《ᠬᠤᠶᠠᠷ ᠪᠠᠶᠠᠷ》 ᠤᠨ ᠬᠤᠭᠤᠴᠠᠭᠠᠨ ᠳᠤ 《ᠲᠦᠷᠪᠡᠨ ᠰᠤᠷᠳᠠᠯ》 ᠤᠨ ᠠᠰᠠᠭᠤᠳᠠᠯ ᠲᠠᠬᠢᠵᠤ ᠢᠯᠡᠷᠡᠬᠦ ᠶᠢ ᠴᠢᠩᠭ᠎ᠠ ᠰᠡᠷᠬᠡᠶᠢᠯᠡᠬᠦ ᠭᠡᠷᠡᠭᠳᠡᠢ
ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠮᠡᠳᠡᠭᠳᠡᠯ ᠪᠠᠭᠤᠯᠭᠠᠵᠤ ᠱᠠᠭᠠᠷᠳᠠᠭᠰᠠᠨ ᠨᠢ
ᠨᠠᠶ᠋ᠮᠠᠨ ᠰᠠᠷ᠎ᠠ ᠶᠢᠨ ᠲᠡᠷᠬᠡᠯ ᠪᠠᠶᠠᠷ ᠪᠤᠯᠤᠨ ᠤᠯᠤᠰ ᠪᠠᠶᠢᠭᠤᠯᠤᠬᠳᠠᠬᠰᠠᠨ ᠪᠠᠶᠠᠷ ᠬᠦᠷᠴᠦ ᠢᠷᠡᠯ᠎ᠠ᠂ ᠦᠪᠡᠷᠳᠡᠭᠡᠨ ᠵᠠᠰᠬᠠᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠮᠡᠳᠡᠭᠳᠡᠯ ᠪᠠᠭᠤᠯᠭᠠᠵᠤ᠂ ᠡᠯ᠎ᠠ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠪᠠᠶᠠᠷ ᠤᠨ ᠡᠳᠦᠷ ᠤᠨ ᠬᠤᠭᠤᠴᠠᠭᠠᠨ ᠳᠤ 《ᠲᠦᠷᠪᠡᠨ ᠰᠤᠷᠳᠠᠯ》 ᠤᠨ ᠠᠰᠠᠭᠤᠳᠠᠯ ᠲᠠᠬᠢᠵᠤ ᠢᠯᠡᠷᠡᠬᠦ ᠶᠢ ᠴᠢᠩᠭ᠎ᠠ ᠰᠡᠷᠬᠡᠶᠢᠯᠡᠵᠤ᠂ ᠰᠤᠷᠳᠠᠯ ᠴᠢᠭᠡᠴᠢ ᠤᠪᠤᠷ ᠲᠦᠪ ᠪᠠᠶᠠᠷ ᠤᠨ ᠡᠳᠤᠷ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠤ ᠱᠠᠭᠠᠷᠳᠠᠵᠠᠢ᠃
《ᠮᠡᠳᠡᠭᠳᠡᠯ》 ᠳᠤ᠂ ᠪᠦᠬᠦ ᠤᠷᠤᠨ ᠤ ᠦᠷᠭᠡᠨ ᠤᠯᠠᠨ ᠨᠠᠮ ᠤᠨ ᠬᠡᠰᠢᠭᠦᠨ᠂ ᠺᠠᠳ᠋ᠷ ᠪᠤᠯᠤᠨ ᠠᠯᠪᠠᠨ ᠠᠵᠢᠯᠳᠠᠨ ᠰᠠᠬᠢᠯᠭ᠎ᠠ ᠪᠠᠳᠤ ᠶᠤᠰᠤ ᠲᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠦᠪ ᠤᠨ ᠨᠠᠶ᠋ᠮᠠᠨ ᠲᠤᠬᠳᠠᠭᠠᠯ ᠵᠢᠴᠢ ᠬᠡᠷᠡᠭᠵᠢᠭᠦᠯᠭᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠨᠡᠶᠢᠳᠡᠪᠦᠷᠢᠵᠢᠭᠤᠯᠬᠤ ᠬᠡᠷᠡᠭᠳᠡᠢ᠃ ᠠᠯᠪᠠᠨ ᠤ ᠵᠤᠭᠤᠰ ᠢᠶᠠᠷ ᠬᠤᠳᠠᠯᠳᠤᠨ ᠠᠪᠤᠬᠰᠠᠨ ᠶᠧᠪᠠᠩ᠂ ᠠᠷᠢᠬᠢ ᠲᠠᠮᠠᠬᠢ ᠵᠡᠷᠭᠡ ᠪᠡᠯᠡᠭ ᠰᠡᠯᠳᠡ ᠶᠢ ᠲᠤᠬᠳᠠᠭᠠᠯ ᠠᠴᠠ ᠵᠦᠷᠢᠴᠡᠨ ᠬᠤᠷᠢᠶᠠᠵᠤ ᠬᠦᠷᠭᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠲᠤᠬᠳᠠᠭᠠᠯ ᠠᠴᠠ ᠵᠦᠷᠢᠴᠡᠵᠤ ᠠᠯᠪᠠᠨ ᠤ ᠵᠤᠭᠤᠰ ᠢᠶᠠᠷ ᠢᠳᠡᠵᠤ ᠤᠤᠭᠤᠬᠤ᠂ ᠠᠯᠪᠠᠨ ᠤ ᠵᠤᠭᠤᠰ ᠢᠶᠠᠷ ᠵᠤᠭᠠᠴᠠᠬᠤ᠂ ᠠᠯᠪᠠᠨ ᠤ ᠮᠠᠰᠢᠨ ᠲᠡᠷᠭᠡ ᠶᠢ ᠬᠤᠪᠢ ᠶᠢᠨ ᠶᠠᠪᠤᠳᠠᠯ ᠳᠤ ᠬᠡᠷᠡᠭᠯᠡᠭᠦ ᠪᠠ ᠬᠤᠪᠢ ᠶᠢᠨ ᠮᠠᠰᠢᠨ ᠲᠡᠷᠭᠡ ᠶᠢ ᠠᠯᠪᠠᠨ ᠠᠴᠠ ᠲᠡᠵᠢᠭᠡᠭᠦ᠂ ᠬᠠᠮᠢᠶᠠᠷᠴᠤ ᠦᠢᠯᠡᠴᠢᠯᠡᠭᠦ ᠡᠳᠡᠭᠡᠳ ᠤᠨ ᠢᠶᠠᠨ ᠮᠠᠰᠢᠨ ᠲᠡᠷᠭᠡ ᠶᠢ ᠬᠡᠷᠡᠭᠯᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠲᠤᠬᠳᠠᠭᠠᠯ ᠠᠴᠠ ᠵᠦᠷᠢᠴᠡᠵᠤ ᠨᠡᠮᠡᠭᠦᠷᠢ ᠨᠦᠬᠦᠪᠦᠷᠢ ᠪᠤᠶᠤ ᠪᠤᠳᠠᠰ ᠵᠡᠷᠭᠡ ᠶᠢ ᠲᠠᠷᠬᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠬᠤᠪᠢ ᠬᠦᠮᠦᠨ ᠤ ᠵᠤᠭ᠎ᠠ ᠴᠤᠬᠯᠠᠭᠠᠨ ᠤ ᠭᠠᠵᠠᠷ ᠢᠶᠠᠷ ᠤᠷᠤᠵᠤ ᠭᠠᠷᠬᠤ᠂ ᠲᠦᠪ ᠭᠤᠤᠯᠴᠢ ᠪᠠᠷ ᠠᠯᠪᠠᠨ ᠤ ᠶᠠᠪᠤᠳᠠᠯ ᠢᠶᠠᠨ ᠬᠦᠢᠴᠡᠳᠭᠡᠭᠦ ᠶᠢ ᠨᠦᠯᠦᠭᠡᠯᠡᠵᠤ ᠮᠡᠳᠡᠭᠦ ᠲᠠᠶᠢᠯᠠᠯᠭ᠎ᠠ ᠶᠢ ᠬᠦᠯᠢᠶᠡᠭᠦ᠂ ᠠᠯᠪᠠᠨ ᠤ ᠵᠤᠭᠤᠰ ᠢᠶᠠᠷ ᠲᠦᠯᠦᠪᠦᠷᠢᠯᠡᠭᠦ ᠦᠨᠳᠦᠷ ᠬᠡᠷᠡᠭᠯᠡᠭᠡ ᠶᠢᠨ ᠵᠤᠭ᠎ᠠ ᠴᠡᠩᠭᠡᠯ ᠪᠡᠶ᠎ᠠ ᠪᠤᠯᠪᠠᠰᠤᠷᠠᠭᠤᠯᠬᠤ ᠠᠵᠢᠯᠯᠠᠭ᠎ᠠ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠪᠠᠶᠠᠷ ᠤᠨ ᠡᠳᠦᠷ ᠤᠨ ᠲᠤᠬᠢᠶᠠᠯ ᠢ ᠠᠰᠢᠬᠯᠠᠨ ᠬᠤᠷᠢᠮ ᠪᠤᠶᠠᠨ ᠢ ᠶᠡᠭᠡ ᠪᠠᠷ ᠬᠢᠭᠦ ᠪᠤᠶᠤ ᠲᠤᠬᠢᠶᠠᠯ ᠢ ᠲᠠᠯᠢᠮᠳᠠᠭᠤᠯᠤᠨ ᠡᠳ᠋ ᠮᠦᠩᠭᠦ ᠴᠤᠬᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠲᠤᠬᠳᠠᠭᠠᠯ ᠠᠴᠠ ᠵᠦᠷᠢᠴᠡᠵᠤ ᠰᠤᠷᠭᠠᠭᠤᠯᠢ ᠶᠢᠨ ᠬᠠᠨᠢᠳᠠᠳ ᠤᠨ ᠴᠤᠬᠯᠠᠭᠠᠨ᠂ ᠲᠠᠶᠢᠴᠢᠨ ᠨᠦᠬᠦᠳ ᠤᠨ ᠴᠤᠬᠯᠠᠭᠠᠨ ᠵᠡᠷᠭᠡ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠲᠤᠬᠳᠠᠭᠠᠯ ᠠᠴᠠ ᠵᠦᠷᠢᠴᠡᠵᠤ ᠵᠢᠷᠬᠢᠶ᠎ᠠ ᠶᠢᠨ ᠤᠯᠠᠭᠠᠨ ᠪᠠᠭᠯᠠᠭ᠎ᠠ᠂ ᠡᠯᠧᠺᠲ᠋ᠷᠤᠨ ᠪᠡᠯᠡᠭ᠂ ᠤᠷᠢᠳᠴᠢᠯᠠᠨ ᠲᠦᠯᠦᠪᠦᠷᠢᠯᠡᠭᠰᠡᠨ ᠺᠠᠷᠲ ᠬᠤᠷᠢᠶᠠᠵᠤ ᠬᠦᠷᠭᠡᠭᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠵᠤᠭᠤᠰ ᠮᠦᠷᠦ᠋ᠢᠴᠡᠭᠦ ᠠᠵᠢᠯᠯᠠᠭ᠎ᠠ ᠳᠤ ᠤᠷᠤᠯᠴᠠᠬᠤ ᠵᠡᠷᠭᠡ ᠲᠤᠬᠳᠠᠭᠠᠯ ᠠᠴᠠ ᠵᠦᠷᠢᠴᠡᠵᠤ ᠰᠠᠬᠢᠯᠭ᠎ᠠ ᠪᠠᠳᠤ ᠠᠴᠠ ᠵᠦᠷᠢᠴᠡᠭᠦ ᠠᠵᠢᠯᠯᠠᠭ᠎ᠠ ᠳᠤ ᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ ᠬᠡᠵᠤ ᠱᠠᠭᠠᠷᠳᠠᠪᠠ᠃
《ᠮᠡᠳᠡᠭᠳᠡᠯ》 ᠳᠤ᠂ ᠡᠯ᠎ᠠ ᠱᠠᠳᠤᠨ ᠤ ᠨᠠᠮ ᠤᠨ ᠬᠤᠷᠢᠶ᠎ᠠ (ᠨᠠᠮ ᠤᠨ ᠤᠳᠤᠷᠢᠳᠬᠤ ᠲᠤᠭᠤᠢᠢᠯᠠᠩ) ᠤᠬᠠᠮᠰᠠᠷ ᠠᠴᠠ ᠪᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠵᠤ᠂ ᠦᠷᠭᠡᠨ ᠤᠯᠠᠨ ᠨᠠᠮ ᠤᠨ ᠬᠡᠰᠢᠭᠦᠨ᠂ ᠺᠠᠳ᠋ᠷ ᠪᠤᠯᠤᠨ ᠠᠯᠪᠠᠨ ᠠᠵᠢᠯᠳᠠᠨ ᠤ ᠤᠬᠠᠮᠰᠠᠷ ᠠᠴᠠ ᠪᠠᠨ ᠲᠦᠪ ᠪᠤᠰᠤ ᠰᠤᠷᠳᠠᠯ ᠢ ᠡᠰᠡᠷᠭᠦᠴᠡᠨ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠦᠩᠭᠡᠷᠡᠭᠦᠯᠭᠦ ᠶᠢ ᠵᠢᠯᠤᠭᠤᠳᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷ᠂ ᠢᠯᠠᠩᠭᠤᠶ᠎ᠠ ᠭᠤᠤᠯ ᠤᠳᠤᠷᠢᠳᠤᠯᠭ᠎ᠠ ᠦᠪᠡᠷ ᠢ ᠪᠠᠨ ᠴᠢᠩᠭ᠎ᠠ ᠱᠠᠭᠠᠷᠳᠠᠨ ᠲᠦᠪ ᠪᠤᠰᠤ ᠰᠤᠷᠳᠠᠯ᠂ ᠭᠠᠵᠢᠭᠤ ᠪᠤᠷᠤᠭᠤ ᠰᠤᠷᠳᠡᠯ ᠢ ᠲᠦᠷᠦᠭᠦᠯᠡᠨ ᠡᠰᠡᠷᠭᠦᠴᠡᠵᠤ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠦᠩᠭᠡᠷᠡᠭᠦᠯᠭᠦ 《ᠲᠦᠷᠦᠭᠦᠴᠢ ᠭᠠᠯᠠᠭᠤ ᠶᠢᠨ ᠦᠢᠯᠡᠳᠦᠯ》 ᠢ ᠪᠠᠳᠠᠷᠠᠭᠤᠯᠬᠤ ᠬᠡᠷᠡᠭᠳᠡᠢ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠦᠳᠤᠮᠵᠢᠳᠠᠢ ᠠᠷᠭ᠎ᠠ ᠭᠡᠮᠵᠢᠶ᠎ᠠ ᠠᠪᠴᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠨᠠᠯᠳᠠ ᠲᠠᠯᠪᠢᠵᠤ ᠪᠠᠶᠢᠴᠠᠭᠠᠬᠤ᠂ ᠢᠯᠡ ᠪᠠᠷ ᠪᠠᠶᠢᠴᠠᠭᠠᠨ ᠨᠢᠭᠤᠴᠠ ᠪᠠᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠠ ᠵᠦᠢᠯ ᠤᠨ ᠬᠠᠤᠯᠢ ᠲᠤᠬᠳᠠᠭᠠᠯ ᠰᠠᠬᠢᠯᠭ᠎ᠠ ᠪᠠᠳᠤ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠳᠠᠯ ᠴᠢᠭᠡᠴᠢ ᠤᠪᠤᠷ ᠲᠦᠪ ᠪᠠᠶᠢᠬᠤ ᠶᠢ ᠪᠠᠳᠤᠯᠠᠬᠤ ᠬᠡᠷᠡᠭᠳᠡᠢ᠃ ᠡᠯ᠎ᠠ ᠲᠦᠷᠦᠯ ᠤᠨ ᠬᠢᠨᠠᠯᠳᠠ ᠲᠠᠯᠪᠢᠵᠤ ᠢᠯᠡᠴᠢᠯᠡᠨ ᠮᠡᠳᠡᠭᠦᠯᠭᠦ ᠠᠷᠭ᠎ᠠ ᠵᠠᠮ ᠢ ᠰᠢᠯᠤᠭᠤᠳᠬᠠᠵᠤ᠂ ᠰᠢᠨ᠎ᠠ ᠵᠠᠭᠤᠴᠢᠯᠠᠭᠤᠷ᠂ ᠰᠢᠨ᠎ᠠ ᠮᠡᠷᠭᠡᠵᠢᠯ ᠤᠨ ᠦᠢᠯᠡᠳᠦᠯ ᠢ ᠢᠳᠡᠪᠬᠢᠳᠡᠢ ᠪᠠᠳᠠᠷᠠᠭᠤᠯᠦᠨ᠂ ᠬᠢᠨᠠᠯᠳᠠ ᠲᠠᠯᠪᠢᠬᠤ ᠲᠤᠤᠷ ᠢ ᠪᠦᠷᠬᠦᠬᠦᠯᠬᠦ ᠬᠡᠷᠡᠭᠳᠡᠢ᠃ ᠰᠡᠷᠡᠮᠵᠢᠯᠡᠭᠦᠯᠵᠤ ᠠᠶᠤᠯᠭᠠᠨ ᠰᠦᠷᠳᠡᠭᠦᠯᠭᠦ ᠦᠢᠯᠡᠳᠦᠯ ᠢᠶᠠᠨ ᠪᠠᠳᠠᠷᠠᠭᠤᠯᠵᠤ᠂ ᠰᠠᠨᠠᠭ᠎ᠠ ᠪᠠᠨ ᠦᠯᠦ ᠬᠤᠷᠢᠶᠠᠬᠤ᠂ ᠭᠠᠷ ᠢᠶᠠᠨ ᠦᠯᠦ ᠲᠠᠳᠠᠬᠤ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠵᠤ᠂ ᠨᠡᠷ᠎ᠠ ᠲᠤᠷᠠᠳᠤᠨ ᠵᠠᠷᠯᠠᠨ ᠢᠯᠡᠴᠢᠯᠡᠭᠦ ᠬᠡᠷᠡᠭᠳᠡᠢ᠃ ᠬᠠᠷᠢᠭᠤᠴᠠᠯᠭ᠎ᠠ ᠨᠡᠭᠡᠮᠵᠢᠯᠡᠭᠦ ᠡᠷᠴᠢᠮ ᠢᠶᠠᠨ ᠴᠢᠩᠭᠠᠷᠠᠭᠤᠯᠵᠤ 《ᠲᠦᠷᠪᠡᠨ ᠰᠤᠷᠳᠠᠯ》 ᠢ ᠵᠠᠯᠠᠷᠠᠭᠤᠯᠬᠤ ᠲᠠᠯ᠎ᠠ ᠪᠠᠷ ᠬᠦᠷᠦᠯᠴᠡᠭᠦ ᠦᠭᠡᠢ᠂ ᠤᠷᠤᠰᠢᠵᠤ ᠪᠦᠬᠦᠢ ᠠᠰᠠᠭᠤᠳᠠᠯ ᠲᠤᠪᠤᠶᠢᠮ᠎ᠠ ᠪᠠᠶᠢᠬᠤ ᠭᠠᠵᠠᠷ ᠤᠷᠤᠨ ᠪᠤᠯᠤᠨ ᠨᠢᠭᠡᠴᠢ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ᠃ ᠬᠢᠨᠠᠯᠳᠠ ᠲᠠᠯᠪᠢᠬᠤ᠂ ᠰᠠᠬᠢᠯᠭ᠎ᠠ ᠪᠠᠳᠤ ᠶᠢ ᠬᠡᠷᠡᠭᠵᠢᠭᠦᠯᠭᠦ᠂ ᠬᠠᠷᠢᠭᠤᠴᠠᠯᠭ᠎ᠠ ᠲᠤᠯᠭᠠᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠬᠤ ᠪᠠᠷ ᠲᠡᠮᠵᠢᠨ ᠨᠠᠮ ᠤᠨ ᠰᠤᠷᠳᠠᠯ᠂ ᠵᠠᠰᠠᠭ ᠤᠨ ᠰᠤᠷᠳᠠᠯ ᠤᠨ ᠦᠷᠭᠦᠯᠵᠢᠯᠡᠨ ᠰᠠᠶᠢᠵᠢᠷᠠᠬᠤ ᠪᠠ ᠰᠤᠷᠳᠠᠯ ᠢ ᠬᠤᠪᠢᠷᠠᠭᠤᠯᠤᠨ ᠵᠠᠩᠰᠢᠯ ᠪᠤᠯᠭᠠᠬᠤ ᠰᠢᠨ᠎ᠠ ᠬᠠᠷᠠᠯᠳᠠ ᠶᠢ ᠪᠡᠶᠡᠯᠡᠭᠦᠯᠭᠦ ᠳᠤ ᠡᠷᠡᠰ ᠴᠢᠩᠭ᠎ᠠ ᠰᠠᠬᠢᠯᠭ᠎ᠠ ᠪᠠᠳᠤ ᠶᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠤ ᠱᠠᠭᠠᠷᠳᠠᠵᠠᠢ᠃
《ᠮᠡᠳᠡᠭᠳᠡᠯ》 ᠳᠤ ᠪᠠᠰᠠ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠳᠤ ᠢᠯᠡᠴᠢᠯᠡᠨ ᠮᠡᠳᠡᠬᠦᠯᠬᠦ ᠠᠷᠭ᠎ᠠ ᠵᠠᠮ ᠢ ᠲᠤᠤᠷᠠᠬᠢ ᠮᠡᠳᠤ ᠪᠠᠷ ᠮᠡᠳᠡᠭᠳᠡᠭᠰᠡᠨ ᠪᠠᠶᠢᠨ᠎ᠠ᠃