《 ᠬᠣᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ 》 ᠶᠢ ᠪᠠᠶᠢᠩᠭᠤᠵᠢᠭᠤᠯᠬᠤ ᠲᠥᠰᠦᠯ
ᠭᠤᠷᠪᠠ᠂ ᠠᠵᠢᠯ ᠤᠨ ᠠᠷᠭ᠎ᠠ ᠬᠡᠮᠵᠢᠶ᠎ᠠ
(ᠨᠢᠭᠡ) 《ᠵᠠᠩᠬᠢᠯᠠᠭ᠎ᠠ ᠶᠢᠨ ᠴᠦᠭᠡᠨ ᠳᠤᠭᠠᠳᠠᠨ》 ᠢ ᠳᠤᠪᠤᠶᠢᠮ᠎ᠠ ᠠᠳᠬᠤᠬᠤ ᠬᠡᠷᠡᠭᠳᠡᠢ᠃ ᠤᠳᠤᠷᠢᠳᠬᠤ ᠪᠠᠶᠢᠭᠤᠯᠤᠯᠭ᠎ᠠ᠂ ᠤᠳᠤᠷᠢᠳᠬᠤ ᠺᠠᠳ᠋ᠷ ᠤᠷᠢᠳᠠᠪᠡᠷ ᠬᠡᠪ ᠲᠦᠷᠢᠮ ᠪᠤᠯᠬᠤ ᠶᠢ ᠪᠠᠷᠢᠮᠳᠠᠯᠠᠵᠤ᠂ 《ᠬᠤᠶᠠᠷ ᠢ ᠰᠤᠷᠤᠯᠴᠠᠵᠤ ᠨᠢᠭᠡ ᠳᠤ ᠳᠡᠩᠴᠡᠭᠦᠯᠬᠦ》 ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠬᠰᠠᠨ ᠤᠷᠳᠤ ᠬᠤᠭᠤᠴᠠᠭ᠎ᠠ ᠪᠦᠲᠦᠮᠵᠢᠳᠡᠢ ᠪᠠᠶᠢᠬᠤ ᠶᠢ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠲᠤᠭᠤᠢᠢᠯᠠᠩ) ᠨᠠᠮ ᠤᠨ ᠲᠦᠷᠢᠮ ᠨᠠᠮ ᠤᠨ ᠳᠤᠭᠳᠠᠭᠠᠯ ᠢ ᠰᠤᠷᠤᠯᠴᠠᠬᠤ᠂ ᠰᠢᠷᠢᠰ ᠶᠠᠷᠢᠶ᠎ᠠ ᠶᠢ ᠰᠤᠷᠤᠯᠴᠠᠬᠤ ᠶᠢ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠢᠶᠠᠨ ᠰᠤᠷᠤᠯᠴᠠᠯᠭ᠎ᠠ ᠶᠢᠨ ᠭᠤᠤᠯ ᠠᠭᠤᠯᠭ᠎ᠠ ᠪᠤᠯᠭᠠᠵᠤ᠂ ᠭᠤᠤᠯ ᠰᠡᠳᠦᠪ ᠢ ᠳᠤᠭᠳᠠᠭᠠᠨ᠂ ᠳᠤᠰᠬᠠᠢ ᠰᠡᠳᠦᠪ ᠢ ᠵᠤᠷᠪᠤᠰᠯᠠᠨ᠂ ᠰᠤᠳᠤᠯᠤᠨ ᠶᠠᠷᠢᠯᠴᠠᠬᠤ ᠬᠡᠯᠪᠡᠷᠢ᠂ ᠬᠤᠷᠰᠢᠯ ᠬᠡᠯᠪᠡᠷᠢ᠂ ᠰᠢᠨᠵᠢᠯᠡᠨ ᠪᠠᠶᠢᠴᠠᠭᠠᠬᠤ ᠬᠡᠯᠪᠡᠷᠢ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠬᠦᠳᠦᠯᠦᠨ ᠵᠢᠯᠤᠭᠤᠳᠴᠤ ᠵᠢᠱᠢᠶ᠎ᠠ ᠦᠵᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠳᠡᠢ᠃
ᠨᠠᠮ ᠤᠨ ᠬᠡᠰᠢᠭᠦᠨ ᠤᠳᠤᠷᠢᠳᠬᠤ ᠺᠠᠳ᠋ᠷ᠂ ᠢᠯᠠᠩᠭᠤᠶ᠎ᠠ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ 《 ᠬᠤᠶᠠᠷ ᠢ ᠰᠤᠷᠤᠯᠴᠠᠵᠤ ᠨᠢᠭᠡ ᠳᠤ ᠳᠡᠩᠴᠡᠭᠦᠯᠬᠦ》 ᠶᠢ ᠨᠠᠮᠴᠢ ᠴᠢᠨᠠᠷ ᠢ ᠲᠠᠪᠳᠠᠨ ᠪᠤᠯᠪᠠᠰᠤᠷᠠᠭᠤᠯᠬᠤ ᠶᠢᠨ ᠦᠨᠳᠦᠰᠤᠨ ᠡᠷᠳᠡᠮ᠂ ᠵᠠᠪᠠᠯ ᠰᠤᠷᠬᠤ ᠬᠢᠴᠢᠶᠡᠯ ᠪᠤᠯᠭᠠᠵᠤ᠂ ᠤᠯᠤᠰ ᠲᠦᠷᠦ ᠶᠢᠨ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂ ᠤᠯᠤᠰ ᠲᠦᠷᠦ ᠶᠢᠨ ᠳᠠᠪᠳᠠᠨ ᠪᠤᠯᠪᠠᠰᠤᠷᠠᠯ ᠢ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ ᠶᠢ ᠤᠬᠠᠮᠰᠠᠷ ᠠᠴᠠ ᠪᠠᠨ ᠡᠳᠦᠷ ᠳᠤᠳᠤᠮ ᠤᠨ ᠠᠵᠢᠯ ᠠᠮᠢᠳᠤᠷᠠᠯ ᠤᠨ ᠪᠦᠬᠦ ᠶᠠᠪᠤᠴᠠ ᠳᠤ ᠠᠭᠤᠰᠬᠠᠵᠤ᠂ ᠤᠬᠠᠮᠰᠠᠷ ᠠᠴᠠ ᠪᠠᠨ ᠨᠠᠮᠴᠢ ᠴᠢᠨᠠᠷ ᠤᠨ ᠪᠤᠯᠪᠠᠰᠤᠷᠠᠯ ᠤᠨ ᠪᠦᠬᠦ ᠶᠠᠪᠤᠴᠠ ᠳᠤ ᠠᠭᠤᠰᠬᠠᠵᠤ᠂ ᠤᠯᠤᠰ ᠲᠦᠷᠦ ᠶᠢᠨ ᠠᠮᠢ ᠨᠠᠰᠤ ᠶᠢ ᠬᠤᠪᠢ ᠪᠡᠶ᠎ᠠ ᠶᠢᠨ ᠠᠮᠢ ᠨᠠᠰᠤ ᠠᠴᠠ ᠪᠠᠨ ᠴᠢᠬᠤᠯᠠ ᠪᠠᠷ ᠦᠵᠡᠵᠦ᠂ ᠨᠠᠮ ᠪᠠ ᠤᠯᠤᠰ ᠲᠠᠭᠠᠨ ᠠᠮᠢ ᠪᠡᠶ᠎ᠠ ᠪᠠᠨ ᠵᠤᠷᠢᠭᠤᠯᠤᠨ᠂ ᠨᠠᠮ ᠪᠠ ᠤᠯᠤᠰ ᠤᠨ ᠠᠴᠢ ᠶᠢ ᠬᠠᠷᠢᠭᠤᠯᠬᠤ ᠬᠡᠷᠡᠭᠳᠡᠢ᠃ ᠦᠪᠡᠷ ᠢ ᠪᠠᠨ ᠨᠠᠮ ᠤᠨ ᠬᠡᠰᠢᠭᠦᠨ ᠬᠡᠳᠡᠭ ᠢᠶᠠᠨ ᠴᠠᠭ ᠢᠮᠠᠭᠳᠠ ᠪᠠᠳᠤ ᠴᠡᠭᠡᠵᠢᠯᠡᠵᠤ᠂ ᠳᠤᠰᠢᠶᠠᠯ ᠤᠨ ᠶᠡᠭᠡ ᠪᠠᠭ᠎ᠠ ᠬᠡᠵᠤ ᠢᠯᠭᠠᠯ ᠦᠭᠡᠢ᠂ ᠡᠩ ᠤᠨ ᠨᠠᠮ ᠤᠨ ᠬᠡᠰᠢᠭᠦᠨ ᠤ ᠬᠤᠪᠢ ᠪᠠᠷ ᠨᠠᠮ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠳᠤ ᠤᠷᠤᠯᠴᠠᠬᠤ ᠬᠡᠷᠡᠭᠳᠠᠢ᠃ ᠳᠠᠭᠠᠭᠤᠯᠤᠨ ᠰᠤᠷᠤᠯᠴᠠᠵᠤ᠂ ᠨᠠᠮ ᠤᠨ ᠲᠦᠷᠢᠮ ᠨᠠᠮ ᠤᠨ ᠳᠤᠭᠳᠠᠭᠠᠯ ᠢ ᠨᠠᠷᠢᠨ ᠬᠢᠨᠠᠮᠠᠭᠠᠢ ᠪᠠᠷ ᠰᠤᠷᠤᠯᠴᠠᠵᠤ᠂ ᠪᠢᠰᠢᠷᠡᠨ ᠵᠢᠷᠦᠭᠡᠰᠢᠶᠡᠬᠦ ᠶᠢ ᠮᠡᠳᠡᠵᠦ᠂ ᠰᠡᠷᠭᠡᠶᠢᠯᠡᠨ ᠬᠢᠴᠢᠶᠡᠵᠦ᠂ ᠬᠤᠷᠢᠭ᠎ᠠ ᠱᠤᠭᠤᠮ ᠢ ᠰᠠᠬᠢᠬᠤ ᠬᠡᠷᠡᠭᠳᠠᠢ︔ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠡᠷᠢᠶ᠎ᠠ ᠶᠢᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠬᠦᠨᠵᠡᠭᠡᠢ ᠤᠢᠢᠯᠠᠭᠠᠵᠤ᠂ 《ᠲᠦᠷᠪᠡᠨ ᠤᠬᠠᠮᠰᠠᠷ》 ᠢᠶᠠᠨ ᠳᠠᠰᠤᠷᠠᠯᠳᠠ ᠦᠭᠡᠢ ᠴᠢᠩᠭᠠᠳᠬᠠᠵᠦ᠂ ᠬᠦᠰᠡᠯᠡᠩ ᠢᠳᠡᠭᠡᠯ ᠪᠢᠰᠢᠷᠠᠯ ᠢᠶᠠᠨ ᠢᠮᠠᠭᠳᠠ ᠪᠠᠳᠦᠳᠬᠠᠵᠦ᠂ 《ᠲᠦᠷᠪᠡᠨ ᠢᠳᠡᠭᠡᠯ》 ᠢ ᠪᠠᠷᠢᠮᠳᠠᠯᠠᠵᠤ᠂ ᠦᠵᠡᠯᠳᠠ ᠳᠠᠨᠢᠯᠳᠠ᠂ ᠤᠯᠤᠰ ᠲᠦᠷᠦ ᠂ ᠦᠢᠯᠡ ᠠᠵᠢᠯᠯᠠᠭ᠎ᠠ ᠳᠡᠭᠡᠷ᠎ᠠ ᠪᠠᠨ ᠨᠢᠭᠡᠳᠦᠯᠳᠠᠢ ᠪᠠᠶᠢᠬᠤ ᠶᠢ ᠦᠨᠡᠨᠭᠦ ᠪᠡᠶᠡᠯᠡᠭᠦᠯᠬᠦ ᠬᠡᠷᠡᠭᠳᠠᠢ᠃ ᠬᠢᠷᠢ ᠳᠡᠩᠴᠡᠭᠰᠡᠨ ᠨᠠᠮ ᠤᠨ ᠬᠡᠰᠢᠭᠦᠨ ᠪᠤᠯᠬᠤ᠂ ᠬᠢᠷᠢ ᠳᠡᠩᠴᠡᠭᠰᠡᠨ ᠤᠳᠤᠷᠢᠳᠬᠤ ᠺᠠᠳ᠋ᠷ ᠪᠤᠯᠬᠤ ᠶᠢ ᠳᠠᠭᠠᠭᠤᠯᠵᠤ᠂ ᠴᠠᠭ ᠢᠮᠠᠭᠳᠠ ᠦᠪᠡᠷ ᠤᠨ ᠤᠷᠤᠰᠢᠵᠤ ᠪᠠᠶᠢᠭ᠎ᠠ ᠵᠦᠷᠢᠶ᠎ᠠ ᠪᠠ ᠬᠦᠢᠴᠡᠳ ᠪᠤᠰᠤ ᠳᠠᠯ᠎ᠠ ᠪᠠᠨ ᠤᠯᠵᠤ ᠬᠠᠷᠠᠨ᠂ ᠤᠬᠠᠮᠰᠡᠷ ᠠᠴᠠ ᠪᠠᠨ ᠤᠨᠴᠨ ᠡᠷᠭᠡ ᠶᠢᠨ ᠦᠵᠡᠯ ᠰᠠᠨᠠᠭ᠎ᠠ ᠪᠡ ᠤᠨᠴᠨ ᠡᠷᠭᠡ ᠶᠢᠨ ᠦᠵᠡᠭᠳᠡᠯ ᠲᠠᠢ ᠲᠠᠮᠡᠴᠡᠵᠤ᠂ ᠦᠪᠡᠷ ᠢ ᠪᠠᠨ ᠳᠠᠰᠤᠷᠠᠯᠳᠠ ᠦᠭᠡᠢ ᠦᠬᠡᠷᠡᠴᠢᠯᠡᠵᠤ᠂ ᠦᠵᠡᠯ ᠰᠠᠨᠠᠭ᠎ᠠ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠳᠠᠢ᠃ 《ᠭᠤᠷᠪᠠᠨ ᠴᠢᠩᠭ᠎ᠠ ᠭᠤᠷᠪᠠᠨ ᠪᠤᠳᠠᠳᠠᠢ》 ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠤ᠂ ᠳᠤᠰᠢᠶᠠᠯ ᠬᠠᠷᠢᠭᠤᠴᠠᠭ᠎ᠠ ᠪᠠᠨ ᠬᠦᠢᠴᠡᠳᠭᠡᠵᠤ᠂ ᠵᠤᠷᠢᠭ ᠢᠶᠠᠨ ᠬᠦᠪᠴᠢᠯᠡᠨ ᠠᠮᠵᠢᠯᠳᠠ ᠪᠦᠳᠦᠮᠵᠢ ᠭᠠᠷᠭᠠᠨ᠂ ᠵᠤᠷᠢᠭᠳᠠᠢ ᠡᠭᠦᠷᠭᠡᠯᠡᠨ ᠭᠠᠪᠢᠶ᠎ᠠ ᠵᠢᠳᠭᠦᠯ ᠭᠠᠷᠭᠠᠵᠤ᠂ ᠪᠤᠳᠠᠳᠠᠢ ᠠᠵᠢᠯᠯᠠᠬᠤ ᠶᠢ ᠴᠢᠬᠤᠯᠠᠴᠢᠯᠠᠨ᠂ ᠪᠤᠳᠠᠳᠠᠢ ᠵᠢᠳᠭᠦᠯ ᠭᠠᠷᠭᠠᠵᠤ᠂ ᠪᠤᠳᠠᠳᠠᠢ ᠶᠠᠪᠤᠳᠠᠯ ᠬᠢᠵᠤ᠂ ᠪᠤᠳᠠᠳᠤ ᠦᠷ᠎ᠠ ᠪᠦᠳᠦᠮᠵᠢ ᠤᠯᠵᠤ᠂ ᠦᠢᠯᠡᠳᠦᠯᠭᠡ᠂ ᠠᠷᠠᠳ ᠲᠦᠮᠡᠨ᠂ ᠳᠡᠦᠭᠡ ᠶᠢᠨ ᠰᠢᠯᠭᠠᠯᠳᠠ ᠶᠢ ᠳᠠᠭᠠᠭᠠᠬᠤ ᠪᠤᠳᠠᠳᠠᠢ ᠬᠢᠷᠢ ᠪᠦᠳᠦᠮᠵᠢ ᠶᠢ ᠴᠢᠷᠮᠠᠶᠢᠨ ᠡᠬᠦᠳᠬᠦ ᠬᠡᠷᠡᠭᠳᠠᠢ᠃ ᠤᠯᠠᠨ ᠲᠦᠮᠡᠨ ᠲᠠᠢ ᠨᠢᠭᠳᠠ ᠬᠠᠷᠢᠯᠴᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠶᠢ ᠬᠦᠯᠢᠶᠡᠵᠤ᠂ ᠬᠡᠪ ᠰᠤᠷᠳᠠᠯ ᠢᠶᠠᠨ ᠦᠨᠡᠨᠭᠦ ᠰᠠᠶᠢᠵᠢᠷᠠᠭᠤᠯᠵᠤ᠂ ᠦᠪᠡᠷ ᠤᠨ ᠪᠡᠶ᠎ᠠ ᠬᠢᠭᠡᠳ ᠲᠡᠷᠭᠡᠳᠡᠭᠢ ᠠᠵᠢᠯᠳᠠᠨ ᠢᠶᠠᠨ ᠴᠢᠩᠭ᠎ᠠ ᠱᠠᠭᠠᠷᠳᠠᠵᠤ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠳᠡᠯ ᠢ ᠴᠢᠬᠤᠯᠠᠴᠢᠯᠠᠨ᠂ ᠠᠷᠢᠭᠤᠨ ᠴᠢᠭᠡᠴᠢ ᠤᠯᠤᠰ ᠲᠦᠷᠦ ᠶᠢᠨ ᠤᠤᠷ ᠴᠢᠨᠠᠷ ᠢᠶᠠᠨ ᠪᠠᠷᠢᠮᠳᠠᠯᠠᠬᠤ ᠬᠡᠷᠡᠭᠳᠠᠢ᠃
(ᠬᠤᠶᠠᠷ) ᠨᠠᠮ ᠤᠨ ᠡᠭᠦᠷ ᠤᠨ ᠭᠤᠤᠯ ᠴᠤᠬᠴᠠ ᠶᠢᠨ ᠦᠢᠯᠡᠳᠤᠯ ᠢ ᠪᠠᠳᠠᠷᠠᠭᠤᠯᠬᠤ ᠬᠡᠷᠡᠭᠳᠡᠢ᠃ ᠨᠠᠮ ᠤᠨ ᠡᠭᠦᠷ ᠪᠤᠯ ᠨᠠᠮ ᠤᠨ ᠬᠠᠮᠤᠭ ᠤᠨ ᠦᠨᠳᠤᠰᠦᠨ ᠵᠤᠬᠢᠶᠠᠨ ᠪᠠᠶᠢᠭᠤᠯᠤᠯᠳᠠ᠂ ᠨᠠᠮ ᠤᠨ ᠪᠦᠬᠦ᠋ᠢᠯᠡ ᠠᠵᠢᠯ ᠪᠠ ᠳᠠᠶᠢᠴᠢᠨ ᠬᠦᠴᠤᠨ ᠤ ᠰᠠᠭᠤᠷᠢ ᠪᠤᠯᠤᠨ᠎ᠠ᠃ ᠨᠠᠮ ᠤᠨ ᠠᠯᠢᠪᠠ ᠠᠵᠢᠯ ᠨᠠᠮ ᠤᠨ ᠡᠭᠦᠷ ᠲᠤ ᠬᠦᠷᠬᠦ ᠢᠯᠡ ᠳᠤᠳᠤ ᠤᠳᠤᠷᠢᠳᠤᠮᠵᠢ ᠶᠢ ᠪᠤᠢ ᠪᠤᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠨᠠᠮ ᠤᠨ ᠡᠭᠦᠷ ᠳᠤ ᠬᠦᠷᠳᠡᠯ᠎ᠡ ᠨᠠᠶᠢᠳᠠᠪᠤᠷᠢᠵᠢᠭᠤᠯᠬᠤ᠂ ᠨᠠᠮ ᠤᠨ ᠭᠡᠰᠢᠬᠦᠨ ᠢ ᠴᠢᠩᠭ᠎ᠠ ᠬᠦᠮᠦᠵᠢᠬᠦᠯᠵᠤ ᠬᠠᠮᠢᠶᠠᠷᠬᠤ ᠶᠢ ᠨᠠᠮ ᠤᠨ ᠡᠭᠦᠷ ᠳᠤ ᠬᠦᠷᠳᠡᠯ᠎ᠡ ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠠᠵᠢᠯ ᠢ ᠨᠠᠮ ᠤᠨ ᠡᠭᠦᠷ ᠬᠦᠷᠳᠡᠯ᠎ᠡ ᠨᠠᠶᠢᠳᠠᠪᠤᠷᠢᠵᠢᠭᠤᠯᠬᠤ ᠶᠢ ᠬᠦᠨᠳᠦᠳᠭᠡᠬᠦ ᠬᠡᠷᠡᠭᠳᠡᠢ᠃ ᠡᠯ᠎ᠡ ᠬᠦᠷᠢᠶ᠎ᠡ ᠡᠯ᠎ᠡ ᠠᠵᠢᠯ ᠲᠦᠷᠦᠯ ᠤᠨ ᠨᠠᠮ ᠤᠨ ᠡᠭᠦᠷ ᠨᠠᠮ ᠤᠨ ᠭᠡᠰᠢᠬᠦᠨ ᠢ ᠴᠢᠩᠭ᠎ᠠ ᠬᠦᠮᠦᠵᠢᠬᠦᠯᠵᠤ ᠬᠠᠮᠢᠶᠠᠷᠬᠤ ᠭᠤᠤᠯ ᠴᠤᠬᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠨᠠᠮ ᠤᠨ ᠡᠭᠦᠷ ᠤᠨ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠦᠨᠳᠤᠰᠦᠨ ᠲᠦᠷᠢᠮ ᠳᠤ ᠤᠷᠤᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠲᠦᠷᠢᠮ ᠢ ᠠᠰᠢᠬᠯᠠᠨ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠰᠠᠶᠢᠳᠤᠷ ᠠᠳᠬᠤᠵᠤ᠂ ᠨᠠᠮ ᠤᠨ ᠭᠡᠰᠢᠬᠦᠨ ᠢ ᠬᠦᠮᠦᠵᠢᠭᠦᠯᠬᠦ ᠰᠤᠷᠭᠠᠭᠤᠯᠢ᠂ ᠤᠯᠠᠨ ᠲᠦᠮᠡᠨ ᠢ ᠪᠦᠯᠬᠦᠮᠳᠡᠭᠦᠯᠬᠦ ᠲᠦᠪ᠂ ᠬᠦᠴᠢᠷ ᠢ ᠲᠤᠭᠤᠯᠵᠤ ᠪᠡᠷᠬᠡ ᠶᠢ ᠳᠠᠪᠠᠭ᠋ᠤ ᠪᠠᠬᠢᠯᠡᠯᠳᠡ ᠪᠤᠯᠭᠠᠬᠤ ᠬᠡᠷᠡᠭᠳᠡᠢ᠃
ᠨᠠᠮ ᠤᠨ ᠡᠭᠦᠷ ᠨᠠᠮ ᠤᠨ ᠭᠡᠰᠢᠬᠦᠨ ᠢ ᠵᠤᠬᠢᠶᠠᠨ ᠪᠠᠶᠢᠭᠤᠯᠤᠨ ᠴᠠᠭ ᠳᠤᠬᠠᠢ ᠳᠤᠨᠢ ᠨᠠᠮ ᠤᠨ ᠭᠡᠰᠢᠬᠦᠨ ᠤ ᠶᠡᠭᠡ ᠬᠤᠷᠠᠯ᠂ ᠨᠠᠮ ᠤᠨ ᠳᠤᠭᠤᠢᠢᠯᠠᠩ ᠤᠨ ᠬᠤᠷᠠᠯ ᠳᠤ ᠤᠷᠤᠯᠴᠠᠭᠤᠯᠤᠨ ᠨᠠᠮ ᠤᠨ ᠬᠢᠴᠢᠶᠡᠯ ᠢ ᠰᠤᠨᠤᠰᠤᠭᠤᠯᠵᠤ᠂ ᠳᠤᠬᠳᠠᠭᠰᠠᠨ ᠬᠤᠭᠤᠴᠠᠭ᠎ᠠ ᠲᠠᠢ ᠪᠠᠷ ᠨᠠᠮ ᠤᠨ ᠡᠭᠦᠷ ᠤᠨ ᠭᠡᠰᠢᠭᠦᠳ ᠤᠨ ᠬᠤᠷᠠᠯ ᠬᠢᠬᠦ ᠬᠡᠷᠡᠭᠳᠡᠢ᠃ ᠨᠠᠮ ᠤᠨ ᠭᠡᠰᠢᠬᠦᠨ ᠤᠳᠤᠷᠢᠳᠬᠤ ᠺᠠᠳ᠋ᠷ ᠨᠠᠮ ᠤᠨ ᠬᠢᠴᠢᠶᠠᠯ ᠣᠷᠣᠬᠤ ᠲᠦᠷᠢᠮ ᠢ ᠪᠠᠷᠢᠮᠳᠠᠯᠠᠵᠤ᠂ ᠡᠯ᠎ᠡ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠤᠨ ᠱᠦᠵᠢ ᠵᠢᠯ ᠪᠦᠷᠢ ᠦᠨᠳᠦᠰᠦᠨ ᠱᠠᠳᠤᠨ ᠤ ᠨᠠᠮ ᠤᠨ ᠭᠡᠰᠢᠬᠦᠳ ᠲᠤ ᠠᠳᠠᠭ ᠲᠠᠭᠠᠨ ᠨᠢᠭᠡ ᠤᠳᠠᠭ᠎ᠠ ᠶᠢᠨ ᠨᠠᠮ ᠤᠨ ᠬᠢᠴᠢᠶᠠᠯ ᠣᠷᠣᠬᠤ ᠬᠡᠷᠡᠭᠳᠡᠢ᠂ ᠨᠠᠮ ᠤᠨ ᠬᠢᠴᠢᠶᠡᠯ ᠤᠨ ᠠᠭᠤᠯᠭ᠎ᠠ ᠨᠢ ᠨᠠᠮ ᠤᠨ ᠭᠡᠰᠢᠬᠦᠨ ᠲᠠᠢ ᠤᠢᠢᠷᠠᠳᠴᠣ᠂ ᠪᠤᠳᠠᠳᠠᠢ ᠲᠠᠢ ᠤᠢᠢᠷᠠᠳᠴᠣ᠂ ᠦᠬᠦᠨ ᠪᠠᠷᠢᠮᠳᠠᠯᠠᠵᠤ ᠦᠰᠦᠭᠴᠢᠯᠡᠨ ᠤᠩᠰᠢᠵᠤ ᠪᠤᠯᠬᠤ ᠦᠭᠡᠢ᠃ 《ᠭᠤᠷᠪᠠᠨ ᠬᠤᠷᠠᠯ ᠨᠢᠭᠡ ᠬᠢᠴᠢᠶᠡᠯ》 ᠨᠢ ᠤᠯᠤᠰ ᠲᠦᠷᠦ ᠶᠢᠨ ᠰᠤᠷᠤᠯᠴᠠᠯᠭ᠎ᠠ ᠪᠠ ᠬᠦᠮᠦᠵᠢᠯ ᠢ ᠳᠤᠪᠤᠶᠢᠯᠭᠠᠨ᠂ ᠨᠠᠮᠴᠢ ᠴᠢᠨᠠᠷ ᠤᠨ ᠪᠤᠯᠪᠠᠰᠤᠷᠠᠯ ᠢ ᠳᠤᠪᠤᠶᠢᠯᠭᠠᠵᠤ᠂ ᠦᠩᠭᠡᠪᠴᠢᠯᠡᠬᠦ᠂ ᠬᠡᠯᠪᠡᠷᠢᠴᠢᠯᠡᠬᠦ᠂ ᠴᠡᠩᠬᠡᠯᠴᠢᠯᠡᠬᠦ᠂ ᠪᠤᠯᠬᠢᠴᠢᠯᠠᠬᠤ ᠶᠢ ᠡᠷᠡᠰ ᠰᠡᠷᠭᠡᠶᠢᠯᠡᠬᠦ ᠬᠡᠷᠡᠭᠳᠡᠢ᠃ ᠨᠠᠮ ᠤᠨ ᠲᠦᠷᠢᠮ ᠨᠠᠮ ᠤᠨ ᠳᠤᠬᠳᠠᠭᠠᠯ ᠢ ᠰᠤᠷᠤᠯᠴᠠᠬᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠰᠤᠷᠤᠯᠴᠠᠬᠤ ᠪᠠᠷ ᠭᠤᠤᠯ ᠠᠭᠤᠯᠭ᠎ᠠ ᠪᠤᠯᠭᠠᠵᠤ᠂ ᠨᠠᠮ ᠤᠨ ᠭᠡᠰᠢᠬᠦᠨ ᠤ ᠦᠵᠡᠯ ᠰᠠᠨᠠᠭᠠᠨ ᠤ ᠠᠵᠢᠯ ᠤᠨ ᠪᠤᠳᠠᠳᠠᠢ ᠲᠠᠢ ᠤᠶᠠᠯᠳᠤᠭᠤᠯᠤᠨ᠂ 《ᠭᠤᠷᠪᠠᠨ ᠬᠤᠷᠠᠯ ᠨᠢᠭᠡ ᠬᠢᠴᠢᠶᠠᠯ》 ᠤᠨ ᠭᠤᠤᠯ ᠰᠡᠳᠦᠪ ᠪᠠ ᠪᠤᠳᠠᠳᠠᠢ ᠬᠡᠯᠪᠡᠷᠢ ᠪᠠᠨ ᠳᠤᠬᠳᠠᠭᠠᠨ᠂ ᠬᠡᠯᠪᠡᠷᠢ ᠮᠠᠶ᠋ᠢᠭ ᠢ ᠨᠢ ᠤᠯᠠᠨ ᠶᠠᠩᠵᠤᠵᠢᠭᠤᠯᠵᠣ᠂ ᠦᠳᠭᠡᠨ ᠵᠤᠵᠠᠭᠠᠨ ᠠᠭᠤᠷ ᠠᠮᠢᠰᠬᠤᠯ ᠢ ᠪᠤᠯᠭᠠᠬᠤ ᠬᠡᠷᠡᠭᠳᠡᠢ᠃ 《7 · 1》᠂ 《10 · 1》 ᠵᠡᠷᠭᠡ ᠴᠢᠬᠤᠯᠠ ᠪᠠᠶᠠᠷ ᠳᠤᠷᠠᠰᠬᠠᠯ ᠤᠨ ᠡᠳᠤᠷ ᠢ ᠠᠰᠢᠬᠯᠠᠨ᠂ ᠨᠠᠮ ᠤᠨ ᠭᠡᠰᠢᠬᠦᠨ ᠢ ᠵᠤᠬᠢᠶᠠᠨ ᠪᠠᠶᠢᠭᠤᠯᠤᠨ ᠰᠤᠷᠤᠯᠴᠠᠯᠭ᠎ᠠ ᠬᠦᠮᠦᠵᠢᠯ ᠬᠢᠬᠦ ᠶᠢ ᠴᠢᠬᠤᠯᠠᠴᠢᠯᠠᠵᠤ᠂ ᠨᠠᠮ ᠤᠨ ᠡᠭᠦᠷ ᠤᠨ ᠭᠤᠤᠯ ᠰᠡᠳᠤᠪᠳᠤ ᠨᠠᠮ ᠤᠨ ᠡᠳᠤᠷ ᠢ ᠳᠡᠯᠭᠡᠷᠡᠭᠦᠯᠦᠨ ᠬᠡᠷᠡᠭᠵᠢᠭᠦᠯᠵᠦ᠂ ᠨᠠᠮ ᠤᠨ ᠭᠡᠰᠢᠬᠦᠨ ᠢ ᠵᠤᠬᠢᠶᠠᠨ ᠪᠠᠶᠢᠭᠤᠯᠤᠨ ᠭᠤᠤᠯ ᠰᠡᠳᠤᠪᠳᠤ ᠨᠠᠮ ᠤᠨ ᠡᠳᠤᠷ ᠲᠤ 《ᠭᠤᠷᠪᠠᠨ ᠬᠤᠷᠠᠯ ᠨᠢᠭᠡ ᠬᠢᠴᠢᠶᠡᠯ》᠂ ᠨᠠᠮ ᠤᠨ ᠰᠦᠢᠳᠭᠡᠯ ᠳᠤᠰᠢᠶᠠᠬᠤ᠂ ᠤᠯᠠᠨ ᠲᠦᠮᠡᠨ ᠳᠤ ᠦᠢᠯᠡᠴᠢᠯᠡᠬᠦ᠂ ᠨᠠᠮ ᠤᠨ ᠭᠡᠰᠢᠬᠦᠨ ᠤ ᠤᠯᠤᠰ ᠲᠦᠷᠦ ᠶᠢᠨ ᠲᠦᠷᠦᠭᠰᠡᠨ ᠡᠳᠤᠷ ᠢ ᠦᠩᠭᠡᠷᠡᠭᠡᠬᠦ ᠵᠡᠷᠭᠡ ᠠᠵᠢᠯᠯᠠᠭ᠎ᠠ ᠦᠷᠨᠢᠬᠦᠯᠬᠦ ᠬᠡᠷᠡᠭᠳᠡᠢ᠃ ᠬᠤᠪᠢᠰᠬᠠᠯ ᠤᠨ ᠬᠦᠮᠦᠵᠢᠯ ᠤᠨ ᠰᠠᠭᠤᠷᠢᠨ ᠢ ᠠᠰᠢᠬᠯᠠᠨ ᠨᠡᠭᠡᠭᠡᠯᠳᠡ ᠶᠢᠨ ᠬᠡᠯᠪᠡᠷᠢ ᠲᠠᠢ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠦᠷᠨᠢᠬᠦᠯᠬᠦ ᠬᠡᠷᠡᠭᠳᠡᠢ᠃ ᠨᠠᠮ ᠤᠨ ᠡᠭᠦᠷ ᠤᠨ ᠤ 《 ᠭᠤᠷᠪᠠᠨ ᠬᠤᠷᠠᠯ ᠨᠢᠭᠡ ᠬᠢᠴᠢᠶᠡᠯ》 ᠤᠨ ᠲᠦᠯᠦᠪᠯᠡᠭᠡ ᠳᠤᠬᠳᠠᠭᠠᠬᠤ ᠶᠢᠨ ᠬᠠᠮᠳᠤ᠂ ᠳᠡᠭᠡᠷ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠳᠠᠭᠠᠨ ᠳᠠᠩᠰᠠᠯᠠᠭᠤᠯᠵᠤ᠂ 《ᠭᠤᠷᠪᠠᠨ ᠬᠤᠷᠠᠯ ᠨᠢᠭᠡ ᠬᠢᠴᠢᠶᠠᠯ》 ᠤᠨ ᠪᠦᠬᠦ᠋ᠢᠯᠡ ᠶᠠᠪᠤᠴᠠ ᠶᠢ ᠳᠡᠮᠳᠡᠭᠯᠡᠬᠦ ᠲᠦᠷᠢᠮ ᠪᠠᠶᠢᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》 ᠦᠷᠨᠢᠬᠦᠯᠦᠭᠰᠡᠨ ᠪᠠᠶᠢᠳᠠᠯ ᠢᠶᠠᠨ ᠦᠨᠡᠨ ᠪᠤᠳᠠᠳᠠᠢ ᠳᠡᠮᠳᠡᠭᠯᠡᠵᠤ᠂ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠤᠷᠳᠤ ᠬᠤᠭᠤᠴᠠᠭ᠎ᠠ ᠪᠠᠷ 《ᠭᠤᠷᠪᠠᠨ ᠬᠤᠷᠠᠯ ᠨᠢᠭᠡ ᠬᠢᠴᠢᠶᠡᠯ》 ᠳᠤ ᠤᠷᠤᠯᠴᠠᠬᠤ ᠦᠭᠡᠢ ᠨᠠᠮ ᠤᠨ ᠭᠡᠰᠢᠬᠦᠨ ᠢ ᠰᠢᠭᠦᠮᠵᠢᠯᠡᠨ ᠬᠦᠮᠦᠵᠢᠭᠦᠯᠵᠤ᠂ ᠦᠭᠡᠷᠡᠴᠢᠯᠡᠨ ᠵᠠᠯᠠᠷᠠᠭᠤᠯᠬᠤ ᠬᠡᠷᠡᠭᠳᠡᠢ᠃ ᠳᠡᠭᠡᠷ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠠᠮ ᠤᠨ ᠡᠭᠦᠷ ᠤᠨ 《ᠭᠤᠷᠪᠠᠨ ᠬᠤᠷᠠᠯ ᠨᠢᠭᠡ ᠬᠢᠴᠢᠶᠡᠯ》 ᠤᠨ ᠪᠠᠶᠢᠳᠠᠯ ᠢ ᠵᠢᠯᠤᠭᠤᠳᠤᠨ ᠪᠠᠶᠢᠴᠠᠭᠠᠵᠣ᠂ ᠪᠠᠶᠢᠩᠭᠤ ᠪᠣᠰᠣ᠂ ᠬᠢᠨᠠᠮᠠᠭᠠᠢ ᠪᠤᠰᠤ᠂ ᠲᠦᠪ ᠴᠢᠩᠭ᠎ᠠ ᠪᠣᠰᠣ ᠪᠤᠯ ᠰᠢᠭᠦᠮᠵᠢᠯᠡᠨ ᠵᠠᠯᠠᠷᠠᠭᠤᠯᠣᠭᠤᠯᠬᠤ ᠬᠡᠷᠡᠭᠳᠡᠢ︔ ᠪᠠᠶᠢᠳᠠᠯ ᠨᠢ ᠬᠦᠨᠳᠤ ᠨᠤᠴᠢᠳᠡᠢ ᠪᠤᠯ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠵᠤᠬᠢᠶᠠᠨ ᠪᠠᠶᠢᠭᠤᠯᠤᠯᠳᠠ ᠶᠢᠨ ᠰᠢᠳᠭᠡᠯ ᠦᠭᠬᠦ ᠬᠡᠷᠡᠭᠳᠡᠢ᠃
(ᠭᠤᠷᠪᠠ) ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠳᠤᠳᠠᠭᠤᠳᠠᠯ ᠢ ᠨᠦᠬᠦᠪᠦᠷᠢᠯᠡᠬᠦ ᠬᠡᠷᠡᠭᠳᠡᠢ᠃ 《ᠤᠮᠠᠷᠠᠳᠤ ᠬᠢᠯᠢ ᠶᠢᠨ ᠬᠤᠰᠢᠭᠤᠴᠢ》 ᠶᠢᠨ ᠢᠨᠵᠧᠨᠧᠷᠢᠩ ᠢ ᠶᠡᠬᠡᠪᠡᠷ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠳᠤ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠪᠠ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠪᠠᠷ ᠭᠤᠤᠯᠳᠠᠯᠭ᠎ᠠ ᠪᠤᠯᠭᠠᠬᠰᠠᠨ 《ᠠᠷᠠᠳ ᠢᠶᠠᠨ ᠪᠠᠶᠠᠵᠢᠭᠤᠯᠬᠤ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠵᠡᠭᠡᠯᠢ ᠭᠤᠳᠤᠮᠵᠢ ᠨᠡᠶᠢᠭᠡᠮ ᠳᠤᠭᠤᠷᠢᠭ ᠲᠤ ᠠᠷᠠᠳ ᠲᠤ ᠲᠦᠭᠦᠮ ᠦᠵᠡᠬᠦᠯᠬᠦ ᠠᠷᠠᠳ ᠲᠤ ᠦᠢᠯᠡᠴᠢᠯᠡᠬᠦ ᠠᠷᠠᠳ ᠲᠤ ᠠᠰᠢᠭ ᠬᠦᠷᠳᠡᠭᠡᠬᠦ ᠪᠠᠷ ᠭᠤᠤᠯᠳᠠᠯᠭ᠎ᠠ ᠪᠤᠯᠭᠠᠬᠰᠠᠨ 《ᠰᠡᠳᠭᠢᠯ ᠢ ᠳᠤᠯᠠᠭᠠᠴᠠᠭᠤᠯᠬᠤ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠪᠠᠶᠢᠭᠤᠯᠤᠯᠭ᠎ᠠ ᠨᠢᠭᠡᠴᠡ ᠳᠤ ᠭᠤᠤᠯ ᠠᠵᠢᠯ ᠳᠤ ᠦᠢᠯᠡᠴᠢᠯᠡᠨ᠂ ᠬᠦᠴᠦᠷᠭᠡᠭ ᠡᠩᠨᠡᠭᠡ ᠶᠢ ᠴᠣᠭᠴᠠᠯᠠᠬᠤ ᠪᠠᠷ ᠭᠤᠤᠯᠳᠠᠯᠭ᠎ᠠ ᠪᠤᠯᠭᠠᠬᠰᠠᠨ 《ᠠᠮᠢᠵᠢᠷᠠᠯ ᠪᠢᠯᠬᠠᠬᠰᠠᠨ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠶᠡᠭᠡ ᠳᠡᠭᠡᠳᠤ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠬᠰᠠᠨ 《ᠬᠦᠮᠦᠨ ᠬᠦᠮᠦᠵᠢᠬᠦᠯᠬᠦ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠤᠯᠤᠰ ᠤᠨ ᠦᠮᠴᠢᠯᠡᠯ ᠤᠨ ᠠᠵᠤ ᠠᠬᠤᠢᠢᠯᠠᠯ ᠳᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯᠯᠠᠭᠴᠢ ᠶᠢᠨ ᠦᠢᠯᠡᠳᠤᠯ ᠢ ᠴᠢᠩᠭᠠᠳᠬᠠᠬᠤ ᠪᠠᠷ ᠭᠤᠤᠯᠳᠠᠯᠭ᠎ᠠ ᠪᠤᠯᠭᠠᠬᠰᠠᠨ 《ᠬᠦᠴᠦᠨ ᠢᠶᠠᠨ ᠬᠠᠮᠳᠤᠳᠬᠠᠬᠤ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠳᠤ 《ᠬᠤᠶᠠᠷ ᠢ ᠪᠦᠷᠬᠦᠭᠦᠯᠬᠦ》 ᠶᠢ ᠦᠷᠭᠡᠳᠭᠡᠬᠦ ᠪᠠᠷ ᠭᠤᠤᠯᠳᠠᠯᠭ᠎ᠠ ᠪᠤᠯᠭᠠᠬᠰᠠᠨ 《ᠰᠡᠳᠭᠢᠯ ᠢᠶᠠᠨ ᠬᠤᠯᠪᠤᠬᠤ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠬᠢᠯᠢ ᠬᠢᠵᠠᠭᠠᠷ ᠤᠷᠤᠨ ᠳᠤ 《ᠲᠠᠪᠤᠨ ᠬᠢᠯᠢ ᠶᠢᠨ ᠠᠵᠢᠯᠯᠠᠭ᠎ᠠ》 ᠪᠠᠷ ᠭᠤᠤᠯᠳᠠᠯᠭ᠎ᠠ ᠪᠤᠯᠭᠠᠬᠰᠠᠨ 《ᠬᠢᠯᠢ ᠬᠢᠵᠠᠭᠠᠷ ᠢᠶᠠᠨ ᠪᠠᠬᠢᠵᠢᠭᠦᠯᠬᠦ ᠨᠠᠮ ᠤᠨ ᠪᠠᠶᠢᠭᠤᠯᠤᠯᠳᠠ》 ᠶᠢ ᠦᠷᠨᠢᠬᠦᠯᠵᠤ᠂ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠦᠷᠦᠯ ᠤᠨ ᠦᠨᠳᠤᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠦ ᠶᠢᠨ ᠡᠭᠦᠷᠭᠡ ᠴᠢᠳᠠᠪᠬᠢ ᠪᠠ ᠦᠢᠯᠡᠴᠢᠯᠡᠭᠡᠨ ᠤ ᠡᠭᠦᠷᠭᠡ ᠴᠢᠳᠠᠪᠬᠢ ᠶᠢ ᠴᠢᠨᠠᠬᠰᠢᠳᠠ ᠴᠢᠩᠭᠠᠳᠬᠠᠵᠤ᠂ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠬᠦ ᠶᠢ ᠠᠬᠢᠭᠤᠯᠬᠤ ᠵᠤᠬᠢᠶᠠᠨ ᠪᠠᠶᠢᠭᠤᠯᠤᠯᠳᠠ ᠶᠢᠨ ᠰᠠᠭᠤᠷᠢ ᠪᠠ ᠳᠤᠬᠳᠠᠴᠠ ᠶᠢᠨ ᠪᠠᠳᠤᠯᠠᠭ᠎ᠠ ᠶᠢ ᠪᠠᠳᠤᠳᠬᠠᠬᠤ ᠬᠡᠷᠡᠭᠳᠡᠢ᠃
ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠳᠤᠳᠠᠭᠤᠳᠠᠯ ᠢ ᠨᠦᠬᠦᠪᠦᠷᠢᠯᠡᠬᠦ ᠶᠢ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠬᠦ ᠶᠢ ᠠᠬᠢᠭᠤᠯᠬᠤ ᠴᠢᠬᠤᠯᠠ ᠡᠭᠦᠷᠭᠡ ᠪᠤᠯᠭᠠᠬᠤ ᠶᠢ ᠪᠠᠷᠢᠮᠳᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠤᠰᠤᠨ ᠱᠠᠳᠤᠨ ᠳᠡᠰᠢ ᠦᠷᠭᠡᠳᠭᠡᠬᠦ ᠶᠢ ᠠᠬᠢᠭᠤᠯᠬᠤ ᠰᠢᠪᠳᠤᠯᠤᠯᠳᠠ ᠶᠢᠨ ᠴᠢᠭ ᠢ ᠤᠨᠤᠪᠴᠢᠳᠠᠢ ᠡᠷᠢᠨ ᠣᠯᠵᠣ᠂ ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠬᠰᠠᠨ ᠦᠷ᠎ᠡ ᠪᠦᠳᠦᠮᠵᠢ ᠶᠢ ᠪᠠᠳᠤᠳᠬᠠᠨ ᠦᠷᠭᠡᠳᠭᠡᠵᠤ᠂ ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠪᠠᠭᠤᠷᠠᠢ ᠭᠤᠬᠴᠤᠭ᠎ᠠ ᠶᠢ ᠴᠢᠩᠭᠠᠳᠬᠠᠵᠤ᠂ ᠵᠢᠯ ᠪᠦᠷᠢ ᠦᠨᠳᠤᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠳᠤᠳᠠᠭᠤᠳᠠᠯ ᠢ ᠵᠤᠬᠢᠴᠠᠭᠤᠯᠤᠨ ᠡᠮᠬᠢᠯᠡᠨ ᠲᠢᠭᠯᠡᠵᠤ ᠵᠠᠳᠠᠯᠤᠨ ᠰᠤᠳᠤᠯᠵᠤ᠂ ᠠᠯᠢ ᠤᠯᠠᠨ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠳᠤᠬᠳᠠᠭᠠᠵᠤ᠂ ᠬᠦᠴᠤᠨ ᠢᠶᠠᠨ ᠲᠦᠪᠯᠡᠷᠡᠭᠦᠯᠦᠨ ᠬᠦᠴᠢᠷ ᠢ ᠳᠤᠭᠤᠯᠵᠤ ᠪᠡᠷᠬᠡ ᠶᠢ ᠳᠠᠪᠠᠭ᠋ᠤ ᠬᠡᠷᠡᠭᠳᠡᠢ᠃ ᠨᠠᠮ ᠤᠨ ᠡᠭᠦᠷ ᠤᠨ ᠪᠠᠶᠢᠭᠤᠯᠤᠯᠳᠠ ᠶᠢ ᠬᠠᠮᠤᠭ ᠤᠨ ᠴᠢᠬᠤᠯᠠ ᠦᠨᠳᠤᠰᠦᠨ ᠪᠠᠶᠢᠭᠤᠯᠤᠯᠳᠠ ᠪᠤᠯᠭᠠᠵᠤ᠂ ᠨᠠᠮ ᠤᠨ ᠡᠭᠦᠷ ᠢ ᠲᠦᠷᠢᠮᠵᠢᠭᠦᠯᠵᠦ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠦᠨᠡᠨᠬᠦ ᠴᠢᠩᠭᠠᠳᠬᠠᠵᠤ᠂ ᠡᠯ᠎ᠡ ᠲᠦᠷᠦᠯ ᠤᠨ ᠦᠨᠳᠤᠰᠦᠨ ᠱᠠᠳᠤᠨ ᠤ ᠪᠠᠶᠢᠭᠤᠯᠤᠯᠭ᠎ᠠ ᠳᠤ ᠵᠤᠬᠢᠰᠳᠠᠢ ᠪᠠᠷ ᠨᠠᠮ ᠤᠨ ᠡᠭᠦᠷ ᠪᠠᠶᠢᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠪᠠ ᠠᠵᠢᠯ ᠤᠨ ᠪᠦᠷᠬᠦᠴᠡ ᠶᠢ ᠦᠷᠬᠦᠯᠵᠢᠯᠡᠨ ᠦᠷᠭᠡᠳᠭᠡᠬᠦ ᠬᠡᠷᠡᠭᠳᠡᠢ᠃ ᠨᠠᠮ ᠤᠨ ᠡᠭᠦᠷ ᠢ ᠬᠦᠳᠦᠯᠦᠨ ᠵᠢᠯᠤᠭᠤᠳᠴᠤ ᠡᠯ᠎ᠡ ᠵᠦᠢᠯ ᠤᠨ ᠠᠵᠢᠯ ᠤᠨ ᠲᠦᠷᠢᠮ ᠢ ᠨᠢ ᠪᠦᠷᠢᠨᠰᠢᠬᠦᠯᠵᠤ᠂ ᠬᠤᠭᠤᠴᠠᠭ᠎ᠠ ᠶᠤᠰᠤᠭᠠᠷ ᠬᠤᠭᠤᠴᠠᠭ᠎ᠠ ᠰᠤᠯᠢᠵᠤ᠂ ᠨᠠᠮ ᠤᠨ ᠡᠭᠦᠷ ᠤᠨ ᠪᠠᠭ ᠢ ᠰᠠᠶᠢᠳᠤᠷ ᠰᠤᠩᠭᠤᠵᠤ᠂ ᠰᠢᠯᠢᠳᠡᠭ ᠨᠠᠮ ᠤᠨ ᠭᠡᠰᠢᠬᠦᠨ ᠢ ᠰᠢᠯᠢᠨ ᠰᠤᠩᠭᠤᠵᠤ ᠨᠠᠮ ᠤᠨ ᠡᠭᠦᠷ ᠤᠨ ᠱᠦᠵᠢ ᠶᠢᠨ ᠪᠠᠶᠢᠷᠢ ᠳᠤ ᠳᠡᠪᠰᠢᠬᠦᠯᠬᠦ ᠬᠡᠷᠡᠭᠳᠡᠢ᠃ ᠨᠠᠮ ᠤᠨ ᠡᠭᠦᠷ ᠤᠨ ᠱᠦᠵᠢ ᠶᠢᠨ ᠳᠠᠪᠳᠠᠯᠳᠠ ᠪᠤᠯᠪᠠᠰᠤᠷᠠᠯ ᠢ ᠴᠢᠩᠭᠠᠳᠬᠠᠵᠤ᠂ ᠨᠠᠮ ᠤᠨ ᠶᠠᠪᠤᠳᠠᠯ ᠤᠨ ᠠᠵᠢᠯ ᠤᠨ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠬᠦᠯᠬᠦ ᠬᠡᠷᠡᠭᠳᠡᠢ᠃ ᠨᠠᠮ ᠤᠨ ᠡᠭᠦᠷ ᠤᠨ ᠠᠵᠢᠯ ᠢ ᠪᠠᠶᠢᠩᠭᠤ ᠶᠢᠨ ᠴᠢᠨᠠᠷᠳᠠᠢ ᠱᠠᠯᠠᠪᠳᠠᠭᠤᠯᠤᠨ ᠪᠠᠶᠢᠴᠠᠭᠠᠵᠤ ᠬᠦᠳᠦᠯᠦᠨ ᠵᠢᠯᠤᠭᠤᠳᠬᠤ ᠳᠤᠬᠳᠠᠴᠠ ᠶᠢ ᠪᠠᠶᠢᠭᠤᠯᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ ᠤᠨ ᠡᠭᠦᠷ ᠢ ᠦᠷᠬᠦᠯᠵᠢᠯᠡᠨ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠠᠵᠢᠯᠯᠠᠭ᠎ᠠ ᠶᠢᠨ ᠵᠠᠷᠤᠳᠠᠯ ᠮᠦᠩᠬᠦ᠂ ᠠᠵᠢᠯᠯᠠᠭᠠᠨ ᠤ ᠭᠠᠵᠠᠷ᠂ ᠬᠦᠷᠳᠡᠭᠡᠮᠵᠢ ᠤᠯᠭᠤᠮᠵᠢ᠂ ᠤᠯᠠᠨ ᠲᠦᠮᠡᠨ ᠳᠤ ᠦᠢᠯᠡᠴᠢᠯᠡᠬᠦ ᠳᠤᠰᠬᠠᠢ ᠵᠠᠷᠤᠳᠠᠯ ᠮᠦᠩᠬᠦ ᠶᠢ ᠰᠠᠶᠢᠳᠤᠷ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠠᠵᠢᠯ ᠪᠠ ᠠᠵᠢᠯᠯᠠᠭ᠎ᠠ ᠦᠷᠨᠢᠬᠦᠯᠬᠦ ᠳᠤ ᠴᠢᠬᠤᠯᠠ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ᠃
(ᠲᠦᠷᠪᠡ) ᠨᠠᠮ ᠤᠨ ᠬᠡᠰᠢᠬᠦᠨ ᠤ ᠰᠤᠷᠤᠯᠴᠠᠬᠤ ᠳᠠᠪᠴᠠᠩ ᠢ ᠪᠠᠶᠢᠭᠤᠯᠬᠤ ᠬᠡᠷᠡᠭᠳᠡᠢ᠃ ᠨᠠᠮ ᠤᠨ ᠬᠡᠰᠢᠬᠦᠨ ᠤ ᠤᠳᠤ ᠦᠶ᠎ᠠ ᠶᠢᠨ ᠠᠯᠤᠰ ᠰᠤᠷᠭᠠᠨ ᠬᠦᠮᠦᠵᠢᠯ᠂ ᠨᠠᠮ ᠤᠨ ᠪᠠᠶᠢᠭᠤᠯᠤᠯᠳᠠ ᠶᠢᠨ ᠰᠢᠭᠤᠳ ᠨᠡᠪᠳᠡᠷᠡᠬᠦ ᠳᠡᠷᠬᠡ᠂ ᠤᠮᠠᠷᠠᠳᠤ ᠬᠢᠯᠢ ᠶᠢᠨ ᠬᠤᠰᠢᠭᠤᠴᠢ ᠰᠦᠯᠵᠢᠶ᠎ᠠ ᠶᠢ ᠰᠠᠶᠢᠳᠤᠷ ᠠᠰᠢᠭᠯᠠᠵᠣ᠂ ᠲᠦᠪᠯᠡᠷᠡᠬᠦᠯᠦᠭᠰᠡᠨ ᠰᠤᠷᠤᠯᠴᠠᠯᠭ᠎ᠠ ᠬᠦᠮᠦᠵᠢᠯ ᠢ ᠬᠦᠳᠡᠯᠦᠩᠬᠦᠢ ᠨᠡᠶᠢᠳᠡᠯᠡᠬᠦ᠂ ᠮᠠᠲ᠋ᠧᠷᠢᠶᠠᠯ ᠤᠩᠰᠢᠬᠤ᠂ ᠳᠤᠷᠰᠢᠯᠭ᠎ᠠ ᠪᠠᠨ ᠰᠤᠯᠢᠯᠴᠠᠬᠤ᠂ ᠦᠷ᠎ᠠ ᠪᠦᠳᠦᠬᠡᠯ ᠢᠶᠠᠨ ᠳᠡᠯᠬᠡᠨ ᠦᠵᠡᠬᠦᠯᠬᠦ ᠵᠡᠷᠬᠡ ᠶᠢ ᠨᠢᠬᠡ ᠴᠤᠭᠴᠠᠵᠢᠭᠤᠯᠤᠭᠰᠠᠨ ᠰᠦᠯᠵᠢᠶᠡᠨ ᠳᠠᠪᠴᠠᠩ ᠢ ᠪᠠᠶᠢᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠵᠢᠷᠬᠢᠶ᠎ᠠ᠂ ᠪᠢᠴᠢᠯ ᠪᠦᠷᠬᠡ᠂ 1237105 ᠴᠠᠬᠢᠮ ᠮᠡᠳᠡᠭᠡ᠂ ᠤᠮᠠᠷᠠᠳᠤ ᠬᠢᠯᠢ ᠶᠢᠨ ᠬᠤᠰᠢᠭᠤᠴᠢ ᠰᠢᠯᠵᠢᠶ᠎ᠠ᠂ 《ᠢᠨᠲ᠋ᠧᠷ ᠰᠦᠯᠵᠢᠶ᠎ᠠ +》 ᠵᠡᠷᠭᠡ ᠠᠴᠢᠶᠠᠯᠠᠪᠤᠷᠢ ᠪᠠᠷ 《ᠤᠶᠤᠨᠴᠢᠯᠠᠬᠰᠠᠨ ᠨᠠᠮ ᠤᠨ ᠪᠠᠶᠢᠭᠤᠯᠤᠯᠳᠠ》 ᠶᠢ ᠠᠬᠢᠭᠤᠯᠵᠤ᠂ ᠲᠦᠷᠢ ᠲᠦᠷᠬᠦ ᠶᠢᠨ ᠰᠢᠭᠤᠳ ᠦᠵᠡᠭᠳᠡᠯᠳᠤ᠂ ᠪᠠᠶᠠᠯᠢᠭ ᠠᠭᠤᠯᠭ᠎ᠠ ᠲᠠᠢ ᠤᠯᠠᠨ ᠬᠡᠯᠪᠡᠷᠢ ᠶᠢᠨ ᠰᠤᠷᠤᠯᠴᠠᠬᠤ ᠠᠭᠤᠯᠭ᠎ᠠ ᠶᠢ ᠨᠡᠭᠡᠭᠡᠨ ᠦᠢᠯᠡᠳᠴᠤ᠂ ᠨᠠᠮ ᠤᠨ ᠬᠡᠰᠢᠬᠦᠨ ᠰᠦᠯᠵᠢᠶ᠎ᠠ ᠶᠢ ᠠᠰᠢᠬᠯᠠᠨ ᠪᠡᠶ᠎ᠠ ᠪᠠᠨ ᠳᠠᠭᠠᠭᠠᠵᠤ ᠰᠤᠷᠤᠯᠴᠠᠬᠤ᠂ ᠠᠭᠤᠰᠤᠯᠴᠠᠨ ᠰᠤᠯᠢᠯᠴᠠᠬᠤ ᠶᠢ ᠵᠤᠬᠢᠶᠠᠨ ᠪᠠᠶᠢᠭᠤᠯᠤᠨ ᠵᠢᠯᠤᠭᠤᠳᠴᠤ᠂ ᠰᠤᠷᠤᠯᠴᠠᠯᠭ᠎ᠠ ᠬᠦᠮᠦᠵᠢᠯ ᠤᠨ ᠬᠠᠮᠤᠷᠠᠬᠤ ᠬᠡᠪᠴᠢᠶ᠎ᠠ ᠶᠢ ᠦᠷᠬᠡᠳᠬᠡᠬᠦ ᠬᠡᠷᠡᠭᠳᠡᠢ᠃
ᠰᠤᠷᠤᠯᠴᠠᠯᠭ᠎ᠠ ᠬᠦᠮᠦᠵᠢᠯ ᠤᠨ ᠠᠴᠢᠶᠠᠯᠠᠪᠤᠷᠢ ᠶᠢᠨ ᠰᠢᠨ᠎ᠠ ᠶᠢ ᠡᠬᠦᠳᠬᠦ ᠬᠡᠷᠡᠭᠳᠡᠢ᠃ ᠮᠠᠯᠵᠢᠬᠤ ᠳᠠᠷᠢᠶᠠᠯᠠᠬᠤ ᠤᠷᠤᠨ ᠳᠤ ᠨᠠᠮ ᠤᠨ ᠬᠡᠰᠢᠬᠦᠨ ᠡᠷᠦᠬᠡ ᠶᠢᠨ ᠢᠯᠡᠷᠬᠡᠶᠢᠯᠡᠯ ᠡᠯᠬᠦᠵᠦ᠂ ᠨᠠᠮ ᠤᠨ ᠬᠡᠰᠢᠬᠦᠨ ᠤ ᠵᠢᠱᠢᠶ᠎ᠠ ᠦᠵᠡᠬᠦᠯᠬᠦ ᠡᠷᠦᠬᠡ᠂ ᠨᠠᠮ ᠤᠨ ᠬᠡᠰᠢᠬᠦᠨ ᠤ ᠭᠤᠤᠯᠳᠠᠯᠭᠠᠳᠤ ᠡᠷᠦᠬᠡ ᠶᠢ ᠳᠤᠬᠢᠷᠠᠭᠤᠯᠵᠤ᠂ 《ᠨᠡᠬᠦᠳᠡᠯ ᠨᠠᠮ ᠤᠨ ᠰᠤᠷᠭᠠᠭᠤᠯᠢ》 《ᠳᠡᠮᠡᠬᠡᠨ ᠨᠢᠷᠤᠭᠤᠨ ᠳᠡᠬᠡᠷᠡᠬᠢ ᠤᠬᠠᠭᠤᠯᠬᠤ ᠠᠩᠬᠢ》 ᠵᠡᠷᠬᠡ ᠠᠷᠭ᠎ᠠ ᠶᠢ ᠳᠡᠯᠭᠡᠷᠡᠭᠦᠯᠵᠦ᠂ ᠲᠤᠰᠢᠶᠠᠯ ᠦᠭᠡᠢ ᠨᠠᠮ ᠤᠨ ᠬᠡᠰᠢᠬᠦᠨ ᠳᠤ ᠠᠵᠢᠯ ᠤᠨ ᠪᠠᠶᠢᠷᠢ ᠳᠤᠬᠢᠷᠠᠭᠤᠯᠤᠨ ᠬᠠᠷᠢᠭᠤᠴᠠᠯᠭ᠎ᠠ ᠳᠤᠭᠳᠠᠭᠠᠬᠤ᠂ ᠨᠠᠮ ᠤᠨ ᠬᠡᠰᠢᠬᠦᠨ ᠠᠮᠠᠯᠠᠯᠳᠠ ᠬᠢᠬᠦ ᠠᠮᠠᠯᠠᠯᠳᠠ ᠪᠠᠨ ᠦᠢᠯᠡᠳᠦᠯᠬᠡᠵᠢᠬᠦᠯᠬᠦ ᠠᠮᠠᠯᠠᠯᠳᠠ ᠶᠢ ᠦᠨᠡᠯᠡᠬᠦ᠂ ᠨᠠᠮ ᠤᠨ ᠬᠡᠰᠢᠬᠦᠨ ᠢ ᠤᠳᠤᠨ ᠳᠡᠰ ᠢᠶᠠᠷ ᠦᠨᠡᠯᠡᠨ ᠳᠡᠰ ᠳᠤᠬᠳᠠᠭᠠᠬᠤ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠬᠦ ᠬᠡᠷᠡᠭᠳᠡᠢ︔ ᠨᠡᠶᠢᠭᠡᠮ ᠲᠤᠭᠤᠷᠢᠭ ᠲᠤ 《ᠤᠮᠠᠷᠠᠳᠤ ᠬᠢᠯᠢ ᠶᠢᠨ ᠡᠶ᠎ᠡ ᠵᠤᠬᠢᠴᠠᠩᠭᠤᠢ ᠨᠡᠶᠢᠭᠡᠮ ᠲᠤᠭᠤᠷᠢᠭ》 ᠤᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠤ᠂ ᠨᠠᠮ ᠤᠨ ᠭᠡᠰᠢᠬᠦᠨ ᠢ ᠬᠦᠳᠦᠯᠦᠨ ᠵᠢᠯᠤᠭᠤᠳᠴᠤ ᠨᠡᠶᠢᠭᠡᠮ ᠲᠤᠭᠤᠷᠢᠭ ᠲᠤ ᠤᠷᠤᠭᠤᠯᠤᠨ ᠠᠷᠠᠳ ᠤᠨ ᠲᠦᠯᠦᠭᠡ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠦ ᠠᠵᠢᠯᠯᠠᠭ᠎ᠠ ᠦᠷᠨᠢᠭᠦᠯᠬᠦ ᠬᠡᠷᠡᠭᠳᠡᠢ︔ ᠪᠠᠶᠢᠭᠤᠯᠤᠯᠭ᠎ᠠ ᠨᠢᠬᠡᠴᠡ ᠳᠤ 《 ᠲᠦᠷᠪᠡᠨ ᠬᠡᠯᠪᠡᠷᠢ ᠶᠢᠨ ᠪᠠᠶᠢᠭᠤᠯᠤᠯᠭ᠎ᠠ》 ᠶᠢ ᠡᠬᠦᠳᠦᠨ ᠪᠠᠶᠢᠭᠤᠯᠬᠤ᠂ 《ᠬᠡᠷ ᠤᠨ ᠶᠤᠰᠤ ᠳᠤᠭᠳᠠᠭᠠᠨ᠂ ᠬᠡᠷ ᠤᠨ ᠰᠤᠷᠳᠠᠯ ᠢᠶᠠᠨ ᠲᠦᠪ ᠪᠤᠯᠭᠠᠬᠤ᠂ ᠬᠡᠷ ᠤᠨ ᠰᠤᠷᠭᠠᠯ ᠢᠶᠠᠨ ᠴᠢᠩᠭᠠᠳᠬᠠᠬᠤ》 ᠠᠵᠢᠯᠯᠠᠭ᠎ᠠ ᠦᠷᠨᠢᠭᠦᠯᠬᠦ ᠬᠡᠷᠡᠭᠳᠡᠢ︔ ᠴᠤᠩᠬᠤᠪᠴᠢ ᠨᠢᠬᠡᠴᠡ ᠪᠠ ᠦᠢᠯᠡᠴᠢᠯᠡᠬᠡᠨ ᠤ ᠠᠵᠢᠯ ᠲᠦᠷᠦᠯ ᠳᠤ ᠨᠠᠮ ᠤᠨ ᠬᠡᠰᠢᠬᠦᠨ ᠤ ᠵᠢᠱᠢᠶ᠎ᠠ ᠦᠵᠡᠬᠦᠯᠬᠦ ᠠᠵᠢᠯ ᠤᠨ ᠪᠠᠶᠢᠷᠢ ᠳᠤᠬᠢᠷᠠᠭᠤᠯᠬᠤ᠂ 《 ᠨᠠᠳᠠ ᠲᠠᠢ ᠵᠠᠷᠭᠡᠴᠡᠬᠦ》 ᠠᠮᠠᠯᠠᠯᠳᠠ ᠬᠢᠵᠦ ᠠᠮᠠᠯᠠᠯᠳᠠ ᠪᠠᠨ ᠦᠢᠯᠡᠳᠦᠯᠬᠡᠵᠢᠬᠦᠯᠬᠦ ᠬᠡᠷᠡᠭᠳᠡᠢ︔ ᠶᠡᠭᠡ ᠳᠡᠬᠡᠳᠤ ᠰᠤᠷᠭᠠᠭᠤᠯᠢ ᠳᠤ ᠶᠤᠰᠤ ᠰᠤᠷᠳᠠᠬᠤᠨ ᠢᠶᠠᠷ ᠴᠢᠳᠠᠪᠤᠷᠢᠳᠠᠨ ᠬᠦᠮᠦᠵᠢᠬᠦᠯᠬᠦ ᠦᠨᠳᠦᠰᠦᠨ ᠡᠬᠦᠷᠬᠡ ᠪᠠ 《ᠬᠤᠤᠰ ᠳᠡᠷᠢᠬᠦᠨ》 ᠪᠠᠶᠢᠭᠤᠯᠤᠯᠳᠠ ᠶᠢᠨ ᠬᠠᠷᠠᠯᠳᠠ ᠶᠢᠨ ᠳᠤᠭᠤᠷᠢᠨ ᠳᠤ᠂ ᠪᠠᠭᠰᠢ ᠰᠤᠷᠤᠭᠴᠢ ᠨᠠᠮ ᠤᠨ ᠬᠡᠰᠢᠬᠦᠨ ᠢ ᠵᠤᠬᠢᠶᠠᠨ ᠪᠠᠶᠢᠭᠤᠯᠵᠤ᠂ ᠰᠢᠯᠢᠳᠡᠭ ᠪᠠᠭᠰᠢ ᠰᠢᠯᠢᠳᠡᠭ ᠰᠤᠷᠤᠭᠴᠢ ᠪᠤᠯᠭᠠᠬᠤ ᠪᠠᠷ ᠴᠢᠷᠮᠠᠶᠢᠬᠤ ᠬᠡᠷᠡᠭᠳᠡᠢ︔ ᠤᠯᠤᠰ ᠤᠨ ᠦᠮᠴᠢᠯᠡᠯ ᠤᠨ ᠠᠵᠤ ᠠᠬᠤᠢᠢᠯᠠᠯ ᠳᠤ 《ᠤᠯᠤᠰ ᠲᠦᠷᠦ ᠶᠢᠨ ᠬᠡᠪ ᠪᠤᠯᠪᠠᠰᠤᠷᠠᠯ ᠦᠨᠳᠦᠷ᠂ ᠠᠵᠢᠯ ᠤᠨ ᠴᠢᠳᠠᠪᠤᠷᠢ ᠰᠢᠯᠢᠳᠡᠭ᠂ ᠠᠵᠢᠯ ᠤᠨ ᠦᠷ᠎ᠠ ᠪᠦᠳᠦᠮᠵᠢ ᠰᠢᠯᠢᠳᠡᠭ᠂ ᠤᠯᠠᠨ ᠲᠦᠮᠡᠨ ᠤ ᠦᠨᠡᠯᠡᠯᠳᠡ ᠰᠢᠯᠢᠳᠡᠭ᠂ ᠳᠠᠭᠤᠷᠢᠶᠠᠯ ᠪᠤᠯᠬᠤ ᠦᠢᠯᠡᠳᠦᠯ ᠰᠢᠯᠢᠳᠡᠭ》 ᠪᠤᠯᠬᠤ ᠪᠠᠷ ᠴᠢᠷᠮᠠᠶᠢᠬᠤ ᠨᠠᠮ ᠤᠨ ᠬᠡᠰᠢᠬᠦᠨ ᠤ ᠠᠵᠢᠯᠯᠠᠭ᠎ᠠ ᠦᠷᠨᠢᠭᠦᠯᠬᠦ ᠬᠡᠷᠡᠭᠳᠡᠢ︔ ᠨᠠᠮ ᠤᠨ ᠬᠡᠰᠢᠬᠦᠨ ᠤ 《ᠨᠠᠮ ᠤᠨ ᠰᠦᠯᠳᠡ ᠪᠠᠨ ᠵᠡᠬᠦᠵᠦ᠂ ᠪᠡᠶ᠎ᠠ ᠶᠢᠨ ᠭᠠᠷᠤᠯ ᠢᠶᠠᠨ ᠮᠡᠳᠡᠬᠦᠯᠬᠦ》᠂ ᠤᠯᠠᠨ ᠲᠦᠮᠡᠨ ᠤ ᠬᠢᠨᠠᠯᠳᠠ ᠶᠢ ᠬᠦᠯᠢᠶᠡᠬᠦ᠂ ᠨᠠᠮ ᠤᠨ ᠬᠡᠰᠢᠬᠦᠨ ᠢ ᠬᠦᠳᠦᠯᠦᠨ ᠵᠢᠯᠤᠭᠤᠳᠴᠤ 《ᠲᠦᠷᠪᠡᠨ ᠳᠠᠯ᠎ᠠ ᠪᠠᠷ ᠬᠢᠷᠢ ᠳᠡᠩᠴᠡᠬᠦ》 ᠪᠠᠷ ᠴᠢᠷᠮᠠᠶᠢᠬᠤ ᠬᠡᠷᠡᠭᠳᠡᠢ᠃ ᠨᠠᠮ ᠤᠨ ᠬᠡᠰᠢᠬᠦᠨ ᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠠᠵᠢᠯ ᠢ ᠬᠦᠨᠵᠡᠬᠡᠶᠢᠷᠡᠬᠦᠯᠵᠦ᠂ ᠨᠡᠷ᠎ᠡ ᠪᠦᠷᠢᠳᠬᠡᠨ ᠳᠡᠮᠳᠡᠭᠯᠡᠬᠦ᠂ ᠠᠵᠢᠯᠯᠠᠭ᠎ᠠ ᠶᠢ ᠳᠡᠮᠳᠡᠭᠯᠡᠬᠦ᠂ ᠱᠠᠩᠨᠠᠨ ᠵᠤᠷᠢᠭᠵᠢᠭᠤᠯᠬᠤ ᠵᠡᠷᠬᠡ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠬᠡᠰᠢᠬᠦᠨ ᠰᠠᠶᠢᠨ ᠳᠤᠷᠠᠴᠤᠤᠯ ᠢ ᠵᠤᠬᠢᠶᠠᠨ ᠪᠠᠶᠢᠭᠤᠯᠤᠨ ᠠᠶᠤᠯ ᠠᠴᠠ ᠠᠪᠤᠷᠠᠵᠤ ᠶᠠᠳᠠᠭᠤ ᠶᠢ ᠳᠡᠳᠬᠦᠭᠦ᠂ ᠨᠡᠶᠢᠬᠡᠮ ᠳᠤᠭᠤᠷᠢᠭ ᠤᠨ ᠣᠴᠢᠷ ᠶᠠᠪᠤᠳᠠᠯ᠂ ᠰᠤᠷᠭᠠᠨ ᠬᠦᠮᠦᠵᠢᠯ ᠢ ᠳᠡᠮᠵᠢᠨ ᠰᠤᠷᠤᠯᠭ᠎ᠠ ᠶᠢ ᠳᠡᠳᠬᠦᠬᠦ᠂ ᠬᠠᠤᠯᠢ ᠴᠠᠭᠠᠵᠠ ᠶᠢᠨ ᠳᠡᠮᠵᠢᠯᠬᠡ ᠦᠵᠡᠬᠦᠯᠬᠦ᠂ ᠰᠢᠨᠵᠢᠯᠡᠬᠦ ᠤᠬᠠᠭᠠᠨ ᠮᠡᠷᠬᠡᠵᠢᠯ ᠢ ᠲᠦᠬᠡᠮᠡᠯᠵᠢᠭᠦᠯᠬᠦ ᠤᠬᠠᠭᠤᠯᠭ᠎ᠠ᠂ ᠰᠡᠳᠬᠢᠴᠡ ᠶᠢᠨ ᠵᠢᠯᠤᠭᠤᠳᠤᠯᠭ᠎ᠠ᠂ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠵᠡᠷᠬᠡ ᠠᠵᠢᠯᠯᠠᠭ᠎ᠠ ᠶᠢ ᠦᠷᠨᠢᠬᠦᠯᠬᠦ ᠬᠡᠷᠡᠭᠳᠡᠢ᠃ ᠨᠠᠮ ᠤᠨ ᠳᠤᠳᠤᠭᠠᠳ ᠶᠢᠨ ᠬᠦᠬᠢᠬᠦᠯᠦᠨ ᠰᠠᠶᠢᠰᠢᠶᠠᠬᠤ ᠳᠤᠭᠳᠠᠴᠠ ᠶᠢ ᠪᠠᠶᠢᠭᠤᠯᠤᠨ᠂ ᠳᠤᠭᠳᠠᠭᠠᠯ ᠶᠤᠰᠤᠭᠠᠷ ᠰᠢᠯᠢᠳᠡᠭ ᠨᠠᠮ ᠤᠨ ᠬᠡᠰᠢᠬᠦᠨ᠂ ᠰᠢᠯᠢᠳᠡᠭ ᠨᠠᠮ ᠤᠨ ᠶᠠᠪᠤᠳᠠᠯ ᠤᠨ ᠠᠵᠢᠯᠳᠠᠨ ᠪᠠ ᠳᠡᠷᠢᠬᠦᠨ ᠤ ᠦᠨᠳᠤᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠱᠠᠩᠨᠠᠨ ᠬᠦᠬᠢᠬᠦᠯᠬᠦ ᠬᠡᠷᠡᠭᠳᠡᠢ᠃
ᠲᠦᠷᠪᠡ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ
(ᠨᠢᠬᠡ) ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠳᠡᠢ᠃ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠬᠦ ᠶᠢ ᠠᠬᠢᠭᠤᠯᠬᠤ ᠶᠢ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ ᠶᠠᠪᠤᠬᠳᠠᠭᠤᠯᠵᠤ᠂ ᠦᠪᠡᠷᠳᠡᠬᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠶᠢᠨ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠵᠡᠷᠬᠡ ᠨᠠᠮ ᠤᠨ ᠪᠠᠶᠢᠭᠤᠯᠤᠯᠳᠠ ᠶᠢᠨ ᠤᠳᠤᠷᠢᠳᠬᠤ ᠳᠤᠭᠤᠢᠢᠯᠠᠩ ᠤᠨ ᠪᠦᠷᠢᠯᠳᠦᠭᠦᠨ ᠨᠢᠬᠡᠴᠡ ᠨᠢᠭᠳᠠ ᠬᠠᠮᠵᠢᠯᠴᠠᠵᠤ᠂ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠦ᠂ ᠵᠢᠯ ᠪᠦᠷᠢ ᠳᠤᠰᠬᠠᠢᠢᠯᠠᠨ ᠰᠤᠳᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠪᠠᠶᠢᠭᠤᠯᠵᠤ᠂ ᠨᠢᠬᠡ ᠱᠠᠳᠤ ᠨᠢ ᠨᠢᠬᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠭᠤᠤᠯ ᠬᠠᠷᠢᠭᠤᠴᠠᠯᠭᠠᠳᠠᠨ ᠨᠢᠬᠡᠳᠦᠬᠡᠷ ᠬᠠᠷᠢᠭᠤᠴᠠᠯᠭᠠᠳᠠᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠰᠤᠷᠤᠯᠴᠠᠯᠭ᠎ᠠ ᠬᠦᠮᠦᠵᠢᠯ ᠢ ᠦᠨᠡᠨᠬᠦ ᠴᠢᠩᠭ᠎ᠠ ᠠᠳᠬᠤᠬᠤ ᠬᠡᠷᠡᠭᠳᠡᠢ᠃ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠪᠤᠳᠠᠳᠠᠢ ᠠᠵᠢᠯ ᠢ ᠳᠤᠬᠢᠷᠠᠭᠤᠯᠣᠨ ᠪᠠᠶᠢᠷᠢᠯᠠᠭᠤᠯᠵᠣ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠡᠬᠦᠷᠬᠡᠯᠡᠵᠦ᠂ ᠨᠠᠮ ᠤᠨ ᠡᠬᠦᠷ ᠤᠨ ᠱᠦᠵᠢ ᠭᠤᠤᠯ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ 《ᠭᠤᠷᠪᠠᠨ ᠬᠤᠷᠠᠯ ᠨᠢᠬᠡ ᠬᠢᠴᠢᠶᠡᠯ》 ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠮ ᠤᠨ ᠡᠬᠦᠷ ᠲᠡᠭᠡᠨ ᠨᠠᠶᠢᠳᠠᠪᠤᠷᠢᠵᠢᠭᠤᠯᠬᠤ ᠬᠡᠷᠡᠭᠳᠡᠢ᠃
(ᠬᠤᠶᠠᠷ) ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠪᠠᠨ ᠴᠢᠩᠭᠠᠳᠬᠠᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠠᠵᠢᠯ ᠤᠨ ᠳᠤᠬᠢᠷᠠᠭᠤᠯᠤᠯᠳᠠ ᠪᠠᠨ ᠴᠢᠩᠭᠠᠳᠬᠠᠵᠤ᠂ ᠪᠠᠶᠢᠴᠠᠭᠠᠨ ᠰᠤᠳᠤᠯᠵᠤ ᠵᠢᠯᠤᠭᠤᠳᠬᠤ ᠳᠤᠭᠤᠢᠢᠯᠠᠩ ᠳᠤᠮᠢᠯᠠᠵᠤ᠂ ᠰᠤᠭᠤᠴᠢᠨ ᠪᠠᠶᠢᠴᠠᠭᠠᠬᠤ᠂ ᠳᠤᠰᠬᠠᠢ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ᠂ ᠪᠠᠶᠢᠳᠠᠯ ᠢ ᠮᠡᠳᠡᠭᠳᠡᠬᠦ᠂ ᠭᠤᠤᠯᠳᠠᠯᠭ᠎ᠠ ᠲᠠᠢ ᠪᠤᠯᠵᠤᠨ ᠶᠠᠷᠢᠯᠴᠠᠬᠤ ᠵᠡᠷᠭᠡ ᠬᠡᠯᠪᠡᠷᠢ ᠪᠠᠷ ᠰᠤᠷᠤᠯᠴᠠᠯᠭ᠎ᠠ ᠬᠦᠮᠦᠵᠢᠯ ᠢ ᠠᠬᠢᠭᠤᠯᠬᠤ ᠬᠡᠷᠡᠭᠳᠡᠢ᠃ ᠡᠯ᠎ᠠ ᠠᠵᠢᠯ ᠲᠦᠷᠦᠯ ᠤᠨ ᠰᠢᠰᠲ᠋ᠧᠮ ᠤᠨ ᠨᠠᠮ ᠤᠨ ᠬᠤᠷᠢᠶ᠎ᠠ (ᠨᠠᠮ ᠤᠨ ᠠᠵᠢᠯ ᠤᠨ ᠬᠤᠷᠢᠶ᠎ᠠ) ᠬᠦᠷᠢᠶ᠎ᠠ ᠴᠠᠷᠠᠭ᠎ᠠ ᠬᠤᠪᠢᠶᠠᠨ ᠠᠵᠢᠯ ᠲᠦᠷᠦᠯ ᠬᠤᠪᠢᠶᠠᠨ ᠵᠢᠯᠤᠭᠤᠳᠤᠨ ᠠᠬᠢᠭᠤᠯᠬᠤ ᠶᠢ ᠴᠢᠩᠭᠠᠳᠬᠠᠵᠤ᠂ ᠪᠤᠳᠠᠳᠠᠢ ᠡᠬᠦᠷᠬᠡ ᠶᠢ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠶᠢᠨ ᠪᠠᠭ ᠤᠨ ᠪᠦᠷᠢᠯᠳᠦᠬᠦᠨ ᠬᠠᠷᠢᠯᠴᠠᠬᠤ ᠴᠢᠭ᠋ ᠪᠠᠶᠢᠭᠤᠯᠵᠤ᠂ 《ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ》 ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠦᠮᠦᠵᠢᠯ ᠢ ᠰᠠᠶᠢᠳᠤᠷ ᠳᠠᠭᠠᠭᠤᠯᠤᠨ ᠬᠦᠢᠴᠡᠳᠭᠡᠬᠦ ᠶᠢᠨ ᠬᠠᠮᠳᠤ᠂ ᠬᠤᠪᠢᠳᠠᠨ ᠬᠠᠮᠢᠶᠠᠷᠬᠤ ᠬᠦᠷᠢᠶ᠎ᠠ᠂ ᠬᠤᠪᠢᠳᠠᠨ ᠬᠠᠮᠢᠶᠠᠷᠬᠤ ᠨᠢᠬᠡᠴᠡ ᠪᠠ ᠬᠠᠷᠢᠯᠴᠠᠬᠤ ᠴᠢᠭ᠋ ᠤᠨ ᠢᠶᠠᠨ ᠰᠤᠷᠤᠯᠴᠠᠯᠭ᠎ᠠ ᠬᠦᠮᠦᠵᠢᠯ ᠢ ᠱᠠᠯᠠᠪᠳᠠᠭᠤᠯᠤᠨ ᠵᠢᠯᠤᠭᠤᠳᠴᠤ᠂ ᠴᠢᠭ᠋ ᠢᠶᠠᠷ ᠲᠠᠯ᠎ᠠ ᠶᠢ ᠳᠠᠭᠠᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ᠃
(ᠭᠤᠷᠪᠠ) ᠰᠢᠯᠭᠠᠨ ᠦᠨᠡᠯᠡᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠳᠡᠢ᠃ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠦᠷᠨᠢᠬᠦᠯᠦᠭᠰᠡᠨ ᠪᠠᠶᠢᠳᠠᠯ ᠢ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠤᠷᠤᠭᠤᠯᠵᠤ᠂ ᠵᠢᠯ ᠪᠦᠷᠢ ᠶᠢᠨ ᠳ᠋ᠦᠩᠨᠡᠯᠳᠡ᠂ ᠠᠵᠢᠯ ᠤᠨ ᠬᠠᠷᠢᠭᠤ ᠮᠡᠳᠡᠬᠦᠯᠦᠯᠳᠡ ᠲᠠᠢ ᠨᠢ ᠤᠶᠠᠯᠳᠤᠭᠤᠯᠵᠤ ᠪᠠᠶᠢᠴᠠᠭᠠᠯᠳᠠ ᠪᠠ ᠦᠨᠡᠯᠡᠯᠳᠡ ᠬᠢᠵᠦ᠂ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠨᠠᠮ ᠢ ᠬᠠᠮᠢᠶᠠᠷᠴᠤ᠂ ᠨᠠᠮ ᠢ ᠵᠠᠰᠠᠬᠤ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠬᠤ ᠪᠠᠶᠢᠳᠠᠯ ᠢ ᠦᠨᠡᠯᠡᠨ ᠰᠢᠯᠭᠠᠬᠤ ᠴᠢᠬᠤᠯᠠ ᠦᠨᠳᠦᠰᠦᠯᠡᠯ ᠪᠤᠯᠭᠠᠵᠤ᠂ ᠨᠠᠮ ᠤᠨ ᠡᠬᠦᠷ ᠤᠨ ᠠᠵᠢᠯ ᠤᠨ ᠦᠷ᠎ᠠ ᠪᠦᠳᠦᠮᠵᠢ ᠪᠠ ᠨᠠᠮ ᠤᠨ ᠬᠡᠰᠢᠬᠦᠨ ᠤ ᠦᠢᠯᠡᠳᠦᠯ ᠢ ᠪᠠᠳᠠᠷᠠᠭᠤᠯᠤᠭᠰᠠᠨ ᠦᠷ᠎ᠠ ᠪᠦᠳᠦᠮᠵᠢ ᠶᠢ ᠦᠵᠡᠬᠦ ᠶᠢ ᠴᠢᠬᠤᠯᠠᠴᠢᠯᠠᠵᠤ᠂ ᠨᠠᠮ ᠤᠨ ᠬᠡᠰᠢᠬᠦᠨ ᠢ ᠤᠯᠠᠨ ᠲᠦᠮᠡᠨ ᠢᠶᠠᠷ ᠦᠨᠡᠯᠡᠬᠦᠯᠬᠦ ᠬᠡᠷᠡᠭᠳᠡᠢ᠃ ᠠᠵᠢᠯ ᠢ ᠨᠠᠶᠢᠳᠠᠪᠤᠷᠢᠵᠢᠭᠤᠯᠣᠭᠰᠠᠨ ᠨᠢ ᠬᠦᠴᠤᠨ ᠦᠭᠡᠢ᠂ ᠬᠡᠯᠪᠡᠷᠢ ᠶᠢᠨ ᠳᠡᠳᠦᠢ ᠬᠢᠵᠤ ᠶᠤᠰᠤᠨ ᠳᠡᠳᠤᠢ ᠦᠩᠭᠡᠷᠡᠭᠦᠯᠦᠭᠰᠡᠳ ᠢ ᠴᠢᠩᠭ᠎ᠠ ᠰᠢᠬᠦᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃
(ᠲᠦᠷᠪᠡ) ᠲᠦᠷᠢᠮ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠦᠢᠯᠡᠳᠦᠯᠬᠡ ᠶᠢᠨ ᠳᠤᠷᠰᠢᠯᠭ᠎ᠠ ᠶᠢ ᠬᠢᠨᠠᠮᠠᠭᠠᠢ ᠳ᠋ᠦᠩᠨᠡᠵᠦ᠂ ᠠᠵᠢᠯ ᠤᠨ ᠳᠤᠮᠳᠠ ᠪᠦᠷᠢᠯᠳᠦᠭᠰᠡᠨ ᠪᠦᠳᠦᠮᠵᠢᠳᠡᠢ ᠠᠷᠭ᠎ᠠ ᠬᠢᠳᠡᠯ ᠢ ᠲᠦᠷᠢᠮ ᠤᠨ ᠬᠡᠯᠪᠡᠷᠢ ᠪᠠᠷ ᠳᠤᠬᠳᠠᠪᠤᠷᠢᠵᠢᠭᠤᠯᠵᠤ᠂ ᠨᠠᠮ ᠤᠨ ᠡᠬᠦᠷ ᠢᠶᠠᠷ ᠭᠤᠤᠯ ᠴᠤᠭᠴᠠ ᠪᠤᠯᠭᠠᠭᠰᠠᠨ ᠨᠠᠮ ᠤᠨ ᠬᠡᠰᠢᠬᠦᠨ ᠤ ᠬᠦᠮᠦᠵᠢᠯ ᠬᠠᠮᠢᠶᠠᠷᠤᠯᠳᠠ ᠶᠢᠨ ᠳᠤᠭᠳᠠᠴᠠ᠂ ᠨᠠᠮ ᠤᠨ ᠬᠤᠷᠢᠶ᠎ᠠ (ᠨᠠᠮ ᠤᠨ ᠤᠳᠤᠷᠢᠳᠬᠤ ᠳᠤᠭᠤᠢᠢᠯᠠᠩ) ᠪᠠᠷ ᠭᠤᠤᠯ ᠴᠤᠭᠴᠠ ᠪᠤᠯᠭᠠᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤᠭᠳᠠᠴᠠ᠂ ᠠᠵᠢᠯ ᠲᠦᠷᠦᠯ ᠰᠢᠰᠲ᠋ᠧᠮ ᠤᠨ ᠨᠠᠮ ᠤᠨ ᠬᠤᠷᠢᠶ᠎ᠠ (ᠨᠠᠮ ᠤᠨ ᠠᠵᠢᠯ ᠤᠨ ᠬᠤᠷᠢᠶ᠎ᠠ) ᠪᠠᠷ ᠭᠤᠤᠯ ᠴᠤᠭᠴᠠ ᠪᠤᠯᠭᠠᠭᠰᠠᠨ ᠵᠢᠯᠤᠭᠤᠳᠤᠨ ᠠᠬᠢᠭᠤᠯᠬᠤ ᠳᠤᠭᠳᠠᠴᠠ ᠶᠢ ᠴᠢᠨᠠᠬᠰᠢᠳᠠ ᠪᠦᠷᠢᠨᠰᠢᠬᠦᠯᠦᠨ ᠲᠡᠭᠦᠯᠳᠡᠷᠵᠢᠬᠦᠯᠵᠤ᠂ ᠲᠦᠷᠢᠮ ᠢ ᠳᠡᠷᠡ ᠴᠢᠭ ᠢᠶᠠᠷ ᠨᠢ ᠬᠡᠷᠡᠭᠵᠢᠬᠦᠯᠦᠨ ᠨᠠᠶᠢᠳᠠᠪᠤᠷᠢᠵᠢᠭᠤᠯᠵᠤ᠂ ᠲᠦᠷᠢᠮᠵᠢᠭᠦᠯᠬᠦ ᠪᠠᠷ ᠪᠠᠶᠢᠩᠭᠤᠵᠢᠬᠤ ᠶᠢ ᠪᠠᠳᠤᠯᠠᠬᠤ ᠬᠡᠷᠡᠭᠳᠡᠢ᠃
(ᠳᠠᠪᠤ) ᠤᠬᠠᠭᠤᠯᠤᠨ ᠬᠦᠳᠦᠯᠦᠨ ᠵᠢᠯᠤᠭᠤᠳᠬᠤ ᠪᠠᠨ ᠴᠢᠩᠭᠠᠳᠬᠬᠤ ᠬᠡᠷᠡᠭᠳᠡᠢ᠃ ᠨᠠᠮ ᠤᠨ ᠰᠤᠨᠢᠨ᠂ ᠨᠡᠮ ᠤᠨ ᠰᠡᠳᠬᠦᠯ᠂ ᠷᠠᠳᠢᠣ᠋ ᠲᠧᠯᠧᠢᠰ ᠪᠠ ᠰᠢᠨ᠎ᠠ ᠵᠠᠭᠤᠴᠢᠯᠠᠭᠤᠷ ᠲᠤ ᠳᠤᠰᠬᠠᠢ ᠪᠤᠯᠤᠩ ᠨᠡᠬᠡᠬᠡᠵᠦ᠂ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ᠂ ᠲᠦᠷᠢᠮᠵᠢᠭᠦᠯᠦᠭᠰᠡᠨ ᠰᠠᠶᠢᠨ ᠠᠷᠭ᠎ᠠ ᠬᠢᠳᠡᠯ᠂ ᠰᠠᠶᠢᠨ ᠳᠤᠷᠰᠢᠯᠭ᠎ᠠ ᠶᠢ ᠶᠡᠬᠡᠪᠡᠷ ᠤᠬᠠᠭᠤᠯᠵᠤ᠂ ᠤᠨᠤᠯ ᠤᠨ ᠳᠠᠶᠢᠯᠪᠤᠷᠢᠯᠠᠯ ᠪᠠ ᠶᠠᠷᠢᠶ᠎ᠠ ᠬᠡᠯᠡᠯᠴᠡᠬᠡᠨ ᠤ ᠤᠳᠤᠷᠢᠳᠤᠮᠵᠢ ᠶᠢ ᠴᠢᠩᠭᠠᠳᠬᠠᠵᠤ᠂ ᠪᠦᠬᠦ ᠳᠠᠯ᠎ᠡ ᠪᠠᠷ ᠨᠠᠮ ᠢ ᠴᠢᠩᠭ᠎ᠠ ᠵᠠᠰᠠᠬᠤ ᠤᠨᠤᠯ ᠤᠨ ᠰᠤᠳᠤᠯᠭᠠᠨ ᠢ ᠰᠠᠶᠢᠳᠤᠷ ᠬᠢᠵᠦ᠂ ᠪᠦᠬᠦ ᠨᠡᠶᠢᠬᠡᠮ ᠳᠤ 《ᠬᠤᠶᠠᠷ ᠢ ᠰᠤᠷᠤᠯᠴᠠᠵᠤ ᠨᠢᠬᠡ ᠳᠤ ᠳᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠳᠡᠢ᠃