ᠤᠯᠠᠭᠠᠨᠬᠦᠦ ᠶ᠋ᠢᠨ ᠠᠵᠢᠯᠯᠠᠬᠤ ᠭᠡᠷ ᠦᠨ ᠬᠠᠭᠤᠴᠢᠨ ᠪᠠᠭᠤᠷᠢ

  2019-01-29


 

ᠤᠯᠠᠭᠠᠨᠬᠦᠦ ᠶ᠋ᠢᠨ ᠠᠵᠢᠯᠯᠠᠬᠤ ᠭᠡᠷ ᠦᠨ ᠬᠠᠭᠤᠴᠢᠨ ᠪᠠᠭᠤᠷᠢ  ᠨᠢ ᠬᠢᠩᠭᠠᠨ ᠠᠶᠢᠮᠠᠭ  ᠤᠨ ᠤᠯᠠᠭᠠᠨᠬᠣᠲᠠ  ᠶ᠋ᠢᠨ ᠬᠢᠩᠭᠠᠨ ᠬᠣᠶᠢᠲᠤ ᠵᠠᠮ  ᠤᠨ ᠬᠣᠶᠢᠲᠤ ᠲᠠᠯ᠎ᠠ ᠳ᠋ᠤ ᠪᠠᠶᠢᠷᠢᠯᠠᠵᠤ᠂ ᠪᠠᠷᠢᠯᠭ᠎ᠠ  ᠶ᠋ᠢᠨ ᠲᠠᠯᠠᠪᠠᠶ ᠨᠢ 403 ᠲᠡᠭᠰᠢ ᠳᠦᠷᠪᠡᠯᠵᠢᠨ ᠮᠸᠲ᠋ᠷ ᠪᠠᠶᠢᠵᠦ᠂ ᠪᠠᠷᠢᠯᠭ᠎ᠠ  ᠶ᠋ᠢᠨ ᠬᠠᠪᠲᠠᠭᠠᠢ  ᠨᠢ ᠲᠡᠭᠰᠢ ᠳᠥᠷᠪᠡᠯᠵᠢᠨ ᠬᠡᠯᠪᠡᠷᠢ ᠲᠠᠢ ᠪᠠᠶᠢᠵᠦ ᠂ ᠰᠢᠷᠲᠡᠶ ᠸᠠᠭᠠᠷ ᠫᠠᠯᠠᠩ ᠤᠨ ᠬᠡᠯᠪᠡᠷᠢ ᠶ᠋ᠢᠨ ᠪᠠᠷᠢᠯᠭ᠎ᠠ ᠪᠤᠯᠬᠤ ᠶᠤᠮ ᠃
    ᠤᠯᠠᠭᠠᠨᠬᠦᠦ ᠶ᠋ᠢᠨ ᠠᠵᠢᠯᠯᠠᠬᠤ ᠭᠡᠷ ᠦᠨ ᠬᠠᠭᠤᠴᠢᠨ ᠪᠠᠭᠤᠷᠢ  ᠨᠢ 1936 ᠣᠨ  ᠡᠴᠡ ᠡᠬᠢᠯᠡᠨ  ᠪᠦᠲᠦᠭᠡᠨ ᠪᠠᠶᠢᠭᠤᠯᠤᠭᠳᠠᠵᠠᠢ᠃ 1947 ᠣᠨ  ᠤ 2 ᠰᠠᠷ᠎ᠠ ᠳ᠋ᠤ ᠂ ᠤᠯᠠᠭᠠᠨᠬᠦᠦ ᠨᠥᠬᠥᠷ ᠡᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠤᠷᠢᠶᠠᠨ ᠤ ᠵᠡᠭᠦᠨ ᠬᠣᠶᠢᠲᠤ ᠣᠷᠣᠨ ᠤ ᠲᠣᠪᠴᠢᠶᠠᠨ ᠤ ᠵᠠᠷᠯᠢᠭ ᠢᠶᠠᠷ ᠸᠠᠩ ᠤᠨ ᠰᠦᠮ᠎ᠡ ᠳ᠋ᠤ ᠬᠦᠷᠦᠭᠰᠡᠨ ᠦ ᠳᠠᠷᠠᠭ᠎ᠠ ᠪᠠᠷ ᠡᠨᠳᠡ ᠠᠵᠢᠯᠯᠠᠭᠰᠠᠨ ᠪᠠᠶᠢᠨ᠎ᠠ ᠃  ᠡᠭᠦᠨ ᠦ ᠳᠠᠭᠠᠤ ᠳ᠋ᠤ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠢ ᠵᠣᠬᠢᠶᠠᠨ ᠪᠠᠶᠢᠭᠤᠯᠵᠤ ᠡᠬᠢᠯᠡᠵᠡᠢ ᠃
    1947 ᠤᠨ ᠤ 5 ᠰᠠᠷ᠎ᠠ ᠶ᠋ᠢᠨ 1 ᠦ ᠡᠳᠦᠷ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠨᠢ ᠸᠠᠩ  ᠤᠨ ᠰᠦᠮ᠎ᠡ  ᠳ᠋ᠤ  ᠪᠠᠶᠢᠭᠤᠯᠤᠭᠳᠠᠭᠰᠠᠨ  ᠢ ᠲᠤᠩᠬᠠᠭᠯᠠᠵᠤ ᠂ ᠤᠯᠠᠭᠠᠨᠬᠦᠦ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ  ᠤ ᠲᠡᠷᠢᠭᠦᠯᠡᠭᠴᠢ ᠪᠠᠷ ᠰᠤᠩᠭᠤᠭᠳᠠᠵᠠᠢ ᠃ 5 ᠰᠠᠷ᠎ᠠ ᠶ᠋ᠢᠨ 2 ᠦ ᠡᠳᠦᠷ ᠂ ᠤᠯᠠᠭᠠᠨᠬᠦᠦ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ  ᠤ ᠬᠣᠷᠢᠶᠠᠨ  ᠤ ᠠᠩᠬᠠᠳᠤᠭᠠᠷ ᠬᠤᠷᠠᠯᠳᠤᠭᠠᠨ ᠢ ᠡᠨᠳᠡ ᠬᠤᠷᠠᠯᠳᠤᠭᠰᠠᠨ ᠪᠠᠶᠢᠨ᠎ᠠ᠃ 30  ᠤ ᠡᠳᠦᠷ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ ᠤᠨ ᠤᠷᠳᠤᠨ ᠤ ᠨᠢᠭᠡᠳᠦᠭᠡᠷ ᠵᠠᠷᠯᠠᠯ ᠢ ᠮᠦᠨ ᠡᠨᠳᠡ ᠭᠠᠷ  ᠤᠨ ᠦᠰᠦᠭ ᠵᠢᠷᠤᠵᠤ ᠶᠠᠪᠤᠭᠤᠯᠤᠭᠰᠠᠨ ᠪᠠᠶᠢᠨ᠎ᠠ ᠃ ᠤᠯᠠᠭᠠᠨᠬᠦᠦ ᠡᠨᠳᠡ 3 ᠵᠢᠯ ᠠᠵᠢᠯᠯᠠᠵᠤ ᠂ ᠲᠡᠷᠡ ᠥᠪᠥᠷ ᠮᠣᠩᠭᠣᠯ  ᠤᠨ ᠦᠨᠳᠦᠰᠦᠲᠡᠨ  ᠤ ᠴᠢᠯᠥᠭᠡᠯᠡᠯᠲᠡ ᠪᠠ ᠪᠦᠳᠦᠭᠡᠨ ᠪᠠᠶᠢᠭᠤᠯᠤᠯᠲᠠ ᠳ᠋ᠦ ᠴᠢᠬᠤᠯᠠ ᠬᠤᠪᠢ ᠵᠢᠳᠬᠦᠯ ᠦᠵᠡᠭᠦᠯᠵᠦ ᠂ ᠲᠡᠭᠦᠨ  ᠤ ᠬᠤᠪᠢᠰᠬᠠᠯᠲᠤ ᠭᠠᠪᠢᠶ᠎ᠠ ᠵᠢᠳᠬᠦᠯ ᠨᠢ ᠡᠭᠦᠷᠢᠳᠡ ᠪᠢᠳᠡᠨ ᠦ ᠰᠡᠳᠬᠢᠯ ᠳ᠋ᠦ ᠰᠡᠶᠢᠯᠦᠭᠡᠰᠦᠲᠠᠢ ᠃   
    1974 ᠤᠨ ᠤ 11 ᠰᠠᠷ᠎ᠠ ᠶ᠋ᠢᠨ 7 ᠦ ᠡᠳᠦᠷ ᠂ ᠰᠠᠭᠤᠷᠢ ᠬᠤᠪᠢᠰᠬᠠᠯ  ᠤᠨ  ᠬᠠᠭᠤᠴᠢᠨ ᠪᠠᠭᠤᠷᠢ ᠨᠢ ᠨᠢᠭᠡ ᠤᠳᠠᠭᠠᠨ  ᠤ  ᠬᠡᠨᠡᠳᠲᠡ ᠶ᠋ᠢᠨ ᠭᠠᠯ ᠤᠨ ᠠᠶᠤᠯ ᠳ᠋ᠤ ᠰᠢᠲᠠᠭᠠᠭᠳᠠᠨ ᠡᠪᠳᠡᠭᠳᠡᠭᠰᠡᠨ ᠪᠠᠶᠢᠨ᠎ᠠ ᠃ 1994 ᠣᠨ  ᠦ 4 ᠰᠠᠷ᠎ᠠ  ᠳ᠋ᠦ ᠂ ᠤᠯᠠᠭᠠᠨᠬᠦᠦ ᠶ᠋ᠢᠨ ᠠᠵᠢᠯᠯᠠᠬᠤ ᠭᠡᠷ ᠤᠨ ᠬᠠᠭᠤᠴᠢᠨ ᠪᠠᠭᠤᠷᠢ  ᠶ᠋ᠢ ᠤᠤᠯ ᠳᠦᠷᠰᠦ  ᠪᠡᠷ ᠨᠢ ᠰᠡᠷᠭᠦᠭᠡᠵᠦ ᠳᠠᠬᠢᠨ ᠪᠠᠶᠢᠭᠤᠯᠤᠭᠰᠠᠨ ᠤ ᠳᠠᠷᠠᠭ᠎ᠠ ᠠᠯᠪᠠᠨ ᠶᠣᠰᠣᠭᠠᠷ  ᠭᠠᠳᠠᠭᠰᠢ  ᠳᠡᠯᠭᠡᠨ ᠦᠵᠡᠭᠦᠯᠦᠭᠡ ᠬᠢᠵᠦ ᠡᠬᠢᠯᠡᠵᠡᠢ ᠃ ᠳᠡᠭᠦᠨ ᠦ ᠳᠤᠲᠤᠷ᠎ᠠ ᠤᠯᠠᠭᠠᠨᠬᠦᠦ ᠶ᠋ᠢᠨ ᠤᠨᠲᠠᠬᠤ ᠥᠷᠥᠭᠡ ᠪᠤᠯᠤᠨ ᠠᠯᠪᠠᠨ ᠭᠡᠷ  ᠢ ᠲᠣᠬᠢᠷᠠᠭᠤᠯᠤᠨ ᠪᠠᠶᠢᠭᠤᠯᠤᠭᠰᠠᠨ ᠪᠠᠶᠢᠳᠠᠭ ᠃
    1996 ᠤᠨ ᠤ 5 ᠰᠠᠷ᠎ᠠ ᠶ᠋ᠢᠨ 28 ᠦ ᠡᠳᠦᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ  ᠦ ᠠᠷᠠᠳ  ᠤᠨ ᠵᠠᠰᠠᠭ ᠤᠨ ᠣᠷᠳᠣᠨ ᠡᠴᠡ ᠤᠯᠠᠭᠠᠨᠬᠦᠦ ᠶ᠋ᠢᠨ ᠠᠵᠢᠯᠯᠠᠬᠤ ᠭᠠᠵᠠᠷ ᠤᠨ ᠬᠠᠭᠤᠴᠢᠨ ᠪᠠᠭᠤᠷᠢ ᠶ᠋ᠢ ᠥᠪᠡᠷᠲᠡᠭᠡᠨ ᠵᠠᠰᠠᠬᠤ ᠣᠷᠣᠨ ᠤ ᠤᠷᠤᠨ ᠤ ᠳᠡᠰ ᠦᠨ ᠭᠣᠣᠯᠳᠠᠯᠭ᠎ᠠ ᠲᠠᠶ ᠲᠡᠦᠬᠡ ᠶ᠋ᠢᠨ ᠳᠤᠷᠠᠰᠬᠠᠯᠲᠤ ᠵᠦᠢᠯ  ᠢ ᠬᠠᠮᠠᠭᠠᠯᠠᠬᠤ ᠨᠢᠭᠡᠴᠢ  ᠪᠤᠯᠭᠠᠨ ᠵᠦᠪᠰᠢᠶᠡᠷᠡᠭᠰᠡᠨ ᠪᠠᠶᠢᠨ᠎ᠠ ᠃ ᠣᠳᠣ ᠬᠢᠩᠭᠠᠨ ᠠᠶᠢᠮᠠᠭ  ᠤᠨ ᠠᠶᠢᠮᠠᠭ  ᠤᠨ  ᠳᠡᠰ ᠦᠨ ᠡᠬᠡ ᠣᠷᠣᠨᠴᠢ ᠦᠵᠡᠯ ᠤᠨ ᠬᠥᠮᠦᠵᠢᠯ  ᠤᠨ ᠰᠠᠭᠤᠷᠢᠨ ᠭᠠᠵᠠᠷ  ᠪᠤᠯᠵᠠᠢ ᠃

ᠵᠣᠬᠢᠶᠠᠭᠴᠢ:
ᠢᠷᠡᠯᠲᠡ: