ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠦᠴᠦᠲᠡᠢ ᠠᠳᠬᠤᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠶᠢ ᠰᠢᠪᠲᠤᠯᠤᠨ᠎ᠠ
ᠲᠠᠶᠢᠪᠤᠰᠧ ᠬᠤᠰᠢᠭᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠭᠠᠭᠤᠯᠤᠬᠴᠢ ᠶᠢ ᠰᠠᠶᠢᠲᠦᠷ ᠲᠤᠬᠢᠷᠠᠭᠤᠯᠤᠨ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠬ ᠤᠨ ᠪᠠᠶᠢᠭᠤᠯᠤᠯᠲᠠ ᠶᠢ ᠰᠠᠶᠢᠲᠦᠷ ᠠᠳᠬᠤᠨ᠂ ᠨᠠᠮ ᠤᠨ ᠬᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ ᠢᠵᠢ ᠪᠦᠷᠢᠲᠦᠭᠰᠡᠨ ᠪᠦᠲᠦᠭᠡᠨ ᠪᠠᠶᠢᠭᠤᠯᠤᠯᠲᠠ ᠶᠢ ᠰᠠᠶᠢᠲᠦᠷ ᠠᠳᠬᠤᠬᠤ ᠪᠠᠷ ᠠᠳᠬᠤᠴᠠ ᠪᠤᠯᠭᠠᠨ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ ᠦᠢᠯᠡᠲᠦᠯ ᠢ ᠬᠦᠢᠴᠡᠳ ᠪᠠᠲᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠦᠪᠰᠢᠨ ᠢ ᠦᠨᠡᠨᠬᠦ ᠲᠡᠭᠡᠭᠰᠢᠯᠡᠭᠦᠯᠵᠦ᠂ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠲᠡ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠡᠲᠦ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠰᠠᠨ ᠪᠠᠶᠢᠨ᠎ᠠ᠃
ᠭᠠᠴᠠᠭ᠎ᠠ ᠲᠤᠰᠬᠤᠨ ᠤ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠭᠠᠭᠤᠯᠤᠬᠴᠢ ᠶᠢ ᠰᠠᠶᠢᠲᠦᠷ ᠰᠤᠩᠭᠤᠨ᠂ ᠭᠤᠤᠯ ᠪᠤᠯᠬᠤ ᠲᠠᠭᠠᠭᠤᠯᠬᠤ ᠦᠢᠯᠡᠲᠦᠯ ᠢ ᠪᠠᠲᠠᠷᠠᠭᠤᠯᠵᠠᠢ᠃ ᠡᠭᠦᠨ ᠳᠤ ᠤᠯᠤᠰ ᠲᠦᠷᠦ ᠶᠢᠨ ᠢᠲᠡᠭᠡᠯ ᠪᠢᠰᠢᠷᠡᠯ ᠪᠠᠲᠤ᠂ ᠶᠤᠰᠤ ᠰᠤᠷᠲᠠᠬᠤᠨ ᠵᠠᠩ ᠰᠤᠷᠲᠠᠯ ᠰᠢᠯᠢᠲᠡᠭ ᠪᠠᠶᠠᠵᠢᠯ ᠤᠨ ᠴᠢᠲᠠᠪᠤᠷᠢᠲᠡᠨ᠂ ᠨᠤᠳᠤᠭ ᠲᠠᠭᠠᠨ ᠪᠤᠴᠠᠵᠦ ᠦᠢᠯᠡᠰ ᠪᠤᠰᠬᠠᠬᠴᠢ᠂ ᠮᠠᠯ ᠠᠵᠦ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠬᠴᠠ ᠶᠢᠨ ᠬᠠᠷᠢᠭᠤᠴᠠᠯᠭᠠᠲᠠᠨ ᠪᠤᠯᠤᠨ ᠴᠡᠷᠢᠭ ᠠᠴᠠ ᠬᠠᠯᠠᠬᠲᠠᠬᠰᠠᠳ ᠤᠨ ᠲᠤᠮᠲᠠ ᠠᠴᠠ ᠰᠢᠯᠢᠲᠡᠭ ᠨᠠᠮ ᠤᠨ ᠬᠡᠰᠢᠭᠦᠨ ᠢ ᠰᠤᠩᠭᠤᠨ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠪᠠᠷ ᠳᠤᠮᠢᠯᠠᠵᠦ᠂ ᠲᠡᠲᠡᠨ ᠤ ᠠᠵᠦ ᠦᠢᠯᠡᠰ ᠢ ᠬᠦᠭᠵᠢᠭᠦᠯᠦᠨ᠂ ᠤᠯᠠᠨ ᠲᠦᠮᠡᠨ ᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠭᠤᠤᠯ ᠲᠠᠭᠠᠭᠤᠯᠬᠤ ᠦᠢᠯᠡᠲᠦᠯ ᠢ ᠪᠠᠲᠠᠷᠠᠭᠤᠯᠤᠬᠰᠠᠨ ᠮᠦᠷᠲᠡᠭᠡᠨ ᠰᠤᠮᠤ ᠰᠢᠶᠠᠩ ᠪᠠᠯᠭᠠᠰᠤᠨ ᠤ ᠰᠠᠯᠠᠭᠠᠨ ᠤ ᠲᠡᠰ ᠤᠨ ᠪᠡᠯᠡᠳᠬᠡᠯ ᠺᠠᠳ᠋ᠷᠴᠤᠳ ᠤᠨ ᠲᠤᠮᠲᠠᠬᠢ ᠨᠠᠮ ᠤᠨ ᠬᠡᠰᠢᠭᠦᠨ ᠢ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠪᠠᠷ ᠰᠤᠩᠭᠤᠨ ᠲᠤᠮᠢᠯᠠᠵᠠᠢ᠃ ᠡᠭᠦᠨ ᠠᠴᠠ ᠭᠠᠲᠠᠨ᠎ᠠ᠂ ᠨᠠᠮ ᠤᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠭᠦᠯᠬᠦ ᠪᠠᠷ ᠲᠠᠮᠵᠢᠨ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠠᠴᠠ ᠰᠢᠯᠢᠲᠡᠭ ᠨᠠᠮ ᠤᠨ ᠬᠡᠰᠢᠭᠦᠨ ᠤᠳᠤᠷᠢᠳᠬᠤ ᠺᠠᠳ᠋ᠷ ᠢ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠤ ᠨᠠᠮ ᠤᠨ ᠡᠭᠦᠷ ᠤᠨ ᠨᠢᠭᠡᠲᠦᠭᠡᠷ ᠱᠦᠵᠢ ᠪᠠᠷ ᠰᠤᠩᠭᠤᠨ ᠲᠤᠮᠢᠯᠠᠵᠦ᠂ ᠲᠡᠲᠡᠨ ᠤ ᠤᠯᠤᠰ ᠲᠦᠷᠦ ᠶᠢᠨ ᠵᠤᠬᠰᠤᠯᠲᠠ ᠪᠠᠲᠤ᠂ ᠵᠤᠬᠢᠴᠠᠭᠤᠯᠬᠤ ᠴᠢᠲᠠᠪᠤᠷᠢ ᠴᠢᠩᠭ᠎ᠠ ᠪᠠᠶᠢᠭ᠎ᠠ ᠦᠢᠯᠡᠲᠦᠯ ᠢ ᠪᠠᠲᠠᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠰᠠᠶᠢᠲᠦᠷ ᠪᠠᠶᠢᠭᠤᠯᠤᠬᠰᠠᠨ ᠪᠠᠶᠢᠨ᠎ᠠ᠃ ᠪᠠᠰᠠ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ᠂ ᠰᠤᠮᠤ ᠰᠢᠶᠠᠩ ᠪᠠᠯᠭᠠᠰᠤ ᠠᠴᠠ ᠰᠢᠯᠢᠲᠡᠭ ᠺᠠᠳ᠋ᠷ ᠢ ᠰᠤᠩᠭᠤᠨ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠳᠤ ᠲᠤᠮᠢᠯᠠᠨ᠂ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠪᠠᠶᠢᠭᠤᠯᠵᠦ᠂ ᠨᠠᠮ ᠤᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠠᠵᠢᠯ ᠢ ᠦᠷᠨᠢᠭᠦᠯᠤᠨ᠂ ᠪᠠᠶᠢᠭᠤᠯᠤᠯᠭ᠎ᠠ ᠶᠢᠨ ᠺᠠᠳ᠋ᠷ ᠤᠨ ᠲᠦᠷᠦ ᠶᠢᠨ ᠪᠤᠳᠤᠯᠭ᠎ᠠ ᠶᠢ ᠤᠢᠢᠯᠠᠭᠠᠳᠠᠬ᠂ ᠤᠯᠠᠨ ᠲᠦᠮᠡᠨ ᠤ ᠠᠵᠢᠯ ᠢ ᠬᠢᠬᠦ ᠳᠡᠭᠡᠨ ᠲᠠᠳᠮᠠᠭᠠᠢ ᠪᠠᠶᠢᠬᠤ ᠲᠠᠪᠠᠭᠤᠯᠢᠬ ᠢ ᠬᠦᠢᠴᠡᠳ ᠪᠠᠲᠠᠷᠠᠭᠤᠯᠵᠦ᠂ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠢ ᠢᠲᠡᠪᠬᠢᠲᠡᠢ ᠬᠠᠪᠰᠤᠷᠤᠨ ᠠᠵᠦ ᠦᠢᠯᠡᠰ ᠢ ᠬᠦᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠠᠢ᠃
ᠲᠤᠰᠬᠤᠨ ᠤ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠭ ᠤᠨ ᠪᠠᠶᠢᠭᠤᠯᠤᠯᠲᠠ ᠶᠢ ᠰᠠᠶᠢᠲᠦᠷ ᠠᠳᠬᠤᠵᠦ᠂ ᠪᠠᠬᠢᠯᠡᠯᠲᠡ ᠶᠢᠨ ᠦᠢᠯᠡᠲᠦᠯ ᠢ ᠪᠠᠲᠠᠷᠠᠭᠤᠯᠵᠠᠢ᠃ ᠡᠭᠦᠨ ᠳᠤ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠭᠠᠷᠠᠭᠤᠯᠵᠦ᠂ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠠᠢ᠃ ᠨᠠᠮ ᠤᠨ ᠲᠤᠳᠤᠭᠠᠲᠤᠬᠢ ᠤᠯᠤᠰ ᠲᠦᠷᠦ ᠶᠢᠨ ᠠᠮᠢᠳᠤᠷᠠᠯ ᠢ ᠲᠦᠪ ᠴᠢᠩᠭ᠎ᠠ ᠪᠤᠯᠭᠠᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠵᠢᠷᠦᠮ ᠢ ᠴᠢᠩᠭ᠎ᠠ ᠰᠠᠬᠢᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠠᠢ︔ ᠨᠠᠮ ᠤᠨ ᠬᠡᠰᠢᠭᠦᠨ ᠢ ᠬᠦᠮᠦᠵᠢᠭᠦᠯᠦᠨ ᠬᠠᠮᠢᠶᠠᠷᠬᠤ ᠪᠠᠨ ᠴᠢᠩᠭᠠᠳᠬᠠᠵᠦ᠂ ᠨᠠᠮ ᠤᠨ ᠰᠠᠬᠢᠯᠭ᠎ᠠ ᠪᠠᠲᠦ ᠪᠤᠯᠤᠨ ᠶᠤᠰᠤ ᠵᠢᠷᠦᠮ ᠢ ᠡᠮᠦᠨ᠎ᠡ ᠪᠠᠨ ᠲᠠᠯᠪᠢᠵᠠᠢ︔ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠨᠠᠮ ᠤᠨ ᠬᠡᠰᠢᠭᠦᠨ ᠤ ᠰᠠᠶᠢᠨ ᠰᠠᠶᠢᠬᠠᠨ ᠲᠦᠷᠢ ᠲᠦᠷᠬᠦ ᠶᠢ ᠤᠬᠠᠮᠰᠠᠷ ᠠᠴᠠ ᠪᠠᠨ ᠬᠠᠮᠠᠭᠠᠯᠠᠵᠠᠢ᠃ ᠲᠠᠷᠠᠭ᠎ᠠ ᠨᠢ ᠠᠵᠦ ᠠᠬᠤᠢ ᠶᠢᠨ ᠬᠦᠭᠵᠢᠯᠲᠡ ᠶᠢᠨ ᠴᠢᠲᠠᠪᠤᠷᠢ ᠶᠢ ᠲᠡᠭᠡᠭᠰᠢᠯᠡᠭᠦᠯᠵᠦ᠂ ᠠᠵᠦ ᠦᠢᠯᠡᠰ ᠤᠨ ᠬᠦᠭᠵᠢᠯᠲᠡ ᠶᠢ ᠲᠠᠶᠢᠴᠢᠯᠠᠵᠠᠢ᠃ ᠭᠠᠴᠠᠭ᠎ᠠ ᠲᠤᠰᠬᠤᠨ ᠤ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠠᠴᠠ ᠠᠵᠦ ᠠᠬᠤᠢ ᠶᠢᠨ ᠬᠦᠭᠵᠢᠯᠲᠡ ᠶᠢ ᠲᠠᠭᠠᠭᠤᠯᠬᠤ ᠴᠢᠲᠠᠪᠤᠷᠢ ᠶᠢ ᠲᠠᠭᠡᠭᠰᠢᠯᠡᠭᠦᠯᠵᠦ᠂ ᠪᠤᠬᠢᠷᠲᠦᠯ ᠦᠭᠡᠢ ᠬᠦᠭᠵᠢᠯᠲᠡ ᠶᠢᠨ ᠤᠢᠢᠯᠠᠭᠠᠬᠲᠠᠬᠤᠨ ᠢ ᠪᠠᠷᠢᠮᠲᠠᠯᠠᠵᠦ᠂ ᠮᠠᠯᠵᠢᠬᠤ ᠲᠠᠷᠢᠶᠠᠯᠠᠬᠤ ᠤᠷᠤᠨ ᠤ ᠡᠯ᠎ᠡ ᠵᠦᠢᠯ ᠤᠨ ᠡᠬᠢ ᠰᠤᠷᠪᠤᠯᠵᠢ ᠶᠢ ᠠᠮᠢᠯᠠᠭᠤᠯᠤᠨ᠂ ᠲᠠᠷᠢᠵᠦ ᠲᠡᠵᠢᠭᠡᠬᠦ ᠦᠢᠯᠡᠰ᠂ ᠬᠦᠲᠡᠭᠡ ᠲᠤᠰᠬᠤᠨ ᠤ ᠵᠤᠭᠠᠴᠠᠯ ᠤᠨ ᠦᠢᠯᠡᠰ ᠵᠡᠷᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠠᠢ᠃ ᠬᠠᠮᠲᠦ ᠶᠢᠨ ᠭᠠᠵᠠᠷ ᠰᠢᠷᠤᠢ ᠨᠤᠳᠤᠭ ᠪᠡᠯᠴᠢᠭᠡᠷ ᠢ ᠠᠮᠢᠯᠠᠭᠤᠯᠤᠨ᠂ ᠬᠤᠷᠰᠢᠬᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢ ᠡᠭᠦᠳᠬᠦ ᠵᠡᠷᠭᠡ ᠠᠷᠭ᠎ᠠ ᠵᠠᠮ ᠢᠶᠠᠷ᠂ ᠭᠠᠴᠠᠭ᠎ᠠ ᠲᠤᠰᠬᠤᠨ ᠤ ᠬᠠᠮᠲᠦ ᠶᠢᠨ ᠠᠵᠦ ᠠᠬᠤᠢ ᠶᠢ ᠬᠦᠭᠵᠢᠭᠦᠯᠬᠦ ᠵᠠᠮ ᠢ ᠢᠲᠡᠪᠬᠢᠲᠡᠢ ᠰᠦᠪᠡᠭᠴᠢᠯᠡᠨ ᠬᠦᠭᠵᠢᠭᠦᠯᠵᠡᠢ︔ ᠠᠵᠦ ᠠᠬᠤᠢᠢᠯᠠᠯ ᠪᠤᠯᠤᠨ ᠭᠠᠴᠠᠭ᠎ᠠ ᠲᠤᠰᠬᠤᠨ ᠤ ᠬᠠᠮᠲᠦ᠂ ᠮᠠᠯᠴᠢᠨ ᠲᠠᠷᠢᠶᠠᠴᠢᠳ ᠲᠠᠢ ᠦᠷ᠎ᠡ ᠠᠰᠢᠬ ᠢ ᠬᠠᠮᠳᠤᠪᠡᠷ ᠡᠳ᠋ᠯᠡᠬᠦ ᠠᠰᠢᠬ ᠲᠤᠰᠠ ᠶᠢᠨ ᠬᠤᠯᠪᠤᠭᠠᠯᠠᠯ ᠤᠨ ᠲᠤᠬᠲᠠᠴᠠ ᠶᠢ ᠪᠠᠶᠢᠭᠤᠯᠵᠦ᠂ ᠭᠠᠴᠠᠭ᠎ᠠ ᠲᠤᠰᠬᠤᠨ ᠤ ᠱᠠᠲᠤᠨ ᠤ ᠤᠨᠴᠠᠯᠢᠬᠲᠦ ᠠᠵᠦ ᠦᠢᠯᠡᠰ ᠢ ᠪᠦᠲᠦᠮᠵᠢᠲᠡᠢ ᠲᠠᠶᠢᠴᠢᠯᠠᠵᠦ᠂ 《ᠨᠢᠭᠡ ᠲᠤᠰᠬᠤᠨ ᠳᠤ ᠨᠢᠭᠡ ᠲᠦᠷᠦᠯ ᠲᠡᠮᠲᠡᠭ》 ᠲᠠᠢ ᠪᠠᠶᠢᠬᠤ ᠠᠵᠦ ᠦᠢᠯᠡᠰ ᠤᠨ ᠬᠦᠭᠵᠢᠯᠲᠡ ᠶᠢᠨ ᠪᠠᠶᠢᠲᠠᠯ ᠢ ᠪᠦᠷᠢᠯᠲᠦᠭᠦᠯᠵᠡᠢ᠃ ᠭᠤᠷᠪᠠ ᠳᠤ ᠨᠠᠮ ᠤᠨ ᠵᠤᠬᠢᠶᠠᠨ ᠪᠠᠶᠢᠭᠤᠯᠤᠯᠲᠠ ᠶᠢᠨ ᠬᠠᠪᠰᠤᠷᠤᠯᠴᠠᠭ᠎ᠠ ᠪᠤᠯᠤᠨ ᠬᠠᠮᠳᠤᠪᠡᠷ ᠪᠠᠶᠢᠭᠤᠯᠬᠤ ᠠᠵᠢᠯᠯᠠᠭ᠎ᠠ ᠶᠢ ᠦᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠬᠠᠪᠰᠤᠷᠤᠨ ᠲᠡᠮᠵᠢᠬᠦ ᠠᠵᠢᠯ ᠢ ᠬᠦᠨᠵᠡᠭᠡᠶᠢᠷᠡᠭᠦᠯᠵᠡᠢ᠃ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠴᠠ ᠶᠠᠳᠠᠭᠤ ᠬᠦᠴᠢᠷᠲᠡᠯᠲᠡᠢ ᠭᠠᠴᠠᠭ᠎ᠠ ᠲᠤᠰᠬᠤᠨ ᠤ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠳᠤ ᠬᠦᠴᠦᠷᠬᠡᠭ ᠤᠳᠤᠷᠢᠳᠬᠤ ᠪᠠᠬ ᠢ ᠰᠤᠩᠭᠤᠨ ᠲᠤᠮᠢᠯᠠᠵᠦ᠂ ᠬᠦᠭᠵᠢᠯᠲᠡ ᠶᠢ ᠠᠬᠢᠭᠤᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠵᠠᠢ᠃ ᠲᠦᠷᠪᠡ ᠨᠢ ᠤᠷᠮᠠᠰᠢᠭᠤᠯᠬᠤ ᠲᠤᠬᠲᠠᠴᠠ ᠶᠢ ᠲᠡᠭᠦᠯᠲᠡᠷᠵᠢᠭᠦᠯᠵᠦ᠂ ᠭᠠᠴᠠᠭ᠎ᠠ ᠲᠤᠰᠬᠤᠨ ᠤ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠤᠷᠮᠠᠰᠢᠯ ᠢ ᠬᠦᠭᠵᠢᠭᠡᠵᠡᠢ᠃ ᠭᠠᠴᠠᠭ᠎ᠠ ᠲᠤᠰᠬᠤᠨ ᠤ ᠺᠠᠳ᠋ᠷᠴᠤᠳ ᠤᠨ ᠬᠦᠯᠦᠰᠦ ᠤᠯᠭᠤᠮᠵᠢ ᠶᠢᠨ ᠲᠦᠪᠰᠢᠨ ᠢ ᠠᠯᠭᠤᠷ ᠢᠶᠠᠷ ᠲᠡᠭᠡᠭᠰᠢᠯᠡᠭᠦᠯᠵᠦ᠂ ᠲᠤᠰᠢᠶᠠᠯ ᠠᠴᠠ ᠪᠠᠨ ᠪᠠᠭᠤᠬᠰᠠᠨ ᠭᠠᠴᠠᠭ᠎ᠠ ᠲᠤᠰᠬᠤᠨ ᠤ ᠺᠠᠳ᠋ᠷᠴᠤᠳ ᠤᠨ ᠪᠠᠲᠤᠯᠠᠪᠤᠷᠢ ᠶᠢᠨ ᠲᠤᠬᠲᠠᠴᠠ ᠶᠢ ᠪᠦᠷᠢᠨᠰᠢᠭᠦᠯᠵᠡᠢ᠃ ᠭᠠᠴᠠᠭ᠎ᠠ ᠲᠤᠰᠬᠤᠨ ᠤ ᠺᠠᠳ᠋ᠷᠴᠤᠳ ᠤᠨ ᠬᠦᠯᠦᠰᠦ ᠤᠯᠭᠤᠮᠵᠢ ᠶᠢ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠲᠡ ᠰᠢᠪᠲᠤᠯᠬᠤ ᠲᠠᠢ ᠬᠤᠯᠪᠤᠬᠤ ᠲᠤᠬᠲᠠᠴᠠ ᠶᠢ ᠪᠠᠶᠢᠭᠤᠯᠵᠦ᠂ ᠭᠠᠴᠠᠭ᠎ᠠ ᠲᠤᠰᠬᠤᠨ ᠤ ᠺᠠᠳ᠋ᠷᠴᠤᠳ ᠤᠨ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠲᠡ ᠰᠢᠪᠲᠤᠯᠬᠤ ᠠᠵᠢᠯ ᠳᠤ ᠤᠷᠤᠯᠴᠠᠬᠤ ᠬᠠᠯᠠᠭᠤᠨ ᠵᠤᠷᠢᠭ ᠪᠤᠯᠤᠨ ᠬᠦᠲᠡᠯᠭᠡᠬᠦ ᠬᠦᠴᠦᠨ ᠢ ᠴᠢᠨᠠᠬᠰᠢᠲᠠ ᠤᠷᠮᠠᠰᠢᠭᠤᠯᠵᠠᠢ᠃
ᠨᠠᠮ ᠤᠨ ᠬᠡᠰᠢᠭᠦᠨ ᠺᠠᠳ᠋ᠷᠴᠤᠳ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠦᠷ ᠠᠳᠬᠤᠵᠦ᠂ ᠬᠤᠰᠢᠭᠤᠴᠢ ᠵᠢᠱᠢᠶᠡᠴᠢ ᠶᠢᠨ ᠦᠢᠯᠡᠲᠦᠯ ᠢ ᠪᠠᠲᠠᠷᠠᠭᠤᠯᠵᠠᠢ᠃ ᠮᠠᠯᠵᠢᠬᠤ ᠲᠠᠷᠢᠶᠠᠯᠠᠬᠤ ᠤᠷᠤᠨ ᠤ ᠨᠠᠮ ᠤᠨ ᠬᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠦᠮᠦᠵᠢᠯ ᠤᠨ ᠲᠠᠯ᠎ᠠ ᠪᠠᠷ᠂ ᠦᠨᠡᠨᠬᠦ ᠰᠤᠷᠤᠯᠴᠠᠨ᠂ ᠦᠨᠡᠨᠬᠦ ᠤᠢᠢᠯᠠᠭᠠᠬᠤ ᠶᠢ ᠪᠡᠶᠡᠯᠡᠭᠦᠯᠵᠦ᠂ ᠲᠡᠭᠡᠲᠦ ᠱᠠᠲᠤᠨ ᠤ ᠬᠤᠷᠠᠯ ᠤᠨ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠡᠪᠲᠡ ᠤᠢᠢᠯᠠᠭᠠᠵᠦ᠂ ᠲᠡᠭᠡᠲᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠵᠦ᠂ ᠦᠷᠭᠡᠨ ᠤᠯᠠᠨ ᠶᠠᠳᠠᠭᠤ ᠬᠦᠴᠢᠷᠲᠡᠯᠲᠡᠢ ᠤᠯᠠᠨ ᠲᠦᠮᠡᠨ ᠳᠤ ᠨᠠᠮ ᠤᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠢᠲᠡᠪᠬᠢᠲᠡᠢ ᠤᠬᠠᠭᠤᠯᠵᠠᠢ᠃ ᠨᠠᠮ ᠤᠨ ᠬᠡᠰᠢᠭᠦᠨ ᠺᠠᠳ᠋ᠷ ᠬᠦᠭᠵᠢᠯᠲᠡ ᠶᠢᠨ ᠵᠠᠮ ᠢ ᠢᠲᠡᠪᠬᠢᠲᠡᠢ ᠰᠦᠪᠡᠭᠴᠢᠯᠡᠵᠦ᠂ ᠪᠠᠶᠠᠵᠢᠯ ᠤᠨ ᠲᠠᠭᠠᠭᠤᠯᠤᠬᠴᠢ ᠪᠤᠯᠬᠤ ᠪᠠᠷ ᠴᠢᠷᠮᠠᠶᠢᠵᠦ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠠᠴᠠ ᠨᠠᠮ ᠤᠨ ᠬᠡᠰᠢᠭᠦᠨ ᠺᠠᠳ᠋ᠷᠴᠤᠳ ᠤᠨ ᠬᠠᠪᠰᠤᠷᠤᠯᠴᠠᠭ᠎ᠠ ᠪᠤᠯᠵᠦ ᠶᠠᠳᠠᠭᠤ ᠬᠦᠴᠢᠷᠲᠡᠯᠲᠡᠢ ᠡᠷᠦᠭᠡ ᠶᠢ ᠬᠠᠪᠰᠤᠷᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠶᠠᠳᠠᠭᠤ ᠬᠦᠴᠢᠷᠲᠡᠯᠲᠡᠢ ᠡᠷᠦᠭᠡ ᠶᠢ ᠬᠠᠪᠰᠤᠷᠤᠨ ᠬᠦᠭᠵᠢᠯᠲᠡ ᠶᠢᠨ ᠰᠡᠳᠬᠢᠴᠡ ᠶᠢ ᠲᠤᠲᠤᠷᠬᠠᠢ ᠪᠤᠯᠭᠠᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠤᠪᠴᠢᠲᠠᠢ ᠡᠷᠢᠭᠰᠡᠨ ᠮᠦᠷᠲᠡᠭᠡᠨ ᠪᠠᠰᠠ ᠨᠠᠮ ᠤᠨ ᠬᠡᠰᠢᠭᠦᠨ ᠺᠠᠳ᠋ᠷᠴᠤᠳ ᠢ ᠵᠤᠷᠢᠬᠵᠢᠭᠤᠯᠤᠨ ᠲᠠᠷᠢᠶᠠᠯᠠᠬᠤ ᠦᠢᠯᠡᠰ ᠤᠨ ᠭᠤᠤᠯ ᠴᠤᠬᠴᠠ ᠪᠤᠯᠵᠦ᠂ ᠨᠡᠩ ᠤᠯᠠᠨ ᠠᠷᠠᠳ ᠲᠦᠮᠡᠨ ᠢ ᠲᠠᠶᠢᠴᠢᠯᠠᠨ ᠦᠷᠭᠦᠯᠵᠢᠯᠡᠨ ᠤᠷᠤᠯᠭ᠎ᠠ ᠶᠢ ᠨᠡᠮᠡᠭᠲᠡᠭᠦᠯᠦᠨ ᠪᠠᠶᠠᠵᠢᠭᠤᠯᠵᠠᠢ᠃ ᠡᠭᠦᠨ ᠠᠴᠠ ᠭᠠᠲᠠᠨ᠎ᠠ ᠪᠠᠰᠠ ᠪᠤᠬᠢᠷᠲᠦᠯ ᠦᠭᠡᠢ ᠠᠵᠦ ᠦᠢᠯᠡᠰ ᠪᠤᠯᠤᠨ ᠡᠷᠬᠢᠯᠲᠡᠲᠦ᠂ ᠲᠤᠤᠷ᠎ᠡ ᠨᠡᠭᠦᠷᠡᠰᠦᠲᠦ᠋ᠷᠦᠭᠴᠢᠲᠦ ᠠᠵᠦ ᠠᠬᠤᠢ ᠶᠢ ᠲᠠᠶᠢᠴᠢᠯᠠᠨ ᠬᠦᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠲᠡ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠠᠷᠢᠭᠤᠳᠬᠠᠪᠠ᠃
ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ ᠢᠵᠢ ᠪᠦᠷᠢᠲᠦᠭᠰᠡᠨ ᠪᠠᠶᠢᠭᠤᠯᠤᠯᠲᠠ ᠶᠢ ᠰᠠᠶᠢᠲᠦᠷ ᠠᠳᠬᠤᠵᠦ᠂ ᠬᠤᠯᠪᠤᠭᠠᠰᠤ ᠶᠢᠨ ᠦᠢᠯᠡᠲᠦᠯ ᠢ ᠪᠠᠲᠠᠷᠠᠭᠤᠯᠵᠠᠢ᠃ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠦᠪᠡᠷᠲᠡᠭᠡᠨ ᠬᠠᠮᠢᠶᠠᠷᠬᠤ ᠦᠢᠯᠡᠲᠦᠯ ᠢ ᠬᠦᠢᠴᠡᠳ ᠪᠠᠲᠠᠷᠠᠭᠤᠯᠵᠦ᠂ ᠭᠠᠴᠠᠭ᠎ᠠ ᠲᠤᠰᠬᠤᠨ ᠤ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠲᠤᠤᠷ᠎ᠠ᠂ ᠭᠠᠴᠠᠭ᠎ᠠ ᠲᠤᠰᠬᠤᠨ ᠤ ᠠᠷᠠᠳ ᠤᠨ ᠦᠪᠡᠷᠲᠡᠭᠡᠨ ᠵᠠᠰᠠᠬᠤ ᠪᠠᠷ ᠲᠠᠮᠵᠢᠨ᠂ ᠭᠠᠴᠠᠭ᠎ᠠ ᠲᠤᠰᠬᠤᠨ ᠤ ᠱᠠᠲᠤᠨ ᠤ ᠠᠷᠠᠳᠴᠢᠯᠠᠯ ᠢᠶᠠᠷ ᠰᠤᠩᠭᠤᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠤᠬᠲᠠᠭᠠᠬᠤ ᠵᠡᠷᠭᠡ ᠶᠢ ᠬᠠᠤᠯᠢ ᠶᠤᠰᠤᠭᠠᠷ ᠠᠬᠢᠭᠤᠯᠵᠦ᠂ ᠮᠠᠯᠴᠢᠨ ᠲᠠᠷᠢᠶᠠᠴᠢᠨ ᠤ ᠬᠠᠤᠯᠢ ᠶᠤᠰᠤᠭᠠᠷ ᠦᠪᠡᠷᠲᠡᠭᠡᠨ ᠵᠠᠰᠠᠬᠤ ᠠᠵᠢᠯᠯᠠᠭ᠎ᠠ ᠦᠷᠨᠢᠭᠦᠯᠬᠦ ᠶᠢ ᠲᠡᠮᠵᠢᠬᠦ ᠪᠡ ᠪᠠᠲᠤᠯᠠᠪᠠ᠃ 《532》 ᠠᠵᠢᠯ ᠤᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠪᠤᠯᠤᠨ ᠬᠦᠰᠡᠯ ᠱᠠᠭᠠᠷᠲᠠᠯᠭ᠎ᠠ ᠶᠢ ᠭᠠᠴᠠᠭ᠎ᠠ ᠲᠤᠰᠬᠤᠨ ᠤ 《ᠬᠤᠶᠠᠷ ᠵᠦᠪᠯᠡᠯ》 ᠤᠨ ᠰᠢᠢᠳᠪᠦᠷᠢᠲᠦ ᠪᠤᠳᠤᠯᠭ᠎ᠠ ᠬᠦᠷᠲᠡᠯ᠎ᠡ ᠲᠡᠭᠡᠭᠰᠢᠯᠡᠭᠦᠯᠵᠦ᠂ ᠲᠤᠰᠬᠤᠨ ᠤ ᠶᠠᠪᠤᠲᠠᠯ ᠢ ᠢᠯᠡ ᠪᠤᠯᠭᠠᠬᠤ᠂ ᠠᠷᠠᠳ ᠤᠨ ᠠᠮᠢᠳᠤᠷᠠᠯ ᠳᠤ ᠬᠢᠨᠠᠯᠲᠠ ᠲᠠᠯᠪᠢᠬᠤ ᠪᠠᠷ ᠲᠠᠮᠵᠢᠨ᠂ ᠲᠤᠰᠬᠤᠨ ᠤ ᠶᠠᠪᠤᠲᠠᠯ᠂ ᠲᠠᠩᠰᠠᠨ ᠤ ᠶᠠᠪᠤᠲᠠᠯ᠂ ᠠᠷᠠᠳ ᠲᠤ ᠠᠰᠢᠬ ᠬᠦᠷᠲᠡᠭᠡᠬᠦ ᠲᠦᠷᠦ ᠶᠢᠨ ᠪᠤᠳᠤᠯᠭ᠎ᠠ ᠶᠢ ᠢᠯᠡ ᠪᠤᠯᠭᠠᠵᠠᠢ᠃ ᠨᠠᠮ ᠢ ᠴᠢᠩᠭ᠎ᠠ ᠵᠠᠰᠠᠬᠤ ᠪᠠ ᠬᠠᠤᠯᠢ ᠶᠤᠰᠤᠭᠠᠷ ᠲᠤᠰᠬᠤᠨ ᠢ ᠵᠠᠰᠠᠬᠤ ᠶᠢ ᠤᠷᠭᠠᠨᠢᠬ ᠢᠶᠠᠷ ᠤᠶᠠᠯᠳᠤᠭᠤᠯᠵᠦ᠂ ᠭᠠᠴᠠᠭ᠎ᠠ ᠲᠤᠰᠬᠤᠨ ᠤ ᠺᠠᠳ᠋ᠷᠴᠤᠳ ᠪᠤᠯᠤᠨ ᠤᠯᠠᠨ ᠲᠦᠮᠡᠨ ᠤ ᠦᠢᠯᠡ ᠠᠵᠢᠯᠯᠠᠭ᠎ᠠ ᠶᠢ ᠲᠦᠷᠢᠮᠵᠢᠭᠦᠯᠪᠡ᠃ ᠤᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠲᠠ ᠶᠢᠨ ᠲᠤᠰᠠᠯᠠᠬᠴᠢ ᠶᠢᠨ ᠦᠢᠯᠡᠲᠦᠯ ᠢ ᠪᠠᠲᠠᠷᠠᠭᠤᠯᠵᠦ᠂ ᠡᠮᠡᠭᠲᠡᠶᠢᠴᠤᠳ ᠤᠨ ᠵᠤᠬᠢᠶᠠᠨ ᠪᠠᠶᠢᠭᠤᠯᠤᠯᠲᠠ ᠠᠴᠠ ᠬᠦᠷᠰᠢ ᠵᠡᠷᠭᠡᠯᠡᠲᠡᠭᠡ ᠪᠦᠯᠬᠦᠮᠲᠡᠯ ᠲᠠᠢ ᠪᠠᠶᠢᠬᠤ᠂ ᠦᠢᠯᠡᠰ ᠪᠤᠰᠬᠠᠨ ᠠᠵᠢᠯ ᠤᠯᠭᠤᠬᠤ ᠳᠤ ᠵᠢᠭᠠᠨ ᠵᠢᠯᠤᠭᠤᠳᠬᠤ ᠵᠡᠷᠭᠡ ᠠᠵᠢᠯ ᠢ ᠬᠢᠨᠠᠮᠠᠭᠠᠢ ᠰᠠᠶᠢᠲᠦᠷ ᠬᠢᠵᠦ᠂ ᠬᠡᠷ ᠲᠡᠭᠡᠨ ᠬᠤᠴᠤᠷᠤᠬᠰᠠᠨ ᠡᠮᠡᠭᠲᠡᠶᠢᠴᠤᠳ᠂ ᠬᠡᠦᠬᠡᠳ᠂ ᠨᠠᠰᠤᠲᠠᠶᠢᠴᠤᠳ ᠢ ᠬᠠᠷᠠᠭᠠᠯᠵᠠᠨ᠂ ᠲᠠᠲᠠᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠵᠦ᠂ ᠡᠪ ᠬᠠᠮᠲᠦ ᠵᠠᠯᠠᠭᠤᠴᠤᠳ ᠤᠨ ᠪᠦᠯᠬᠦᠮ ᠤᠨ ᠵᠤᠬᠢᠶᠠᠨ ᠪᠠᠶᠢᠭᠤᠯᠤᠯᠲᠠ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠤᠨ ᠠᠵᠢᠯᠯᠠᠭ᠎ᠠ ᠶᠢ ᠢᠲᠡᠪᠬᠢᠲᠡᠢ ᠦᠷᠨᠢᠭᠦᠯᠵᠦ᠂ ᠵᠠᠯᠠᠭᠤᠴᠤᠳ ᠢ ᠲᠠᠶᠢᠴᠢᠯᠠᠨ ᠭᠠᠴᠠᠭ᠎ᠠ ᠲᠤᠰᠬᠤᠨ ᠤ ᠠᠵᠢᠯ ᠤᠨ ᠬᠠᠮᠢᠶᠠᠷᠤᠯᠲᠠ ᠳᠤ ᠢᠲᠡᠪᠬᠢᠲᠡᠢ ᠤᠷᠤᠯᠴᠠᠭᠤᠯᠵᠦ᠂ ᠤᠶᠤᠲᠠᠨ ᠵᠠᠯᠠᠭᠤᠴᠤᠳ ᠢ ᠤᠳᠤᠷᠢᠳᠤᠨ ᠰᠢᠨ᠎ᠡ ᠮᠡᠲᠡᠯᠭᠡ᠂ ᠰᠢᠨ᠎ᠡ ᠮᠡᠷᠭᠡᠵᠢᠯ ᠢᠶᠠᠨ ᠬᠡᠷᠡᠭᠯᠡᠨ ᠨᠤᠳᠤᠭ ᠲᠠᠭᠠᠨ ᠪᠤᠴᠠᠵᠦ ᠦᠢᠯᠡᠰ ᠪᠤᠰᠬᠠᠨ ᠠᠵᠢᠯ ᠤᠯᠭᠤᠭᠤᠯᠵᠠᠢ᠃ ᠲᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠠᠴᠠ ᠠᠵᠦ ᠠᠬᠤᠢ ᠶᠢᠨ ᠬᠦᠭᠵᠢᠯᠲᠡ ᠶᠢ ᠲᠠᠶᠢᠴᠢᠯᠠᠬᠤ ᠦᠢᠯᠡᠲᠦᠯ ᠢ ᠪᠠᠲᠠᠷᠠᠭᠤᠯᠵᠦ᠂ 《ᠨᠠᠮ ᠤᠨ ᠡᠭᠦᠷ + ᠲᠤᠰᠬᠠᠢ ᠬᠤᠷᠰᠢᠶ᠎ᠠ + ᠮᠠᠯᠴᠢᠨ ᠲᠠᠷᠢᠶᠠᠴᠢᠨ ᠡᠷᠦᠭᠡ》 ᠶᠢᠨ ᠬᠦᠭᠵᠢᠯᠲᠡ ᠶᠢᠨ ᠵᠠᠬᠪᠤᠷ ᠢᠶᠠᠷ ᠲᠠᠮᠵᠢᠨ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠦ ᠠᠬᠤᠢ ᠶᠢᠨ ᠬᠦᠭᠵᠢᠯᠲᠡ ᠳᠠᠬᠢ ᠤᠳᠤᠷᠢᠳᠤᠯᠭ᠎ᠠ ᠶᠢ ᠴᠢᠩᠭᠠᠳᠬᠠᠨ᠂ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠶᠢᠨ ᠠᠵᠦ ᠦᠢᠯᠡᠰ ᠢ ᠬᠦᠭᠵᠢᠭᠦᠯᠦᠨ᠂ ᠠᠵᠦ ᠠᠬᠤᠢ ᠶᠢ ᠲᠠᠶᠢᠴᠢᠯᠠᠨ ᠬᠦᠭᠵᠢᠭᠦᠯᠬᠦ ᠦᠢᠯᠡᠲᠦᠯ ᠢ ᠪᠠᠲᠠᠷᠠᠭᠤᠯᠵᠦ᠂ ᠭᠠᠴᠠᠭ᠎ᠠ ᠲᠤᠰᠬᠤᠨ ᠤ ᠡᠯᠧᠺᠲᠷᠤᠨ ᠬᠤᠳᠠᠯᠳᠤᠭ᠎ᠠ ᠪᠤᠯᠤᠨ ᠤᠨᠴᠠᠯᠢᠬᠲᠦ ᠠᠵᠦ ᠦᠢᠯᠡᠰ᠂ ᠬᠦᠲᠡᠭᠡ ᠲᠤᠰᠬᠤᠨ ᠤ ᠵᠤᠭᠠᠴᠠᠯ ᠤᠨ ᠠᠵᠦ ᠦᠢᠯᠡᠰ ᠲᠠᠢ ᠠᠭᠤᠰᠤᠯᠴᠠᠨ ᠬᠦᠭᠵᠢᠬᠦ ᠶᠢ ᠲᠦᠷᠬᠡᠳᠬᠡᠵᠦ᠂ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠲᠡ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠢᠬᠤᠯᠠ ᠠᠵᠦ ᠠᠬᠤᠢ ᠶᠢᠨ ᠲᠤᠯᠭᠠᠭᠤᠷᠢ ᠬᠠᠩᠭᠠᠪᠠ᠃