ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ 《1 + 3 》 ᠶ᠋ᠢᠨ ᠳᠦᠷᠢᠮ ᠦᠨ ᠰᠢᠰᠲ᠋ᠧᠮ ᠢ ᠪᠠᠢᠢᠭᠤᠯᠬᠤ

  2019-09-18

    ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠦᠬᠦ ᠣᠷᠣᠨ ᠤ ᠨᠠᠮ ᠢ ᠴᠢᠩᠭ᠎ᠠ ᠵᠠᠰᠠᠬᠤ ᠠᠵᠢᠯ  ᠤᠨ  ᠪᠠᠶᠢᠯᠳᠤᠬᠤ ᠪᠤᠳᠤᠯᠭ᠎ᠠ ᠶ᠋ᠢᠨ  ᠪᠠᠶᠢᠷᠢᠰᠢᠭᠤᠯᠤᠯᠲᠠ ᠶᠢ  ᠰᠠᠶᠢᠲᠤᠷ ᠪᠣᠳᠣᠯᠬᠢᠯᠠᠵᠤ ᠂  ᠰᠠᠶᠢᠨ ᠡᠬᠢᠯᠡᠯᠲᠡ ᠶ᠋ᠢ ᠪᠡᠶᠡᠯᠡᠭᠦᠯᠵᠦ ᠂ ᠰᠢᠨ᠎ᠡ ᠮᠠᠶᠢᠭ ᠤᠨ  ᠪᠠᠶᠢᠷᠢᠰᠢᠯ ᠢ ᠪᠦᠷᠢᠯᠳᠦᠭᠦᠯᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ᠎ᠠ᠃ ᠰᠢᠢᠳᠪᠦᠷᠢᠯᠡᠬᠦ ᠲᠠᠢ ᠤᠶᠠᠯᠳᠤᠭᠤᠯᠤᠨ ᠂ ᠨᠠᠮ ᠢ ᠴᠢᠩᠭ᠎ᠠ ᠵᠠᠰᠠᠬᠤ ᠶ᠋ᠢ ᠶᠠᠭᠤ ᠶ᠋ᠢ ᠠᠳᠬᠤᠬᠤ ᠂ ᠬᠡᠨ ᠠᠳᠬᠤᠬᠤ ᠂ ᠶᠠᠭᠠᠬᠢᠵᠤ ᠠᠳᠬᠤᠬᠤ ᠂ ᠶᠠᠭᠠᠬᠢᠪᠠᠯ ᠵᠣᠬᠢᠬᠤ ᠪᠤᠢ ᠵᠡᠷᠭᠡ ᠴᠢᠬᠤᠯᠠ ᠶᠡᠬᠡ ᠠᠰᠠᠭᠤᠳᠠᠯ  ᠤᠨ ᠲᠣᠭᠣᠷᠢᠨ ᠳᠤ  ᠰᠢᠢᠳᠪᠦᠷᠢᠯᠡᠵᠦ ᠂ 《1 + 3》 ᠶ᠋ᠢᠨ ᠲᠦᠷᠢᠮ ᠤᠨ ᠰᠢᠰᠲ᠋ᠧᠮ ᠢ ᠲᠣᠭᠲᠠᠭᠠᠵᠤ  ᠪᠦᠷᠢᠯᠳᠦᠭᠦᠯᠦᠭᠰᠡᠨ ᠪᠠᠶ᠋ᠢᠨ᠎ᠠ ᠃  ᠲᠤᠬᠠᠶᠢᠯᠠᠪᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ  ᠡᠴᠡ ᠨᠢᠭᠡ ᠰᠠᠨᠠᠯ ᠪᠠ ᠨᠠᠮ ᠤᠨ ᠬᠣᠷᠢᠶᠠᠨ ᠤ ᠠᠯᠪᠠᠨ ᠲᠢᠩᠬᠢᠮ ᠡᠴᠠ ᠳᠠᠷᠤᠮᠠᠯᠯᠠᠨ ᠲᠠᠷᠬᠠᠭᠠᠭᠰᠠᠨ  ᠭᠤᠷᠪᠠᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠪᠣᠯᠤᠨ᠎ᠠ ᠃  ᠨᠢᠭᠡ ᠰᠠᠨᠠᠯ ᠪᠣᠯ ᠳᠠᠷᠤᠶ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠣᠷᠢᠶ᠎ᠠ ᠶ᠋ᠢᠨ ᠶᠡᠷᠦᠩᠬᠡᠢ ᠱᠦᠵᠢ ᠰᠢ ᠶ᠋ᠢᠨ ᠫᠢᠩ ᠤᠨ ᠨᠠᠮ ᠢ  ᠴᠢᠩᠭ᠎ᠠ ᠵᠠᠰᠠᠬᠤ ᠨᠠᠢ᠌ᠮᠠᠨ ᠴᠢᠬᠤᠯᠠ ᠱᠠᠭᠠᠷᠳᠠᠯᠭ᠎ᠠ ᠶᠢᠨ ᠰᠠᠨᠠᠯ ᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠭᠤᠷᠪᠠᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠲᠤᠰ ᠲᠤᠰ ᠲᠠᠪᠤᠨ ᠨᠢᠭᠡ ᠶ᠋ᠢᠨ ᠠᠵᠢᠯ ᠤᠨ ᠲᠣᠭᠲᠠᠴᠠ ᠶ᠋ᠢ  ᠪᠠᠶᠢᠭᠤᠯᠤᠨ ᠲᠡᠭᠦᠯᠳᠡᠷᠵᠢᠭᠦᠯᠵᠦ ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶ᠋ᠢ   ᠨᠠᠶᠢᠳᠠᠪᠤᠷᠢᠵᠢᠭᠤᠯᠬᠤ ᠰᠠᠨᠠᠯ ᠲᠠᠪᠤᠳᠤᠭᠠᠷ ᠳᠡᠰ ᠤᠨ  ᠵᠢᠱᠢᠶ᠎ᠡ ᠦᠵᠡᠭᠦᠯᠵᠦ ᠠᠳᠬᠤᠵᠤ ᠂ ᠲᠦᠯᠬᠢᠨ ᠠᠬᠢᠭᠤᠯᠵᠤ ᠂ ᠬᠠᠷᠢᠯᠴᠠᠬᠤ ᠂ ᠤᠯᠠᠨ ᠲᠦᠮᠡᠨ ᠳ᠋ᠤ ᠦᠢᠯᠡᠴᠢᠯᠡᠬᠦ ᠠᠵᠢᠯ ᠢ ᠭᠦᠨᠵᠡᠭᠡᠶ ᠥᠷᠨᠢᠭᠦᠯᠬᠦ ᠲᠤᠬᠠᠶ ᠰᠠᠨᠠᠯ  ᠢ ᠬᠡᠷᠡᠭᠵᠢᠭᠦᠯᠬᠦ ᠲᠤᠬᠠᠶ ᠨᠠᠮ ᠤᠨ  ᠬᠣᠷᠢᠶ᠎ᠠ ( ᠨᠠᠮ ᠤᠨ ᠤᠳᠤᠷᠢᠳᠬᠤ  ᠲᠤᠭᠤᠶᠢᠯᠠᠩ ) ᠶ᠋ᠢᠨ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ ᠤᠨ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶ᠋ᠢ  ᠪᠠᠶᠢᠴᠠᠭᠠᠨ ᠬᠠᠷᠢᠭᠤᠴᠠᠯᠭ᠎ᠠ ᠶ᠋ᠢ  ᠨᠠᠶᠢᠳᠠᠪᠤᠷᠢᠵᠢᠭᠤᠯᠵᠦ᠂ ᠬᠠᠷᠢᠭᠤᠴᠠᠯᠭ᠎ᠠ ᠬᠡᠯᠡᠯᠴᠡᠬᠦ ᠲᠥᠷ ᠬᠡᠷᠡᠭᠵᠢᠭᠦᠯᠬᠦ ᠲᠣᠭᠲᠠᠭᠠᠯ  ᠢ ᠬᠡᠯᠡᠵᠦ  ᠪᠠᠶᠢᠨ᠎ᠠ᠃  ᠡᠨᠡ ᠲᠦᠷᠪᠡᠨ ᠪᠢᠴᠢᠭ ᠮᠠᠲ᠋ᠧᠷᠢᠶᠠᠯ  ᠨᠢ ᠬᠠᠷᠠᠯᠲᠠ ᠡᠭᠦᠷᠭᠡ ᠲᠠᠢ ᠂ ᠬᠠᠷᠢᠭᠤᠴᠠᠯᠭ᠎ᠠ ᠶ᠋ᠢᠨ ᠭᠣᠣᠯ ᠴᠣᠭᠴᠠ ᠲᠠᠢ ᠂ ᠠᠬᠢᠭᠤᠯᠬᠤ ᠠᠷᠭ᠎ᠠ ᠲᠠᠢ ᠂ ᠪᠠᠲᠤᠯᠠᠬᠤ ᠠᠷᠭ᠎ᠠ ᠬᠡᠮᠵᠢᠶ᠎ᠡ ᠲᠠᠢ᠂ ᠬᠠᠷᠢᠯᠴᠠᠨ  ᠨᠦᠬᠦᠪᠦᠷᠢᠯᠡᠵᠦ᠂ ᠢᠵᠢᠯ ᠴᠢᠭᠯᠡᠯᠳᠦ ᠬᠦᠴᠦ ᠪᠠᠨ ᠬᠠᠮᠲᠤᠳᠬᠠᠨ ᠂  ᠪᠦᠷᠢᠨ ᠪᠦᠲᠦᠨ᠂ ᠨᠢᠭᠡᠳᠦᠯᠲᠡᠶ ᠨᠠᠮ ᠢ ᠴᠢᠩᠭ᠎ᠠ ᠵᠠᠰᠠᠬᠤ ᠲᠦᠷᠢᠮ ᠤᠨ ᠰᠢᠰᠲ᠋ᠧᠮ ᠢ ᠪᠣᠢ ᠪᠣᠯᠭᠠᠵᠠᠢ᠃
    ᠶᠡᠷᠦᠩᠬᠡᠶ ᠡᠭᠦᠷᠭᠡ ᠶ᠋ᠢ  ᠨᠠᠶᠢᠳᠠᠪᠤᠷᠢᠵᠢᠭᠤᠯᠵᠦ᠂ ᠶᠠᠭᠤ ᠶ᠋ᠢ ᠠᠳᠬᠤᠬᠤ ᠬᠡᠷᠡᠭᠲᠡᠶ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠣᠳᠤᠳᠬᠠᠨ᠎ᠠ ᠃ ᠰᠠᠨᠠᠯ ᠪᠣᠯ ᠶᠡᠷᠦᠩᠬᠡᠶ ᠡᠭᠦᠷᠭᠡ ᠂ ᠨᠠᠮ ᠤᠨ  ᠪᠠᠶᠢᠭᠤᠯᠤᠯᠲᠠ ᠶᠢᠨ ᠠᠵᠢᠯ ᠢ ᠠᠳᠬᠤᠬᠤ ᠠᠰᠠᠭᠤᠳᠠᠯ ᠢ ᠭᠣᠣᠯ ᠪᠣᠯᠭᠠᠵᠤ ᠂ ᠭᠣᠣᠯᠳᠠᠭᠤ ᠬᠠᠷᠢᠭᠤᠴᠠᠯᠭ᠎ᠠ ᠶ᠋ᠢ ᠲᠣᠳᠣᠷᠬᠠᠶ ᠮᠡᠳᠡᠬᠦ
    《ᠰᠠᠨᠠᠯ  ᠳ᠋ᠤ ᠭᠣᠣᠯᠳᠠᠭᠤ ᠨᠠᠮ ᠢ ᠴᠢᠩᠭ᠎ᠠ ᠵᠠᠰᠠᠬᠤ ᠴᠢᠬᠤᠯᠠ ᠶᠡᠬᠡ ᠠᠴᠢ ᠬᠣᠯᠪᠣᠭᠳᠠᠯ ᠢ ᠭᠦᠨᠵᠡᠭᠡᠶ ᠲᠠᠨᠢᠵᠤ ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶ᠋ᠢ  ᠨᠠᠶᠢᠳᠠᠪᠤᠷᠢᠵᠢᠭᠤᠯᠵᠦ ᠂ ᠦᠵᠡᠯ ᠰᠠᠨᠠᠭ᠎ᠠ ᠤᠨᠤᠯ ᠤᠨ  ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠳᠣᠲᠣᠭᠠᠳᠤ ᠶ᠋ᠢᠨ ᠬᠠᠤᠯᠢ ᠲᠣᠭᠲᠠᠭᠠᠯ ᠲᠦᠷᠢᠮ ᠤᠨ  ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠳᠣᠲᠣᠭᠠᠳᠤ ᠶ᠋ᠢᠨ ᠤᠯᠤᠰ ᠲᠦᠷᠤ ᠶ᠋ᠢᠨ ᠠᠮᠢᠳᠤᠷᠠᠯ ᠢ ᠲᠥᠪ ᠴᠢᠩᠭ᠎ᠠ ᠪᠠᠶᠢᠯᠭᠠᠵᠦ ᠺᠠᠳ᠋ᠷ  ᠤᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠶᠢᠨ  ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠪᠥᠲᠥᠭᠡᠨ  ᠪᠠᠶᠢᠭᠤᠯᠤᠯᠲᠠ ᠶᠢ ᠴᠢᠩᠭᠠᠳᠬᠠᠵᠤ᠂ ᠢᠯᠵᠢᠷᠡᠯ ᠢ ᠵᠠᠯᠬᠠᠭᠠᠨ ᠰᠢᠳᠬᠡᠬᠦ᠂ ᠨᠠᠮ ᠤᠨ ᠰᠠᠬᠢᠯᠭ᠎ᠠ ᠪᠠᠲᠤ ᠶ᠋ᠢ  ᠴᠢᠩᠭᠠᠳᠬᠠᠵᠦ᠂ ᠠᠷᠠᠳ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ ᠂ ᠨᠠᠮ ᠢ ᠴᠢᠩᠭ᠎ᠠ ᠵᠠᠰᠠᠬᠤ ᠵᠢᠮ᠎ᠡ ᠶᠣᠰᠣ ᠶ᠋ᠢ  ᠬᠠᠶᠢᠨ ᠰᠦᠪᠡᠭᠴᠢᠯᠡᠬᠦ ᠵᠡᠷᠭᠡ ᠨᠠᠮ ᠢ ᠴᠢᠩᠭ᠎ᠠ ᠵᠠᠰᠠᠬᠤ ᠲᠤᠬᠠᠶ ᠲᠣᠳᠣᠷᠬᠠᠶ 12 ᠲᠠᠯ᠎ᠠ ᠶ᠋ᠢᠨ 36 ᠵᠦᠢᠯ ᠤᠨ ᠡᠭᠦᠷᠭᠡ ᠲᠣᠭᠲᠠᠭᠠᠯ ᠭᠠᠷᠭᠠᠵᠠᠶ ᠃
    ᠨᠠᠮ ᠢ ᠴᠢᠩᠭ᠎ᠠ ᠵᠠᠰᠠᠬᠤ ᠶᠡᠷᠦᠩᠬᠡᠶ ᠡᠭᠦᠷᠭᠡ ᠶ᠋ᠢ ᠭᠣᠣᠯᠳᠠᠯᠭ᠎ᠠ ᠲᠠᠢ ᠤᠶᠠᠯᠳᠤᠭᠤᠯᠤᠨ 12 ᠲᠠᠯ᠎ᠠ ᠪᠠᠷ ᠡᠭᠦᠷᠭᠡ ᠪᠠ ᠬᠠᠷᠢᠭᠤᠴᠠᠯᠭ᠎ᠠ ᠶ᠋ᠢ  ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ ᠶᠠᠪᠤᠭᠤᠯᠵᠤ᠂ ᠠᠭᠤᠯᠭ᠎ᠠ ᠨᠢ ᠡᠯᠪᠡᠭ  ᠪᠠᠶᠠᠯᠢᠭ᠂ ᠱᠠᠭᠠᠷᠳᠠᠯᠭ᠎ᠠ ᠶ᠋ᠢ ᠲᠣᠳᠣᠷᠬᠠᠶ ᠪᠣᠯᠭᠠᠪᠠ ᠃ ᠰᠠᠨᠠᠯ  ᠳ᠋ᠤ ᠡᠯ᠎ᠡ ᠱᠠᠲᠤᠨ ᠤ ᠨᠠᠮ ᠤᠨ ᠬᠣᠷᠢᠶ᠎ᠠ‍᠎ (ᠨᠠᠮ ᠤᠨ ᠤᠳᠤᠷᠢᠳᠬᠤ  ᠲᠤᠭᠤᠶᠢᠯᠠᠩ ) ᠨᠠᠮ ᠤᠨ  ᠪᠠᠶᠢᠭᠤᠯᠤᠯᠲᠠ ᠶᠢ  ᠰᠠᠶᠢᠲᠤᠷ ᠠᠳᠬᠤᠬᠤ ᠪᠠᠷ ᠬᠠᠮᠤᠭ ᠤᠨ ᠶᠡᠬᠡ ᠥᠭᠡᠷᠡᠴᠢᠯᠡᠯᠲᠡ ᠶ᠋ᠢᠨ ᠠᠮᠵᠢᠯᠲᠠ ᠂ ᠭᠣᠣᠯ ᠵᠥᠪᠯᠡᠬᠦ ᠵᠦᠢᠯ ᠳ᠋ᠡᠭᠡᠨ ᠣᠷᠣᠭᠤᠯᠵᠤ᠂ ᠨᠠᠮ ᠤᠨ  ᠪᠠᠶᠢᠭᠤᠯᠤᠯᠲᠠ ᠶᠢᠨ ᠠᠵᠢᠯ ᠪᠠ ᠭᠣᠣᠯ ᠠᠵᠢᠯ ᠢ ᠬᠠᠮᠲᠤ ᠳ᠋ᠤᠨᠢ ᠤᠬᠠᠭᠠᠯᠠᠨ ᠲᠥᠯᠥᠪᠯᠡᠵᠦ ᠂ ᠬᠠᠮᠲᠤ ᠳ᠋ᠤᠨᠢ  ᠪᠠᠶᠢᠷᠢᠯᠠᠭᠤᠯᠵᠦ᠂ ᠬᠠᠮᠲᠤ ᠳ᠋ᠤᠨᠢ ᠬᠢᠨᠠᠨ ᠰᠢᠯᠭᠠᠵᠤ᠂ ᠬᠦᠴᠦᠯᠡᠨ ᠲᠡᠭᠦᠯᠳᠡᠷᠵᠢᠭᠦᠯᠦᠨ ᠪᠦᠷᠢᠨᠰᠢᠭᠦᠯᠵᠦ ᠂ ᠨᠠᠮ ᠤᠨ  ᠬᠣᠷᠢᠶ᠎ᠠ ᠡᠴᠠ ᠠᠳᠬᠤᠬᠤ ᠂ ᠱᠦᠵᠢ ᠠᠳᠬᠤᠬᠤ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠠᠳᠬᠤᠬᠤ ᠂ ᠱᠠᠳᠤ ᠨᠢ ᠨᠢᠭᠡ ᠱᠠᠳᠤ ᠪᠠᠨ ᠠᠳᠬᠤᠬᠤ ᠂ ᠱᠠᠳᠤ ᠱᠠᠳᠤ ᠪᠠᠷ  ᠨᠠᠶᠢᠳᠠᠪᠤᠷᠢᠵᠢᠭᠤᠯᠤᠯᠲᠠ ᠠᠳᠬᠤᠬᠤ ᠨᠠᠮ ᠤᠨ  ᠪᠠᠶᠢᠭᠤᠯᠤᠯᠲᠠ ᠶᠢᠨ ᠠᠵᠢᠯ ᠤᠨ  ᠪᠠᠶᠢᠷᠢᠰᠢᠯ ᠢ ᠪᠤᠢ ᠪᠣᠯᠭᠠᠬᠤ ᠬᠡᠷᠡᠭᠲᠡᠶ ᠃
    ᠶᠡᠷᠦᠩᠬᠡᠶ ᠠᠴᠢᠶᠠᠯᠠᠪᠤᠷᠢ ᠶᠢ ᠪᠦᠳᠣᠭᠡᠨ  ᠪᠠᠶᠢᠭᠤᠯᠤᠨ᠂  ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠡᠨ ᠠᠳᠬᠤᠬᠤᠲᠤᠬᠠᠶ ᠠᠰᠠᠭᠤᠳᠠᠯ  ᠢ ᠳᠣᠲᠤᠷᠠᠭᠤᠯᠨ᠎ᠠ ᠃ ᠲᠠᠪᠤᠳᠤᠭᠠᠷ ᠳᠡᠰ ᠤᠨ  ᠵᠢᠱᠢᠶ᠎ᠡ ᠦᠵᠡᠭᠦᠯᠵᠦ ᠠᠳᠬᠤᠵᠤ ᠂ ᠲᠦᠯᠬᠢᠨ ᠠᠬᠢᠭᠤᠯᠵᠤ ᠂ ᠬᠠᠷᠢᠯᠴᠠᠬᠤ ᠂ ᠤᠯᠠᠨ ᠲᠦᠮᠡᠨ ᠳ᠋ᠤ ᠦᠢᠯᠡᠴᠢᠯᠡᠬᠦ ᠠᠵᠢᠯ ᠢ ᠭᠦᠨᠵᠡᠭᠡᠶ ᠥᠷᠨᠢᠭᠦᠯᠬᠦ ᠲᠤᠬᠠᠶ ᠰᠠᠨᠠᠯ ᠨᠢ ᠶᠡᠷᠦᠩᠬᠡᠶ ᠠᠴᠢᠶᠠᠯᠠᠪᠤᠷᠢ  ᠪᠠᠢᠢᠵᠤ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠡᠨ ᠠᠳᠬᠤᠬᠤ ᠲᠤᠬᠠᠶ ᠠᠰᠠᠭᠤᠳᠠᠯ  ᠢ ᠭᠤᠤᠯᠯᠠᠨ ᠰᠢᠢᠳᠪᠦᠷᠢᠯᠯᠡᠵᠦ᠂ ᠪᠦᠬᠦ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠳᠡᠰ ᠤᠨ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ ᠠᠵᠢᠯ ᠢ ᠠᠳᠬᠤᠬᠤ ᠪᠠᠷᠢᠮᠲᠠᠯᠠᠵᠤ ᠂ ᠨᠠᠮ ᠤᠨ  ᠪᠠᠶᠢᠭᠤᠯᠤᠯᠲᠠ ᠬᠥᠭᠵᠢᠯᠲᠡ ᠶ᠋ᠢ ᠬᠦᠳᠦᠯᠦᠨ ᠳᠠᠭᠠᠭᠤᠯᠬᠤ ᠂ ᠺᠠᠳ᠋ᠷ ᠤᠨ ᠣᠯᠠᠨ ᠲᠦᠮᠡᠨ ᠳ᠋ᠤ ᠦᠢᠯᠡᠴᠢᠯᠡᠬᠦ  ᠪᠠᠷ ᠭᠣᠣᠯ ᠰᠡᠳᠦᠪ ᠪᠣᠯᠭᠠᠵᠤ᠂  ᠥᠪᠡᠷᠲᠡᠭᠡᠨ ᠵᠠᠰᠠᠬᠤ ᠣᠷᠣᠨ ᠤ ᠮᠤᠵᠢ ᠶ᠋ᠢᠨ ᠳᠡᠰ ᠤᠨ  ᠤᠳᠤᠷᠢᠳᠤᠯᠭ᠎ᠠ ᠨᠢᠭᠡ ᠠᠢᠢᠮᠠᠭ ᠬᠣᠲᠠ ᠶ᠋ᠢᠨ ᠬᠥᠲᠥᠯᠥᠨ ᠳᠠᠭᠠᠭᠤᠯᠵᠤ᠂ ᠨᠢᠭᠡ ᠬᠣᠰᠢᠭᠤ ᠰᠢᠶᠠᠨ (ᠬᠣᠲᠠ᠂ ᠲᠣᠭᠣᠷᠢᠭ ) ᠲᠠᠢ  ᠬᠠᠷᠢᠯᠴᠠᠵᠤ᠂᠂ ᠥᠪᠡᠷ ᠤᠨ ᠪᠡᠶ᠎ᠡ ᠪᠠᠷ ᠢᠶᠡᠨ  ᠪᠠᠶᠢᠴᠠᠭᠠᠨ ᠰᠤᠳᠤᠯᠤᠯᠲᠠ ᠬᠢᠵᠦ ᠂  ᠪᠠᠶᠢᠳᠠᠯ ᠢ  ᠣᠶᠢᠯᠭᠠᠨ᠂ ᠪᠣᠳᠠᠲᠠᠶ ᠵᠢᠯᠦᠭᠤᠳᠦᠯᠭ᠎ᠠ ᠪᠠᠨ ᠴᠢᠩᠭᠠᠳᠬᠠᠵᠤ᠂ ᠪᠣᠳᠠᠲᠠᠶ ᠠᠰᠠᠭᠤᠳᠠᠯ ᠢ ᠨᠢ ᠬᠠᠪᠰᠤᠷᠤᠨ  ᠰᠢᠢᠳᠪᠦᠷᠢᠯᠡᠵᠦ᠂ ᠪᠥᠬᠥ ᠣᠷᠣᠨ ᠤ ᠬᠡᠪ ᠲᠦᠷᠢᠮ ᠪᠤᠯᠵᠤ᠂ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠢ᠃  ᠠᠶᠢᠮᠠᠭ ᠬᠤᠳᠠ ᠢᠨ ᠱᠠᠲᠤᠨ ᠦ ᠤᠳᠤᠷᠢᠳᠤᠯᠭ᠎ᠠ ᠨᠢᠭᠡ ᠬᠣᠰᠢᠭᠤ ᠰᠢᠶᠠᠨ ( ᠬᠤᠳᠠ ᠂ ᠲᠣᠭᠣᠷᠢᠭ) ᠢ ᠬᠥᠲᠥᠯᠥᠨ ᠳᠠᠭᠠᠭᠤᠯᠵᠤ ᠂ ᠨᠢᠭᠡ ᠰᠤᠮᠤ ᠰᠢᠶᠠᠩ ᠪᠠᠯᠭᠠᠰᠤ  ( ᠵᠡᠭᠡᠯᠢ ᠭᠤᠳᠤᠮᠵᠢ ) ᠲᠠᠢ  ᠬᠠᠷᠢᠯᠴᠠᠵᠤ᠂ ᠬᠣᠰᠢᠭᠤ ᠰᠢᠶᠠᠨ ( ᠬᠣᠲᠠ ᠂ ᠲᠣᠭᠣᠷᠢᠭ) ᠤ ᠲᠠᠰ ᠤᠨ ᠤᠳᠤᠷᠢᠳᠤᠯᠭ᠎ᠠ ᠨᠢᠭᠡ ᠰᠤᠮᠤ ᠰᠢᠶᠠᠩ ᠪᠠᠯᠭᠠᠰᠤ ( ᠵᠡᠭᠡᠯᠢ ᠭᠤᠳᠤᠮᠵᠢ ) ᠶᠢ ᠬᠥᠲᠥᠯᠥᠨ ᠳᠠᠭᠠᠭᠤᠯᠵᠤ᠂ ᠨᠢᠭᠡ  ᠭᠠᠴᠠᠭ᠎ᠠ ᠲᠣᠰᠬᠣᠨ (ᠨᠡᠶᠢᠭᠡᠮ ᠲᠣᠭᠣᠷᠢᠭ ) ᠲᠠᠢ  ᠬᠠᠷᠢᠯᠴᠠᠵᠤ᠂ ᠂ ᠰᠤᠮᠤ ᠰᠢᠶᠠᠩ ᠪᠠᠯᠭᠠᠰᠤ ( ᠵᠡᠭᠡᠯᠢ ᠭᠤᠳᠤᠮᠵᠢ ) ᠶ᠋ᠢᠨ ᠤᠳᠤᠷᠢᠳᠤᠯᠭ᠎ᠠ᠂ ᠨᠢᠭᠡ ᠭᠠᠴᠠᠭ᠎ᠠ ᠲᠣᠰᠬᠣᠨ ( ᠨᠡᠶᠢᠭᠡᠮ ᠲᠣᠭᠣᠷᠢᠭ ) ᠢ ᠬᠥᠲᠥᠯᠥᠨ ᠳᠠᠭᠠᠭᠤᠯᠵᠤ ᠂ ᠨᠢᠭᠡ ᠭᠠᠴᠠᠭᠠᠨ ᠤ ᠠᠷᠠᠳ ᠤᠨ  ᠳᠤᠭᠤᠶᠢᠯᠠᠩ (ᠨᠡᠶᠢᠭᠡᠮ ᠲᠣᠭᠣᠷᠢᠭ ᠤᠨ ᠲᠣᠣᠷ ) ᠲᠠᠢ  ᠬᠠᠷᠢᠯᠴᠠᠵᠤ᠂  ᠭᠠᠴᠠᠭ᠎ᠠ ᠲᠣᠰᠬᠣᠨ ( ᠨᠡᠶᠢᠭᠡᠮ ᠲᠣᠭᠣᠷᠢᠭ ) ᠺᠠᠳ᠋ᠷᠴᠤᠳ ᠨᠢᠭᠡ ᠭᠠᠴᠠᠭᠠᠨ ᠤ ᠠᠷᠠᠳ ᠤᠨ ᠳᠤᠭᠤᠶᠢᠯᠠᠩ ( ᠨᠡᠶᠢᠭᠡᠮ ᠲᠣᠭᠣᠷᠢᠭ ᠤᠨ ᠲᠣᠣᠷ ) ᠢ  ᠳᠠᠶᠢᠴᠢᠯᠠᠨ᠂ ᠬᠤᠳᠠ ᠬᠥᠳᠡᠭᠡ ᠶ᠋ᠢᠨ ᠰᠠᠭᠤᠭᠠᠯᠢ ᠠᠷᠠᠳ ᠲᠠᠢ ᠬᠠᠷᠢᠯᠴᠠᠵᠤ᠂ ᠡᠭᠦᠪᠡ ᠷᠲᠡᠰ ᠲᠡᠰ ᠢᠶᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠠᠷᠢᠯᠴᠠᠬᠤ᠂ ᠤᠯᠠᠨ ᠲᠦᠮᠡᠨ ᠳ᠋ᠤ ᠦᠢᠯᠡᠴᠢᠯᠡᠬᠦ ᠰᠦᠯᠵᠢᠶᠡᠨ ᠤ ᠰᠢᠰᠲ᠋ᠧᠮ ᠢ ᠪᠦᠷᠢᠨ ᠪᠦᠷᠬᠦᠭᠦᠯᠬᠦ ᠶ᠋ᠢ ᠪᠡᠶᠡᠯᠡᠭᠦᠯᠦᠨ᠎ᠡ ᠃
    ᠶᠡᠷᠦᠩᠬᠡᠢ ᠭᠠᠷᠳᠠᠴᠠ ᠳᠤ ᠲᠦᠰᠢᠭᠯᠡᠵᠦ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠡᠨ ᠠᠳᠬᠤᠬᠤ ᠲᠤᠬᠠᠶ ᠠᠰᠠᠭᠤᠳᠠᠯ  ᠢ  ᠲᠤᠳᠤᠷᠠᠭᠤᠯᠤᠨ᠎ᠠ᠃ ᠲᠠᠪᠤ ᠨᠢᠭᠡ ᠶ᠋ᠢᠨ ᠠᠵᠢᠯ ᠤᠨ ᠲᠣᠭᠲᠠᠴᠠ ᠶ᠋ᠢ  ᠪᠠᠶᠢᠭᠤᠯᠤᠨ ᠲᠡᠭᠦᠯᠳᠡᠷᠵᠢᠭᠦᠯᠵᠦ ᠂ ᠲᠡᠭᠦᠨ ᠢ ᠶᠡᠷᠦᠩᠬᠡᠢ ᠭᠠᠷᠳᠠᠴᠠ ᠪᠣᠯᠭᠠᠵᠤ ᠂ ᠭᠣᠣᠯᠳᠠᠭᠤ ᠶᠠᠭᠠᠬᠢᠵᠤ ᠠᠳᠬᠤᠬᠤ ᠠᠰᠠᠭᠤᠳᠠᠯ ᠢ ᠰᠢᠢᠳᠪᠦᠷᠢᠯᠡᠵᠦ᠂  ᠳᠡᠭᠡᠷᠡᠬᠢ ᠮᠠᠲ᠋ᠧᠷᠢᠶᠠᠯ ᠦᠨ᠂ ᠭᠣᠣᠯᠳᠠᠯᠭ᠎ᠠ ᠨᠢ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠭᠤᠴᠠᠯᠭ᠎ᠠ ᠪᠠᠨ ᠪᠡᠶᠡᠯᠡᠭᠦᠯᠬᠦ   ᠳᠦ  ᠪᠠᠶᠢᠨ᠎ᠠ᠃ ᠭᠣᠣᠯ ᠠᠭᠤᠯᠭ᠎ᠠ ᠨᠢ ᠭᠡᠪᠡᠯ ᠄ ᠨᠠᠮ ᠤᠨ ᠬᠣᠷᠢᠶᠠᠨ ᠤ ᠪᠦᠬᠦ ᠭᠡᠰᠢᠭᠦᠳ ᠤᠨ ᠬᠤᠷᠠᠯ ᠨᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠨᠠᠮ ᠤᠨ  ᠪᠠᠶᠢᠭᠤᠯᠤᠯᠲᠠ ᠶᠢᠨ ᠠᠵᠢᠯ ᠤᠨ ᠢᠯᠡᠳᠬᠡᠯ ᠢ ᠰᠣᠨᠣᠰᠣᠨ᠎ᠠ᠂ ᠡᠨᠡ ᠨᠢ ᠨᠠᠮ ᠤᠨ ᠳᠦᠷᠢᠮ ᠪᠣᠯᠤᠨ ᠬᠣᠶᠠᠷ ᠦᠨᠡᠯᠡᠯᠲᠡ ᠬᠢᠬᠦ ᠲᠤᠬᠠᠶ ᠮᠡᠳᠡᠭᠦᠯᠦᠯᠲᠡ ᠱᠠᠭᠠᠷᠳᠠᠯᠭ᠎ᠠ ᠲᠠᠢ ᠨᠢᠭᠡᠳᠦᠯᠲᠡᠶ  ᠪᠠᠶᠢᠳᠠᠭ᠃  ᠪᠠᠶᠢᠩᠭᠤ ᠶᠢᠨ ᠬᠣᠷᠢᠶ᠎ᠠ ᠪᠣᠯ ᠬᠠᠭᠠᠰ ᠵᠢᠯ ᠪᠦᠷᠢ ᠨᠢᠭᠡ ᠤᠳᠠᠭ᠎ᠠ ᠨᠠᠮ ᠤᠨ  ᠪᠠᠶᠢᠭᠤᠯᠤᠯᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠭᠣᠣᠯᠳᠠᠭᠤ ᠳᠡᠭᠡᠳᠦ ᠱᠠᠲᠤᠨ ᠤ ᠨᠠᠮ ᠤᠨ ᠬᠣᠷᠢᠶ᠎ᠠ  ᠶᠢᠨ ᠨᠠᠮ ᠤᠨ  ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ  ᠪᠠᠶᠢᠭᠤᠯᠤᠯᠲᠠ ᠵᠣᠷᠢᠭ ᠰᠠᠨᠠᠭ᠎ᠠ ᠶ᠋ᠢ ᠰᠤᠷᠤᠯᠴᠠᠵᠤ ᠂ ᠪᠣᠳᠠᠲᠠᠶ ᠲᠤᠤᠱᠯᠠᠭᠤᠯᠤᠨ  ᠨᠠᠶᠢᠳᠠᠪᠤᠷᠢᠵᠢᠭᠤᠯᠬᠤ ᠰᠠᠨᠠᠯ  ᠳᠤᠷᠠᠳᠤᠨ᠎ᠠ᠃ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠲᠤᠭᠤᠶᠢᠯᠠᠩ ᠤᠯᠠᠷᠢᠯ ᠪᠦᠷᠢ ᠳ᠋ᠤ ᠨᠢᠭᠡ ᠤᠳᠠᠭ᠎ᠠ ᠨᠠᠮ ᠤᠨ  ᠪᠠᠶᠢᠭᠤᠯᠤᠯᠲᠠ ᠶᠢᠨ ᠠᠵᠢᠯ ᠤᠨ ᠲᠣᠭᠲᠠᠮᠠᠯ ᠬᠤᠷᠠᠯ ᠬᠤᠷᠠᠯᠳᠤᠵᠤ᠂ ᠭᠣᠣᠯᠳᠠᠭᠤᠨᠠᠮ ᠤᠨ  ᠪᠠᠶᠢᠭᠤᠯᠤᠯᠲᠠ ᠶᠢᠨ ᠠᠵᠢᠯ ᠤᠨ  ᠪᠠᠶᠢᠳᠠᠯ ᠢ ᠵᠠᠳᠠᠯᠤᠨ ᠰᠢᠨᠵᠢᠯᠡᠵᠦ ᠂ ᠭᠣᠣᠯᠳᠠᠯᠭ᠎ᠠ ᠲᠠᠢ ᠠᠵᠢᠯ ᠤᠨ ᠡᠭᠦᠷᠭᠡ ᠶ᠋ᠢ ᠲᠣᠳᠣᠷᠠᠭᠤᠯᠵᠤ᠂ ᠨᠠᠮ ᠤᠨ  ᠪᠠᠶᠢᠭᠤᠯᠤᠯᠲᠠ ᠶᠢᠨ ᠠᠵᠢᠯ ᠤᠨ ᠳᠤᠮᠳᠠᠬᠢ ᠭᠣᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠲᠤᠰᠬᠠᠢ ᠰᠡᠳᠦᠪ ᠪᠣᠯᠭᠠᠨ ᠰᠤᠳᠤᠯᠭᠠᠨ ᠬᠢᠬᠦ ᠬᠡᠷᠡᠭᠲᠡᠶ ︔ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠲᠤᠭᠤᠶᠢᠯᠠᠩ ᠤᠨ ᠠᠯᠪᠠᠨ ᠬᠡᠷ ᠰᠠᠷ᠎ᠠ ᠪᠦᠷᠢ ᠨᠢᠭᠡ ᠤᠳᠠᠭ᠎ᠠ ᠵᠣᠬᠢᠴᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠣᠤᠯᠳᠠᠯᠭ᠎ᠠ ᠲᠠᠢ ᠡᠭᠦᠷᠭᠡ ᠶ᠋ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠠᠬᠢᠭᠤᠯᠤᠨ᠎ᠠ᠃ ᠡᠯ᠎ᠡ ᠱᠠᠲᠤᠨ ᠤ ᠨᠠᠮ ᠤᠨ ᠬᠣᠷᠢᠶ᠎ᠠ ᠵᠢᠯ ᠪᠦᠷᠢ ᠨᠢᠭᠡ ᠤᠳᠠᠭ᠎ᠠ ᠭᠤᠷᠪᠠᠨ ᠱᠠᠲᠤᠨ ᠤ ᠬᠣᠯᠪᠣᠭᠠᠯᠠᠨ ᠳᠤᠷᠠᠳᠤᠭᠰᠠᠨ ᠬᠠᠮᠲᠤᠪᠠᠷ ᠰᠢᠯᠭᠠᠨ ᠦᠨᠡᠯᠡᠬᠦ ᠬᠠᠮᠲᠤᠷᠠᠭᠰᠠᠨ ᠰᠢᠯᠭᠠᠯᠲᠠ ᠵᠣᠬᠢᠶᠠᠨ  ᠪᠠᠶᠢᠭᠤᠯᠤᠨ ᠥᠷᠨᠢᠭᠦᠯᠵᠦ᠂ ᠲᠤᠤᠷᠡᠳᠦ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠶᠢᠨ ᠱᠦᠵᠢ ᠨᠠᠮ ᠤᠨ  ᠪᠠᠶᠢᠭᠤᠯᠤᠯᠲᠠ  ᠶᠢᠨ ᠠᠵᠢᠯ ᠢ ᠠᠳᠬᠤᠬᠤ ᠠᠵᠢᠯ ᠤᠨ ᠮᠡᠳᠡᠭᠦᠯᠦᠯᠲᠡ ᠶᠢ ᠰᠣᠨᠣᠰᠬᠣ ᠬᠡᠷᠡᠭᠲᠡᠢ᠃

ᠵᠣᠬᠢᠶᠠᠭᠴᠢ:
ᠢᠷᠡᠯᠲᠡ: