ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠦᠷᠬᠡᠳᠬᠡᠭᠰᠡᠨ ᠬᠤᠷᠠᠯ ᠬᠤᠷᠠᠯᠳᠤᠭᠤᠯᠵᠠᠢ
1 ᠰᠠᠷ᠎ᠠ ᠶᠢᠨ 9 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠷᠬᠡᠳᠬᠡᠭᠰᠡᠨ ᠬᠤᠷᠠᠯ ᠬᠤᠷᠠᠯᠳᠤᠭᠤᠯᠵᠥ᠂ ᠡᠯ᠎ᠡ ᠠᠶᠢᠮᠠᠬ ᠬᠤᠳᠠ ᠶᠢᠨ ᠨᠠᠮ ᠤᠨ ᠬᠤᠷᠢᠶᠠᠨ ᠤ ᠱᠦᠵᠢ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ᠂ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠠᠵᠢᠯᠯᠠᠬᠤ ᠬᠤᠷᠢᠶ᠎ᠠ᠂ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠨᠠᠮ ᠤᠨ ᠬᠤᠷᠢᠶᠠᠨ ᠤ ᠱᠦᠵᠢ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠠᠳᠬᠤᠵᠥ ᠪᠠᠶᠢᠢᠭ᠎ᠠ ᠪᠠᠶᠢᠢᠳᠠᠯ ᠤᠨ ᠲᠤᠬᠠᠢ ᠳᠤᠰᠢᠶᠠᠯ ᠤᠨ ᠮᠡᠳᠡᠬᠦᠯᠦᠯᠳᠡ ᠶᠢ ᠳᠤᠰᠬᠠᠢ ᠰᠡᠳᠦᠪ ᠢᠶᠠᠷ ᠰᠤᠨᠤᠰᠤᠬᠰᠠᠨ ᠪᠦᠬᠡᠳ ᠳᠤᠬᠠᠢ ᠶᠢᠨ ᠳᠠᠯᠠᠪᠠᠢ ᠳᠤ ᠦᠨᠡᠯᠡᠯᠳᠡ ᠬᠢᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠥ᠂ ᠳᠦᠪ ᠤᠨ ᠵᠤᠬᠢᠶᠠᠨ ᠪᠠᠶᠢᠢᠭᠤᠯᠬᠤ ᠬᠡᠯᠳᠡᠰ ᠤᠨ ᠬᠠᠮᠢᠶ᠎ᠠ ᠪᠦᠬᠦᠢ ᠨᠦᠬᠦᠳ ᠬᠤᠷᠠᠯ ᠳᠤ ᠤᠷᠤᠯᠴᠠᠵᠥ ᠵᠢᠭᠠᠨ ᠵᠢᠯᠤᠭᠤᠳᠪᠠ᠃
ᠬᠤᠷᠠᠯ ᠳᠡᠬᠡᠷ᠎ᠡ᠂ ᠯᠢ ᠵᠢᠢ ᠾᠧᠩ ᠤᠯᠠᠨ ᠤ ᠮᠡᠳᠡᠬᠦᠯᠦᠯᠳᠡ ᠶᠢ ᠨᠢᠬᠡᠳ ᠨᠢᠬᠡ ᠪᠠᠷ ᠴᠤᠬᠤᠰ ᠦᠨᠡᠯᠡᠯᠲᠡ ᠬᠢᠵᠤ᠂ ᠠᠮᠵᠢᠯᠳᠠ ᠪᠦᠳᠦᠮᠵᠢ ᠶᠢ ᠨᠢ ᠨᠤᠳᠠᠯᠠᠬᠤ ᠶᠢᠨ ᠳᠠᠭᠠᠤ ᠠᠰᠠᠭᠤᠳᠠᠯ ᠢ ᠨᠢ ᠵᠢᠭᠠᠨ ᠭᠠᠷᠭᠠᠵᠥ᠂ ᠪᠤᠰᠤᠳ ᠪᠠᠶᠢᠩᠭᠤ ᠶᠢᠨ ᠬᠡᠰᠢᠬᠦᠨ ᠨᠦᠬᠦᠳ ᠠᠴᠠ ᠨᠦᠬᠦᠪᠦᠷᠢ ᠴᠤᠬᠤᠰ ᠦᠨᠡᠯᠡᠯᠳᠡ ᠬᠢᠪᠡ᠃
ᠳᠤᠰᠢᠶᠠᠯ ᠤᠨ ᠮᠡᠳᠡᠬᠦᠯᠦᠯᠳᠡ ᠳᠠᠭᠤᠰᠤᠬᠰᠠᠨ ᠤ ᠳᠠᠷᠠᠭ᠎ᠠ᠂ ᠯᠢ ᠵᠢᠢ ᠾᠧᠩ ᠶᠠᠷᠢᠶ᠎ᠠ ᠳᠠᠯᠪᠢᠪᠠ᠃ ᠳᠡᠷᠡ᠂ ᠦᠩᠬᠡᠷᠡᠭᠰᠡᠨ ᠨᠢᠬᠡ ᠵᠢᠯ ᠳᠤ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠪᠦᠬᠦ ᠤᠯᠤᠰ᠂ ᠪᠦᠬᠦ ᠤᠷᠤᠨ ᠤ ᠵᠤᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠢᠶᠠᠨ ᠴᠢᠩᠭ᠎ᠠ ᠪᠤᠳᠠᠳᠠᠶᠢᠵᠢᠭᠤᠯᠵᠥ᠂ ᠤᠯᠤᠰ ᠳᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ ᠪᠤᠯᠤᠨ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠤ ᠶᠢ ᠴᠢᠩᠳᠠᠯᠠᠬᠤ ᠶᠢ ᠳᠤᠪᠤᠶᠢᠮ᠎ᠠ ᠰᠠᠶᠢᠳᠤᠷ ᠠᠳᠬᠤᠵᠥ᠂ 《ᠤᠮᠠᠷᠠᠳᠤ ᠬᠢᠯᠢ ᠶᠢᠨ ᠬᠤᠰᠢᠭᠤᠴᠢ》 ᠢᠨᠵᠧᠨᠧᠷᠢᠩ ᠢ ᠶᠡᠭᠡ ᠬᠦᠴᠦᠨ ᠢᠶᠠᠷ ᠢᠶᠠᠨ ᠬᠡᠷᠡᠭᠵᠢᠬᠦᠯᠵᠥ᠂ 《ᠨᠠᠮ ᠤᠨ ᠪᠠᠶᠢᠭᠤᠯᠤᠯᠳᠠ ᠶᠢ ᠠᠭᠤᠰᠤᠯᠴᠠᠭᠤᠯᠬᠤ》 ᠰᠢᠨ᠎ᠡ ᠵᠠᠬᠪᠤᠷ ᠢ ᠰᠦᠪᠡᠭᠴᠢᠯᠡᠨ ᠳᠡᠯᠬᠡᠷᠡᠬᠦᠯᠵᠥ᠂ ᠭᠠᠴᠠᠭ᠎ᠠ ᠳᠤᠰᠬᠤᠨ ᠤ 《ᠬᠤᠶᠠᠷ ᠵᠦᠪᠯᠡᠯ》 ᠤᠨ ᠬᠤᠭᠤᠴᠠᠭ᠎ᠠ ᠰᠤᠯᠢᠬᠤ ᠡᠬᠦᠷᠬᠡ ᠶᠢ ᠠᠮᠵᠢᠯᠳᠠ ᠲᠠᠢ ᠪᠡᠶᠡᠯᠡᠬᠦᠯᠵᠥ᠂ ᠨᠠᠮ ᠤᠨ ᠪᠠᠶᠢᠭᠤᠯᠤᠯᠳᠠ ᠶᠢ ᠠᠳᠬᠤᠬᠤ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠥ᠂ ᠪᠦᠬᠦ ᠤᠷᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ ᠠᠮᠵᠢᠯᠳᠠ ᠤᠯᠪᠠ᠃ ᠠᠮᠵᠢᠯᠲᠠ ᠪᠦᠳᠦᠮᠵᠢ ᠪᠠᠨ ᠨᠤᠲᠠᠯᠠᠬᠤ ᠶᠢᠨ ᠳᠠᠭᠠᠤ ᠳᠤᠨᠢ ᠪᠠᠰᠠ ᠠᠵᠢᠯ ᠤᠨ ᠳᠤᠮᠳᠠᠬᠢ ᠵᠦᠷᠢᠶ᠎ᠡ ᠪᠤᠯᠤᠨ ᠬᠦᠷᠦᠯᠴᠡᠬᠦ ᠦᠬᠡᠢ ᠳᠠᠯ᠎ᠠ ᠪᠠᠨ ᠳᠤᠳᠤᠷᠬᠠᠢ ᠤᠯᠵᠥ ᠬᠠᠷᠠᠵᠥ᠂ ᠤᠷᠤᠰᠢᠵᠥ ᠪᠠᠶᠢᠢᠭ᠎ᠠ ᠠᠰᠠᠭᠤᠳᠠᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠰᠤᠳᠤᠯᠵᠥ ᠰᠢᠢᠳᠪᠦᠷᠢᠯᠡᠬᠦ ᠬᠡᠷᠡᠭᠳᠡᠢ ᠬᠡᠵᠥ ᠬᠡᠯᠡᠪᠡ᠃
ᠯᠢ ᠵᠢᠢ ᠾᠧᠩ᠂ ᠤᠯᠤᠰ ᠳᠦᠷᠦ ᠶᠢᠨ ᠪᠠᠶᠢᠭᠤᠯᠤᠯᠳᠠ ᠶᠢ ᠳᠤᠪᠤᠶᠢᠯᠭᠠᠵᠥ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠳᠦᠷᠦ ᠶᠢᠨ ᠴᠢᠳᠠᠪᠬᠢ ᠶᠢ ᠦᠨᠡᠨ ᠬᠦ ᠴᠢᠩᠭᠠᠳᠬᠠᠵᠥ᠂ 《ᠬᠤᠶᠠᠷ ᠢ ᠰᠤᠷᠤᠯᠴᠠᠵᠥ ᠨᠢᠭᠡ ᠳᠤ ᠲᠡᠩᠴᠡᠬᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠳᠦᠷᠢᠮᠵᠢᠬᠦᠯᠬᠦ ᠶᠢ ᠪᠠᠳᠤᠳᠠᠢ ᠠᠬᠢᠭᠤᠯᠤᠨ᠂ ᠳᠠᠭᠠᠭᠤᠯᠤᠬᠴᠢ ᠶᠢᠨ ᠡᠩᠨᠡᠭᠡ ᠶᠢᠨ ᠪᠠᠶᠢᠭᠤᠯᠤᠯᠳᠠ ᠶᠢ ᠰᠠᠶᠢᠳᠤᠷ ᠠᠳᠬᠤᠬᠤ ᠶᠢ ᠴᠢᠬᠤᠯᠠᠴᠢᠯᠠᠵᠥ᠂ ᠨᠠᠮ ᠤᠨ ᠬᠡᠰᠢᠬᠦᠨ ᠬᠦᠮᠦᠵᠢᠬᠦᠯᠵᠤ ᠡᠯᠰᠡᠬᠦ ᠶᠢᠨ ᠤᠯᠤᠰ ᠳᠦᠷᠦ ᠶᠢᠨ ᠪᠤᠭᠤᠮᠳᠠ ᠶᠢ ᠴᠢᠩᠭ᠎ᠠ ᠰᠠᠬᠢᠵᠥ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠢᠮᠠᠬᠳᠠ ᠵᠦᠪ ᠤᠨᠤᠪᠴᠢᠳᠠᠢ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠬᠡᠷᠡᠭᠳᠡᠢ᠃ ᠵᠤᠬᠢᠶᠠᠨ ᠪᠠᠶᠢᠢᠭᠤᠯᠬᠤ ᠬᠦᠴᠦᠨ ᠢ ᠲᠡᠭᠡᠭᠰᠢᠯᠡᠬᠦᠯᠬᠦ ᠶᠢ ᠴᠢᠩᠭᠠᠷᠠᠭᠤᠯᠵᠥ᠂ 《ᠤᠮᠠᠷᠠᠳᠤ ᠬᠢᠯᠢ ᠶᠢᠨ ᠬᠤᠰᠢᠭᠤᠴᠢ》 ᠢᠨᠵᠧᠨᠧᠷᠢᠩ ᠢ ᠬᠡᠷᠡᠭᠵᠢᠬᠦᠯᠬᠦ ᠪᠠᠷ ᠠᠳᠬᠤᠴᠠ ᠪᠤᠯᠭᠠᠵᠥ᠂ ᠨᠠᠶᠢᠳᠠᠪᠤᠷᠢᠵᠢᠭᠤᠯᠤᠯᠳᠠ ᠶᠢ ᠠᠳᠬᠤᠨ᠂ ᠳᠤᠳᠠᠭᠤᠳᠠᠯ ᠢ ᠨᠦᠬᠦᠪᠦᠷᠢᠯᠡᠵᠥ᠂ ᠰᠢᠨ᠎ᠡ ᠶᠢ ᠡᠬᠦᠳᠬᠦ ᠶᠢ ᠠᠬᠢᠭᠤᠯᠵᠥ᠂ ᠬᠦᠳᠡᠭᠡ ᠳᠤᠰᠬᠤᠨ ᠮᠠᠯᠵᠢᠬᠤ ᠳᠠᠷᠢᠶᠠᠯᠠᠬᠤ ᠤᠷᠤᠨ᠂ ᠵᠡᠬᠡᠯᠢ ᠭᠤᠳᠤᠮᠵᠢ ᠨᠡᠶᠢᠬᠡᠮ ᠳᠤᠭᠤᠷᠢᠭ᠂ ᠠᠵᠥ ᠠᠬᠤᠶᠢᠯᠠᠯ᠂ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠢ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠵᠡᠷᠬᠡ ᠡᠯ᠎ᠡ ᠬᠦᠷᠢᠶᠡᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠪᠦᠬᠦ ᠳᠠᠯ᠎ᠠ ᠪᠠᠷ ᠴᠢᠩᠭᠠᠳᠬᠠᠵᠥ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠪᠦᠬᠦ ᠳᠠᠯ᠎ᠠ ᠪᠠᠷ ᠲᠠᠪᠰᠢᠵᠤ᠂ ᠪᠦᠬᠦ ᠳᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠳᠡᠢ᠃ ᠨᠠᠮ ᠤᠨ ᠡᠬᠦᠷ ᠤᠨ ᠪᠠᠶᠢᠭᠤᠯᠤᠯᠳᠠ ᠶᠢ ᠴᠢᠩᠭᠠᠳᠬᠠᠵᠥ᠂ 《ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠬᠦᠷ ᠤᠨ ᠠᠵᠢᠯ ᠤᠨ ᠳᠦᠷᠢᠮ ︵ᠳᠤᠷᠰᠢᠨ ᠬᠡᠷᠡᠭᠵᠢᠬᠦᠯᠬᠦ︶》 ᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠥ᠂ ᠨᠠᠮ ᠤᠨ ᠡᠬᠦᠷ ᠤᠨ ᠪᠠᠷᠢᠮᠵᠢᠶᠠᠵᠢᠭᠤᠯᠬᠤ᠂ ᠳᠦᠷᠢᠮᠵᠢᠬᠦᠯᠬᠦ ᠪᠠᠶᠢᠭᠤᠯᠤᠯᠳᠠ ᠶᠢ ᠬᠦᠴᠦᠯᠡᠨ ᠠᠬᠢᠭᠤᠯᠵᠥ᠂ ᠨᠠᠮ ᠤᠨ ᠡᠬᠦᠷ ᠪᠤᠯᠭᠠᠨ ᠢ ᠪᠠᠳᠤ ᠴᠢᠩᠭ᠎ᠠ ᠳᠠᠶᠢᠢᠴᠢᠨ ᠪᠠᠬᠢᠯᠡᠯᠳᠡ ᠪᠤᠯᠭᠠᠨ ᠪᠠᠶᠢᠢᠭᠤᠯᠬᠤ ᠬᠡᠷᠡᠭᠳᠡᠢ᠃ ᠡᠷᠡᠰ ᠭᠤᠶᠢᠪᠢᠰᠢ ᠦᠬᠡᠢ ᠪᠠᠷ ᠰᠤᠷᠳᠠᠯ ᠢ ᠲᠦᠪ ᠪᠤᠯᠭᠠᠨ ᠢᠯᠵᠢᠷᠠᠯ ᠢ ᠡᠰᠡᠷᠬᠦᠴᠡᠵᠥ᠂ ᠤᠯᠠᠨ ᠲᠦᠮᠡᠨ ᠤ ᠲᠡᠷᠭᠡᠲᠡᠬᠢ ᠢᠯᠵᠢᠷᠠᠯ ᠤᠨ ᠠᠰᠠᠭᠤᠲᠠᠯ ᠢ ᠶᠡᠭᠡ ᠪᠠᠷ ᠴᠡᠭᠴᠡᠯᠡᠨ ᠵᠠᠰᠠᠵᠤ᠂ 《ᠳᠦᠷᠪᠡᠨ ᠰᠤᠷᠳᠠᠯ》 ᠢ ᠡᠰᠡᠷᠬᠦᠴᠡᠬᠦ ᠶᠢ ᠢᠮᠠᠭᠲᠠ ᠪᠠᠷᠢᠮᠲᠠᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠢ ᠬᠦᠨᠵᠡᠬᠡᠢ ᠦᠷᠨᠢᠬᠦᠯᠵᠥ᠂ ᠦᠨᠳᠦᠰᠦᠨ ᠱᠠᠳᠤᠨ ᠤ ᠤᠯᠤᠰ ᠳᠦᠷᠦ ᠶᠢᠨ ᠠᠮᠢ ᠠᠬᠤᠢ ᠶᠢ ᠦᠷᠬᠦᠯᠵᠢᠯᠡᠨ ᠴᠡᠪᠡᠷᠰᠢᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
ᠯᠢ ᠵᠢᠢ ᠾᠧᠩ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠨᠠᠮ ᠤᠨ ᠪᠠᠶᠢᠭᠤᠯᠤᠯᠳᠠ ᠶᠢ ᠰᠠᠶᠢᠳᠤᠷ ᠠᠳᠬᠤᠬᠤ ᠪᠤᠯ ᠬᠠᠮᠤᠭ ᠤᠨ ᠶᠡᠭᠡ ᠵᠠᠰᠠᠭ ᠤᠨ ᠠᠮᠵᠢᠯᠲᠠ ᠪᠦᠳᠦᠮᠵᠢ ᠮᠦᠨ ᠬᠡᠳᠡᠭ ᠦᠢᠯᠠᠭᠠᠬᠳᠠᠬᠤᠨ ᠢ ᠪᠠᠳᠤ ᠪᠤᠢ ᠪᠤᠯᠭᠠᠵᠥ᠂ ᠦᠨᠳᠦᠰᠦᠨ ᠱᠠᠳᠤ ᠶᠢ ᠶᠡᠭᠡ ᠪᠠᠷ ᠴᠢᠩᠭᠠᠳᠬᠠᠬᠤ ᠢᠯᠡ ᠳᠤᠳᠤ ᠤᠲᠤᠷᠢᠳᠤᠮᠵᠢ ᠶᠢ ᠪᠠᠳᠤ ᠪᠤᠢ ᠪᠤᠯᠭᠠᠵᠥ᠂ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠪᠠᠲᠤᠲᠠᠢ ᠡᠬᠦᠷᠬᠡᠯᠡᠵᠥ᠂ ᠪᠠᠶᠢᠢᠴᠠᠭᠠᠯᠳᠠ ᠬᠢᠨᠠᠨ ᠰᠢᠯᠭᠠᠯᠳᠠ ᠪᠠᠨ ᠴᠢᠩᠭᠠᠳᠬᠠᠵᠥ᠂ ᠳᠤᠰᠢᠶᠠᠯ ᠤᠨ ᠮᠡᠳᠡᠬᠦᠯᠦᠯᠲᠡ ᠬᠢᠵᠤ ᠦᠨᠡᠯᠡᠬᠦ ᠡᠨᠡ ᠬᠦ ᠠᠳᠬᠤᠴᠠ ᠶᠢ ᠰᠠᠶᠢᠳᠤᠷ ᠬᠡᠷᠡᠭᠯᠡᠨ᠂ ᠬᠦᠴᠦᠨ ᠢᠶᠠᠨ ᠳᠦᠪᠯᠡᠷᠡᠬᠦᠯᠦᠨ ᠦᠨᠳᠦᠰᠤᠨ ᠱᠠᠳᠤ ᠶᠢ ᠠᠳᠬᠤᠨ ᠰᠠᠭᠤᠷᠢ ᠶᠢ ᠪᠠᠬᠢᠵᠢᠬᠦᠯᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠡᠯ᠎ᠡ ᠵᠦᠢᠯ ᠤᠨ ᠡᠬᠦᠷᠬᠡ ᠶᠢᠨ ᠪᠤᠳᠠᠳᠠᠢ ᠳᠤ ᠨᠠᠶᠢᠳᠠᠪᠤᠷᠢᠵᠢᠭᠤᠯᠤᠬᠳᠠᠬᠤ ᠶᠢ ᠠᠬᠢᠭᠤᠯᠬᠤ ᠬᠡᠷᠡᠭᠳᠡᠢ᠃ ᠪᠦᠬᠦ ᠤᠷᠤᠨ ᠤ ᠦᠬᠡᠷᠡᠴᠢᠯᠡᠯᠳᠡ ᠬᠦᠭᠵᠢᠬᠦᠯᠦᠯᠳᠡ ᠳᠤᠬᠳᠠᠭᠤᠨ ᠤ ᠶᠡᠭᠡ ᠲᠠᠯ᠎ᠠ ᠶᠢᠨ ᠲᠤᠭᠤᠷᠢᠨ ᠳᠤ ᠨᠠᠮ ᠤᠨ ᠪᠠᠶᠢᠭᠤᠯᠤᠯᠳᠠ ᠶᠢ ᠠᠳᠬᠤᠵᠥ᠂ ᠡᠯ᠎ᠡ ᠳᠠᠯ᠎ᠠ ᠶᠢᠨ ᠡᠬᠢ ᠪᠠᠶᠠᠯᠢᠭ ᠪᠤᠯᠤᠨ ᠬᠦᠴᠦᠨ ᠢ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ᠂ ᠦᠨᠳᠦᠰᠦᠳᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠨ ᠠᠮᠤᠷ ᠳᠤᠬᠳᠠᠭᠤᠨ ᠢ ᠪᠠᠬᠢᠵᠢᠭᠦᠯᠬᠦ ᠶᠢ ᠠᠬᠢᠭᠤᠯᠬᠤ ᠵᠡᠷᠬᠡ ᠴᠢᠬᠤᠯᠠ ᠶᠡᠭᠡ ᠡᠬᠦᠷᠬᠡ ᠳᠡᠬᠡᠷ᠎ᠡ ᠲᠦᠪᠯᠡᠷᠡᠭᠦᠯᠵᠤ᠂ ᠴᠢᠨᠡᠬᠡᠯᠢᠭ ᠨᠡᠶᠢᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠳᠡᠮᠡᠴᠡᠨ ᠤᠯᠬᠤ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃