《 5.1 》 ᠶ᠋ᠢᠨ ᠬᠤᠷᠠᠯ ᠤᠨ ᠭᠠᠵᠠᠷ( ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠶᠡᠬᠡ ᠬᠤᠷᠠᠯ  ᠤᠨ ᠬᠤᠷᠠᠯ ᠤᠨ ᠭᠠᠵᠠᠷ )

  2019-02-01



《 5.1》 ᠤ ᠬᠤᠷᠠᠯ ᠤᠨ ᠭᠠᠵᠠᠷ  ᠨᠢ ( ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠪᠠᠶᠢᠭᠤᠯᠤᠭᠳᠠᠭᠰᠠᠨ ᠶᠡᠬᠡ ᠬᠤᠷᠠᠯ  ᠤᠨ ᠬᠤᠷᠠᠯ ᠤᠨ ᠭᠠᠵᠠᠷ )  ᠬᠢᠩᠭᠠᠨ ᠠᠶᠢᠮᠠᠭ  ᠤᠨ ᠤᠯᠠᠭᠠᠨᠬᠣᠲᠠ 《 5.1 》 ᠤ ᠬᠣᠶᠢᠲᠤ ᠵᠠᠮ ᠳ᠋ᠦ ᠪᠠᠶᠢᠷᠢᠯᠠᠵᠦ᠂ ᠡᠵᠡᠯᠡᠬᠦ ᠶᠡᠷᠦᠩᠬᠡᠶ ᠲᠠᠯᠠᠪᠠᠶ ᠨᠢ 2334.15 ᠲᠡᠭᠰᠢ ᠲᠦᠷᠪᠡᠯᠵᠢᠨ ᠮᠸᠲᠷ ᠂ ᠬᠤᠷᠠᠯ ᠤᠨ ᠭᠠᠵᠠᠷ ᠤᠨ ᠬᠠᠪᠲᠠᠭᠠᠢ  ᠨᠢ ᠤᠷᠲᠤ ᠳᠥᠷᠪᠡᠯᠵᠢᠨ ᠬᠡᠯᠪᠡᠷᠢᠲᠡᠶ ᠪᠠᠶᠢᠵᠦ  ᠂  ᠬᠦᠬᠡ ᠳᠤᠭᠤᠰᠬᠠᠨ ᠪᠦᠲᠦᠴᠡ ᠲᠠᠢ ᠪᠠᠷᠢᠯᠭ᠎ᠠ ᠪᠤᠯᠤᠨ᠎ᠠ ᠃
    《5.1》 ᠤ ᠬᠤᠷᠠᠯ ᠤᠨ ᠭᠠᠵᠠᠷ ᠨᠢ ᠬᠠᠭᠤᠷᠮᠠᠭ ᠮᠠᠨᠵᠤ ᠤᠯᠤᠰ  ᠤᠨ ᠦᠶ᠎ᠡ ᠡᠴᠠ( 1935 ᠣᠨ) ᠡᠬᠢᠯᠡᠨ ᠪᠠᠶᠢᠭᠤᠯᠤᠭᠳᠠᠵᠤ ᠂  ᠲᠤᠬᠠᠢ ᠶ᠋ᠢᠨ ᠦᠶ᠎ᠡ ᠶ᠋ᠢᠨ ᠬᠠᠭᠤᠷᠮᠠᠭ ᠬᠢᠩᠭᠠᠨ ᠬᠠᠭᠤᠷᠠᠶ ᠵᠠᠮ ᠤᠨ ᠴᠡᠷᠢᠭ  ᠤᠨ ᠴᠡᠷᠢᠭ ᠦᠨ ᠳᠠᠷᠤᠭ᠎ᠠ ᠶ᠋ᠢᠨ ᠰᠤᠷᠭᠠᠭᠤᠯᠢ  ᠶ᠋ᠢᠨ ᠶᠣᠰᠣᠯᠠᠯ  ᠤᠨ ᠪᠠᠭ᠎ᠠ ᠲᠢᠩᠬᠢᠮ ᠪᠠᠶᠢᠭᠰᠠᠨ ᠶᠤᠮ ᠃ 1946  ᠤᠨ ᠡᠴᠠ 1948 ᠣᠨ  ᠤ 9 ᠰᠠᠷ᠎ᠠ ᠳ᠋ᠤ᠂ ᠵᠡᠭᠦᠨ ᠮᠣᠩᠭᠣᠯ  ᠤᠨ ᠴᠡᠷᠢᠭ   ᠤᠨ ᠶᠠᠪᠤᠳᠠᠯ ᠤᠯᠤᠰ ᠲᠦᠷᠦ  ᠶ᠋ᠢᠨ  ᠺᠠᠲᠠᠷ ‍ᠤᠨ ᠨᠠᠮ  ᠤᠨ ᠰᠤᠷᠭᠠᠭᠤᠯᠢ  ᠶ᠋ᠢᠨ ᠶᠣᠰᠣᠯᠠᠯ ᠤᠨ ᠲᠢᠩᠬᠢᠮ ᠪᠤᠯᠵᠠᠢ ᠃ 1984 ᠤᠨ ᠤ 9 ᠰᠠᠷ᠎ᠠ ᠡᠴᠠ 1952 ᠤᠨ ᠬᠦᠷᠲᠡᠯ᠎ᠡ ᠥᠪᠥᠷ ᠮᠤᠩᠭᠤᠯ ᠤᠨ ᠨᠠᠮ ᠤᠨ ᠰᠤᠷᠭᠠᠭᠤᠯᠢ  ᠶ᠋ᠢᠨ ᠶᠣᠰᠣᠯᠠᠯ  ᠤᠨ ᠲᠢᠩᠬᠢᠮ  ᠪᠤᠯᠵᠠᠢ ᠃ 1952 ᠤᠨ ᠡᠴᠠ 1968 ᠤᠨ ᠪᠤᠯᠲᠠᠯ᠎ᠠ ᠤᠯᠠᠭᠠᠨᠬᠣᠲᠠ  ᠶ᠋ᠢᠨ ᠭᠤᠷᠪᠠᠳᠤᠭᠠᠷ ᠳᠤᠮᠳᠠᠳᠤ ᠰᠤᠷᠭᠠᠭᠤᠯᠢ  ᠶ᠋ᠢᠨ ᠶᠣᠰᠣᠯᠠᠯ  ᠤᠨ ᠲᠠᠩᠬᠢᠮ ᠪᠤᠯᠵᠠᠢ ᠃ 1968 ᠤᠨ ᠡᠴᠠ 1986 ᠤᠨ ᠪᠤᠯᠲᠠᠯ᠎ᠠ ᠰᠠᠭᠤᠷᠢᠰᠢᠨ ᠰᠠᠭᠤᠭᠰᠠᠨ ᠴᠡᠷᠢᠭ ᠠᠩᠭᠢ ᠶ᠋ᠢᠨ ᠬᠥᠮᠥᠷᠭᠡ ᠪᠤᠯᠵᠠᠢ ᠃ 1986 ᠣᠨ  ᠳ᠋ᠤ 《 5.1 》  ᠤ ᠬᠤᠷᠠᠯ ᠤᠨ ᠭᠠᠵᠠᠷ ᠲᠤ ᠵᠠᠰᠠᠨ ᠰᠡᠯᠪᠢᠯᠲᠡ ᠬᠢᠭᠰᠡᠨ ᠪᠦᠭᠡᠳ ᠦᠵᠡᠰᠬᠦᠯᠡᠩ  ᠳ᠋ᠤ ᠪᠡᠯᠡᠳᠬᠡᠨ ᠭᠠᠳᠠᠭᠰᠢ ᠨᠡᠭᠡᠭᠡᠭᠰᠡᠨ ᠪᠠᠶᠢᠨ᠎ᠠ᠃
    《5.1》 ᠤ ᠬᠤᠷᠠᠯ ᠤᠨ ᠭᠠᠵᠠᠷ ᠪᠣᠯ ᠳᠤᠮᠳᠠᠳᠤ ᠤᠯᠤᠰ  ᠤᠨ ᠡᠪ ᠬᠠᠮᠲᠤ ᠨᠠᠮ ᠤᠨ ᠦᠨᠳᠦᠰᠦᠲᠡᠨ  ᠤ ᠣᠷᠣᠨ  ᠤ ᠥᠪᠡᠷᠲᠡᠭᠡᠨ ᠵᠠᠰᠠᠬᠤ  ᠶ᠋ᠢ ᠬᠡᠷᠡᠭᠵᠢᠬᠦᠯᠵᠦ ᠂ ᠤᠯᠤᠰ  ᠤᠨ ᠳᠣᠲᠣᠭᠠᠳᠤ  ᠶ᠋ᠢᠨ ᠦᠨᠳᠦᠰᠦᠲᠡᠨ  ᠦ ᠠᠰᠠᠭᠤᠳᠠᠯ  ᠢ ᠠᠮᠵᠢᠯᠲᠠ ᠲᠠᠶ ᠪᠠᠷ ᠰᠢᠶᠳᠪᠦᠷᠢᠯᠡᠭᠰᠡᠨ ᠲᠡᠸᠬᠡᠨ ᠭᠡᠷᠡᠴᠢ ᠶᠤᠮ ᠃ 1947 ᠤᠨ ᠤ 4 ᠰᠠᠷ᠎ᠠ ᠶ᠋ᠢᠨ 23 ᠦ ᠡᠳᠦᠷ ᠂ ᠥᠪᠥᠷ ᠮᠣᠩᠭᠣᠯ  ᠤᠨ ᠠᠷᠠᠳ  ᠤᠨ ᠲᠥᠯᠥᠭᠡᠯᠡᠭᠴᠢᠳ  ᠤᠨ ᠬᠤᠷᠠᠯ ᠨᠢ ᠡᠨᠳᠡ ᠬᠤᠷᠠᠯᠳᠤᠵᠤ ᠂ ᠥᠪᠥᠷ ᠮᠣᠩᠭᠣᠯ  ᠤᠨ ᠶᠡᠬᠡᠩᠬᠢ ᠬᠣᠰᠢᠭᠤ ᠴᠢᠭᠤᠯᠭᠠᠨ  ᠤ 393 ᠨᠡᠷᠡᠰ ᠡᠯ᠎ᠡ ᠦᠨᠳᠦᠰᠦᠲᠡᠨ  ᠤ ᠲᠥᠯᠥᠭᠡᠯᠡᠭᠴᠢ ᠬᠤᠷᠠᠯ ᠳᠤ ᠣᠷᠣᠯᠴᠠᠪᠠ ᠃ 4 ᠰᠠᠷ᠎ᠠ  ᠶ᠋ᠢᠨ 30  ᠦ ᠡᠳᠦᠷ ᠂ ᠬᠤᠷᠠᠯ ᠤᠨ ᠰᠤᠩᠭᠤᠯᠲᠠ ᠪᠠᠷ ᠳᠡᠮᠵᠢᠨ 121 ᠬᠥᠮᠦᠨ ᠢᠶᠠᠷ ᠪᠦᠷᠢᠯᠳᠦᠭᠰᠡᠨ ᠥᠪᠥᠷ ᠮᠣᠩᠭᠣᠯ ᠤᠨ ᠠᠩᠬᠠᠳᠤᠭᠠᠷ ᠬᠤᠭᠤᠴᠠᠭᠠᠨ  ᠤ  ᠲᠦᠷ ᠴᠠᠭ ᠤᠨ ᠪᠠᠶᠢᠭᠤᠯᠤᠭᠳᠠᠭᠰᠠᠨ ᠪᠠᠶᠢᠨ᠎ᠠ ᠃ 5 ᠰᠠᠷ᠎ᠠ  ᠶ᠋ᠢᠨ 1 ᠦ ᠡᠳᠦᠷ ᠂ ᠥᠪᠥᠷ ᠮᠣᠩᠭᠣᠯ ᠤᠨ ᠠᠩᠬᠠᠳᠤᠭᠠᠷ ᠬᠤᠭᠤᠴᠠᠭᠠᠨ  ᠤ ᠲᠦᠷ ᠴᠠᠭ  ᠤᠨ ᠵᠥᠪᠯᠡᠯᠭᠡᠨ  ᠤ ᠬᠤᠷᠠᠯ  ᠨᠢ ᠠᠷᠠᠳᠴᠢᠯᠠᠯ ᠡᠶ᠎ᠡ ᠵᠤᠬᠢᠴᠠᠯ ᠲᠠᠢ ᠠᠭᠤᠷ ᠠᠮᠢᠰᠬᠤᠯ ᠳᠤᠮᠳᠠ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ  ᠤ ᠲᠡᠷᠢᠭᠦᠯᠡᠭᠴᠢ ᠂ ᠵᠠᠰᠠᠭ  ᠤᠨ ᠣᠷᠳᠣᠨ  ᠤ ᠭᠡᠰᠢᠭᠦᠨ ᠂ ᠵᠥᠪᠯᠡᠯᠭᠡᠨ  ᠤ ᠬᠤᠷᠠᠯ  ᠤᠨ ᠳᠠᠷᠤᠭ᠎ᠠ ᠪᠠ  ᠰᠠᠭᠤᠷᠢᠨ ᠰᠠᠭᠤᠭ᠎ᠠ ᠵᠥᠪᠯᠡᠯᠭᠡᠨ ᠤ ᠭᠡᠰᠢᠭᠦᠨ  ᠵᠡᠷᠭᠡ ᠶ᠋ᠢ ᠰᠤᠩᠭᠤᠨ ᠭᠠᠷᠭᠠᠵᠤ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠵᠢᠩᠬᠢᠨᠢ ᠪᠡᠷ ᠪᠠᠶᠢᠭᠤᠯᠤᠭᠳᠠᠭᠰᠠᠨ  ᠢ ᠲᠤᠩᠬᠠᠭᠯᠠᠵᠠᠢ᠃  ᠤᠯᠠᠭᠠᠨᠬᠦᠦ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠤ ᠲᠡᠷᠢᠭᠦᠯᠡᠭᠴᠢ ᠂  ᠬᠠᠹᠦ᠋ᠩᠭ᠎ᠠ ᠳᠡᠳ᠋ ᠲᠡᠷᠢᠭᠦᠯᠡᠭᠴᠢ ᠪᠡᠷ ᠰᠣᠩᠭᠣᠭᠳᠠᠪᠠ ᠃ ᠲᠡᠮᠦᠷᠪᠠᠭᠠᠨ᠎ᠠ ᠂ ᠺᠦᠶ ᠪᠢ ᠂ ᠠᠰᠬᠠᠨ ᠵᠡᠷᠭᠡ 19 ᠬᠥᠮᠦᠨ ᠵᠠᠰᠠᠭ  ᠤᠨ ᠣᠷᠳᠣᠨ  ᠤ ᠭᠡᠰᠢᠭᠦᠨ  ᠢᠶᠠᠷ ᠰᠣᠩᠭᠣᠭᠳᠠᠭᠰᠠᠨ ᠪᠠᠶᠢᠨ᠎ᠠ ᠃ ᠪᠤᠶᠠᠨᠮᠠᠨᠳᠤᠬᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠦᠪᠯᠡᠯᠭᠡᠨ ᠦ ᠬᠤᠷᠠᠯ  ᠤᠨ ᠳᠠᠷᠤᠭ᠎ᠠ ᠂ ᠵᠠᠶᠠᠭᠠᠲᠠᠶ ᠵᠥᠪᠯᠡᠯᠭᠡᠨ  ᠤ ᠬᠤᠷᠠᠯ ᠤᠨ ᠳᠡᠳ᠋ ᠳᠠᠷᠤᠭ᠎ᠠ ᠪᠠᠷ ᠰᠣᠩᠭᠣᠭᠳᠠᠪᠠ ᠃ ᠲᠡᠭᠦᠰ᠂ ᠴᠣᠭᠲᠤ ᠂ ᠬᠢᠯᠦᠭᠡᠨ ᠵᠡᠷᠭᠡ 9 ᠬᠥᠮᠦᠨ ᠰᠠᠭᠤᠷᠢᠰᠢᠨ ᠰᠠᠭᠤᠭ᠎ᠠ ᠵᠥᠪᠯᠡᠯᠭᠡᠨ  ᠤ ᠭᠡᠰᠢᠭᠦᠨ ᠢᠶᠠᠷ ᠰᠣᠩᠭᠣᠭᠳᠠᠪᠠ ᠃ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠵᠠᠰᠠᠭ  ᠤᠨ ᠣᠷᠳᠣᠨ ᠪᠠᠶᠢᠭᠤᠯᠤᠭᠳᠠᠭᠰᠠᠨ ᠨᠢ ᠥᠪᠥᠷ ᠮᠣᠩᠭᠣᠯ ᠣᠷᠣᠨ  ᠤ ᠮᠣᠩᠭᠣᠯ ᠦᠨᠳᠦᠰᠦᠲᠡᠨ  ᠤ ᠡᠯ᠎ᠡ ᠳᠠᠪᠬᠤᠷᠭ᠎ᠠ ᠶ᠋ᠢᠨ ᠠᠷᠠᠳ ᠲᠦᠮᠡᠨ  ᠦ ᠤᠯᠠᠨ ᠵᠢᠯ  ᠤᠨ ᠲᠤᠷᠰᠢ ᠬᠦᠰᠡᠨ ᠬᠦᠯᠢᠶᠡᠭᠰᠡᠨ ᠨᠢᠭᠡᠳᠦᠯ ᠪᠠ ᠥᠪᠡᠷᠲᠡᠭᠡᠨ ᠵᠠᠰᠠᠬᠤ ᠬᠦᠰᠡᠯ ᠢ ᠪᠡᠶᠡᠯᠡᠭᠦᠯᠵᠦ᠂ ᠮᠣᠩᠭᠣᠯ ᠦᠨᠳᠦᠰᠦᠲᠡᠨ ᠦ ᠤᠯᠤᠰ ᠲᠦᠷᠦ  ᠶ᠋ᠢᠨ ᠲᠠᠯ᠎ᠠ ᠪᠠᠷ ᠲᠤᠶᠢᠯᠪᠤᠷᠢᠲᠠᠶ ᠴᠢᠯᠦᠭᠡᠯᠡᠭᠳᠡᠬᠦ ᠶ᠋ᠢ ᠠᠬᠢᠭᠤᠯᠵᠤ ᠂  ᠦᠪᠦᠷ ᠮᠣᠩᠭᠣᠯ ᠣᠷᠣᠨ ᠤ ᠨᠡᠶᠢᠭᠡᠮ  ᠤᠨ ᠥᠭᠡᠷᠡᠴᠢᠯᠡᠯᠲᠡ ᠂ ᠠᠵᠤ ᠠᠬᠤᠶ ᠰᠣᠶᠣᠯ  ᠤᠨ ᠦᠢᠯᠡᠰ  ᠤᠨ ᠬᠥᠭᠵᠢᠯᠲᠡ ᠶ᠋ᠢ ᠲᠦᠯᠬᠢᠨ ᠠᠬᠢᠭᠤᠯᠬᠤ ᠳ᠋ᠤ ᠴᠠᠭ ᠦᠶ᠎ᠡ  ᠶ᠋ᠢ ᠵᠠᠭᠠᠭᠯᠠᠭᠰᠠᠨ ᠠᠯᠤᠰ ᠬᠡᠲᠦ  ᠶ᠋ᠢᠨ ᠠᠴᠢ ᠬᠣᠯᠪᠣᠭᠳᠠᠯ  ᠲᠠᠢ ᠪᠠᠶᠢᠬᠤ ᠶ᠋ᠢ ᠬᠠᠷᠠᠭᠤᠯᠵᠤ ᠂ ᠮᠦᠨ ᠴᠤ ᠪᠤᠰᠤᠳ ᠴᠥᠭᠡᠨ ᠲᠣᠭᠠᠲᠤ ᠦᠨᠳᠦᠰᠦᠲᠡᠨ  ᠤ ᠴᠢᠯᠥᠭᠡᠯᠡᠯᠲᠡ  ᠶ᠋ᠢᠨ ᠲᠡᠮᠡᠴᠡᠯ  ᠳ᠋ᠦ ᠨᠢᠭᠡᠨ ᠠᠮᠵᠢᠯᠲᠠᠲᠠᠶ ᠨᠡᠶᠢᠲᠡᠯᠢᠭ ᠵᠢᠱᠢᠶ᠎ᠡ ᠪᠤᠯᠤᠭᠰᠠᠨ ᠪᠠᠶᠢᠨ᠎ᠠ ᠃
    1987 ᠣᠨ ᠡᠴᠠ ᠨᠠᠭᠠᠰᠢ ᠂ ᠭᠠᠳᠠᠭᠠᠳᠤ ᠲᠠᠶ ᠴᠢᠯᠥᠭᠡᠲᠡᠶ ᠶᠠᠪᠤᠯᠴᠠᠭᠰᠠᠨ ᠤ ᠳᠠᠷᠠᠭ᠎ᠠ᠂ 《 ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠭᠰᠠᠨ ᠠᠷᠪᠠᠨ ᠵᠢᠯ  ᠤᠨ ᠦᠷ᠎ᠡ ᠪᠦᠲᠦᠭᠡᠯ  ᠤᠨ ᠦᠵᠡᠭᠦᠯᠦᠯᠭᠡ  》 ᠶ᠋ᠢ ᠨᠡᠮᠡᠨ  ᠪᠠᠶᠢᠭᠤᠯᠬᠤ ᠶ᠋ᠢᠨ ᠬᠠᠮᠲᠤ ᠤᠷᠢᠳ ᠬᠣᠵᠢᠳ 《 ᠬᠢᠩᠭᠠᠨ ᠠᠶᠢᠮᠠᠭ  ᠤᠨ ᠲᠡᠦᠬᠡ  ᠶ᠋ᠢᠨ ᠳᠤᠷᠠᠰᠬᠠᠯᠲᠤ  ᠵᠦᠢᠯᠡᠰ ᠦᠨ ᠦᠵᠡᠭᠦᠯᠦᠯᠭᠡ 》 ᠂ 《 ᠬᠢᠩᠭᠠᠨ ᠠᠶᠢᠮᠠᠭ ᠤᠨ ᠦᠨᠳᠦᠰᠦᠲᠡᠨ  ᠤ ᠪᠦᠯᠬᠦᠮᠳᠡᠯ  ᠤᠨ ᠦᠷ᠎ᠡ ᠪᠦᠲᠦᠭᠡᠯ  ᠤᠨ ᠦᠵᠡᠭᠦᠯᠦᠯᠭᠡ  》 ᠂   《 ᠬᠡᠷᠡᠯ ᠰᠠᠴᠤᠷᠠᠩᠭᠤᠶ ᠬᠣᠷᠢᠳᠤᠭᠠᠷ ᠵᠠᠭᠤᠨ  — ᠬᠢᠩᠭᠠᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠬᠥᠭᠵᠢᠯᠲᠡ  ᠶ᠋ᠢᠨ ᠦᠷ᠎ᠡ ᠪᠦᠲᠦᠭᠡᠯ ᠦᠨ ᠦᠵᠡᠭᠦᠯᠦᠯᠭᠡ 》 ᠵᠡᠷᠭᠡ ᠬᠡᠳᠦ ᠤᠳᠠᠭᠠᠨ  ᠦ ᠲᠤᠮᠤ ᠬᠡᠪᠴᠢᠶᠡᠨ  ᠤ ᠲᠤᠰᠬᠠᠶ ᠰᠡᠳᠦᠪᠲᠦ ᠦᠵᠡᠰᠬᠦᠯᠡᠩ ᠡᠷᠬᠢᠯᠡᠨ ᠶᠠᠪᠤᠭᠳᠠᠭᠤᠯᠤᠭᠰᠠᠨ ᠪᠠᠶᠢᠳᠠᠭ ᠃ 1986 ᠣᠨ ᠳ᠋ᠤ《 5.1 》 ᠤ ᠬᠤᠷᠠᠯ ᠤᠨ ᠭᠠᠵᠠᠷ ᠨᠢ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ  ᠤᠨ ᠣᠷᠳᠣᠨ  ᠡᠴᠠ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠬᠣᠶᠠᠳᠤᠭᠠᠷ  ᠪᠦᠯᠦᠭ ᠤᠨ ᠲᠡᠦᠬᠡ  ᠶ᠋ᠢᠨ ᠳᠤᠷᠠᠰᠬᠠᠯᠲᠤ ᠵᠦᠢᠯ  ᠢ ᠬᠠᠮᠠᠭᠠᠯᠠᠬᠤ ᠭᠣᠣᠯᠳᠠᠯᠭ᠎ᠠ ᠲᠠᠶ ᠨᠢᠭᠡᠴᠢ ᠪᠠᠷ ᠦᠨᠡᠯᠡᠭᠳᠡᠵᠦ ᠂ ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠣᠨ  ᠤ ᠤᠷᠤᠨ ᠤ ᠳᠡᠰ ᠦᠨ ᠡᠬᠡ ᠣᠷᠣᠨᠴᠢ ᠦᠵᠡᠯ  ᠤᠨ ᠬᠥᠮᠦᠵᠢᠯ  ᠤᠨ ᠰᠠᠭᠤᠷᠢᠨ ᠭᠠᠵᠠᠷ ᠪᠤᠯᠤᠨ᠎ᠠ ᠃

ᠵᠣᠬᠢᠶᠠᠭᠴᠢ:
ᠢᠷᠡᠯᠲᠡ: