ᠥᠪᠥᠷ ᠮᠣᠩᠭᠣᠯ ᠤᠨ ᠨᠠᠮ ᠤᠨ ᠬᠣᠷᠢᠢ᠎ᠠ᠂ ᠬᠤᠪᠢᠰᠬᠠᠯ ᠤᠨ ᠵᠥᠪᠯᠡᠯ 《 ᠤᠯᠠᠮ ᠨᠢᠭᠡ ᠠᠯᠬᠤᠮ ᠬᠢᠯᠢᠰ ᠬᠡᠷᠡᠭ ᠂ ᠪᠤᠷᠤᠭᠤ ᠬᠡᠷᠡᠭ ᠂ ᠬᠠᠭᠤᠷᠮᠠᠭ ᠬᠡᠷᠡᠭ ᠢ ᠰᠢᠢᠳᠪᠦᠷᠢᠯᠡᠬᠦ ᠲᠦᠷᠦ ᠵᠢᠨ ᠪᠤᠳᠤᠯᠭ᠎ᠠ ᠵᠢᠨ ᠠᠰᠠᠭᠤᠳᠠᠯ ᠤᠨ ᠲᠤᠬᠠᠶ ᠵᠠᠷᠴᠢᠮ ᠤᠨ ᠲᠣᠭᠲᠠᠭᠠᠯ 》 ᠤᠨ ᠲᠤᠬᠠᠶ ᠨᠥᠬᠥᠪᠥᠷᠢ ᠲᠣᠭᠲᠠᠭᠠᠯ
(1979 ᠤᠨ ᠤ 6 ᠰᠠᠷ᠎ᠠ ᠵᠢᠨ 16 ᠤ ᠡᠳᠦᠷ )
ᠤᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠵᠥᠪᠯᠡᠯ ᠤᠨ 《ᠤᠯᠠᠮ ᠨᠢᠭᠡ ᠠᠯᠬᠤᠮ ᠬᠢᠯᠢᠰ ᠬᠡᠷᠡᠭ᠂ ᠪᠤᠷᠤᠭᠤ ᠬᠡᠷᠡᠭ᠂ ᠬᠠᠭᠤᠷᠮᠠᠭ ᠬᠡᠷᠡᠭ ᠢ ᠰᠢᠢᠳᠪᠦᠷᠢᠯᠡᠬᠦ ᠲᠦᠷᠦ ᠵᠢᠨ ᠪᠤᠳᠤᠯᠭ᠎ᠠ ᠵᠢᠨ ᠠᠰᠠᠭᠤᠳᠠᠯ ᠤᠨ ᠳᠤᠬᠠᠢ ᠵᠠᠷᠴᠢᠮ ᠤᠨ ᠲᠣᠭᠲᠠᠭᠠᠯ 》 ( ᠳᠣᠷᠣᠭᠰᠢ 《 ᠵᠠᠷᠴᠢᠮ ᠤᠨ ᠲᠣᠭᠲᠠᠭᠠᠯ 》 ᠭᠡᠵᠦ ᠲᠣᠪᠴᠢᠯᠠᠨ᠎ᠠ ) ᠨᠢ ᠳᠣᠣᠷᠠᠬᠢ ᠮᠡᠲᠦ ᠨᠥᠬᠥᠪᠥᠷᠢ ᠲᠣᠭᠲᠠᠭᠠᠯ ᠭᠠᠷᠭᠠᠪᠠ ᠄
ᠨᠢᠭᠡ᠂ 《 ᠵᠠᠷᠴᠢᠮ ᠤᠨ ᠲᠣᠭᠲᠠᠭᠠᠯ 》 ᠵᠥᠪᠬᠡᠨ ᠰᠣᠶᠣᠯ ᠦ᠋ᠨ ᠶᠡᠬᠡ ᠬᠤᠪᠢᠰᠬᠠᠯ ᠤᠨ ᠬᠤᠭᠤᠴᠠᠭᠠᠨ ᠳ᠋ᠤ ᠡᠭᠦᠰᠦᠭᠰᠡᠨ ᠬᠢᠯᠢᠰ᠂ ᠪᠤᠷᠤᠭᠤ᠂ ᠬᠠᠭᠤᠷᠮᠠᠭ ᠬᠡᠷᠡᠭ ᠲᠤ ᠳᠤᠬᠢᠷᠠᠨ᠎ᠠ ᠃ ᠰᠤᠶᠤᠯ ᠤᠨ ᠬᠤᠪᠢᠰᠬᠠᠯ ᠡᠴᠠ ᠡᠮᠦᠨ᠎ᠡ ᠡᠭᠦᠰᠦᠭᠰᠡᠨ ᠬᠢᠯᠢᠰ᠂ ᠪᠤᠷᠤᠭᠤ᠂ ᠬᠠᠭᠤᠷᠮᠠᠭ ᠬᠡᠷᠡᠭ ᠢ ᠲᠥᠪ ᠤᠨ ᠬᠣᠷᠢᠶᠠᠨ ᠤ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠲᠣᠭᠲᠠᠭᠠᠯ ᠶᠣᠰᠣᠭᠠᠷ ᠭᠦᠢᠴᠡᠳᠬᠡᠨ᠎ᠡ ᠃
ᠬᠣᠶᠠᠷ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠠ ᠪᠤᠯᠵᠤ ᠲᠡᠮᠡᠴᠡᠭᠳᠡᠬᠦ᠂ ᠠᠯᠪᠠᠳ᠋ᠠᠨ ᠬᠥᠳᠡᠯᠮᠦᠷᠢᠯᠡᠭᠦᠯᠬᠦ᠂ ᠪᠠᠷᠢᠪᠴᠢᠯᠠᠭᠳᠠᠬᠤ᠂ ᠡᠷᠡᠭᠦᠦ ᠪᠡᠷ ᠰᠢᠶᠳᠬᠡᠬᠦ᠂ ᠳᠣᠰᠠᠭᠠᠷᠯᠠᠬᠤ᠂ ᠲᠤᠰᠢᠶᠠᠯ ᠡᠴᠡ ᠪᠡᠨ ᠤᠭᠴᠠᠷᠠᠭᠳᠠᠬᠤ᠂ ᠠᠯᠪᠠᠨ ᠲᠤᠰᠢᠶᠠᠯ ᠡᠴᠡ ᠪᠠᠨ ᠬᠥᠭᠡᠭᠡᠭᠳᠡᠬᠦ᠂ ᠨᠠᠮ ᠪᠠ ᠡᠪᠯᠡᠯ ᠤᠨ ᠬᠠᠷᠢᠶ᠎ᠠ ᠡᠴᠠ ᠪᠠᠨ ᠬᠥᠭᠡᠭᠡᠭᠳᠡᠬᠦ᠂ ᠣᠷᠣ ᠥᠬᠡᠶ ᠶᠠᠯᠠᠲᠤ ᠨᠡᠷ᠎ᠡ ᠶ᠋ᠢ ᠠᠯᠪᠠ ᠪᠠᠷ ᠳᠤᠬᠤᠬᠤ ᠶ᠋ᠢ ᠴᠥᠮ ᠲᠤᠶᠢᠯᠪᠤᠷᠢᠲᠠᠶ ᠴᠠᠭᠠᠳᠬᠠᠵᠤ ᠥᠭᠬᠦ ᠬᠡᠷᠡᠭᠲᠡᠶ ᠃
ᠭᠤᠷᠪᠠ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠤᠨ ᠴᠠᠭᠠᠳᠬᠠᠬᠤ ᠠᠵᠢᠯ ᠪᠠ ᠦᠯᠡᠳᠡᠭᠰᠡᠨ ᠠᠰᠠᠭᠤᠳᠠᠯ ᠨᠢ ᠤᠯᠤᠰ ᠪᠤᠶᠤ ᠬᠠᠮᠲᠤ ᠨᠡᠶᠢᠲᠡ ᠳ᠋ᠤ ᠬᠠᠷᠢᠶᠠᠯᠠᠭᠳᠠᠵᠤ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠵᠢᠨ ᠠᠵᠢᠯᠴᠢᠳ ᠤᠨ ᠬᠣᠬᠢᠷᠠᠯ ᠠᠮᠰᠠᠭᠴᠢ ᠵᠢᠨ ᠤᠤᠯ ᠤᠨ ᠪᠠᠶᠢᠭᠤᠯᠭ᠎ᠠ ᠨᠢᠭᠡᠴᠡ ᠨᠢ ᠬᠠᠷᠢᠭᠤᠴᠠᠨ᠎ᠠ᠃ ᠤᠤᠯ ᠤᠨ ᠪᠠᠶᠢᠭᠤᠯᠭ᠎ᠠ ᠨᠢᠭᠡᠴᠡ ᠨᠢ ᠬᠦᠴᠦᠨ ᠦᠭᠡᠢ ᠪᠤᠯᠤᠭᠰᠠᠨ ᠪᠤᠯ᠂ ᠤᠳᠤ ᠵᠢᠨ ᠪᠠᠶᠢᠭᠤᠯᠭ᠎ᠠ ᠨᠢᠭᠡᠴᠡ ᠨᠢ ᠬᠠᠷᠢᠭᠤᠴᠠᠨ᠎ᠠ᠃ ᠳᠤᠰ ᠬᠦᠮᠦᠨ ᠨᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠡᠴᠠ ᠪᠠᠨ ᠰᠢᠯᠵᠢᠵᠦ ᠤᠤᠯ ᠪᠠᠶᠢᠭᠤᠯᠭ᠎ᠠ ᠨᠢᠭᠡᠴᠡ ᠨᠢ ᠬᠦᠴᠦᠨ ᠦᠭᠡᠢ ᠪᠤᠯᠤᠭᠰᠠᠨ ᠪᠤᠯ᠂ ᠤᠤᠯ ᠤᠨ ᠪᠠᠶᠢᠭᠤᠯᠭ᠎ᠠ ᠵᠢᠨ ᠬᠢᠨ ᠢ ᠳᠡᠭᠡᠷ᠎ᠡ ᠨᠢᠭᠡ ᠱᠠᠲᠤᠨ ᠦ ᠪᠠᠶᠢᠭᠤᠯᠭ᠎ᠠ ᠬᠠᠷᠢᠭᠤᠴᠠᠨ᠎ᠠ᠃ 《 ᠭᠤᠷᠪᠠᠨ ᠠᠷᠠᠳ 》 (ᠲᠠᠷᠢᠶᠠᠴᠢᠨ᠂ ᠮᠠᠯᠴᠢᠨ ᠪᠠ ᠬᠣᠲᠠ ᠪᠠᠯᠭᠠᠰᠤᠨ ᠤ ᠰᠠᠭᠤᠭᠠᠯᠢ ᠠᠷᠠᠳ᠃ ᠡᠭᠦᠨ ᠳ᠋ᠦ ᠠᠵᠢᠯᠳᠡᠠ ᠠᠵᠢᠯᠴᠢᠨ ᠤ ᠭᠡᠷ ᠪᠦᠯᠢ ᠶ᠋ᠢ ᠪᠠᠭᠲᠠᠭᠠᠨ᠎ᠠ ) ᠳᠤᠮᠳᠠᠬᠢ ᠬᠤᠬᠢᠷᠠᠯ ᠠᠮᠰᠠᠭᠴᠢ ᠪᠤᠯ ᠤᠤᠯ ᠤᠨ ᠰᠠᠭᠤᠷᠢᠰᠢᠵᠤ ᠪᠠᠶᠢᠭᠰᠠᠨ ᠭᠠᠵᠠᠷ ᠡᠴᠠ ᠨᠢ ᠬᠡᠷᠡᠴᠢᠯᠡᠬᠦ ᠪᠢᠴᠢᠭ ᠬᠠᠩᠭᠠᠵᠦ᠂ ᠤᠳᠤ ᠵᠢᠨ ᠰᠠᠭᠤᠷᠢᠰᠢᠵᠦ ᠪᠠᠶᠢᠭ᠎ᠠ ᠭᠠᠵᠠᠷ ᠨᠢ ᠬᠠᠷᠢᠭᠤᠴᠠᠬᠤ ᠬᠡᠷᠡᠭᠲᠡᠶ ᠃
ᠳᠦᠷᠪᠡ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠡ ᠪᠤᠯᠵᠤ ᠴᠠᠯᠢᠩ ᠪᠠᠨ ᠬᠠᠰᠤᠭᠤᠯᠤᠭᠰᠠᠨ ᠡᠲᠡᠭᠡᠳ᠂ ᠲᠤᠢᠷᠦ ᠵᠢᠨ ᠠᠵᠢᠯᠳᠡᠠ ᠪᠠᠶᠢᠪᠠᠯ ᠨᠥᠬᠥᠵᠦ ᠦᠭᠬᠦ ᠬᠡᠷᠡᠭᠲᠡᠶ᠃ ᠨᠥᠬᠥᠪᠥᠷᠢᠯᠡᠨ ᠦᠭᠬᠦ ᠦᠶ᠎ᠡ ᠳ᠋ᠦ ᠴᠠᠯᠢᠩ ᠮᠦᠩᠭᠦ ᠶ᠋ᠢ ᠬᠠᠰᠤᠭᠰᠠᠨ ᠡᠴᠠ ᠪᠤᠯᠵᠤ ᠦᠭᠬᠦᠭᠰᠡᠨ ᠠᠮᠢᠳᠤᠷᠠᠯ ᠤᠨ ᠵᠠᠷᠤᠳᠠᠯ ᠪᠤᠶᠤ ᠲᠡᠳᠬᠦᠮᠵᠢ ᠵᠢᠨ ᠮᠥᠩᠭᠥ ᠶ᠋ᠢ ᠬᠠᠰᠤᠵᠤ ᠠᠪᠬᠤ ᠬᠡᠷᠡᠭᠲᠡᠢ᠃ ᠬᠠᠮᠲᠤ ᠵᠢᠨ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠡ ᠵᠢᠨ ᠠᠵᠢᠯᠲᠠᠨ᠂ ᠳᠤᠬᠠᠢ ᠵᠢᠨ ᠪᠠᠶᠢᠭᠤᠯᠭ᠎ᠠ ᠵᠢᠨ ᠠᠵᠤ ᠠᠬᠤᠢ ᠵᠢᠨ ᠪᠠᠶᠢᠳᠠᠯ ᠢᠶᠡᠨ ᠦᠨᠳᠦᠰᠦᠯᠡᠨ ᠨᠥᠬᠥᠵᠦ ᠥᠭᠬᠦ ᠪᠤᠶᠤ ᠪᠠᠶᠢᠳᠠᠯ ᠢ ᠦᠵᠡᠵᠦ ᠨᠥᠬᠥᠪᠥᠷᠢ ᠣᠯᠭᠣᠨ᠎ᠠ ᠃
ᠲᠠᠪᠤ᠋᠂ ᠶᠡᠬᠡ ᠰᠤᠷᠭᠠᠭᠤᠯᠢ᠂ ᠲᠤᠰᠬᠠᠶ ᠮᠡᠷᠭᠡᠵᠢᠯ ᠦ᠋ᠨ ᠰᠤᠷᠭᠠᠭᠤᠯᠢ ᠲᠡᠭᠦᠰᠦᠭᠰᠡᠨ ᠰᠤᠷᠤᠭᠴᠢᠳ ᠪᠤᠶᠤ ᠱᠠᠪᠢ ᠠᠵᠢᠯᠴᠢᠨ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠡ ᠪᠤᠯᠵᠤ ᠬᠤᠪᠢᠶᠠᠷᠢᠯᠠᠬᠤ᠂ ᠵᠢᠩᠬᠢᠨᠢᠯᠡᠬᠦ᠂ ᠵᠡᠷᠭᠡ ᠲᠣᠭᠲᠠᠭᠠᠬᠤ ᠶ᠋ᠢ ᠬᠤᠶᠢᠰᠢᠯᠠᠭᠤᠯᠤᠭᠰᠠᠨ ᠪᠤᠯ ᠤᠭ ᠤᠨ ᠬᠤᠪᠢᠶᠠᠷᠢᠯᠠᠯᠲᠠ᠂ ᠵᠢᠩᠬᠢᠨᠢᠯᠡᠬᠦ᠂ ᠵᠡᠷᠭᠡ ᠳᠤᠭᠲᠠᠭᠠᠬᠤ ᠡᠳᠦᠷ ᠦᠨ ᠶᠤᠰᠤᠭᠠᠷ ᠵᠠᠯᠠᠷᠠᠭᠤᠯᠵᠤ ᠦᠭᠬᠦ ᠬᠡᠷᠡᠭᠲᠡᠶ᠃ ᠴᠠᠯᠢᠩ ᠪᠠ ᠴᠠᠯᠢᠩ ᠦ᠋ᠨ ᠵᠥᠷᠢᠶ᠎ᠡ ᠶ᠋ᠢ ᠨᠥᠬᠥᠵᠦ ᠥᠭᠬᠦ ᠦᠬᠡᠢ᠃ ᠠᠮᠢᠳᠤᠷᠠᠯ ᠨᠢ ᠬᠦᠴᠢᠷᠳᠡᠯ ᠲᠡᠶ ᠪᠤᠯ ᠪᠠᠶᠢᠳᠠᠯ ᠢ ᠨᠢ ᠦᠵᠡᠵᠦ ᠪᠠᠶᠢᠭᠠᠳ ᠨᠢᠭᠡ ᠯᠡ ᠳᠡᠭᠡᠷ᠎ᠡ ᠨᠦᠬᠦᠨ ᠦᠭᠴᠦ ᠪᠤᠯᠤᠨ᠎ᠠ ᠃
ᠵᠢᠷᠭᠤᠭ᠎ᠠ᠂ ᠤᠯᠤᠰ ᠪᠤᠶᠤ ᠬᠠᠮᠲᠤ ᠵᠢᠨ ᠠᠵᠤ ᠠᠬᠤᠶᠢᠯᠠᠯ ᠤᠨ ᠠᠵᠢᠯ ᠦᠢᠯᠡᠰ ᠤᠨ ᠨᠢᠭᠡᠴᠡ ᠵᠢᠨ ᠠᠵᠢᠯᠲᠠᠨ ᠠᠵᠢᠯᠴᠢᠨ᠂ ᠬᠢᠯᠢᠰ ᠬᠡᠷᠡᠭ᠂ ᠪᠤᠷᠤᠭᠤ ᠬᠡᠷᠡᠭ᠂ ᠬᠠᠭᠤᠷᠮᠠᠭ ᠬᠡᠷᠡᠭ ᠡᠴᠡ ᠪᠤᠯᠵᠤ ᠦᠬᠦᠭᠰᠡᠨ ᠪᠤᠶᠤ ᠬᠦᠨᠳᠦ ᠨᠣᠴᠢᠲᠠᠶ ᠡᠪᠡᠳᠴᠢᠨ ᠤᠯᠤᠭᠰᠠᠨ ᠪᠠ ᠵᠡᠮᠳᠡᠭ ᠪᠤᠯᠤᠭ᠎ᠠ ᠳᠡᠮᠨᠡᠨ ᠵᠠᠰᠠᠭᠠᠳ ᠲᠤᠰᠠ ᠪᠣᠯᠤᠭᠰᠠᠨ ᠦᠭᠡᠢ ᠦᠬᠦᠭᠰᠡᠨ ᠪᠠᠶᠢᠪᠠᠯ᠂ ᠤᠯᠤᠰ ᠤᠨ ᠠᠯᠪᠠᠨ ᠶᠠᠪᠤᠳᠠᠯ ᠢᠶᠠᠷ ᠦᠬᠦᠭᠰᠡᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ ᠡᠮᠦᠨ᠎ᠡ ᠭᠦᠢᠴᠡᠳᠭᠡᠵᠦ ᠦᠩᠭᠡᠷᠡᠭᠰᠡᠨ ᠨᠥᠭᠴᠢᠭᠰᠡᠳ ᠤᠨ ᠭᠡᠷ ᠪᠦᠯᠢ ᠵᠢᠨ ᠨᠥᠬᠥᠪᠥᠷᠢ ᠥᠭᠬᠦ ᠪᠠᠷᠢᠮᠵᠢᠶ᠎ᠠ ᠨᠢ ᠦᠨᠳᠦᠷ ᠪᠤᠯᠤᠭᠰᠠᠳ ᠤᠨ ᠪᠠᠷᠢᠮᠵᠢᠶ᠎ᠠ ᠶ᠋ᠢ ᠲᠡᠬᠢᠵᠦ ᠳᠣᠷᠣᠭᠰᠢᠯᠠᠭᠤᠯᠬᠤ ᠤᠢᠭᠡᠢ ᠃
ᠲᠤᠯᠤᠭ᠎ᠠ᠂ 《 ᠭᠤᠷᠪᠠᠨ ᠠᠷᠠᠳ 》 ᠦ᠋ᠨ ᠳᠤᠮᠳᠠ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠡ ᠪᠤᠯᠵᠤ ᠦᠬᠦᠭᠰᠡᠳ ᠦᠨ ᠠᠮᠢᠳᠤ ᠳ᠋ᠠᠭᠠᠨ ᠠᠰᠠᠷᠠᠨ ᠲᠡᠵᠢᠭᠡᠵᠦ ᠪᠠᠶᠢᠭᠰᠠᠨ ᠭᠡᠷ ᠪᠦᠯᠢ ᠳ᠋ᠤ᠂ 《 ᠵᠠᠷᠴᠢᠮ ᠤᠨ ᠲᠣᠭᠲᠠᠭᠠᠯ 》ᠳᠣᠲᠣᠷᠠᠬᠢ ᠪᠠᠷᠢᠮᠵᠢᠶ᠎ᠠ ᠶᠤᠰᠤᠭᠠᠷ ᠠᠮᠢᠳᠤᠷᠠᠯ ᠤᠨ ᠨᠦᠬᠦᠪᠦᠷᠢ ᠣᠯᠭᠣᠨ᠎ᠠ᠃ ᠡᠮᠦᠨ᠎ᠡ ᠬᠦᠢᠴᠡᠳᠭᠡᠵᠦ ᠦᠩᠭᠡᠷᠡᠭᠰᠡᠨ ᠨᠦᠬᠦᠪᠦᠷᠢ ᠵᠢᠨ ᠪᠠᠷᠢᠮᠵᠢᠶ᠎ᠠ ᠨᠢ ᠳᠤᠰ ᠳᠤᠭᠲᠠᠭᠠᠯ ᠡᠴᠠ ᠦᠨᠳᠦᠷ ᠪᠤᠯᠤᠭᠰᠠᠳ ᠢ ᠲᠠᠬᠢᠵᠤ ᠬᠤᠪᠢᠷᠠᠭᠤᠯᠬᠤ ᠦᠭᠡᠢ᠂ ᠳᠤᠰ ᠲᠣᠭᠲᠠᠭᠠᠯ ᠡᠴᠠ ᠳᠤᠤᠷ᠎ᠠ ᠪᠤᠯᠤᠭᠰᠠᠳ ᠢ ᠳᠤᠰ ᠲᠣᠭᠲᠠᠭᠠᠯ ᠤᠨ ᠶᠣᠰᠣᠭᠠᠷ ᠬᠡᠷᠡᠭᠵᠢᠭᠦᠯᠬᠦ ᠬᠡᠷᠡᠭᠲᠡᠶ᠂ ᠥᠩᠭᠡᠷᠡᠭᠰᠡᠨ ᠤ ᠵᠥᠷᠢᠶ᠎ᠡ ᠶ᠋ᠢ ᠨᠥᠬᠥᠵᠦ ᠦᠭᠬᠦ ᠦᠭᠡᠢ ᠃ 《 ᠭᠤᠷᠪᠠᠨ ᠠᠷᠠᠳ 》ᠤᠨ ᠳᠤᠮᠳᠠ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠡ ᠪᠤᠯᠵᠤ ᠵᠡᠮᠳᠡᠭ ᠪᠤᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠳ ᠵᠢᠴᠢ ᠲᠡᠭᠦᠨ ᠤ ᠠᠰᠠᠷᠠᠨ ᠲᠡᠵᠢᠭᠡᠵᠦ ᠪᠠᠶᠢᠭ᠎ᠠ ᠭᠡᠷ ᠪᠦᠯᠢ ᠵᠢᠨ ᠬᠢᠨ ᠪᠣᠯᠤᠨ ᠬᠦᠨᠳᠦ ᠨᠤᠴᠢᠲᠠᠢ ᠵᠡᠮᠳᠡᠭ ᠪᠤᠯᠵᠤ ᠦᠨᠳᠦᠰᠦᠨ ᠬᠥᠳᠡᠯᠮᠦᠷᠢᠯᠡᠬᠦ ᠴᠢᠳᠠᠪᠤᠷᠢ ᠪᠡᠨ ᠠᠯᠳᠠᠭᠰᠠᠳ᠂ ᠮᠦᠨ ᠬᠦ 《 ᠵᠠᠷᠴᠢᠮ ᠤᠨ ᠲᠣᠭᠲᠠᠭᠠᠯ 》 ᠦ᠋ᠨ ᠳᠠᠭᠠᠤ ᠨᠥᠭᠴᠢᠭᠰᠡᠳ ᠤᠨ ᠭᠡᠷ ᠪᠦᠯᠢ ᠵᠢᠨ ᠠᠮᠢᠳᠤᠷᠠᠯ ᠤᠨ ᠨᠥᠬᠥᠪᠥᠷᠢ ᠦᠭᠬᠦ ᠪᠠᠷᠢᠮᠵᠢᠶ᠎ᠠ ᠶᠤᠰᠤᠭᠠᠷ ᠠᠮᠢᠳᠤᠷᠠᠯ ᠤᠨ ᠨᠥᠬᠥᠪᠥᠷᠢ ᠦᠭᠬᠦᠨ᠎ᠡ᠃ ᠬᠡᠳᠦᠶᠢᠪᠡᠷ ᠵᠡᠮᠳᠡᠭ ᠪᠣᠯᠤᠭᠰᠠᠨ ᠪᠣᠯᠪᠠᠴᠤ ᠬᠥᠩᠭᠡᠨ ᠬᠥᠳᠡᠯᠮᠦᠷᠢ ᠳ᠋ᠤ ᠣᠷᠣᠯᠴᠠᠵᠤ ᠪᠤᠯᠤᠭᠰᠠᠳ᠂ ᠬᠤᠷᠰᠢᠶ᠎ᠠ᠂ ᠠᠩᠭᠢ ᠪᠣᠯᠤᠨ ᠬᠣᠲᠠ ᠪᠠᠯᠭᠠᠰᠤ ᠵᠢᠨ ᠵᠡᠭᠡᠯᠢ ᠭᠤᠳᠤᠮᠵᠢ ᠵᠢᠨ ᠪᠠᠶᠢᠭᠤᠯᠭ᠎ᠠ ᠬᠢᠵᠦ ᠴᠢᠳᠠᠬᠤ ᠠᠵᠢᠯ ᠢ ᠨᠢ ᠢᠳᠡᠪᠬᠢᠲᠠᠢ ᠳᠤᠬᠢᠷᠠᠭᠤᠯᠤᠨ᠎ᠠ᠃ ᠦᠬᠦᠭᠰᠡᠳ ᠦᠨ ᠭᠡᠷ ᠪᠦᠯᠢ ᠪᠠ ᠬᠦᠨᠳᠦ ᠨᠣᠴᠢᠲᠠᠶ ᠵᠡᠮᠳᠡᠭ ᠪᠣᠯᠤᠭᠰᠠᠳ ᠤᠨ ᠠᠮᠢᠳᠤᠷᠠᠯ ᠨᠢ ᠮᠥᠨ ᠬᠦ ᠬᠦᠴᠢᠷᠲᠡᠶ ᠪᠠᠶᠢᠪᠠᠯ᠂ ᠬᠤᠷᠰᠢᠶ᠌ᠠ᠂ ᠠᠩᠭᠢ ᠪᠤᠶᠤ ᠬᠣᠲᠠ ᠪᠠᠯᠭᠠᠰᠤ ᠵᠢᠨ ᠵᠡᠭᠡᠯᠢ ᠭᠤᠳᠤᠮᠵᠢ ᠵᠢᠨ ᠪᠠᠶᠢᠭᠤᠯᠭ᠎ᠠ ᠪᠠᠶᠢᠳᠠᠯ ᠢ ᠨᠢ ᠦᠵᠡᠵᠦ ᠬᠠᠷᠠᠭᠠᠯᠵᠠᠬᠤ ᠬᠡᠷᠡᠭᠲᠡᠢ᠃ ᠨᠥᠭᠴᠢᠭᠰᠡᠳ ᠦ᠋ᠨ ᠭᠡᠷ ᠪᠦᠯᠢ ᠵᠢᠨ ᠠᠮᠢᠳᠤᠷᠠᠯ ᠤᠨ ᠨᠥᠬᠥᠪᠥᠷᠢ ᠪᠣᠯᠤᠨ ᠵᠡᠮᠳᠡᠭᠴᠦᠳ ᠤᠨ ᠠᠮᠢᠳᠤᠷᠠᠯ ᠤᠨ ᠨᠥᠬᠥᠪᠥᠷᠢ ᠬᠦᠷᠲᠡᠭᠰᠡᠳ ᠴᠥᠮ ᠪᠦᠷᠢᠳᠬᠡᠨ ᠳᠠᠩᠰᠠᠯᠠᠭᠤᠯᠵᠤ᠂ ᠤᠯᠠᠨ ᠲᠦᠮᠡᠨ ᠦ ᠦᠨᠡᠯᠡᠨ ᠶᠠᠷᠢᠯᠴᠠᠬᠤ ᠶ᠋ᠢ ᠳᠠᠮᠵᠢᠨ᠂ ᠨᠢᠭᠡᠳᠦᠯ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠬᠢᠨᠠᠨ ᠬᠠᠷᠭᠤᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ ) ᠡᠴᠠ ᠳᠡᠭᠡᠭᠰᠢᠬᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠦᠨ᠂ ᠳᠠᠬᠢᠨ ᠳᠡᠭᠡᠭᠰᠢ ᠱᠠᠳᠤ ᠳᠠᠷᠠᠭᠠᠯᠠᠨ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠦ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠣᠰᠢᠭᠤ ᠰᠢᠶᠠᠨ (ᠬᠤᠳᠠ᠂ ᠲᠣᠭᠣᠷᠢᠭ ) ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠴᠡ ᠨᠥᠭᠴᠢᠭᠰᠡᠳ ᠤᠨ ᠭᠡᠷ ᠪᠦᠯᠢ ᠵᠢᠨ ᠠᠮᠢᠳᠤᠷᠠᠯ ᠤᠨ ᠨᠥᠬᠥᠪᠥᠷᠢ ᠣᠯᠭᠣᠬᠤ ᠦᠨᠡᠮᠯᠡᠯ ᠪᠤᠶᠤ ᠵᠡᠮᠳᠡᠭᠴᠦᠳ ᠦᠨ ᠠᠮᠢᠳᠤᠷᠠᠯ ᠤᠨ ᠨᠥᠬᠥᠪᠥᠷᠢ ᠵᠢᠨ ᠦᠨᠡᠮᠯᠡᠯ ᠤᠯᠭᠤᠨ᠎ᠠ᠃ ᠨᠥᠬᠥᠪᠥᠷᠢ ᠬᠦᠷᠲᠡᠭᠰᠡᠳ ᠰᠠᠷ᠎ᠠ ᠪᠤᠶᠤ ᠤᠯᠠᠷᠢᠯ ᠢᠶ᠋ᠡᠷ ᠭᠡᠷᠡᠴᠢ ᠪᠠᠷᠢᠮᠲᠠ ᠪᠠᠨ ᠠᠪᠴᠤ ᠨᠢᠭᠡᠳᠦᠯ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠡᠴᠡ ᠭᠠᠷᠳᠠᠨ ᠠᠪᠤᠨ᠎ᠠ᠃ ᠨᠥᠬᠥᠪᠥᠷᠢ ᠦᠭᠬᠦ ᠵᠠᠷᠤᠳᠠᠯ ᠤᠨ ᠮᠦᠩᠭᠦ ᠶ᠋ᠢ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠡᠴᠡ ᠬᠠᠮᠢᠶᠠᠷᠴᠤ᠂ ᠲᠤᠰᠬᠠᠶ ᠵᠣᠭᠣᠰ ᠢ ᠲᠤᠰᠬᠠᠶ ᠵᠦᠢᠯ ᠳ᠋ᠦ ᠬᠡᠷᠡᠭᠯᠡᠬᠦ ᠬᠡᠷᠡᠭᠲᠡᠶ ᠃ ᠬᠤᠪᠢ ᠵᠢᠨ ᠠᠰᠢᠭ ᠡᠴᠠ ᠦᠪᠡᠷ ᠲᠦ ᠪᠡᠨ ᠬᠡᠷᠡᠭᠯᠡᠬᠦ ᠪᠤᠶᠤ ᠨᠡᠭᠦᠯᠭᠡᠨ ᠬᠡᠷᠡᠭᠯᠡᠭᠰᠡᠨ ᠪᠠᠶᠢᠪᠠᠯ᠂ ᠡᠷᠭᠡᠪᠰᠢ ᠬᠠᠷᠢᠭᠤᠴᠠᠯᠭ᠎ᠠ ᠨᠡᠬᠡᠮᠵᠢᠯᠡᠵᠦ ᠲᠦᠪ ᠴᠢᠩᠭ᠎ᠠ ᠪᠠᠷ ᠰᠢᠢᠳᠪᠦᠷᠢᠯᠡᠬᠦ ᠬᠡᠷᠡᠭᠲᠡᠶ ᠃
ᠨᠠᠢᠮᠠ᠂ ᠮᠠᠯᠴᠢᠨ ᠲᠠᠷᠢᠶᠠᠴᠢᠨ ᠤ ᠳᠤᠮᠳᠠ ᠬᠢᠯᠢᠰ᠂ ᠪᠤᠷᠤᠭᠤ᠂ ᠬᠤᠳᠠᠯ ᠬᠡᠷᠡᠭ ᠡᠴᠡ ᠪᠤᠯᠵᠤ ᠦᠬᠦᠭᠰᠡᠨ ᠪᠤᠶᠤ ᠬᠦᠨᠳᠦ ᠰᠢᠷᠠᠭᠳᠤᠭᠰᠠᠳ᠂ ᠨᠢᠭᠡᠳᠦᠯ ᠪᠤᠶᠤ ᠪᠠᠷᠢᠭᠠᠳᠠ ᠵᠢᠨ ᠠᠵᠤ ᠠᠬᠤᠶᠢᠯᠠᠯ ᠳ᠋ᠤ ᠠᠵᠢᠯᠲᠠᠨ ᠡᠯᠰᠡᠬᠦ ᠦᠶ᠎ᠡ ᠳ᠋ᠤ ᠨᠢᠭᠡᠬᠡᠦᠬᠡᠳ ᠢ ᠨᠢ ᠤᠷᠢᠳᠠᠪᠠᠷ ᠳᠤᠬᠢᠷᠠᠭᠤᠯᠵᠤ ᠪᠤᠯᠤᠨ᠎ᠠ ᠃
ᠶᠢᠰᠦ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠠ ᠪᠤᠯᠵᠤ ᠬᠦᠨᠳᠦ ᠨᠣᠴᠢᠲᠠᠶ ᠵᠡᠮᠳᠡᠭ ᠪᠣᠯᠤᠭᠰᠠᠨ ᠤᠯᠤᠰ ᠪᠤᠶᠤ ᠬᠠᠮᠲᠤ ᠵᠢᠨ ᠠᠵᠤ ᠠᠬᠤᠶᠢᠯᠠᠯ᠂ ᠠᠵᠢᠯ ᠦᠢᠯᠡᠰ ᠦ᠋ᠨ ᠨᠢᠭᠡᠴᠡ ᠵᠢᠨ ᠠᠵᠢᠯᠲᠠᠨ ᠠᠵᠢᠯᠴᠢᠨ᠂ ᠬᠣᠰᠢᠭᠤ ᠰᠢᠶᠠᠨ ᠡᠴᠡ ᠳᠡᠭᠡᠭᠰᠢᠬᠢ ᠡᠮᠨᠡᠯᠭᠡ ᠵᠢᠨ ᠬᠤᠷᠢᠶ᠎ᠠ ᠪᠠᠷ ᠭᠡᠷᠡᠴᠢᠯᠡᠭᠦᠯᠵᠦ᠃ ᠬᠣᠰᠢᠭᠤ ᠰᠢᠶᠠᠨ ᠤ ᠱᠠᠲᠤᠨ ᠡᠴᠠ ᠳᠡᠭᠡᠭᠰᠢᠬᠢ ᠵᠣᠬᠢᠶᠠᠨ ᠪᠠᠶᠢᠭᠤᠯᠤᠯᠲᠠ᠂ ᠠᠵᠢᠯᠲᠠᠨ ᠬᠥᠳᠡᠯᠮᠦᠷᠢ ᠵᠢᠨ ᠰᠠᠯᠠᠭ᠎ᠠ ᠮᠥᠴᠢᠷ ᠡᠴᠡ ᠬᠢᠨᠠᠨ ᠵᠦᠪᠰᠢᠶᠡᠷᠡᠵᠦ᠂ ᠠᠯᠪᠠᠨ ᠤᠴᠢᠷ ᠢᠶᠠᠷ ᠰᠢᠷᠬᠠᠲᠤᠭᠰᠠᠳ ᠤᠨ ᠶᠣᠰᠣᠭᠠᠷ ᠵᠡᠮᠳᠡᠭᠴᠦᠳ ᠤᠨ ᠬᠡᠷᠡᠴᠢ ᠣᠯᠭᠣᠬᠤ ᠬᠡᠷᠡᠭᠲᠡᠶ᠃ ᠵᠡᠮᠳᠡᠭᠴᠦᠳ ᠤᠨ ᠭᠡᠷᠡᠴᠢ ᠶ᠋ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢᠭᠡᠳᠦᠯᠲᠡᠶ ᠳᠠᠷᠤᠮᠯᠠᠵᠤ᠂ ᠬᠣᠰᠢᠭᠤ ᠰᠢᠶᠠᠨ ᠤ ᠱᠠᠲᠤᠨ ᠡᠴᠠ ᠳᠡᠭᠡᠭᠰᠢᠬᠢ ᠵᠣᠬᠢᠶᠠᠨ ᠪᠠᠶᠢᠭᠤᠯᠤᠯᠲᠠ᠂ ᠠᠵᠢᠯᠲᠠᠨ᠂ ᠬᠥᠳᠡᠯᠮᠦᠷᠢ ᠵᠢᠨ ᠰᠠᠯᠠᠭ᠎ᠠ ᠮᠥᠴᠢᠷ ᠡᠴᠡ ᠤᠯᠭᠤᠨ᠎ᠠ᠃
ᠠᠷᠪᠠ᠂ 《 ᠭᠤᠷᠪᠠᠨ ᠠᠷᠠᠳ 》 ᠦ᠋ᠨ ᠳᠤᠮᠳᠠ ᠬᠢᠯᠢᠰ᠂ ᠪᠤᠷᠤᠭᠤ᠂ ᠬᠠᠭᠤᠷᠮᠠᠭ ᠬᠡᠷᠡᠭ ᠡᠴᠠ ᠪᠤᠯᠵᠤ ᠬᠦᠨᠳᠦ ᠨᠣᠴᠢᠲᠠᠶ ᠵᠡᠮᠳᠡᠭ ᠪᠣᠯᠤᠭᠰᠠᠨ ᠪᠤᠯ ᠬᠣᠰᠢᠭᠤ ᠰᠢᠶᠠᠨ ᠡᠴᠠ ᠳᠡᠭᠡᠭᠰᠢᠬᠢ ᠡᠮᠨᠡᠯᠭᠡ ᠵᠢᠨ ᠬᠤᠷᠢᠶ᠎ᠠ ᠪᠠᠷ ᠭᠡᠷᠡᠴᠢᠯᠡᠭᠦᠯᠦᠨ᠂ ᠤᠯᠠᠨ ᠲᠦᠮᠡᠨ ᠦᠨᠡᠯᠡᠨ ᠶᠠᠷᠢᠯᠴᠠᠵᠤ᠂ ᠨᠢᠭᠡᠳᠦᠯ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠡᠴᠡ ᠬᠢᠨᠠᠨ ᠬᠠᠷᠭᠤᠭᠤᠯᠵᠤ᠂ ᠬᠣᠰᠢᠭᠤ ᠰᠢᠶᠠᠨ ᠡᠴᠡ ᠳᠡᠭᠡᠭᠰᠢᠬᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠡᠴᠠ ᠬᠢᠨᠠᠨ ᠵᠦᠪᠰᠢᠶᠡᠷᠡᠭᠦᠯᠵᠦ ᠂ ᠵᠡᠮᠳᠡᠭᠴᠦᠳ ᠦᠨ ᠭᠡᠷᠡᠴᠢ ᠤᠯᠭᠤᠨ᠎ᠠ᠃ ᠵᠡᠮᠳᠡᠭᠴᠦᠳ ᠦᠨ ᠭᠡᠷᠡᠴᠢ ᠶ᠋ᠢ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠳᠤᠪᠴᠢᠶᠠᠨ ᠡᠴᠠ ᠨᠢᠬᠡᠳᠦᠯᠲᠠᠢ ᠳᠠᠷᠤᠮᠯᠠᠵᠤ᠂ ᠳᠤᠬᠠᠢ ᠵᠢᠨ ᠭᠠᠵᠠᠷ ᠤᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠡᠴᠡ ᠤᠯᠭᠤᠨ᠎ᠠ᠃ ᠵᠡᠮᠳᠡᠭ ᠪᠤᠯᠤᠭᠰᠠᠳ ᠵᠡᠮᠳᠡᠭᠴᠦᠳ ᠦᠨ ᠭᠡᠷᠡᠴᠢ ᠪᠡᠷ ᠢᠶ᠋ᠡᠨ ᠳᠤᠬᠠᠢ ᠵᠢᠨ ᠭᠠᠵᠠᠷ ᠤᠨ ᠵᠢᠭᠠᠨ ᠲᠤᠭᠲᠠᠭᠠᠭᠰᠠᠨ ᠡᠮᠨᠡᠯᠭᠡ ᠳ᠋ᠦ ᠡᠮᠴᠢᠯᠡᠭᠦᠯᠵᠦ ᠪᠤᠯᠤᠨ᠎ᠠ᠃ ᠡᠮᠴᠢᠯᠡᠭᠦᠯᠦᠭᠰᠡᠨ ᠰᠦᠢᠳᠬᠡᠯ ᠢ ᠵᠢᠭᠠᠨ ᠲᠤᠭᠲᠠᠭᠠᠭᠰᠠᠨ ᠡᠮᠨᠡᠯᠭᠡ ᠵᠢᠨ ᠬᠦᠮᠦᠨ ᠪᠦᠷᠢ ᠵᠢᠯ ᠪᠤᠯᠭᠠᠨ ᠭᠤᠴᠢᠨ ᠭᠤᠷᠪᠠ ᠬᠤᠪᠢᠶᠠᠵᠤ ᠲᠦ᠋ᠯᠦᠪᠯᠡᠭᠡᠨ ᠳ᠋ᠦ ᠤᠷᠤᠭᠤᠯᠵᠤ᠂ ᠨᠡᠶᠢᠲᠡ ᠵᠢᠨ ᠰᠦᠢᠳᠬᠡᠯ ᠦᠨ ᠡᠮᠨᠡᠯᠭᠡ ᠵᠢᠨ ᠲᠤᠭᠲᠠᠭᠠᠯ
ᠶᠤᠰᠤᠭᠠᠷ ᠬᠢᠨᠠᠨ ᠰᠢᠯᠭᠠᠨ᠎ᠠ᠃ ᠤᠭ ᠤᠨ ᠲᠤᠭᠲᠠᠭᠠᠭᠰᠠᠨ 《 ᠵᠠᠷᠴᠢᠮ ᠤᠨ ᠲᠤᠭᠲᠠᠭᠠᠯ 》 ᠪᠤᠯᠤᠨ ᠳᠤᠰ 《 ᠨᠦᠬᠦᠪᠦᠷᠢ ᠳᠤᠭᠲᠠᠭᠠᠯ 》 ᠤᠨ ᠳᠤᠮᠳᠠ᠂ ᠬᠡᠷᠪᠡ [1979᠂ 43] ᠳ᠋ᠤᠭᠠᠷ ᠮᠠᠲᠸᠷᠢᠶᠠᠯ ᠲᠠᠢ ᠦᠵᠡᠯ ᠰᠠᠨᠠᠭᠠᠨ ᠤ ᠲᠠᠯ᠎ᠠ ᠪᠠᠷ ᠵᠦᠷᠢᠶ᠎ᠡ ᠲᠠᠢ ᠪᠤᠯ ᠲᠦᠪ ᠦᠨ ᠮᠠᠲᠸᠷᠢᠶᠠᠯ ᠤᠨ ᠦᠵᠡᠯ ᠰᠠᠨᠠᠭᠠᠨ ᠤ ᠳᠠᠭᠠᠤ ᠬᠦᠢᠴᠡᠳᠬᠡᠨ᠎ᠡ ᠃