ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠶ᠎ᠠ ᠦᠷᠭᠦᠯᠵᠢᠯᠡᠨ ᠦᠨᠡᠨ ᠶᠣᠰᠣᠨ ᠤ ᠪᠠᠷᠢᠮᠵᠢᠶ᠎ᠠ ᠵᠢᠨ ᠲᠤᠬᠠᠢ ᠶᠠᠷᠢᠯᠴᠠᠭ᠎ᠠ ᠶ᠋ᠢ ᠭᠦᠨᠵᠡᠭᠡᠢ ᠦᠷᠨᠢᠭᠦᠯᠬᠦ ᠲᠤᠬᠠᠶ ᠰᠢᠢᠳᠪᠦᠷᠢ
(ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠶᠠᠨ ᠤ ᠶᠢᠰᠦᠳᠦᠭᠡᠷ ᠤᠳᠠᠭᠠᠨ ᠤ ᠪᠥᠬᠥᠳᠡ ᠬᠤᠷᠠᠯ 1979 ᠤᠨ ᠤ 9 ᠰᠠᠷ᠎ᠠ ᠵᠢᠨ19 ᠦ ᠡᠳᠦᠷ ᠪᠠᠲᠤᠯᠠᠪᠠ )
ᠨᠢᠳᠤᠨᠤᠨ ᠡᠴᠡ ᠨᠠᠰᠢ᠂ ᠢᠯᠠᠩᠭᠤᠶ᠎ᠠ ᠨᠠᠮ ᠤᠨ ᠲᠦᠪ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠥᠬᠥᠳᠡ ᠬᠤᠷᠠᠯ ᠡᠴᠠ ᠨᠠᠰᠢ᠂ ᠪᠦᠬᠦ ᠣᠷᠣᠨ ᠤ ᠦᠨᠡᠨ ᠶᠣᠰᠣᠨ ᠤ ᠪᠠᠷᠢᠮᠵᠢᠶ᠎ᠠ ᠵᠢᠨ ᠠᠰᠠᠭᠤᠳᠠᠯ ᠤᠨ ᠲᠤᠬᠠᠶ ᠶᠠᠷᠢᠯᠴᠠᠭ᠎ᠠ ᠦᠷᠨᠢᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠬᠣᠶᠠᠷ 《 ᠪᠦᠬᠦᠨ 》 ᠦ ᠬᠣᠷᠢᠭᠠᠲᠤ ᠣᠷᠣᠨ ᠢ ᠡᠪᠳᠡᠵᠦ᠂ ᠰᠠᠮᠠᠭᠤᠨ ᠢ ᠳᠠᠷᠤᠵᠤ ᠴᠠᠭ ᠢ ᠳᠡᠭᠰᠢᠷᠡᠭᠦᠯᠦᠨ᠂ ᠯᠢᠨ ᠪᠢᠶᠤᠤ᠂ 《ᠳᠦᠷᠪᠡᠨ ᠬᠦᠮᠦᠨ ᠦ ᠪᠦᠯᠦᠭ 》 ᠤᠨ ᠬᠡᠳᠤ ᠵᠡᠭᠦᠨ ᠤ ᠱᠤᠭᠤᠮ ᠢ ᠪᠤᠷᠤᠭᠤᠰᠢᠶᠠᠨ ᠰᠢᠭᠦᠮᠵᠢᠯᠡᠬᠦ ᠳ᠋ᠦ ᠭᠦᠨᠵᠡᠭᠡᠶᠢᠷᠡᠵᠦ᠂ ᠬᠢᠯᠢᠰ᠂ ᠪᠤᠷᠤᠭᠤ᠂ ᠬᠠᠭᠤᠷᠮᠠᠭ ᠬᠡᠷᠡᠭ ᠢ ᠴᠠᠭᠠᠭᠳᠬᠠᠬᠤ ᠶ᠋ᠢ ᠲᠦᠷᠭᠡᠳᠬᠡᠨ᠂ ᠲᠡᠦᠬᠡᠨ ᠡᠴᠡ ᠦᠯᠡᠳᠡᠭᠳᠡᠵᠦ ᠢᠷᠡᠭᠰᠡᠨ ᠨᠢᠭᠡ ᠪᠦᠯᠦᠭ ᠬᠦᠨᠳᠦ ᠴᠢᠬᠤᠯᠠ ᠠᠰᠠᠭᠤᠳᠠᠯ ᠢ ᠦᠨᠡᠨ ᠡᠴᠡ ᠵᠥᠪ ᠢ ᠡᠷᠢᠬᠦ ᠣᠪᠣᠷ ᠢᠶᠠᠷ ᠰᠢᠢᠳᠪᠦᠷᠢᠯᠡᠬᠦ ᠪᠠ ᠪᠦᠬᠦ ᠨᠠᠮ ᠤᠨ ᠠᠵᠢᠯ ᠤᠨ ᠭᠣᠣᠯᠳᠠᠯᠭ᠎ᠠ ᠶ᠋ᠢ ᠠᠮᠵᠢᠯᠲᠠ ᠲᠠᠢᠰᠢᠯᠵᠢᠭᠦᠯᠬᠦ ᠲᠠᠯ᠎ᠠ ᠪᠠᠷ ᠪᠦᠷ ᠯᠤᠲᠤ ᠶᠡᠬᠡ ᠠᠬᠢᠭᠤᠯᠬᠤ ᠦᠢᠯᠡᠳᠦᠯ ᠦᠵᠡᠭᠦᠯᠪᠡ᠃ ᠨᠠᠮ ᠦ᠋ᠨ ᠲᠦᠪ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠥᠬᠥᠳᠡ ᠬᠤᠷᠠᠯ ᠡᠴᠠ ᠵᠢᠭᠠᠵᠤ ᠭᠠᠷᠭᠠᠭᠰᠠᠨ ᠨᠢ᠄ 《 ᠨᠢᠭᠡ ᠨᠠᠮ᠂ ᠨᠢᠭᠡ ᠤᠯᠤᠰ᠂ ᠨᠢᠭᠡ ᠦᠨᠳᠦᠰᠦᠲᠡᠨ ᠤ ᠠᠯᠢᠪᠠ ᠪᠦᠬᠦᠨ ᠨᠢ ᠳᠡᠪᠲᠡᠷ ᠢ ᠦᠨᠳᠦᠰᠦᠯᠡᠵᠦ᠂ ᠦᠵᠡᠯ ᠰᠠᠨᠠᠭ᠎ᠠ ᠨᠢ ᠬᠦᠰᠢᠪᠡᠯ᠂ ᠤᠷᠤᠭᠰᠢᠯᠠᠵᠤ ᠴᠢᠳᠠᠬᠤ ᠥᠭᠡᠢ᠂ ᠠᠮᠢᠵᠢᠷᠠᠯ ᠤᠨ ᠬᠦᠴᠦᠨ ᠨᠢ ᠵᠤᠭᠰᠤᠵᠤ᠂ ᠨᠠᠮ ᠪᠠ ᠲᠤᠢᠷᠦ ᠤᠯᠤᠰ ᠮᠥᠬᠥᠬᠦ ᠳ᠋ᠤ ᠬᠦᠷᠦᠨ᠎ᠡ᠃ ᠳᠤᠰ ᠤᠳᠠᠭᠠᠨ ᠤ ᠶᠠᠷᠢᠯᠴᠠᠭ᠎ᠠ ᠪᠣᠯ ᠨᠠᠮ ᠪᠠ ᠤᠯᠤᠰ ᠣᠷᠣᠨ ᠤ ᠢᠷᠡᠭᠡᠳᠦᠶ ᠪᠠ ᠬᠤᠪᠢ ᠵᠠᠶᠠᠭ᠎ᠠ ᠳ᠋ᠤ ᠬᠣᠯᠪᠣᠭᠳᠠᠬᠤ ᠳᠤᠮᠤ ᠶᠠᠪᠤᠳᠠᠯ ᠪᠤᠯᠤᠨ᠎ᠠ᠃ ᠪᠥᠬᠥ ᠣᠷᠣᠨ ᠤ ᠦᠨᠡᠨ ᠶᠣᠰᠣᠨ ᠤ ᠪᠠᠷᠢᠮᠵᠢᠶ᠎ᠠ ᠵᠢᠨ ᠠᠰᠠᠭᠤᠳᠠᠯ ᠤᠨ ᠲᠤᠬᠠᠶ ᠶᠠᠷᠢᠯᠴᠠᠭᠠᠨ ᠨᠢ ᠬᠡᠳᠦᠶᠢᠪᠡᠷ ᠨᠡᠯᠢᠶᠡᠳ ᠮᠡᠳᠡᠭᠳᠡᠬᠦᠶᠢᠴᠡ ᠠᠮᠵᠢᠯᠲᠠ ᠤᠯᠤᠭᠰᠠᠨ ᠪᠤᠯᠪᠠᠴᠤ ᠬᠦᠭᠵᠢᠯᠲᠡᠨᠢ ᠲᠡᠩᠴᠡᠭᠦᠷᠢ ᠤᠢᠭᠡᠢ ᠪᠠᠶᠢᠵᠤ᠂ ᠴᠥᠭᠡᠨ ᠪᠤᠰᠤ ᠪᠠᠶᠢᠭᠤᠯᠭ᠎ᠠ ᠨᠢᠭᠡᠴᠡ ᠵᠢᠨ ᠤᠳᠤᠷᠢᠳᠤᠯᠭ᠎ᠠ ᠪᠦᠷᠢᠨ ᠭᠦᠢᠴᠡᠳ ᠴᠢᠬᠤᠯᠠᠴᠢᠯᠠᠨ ᠦᠵᠡᠭᠰᠡᠨ ᠥᠬᠡᠢ᠂ ᠢᠯᠠᠩᠭᠤᠶ᠎ᠠ ᠬᠣᠶᠠᠷ ᠪᠤᠷᠤᠭᠤ ᠦᠵᠡᠯ ᠤᠨ ᠬᠠᠷᠰᠢ ᠰᠠᠭᠠᠳ ᠡᠴᠡ ᠪᠤᠯᠵᠤ᠂ ᠡᠨᠡ ᠬᠦ ᠶᠠᠷᠢᠯᠴᠠᠭ᠎ᠠ ᠨᠢ ᠰᠠᠶᠢᠲᠤᠷ ᠭᠦᠨᠵᠡᠭᠡᠶᠢᠷᠡᠬᠦ ᠪᠠ ᠨᠡᠶᠢᠳᠡᠮ ᠦᠷᠨᠢᠵᠦ ᠴᠢᠳᠠᠭᠰᠠᠨ ᠦᠬᠡᠢ᠃ ᠡᠨᠡ ᠨᠢ ᠨᠠᠮ ᠤᠨ ᠲᠥᠪ ᠬᠣᠷᠢᠶᠠᠨ ᠤ ᠱᠠᠭᠠᠷᠳᠠᠯᠭ᠎ᠠ ᠪᠠ ᠪᠤᠳᠠᠳᠠᠢ ᠠᠵᠢᠯ ᠤᠨ ᠬᠡᠷᠡᠭᠴᠡᠭᠡ ᠡᠴᠠ ᠮᠠᠰᠢ ᠶᠡᠬᠡ ᠵᠦᠷᠢᠵᠦ ᠪᠠᠶᠢᠨ᠎ᠠ ᠃ ᠪᠦᠬᠦ ᠣᠷᠣᠨ ᠤ ᠪᠠᠶᠢᠳᠠᠯ ᠡᠴᠠ ᠦᠵᠡᠪᠡᠯ᠂ ᠣᠯᠠᠩᠬᠢ ᠨᠥᠬᠥᠳ ᠨᠠᠮ ᠤᠨ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠪᠠ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠬᠣᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶ᠋ᠢ ᠡᠷᠡᠰ ᠬᠦᠷᠢᠶᠡᠯᠡᠵᠦ᠂ ᠨᠢᠭᠡ ᠬᠡᠰᠡᠭ ᠨᠥᠬᠥᠳ ᠰᠡᠵᠢᠭᠯᠡᠬᠦ ᠣᠪᠣᠷ ᠢ ᠠᠪᠴᠤ᠂ ᠮᠠᠰᠢ ᠴᠦᠬᠡᠨ ᠲᠤᠭᠠᠨ ᠤ ᠬᠦᠮᠦᠰ ᠨᠢ ᠡᠰᠡᠷᠭᠦᠴᠡᠬᠦ ᠣᠪᠣᠷ ᠢ ᠠᠪᠴᠠᠢ᠃ ᠡᠶᠢᠮᠦ ᠡᠴᠡ᠂ ᠦᠨᠡᠨ ᠶᠣᠰᠣᠨ ᠤ ᠪᠠᠷᠢᠮᠵᠢᠶᠠᠨ ᠤᠠ ᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠬᠦ ᠳ᠋ᠦ᠂ ᠶᠡᠬᠡ ᠬᠦᠴᠦ ᠵᠠᠷᠤᠴᠠᠭᠤᠯᠤᠨ᠂ ᠨᠡᠯᠢᠶᠡᠳ ᠤᠷᠳᠤ ᠴᠠᠭ ᠤᠷᠤᠭᠤᠯᠬᠤ ᠬᠡᠷᠡᠭᠲᠡᠢ᠃ ᠤᠳᠤ ᠵᠢᠨ ᠦᠷᠭᠦᠯᠵᠢᠯᠡᠨ ᠦᠨᠡᠨ ᠶᠣᠰᠣᠨ ᠤ ᠪᠠᠷᠢᠮᠵᠢᠶᠠᠨ ᠤᠠ ᠰᠠᠭᠤᠳᠠᠯ ᠤᠨ ᠲᠤᠬᠠᠶ ᠶᠠᠷᠢᠯᠴᠠᠭ᠎ᠠ ᠶ᠋ᠢ ᠭᠦᠨᠵᠡᠭᠡᠢ ᠦᠷᠨᠢᠭᠦᠯᠬᠦ ᠨᠢ᠂ ᠳᠠᠷᠤᠶ ᠪᠤᠳᠠᠳᠠᠢ ᠲᠠᠢ ᠤᠶᠠᠯᠳᠤᠭᠤᠯᠵᠤ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠡᠨᠡ ᠬᠦ ᠬᠢᠴᠢᠶᠡᠯ ᠢ ᠨᠠᠷᠢᠨ ᠬᠢᠨᠠᠮᠠᠭᠠᠶ ᠨᠦᠬᠦᠪᠦᠷᠢᠯᠡᠵᠦ ᠂ ᠦᠵᠡᠯ ᠰᠠᠨᠠᠭᠠᠨ ᠤ ᠱᠤᠭᠤᠮ ᠢᠶᠡᠨ ᠤᠯᠠᠮ ᠴᠢᠨᠠᠭᠰᠢᠳᠠ ᠲᠥᠪ ᠴᠢᠩᠭ᠎ᠠ ᠪᠤᠯᠭᠠᠨ᠂ ᠥᠪᠡᠷᠲᠡᠭᠡᠨ ᠵᠠᠰᠠᠬᠤ ᠣᠷᠣᠨ ᠤ ᠪᠦᠬᠦ ᠨᠠᠮ ᠤᠨ ᠠᠵᠢᠯ ᠤᠨ ᠭᠣᠣᠯᠳᠠᠯᠭ᠎ᠠ ᠶ᠋ᠢ ᠦᠨᠡᠨ ᠬᠦ ᠨᠡᠶᠢᠭᠡᠮ ᠵᠢᠷᠤᠮᠲᠤ ᠪᠦ᠋ᠳ᠋ᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠲᠦᠷᠪᠡᠨ ᠣᠳᠣᠬᠢᠴᠢᠯᠠᠯᠲᠠ ᠶ᠋ᠢ ᠰᠠᠶᠢᠲᠤᠷ ᠪᠡᠶᠡᠯᠡᠬᠦᠯᠬᠦ ᠵᠢᠨ ᠠᠩᠬᠠᠨ ᠤ ᠠᠵᠢᠯ ᠤᠨ ᠦᠵᠡᠯ ᠰᠠᠨᠠᠭᠠᠨ ᠤ ᠰᠠᠭᠤᠷᠢ ᠶ᠋ᠢ ᠲᠠᠯᠪᠢᠵᠤ ᠥᠭᠬᠦ ᠵᠢᠨ ᠲᠦᠯᠦᠭᠡ ᠣᠨᠴᠣᠭᠣᠶᠢᠯᠠᠨ ᠳᠣᠣᠷᠠᠬᠢ ᠮᠡᠲᠦ ᠲᠣᠭᠲᠠᠭᠠᠯ ᠢ ᠭᠠᠷᠭᠠᠪᠠ᠄
ᠨᠢᠭᠡ᠂ ᠦᠨᠡᠨ ᠶᠣᠰᠣᠨ ᠤ ᠪᠠᠷᠢᠮᠵᠢᠶ᠎ᠠ ᠵᠢᠨ ᠲᠤᠬᠠᠶ ᠶᠠᠷᠢᠯᠴᠠᠭ᠎ᠠ ᠨᠢ ᠨᠢᠭᠡ ᠤᠳᠠᠭᠠᠨ ᠤ ᠬᠤᠪᠢᠰᠤᠩᠭᠤᠶ ᠪᠣᠳᠠᠰᠴᠢ ᠦᠵᠡᠯ ᠤᠨ ᠦᠵᠡᠯ ᠰᠠᠨᠠᠭᠠᠨ ᠤ ᠱᠤᠭᠤᠮ ᠤᠨ ᠰᠤᠷᠭᠠᠨ ᠬᠦᠮᠦᠵᠢᠭᠦᠯᠬᠦ ᠬᠥᠳᠡᠯᠭᠡᠭᠡᠨ᠂ ᠨᠠᠮ ᠦ᠋ᠨ ᠦᠨᠳᠦᠰᠦᠨ ᠪᠠᠶᠢᠭᠤᠯᠤᠯᠲᠠ ᠮᠥᠨ᠃ ᠡᠶᠢᠮᠦ ᠡᠴᠡ᠂ ᠡᠨᠡ ᠪᠣᠯ ᠡᠯ᠎ᠡ ᠭᠠᠵᠠᠷ ᠣᠷᠣᠨ᠂ ᠡᠯ᠎ᠡ ᠹᠷᠣᠨᠲ᠋᠂ ᠡᠯ᠎ᠡ ᠰᠠᠯᠠᠭ᠎ᠠ ᠮᠥᠴᠢᠷ᠂ ᠭᠡᠰᠢᠬᠦᠨ ᠨᠢᠭᠡ ᠪᠦᠷᠢ ᠲᠠᠢ ᠨᠢᠭᠲᠠ ᠬᠣᠯᠪᠣᠭᠳᠠᠬᠤ ᠲᠤᠮᠤ ᠤᠴᠢᠷ᠂ ᠪᠦᠬᠦ ᠨᠠᠮ ᠦ᠋ᠨ ᠲᠤᠮᠤ ᠤᠴᠢᠷ ᠮᠥᠨ᠃ ᠡᠯ᠎ᠡ ᠱᠠᠲᠤᠨ ᠤ ᠨᠠᠮ ᠤᠨ ᠬᠣᠷᠢᠶ᠎ᠠ ᠡᠷᠬᠡᠪᠰᠢ ᠦᠨᠡᠨ ᠶᠣᠰᠣᠨ ᠤ ᠪᠠᠷᠢᠮᠵᠢᠶᠠᠨ ᠤ ᠠᠰᠠᠭᠤᠳᠠᠯ ᠤᠨ ᠶᠠᠷᠢᠯᠴᠠᠯᠭ᠎ᠠ ᠵᠢᠨ ᠬᠢᠴᠢᠶᠡᠯ ᠨᠥᠬᠥᠬᠦ ᠠᠵᠢᠯ ᠢ ᠴᠢᠬᠤᠯᠠ ᠵᠥᠪᠯᠡᠬᠦ ᠬᠤᠷᠠᠯ ᠳ᠋ᠠᠭᠠᠨ ᠣᠷᠣᠭᠤᠯᠬᠤ ᠬᠡᠷᠡᠭᠲᠡᠶ᠃ ᠬᠢᠴᠢᠶᠡᠯ ᠨᠦᠬᠦᠬᠦ ᠵᠢᠨ ᠭᠣᠣᠯᠳᠠᠯᠭ᠎ᠠ ᠨᠢ ᠡᠯ᠎ᠡ ᠱᠠᠲᠤᠨ ᠦ ᠤᠳᠤᠷᠢᠳᠬᠤ ᠺᠠᠳ᠋ᠷ᠂ ᠦᠪᠡᠷ ᠦᠨ ᠪᠡᠶ᠎ᠡ ᠪᠡᠷ ᠢᠶ᠋ᠡᠨ ᠤᠷᠤᠯᠴᠠᠨ᠌ ᠴᠢᠩᠭ᠎ᠠ ᠠᠳᠬᠤᠵᠤ᠂ ᠶᠠᠭᠤᠨ ᠤ ᠤᠷᠢᠳᠠ ᠤᠳᠤᠷᠢᠳᠤᠬᠤ ᠪᠠᠭ ᠤᠨ ᠬᠢᠴᠢᠶᠡᠯ ᠨᠦᠬᠦᠬᠦ ᠠᠵᠢᠯ ᠢ ᠰᠠᠶᠢᠳᠤᠷ ᠬᠢᠵᠦ ᠡᠷᠬᠡᠪᠰᠢ ᠡᠨᠡ ᠬᠦ ᠶᠠᠷᠢᠯᠴᠠᠭ᠎ᠠ ᠶ᠋ᠢ ᠦᠷ᠎ᠡ ᠪᠦᠲᠦᠮᠵᠢᠲᠠᠢ ᠪᠠᠶᠢᠯᠭᠠᠬᠤ ᠬᠡᠷᠡᠭᠲᠡᠢ ᠃
ᠬᠣᠶᠠᠷ᠂ ᠦᠨᠡᠨ ᠶᠣᠰᠣᠨ ᠤ ᠪᠠᠷᠢᠮᠵᠢᠶ᠎ᠠ ᠵᠢᠨ ᠲᠤᠬᠠᠶ ᠶᠠᠷᠢᠯᠴᠠᠭ᠎ᠠ ᠤᠨ ᠬᠢᠴᠢᠶᠡᠯ ᠨᠥᠬᠥᠬᠦ ᠳᠤᠮᠳᠠ᠂ ᠨᠢᠭᠡᠨ ᠲᠦᠭᠡᠮᠡᠯ ᠴᠢᠨᠠᠷᠲᠠᠶ ᠴᠢᠬᠤᠯᠠ ᠠᠰᠠᠭᠤᠳᠠᠯ ᠭᠡᠪᠡᠯ ᠳᠠᠷᠤᠶ ᠶᠠᠭᠤ ᠶ᠋ᠢ ᠮᠠᠤ ᠽᠸ ᠳ᠋ᠦᠩ ᠤᠨ ᠦᠵᠡᠯ ᠰᠠᠨᠠᠭ᠎ᠠ ᠭᠡᠬᠦ ᠪᠤᠢ᠂ ᠮᠠᠷᠺᠰ ᠯᠧᠨᠢᠨ ᠤ ᠦᠵᠡᠯ᠂ ᠮᠠᠤ ᠽᠸ ᠳ᠋ᠦᠩ ᠤᠨ ᠦᠵᠡᠯ ᠰᠠᠨᠠᠭ᠎ᠠ ᠢ ᠶᠠᠭᠠᠭᠢᠵᠦ ᠦᠵᠡᠪᠡᠯ ᠵᠤᠬᠢᠬᠤ ᠪᠤᠢ᠃ ᠡᠨᠡ ᠪᠣᠯ ᠪᠢᠳᠡ ᠪᠠ 《ᠬᠣᠶᠠᠷ ᠪᠦᠬᠦᠨ 》 ᠤ ᠦᠵᠡᠯᠲᠡ ᠶ᠋ᠢ ᠪᠠᠷᠢᠮᠲᠠᠯᠠᠵᠤ ᠪᠠᠶᠢᠭ᠎ᠠ ᠲᠡᠷᠡ ᠪᠦᠯᠦᠭ ᠬᠦᠮᠦᠰ ᠦᠨ ᠬᠤᠭᠤᠷᠤᠨᠳᠤᠬᠢ ᠮᠠᠷᠭᠤᠯᠳᠤᠭᠠᠨ ᠤ ᠵᠠᠩᠭᠢᠯᠠᠭ᠎ᠠ ᠪᠣᠯᠵᠤ ᠪᠤᠢ᠃ ᠦᠨᠡᠨ ᠬᠡᠷᠡᠭ ᠡᠴᠡ ᠵᠥᠪ ᠢ ᠡᠷᠢᠬᠦ᠂ ᠠᠯᠢᠪᠠ ᠪᠦᠬᠦᠨ ᠳ᠋ᠦ ᠪᠤᠳᠠᠳᠠᠢ ᠡᠴᠠ ᠡᠭᠦᠰᠦᠨ ᠤᠨᠤᠯ ᠪᠠ ᠪᠣᠳᠠᠲᠠᠶ ᠶ᠋ᠢ ᠤᠶᠠᠯᠳᠤᠭᠤᠯᠬᠤ᠂ ᠡᠨᠡ ᠪᠣᠯ ᠦᠭᠡᠶᠢᠭᠦᠦ ᠠᠨᠭᠭᠢ ᠵᠢᠨ ᠶᠢᠷᠲᠢᠨᠴᠦ ᠵᠢᠨ ᠦᠵᠡᠯᠲᠡ ᠵᠢᠨ ᠦᠨᠳᠦᠰᠦᠨ ᠴᠡᠭᠮᠥᠨ᠂ ᠮᠠᠤ ᠽᠸ ᠳ᠋ᠦᠩ ᠦᠨ ᠦᠵᠡᠯ ᠰᠠᠨᠠᠭᠠᠨ ᠦ ᠭᠣᠣᠯ ᠴᠢᠮᠥᠭᠡ ᠮᠥᠨ᠃ ᠪᠢᠳᠠ ᠡᠷᠬᠡᠪᠰᠢ ᠦᠨᠳᠦᠰᠦᠨ ᠵᠠᠷᠴᠢᠮ ᠳᠡᠭᠡᠷ᠎ᠡ ᠦᠨᠡᠨ ᠮᠠᠨᠳᠤᠭᠤᠯᠬᠤ ᠪᠠ ᠬᠤᠳᠠᠯ ᠮᠠᠨᠳᠤᠭᠤᠯᠬᠤ ᠶ᠋ᠢ ᠲᠣᠳᠣᠷᠬᠠᠶ ᠢᠯᠭᠠᠵᠤ᠂ ᠦᠨᠡᠨ ᠬᠦ ᠪᠠᠷᠢᠮᠲᠠᠯᠠᠬᠤ ᠪᠠ ᠬᠠᠭᠤᠷᠮᠠᠭ ᠪᠠᠷᠢᠮᠲᠠᠯᠠᠬᠤ ᠶ᠋ᠢ ᠲᠣᠳᠣᠷᠬᠠᠶ ᠰᠠᠯᠭᠠᠨ᠂ 《 ᠪᠣᠳᠠᠰᠴᠢ ᠬᠤᠪᠢᠰᠤᠩᠭᠤᠶ ᠠᠷᠭ᠎ᠠ 》 ᠪᠠ 《ᠰᠡᠳᠬᠢᠯᠴᠢ ᠦᠵᠡᠯ ᠦᠨ ᠵᠣᠭᠰᠣᠩᠭᠤᠶ ᠠᠷᠭ᠎ᠠ 》 ᠵᠢᠨ ᠬᠢᠵᠠᠭᠠᠷ ᠢ ᠰᠠᠯᠭᠠᠵᠤ᠂ ᠪᠦᠷᠢᠨ ᠪᠦᠲᠦᠨ᠂ ᠵᠥᠪ ᠣᠨᠣᠪᠴᠢᠲᠠᠶ ᠪᠠᠷ ᠮᠠᠷᠺᠰ ᠯᠧᠨᠢᠨ ᠤ ᠦᠵᠡᠯ᠂ ᠮᠠᠤ ᠽᠸ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠡᠵᠡᠮᠰᠢᠬᠦ ᠬᠡᠷᠡᠭᠲᠡᠶ ᠃
ᠭᠤᠷᠪᠠ᠂ ᠦᠨᠡᠨ ᠶᠤᠰᠤᠨ ᠤ ᠪᠠᠷᠢᠮᠵᠢᠶᠠᠨ ᠤ ᠲᠤᠬᠠᠶ ᠶᠠᠷᠢᠯᠴᠠᠭ᠎ᠠ ᠤᠨ ᠬᠢᠴᠢᠶᠡᠯ ᠨᠦᠬᠦᠯᠲᠡ ᠳᠤᠮᠳᠠ᠂ ᠡᠷᠬᠡᠪᠰᠢ ᠦᠷᠭᠦᠯᠵᠢᠯᠡᠨ ᠯᠢᠨ ᠪᠢᠶᠦᠦ᠂ 《 ᠲᠤᠢᠷᠪᠡᠠ ᠬᠥᠮᠦᠨ ᠤ ᠪᠦᠯᠦᠭ 》 ᠤᠨ ᠬᠡᠳᠤ ᠵᠡᠭᠦᠨ ᠤ ᠱᠤᠭᠤᠮ ᠢ ᠭᠦᠨᠵᠡᠭᠡᠢ ᠪᠤᠷᠤᠭᠤᠰᠢᠶᠠᠨ ᠰᠢᠭᠦᠮᠵᠢᠯᠡᠵᠦ᠂ ᠲᠡᠭᠦᠨ ᠤ ᠬᠣᠣᠷ ᠤᠨ ᠦᠨᠳᠦᠰᠦ ᠪᠠ ᠨᠥᠯᠥᠭᠡ ᠶ᠋ᠢ ᠭᠦᠢᠴᠡᠳ ᠠᠷᠢᠯᠭᠠᠬᠤ ᠬᠡᠷᠡᠭᠲᠡᠶ ᠃ ᠦᠢᠯᠡᠳᠦᠯᠭᠡ ᠢ ᠮᠡᠳᠡᠷᠡᠬᠦ ᠡᠰᠡᠬᠦ ᠨᠢ ᠦᠨᠡᠨ ᠶᠣᠰᠣ ᠶ᠋ᠢ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠮᠥᠨ᠃ ᠮᠠᠷᠺᠰ ᠤᠨ ᠦᠵᠡᠯ ᠤᠨ ᠦᠨᠡᠨ ᠬᠤᠳᠠᠯ ᠢ ᠰᠢᠯᠭᠠᠬᠤ ᠰᠢᠯᠭᠠᠭᠤᠷ ᠮᠥᠨ ᠃ 《 ᠬᠣᠶᠠᠷ ᠪᠦᠬᠦᠨ》 ᠤ ᠦᠵᠡᠯᠲᠡ ᠶ᠋ᠢ ᠪᠠᠷᠢᠮᠲᠠᠯᠠᠳᠠᠭ ᠨᠢ ᠯᠢᠨ ᠪᠢᠶᠦᠦ᠂ 《 ᠲᠤᠢᠷᠪᠡᠠ ᠬᠥᠮᠦᠨ ᠤ ᠪᠦᠯᠦᠭ 》 ᠤᠨᠦᠵᠡᠯ ᠰᠠᠨᠠᠭᠠᠨ ᠤ ᠰᠢᠰᠲ᠋ᠸᠮ ᠪᠠᠶᠢᠵᠤ᠂ ᠭᠠᠭᠴᠠᠬᠦ ᠯᠢᠨ ᠪᠢᠶᠦᠦ᠂ 《 ᠲᠤᠢᠷᠪᠡᠠ ᠬᠥᠮᠦᠨ ᠤ ᠪᠦᠯᠦᠭ 》 ᠤᠨ ᠬᠣᠣᠷ ᠤᠨ ᠦᠨᠳᠦᠰᠦ ᠶ᠋ᠢ ᠠᠷᠢᠯᠭᠠᠪᠠᠯ᠂ ᠰᠠᠶᠢ《 ᠬᠤᠶᠠᠷ ᠪᠦᠬᠦᠨ》 ᠦ ᠦᠵᠡᠯ ᠰᠠᠨᠠᠭᠠᠨ ᠤ ᠬᠦᠯᠢᠶᠡᠰᠦᠯᠡᠯ ᠢ ᠡᠪᠳᠡᠵᠦ ᠂ ᠵᠤᠷᠢᠭᠲᠠᠢ ᠪᠠᠷ ᠰᠠᠮᠠᠭᠤᠷᠠᠯ ᠢ ᠵᠠᠰᠠᠨ ᠵᠦᠭᠰᠢᠷᠡᠭᠦᠯᠵᠦ᠂ ᠮᠠᠨ ᠤ ᠨᠠᠮ ᠤᠨ ᠡᠯ᠎ᠡ ᠲᠦᠷᠦᠯ ᠦᠨ ᠠᠵᠢᠯ ᠨᠢ ᠮᠠᠷᠺᠰ ᠤᠨ ᠦᠵᠡᠯ ᠤᠨ ᠱᠤᠭᠤᠮ ᠤᠨ ᠵᠠᠮ ᠢᠶᠠᠷ ᠢᠯᠠᠯᠲᠠ ᠲᠠᠢ ᠪᠠᠷ ᠤᠷᠤᠭᠰᠢᠯᠠᠭᠤᠯᠵᠤ ᠴᠢᠳᠠᠨ᠎ᠠ᠃
ᠳᠦᠷᠪᠡ᠂ ᠦᠨᠡᠨ ᠶᠣᠰᠣᠨ ᠤ ᠪᠠᠷᠢᠮᠵᠢᠶ᠎ᠠ ᠵᠢᠨ ᠲᠤᠬᠠᠶ ᠶᠠᠷᠢᠯᠴᠠᠭ᠎ᠠ ᠵᠢᠨ ᠬᠢᠴᠢᠶᠡᠯ ᠨᠥᠬᠥᠬᠦ ᠠᠵᠢᠯ ᠢ ᠡᠷᠬᠡᠪᠰᠢ ᠪᠣᠳᠠᠲᠤ ᠪᠠᠶᠢᠳᠠᠯ ᠲᠠᠶ ᠨᠢᠭᠲᠠ ᠤᠶᠠᠯᠳᠤᠭᠤᠯᠤᠨ᠂ ᠪᠤᠳᠠᠳᠠᠢ ᠳᠤᠲᠠᠭᠳᠠᠯ ᠢ ᠨᠦᠬᠦᠪᠦᠷᠢᠯᠡᠨ᠂ ᠦᠵᠡᠯ ᠰᠠᠨᠠᠭᠠᠨ ᠦ ᠪᠠ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠡᠯ᠎ᠡ ᠭᠠᠵᠠᠷ ᠣᠷᠣᠨ᠂ ᠡᠯ᠎ᠡ ᠹᠷᠣᠨᠲ᠋᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ᠂ ᠰᠤᠷᠭᠠᠭᠤᠯᠢ᠂ ᠦᠢᠯᠡᠳᠪᠦᠷᠢ᠂ ᠳᠡᠯᠭᠡᠭᠦᠷ᠂ ᠴᠢᠨᠠᠭᠰᠢᠯᠠᠪᠠᠯ ᠬᠥᠳᠡᠭᠡ ᠲᠣᠰᠬᠣᠨ ᠮᠠᠯᠵᠢᠬᠤ ᠣᠷᠣᠨ ᠤ ᠠᠷᠠᠳ ᠤᠨ ᠨᠢᠭᠡᠳᠦᠯ ᠦᠢᠯᠡᠳᠪᠦᠷᠢᠯᠡᠯ ᠤᠨ ᠪᠠᠷᠢᠭᠠᠳᠠ ᠴᠤ ᠦᠢᠯᠡᠳᠦᠯᠭᠡ ᠪᠣᠯ ᠦᠨᠡᠨ ᠶᠣᠰᠣᠨ ᠢ ᠰᠢᠯᠭᠠᠬᠤ ᠴᠤᠷ ᠤᠨ ᠭᠠᠭᠴᠠ ᠪᠠᠷᠢᠮᠵᠢᠶ᠎ᠠ ᠭᠡᠬᠦ ᠡᠨᠡᠬᠦ ᠵᠡᠪᠰᠡᠭ ᠢ ᠴᠢᠩᠭ᠎ᠠ ᠡᠵᠡᠮᠳᠡᠨ᠂ ᠤᠯᠠᠨ ᠲᠦᠮᠡᠨ ᠢ ᠭᠦᠢᠴᠡᠳ ᠲᠠᠢᠢᠴᠢᠯᠠᠵᠤ᠂ ᠥᠪᠥᠷ ᠮᠣᠩᠭᠣᠯ ᠤᠨ ᠣᠷᠣᠨ ᠨᠤᠲᠤᠭ ᠤᠨ ᠣᠨᠴᠠᠯᠢᠭ᠂ ᠦᠨᠳᠦᠰᠦᠲᠡᠨ ᠤ ᠤᠨᠴᠠᠯᠢᠭ᠂ ᠺᠠᠳ᠋ᠷ᠂ ᠤᠯᠠᠨ ᠲᠦᠮᠡᠨ ᠦ ᠦᠵᠡᠯ ᠰᠠᠨᠠᠭᠠᠨ ᠤ ᠪᠠᠶᠢᠳᠠᠯ ᠵᠢᠴᠢ ᠡᠯ᠎ᠡ ᠹᠷᠣᠨᠲ᠋ ᠤᠨ ᠪᠣᠳᠠᠲᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠭᠤᠴᠢᠨ ᠵᠢᠯ ᠤᠨ ᠳᠤᠷᠰᠢᠬᠢ ᠵᠥᠪ ᠪᠤᠷᠤᠭᠤ ᠬᠣᠶᠠᠷ ᠲᠠᠯ᠎ᠠ ᠵᠢᠨ ᠲᠤᠷᠰᠢᠯᠭ᠎ᠠ ᠰᠤᠷᠭᠠᠮᠵᠢ ᠶ᠋ᠢ ᠳ᠋ᠦᠩᠨᠡᠨ᠂ ᠤᠳᠤᠬᠢᠴᠢᠯᠠᠯ ᠤᠨ ᠪᠦᠲᠦᠭᠡᠨ ᠪᠠᠶᠢᠭᠤᠯᠤᠯᠲᠠ ᠯᠤᠭ᠎ᠠ ᠬᠤᠯᠪᠤᠵᠤ᠂ ᠰᠢᠨ᠎ᠡ ᠪᠠᠶᠢᠳᠠᠯ ᠢ ᠰᠤᠳᠤᠯᠤᠨ ᠰᠢᠨᠵᠢᠯᠡᠵᠦ᠂ ᠰᠢᠨ᠎ᠡ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠪᠣᠳᠠᠲᠤ ᠪᠠᠶᠢᠳᠠᠯ ᠳ᠋ᠦ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠪᠠᠳᠠᠷᠠᠭᠤᠯᠤᠨ᠂ ᠦᠢᠯᠡᠳᠦᠯᠭᠡ ᠵᠦᠪ ᠣᠨᠣᠪᠴᠢᠲᠠᠶ ᠪᠣᠯᠬᠤ ᠶ᠋ᠢ ᠭᠡᠷᠡᠴᠢᠯᠡᠭᠰᠡᠨ ᠪᠦᠬᠦᠨ ᠢ ᠪᠠᠷᠢᠮᠲᠠᠯᠠᠵᠤ᠂ ᠦᠢᠯᠡᠳᠦᠯᠭᠡ ᠪᠤᠷᠤᠭᠤ ᠪᠣᠯᠬᠤ ᠶ᠋ᠢ ᠭᠡᠷᠡᠴᠢᠯᠡᠭᠰᠡᠨ ᠪᠦᠬᠦᠨ ᠢ ᠳᠠᠷᠤᠶ ᠡᠷᠡᠰ ᠵᠠᠯᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠪᠠᠭ ᠤᠨ ᠵᠤᠬᠢᠶᠠᠨ ᠪᠠᠶᠢᠭᠤᠯᠤᠯᠲᠠ ᠪᠠ ᠺᠠᠳ᠋ᠷ ᠤᠨ ᠬᠢᠨᠠᠨ ᠰᠢᠯᠭᠠᠯᠲᠠ ᠨᠢ ᠴᠤ ᠦᠢᠯᠡᠳᠦᠯᠭᠡ ᠵᠢᠨ ᠭᠡᠷᠡᠴᠢᠯᠡᠯᠲᠡ ᠶ᠋ᠢ ᠳᠠᠮᠵᠢᠨ᠂ ᠰᠠᠶᠢᠨ ᠺᠠᠳ᠋ᠷ᠂ ᠰᠠᠶᠢᠨ ᠵᠠᠯᠭᠠᠮᠵᠢᠯᠠᠭᠴᠢ ᠶ᠋ᠢ ᠰᠠᠶᠢᠲᠤᠷ ᠰᠣᠩᠭᠣᠬᠤ ᠬᠡᠷᠡᠭᠲᠡᠢ ᠃
ᠲᠠᠪᠤ᠋᠂ ᠡᠯ᠎ᠡ ᠱᠠᠲᠤᠨ ᠤ ᠨᠠᠮ ᠤᠨ ᠬᠣᠷᠢᠶ᠎ᠠ ᠨᠢ ᠰᠤᠷᠲᠠᠯ ᠤᠬᠠᠭᠤᠯᠭ᠎ᠠ ᠵᠢᠨᠰᠠᠯᠠᠭ᠎ᠠ ᠮᠥᠴᠢᠷ ᠪᠣᠯᠤᠨ ᠨᠠᠮ ᠤᠨ ᠰᠤᠷᠭᠠᠭᠤᠯᠢ ᠵᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠤᠢᠷᠦᠯ ᠤᠨ ᠺᠠᠳ᠋ᠷ ᠤᠨ ᠪᠣᠯᠪᠠᠰᠤᠷᠠᠯ ᠤᠨ ᠠᠩᠭᠢ ᠶ᠋ᠢ ᠰᠠᠶᠢᠲᠤᠷ ᠡᠷᠬᠢᠯᠡᠨ᠂ ᠮᠠᠷᠺᠰ ᠯᠸᠨᠢᠨ ᠦ ᠦᠵᠡᠯ ᠤᠨ ᠦᠨᠳᠦᠰᠦᠨ ᠤᠨᠤᠯ ᠤᠨ ᠬᠥᠮᠦᠵᠢᠯ ᠢ ᠴᠢᠩᠭᠠᠳᠬᠠᠵᠤ᠂ ᠦᠨᠡᠨ ᠶᠣᠰᠣᠨ ᠤ ᠪᠠᠷᠢᠮᠵᠢᠶ᠎ᠠ ᠵᠢᠨ ᠠᠰᠠᠭᠤᠳᠠᠯ ᠤᠨ ᠲᠤᠬᠠᠶ ᠶᠠᠷᠢᠯᠴᠠᠭᠠᠨ ᠢ ᠨᠢᠭᠡᠨ ᠭᠤᠤᠯ ᠬᠢᠴᠢᠶᠡᠯ ᠪᠤᠯᠭᠠᠨ᠂ ᠨᠠᠷᠢᠨ ᠬᠢᠨᠠᠮᠠᠭᠠᠢ ᠨᠤᠮ ᠤᠩᠰᠢᠬᠤ ᠶ᠋ᠢ ᠤᠷᠢᠶᠠᠯᠠᠵᠤ᠂ ᠤᠨᠤᠯ ᠪᠠ
ᠦᠢᠯᠡᠳᠦᠯᠭᠡ ᠵᠢᠨ ᠬᠠᠷᠢᠴᠠᠭ᠎ᠠ ᠶ᠋ᠢ ᠦᠨᠡᠨᠬᠦ ᠤᠶᠢᠯᠠᠭᠠᠨ᠂ ᠮᠠᠷᠺᠰ ᠦ᠋ᠨ ᠦᠵᠡᠯ ᠦᠨ ᠦᠵᠡᠯ ᠰᠠᠨᠠᠭᠠᠨ ᠤ ᠬᠢᠷᠢ ᠳᠦᠪᠰᠢᠨ ᠢ ᠳᠡᠭᠡᠭᠰᠢᠯᠡᠭᠦᠯᠵᠦ᠂ ᠨᠠᠮ ᠤᠨ ᠡᠯ᠎ᠡ ᠵᠠᠮ ᠱᠤᠭᠤᠮ ᠢ ᠭᠦᠢᠴᠡᠳᠭᠡᠨ ᠪᠡᠶᠡᠯᠡᠭᠦᠯᠬᠦ ᠤᠬᠠᠮᠰᠠᠷᠲᠤ ᠴᠢᠨᠠᠷ ᠢ ᠳᠡᠭᠡᠭᠰᠢᠯᠡᠬᠦᠯᠦᠨ᠎ᠡ ᠃ ᠰᠣᠨᠢᠨ ᠮᠡᠳᠡᠭᠡ᠂ ᠷᠠᠳᠢᠣ᠋ ᠨᠡᠪᠲᠡᠷᠡᠭᠦᠯᠭᠡ᠂ ᠬᠡᠪᠯᠡᠯ ᠵᠡᠷᠭᠡ ᠪᠠᠶᠢᠭᠤᠯᠭ᠎ᠠ ᠵᠢᠨ ᠬᠢᠨ ᠦᠨᠡᠨ ᠶᠣᠰᠣᠨ ᠦ ᠪᠠᠷᠢᠮᠵᠢᠶ᠎ᠠ ᠵᠢᠨ ᠬᠢᠴᠢᠶᠡᠯ ᠨᠦᠬᠦᠯᠲᠡ ᠶ᠋ᠢ ᠤᠬᠠᠭᠤᠯᠤᠨ ᠮᠡᠳᠡᠭᠡᠯᠡᠬᠦ ᠶ᠋ᠢ ᠴᠢᠩᠭᠠᠳᠬᠠᠬᠤ ᠬᠡᠷᠡᠭᠲᠡᠶ᠃ ᠨᠡᠶᠢᠲᠡᠯᠢᠭ ᠵᠢᠱᠢᠶ᠎ᠡ ᠶ᠋ᠢ ᠰᠠᠶᠢᠲᠤᠷ ᠠᠳᠬᠤᠵᠤ᠂ ᠲᠤᠷᠰᠢᠯᠭ᠎ᠠ ᠶ᠋ᠢ ᠲᠦᠭᠡᠮᠡᠯᠵᠢᠭᠦᠯᠦᠨ ᠂ ᠡᠨᠡᠬᠦ ᠶᠠᠷᠢᠯᠴᠠᠭᠠᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ ᠃
ᠵᠢᠷᠭᠤᠭ᠎ᠠ᠂ ᠦᠨᠡᠨ ᠶᠣᠰᠣᠨ ᠤ ᠪᠠᠷᠢᠮᠵᠢᠶᠠᠨ ᠤ ᠲᠤᠬᠠᠶ ᠶᠠᠷᠢᠯᠴᠠᠭ᠎ᠠ ᠶ᠋ᠢᠨ ᠬᠢᠴᠢᠶᠡᠯ ᠨᠦᠬᠦᠯᠲᠡ ᠳᠤᠮᠳᠠ᠂ ᠵᠠᠪᠠᠯ ᠬᠣᠶᠠᠷ ᠵᠦᠢᠯ ᠤᠨ ᠪᠠᠶᠢᠳᠠᠯ ᠢ ᠢᠯᠭᠠᠬᠤ ᠬᠡᠷᠡᠭᠲᠡᠢ ᠪᠠᠶᠢᠳᠠᠭ ᠃ ᠨᠢᠭᠡ ᠵᠦᠢᠯ ᠨᠢ ᠯᠢᠨ ᠪᠢᠶᠦᠦ᠂ 《 ᠲᠤᠢᠷᠪᠡᠠ ᠬᠥᠮᠦᠨ ᠤ ᠪᠦᠯᠦᠭ 》 ᠤᠨ ᠦᠵᠡᠯ ᠰᠠᠨᠠᠭᠠᠨ ᠤ ᠰᠢᠰᠲ᠋ᠧᠮ ᠢ ᠪᠠᠷᠢᠮᠲᠠᠯᠠᠬᠤ ᠠᠰᠠᠭᠤᠳᠠᠯ᠂ ᠨᠢᠭᠡ ᠵᠦᠢᠯ ᠨᠢ ᠡᠩ ᠤᠨ ᠲᠠᠨᠢᠯᠲᠠ ᠵᠢᠨ ᠠᠰᠠᠭᠤᠳᠠᠯ ᠪᠣᠯᠤᠨ᠎ᠠ᠃ ᠡᠮᠦᠨᠡᠬᠢ ᠶ᠋ᠢ ᠨᠢ ᠰᠢᠭᠦᠮᠵᠢᠯᠡᠵᠦ᠂ ᠬᠣᠶᠢᠨᠠᠬᠢ ᠶ᠋ᠢᠨᠢ ᠤᠨᠤᠯ ᠤᠨ ᠠᠷᠠᠳᠴᠢᠯᠠᠯ ᠢ ᠪᠠᠳᠠᠷᠠᠭᠤᠯᠵᠤ ᠶᠠᠷᠢᠯᠴᠠᠭᠠᠨ ᠤ ᠠᠷᠭ᠎ᠠ ᠶ᠋ᠢ ᠬᠡᠷᠡᠭᠯᠡᠨ᠂ 《 ᠬᠤᠶᠠᠷ ᠪᠦᠬᠦᠨ 》 ᠦ ᠴᠢᠭᠯᠡᠯᠲᠡ ᠶ᠋ᠢ ᠪᠠᠷᠢᠮᠲᠠᠯᠠᠵᠤ᠂ 《 ᠭᠤᠷᠪᠠᠨ ᠦᠭᠡᠢ ᠵᠠᠷᠴᠢᠮ 》 ᠶ᠋ᠢ ᠪᠠᠷᠢᠮᠲᠠᠯᠠᠨ᠂ ᠠᠮᠤᠷ ᠲᠦᠪᠰᠢᠨ᠂ ᠪᠦᠯᠬᠦᠮᠳᠡᠯ ᠲᠠᠢ᠂ ᠠᠮᠢᠳᠤ ᠴᠣᠪᠣᠭᠣᠯᠢᠭ ᠤᠯᠤᠰ ᠲᠦᠷᠦ ᠵᠢᠨ ᠪᠠᠶᠢᠳᠠᠯ ᠢ ᠲᠠᠰᠤᠷᠠᠯᠳᠠ ᠦᠭᠡᠢ ᠬᠦᠭᠵᠢᠭᠦᠯᠬᠦ ᠬᠡᠷᠡᠭᠲᠡᠶ᠃ ᠡᠷᠬᠡᠪᠰᠢ ᠥᠷᠭᠡᠨ ᠤᠯᠠᠨ ᠺᠠᠳ᠋ᠷ ᠪᠠ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶ᠋ᠢ ᠨᠠᠮ ᠤᠨ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠪᠠ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠬᠣᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠳᠦ᠋ᠷᠪᠡᠨ ᠦᠨᠳᠦᠰᠦᠨ ᠵᠠᠷᠴᠢᠮ ᠢ ᠪᠠᠷᠢᠮᠲᠠᠯᠠᠨ᠂ ᠨᠡᠶᠢᠭᠡᠮ ᠵᠢᠷᠤᠮ ᠦ᠋ᠨ ᠤᠳᠤᠬᠢᠴᠢᠯᠠᠯ ᠤᠨ ᠪᠦᠳᠦᠭᠡᠠ ᠪᠠᠶᠢᠭᠤᠯᠤᠯᠲᠠ ᠵᠢᠨ ᠢᠯᠠᠯᠲᠠ ᠶ᠋ᠢ ᠲᠡᠮᠡᠴᠡᠨ ᠤᠯᠬᠤ ᠵᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ︕