ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠲᠣᠬᠠᠢ ᠮᠦᠴᠢᠳ ᠦᠭᠦᠯᠡᠬᠦ ᠨᠢ

  2019-11-03

    ᠬᠦᠳᠡᠭᠡ ᠲᠣᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯ ᠨᠡᠮ ᠤᠨ ᠬᠦᠳᠡᠭᠡ ᠲᠣᠰᠬᠤᠨ ᠮᠠᠯᠵᠢᠬᠤ ᠣᠷᠣᠨ ᠳᠠᠬᠢ ᠪᠦᠬᠦ ᠠᠵᠢᠯ ᠪᠡ ᠲᠡᠶᠢᠴᠢᠠ ᠬᠦᠴᠦᠠ ᠤ ᠰᠡᠭᠤᠷᠢ ᠮᠦᠠ᠂ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠳᠡᠭᠡ ᠲᠣᠰᠬᠤᠨ ᠮᠠᠯᠵᠢᠬᠤ ᠣᠷᠣᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠭᠦ ᠪᠠᠲᠤᠯᠠᠬᠤ ᠶᠢᠨ ᠰᠠᠭᠤᠷᠢ ᠮᠦᠨ᠃ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠣᠭᠴᠠᠯᠠᠯᠲᠠ ᠶᠢ ᠴᠢᠩᠭᠠᠳᠬᠠᠬᠤ ᠶᠢ ᠪᠠᠷᠢᠮᠳᠠᠯᠠᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠮᠦᠨ᠃ ᠰᠢᠨ᠎ᠡ ᠴᠠᠬ ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠪᠣᠯ ᠬᠦᠳᠡᠭᠡ ᠲᠣᠰᠬᠤᠨ ᠤ ᠠᠵᠢᠯ ᠳᠠᠬᠢ ᠨᠠᠮ ᠤᠨ ᠪᠦᠬᠦ ᠲᠡᠯ᠎ᠡ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ ᠬᠦᠲᠡᠭᠡ ᠲᠤᠰᠬᠤᠨ ᠢ ᠬᠦᠭᠵᠢᠭᠦᠯᠥᠨ ᠮᠠᠨᠳᠣᠭᠤᠯᠬᠤ ᠪᠠᠶᠢᠯᠲᠤᠬᠤ ᠪᠤᠲᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠶᠠᠲᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠣᠯᠬᠤ ᠶᠢ ᠪᠡᠶᠡᠯᠡᠭᠦᠯᠵᠦ᠂ ᠲᠠᠷᠢᠶᠠᠯᠠᠩ ᠪᠠ ᠬᠦᠲᠡᠭᠡ ᠲᠤᠰᠬᠤᠨ ᠤ ᠤᠲᠤᠬᠢᠴᠢᠯᠠᠯᠲᠠ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠣ ᠲᠡᠰᠢ ᠦᠷᠭᠡᠵᠢᠭᠦᠯᠵᠦ᠂ ᠨᠠᠮ ᠤᠨ ᠬᠦᠳᠡᠭᠡ ᠲᠣᠰᠬᠤᠨ ᠳᠠᠬᠢ ᠲᠦᠷᠥ ᠪᠠᠷᠢᠬᠤ ᠰᠠᠭᠤᠷᠢ ᠶᠢ ᠪᠠᠳᠣᠳᠬᠠᠬᠤ ᠶᠢᠨ ᠴᠢᠬᠤᠯᠠ ᠱᠠᠭᠠᠷᠳᠠᠯᠭ᠎ᠠ ᠮᠦᠨ᠃
      ᠨᠢᠭᠡ᠂ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ
      ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠣᠯᠲᠠ ᠶᠢᠨ ᠴᠣᠭᠴᠠᠯᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠲᠡᠭᠦᠨ ᠤ ᠡᠬᠦᠳᠦᠨ ᠪᠦᠳᠦᠭᠡᠬᠦ ᠴᠢᠳᠠᠪᠤᠷᠢ᠂ ᠨᠢᠭᠲᠠᠷᠠᠭᠤᠯᠬᠤ ᠬᠦᠴᠦᠨ᠂ ᠲᠠᠶᠢᠴᠢᠨ ᠬᠦᠴᠦᠨ ᠢ ᠨᠡᠮᠡᠭᠳᠡᠭᠦᠯᠬᠦ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠣᠯᠲᠠ ᠶᠢᠨ ᠠᠭᠤᠤ ᠶᠡᠭᠡ ᠢᠨᠵᠧᠨᠧᠷᠢᠩ ᠤᠨ ᠴᠢᠬᠤᠯᠠ ᠠᠭᠤᠯᠭ᠎ᠠ ᠪᠣᠯᠬᠤ ᠪᠠᠷ ᠪᠠᠷᠠᠬᠤ ᠦᠭᠡᠢ᠂ ᠮᠦᠨ ᠴᠦ ᠬᠦᠳᠡᠭᠡ ᠲᠣᠰᠬᠤᠨ ᠢ ᠬᠦᠭᠵᠢᠭᠦᠯᠥᠨ ᠮᠠᠨᠳᠣᠭᠤᠯᠬᠤ ᠶᠢ ᠠᠬᠢᠭᠤᠯᠬᠤ ᠶᠢᠨ ᠴᠢᠬᠤᠯᠠ ᠶᠡᠭᠡ ᠠᠷᠭ᠎ᠠ ᠪᠠᠷᠢᠯ ᠪᠣᠯᠣᠨ᠎ᠠ᠃ ᠣᠳᠤᠬᠠᠨ ᠤ ᠰᠢᠨ᠎ᠡ ᠠᠬᠤᠢ ᠪᠠᠶᠢᠳᠠᠯ ᠲᠣᠣᠷ᠎ᠠ᠂ ᠬᠦᠳᠡᠭᠡ ᠲᠣᠰᠬᠤᠨ ᠮᠠᠯᠵᠢᠬᠤ ᠣᠷᠣᠨ ᠢ ᠪᠦᠬᠦ ᠲᠠᠯ᠎ᠠ ᠪᠠᠷ ᠬᠦᠭᠵᠢᠭᠦᠯᠥᠨ ᠮᠠᠨᠳᠣᠭᠤᠯᠬᠤ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠶᠢ ᠳᠠᠰᠣᠷᠠᠯᠲᠠ ᠦᠭᠡᠢ ᠬᠠᠩᠭᠠᠬᠤ ᠳᠤ᠂ ᠡᠷᠬᠡᠪᠰᠢ ᠬᠦᠳᠡᠭᠡ ᠲᠣᠰᠬᠤᠨ ᠮᠠᠯᠵᠢᠬᠤ ᠣᠷᠣᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠣᠯᠲᠠ ᠶᠢᠨ ᠴᠣᠭᠴᠠᠯᠠᠯᠲᠠ ᠶᠢ ᠨᠡᠩ ᠲᠣᠪᠤᠶᠢᠮ᠎ᠡ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠦᠨᠡᠨ ᠬᠦ ᠲᠡᠭᠡᠭᠰᠢᠯᠡᠭᠦᠯᠦᠨ᠂ ᠬᠦᠳᠡᠭᠡ ᠲᠣᠰᠬᠤᠨ ᠮᠠᠯᠵᠢᠬᠤ ᠣᠷᠣᠨ ᠤ ᠲᠣᠭᠳᠠᠭᠤᠨ ᠢ ᠪᠠᠳᠣᠯᠠᠵᠤ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠣᠯᠣᠰ ᠲᠦᠷᠥ ᠶᠢᠨ ᠪᠠ ᠵᠤᠬᠢᠶᠠᠨ ᠪᠠᠶᠢᠭᠤᠯᠤᠯᠲᠠ ᠶᠢᠨ ᠪᠠᠳᠣᠯᠠᠭ᠎ᠠ ᠬᠠᠩᠭᠠᠬᠤ ᠴᠢᠬᠤᠯᠠ ᠲᠠᠢ ᠶᠤᠮ᠃
      ᠨᠢᠭᠡ ᠳᠤ᠂ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠳᠤᠷᠢᠳᠬᠤ ᠪᠠᠶᠢᠷᠢ ᠰᠠᠭᠤᠷᠢ ᠶᠢ ᠪᠠᠷᠢᠮᠲᠠᠯᠠᠬᠤ ᠶᠢᠨ ᠴᠢᠬᠤᠯᠠ ᠱᠠᠭᠠᠷᠳᠠᠯᠭ᠎ᠠ ᠮᠦᠨ᠃ ᠬᠦᠳᠡᠭᠡ ᠲᠣᠰᠬᠤᠨ ᠤ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠲᠠ ᠶᠢᠨ ᠣᠳᠣᠷᠢᠳᠬᠤ ᠪᠠᠶᠢᠷᠢ ᠰᠠᠭᠤᠷᠢ ᠶᠢ ᠪᠠᠷᠢᠮᠳᠠᠯᠠᠬᠤ ᠪᠠ ᠴᠢᠩᠭᠠᠳᠬᠠᠬᠤ ᠪᠣᠯ ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠳᠠᠯᠠᠬᠤ ᠶᠢᠨ ᠲᠣᠳᠣᠭᠠᠳᠣ ᠱᠠᠭᠠᠷᠳᠠᠯᠭ᠎ᠠ ᠮᠦᠨ᠂ ᠮᠦᠨ ᠴᠦ ᠬᠦᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠡᠷᠡᠭᠦᠯ ᠴᠢᠭᠢᠷᠠᠭ ᠬᠦᠭᠵᠢᠯᠲᠡ ᠶᠢ ᠪᠡᠶᠡᠯᠡᠭᠦᠯᠬᠦ ᠶᠢᠨ ᠦᠨᠳᠦᠰᠦᠨ ᠪᠠᠳᠣᠯᠠᠭ᠎ᠠ ᠮᠦᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠭᠠᠵᠠᠷ ᠣᠷᠣᠨ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠡᠭᠡᠳᠣ ᠬᠡᠮᠵᠢᠶ᠎ᠡ ᠪᠠᠷ ᠴᠢᠬᠤᠯᠠᠴᠢᠯᠠᠨ ᠴᠢᠩᠭᠠᠳᠬᠠᠵᠤ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠣᠳᠣᠷᠢᠳᠬᠤ ᠪᠠᠶᠢᠷᠢ ᠰᠠᠭᠤᠷᠢ ᠶᠢ ᠲᠠᠰᠣᠷᠠᠯᠲᠠ ᠦᠭᠡᠢ ᠪᠠᠳᠣᠳᠬᠠᠵᠤ᠂ ᠬᠦᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠡᠷᠡᠭᠦᠯ ᠬᠦᠭᠵᠢᠯᠳᠠ ᠳᠤ ᠪᠠᠳᠣᠯᠠᠭ᠎ᠠ ᠬᠠᠩᠭᠠᠵᠤ ᠦᠭᠭᠦᠭᠰᠡᠨ ᠪᠠᠶᠢᠨ᠎ᠠ᠃ ᠡᠭᠦᠨ ᠤ ᠬᠠᠮᠳᠣ᠂ ᠣᠳᠣᠬᠠᠨ ᠳᠤ ᠵᠡᠷᠢᠮ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠰᠤᠯᠠᠷᠠᠵᠦ ᠪᠠᠶᠢᠭ᠎ᠠ᠂ ᠵᠠᠬ᠎ᠠ ᠬᠦᠪᠡᠭᠡᠳᠡᠵᠦ ᠪᠠᠶᠢᠭ᠎ᠠ ᠠᠰᠠᠭᠤᠳᠠᠯ ᠮᠦᠨᠴᠦ ᠠᠳᠠᠯᠢ ᠪᠣᠰᠥ ᠬᠡᠮᠵᠢᠶ᠎ᠡ ᠪᠠᠷ ᠣᠷᠣᠰᠢᠵᠤ ᠪᠣᠢ᠃ ᠡᠶᠢᠮᠥ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠣ ᠲᠡᠶᠢᠰᠢ ᠦᠷᠭᠡᠵᠢᠭᠦᠯᠬᠦ ᠶᠢ ᠠᠬᠢᠭᠤᠯᠤᠨ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠣᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠭᠦ ᠨᠢ ᠣᠳᠣᠬᠠᠨ ᠤ ᠬᠦᠳᠡᠭᠡ ᠲᠣᠰᠬᠤᠨ ᠤ ᠨᠠᠮ ᠤᠨ ᠪᠠᠶᠢᠭᠤᠯᠣᠯᠲᠡ ᠳᠤ ᠲᠣᠯᠭᠠᠷᠠᠵᠤ ᠪᠠᠶᠢᠭ᠎ᠠ ᠰᠠᠶᠢᠳᠣᠷ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠰᠠᠳᠣᠪ ᠪᠣᠯᠣᠨ᠎ᠠ᠃
      ᠬᠤᠶᠠᠷ ᠲᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠣᠭᠠᠨ ᠤ ᠰᠢᠢᠳᠪᠦᠷᠢᠳᠥ ᠢᠯᠠᠯᠲᠠ ᠶᠢ ᠲᠡᠮᠡᠴᠡᠨ ᠤᠯᠬᠤ᠂ ᠬᠦᠳᠡᠭᠡ ᠲᠣᠰᠬᠤᠨ ᠢ ᠬᠦᠭᠵᠢᠭᠦᠯᠥᠨ ᠮᠠᠨᠳᠣᠭᠤᠯᠬᠤ ᠶᠢᠨ ᠴᠢᠬᠤᠯᠠ ᠱᠠᠭᠠᠷᠳᠠᠯᠭ᠎ᠠ ᠪᠤᠯᠤᠨ᠎ᠠ᠃ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠭᠦᠯᠥᠨ ᠮᠠᠨᠳᠤᠭᠤᠯᠬᠤ ᠨᠢ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠨᠡᠩ ᠶᠡᠭᠡ ᠣᠷᠤᠨ ᠵᠠᠢ ᠬᠠᠩᠭᠠᠬᠰᠠᠨ ᠢᠶᠠᠷ ᠪᠠᠷᠠᠬᠤ ᠦᠭᠡᠢ᠂ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢ 《ᠲᠠᠪᠤ ᠶᠢ ᠭᠦᠭᠵᠢᠭᠦᠯᠥᠨ ᠮᠠᠨᠳᠤᠭᠤᠯᠬᠤ》 ᠶᠢᠨ ᠴᠢᠬᠤᠯᠠ ᠨᠢᠭᠡᠨ ᠠᠭᠤᠯᠭ᠎ᠠ ᠪᠤᠯᠭᠠᠨ ᠱᠠᠭᠠᠷᠳᠠᠭᠰᠠᠨ ᠪᠠᠶᠢᠨ᠎ᠠ᠃ ᠡᠨᠡ ᠨᠢ ᠰᠢᠨ᠎ᠡ ᠴᠠᠭ ᠦᠶ᠎ᠡ ᠶᠢᠨ ᠬᠦᠳᠡᠭᠡ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠨᠡᠩ ᠦᠨᠳᠦᠷ ᠱᠠᠭᠠᠷᠳᠠᠯᠭ᠎ᠠ ᠲᠣᠷᠠᠳᠣᠭᠰᠠᠨ ᠪᠠᠶᠢᠨ᠎ᠠ᠃ ᠡᠶᠢᠮᠦ ᠠᠴᠠ᠂ ᠬᠦᠳᠡᠭᠡ ᠲᠣᠰᠬᠤᠨ ᠤ ᠨᠠᠮ ᠤᠨ ᠭᠡᠰᠢᠭᠦᠨ᠂ ᠣᠯᠠᠨ ᠲᠦᠮᠡᠨ ᠢ ᠵᠤᠬᠢᠶᠠᠨ ᠪᠠᠶᠢᠭᠤᠯᠤᠨ ᠭᠤᠣᠯᠳᠠᠭ᠎ᠠ ᠲᠠᠢ ᠠᠵᠢᠯ ᠡᠭᠦᠷᠭᠡ ᠪᠠᠨ ᠪᠡᠶᠡᠯᠡᠭᠦᠯᠬᠦ ᠶᠠᠪᠤᠴᠠ ᠳᠤ᠂ ᠠᠷᠠᠳ ᠣᠯᠠᠨ ᠤ ᠵᠣᠯ ᠵᠢᠷᠭᠠᠯ ᠢ ᠨᠡᠮᠡᠭᠳᠡᠭᠦᠯᠥᠨ᠂ ᠳᠠᠲᠠᠬᠤ ᠬᠦᠴᠦᠨ᠂ ᠨᠢᠭᠲᠠᠷᠠᠭᠤᠯᠬᠤ ᠬᠦᠴᠦᠨ ᠢᠶᠠᠨ ᠨᠡᠮᠡᠭᠳᠡᠭᠦᠯᠬᠦ ᠪᠣᠯ ᠰᠢᠨ᠎ᠡ ᠴᠠᠭ ᠦᠶ᠎ᠡ ᠶᠢᠨ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠶᠢᠨ ᠴᠢᠬᠤᠯᠠ ᠡᠭᠦᠷᠭᠡ ᠮᠦᠨ᠃
      ᠭᠤᠷᠪᠠ ᠳᠤ᠂ ᠬᠦᠳᠡᠭᠡ ᠲᠤᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠱᠠᠭᠠᠷᠳᠠᠯᠭ᠎ᠠ ᠪᠤᠯᠤᠨ᠎ᠠ᠃ ᠣᠳᠣᠬᠠᠨ ᠳᠤ᠂ ᠨᠠᠮ ᠪᠠ ᠲᠦᠷᠥ ᠠᠴᠠ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠬᠠᠷᠢᠭᠤᠴᠠᠭᠰᠠᠨ᠂ ᠨᠡᠶᠢᠭᠡᠮ ᠠᠴᠠ ᠬᠠᠯᠠᠮᠵᠢᠯᠠᠬᠰᠡᠨ᠂ ᠣᠯᠠᠨ ᠲᠦᠮᠡᠨ ᠣᠷᠣᠯᠴᠠᠭᠰᠠᠨ᠂ ᠬᠠᠦᠯᠢᠵᠢᠯ ᠤᠨ ᠪᠠᠳᠣᠯᠠᠭ᠎ᠠ ᠲᠠᠢ ᠣᠳᠣᠬᠢᠴᠢᠯᠠᠭᠰᠠᠨ ᠬᠦᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠣᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠱᠠᠭᠠᠷᠳᠠᠵᠤ ᠪᠤᠢ᠃ ᠰᠢᠨ᠎ᠡ ᠴᠠᠭ ᠦᠶ᠎ᠡ ᠶᠢᠨ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠪᠣᠯ ᠨᠠᠮ ᠤᠨ ᠬᠦᠳᠡᠭᠡ ᠲᠣᠰᠬᠤᠨ ᠤ ᠨᠡᠶᠢᠭᠡᠮ ᠤᠨ ᠵᠠᠰᠠᠯᠲᠠ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ ᠶᠢᠨ ᠦᠨᠳᠦᠰᠦᠨ ᠪᠠᠳᠣᠯᠠᠭ᠎ᠠ ᠮᠦᠨ᠃ ᠨᠠᠮ ᠤᠨ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠲᠠ ᠶᠢᠨ ᠣᠳᠣᠷᠢᠳᠬᠤ ᠬᠦᠴᠦᠨ᠂ ᠨᠡᠩ ᠢᠯᠠᠩᠭᠤᠶ᠎ᠠ ᠲᠠᠶᠢᠴᠢᠨ ᠬᠦᠴᠦᠨ ᠬᠢᠭᠡᠳ ᠨᠢᠭᠲᠠᠷᠠᠭᠤᠯᠬᠤ ᠬᠦᠴᠦᠨ ᠪᠣᠯ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠶᠡᠷᠦᠩᠬᠡᠢ ᠲᠣᠰᠬᠠᠯ ᠮᠦᠨ᠃ ᠡᠶᠢᠮᠦ ᠠᠴᠠ᠂ ᠨᠠᠮ ᠤᠨ ᠦᠨᠳᠦᠰᠦᠨ ᠱᠠᠳᠣᠨ ᠤ ᠨᠡᠶᠢᠭᠡᠮ ᠤᠨ ᠵᠠᠰᠠᠯᠲᠠ ᠳᠠᠬᠢ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠳᠠᠯᠠᠨ ᠴᠢᠩᠭᠠᠳᠬᠠᠬᠤ ᠳᠤ᠂ ᠵᠠᠪᠠᠯ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠳᠤ ᠰᠠᠭᠤᠷᠢᠯᠠᠬᠤ ᠴᠢᠬᠤᠯᠠ ᠲᠠᠢ᠃
      ᠬᠤᠶᠠᠷ᠂ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠠᠷᠭ᠎ᠠ ᠵᠠᠮ ᠤᠨ ᠰᠢᠨᠵᠢᠯᠡᠯ
      ᠰᠢᠨ᠎ᠡ ᠴᠠᠭ ᠦᠶ᠎ᠡ ᠶᠢᠨ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠳᠤ᠂ ᠡᠷᠬᠡᠪᠰᠢ ᠶᠡᠷᠥᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠮᠵᠢ ᠪᠣᠯᠭᠠᠨ᠂ 《ᠲᠣᠮᠳᠠᠳᠣ ᠣᠯᠣᠰ ᠤᠨ ᠡᠪ ᠬᠠᠮᠳᠣ ᠨᠠᠮ ᠤᠨ ᠬᠦᠳᠡᠭᠡ ᠲᠣᠰᠬᠤᠨ ᠤ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ》 ᠢᠶᠠᠷ ᠦᠨᠳᠦᠰᠦᠨ ᠵᠢᠷᠣᠮᠯᠠᠯ ᠪᠣᠯᠭᠠᠵᠤ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠨ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠣᠷᠣᠰᠢᠵᠤ ᠪᠠᠶᠢᠭ᠎ᠠ ᠪᠣᠳᠠᠳᠠᠢ ᠠᠰᠠᠭᠤᠳᠠᠯ ᠢ ᠣᠨᠣᠪᠴᠢᠲᠠᠢ ᠡᠵᠡᠮᠰᠢᠨ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠪᠦᠳᠦᠮᠵᠢᠲᠠᠢ ᠠᠷᠭ᠎ᠠ ᠵᠠᠮ ᠢ ᠬᠠᠶᠢᠨ ᠰᠢᠨᠵᠢᠯᠡᠬᠦ ᠪᠣᠯ ᠣᠳᠣᠬᠠᠨ ᠤ ᠨᠠᠮ ᠤᠨ ᠪᠠᠶᠢᠭᠤᠯᠤᠯᠲᠠ ᠶᠢᠨ ᠴᠢᠬᠤᠯᠠ ᠨᠢᠭᠡᠨ ᠰᠡᠳᠦᠪ ᠮᠦᠨ᠃
      ᠨᠢᠭᠡ ᠳᠤ᠂ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠦᠷᠤ ᠶᠢᠨ ᠴᠢᠳᠠᠪᠬᠢ ᠶᠢ ᠴᠢᠩᠭᠠᠳᠬᠠᠬᠤ ᠶᠢ ᠭᠤᠣᠯᠳᠠᠯᠭ᠎ᠠ ᠪᠣᠯᠭᠠᠨ ᠠᠳᠬᠤᠨ᠎ᠠ᠃ ᠨᠠᠮ ᠤᠨ ᠣᠯᠣᠰ ᠲᠦᠷᠥ ᠶᠢᠨ ᠪᠠᠶᠢᠭᠤᠯᠤᠯᠲᠠ ᠪᠣᠯ ᠨᠠᠮ ᠤᠨ ᠰᠢᠨᠵᠢ ᠴᠢᠨᠠᠷ᠂ ᠵᠤᠷᠢᠯᠲᠠ᠂ ᠵᠠᠷᠴᠢᠮ ᠬᠢᠭᠡᠳ ᠵᠢᠯᠤᠭᠤᠳᠬᠤ ᠦᠵᠡᠯ ᠰᠠᠨᠠᠭ᠎ᠠ ᠲᠠᠢ ᠬᠤᠯᠪᠤᠭᠳᠠᠬᠤ ᠦᠨᠳᠦᠰᠦᠨ ᠴᠢᠨᠠᠷ ᠪᠦᠬᠦᠢ ᠪᠠᠶᠢᠭᠤᠯᠤᠯᠲᠠ ᠮᠦᠨ᠃ ᠣᠯᠣᠰ ᠲᠦᠷᠥ ᠶᠢᠨ ᠪᠠᠶᠢᠭᠤᠯᠤᠯᠲᠠ ᠨᠢ ᠨᠠᠮ ᠤᠨ ᠪᠠᠶᠢᠭᠤᠯᠣᠯᠲᠠ ᠶᠢᠨ ᠳᠤᠮᠳᠠ ᠶᠡᠷᠦᠩᠬᠡᠶᠢᠯᠡᠨ ᠵᠢᠯᠤᠭᠤᠳᠬᠤ ᠪᠠᠶᠢᠷᠢ ᠶᠢ ᠡᠵᠡᠯᠡᠵᠦ ᠪᠠᠶᠢᠳᠠᠭ᠃ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠡᠷᠬᠡᠪᠰᠢ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠣᠯᠣᠰ ᠲᠥᠷᠥ ᠶᠢᠨ ᠴᠢᠳᠠᠪᠬᠢ ᠶᠢ ᠲᠡᠭᠡᠭᠰᠢᠯᠡᠭᠦᠯᠬᠦ ᠶᠢ ᠦᠨᠳᠦᠰᠦᠨ ᠱᠠᠳᠣᠨ ᠤ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠪᠠ ᠪᠦᠬᠦ ᠶᠡᠪᠤᠴᠠ ᠳᠤ ᠨᠠᠶᠢᠳᠠᠪᠤᠷᠢᠵᠢᠭᠤᠯᠵᠤ᠂ 《ᠲᠥᠷᠪᠡᠨ ᠣᠬᠠᠮᠰᠠᠷ》 ᠢ ᠪᠠᠲᠤ ᠪᠠᠬᠢ ᠪᠣᠢ ᠪᠣᠯᠭᠠᠵᠤ᠂ 《ᠳᠦᠷᠪᠡᠨ ᠢᠲᠡᠭᠡᠯ》 ᠢᠶᠠᠨ ᠪᠠᠳᠣᠳᠬᠠᠵᠤ᠂ ᠤᠯᠤᠰ ᠲᠦᠷᠦ ᠶᠢᠨ ᠵᠤᠬᠰᠤᠴᠠ᠂ ᠤᠯᠤᠰ ᠲᠦᠷᠦ ᠶᠢᠨ ᠴᠢᠭᠯᠡᠯᠳᠠ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ ᠨᠢᠭᠡᠳᠦᠯᠳᠠᠢ ᠪᠠᠶᠢᠬᠤ ᠶᠢ ᠪᠡᠶᠡᠯᠡᠭᠦᠯᠥᠨ᠎ᠡ︔ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠨ᠎ᠠ︔ ᠣᠯᠣᠰ ᠲᠥᠷᠥ ᠶᠢᠨ ᠵᠢᠯᠤᠭᠤᠳᠤᠮᠵᠢ ᠪᠠᠨ ᠴᠢᠩᠭᠠᠷᠠᠭᠤᠯᠵᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠵᠣᠷᠢᠯᠲᠠ ᠶᠢ ᠤᠬᠠᠭᠤᠯᠤᠨ᠂ ᠬᠦᠳᠡᠭᠡ ᠲᠣᠰᠬᠤᠨ ᠤ ᠦᠨᠳᠦᠰᠦᠨ ᠱᠠᠳᠣᠨ ᠤ ᠡᠯ᠎ᠡ ᠵᠦᠢᠯ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠵᠣᠷᠢᠯᠲᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠶᠢ ᠬᠦᠲᠦᠯᠥᠨ ᠵᠢᠯᠣᠭᠤᠳᠴᠤ᠂ ᠬᠦᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠵᠥᠪ ᠴᠢᠭᠯᠡᠯ ᠢ ᠦᠨᠡᠨ ᠬᠦ ᠪᠠᠳᠣᠯᠠᠨ᠎ᠠ︔ ᠣᠯᠠᠨ ᠲᠦᠮᠡᠨ ᠲᠠᠢ ᠪᠦᠯᠬᠦᠮᠳᠡᠨ᠂ ᠣᠯᠠᠨ ᠲᠦᠮᠡᠨ ᠢ ᠣᠬᠠᠭᠤᠯᠵᠤ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠵᠣᠷᠢᠯᠲᠠ ᠶᠢ ᠣᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ︔ ᠨᠠᠮ ᠤᠨ ᠳᠣᠳᠤᠭᠠᠳᠤ ᠶᠢᠨ ᠣᠯᠣᠰ ᠲᠥᠷᠥ ᠶᠢᠨ ᠠᠮᠢᠳᠣᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠰᠠᠬᠢᠯᠭ᠎ᠠ ᠳᠦᠷᠢᠮ ᠢ ᠴᠢᠩᠭᠠᠳᠬᠠᠨ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠦᠨ᠎ᠡ᠃
      ᠬᠤᠶᠠᠷ ᠲᠤ᠂ ᠬᠦᠳᠡᠭᠡ ᠲᠣᠰᠬᠤᠨ ᠤ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠵᠠᠩᠭᠢᠯᠠᠭ᠎ᠠ ᠪᠣᠯᠭᠠᠨ ᠠᠳᠬᠤᠨ᠎ᠠ᠃ ᠶᠡᠷᠦᠩᠬᠡᠢ ᠱᠦᠵᠢ ᠰᠢ ᠶᠢᠨ ᠫᠢᠩ ᠨᠢᠳᠤᠨᠤᠨ ᠭᠤᠸᠠᠩᠳᠦ᠋ᠩ ᠮᠤᠵᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠄ 《ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠬᠢᠬᠦ ᠵᠣᠷᠢᠭᠳᠠᠢ᠂ ᠠᠵᠢᠯᠯᠠᠵᠤ ᠴᠢᠳᠠᠬᠤ᠂ ᠰᠤᠷᠲᠠᠯ ᠲᠥᠪ ᠴᠢᠭᠡᠴᠢ᠂ ᠲᠥᠪ ᠭᠤᠣᠯᠴᠢ ᠶᠢ ᠡᠷᠬᠢᠮᠯᠡᠳᠡᠭ ᠬᠦᠮᠥᠰ ᠢᠶᠠᠷ ᠨᠠᠮ ᠤᠨ ᠡᠭᠦᠷ ᠤᠨ ᠱᠦᠵᠢ ᠶᠢᠨ ᠳᠣᠰᠢᠶᠠᠯ ᠢ ᠬᠠᠷᠢᠭᠤᠴᠠᠭᠤᠯᠬᠤ ᠬᠡᠷᠡᠭᠳᠡᠢ》 ᠭᠡᠵᠦ ᠴᠢᠬᠤᠯᠠᠴᠢᠯᠠᠵᠠᠢ᠃ ᠬᠦᠳᠡᠭᠡ ᠲᠣᠰᠬᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ ᠶᠢᠨ ᠵᠠᠩᠭᠢᠯᠠᠭ᠎ᠠ ᠨᠢ ᠨᠢᠭᠡᠨ ᠰᠠᠶᠢᠨ ᠲᠠᠭᠠᠭᠤᠯᠤᠭᠴᠢ ᠬᠦᠮᠦᠨ ᠢ ᠰᠤᠩᠭᠤᠨ ᠲᠣᠬᠢᠷᠠᠭᠤᠯᠬᠤ ᠳᠤ ᠪᠣᠢ᠃ ᠨᠢᠭᠡ ᠲᠠᠯ᠎ᠠ ᠪᠠᠷ᠂ ᠴᠢᠳᠠᠪᠣᠷᠢᠳᠠᠨ ᠢ ᠰᠤᠩᠭᠤᠨ ᠬᠡᠷᠡᠭᠯᠡᠬᠦ ᠳᠦᠷᠢᠮ ᠲᠣᠭᠲᠡᠴᠡ ᠶᠢ ᠪᠦᠷᠢᠨᠰᠢᠭᠦᠯᠥᠨ ᠲᠡᠭᠦᠯᠳᠡᠷᠵᠢᠭᠦᠯᠥᠨ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠣᠯᠲᠠ ᠶᠢᠨ ᠲᠠᠭᠠᠭᠤᠯᠣᠭᠴᠢ ᠶᠢᠨ ᠡᠩᠨᠡᠭᠡᠨ ᠤ ᠪᠦᠬᠦᠯᠢ ᠴᠣᠭᠴᠠ ᠶᠢᠨ ᠴᠢᠳᠠᠮᠵᠢ ᠶᠢ ᠲᠡᠭᠡᠭᠰᠢᠯᠡᠭᠦᠯᠵᠤ᠂ ᠵᠤᠬᠢᠶᠠᠨ ᠪᠠᠶᠢᠭᠤᠯᠬᠤ ᠴᠢᠳᠠᠪᠣᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠲᠡᠭᠡᠭᠰᠢᠯᠡᠭᠦᠯᠥᠨ᠂ ᠣᠷᠮᠠᠰᠢᠭᠤᠯᠤᠨ ᠵᠣᠷᠢᠭᠵᠢᠭᠤᠯᠬᠤ ᠳᠥᠷᠢᠮ ᠢ ᠦᠨᠡᠨ ᠬᠦ ᠨᠠᠶᠢᠳᠠᠪᠦᠷᠢᠵᠢᠭᠤᠯᠤᠨ᠎ᠠ᠃ ᠨᠦᠭᠦᠭᠡ ᠲᠠᠯ᠎ᠠ ᠪᠠᠷ᠂ ᠬᠦᠳᠡᠭᠡ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠡᠯᠡᠳᠬᠡᠯ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠣᠷᠢᠳᠠᠨ ᠢ ᠬᠦᠮᠦᠵᠢᠭᠦᠯᠬᠦ ᠠᠵᠢᠯ ᠤᠨ ᠰᠢᠨ᠎ᠡ ᠶᠢ ᠡᠬᠦᠳᠴᠦ᠂ ᠰᠢᠨ᠎ᠡ ᠴᠠᠭ ᠦᠶ᠎ᠡ ᠶᠢᠨ 《ᠲᠠᠷᠢᠶᠠᠯᠠᠩ ᠢ ᠣᠶᠢᠯᠭᠠᠬᠤ᠂ ᠬᠦᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ》 ᠬᠦᠳᠡᠭᠡ ᠲᠣᠰᠬᠤᠨ ᠤ ᠴᠢᠳᠠᠪᠣᠷᠢᠳᠠᠨ ᠤ ᠡᠩᠨᠡᠭᠡ ᠶᠢ ᠴᠢᠷᠮᠠᠶᠢᠨ ᠬᠦᠮᠦᠵᠢᠭᠦᠯᠥᠨ᠎ᠡ᠃
      ᠭᠤᠷᠪᠠ ᠳᠤ᠂ ᠠᠰᠠᠭᠤᠳᠠᠯ ᠢᠶᠠᠷ ᠣᠳᠣᠷᠢᠳᠤᠮᠵᠢ ᠪᠤᠯᠭᠠᠬᠤ ᠶᠢ ᠲᠤᠪᠤᠶᠢᠯᠭᠠᠵᠤ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠴᠢᠷᠮᠠᠶᠢᠨ ᠲᠡᠭᠡᠭᠰᠢᠯᠡᠭᠦᠯᠥᠨ᠎ᠡ᠃ ᠨᠢᠭᠡ ᠲᠠᠯ᠎ᠠ ᠪᠠᠷ᠂ ᠣᠳᠣᠬᠠᠨ ᠤ ᠵᠠᠷᠢᠮ ᠬᠦᠳᠡᠭᠡ ᠲᠣᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠰᠤᠯᠠᠷᠠᠵᠦ ᠪᠠᠶᠢᠭ᠎ᠠ᠂ ᠵᠠᠬ᠎ᠠ ᠬᠦᠪᠡᠭᠡᠳᠡᠵᠦ ᠪᠠᠶᠢᠭ᠎ᠠ ᠠᠰᠠᠭᠤᠳᠠᠯ ᠪᠠ ᠵᠠᠷᠢᠮ ᠲᠠᠭᠠᠭᠤᠯᠣᠭᠴᠢ ᠶᠢᠨ ᠬᠤᠪᠢ ᠪᠡᠶ᠎ᠡ ᠶᠢᠨ ᠭᠡᠪ ᠪᠤᠯᠪᠠᠰᠤᠷᠠᠯ ᠦᠨᠳᠦᠷ ᠪᠢᠰᠢ᠂ ᠴᠢᠳᠠᠪᠣᠷᠢ ᠮᠡᠭᠦᠰᠳᠠᠵᠦ ᠪᠠᠶᠢᠭ᠎ᠠ᠂ ᠵᠠᠷᠢᠮ ᠨᠠᠮ ᠤᠨ ᠭᠡᠰᠢᠭᠦᠨ ᠬᠤᠰᠢᠭᠤᠴᠢ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠲᠣᠳᠠᠮᠠᠭ ᠪᠠᠶᠢᠭ᠎ᠠ ᠵᠡᠷᠬᠡ ᠠᠰᠠᠭᠤᠳᠠᠯ ᠳᠤ ᠵᠥᠪ ᠢᠶᠠᠷ ᠬᠠᠨᠳᠣᠨ᠂ ᠪᠣᠳᠠᠳᠠᠢ ᠠᠷᠭ᠎ᠠ ᠬᠡᠮᠵᠢᠶ᠎ᠡ ᠲᠣᠭᠳᠠᠭᠠᠨ ᠬᠦᠴᠦᠯᠡᠨ ᠰᠢᠢᠳᠪᠤᠷᠢᠯᠡᠨ᠎ᠠ᠃ ᠨᠦᠭᠦᠭᠡ ᠲᠠᠯ᠎ᠠ ᠪᠠᠷ᠂ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠬᠦ ᠬᠡᠰᠢᠭᠦᠳ ᠤᠨ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠠᠴᠠ ᠪᠣᠯᠣᠭᠰᠠᠨ ᠬᠦᠳᠡᠭᠡ ᠲᠣᠰᠬᠤᠨ ᠤ ᠬᠦᠭᠵᠢᠯᠲᠡ ᠵᠠᠰᠠᠯᠲᠠ ᠶᠢᠨ ᠰᠢᠨ᠎ᠡ ᠪᠠᠶᠢᠳᠠᠯ ᠰᠢᠨ᠎ᠡ ᠰᠢᠯᠭᠠᠯᠲᠠ ᠳᠤ ᠰᠢᠭᠤᠳ ᠨᠢᠭᠤᠷᠳᠠᠨ᠂ ᠰᠢᠨ᠎ᠡ ᠶᠢ ᠡᠭᠦᠳᠬᠦ ᠰᠡᠳᠬᠢᠭᠦᠢ᠂ ᠬᠤᠪᠢᠰᠣᠩᠭᠤᠢ ᠰᠡᠳᠬᠢᠭᠦᠢ᠂ ᠬᠤᠷᠢᠭ᠎ᠠ ᠱᠤᠭᠤᠮ ᠤᠨ ᠰᠡᠳᠬᠢᠭᠦᠢ ᠪᠠᠨ ᠲᠡᠭᠡᠭᠰᠢᠯᠡᠭᠦᠯᠵᠦ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠰᠢᠨᠵᠢᠯᠡᠬᠦ ᠣᠬᠠᠭᠠᠨᠴᠢ ᠬᠦᠭᠵᠢᠭᠦᠯᠥᠯᠲᠡ ᠶᠢ ᠠᠬᠢᠭᠤᠯᠬᠤ᠂ ᠬᠠᠣᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠬᠦᠴᠦᠯᠡᠨ ᠲᠡᠭᠡᠭᠰᠢᠯᠡᠭᠦᠯᠦᠨ᠎ᠡ᠃

ᠵᠣᠬᠢᠶᠠᠭᠴᠢ: ᠰᠡᠴᠡᠨᠪᠠᠭᠠᠳᠤᠷ
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ