ᠰᠤᠷᠳᠠᠯ ᠤᠨ ᠪᠠᠶᠢᠭᠤᠯᠤᠯᠳᠠ ᠶᠢᠨ ᠬᠦᠨᠵᠡᠬᠡᠶᠢᠷᠡᠨ ᠬᠦᠭᠵᠢᠬᠦ ᠶᠢ ᠵᠤᠭᠰᠤᠰᠢ ᠦᠭᠡᠢ ᠠᠬᠢᠭᠤᠯᠤᠶᠠ
— ᠶᠡᠷᠤᠩᠬᠡᠢ ᠱᠦᠵᠢ ᠰᠢ ᠶᠢᠨ ᠫᠢᠩ ᠤᠨ 《ᠲᠦᠷᠪᠡᠨ ᠰᠤᠷᠳᠠᠯ》 ᠢ ᠵᠠᠯᠠᠷᠠᠭᠤᠯᠬᠤ ᠲᠤᠬᠠᠢ ᠴᠢᠬᠤᠯᠠ ᠵᠢᠭᠠᠪᠤᠷᠢ ᠴᠢᠩᠭᠠ ᠲᠤᠰᠬᠠᠯ ᠭᠠᠷᠪᠠ
《<ᠲᠦᠷᠪᠡᠨ ᠰᠤᠷᠳᠠᠯ> ᠢ ᠵᠠᠯᠠᠷᠠᠭᠤᠯᠬᠤ ᠶᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠶᠢᠭᠤᠯᠤᠯᠳᠠ ᠬᠡᠵᠢᠶᠡᠳᠡ ᠲᠠᠭᠤᠰᠤᠰᠢ ᠦᠭᠡᠢ》᠃ ᠤᠢᠢᠷᠠ ᠶᠢᠨ ᠡᠳᠤᠷ᠂ ᠶᠡᠷᠤᠩᠬᠡᠢ ᠱᠦᠵᠢ ᠰᠢ ᠶᠢᠨ ᠫᠢᠩ ᠰᠢᠨᠬᠤᠸᠠ ᠬᠤᠷᠢᠶᠠᠨ ᠤ 《ᠬᠡᠯᠪᠡᠷᠢᠴᠢ ᠦᠵᠡᠯ ᠨᠤᠶᠠᠨᠴᠢ ᠰᠤᠷᠳᠠᠯ ᠤᠨ ᠰᠢᠨᠡ ᠢᠯᠡᠷᠡᠯ ᠢ ᠰᠡᠷᠡᠮᠵᠢᠯᠡᠬᠦᠰᠢᠳᠠᠢ》 ᠬᠡᠬᠦ ᠵᠤᠬᠢᠶᠠᠯ ᠳᠤ ᠴᠢᠭᠯᠡᠬᠦᠯᠥᠨ᠂ ᠨᠠᠮ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠦᠭᠪᠠ᠃ ᠡᠨᠡᠬᠦ ᠴᠢᠬᠤᠯᠠ ᠵᠢᠭᠠᠪᠤᠷᠢ ᠨᠢ ᠡᠯᠡ ᠭᠠᠵᠠᠷ ᠤᠨ ᠨᠠᠮ ᠤᠨ ᠬᠡᠰᠢᠬᠦᠨ ᠤ ᠲᠤᠮᠳᠠ ᠴᠢᠩᠭᠠ ᠲᠤᠰᠬᠠᠯ ᠭᠠᠷᠴᠠᠢ᠃
ᠰᠤᠯᠠᠷᠠᠰᠢ ᠦᠭᠡᠢ ᠠᠳᠬᠤᠨᠠ᠄ ᠠᠮᠤᠰᠬᠢᠬᠦ ᠪᠤᠳᠤᠯ ᠤᠷᠤᠵᠤ ᠶᠠᠭᠠᠬᠢᠭᠰᠠᠠ ᠴᠦ ᠪᠤᠯᠬᠤ ᠦᠭᠡᠢ
ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠲᠦᠪ ᠤᠨ ᠨᠠᠢᠮᠠᠨ ᠲᠤᠭᠳᠠᠭᠠᠯ ᠢ ᠲᠤᠭᠳᠠᠭᠠᠨ ᠬᠡᠷᠡᠭᠵᠢᠬᠦᠯᠦᠭᠰᠡᠨ ᠠᠴᠠ ᠡᠬᠢᠯᠡᠵᠤ᠂ ᠪᠦᠬᠦ ᠨᠠᠮ ᠲᠠᠶᠠᠭᠠᠷ 《ᠲᠦᠷᠪᠡᠨ ᠰᠤᠷᠳᠠᠯ》 ᠢ ᠵᠠᠯᠠᠷᠠᠭᠤᠯᠤᠭᠠᠳ ᠴᠢᠬᠤᠯᠠ ᠶᠡᠭᠡ ᠦᠷᠡ ᠪᠦᠳᠦᠮᠵᠢ ᠤᠯᠪᠠ᠃ ᠰᠢᠨᠬᠤᠸᠠ ᠬᠤᠷᠢᠶᠠᠨ ᠤ ᠵᠤᠬᠢᠶᠠᠯ ᠳᠤ ᠲᠤᠰᠬᠠᠭᠰᠠᠠ ᠢᠶᠠᠷ᠂ ᠤᠳᠤᠬᠠᠨ ᠳᠤ 《ᠲᠦᠷᠪᠡᠨ ᠰᠤᠷᠳᠠᠯ》 ᠤᠨ ᠠᠰᠠᠭᠤᠳᠠᠯ ᠤᠨ ᠲᠤᠳᠤᠷᠠ᠂ ᠵᠢᠷᠭᠠᠨ ᠴᠡᠩᠬᠡᠬᠦ ᠦᠵᠡᠯ ᠪᠠ ᠱᠠᠯᠢᠨ ᠪᠦᠷᠢᠯᠬᠡᠬᠦ ᠰᠤᠷᠳᠠᠯ ᠢ ᠦᠨᠳᠦᠰᠦᠨ ᠳᠡᠭᠡᠨ ᠬᠤᠷᠢᠬᠯᠠᠭᠰᠠᠠ ᠪᠤᠯᠪᠠᠴᠦ ᠬᠡᠯᠪᠡᠷᠢᠴᠢ ᠦᠵᠡᠯ ᠪᠤᠯᠤᠨ ᠨᠤᠶᠠᠨᠴᠢ ᠰᠤᠷᠳᠠᠯ ᠵᠤᠬᠢᠬᠤ ᠬᠡᠮᠵᠢᠶᠡᠨᠡ ᠮᠥᠨ ᠤᠷᠤᠰᠢᠵᠥ ᠪᠠᠶᠢᠬᠤ ᠪᠦᠭᠡᠳ ᠵᠠᠷᠢᠮ ᠨᠢ ᠰᠢᠨᠡ ᠬᠡᠯᠪᠡᠷᠢ ᠪᠠᠷ ᠢᠯᠡᠷᠡᠵᠥ ᠪᠠᠶᠢᠨᠠ᠃
ᠶᠡᠷᠤᠩᠬᠡᠢ ᠱᠦᠵᠢ ᠰᠢ ᠶᠢᠨ ᠫᠢᠩ᠂ ᠵᠤᠬᠢᠶᠠᠯ ᠳᠤ ᠲᠤᠰᠬᠠᠭᠰᠠᠠ ᠪᠠᠶᠢᠳᠠᠯ ᠨᠢ ᠦᠵᠡᠬᠦ ᠳᠤ ᠰᠢᠨᠡ ᠢᠯᠡᠷᠡᠯ ᠰᠢᠭ ᠪᠤᠯᠪᠠᠴᠦ ᠦᠨᠡᠨᠳᠡᠬᠡᠨ ᠬᠠᠭᠤᠴᠢᠨ ᠠᠰᠠᠭᠤᠳᠠᠯ ᠶᠤᠮ᠂ ᠡᠨᠡ ᠨᠢ 《ᠲᠦᠷᠪᠡᠨ ᠰᠤᠷᠳᠠᠯ》 ᠤᠨ ᠠᠰᠠᠭᠤᠳᠠᠯ ᠪᠤᠯ ᠪᠤᠷᠤᠩᠬᠤᠢ ᠴᠢᠨᠠᠷᠳᠠᠢ ᠳᠠᠬᠢᠨ ᠳᠠᠪᠳᠠᠬᠤ ᠴᠢᠨᠠᠷᠳᠠᠢ ᠶᠢ ᠲᠠᠬᠢᠨᠳᠠ ᠬᠠᠷᠠᠭᠤᠯᠪᠠ᠃ 《ᠲᠦᠷᠪᠡᠨ ᠰᠤᠷᠳᠠᠯ》 ᠢ ᠵᠠᠯᠠᠷᠠᠭᠤᠯᠬᠤ ᠶᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠶᠢᠭᠤᠯᠤᠯᠳᠠ ᠬᠡᠵᠢᠶᠡᠳᠡ ᠲᠠᠭᠤᠰᠤᠰᠢ ᠦᠭᠡᠢ ᠶᠤᠮ ᠬᠡᠵᠥ ᠵᠢᠭᠠᠵᠥ ᠭᠠᠷᠭᠠᠪᠠ᠃
ᠪᠡᠬᠡᠵᠢᠩ ᠬᠤᠳᠠ ᠶᠢᠨ ᠰᠠᠬᠢᠯᠭᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠬᠦᠨ ᠴᠧᠨ ᠨᠢᠩ ᠵᠢᠶᠧ᠂ 《ᠲᠦᠷᠪᠡᠨ ᠰᠤᠷᠳᠠᠯ》 ᠢ ᠡᠰᠡᠷᠬᠦᠴᠡᠬᠦ ᠳᠤ ᠠᠮᠤᠰᠬᠢᠬᠦ ᠪᠤᠳᠤᠯ ᠤᠷᠤᠵᠤ ᠶᠠᠭᠠᠬᠢᠭᠰᠠᠠ ᠴᠦ ᠪᠤᠯᠬᠤ ᠦᠭᠡᠢ᠃ ᠪᠡᠭᠡᠵᠢᠩ ᠬᠤᠳᠠ ᠶᠢᠨ ᠰᠠᠬᠢᠯᠭᠠ ᠪᠠᠳᠤ ᠪᠠᠶᠢᠴᠠᠭᠠᠬᠤ ᠬᠤᠷᠢᠶᠠᠨ ᠤ ᠬᠢᠨ ᠤᠬᠠᠮᠰᠠᠷ ᠠᠴᠠ ᠪᠠᠨ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭᠠ ᠲᠠᠢ ᠬᠠᠷᠭᠤᠭᠤᠯᠵᠤ ᠪᠠᠶᠢᠭᠠᠳ ᠤᠷᠤᠰᠢᠵᠥ ᠪᠠᠶᠢᠭᠠ ᠠᠰᠠᠭᠤᠳᠠᠯ ᠢᠶᠠᠨ ᠦᠨᠡᠨᠬᠦ ᠴᠡᠭᠴᠡᠯᠡᠨ ᠰᠠᠶᠢᠵᠢᠷᠠᠭᠤᠯᠵᠥ᠂ ᠡᠯᠡ ᠵᠦᠢᠯ ᠤᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠡᠭᠡᠷᠯᠡᠬᠦ ᠪᠠᠷ ᠴᠢᠷᠮᠠᠶᠢᠬᠤ ᠪᠤᠯᠤᠨᠠ ᠬᠡᠵᠥ ᠬᠡᠯᠡᠪᠡ᠃
ᠬᠤᠨᠠᠨ ᠮᠤᠵᠢ ᠶᠢᠨ ᠴᠧᠨᠵᠸᠤ ᠬᠤᠳᠠ ᠶᠢᠨ ᠰᠠᠬᠢᠯᠭᠠ ᠪᠠᠳᠤ ᠪᠠᠶᠢᠴᠠᠭᠠᠬᠤ ᠬᠤᠷᠢᠶᠠᠨ ᠤ ᠱᠦᠵᠢ ᠯᠢ ᠴᠤᠤ ᠶᠢᠨ ᠦᠵᠡᠬᠦ ᠪᠠᠷ᠂ ᠡᠷᠬᠡᠪᠰᠢ ᠲᠠᠷᠢᠬᠢ ᠲᠤᠯᠤᠭᠠᠢ ᠰᠡᠷᠭᠡᠭ ᠢᠶᠠᠷ ᠰᠤᠷᠳᠠᠯ ᠤᠨ ᠪᠠᠶᠢᠭᠤᠯᠤᠯᠳᠠ ᠪᠤᠯ ᠪᠤᠭᠤᠮᠳᠠ ᠰᠢᠪᠳᠤᠯᠬᠤ ᠲᠠᠶᠢᠯᠠᠯᠳᠤᠭᠠᠨ ᠪᠦᠭᠡᠳ ᠨᠡᠩ ᠴᠤ ᠤᠳᠠᠭᠠᠨ ᠳᠠᠭᠠᠭᠠᠮᠠᠭᠠᠢ ᠲᠠᠶᠢᠯᠠᠯᠳᠤᠭᠠᠨ ᠪᠤᠯᠬᠤ ᠶᠢ ᠲᠠᠨᠢᠬᠤ ᠭᠡᠷᠡᠭᠳᠠᠢ᠃ ᠴᠧᠨᠵᠸᠤ ᠬᠤᠳᠠ ᠶᠢᠨ ᠬᠢᠨ 《ᠪᠤᠯᠬᠢ ᠲᠠᠳᠬᠠᠯ ᠢ ᠵᠠᠰᠠᠵᠤ᠂ ᠰᠢᠨᠠ ᠰᠤᠷᠳᠠᠯ ᠢ ᠪᠤᠢ ᠪᠤᠯᠭᠠᠬᠤ》 ᠰᠤᠷᠳᠠᠯ ᠤᠨ ᠪᠠᠶᠢᠭᠤᠯᠤᠯᠳᠠ ᠶᠢᠨ ᠭᠤᠤᠯ ᠰᠡᠳᠤᠪᠳᠤ ᠠᠵᠢᠯᠯᠠᠭᠠ ᠶᠢ ᠦᠷᠬᠦᠯᠵᠢᠯᠠᠨ ᠦᠷᠨᠢᠬᠦᠯᠵᠤ᠂ ᠨᠠᠮ ᠤᠨ ᠬᠡᠰᠢᠬᠦᠨ ᠺᠠᠳ᠋ᠷ ᠤᠨ ᠰᠤᠷᠳᠠᠯ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠵᠠᠰᠠᠬ ᠵᠠᠬᠢᠷᠭᠠᠨ ᠤ ᠠᠵᠢᠯ ᠤᠨ ᠦᠷᠠ ᠪᠦᠲᠦᠮᠵᠢ ᠪᠠ ᠴᠢᠳᠠᠪᠬᠢ ᠲᠠᠰᠤᠷᠠᠯᠳᠠ ᠦᠬᠡᠢ ᠰᠢᠯᠢᠳᠡᠭᠵᠢᠬᠦ ᠶᠢ ᠠᠬᠢᠭᠤᠯᠤᠨᠠ ᠬᠡᠵᠡᠢ᠃
ᠬᠤᠪᠸᠢ ᠮᠤᠵᠢ ᠶᠢᠨ ᠰᠠᠬᠢᠯᠭᠠ ᠪᠠᠳᠤ ᠪᠠᠶᠢᠴᠠᠭᠠᠬᠤ ᠬᠤᠷᠢᠶᠠᠨ ᠤ ᠨᠠᠮ ᠤᠨ ᠰᠤᠷᠳᠠᠯ ᠵᠠᠰᠠᠬ ᠤᠨ ᠰᠤᠷᠳᠠᠯ ᠳᠤ ᠬᠢᠨᠠᠯᠳᠠ ᠲᠠᠯᠪᠢᠬᠤ ᠠᠯᠪᠠᠨ ᠭᠡᠷ ᠤᠨ ᠲᠡᠳ᠋ ᠡᠷᠬᠢᠯᠡᠭᠴᠢ ᠯᠢᠤ ᠨᠠᠨ ᠵᠦᠩ᠂ ᠬᠤᠪᠸᠢ ᠮᠤᠵᠢ ᠶᠢᠨ ᠰᠠᠬᠢᠯᠭᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭᠠ ᠶᠢᠨ ᠬᠢᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠰᠠᠬᠢᠯᠭᠠ ᠪᠠᠳᠤ ᠶᠢ ᠬᠢᠨᠠᠨ ᠪᠠᠶᠢᠴᠠᠭᠠᠬᠤ ᠪᠠ ᠨᠠᠮ ᠤᠨ ᠳᠤᠳᠤᠭᠠᠳᠤ ᠳᠤ ᠬᠠᠷᠢᠭᠤᠴᠠᠯᠭᠠ ᠨᠡᠬᠡᠮᠵᠢᠯᠡᠬᠦ ᠭᠤᠤᠯᠳᠠᠯᠭᠠ ᠪᠤᠯᠭᠠᠵᠤ᠂ ᠬᠠᠷᠢᠭᠤᠴᠠᠯᠭᠠ ᠨᠡᠬᠡᠮᠵᠢᠯᠡᠬᠦ᠂ ᠨᠡᠶᠢᠳᠠ ᠳᠤ ᠵᠠᠷᠯᠠᠨ ᠢᠯᠡᠴᠢᠯᠡᠬᠦ ᠡᠷᠴᠢᠮ ᠢᠶᠠᠨ ᠦᠷᠬᠦᠯᠵᠢᠯᠠᠨ ᠴᠢᠩᠭᠠᠷᠠᠭᠤᠯᠵᠤ᠂ ᠨᠠᠮ ᠤᠨ ᠬᠡᠰᠢᠬᠦᠨ ᠺᠠᠳ᠋ᠷ ᠤᠨ ᠪᠠᠶᠢᠴᠠᠭᠠᠨ ᠰᠤᠳᠤᠯᠤᠯᠳᠠ ᠬᠢᠬᠦ ᠠᠷᠭᠠ ᠪᠠᠨ ᠬᠠᠯᠠᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠤᠷᠠᠯ ᠤᠨ ᠰᠤᠷᠳᠠᠯ᠂ ᠵᠤᠬᠢᠶᠠᠯ ᠤᠨ ᠰᠤᠷᠳᠠᠯ ᠢᠶᠠᠨ ᠬᠤᠪᠢᠷᠠᠭᠤᠯᠵᠤ᠂ ᠨᠡᠩ ᠤᠯᠠᠨ ᠺᠠᠳ᠋ᠷ ᠢ ᠦᠨᠳᠤᠰᠤᠳᠠᠨ ᠱᠠᠳᠤᠨ ᠳᠤ ᠬᠦᠨᠵᠡᠬᠡᠶᠢᠷᠡᠬᠦᠯᠵᠤ ᠠᠷᠠᠳ ᠤᠨ ᠬᠦᠰᠡᠯ ᠰᠠᠨᠠᠭᠠ ᠶᠢ ᠰᠤᠨᠤᠰᠴᠤ᠂ ᠪᠤᠳᠠᠳᠠᠢ ᠪᠠᠶᠢᠳᠠᠯ ᠢ ᠪᠠᠶᠢᠴᠠᠭᠠᠬᠤ ᠶᠢ ᠠᠵᠢᠯ ᠢᠶᠠᠨ ᠰᠠᠶᠢᠵᠢᠷᠠᠭᠤᠯᠬᠤ ᠶᠢᠨ ᠴᠢᠬᠤᠯᠠ ᠠᠷᠭᠠ ᠪᠤᠯᠭᠠᠨᠠ ᠬᠡᠵᠤ ᠲᠠᠨᠢᠯᠴᠠᠭᠤᠯᠪᠠ᠃
ᠨᠠᠷᠢᠯᠢᠬ ᠪᠤᠳᠠᠳᠠᠢ ᠨᠠᠶᠢᠳᠠᠪᠤᠷᠢᠵᠢᠭᠤᠯᠤᠨᠠ᠄ ᠯᠠᠪᠳᠠᠭᠤᠨ ᠪᠠᠳᠤᠳᠠᠢ ᠴᠢᠩᠭᠠ ᠠᠷᠭᠠ ᠬᠡᠮᠵᠢᠶᠠ ᠪᠠᠷ ᠦᠨᠡᠨᠬᠦ ᠴᠡᠭᠴᠡᠯᠠᠨ ᠰᠠᠶᠢᠵᠢᠷᠠᠭᠤᠯᠤᠨᠠ
《ᠲᠦᠷᠪᠡᠨ ᠰᠤᠷᠳᠠᠯ》 ᠢ ᠵᠠᠯᠠᠷᠠᠭᠤᠯᠬᠤ ᠳᠤ᠂ ᠵᠠᠩᠬᠢᠯᠠᠭᠠ ᠨᠢ ᠨᠠᠶᠢᠳᠠᠪᠤᠷᠢᠵᠢᠭᠤᠯᠬᠤ ᠳᠤ ᠪᠠᠶᠢᠨᠠ᠂ ᠡᠴᠤᠰ ᠲᠡᠭᠡᠨ ᠦᠷᠠ ᠪᠦᠳᠤᠮᠵᠢ ᠶᠢ ᠦᠵᠡᠨᠡ᠃
ᠶᠠᠷᠤᠩᠬᠡᠢ ᠱᠦᠵᠢ ᠰᠢ ᠶᠢᠨ ᠫᠢᠩ᠂ ᠡᠯᠠ ᠭᠠᠵᠠᠷ ᠤᠷᠤᠨ ᠡᠯᠠ ᠰᠠᠯᠠᠭᠠ ᠮᠦ᠋ᠴᠢᠷ ᠤᠨ ᠬᠢᠨ ᠢᠯᠡᠷᠡᠯ ᠢᠶᠠᠨ ᠲᠡᠯᠬᠡᠵᠤ ᠦᠵᠡᠨ᠂ ᠵᠦᠷᠢᠶᠡ ᠪᠠᠨ ᠡᠷᠢᠵᠤ ᠦᠵᠡᠨ᠂ ᠭᠤᠤᠯ ᠵᠦᠷᠢᠴᠡᠯ ᠢ ᠡᠵᠡᠮᠳᠡᠵᠦ᠂ ᠤᠨᠴᠠᠭᠠᠢᠢᠯᠠᠨ ᠤᠪᠤᠷ ᠢᠶᠠᠨ ᠢᠯᠡᠳᠬᠡᠬᠦ ᠨᠢ ᠤᠯᠠᠨ ᠬᠠᠰᠬᠢᠷᠬᠤ ᠲᠠᠭᠤ ᠨᠢ ᠦᠨᠳᠤᠷ ᠴᠤ ᠠᠵᠢᠯᠯᠠᠭᠠ ᠨᠢ ᠴᠦᠬᠡᠨ ᠨᠠᠶᠢᠳᠠᠪᠤᠷᠢᠵᠢᠭᠤᠯᠤᠯᠳᠠ ᠪᠠᠷ ᠠᠨᠠᠢ ᠵᠡᠷᠬᠡ ᠲᠤᠪᠤᠶᠢᠮᠠ ᠠᠰᠠᠭᠤᠳᠠᠯ ᠳᠤ ᠴᠢᠭᠯᠡᠬᠦᠯᠤᠨ᠂ ᠴᠢᠩᠭᠠ ᠠᠷᠭᠠ ᠬᠡᠮᠵᠢᠶᠠ ᠠᠪᠴᠤ᠂ ᠯᠠᠪᠳᠠᠭᠤᠨ ᠪᠠᠳᠤᠳᠠᠢ ᠴᠡᠭᠴᠡᠯᠡᠨ ᠰᠠᠶᠢᠵᠢᠷᠠᠭᠤᠯᠬᠤ ᠭᠡᠷᠡᠭᠳᠠᠢ ᠬᠡᠵᠤ ᠳᠤᠳᠤᠷᠬᠠᠢ ᠱᠠᠭᠠᠷᠳᠠᠪᠠ᠃
ᠬᠦᠢᠵᠸᠤ ᠶᠢᠨ ᠯᠢᠦ ᠫᠠᠨ ᠱᠦᠢ ᠬᠤᠳᠠ ᠶᠢᠨ ᠫᠠᠨᠵᠸᠤ ᠬᠤᠳᠠ ᠶᠢᠨ ᠨᠠᠮ ᠤᠨ ᠬᠤᠷᠢᠶᠠᠨ ᠤ ᠱᠦᠵᠢ ᠹᠦ᠋ ᠬᠦᠸᠧ ᠰᠢᠶᠠᠩ᠂ ᠰᠤᠷᠳᠠᠯ ᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠤᠯᠬᠤ ᠶᠢ ᠪᠠᠳᠤᠯᠠᠬᠤ ᠭᠡᠷᠡᠭᠳᠠᠢ᠃ 《ᠪᠢᠳᠠ ᠱᠠᠯᠠᠪᠳᠠᠭᠤᠯᠤᠨ ᠱᠠᠭᠠᠷᠳᠠᠬᠤ ᠬᠢᠨᠠᠨ ᠵᠢᠯᠤᠭᠤᠳᠬᠤ᠂ ᠶᠠᠪᠤᠴᠠ ᠶᠢ ᠨᠢ ᠬᠢᠨᠠᠨ ᠦᠨᠡᠯᠡᠬᠦ᠂ ᠬᠢᠨᠠᠯᠳᠠ ᠲᠠᠯᠪᠢᠵᠤ ᠬᠠᠷᠢᠭᠤᠴᠠᠯᠭᠠ ᠨᠡᠬᠡᠮᠵᠢᠯᠡᠬᠦ ᠪᠠ ᠦᠷᠠ ᠳ᠋ᠦᠩ ᠢ ᠭᠡᠷᠡᠭᠯᠡᠬᠦ ᠶᠢ ᠴᠢᠩᠭᠠᠳᠬᠠᠵᠤ᠂ ᠠᠵᠢᠯ ᠢ ᠠᠬᠢᠭᠤᠯᠤᠭᠰᠠᠨ ᠨᠢ ᠬᠦᠷᠤᠯᠴᠡᠬᠦ ᠦᠬᠡᠢ᠂ ᠠᠵᠢᠯ ᠳᠠᠭᠠᠨ ᠬᠤᠶᠢᠷᠭᠤᠰᠢᠬᠤ᠂ ᠰᠢᠯᠳᠠᠬ ᠡᠷᠢᠵᠦ ᠨᠠᠰᠢ ᠴᠠᠰᠢ ᠲᠦᠯᠬᠢᠯᠴᠡᠬᠦ᠂ ᠠᠵᠢᠯ ᠬᠢᠬᠦ ᠦᠬᠡᠢ᠂ ᠠᠵᠢᠯ ᠢ ᠤᠳᠠᠭᠠᠰᠢᠷᠠᠭᠤᠯᠬᠤ᠂ ᠲᠤᠷᠠ ᠵᠤᠷᠢᠭ ᠢᠶᠠᠷ ᠢᠶᠠᠨ ᠬᠢᠬᠦ ᠺᠠᠳ᠋ᠷ ᠢ ᠨᠢᠬᠡ ᠪᠢᠯᠧᠲ ᠢᠶᠠᠷ ᠦᠬᠡᠶᠢᠰᠬᠡᠵᠤ᠂ ᠲᠤᠬᠠᠢ ᠶᠢᠨ ᠭᠠᠵᠠᠷ ᠲᠤᠨᠢ ᠲᠤᠰᠢᠶᠠᠯ ᠠᠴᠠ ᠨᠢ ᠤᠬᠴᠠᠷᠠᠭᠤᠯᠤᠨᠠ》 ᠬᠡᠵᠥ ᠢᠯᠡᠳᠬᠡᠪᠡ᠃
ᠰᠤᠷᠳᠠᠯ ᠤᠨ ᠪᠠᠶᠢᠭᠤᠯᠤᠯᠳᠠ ᠶᠢᠨ ᠦᠨᠳᠤᠰᠤᠨ ᠵᠤᠷᠢᠯᠳᠠ ᠨᠢ ᠨᠠᠮ ᠪᠤᠯᠤᠨ ᠤᠯᠠᠨ ᠲᠦᠮᠡᠨ ᠤ ᠴᠢᠰᠤ ᠮᠢᠬᠠᠨ ᠤ ᠬᠠᠷᠢᠴᠠᠭᠠ ᠶᠢ ᠨᠢᠬᠳᠠᠷᠠᠭᠤᠯᠬᠤ ᠶᠢᠨ ᠲᠦᠯᠤᠬᠡ ᠶᠤᠮ᠂ ᠡᠷᠬᠡᠪᠰᠢ ᠤᠯᠠᠨ ᠲᠦᠮᠡᠨ ᠤ ᠭᠡᠷᠡᠭᠴᠡᠭᠡ ᠱᠠᠭᠠᠷᠳᠠᠯᠭᠠ ᠳᠤ ᠬᠠᠷᠢᠭᠤ ᠲᠤᠰᠬᠠᠯ ᠦᠭᠴᠤ᠂ ᠠᠷᠠᠳ ᠲᠦᠮᠡᠨ ᠤ ᠬᠦᠰᠡᠯ ᠨᠠᠶᠢᠳᠠᠯᠭᠠ ᠶᠢ ᠨᠢ ᠬᠠᠩᠭᠠᠬᠤ ᠭᠡᠷᠡᠭᠳᠠᠢ᠃
ᠱᠠᠩᠬᠠᠢ ᠶᠢᠨ ᠫᠦᠳᠦ᠋ᠩ ᠰᠢᠨᠠ ᠲᠤᠭᠤᠷᠢᠭ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠦᠪ ᠤᠨ ᠡᠷᠬᠢᠯᠡᠭᠴᠢ ᠵᠢᠶᠠᠩ ᠬᠤᠩ ᠵᠢᠶᠦ᠋ᠨ᠂ ᠫᠦᠳᠦ᠋ᠩ ᠰᠢᠨᠠ ᠲᠤᠭᠤᠷᠢᠭ ᠤᠨ ᠬᠢᠨ ᠦᠢᠯᠡᠴᠢᠯᠡᠭᠡᠨ ᠤ ᠶᠡᠭᠡ ᠲᠢᠩᠭᠢᠮ ᠳᠤ ᠲᠤᠰᠬᠠᠢᠢᠯᠠᠨ 《ᠦ ᠡᠷᠢᠬᠦ》 ᠴᠤᠩᠬᠤ ᠲᠤᠬᠢᠷᠠᠭᠤᠯᠵᠤ᠂ ᠤᠯᠠᠨ ᠲᠦᠮᠡᠨ ᠪᠤᠯᠤᠨ ᠠᠵᠤ ᠠᠬᠤᠢᠢᠯᠠᠯ ᠤᠨ ᠬᠢᠨ ᠠᠳᠡ ᠢᠷᠡᠵᠤ ᠤᠴᠢᠷ ᠶᠠᠪᠤᠳᠠᠯ ᠭᠦᠢᠴᠡᠳᠭᠡᠬᠦ ᠳᠡᠭᠡᠨ ᠶᠠᠮᠠᠷ ᠠᠰᠠᠭᠤᠳᠠᠯ ᠲᠤᠯᠭᠠᠷᠠᠵᠤ᠂ ᠶᠠᠮᠠᠷ ᠰᠠᠨᠠᠭᠤᠯᠭᠠ ᠪᠠᠶᠢᠪᠠᠯ ᠰᠢᠭᠤᠳ ᠡᠨᠡᠬᠦ ᠴᠤᠩᠬᠤᠨ ᠳᠤ ᠬᠦᠷᠴᠤ ᠳᠤᠰᠬᠠᠵᠤ ᠰᠢᠢᠳᠪᠦᠷᠢᠯᠡᠵᠤ ᠪᠤᠯᠤᠨᠠ᠃ ᠳᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠦᠢᠯᠡᠴᠢᠯᠡᠭᠡ ᠪᠠᠨ ᠰᠠᠶᠢᠵᠢᠷᠠᠭᠤᠯᠵᠤ᠂ 《ᠢᠨᠲᠧᠷ ᠰᠦᠯᠵᠢᠶᠠ + ᠵᠠᠰᠠᠭ ᠤᠨ ᠶᠠᠪᠤᠳᠠᠯ ᠤᠨ ᠦᠢᠯᠡᠴᠢᠯᠡᠭᠡ》 ᠶᠢᠨ ᠠᠷᠭᠠ ᠪᠠᠷᠢᠯ ᠢ ᠠᠰᠢᠬᠯᠠᠵᠥ᠂ ᠳᠦᠭᠦᠮ ᠳᠦᠳᠡ ᠶᠢ ᠤᠯᠠᠨ ᠲᠦᠮᠡᠨ ᠳᠤ ᠦᠭᠴᠤ᠂ ᠶᠠᠷᠰᠢᠭ ᠪᠤᠳᠤᠯᠢᠶᠠᠨ ᠢ ᠰᠢᠰᠲ᠋ᠧᠮ ᠢᠶᠠᠷ ᠰᠢᠢᠳᠪᠤᠷᠢᠯᠡᠨᠠ ᠭᠡᠵᠤ ᠬᠡᠯᠡᠪᠡ᠃
ᠶᠡᠷᠦᠩᠬᠡᠢ ᠱᠦᠵᠢ ᠰᠢ ᠶᠢᠨ ᠫᠢᠩ᠂ ᠬᠡᠯᠪᠡᠷᠢᠴᠢ ᠦᠵᠡᠯ ᠤᠨ ᠮᠦᠨ ᠴᠢᠨᠠᠷ ᠪᠤᠯ ᠪᠡᠶᠡᠴᠢ ᠦᠵᠡᠯ᠂ ᠠᠰᠢᠭ ᠬᠠᠷᠠᠬᠤ ᠦᠵᠡᠯ ᠪᠤᠯᠤᠨᠠ᠂ ᠡᠬᠢ ᠦᠨᠳᠦᠰᠦ ᠨᠢ ᠪᠤᠯ ᠠᠵᠢᠯ ᠤᠨ ᠠᠮᠵᠢᠯᠲᠠ ᠶᠢᠨ ᠦᠵᠡᠯᠳᠡ ᠪᠤᠷᠤᠭᠤᠳᠠᠵᠤ᠂ ᠬᠠᠷᠢᠭᠤᠴᠠᠯᠭᠠᠲᠦ ᠰᠡᠳᠭᠢᠯᠭᠡ ᠳᠤᠳᠠᠭᠳᠠᠭᠰᠠᠨ ᠶᠠᠪᠤᠳᠠᠯ ᠪᠤᠯᠤᠨᠠ ᠭᠡᠵᠤ ᠵᠢᠭᠠᠵᠤ ᠦᠩᠭᠡᠷᠡᠭᠰᠡᠨ ᠶᠤᠮ᠃
《ᠠᠷᠠᠳ ᠲᠦᠮᠡᠨ ᠳᠤ ᠦᠢᠯᠡᠴᠢᠯᠡᠬᠦ ᠭᠡᠳᠡᠭ ᠪᠤᠯ ᠪᠤᠳᠠᠳᠠᠢ ᠶᠠᠪᠤᠳᠠᠯ ᠪᠤᠯᠤᠨᠠ᠂ ᠬᠡᠶᠢᠰᠪᠦᠷᠢ ᠶᠠᠪᠤᠳᠠᠯ ᠪᠢᠰᠢ᠂ ᠦᠨᠡᠨ ᠪᠤᠳᠠᠳᠠᠢ ᠤᠷᠤᠰᠢᠬᠤᠢ᠂ ᠬᠡᠢ ᠬᠤᠭᠤᠰᠤᠨ ᠵᠦᠢᠯ ᠪᠢᠰᠢ ᠶᠤᠮ》 ᠭᠡᠵᠤ ᠱᠠᠨᠰᠢ ᠶᠢᠨ ᠰᠢᠶᠠᠨ ᠶᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠯᠢᠶᠠᠩ ᠢᠯᠡᠳᠭᠡᠵᠠᠢ᠃ ᠲᠡᠷᠡ ᠪᠠᠰᠠ᠂ ᠵᠦᠪ ᠠᠵᠢᠯ ᠤᠨ ᠠᠮᠵᠢᠯᠲᠠ ᠶᠢᠨ ᠦᠵᠡᠯᠳᠡ ᠶᠢ ᠪᠤᠢ ᠪᠤᠯᠭᠠᠵᠤ᠂ ᠶᠠᠭᠠᠬᠢᠭᠰᠠᠨ ᠴᠤ ᠦᠩᠭᠡᠨ ᠳᠡᠳᠦᠢ ᠠᠵᠢᠯ ᠢ ᠬᠢᠵᠤ ᠪᠤᠯᠬᠤ ᠦᠭᠡᠢ᠂ ᠬᠡᠯᠪᠡᠷᠢᠴᠢ ᠦᠵᠡᠯ ᠢ ᠡᠷᠬᠡᠪᠰᠢ ᠴᠡᠭᠡᠷᠯᠡᠵᠤ᠂ ᠦᠨᠡᠨ ᠰᠡᠳᠭᠢᠯ ᠠᠴᠠ ᠤᠯᠠᠨ ᠲᠦᠮᠡᠨ ᠳᠤ ᠪᠤᠳᠠᠳᠠᠢ ᠶᠠᠪᠤᠳᠠᠯ ᠬᠢᠵᠤ᠂ ᠰᠠᠶᠢᠨ ᠶᠠᠪᠤᠳᠠᠯ ᠬᠢᠵᠤ᠂ ᠬᠦᠴᠢᠷ ᠶᠠᠪᠤᠳᠠᠯ ᠢ ᠨᠢ ᠰᠢᠢᠳᠪᠦᠷᠢᠯᠡᠵᠤ ᠦᠭᠬᠦ ᠬᠡᠷᠡᠭᠳᠠᠢ ᠭᠡᠵᠠᠢ᠃
《ᠲᠦᠷᠦᠭᠦᠤ ᠭᠠᠯᠠᠭᠤ ᠶᠢᠨ ᠨᠦᠯᠦᠭᠡ》 ᠶᠢ ᠪᠤᠢ ᠪᠤᠯᠭᠠᠨᠠ᠄ ᠤᠳᠤᠷᠢᠳᠬᠤ ᠺᠠᠳ᠋ᠷ ᠲᠦᠷᠦᠬᠦᠯᠡᠨ ᠰᠤᠷᠳᠠᠯ ᠢᠶᠠᠨ ᠬᠤᠪᠢᠷᠠᠭᠤᠯᠬᠤ ᠬᠡᠷᠡᠭᠲᠠᠢ
ᠰᠤᠷᠳᠠᠯ ᠰᠠᠶᠢᠨ ᠡᠰᠡᠬᠦ ᠨᠢ ᠭᠤᠤᠯᠳᠠᠭᠤ ᠤᠳᠤᠷᠢᠳᠤᠯᠭᠠ ᠳᠤ ᠪᠠᠶᠢᠨᠠ᠃ ᠤᠳᠤᠷᠢᠳᠬᠤ ᠺᠠᠳ᠋ᠷ ᠪᠤᠯ ᠰᠤᠷᠳᠠᠯ ᠤᠨ ᠪᠠᠶᠢᠭᠤᠯᠤᠯᠳᠠ ᠶᠢᠨ ᠵᠤᠬᠢᠶᠠᠨ ᠪᠠᠶᠢᠭᠤᠯᠤᠭᠴᠢ᠂ ᠬᠠᠮᠢᠶᠠᠷᠤᠭᠴᠢ᠂ ᠠᠬᠢᠭᠤᠯᠤᠭᠴᠢ ᠪᠤᠯᠤᠨᠠ᠂ ᠰᠤᠷᠳᠠᠯ ᠤᠨ ᠪᠠᠶᠢᠭᠤᠯᠤᠯᠳᠠ ᠶᠢᠨ ᠭᠡᠷᠡᠯᠳᠦ ᠴᠠᠮᠬᠠᠭ ᠪᠠ ᠵᠦᠭᠯᠡᠭᠦᠷ ᠪᠤᠯᠤᠨᠠ᠃
ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠳᠠᠭᠠᠨ᠂ ᠡᠯᠠ ᠱᠠᠳᠤᠨ ᠤ ᠤᠳᠤᠷᠢᠳᠬᠤ ᠺᠠᠳ᠋ᠷ ᠲᠦᠷᠦᠬᠦᠯᠡᠨ ᠰᠤᠷᠳᠠᠯ ᠢᠶᠠᠨ ᠬᠤᠪᠢᠷᠠᠭᠤᠯᠵᠤ᠂ ᠪᠡᠶᠠ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ᠳᠡᠭᠡᠳᠦ ᠱᠠᠳᠤ ᠨᠢ ᠳᠤᠤᠷᠠ ᠱᠠᠳᠤ ᠪᠠᠨ ᠳᠠᠭᠠᠭᠤᠯᠵᠤ᠂ 《ᠲᠦᠷᠦᠭᠦᠤ ᠭᠠᠯᠠᠭᠤ ᠶᠢᠨ ᠨᠦᠯᠦᠭᠡ》 ᠶᠢ ᠪᠤᠢ ᠪᠤᠯᠭᠠᠬᠤ ᠬᠡᠷᠡᠭᠲᠠᠢ ᠭᠡᠵᠤ ᠵᠢᠭᠠᠵᠤ ᠭᠠᠷᠭᠠᠪᠠ᠃
《<ᠲᠦᠷᠦᠭᠦᠤ ᠭᠠᠯᠠᠭᠤ ᠶᠢᠨ ᠨᠦᠯᠦᠭᠡ> ᠨᠢ ᠮᠠᠰᠢ ᠵᠠᠩᠭᠢᠯᠠᠭᠠ ᠪᠤᠯᠤᠨᠠ᠂ <ᠵᠠᠩᠭᠢᠯᠠᠭᠠ ᠶᠢᠨ ᠴᠦᠭᠡᠨ
ᠲᠤᠭᠠᠳᠠᠨ> ᠢ ᠴᠢᠩᠭᠠ ᠠᠳᠬᠤᠬᠤ ᠬᠡᠷᠡᠭᠲᠠᠢ》 ᠭᠡᠵᠤ ᠹᠦᠵᠢᠶᠠᠨ ᠤ ᠹᠦᠵᠸᠤ ᠬᠤᠲᠠ ᠶᠢᠨ ᠴᠠᠩ ᠯᠧ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠨᠠᠨ ᠵᠢᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠲᠤᠬᠠᠢ ᠲᠤᠩ ᠭᠦᠨ ᠲᠦᠷᠦᠭᠳᠡᠯ ᠲᠠᠢ ᠪᠠᠶᠢᠯᠠ᠃
ᠯᠢᠶᠤᠤᠨᠢᠩ ᠮᠤᠵᠢ ᠶᠢᠨ ᠰᠠᠬᠢᠯᠭᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠳᠡᠳ᠋ ᠱᠦᠵᠢ ᠳ᠋ᠢᠩ ᠱᠦᠨ ᠱᠧᠩ᠂ ᠡᠨᠡ ᠵᠢᠯ ᠠᠴᠠ ᠨᠠᠰᠢ᠂ ᠯᠢᠶᠤᠤᠨᠢᠩ ᠮᠤᠵᠢ ᠤᠷᠢᠳ ᠬᠤᠵᠢᠳ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ ᠨᠠᠷᠢᠨ ᠪᠢᠴᠢᠭ ᠤᠨ ᠳᠠᠷᠤᠭᠠ᠂ ᠠᠯᠪᠠᠨ ᠲᠢᠩᠬᠢᠮ ᠤᠨ ᠤᠤᠯ ᠤᠨ ᠡᠷᠬᠢᠯᠡᠭᠴᠢ ᠯᠢ ᠬᠤᠢ ᠶᠦᠩ᠂ ᠮᠦᠭᠳᠡᠨ ᠬᠤᠲᠠ ᠶᠢᠨ ᠤᠤᠯ ᠤᠨ ᠳᠡᠳ᠋ ᠳᠠᠷᠤᠭᠠ ᠴᠢ ᠮᠢᠩ᠂ ᠮᠤᠵᠢ ᠶᠢᠨ ᠡᠳ᠋ ᠤᠨ ᠵᠠᠰᠠᠬ ᠤᠨ ᠲᠢᠩᠬᠢᠮ ᠤᠨ ᠤᠤᠯ ᠤᠨ ᠳᠡᠳ᠋ ᠲᠢᠩᠬᠢᠮ ᠤᠨ ᠳᠠᠷᠤᠭᠠ ᠸᠧᠢ ᠶᠤᠸᠠᠢ ᠬᠤᠢ ᠵᠡᠷᠭᠡ 8 ᠬᠦᠮᠦᠨ ᠤ ᠭᠡᠮᠰᠢᠯ ᠤᠨ ᠲᠡᠮᠳᠡᠭᠯᠡᠯ ᠢ ᠨᠡᠶᠢᠲᠡᠯᠡᠵᠤ᠂ ᠪᠦᠬᠦ ᠮᠤᠵᠢ ᠶᠢᠨ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠤᠨ ᠳᠤᠮᠳᠠ ᠮᠠᠰᠢ ᠶᠡᠭᠡ ᠳᠤᠩᠰᠤᠯᠭᠠᠯ ᠪᠤᠯᠵᠠᠢ ᠭᠡᠪᠡ᠃
《ᠰᠠᠬᠢᠯᠭᠠ ᠪᠠᠳᠤ ᠶᠢᠨ ᠰᠤᠷᠭᠠᠨ ᠬᠦᠮᠦᠵᠢᠯ ᠢᠶᠠᠷ ᠳᠠᠮᠵᠢᠨ᠂ ᠰᠠᠬᠢᠯᠭᠠ ᠪᠠᠳᠤ ᠶᠢ ᠬᠡᠷᠡᠭᠵᠢᠭᠦᠯᠬᠦ ᠶᠢ ᠴᠢᠩᠳᠠᠯᠠᠵᠤ᠂ ᠨᠠᠮ ᠤᠨ ᠭᠡᠰᠢᠭᠦᠨ ᠺᠠᠳ᠋ᠷ ᠢ ᠬᠦᠨᠳᠤᠳᠭᠡᠵᠦ ᠵᠢᠷᠦᠬᠡᠰᠢᠶᠡᠬᠦ ᠪᠤᠳᠤᠯ ᠲᠠᠢ᠂ ᠠᠶᠤᠵᠤ ᠴᠡᠭᠡᠷᠯᠡᠬᠦ ᠪᠤᠳᠤᠯ ᠲᠠᠢ᠂ ᠭᠤᠷᠢᠭᠠ ᠱᠤᠭᠤᠮ ᠲᠠᠢ ᠪᠤᠯᠭᠠᠵᠤ᠂ ᠬᠢᠨᠠᠯᠲᠠ ᠲᠠᠯᠪᠢᠯᠲᠠ ᠪᠠ ᠬᠦᠯᠢᠶᠡᠰᠦᠯ ᠲᠠᠢ ᠤᠷᠴᠢᠨ ᠲᠤᠭᠤᠷᠢᠨ ᠳᠤ ᠠᠵᠢᠯᠯᠠᠵᠤ ᠠᠮᠢᠳᠤᠷᠠᠬᠤ ᠳᠤ ᠳᠠᠳᠬᠤ ᠪᠤᠯᠭᠠᠬᠤ ᠬᠡᠷᠡᠭᠳᠠᠢ》 ᠭᠡᠵᠦ ᠳ᠋ᠢᠩ ᠱᠦᠨ ᠱᠧᠩ ᠬᠡᠯᠡᠪᠡ᠃
ᠦᠪᠦᠷ ᠮᠤᠩᠭᠤᠯ ᠤᠨ ᠦᠬᠠᠢ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠤ ᠦᠵᠡᠬᠦ ᠪᠠᠷ᠂ ᠰᠤᠷᠲᠠᠯ ᠤᠨ ᠪᠠᠶᠢᠭᠤᠯᠤᠯᠲᠠ ᠪᠤᠯ ᠬᠦᠮᠦᠰ ᠤᠨ ᠰᠡᠳᠬᠢᠯ ᠢ ᠤᠯᠵᠤ ᠠᠯᠳᠠᠬᠤ ᠪᠠ ᠨᠠᠮ ᠤᠨ ᠤᠷᠤᠰᠢᠯ ᠲᠤᠬᠲᠠᠨᠢᠯ ᠮᠠᠨᠳᠤᠯ ᠮᠦᠬᠦᠯ ᠳᠤ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠮᠦᠨ᠂ ᠡᠯᠡ ᠱᠠᠲᠤᠨ ᠤ ᠨᠠᠮ ᠤᠨ ᠬᠤᠷᠢᠶᠠ ᠡᠷᠬᠡᠪᠰᠢ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭᠠ ᠶᠢ ᠰᠢᠭᠤᠷᠬᠠᠢ ᠡᠭᠦᠷᠭᠡᠯᠡᠬᠦ ᠬᠡᠷᠡᠭᠲᠡᠢ᠃
ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠳᠠᠭᠠᠨ᠂ ᠤᠳᠠᠯ ᠦᠭᠡᠢ ᠦᠷᠨᠢᠬᠦᠯᠬᠦ ᠪᠠᠷ ᠪᠠᠶᠢᠭᠠ 《ᠤᠭ ᠰᠨᠨᠠᠭᠠ ᠪᠠᠨ ᠦᠯᠥ ᠮᠠᠷᠳᠠᠵᠥ᠂ ᠡᠬᠦᠷᠬᠡ ᠬᠠᠷᠢᠭᠤᠴᠠᠯᠭᠠ ᠪᠠᠨ ᠪᠠᠳᠤ ᠴᠡᠬᠡᠵᠢᠯᠡᠶᠡ》 ᠬᠡᠬᠦ ᠭᠤᠤᠯ ᠰᠡᠳᠤᠪᠳᠤ ᠬᠦᠮᠥᠵᠢᠯ ᠤᠨ ᠠᠵᠢᠯᠯᠠᠭᠠ ᠲᠤᠮᠳᠠ᠂ ᠬᠡᠯᠪᠡᠷᠢᠴᠢ ᠦᠵᠡᠯ ᠢ ᠬᠦᠴᠦᠯᠡᠨ ᠴᠡᠭᠡᠷᠯᠡᠵᠥ᠂ ᠰᠠᠶᠢᠨ ᠰᠤᠷᠳᠠᠯ ᠢᠶᠠᠷ ᠰᠠᠶᠢᠨ ᠦᠷᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃