ᠪᠦᠬᠦ ᠤᠷᠤᠨ ᠤ ᠠᠵᠢᠯᠴᠢᠨ ᠤ ᠡᠪᠯᠡᠯ ᠤᠨ ᠦᠪᠡᠷᠳᠡᠭᠡᠨ ᠵᠠᠰᠠᠬᠤ ᠣᠷᠣᠨ ᠤ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠸᠢᠳᠢᠣ᠋ ᠬᠤᠷᠠᠯ ᠬᠤᠷᠠᠯᠳᠣᠪᠠ
11 ᠰᠠᠷ᠎ᠠ ᠶᠢᠨ 15 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ ᠸᠢᠳᠢᠣ᠋ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃
ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ᠂ ᠠᠵᠢᠯᠴᠢᠨ ᠤ ᠶᠡᠷᠦᠩᠭᠡᠢ ᠡᠪᠯᠡᠯ ᠤᠨ ᠲᠡᠷᠢᠬᠦᠯᠡᠭᠴᠢ ᠬᠠᠨᠭ᠌ ᠬᠦᠢ ᠯᠢᠨ ᠭᠤᠤᠯ ᠬᠤᠷᠠᠯ ᠤᠨ ᠲᠠᠯᠠᠪᠠᠢ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠠᠢ᠃
ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠸᠡᠭ ᠤᠨ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠦᠭᠡᠷᠡᠴᠢᠯᠡᠯᠳᠠ ᠬᠢᠵᠦ ᠰᠢᠨ᠎ᠡ ᠶᠢ ᠡᠭᠦᠳᠬᠦ ᠭᠦᠨᠵᠡᠭᠡᠶᠢᠷᠡᠭᠦᠯᠬᠦ᠂ ᠠᠵᠢᠯᠴᠢᠨ ᠤ ᠡᠪᠯᠡᠯ ᠤᠨ ᠭᠤᠤᠯᠳᠠᠯᠭ᠎ᠠ ᠲᠠᠢ ᠠᠵᠢᠯ ᠢ ᠰᠠᠶᠢᠳᠣᠷ ᠬᠢᠬᠦ ᠳᠣᠬᠠᠢ ᠪᠠᠶᠢᠷᠢᠯᠠᠭᠤᠯᠵᠡᠢ᠃
ᠬᠠᠨᠭ᠌ ᠬᠦᠢ ᠯᠢᠨ ᠵᠢᠭᠠᠵᠦ ᠭᠠᠷᠭᠠᠬᠰᠠᠨ ᠨᠢ᠂ ᠡᠯ᠎ᠠ ᠱᠠᠳᠤᠨ ᠤ ᠠᠵᠢᠯᠴᠢᠨ ᠤ ᠡᠪᠯᠡᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠤ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠦᠭᠡᠷᠡᠴᠢᠯᠡᠯᠳᠡ ᠶᠢ ᠠᠬᠢᠭᠤᠯᠬᠤ᠂ ᠳᠣᠰ ᠪᠡᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ᠂ ᠡᠯ᠎ᠠ ᠵᠦᠢᠯ ᠤᠨ ᠠᠵᠢᠯ ᠢᠶᠠᠨ ᠦᠷᠨᠢᠬᠦᠯᠬᠦ ᠲᠠᠢ ᠤᠷᠭᠠᠨᠢᠭ ᠢᠶᠠᠷ ᠤᠶᠠᠯᠳᠤᠭᠤᠯᠵᠤ᠂ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠴᠣᠭᠴᠠᠯᠠᠯᠳᠠ ᠰᠢᠨ᠎ᠠ ᠲᠦᠪᠰᠢᠨ ᠳᠤ ᠬᠦᠷᠬᠦ᠂ ᠭᠤᠤᠯᠳᠠᠯᠭ᠎ᠠ ᠲᠠᠢ ᠠᠵᠢᠯ ᠰᠢᠨ᠎ᠠ ᠲᠡᠭᠳᠡᠷ ᠲᠤ ᠭᠠᠷᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠳᠡᠢ᠃ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠪᠦᠷᠬᠦᠴᠡ ᠶᠢ ᠴᠢᠨᠠᠬᠰᠢᠳᠠ ᠦᠷᠭᠡᠳᠭᠡᠵᠦ᠂ ᠠᠵᠢᠯᠴᠢᠨ ᠤ ᠡᠪᠯᠡᠯ ᠤᠨ ᠠᠵᠢᠯ ᠤᠨ ᠡᠩᠨᠡᠭᠡ ᠶᠢᠨ ᠪᠠᠶᠢᠭᠤᠯᠤᠯᠳᠠ ᠪᠠ ᠺᠠᠳ᠋ᠷ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠦᠵᠡᠯ ᠰᠠᠨᠠᠭ᠎ᠠ ᠣᠯᠣᠰ ᠲᠦᠷᠦ ᠶᠢ ᠬᠦᠳᠦᠯᠦᠨ ᠲᠠᠭᠠᠭᠤᠯᠬᠤ᠂ ᠦᠭᠡᠷᠡᠴᠢᠯᠡᠯᠳᠠ ᠭᠦᠭᠵᠢᠯᠳᠠ ᠶᠢ ᠠᠬᠢᠭᠤᠯᠬᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠬᠢ ᠢᠳᠡᠪᠬᠢᠳᠠᠢ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨ ᠤ ᠠᠵᠢᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠬᠠᠷᠠᠯᠳᠠ ᠪᠠ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ ᠤᠨ ᠭᠤᠤᠯᠳᠠᠯᠭ᠎ᠠ ᠲᠠᠢ ᠠᠵᠢᠯ ᠤᠨ ᠡᠬᠦᠷᠭᠡ ᠲᠠᠢ ᠬᠢᠨᠠᠮᠠᠭᠠᠢ ᠬᠠᠷᠢᠴᠠᠭᠤᠯᠵᠣ᠂ 2016 ᠤᠨ ᠤ ᠠᠵᠢᠯᠳᠠᠨ ᠠᠵᠢᠯᠴᠢᠨ ᠳᠤ ᠦᠢᠯᠡᠴᠢᠯᠡᠨ ᠪᠤᠳᠠᠳᠤ ᠣᠴᠢᠷ ᠰᠢᠢᠳᠪᠦᠷᠢᠯᠡᠨ ᠦᠭᠬᠦ ᠲᠦᠯᠦᠪᠯᠡᠭᠡ ᠲᠠᠢ ᠬᠢᠨᠠᠮᠠᠭᠠᠢ ᠬᠠᠷᠢᠴᠠᠭᠤᠯᠵᠤ᠂ ᠵᠤᠷᠪᠤᠰ ᠲᠠᠷᠠᠭᠠᠯᠠᠨ ᠡᠮᠬᠢᠯᠡᠵᠦ ᠠᠰᠠᠭᠤᠳᠠᠯ ᠢᠶᠠᠨ ᠡᠷᠢᠵᠦ᠂ ᠪᠦᠬᠦ ᠬᠦᠴᠦᠨ ᠢᠶᠠᠷ ᠢᠶᠠᠨ ᠳᠣᠳᠠᠭᠤᠳᠠᠯ ᠢᠶᠠᠨ ᠨᠦᠬᠦᠪᠦᠷᠢᠯᠡᠵᠦ᠂ ᠡᠨᠡ ᠵᠢᠯ ᠤᠨ ᠬᠠᠷᠠᠯᠳᠠ ᠡᠭᠦᠷᠭᠡ ᠪᠠᠨ ᠪᠦᠬᠦ ᠳᠠᠯ᠎ᠠ ᠪᠠᠷ ᠪᠡᠶᠡᠯᠡᠭᠦᠯᠬᠦ ᠶᠢ ᠪᠠᠳᠣᠯᠠᠬᠤ ᠬᠡᠷᠡᠭᠳᠡᠢ ᠭᠡᠵᠡᠢ᠃