《ᠲᠦᠷᠪᠡᠨ ᠰᠤᠷᠳᠠᠯ》 ᠢ ᠵᠠᠯᠠᠷᠠᠭᠤᠯᠬᠤ ᠶᠢ ᠵᠤᠭᠰᠤᠭᠠᠵᠥ ᠪᠤᠯᠬᠤ ᠦᠭᠡᠢ ᠰᠤᠷᠳᠠᠯ ᠤᠨ ᠪᠠᠶᠢᠭᠤᠯᠤᠯᠳᠠ ᠬᠡᠵᠢᠶᠡᠳᠡ ᠲᠠᠭᠤᠰᠤᠰᠢ ᠦᠭᠡᠢ
ᠤᠢᠢᠷ᠎ᠠ ᠶᠢᠨ ᠡᠳᠤᠷ᠂ ᠶᠡᠷᠤᠩᠬᠡᠢ ᠱᠦᠵᠢ ᠰᠢ ᠶᠢᠨ ᠫᠢᠩ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠢ ᠪᠠᠶᠢᠴᠠᠭᠠᠨ ᠢᠯᠡᠷᠡᠬᠦᠯᠵᠤ ᠵᠠᠯᠠᠷᠠᠭᠤᠯᠬᠤ ᠲᠤᠬᠠᠢ ᠴᠢᠬᠤᠯᠠ ᠵᠢᠭᠠᠪᠤᠷᠢ ᠦᠭᠴᠦ᠂ 《<ᠲᠦᠷᠪᠡᠨ ᠰᠤᠷᠳᠠᠯ> ᠢ ᠵᠠᠯᠠᠷᠠᠭᠤᠯᠬᠤ ᠶᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠶᠢᠭᠤᠯᠤᠯᠳᠠ ᠬᠡᠵᠢᠶᠡᠳᠡ ᠲᠠᠭᠤᠰᠤᠰᠢ ᠦᠭᠡᠢ ᠶᠤᠮ》 ᠬᠡᠵᠥ ᠴᠢᠬᠤᠯᠠᠴᠢᠯᠠᠵᠤ᠂ ᠪᠦᠬᠦ ᠨᠠᠮ ᠳᠤ — ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠥ᠂ ᠴᠦᠬᠦᠷᠡᠰᠢ ᠦᠭᠡᠢ ᠪᠠᠷ ᠰᠤᠷᠳᠠᠯ ᠢ ᠬᠠᠯᠠᠨ ᠰᠠᠶᠢᠵᠢᠷᠠᠭᠤᠯᠬᠤ ᠬᠡᠷᠡᠭᠳᠡᠢ ᠬᠡᠰᠡᠡ ᠴᠢᠩᠭ᠎ᠠ ᠲᠤᠬᠢᠶ᠎ᠠ ᠦᠭᠬᠦᠭᠰᠡᠡ ᠪᠠᠶᠢᠨ᠎ᠠ᠃ ᠤᠢᠢᠷ᠎ᠠ ᠶᠢᠨ ᠡᠳᠤᠷ᠂ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠥ᠂ ᠰᠤᠷᠳᠠᠯ ᠤᠨ ᠪᠠᠶᠢᠭᠤᠯᠤᠯᠳᠠ ᠶᠢ ᠤᠯᠠᠮ ᠴᠢᠨᠠᠭᠰᠢᠳᠠ ᠠᠬᠢᠭᠤᠯᠬᠤ ᠲᠤᠬᠠᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠢ ᠰᠤᠷᠪᠤᠯᠵᠢᠯᠠᠪᠠ᠃
ᠠᠰᠠᠭᠤᠯᠳᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠪᠦᠬᠦ ᠨᠠᠮ ᠲᠠᠶᠠᠭᠠᠷ ᠢᠶᠠᠨ ᠰᠤᠷᠳᠠᠯ ᠤᠨ ᠪᠠᠶᠢᠭᠤᠯᠤᠯᠳᠠ ᠶᠢ ᠠᠬᠢᠭᠤᠯᠵᠥ᠂ 《ᠲᠦᠷᠪᠡᠨ ᠰᠤᠷᠳᠠᠯ》 ᠢ ᠶᠡᠬᠡᠪᠡᠷ ᠵᠠᠯᠠᠷᠠᠭᠤᠯᠤᠭᠰᠠᠠ ᠠᠷᠭ᠎ᠠ ᠬᠢᠳᠡᠯ ᠪᠠ ᠦᠷ᠎ᠡ ᠪᠦᠳᠦᠮᠵᠢ ᠵᠢᠴᠢ ᠦᠷᠭᠦᠯᠵᠢᠯᠡᠨ ᠰᠢᠢᠳᠪᠤᠷᠢᠯᠡᠬᠦ ᠴᠢᠬᠤᠯᠠᠳᠠᠢ ᠪᠠᠶᠢᠭ᠎ᠠ ᠲᠤᠪᠤᠶᠢᠮ᠎ᠠ ᠠᠰᠠᠭᠤᠳᠠᠯ ᠢ ᠲᠦᠬᠦᠮ ᠲᠠᠨᠢᠯᠴᠠᠭᠤᠯᠤᠭᠠᠳ ᠦᠭᠬᠦᠨᠤ︖
ᠬᠠᠷᠢᠭᠤᠯᠳᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠶᠤᠰᠤ ᠲᠦᠷᠢᠮ ᠲᠤᠭᠳᠠᠭᠠᠭᠰᠠᠨ ᠠᠴᠠ ᠡᠬᠢᠯᠡᠵᠥ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠰᠢᠪᠲᠤᠯᠤᠯᠲᠠ ᠪᠤᠯᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ ᠠ ᠳᠡᠭᠡᠳᠦ ᠱᠠᠳᠤ ᠨᠢ ᠳᠤᠤᠷᠠᠳᠦ ᠱᠠᠳᠤ ᠪᠠᠨ ᠲᠠᠭᠠᠭᠤᠯᠬᠤ᠂ ᠪᠡᠶ᠎ᠡ ᠪᠠᠷ ᠢᠶᠠᠨ ᠬᠡᠪ ᠲᠦᠷᠢᠮ ᠪᠤᠯᠬᠤ᠂ ᠪᠡᠶ᠎ᠡ ᠪᠠᠷ ᠢᠶᠠᠨ ᠬᠡᠷᠡᠭᠵᠢᠬᠦᠯᠬᠦ ᠶᠢ ᠪᠠᠷᠢᠮᠳᠠᠯᠠᠪᠠ᠂ ᠪᠦᠬᠦ ᠨᠠᠮ ᠤᠨ ᠡᠯ᠎ᠡ ᠱᠠᠳᠤᠨ ᠤ ᠤᠳᠤᠷᠢᠳᠬᠤ ᠺᠠᠳ᠋ᠷ ᠤᠬᠠᠮᠰᠠᠷ ᠠᠴᠠ ᠪᠠᠨ ᠨᠠᠮ ᠤᠨ ᠲᠦᠪ ᠬᠤᠷᠢᠶ᠎ᠠ ᠪᠤᠯᠤᠨ ᠶᠡᠷᠤᠩᠬᠡᠢ ᠱᠦᠵᠢ ᠰᠢ ᠶᠢᠨ ᠫᠢᠩ ᠲᠠᠢ ᠨᠢᠬᠡᠳᠤᠯᠳᠡᠢ ᠪᠠᠶᠢᠬᠤ ᠶᠢᠨ ᠬᠠᠮᠳᠤ ᠬᠠᠷᠢᠴᠠᠭᠤᠯᠤᠯ ᠪᠤᠯᠭᠠᠵᠤ᠂ ᠨᠢᠬᠡ ᠱᠠᠳᠤ ᠨᠢ ᠨᠢᠬᠡ ᠱᠠᠳᠤ ᠳᠠᠭᠠᠨ ᠬᠢᠵᠥ ᠦᠵᠡᠬᠦᠯᠵᠥ᠂ ᠨᠢᠬᠡ ᠱᠠᠳᠤ ᠨᠢ ᠨᠢᠬᠡ ᠨᠢᠬᠡ ᠱᠠᠳᠤ ᠪᠠᠨ ᠲᠠᠭᠠᠭᠤᠯᠤᠨ ᠠᠵᠢᠯᠯᠠᠪᠠ︔ ᠪᠤᠳᠠᠳᠠᠢ ᠠᠰᠠᠭᠤᠳᠠᠯ ᠠᠴᠠ ᠭᠠᠷᠳᠠᠬᠤ ᠶᠢ ᠪᠠᠷᠢᠮᠳᠠᠯᠠᠵᠥ᠂ 《ᠢᠳᠡᠵᠥ ᠤᠤᠭᠤᠵᠥ ᠪᠦᠷᠢᠯᠬᠡᠬᠦ》᠂ 《ᠬᠤᠷᠡᠯ ᠤᠨ ᠭᠠᠵᠠᠷ ᠲᠠᠬᠢ ᠭᠠᠵᠢᠭᠤ ᠰᠤᠷᠳᠠᠯ》᠂ 《ᠲᠡᠷᠭᠡᠨ ᠬᠦᠰᠬᠡ ᠶᠢᠨ ᠪᠦᠷᠢᠯᠬᠡᠯ》᠂ 《ᠪᠠᠶᠠᠷ ᠤᠨ ᠡᠳᠤᠷ ᠤᠨ ᠢᠯᠵᠢᠷᠡᠯ》 ᠢᠶᠠᠷ ᠭᠤᠤᠯᠲᠠᠭᠤᠯᠤᠨ᠂ ᠨᠢᠭᠤᠭᠲᠠᠮᠠᠯ ᠴᠢᠨᠠᠷᠲᠠᠢ ᠲᠠᠯᠲᠠ ᠴᠢᠨᠠᠷᠲᠠᠢ ᠪᠤᠯᠵᠤ ᠬᠤᠪᠢᠷᠠᠭᠰᠠᠠ ᠰᠢᠨ᠎ᠡ ᠢᠯᠡᠷᠡᠯ ᠢ ᠬᠦᠨᠵᠡᠬᠡᠢ ᠵᠠᠰᠠᠪᠠ︔ ᠬᠢᠨᠠᠯᠳᠠ ᠲᠠᠯᠪᠢᠨ ᠪᠠᠶᠢᠴᠠᠭᠠᠬᠤ ᠶᠢ ᠴᠢᠩᠭᠠᠳᠬᠠᠵᠥ᠂ ᠡᠳᠤᠷ ᠲᠤᠳᠤᠮ ᠠᠳᠬᠤᠵᠥ᠂ ᠪᠠᠶᠢᠩᠭᠤ ᠠᠳᠬᠤᠵᠥ᠂ ᠵᠠᠩᠬᠢᠯᠠᠭ᠎ᠠ ᠶᠢᠨ ᠭᠤᠭᠴᠤᠭ᠎ᠠ ᠶᠢ ᠴᠢᠩᠭ᠎ᠠ ᠬᠢᠨᠠᠵᠤ᠂ ᠤᠯᠠᠨ ᠲᠦᠮᠡᠨ ᠤ ᠬᠢᠨᠠᠯᠳᠠ ᠲᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠪᠠ︔ ᠰᠠᠬᠢᠯᠭ᠎ᠠ ᠪᠠᠳᠤ ᠬᠡᠷᠡᠭᠵᠢᠬᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠠᠨᠠᠭ᠎ᠠ ᠪᠠᠨ ᠬᠤᠷᠢᠶᠠᠬᠤ ᠦᠭᠡᠢ᠂ ᠭᠠᠷ ᠢᠶᠠᠨ ᠲᠠᠳᠠᠬᠤ ᠦᠭᠡᠢ ᠬᠦᠮᠥᠰ ᠢ ᠪᠦᠷ ᠴᠢᠩᠭ᠎ᠠ ᠪᠠᠶᠢᠴᠠᠭᠠᠨ ᠰᠢᠳᠬᠡᠵᠥ᠂ ᠲᠡᠷᠡᠴᠢᠯᠡᠨ ᠶᠠᠪᠤᠬᠤ ᠲᠤᠲᠤᠮ ᠰᠠᠬᠢᠯᠭ᠎ᠠ ᠪᠠᠳᠤ ᠶᠢ ᠤᠯᠠᠮ ᠴᠢᠩᠭ᠎ᠠ ᠬᠡᠷᠡᠭᠵᠢᠬᠦᠯᠵᠥ᠂ ᠬᠠᠷᠢᠭᠤᠴᠠᠯᠭ᠎ᠠ ᠨᠡᠬᠡᠮᠵᠢᠯᠡᠬᠦ ᠪᠠᠷ ᠬᠤᠷᠴᠡ ᠵᠡᠪᠰᠡᠭ ᠪᠤᠯᠭᠠᠵᠥ᠂ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠳᠠ ᠲᠠᠯᠪᠢᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ︔ ᠦᠩᠬᠡᠨ ᠲᠠᠯ᠎ᠠ ᠪᠡ ᠦᠨᠳᠦᠰᠦ ᠠᠴᠠ ᠨᠢ ᠵᠠᠰᠠᠬᠤ ᠶᠢ ᠪᠠᠷᠢᠮᠳᠠᠯᠠᠵᠥ᠂ ᠲᠦᠷᠢᠮ ᠢ ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠲᠦᠪ ᠪᠤᠰᠤ ᠰᠤᠷᠳᠠᠯ ᠢ ᠰᠡᠷᠬᠡᠶᠢᠯᠡᠬᠦ ᠲᠦᠷᠢᠮ ᠤᠨ ᠰᠢᠩᠬᠡᠯᠢᠭ ᠢ ᠪᠠᠬᠢᠯᠡᠪᠡ᠃ 5 ᠵᠢᠯ ᠤᠨ ᠴᠦᠬᠦᠷᠡᠰᠢ ᠦᠭᠡᠢ ᠴᠢᠷᠮᠡᠶᠢᠯᠭ᠎ᠠ ᠪᠠᠷ ᠲᠠᠮᠵᠢᠨ᠂ ᠦᠩᠬᠡᠨ ᠲᠠᠯ᠎ᠠ ᠶᠢᠨ ᠱᠠᠯᠢᠨ ᠪᠦᠷᠢᠯᠬᠡᠵᠥ ᠵᠢᠷᠭᠠᠨ ᠴᠡᠩᠬᠡᠬᠦ ᠰᠤᠷᠳᠠᠯ ᠢ ᠦᠨᠳᠦᠰᠦᠨ ᠳᠡᠭᠡᠨ ᠬᠤᠷᠢᠬᠯᠠᠵᠥ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠳᠦᠮᠵᠢᠳᠡᠢ ᠬᠤᠷᠢᠬᠯᠠᠵᠥ᠂ ᠲᠦᠪ ᠪᠤᠰᠤ ᠰᠤᠷᠳᠠᠯ ᠤᠨ ᠢᠨᠧᠷᠼᠢ ᠶᠢ ᠬᠤᠪᠢᠷᠠᠭᠤᠯᠤᠭᠰᠠᠠ ᠪᠠᠶᠢᠨ᠎ᠠ᠃ ᠮᠠᠨ ᠤ ᠨᠠᠮ ᠪᠤᠳᠠᠳᠤ ᠠᠵᠢᠯᠯᠠᠭ᠎ᠠ ᠪᠠᠷ ᠢᠶᠠᠨ ᠲᠦᠪ ᠴᠢᠩᠭ᠎ᠠ ᠠᠮᠠᠯᠠᠯᠳᠠ ᠪᠠᠨ ᠭᠦᠢᠴᠡᠳᠭᠡᠵᠤ᠂ ᠨᠠᠮ ᠤᠨ ᠰᠡᠳᠬᠢᠯ ᠠᠷᠠᠳ ᠤᠨ ᠰᠡᠳᠬᠢᠯ ᠢ ᠤᠯᠵᠥ᠂ ᠦᠩᠬᠡᠷᠡᠭᠰᠡᠡ ᠳᠤ ᠬᠤᠷᠢᠬᠯᠠᠵᠤ ᠳᠡᠶᠢᠯᠦᠰᠢ ᠦᠭᠡᠢ ᠬᠡᠮᠡᠭᠳᠡᠭᠰᠡᠨ ᠵᠠᠷᠢᠮ ᠭᠠᠵᠢᠭᠤ ᠰᠤᠷᠳᠠᠯ ᠢ ᠬᠤᠷᠢᠬᠯᠠᠵᠥ᠂ ᠦᠩᠬᠡᠷᠡᠭᠰᠡᠡ ᠳᠤ ᠦᠵᠡᠭᠰᠡᠭᠡᠷ ᠪᠠᠶᠢᠭᠠᠳ ᠲᠠᠳᠴᠢᠬᠠᠭᠰᠠᠠ ᠵᠠᠷᠢᠮ ᠬᠡᠮ ᠠᠷᠬᠠᠭ ᠢ ᠵᠠᠰᠠᠵᠥ᠂ ᠰᠤᠷᠳᠠᠯ ᠤᠨ ᠪᠠᠶᠢᠭᠤᠯᠤᠯᠳᠠ ᠶᠢ ᠨᠠᠮ ᠤᠨ ᠪᠠᠶᠢᠭᠤᠯᠤᠯᠳᠠ ᠶᠢᠨ ᠬᠢᠯᠠᠯᠵᠠᠮ᠎ᠠ ᠰᠠᠶᠢᠬᠠᠨ ᠨᠡᠷ ᠡ ᠶᠢᠨ ᠬᠠᠭᠤᠳᠠᠰᠤ ᠪᠤᠯᠭᠠᠭᠰᠠᠠ ᠪᠦᠭᠡᠳ ᠨᠡᠶᠢᠬᠡᠮ ᠤᠨ ᠰᠤᠷᠳᠠᠯ ᠤᠨ ᠨᠡᠶᠢᠲᠡᠮ ᠢᠶᠠᠷ ᠢᠶᠠᠨ ᠰᠠᠢᠵᠢᠷᠠᠬᠤ ᠶᠢ ᠲᠠᠶᠢᠴᠢᠯᠠᠪᠠ᠃ ᠨᠠᠢᠮᠠᠨ ᠲᠤᠭᠳᠠᠭᠠᠯ ᠲᠤᠮᠳᠠᠳᠤ ᠤᠯᠤᠰ ᠢ ᠬᠤᠪᠢᠷᠠᠭᠤᠯᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠡᠤᠬᠡᠨ ᠶᠠᠪᠤᠴᠠ ᠳᠤ ᠬᠢᠯᠠᠯᠵᠠᠮ᠎ᠠ ᠬᠠᠭᠤᠳᠠᠰᠤ ᠶᠢ ᠪᠢᠴᠢᠭᠯᠡᠭᠰᠡᠡ ᠪᠠᠶᠢᠨ᠎ᠠ᠃
ᠰᠤᠷᠳᠠᠯ ᠤᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ᠃ ᠨᠠᠮ ᠤᠨ ᠳᠤᠳᠤᠭᠠᠳᠦ ᠶᠢᠨ ᠴᠢᠭᠡᠴᠢ ᠪᠤᠰᠤ ᠰᠤᠷᠳᠠᠯ ᠤᠨ ᠠᠰᠠᠭᠤᠳᠠᠯ ᠢ ᠲᠦᠢᠯᠪᠤᠷᠢᠳᠠᠢ ᠰᠢᠢᠳᠪᠦᠷᠢᠯᠡᠭᠡᠳᠦᠢ᠂ 《ᠢᠯᠵᠢᠷᠡᠬᠤ ᠶᠢ ᠪᠤᠳᠤᠬᠤ ᠦᠭᠡᠢ》 ᠦᠵᠡᠯ ᠰᠠᠨᠠᠭᠠᠨ ᠤ ᠰᠠᠭᠤᠷᠢ ᠮᠦᠨᠬᠦ ᠪᠠᠳᠤ ᠪᠠᠬᠢ ᠪᠢᠰᠢ︔ ᠳᠠᠷᠤᠯᠳᠠ ᠶᠢᠨ ᠬᠦᠴᠦ ᠶᠢ ᠳᠠᠮᠵᠢᠭᠤᠯᠬᠤ ᠳᠠᠭᠠᠨ ᠱᠠᠳᠤ ᠱᠠᠳᠤ ᠪᠠᠷ ᠰᠤᠯᠠᠷᠠᠵᠤ᠂ ᠳᠡᠭᠡᠷ᠎ᠠ ᠪᠠᠨ ᠬᠠᠯᠠᠭᠤᠨ ᠳᠤᠮᠳᠠ ᠨᠢ ᠪᠦᠯᠢᠶᠡᠨ ᠳᠤᠤᠷ᠎ᠠ ᠨᠢ ᠬᠦᠢᠳᠡᠨ ᠪᠠᠶᠢᠵᠤ᠂ ᠤᠰᠤᠨ ᠤᠷᠤᠰᠬᠠᠯ ᠡᠴᠦᠰ ᠲᠡᠭᠡᠨ ᠲᠤᠯᠳᠠᠯ᠎ᠠ ᠤᠷᠤᠰᠴᠤ ᠳᠡᠶᠢᠯᠬᠦ ᠦᠭᠡᠢ ᠪᠠᠶᠢᠬᠤ ᠪᠠᠶᠢᠳᠠᠯ ᠮᠦᠨᠬᠦ ᠤᠷᠤᠰᠢᠵᠤ ᠪᠠᠶᠢᠬᠤ︔ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ ᠪᠠᠶᠢᠳᠠᠯ ᠮᠦᠨᠬᠦ ᠤᠷᠤᠰᠢᠵᠤ᠂ 《ᠳᠦᠷᠪᠡᠨ ᠰᠤᠷᠳᠠᠯ》 ᠤᠨ ᠠᠰᠠᠭᠤᠳᠠᠯ ᠳᠠᠯᠳᠠ ᠴᠢᠨᠠᠷᠲᠠᠢ ᠪᠤᠯᠵᠤ ᠬᠡᠯᠪᠡᠷᠢ ᠬᠤᠪᠢᠷᠠᠵᠤ ᠪᠠᠶᠢᠬᠤ︔ ᠬᠡᠯᠪᠡᠷᠢᠴᠢ ᠦᠵᠡᠯ ᠪᠤᠯᠤᠨ ᠨᠤᠶᠠᠨᠴᠢ ᠰᠤᠷᠳᠠᠯ ᠤᠨ ᠠᠰᠠᠭᠤᠳᠠᠯ ᠮᠦᠨᠬᠦ ᠳᠤᠪᠤᠶᠢᠮ᠎ᠠ ᠪᠠᠶᠢᠵᠤ᠂ ᠬᠦᠴᠦ ᠤᠷᠤᠭᠤᠯᠵᠤ ᠴᠡᠭᠴᠡᠯᠡᠨ ᠵᠠᠰᠠᠬᠤ ᠴᠢᠬᠤᠯᠠᠲᠠᠢ ᠪᠠᠶᠢᠬᠤ︔ ᠵᠠᠷᠢᠮ ᠳᠦᠷᠢᠮ ᠳᠤ ᠵᠠᠰᠠᠪᠤᠷᠢ ᠤᠷᠤᠭᠤᠯᠬᠤ ᠪᠠ ᠲᠡᠭᠦᠯᠳᠡᠷᠵᠢᠭᠦᠯᠬᠦ ᠨᠢ ᠴᠠᠭ ᠲᠤᠬᠠᠢ ᠳᠤᠨᠢ ᠪᠢᠰᠢ ᠪᠠᠶᠢᠵᠤ᠂ ᠬᠠᠨᠳᠤᠯᠭᠠᠲᠦ ᠴᠢᠨᠠᠷ ᠪᠠ ᠬᠡᠷᠡᠭᠵᠢᠭᠦᠯᠵᠤ ᠪᠤᠯᠬᠤᠢᠢᠴᠠ ᠴᠢᠨᠠᠷ ᠢᠶᠠᠷ ᠳᠤᠳᠠᠮᠠᠭ᠂ ᠭᠦᠢᠴᠡᠳᠭᠡᠵᠦ ᠪᠠᠶᠢᠬᠤ ᠨᠢ ᠭᠦᠢᠴᠡᠳ ᠪᠢᠰᠢ ᠵᠡᠷᠭᠡ ᠠᠰᠠᠭᠤᠳᠠᠯ ᠢ ᠪᠢᠳᠡ ᠳᠤᠳᠤᠷᠬᠠᠢ ᠤᠯᠵᠤ ᠲᠠᠨᠢᠵᠠᠢ᠃ ᠡᠳᠡᠭᠡᠷ ᠠᠰᠠᠭᠤᠳᠠᠯ ᠨᠢ ᠰᠤᠷᠳᠠᠯ ᠤᠨ ᠪᠠᠶᠢᠭᠤᠯᠤᠯᠲᠠ ᠮᠦᠨᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ ᠭᠡᠳᠡᠭ ᠢ ᠬᠠᠷᠠᠭᠤᠯᠵᠤ ᠪᠠᠶᠢᠨ᠎ᠠ᠃
ᠠᠰᠠᠭᠤᠯᠳᠠ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠲᠡᠭᠦᠰᠦᠭᠰᠡᠨ ᠤ ᠳᠠᠷᠠᠭᠠᠬᠠᠨ᠂ 《ᠳᠦᠷᠪᠡᠨ ᠰᠤᠷᠳᠠᠯ》 ᠤᠨ ᠠᠰᠠᠭᠤᠳᠠᠯ ᠢ ᠵᠠᠯᠠᠷᠠᠭᠤᠯᠬᠤ ᠲᠤᠬᠠᠢ ᠲᠤᠰᠬᠠᠢᠢᠯᠠᠨ ᠴᠢᠬᠤᠯᠠ ᠵᠢᠭᠠᠪᠤᠷᠢ ᠦᠭᠭᠦᠭᠰᠡᠡ ᠨᠢ ᠶᠠᠮᠠᠷ ᠭᠦᠨ ᠤᠳᠬ᠎ᠠ ᠰᠠᠨᠠᠭ᠎ᠠ ᠲᠠᠢ ᠪᠤᠢ︖ ᠰᠢᠨ᠎ᠠ ᠭᠠᠷᠤᠭ᠎ᠠ ᠠᠴᠠ ᠰᠤᠷᠳᠠᠯ ᠤᠨ ᠪᠠᠶᠢᠭᠤᠯᠤᠯᠲᠠ ᠶᠢ ᠠᠬᠢᠭᠤᠯᠬᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠬᠦᠯᠬᠦ ᠳᠤ ᠶᠠᠮᠠᠷᠬᠠᠨ ᠠᠴᠢ ᠬᠤᠯᠪᠤᠭᠳᠠᠯ ᠲᠠᠢ ᠪᠤᠢ︖
ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠤᠷᠳᠠᠯ ᠤᠨ ᠪᠠᠶᠢᠭᠤᠯᠤᠯᠲᠠ ᠳᠤ ᠰᠢᠨ᠎ᠠ ᠪᠠᠶᠢᠷᠢᠯᠠᠭᠤᠯᠤᠯᠲᠠ ᠬᠢᠵᠡᠢ᠂ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠠᠩᠬᠠᠳᠤᠭᠠᠷ ᠬᠤᠷᠠᠯ ᠳᠤ ᠳᠠᠷᠤᠢ 《ᠳᠤᠮᠳᠠᠳᠤ ᠤᠯᠤᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠲᠦᠪ ᠤᠨ ᠨᠠᠢᠮᠠᠨ ᠲᠤᠭᠳᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠨᠠᠷᠢᠨ ᠳᠦᠷᠢᠮ》 ᠢ ᠬᠢᠨᠡᠨ ᠵᠦᠪᠯᠡᠵᠤ ᠪᠠᠲᠤᠯᠠᠪᠠ᠂ ᠲᠦᠷᠦᠭᠦᠬᠡᠨ ᠶᠡᠷᠦᠩᠬᠡᠢ ᠱᠦᠵᠢ ᠰᠢ ᠶᠢᠨ ᠫᠢᠩ 《ᠳᠦᠷᠪᠡᠨ ᠰᠤᠷᠳᠠᠯ》 ᠤᠨ ᠠᠰᠠᠭᠤᠳᠠᠯ ᠢ ᠵᠠᠯᠠᠷᠠᠭᠤᠯᠬᠤ ᠲᠤᠬᠠᠢ ᠳᠠᠬᠢᠨᠳᠠ ᠴᠢᠬᠤᠯᠠ ᠵᠢᠭᠠᠪᠤᠷᠢ ᠭᠠᠷᠭᠠᠪᠠ᠂ ᠡᠳᠡᠭᠡᠷ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠠᠷᠠᠭ᠎ᠠ ᠰᠤᠷᠳᠠᠯ ᠢ ᠴᠡᠭᠴᠡᠯᠡᠵᠦ ᠰᠠᠬᠢᠯᠭ᠎ᠠ ᠪᠠᠲᠦ ᠶᠢ ᠴᠢᠩᠳᠠᠯᠠᠬᠤ ᠶᠢ ᠴᠦᠬᠦᠷᠡᠰᠢ ᠦᠭᠡᠢ ᠪᠠᠷᠢᠮᠲᠠᠯᠠᠬᠤ ᠢᠳᠡᠭᠡᠯ ᠵᠤᠷᠢᠭ ᠢ ᠭᠦᠢᠴᠡᠳ ᠢᠯᠡᠷᠡᠭᠦᠯᠵᠤ᠂ ᠪᠦᠬᠦ ᠨᠠᠮ ᠤᠨ ᠬᠢᠨ ᠢ ᠦᠷᠭᠦᠯᠵᠢᠯᠡᠨ ᠬᠦᠴᠦᠷᠬᠡᠭ ᠶᠡᠭᠡ ᠤᠯᠤᠰ ᠲᠦᠷᠦ ᠶᠢᠨ ᠲᠤᠭᠳᠠᠯ ᠬᠦᠴᠦᠨ ᠪᠤᠯᠤᠨ ᠪᠠᠶᠢᠯᠳᠤᠬᠤ ᠪᠤᠳᠤᠯᠭ᠎ᠠ ᠶᠢᠨ ᠲᠤᠭᠳᠠᠯ ᠬᠦᠴᠦᠨ ᠢ ᠪᠠᠷᠢᠮᠳᠠᠯᠠᠬᠤ ᠶᠢ ᠱᠠᠭᠠᠷᠳᠠᠵᠤ᠂ 《ᠳᠦᠷᠪᠡᠨ ᠰᠤᠷᠳᠠᠯ》 ᠢ ᠵᠠᠰᠠᠨ ᠵᠠᠯᠠᠷᠠᠭᠤᠯᠬᠤ᠂ ᠠᠵᠢᠯ ᠤᠨ ᠰᠤᠷᠳᠠᠯ ᠢ ᠬᠠᠯᠠᠨ ᠰᠠᠶᠢᠵᠢᠷᠠᠭᠤᠯᠬᠤ ᠪᠤᠯ ᠲᠠᠰᠤᠯᠳᠠᠭᠤᠯᠵᠤ ᠪᠤᠯᠬᠤ ᠦᠭᠡᠢ᠂ ᠲᠡᠭᠦᠰᠬᠦ ᠴᠡᠭ ᠭᠡᠵᠦ ᠦᠭᠡᠢ ᠶᠤᠮ ᠭᠡᠳᠡᠭ ᠢ ᠬᠠᠷᠠᠭᠤᠯᠵᠠᠢ᠃
ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯ ᠰᠢᠨ᠎ᠠ ᠭᠠᠷᠤᠭ᠎ᠠ ᠳᠡᠭᠡᠷ᠎ᠠ ᠠᠴᠠ ᠳᠠᠬᠢᠨᠳᠠ ᠪᠠᠶᠢᠷᠢᠯᠠᠭᠤᠯᠵᠤ᠂ ᠠᠶᠠᠨ ᠢᠶᠠᠨ ᠳᠠᠬᠢᠨᠳᠠ ᠡᠬᠢᠯᠡᠭᠦᠯᠦᠭᠰᠡᠨ ᠶᠠᠪᠤᠳᠠᠯ ᠪᠤᠯᠤᠨ᠎ᠠ᠂ ᠰᠤᠷᠳᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠠᠶᠢᠴᠢᠯᠠᠯᠲᠠ ᠶᠢᠨ ᠵᠠᠷᠯᠢᠭ ᠪᠤᠯᠤᠨ᠎ᠠ᠂ ᠪᠠᠰᠠᠴᠤ ᠮᠠᠨ ᠤ ᠬᠤᠶᠢᠰᠢᠳᠠ ᠶᠢᠨ ᠬᠡᠰᠡᠭ ᠬᠤᠭᠤᠴᠠᠭᠠᠨ ᠳᠤ 《ᠳᠦᠷᠪᠡᠨ ᠰᠤᠷᠳᠠᠯ》 ᠢ ᠵᠠᠯᠠᠷᠠᠭᠤᠯᠬᠤ ᠶᠢ ᠰᠤᠯᠠᠷᠠᠰᠢ ᠦᠭᠡᠢ ᠠᠳᠬᠤᠬᠤ ᠴᠢᠬᠤᠯᠠ ᠵᠢᠷᠤᠮᠯᠠᠯ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠤᠢᠢᠯᠠᠭᠠᠵᠤ᠂ ᠤᠯᠤᠰ ᠲᠦᠷᠦ ᠶᠢᠨ ᠵᠤᠭᠰᠤᠴᠠ ᠪᠠ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠤ᠂ ᠬᠢᠯᠪᠠᠷ ᠪᠤᠰᠤ ᠪᠠᠷ ᠤᠯᠤᠭᠰᠠᠨ ᠰᠤᠷᠳᠠᠯ ᠤᠨ ᠪᠠᠶᠢᠭᠤᠯᠤᠯᠲᠠ ᠶᠢᠨ ᠦᠷ᠎ᠠ ᠪᠦᠲᠦᠭᠡᠯ ᠢᠶᠠᠨ ᠡᠷᠡᠰ ᠬᠠᠮᠠᠭᠠᠯᠠᠵᠤ᠂ ᠦᠴᠦᠬᠡᠨ ᠴᠤ ᠰᠤᠯᠠᠷᠠᠭᠤᠯᠵᠤ ᠪᠤᠯᠬᠤ ᠦᠭᠡᠢ᠂ ᠬᠠᠭᠠᠰ ᠠᠯᠬᠤᠮ ᠴᠤ ᠤᠬᠤᠷᠢᠵᠤ ᠪᠤᠯᠬᠤ ᠦᠭᠡᠢ᠂ ᠵᠢᠷᠭᠠᠨ ᠴᠡᠩᠭᠡᠬᠦ ᠦᠵᠡᠯ ᠪᠤᠯᠤᠨ ᠱᠠᠯᠢᠨ ᠪᠦᠷᠢᠯᠭᠡᠬᠦ ᠰᠤᠷᠳᠠᠯ ᠤᠨ ᠳᠠᠬᠢᠨ ᠰᠠᠮᠠᠭᠤᠷᠠᠬᠤ ᠶᠢ ᠡᠷᠡᠰ ᠬᠤᠷᠢᠬᠯᠠᠵᠤ᠂ ᠤᠨᠴᠠ ᠡᠷᠬᠡ ᠶᠢᠨ ᠦᠵᠡᠯ ᠰᠠᠨᠠᠭ᠎ᠠ ᠪᠤᠯᠤᠨ ᠤᠨᠴᠠ ᠡᠷᠬᠡ ᠶᠢᠨ ᠦᠵᠡᠭᠳᠡᠯ ᠳᠡᠯᠭᠡᠷᠡᠬᠦ ᠶᠢ ᠡᠷᠡᠰ ᠬᠤᠷᠢᠬᠯᠠᠬᠤ ᠬᠡᠷᠡᠭᠲᠡᠢ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠴᠢᠩᠭᠠᠯᠠᠭᠰᠠᠠ ᠲᠡᠭᠡᠷ᠎ᠡ ᠨᠢ ᠴᠢᠩᠭᠠᠯᠠᠵᠤ᠂ ᠵᠠᠩᠬᠢᠯᠠᠭ᠎ᠠ ᠶᠢᠨ ᠭᠤᠭᠴᠤᠭ᠎ᠠ ᠶᠢ ᠨᠢᠭᠡᠳ ᠨᠢᠭᠡ ᠪᠠᠷ ᠰᠠᠬᠢᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠤ᠂ ᠰᠤᠯᠠᠷᠠᠰᠢ ᠦᠭᠡᠢ᠂ ᠵᠤᠭᠰᠤᠰᠢ ᠦᠭᠡᠢ ᠪᠠᠷ ᠠᠶᠠᠨ ᠢᠶᠠᠨ ᠳᠠᠬᠢᠨᠳᠠ ᠡᠬᠢᠯᠡᠭᠦᠯᠵᠤ᠂ ᠰᠤᠷᠳᠠᠯ ᠤᠨ ᠪᠠᠶᠢᠭᠤᠯᠤᠯᠲᠠ ᠶᠢᠨ ᠬᠦᠨᠵᠡᠭᠡᠶᠢᠷᠡᠨ ᠦᠷᠭᠡᠵᠢᠨ ᠬᠦᠭᠵᠢᠬᠦ ᠶᠢ ᠵᠤᠭᠰᠤᠰᠢ ᠦᠭᠡᠢ ᠠᠬᠢᠭᠤᠯᠵᠤ᠂ ᠡᠨᠡᠬᠦ ᠬᠢᠯᠠᠯᠵᠠᠭᠰᠠᠨ ᠰᠠᠶᠢᠬᠠᠨ ᠨᠡᠷ᠎ᠠ ᠶᠢᠨ ᠬᠠᠭᠤᠳᠠᠰᠤ ᠪᠠᠨ ᠤᠯᠠᠮ ᠢᠯᠡᠭᠦᠦ ᠭᠡᠷᠡᠯ ᠰᠠᠴᠤᠷᠠᠩᠭᠤᠢ ᠪᠤᠯᠭᠠᠨ ᠠᠷᠴᠢᠬᠤ ᠬᠡᠷᠡᠭᠲᠠᠢ᠃
ᠠᠰᠠᠭᠤᠯᠲᠠ᠄ ᠲᠠᠪᠤᠨ ᠵᠢᠯ ᠴᠡᠭᠴᠡᠯᠡᠨ ᠵᠠᠰᠠᠬᠤ ᠪᠠᠷ ᠳᠠᠮᠵᠢᠨ᠂ 《ᠳᠦᠷᠪᠡᠨ ᠰᠤᠷᠲᠠᠯ》 ᠤᠨ ᠠᠰᠠᠭᠤᠳᠠᠯ ᠳᠠᠬᠢ ᠵᠢᠷᠭᠠᠨ ᠴᠡᠩᠬᠡᠬᠦ ᠦᠵᠡᠯ᠂ ᠱᠠᠯᠢᠨ ᠪᠦᠷᠢᠯᠬᠡᠬᠦ ᠰᠤᠷᠳᠠᠯ ᠦᠨᠳᠦᠰᠦᠨ ᠳᠡᠭᠡᠨ ᠬᠤᠷᠢᠬᠯᠠᠬᠳᠠᠪᠠ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠵᠤᠬᠢᠬᠤ ᠬᠡᠮᠵᠢᠶᠡᠨ᠎ᠡ ᠮᠦᠨᠬᠦ ᠤᠷᠤᠰᠢᠵᠦ ᠪᠤᠢ᠂ ᠤᠳᠤᠬᠠᠨ ᠳᠤ 《ᠳᠦᠷᠪᠡᠨ ᠰᠤᠷᠲᠠᠯ》 ᠤᠨ ᠠᠰᠠᠭᠤᠳᠠᠯ ᠳᠤ ᠶᠠᠮᠠᠷ ᠶᠠᠮᠠᠷ ᠰᠢᠨ᠎ᠡ ᠢᠯᠡᠷᠡᠯ ᠰᠢᠨ᠎ᠡ ᠬᠠᠨᠳᠤᠰᠢ ᠪᠠᠶᠢᠬᠤ ᠪᠤᠢ︖
ᠬᠠᠷᠢᠭᠤᠯᠲᠠ᠄ ᠱᠠᠯᠢᠨ ᠪᠦᠷᠢᠯᠭᠡᠵᠦ ᠵᠢᠷᠭᠠᠨ ᠴᠡᠩᠭᠡᠬᠦ ᠭᠠᠵᠢᠭᠤ ᠰᠤᠷᠲᠠᠯ ᠦᠨᠳᠦᠷ ᠳᠠᠷᠤᠯᠲᠠ ᠶᠢᠨ ᠳᠤᠤᠷ᠎ᠠ ᠵᠠᠷᠢᠮ ᠰᠢᠨ᠎ᠡ ᠬᠠᠨᠳᠤᠰᠢ ᠰᠢᠨ᠎ᠡ ᠢᠯᠡᠷᠡᠯ ᠲᠠᠢ ᠪᠤᠯᠵᠤ ᠪᠤᠢ᠂ ᠡᠭᠦᠨ ᠳᠤ ᠨᠡᠯᠢᠶᠡᠳ ᠳᠤᠪᠤᠶᠢᠮ᠎ᠠ ᠨᠢ ᠳᠠᠷᠤᠢ ᠦᠩᠭᠡ ᠵᠢᠰᠤ ᠪᠠᠨ ᠦᠭᠡᠷᠡᠲᠦᠭᠦᠯᠵᠦ᠂ ᠨᠢᠭᠤᠭᠲᠠᠮᠠᠯ ᠴᠢᠨᠠᠷᠲᠠᠢ ᠲᠠᠯᠲᠠ ᠴᠢᠨᠠᠷᠲᠠᠢ ᠪᠤᠯᠵᠤ ᠬᠤᠪᠢᠷᠠᠵᠤ ᠪᠠᠶᠢᠭ᠎ᠠ ᠪᠤᠯᠤᠨ᠎ᠠ᠃ ᠵᠢᠱᠢᠶᠡᠯᠡᠪᠠᠯ᠄ ᠳᠤᠬᠲᠠᠭᠠᠯ ᠠᠴᠠ ᠵᠦᠷᠢᠴᠡᠨ ᠠᠯᠪᠠᠨ ᠵᠤᠭᠤᠰ ᠢᠶᠠᠷ ᠢᠳᠡᠵᠦ ᠤᠤᠭᠤᠬᠤ ᠨᠢ ᠲᠤᠳᠤᠭᠠᠳᠤ ᠶᠢᠨ ᠬᠤᠭᠤᠯᠠᠨ ᠭᠡᠷ᠂ ᠪᠤᠯᠪᠠᠰᠤᠷᠠᠯ ᠤᠨ ᠲᠦᠪ᠂ ᠲᠠᠷᠢᠶᠠᠴᠢᠨ ᠠᠶᠢᠯ ᠤᠨ ᠪᠠᠶᠠᠰᠤᠯ ᠵᠡᠷᠭᠡ ᠨᠢᠭᠤᠬᠳᠠᠮᠠᠯ ᠲᠠᠯᠠᠪᠤᠷ ᠲᠤ ᠰᠢᠯᠵᠢᠭᠰᠡᠨ ᠪᠤᠶᠤ ᠬᠤᠪᠢ ᠶᠢᠨ ᠠᠵᠤ ᠠᠬᠤᠢᠢᠯᠠᠯ ᠤᠨ ᠳᠡᠭᠡᠳᠦ ᠳᠡᠰ ᠤᠨ ᠨᠡᠶᠢᠭᠡᠮ ᠲᠤᠭᠤᠷᠢᠬ ᠲᠤ ᠳᠤᠬᠢᠷᠠᠭᠤᠯᠤᠬᠰᠠᠨ 《ᠨᠢᠭᠡ ᠡᠷᠡᠨ ᠤ ᠬᠤᠭᠤᠯᠠ》 ᠪᠤᠯᠵᠤ ᠪᠤᠢ︔ ᠵᠠᠷᠢᠮ ᠨᠢ ᠵᠠᠷᠤᠳᠠᠯ ᠢᠶᠠᠨ ᠲᠠᠩᠰᠠ ᠲᠠᠶᠢᠯᠬᠤ ᠳᠡᠭᠡᠷ᠎ᠡ ᠭᠡᠮ ᠬᠢᠵᠦ᠂ ᠶᠡᠭᠡ ᠵᠤᠭᠤᠰᠤᠨ ᠤ ᠬᠡᠷᠡᠭᠯᠡᠭᠡ ᠶᠢ ᠪᠠᠭ᠎ᠠ ᠲᠤᠭᠠᠨ ᠤ ᠪᠠᠷᠢᠮᠲᠠ ᠪᠤᠯᠭᠠᠨ ᠬᠤᠪᠢᠶᠠᠵᠤ ᠲᠠᠩᠰᠠ ᠲᠠᠶᠢᠯᠬᠤ ᠪᠤᠶᠤ ᠤᠷᠲᠤ ᠬᠤᠭᠤᠴᠠᠭ᠎ᠠ ᠪᠠᠷ ᠬᠤᠭᠤᠯᠠᠨ ᠭᠡᠷ ᠲᠤ ᠳᠠᠩᠰᠠ ᠲᠡᠮᠳᠡᠭᠯᠡᠵᠦ᠂ 《ᠪᠠᠶᠢᠳᠠᠯ》 ᠨᠠᠮᠳᠠᠬᠤ ᠪᠠᠷ ᠨᠢᠭᠡ ᠯᠠ ᠳᠡᠭᠡᠷ᠎ᠡ ᠳᠠᠩᠰᠠ ᠳᠠᠶᠢᠯᠬᠤ ᠶᠢ ᠪᠤᠳᠤᠵᠤ ᠪᠠᠶᠢᠯ᠎ᠠ᠃ ᠠᠯᠪᠠᠨ ᠵᠤᠭᠤᠰ ᠢᠶᠠᠷ ᠵᠤᠭᠠᠴᠠᠬᠤ ᠨᠢ ᠪᠠᠶᠢᠭᠤᠯᠤᠯᠭ᠎ᠠ ᠨᠢᠭᠡᠴᠡ ᠶᠢᠨ ᠬᠠᠮᠲᠤ ᠶᠢᠨ ᠠᠵᠢᠯᠯᠠᠭ᠎ᠠ᠂ ᠠᠵᠢᠯᠲᠠᠨ ᠠᠵᠢᠯᠴᠢᠨ ᠤ ᠪᠡᠶ᠎ᠠ ᠪᠠᠨ ᠰᠤᠪᠢᠯᠠᠵᠤ ᠠᠮᠠᠷᠠᠬᠤ ᠠᠵᠢᠯᠯᠠᠭ᠎ᠠ ᠵᠡᠷᠭᠡ 《ᠨᠡᠷ᠎ᠡ ᠵᠡᠭᠦᠵᠦ》᠂ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ᠨᠢ ᠬᠠᠯᠠᠮᠰᠢᠯ ᠤᠯᠤᠰ ᠲᠤ ᠲᠦᠪᠯᠡᠷᠡᠭᠦᠯᠦᠨ ᠲᠠᠭᠠᠷᠠᠭᠤᠯᠵᠤ᠂ ᠠᠯᠪᠠᠨ ᠠᠵᠢᠯ ᠤᠨ ᠳᠤᠬᠢᠶᠠᠯ ᠢᠶᠠᠷ ᠠᠭᠤᠯᠠ ᠤᠰᠤ ᠪᠠᠷ ᠵᠤᠭᠠᠴᠠᠨ ᠨᠠᠭᠠᠳᠴᠤ᠂ ᠵᠠᠮ ᠱᠤᠭᠤᠮ ᠢᠶᠠᠨ ᠬᠤᠪᠢᠷᠠᠭᠤᠯᠤᠨ ᠲᠤᠭᠤᠷᠢᠵᠤ ᠶᠠᠪᠤᠬᠤ ᠪᠤᠶᠤ ᠲᠤᠤᠷᠠᠲᠤ ᠱᠠᠲᠤᠨ ᠤ ᠪᠠᠶᠢᠭᠤᠯᠤᠯᠭ᠎ᠠ᠂ ᠬᠤᠯᠪᠤᠬᠳᠠᠯ ᠪᠦᠬᠦᠢ ᠠᠰᠢᠬ ᠲᠤᠰᠠ ᠶᠢᠨ ᠪᠠᠶᠢᠭᠤᠯᠤᠯᠭ᠎ᠠ᠂ ᠬᠠᠮᠢᠶᠠᠷᠤᠨ ᠦᠢᠯᠡᠴᠢᠯᠡᠬᠦ ᠡᠲᠡᠭᠡᠳ ᠢᠶᠠᠷ ᠵᠤᠭᠠᠴᠠᠯ ᠤᠨ ᠵᠠᠷᠤᠳᠠᠯ ᠢᠶᠠᠨ ᠭᠠᠷᠭᠠᠯᠭᠠᠨ᠎ᠠ᠃ ᠪᠡᠯᠡᠭ ᠰᠡᠯᠳᠡ᠂ ᠪᠡᠯᠡᠭ ᠤᠨ ᠵᠤᠭᠤᠰ ᠬᠤᠷᠢᠶᠠᠵᠤ ᠬᠦᠷᠭᠡᠬᠦ ᠳᠡᠭᠡᠨ ᠰᠡᠷᠭᠡᠭ ᠴᠠᠬ ᠵᠠᠩᠭᠢᠯᠠᠭ᠎ᠠ ᠶᠢᠨ ᠬᠤᠭᠤᠴᠠᠭ᠎ᠠ ᠠᠴᠠ ᠵᠠᠶᠢᠯᠠᠵᠤ 《ᠤᠷᠬᠢᠯ ᠠᠴᠠ ᠵᠠᠶᠢᠯᠠᠨ ᠪᠡᠯᠡᠭ ᠬᠦᠷᠭᠡᠵᠦ》 ᠪᠤᠢ᠂ ᠵᠠᠷᠢᠮ ᠨᠢ ᠡᠯᠧᠺᠲᠷᠤᠨ ᠪᠡᠯᠡᠭ ᠤᠨ ᠺᠠᠷᠲ᠂ ᠡᠯᠧᠺᠲᠷᠤᠨ ᠤᠯᠠᠭᠠᠨ ᠪᠠᠭᠯᠠᠭ᠎ᠠ᠂ ᠲᠦᠷᠭᠡᠨ ᠬᠦᠷᠭᠡᠯᠲᠡ ᠶᠢᠨ ᠪᠤᠳᠠᠰ ᠵᠡᠷᠭᠡ ᠨᠢᠭᠤᠴᠠᠭᠠᠢ ᠠᠷᠭ᠎ᠠ ᠶᠢ ᠬᠡᠷᠡᠭᠯᠡᠳᠡᠭ ᠪᠤᠯᠪᠠ᠃ ᠳᠤᠬᠲᠠᠭᠠᠯ ᠠᠴᠠ ᠵᠦᠷᠢᠴᠡᠨ ᠳᠤᠤᠷ᠎ᠠ ᠱᠠᠲᠤᠨ ᠤ ᠪᠠᠶᠢᠭᠤᠯᠤᠯᠭ᠎ᠠ ᠪᠤᠶᠤ ᠠᠵᠤ ᠠᠬᠤᠢᠢᠯᠠᠯ ᠤᠨ ᠮᠠᠰᠢᠨ ᠲᠡᠷᠭᠡ ᠶᠢ ᠵᠢᠭᠡᠯᠡᠨ ᠬᠡᠷᠡᠭᠯᠡᠬᠦ ᠠᠷᠭ᠎ᠠ ᠪᠠᠷ ᠠᠯᠪᠠᠨ ᠤ ᠲᠡᠷᠭᠡ ᠶᠢ ᠬᠡᠷᠡᠭᠯᠡᠵᠦ᠂ ᠴᠢᠨᠠᠬᠰᠢᠯᠠᠪᠠᠯ 《ᠠᠯᠪᠠᠨ ᠤ ᠲᠡᠷᠭᠡ ᠶᠢ ᠬᠤᠪᠢ ᠳᠠᠭᠠᠨ ᠬᠡᠷᠡᠭᠯᠡᠬᠦ》 ᠶᠢ 《ᠬᠤᠪᠢ ᠶᠢᠨ ᠲᠡᠷᠭᠡ ᠪᠠᠨ ᠠᠯᠪᠠᠨ ᠢᠶᠠᠷ ᠲᠡᠵᠢᠭᠡᠯᠭᠡᠬᠦ》 ᠪᠤᠯᠭᠠᠪᠠ᠃ ᠬᠤᠷᠢᠮ ᠪᠡᠯᠪᠡᠰᠦᠷᠡᠯ ᠤᠨ ᠶᠠᠪᠤᠳᠠᠯ ᠢ ᠨᠡᠶᠢᠯᠡᠭᠦᠯᠦᠭᠡᠳ ᠨᠢᠭᠡ ᠤᠳᠠᠭ᠎ᠠ ᠬᠢᠳᠡᠭ ᠪᠠᠶᠢᠭᠰᠠᠨ ᠠᠴᠠ ᠪᠦᠯᠦᠭ ᠬᠤᠪᠢᠶᠠᠨ ᠬᠢᠬᠦ᠂ ᠤᠨᠳᠤᠤ ᠭᠠᠵᠠᠷ ᠬᠢᠬᠦ᠂ ᠨᠡᠷ᠎ᠠ ᠶᠢ ᠨᠢ ᠬᠤᠪᠢᠷᠠᠭᠤᠯᠤᠨ ᠬᠢᠬᠦ ᠪᠤᠶᠤ ᠪᠡᠯᠡᠭ ᠤᠨ ᠵᠤᠭᠤᠰ ᠬᠤᠷᠢᠶᠠᠬᠤ ᠠᠴᠠ ᠪᠢᠰᠢ ᠰᠢᠷᠡᠭᠡ ᠵᠠᠰᠠᠬᠤ ᠦᠭᠡᠢ ᠪᠤᠯᠪᠠ᠃
ᠡᠭᠦᠨ ᠤ ᠬᠠᠮᠲᠤ᠂ ᠬᠡᠯᠪᠡᠷᠢᠴᠢ ᠦᠵᠡᠯ᠂ ᠨᠤᠶᠠᠨᠴᠢ ᠰᠤᠷᠲᠠᠯ ᠵᠤᠬᠢᠬᠤ ᠬᠡᠮᠵᠢᠶᠡᠨ᠎ᠡ ᠮᠦᠨᠬᠦ ᠤᠷᠤᠰᠢᠵᠤ ᠪᠤᠢ᠂ ᠵᠠᠷᠢᠮ ᠭᠠᠵᠠᠷ ᠤᠷᠤᠨ ᠪᠠ ᠪᠠᠶᠢᠭᠤᠯᠤᠯᠭ᠎ᠠ ᠨᠢᠭᠡᠴᠡ ᠶᠢᠨ ᠠᠰᠠᠭᠤᠳᠠᠯ ᠨᠢ ᠮᠦᠨᠬᠦ ᠨᠡᠯᠢᠶᠡᠳ ᠳᠤᠪᠤᠶᠢᠮ᠎ᠠ ᠪᠠᠶᠢᠵᠤ᠂ ᠭᠤᠤᠯᠳᠠᠭᠤ 10 ᠵᠦᠢᠯ ᠤᠨ ᠢᠯᠡᠷᠡᠯ ᠲᠠᠢ᠄ ᠨᠢᠭᠡ ᠳᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ᠂ ᠵᠠᠷᠢᠮ ᠤᠳᠤᠷᠢᠳᠬᠤ ᠺᠠᠳ᠋ᠷ ᠲᠦᠪ ᠤᠨ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠠᠭᠠᠨ ᠤᠪᠤᠷ ᠢᠶᠠᠨ ᠢᠯᠡᠳᠬᠡᠬᠦ ᠨᠢ ᠤᠯᠠᠨ ᠬᠠᠰᠬᠢᠷᠬᠤ ᠲᠠᠭᠤ ᠨᠢ ᠦᠨᠳᠦᠷ ᠪᠤᠯᠪᠠᠴᠤ ᠠᠵᠢᠯᠯᠠᠭ᠎ᠠ ᠨᠢ ᠴᠦᠬᠡᠨ ᠨᠠᠶᠢᠳᠠᠪᠤᠷᠢᠵᠢᠭᠤᠯᠤᠬᠰᠠᠨ ᠨᠢ ᠠᠨᠠᠢ᠂ ᠬᠡᠶᠢᠰᠪᠦᠷᠢ ᠨᠢ ᠤᠯᠠᠨ ᠪᠤᠲᠠᠲᠠᠢ ᠨᠢ ᠴᠦᠬᠡᠨ ᠪᠠᠶᠢᠵᠤ᠂ ᠵᠦᠪᠬᠡᠨ 《ᠡᠭᠡᠯᠵᠢᠯᠡᠨ ᠦᠵᠡᠵᠤ ᠭᠠᠷ ᠤᠨ ᠦᠰᠦᠭ ᠵᠢᠷᠤᠬᠤ》᠂ 《ᠳᠡᠰ ᠳᠡᠰ ᠢᠶᠠᠷ ᠳᠠᠮᠵᠢᠭᠤᠯᠬᠤ》᠂ 《ᠳᠤᠬᠢᠷᠠᠭᠤᠯᠤᠨ ᠪᠠᠶᠢᠷᠢᠯᠠᠭᠤᠯᠬᠤ》 ᠲᠡᠭᠡᠷ᠎ᠡ ᠵᠤᠭᠰᠤᠩᠭᠢᠷᠠᠵᠤ᠂ ᠤᠨᠴᠠ ᠵᠠᠷᠢᠮ ᠤᠳᠤᠷᠢᠳᠬᠤ ᠺᠠᠳ᠋ᠷ ᠤᠨ ᠬᠡᠯᠡᠬᠦ ᠨᠢ ᠨᠢᠭᠡ ᠶᠠᠩᠵᠦ ᠬᠢᠬᠦ ᠨᠢ ᠨᠢᠭᠡ ᠶᠠᠩᠵᠤ ᠪᠠᠶᠢᠵᠤ᠂ ᠬᠡᠯᠡᠳᠡᠭ ᠢᠶᠠᠷ ᠢᠶᠠᠨ ᠬᠡᠯᠡᠵᠤ ᠬᠢᠳᠡᠭ ᠢᠶᠠᠷ ᠢᠶᠠᠨ ᠬᠢᠵᠦ ᠪᠠᠶᠢᠨ᠎ᠠ᠃ ᠬᠤᠶᠠᠷ ᠲᠤ᠂ ᠪᠠᠶᠢᠴᠠᠭᠠᠨ ᠰᠤᠳᠤᠯᠬᠤ ᠲᠠᠯ᠎ᠠ ᠪᠠᠷ᠂ ᠵᠠᠷᠢᠮ ᠪᠠᠶᠢᠭᠤᠯᠤᠯᠭ᠎ᠠ ᠬᠡᠯᠪᠡᠷᠢ ᠶᠢᠨ ᠲᠡᠳᠦᠢ ᠬᠢᠵᠦ᠂ ᠶᠤᠰᠤ ᠶᠢᠨ ᠲᠡᠳᠦᠢ ᠦᠩᠭᠡᠷᠡᠭᠦᠯᠵᠦ᠂ ᠵᠤᠭᠠᠴᠠᠯ ᠤᠨ ᠱᠤᠭᠤᠮ ᠢ ᠲᠤᠬᠲᠠᠭᠠᠵᠤ ᠪᠠᠶᠢᠭ᠎ᠠ ᠰᠢᠬ 《ᠰᠤᠩᠭᠤᠳᠠᠬ ᠪᠠᠶᠢᠴᠠᠭᠠᠨ ᠰᠤᠳᠤᠯᠬᠤ ᠱᠤᠭᠤᠮ》 ᠢ ᠲᠤᠬᠲᠠᠭᠠᠵᠤ᠂ ᠶᠠᠮᠠᠷ ᠪᠠᠶᠢᠴᠠᠭᠠᠨ ᠰᠤᠳᠤᠯᠬᠤ ᠭᠤᠤᠯ ᠰᠡᠳᠦᠪ ᠭᠡᠰᠡᠨ ᠴᠤ ᠪᠦᠷ ᠠᠳᠠᠯᠢ ᠨᠢᠭᠡ ᠱᠤᠭᠤᠮ ᠢᠶᠠᠷ ᠶᠠᠪᠤᠵᠤ᠂ ᠠᠳᠠᠯᠢ ᠨᠢᠭᠡ ᠪᠦᠯᠦᠭ ᠡᠲᠡᠭᠡᠳ ᠢ ᠰᠤᠷᠪᠤᠯᠵᠢᠯᠠᠵᠤ᠂ ᠠᠳᠠᠯᠢᠬᠠᠨ ᠨᠢᠭᠡ ᠦᠭᠡ ᠶᠢ ᠰᠤᠨᠤᠰᠴᠤ᠂ 《ᠤᠯᠠᠨ ᠢᠶᠠᠷ ᠢᠶᠠᠨ ᠲᠤᠬᠯᠠᠵᠤ᠂ ᠤᠳᠤᠷᠢᠳᠤᠯᠭ᠎ᠠ ᠨᠠᠷ ᠦᠵᠡᠬᠦ》 ᠦᠵᠡᠭᠦᠯᠦᠯᠭᠡ ᠶᠢᠨ ᠮᠠᠶ᠋ᠢᠬ ᠤᠨ ᠪᠠᠶᠢᠴᠠᠭᠠᠨ ᠰᠤᠳᠤᠯᠤᠯᠲᠠ ᠬᠢᠵᠤ ᠪᠤᠢ᠃ ᠭᠤᠷᠪᠠ ᠳᠤ᠂ ᠤᠯᠠᠨ ᠲᠦᠮᠡᠨ ᠳᠤ ᠤᠢᠢᠯᠡᠴᠢᠯᠡᠬᠦ ᠲᠠᠯ᠎ᠠ ᠪᠠᠷ᠂ ᠵᠠᠷᠢᠮ ᠪᠠᠶᠢᠭᠤᠯᠤᠯᠭ᠎ᠠ ᠶᠢᠨ ᠬᠢᠨ ᠦᠩᠬᠡᠨ ᠲᠠᠯ᠎ᠠ ᠳᠡᠭᠡᠷ᠎ᠠ ᠪᠠᠨ ᠦᠢᠯᠡᠴᠢᠯᠡᠭᠡᠨ ᠤ ᠮᠠᠶ᠋ᠢᠭ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠠᠬᠢᠭᠤᠯᠤᠭᠰᠠᠠ ᠲᠡᠳᠦᠢ ᠪᠠᠶᠢᠵᠤ᠂ 《ᠡᠬᠦᠳᠠ ᠪᠠᠷ ᠨᠢ ᠤᠷᠤᠬᠤ ᠳᠤ ᠠᠮᠠᠷᠬᠠᠨ᠂ ᠨᠢᠭᠤᠷ ᠴᠢᠷᠠᠢ ᠨᠢ ᠬᠠᠷᠠᠬᠤ ᠳᠤ ᠲᠤᠲᠤᠨᠤᠰᠤᠭ》 ᠪᠤᠯᠪᠠᠴᠤ᠂ ᠦᠨᠡᠨᠳᠡᠬᠡᠨ 《ᠶᠠᠪᠤᠳᠠᠯ ᠪᠦᠳᠤᠬᠡᠬᠦ ᠳᠤ ᠬᠦᠴᠢᠷ ᠪᠠᠶᠢᠵᠤ》᠂ ᠦᠩᠬᠡᠷᠡᠭᠰᠡᠨ ᠳᠤ 《ᠬᠠᠮᠢᠶᠠᠷᠴᠤ ᠭᠠᠴᠢᠵᠤ ᠲᠠᠷᠤᠬᠤ》 ᠪᠠᠶᠢᠭᠰᠠᠠ ᠨᠢ ᠤᠳᠤ 《ᠲᠦᠯᠬᠢᠬᠦ ᠬᠠᠱᠠᠩᠨᠠᠬᠤ ᠬᠤᠶᠢᠰᠢᠯᠠᠭᠤᠯᠬᠤ》 ᠪᠤᠯᠵᠤ ᠬᠤᠪᠢᠷᠠᠪᠠ︔ ᠵᠠᠷᠢᠮ ᠵᠠᠰᠠᠬ ᠤᠨ ᠶᠠᠪᠤᠳᠠᠯ ᠤᠨ ᠰᠢᠭᠤᠳ ᠨᠡᠪᠳᠡᠷᠡᠬᠦ ᠤᠳᠠᠰᠤ ᠨᠢ ᠤᠷᠳᠤ ᠬᠤᠭᠤᠴᠠᠭ᠎ᠠ ᠪᠠᠷ ᠲᠤᠰᠬᠤ ᠬᠦᠮᠤᠨ ᠦᠬᠡᠢ︔ ᠵᠠᠷᠢᠮ ᠵᠠᠰᠠᠬ ᠤᠨ ᠤᠷᠳᠤᠨ ᠤ ᠰᠦᠯᠵᠢᠶᠠᠨ ᠤ ᠰᠢᠨᠡᠴᠢᠯᠡᠭᠰᠡᠨ ᠠᠭᠤᠯᠭ᠎ᠠ ᠨᠢ ᠭᠤᠤᠯᠳᠠᠭᠤ ᠤᠳᠤᠷᠢᠳᠬᠤ ᠬᠦᠮᠤᠰ ᠤᠨ ᠠᠵᠢᠯᠯᠠᠭ᠎ᠠ ᠪᠠᠶᠢᠵᠤ᠂ ᠵᠠᠰᠠᠬ ᠤᠨ ᠶᠠᠪᠤᠳᠠᠯ ᠢ ᠢᠯᠠ ᠨᠡᠶᠢᠳᠡᠯᠡᠬᠦ᠂ ᠠᠷᠠᠳ ᠲᠤ ᠲᠦᠬᠦᠮ ᠦᠵᠡᠬᠦᠯᠬᠦ ᠤᠢᠢᠯᠡᠴᠢᠯᠡᠭᠡ ᠵᠡᠷᠬᠡ ᠪᠤᠯᠤᠩ ᠨᠢ ᠦᠬᠦᠰᠢᠷᠮᠠᠯ ᠪᠤᠯᠤᠩ ᠪᠤᠯᠵᠠᠢ᠃ ᠲᠦᠷᠪᠡ ᠳᠤ᠂ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ᠂ ᠵᠠᠷᠢᠮ ᠤᠷᠤᠨ ᠨᠤᠳᠤᠬ ᠤᠨ ᠬᠢᠨ ᠤᠳᠤᠷᠢᠳᠤᠯᠭ᠎ᠠ ᠶᠢᠨ 《ᠤᠯᠵᠤ ᠦᠵᠡᠬᠦ ᠬᠡᠪᠴᠢᠶ᠎ᠠ》 ᠳᠤᠳᠤᠷᠠᠬᠢ ᠲᠦᠷᠤᠯ ᠵᠦᠢᠯ ᠢᠨᠵᠧᠨᠧᠷᠢᠩ ᠤᠨ ᠪᠦᠳᠤᠬᠡᠨ ᠪᠠᠶᠢᠭᠤᠯᠤᠯᠳᠠ ᠶᠢ ᠯᠠ ᠬᠠᠯᠠᠭᠤᠨ ᠲᠠᠢ ᠬᠢᠵᠤ᠂ ᠪᠤᠰᠤᠳᠴᠢ ᠪᠤᠳᠠᠳᠠᠢ ᠪᠠᠶᠢᠳᠠᠯ ᠢ ᠪᠤᠳᠤᠯᠬᠢᠯᠠᠬᠤ ᠦᠬᠡᠢ ᠪᠠᠶᠢᠵᠤ᠂ 《ᠤᠯᠠᠨ ᠲᠦᠮᠡᠨ ᠤ ᠲᠤᠷ᠎ᠠ ᠦᠬᠡᠶᠢᠴᠡᠬᠦ ᠠᠴᠠ ᠠᠶᠤᠬᠤ ᠦᠬᠡᠢ᠂ ᠵᠦᠪᠬᠡᠨ ᠤᠳᠤᠷᠢᠳᠤᠯᠭ᠎ᠠ ᠠᠩᠬᠠᠷᠬᠤ ᠦᠬᠡᠢ ᠠᠴᠠ ᠠᠶᠤᠳᠠᠬ》᠂ 《ᠱᠠᠩᠨᠠᠯ ᠤᠨ ᠦᠨᠡᠮᠯᠡᠯ ᠨᠢᠬᠡ ᠦᠷᠤᠬᠡ ᠪᠤᠯᠤᠭᠰᠠᠠ ᠪᠤᠯᠪᠠᠴᠤ᠂ ᠠᠵᠢᠯ ᠨᠢ ᠮᠦᠨ ᠯᠠ ᠤᠤᠯ ᠬᠡᠪ ᠢᠶᠠᠷ ᠢᠶᠠᠨ ᠪᠠᠶᠢᠳᠠᠬ》᠃ ᠲᠠᠪᠤ ᠳᠤ᠂ ᠬᠤᠷᠠᠯ ᠬᠤᠷᠠᠯᠳᠤᠭᠤᠯᠬᠤ ᠲᠠᠯ᠎ᠠ ᠪᠠᠷ᠂ ᠵᠠᠷᠢᠮ ᠤᠷᠤᠨ ᠨᠤᠳᠤᠬ ᠤᠨ ᠬᠢᠨ ᠶᠠᠮᠠᠷ ᠬᠤᠷᠠᠯ ᠪᠤᠯᠤᠭᠰᠠᠠ ᠴᠤ ᠴᠦᠮ ᠱᠠᠳᠤ ᠱᠠᠳᠤ ᠪᠠᠷ ᠲᠠᠪᠲᠠᠨ ᠬᠤᠷᠠᠯᠳᠤᠭᠤᠯᠵᠤ᠂ ᠬᠤᠶᠢᠨ᠎ᠠ ᠬᠤᠶᠢᠨ᠎ᠠ ᠠᠴᠠ ᠨᠢ ᠵᠠᠯᠭᠠᠪᠠᠷ ᠬᠤᠷᠠᠯᠳᠤᠭᠤᠯᠵᠤ᠂ ᠪᠠᠶᠢᠴᠠᠭᠠᠯᠳᠠ ᠦᠨᠡᠯᠡᠯᠳᠡ ᠨᠢ ᠪᠠᠰᠠ ᠬᠤᠶᠢᠨ᠎ᠠ ᠬᠤᠶᠢᠨ᠎ᠠ ᠠᠴᠠ ᠪᠠᠨ ᠳᠠᠪᠬᠤᠴᠠᠵᠤ᠂ ᠺᠠᠳ᠋ᠷᠴᠤᠳ ᠢ ᠬᠠᠰᠢᠷᠠᠳᠠᠯ᠎ᠠ ᠨᠢ ᠵᠦᠳᠡᠭᠡᠵᠦ᠂ ᠨᠠᠶᠢᠳᠠᠪᠤᠷᠢᠵᠢᠭᠤᠯᠬᠤ ᠶᠢ ᠠᠳᠬᠤᠬᠤ ᠴᠠᠬ ᠦᠬᠡᠢ ᠪᠤᠯᠭᠠᠪᠠ᠃ ᠵᠢᠷᠭᠤᠭ᠎ᠠ ᠳᠤ᠂ ᠵᠤᠬᠢᠶᠠᠯ ᠤᠨ ᠰᠤᠷᠳᠠᠯ ᠢ ᠰᠠᠶᠢᠵᠢᠷᠠᠭᠤᠯᠬᠤ ᠲᠠᠯ᠎ᠠ ᠪᠠᠷ᠂ ᠵᠠᠷᠢᠮ ᠤᠷᠤᠨ ᠨᠤᠳᠤᠬ ᠤᠨ ᠬᠢᠨ ᠪᠢᠴᠢᠭ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠭᠠᠷᠭᠠᠬᠤ ᠳᠠᠭᠠᠨ ᠮᠧᠬᠠᠨᠢᠬ ᠢᠶᠠᠷ ᠰᠢᠭᠤᠳ ᠬᠠᠭᠤᠯᠵᠤ᠂ ᠭᠠᠷᠭᠠᠭᠰᠠᠨ ᠲᠦᠷᠢᠮ ᠲᠤᠭᠳᠠᠭᠠᠯ ᠨᠢ 《ᠤᠷᠭᠤᠭ᠎ᠠ ᠬᠤᠯᠤ ᠶᠢ ᠦᠵᠡᠵᠤ ᠤᠰᠤᠨ ᠤ ᠬᠤᠯᠤ ᠶᠢ ᠵᠢᠷᠤᠵᠤ》᠂ ᠠᠭᠤᠯᠭ᠎ᠠ ᠨᠢ ᠪᠠᠶᠢᠴᠠᠭᠠᠨ ᠰᠤᠳᠤᠯᠤᠯᠳᠠ ᠠᠴᠠ ᠢᠷᠡᠭᠰᠡᠨ ᠪᠤᠰᠤ᠂ ᠬᠠᠷᠢᠨ ᠬᠠᠭᠤᠯᠵᠤ ᠠᠷᠭᠠᠴᠠᠨ ᠡᠪᠯᠡᠬᠦᠯᠵᠤ ᠭᠠᠷᠭᠠᠭᠰᠠᠨ ᠪᠠᠶᠢᠳᠠᠭ᠃ ᠲᠤᠯᠤᠭ᠎ᠠ ᠳᠤ᠂ ᠬᠠᠷᠢᠭᠤᠴᠠᠯᠭ᠎ᠠ ᠡᠬᠦᠷᠬᠡᠯᠠᠯ ᠤᠨ ᠲᠠᠯ᠎ᠠ ᠪᠠᠷ᠂ ᠵᠠᠷᠢᠮ ᠤᠳᠤᠷᠢᠳᠬᠤ ᠺᠠᠳ᠋ᠷ 《ᠭᠡᠷᠡᠭ ᠭᠠᠷᠬᠤ ᠦᠬᠡᠢ ᠯᠠ ᠪᠤᠯ ᠠᠵᠢᠯ ᠬᠢᠬᠦ ᠦᠬᠡᠢ ᠴᠤ ᠪᠤᠯᠬᠤ ᠶᠢ ᠬᠦᠬᠡᠬᠡᠴᠡᠯᠳᠤᠵᠤ》᠂ ᠶᠠᠪᠤᠳᠠᠯ ᠪᠤᠯᠭᠠᠨ ᠢ ᠳᠡᠭᠡᠷ᠎ᠠ ᠱᠠᠳᠤ ᠪᠠᠷ ᠵᠦᠪᠰᠢᠶᠡᠷᠡᠬᠦᠯᠵᠤ᠂ ᠦᠪᠡᠷ ᠢᠶᠠᠨ ᠬᠠᠷᠢᠭᠤᠴᠠᠯᠭ᠎ᠠ ᠡᠬᠦᠷᠬᠡᠯᠡᠬᠦ ᠠᠴᠠ
ᠵᠠᠶᠢᠯᠠᠰᠬᠢᠵᠤ᠂ ᠴᠢᠨᠠᠬᠰᠢᠯᠠᠪᠠᠯ ᠱᠠᠳᠤ ᠱᠠᠳᠤ ᠪᠠᠷ ᠲᠡᠭᠡᠭᠰᠢ ᠮᠡᠳᠡᠬᠦᠯᠵᠤ᠂ ᠱᠠᠳᠤ ᠱᠠᠳᠤ ᠪᠠᠷ ᠤᠪᠤᠷ ᠢᠶᠠᠨ ᠢᠯᠡᠳᠬᠡᠳᠡᠭ ᠦᠬᠡᠢ᠃ ᠨᠠᠢᠮᠠ ᠳᠤ᠂ ᠠᠵᠢᠯ ᠤᠨ ᠪᠤᠲᠠᠲᠤ ᠦᠷ᠎ᠠ ᠨᠦᠯᠦᠭᠡ ᠶᠢᠨ ᠲᠠᠯ᠎ᠠ ᠪᠠᠷ᠂ ᠵᠠᠷᠢᠮ ᠭᠠᠵᠠᠷ ᠤᠷᠤᠨ ᠤ ᠬᠢᠨ ᠠᠵᠢᠯ ᠳᠠᠭᠠᠨ ᠪᠤᠲᠠᠲᠤ ᠦᠷ᠎ᠠ ᠨᠦᠯᠦᠭᠡ ᠭᠠᠷᠭᠠᠬᠤ ᠶᠢ ᠡᠷᠬᠢᠮᠯᠡᠬᠦ ᠦᠭᠡᠢ ᠬᠠᠷᠢᠨ ᠬᠦᠮᠦᠨ ᠳᠤ ᠦᠵᠡᠭᠦᠯᠬᠦ ᠦᠡᠭᠭᠡᠨ ᠲᠠᠯ᠎ᠠ ᠶᠢᠨ ᠭᠤᠶᠤᠯᠠᠯ ᠢ ᠴᠢᠬᠤᠯᠠᠴᠢᠯᠠᠵᠤ᠂ ᠤᠶᠤᠨ ᠴᠢᠳᠠᠯ ᠢᠶᠠᠨ 《ᠪᠢᠴᠢᠭ ᠮᠠᠲ᠋ᠧᠷᠢᠶᠠᠯ ᠢ ᠰᠠᠶᠢᠬᠠᠨ ᠵᠤᠬᠢᠶᠠᠬᠤ》 ᠳᠡᠭᠡᠷ᠎ᠠ
ᠲᠠᠯᠪᠢᠵᠤ᠂ ᠨᠢᠬᠡ ᠵᠦᠢᠯ ᠤᠨ ᠠᠵᠢᠯ ᠢ ᠡᠬᠢᠯᠡᠭᠰᠡᠨ ᠲᠠᠷᠤᠢ ᠳᠤᠨᠢ ᠠᠮᠵᠢᠯᠳᠠ ᠪᠦᠳᠤᠮᠵᠢ ᠪᠠᠨ ᠳ᠋ᠦᠩᠨᠡᠬᠦ᠂ ᠨᠡᠶᠢᠳᠡᠯᠢᠭ ᠵᠢᠱᠢᠶ᠎ᠡ ᠶᠢ ᠤᠬᠠᠭᠤᠯᠬᠤ ᠪᠠᠷ ᠶᠠᠭᠠᠷᠠᠵᠤ᠂ 《ᠪᠢᠴᠢᠭ ᠮᠠᠲ᠋ᠧᠷᠢᠶᠠᠯ ᠢᠶᠠᠷ ᠠᠵᠢᠯ ᠤᠨ ᠠᠮᠵᠢᠯᠳᠠ》 ᠭᠠᠷᠭᠠᠬᠤ ᠶᠢ ᠪᠤᠳᠤᠳᠠᠭ᠃ ᠶᠢᠰᠤ ᠳᠤ᠂ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠲᠠᠯ᠎ᠠ ᠪᠠᠷ᠂ ᠵᠠᠷᠢᠮ ᠰᠠᠯᠠᠭ᠎ᠠ ᠮᠦᠴᠢᠷ ᠤᠨ ᠬᠢᠨ ᠳᠤᠤᠷᠠᠳᠦ ᠱᠠᠳᠤᠨ ᠤ ᠪᠠᠶᠢᠭᠤᠯᠤᠯᠭ᠎ᠠ ᠨᠢᠬᠡᠴᠠ ᠲᠠᠢ ᠪᠠᠨ 《ᠬᠠᠷᠢᠭᠤᠴᠠᠯᠭ᠎ᠠ ᠶᠢᠨ ᠪᠢᠴᠢᠭ》 ᠲᠤᠬᠢᠷᠠᠯᠴᠠᠬᠤ ᠳᠤᠷᠠᠳᠠᠢ ᠪᠠᠶᠢᠵᠤ᠂ ᠬᠠᠷᠢᠭᠤᠴᠠᠯᠭ᠎ᠠ ᠶᠢ ᠲᠤᠷᠤᠬᠰᠢ ᠪᠠᠭᠤᠯᠭᠠᠵᠤ᠂ ᠳᠤᠤᠷᠠᠳᠦ ᠱᠠᠳᠤᠨ ᠤ 《ᠬᠠᠷᠢᠭᠤᠴᠠᠯᠭ᠎ᠠ ᠶᠢᠨ ᠪᠢᠴᠢᠭ》 ᠢ ᠦᠪᠡᠷ ᠤᠨ ᠪᠠᠶ᠎ᠠ ᠶᠢᠨ 《ᠬᠠᠷᠢᠭᠤᠴᠠᠯᠭ᠎ᠠ ᠠᠴᠠ ᠵᠠᠶᠢᠯᠠᠬᠤ ᠪᠢᠴᠢᠭ》 ᠪᠤᠯᠭᠠᠬᠤ ᠪᠠᠷ ᠤᠷᠤᠯᠳᠤᠳᠠᠬ᠃ ᠠᠷᠪᠠ ᠳᠤ᠂ ᠠᠰᠠᠭᠤᠳᠠᠯ ᠳᠤ ᠬᠠᠨᠳᠤᠬᠤ ᠲᠠᠯ᠎ᠠ ᠪᠠᠷ᠂ ᠵᠠᠷᠢᠮ ᠨᠠᠮ ᠤᠨ ᠬᠡᠰᠢᠬᠦᠨ ᠺᠠᠳ᠋ᠷ ᠲᠡᠷᠬᠡᠳᠡᠬᠢ ᠲᠦᠪ ᠪᠤᠰᠤ ᠰᠤᠷᠳᠠᠯ ᠪᠤᠯᠤᠨ ᠲᠦᠷᠢᠮ ᠲᠤᠭᠳᠠᠭᠠᠯ ᠠᠴᠠ ᠵᠦᠷᠢᠴᠡᠭᠰᠡᠨ ᠠᠰᠠᠭᠤᠳᠠᠯ ᠳᠤ ᠠᠵᠢᠬ ᠴᠤ ᠦᠬᠡᠢ ᠪᠠᠶᠢᠵᠤ᠂ ᠤᠴᠢᠷ ᠶᠠᠪᠤᠳᠠᠯ ᠨᠠᠲᠠᠲᠦ ᠬᠠᠮᠢᠶ᠎ᠠ ᠦᠭᠡᠢ ᠭᠡᠰᠡᠨ ᠰᠢᠭ ᠬᠠᠶᠠᠭᠠᠨ ᠳᠤᠨᠢ ᠬᠠᠶᠠᠵᠤ᠂ ᠪᠠᠶᠢᠳᠠᠯ ᠢ ᠮᠡᠳᠡᠵᠤ ᠪᠠᠶᠢᠭᠠᠳ ᠮᠡᠳᠡᠬᠦᠯᠬᠦ ᠦᠬᠡᠢ᠂ ᠲᠤᠷ᠎ᠠ ᠪᠠᠷ ᠨᠢ ᠲᠠᠯᠪᠢᠵᠤ᠂ ᠴᠢᠨᠠᠬᠰᠢᠯᠠᠪᠠᠯ ᠵᠤᠬᠢᠶᠠᠨ ᠪᠠᠶᠢᠭᠤᠯᠤᠯᠳᠠ ᠠᠴᠠ ᠪᠠᠶᠢᠳᠠᠯ ᠢ ᠤᠢᠢᠯᠠᠭᠠᠬᠤ ᠳᠤ ᠮᠦᠨ ᠦᠨᠡᠨ ᠦᠬᠡ ᠶᠠᠷᠢᠳᠠᠬ ᠦᠬᠡᠢ ᠪᠠᠶᠢᠯ᠎ᠠ᠃ ᠡᠳᠡᠬᠡᠷ ᠠᠰᠠᠭᠤᠳᠠᠯ ᠨᠢ ᠶᠠᠬ ᠶᠠᠷᠤᠩᠬᠡᠢ ᠱᠦᠵᠢ ᠰᠢ ᠶᠢᠨ ᠫᠢᠩ ᠤᠨ ᠵᠢᠭᠠᠵᠤ ᠭᠠᠷᠭᠠᠬᠰᠠᠨ ᠰᠢᠬ ᠢᠶᠠᠷ᠂ 《ᠦᠵᠡᠬᠦ ᠳᠤ ᠰᠢᠨ᠎ᠠ ᠢᠯᠡᠷᠡᠯ ᠰᠢᠭ ᠪᠤᠯᠪᠠᠴᠤ᠂ ᠦᠨᠡᠨᠳᠡᠬᠡᠨ ᠬᠠᠭᠤᠴᠢᠨ ᠠᠰᠠᠭᠤᠳᠠᠯ ᠪᠤᠯᠤᠨ᠎ᠠ》᠂ ᠡᠷᠬᠡᠪᠰᠢ ᠶᠡᠭᠡ ᠬᠦᠴᠤ ᠤᠷᠤᠭᠤᠯᠵᠥ ᠴᠡᠭᠴᠡᠯᠠᠨ ᠵᠠᠰᠠᠬᠤ ᠭᠡᠷᠡᠭᠳᠠᠢ᠃
ᠠᠰᠠᠭᠤᠯᠳᠠ᠄ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠳᠤ 《ᠲᠦᠷᠪᠡᠨ ᠰᠤᠷᠳᠠᠯ》 ᠤᠨ ᠠᠰᠠᠭᠤᠳᠠᠯ ᠨᠢ 《ᠪᠤᠷᠤᠩᠬᠤᠢ ᠴᠢᠨᠠᠷ ᠲᠠᠬᠢᠨ ᠳᠠᠪᠳᠠᠬᠤ ᠴᠢᠨᠠᠷ》 ᠲᠠᠢ ᠭᠡᠵᠦ ᠬᠦᠨᠵᠡᠭᠡᠢ ᠵᠢᠭᠠᠵᠦ ᠭᠠᠷᠭᠠᠪᠠ᠂ ᠭᠡᠷᠬᠢᠨ ᠰᠢᠢᠳᠪᠤᠷᠢᠯᠡᠪᠡᠯ ᠵᠤᠬᠢᠬᠤ ᠪᠤᠢ︖
ᠬᠠᠷᠢᠭᠤᠯᠳᠠ᠄ 2014 ᠤᠨ ᠤ 1 ᠰᠠᠷ᠎ᠠ ᠳᠤ᠂ ᠶᠡᠷᠦᠩᠭᠡᠢ ᠱᠦᠵᠢ ᠰᠢ ᠶᠢᠨ ᠫᠢᠩ᠄ 《ᠰᠤᠷᠳᠠᠯ ᠤᠨ ᠠᠰᠠᠭᠤᠳᠠᠯ ᠨᠢ ᠪᠤᠷᠤᠩᠬᠤᠢ ᠴᠢᠨᠠᠷ ᠪᠠ ᠲᠠᠬᠢᠨ ᠳᠠᠪᠳᠠᠬᠤ ᠴᠢᠨᠠᠷ ᠲᠠᠢ᠂ ᠰᠠᠶᠢᠨ ᠰᠠᠶᠢᠬᠠᠨ ᠰᠤᠷᠳᠠᠯ ᠨᠢ ᠨᠢᠭᠡᠯᠡ ᠤᠳᠠᠭ᠎ᠠ ᠠᠮᠵᠢᠯᠳᠠ ᠤᠯᠪᠠᠯ ᠡᠬᠦᠷᠢᠳᠠ ᠶᠢᠨ ᠠᠮᠵᠢᠯᠳᠠ ᠤᠯᠴᠢᠬᠠᠬᠤ ᠪᠢᠰᠢ᠂ ᠮᠠᠭᠤ ᠮᠠᠭᠤᠬᠠᠢ ᠰᠤᠷᠳᠠᠯ ᠢ ᠲᠡᠪᠴᠢᠬᠦ ᠨᠢ ᠴᠦ ᠨᠢᠭᠡᠯᠠ ᠲᠤᠤᠷ᠎ᠠ ᠪᠡᠶᠡᠯᠡᠭᠳᠡᠴᠢᠭᠡᠬᠦ ᠪᠢᠰᠢ ᠶᠤᠮ》 ᠭᠡᠵᠦ ᠳᠤᠳᠤᠷᠬᠠᠢ ᠵᠢᠭᠠᠵᠦ ᠭᠠᠷᠭᠠᠪᠠ᠃ ᠶᠡᠷᠦᠩᠭᠡᠢ ᠱᠦᠵᠢ ᠰᠢ ᠶᠢᠨ ᠫᠢᠩ ᠤᠨ ᠡᠨᠡᠬᠦ ᠴᠢᠬᠤᠯᠠ ᠨᠤᠳᠠᠯᠠᠯᠳᠠ ᠨᠢ ᠪᠦᠬᠦ ᠨᠠᠮ ᠳᠤ ᠴᠤᠴᠠᠯᠳᠠ ᠦᠭᠡᠢ ᠶᠠᠪᠤᠭᠳᠠᠬᠤ ᠰᠤᠷᠳᠠᠯ ᠢ ᠴᠡᠭᠴᠡᠯᠡᠵᠦ ᠰᠠᠬᠢᠯᠭ᠎ᠠ ᠪᠠᠳᠤ ᠶᠢ ᠴᠢᠩᠳᠠᠯᠠᠬᠤ ᠠᠵᠢᠯᠯᠠᠭ᠎ᠠ ᠶᠢ ᠪᠤᠢ ᠪᠤᠯᠭᠠᠵᠦ᠂ 《ᠲᠦᠷᠪᠡᠨ ᠰᠤᠷᠳᠠᠯ》 ᠤᠨ ᠠᠰᠠᠭᠤᠳᠠᠯ ᠢ ᠰᠤᠯᠠᠷᠠᠰᠢ ᠦᠭᠡᠢ ᠴᠢᠩᠭ᠎ᠠ ᠠᠳᠬᠤᠬᠤ ᠤᠯᠤᠰ ᠲᠦᠷᠦ ᠶᠢᠨ ᠬᠡᠪ ᠴᠢᠨᠠᠷ ᠢ ᠪᠦᠷᠢᠯᠳᠦᠬᠦᠯᠵᠡᠢ᠃
ᠤᠢᠢᠷ᠎ᠠ ᠳᠤ ᠶᠡᠷᠦᠩᠭᠡᠢ ᠱᠦᠵᠢ ᠰᠢ ᠶᠢᠨ ᠫᠢᠩ 《ᠲᠦᠷᠪᠡᠨ ᠰᠤᠷᠳᠠᠯ》 ᠤᠨ ᠠᠰᠠᠭᠤᠳᠠᠯ ᠨᠢ ᠪᠤᠷᠤᠩᠬᠤᠢ ᠴᠢᠨᠠᠷ ᠲᠠᠬᠢᠨ ᠳᠠᠪᠳᠠᠬᠤ ᠴᠢᠨᠠᠷ ᠲᠠᠢ ᠶᠤᠮ ᠭᠡᠵᠦ ᠲᠠᠬᠢᠨᠳᠠ ᠴᠢᠬᠤᠯᠠᠴᠢᠯᠠᠵᠦ᠂ ᠪᠦᠬᠦ ᠨᠠᠮ ᠳᠤ ᠰᠡᠷᠡᠮᠵᠢ ᠶᠢᠨ ᠬᠤᠩᠬᠤ ᠶᠢ ᠲᠠᠬᠢᠨ ᠰᠤᠨᠤᠷᠳᠠᠭᠤᠯᠤᠭᠰᠠᠨ ᠪᠢᠯᠠ᠃ 《ᠲᠦᠷᠪᠡᠨ ᠰᠤᠷᠳᠠᠯ》 ᠤᠨ ᠠᠰᠠᠭᠤᠳᠠᠯ ᠨᠢ ᠪᠤᠢ ᠪᠤᠯᠤᠭᠠᠳ ᠨᠡᠯᠢᠶᠡᠳ ᠤᠷᠳᠤ ᠬᠤᠭᠤᠴᠠᠭ᠎ᠠ ᠪᠤᠯᠵᠦ᠂ ᠪᠤᠢ ᠪᠤᠯᠤᠭᠰᠠᠨ ᠰᠢᠯᠳᠠᠭᠠᠨ ᠨᠢ ᠡᠭᠡᠳᠡᠷᠡᠭᠡᠨ ᠪᠤᠳᠤᠯᠢᠶᠠᠨᠳᠠᠢ᠂ ᠲᠡᠷᠡ ᠮᠦᠷᠳᠡᠭᠡᠨ ᠲᠡᠦᠭᠡ ᠰᠤᠶᠤᠯ᠂ ᠤᠯᠠᠮᠵᠢᠯᠠᠯᠳᠦ ᠤᠢᠢᠯᠠᠭᠠᠭᠳᠠᠬᠤᠨ᠂ ᠨᠡᠶᠢᠭᠡᠮ ᠤᠨ ᠵᠠᠩ ᠳᠠᠳᠬᠠᠯ ᠵᠡᠷᠭᠡ ᠡᠯᠧᠮᠧᠨ᠋ᠲ ᠤᠨ ᠨᠦᠯᠦᠭᠡ ᠶᠢ ᠬᠦᠷᠳᠡᠵᠦ᠂ ᠤᠬᠤᠷᠬᠠᠨ ᠬᠤᠭᠤᠴᠠᠭᠠᠨ ᠳᠤ ᠪᠦᠷᠢᠮᠤᠰᠦᠨ ᠠᠷᠢᠯᠭᠠᠵᠦ ᠴᠢᠳᠠᠬᠤ ᠦᠭᠡᠢ ᠪᠦᠭᠡᠳ ᠪᠠᠰᠠ ᠨᠢᠭᠡ ᠤᠳᠠᠭ᠎ᠠ ᠠᠮᠵᠢᠯᠳᠠ ᠤᠯᠪᠠᠯ ᠡᠬᠦᠷᠢᠳᠠ ᠶᠢᠨ ᠠᠮᠵᠢᠯᠳᠠ ᠤᠯᠵᠦ ᠴᠢᠳᠠᠬᠤ ᠪᠢᠰᠢ ᠶᠤᠮ᠃ ᠡᠷᠭᠡᠪᠰᠢ ᠰᠡᠷᠡᠮᠵᠢ ᠶᠢᠨ ᠬᠤᠩᠬᠤ ᠶᠢ ᠪᠠᠶᠢᠩᠭᠤ ᠲᠤᠤᠭᠠᠷᠭᠠᠵᠦ᠂ ᠤᠷᠳᠤ ᠬᠤᠭᠤᠴᠠᠭ᠎ᠠ ᠪᠠᠷ ᠵᠢᠳᠭᠦᠨ ᠴᠢᠷᠮᠠᠶᠢᠬᠤ ᠭᠡᠷᠡᠭᠲᠡᠢ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠡᠨᠡ ᠵᠢᠯ ᠳᠤ ᠪᠠᠶᠢᠴᠠᠭᠠᠨ ᠰᠢᠢᠳᠪᠤᠷᠢᠯᠡᠭᠰᠡᠨ 《ᠲᠦᠷᠪᠡᠨ ᠰᠤᠷᠳᠠᠯ》 ᠤᠨ ᠠᠰᠠᠭᠤᠳᠠᠯ ᠤᠨ ᠪᠠᠶᠢᠳᠠᠯ ᠠᠴᠠ ᠦᠵᠡᠪᠡᠯ᠂ 2017 ᠤᠨ ᠤ 1 ᠰᠠᠷ᠎ᠠ ᠠᠴᠠ 10 ᠰᠠᠷ᠎ᠠ ᠪᠤᠯᠳᠠᠯ᠎ᠠ ᠪᠦᠬᠦ ᠤᠯᠤᠰ ᠲᠤ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠵᠦᠷᠢᠴᠡᠭᠰᠡᠨ 3.78 ᠲᠦᠮᠡᠡ ᠭᠡᠷᠡᠭ ᠢ ᠪᠠᠶᠢᠴᠠᠭᠠᠨ ᠰᠢᠢᠳᠪᠤᠷᠢᠯᠡᠵᠦ᠂ ᠡᠬᠦᠨ ᠳᠤ᠂ ᠰᠠᠬᠢᠯᠭ᠎ᠠ ᠪᠠᠳᠤ ᠶᠢ ᠵᠦᠷᠢᠴᠡᠭᠰᠡᠨ ᠠᠵᠢᠯᠯᠠᠭ᠎ᠠ ᠶᠢᠨ 2017 ᠤᠨ ᠳᠤ ᠡᠬᠦᠰᠦᠭᠰᠡᠨ ᠭᠡᠮᠵᠢᠶ᠎ᠠ ᠨᠢ ᠮᠦᠨᠬᠦ 9600 ᠭᠠᠷᠤᠢ ᠪᠠᠶᠢᠵᠦ᠂ ᠲᠤᠰ ᠵᠢᠯ ᠤᠨ ᠪᠠᠶᠢᠴᠠᠭᠠᠨ ᠰᠢᠢᠳᠪᠤᠷᠢᠯᠡᠭᠰᠡᠨ ᠶᠡᠷᠦᠩᠭᠡᠢ ᠭᠡᠮᠵᠢᠶ᠎ᠠ ᠶᠢᠨ 25.5% ᠢ ᠡᠵᠡᠯᠡᠪᠡ᠂ ᠡᠨᠡ ᠨᠢ ᠰᠠᠨᠠᠭ᠎ᠠ ᠪᠠᠨ ᠬᠤᠷᠢᠶᠠᠬᠤ ᠦᠭᠡᠢ᠂ ᠭᠠᠷ ᠢᠶᠠᠨ ᠲᠠᠳᠠᠬᠤ ᠦᠭᠡᠢ ᠦᠵᠡᠭᠳᠡᠯ ᠮᠦᠨᠬᠦ ᠤᠷᠤᠰᠢᠵᠦ᠂ ᠰᠤᠷᠳᠠᠯ ᠤᠨ ᠴᠡᠭᠴᠡᠯᠡᠯᠳᠠ ᠶᠢ ᠰᠦᠷᠴᠦ ᠰᠠᠬᠢᠯᠭ᠎ᠠ ᠪᠠᠳᠤ ᠶᠢ ᠵᠦᠷᠢᠴᠡᠭᠰᠡᠨ ᠠᠵᠢᠯᠯᠠᠭ᠎ᠠ ᠪᠠᠰᠠ ᠨᠡᠮᠡᠭᠳᠡᠵᠦ ᠪᠠᠶᠢᠬᠤ ᠶᠢ ᠬᠠᠷᠠᠭᠤᠯᠵᠦ᠂ 《ᠲᠦᠷᠪᠡᠨ ᠰᠤᠷᠳᠠᠯ》 ᠤᠨ ᠠᠰᠠᠭᠤᠳᠠᠯ ᠨᠢ ᠪᠤᠷᠤᠩᠬᠤᠢ ᠴᠢᠨᠠᠷ ᠪᠠ ᠲᠠᠬᠢᠨ ᠲᠠᠪᠳᠠᠬᠤ ᠴᠢᠨᠠᠷ ᠲᠠᠢ ᠪᠠᠶᠢᠬᠤ ᠨᠤᠳᠠᠯᠠᠯᠳᠠ ᠶᠢ ᠭᠡᠷᠡᠴᠢᠯᠡᠵᠦ᠂ 《ᠲᠦᠷᠪᠡᠨ ᠰᠤᠷᠳᠠᠯ》 ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠡᠷᠭᠡᠪᠰᠢ ᠬᠦᠴᠦᠯᠡᠴᠡ ᠪᠠᠨ ᠦᠷᠬᠦᠯᠵᠢᠯᠡᠨ ᠨᠡᠮᠡᠭᠳᠡᠬᠦᠯᠵᠦ᠂ ᠡᠬᠦᠷᠢᠳᠠ ᠵᠤᠬᠰᠤᠰᠢ ᠦᠭᠡᠢ ᠪᠠᠶᠢᠬᠤ ᠰᠢᠢᠳᠮᠡᠭ ᠵᠤᠷᠢᠭ ᠢᠶᠠᠷ᠂ ᠡᠷᠬᠢ ᠱᠤᠷᠠᠭ ᠢ ᠲᠠᠰᠤᠷᠠᠯᠳᠠ ᠦᠭᠡᠢ ᠴᠢᠩᠭᠠᠯᠠᠵᠦ᠂ ᠠᠵᠢᠯ ᠢᠶᠠᠨ ᠨᠡᠩ ᠪᠤᠳᠠᠳᠠᠶᠢᠵᠢᠭᠤᠯᠪᠡᠯ ᠰᠠᠢᠢ ᠰᠤᠷᠳᠠᠯ ᠤᠨ ᠪᠠᠶᠢᠭᠤᠯᠤᠯᠳᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠳᠠᠭᠠᠨ ᠲᠠᠭᠠᠭᠠᠮᠠᠭᠠᠢ ᠲᠠᠶᠢᠯᠠᠯᠳᠤᠭᠠᠨ ᠳᠤ ᠢᠯᠠᠯᠳᠠ ᠤᠯᠵᠦ ᠴᠢᠳᠠᠨ᠎ᠠ᠃
ᠠᠰᠠᠭᠤᠯᠳᠠ᠄ ᠶᠡᠷᠦᠩᠭᠡᠢ ᠱᠦᠵᠢ ᠰᠢ ᠶᠢᠨ ᠫᠢᠩ 《ᠭᠤᠤᠯ ᠵᠦᠷᠢᠴᠡᠯ ᠢ ᠠᠳᠬᠤᠵᠦ》᠂ ᠢᠯᠠᠩᠭᠤ᠋ ᠡᠶ᠎ᠡ ᠤᠪᠤᠷ ᠢᠶᠠᠨ ᠢᠯᠡᠳᠭᠡᠬᠦ ᠨᠢ ᠤᠯᠠᠨ ᠬᠠᠰᠭᠢᠷᠬᠤ ᠲᠠᠭᠤ ᠨᠢ ᠦᠨᠳᠦᠷ ᠴᠤ ᠠᠵᠢᠯᠯᠠᠭ᠎ᠠ ᠨᠢ ᠴᠦᠬᠡᠨ ᠨᠠᠶᠢᠳᠠᠪᠤᠷᠢᠵᠢᠭᠤᠯᠤᠯᠳᠠ ᠪᠠᠷ ᠠᠨᠠᠢ ᠵᠡᠷᠭᠡ ᠲᠤᠪᠤᠶᠢᠮ᠎ᠠ ᠠᠰᠠᠭᠤᠳᠠᠯ ᠳᠤ ᠴᠢᠭᠯᠡᠬᠦᠯᠬᠦ ᠭᠡᠷᠡᠭᠲᠡᠢ ᠭᠡᠵᠦ ᠳᠤᠷᠠᠳᠪᠠ᠂ ᠴᠡᠭᠴᠡᠯᠡᠨ ᠰᠠᠶᠢᠵᠢᠷᠠᠭᠤᠯᠬᠤ ᠪᠠᠨ ᠭᠡᠷᠬᠢᠨ ᠴᠢᠩᠭᠠᠳᠬᠠᠬᠤ ᠪᠤᠢ︖ ᠠᠯᠢ ᠲᠠᠯ᠎ᠠ᠂ ᠶᠠᠮᠠᠷ ᠬᠦᠷᠢᠶᠡᠨ ᠳᠤ ᠠᠩᠬᠠᠷᠤᠯ ᠲᠦᠪᠯᠡᠷᠡᠬᠦᠯᠦᠨ ᠬᠦᠴᠦᠯᠡᠬᠦ ᠪᠤᠢ︖
ᠬᠠᠷᠢᠭᠤᠯᠳᠠ᠄ ᠭᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠤᠨ ᠬᠤᠯᠪᠤᠭᠳᠠᠬᠤ ᠬᠡᠪᠴᠢᠶ᠎ᠠ ᠦᠷᠭᠡᠨ᠂ ᠮᠠᠰᠢ ᠤᠯᠠᠨ ᠬᠦᠷᠢᠶᠡᠨ ᠳᠤ ᠤᠷᠤᠰᠢᠵᠦ ᠪᠠᠶᠢᠬᠤ ᠪᠦᠭᠡᠳ ᠤᠯᠠᠨ ᠶᠠᠩᠵᠦ ᠭᠡᠯᠪᠡᠷᠢ ᠪᠠᠷ ᠢᠯᠡᠷᠡᠵᠦ ᠪᠠᠶᠢᠳᠠᠭ᠃ ᠤᠳᠤᠬᠠᠨ ᠳᠤ ᠪᠦᠬᠦ ᠨᠠᠮ ᠪᠦᠬᠦ ᠤᠯᠤᠰ ᠢᠶᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠦᠷᠨᠢᠯᠳᠠ ᠭᠠᠷᠴᠦ ᠪᠤᠢ᠂ ᠡᠨᠡᠬᠦ ᠵᠠᠩᠬᠢᠯᠠᠭ᠎ᠠ ᠶᠢᠨ ᠦᠶ᠎ᠠ ᠳᠤ᠂ ᠡᠷᠭᠡᠪᠰᠢ ᠭᠤᠤᠯ ᠵᠦᠷᠢᠴᠡᠯ ᠢ ᠠᠳᠬᠤᠵᠦ᠂ ᠶᠡᠷᠦᠩᠭᠡᠢ ᠱᠦᠵᠢ ᠰᠢ ᠶᠢᠨ ᠫᠢᠩ ᠤᠨ ᠵᠢᠭᠠᠵᠦ ᠭᠠᠷᠭᠠᠭᠰᠠᠨ ᠤᠪᠤᠷ ᠢᠶᠠᠨ ᠢᠯᠡᠳᠭᠡᠬᠦ ᠨᠢ ᠤᠯᠠᠨ ᠬᠠᠰᠭᠢᠷᠬᠤ ᠲᠠᠭᠤ ᠨᠢ ᠦᠨᠳᠦᠷ ᠴᠤ ᠠᠵᠢᠯᠯᠠᠭ᠎ᠠ ᠨᠢ ᠴᠦᠬᠡᠨ ᠨᠠᠶᠢᠳᠠᠪᠤᠷᠢᠵᠢᠭᠤᠯᠤᠯᠳᠠ ᠠᠨᠠᠢ ᠵᠡᠷᠭᠡ ᠲᠤᠪᠤᠶᠢᠮ᠎ᠠ ᠠᠰᠠᠭᠤᠳᠠᠯ ᠢ ᠵᠠᠰᠠᠨ ᠴᠡᠭᠴᠡᠯᠡᠬᠦ ᠭᠤᠤᠯᠳᠠᠯᠭ᠎ᠠ ᠪᠤᠯᠭᠠᠵᠦ᠂ ᠶᠡᠷᠦᠩᠭᠡᠶᠢᠯᠡᠨ ᠠᠷᠭ᠎ᠠ ᠪᠤᠳᠤᠯᠭ᠎ᠠ ᠭᠡᠷᠡᠭᠵᠢᠬᠦᠯᠵᠦ᠂ ᠭᠤᠤᠯᠳᠠᠯᠭ᠎ᠠ ᠲᠠᠢ ᠠᠰᠠᠭᠤᠳᠠᠯ ᠤᠨ ᠰᠢᠪᠳᠤᠯᠤᠯᠳᠠ ᠪᠠᠷ ᠪᠦᠬᠦ᠋ᠢᠯᠡ ᠴᠤᠭᠴᠠ ᠶᠢᠨ ᠠᠵᠢᠯ ᠢᠶᠠᠨ ᠠᠬᠢᠭᠤᠯᠬᠤ ᠶᠢ ᠲᠠᠶᠢᠴᠢᠯᠠᠬᠤ ᠭᠡᠷᠡᠭᠲᠡᠢ᠃
ᠨᠢᠭᠡ ᠳᠤ᠂ ᠬᠦᠰᠡᠯᠡᠩ ᠢᠳᠡᠭᠡᠯ ᠪᠢᠰᠢᠷᠡᠯ ᠤᠨ ᠬᠦᠮᠦᠵᠢᠯ ᠢ ᠡᠷᠴᠢᠮᠵᠢᠬᠦᠯᠬᠦ ᠭᠡᠷᠡᠭᠲᠡᠢ᠃ ᠰᠤᠷᠳᠠᠯ ᠤᠨ ᠠᠰᠠᠭᠤᠳᠠᠯ ᠨᠢ ᠮᠦᠨ ᠴᠢᠨᠠᠷ ᠳᠡᠭᠡᠷ᠎ᠠ ᠪᠠᠨ ᠨᠠᠮᠴᠢ ᠴᠢᠨᠠᠷ ᠤᠨ ᠠᠰᠠᠭᠤᠳᠠᠯ ᠮᠦᠨ᠃ ᠤᠯᠠᠨ ᠠᠷᠭ᠎ᠠ ᠭᠡᠯᠪᠡᠷᠢ ᠶᠢ ᠠᠪᠴᠦ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠢ ᠬᠦᠳᠦᠯᠦᠨ ᠳᠠᠭᠠᠭᠤᠯᠵᠦ ᠪᠠᠶᠢᠭᠠᠳ ᠨᠠᠮᠴᠢ ᠴᠢᠨᠠᠷ ᠤᠨ ᠭᠡᠪ ᠪᠤᠯᠪᠠᠰᠤᠷᠠᠯ ᠢ ᠴᠢᠩᠭᠠᠳᠬᠠᠵᠦ᠂ ᠬᠦᠰᠡᠯᠡᠩ ᠢᠳᠡᠭᠡᠯ ᠪᠢᠰᠢᠷᠡᠯ ᠢ ᠴᠢᠨᠠᠬᠰᠢᠳᠠ ᠪᠠᠳᠤᠳᠬᠠᠵᠦ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠰᠠᠨᠠᠭᠠᠴᠢᠯᠠᠭ᠎ᠠ ᠪᠠ ᠠᠵᠢᠯᠯᠠᠭᠠᠨ ᠤ ᠰᠠᠨᠠᠭᠠᠴᠢᠯᠠᠭ᠎ᠠ ᠶᠢ ᠳᠡᠭᠡᠭᠰᠢᠯᠡᠬᠦᠯᠬᠦ ᠭᠡᠷᠡᠭᠲᠡᠢ᠃ ᠲᠦᠪ ᠤᠨ ᠨᠠᠢᠮᠠᠠ ᠲᠤᠭᠲᠠᠭᠠᠯ ᠪᠤᠯᠤᠨ ᠰᠢᠨ᠎ᠠ ᠪᠠᠷ ᠵᠠᠰᠠᠪᠤᠷᠢ ᠤᠷᠤᠭᠤᠯᠵᠤ ᠭᠡᠷᠡᠭᠵᠢᠭᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠤᠲᠠᠯ ᠦᠭᠡᠢ ᠦᠷᠨᠢᠭᠦᠯᠬᠦ ᠪᠠᠷ ᠪᠠᠶᠢᠭ᠎ᠠ 《ᠤᠭ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠤᠤᠯ ᠰᠡᠲᠦᠪᠲᠦ ᠬᠦᠮᠦᠵᠢᠯ ᠤᠨ ᠴᠢᠬᠤᠯᠠ ᠠᠭᠤᠯᠭ᠎ᠠ ᠪᠤᠯᠭᠠᠵᠦ᠂ ᠨᠠᠮ ᠤᠨ ᠭᠡᠰᠢᠭᠦᠨ ᠺᠠᠳ᠋ᠷ ᠢ ᠬᠦᠲᠦᠯᠦᠨ ᠲᠠᠭᠠᠭᠤᠯᠵᠦ ᠪᠠᠶᠢᠭᠠᠳ 《ᠲᠦᠷᠪᠡᠡ ᠤᠬᠠᠮᠰᠠᠷ》 ᠢ ᠴᠢᠨᠠᠭᠰᠢᠲᠠ ᠪᠤᠢ ᠪᠤᠯᠭᠠᠨ᠂ 《ᠲᠦᠷᠪᠡᠡ ᠢᠲᠡᠭᠡᠯ》 ᠢ ᠨᠢ ᠴᠢᠩᠭᠠᠳᠬᠠᠵᠦ᠂ ᠭᠠᠵᠢᠭᠤ ᠰᠤᠷᠲᠠᠯ ᠢ ᠡᠰᠡᠷᠭᠦᠴᠡᠨ ᠬᠤᠷᠢᠬᠯᠠᠬᠤ ᠦᠵᠡᠯ ᠰᠠᠨᠠᠭᠠᠠ ᠤ ᠰᠠᠭᠤᠷᠢ ᠶᠢ ᠪᠠᠬᠢᠯᠢᠭ᠌ ᠪᠠᠶᠢᠭᠤᠯᠬᠤ ᠭᠡᠷᠡᠭᠲᠡᠢ᠃
ᠬᠤᠶᠠᠷ ᠲᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠬᠡᠯᠪᠡᠷᠢᠴᠢ ᠦᠵᠡᠯ᠂ ᠨᠤᠶᠠᠠᠴᠢ ᠰᠤᠷᠲᠠᠯ ᠤᠨ ᠠᠰᠠᠭᠤᠲᠠᠯ ᠢ ᠰᠢᠢᠳᠪᠦᠷᠢᠯᠡᠬᠦ ᠭᠤᠤᠯ ᠴᠤᠭᠴᠠ ᠶᠢᠨ ᠬᠠᠷᠢᠭᠤᠴᠠᠯᠭ᠎ᠠ᠂ ᠡᠯ᠎ᠠ ᠱᠠᠲᠤᠠ ᠤ ᠨᠠᠮ ᠤᠨ ᠵᠤᠬᠢᠶᠠᠠ ᠪᠠᠶᠢᠭᠤᠯᠤᠯᠲᠠ ᠵᠢᠴᠢ ᠲᠡᠬᠦᠨ ᠤ ᠭᠤᠤᠯ ᠬᠠᠷᠢᠭᠤᠴᠠᠯᠭᠠᠲᠠᠠ ᠳᠤ ᠪᠠᠶᠢᠨ᠎ᠠ᠃ ᠡᠯ᠎ᠠ ᠱᠠᠲᠤᠨ ᠤ ᠭᠤᠤᠯ ᠬᠠᠷᠢᠭᠤᠴᠠᠯᠭᠠᠲᠠᠠ ᠪᠡᠶ᠎ᠠ ᠪᠠᠷ ᠢᠶᠠᠨ ᠲᠠᠭᠠᠭᠤᠯᠤᠨ ᠬᠢᠵᠦ᠂ ᠪᠡᠶ᠎ᠠ ᠪᠠᠷ ᠢᠶᠠᠨ ᠬᠡᠪ ᠲᠦᠷᠢᠮ ᠪᠤᠯᠵᠦ᠂ ᠨᠠᠮ ᠤᠨ ᠵᠤᠬᠢᠶᠠᠠ ᠪᠠᠶᠢᠭᠤᠯᠤᠯᠲᠠ ᠲᠠᠭᠠᠭᠤᠯᠤᠨ ᠶᠡᠷᠦᠩᠬᠡᠶᠢᠯᠡᠨ ᠠᠳᠬᠤᠬᠤ ᠦᠢᠯᠡᠲᠦᠯ ᠢ ᠪᠠᠲᠠᠷᠠᠭᠤᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠲᠡᠰ ᠲᠡᠰ ᠢᠶᠠᠷ ᠲᠠᠷᠤᠯᠲᠠ ᠦᠭᠴᠤ ᠪᠠᠶᠢᠭᠠᠳ ᠪᠤᠲᠠᠲᠠᠢ ᠨᠠᠶᠢᠲᠠᠪᠤᠷᠢᠵᠢᠭᠤᠯᠬᠤ ᠪᠠᠷ ᠲᠠᠮᠵᠢᠭᠤᠯᠵᠦ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠨᠢᠭᠡᠴᠡ ᠳᠤ ᠤᠷᠤᠰᠢᠵᠦ ᠪᠠᠶᠢᠭ᠎ᠠ ᠬᠡᠯᠪᠡᠷᠢᠴᠢ ᠦᠵᠡᠯ᠂ ᠨᠤᠶᠠᠠᠴᠢ ᠰᠤᠷᠲᠠᠯ ᠤᠨ ᠭᠤᠤᠯ ᠢᠯᠡᠷᠡᠯ᠂ ᠲᠤᠪᠤᠶᠢᠮ᠎ᠠ ᠠᠰᠠᠭᠤᠲᠠᠯ ᠪᠤᠯᠤᠨ ᠪᠤᠢ ᠪᠤᠯᠤᠭᠰᠠᠠ ᠤᠴᠢᠷ ᠰᠢᠯᠲᠠᠭᠠᠠ ᠢ ᠪᠠᠶᠢᠴᠠᠭᠠᠵᠦ᠂ ᠬᠦᠮᠦᠨ ᠪᠤᠯᠤᠨ ᠤᠴᠢᠷ ᠶᠠᠪᠤᠲᠠᠯ ᠢ ᠨᠢ ᠤᠨᠤᠭᠠᠬᠤ ᠦᠵᠡᠭᠳᠡᠮ᠎ᠡ ᠪᠠᠷᠢᠭᠲᠠᠮᠠ ᠴᠢᠩᠭ᠎ᠠ ᠬᠠᠲᠠᠭᠤ ᠠᠷᠭ᠎ᠠ ᠬᠡᠮᠵᠢᠶ᠎ᠠ ᠪᠠᠷ᠂ ᠠᠯᠬᠤᠮ ᠠᠯᠬᠤᠮ ᠢᠶᠠᠷ ᠯᠠᠪᠲᠠᠭᠤᠨ ᠪᠠᠲᠤᠲᠠᠢ ᠴᠡᠭᠴᠡᠯᠡᠡ ᠰᠠᠶᠢᠵᠢᠷᠠᠭᠤᠯᠬᠤ ᠬᠡᠷᠡᠭᠲᠡᠢ᠃ ᠡᠭᠦᠷᠭᠡ ᠴᠢᠲᠠᠪᠬᠢᠲᠦ ᠰᠠᠯᠠᠭ᠎ᠠ ᠮᠦᠴᠢᠷ ᠤᠨ ᠦᠢᠯᠡᠲᠦᠯ ᠢ ᠬᠦᠢᠴᠡᠳ ᠪᠠᠲᠠᠷᠠᠭᠤᠯᠵᠦ᠂ ᠲᠡᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠦᠷᠢᠮ ᠲᠤᠭᠲᠠᠭᠠᠯ ᠢᠶᠠᠨ ᠲᠡᠭᠦᠯᠲᠡᠷᠵᠢᠭᠦᠯᠬᠦ ᠶᠢ ᠱᠠᠯᠠᠪᠲᠠᠭᠤᠯᠤᠨ ᠱᠠᠭᠠᠷᠲᠠᠵᠦ᠂ ᠲᠤᠪᠤᠶᠢᠮ᠎ᠠ ᠠᠰᠠᠭᠤᠲᠠᠯ ᠢ ᠴᠠᠭ ᠲᠤᠬᠠᠢ ᠳᠤᠨᠢ ᠢᠯᠡᠷᠡᠭᠦᠯᠬᠦ ᠪᠦᠭᠡᠳ ᠵᠠᠯᠠᠷᠠᠭᠤᠯᠵᠦ᠂ ᠵᠡᠷᠭᠡᠪᠠᠷ ᠠᠳᠬᠤᠵᠦ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠯ ᠬᠦᠴᠤ ᠶᠢ ᠪᠦᠷᠢᠯᠲᠦᠭᠦᠯᠬᠦ ᠬᠡᠷᠡᠭᠲᠡᠢ᠃
ᠭᠤᠷᠪᠠ ᠳᠤ᠂ ᠪᠤᠲᠠᠲᠠᠢ ᠠᠰᠠᠭᠤᠲᠠᠯ ᠠᠴᠠ ᠡᠬᠢᠯᠡᠡ ᠠᠳᠬᠤᠬᠤ ᠭᠡᠷᠡᠭᠲᠡᠢ᠃ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠳᠠᠭᠠᠨ ᠵᠢᠭᠠᠵᠦ ᠭᠠᠷᠭᠠᠭᠰᠠᠠ 10 ᠲᠠᠯ᠎ᠠ ᠶᠢᠨ ᠬᠡᠯᠪᠡᠷᠢᠴᠢ ᠦᠵᠡᠯ᠂ ᠨᠤᠶᠠᠠᠴᠢ ᠰᠤᠷᠲᠠᠯ ᠤᠨ ᠪᠤᠲᠠᠲᠠᠢ ᠢᠯᠡᠷᠡᠯ ᠳᠤ ᠠᠩᠬᠠᠷᠤᠯ ᠢᠶᠠᠨ ᠲᠦᠪᠯᠡᠷᠡᠭᠦᠯᠵᠤ᠂ ᠢᠯᠠᠩᠭᠤᠶ᠎ᠠ ᠤᠪᠤᠷ ᠢᠶᠠᠨ ᠢᠯᠡᠳᠭᠡᠬᠦ ᠨᠢ ᠤᠯᠠᠨ ᠬᠠᠰᠭᠢᠷᠬᠤ ᠲᠠᠭᠤ ᠨᠢ ᠦᠨᠳᠦᠷ ᠴᠤ ᠠᠵᠢᠯᠯᠠᠭ᠎ᠠ ᠨᠢ ᠴᠦᠬᠡᠨ ᠨᠠᠶᠢᠳᠠᠪᠤᠷᠢᠵᠢᠭᠤᠯᠤᠯᠳᠠ ᠠᠨᠠᠢ ᠵᠡᠷᠭᠡ ᠲᠤᠪᠤᠶᠢᠮ᠎ᠠ ᠠᠰᠠᠭᠤᠳᠠᠯ ᠳᠤ
ᠲᠦᠪᠯᠡᠷᠡᠭᠦᠯᠵᠤ᠂ ᠡᠭᠦᠨ ᠢᠶᠠᠷ ᠰᠢᠪᠲᠤᠯᠤᠯᠲᠠ ᠶᠢᠨ ᠴᠡᠭ ᠪᠠ ᠭᠠᠷᠲᠠᠴᠠ ᠪᠤᠯᠭᠠᠠ᠂ ᠰᠤᠯᠠᠷᠠᠭᠤᠯᠤᠯ ᠦᠭᠡᠢ ᠴᠢᠩᠭ᠎ᠠ ᠠᠳᠬᠤᠠ᠂ ᠡᠴᠤᠰ ᠲᠤᠨᠢ ᠲᠤᠯᠲᠠᠯ᠎ᠠ ᠠᠳᠬᠤᠵᠦ᠂ ᠴᠢᠭ᠋ ᠢᠶᠠᠷ ᠨᠡᠶᠢᠲᠡᠮ ᠢ ᠲᠠᠶᠢᠴᠢᠯᠠᠵᠦ᠂ ᠵᠢᠵᠢᠭ ᠠᠰᠠᠭᠤᠲᠠᠯ ᠢ ᠰᠢᠢᠳᠪᠦᠷᠢᠯᠡᠬᠦ ᠪᠠᠷ ᠶᠡᠭᠡ ᠬᠤᠪᠢᠷᠠᠯᠲᠠ ᠲᠠᠢ ᠪᠤᠯᠭᠠᠬᠤ ᠶᠢ ᠠᠬᠢᠭᠤᠯᠬᠤ ᠭᠡᠷᠡᠭᠲᠡᠢ᠃ ᠤᠲᠤᠬᠠᠠ ᠤ ᠭᠤᠤᠯᠲᠠᠯᠭ᠎ᠠ ᠲᠠᠢ ᠠᠵᠢᠯ ᠪᠤᠯ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠠ ᠤ ᠴᠢᠬᠤᠯᠠ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠲᠡᠭᠡᠷ᠎ᠡ ᠬᠦᠴᠦᠯᠡᠵᠤ᠂ ᠬᠦᠨᠳᠦ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠡ ᠠᠷᠢᠯᠭᠠᠬᠤ᠂ ᠤᠨᠢᠨ ᠲᠡᠭᠡᠷ᠎ᠠ ᠨᠢ ᠶᠠᠲᠠᠭᠤ ᠶᠢ ᠲᠡᠳᠭᠦᠬᠦ᠂ ᠪᠤᠬᠢᠷᠲᠤᠯ ᠢ ᠰᠡᠷᠭᠡᠶᠢᠯᠡᠡ ᠵᠠᠰᠠᠬᠤ ᠪᠤᠭᠤᠮᠲᠠ ᠰᠢᠪᠲᠤᠯᠬᠤ ᠲᠠᠶᠢᠯᠠᠯᠲᠤᠭᠠᠠ ᠢ ᠰᠠᠶᠢᠲᠤᠷ ᠬᠢᠵᠦ᠂ ᠠᠷᠠᠳ ᠤᠨ ᠠᠮᠢᠲᠤᠷᠠᠯ ᠤᠨ ᠲᠦᠪᠰᠢᠨ ᠢ ᠪᠠᠲᠤᠯᠠᠠ ᠰᠠᠶᠢᠵᠢᠷᠠᠭᠤᠯᠬᠤ ᠵᠡᠷᠭᠡ ᠲᠠᠯ᠎ᠠ ᠪᠠᠷ ᠬᠢ ᠠᠵᠢᠯ ᠳᠤ ᠤᠷᠤᠰᠢᠵᠦ ᠪᠠᠶᠢᠭ᠎ᠠ ᠬᠡᠯᠪᠡᠷᠢᠴᠢ ᠦᠵᠡᠯ᠂ ᠨᠤᠶᠠᠠᠴᠢ ᠰᠤᠷᠲᠠᠯ ᠤᠨ ᠠᠰᠠᠭᠤᠲᠠᠯ ᠢ ᠬᠦᠴᠦᠯᠡᠨ ᠴᠡᠭᠴᠡᠯᠡᠡ ᠵᠠᠰᠠᠵᠤ᠂ ᠠᠮᠵᠢᠯᠲᠠ ᠪᠦᠲᠦᠮᠵᠢ ᠭᠠᠷᠭᠠᠬᠤ ᠶᠠᠪᠤᠲᠠᠯ ᠪᠤᠯᠤᠨ᠎ᠠ᠃
ᠲᠦᠷᠪᠡ ᠳᠤ᠂ ᠰᠡᠭᠢᠯᠭ᠎ᠠ ᠪᠠᠲᠤ ᠶᠢ ᠭᠡᠷᠡᠭᠵᠢᠭᠦᠯᠵᠦ ᠬᠠᠷᠢᠭᠤᠴᠠᠯᠭ᠎ᠠ ᠨᠡᠭᠡᠮᠵᠢᠯᠡᠬᠦ ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠢ᠃ ᠰᠠᠬᠢᠯᠭ᠎ᠠ ᠪᠠᠲᠤ ᠪᠠ ᠲᠦᠷᠢᠮ ᠲᠤᠭᠲᠠᠭᠠᠯ ᠢ ᠡᠮᠦᠨ᠎ᠠ ᠨᠢ ᠲᠠᠯᠪᠢᠬᠤ ᠶᠢ ᠪᠠᠷᠢᠮᠲᠠᠯᠠᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠭᠡᠷᠡᠭᠵᠢᠭᠦᠯᠬᠦ 《ᠲᠦᠷᠪᠡᠡ ᠵᠦᠢᠯ ᠤᠨ ᠬᠡᠯᠪᠡᠷᠢ》 ᠶᠢ ᠶᠡᠷᠦᠩᠭᠡᠶᠢᠯᠡᠡ ᠭᠡᠷᠡᠭᠯᠡᠵᠦ᠂ ᠢᠯᠠᠩᠭᠤᠶ᠎ᠠ 《ᠨᠢᠭᠡᠲᠦᠭᠡᠷ ᠬᠡᠯᠪᠡᠷᠢ》 ᠶᠢ ᠬᠦᠢᠴᠡᠳ ᠬᠡᠷᠡᠭᠯᠡᠵᠤ ᠰᠠᠶᠢᠲᠤᠷ ᠬᠡᠷᠡᠭᠯᠡᠵᠤ᠂ ᠬᠡᠯᠪᠡᠷᠢᠴᠢ ᠦᠵᠡᠯ᠂ ᠨᠤᠶᠠᠠᠴᠢ ᠰᠤᠷᠲᠠᠯ ᠭᠠᠷᠭᠠᠬᠤ ᠲᠤᠷᠠᠲᠠᠢ ᠨᠠᠮ ᠤᠨ ᠭᠡᠰᠢᠭᠦᠨ ᠺᠠᠳ᠋ᠷ ᠢ ᠴᠠᠭ ᠲᠤᠬᠠᠢ ᠳᠤᠨᠢ 《ᠨᠢᠭᠤᠷ ᠢ ᠨᠢ ᠤᠯᠠᠶᠢᠯᠭᠠᠠ ᠬᠦᠯᠦᠰᠦ
ᠭᠠᠷᠭᠠᠵᠦ》᠂ ᠰᠡᠷᠡᠮᠵᠢᠯᠡᠭᠦᠯᠪᠠᠯ ᠵᠤᠬᠢᠬᠤ ᠶᠢ ᠨᠢ ᠰᠡᠷᠡᠮᠵᠢᠯᠡᠭᠦᠯᠵᠦ᠂ ᠰᠢᠭᠦᠮᠵᠢᠯᠡᠪᠡᠯ ᠵᠤᠬᠢᠬᠤ ᠶᠢ ᠨᠢ ᠰᠢᠭᠦᠮᠵᠢᠯᠡᠵᠦ᠂ ᠰᠠᠨᠠᠭᠤᠯᠵᠤ ᠠᠩᠬᠠᠷᠠᠭᠤᠯᠪᠠᠯ ᠵᠤᠬᠢᠬᠤ ᠶᠢ ᠨᠢ ᠰᠠᠨᠠᠭᠤᠯᠵᠤ ᠠᠩᠬᠠᠷᠠᠭᠤᠯᠵᠤ᠂ ᠪᠠᠭ᠎ᠠ ᠠᠰᠠᠭᠤᠲᠠᠯ ᠠᠴᠠ ᠲᠤᠮᠤ ᠠᠰᠠᠭᠤᠲᠠᠯ ᠢ ᠪᠤᠢ ᠪᠤᠯᠬᠤ ᠶᠢ ᠰᠡᠷᠭᠡᠶᠢᠯᠡᠬᠦ ᠬᠡᠷᠡᠭᠲᠡᠢ᠃ ᠦᠨᠡᠡᠬᠦ ᠰᠠᠬᠢᠯᠭ᠎ᠠ ᠪᠠᠲᠤ ᠠᠴᠠ ᠵᠦᠷᠢᠴᠡᠵᠦ᠂ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠤᠨ ᠬᠠᠷᠢᠭᠤᠴᠠᠯᠭ᠎ᠠ ᠨᠡᠭᠡᠮᠵᠢᠯᠡᠬᠦ ᠴᠢᠬᠤᠯᠠᠲᠠᠢ ᠨᠠᠮ ᠤᠨ ᠭᠡᠰᠢᠭᠦᠨ ᠺᠠᠳ᠋ᠷ ᠲᠤ 《ᠬᠤᠶᠠᠲᠤᠭᠠᠷ ᠬᠡᠯᠪᠡᠷᠢ》 ᠪᠤᠶᠤ 《ᠭᠤᠷᠪᠠᠲᠤᠭᠠᠷ ᠬᠡᠯᠪᠡᠷᠢ》 ᠶᠢ ᠭᠡᠷᠡᠭᠯᠡᠵᠦ᠂ ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠴᠢᠬᠤᠯᠠᠲᠠᠢ ᠪᠤᠯ ᠲᠤᠬᠢᠷᠠᠭᠤᠯᠤᠯᠲᠠ ᠬᠢᠵᠦ᠂ ᠲᠤᠰᠢᠶᠠᠯ ᠠᠴᠠ ᠨᠢ ᠤᠭᠴᠠᠷᠠᠭᠤᠯᠬᠤ ᠴᠢᠬᠤᠯᠠᠲᠠᠢ ᠪᠤᠯ ᠲᠤᠰᠢᠶᠠᠯ ᠠᠴᠠ ᠨᠢ ᠤᠭᠴᠠᠷᠠᠭᠤᠯᠵᠦ᠂ ᠰᠢᠳᠭᠡᠯ ᠦᠭᠬᠦ ᠴᠢᠬᠤᠯᠠᠲᠠᠢ ᠪᠤᠯ ᠰᠢᠳᠭᠡᠯ ᠦᠭᠴᠤ᠂ ᠰᠢᠭᠤᠳ ᠬᠠᠷᠢᠭᠤᠴᠠᠯᠭ᠎ᠠ ᠲᠠᠢ ᠬᠦᠮᠦᠨ ᠠᠴᠠ ᠬᠠᠷᠢᠭᠤᠴᠠᠯᠭ᠎ᠠ ᠨᠡᠭᠡᠮᠵᠢᠯᠡᠬᠦ ᠮᠦᠷᠲᠡᠭᠡᠨ ᠪᠠᠰᠠ ᠬᠤᠯᠪᠤᠭᠲᠠᠯ ᠪᠦᠬᠦᠢ ᠤᠲᠤᠷᠢᠲᠤᠯᠭ᠎ᠠ ᠶᠢᠨ ᠬᠠᠷᠢᠭᠤᠴᠠᠯᠭ᠎ᠠ ᠶᠢ ᠨᠡᠭᠡᠮᠵᠢᠯᠡᠵᠤ᠂ ᠲᠡᠷᠡᠴᠢᠯᠡᠨ ᠨᠡᠷ᠎ᠠ ᠤᠪᠤᠭ ᠢ ᠨᠢ ᠲᠤᠷᠠᠳᠴᠤ ᠪᠠᠶᠢᠭᠠᠳ ᠤᠯᠠᠠ ᠳᠤ ᠮᠡᠲᠡᠭᠲᠡᠡ ᠢᠯᠡᠴᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠲᠠᠮᠵᠢᠭᠤᠯᠵᠦ ᠨᠠᠮ ᠤᠨ ᠭᠡᠰᠢᠭᠦᠨ ᠺᠠᠳ᠋ᠷ ᠢ ᠭᠡᠲᠡᠷᠬᠦ ᠰᠢᠬᠠᠮᠲᠠᠭᠤᠯᠵᠦ ᠪᠠᠶᠢᠭᠠᠳ ᠰᠤᠷᠲᠠᠯ ᠢ ᠨᠢ ᠬᠤᠪᠢᠷᠠᠭᠤᠯᠤᠨ ᠰᠠᠶᠢᠵᠢᠷᠠᠭᠤᠯᠬᠤ ᠬᠡᠷᠡᠭᠲᠡᠢ᠃
ᠠᠰᠠᠭᠤᠯᠳᠠ᠄ 《ᠵᠠᠩᠭᠢᠯᠠᠭ᠎ᠠ ᠶᠢᠨ ᠴᠦᠭᠡᠡ ᠲᠤᠭᠠᠲᠠᠠ》 ᠢ ᠠᠳᠬᠤᠬᠤ ᠪᠠᠷ ᠲᠠᠮᠵᠢᠭᠤᠯᠵᠦ᠂ ᠡᠯ᠎ᠠ ᠱᠠᠲᠤᠨ ᠤ ᠤᠲᠤᠷᠢᠳᠬᠤ ᠺᠠᠳ᠋ᠷ ᠤᠨ ᠴᠢᠨᠠᠭᠰᠢᠲᠠ ᠪᠡᠶ᠎ᠠ ᠪᠠᠷ ᠢᠶᠠᠨ ᠲᠠᠭᠠᠭᠤᠯᠤᠨ ᠰᠤᠷᠲᠠᠯ ᠢᠶᠠᠨ ᠬᠤᠪᠢᠷᠠᠭᠤᠯᠵᠦ᠂ ᠪᠡᠶ᠎ᠠ ᠪᠠᠷ ᠢᠶᠠᠨ ᠦᠢᠯᠡᠳᠦᠯᠬᠡᠵᠢᠭᠦᠯᠵᠤ᠂ ᠲᠡᠭᠡᠷ᠎ᠠ ᠱᠠᠲᠤ ᠨᠢ ᠲᠤᠤᠷ᠎ᠠ ᠱᠠᠲᠤ ᠪᠠᠨ ᠲᠠᠭᠠᠭᠤᠯᠬᠤ 《ᠲᠦᠷᠦᠭᠦᠴᠢ ᠭᠠᠯᠠᠭᠤ ᠶᠢᠨ ᠦᠢᠯᠡᠲᠦᠯ》 ᠢ ᠭᠡᠷᠬᠢᠨ ᠪᠦᠷᠢᠯᠲᠦᠭᠦᠯᠬᠦ ᠪᠤᠢ︖
ᠬᠠᠷᠢᠭᠤᠯᠳᠠ᠄ ᠰᠤᠷᠲᠠᠯ ᠪᠦᠷᠢᠯᠳᠦᠬᠦ ᠨᠢ ᠲᠡᠭᠡᠷ᠎ᠠ ᠱᠠᠲᠤᠨ ᠳᠤ ᠪᠠᠶᠢᠵᠤ᠂ ᠲᠠᠳᠬᠠᠯ ᠪᠤᠯᠬᠤ ᠨᠢ ᠲᠤᠤᠷ᠎ᠠ ᠱᠠᠲᠤᠨ ᠳᠤ ᠪᠠᠶᠢᠳᠠᠭ᠃ ᠰᠤᠷᠲᠠᠯ ᠤᠨ ᠪᠠᠶᠢᠭᠤᠯᠤᠯᠲᠠ ᠶᠢ ᠠᠳᠬᠤᠬᠤ ᠳᠤ ᠵᠠᠩᠭᠢᠯᠠᠭ᠎ᠠ ᠨᠢ ᠨᠠᠮ ᠤᠨ ᠭᠡᠰᠢᠭᠦᠨ ᠤᠲᠤᠷᠢᠳᠬᠤ ᠺᠠᠳ᠋ᠷ ᠲᠤ ᠪᠠᠶᠢᠨ᠎ᠠ᠃ ᠨᠢᠭᠡ ᠲᠠᠯ᠎ᠠ ᠪᠠᠷ᠂ ᠲᠦᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ ᠠᠴᠠ ᠡᠬᠢᠯᠠᠠ ᠠᠳᠬᠤᠬᠤ ᠭᠡᠷᠡᠭᠲᠡᠢ᠃ ᠲᠦᠪ ᠤᠨ ᠪᠡ ᠲᠦᠷᠦ ᠶᠢᠨ ᠪᠠᠶᠢᠭᠤᠯᠤᠯᠭ᠎ᠠ ᠪᠤᠯ ᠤᠯᠤᠰ ᠤᠨ ᠵᠠᠰᠠᠯᠳᠡ ᠶᠢᠨ ᠰᠢᠰ᠊ᠲ᠊ᠸᠮ ᠤᠨ ᠬᠦᠢᠰᠦ ᠪᠤᠯᠤᠨ᠎ᠡ᠂ ᠪᠠᠶᠢᠷᠢ ᠰᠠᠭᠤᠷᠢ ᠨᠢ ᠴᠢᠬᠤᠯᠠ᠂ ᠨᠦᠯᠦᠭᠡᠯᠡᠭᠦ ᠬᠡᠪᠴᠢᠶ᠎ᠡ ᠪᠠᠷ ᠦᠷᠭᠡᠨ ᠪᠠᠶᠢᠵᠤ᠂ ᠲᠦᠪ ᠪᠡ ᠲᠦᠷᠦ ᠶᠢᠨ ᠪᠠᠶᠢᠭᠤᠯᠤᠯᠭ᠎ᠠ ᠶᠢᠨ ᠤᠳᠤᠷᠢᠳᠬᠤ ᠺᠡᠳ᠋ᠷ ᠤᠨ 《ᠲᠦᠷᠦᠭᠦᠴᠢ ᠭᠠᠯᠠᠭᠤ ᠶᠢᠨ ᠦᠢᠯᠡᠳᠦᠯ》 ᠨᠡᠩ ᠢᠯᠡᠷᠭᠡᠢ ᠪᠠᠶᠢᠳᠠᠭ᠃ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠰᠡᠷᠭᠦᠴᠡᠭᠦ 《ᠠᠩᠬᠠᠲᠠᠭᠴᠢ ᠬᠢᠲᠤᠭ᠎ᠠ》 ᠶᠢ ᠤᠷᠢᠳᠠᠪᠠᠷ ᠲᠦᠪ ᠤᠨ ᠪᠡ ᠲᠦᠷᠦ ᠶᠢᠨ ᠪᠠᠶᠢᠭᠤᠯᠤᠯᠭ᠎ᠠ ᠠᠴᠠ ᠡᠬᠢᠯᠡᠬᠦᠯᠵᠤ᠂ ᠲᠦᠪ ᠤᠨ ᠪᠡ ᠲᠦᠷᠦ ᠶᠢᠨ ᠪᠠᠶᠢᠭᠤᠯᠤᠯᠭ᠎ᠠ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠡ ᠪᠢᠴᠢᠭ ᠮᠠ᠊ᠲ᠊ᠸᠷᠢᠶᠠᠯ ᠢ ᠲᠠᠷᠤᠮᠠᠯᠯᠠᠨ ᠲᠠᠷᠬᠠᠭᠠᠬᠤ᠂ ᠬᠤᠷᠠᠯ ᠬᠤᠷᠠᠯᠳᠤᠭᠤᠯᠬᠤ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠬᠢᠨᠡᠨ ᠵᠦᠪᠰᠢᠶᠡᠷᠡᠭᠦ ᠪᠡ ᠬᠢᠨᠡᠨ ᠬᠠᠮᠢᠶᠠᠷᠬᠤ᠂ ᠪᠠᠶᠢᠴᠠᠭᠠᠨ ᠰᠤᠳᠤᠯᠬᠤ ᠵᠡᠷᠭᠡ ᠠᠵᠢᠯ ᠤᠨ ᠪᠤᠳᠠᠳᠠᠢ ᠦᠷ᠎ᠠ ᠠᠰᠢᠭ ᠠᠴᠠ ᠭᠠᠷᠳᠠᠵᠤ᠂ ᠯᠠᠪᠳᠠᠭᠤᠨ ᠪᠠᠳᠤᠳᠠᠢ ᠪᠠᠷ ᠠᠳᠬᠤᠵᠤ᠂ ᠨᠠᠷᠢᠨ ᠬᠢᠨᠠᠮᠠᠭᠠᠢ ᠪᠠᠷ ᠦᠭᠡᠷᠡᠴᠢᠯᠡᠵᠤ᠂ ᠰᠠᠶᠢᠨ ᠰᠠᠶᠢᠬᠠᠨ ᠰᠤᠷᠳᠡᠯ ᠢᠶᠠᠷ ᠳᠡᠰ ᠳᠡᠰ ᠢᠶᠠᠷ ᠡᠯ᠎ᠡ ᠱᠠᠳᠤᠨ ᠤ ᠨᠠᠮ ᠵᠠᠰᠠᠭ ᠤᠨ ᠪᠠᠶᠢᠭᠤᠯᠤᠯᠭ᠎ᠠ ᠪᠡ ᠨᠠᠮ ᠤᠨ ᠬᠡᠰᠢᠭᠦᠨ ᠺᠡᠳ᠋ᠷ ᠢ ᠲᠠᠶᠢᠴᠢᠯᠠᠵᠤ ᠰᠤᠷᠳᠡᠯ ᠢᠶᠠᠨ ᠬᠤᠪᠢᠷᠠᠭᠤᠯᠵᠤ ᠰᠤᠷᠳᠡᠯ ᠢᠶᠠᠨ ᠰᠠᠶᠢᠵᠢᠷᠠᠭᠤᠯᠬᠤ ᠭᠡᠷᠡᠭᠲᠠᠢ᠃
ᠨᠦᠭᠦᠭᠡ ᠲᠠᠯ᠎ᠡ ᠪᠠᠷ᠂ ᠡᠯ᠎ᠡ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠶᠢᠨ ᠭᠤᠤᠯ ᠬᠠᠷᠢᠭᠤᠴᠠᠯᠭᠠᠳᠡᠨ ᠠᠴᠠ ᠡᠬᠢᠯᠡᠵᠤ ᠠᠳᠬᠤᠬᠤ ᠭᠡᠷᠡᠭᠲᠡᠢ᠃ ᠨᠠᠮ ᠤᠨ ᠵᠤᠬᠢᠶᠡᠨ ᠪᠠᠶᠢᠭᠤᠯᠤᠯᠳᠡ ᠶᠢᠨ ᠭᠤᠤᠯ ᠬᠠᠷᠢᠭᠤᠴᠠᠯᠭᠠᠳᠡᠨ ᠪᠤᠯ ᠲᠦᠷᠦᠭᠦᠴᠢ ᠭᠠᠯᠠᠭᠤ ᠪᠤᠯᠤᠨ᠎ᠡ᠂ 《ᠵᠠᠩᠬᠢᠯᠠᠭ᠎ᠠ ᠶᠢᠨ ᠴᠦᠭᠡᠨ ᠲᠤᠭᠠᠳᠠᠨ》 ᠤ ᠲᠤᠳᠤᠷᠠᠬᠢ 《ᠵᠠᠩᠬᠢᠯᠠᠭ᠎ᠠ ᠶᠢᠨ ᠴᠦᠭᠡᠨ ᠲᠤᠭᠠᠳᠠᠨ》 ᠪᠤᠯᠤᠨ᠎ᠡ᠂ ᠲᠡᠭᠦᠨ ᠤ ᠰᠤᠷᠳᠡᠯ ᠨᠢ ᠨᠢᠭᠡᠨ ᠭᠠᠵᠠᠷ ᠤᠷᠤᠨ ᠪᠤᠶᠤ ᠨᠢᠭᠡᠨ ᠪᠠᠶᠢᠭᠤᠯᠤᠯᠭ᠎ᠠ ᠶᠢᠨ ᠤᠳᠤᠷᠢᠳᠬᠤ ᠪᠠᠭ ᠴᠢᠨᠠᠬᠰᠢᠯᠠᠪᠡᠯ ᠪᠦᠭᠦ ᠨᠠᠮ ᠤᠨ ᠬᠡᠰᠢᠭᠦᠨ ᠺᠡᠳ᠋ᠷ ᠤᠨ ᠰᠤᠷᠳᠡᠯ ᠤᠨ ᠬᠠᠨᠳᠤᠰᠢ ᠪᠤᠯᠤᠨ᠎ᠡ᠃ ᠡᠷᠭᠡᠪᠰᠢ ᠡᠯ᠎ᠡ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠶᠢᠨ ᠭᠤᠤᠯ ᠬᠠᠷᠢᠭᠤᠴᠠᠯᠭᠠᠳᠡᠨ ᠢ ᠴᠢᠩᠭ᠎ᠠ ᠠᠳᠬᠤᠵᠤ᠂ ᠲᠡᠭᠦᠨ ᠢ ᠱᠠᠯᠠᠪᠳᠠᠨ ᠱᠠᠭᠠᠷᠳᠠᠵᠤ ᠪᠠᠶᠢᠭᠠᠳ ᠰᠠᠶᠢᠨ ᠰᠠᠶᠢᠬᠠᠨ ᠰᠤᠷᠳᠡᠯ ᠢ ᠪᠤᠢ ᠪᠤᠯᠭᠠᠵᠤ᠂ ᠲᠡᠭᠡᠳᠤ ᠱᠠᠳᠤ ᠨᠢ ᠲᠤᠤᠷᠠᠳᠤ ᠱᠠᠳᠤ ᠪᠠᠨ ᠲᠠᠶᠢᠴᠢᠯᠠᠬᠤ᠂ 《ᠵᠠᠩᠬᠢᠯᠠᠭ᠎ᠠ ᠶᠢᠨ ᠴᠦᠭᠡᠨ ᠲᠤᠭᠠᠳᠠᠨ》 ᠤ ᠦᠪᠡᠷ ᠤᠨ ᠪᠡᠶ᠎ᠠ ᠳᠡᠭᠡᠨ ᠬᠤᠪᠢᠰᠬᠠᠯ ᠬᠢᠬᠦ ᠪᠠᠷ 《ᠤᠯᠠᠨ ᠲᠤᠭᠠᠳᠠᠨ》 ᠨᠠᠮ ᠤᠨ ᠬᠡᠰᠢᠭᠦᠨ ᠺᠡᠳ᠋ᠷ ᠤᠨ ᠰᠤᠷᠳᠡᠯ ᠢᠶᠠᠨ ᠬᠤᠪᠢᠷᠠᠭᠤᠯᠬᠤ ᠶᠢ ᠲᠠᠶᠢᠴᠢᠯᠠᠬᠤ ᠭᠡᠷᠡᠭᠲᠠᠢ᠃
ᠠᠰᠠᠭᠤᠯᠳᠡ᠄ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠡᠨ ᠤ ᠪᠠᠶᠢᠭᠤᠯᠤᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠵᠢᠭᠠᠪᠦᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠳᠤ᠂ ᠬᠡᠯᠪᠡᠷᠢᠴᠢ ᠦᠵᠡᠯ ᠪᠡ ᠨᠤᠶᠠᠨᠴᠢ ᠰᠤᠷᠳᠠᠯ ᠢ ᠵᠠᠯᠠᠷᠠᠭᠤᠯᠬᠤ ᠲᠠᠯ᠎ᠡ ᠪᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠡᠯᠡᠳᠭᠡᠵᠦ ᠪᠠᠶᠢᠬᠤ ᠪᠤᠢ︖
ᠬᠠᠷᠢᠭᠤᠯᠳᠡ᠄ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠡᠰᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠡᠨ ᠤ ᠪᠠᠶᠢᠭᠤᠯᠤᠯᠭ᠎ᠠ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠡᠷᠡᠰ ᠨᠠᠶᠢᠳᠠᠪᠦᠷᠢᠵᠢᠭᠤᠯᠵᠤ᠂ 《ᠲᠦᠷᠪᠡᠨ ᠰᠤᠷᠳᠡᠯ》 ᠢ ᠴᠤᠴᠠᠯᠳᠠ ᠦᠭᠡᠢ ᠵᠠᠯᠠᠷᠠᠭᠤᠯᠤᠭᠰᠠᠠ ᠢᠶᠠᠷ ᠵᠢᠷᠭᠠᠨ ᠴᠡᠩᠭᠡᠭᠦ ᠦᠵᠡᠯ᠂ ᠱᠠᠯᠢᠨ ᠪᠦᠷᠢᠯᠭᠡᠭᠦ ᠰᠤᠷᠳᠡᠯ ᠢᠯᠡᠳᠳᠡ ᠪᠠᠭᠠᠰᠪᠡ᠂ ᠬᠡᠪᠡᠴᠤ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠮᠦᠨᠴᠤ ᠠᠳᠠᠯᠢ ᠪᠤᠰᠤ ᠬᠡᠮᠵᠢᠶ᠎ᠡ ᠪᠠᠷ ᠤᠷᠤᠰᠢᠵᠤ ᠪᠠᠶᠢᠨ᠎ᠡ᠃ ᠵᠢᠱᠢᠶᠡᠯᠡᠪᠡᠯ᠂ ᠵᠠᠷᠢᠮ ᠦᠨᠳᠤᠰᠤᠨ ᠱᠠᠳᠤᠨ ᠤ ᠨᠠᠮ ᠤᠨ ᠵᠤᠬᠢᠶᠡᠨ ᠪᠠᠶᠢᠭᠤᠯᠤᠯᠳᠡ ᠶᠢᠨ ᠤᠨᠤᠯ ᠤᠨ ᠰᠤᠷᠤᠯᠴᠠᠯᠭ᠎ᠠ ᠪᠡ ᠠᠵᠢᠯ ᠤᠨ ᠦᠢᠯᠡᠳᠦᠯᠭᠡ ᠨᠢ ᠰᠠᠯᠤᠩᠬᠢᠷᠠᠵᠤ᠂ ᠲᠤᠤᠷᠠᠳᠤ ᠱᠠᠳᠤᠨ ᠤ ᠪᠠᠶᠢᠭᠤᠯᠤᠯᠭ᠎ᠠ ᠠᠴᠠ ᠮᠠ᠊ᠲ᠊ᠸᠷᠢᠶᠠᠯ ᠠᠪᠬᠤ ᠨᠢ ᠬᠡᠳᠤᠷᠬᠡᠢ ᠤᠯᠠᠨ ᠬᠡᠳᠤᠷᠬᠡᠢ ᠪᠠᠴᠢᠮ ᠪᠠᠶᠢᠵᠤ᠂ ᠪᠠᠶᠢᠴᠠᠭᠠᠨ ᠰᠤᠳᠤᠯᠤᠯᠳᠡ ᠬᠢᠭᠦ ᠲᠤᠮᠳᠡ ᠦᠨᠳᠤᠰᠤᠨ ᠱᠠᠳᠤ ᠪᠠᠷ ᠶᠠᠪᠤᠵᠤ ᠦᠨᠡᠡ ᠪᠠᠶᠢᠳᠠᠯ ᠢ ᠦᠢᠯᠠᠭᠠᠬᠤ ᠨᠢ ᠴᠦᠭᠡᠨ ᠵᠡᠷᠭᠡ ᠠᠰᠠᠭᠤᠳᠠᠯ ᠮᠦᠨᠴᠤ ᠤᠷᠤᠰᠢᠵᠤ ᠪᠠᠶᠢᠨ᠎ᠡ᠂ ᠪᠡᠰᠡ ᠵᠠᠷᠢᠮ ᠨᠦᠭᠦᠳ ᠬᠠᠷᠢᠯᠴᠠᠬᠤ ᠭᠠᠵᠠᠷ ᠤᠷᠤᠨ ᠪᠡ ᠰᠠᠯᠠᠭ᠎ᠠ ᠮᠦᠴᠢᠷ ᠤᠨ ᠨᠦᠭᠦᠳ ᠲᠤ ᠤᠪᠤᠷ ᠮᠠᠭᠤᠳᠠᠢ ᠴᠢᠨᠠᠭᠰᠢᠯᠠᠪᠡᠯ ᠦᠨᠳᠤᠷ ᠳᠡᠭᠡᠷ᠎ᠡ ᠠᠴᠠ ᠤᠷᠤᠭᠤ ᠬᠠᠷᠠᠵᠤ ᠪᠠᠶᠢᠳᠠᠭ᠃ ᠡᠳᠡᠭᠡᠷ ᠠᠰᠠᠭᠤᠳᠠᠯ ᠢ ᠡᠷᠭᠡᠪᠰᠢ ᠨᠠᠷᠢᠨ ᠬᠢᠨᠠᠮᠠᠭᠠᠢ ᠪᠠᠷ ᠰᠢᠢᠳᠪᠦᠷᠢᠯᠡᠭᠦ ᠭᠡᠷᠡᠭᠲᠠᠢ᠃
ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠨᠢ ᠨᠠᠮ ᠤᠨ ᠲᠤᠳᠤᠭᠠᠳᠤ ᠳᠤ ᠬᠢᠨᠠᠯᠳᠡ ᠲᠠᠯᠪᠢᠬᠤ ᠶᠢᠨ ᠬᠠᠮᠤᠭ ᠤᠨ ᠲᠡᠭᠡᠳᠤ ᠲᠤᠰᠬᠠᠢ ᠬᠠᠷᠢᠭᠤᠴᠠᠯᠭᠠᠳᠤ ᠪᠠᠶᠢᠭᠤᠯᠤᠯᠭ᠎ᠠ ᠪᠤᠯᠤᠬᠰᠡᠨ ᠤ ᠬᠤᠪᠢ ᠳᠤ᠂ ᠲᠡᠮᠦᠷ ᠢ ᠲᠠᠪᠳᠠᠬᠤ ᠳᠤ ᠦᠪᠡᠷ ᠢᠶᠠᠨ ᠵᠠᠪᠠᠯ ᠬᠠᠳᠠᠭᠤ ᠪᠠᠶᠢᠬᠤ ᠭᠡᠷᠡᠭᠲᠠᠢ᠂ 《ᠲᠦᠷᠪᠡᠨ ᠰᠤᠷᠳᠡᠯ》 ᠢ ᠴᠡᠭᠴᠡᠯᠡᠨ ᠵᠠᠰᠠᠬᠤ ᠠᠰᠠᠭᠤᠳᠠᠯ ᠳᠡᠭᠡᠷ᠎ᠡ ᠵᠤᠭᠰᠤᠴᠠ ᠨᠡᠩ ᠦᠨᠳᠤᠷ᠂ ᠪᠠᠷᠢᠮᠵᠢᠶ᠎ᠠ ᠨᠡᠩ ᠴᠢᠩᠭ᠎ᠠ᠂ ᠦᠢᠯᠡ ᠠᠵᠢᠯᠯᠠᠭ᠎ᠠ ᠨᠡᠩ ᠤᠬᠠᠮᠰᠠᠷ ᠲᠠᠢ ᠪᠠᠶᠢᠵᠤ᠂ ᠯᠠᠪᠳᠠᠭᠤᠨ ᠪᠠᠳᠤᠳᠠᠢ ᠰᠤᠷᠳᠡᠯ ᠢᠶᠠᠷ ᠪᠦᠭᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠶᠢ ᠪᠠᠳᠤᠯᠠᠵᠤ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢ ᠭᠦᠨᠵᠡᠭᠡᠶᠢᠷᠡᠬᠦᠯᠦᠨ ᠰᠠᠶᠢᠳᠤᠷ ᠠᠳᠬᠤᠵᠤ᠂ ᠰᠤᠷᠳᠡᠯ ᠢ ᠲᠦᠪ ᠪᠤᠯᠭᠠᠵᠤ ᠢᠯᠵᠡᠷᠡᠯ ᠢ ᠡᠰᠡᠷᠭᠦᠴᠡᠭᠦ ᠠᠵᠢᠯ ᠢ ᠰᠠᠶᠢᠳᠤᠷ ᠬᠢᠭᠦ ᠭᠡᠷᠡᠭᠲᠠᠢ᠃ ᠡᠩ ᠲᠡᠷᠢᠭᠦᠨ ᠳᠤ ᠲᠤᠰᠢᠶᠡᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠪᠠᠶᠢᠭᠠᠳ ᠦᠪᠡᠷ ᠤᠨ ᠪᠡᠶ᠎ᠡ ᠪᠠᠨ ᠤᠷᠤᠭᠤᠯᠵᠤ ᠲᠠᠯᠪᠢᠵᠤ᠂ ᠪᠡᠶ᠎ᠡ ᠪᠠᠷ ᠢᠶᠠᠨ ᠦᠯᠢᠭᠡᠷ ᠲᠠᠭᠤᠷᠢᠶᠠᠯ ᠪᠤᠯᠵᠤ᠂ ᠦᠪᠡᠷ ᠤᠨ ᠪᠡᠶ᠎ᠡ ᠳᠡᠭᠡᠷ᠎ᠡ ᠤᠷᠤᠰᠢᠵᠤ ᠪᠠᠶᠢᠭ᠎ᠠ ᠲᠤᠳᠠᠭᠤᠳᠠᠯ ᠪᠡ ᠭᠦᠷᠦᠯᠴᠡᠭᠦ ᠦᠭᠡᠢ ᠲᠠᠯ᠎ᠡ ᠪᠠᠨ ᠲᠦᠷᠦᠭᠦᠯᠡᠨ ᠡᠷᠢᠵᠤ᠂ ᠲᠦᠷᠦᠭᠦᠯᠡᠨ ᠴᠡᠭᠴᠡᠯᠡᠨ ᠵᠠᠰᠠᠵᠤ ᠨᠠᠶᠢᠳᠠᠪᠦᠷᠢᠵᠢᠭᠤᠯᠬᠤ ᠭᠡᠷᠡᠭᠲᠠᠢ᠃ 《ᠬᠤᠶᠠᠷ ᠢ ᠰᠤᠷᠤᠯᠴᠠᠵᠤ ᠨᠢᠭᠡ ᠳᠤ ᠲᠡᠩᠴᠡᠬᠦᠯᠬᠦ》 ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠬᠤ ᠲᠦᠷᠢᠮᠵᠢᠭᠦᠯᠭᠦ ᠪᠡ 《ᠤᠭ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ》 ᠭᠤᠤᠯ ᠰᠡᠳᠦᠪᠳᠤ ᠬᠦᠮᠤᠵᠢᠯ ᠤᠨ ᠲᠤᠮᠳᠡ᠂ ᠰᠤᠷᠤᠯᠴᠠᠬᠤ ᠰᠤᠷᠳᠡᠯ᠂ ᠵᠤᠬᠢᠶᠡᠯ ᠤᠨ ᠰᠤᠷᠳᠡᠯ ᠵᠡᠷᠭᠡ ᠨᠠᠷᠢᠨ ᠵᠦᠢᠯᠡᠰ ᠠᠴᠠ ᠠᠳᠬᠤᠵᠤ᠂ ᠰᠠᠶᠢᠨ ᠰᠤᠷᠳᠡᠯ ᠢᠶᠠᠷ ᠰᠠᠶᠢᠨ ᠦᠷ ᠠ ᠪᠦᠳᠦᠮᠵᠢ ᠶᠢ ᠪᠠᠳᠤᠯᠠᠬᠤ ᠭᠡᠷᠡᠭᠲᠠᠢ᠃ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠲᠤᠪᠤᠶᠢᠮ᠎ᠡ ᠠᠰᠠᠭᠤᠳᠠᠯ ᠳᠤ ᠲᠦᠪᠯᠡᠷᠡᠭᠦᠯᠵᠤ᠂ ᠪᠠᠶᠢᠭᠤᠯᠤᠯᠭ᠎ᠠ ᠶᠢᠨ ᠰᠤᠷᠳᠡᠯ ᠢᠶᠠᠨ ᠪᠦᠭᠦ᠋ᠢᠯᠡ ᠴᠤᠭᠴᠡ ᠪᠠᠷ ᠰᠠᠶᠢᠵᠢᠷᠠᠭᠤᠯᠬᠤ ᠶᠢ ᠲᠠᠶᠢᠴᠢᠯᠠᠬᠤ ᠬᠡᠷᠡᠭᠲᠡᠢ᠃ ᠠᠩᠬᠠᠷᠤᠭᠤᠯᠤᠨ ᠰᠡᠷᠡᠮᠵᠢᠯᠡᠭᠦᠯᠭᠦ᠂ ᠰᠢᠭᠦᠮᠵᠢᠯᠡᠨ ᠬᠦᠮᠤᠵᠢᠭᠦᠯᠭᠦ᠂ ᠰᠠᠨᠠᠭᠤᠯᠤᠨ ᠶᠠᠷᠢᠯᠴᠠᠬᠤ ᠵᠡᠷᠭᠡ ᠠᠷᠭ᠎ᠠ ᠪᠠᠷᠢᠯ ᠢᠶᠠᠷ ᠲᠠᠮᠵᠢᠭᠤᠯᠤᠨ ᠲᠠᠷᠤᠯᠳᠡ ᠦᠭᠴᠤ᠂ ᠪᠠᠶᠢᠭᠤᠯᠤᠯᠭ᠎ᠠ ᠶᠢᠨ ᠺᠡᠳ᠋ᠷ ᠲᠤ ᠡᠳᠤᠷ ᠲᠤᠳᠤᠮ ᠤᠨ ᠴᠢᠩᠭ᠎ᠠ ᠬᠢᠨᠡᠯᠳᠡ ᠲᠠᠯᠪᠢᠬᠤ ᠭᠡᠷᠡᠭᠲᠠᠢ᠃ ᠬᠡᠯᠪᠡᠷᠢᠴᠢ ᠦᠵᠡᠯ ᠪᠡ ᠨᠤᠶᠡᠨᠴᠢ ᠰᠤᠷᠳᠠᠯ ᠭᠠᠷᠭᠠᠬᠤ ᠲᠤᠷᠠᠲᠠᠢ᠂ ᠭᠦᠨᠳᠤ ᠨᠤᠴᠢᠳᠠᠢ ᠦᠷ᠎ᠠ ᠳ᠋ᠦᠩ ᠪᠡ ᠮᠠᠭᠤ ᠨᠦᠯᠦᠭᠡ ᠭᠠᠷᠭᠠᠭᠰᠠᠠ ᠪᠠᠶᠢᠭᠤᠯᠤᠯᠭ᠎ᠠ ᠶᠢᠨ ᠺᠡᠳ᠋ᠷ ᠢ ᠲᠦᠪ ᠴᠢᠩᠭ᠎ᠠ ᠰᠢᠢᠳᠪᠦᠷᠢᠯᠡᠨ᠎ᠡ᠂ ᠦᠴᠦᠭᠡᠨ ᠴᠤ ᠢᠯᠳᠠᠷ ᠬᠠᠶᠠᠵᠦ ᠪᠤᠯᠬᠤ ᠦᠭᠡᠢ᠃
(ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 11 ᠤ ᠴᠠᠬᠢᠯᠭᠠᠨ ᠮᠡᠳᠡᠭᠡ)