ᠦᠨᠡᠨ ᠦᠭᠡ ᠬᠡᠯᠡᠬᠦ ᠪᠣᠯ ᠡᠪ ᠬᠠᠮᠳᠤᠴᠤᠳ ᠤᠨ ᠰᠢᠯᠢᠳᠡᠭ ᠰᠤᠷᠳᠠᠯ ᠮᠦᠨ

  2019-11-03

    ᠦᠨᠡᠨ ᠦᠭᠡ ᠭᠡᠯᠡᠬᠦ ᠪᠤᠯ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠳᠤ ᠪᠠᠶᠢᠪᠠᠯ ᠵᠤᠬᠢᠬᠤ   ᠠᠭᠤᠯᠭ᠎ᠠ ᠮᠦᠨ᠂ ᠮᠦᠨᠴᠦ ᠮᠠᠨ ᠤ ᠡᠪ ᠬᠠᠮᠳᠤᠴᠤᠳ ᠲᠤ ᠪᠠᠶᠢᠪᠠᠯ ᠵᠤᠬᠢᠬᠤ ᠤᠯᠤᠰ ᠲᠦᠷᠦ ᠶᠢᠨ ᠬᠡᠪ ᠰᠤᠷᠳᠠᠯ ᠮᠦᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠠᠴᠠ᠂ ᠨᠠᠮ ᠤᠨ ᠡᠯ᠎ᠠ ᠱᠠᠳᠤᠨ ᠤ ᠵᠤᠬᠢᠶᠠᠨ ᠪᠠᠶᠢᠭᠤᠯᠤᠯᠳᠠ ᠪᠤᠯᠤᠨ ᠪᠦᠬᠦ ᠨᠠᠮ ᠤᠨ ᠭᠡᠰᠢᠬᠦᠳ ᠡᠷᠭᠡᠪᠰᠢ ᠨᠠᠮ ᠳᠠᠭᠠᠨ ᠦᠨᠡᠨᠴᠢ ᠰᠢᠳᠤᠷᠭᠤ᠂ ᠲᠦᠪ ᠴᠢᠭᠡᠴᠢ ᠪᠠᠶᠢᠵᠦ᠂ ᠦᠨᠡᠨ ᠦᠭᠡ ᠭᠡᠯᠡᠵᠦ᠂ ᠪᠤᠳᠠᠳᠦ ᠶᠠᠪᠤᠳᠠᠯ ᠬᠢᠵᠦ᠂ ᠲᠠᠷᠤᠤ ᠨᠤᠮᠤᠬᠠᠨ ᠬᠦᠮᠦᠨ ᠪᠤᠯᠵᠦ᠂ ᠨᠠᠮ ᠳᠠᠭᠠᠨ ᠪᠠᠶᠢᠳᠠᠯ ᠢᠶᠠᠨ ᠦᠨᠡᠨ ᠪᠤᠳᠠᠳᠠᠢ ᠪᠠᠷ ᠲᠤᠰᠬᠠᠨ ᠮᠡᠳᠡᠭᠦᠯᠵᠦ᠂ 《ᠬᠤᠶᠠᠷ ᠨᠢᠭᠤᠷᠳᠠᠨ》 ᠪᠤᠯᠬᠤ ᠶᠢ ᠡᠰᠡᠷᠬᠦᠴᠡᠵᠦ᠂ ᠬᠤᠳᠠᠯ ᠬᠠᠭᠤᠷᠮᠠᠬ ᠪᠠᠶᠢᠬᠤ᠂ ᠬᠤᠳᠠᠯ ᠢᠶᠠᠷ ᠮᠡᠳᠡᠭᠦᠯᠦᠨ ᠤᠷᠬᠢᠵᠦ ᠲᠠᠪᠠᠭᠤᠯᠬᠤ ᠶᠢ ᠡᠰᠡᠷᠬᠦᠴᠡᠵᠦ᠂ ᠦᠨᠡᠨ ᠪᠤᠳᠠᠳᠦ ᠭᠡᠷᠡᠭ ᠤᠴᠢᠷ ᠢ ᠨᠢᠭᠤᠨ ᠲᠠᠯᠳᠠᠯᠠᠬᠤ᠂ ᠰᠠᠶᠢᠨ ᠢᠶᠠᠨ ᠮᠡᠳᠡᠭᠦᠯᠵᠦ ᠮᠠᠭᠤ ᠪᠠᠨ ᠲᠠᠷᠤᠬᠤ ᠶᠢ ᠡᠰᠡᠷᠬᠦᠴᠡᠬᠦ ᠭᠡᠷᠡᠭᠳᠠᠢ ᠭᠡᠵᠦ ᠵᠢᠭᠠᠵᠦ ᠭᠠᠷᠭᠠᠵᠠᠢ᠃ ᠤᠳᠤᠷᠢᠳᠬᠤ ᠪᠠᠶᠢᠭᠤᠯᠤᠯᠭ᠎ᠠ ᠬᠢᠭᠡᠳ ᠤᠳᠤᠷᠢᠳᠬᠤ ᠺᠠᠳ᠋ᠷᠴᠤᠳ ᠢ ᠶᠠᠮᠠᠷᠪᠠ ᠰᠢᠯᠳᠠᠬ ᠪᠠ ᠨᠡᠷ᠎ᠠ ᠪᠠᠷ ᠲᠤᠷ᠎ᠠ ᠪᠠᠷ ᠨᠢ ᠲᠠᠯᠪᠢᠬᠤ᠂ ᠵᠢᠭᠠᠵᠤ ᠳᠤᠬᠢᠬᠤ᠂ ᠠᠯᠪᠠᠳᠠᠬᠤ ᠵᠡᠷᠭᠡ ᠪᠠᠷ ᠲᠤᠤᠷᠠᠬᠢ ᠬᠦᠮᠦᠰ ᠢᠶᠠᠷ ᠢᠶᠠᠨ ᠬᠤᠳᠠᠯ ᠦᠭᠡ ᠶᠠᠷᠢᠭᠤᠯᠵᠤ ᠪᠤᠯᠬᠤ ᠦᠭᠡᠢ ᠭᠡᠵᠦ ᠲᠤᠳᠤᠷᠬᠠᠢ ᠱᠠᠭᠠᠷᠳᠠᠵᠠᠢ᠃ ᠡᠨᠡ ᠪᠤᠯ 《ᠨᠠᠮ ᠤᠨ ᠳᠤᠲᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ》 (《ᠪᠠᠷᠢᠮᠵᠢᠶ᠎ᠠ》 ᠭᠡᠵᠦ ᠳᠤᠪᠴᠢᠯᠠᠨ᠎ᠠ) ᠲᠤᠳᠤᠷᠠᠬᠢ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠦ ᠶᠢ ᠴᠢᠩᠭᠠᠳᠬᠠᠬᠤ ᠳᠤ ᠳᠤᠷᠠᠳᠤᠬᠰᠠᠠ ᠮᠠᠭᠤ ᠲᠠᠩᠰᠠ ᠮᠦᠨ᠂ ᠮᠠᠨ ᠤ ᠡᠪ ᠬᠠᠮᠳᠤᠴᠤᠳ 《ᠪᠠᠷᠢᠮᠵᠢᠶ᠎ᠠ》 ᠶᠢᠨ ᠱᠠᠭᠠᠷᠳᠠᠯᠭ᠎ᠠ ᠶᠢ ᠪᠠᠳᠦ ᠴᠡᠭᠡᠵᠢᠯᠡᠵᠦ᠂ ᠤᠯᠤᠰ ᠲᠦᠷᠦ ᠶᠢᠨ ᠰᠠᠬᠢᠯᠭ᠎ᠠ ᠪᠠᠳᠦ ᠪᠠ ᠤᠯᠤᠰ ᠲᠦᠷᠦ ᠶᠢᠨ ᠲᠦᠷᠢᠮ ᠪᠤᠯᠭᠠᠨ ᠵᠢᠷᠤᠮᠯᠠᠬᠤ ᠭᠡᠷᠡᠭᠳᠠᠢ᠃
    ᠦᠨᠡᠨ ᠦᠭᠡ ᠭᠡᠯᠡᠬᠦ ᠪᠤᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠰᠤᠷᠳᠠᠯ ᠮᠦᠨ᠂ ᠮᠦᠨᠴᠦ ᠮᠠᠨ ᠤ ᠨᠠᠮ ᠤᠨ ᠢᠮᠠᠬᠳᠠ ᠶᠢᠨ ᠱᠠᠭᠠᠷᠳᠠᠯᠭ᠎ᠠ ᠮᠦᠨ᠃ ᠮᠠᠨ ᠤ ᠨᠠᠮ ᠶᠡᠷᠦ ᠠᠴᠠ ᠦᠨᠡᠨ ᠦᠭᠡ ᠭᠡᠯᠡᠬᠦ ᠶᠢ ᠬᠦᠨᠳᠦᠳᠭᠡᠨ ᠵᠤᠷᠢᠬᠵᠢᠭᠤᠯᠤᠬᠰᠠᠭᠠᠡᠷ ᠢᠷᠡᠵᠠᠢ᠃ ᠠᠯᠢ ᠡᠷᠳᠡ ᠨᠠᠮ ᠤᠨ ᠲᠤᠯᠤᠳᠤᠭᠠᠷ ᠶᠡᠭᠡ ᠬᠤᠷᠠᠯ ᠲᠡᠭᠡᠷ᠎ᠠ᠂ ᠮᠡᠦ ᠽᠧ ᠳ᠋ᠦᠩ ᠤᠨ ᠠᠮᠨᠨ ᠶᠠᠷᠢᠶᠠᠨ ᠤ ᠤᠯᠤᠰ ᠲᠦᠷᠦ ᠶᠢᠨ ᠢᠯᠡᠳᠭᠡᠯ ᠤᠨ ᠬᠠᠮᠤᠭ ᠰᠡᠬᠦᠯᠴᠢ ᠶᠢᠨ ᠨᠢᠭᠡ ᠪᠠᠳᠠᠬ ᠦᠭᠡ ᠪᠤᠯ ᠲᠠᠷᠤᠢ 《ᠦᠨᠡᠨ ᠦᠭᠡ ᠭᠡᠯᠡᠬᠦ ᠭᠡᠷᠡᠭᠳᠠᠢ᠂ ᠬᠤᠯᠠᠭᠠᠢᠢᠯᠠᠵᠤ ᠪᠤᠯᠬᠤ ᠦᠭᠡᠢ᠂ ᠤᠪᠯᠠᠵᠦ ᠪᠤᠯᠬᠤ ᠦᠭᠡᠢ᠂ ᠤᠷᠬᠢᠵᠦ ᠪᠤᠯᠬᠤ ᠦᠭᠡᠢ》 ᠭᠡᠵᠡᠢ᠃ ᠡᠩᠭᠡ ᠲᠠᠶᠢᠪᠤᠩ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠡ ᠨᠡᠭᠡᠭᠡᠯᠳᠡ ᠶᠢᠨ ᠴᠠᠬ ᠦᠶ᠎ᠠ ᠳᠤ ᠳ᠋ᠧᠩ ᠰᠢᠶᠤᠤ ᠫᠢᠩ᠄ 《ᠵᠤᠷᠢᠬᠳᠠᠢ ᠪᠠᠷ ᠦᠨᠡᠨ ᠦᠭᠡ ᠭᠡᠯᠡᠬᠦ ᠭᠡᠷᠡᠭᠳᠠᠢ᠂ ᠬᠤᠳᠠᠯ ᠦᠭᠡ ᠭᠡᠯᠡᠬᠦ ᠶᠢ ᠡᠰᠡᠷᠬᠦᠴᠡᠬᠦ ᠭᠡᠷᠡᠭᠳᠠᠢ᠂ ᠨᠡᠷᠡᠯᠭᠡᠵᠦ ᠪᠤᠯᠬᠤ ᠦᠭᠡᠢ᠂ ᠪᠤᠳᠠᠳᠦ ᠶᠠᠪᠤᠳᠠᠯ ᠢᠯᠡᠬᠦᠭᠡᠨ ᠬᠢᠬᠦ ᠭᠡᠷᠡᠭᠳᠠᠢ》 ᠭᠡᠵᠦ ᠲᠤᠳᠤᠷᠬᠠᠢ ᠲᠤᠷᠠᠳᠴᠠᠢ᠃ ᠶᠡᠷᠦᠩᠭᠡᠢ ᠱᠦᠵᠢ ᠰᠢ ᠶᠢᠨ ᠫᠢᠩ ᠤᠨ ᠲᠤᠷᠠᠳᠤᠬᠰᠠᠠ 《ᠭᠤᠷᠪᠠᠨ ᠴᠢᠩᠭ᠎ᠠ ᠭᠤᠷᠪᠠᠨ ᠪᠤᠳᠠᠳᠠᠢ》 ᠶᠢᠨ ᠲᠤᠳᠤᠷᠠᠬᠢ ᠨᠢᠭᠡ ᠵᠤᠷᠪᠤᠰ ᠨᠢ ᠲᠠᠷᠤᠢ 《ᠲᠠᠷᠤᠤ ᠨᠤᠮᠤᠬᠠᠨ ᠬᠦᠮᠦᠨ ᠪᠤᠯᠬᠤ》 ᠪᠤᠯᠤᠨ᠎ᠠ᠂ ᠨᠠᠮ ᠤᠨ ᠭᠡᠰᠢᠬᠦᠨ ᠺᠠᠳ᠋ᠷᠴᠤᠳ ᠢ ᠪᠤᠳᠠᠳᠠᠢ ᠶᠢ ᠡᠷᠬᠢᠮᠯᠡᠨ ᠦᠨᠡᠨ ᠦᠭᠡ ᠭᠡᠯᠡᠵᠦ᠂ ᠪᠤᠳᠠᠳᠦ ᠶᠠᠪᠤᠳᠠᠯ ᠬᠢᠵᠦ᠂ ᠪᠤᠳᠠᠳᠦ ᠦᠷ᠎ᠠ ᠪᠦᠳᠦᠮᠵᠢ ᠶᠢ        ᠡᠷᠬᠢᠮᠯᠡᠵᠦ᠂ ᠬᠤᠳᠠᠯ ᠬᠠᠭᠤᠷᠮᠠᠬ ᠪᠠᠶᠢᠬᠤ᠂ ᠬᠤᠳᠠᠯ ᠢᠶᠠᠷ ᠮᠡᠳᠡᠭᠦᠯᠦᠨ ᠤᠷᠬᠢᠵᠦ ᠲᠠᠪᠠᠭᠤᠯᠬᠤ ᠶᠢ ᠡᠰᠡᠷᠬᠦᠴᠡᠬᠦ ᠭᠡᠷᠡᠭᠳᠠᠢ ᠭᠡᠵᠦ ᠱᠠᠭᠠᠷᠳᠠᠵᠠᠢ᠃ ᠮᠠᠨ ᠤ ᠨᠠᠮ ᠤᠨ ᠤᠳᠤᠷᠢᠳᠤᠬᠴᠢ ᠶᠢᠨ ᠴᠢᠬᠤᠯᠠ ᠦᠬᠦᠯᠡᠯᠳᠡ ᠪᠤᠯ ᠴᠦᠮ ᠤᠨᠴᠠᠭᠠᠢ ᠲᠡᠤᠭᠡ ᠶᠢᠨ ᠱᠠᠳᠦ ᠦᠶ᠎ᠠ ᠳᠤ ᠬᠤᠳᠠᠯ ᠬᠠᠭᠤᠷᠮᠠᠬ ᠪᠠᠶᠢᠬᠤ᠂ ᠭᠡᠯᠪᠡᠷᠢᠴᠢ ᠦᠵᠡᠯ ᠵᠡᠷᠭᠡ ᠲᠦᠪ ᠪᠤᠰᠦ ᠰᠤᠷᠳᠠᠯ ᠢ ᠰᠡᠷᠭᠡᠶᠢᠯᠡᠬᠦ ᠳᠤ ᠴᠢᠭᠯᠡᠭᠦᠯᠦᠨ ᠲᠤᠷᠠᠳᠤᠨ ᠭᠠᠷᠭᠠᠬᠰᠠᠠ ᠶᠤᠮ᠂ ᠡᠨᠡ ᠪᠤᠯ ᠮᠠᠨ ᠤ ᠨᠠᠮ ᠤᠨ ᠤᠯᠤᠰ ᠲᠦᠷᠦ ᠶᠢᠨ ᠲᠦᠷᠢᠮ ᠮᠦᠨ᠃ ᠪᠢᠳᠡ ᠡᠷᠭᠡᠪᠰᠢ ᠤᠯᠤᠰ ᠲᠦᠷᠦ ᠶᠢᠨ ᠦᠨᠳᠦᠷᠴᠡ ᠠᠴᠠ ᠦᠨᠡᠨ ᠦᠭᠡ ᠭᠡᠯᠡᠬᠦ ᠶᠢᠨ ᠨᠠᠮ ᠤᠨ ᠰᠤᠷᠳᠠᠯ ᠤᠨ ᠪᠠᠶᠢᠭᠤᠯᠤᠯᠳᠠ ᠳᠠᠬᠢ ᠴᠢᠬᠤᠯᠠ ᠴᠢᠨᠠᠷ ᠢ ᠬᠦᠨᠵᠡᠭᠡᠢ ᠲᠠᠨᠢᠵᠦ᠂ ᠬᠤᠳᠠᠯ ᠦᠭᠡ ᠭᠡᠯᠡᠬᠦ ᠶᠢᠨ ᠨᠠᠮ ᠤᠨ ᠦᠢᠯᠡᠰ ᠲᠤ ᠬᠤᠤᠷ ᠬᠦᠨᠦᠭᠡᠯ ᠤᠴᠠᠷᠠᠭᠤᠯᠬᠤ ᠶᠢ ᠲᠤᠳᠤᠷᠬᠠᠢ ᠲᠠᠨᠢᠵᠦ᠂ ᠨᠠᠮ ᠳᠠᠭᠠᠨ ᠦᠨᠡᠨᠴᠢ ᠰᠢᠳᠤᠷᠭᠤ᠂ ᠲᠦᠪ ᠭᠤᠤᠯᠴᠢ ᠪᠠᠶᠢᠵᠦ᠂ ᠵᠠᠷᠴᠢᠮ ᠢ ᠪᠠᠷᠢᠮᠳᠠᠯᠠᠵᠤ᠂ ᠦᠨᠡᠨ ᠦᠭᠡ ᠶᠢ ᠵᠤᠷᠢᠭᠲᠠᠢ ᠭᠡᠯᠡᠬᠦ ᠡᠪ ᠬᠠᠮᠳᠦ ᠨᠠᠮ ᠤᠨ ᠭᠡᠰᠢᠬᠦᠨ ᠪᠤᠯᠬᠤ ᠭᠡᠷᠡᠭᠳᠠᠢ᠃
    ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠳᠤ ᠦᠨᠡᠨ ᠦᠭᠡ ᠭᠡᠯᠡᠬᠦ ᠠᠴᠠ ᠡᠬᠢᠯᠡᠬᠦ ᠭᠡᠷᠡᠭᠳᠠᠢ᠂ ᠦᠨᠡᠨ ᠦᠭᠡ ᠭᠡᠯᠡᠬᠦ ᠶᠢ ᠳᠠᠳᠬᠠᠯ ᠪᠠ ᠭᠡᠪ ᠤᠨ ᠪᠠᠶᠢᠳᠠᠯ ᠪᠤᠯᠭᠠᠬᠤ ᠭᠡᠷᠡᠭᠳᠠᠢ᠃ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠳᠤ᠂ ᠮᠠᠨ ᠤ ᠨᠠᠮ ᠤᠨ ᠤᠳᠤᠷᠢᠳᠬᠤ ᠺᠠᠳ᠋ᠷ ᠪᠠ ᠦᠷᠭᠡᠨ ᠤᠯᠠᠨ ᠨᠠᠮ ᠤᠨ ᠭᠡᠰᠢᠬᠦᠨ ᠤ ᠵᠤᠩᠬᠢᠯᠠᠬᠤ ᠤᠯᠠᠨ ᠳᠤᠭᠠᠲᠠᠨ ᠨᠢ ᠴᠦᠮ ᠦᠨᠡᠨᠴᠢ ᠰᠢᠳᠤᠷᠭᠤ ᠪᠠᠶᠢᠵᠦ᠂ ᠮᠦᠨ ᠦᠨᠡᠨ ᠦᠭᠡ ᠶᠢ ᠵᠤᠷᠢᠬᠳᠠᠢ ᠭᠡᠯᠡᠵᠦ ᠪᠠᠶᠢᠳᠠᠬ᠃ ᠭᠡᠷᠪᠡ ᠵᠤᠩᠬᠢᠯᠠᠬᠤ ᠤᠯᠠᠨ ᠲᠤᠭᠠᠨ ᠤ ᠡᠪ ᠬᠠᠮᠳᠤᠴᠤᠳ ᠦᠨᠡᠨᠴᠢ ᠰᠢᠳᠤᠷᠭᠤ᠂ ᠲᠦᠪ ᠴᠢᠭᠡᠴᠢ ᠪᠠᠶᠢᠬᠰᠠᠠ ᠦᠭᠡᠢ ᠪᠤᠯ ᠬᠤᠪᠢᠰᠬᠠᠯ ᠢᠯᠠᠯᠳᠠ ᠤᠯᠵᠦ᠂ ᠦᠨᠦᠳᠦᠷ ᠤᠨ ᠬᠦᠭᠵᠢᠯᠳᠡ ᠠᠮᠵᠢᠯᠳᠠ ᠪᠠᠶᠢᠵᠦ ᠴᠢᠳᠠᠬᠤ ᠦᠭᠡᠢ ᠭᠡᠳᠡᠭ ᠢ ᠨᠠᠮ ᠤᠨ ᠠᠷᠠᠳ ᠲᠦᠮᠡᠨ ᠢ ᠤᠳᠤᠷᠢᠳᠤᠨ ᠬᠤᠪᠢᠰᠬᠠᠯ ᠪᠦᠳᠦᠭᠡᠨ ᠪᠠᠶᠢᠭᠤᠯᠤᠯᠳᠠ ᠬᠢᠭᠰᠡᠡ ᠪᠠ ᠦᠭᠡᠷᠡᠴᠢᠯᠡᠯᠳᠡ ᠬᠢᠭᠰᠡᠡ ᠦᠢᠯᠡᠳᠦᠯᠭᠡ ᠭᠦᠢᠴᠡᠳ ᠭᠡᠷᠡᠴᠢᠯᠡᠭᠰᠡᠡ ᠪᠠᠶᠢᠨ᠎ᠠ᠃ ᠭᠡᠪᠡᠴᠦ ᠭᠡᠵᠢᠶ᠎ᠠ ᠠᠴᠠ ᠡᠬᠢᠯᠡᠭᠰᠡᠡ ᠢ ᠪᠦᠦ ᠮᠡᠳᠡ᠂ ᠵᠠᠷᠢᠮ ᠭᠠᠵᠠᠷ ᠤᠷᠤᠨ ᠪᠤᠯᠤᠨ ᠰᠠᠯᠠᠭ᠎ᠠ ᠮᠦᠴᠢᠷ ᠠᠴᠠ ᠦᠨᠡᠨ ᠦᠭᠡ ᠤᠯᠵᠦ ᠰᠤᠨᠤᠰᠬᠤ ᠳᠤ ᠪᠡᠷᠭᠡ ᠪᠤᠯᠤᠬᠰᠠᠠ ᠪᠠᠶᠢᠨ᠎ᠠ᠃ ᠡᠬᠦᠨ ᠤ ᠰᠢᠯᠳᠠᠭᠠᠨ ᠤᠯᠠᠨ ᠪᠤᠢ᠃ ᠲᠡᠳᠡᠭᠡᠷ ᠬᠤᠳᠠᠯ ᠦᠭᠡ ᠭᠡᠯᠡᠵᠦ᠂ ᠤᠷᠬᠢᠵᠦ ᠲᠠᠪᠠᠭᠤᠯᠬᠤ᠂ ᠰᠠᠶᠢᠨ ᠢᠶᠠᠨ ᠮᠡᠳᠡᠭᠦᠯᠵᠦ ᠮᠠᠭᠤ ᠪᠠᠨ ᠲᠠᠷᠤᠬᠤ ᠵᠡᠷᠭᠡ ᠦᠭᠡ ᠶᠠᠷᠢᠶ᠎ᠠ ᠦᠢᠯᠠ ᠠᠵᠢᠯᠯᠠᠭ᠎ᠠ ᠨᠢ ᠨᠠᠮ ᠤᠨ ᠦᠢᠯᠡᠰ ᠢ ᠬᠦᠨᠳᠦ ᠨᠤᠴᠢᠳᠠᠢ ᠬᠤᠬᠢᠷᠠᠭᠤᠯᠬᠤ ᠪᠦᠭᠡᠳ ᠪᠠᠰᠠ ᠦᠪᠡᠷᠰᠡᠳ ᠢ ᠪᠠᠨ ᠬᠤᠬᠢᠷᠠᠭᠤᠯᠳᠠᠬ᠃ ᠦᠨᠡᠨ ᠦᠭᠡ ᠭᠡᠯᠡᠬᠦ ᠪᠤᠯ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠬᠤ ᠶᠢᠨ ᠬᠠᠮᠤᠭ ᠦᠨᠳᠦᠰᠦᠨ ᠱᠠᠭᠠᠷᠳᠠᠯᠭ᠎ᠠ ᠮᠦᠨ᠃ ᠪᠢᠳᠡ ᠡᠷᠭᠡᠪᠰᠢ ᠲᠠᠷᠢᠬᠢ ᠲᠤᠯᠤᠭᠠᠢ ᠪᠠᠨ ᠰᠡᠷᠭᠡᠭ ᠪᠠᠶᠢᠯᠭᠠᠵᠦ᠂ ᠠᠰᠢᠬ ᠪᠠ ᠬᠤᠤᠷ ᠢ ᠲᠤᠳᠤᠷᠬᠠᠢ ᠮᠡᠳᠡᠬᠦ ᠭᠡᠷᠡᠭᠳᠠᠢ᠃ ᠨᠠᠮ ᠤᠨ ᠲᠦᠷᠢᠮ ᠤᠨ ᠱᠠᠭᠠᠷᠳᠠᠯᠭ᠎ᠠ ᠶᠢ ᠵᠢᠷᠤᠮᠯᠠᠵᠦ᠂ 《ᠭᠤᠷᠪᠠᠨ ᠴᠢᠩᠭ᠎ᠠ ᠭᠤᠷᠪᠠᠨ ᠪᠤᠳᠠᠳᠠᠢ》 ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠪᠡᠷ ᠤᠨ ᠦᠭᠡ ᠦᠢᠯᠠ ᠠᠵᠢᠯᠯᠠᠭ᠎ᠠ ᠲᠠᠢ ᠪᠠᠨ ᠴᠢᠩᠭ᠎ᠠ ᠬᠠᠷᠢᠴᠠᠭᠤᠯᠤᠨ ᠦᠪᠠᠷ ᠤᠨ ᠪᠡᠶ᠎ᠠ ᠲᠡᠭᠡᠷᠡᠬᠢ ᠠᠰᠠᠭᠤᠳᠠᠯ ᠢᠶᠠᠨ ᠲᠦᠢᠯᠪᠤᠷᠢᠳᠠᠢ ᠪᠠᠶᠢᠴᠠᠭᠠᠬᠤ ᠭᠡᠷᠡᠭᠳᠠᠢ᠃ ᠨᠠᠮ ᠳᠠᠭᠠᠨ ᠦᠨᠡᠨ ᠪᠠᠶᠢᠳᠠᠯ ᠢᠶᠠᠨ ᠮᠡᠳᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠭᠡᠷᠡᠭᠳᠠᠢ᠃
    ᠦᠨᠡᠨ ᠦᠭᠡ ᠭᠡᠯᠡᠬᠦ ᠶᠢ ᠰᠠᠨᠠᠭᠠᠴᠢᠯᠠᠬᠤ ᠪᠤᠯ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠬᠠᠮᠳᠦ ᠶᠢᠨ ᠲᠠᠨᠢᠯᠳᠠ ᠮᠦᠨ᠂ ᠡᠷᠭᠡᠪᠰᠢ ᠦᠨᠡᠨ ᠦᠭᠡ ᠭᠡᠯᠡᠬᠦ ᠤᠷᠴᠢᠨ ᠢ ᠶᠡᠭᠡᠪᠡᠷ ᠪᠤᠢ ᠪᠤᠯᠭᠠᠬᠤ ᠭᠡᠷᠡᠭᠳᠠᠢ᠃ ᠤᠳᠤᠬᠠᠨ ᠳᠤ ᠮᠠᠨ ᠤ ᠨᠠᠮ ᠠᠴᠠ ᠶᠠᠭ ᠠᠷᠠᠳ ᠲᠦᠮᠨᠨ ᠢ ᠤᠳᠤᠷᠢᠳᠤᠨ 《ᠲᠠᠪᠤ ᠶᠢ ᠨᠢᠭᠡ ᠴᠤᠬᠴᠠᠵᠢᠭᠤᠯᠬᠤ》 ᠶᠡᠷᠦᠩᠭᠡᠢ ᠪᠠᠶᠢᠷᠢᠰᠢᠭᠤᠯᠤᠯ ᠢ ᠪᠦᠬᠦ ᠬᠦᠴᠦᠨ ᠢᠶᠠᠷ ᠢᠶᠠᠨ ᠠᠬᠢᠭᠤᠯᠵᠦ᠂ 《ᠲᠦᠷᠪᠡᠨ ᠪᠦᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠦ ᠪᠤᠢ᠂ ᠪᠢᠳᠡ ᠡᠷᠭᠡᠪᠰᠢ ᠦᠨᠡᠨ ᠠᠴᠠ ᠪᠤᠳᠠᠲᠠᠢ ᠶᠢ ᠡᠷᠢᠬᠦ ᠦᠵᠡᠯ ᠰᠠᠨᠠᠭᠠᠨ ᠤ ᠱᠤᠭᠤᠮ ᠢ ᠨᠠᠷᠢᠨ ᠬᠢᠨᠠᠮᠠᠭᠠᠢ ᠲᠤᠤᠱᠯᠠᠭᠤᠯᠵᠦ᠂ ᠦᠨᠡᠨ ᠦᠭᠡ ᠭᠡᠯᠡᠬᠦ ᠶᠢ ᠵᠤᠷᠢᠬᠵᠢᠭᠤᠯᠤᠨ ᠰᠠᠨᠠᠭᠠᠴᠢᠯᠠᠬᠤ ᠭᠡᠷᠡᠭᠳᠠᠢ᠃ ᠢᠩᠬᠢᠮᠠᠨᠵᠢᠨ ᠰᠠᠶ᠋ᠢ ᠨᠠᠮ ᠤᠨ ᠰᠡᠳᠬᠢᠯ ᠢ ᠨᠡᠩ ᠰᠠᠶᠢᠳᠤᠷ ᠨᠢᠬᠳᠠᠷᠠᠭᠤᠯᠤᠨ᠂ ᠠᠷᠠᠳ ᠤᠨ ᠰᠡᠳᠬᠢᠯ ᠢ ᠤᠯᠵᠦ ᠴᠢᠳᠠᠬᠤ ᠶᠤᠮ᠃ ᠦᠷᠭᠡᠨ ᠤᠯᠠᠨ ᠨᠠᠮ ᠤᠨ ᠭᠡᠰᠢᠬᠦᠨ ᠨᠠᠮᠴᠢ ᠴᠢᠨᠠᠷ ᠤᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠬᠦ ᠪᠠᠷ ᠲᠠᠮᠵᠢᠨ ᠦᠨᠡᠨ ᠦᠭᠡ ᠭᠡᠯᠡᠬᠦ ᠭᠡᠷᠡᠭᠳᠠᠢ᠂ ᠡᠨᠡ ᠪᠤᠯ ᠬᠢᠪᠡᠯ ᠵᠤᠬᠢᠬᠤ ᠵᠦᠢᠯ ᠮᠦᠨ᠂ ᠮᠦᠨ ᠡᠷᠭᠡᠪᠰᠢ ᠬᠢᠬᠦ ᠭᠡᠷᠡᠭ ᠲᠠᠢ ᠵᠦᠢᠯ ᠮᠦᠨ᠃
                             (《ᠦᠨᠡᠨ》 ᠰᠦᠯᠵᠢᠶ᠎ᠡ ᠠᠴᠠ ᠨᠠᠶᠢᠷᠠᠭᠤᠯᠵᠤ ᠠᠪᠤᠪᠠ)


ᠵᠣᠬᠢᠶᠠᠭᠴᠢ: ᠵᠠᠩ ᠼᠠᠢ ᠬᠤᠸᠠ
ᠢᠷᠡᠯᠲᠡ: ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ