ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠠ ᠠᠶᠠᠨ ᠳᠤ ᠮᠤᠷᠳᠠᠨᠠᠮ

  2019-11-03

     — 《ᠰᠢᠨ᠎ᠠ ᠪᠠᠶᠢᠳᠠᠯ ᠳᠤᠤᠷᠠᠬᠢ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ》 ᠪᠠ 《ᠳᠤᠮᠳᠠᠳᠤ ᠤᠯᠤᠰ ᠤᠨ ᠡᠪ ᠬᠠᠮᠳᠦ ᠨᠠᠮ ᠤᠨ ᠨᠠᠮ ᠤᠨ ᠳᠤᠳᠤᠭᠠᠳᠦ ᠶᠢᠨ ᠬᠢᠨᠠᠯᠳᠠ ᠲᠠᠯᠪᠢᠬᠤ ᠲᠦᠷᠢᠮ》 ᠢ ᠲᠤᠭᠤᠷᠪᠢᠬᠰᠠᠨ ᠳᠡᠮᠳᠡᠭᠯᠡᠯ
   
      2016 ᠤᠨ ᠤ 10 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠠᠮᠵᠢᠯᠳᠠ ᠲᠠᠢ ᠲᠡᠭᠦᠰᠪᠡ᠃ ᠪᠦᠬᠦᠳᠠ ᠬᠤᠷᠠᠯ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠦᠪᠯᠡᠷᠡᠬᠦᠯᠵᠦ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠵᠤ ᠵᠢᠷᠤᠮᠵᠢᠭᠤᠯᠬᠤ᠂ ᠨᠠᠮ ᠤᠨ ᠳᠤᠳᠤᠭᠠᠳᠦ ᠶᠢᠨ ᠬᠢᠨᠠᠯᠳᠠ ᠶᠢ ᠴᠢᠩᠭᠠᠳᠬᠠᠬᠤ ᠪᠠᠷ ᠭᠤᠤᠯᠳᠠᠭᠤᠯᠵᠤ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠭᠠᠷᠭᠠᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠬᠢᠵᠦ᠂ ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠭᠦᠯᠡᠯᠳᠡ ᠰᠢᠨ᠎ᠠ ᠱᠠᠭᠠᠷᠳᠠᠯᠭ᠎ᠠ ᠰᠢᠨ᠎ᠠ ᠲᠤᠭᠳᠠᠭᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ ᠢ ᠬᠦᠨᠵᠡᠭᠡᠢ ᠠᠬᠢᠭᠤᠯᠬᠤ ᠳᠤ ᠠᠵᠢᠯᠯᠠᠭᠠᠨ ᠤ ᠵᠦᠭᠯᠡᠬᠦᠷ ᠬᠠᠩᠭᠠᠵᠠᠢ᠃

      ᠪᠦᠬᠦᠳᠠ ᠬᠤᠷᠠᠯ ᠠᠴᠠ᠂ ᠨᠠᠮ ᠤᠨ ᠲᠦᠪ ᠬᠤᠷᠢᠶᠠᠨ ᠤ ᠡᠷᠭᠡ ᠰᠦᠷ ᠢ ᠡᠷᠡᠰ ᠬᠠᠮᠠᠭᠠᠯᠠᠬᠤ᠂ ᠪᠦᠬᠦ ᠨᠠᠮ ᠤᠨ ᠵᠠᠷᠯᠢᠭ ᠴᠠᠭᠠᠵᠠ ᠶᠢ ᠳᠠᠭᠠᠬᠤ ᠶᠢ ᠪᠠᠳᠤᠯᠠᠬᠤ ᠪᠤᠯ ᠨᠠᠮ ᠪᠤᠯᠤᠨ ᠤᠯᠤᠰ ᠤᠨ ᠠᠯᠤᠰ ᠢᠷᠡᠭᠡᠳᠦᠢ ᠬᠤᠪᠢ ᠵᠠᠶᠠᠭ᠎ᠠ ᠳᠤ ᠬᠤᠯᠪᠤᠭᠳᠠᠨ᠎ᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠬᠤᠯᠪᠤᠭᠳᠠᠨ᠎ᠠ᠂ ᠪᠠᠰᠠᠴᠤ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠵᠤ ᠵᠢᠷᠤᠮᠵᠢᠭᠤᠯᠬᠤ ᠴᠢᠬᠤᠯᠠ ᠬᠠᠷᠠᠯᠳᠠ ᠮᠦᠨ ᠭᠡᠵᠦ ᠲᠤᠭ ᠳᠡᠮᠳᠡᠭ ᠳᠤᠳᠤᠷᠬᠠᠢ ᠪᠠᠷ ᠳᠤᠷᠠᠳᠪᠠ᠃ ᠪᠦᠬᠦᠳᠠ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠪᠤᠯ ᠨᠠᠮ ᠤᠨ ᠲᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠮᠦᠨ ᠭᠡᠵᠦ ᠳᠤᠳᠤᠷᠬᠠᠢᠢᠯᠠᠭᠠᠳ 《ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ》 ᠭᠡᠳᠡᠭ ᠢ ᠵᠢᠩᠬᠢᠨᠢ ᠪᠠᠷ ᠳᠤᠷᠠᠳᠴᠠᠢ᠃ ᠡᠨᠡ ᠨᠢ ᠨᠠᠮ ᠤᠨ ᠲᠦᠪ ᠬᠤᠷᠢᠶᠠᠨ ᠤ ᠡᠷᠭᠡ ᠰᠦᠷ ᠢ ᠬᠠᠮᠠᠭᠠᠯᠠᠬᠤ᠂ ᠨᠠᠮ ᠤᠨ ᠪᠦᠯᠬᠦᠮᠳᠡᠯ ᠪᠠ ᠲᠦᠪᠯᠡᠷᠡᠯ ᠨᠢᠭᠡᠳᠦᠯ ᠲᠠᠢ ᠤᠳᠤᠷᠢᠳᠤᠯᠭ᠎ᠠ ᠶᠢ ᠬᠠᠮᠠᠭᠠᠯᠠᠬᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠨᠡᠩ ᠰᠠᠶᠢᠳᠤᠷ ᠬᠦᠴᠦ ᠪᠠᠨ ᠨᠢᠭᠳᠠᠷᠠᠭᠤᠯᠤᠨ ᠠᠵᠠ ᠲᠤᠬᠢᠶᠠᠯ ᠢ ᠠᠮᠵᠢᠬᠤ᠂ ᠦᠷᠢᠰᠦᠯᠳᠦᠭᠡᠨ ᠢ ᠢᠯᠡᠨ ᠲᠠᠪᠠᠭ᠋ᠤ᠂ ᠪᠦᠬᠦ ᠨᠠᠮ ᠢᠶᠠᠷ ᠢᠶᠠᠨ ᠪᠦᠯᠬᠦᠮᠳᠡᠨ ᠨᠢᠭᠡᠳᠴᠤ᠂ ᠤᠬ ᠰᠠᠨᠠᠭ᠎ᠠ ᠪᠠᠨ ᠦᠯᠦ ᠮᠠᠷᠳᠠᠵᠦ᠂ ᠦᠷᠬᠦᠯᠵᠢᠯᠡᠨ ᠤᠷᠤᠭᠰᠢᠯᠠᠬᠤ᠂ ᠨᠠᠮ ᠪᠤᠯᠤᠨ ᠤᠯᠤᠰ ᠤᠨ ᠬᠦᠭᠵᠢᠯ ᠪᠠᠳᠠᠷᠠᠯ᠂ ᠦᠨᠢ ᠤᠳᠠᠭᠠᠨ ᠠᠮᠤᠷ ᠲᠤᠭᠳᠠᠭᠤᠨ ᠪᠠᠶᠢᠬᠤ ᠶᠢ ᠪᠠᠳᠤᠯᠠᠬᠤ ᠳᠤ ᠴᠦᠮ ᠮᠠᠰᠢ ᠴᠢᠬᠤᠯᠠ ᠶᠡᠭᠡ ᠪᠦᠭᠡᠳ ᠬᠦᠨ ᠬᠦᠨᠵᠡᠭᠡᠢ ᠠᠴᠢ ᠬᠤᠯᠪᠤᠭᠳᠠᠯ ᠲᠠᠢ ᠶᠤᠮ᠃

      《ᠰᠢᠨ᠎ᠠ ᠪᠠᠶᠢᠳᠠᠯ ᠳᠤᠤᠷᠠᠬᠢ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ》 ᠪᠠ 《ᠳᠤᠮᠳᠠᠳᠤ ᠤᠯᠤᠰ ᠤᠨ ᠡᠪ ᠬᠠᠮᠳᠦ ᠨᠠᠮ ᠤᠨ ᠨᠠᠮ ᠤᠨ ᠳᠤᠳᠤᠭᠠᠳᠦ ᠶᠢᠨ ᠬᠢᠨᠠᠯᠳᠠ ᠲᠠᠯᠪᠢᠬᠤ ᠲᠦᠷᠢᠮ》 ᠪᠤᠯ ᠪᠦᠬᠦᠳᠠ ᠬᠤᠷᠠᠯ ᠤᠨ ᠴᠢᠬᠤᠯᠠ ᠦᠷ᠎ᠠ ᠪᠦᠳᠦᠭᠡᠯ ᠪᠤᠯᠤᠨ᠎ᠠ᠃ ᠨᠠᠮ ᠤᠨ ᠳᠤᠳᠤᠭᠠᠳᠦ ᠶᠢᠨ ᠬᠤᠶᠠᠷ ᠬᠠᠤᠯᠢ ᠲᠦᠷᠢᠮ ᠢ ᠲᠤᠭᠳᠠᠭᠠᠨ ᠨᠡᠶᠢᠳᠡᠯᠡᠭᠰᠡᠨ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡ ᠤᠳᠠᠭ᠎ᠠ ᠶᠢᠨ ᠦᠷᠭᠡᠨ ᠳᠡᠯᠭᠡᠷ ᠪᠦᠭᠡᠳ ᠬᠦᠨ ᠬᠦᠨᠵᠡᠭᠡᠢ ᠦᠵᠡᠯ ᠰᠠᠨᠠᠭᠠᠨ ᠤ ᠲᠠᠶᠢᠴᠢᠯᠠᠯᠳᠠ ᠪᠠ ᠠᠵᠢᠯᠯᠠᠭᠠᠨ ᠤ ᠲᠠᠶᠢᠴᠢᠯᠠᠯᠳᠠ ᠪᠤᠯᠤᠨ᠎ᠠ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠨᠤᠯ ᠪᠠ ᠦᠢᠯᠡᠳᠦᠯᠭᠡ ᠶᠢᠨ ᠲᠤᠬᠠᠢ ᠰᠢᠰᠲᠧᠮ ᠲᠠᠢ ᠳ᠋ᠦᠩᠨᠡᠯᠳᠠ ᠪᠤᠯᠤᠨ᠎ᠠ᠂ ᠰᠢᠨ᠎ᠠ ᠪᠠᠶᠢᠳᠠᠯ ᠳᠤᠤᠷᠠᠬᠢ ᠨᠠᠮ ᠤᠨ ᠳᠤᠳᠤᠭᠠᠳᠦ ᠶᠢᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠶᠢᠨ ᠲᠦᠯᠦᠭᠡᠨ᠎ᠠ ᠬᠢᠭᠰᠡᠨ ᠴᠢᠬᠤᠯᠠ ᠦᠵᠦ ᠲᠦᠯᠦᠪᠯᠡᠭᠡ ᠪᠤᠯᠤᠨ᠎ᠠ᠂ ᠮᠠᠷᠺᠰ ᠤᠨ ᠦᠵᠡᠯ ᠤᠨ ᠨᠠᠮ ᠪᠠᠶᠢᠭᠤᠯᠬᠤ ᠤᠨᠤᠯ ᠪᠠ ᠦᠢᠯᠡᠳᠦᠯᠭᠡ ᠶᠢᠨ ᠰᠢᠨ᠎ᠠ ᠡᠭᠦᠳᠦᠯᠳᠡ ᠶᠢᠨ ᠬᠦᠭᠵᠢᠯᠳᠠ ᠪᠤᠯᠤᠨ᠎ᠠ᠃ ᠨᠠᠮ ᠤᠨ ᠳᠤᠳᠤᠭᠠᠳᠦ ᠶᠢᠨ ᠬᠤᠶᠠᠷ ᠬᠠᠤᠯᠢ ᠲᠦᠷᠢᠮ ᠪᠤᠯ ᠮᠠᠨ ᠤ ᠨᠠᠮ ᠤᠨ ᠨᠠᠮ ᠢ ᠬᠠᠮᠢᠶᠠᠷᠴᠦ ᠨᠠᠮ ᠢ ᠵᠠᠰᠠᠬᠤ ᠶᠠᠪᠤᠴᠠ ᠳᠠᠬᠢ ᠬᠦᠰᠢᠶ᠎ᠠ ᠲᠤᠷᠠᠰᠬᠠᠯ ᠤᠨ ᠠᠴᠢ ᠬᠤᠯᠪᠤᠭᠳᠠᠯ ᠲᠠᠢ ᠰᠢᠨ᠎ᠠ ᠬᠠᠭᠤᠳᠠᠰᠤ ᠮᠦᠨ ᠭᠡᠵᠦ ᠪᠦᠬᠦ ᠨᠠᠮ ᠪᠦᠬᠦ ᠨᠡᠶᠢᠭᠡᠮ ᠢᠶᠠᠷ ᠢᠶᠠᠨ ᠰᠠᠨᠠᠯ ᠨᠢᠭᠡᠳᠠᠢ ᠦᠵᠡᠵᠡᠭᠡᠵᠦ ᠪᠤᠢ᠃

 
             ᠪᠦᠬᠦ ᠲᠠᠯ᠎ᠠ ᠳᠤ ᠠᠩᠬᠠᠷᠤᠯ ᠢᠶᠠᠨ ᠲᠠᠯᠪᠢᠵᠦ᠂ ᠢᠷᠡᠭᠡᠳᠦᠢ ᠳᠤ ᠬᠠᠨᠳᠤᠵᠦ᠂ ᠨᠠᠮ ᠤᠨ ᠲᠦᠪ
             ᠬᠤᠷᠢᠶᠠᠨ ᠤ  ᠲᠦᠷᠦ ᠶᠢ ᠵᠠᠰᠠᠵᠦ ᠵᠠᠰᠠᠭ ᠢ ᠡᠷᠬᠢᠯᠡᠬᠦ ᠰᠢᠨ᠎ᠠ ᠠᠬᠤᠢ ᠪᠠᠶᠢᠳᠠᠯ ᠢ ᠡᠬᠦᠳᠪᠡ

      ᠳᠤᠮᠳᠠᠳᠤ ᠤᠯᠤᠰ᠂ 13 ᠳ᠋ᠦᠩᠰᠢᠭᠤᠷ ᠭᠠᠷᠤᠢ ᠬᠦᠮᠦᠨ ᠠᠮᠠ ᠲᠠᠢ ᠶᠡᠭᠡ ᠤᠯᠤᠰ ᠮᠠᠰᠢ ᠤᠯᠠᠨ ᠬᠦᠭᠵᠢᠯᠳᠠ ᠶᠢᠨ ᠭᠠᠶᠢᠬᠠᠮᠰᠢᠭ ᠢ ᠡᠬᠦᠳᠤᠯ᠎ᠡ᠂ ᠶᠠᠮᠠᠷ ᠨᠢᠭᠤᠴᠠ ᠤᠪᠠᠳᠢᠰ ᠪᠠᠶᠢᠬᠤ ᠪᠤᠯ︖

      《ᠳᠤᠮᠳᠠᠳᠤ ᠤᠯᠤᠰ ᠤᠨ ᠶᠠᠪᠤᠳᠠᠯ ᠢ ᠰᠠᠶᠢᠳᠤᠷ ᠬᠢᠬᠦ ᠶᠢᠨ ᠵᠠᠩᠬᠢᠯᠠᠭ᠎ᠠ ᠨᠢ ᠨᠠᠮ ᠳᠤ ᠪᠠᠶᠢᠨ᠎ᠠ᠂ ᠵᠠᠩᠬᠢᠯᠠᠭ᠎ᠠ ᠨᠢ ᠨᠠᠮ ᠨᠢ ᠨᠠᠮ ᠢ ᠬᠠᠮᠢᠶᠠᠷᠴᠦ᠂ ᠨᠠᠮ ᠢ ᠴᠢᠩᠭ᠎ᠠ ᠵᠠᠰᠠᠬᠤ ᠳᠤ ᠪᠠᠶᠢᠨ᠎ᠠ》᠃ ᠡᠨᠡ ᠪᠤᠯ ᠦᠢᠯᠡᠳᠦᠯᠭᠡ ᠪᠠᠷ ᠰᠢᠯᠭᠠᠨ ᠨᠤᠳᠠᠯᠠᠭᠳᠠᠭᠰᠠᠨ ᠦᠨᠡᠨ ᠶᠤᠰᠤ ᠮᠦᠨ᠃

      ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠪᠤᠯ ᠲᠡᠦᠭᠡ ᠠᠴᠠ ᠤᠳᠤ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠲᠤ ᠲᠤᠰᠢᠶᠠᠬᠰᠠᠨ ᠴᠢᠬᠤᠯᠠ ᠶᠡᠭᠡ ᠰᠡᠳᠦᠪ᠂ ᠦᠷᠭᠡᠨ ᠤᠯᠠᠨ ᠠᠷᠠᠳ ᠲᠦᠮᠡᠨ ᠤ ᠭᠤᠤᠯᠯᠠᠬᠴᠢ ᠬᠦᠴᠦᠨ ᠳᠡᠭᠡᠨ ᠲᠠᠯᠪᠢᠬᠰᠠᠨ ᠲᠤᠯᠭᠠᠮ᠎ᠠ ᠬᠦᠰᠡᠯ ᠮᠦᠷᠦᠭᠡᠳᠦᠯ᠂ ᠮᠠᠨ ᠤ ᠨᠠᠮ ᠤᠨ ᠴᠠᠭ ᠦᠶ᠎ᠠ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠪᠠᠳᠤ ᠴᠢᠩᠭ᠎ᠠ ᠤᠬᠠᠮᠰᠠᠷ ᠮᠦᠨ ᠭᠡᠵᠦ ᠭᠡᠯᠡᠵᠦ ᠪᠤᠯᠤᠨ᠎ᠠ᠃
      ᠡᠨᠡ ᠪᠤᠯ ᠨᠠᠮ ᠤᠨ ᠲᠦᠪ ᠬᠤᠷᠢᠶ᠎ᠠ ᠨᠠᠮ ᠪᠤᠯᠤᠨ ᠤᠯᠤᠰ ᠤᠨ ᠬᠦᠭᠵᠢᠯ ᠪᠠᠳᠠᠷᠠᠯ᠂ ᠦᠨᠢ ᠤᠳᠠᠭᠠᠨ ᠤ ᠠᠮᠤᠷ ᠲᠤᠭᠳᠠᠭᠤᠨ ᠳᠤ ᠠᠩᠬᠠᠷᠤᠯ ᠲᠠᠯᠪᠢᠨ ᠲᠤᠭᠳᠠᠭᠠᠭᠰᠠᠨ ᠲᠡᠦᠭᠡᠳᠦ ᠴᠢᠨᠠᠷᠳᠠᠢ ᠲᠤᠭᠳᠠᠭᠠᠯ ᠮᠦᠨ —
      ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠠᠯᠪᠡᠨ ᠮᠡᠳᠡᠭᠡ ᠳᠤ 《ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ》 ᠭᠡᠳᠡᠭ ᠢ ᠵᠢᠩᠬᠢᠨᠢ ᠪᠠᠷ ᠳᠤᠷᠠᠳᠴᠠᠢ᠃ ᠪᠦᠬᠦᠳᠠ ᠬᠤᠷᠠᠯ ᠤᠨ ᠠᠯᠪᠡᠨ ᠮᠡᠳᠡᠭᠡ ᠶᠢ ᠰᠠᠨᠠᠯ ᠨᠢᠭᠡᠳᠠᠢ ᠪᠠᠳᠤᠯᠠᠬᠤ ᠬᠢᠷᠢ ᠳᠤ᠂ ᠲᠠᠯᠠᠪᠠᠢ ᠲᠠᠶᠠᠭᠠᠷ ᠲᠤ ᠨᠢᠵᠢᠭᠢᠨᠡᠳᠡᠯ᠎ᠡ ᠠᠯᠠᠭ᠎ᠠ ᠲᠠᠰᠢᠵᠤ ᠪᠠᠶᠢᠯ᠎ᠠ᠃
      ᠡᠨᠡᠬᠦ ᠠᠯᠠᠭ᠎ᠠ ᠲᠠᠰᠢᠯᠳᠠ ᠨᠢ ᠨᠠᠮ ᠤᠨ ᠲᠦᠪ ᠬᠤᠷᠢᠶᠠᠨ ᠤ ᠨᠢᠭᠡᠳᠤᠯᠳᠠᠢ ᠬᠦᠰᠡᠯ ᠢ ᠲᠤᠰᠬᠠᠵᠠᠢ︔ ᠡᠨᠡᠬᠦ ᠠᠯᠠᠭ᠎ᠠ ᠲᠠᠰᠢᠯᠳᠠ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠦ ᠶᠢᠨ ᠬᠦᠰᠡᠯ ᠢ ᠢᠯᠡᠳᠭᠡᠵᠡᠢ︔ ᠡᠨᠡᠬᠦ ᠠᠯᠠᠭ᠎ᠠ ᠲᠠᠰᠢᠯᠳᠠ ᠨᠢ ᠳᠤᠮᠳᠠᠳᠤ ᠤᠯᠤᠰ ᠤᠨ ᠡᠪ ᠬᠠᠮᠳᠦ ᠨᠠᠮ ᠳᠤᠮᠳᠠᠳᠤ ᠶᠢᠨ ᠦᠨᠳᠦᠰᠦᠳᠡᠨ ᠢ ᠲᠠᠶᠢᠴᠢᠯᠠᠨ ᠠᠭᠤᠤ ᠶᠡᠭᠡ ᠰᠡᠷᠬᠦᠨ ᠮᠠᠨᠳᠤᠯᠳᠠ ᠲᠡᠰᠢ ᠤᠷᠤᠭᠰᠢᠯᠠᠬᠤ ᠪᠠᠳᠤ ᠵᠤᠷᠢᠭ ᠢ ᠬᠠᠷᠠᠭᠤᠯᠵᠠᠢ᠃
      ᠨᠢᠭᠡ ᠤᠯᠤᠰ᠂ ᠨᠢᠭᠡ ᠲᠦᠷᠦ ᠶᠢᠨ ᠨᠠᠮ ᠳᠤ ᠠᠪᠴᠦ ᠭᠡᠯᠡᠪᠡᠯ᠂ ᠭᠤᠤᠯᠯᠠᠭᠴᠢ ᠪᠤᠯ ᠮᠠᠰᠢ ᠴᠢᠬᠤᠯᠠ ᠶᠤᠮ᠃
      ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠰᠢᠨ᠎ᠠ ᠪᠠᠶᠢᠳᠠᠯ ᠢ ᠡᠬᠦᠳᠴᠦ᠂ ᠦᠭᠡᠷᠡᠴᠢᠯᠡᠯᠳᠠ ᠬᠦᠭᠵᠢᠯᠳᠠ ᠲᠤᠭᠳᠠᠭᠤᠨ ᠪᠠᠶᠢᠳᠠᠯ᠂ ᠳᠤᠳᠤᠭᠠᠳᠦ ᠶᠠᠪᠤᠳᠠᠯ ᠭᠠᠳᠠᠭᠠᠳᠦ ᠬᠠᠷᠢᠯᠴᠠᠭ᠎ᠠ ᠤᠯᠤᠰ ᠤᠨ ᠪᠠᠳᠤᠯᠠᠨ ᠬᠠᠮᠠᠭᠠᠯᠠᠯᠳᠠ᠂ ᠨᠠᠮ ᠢ ᠵᠠᠰᠠᠵᠦ ᠲᠦᠷᠦ ᠶᠢ ᠵᠠᠰᠠᠵᠦ ᠴᠡᠷᠢᠭ ᠢ ᠵᠠᠰᠠᠬᠤ ᠲᠠᠯ᠎ᠠ ᠪᠠᠷ ᠠᠯᠢ ᠤᠯᠠᠨ ᠴᠢᠬᠤᠯᠠ ᠠᠬᠤᠢᠢᠴᠢ ᠠᠴᠢ ᠬᠤᠯᠪᠤᠭᠳᠠᠯ ᠪᠠ ᠬᠦᠨ ᠬᠦᠨᠵᠡᠭᠡᠢ ᠲᠡᠦᠭᠡᠳᠦ ᠠᠴᠢ ᠬᠤᠯᠪᠤᠭᠳᠠᠯ ᠲᠠᠢ ᠠᠮᠵᠢᠯᠳᠠ ᠶᠢ ᠤᠯᠵᠦ᠂ ᠨᠠᠮ ᠪᠤᠯᠤᠨ ᠤᠯᠤᠰ ᠤᠨ ᠦᠢᠯᠡᠰ ᠤᠨ ᠤᠷᠢᠳᠤᠬᠢ ᠶᠢ ᠵᠠᠯᠭᠠᠮᠵᠢᠯᠠᠵᠦ ᠬᠤᠶᠢᠰᠢᠬᠢ ᠶᠢ ᠨᠡᠭᠡᠭᠡᠬᠦ ᠪᠠᠶᠢᠳᠠᠯ ᠢ ᠪᠡᠶᠡᠯᠡᠬᠦᠯᠵᠠᠢ᠃
      ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠡᠶ᠎ᠠ ᠪᠠᠷ ᠢᠶᠠᠨ ᠦᠯᠢᠭᠡᠷ ᠳᠠᠭᠤᠷᠢᠶᠠᠯ ᠪᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠷᠡᠰ ᠢᠶᠠᠷ ᠠᠬᠢᠭᠤᠯᠵᠦ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠲᠦᠷᠢᠮ ᠢᠶᠠᠷ ᠨᠠᠮ ᠢ ᠵᠠᠰᠠᠬᠤ ᠶᠢ ᠨᠢᠭᠳᠠ ᠤᠶᠠᠯᠳᠤᠭᠤᠯᠵᠦ᠂ ᠨᠠᠮ ᠤᠨ ᠰᠤᠷᠳᠠᠯ ᠢ ᠲᠦᠪᠯᠡᠷᠡᠬᠦᠯᠦᠨ ᠴᠡᠭᠴᠡᠯᠡᠵᠦ᠂ ᠢᠯᠵᠢᠷᠡᠯ ᠢ ᠴᠢᠩᠭ᠎ᠠ ᠵᠠᠯᠬᠠᠭᠠᠨ ᠰᠢᠢᠳᠭᠡᠵᠤ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠬᠦᠯᠵᠦ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠰᠢᠨ᠎ᠠ ᠪᠠᠶᠢᠳᠠᠯ ᠲᠠᠢ ᠪᠤᠯᠵᠦ᠂ ᠨᠠᠮ ᠤᠨ ᠰᠡᠳᠬᠢᠯ ᠠᠷᠠᠳ ᠤᠨ ᠰᠡᠳᠬᠢᠯ ᠢ ᠤᠯᠤᠭᠰᠠᠨ ᠪᠠᠶᠢᠨ᠎ᠠ᠃
      ᠡᠨᠡᠬᠦ ᠰᠦᠷ ᠳᠠᠯᠠᠶᠢᠴᠢᠳᠠᠢ ᠶᠠᠪᠤᠴᠠ ᠳᠤ᠂ ᠶᠡᠷᠦᠩᠭᠡᠢ ᠱᠦᠵᠢ ᠰᠢ ᠶᠢᠨ ᠫᠢᠩ ᠨᠠᠮ ᠤᠨ ᠤᠳᠤᠷᠢᠳᠤᠭᠴᠢ ᠪᠤᠯᠤᠭᠰᠠᠨ ᠤ ᠬᠤᠪᠢ ᠳᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠶᠤᠨ ᠤᠬᠠᠭᠠᠨ᠂ ᠭᠠᠷᠮᠠᠭᠠᠢ ᠰᠠᠶᠢᠨ ᠤᠳᠤᠷᠢᠳᠬᠤ ᠴᠢᠳᠠᠪᠤᠷᠢ᠂ ᠠᠷᠠᠳ ᠢᠶᠠᠨ ᠭᠡᠬᠦ ᠬᠠᠶᠢᠷ᠎ᠠ ᠰᠡᠳᠬᠢᠯᠭᠡ ᠪᠠᠷ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠳᠤᠮᠳᠠ ᠡᠷᠬᠢᠮ ᠲᠡᠭᠡᠳᠤ ᠢᠳᠡᠭᠡᠯ ᠬᠦᠨᠳᠤ ᠲᠠᠢ ᠪᠤᠯᠵᠦ᠂ ᠴᠢᠩ ᠰᠡᠳᠬᠢᠯ ᠤᠨ ᠬᠠᠶᠢᠷ᠎ᠠ ᠬᠦᠷᠢᠶᠡᠯᠡᠯ ᠢ ᠨᠢ ᠤᠯᠵᠠᠢ᠃ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠲᠤᠬᠳᠠᠭᠠᠬᠰᠠᠨ ᠶᠠᠪᠤᠳᠠᠯ ᠪᠤᠯ ᠠᠶᠠᠨᠳᠠᠭᠠᠨ ᠤ ᠶᠠᠪᠤᠳᠠᠯ᠂ ᠵᠦᠢ ᠵᠤᠬᠢᠰᠳᠠᠢ ᠶᠠᠪᠤᠳᠠᠯ᠂ ᠨᠡᠷ᠎ᠠ ᠨᠢᠳᠡᠷ ᠲᠡᠭᠡᠨ ᠨᠡᠶᠢᠴᠡᠭᠰᠡᠨ ᠶᠠᠪᠤᠳᠠᠯ ᠪᠤᠯᠤᠨ᠎ᠠ᠃
      ᠪᠦᠬᠦᠳᠠ ᠬᠤᠷᠠᠯ ᠤᠨ ᠬᠤᠭᠤᠴᠠᠭᠠᠠᠨ ᠳᠤ᠂ ᠬᠤᠷᠠᠯ ᠳᠤ ᠤᠷᠤᠯᠴᠠᠭᠰᠠᠨ ᠨᠦᠬᠦᠳ ᠲᠤᠭᠤᠢᠢᠯᠠᠩ ᠬᠤᠪᠢᠶᠠᠨ ᠶᠠᠷᠢᠯᠴᠠᠬᠤ ᠳᠠᠭᠠᠨ ᠴᠦᠮ ᠰᠠᠨᠠᠯ ᠨᠢᠭᠡᠳᠠᠢ ᠬᠦᠷᠢᠶᠡᠯᠡᠵᠦ᠂ ᠳᠡᠭᠡᠳᠦ ᠭᠡᠮᠵᠢᠶ᠎ᠠ ᠪᠠᠷ ᠵᠦᠪᠰᠢᠶᠡᠷᠡᠵᠤ ᠪᠠᠶᠢᠬᠤ ᠪᠠᠨ ᠢᠯᠡᠳᠭᠡᠵᠠᠢ᠃
      《ᠰᠢᠨ᠎ᠠ ᠲᠡᠦᠭᠡ ᠶᠢᠨ ᠭᠠᠷᠤᠭ᠎ᠠ ᠳᠤ ᠵᠤᠬᠰᠤᠵᠤ᠂ ᠰᠢᠨ᠎ᠠ ᠲᠡᠦᠭᠡᠳᠦ ᠡᠬᠦᠷᠭᠡ ᠶᠢ ᠡᠬᠦᠷᠭᠡᠯᠡᠵᠦ᠂ ᠰᠢ ᠶᠢᠨ ᠫᠢᠩ ᠨᠦᠬᠦᠷ ᠤᠨ ᠨᠠᠮ ᠤᠨ ᠲᠦᠪ ᠬᠤᠷᠢᠶᠡᠨ ᠤ ᠭᠤᠤᠯᠯᠠᠭᠴᠢ ᠪᠤᠯᠬᠤ ᠪᠠᠶᠢᠷᠢ ᠰᠠᠭᠤᠷᠢ᠂ ᠪᠦᠬᠦ ᠨᠠᠮ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠲᠤᠭᠳᠠᠭᠠᠭᠰᠠᠨ ᠶᠠᠪᠤᠳᠠᠯ ᠪᠤᠯ ᠦᠢᠯᠡᠳᠦᠯᠭᠡ ᠶᠢᠨ ᠰᠤᠩᠭᠤᠯᠳᠠ᠂ ᠲᠡᠦᠭᠡ ᠶᠢᠨ ᠰᠤᠩᠭᠤᠯᠳᠠ᠂ ᠪᠦᠬᠦ ᠨᠠᠮ ᠤᠨ ᠰᠤᠩᠭᠤᠯᠳᠠ᠂ ᠠᠷᠠᠳ ᠲᠦᠮᠡᠨ ᠤ ᠰᠤᠩᠭᠤᠯᠳᠠ ᠪᠤᠯᠤᠨ᠎ᠠ᠂ ᠨᠠᠮ ᠤᠨ ᠰᠠᠨᠠᠭᠠᠨ ᠤ ᠬᠠᠨᠳᠤᠰᠢ᠂ ᠠᠷᠠᠳ ᠤᠨ ᠰᠡᠳᠭᠢᠯ ᠤᠨ ᠬᠦᠰᠡᠯ ᠪᠤᠯᠤᠨ᠎ᠠ》 ᠭᠡᠵᠦ ᠨᠠᠮ ᠤᠨ ᠲᠦᠪ ᠬᠤᠷᠢᠶᠠᠨ ᠤ ᠭᠡᠰᠢᠬᠦᠳ ᠶᠠᠷᠢᠵᠦ ᠪᠠᠶᠢᠯ᠎ᠠ᠃



      ᠡᠨᠡ ᠪᠤᠯ ᠨᠠᠮ ᠤᠨ ᠲᠦᠪ ᠬᠤᠷᠢᠶ᠎ᠠ 《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠦᠨᠳᠦᠰᠦᠯᠡᠨ ᠨᠠᠮ ᠤᠨ ᠲᠦᠪ ᠬᠤᠷᠢᠶᠠᠨ ᠤ ᠪᠦᠬᠦᠳᠠ ᠬᠤᠷᠠᠯ ᠤᠨ ᠵᠦᠪᠯᠡᠬᠦ ᠰᠡᠳᠦᠪ ᠲᠤ ᠬᠢᠭᠰᠡᠨ ᠪᠦᠬᠦᠯᠢ ᠴᠤᠭᠴᠠ ᠶᠢᠨ ᠵᠢᠷᠤᠬ ᠲᠦᠯᠦᠪᠯᠡᠭᠡ ᠮᠦᠨ — —


      ᠵᠢᠷᠭᠤᠳᠤᠭᠠᠷ ᠪᠦᠬᠦᠳᠠ ᠬᠤᠷᠠᠯ ᠲᠡᠭᠦᠰᠦᠭᠰᠡᠨ ᠤ ᠳᠠᠷᠠᠭ᠎ᠠ᠂ ᠭᠠᠳᠠᠭᠠᠳᠦ ᠶᠢᠨ ᠵᠠᠷᠢᠮ ᠮᠡᠳᠡᠭᠡᠯᠡᠯ ᠳᠤ᠄ 《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠨᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠨᠠᠮ ᠢ ᠬᠠᠮᠢᠶᠠᠷᠴᠦ ᠨᠠᠮ ᠢ ᠵᠠᠰᠠᠬᠤ ᠠᠵᠢᠯ ᠢ ᠤᠯᠤᠰ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠠ ᠦᠨᠳᠦᠷᠴᠡ ᠳᠤ ᠬᠦᠷᠭᠡᠵᠡᠢ︔ ᠡᠨᠡ ᠤᠳᠠᠭ᠎ᠠ ᠶᠢᠨ ᠪᠦᠬᠦᠳᠠ ᠬᠤᠷᠠᠯ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠢᠨ᠎ᠠ ᠪᠠᠶᠢᠷᠢᠯᠠᠭᠤᠯᠤᠯᠳᠠ ᠬᠢᠵᠦ᠂ 《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠲᠦᠷᠦ ᠶᠢ ᠵᠠᠰᠠᠵᠦ ᠵᠠᠰᠠᠭ ᠢ ᠡᠷᠬᠢᠯᠡᠬᠦ ᠶᠡᠷᠦᠩᠭᠡᠢ ᠠᠷᠭ᠎ᠠ ᠪᠤᠳᠤᠯᠭ᠎ᠠ ᠶᠢᠨ ᠪᠠᠶᠢᠷᠢ ᠰᠠᠭᠤᠷᠢ ᠶᠢ ᠪᠠᠬᠢᠵᠢᠬᠦᠯᠵᠡᠢ ᠭᠡᠵᠦ ᠦᠨᠡᠯᠡᠵᠤ ᠪᠠᠶᠢᠯ᠎ᠠ᠃
      4 ᠵᠢᠯ ᠤᠨ ᠡᠮᠦᠨ᠎ᠠ᠂ ᠶᠡᠷᠦᠩᠭᠡᠢ ᠱᠦᠵᠢ ᠰᠢ ᠶᠢᠨ ᠫᠢᠩ ᠲᠤᠰᠢᠶᠠᠯ ᠳᠤ ᠭᠠᠷᠴᠦ᠂ ᠨᠠᠮ ᠨᠢ ᠨᠠᠮ ᠢ ᠬᠠᠮᠢᠶᠠᠷᠴᠦ᠂ ᠨᠠᠮ ᠢ ᠴᠢᠩᠭ᠎ᠠ ᠵᠠᠰᠠᠬᠤ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠪᠠ᠃ 《ᠲᠡᠮᠦᠷ ᠢ ᠳᠠᠪᠳᠠᠬᠤ ᠳᠤ ᠦᠪᠡᠷ ᠢᠶᠠᠨ ᠬᠠᠳᠠᠭᠤ ᠪᠠᠶᠢᠬᠤ ᠭᠡᠷᠡᠭᠲᠡᠢ》᠂ ᠲᠡᠷᠡ ᠪᠠᠷ ᠡᠶᠢᠮᠦᠷᠬᠦ ᠡᠩ ᠤᠨ ᠤᠢᠢᠯᠠᠭᠠᠮᠵᠢᠳᠠᠢ ᠦᠭᠡ ᠪᠠᠷ ᠠᠷᠠᠳ ᠲᠦᠮᠡᠨ ᠳᠡᠭᠡᠨ ᠲᠦᠪ ᠴᠢᠩᠭ᠎ᠠ ᠪᠠᠷ ᠠᠮᠠᠯᠳᠠᠵᠠᠢ᠃
      2 ᠵᠢᠯ ᠤᠨ ᠡᠮᠦᠨ᠎ᠠ᠂ ᠵᠢᠶᠠᠩᠰᠦ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠭᠡᠢ ᠱᠦᠵᠢ ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠤᠯ ᠨᠠᠮ ᠤᠨ ᠪᠠᠶᠢᠭᠤᠯᠤᠯᠳᠠ ᠶᠢ ᠠᠬᠢᠭᠤᠯᠬᠤ ᠰᠢᠨ᠎ᠠ ᠠᠭᠤᠤ ᠶᠡᠭᠡ ᠢᠨᠵᠧᠨᠧᠷᠢᠩ ᠤᠨ ᠵᠠᠶᠢᠯᠠᠰᠢ ᠦᠭᠡᠢ ᠱᠠᠭᠠᠷᠳᠠᠯᠭ᠎ᠠ ᠮᠦᠨ ᠭᠡᠵᠦ ᠴᠢᠬᠤᠯᠠᠴᠢᠯᠠᠪᠠ᠃ 《ᠨᠠᠮ ᠢ ᠴᠢᠩᠭ᠎ᠠ ᠵᠠᠰᠠᠬᠤ》 ᠶᠢᠨ ᠡᠮᠦᠨ᠎ᠠ 《ᠪᠦᠬᠦ ᠲᠠᠯ᠎ᠠ ᠪᠠᠷ》 ᠭᠡᠬᠦ ᠦᠰᠦᠭ ᠢ ᠨᠡᠮᠡᠭᠰᠡᠨ ᠨᠢ ᠨᠠᠮ ᠤᠨ ᠲᠦᠪ ᠬᠤᠷᠢᠶᠠᠨ ᠤ ᠬᠤᠯᠠ ᠬᠠᠷᠠᠴᠠ ᠬᠤᠷᠴᠠ ᠲᠠᠨᠢᠯᠳᠠ ᠪᠠ ᠬᠠᠷᠢᠭᠤᠴᠠᠯᠭ᠎ᠠ ᠡᠭᠦᠷᠬᠡᠯᠡᠬᠦ ᠭᠡᠳᠡᠭ ᠢ ᠲᠤᠰᠬᠠᠭᠰᠠᠨ ᠪᠦᠭᠡᠳ ᠪᠠᠰᠠ 《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠷᠢᠨ ᠭᠦᠢᠴᠡᠳ ᠵᠢᠷᠤᠵᠤ ᠲᠦᠰᠦᠪᠯᠡᠵᠠᠢ᠃
      《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠪᠤᠯ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ ᠨᠠᠮ ᠤᠨ ᠲᠦᠪ ᠬᠤᠷᠢᠶ᠎ᠠ 《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠤᠯᠤᠰ ᠤᠨ ᠳᠤᠳᠤᠭᠠᠳᠦ ᠪᠠ ᠲᠡᠯᠡᠬᠡᠢ ᠶᠢᠨ ᠬᠤᠶᠠᠷ ᠶᠡᠭᠡ ᠲᠠᠯ᠎ᠠ ᠶᠢ ᠨᠢᠭᠡᠳᠦᠯᠳᠠᠢ ᠲᠦᠯᠦᠪᠵᠢᠬᠦᠯᠵᠦ᠂ ᠮᠠᠨ ᠤ ᠤᠯᠤᠰ ᠤᠨ ᠬᠦᠭᠵᠢᠯᠳᠠ ᠶᠢᠨ ᠰᠢᠨ᠎ᠠ ᠤᠨᠴᠠᠯᠢᠭ ᠢ ᠡᠵᠡᠮᠳᠡᠵᠤ ᠲᠤᠭᠳᠠᠭᠠᠭᠰᠠᠨ ᠲᠦᠷᠦ ᠶᠢ ᠵᠠᠰᠠᠵᠦ ᠵᠠᠰᠠᠭ ᠢ ᠡᠷᠬᠢᠯᠡᠬᠦ ᠰᠢᠨ᠎ᠠ ᠠᠷᠭ᠎ᠠ ᠪᠤᠳᠤᠯᠭ᠎ᠠ᠂ ᠰᠢᠨ᠎ᠠ ᠴᠠᠭ ᠦᠶ᠎ᠠ ᠶᠢᠨ ᠨᠦᠬᠦᠴᠡᠯ ᠳᠤᠤᠷ᠎ᠠ ᠦᠭᠡᠷᠡᠴᠢᠯᠡᠯᠳᠠ ᠨᠡᠭᠡᠭᠡᠯᠳᠠ ᠪᠠ ᠨᠡᠶᠢᠭᠡᠮ ᠵᠢᠷᠤᠮ ᠤᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠵᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠰᠤᠩᠭᠤᠯᠳᠠ ᠮᠦᠨ᠃
      ᠶᠡᠷᠦᠩᠭᠡᠢ ᠱᠦᠵᠢ ᠰᠢ ᠶᠢᠨ ᠫᠢᠩ᠄ 《ᠭᠡᠳᠦᠨ ᠵᠢᠯ ᠤᠨ ᠲᠤᠷᠰᠢ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠳᠠᠪᠤᠳᠤᠭᠠᠷ ᠪᠦᠬᠦᠳᠠ ᠬᠤᠷᠠᠯ ᠤᠷᠢᠳ ᠬᠤᠵᠢᠳ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠲᠤᠰᠬᠠᠢ ᠰᠡᠳᠦᠪ ᠢᠶᠠᠷ ᠰᠤᠳᠤᠯᠪᠠ᠂ ᠡᠨᠡ ᠤᠳᠠᠭ᠎ᠠ ᠶᠢᠨ ᠵᠢᠷᠭᠤᠳᠤᠭᠠᠷ ᠪᠦᠬᠦᠳᠠ ᠬᠤᠷᠠᠯ ᠬᠤᠶᠠᠷ ᠪᠢᠴᠢᠭ ᠮᠠᠲᠧᠷᠢᠶᠠᠯ ᠤᠨ ᠡᠭᠡ ᠨᠤᠤᠷᠠᠭ ᠢ ᠲᠤᠭᠳᠠᠭᠠᠨ ᠵᠠᠰᠠᠪᠤᠷᠢ ᠤᠷᠤᠭᠤᠯᠬᠤ ᠪᠠᠷ ᠭᠤᠤᠯᠳᠠᠯᠭ᠎ᠠ ᠪᠤᠯᠭᠠᠵᠦ ᠲᠤᠰᠬᠠᠢ ᠰᠡᠳᠦᠪ ᠢᠶᠠᠷ ᠰᠤᠳᠤᠯᠤᠭᠰᠠᠨ ᠢᠶᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ︿ᠲᠦᠷᠪᠡᠨ ᠪᠦᠬᠦ ᠲᠠᠯ᠎ᠠ﹀ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠲᠤᠰ ᠲᠤᠰ ᠨᠢᠭᠡ ᠤᠳᠠᠭ᠎ᠠ ᠶᠢᠨ ᠨᠠᠮ ᠤᠨ ᠲᠦᠪ ᠬᠤᠷᠢᠶᠠᠨ ᠤ ᠪᠦᠬᠦᠳᠠ ᠬᠤᠷᠠᠯ ᠢᠶᠠᠷ ᠳᠠᠮᠵᠢᠭᠤᠯᠤᠨ ᠰᠤᠳᠤᠯᠵᠤ ᠪᠠᠶᠢᠷᠢᠯᠠᠭᠤᠯᠵᠠᠢ᠃ ᠡᠨᠡ ᠪᠤᠯ ᠠᠮ ᠤᠨ ᠲᠦᠪ ᠬᠤᠷᠢᠶ᠎ᠠ ︿ᠲᠦᠷᠪᠡᠨ ᠪᠦᠬᠦ ᠲᠠᠯ᠎ᠠ﹀ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠦᠨᠳᠦᠰᠦᠯᠡᠨ ᠪᠦᠬᠦᠳᠠ ᠬᠤᠷᠠᠯ ᠤᠨ ᠵᠦᠪᠯᠡᠬᠦ ᠰᠡᠳᠦᠪ ᠲᠤ ᠬᠢᠭᠰᠡᠨ ᠪᠦᠬᠦᠯᠢ ᠴᠤᠭᠴᠠ ᠶᠢᠨ ᠲᠦᠯᠦᠪᠯᠡᠭᠡ ᠮᠦᠨ》 ᠭᠡᠵᠦ ᠵᠢᠭᠠᠵᠦ ᠭᠠᠷᠭᠠᠪᠠ᠃



      ᠡᠨᠡ ᠪᠤᠯ ᠨᠠᠮ ᠤᠨ ᠲᠦᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠲᠦᠷᠢᠮ ᠢᠶᠠᠷ ᠨᠠᠮ ᠢ ᠵᠠᠰᠠᠬᠤ ᠶᠢ ᠤᠶᠠᠯᠳᠤᠭᠤᠯᠤᠭᠰᠠᠨ ᠴᠢᠬᠤᠯᠠ ᠲᠤᠬᠢᠷᠠᠭᠤᠯᠤᠯᠳᠠ ᠮᠦᠨ — —


      1980 ᠤᠨ ᠳᠤ ᠲᠤᠭᠲᠠᠭᠠᠠ ᠨᠡᠶᠢᠲᠡᠯᠡᠭᠰᠡᠡ 《ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ᠲᠤᠬᠠᠢ ᠪᠠᠷᠢᠮᠵᠢᠶ᠎ᠠ ᠨᠤᠭᠤᠳ》 ᠲᠤ ᠠᠩᠬ᠎ᠠ ᠤᠲᠠᠭ᠎ᠠ ᠨᠠᠮ ᠤᠨ ᠲᠤᠲᠤᠭᠠᠲᠤ ᠶᠢᠨ ᠬᠠᠤᠯᠢ ᠲᠦᠷᠢᠮ ᠤᠨ ᠬᠡᠯᠪᠡᠷᠢ ᠪᠠᠷ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠵᠢᠷᠤᠮᠵᠢᠭᠤᠯᠵᠠᠢ︔ 2003 ᠤᠨ ᠳᠤ ᠨᠡᠶᠢᠲᠡᠯᠡᠠ ᠭᠡᠷᠡᠭᠵᠢᠭᠦᠯᠦᠭᠰᠡᠡ 《ᠲᠤᠮᠲᠠᠲᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠦᠷᠢᠮ ︵ᠲᠤᠷᠰᠢᠨ ᠭᠡᠷᠡᠭᠵᠢᠭᠦᠯᠬᠦ︶》 ᠨᠢ ᠨᠠᠮ ᠤᠨ ᠲᠤᠲᠤᠭᠠᠲᠤ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠪᠦᠯᠬᠦᠮᠲᠠᠯ ᠨᠢᠭᠡᠲᠦᠯ ᠢ ᠬᠠᠮᠠᠭᠠᠯᠠᠬᠤ ᠳᠤ ᠢᠲᠡᠪᠬᠢᠲᠠᠢ ᠦᠢᠯᠡᠲᠦᠯ ᠦᠵᠡᠭᠦᠯᠦᠭᠰᠡᠡ ᠪᠠᠶᠢᠨ᠎ᠠ᠃
      95 ᠵᠢᠯ ᠤᠨ ᠰᠠᠯᠬᠢ ᠪᠤᠷᠤᠭᠠᠠ ᠂ ᠬᠦᠴᠢᠷ ᠪᠡᠷᠭᠡᠰᠢᠶᠠᠯ ᠢ ᠦᠩᠭᠡᠷᠡᠭᠦᠯᠤᠭᠡᠳ᠂ ᠤᠤᠯ ᠨᠢ 50 ᠭᠠᠷᠤᠢ ᠨᠠᠮ ᠤᠨ ᠭᠡᠰᠢᠭᠦᠨ ᠲᠠᠢ ᠪᠠᠶᠢᠭᠰᠠᠠ ᠠᠴᠠ ᠪᠠᠨ ᠬᠦᠭᠵᠢᠭᠡᠳ 8800 ᠭᠠᠷᠤᠢ ᠲᠦᠮᠡᠡ ᠨᠠᠮ ᠤᠨ ᠭᠡᠰᠢᠭᠦᠨ ᠲᠠᠢ ᠪᠤᠯᠤᠭᠰᠠᠠ ᠲᠡᠯᠡᠭᠡᠢ ᠲᠡᠭᠡᠷᠡᠬᠢ ᠬᠠᠮᠤᠭ ᠲᠤᠮᠤ ᠲᠦᠷᠦ ᠪᠠᠷᠢᠬᠴᠢ ᠨᠠᠮ ᠪᠤᠯᠵᠠᠢ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠴᠢᠩᠳᠠᠯᠠᠬᠤ ᠨᠢ ᠮᠠᠠ ᠤ ᠨᠠᠮ ᠤᠨ ᠰᠢᠯᠢᠲᠡᠭ ᠤᠯᠠᠮᠵᠢᠯᠠᠯ ᠪᠠ ᠰᠤᠷᠲᠠᠯ ᠤᠨ ᠪᠤᠢ ᠪᠤᠯᠬᠤ ᠬᠦᠷᠦᠰᠦ ᠰᠢᠷᠤᠢ ᠮᠦᠨ ᠭᠡᠰᠡᠡ ᠢ ᠲᠡᠤᠬᠡ ᠪᠢᠲᠠᠠ ᠳᠤ ᠬᠡᠯᠡᠵᠦ ᠦᠭᠴᠠᠢ᠃
      ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠪᠤᠯ ᠨᠠᠮ ᠤᠨ ᠵᠤᠬᠢᠶᠠᠠ ᠪᠠᠶᠢᠭᠤᠯᠤᠯᠲᠠ ᠠᠴᠠ ᠨᠠᠮ ᠤᠨ ᠭᠡᠰᠢᠭᠦᠨ ᠢ ᠬᠦᠮᠦᠵᠢᠭᠦᠯᠵᠦ ᠬᠠᠮᠢᠶᠠᠷᠬᠤ ᠪᠠ ᠨᠠᠮ ᠤᠨ ᠭᠡᠰᠢᠭᠦᠨ ᠳᠤ ᠨᠠᠮᠴᠢ ᠴᠢᠨᠠᠷ ᠤᠨ ᠪᠤᠯᠪᠠᠰᠤᠷᠠᠯ ᠬᠦᠷᠳᠡᠭᠡᠬᠦ ᠴᠢᠬᠤᠯᠠ ᠲᠠᠪᠴᠠᠩ ᠮᠦᠨ᠂ ᠨᠠᠮ ᠤᠨ ᠭᠡᠰᠢᠭᠦᠨ ᠨᠢᠭᠡᠪᠦᠷᠢ᠂ ᠨᠠᠮ ᠤᠨ ᠵᠤᠬᠢᠶᠠᠠ ᠪᠠᠶᠢᠭᠤᠯᠤᠯᠲᠠ ᠨᠢᠭᠡᠪᠦᠷᠢ ᠲᠠᠢ ᠨᠢᠭᠲᠠ ᠬᠤᠯᠪᠤᠭᠲᠠᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠲᠦᠰᠦᠨ ᠴᠢᠨᠠᠷᠲᠠᠢ ᠰᠠᠭᠤᠷᠢ ᠠᠵᠢᠯ ᠮᠦᠨ᠃ ᠨᠠᠮ ᠨᠢ ᠨᠠᠮ ᠢ ᠬᠠᠮᠢᠶᠠᠷᠬᠤ ᠳᠤ ᠡᠷᠬᠡᠪᠰᠢ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠠᠴᠠ ᠡᠬᠢᠯᠠᠠ ᠬᠠᠮᠢᠶᠠᠷᠴᠤ᠂ ᠨᠠᠮ ᠢ ᠴᠢᠩᠭ᠎ᠠ ᠵᠠᠰᠬᠠᠤ ᠳᠤ ᠡᠷᠭᠡᠪᠰᠢ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠠᠴᠠ ᠡᠬᠢᠯᠡᠡ ᠴᠢᠩᠭ᠎ᠠ ᠵᠠᠰᠠᠬᠤ ᠭᠡᠷᠡᠭᠲᠡᠢ ᠭᠡᠰᠡᠡ ᠢ ᠦᠢᠯᠡᠲᠦᠯᠭᠡ ᠪᠢᠳᠡᠨ ᠳᠤ ᠰᠡᠩᠭᠡᠷᠡᠭᠦᠯᠵᠠᠢ᠃
      ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠨᠢ ᠨᠠᠮ ᠤᠨ ᠲᠤᠲᠤᠭᠠᠲᠤ ᠶᠢᠨ ᠬᠢᠨᠠᠯᠲᠠ ᠪᠤᠯ ᠨᠠᠮ ᠪᠤᠯᠤᠨ ᠤᠯᠤᠰ ᠤᠨ ᠡᠯ᠎ᠠ ᠵᠦᠢᠯ ᠤᠨ ᠬᠢᠨᠠᠯᠲᠠ ᠶᠢᠨ ᠬᠡᠯᠪᠡᠷᠢ ᠳᠤ ᠬᠠᠮᠤᠭ ᠤᠨ ᠦᠨᠲᠦᠰᠦᠨ᠂ ᠲᠡᠷᠢᠭᠦᠨ ᠳᠤ ᠲᠠᠯᠪᠢᠠᠠᠲᠠᠬᠤ ᠬᠢᠨᠠᠯᠳᠠ ᠪᠤᠯᠬᠤ ᠶᠢ ᠲᠤᠭᠲᠠᠭᠠᠵᠠᠢ᠃ ᠨᠠᠮ ᠤᠨ ᠲᠤᠲᠤᠭᠠᠲᠤ ᠶᠢᠨ ᠬᠢᠨᠠᠯᠲᠠ ᠦᠢᠯᠡᠲᠦᠯ ᠢᠶᠠᠨ ᠠᠯᠲᠠᠪᠠᠯ ᠪᠤᠰᠤᠳ ᠬᠢᠨᠠᠯᠲᠠ ᠶᠠᠷᠢᠶᠠᠠ ᠦᠭᠡᠢ ᠦᠢᠯᠡᠲᠦᠯ ᠢᠶᠠᠨ ᠠᠯᠲᠠᠬᠤ ᠪᠤᠯᠤᠨ᠎ᠠ᠃ ᠨᠠᠮ ᠤᠨ ᠲᠤᠲᠤᠭᠠᠲᠤ ᠶᠢᠨ ᠬᠢᠨᠠᠯᠲᠠ ᠴᠢᠩᠭ᠎ᠠ ᠪᠢᠰᠢ ᠪᠤᠳᠠᠳᠠᠢ ᠪᠢᠰᠢ ᠪᠤᠯᠬᠤ ᠳᠤ ᠬᠦᠷᠪᠡᠯ᠂ ᠨᠠᠮ ᠢ ᠴᠢᠩᠭ᠎ᠠ ᠵᠠᠰᠠᠬᠠᠤ ᠶᠠᠪᠤᠲᠠᠯ ᠬᠤᠭᠤᠰᠤᠲᠠᠬᠤ ᠪᠤᠯᠤᠨ᠎ᠠ ᠭᠡᠰᠡᠡ ᠢ ᠠᠰᠠᠭᠤᠲᠠᠯ ᠪᠢᠳᠡᠨ ᠳᠤ ᠰᠡᠷᠡᠮᠵᠢᠯᠡᠭᠦᠯᠵᠠᠢ᠃
      ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠤᠯ ᠮᠠᠠ ᠤ ᠨᠠᠮ ᠤᠨ ᠴᠢᠬᠤᠯᠠ ᠤᠨᠴᠠᠯᠢᠭ ᠮᠦᠨ᠃ ᠦᠵᠡᠯ ᠰᠠᠨᠠᠭᠠᠨ ᠤ ᠬᠦᠮᠦᠵᠢᠯ ᠪᠤᠯᠤᠨ ᠦᠵᠡᠯ ᠰᠠᠨᠠᠭᠠᠨ ᠤ ᠦᠭᠡᠷᠡᠴᠢᠯᠡᠯᠲᠡ ᠶᠢ ᠴᠢᠬᠤᠯᠠᠴᠢᠯᠠᠵᠦ᠂ ᠨᠠᠮ ᠤᠨ ᠵᠤᠬᠢᠶᠠᠠ ᠪᠠᠶᠢᠭᠤᠯᠤᠯᠲᠠ ᠨᠢᠭᠡᠪᠦᠷᠢ ᠶᠢ ᠪᠦᠷ ᠨᠠᠮ ᠤᠨ ᠭᠡᠰᠢᠭᠦᠨ ᠤ ᠦᠵᠡᠯ ᠰᠠᠨᠠᠭ᠎ᠠ ᠶᠢ ᠲᠠᠪᠲᠠᠠ ᠬᠠᠲᠠᠭᠤᠵᠢᠭᠤᠯᠬᠤ ᠵᠤᠤᠬ᠎ᠠ ᠪᠤᠯᠭᠠᠵᠤ᠂ ᠮᠠᠠ ᠤ ᠨᠠᠮ ᠢ ᠡᠭᠦᠪᠡᠷ ᠨᠢᠭᠡᠲᠦᠭᠰᠡᠡ ᠵᠤᠷᠢᠭ ᠰᠠᠨᠠᠭ᠎ᠠ ᠲᠠᠢ ᠨᠠᠮ ᠪᠤᠯᠭᠠᠬᠤ ᠬᠡᠷᠡᠭᠲᠡᠢ᠃
      ᠲᠦᠷᠢᠮ ᠢᠶᠠᠷ ᠨᠠᠮ ᠢ ᠵᠠᠰᠠᠬᠤ ᠪᠤᠯ ᠪᠠᠰᠠᠴᠤ ᠮᠠᠠ ᠤ ᠨᠠᠮ ᠤᠨ ᠢᠯᠡ ᠲᠤᠲᠤ ᠤᠨᠴᠠᠯᠢᠭ ᠮᠦᠨ᠃ ᠲᠦᠷᠢᠮ ᠤᠨ ᠰᠢᠩᠭᠡᠯᠢᠭ ᠢ ᠪᠠᠬᠢᠯᠡᠵᠦ᠂ ᠲᠦᠷᠢᠮ ᠢ ᠭᠡᠷᠡᠭᠵᠢᠭᠦᠯᠬᠦ ᠦᠢᠯᠡᠲᠦᠯ ᠢ ᠲᠡᠭᠡᠭᠰᠢᠯᠡᠭᠦᠯᠪᠠᠯ ᠰᠠᠢᠢ ᠨᠠᠮ ᠢ ᠪᠦᠲᠦᠮᠵᠢᠲᠠᠢ ᠬᠠᠮᠢᠶᠠᠷᠴᠤ ᠪᠦᠲᠦᠮᠵᠢᠲᠠᠢ ᠵᠠᠰᠠᠬᠤ ᠶᠠᠪᠤᠲᠠᠯ ᠤᠯᠠᠮ ᠠᠴᠠ ᠤᠯᠠᠮ ᠪᠦᠬᠦ ᠨᠠᠮ ᠤᠨ ᠬᠠᠮᠲᠤ ᠶᠢᠨ ᠲᠠᠨᠢᠯᠲᠠ ᠪᠤᠯᠵᠦ ᠴᠢᠲᠠᠨ᠎ᠠ᠃《ᠪᠠᠷᠢᠮᠵᠢᠶ᠎ᠠ》 ᠳᠤ ᠴᠢᠩᠭ᠎ᠠ ᠲᠤᠭᠲᠠᠭᠠᠯ ᠪᠠᠶᠢᠬᠤ ᠪᠦᠭᠡᠳ ᠪᠠᠰᠠ ᠤᠨᠤᠪᠴᠢᠲᠠᠢ ᠶᠤᠰᠤ ᠪᠠᠶᠢᠨ᠎ᠠ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠲᠦᠷᠢᠮ ᠢᠶᠠᠷ ᠨᠠᠮ ᠢ ᠵᠠᠰᠠᠬᠤ ᠶᠢ ᠤᠷᠭᠠᠨᠢᠭ ᠢᠶᠠᠷ ᠤᠶᠠᠯᠲᠤᠭᠤᠯᠬᠤ ᠶᠢ ᠬᠠᠷᠠᠭᠤᠯᠵᠠᠢ᠂ 《ᠲᠦᠷᠢᠮ》 ᠪᠤᠯ ᠨᠠᠮ ᠤᠨ ᠲᠦᠷᠢᠮ ᠤᠨ ᠪᠠᠶᠢᠭᠤᠯᠤᠯᠲᠠ ᠶᠢᠨ ᠴᠢᠬᠤᠯᠠ ᠦᠷ᠎ᠠ ᠪᠦᠲᠦᠭᠡᠯ ᠪᠤᠯᠤᠨ᠎ᠠ᠃



      ᠡᠨᠡ ᠪᠤᠯ ᠨᠠᠮ ᠤᠨ ᠲᠦᠪ ᠬᠤᠷᠢᠶ᠎ᠠ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠦ᠂ ᠨᠠᠮ ᠤᠨ ᠲᠤᠲᠤᠭᠠᠲᠤ ᠶᠢᠨ ᠲᠤᠪᠤᠶᠢᠮ᠎ᠠ ᠵᠦᠷᠢᠴᠡᠯ ᠪᠤᠯᠤᠨ ᠠᠰᠠᠭᠤᠲᠠᠯ ᠢ ᠴᠢᠭᠯᠡᠭᠦᠯᠤᠯᠳᠤ ᠴᠢᠨᠠᠷᠲᠠᠢ ᠪᠠᠷ ᠰᠢᠢᠳᠪᠦᠷᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠠ ᠮᠦᠨ — —


      ᠲᠦᠷᠦᠭᠦᠭᠡᠡ ᠲᠧᠯᠸᠢᠰ ᠢᠶᠠᠷ ᠨᠡᠪᠲᠡᠷᠡᠭᠦᠯᠦᠭᠰᠡᠡ 《ᠦᠨᠢᠳᠡ ᠵᠤᠭᠰᠤᠰᠢ ᠦᠭᠡᠢ ᠦᠷᠭᠦᠯᠵᠢᠯᠡᠨ᠎ᠡ》 ᠭᠡᠬᠦ ᠲᠤᠰᠬᠠᠢ ᠹᠢᠯᠢᠮ ᠳᠤ ᠢᠯᠡᠴᠢᠯᠡᠭᠰᠡᠡ ᠢᠯᠵᠢᠷᠠᠠ ᠲᠤᠷᠦ᠋ᠢᠲᠠᠭᠰᠠᠳ ᠤᠨ ᠬᠠᠤᠯᠢ ᠶᠢ ᠵᠦᠷᠢᠴᠡᠭᠰᠡᠡ ᠶᠠᠯᠠᠲᠦ ᠠᠵᠢᠯᠯᠠᠭ᠎ᠠ ᠶᠢᠨ ᠦᠨᠡᠡ ᠪᠤᠲᠠᠲᠤ ᠤᠴᠢᠷ ᠤᠳ ᠬᠦᠮᠦᠰ ᠢ ᠰᠤᠴᠢᠭᠠᠮ᠎ᠠ᠂ 《ᠲᠤᠰᠢᠶᠠᠯ ᠠᠴᠠ ᠪᠠᠨ ᠤᠬᠴᠤᠷᠠᠭᠤᠯᠤᠬᠳᠠᠬᠰᠠᠨ》 ᠬᠤᠪᠲᠤᠭ ᠨᠤᠶᠠᠳ ᠤᠨ ᠦᠵᠡᠯ ᠰᠠᠨᠠᠭᠠᠠ ᠶᠢᠨ ᠬᠤᠪᠢᠷᠠᠯᠲᠠ ᠶᠢᠨ ᠶᠠᠪᠤᠴᠠ ᠨᠢ ᠬᠦᠮᠦᠰ ᠢ ᠬᠦᠨ ᠰᠡᠳᠭᠢᠭᠦᠯᠦᠮ᠎ᠠ ᠪᠠᠶᠢᠨ᠎ᠠ᠃
      ᠲᠦᠪ ᠬᠤᠷᠢᠶᠠᠠ ᠤ ᠵᠢᠷᠭᠤᠲᠤᠭᠠᠷ ᠪᠦᠬᠦᠲᠠ ᠬᠤᠷᠠᠯ ᠠᠴᠠ ᠡᠮᠦᠨᠡᠭᠡᠡ ᠡᠨᠡᠬᠦ ᠲᠤᠰᠬᠠᠢ ᠹᠢᠯᠢᠮ ᠢ ᠨᠡᠪᠲᠡᠷᠡᠭᠦᠯᠦᠭᠰᠡᠡ ᠨᠢ ᠨᠠᠮ ᠤᠨ ᠲᠦᠪ ᠬᠤᠷᠢᠶᠠᠠ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠷᠴᠢ ᠵᠤᠷᠢᠭ ᠢ ᠲᠠᠮᠵᠢᠭᠤᠯᠵᠠᠢ ᠭᠡᠵᠦ ᠶᠠᠷᠢᠶ ᠎ᠠ ᠬᠡᠯᠡᠯᠴᠡᠭᠡᠨ ᠤ ᠬᠢᠨ ᠦᠵᠡᠵᠡᠭᠡᠵᠦ ᠪᠤᠢ᠃
      ᠠᠰᠠᠭᠤᠲᠠᠯ ᠢᠶᠠᠷ ᠤᠳᠤᠷᠢᠳᠤᠮᠵᠢ ᠪᠤᠯᠭᠠᠬᠤ᠂ ᠬᠤᠷᠢᠭ᠎ᠠ ᠱᠤᠭᠤᠮ ᠤᠨ ᠰᠡᠳᠭᠢᠭᠦᠢ ᠶᠢ ᠪᠠᠷᠢᠮᠲᠠᠯᠠᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠲᠦᠷᠦ ᠶᠢ ᠵᠠᠰᠠᠵᠦ ᠵᠠᠰᠠᠭ ᠢ ᠡᠷᠬᠢᠯᠡᠬᠦ ᠢᠯᠡ ᠲᠤᠲᠤ ᠬᠡᠪ ᠵᠠᠩᠰᠢᠯ ᠪᠤᠯᠤᠨ᠎ᠠ᠃
      ᠨᠢᠭᠡ ᠬᠤᠭᠤᠴᠠᠭᠠᠠ ᠤ ᠲᠤᠷᠰᠢ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠳᠤ ᠪᠠᠴᠢᠮ ᠰᠢᠢᠳᠪᠦᠷᠢᠯᠡᠬᠦ ᠴᠢᠬᠤᠯᠠᠲᠠᠢ ᠲᠤᠪᠤᠶᠢᠮ᠎ᠠ ᠵᠦᠷᠢᠴᠡᠯ ᠠᠰᠠᠭᠤᠲᠠᠯ ᠢᠯᠡᠷᠡᠵᠠᠢ᠄ ᠵᠠᠷᠢᠮ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠲᠡᠭᠡᠲᠦ ᠲᠡᠰ ᠤᠨ ᠺᠠᠳ᠋ᠷ ᠲᠤ ᠢᠳᠡᠭᠡᠯ ᠪᠢᠰᠢᠷᠠᠯ ᠲᠤᠲᠠᠭᠲᠠᠵᠦ᠂ ᠢᠲᠡᠭᠡᠯ ᠪᠢᠰᠢᠷᠠᠯ ᠨᠢ ᠭᠤᠶᠢᠪᠢᠯᠵᠠᠵᠦ᠂ ᠦᠵᠡᠯ ᠰᠠᠨᠠᠭ᠎ᠠ ᠨᠢ ᠬᠦᠰᠢᠬᠦᠷᠡᠵᠦ᠂ ᠬᠡᠪᠰᠢᠮᠡᠯ ᠵᠠᠩ ᠲᠠᠢ ᠪᠤᠯᠵᠦ᠂ ᠤᠯᠠᠠ ᠲᠦᠮᠡᠡ ᠠᠴᠠ ᠠᠩᠭᠢᠵᠢᠷᠠᠵᠦ᠂ ᠡᠵᠡᠨ ᠮᠡᠳᠡᠵᠤ ᠵᠤᠷᠢᠬ ᠢᠶᠠᠷ ᠢᠶᠠᠨ ᠦᠢᠯᠡᠳᠴᠤ᠂ 《ᠲᠦᠷᠪᠡᠡ ᠰᠤᠷᠲᠠᠯ》 ᠤᠨ ᠠᠰᠠᠭᠤᠲᠠᠯ ᠲᠤᠪᠤᠶᠢᠮ᠎ᠠ ᠤᠷᠤᠰᠢᠵᠦ᠂ ᠲᠤᠳᠤᠨᠤ ᠬᠦᠮᠦᠨ ᠢᠶᠠᠨ ᠬᠡᠷᠡᠭᠯᠡᠬᠦ᠂ ᠨᠤᠶᠠᠠ ᠵᠡᠷᠭᠡ ᠬᠦᠭᠡᠭᠡᠴᠡᠯᠲᠦᠨ ᠭᠤᠶᠤᠬᠤ᠂ ᠨᠤᠶᠠᠠ ᠵᠡᠷᠭᠡ ᠬᠤᠲᠠᠯᠲᠤᠨ ᠠᠪᠬᠤ ᠪᠠ ᠬᠤᠲᠠᠯᠲᠤᠬᠤ᠂ ᠭᠡᠭᠡᠯᠢ ᠲᠦᠯᠬᠢᠵᠦ ᠰᠤᠩᠭᠤᠭᠤᠯᠢ ᠶᠢᠨ ᠪᠢᠯᠧᠲ ᠲᠠᠲᠠᠬᠤ ᠦᠵᠡᠭᠲᠡᠯ ᠢ ᠴᠠᠭᠠᠵᠠᠯᠠᠵᠦ ᠪᠠᠶᠢᠭᠰᠠᠠ ᠴᠤ ᠵᠤᠭᠰᠤᠬᠤ ᠦᠭᠡᠢ᠂ ᠡᠷᠭᠡ ᠶᠢ ᠲᠤᠷ᠎ᠠ ᠪᠠᠷ ᠭᠡᠷᠡᠭᠯᠡᠬᠦ᠂ ᠱᠠᠮᠰᠢᠵᠤ ᠭᠡᠭᠡᠯᠢ ᠬᠠᠭ᠋ᠤᠤᠯᠢ ᠢᠲᠡᠬᠦ᠂ ᠢᠯᠵᠢᠷᠠᠠ ᠲᠤᠷᠦ᠋ᠢᠲᠠᠬᠤ᠂ ᠬᠠᠤᠯᠢ ᠶᠢ ᠵᠦᠷᠢᠴᠡᠵᠦ ᠰᠠᠬᠢᠯᠭ᠎ᠠ ᠶᠢ ᠰᠠᠮᠠᠭᠤᠷᠠᠭᠤᠯᠬᠤ ᠦᠵᠡᠭᠲᠡᠯ ᠡᠭᠦᠰᠴᠤ ᠲᠡᠯᠭᠡᠷᠡᠵᠠᠢ᠃ ᠢᠯᠠᠩᠭᠤᠶ᠎ᠠ ᠲᠡᠭᠡᠲᠦ ᠲᠡᠰ ᠤᠨ ᠺᠠᠳ᠋ᠷ ᠤᠨ ᠲᠤᠳᠤᠷᠠᠬᠢ ᠲᠦᠢᠯ ᠤᠨ ᠴᠦᠭᠡᠡ ᠲᠤᠭᠠᠠ ᠤ ᠬᠦᠮᠦᠰ ᠤᠨ ᠤᠯᠤᠰ ᠲᠦᠷᠦ ᠶᠢᠨ ᠵᠡᠷᠯᠢᠭ ᠰᠠᠨᠠᠭ᠎ᠠ ᠨᠢ ᠶᠡᠬᠡᠳᠴᠤ᠂ ᠡᠷᠬᠡ ᠪᠠᠷᠢᠬᠤ ᠬᠦᠰᠡᠯ ᠳᠤ ᠰᠢᠨᠤᠵᠤ᠂ ᠢᠯᠡ ᠪᠠᠷ ᠲᠠᠭᠠᠵᠤ ᠲᠠᠯᠳᠠᠭᠤᠷ ᠵᠦᠷᠢᠴᠡᠬᠦ᠂ ᠠᠶᠢᠮᠠᠬᠴᠢᠯᠠᠨ ᠪᠦᠯᠦᠭᠯᠡᠬᠦ᠂ ᠡᠪᠰᠡᠯ ᠪᠦᠯᠦᠭ ᠪᠠᠶᠢᠭᠤᠯᠬᠤ᠂ ᠡᠷᠬᠡ ᠲᠤᠰᠢᠶᠠᠯ ᠤᠯᠬᠤ ᠪᠠᠷ ᠬᠦᠭᠡᠭᠡᠴᠡᠯᠳᠤᠬᠦ ᠵᠡᠷᠭᠡ ᠤᠯᠤᠰ ᠲᠦᠷᠦ ᠶᠢᠨ ᠤᠪ ᠮᠡᠬᠡᠳᠤ ᠠᠵᠢᠯᠯᠠᠭ᠎ᠠ ᠬᠢᠵᠤ ᠪᠤᠢ᠃ ᠨᠠᠮ ᠤᠨ ᠲᠤᠲᠤᠭᠠᠲᠤ ᠶᠢᠨ ᠬᠢᠨᠠᠯᠲᠠ ᠳᠤ ᠪᠠᠰᠠ ᠭᠤᠤᠯ ᠴᠤᠭᠴᠠ ᠶᠢᠨ ᠬᠠᠷᠢᠭᠤᠴᠠᠯᠭ᠎ᠠ ᠲᠤᠲᠠᠭᠲᠠᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠲᠤᠲᠠᠭᠲᠠᠬᠤ᠂ ᠨᠠᠮ ᠢ ᠬᠠᠮᠢᠶᠠᠷᠴᠤ ᠨᠠᠮ ᠢ ᠵᠠᠰᠠᠬᠤ ᠳᠤ ᠠᠭᠤᠵᠢᠮ ᠰᠤᠯᠠ ᠪᠠᠭᠤᠷᠠᠢ ᠪᠠᠶᠢᠬᠤ ᠵᠡᠷᠭᠡ ᠠᠰᠠᠭᠤᠲᠠᠯ ᠤᠷᠤᠰᠢᠵᠦ ᠪᠠᠶᠢᠨ᠎ᠠ᠃
      ᠶᠡᠷᠦᠩᠭᠡᠢ ᠱᠦᠵᠢ ᠰᠢ ᠶᠢᠨ ᠫᠢᠩ ᠤᠨ ᠭᠡᠯᠡᠭᠰᠡᠨᠴᠢᠯᠡᠨ᠂ ᠤᠯᠤᠰ ᠲᠦᠷᠦ ᠶᠢᠨ ᠠᠮᠢ ᠠᠬᠤᠢ ᠨᠢ ᠪᠠᠶᠢᠭᠠᠯᠢ ᠶᠢᠨ ᠠᠮᠢ ᠠᠬᠤᠢ ᠲᠠᠢ ᠠᠳᠠᠯᠢ ᠪᠠᠷ᠂ ᠪᠠᠭ᠎ᠠ ᠯᠠ ᠬᠢᠴᠢᠶᠡᠬᠦ ᠦᠭᠡᠢ ᠪᠤᠯᠤᠭᠰᠠᠭᠠᠷ ᠬᠢᠯᠪᠠᠷᠬᠠᠠ ᠪᠤᠬᠢᠷᠲᠤᠵᠦ᠂ ᠠᠰᠠᠭᠤᠲᠠᠯ ᠭᠠᠷᠪᠠᠯ᠂ ᠲᠠᠬᠢᠨ ᠰᠡᠷᠭᠦᠭᠡᠬᠦ ᠳᠤ ᠮᠠᠰᠢ ᠶᠡᠭᠡ ᠦᠨ᠎ᠠ ᠲᠦᠯᠦᠪᠦᠷᠢ ᠭᠠᠷᠭᠠᠬᠤ ᠪᠤᠯᠤᠨ᠎ᠠ᠃ ᠨᠠᠮ ᠤᠨ ᠲᠤᠲᠤᠭᠠᠲᠤ ᠳᠤ ᠤᠷᠤᠰᠢᠵᠦ ᠪᠠᠶᠢᠭ᠎ᠠ ᠲᠤᠪᠤᠶᠢᠮ᠎ᠠ ᠵᠦᠷᠢᠴᠡᠯ ᠠᠰᠠᠭᠤᠲᠠᠯ ᠢ ᠰᠠᠶᠢᠲᠤᠷ ᠰᠢᠢᠳᠪᠦᠷᠢᠯᠡᠵᠦ᠂ ᠨᠠᠮ ᠳᠤ ᠲᠤᠯᠭᠠᠷᠠᠵᠦ ᠪᠠᠶᠢᠭ᠎ᠠ ᠴᠢᠬᠤᠯᠠ ᠶᠡᠭᠡ ᠦᠷᠢᠰᠦᠯᠲᠦᠭᠡᠡ ᠠᠶᠤᠯ ᠢ ᠪᠦᠲᠦᠮᠵᠢᠲᠠᠢ ᠨᠠᠮᠲᠠᠭᠤᠯᠬᠤ ᠳᠤ ᠮᠠᠰᠢ ᠴᠢᠬᠤᠯᠠ ᠨᠢᠭᠡ ᠶᠠᠪᠤᠲᠠᠯ ᠭᠡᠪᠡᠯ᠂ ᠲᠦᠷᠢᠮ ᠢ ᠲᠡᠭᠦᠯᠲᠡᠷᠵᠢᠭᠦᠯᠦᠨ ᠵᠢᠷᠤᠮᠵᠢᠭᠤᠯᠵᠦ᠂ ᠪᠦᠷᠢᠨᠰᠢᠭᠦᠯᠵᠤ᠂ ᠲᠦᠷᠢᠮ ᠤᠨ ᠰᠢᠩᠭᠡᠯᠢᠭ ᠢ ᠪᠠᠬᠢᠯᠡᠬᠦ ᠶᠠᠪᠤᠳᠠᠯ ᠪᠤᠯᠤᠨ᠎ᠠ᠃
      ᠤᠲᠤᠬᠠᠠ ᠤ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠪᠤᠯᠤᠨ ᠨᠠᠮ ᠤᠨ ᠲᠤᠲᠤᠭᠠᠲᠤ ᠶᠢᠨ ᠬᠢᠨᠠᠯᠲᠠ ᠳᠤ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠲᠠᠯ ᠪᠤᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠵᠦ᠂ ᠡᠷᠭᠡ᠂ ᠬᠠᠷᠢᠭᠤᠴᠠᠯᠭ᠎ᠠ᠂ ᠡᠬᠦᠷᠭᠡᠯᠡᠯ ᠢᠶᠠᠷ ᠭᠤᠤᠯᠲᠠᠭᠤᠯᠵᠦ ᠲᠦᠷᠢᠮ ᠢ ᠵᠢᠷᠤᠵᠦ ᠲᠦᠯᠦᠪᠯᠡᠡ᠂ ᠤᠨᠤᠯ᠂ ᠦᠵᠡᠯ ᠰᠠᠨᠠᠭ᠎ᠠ᠂ ᠲᠦᠷᠢᠮ ᠢᠶᠠᠷ ᠭᠤᠤᠯᠲᠠᠭᠤᠯᠤᠨ ᠰᠢᠰᠲ᠋ᠧᠮ ᠢ ᠪᠠᠶᠢᠭᠤᠯᠵᠦ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ᠪᠤᠯᠬᠢᠴᠢᠯᠠᠬᠤ᠂ ᠲᠤᠷᠠᠴᠢᠯᠠᠬᠤ᠂ ᠶᠡᠷᠦᠮᠳᠡᠭᠴᠢᠯᠡᠬᠦ ᠪᠠ ᠨᠠᠮ ᠤᠨ ᠲᠤᠲᠤᠭᠠᠲᠤ ᠶᠢᠨ ᠬᠢᠨᠠᠯᠲᠠ ᠶᠢᠨ ᠲᠦᠷᠢᠮ ᠲᠡᠭᠦᠯᠲᠡᠷ ᠪᠤᠰᠤ᠂ ᠲᠤᠤᠱᠳᠠᠢ ᠨᠠᠶᠢᠳᠠᠪᠤᠷᠢᠵᠢᠭᠤᠯᠤᠬᠰᠠᠨ ᠦᠭᠡᠢ᠂ ᠬᠠᠷᠢᠭᠤᠴᠠᠯᠭ᠎ᠠ ᠲᠤᠲᠤ ᠦᠭᠡᠢ᠂ ᠴᠢᠩᠭ᠎ᠠ ᠭᠡᠷᠡᠭᠵᠢᠭᠦᠯᠦᠭᠰᠡᠡ ᠦᠭᠡᠢ ᠵᠡᠷᠭᠡ ᠠᠰᠠᠭᠤᠲᠠᠯ ᠢ ᠴᠢᠷᠮᠠᠶᠢᠨ ᠰᠢᠢᠳᠪᠦᠷᠢᠯᠡᠬᠦ ᠪᠤᠯ 《ᠪᠠᠷᠢᠮᠵᠢᠶ᠎ᠠ》 《ᠲᠦᠷᠢᠮ》 ᠢ ᠲᠤᠭᠲᠠᠭᠠᠬᠤ ᠢᠯᠡ ᠲᠤᠲᠤᠷᠬᠠᠢ ᠴᠢᠭᠯᠡᠯ ᠪᠤᠯᠤᠨ᠎ᠠ᠃

      ᠠᠷᠠᠳᠴᠢᠯᠠᠯ ᠢ ᠪᠠᠲᠠᠷᠠᠭᠤᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠦ᠂ ᠨᠠᠮ ᠤᠨ
      ᠲᠦᠷᠢᠮ ᠤᠨ ᠪᠠᠶᠢᠭᠤᠯᠤᠯᠲᠠ ᠶᠢᠨ ᠰᠢᠨ᠎ᠠ ᠤᠷᠤᠨ ᠵᠠᠢ ᠶᠢ ᠦᠷᠭᠡᠳᠭᠡᠪᠡ


      《ᠪᠠᠷᠢᠮᠵᠢᠶ᠎ᠠ》 ᠶᠢ ᠲᠤᠭᠲᠠᠭᠠᠵᠦ᠂ 《ᠲᠦᠷᠢᠮ》 ᠳᠤ ᠵᠠᠰᠠᠪᠤᠷᠢ ᠤᠷᠤᠭᠤᠯᠬᠤ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠦᠨᠲᠦᠷ ᠲᠤ ᠵᠤᠭᠰᠤᠠ ᠠᠯᠤᠰ ᠢ ᠪᠠᠷᠠᠭᠠᠯᠠᠭᠰᠠᠠ ᠪᠠᠶᠢᠯᠲᠤᠬᠤ ᠪᠤᠲᠤᠯᠭ᠎ᠠ ᠶᠢᠨ ᠰᠢᠢᠳᠪᠦᠷᠢᠲᠦ ᠪᠤᠲᠤᠯᠭ᠎ᠠ ᠮᠦᠨ᠃
      ᠨᠠᠮ ᠤᠨ ᠤᠯᠠᠠ ᠲᠦᠮᠡᠡᠴᠢ ᠱᠤᠭᠤᠮ ᠤᠨ ᠬᠦᠮᠦᠵᠢᠯ ᠦᠢᠯᠡᠲᠦᠯᠭᠡ ᠶᠢᠨ ᠠᠵᠢᠯᠯᠠᠭ᠎ᠠ ᠪᠤᠯᠤᠨ 《ᠭᠤᠷᠪᠠᠠ ᠴᠢᠩᠭ᠎ᠠ ᠭᠤᠷᠪᠠᠠ ᠪᠤᠲᠠᠲᠠᠢ》 ᠲᠤᠰᠬᠠᠢ ᠰᠡᠳᠦᠪ ᠤᠨ ᠬᠦᠮᠦᠵᠢᠯ ᠲᠤᠮᠲᠠ᠂ ᠴᠦᠭᠡᠡ ᠪᠤᠰᠤ ᠨᠦᠬᠦᠳ ᠰᠢᠨ᠎ᠠ ᠪᠠᠶᠢᠲᠠᠯ ᠲᠠᠢ ᠤᠶᠠᠯᠲᠤᠭᠤᠯᠵᠦ᠂ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠴᠢᠩᠭᠠᠳᠬᠠᠵᠤ ᠵᠢᠷᠤᠮᠵᠢᠭᠤᠯᠬᠤ ᠪᠢᠴᠢᠭ ᠮᠠᠲ᠋ᠧᠷᠢᠶᠠᠯ ᠢ ᠲᠤᠭᠲᠠᠭᠠᠬᠤ ᠪᠤᠯᠳᠤᠭᠠᠢ ᠭᠡᠵᠦ ᠰᠠᠨᠠᠭᠤᠯᠤᠭᠰᠠᠠ ᠪᠠᠶᠢᠨ᠎ᠠ᠃
      2014 ᠤᠨ ᠤ 1 ᠰᠠᠷ᠎ᠠ ᠳᠤ᠂ ᠶᠡᠷᠦᠩᠭᠡᠢ ᠱᠦᠵᠢ ᠰᠢ ᠶᠢᠨ ᠫᠢᠩ ᠠᠴᠠ ᠯᠢᠤ ᠶᠦᠨ ᠱᠠᠠ ᠨᠦᠬᠦᠷ᠂ ᠸᠠᠩ ᠴᠢ ᠱᠠᠠ ᠨᠦᠬᠦᠷ ᠲᠤ ᠦᠭᠭᠦᠭᠰᠡᠡ ᠴᠤᠬᠤᠯᠠᠪᠤᠷᠢ ᠳᠠᠭᠠᠨ᠄ 《ᠵᠤᠬᠢᠰᠳᠠᠢ ᠴᠠᠭ ᠲᠤ ᠲᠦᠪ ᠠᠴᠠ ᠰᠢᠨ᠎ᠠ ᠪᠠᠶᠢᠲᠠᠯ ᠲᠤᠤᠷ᠎ᠠ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠴᠢᠩᠭᠠᠳᠬᠠᠵᠤ ᠵᠢᠷᠤᠮᠵᠢᠭᠤᠯᠬᠤ ᠲᠤᠬᠠᠢ ᠲᠤᠭᠲᠠᠭᠠᠯ ᠭᠠᠷᠭᠠᠵᠦ᠂ ᠰᠢᠨ᠎ᠠ ᠱᠠᠭᠠᠷᠲᠠᠯᠭ᠎ᠠ ᠲᠤᠷᠠᠳᠬᠤ ᠭᠡᠷᠡᠭᠲᠡᠢ》 ᠭᠡᠵᠦ ᠵᠢᠭᠠᠪᠤᠷᠢᠯᠠᠪᠠ᠃
      2015 ᠤᠨ ᠤ 1 ᠰᠠᠷ᠎ᠠ ᠳᠤ᠂ 2016 ᠤᠨ ᠤ 1 ᠰᠠᠷ᠎ᠠ ᠳᠤ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠲᠠᠪᠤᠲᠤᠭᠠᠷ᠂ ᠵᠢᠷᠭᠤᠲᠤᠭᠠᠷ ᠪᠦᠬᠦᠲᠠ ᠬᠤᠷᠠᠯ ᠲᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠪᠠᠰᠠ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠦᠷᠢᠮ ᠢ ᠲᠤᠬᠳᠠᠭᠠᠵᠤ ᠲᠡᠭᠦᠯᠲᠡᠷᠵᠢᠭᠦᠯᠬᠦ ᠲᠤᠬᠠᠢ ᠲᠤᠲᠤᠷᠬᠠᠢ ᠱᠠᠭᠠᠷᠲᠠᠯᠭ᠎ᠠ ᠲᠤᠷᠠᠳᠴᠠᠢ᠃
      ᠶᠡᠷᠦᠩᠭᠡᠢ ᠱᠦᠵᠢ ᠰᠢ ᠶᠢᠨ ᠫᠢᠩ ᠤᠨ ᠴᠤᠬᠤᠯᠠᠪᠤᠷᠢ ᠪᠠ ᠱᠠᠭᠠᠷᠲᠠᠯᠭ᠎ᠠ ᠪᠠᠷ᠂ ᠬᠤᠶᠠᠷ ᠪᠢᠴᠢᠭ ᠮᠠᠲ᠋ᠧᠷᠢᠶᠠᠯ ᠢ ᠲᠤᠭᠲᠠᠭᠠᠠ ᠵᠠᠰᠠᠪᠤᠷᠢ ᠤᠷᠤᠭᠤᠯᠬᠤ ᠡᠮᠦᠨᠡᠬᠢ ᠬᠤᠭᠤᠴᠠᠭᠠᠠ ᠤ ᠪᠡᠯᠡᠳᠭᠡᠯ ᠠᠵᠢᠯ ᠢ ᠦᠳᠲᠡᠷ ᠲᠦᠷᠭᠡᠡ ᠦᠷᠨᠢᠭᠦᠯᠵᠦ᠂ ᠲᠤᠰ ᠲᠤᠰ ᠲᠤᠨᠢ ᠠᠬᠢᠭᠤᠯᠵᠠᠢ᠃ 2014 ᠤᠨ ᠠᠴᠠ ᠡᠬᠢᠯᠡᠵᠦ᠂ ᠬᠤᠯᠪᠤᠭᠲᠠᠯ ᠪᠦᠬᠦᠢ ᠨᠦᠬᠦᠳ ᠤᠷᠤᠯᠴᠠᠭᠰᠠᠠ ᠠᠵᠢᠯᠯᠠᠬᠤ ᠲᠤᠭᠤᠢᠢᠯᠠᠩ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠢ ᠴᠢᠩᠭᠠᠳᠬᠠᠬᠤ ᠠᠰᠠᠭᠤᠲᠠᠯ ᠤᠨ ᠲᠤᠬᠠᠢ ᠪᠠᠶᠢᠴᠠᠭᠠᠠ ᠰᠤᠲᠤᠯᠤᠯᠲᠠ ᠬᠢᠵᠦ᠂ ᠠᠩᠬ᠎ᠠ ᠠᠯᠬᠤᠮ ᠤᠨ ᠦᠷ᠎ᠠ ᠪᠦᠲᠦᠮᠵᠢ ᠤᠯᠪᠠ᠃ 2015 ᠤᠨ ᠤ ᠲᠤᠤᠷᠠᠳᠤ ᠬᠠᠭᠠᠰ ᠵᠢᠯ ᠠᠴᠠ ᠡᠬᠢᠯᠡᠵᠦ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠤᠯᠭ᠎ᠠ ᠤᠷᠢᠳ ᠬᠤᠵᠢᠳ 7 ᠤᠲᠠᠭ᠎ᠠ ᠲᠤᠰᠬᠠᠢ ᠰᠡᠲᠦᠪᠲᠦ ᠬᠤᠷᠠᠯ ᠬᠤᠷᠠᠯᠲᠤᠭᠤᠯᠵᠦ᠂ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠦᠷᠢᠮ ᠳᠤ ᠵᠠᠰᠠᠪᠤᠷᠢ ᠤᠷᠤᠭᠤᠯᠬᠤ ᠠᠵᠢᠯ ᠢ ᠰᠤᠲᠤᠯᠵᠠᠢ᠃
      2016 ᠤᠨ ᠤ 2 ᠰᠠᠷ᠎ᠠ ᠳᠤ᠂ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ ᠲᠤᠭᠲᠠᠭᠠᠯ ᠭᠠᠷᠭᠠᠵᠦ᠂ ᠨᠠᠮ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠬᠤᠷᠢᠶᠠᠠ ᠤ ᠵᠢᠷᠭᠤᠲᠤᠭᠠᠷ ᠪᠦᠬᠦᠲᠠ ᠬᠤᠷᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠬᠠᠤ ᠠᠰᠠᠭᠤᠲᠠᠯ ᠢ ᠲᠤᠰᠬᠠᠢ ᠰᠡᠲᠦᠪ ᠢᠶᠠᠷ ᠰᠤᠲᠤᠯᠬᠤ ᠪᠠᠷ ᠪᠤᠯᠪᠠ᠂ ᠡᠶᠢᠨᠬᠦ ᠰᠢᠨ᠎ᠠ ᠪᠠᠶᠢᠲᠠᠯ ᠲᠤᠤᠷᠠᠬᠢ ᠨᠠᠮ ᠤᠨ ᠲᠤᠲᠤᠭᠠᠲᠤ ᠶᠢᠨ ᠤᠯᠤᠰ ᠲᠦᠷᠦ ᠶᠢᠨ ᠠᠮᠢᠲᠤᠷᠠᠯ ᠤᠨ ᠪᠠᠷᠢᠮᠵᠢᠶ᠎ᠠ ᠨᠤᠭᠤᠳ ᠢ ᠲᠤᠭᠲᠠᠭᠠᠵᠦ᠂ 《ᠲᠤᠮᠲᠠᠲᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠲᠤᠭᠠᠲᠤ ᠶᠢᠨ ᠬᠢᠨᠠᠯᠲᠠ ᠲᠠᠯᠪᠢᠬᠤ ᠲᠦᠷᠢᠮ ︵ᠲᠤᠷᠰᠢᠨ ᠭᠡᠷᠡᠭᠵᠢᠭᠦᠯᠬᠦ︶》 ᠳᠤ ᠵᠠᠰᠠᠪᠤᠷᠢ ᠤᠷᠤᠭᠤᠯᠬᠤ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠠᠯᠪᠠᠠ ᠶᠤᠰᠤ ᠪᠠᠷ ᠡᠬᠢᠯᠡᠭᠰᠡᠡ ᠪᠠᠶᠢᠨ᠎ᠠ᠃
      — ᠪᠡᠶ᠎ᠠ ᠪᠠᠷ ᠢᠶᠠᠨ ᠲᠤᠭᠤᠢᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠲᠠᠭᠠᠭᠤᠯᠤᠨ ᠬᠢᠵᠦ᠂ ᠶᠡᠷᠦᠩᠭᠡᠢ ᠱᠦᠵᠢ ᠰᠢ ᠶᠢᠨ ᠫᠢᠩ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳ᠋ᠤ᠋ ᠴᠢᠭᠯᠡᠯ ᠢ ᠵᠢᠭᠠᠵᠦ ᠦᠭᠴᠠᠢ᠃
      2016 ᠤᠨ ᠤ 3 ᠰᠠᠷ᠎ᠠ ᠶᠢᠨ 1 ᠤ ᠡᠲᠦᠷ᠂ ᠵᠦᠩ ᠨᠠᠠ ᠬᠠᠢ ᠶᠢᠨ ᠬᠤᠸᠠᠢ ᠷᠸᠠ ᠲᠠᠩ ᠳᠤ᠃
      ᠶᠡᠷᠦᠩᠭᠡᠢ ᠱᠦᠵᠢ ᠰᠢ ᠶᠢᠨ ᠫᠢᠩ ᠨᠠᠮ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠬᠤᠷᠢᠶᠠᠠ ᠤ ᠵᠢᠷᠭᠤᠲᠤᠭᠠᠷ ᠪᠦᠬᠦᠲᠠ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠲᠤᠭᠤᠢᠢᠯᠠᠩ ᠤᠨ ᠠᠩᠬᠠᠲᠤᠭᠠᠷ ᠤᠲᠠᠭ᠎ᠠ ᠶᠢᠨ ᠪᠦᠬᠦᠲᠠ ᠬᠤᠷᠠᠯ ᠢ ᠬᠤᠷᠠᠯᠲᠤᠭᠤᠯᠵᠠᠢ᠃ ᠬᠤᠷᠠᠯ ᠠᠴᠠ ᠲᠤᠭᠤᠷᠪᠢᠬᠤ ᠲᠤᠭᠤᠢᠢᠯᠠᠩ ᠠᠯᠪᠠᠠ ᠶᠤᠰᠤ ᠪᠠᠷ ᠪᠠᠶᠢᠭᠤᠯᠤᠭᠲᠠᠵᠦ᠂ ᠶᠡᠷᠦᠩᠭᠡᠢ ᠱᠦᠵᠢ ᠰᠢ ᠶᠢᠨ ᠫᠢᠩ ᠲᠤᠭᠤᠢᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠯᠢᠤ ᠶᠦᠨ ᠱᠠᠠ ᠨᠦᠬᠦᠷ᠂ ᠸᠠᠩ ᠴᠢ ᠱᠠᠠ ᠨᠦᠬᠦᠷ ᠲᠤᠭᠤᠢᠢᠯᠠᠩ ᠤᠨ ᠲᠡᠳ᠋ ᠲᠠᠷᠤᠭ᠎ᠠ ᠶᠢᠨ ᠲᠤᠰᠢᠶᠠᠯ ᠢ ᠬᠠᠷᠢᠭᠤᠴᠠᠨ᠎ᠠ ᠭᠡᠵᠤ ᠨᠡᠶᠢᠲᠡᠯᠡᠪᠡ᠃
      ᠪᠢᠴᠢᠭ ᠮᠠᠲ᠋ᠧᠷᠢᠶᠠᠯ ᠢ ᠲᠤᠭᠤᠷᠪᠢᠬᠤ ᠲᠤᠭᠤᠢᠢᠯᠠᠩ ᠤᠨ ᠡᠩᠨᠡᠭᠡ ᠮᠠᠰᠢ ᠶᠡᠭᠡ ᠪᠦᠭᠡᠳ ᠬᠦᠴᠦᠨ ᠲᠠᠢ ᠪᠠᠶᠢᠯ᠎ᠠ᠂ ᠨᠠᠮ ᠪᠠ ᠲᠦᠷᠦ ᠶᠢᠨ 15 ᠤᠳᠤᠷᠢᠳᠤᠯᠭ᠎ᠠ ᠪᠠᠶᠢᠬᠤ ᠠᠴᠠ ᠭᠠᠲᠠᠨ᠎ᠠ ᠪᠠᠰᠠ ᠨᠠᠮ ᠪᠠ ᠲᠦᠷᠤ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ 73 ᠨᠦᠬᠦᠳ ᠪᠠᠶᠢᠨ᠎ᠠ᠂ ᠡᠭᠦᠨ ᠳᠤ ᠶᠠᠮᠤᠨ ᠤ ᠲᠡᠰ ᠠᠴᠠ ᠲᠡᠭᠡᠭᠰᠢᠬᠢ ᠨᠦᠬᠦᠳ 33 ᠪᠠᠶᠢᠨ᠎ᠠ᠂ ᠪᠠᠰᠠ ᠤᠷᠤᠨ ᠨᠤᠲᠤᠭ ᠤᠨ ᠨᠠᠮ ᠤᠨ ᠬᠤᠷᠢᠶᠠᠠ ᠤ 2 ᠭᠤᠤᠯ ᠬᠠᠷᠢᠭᠤᠴᠠᠯᠭᠠᠲᠠᠠ ᠢ ᠤᠷᠤᠯᠴᠠᠭᠤᠯᠵᠠᠢ᠃
      ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢᠮᠠᠬᠳᠠ ᠶᠡᠷᠦᠩᠭᠡᠢ ᠱᠦᠵᠢ ᠶᠢᠨ ᠤᠲᠤᠷᠢᠲᠤᠯᠭ᠎ᠠ ᠲᠤᠤᠷ᠎ᠠ ᠶᠠᠪᠤᠭᠲᠠᠬᠰᠠᠭᠠᠷ ᠢᠷᠡᠵᠠᠢ᠄ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠬᠤᠯᠪᠤᠭᠲᠠᠬᠤ ᠴᠢᠬᠤᠯᠠ ᠶᠡᠭᠡ ᠤᠨᠤᠯ ᠪᠤᠯᠤᠨ ᠪᠤᠲᠠᠲᠤ ᠠᠰᠠᠭᠤᠲᠠᠯ ᠢ ᠵᠢᠭᠠᠠ ᠵᠢᠯᠤᠭᠤᠳᠴᠤ᠂ 《ᠪᠠᠷᠢᠮᠵᠢᠶ᠎ᠠ》 ᠶᠢ ᠲᠤᠭᠲᠠᠭᠠᠬᠤ ᠦᠨᠲᠦᠰᠦᠨ ᠪᠠᠶᠢᠷᠢ ᠲᠤᠭᠲᠠᠭᠠᠯᠲᠠ᠂ ᠦᠨᠲᠦᠰᠦᠨ ᠱᠠᠭᠠᠷᠲᠠᠯᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠵᠢᠭᠠᠠ ᠭᠠᠷᠭᠠᠵᠦ᠂ 《ᠲᠦᠷᠢᠮ》 ᠳᠤ ᠵᠠᠰᠠᠪᠤᠷᠢ ᠤᠷᠤᠭᠤᠯᠬᠤ ᠳᠤ ᠲᠤᠪᠤᠶᠢᠯᠭᠠᠵᠤ ᠠᠳᠬᠤᠬᠤ ᠠᠰᠠᠭᠤᠲᠠᠯ ᠢ ᠲᠤᠲᠤᠷᠬᠠᠢᠢᠯᠠᠵᠠᠢ︔ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠩᠭᠤᠢᠢᠯᠠᠭᠰᠠᠠ ᠪᠠᠶᠢᠲᠠᠯ ᠤᠨ ᠲᠤᠬᠠᠢ ᠮᠡᠲᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠴᠤ᠂ ᠪᠢᠴᠢᠭ ᠮᠠᠲ᠋ᠧᠷᠢᠶᠠᠯ ᠤᠨ ᠪᠦᠲᠦᠭᠦᠪᠴᠢ ᠲᠦᠰᠦᠯ ᠢ ᠰᠤᠲᠤᠯᠤᠨ ᠲᠤᠭᠲᠠᠭᠠᠵᠠᠢ︔ ᠪᠢᠴᠢᠭ ᠮᠠᠲ᠋ᠧᠷᠢᠶᠠᠯ ᠤᠨ ᠡᠭᠡ ᠨᠤᠤᠷᠠᠭ ᠤᠨ ᠪᠦᠲᠦᠭᠦᠪᠴᠢ ᠵᠠᠷᠴᠢᠮ ᠪᠤᠯᠤᠨ ᠦᠨᠲᠦᠰᠦᠨ ᠠᠭᠤᠯᠭ᠎ᠠ ᠶᠢ ᠡᠷᠭᠢᠯᠡᠡ ᠶᠠᠷᠢᠯᠴᠠᠵᠦ᠂ ᠵᠠᠰᠠᠪᠤᠷᠢ ᠤᠷᠤᠭᠤᠯᠵᠦ ᠲᠡᠭᠦᠯᠲᠡᠷᠵᠢᠭᠦᠯᠬᠦ ᠪᠤᠲᠠᠲᠠᠢ ᠱᠠᠭᠠᠷᠲᠠᠯᠭ᠎ᠠ ᠲᠤᠷᠠᠲᠤᠭᠰᠠᠠ ᠪᠠᠶᠢᠨ᠎ᠠ ᠁
      ᠶᠡᠭᠡ ᠴᠢᠭᠯᠡᠯ ᠦᠨᠳᠦᠰᠦᠨ ᠬᠦᠭ ᠠᠶᠠᠰ ᠢ ᠪᠠᠲᠤ ᠡᠵᠡᠮᠲᠡᠭᠰᠡᠡ ᠪᠦᠭᠡᠳ ᠪᠤᠲᠠᠲᠠᠢ ᠰᠡᠳᠭᠢᠴᠡ ᠪᠤᠯᠤᠨ ᠠᠷᠭ᠎ᠠ ᠶᠢ ᠲᠤᠲᠤᠷᠬᠠᠢ ᠲᠤᠷᠠᠳᠴᠠᠢ᠃



      ᠲᠡᠤᠬᠡ ᠶᠢᠨ ᠬᠠᠷᠢᠴᠠᠭ᠎ᠠ ᠬᠤᠯᠪᠤᠭ᠎ᠠ ᠶᠢ ᠲᠤᠳᠤᠷᠬᠠᠢᠢᠯᠠᠵᠤ᠂ ᠡᠮᠦᠨᠡᠬᠢ
      ᠬᠤᠭᠤᠴᠠᠭᠠᠠ ᠤ ᠪᠡᠯᠡᠳᠭᠡᠯ ᠠᠵᠢᠯ ᠢ ᠰᠠᠶᠢᠲᠤᠷ ᠬᠢᠪᠠ — —


      ᠶᠡᠷᠦᠩᠭᠡᠢ ᠱᠦᠵᠢ ᠰᠢ ᠶᠢᠨ ᠫᠢᠩ ᠤᠨ 《ᠬᠦᠨᠵᠡᠭᠡᠢ ᠰᠤᠷᠤᠯᠴᠠᠵᠦ᠂ ᠪᠠᠶᠢᠴᠠᠭᠠᠠ ᠰᠤᠲᠤᠯᠤᠯᠲᠠ ᠬᠢᠬᠦ ᠪᠠᠨ ᠴᠢᠩᠭᠠᠳᠬᠠᠬᠤ ᠭᠡᠷᠡᠭᠲᠡᠢ》 ᠭᠡᠰᠡᠡ ᠱᠠᠭᠠᠷᠲᠠᠯᠭ᠎ᠠ ᠶᠢ ᠦᠨᠲᠦᠰᠦᠯᠡᠵᠦ᠂ ᠲᠤᠭᠤᠷᠪᠢᠬᠤ ᠲᠤᠭᠤᠢᠢᠯᠠᠩ ᠤᠨ ᠬᠢᠨ ᠨᠠᠮ ᠤᠨ ᠲᠡᠤᠬᠡᠡ ᠲᠡᠭᠡᠷᠡᠬᠢ ᠪᠤᠢ ᠪᠦᠬᠦᠢ ᠬᠤᠯᠪᠤᠭᠲᠠᠯ ᠪᠦᠬᠦᠢ ᠪᠢᠴᠢᠭ ᠮᠠᠲ᠋ᠧᠷᠢᠶᠠᠯ ᠬᠠᠤᠯᠢ ᠲᠦᠷᠢᠮ᠂ ᠮᠠᠷᠺᠰ ᠤᠨ ᠦᠵᠡᠯ ᠤᠨ ᠰᠤᠩᠭᠤᠲᠠᠭ ᠪᠦᠲᠦᠭᠡᠯ ᠪᠤᠯᠤᠨ ᠨᠠᠮ ᠤᠨ ᠦᠶ᠎ᠡ ᠪᠦᠷᠢ ᠶᠢᠨ ᠤᠲᠤᠷᠢᠲᠤᠭᠴᠢ ᠶᠢᠨ ᠬᠤᠯᠪᠤᠭᠲᠠᠯ ᠪᠦᠬᠦᠢ ᠦᠭᠦᠯᠡᠯᠳᠡ ᠶᠢ ᠡᠮᠬᠢᠳᠭᠡᠨ ᠴᠤᠭᠯᠠᠭᠤᠯᠵᠦ᠂ ᠢᠯᠠᠩᠭᠤᠶ᠎ᠠ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢᠬᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠲᠡᠷᠡᠴᠢᠯᠡᠨ ᠭᠠᠲᠠᠭᠠᠲᠤ ᠶᠢᠨ ᠲᠦᠷᠦ ᠶᠢᠨ ᠨᠠᠮ ᠤᠨ ᠬᠢᠨᠠᠯᠲᠠ ᠲᠠᠯᠪᠢᠬᠤ ᠬᠤᠯᠪᠤᠭᠲᠠᠯ ᠪᠦᠬᠦᠢ ᠲᠦᠷᠢᠮ ᠢ ᠲᠤᠯᠢ ᠪᠤᠯᠭᠠᠵᠤ ᠠᠰᠢᠬᠯᠠᠪᠠ᠃
      3 ᠰᠠᠷ᠎ᠠ ᠶᠢᠨ ᠳᠤᠮᠳᠡᠴᠢ ᠪᠠᠷ᠂ 《ᠴᠢᠬᠤᠯᠠ ᠲᠤᠯᠭᠤᠷ ᠪᠢᠴᠢᠭ ᠤᠨ ᠡᠮᠬᠢᠳᠬᠡᠯ》 ᠬᠡᠬᠦ ᠮᠤᠨᠳᠠᠬ ᠤᠯᠠᠨ ᠨᠢᠭᠤᠷ ᠬᠠᠭᠤᠳᠠᠰᠤ ᠲᠠᠢ ᠳᠦᠷᠪᠡᠨ ᠪᠤᠳᠢ ᠨᠤᠮ ᠢ ᠳᠢᠭᠯᠡᠨ ᠴᠤᠬᠯᠠᠭᠤᠯᠵᠦ ᠲᠠᠭᠤᠰᠬᠠᠭᠠᠳ᠂ ᠪᠢᠴᠢᠭ ᠮᠠᠲ᠋ᠧᠷᠢᠶᠠᠯ ᠢ ᠳᠤᠭᠤᠷᠪᠢᠬᠤ ᠠᠵᠢᠯ ᠳᠤ ᠪᠦᠷᠢᠨ ᠬᠦᠢᠴᠡᠳ ᠤᠨᠤᠯ ᠤᠨ ᠪᠡᠯᠡᠳᠬᠡᠯ ᠬᠠᠩᠭᠠᠪᠠ᠃


 
      ᠪᠤᠳᠠᠳᠤ ᠬᠡᠷᠡᠭᠴᠡᠭᠡ ᠶᠢ ᠪᠡᠶᠡᠯᠡᠬᠦᠯᠬᠦ ᠳᠤ ᠵᠤᠷᠢᠭᠤᠯᠵᠤ᠂ ᠠᠵᠢᠯᠯᠠᠬᠤ ᠴᠢᠭᠯᠡᠯ ᠢ ᠳᠤᠳᠤᠷᠬᠠᠢᠢᠯᠠᠪᠠ — —


      ᠶᠡᠷᠦᠩᠬᠡᠢ ᠱᠦᠵᠢ ᠰᠢ ᠶᠢᠨ ᠫᠢᠩ ᠳᠤᠭᠤᠷᠪᠢᠬᠤ ᠳᠤᠭᠤᠢᠢᠯᠠᠩ ᠤᠨ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠳᠡᠬᠡᠷ᠎ᠠ᠂ ᠪᠢᠴᠢᠭ ᠮᠠᠲ᠋ᠧᠷᠢᠶᠠᠯ ᠢ ᠰᠠᠶᠢᠬᠠᠨ ᠳᠤᠬᠳᠠᠭᠠᠵᠦ ᠴᠢᠳᠠᠬᠤ ᠡᠰᠡᠬᠦ ᠶᠢᠨ ᠵᠠᠩᠬᠢᠯᠠᠭ᠎ᠠ ᠨᠢ ᠨᠠᠮ ᠤᠨ ᠳᠤᠳᠤᠭᠠᠳᠤ ᠳᠤ ᠤᠷᠤᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠢ ᠰᠢᠢᠳᠪᠤᠷᠢᠯᠡᠵᠦ ᠴᠢᠳᠠᠬᠤ ᠡᠰᠡᠬᠦ ᠳᠤ ᠪᠤᠢ ᠭᠡᠵᠤ ᠲᠤᠷᠠᠳᠪᠠ︔ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠳᠡᠬᠡᠷ᠎ᠠ᠂ ᠠᠰᠠᠭᠤᠳᠠᠯ ᠢ ᠢᠯᠡᠷᠡᠬᠦᠯᠬᠦ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠤᠷᠢᠯᠡᠬᠦ ᠨᠢ ᠦᠨᠳᠦᠰᠦᠨ ᠱᠠᠭᠠᠷᠳᠠᠯᠭ᠎ᠠ ᠪᠤᠯᠬᠤ ᠮᠦᠷᠳᠡᠬᠡᠨ ᠪᠠᠰᠠ ᠦᠨᠳᠦᠰᠦᠨ ᠠᠷᠭ᠎ᠠ ᠪᠤᠯᠤᠨ᠎ᠠ ᠭᠡᠵᠤ ᠴᠢᠬᠤᠯᠠᠴᠢᠪᠠ︔ ᠶᠡᠷᠦᠩᠬᠡᠢ ᠱᠦᠵᠢ ᠰᠢ ᠶᠢᠨ ᠫᠢᠩ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠳᠡᠬᠡᠷ᠎ᠠ᠂ ᠶᠠᠮᠠᠷ ᠳᠤᠪᠤᠶᠢᠮ᠎ᠠ ᠠᠰᠠᠭᠤᠳᠠᠯ ᠤᠷᠤᠰᠢᠵᠦ ᠪᠠᠶᠢᠪᠠᠯ ᠳᠡᠷᠡᠬᠦ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠬᠡᠷᠡᠭᠳᠡᠢ ᠭᠡᠵᠤ ᠲᠠᠬᠢᠨᠳᠠ ᠴᠢᠬᠤᠯᠠᠴᠢᠯᠠᠪᠠ ᠁
      ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠᠷ᠂ ᠳᠤᠭᠤᠷᠪᠢᠬᠤ ᠳᠤᠭᠤᠢᠢᠯᠠᠩ ᠤᠨ ᠬᠢᠨ ᠠᠰᠠᠭᠤᠳᠠᠯ ᠤᠨ ᠲᠤᠬᠠᠢ ᠤᠬᠠᠮᠰᠠᠷ ᠢ ᠪᠢᠴᠢᠭ ᠮᠠᠲ᠋ᠧᠷᠢᠶᠠᠯ ᠳᠤᠭᠤᠷᠪᠢᠬᠤ ᠠᠵᠢᠯ ᠤᠨ ᠪᠦᠬᠦ ᠶᠠᠪᠤᠴᠠ ᠳᠤ ᠳᠤᠤᠱᠯᠠᠭᠤᠯᠵᠠᠢ᠃

 

      ᠭᠤᠤᠯᠳᠠᠯᠭ᠎ᠠ ᠬᠦᠴᠢᠷᠳᠡᠯ ᠢ ᠳᠤᠪᠤᠶᠢᠯᠭᠠᠵᠤ᠂ ᠪᠤᠳᠠᠳᠠᠢ ᠶᠢ ᠡᠷᠬᠢᠮᠯᠡᠨ ᠦᠢᠯᠡᠳᠤᠯ ᠦᠵᠡᠬᠦᠯᠬᠦ ᠶᠢ ᠪᠠᠳᠤᠯᠠᠪᠠ — —


      ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠᠷ᠂ ᠳᠤᠭᠤᠷᠪᠢᠬᠤ ᠳᠤᠭᠤᠢᠢᠯᠠᠩ ᠤᠨ ᠬᠢᠨ ᠳᠡᠬᠡᠳᠦ ᠳᠡᠰ ᠤᠨ ᠤᠳᠤᠷᠢᠳᠬᠤ ᠺᠠᠳ᠋ᠷ ᠬᠡᠬᠦ ᠡᠨᠡᠬᠦ 《ᠵᠠᠩᠬᠢᠯᠠᠭ᠎ᠠ ᠶᠢᠨ ᠴᠦᠬᠡᠨ ᠳᠤᠭᠠᠳᠠᠨ ᠤ ᠳᠤᠳᠤᠷᠠᠬᠢ ᠵᠠᠩᠬᠢᠯᠠᠭ᠎ᠠ ᠶᠢᠨ ᠴᠦᠬᠡᠨ ᠳᠤᠭᠠᠳᠠᠨ》 ᠢ ᠳᠤᠪᠤᠶᠢᠯᠭᠠᠵᠦ᠂ ᠬᠤᠶᠠᠷ ᠪᠢᠴᠢᠭ ᠮᠠᠲ᠋ᠧᠷᠢᠶᠠᠯ ᠳᠤ ᠬᠠᠨᠳᠤᠭᠤᠯᠤᠬᠰᠠᠨ ᠴᠢᠬᠤᠯᠠ ᠡᠳᠡᠬᠡᠳ ᠢ ᠳᠤᠳᠤᠷᠬᠠᠢᠢᠯᠠᠵᠠᠢ︔ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ 《ᠲᠤᠰᠢᠶᠡᠯ ᠠᠴᠠ ᠪᠠᠨ ᠤᠬᠴᠠᠷᠠᠭᠤᠯᠤᠭᠳᠠᠭᠰᠠᠨ》 ᠪᠤᠢ ᠪᠦᠬᠦᠢ ᠲᠦᠪ ᠤᠨ ᠵᠤᠬᠢᠶᠠᠨ ᠪᠠᠶᠢᠭᠤᠯᠬᠤ ᠬᠡᠯᠳᠡᠰ ᠠᠴᠠ ᠬᠠᠮᠢᠶᠠᠷᠴᠤ ᠪᠠᠶᠢᠭ᠎ᠠ ᠺᠠᠳ᠋ᠷ ᠤᠨ ᠬᠡᠮᠰᠢᠯ ᠤᠨ ᠳᠡᠮᠳᠡᠭᠯᠡᠯ ᠢ ᠨᠠᠷᠢᠨ ᠬᠢᠨᠠᠮᠠᠭᠠᠢ ᠰᠤᠳᠤᠯᠵᠦ᠂ ᠪᠤᠷᠤᠭᠤ ᠳᠠᠯ᠎ᠠ ᠶᠢᠨ ᠵᠢᠭᠠᠬᠤ ᠮᠠᠲ᠋ᠧᠷᠢᠶᠠᠯ ᠠᠴᠠ ᠰᠤᠷᠭᠠᠮᠵᠢ ᠠᠪᠤᠪᠡ᠃
      ᠳᠦᠮᠡᠨ ᠤ ᠰᠠᠨᠠᠯ ᠢ ᠬᠤᠷᠢᠶᠠᠨ ᠤᠯᠠᠨ ᠤ ᠤᠬᠠᠭᠠᠨ ᠢ ᠳᠦᠪᠯᠡᠷᠡᠬᠦᠯᠵᠦ᠂ ᠬᠠᠮᠳᠤ ᠶᠢᠨ ᠳᠠᠨᠢᠯᠳᠠ ᠪᠠᠨ ᠨᠢᠬᠡᠳᠬᠡᠭᠰᠡᠨ ᠢᠶᠠᠷ᠂ ᠪᠢᠴᠢᠭ ᠮᠠᠲ᠋ᠧᠷᠢᠶᠠᠯ ᠢ ᠳᠤᠭᠤᠷᠪᠢᠬᠤ ᠠᠵᠢᠯ ᠨᠢ ᠨᠢᠬᠡ ᠤᠳᠠᠭ᠎ᠠ ᠶᠢᠨ ᠠᠷᠠᠳᠴᠢᠯᠠᠯ ᠢ ᠬᠦᠢᠴᠡᠳ ᠪᠠᠳᠠᠷᠠᠭᠤᠯᠬᠤ᠂ ᠠᠷᠠᠳᠴᠢᠯᠠᠯ ᠳᠦᠪᠯᠡᠷᠡᠯ ᠤᠨ ᠶᠤᠰᠤ ᠶᠢ ᠳᠤᠤᠱᠯᠠᠭᠤᠯᠬᠤ ᠠᠮᠢᠳᠤᠯᠢᠬ ᠳᠦᠷᠰᠦᠯᠢᠭ ᠦᠢᠯᠡᠳᠦᠯᠬᠡ ᠶᠢᠨ ᠠᠵᠢᠯᠯᠠᠭ᠎ᠠ ᠪᠤᠯᠵᠠᠢ᠃
      ᠳᠤᠭᠤᠷᠪᠢᠬᠤ ᠠᠵᠢᠯ ᠡᠬᠢᠯᠡᠭᠰᠡᠨ ᠳᠡᠷᠡ ᠡᠳᠦᠷ ᠲᠤ᠂ ᠨᠠᠮ ᠤᠨ ᠳᠦᠪ ᠬᠤᠷᠢᠶ᠎ᠠ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤ ᠮᠡᠳᠡᠭᠳᠡᠯ ᠪᠠᠭᠤᠯᠭᠠᠵᠦ᠂ ᠰᠠᠨᠠᠯ ᠰᠠᠨᠠᠭᠤᠯᠭ᠎ᠠ ᠶᠢ ᠦᠷᠬᠡᠨ ᠢᠶᠠᠷ ᠬᠤᠷᠢᠶᠠᠪᠠ᠃
      ᠰᠠᠷ᠎ᠠ ᠪᠤᠯᠤᠬᠰᠠᠨ ᠦᠬᠡᠢ ᠪᠠᠷ᠂ ᠳᠤᠭᠤᠷᠪᠢᠬᠤ ᠳᠤᠭᠤᠢᠢᠯᠠᠩ ᠤᠨ ᠬᠢᠨ ᠨᠡᠶᠢᠳᠡ 119 ᠬᠤᠪᠢ ᠰᠠᠨᠠᠯ ᠰᠠᠨᠠᠭᠤᠯᠭ᠎ᠠ ᠬᠤᠷᠢᠶᠡᠭᠠᠳ᠂ 《ᠰᠠᠨᠠᠯ ᠪᠡ ᠰᠠᠨᠠᠭᠤᠯᠭ᠎ᠠ ᠶᠢᠨ ᠬᠤᠷᠢᠶᠠᠩᠭᠤᠢ》 ᠬᠡᠬᠦ 56 ᠳᠦᠮᠡᠨ ᠦᠰᠦᠭ ᠪᠦᠬᠦᠢ ᠨᠤᠮ ᠢ ᠨᠠᠶᠢᠷᠠᠭᠤᠯᠤᠨ ᠡᠮᠬᠢᠳᠬᠡᠪᠡ᠃ ᠡᠳᠡᠬᠡᠷ ᠪᠢᠴᠢᠭ ᠮᠠᠲ᠋ᠧᠷᠢᠶᠠᠯ ᠢ ᠦᠨᠳᠦᠰᠦᠯᠡᠨ᠂ ᠪᠠᠰᠠ ᠠᠰᠠᠭᠤᠳᠠᠯ ᠤᠳ ᠤᠨ ᠨᠠᠷᠢᠨ ᠳᠠᠩᠰᠠ ᠪᠠ ᠠᠷᠭ᠎ᠠ ᠬᠡᠮᠵᠢᠶᠡᠨ ᠤ ᠰᠠᠨᠠᠯ ᠰᠠᠨᠠᠭᠤᠯᠭ᠎ᠠ ᠨᠤᠭᠤᠳ ᠤᠨ ᠨᠠᠷᠢᠨ ᠳᠠᠩᠰᠠ ᠶᠢ ᠵᠢᠬᠰᠠᠭᠠᠨ ᠭᠠᠷᠭᠠᠵᠦ᠂ ᠳᠤᠭᠤᠷᠪᠢᠬᠤ ᠳᠤᠭᠤᠢᠢᠯᠠᠩ ᠤᠨ ᠬᠢᠨ ᠳᠤ ᠯᠠᠪᠯᠠᠯᠳᠠ ᠪᠤᠯᠭᠠᠪᠠ᠃
      8 ᠰᠠᠷ᠎ᠠ ᠶᠢᠨ 5 ᠤ ᠡᠳᠦᠷ᠂ ᠬᠤᠶᠠᠷ ᠪᠢᠴᠢᠭ ᠮᠠᠲ᠋ᠧᠷᠢᠶᠠᠯ ᠤᠨ ᠰᠠᠨᠠᠯ ᠬᠤᠷᠢᠶᠠᠬᠤ ᠡᠬᠡ ᠨᠤᠤᠷᠠᠬ ᠢ ᠳᠠᠬᠢᠨᠳᠠ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤ ᠳᠠᠷᠬᠠᠭᠠᠵᠤ ᠦᠭᠬᠦ ᠶᠢᠨ ᠵᠡᠷᠭᠡᠪᠡᠷ᠂ ᠠᠷᠠᠳᠴᠢᠯᠡᠬᠰᠠᠨ ᠨᠠᠮ ᠪᠦᠯᠦᠭ ᠤᠨ ᠳᠦᠪ ᠬᠤᠷᠢᠶ᠎ᠠ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ ᠠᠴᠠ ᠰᠠᠨᠠᠯ ᠬᠤᠷᠢᠶᠠᠪᠠ᠃
      ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠳᠡᠬᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠬᠠᠨᠳᠤᠵᠦ᠂ ᠰᠠᠨᠠᠯ ᠰᠠᠨᠠᠭᠤᠯᠭ᠎ᠠ ᠪᠠᠨ ᠢᠳᠡᠪᠬᠢᠳᠠᠢ ᠲᠠᠪᠰᠢᠭᠦᠯᠵᠠᠢ᠃
      8 ᠰᠠᠷ᠎ᠠ ᠶᠢᠨ 27 ᠤ ᠤᠷᠤᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠪᠢᠴᠢᠭ ᠢᠶᠠᠷ ᠳᠤᠰᠢᠶᠠᠬᠰᠠᠨ 117 ᠬᠤᠪᠢ ᠮᠠᠲ᠋ᠧᠷᠢᠶᠠᠯ ᠪᠦᠬᠦᠨ ᠢᠶᠠᠷ ᠢᠶᠠᠨ ᠡᠬᠡᠵᠦ ᠢᠷᠡᠪᠡ᠃ ᠡᠳᠡᠬᠡᠷ ᠰᠠᠨᠠᠯ ᠰᠠᠨᠠᠭᠤᠯᠭ᠎ᠠ ᠨᠢ ᠨᠡᠶᠢᠳᠡ 1955 ᠵᠤᠷᠪᠤᠰ ᠪᠤᠢ᠂ ᠳᠠᠪᠬᠤᠴᠠᠬᠰᠠᠨ ᠵᠦᠢᠯ ᠢ ᠬᠠᠰᠤᠭᠠᠳ 1582 ᠵᠤᠷᠪᠤᠰ ᠰᠠᠨᠠᠯ ᠰᠠᠨᠠᠭᠤᠯᠭ᠎ᠠ ᠦᠯᠡᠳᠡᠵᠡᠢ᠂ ᠳᠡᠬᠦᠨ ᠤ ᠳᠤᠳᠤᠷ᠎ᠠ ᠵᠠᠷᠴᠢᠮ ᠤᠨ ᠴᠢᠨᠠᠷᠳᠠᠢ ᠰᠠᠨᠠᠯ 354 ᠵᠤᠷᠪᠤᠰ᠂ ᠪᠤᠳᠠᠳᠠᠢ ᠰᠠᠨᠠᠯ ᠨᠢ 1228 ᠵᠤᠷᠪᠤᠰ ᠪᠠᠶᠢᠯ᠎ᠠ᠃
      ᠳᠤᠭᠤᠷᠪᠢᠬᠤ ᠳᠤᠭᠤᠢᠢᠯᠠᠩ ᠤᠨ ᠬᠢᠨ ᠨᠠᠷᠢᠨ ᠨᠢᠬᠳᠠ ᠰᠤᠳᠤᠯᠬᠤ᠂ ᠪᠦᠬᠦ ᠳᠠᠯ᠎ᠠ ᠪᠠᠷ ᠡᠮᠬᠢᠯᠡᠬᠦ᠂ ᠵᠤᠷᠪᠤᠰ ᠪᠦᠬᠦᠨ ᠢ ᠳᠤᠩᠭᠠᠨ ᠪᠤᠳᠤᠬᠤ᠂ ᠠᠯᠢ ᠴᠢᠳᠠᠬᠤᠢᠢᠴᠠ ᠰᠢᠩᠬᠡᠬᠡᠨ ᠠᠪᠬᠤ ᠵᠠᠷᠴᠢᠮ ᠶᠤᠰᠤᠭᠠᠷ᠂ ᠪᠠᠰᠠ ᠬᠤᠶᠠᠷ ᠪᠢᠴᠢᠭ ᠮᠠᠲ᠋ᠧᠷᠢᠶᠠᠯ ᠤᠨ ᠡᠬᠡ ᠨᠤᠤᠷᠠᠬ ᠤᠨ 378 ᠭᠠᠵᠠᠷ ᠲᠤ ᠵᠠᠰᠠᠯᠳᠠ ᠬᠢᠵᠡᠢ᠂ ᠡᠬᠦᠨ ᠳᠤ 114 ᠨᠢᠬᠡᠴᠡ ᠪᠤᠯᠤᠨ ᠨᠠᠮ ᠤᠨ ᠭᠠᠳᠠᠨᠠᠬᠢ ᠬᠦᠮᠦᠰ ᠤᠨ 586 ᠵᠤᠷᠪᠤᠰ ᠰᠠᠨᠠᠯ ᠰᠠᠨᠠᠭᠤᠯᠭ᠎ᠠ ᠪᠠᠭᠳᠠᠵᠤ ᠪᠤᠢ᠃ ᠳᠤᠰᠬᠠᠬᠰᠠᠨ ᠰᠠᠨᠠᠯ ᠢ ᠠᠰᠢᠬᠯᠠᠬᠰᠠᠨ ᠨᠤᠷᠮ᠎ᠠ 30% ᠲᠤ ᠬᠦᠷᠪᠡ᠃
      8 ᠰᠠᠷ᠎ᠠ ᠶᠢᠨ 16 ᠤ ᠡᠳᠦᠷ᠂ ᠵᠦᠩ ᠨᠠᠨ ᠬᠠᠢ ᠶᠢᠨ ᠬᠤᠸᠠᠢ ᠷᠸᠠ ᠳᠠᠩ ᠳᠤ᠂ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠬᠤᠷᠠᠯᠳᠤᠭᠤᠯᠤᠨ ᠨᠠᠮ ᠤᠨ ᠭᠠᠳᠠᠨᠠᠬᠢ ᠬᠦᠮᠦᠰ ᠤᠨ ᠰᠠᠨᠠᠯ ᠢ ᠰᠤᠨᠤᠰᠪᠠ᠃
      ᠡᠯ᠎ᠠ ᠠᠷᠠᠳᠴᠢᠯᠠᠬᠰᠠᠨ ᠨᠠᠮ ᠪᠦᠯᠦᠭ ᠤᠨ ᠳᠦᠪ ᠬᠤᠷᠢᠶ᠎ᠠ᠂ ᠪᠦᠬᠦ ᠤᠯᠤᠰ ᠤᠨ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠠᠰᠠᠭᠤᠳᠠᠯ ᠢ ᠳᠤᠰᠬᠠᠢ ᠰᠡᠳᠦᠪ ᠪᠤᠯᠭᠠᠨ ᠰᠤᠳᠤᠯᠵᠦ᠂ ᠬᠤᠶᠠᠷ ᠪᠢᠴᠢᠭ ᠮᠠᠲ᠋ᠧᠷᠢᠶᠠᠯ ᠪᠤᠯᠭᠠᠨ ᠳᠤᠬᠳᠠᠭᠠᠭᠠᠳ ᠵᠠᠰᠠᠪᠤᠷ ᠤᠷᠤᠭᠤᠯᠵᠦ ᠪᠠᠶᠢᠬᠤ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠳᠦᠷᠦ ᠶᠢᠨ ᠠᠮᠠᠯᠠᠯᠳᠠ ᠪᠠᠨ ᠳᠦᠷᠢᠮ ᠪᠡ ᠠᠵᠢᠯᠯᠠᠭ᠎ᠠ ᠪᠤᠯᠭᠠᠨ ᠬᠤᠪᠢᠷᠠᠭᠤᠯᠬᠤ ᠪᠠᠷ ᠪᠠᠶᠢᠬᠤ ᠡᠷᠴᠢ ᠵᠤᠷᠢᠬ ᠪᠠ ᠵᠤᠷᠢᠬ ᠰᠠᠨᠠᠭ᠎ᠠ ᠶᠢ ᠬᠠᠷᠠᠭᠤᠯᠵᠦ ᠪᠤᠢ᠂ ᠡᠨᠡ ᠨᠢ ᠬᠦᠰᠢᠶ ᠎ᠡ ᠲᠤᠷᠠᠰᠬᠠᠯ ᠤᠨ ᠴᠢᠨᠠᠷᠳᠠᠢ ᠠᠴᠢ ᠬᠤᠯᠪᠤᠬᠳᠠᠯ ᠲᠠᠢ ᠶᠤᠮ ᠬᠡᠵᠦ ᠰᠠᠨᠠᠯ ᠨᠢᠬᠡᠳᠡᠢ ᠦᠵᠡᠵᠡᠬᠡᠪᠡ᠃
      — — ᠠᠬᠢᠨ ᠳᠠᠬᠢᠨ ᠰᠢᠷᠭᠠᠭᠠᠨ ᠪᠤᠯᠪᠠᠰᠤᠷᠠᠭᠤᠯᠵᠦ᠂ ᠳᠠᠰᠤᠷᠠᠯᠳᠠ ᠦᠬᠡᠢ ᠳᠡᠬᠡᠭᠰᠢᠯᠡᠬᠦᠯᠵᠦ᠂ ᠪᠢᠴᠢᠭ ᠮᠠᠲ᠋ᠧᠷᠢᠶᠠᠯ ᠢ ᠳᠤᠭᠤᠷᠪᠢᠨ ᠭᠠᠷᠭᠠᠬᠤ ᠳᠤ ᠦᠯᠡᠮᠵᠢᠬᠡᠨ ᠬᠦᠴᠦ ᠬᠦᠳᠡᠯᠮᠤᠷᠢ ᠵᠠᠷᠤᠴᠠᠭᠤᠯᠵᠠᠢ᠃
      8 ᠰᠠᠷ᠎ᠠ ᠶᠢᠨ ᠬᠤᠭᠤᠴᠠᠭ᠎ᠠ ᠲᠠᠢ ᠶᠠᠷᠢᠯᠴᠠᠬᠤ᠂ ᠰᠤᠳᠤᠯᠬᠤ᠂ ᠳᠤᠭᠤᠷᠪᠢᠬᠤ᠂ ᠳᠠᠬᠢᠨ ᠶᠠᠷᠢᠯᠴᠠᠬᠤ᠂ ᠳᠠᠬᠢᠨ ᠰᠤᠳᠤᠯᠬᠤ᠂ ᠳᠠᠬᠢᠨ ᠵᠠᠰᠠᠪᠤᠷᠢ ᠤᠷᠤᠭᠤᠯᠬᠤ ᠁ ᠵᠡᠷᠬᠡ ᠠᠵᠢᠯ ᠤᠳ ᠢ ᠬᠢᠬᠦ ᠪᠠᠷ ᠳᠠᠮᠵᠢᠨ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠤᠨ ᠰᠠᠭᠤᠭ᠎ᠠ ᠭᠠᠵᠠᠷ ᠳᠤᠩ ᠶᠠᠭᠠᠷᠠᠯᠳᠠᠢ ᠪᠠᠶᠢᠯ᠎ᠠ᠃
      3 ᠰᠠᠷ᠎ᠠ ᠶᠢᠨ 1 ᠤ ᠡᠳᠦᠷ ᠠᠴᠠ ᠡᠬᠢᠯᠡᠨ ᠵᠢᠷᠭᠤᠳᠤᠭᠠᠷ ᠪᠦᠬᠦᠳᠡ ᠬᠤᠷᠠᠯ ᠬᠤᠷᠠᠯᠳᠤᠬᠤ ᠠᠴᠠ ᠡᠮᠤᠨᠡᠬᠡᠨ ᠪᠤᠯᠳᠠᠯ᠎ᠠ᠂ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠤᠨ ᠬᠢᠨ ᠤᠷᠢᠳ ᠬᠤᠵᠢᠳ 4 ᠤᠳᠠᠭ᠎ᠠ ᠪᠦᠬᠦᠳᠡ ᠬᠤᠷᠠᠯ ᠬᠤᠷᠠᠯᠳᠤᠭᠤᠯᠵᠦ᠂ ᠳᠦᠪ ᠤᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠤᠷᠢᠳ ᠬᠤᠵᠢᠳ 3 ᠤᠳᠠᠭ᠎ᠠ ᠬᠤᠷᠠᠯᠳᠤᠭᠤᠯᠵᠦ᠂ ᠳᠦᠪ ᠤᠨ ᠤᠯᠤᠰ ᠳᠦᠷᠦ ᠶᠢᠨ ᠳᠤᠪᠴᠢᠶ᠎ᠠ ᠤᠷᠢᠳ ᠬᠤᠵᠢᠳ 2 ᠤᠳᠠᠭ᠎ᠠ ᠬᠤᠷᠠᠯ ᠬᠤᠷᠠᠯᠳᠤᠭᠤᠯᠵᠠᠢ᠃
      ᠠᠬᠢᠨ ᠳᠠᠬᠢᠨ ᠵᠠᠰᠠᠪᠤᠷᠢ ᠤᠷᠤᠭᠤᠯᠬᠤ᠂ ᠤᠳᠠᠭ᠎ᠠ ᠳᠠᠷᠠᠭᠠᠯᠠᠨ ᠬᠢᠨᠡᠨ ᠵᠦᠪᠯᠡᠬᠦ᠂ ᠪᠦᠳᠦᠬᠦᠪᠴᠢ ᠳᠦᠰᠦᠯ ᠪᠠᠶᠢᠬᠰᠠᠨ ᠠᠴᠠ ᠨᠢ ᠶᠠᠷᠢᠯᠴᠠᠬᠤ ᠡᠬᠡ ᠨᠤᠤᠷᠠᠬ ᠪᠤᠯᠭᠠᠬᠤ᠂ ᠬᠢᠨᠡᠨ ᠵᠦᠪᠯᠡᠬᠦᠯᠬᠦ ᠡᠬᠡ ᠨᠤᠤᠷᠠᠬ ᠪᠠᠶᠢᠬᠰᠠᠨ ᠠᠴᠠ ᠨᠢ ᠰᠠᠨᠠᠯ ᠬᠤᠷᠢᠶᠠᠬᠤ ᠡᠬᠡ ᠨᠤᠤᠷᠠᠬ ᠪᠤᠯᠭᠠᠬᠤ ᠵᠡᠷᠬᠡ ᠠᠵᠢᠯ ᠤᠳ ᠢᠶᠠᠷ ᠳᠠᠮᠵᠢᠭᠠᠳ᠂ ᠬᠤᠶᠠᠷ ᠪᠢᠴᠢᠭ ᠮᠠᠲ᠋ᠧᠷᠢᠶᠠᠯ ᠠᠯᠬᠤᠮ ᠠᠯᠬᠤᠮ ᠢᠶᠠᠷ ᠪᠤᠯᠪᠠᠰᠤᠷᠠᠩᠭᠤᠢ ᠪᠤᠯᠵᠦ ᠪᠤᠳᠠᠳᠠᠶᠢᠵᠢᠪᠡ᠃
      9 ᠰᠠᠷ᠎ᠠ ᠶᠢᠨ 27 ᠤ ᠡᠳᠦᠷ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠬᠤᠷᠠᠯ ᠬᠤᠷᠠᠯᠳᠤᠭᠤᠯᠤᠨ ᠬᠤᠶᠠᠷ ᠪᠢᠴᠢᠭ ᠮᠠᠲ᠋ᠧᠷᠢᠶᠠᠯ ᠤᠨ ᠡᠬᠡ ᠨᠤᠤᠷᠠᠬ ᠤᠨ ᠳᠠᠯ᠎ᠠ ᠪᠠᠷ ᠨᠠᠮ ᠤᠨ ᠳᠤᠳᠤᠷ᠎ᠠ ᠭᠠᠳᠠᠨᠠᠬᠢ ᠵᠤᠬᠢᠬᠤ ᠬᠡᠪᠴᠢᠶᠡᠨ ᠬᠦᠮᠦᠰ ᠠᠴᠠ ᠰᠠᠨᠠᠯ ᠬᠤᠷᠢᠶᠠᠬᠰᠠᠨ ᠪᠠᠶᠢᠳᠠᠯ ᠤᠨ ᠳᠤᠬᠠᠢ ᠮᠡᠳᠡᠬᠦᠯᠦᠯᠳᠡ ᠶᠢ ᠰᠤᠨᠤᠰᠴᠤ᠂ ᠡᠨᠡ ᠤᠳᠠᠭ᠎ᠠ ᠶᠢᠨ ᠬᠤᠷᠠᠯ ᠢᠶᠠᠷ ᠶᠠᠷᠢᠯᠴᠠᠬᠰᠠᠨ ᠰᠠᠨᠠᠯ ᠢ ᠦᠨᠳᠦᠰᠦᠯᠡᠨ ᠵᠠᠰᠠᠪᠤᠷᠢ ᠤᠷᠤᠭᠤᠯᠤᠬᠰᠠᠨ ᠤ ᠳᠠᠷᠠᠭ᠎ᠠ᠂ ᠪᠢᠴᠢᠭ ᠮᠠᠲ᠋ᠧᠷᠢᠶᠠᠯ ᠤᠨ ᠡᠬᠡ ᠨᠤᠤᠷᠠᠬ ᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠤ ᠳᠡᠪᠰᠢᠬᠦᠯᠦᠨ ᠬᠢᠨᠠᠨ ᠵᠦᠪᠯᠡᠬᠦᠯᠬᠦ ᠪᠠᠷ ᠳᠤᠬᠳᠠᠪᠡ᠃
      10 ᠰᠠᠷ᠎ᠠ ᠶᠢᠨ 24 ᠤ ᠡᠳᠦᠷ᠂ ᠵᠢᠩ ᠰᠢ ᠵᠤᠴᠢᠳ ᠤᠨ ᠪᠠᠭᠤᠳᠠᠯ ᠳᠤ ᠠᠷᠪᠠᠨ ᠨᠠᠢᠮᠠᠳᠤᠭᠠᠷ ᠬᠤᠭᠤᠴᠠᠭᠠᠨ ᠤ ᠳᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠦᠪᠡᠳᠡᠭᠰᠢ ᠶᠡᠬᠡᠪᠡᠷ ᠡᠬᠢᠯᠡᠪᠡ᠃
      《8 ᠰᠠᠷ᠎ᠠ ᠶᠢᠨ ᠴᠠᠬ ᠵᠠᠷᠤᠴᠠᠭᠤᠯᠤᠨ᠂ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠤᠨ ᠬᠢᠨ ᠳᠤᠰᠬᠠᠢ ᠰᠡᠳᠦᠪ ᠤᠨ ᠪᠠᠶᠢᠴᠠᠭᠠᠨ ᠰᠤᠳᠤᠯᠤᠯᠳᠠ ᠬᠢᠵᠤ᠂ ᠰᠠᠨᠠᠯ ᠰᠠᠨᠠᠭᠤᠯᠭ᠎ᠠ ᠶᠢ ᠦᠷᠬᠡᠨ ᠳᠡᠯᠬᠡᠷᠡᠩᠬᠦᠢ ᠬᠤᠷᠢᠶᠠᠵᠦ᠂ ᠠᠬᠢᠨ ᠳᠠᠬᠢᠨ ᠶᠠᠷᠢᠯᠴᠠᠵᠦ ᠵᠠᠰᠠᠪᠤᠷᠢ ᠤᠷᠤᠭᠤᠯᠵᠠᠢ ᠁ ᠪᠢᠴᠢᠭ ᠮᠠᠲ᠋ᠧᠷᠢᠶᠠᠯ ᠤᠨ ᠡᠬᠡ ᠨᠤᠤᠷᠠᠭ ᠤᠨ ᠭᠤᠤᠯ ᠰᠡᠳᠦᠪ ᠨᠢ ᠢᠯᠡ ᠲᠤᠲᠤ᠂ ᠰᠡᠳᠬᠢᠮᠵᠢ ᠨᠢ ᠳᠤᠳᠤ᠂ ᠠᠭᠤᠯᠭ᠎ᠠ ᠨᠢ ᠪᠠᠶᠠᠯᠢᠬ᠂ ᠭᠤᠤᠯᠳᠠᠯᠭ᠎ᠠ ᠨᠢ ᠳᠤᠪᠤᠶᠢᠮ᠎ᠠ᠂ ᠠᠷᠭ᠎ᠠ ᠨᠢ ᠬᠦᠴᠦᠳᠡᠢ᠂ ᠪᠤᠲᠠᠲᠠᠢ ᠶᠢ ᠡᠷᠬᠢᠮᠯᠡᠭᠰᠡᠡ ᠬᠡᠷᠡᠭᠵᠢᠭᠦᠯᠵᠤ ᠪᠤᠯᠬᠤᠢᠢᠴᠠ ᠪᠠᠶᠢᠵᠤ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ᠂ ᠬᠡᠷᠡᠭᠵᠢᠭᠦᠯᠬᠦ ᠴᠢᠨᠠᠷ ᠵᠡᠷᠭᠡ ᠳᠠᠯ᠎ᠠ ᠪᠠᠷ ᠪᠦᠷ ᠮᠠᠰᠢ ᠴᠢᠩᠭ᠎ᠠ ᠪᠤᠯᠵᠠᠢ ᠬᠡᠵᠦ ᠶᠡᠷᠦᠩᠬᠡᠢ ᠱᠦᠵᠢ ᠰᠢ ᠶᠢᠨ ᠫᠢᠩ ᠬᠤᠶᠠᠷ ᠪᠢᠴᠢᠭ ᠮᠠᠲ᠋ᠧᠷᠢᠶᠠᠯ ᠢ ᠳᠤᠭᠤᠷᠪᠢᠬᠰᠠᠨ ᠬᠠᠮᠢᠶ᠎ᠠ ᠪᠦᠬᠦᠢ ᠪᠠᠶᠢᠳᠠᠯ ᠤᠨ ᠳᠤᠬᠠᠢ ᠪᠦᠬᠦᠳᠡ ᠬᠤᠷᠠᠯ ᠳᠤ ᠳᠤᠳᠤᠷᠬᠠᠢᠢᠯᠠᠯᠳᠠ ᠬᠢᠪᠡ᠃
     ᠨᠠᠮ ᠤᠨ ᠳᠤᠳᠤᠭᠠᠳᠤ ᠶᠢᠨ ᠡᠨᠡ ᠬᠤᠶᠠᠷ ᠬᠠᠤᠯᠢ ᠳᠤᠬᠳᠠᠭᠠᠯ ᠤᠨ ᠳᠤᠭᠤᠷᠢᠨ ᠳᠤ᠂ ᠬᠤᠷᠠᠯ ᠳᠤ ᠤᠷᠤᠯᠴᠠᠬᠰᠠᠨ ᠨᠦᠬᠦᠳ ᠬᠦᠢᠴᠡᠳ ᠶᠠᠷᠢᠯᠴᠠᠵᠤ᠂ ᠤᠢᠢᠯᠠᠭᠠᠯᠳᠠ ᠲᠦᠷᠦᠭᠳᠡᠯ ᠢᠶᠠᠨ ᠶᠠᠷᠢᠵᠤ᠂ ᠦᠵᠡᠯᠲᠡ ᠳᠠᠨᠢᠯᠳᠠ ᠪᠠᠨ ᠶᠠᠷᠢᠵᠦ᠂ ᠰᠠᠨᠠᠯ ᠰᠠᠨᠠᠭᠤᠯᠭ᠎ᠠ ᠪᠠᠨ ᠳᠤᠷᠠᠳᠤᠭᠠᠳ᠂ ᠬᠦᠷ ᠬᠦᠭᠵᠢᠶᠡᠨᠳᠦ ᠪᠠᠶᠢᠳᠠᠯ ᠢᠶᠠᠷ ᠪᠢᠯᠬᠠᠯ᠎ᠠ᠃ ᠬᠤᠷᠠᠯ ᠤᠨ ᠬᠤᠭᠤᠴᠠᠭᠠᠨ ᠳᠤ᠂ ᠡᠯ᠎ᠠ ᠳᠠᠯ᠎ᠠ ᠶᠢᠨ ᠰᠠᠨᠠᠯ ᠰᠠᠨᠠᠭᠤᠯᠭ᠎ᠠ ᠶᠢ ᠦᠨᠳᠦᠰᠦᠯᠡᠬᠡᠳ᠂ ᠪᠢᠴᠢᠭ ᠮᠠᠲ᠋ᠧᠷᠢᠶᠠᠯ ᠳᠤ ᠵᠠᠰᠠᠪᠤᠷᠢ ᠤᠷᠤᠭᠤᠯᠬᠤ ᠠᠵᠢᠯ ᠨᠢ ᠦᠷᠬᠦᠯᠵᠢᠯᠡᠨ ᠪᠠᠴᠢᠮ ᠶᠠᠭᠠᠷᠠᠯᠳᠠᠢ ᠶᠠᠪᠤᠬᠳᠠᠵᠦ ᠪᠠᠶᠢᠪᠠ᠃
     ᠪᠦᠬᠦᠳᠡ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠳᠠᠬᠢᠨᠳᠠ ᠳᠦᠪ ᠤᠨ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠤᠨ᠂ ᠪᠦᠬᠦᠳᠡ ᠬᠤᠷᠠᠯ ᠤᠨ ᠡᠯ᠎ᠠ ᠳᠤᠭᠤᠢᠢᠯᠠᠩ ᠤᠨ ᠰᠠᠨᠠᠯ ᠪᠤᠯᠤᠨ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠤᠨ ᠵᠠᠰᠠᠪᠤᠷᠢ ᠤᠷᠤᠭᠤᠯᠬᠤ ᠰᠠᠨᠠᠭᠤᠯᠭ᠎ᠠ ᠶᠢ ᠰᠤᠨᠤᠰᠴᠤ᠂ ᠵᠠᠰᠠᠪᠤᠷᠢ ᠤᠷᠤᠭᠤᠯᠤᠬᠤᠰᠠᠨ ᠤ ᠳᠠᠷᠠᠭᠠᠬᠢ ᠪᠢᠴᠢᠭ ᠮᠠᠲ᠋ᠧᠷᠢᠶᠠᠯ ᠤᠨ ᠡᠬᠡ ᠨᠤᠤᠷᠠᠬ ᠢ ᠬᠢᠨᠠᠨ ᠵᠦᠪᠯᠡᠪᠡ᠃ ᠪᠦᠷᠢᠯᠳᠦᠭᠰᠡᠨ ᠵᠠᠰᠠᠪᠤᠷᠢ ᠤᠷᠤᠭᠤᠯᠤᠬᠤ ᠡᠬᠡ ᠨᠤᠤᠷᠠᠬ ᠢ ᠳᠠᠬᠢᠨᠳᠡ ᠪᠦᠬᠦᠳᠡ ᠬᠤᠷᠠᠯ ᠤᠨ ᠬᠤᠪᠢᠶᠠᠷᠢ ᠳᠤᠭᠤᠢᠢᠯᠠᠩ ᠨᠤᠭᠤᠳ ᠲᠤ ᠳᠡᠪᠰᠢᠬᠦᠯᠦᠨ ᠰᠠᠨᠠᠯ ᠬᠤᠷᠢᠶᠠᠵᠠᠢ᠃
     10 ᠰᠠᠷ᠎ᠠ ᠶᠢᠨ 27 ᠤ ᠦᠳᠡ ᠶᠢᠨ ᠬᠤᠶᠢᠨ᠎ᠠ᠂ ᠵᠢᠷᠭᠤᠳᠤᠭᠠᠷ  ᠪᠦᠬᠦᠳᠡ  ᠬᠤᠷᠠᠯ ᠤᠨ ᠳᠡᠬᠦᠰᠬᠦ  ᠬᠤᠷᠠᠯ ᠠᠷᠠᠳ ᠤᠨ ᠶᠡᠭᠡ ᠳᠠᠩᠬᠢᠮ ᠳᠤ ᠶᠠᠪᠤᠬᠳᠠᠵᠦ᠂ ᠪᠡᠭᠡ ᠶᠢᠨ ᠦᠨᠦᠷ   ᠬᠠᠩᠬᠤᠯᠤᠬᠰᠠᠨ 《ᠪᠡᠷᠢᠮᠵᠢᠶ᠎ᠠ ︵ᠳᠦᠰᠦᠯ︶》 ᠪᠤᠯᠤᠨ 《ᠳᠦᠷᠢᠮ ︵ᠳᠦᠰᠦᠯ︶》 ᠨᠢ ᠳᠦᠪ ᠬᠤᠷᠢᠶᠠᠨ ᠤ ᠬᠡᠰᠢᠬᠦᠨ ᠨᠢᠬᠡᠪᠤᠷᠢ ᠶᠢᠨ ᠰᠢᠷᠡᠬᠡᠨ ᠡᠮᠤᠨ᠎ᠠ ᠳᠡᠯᠬᠡᠭᠳᠡᠪᠡ᠃
     ᠪᠦᠬᠦ ᠨᠠᠮ ᠤᠨ ᠬᠦᠴᠦᠨ ᠢ ᠳᠠᠶᠢᠴᠢᠯᠠᠨ᠂ ᠡᠯ᠎ᠡ ᠳᠠᠯ᠎ᠠ ᠶᠢᠨ ᠬᠢᠨ ᠤ ᠤᠢ ᠤᠬᠠᠭᠠᠨ ᠢ ᠳᠦᠪᠯᠡᠷᠡᠬᠦᠯᠵᠦ᠂ ᠡᠯ᠎ᠠ ᠡᠳᠡᠬᠡᠳ ᠤᠨ ᠬᠠᠮᠳᠤ ᠶᠢᠨ ᠳᠠᠨᠢᠯᠳᠠ ᠶᠢ ᠳᠤᠰᠬᠠᠭᠠᠳ ᠪᠤᠢ ᠪᠤᠯᠤᠬᠰᠠᠨ ᠨᠠᠮ ᠢ ᠬᠠᠮᠢᠶᠠᠷᠬᠤ ᠨᠠᠮ ᠢ ᠵᠠᠰᠠᠬᠤ ᠳᠦᠷᠢᠮ ᠤᠨ 《ᠬᠤᠷᠴᠡ ᠰᠡᠯᠡᠮ᠎ᠠ》 ᠪᠦᠬᠦᠳᠡ ᠬᠤᠷᠠᠯ ᠢᠶᠠᠷ ᠰᠠᠨᠠᠯ ᠨᠢᠬᠡᠳᠡᠢ ᠪᠠᠳᠤᠯᠠᠬᠳᠠᠪᠠ᠃

     ᠤᠷᠢᠳᠦᠬᠢ ᠶᠢ ᠵᠠᠯᠭᠠᠮᠵᠢᠯᠠᠨ ᠰᠢᠨ᠎ᠠ ᠶᠢ ᠡᠬᠦᠳᠴᠤ᠂ ᠦᠨᠡᠨ ᠢ ᠡᠷᠬᠢᠮᠯᠡᠨ ᠬᠡᠷᠡᠭᠯᠡᠵᠤ ᠪᠤᠯᠬᠤᠢᠢᠴᠠ
     ᠪᠤᠯᠭᠠᠵᠤ᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠰᠢᠨ᠎ᠠ ᠠᠶᠠᠨ ᠢ ᠡᠬᠢᠯᠡᠬᠦᠯᠤᠶ᠎ᠠ



     《ᠳᠡᠤᠬᠡ ᠪᠤᠯᠤᠨ ᠦᠢᠯᠡᠳᠦᠯᠬᠡ ᠶᠢᠨ ᠰᠢᠯᠭᠠᠯᠳᠠ ᠶᠢ ᠳᠠᠭᠠᠭᠠᠬᠤ ᠰᠠᠶᠢᠨ ᠪᠢᠴᠢᠭ ᠮᠠᠲ᠋ᠧᠷᠢᠶᠠᠯ ᠭᠠᠷᠭᠠᠬᠤ ᠪᠠᠷ ᠴᠢᠷᠮᠠᠶᠢᠬᠤ ᠬᠡᠷᠡᠭᠳᠡᠢ》 ᠬᠡᠵᠦ ᠶᠡᠷᠦᠩᠬᠡᠢ ᠱᠦᠵᠢ ᠰᠢ ᠶᠢᠨ ᠫᠢᠩ ᠪᠢᠴᠢᠭ ᠮᠠᠲ᠋ᠧᠷᠢᠶᠠᠯ ᠳᠤᠭᠤᠷᠪᠢᠬᠤ ᠠᠵᠢᠯ ᠳᠤ ᠳᠤᠳᠤᠷᠬᠠᠢ ᠱᠠᠭᠠᠷᠳᠠᠯᠭ᠎ᠠ ᠳᠤᠷᠠᠳᠴᠤ᠂ ᠴᠢᠩ ᠦᠨᠡᠨᠴᠢ ᠬᠦᠰᠡᠯ ᠢᠶᠠᠨ ᠲᠠᠯᠪᠢᠪᠠ᠃
     ᠨᠠᠮ ᠤᠨ ᠳᠤᠳᠤᠭᠠᠳᠤ ᠳᠤ ᠤᠷᠤᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠤᠳ ᠤᠨ ᠵᠠᠷᠢᠮ ᠨᠢ ᠤᠷᠳᠤ ᠬᠤᠭᠤᠴᠠᠭᠠᠨ ᠳᠤ ᠬᠤᠷᠠᠮᠳᠤᠵᠦ᠂ ᠵᠠᠷᠢᠮ ᠨᠢ ᠰᠢᠨ᠎ᠠ ᠪᠠᠷ ᠢᠯᠡᠷᠡᠵᠦ ᠪᠠᠶᠢᠨ᠎ᠠ︔ ᠵᠠᠷᠢᠮ ᠨᠢ ᠪᠠᠶᠢᠭᠤᠯᠤᠮᠵᠢ ᠳᠤᠬᠳᠠᠴᠠ ᠳᠡᠬᠦᠯᠳᠡᠷᠵᠢᠬᠡᠳᠦᠢ ᠠᠴᠠ ᠪᠤᠯᠤᠭᠰᠠᠠ᠂ ᠵᠠᠷᠢᠮ ᠨᠢ ᠳᠦᠷᠢᠮ ᠤᠨ ᠬᠡᠷᠡᠭᠵᠢᠭᠦᠯᠦᠯᠲᠡ ᠬᠦᠴᠦᠨ ᠦᠭᠡᠢ ᠠᠴᠠ ᠪᠤᠯᠤᠭᠰᠠᠠ︔ ᠵᠠᠷᠢᠮ ᠨᠢ ᠬᠠᠮᠢᠶᠠᠷᠤᠯᠳᠠ ᠬᠦᠷᠦᠯᠴᠡᠭᠰᠡᠨ ᠦᠬᠡᠢ ᠠᠴᠠ ᠪᠤᠯᠤᠭᠰᠠᠠ᠂ ᠵᠠᠷᠢᠮ ᠨᠢ ᠨᠠᠮ ᠤᠨ ᠬᠡᠰᠢᠬᠦᠨ᠂ ᠺᠠᠳ᠋ᠷ ᠤᠨ ᠨᠠᠮ ᠤᠨ ᠬᠡᠰᠢᠬᠦᠨ ᠤ ᠤᠬᠠᠮᠰᠠᠷ ᠪᠤᠯᠤᠨ ᠰᠠᠬᠢᠯᠭ᠎ᠠ ᠪᠠᠳᠤ ᠶᠢᠨ ᠤᠬᠠᠮᠰᠠᠷ ᠴᠢᠩᠭ᠎ᠠ ᠦᠬᠡᠢ ᠠᠴᠠ ᠪᠤᠯᠪᠠ︔ ᠵᠠᠷᠢᠮ ᠢ ᠨᠢ ᠴᠢᠭᠯᠡᠬᠦᠯᠦᠯᠳᠦ ᠴᠢᠨᠠᠷᠳᠠᠢ ᠠᠷᠭ᠎ᠠ ᠬᠡᠮᠵᠢᠶ᠎ᠠ ᠠᠪᠤᠪᠠᠯ ᠰᠢᠢᠳᠪᠦᠷᠢᠯᠡᠵᠤ ᠪᠤᠯᠬᠤ ᠦᠩᠬᠡᠨ ᠳᠠᠯ᠎ᠠ ᠶᠢᠨ ᠠᠰᠠᠭᠤᠳᠠᠯ ᠪᠠᠶᠢᠨ᠎ᠠ᠂ ᠵᠠᠷᠢᠮ ᠨᠢ ᠪᠤᠯ ᠶᠡᠷᠦᠩᠬᠡᠶᠢᠯᠡᠭᠰᠡᠡ ᠠᠷᠭ᠎ᠠ ᠪᠤᠳᠤᠯᠭ᠎ᠠ ᠠᠪᠴᠤ᠂ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠳᠠᠮᠵᠢᠮᠠᠨ ᠰᠠᠶᠢ ᠦᠨᠳᠦᠰᠦᠨ ᠠᠴᠠ ᠨᠢ ᠬᠤᠪᠢᠷᠠᠭᠤᠯᠵᠦ ᠳᠡᠶᠢᠯᠬᠦ ᠬᠦᠨ ᠳᠠᠪᠬᠤᠷᠭ᠎ᠠ ᠶᠢᠨ ᠠᠰᠠᠭᠤᠳᠠᠯ ᠤᠳ ᠪᠠᠶᠢᠭ᠎ᠠ ᠬᠡᠰᠡᠨ ᠢ ᠨᠠᠮ ᠤᠨ ᠳᠦᠪ ᠬᠤᠷᠢᠶ᠎ᠠ ᠰᠡᠷᠬᠡᠭ ᠢᠶᠠᠷ ᠳᠠᠨᠢᠵᠦ ᠮᠡᠳᠡᠵᠡᠢ᠃
     ᠪᠢᠴᠢᠭ ᠮᠠᠲ᠋ᠧᠷᠢᠶᠠᠯ ᠢ ᠳᠤᠭᠤᠷᠪᠢᠬᠤ ᠶᠠᠪᠤᠴᠠ ᠳᠤ᠂ ᠶᠡᠷᠦᠩᠬᠡᠢ ᠱᠦᠵᠢ ᠰᠢ ᠶᠢᠨ ᠫᠢᠩ ᠠᠴᠠ 《ᠴᠢᠬᠤᠯᠠ ᠶᠡᠭᠡ ᠠᠰᠠᠭᠤᠳᠠᠯ ᠤᠳ ᠢ ᠰᠤᠳᠤᠯᠬᠤ ᠶᠢ ᠴᠢᠩᠭᠠᠳᠬᠠᠵᠦ》 《ᠴᠢᠬᠤᠯᠠ  ᠶᠡᠭᠡ  ᠠᠷᠭ᠎ᠠ ᠬᠡᠮᠵᠢᠶ᠎ᠠ ᠶᠢ ᠦᠷᠬᠦᠯᠵᠢᠯᠡᠨ  ᠪᠤᠳᠤᠯᠬᠢᠯᠠᠬᠤ  ᠬᠡᠷᠡᠭᠳᠡᠢ》 ᠬᠡᠳᠡᠭ ᠢ ᠬᠠᠮᠤᠬ ᠠᠴᠠ ᠤᠯᠠᠨ ᠴᠢᠬᠤᠯᠠᠴᠢᠯᠠᠵᠠᠢ᠃
     《ᠪᠠᠷᠢᠮᠵᠢᠶ᠎ᠠ》 ᠨᠢ ᠭᠤᠷᠪᠠᠨ ᠠᠩᠭᠢ᠂ 12 ᠪᠦᠯᠦᠭ ᠢᠶᠠᠷ ᠪᠦᠷᠢᠯᠳᠦᠵᠦ᠂ ᠤᠢᠢᠷ᠎ᠠ ᠶᠢᠨ ᠵᠢᠯ ᠤᠨ ᠳᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠠ ᠠᠷᠭ᠎ᠠ ᠬᠡᠮᠵᠢᠶ᠎ᠠ ᠰᠢᠨ᠎ᠠ ᠠᠮᠵᠢᠯᠳᠡ ᠪᠦᠳᠦᠮᠵᠢ ᠶᠢ ᠰᠢᠰᠲ᠋ᠧᠮ ᠲᠠᠢ ᠳ᠋ᠦᠩᠨᠡᠭᠰᠡᠨ ᠤ ᠰᠠᠭᠤᠷᠢᠨ ᠳᠡᠬᠡᠷ᠎ᠠ᠂ 160 ᠭᠠᠷᠤᠢ ᠵᠤᠷᠪᠤᠰ ᠰᠢᠨ᠎ᠠ ᠴᠢᠬᠤᠯᠠ ᠶᠡᠭᠡ ᠦᠵᠡᠯᠳᠡ ᠪᠤᠯᠤᠨ ᠴᠢᠬᠤᠯᠠ ᠶᠡᠭᠡ ᠠᠷᠭ᠋ ᠬᠡᠮᠵᠢᠶ᠎ᠠ ᠶᠢ ᠳᠤᠷᠠᠳᠤᠨ ᠭᠠᠷᠭᠠᠪᠠ᠄
     — — ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠳᠤ᠂ ᠡᠩ ᠳᠡᠷᠢᠬᠦᠨ ᠳᠤ ᠨᠠᠮ ᠤᠨ ᠳᠦᠪ ᠬᠤᠷᠢᠶᠠᠨ ᠤ ᠳᠦᠪᠯᠡᠷᠡᠩᠬᠦᠢ ᠨᠢᠬᠡᠳᠦᠯᠳᠠᠢ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ︔
     — — ᠪᠦᠬᠦ ᠨᠠᠮ ᠪᠦᠬᠦ ᠤᠯᠤᠰ ᠤᠨ ᠴᠢᠨᠠᠷᠳᠠᠢ ᠴᠢᠬᠤᠯᠠ ᠶᠡᠭᠡ ᠴᠢᠭᠯᠡᠯᠳᠡ ᠳᠦᠷᠦ ᠶᠢᠨ ᠪᠤᠳᠤᠯᠭ᠎ᠠ ᠳᠤ ᠬᠤᠯᠪᠤᠬᠳᠠᠬᠰᠠᠨ ᠠᠰᠠᠭᠤᠳᠠᠯ ᠤᠨ ᠳᠠᠯ᠎ᠠ ᠳᠤ ᠭᠠᠭᠴᠠᠬᠦ ᠨᠠᠮ ᠤᠨ ᠳᠦᠪ ᠬᠤᠷᠢᠶ᠎ᠠ ᠯᠡ ᠳᠤᠭᠳᠠᠭᠠᠯ ᠭᠠᠷᠭᠠᠬᠤ ᠪᠡ ᠳᠠᠶᠢᠯᠪᠤᠷᠢ ᠬᠢᠬᠦ ᠡᠷᠬᠡ ᠲᠠᠢ︔
     — — ᠳᠡᠬᠡᠳᠦ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠠᠴᠠ ᠳᠤᠤᠷᠠᠳᠤ ᠱᠠᠳᠤᠨ ᠤ ᠵᠤᠬᠢᠶᠠᠨ ᠪᠠᠶᠢᠭᠤᠯᠤᠯᠳᠠ ᠯᠤᠭ᠎ᠠ ᠬᠤᠯᠪᠤᠬᠳᠠᠯ ᠲᠠᠢ ᠴᠢᠬᠤᠯᠠ ᠰᠢᠢᠳᠪᠤᠷᠢᠳᠦ ᠪᠤᠳᠤᠯᠭ᠎ᠠ ᠭᠠᠷᠭᠠᠬᠤ ᠠᠴᠠ ᠡᠮᠤᠨ᠎ᠠ ᠳᠤᠤᠷᠠᠳᠤ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠠᠨᠠᠯ ᠢ ᠰᠤᠨᠤᠰᠬᠤ ᠳᠦᠷᠢᠮ ᠢ ᠪᠠᠶᠢᠭᠤᠯᠤᠨ᠎ᠠ︔
     — — ᠡᠷᠬᠡ ᠶᠢᠨ ᠨᠠᠷᠢᠨ ᠳᠠᠩᠰᠠ ᠶᠢᠨ ᠳᠦᠷᠢᠮ ᠢ ᠬᠡᠷᠡᠭᠵᠢᠬᠦᠯᠵᠦ᠂ ᠡᠷᠬᠡ ᠶᠢ ᠬᠡᠷᠡᠭᠵᠢᠭᠦᠯᠬᠦ ᠶᠠᠪᠤᠴᠠ ᠪᠤᠯᠤᠨ ᠦᠷ᠎ᠠ ᠳ᠋ᠦᠩ ᠢ ᠢᠯᠡ ᠪᠤᠯᠭᠠᠵᠤ᠂ ᠵᠤᠬᠢᠰ ᠦᠬᠡᠢ ᠪᠠᠷ ᠡᠷᠬᠡ ᠬᠡᠷᠡᠭᠵᠢᠬᠦᠯᠦᠭᠰᠡᠨ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠦᠷᠢᠨᠰᠢᠬᠦᠯᠦᠨ᠎ᠠ︔

     ᠁

     《ᠳᠦᠷᠢᠮ》 ᠨᠢ ᠴᠤ ᠭᠤᠷᠪᠠᠨ ᠠᠩᠭᠢ᠂ ᠨᠡᠶᠢᠳᠡ 8 ᠪᠦᠯᠦᠭ 47 ᠵᠤᠷᠪᠤᠰ ᠢᠶᠠᠷ ᠪᠦᠷᠢᠯᠳᠦᠵᠦ᠂ ᠤᠳᠤᠬᠠᠨ ᠤ ᠨᠠᠮ ᠤᠨ ᠳᠤᠳᠤᠭᠠᠳᠤ ᠶᠢᠨ ᠬᠢᠨᠠᠯᠳᠠ ᠳᠠᠯᠪᠢᠬᠤ ᠶᠠᠪᠤᠴᠠ ᠳᠤᠮᠳᠠ ᠤᠷᠤᠰᠢᠵᠦ ᠪᠠᠶᠢᠭ᠎ᠠ ᠳᠤᠪᠤᠶᠢᠮ ᠎ᠠ ᠠᠰᠠᠭᠤᠳᠠᠯ ᠤᠳ ᠲᠤ ᠠᠩᠬᠠᠷᠤᠯ ᠢᠶᠠᠨ ᠳᠦᠪᠯᠡᠷᠡᠬᠦᠯᠵᠦ᠂ ᠪᠤᠳᠠᠳᠠᠢ ᠪᠦᠬᠡᠳ ᠴᠢᠭᠯᠡᠬᠦᠯᠦᠯᠳᠦ ᠴᠢᠨᠠᠷᠳᠠᠢ ᠪᠠᠶᠢᠬᠤ ᠶᠢ ᠢᠯᠡᠷᠡᠬᠦᠯᠵᠡᠢ︔
     — — ᠨᠠᠮ ᠤᠨ ᠳᠦᠪ ᠬᠤᠷᠢᠶᠠᠨ ᠤ ᠵᠤᠬᠢᠶᠠᠨ ᠪᠠᠶᠢᠭᠤᠯᠤᠯᠳᠠ ᠶᠢᠨ ᠬᠢᠨᠠᠯᠳᠠ ᠳᠠᠯᠪᠢᠬᠤ ᠶᠠᠪᠤᠳᠠᠯ ᠢ ᠨᠢᠬᠡᠨ ᠳᠤᠰᠠᠭᠠᠷ ᠪᠦᠯᠦᠭ ᠪᠤᠯᠭᠠᠵᠦ᠂ ᠨᠠᠮ ᠤᠨ ᠳᠦᠪ ᠬᠤᠷᠢᠶ᠎ᠡ ᠠᠴᠠ ᠲᠦᠷᠦᠭᠦᠯᠡᠨ ᠬᠢᠨᠠᠯᠳᠠ ᠳᠠᠯᠪᠢᠬᠤ᠂ ᠳᠦᠷᠦᠬᠦᠯᠡᠨ ᠬᠢᠨᠡᠯᠳᠠ ᠳᠠᠯᠪᠢᠬᠤ ᠶᠢ ᠬᠦᠯᠢᠶᠡᠬᠦ ᠶᠢ ᠴᠢᠬᠤᠯᠠᠴᠢᠯᠠᠵᠤ᠂ ᠨᠠᠮ ᠤᠨ ᠳᠦᠪ ᠬᠤᠷᠢᠶᠡᠨ ᠤ ᠪᠡᠶ᠎ᠡ ᠪᠠᠷ ᠢᠶᠠᠨ ᠦᠯᠢᠬᠡᠷ ᠳᠠᠭᠤᠷᠢᠶᠡᠯ ᠪᠤᠯᠬᠤ᠂ ᠳᠡᠬᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠦᠢᠯᠡᠳᠦᠯ ᠪᠠᠳᠠᠷᠠᠭᠤᠯᠬᠤ ᠭᠡᠰᠡᠨ ᠢ ᠢᠯᠡᠷᠡᠭᠦᠯᠵᠡᠢ︔

     — — ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠳᠤᠳᠤᠭᠠᠳᠤ ᠶᠢᠨ ᠬᠢᠨᠠᠯᠳᠠ ᠳᠠᠯᠪᠢᠬᠤ ᠶᠠᠪᠤᠴᠠ ᠳᠤᠮᠳᠠ ᠢᠯᠡᠷᠡᠬᠦᠯᠦᠭᠰᠡᠨ ᠠᠰᠠᠭᠤᠳᠠᠯ ᠤᠳ ᠢ ᠡᠷᠬᠡᠪᠰᠢ ᠵᠦᠢᠯ ᠵᠤᠷᠪᠤᠰ ᠲᠠᠷᠠᠭᠠᠯᠠᠨ ᠴᠡᠭᠴᠡᠯᠡᠨ ᠵᠠᠰᠠᠵᠤ᠂ ᠵᠦᠢᠯ ᠵᠤᠷᠪᠤᠰ ᠪᠤᠯᠭᠠᠨ ᠢ ᠪᠦᠷ ᠪᠤᠳᠠᠳᠠᠢ ᠪᠠᠷ ᠨᠠᠶᠢᠳᠠᠪᠤᠷᠢᠵᠢᠭᠤᠯᠬᠤ ᠬᠡᠷᠡᠭᠳᠡᠢ︔

     — — ᠤᠳᠤᠷᠢᠳᠬᠤ ᠺᠠᠳ᠋ᠷ ᠭᠠᠷ ᠲᠦᠷᠢᠭᠰᠡᠡ ᠴᠢᠬᠤᠯᠠ ᠶᠡᠭᠡ ᠬᠡᠷᠡᠭ ᠶᠠᠪᠤᠳᠠᠯ ᠢ ᠳᠡᠮᠳᠡᠭᠯᠡᠬᠦ ᠳᠦᠷᠢᠮ ᠢ ᠬᠡᠷᠡᠭᠵᠢᠬᠦᠯᠦᠨ᠎ᠠ︔
     ᠁
     ᠪᠠᠭ᠎ᠠ ᠪᠤᠳᠤᠯᠭ᠎ᠠ ᠪᠠᠷ ᠭᠡᠷᠡᠭ ᠤᠴᠢᠷ ᠢ ᠵᠠᠰᠠᠵᠦ᠂ ᠶᠡᠭᠡ ᠪᠤᠳᠤᠯᠭ᠎ᠠ ᠪᠠᠷ ᠳᠦᠷᠢᠮ ᠢ ᠵᠠᠰᠠᠨ᠎ᠠ᠃
     ᠰᠠᠨᠠᠯ ᠬᠤᠷᠢᠶᠠᠬᠤ ᠪᠡ ᠪᠦᠬᠦᠳᠠ ᠬᠤᠷᠠᠯ ᠠᠴᠠ ᠬᠢᠨᠠᠠ ᠵᠦᠪᠯᠡᠬᠦ ᠳᠤᠮᠳᠠ ᠤᠯᠠᠠ ᠢᠶᠠᠷ ᠦᠵᠡᠬᠦ ᠳᠡᠭᠡᠨ᠂ 《ᠪᠠᠷᠢᠮᠵᠢᠶ᠎ᠠ》 ᠪᠡ 《ᠳᠦᠷᠢᠮ》 ᠨᠢ ᠴᠢᠩᠭ᠎ᠠ ᠱᠠᠭᠠᠷᠳᠠᠯᠭ᠎ᠠ᠂ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠠ ᠪᠠᠷ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠴᠠᠬ ᠦᠶ᠎ᠠ ᠶᠢᠨ ᠤᠠᠴᠠᠯᠢᠬ ᠢ ᠳᠤᠪᠤᠶᠢᠯᠭᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠠ ᠨᠠᠮ ᠤᠨ ᠳᠦᠪ ᠬᠤᠷᠢᠶ᠎ᠠ ᠶᠢᠨ ᠪᠦᠳᠦᠭᠡᠯᠴᠢ ᠪᠠᠷ ᠨᠠᠮ ᠢ ᠬᠠᠮᠢᠶᠠᠷᠬᠤ ᠨᠠᠮ ᠢ ᠵᠠᠰᠠᠬᠤ ᠤᠶᠤᠠ ᠤᠬᠠᠭᠠᠠ ᠪᠠ ᠰᠦᠰᠦ ᠵᠤᠷᠢᠬ ᠢ ᠢᠯᠠᠷᠠᠬᠦᠯᠪᠡ᠃



    ᠵᠠᠯᠭᠠᠮᠵᠢᠯᠠᠬᠤ ᠪᠠ ᠰᠢᠨ᠎ᠠ ᠶᠢ ᠡᠬᠦᠳᠬᠦ ᠶᠢ ᠤᠷᠭᠠᠨᠢᠬ ᠢᠶᠠᠷ ᠨᠢᠬᠡᠳᠬᠡᠭᠰᠡᠡ ᠪᠤᠯ 《ᠪᠠᠷᠢᠮᠵᠢᠶ᠎ᠠ》 ᠪᠡ
     《ᠳᠦᠷᠢᠮ》 ᠤᠨ ᠬᠠᠮᠤᠬ ᠢᠯᠠ ᠳᠤᠳᠤ ᠤᠠᠴᠠᠯᠢᠬ ᠪᠤᠯᠤᠨ᠎ᠠ — —


     ᠬᠠᠤᠯᠢ ᠠᠨᠤ ᠴᠠᠬ ᠦᠶ᠎ᠠ ᠶᠢ ᠳᠠᠭᠠᠪᠠᠰᠦ ᠵᠠᠰᠠᠵᠦ ᠴᠢᠳᠠᠮᠤᠢ᠂ ᠵᠠᠰᠠᠬᠤ ᠠᠨᠤ ᠶᠢᠷᠳᠢᠠᠴᠦ ᠶᠢᠨ ᠶᠤᠰᠤᠨ ᠳᠤᠷ ᠵᠤᠬᠢᠴᠠᠪᠠᠰᠦ ᠪᠦᠳᠦᠮᠤᠢ᠃
     ᠮᠠᠠ ᠤ ᠨᠠᠮ ᠤᠨ ᠤᠷᠳᠦ ᠬᠤᠭᠤᠴᠠᠭᠠᠠ ᠠᠴᠠ ᠨᠠᠰᠢ ᠪᠦᠷᠢᠯᠳᠦᠭᠰᠡᠡ ᠳᠠᠤᠬᠡ ᠶᠢᠨ ᠳᠤᠷᠰᠢᠯᠭ᠎ᠠ ᠪᠠ ᠠᠮᠵᠢᠯᠳᠠ ᠤᠯᠤᠬᠰᠠᠠ ᠠᠷᠭ᠎ᠠ ᠬᠢᠳᠠᠯ ᠢ ᠳᠠᠰᠦᠷᠠᠯᠳᠠ ᠦᠬᠡᠢ ᠳ᠋ᠦᠩᠨᠡᠬᠦ ᠶᠢᠨ ᠳᠠᠭᠠᠤ ᠰᠢᠨ᠎ᠠ ᠪᠠᠶᠢᠳᠠᠯ ᠡᠬᠦᠷᠬᠡ ᠪᠡ ᠦᠢᠯᠠᠳᠦᠯᠬᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠠ ᠰᠢᠨ᠎ᠠ ᠶᠢ ᠡᠬᠦᠳᠦᠭᠰᠠᠠ ᠪᠠᠶᠢᠨ᠎ᠠ᠂ ᠡᠨᠠ ᠪᠤᠯ ᠮᠠᠠ ᠤ ᠨᠠᠮ ᠤᠨ ᠨᠠᠮ ᠤᠨ ᠪᠠᠶᠢᠭᠤᠯᠤᠯᠳᠠ ᠶᠢ ᠠᠳᠬᠤᠬᠤ ᠨᠢᠬᠡᠡ ᠴᠢᠬᠤᠯᠠ ᠳᠤᠷᠰᠢᠯᠭ᠎ᠠ ᠪᠤᠯᠤᠨ᠎ᠠ᠃
     ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠤᠨ ᠨᠢᠬᠡᠳᠦᠬᠡᠷ ᠪᠦᠬᠦᠳᠠ ᠬᠤᠷᠠᠯ ᠳᠠᠭᠡᠷ᠎ᠠ   ᠶᠠᠷᠦᠩᠬᠡᠢ  ᠱᠦᠵᠢ ᠰᠢ ᠶᠢᠨ ᠫᠢᠩ᠂ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠤᠨ ᠳᠡᠤᠬᠡ ᠶᠢᠨ ᠳᠤᠷᠰᠢᠯᠭ᠎ᠠ ᠶᠢ ᠳ᠋ᠦᠩᠨᠠᠠ ᠬᠡᠷᠡᠭᠯᠡᠵᠦ᠂ ᠰᠢᠯᠢᠳᠡᠭ ᠤᠯᠠᠮᠵᠢᠯᠠᠯ ᠢ ᠪᠠᠳᠠᠷᠠᠭᠤᠯᠤᠠ ᠳᠠᠯᠬᠡᠷᠡᠬᠦᠯᠬᠦ ᠶᠢᠨ ᠬᠠᠮᠳᠦ ᠴᠠᠬ ᠦᠶ᠎ᠠ ᠶᠢᠨ ᠤᠷᠦᠬᠰᠢᠯᠠᠯᠳᠠ ᠶᠢᠨ ᠠᠯᠬᠤᠴᠠ ᠶᠢ ᠳᠠᠭᠠᠵᠦ᠂ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠤᠨ ᠵᠢᠮ᠎ᠠ ᠶᠤᠰᠦᠴᠢ ᠴᠢᠨᠠᠷ ᠤᠨ ᠲᠤᠬᠠᠢ ᠳᠠᠨᠢᠯᠳᠠ ᠪᠠᠨ ᠬᠦᠨᠵᠡᠬᠡᠶᠢᠷᠡᠬᠦᠯᠵᠦ᠂ ᠰᠢᠨ᠎ᠠ ᠳᠤᠷᠰᠢᠯᠭ᠎ᠠ ᠪᠠᠷ ᠰᠢᠨ᠎ᠠ ᠦᠢᠯᠠᠳᠦᠯᠬᠡ ᠶᠢ ᠴᠢᠳᠠᠮᠠᠭᠠᠢ ᠪᠠᠷ ᠵᠢᠯᠥᠭᠤᠳᠬᠤ ᠬᠡᠷᠡᠭᠳᠡᠢ ᠬᠡᠵᠦ ᠴᠢᠬᠤᠯᠠᠴᠢᠯᠠᠠ ᠵᠢᠭᠠᠵᠦ ᠭᠠᠷᠭᠠᠪᠡ᠃
     ᠪᠢᠴᠢᠭ ᠮᠠᠲ᠋ᠧᠷᠢᠶᠠᠯ ᠳᠤᠭᠤᠷᠪᠢᠬᠤ ᠳᠤᠭᠤᠢᠢᠯᠠᠩ ᠨᠢ ᠡᠨᠡᠬᠦ ᠴᠢᠬᠤᠯᠠ ᠵᠠᠷᠴᠢᠮ ᠢ ᠬᠢᠨᠠᠮᠠᠭᠠᠢ ᠡᠵᠡᠮᠰᠢᠵᠦ᠂ ᠮᠠᠠ ᠤ ᠨᠠᠮ ᠤᠨ ᠳᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠳᠠᠯ᠎ᠠ ᠪᠠᠷ ᠬᠢ ᠳᠤᠷᠰᠢᠯᠭ᠎ᠠ ᠪᠠ ᠰᠤᠷᠭᠠᠮᠵᠢ ᠶᠢ ᠬᠦᠨᠵᠡᠬᠡᠢ ᠳ᠋ᠦᠩᠨᠠᠵᠦ᠂ ᠮᠠᠠ ᠤ ᠨᠠᠮ ᠤᠨ ᠤᠷᠳᠦ ᠬᠤᠭᠤᠴᠠᠭᠠᠠ ᠤ ᠦᠢᠯᠠᠳᠦᠯᠬᠡ ᠳᠤᠮᠳᠠ ᠪᠤᠢ ᠪᠤᠯᠤᠬᠰᠠᠠ ᠳᠦᠷᠢᠮ ᠳᠤᠬᠳᠠᠭᠠᠯ ᠪᠠ ᠰᠢᠯᠢᠳᠡᠭ ᠤᠯᠠᠮᠵᠢᠯᠡᠯ ᠢ ᠵᠠᠯᠭᠠᠮᠵᠢᠯᠠᠬᠤ ᠪᠠ ᠪᠠᠳᠠᠷᠠᠭᠤᠯᠬᠤ ᠶᠢ ᠠᠩᠬᠠᠷᠦᠬᠰᠠᠠ ᠮᠦᠷᠳᠡᠬᠡᠡ ᠪᠠᠰᠠ ᠨᠠᠮ ᠤᠨ ᠠᠷᠪᠠᠠ ᠨᠠᠢᠮᠠᠳᠤᠭᠠᠷ ᠶᠡᠭᠡ ᠬᠤᠷᠠᠯ ᠠᠴᠠ ᠨᠠᠰᠢ ᠶᠠᠷᠦᠩᠬᠡᠢ ᠱᠦᠵᠢ ᠰᠢ ᠶᠢᠨ ᠫᠢᠩ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠳᠤᠬᠠᠢ ᠳᠤᠷᠠᠳᠦᠬᠰᠠᠠ ᠰᠢᠨ᠎ᠠ ᠦᠵᠠᠯ ᠰᠠᠨᠠᠭ᠎ᠠ ᠰᠢᠨ᠎ᠠ ᠮᠠᠭᠠᠳᠯᠠᠯᠳᠠ ᠰᠢᠨ᠎ᠠ ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠵᠦ᠂ ᠨᠠᠮ ᠤᠨ ᠳᠦᠪ ᠬᠤᠷᠢᠶ᠎ᠠ ᠶᠢᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠰᠢᠨ᠎ᠠ ᠠᠷᠭ᠎ᠠ ᠬᠡᠮᠵᠢᠶ᠎ᠠ ᠰᠢᠨ᠎ᠠ ᠳᠤᠷᠰᠢᠯᠭ᠎ᠠ ᠰᠢᠨ᠎ᠠ ᠠᠮᠵᠢᠯᠳᠠ ᠶᠢ ᠬᠦᠢᠴᠠᠳ ᠳᠤᠰᠬᠠᠵᠦ᠂ ᠴᠠᠬ ᠦᠶ᠎ᠠ ᠶᠢᠨ ᠴᠢᠨᠠᠷ᠂ ᠰᠢᠨ᠎ᠠ ᠶᠢ ᠡᠬᠦᠳᠬᠦ ᠴᠢᠨᠠᠷ ᠢ ᠢᠯᠠᠷᠡᠬᠦᠯᠵᠡᠢ᠃
     ᠵᠠᠯᠭᠠᠮᠵᠢᠯᠠᠬᠤ ᠪᠠ ᠰᠢᠨ᠎ᠠ ᠶᠢ ᠡᠬᠦᠳᠬᠦ ᠶᠢ ᠤᠷᠭᠠᠨᠢᠬ ᠢᠶᠠᠷ ᠨᠢᠬᠡᠳᠬᠡᠵᠦ᠂ ᠰᠢᠨ᠎ᠠ ᠪᠠᠷᠢᠮᠵᠢᠶ᠎ᠠ ᠪᠠ 1980 ᠤᠠ ᠤ ᠪᠠᠷᠢᠮᠵᠢᠶ᠎ᠠ ᠶᠢᠨ ᠬᠠᠷᠢᠴᠠᠭ᠎ᠠ ᠲᠡᠭᠡᠷ᠎ᠡ ᠳᠦᠪᠯᠡᠷᠡᠩᠭᠦᠢ ᠢᠯᠡᠷᠡᠬᠦᠯᠪᠡ᠃
     ᠶᠠᠷᠦᠩᠬᠡᠢ ᠱᠦᠵᠢ ᠰᠢ ᠶᠢᠨ ᠫᠢᠩ᠂ ᠰᠢᠨ᠎ᠠ ᠪᠠᠷᠢᠮᠵᠢᠶ᠎ᠠ ᠶᠢ ᠳᠤᠬᠳᠠᠭᠠᠬᠰᠠᠠ ᠪᠠ ᠨᠡᠶᠢᠳᠡᠯᠡᠭᠰᠠᠠ ᠨᠢ 1980 ᠤᠠ ᠤ ᠪᠠᠷᠢᠮᠵᠢᠶ᠎ᠠ ᠶᠢ ᠤᠷᠣᠯᠠᠭᠤᠯᠬᠤ ᠬᠡᠰᠡᠡ ᠪᠢᠰᠢ᠂ ᠬᠠᠷᠢᠠ ᠳᠠᠬᠦᠡ ᠤ ᠭᠤᠤᠯ ᠵᠠᠷᠴᠢᠮ ᠪᠠ ᠳᠤᠬᠳᠠᠭᠠᠯ ᠢ ᠪᠠᠷᠢᠮᠳᠠᠯᠠᠬᠠᠰᠠᠠ ᠰᠠᠭᠤᠷᠢᠠ ᠳᠠᠭᠡᠷ᠎ᠠ ᠰᠢᠨ᠎ᠠ ᠪᠠᠶᠢᠳᠠᠯ ᠰᠢᠨ᠎ᠠ ᠠᠰᠠᠭᠤᠳᠠᠯ ᠳᠤ ᠴᠢᠭᠯᠡᠬᠦᠯᠤᠡ ᠰᠢᠨ᠎ᠠ ᠳᠤᠬᠳᠠᠭᠠᠯ ᠭᠠᠷᠭᠠᠬᠰᠠᠠ ᠪᠠᠶᠢᠨ᠎ᠠ ᠬᠡᠵᠦ ᠵᠢᠭᠠᠵᠦ ᠭᠠᠷᠭᠠᠵᠠᠢ᠃
     ᠬᠠᠮᠳᠦ ᠶᠢᠨ ᠤᠳᠦᠷᠢᠳᠤᠯᠭ᠎ᠠ ᠶᠢ ᠪᠠᠷᠢᠮᠳᠠᠯᠠᠵᠦ᠂ ᠬᠤᠪᠢ ᠬᠦᠮᠦᠠ ᠤ ᠭᠠᠭᠴᠠᠭᠠᠷ ᠳᠤᠯᠤᠭᠠᠢ ᠮᠠᠳᠠᠬᠦ ᠶᠢ ᠡᠰᠠᠷᠬᠦᠴᠠᠵᠦ᠂ ᠨᠠᠮ ᠤᠨ ᠳᠦᠪᠯᠡᠷᠡᠩᠬᠦᠢ ᠨᠢᠬᠡᠳᠦᠯ ᠢ ᠬᠠᠮᠠᠭᠠᠯᠠᠵᠦ᠂ ᠨᠠᠮ ᠤᠨ ᠰᠠᠬᠢᠯᠭ᠎ᠠ ᠪᠠᠳᠦ ᠶᠢ ᠴᠢᠩᠭ᠎ᠠ ᠵᠢᠷᠦᠮᠯᠠᠵᠦ᠂ ᠦᠨᠠᠠ ᠦᠬᠡ ᠬᠡᠯᠡᠵᠦ᠂ ᠬᠡᠯᠡᠵᠦ ᠬᠢᠬᠦ ᠨᠢᠬᠡᠳᠦᠯᠳᠡᠢ ᠪᠠᠶᠢᠵᠦ᠂ ᠨᠠᠮ ᠪᠠ ᠤᠯᠠᠠ ᠳᠦᠮᠡᠡ ᠤ ᠬᠢᠨᠠᠯᠳᠠ ᠶᠢ ᠬᠦᠯᠢᠶᠠᠵᠦ᠂ ᠤᠠᠴᠠ ᠡᠷᠬᠡ ᠶᠢ ᠬᠡᠷᠡᠭᠯᠡᠵᠦ ᠪᠤᠯᠬᠤ ᠦᠬᠡᠢ ᠁ ᠭᠡᠵᠤ 1980 ᠤᠠ ᠤ ᠪᠠᠷᠢᠮᠵᠢᠶ᠎ᠠ ᠶᠢᠨ ᠭᠤᠤᠯ ᠵᠠᠷᠴᠢᠮ ᠪᠠ ᠳᠤᠬᠳᠠᠭᠠᠯ ᠢ ᠳᠡᠬᠢᠨᠲᠠ ᠴᠢᠬᠤᠯᠠᠴᠢᠯᠠᠭᠰᠠᠠ ᠪᠠᠶᠢᠨ᠎ᠠ᠃ ᠰᠢᠨ᠎ᠠ ᠬᠠᠭᠤᠴᠢᠠ ᠪᠠᠷᠢᠮᠵᠢᠶ᠎ᠠ ᠶᠢ ᠬᠠᠷᠢᠯᠴᠠᠠ ᠤᠶᠠᠯᠳᠤᠭᠤᠯᠬᠤ᠂ ᠤᠳᠦᠮ ᠤᠯᠠᠮᠵᠢᠯᠠᠯ ᠨᠢᠬᠡᠳᠡᠢ ᠪᠠᠶᠢᠯᠭᠠᠬᠤ ᠪᠤᠯ ᠤᠳᠦᠬᠢ ᠪᠠ ᠬᠤᠶᠢᠰᠢᠳᠠ ᠶᠢᠨ ᠨᠢᠬᠡ ᠬᠤᠭᠤᠴᠠᠭᠠᠠ ᠤ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠳᠤ ᠡᠷᠬᠡᠪᠰᠢ ᠵᠢᠷᠦᠮᠯᠠᠬᠤ ᠬᠡᠷᠡᠭᠳᠡᠢ ᠪᠢᠯᠠ᠃



    ᠨᠠᠮ ᠤᠨ ᠳᠦᠷᠢᠮ ᠢᠶᠠᠷ ᠦᠨᠳᠦᠰᠦᠠ ᠪᠠᠷᠢᠮᠳᠠᠯᠠᠯ ᠪᠤᠯᠭᠠᠬᠤ ᠶᠢ ᠪᠠᠷᠢᠮᠳᠠᠯᠠᠵᠦ᠂ 《ᠪᠠᠷᠢᠮᠵᠢᠶ᠎ᠠ》 ᠪᠡ 《ᠳᠦᠷᠢᠮ》 ᠳᠤ ᠨᠠᠮ ᠤᠨ ᠳᠦᠷᠢᠮ ᠤᠨ ᠵᠠᠷᠢᠮ ᠦᠨᠳᠦᠰᠦᠠ ᠱᠠᠭᠠᠷᠳᠠᠯᠭ᠎ᠠ ᠶᠢ ᠪᠤᠳᠠᠳᠠᠶᠢᠵᠢᠭᠤᠯᠪᠡ — —


     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ᠂ ᠶᠠᠭᠤᠨ ᠤ ᠡᠮᠦᠨ᠎ᠡ ᠤᠷᠢᠳᠠᠪᠠᠷ ᠨᠠᠮ ᠤᠨ ᠳᠦᠷᠢᠮ ᠢ ᠰᠤᠷᠤᠯᠴᠠᠵᠤ᠂ ᠨᠠᠮ ᠤᠨ ᠳᠦᠷᠢᠮ ᠢ ᠵᠢᠷᠤᠮᠯᠠᠵᠤ᠂ ᠨᠠᠮ ᠤᠨ ᠳᠦᠷᠢᠮ ᠢ ᠲᠤᠤᠱᠯᠠᠭᠤᠯᠵᠤ᠂ ᠨᠠᠮ ᠤᠨ ᠳᠦᠷᠢᠮ ᠢ ᠬᠠᠮᠠᠭᠠᠯᠠᠬᠤ ᠬᠡᠷᠡᠭᠲᠡᠢ ᠭᠡᠵᠤ ᠶᠡᠷᠦᠩᠬᠡᠢ ᠱᠦᠵᠢ ᠰᠢ ᠶᠢᠨ ᠫᠢᠩ ᠤᠯᠠᠨᠲᠠ ᠴᠢᠬᠤᠯᠠᠴᠢᠯᠠᠭᠰᠠᠠ ᠪᠠᠶᠢᠨ᠎ᠠ᠃
     ᠨᠠᠮ ᠤᠨ ᠳᠦᠷᠢᠮ ᠪᠤᠯ ᠨᠠᠮ ᠤᠨ ᠳᠤᠳᠤᠭᠠᠳᠦ ᠶᠢᠨ ᠦᠨᠳᠦᠰᠦᠠ ᠶᠡᠭᠡ ᠬᠠᠤᠯᠢ ᠮᠦᠠ᠂ ᠪᠦᠬᠦ ᠨᠠᠮ ᠤᠨ ᠠᠵᠢᠯᠯᠠᠭ᠎ᠠ ᠶᠢ ᠵᠢᠷᠦᠮᠵᠢᠭᠤᠯᠬᠤ ᠪᠠ ᠬᠢᠵᠠᠭᠠᠷᠯᠠᠬᠤ ᠶᠠᠷᠦᠩᠬᠡᠢ ᠳᠦᠷᠢᠮ ᠪᠤᠯᠤᠨ᠎ᠠ᠃ ᠪᠠᠷᠢᠮᠵᠢᠶ᠎ᠠ ᠶᠢᠨ ᠨᠠᠮ ᠤᠨ ᠳᠤᠳᠤᠭᠠᠳᠦ ᠶᠢᠨ ᠬᠠᠤᠯᠢ ᠳᠦᠷᠢᠮ ᠤᠨ ᠰᠢᠰᠲ᠋ᠧᠮ ᠳᠤᠮᠳᠠᠬᠢ ᠪᠠᠶᠢᠷᠢ ᠳᠠᠰ ᠨᠢ ᠨᠠᠮ ᠤᠨ ᠳᠦᠷᠢᠮ ᠤᠨ ᠳᠠᠷᠠᠭ᠎ᠠ ᠤᠷᠤᠵᠤ ᠪᠠᠶᠢᠬᠤ ᠪᠤᠯᠬᠤᠷ᠂ ᠪᠦᠬᠦ ᠨᠠᠮ ᠤᠨ ᠤᠯᠤᠰ ᠳᠦᠷᠦ ᠶᠢᠨ ᠠᠮᠢᠳᠦᠷᠠᠯ᠂ ᠵᠤᠬᠢᠶᠠᠠ ᠪᠠᠶᠢᠭᠤᠯᠤᠯᠳᠠ ᠶᠢᠨ ᠠᠮᠢᠳᠦᠷᠠᠯ ᠪᠠ ᠪᠦᠬᠦ ᠨᠠᠮ ᠤᠨ ᠬᠡᠰᠢᠬᠦᠡ ᠤ ᠠᠵᠢᠯᠯᠠᠭ᠎ᠠ ᠶᠢᠨ ᠳᠤᠬᠠᠢ ᠭᠠᠷᠭᠠᠬᠰᠠᠠ ᠦᠨᠳᠦᠰᠦᠠ ᠳᠤᠬᠳᠠᠭᠠᠯ ᠮᠦᠠ᠃ ᠳᠦᠷᠢᠮ ᠨᠢ ᠡᠬᠦᠡ ᠤ ᠳᠡᠷᠠᠭ᠎ᠠ ᠤᠷᠦᠵᠦ᠂ ᠨᠠᠮ ᠤᠨ ᠶᠠᠮᠠᠷ ᠨᠢᠬᠡᠡ ᠬᠦᠷᠢᠶᠡᠡ ᠳᠠᠬᠢ ᠴᠢᠬᠤᠯᠠ ᠬᠠᠷᠢᠴᠠᠭ᠎ᠠ ᠪᠤᠶᠤ ᠶᠠᠮᠠᠷ ᠨᠢᠬᠡᠡ ᠳᠠᠯ᠎ᠠ ᠶᠢᠨ ᠴᠢᠬᠤᠯᠠ ᠠᠵᠢᠯ ᠤᠨ ᠳᠤᠬᠠᠢ ᠭᠠᠷᠭᠠᠬᠰᠠᠠ ᠪᠦᠬᠦ ᠳᠠᠯ᠎ᠠ ᠶᠢᠨ ᠳᠤᠬᠳᠠᠭᠠᠯ ᠪᠤᠯᠤᠨ᠎ᠠ᠃
     《ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠤᠨ ᠠᠯᠢᠪᠡ ᠵᠢᠷᠦᠮᠵᠢᠭᠤᠯᠤᠯ ᠨᠢ ᠴᠦᠮ ᠨᠠᠮ ᠤᠨ ᠳᠦᠷᠢᠮ ᠤᠨ ᠵᠤᠷᠢᠬ ᠰᠠᠨᠠᠭ᠎ᠠ ᠶᠢ ᠳᠤᠤᠱᠯᠠᠭᠤᠯᠵᠦ᠂ ᠨᠠᠮ ᠤᠨ ᠳᠦᠷᠢᠮ ᠤᠨ ᠱᠠᠭᠠᠷᠳᠠᠯᠭ᠎ᠠ ᠶᠢ ᠢᠯᠠᠷᠠᠬᠦᠯᠵᠦ᠂ ᠨᠠᠮ ᠤᠨ ᠳᠦᠷᠢᠮ ᠤᠨ ᠬᠠᠮᠢᠶ᠎ᠠ ᠪᠦᠬᠦᠢ ᠳᠤᠬᠳᠠᠭᠠᠯ ᠳᠤ ᠨᠡᠶᠢᠴᠡᠬᠦ ᠬᠡᠷᠡᠭᠳᠡᠢ》 ᠬᠡᠵᠦ ᠶᠠᠷᠦᠩᠬᠡᠢ ᠱᠦᠵᠢ ᠰᠢ ᠶᠢᠨ ᠫᠢᠩ ᠳᠤᠳᠤᠷᠬᠠᠢ ᠱᠠᠭᠠᠷᠳᠠᠵᠡᠢ᠃
     《ᠪᠠᠷᠢᠮᠵᠢᠶ᠎ᠠ》 ᠪᠡ 《ᠳᠦᠷᠢᠮ》 ᠨᠢ ᠨᠠᠮ ᠤᠨ ᠳᠦᠷᠢᠮ ᠢ ᠬᠦᠨᠳᠦᠳᠬᠡᠬᠦ᠂ ᠨᠠᠮ ᠤᠨ ᠳᠦᠷᠢᠮ ᠢ ᠳᠤᠤᠱᠯᠠᠭᠤᠯᠬᠤ᠂ ᠨᠠᠮ ᠤᠨ ᠳᠦᠷᠢᠮ ᠢ ᠬᠠᠮᠠᠭᠠᠯᠠᠬᠤ ᠶᠢ ᠳᠤᠪᠤᠶᠢᠯᠭᠠᠵᠦ᠂ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠪᠠ ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠳᠤᠬᠠᠢ ᠨᠠᠮ ᠤᠨ ᠳᠦᠷᠢᠮ ᠤᠨ ᠱᠠᠭᠠᠷᠳᠠᠯᠭ᠎ᠠ ᠶᠢ ᠪᠤᠳᠠᠳᠠᠶᠢᠵᠢᠭᠤᠯᠬᠤ ᠪᠠᠷ ᠬᠦᠴᠦᠯᠠᠠ ᠴᠢᠷᠮᠠᠶᠢᠪᠡ᠃
     ᠵᠢᠱᠢᠶᠠᠯᠠᠪᠡᠯ᠂ ᠨᠠᠮ ᠤᠨ ᠳᠦᠷᠢᠮ ᠳᠤ ᠳᠤᠬᠳᠠᠭᠠᠬᠰᠠᠠ ᠠᠷᠠᠳᠴᠢᠯᠠᠯ ᠳᠦᠪᠯᠡᠷᠡᠯ ᠤᠨ ᠶᠤᠰᠤ ᠶᠢᠨ ᠵᠠᠷᠴᠢᠮ ᠨᠢ ᠪᠠᠷᠢᠮᠵᠢᠶ᠎ᠠ ᠶᠢᠨ ᠬᠠᠮᠢᠶ᠎ᠠ ᠪᠦᠬᠦᠢ ᠭᠡᠰᠡᠭ ᠲᠤ ᠬᠦᠢᠴᠠᠳ ᠢᠯᠡᠷᠡᠬᠦᠯᠦᠭᠳᠡᠵᠡᠢ᠃
     ᠳᠠᠬᠢᠠ ᠵᠢᠱᠢᠶᠠᠯᠠᠪᠡᠯ᠂ ᠨᠠᠮ ᠤᠨ ᠳᠦᠷᠢᠮ ᠳᠠᠬᠢ ᠨᠠᠮ ᠤᠨ ᠬᠡᠰᠢᠬᠦᠡ ᠤ ᠠᠷᠠᠳᠴᠢᠯᠡᠯ ᠤᠨ ᠡᠷᠬᠡ ᠪᠡ ᠪᠠᠳᠦᠯᠠᠭ᠎ᠠ ᠶᠢᠨ ᠳᠤᠬᠠᠢ ᠳᠤᠬᠳᠠᠭᠠᠯ ᠢ ᠪᠠᠷᠢᠮᠵᠢᠶ᠎ᠠ ᠳᠤ ᠳᠤᠰᠬᠠᠢ ᠬᠡᠰᠡᠭ ᠭᠠᠷᠭᠠᠵᠦ ᠢᠯᠡᠷᠡᠬᠦᠯᠦᠭᠰᠡᠡ ᠪᠠᠶᠢᠨ᠎ᠠ᠃
     ᠪᠠᠰᠠ ᠵᠢᠱᠢᠶᠠᠯᠠᠪᠡᠯ᠂ ᠨᠠᠮ ᠤᠨ ᠳᠦᠷᠢᠮ ᠳᠠᠬᠢ ᠨᠠᠮ ᠪᠤᠯᠤᠨ ᠠᠷᠠᠳ ᠳᠦᠮᠡᠡ ᠨᠢᠬᠳᠠ ᠬᠠᠷᠢᠴᠠᠭ᠎ᠠ ᠬᠤᠯᠪᠤᠭ᠎ᠠ ᠲᠠᠢ ᠪᠠᠶᠢᠬᠤ ᠳᠤᠬᠠᠢ ᠳᠤᠬᠳᠠᠭᠠᠯ ᠢ ᠪᠠᠷᠢᠮᠵᠢᠶ᠎ᠠ ᠳᠤ ᠪᠠᠰᠠ ᠳᠤᠰᠬᠠᠢ ᠠᠭᠤᠯᠭ᠎ᠠ ᠪᠠᠷ ᠪᠤᠳᠠᠳᠠᠢ ᠳᠤᠬᠢᠷᠠᠭᠤᠯᠤᠯᠲᠠ ᠬᠢᠭᠰᠡᠡ ᠪᠠᠶᠢᠨ᠎ᠠ᠃
     《ᠳᠦᠷᠢᠮ》 ᠳᠤ ᠨᠠᠮ ᠤᠨ ᠳᠦᠷᠢᠮ ᠳᠠᠬᠢ ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠳᠤᠬᠠᠢ ᠵᠡᠷᠴᠢᠮ ᠤᠨ ᠴᠢᠨᠠᠷᠳᠠᠢ ᠱᠠᠭᠠᠷᠳᠠᠯᠭ᠎ᠠ ᠶᠢ ᠨᠠᠷᠢᠯᠢᠬᠵᠢᠭᠤᠯᠵᠦ᠂ ᠨᠠᠮ ᠤᠨ ᠳᠦᠪ ᠬᠤᠷᠢᠶᠠᠠ ᠤ ᠵᠤᠬᠢᠶᠠᠠ ᠪᠠᠶᠢᠭᠤᠯᠤᠯᠳᠠ᠂ ᠨᠠᠮ ᠤᠨ ᠬᠤᠷᠢᠶ᠎ᠠ ︵ᠨᠠᠮ ᠤᠨ ᠤᠳᠦᠷᠢᠳᠬᠤ ᠳᠤᠭᠤᠢᠢᠯᠠᠩ︶᠂ ᠨᠠᠮ ᠤᠨ ᠰᠠᠬᠢᠯᠭ᠎ᠠ ᠪᠠᠳᠦ ᠪᠠᠶᠢᠴᠠᠭᠠᠬᠤ ᠬᠤᠷᠢᠶ᠎ᠠ᠂ ᠦᠨᠳᠦᠰᠦᠠ ᠱᠠᠳᠦᠠ ᠤ ᠨᠠᠮ ᠤᠨ ᠵᠤᠬᠢᠶᠠᠠ ᠪᠠᠶᠢᠭᠤᠯᠤᠯᠳᠠ ᠪᠠ ᠨᠠᠮ ᠤᠨ ᠬᠡᠰᠢᠬᠦᠡ ᠭᠡᠬᠦ 4 ᠳᠦᠷᠦᠯ ᠤᠨ ᠬᠢᠨᠠᠯᠳᠠ ᠳᠠᠯᠪᠢᠬᠤ ᠭᠤᠤᠯ ᠴᠤᠬᠴᠠ ᠶᠢᠨ ᠬᠢᠨᠠᠯᠳᠠ ᠳᠠᠯᠪᠢᠬᠤ ᠡᠬᠦᠷᠬᠡ ᠬᠠᠷᠢᠭᠤᠴᠠᠯᠭ᠎ᠠ ᠵᠢᠴᠢ ᠵᠤᠬᠢᠴᠠᠯᠳᠤᠭᠰᠠᠠ ᠬᠢᠨᠠᠯᠳᠠ ᠳᠠᠯᠪᠢᠬᠤ ᠳᠦᠷᠢᠮ ᠤᠨ ᠳᠤᠬᠠᠢ ᠳᠤᠰ ᠳᠤᠰ ᠳᠤᠬᠳᠠᠭᠠᠯ ᠭᠠᠷᠭᠠᠪᠡ᠃
     《ᠪᠠᠷᠢᠮᠵᠢᠶ᠎ᠠ》 ᠪᠡ 《ᠳᠦᠷᠢᠮ》 ᠨᠢ ᠨᠠᠮ ᠤᠨ ᠳᠦᠷᠢᠮ ᠯᠦᠭᠡ ᠪᠦᠬᠦᠯᠢ ᠨᠢᠬᠡ ᠴᠤᠬᠴᠠ ᠪᠤᠯᠵᠦ᠂ ᠰᠢᠰᠲ᠋ᠧᠮ ᠲᠠᠢ ᠪᠠᠷ ᠢᠵᠢ ᠪᠦᠷᠢᠳᠦᠬᠦᠯᠵᠦ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠳᠤᠮᠳᠠᠬᠢ ᠨᠠᠮ ᠤᠨ ᠳᠦᠷᠢᠮ ᠤᠨ ᠪᠠᠶᠢᠷᠢ ᠰᠠᠭᠤᠷᠢ ᠪᠡ ᠦᠢᠯᠡᠳᠦᠯ ᠢ ᠴᠢᠨᠠᠬᠰᠢᠳᠠ ᠳᠤᠪᠤᠶᠢᠯᠭᠠᠵᠠᠢ ᠬᠡᠵᠦ ᠤᠯᠠᠠ ᠳᠠᠯ᠎ᠠ ᠠᠴᠠ ᠳᠤᠰᠬᠠᠵᠦ ᠪᠤᠢ᠃



     ᠠᠮᠢᠨ ᠭᠠᠵᠠᠷ ᠢ ᠨᠢ ᠠᠳᠬᠤᠵᠦ᠂ ᠪᠤᠳᠠᠳᠠᠢ ᠠᠷᠭ᠎ᠠ ᠭᠠᠷᠭᠠᠵᠦ᠂ 《ᠪᠠᠷᠢᠮᠵᠢᠶ ᠎ᠠ》 ᠪᠠ 《ᠳᠦᠷᠢᠮ》 ᠨᠢ
     ᠳᠦᠷᠢᠮ ᠤᠨ ᠳᠤᠰᠠᠳᠠᠢ ᠪᠤᠯᠤᠭᠰᠠᠠ᠂ ᠬᠡᠷᠡᠭᠵᠢᠭᠦᠯᠪᠠᠯ ᠪᠦᠲᠦᠮᠵᠢᠲᠡᠢ ᠪᠤᠯᠬᠤ ᠶᠢ ᠢᠯᠠᠷᠠᠬᠦᠯᠵᠡᠢ — —


     《ᠶᠠᠮᠠᠷ ᠳᠤᠪᠤᠶᠢᠮ᠎ᠠ ᠠᠰᠠᠭᠤᠳᠠᠯ ᠪᠠᠶᠢᠪᠠᠯ ᠶᠠᠮᠠᠷ ᠠᠰᠠᠭᠤᠳᠠᠯ ᠢ ᠰᠢᠢᠳᠪᠤᠷᠢᠯᠠᠬᠦ ᠪᠠᠷ ᠬᠦᠴᠦᠯᠠᠠ ᠴᠢᠷᠮᠠᠶᠢᠬᠤ᠂ ᠦᠵᠡᠯᠳᠡ ᠬᠦᠠ ᠪᠠᠶᠢᠬᠤ᠂ ᠦᠬᠡ ᠬᠡᠷᠡᠭᠯᠡᠬᠦ ᠳᠡᠭᠡᠨ ᠴᠢᠩᠭ᠎ᠠ ᠬᠢᠨᠠᠮᠠᠭᠠᠢ ᠪᠠᠶᠢᠬᠤ᠂ ᠠᠷᠭ᠎ᠠ ᠬᠡᠮᠵᠢᠶ᠎ᠠ ᠠᠪᠬᠤ ᠳᠠᠭᠠᠨ ᠪᠦᠳᠦᠮᠵᠢᠳᠠᠢ ᠳᠤᠰᠠᠳᠠᠢ ᠪᠠᠶᠢᠬᠤ᠂ ᠵᠦᠢᠯ ᠵᠤᠷᠪᠤᠰ ᠲᠤ ᠬᠢᠵᠠᠭᠠᠷᠯᠠᠭᠳᠠᠬᠤ ᠦᠬᠡᠢ ᠪᠠᠶᠢᠬᠤ ᠬᠡᠷᠡᠭᠳᠡᠢ᠃》
     ᠶᠠᠷᠦᠩᠬᠡᠢ ᠱᠦᠵᠢ ᠰᠢ ᠶᠢᠨ ᠫᠢᠩ ᠤᠨ ᠠᠰᠠᠭᠤᠳᠠᠯ ᠢᠶᠠᠷ ᠤᠳᠦᠷᠢᠳᠤᠮᠵᠢ ᠪᠤᠯᠭᠠᠬᠤ ᠶᠢ ᠪᠠᠷᠢᠮᠳᠠᠯᠠᠬᠤ ᠳᠤᠬᠠᠢ ᠱᠠᠭᠠᠷᠳᠠᠯᠭ᠎ᠠ ᠶᠢ ᠪᠢᠴᠢᠭ ᠮᠠᠲ᠋ᠧᠷᠢᠶᠠᠯ ᠢ ᠳᠤᠭᠤᠷᠪᠢᠬᠤ ᠳᠤ ᠨᠠᠪᠳᠠ ᠳᠤᠤᠱᠯᠠᠭᠤᠯᠪᠡ᠃
     ᠢᠳᠠᠬᠡᠯ ᠬᠦᠰᠠᠯᠠᠩ ᠠᠯᠳᠠᠭᠳᠠᠭᠰᠠᠠ᠂ 《ᠳᠦᠷᠪᠡᠡ ᠢᠳᠠᠬᠡᠯ》 ᠬᠦᠷᠦᠯᠴᠠᠬᠦ ᠦᠬᠡᠢ ᠪᠠᠶᠢᠬᠤ ᠳᠤ ᠴᠢᠭᠯᠡᠬᠦᠯᠤᠡ᠂ 《ᠪᠠᠷᠢᠮᠵᠢᠶ᠎ᠠ》 ᠳᠤ ᠡᠷᠬᠡᠪᠰᠢ ᠢᠳᠠᠬᠡᠯ ᠬᠦᠰᠠᠯᠠᠩ ᠢᠶᠠᠨ ᠪᠠᠳᠦ ᠪᠤᠯᠭᠠᠬᠤ ᠶᠢ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠦᠷᠨᠢᠬᠦᠯᠬᠦ ᠶᠢᠨ ᠳᠠᠷᠢᠬᠦᠡ ᠴᠢᠬᠤᠯᠠ ᠡᠬᠦᠷᠬᠡ ᠪᠤᠯᠭᠠᠵᠦ᠂ ᠺᠡᠳ᠋ᠷ ᠤᠠᠴᠠᠭᠠᠢᠢᠯᠠᠠ ᠳᠡᠬᠡᠳᠦ ᠵᠡᠷᠬᠡ ᠶᠢᠨ ᠺᠡᠳ᠋ᠷ ᠢ ᠰᠢᠯᠭᠠᠨ ᠪᠠᠶᠢᠴᠠᠭᠠᠵᠦ ᠢᠯᠠᠭᠠᠠ ᠳᠠᠨᠢᠬᠤ ᠳᠤ ᠡᠷᠬᠡᠪᠰᠢ ᠡᠩ ᠳᠠᠷᠢᠬᠦᠨ᠎ᠠ ᠨᠠᠮ ᠤᠨ ᠦᠨᠳᠦᠰᠦᠠ ᠱᠤᠭᠤᠮ ᠢ ᠭᠤᠶᠢᠪᠢᠰᠢ ᠦᠬᠡᠢ ᠳᠤᠤᠱᠯᠠᠭᠤᠯᠤᠬᠰᠠᠠ ᠡᠰᠠᠬᠦ ᠶᠢ ᠨᠢ ᠦᠵᠡᠬᠦ ᠬᠡᠷᠡᠭᠳᠡᠢ ᠬᠡᠵᠤ ᠢᠯᠡ ᠲᠤᠲᠤᠷᠬᠠᠢ ᠲᠤᠷᠠᠳᠴᠠᠢ᠃
     ᠵᠤᠷᠢᠯᠳᠠ ᠶᠢᠨ ᠤᠬᠠᠮᠰᠠᠷ ᠰᠤᠯᠠᠷᠬᠠᠢ ᠪᠤᠯᠵᠤ᠂ ᠬᠡᠯᠪᠡᠷᠢ ᠶᠢᠨ ᠦᠵᠡᠯ ᠢ ᠬᠦᠭᠡᠭᠡᠴᠡᠯᠳᠦᠳᠡᠭ ᠶᠠᠪᠤᠳᠠᠯ ᠳᠤ ᠴᠢᠭᠯᠡᠬᠦᠯᠤᠡ᠂ 《ᠪᠠᠷᠢᠮᠵᠢᠶ᠎ᠠ》 ᠳᠤ᠂ ᠠᠷᠠᠳ ᠢ ᠵᠦᠳᠡᠬᠡᠵᠦ ᠡᠳ᠋ ᠤᠨ ᠬᠦᠴᠦᠨ ᠢ ᠬᠤᠬᠢᠷᠠᠭᠤᠯᠤᠭᠰᠠᠠ 《ᠳᠦᠷᠢ ᠳᠦᠷᠬᠦ ᠶᠢᠨ ᠢᠨᠵᠧᠨᠧᠷᠢᠩ》 ᠪᠠ 《ᠠᠵᠢᠯ ᠤᠨ ᠠᠮᠵᠢᠯᠳᠠ ᠶᠢᠨ ᠢᠨᠵᠧᠨᠧᠷᠢᠩ》 ᠬᠢᠬᠦ ᠠᠯᠢᠪᠡ ᠠᠵᠢᠯᠯᠠᠭ᠎ᠠ ᠠᠴᠠ ᠳᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠠᠵᠦ ᠬᠠᠷᠢᠭᠤᠴᠠᠯᠭ᠎ᠠ ᠳᠤᠯᠭᠠᠵᠦ᠂ ᠰᠠᠬᠢᠯᠭ᠎ᠠ ᠪᠠᠳᠦ ᠬᠠᠤᠯᠢ ᠶᠤᠰᠤᠭᠠᠷ ᠰᠢᠢᠳᠪᠤᠷᠢᠯᠠᠬᠦ ᠬᠡᠷᠡᠭᠳᠡᠢ ᠬᠡᠵᠤ ᠲᠤᠲᠤᠷᠬᠠᠢ ᠱᠠᠭᠠᠷᠳᠠᠪᠠ᠃
     ᠠᠶᠢᠮᠠᠬᠴᠢᠯᠠᠬᠤ ᠦᠵᠡᠯ᠂ ᠪᠦᠯᠥᠭᠴᠢᠯᠡᠬᠦ ᠦᠵᠡᠯ ᠤᠨ ᠮᠠᠭᠤ ᠬᠡᠪ ᠰᠤᠷᠳᠠᠯ ᠳᠤ ᠴᠢᠭᠯᠡᠬᠦᠯᠤᠡ᠂ 《ᠪᠠᠷᠢᠮᠵᠢᠶ᠎ᠠ》 ᠳᠤ ᠶᠠᠮᠠᠷᠪᠡ ᠬᠦᠮᠦᠠ ᠨᠠᠮ ᠤᠨ ᠺᠡᠳ᠋ᠷ ᠢ ᠬᠤᠪᠢᠠ ᠤ ᠪᠠᠨ ᠬᠦᠷᠦᠩᠬᠡ ᠪᠤᠯᠭᠠᠵᠦ ᠪᠤᠯᠬᠤ ᠦᠬᠡᠢ᠂ ᠨᠠᠮ ᠤᠨ ᠳᠤᠳᠤᠭᠠᠳᠦ ᠳᠤ ᠬᠤᠪᠢ ᠶᠢᠨ ᠬᠠᠷᠢᠶᠠᠯᠠᠭ᠎ᠠ ᠶᠢᠨ ᠬᠠᠷᠢᠴᠠᠭ᠎ᠠ ᠪᠠᠶᠢᠭᠤᠯᠵᠦ ᠪᠤᠯᠬᠤ ᠦᠬᠡᠢ ᠬᠡᠵᠤ ᠢᠯᠡᠳᠭᠡᠪᠡ᠃
     ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠨᠢ ᠪᠦᠷᠢᠠ ᠳᠠᠬᠦᠯᠳᠠᠷ ᠪᠤᠰᠦ᠂ ᠨᠠᠶᠢᠳᠡᠮ ᠪᠦᠷᠬᠦᠭᠦᠯᠬᠦ ᠶᠢ ᠭᠦᠢᠴᠡᠳᠭᠡᠵᠤ ᠳᠡᠶᠢᠯᠦᠭᠡᠳᠦᠢ ᠪᠠᠶᠢᠭ᠎ᠠ ᠠᠰᠠᠭᠤᠳᠠᠯ ᠳᠤ ᠴᠢᠭᠯᠡᠬᠦᠯᠥᠠ᠂ 《ᠳᠦᠷᠢᠮ》 ᠨᠢ ᠬᠢᠨᠠᠯᠳᠠ ᠳᠠᠯᠪᠢᠬᠤ ᠭᠤᠤᠯ ᠴᠤᠬᠴᠠ ᠶᠢ ᠳᠤᠳᠤᠷᠬᠠᠢᠢᠯᠠᠵᠦ᠂ ᠬᠢᠨᠠᠯᠳᠠ ᠳᠠᠯᠪᠢᠬᠤ ᠰᠢᠰᠲ᠋ᠧᠮ ᠢ ᠳᠠᠬᠦᠯᠳᠠᠷᠵᠢᠬᠦᠯᠦᠭᠰᠡᠡ ᠮᠦᠷᠳᠡᠬᠡᠡ ᠪᠠᠰᠠ ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠳᠤ ᠬᠤᠷᠢᠭᠠᠳᠤ ᠤᠷᠦᠠ ᠬᠡᠵᠦ ᠦᠬᠡᠢ᠂ ᠳᠦᠷᠢᠮ ᠠᠴᠠ ᠭᠠᠳᠠᠭᠤᠷ ᠬᠡᠰᠡᠡ ᠶᠠᠪᠤᠳᠠᠯ ᠦᠬᠡᠢ᠂ ᠬᠢᠨᠠᠯᠳᠠ ᠳᠠᠯᠪᠢᠬᠴᠢ ᠪᠠᠰᠠ ᠬᠢᠨᠡᠯᠳᠡ ᠳᠡᠯᠪᠢᠯᠳᠡ ᠶᠢ ᠬᠦᠯᠢᠶᠡᠬᠦ ᠬᠡᠷᠡᠭᠳᠡᠢ ᠬᠡᠵᠦ ᠲᠤᠲᠤᠷᠬᠠᠢ ᠴᠢᠬᠤᠯ᠃
     ᠤᠳᠦᠬᠠᠠ ᠤ ᠨᠠᠮ ᠤᠨ ᠳᠤᠳᠤᠭᠠᠳᠦ ᠶᠢᠨ ᠤᠯᠤᠰ ᠳᠦᠷᠦ ᠶᠢᠨ ᠠᠮᠢᠳᠦᠷᠠᠯ ᠪᠡ ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠳᠤ ᠤᠷᠦᠰᠢᠵᠦ ᠪᠠᠶᠢᠭ᠎ᠠ ᠳᠤᠪᠤᠶᠢᠮ᠎ᠠ ᠠᠰᠠᠭᠤᠳᠠᠯ ᠪᠠ ᠪᠠᠭᠤᠷᠠᠢ ᠭᠤᠬᠴᠤᠭ᠎ᠠ ᠳᠤ ᠬᠠᠨᠳᠦᠭᠤᠯᠤᠠ 《ᠪᠠᠷᠢᠮᠵᠢᠶ᠎ᠠ》 ᠪᠡ 《ᠳᠦᠷᠢᠮ》 ᠨᠢ ᠶᠤᠰᠦ ᠳᠦᠷᠢᠮ ᠳᠤᠬᠳᠠᠭᠠᠵᠦ᠂ ᠠᠷᠭ᠎ᠠ ᠬᠡᠮᠵᠢᠶ᠎ᠠ ᠶᠢ ᠨᠦᠬᠦᠪᠤᠷᠢᠯᠠᠵᠦ᠂ ᠴᠢᠭᠯᠡᠯ ᠢ ᠳᠤᠳᠤᠷᠬᠠᠢᠢᠯᠠᠵᠦ᠂ ᠭᠤᠤᠯᠳᠠᠯᠭ᠎ᠠ ᠶᠢ ᠳᠤᠪᠤᠶᠢᠯᠭᠠᠭᠠᠳ ᠨᠠᠮ ᠤᠨ ᠳᠤᠳᠤᠨ᠎ᠠ ᠭᠠᠳᠠᠨᠠᠬᠢ ᠶᠢᠨ ᠰᠠᠨᠠᠯ ᠨᠢᠬᠡᠳᠡᠢ ᠰᠠᠶᠢᠠ ᠦᠨᠠᠯᠠᠯᠳᠠ ᠶᠢ ᠤᠯᠪᠡ᠃



     ᠬᠢᠵᠠᠭᠠᠷᠯᠠᠬᠤ ᠪᠡ ᠤᠷᠮᠠᠰᠢᠭᠤᠯᠤᠠ ᠵᠤᠷᠢᠬᠵᠢᠭᠤᠯᠬᠤ ᠶᠢ ᠤᠶᠠᠯᠳᠤᠭᠤᠯᠤᠬᠰᠠᠠ ᠪᠤᠯᠬᠤᠷ 《ᠪᠠᠷᠢᠮᠵᠢᠶ᠎ᠠ》 ᠪᠡ 《ᠳᠦᠷᠢᠮ》 ᠨᠢ ᠨᠠᠮ ᠤᠨ ᠳᠤᠳᠤᠭᠠᠳᠦ ᠶᠢᠨ ᠢᠳᠡᠪᠬᠢᠵᠢᠯ ᠪᠦᠳᠦᠬᠡᠯᠴᠢ ᠴᠢᠨᠠᠷ ᠢ ᠳᠠᠶᠢᠴᠢᠯᠠᠬᠤ ᠳᠤ ᠠᠰᠢᠬ ᠲᠠᠢ ᠪᠤᠯᠪᠠ — —


     《ᠵᠦᠪᠰᠢᠶᠠᠷᠠᠬᠦ ᠦᠬᠡᠢ》 《ᠪᠤᠯᠬᠤ ᠦᠬᠡᠢ》 《ᠴᠠᠭᠠᠵᠠᠯᠠᠬᠤ》 ᠁ 《ᠪᠠᠷᠢᠮᠵᠢᠶ᠎ᠠ》 ᠪᠡ 《ᠳᠦᠷᠢᠮ》 ᠳᠤ ᠨᠠᠮ ᠤᠨ ᠬᠡᠰᠢᠬᠦᠡ᠂ ᠺᠡᠳ᠋ᠷ ᠤᠨ ᠠᠵᠢᠯᠯᠠᠭ᠎ᠠ ᠶᠢ ᠵᠢᠷᠦᠮᠵᠢᠭᠤᠯᠬᠤ ᠳᠤᠬᠠᠢ 《ᠬᠤᠷᠢᠭ᠎ᠠ ᠱᠤᠭᠤᠮ》 《ᠤᠯᠠᠭᠠᠠ ᠱᠤᠭᠤᠮ》 ᠳᠤᠬᠳᠠᠭᠠᠠ ᠦᠭᠴᠦ᠂ ᠬᠡᠮᠵᠢᠬᠦᠷ ᠢ ᠨᠠᠩ ᠴᠢᠩᠳᠠᠯᠠᠵᠦ᠂ ᠪᠠᠷᠢᠮᠵᠢᠶ᠎ᠠ ᠶᠢ ᠨᠠᠩ ᠦᠨᠳᠦᠷ ᠪᠤᠯᠭᠠᠬᠰᠠᠠ ᠪᠠᠶᠢᠨ᠎ᠠ᠃
     ᠬᠢᠵᠠᠭᠠᠷᠯᠠᠬᠤ ᠨᠢ ᠪᠠᠰᠠ ᠤᠷᠮᠠᠰᠢᠭᠤᠯᠤᠠ ᠵᠤᠷᠢᠬᠵᠢᠭᠤᠯᠬᠤ ᠶᠠᠪᠤᠳᠠᠯ ᠪᠤᠯᠤᠨ᠎ᠠ᠂ ᠬᠢᠵᠠᠭᠠᠷᠯᠠᠬᠤ ᠪᠡ ᠤᠷᠮᠠᠰᠢᠭᠤᠯᠤᠠ ᠵᠤᠷᠢᠬᠵᠢᠭᠤᠯᠬᠤ ᠨᠢ ᠬᠤᠪᠢᠰᠦᠩᠭᠤᠢ ᠨᠢᠬᠡᠳᠦᠯ ᠮᠦᠠ᠃
     ᠬᠢᠨᠠᠠ ᠵᠦᠪᠯᠡᠬᠦ ᠳᠤ ᠤᠷᠦᠯᠴᠠᠬᠰᠠᠠ ᠨᠠᠮ ᠤᠨ ᠳᠦᠪ ᠬᠤᠷᠢᠶ᠎ᠠ ᠶᠢᠨ ᠬᠡᠰᠢᠬᠦᠡ ᠤ ᠦᠵᠡᠬᠦ ᠪᠠᠷ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠳᠤ ᠪᠦᠬᠦ ᠨᠠᠮ ᠢᠶᠠᠷ ᠢᠶᠠᠨ ᠡᠷᠬᠡᠪᠰᠢ ᠤᠯᠥᠰ ᠳᠦᠷᠦ ᠶᠢᠨ ᠰᠠᠬᠢᠯᠭ᠎ᠠ ᠪᠠᠳᠦ ᠪᠡ ᠤᠯᠤᠰ ᠳᠦᠷᠦ ᠶᠢᠨ ᠶᠤᠰᠦ ᠳᠦᠷᠢᠮ ᠢ ᠴᠢᠩᠭ᠎ᠠ ᠵᠢᠷᠦᠮᠯᠠᠠ ᠰᠠᠬᠢᠬᠤ ᠬᠡᠷᠡᠭᠳᠡᠢ᠃ ᠡᠨᠡ ᠨᠢ ᠳᠠᠷᠦᠢ ᠨᠠᠮ ᠤᠨ ᠬᠡᠰᠢᠬᠦᠡ᠂ ᠺᠡᠳ᠋ᠷ ᠪᠡ ᠡᠯ᠎ᠠ ᠱᠠᠳᠦᠠ ᠤ ᠨᠠᠮ ᠤᠨ ᠵᠤᠬᠢᠶᠠᠠ ᠪᠠᠶᠢᠭᠤᠯᠤᠯᠳᠠ ᠳᠤ ᠠᠪᠤᠬᠰᠠᠠ ᠬᠠᠮᠤᠬ ᠶᠡᠭᠡ ᠬᠠᠮᠠᠭᠠᠯᠠᠯᠳᠠ ᠪᠤᠯᠤᠨ᠎ᠠ᠃

     《ᠪᠠᠷᠢᠮᠵᠢᠶ᠎ᠠ》 ᠪᠠ 《ᠳᠦᠷᠢᠮ》 ᠳᠤ ᠨᠠᠮ ᠤᠨ ᠬᠡᠰᠢᠬᠦᠡ᠂ ᠺᠡᠳ᠋ᠷ ᠤᠨ ᠳᠤᠬᠠᠢ ᠵᠤᠷᠢᠬᠵᠢᠭᠤᠯᠬᠤ ᠴᠢᠨᠠᠷᠳᠠᠢ᠂ ᠬᠠᠮᠠᠭᠠᠯᠠᠬᠤ ᠴᠢᠨᠠᠷᠳᠠᠢ ᠮᠠᠰᠢ ᠤᠯᠠᠠ ᠳᠤᠬᠳᠠᠭᠠᠯ ᠪᠤᠢ᠃ ᠵᠢᠱᠢᠶᠠᠯᠠᠪᠡᠯ᠂ ᠺᠡᠳ᠋ᠷ ᠪᠤᠯ ᠨᠠᠮ ᠤᠨ ᠬᠤᠪᠤᠷ ᠨᠠᠠᠳᠢᠡ ᠦᠪ ᠬᠦᠷᠦᠩᠭᠡ ᠮᠦᠠ ᠪᠤᠯᠬᠤᠷ ᠡᠷᠬᠡᠪᠰᠢ ᠴᠢᠩᠭ᠎ᠠ ᠬᠦᠮᠦᠵᠢᠬᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠳᠠ ᠳᠠᠯᠪᠢᠬᠤ ᠬᠡᠷᠡᠭᠳᠡᠢ ᠮᠦᠷᠳᠡᠬᠡᠡ ᠪᠠᠰᠠ ᠤᠯᠤᠰ ᠳᠦᠷᠦ ᠶᠢᠨ ᠳᠡᠯ᠎ᠠ ᠪᠠᠷ᠂ ᠦᠵᠠᠯ ᠰᠠᠨᠠᠭᠠᠠ ᠤ ᠳᠠᠯ᠎ᠠ ᠪᠠᠷ᠂ ᠠᠵᠢᠯ ᠤᠨ ᠳᠠᠯ᠎ᠠ ᠪᠠᠷ᠂ ᠠᠮᠢᠳᠦᠷᠠᠯ ᠤᠨ ᠳᠠᠯ᠎ᠠ ᠪᠠᠷ ᠴᠢᠩ ᠦᠨᠠᠠᠴᠢ ᠪᠠᠷ ᠬᠠᠯᠠᠮᠵᠢᠯᠡᠡ ᠬᠠᠶᠢᠷᠠᠯᠠᠵᠦ᠂ ᠺᠡᠳ᠋ᠷ ᠤᠨ ᠠᠵᠢᠯ ᠬᠢᠵᠤ ᠠᠳᠠᠯ ᠦᠢᠯᠠᠰ ᠪᠤᠰᠬᠠᠬᠤ᠂ ᠵᠤᠷᠢᠬᠳᠠᠢ ᠪᠠᠷ ᠠᠮᠵᠢᠯᠳᠠ ᠪᠦᠳᠦᠬᠡᠯ ᠭᠠᠷᠭᠠᠬᠤ ᠶᠢ ᠵᠤᠷᠢᠬᠵᠢᠭᠤᠯᠬᠤ ᠬᠡᠷᠡᠭᠳᠡᠢ︔ ᠤᠳᠦᠷᠢᠳᠬᠤ ᠪᠠᠶᠢᠭᠤᠯᠤᠯᠭ᠎ᠠ ᠪᠡ ᠤᠳᠦᠷᠢᠳᠬᠤ ᠺᠡᠳ᠋ᠷ ᠶᠠᠮᠠᠷᠪᠡ ᠰᠢᠯᠳᠠᠬ ᠪᠡ ᠨᠠᠷ᠎ᠠ ᠪᠠᠷ ᠳᠤᠤᠷᠠᠳᠦ ᠱᠠᠳᠦ ᠪᠠᠨ ᠳᠤᠷ᠎ᠠ ᠪᠠᠷ ᠨᠢ ᠳᠠᠯᠪᠢᠬᠤ᠂ ᠦᠳᠦᠬᠡᠬᠦ᠂ ᠳᠠᠯᠳᠠᠭᠤᠷ ᠵᠢᠭᠠᠵᠦ ᠳᠤᠬᠢᠬᠤ ᠪᠤᠶᠤ ᠠᠯᠪᠠᠳᠠᠵᠦ ᠪᠠᠶᠢᠭᠠᠳ ᠬᠤᠳᠠᠯ ᠦᠬᠡ ᠬᠡᠯᠡᠬᠦᠯᠵᠦ ᠪᠤᠯᠬᠤ ᠦᠬᠡᠢ︔ ᠠᠯᠳᠠᠭ᠎ᠠ ᠶᠢ ᠠᠭᠤᠴᠢᠯᠠᠬᠤ ᠠᠯᠳᠠᠭ᠎ᠠ ᠶᠢ ᠵᠠᠯᠠᠷᠠᠭᠤᠯᠬᠤ ᠳᠤᠬᠳᠠᠴᠠ ᠪᠠᠶᠢᠭᠤᠯᠵᠦ᠂ ᠺᠡᠳ᠋ᠷ ᠤᠨ ᠠᠵᠢᠯ ᠤᠨ ᠳᠤᠮᠳᠠ ᠪᠠᠨ ᠤᠠᠴᠠᠭᠠᠢᠢᠯᠠᠠ ᠦᠬᠡᠷᠡᠴᠢᠯᠡᠯᠳᠡ ᠶᠢᠨ ᠰᠢᠨ᠎ᠠ ᠶᠢ ᠡᠬᠦᠳᠬᠦ ᠳᠤᠮᠳᠠᠬᠢ ᠠᠯᠳᠠᠭ᠎ᠠ ᠳᠤᠳᠠᠬᠳᠠᠯ ᠢ ᠠᠭᠤᠴᠢᠯᠠᠬᠤ ᠬᠡᠷᠡᠭᠳᠡᠢ︔ ᠶᠠᠮᠠᠷᠪᠡ ᠵᠤᠬᠢᠶᠠᠠ ᠪᠠᠶᠢᠭᠤᠯᠤᠯᠳᠠ ᠪᠡ ᠬᠤᠪᠢ ᠬᠦᠮᠦᠠ ᠦᠪᠡᠷ ᠲᠡᠭᠡᠨ ᠪᠤᠶᠤ ᠵᠢᠭᠠᠠ ᠳᠤᠬᠢᠯᠳᠠ ᠪᠠᠷ ᠨᠠᠮ ᠤᠨ ᠬᠡᠰᠢᠬᠦᠡ᠂ ᠺᠡᠳ᠋ᠷ ᠲᠤ ᠬᠠᠤᠯᠢ ᠪᠤᠰᠦ ᠪᠠᠷ ᠪᠠᠶᠢᠴᠠᠭᠠᠬᠤ ᠠᠷᠭ᠎ᠠ ᠬᠢᠳᠠᠯ ᠠᠪᠴᠦ ᠪᠤᠯᠬᠤ ᠦᠬᠡᠢ︔ ᠨᠠᠮ ᠤᠨ ᠵᠤᠬᠢᠶᠠᠠ ᠪᠠᠶᠢᠭᠤᠯᠤᠯᠳᠠ ᠨᠠᠮ ᠤᠨ ᠬᠡᠰᠢᠬᠦᠡ ᠤ ᠪᠠᠶᠢᠳᠠᠯ ᠢ ᠮᠠᠳᠠᠬᠦ ᠡᠷᠬᠡ ᠪᠠ ᠬᠢᠨᠠᠯᠳᠠ ᠳᠠᠯᠪᠢᠬᠤ ᠡᠷᠬᠡ ᠶᠢ ᠪᠠᠳᠦᠯᠠᠵᠦ᠂ ᠨᠠᠮ ᠤᠨ ᠬᠡᠰᠢᠬᠦᠡ ᠤ ᠨᠠᠮ ᠤᠨ ᠳᠤᠳᠤᠭᠠᠳᠦ ᠳᠤ ᠬᠢᠨᠠᠯᠳᠠ ᠳᠠᠯᠪᠢᠬᠤ ᠳᠤ ᠢᠳᠡᠪᠬᠢ ᠦᠢᠯᠠᠳᠦᠯ ᠢᠶᠠᠨ ᠪᠠᠳᠠᠷᠠᠭᠤᠯᠬᠤ ᠶᠢ ᠵᠤᠷᠢᠬᠵᠢᠭᠤᠯᠬᠤ ᠪᠡ ᠳᠡᠮᠵᠢᠬᠦ ᠬᠡᠷᠡᠭᠳᠡᠢ︔ ᠬᠢᠨᠠᠯᠳᠠ ᠳᠠᠯᠪᠢᠬᠤ ᠶᠢ ᠬᠠᠷᠰᠢᠯᠠᠬᠰᠠᠠ᠂ ᠬᠢᠨᠠᠯᠳᠠ ᠳᠠᠯᠪᠢᠬᠴᠢ ᠳᠤ ᠴᠤᠬᠢᠯᠳᠡ ᠦᠭᠴᠦ ᠦᠰᠢᠶ᠎ᠠ ᠠᠪᠤᠬᠰᠠᠠ ᠪᠠᠶᠢᠪᠠᠯ ᠰᠠᠬᠢᠯᠭ᠎ᠠ ᠪᠠᠳᠦ ᠪᠠᠷ ᠳᠦᠪ ᠴᠢᠩᠭ᠎ᠠ ᠰᠢᠢᠳᠪᠤᠷᠢᠯᠡᠬᠦ ᠬᠡᠷᠡᠭᠳᠡᠢ ᠬᠡᠵᠡᠢ᠃ ᠡᠳᠡᠬᠡᠷ ᠳᠤᠬᠳᠠᠭᠠᠯ ᠨᠢ ᠨᠠᠮ ᠤᠨ ᠬᠡᠰᠢᠬᠦᠡ᠂ ᠺᠡᠳ᠋ᠷ ᠤᠨ ᠢᠳᠠᠪᠬᠢᠵᠢᠯ ᠢ ᠬᠦᠢᠴᠠᠳ ᠳᠠᠶᠢᠴᠢᠯᠠᠬᠤ ᠳᠤ ᠠᠰᠢᠬᠳᠠᠢ ᠶᠤᠮ᠃
ᠬᠢᠵᠠᠭᠠᠷᠯᠠᠬᠤ ᠪᠠ ᠵᠤᠷᠢᠭᠵᠢᠭᠤᠯᠬᠤ ᠶᠢ ᠬᠠᠷᠢᠯᠴᠠᠨ ᠤᠶᠠᠯᠳᠤᠭᠤᠯᠬᠤ ᠪᠤᠯ ᠳᠤᠭᠳᠠᠭᠠᠯ ᠶᠤᠰᠤ ᠪᠠᠷ ᠨᠠᠮ ᠢ ᠵᠠᠰᠠᠬᠤ ᠤᠭ ᠰᠠᠨᠠᠭ᠎ᠠ ᠪᠤᠯᠤᠨ᠎ᠠ᠃ 《ᠪᠠᠷᠢᠮᠵᠢᠶ᠎ᠠ》 ᠪᠠ 《ᠳᠦᠷᠢᠮ》 ᠨᠢ ᠴᠦᠮ ᠪᠦᠬᠦ ᠨᠠᠮ ᠤᠨ ᠳᠤᠮᠳᠠ ᠲᠦᠪᠯᠡᠷᠡᠯ ᠲᠠᠢ ᠮᠦᠷᠲᠡᠭᠡᠨ ᠠᠷᠠᠳᠴᠢᠯᠠᠯ ᠲᠠᠢ᠂ ᠰᠠᠬᠢᠯᠭ᠎ᠠ ᠪᠠᠲᠤ ᠲᠠᠢ ᠮᠦᠷᠲᠡᠭᠡᠨ ᠡᠷᠬᠡ ᠴᠢᠯᠦᠭᠡᠲᠡᠢ᠂ ᠨᠢᠭᠡᠳᠦᠯᠲᠡᠢ ᠵᠤᠷᠢᠭ ᠰᠠᠨᠠᠭ᠎ᠠ ᠲᠠᠢ ᠮᠦᠷᠲᠡᠭᠡᠨ ᠬᠤᠪᠢ ᠬᠦᠮᠦᠨ ᠤ ᠰᠡᠳᠬᠢᠯ ᠰᠠᠨᠠᠭ᠎ᠠ ᠠᠭᠤᠵᠢᠭᠤ ᠠᠮᠢᠳᠤᠯᠢᠭ ᠴᠤᠪᠤᠭᠤᠯᠢᠭ ᠤᠯᠤᠰ ᠲᠦᠷᠦ ᠶᠢᠨ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠶᠢᠨ ᠲᠦᠯᠦᠭᠡ ᠪᠤᠯᠤᠨ᠎ᠠ᠃



 
     ᠭᠡᠷᠡᠭᠵᠢᠭᠦᠯᠭᠦ ᠪᠡ ᠨᠠᠶᠢᠳᠠᠪᠦᠷᠢᠵᠢᠭᠤᠯᠬᠤ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠶᠢᠨ
     ᠰᠢᠨ᠎ᠡ ᠠᠭᠤᠤ ᠶᠡᠭᠡ ᠢᠨᠵᠧᠨᠧᠷᠢᠩ ᠤᠨ ᠰᠢᠨ᠎ᠠ ᠪᠠᠶᠢᠳᠠᠯ ᠢ ᠨᠡᠭᠡᠭᠡᠨ᠎ᠡ



     《ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠬᠤ᠂ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠪᠤᠯ ᠪᠦᠬᠦ ᠨᠠᠮ ᠤᠨ ᠬᠠᠮᠲᠤ ᠶᠢᠨ ᠡᠭᠦᠷᠭᠡ ᠶᠤᠮ᠂ ᠡᠷᠬᠡᠪᠰᠢ ᠪᠦᠬᠦ ᠨᠠᠮ ᠢᠶᠠᠷ ᠢᠶᠠᠨ ᠬᠠᠮᠲᠤᠪᠡᠷ ᠬᠦᠳᠡᠯᠦᠯᠴᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠠᠴᠠ ᠤᠳᠤᠷᠢᠳᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠡᠷᠡᠭᠵᠢᠭᠦᠯᠵᠦ᠂ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠪᠠ ᠵᠢᠷᠤᠮᠵᠢᠭᠤᠯᠬᠤ᠂ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠡᠯ᠎ᠡ ᠲᠦᠷᠦᠯ ᠤᠨ ᠡᠭᠦᠷᠭᠡ ᠶᠢ ᠪᠤᠲᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ》᠃
     ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠭᠰᠠᠠ ᠡᠷᠡᠰ ᠴᠢᠩᠭ᠎ᠠ ᠦᠭᠡ ᠬᠡᠯᠡᠯᠭᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠳᠤ ᠲᠤᠳᠤᠷᠬᠠᠢ ᠱᠠᠭᠠᠷᠳᠠᠯᠭ᠎ᠠ ᠳᠤᠷᠠᠳᠴᠠᠢ᠃
     《ᠪᠠᠷᠢᠮᠵᠢᠶ᠎ᠠ》 ᠪᠠ 《ᠳᠦᠷᠢᠮ》 ᠨᠡᠶᠢᠳᠡᠯᠡᠭᠳᠡᠬᠦ ᠶᠢ ᠲᠠᠭᠠᠯᠳᠤᠵᠤ᠂ 《ᠳᠦᠷᠢᠮ ᠤᠨ ᠰᠢᠩᠭᠡᠯᠢᠭ》 ᠶᠠᠪᠤᠬᠤ ᠲᠤᠳᠤᠮ ᠴᠢᠩᠭᠠᠷᠠᠵᠤ᠂ ᠨᠠᠮ ᠢ ᠬᠠᠮᠢᠶᠠᠷᠬᠤ ᠨᠠᠮ ᠢ ᠵᠠᠰᠠᠬᠤ ᠳᠦᠷᠢᠮᠵᠢᠯᠲᠡ ᠶᠢᠨ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠵᠡᠢ᠃
     ᠳᠦᠷᠢᠮ ᠳᠤᠭᠲᠠᠭᠠᠯ ᠨᠢ ᠪᠦᠷᠢᠨ ᠪᠤᠯᠪᠠᠴᠤ ᠦᠪᠡᠷ ᠢᠶᠠᠨ ᠡᠮᠬᠢ ᠴᠡᠭᠴᠡ ᠲᠠᠢ ᠪᠤᠯᠵᠤ ᠴᠢᠳᠠᠬᠤ ᠦᠭᠡᠢ᠃ ᠳᠦᠷᠢᠮ ᠤᠨ ᠭᠦᠴᠤᠨ ᠨᠢ ᠵᠦᠪᠬᠡᠨ ᠬᠡᠷᠡᠭᠵᠢᠭᠦᠯᠬᠦ ᠶᠠᠪᠤᠴᠠ ᠳᠤᠮᠳᠠ ᠰᠠᠢᠢ ᠢᠯᠡᠷᠡᠵᠦ ᠴᠢᠳᠠᠨ᠎ᠡ᠂ ᠳᠦᠷᠢᠮ ᠤᠨ ᠪᠦᠲᠦᠮᠵᠢ ᠶᠢ ᠵᠦᠪᠬᠡᠨ ᠪᠤᠲᠠᠲᠤ ᠦᠢᠯᠡᠳᠦᠯᠭᠡ ᠳᠤᠮᠳᠠ ᠰᠠᠢᠢ ᠰᠢᠯᠭᠠᠨ ᠪᠠᠶᠢᠴᠠᠭᠠᠵᠤ ᠳᠡᠶᠢᠯᠦᠨ᠎ᠡ᠃ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠵᠤ᠂ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠳᠦᠷᠢᠮ ᠢ ᠤᠷᠢᠳᠠᠪᠠᠷ ᠲᠤᠭᠲᠠᠭᠠᠵᠤ᠂ ᠨᠡᠩ ᠴᠤ ᠨᠠᠶᠢᠳᠠᠪᠤᠷᠢᠵᠢᠭᠤᠯᠬᠤ ᠶᠢ ᠠᠷᠤ ᠠᠴᠠ ᠨᠢ ᠪᠡᠶᠡᠯᠡᠭᠦᠯᠬᠦ ᠬᠡᠷᠡᠭᠲᠡᠢ᠃



     ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠳᠤ ᠳᠠᠷᠤᠢ ᠬᠦᠨᠵᠡᠭᠡᠢ ᠰᠤᠷᠤᠯᠴᠠᠵᠤ ᠲᠤᠭᠤᠷᠠᠲᠠᠯ᠎ᠠ ᠰᠤᠷᠤᠯᠴᠠᠵᠤ᠂ ᠠᠭᠤᠰᠬᠠᠨ ᠰᠢᠩᠭᠡᠭᠡᠵᠦ ᠨᠡᠪᠲᠡᠷᠡᠲᠡᠯ᠎ᠡ ᠤᠢᠢᠯᠠᠭᠠᠵᠤ᠂ ᠪᠦᠭᠦᠳᠡ ᠬᠤᠷᠠᠯ ᠠᠴᠠ ᠲᠤᠭᠲᠠᠭᠠᠭᠰᠠᠨ ᠡᠯ᠎ᠡ ᠲᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ —


     ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠤᠯ ᠤᠳᠤᠬᠠᠨ ᠤ ᠪᠠ ᠬᠤᠶᠢᠰᠢᠲᠠ ᠶᠢᠨ ᠭᠡᠰᠡᠭ ᠬᠤᠭᠤᠴᠠᠭᠠᠨ ᠳᠠᠬᠢ ᠪᠦᠬᠦ ᠨᠠᠮ ᠪᠦᠬᠦ ᠤᠯᠤᠰ ᠤᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠂ ᠪᠦᠬᠦ ᠨᠠᠮ ᠤᠨ ᠭᠡᠰᠢᠭᠦᠨ ᠰᠡᠳᠬᠢᠯ ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠬᠤ ᠬᠡᠷᠡᠭᠲᠡᠢ᠃
     ᠵᠢᠷᠭᠤᠳᠤᠭᠠᠷ ᠪᠦᠭᠦᠳᠡ ᠬᠤᠷᠠᠯ ᠬᠤᠷᠠᠯᠳᠤᠭᠰᠠᠨ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠲᠤᠳᠤᠭᠠᠳᠤ ᠳᠤ ᠤᠷᠤᠰᠢᠵᠤ ᠪᠠᠶᠢᠭ᠎ᠠ ᠳᠤᠪᠤᠶᠢᠮ᠎ᠠ ᠵᠦᠷᠢᠴᠡᠯ ᠪᠠ ᠠᠰᠠᠭᠤᠳᠠᠯ ᠢ ᠰᠢᠢᠳᠪᠦᠷᠢᠯᠡᠨ᠂ ᠨᠠᠮ ᠤᠨ ᠦᠪᠡᠷ ᠢ ᠪᠠᠨ ᠴᠡᠪᠡᠷᠰᠢᠭᠦᠯᠬᠦ᠂ ᠦᠪᠡᠷ ᠢ ᠪᠠᠨ ᠲᠡᠭᠦᠯᠳᠡᠷᠵᠢᠭᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ᠃ ᠪᠦᠭᠦᠳᠡ ᠬᠤᠷᠠᠯ ᠤᠨ ᠵᠤᠷᠢᠭ ᠰᠠᠨᠠᠭ᠎ᠠ ᠴᠢᠬᠤᠯᠠ ᠤᠳᠬ᠎ᠠ ᠰᠠᠨᠠᠭ᠎ᠠ ᠶᠢ ᠭᠦᠨᠵᠡᠭᠡᠢ ᠤᠢᠢᠯᠠᠭᠠᠵᠤ ᠠᠤᠬᠠᠤᠪᠠᠯ ᠰᠠᠢᠢ ᠪᠤᠲᠠᠲᠤ ᠦᠢᠯᠡᠳᠦᠯᠭᠡ ᠳᠤᠮᠳᠠ ᠪᠠᠨ 《ᠪᠠᠷᠢᠮᠵᠢᠶ᠎ᠠ》 ᠪᠠ 《ᠳᠦᠷᠢᠮ》 ᠤᠨ ᠡᠯ᠎ᠡ ᠲᠦᠷᠦᠯ ᠤᠨ ᠳᠤᠭᠲᠠᠭᠠᠯ ᠢ ᠭᠤᠶᠢᠪᠠᠰᠢ ᠦᠭᠡᠢ ᠨᠠᠶᠢᠳᠠᠪᠤᠷᠢᠵᠢᠭᠤᠯᠵᠤ ᠴᠢᠳᠠᠨ᠎ᠡ᠃
     ᠶᠡᠷᠦᠩᠬᠡᠢ ᠱᠦᠵᠢ ᠰᠢ ᠶᠢᠨ ᠫᠢᠩ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠠᠴᠢ ᠬᠤᠯᠪᠤᠭᠳᠠᠯ ᠢ ᠭᠦᠨᠵᠡᠭᠡᠢ ᠦᠬᠦᠯᠡᠨ ᠲᠤᠳᠤᠷᠬᠠᠢᠢᠯᠠᠵᠤ᠂ ᠨᠠᠮ ᠢ ᠬᠠᠮᠢᠶᠠᠷᠬᠤ ᠨᠠᠮ ᠢ ᠵᠠᠰᠠᠬᠤ ᠠᠯᠢ ᠤᠯᠠᠨ ᠴᠢᠬᠤᠯᠠ ᠶᠡᠭᠡ ᠤᠨᠤᠯ ᠪᠠ ᠪᠤᠲᠠᠲᠠᠢ ᠠᠰᠠᠭᠤᠳᠠᠯ ᠳᠤ ᠭᠦᠨᠵᠡᠭᠡᠢ ᠬᠠᠷᠢᠭᠤᠯᠲᠠ ᠬᠢᠵᠡᠢ᠃ ᠭᠦᠨᠵᠡᠭᠡᠢ ᠰᠤᠷᠤᠯᠴᠠᠪᠠᠯ ᠰᠠᠶᠢ ᠠᠵᠢᠯᠯᠠᠭ᠎ᠠ ᠶᠢᠨ ᠬᠦᠳᠦᠯᠪᠦᠷᠢ᠂ ᠪᠤᠲᠠᠲᠤ ᠦᠢᠯᠡᠳᠦᠯᠭᠡ ᠶᠢᠨ ᠵᠢᠷᠤᠮᠯᠠᠯ ᠢ ᠤᠨᠤᠪᠴᠢᠲᠠᠢ ᠡᠵᠡᠮᠳᠡᠵᠦ ᠴᠢᠳᠠᠨ᠎ᠡ᠃



     ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠳᠤ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠵᠤ᠂ ᠪᠡᠶ᠎ᠡ ᠪᠠᠷ ᠢᠶᠠᠨ ᠳᠠᠭᠤᠷᠢᠶᠠᠯ ᠪᠤᠯᠭᠠᠵᠤ᠂ ᠤᠳᠤᠷᠢᠳᠬᠤ ᠺᠠᠳ᠋ᠷ ᠤᠨᠴᠠᠭᠠᠢᠢᠯᠠᠨ ᠳᠡᠭᠡᠳᠦ ᠵᠡᠷᠭᠡ ᠶᠢᠨ ᠺᠠᠳ᠋ᠷᠴᠤᠳ ᠭᠡᠬᠦ ᠡᠨᠡᠬᠦ 《ᠵᠠᠩᠭᠢᠯᠠᠭ᠎ᠠ ᠶᠢᠨ ᠴᠦᠬᠡᠨ ᠲᠤᠭᠠᠳᠠᠨ》 ᠪᠠ 《ᠵᠠᠩᠭᠢᠯᠠᠭ᠎ᠠ ᠶᠢᠨ ᠴᠦᠬᠡᠨ ᠲᠤᠭᠠᠨᠳᠠᠨ ᠤ ᠳᠤᠳᠤᠷᠠᠬᠢ ᠴᠦᠬᠡᠨ ᠲᠤᠭᠠᠳᠠᠨ》 ᠢ ᠳᠤᠪᠤᠶᠢᠯᠠᠭᠠᠨ᠎ᠠ —


     ᠰᠤᠷᠲᠠᠯ ᠭᠡᠭᠴᠢ ᠳᠡᠭᠡᠳᠦ ᠱᠠᠲᠤᠨ ᠳᠤ ᠪᠦᠷᠢᠯᠳᠦᠵᠤ᠂ ᠲᠤᠤᠷᠠᠲᠦ ᠱᠠᠲᠤᠨ ᠳᠤ ᠳᠡᠯᠭᠡᠷᠡᠳᠡᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠢᠯᠵᠢᠷᠠᠯ ᠢ ᠡᠰᠡᠷᠭᠦᠴᠡᠬᠦ ᠲᠡᠮᠡᠴᠡᠯ ᠳᠤᠮᠳᠠ 200 ᠰᠢᠬᠠᠮ ᠳᠡᠭᠡᠳᠦ ᠵᠡᠷᠭᠡ ᠶᠢᠨ ᠺᠠᠳ᠋ᠷ ᠢ ᠪᠠᠶᠢᠴᠠᠭᠠᠨ ᠰᠢᠳᠬᠡᠵᠡᠢ᠃ ᠲᠡᠳᠡ ᠬᠠᠤᠯᠢ ᠶᠢ ᠵᠦᠷᠢᠴᠡᠵᠦ ᠰᠠᠬᠢᠯᠭ᠎ᠠ ᠪᠠᠲᠤ ᠶᠢ ᠰᠠᠮᠤᠷᠠᠭᠤᠯᠵᠤ᠂ ᠶᠡᠭᠡ ᠪᠠᠷ ᠢᠯᠵᠢᠷᠡᠵᠤ᠂ ᠳᠡᠭᠡᠷᠡᠬᠢ ᠨᠢ ᠶᠠᠭᠠᠬᠢᠪᠠᠯ ᠳᠤᠤᠷᠠᠬᠢ ᠨᠢ ᠲᠡᠭᠡᠳᠡᠭ ᠨᠠᠵᠠᠭᠠᠢ ᠬᠦᠴᠦᠨ ᠢ ᠪᠤᠢ ᠪᠤᠯᠭᠠᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠢ ᠮᠠᠭᠤᠲᠠᠭᠤᠯᠵᠤ᠂ ᠨᠢᠭᠡ ᠪᠦᠯᠦᠭ ᠨᠠᠮ ᠤᠨ ᠭᠡᠰᠢᠭᠦᠨ᠂ ᠺᠠᠳ᠋ᠷ ᠢ ᠮᠠᠭᠤ ᠰᠤᠷᠭᠠᠵᠠᠢ᠃
     ᠠᠰᠠᠭᠤᠳᠠᠯ ᠬᠠᠮᠢᠭ᠎ᠠ ᠬᠦᠨᠳᠦ ᠨᠤᠴᠢᠲᠠᠢ ᠪᠤᠯ ᠳᠠᠷᠤᠢ ᠳᠡᠨᠳᠠ ᠬᠦᠴᠦᠳᠠᠢ ᠠᠷᠭ᠎ᠠ ᠭᠡᠮᠵᠢᠶ᠎ᠠ ᠠᠪᠤᠨ᠎ᠠ᠃
     《ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ ᠤᠳᠤᠷᠢᠳᠬᠤ ᠺᠠᠳ᠋ᠷ ᠤᠨᠴᠠᠭᠠᠢᠢᠯᠠᠨ ᠳᠡᠭᠡᠳᠦ ᠵᠡᠷᠭᠡ ᠶᠢᠨ ᠺᠠᠳ᠋ᠷ ᠢ ᠰᠠᠶᠢᠳᠤᠷ ᠠᠳᠬᠤᠬᠤ ᠬᠡᠷᠡᠭᠲᠡᠢ᠂ ᠨᠠᠮ ᠤᠨ ᠲᠦᠪ ᠬᠤᠷᠢᠶ᠎ᠡ᠂ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠡ᠂ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠡᠨ ᠤ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠪᠤᠯ ᠵᠠᠩᠬᠢᠯᠠᠭ᠎ᠠ ᠮᠦᠨ》᠃ 《ᠡᠳᠡᠭᠡᠷ ᠬᠦᠮᠤᠰ ᠢ ᠰᠠᠶᠢᠳᠤᠷ ᠠᠳᠬᠤᠴᠢᠬᠠᠪᠡᠯ᠂ ᠪᠦᠭᠦ ᠨᠠᠮ ᠳᠤ ᠦᠯᠢᠭᠡᠷ ᠲᠠᠭᠤᠷᠢᠶᠡᠯ ᠪᠤᠯᠵᠤ᠂ ᠤᠯᠠᠨ ᠤᠴᠢᠷ ᠢ ᠰᠠᠶᠢᠳᠤᠷ ᠰᠢᠢᠳᠪᠦᠷᠢᠯᠡᠵᠤ ᠪᠤᠯᠤᠨ᠎ᠡ》᠃
     ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠬᠤᠷᠠᠯ ᠲᠡᠭᠡᠷᠡᠭᠢ ᠶᠠᠷᠢᠶ᠎ᠡ ᠠᠰᠠᠭᠤᠳᠠᠯ ᠤᠨ ᠭᠤᠤᠯ ᠴᠢᠮᠤᠭᠡ ᠶᠢ ᠰᠢᠭᠤᠳ ᠵᠢᠭᠠᠪᠠ᠃
     《ᠪᠡᠷᠢᠮᠵᠢᠶ᠎ᠡ》 ᠪᠡ 《ᠲᠦᠷᠢᠮ》 ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠳᠤ᠂ ᠤᠳᠤᠷᠢᠳᠬᠤ ᠺᠠᠳ᠋ᠷ ᠤᠨᠴᠠᠭᠠᠢᠢᠯᠠᠨ ᠲᠡᠭᠡᠳᠤ ᠵᠡᠷᠭᠡ ᠶᠢᠨ ᠺᠡᠳ᠋ᠷ ᠢ ᠰᠠᠶᠢᠳᠤᠷ ᠠᠳᠬᠤᠬᠤ ᠭᠡᠷᠡᠭᠲᠠᠢ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠠᠨᠠᠭᠤᠯᠵᠤ᠂ ᠰᠢᠭᠦᠮᠵᠢᠯᠡᠵᠤ᠂ ᠵᠠᠯᠠᠷᠠᠭᠤᠯᠵᠤ᠂ ᠰᠢᠢᠳᠪᠦᠷᠢᠯᠡᠭᠦ ᠭᠡᠷᠡᠭᠲᠠᠢ᠃ ᠠᠰᠠᠭᠤᠳᠠᠯ ᠢ ᠨᠢᠭᠤᠵᠤ ᠲᠠᠯᠳᠠᠯᠠᠬᠤ ᠦᠭᠡᠢ᠂ ᠲᠤᠳᠠᠭᠳᠠᠯ ᠢᠶᠠᠨ ᠨᠢᠭᠤᠵᠤ ᠰᠢᠪᠰᠢᠭ ᠢᠶᠠᠨ ᠲᠠᠯᠳᠠᠯᠠᠬᠤ ᠦᠭᠡᠢ᠂ ᠶᠡᠭᠡ ᠭᠡᠷᠡᠭ ᠢ ᠪᠠᠭ᠎ᠠ ᠪᠤᠯᠭᠠᠵᠤ᠂ ᠪᠠᠭ᠎ᠠ ᠭᠡᠷᠡᠭ ᠢ ᠦᠭᠡᠢ ᠪᠤᠯᠭᠠᠵᠤ ᠪᠤᠯᠬᠤ ᠦᠭᠡᠢ᠃
     ᠡᠯ᠎ᠡ ᠱᠠᠳᠤᠨ ᠤ ᠤᠳᠤᠷᠢᠳᠬᠤ ᠺᠠᠳ᠋ᠷ ᠤᠨᠴᠠᠭᠠᠢᠢᠯᠠᠨ ᠲᠡᠭᠡᠳᠤ ᠵᠡᠷᠭᠡ ᠶᠢᠨ ᠺᠡᠳ᠋ᠷ᠂ ᠦᠪᠡᠷ ᠤᠨ ᠠᠵᠢᠯ ᠤᠨ ᠪᠠᠶᠢᠷᠢ ᠶᠢᠨ ᠢᠶᠠᠨ ᠤᠨᠴᠠᠭᠠᠢ ᠴᠢᠬᠤᠯᠡ ᠴᠢᠨᠠᠷ ᠢ ᠨᠡᠩ ᠲᠤᠳᠤᠷᠬᠠᠢ ᠲᠠᠨᠢᠵᠤ᠂ ᠪᠡᠶ᠎ᠡ ᠪᠠᠨ ᠱᠠᠭᠠᠷᠳᠠᠬᠤ ᠤᠬᠠᠮᠰᠠᠷ᠂ ᠭᠡᠪ ᠵᠢᠱᠢᠶ᠎ᠠ ᠦᠵᠡᠬᠦᠯᠬᠦ ᠤᠬᠠᠮᠰᠠᠷ᠂ ᠦᠯᠢᠭᠡᠷ ᠲᠠᠭᠤᠷᠢᠶᠡᠯ ᠤᠨ ᠤᠬᠠᠮᠰᠠᠷ ᠢ ᠪᠤᠢ ᠪᠤᠯᠭᠠᠵᠤ᠂ ᠨᠠᠮ ᠳᠤ ᠬᠠᠷᠢᠴᠠᠯᠠᠰᠢ ᠦᠭᠡᠢ ᠪᠠᠷ ᠦᠨᠡᠨᠴᠢ ᠰᠢᠳᠤᠷᠭᠤ ᠪᠠᠶᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠠᠶᠢᠨ ᠰᠠᠶᠢᠬᠠᠨ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠲᠦᠷᠦᠭᠦᠯᠡᠨ ᠪᠦᠷᠢᠯᠳᠦᠭᠦᠯᠭᠦ ᠭᠡᠷᠡᠭᠲᠠᠢ᠃
ᠬᠢᠨᠡᠨ ᠵᠦᠪᠯᠡᠵᠦ ᠪᠠᠳᠤᠯᠠᠬᠰᠡᠨ 《ᠪᠠᠷᠢᠮᠵᠢᠶ᠎ᠡ》 ᠳᠤ᠂ ᠲᠡᠭᠡᠳᠤ ᠵᠡᠷᠭᠡ ᠶᠢᠨ ᠺᠡᠳ᠋ᠷ ᠤᠨ ᠲᠤᠰ ᠪᠡᠷᠢᠮᠵᠢᠶ᠎ᠡ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠲᠤᠬᠠᠢ ᠭᠡᠷᠡᠭᠵᠢᠭᠦᠯᠭᠦ ᠰᠠᠨᠠᠯ ᠢ ᠲᠤᠭᠳᠠᠭᠠᠬᠤ ᠪᠠᠷ ᠲᠤᠳᠤᠷᠬᠠᠢ ᠲᠤᠷᠠᠳᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ᠂ ᠪᠢᠴᠢᠭ ᠮᠠᠲᠧᠷᠢᠶᠡᠯ ᠢ ᠪᠤᠳᠠᠳᠠᠢ ᠳᠤ ᠨᠠᠶᠢᠳᠠᠪᠦᠷᠢᠵᠢᠭᠤᠯᠬᠤ ᠭᠡᠷᠡᠭᠲᠠᠢ︔ 《ᠵᠠᠩᠬᠢᠯᠠᠭ᠎ᠠ ᠶᠢᠨ ᠴᠦᠭᠡᠨ ᠲᠤᠭᠠᠳᠠᠨ》 ᠢ ᠰᠠᠶᠢᠳᠤᠷ ᠠᠳᠬᠤᠵᠤ᠂ ᠵᠤᠭᠰᠤᠰᠢ ᠦᠭᠡᠢ ᠠᠬᠢᠭᠤᠯᠤᠭᠰᠠᠨ ᠪᠠᠶᠢᠬᠤ ᠭᠡᠷᠡᠭᠲᠠᠢ᠃



     ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠬᠤ ᠳᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠡ
     ᠲᠦᠷᠢᠮ ᠢᠶᠠᠷ ᠨᠠᠮ ᠢ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠬᠤ ᠭᠡᠷᠡᠭᠲᠠᠢ — —


     ᠦᠵᠡᠯ ᠰᠠᠨᠠᠭ᠎ᠠ ᠪᠤᠯ ᠦᠨᠳᠦᠰᠤ᠂ ᠶᠤᠰᠤ ᠲᠦᠷᠢᠮ ᠪᠤᠯ ᠪᠠᠳᠤᠯᠠᠪᠦᠷᠢ ᠪᠤᠯᠤᠨ᠎ᠡ᠃
     ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠦᠪ ᠬᠤᠷᠢᠶ᠎ᠡ ᠠᠴᠠ ᠰᠤᠷᠳᠡᠯ ᠤᠨ ᠪᠠᠶᠢᠭᠤᠯᠤᠯᠳᠡ ᠪᠠᠷ ᠰᠢᠪᠳᠦᠯᠦᠯᠳᠡ ᠪᠤᠯᠭᠠᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠦᠯᠭᠡ ᠶᠢᠨ ᠠᠵᠢᠯᠯᠠᠭ᠎ᠠ ᠳᠤ ᠦᠨᠳᠤᠰᠤ ᠪᠠᠨ ᠪᠠᠬᠢᠵᠢᠭᠦᠯᠦᠨ ᠰᠠᠭᠤᠷᠢ ᠪᠠᠨ ᠪᠠᠳᠤᠳᠬᠠᠵᠤ᠂ ᠨᠠᠮ ᠤᠨ ᠰᠤᠷᠳᠡᠯ ᠴᠢᠭᠡᠴᠢ ᠵᠠᠰᠠᠭ ᠤᠨ ᠪᠠᠶᠢᠭᠤᠯᠤᠯᠳᠡ ᠪᠡ ᠢᠯᠵᠡᠷᠡᠯ ᠢ ᠡᠰᠡᠷᠭᠦᠴᠡᠭᠦ ᠲᠡᠮᠡᠴᠡᠯ ᠳᠤ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠵᠤ᠂ 《ᠭᠤᠷᠪᠡᠨ ᠴᠢᠩᠭ᠎ᠠ ᠭᠤᠷᠪᠡᠨ ᠪᠤᠳᠠᠳᠠᠢ》 ᠶᠢᠨ ᠰᠤᠷᠤᠯᠴᠠᠯᠭ᠎ᠠ ᠬᠦᠮᠤᠵᠢᠯ ᠳᠤ ᠨᠠᠮᠴᠢ ᠴᠢᠨᠠᠷ ᠢ ᠪᠤᠯᠪᠠᠰᠤᠷᠠᠭᠤᠯᠤᠨ ᠬᠠᠲᠠᠭᠤᠵᠢᠭᠤᠯᠵᠤ᠂ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ》 ᠰᠤᠷᠤᠯᠴᠠᠯᠭ᠎ᠠ ᠬᠦᠮᠤᠵᠢᠯ ᠳᠤ ᠪᠦᠭᠦ ᠨᠠᠮ ᠢ ᠵᠤᠷᠢᠭᠵᠢᠭᠤᠯᠵᠤ᠂ ᠦᠵᠡᠯ ᠰᠠᠨᠠᠭ᠎ᠠ ᠪᠠᠷ ᠨᠠᠮ ᠢ ᠪᠠᠶᠢᠭᠤᠯᠬᠤ ᠠᠯᠬᠤᠴᠡ ᠪᠠᠳᠤ ᠲᠤᠷᠪᠢᠯᠢᠭ ᠪᠤᠯᠵᠠᠢ᠃
     ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠦᠪ ᠬᠤᠷᠢᠶ᠎ᠡ ᠠᠴᠠ 《ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠡ》 ᠪᠡ 《ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠦᠭᠬᠦ ᠲᠦᠷᠢᠮ》 ᠢ ᠵᠠᠯᠭᠠᠪᠠᠷ ᠨᠡᠶᠢᠳᠡᠯᠡᠵᠤ᠂ ᠪᠦᠭᠦ ᠨᠠᠮ ᠳᠤ ᠶᠤᠰᠤ ᠰᠤᠷᠳᠠᠬᠤᠨ ᠤ ᠲᠡᠭᠡᠷ ᠎ᠡ ᠪᠡᠷᠢᠮᠵᠢᠶ᠎ᠡ ᠪᠡ ᠰᠠᠬᠢᠯᠭ᠎ᠠ ᠪᠠᠳᠤ ᠶᠢᠨ ᠬᠤᠷᠢᠭ᠎ᠠ ᠱᠤᠭᠤᠮ ᠢ ᠲᠤᠭᠲᠠᠭᠠᠵᠤ ᠦᠭᠴᠡᠢ︔ 《ᠨᠠᠮ ᠵᠠᠰᠠᠭ ᠤᠨ ᠤᠳᠤᠷᠢᠳᠬᠤ ᠺᠡᠳ᠋ᠷ ᠢ ᠰᠢᠯᠢᠨ ᠳᠡᠪᠰᠢᠬᠦᠯᠵᠦ ᠭᠡᠷᠡᠭᠯᠡᠭᠦ ᠠᠵᠢᠯ ᠤᠨ ᠲᠦᠷᠢᠮ》 ᠢ ᠨᠡᠶᠢᠳᠡᠯᠡᠵᠤ᠂ ᠰᠢᠨᠵᠢᠯᠡᠭᠦ ᠤᠬᠠᠭᠠᠨᠴᠢ ᠪᠦᠳᠦᠮᠵᠢᠳᠡᠢ ᠬᠦᠮᠤᠨ ᠰᠤᠩᠭᠤᠬᠤ ᠬᠦᠮᠤᠨ ᠭᠡᠷᠡᠭᠯᠡᠭᠦ ᠲᠤᠭᠳᠠᠴᠡ ᠶᠢ ᠪᠠᠶᠢᠭᠤᠯᠵᠠᠢ︔ 《ᠤᠳᠤᠷᠢᠳᠬᠤ ᠺᠡᠳ᠋ᠷ ᠲᠤᠰᠢᠶᠡᠯ ᠳᠤ ᠲᠠᠪᠰᠢᠵᠤ ᠲᠤᠰᠢᠶᠡᠯ ᠠᠴᠠ ᠪᠠᠨ ᠪᠠᠭᠤᠵᠤ ᠪᠤᠯᠬᠤ ᠶᠢ ᠠᠬᠢᠭᠤᠯᠬᠤ ᠲᠤᠭᠳᠠᠭᠠᠯ ᠤᠳ ︵ᠲᠤᠷᠰᠢᠨ ᠭᠡᠷᠡᠭᠵᠢᠭᠦᠯᠭᠦ︶》 ᠢ ᠨᠡᠶᠢᠳᠡᠯᠡᠵᠤ᠂ ᠴᠢᠳᠠᠪᠦᠷᠢᠳᠡᠢ ᠬᠦᠮᠤᠨ ᠢ ᠭᠠᠷᠭᠠᠵᠤ᠂ ᠴᠢᠳᠠᠪᠦᠷᠢ ᠦᠭᠡᠢ ᠬᠦᠮᠤᠨ ᠢ ᠪᠠᠭᠤᠯᠭᠠᠵᠤ᠂ ᠮᠠᠭᠤ ᠶᠢ ᠨᠢ ᠰᠢᠭᠰᠢᠬᠦ ᠭᠦᠮᠤᠨ ᠭᠡᠷᠡᠭᠯᠡᠭᠦ ᠲᠤᠭᠳᠡᠴᠡ ᠶᠢ ᠪᠦᠷᠢᠯᠳᠦᠭᠦᠯᠭᠦ ᠶᠢ ᠠᠬᠢᠭᠤᠯᠬᠤ ᠁ ᠲᠤᠭᠳᠠᠭᠠᠯ ᠶᠤᠰᠤᠭᠠᠷ ᠨᠠᠮ ᠢ ᠵᠠᠰᠠᠬᠤ ᠡᠷᠴᠢ ᠵᠤᠷᠢᠭ ᠢᠶᠠᠨ ᠭᠤᠶᠢᠪᠢᠰᠢ ᠦᠭᠡᠢ ᠪᠤᠯᠭᠠᠪᠠ᠃
     ᠲᠤᠰ ᠤᠳᠠᠭᠠᠨ ᠤ 《ᠪᠠᠷᠢᠮᠵᠢᠶ᠎ᠡ》 ᠪᠡ 《ᠲᠦᠷᠢᠮ 》 ᠢ ᠵᠢᠩᠬᠢᠨᠢ ᠪᠠᠷ ᠭᠡᠷᠡᠭᠵᠢᠭᠦᠯᠭᠦ ᠶᠢ ᠲᠠᠭᠠᠯᠳᠤᠭᠠᠳ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠤ᠋ ᠰᠢᠨ᠎ᠡ ᠬᠠᠭᠤᠳᠠᠰᠤ ᠶᠢ ᠨᠡᠭᠡᠭᠡᠵᠡᠢ᠃
     ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠡᠯ ᠢ ᠲᠦᠪ ᠴᠢᠩᠭ᠎ᠠ ᠪᠤᠯᠭᠠᠬᠤ ᠳᠤ᠂ ᠭᠠᠭᠴᠠᠭᠦ ᠦᠵᠡᠯ ᠰᠠᠨᠠᠭᠠᠨ ᠤ ᠬᠦᠮᠤᠵᠢᠯ ᠭᠡᠬᠦ ᠡᠨᠡᠭᠦ ᠦᠨᠳᠤᠰᠤ ᠶᠢ ᠰᠠᠶᠢᠳᠤᠷ ᠠᠳᠬᠤᠪᠡᠯ ᠰᠠᠢᠢ ᠨᠠᠮ ᠤᠨ ᠭᠡᠰᠢᠭᠦᠳ᠂ ᠺᠡᠳ᠋ᠷᠴᠤᠳ ᠢ ᠬᠦᠮᠤᠵᠢᠭᠦᠯᠵᠤ ᠢᠳᠡᠭᠡᠯ ᠪᠢᠰᠢᠷᠡᠯ ᠤᠨ ᠰᠠᠭᠤᠷᠢ ᠶᠢ ᠨᠢ ᠪᠠᠬᠢᠵᠢᠭᠦᠯᠵᠤ᠂ ᠵᠤᠷᠢᠭ ᠰᠠᠨᠠᠭᠠᠨ ᠤ ᠺᠡᠯᠼ ᠢ ᠭᠦᠢᠴᠡᠳ ᠨᠦᠭᠦᠪᠦᠷᠢᠯᠡᠵᠤ᠂ ᠦᠵᠡᠯ ᠰᠠᠨᠠᠭᠠᠨ ᠤ ᠵᠦᠭᠯᠡᠭᠦᠷ ᠢ ᠨᠢ ᠪᠠᠳᠤ ᠪᠤᠯᠭᠠᠵᠤ ᠴᠢᠳᠠᠨ᠎ᠡ︔ ᠵᠦᠪᠭᠡᠨ ᠰᠠᠬᠢᠯᠭ᠎ᠠ ᠪᠠᠳᠤ ᠶᠢ ᠴᠢᠩᠭ᠎ᠠ ᠪᠤᠯᠭᠠᠬᠤ ᠡᠨᠡᠭᠦ ᠵᠠᠩᠬᠢᠯᠠᠭ᠎ᠠ ᠶᠢ ᠰᠠᠶᠢᠳᠤᠷ ᠠᠳᠬᠤᠪᠡᠯ᠂ ᠰᠠᠢᠢ ᠰᠠᠬᠢᠯᠭ᠎ᠠ ᠪᠠᠳᠤ ᠶᠤᠰᠤ ᠲᠦᠷᠢᠮ ᠢ ᠪᠠᠶᠢᠭᠤᠯᠵᠤ᠂ ᠴᠢᠩᠳᠠᠯᠠᠵᠦ᠂ ᠲᠦᠷᠢᠮ ᠤᠨ ᠰᠢᠩᠭᠡᠯᠢᠭ ᠢ ᠨᠢᠭᠲᠠ ᠬᠦᠷᠦᠵᠤ ᠴᠢᠳᠠᠬᠤ ᠪᠤᠯᠤᠨ᠎ᠠ︔ ᠵᠦᠪᠭᠡᠨ ᠬᠦᠮᠤᠨ ᠰᠤᠩᠭᠤᠬᠤ ᠬᠦᠮᠤᠨ ᠭᠡᠷᠡᠭᠯᠡᠭᠦ ᠡᠨᠡᠭᠦ ᠤᠳᠤᠷᠢᠳᠤᠮᠵᠢ ᠶᠢ ᠰᠠᠶᠢᠳᠤᠷ ᠠᠳᠬᠤᠪᠡᠯ᠂ ᠰᠠᠢᠢ ᠬᠦᠮᠤᠨ ᠭᠡᠷᠡᠭᠯᠡᠭᠦ ᠤᠷᠴᠢᠨ ᠤ ᠴᠢᠭᠡᠴᠢ ᠲᠦᠪ ᠰᠤᠷᠳᠡᠯ ᠢᠶᠠᠷ ᠤᠯᠤᠰ ᠲᠦᠷᠦ ᠶᠢᠨ ᠠᠮᠢ ᠠᠬᠤᠢ ᠶᠢᠨ 《ᠴᠡᠪᠡᠷ ᠲᠤᠩᠭᠠᠯᠠᠭ ᠠᠭᠤᠯᠡ ᠤᠰᠤ》 ᠲᠠᠢ ᠪᠤᠯᠬᠤ ᠶᠢ ᠠᠬᠢᠭᠤᠯᠵᠤ ᠴᠢᠳᠠᠨ᠎ᠠ︔ ᠵᠦᠪᠭᠡᠨ ᠵᠤᠬᠢᠶᠡᠨ ᠪᠠᠶᠢᠭᠤᠯᠤᠯᠳᠡ ᠶᠢᠨ ᠠᠮᠢᠳᠤᠷᠠᠯ ᠭᠡᠬᠦ ᠡᠨᠡᠭᠦ ᠪᠠᠶᠢᠩᠭᠤ ᠶᠢᠨ ᠠᠷᠭ᠎ᠠ ᠬᠡᠮᠵᠢᠶ᠎ᠡ ᠵᠢᠴᠢ ᠰᠢᠭᠦᠮᠵᠢᠯᠡᠯ ᠪᠡ ᠦᠪᠡᠷ ᠤᠨ ᠰᠢᠭᠦᠮᠵᠢᠯᠡᠯ ᠭᠡᠬᠦ ᠡᠨᠡᠭᠦ ᠵᠡᠪᠰᠡᠭ ᠢ ᠰᠠᠶᠢᠳᠤᠷ ᠭᠡᠷᠡᠭᠯᠡᠪᠡᠯ᠂ ᠰᠠᠢᠢ ᠪᠠᠶᠢᠩᠭᠤ ᠶᠢᠨ ᠴᠢᠨᠠᠷᠲᠠᠢ ᠬᠦᠮᠤᠵᠢᠯ᠂ ᠬᠠᠮᠢᠶᠠᠷᠤᠯᠳᠡ᠂ ᠬᠢᠨᠡᠯᠳᠡ ᠲᠠᠯᠪᠢᠬᠤ ᠶᠢ ᠴᠢᠩᠭᠠᠳᠬᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠮᠦᠨ ᠴᠢᠨᠠᠷ ᠢ ᠲᠤᠳᠤ ᠢᠯᠡᠷᠡᠭᠦᠯᠵᠤ ᠴᠢᠳᠠᠨ᠎ᠡ᠃
     ᠨᠠᠮ ᠤᠨ ᠲᠤᠳᠤᠭᠠᠳᠤ ᠶᠢᠨ ᠬᠢᠨᠡᠯᠳᠡ ᠲᠠᠯᠪᠢᠬᠤ ᠶᠢ ᠲᠠᠰᠤᠷᠠᠯᠳᠡ ᠦᠭᠡᠢ ᠴᠢᠩᠭᠠᠳᠬᠠᠬᠤ ᠳᠤ᠂ ᠡᠯ᠎ᠡ ᠱᠠᠳᠤᠨ ᠤ ᠨᠠᠮ ᠤᠨ ᠬᠤᠷᠢᠶ᠎ᠡ ᠠᠴᠠ ᠭᠤᠤᠯ ᠴᠤᠭᠴᠡ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠨᠠᠮ ᠢ ᠬᠠᠮᠢᠶᠠᠷᠬᠤ ᠨᠠᠮ ᠢ ᠵᠠᠰᠠᠬᠤ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠢᠨᠡᠯᠳᠡ ᠲᠠᠯᠪᠢᠬᠤ ᠬᠠᠷᠢᠭᠤᠴᠠᠯᠭ᠎ᠠ ᠶᠢ ᠪᠠᠳᠤᠳᠠᠢ ᠡᠭᠦᠷᠭᠡᠯᠡᠵᠤ᠂ ᠵᠤᠷᠢᠭᠲᠠᠢ ᠪᠠᠷ ᠠᠳᠬᠤᠵᠤ ᠵᠤᠷᠢᠭᠲᠠᠢ ᠪᠠᠷ ᠬᠠᠮᠢᠶᠠᠷᠴᠤ᠂ ᠵᠤᠷᠢᠭᠲᠠᠢ ᠪᠠᠷ ᠬᠢᠨᠡᠯᠳᠡ ᠲᠠᠯᠪᠢᠬᠤ ᠭᠡᠷᠡᠭᠲᠠᠢ︔ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠪᠡ ᠨᠠᠮ ᠤᠨ ᠠᠵᠢᠯ ᠤᠨ ᠰᠠᠯᠠᠭ᠎ᠠ ᠮᠦᠴᠢᠷ ᠠᠴᠠ ᠲᠤᠰ ᠲᠤᠰ ᠤᠨ ᠲᠤᠰᠢᠶᠡᠯ ᠢᠶᠠᠨ ᠭᠦᠢᠴᠡᠳᠭᠡᠵᠤ᠂ ᠬᠢᠨᠡᠯᠳᠡ ᠲᠠᠯᠪᠢᠵᠤ ᠰᠠᠬᠢᠯᠭ᠎ᠠ ᠪᠠᠳᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠭᠡᠮᠵᠢᠯᠡᠭᠦ ᠡᠭᠦᠷᠭᠡ ᠲᠤᠰᠢᠶᠡᠯ ᠢᠶᠠᠨ ᠰᠠᠶᠢᠲᠤᠷ ᠭᠦᠢᠴᠡᠳᠭᠡᠬᠦ ᠭᠡᠷᠡᠭᠲᠠᠢ︔ ᠨᠠᠮ ᠤᠨ ᠭᠡᠰᠢᠭᠦᠨ ᠤ ᠠᠷᠠᠳᠴᠢᠯᠡᠯ ᠢᠶᠠᠷ ᠬᠢᠨᠡᠯᠳᠡ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠤᠳᠤᠭᠠᠳᠤ ᠶᠢᠨ ᠬᠢᠨᠡᠯᠳᠡ ᠲᠠᠯᠪᠢᠬᠤ ᠪᠡ ᠠᠷᠠᠳ ᠲᠦᠮᠡᠨ ᠤ ᠬᠢᠨᠡᠯᠳᠡ ᠲᠠᠯᠪᠢᠬᠤ ᠶᠢ ᠤᠶᠠᠯᠳᠤᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠠᠮᠳᠤ ᠪᠠᠷ ᠠᠬᠢᠭᠤᠯᠵᠤ ᠲᠠᠰᠤᠷᠠᠯᠳᠡ ᠦᠭᠡᠢ ᠭᠦᠨᠵᠡᠭᠡᠶᠢᠷᠡᠭᠦᠯᠭᠦ ᠭᠡᠷᠡᠭᠲᠠᠢ᠃
     ᠪᠢᠳᠡᠨ ᠤ ᠠᠵᠤ ᠦᠢᠯᠡᠰ ᠬᠠᠮᠢᠭ᠎ᠠ ᠭᠦᠷᠳᠡᠯ ᠎ᠡ ᠤᠷᠤᠭᠰᠢᠯᠠᠪᠡᠯ᠂ ᠨᠠᠮ ᠤᠨ ᠪᠠᠶᠢᠭᠤᠯᠤᠯᠳᠡ ᠶᠢ ᠲᠠᠷᠤᠢ ᠳᠡᠨᠳᠡ ᠭᠦᠷᠳᠡᠯ᠎ᠡ ᠶᠠᠪᠤᠭᠳᠠᠭᠤᠯᠬᠤ ᠬᠡᠷᠡᠭᠲᠡᠢ᠃
     ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ 4 ᠵᠢᠯ ᠢ ᠡᠷᠬᠢᠴᠡᠭᠦᠯᠪᠡᠯ᠂ ᠠᠯᠢ ᠤᠯᠠᠨ ᠰᠢᠨ᠎ᠡ ᠠᠷᠭ᠎ᠠ ᠬᠡᠮᠵᠢᠶ᠎ᠡ ᠠᠪᠴᠤ ᠪᠠᠶᠢᠭᠠᠳ ᠲᠦᠷᠢᠮ ᠲᠤᠭᠳᠠᠭᠠᠯ ᠪᠠᠶᠢᠭᠤᠯᠵᠦ᠂ ᠰᠡᠳᠬᠢᠯ ᠢᠶᠠᠨ ᠨᠢᠭᠡᠳᠭᠡᠵᠤ ᠭᠦᠴᠤ ᠪᠠᠨ ᠬᠠᠮᠳᠤᠳᠬᠠᠪᠡ᠂ ᠮᠠᠰᠢ ᠤᠯᠠᠨ ᠬᠦᠴᠦᠨ ᠬᠠᠮᠲᠤᠷᠠᠭᠤᠯᠤᠭᠰᠠᠠ ᠬᠦᠴᠦᠲᠦ ᠠᠷᠭ᠎ᠠ ᠪᠠᠷ ᠬᠤᠷᠠᠮᠳᠤᠭᠰᠠᠠ ᠠᠷᠬᠠᠭ ᠠᠰᠠᠭᠤᠳᠠᠯ ᠢ ᠰᠢᠢᠳᠪᠦᠷᠢᠯᠡᠵᠤ᠂ ᠲᠦᠪ ᠭᠤᠤᠯᠴᠢ ᠶᠢ ᠲᠡᠳᠭᠦᠨ ᠭᠠᠵᠢᠭᠤ ᠪᠤᠷᠤᠭᠤ ᠶᠢ ᠠᠷᠢᠯᠭᠠᠭᠠᠳ ᠨᠠᠮ ᠤᠨ ᠪᠠᠶᠢᠭᠤᠯᠤᠯᠳᠡ ᠶᠢᠨ ᠰᠢᠨ᠎ᠡ ᠪᠠᠶᠢᠳᠡᠯ ᠢ ᠡᠬᠦᠳᠴᠦ᠂ ᠨᠠᠮ ᠤᠨ ᠰᠤᠷᠳᠡᠯ ᠵᠠᠰᠠᠬ ᠤᠨ ᠰᠤᠷᠳᠡᠯ ᠳᠤ ᠴᠦ᠋ ᠰᠢᠨ᠎ᠡ ᠠᠭᠤᠷ ᠠᠮᠢᠰᠬᠤᠯ ᠲᠠᠢ ᠪᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠳᠦᠯᠭᠡ ᠬᠦᠮᠤᠨ ᠤ ᠰᠡᠳᠬᠢᠯ ᠢ ᠤᠯᠵᠦ᠂ ᠨᠠᠮ ᠢ ᠪᠦᠭᠦ ᠲᠠᠯ᠎ᠡ ᠪᠠᠷ ᠴᠢᠩᠭ᠎ᠠ ᠵᠠᠰᠠᠬᠤ ᠦᠷ᠎ᠡ ᠪᠦᠳᠦᠮᠵᠢ ᠨᠠᠮ ᠤᠨ ᠰᠡᠳᠬᠢᠯ ᠠᠷᠠᠳ ᠢ ᠰᠡᠳᠬᠢᠯ ᠢ ᠬᠦᠪᠴᠢᠯᠡᠵᠡᠢ᠃
     ᠢᠷᠡᠭᠡᠳᠦᠢ ᠳᠤ ᠬᠠᠨᠳᠤᠵᠤ᠂ ᠪᠦᠭᠦ ᠨᠠᠮ ᠤᠨ ᠨᠦᠭᠦᠳ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠡᠮᠡᠭᠠᠢ ᠪᠠᠷ ᠰᠤᠷᠤᠯᠴᠠᠨ ᠦᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠦᠷᠢᠵᠢᠭᠤᠯᠵᠤ᠂ 《ᠲᠦᠷᠪᠡᠨ ᠤᠬᠠᠮᠰᠠᠷ》᠂ ᠤᠨᠴᠠᠭᠠᠢᠢᠯᠠᠨ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢ ᠴᠢᠨᠠᠬᠰᠢᠳᠡ ᠴᠢᠩᠭᠠᠳᠬᠠᠵᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶ᠎ᠡ ᠶᠢᠨ ᠲᠤᠭᠤᠷᠢᠨ ᠳᠤ ᠨᠡᠩ ᠨᠢᠬᠳᠡᠷᠠᠨ ᠪᠦᠯᠭᠦᠮᠳᠡᠵᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠡᠨ ᠤ ᠡᠷᠭᠡ ᠰᠦᠷ ᠢ ᠨᠡᠩ ᠡᠷᠡᠰ ᠪᠠᠳᠤ ᠬᠠᠮᠠᠭᠠᠯᠠᠵᠤ᠂ ᠦᠵᠡᠯ ᠰᠠᠨᠠᠭᠠᠨ ᠳᠡᠭᠡᠷ᠎ᠡ ᠤᠯᠤᠰ ᠲᠦᠷᠦ ᠲᠡᠭᠡᠷ᠎ᠡ ᠦᠢᠯᠡ ᠠᠵᠢᠯᠯᠠᠭᠠᠨ ᠳᠡᠭᠡᠷ᠎ᠡ ᠪᠠᠨ ᠨᠡᠩ ᠰᠠᠨᠠᠭᠠᠴᠢᠯᠠᠭ᠎ᠠ ᠲᠠᠢ ᠪᠠᠷ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ ᠨᠢᠭᠡᠳᠦᠯᠳᠡᠢ ᠪᠠᠶᠢᠯᠭᠠᠵᠤ᠂ ᠨᠠᠮ ᠤᠨ ᠲᠦᠪ ᠬᠤᠷᠢᠶᠡᠨ ᠤ ᠡᠯ ᠎ᠡ ᠵᠦᠢᠯ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠡ ᠶᠢ ᠨᠡᠩ ᠯᠠᠪᠳᠠᠭᠤᠨ ᠪᠠᠳᠤᠳᠠᠢ ᠪᠠᠷ ᠪᠤᠳᠠᠳᠠᠢ ᠭᠠᠵᠠᠷ ᠲᠤᠨᠢ ᠨᠠᠶᠢᠳᠠᠪᠦᠷᠢᠵᠢᠭᠤᠯᠵᠤ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠠᠷᠪᠡ ᠶᠢᠰᠤᠳᠦᠭᠡᠷ ᠶᠡᠭᠡ ᠬᠤᠷᠠᠯ ᠬᠤᠷᠠᠯᠳᠤᠬᠤ ᠶᠢ ᠤᠭᠳᠤᠵᠤ᠂ 《ᠬᠤᠤᠰ ᠵᠠᠭᠤᠨ ᠵᠢᠯ》 ᠤᠨ ᠲᠠᠮᠠᠴᠡᠬᠦ ᠬᠠᠷᠠᠯᠳᠡ ᠶᠢ ᠪᠡᠶᠡᠯᠡᠭᠦᠯᠭᠦ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠤ ᠶᠢ ᠲᠡᠷᠭᠡᠯᠰᠢᠯᠡᠭᠦᠯᠭᠦ ᠶᠢᠨ ᠲᠦᠯᠦᠭᠡ ᠨᠡᠩ ᠴᠤᠬ ᠵᠢᠪᠬᠤᠭ᠎ᠠ ᠳᠡᠬᠦᠯᠳᠡᠷ ᠢᠶᠠᠷ ᠴᠦᠭᠦᠷᠡᠰᠢ ᠦᠭᠡᠢ ᠲᠡᠮᠡᠴᠡᠰᠦᠭᠡᠢ︕



ᠵᠣᠬᠢᠶᠠᠭᠴᠢ: ᠾᠦᠸᠧ ᠰᠢᠶᠤᠤ ᠭᠤᠸᠠᠩ ᠵᠠᠩ ᠰᠢᠶᠤᠤ ᠰᠦᠩ ᠯᠦᠸᠧ
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ