ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠦ ᠲᠣᠰ ᠱᠠᠲᠤᠨ ᠦ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠠᠷᠭ᠎ᠠ
ᠨᠢᠭᠡᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠦ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ
ᠠᠯᠪᠠᠨ ᠵᠣᠴᠢᠯᠠᠯᠭ᠎ᠠ ᠳᠠᠶᠢᠯᠠᠯᠭ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ
ᠵᠢᠷᠤᠮᠵᠢᠭᠤᠯᠵᠤ ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢ
ᠴᠢᠩᠭᠠᠳᠬᠠᠵᠤ ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ ᠂ ᠱᠠᠯᠢᠵᠤ ᠪᠦᠷᠢᠯᠭᠡᠬᠦ ᠶᠢ
ᠡᠰᠡᠷᠭᠦᠴᠡᠬᠦ ᠬᠡᠷᠡᠭᠲᠡᠶ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ
ᠪᠠᠶᠢᠭᠤᠯᠤᠯᠲᠠ ᠶᠢ ᠠᠬᠢᠭᠤᠯᠬᠤ ᠂ 《 ᠨᠠᠮ ᠵᠠᠰᠠᠭ ᠤᠨ ᠪᠠᠶᠢᠭᠤᠯᠤᠯᠭ᠎ᠠ ᠠᠯᠢ ᠴᠢᠳᠠᠬᠤ ᠪᠠᠷ
ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ 》 ᠪᠣᠯᠤᠨ 《 ᠨᠠᠮ
ᠵᠠᠰᠠᠭ ᠤᠨ ᠪᠠᠶᠢᠭᠤᠯᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ
ᠵᠣᠴᠢᠯᠠᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ 》᠂ ᠥᠪᠡᠷᠲᠡᠭᠡᠨ ᠵᠠᠰᠠᠬᠤ ᠣᠷᠣᠨ ᠦ
ᠪᠣᠳᠠᠲᠠᠶ ᠲᠠᠶ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ ᠃
ᠬᠣᠶᠠᠳᠤᠭᠠᠷ ᠵᠦᠶᠯ
ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠤᠨ ᠪᠠᠶᠢᠭᠤᠯᠭ᠎ᠠ ᠂
ᠠᠷᠠᠳ ᠤᠨ ᠲᠥᠯᠥᠭᠡᠯᠡᠭᠴᠢᠳ ᠶᠢᠨ ᠶᠡᠬᠡ ᠬᠤᠷᠠᠯ ᠤᠨ ᠪᠠᠶᠢᠭᠤᠯᠭ᠎ᠠ ᠂ ᠵᠠᠰᠠᠭ
ᠵᠠᠬᠢᠷᠭᠠᠨ ᠤ ᠪᠠᠶᠢᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠦ ᠪᠠᠶᠢᠭᠤᠯᠭ᠎ᠠ ᠂ ᠰᠢᠭᠦᠨ
ᠲᠠᠰᠤᠯᠬᠤ ᠪᠠᠶᠢᠭᠤᠯᠭ᠎ᠠ ᠂ ᠪᠠᠶᠢᠴᠠᠭᠠᠬᠤ ᠪᠠᠶᠢᠭᠤᠯᠤᠯᠭ᠎ᠠ ᠬᠢᠭᠡᠳ ᠲᠡᠭᠦᠨ ᠤ ᠬᠠᠷᠢᠶ᠎ᠠ
ᠨᠢᠭᠡᠴᠡ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠂
ᠡᠪᠯᠡᠯ ᠤᠨ ᠬᠣᠷᠢᠶ᠎ᠠ ᠂ ᠡᠮᠡᠭᠲᠡᠶᠢᠴᠦᠳ ᠤᠨ ᠬᠣᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ
ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ
ᠨᠢᠭᠡᠴᠡ ᠶᠢᠨ ᠥᠪᠡᠷᠲᠡᠭᠡᠨ ᠵᠠᠰᠠᠬᠤ ᠣᠷᠣᠨ ᠦ ᠬᠢᠯᠢ ᠳᠣᠲᠣᠷ᠎ᠠ ᠠᠯᠪᠠᠨ ᠶᠠᠪᠤᠳᠠᠯ ᠤᠨ
ᠵᠣᠴᠢᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ ᠃ ᠲᠤᠰ ᠠᠷᠭ᠎ᠠ ᠳᠦ ᠬᠡᠯᠡᠵᠦ ᠪᠠᠶᠢᠭ᠎ᠠ
ᠠᠯᠪᠠᠨ ᠠᠵᠢᠯ ᠭᠡᠳᠡᠭ ᠪᠣᠯ ᠬᠤᠷᠠᠯ ᠳᠤ ᠣᠷᠣᠯᠴᠠᠬᠤ ᠂ ᠰᠢᠨᠵᠢᠯᠡᠨ ᠪᠠᠶᠢᠴᠠᠭᠠᠵᠤ ᠂ ᠡᠭᠦᠷᠭᠡ
ᠭᠦᠢᠴᠡᠳᠬᠡᠬᠦ ᠂ ᠬᠠᠷᠢᠯᠴᠠᠨ ᠰᠤᠷᠤᠯᠴᠠᠬᠤ ᠂ ᠪᠠᠶᠢᠴᠠᠭᠠᠵᠤ ᠵᠢᠭᠠᠨ ᠵᠢᠯᠣᠭᠣᠳᠬᠤ ᠂ ᠣᠷᠣᠨ
ᠪᠦᠰᠡ ᠶᠢᠨ ᠬᠤᠷᠰᠢᠯᠴᠠᠭ᠎ᠠ ᠂ ᠵᠢᠭᠠᠪᠤᠷᠢ ᠠᠪᠴᠤ ᠬᠠᠷᠢᠭᠤ ᠮᠡᠳᠡᠭᠦᠯᠬᠦ ᠵᠡᠷᠭᠡ ᠠᠯᠪᠠᠨ
ᠶᠠᠪᠤᠳᠠᠯ ᠦᠨ ᠠᠵᠢᠯᠯᠠᠭ᠎ᠠ ᠪᠣᠯᠤᠨ᠎ᠠ ᠃ ᠥᠪᠡᠷᠲᠡᠭᠡᠨ ᠵᠠᠰᠠᠬᠤ ᠣᠷᠣᠨ ᠦ ᠲᠣᠰ ᠲᠡᠰ ᠤᠨ
ᠭᠠᠳᠠᠭᠠᠳᠤ ᠲᠠᠶ ᠬᠣᠯᠪᠣᠭᠳᠠᠬᠤ ᠠᠯᠪᠠᠨ ᠶᠠᠪᠤᠳᠠᠯ ᠤᠨ ᠵᠣᠴᠢᠯᠠᠯᠭ᠎ᠠ ᠶᠢ ᠬᠠᠮᠢᠶᠠᠷᠠᠬᠤ
ᠠᠷᠭ᠎ᠠ ᠶᠢ ᠠᠰ ᠲᠤᠨᠢ ᠲᠣᠭᠲᠠᠭᠠᠨ᠎ᠠ ᠃
ᠭᠤᠷᠪᠠᠳᠤᠭᠠᠷ ᠵᠦᠢᠯ
ᠠᠯᠪᠠᠨ ᠶᠠᠪᠤᠳᠠᠯ ᠤᠨ ᠵᠣᠴᠢᠯᠠᠯᠭ᠎ᠠ ᠶᠢ ᠪᠠᠷᠢᠮᠲᠠᠯᠠᠬᠤ ᠬᠡᠷᠡᠭᠲᠡᠶ ᠂ ᠠᠯᠪᠠᠨ
ᠶᠠᠪᠤᠳᠠᠯ ᠳᠤ ᠠᠰᠢᠭᠲᠠᠶ ᠂ ᠪᠣᠳᠠᠲᠠᠶ ᠶᠢ ᠡᠷᠬᠢᠮᠯᠡᠨ ᠠᠷᠪᠢᠲᠠᠶ ᠭᠠᠮᠲᠠᠶ ᠪᠠᠶᠢᠬᠤ ᠂
ᠪᠠᠷᠢᠮᠵᠢᠶ᠎ᠠ ᠶᠢ ᠴᠢᠩᠳᠠᠯᠠᠨ ᠂ ᠶᠣᠰᠣᠯᠠᠯ ᠢ ᠳᠥᠭᠥᠮᠴᠢᠯᠡᠬᠦ ᠂ ᠥᠨᠳᠥᠷ ᠪᠦᠲᠦᠮᠵᠢᠲᠡᠶ
ᠪᠥᠭᠡᠳ ᠢᠯᠡ ᠲᠣᠳᠣᠷᠬᠠᠶ ᠂ ᠪᠦᠷᠢᠨ ᠲᠡᠭᠦᠯᠳᠡᠷ ᠠᠮᠤᠷ ᠲᠦᠪᠰᠢᠨ ᠂ ᠴᠥᠭᠡᠨ ᠲᠣᠭᠠᠲᠤ
ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠂ ᠬᠢᠯᠢ ᠬᠢᠵᠠᠭᠠᠷ ᠣᠷᠣᠨ ᠤ ᠣᠨᠴᠠᠯᠢᠭ ᠢ
ᠪᠣᠳᠣᠯᠬᠢᠯᠠᠬᠤ ᠬᠡᠷᠡᠭᠲᠡᠶ ᠵᠠᠷᠴᠢᠮ ᠮᠥᠨ ᠃
ᠳᠥᠷᠪᠡᠳᠦᠭᠡᠷ ᠵᠦᠢᠯ ᠥᠪᠡᠷᠲᠡᠭᠡᠨ
ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠠᠯᠪᠠᠨ ᠶᠠᠪᠤᠳᠠᠯ ᠤᠨ
ᠵᠣᠴᠢᠯᠠᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠲᠣᠰ ᠱᠠᠲᠤᠨ ᠦ ᠨᠠᠮ
ᠵᠠᠰᠠᠭ ᠤᠨ ᠪᠠᠶᠢᠭᠤᠯᠤᠯᠭ᠎ᠠ ᠶᠢᠨ ᠬᠢᠨ ᠲᠥᠪ ᠤᠨ ᠬᠣᠯᠪᠣᠭᠳᠠᠯ ᠪᠦᠬᠦᠢ ᠲᠣᠭᠲᠠᠭᠠᠯ ᠢ
ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠶ ᠪᠠᠨ ᠤᠶᠠᠯᠳᠤᠭᠤᠯᠤᠨ ᠂ ᠠᠯᠪᠠᠨ
ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ ᠂
ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠂ ᠳᠦᠷᠢᠮᠵᠢᠭᠰᠡᠨ
ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠪᠠ ᠠᠵᠢᠯᠯᠠᠬᠤ
ᠳᠦᠷᠢᠮ ᠢ ᠪᠠᠶᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠬᠦᠯᠢᠶᠡᠨ ᠠᠪᠬᠤ ᠠᠯᠪᠠᠨ ᠭᠡᠷ
ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠠᠯᠪᠠᠨ
ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠬᠠᠷᠢᠭᠤᠴᠠᠨ
ᠬᠠᠮᠢᠶᠠᠷᠬᠤ ᠪᠠ ᠲᠣᠰ ᠱᠠᠲᠤᠨ ᠦ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ
ᠶᠠᠪᠤᠳᠠᠯ ᠤᠨ ᠵᠣᠴᠢᠯᠠᠯᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠶᠠᠨ
ᠪᠠᠶᠢᠭᠤᠯᠵᠤ ᠵᠣᠬᠢᠴᠠᠭᠤᠯᠬᠤ ᠂ ᠵᠢᠯᠣᠭᠣᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ
ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠂ ᠲᠤᠤᠷᠠᠳᠤ ᠱᠠᠲᠤᠨ ᠤ ᠨᠠᠮ
ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠠᠵᠢᠯ
ᠪᠣᠯᠣᠨ᠎ᠠ ᠃
ᠲᠠᠪᠤᠳᠤᠭᠠᠷ ᠵᠦᠶᠯ ᠥᠪᠡᠷᠲᠡᠭᠡᠨ ᠵᠠᠰᠠᠬᠤ
ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠤᠨ
ᠵᠣᠴᠢᠯᠠᠯᠭ᠎ᠠ ᠶᠢᠨ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ ᠃ ᠮᠠᠨ ᠤ
ᠣᠷᠣᠨ ᠳᠤ ᠠᠯᠪᠠᠨ ᠶᠠᠪᠤᠳᠠᠯ ᠭᠦᠢᠴᠡᠳᠬᠡᠬᠦ ᠳᠡᠳ᠋ ᠮᠤᠵᠢ ᠶᠠᠮᠤᠨ ᠤ ᠲᠡᠰ ᠠᠴᠠ ᠳᠡᠭᠡᠭᠰᠢᠬᠢ
ᠬᠦᠯᠢᠶᠡᠨ ᠠᠪᠬᠤ ᠡᠲᠡᠭᠡᠳ ᠪᠤᠶᠤ ᠪᠤᠰᠤᠳ ᠴᠢᠬᠤᠯᠠ ᠵᠣᠴᠢᠨ ᠬᠦᠯᠢᠶᠡᠨ ᠠᠪᠴᠤ ᠵᠣᠴᠢᠯᠠᠬᠤ
ᠠᠵᠢᠯ ᠢ ᠬᠦᠯᠢᠶᠡᠨ ᠠᠪᠬᠤ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ
ᠬᠠᠷᠢᠭᠤᠴᠠᠵᠤ ᠂ ᠪᠣᠳᠠᠲᠠᠶ ᠬᠦᠷᠢᠶ᠎ᠡ ᠬᠡᠪᠴᠢᠶ᠎ᠡ ᠶᠢ ᠠᠰᠲᠠᠭᠠᠨ ᠲᠣᠭᠲᠠᠭᠠᠨ᠎ᠠ ᠃ ᠪᠤᠰᠤᠳ
ᠬᠦᠯᠢᠶᠡᠨ ᠠᠪᠬᠤ ᠡᠲᠡᠭᠡᠳ ᠨᠢ ᠬᠦᠯᠢᠶᠡᠨ ᠠᠪᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠲᠣᠰ
ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠬᠠᠷᠢᠭᠤᠴᠠᠨ᠎ᠠ
᠃
ᠵᠢᠷᠭᠤᠳᠤᠭᠠᠷ ᠵᠦᠢᠯ ᠬᠦᠯᠢᠶᠡᠨ ᠠᠪᠬᠤ ᠨᠢᠭᠡᠴᠢ ᠨᠢ
ᠠᠯᠪᠠᠨ ᠶᠠᠪᠤᠳᠠᠯ ᠤᠨ ᠬᠦᠯᠢᠶᠡᠨ ᠠᠪᠬᠤ ᠬᠡᠪᠴᠢᠶᠡᠨ ᠳᠤ ᠴᠢᠩᠭ᠎ᠠ ᠬᠢᠵᠠᠭᠠᠷᠯᠠᠬᠤ ᠬᠡᠷᠡᠭᠲᠡᠶ ᠂
ᠬᠦᠯᠢᠶᠡᠨ ᠠᠪᠬᠤ ᠬᠡᠪᠴᠢᠶ᠎ᠡ ᠶᠢ ᠳᠤᠷ᠎ᠠ ᠪᠠᠷ ᠢᠶᠡᠨ ᠥᠷᠭᠡᠳᠬᠡᠵᠦ ᠪᠣᠯᠬᠤ ᠦᠭᠡᠢ ᠂ ᠨᠡᠮᠡᠵᠦ
ᠬᠦᠯᠢᠶᠡᠨ ᠠᠪᠬᠤ ᠡᠲᠡᠭᠡᠳ ᠪᠤᠶᠤ ᠬᠦᠯᠢᠶᠡᠨ ᠠᠪᠬᠤ ᠪᠠᠷᠢᠮᠵᠢᠶ᠎ᠠ ᠶᠢ ᠳᠡᠭᠡᠭᠰᠢᠯᠡᠭᠦᠯᠬᠦ
ᠪᠣᠯᠬᠤ ᠦᠭᠡᠢ ᠂ ᠲᠥᠷᠥ ᠶᠢᠨ ᠠᠵᠢᠯᠲᠠᠳ ᠪᠠ ᠠᠮᠠᠷᠠᠯᠲᠠ ᠶᠢᠨ ᠴᠢᠯᠥᠭᠡ ᠂ ᠲᠦᠷᠤᠯ
ᠰᠠᠳᠤᠨ ᠢᠶᠠᠨ ᠡᠷᠭᠢᠬᠦ ᠂ ᠠᠯᠪᠠᠨ ᠶᠠᠪᠤᠳᠠᠯ ᠦᠨ ᠵᠤᠭᠠᠴᠠᠯ ᠵᠡᠷᠭᠡ ᠠᠵᠢᠯᠯᠠᠭ᠎ᠠ ᠢ ᠬᠦᠯᠢᠶᠡᠨ
ᠠᠪᠬᠤ ᠦᠭᠡᠢ ᠂ ᠬᠤᠪᠢ ᠪᠠᠷ ᠢᠶᠠᠨ ᠡᠭᠦᠷᠭᠡᠯᠡᠬᠦ ᠵᠠᠷᠤᠳᠠᠯ ᠢ ᠠᠯᠪᠠᠨ ᠤ ᠵᠣᠭᠣᠰ ᠢᠶᠠᠷ
ᠳᠠᠩᠰᠠᠨ ᠠᠴᠠ ᠲᠠᠶᠢᠯᠬᠤ ᠪᠤᠶᠤ ᠲᠥᠯᠥᠵᠤ ᠪᠣᠯᠬᠤ ᠦᠭᠡᠢ ᠃
ᠳᠣᠯᠣᠳᠤᠭᠠᠷ ᠵᠦᠢᠯ
ᠴᠢᠩᠭ᠎ᠠ ᠬᠢᠵᠠᠭᠠᠷᠯᠠᠵᠤ ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠢᠨᠠᠨ
ᠵᠥᠪᠰᠢᠶᠡᠷᠡᠭᠦᠯᠬᠦ ᠬᠡᠷᠡᠭᠲᠡᠶ ᠃ ᠬᠦᠯᠢᠶᠡᠨ ᠠᠪᠬᠤ ᠨᠢᠭᠡᠴᠢ ᠳᠦ ᠠᠯᠪᠠᠨ ᠶᠠᠪᠤᠳᠠᠯ ᠤᠨ
ᠠᠵᠢᠯᠯᠠᠭ᠎ᠠ ᠪᠠ ᠠᠶᠢᠯᠴᠢᠯᠠᠷ᠎ᠠ ᠢᠷᠡᠭᠰᠡᠳ ᠢ ᠦᠨᠳᠦᠰᠦᠯᠡᠨ ᠨᠢᠭᠡᠴᠡ ᠶᠢᠨ ᠠᠯᠪᠠᠨ
ᠲᠣᠬᠢᠷᠠᠭᠤᠯᠵᠤ ᠂ ᠬᠦᠯᠢᠶᠡᠨ ᠠᠪᠬᠤ ᠡᠭᠦᠷᠭᠡ ᠂ ᠤᠲᠠᠰᠤ ᠪᠠᠷ ᠶᠠᠷᠢᠯᠴᠠᠭᠰᠠᠨ ᠲᠡᠮᠳᠡᠭᠯᠡᠯ ᠢ
ᠦᠨᠳᠦᠰᠦᠯᠡᠨ ᠲᠣᠬᠢᠷᠠᠭᠤᠯᠵᠤ ᠂ ᠣᠨᠴᠣᠭᠣᠶ ᠪᠠᠶᠢᠳᠠᠯ ᠳᠣᠸᠷ᠎ᠠ ᠂ ᠠᠯᠪᠠᠨ ᠵᠠᠬᠢᠳᠠᠯ ᠥᠯᠥ
ᠬᠦᠯᠢᠶᠡᠨ ᠠᠪᠬᠤ ᠦᠭᠡᠢ ᠃ ᠤᠳᠠᠭ᠎ᠠ ᠪᠦᠷᠢ ᠶᠢᠨ ᠠᠯᠪᠠᠨ ᠵᠣᠴᠢᠯᠠᠯᠭ᠎ᠠ ᠳᠠᠶᠢᠯᠠᠯᠭ᠎ᠠ ᠶᠢᠨ
ᠠᠵᠢᠯᠯᠠᠭ᠎ᠠ ᠳᠠᠭᠤᠰᠤᠭᠰᠠᠨ ᠦ ᠳᠠᠷᠠᠭ᠎ᠠ ᠂ ᠬᠦᠯᠢᠶᠡᠨ ᠠᠪᠬᠤ ᠨᠢᠭᠡᠴᠢ ᠳᠦ ᠬᠦᠯᠢᠶᠡᠨ ᠠᠪᠬᠤ
ᠨᠠᠷᠢᠨ ᠬᠠᠭᠤᠳᠠᠰᠤ ᠶᠢ ᠦᠨᠡᠨ ᠮᠥᠨ ᠢᠶᠠᠷ ᠨᠢ ᠲᠠᠭᠯᠠᠬᠤ ᠬᠡᠷᠡᠭᠲᠡᠶ ᠪᠥᠭᠡᠳ ᠬᠣᠯᠪᠣᠭᠳᠠᠯ
ᠪᠦᠬᠦᠢ ᠬᠠᠷᠢᠭᠤᠴᠠᠯᠭᠠᠲᠠᠨ ᠢᠶᠠᠷ ᠬᠢᠨᠠᠭᠤᠯᠵᠤ ᠭᠠᠷ ᠤᠨ ᠥᠰᠥᠭ ᠵᠢᠷᠤᠭᠤᠯᠬᠤ ᠬᠡᠷᠡᠭᠲᠡᠶ ᠃
ᠬᠦᠯᠢᠶᠡᠨ ᠠᠪᠬᠤ ᠲᠣᠳᠣᠷᠬᠠᠶ ᠳᠠᠩᠰᠠ ᠶᠢ ᠬᠦᠯᠢᠶᠡᠨ ᠠᠪᠬᠤ ᠡᠲᠡᠭᠡᠳ ᠤᠨ ᠪᠠᠶᠢᠭ᠎ᠠ ᠨᠢᠭᠡᠴᠢ᠂
ᠤᠪᠤᠭ ᠨᠡᠷ᠎ᠡ ᠂ ᠲᠤᠰᠢᠶᠠᠯ ᠪᠣᠯᠤᠨ ᠠᠯᠪᠠᠨ ᠠᠵᠢᠯᠯᠠᠭ᠎ᠠ ᠶᠢᠨ ᠲᠥᠷᠥᠯ ᠵᠦᠢᠯ ᠴᠠᠭ ᠤᠨ
ᠬᠡᠮᠵᠢᠶ᠎ᠡ ᠂ ᠲᠠᠯᠠᠪᠤᠷ᠂ ᠵᠠᠷᠤᠳᠠᠯ ᠵᠡᠷᠭᠡ ᠠᠭᠤᠯᠭ᠎ᠠ ᠪᠠᠭᠲᠠᠨ᠎ᠠ ᠃
ᠨᠠᠢᠮᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤᠨ ᠨᠢᠭᠡᠳᠦᠯᠲᠡᠶ ᠬᠠᠷᠢᠭᠤᠴᠠᠵᠤ ᠬᠦᠯᠢᠶᠡᠨ ᠠᠪᠬᠤ ᠡᠭᠦᠷᠭᠡ ᠶᠢ
ᠬᠦᠯᠢᠶᠡᠨ ᠠᠪᠬᠤ ᠠᠯᠪᠠᠨ ᠭᠡᠷ ᠂ ᠶᠣᠰᠣᠭᠠᠷ ᠵᠢᠷᠤᠮᠵᠢᠭᠤᠯᠤᠨ ᠬᠢᠬᠦ ᠵᠢᠷᠤᠮ ᠪᠣᠯᠤᠨ
ᠪᠠᠷᠢᠮᠵᠢᠶ᠎ᠠ ᠶᠢ ᠵᠣᠬᠢᠴᠠᠩᠭᠤᠶ ᠪᠠᠷ ᠠᠵᠢᠯᠯᠠᠬᠤ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠂
ᠬᠣᠯᠪᠣᠭᠳᠠᠯ ᠪᠦᠬᠦᠢ ᠭᠠᠵᠠᠷ ᠣᠷᠣᠨ ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ
ᠪᠠᠶᠢᠭᠤᠯᠤᠯᠭ᠎ᠠ ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠦᠢᠯᠡᠴᠢᠯᠡᠭᠡᠨ ᠦ
ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠂ ᠨᠢᠭᠲᠠ ᠬᠠᠮᠵᠢᠯᠴᠠᠬᠤ ᠂
ᠬᠦᠴᠦ ᠪᠡᠨ ᠬᠠᠮᠲᠤᠳᠬᠠᠨ ᠬᠠᠮᠵᠢᠯᠴᠠᠬᠤ᠂ ᠬᠦᠯᠢᠶᠡᠨ ᠠᠪᠴᠤ ᠵᠣᠴᠢᠯᠠᠬᠤ ᠠᠵᠢᠯ ᠢ ᠬᠠᠮᠲᠤᠪᠠᠷ
ᠰᠠᠶᠢᠲᠤᠷ ᠬᠢᠬᠦ ᠬᠡᠷᠡᠭᠲᠡᠶ ᠃
ᠶᠢᠰᠦᠳᠦᠭᠡᠷ ᠵᠦᠢᠯ ᠠᠯᠪᠠᠨ
ᠶᠠᠪᠤᠳᠠᠯ ᠤᠨ ᠵᠣᠴᠢᠯᠠᠯᠭ᠎ᠠ ᠨᠢ ᠨᠢᠰᠬᠡᠯ ᠤᠨ ᠪᠠᠭᠤᠳᠠᠯ ᠂ ᠲᠡᠷᠭᠡᠨ ᠤᠢᠷᠳᠡᠭᠡ ᠬᠢᠭᠡᠳ
ᠬᠠᠷᠢᠶ᠎ᠠ ᠣᠷᠣᠨ ᠤ ᠬᠢᠯᠢ ᠶᠢᠨ ᠵᠠᠭᠠᠭ ᠤᠨ ᠤᠭᠲᠤᠵᠤ ᠦᠳᠡᠬᠦ ᠠᠵᠢᠯᠯᠠᠭ᠎ᠠ ᠂ ᠤᠷᠢᠶ᠎ᠠ ᠯᠣᠽᠦ᠋ᠩ
ᠨᠠᠭᠠᠵᠤ ᠡᠯᠬᠦᠵᠦ ᠪᠣᠯᠬᠤ ᠦᠭᠡᠢ ᠂ ᠤᠯᠠᠨ ᠲᠦᠮᠡᠨ ᠤ ᠤᠭᠲᠤᠬᠤ ᠪᠠ ᠦᠳᠡᠬᠦ ᠲᠣᠬᠢᠷᠠᠭᠤᠯᠵᠤ
ᠪᠣᠯᠬᠤ ᠦᠭᠡᠢ ᠂ ᠬᠡᠪᠢᠰ ᠳᠡᠪᠢᠰᠴᠦ ᠂ ᠵᠣᠴᠢᠨ ᠤᠭᠲᠠᠵᠦ ᠪᠣᠯᠬᠤ ᠦᠭᠡᠢ ᠃ ᠪᠠᠷ᠎ᠠ ᠬᠥᠮᠦᠨ ᠤ
ᠲᠣᠭ᠎ᠠ ᠶᠢ ᠴᠢᠩᠭ᠎ᠠ ᠬᠢᠵᠠᠭᠠᠷᠯᠠᠵᠤ ᠂ ᠠᠷᠪᠢᠨ ᠬᠥᠮᠥᠨ ᠳᠠᠭᠠᠵᠤ ᠪᠣᠯᠬᠤ ᠤᠢᠭᠡᠢ ᠃
ᠬᠦᠯᠢᠶᠡᠨ
ᠠᠪᠬᠤ ᠨᠢᠭᠡᠴᠢ ᠳᠤ ᠲᠣᠬᠢᠷᠠᠭᠤᠯᠵᠤ ᠂ ᠠᠵᠢᠯᠯᠠᠭᠠᠨ ᠤ ᠲᠠᠯᠠᠪᠤᠷ ᠂ ᠠᠵᠢᠯᠯᠠᠭ᠎ᠠ ᠶᠢᠨ
ᠲᠥᠷᠥᠯ ᠵᠦᠢᠯ ᠤᠨ ᠠᠵᠢᠯᠯᠠᠭᠠᠨ ᠤ ᠠᠷᠭ᠎ᠠ ᠮᠠᠶ᠋ᠢᠭ ᠪᠠᠨ ᠲᠣᠭᠲᠠᠭᠠᠪᠠᠯ ᠂ ᠬᠦᠯᠢᠶᠡᠨ ᠠᠪᠬᠤ
ᠡᠲᠡᠭᠡᠳ ᠦᠨ ᠬᠦᠰᠡᠯ ᠱᠠᠭᠠᠷᠳᠠᠯᠭ᠎ᠠ ᠶᠢ ᠬᠦᠨᠳᠦᠳᠬᠡᠬᠦ ᠬᠡᠷᠡᠭᠲᠡᠶ ᠂ ᠠᠯᠪᠠᠨ ᠶᠠᠪᠤᠳᠠᠯ ᠳᠤ
ᠠᠰᠢᠭᠲᠠᠶ ᠠᠵᠢᠯᠯᠠᠭ᠎ᠠ ᠥᠷᠨᠢᠭᠦᠯᠬᠦ ᠬᠡᠷᠡᠭᠲᠡᠶ ᠃ ᠪᠠᠶᠢᠴᠠᠭᠠᠨ ᠰᠤᠳᠤᠯᠤᠯᠲᠠ ᠬᠢᠵᠦ᠂
ᠠᠵᠢᠯᠯᠠᠭ᠎ᠠ ᠲᠣᠬᠢᠷᠠᠭᠤᠯᠬᠤ᠂ ᠵᠦᠢ ᠵᠣᠬᠢᠰᠲᠠᠢ ᠲᠣᠭᠲᠠᠭᠠᠵᠤ᠂ ᠰᠢᠯᠭᠠᠨ ᠪᠠᠶᠢᠴᠠᠭᠠᠬᠤ ᠱᠤᠭᠤᠮ
ᠪᠠ ᠪᠠᠶᠢᠴᠠᠭᠠᠯᠲᠠ ᠶᠢᠨ ᠴᠡᠭ ᠂ ᠶᠣᠰᠣ ᠶᠢᠨ ᠲᠡᠳᠦᠶ ᠦᠩᠭᠡᠷᠡᠬᠦᠯᠵᠦ ᠪᠣᠯᠬᠤ ᠦᠭᠡᠢ ᠂
ᠬᠡᠯᠪᠡᠷᠢ ᠶᠢᠨ ᠦᠵᠡᠯ ᠶᠠᠪᠤᠭᠤᠯᠬᠤ ᠢ ᠴᠢᠨᠠᠭᠰᠢᠯᠠᠭᠠᠳ ᠬᠤᠳᠠᠯ ᠬᠠᠭᠤᠷᠮᠠᠭ ᠢᠶᠠᠷ
ᠵᠣᠬᠢᠶᠠᠵᠤ ᠪᠣᠯᠬᠤ ᠦᠭᠡᠢ᠃
ᠠᠷᠪᠠᠳᠤᠭᠠᠷ ᠵᠦᠢᠯ
ᠬᠦᠯᠢᠶᠡᠨ ᠠᠪᠬᠤ ᠬᠣᠨᠣᠭ ᠤᠨ ᠴᠢᠩᠭ᠎ᠠ ᠬᠡᠷᠡᠭᠵᠢᠭᠦᠯᠵᠦ ᠂ ᠠᠯᠪᠠᠨ ᠶᠠᠪᠤᠳᠠᠯ ᠢᠶᠠᠷ ᠭᠠᠳᠠᠭᠰᠢ
ᠭᠠᠷᠬᠤ ᠵᠠᠷᠤᠳᠠᠯ ᠂ ᠬᠤᠷᠠᠯ ᠤᠨ ᠬᠠᠮᠢᠶᠠᠷᠤᠯᠲᠠ ᠶᠢᠨ ᠬᠣᠯᠪᠣᠭᠳᠠᠯ ᠪᠦᠬᠦᠢ ᠲᠣᠭᠲᠠᠭᠠᠯ ᠂
ᠵᠢᠭᠠᠨ ᠲᠣᠭᠲᠠᠭᠠᠭᠰᠠᠨ ᠵᠣᠴᠢᠳ ᠤᠨ ᠪᠠᠭᠤᠳᠠᠯ ᠪᠤᠶᠤ ᠪᠠᠶᠢᠭᠤᠯᠭ᠎ᠠ ᠳᠣᠲᠣᠭᠠᠳᠤ ᠶᠢᠨ
ᠵᠣᠴᠢᠯᠠᠬᠤ ᠭᠠᠵᠠᠷ ᠲᠤ ᠲᠣᠬᠢᠷᠠᠭᠤᠯᠵᠤ ᠂ ᠬᠡᠯᠡᠯᠴᠡᠭᠡᠷ ᠲᠣᠭᠲᠠᠭᠠᠬᠤ ᠦᠨ᠎ᠡ ᠶᠢ ᠬᠡᠯᠡᠵᠦ
ᠪᠠᠶᠢᠨ᠎ᠠ ᠃ ᠠᠵᠢᠯ ᠢᠶᠠᠷ ᠭᠠᠳᠠᠭᠰᠢ ᠭᠠᠷᠬᠤ ᠬᠥᠮᠦᠰ ᠤᠨ ᠬᠣᠨᠣᠭ ᠤᠨ ᠰᠦᠶᠳᠬᠡᠯ ᠤᠨ ᠤᠤᠯ
ᠨᠢᠭᠡᠴᠢ ᠳᠡᠭᠡᠨ ᠳᠠᠩᠰᠠ ᠲᠠᠶᠢᠯᠬᠤ ᠬᠡᠷᠡᠭᠲᠡᠶ ᠂ ᠬᠤᠷᠠᠯ ᠳᠤ ᠣᠷᠣᠯᠴᠠᠭᠰᠠᠨ ᠬᠥᠮᠦᠰ ᠤᠨ
ᠬᠣᠨᠣᠭ ᠤᠨ ᠰᠦᠶᠳᠬᠡᠯ ᠤᠨ ᠬᠤᠷᠠᠯ ᠤᠨ ᠵᠠᠷᠤᠳᠠᠯ ᠤᠨ ᠬᠠᠮᠢᠶᠠᠷᠤᠯᠲᠠ ᠶᠢᠨ ᠬᠣᠯᠪᠣᠭᠳᠠᠯ
ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ ᠃ ᠬᠣᠨᠣᠭ ᠤᠨ ᠭᠡᠷ ᠪᠠᠶᠢᠰᠢᠩ ᠢ ᠬᠡᠷᠡᠭᠯᠡᠬᠦ
ᠪᠠᠷᠢᠮᠵᠢᠶᠠᠲᠤ ( ᠰᠲ᠋ᠠᠨᠳᠠᠷᠲ᠋ ) ᠦᠷᠦᠬᠡ ᠭᠣᠣᠯ ᠪᠣᠯᠭᠠᠵᠤ ᠬᠦᠯᠢᠶᠡᠨ ᠠᠪᠴᠤ ᠂ ᠮᠤᠵᠢ
ᠶᠠᠮᠤᠨ ᠤ ᠲᠡᠰ ᠤᠨ ᠺᠠᠳ᠋ᠷ ᠢ ᠲᠣᠬᠢᠷᠠᠭᠤᠯᠵᠤ ᠂ ᠡᠩ ᠤᠨ ᠰᠤᠭᠰᠤᠷᠠᠭ᠎ᠠ ᠥᠷᠥᠭᠡ ᠪᠣᠯᠭᠠᠪᠠ ᠃
ᠬᠦᠯᠢᠶᠡᠨ ᠠᠪᠬᠤ ᠨᠢᠭᠡᠴᠡ ᠡᠴᠡ ᠪᠠᠷᠢᠮᠵᠢᠶ᠎ᠠ ᠠᠴᠠ ᠬᠡᠲᠦᠷᠡᠭᠦᠯᠦᠨ ᠲᠣᠬᠢᠷᠠᠭᠤᠯᠵᠤ ᠪᠣᠯᠬᠤ
ᠦᠭᠡᠢ ᠬᠦᠯᠢᠶᠡᠨ ᠠᠪᠬᠤ ᠣᠷᠣᠨ ᠰᠠᠭᠤᠴᠠ ᠂ ᠬᠦᠯᠢᠶᠡᠨ ᠠᠪᠬᠤ ᠲᠠᠯᠠᠪᠤᠷ ᠲᠤ ᠬᠦᠯᠢᠶᠡᠬᠦ
ᠨᠥᠬᠥᠴᠡᠯ ᠤᠨ ᠬᠢᠵᠠᠭᠠᠷᠯᠠᠯ ᠵᠡᠷᠭᠡ ᠣᠨᠴᠠᠭᠠᠶ ᠪᠠᠶᠢᠳᠠᠯ ᠡᠴᠡ ᠭᠠᠳᠠᠨ᠎ᠠ ᠂ ᠢᠯᠡᠭᠦᠦ
ᠤᠬᠢᠶᠠᠵᠤ ᠠᠷᠢᠯᠭᠠᠬᠤ ᠬᠡᠷᠡᠭᠰᠡᠯ ᠤᠳ ᠵᠡᠷᠭᠡ ᠶᠢ ᠤᠯᠭᠤᠵᠤ ᠪᠣᠯᠬᠤ ᠦᠭᠡᠢ ᠃
ᠠᠷᠪᠠᠨ ᠨᠢᠭᠡᠳᠦᠭᠡᠷ ᠵᠦᠢᠯ
ᠲᠣᠭᠲᠠᠭᠠᠯ ᠶᠣᠰᠣᠭᠠᠷ ᠴᠢᠩᠭ᠎ᠠ ᠪᠠᠷᠢᠮᠵᠢᠶ᠎ᠠ ᠵᠣᠴᠢᠯᠠᠯᠭ᠎ᠠ ᠶᠢᠨ ᠬᠣᠭᠣᠯᠠ ᠶᠢ ᠬᠦᠯᠢᠶᠡᠨ
ᠠᠪᠬᠤ ᠡᠲᠡᠭᠡᠳ ᠨᠢ 15 ᠬᠥᠮᠦᠨ ᠡᠴᠡ ᠳᠡᠭᠡᠭᠰᠢ ᠲᠣᠭᠲᠠᠭᠰᠠᠨ ᠪᠠᠷᠢᠮᠵᠢᠶ᠎ᠠ ᠶᠣᠰᠣᠭᠠᠷ
ᠲᠣᠬᠢᠷᠠᠭᠤᠯᠵᠤ᠂ ᠥᠪᠡᠰᠦᠪᠡᠨ ᠬᠣᠭᠣᠯᠠ ᠢᠳᠡᠬᠦ ᠂ 15 ᠬᠥᠮᠦᠨ ᠬᠦᠷᠬᠦ ᠦᠭᠡᠢ ᠪᠤᠶᠤ ᠥᠪᠡᠷᠲᠡᠭᠡᠨ
ᠬᠣᠭᠣᠯᠠ ᠢᠳᠡᠬᠦ ᠨᠥᠬᠥᠴᠡᠯ ᠪᠦᠷᠢᠯᠳᠦᠭᠦᠯᠦᠭᠰᠡᠨ ᠦᠭᠡᠢ ᠪᠠᠶᠢᠪᠠᠯ ᠂ ᠲᠣᠭᠲᠠᠭᠰᠠᠨ ᠪᠠᠷᠢᠮᠵᠢᠶ᠎ᠠ
ᠶᠣᠰᠣᠭᠠᠷ ᠲᠣᠬᠢᠷᠠᠭᠤᠯᠵᠤ ᠪᠣᠯᠤᠨ᠎ᠠ ᠃ ᠨᠡᠭᠡᠷᠡᠨ ᠠᠵᠢᠯ ᠤᠨ ᠬᠡᠷᠡᠭᠴᠡᠭᠡ ᠲᠡᠶ ᠪᠣᠯ ᠬᠦᠯᠢᠶᠡᠨ
ᠠᠪᠬᠤ ᠨᠢᠭᠡᠴᠢ ᠳᠤ ᠨᠢᠭᠡ ᠡᠷᠢᠨ ᠤ ᠬᠣᠭᠣᠯᠠ ᠶᠢ ᠪᠣᠳᠣᠵᠣ ᠪᠣᠯᠤᠨ᠎ᠠ ᠃ ᠥᠪᠡᠷᠲᠡᠭᠡᠨ ᠬᠣᠭᠣᠯᠠ
ᠢᠳᠡᠬᠦ ᠂ ᠢᠵᠢ ᠪᠦᠷᠢᠲᠦᠭᠰᠡᠡ ᠦᠢᠯᠡᠴᠢᠯᠡᠭᠡ ᠪᠣᠯᠤᠨ ᠠᠵᠢᠯ ᠤᠨ ᠬᠣᠭᠣᠯᠠ ᠶᠢᠨ ᠪᠠᠷᠢᠮᠵᠢᠶ᠎ᠠ
ᠨᠢ ᠴᠥᠮ ᠣᠷᠣᠨ ᠨᠤᠲᠤᠭ ᠤᠨ ᠣᠨᠴᠠᠯᠢᠭ ᠲᠠᠶ ᠢᠳᠡᠭᠡᠨ ᠪᠠᠶᠢᠨ᠎ᠠ ᠂ ᠨᠣᠭᠣᠭ᠎ᠠ ᠵᠠᠭᠤᠰᠢ ᠭᠣᠣᠯ
ᠪᠣᠯᠭᠠᠵᠤ ᠂ ᠥᠨᠳᠥᠷ ᠦᠨ᠎ᠡ ᠲᠡᠶ ᠲᠣᠬᠢᠷᠠᠭᠤᠯᠵᠤ ᠪᠣᠯᠬᠤ ᠦᠭᠡᠢ ᠪᠠ ᠬᠡᠭᠡᠷ᠎ᠡ ᠶᠢᠨ
ᠬᠠᠮᠠᠭᠠᠯᠠᠯᠲᠠ ᠶᠢᠨ ᠠᠮᠢᠲᠠᠨ ᠢᠶᠡᠷ ᠬᠢᠭᠰᠡᠨ ᠵᠠᠭᠤᠰᠢ᠂ ᠲᠠᠮᠠᠬᠢ ᠪᠠ ᠦᠨᠡᠲᠡᠶ ᠠᠷᠢᠬᠢ
ᠭᠠᠷᠭᠠᠵᠤ ᠪᠣᠯᠬᠤ ᠦᠭᠡᠢ ᠂ ᠬᠤᠪᠢ ᠬᠥᠮᠦᠨ ᠦ ᠰᠡᠯᠡᠭᠦᠴᠡᠯ ᠤᠨ ᠭᠠᠵᠠᠷ ᠲᠤ ᠬᠡᠷᠡᠭᠯᠡᠵᠦ ᠪᠣᠯᠬᠤ
ᠤᠢᠭᠡᠢ ᠂ ᠳᠡᠭᠡᠳᠦ ᠳᠡᠰ ᠤᠨ ᠢᠳᠡᠭᠡᠨ ᠤᠮᠳᠠᠭᠠᠨ ᠤ ᠭᠠᠵᠠᠷ ᠲᠠᠶ ᠣᠶᠢᠷᠠᠲᠤᠵᠤ ᠪᠣᠶᠢᠬᠤ
ᠦᠭᠡᠢ᠃
ᠠᠷᠪᠠᠨ ᠬᠣᠶᠠᠳᠤᠭᠠᠷ ᠵᠦᠢᠯ ᠴᠢᠩᠭ᠎ᠠ
ᠬᠢᠵᠠᠭᠠᠷᠯᠠᠵᠤ ᠂ ᠠᠵᠢᠯ ᠤᠨ ᠬᠣᠭᠣᠯᠠ ᠳᠤ ᠡᠩ ᠤᠨ ᠵᠣᠴᠢᠯᠠᠬᠤ ᠪᠣᠯᠤᠨ᠎ᠠ ᠃ ᠬᠦᠯᠢᠶᠡᠨ ᠠᠪᠬᠤ
ᠡᠲᠡᠭᠡᠳ ᠨᠢ 10 ᠬᠥᠮᠦᠨ ᠤ ᠳᠣᠲᠣᠷ᠎ᠠ ᠂ ᠵᠣᠴᠢᠯᠠᠬᠤ ᠬᠥᠮᠦᠰ ᠨᠢ 3 ᠡᠴᠡ ᠬᠡᠲᠦᠷᠡᠵᠦ
ᠪᠣᠯᠬᠤ ᠦᠭᠡᠢ ᠃ ᠬᠦᠯᠢᠶᠡᠨ ᠠᠪᠬᠤ ᠡᠲᠡᠭᠡᠳ ᠨᠢ 10 ᠡᠴᠡ ᠳᠡᠭᠡᠭᠰᠢ ᠬᠥᠮᠦᠨ ᠂ ᠵᠣᠴᠢᠯᠠᠬᠤ
ᠬᠥᠮᠦᠰ ᠬᠦᠯᠢᠶᠡᠨ ᠠᠪᠬᠤ ᠡᠲᠡᠭᠡᠳ ᠦᠨ ᠬᠥᠮᠦᠨ ᠦ ᠲᠣᠭ᠎ᠠ ᠶᠢᠨ ᠭᠤᠷᠪᠠᠨ ᠦ ᠨᠢᠭᠡ ᠬᠤᠪᠢ ᠡᠴᠡ
ᠬᠡᠲᠦᠷᠡᠵᠦ ᠪᠣᠯᠬᠤ ᠤᠢᠭᠡᠢ ᠃
ᠠᠷᠪᠠᠨ ᠭᠤᠷᠪᠠᠳᠤᠭᠠᠷ ᠵᠦᠢᠯ ᠬᠦᠯᠢᠶᠡᠨ ᠠᠪᠬᠤ ᠡᠲᠡᠭᠡᠳ ᠤᠨ ᠪᠣᠳᠠᠲᠠᠶ ᠪᠠᠶᠢᠳᠠᠯ ᠢ ᠦᠨᠳᠦᠰᠦᠯᠡᠨ ᠂ ᠭᠠᠵᠠᠷ
ᠪᠣᠯᠭᠠᠨ ᠳᠦ ᠪᠡᠨ ᠣᠷᠣᠨ ᠤ ᠪᠠᠶᠢᠳᠠᠯ ᠂ ᠵᠣᠬᠢᠰᠲᠠᠶ ᠪᠠᠷ ᠲᠣᠬᠢᠷᠠᠭᠤᠯᠵᠤ᠂ ᠲᠠᠯ᠎ᠠ ᠨᠤᠲᠤᠭ ᠤᠨ
ᠰᠣᠶᠣᠯ ᠤᠨ ᠥᠪᠡᠷᠮᠢᠴᠡ ᠣᠨᠴᠠᠯᠢᠭ ᠢ ᠢᠯᠡᠷᠡᠭᠦᠯᠵᠦ ᠂ ᠮᠠᠨ ᠤ ᠣᠷᠣᠨ ᠤ ᠪᠠ ᠴᠥᠭᠡᠨ ᠲᠣᠭᠠᠲᠤ
ᠦᠨᠳᠦᠰᠦᠲᠡᠨ ᠤ ᠵᠣᠴᠢᠯᠠᠬᠤ ᠵᠠᠩᠰᠢᠯ ᠠᠷᠢᠬᠢ ᠪᠠᠷᠢᠵᠤ ᠂ ᠠᠶ᠎ᠠ ᠪᠠᠷᠢᠬᠤ᠂ ᠬᠠᠳᠡᠬ ᠪᠠᠷᠢᠬᠤ
ᠵᠡᠷᠭᠡ ᠦᠨᠳᠦᠰᠦᠲᠡᠨ ᠤ ᠶᠣᠰᠣ ᠶᠢ ᠴᠣᠬᠢᠰᠲᠠᠢ ᠬᠡᠷᠡᠭᠵᠢᠬᠦᠯᠵᠦ᠂ ᠬᠦᠷᠢᠶ᠎ᠡ ᠬᠡᠪᠴᠢᠶ᠎ᠡ ᠪᠠ
ᠴᠠᠭ ᠬᠤᠭᠤᠴᠠᠭ᠎ᠠ ᠶᠢ ᠲᠡᠷᠡ ᠨᠢᠭᠡ ᠪᠦᠯᠦᠭ ᠬᠦᠯᠢᠶᠡᠨ ᠠᠪᠬᠤ ᠡᠲᠡᠭᠡᠳ ᠨᠢ ᠵᠥᠪᠬᠡᠨ ᠨᠢᠭᠡ
ᠤᠳᠠᠭ᠎ᠠ ᠲᠣᠬᠢᠷᠠᠭᠤᠯᠤᠨ᠂ ᠣᠯᠠᠨ ᠳᠠᠪᠲᠠᠭᠰᠠᠨ ᠦᠨᠳᠦᠰᠦᠲᠡᠨ ᠤ ᠶᠣᠰᠣᠯᠠᠯ ᠤᠨ ᠠᠵᠢᠯᠯᠠᠭ᠎ᠠ ᠶᠢ
ᠬᠢᠵᠤ ᠪᠣᠯᠬᠤ ᠤᠢᠭᠡᠢ ᠃
ᠠᠷᠪᠠᠨ ᠳᠥᠷᠪᠡᠳᠦᠭᠡᠷ ᠵᠦᠢᠯ
ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠲᠡᠷᠭᠡᠨ ᠳᠦ ᠰᠠᠭᠤᠵᠤ ᠵᠠᠮ ᠬᠠᠷᠢᠯᠴᠠᠭᠠᠨ ᠤ
ᠠᠵᠢᠯᠯᠠᠭ᠎ᠠ ᠶᠢ ᠲᠥᠪᠯᠡᠷᠡᠭᠦᠯᠦᠨ ᠲᠣᠬᠢᠷᠠᠭᠤᠯᠬᠤ ᠬᠡᠷᠡᠭᠲᠡᠶ ᠂ ᠵᠦᠢ ᠵᠣᠬᠢᠰᠲᠠᠶ ᠬᠡᠷᠡᠭᠯᠡᠵᠦ
᠂ ᠲᠡᠷᠭᠡᠨ ᠤ ᠬᠡᠯᠪᠡᠷᠢ᠂ ᠲᠡᠷᠭᠡ ᠬᠥᠰᠬᠡ ᠶᠢᠨ ᠲᠣᠭ᠎ᠠ ᠬᠡᠮᠵᠢᠶ᠎ᠡ ᠶᠢ ᠴᠢᠩᠭ᠎ᠠ
ᠬᠢᠵᠠᠭᠠᠷᠯᠠᠵᠤ ᠂ ᠴᠢᠩᠭ᠎ᠠ ᠲᠣᠭᠲᠠᠭᠠᠯ ᠶᠣᠰᠣᠭᠠᠷ ᠴᠠᠭᠳᠠᠭᠠᠨ ᠤ ᠲᠡᠷᠭᠡ ᠂ ᠵᠠᠮ
ᠬᠠᠷᠢᠯᠴᠠᠭᠠᠨ ᠤ ᠳᠠᠷᠤᠯᠲᠠ ᠶᠢ ᠨᠡᠮᠡᠭᠳᠡᠭᠦᠯᠵᠦ ᠪᠣᠯᠬᠤ ᠦᠭᠡᠢ᠃ ᠴᠢᠬᠤᠯᠠ ᠬᠦᠯᠢᠶᠡᠨ ᠠᠪᠬᠤ
ᠡᠲᠡᠭᠡᠳ ᠴᠠᠭᠳᠠᠭᠠᠨ ᠲᠡᠷᠭᠡ ᠬᠡᠷᠡᠭᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠬᠢᠯᠢ ᠶᠢᠨ
ᠳᠣᠲᠣᠷ᠎ᠠ ᠶᠠᠪᠤᠵᠤ ᠰᠠᠭᠤᠬᠤ ᠬᠡᠷᠡᠭᠲᠡᠶ ᠂ ᠬᠡᠷᠡᠭᠵᠢᠭᠦᠯᠵᠦ ᠪᠣᠯᠬᠤ ᠤᠢᠭᠡᠢ ᠲᠣᠭᠲᠠᠭᠠᠯ ᠢ
ᠵᠥᠷᠢᠴᠡᠵᠦ ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠬᠡᠷᠡᠭᠲᠡᠶ ᠃ ᠦᠨᠡᠬᠡᠷ ᠠᠮᠤᠷ
ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠬᠢᠷᠠᠭᠤᠯᠬᠤ ᠴᠢᠬᠤᠯᠠᠲᠠᠶ ᠪᠠᠶᠢᠪᠠᠯ ᠂ ᠲᠣᠭᠲᠠᠭᠠᠯ
ᠶᠣᠰᠣᠭᠠᠷ ᠰᠡᠷᠭᠡᠶᠢᠯᠡᠨ ᠬᠠᠮᠠᠭᠠᠯᠠᠬᠤ ᠵᠠᠭᠠᠭ ᠂ ᠬᠠᠮᠠᠭᠠᠯᠠᠬᠤ ᠪᠠᠷᠢᠮᠵᠢᠶ᠎ᠠ ᠬᠡᠷᠡᠭᠵᠢᠭᠦᠯᠵᠦ
᠂ ᠴᠠᠭᠳᠠᠭᠠᠨ ᠤ ᠬᠦᠴᠦᠨ ᠢ ᠵᠦᠢ ᠵᠣᠬᠢᠰᠲᠠᠶ ᠲᠣᠬᠢᠷᠠᠭᠤᠯᠵᠤ ᠂ ᠴᠢᠳᠠᠬᠤ ᠶᠢᠨ ᠳᠣᠲᠣᠷ᠎ᠠ
ᠪᠠᠭᠠᠰᠬᠠᠵᠤ ᠰᠡᠷᠭᠡᠶᠢᠯᠡᠬᠦ ᠬᠡᠪᠴᠢᠶ᠎ᠡ ᠂ ᠬᠠᠭᠠᠵᠤ ᠪᠠᠶᠢᠬᠤ ᠲᠠᠯᠠᠪᠠᠢ ᠶᠢ ᠰᠤᠯᠠᠯᠠᠵᠦ
ᠪᠣᠯᠬᠤ ᠦᠭᠡᠢ ᠃
ᠠᠷᠪᠠᠨ ᠲᠠᠪᠤᠳᠤᠭᠠᠷ ᠵᠦᠢᠯ ᠥᠪᠡᠷᠲᠡᠭᠡᠨ
ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ
ᠶᠠᠪᠤᠳᠠᠯ ᠤᠨ ᠬᠦᠯᠢᠶᠡᠨ ᠠᠪᠬᠤ ᠵᠠᠷᠤᠳᠠᠯ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠬᠤ
ᠬᠡᠷᠡᠭᠲᠡᠶ ᠂ ᠵᠣᠬᠢᠰᠲᠠᠶ ᠬᠢᠵᠠᠭᠠᠷᠯᠠᠭᠰᠠᠨ ᠵᠣᠴᠢᠯᠠᠬᠤ ᠵᠠᠷᠤᠳᠠᠯ ᠤᠨ ᠲᠥᠰᠦᠪ ᠤᠨ ᠶᠡᠷᠦᠩᠬᠡᠶ
ᠲᠣᠭ᠎ᠠ ᠃ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠵᠠᠷᠤᠳᠠᠯ ᠨᠢ ᠴᠥᠮ ᠲᠥᠰᠦᠪ ᠤᠨ
ᠬᠠᠮᠢᠶᠠᠷᠤᠯᠲᠠ ᠳᠤ ᠣᠷᠣᠭᠤᠯᠵᠤ᠂ ᠲᠤᠰᠠᠭᠠᠷ ᠵᠢᠭᠰᠠᠭᠠᠨ ᠮᠡᠳᠡᠭᠦᠯᠬᠦ ᠬᠡᠷᠡᠭᠲᠡᠢ ᠃ ᠠᠯᠪᠠᠨ
ᠶᠠᠪᠤᠳᠠᠯ ᠤᠨ ᠬᠦᠯᠢᠶᠡᠨ ᠠᠪᠬᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠨᠠᠨ
ᠵᠥᠪᠰᠢᠶᠡᠷᠡᠬᠦ ᠵᠢᠷᠤᠮ᠂ ᠬᠢᠨᠠᠨ ᠬᠠᠷᠭᠤᠭᠤᠯᠵᠤ ᠴᠢᠩᠭ᠎ᠠ ᠬᠠᠷᠢᠭᠤᠴᠠᠬᠤ ᠲᠣᠭᠲᠠᠴᠠ ᠶᠢ
ᠲᠡᠭᠦᠯᠳᠡᠷᠵᠢᠭᠦᠯᠵᠦ᠂ ᠪᠦᠷᠢᠯᠭᠡᠨ ᠰᠦᠢᠳᠬᠡᠬᠦ ᠶᠢ ᠡᠷᠡᠰ ᠬᠣᠷᠢᠭᠯᠠᠨ ᠵᠣᠭᠰᠣᠭᠠᠬᠤ ᠪᠠ ᠵᠦᠢ
ᠶᠣᠰᠣᠨ ᠤ ᠪᠤᠰᠤ ᠵᠠᠷᠤᠯᠭ᠎ᠠ ᠶᠢ ᠬᠣᠷᠢᠭᠯᠠᠬᠤ᠂ ᠵᠣᠴᠢᠯᠠᠬᠤ ᠵᠠᠷᠤᠳᠠᠯ ᠳᠣᠲᠣᠷ᠎ᠠ ᠡᠴᠡ
ᠭᠠᠷᠭᠠᠵᠤ᠂ ᠠᠯᠪᠠᠨ ᠶᠠᠪᠤᠳᠠᠯ ᠢᠶᠠᠷ ᠬᠦᠯᠢᠶᠡᠨ ᠠᠪᠤᠭᠰᠠᠨ ᠡᠲᠡᠭᠡᠳ ᠨᠢ ᠡᠭᠦᠷᠭᠡᠯᠡᠬᠦ
ᠬᠡᠷᠡᠭᠲᠡᠶ ᠂ ᠬᠤᠷᠠᠯ᠂ ᠪᠣᠯᠪᠠᠰᠤᠷᠠᠭᠤᠯᠤᠯ ᠬᠢᠬᠦ ᠵᠡᠷᠭᠡ ᠵᠠᠷᠤᠳᠠᠯ ᠂ ᠡᠷᠬᠢᠯᠡᠬᠦ ᠪᠡᠷ ᠬᠤᠷᠠᠯ
ᠴᠠᠭᠠᠵᠠᠯᠠᠬᠤ᠂ ᠪᠣᠯᠪᠠᠰᠤᠷᠠᠯ ᠳᠤ ᠣᠷᠣᠯᠴᠠᠭᠰᠠᠨ ᠨᠡᠷ᠎ᠡ ᠪᠡᠷ ᠭᠠᠷᠭᠠᠨ᠎ᠠ᠃ ᠰᠢᠯᠵᠢᠬᠦ ᠂
ᠨᠢᠭᠤᠨ ᠳᠠᠯᠳᠠᠯᠠᠭᠰᠠᠨ ᠵᠣᠴᠢᠯᠠᠬᠤ ᠵᠠᠷᠤᠳᠠᠯ ᠵᠠᠷᠤᠯᠭ᠎ᠠ᠂ ᠴᠠᠭᠠᠵᠠᠯᠠᠵᠤ ᠂ ᠳᠣᠣᠷᠠᠳᠤ
ᠱᠠᠲᠤᠨ ᠦ ᠨᠢᠭᠡᠴᠢ ᠪᠣᠯᠤᠨ ᠪᠤᠰᠤᠳ ᠨᠢᠭᠡᠴᠢ᠂ ᠠᠵᠤ ᠠᠬᠤᠶᠢᠯᠠᠯ᠂ ᠬᠤᠪᠢ ᠬᠥᠮᠦᠨ ᠤ ᠪᠤᠰᠤᠳ ᠲᠤ
ᠰᠢᠯᠵᠢᠭᠦᠯᠵᠦ ᠨᠥᠮᠥᠷᠭᠡᠭᠡᠳ ᠵᠣᠴᠢᠯᠠᠯᠭ᠎ᠠ ᠶᠢᠨ ᠵᠠᠷᠤᠳᠠᠯ ᠢ ᠪᠠᠭᠠᠰᠬᠠᠬᠤ ᠬᠦᠷᠲᠡᠯ᠎ᠡ᠂ ᠳᠤᠮᠳᠠ
ᠵᠣᠴᠢᠯᠠᠯᠭ᠎ᠠ ᠶᠢᠨ ᠵᠠᠷᠤᠳᠠᠯ ᠢ ᠲᠡᠰᠬᠡᠨ ᠲᠠᠲᠠᠪᠤᠷᠢᠯᠠᠬᠤ ᠠᠯᠪᠠᠨ ᠶᠠᠪᠤᠳᠠᠯ ᠤᠨ
ᠵᠣᠴᠢᠯᠠᠯᠭ᠎ᠠ ᠶᠢᠨ ᠡᠷᠥᠭᠡ ᠨᠡᠷ᠎ᠡ ᠪᠡᠷ ᠪᠤᠰᠤᠳ ᠵᠠᠷᠤᠯᠭ᠎ᠠ᠂ ᠭᠠᠶᠢᠯᠢ ᠶᠢᠨ ᠪᠤᠰᠤ
ᠣᠷᠣᠯᠭ᠎ᠠ ᠶᠢ ᠴᠠᠭᠠᠵᠠᠯᠠᠨ᠎ᠠ ᠃
ᠠᠷᠪᠠᠨ ᠵᠢᠷᠭᠤᠳᠤᠭᠠᠷ ᠵᠦᠢᠯ
ᠡᠯ᠎ᠡ ᠠᠶᠢᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ) ᠨᠢ ᠲᠤᠬᠠᠶ ᠶᠢᠨ
ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠂ ᠵᠠᠬ᠎ᠠ ᠳᠡᠯᠭᠡᠭᠦᠷ ᠤᠨ
ᠦᠨ᠎ᠡ ᠬᠠᠩᠰᠢ ᠵᠡᠷᠭᠡ ᠪᠣᠳᠠᠲᠤ ᠪᠠᠶᠢᠳᠠᠯ ᠢ ᠦᠨᠳᠦᠰᠦᠯᠡᠨ ᠂ ᠲᠤᠬᠠᠶ ᠶᠢᠨ ᠭᠠᠵᠠᠷ ᠤᠨ ᠬᠤᠷᠠᠯ
ᠬᠣᠭᠣᠯᠠ ᠢᠳᠡᠬᠦ ᠪᠠᠷᠢᠮᠵᠢᠶ᠎ᠠ ᠲᠣᠭᠲᠠᠭᠠᠵᠤ᠂ ᠲᠤᠰ ᠱᠠᠲᠤᠨ ᠤ ᠠᠯᠪᠠᠨ ᠶᠠᠪᠤᠳᠠᠯ ᠤᠨ
ᠵᠣᠴᠢᠯᠠᠯᠭ᠎ᠠ ᠶᠢᠨ ᠬᠣᠭᠣᠯᠠ ᠶᠢ ᠵᠠᠷᠤᠯᠭ᠎ᠠ ᠶᠢᠨ ᠪᠠᠷᠢᠮᠵᠢᠶ᠎ᠠ ᠬᠠᠮᠲᠤ ᠂ ᠲᠣᠭᠲᠠᠮᠠᠯ
ᠬᠤᠭᠤᠴᠠᠭ᠎ᠠ ᠲᠠᠶ ᠪᠠᠷ ᠲᠤᠬᠢᠷᠠᠭᠤᠯᠤᠯᠳᠠ ᠬᠢᠬᠦ ᠬᠡᠷᠡᠭᠲᠡᠶ ᠃ ᠠᠯᠪᠠᠨ ᠶᠠᠪᠤᠳᠠᠯ ᠢᠶᠡᠷ
ᠭᠠᠳᠠᠭᠰᠢ ᠭᠠᠷᠬᠤ ᠵᠠᠷᠤᠳᠠᠯ ᠦᠨ ᠬᠠᠮᠢᠶᠠᠷᠤᠯᠲᠠ ᠶᠢᠨ ᠬᠣᠯᠪᠣᠭᠳᠠᠯ ᠪᠦᠬᠦᠢ ᠲᠣᠭᠲᠠᠭᠠᠯ
ᠶᠣᠰᠣᠭᠠᠷ ᠬᠦᠯᠢᠶᠡᠨ ᠠᠪᠴᠤ᠂ ᠬᠣᠨᠣᠵᠤ ᠬᠡᠪᠲᠡᠬᠦ ᠂ ᠬᠦᠯᠢᠶᠡᠨ ᠠᠪᠬᠤ ᠡᠲᠡᠭᠡᠳ ᠨᠢ ᠲᠤᠬᠠᠶ ᠶᠢᠨ
ᠭᠠᠵᠠᠷ ᠤᠨ ᠵᠠᠮ ᠤᠨ ᠵᠠᠷᠤᠳᠠᠯ ᠬᠣᠨᠣᠭ ᠤᠨ ᠵᠠᠷᠤᠳᠠᠯ ᠤᠨ ᠪᠠᠷᠢᠮᠵᠢᠶ᠎ᠠ ᠶᠢ ᠬᠡᠷᠡᠭᠵᠢᠭᠦᠯᠬᠦ
ᠬᠡᠷᠡᠭᠲᠡᠶ ᠃ ᠬᠦᠯᠢᠶᠡᠨ ᠠᠪᠴᠤ᠂ ᠵᠠᠷᠤᠯᠭ᠎ᠠ ᠶᠢᠨ ᠪᠠᠷᠢᠮᠵᠢᠶ᠎ᠠ ᠶᠢ ᠳᠡᠭᠡᠷ᠎ᠡ ᠨᠢᠭᠡ
ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ
ᠬᠠᠮᠢᠶᠠᠷᠤᠯᠲᠠ ᠶᠢᠨ ᠰᠠᠯᠠᠭ᠎ᠠ ᠮᠥᠴᠢᠷ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠦ
ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠃
ᠠᠷᠪᠠᠨ ᠳᠣᠯᠣᠳᠤᠭᠠᠷ ᠵᠦᠢᠯ
ᠵᠣᠴᠢᠯᠠᠬᠤ ᠵᠠᠷᠤᠳᠠᠯ ᠂ ᠤᠯᠤᠰ ᠤᠨ ᠰᠠᠩ ᠤᠨ ᠲᠥᠪᠯᠡᠷᠡᠭᠦᠯᠦᠨ ᠲᠦᠯᠦᠬᠦ ᠲᠦᠷᠢᠮ ᠤᠨ
ᠶᠣᠰᠣᠭᠠᠷ ᠪᠡᠯᠡ ᠮᠥᠩᠭᠥ ᠥᠭᠬᠦ ᠬᠡᠷᠡᠭᠲᠡᠶ ᠪᠠ ᠠᠯᠪᠠᠨ ᠶᠠᠪᠤᠳᠠᠯ ᠤᠨ ᠺᠠᠷᠲ ᠢ ᠬᠠᠮᠢᠶᠠᠷᠬᠤ
ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ ᠃ ᠨᠥᠬᠥᠴᠡᠯ ᠪᠦᠷᠢᠳᠦᠭᠰᠡᠨ ᠭᠠᠵᠠᠷ
ᠣᠷᠣᠨ ᠨᠢ ᠪᠠᠩᠬᠢ ᠶᠢᠨ ᠲᠠᠩᠰᠠ ᠰᠢᠯᠵᠢᠭᠦᠯᠬᠦ ᠪᠤᠶᠤ ᠠᠯᠪᠠᠨ ᠶᠠᠪᠤᠳᠠᠯ ᠤᠨ ᠺᠠᠷᠲ ᠬᠡᠷᠡᠭᠯᠡᠬᠦ
ᠠᠷᠭ᠎ᠠ ᠮᠠᠶ᠋ᠢᠭ ᠢᠶᠠᠷ ᠳ᠋ᠦᠩᠨᠡᠨ ᠪᠤᠳᠤᠬᠤ ᠂ ᠪᠡᠯᠡᠨ ᠵᠣᠭᠣᠰ ᠤᠨ ᠬᠡᠯᠪᠡᠷᠢ ᠪᠡᠷ ᠥᠭᠴᠤ
ᠪᠣᠯᠬᠤ ᠦᠭᠡᠢ ᠃
ᠠᠷᠪᠠᠨ ᠨᠠᠢᠮᠠᠳᠤᠭᠠᠷ ᠵᠦᠢᠯ
ᠪᠠᠶᠢᠭᠤᠯᠭ᠎ᠠ ᠶᠢᠨ ᠳᠣᠲᠣᠭᠠᠳᠤ ᠶᠢᠨ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ
ᠲᠡᠭᠦᠯᠳᠡᠷᠵᠢᠭᠦᠯᠵᠦ ᠂ ᠦᠢᠯᠡᠴᠢᠯᠡᠭᠡ ᠬᠦᠯᠢᠶᠡᠨ ᠠᠪᠬᠤ ᠲᠠᠯᠠᠪᠤᠷ ᠲᠤ ᠬᠦᠷᠴᠦ ᠂ ᠠᠵᠤ
ᠠᠬᠤᠢᠢᠯᠠᠯᠴᠢᠯᠠᠬᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠯᠮᠦᠷᠢ ᠢᠶᠡᠨ ᠠᠬᠢᠭᠤᠯᠵᠤ᠂
ᠠᠵᠢᠯᠴᠢᠨ ᠬᠡᠷᠡᠭᠯᠡᠬᠦ ᠪᠠ ᠬᠤᠪᠢᠶᠠᠷᠢᠯᠠᠬᠤ ᠲᠦᠷᠢᠮ ᠤᠨ ᠵᠠᠬ᠎ᠠ ᠳᠡᠯᠭᠡᠭᠦᠷ ᠲᠡᠶ
ᠵᠣᠯᠭᠠᠭᠤᠯᠤᠨ᠎ᠠ ᠂ ᠵᠠᠬ᠎ᠠ ᠳᠡᠯᠭᠡᠭᠦᠷᠴᠢᠯᠡᠭᠰᠡᠨ ᠵᠣᠴᠢᠯᠠᠬᠤ ᠵᠠᠷᠤᠳᠠᠯ ᠳ᠋ᠥᠩᠨᠡᠨ ᠪᠤᠳᠤᠬᠤ
ᠲᠣᠭᠲᠠᠴᠠ ᠂ ᠦᠢᠯᠡᠴᠢᠯᠡᠭᠡᠨ ᠤ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠂
ᠡᠳ᠋ ᠬᠦᠷᠦᠨᠭᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂
ᠠᠯᠬᠤᠮ ᠠᠯᠬᠤᠮ ᠢᠶᠡᠷ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠬᠤ ᠪᠣᠯᠭᠠᠨ᠎ᠠ᠃
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠠᠮᠠᠷᠪᠠ
ᠨᠡᠷ᠎ᠡ ᠪᠡᠷ ᠭᠡᠳ ᠰᠢᠨ᠎ᠡ ᠪᠡᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ
ᠪᠠᠶᠢᠭᠤᠯᠬᠤ ᠳᠣᠲᠣᠭᠠᠳᠤ ᠶᠢᠨ ᠵᠣᠴᠢᠯᠠᠬᠤ ᠭᠠᠵᠠᠷ ᠲᠤ ᠪᠠᠷᠢᠮᠵᠢᠶ᠎ᠠ ᠡᠴᠡ ᠬᠡᠲᠦᠷᠡᠭᠦᠯᠦᠨ
ᠵᠠᠰᠠᠵᠤ ᠴᠢᠮᠡᠬᠦ ᠶᠢ ᠪᠠᠶᠢᠭᠤᠯᠤᠯᠭ᠎ᠠ ᠶᠢᠨ ᠳᠣᠲᠣᠭᠠᠳᠤ ᠶᠢᠨ ᠵᠣᠴᠢᠯᠠᠬᠤ ᠭᠠᠵᠠᠷ ᠲᠤ ᠬᠢᠵᠦ
ᠪᠣᠯᠬᠤ ᠦᠭᠡᠢ ᠪᠤᠶᠤ ᠪᠠᠷᠢᠮᠵᠢᠶ᠎ᠠ ᠡᠴᠡ ᠬᠡᠲᠦᠷᠡᠭᠦᠯᠦᠨ ᠲᠣᠬᠢᠷᠠᠭᠤᠯᠵᠤ ᠂ ᠭᠡᠷ ᠤᠨ ᠬᠡᠷᠡᠭᠰᠡᠯ
᠂ ᠴᠠᠬᠢᠯᠭᠠᠨ ᠬᠡᠷᠡᠭᠰᠡᠯ ᠂ ᠠᠯᠪᠠᠨ ᠪᠠᠶᠢᠭᠤᠯᠤᠯᠭ᠎ᠠ ᠪᠣᠯᠤᠨ ᠳᠣᠲᠣᠭᠠᠳᠤ ᠶᠢᠨ ᠵᠣᠴᠢᠯᠠᠬᠤ
ᠭᠠᠵᠠᠷ ᠲᠤ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠪᠠ ᠠᠰᠢᠭᠯᠠᠬᠤ ᠡᠬᠢ ᠪᠠᠶᠠᠯᠢᠭ ᠢ
ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ ᠃
ᠠᠷᠪᠠ ᠶᠢᠰᠦᠳᠦᠭᠡᠷ ᠵᠦᠢᠯ
ᠬᠦᠯᠢᠶᠡᠨ ᠠᠪᠴᠤ ᠵᠣᠴᠢᠯᠠᠭᠰᠠᠨ ᠨᠢᠭᠡᠴᠢ ᠂ ᠪᠠᠷᠢᠮᠵᠢᠶ᠎ᠠ ᠡᠴᠡ ᠬᠡᠲᠦᠷᠡᠭᠰᠡᠨ
ᠳᠠᠶᠢᠯᠠᠯᠭ᠎ᠠ ᠵᠢᠭᠤᠯᠴᠢᠯᠠᠯ ᠤᠨ ᠠᠵᠢᠯ ᠢ ᠵᠣᠬᠢᠶᠠᠨ ᠪᠠᠶᠢᠭᠤᠯᠵᠤ ᠪᠣᠯᠬᠤ ᠥᠭᠡᠢ ᠪᠠ ᠠᠯᠪᠠᠨ
ᠶᠠᠪᠤᠳᠠᠯ ᠤᠨ ᠠᠵᠢᠯᠯᠠᠭ᠎ᠠ ᠳᠤ ᠬᠣᠯᠪᠣᠭᠳᠠᠯ ᠦᠭᠡᠶ ᠲᠣᠭᠣᠷᠢᠨ ᠦᠵᠡᠵᠦ ᠂ ᠵᠣᠬᠢᠶᠠᠨ ᠪᠠᠶᠢᠭᠤᠯᠵᠤ
᠂ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠬᠢᠵᠤ ᠪᠣᠯᠬᠤ ᠤᠢᠭᠡᠢ ᠂ ᠪᠡᠶ᠎ᠡ
ᠴᠢᠭᠢᠷᠠᠭᠵᠢᠭᠤᠯᠬᠤ ᠲᠠᠯᠠᠪᠤᠷ ᠠᠵᠢᠯᠯᠠᠭ᠎ᠠ ᠂ ᠲᠤᠰᠬᠠᠶ ᠲᠠᠯᠠᠪᠠᠶ ᠤᠷᠠᠨ ᠰᠠᠶᠢᠬᠠᠨ ᠤ
ᠲᠣᠭᠯᠠᠯᠲᠠ ᠲᠣᠬᠢᠷᠠᠭᠤᠯᠵᠤ ᠪᠣᠯᠬᠤ ᠤᠢᠭᠡᠢ ᠂ ᠶᠠᠮᠠᠷᠪᠠ ᠨᠡᠷ᠎ᠡ ᠪᠡᠷ ᠬᠦᠷᠭᠡᠭᠰᠡᠨ ᠪᠡᠯᠡᠭ ᠤᠨ
ᠵᠣᠭᠣᠰ ᠂ ᠦᠨᠡᠲᠦ ᠲᠡᠮᠳᠡᠭᠲᠦ ᠂ ᠪᠡᠯᠡᠭ ᠦᠨ ᠶᠠᠭᠤᠮ᠎ᠠ ᠪᠣᠯᠤᠨ ᠳᠤᠷᠠᠰᠬᠠᠯ ᠤᠨ ᠡᠳ᠋
ᠵᠡᠷᠭᠡ ᠶᠢ ᠬᠥᠯᠢᠶᠡᠨ ᠠᠪᠴᠤ ᠪᠤᠯᠠᠬᠤ ᠦᠭᠡᠢ᠃
ᠬᠣᠷᠢᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠂ ᠬᠦᠯᠢᠶᠡᠨ ᠠᠪᠬᠤ ᠠᠯᠪᠠᠨ ᠭᠡᠷ ᠬᠣᠯᠪᠣᠭᠳᠠᠯ ᠪᠦᠬᠦᠢ
ᠰᠠᠯᠠᠭ᠎ᠠ ᠮᠥᠴᠢᠷ ᠲᠡᠶ ᠬᠠᠮᠲᠤᠷᠠᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠠᠵᠢᠯ ᠢ
ᠴᠢᠩᠭᠠᠳᠬᠠᠵᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ ᠃ ᠬᠢᠨᠠᠵᠤ ᠪᠠᠶᠢᠴᠠᠭᠠᠬᠤ
ᠠᠵᠢᠯ ᠤᠨ ᠭᠣᠣᠯ ᠠᠭᠤᠯᠭ᠎ᠠ ᠪᠠᠭᠲᠠᠨ᠎ᠠ ᠄
( ᠨᠢᠭᠡ ) ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠲᠦᠷᠢᠮ ᠲᠣᠭᠲᠠᠭᠠᠯ ᠢ ᠲᠣᠭᠲᠠᠭᠠᠬᠤ ᠪᠠᠶᠢᠳᠠᠯ ᠌;
( ᠬᠣᠶᠠᠷ ) ᠠᠯᠪᠠᠨ ᠶᠠᠪᠤᠳᠠᠯ ᠦᠨ ᠵᠣᠴᠢᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ;
( ᠭᠤᠷᠪᠠ ) ᠠᠯᠪᠠᠨ ᠶᠠᠪᠤᠳᠠᠯ ᠤᠨ ᠬᠦᠯᠢᠶᠡᠨ ᠠᠪᠬᠤ ᠵᠠᠷᠤᠳᠠᠯ ᠤᠨ ᠬᠠᠮᠢᠶᠠᠷᠴᠤ ᠬᠡᠷᠡᠭᠯᠡᠭᠰᠡᠨ ᠪᠠᠶᠢᠳᠠᠯ ;
( ᠲᠦᠷᠪᠡ ) ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ;
( ᠲᠠᠪᠤ ) ᠪᠠᠶᠢᠭᠤᠯᠭ᠎ᠠ ᠶᠢᠨ ᠳᠣᠲᠣᠭᠠᠳᠤ ᠶᠢᠨ ᠵᠣᠴᠢᠯᠠᠬᠤ ᠭᠠᠵᠠᠷ ᠲᠤ ᠬᠠᠮᠢᠶᠠᠷᠴᠤ ᠬᠡᠷᠡᠭᠯᠡᠭᠰᠡᠨ ᠪᠠᠶᠢᠳᠠᠯ ;
( ᠵᠢᠷᠭᠤᠭ᠎ᠠ ) ᠬᠣᠯᠪᠣᠭᠳᠠᠯ ᠪᠦᠬᠦᠢ ᠪᠤᠰᠤᠳ ᠪᠠᠶᠢᠳᠠᠯ ;
ᠥᠪᠡᠷᠲᠡᠭᠡᠨ
ᠵᠠᠰᠠᠬᠤ ᠣᠷᠣᠨ ᠦ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠡᠯ᠎ᠡ ᠰᠠᠯᠠᠭ᠎ᠠ
ᠮᠥᠴᠢᠷ ᠵᠢᠯ ᠪᠦᠷᠢ ᠶᠢᠨ ᠵᠢᠯ ᠤᠨ ᠡᠴᠦᠰ ᠲᠦ ᠬᠤᠷᠢᠶᠠᠩᠭᠤᠶᠢᠯᠠᠨ ᠲᠤᠰ ᠰᠠᠯᠠᠭ᠎ᠠ ᠮᠥᠴᠢᠷ ᠤᠨ
ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠪᠠᠶᠢᠳᠠᠯ ᠂ ᠥᠪᠡᠷᠲᠡᠭᠡᠨ ᠵᠠᠰᠠᠬᠤ ᠣᠷᠣᠨ ᠦ
ᠬᠦᠯᠢᠶᠡᠨ ᠠᠪᠬᠤ ᠠᠯᠪᠠᠨ ᠭᠡᠷ ᠂ ᠡᠳ᠋ ᠤᠨ ᠵᠠᠰᠠᠭ ᠤᠨ ᠲᠢᠩᠬᠢᠮ᠂ ᠰᠠᠬᠢᠯᠭ᠎ᠠ ᠪᠠᠲᠤ
ᠪᠠᠶᠢᠴᠠᠭᠠᠬᠤ ᠬᠣᠷᠢᠢ᠎ᠠ (ᠬᠢᠨᠠᠨ ᠪᠠᠶᠢᠴᠠᠭᠠᠬᠤ ᠲᠢᠩᠬᠢᠮ ) ᠲᠤ ᠮᠡᠳᠡᠭᠦᠯᠦᠨ ᠳᠠᠩᠰᠠᠯᠠᠭᠤᠯᠬᠤ
ᠬᠡᠷᠡᠭᠲᠡᠶ ᠃
ᠬᠣᠷᠢᠨ ᠨᠢᠭᠡᠳᠦᠭᠡᠷ ᠵᠦᠢᠯ ᠥᠪᠡᠷᠲᠡᠭᠡᠨ
ᠵᠠᠰᠠᠬᠤ ᠣᠷᠣᠨ ᠤ ᠵᠠᠰᠠᠭ ᠤᠨ ᠲᠢᠩᠬᠢᠮ ᠲᠤᠰ ᠱᠠᠲᠤᠨ ᠤ ᠨᠠᠮ ᠵᠠᠰᠠᠭ ᠤᠨ
ᠪᠠᠶᠢᠭᠤᠯᠤᠯᠭ᠎ᠠ ᠶᠢᠨ ᠠᠯᠪᠠᠨ ᠶᠠᠪᠤᠳᠠᠯ ᠤᠨ ᠬᠦᠯᠢᠶᠡᠨ ᠠᠪᠬᠤ ᠵᠠᠷᠤᠳᠠᠯ ᠦᠨ ᠵᠠᠷᠤᠯᠭ᠎ᠠ ᠪᠠ
ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠶ ᠃ ᠥᠪᠡᠷᠲᠡᠭᠡᠨ
ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠨᠢ ᠲᠤᠰ ᠱᠠᠲᠤᠨ ᠤ ᠨᠠᠮ ᠵᠠᠰᠠᠭ ᠤᠨ
ᠪᠠᠶᠢᠭᠤᠯᠤᠯᠭ᠎ᠠ ᠶᠢᠨ ᠠᠯᠪᠠᠨ ᠶᠠᠪᠤᠳᠠᠯ ᠤᠨ ᠬᠦᠯᠢᠶᠡᠨ ᠠᠪᠬᠤ ᠵᠠᠷᠤᠳᠠᠯ ᠤᠨ ᠬᠢᠨᠠᠨ ᠪᠤᠳᠤᠯᠳᠠ
ᠬᠢᠵᠦ ᠂ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠪᠥᠭᠡᠳ
ᠪᠠᠶᠢᠭᠤᠯᠭ᠎ᠠ ᠶᠢᠨ ᠳᠣᠲᠣᠭᠠᠳᠤ ᠶᠢᠨ ᠬᠦᠯᠢᠶᠡᠨ ᠠᠪᠬᠤ ᠲᠠᠯᠠᠪᠤᠷ ᠲᠤ ᠬᠦᠷᠴᠦ ᠪᠠᠶᠢᠨ᠎ᠠ ᠃
ᠬᠣᠷᠢᠨ ᠬᠣᠶᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠂ ᠬᠦᠯᠢᠶᠡᠨ ᠠᠪᠬᠤ ᠠᠯᠪᠠᠨ ᠭᠡᠷ ᠬᠠᠮᠲᠤᠷᠠᠨ ᠥᠪᠡᠷᠲᠡᠭᠡᠨ
ᠵᠠᠰᠠᠬᠤ ᠣᠷᠣᠨ ᠦ ᠵᠠᠰᠠᠭ ᠤᠨ ᠲᠢᠩᠬᠢᠮ ᠂ ᠵᠢᠯ ᠢᠶᠠᠷ ᠵᠣᠬᠢᠰᠲᠠᠢ ᠠᠷᠭ᠎ᠠ ᠬᠡᠯᠪᠡᠷᠢ ᠪᠡᠷ ᠢᠯᠡ
ᠨᠡᠶᠢᠲᠡᠯᠡᠵᠦ ᠂ ᠲᠤᠰ ᠱᠠᠲᠤᠨ ᠤ ᠠᠯᠪᠠᠨ ᠶᠠᠪᠤᠳᠠᠯ ᠤᠨ ᠬᠦᠯᠢᠶᠠᠨ ᠵᠣᠴᠢᠯᠠᠬᠤ ᠲᠦᠷᠢᠮ ᠢ
ᠲᠣᠭᠲᠠᠭᠠᠭᠰᠠᠨ ᠪᠠᠷᠢᠮᠵᠢᠶ᠎ᠠ ᠂ ᠵᠠᠷᠤᠳᠠᠯ ᠦᠨ ᠵᠠᠷᠤᠯᠭ᠎ᠠ ᠂ ᠬᠦᠯᠢᠶᠡᠨ ᠠᠪᠬᠤ ᠲᠠᠯᠠᠪᠤᠷ ᠲᠤ
ᠬᠦᠷᠴᠦ ᠂ ᠬᠦᠯᠢᠶᠡᠨ ᠠᠪᠬᠤ ᠲᠥᠷᠥᠯ ᠵᠦᠢᠯ ᠵᠡᠷᠭᠡ ᠬᠣᠯᠪᠣᠭᠳᠠᠯ ᠪᠦᠬᠦᠢ ᠪᠠᠶᠢᠳᠠᠯ ᠢ ᠵᠤᠬᠢᠬᠤ
ᠬᠡᠮᠵᠢᠶ᠎ᠡ ᠪᠡᠷ ᠨᠡᠢᠲᠡᠯᠡᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ ᠃
ᠬᠣᠷᠢᠨ ᠭᠤᠷᠪᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠂ ᠵᠠᠰᠠᠭ ᠤᠨ ᠣᠷᠳᠣᠨ ᠠᠯᠪᠠᠨ
ᠶᠠᠪᠤᠳᠠᠯ ᠢᠶᠠᠷ ᠬᠦᠯᠢᠶᠡᠨ ᠠᠪᠴᠤ ᠵᠣᠴᠢᠯᠠᠬᠤ ᠠᠵᠢᠯ ᠢ ᠬᠠᠷᠢᠭᠤᠴᠠᠯᠭ᠎ᠠ ᠨᠡᠬᠡᠮᠵᠢᠯᠡᠬᠦ
ᠬᠦᠷᠢᠶ᠎ᠡ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ
ᠬᠣᠷᠢᠢ᠎ᠠ (ᠬᠢᠨᠠᠨ ᠪᠠᠶᠢᠴᠠᠭᠠᠬᠤ ᠲᠢᠩᠬᠢᠮ ) ᠴᠢᠩᠭᠠᠳᠬᠠᠵᠤ ᠂ ᠠᠯᠪᠠᠨ ᠶᠠᠪᠤᠳᠠᠯ ᠢᠶᠠᠷ
ᠬᠦᠯᠢᠶᠡᠨ ᠠᠪᠴᠤ ᠵᠣᠴᠢᠯᠠᠬᠤ ᠪᠠ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ
ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠬᠦᠯᠢᠶᠡᠨ ᠠᠪᠬᠤ ᠨᠢᠭᠡᠴᠢ ᠶᠢᠨ ᠬᠣᠯᠪᠣᠭᠳᠠᠯ ᠪᠦᠬᠦᠢ
ᠬᠠᠷᠢᠭᠤᠴᠠᠯᠭᠠᠲᠠᠨ ᠴᠢᠩᠭ᠎ᠠ ᠨᠡᠬᠡᠮᠵᠢᠯᠡᠬᠦ ᠬᠡᠷᠡᠭᠲᠡᠶ ᠃ ᠰᠢᠭᠤᠳ ᠬᠠᠷᠢᠭᠤᠴᠠᠯᠭ᠎ᠠ ᠲᠠᠶ
ᠬᠥᠮᠦᠨ ᠡᠴᠡ ᠨᠠᠮ ᠦᠨ ᠰᠠᠬᠢᠯᠭ᠎ᠠ ᠪᠠᠲᠤ ᠶᠢᠨ ᠬᠠᠷᠢᠭᠤᠴᠠᠯᠭ᠎ᠠ ᠂ ᠵᠠᠰᠠᠭ ᠵᠠᠬᠢᠷᠭᠠᠨ ᠦ
ᠬᠠᠷᠢᠭᠤᠴᠠᠯᠭ᠎ᠠ ᠢ ᠬᠠᠮᠲᠤ ᠨᠡᠬᠡᠮᠵᠢᠯᠡᠨ᠎ᠡ᠃ ᠶᠠᠯ᠎ᠠ ᠬᠢᠭᠰᠡᠨ ᠳᠦ ᠰᠡᠵᠢᠭᠯᠡᠭᠳᠡᠭᠰᠡᠨ ᠬᠠᠤᠯᠢ
ᠪᠠᠷᠢᠬᠤ ᠪᠠᠶᠢᠭᠤᠯᠭ᠎ᠠ ᠳᠦ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ
ᠬᠠᠷᠢᠭᠤᠴᠠᠯᠭ᠎ᠠ ᠨᠡᠬᠡᠮᠵᠢᠯᠡᠨ᠎ᠡ ᠃
ᠬᠣᠷᠢᠨ ᠳᠥᠷᠪᠡᠳᠦᠭᠡᠷ ᠵᠦᠢᠯ
ᠠᠯᠪᠠᠨ ᠶᠠᠪᠤᠳᠠᠯ ᠤᠨ ᠵᠣᠴᠢᠯᠠᠬᠤ ᠦᠢᠯᠡᠴᠢᠯᠡᠭᠡᠨ ᠤ ᠠᠵᠢᠯ ᠢ ᠨᠡᠢ᠌ᠭᠡᠮᠴᠢᠯᠡᠬᠦ
ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ ᠂ ᠨᠡᠶᠢᠭᠡᠮ ᠤᠨ ᠡᠬᠢ ᠪᠠᠶᠠᠯᠢᠭ ᠢ
ᠪᠦᠲᠦᠮᠵᠢᠲᠡᠶ ᠠᠰᠢᠭᠯᠠᠵᠤ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠰᠠᠭᠤᠬᠤ ᠭᠠᠵᠠᠷ
ᠬᠠᠩᠭᠠᠵᠤ᠂ ᠵᠣᠭᠣᠭᠯᠠᠬᠤ᠂ ᠲᠡᠷᠭᠡ ᠬᠡᠷᠡᠭᠯᠡᠬᠦ ᠵᠡᠷᠭᠡ ᠦᠢᠯᠡᠴᠢᠯᠡᠭᠡ ᠬᠠᠩᠭᠠᠨ᠎ᠠ ᠃ ᠬᠦᠯᠢᠶᠡᠨ
ᠠᠪᠴᠤ ᠬᠡᠷᠡᠭᠯᠡᠬᠦ ᠲᠡᠷᠭᠡ ᠶᠢᠨ ᠲᠣᠭᠲᠠᠭᠠᠭᠰᠠᠨ ᠴᠡᠭ ᠲᠤ ᠦᠢᠯᠡᠴᠢᠯᠡᠬᠦ ᠲᠦᠷᠢᠮ ᠢ
ᠬᠡᠷᠡᠭᠵᠢᠭᠦᠯᠵᠦ ᠪᠠᠶᠢᠨ᠎ᠠ ᠃
ᠬᠣᠷᠢᠨ ᠲᠠᠪᠤᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ
ᠤᠳᠤᠷᠢᠳᠬᠤ ᠨᠥᠬᠥᠳ ᠪᠡᠶ᠎ᠡ ᠪᠡᠷ ᠢᠶᠡᠨ ᠬᠡᠪ ᠲᠦ᠋ᠷᠢᠮ ᠪᠤᠯᠵᠦ ᠂ ᠪᠡᠶ᠎ᠡ ᠪᠡᠷ ᠢᠶᠡᠨ ᠦᠯᠢᠭᠡᠷ
ᠳᠠᠭᠤᠷᠢᠶᠠᠯ ᠪᠣᠯᠬᠤ᠂ ᠠᠯᠪᠠᠨ ᠶᠠᠪᠤᠳᠠᠯ ᠦᠨ ᠬᠦᠯᠢᠶᠠᠨ ᠵᠣᠴᠢᠯᠠᠬᠤ ᠲᠦᠷᠢᠮ ᠢ ᠲᠦᠷᠦᠭᠦᠯᠡᠨ
ᠬᠡᠷᠡᠭᠵᠢᠭᠦᠯᠵᠦ ᠲᠦᠷᠦᠭᠦᠯᠡᠨ ᠠᠯᠪᠠᠨ ᠶᠠᠪᠤᠳᠠᠯ ᠤᠨ ᠵᠣᠴᠢᠯᠠᠬᠤ ᠪᠠᠷᠢᠮᠵᠢᠶ᠎ᠠ ᠶᠢ
ᠪᠠᠷᠢᠮᠲᠠᠯᠠᠵᠤ ᠂ ᠲᠦᠷᠦᠭᠦᠯᠡᠨ ᠵᠢᠷᠤᠮᠯᠠᠵᠤ ᠂ ᠠᠯᠪᠠᠨ ᠶᠠᠪᠤᠳᠠᠯ ᠤᠨ ᠵᠣᠴᠢᠯᠠᠯᠭ᠎ᠠ ᠶᠢᠨ
ᠰᠠᠬᠢᠯᠭ᠎ᠠ ᠪᠠᠲᠤ ᠶᠢ ᠲᠦᠷᠦᠭᠦᠯᠡᠨ ᠠᠷᠪᠢᠯᠠᠨ ᠭᠠᠮᠨᠠᠵᠤ ᠂ ᠪᠦᠷᠢᠯᠭᠡᠨ ᠰᠦᠢᠳᠬᠡᠬᠦ ᠶᠢ
ᠬᠣᠷᠢᠭᠯᠠᠨ ᠵᠣᠭᠰᠣᠭᠠᠬᠤ ᠬᠡᠷᠡᠭᠲᠡᠶ ᠂ ᠤᠯᠡᠠ ᠲᠦᠮᠡᠨ ᠤ ᠬᠢᠨᠠᠯᠲᠠ ᠶᠢ ᠤᠬᠠᠮᠰᠠᠷ ᠡᠴᠡ ᠪᠠᠨ
ᠬᠦᠯᠢᠶᠡᠬᠦ ᠬᠡᠷᠡᠭᠲᠡᠶ ᠃
ᠬᠣᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ
ᠡᠯ᠎ᠡ ᠰᠠᠯᠠᠭ᠎ᠠ ᠮᠥᠴᠢᠷ ᠂ ᠲᠣᠰ ᠠᠷᠭ᠎ᠠ ᠶᠣᠰᠣᠭᠠᠷ ᠰᠠᠯᠠᠭ᠎ᠠ ᠮᠥᠴᠢᠷ ᠤᠨ ᠠᠯᠪᠠᠨ
ᠶᠠᠪᠤᠳᠠᠯ ᠤᠨ ᠵᠣᠴᠢᠯᠠᠯᠭ᠎ᠠ ᠶᠢᠨ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ
ᠪᠤᠶᠤ ᠬᠡᠷᠡᠭᠵᠢᠭᠦᠯᠬᠦ ᠨᠠᠷᠢᠮ ᠲᠦᠷᠢᠮ ᠤᠳ ᠢ ᠲᠣᠭᠲᠠᠭᠠᠵᠠᠶ ᠃
ᠬᠣᠷᠢᠨ ᠳᠣᠯᠣᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠬᠤᠳᠠᠯᠳᠤᠭᠠᠴᠢᠨ
ᠤᠷᠢᠵᠤ ᠪᠡᠯᠡ ᠣᠷᠣᠭᠤᠯᠬᠤ ᠵᠡᠷᠭᠡ ᠠᠵᠢᠯ ᠤᠨ ᠬᠡᠷᠡᠭᠴᠡᠭᠡ ᠪᠠ ᠠᠯᠪᠠᠨ ᠶᠠᠪᠤᠳᠠᠯ ᠢᠶᠠᠷ
ᠰᠤᠷᠪᠤᠯᠵᠢᠯᠠᠭ᠎ᠠ ᠶᠢ ᠬᠦᠯᠢᠶᠡᠨ ᠠᠪᠬᠤ ᠶᠢ ᠭᠠᠷᠭᠠᠪᠠᠯ ᠂ ᠳᠦᠷᠦ ᠶᠢᠨ ᠠᠵᠢᠯᠲᠠᠨ ᠡᠴᠡ
ᠭᠠᠳᠠᠨᠠᠬᠢ ᠪᠤᠰᠤᠳ ᠬᠥᠮᠦᠰ ᠂ ᠲᠤᠰᠠᠭᠠᠷ ᠨᠢ ᠬᠠᠮᠢᠶᠠᠷᠴᠤ ᠪᠠᠶᠢᠪᠠᠯ ᠂ ᠲᠣᠰ ᠠᠷᠭ᠎ᠠ ᠪᠠᠷ
ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠬᠢᠨᠠᠨ ᠵᠥᠪᠰᠢᠶᠡᠷᠡᠬᠦ ᠵᠢᠷᠤᠮ ᠢ ᠴᠢᠩᠳᠠᠯᠠᠵᠤ ᠂
ᠪᠣᠳᠠᠲᠤ ᠦᠷ᠎ᠡ ᠠᠰᠢᠭ ᠢ ᠴᠢᠬᠤᠯᠠᠴᠢᠯᠠᠵᠤ ᠂ ᠱᠠᠯᠠᠨ ᠪᠦᠷᠢᠯᠭᠡᠵᠦ ᠶᠢ ᠬᠢᠵᠠᠭᠠᠷᠯᠠᠨ᠎ᠠ᠃
ᠬᠦᠯᠢᠶᠡᠨ ᠠᠪᠬᠤ ᠬᠡᠪᠴᠢᠶ᠎ᠡ ᠶᠢ ᠶᠡᠬᠡᠰᠭᠡᠵᠣ ᠂ ᠬᠦᠯᠢᠶᠡᠨ ᠠᠪᠬᠤ ᠲᠥᠷᠥᠯ ᠵᠦᠢᠯ ᠢ ᠣᠯᠠᠨ
ᠪᠤᠯᠭᠠᠬᠤ ᠢ ᠴᠠᠭᠠᠵᠢᠯᠠᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠨᠡᠷ᠎ᠡ ᠪᠡᠷ ᠠᠯᠪᠠᠨ
ᠶᠠᠪᠤᠳᠠᠯ ᠤᠨ ᠵᠣᠴᠢᠯᠠᠯᠭ᠎ᠠ ᠬᠢᠬᠥ ᠶᠢ ᠴᠢᠩᠭ᠎ᠠ ᠴᠠᠭᠠᠵᠠᠯᠠᠬᠤ ᠬᠡᠷᠡᠭᠲᠡᠶ ᠃
ᠬᠣᠷᠢᠨ ᠨᠠᠢᠮᠠᠳᠤᠭᠠᠷ ᠵᠦᠢᠯ
ᠥᠪᠡᠷᠲᠡᠭᠡᠨ ᠵᠠᠰᠠᠬᠤ ᠣᠷᠣᠨ ᠦ ᠲᠣᠰ ᠱᠠᠲᠤᠨ ᠤ ᠤᠯᠤᠰ ᠤᠨ ᠥᠮᠴᠢᠯᠡᠯ ᠤᠨ ᠠᠵᠤ
ᠠᠬᠤᠶᠢᠯᠠᠯ ᠂ ᠮᠥᠩᠭᠥᠨ ᠭᠦᠢᠯᠭᠡᠭᠡᠨ ᠤ ᠠᠵᠤ ᠠᠬᠤᠶᠢᠯᠠᠯ ᠪᠠ ᠠᠯᠪᠠᠲᠠᠨ ᠢ ᠬᠠᠤᠯᠢ ᠪᠠᠷ
ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠨᠢ ᠲᠣᠰ
ᠠᠷᠭ᠎ᠠ ᠪᠠᠷ ᠯᠠᠪᠯᠠᠯᠲᠠ ᠪᠣᠯᠭᠠᠵᠤ ᠭᠦᠢᠴᠡᠳᠬᠡᠨ᠎ᠡ ᠃
ᠬᠣᠷᠢ ᠶᠢᠰᠦᠳᠦᠭᠡᠷ ᠵᠦᠢᠯ
ᠥᠪᠡᠷᠲᠡᠭᠡᠨ ᠵᠠᠰᠠᠬᠤ ᠣᠷᠣᠨ ᠦ ᠬᠦᠯᠢᠶᠡᠨ ᠠᠪᠬᠤ ᠠᠯᠪᠠᠨ ᠭᠡᠷ ᠬᠣᠯᠪᠣᠭᠳᠠᠯ ᠪᠦᠬᠦᠢ
ᠰᠠᠯᠠᠭ᠎ᠠ ᠮᠥᠴᠢᠷ ᠲᠡᠶ ᠬᠠᠮᠲᠤᠷᠠᠵᠤ ᠰᠢᠶᠳᠪᠦᠷᠢᠯᠡᠬᠦ ᠠᠵᠢᠯ ᠢ ᠬᠠᠷᠢᠭᠤᠴᠠᠨ᠎ᠠ ᠂ ᠲᠤᠰ
ᠠᠷᠭ᠎ᠠ ᠶᠢ ᠲᠠᠶᠢᠯᠪᠤᠷᠢᠯᠠᠬᠤ ᠬᠡᠷᠡᠭᠲᠡᠶ ᠃