ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠺᠣᠮᠢᠰ ᠤᠨ ᠠᠯᠪᠠᠨ ᠭᠡᠷ ᠤᠨ ᠬᠠᠭᠤᠴᠢᠨ ᠪᠠᠭᠤᠷᠢ


ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠺᠣᠮᠢᠰ ᠤᠨ ᠠᠯᠪᠠᠨ ᠬᠠᠭᠤᠴᠢᠨ ᠪᠠᠭᠤᠷᠢ ᠨᠢ ᠬᠢᠩᠭᠠᠨ ᠠᠶᠢᠮᠠᠭ ᠤᠨ ᠤᠯᠠᠭᠠᠨᠬᠣᠲᠠ ᠶ᠋ᠢᠨ ᠬᠣᠶᠢᠲᠤ 14 ᠨᠤᠮᠸᠷ ᠲᠤ ᠪᠠᠶᠢᠷᠢᠯᠠᠵᠦ᠂ 1936 ᠣᠨ ᠳ᠋ᠤ ᠪᠠᠶᠢᠭᠤᠯᠤᠭᠳᠠᠨ ᠂ ᠪᠠᠷᠢᠯᠭ᠎ᠠ ᠶ᠋ᠢᠨ ᠲᠠᠯᠠᠪᠠᠶ ᠨᠢ 1881.08 ᠲᠡᠭᠰᠢ ᠳᠦᠷᠪᠡᠯᠵᠢᠨ ᠮᠸᠲ᠋ᠷ ᠪᠠᠶᠢᠵᠦ᠂ ᠤᠤᠯ ᠨᠢ ᠮᠠᠨᠵᠤ ᠶ᠋ᠢᠨ ᠰᠢᠩ ᠠᠨ ᠡᠮᠦᠨ᠎ᠡ ᠮᠤᠵᠢ ᠪᠣᠯᠤᠨ ᠬᠢᠩᠭᠠᠨ ᠤ ᠶᠡᠷᠦᠩᠬᠡᠶ ᠮᠣᠵᠢ ᠶ᠋ᠢᠨ ᠠᠯᠪᠠᠨ ᠭᠡᠷ ᠦᠨ ᠠᠰᠠᠷ ᠪᠠᠶᠢᠵᠦ ᠂ ᠨᠢᠭᠡᠨ ᠴᠠᠶᠢᠪᠤᠷ ᠪᠣᠷᠣ ᠦᠩᠭᠡ ᠲᠠᠢ ᠬᠣᠶᠠᠷ ᠳᠠᠪᠬᠤᠷ ᠠᠰᠠᠷ ᠪᠤᠯᠬᠤ ᠶᠤᠮ ᠃
1945 ᠤᠨ ᠤ 5 ᠰᠠᠷ᠎ᠠ ᠶ᠋ᠢᠨ 21 ᠦ ᠡᠳᠦᠷ᠂ ᠨᠠᠮ ᠤᠨ ᠲᠥᠪ ᠬᠣᠷᠢᠶᠠᠨ ᠤ ᠵᠡᠭᠦᠨ ᠬᠣᠶᠢᠲᠤ ᠣᠷᠣᠨ ᠤ ᠲᠣᠪᠴᠢᠶᠠᠨ ᠡᠴᠠ ᠵᠢᠭᠠᠪᠤᠷᠢ ᠭᠠᠷᠭᠠᠵᠤ ᠄ 《 ᠥᠪᠥᠷ ᠮᠣᠩᠭᠣᠯ ᠤᠨ ᠨᠠᠮ ᠤᠨ ᠵᠤᠬᠢᠶᠠᠨ ᠪᠠᠶᠢᠭᠤᠯᠤᠯᠲᠠ ᠶ᠋ᠢ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠬᠡᠮᠡᠨ ᠨᠡᠷᠡᠯᠡᠵᠦ ᠪᠤᠯᠤᠨ᠎ᠠ 》 ᠭᠡᠰᠡᠨ ᠪᠠᠶᠢᠨ᠎ᠠ ᠃ 5 ᠰᠠᠷ᠎ᠠ ᠶ᠋ᠢᠨ 26 ᠦ ᠡᠳᠦᠷ ᠂ ᠵᠡᠭᠦᠨ ᠬᠣᠶᠢᠲᠤ ᠣᠷᠣᠨ ᠤ ᠲᠣᠪᠴᠢᠶ᠎ᠠ ᠡᠴᠠ《 ᠶᠦᠨ ᠽᠸ ᠵᠡᠷᠭᠡ 9 ᠨᠦᠬᠦᠷ ᠦᠨ ᠥᠪᠥᠷ ᠮᠣᠩᠭᠣᠯ ᠤᠨ ᠠᠵᠢᠯ ᠤᠨ ᠬᠣᠷᠢᠶᠠᠨ ᠤ ᠭᠡᠰᠢᠭᠦᠨ ᠪᠤᠯᠬᠤ ᠲᠣᠭᠲᠠᠭᠠᠯ 》 ᠢ ᠭᠠᠷᠭᠠᠵᠦ ᠂ ᠤᠯᠠᠭᠠᠨᠬᠦᠦ ᠶ᠋ᠢ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶᠠᠨ ᠤ ᠱᠦᠵᠢ ᠂ ᠯᠢᠦ ᠴᠦᠨ᠂ ᠺᠦᠢ ᠪᠢ ᠂ ᠬᠦᠬᠦᠷᠭᠡ ᠂ ᠸᠠᠩ ᠽᠠᠢ ᠲᠢᠶᠠᠨ ᠂ ᠸᠠᠩ ᠢ ᠯᠦᠨ ᠂ ᠬᠠᠹᠦ᠋ᠩᠭ᠎ᠠ ᠂ ᠲᠡᠮᠦᠷᠪᠠᠭᠠᠨ᠎ᠠ ᠂ ᠸᠠᠩ ᠳ᠋ᠦᠸᠸ ᠶ᠋ᠢ ᠭᠡᠰᠢᠭᠦᠨ ᠪᠣᠯᠭᠠᠵᠤ ᠂ ᠵᠠᠶᠠᠭᠠᠲᠠᠶ ᠂ ᠠᠰᠬᠠᠨ ᠢ ᠣᠷᠣᠯᠠᠭᠴᠢ ᠭᠡᠰᠢᠭᠦᠨ ᠪᠣᠯᠭᠠᠵᠤ ᠂ ᠹᠠᠩ ᠾᠢ ᠳ᠋ᠠ ᠶ᠋ᠢ ᠨᠠᠷᠢᠨ ᠪᠢᠴᠢᠭ ᠤᠨ ᠳᠠᠷᠤᠭ᠎ᠠ ᠪᠣᠯᠭᠠᠭᠰᠠᠨ ᠪᠠᠶᠢᠨ᠎ᠠ ᠃
1947 ᠤᠨ ᠤ 7 ᠰᠠᠷ᠎ᠠ ᠳ᠋ᠤ ᠂ ᠤᠯᠠᠭᠠᠨᠬᠦᠦ ᠸᠠᠩ ᠤᠨ ᠨᠤᠶᠠᠨ ᠤ ᠰᠦᠮ᠎ᠡ ᠳ᠋ᠤ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 26 ᠵᠢᠯ ᠤᠨ ᠤᠢ ᠶ᠋ᠢ ᠳᠤᠷᠠᠰᠬᠠᠬᠤ ᠶᠡᠬᠡ ᠬᠤᠷᠠᠯ ᠳᠡᠭᠡᠷ᠎ᠡ ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠪᠠᠶᠢᠭᠤᠯᠤᠭᠳᠠᠭᠰᠠᠨ ᠢ ᠲᠤᠩᠬᠠᠭᠯᠠᠭᠰᠠᠨ ᠪᠠᠶᠢᠨ᠎ᠠ ᠃ 7 ᠰᠠᠷ᠎ᠠ ᠶ᠋ᠢᠨ 9 ᠦ ᠡᠳᠦᠷ ᠂ ᠸᠠᠩ ᠤᠨ ᠨᠤᠶᠠᠨ ᠤ ᠰᠦᠮ᠎ᠡ ᠳ᠋ᠤ ᠦᠪᠡᠳᠡᠭᠰᠢ ᠶᠡᠬᠡ ᠤᠯᠠᠨ ᠲᠦᠮᠡᠨ ᠤ ᠶᠡᠬᠡ ᠬᠤᠷᠠᠯ ᠬᠢᠵᠦ ᠂ ᠤᠯᠠᠭᠠᠨᠬᠦᠦ ᠡᠴᠠ ᠬᠤᠷᠠᠯ ᠳᠡᠭᠡᠷ᠎ᠡ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠪᠠᠶᠢᠭᠤᠯᠤᠭᠳᠠᠭᠰᠠᠨ ᠢ ᠢᠯᠡ ᠪᠡᠷ ᠨᠡᠶᠢᠲᠡᠯᠡᠭᠰᠡᠨ ᠪᠠᠶᠢᠨ᠎ᠠ ᠃ ᠡᠭᠦᠨ ᠢᠶᠠᠷ ᠪᠡᠯᠭᠡ ᠳᠡᠮᠳᠡᠭ ᠪᠤᠯᠭᠠᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠡᠴᠠ ᠥᠪᠥᠷ ᠮᠣᠩᠭᠣᠯ ᠤᠨ ᠬᠤᠪᠢᠰᠬᠠᠯ ᠤᠨ ᠤᠳᠤᠷᠢᠳᠬᠤ ᠪᠠᠶᠢᠷᠢ ᠰᠠᠭᠤᠷᠢ ᠳ᠋ᠤ ᠨᠤᠲᠠᠯᠠᠯᠲᠠ ᠤᠯᠭᠤᠵᠤ᠂ ᠥᠪᠥᠷ ᠮᠣᠩᠭᠣᠯ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠡᠬᠢᠯᠡᠨ ᠪᠠᠲᠤ ᠪᠡᠬᠢ ᠪᠥᠭᠡᠳ ᠨᠢᠭᠡᠳᠦᠭᠰᠡᠨ ᠬᠠᠮᠲᠤ ᠨᠠᠶᠢᠳᠠ ᠪᠣᠯᠵᠣ ᠪᠦᠷᠢᠳᠦᠭᠰᠡᠨ ᠠᠮᠠ ᠢᠢ ᠨᠢ ᠠᠰᠠᠭᠤ ᠃ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠶ᠋ᠢᠨ ᠪᠠᠶᠢᠭᠤᠯᠤᠭᠳᠠᠭᠰᠠᠨ ᠨᠢ ᠥᠪᠥᠷ ᠮᠣᠩᠭᠣᠯ ᠣᠷᠣᠨ ᠦ ᠮᠤᠩᠭᠤᠯ ᠬᠢᠲᠠᠳ ᠡᠯ᠎ᠡ ᠦᠨᠳᠦᠰᠦᠲᠡᠨ ᠤ ᠠᠷᠠᠳ ᠲᠦᠮᠡᠨ ᠢᠯᠠᠩᠭᠤᠶ᠎ᠠ ᠥᠷᠭᠡᠨ ᠣᠯᠠᠨ ᠮᠣᠩᠭᠣᠯ ᠵᠠᠯᠠᠭᠤᠴᠤᠳ ᠤᠨ ᠬᠠᠯᠠᠭᠤᠨ ᠬᠦᠷᠢᠶᠡᠯᠡᠯ ᠢ ᠣᠯᠵᠤ ᠂ ᠥᠪᠥᠷ ᠮᠣᠩᠭᠣᠯ ᠤᠨ ᠬᠤᠪᠢᠰᠬᠠᠯ ᠤᠨ ᠦᠢᠯᠡᠰ ᠤᠨ ᠢᠯᠠᠯᠲᠠ ᠲᠠᠶ ᠪᠠᠷ ᠬᠥᠭᠵᠢᠬᠦ ᠳ᠋ᠤ ᠪᠠᠲᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃
1949 ᠤᠨ ᠤ 11 ᠰᠠᠷ᠎ᠠ ᠶ᠋ᠢᠨ 21 ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠣᠷᠢᠶᠠᠨ ᠤ ᠵᠢᠭᠠᠪᠤᠷᠢ ᠪᠠᠷ ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠬᠣᠷᠢᠶ᠎ᠠ ᠶ᠋ᠢ ᠬᠦᠴᠦᠨ ᠤᠢᠭᠡᠢ ᠪᠤᠯᠭᠠᠵᠠᠢ ᠃
ᠥᠨᠥᠳᠦᠷ ᠂ ᠥᠪᠥᠷ ᠮᠣᠩᠭᠣᠯ ᠤᠨ ᠡᠪ ᠬᠠᠮᠲᠤ ᠨᠠᠮ ᠤᠨ ᠠᠵᠢᠯ ᠤᠨ ᠺᠣᠮᠢᠰ ᠤᠨ ᠠᠯᠪᠠᠨ ᠭᠡᠷ ᠦᠨ ᠬᠠᠭᠤᠴᠢᠨ ᠪᠠᠭᠤᠷᠢ ᠨᠢ ᠨᠢᠭᠡᠨᠲᠡ ᠬᠥᠮᠦᠰ ᠤᠨ ᠬᠤᠪᠢᠰᠬᠠᠯ ᠤᠨ ᠲᠡᠦᠬᠡ ᠶ᠋ᠢ ᠳᠠᠬᠢᠨ ᠰᠠᠨᠠᠭᠠᠯᠵᠠᠵᠤ ᠂ ᠡᠬᠡ ᠣᠷᠣᠨᠴᠢ ᠦᠵᠡᠯ ᠤᠨ ᠬᠥᠮᠦᠵᠢᠯ ᠬᠦᠯᠢᠶᠡᠬᠦ ᠵᠢᠭᠰᠠᠭᠠᠯ ᠤᠨ ᠭᠠᠵᠠᠷ ᠪᠤᠯᠤᠭᠰᠠᠨ ᠠᠵᠠᠢ ᠃ 2006 ᠣᠨ ᠤ 9 ᠰᠠᠷ᠎ᠠ ᠳ᠋ᠤ᠂ ᠥᠪᠥᠷ ᠮᠣᠩᠭᠣᠯ ᠤᠨ ᠠᠷᠠᠳ ᠤᠨ ᠵᠠᠰᠠᠭ ᠤᠨ ᠣᠷᠳᠣᠨ ᠡᠴᠠ ᠴᠢᠬᠤᠯᠠ ᠲᠡᠦᠬᠡ ᠶ᠋ᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠪᠡᠷ ᠨᠡᠶᠢᠲᠡᠯᠡᠭᠰᠡᠨ ᠪᠠᠶᠢᠨ᠎ᠠ ᠃ 2007 ᠣᠨ ᠳ᠋ᠤ ᠳᠠᠬᠢᠨ ᠵᠠᠰᠠᠵᠤ ᠰᠡᠯᠪᠢᠭᠰᠠᠨ ᠤ ᠬᠤᠶᠢᠨ᠎ᠠ ᠦᠵᠡᠰᠬᠦᠯᠡᠩ ᠳ᠋ᠤ ᠨᠡᠭᠡᠭᠡᠬᠦ ᠪᠤᠯᠤᠨ᠎ᠠ ᠃