ᠰᠢᠨ᠎ᠡ ᠴᠠᠬ ᠦᠶ᠎ᠡ ᠶᠢᠨ ᠨᠠᠮ ᠤᠨ ᠡᠭᠦᠷ ᠤᠨ ᠵᠤᠬᠢᠶᠠᠨ ᠪᠠᠶᠢᠭᠤᠯᠤᠯᠳᠠ ᠶᠢᠨ ᠲᠤᠬᠢᠷᠠᠭᠤᠯᠤᠯᠳᠠ

  2019-11-03

  (ᠨᠢᠭᠡ) ᠨᠠᠮ ᠤᠨ ᠡᠭᠦᠷ ᠤᠨ ᠲᠤᠬᠢᠷᠠᠭᠤᠯᠤᠯᠳᠠ ᠨᠢ ᠡᠩ ᠤᠨ ᠪᠠᠶᠢᠳᠠᠯ ᠳᠤ ᠪᠠᠶᠢᠭᠤᠯᠭ᠎ᠠ ᠨᠢᠭᠡᠴᠢ᠂ ᠤᠷᠤᠨ ᠪᠦᠰᠡ ᠪᠠᠷ ᠭᠤᠤᠯ    ᠪᠤᠯᠭᠠᠵᠤ᠂ ᠲᠤᠰ ᠲᠤᠰ ᠲᠤᠨᠢ ᠵᠤᠬᠢᠶᠠᠨ ᠪᠠᠶᠢᠭᠤᠯᠬᠤ ᠪᠠᠷ ᠭᠤᠤᠯ ᠠᠷᠭ᠎ᠠ ᠬᠡᠯᠪᠡᠷᠢ ᠪᠠᠨ ᠪᠤᠯᠭᠠᠨ᠎ᠠ᠃ ᠠᠵᠤ ᠠᠬᠤᠢᠢᠯᠠᠯ᠂ ᠬᠦᠳᠡᠭᠡ    ᠲᠤᠰᠬᠤᠨ᠂ ᠪᠠᠶᠢᠭᠤᠯᠭ᠎ᠠ᠂ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠨᠡᠶᠢᠭᠡᠮ ᠲᠤᠭᠤᠷᠢᠭ᠂ ᠨᠡᠶᠢᠭᠡᠮ ᠤᠨ ᠵᠤᠬᠢᠶᠠᠨ ᠪᠠᠶᠢᠭᠤᠯᠤᠯᠳᠠ᠂ ᠠᠷᠠᠳ ᠤᠨ ᠴᠢᠯᠦᠭᠡᠯᠡᠬᠦ ᠴᠡᠷᠢᠭ ᠪᠠ ᠵᠡᠪᠰᠡᠭᠳᠤ ᠴᠠᠭᠳᠠᠭᠠᠨ ᠤ ᠴᠡᠷᠢᠭ ᠠᠩᠭᠢ ᠶᠢᠨ ᠰᠤᠮᠤᠨ (ᠳᠤᠮᠳᠠ) ᠠᠩᠭᠢ ᠵᠢᠴᠢ ᠪᠤᠰᠤᠳ ᠦᠨᠳᠦᠰᠦᠨ ᠱᠠᠳᠤᠨ ᠤ ᠪᠠᠶᠢᠭᠤᠯᠭ᠎ᠠ ᠨᠢᠭᠡᠴᠢ ᠳᠤ ᠵᠢᠩᠭᠢᠨᠢ ᠨᠠᠮ ᠤᠨ ᠭᠡᠰᠢᠭᠦᠨ ᠨᠢ 3 ᠬᠦᠮᠦᠨ ᠠᠴᠠ ᠢᠯᠡᠭᠦᠦ ᠪᠠᠶᠢᠪᠠᠯ ᠴᠦᠮ ᠨᠠᠮ ᠤᠨ ᠡᠭᠦᠷ ᠪᠠᠶᠢᠭᠤᠯᠬᠤ ᠬᠡᠷᠡᠭᠳᠠᠢ᠃
    ᠨᠠᠮ ᠤᠨ ᠡᠭᠦᠷ ᠤᠨ ᠨᠠᠮ ᠤᠨ ᠭᠡᠰᠢᠭᠦᠨ ᠤ ᠲᠤᠭ᠎ᠠ ᠡᠩ ᠤᠨ ᠪᠠᠶᠢᠳᠠᠯ ᠳᠤ 50 ᠬᠦᠮᠦᠨ ᠠᠴᠠ ᠬᠡᠳᠦᠷᠡᠵᠤ ᠪᠤᠯᠬᠤ ᠦᠭᠡᠢ᠃
    (ᠬᠤᠶᠠᠷ) ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠡᠭᠦᠷ ᠤᠨ ᠲᠤᠬᠢᠷᠠᠭᠤᠯᠤᠯᠳᠠ ᠶᠢᠨ ᠬᠡᠯᠪᠡᠷᠢ ᠶᠢᠨ ᠰᠢᠨ᠎ᠠ ᠶᠢ ᠡᠭᠦᠳᠴᠤ᠂ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠠᠵᠢᠯ ᠢ ᠪᠦᠬᠦᠨ ᠢ ᠪᠦᠷᠬᠦᠭᠦᠯᠬᠦ ᠬᠡᠷᠡᠭᠳᠠᠢ᠃
    ᠬᠡᠪᠴᠢᠶ᠎ᠠ ᠨᠢ ᠨᠡᠯᠢᠶᠡᠳ ᠶᠡᠭᠡ᠂ ᠤᠷᠤᠨ ᠪᠦᠰᠡ ᠠᠯᠤᠰᠯᠠᠭᠰᠠᠨ ᠲᠠᠷᠢᠶᠠᠴᠢᠨ ᠤ ᠲᠤᠰᠬᠠᠢ ᠬᠤᠷᠰᠢᠭᠰᠠᠨ ᠵᠤᠬᠢᠶᠠᠨ ᠪᠠᠶᠢᠭᠤᠯᠤᠯᠳᠠ᠂ ᠲᠤᠰᠬᠠᠢ ᠵᠠᠬ᠎ᠠ ᠳᠡᠯᠭᠡᠭᠦᠷ᠂ ᠬᠤᠳᠠᠯᠳᠤᠭᠠᠨ ᠤ ᠵᠡᠭᠡᠯᠢ ᠲᠤᠭᠤᠷᠢᠭ᠂ ᠬᠤᠳᠠᠯᠳᠤᠭᠠᠨ ᠤ ᠠᠰᠠᠷ ᠵᠡᠷᠭᠡ ᠭᠠᠵᠠᠷ ᠨᠦᠬᠦᠴᠡᠯ ᠳᠤ ᠨᠡᠶᠢᠴᠡᠭᠰᠡᠨ ᠪᠤᠯ ᠨᠠᠮ ᠤᠨ ᠡᠭᠦᠷ ᠪᠠᠶᠢᠭᠤᠯᠬᠤ ᠬᠡᠷᠡᠭᠳᠠᠢ᠃
    ᠵᠢᠩᠭᠢᠨᠢ ᠨᠠᠮ ᠤᠨ ᠭᠡᠰᠢᠭᠦᠨ ᠨᠢ 3 ᠬᠦᠮᠦᠨ ᠳᠤ ᠦᠯᠦ ᠬᠦᠷᠬᠦ ᠪᠠᠶᠢᠭᠤᠯᠭ᠎ᠠ ᠨᠢᠭᠡᠴᠢ ᠨᠢ ᠭᠠᠵᠠᠷ ᠤᠷᠤᠨ ᠤᠢᠢᠷᠠᠯᠴᠠᠭ᠎ᠠ᠂ ᠠᠵᠢᠯ ᠲᠦᠷᠦᠯ ᠠᠳᠠᠯᠢᠪᠳᠤᠷ᠂ ᠬᠡᠪᠴᠢᠶ᠎ᠠ ᠵᠤᠬᠢᠰᠳᠠᠢ᠂ ᠬᠠᠮᠢᠶᠠᠷᠬᠤ ᠳᠤ ᠳᠦᠭᠦᠮ ᠪᠠᠶᠢᠬᠤ ᠵᠠᠷᠴᠢᠮ ᠢ ᠦᠨᠳᠦᠰᠦᠯᠡᠵᠤ᠂ ᠬᠠᠮᠳᠤᠷᠠᠭᠰᠠᠨ ᠨᠠᠮ ᠤᠨ ᠡᠭᠦᠷ ᠪᠠᠶᠢᠭᠤᠯᠬᠤ ᠬᠡᠷᠡᠭᠳᠠᠢ᠃ ᠬᠠᠮᠳᠤᠷᠠᠭᠰᠠᠨ ᠨᠠᠮ ᠤᠨ ᠡᠭᠦᠷ ᠤᠨ ᠬᠠᠮᠤᠷᠬᠤ ᠨᠢᠭᠡᠴᠢ ᠨᠢ ᠡᠩ ᠤᠨ ᠪᠠᠶᠢᠳᠠᠯ ᠳᠤ 5 ᠠᠴᠠ ᠬᠡᠳᠦᠷᠡᠵᠤ ᠪᠤᠯᠬᠤ     ᠦᠭᠡᠢ᠃
    6 ᠰᠠᠷ᠎ᠠ ᠠᠴᠠ ᠳᠡᠭᠡᠭᠰᠢ ᠬᠤᠭᠤᠴᠠᠭ᠎ᠠ ᠲᠠᠢ ᠪᠠᠷᠢᠯᠭ᠎ᠠ ᠶᠢᠨ ᠭᠠᠵᠠᠷ᠂ ᠠᠵᠢᠯ ᠤᠨ ᠲᠦᠷᠦᠯ ᠵᠦᠢᠯ ᠵᠡᠷᠭᠡ ᠭᠠᠵᠠᠷ ᠨᠢ ᠨᠦᠬᠦᠴᠡᠯ ᠳᠤ ᠨᠡᠶᠢᠴᠡᠭᠰᠡᠨ ᠪᠤᠯ ᠨᠠᠮ ᠤᠨ ᠡᠭᠦᠷ ᠪᠠᠶᠢᠭᠤᠯᠬᠤ ᠬᠡᠷᠡᠭᠳᠠᠢ᠃
    ᠨᠡᠭᠦᠳᠡᠯ ᠨᠠᠮ ᠤᠨ ᠭᠡᠰᠢᠭᠦᠨ ᠨᠡᠯᠢᠶᠡᠳ ᠣᠯᠠᠨ᠂ ᠠᠵᠢᠯᠯᠠᠵᠤ ᠪᠠᠶᠢᠭ᠎ᠠ ᠭᠠᠵᠠᠷ ᠪᠤᠶᠤ ᠤᠷᠤᠰᠢᠨ ᠰᠠᠭᠤᠵᠤ ᠪᠠᠶᠢᠭ᠎ᠠ ᠭᠠᠵᠠᠷ ᠨᠢ ᠬᠠᠷᠢᠴᠠᠩᠭᠤᠢ ᠲᠤᠭᠳᠠᠪᠤᠷᠢᠳᠠᠢ ᠲᠦᠪᠯᠡᠷᠡᠩᠭᠦᠢ ᠪᠤᠯ ᠨᠡᠭᠦᠵᠤ ᠭᠠᠷᠤᠭᠰᠠᠨ ᠭᠠᠵᠠᠷ ᠤᠨ ᠨᠠᠮ ᠤᠨ ᠵᠤᠬᠢᠶᠠᠨ ᠪᠠᠶᠢᠭᠤᠯᠤᠯᠳᠠ ᠠᠴᠠ ᠨᠡᠭᠦᠵᠤ ᠤᠴᠢᠭᠰᠠᠨ ᠭᠠᠵᠠᠷ ᠤᠨ ᠨᠠᠮ ᠤᠨ ᠵᠤᠬᠢᠶᠠᠨ ᠪᠠᠶᠢᠭᠤᠯᠤᠯᠳᠠ ᠲᠠᠢ ᠵᠦᠪᠳᠡᠯᠴᠡᠵᠤ ᠪᠠᠶᠢᠭᠠᠳ ᠬᠦᠷᠢᠶᠡᠯᠡᠩ ᠲᠤᠭᠤᠷᠢᠭ᠂ ᠬᠤᠳᠠᠯᠳᠤᠭᠠᠴᠢᠳ ᠤᠨ ᠡᠪᠯᠡᠯ᠂ ᠠᠵᠢᠯ ᠲᠦᠷᠦᠯ ᠤᠨ ᠨᠡᠶᠢᠭᠡᠮᠯᠢᠭ᠂ ᠭᠠᠳᠠᠷ ᠤᠷᠤᠨ ᠳᠤ ᠰᠠᠭᠤᠭ᠎ᠠ ᠬᠡᠷᠡᠭ ᠡᠷᠬᠢᠯᠡᠬᠦ ᠪᠠᠶᠢᠭᠤᠯᠤᠮᠵᠢ ᠵᠡᠷᠭᠡ ᠳᠤ ᠲᠦᠰᠢᠭᠯᠡᠨ ᠨᠡᠭᠦᠳᠡᠯ ᠨᠠᠮ ᠤᠨ ᠭᠡᠰᠢᠭᠦᠳ ᠤᠨ ᠨᠠᠮ ᠤᠨ ᠡᠭᠦᠷ ᠪᠠᠶᠢᠭᠤᠯᠬᠤ ᠬᠡᠷᠡᠭᠳᠠᠢ᠃
    (ᠭᠤᠷᠪᠠ) ᠨᠠᠮ ᠤᠨ ᠡᠭᠦᠷ ᠪᠠᠶᠢᠭᠤᠯᠬᠤ ᠳᠤ ᠡᠩ ᠤᠨ ᠪᠠᠶᠢᠳᠠᠯ ᠳᠤ ᠦᠨᠳᠦᠰᠦᠡ ᠱᠠᠳᠤᠨ ᠤ ᠪᠠᠶᠢᠭᠤᠯᠭ᠎ᠠ ᠨᠢᠭᠡᠴᠢ ᠠᠴᠠ ᠡᠷᠭᠦᠳᠡᠯ ᠳᠡᠪᠰᠢᠭᠦᠯᠵᠤ᠂ ᠰᠠᠭᠤᠭ᠎ᠠ ᠰᠣᠮᠣ ᠰᠢᠶᠠᠩ ᠪᠠᠯᠭᠠᠰᠤ (ᠵᠡᠭᠡᠯᠢ ᠭᠤᠳᠤᠮᠵᠢ) ᠪᠤᠶᠤ ᠪᠠᠶᠢᠭᠤᠯᠭ᠎ᠠ ᠨᠢᠭᠡᠴᠢ ᠶᠢᠨ ᠦᠨᠳᠦᠰᠦᠨ ᠱᠠᠳᠤᠨ ᠤ ᠨᠠᠮ ᠤᠨ ᠬᠤᠷᠢᠶ᠎ᠠ ᠠᠴᠠ ᠬᠤᠷᠠᠯ ᠬᠢᠵᠤ ᠰᠤᠳᠤᠯᠤᠨ ᠲᠤᠭᠳᠠᠭᠠᠬᠤ ᠶᠢᠨ ᠬᠠᠮᠳᠦ ᠴᠤᠬᠤᠯᠠᠪᠤᠷᠢ ᠦᠭᠭᠦᠨ᠎ᠠ᠂ ᠴᠤᠬᠤᠯᠠᠪᠤᠷᠢ ᠦᠭᠬᠦ ᠬᠤᠭᠤᠴᠠᠭ᠎ᠠ ᠨᠢ ᠡᠩ ᠤᠨ ᠪᠠᠶᠢᠳᠠᠯ ᠳᠤ 1 ᠰᠠᠷ᠎ᠠ ᠠᠴᠠ ᠬᠡᠳᠦᠷᠡᠵᠤ ᠪᠤᠯᠬᠤ ᠦᠭᠡᠢ᠃
    ᠨᠠᠮ ᠤᠨ ᠭᠡᠰᠢᠭᠦᠳ ᠤᠨ ᠶᠡᠭᠡ ᠬᠤᠷᠠᠯ ᠬᠢᠵᠤ ᠰᠤᠩᠭᠤᠭᠤᠯᠢ ᠬᠢᠬᠦ ᠪᠠᠷ ᠳᠠᠮᠵᠢᠨ ᠨᠠᠮ ᠤᠨ ᠡᠭᠦᠷ ᠤᠨ ᠵᠦᠪᠯᠡᠯ ᠪᠠᠶᠢᠭᠤᠯᠬᠤ ᠪᠤᠶᠤ ᠨᠠᠮ ᠤᠨ ᠡᠭᠦᠷ ᠤᠨ ᠵᠦᠪᠯᠡᠯ ᠪᠠᠶᠢᠭᠤᠯᠬᠤ ᠦᠭᠡᠢ ᠪᠠᠷ ᠨᠠᠮ ᠤᠨ ᠡᠭᠦᠷ ᠤᠨ ᠱᠦᠵᠢ᠂ ᠳᠡᠳ᠋ ᠱᠦᠵᠢ ᠪᠠᠨ ᠰᠤᠩᠭᠤᠨ ᠳᠤᠭᠳᠠᠭᠠᠨ᠎ᠠ᠃ ᠴᠤᠬᠤᠯᠠᠪᠤᠷᠢ ᠪᠤᠯᠤᠨ ᠰᠤᠩᠭᠤᠭᠤᠯᠢ ᠶᠢᠨ ᠦᠷ᠎ᠠ ᠳ᠋ᠦ᠋ᠩ ᠢ ᠦᠨᠳᠦᠰᠦᠨ ᠱᠠᠲᠤᠨ ᠤ ᠨᠠᠮ ᠤᠨ ᠬᠤᠷᠢᠶ᠎ᠠ ᠠᠴᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃
    ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠠᠴᠠ ᠰᠢᠭᠤᠳ ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠢ ᠳᠤ ᠨᠠᠮ ᠤᠨ ᠡᠭᠦᠷ ᠪᠠᠶᠢᠭᠤᠯᠬᠤ ᠰᠢᠢᠳᠪᠦᠷᠢ ᠭᠠᠷᠭᠠᠵᠤ ᠪᠤᠯᠤᠨ᠎ᠠ᠃
    (ᠲᠦᠷᠪᠡ) ᠨᠠᠮ ᠤᠨ ᠭᠡᠰᠢᠭᠦᠨ ᠤ ᠲᠤᠭ᠎ᠠ ᠪᠤᠶᠤ ᠬᠠᠷᠢᠶᠠᠯᠠᠭᠳᠠᠬᠤ ᠪᠠᠶᠢᠭᠤᠯᠭ᠎ᠠ ᠨᠢᠭᠡᠴᠢ᠂ ᠤᠷᠤᠨ ᠪᠦᠰᠡ ᠵᠡᠷᠭᠡ ᠳᠤ ᠬᠤᠪᠢᠷᠠᠯᠲᠠ ᠭᠠᠷᠴᠤ᠂ ᠪᠠᠶᠢᠭᠤᠯᠬᠤ ᠨᠦᠬᠦᠴᠡᠯ ᠳᠤ ᠨᠡᠶᠢᠴᠡᠬᠦ ᠦᠭᠡᠢ ᠪᠤᠯᠤᠬᠰᠠᠨ ᠨᠠᠮ ᠤᠨ ᠡᠭᠦᠷ ᠢ ᠳᠡᠭᠡᠳᠦ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠠᠴᠠ ᠴᠠᠭ ᠲᠤᠬᠠᠢ ᠳᠤᠨᠢ ᠲᠤᠬᠢᠷᠠᠭᠤᠯᠤᠯᠳᠠ ᠬᠢᠬᠦ ᠪᠤᠶᠤ ᠬᠠᠰᠤᠪᠠᠯ ᠵᠤᠬᠢᠨ᠎ᠠ᠃
    ᠨᠠᠮ ᠤᠨ ᠡᠭᠦᠷ ᠢ ᠲᠤᠬᠢᠷᠠᠭᠤᠯᠬᠤ ᠪᠠ ᠬᠠᠰᠤᠬᠤ ᠳᠤ᠂ ᠡᠩ ᠤᠨ ᠪᠠᠶᠢᠳᠠᠯ ᠳᠤ ᠨᠠᠮ ᠤᠨ ᠡᠭᠦᠷ ᠠᠴᠠ ᠬᠠᠷᠢᠶ᠎ᠠ ᠰᠣᠮᠣ ᠰᠢᠶᠠᠩ ᠪᠠᠯᠭᠠᠰᠤ (ᠵᠡᠭᠡᠯᠢ ᠭᠤᠳᠤᠮᠵᠢ) ᠪᠤᠶᠤ ᠪᠠᠶᠢᠭᠤᠯᠭ᠎ᠠ ᠨᠢᠭᠡᠴᠢ ᠶᠢᠨ ᠦᠨᠳᠦᠰᠦᠨ ᠱᠠᠲᠤᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠠᠢ᠂ ᠡᠰᠡᠭᠦᠯ᠎ᠠ ᠬᠠᠷᠢᠶ᠎ᠠ ᠰᠣᠮᠣ ᠰᠢᠶᠠᠩ ᠪᠠᠯᠭᠠᠰᠤ (ᠵᠡᠭᠡᠯᠢ ᠭᠤᠳᠤᠮᠵᠢ) ᠪᠤᠶᠤ ᠪᠠᠶᠢᠭᠤᠯᠭ᠎ᠠ ᠨᠢᠭᠡᠴᠢ ᠶᠢᠨ ᠦᠨᠳᠦᠰᠦᠨ ᠱᠠᠲᠤᠨ ᠤ ᠨᠠᠮ ᠤᠨ ᠬᠤᠷᠢᠶ᠎ᠠ ᠠᠴᠠ ᠰᠢᠭᠤᠳ ᠰᠢᠢᠳᠪᠦᠷᠢ ᠭᠠᠷᠭᠠᠬᠤ ᠶᠢᠨ ᠬᠠᠮᠲᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠴᠤ ᠪᠤᠯᠤᠨ᠎ᠠ᠃
    (ᠲᠠᠪᠤ) ᠶᠠᠮᠠᠷ ᠨᠢᠭᠡᠨ ᠡᠭᠦᠷᠭᠡ ᠶᠢ ᠭᠦᠢᠴᠡᠳᠭᠡᠬᠦ ᠶᠢᠨ ᠲᠦᠯᠦᠭᠡ ᠲᠦᠷ ᠪᠠᠶᠢᠭᠤᠯᠤᠬᠰᠠᠨ ᠪᠠᠶᠢᠭᠤᠯᠤᠮᠵᠢ ᠳᠤ ᠨᠠᠮ ᠤᠨ ᠭᠡᠰᠢᠭᠦᠨ ᠤ ᠵᠤᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠭᠰᠡᠨ ᠦᠭᠡᠢ ᠪᠤᠯ᠂ ᠳᠡᠭᠡᠳᠦ ᠱᠠᠲᠤᠨ ᠤ ᠵᠤᠬᠢᠶᠠᠨ ᠪᠠᠶᠢᠭᠤᠯᠤᠯᠲᠠ ᠪᠠᠷ ᠬᠢᠨᠠᠨ ᠵᠦᠪᠰᠢᠶᠡᠷᠡᠭᠦᠯᠦᠭᠰᠡᠨ ᠤ ᠳᠠᠷᠠᠭ᠎ᠠ ᠲᠦᠷ ᠴᠠᠭ ᠤᠨ ᠨᠠᠮ ᠤᠨ ᠡᠭᠦᠷ ᠪᠠᠶᠢᠭᠤᠯᠵᠤ ᠪᠤᠯᠤᠨ᠎ᠠ᠃
    ᠲᠦᠷ ᠴᠠᠭ ᠤᠨ ᠨᠠᠮ ᠤᠨ ᠡᠭᠦᠷ ᠭᠤᠤᠯᠳᠠᠭᠤ ᠨᠠᠮ ᠤᠨ ᠭᠡᠰᠢᠭᠦᠳ ᠢ ᠵᠤᠬᠢᠶᠠᠨ ᠪᠠᠶᠢᠭᠤᠯᠵᠤ ᠤᠯᠤᠰ ᠲᠦᠷᠦ ᠶᠢᠨ ᠰᠤᠷᠤᠯᠴᠠᠯᠭ᠎ᠠ ᠬᠢᠵᠦ᠂ ᠨᠠᠮ ᠤᠨ ᠭᠡᠰᠢᠭᠦᠨ ᠢ ᠬᠦᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ᠂ ᠨᠠᠮ ᠳᠤ ᠤᠷᠤᠬᠤ ᠢᠳᠡᠪᠬᠢᠲᠡᠨ ᠳᠤ ᠬᠦᠮᠦᠵᠢᠯ ᠪᠤᠯᠪᠠᠰᠤᠷᠠᠯ ᠬᠦᠷᠳᠡᠭᠡᠬᠦ ᠵᠡᠷᠭᠡ ᠠᠵᠢᠯ ᠦᠷᠨᠢᠭᠦᠯᠵᠦ᠂ ᠡᠩ ᠤᠨ ᠪᠠᠶᠢᠳᠠᠯ ᠳᠤ ᠨᠠᠮ ᠤᠨ ᠭᠡᠰᠢᠭᠦᠨ ᠢ ᠬᠦᠭᠵᠢᠭᠦᠯᠬᠦ ᠦᠭᠡᠢ᠂ ᠨᠠᠮ ᠤᠨ ᠭᠡᠰᠢᠭᠦᠨ ᠳᠤ ᠰᠢᠢᠳᠭᠡᠯ ᠦᠭᠴᠦ ᠰᠢᠢᠳᠪᠦᠷᠢᠯᠡᠬᠦ ᠦᠭᠡᠢ᠂ ᠨᠠᠮ ᠤᠨ ᠰᠦᠢᠳᠭᠡᠯ ᠬᠤᠷᠢᠶᠠᠬᠤ ᠦᠭᠡᠢ᠂ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠤᠩᠭᠤᠭᠤᠯᠢ ᠪᠤᠯᠤᠨ ᠬᠤᠭᠤᠴᠠᠭ᠎ᠠ ᠰᠤᠯᠢᠬᠤ ᠰᠤᠩᠭᠤᠭᠤᠯᠢ ᠬᠢᠬᠦ ᠦᠭᠡᠢ᠃
    ᠲᠦᠷ ᠴᠠᠭ ᠤᠨ ᠨᠠᠮ ᠤᠨ ᠡᠭᠦᠷ ᠤᠨ ᠱᠦᠵᠢ᠂ ᠳᠡᠳ᠋ ᠱᠦᠵᠢ ᠪᠤᠯᠤᠨ ᠭᠡᠰᠢᠭᠦᠨ ᠢ ᠲᠦᠷ ᠴᠠᠭ ᠤᠨ ᠨᠠᠮ ᠤᠨ ᠡᠭᠦᠷ ᠪᠠᠶᠢᠭᠤᠯᠬᠤ ᠶᠢ ᠬᠢᠨᠠᠨ ᠵᠦᠪᠰᠢᠶᠡᠷᠡᠭᠰᠡᠨ ᠨᠠᠮ ᠤᠨ ᠵᠤᠬᠢᠶᠠᠨ ᠪᠠᠶᠢᠭᠤᠯᠤᠯᠲᠠ ᠠᠴᠠ ᠲᠤᠬᠲᠠᠭᠠᠨ᠎ᠠ᠃
    ᠲᠦᠷ ᠴᠠᠭ ᠵᠤᠬᠢᠶᠠᠨ ᠪᠠᠶᠢᠭᠤᠯᠤᠬᠰᠠᠨ ᠪᠠᠶᠢᠭᠤᠯᠤᠮᠵᠢ ᠶᠢ ᠬᠦᠴᠦᠨ ᠦᠭᠡᠢ ᠪᠤᠯᠭᠠᠭᠰᠠᠨ ᠤ ᠳᠠᠷᠠᠭ᠎ᠠ᠂ ᠲᠦᠷ ᠴᠠᠭ ᠤᠨ ᠨᠠᠮ ᠤᠨ ᠡᠭᠦᠷ ᠴᠦ ᠠᠶᠠᠨᠳᠠᠭᠠᠨ ᠬᠦᠴᠦᠨ ᠦᠭᠡᠢ ᠪᠤᠯᠤᠨ᠎ᠠ᠃



ᠵᠣᠬᠢᠶᠠᠭᠴᠢ: ᠠᠷᠢᠭᠤᠨ᠎ᠠ
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ