ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠲᠡᠭᠡ
(2019 ᠤᠨ ᠤ 8 ᠰᠠᠷ᠎ᠠ ᠶᠢᠨ 15 ᠤ ᠡᠲᠦᠷ ᠲᠤᠮᠲᠠᠲᠤ ᠤᠯᠤᠰ ᠤᠨ ᠡᠪ ᠬᠠᠮᠲᠣ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠠᠴᠠ ᠪᠠᠲᠣᠯᠠᠪᠠ)
ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ 2019 ᠤᠨ ᠤ 8 ᠰᠠᠷ᠎ᠠ ᠶᠢᠨ 15 ᠤ ᠡᠳᠤᠷ ᠬᠦᠬᠡᠬᠤᠳᠠ ᠳᠤ ᠬᠤᠷᠠᠯᠳᠤᠪᠠ᠃
ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠰᠢᠭᠦᠨ 77 ᠬᠦᠮᠦᠨ᠂ ᠤᠷᠤᠯᠠᠬᠴᠢ ᠬᠡᠰᠢᠭᠦᠨ 7 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠤᠯᠠ ᠤᠷᠤᠯᠴᠠᠪᠠ᠃
ᠪᠦᠬᠦᠳᠡ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠶᠠᠷᠢᠶ᠎ᠠ ᠲᠠᠯᠪᠢᠵᠠᠢ᠃
ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠦ᠂ 《ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠤᠬᠲᠠᠭᠠᠯ》ᠢ ᠬᠢᠨᠠᠨ ᠵᠦᠪᠯᠡᠵᠦ ᠪᠠᠲᠤᠯᠠᠪᠠ᠃
8 ᠰᠠᠷ᠎ᠠ ᠶᠢᠨ 15 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠢᠢ ᠾᠧᠩ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠲᠡᠭᠡᠷ᠎ᠡ ᠶᠠᠷᠢᠶ᠎ᠠ ᠲᠠᠯᠪᠢᠪᠠ᠃
ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
ᠪᠦᠬᠦᠲᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠠᠵᠢᠯ ᠢ ᠢᠮᠠᠬᠲᠠ ᠲᠡᠭᠡᠲᠦ ᠬᠡᠮᠵᠢᠶ᠎ᠡ ᠪᠠᠷ ᠬᠦᠨᠳᠦᠳᠭᠡᠵᠦ᠂ ᠪᠦᠬᠦ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠬᠲᠠ ᠰᠡᠳᠬᠢᠯ ᠵᠢᠷᠦᠬᠡᠨ ᠳᠡᠭᠡᠨ ᠪᠤᠳᠤᠵᠦ ᠪᠠᠶᠢᠨ᠎ᠠ᠃ ᠰᠢᠨ᠎ᠡ ᠲᠤᠮᠲᠠᠲᠤ ᠤᠯᠤᠰ ᠪᠠᠶᠢᠭᠤᠯᠤᠬᠲᠠᠬᠰᠠᠨ 70 ᠵᠢᠯ ᠤᠨ ᠤᠢ ᠶᠢ ᠪᠠᠶᠠᠷᠯᠠᠨ ᠤᠬᠲᠣᠵᠣ ᠪᠠᠶᠢᠭ᠎ᠠ ᠪᠠᠶᠠᠷᠳᠣ ᠵᠢᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠠᠩᠬᠢᠯᠠᠭ᠎ᠠ ᠶᠢᠨ ᠤᠨ ᠳᠤ᠂ ᠪᠦᠬᠦ ᠨᠠᠮ ᠳᠤ 《ᠤᠬ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ》 ᠭᠤᠤᠯ ᠰᠡᠲᠦᠪᠲᠦ ᠬᠦᠮᠦᠵᠢᠯ ᠢ ᠬᠦᠨᠵᠡᠭᠡᠢ ᠦᠷᠨᠢᠭᠦᠯᠵᠦ ᠪᠠᠶᠢᠭ᠎ᠠ ᠴᠢᠬᠤᠯᠠ ᠴᠠᠭ ᠮᠦᠴᠡ ᠳᠤ᠂ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠳᠤ ᠮᠣᠷᠢᠯᠠᠨ ᠰᠠᠭᠠᠳᠠᠵᠤ ᠰᠢᠨᠵᠢᠯᠡᠨ ᠪᠠᠶᠢᠴᠠᠭᠠᠵᠦ ᠵᠢᠭᠠᠨ ᠵᠢᠯᠤᠭᠤᠳᠬᠤ ᠶᠢᠨ ᠬᠠᠮᠲᠦ ᠴᠢᠬᠤᠯᠠ ᠶᠠᠷᠢᠶ᠎ᠠ ᠲᠠᠯᠪᠢᠪᠠ᠂ ᠡᠨᠡ ᠨᠢ ᠦᠪᠦᠷ ᠮᠤᠩᠭᠤᠯ ᠤᠨ ᠬᠦᠭᠵᠢᠯᠲᠡ ᠶᠢᠨ ᠲᠡᠦᠬᠡᠨ ᠲᠡᠭᠡᠷ᠎ᠡ ᠬᠦᠰᠢᠶ᠎ᠡ ᠲᠤᠷᠠᠰᠬᠠᠯ ᠤᠨ ᠠᠴᠢ ᠬᠤᠯᠪᠤᠬᠲᠠᠯ ᠲᠠᠢ ᠶᠤᠮ᠃ ᠪᠦᠬᠦ ᠤᠷᠤᠨ ᠲᠠᠶᠠᠭᠠᠷ 《ᠲᠦᠷᠪᠡᠨ ᠤᠬᠠᠮᠰᠠᠷ》ᠢᠶᠠᠨ ᠴᠢᠩᠭᠠᠳᠬᠠᠵᠦ᠂ 《ᠲᠦᠷᠪᠡᠨ ᠢᠲᠡᠭᠡᠯ》ᠢᠶᠠᠨ ᠪᠠᠲᠤᠳᠬᠠᠨ᠂ 《ᠬᠤᠶᠠᠷ ᠢ ᠬᠠᠮᠠᠭᠠᠯᠠᠬᠤ》ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠰᠠᠨ ᠴᠢᠬᠤᠯᠠ ᠠᠴᠢ ᠬᠤᠯᠪᠤᠬᠲᠠᠯ ᠢ ᠬᠦᠢᠴᠡᠳ ᠲᠠᠨᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ ᠬᠦᠨ ᠵᠤᠵᠠᠭᠠᠨ ᠬᠠᠶᠢᠷ᠎ᠠ ᠬᠠᠯᠠᠮᠵᠢ ᠶᠢ ᠦᠨᠡᠨ ᠰᠡᠳᠬᠢᠯ ᠠᠴᠠ ᠪᠠᠨ ᠮᠡᠳᠡᠷᠡᠵᠦ᠂ ᠦᠨᠡᠨᠴᠢ ᠰᠢᠳᠤᠷᠭᠤ ᠪᠠᠷ ᠬᠠᠮᠠᠭᠠᠯᠠᠬᠤ ᠰᠡᠳᠬᠢᠯᠭᠡ ᠶᠢᠨ ᠰᠠᠭᠤᠷᠢ ᠪᠠ ᠠᠴᠢ ᠶᠢ ᠨᠢ ᠬᠠᠷᠢᠭᠤᠯᠣᠨ ᠡᠷᠡᠯᠬᠡᠭᠯᠡᠨ ᠣᠷᠣᠭᠰᠢᠯᠠᠬᠤ ᠬᠦᠴᠦᠨ ᠴᠢᠳᠠᠯ ᠤᠨ ᠡᠬᠢ ᠰᠤᠷᠪᠤᠯᠵᠢ ᠶᠢ ᠬᠦᠨᠵᠡᠬᠡᠢ ᠰᠠᠶᠢᠳᠣᠷ ᠪᠤᠶᠢᠵᠢᠭᠤᠯᠬᠤ ᠬᠡᠷᠡᠭᠲᠡᠢ ᠬᠡᠵᠦ ᠵᠢᠭᠠᠵᠦ ᠭᠠᠷᠭᠠᠪᠠ᠃
ᠪᠦᠬᠦᠲᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠨᠢ ᠬᠦᠨ ᠬᠦᠨᠵᠡᠭᠡᠢ᠂ ᠠᠭᠤᠯᠤᠬᠲᠠᠬᠤᠨ ᠨᠢ ᠡᠯᠪᠡᠭ ᠪᠠᠶᠠᠯᠢᠭ ᠪᠠᠶᠢᠵᠣ᠂ ᠦᠪᠡᠷᠲᠡᠭᠡᠨ ᠵᠠᠰᠠᠬᠤ ᠤᠷᠤᠨ ᠤ ᠪᠦᠬᠦ ᠲᠠᠯ᠎ᠠ ᠪᠤᠯᠤᠨ ᠠᠯᠤᠰ ᠬᠡᠲᠦ ᠶᠢᠨ ᠬᠦᠭᠵᠢᠯᠲᠡ ᠲᠠᠢ ᠬᠤᠯᠪᠤᠬᠲᠠᠬᠤ ᠴᠢᠬᠤᠯᠠ ᠠᠰᠠᠭᠤᠲᠠᠯ ᠢ ᠬᠦᠨᠵᠡᠭᠡᠢ ᠲᠤᠲᠤᠷᠬᠠᠢᠢᠯᠠᠨ ᠦᠭᠦᠯᠡᠵᠦ᠂ ᠡᠭᠦᠨ ᠠᠴᠠ ᠡᠮᠦᠨᠡᠬᠢ ᠦᠪᠦᠷ ᠮᠤᠩᠭᠤᠯ ᠳᠠᠬᠢ ᠴᠢᠬᠤᠯᠠ ᠵᠢᠭᠠᠪᠤᠷᠢ ᠱᠠᠭᠠᠷᠲᠠᠯᠭ᠎ᠠ ᠲᠠᠢ ᠪᠠᠨ ᠰᠠᠨᠠᠭ᠎ᠠ ᠨᠢᠭᠡᠳᠡᠢ ᠪᠣᠯᠵᠣ᠂ ᠤᠳᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠦᠵᠦ ᠲᠦᠯᠦᠪᠯᠡᠭᠡ ᠪᠠ ᠠᠵᠢᠯᠯᠠᠭᠠᠨ ᠤ ᠬᠦᠲᠦᠯᠪᠦᠷᠢ ᠶᠢ ᠬᠠᠮᠲᠦ ᠪᠠᠷ ᠪᠦᠷᠢᠯᠲᠦᠭᠦᠯᠵᠦ᠂ ᠰᠢᠨ᠎ᠡ ᠴᠠᠬ ᠦᠶ᠎ᠡ ᠶᠢᠨ ᠦᠪᠦᠷ ᠮᠤᠩᠭᠤᠯ ᠤᠨ ᠠᠵᠢᠯ ᠢ ᠰᠠᠶᠢᠲᠦᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠦᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠨᠢ᠂ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠣᠨ᠎ᠠ᠃ ᠥᠷᠭᠡᠨ ᠢᠶᠠᠷ ᠪᠦᠷᠬᠦᠭᠦᠯᠬᠦ ᠳᠡᠭᠡᠷ᠎ᠡ ᠬᠦᠴᠦ ᠣᠷᠣᠭᠤᠯᠵᠣ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠬᠠᠨᠳᠤᠭᠤᠯᠤᠨ᠂ ᠰᠤᠷᠤᠯᠴᠠᠵᠣ ᠰᠤᠳᠤᠯᠤᠨ ᠶᠠᠷᠢᠯᠴᠠᠬᠤ᠂ ᠪᠤᠯᠪᠠᠰᠤᠷᠠᠭᠤᠯᠵᠣ ᠡᠭᠡᠯᠵᠢᠯᠡᠨ ᠪᠤᠯᠪᠠᠰᠤᠷᠠᠭᠤᠯᠬᠤ᠂ ᠤᠬᠠᠭᠤᠯᠵᠣ ᠣᠬᠠᠭᠤᠯᠣᠨ ᠲᠠᠶᠢᠯᠪᠤᠷᠢᠯᠠᠬᠤ᠂ ᠰᠤᠳᠤᠯᠵᠣ ᠲᠠᠶᠢᠯᠪᠤᠷᠢᠯᠠᠨ ᠦᠭᠦᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠬᠦ᠂ ᠬᠠᠳᠠᠩᠰᠢᠬᠤ᠂ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠪᠦᠬᠦ ᠲᠠᠯ᠎ᠠ ᠪᠠᠷ ᠵᠥᠪ ᠣᠨᠣᠪᠴᠢᠲᠠᠶ ᠪᠠᠶᠢᠬᠤ ᠳᠡᠭᠡᠷ᠎ᠡ ᠬᠦᠴᠦ ᠣᠷᠣᠭᠤᠯᠵᠣ᠂ ᠤᠭ ᠪᠦᠲᠦᠭᠡᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠤᠯᠴᠠᠨ᠂ ᠤᠭ ᠶᠣᠰᠣ ᠶᠢ ᠨᠢ ᠣᠶᠢᠯᠠᠭᠠᠵᠤ᠂ ᠶᠠᠷᠢᠶ᠎ᠠ ᠶᠢᠨ ᠦᠵᠡᠯ ᠰᠠᠨᠠᠭ᠎ᠠ ᠠᠭᠤᠯᠤᠭᠳᠠᠬᠤᠨ᠂ ᠭᠤᠤᠯ ᠤᠳᠬ᠎ᠠ ᠰᠠᠨᠠᠭ᠎ᠠ᠂ ᠦᠶ᠋ᠯᠡᠳᠦᠯᠭᠡ ᠶᠢᠨ ᠱᠠᠭᠠᠷᠳᠠᠯᠭ᠎ᠠ ᠶᠢ ᠨᠢ ᠭᠦᠨᠵᠡᠭᠡᠶ ᠣᠶᠢᠯᠠᠭᠠᠨ ᠡᠵᠡᠮᠰᠢᠵᠦ᠂ ᠰᠠᠶᠢᠲᠦᠷ ᠤᠢᠢᠯᠠᠭᠠᠵᠦ ᠲᠤᠭᠤᠷᠠᠲᠠᠯ᠎ᠠ ᠮᠡᠲᠡᠵᠦ᠂ ᠬᠦᠨᠵᠡᠭᠡᠢ ᠰᠤᠷᠤᠯᠴᠠᠨ ᠨᠡᠪᠲᠡᠷᠡᠲᠡᠯ᠎ᠡ ᠤᠢᠢᠯᠠᠭᠠᠬᠤ ᠬᠡᠷᠡᠭᠲᠡᠶ᠃ ᠪᠠᠲᠤ ᠢᠲᠡᠭᠡᠵᠦ ᠪᠠᠲᠤᠳᠠᠢ ᠬᠡᠷᠡᠭᠵᠢᠭᠦᠯᠬᠦ ᠳᠡᠭᠡᠷ᠎ᠡ ᠬᠦᠴᠦ ᠣᠷᠣᠭᠤᠯᠵᠣ᠂ ᠠᠬᠤᠶ ᠪᠠᠶᠢᠳᠠᠯ᠂ ᠬᠠᠶᠢᠷ᠎ᠠ ᠰᠡᠳᠬᠢᠯᠭᠡ᠂ ᠣᠶᠢᠯᠠᠭᠠᠭᠳᠠᠬᠤᠨ᠂ ᠬᠠᠷᠠᠴᠠ᠂ ᠪᠠᠶᠢᠷᠢᠰᠢᠯ ᠵᠡᠷᠭᠡ ᠪᠠᠨ ᠶᠠᠷᠢᠶ᠎ᠠ ᠶᠢᠨ ᠵᠣᠷᠢᠭ ᠰᠠᠨᠠᠭ᠎ᠠ ᠪᠠᠷ ᠵᠡᠪᠰᠡᠭᠯᠡᠨ ᠬᠥᠳᠤᠯᠦᠨ ᠳᠠᠭᠠᠭᠤᠯᠵᠤ᠂ ᠰᠡᠳᠬᠢᠴᠡ ᠠᠷᠭ᠎ᠠ ᠬᠡᠮᠵᠢᠶ᠎ᠡ᠂ ᠬᠠᠷᠠᠯᠲᠠ ᠡᠭᠦᠷᠭᠡ᠂ ᠠᠷᠭ᠎ᠠ ᠬᠡᠯᠪᠡᠷᠢ ᠵᠡᠷᠭᠡ ᠲᠠᠯ᠎ᠠ ᠪᠠᠷ ᠶᠠᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠨ ᠦᠭᠭᠦᠭᠰᠡᠨ ᠵᠢᠷᠤᠭ ᠲᠥᠯᠥᠪᠯᠡᠭᠡ ᠶᠡᠷᠦᠩᠬᠡᠢ ᠬᠦᠲᠦᠯᠪᠦᠷᠢ ᠶᠢ ᠨᠡᠪᠲᠡᠷᠡᠳᠡᠯ᠎ᠡ ᠤᠢᠢᠯᠠᠭᠠᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠲᠠᠭᠠᠯᠲᠠ᠂ ᠲᠡᠮᠡᠴᠡᠬᠦ ᠬᠠᠷᠠᠯᠲᠠ᠂ ᠬᠥᠭᠵᠢᠯᠲᠡ ᠶᠢᠨ ᠵᠠᠮ ᠱᠣᠭᠤᠮ᠂ ᠭᠤᠤᠯᠳᠠᠯᠭ᠎ᠠ ᠲᠠᠢ ᠡᠭᠦᠷᠭᠡ ᠪᠣᠯᠤᠨ ᠨᠠᠮ ᠢ ᠬᠠᠮᠢᠶᠠᠷᠴᠤ ᠨᠠᠮ ᠢ ᠵᠠᠰᠠᠬᠤ᠂ ᠣᠶᠤᠨ ᠰᠠᠨᠠᠭᠠᠨ ᠤ ᠳᠦᠷᠰᠦ ᠪᠠᠶᠢᠳᠠᠯ ᠵᠡᠷᠭᠡ ᠶᠢᠨ ᠳᠣᠬᠠᠢ ᠴᠢᠬᠤᠯᠠ ᠥᠭᠦᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠬᠥᠮᠦᠵᠢᠯ ᠤᠨ ᠰᠢᠰᠲ᠋ᠧᠮᠲᠦ ᠴᠢᠨᠠᠷ ᠢᠶᠠᠨ ᠴᠢᠩᠭᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠯᠡᠬᠦ ᠴᠡᠭ ᠢᠶᠠᠨ ᠤᠨᠤᠪᠴᠢᠲᠠᠢ ᠡᠷᠢᠵᠦ᠂ ᠯᠠᠪᠳᠠᠭᠤᠨ ᠪᠠᠲᠤᠲᠠᠶ ᠠᠵᠢᠯᠯᠠᠵᠤ᠂ ᠰᠢᠷᠭᠠᠭᠤ ᠪᠦᠭᠡᠳ ᠪᠣᠳᠠᠲᠠᠶ ᠠᠵᠢᠯᠯᠠᠵᠤ᠂ ᠪᠦᠬᠦ ᠬᠦᠴᠦᠨ ᠢᠶᠠᠷ ᠢᠶᠠᠨ ᠥᠪᠥᠷ ᠮᠣᠩᠭᠤᠯ ᠤᠨ ᠤᠴᠢᠷ ᠶᠠᠪᠤᠳᠠᠯ ᠢᠶᠠᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠪᠦᠬᠦᠳᠡ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠤᠷᠳᠤ ᠬᠤᠭᠤᠴᠠᠭᠠᠨ ᠤ ᠶᠡᠭᠡ ᠬᠠᠨᠳᠤᠰᠢ ᠠᠴᠠ ᠤᠳᠤᠬᠠᠨ ᠤ ᠪᠠᠶᠢᠳᠠᠯ ᠢ ᠲᠠᠨᠢᠵᠤ᠂ ᠭᠦᠭᠵᠢᠯᠳᠠ ᠶᠢᠨ ᠱᠠᠳᠤ ᠪᠠ ᠪᠠᠶᠢᠳᠠᠯ ᠤᠨ ᠬᠤᠪᠢᠷᠠᠯᠳᠠ ᠶᠢ ᠭᠦᠨᠵᠡᠭᠡᠢ ᠬᠢᠨᠠᠨ ᠠᠵᠢᠭᠯᠠᠵᠣ᠂ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠳᠤ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠴᠢ ᠬᠤᠯᠪᠣᠭᠳᠠᠯ ᠪᠦᠬᠦᠢ ᠴᠢᠬᠤᠯᠠ ᠬᠠᠷᠢᠴᠠᠭ᠎ᠠ ᠶᠢ ᠦᠨᠡᠨ ᠬᠦ ᠲᠤᠳᠤᠷᠬᠠᠢᠢᠯᠠᠵᠤ᠂ ᠴᠢᠭᠯᠡᠯ ᠢᠶᠠᠨ ᠵᠦᠪ ᠪᠤᠯᠭᠠᠵᠤ᠂ ᠵᠦᠪ ᠵᠠᠮ ᠢᠶᠠᠷ ᠵᠠᠮᠨᠠᠵᠤ᠂ ᠨᠠᠩ ᠰᠠᠶᠢᠳᠤᠷ ᠭᠦᠭᠵᠢᠬᠦ ᠬᠡᠷᠡᠭᠳᠡᠢ᠃ ᠬᠤᠷᠳᠤᠴᠠ ᠪᠤᠯᠤᠨ ᠴᠢᠨᠠᠷ ᠴᠢᠨᠰᠠᠭ᠎ᠠ᠂ ᠦᠷ᠎ᠠ ᠠᠰᠢᠭ ᠤᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠠᠵᠤ ᠠᠬᠤᠢ ᠶᠢᠨ ᠭᠦᠭᠵᠢᠯᠳᠠ ᠶᠢᠨ ᠵᠤᠬᠰᠤᠴᠠ ᠶᠢ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠬᠦᠯᠬᠦ ᠲᠡᠭᠡᠷ᠎ᠠ ᠰᠢᠯᠵᠢᠬᠦᠯᠬᠦ ᠬᠡᠷᠡᠭᠳᠡᠢ︔ ᠠᠵᠤ ᠠᠬᠤᠢ ᠶᠢ ᠭᠦᠭᠵᠢᠬᠦᠯᠬᠦ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠨ᠂ ᠪᠤᠬᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠬᠡᠷᠡᠭᠳᠡᠢ︔ ᠤᠯᠠᠮᠵᠢᠯᠠᠯᠳᠦ ᠠᠵᠤ ᠦᠢᠯᠡᠰ ᠢ ᠪᠠᠬᠢᠵᠢᠬᠦᠯᠦᠨ ᠲᠡᠭᠡᠭᠰᠢᠯᠡᠬᠦᠯᠬᠦ ᠪᠠ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠠᠵᠤ ᠦᠢᠯᠡᠰ ᠢ ᠤᠷᠳᠤᠳᠬᠠᠬᠤ᠂ ᠠᠵᠤ ᠦᠢᠯᠡᠰ ᠢ ᠤᠯᠠᠨ ᠡᠰᠢᠵᠢᠭᠦᠯᠬᠦ ᠪᠠ ᠪᠦᠳᠦᠴᠡ ᠶᠢ ᠲᠡᠰ ᠲᠠᠪᠰᠢᠬᠦᠯᠬᠦ ᠶᠢ ᠬᠦᠴᠦᠯᠡᠨ ᠠᠬᠢᠭᠤᠯᠬᠤ ᠬᠡᠷᠡᠭᠳᠡᠢ︔ ᠨᠡᠮᠡᠭᠳᠡᠯ ᠢ ᠳᠠᠶᠢᠴᠢᠯᠠᠨ ᠲᠠᠭᠠᠭᠤᠯᠬᠤ ᠲᠦᠢᠯ ᠢ ᠪᠤᠶᠢᠵᠢᠭᠤᠯᠬᠤ ᠪᠠ ᠪᠦᠬᠦ ᠤᠷᠤᠨ ᠤ ᠭᠦᠭᠵᠢᠯᠳᠠ ᠶᠢᠨ ᠪᠦᠬᠦᠯᠢ ᠴᠣᠭᠴᠠᠳᠣ ᠴᠢᠨᠠᠷ ᠢ ᠴᠢᠩᠭᠠᠷᠠᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠲᠦᠪᠯᠡᠷᠡᠭᠦᠯᠵᠦ ᠨᠢᠭᠳᠠᠷᠠᠭᠤᠯᠵᠣ ᠡᠷᠴᠢᠮᠵᠢᠭᠦᠯᠵᠦ ᠭᠦᠭᠵᠢᠭᠦᠯᠬᠦ ᠳᠠᠯ᠎ᠠ ᠪᠠᠷ ᠰᠢᠪᠳᠤᠯᠤᠯᠳᠠ ᠲᠠᠢ ᠪᠣᠯᠬᠤ ᠶᠢ ᠰᠦᠪᠡᠭᠴᠢᠯᠠᠬᠦ ᠬᠡᠷᠡᠭᠳᠡᠢ︔ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠪᠠ ᠵᠠᠬ᠎ᠠ ᠲᠡᠯᠭᠡᠭᠦᠷ ᠤᠨ ᠭᠤᠤᠯ ᠴᠤᠬᠴᠠ ᠶᠢ ᠪᠤᠶᠢᠵᠢᠭᠤᠯᠬᠤ ᠶᠢᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠤᠷᠢᠯᠡᠵᠦ᠂ ᠣᠪᠣᠷ ᠲᠦᠪ ᠰᠤᠷᠳᠠᠯ ᠴᠢᠭᠡᠴᠢ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠮᠢ ᠠᠬᠤᠢ ᠶᠢ ᠡᠭᠦᠳᠴᠦ᠂ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠭᠦᠭᠵᠢᠯᠳᠠ ᠶᠢ ᠨᠠᠩ ᠰᠠᠶᠢᠳᠤᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
8 ᠰᠠᠷ᠎ᠠ ᠶᠢᠨ 15 ᠤ ᠡᠳᠤᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠡᠯ᠎ᠡ ᠵᠦᠢᠯ ᠤᠨ ᠰᠢᠢᠳᠪᠦᠷᠢ ᠶᠢ ᠪᠠᠳᠤᠯᠠᠪᠠ᠃
ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ
ᠪᠦᠭᠦᠳᠡ ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠡᠷᠭᠡᠪᠰᠢ ᠠᠵᠢᠯᠯᠠᠭ᠎ᠠ ᠲᠡᠭᠡᠷ᠎ᠠ ᠪᠠᠨ ᠨᠠᠶᠢᠳᠠᠪᠤᠷᠢᠵᠢᠭᠤᠯᠵᠤ᠂ ᠭᠦᠭᠵᠢᠯᠳᠠ ᠲᠤᠮᠳᠠ ᠪᠠᠨ ᠢᠯᠡᠷᠡᠬᠦᠯᠬᠦ ᠬᠡᠷᠡᠭᠳᠡᠢ᠃ ᠤᠳᠤᠬᠠᠨ ᠳᠤ᠂ ᠦᠪᠦᠷ ᠮᠤᠩᠭᠤᠯ ᠤᠨ ᠭᠦᠭᠵᠢᠯᠳᠠ ᠮᠦᠨᠬᠦ ᠶᠡᠭᠡ ᠠᠮᠵᠢᠯᠳᠠ ᠪᠦᠳᠦᠮᠵᠢ ᠭᠠᠷᠭᠠᠵᠤ ᠪᠤᠯᠬᠤ ᠴᠢᠬᠤᠯᠠ ᠠᠵᠨ ᠲᠤᠬᠢᠶᠠᠯᠳᠣ ᠬᠤᠭᠤᠴᠠᠭ᠎ᠠ ᠳᠤ ᠤᠷᠤᠰᠢᠵᠣ ᠪᠣᠢ᠃ ᠮᠠᠨ ᠤ ᠤᠯᠤᠰ ᠤᠨ ᠭᠦᠭᠵᠢᠯᠳᠠ ᠶᠢᠨ ᠭᠠᠳᠠᠭᠠᠳᠤ ᠤᠷᠴᠢᠨ ᠲᠤᠭᠤᠷᠢᠨ ᠤ ᠭᠦᠨᠵᠡᠭᠡᠢ ᠬᠤᠪᠢᠷᠠᠯᠳᠠ ᠪᠠ ᠠᠵᠤ ᠠᠬᠤᠢ ᠴᠢᠨᠠᠷ ᠰᠠᠶᠢᠳᠠᠢ ᠭᠦᠭᠵᠢᠬᠦ ᠱᠠᠳᠤ ᠵᠦᠭ ᠰᠢᠯᠵᠢᠵᠦ ᠪᠠᠶᠢᠭ᠎ᠠ ᠭᠦᠨᠵᠡᠭᠡᠢ ᠨᠦᠯᠦᠭᠡ ᠶᠢ ᠰᠡᠷᠭᠡᠭ ᠢᠶᠠᠷ ᠲᠠᠨᠢᠵᠤ᠂ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠪᠠᠶᠢᠳᠠᠯ᠂ ᠡᠭᠦᠷᠭᠡ ᠪᠠ ᠠᠷᠭ᠎ᠠ ᠵᠠᠮ ᠢ ᠤᠨᠤᠪᠴᠢᠳᠠᠢ ᠡᠵᠡᠮᠰᠢᠵᠦ᠂ ᠨᠠᠮ ᠤᠨ ᠲᠦᠪ ᠬᠤᠷᠢᠶ᠎ᠠ ᠶᠢᠨ ᠰᠢᠨ᠎ᠠ ᠨᠢᠭᠡ ᠡᠭᠡᠯᠵᠢ ᠶᠢᠨ ᠵᠡᠬᠦᠨ ᠬᠤᠶᠢᠳᠦ ᠤᠷᠤᠨ ᠢ ᠮᠠᠨᠳᠤᠭᠤᠯᠬᠤ ᠶᠢ ᠠᠬᠢᠭᠤᠯᠵᠣ ᠪᠠᠶᠢᠭ᠎ᠠ᠂ ᠪᠠᠷᠠᠭᠤᠨ ᠤᠷᠤᠨ ᠢ ᠶᠡᠭᠡ ᠪᠠᠷ ᠨᠡᠭᠡᠭᠡᠨ ᠭᠦᠭᠵᠢᠬᠦᠯᠵᠦ ᠪᠠᠶᠢᠭ᠎ᠠ᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠤᠨ ᠭᠦᠭᠵᠢᠬᠦᠯᠵᠦ ᠪᠠᠶᠢᠭ᠎ᠠ᠂ 《ᠨᠢᠭᠡ ᠪᠦᠰᠡ ᠨᠢᠭᠡ ᠵᠠᠮ》ᠢ ᠬᠠᠮᠳᠤ ᠪᠠᠷ ᠪᠦᠳᠦᠭᠡᠨ ᠪᠠᠶᠢᠭᠤᠯᠵᠣ ᠪᠠᠶᠢᠭ᠎ᠠ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠡᠵᠡᠮᠳᠡᠵᠦ᠂ ᠦᠪᠦᠷ ᠮᠤᠩᠭᠤᠯ ᠤᠨ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠬᠦᠴᠦᠯᠡᠨ ᠨᠡᠭᠡᠭᠡᠭᠦ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠰᠢᠨ᠎ᠠ ᠭᠦᠭᠵᠢᠯᠳᠠ ᠶᠢᠨ ᠤᠢᠢᠯᠠᠭᠠᠬᠳᠠᠬᠤᠨ ᠢ ᠨᠠᠶᠢᠳᠠᠪᠤᠷᠢᠵᠢᠭᠤᠯᠵᠤ᠂ ᠨᠡᠮᠡᠭᠳᠡᠯ ᠢ ᠳᠣᠭᠳᠠᠪᠣᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ᠂ ᠲᠦᠭᠰᠢᠬᠦᠷᠢ ᠶᠢ ᠰᠡᠷᠭᠡᠶᠢᠯᠡᠬᠦ᠂ ᠲᠤᠬᠳᠠᠭᠤᠨ ᠢ ᠪᠠᠳᠤᠯᠠᠬᠤ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠴᠢᠩᠭᠠᠷᠠᠭᠤᠯᠵᠤ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠭᠦᠭᠵᠢᠬᠦ ᠪᠠ ᠨᠠᠶᠢᠭᠡᠮ ᠤᠨ ᠶᠡᠭᠡ ᠲᠠᠯ᠎ᠠ ᠶᠢᠨ ᠲᠤᠬᠳᠠᠭᠤᠨ ᠢ ᠪᠠᠳᠤᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃
ᠪᠦᠬᠦᠳᠡ ᠬᠤᠷᠠᠯ ᠠᠴᠠ᠂ ᠮᠠᠨ ᠤ ᠤᠷᠤᠨ ᠤ ᠠᠵᠤ ᠠᠬᠤᠢ ᠨᠢᠭᠡᠨᠳᠠ ᠲᠤᠬᠢᠷᠠᠭᠤᠯᠤᠨ ᠬᠡᠯᠪᠡᠷᠢ ᠪᠠᠨ ᠬᠤᠪᠢᠷᠠᠭᠤᠯᠪᠠᠯ ᠰᠠᠶᠢ ᠦᠷᠬᠦᠯᠵᠢᠯᠡᠨ ᠡᠷᠡᠬᠦᠯ ᠢᠶᠠᠷ ᠭᠦᠭᠵᠢᠬᠦ ᠵᠠᠩᠭᠢᠯᠠᠭ᠎ᠠ ᠶᠢᠨ ᠱᠠᠳᠤᠨ ᠳᠤ ᠣᠷᠣᠵᠠᠢ᠂ 《ᠪᠠᠬᠢᠵᠢᠬᠦᠯᠬᠦ᠂ ᠴᠢᠩᠭᠠᠷᠠᠭᠤᠯᠬᠤ᠂ ᠲᠡᠭᠡᠭᠰᠢᠯᠡᠬᠦᠯᠬᠦ᠂ ᠰᠢᠯᠣᠭᠤᠳᠬᠠᠬᠤ》 ᠴᠢᠭᠯᠡᠯᠳᠠ ᠶᠢ ᠬᠢᠨᠠᠮᠠᠭᠠᠢ ᠲᠤᠭᠤᠰᠢᠯᠠᠭᠤᠯᠵᠤ᠂ ᠲᠤᠳᠠᠭᠤᠳᠠᠯ ᠢᠶᠠᠨ ᠨᠦᠬᠦᠪᠦᠷᠢᠯᠡᠬᠦ ᠳᠤ ᠠᠩᠬᠠᠷᠣᠯ ᠢᠶᠠᠨ ᠲᠦᠪᠯᠡᠷᠡᠭᠦᠯᠵᠦ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠦᠨ ᠵᠠᠬ᠎ᠠ ᠲᠡᠯᠭᠡᠭᠦᠷ ᠤᠨ ᠭᠤᠤᠯ ᠴᠤᠬᠴᠠ ᠶᠢᠨ ᠭᠦᠭᠵᠢᠯᠳᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠣ᠂ ᠬᠠᠷᠢᠴᠠᠭᠤᠯᠤᠬᠰᠠᠨ ᠲᠠᠪᠠᠭᠤᠯᠢᠭ ᠢᠶᠠᠨ ᠪᠠᠳᠠᠷᠠᠭᠤᠯᠣᠨ ᠠᠵᠤ ᠦᠢᠯᠡᠰ ᠤᠨ ᠬᠡᠯᠬᠢᠶ᠎ᠠ ᠶᠢᠨ ᠲᠦᠪᠰᠢᠨ ᠢᠶᠠᠨ ᠲᠡᠭᠡᠭᠰᠢᠯᠡᠬᠦᠯᠵᠦ᠂ ᠬᠦᠴᠦᠨ ᠵᠢᠭᠡᠯᠡᠨ ᠭᠦᠭᠵᠢᠬᠦ ᠳᠤ ᠬᠠᠷᠠᠭ᠎ᠠ ᠳᠠᠯᠪᠢᠨ ᠠᠵᠤ ᠠᠬᠤᠢ ᠶᠢᠨ ᠡᠷᠬᠢᠯᠳᠡ ᠪᠠᠨ ᠰᠢᠯᠣᠭᠤᠳᠬᠠᠵᠣ᠂ ᠪᠤᠬᠢᠷᠳᠣᠯ ᠦᠭᠡᠢ ᠬᠦᠭᠵᠢᠯᠳᠡ ᠪᠠᠷ ᠬᠦᠳᠦᠯᠦᠨ ᠲᠠᠭᠠᠭᠤᠯᠬᠤ ᠶᠢ ᠪᠠᠷᠢᠮᠳᠠᠯᠠᠵᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠵᠤ᠂ ᠪᠤᠳᠠᠳᠠᠢ ᠠᠴᠠ ᠪᠠᠨ ᠡᠭᠦᠰᠦᠨ ᠬᠤᠳᠠ ᠬᠦᠳᠡᠭᠡ ᠤᠷᠤᠨ ᠪᠦᠰᠡ ᠶᠢᠨ ᠵᠤᠬᠢᠴᠠᠩᠭᠤᠢ ᠭᠦᠭᠵᠢᠯᠳᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ ᠳᠠᠯ᠎ᠠ ᠪᠠᠷ ᠰᠢᠨ᠎ᠠ ᠨᠠᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠬᠤ ᠬᠡᠷᠡᠭᠳᠡᠢ᠃ ᠭᠤᠤᠯ ᠵᠦᠷᠢᠴᠡᠯ ᠢ ᠠᠳᠬᠤᠵᠤ᠂ ᠭᠤᠤᠯᠳᠠᠯᠭ᠎ᠠ ᠲᠠᠢ ᠡᠭᠦᠷᠭᠡ ᠶᠢ ᠪᠤᠭᠤᠮᠳᠠ ᠰᠢᠪᠳᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠦᠨᠳᠦᠷ ᠪᠦᠳᠦᠮᠵᠢᠳᠡᠢ ᠪᠠᠶᠢᠬᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠵᠤ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠠ ᠦᠵᠡᠬᠦᠯᠬᠦ ᠤᠷᠤᠨ ᠢ ᠴᠤᠬᠴᠠᠯᠠᠵᠤ᠂ ᠰᠢᠨ᠎ᠠ ᠠᠵᠤ ᠦᠢᠯᠡᠰ ᠰᠢᠨ᠎ᠠ ᠬᠦᠳᠡᠯᠭᠡᠭᠦ ᠡᠨᠧᠷᠬᠢ ᠶᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠲᠤᠯᠭᠠᠭᠤᠷᠢ ᠠᠵᠤ ᠦᠢᠯᠡᠰ ᠢ ᠪᠤᠵᠠᠭᠠᠢᠢᠷᠠᠭᠤᠯᠵᠤ᠂ ᠤᠳᠤ ᠦᠶ᠎ᠡ ᠶᠢᠨ ᠰᠠᠭᠤᠷᠢ ᠲᠦᠭᠦᠭᠡᠷᠦᠮᠵᠢ ᠶᠢᠨ ᠲᠤᠤᠷ ᠤᠨ ᠰᠢᠰᠲ᠋ᠧᠮ ᠢ ᠴᠣᠭᠴᠠᠯᠠᠵᠣ᠂ ᠰᠢᠨᠵᠢᠯᠡᠬᠦ ᠣᠬᠠᠭᠠᠨ ᠲᠧᠭ᠌ᠨᠢᠭ ᠮᠡᠷᠭᠡᠵᠢᠯ ᠤᠨ ᠰᠢᠨ᠎ᠠ ᠶᠢ ᠡᠭᠦᠳᠭᠦ ᠴᠢᠳᠠᠪᠤᠷᠢ ᠪᠠ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠦᠨᠳᠦᠷ ᠬᠡᠪ ᠪᠤᠯᠪᠠᠰᠤᠷᠠᠯ ᠲᠠᠢ ᠴᠢᠳᠠᠪᠤᠷᠢᠳᠠᠨ ᠢ ᠲᠦᠷᠭᠡᠳᠭᠡᠨ ᠴᠤᠬᠯᠠᠷᠠᠭᠤᠯᠵᠤ᠂ ᠲᠦᠪᠯᠡᠷᠡᠬᠦᠯᠵᠦ ᠨᠢᠭᠳᠠᠷᠠᠭᠤᠯᠵᠣ ᠡᠷᠴᠢᠮᠵᠢᠭᠦᠯᠵᠦ ᠭᠦᠭᠵᠢᠭᠦᠯᠬᠦ ᠶᠢ ᠪᠠᠷᠢᠮᠳᠠᠯᠠᠵᠤ᠂ ᠶᠡᠭᠡ ᠲᠤᠮᠳᠠ ᠵᠢᠵᠢᠭ ᠬᠤᠳᠠ ᠪᠠ ᠵᠢᠵᠢᠭ ᠬᠤᠳᠠ ᠪᠠᠯᠭᠠᠰᠤ ᠶᠢᠨ ᠵᠤᠬᠢᠴᠠᠩᠭᠤᠢ ᠪᠠᠷ ᠭᠦᠭᠵᠢᠬᠦ ᠶᠢ ᠠᠬᠢᠭᠤᠯᠵᠤ᠂ ᠬᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠶᠢ ᠠᠬᠢᠭᠤᠯᠵᠤ᠂ ᠦᠷᠢᠰᠦᠯᠳᠦᠬᠦ ᠬᠦᠴᠦᠨ ᠲᠠᠢ ᠨᠡᠮᠡᠭᠳᠡᠯ ᠢᠶᠠᠷ ᠳᠠᠶᠢᠴᠢᠯᠠᠨ ᠲᠠᠭᠠᠭᠤᠯᠬᠤ ᠲᠦᠢᠯ ᠢ ᠴᠤᠬᠴᠠᠯᠠᠵᠤ᠂ ᠵᠦᠢ ᠵᠤᠬᠢᠰᠳᠠᠢ ᠠᠵᠤ ᠠᠬᠤᠢ ᠶᠢᠨ ᠨᠡᠮᠡᠭᠳᠡᠯ ᠢᠶᠠᠨ ᠪᠠᠳᠤᠯᠠᠵᠤ᠂ ᠭᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ᠂ ᠭᠦᠭᠵᠢᠯᠳᠡ ᠶᠢᠨ ᠬᠦᠳᠡᠯᠭᠡᠭᠦ ᠡᠨᠧᠷᠬᠢ ᠶᠢ ᠬᠤᠪᠢᠷᠠᠭᠤᠯᠬᠤ᠂ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠲᠡᠭᠡᠭᠰᠢᠯᠡᠬᠦᠯᠬᠦ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠪᠦᠭᠦᠳᠠ ᠬᠤᠷᠠᠯ ᠠᠴᠠ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠭᠦ ᠪᠤᠯ ᠨᠠᠮ ᠤᠨ ᠲᠦᠪ ᠬᠤᠷᠢᠶ᠎ᠠ ᠠᠴᠠ ᠰᠢᠨ᠎ᠠ ᠴᠠᠬ ᠦᠶ᠎ᠠ ᠶᠢᠨ ᠦᠪᠤᠷ ᠮᠤᠩᠭᠤᠯ ᠤᠨ ᠬᠦᠭᠵᠢᠯᠳᠠ ᠳᠤ ᠲᠠᠯᠪᠢᠬᠰᠠᠨ ᠬᠦᠰᠡᠯ ᠱᠠᠭᠠᠷᠳᠠᠯᠭ᠎ᠠ ᠪᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦᠨ ᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠬᠢᠵᠢᠬᠦᠯᠬᠦ ᠬᠠᠷᠠᠯᠳᠠ ᠪᠤᠯᠭᠠᠵᠦ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠲᠤᠷᠰᠢᠯᠳᠠ ᠶᠢᠨ ᠤᠷᠤᠨ ᠢ ᠡᠭᠦᠳᠤᠨ ᠪᠠᠶᠢᠭᠤᠯᠬᠤ ᠪᠠᠷ ᠭᠠᠷᠳᠠᠴᠠ ᠪᠤᠯᠭᠠᠵᠦ᠂ ᠴᠢᠨᠠᠷ ᠰᠠᠶᠢᠳᠠᠢ ᠬᠦᠭᠵᠢᠯᠳᠠ ᠶᠢᠨ ᠲᠤᠮᠳᠠ ᠦᠨᠳᠤᠷ ᠲᠦᠪᠰᠢᠨ ᠪᠦᠭᠦᠢ ᠬᠠᠮᠠᠭᠠᠯᠠᠯᠳᠠ ᠶᠢ ᠠᠬᠢᠭᠤᠯᠵᠦ᠂ ᠦᠨᠳᠤᠷ ᠲᠦᠪᠰᠢᠨ ᠪᠦᠭᠦᠢ ᠬᠠᠮᠠᠭᠠᠯᠠᠯᠳᠠ ᠶᠢᠨ ᠲᠤᠮᠳᠠ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠬᠡᠷᠡᠭᠳᠡᠢ᠃ ᠭᠤᠤᠯ ᠴᠤᠬᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠢᠳᠡᠪᠭᠢᠳᠠᠢ ᠬᠡᠷᠡᠭᠵᠢᠭᠦᠯᠵᠦ᠂ ᠲᠠᠯ᠎ᠠ ᠨᠤᠳᠤᠬ᠂ ᠤᠢ ᠰᠢᠭᠤᠢ ᠶᠢᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠦ᠂ ᠭᠠᠵᠠᠷ ᠰᠢᠷᠤᠢ ᠶᠢᠨ ᠡᠯᠡᠰᠦᠷᠭᠡᠭᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠤᠰᠤᠨ ᠤ ᠡᠭᠢ ᠪᠠᠶᠠᠯᠢᠭ ᠢ ᠪᠠᠲᠤ ᠬᠠᠮᠠᠭᠠᠯᠠᠨ ᠰᠢᠨᠵᠢᠯᠡᠭᠦ ᠤᠬᠠᠭᠠᠨᠴᠢ ᠪᠠᠷ ᠠᠰᠢᠬᠯᠠᠵᠦ᠂ ᠴᠡᠩᠭᠡᠷ ᠲᠡᠭᠷᠢ᠂ ᠴᠡᠩᠬᠡᠭ ᠤᠰᠤ᠂ ᠪᠤᠬᠢᠷᠳᠤᠯ ᠦᠭᠡᠢ ᠭᠠᠵᠠᠷ ᠰᠢᠷᠤᠢ ᠶᠢᠨ ᠬᠠᠮᠠᠭᠠᠯᠠᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ ᠪᠤᠬᠢᠷᠳᠤᠯ ᠦᠭᠡᠢ ᠬᠦᠭᠵᠢᠯᠳᠠ ᠶᠢᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠤᠳ ᠢ ᠦᠡᠭᠭᠡᠨ ᠲᠠᠯ᠎ᠠ ᠬᠢᠭᠡᠳ ᠤᠭ ᠦᠨᠳᠦᠰᠦ ᠠᠴᠠ ᠨᠢ ᠰᠢᠢᠳᠪᠤᠷᠢᠯᠡᠵᠤ᠂ ᠦᠪᠤᠷ ᠮᠤᠩᠭᠤᠯ ᠤᠨ ᠢᠶᠠᠨ ᠬᠦᠭᠡᠮᠳᠦᠭ ᠨᠤᠭᠤᠭᠠᠨ᠂ ᠬᠦᠭᠡ ᠴᠡᠩᠭᠡᠷ᠂ ᠴᠡᠪᠡᠷ ᠠᠷᠢᠭᠤᠨ ᠢ ᠰᠠᠶᠢᠳᠤᠷ ᠬᠠᠮᠠᠭᠠᠯᠠᠵᠦ᠂ ᠪᠦᠭᠦ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠪᠠ᠃
ᠪᠦᠭᠦᠳᠡ ᠬᠤᠷᠠᠯ ᠠᠴᠠ᠂ ᠦᠭᠡᠷᠡᠴᠢᠯᠡᠯᠳᠡ ᠨᠡᠭᠡᠭᠡᠯᠳᠡ ᠬᠢᠬᠦ ᠶᠢ ᠭᠤᠶᠢᠪᠢᠰᠢ ᠦᠭᠡᠢ ᠬᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠶᠡᠭᠡ ᠪᠠᠷ ᠰᠠᠶᠢᠵᠢᠷᠠᠭᠤᠯᠵᠦ᠂ ᠵᠠᠬ᠎ᠠ ᠲᠡᠯᠭᠡᠭᠦᠷ ᠤᠨ ᠭᠤᠤᠯ ᠴᠤᠬᠴᠠ ᠶᠢ ᠪᠤᠶᠢᠵᠢᠭᠤᠯᠤᠨ ᠪᠤᠵᠠᠭᠠᠢᠢᠷᠠᠭᠤᠯᠵᠦ᠂ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠦ᠂ ᠴᠢᠬᠤᠯᠠ ᠬᠦᠴᠦᠨ ᠵᠦᠢᠯ ᠤᠨ ᠵᠠᠬ᠎ᠠ ᠲᠡᠯᠭᠡᠭᠦᠷᠴᠢᠯᠠᠯᠳᠠ ᠶᠢᠨ ᠲᠦᠭᠦᠷᠵᠢᠯᠳᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠨᠭ᠍ᠭᠢᠯ ᠤᠨ ᠪᠦᠲᠦᠭᠡᠨ ᠪᠠᠶᠢᠭᠤᠯᠤᠯᠳᠠ ᠳᠤ ᠬᠦᠨᠵᠡᠭᠡᠢ ᠤᠷᠤᠯᠴᠠᠨ᠂ ᠤᠯᠤᠰ ᠤᠨ ᠲᠤᠳᠤᠭᠠᠳᠤ ᠪᠠ ᠲᠡᠯᠡᠭᠡᠢ ᠶᠢᠨ ᠵᠠᠬ᠎ᠠ ᠲᠡᠯᠭᠡᠭᠦᠷ ᠲᠤ ᠪᠦᠭᠦ ᠲᠠᠯ᠎ᠠ ᠪᠠᠷ ᠠᠭᠤᠰᠤᠯᠴᠠᠵᠦ᠂ ᠬᠦᠭᠵᠢᠯᠳᠠ ᠶᠢᠨ ᠬᠦᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠬᠠᠷᠰᠢᠯᠠᠵᠦ ᠪᠠᠶᠢᠭ᠎ᠠ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠲᠦᠷᠭᠡᠨ ᠡᠪᠳᠡᠵᠦ᠂ ᠡᠭᠢ ᠪᠠᠶᠠᠯᠢᠭ ᠤᠨ ᠲᠦᠭᠦᠷᠵᠢᠯᠳᠡ ᠲᠤᠮᠳᠡᠭᠢ ᠵᠠᠬ᠎ᠠ ᠲᠡᠯᠭᠡᠭᠦᠷ ᠤᠨ ᠰᠢᠢᠳᠪᠤᠷᠢᠯᠡᠭᠦ ᠴᠢᠨᠠᠷᠳᠠᠢ ᠦᠢᠯᠡᠳᠤᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠳᠤᠯ ᠢ ᠨᠡᠩ ᠰᠠᠶᠢᠳᠤᠷ ᠪᠠᠳᠠᠷᠠᠭᠤᠯᠤᠨ᠂ ᠦᠭᠡᠷᠡᠴᠢᠯᠡᠯᠳᠡ ᠨᠡᠭᠡᠭᠡᠯᠳᠡ ᠶᠢᠨ ᠦᠷ᠎ᠠ ᠠᠰᠢᠭ ᠢ ᠲᠠᠰᠤᠷᠠᠯᠳᠠ ᠦᠭᠡᠢ ᠭᠠᠷᠭᠠᠬᠤ ᠬᠡᠷᠡᠭᠳᠡᠢ ᠭᠡᠵᠦ ᠴᠢᠬᠤᠯᠠᠴᠢᠯᠠᠪᠠ᠃
ᠪᠦᠭᠦᠳᠡ ᠬᠤᠷᠠᠯ ᠠᠴᠠ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠭᠦᠯᠭᠦ ᠪᠤᠯ ᠬᠦᠭᠵᠢᠯᠳᠠ ᠶᠢᠨ ᠦᠨᠳᠤᠰᠦᠨ ᠬᠠᠷᠠᠯᠳᠠ ᠮᠦᠨ᠂ ᠬᠠᠮᠳᠤ ᠪᠠᠷ ᠡᠳ᠋ᠯᠡᠭᠦ ᠬᠦᠭᠵᠢᠯᠳᠠ ᠶᠢᠨ ᠤᠢᠢᠯᠠᠭᠠᠬᠳᠠᠬᠤᠨ ᠢ ᠬᠢᠨᠠᠮᠠᠭᠠᠢ ᠦᠢᠯᠡᠳᠦᠯᠭᠡᠵᠢᠭᠦᠯᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠬᠠᠷᠠᠯᠳᠠ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠨᠠᠶᠢᠭᠡᠮ ᠤᠨ ᠵᠠᠰᠠᠯᠳᠠ ᠶᠢ ᠴᠢᠩᠭᠠᠳᠬᠠᠵᠦ᠂ ᠬᠤᠷᠢᠭ᠎ᠠ ᠱᠤᠭᠤᠮ ᠢ ᠰᠠᠬᠢᠵᠤ᠂ ᠦᠨᠳᠦᠰᠦᠨ ᠵᠦᠢᠯ ᠢ ᠪᠠᠳᠤᠯᠠᠵᠦ᠂ ᠲᠤᠳᠠᠭᠤᠳᠠᠯ ᠢ ᠨᠦᠭᠦᠪᠦᠷᠢᠯᠡᠵᠤ᠂ ᠪᠠᠭᠤᠷᠠᠢ ᠲᠠᠯ᠎ᠠ ᠶᠢ ᠬᠦᠴᠤᠷᠭᠡᠭᠵᠢᠬᠦᠯᠵᠤ᠂ ᠪᠦᠯᠭᠦᠮᠳᠡᠯ ᠲᠠᠢ ᠡᠶ᠎ᠡ ᠵᠤᠬᠢᠴᠠᠩᠭᠤᠢ ᠠᠮᠤᠷ ᠲᠤᠬᠳᠠᠭᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠬᠦᠯᠤᠨ ᠬᠦᠭᠵᠢᠭᠦᠯᠭᠦ ᠬᠡᠷᠡᠭᠳᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠯᠭᠦᠮᠳᠠᠯ ᠢ ᠨᠢᠬᠳᠠᠷᠠᠭᠤᠯᠬᠤ᠂ ᠲᠤᠬᠳᠠᠭᠤᠨ ᠢ ᠬᠠᠮᠠᠭᠠᠯᠠᠬᠤ ᠡᠯ᠎ᠠ ᠵᠦᠢᠯ ᠤᠨ ᠠᠵᠢᠯ ᠢ ᠨᠠᠷᠢᠨ ᠨᠢᠮᠪᠠᠢ ᠰᠠᠶᠢᠳᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠢᠯᠡᠯᠳᠠ ᠶᠢ ᠲᠠᠮᠠᠴᠡᠨ ᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠳᠠᠢ ᠴᠢᠨᠠᠷᠳᠠᠢ᠂ ᠦᠨᠳᠤᠰᠤᠨ ᠴᠢᠨᠠᠷᠳᠠᠢ ᠠᠷᠠᠳ ᠤᠨ ᠠᠮᠢᠳᠤᠷᠠᠯ ᠤᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ᠰᠤᠷᠭᠠᠨ ᠬᠦᠮᠦᠵᠢᠯ᠂ ᠠᠵᠢᠯ ᠤᠯᠭᠤᠯᠳᠠ᠂ ᠨᠡᠶᠢᠭᠡᠮ ᠤᠨ ᠪᠠᠳᠤᠯᠠᠭ᠎ᠠ᠂ ᠡᠮ ᠡᠮᠨᠡᠯᠭᠡ᠂ ᠤᠷᠤᠨ ᠰᠠᠭᠤᠴᠠ ᠵᠡᠷᠭᠡ ᠡᠯ᠎ᠠ ᠲᠠᠯ᠎ᠠ ᠳᠤ ᠤᠷᠤᠰᠢᠵᠦ ᠪᠠᠶᠢᠬᠤ ᠲᠤᠪᠤᠶᠢᠮ᠎ᠠ ᠠᠰᠠᠭᠤᠳᠠᠯ ᠪᠠ ᠪᠠᠴᠢᠮ ᠲᠤᠯᠭᠠᠮ᠎ᠠ ᠠᠰᠠᠭᠤᠳᠠᠯ ᠢ ᠬᠦᠴᠦᠯᠠᠨ ᠰᠢᠢᠳᠪᠤᠷᠢᠯᠡᠵᠦ᠂ ᠦᠨᠳᠦᠰᠦᠳᠡᠨ ᠤ ᠪᠦᠯᠭᠦᠮᠳᠠᠯ ᠤᠨ ᠠᠵᠢᠯ ᠢ ᠦᠷᠭᠦᠯᠵᠢᠯᠠᠨ ᠰᠠᠶᠢᠳᠤᠷ ᠬᠢᠵᠦ᠂ ᠰᠢᠨ᠎ᠠ ᠴᠠᠬ ᠦᠶ᠎ᠠ ᠳᠤ ᠵᠢᠱᠢᠶᠡᠴᠢ ᠦᠪᠡᠷᠳᠡᠭᠡᠨ ᠵᠠᠰᠠᠬᠤ ᠤᠷᠤᠨ ᠤ ᠡᠷᠭᠢᠮ ᠲᠡᠭᠡᠳᠤ ᠢᠷᠠᠭᠤ ᠠᠯᠳᠠᠷ ᠢᠶᠠᠨ ᠦᠷᠭᠦᠯᠵᠢᠯᠠᠨ ᠪᠠᠳᠤᠯᠠᠵᠦ᠂ ᠡᠯ᠎ᠠ ᠵᠦᠢᠯ ᠤᠨ ᠠᠮᠤᠷ ᠲᠦᠪᠰᠢᠨ ᠲᠤᠬᠳᠠᠭᠤᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢ ᠡᠷᠡᠰ ᠴᠢᠩᠭ᠎ᠠ ᠢᠳᠡ ᠬᠦᠴᠦᠨ ᠲᠠᠢ ᠰᠡᠷᠭᠡᠶᠢᠯᠡᠨ ᠨᠠᠮᠳᠠᠭᠠᠵᠦ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠬᠦᠯᠵᠤ᠂ ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠲᠦᠮᠵᠢ ᠶᠢ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠡᠳ᠋ᠯᠡᠭᠦᠯᠤᠨ᠂ ᠦᠨᠳᠦᠰᠦᠳᠡᠨ ᠤ ᠪᠦᠯᠭᠦᠮᠳᠠᠯ ᠤᠨ ᠴᠡᠴᠡᠭᠡᠰ ᠢ ᠦᠨᠢᠳᠠ ᠴᠡᠴᠡᠭᠯᠡᠬᠦᠯᠤᠨ᠂ ᠬᠢᠯᠢ ᠬᠢᠵᠠᠭᠠᠷ ᠤᠨ ᠠᠮᠤᠷ ᠲᠤᠬᠳᠠᠭᠤᠨ ᠢ ᠡᠬᠦᠷᠢᠳᠠ ᠪᠠᠳᠤᠯᠠᠬᠤ ᠬᠡᠷᠡᠭᠳᠡᠢ ᠭᠡᠵᠦ ᠵᠢᠭᠠᠵᠦ ᠭᠠᠷᠭᠠᠪᠠ᠃
ᠪᠦᠭᠦᠳᠡ ᠬᠤᠷᠠᠯ ᠠᠴᠠ᠂ 《ᠤᠬ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ》 ᠭᠤᠤᠯ ᠰᠡᠳᠦᠪᠳᠤ ᠬᠦᠮᠦᠵᠢᠯ ᠢ ᠯᠠᠪᠳᠠᠭᠤᠨ ᠪᠠᠳᠤᠳᠠᠢ ᠦᠷᠨᠢᠭᠦᠯᠵᠦ᠂ ᠶᠡᠷᠦᠩᠭᠡᠢ ᠱᠦᠵᠢ ᠰᠢ ᠶᠢᠨ ᠫᠢᠡᠭ ᠤᠨ 《ᠭᠤᠷᠪᠠᠨ ᠡᠷᠭᠡᠪᠰᠢ》 《ᠲᠦᠷᠪᠡ ᠶᠢ ᠪᠤᠳᠠᠳᠠᠶᠢᠵᠢᠭᠤᠯᠬᠤ》 ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠤᠬ ᠰᠠᠨᠠᠭ᠎ᠠ ᠪᠠᠨ ᠰᠠᠬᠢᠵᠦ᠂ ᠡᠬᠦᠷᠭᠡ ᠬᠠᠷᠢᠭᠤᠴᠠᠯᠭ᠎ᠠ ᠡᠭᠦᠷᠭᠡᠯᠡᠨ᠂ ᠵᠦᠷᠢᠶ᠎ᠠ ᠪᠠᠨ ᠡᠷᠢᠵᠦ᠂ ᠨᠠᠶᠢᠳᠠᠪᠤᠷᠢᠵᠢᠭᠤᠯᠤᠯᠳᠠ ᠶᠢ ᠠᠳᠬᠤᠬᠤ》 ᠶᠡᠷᠦᠩᠭᠡᠢ ᠱᠠᠭᠠᠷᠳᠠᠯᠭ᠎ᠠ ᠶᠢ ᠪᠦᠭᠦ ᠲᠠᠯ᠎ᠠ ᠪᠠᠷ ᠡᠵᠡᠮᠰᠢᠵᠦ᠂
ᠤᠬ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ ᠶᠢ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠮᠦᠡᠭᠭᠡ ᠶᠢᠨ ᠰᠡᠳᠦᠪ ᠪᠤᠯᠭᠠᠵᠦ᠂ ᠪᠦᠭᠦ ᠨᠠᠮ ᠤᠨ ᠭᠡᠰᠢᠭᠦᠨ ᠺᠠᠳ᠋ᠷ ᠤᠨ ᠨᠠᠰᠤᠨ ᠲᠤᠷᠰᠢᠳᠠ ᠶᠢᠨ ᠰᠡᠳᠦᠪ ᠪᠤᠯᠭᠠᠵᠤ᠂ ᠠᠰᠠᠭᠤᠳᠠᠯ ᠳᠤ ᠵᠦᠪ ᠢᠶᠠᠷ ᠬᠠᠨᠳᠤᠬᠤ ᠤᠬᠠᠮᠰᠠᠷ ᠪᠠ ᠬᠢᠳᠤᠭᠠᠨ ᠢᠷ ᠢ ᠲᠤᠳᠤᠬᠰᠢ ᠬᠠᠨᠳᠤᠭᠤᠯᠬᠤ ᠵᠤᠷᠢᠭ ᠰᠦᠰᠦ ᠶᠢ ᠡᠪᠤᠷᠯᠡᠨ᠂ ᠤᠬ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠠᠴᠠ ᠲᠡᠷᠰᠯᠡᠭᠰᠡᠨ ᠡᠯ᠎ᠠ ᠵᠦᠢᠯ ᠤᠨ ᠠᠰᠠᠭᠤᠳᠠᠯ ᠢ ᠬᠦᠴᠤᠯᠠᠨ ᠰᠢᠢᠳᠪᠤᠷᠢᠯᠡᠵᠦ᠂ ᠭᠤᠤᠯ ᠰᠡᠳᠦᠪᠳᠤ ᠬᠦᠮᠦᠵᠢᠯ ᠤᠨ ᠦᠨᠡᠨ ᠪᠤᠳᠠᠳᠠᠢ ᠦᠷ᠎ᠠ ᠪᠦᠲᠦᠮᠵᠢ ᠤᠯᠬᠤ ᠶᠢ ᠪᠠᠳᠤᠯᠠᠬᠤ ᠬᠡᠷᠡᠭᠳᠡᠢ᠃ ᠲᠤᠰᠬᠠᠢ ᠴᠡᠭᠴᠡᠯᠡᠨ ᠵᠠᠰᠠᠬᠤ ᠡᠨᠡᠭᠦ ᠵᠠᠩᠭᠢᠯᠠᠭ᠎ᠠ ᠶᠢᠨ ᠭᠠᠷᠳᠠᠴᠠ ᠶᠢ ᠲᠤᠪᠤᠶᠢᠯᠭᠠᠵᠦ᠂ ᠬᠤᠷᠴᠡ ᠮᠡᠰᠡ ᠵᠢᠩᠭᠢᠨᠢ ᠰᠤᠮᠤ ᠪᠠᠷ᠂ ᠦᠨᠡᠨ ᠪᠤᠳᠠᠳᠠᠢ ᠬᠢᠵᠤ᠂ ᠬᠠᠳᠠᠭᠤ ᠲᠠᠢ ᠨᠢ ᠬᠠᠯᠳᠠᠵᠤ᠂ ᠨᠠᠶᠢᠳᠠᠮ ᠠᠩᠬᠠᠷᠤᠨ ᠲᠦᠢᠯᠪᠤᠷᠢᠳᠠᠢ ᠠᠳᠬᠤᠵᠦ᠂ ᠴᠠᠯᠠᠭᠠᠢᠢᠷᠠᠭᠤᠯᠵᠦ ᠤᠳᠠᠭᠠᠰᠢᠷᠠᠭᠤᠯᠬᠤ ᠦᠭᠡᠢ᠂ ᠡᠪᠯᠡᠭᠦᠯᠵᠦ ᠠᠷᠭᠠᠴᠠᠭᠠᠬᠤ ᠦᠭᠡᠢ᠂ ᠶᠠᠩᠵᠤᠯᠠᠵᠦ ᠤᠪᠯᠠᠬᠤ ᠦᠭᠡᠢ᠂ ᠲᠦᠯᠭᠢᠵᠦ ᠲᠠᠳᠠᠬᠤ ᠦᠭᠡᠢ᠂ ᠦᠡᠭᠭᠡᠨ ᠲᠡᠭᠡᠷ᠎ᠠ ᠨᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠬ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠲᠡᠭᠡᠷ᠎ᠠ ᠯᠡ ᠴᠡᠭᠴᠡᠯᠡᠨ ᠰᠠᠶᠢᠵᠢᠷᠠᠭᠤᠯᠬᠤ ᠶᠢ ᠰᠡᠷᠭᠡᠶᠢᠯᠡᠨ ᠵᠤᠭᠰᠤᠭᠠᠬᠤ ᠬᠡᠷᠡᠭᠳᠡᠢ᠃ ᠬᠡᠯᠪᠡᠷᠢᠴᠢ ᠦᠵᠡᠯ ᠢ ᠲᠡᠪᠴᠢᠬᠦ ᠶᠠᠪᠤᠳᠠᠯ ᠢ ᠪᠦᠬᠦ᠋ᠢᠯᠡ ᠶᠠᠪᠤᠴᠠ ᠳᠤ ᠲᠤᠭᠤᠰᠢᠯᠠᠭᠤᠯᠵᠤ᠂ 《ᠦᠨᠳᠦᠰᠦᠨ ᠱᠠᠳᠤᠨ ᠤ ᠲᠠᠷᠤᠭᠠᠰᠤ ᠶᠢ ᠬᠦᠡᠭᠭᠡᠷᠡᠬᠦᠯᠬᠦ ᠤᠨ》ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠵᠢᠯᠤᠭᠤᠳᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠤᠨᠤᠴᠠᠳᠠᠢ ᠬᠡᠮᠵᠢᠶ᠎ᠠ ᠶᠢ ᠴᠢᠩᠭᠠᠳᠬᠠᠵᠤ᠂ ᠨᠢᠬᠡ ᠲᠠᠯ᠎ᠠ ᠪᠠᠷ ᠬᠡᠯᠪᠡᠷᠢᠴᠢ ᠦᠵᠡᠯ ᠢ ᠲᠠᠪᠴᠢᠵᠤ ᠨᠦᠬᠦᠬᠡ ᠲᠠᠯ᠎ᠠ ᠪᠠᠷ ᠰᠠᠨᠠᠮᠰᠠᠷ ᠦᠬᠡᠢ ᠪᠠᠷ ᠬᠡᠯᠪᠡᠷᠢᠴᠢ ᠦᠵᠡᠯ ᠢ ᠡᠷᠬᠢᠮᠯᠡᠵᠤ ᠤᠬᠳᠤ ᠪᠤᠯᠬᠤ ᠦᠬᠡᠢ᠃ ᠲᠤᠰᠬᠠᠢ ᠴᠡᠭᠴᠡᠯᠡᠨ ᠵᠠᠰᠠᠬᠤ ᠠᠵᠢᠯ ᠢ ᠡᠯ᠎ᠡ ᠵᠦᠢᠯ ᠤᠨ ᠬᠢᠨᠠᠯᠳᠠ ᠲᠠᠯᠪᠢᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠨᠢᠬᠡᠳᠦᠯᠳᠡᠢ ᠲᠦᠯᠦᠪᠵᠢᠬᠦᠯᠵᠤ᠂ ᠲᠡᠬᠦᠯᠳᠡᠷᠵᠢᠬᠦᠯᠬᠦ ᠴᠢᠬᠤᠯᠠᠳᠠᠢ ᠪᠠᠶᠢᠭᠤᠯᠤᠮᠵᠢ ᠲᠤᠬᠳᠠᠴᠠ ᠶᠢ ᠲᠡᠬᠦᠯᠳᠡᠷᠵᠢᠬᠦᠯᠵᠤ᠂ ᠨᠦᠬᠦᠪᠤᠷᠢᠯᠡᠬᠦ ᠴᠢᠬᠤᠯᠠᠳᠠᠢ ᠲᠤᠳᠠᠭᠤᠳᠠᠯ ᠢ ᠰᠠᠶᠢᠳᠤᠷ ᠨᠦᠬᠦᠪᠤᠷᠢᠯᠡᠵᠤ᠂ ᠰᠢᠬᠦᠮᠵᠢᠯᠡᠪᠠᠰᠤ ᠵᠤᠬᠢᠬᠤ ᠵᠦᠢᠯ ᠢ ᠨᠢ ᠨᠠᠷᠢᠨ ᠬᠢᠨᠠᠮᠠᠭᠠᠢ ᠰᠢᠬᠦᠮᠵᠢᠯᠡᠵᠦ᠂ ᠰᠢᠢᠳᠪᠦᠷᠢᠯᠡᠪᠠᠰᠤ ᠵᠤᠬᠢᠬᠤ ᠵᠦᠢᠯ ᠢ ᠨᠢ ᠴᠢᠩᠭ᠎ᠠ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠠ ᠠᠰᠢᠭ ᠢ ᠨᠡᠮᠡᠭᠳᠡᠬᠦᠯᠤᠨ᠂ ᠶᠡᠷᠦᠩᠬᠡᠶᠢᠯᠡᠭᠰᠡᠨ ᠨᠦᠯᠦᠬᠡ ᠲᠤᠰᠬᠠᠯ ᠢ ᠪᠤᠢ ᠪᠤᠯᠭᠠᠬᠤ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠡᠷᠭᠡᠪᠰᠢ ᠤᠬ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠦᠪᠡᠷ ᠤᠨ ᠪᠡᠶ᠎ᠠ ᠪᠠᠷ ᠢᠶᠠᠨ ᠲᠦᠷᠦᠬᠦᠯᠡᠨ 《ᠲᠦᠷᠪᠡᠨ ᠤᠬᠠᠮᠰᠠᠷ》ᠢᠶᠠᠨ ᠴᠢᠩᠭᠠᠷᠠᠭᠤᠯᠵᠤ᠂ 《ᠲᠦᠷᠪᠡᠨ ᠢᠳᠡᠬᠡᠯ》ᠢ ᠪᠠᠳᠤᠳᠬᠠᠨ᠂ 《ᠬᠤᠶᠠᠷ ᠢ ᠬᠠᠮᠠᠭᠠᠯᠠᠬᠤ》ᠶᠢ ᠪᠡᠶᠡᠯᠡᠭᠦᠯᠵᠦ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠲᠦᠷᠦᠬᠦᠯᠡᠨ ᠬᠢᠵᠤ᠂ ᠦᠨᠡᠨ ᠶᠤᠰᠤ ᠶᠢ ᠪᠠᠷᠢᠮᠳᠠᠯᠠᠨ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠨᠢᠬᠡ ᠰᠡᠳᠬᠢᠯ ᠨᠢᠭᠡ ᠵᠤᠷᠢᠭ ᠢᠶᠠᠨ ᠠᠷᠠᠳ ᠤᠨ ᠲᠦᠯᠦᠬᠡ ᠪᠠᠶᠢᠬᠤ ᠶᠢ ᠪᠠᠷᠢᠮᠳᠠᠯᠠᠬᠤ᠂ ᠰᠢᠯᠢᠳᠡᠭ ᠭᠡᠪ ᠰᠤᠷᠳᠠᠯ ᠢ ᠪᠠᠳᠠᠷᠠᠭᠤᠯᠬᠤ᠂ ᠲᠡᠮᠡᠴᠡᠯ ᠤᠨ ᠵᠤᠷᠢᠬ ᠰᠠᠨᠠᠭ᠎ᠠ ᠪᠠᠨ ᠪᠠᠳᠠᠷᠠᠭᠠᠬᠤ ᠵᠡᠷᠭᠡ ᠲᠠᠯ᠎ᠠ ᠪᠠᠷ ᠦᠨᠡᠨ ᠬᠦ ᠦᠯᠢᠬᠡᠷ ᠲᠠᠭᠤᠷᠢᠶᠠᠯ ᠦᠵᠡᠬᠦᠯᠵᠦ᠂ ᠵᠢᠱᠢᠶ᠎ᠠ ᠦᠵᠡᠬᠦᠯᠦᠨ ᠬᠦᠳᠤᠯᠤᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ ᠬᠡᠵᠦ ᠴᠢᠬᠤᠯᠠᠴᠢᠯᠠᠵᠠᠢ᠃
ᠪᠦᠬᠦᠳᠡ ᠬᠤᠷᠠᠯ ᠠᠴᠠ᠂ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠬᠦᠨᠵᠡᠬᠡᠢ ᠲᠤᠭᠤᠰᠢᠯᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠷᠤᠨ ᠤ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ᠃ ᠤᠨᠤᠯ ᠤᠨ ᠵᠡᠪᠰᠡᠭᠯᠡᠯ ᠢ ᠴᠢᠩᠭᠠᠷᠠᠭᠤᠯᠤᠨ᠂ ᠦᠨᠡᠨᠴᠢ ᠰᠢᠳᠤᠷᠭᠤ ᠠᠷᠢᠭᠤᠨ ᠴᠢᠬᠡᠴᠢ ᠡᠬᠦᠷᠬᠡ ᠬᠠᠷᠢᠭᠤᠴᠠᠯᠭ᠎ᠠ ᠲᠠᠢ ᠦᠨᠳᠦᠷ ᠬᠡᠪ ᠪᠤᠯᠪᠠᠰᠤᠷᠠᠯ ᠲᠠᠢ ᠺᠠᠳ᠋ᠷᠴᠤᠳ ᠤᠨ ᠡᠩᠨᠡᠭᠡ ᠶᠢ ᠪᠠᠶᠢᠭᠤᠯᠵᠤ᠂ ᠡᠯ᠎ᠡ ᠬᠦᠷᠢᠶᠡᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠵᠤ᠂ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠬᠤ ᠶᠢ ᠤᠳᠠᠭᠠᠨ ᠲᠠᠭᠠᠭᠠᠮᠠᠭᠠᠢ ᠪᠠᠷᠢᠮᠳᠠᠯᠠᠵᠤ᠂ ᠢᠯᠵᠠᠷᠠᠬᠤ ᠠᠴᠠ ᠵᠢᠷᠤᠭᠡᠰᠢᠶᠡᠬᠦ᠂ ᠢᠯᠵᠠᠷᠠᠵᠤ ᠪᠤᠯᠬᠤ ᠦᠬᠡᠢ᠂ ᠢᠯᠵᠠᠷᠠᠬᠤ ᠶᠢ ᠪᠤᠳᠤᠬᠤ ᠦᠬᠡᠢ ᠪᠠᠶᠢᠬᠤ ᠶᠢ ᠨᠢᠬᠡ ᠴᠤᠬᠴᠠ ᠳᠤᠨᠢ ᠠᠬᠢᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠦᠨ ᠬᠦᠭᠵᠢᠬᠦᠯᠬᠦ ᠶᠢ ᠠᠬᠢᠭᠤᠯᠬᠤ ᠬᠡᠷᠡᠭᠳᠡᠢ᠃ ᠴᠢᠩᠭ᠎ᠠ ᠬᠠᠮᠢᠶᠠᠷᠬᠤ ᠪᠤᠯᠤᠨ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠵᠤᠷᠢᠬᠵᠢᠭᠤᠯᠬᠤ ᠬᠢᠬᠡᠳ ᠬᠢᠵᠠᠭᠠᠷᠯᠠᠬᠤ ᠶᠢ ᠵᠡᠷᠬᠡ ᠳᠤᠨᠢ ᠴᠢᠬᠤᠯᠠᠴᠢᠯᠠᠬᠤ ᠶᠢ ᠪᠠᠷᠢᠮᠳᠠᠯᠠᠨ᠂ ᠢᠯᠡ ᠲᠤᠳᠤᠷᠬᠠᠢ ᠪᠤᠳᠠᠳᠤ ᠠᠵᠢᠯ ᠬᠢᠬᠦ ᠤᠳᠤᠷᠢᠳᠤᠮᠵᠢ ᠶᠢ ᠪᠤᠢ ᠪᠤᠯᠭᠠᠵᠤ᠂ ᠲᠤᠷ᠎ᠠ ᠪᠠᠷ ᠢᠶᠠᠨ ᠠᠵᠢᠯ ᠬᠢᠬᠦ ᠬᠤᠷᠢᠬᠯᠠᠨ᠂ ᠡᠬᠦᠷᠭᠡ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠤᠳᠠᠳᠤ ᠠᠵᠢᠯ ᠬᠢᠵᠦ ᠦᠢᠯᠡᠰ ᠪᠤᠰᠬᠠᠬᠤ ᠶᠢ ᠵᠤᠷᠢᠬᠵᠢᠭᠤᠯᠤᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠨ ᠢᠳᠡᠪᠬᠢᠵᠢᠯ ᠢ ᠬᠦᠢᠴᠡᠳ ᠲᠠᠶᠢᠴᠢᠯᠠᠵᠤ᠂ ᠰᠢᠨ᠎ᠠ ᠴᠠᠬ ᠦᠶ᠎ᠠ ᠳᠤ ᠭᠠᠪᠢᠶ᠎ᠠ ᠪᠠᠶᠢᠭᠤᠯᠤᠨ᠂ ᠰᠢᠨ᠎ᠠ ᠠᠵᠢᠯ ᠤᠨ ᠠᠮᠵᠢᠯᠳᠠ ᠭᠠᠷᠭᠠᠬᠤ ᠪᠠᠷ ᠲᠡᠮᠡᠴᠡᠬᠦ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃
ᠪᠦᠬᠦᠳᠡ ᠬᠤᠷᠠᠯ ᠠᠴᠠ᠂ ᠪᠦᠬᠦ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠴᠤᠬ ᠰᠦᠯᠳᠠ ᠪᠠᠨ ᠪᠠᠳᠠᠷᠠᠭᠤᠯᠤᠨ ᠡᠷᠴᠢ ᠵᠤᠷᠢᠭ ᠢᠶᠠᠨ ᠬᠦᠪᠴᠢᠯᠡᠵᠤ᠂ ᠠᠷᠠᠳ ᠲᠦᠮᠡᠨ ᠳᠡᠭᠡᠨ ᠬᠠᠶᠢᠷ᠎ᠠ ᠰᠡᠳᠬᠢᠯᠬᠡ ᠲᠠᠢ ᠪᠠᠶᠢᠬᠤ ᠰᠡᠳᠬᠢᠯᠬᠡ ᠶᠢ ᠡᠪᠤᠷᠯᠡᠨ᠂ ᠪᠤᠳᠠᠳᠠᠢ ᠶᠢ ᠡᠷᠬᠢᠮᠯᠡᠬᠦ ᠬᠡᠪ ᠰᠤᠷᠳᠠᠯ ᠢ ᠪᠤᠢ ᠪᠤᠯᠭᠠᠨ᠂ ᠤᠬᠠᠮᠰᠠᠷ ᠠᠴᠠ ᠪᠠᠨ ᠡᠬᠦᠷᠭᠡ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠲᠦᠪ ᠭᠤᠤᠯᠴᠢ ᠪᠠᠶᠢᠬᠤ ᠶᠢ ᠪᠠᠷᠢᠮᠳᠠᠯᠠᠨ᠂ 《ᠲᠡᠰᠪᠤᠷᠢ ᠬᠠᠳᠠᠭᠤᠯᠵᠢᠳᠠᠢ ᠲᠠᠮᠡᠴᠡᠬᠦ᠂ ᠴᠤᠴᠡᠯᠳᠠ ᠦᠭᠡᠢ ᠤᠷᠤᠭᠰᠢᠯᠠᠬᠤ᠂ ᠬᠠᠷᠠᠯᠳᠠ ᠳᠠᠭᠠᠨ ᠬᠦᠷᠬᠦ ᠪᠠᠷ ᠴᠦᠬᠦᠷᠡᠰᠢ ᠦᠭᠡᠢ ᠴᠢᠷᠮᠠᠶᠢᠬᠤ》 ᠮᠤᠩᠭᠤᠯ ᠮᠤᠷᠢᠨ ᠤ ᠵᠤᠷᠢᠬ ᠰᠠᠨᠠᠭ᠎ᠠ ᠶᠢ ᠪᠠᠳᠠᠷᠠᠭᠤᠯᠤᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠠᠯᠠᠬᠦᠯᠬᠦ ᠲᠤᠳᠠᠭᠤᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠦᠪᠯᠡᠷᠡᠬᠦᠯᠦᠨ ᠤᠨᠢᠨ ᠲᠡᠭᠡᠷ᠎ᠡ ᠨᠢ ᠪᠤᠭᠤᠮᠳᠠ ᠰᠢᠪᠳᠤᠯᠵᠤ᠂ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠰᠠᠶᠢᠳᠤᠷ ᠠᠰᠢᠬᠯᠠᠨ ᠨᠡᠬᠡᠬᠡᠯᠳᠡ ᠬᠢᠵᠦ ᠰᠢᠨ᠎ᠠ ᠰᠢᠪᠳᠤᠯᠤᠯᠳᠠ ᠭᠠᠷᠭᠠᠬᠤ ᠪᠠᠷ ᠡᠷᠢᠯᠬᠢᠯᠡᠵᠤ᠂ ᠪᠦᠳᠦᠮᠵᠢᠳᠡᠢ ᠪᠡᠯᠡ ᠤᠷᠤᠭᠤᠯᠤᠯᠳᠠ ᠶᠢ ᠦᠷᠬᠡᠳᠬᠡᠨ ᠠᠵᠤ ᠠᠬᠤᠢ ᠶᠢᠨ ᠲᠤᠬᠳᠠᠭᠤᠨ ᠡᠷᠬᠢᠯᠳᠠ ᠶᠢ ᠠᠬᠢᠭᠤᠯᠵᠤ᠂ ᠨᠡᠶᠢᠬᠡᠮ ᠤᠨ ᠠᠮᠤᠷ ᠲᠤᠬᠳᠠᠭᠤᠨ ᠢ ᠬᠠᠮᠠᠭᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠠᠩᠬᠢᠯᠠᠭ᠎ᠠ ᠶᠢᠨ ᠡᠬᠦᠷᠬᠡ ᠠᠷᠭ᠎ᠠ ᠬᠡᠮᠵᠢᠶ᠎ᠠ ᠶᠢ ᠰᠠᠶᠢᠳᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠠ ᠪᠦᠳᠤᠮᠵᠢ ᠭᠠᠷᠭᠠᠬᠤ ᠶᠢ ᠠᠬᠢᠭᠤᠯᠬᠤ ᠭᠡᠷᠡᠭᠳᠡᠢ ᠭᠡᠵᠤ ᠱᠠᠭᠠᠷᠳᠠᠪᠠ᠃
ᠪᠦᠬᠦᠳᠠ ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠰᠡᠯ ᠨᠠᠶᠢᠳᠠᠯᠭ᠎ᠠ ᠶᠢ ᠪᠠᠳᠤ ᠴᠡᠬᠡᠵᠢᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠷᠴᠢ ᠵᠤᠷᠢᠭ ᠢᠶᠠᠨ ᠬᠦᠪᠴᠢᠯᠡᠵᠤ ᠡᠯ᠎ᠡ ᠵᠦᠢᠯ ᠤᠨ ᠠᠵᠢᠯ ᠢᠶᠠᠨ ᠵᠤᠷᠢᠬᠳᠠᠢ ᠰᠠᠶᠢᠳᠤᠷ ᠬᠢᠵᠦ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠵᠦ᠂ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠤᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤ ᠪᠠᠷ ᠲᠡᠷᠬᠡᠯᠰᠢᠬᠦᠯᠬᠦ ᠳᠤ ᠰᠢᠨ᠎ᠠ ᠬᠤᠪᠢ ᠨᠡᠮᠡᠷᠢ ᠦᠵᠡᠬᠦᠯᠦᠶ᠎ᠡ ᠬᠡᠵᠦ ᠤᠷᠢᠶᠠᠯᠠᠪᠠ᠃