᠡᠭᠴᠢᠯᠡᠨ᠎ᠡ᠃ ᠮᠠᠨ ᠤ ᠣᠷᠣᠨ ᠤ ᠪᠠᠨ ᠪᠣᠳᠠᠲᠤ ᠪᠠᠶᠢᠳᠠᠯ ᠠᠴᠠ ᠡᠭᠦᠰᠴᠦ ᠂ ᠭᠣᠣᠯᠳᠠᠯᠭ᠎ᠠ ᠲᠠᠶ ᠬᠥᠭᠵᠢᠭᠦᠯᠵᠦ ᠂ ᠺᠣᠮᠫᠠᠨᠢ ᠪᠤᠶᠤ ᠲᠠᠷᠢᠶᠠᠴᠢᠨ ᠮᠠᠯᠴᠢᠨ ᠡᠷᠦᠬᠡ᠂ ᠵᠠᠬ᠎ᠠ ᠳᠡᠯᠭᠡᠭᠦᠷ ᠪᠤᠶᠤ ᠭᠦᠢᠯᠭᠡᠭᠡᠨ ᠦ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠡᠷᠦᠬᠡ ᠂ ᠨᠡᠶᠢᠭᠡᠮᠯᠢᠭ ᠪᠠ ᠮᠠᠯᠴᠢᠨ ᠲᠠᠷᠢᠶᠠᠴᠢᠨ ᠡᠷᠦᠬᠡ ᠵᠡᠷᠭᠡ ᠬᠠᠷᠢᠴᠠᠩᠭᠤᠶ ᠰᠤᠯᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠴᠢᠬᠤᠯᠠᠴᠢᠯᠠᠨ ᠬᠥᠭᠵᠢᠭᠦᠯᠵᠦ ᠂ ᠠᠯᠬᠤᠮ ᠠᠯᠬᠤᠮ ᠢᠶᠠᠷ ᠬᠥᠲᠥᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠡᠷᠦᠬᠡ ᠶᠢᠨ ᠬᠠᠭᠠᠰ ᠨᠢᠭᠲᠠᠷᠠᠭᠰᠠᠨ ᠬᠡᠯᠪᠡᠷᠢ ᠲᠡᠶ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠥᠭᠵᠢᠭᠦᠯᠦᠨ᠎ᠡ ᠃ ᠬᠡᠷᠪᠡ ᠨᠥᠬᠥᠴᠡᠯ ᠪᠦᠷᠢᠳᠦᠭᠰᠡᠨ ᠪᠠᠢᠪᠠᠯ ᠪᠠᠰᠠ ᠬᠤᠪᠢ ᠣᠷᠣᠭᠤᠯᠬᠤ ᠲᠦᠷᠢᠮ ᠪᠠ ᠬᠤᠪᠢ ᠨᠡᠢᠯᠡᠭᠦᠯᠦᠨ ᠬᠣᠷᠰᠢᠬᠤ ᠳᠦᠷᠢᠮ ᠪᠤᠶᠤ ᠪᠤᠰᠤᠳ ᠠᠵᠤ ᠠᠬᠤᠶ ᠶᠢᠨ ᠬᠣᠯᠪᠣᠭᠠᠲᠤ ᠴᠣᠭᠴᠠ ᠶᠢᠨ ᠬᠡᠯᠪᠡᠷᠢ ᠢ ᠬᠡᠷᠡᠭᠵᠢᠭᠦᠯᠵᠦ᠂ ᠪᠡᠯᠠ ᠮᠥᠩᠭᠥ ᠂ ᠮᠡᠷᠭᠡᠵᠢᠯ᠂ ᠲᠣᠨᠣᠭ ᠲᠥᠬᠥᠭᠡᠷᠦᠮᠵᠢ᠂ ᠲᠠᠷᠢᠶ᠎ᠠ᠂ᠬᠥᠳᠡᠯᠮᠦᠷᠢ ᠬᠦᠴᠦ ᠵᠡᠷᠭᠡ ᠦᠢᠯᠡᠳᠪᠦᠷᠢᠯᠡᠯ ᠦᠨ ᠡᠯᠧᠮᠧᠨ᠋ᠲ ᠢᠶᠡᠷ ᠬᠤᠷᠠᠮᠳᠤᠭᠤᠯᠬᠤ ᠠᠷᠭ᠎ᠠ ᠮᠠᠶ᠋ᠢᠭ ᠢᠶᠠᠷ ᠂ ᠬᠦᠷᠦᠩᠭᠡ ᠡᠵᠡᠩᠨᠡᠯᠲᠡ ᠨᠢᠭᠡ ᠴᠣᠭᠴᠠᠵᠢᠭᠰᠠᠨ ᠵᠢ ᠨᠢᠭᠲᠠ ᠮᠠᠶ᠋ᠢᠭ ᠤᠨ ᠠᠵᠤ ᠦᠶᠢᠯᠡᠰᠵᠢᠭᠰᠡᠨ ᠵᠣᠬᠢᠶᠠᠨ ᠪᠠᠶᠢᠭᠤᠯᠤᠯᠲᠠ ᠪᠠᠢᠭᠤᠯᠵᠤ ᠪᠣᠯᠣᠨ᠎ᠠ ᠃ ᠣᠨᠴᠠᠭᠠᠶᠢᠯᠠᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠲᠦᠷᠭᠡᠳᠬᠡᠵᠦ ᠂ ᠲᠡᠭᠦᠨ ᠢ ᠬᠣᠯᠪᠣᠭᠠᠯᠠᠭᠰᠠᠨ ᠲᠠᠷᠢᠶᠠᠯᠠᠬᠤ ᠮᠠᠯᠵᠢᠬᠤ ᠡᠷᠥᠭᠡ ᠬᠢᠭᠡᠳ ᠬᠦᠲᠦᠴᠢ ᠠᠵᠤ ᠠᠬᠤᠶᠢᠯᠠᠯ ᠤᠨ ᠵᠣᠯᠭᠠᠯᠴᠠᠬᠤ ᠭᠣᠣᠯ ᠵᠠᠭᠤᠴᠢ ᠵᠣᠬᠢᠶᠠᠨ ᠪᠠᠢᠭᠤᠯᠤᠯᠲᠠ ᠪᠣᠯᠭᠠᠨ᠎ᠠ᠃
ᠠᠵᠤ ᠦᠢᠯᠡᠰᠵᠢᠭᠰᠡᠨ ᠳᠣᠲᠣᠭᠠᠳᠤ ᠶᠢᠨ ᠡᠯ᠎ᠡ ᠭᠣᠣᠯ ᠴᠣᠭᠴᠠ ᠶᠢᠨ ᠬᠣᠭᠣᠷᠣᠨᠳᠣᠬᠢ ᠬᠠᠷᠢᠴᠠᠭ᠎ᠠ ᠶᠢ ᠲᠣᠬᠢᠲᠠᠶ ᠰᠠᠢᠨ ᠰᠢᠶᠳᠪᠦᠷᠢᠯᠡᠵᠦ᠂ ᠬᠠᠷᠢᠯᠴᠠᠨ ᠬᠠᠷᠠᠭᠠᠯᠵᠠᠨ ᠬᠠᠷᠢᠯᠴᠠᠨ ᠠᠰᠢᠭᠲᠠᠶ ᠪᠠᠶᠢᠬᠤ ᠵᠠᠷᠴᠢᠮ ᠤᠨ ᠰᠠᠭᠤᠷᠢᠨ ᠳᠡᠭᠡᠷ᠎ᠡ ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ᠠᠰᠢᠭ ᠲᠤᠰᠠ ᠶᠢ ᠠᠳᠠᠯᠢ ᠪᠠᠷ ᠡᠳ᠋ᠯᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ᠃ ᠬᠥᠲᠥᠴᠢ ᠠᠵᠤ ᠠᠬᠤᠶᠢᠯᠠᠯ ᠢ ᠬᠥᠲᠥᠯᠦᠨ ᠵᠢᠯᠣᠭᠣᠳᠴᠤ ᠡᠯ᠎ᠡ ᠵᠦᠢᠯ ᠦᠨ ᠠᠵᠤ ᠠᠬᠤᠶ ᠶᠢᠨ ᠠᠷᠭ᠎ᠠ ᠪᠠᠷᠢᠯ ᠠᠪᠴᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ ᠲᠠᠷᠢᠶᠠᠯᠠᠬᠤ ᠮᠠᠯᠵᠢᠬᠤ ᠡᠷᠦᠬᠡ ᠶᠢ ᠵᠢᠩᠬᠢᠨᠢ ᠪᠡᠷ《ᠨᠢᠭᠡᠳᠦᠭᠡᠷ ᠦᠶᠯᠡᠳᠪᠦᠷᠢᠯᠡᠬᠦ ᠲᠠᠰᠤᠭ》᠂《 ᠨᠢᠭᠡᠳᠦᠭᠡᠷ ᠠᠵᠢᠯ ᠦᠨ ᠶᠠᠪᠤᠴᠠ 》 ᠪᠣᠯᠭᠠᠨ ᠲᠡᠳᠬᠦᠨ ᠳᠡᠮᠵᠢᠨ᠎ᠡ ᠃ ᠠᠵᠤ ᠠᠬᠤᠶᠢᠯᠠᠯ ᠡᠴᠡ ᠬᠡᠷᠡᠭᠴᠡᠭᠡ ᠪᠠ ᠪᠣᠯᠤᠯᠴᠠᠭ᠎ᠠ ᠪᠠᠨ ᠦᠵᠡᠵᠦ ᠂ ᠬᠢᠮᠢ ᠶᠢᠨ ᠪᠤᠷᠳᠤᠭᠤᠷ ᠂ ᠴᠠᠢᠶ᠋ᠢᠦ ᠂ ᠲᠠᠷᠢᠶᠠᠨ ᠤ ᠪᠦᠷᠬᠦᠭᠦᠯ᠂ ᠲᠠᠷᠢᠶᠠᠨ ᠡᠮ ᠂ ᠰᠠᠶᠢᠨ ᠡᠭᠦᠯᠳᠡᠷ ᠵᠡᠷᠭᠡ ᠦᠢᠯᠡᠳᠪᠦᠷᠢᠯᠡᠯ ᠦᠨ ᠬᠡᠷᠡᠭᠰᠡᠯ ᠢ ᠮᠠᠯᠴᠢᠨ ᠲᠠᠷᠢᠶᠠᠴᠢᠳ ᠲᠤ ᠱᠡᠭᠡᠯᠡᠨ ᠪᠣᠷᠣᠯᠠᠭᠤᠯᠬᠤ ᠬᠡᠷᠡᠭᠲᠡᠢ ᠪᠥᠭᠡᠳ ᠂ ᠲᠠᠷᠢᠶᠠᠯᠠᠩ ᠮᠠᠯ ᠦᠨ ᠠᠰᠢᠭ ᠰᠢᠮ᠎ᠡ ᠶᠢᠨ ᠪᠦᠲᠦᠭᠡᠭᠳᠡᠬᠦᠨ ᠦ ᠦᠨ᠎ᠡ ᠬᠠᠩᠰᠢ ᠶᠢ ᠵᠣᠬᠢᠰᠲᠠᠶ ᠪᠠᠷ ᠳᠡᠭᠡᠭᠰᠢᠯᠡᠭᠦᠯᠵᠦ ᠂ ᠬᠠᠩᠰᠢᠨ ᠠᠴᠠ ᠭᠠᠳᠠᠭᠤᠷ ᠨᠥᠬᠥᠪᠦᠷᠢ ᠥᠭᠴᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠮᠠᠭᠠᠯᠠᠯᠲᠠ ᠶᠢᠨ ᠦᠨ᠎ᠡ ᠪᠡᠷ ᠬᠤᠳᠠᠯᠳᠤᠨ ᠠᠪᠴᠤ ᠂ ᠮᠠᠯᠴᠢᠨ ᠲᠠᠷᠢᠶᠠᠴᠢᠳ ᠠᠴᠠ ᠱᠡᠭᠡᠯᠡᠵᠦ ᠪᠣᠯᠬᠤ ᠦᠭᠡᠢ᠂ ᠠᠵᠤ ᠠᠬᠤᠶᠢᠯᠠᠯ ᠦᠨ ᠡᠵᠡᠩᠨᠡᠯᠲᠡ ᠶᠢᠨ ᠳᠤᠮᠳᠠᠬᠢ ᠠᠵᠤ ᠠᠬᠤᠶ ᠶᠢᠨ ᠬᠣᠬᠢᠷᠠᠯ ᠢ ᠮᠠᠯᠴᠢᠨ ᠲᠠᠷᠢᠶᠠᠴᠢᠨ ᠳᠦ ᠰᠢᠯᠵᠢᠭᠦᠯᠵᠦ ᠪᠣᠯᠬᠤ ᠦᠭᠡᠢ ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠣᠷᠣᠯᠠᠨ ᠪᠣᠯᠪᠠᠰᠤᠷᠠᠭᠤᠯᠬᠤ ᠂ ᠣᠷᠣᠯᠠᠨ ᠬᠠᠳᠠᠭᠠᠯᠠᠬᠤ ᠂ ᠣᠷᠣᠯᠠᠨ ᠪᠣᠷᠣᠯᠠᠭᠤᠯᠬᠤ ᠠᠷᠭ᠎ᠠ ᠶᠢ ᠠᠪᠴᠤ ᠪᠣᠯᠬᠤ ᠪᠥᠭᠡᠳ᠂ ᠮᠠᠯᠴᠢᠨ ᠲᠠᠷᠢᠶᠠᠴᠢᠳ ᠪᠠᠰᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠦ ᠲᠦᠭᠦᠬᠡᠶ ᠡᠳ᠋ ᠪᠡᠷ《 ᠬᠤᠪᠢ ᠣᠷᠣᠬᠤ ᠪᠡᠯᠡ》 ᠪᠣᠯᠭᠠᠵᠤ᠂ ᠠᠵᠤ ᠠᠬᠤᠶᠢᠯᠠᠯ ᠪᠣᠯᠪᠠᠰᠤᠷᠠᠭᠤᠯᠤᠭᠰᠠᠨ ᠦᠢᠯᠡᠳᠬᠦᠨ ᠢᠶᠡᠨ ᠪᠣᠷᠣᠯᠠᠭᠤᠯᠤᠭᠰᠠᠨ ᠦ ᠲᠠᠷᠠᠭ᠎ᠠ ᠂ ᠡᠭᠡ ᠬᠦᠦ ᠲᠡᠶ ᠨᠢ ᠮᠠᠯᠴᠢᠨ ᠲᠠᠷᠢᠶᠠᠴᠢᠳ ᠥᠭᠴᠦ ᠪᠣᠯᠣᠨ᠎ᠠ᠃ ᠡᠨᠡ ᠨᠢ ᠨᠢᠭᠡ ᠲᠠᠯ᠎ᠠ ᠪᠠᠷ ᠠᠵᠤ ᠠᠬᠤᠶᠢᠯᠠᠯ ᠤᠨ ᠪᠡᠯᠡ ᠮᠥᠩᠭᠥᠨ ᠦ ᠭᠦᠢᠯᠭᠡᠭᠡᠨ ᠦ ᠬᠦᠴᠢᠷᠳᠡᠯ ᠢ ᠨᠠᠮᠳᠠᠭᠠᠵᠤ ᠂ ᠨᠦᠭᠦᠭᠡ ᠲᠠᠯ᠎ᠠ ᠪᠠᠷ ᠮᠠᠯᠴᠢᠨ ᠲᠠᠷᠢᠶᠠᠴᠢᠨ ᠡᠷᠦᠬᠡ ᠶᠢᠨ ᠪᠦᠲᠦᠭᠡᠭᠳᠡᠬᠦᠨ ᠢᠶᠡᠨ ᠬᠤᠳᠠᠯᠳᠤᠬᠤ ᠳᠦ ᠬᠦᠴᠢᠷᠲᠡᠶ ᠠᠰᠠᠭᠤᠳᠠᠯ ᠢ ᠰᠢᠢᠳᠪᠦᠷᠢᠯᠡᠵᠦ ᠴᠢᠳᠠᠨ᠎ᠠ ᠃ ᠡᠯ᠎ᠡ ᠲᠥᠷᠥᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠶᠢ ᠡᠳ᠋ᠰᠢᠭᠦᠯᠬᠦ ᠠᠵᠤ ᠦᠢᠯᠡᠳᠪᠦᠷᠢ ᠪᠠ ᠬᠦᠲᠦᠴᠢ ᠠᠵᠤ ᠠᠬᠤᠶᠢᠯᠠᠯ ᠴᠦᠮ ᠮᠠᠯᠴᠢᠨ ᠲᠠᠷᠢᠶᠠᠴᠢᠨ ᠡᠷᠦᠬᠡ ᠯᠦ᠋ᠭᠡ ᠬᠠᠤᠯᠢ ᠴᠠᠭᠠᠵᠠ ᠶᠢᠨ ᠬᠦᠴᠦᠨ ᠲᠡᠶ ᠠᠵᠤ ᠠᠬᠤᠶ ᠶᠢᠨ ᠭᠡᠷ᠎ᠡ ᠲᠣᠭᠲᠠᠵᠤ ᠂ ᠬᠠᠤᠯᠢ ᠶᠣᠰᠣᠭᠠᠷ ᠠᠵᠤ ᠦᠢᠯᠡᠰᠵᠢᠭᠰᠡᠨ ᠡᠵᠡᠩᠨᠡᠯᠲᠡ ᠶᠢᠨ ᠡᠯ᠎ᠡ ᠲᠠᠯ᠎ᠠ ᠶᠢᠨ ᠬᠢᠨ ᠦ ᠬᠠᠷᠢᠭᠤᠴᠠᠯᠭ᠎ᠠ᠂ ᠡᠷᠬᠡ᠂ ᠠᠰᠢᠭ ᠢ ᠲᠣᠭᠲᠠᠭᠠᠵᠤ ᠂ ᠭᠡᠷ᠎ᠡ ᠶᠢᠨ ᠶᠠᠮᠠᠷᠪᠠ ᠨᠢᠭᠡ ᠲᠠᠯ᠎ᠠ ᠨᠢ ᠴᠤ ᠭᠡᠳ ᠳᠤᠷ᠎ᠠ ᠪᠠᠷ ᠪᠠᠨ ᠬᠤᠪᠢᠷᠠᠭᠤᠯᠬᠤ ᠪᠤᠶᠤ ᠴᠤᠴᠠᠯᠵᠤ ᠪᠣᠯᠬᠤ ᠦᠭᠡᠢ ᠂ ᠭᠡᠷ᠎ᠡ ᠶᠢ ᠵᠦᠷᠢᠴᠡᠪᠡᠯ ᠵᠥᠷᠢᠴᠡᠪᠡᠯ ᠠᠵᠤ ᠠᠬᠤᠶ ᠶᠢᠨ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠠᠰᠢᠭ ᠬᠣᠨᠵᠢᠪᠣᠷᠢ᠂ ᠡᠯ᠎ᠡ ᠱᠠᠲᠤᠨ ᠤ ᠡᠳ᠋ ᠤᠨ ᠵᠠᠰᠠᠭ ᠂ ᠮᠠᠯᠴᠢᠨ ᠲᠠᠷᠢᠶᠠᠴᠢᠨ ᠲᠤᠰᠢᠶᠠᠨ ᠪᠣᠷᠣᠯᠠᠭᠤᠯᠤᠭᠰᠠᠨ ᠪᠦᠲᠦᠭᠡᠭᠳᠡᠬᠦᠨ ᠦ ᠠᠰᠢᠭ ᠬᠣᠨᠵᠢᠪᠤᠷᠢ ᠠᠴᠠ ᠲᠣᠭᠲᠠᠭᠰᠠᠨ ᠬᠠᠷᠢᠴᠠᠯ ᠪᠦᠬᠦᠢ ᠪᠡᠯᠡ ᠮᠥᠩᠭᠥ ᠶᠢ ᠭᠠᠷᠭᠠᠵᠤ ᠲᠦᠭᠰᠢᠭᠦᠷᠢ ᠶᠢᠨ ᠰᠠᠭᠤᠷᠢ ᠮᠥᠩᠭᠥ ᠪᠠᠢᠭᠤᠯᠤᠨ᠂ ᠵᠠᠬ᠎ᠠ ᠳᠡᠯᠭᠡᠭᠦᠷ ᠦᠨ ᠠᠶᠤᠯ ᠲᠦᠭᠰᠢᠭᠦᠷᠢ ᠡᠴᠡ ᠲᠠᠷᠢᠶᠠᠴᠢᠨ ᠮᠠᠯᠴᠢᠳ ᠪᠠ