ᠪᠠᠲᠤᠬᠠᠭᠠᠯᠭ᠎ᠠ ᠶ᠋ᠢᠨ ᠶᠠᠫᠤᠨ ᠢ ᠡᠰᠡᠷᠭᠦᠴᠡᠭᠰᠡᠨ ᠵᠡᠪᠰᠡᠭᠲᠦ ᠪᠤᠰᠤᠯᠭ᠎ᠠ ᠶ᠋ᠢᠨ ᠳᠤᠷᠠᠰᠬᠠᠯ ᠤᠨ ᠬᠦᠰᠢᠶ᠎ᠡ

ᠪᠠᠲᠤᠬᠠᠭᠠᠯᠭ᠎ᠠ ᠶ᠋ᠢᠨ ᠶᠠᠫᠤᠨ ᠢ ᠡᠰᠡᠷᠭᠦᠴᠡᠭᠰᠡᠨ ᠵᠡᠪᠰᠡᠭᠲᠦ ᠪᠤᠰᠤᠯᠭ᠎ᠠ ᠶ᠋ᠢᠨ ᠳᠤᠷᠠᠰᠬᠠᠯ ᠤᠨ ᠬᠦᠰᠢᠶ᠎ᠡ ᠨᠢ ᠪᠤᠭᠤᠲᠤ ᠬᠤᠲᠠ ᠶ᠋ᠢᠨ ᠳᠠᠷᠬᠠᠨ ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠡᠮᠦᠨ᠎ᠡ ( ᠮᠦᠷᠡᠨ ᠦ ᠡᠮᠦᠨᠡᠲᠦ ᠡᠷᠭᠢ ) ᠳ᠋ᠦ ᠦᠨᠳᠦᠷᠯᠡᠵᠦ ᠪᠠᠶᠢᠨ᠎ᠠ ᠃
1936 ᠤᠨ ᠤ 2 ᠰᠠᠷ᠎ᠠ ᠶ᠋ᠢᠨ 21 ᠦ ᠡᠳᠦᠷ ᠂ ᠪᠠᠲᠤᠬᠠᠭᠠᠯᠭ᠎ᠠ ᠶ᠋ᠢᠨ ᠮᠤᠩᠭᠤᠯ ᠵᠠᠰᠠᠭ ᠤᠨ ᠵᠦᠪᠯᠡᠯ ᠤᠨ ᠠᠮᠤᠷ ᠢ ᠬᠠᠮᠠᠭᠠᠯᠠᠬᠤ ᠲᠤᠪᠴᠢᠶᠠᠨ ᠤ ᠮᠢᠩᠭ᠎ᠠ ᠭᠠᠷᠤᠢ ᠡᠬᠡ ᠤᠷᠤᠨᠴᠢ ᠳᠠᠷᠤᠭ᠎ᠠ ᠪᠠᠶᠢᠯᠳᠤᠭᠴᠢᠳ ᠡᠴᠠ ᠶᠠᠫᠤᠨ ᠤ ᠡᠵᠡᠷᠬᠡ ᠲᠦᠷᠢᠮᠡᠬᠡᠢ ᠦᠵᠡᠯ ᠤᠨ ᠲᠦᠷᠢᠮᠡᠬᠡᠶᠢᠯᠡᠯ ᠢ ᠡᠰᠡᠷᠬᠦᠴᠡᠬᠦ ᠶ᠋ᠢᠨ ᠲᠦᠯᠦᠭᠡ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠤᠩᠭᠤᠯ ᠤᠨ ᠠᠵᠢᠯ ᠤᠨ ᠬᠤᠷᠢᠶᠠᠨ ᠤ ᠱᠦᠵᠢ ᠤᠯᠠᠭᠠᠨᠬᠦᠦ ᠵᠡᠷᠭᠡ ᠡᠪ ᠬᠠᠮᠲᠤ ᠨᠠᠮ ᠤᠨ ᠲᠦᠯᠦᠪᠯᠡᠭᠡᠨ ᠳᠤᠤᠷ᠎ᠠ ᠂ ᠶᠦᠨ ᠾᠢ ᠰᠢᠶᠠᠨ ᠂ ᠂ ᠵᠦ ᠱᠢ ᠹᠦ᠋ ᠵᠡᠷᠭᠡ ᠬᠦᠮᠦᠰ ᠮᠤᠩᠭᠤᠯ ᠵᠠᠰᠠᠭ ᠤᠨ ᠬᠤᠷᠠᠯ ᠡᠴᠠ ᠡᠷᠡᠰ ᠲᠠᠰᠤᠷᠬᠠᠢ ᠪᠠᠷ ᠠᠩᠭᠢᠵᠠᠷᠠᠨ ᠰᠠᠯᠵᠤ ᠂ ᠵᠡᠪᠰᠡᠭᠲᠦ ᠪᠤᠰᠤᠯᠭ᠎ᠠ ᠦᠷᠨᠢᠭᠦᠯᠦᠨ ᠂ ᠨᠢᠭᠡᠨ ᠳᠠᠪᠰᠢᠭᠰᠠᠨ ᠮᠤᠩᠭᠤᠯ ᠦᠨᠳᠦᠰᠦᠲᠡᠨ ᠦ ᠶᠠᠫᠤᠨ ᠢ ᠡᠰᠡᠷᠭᠦᠴᠡᠭᠰᠡᠨ ᠵᠡᠪᠰᠡᠭᠲᠦ ᠬᠦᠴᠦᠨ ᠢ ᠠᠯᠬᠤᠮ ᠠᠯᠬᠤᠮ ᠢᠶᠠᠷ ᠪᠠᠶᠢᠭᠤᠯᠤᠭᠰᠠᠨ ᠪᠠᠶᠢᠨ᠎ᠠ ᠃ ᠤᠯᠠᠭᠠᠨᠬᠦᠦ ᠡᠴᠠ ᠲᠤᠰ ᠴᠡᠷᠢᠭ ᠠᠩᠬᠢ ᠳ᠋ᠤ ᠡᠪ ᠬᠠᠮᠲᠤ ᠨᠠᠮ ᠤᠨ ᠬᠡᠰᠢᠭᠦᠨ ᠬᠢᠭᠡᠳ ᠳᠠᠪᠰᠢᠭᠰᠠᠨ ᠵᠠᠯᠠᠭᠤᠴᠤᠳ ᠢ ᠲᠤᠮᠢᠯᠠᠨ ᠤᠷᠤᠭᠤᠯᠵᠤ ᠂ ᠨᠠᠮ ᠤᠨ ᠵᠤᠬᠢᠶᠠᠨ ᠪᠠᠶᠢᠭᠤᠯᠤᠯᠲᠠ ᠶ᠋ᠢ ᠪᠠᠶᠢᠭᠤᠯᠤᠨ ᠂ ᠡᠨᠡᠬᠦ ᠮᠤᠩᠭᠤᠯ ᠦᠨᠳᠦᠰᠦᠲᠡᠨ ᠦ ᠶᠠᠫᠤᠨ ᠢ ᠡᠰᠡᠷᠭᠦᠴᠡᠬᠦ ᠵᠡᠪᠰᠡᠭᠲᠦ ᠬᠦᠴᠦᠨ ᠦ ᠪᠤᠵᠠᠭᠠᠶᠢᠷᠠᠯ ᠤᠨ ᠲᠦᠯᠦᠭᠡ ᠪᠠᠲᠤ ᠴᠢᠩᠭ᠎ᠠ ᠤᠯᠤᠰ ᠲᠦᠷᠦ ᠬᠢᠭᠡᠳ ᠵᠤᠬᠢᠶᠠᠨ ᠪᠠᠶᠢᠭᠤᠯᠤᠯᠲᠠ ᠶ᠋ᠢᠨ ᠪᠠᠲᠤᠯᠠᠭ᠎ᠠ ᠬᠠᠩᠭᠠᠭᠰᠠᠨ ᠪᠠᠶᠢᠨ᠎ᠠ ᠃ ᠡᠨᠡ ᠰᠠᠯᠠᠭ᠎ᠠ ᠴᠡᠷᠢᠭ ᠠᠩᠬᠢ ᠨᠢ 1938 ᠤᠨ ᠤ 5 ᠰᠠᠷ᠎ᠠ ᠳ᠋ᠤ ᠰᠢᠨ᠎ᠡ ᠭᠤᠷᠪᠠᠳᠤᠭᠠᠷ ᠳ᠋ᠢᠸᠢᠽᠢ ᠪᠤᠯᠤᠨ ᠦᠷᠭᠡᠳᠬᠡᠨ ᠪᠠᠶᠢᠭᠤᠯᠤᠭᠳᠠᠵᠠᠢ ᠃ ᠲᠡᠷᠡ ᠨᠢ ᠦᠪᠦᠷ ᠮᠤᠩᠭᠤᠯ ᠤᠨ ᠶᠠᠫᠤᠨ ᠢ ᠡᠰᠡᠷᠭᠦᠴᠡᠬᠦ ᠳᠠᠶᠢᠨ ᠤ ᠠᠩᠬᠠᠨ ᠤ ᠲᠤᠬᠢᠶ᠎ᠠ ᠶ᠋ᠢ ᠲᠠᠯᠪᠢᠵᠦ ᠂ ᠦᠪᠦᠷ ᠮᠤᠩᠭᠤᠯ ᠤᠷᠤᠨ ᠤ ᠤᠯᠤᠰ ᠢᠶᠡᠨ ᠬᠠᠶᠢᠷᠠᠯᠠᠵᠤ ᠶᠠᠫᠤᠨ ᠢ ᠡᠰᠡᠷᠭᠦᠴᠡᠬᠦ ᠲᠤᠭ ᠢ ᠦᠨᠳᠦᠷ ᠮᠠᠨᠳᠤᠭᠤᠯᠵᠤ᠂ ᠳᠡᠮᠴᠦᠭᠳᠤᠩᠷᠤᠪ ᠨᠠᠷ ᠤᠨ ᠶᠠᠫᠤᠨ ᠢ ᠳᠤᠲᠤᠨᠤᠴᠢᠯᠠᠨ ᠪᠠᠭᠤᠨ ᠦᠭᠭᠦᠭᠰᠡᠨ ᠶᠠᠯᠠᠲᠤ ᠠᠵᠢᠯᠯᠠᠭ᠎ᠠ ᠬᠢᠭᠡᠳ ᠶᠠᠫᠤᠨ ᠤ ᠡᠵᠡᠷᠬᠡᠭ ᠲᠦᠷᠢᠮᠡᠬᠡᠢ ᠦᠵᠡᠯ ᠦᠨ ᠤᠮᠤᠭ ᠲᠤ ᠴᠤᠬᠢᠯᠲᠠ ᠦᠭᠴᠦ ᠂ ᠮᠤᠩᠭᠤᠯ ᠦᠨᠳᠦᠰᠦᠲᠡᠨ ᠤ ᠶᠠᠫᠤᠨ ᠳᠡᠭᠡᠷᠡᠮᠴᠢᠳ ᠦᠨ ᠲᠦᠷᠢᠮᠡᠬᠡᠶᠢᠯᠡᠯ ᠢ ᠡᠰᠡᠷᠭᠦᠴᠡᠬᠦ ᠳ᠋ᠦ ᠨᠢᠭᠡᠨ ᠢᠷᠠᠭᠤ ᠭᠠᠶᠢᠬᠠᠮᠰᠢᠭᠲᠤ ᠢᠯᠠᠯᠲᠠ ᠶ᠋ᠢᠨ ᠳᠠᠭᠤᠯᠠᠯ ᠢ ᠪᠢᠴᠢᠭᠯᠡᠭᠰᠡᠨ ᠪᠠᠶᠢᠨ᠎ᠠ ᠃
ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠡᠭᠦᠳᠡᠨ ᠡᠴᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠦ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠡᠴᠠ ᠲᠤᠰ ᠬᠦᠰᠢᠶ᠎ᠡ ᠶ᠋ᠢ ᠪᠠᠶᠢᠭᠤᠯᠤᠨ ᠪᠤᠰᠬᠠᠬᠤ ᠪᠠᠷ ᠲᠤᠭᠲᠠᠵᠤ ᠂ 1989 ᠤᠨ ᠤ 10 ᠰᠠᠷ᠎ᠠ ᠶ᠋ᠢᠨ 21 ᠦ ᠡᠳᠦᠷ ᠪᠠᠶᠢᠭᠤᠯᠤᠭᠲᠠᠵᠠᠢ ᠃ ᠳᠤᠷᠠᠰᠬᠠᠯ ᠤᠨ ᠬᠦᠰᠢᠶᠡᠨ ᠦ ᠬᠦᠷᠢᠶᠡᠯᠡᠩ ᠳᠤᠲᠤᠷ᠎ᠠ ᠨᠢᠭᠡ ᠲᠢᠩᠬᠢᠮ ᠪᠠᠶᠢᠵᠦ ᠂ ᠲᠤᠬᠠᠢ ᠶ᠋ᠢᠨ ᠵᠢᠯ ᠳ᠋ᠦ ᠵᠡᠪᠰᠡᠭᠲᠦ ᠪᠤᠰᠤᠯᠭ᠎ᠠ ᠳ᠋ᠦ ᠤᠷᠤᠯᠴᠠᠭᠰᠠᠨ ᠤᠳᠤᠷᠢᠳᠤᠯᠭ᠎ᠠ ᠵᠢᠴᠢ ᠬᠡᠰᠢᠭᠦᠳ ᠦᠨ ᠭᠡᠷᠡᠯ ᠵᠢᠷᠤᠭ ᠬᠢᠭᠡᠳ ᠡᠳ᠋ ᠪᠤᠳᠠᠰ ᠢ ᠳᠡᠯᠭᠡᠵᠦ ᠪᠠᠶᠢᠳᠠᠭ ᠃ ᠤᠳᠤ ᠨᠢᠭᠡᠨᠲᠡ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠡᠦᠬᠡ ᠶ᠋ᠢᠨ ᠳᠤᠷᠠᠰᠬᠠᠯᠲᠤ ᠪᠤᠳᠠᠰ ᠢ ᠬᠠᠳᠠᠭᠠᠯᠠᠬᠤ ᠨᠢᠭᠡᠴᠢ ᠪᠤᠯᠤᠨ ᠤᠯᠤᠰ ᠢᠶᠡᠨ ᠬᠠᠶᠢᠷᠠᠯᠠᠬᠤ ᠦᠵᠡᠯ ᠦᠨ ᠬᠦᠮᠦᠵᠢᠯ ᠦᠨ ᠰᠠᠭᠤᠷᠢᠨ ᠭᠠᠵᠠᠷ ᠪᠤᠯᠤᠭᠰᠠᠨ ᠪᠠᠶᠢᠨ᠎ᠠ ᠃ 2004 ᠤᠨ ᠤ 11 ᠰᠠᠷ᠎ᠠ ᠳ᠋ᠤ ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠡᠴᠠ ᠵᠢᠷᠭᠤᠳᠤᠭᠠᠷ ᠪᠦᠯᠦᠭ ᠦᠨ ᠪᠦᠬᠦ ᠤᠯᠤᠰ ᠤᠨ ᠭᠤᠤᠯᠳᠤᠯᠭᠠ ᠲᠠᠢ ᠲᠡᠦᠬᠡ ᠶ᠋ᠢᠨ ᠳᠤᠷᠠᠰᠬᠠᠯᠲᠤ ᠵᠦᠢᠯ ᠢᠶ᠋ᠡᠷ ᠬᠠᠮᠠᠭᠠᠯᠠᠭᠳᠠᠬᠤ ᠨᠢᠭᠡᠴᠢ ᠪᠡᠷ ᠲᠠᠨᠢᠯᠴᠠᠭᠤᠯᠤᠭᠳᠠᠨ ᠲᠡᠪᠰᠢᠭᠦᠯᠦᠭᠳᠡᠭᠰᠡᠨ ᠪᠠᠶᠢᠨ᠎ᠠ ᠃