ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠪᠠᠷ ᠮᠦᠽᠸᠢ ᠶᠢᠨ ᠦᠢᠯᠡᠰ ᠢ ᠬᠦᠭᠵᠢᠭᠦᠯᠦᠨ᠎ᠡ
ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢ ᠴᠤᠭᠴᠠᠯᠠᠬᠤ ᠪᠤᠯ ᠮᠠᠨ ᠤ ᠨᠠᠮ ᠤᠨ ᠰᠢᠨ᠎ᠠ ᠴᠠᠬ ᠦᠶ᠎ᠡ ᠳᠠᠬᠢ ᠲᠤᠰ ᠪᠡᠶ᠎ᠡ ᠶᠢᠨ ᠪᠠᠶᠢᠭᠤᠯᠤᠯᠲᠠ ᠪᠤᠯᠤᠨ ᠲᠦᠷᠦ ᠪᠠᠷᠢᠬᠤ ᠴᠢᠲᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠭᠡ ᠲᠤᠷᠠᠳᠤᠨ ᠭᠠᠷᠭᠠᠬᠰᠠᠨ ᠴᠢᠬᠤᠯᠠ ᠰᠡᠲᠦᠪ ᠮᠦᠨ᠃ ᠲᠡᠷᠡ ᠨᠢ ᠭᠠᠭᠴᠠ ᠬᠦ ᠲᠦᠭᠦᠮᠭᠡᠨ ᠬᠤᠪᠢ ᠬᠦᠮᠦᠨ ᠤ ᠰᠤᠷᠤᠯᠴᠠᠯᠭ᠎ᠠ ᠪᠤᠯᠤᠨ ᠵᠤᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠯᠠ ᠪᠢᠰᠢ᠂ ᠬᠠᠷᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠶᠢ ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠦᠨᠳᠦᠷᠴᠡ ᠲᠡᠭᠡᠷ᠎ᠡ ᠲᠡᠭᠡᠭᠰᠢᠯᠡᠭᠦᠯᠬᠦ ᠶᠢ ᠴᠢᠬᠤᠯᠠᠴᠢᠯᠠᠲᠠᠭ ᠶᠤᠮ᠃ ᠮᠦᠽᠸᠢ ᠶᠢᠨ ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢ ᠴᠤᠭᠴᠠᠯᠠᠬᠤ ᠨᠢ ᠮᠦᠨ ᠡᠨᠡ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠦ ᠪᠠᠶᠢᠬᠤ ᠮᠦᠷᠲᠡᠭᠡᠨ ᠨᠡᠶᠢᠭᠡᠮ ᠤᠨ ᠡᠭᠦᠷᠭᠡ ᠴᠢᠲᠠᠪᠬᠢ ᠪᠠᠨ ᠬᠦᠢᠴᠡᠳᠬᠡᠵᠦ ᠪᠠᠶᠢᠭ᠎ᠠ ᠶᠢᠨ ᠴᠢᠬᠤᠯᠠ ᠪᠠᠲᠤᠯᠠᠭ᠎ᠠ ᠪᠠᠶᠢᠵᠦ᠂ ᠮᠦᠽᠸᠢ ᠶᠢᠨ ᠲᠤᠰ ᠪᠡᠶ᠎ᠡ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠠᠬᠢᠭᠤᠯᠬᠤ ᠶᠢᠨ ᠲᠤᠲᠤᠭᠠᠲᠤ ᠱᠠᠭᠠᠷᠲᠠᠯᠭ᠎ᠠ ᠶᠤᠮ᠃ 《ᠰᠤᠷᠤᠯᠴᠠᠯᠭ᠎ᠠ ᠳᠤ ᠲᠠᠯᠠᠪᠠᠢ ᠲᠠᠢ᠂ ᠠᠵᠢᠯᠯᠠᠬᠤ ᠳᠤ ᠰᠠᠭᠤᠷᠢᠨ ᠲᠠᠢ》 ᠠᠯᠠᠱᠠ ᠮᠦᠽᠸᠢ ᠶᠢᠨ ᠨᠠᠮ ᠤᠨ ᠡᠭᠦᠷ ᠨᠢ ᠪᠦᠬᠦ ᠺᠠᠳ᠋ᠷ ᠠᠵᠢᠯᠲᠠᠨ ᠢᠶᠠᠨ ᠲᠠᠶᠢᠴᠢᠯᠠᠨ ᠦᠵᠡᠯ ᠰᠠᠨᠠᠭ᠎ᠠ ᠤᠨᠤᠯ ᠤᠨ ᠰᠤᠷᠤᠯᠴᠠᠯᠭ᠎ᠠ ᠪᠤᠯᠤᠨ ᠤᠨᠤᠯ ᠢᠲᠡᠭᠡᠯ ᠪᠢᠰᠢᠷᠡᠯ ᠤᠨ ᠬᠦᠮᠦᠵᠢᠯ ᠤᠨ ᠠᠵᠢᠯᠯᠠᠭ᠎ᠠ ᠶᠢ ᠴᠢᠩᠭᠠᠳᠬᠠᠨ᠂ ᠮᠦᠽᠸᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠰᠤᠷᠤᠯᠴᠠᠬᠤ ᠬᠦᠴᠦᠨ᠂ ᠰᠢᠨ᠎ᠡ ᠶᠢ ᠡᠭᠦᠳᠬᠦ ᠬᠦᠴᠦᠨ ᠪᠤᠯᠤᠨ ᠪᠠᠶᠢᠯᠳᠤᠬᠤ ᠬᠦᠴᠦᠨ ᠦᠨᠡᠨ ᠬᠦ ᠲᠡᠭᠡᠭᠰᠢᠯᠡᠭᠰᠡᠨ ᠮᠦᠷᠲᠡᠭᠡᠨ ᠨᠠᠮ ᠤᠨ ᠬᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠤᠬᠠᠮᠰᠠᠷᠲᠦ ᠴᠢᠨᠠᠷ ᠪᠤᠯᠤᠨ ᠰᠠᠨᠠᠭᠠᠴᠢᠯᠠᠭᠠᠲᠦ ᠴᠢᠨᠠᠷ ᠢ ᠢᠲᠡᠪᠬᠢᠲᠡᠢ ᠲᠠᠶᠢᠴᠢᠯᠠᠨ ᠪᠠᠲᠠᠷᠠᠭᠤᠯᠵᠦ᠂ ᠤᠯᠤᠰ ᠲᠦᠷᠦ ᠶᠢᠨ ᠬᠡᠪ ᠪᠤᠯᠪᠠᠰᠤᠷᠠᠯ᠂ ᠤᠨᠤᠯ ᠤᠨ ᠲᠦᠪᠰᠢᠨ ᠪᠤᠯᠤᠨ ᠠᠵᠢᠯᠯᠠᠬᠤ ᠴᠢᠲᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠮᠦᠽᠸᠢ ᠶᠢᠨ ᠠᠵᠢᠯ ᠳᠤ ᠰᠢᠨ᠎ᠡ ᠠᠮᠢᠯᠠᠯ ᠤᠨ ᠬᠦᠴᠦᠨ ᠤᠯᠭᠤᠵᠠᠢ᠃
ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠮᠦᠨ ᠡᠰᠡᠬᠦ ᠶᠢ ᠬᠡᠮᠵᠢᠶᠡᠯᠡᠬᠦ ᠴᠢᠬᠤᠯᠠ ᠨᠢᠭᠡ ᠵᠦᠢᠯ ᠨᠢ ᠲᠤᠰ ᠨᠠᠮ ᠤᠨ ᠵᠤᠬᠢᠶᠠᠨ ᠪᠠᠶᠢᠭᠤᠯᠤᠯᠲᠠ ᠪᠤᠲᠠᠲᠤ ᠪᠠᠶᠢᠲᠠᠯ ᠳᠠᠭᠠᠨ ᠨᠡᠶᠢᠴᠡᠭᠰᠡᠨ᠂ ᠬᠡᠷᠡᠭᠵᠢᠭᠦᠯᠦᠬᠦᠰᠢᠲᠡᠢ ᠰᠤᠷᠤᠯᠴᠠᠬᠤ ᠲᠦᠷᠢᠮ ᠲᠠᠢ ᠪᠠᠶᠢᠬᠤ ᠡᠰᠡᠬᠦ ᠳᠤ ᠪᠠᠶᠢᠵᠦ᠂ ᠰᠤᠷᠤᠯᠴᠠᠯᠭ᠎ᠠ ᠶᠢ ᠲᠦᠷᠢᠮᠵᠢᠭᠦᠯᠤᠨ᠂ ᠪᠠᠶᠢᠩᠭᠤᠵᠢᠭᠤᠯᠤᠨ᠂ ᠲᠦᠷᠢᠮ ᠢᠶᠠᠨ ᠤᠷᠳᠤ ᠬᠤᠭᠤᠴᠠᠭ᠎ᠠ ᠪᠠᠷ ᠰᠤᠷᠤᠯᠴᠠᠯᠭ᠎ᠠ ᠶᠢᠨ ᠶᠠᠪᠤᠴᠠ ᠳᠠᠭᠠᠨ ᠲᠤᠭᠤᠰᠢᠯᠠᠭᠤᠯᠤᠬᠰᠠᠨ ᠪᠠᠶᠢᠬᠤ ᠡᠰᠡᠬᠦ ᠳᠤ ᠪᠠᠶᠢᠲᠠᠭ᠃ ᠠᠯᠠᠱᠠ ᠮᠦᠽᠸᠢ ᠨᠢ ᠶᠠᠬ ᠪᠦᠷᠢᠨ ᠲᠡᠭᠦᠯᠲᠡᠷ ᠲᠦᠷᠢᠮ ᠢᠶᠠᠷ ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠪᠠᠲᠤᠯᠠᠵᠦ ᠪᠤᠢ᠃ ᠨᠠᠮ ᠤᠨ ᠬᠡᠰᠢᠭᠦᠨ ᠤ ᠲᠠᠩᠰᠠ ᠡᠪᠬᠡᠮᠡᠯ ᠢ ᠬᠠᠮᠢᠶᠠᠷᠬᠤ ᠲᠦᠷᠢᠮ᠂ ᠨᠡᠮ ᠤᠨ ᠡᠭᠦᠷ ᠤᠨ ᠠᠵᠢᠯ ᠤᠨ ᠲᠦᠷᠢᠮ᠂ ᠨᠠᠮ ᠤᠨ ᠬᠡᠰᠢᠭᠦᠨ ᠤ ᠰᠤᠷᠤᠯᠴᠠᠬᠤ ᠲᠦᠷᠢᠮ᠂ ᠰᠡᠳᠬᠢᠯ ᠢᠶᠠᠨ ᠰᠤᠯᠢᠯᠴᠠᠬᠤ ᠶᠠᠷᠢᠯᠴᠠᠬᠤ ᠲᠦᠷᠢᠮ᠂ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠲᠦᠷᠢᠮ᠂ ᠱᠦᠵᠢ ᠨᠠᠮ ᠤᠨ ᠬᠢᠴᠢᠶᠡᠯ ᠤᠷᠤᠬᠤ ᠲᠦᠷᠢᠮ᠂ ᠭᠤᠷᠪᠠᠨ ᠬᠤᠷᠠᠯ ᠨᠢᠭᠡ ᠬᠢᠴᠢᠶᠡᠯ ᠤᠨ ᠲᠦᠷᠢᠮ ᠁ ᠵᠤᠬᠢᠶᠠᠨ ᠪᠠᠶᠢᠭᠤᠯᠤᠯᠲᠠ ᠤᠳᠤᠷᠢᠳᠤᠯᠭ᠎ᠠ᠂ ᠰᠤᠷᠤᠯᠴᠠᠯᠭ᠎ᠠ ᠪᠤᠯᠪᠠᠰᠤᠷᠠᠯ᠂ ᠰᠤᠯᠢᠯᠴᠠᠭ᠎ᠠ ᠰᠤᠳᠤᠯᠤᠨ ᠶᠠᠷᠢᠯᠴᠠᠬᠤ᠂ ᠬᠢᠨᠠᠨ ᠰᠢᠯᠭᠠᠵᠦ ᠤᠷᠮᠠᠰᠢᠭᠤᠯᠬᠤ᠂ ᠠᠵᠢᠯᠯᠠᠬᠤ ᠰᠤᠷᠤᠯᠴᠠᠬᠤ ᠶᠢ ᠤᠶᠠᠯᠳᠤᠭᠤᠯᠤᠬᠰᠠᠨ ᠨᠢᠭᠡᠨ ᠢᠵᠢ ᠲᠦᠷᠢᠮᠵᠢᠭᠰᠡᠨ ᠡᠮᠬᠢ ᠲᠠᠷᠠᠭᠠᠯᠠᠯ ᠲᠠᠢ ᠪᠠᠶᠢᠭᠤᠯᠤᠮᠵᠢ ᠲᠤᠬᠲᠠᠴᠠ ᠶᠢᠨ ᠲᠦᠷᠢᠮ ᠢᠶᠠᠷ ᠮᠦᠽᠸᠢ ᠶᠢᠨ ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠠᠬᠢᠭᠤᠯᠵᠦ ᠪᠠᠶᠢᠨ᠎ᠠ᠃
ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢ ᠠᠬᠢᠭᠤᠯᠬᠤ ᠳᠤ ᠰᠤᠷᠤᠯᠴᠠᠯᠭ᠎ᠠ ᠶᠢ ᠠᠵᠢᠯ᠂ ᠦᠢᠯᠡᠲᠦᠯᠭᠡ ᠲᠠᠢ ᠪᠠᠨ ᠤᠶᠠᠯᠳᠤᠭᠤᠯᠬᠤ ᠨᠢ ᠴᠤ ᠴᠢᠬᠤᠯᠠ ᠪᠠᠶᠢᠲᠠᠭ᠃ ᠮᠦᠽᠸᠢ ᠪᠤᠯ ᠨᠡᠶᠢᠭᠡᠮ ᠤᠨ ᠰᠤᠷᠭᠠᠨ ᠬᠦᠮᠦᠵᠢᠯ ᠤᠨ ᠲᠠᠯᠠᠪᠠᠢ ᠶᠢᠨ ᠨᠢᠭᠡ ᠪᠠᠶᠢᠵᠦ᠂ ᠪᠤᠲᠠᠲᠤ ᠪᠤᠲᠠᠰ ᠢ ᠲᠡᠯᠭᠡᠨ ᠦᠵᠡᠭᠦᠯᠬᠦ ᠪᠠ ᠪᠤᠰᠤᠳ ᠲᠤᠰᠠᠯᠠᠮᠵᠢ ᠶᠢᠨ ᠬᠡᠯᠪᠡᠷᠢ ᠪᠠᠷ ᠤᠬᠠᠭᠤᠯᠬᠤ ᠪᠠ ᠰᠤᠷᠭᠠᠨ ᠬᠦᠮᠦᠵᠢᠯ ᠴᠢᠬᠤᠯᠠ ᠡᠭᠦᠷᠭᠡ ᠶᠢ ᠲᠠᠭᠠᠭᠠᠴᠢᠯᠠᠵᠦ ᠪᠠᠶᠢᠬᠤ ᠮᠦᠷᠲᠡᠭᠡᠨ ᠡᠯ᠎ᠡ ᠵᠦᠢᠯ ᠤᠨ ᠨᠡᠶᠢᠭᠡᠮ ᠤᠨ ᠤᠯᠤᠰ ᠲᠦᠷᠦ ᠶᠢᠨ ᠨᠦᠯᠦᠭᠡᠯᠡᠬᠦ ᠬᠦᠴᠦᠨ ᠪᠦᠬᠦᠢ ᠴᠢᠬᠤᠯᠠ ᠶᠡᠭᠡ ᠦᠵᠡᠭᠦᠯᠭᠡ ᠡᠷᠬᠢᠯᠡᠬᠦ ᠠᠵᠢᠯ ᠢ ᠡᠭᠦᠷᠭᠡᠯᠡᠵᠦ ᠪᠠᠶᠢᠲᠠᠭ᠃ 2018 ᠤᠨ ᠳᠤ᠂ ᠠᠯᠠᠱᠠ ᠮᠦᠽᠸᠢ 《ᠠᠭᠤᠤ ᠶᠡᠭᠡ ᠡᠬᠢᠯᠡᠯᠲᠡ — ᠲᠤᠮᠲᠠᠲᠤ ᠤᠯᠤᠰ ᠤᠨ ᠡᠪ ᠬᠠᠮᠲᠦ ᠨᠠᠮ ᠤᠨ ᠡᠭᠦᠲᠦᠨ ᠪᠠᠶᠢᠭᠤᠯᠤᠬᠰᠠᠨ ᠲᠡᠦᠬᠡ ᠶᠢᠨ ᠵᠢᠷᠤᠭ ᠤᠨ ᠦᠵᠡᠭᠦᠯᠭᠡ》 ᠮᠡᠲᠦ ᠶᠢᠨ 7 ᠲᠦᠷ ᠴᠠᠬ ᠤᠨ ᠦᠵᠡᠭᠦᠯᠭᠡ ᠶᠢ ᠡᠷᠬᠢᠯᠡᠭᠰᠡᠨ ᠮᠦᠷᠲᠡᠭᠡᠨ ᠡᠯ᠎ᠡ ᠰᠠᠯᠠᠭ᠎ᠠ ᠮᠦᠴᠢᠷ᠂ ᠠᠵᠢᠯ ᠲᠦᠷᠦᠯ᠂ ᠨᠡᠶᠢᠭᠡᠮᠯᠢᠭ ᠲᠠᠢ ᠬᠠᠮᠳᠤᠷᠠᠨ 3 ᠦᠵᠡᠭᠦᠯᠭᠡ ᠶᠢ ᠡᠷᠬᠢᠯᠡᠵᠦ᠂ ᠨᠠᠮ ᠤᠨ ᠵᠤᠷᠢᠭ ᠰᠠᠨᠠᠭ᠎ᠠ ᠪᠤᠯᠤᠨ ᠲᠠᠭᠤᠨ ᠬᠤᠭᠤᠯᠠᠢ ᠶᠢ ᠦᠵᠡᠭᠦᠯᠭᠡ ᠳᠤ ᠠᠭᠤᠰᠤᠯᠴᠠᠭᠤᠯᠤᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠬᠤᠪᠢᠷᠠᠭᠤᠯᠬᠤ ᠳᠤ ᠬᠠᠪᠰᠤᠷᠤᠮᠵᠢ ᠪᠤᠯᠵᠠᠢ᠃ ᠦᠵᠡᠭᠦᠯᠭᠡ ᠶᠢᠨ ᠠᠮᠢᠯᠠᠯ ᠤᠨ ᠬᠦᠴᠦᠨ ᠢ ᠤᠷᠮᠠᠰᠢᠭᠤᠯᠤᠨ᠂ ᠲᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠬᠵᠢᠭᠤᠯᠵᠦ᠂ ᠰᠤᠯᠢᠯᠴᠠᠭ᠎ᠠ ᠶᠢ ᠴᠢᠩᠭᠠᠳᠬᠠᠬᠤ ᠶᠢᠨ ᠲᠦᠯᠦᠭᠡ᠂ ᠠᠯᠠᠱᠠ ᠮᠦᠽᠸᠢ 《ᠦᠪᠡᠷ ᠢᠶᠠᠨ ᠦᠵᠡᠭᠦᠯᠭᠡ ᠡᠷᠬᠢᠯᠡᠬᠦ᠂ ᠦᠵᠡᠭᠦᠯᠭᠡ ᠶᠢ ᠤᠷᠤᠭᠤᠯᠬᠤ᠂ ᠭᠠᠲᠠᠬᠰᠢ ᠭᠠᠷᠴᠤ ᠦᠵᠡᠭᠦᠯᠭᠡ ᠬᠢᠬᠦ》 ᠠᠷᠭ᠎ᠠ ᠠᠪᠴᠠᠯ ᠠᠪᠴᠤ᠂ 《ᠠᠯᠠᠱᠠ ᠶᠢᠨ ᠮᠤᠩᠭᠤᠯ ᠦᠨᠳᠦᠰᠦᠲᠡᠨ ᠤ ᠦᠨᠳᠦᠰᠦᠲᠡᠨ ᠠᠷᠠᠳ ᠤᠨ ᠵᠠᠩᠰᠢᠯ ᠤᠨ ᠲᠡᠦᠬᠡ ᠶᠢᠨ ᠲᠤᠷᠠᠰᠬᠠᠯᠲᠦ ᠵᠦᠢᠯᠡᠰ ᠤᠨ ᠰᠤᠳᠤᠨ ᠪᠦᠲᠦᠭᠡᠯ ᠤᠨ ᠦᠵᠡᠭᠦᠯᠭᠡ》 ᠶᠢ ᠪᠦᠬᠦ ᠤᠯᠤᠰ ᠲᠤ ᠲᠤᠭᠤᠷᠢᠨ ᠦᠵᠡᠭᠦᠯᠦᠭᠰᠡᠨ ᠨᠢ ᠠᠯᠠᠱᠠ ᠶᠢᠨ ᠭᠠᠲᠠᠭᠠᠲᠦ ᠳᠠᠬᠢ ᠨᠦᠯᠦᠭᠡᠯᠡᠬᠦ ᠬᠦᠴᠦᠨ ᠪᠤᠯᠤᠨ ᠲᠦᠷᠢ ᠲᠦᠷᠬᠦ ᠪᠠᠨ ᠪᠦᠲᠦᠮᠵᠢᠲᠡᠢ ᠲᠡᠭᠡᠭᠰᠢᠯᠡᠭᠦᠯᠤᠨ᠂ ᠠᠯᠠᠱᠠ ᠶᠢᠨ ᠦᠨᠳᠦᠰᠦᠲᠡᠨ ᠤ ᠰᠤᠶᠤᠯ ᠢ ᠤᠯᠠᠮᠵᠢᠯᠠᠨ ᠪᠠᠲᠠᠷᠠᠭᠤᠯᠵᠦ᠂ ᠠᠳᠠᠯᠢ ᠪᠤᠰᠤ ᠭᠠᠵᠠᠷ ᠤᠷᠤᠨ ᠤ ᠰᠤᠶᠤᠯ ᠤᠨ ᠬᠠᠷᠢᠯᠴᠠᠨ ᠬᠦᠲᠡᠯᠦᠯᠴᠡᠬᠦ ᠶᠢ ᠪᠡᠶᠡᠯᠡᠭᠦᠯᠪᠡ᠃ ᠠᠯᠠᠱᠠ ᠶᠢᠨ ᠤᠨᠴᠠᠯᠢᠬᠲᠦ ᠦᠨᠳᠦᠰᠦᠲᠡᠨ ᠤ ᠰᠤᠶᠤᠯ ᠢ ᠢᠯᠡᠷᠡᠭᠦᠯᠬᠦ ᠪᠠ ᠪᠠᠲᠠᠷᠠᠭᠤᠯᠬᠤ ᠪᠠᠷ ᠭᠠᠷᠲᠠᠴᠠ ᠪᠤᠯᠭᠠᠨ᠂ ᠠᠯᠠᠱᠠ ᠠᠶᠢᠮᠠᠭ ᠤᠨ ᠡᠯᠪᠡᠭ ᠪᠠᠶᠠᠯᠢᠬ ᠲᠡᠦᠬᠡ ᠰᠤᠶᠤᠯ ᠤᠨ ᠦᠯᠡᠲᠡᠭᠲᠡᠯ ᠲᠠᠢ ᠤᠶᠠᠯᠳᠤᠭᠤᠯᠤᠨ᠂ ᠠᠯᠠᠱᠠ ᠮᠦᠽᠸᠢ ᠶᠢᠨ ᠡᠷᠬᠢᠯᠡᠭᠰᠡᠨ 《ᠲᠡᠦᠬᠡ ᠶᠢᠨ ᠲᠤᠷᠠᠰᠬᠠᠯᠲᠦ ᠵᠦᠢᠯᠡᠰ ᠤᠨ ᠱᠠᠯᠤᠨ》 ᠤ ᠠᠵᠢᠯᠯᠠᠭ᠎ᠠ ᠨᠢ ᠠᠶᠢᠮᠠᠭ ᠤᠨ ᠲᠤᠲᠤᠷ᠎ᠠ ᠭᠠᠲᠠᠨᠠᠬᠢ ᠲᠤᠰᠬᠠᠢ ᠮᠡᠷᠭᠡᠵᠢᠯᠲᠡᠨ ᠰᠤᠳᠤᠯᠭᠠᠲᠠᠨ᠂ ᠬᠤᠷᠢᠶᠠᠨ ᠬᠠᠲᠠᠭᠠᠯᠠᠬᠤ ᠲᠤᠷ᠎ᠠ ᠪᠠᠭ᠋ᠠᠲᠠᠳ ᠲᠤ ᠰᠠᠨᠠᠯ ᠪᠤᠳᠤᠯ ᠢᠶᠠᠨ ᠰᠤᠯᠢᠯᠴᠠᠬᠤ ᠨᠦᠬᠦᠴᠡᠯ ᠢ ᠪᠦᠷᠢᠯᠲᠦᠭᠦᠯᠦᠨ ᠦᠭᠴᠦ᠂ ᠰᠤᠶᠤᠯ ᠤᠨ ᠦᠯᠡᠲᠡᠭᠲᠡᠯ ᠦᠪ ᠲᠡᠦᠬᠡᠨ ᠡᠬᠢ ᠪᠠᠶᠠᠯᠢᠭ ᠢ ᠬᠦᠨᠵᠡᠭᠡᠢ ᠢᠯᠡᠷᠡᠭᠦᠯᠵᠦ᠂ ᠲᠡᠦᠬᠡ ᠶᠢᠨ ᠲᠤᠷᠠᠰᠬᠠᠯᠲᠦ ᠵᠦᠢᠯᠡᠰ ᠢ ᠰᠢᠯᠭᠠᠨ ᠢᠯᠭᠠᠵᠦ ᠰᠤᠨᠢᠷᠬᠠᠬᠤ ᠮᠡᠲᠡᠯᠭᠡ ᠶᠢ ᠲᠦᠭᠡᠮᠡᠯᠵᠢᠭᠦᠯᠵᠦ᠂ ᠠᠯᠠᠱᠠ ᠶᠢᠨ ᠰᠤᠶᠤᠯ ᠤᠨ ᠦᠵᠡᠭᠦᠯᠭᠡ ᠶᠢᠨ ᠦᠢᠯᠡᠰ ᠤᠨ ᠬᠦᠭᠵᠢᠯᠲᠡ ᠶᠢ ᠶᠡᠭᠡ ᠪᠠᠷ ᠠᠬᠢᠭᠤᠯᠵᠠᠢ᠃
ᠠᠯᠠᠱᠠ ᠮᠦᠽᠸᠢ ᠦᠷᠭᠡᠨ ᠤᠯᠠᠨ ᠨᠠᠮ ᠤᠨ ᠬᠡᠰᠢᠭᠦᠨ ᠢ ᠵᠤᠷᠢᠬᠵᠢᠭᠤᠯᠤᠨ ᠰᠢᠨ᠎ᠡ ᠶᠢ ᠡᠭᠦᠳᠬᠦ ᠤᠬᠠᠮᠰᠠᠷ ᠢ ᠪᠤᠢ ᠪᠤᠯᠭᠠᠨ᠂ ᠤᠬᠠᠭᠤᠯᠤᠨ ᠬᠦᠮᠦᠵᠢᠭᠦᠯᠬᠦ ᠠᠭᠤᠯᠭ᠎ᠠ ᠶᠢ ᠪᠠᠶᠠᠯᠢᠬᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠭᠦᠯᠵᠦ᠂ ᠨᠠᠮ ᠤᠨ ᠬᠡᠰᠢᠭᠦᠨ ᠢᠶᠠᠷ ᠭᠤᠤᠯᠯᠠᠬᠤ ᠬᠦᠴᠦᠨ ᠪᠤᠯᠭᠠᠨ᠂ 《ᠪᠠᠷᠠᠭᠤᠨ ᠰᠢᠶᠠ ᠶᠢᠨ ᠰᠤᠳᠤᠯᠭᠠᠨ ᠤ ᠲᠦᠪ》 ᠵᠡᠷᠭᠡ ᠲᠠᠪᠴᠠᠩ ᠤᠨ ᠰᠤᠳᠤᠯᠭᠠᠨ ᠤ ᠴᠢᠲᠠᠪᠤᠷᠢ ᠶᠢ ᠬᠦᠢᠴᠡᠳ ᠪᠠᠲᠠᠷᠠᠭᠤᠯᠤᠨ᠂ ᠪᠦᠬᠦ ᠮᠦᠽᠸᠢ ᠶᠢᠨ ᠠᠵᠢᠯᠲᠠᠨ ᠵᠢᠴᠢ ᠰᠤᠶᠤᠯ ᠤᠨ ᠬᠠᠮᠲᠦ ᠠᠵᠢᠯᠯᠠᠬᠰᠠᠳ ᠲᠤ ᠰᠤᠳᠤᠯᠭᠠᠨ ᠤ ᠴᠢᠭᠯᠡᠯ᠂ ᠰᠤᠳᠤᠯᠭᠠᠨ ᠤ ᠰᠡᠲᠦᠪ ᠪᠤᠯᠤᠨ ᠰᠤᠳᠤᠯᠭᠠᠨ ᠤ ᠤᠷᠤᠨ ᠵᠠᠢ ᠶᠢ ᠦᠷᠭᠦᠯᠵᠢᠯᠡᠨ ᠬᠠᠩᠭᠠᠬᠤ ᠶᠢᠨ ᠬᠠᠮᠲᠦ᠂ ᠦᠨᠳᠦᠰᠦᠨ ᠲᠡᠯᠭᠡᠨ ᠦᠵᠡᠭᠦᠯᠭᠡ ᠲᠠᠢ ᠪᠠᠨ ᠤᠶᠠᠯᠳᠤᠭᠤᠯᠤᠨ 《ᠵᠠᠭᠤᠨ ᠵᠢᠯ ᠤᠨ ᠬᠠᠷ᠎ᠠ ᠬᠤᠲᠠ》 ᠵᠡᠷᠭᠡ ᠰᠤᠳᠤᠯᠭᠠᠨ ᠤ ᠦᠷ᠎ᠡ ᠪᠦᠲᠦᠭᠡᠯ ᠢ ᠬᠡᠪᠯᠡᠭᠦᠯᠵᠡᠢ᠃ ᠡᠭᠦᠨ ᠠᠴᠠ ᠭᠠᠲᠠᠨ᠎ᠠ᠂ ᠠᠯᠠᠱᠠ ᠮᠦᠽᠸᠢ ᠨᠢ ᠦᠷᠭᠦᠯᠵᠢᠯᠡᠨ ᠨᠠᠮ ᠤᠨ ᠬᠡᠰᠢᠭᠦᠨ ᠤ ᠬᠤᠰᠢᠭᠤᠴᠢ ᠶᠢᠨ ᠠᠵᠢᠯ ᠤᠨ ᠪᠠᠶᠢᠷᠢ ᠳᠤ ᠲᠦᠰᠢᠭᠯᠡᠨ᠂ ᠬᠠᠷᠠᠯᠲᠠ ᠲᠠᠢ᠂ ᠲᠦᠯᠦᠪᠯᠡᠭᠡ ᠲᠠᠢ ᠪᠠᠷ ᠨᠢᠭᠡ ᠰᠢᠷᠢᠰ ᠨᠡᠶᠢᠭᠡᠮ ᠤᠨ ᠰᠤᠷᠭᠠᠨ ᠬᠦᠮᠦᠵᠢᠯ ᠤᠨ ᠠᠵᠢᠯᠯᠠᠭ᠎ᠠ ᠶᠢ ᠦᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ ᠪᠤᠯᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠢ ᠬᠠᠮᠲᠦ ᠪᠠᠷ ᠰᠠᠶᠢᠲᠦᠷ ᠪᠠᠶᠢᠭᠤᠯᠵᠠᠢ᠃ ᠤᠨᠴᠠᠯᠢᠬᠲᠦ ᠨᠠᠮ ᠤᠨ ᠡᠲᠦᠷ ᠤᠨ ᠠᠵᠢᠯᠯᠠᠭ᠎ᠠ ᠲᠠᠢ ᠤᠶᠠᠯᠳᠤᠭᠤᠯᠤᠨ᠂ ᠲᠤᠬᠲᠠᠬᠰᠠᠨ ᠬᠤᠭᠤᠴᠠᠭᠠᠨ ᠳᠤ ᠰᠤᠶᠤᠯ ᠬᠦᠷᠭᠡᠨ ᠰᠤᠷᠭᠠᠭᠤᠯᠢ ᠶᠢᠨ ᠬᠦᠷᠢᠶᠡᠨ ᠳᠤ ᠤᠷᠤᠬᠤ᠂ ᠴᠡᠷᠢᠭ ᠠᠩᠬᠢ ᠳᠤ ᠤᠷᠤᠬᠤ᠂ ᠨᠡᠶᠢᠭᠡᠮ ᠲᠤᠭᠤᠷᠢᠭ ᠲᠤ ᠤᠷᠤᠬᠤ᠂ ᠠᠵᠦ ᠠᠬᠤᠢᠢᠯᠠᠯ ᠳᠤ ᠤᠷᠤᠬᠤ᠂ ᠰᠤᠮᠤ ᠳᠤ ᠤᠷᠤᠵᠦ᠂ ᠡᠯ᠎ᠡ ᠵᠦᠢᠯ ᠤᠨ ᠠᠵᠢᠯᠯᠠᠭ᠎ᠠ ᠶᠢ ᠡᠷᠬᠢᠯᠡᠬᠦ ᠶᠢᠨ ᠬᠠᠮᠲᠦ᠂ ᠨᠠᠮ ᠤᠨ ᠲᠠᠭᠤᠨ ᠬᠤᠭᠤᠯᠠᠢ ᠶᠢ ᠲᠠᠮᠵᠢᠭᠤᠯᠤᠨ᠂ ᠲᠡᠦᠬᠡ ᠶᠢᠨ ᠲᠤᠷᠠᠰᠬᠠᠯᠲᠦ ᠵᠦᠢᠯᠡᠰ ᠢ ᠬᠠᠮᠠᠭᠠᠯᠠᠬᠤ ᠮᠡᠲᠡᠯᠭᠡ ᠶᠢ ᠤᠬᠠᠭᠤᠯᠤᠨ᠂ ᠰᠤᠶᠤᠯ ᠤᠨ ᠦᠯᠡᠲᠡᠭᠲᠡᠯ ᠦᠪ ᠢ ᠬᠠᠮᠠᠭᠠᠯᠠᠬᠤ ᠰᠢᠨ᠎ᠡ ᠬᠡᠪ ᠨᠠᠮᠪᠠ ᠶᠢ ᠪᠤᠢ ᠪᠤᠯᠭᠠᠵᠦ᠂ ᠦᠪᠡᠷᠲᠡᠭᠡᠨ ᠵᠠᠰᠠᠬᠤ ᠤᠷᠤᠨ ᠤ ᠲᠡᠰ ᠤᠨ 《ᠠᠵᠢᠯᠴᠢᠨ ᠤ ᠬᠤᠰᠢᠭᠤᠴᠢ》 ᠶᠢᠨ ᠢᠷᠠᠭᠤ ᠠᠯᠲᠠᠷ ᠤᠨ ᠨᠡᠷᠡᠶᠢᠲᠦᠯ ᠢ ᠬᠦᠷᠲᠡᠪᠡ᠃
ᠠᠯᠠᠱᠠ ᠮᠦᠽᠸᠢ ᠨᠠᠮ ᠤᠨ ᠡᠭᠦᠷ ᠨᠢ ᠰᠤᠷᠤᠯᠴᠠᠯᠭ᠎ᠠ ᠪᠤᠯᠪᠠᠰᠤᠷᠠᠯ ᠢ ᠴᠢᠩᠭ᠎ᠠ ᠠᠳᠬᠤᠨ᠂ ᠪᠠᠶᠠᠯᠢᠬ ᠪᠤᠯᠪᠠᠰᠤᠷᠠᠯ ᠤᠨ ᠬᠡᠯᠪᠡᠷᠢ ᠪᠠᠷ ᠮᠦᠽᠸᠢ ᠶᠢᠨ ᠰᠤᠷᠤᠯᠴᠠᠬᠤ ᠮᠠᠶ᠋ᠢᠬ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠡᠭᠦᠯᠲᠡᠷᠵᠢᠭᠦᠯᠵᠦ᠂ ᠺᠠᠳ᠋ᠷᠴᠤᠳ ᠤᠨ ᠡᠩᠨᠡᠭᠡ ᠶᠢᠨ ᠪᠤᠯᠪᠠᠰᠤᠷᠠᠯ ᠳᠤ 《ᠪᠤᠲᠠᠲᠠᠢ ᠬᠢᠬᠦ》 ᠶᠢ ᠲᠤᠪᠤᠶᠢᠯᠭᠠᠨ᠂ ᠦᠳᠬᠡᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠵᠦ᠂ ᠰᠠᠨᠠᠭᠠᠴᠢᠯᠠᠭ᠎ᠠ ᠲᠠᠢ ᠪᠠᠷ ᠰᠤᠷᠤᠯᠴᠠᠬᠤ ᠬᠦᠲᠡᠯᠬᠡᠬᠦ ᠬᠦᠴᠦᠨ ᠢ ᠤᠷᠮᠠᠰᠢᠭᠤᠯᠵᠦ᠂ ᠰᠤᠷᠤᠯᠴᠠᠬᠤ ᠮᠠᠶ᠋ᠢᠬ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠦ ᠲᠤᠬᠲᠠᠴᠠ ᠶᠢ ᠪᠦᠷᠢᠯᠲᠦᠭᠦᠯᠵᠡᠢ᠃ ᠠᠵᠢᠯᠲᠠᠳ ᠤᠨ ᠡᠩᠨᠡᠭᠡ ᠶᠢᠨ ᠪᠤᠯᠪᠠᠰᠤᠷᠠᠯ ᠳᠤ 《ᠰᠤᠷᠤᠯᠴᠠᠬᠤ》 ᠶᠢ ᠲᠤᠪᠤᠶᠢᠯᠭᠠᠨ᠂ ᠮᠦᠽᠸᠢ ᠶᠢᠨ ᠨᠠᠮ ᠤᠨ ᠡᠭᠦᠷ ᠠᠴᠠ ᠤᠯᠤᠰ ᠲᠦᠷᠦ ᠶᠢᠨ ᠭᠤᠤᠯᠯᠠᠬᠤ ᠦᠢᠯᠡᠲᠦᠯ ᠢ ᠢᠲᠡᠪᠬᠢᠲᠡᠢ ᠪᠠᠲᠠᠷᠠᠭᠤᠯᠤᠨ᠂ 《ᠬᠤᠶᠠᠷ ᠢ ᠰᠤᠷᠤᠯᠴᠠᠨ ᠨᠢᠭᠡ ᠳᠤ ᠲᠡᠩᠴᠡᠭᠦᠯᠬᠦ》 ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ᠂ ᠲᠦᠷᠢᠮᠵᠢᠯᠲᠡ ᠶᠢ ᠯᠠᠪᠲᠠᠭᠤᠨ ᠠᠬᠢᠭᠤᠯᠵᠦ᠂ ᠨᠠᠮ ᠤᠨ ᠬᠡᠰᠢᠭᠦᠨ ᠺᠠᠳ᠋ᠷ ᠪᠤᠯᠤᠨ ᠦᠷᠭᠡᠨ ᠤᠯᠠᠨ ᠠᠵᠢᠯᠲᠠᠨ ᠢ ᠨᠡᠮ ᠤᠨ ᠡᠭᠦᠷ ᠤᠨ ᠲᠤᠭᠤᠷᠢᠨ ᠳᠤ ᠨᠢᠬᠲᠠᠷᠠᠭᠤᠯᠤᠨ ᠪᠦᠯᠬᠦᠮᠲᠡᠭᠦᠯᠪᠡ᠃ ᠡᠭᠦᠨ ᠤ ᠰᠠᠭᠤᠷᠢᠨ ᠲᠡᠭᠡᠷ᠎ᠡ᠂ ᠨᠠᠮ ᠤᠨ ᠬᠡᠰᠢᠭᠦᠨ ᠤ ᠬᠤᠰᠢᠭᠤᠴᠢ ᠲᠠᠶᠢᠴᠢᠯᠠᠬᠤ ᠦᠢᠯᠡᠲᠦᠯ ᠢ ᠢᠲᠡᠪᠬᠢᠲᠡᠢ ᠪᠠᠲᠠᠷᠠᠭᠤᠯᠵᠦ᠂ 《ᠰᠠᠶᠢᠨ ᠬᠡᠷ ᠤᠨ ᠰᠤᠷᠲᠠᠯ》 ᠤᠨ ᠶᠠᠷᠢᠶᠠᠨ ᠤ ᠤᠷᠤᠯᠳᠤᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠲᠡᠯᠭᠡ ᠶᠢᠨ ᠤᠷᠤᠯᠳᠤᠭᠠᠨ ᠵᠡᠷᠭᠡ ᠡᠯ᠎ᠡ ᠲᠦᠷᠦᠯ ᠤᠨ ᠤᠷᠤᠯᠳᠤᠭᠠᠨ ᠠᠵᠢᠯᠯᠠᠭ᠎ᠠ ᠳᠤ ᠤᠷᠤᠯᠴᠠᠭᠤᠯᠤᠨ᠂ ᠤᠷᠤᠯᠳᠤᠭᠠᠨ ᠢᠶᠠᠷ ᠪᠤᠯᠪᠠᠰᠤᠷᠠᠯ ᠢ ᠤᠷᠤᠯᠠᠭᠤᠯᠤᠨ᠂ ᠨᠠᠮ ᠤᠨ ᠬᠡᠰᠢᠭᠦᠨ ᠺᠠᠳ᠋ᠷᠴᠤᠳ ᠤᠨ ᠤᠨᠤᠯ ᠤᠨ ᠲᠦᠪᠰᠢᠨ ᠢ ᠲᠡᠭᠡᠭᠰᠢᠯᠡᠭᠦᠯᠦᠨ᠂ ᠮᠡᠲᠡᠯᠭᠡ ᠶᠢ ᠦᠷᠭᠡᠳᠬᠡᠨ᠂ ᠠᠵᠢᠯᠯᠠᠬᠤ ᠴᠢᠲᠠᠪᠤᠷᠢ ᠶᠢ ᠲᠡᠭᠡᠭᠰᠢᠯᠡᠭᠦᠯᠪᠡ᠃
ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠤᠯ ᠨᠢᠭᠡᠨ ᠰᠢᠰᠲ᠋ᠧᠮᠲᠦ ᠢᠨᠵᠧᠨᠧᠷᠢᠩ ᠪᠠᠶᠢᠵᠦ᠂ ᠨᠢᠭᠡᠨ ᠢᠷᠠᠭᠤ ᠠᠯᠲᠠᠷ ᠲᠠᠢ ᠮᠦᠷᠲᠡᠭᠡᠨ ᠬᠦᠴᠢᠷ ᠪᠡᠷᠬᠡᠰᠢᠶᠡᠯᠲᠡᠢ ᠡᠭᠦᠷᠭᠡ ᠮᠦᠨ᠃ ᠠᠯᠠᠱᠠ ᠮᠦᠽᠸᠢ ᠲᠠᠷᠠᠭᠠᠴᠢ ᠶᠢᠨ ᠠᠵᠢᠯ ᠳᠠᠭᠠᠨ᠂ ᠦᠷᠭᠦᠯᠵᠢᠯᠡᠨ ᠤᠨᠤᠯ ᠢᠶᠠᠷ ᠵᠡᠪᠰᠡᠭᠯᠡᠬᠦ ᠶᠢ ᠬᠦᠨᠵᠡᠭᠡᠶᠢᠷᠡᠭᠦᠯᠬᠦ ᠶᠢ ᠲᠡᠷᠢᠭᠦᠨ ᠡᠭᠦᠷᠭᠡ ᠳᠤ ᠲᠠᠯᠪᠢᠵᠦ᠂ ᠰᠤᠷᠤᠬᠰᠠᠨ ᠵᠦᠢᠯ ᠢᠶᠠᠷ ᠢᠶᠠᠨ ᠪᠤᠲᠠᠲᠠᠢ ᠠᠵᠢᠯ ᠳᠠᠬᠢ ᠲᠤᠪᠤᠶᠢᠮ᠎ᠠ ᠠᠰᠠᠭᠤᠲᠠᠯ ᠢ ᠰᠢᠢᠳᠪᠦᠷᠢᠯᠡᠨ᠂ ᠰᠤᠷᠤᠯᠴᠠᠯᠭ᠎ᠠ ᠶᠢᠨ ᠰᠢᠨ᠎ᠡ ᠶᠢ ᠡᠭᠦᠲᠦᠨ᠂ ᠰᠤᠷᠤᠯᠴᠠᠬᠤ ᠠᠷᠭ᠎ᠠ ᠶᠢ ᠪᠠᠶᠠᠯᠢᠬᠵᠢᠭᠤᠯᠵᠦ᠂ ᠰᠤᠷᠤᠯᠴᠠᠬᠤ ᠭᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠦᠨᠡᠨ ᠬᠦ ᠠᠬᠢᠭᠤᠯᠤᠨ᠎ᠠ᠃