ᠰᠤᠷᠤᠯᠴᠠᠯᠭ᠎ᠠ ᠬᠦᠮᠦᠵᠢᠯ ᠤᠨ ᠠᠷᠭ᠎ᠠ ᠬᠡᠯᠪᠡᠷᠢ ᠶᠢᠨ ᠰᠢᠨ᠎ᠡ ᠡᠭᠦᠲᠦᠯᠲᠡ—︽ᠨᠠᠮ ᠤᠨ ᠭᠡᠰᠢᠬᠦᠨ ᠤ ᠠᠵᠢᠯᠯᠠᠭᠠᠨ ᠤ ᠡᠳᠥᠷ +︾

  2019-11-01

《ᠬᠤᠶᠠᠷ ᠢ ᠰᠤᠷᠤᠯᠴᠠᠵᠤ ᠨᠢᠭᠡ ᠳᠤ ᠳᠡᠩᠴᠡᠭᠦᠯᠬᠦ》 ᠰᠤᠷᠤᠯᠴᠠᠯᠭ᠎ᠠ ᠬᠥᠮᠥᠵᠢᠯ ᠢ ᠦᠷᠨᠢᠭᠦᠯᠦᠭᠰᠡᠨ ᠠᠴᠠ ᠨᠠᠰᠢ᠂ ᠰᠢᠯᠢᠩᠬᠤᠳᠠ ᠶᠢᠨ ᠬᠢᠨ ᠰᠤᠷᠤᠯᠴᠠᠯᠭ᠎ᠠ ᠬᠦᠮᠦᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ 《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ +》 ᠤᠨ ᠵᠠᠬᠪᠤᠷ ᠢ ᠡᠭᠦᠳᠴᠤ᠂ ᠰᠤᠷᠤᠯᠴᠠᠯᠭ᠎ᠠ ᠬᠦᠮᠦᠵᠢᠯ ᠢ ᠴᠢᠷᠮᠠᠶᠢᠨ ᠠᠬᠢᠭᠤᠯᠵᠤ ᠪᠤᠳᠠᠳᠠᠢ ᠠᠮᠵᠢᠯᠳᠠ ᠤᠯᠵᠠᠢ᠃

   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ + ᠰᠢᠨ᠎ᠠ ᠶᠢ ᠡᠭᠦᠳᠬᠦ ᠠᠴᠢᠶᠠᠯᠠᠪᠤᠷᠢ》
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠢ ᠭᠥᠢᠴᠡᠳ ᠠᠰᠢᠬᠯᠠᠵᠤ᠂ ᠨᠠᠮ ᠤᠨ ᠬᠡᠰᠢᠬᠦᠨ ᠤ ᠤᠨᠤᠯ ᠤᠨ ᠮᠡᠳᠡᠯᠭᠡ ᠶᠢ ᠳᠡᠭᠡᠭᠰᠢᠯᠡᠬᠦᠯᠬᠦ ᠵᠠᠩᠭᠢᠯᠠᠭ᠎ᠠ ᠶᠢ ᠴᠢᠩᠭ᠎ᠠ ᠠᠳᠬᠤᠨ᠂ ᠥᠨᠳᠤᠰᠤᠳᠡᠨ ᠤ ᠤᠷᠤᠨ ᠤ ᠪᠤᠳᠠᠳᠡᠢ ᠲᠠᠢ ᠤᠶᠠᠯᠳᠤᠭᠤᠯᠤᠨ᠂ ᠮᠤᠩᠭᠤᠯ ᠭᠢᠳᠠᠳ ᠬᠡᠪᠯᠡᠯ ᠤᠨ 《ᠨᠠᠮ ᠤᠨ ᠳᠥᠷᠢᠮ》᠂ 《ᠪᠠᠷᠢᠮᠵᠢᠶ᠎ᠠ》᠂ 《ᠲᠤᠬᠲᠠᠭᠠᠯ》 ᠤᠨ ᠬᠠᠲᠠᠭᠤ ᠪᠢᠷ ᠤᠨ ᠤᠷᠠᠨ ᠪᠢᠴᠢᠯᠭᠡ ᠶᠢᠨ ᠪᠢᠴᠢᠭᠡᠰᠦ ᠶᠢ ᠨᠠᠶᠢᠷᠠᠭᠤᠯᠤᠨ ᠬᠡᠪᠯᠡᠭᠦᠯᠵᠦ ᠨᠠᠮ ᠤᠨ ᠬᠡᠰᠢᠭᠦᠨ ᠨᠢᠭᠡᠪᠦᠷᠢ ᠶᠢᠨ ᠭᠠᠷ ᠲᠤ ᠬᠦᠷᠭᠡᠵᠦ᠂ ᠨᠠᠮ ᠤᠨ ᠭᠡᠰᠢᠬᠦᠨ ᠤ ᠠᠵᠢᠯᠯᠠᠭᠠᠨ ᠤ ᠡᠳᠥᠷ ᠲᠤ ᠨᠢᠭᠡ ᠥᠰᠥᠭ ᠨᠢᠭᠡ ᠥᠭᠦᠯᠡᠪᠤᠷᠢ ᠪᠠᠷ ᠲᠠᠭᠤᠷᠢᠶᠠᠨ ᠪᠢᠴᠢᠵᠦ ᠨᠠᠮ ᠤᠨ ᠳᠥᠷᠢᠮ ᠢ ᠰᠤᠷᠤᠯᠴᠠᠬᠰᠠᠨ ᠪᠦᠭᠡᠳ ᠭᠢᠳᠠᠳ ᠬᠡᠯᠡ ᠪᠠᠷ ᠪᠢᠴᠢᠵᠤ ᠢᠯᠡᠳᠬᠡᠭᠦ ᠴᠢᠳᠠᠪᠤᠷᠢ ᠪᠠᠨ ᠴᠤ ᠳᠡᠭᠡᠭᠰᠢᠯᠡᠬᠦᠯᠵᠡᠢ᠃ ᠡᠭᠦᠨ ᠤ ᠬᠠᠮᠲᠦ᠂ 《ᠬᠤᠶᠠᠷ ᠢ ᠰᠤᠷᠤᠯᠴᠠᠵᠤ ᠨᠢᠭᠡ ᠳᠤ ᠳᠡᠩᠴᠡᠭᠦᠯᠬᠦ》 ᠰᠤᠷᠤᠯᠴᠠᠯᠭ᠎ᠠ ᠬᠥᠮᠥᠵᠢᠯ ᠤᠨ ᠶᠡᠷᠦᠩᠬᠡᠢ ᠱᠠᠭᠠᠷᠳᠠᠯᠭ᠎ᠠ᠂ ᠭᠤᠤᠯ ᠠᠭᠤᠯᠭ᠎ᠠ᠂ ᠭᠤᠤᠯ ᠠᠷᠭ᠎ᠠ ᠠᠪᠴᠠᠯ ᠢ ᠡᠮᠬᠢᠳᠭᠡᠨ ᠬᠤᠷᠢᠶᠠᠩᠭᠤᠢᠢᠯᠠᠵᠦ᠂ ᠲᠦᠭᠦᠮ ᠠᠪᠰᠠᠷᠬᠠᠨ ᠦᠭᠡ ᠦᠭᠦᠯᠡᠪᠦᠷᠢ ᠳᠡᠭᠡᠨ ᠠᠮᠢᠳᠤᠯᠢᠬ ᠤᠢᠢᠯᠠᠭᠠᠮᠵᠢᠲᠠᠢ ᠺᠠᠷᠲ᠋ᠤᠨ ᠵᠢᠷᠤᠭ ᠢ ᠬᠠᠪᠰᠤᠷᠭᠠᠵᠦ᠂ ᠰᠤᠷᠤᠯᠴᠠᠯᠭ᠎ᠠ ᠬᠥᠮᠥᠵᠢᠯ ᠤᠨ ᠱᠠᠭᠠᠷᠳᠠᠯᠭ᠎ᠠ ᠪᠤᠯᠤᠨ ᠬᠢᠷᠢ ᠲᠡᠩᠴᠡᠭᠰᠡᠨ ᠨᠠᠮ ᠤᠨ ᠭᠡᠰᠢᠬᠦᠨ ᠤ ᠪᠠᠷᠢᠮᠵᠢᠶ᠎ᠠ ᠶᠢ ᠢᠯᠡᠷᠡᠭᠦᠯᠥᠨ᠂ ᠨᠠᠮ ᠤᠨ ᠭᠡᠰᠢᠬᠦᠨ ᠤ ᠰᠤᠷᠤᠯᠴᠠᠬᠤ ᠤᠷᠮᠠᠰᠢᠯ ᠢ ᠶᠡᠬᠡᠪᠡᠷ ᠲᠡᠭᠡᠭᠰᠢᠯᠡᠭᠦᠯᠪᠡ᠃
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ + ᠲᠤᠰᠬᠠᠢ ᠰᠡᠲᠦᠪᠲᠦ ᠨᠠᠮ ᠤᠨ ᠭᠢᠴᠢᠶᠠᠯ》
   
   ᠰᠢᠯᠢᠩᠬᠤᠲᠠ ᠶᠢᠨ ᠳᠥᠷᠪᠡᠨ ᠶᠡᠭᠡ ᠤᠳᠤᠷᠢᠳᠬᠤ ᠪᠠᠬ ᠤᠨ ᠨᠠᠮ ᠤᠨ ᠬᠡᠰᠢᠭᠦᠨ ᠤᠳᠤᠷᠢᠳᠤᠯᠭ᠎ᠠ᠂ ᠤᠳᠤᠷᠢᠳᠬᠤ ᠪᠠᠭ ᠤᠨ ᠪᠦᠷᠢᠯᠲᠦᠭᠦᠨ ᠲᠠᠭᠠᠭᠤᠯᠤᠨ ᠬᠢᠴᠢᠶᠡᠯ ᠤᠷᠤᠵᠦ᠂ ᠰᠠᠯᠠᠭ᠎ᠠ ᠮᠦᠴᠢᠷ ᠤᠨ ᠪᠠᠶᠢᠭᠤᠯᠤᠯᠭ᠎ᠠ ᠨᠢᠭᠡᠴᠡ ᠶᠢᠨ ᠨᠠᠮ ᠤᠨ ᠬᠡᠰᠢᠭᠦᠨ ᠤᠳᠤᠷᠢᠳᠬᠤ ᠺᠠᠳ᠋ᠷ ᠵᠢᠱᠢᠶ᠎ᠡ ᠦᠵᠡᠭᠦᠯᠦᠨ ᠬᠢᠴᠢᠶᠡᠯ ᠤᠷᠤᠵᠦ᠂ 《ᠨᠢᠭᠡᠳᠤᠭᠡᠷ ᠱᠥᠵᠢ》 ᠬᠠᠷᠢᠯᠴᠠᠵᠦ ᠬᠢᠴᠢᠶᠡᠯ ᠤᠷᠤᠨ᠂ ᠡᠩ ᠤᠨ ᠨᠠᠮ ᠤᠨ ᠭᠡᠰᠢᠬᠦᠨ ᠢ ᠵᠤᠷᠢᠬᠵᠢᠭᠤᠯᠤᠨ ᠬᠢᠴᠢᠶᠡᠯ ᠤᠷᠤᠭᠤᠯᠵᠦ᠂ ᠨᠠᠮ ᠤᠨ ᠰᠤᠷᠭᠠᠭᠤᠯᠢ ᠶᠢᠨ ᠪᠠᠭᠰᠢ ᠶᠢᠨ ᠪᠥᠯᠬᠦᠮ ᠳᠤᠭᠤᠷᠢᠨ ᠬᠢᠴᠢᠶᠡᠯ ᠤᠷᠤᠬᠤ ᠵᠡᠷᠭᠡ ᠬᠡᠯᠪᠡᠷᠢ ᠪᠠᠷ᠂ ᠡᠯ᠎ᠡ ᠱᠠᠳᠤᠨ ᠤ ᠨᠠᠮ ᠤᠨ ᠭᠡᠰᠢᠬᠦᠨ ᠤᠳᠤᠷᠢᠳᠤᠯᠭ᠎ᠠ ᠨᠢ ᠳᠠᠪᠬᠤᠷ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠳᠥᠷᠢᠮ ᠢ ᠴᠢᠩᠭ᠎ᠠ ᠨᠠᠶᠢᠲᠠᠪᠤᠷᠢᠵᠢᠭᠤᠯᠤᠨ᠂ ᠲᠡᠳᠡᠨ ᠤ ᠪᠠᠶᠢᠭ᠎ᠠ ᠨᠠᠮ ᠤᠨ ᠡᠭᠦᠷ᠂ ᠬᠤᠪᠢᠲᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠰᠤᠷᠤᠯᠴᠠᠯᠭ᠎ᠠ ᠬᠥᠮᠥᠵᠢᠯ ᠤᠨ ᠬᠤᠯᠪᠤᠭᠠᠨ ᠤ ᠴᠢᠬ ᠲᠤ ᠲᠤᠰᠬᠠᠢ ᠰᠡᠲᠦᠪᠲᠦ ᠨᠠᠮ ᠤᠨ ᠬᠢᠴᠢᠶᠡᠯ ᠦᠷᠨᠢᠭᠦᠯᠬᠦ ᠬᠡᠷᠡᠭᠲᠡᠢ ᠬᠡᠵᠦ ᠱᠠᠭᠠᠷᠲᠠᠵᠠᠢ᠃ ᠤᠳᠤ ᠪᠤᠯᠬᠤ ᠳᠤ᠂ ᠭᠠᠵᠠᠷ ᠤᠨ ᠲᠡᠰ ᠤᠨ ᠨᠠᠮ ᠤᠨ ᠬᠡᠰᠢᠭᠦᠨ ᠤᠳᠤᠷᠢᠳᠤᠯᠭ᠎ᠠ 51 ᠲᠠᠯᠠᠪᠠᠢ ᠤᠳᠠᠭ᠎ᠠ ᠨᠠᠮ ᠤᠨ ᠬᠢᠴᠢᠶᠡᠯ ᠤᠷᠤᠵᠦ᠂ 《ᠨᠢᠭᠡᠳᠤᠭᠡᠷ ᠱᠥᠵᠢ》 66 ᠲᠠᠯᠠᠪᠠᠢ ᠤᠳᠠᠭ᠎ᠠ ᠨᠠᠮ ᠤᠨ ᠭᠢᠴᠢᠶᠠᠯ ᠤᠷᠤᠵᠦ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ 776 ᠲᠠᠯᠠᠪᠠᠢ ᠤᠳᠠᠭ᠎ᠠ ᠨᠠᠮ ᠤᠨ ᠬᠢᠴᠢᠶᠡᠯ ᠤᠷᠤᠵᠦ᠂ ᠨᠠᠮ ᠤᠨ ᠡᠭᠦᠷ ᠤᠨ ᠬᠡᠰᠢᠭᠦᠨ 215 ᠲᠠᠯᠠᠪᠠᠢ ᠤᠳᠠᠭ᠎ᠠ ᠨᠠᠮ ᠤᠨ ᠬᠢᠴᠢᠶᠡᠯ ᠰᠤᠨᠤᠰᠴᠤ᠂ ᠡᠩ ᠤᠨ ᠨᠠᠮ ᠤᠨ ᠬᠡᠰᠢᠭᠦᠨ 187 ᠲᠠᠯᠠᠪᠠᠢ ᠤᠳᠠᠭ᠎ᠠ ᠲᠤᠰᠬᠠᠢ ᠰᠡᠲᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠦᠷᠨᠢᠭᠦᠯᠵᠡᠢ᠃
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ + ᠤᠯᠠᠨ ᠳᠥᠮᠡᠨ ᠤ ᠤᠢᠢᠯᠠᠴᠢᠯᠡᠭᠡ》
   
   ᠡᠯ᠎ᠡ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠨᠢ ᠠᠵᠢᠯ ᠤᠨ ᠪᠠᠶᠢᠷᠢ ᠲᠠᠢ ᠪᠠᠨ ᠤᠶᠠᠯᠳᠤᠭᠤᠯᠵᠤ᠂ 《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠢ ᠭᠥᠢᠴᠡᠳ ᠠᠰᠢᠬᠯᠠᠨ᠂ ᠭᠠᠴᠠᠭ᠎ᠠ᠂ ᠨᠠᠶᠢᠬᠡᠮ ᠳᠤᠭᠤᠷᠢᠭ ᠲᠤ ᠬᠦᠨᠵᠡᠭᠡᠶᠢᠷᠡᠨ ᠤᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠦᠷᠨᠢᠭᠦᠯᠵᠡᠢ᠃ ᠰᠢᠯᠢᠩᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ 《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠢ ᠠᠰᠢᠬᠯᠠᠨ᠂ ᠠᠵᠢᠯᠴᠢᠨ ᠲᠠᠷᠢᠶᠠᠴᠢᠨ ᠤ ᠠᠷᠠᠳᠴᠢᠯᠠᠬᠰᠠᠨ ᠨᠠᠮ ᠤᠨ ᠰᠢᠯᠢᠩᠬᠤᠲᠠ ᠶᠢᠨ ᠨᠠᠮ ᠤᠨ ᠡᠭᠦᠷ᠂ ᠠᠵᠢᠯᠴᠢᠨ ᠲᠠᠷᠢᠶᠠᠴᠢᠨ ᠤ ᠠᠷᠠᠳᠴᠢᠯᠠᠬᠰᠠᠨ ᠨᠠᠮ ᠤᠨ ᠰᠢᠯᠢ ᠶᠢᠨ ᠭᠤᠤᠯ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠨᠠᠮ ᠤᠨ ᠡᠭᠦᠷ᠂ ᠡᠮᠡᠭᠲᠡᠶᠢᠴᠤᠳ ᠬᠡᠦᠬᠡᠳ ᠤᠨ ᠡᠷᠡᠭᠦᠯᠵᠢᠯ ᠤᠨ ᠬᠤᠷᠢᠶ᠎ᠠ ᠶᠢᠨ ᠨᠠᠮ ᠤᠨ ᠡᠭᠦᠷ ᠲᠠᠢ ᠤᠯᠠᠨ ᠤᠳᠠᠭ᠎ᠠ ᠬᠠᠮᠳᠤᠷᠠᠨ᠂ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠲᠤᠭᠤᠢᠢᠯᠠᠩ ᠢ ᠵᠤᠬᠢᠶᠠᠨ ᠪᠠᠶᠢᠭᠤᠯᠵᠤ᠂ ᠪᠢᠯᠢᠭ ᠮᠠᠯᠵᠢᠯ ᠤᠨ ᠳᠠᠯᠠᠪᠡᠢ᠂ ᠡᠮᠤᠨ᠎ᠠ ᠳᠡᠭᠦᠷᠭᠡ ᠶᠢᠨ ᠵᠡᠭᠡᠯᠢ ᠭᠤᠲᠤᠮᠵᠢ ᠵᠡᠷᠭᠡ ᠭᠠᠵᠠᠷ ᠢᠶᠠᠷ 《ᠡᠮ ᠡᠮᠨᠡᠯᠭᠡ ᠶᠢ ᠮᠠᠯᠵᠢᠬᠤ ᠤᠷᠤᠨ ︵ᠨᠡᠶᠢᠬᠡᠮ ᠳᠤᠭᠤᠷᠢᠭ︶ ᠳᠤ ᠬᠥᠷᠭᠡᠭᠦ》 ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠬᠦᠨᠵᠡᠭᠡᠢ ᠥᠷᠨᠢᠭᠦᠯᠵᠡᠢ᠃ ᠨᠠᠶᠢᠳᠠ 1.6 ᠳᠥᠮᠡ ᠭᠠᠷᠤᠢ ᠲᠦᠭᠦᠷᠢᠭ ᠤᠨ ᠡᠮᠲᠦ ᠪᠤᠲᠠᠰ ᠢ ᠬᠠᠨᠳᠢᠪᠯᠠᠨ᠂ ᠡᠮᠴᠢᠯᠡᠭᠡᠨ ᠤ ᠠᠪᠤᠷᠠᠨ ᠲᠤᠰᠠᠯᠠᠯᠲᠠ ᠨᠢ ᠮᠢᠩᠭ᠎ᠠ ᠭᠠᠷᠤᠢ ᠰᠠᠭᠤᠭᠠᠯᠢ ᠠᠷᠠᠳ ᠢ ᠬᠠᠮᠤᠷᠴᠠᠢ᠃ ᠡᠭᠦᠨ ᠠᠴᠠ ᠭᠠᠳᠠᠨ᠎ᠠ᠂ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠤᠯᠭ᠎ᠠ ᠨᠢᠭᠡᠴᠡ ᠨᠢ 《ᠳᠤᠯᠤᠭ᠎ᠠ ᠶᠢ ᠤᠶᠠᠯᠳᠤᠭᠤᠯᠬᠤ》 ᠰᠤᠷᠤᠯᠴᠠᠯᠭ᠎ᠠ ᠬᠥᠮᠥᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠰᠤᠷᠤᠯᠴᠠᠯᠭ᠎ᠠ ᠬᠥᠮᠥᠵᠢᠯ ᠤᠨ 《ᠵᠠᠩᠭᠢᠯᠠᠭ᠎ᠠ ᠨᠢ ᠬᠢᠭᠦ ᠳᠤ ᠪᠤᠢ》 ᠭᠡᠰᠡᠨ ᠱᠠᠭᠠᠷᠳᠠᠯᠭ᠎ᠠ ᠶᠢ ᠨᠠᠶᠢᠲᠠᠪᠤᠷᠢᠵᠢᠭᠤᠯᠵᠠᠢ᠃ ᠰᠢᠯᠢᠩᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠭᠤᠤᠯ ᠰᠡᠳᠤᠪᠳᠤ ᠨᠠᠮ ᠤᠨ ᠡᠲᠦᠷ ᠤᠨ ᠠᠵᠢᠯᠯᠠᠭ᠎ᠠ ᠶᠢ ᠢᠲᠡᠪᠬᠢᠲᠡᠢ ᠦᠷᠨᠢᠭᠦᠯᠵᠦ᠂ ᠬᠠᠷᠢᠯᠴᠠᠬᠤ ᠴᠢᠬ ᠷᠠᠰᠢᠶᠠᠨᠪᠤᠯᠠᠭ ᠪᠠᠯᠭᠠᠰᠤᠨ ᠤ ᠪᠠᠶᠠᠨᠭᠤᠤᠯ ᠭᠠᠴᠠᠭ᠎ᠠ ᠶᠢᠨ ᠨᠠᠮ ᠤᠨ ᠡᠭᠦᠷ ᠲᠤ ᠬᠦᠨᠵᠡᠭᠡᠶᠢᠷᠡᠨ᠂ ᠪᠦᠬᠦ ᠨᠠᠮ ᠤᠨ ᠬᠡᠰᠢᠬᠦᠳ ᠢ ᠵᠤᠬᠢᠶᠠᠨ ᠪᠠᠶᠢᠭᠤᠯᠵᠤ 《ᠬᠤᠶᠠᠷ ᠢ ᠰᠤᠷᠤᠯᠴᠠᠵᠤ ᠨᠢᠭᠡ ᠳᠤ ᠳᠡᠩᠴᠡᠭᠦᠯᠬᠦ》 ᠰᠤᠷᠤᠯᠴᠠᠯᠭ᠎ᠠ ᠬᠥᠮᠥᠵᠢᠯ ᠤᠨ ᠶᠠᠷᠢᠯᠴᠠᠬᠤ ᠬᠤᠷᠠᠯ ᠬᠢᠵᠤ᠂ ᠨᠠᠮ ᠳᠤ ᠤᠷᠤᠬᠤ ᠲᠠᠩᠭᠠᠷᠢᠬ ᠢᠶᠠᠨ ᠲᠠᠬᠢᠨᠲᠠ ᠡᠷᠭᠢᠴᠠᠭᠦᠯᠵᠤ᠂ ᠳᠡᠳ᠋ ᠲᠤᠪᠴᠢᠶᠠᠨ ᠳᠠᠷᠤᠭ᠎ᠠ ᠠᠴᠠ 《ᠨᠠᠮ ᠤᠨ ᠳᠥᠷᠢᠮ ᠢ ᠰᠤᠷᠤᠯᠴᠠᠵᠤ᠂ ᠨᠠᠮ ᠤᠨ ᠳᠥᠷᠢᠮ ᠢ ᠬᠠᠮᠠᠭᠠᠯᠠᠵᠤ᠂ ᠨᠠᠮ ᠤᠨ ᠳᠥᠷᠢᠮ ᠢ ᠬᠡᠷᠡᠭᠵᠢᠭᠦᠯᠬᠦ》 ᠰᠡᠳᠤᠪ ᠢᠶᠠᠷ ᠲᠤᠰᠬᠠᠢ ᠰᠡᠲᠦᠪᠲᠦ ᠨᠠᠮ ᠤᠨ ᠬᠢᠴᠢᠶᠡᠯ ᠤᠷᠤᠵᠠᠢ᠃ ᠠᠵᠢᠯᠯᠠᠭᠠᠨ ᠤ ᠳᠤᠬᠠᠢ ᠶᠢᠨ ᠡᠳᠥᠷ ᠲᠤ᠂ ᠶᠠᠳᠠᠭᠤ ᠬᠦᠴᠢᠷᠲᠡᠯᠲᠡᠢ ᠡᠷᠥᠬᠡ ᠳᠡᠭᠦᠰᠪᠠᠶᠡᠷ ᠤᠨ ᠬᠢᠨ ᠳᠤ 25 ᠬᠤᠨᠢ ᠬᠤᠳᠠᠯᠳᠤᠨ ᠠᠪᠴᠤ ᠥᠭᠭᠦᠨ᠂ ᠪᠠᠰᠠ ᠶᠠᠳᠠᠭᠤ ᠡᠷᠥᠬᠡ ᠰᠢᠯᠢᠨᠴᠡᠴᠡᠭ ᠤᠨ ᠬᠢᠨ ᠳᠤ ᠡᠳᠥᠷ ᠳᠤᠳᠤᠮ ᠤᠨ ᠬᠡᠷᠡᠭᠰᠡᠯ ᠭᠥᠷᠭᠡᠵᠦ ᠥᠭᠭᠦᠭᠰᠡᠨ ᠪᠦᠭᠡᠳ ᠭᠡᠷ ᠪᠠᠶᠢᠰᠢᠩ᠂ ᠬᠠᠰᠢᠶ᠎ᠡ ᠰᠠᠷᠠᠪᠴᠢ᠂ ᠬᠤᠳᠳᠤᠭ ᠵᠡᠷᠭᠡ ᠶᠢ ᠨᠢ ᠰᠠᠯᠪᠢᠨ ᠵᠠᠰᠠᠵᠦ᠂ ᠰᠤᠷᠤᠯᠴᠠᠯᠭ᠎ᠠ ᠬᠦᠮᠦᠵᠢᠯ ᠤᠨ ᠦᠷ᠎ᠡ ᠪᠦᠲᠦᠭᠡᠯ ᠢ ᠦᠨᠡᠨᠬᠦ ᠠᠷᠠᠳ ᠲᠤ ᠦᠢᠯᠡᠴᠢᠯᠡᠬᠦ ᠪᠤᠲᠠᠲᠤ ᠠᠵᠢᠯᠯᠠᠭ᠎ᠠ ᠪᠤᠯᠭᠠᠨ ᠬᠤᠪᠢᠷᠠᠭᠤᠯᠵᠠᠢ᠃
   ᠤᠳᠤᠬᠠᠨ ᠪᠤᠯᠲᠠᠯ᠎ᠠ᠂ ᠪᠥᠬᠦ ᠬᠤᠳᠠ ᠶᠢᠨ ᠳᠡᠳ᠋ ᠭᠠᠵᠠᠷ ᠤᠨ ᠲᠡᠰ ᠠᠴᠠ ᠲᠡᠭᠡᠭᠰᠢᠬᠢ 27 ᠤᠳᠤᠷᠢᠳᠤᠯᠭ᠎ᠠ ᠨᠢ ᠭᠠᠴᠠᠭᠠᠨ ᠤ ᠬᠤᠪᠢᠶᠠᠷᠢ ᠲᠠᠯᠠᠪᠠᠢ ᠶᠢ ᠲᠠᠭᠠᠭᠠᠴᠢᠯᠠᠨ ᠬᠠᠷᠢᠯᠴᠠᠵᠦ᠂ 72 ᠬᠤᠳᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ᠂ 96 ᠠᠵᠤ ᠠᠬᠤᠢᠢᠯᠠᠯ᠂ 26 《ᠨᠢᠭᠡᠳᠤᠭᠡᠷ ᠱᠥᠵᠢ》 ᠪᠤᠯᠤᠨ ᠳᠡᠳ᠋ ᠰᠠᠯᠠᠭᠠᠨ ᠤ ᠲᠡᠰ ᠠᠴᠠ ᠳᠡᠭᠡᠭᠰᠢᠬᠢ 300 ᠤᠳᠤᠷᠢᠳᠬᠤ ᠺᠠᠳ᠋ᠷ ᠶᠠᠳᠠᠭᠤ ᠬᠦᠴᠢᠷᠲᠡᠯᠲᠡᠢ ᠡᠷᠦᠭᠡ ᠶᠢ 《ᠠᠰ ᠠᠰ ᠲᠤᠨᠢ》 ᠬᠠᠪᠰᠤᠷᠤᠨ ᠤᠨᠢᠨ ᠲᠡᠭᠡᠷ᠎ᠡ ᠨᠢ ᠬᠠᠪᠰᠤᠷᠬᠤ ᠠᠵᠢᠯ ᠢ ᠠᠬᠢᠭᠤᠯᠵᠦ᠂ ᠥᠨᠳᠤᠰᠤᠨ ᠱᠠᠳᠤᠨ ᠳᠤ ᠪᠠᠭᠤᠬᠰᠠᠨ 850 ᠤᠳᠤᠷᠢᠳᠤᠯᠭ᠎ᠠ 1099 ᠡᠷᠥᠬᠡ ᠲᠠᠢ ᠬᠠᠷᠢᠯᠴᠠᠵᠤ᠂ ᠺᠠᠳ᠋ᠷᠴᠤᠳ ᠤᠨ ᠦᠨᠳᠦᠰᠤᠨ ᠱᠠᠲᠤᠨ ᠳᠤ ᠪᠠᠭᠤᠵᠦ 《ᠭᠤᠷᠪᠠ ᠶᠢ ᠠᠳᠬᠤᠨ》 《ᠳᠠᠪᠤ ᠶᠢ ᠭᠥᠷᠬᠡᠭᠦ》᠂ 《ᠳᠤᠯᠤᠭ᠎ᠠ ᠶᠢ ᠳᠠᠭᠠᠭᠤᠯᠬᠤ》 ᠠᠵᠢᠯ ᠢ ᠠᠬᠢᠭᠤᠯᠵᠠᠢ᠃
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ + ᠨᠠᠮ ᠤᠨ ᠭᠡᠰᠢᠭᠦᠨ ᠤ ᠬᠠᠮᠢᠶᠠᠷᠤᠯᠳᠠ》
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠢ ᠠᠰᠢᠬᠯᠠᠨ᠂ 《ᠭᠤᠷᠪᠠᠨ ᠬᠤᠷᠠᠯ ᠨᠢᠭᠡ ᠭᠢᠴᠢᠶᠠᠯ》 ᠤᠨ ᠳᠥᠷᠢᠮ ᠢ ᠪᠠᠷᠢᠮᠲᠠᠯᠠᠬᠤ ᠪᠠ ᠳᠡᠭᠦᠯᠳᠡᠷᠵᠢᠭᠦᠯᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠥᠵᠢᠯ ᠳᠤ ᠤᠷᠤᠯᠴᠠᠬᠤ ᠤᠬᠠᠮᠰᠠᠷᠲᠦ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠡᠢ᠃ ᠰᠢᠯᠢᠩᠬᠤᠳᠠ ᠶᠢᠨ ᠬᠠᠤᠯᠢ ᠴᠠᠭᠠᠵᠠ ᠶᠢᠨ ᠳᠤᠪᠴᠢᠶ᠎ᠠ 《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠢ ᠠᠰᠢᠬᠯᠠᠨ᠂ ᠨᠠᠮ ᠤᠨ ᠭᠡᠰᠢᠭᠦᠨ ᠤ ᠵᠤᠬᠢᠶᠠᠨ ᠪᠠᠶᠢᠭᠤᠯᠤᠯᠳᠠ ᠶᠢᠨ ᠬᠠᠷᠢᠴᠠᠭ᠎ᠠ ᠶᠢ ᠳᠥᠪᠯᠡᠷᠡᠭᠦᠯᠥᠨ ᠪᠠᠶᠢᠴᠠᠭᠠᠵᠤ᠂ ᠨᠠᠮ ᠤᠨ ᠭᠡᠰᠢᠭᠦᠨ ᠤ ᠪᠡᠶ ᠎ᠡ ᠶᠢᠨ ᠭᠠᠷᠤᠯ ᠤᠨ ᠮᠡᠲᠡᠭᠡ ᠵᠠᠩᠭᠢ ᠶᠢ ᠬᠢᠨᠠᠠ ᠬᠠᠷᠭᠤᠭᠤᠯᠵᠤ᠂ ᠨᠠᠮ ᠤᠨ ᠭᠡᠰᠢᠭᠦᠨ ᠤ ᠳᠠᠩᠰᠠ ᠡᠪᠬᠡᠮᠡᠯ᠂ ᠨᠠᠮ ᠤᠨ ᠭᠡᠰᠢᠬᠦᠨ ᠤ ᠨᠡᠷᠡᠰ ᠤᠨ ᠡᠮᠬᠢᠳᠬᠡᠯ᠂ ᠨᠠᠮ ᠤᠨ ᠰᠦᠢᠳᠬᠡᠯ ᠳᠤᠰᠢᠶᠠᠭᠰᠠᠨ ᠪᠠᠶᠢᠳᠠᠯ᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠳᠤ ᠤᠷᠤᠯᠴᠠᠬᠰᠠᠨ ᠪᠠᠶᠢᠲᠠᠯ᠂ ᠵᠤᠬᠢᠶᠠᠨ ᠪᠠᠶᠢᠭᠤᠯᠤᠯᠳᠠ ᠶᠢᠨ ᠬᠠᠷᠢᠴᠠᠭᠠᠨ ᠤ ᠳᠠᠨᠢᠯᠴᠠᠭᠤᠯᠬᠤ ᠪᠢᠴᠢᠭ ᠤᠨ ᠪᠠᠷᠢᠮᠲᠠ ᠵᠡᠷᠭᠡ ᠶᠢ ᠪᠦᠬᠦ ᠲᠠᠯ᠎ᠠ ᠪᠠᠷ ᠪᠠᠶᠢᠴᠠᠭᠠᠨ ᠡᠮᠬᠢᠯᠡᠵᠦ᠂ ᠨᠠᠮ ᠤᠨ ᠭᠡᠰᠢᠬᠦᠨ ᠤ ᠳᠠᠩᠰᠠ ᠡᠪᠬᠡᠮᠡᠯ ᠢ ᠪᠥᠷᠢᠨᠰᠢᠭᠦᠯᠦᠨ ᠲᠡᠭᠦᠯᠲᠡᠷᠵᠢᠭᠦᠯᠵᠦ᠂ ᠨᠠᠮ ᠤᠨ ᠭᠡᠰᠢᠬᠦᠨ ᠤ ᠬᠠᠮᠢᠶᠠᠷᠤᠯᠳᠠ ᠶᠢ ᠳᠥᠷᠢᠮᠵᠢᠬᠦᠯᠵᠡᠢ᠃ ᠨᠠᠮ ᠤᠨ ᠭᠡᠰᠢᠭᠦᠨ ᠬᠤᠪᠢ ᠬᠥᠮᠥᠨ ᠲᠠᠢ ᠨᠢ ᠰᠢᠭᠤᠳ ᠬᠠᠷᠢᠯᠴᠠᠬᠤ᠂ ᠨᠠᠮ ᠤᠨ ᠭᠡᠰᠢᠬᠦᠨ ᠤ ᠰᠢᠯᠵᠢᠨ ᠭᠠᠷᠤᠭᠰᠠᠨ ᠭᠠᠵᠠᠷ ᠪᠠ ᠰᠢᠯᠵᠢᠨ ᠬᠦᠷᠦᠭᠰᠡᠨ ᠭᠠᠵᠠᠷ ᠤᠨ ᠨᠠᠮ ᠤᠨ ᠵᠤᠬᠢᠶᠠᠨ ᠪᠠᠶᠢᠭᠤᠯᠤᠯᠳᠠ ᠲᠠᠢ ᠵᠤᠬᠢᠴᠠᠭᠤᠯᠬᠤ ᠵᠡᠷᠭᠡ ᠠᠷᠭ᠎ᠠ ᠪᠠᠷ ᠳᠠᠮᠵᠢᠨ᠂ ᠬᠦᠯᠢᠶᠡᠨ ᠠᠪᠤᠬᠰᠠᠨ 1 ᠨᠠᠮ ᠤᠨ ᠭᠡᠰᠢᠭᠦᠨ ᠪᠠ ᠰᠢᠯᠵᠢᠨ ᠭᠠᠷᠤᠬᠰᠠᠨ 9 ᠨᠠᠮ ᠤᠨ ᠭᠡᠰᠢᠬᠦᠨ ᠤ ᠬᠠᠷᠢᠭᠤ ᠳᠤᠰᠬᠠᠯ ᠤᠨ ᠪᠠᠷᠢᠮᠳᠠ ᠶᠢ ᠨᠠᠶᠢᠳᠠᠪᠤᠷᠢᠵᠢᠭᠤᠯᠤᠨ᠂ 《ᠬᠠᠷᠮᠠᠨ》 ᠤ ᠨᠠᠮ ᠤᠨ ᠭᠡᠰᠢᠭᠦᠨ ᠪᠠ ᠬᠠᠷᠢᠯᠴᠠᠭ᠎ᠠ ᠳᠠᠰᠤᠷᠠᠬᠤ ᠨᠠᠮ ᠤᠨ ᠭᠡᠰᠢᠭᠦᠨ ᠪᠤᠢ ᠪᠤᠯᠬᠤ ᠶᠢ ᠰᠡᠷᠭᠡᠶᠢᠯᠡᠪᠠ᠃ ᠡᠭᠦᠨ ᠤ ᠬᠠᠮᠳᠤ᠂ ᠨᠠᠮ ᠤᠨ ᠭᠡᠰᠢᠭᠦᠨ ᠪᠤᠯᠭᠠᠨ ᠤ ᠨᠠᠮ ᠤᠨ ᠰᠥᠢᠳᠬᠡᠯ ᠳᠤᠰᠢᠶᠠᠭᠰᠠᠨ ᠬᠡᠮᠵᠢᠶ᠎ᠡ ᠶᠢ ᠬᠢᠨᠠᠮᠠᠭᠠᠢ ᠬᠠᠷᠭᠤᠭᠤᠯᠵᠤ᠂ ᠨᠠᠮ ᠤᠨ ᠰᠥᠢᠳᠬᠡᠯ ᠬᠤᠷᠢᠶᠠᠵᠦ ᠲᠤᠰᠢᠶᠠᠬᠤ ᠲᠠᠩᠰᠠ ᠶᠢ ᠪᠠᠶᠢᠭᠤᠯᠤᠬᠰᠠᠨ ᠤ ᠬᠠᠮᠲᠦ᠂ ᠨᠠᠮ ᠤᠨ ᠰᠦᠢᠳᠬᠡᠯ ᠢ ᠴᠠᠬ ᠲᠤᠬᠠᠢ ᠳᠤᠨᠢ ᠲᠤᠭ᠎ᠠ ᠶᠤᠰᠤᠭᠠᠷ ᠲᠤᠰᠢᠶᠠᠬᠤ ᠶᠢ ᠪᠠᠲᠤᠯᠠᠵᠠᠢ᠃
   
   《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ + ᠠᠵᠢᠯ ᠤᠨ ᠪᠠᠶᠢᠷᠢ ᠶᠢᠨ ᠦᠢᠯᠡᠲᠦᠯᠭᠡ》
 
   ᠰᠢᠯᠢᠩᠬᠤᠳᠠ ᠶᠢᠨ ᠡᠪᠯᠡᠯ ᠤᠨ ᠬᠤᠷᠢᠶ᠎ᠠ ᠨᠢ 《ᠨᠢᠭᠡᠳᠤᠭᠡᠷ ᠱᠥᠵᠢ》 ᠶᠢᠨ ᠠᠵᠢᠯ ᠤᠨ ᠲᠤᠰᠢᠶᠠᠯ ᠴᠢᠲᠠᠪᠤᠷᠢ ᠶᠢᠨ ᠲᠤᠭᠤᠷᠢᠨ ᠳᠤ᠂ 《ᠨᠠᠮ ᠤᠨ ᠭᠡᠰᠢᠬᠦᠨ ᠤ ᠠᠵᠢᠯᠯᠠᠭᠠᠨ ᠤ ᠡᠳᠥᠷ》 ᠬᠠᠷᠢᠯᠴᠠᠬᠤ ᠴᠢᠬ ᠲᠤ ᠬᠦᠨᠵᠡᠭᠡᠶᠢᠷᠡᠨ᠂ 《ᠰᠠᠭᠤᠭᠠᠯᠢ ᠠᠷᠠᠳ ᠠᠴᠠ ᠦᠢᠯᠡᠴᠢᠯᠡᠭᠡ ᠬᠦᠰᠡᠬᠦ᠂ ᠨᠡᠶᠢᠭᠡᠮ ᠲᠤᠭᠤᠷᠢᠭ ᠠᠴᠠ ᠦᠢᠯᠡᠴᠢᠯᠡᠭᠡ ᠶᠢ ᠬᠦᠯᠢᠶᠡᠨ ᠠᠪᠬᠤ᠂ ᠪᠠᠶᠢᠭᠤᠯᠤᠯᠭ᠎ᠠ ᠨᠢᠭᠡᠴᠡ ᠠᠴᠠ ᠦᠢᠯᠡᠴᠢᠯᠡᠭᠡ ᠬᠠᠩᠭᠠᠬᠤ》 ᠶᠠᠪᠤᠴᠠ ᠶᠤᠰᠤᠭᠠᠷ᠂ ᠰᠠᠶᠢᠨ ᠲᠤᠷ᠎ᠠ ᠶᠢᠨ ᠤᠢᠢᠯᠡᠴᠢᠯᠡᠭᠡ ᠶᠢᠨ ᠬᠠᠨᠭ᠍ᠭᠠᠯᠭ᠎ᠠ ᠬᠡᠷᠡᠭᠴᠡᠭᠡ ᠶᠢ ᠵᠤᠯᠭᠠᠭᠤᠯᠬᠤ ᠲᠤᠬᠲᠠᠴᠠ ᠶᠢ ᠪᠠᠶᠢᠭᠤᠯᠵᠠᠢ᠃ ᠰᠢᠯᠢᠩᠬᠤᠳᠠ ᠶᠢᠨ ᠮᠢᠨ ᠱᠧᠩ ᠬᠤᠲᠠᠯᠲᠤᠭᠠᠨ ᠤ ᠲᠦᠪ ᠤᠨ ᠯᠧ ᠫᠢᠨ ᠡᠳ᠋ ᠪᠠᠷᠠᠭ᠎ᠠ ᠶᠢᠨ ᠬᠠᠷᠢᠭᠤᠴᠠᠯᠭᠠᠲᠠᠨ ᠲᠠᠢ ᠬᠤᠯᠪᠤᠭᠠᠯᠠᠨ ᠰᠢᠨ ᠺᠠᠩ ᠨᠡᠶᠢᠬᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠬᠦᠷᠴᠦ᠂ ᠭᠥᠴᠢᠷᠲᠡᠯ ᠢ ᠨᠢ ᠤᠢᠢᠯᠠᠭᠠᠨ᠂ ᠰᠢᠢᠳᠪᠤᠷᠢᠯᠡᠬᠦ ᠳᠥᠰᠥᠪ ᠢ ᠬᠠᠮᠳᠤᠪᠠᠷ ᠶᠠᠷᠢᠯᠴᠠᠵᠦ᠂ ᠭᠥᠴᠢᠷᠳᠡᠯᠳᠡᠢ ᠨᠠᠮ ᠤᠨ ᠭᠡᠰᠢᠭᠦᠨ ᠪᠠ ᠤᠯᠠᠨ ᠳᠥᠮᠡᠨ ᠳᠤ 100 ᠥᠪᠴᠢ ᠰᠢᠨ᠎ᠡ ᠬᠤᠪᠴᠠᠰᠤ ᠭᠥᠷᠭᠡᠪᠠ᠃ ᠲᠡᠲᠡ ᠶᠠᠷᠢᠯᠴᠠᠯᠭ᠎ᠠ ᠪᠠᠷ ᠲᠠᠮᠵᠢᠨ᠂ ᠳᠤᠰ ᠰᠠᠭᠤᠭᠠᠯᠢ ᠠᠷᠠᠳ ᠤᠨ ᠵᠦᠪᠯᠡᠯ ᠤᠨ ᠵᠠᠯᠠᠭᠤᠴᠤᠳ ᠨᠢ ᠭᠠᠲᠠᠬᠰᠢ ᠭᠠᠷᠴᠤ᠂ ᠬᠡᠷ ᠲᠡᠭᠡᠨ ᠬᠤᠴᠤᠷᠤᠬᠰᠠᠨ ᠨᠠᠰᠤᠲᠠᠶᠢᠴᠤᠳ ᠤᠨ ᠬᠦᠲᠡᠯᠮᠦᠷᠢ ᠬᠦᠴᠦ ᠬᠦᠷᠦᠯᠴᠡᠬᠦ ᠦᠭᠡᠢ ᠪᠠᠶᠢᠲᠠᠯ ᠤᠷᠤᠰᠢᠵᠦ᠂ ᠳᠤᠤᠷ᠎ᠠ ᠪᠠᠳᠤᠯᠠᠭᠠᠳᠤ ᠡᠷᠥᠬᠡ ᠪᠠ ᠭᠥᠴᠢᠷᠳᠡᠯᠳᠡᠢ ᠡᠷᠥᠬᠡ ᠠᠷᠪᠢᠨ ᠪᠠᠶᠢᠵᠦ᠂ ᠨᠠᠮ ᠤᠨ ᠡᠭᠦᠷ ᠠᠴᠠ ᠡᠯ᠎ᠡ ᠵᠦᠢᠯ ᠤᠨ ᠠᠵᠢᠯᠯᠠᠭ᠎ᠠ ᠦᠷᠨᠢᠭᠦᠯᠬᠦ ᠳᠤ ᠠᠳᠬᠤᠴᠠ ᠳᠤᠳᠠᠭᠳᠠᠵᠤ ᠪᠠᠶᠢᠬᠤ ᠵᠡᠷᠭᠡ ᠬᠦᠴᠢᠷᠲᠡᠯ ᠲᠠᠢ ᠪᠠᠶᠢᠬᠤ ᠶᠢ ᠤᠢᠢᠯᠠᠭᠠᠵᠦ᠂ ᠰᠠᠭᠤᠭᠠᠯᠢ ᠠᠷᠠᠳ ᠤᠨ ᠵᠦᠪᠯᠡᠯ ᠨᠢ ᠬᠠᠷᠢᠶᠠᠨ ᠳᠠᠬᠢ ᠰᠠᠭᠤᠭᠠᠯᠢ ᠠᠷᠠᠳ ᠤᠨ ᠤᠷᠤᠰᠢᠵᠦ ᠪᠠᠶᠢᠭ᠎ᠠ ᠪᠤᠲᠠᠲᠠᠢ ᠬᠦᠴᠢᠷᠲᠡᠯ ᠳᠤ ᠴᠢᠭᠯᠡᠭᠦᠯᠦᠨ ᠬᠠᠪᠰᠤᠷᠤᠨ ᠲᠡᠳᠬᠦᠬᠦ ᠲᠠᠩᠰᠠ ᠭᠠᠷᠭᠠᠵᠦ᠂ ᠯᠧ ᠫᠢᠨ ᠡᠳ᠋ ᠪᠠᠷᠠᠭᠠᠨ ᠤ ᠬᠠᠷᠢᠭᠤᠴᠠᠯᠭᠠᠲᠠᠨ ᠠᠴᠠ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠠᠬᠢᠭᠤᠯᠬᠤ᠂ ᠶᠠᠳᠠᠭᠤ ᠭᠥᠴᠢᠷᠳᠡᠯᠳᠡᠢ ᠶᠢ ᠳᠡᠳᠬᠦᠨ ᠳᠤᠰᠠᠯᠠᠬᠤ᠂ ᠰᠤᠶᠤᠯ ᠤᠨ ᠠᠮᠢᠳᠤᠷᠠᠯ ᠢ ᠭᠥᠷ ᠭᠥᠭᠵᠢᠶᠡᠨᠳᠡᠢ ᠪᠠᠶᠢᠯᠭᠠᠬᠤ ᠵᠡᠷᠭᠡ ᠲᠠᠯ᠎ᠠ ᠪᠠᠷ ᠬᠢ ᠠᠰᠠᠭᠤᠲᠠᠯ ᠢ ᠨᠢᠭᠡᠳ ᠨᠢᠭᠡ ᠪᠠᠷ ᠰᠢᠢᠳᠪᠦᠷᠢᠯᠡᠬᠦ ᠪᠠᠷ ᠠᠮᠠᠯᠳᠠᠪᠠ᠃

ᠵᠣᠬᠢᠶᠠᠭᠴᠢ: ᠭᠡᠷᠡᠯᠲᠤᠶᠠᠭ᠎ᠠ
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ