ᠶᠠᠨ ᠠᠨ ᠪ ᠦᠨᠳᠦᠰᠦᠲᠡᠨ ᠤ ᠳᠡᠭᠡᠲᠦ ᠰᠤᠷᠭᠠᠭᠤᠯᠢ ᠶ᠋ᠢᠨ ᠪᠤᠷᠤᠪᠠᠯᠭᠠᠰᠤᠨ ᠤ ᠳᠤᠷᠠᠰᠬᠠᠯ  ᠤᠨ ᠣᠷᠳᠣᠨ

  2019-01-31

snipaste_20190917_160559.jpg

ᠶᠠᠨ ᠠᠨ ᠪ ᠦᠨᠳᠦᠰᠦᠲᠡᠨ ᠤ  ᠳᠡᠭᠡᠲᠦ ᠰᠤᠷᠭᠠᠭᠤᠯᠢ ᠶ᠋ᠢᠨ  ᠪᠤᠷᠤ ᠪᠠᠯᠭᠠᠰᠤᠨ ᠤ ᠳᠤᠷᠠᠰᠬᠠᠯ  ᠤᠨ ᠣᠷᠳᠣᠨ ( ᠲᠤᠬᠠᠶᠢᠯᠠᠪᠠᠯ ᠪᠤᠷᠤ ᠪᠠᠯᠭᠠᠰᠤ ᠦᠨᠳᠦᠰᠦᠲᠡᠨ  ᠤ ᠳᠡᠭᠡᠳᠦ ᠰᠤᠷᠭᠠᠭᠤᠯᠢ ᠶ᠋ᠢᠨ ᠳᠤᠷᠠᠰᠬᠠᠯ  ᠤᠨ ᠣᠷᠳᠣᠨ ) ᠨᠢ ᠣᠷᠳᠣᠰ ᠬᠣᠲᠠ ᠶ᠋ᠢᠨ ᠤᠳᠤᠭ  ᠤᠨ ᠡᠮᠦᠨᠡᠲᠦ ᠬᠤᠰᠢᠭᠤᠨ ᠤ  ᠪᠤᠷᠤ ᠪᠠᠯᠭᠠᠰᠤᠨ ᠳ᠋ᠤ ᠪᠠᠶᠢᠷᠢᠯᠠᠵᠦ ᠪᠠᠶᠢᠳᠠᠭ ᠃ ᠶᠠᠫᠣᠨ ᠢ ᠡᠰᠡᠷᠭᠦᠴᠡᠬᠦ ᠳᠠᠶᠢᠨ  ᠤ ᠦᠶ᠎ᠡ  ᠳ᠋ᠤ ᠂ ᠡᠯ᠎ᠡ  ᠦᠨᠳᠦᠰᠦᠲᠡᠨ ᠦ ᠶᠠᠫᠣᠨ  ᠢ ᠡᠰᠡᠷᠭᠦᠴᠡᠬᠦ  ᠲᠡᠮᠡᠴᠡᠯ ᠢ ᠦᠷᠭᠡᠨ ᠢᠶ᠋ᠡᠷ ᠳᠠᠶᠢᠴᠢᠯᠠᠬᠤ ᠶ᠋ᠢᠨ ᠲᠦᠯᠦᠭᠡ᠂ 1941 ᠣᠨ  ᠤ 9 ᠰᠠᠷ᠎ᠠ  ᠳ᠋ᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠥᠪ ᠬᠣᠷᠢᠶᠠᠨ ᠤ ᠪᠠᠷᠠᠭᠤᠨ ᠬᠣᠶᠢᠲᠤ ᠣᠷᠣᠨ  ᠤ ᠲᠣᠪᠴᠢᠶ᠎ᠠ  ᠨᠢ ᠲᠥᠪ ᠬᠣᠷᠢᠶᠠᠨ  ᠤ ᠨᠠᠶᠢᠳᠠᠯᠭ᠎ᠠ ᠪᠠᠷ ᠂ ᠶᠠᠨ ᠠᠨ ᠤ ᠳ᠋ᠠ ᠪᠠ ᠭᠧᠦ ᠳ᠋ᠦ ᠦᠨᠳᠦᠰᠦᠲᠡᠨ ᠤ ᠳᠡᠭᠡᠳᠦ ᠰᠤᠷᠭᠠᠭᠤᠯᠢ ᠶ᠋ᠢ  ᠪᠠᠶᠢᠭᠤᠯᠤᠭᠰᠠᠨ ᠶᠤᠮ ᠃ 1944 ᠣᠨ  ᠳ᠋ᠤ ᠂ ᠠᠵᠢᠯ  ᠤᠨ ᠬᠡᠷᠡᠭᠴᠡᠭᠡ ᠪᠠᠷ ᠂ ᠶᠠᠨ ᠠᠨ ᠦ ᠦᠨᠳᠦᠰᠦᠲᠡᠨ  ᠤ ᠳᠡᠭᠡᠳᠦ ᠰᠤᠷᠭᠠᠭᠤᠯᠢ ᠨᠢ ᠶᠠᠨ ᠠᠨ ᠡᠴᠡ ᠴᠦᠭᠡᠨ ᠲᠣᠭᠠᠲᠤ ᠦᠨᠳᠦᠰᠦᠲᠡᠨ ᠲᠠᠢ  ᠬᠠᠪᠢᠳᠤᠭᠰᠠᠨ ᠵᠠᠬ᠎ᠠ ᠳ᠋ᠤ ᠨᠡᠭᠦᠵᠦ᠂ 《 ᠭᠤᠷᠪᠠᠨ ᠬᠢᠵᠠᠭᠠᠷ ᠶ᠋ᠢᠨ ᠠᠯᠪᠠᠨ ᠰᠤᠷᠭᠠᠭᠤᠯᠢ 》  ᠬᠡᠮᠡᠨ ᠨᠡᠷᠡᠶᠢᠳᠦᠭᠰᠡᠨ ᠪᠠᠶᠢᠨ᠎ᠠ᠃ 1945 ᠣᠨ  ᠤ 2 ᠰᠠᠷ᠎ᠠ  ᠳ᠋ᠤ ᠂ ᠦᠨᠳᠦᠰᠦᠲᠡᠨ ᠤ ᠳᠡᠭᠡᠳᠦ  ᠰᠤᠷᠭᠠᠭᠤᠯᠢ ᠨᠢ  ᠪᠤᠷᠤᠪᠠᠯᠭᠠᠰᠤᠨ ᠳ᠋ᠤ ᠰᠢᠯᠵᠢᠨ ᠰᠤᠷᠭᠠᠭᠤᠯᠢ ᠡᠷᠬᠢᠯᠡᠵᠦ ᠂ ᠨᠡᠷ᠎ᠡ ᠪᠡᠨ ᠪᠤᠷᠤᠪᠠᠯᠭᠠᠰᠤ ᠦᠨᠳᠦᠰᠦᠲᠡᠨ ᠦ ᠳᠡᠭᠡᠲᠦ ᠰᠤᠷᠭᠠᠭᠤᠯᠢ ᠭᠡᠵᠦ ᠬᠠᠯᠠᠭᠰᠠᠨ ᠪᠠᠶᠢᠨ᠎ᠠ  ᠃ 1945ᠤᠨ ᠤ 2 ᠰᠠᠷ᠎ᠠ  ᠡᠴᠡ 1948 ᠤᠨ ᠤ ᠬᠤᠭᠤᠷᠤᠨᠲᠤ ᠂ ᠨᠡᠶᠢᠲᠡ ᠭᠤᠷᠪᠠᠨ ᠵᠢᠯ ᠰᠤᠷᠭᠠᠭᠤᠯᠢ ᠡᠷᠬᠢᠯᠡᠵᠠᠢ᠂᠃  ᠪᠤᠷᠤ ᠪᠠᠯᠭᠠᠰᠤ ᠦᠨᠳᠦᠰᠦᠲᠡᠨ  ᠤ ᠳᠡᠭᠡᠳᠦ ᠰᠤᠷᠭᠠᠭᠤᠯᠢ ᠨᠢ ᠨᠠᠮ ᠡᠴᠠ ᠴᠥᠭᠡᠨ ᠲᠣᠭᠠᠲᠤ ᠦᠨᠳᠦᠰᠦᠲᠡᠨ  ᠤ ᠺᠠᠲᠠᠷ ᠢ ᠬᠥᠮᠦᠵᠢᠭᠦᠯᠬᠦ ᠥᠯᠥᠭᠡᠶ  ᠪᠤᠯᠤᠭᠰᠠᠨ ᠤ ᠬᠤᠪᠢ ᠳ᠋ᠤ ᠂ ᠨᠠᠮ ᠪᠣᠯᠤᠨ ᠤᠯᠤᠰ  ᠲᠤ ᠮᠠᠰᠢ ᠣᠯᠠᠨ ᠰᠢᠯᠢᠳᠡᠭ ᠳᠡᠭᠡᠳᠦ ᠵᠡᠷᠭᠡ ᠶ᠋ᠢᠨ ᠤᠳᠤᠷᠢᠳᠬᠤ ᠺᠠᠲᠠᠷ ᠢ ᠬᠦᠮᠦᠵᠢᠭᠦᠯᠵᠦ ᠦᠭᠭᠦᠭᠰᠡᠨ ᠪᠠᠶᠢᠨ᠎ᠠ᠃ ᠤᠯᠠᠭᠠᠨᠬᠦᠦ ᠂ ᠪᠥᠬᠡ ᠵᠡᠷᠭᠡ ᠨᠢ ᠴᠥᠮ   ᠪᠤᠷᠤᠪᠠᠯᠭᠠᠰᠤᠨ ᠤ ᠦᠨᠳᠦᠰᠦᠲᠡᠨ  ᠤ ᠳᠡᠭᠡᠳᠦ ᠰᠤᠷᠭᠠᠭᠤᠯᠢ  ᠳ᠋ᠤ ᠰᠤᠷᠤᠯᠴᠠᠵᠤ ᠠᠮᠢᠳᠤᠷᠠᠵᠤ ᠪᠠᠶᠢᠭᠰᠠᠨ ᠶᠤᠮ᠃
    ᠬᠤᠪᠢᠰᠬᠠᠯ  ᠤᠨ ᠠᠬᠠᠮᠠᠳ ᠦᠢ᠎ᠡ ᠶ᠋ᠢᠨ ᠬᠢᠠ ᠢ  ᠳᠤᠷᠠᠰᠬᠠᠵᠤ ᠂ ᠬᠤᠪᠢᠰᠬᠠᠯᠲᠤ ᠤᠯᠠᠮᠵᠢᠯᠠᠯ  ᠢ ᠵᠠᠯᠭᠠᠮᠵᠢᠯᠠᠨ ᠪᠠᠳᠠᠷᠠᠭᠤᠯᠬᠤ ᠶ᠋ᠢᠨ ᠲᠦᠯᠦᠭᠡ᠂ ᠤᠢᠢᠷ᠎ᠠ  ᠶ᠋ᠢᠨ ᠵᠢᠯ ᠡᠴᠡ ᠨᠠᠭᠠᠰᠢ ᠂ ᠤᠳᠤᠭ  ᠤᠨ ᠡᠮᠦᠨᠡᠲᠦ ᠬᠣᠰᠢᠭᠤ ᠨᠢ ᠥᠪᠥᠷ ᠮᠣᠩᠭᠣᠯ  ᠤᠨ ᠶᠠᠨ ᠠᠨ ᠤ ᠵᠣᠷᠢᠭ ᠰᠠᠨᠠᠭ᠎ᠠ ᠶ᠋ᠢ ᠰᠤᠳᠤᠯᠬᠤ ᠬᠤᠷᠠᠯ ᠂  ᠶᠠᠨ ᠠᠨ ᠤ ᠦᠨᠳᠦᠰᠦᠲᠡᠨ ᠦ ᠳᠡᠭᠡᠲᠦ ᠰᠤᠷᠭᠠᠭᠤᠯᠢ ᠶ᠋ᠢᠨ  ᠰᠤᠷᠭᠠᠭᠤᠯᠢ ᠶ᠋ᠢᠨ ᠬᠠᠨᠢᠲᠠᠳ ᠤᠨ ᠬᠤᠷᠠᠯ ᠤᠨ ᠬᠦᠴᠦᠲᠡᠶ ᠳᠡᠮᠵᠢᠯᠭᠡ ᠳᠣᠣᠷ᠎ᠠ ᠂ ᠤᠤᠯ  ᠤᠨ ᠪᠤᠷᠤᠪᠠᠯᠭᠠᠰᠤ ᠦᠨᠳᠦᠰᠦᠲᠡᠨ  ᠤ ᠳᠡᠭᠡᠳᠦ ᠰᠤᠷᠭᠠᠭᠤᠯᠢ  ᠶ᠋ᠢᠨ ᠬᠠᠭᠤᠴᠢᠨ ᠪᠠᠭᠤᠷᠢ ᠳᠡᠭᠡᠷ᠎ᠡ ᠶᠠᠨ ᠠᠨ ᠪ ᠦᠨᠳᠦᠰᠦᠲᠡᠨ ᠤ ᠳᠡᠭᠡᠳᠦ ᠰᠤᠷᠭᠠᠭᠤᠯᠢ ᠶ᠋ᠢᠨ ᠪᠤᠷᠤᠪᠠᠯᠭᠠᠰᠤ ᠳᠤᠷᠠᠰᠬᠠᠯ ᠤᠨ ᠤᠷᠳᠤᠨ ᠢ ᠪᠠᠶᠢᠭᠤᠯᠤᠭᠰᠠᠨ ᠪᠠᠶᠢᠨ᠎ᠠ ᠃ ᠳᠤᠷᠠᠰᠬᠠᠯ ᠤᠨ ᠣᠷᠳᠣᠨ ᠨᠢ 300 ᠣᠷᠴᠢᠮ ᠬᠣᠪᠣᠷ ᠨᠠᠨᠳᠢᠨ ᠵᠢᠷᠤᠭ ᠰᠡᠭᠦᠲᠡᠷ ᠵᠢᠴᠢ ᠪᠣᠳᠠᠲᠤ ᠪᠤᠳᠠᠰ ᠢᠶᠠᠷ ᠳᠠᠮᠵᠢᠨ ᠂ ᠦᠨᠳᠦᠰᠦᠲᠡᠨ  ᠤ ᠳᠡᠭᠡᠳᠦ ᠰᠤᠷᠭᠠᠭᠤᠯᠢ  ᠶ᠋ᠢᠨ ᠶᠠᠨ ᠠᠨ ᠡᠴᠡ ᠪᠤᠷᠤᠪᠠᠯᠭᠠᠰᠤ ᠬᠦᠷᠲᠡᠯᠡᠬᠢ ᠬᠤᠪᠢᠰᠤᠯ ᠢ ᠳᠤᠰᠬᠠᠵᠤ ᠂ ᠤᠳᠤ ᠪᠤᠯᠲᠠᠯᠠᠬᠢ ᠤᠯᠤᠰ ᠤᠨ ᠲᠤᠳᠤᠭᠠᠲᠤ ᠳ᠋ᠠᠬᠢ ᠨᠡᠯᠢᠶᠡᠳ ᠪᠦᠷᠢᠨ ᠲᠦᠬᠦᠷ ᠢᠶ᠋ᠡᠷ ᠶᠠᠨ ᠠᠨ  ᠤ ᠦᠨᠳᠦᠰᠦᠲᠡᠨ  ᠤ ᠳᠡᠭᠡᠳᠦ ᠰᠤᠷᠭᠠᠭᠤᠯᠢ ᠶ᠋ᠢᠨ ᠲᠡᠦᠬᠡ  ᠶ᠋ᠢᠨ ᠬᠣᠪᠣᠷ ᠨᠠᠨᠳᠢᠨ ᠮᠠᠲ᠋ᠧᠷᠢᠶᠠᠯ  ᠪᠤᠯᠬᠤ ᠶᠤᠮ ᠃ ᠣᠳᠣ ᠂ ᠨᠢᠭᠡᠨᠲᠡ ᠡᠬᠡ ᠣᠷᠣᠨᠴᠢ ᠦᠵᠡᠯ  ᠤᠨ ᠬᠥᠮᠦᠵᠢᠯ ᠪᠣᠯᠤᠨ ᠬᠤᠪᠢᠰᠬᠠᠯᠲᠤ ᠤᠯᠠᠮᠵᠢᠯᠠᠯ  ᠤᠨ ᠬᠥᠮᠦᠵᠢᠯ ᠬᠢᠬᠦ ᠴᠢᠬᠤᠯᠠ ᠰᠠᠭᠤᠷᠢᠨ ᠭᠠᠵᠠᠷ  ᠪᠤᠯᠵᠠᠢ ᠃

ᠵᠣᠬᠢᠶᠠᠭᠴᠢ:
ᠢᠷᠡᠯᠲᠡ: