ᠤᠯᠤᠰ ᠳᠦᠷᠦ ᠶᠢᠨ ᠪᠠᠶᠢᠭᠤᠯᠤᠯᠳᠠ ᠭᠡᠬᠦ ᠡᠨᠡᠬᠦ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠳᠠ ᠶᠢ ᠰᠠᠶᠢᠳᠤᠷ ᠠᠳᠬᠤᠰᠤᠭᠠᠢ

  2019-11-01

 — ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠬᠡᠷᠡᠬᠢ ᠶᠠᠷᠢᠶ᠎ᠠ ᠶᠢ ᠰᠤᠷᠤᠯᠴᠠᠨ ᠳᠤᠤᠱᠯᠠᠭᠤᠯᠤᠶ᠎ᠠ

     《ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠨᠠᠮ ᠤᠨ ᠦᠨᠳᠦᠰᠦᠨ ᠴᠢᠨᠠᠷᠳᠠᠢ ᠪᠠᠶᠢᠭᠤᠯᠤᠯᠳᠠ ᠪᠤᠯᠭᠠᠬᠤ ᠬᠡᠷᠡᠭᠳᠡᠢ》᠃ ᠨᠠᠮ ᠪᠠᠶᠢᠭᠤᠯᠤᠬᠳᠠᠬᠰᠠᠨ 97 ᠵᠢᠯ ᠤᠨ ᠤᠢ ᠪᠤᠯᠬᠤ ᠳᠠᠰᠢᠷᠠᠮ ᠢᠶᠠᠷ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠠᠴᠠ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠵᠢᠷᠭᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠥ᠂ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ ᠶᠠᠷᠢᠶ᠎ᠠ ᠨᠢ ᠨᠠᠮ ᠤᠨ ᠪᠠᠶᠢᠭᠤᠯᠤᠯᠳᠠ ᠶᠢᠨ ᠵᠢᠮ᠎ᠡ ᠶᠤᠰᠤ ᠶᠢ ᠬᠦᠨᠵᠡᠬᠡᠢ ᠡᠵᠡᠮᠳᠡᠵᠥ᠂ ᠨᠠᠮ ᠤᠨ ᠪᠠᠶᠢᠭᠤᠯᠤᠯᠳᠠ ᠶᠢᠨ ᠭᠤᠤᠯ ᠰᠡᠳᠦᠪ᠂ ᠭᠤᠤᠯᠳᠠᠯᠭᠠᠳᠤ ᠡᠬᠦᠷᠬᠡ ᠪᠤᠯᠤᠨ ᠪᠤᠳᠠᠳᠠᠢ ᠱᠠᠭᠠᠷᠳᠠᠯᠭ᠎ᠠ ᠶᠢ ᠬᠦᠨᠵᠡᠬᠡᠢ ᠳᠤᠳᠤᠷᠬᠠᠢᠢᠯᠠᠨ ᠦᠬᠦᠯᠡᠵᠥ᠂ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢᠨ ᠤᠬᠠᠮᠰᠠᠷᠳᠤ ᠴᠢᠨᠠᠷ ᠪᠤᠯᠤᠨ ᠡᠷᠡᠰ ᠪᠠᠳᠤ ᠴᠢᠨᠠᠷ ᠢ ᠠᠬᠢᠭᠤᠯᠬᠤ ᠶᠢ ᠴᠢᠩᠭᠠᠳᠬᠠᠵᠥ᠂ ᠮᠠᠨ ᠤ ᠨᠠᠮ ᠢᠶᠠᠨ ᠨᠡᠩ ᠡᠷᠡᠰ ᠴᠢᠩᠭ᠎ᠠ ᠬᠦᠴᠦᠨ ᠲᠠᠢ ᠪᠤᠯᠭᠠᠨ ᠪᠠᠶᠢᠭᠤᠯᠬᠤ ᠳᠤ ᠦᠵᠡᠯ ᠰᠠᠨᠠᠭᠠᠨ ᠤ ᠵᠢᠯᠤᠭᠤᠳᠤᠮᠵᠢ ᠪᠤᠯᠤᠨ ᠦᠢᠯᠡᠳᠦᠯᠬᠡ ᠶᠢᠨ ᠬᠦᠳᠡᠯᠬᠡᠬᠦ ᠬᠦᠴᠦᠨ ᠬᠠᠩᠭᠠᠵᠥ ᠦᠭᠪᠠ᠃
     ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠪᠤᠯ ᠨᠢᠬᠡᠨ ᠡᠬᠦᠷᠢᠳᠡ ᠶᠢᠨ ᠰᠡᠳᠦᠪ ᠮᠦᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠠᠴᠠ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠳᠤᠪᠤᠶᠢᠮ᠎ᠠ ᠪᠠᠶᠢᠷᠢᠨ ᠳᠤ ᠳᠠᠯᠪᠢᠵᠥ᠂ ᠤᠯᠤᠰ ᠳᠦᠷᠦ ᠶᠢᠨ ᠢᠳᠡᠬᠡᠯ ᠪᠢᠰᠢᠷᠠᠯ ᠢᠶᠠᠨ ᠪᠠᠳᠤᠳᠬᠠᠬᠤ᠂ 《ᠳᠦᠷᠪᠡᠨ ᠤᠬᠠᠮᠰᠠᠷ》 ᠢᠶᠠᠨ ᠴᠢᠩᠭᠠᠳᠬᠠᠬᠤ᠂ ᠨᠠᠮ ᠤᠨ ᠳᠦᠪ ᠬᠤᠷᠢᠶᠠᠨ ᠤ ᠡᠷᠬᠡ ᠰᠦᠷ ᠪᠤᠯᠤᠨ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠬᠠᠮᠠᠭᠠᠯᠠᠬᠤ᠂ ᠨᠠᠮ ᠤᠨ ᠤᠯᠤᠰ ᠳᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠶᠢᠨ ᠶᠤᠰᠤ ᠵᠢᠷᠤᠮ ᠢ ᠴᠢᠩᠳᠠᠯᠠᠬᠤ᠂ ᠨᠠᠮ ᠤᠨ ᠳᠤᠳᠤᠭᠠᠳᠤ ᠶᠢᠨ ᠤᠯᠤᠰ ᠳᠦᠷᠦ ᠶᠢᠨ ᠠᠮᠢ ᠠᠬᠤᠢ ᠶᠢ ᠴᠡᠪᠡᠷᠵᠢᠬᠦᠯᠬᠦ᠂ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠬᠤ᠂ ᠢᠯᠵᠢᠷᠡᠯ ᠢ ᠡᠰᠡᠷᠬᠦᠴᠡᠵᠥ ᠬᠠᠷᠬᠢᠰ ᠬᠦᠴᠦᠨ ᠢ ᠰᠢᠳᠬᠡᠬᠦ ᠵᠡᠷᠬᠡ ᠳᠠᠯ᠎ᠠ ᠪᠠᠷ ᠮᠡᠳᠡᠭᠳᠡᠮ᠎ᠡ ᠠᠮᠵᠢᠯᠳᠠ ᠤᠯᠵᠥ᠂ ᠨᠠᠮ ᠤᠨ ᠪᠦᠳᠦᠭᠡᠯᠴᠢ ᠬᠦᠴᠦᠨ᠂ ᠨᠢᠬᠳᠠᠷᠠᠯ ᠤᠨ ᠬᠦᠴᠦᠨ᠂ ᠲᠠᠶᠢᠴᠢᠨ ᠬᠦᠴᠦᠨ ᠢᠯᠡᠳᠳᠠ ᠴᠢᠩᠭᠠᠷᠠᠵᠥ᠂ ᠨᠠᠮ ᠤᠨ ᠪᠦᠯᠬᠦᠮᠳᠡᠯ ᠨᠢᠬᠡᠳᠦᠯ ᠨᠡᠩ ᠪᠠᠬᠢᠵᠢᠪᠡ᠃ ᠦᠢᠯᠡᠳᠤᠯᠭᠡ ᠭᠡᠷᠡᠴᠢᠯᠡᠭᠰᠡᠡ ᠨᠢ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠨᠠᠮ ᠤᠨ ᠪᠠᠶᠢᠭᠤᠯᠤᠯᠳᠠ ᠶᠢᠨ ᠴᠢᠭᠯᠡᠯ ᠪᠤᠯᠤᠨ ᠦᠷ᠎ᠠ ᠳ᠋ᠦᠡᠭ ᠢ ᠲᠤᠭᠳᠠᠭᠠᠨ᠎ᠠ᠃ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠠᠴᠠ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠬᠡᠮᠡᠭᠦ ᠴᠢᠬᠤᠯᠠ ᠶᠡᠭᠡ ᠰᠡᠳᠤᠪ ᠢ ᠲᠤᠳᠤᠷᠬᠠᠢ ᠲᠤᠷᠠᠳᠤᠨ ᠭᠠᠷᠭᠠᠵᠤ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠪᠤᠯ ᠨᠠᠮ ᠤᠨ ᠦᠨᠳᠤᠰᠤᠨ ᠴᠢᠨᠠᠷᠳᠠᠢ ᠪᠠᠶᠢᠭᠤᠯᠤᠯᠳᠠ ᠮᠦᠨ᠂ ᠲᠠᠷᠤᠢ ᠨᠠᠮ ᠤᠨ ᠪᠠᠶᠢᠭᠤᠯᠤᠯᠳᠠ ᠶᠢᠨ ᠲᠤᠷᠰᠢᠯᠭ᠎ᠠ ᠪᠤᠯᠤᠨ ᠵᠢᠮ᠎ᠠ ᠶᠤᠰᠤ ᠶᠢᠨ ᠲᠤᠬᠠᠢ ᠨᠢᠭᠡᠨ ᠭᠦᠨᠵᠡᠭᠡᠢ ᠳ᠋ᠦᠡᠭᠨᠡᠯᠳᠠ ᠪᠤᠯᠤᠨ᠎ᠠ᠃ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠪᠠᠷ ᠶᠡᠷᠤᠩᠭᠡᠶᠢᠯᠡᠨ ᠵᠠᠬᠢᠷᠬᠤ ᠪᠤᠯ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠴᠢᠬᠤᠯᠠ ᠦᠢᠯᠡᠳᠤᠯᠭᠡ ᠶᠢᠨ ᠵᠠᠷᠴᠢᠮ ᠪᠤᠯᠤᠨ ᠱᠠᠭᠠᠷᠳᠠᠯᠭ᠎ᠠ ᠮᠦᠨ᠃
     ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠦᠪ ᠤᠯᠤᠰ ᠲᠦᠷᠤ ᠶᠢᠨ ᠴᠢᠭᠯᠡᠯ ᠢ ᠪᠠᠷᠢᠮᠳᠠᠯᠠᠬᠤ ᠪᠤᠯ ᠭᠤᠤᠯᠲᠠᠯᠭ᠎ᠠ ᠶᠢᠨ ᠲᠤᠲᠤᠷᠠᠬᠢ ᠭᠤᠤᠯᠲᠠᠯᠭ᠎ᠠ ᠪᠤᠯᠤᠨ᠎ᠠ᠃ ᠤᠯᠤᠰ ᠲᠦᠷᠤ ᠶᠢᠨ ᠴᠢᠭᠯᠡᠯ ᠪᠤᠯ ᠨᠠᠮ ᠤᠨ ᠤᠷᠤᠰᠢᠨ ᠭᠦᠭᠵᠢᠭᠦ ᠶᠢᠨ ᠲᠡᠷᠢᠭᠦᠨ ᠴᠢᠬᠤᠯᠠ ᠠᠰᠠᠭᠤᠳᠠᠯ ᠮᠦᠨ᠂ ᠨᠠᠮ ᠤᠨ ᠢᠷᠡᠭᠡᠳᠤᠢ ᠪᠤᠯᠤᠨ ᠠᠵᠢᠯ ᠦᠢᠯᠡᠰ ᠤᠨ ᠮᠠᠨᠳᠤᠵᠤ ᠮᠦᠭᠦᠭᠦ ᠢᠯᠠᠵᠤ ᠢᠯᠠᠭᠳᠠᠬᠤ ᠲᠠᠢ ᠬᠤᠯᠪᠤᠭᠳᠠᠨ᠎ᠠ᠃ ᠪᠢᠳᠠᠨ ᠤ ᠪᠠᠳᠤ ᠰᠠᠬᠢᠬᠤ ᠤᠯᠤᠰ ᠲᠦᠷᠤ ᠶᠢᠨ ᠴᠢᠭᠯᠡᠯ ᠪᠤᠯ ᠲᠠᠷᠤᠢ ᠡᠪ ᠬᠠᠮᠲᠦ ᠶᠤᠰᠤᠨ ᠤ ᠠᠯᠤᠰ ᠭᠡᠳᠤ ᠶᠢᠨ ᠭᠦᠰᠡᠯᠡᠩ ᠪᠤᠯᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠳᠤ ᠶᠢᠨ ᠭᠦᠰᠡᠯᠡᠩ᠂ 《ᠬᠤᠤᠰ ᠵᠠᠭᠤᠨ ᠵᠢᠯ》 ᠤᠨ ᠲᠡᠮᠡᠴᠡᠭᠦ ᠬᠠᠷᠠᠯᠳᠠ ᠮᠦᠨ᠂ ᠲᠠᠷᠤᠢ ᠨᠠᠮ ᠤᠨ ᠦᠨᠳᠤᠰᠤᠨ ᠤᠨᠤᠯ᠂ ᠦᠨᠳᠤᠰᠤᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠮᠦᠨ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠲᠠᠷᠤᠢ ᠤᠯᠤᠰ ᠲᠦᠷᠦ ᠶᠢᠨ ᠵᠦᠭᠯᠡᠭᠦᠷ ᠤᠨ ᠦᠢᠯᠡᠲᠦᠯ ᠢ ᠪᠠᠲᠠᠷᠠᠭᠤᠯᠤᠨ᠂ ᠪᠦᠬᠦ ᠨᠠᠮ ᠢ ᠬᠦᠲᠦᠯᠦᠨ ᠵᠢᠯᠤᠭᠤᠳᠴᠤ ᠬᠦᠰᠡᠯᠡᠩ ᠢᠲᠡᠭᠡᠯ ᠢᠶᠠᠨ ᠪᠠᠲᠤᠳᠬᠠᠵᠦ᠂ 《ᠲᠦᠷᠪᠡᠡ ᠢᠲᠡᠭᠡᠯ》 ᠢᠶᠠᠨ ᠪᠠᠲᠤᠳᠬᠠᠠ᠂ ᠪᠦᠬᠦ ᠨᠠᠮ ᠤᠨ ᠵᠦᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠶᠢ ᠦᠢᠯᠡᠲᠦᠯᠭᠡ ᠲᠤᠮᠲᠠ ᠲᠤᠤᠱᠯᠠᠭᠤᠯᠤᠨ᠂ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢ ᠡᠷᠡᠰ ᠴᠢᠩᠭ᠎ᠠ ᠲᠠᠶᠢᠴᠢᠨ ᠪᠠᠬᠢᠯᠡᠯᠲᠡ ᠪᠤᠯᠭᠠᠠ ᠪᠠᠶᠢᠭᠤᠯᠵᠦ᠂ ᠨᠠᠮ ᠪᠠ ᠤᠯᠤᠰ ᠤᠨ ᠡᠯ᠎ᠠ ᠵᠦᠢᠯ ᠤᠨ ᠠᠵᠢᠯ ᠦᠢᠯᠡᠰ ᠤᠨ ᠢᠮᠠᠭᠲᠠ ᠵᠦᠪ ᠤᠯᠤᠰ ᠲᠦᠷᠦ ᠶᠢᠨ ᠴᠢᠭᠯᠡᠯ ᠢᠶᠠᠷ ᠬᠦᠭᠵᠢᠬᠦ ᠶᠢ ᠪᠠᠲᠤᠯᠠᠨ᠎ᠠ᠃
     ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠨᠠᠮ ᠤᠨ ᠤᠯᠤᠰ ᠲᠦᠷᠦ ᠶᠢᠨ ᠤᠲᠤᠷᠢᠲᠤᠯᠭ᠎ᠠ ᠶᠢ ᠪᠠᠷᠢᠮᠲᠠᠯᠠᠬᠤ ᠪᠤᠯ ᠮᠦᠨ ᠴᠢᠨᠠᠷ ᠤᠨ ᠱᠠᠭᠠᠷᠲᠠᠯᠭ᠎ᠠ ᠮᠦᠨ᠃ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠦᠨ ᠴᠢᠨᠠᠷ ᠤᠨ ᠤᠨᠴᠠᠯᠢᠭ ᠪᠤᠯ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠪᠤᠯᠤᠨ᠎ᠠ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠲᠠᠪᠠᠭᠤᠯᠢᠭ ᠪᠤᠯ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠪᠤᠯᠤᠨ᠎ᠠ᠂ ᠨᠠᠮ ᠪᠤᠯ ᠬᠠᠮᠤᠭ ᠤᠨ ᠲᠡᠭᠡᠲᠦ ᠤᠯᠤᠰ ᠲᠦᠷᠦ ᠶᠢᠨ ᠤᠲᠤᠷᠢᠳᠬᠤ ᠬᠦᠴᠤᠨ ᠮᠦᠨ᠃ ᠨᠠᠮ ᠵᠠᠰᠠᠭ ᠴᠡᠷᠢᠭ ᠠᠷᠠᠳ ᠰᠤᠷᠭᠠᠭᠤᠯᠢ᠂ ᠵᠡᠭᠦᠨ ᠪᠠᠷᠠᠭᠤᠨ ᠡᠮᠦᠨ᠎ᠡ ᠤᠮᠠᠷ᠎ᠠ ᠳᠤ᠂ ᠨᠠᠮ ᠠᠯᠢᠪᠠ ᠶᠢ ᠤᠲᠤᠷᠢᠲᠤᠨ᠎ᠠ᠃ ᠨᠠᠮ ᠤᠨ ᠤᠯᠤᠰ ᠲᠦᠷᠦ ᠶᠢᠨ ᠤᠲᠤᠷᠢᠲᠤᠯᠭ᠎ᠠ ᠶᠢ ᠪᠠᠷᠢᠮᠲᠠᠯᠠᠬᠤ ᠳᠤ ᠬᠠᠮᠤᠭ ᠤᠨ ᠴᠢᠬᠤᠯᠠ ᠨᠢ ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠪᠠᠷᠢᠮᠲᠠᠯᠠᠵᠦ᠂ ᠪᠦᠬᠦ ᠨᠠᠮ ᠢ ᠬᠦᠲᠦᠯᠦᠨ ᠲᠠᠭᠠᠭᠤᠯᠵᠦ 《ᠲᠦᠷᠪᠡᠡ ᠤᠬᠠᠮᠰᠠᠷ 》 ᠢᠶᠠᠨ ᠴᠢᠩᠭᠠᠳᠬᠠᠠ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠵᠦ᠂ ᠵᠠᠷᠯᠢᠭ ᠢ ᠴᠢᠩᠭ᠎ᠠ ᠭᠡᠷᠡᠭᠵᠢᠭᠦᠯᠵᠦ᠂ ᠠᠯᠬᠤᠭ᠎ᠠ ᠪᠠᠨ ᠨᠢᠭᠡᠲᠦᠭᠦᠯᠬᠦ ᠬᠡᠷᠡᠭᠲᠡᠢ᠃ ᠲᠦᠷᠢᠮ ᠤᠨ ᠰᠠᠭᠤᠷᠢ ᠶᠢ ᠪᠠᠬᠢᠵᠢᠭᠦᠯᠵᠦ᠂ ᠨᠠᠮ ᠤᠨ ᠪᠦᠬᠦ ᠲᠠᠯ᠎ᠠ ᠶᠢᠨ ᠤᠲᠤᠷᠢᠲᠤᠯᠭ᠎ᠠ ᠶᠢ ᠪᠠᠷᠢᠮᠲᠠᠯᠠᠠ ᠴᠢᠩᠭᠠᠳᠬᠠᠬᠤ ᠵᠤᠬᠢᠶᠠᠠ ᠪᠠᠶᠢᠭᠤᠯᠤᠯᠲᠠ ᠶᠢᠨ ᠰᠢᠰᠲ᠋ᠧᠮ᠂ ᠲᠦᠷᠢᠮ ᠤᠨ ᠰᠢᠰᠲ᠋ᠧᠮ᠂ ᠠᠵᠢᠯ ᠤᠨ ᠲᠤᠭᠲᠠᠴᠠ ᠶᠢ ᠪᠠᠶᠢᠭᠤᠯᠤᠨ ᠲᠡᠭᠦᠯᠲᠡᠷᠵᠢᠭᠦᠯᠵᠦ᠂ ᠨᠡᠮ ᠤᠨ ᠤᠲᠤᠷᠢᠲᠤᠯᠭ᠎ᠠ ᠶᠢ ᠦᠨᠡᠡᠬᠦ ᠦᠭᠡᠷᠡᠴᠢᠯᠡᠯᠲᠡ ᠬᠦᠭᠵᠢᠯᠲᠠ ᠲᠤᠭᠲᠠᠭᠤᠨ᠂ ᠲᠤᠲᠤᠭᠠᠲᠤ ᠶᠠᠪᠤᠲᠠᠯ ᠭᠠᠲᠠᠭᠠᠲᠤ ᠬᠠᠷᠢᠯᠴᠠᠭ᠎ᠠ ᠤᠯᠤᠰ ᠤᠨ ᠪᠠᠲᠤᠯᠠᠠ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠠ ᠬᠦᠷᠢᠶ᠎ᠠ ᠡᠯ᠎ᠠ ᠲᠠᠯ᠎ᠠ ᠡᠯ᠎ᠠ ᠭᠤᠭᠴᠤᠭ᠎ᠠ ᠳᠤ ᠦᠨᠡᠡᠬᠦ ᠨᠠᠶᠢᠲᠠᠪᠤᠷᠢᠵᠢᠭᠤᠯᠬᠤ ᠭᠡᠷᠡᠭᠲᠡᠢ᠃
     ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠠᠶᠢᠨ ᠤᠯᠤᠰ ᠲᠦᠷᠦ ᠶᠢᠨ ᠠᠮᠢ ᠠᠬᠤᠢ ᠶᠢ ᠴᠤᠭᠴᠠᠯᠠᠬᠤ ᠪᠤᠯ ᠰᠠᠭᠤᠷᠢ ᠴᠢᠨᠠᠷᠲᠠᠢ ᠢᠨᠵᠧᠨᠧᠷᠢᠩ ᠪᠤᠯᠤᠨ᠎ᠠ᠃ ᠤᠯᠤᠰ ᠲᠦᠷᠦ ᠶᠢᠨ ᠠᠮᠢ ᠠᠬᠤᠢ ᠶᠢᠨ ᠪᠠᠶᠢᠭᠤᠯᠤᠯᠲᠠ ᠪᠤᠯ ᠦᠷᠯᠦᠭᠡ ᠦᠳᠡᠰᠢ ᠶᠢᠨ ᠬᠤᠭᠤᠷᠤᠨᠳᠦ ᠪᠡᠶᠡᠯᠡᠭᠳᠡᠴᠢᠬᠡᠬᠦ ᠶᠠᠪᠤᠳᠠᠯ ᠪᠢᠰᠢ᠂ ᠡᠬᠢ ᠦᠨᠳᠦᠰᠦ ᠠᠴᠠ ᠨᠢ ᠵᠠᠰᠠᠵᠤ ᠰᠢᠮᠡᠵᠢᠭᠦᠯᠵᠦ᠂ ᠲᠦᠪ ᠰᠤᠷᠲᠠᠯ ᠢ ᠬᠦᠮᠦᠵᠢᠭᠦᠯᠵᠦ᠂ ᠦᠨᠳᠦᠰᠦ ᠰᠠᠭᠤᠷᠢ ᠶᠢ ᠪᠠᠬᠢᠵᠢᠭᠦᠯᠵᠦ᠂ ᠴᠦᠬᠦᠷᠡᠰᠢ ᠦᠭᠡᠢ ᠠᠳᠬᠤᠬᠤ ᠶᠢ ᠱᠠᠭᠠᠷᠳᠠᠨ᠎ᠠ᠃ ᠵᠦᠪ ᠤᠨᠤᠪᠴᠢᠲᠠᠢ ᠬᠦᠮᠦᠨ ᠰᠤᠩᠭᠤᠵᠤ ᠬᠦᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨᠴᠠᠭᠠᠢᠢᠯᠠᠨ ᠳᠡᠭᠡᠳᠦ ᠵᠡᠷᠭᠡ ᠶᠢᠨ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠠᠮ ᠤᠨ ᠳᠤᠲᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠵᠤ᠂ ᠨᠠᠮ ᠤᠨ ᠳᠤᠲᠤᠭᠠᠳᠤ ᠶᠢᠨ ᠤᠯᠤᠰ ᠲᠦᠷᠦ ᠶᠢᠨ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠢᠷᠠᠯ ᠢ ᠡᠰᠡᠷᠭᠦᠴᠡᠬᠦ ᠲᠡᠮᠡᠴᠡᠯ ᠢ ᠡᠴᠦᠰ ᠲᠤᠨᠢ ᠲᠤᠯᠲᠠᠯ᠎ᠠ ᠬᠢᠵᠦ᠂ ᠲᠠᠰᠤᠷᠠᠯᠲᠠ ᠦᠭᠡᠢ ᠪᠠᠷ ᠦᠨᠳᠦᠰᠦ ᠰᠠᠭᠤᠷᠢ ᠶᠢ ᠨᠢ ᠪᠠᠬᠢᠵᠢᠭᠦᠯᠵᠦ ᠲᠠᠮᠢᠷ ᠲᠡᠩᠬᠡᠭᠡ ᠶᠢ ᠨᠢ ᠨᠦᠬᠦᠪᠦᠷᠢᠯᠡᠨ᠂ ᠰᠤᠷᠲᠠᠯ ᠴᠢᠭᠡᠴᠢ ᠤᠯᠤᠰ ᠲᠦᠷᠦ ᠶᠢᠨ ᠠᠮᠢ ᠠᠬᠤᠢ ᠶᠢ ᠪᠤᠶᠢᠵᠢᠭᠤᠯᠬᠤ ᠬᠡᠷᠡᠭᠲᠡᠢ᠃
     ᠲᠦᠷᠦ ᠬᠦᠷᠦᠨ ᠤ ᠮᠠᠨᠳᠤᠵᠤ ᠮᠦᠬᠦᠬᠦ ᠨᠢ ᠠᠷᠠᠳ ᠤᠨ ᠰᠡᠳᠭᠢᠯ ᠳᠤ ᠪᠤᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠠᠷᠠᠳ ᠤᠨ ᠰᠡᠳᠭᠢᠯ ᠭᠡᠬᠦ ᠡᠨᠡᠬᠦ ᠬᠠᠮᠤᠭ ᠶᠡᠭᠡ ᠤᠯᠤᠰ ᠲᠦᠷᠦ ᠶᠢ ᠴᠢᠩᠭ᠎ᠠ ᠠᠳᠬᠤᠵᠤ᠂ ᠠᠷᠠᠳ ᠤᠨ ᠰᠡᠳᠭᠢᠯ ᠠᠷᠠᠳ ᠤᠨ ᠰᠠᠨᠠᠭ᠎ᠠ ᠶᠢ ᠤᠯᠬᠤ᠂ ᠠᠷᠠᠳ ᠤᠨ ᠤᠶᠤᠨ ᠤᠬᠠᠭᠠᠨ ᠠᠷᠠᠳ ᠤᠨ ᠬᠦᠴᠦᠨ ᠢ ᠨᠢᠭᠲᠠᠷᠠᠭᠤᠯᠬᠤ ᠶᠢ ᠴᠢᠬᠤᠯᠠ ᠬᠦᠴᠦᠯᠡᠬᠦ ᠴᠡᠭ ᠪᠤᠯᠭᠠᠬᠤ ᠬᠡᠷᠡᠭᠲᠡᠢ᠃ ᠠᠷᠠᠳ ᠲᠦᠮᠡᠨ ᠤ ᠵᠤᠭᠰᠤᠴᠠ ᠳᠤ ᠯᠠᠪᠳᠠᠭᠤᠨ ᠵᠤᠭᠰᠤᠵᠤ᠂ ᠨᠠᠮ ᠪᠤᠯᠤᠨ ᠠᠷᠠᠳ ᠤᠯᠠᠨ ᠲᠦᠮᠡᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ  ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭᠲᠠᠢ ᠵᠦᠢᠯ ᠢ ᠢᠯᠡᠭᠦᠬᠡᠨ ᠬᠢᠵᠦ᠂ ᠠᠷᠠᠳ ᠤᠨ ᠠᠮᠢᠳᠤᠷᠠᠯ ᠤᠨ ᠵᠤᠪᠠᠭᠤᠷᠢ ᠶᠢ ᠢᠯᠡᠭᠦᠬᠡᠨ ᠰᠢᠢᠳᠪᠦᠷᠢᠯᠡᠨ ᠦᠭᠴᠦ᠂ ᠠᠷᠠᠳ ᠲᠦᠮᠡᠨ ᠲᠠᠢ ᠪᠤᠳᠤᠯ ᠰᠡᠳᠬᠢᠯ ᠢᠶᠠᠨ ᠨᠢᠭᠡᠳᠭᠡᠨ ᠬᠠᠮᠲᠤᠪᠠᠷ ᠠᠵᠢᠯᠯᠠᠪᠠᠯ᠂ ᠠᠷᠠᠳ ᠤᠯᠠᠨ ᠲᠦᠮᠡᠨ ᠤ ᠢᠲᠡᠭᠡᠯ ᠬᠦᠷᠢᠶᠡᠯᠡᠯ ᠢ ᠤᠯᠬᠤ ᠨᠢ ᠯᠠᠪᠲᠠᠢ ᠪᠠᠶᠢᠵᠤ᠂ ᠨᠠᠮ ᠢ ᠢᠮᠠᠭᠲᠠ ᠪᠦᠬᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠤᠯᠭᠠᠵᠤ᠂ ᠢᠮᠠᠭᠲᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠤᠯᠯᠠᠭᠴᠢ ᠪᠤᠯᠭᠠᠵᠤ ᠴᠢᠳᠠᠨ᠎ᠠ᠃

ᠵᠣᠬᠢᠶᠠᠭᠴᠢ:
ᠢᠷᠡᠯᠲᠡ: