ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠨᠠᠮ ᠢ ᠵᠠᠰᠠᠬᠤ ᠪᠤᠳᠠᠳᠠᠢ ᠳᠦᠷᠢᠮ ᠢ ᠲᠤᠭᠲᠠᠭᠠᠨ ᠳᠡᠭᠦᠯᠳᠡᠷᠵᠢᠬᠦᠯᠦᠭᠰᠡᠨ ᠲᠤᠬᠠᠢ
ᠦᠵᠡᠯ ᠰᠠᠨᠠᠭᠠᠨ ᠤ
ᠰᠤᠷᠭᠠᠨ ᠬᠥᠮᠦᠵᠢᠯ ᠤᠨ ᠲᠦᠷᠢᠮ ᠢ ᠴᠢᠩᠭ᠎ᠠ ᠪᠠᠶᠢᠯᠭᠠᠬᠤ ᠬᠡᠷᠡᠭᠲᠡᠶ ᠃ ᠨᠠᠮ ᠤᠨ ᠰᠤᠷᠲᠠᠯ
ᠤᠬᠠᠭᠤᠯᠭ᠎ᠠ ᠶ᠋ᠢ ᠬᠠᠮᠢᠶᠠᠷᠬᠤ ᠂ ᠨᠠᠮ ᠡᠴᠠ ᠦᠵᠡᠯ ᠤᠬᠠᠮᠰᠠᠷ ᠤᠨ ᠬᠡᠯᠪᠡᠷᠢ ᠶ᠋ᠢ
ᠬᠠᠮᠢᠶᠠᠷᠬᠤ᠂ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ ᠤᠨ ᠤᠳᠤᠷᠢᠳᠬᠤ ᠡᠷᠬᠡ ᠶ᠋ᠢ ᠪᠠᠲᠤ
ᠡᠵᠡᠮᠰᠢᠵᠦ ᠂ ᠰᠠᠨᠠᠭᠠᠴᠢᠯᠠᠭᠠᠲᠤ ᠡᠷᠬᠡ ᠶᠢ ᠴᠢᠩᠭᠠᠳᠬᠠᠵᠤ᠂ ᠨᠠᠮ ᠤᠨ ᠬᠣᠷᠢᠶ᠎ᠠ (ᠨᠠᠮ ᠤᠨ
ᠤᠳᠤᠷᠢᠳᠬᠤ ᠲᠤᠭᠤᠶᠢᠯᠠᠩ) ᠶ᠋ᠢᠨ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ ᠤᠨ
ᠬᠠᠷᠢᠭᠤᠴᠠᠯᠭ᠎ᠠ ᠶ᠋ᠢᠨ ᠳᠦᠷᠢᠮ ᠢ ᠲᠣᠭᠲᠠᠭᠠᠨ ᠨᠡᠶᠢᠲᠡᠯᠡᠵᠦ᠂ ᠬᠡᠷᠡᠭᠵᠢᠭᠦᠯᠬᠦ ᠨᠠᠷᠢᠨ ᠳᠦᠷᠢᠮ
ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ ᠤᠨ
ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ ᠂ 《ᠬᠠᠷᠢᠭᠤᠴᠠᠯᠭ᠎ᠠ ᠶ᠋ᠢᠨ
ᠲᠠᠷᠢᠶ᠎ᠠ 》 ᠶᠢ ᠡᠷᠡᠰ ᠪᠠᠲᠤ ᠰᠠᠬᠢᠵᠤ ᠂ ᠰᠠᠶᠢᠲᠤᠷ ᠰᠠᠬᠢᠨ᠎ᠠ ᠃ ᠪᠦᠬᠦ ᠤᠯᠤᠰ ᠤᠨ
ᠺᠠᠳ᠋ᠷᠴᠤᠳ ᠤᠨ ᠬᠥᠮᠦᠵᠢᠭᠦᠯᠦᠯ ᠪᠣᠯᠪᠠᠰᠤᠷᠠᠭᠤᠯᠤᠯ ᠤᠨ ᠲᠥᠯᠥᠪᠵᠢᠭᠦᠯᠭᠡ ᠶᠢ ᠨᠠᠷᠢᠨ
ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ ᠂ ᠂ ᠥᠪᠡᠷᠲᠡᠭᠡᠨ ᠵᠠᠰᠠᠬᠤ ᠣᠷᠣᠨ ᠤ ᠨᠠᠮ ᠤᠨ
ᠬᠣᠷᠢᠶ᠎ᠠ ᠨᠠᠮ ᠤᠨ ᠲᠦᠷᠦ ᠪᠠᠷᠢᠬᠤ ᠴᠢᠳᠠᠪᠤᠷᠢ ᠶ᠋ᠢᠨ ᠪᠠᠶᠢᠭᠤᠯᠤᠯᠲᠠ ᠶᠢ ᠴᠢᠩᠭᠠᠳᠬᠠᠬᠤ ᠪᠠᠷ
ᠲᠡᠷᠢᠭᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠲ ᠪᠠᠷ ᠭᠣᠣᠯ ᠰᠢᠵᠢᠮ ᠪᠣᠯᠭᠠᠵᠤ ᠂
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨᠴᠢ ᠬᠥᠭᠵᠢᠯᠲᠡ ᠳᠤ ᠦᠢᠯᠡᠴᠢᠯᠡᠬᠦ ᠪᠡᠷ
ᠦᠨᠳᠦᠰᠦ ᠪᠣᠯᠭᠠᠨ᠂ ᠪᠠᠲᠤ ᠴᠢᠩᠭ᠎ᠠ ᠢᠲᠡᠭᠡᠯ ᠵᠣᠷᠢᠭ ᠲᠠᠢ ᠂ ᠠᠷᠠᠳ ᠲᠦᠮᠡᠨ ᠳ᠋ᠤ ᠦᠢᠯᠡᠴᠢᠯᠡᠬᠦ ᠂
ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠤ ᠠᠵᠢᠯ ᠢ ᠡᠷᠬᠢᠮᠯᠡᠬᠦ ᠂
ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠂ ᠲᠥᠪ ᠰᠢᠳᠤᠷᠭᠤ ᠠᠷᠢᠭᠤᠨ ᠴᠢᠬᠡᠴᠢ
ᠪᠠᠶᠢᠬᠤ ᠰᠠᠶᠢᠨ ᠺᠠᠳ᠋ᠷ ᠢ ᠬᠥᠮᠦᠵᠢᠭᠦᠯᠬᠦ ᠪᠡᠷ ᠬᠠᠷᠠᠯᠲᠠ ᠪᠣᠯᠭᠠᠵᠤ ᠂ ᠺᠠᠳ᠋ᠷ ᠤᠨ ᠰᠤᠷᠭᠠᠨ
ᠬᠦᠢᠮᠣᠵᠢᠯ ᠪᠠ ᠪᠣᠯᠪᠠᠰᠤᠷᠠᠭᠤᠯᠤᠯ ᠤᠨ ᠠᠵᠢᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠠ
ᠴᠢᠩᠭᠠᠳᠬᠠᠬᠤ ᠂ ᠰᠠᠨᠠᠯ ᠂ ᠲᠤᠬᠠᠶ ᠺᠠᠳ᠋ᠷᠴᠤᠳ ᠤᠨ ᠬᠥᠮᠦᠵᠢᠭᠦᠯᠦᠯ ᠪᠣᠯᠪᠠᠰᠤᠷᠠᠭᠤᠯᠤᠯ ᠤᠨ
ᠠᠵᠢᠯ ᠤᠨ ᠳᠤᠮᠳᠠ ᠰᠤᠷᠤᠯᠴᠠᠭᠴᠢ ᠶ᠋ᠢᠨ ᠬᠠᠮᠢᠶᠠᠷᠤᠯᠲᠠ ᠶ᠋ᠢ ᠤᠯᠠᠮ ᠨᠢᠭᠡ ᠠᠯᠬᠤᠮ ᠴᠢᠩᠭᠠᠳᠬᠠᠵᠤ
᠂ ᠰᠤᠷᠤᠯᠴᠠᠬᠤ ᠰᠤᠷᠲᠠᠯ ᠢ ᠦᠨᠡᠨ ᠬᠦ ᠰᠠᠶᠢᠵᠢᠷᠠᠭᠤᠯᠬᠤ ᠲᠤᠬᠠᠶ ᠲᠣᠭᠲᠠᠭᠠᠯ ᠲᠣᠭᠲᠠᠭᠠᠨ
ᠨᠡᠶᠢᠳᠡᠯᠡᠵᠦ᠂ ᠬᠡᠷᠡᠭᠴᠡᠭᠡ ᠱᠠᠭᠠᠷᠳᠠᠯᠭ᠎ᠠ ᠶ᠋ᠢᠨ ᠪᠠᠶᠢᠴᠠᠭᠠᠨ ᠰᠤᠳᠤᠯᠤᠯᠲᠠ ᠶ᠋ᠢᠨ ᠲᠦᠷᠢᠮ᠂
ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ ᠪᠣᠯᠪᠠᠰᠤᠷᠠᠭᠤᠯᠬᠤ
ᠲᠥᠯᠥᠪᠯᠡᠭᠡ ᠶ᠋ᠢ ᠪᠦᠷᠢᠯᠳᠦᠭᠦᠯᠬᠦ ᠲᠣᠭᠲᠠᠴᠠ ᠂ ᠠᠩᠭᠢ ᠡᠷᠭᠢᠯᠡᠵᠦ ᠂ ᠮᠡᠳᠡᠭᠦᠯᠬᠦ ᠲᠤᠢᠷᠢᠮ ᠂
ᠺᠠᠳ᠋ᠷ ᠤᠨ ᠰᠤᠷᠤᠯᠴᠠᠯᠭ᠎ᠠ ᠪᠣᠯᠪᠠᠰᠤᠷᠠᠯ ᠤᠨ ᠠᠵᠢᠯ ᠢ ᠰᠢᠯᠭᠠᠨ ᠬᠢᠨᠠᠵᠤ ᠦᠨᠡᠯᠡᠬᠦ ᠪᠠ
ᠤᠷᠮᠠᠰᠢᠭᠤᠯᠤᠨ ᠵᠣᠷᠢᠭᠵᠢᠭᠤᠯᠵᠤ ᠬᠢᠵᠠᠭᠠᠷᠯᠠᠬᠤ ᠲᠣᠭᠲᠠᠴᠠ ᠂ ᠪᠠᠭᠰᠢ ᠶ᠋ᠢᠨ ᠬᠥᠮᠥᠷᠭᠡ ᠶ᠋ᠢ
ᠲᠡᠭᠦᠯᠳᠡᠷᠵᠢᠭᠦᠯᠵᠦ ᠂ ᠺᠠᠳ᠋ᠷ ᠤᠨ ᠰᠤᠷᠭᠠᠨ ᠬᠦᠢᠮᠣᠵᠢᠯ ᠪᠠ ᠪᠣᠯᠪᠠᠰᠤᠷᠠᠭᠤᠯᠤᠯ ᠤᠨ ᠴᠢᠨᠠᠷ
ᠰᠠᠶᠢᠲᠠᠢ᠂ 《ᠨᠢᠭᠡᠳᠦᠭᠡᠷ ᠭᠠᠷ 》 ᠤᠨ ᠺᠠᠳ᠋ᠷ ᠤᠨ ᠰᠤᠷᠭᠠᠨ ᠬᠦᠢᠮᠣᠵᠢᠯ ᠪᠠ
ᠪᠣᠯᠪᠠᠰᠤᠷᠠᠭᠤᠯᠤᠯ ᠤᠨ ᠠᠵᠢᠯ ᠤᠨ ᠲᠣᠭᠲᠠᠴᠠ ᠶ᠋ᠢ ᠠᠳᠬᠤᠬᠤ ᠂ ᠰᠤᠷᠤᠭᠴᠢ ᠰᠢᠯᠵᠢᠭᠦᠯᠦᠨ
ᠪᠣᠯᠪᠠᠰᠤᠷᠠᠭᠤᠯᠬᠤ ᠂ ᠰᠤᠷᠤᠭᠴᠢ ᠶ᠋ᠢᠨ ᠬᠠᠮᠢᠶᠠᠷᠤᠯᠲᠠ ᠂ ᠰᠤᠷᠤᠯᠴᠠᠬᠤ ᠰᠤᠷᠲᠠᠯ ᠶᠢᠨ
ᠪᠠᠶᠢᠭᠤᠯᠤᠯᠲᠠ ᠵᠡᠷᠭᠡ ᠺᠠᠳ᠋ᠷ ᠤᠨ ᠰᠤᠷᠭᠠᠨ ᠬᠦᠢᠮᠣᠵᠢᠯ ᠪᠠ ᠪᠣᠯᠪᠠᠰᠤᠷᠠᠭᠤᠯᠤᠯ ᠤᠨ ᠠᠵᠢᠯ ᠢ
ᠤᠳᠤᠷᠢᠳᠬᠤ ᠪᠠᠭ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠬᠠᠮᠲᠤᠷᠠᠭᠰᠠᠨ ᠬᠤᠷᠠᠯ ᠤᠨ
ᠲᠦᠷᠢᠮ ᠢ ᠲᠡᠭᠦᠯᠳᠡᠷᠵᠢᠭᠦᠯᠦᠨ ᠰᠠᠶᠢᠵᠢᠷᠠᠭᠤᠯᠵᠦ᠂ ᠺᠠᠳ᠋ᠷᠴᠤᠳ ᠤᠨ ᠬᠥᠮᠦᠵᠢᠯ ᠂ ᠺᠠᠳ᠋ᠷ ᠤᠨ
ᠰᠤᠷᠭᠠᠨ ᠬᠥᠮᠦᠵᠢᠯ ᠤᠨ ᠨᠢᠭᠡᠳᠦᠯᠲᠦ ᠴᠢᠨᠠᠷ ᠪᠠ ᠵᠥᠷᠢᠶᠡᠲᠦ ᠴᠢᠨᠠᠷ ᠂ ᠰᠢᠰᠲ᠋ᠧᠮᠲᠦ ᠴᠢᠨᠠᠷ
ᠪᠣᠯᠤᠨ ᠬᠠᠨᠳᠤᠯᠭᠠᠲᠤ ᠴᠢᠨᠠᠷ ᠂ ᠤᠯᠠᠮᠵᠢᠯᠠᠯᠲᠤ ᠴᠢᠨᠠᠷ ᠪᠠ ᠰᠢᠨ᠎ᠡ ᠶ᠋ᠢ ᠡᠭᠦᠳᠬᠦ ᠴᠢᠨᠠᠷᠲᠠᠶ
ᠣᠷᠭᠠᠨᠢᠭ ᠢᠶᠠᠷ ᠤᠶᠠᠯᠳᠤᠭᠤᠯᠵᠤ ᠂ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠡᠲᠡᠭᠡᠳᠴᠢᠯᠡᠬᠦ
᠂ ᠣᠯᠠᠨ ᠨᠡᠢᠲᠡᠴᠢᠯᠡᠬᠦ ᠪᠠ ᠬᠦᠳᠡᠯᠭᠡᠨᠴᠢᠯᠡᠨᠡ ᠃
ᠺᠠᠳ᠋ᠷ ᠬᠠᠮᠢᠶᠠᠷᠬᠤ ᠂
ᠲᠡᠳᠡᠨ ᠳ᠋ᠤ ᠬᠢᠨᠠᠯᠲᠠ ᠲᠠᠯᠪᠢᠬᠤ ᠲᠦᠷᠢᠮ ᠪᠠ ᠴᠢᠳᠠᠪᠤᠷᠢᠲᠠᠨ ᠤ ᠬᠥᠭᠵᠢᠭᠦᠯᠦᠯᠲᠡ ᠶ᠋ᠢᠨ
ᠲᠦᠷᠢᠮ ᠢ ᠴᠢᠩᠭ᠎ᠠ ᠪᠠᠶᠢᠯᠭᠠᠬᠤ ᠬᠡᠷᠡᠭᠲᠡᠶ ᠃ ᠺᠠᠳ᠋ᠷ ᠢ ᠲᠤᠰᠢᠶᠠᠯ ᠳ᠋ᠤ ᠲᠣᠮᠢᠯᠠᠵᠤ
ᠬᠡᠷᠡᠭᠯᠡᠬᠦ ᠳᠦᠷᠢᠮ ᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ ᠂ ᠺᠠᠳ᠋ᠷ ᠢ
ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠳ᠋ᠤ ᠦᠨᠡᠨ ᠪᠠᠶ᠋ᠢᠳᠠᠯ ᠢ
ᠲᠡᠮᠳᠡᠭᠯᠡᠬᠦ ᠠᠷᠭ᠎ᠠ ᠶᠢ ᠲᠣᠭᠲᠠᠭᠠᠵᠤ ᠂ ᠲᠥᠪ ᠴᠢᠬᠡᠴᠢ ᠬᠥᠮᠦᠨ ᠢ ᠰᠢᠯᠢᠵᠦ ᠬᠡᠷᠡᠭᠯᠡᠬᠦ
ᠣᠷᠴᠢᠨ ᠲᠣᠭᠣᠷᠢᠨ ᠪᠣᠢ ᠪᠣᠯᠭᠠᠬᠤ ᠶᠢ ᠲᠦᠯᠬᠢᠨ ᠠᠬᠢᠭᠤᠯᠵᠤ ᠂ 《 ᠳᠤᠮᠳᠠᠳᠤ ᠤᠯᠤᠰ ᠤᠨ ᠡᠪ
ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠬᠡᠷᠡᠭᠵᠢᠭᠦᠯᠬᠦ ᠠᠷᠭ᠎ᠠ 》 ᠶᠢ
ᠨᠡᠶᠢᠲᠡᠯᠡᠵᠦ᠂ ᠨᠠᠮ ᠤᠨ ᠤᠳᠤᠷᠢᠳᠤᠯᠭ᠎ᠠ ᠶ᠋ᠢ ᠪᠠᠷᠢᠮᠲᠠᠯᠠᠬᠤ ᠂ ᠨᠠᠮ ᠤᠨ ᠪᠠᠶᠢᠭᠤᠯᠤᠯᠲᠠ ᠶᠢ
ᠴᠢᠩᠭᠠᠳᠬᠠᠬᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠰᠠᠬᠢᠯᠭ᠎ᠠ
ᠪᠠᠲᠤ ᠶ᠋ᠢ ᠬᠠᠮᠠᠭᠠᠯᠠᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ
ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠥᠷᠨᠢᠭᠦᠯᠬᠦ ᠲᠠᠢ
ᠨᠢᠭᠲᠠ ᠤᠶᠠᠯᠳᠤᠭᠤᠯᠤᠨ ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠲᠤᠰᠢᠶᠠᠯ ᠳᠠᠭᠠᠨ
ᠣᠰᠣᠯᠳᠠᠨ ᠬᠠᠷᠢᠭᠤᠴᠠᠯᠭ᠎ᠠ ᠪᠠᠨ ᠠᠯᠳᠠᠵᠤ ᠬᠦᠨᠳᠦ ᠨᠣᠴᠢᠲᠠᠶ ᠤᠷᠰᠢᠭ ᠲᠠᠲᠠᠭᠰᠠᠨ ᠠᠴᠠ ᠠᠷᠠᠳ
ᠤᠯᠠᠨ ᠤ ᠲᠤᠰᠬᠠᠯ ᠴᠢᠩᠭ᠎ᠠ ᠂ ᠂ ᠨᠠᠮ ᠤᠨ ᠲᠦᠷᠦ ᠪᠠᠷᠢᠬᠤ ᠤᠯᠤᠰ ᠲᠦᠷᠦ ᠶ᠋ᠢᠨ ᠰᠠᠭᠤᠷᠢ ᠢ
ᠬᠣᠬᠢᠷᠠᠭᠤᠯᠤᠭᠰᠠᠨ ᠪᠠᠢᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠪᠠᠢᠢᠵᠤ
᠂ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠨᠡᠬᠡᠮᠵᠢᠯᠡᠬᠦ ᠪᠥᠭᠡᠳ ᠂ ᠬᠢᠨᠠᠬᠤ
ᠬᠠᠷᠢᠭᠤᠴᠠᠯᠭ᠎ᠠ᠂ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠶ᠋ᠢ ᠨᠡᠬᠡᠮᠵᠢᠯᠡᠬᠦ ᠬᠡᠷᠡᠭᠲᠡᠶ ᠃
ᠡᠯ᠎ᠡ ᠱᠠᠲᠤᠨ ᠤ ᠨᠠᠮ ᠤᠨ ᠵᠣᠬᠢᠶᠠᠨ ᠪᠠᠶ᠋ᠢᠭᠤᠯᠤᠯᠲᠠ ᠬᠠᠷᠢᠭᠤᠴᠠᠯᠭ᠎ᠠ ᠪᠠᠨ ᠤᠬᠠᠭᠤᠯᠭ᠎ᠠ᠂
ᠨᠢᠭᠡᠳᠦᠮᠡᠯ ᠹᠷᠣᠨᠲ ᠳᠤ ᠬᠤᠪᠢᠶᠠᠨ ᠵᠣᠬᠢᠶᠠᠨ ᠪᠠᠶ᠋ᠢᠭᠤᠯᠵᠤ ᠂ ᠤᠯᠤᠰ ᠲᠦᠷᠦ ᠬᠠᠤᠯᠢ ᠴᠠᠭᠠᠵᠠ
ᠵᠡᠷᠭᠡ ᠨᠠᠮ ᠤᠨ ᠠᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠠᠯᠳᠠᠪᠠᠯ ᠵᠠᠪᠠᠯ
ᠨᠡᠬᠡᠮᠵᠢᠯᠡᠬᠦ ᠂ ᠬᠠᠷᠢᠭᠤᠴᠠᠯᠭ᠎ᠠ ᠨᠡᠬᠡᠮᠵᠢᠯᠡᠬᠦ ᠳ᠋ᠤ ᠵᠠᠪᠠᠯ ᠴᠢᠩᠭ᠎ᠠ ᠬᠦᠴᠦᠲᠡᠢ
ᠲᠤᠬᠢᠶ᠎ᠠ ᠶ᠋ᠢ ᠭᠠᠷᠭᠠᠨ᠎ᠠ ᠃
ᠺᠠᠳ᠋ᠷ ᠢ ᠥᠷᠢᠰᠥᠯᠳᠦᠭᠡᠨ ᠤ ᠴᠢᠨᠠᠷᠲᠠᠶ ᠪᠠᠷ
ᠰᠤᠩᠭ᠋ᠤᠬᠤ ᠠᠵᠢᠯ ᠢ ᠴᠢᠩᠭ᠎ᠠ ᠵᠢᠷᠤᠮᠵᠢᠭᠤᠯᠬᠤ ᠠᠷᠭ᠎ᠠ ᠂ ᠰᠢᠯᠢᠳᠡᠭ ᠵᠠᠯᠠᠭᠤ ᠺᠠᠳ᠋ᠷ ᠢ
ᠬᠥᠮᠦᠵᠢᠭᠦᠯᠵᠦ ᠰᠢᠯᠢᠨ ᠰᠣᠩᠭᠣᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠰᠢᠯᠢᠳᠡᠭ ᠵᠠᠯᠠᠭᠤ
ᠺᠠᠳ᠋ᠷ ᠢ ᠬᠥᠮᠦᠵᠢᠭᠦᠯᠵᠦ ᠰᠢᠯᠢᠨ ᠰᠣᠩᠭᠣᠬᠤ ᠠᠵᠢᠯ ᠤᠨ ᠲᠤᠬᠠᠶ ᠰᠠᠨᠠᠯ ᠂ ᠰᠤᠮᠤ ᠰᠢᠶᠠᠩ
ᠪᠠᠯᠭᠠᠰᠤ ᠵᠡᠭᠡᠯᠢ ᠭᠤᠳᠤᠮᠵᠢ ᠶ᠋ᠢᠨ ᠤᠳᠤᠷᠢᠳᠬᠤ ᠺᠠᠳ᠋ᠷ ᠢ ᠰᠣᠩᠭᠣᠨ ᠲᠣᠮᠢᠯᠠᠬᠤ ᠲᠦᠷ
ᠬᠡᠷᠡᠭᠵᠢᠭᠦᠯᠬᠦ ᠠᠷᠭ᠎ᠠ ᠶᠢ ᠨᠡᠢᠲᠡᠯᠡᠨ᠎ᠡ ᠃ ᠪᠠᠶᠢᠴᠠᠭᠠᠨ ᠦᠵᠡᠬᠦ ᠲᠣᠭᠲᠠᠴᠠ ᠪᠠ
ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶ᠋ᠢ ᠲᠡᠭᠦᠯᠳᠡᠷᠵᠢᠭᠦᠯᠦᠨ ᠂ ᠥᠪᠡᠷᠲᠡᠭᠡᠨ ᠵᠠᠰᠠᠬᠤ
ᠣᠷᠣᠨ ᠤ ᠨᠠᠮ ᠤᠨ ᠬᠣᠷᠢᠶᠠᠨ ᠤ ᠬᠠᠮᠢᠶᠠᠷᠤᠯᠲᠠ ᠶ᠋ᠢᠨ ᠺᠠᠳ᠋ᠷ ᠢ ᠬᠢᠨᠠᠨ ᠪᠠᠶ᠋ᠢᠴᠠᠭᠠᠬᠤ
ᠠᠷᠭ᠎ᠠ ᠶ᠋ᠢ ᠨᠡᠶ᠋ᠢᠲᠡᠯᠡᠵᠦ ᠂ ᠴᠢᠩᠭ᠎ᠠ ᠵᠢᠷᠤᠮᠵᠢᠭᠤᠯᠵᠤ ᠂ ᠺᠠᠳ᠋ᠷ ᠤᠨ ᠬᠠᠮᠢᠶᠠᠷᠤᠯᠲᠠ ᠶ᠋ᠢᠨ
ᠠᠵᠢᠯ ᠤᠨ ᠲᠤᠬᠠᠶ ᠰᠠᠨᠠᠯ ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠡᠩ ᠤᠨ
ᠦᠶ᠎ᠡ ᠶ᠋ᠢᠨ ᠰᠢᠯᠭᠠᠨ ᠬᠢᠨᠠᠬᠤ ᠠᠷᠭ᠎ᠠ ᠶᠢᠨ ᠬᠢᠨᠠᠨ ᠰᠢᠯᠭᠠᠬᠤ ᠂ ᠡᠳᠦᠷ ᠲᠤᠳᠤᠮ ᠤᠨ ᠬᠢᠨᠠᠨ
ᠰᠢᠯᠭᠠᠬᠤ ᠂ ᠰᠢᠯᠢᠨ ᠰᠣᠩᠭᠣᠵᠤ ᠲᠤᠰᠢᠶᠠᠯ ᠳ᠋ᠤ ᠲᠣᠮᠢᠯᠠᠬᠤ ᠠᠵᠢᠯ ᠤᠨ ᠬᠢᠨᠠᠨ ᠰᠢᠯᠭᠠᠬᠤ ᠶᠢ
ᠤᠶᠠᠯᠳᠤᠭᠤᠯᠵᠤ ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠂ ᠲᠣᠮᠢᠯᠠᠨ ᠬᠡᠷᠡᠭᠯᠡᠬᠦ ᠂
ᠬᠢᠨᠠᠨ ᠰᠢᠯᠭᠠᠬᠤ ᠂ ᠣᠨ ᠤ ᠰᠢᠯᠭᠠᠨ ᠦᠨᠡᠯᠡᠬᠦ ᠂ ᠭᠣᠭᠴᠣᠭ᠎ᠠ ᠰᠢᠨᠵᠢᠯᠡᠨ ᠪᠠᠶᠢᠴᠠᠭᠠᠬᠤ ᠢ
ᠬᠠᠷᠢᠯᠴᠠᠨ ᠤᠶᠠᠯᠳᠤᠭᠤᠯᠤᠭᠰᠠᠨ ᠬᠢᠨᠠᠨ ᠰᠢᠯᠭᠠᠵᠤ ᠦᠨᠡᠯᠡᠯᠲᠡ ᠬᠢᠬᠦ ᠪᠠᠶᠢᠷᠢᠰᠢᠯ ᠢ ᠪᠤᠢ
ᠪᠣᠯᠭᠠᠬᠤ ᠬᠡᠷᠡᠭᠲᠡᠶ ᠃
ᠰᠤᠷᠲᠠᠯ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠨ
ᠠᠷᠢᠭᠤᠨ ᠴᠢᠬᠡᠴᠢ ᠶ᠋ᠢ ᠡᠷᠬᠢᠮᠯᠡᠬᠦ ᠲᠦᠷᠢᠮ ᠢ ᠴᠢᠩᠭ᠎ᠠ ᠪᠠᠢᠢᠯᠭᠠᠬᠤ ᠬᠡᠷᠡᠭᠲᠡᠶ ᠃
《ᠢᠯᠵᠠᠷᠠᠯ ᠢ ᠶᠠᠯᠠᠯᠠᠨ ᠰᠢᠢᠳᠬᠡᠬᠦ ᠪᠠ ᠰᠡᠷᠭᠡᠶ᠋ᠢᠯᠡᠬᠦ ᠰᠢᠰᠲ᠋ᠧᠮ ᠤᠨ 2013 2017 ᠣᠨ ᠤ
ᠠᠵᠢᠯ ᠤᠨ ᠲᠥᠯᠥᠪᠵᠢᠭᠦᠯᠭᠡ 》 ᠶ᠋ᠢ ᠬᠡᠷᠡᠭᠵᠢᠭᠦᠯᠬᠦ ᠰᠠᠨᠠᠯ ᠢ ᠲᠤᠤᠱᠯᠠᠭᠤᠯᠤᠨ
ᠨᠡᠶᠢᠳᠠᠪᠤᠷᠢᠵᠢᠭᠤᠯᠵᠦ᠂ ᠨᠠᠮ ᠤᠨ ᠭᠡᠰᠢᠭᠦᠨ ᠺᠠᠳ᠋ᠷ ᠰᠢᠭᠤᠳ ᠬᠠᠷᠢᠯᠴᠠᠬᠤ ᠂ ᠤᠯᠠᠨ ᠲᠦᠮᠡᠨ ᠳ᠋ᠤ
ᠦᠢᠯᠡᠴᠢᠯᠡᠬᠦ ᠲᠦᠷᠢᠮ ᠢ ᠬᠡᠷᠡᠭᠵᠢᠭᠦᠯᠬᠦ ᠰᠠᠨᠠᠯ ᠲᠣᠭᠲᠠᠭᠠᠨ ᠨᠡᠶᠢᠳᠡᠯᠡᠵᠦ᠂ ᠤᠳᠤᠷᠢᠳᠬᠤ
ᠺᠠᠳ᠋ᠷᠴᠤᠳ ᠪᠠᠶᠢᠴᠠᠭᠠᠨ ᠰᠤᠳᠤᠯᠤᠯᠲᠠ ᠬᠢᠬᠦ ᠂ ᠤᠳᠤᠷᠢᠳᠬᠤ ᠺᠠᠳ᠋ᠷ ᠤᠨ ᠣᠪᠣᠷ ᠰᠤᠷᠲᠠᠯ ᠨᠢ
ᠴᠢᠩᠭ᠎ᠠ ᠪᠢᠰᠢ ᠪᠣᠳᠠᠲᠠᠢ ᠪᠢᠰᠢ ᠂ ᠶᠠᠷᠢᠯᠴᠠᠵᠤ ᠴᠡᠭᠡᠷᠯᠡᠭᠦᠯᠦᠨ ᠵᠣᠷᠢᠭᠵᠢᠭᠤᠯᠬᠤ ᠠᠷᠭ᠎ᠠ ᠂
ᠣᠳᠣᠬᠢ ᠲᠤᠰᠢᠶᠠᠯ ᠢᠶᠡᠨ ᠡᠭᠦᠷᠭᠡᠯᠡᠬᠦ ᠳ᠋ᠤ ᠥᠯᠥ ᠲᠣᠬᠢᠷᠠᠬᠣ ᠤᠳᠤᠷᠢᠳᠬᠤ ᠺᠠᠳ᠋ᠷᠴᠤᠳ
ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠲᠣᠬᠢᠷᠠᠭᠤᠯᠤᠯᠲᠠ ᠬᠢᠬᠦ ᠠᠷᠭ᠎ᠠ ᠂ ᠰᠤᠷᠤᠯᠴᠠᠬᠤ
ᠰᠤᠷᠲᠠᠯ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠰᠠᠶᠢᠵᠢᠷᠠᠭᠤᠯᠵᠦ᠂ ᠠᠯᠪᠠᠨ
ᠶᠠᠪᠤᠳᠠᠯ ᠤᠨ ᠵᠣᠴᠢᠯᠠᠯᠭ᠎ᠠ ᠶ᠋ᠢᠨ ᠬᠠᠮᠢᠶᠠᠷᠤᠯᠲᠠ ᠶ᠋ᠢ ᠴᠢᠩᠭᠠᠳᠬᠠᠵᠤ ᠂ ᠨᠠᠮ ᠵᠠᠰᠠᠭ ᠤᠨ
ᠪᠠᠶ᠋ᠢᠭᠤᠯᠤᠯᠭ᠎ᠠ ᠠᠯᠢ ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ ᠰᠦᠢᠳᠬᠡᠬᠦ ᠶ᠋ᠢ
ᠡᠰᠡᠷᠭᠦᠴᠡᠬᠦ ᠲᠤᠬᠠᠶ ᠬᠡᠷᠡᠭᠵᠢᠭᠦᠯᠬᠦ ᠨᠠᠷᠢᠨ ᠳᠦᠷᠢᠮ ᠤᠳᠤᠷᠢᠳᠬᠤ ᠺᠠᠳ᠋ᠷ ᠤᠨ ᠰᠤᠷᠲᠠᠯ ᠤᠨ
ᠪᠠᠶ᠋ᠢᠭᠤᠯᠤᠯᠲᠠ ᠶ᠋ᠢᠨ ᠬᠣᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠬᠠᠷᠢᠭᠤᠴᠠᠯᠭ᠎ᠠ
ᠨᠡᠬᠡᠮᠵᠢᠯᠡᠬᠦ ᠶ᠋ᠢ ᠲᠦᠷ ᠬᠡᠷᠡᠭᠵᠢᠭᠦᠯᠬᠦ ᠠᠷᠭ᠎ᠠ ᠵᠡᠷᠭᠡ ᠲᠠᠯ᠎ᠠ ᠪᠠᠷ ᠠᠯᠢ ᠤᠯᠠᠨ ᠳᠦᠷᠢᠮ
ᠵᠢᠷᠤᠮᠵᠢᠯ ᠲᠣᠭᠲᠠᠭᠠᠵᠤ ᠂ ᠴᠢᠩᠭ᠎ᠠ ᠭᠦᠷᠦᠮᠡᠯ ᠂ ᠲᠦᠷᠢᠮ ᠤᠨ 《 ᠰᠢᠩᠭᠡᠯᠢᠭ 》 ᠂ ᠰᠤᠷᠲᠠᠯ ᠤᠨ
ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶ᠋ᠢ ᠪᠠᠶᠢᠭᠤᠯᠤᠨ᠎ᠠ᠃
ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ
ᠨᠠᠮ ᠤᠨ ᠬᠣᠷᠢᠶᠠᠨ ᠤ ᠪᠡᠶᠡᠴᠢ ᠴᠣᠭᠴᠠ ᠶ᠋ᠢᠨ ᠬᠠᠷᠢᠭᠤᠴᠠᠯᠭ᠎ᠠ ᠪᠠ ᠰᠠᠬᠢᠯᠭ᠎ᠠ ᠪᠠᠲᠤ
ᠪᠠᠶᠢᠴᠠᠭᠠᠬᠤ ᠬᠣᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶ᠋ᠢ ᠲᠣᠭᠲᠠᠭᠠᠬᠤ ᠰᠠᠨᠠᠯ ᠂ 《
ᠭᠤᠷᠪᠠᠨ ᠴᠢᠬᠤᠯᠠ ᠨᠢᠭᠡ ᠶᠡᠬᠡ 》 ᠶ᠋ᠢᠨ ᠬᠡᠷᠡᠭ ᠤᠴᠢᠷ ᠢ ᠬᠠᠮᠲᠤ ᠪᠠᠷ ᠰᠢᠢᠳᠪᠦᠷᠢ ᠭᠠᠷᠭᠠᠬᠤ
ᠳᠦᠷᠢᠮ ᠢ ᠪᠤᠶ ᠪᠣᠯᠭᠠᠬᠤ ᠲᠤᠬᠠᠶ ᠰᠠᠨᠠᠯ ᠂ ᠬᠣᠰᠢᠭᠤ ᠰᠢᠶᠠᠨ (ᠬᠣᠲᠠ ᠂ ᠲᠣᠭᠣᠷᠢᠭ) ᠤ ᠨᠠᠮ
ᠵᠠᠰᠠᠭ ᠤᠨ ᠵᠢᠩᠬᠢᠨᠢ ᠲᠤᠰᠢᠶᠠᠯ ᠤᠨ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ ᠠᠷᠭ᠎ᠠ ᠂ ᠨᠠᠮ
ᠵᠠᠰᠠᠭ ᠤᠨ ᠭᠣᠣᠯ ᠤᠳᠤᠷᠢᠳᠬᠤ ᠺᠠᠳ᠋ᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ
ᠤᠳᠤᠷᠢᠳᠬᠤ ᠬᠥᠮᠦᠰ ᠤᠨ ᠠᠵᠤ ᠠᠬᠤᠶ ᠶ᠋ᠢᠨ ᠬᠠᠷᠢᠭᠤᠴᠠᠯᠭ᠎ᠠ ᠶ᠋ᠢ ᠬᠢᠨᠠᠨ ᠪᠤᠳᠤᠬᠤ ᠲᠣᠭᠲᠠᠭᠠᠯ ᠢ
ᠬᠡᠷᠡᠭᠵᠢᠭᠦᠯᠬᠦ ᠨᠠᠷᠢᠨ ᠳᠦᠷᠢᠮ᠂ ᠰᠢᠨ᠎ᠡ ᠪᠠᠷ ᠳᠡᠪᠰᠢᠭᠦᠯᠵᠦ ᠬᠡᠷᠡᠭᠯᠡᠬᠦ ᠤᠳᠤᠷᠢᠳᠬᠤ
ᠺᠠᠳ᠋ᠷ ᠤᠨ ᠬᠤᠪᠢ ᠬᠥᠮᠦᠨ ᠤ ᠬᠣᠯᠪᠣᠭᠳᠠᠯ ᠪᠦᠬᠦᠢ ᠤᠴᠢᠷ ᠶᠠᠪᠤᠳᠠᠯ ᠢᠶᠡᠨ ᠢᠯᠡ ᠪᠠᠷ
ᠬᠣᠯᠪᠣᠰᠤ ᠨᠢ ᠤᠯᠤᠰ (ᠬᠢᠯᠢ) ᠤᠨ ᠭᠠᠳᠠᠨ᠎ᠠ ᠨᠡᠭᠦᠵᠦ ᠨᠤᠲᠤᠭᠰᠢᠭᠰᠠᠨ ᠲᠦᠷᠦ ᠶ᠋ᠢᠨ ᠠᠵᠢᠯᠲᠠᠨ ᠤ
ᠬᠠᠮᠢᠶᠠᠷᠤᠯᠲᠠ ᠶ᠋ᠢᠨ ᠲᠥᠷᠢᠮ ᠵᠡᠷᠭᠡ ᠶ᠋ᠢ ᠪᠠᠶᠢᠭᠤᠯᠵᠦ ᠳᠣᠭᠲᠠᠭᠠᠨ᠂ ᠡᠷᠬᠡ ᠶ᠋ᠢᠨ
ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳ᠋ᠤ ᠬᠢᠨᠠᠯᠲᠠ ᠲᠠᠯᠪᠢᠬᠤ ᠰᠢᠰᠲ᠋ᠧᠮ᠂
《ᠢᠯᠵᠢᠷᠡᠬᠤ ᠡᠴᠠ ᠵᠢᠷᠦᠬᠡᠰᠢᠶᠡᠬᠦ 》 ᠂ 《 ᠢᠯᠵᠢᠷᠡᠵᠦ ᠪᠣᠯᠬᠤ ᠦᠭᠡᠢ 》 ᠳᠦᠷᠢᠮ ᠢ
ᠲᠡᠭᠦᠯᠳᠡᠷᠵᠢᠭᠦᠯᠦᠨ᠎ᠡ ᠃
ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ
ᠰᠢᠰᠲ᠋ᠧᠮ ᠤᠨ ᠳᠣᠲᠣᠭᠠᠳᠤ ᠶ᠋ᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠶ ᠃ ᠪᠦᠬᠦ ᠤᠯᠤᠰ ᠤᠨ
ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠲᠤ ᠬᠢᠨᠠᠯᠲᠠ ᠲᠠᠯᠪᠢᠬᠤ
ᠪᠠᠶᠢᠭᠤᠯᠤᠮᠵᠢ ᠲᠦᠷᠦᠭᠦᠯᠡᠨ ᠪᠠᠶᠢᠭᠤᠯᠵᠦ᠂ ᠰᠢᠰᠲ᠋ᠧᠮ ᠤᠨ ᠳᠣᠲᠣᠭᠠᠳᠤ ᠶ᠋ᠢᠨ ᠬᠢᠨᠠᠯᠲᠠ
ᠲᠠᠯᠪᠢᠬᠤ ᠠᠷᠭ᠎ᠠ ᠂ ᠺᠠᠳ᠋ᠷ ᠲᠤ ᠬᠢᠨᠠᠯᠲᠠ ᠲᠠᠯᠪᠢᠬᠤ ᠵᠠᠬᠢᠳᠠᠯ ᠰᠤᠷᠪᠤᠯᠵᠢᠯᠠᠭ᠎ᠠ ᠪᠠᠷ
ᠢᠯᠡᠴᠢᠯᠡᠨ ᠮᠡᠳᠡᠭᠦᠯᠦᠭᠰᠡᠨ ᠶᠠᠪᠤᠳᠠᠯ ᠢ ᠰᠢᠢᠳᠪᠦᠷᠢᠯᠡᠬᠦ ᠠᠷᠭ᠎ᠠ ᠪᠣᠯᠤᠨ 《ᠲᠠᠪᠤ᠋ ᠶ᠋ᠢ
ᠴᠢᠩᠭ᠎ᠠ ᠴᠠᠭᠠᠵᠠᠯᠠᠬᠤ 》᠂ 《 ᠭᠤᠷᠪᠠᠨ ᠪᠣᠯᠬᠤ ᠥᠬᠡᠶ 》 ᠵᠡᠷᠭᠡ ᠠᠯᠢ ᠣᠯᠠᠨ ᠬᠢᠨᠠᠯᠲᠠ
ᠲᠠᠯᠪᠢᠬᠤ ᠳᠦᠷᠢᠮ ᠢ ᠲᠣᠭᠲᠠᠭᠠᠵᠤ ᠂ ᠰᠢᠰᠲ᠋ᠧᠮ ᠤᠨ ᠺᠠᠳ᠋ᠷ ᠵᠠᠬᠢᠳᠠᠯ ᠰᠤᠷᠪᠤᠯᠵᠢᠯᠠᠭ᠎ᠠ ᠪᠠᠷ
ᠢᠯᠡᠴᠢᠯᠡᠨ ᠮᠡᠳᠡᠭᠦᠯᠬᠦ ᠰᠢᠭᠤᠳ ᠪᠠᠶᠢᠴᠠᠭᠠᠬᠤ᠂ ᠰᠢᠪᠠᠳᠠᠨ ᠪᠠᠶᠢᠴᠠᠭᠠᠬᠤ᠂ ᠲᠣᠭᠣᠷᠢᠨ
ᠪᠠᠶᠢᠴᠠᠭᠠᠬᠤ ᠠᠵᠢᠯ ᠤᠨ ᠲᠣᠭᠲᠠᠴᠠ ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ
ᠪᠠᠶᠢᠴᠠᠭᠠᠬᠤ ᠪᠠᠶᠢᠭᠤᠯᠤᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ
ᠪᠠᠶᠢᠴᠠᠭᠠᠬᠤ ᠺᠠᠳ᠋ᠷ ᠢ ᠲᠣᠭᠣᠷᠢᠨ ᠪᠠᠶᠢᠴᠠᠭᠠᠬᠤ ᠬᠢᠨᠠᠯᠲᠠ ᠲᠠᠯᠪᠢᠬᠤ ᠬᠡᠪᠴᠢᠶ᠎ᠡ ᠂ ᠨᠢᠭᠡ
ᠬᠢᠨᠠᠨ ᠪᠠᠶᠢᠴᠠᠭᠠᠬᠤ ᠺᠠᠳ᠋ᠷ ᠤᠨ ᠰᠠᠬᠢᠯᠭ᠎ᠠ ᠪᠠᠲᠤ ᠲᠦᠷᠢᠮ ᠲᠣᠭᠲᠠᠭᠠᠯ ᠡᠴᠠ ᠵᠥᠷᠢᠴᠡᠭᠰᠡᠨ
ᠠᠰᠠᠭᠤᠳᠠᠯ ᠢ ᠪᠠᠶᠢᠴᠠᠭᠠᠨ ᠴᠢᠩᠭ᠎ᠠ ᠰᠢᠳᠬᠡᠬᠦ ᠬᠡᠷᠡᠭᠲᠡᠶ᠃